ᠡᠷᠡᠭᠦᠯ ᠮᠡᠨᠳᠦ᠎ᠶ᠋ᠢᠨ 《ᠠᠱᠢᠭ》 ᠎ᠢ ᠬᠦᠮᠦᠨ ᠪᠦᠬᠦᠨ᠎ᠳᠤ ᠬᠦᠷᠳᠡᠭᠡᠨ᠎ᠡ
2021-02-27 18:20:15
ᠵᠣᠬᠢᠶᠠᠭ᠍ᠴᠢ᠄
​ ᠯᠢ ᠬᠠᠨ
ᠣᠩᠱᠢᠭ᠍ᠰᠠᠨ ᠣᠳᠠᠭ᠎ᠠ᠄
★★★☆☆


ᠤᠢ᠍ᠢᠷ᠎ᠠ᠎ᠳᠤ᠂ ᠤᠯᠠᠭᠠᠨᠬᠠᠳᠠ ᠬᠤᠲᠠ᠎ᠶ᠋ᠢᠨ ᠬᠠᠷᠠᠴᠢᠨ ᠬᠤᠱᠢᠭᠤᠨ᠎ᠤ ᠰᠢ ᠴᠢᠶᠤᠤ ᠪᠠᠯᠭᠠᠰᠤᠨ᠎ᠤ ᠵᠢᠶᠠᠩ ᠵᠢᠶᠠ ᠳ᠋ᠢᠶᠠᠨ ᠲᠣᠰᠭᠤᠨ᠎ᠤ ᠠᠷᠠᠳ ᠵᠦ᠍ ᠬᠦᠢ ᠯᠢᠨ ᠡᠳᠦᠷ ᠪᠦᠷᠢ ᠥᠷ ᠴᠠᠢᠬᠤ᠎ᠠᠴᠠ ᠡᠮᠦᠨ᠎ᠡ ᠪᠤᠰᠴᠦ᠍᠂ ᠦᠬᠡᠷ᠎ᠢᠶᠠᠨ ᠲᠡᠵᠢᠭᠡᠨ᠂ ᠬᠦᠷᠢᠶ᠎ᠡ ᠬᠠᠱᠢᠶ᠎ᠠ᠎ᠪᠠᠨ ᠱᠦᠭᠦᠷᠳᠡᠵᠦ᠍᠂ ᠲᠤᠩ ᠶᠠᠭᠠᠷᠠᠯᠲᠠᠶ ᠠᠵᠢᠯᠯᠠᠨ᠎ᠠ᠃

2017 ᠣᠨ᠎ᠳᠤ᠂ ᠤᠤᠯ᠎ᠠᠴᠠ᠎ᠪᠠᠨ ᠠᠵᠢᠯᠴᠢ ᠬᠥᠳᠡᠯᠮᠦᠷᠢᠴᠢ ᠡᠷᠡᠭᠦᠯ ᠴᠢᠭᠢᠷᠠᠭ ᠪᠠᠢᠭ᠍ᠰᠠᠨ ᠵᠦ᠍ ᠬᠦᠢ ᠯᠢᠨ ᠭᠡᠨᠡᠳᠲᠡ ᠲᠠᠷᠢᠬᠢᠨ᠎ᠳᠤ ᠴᠢᠰᠤ ᠬᠠᠷᠪᠤᠬᠤ ᠡᠪᠡᠳᠴᠢᠨ᠎ᠳᠤ ᠨᠡᠷᠪᠡᠭ᠌ᠳᠡᠵᠤ᠂ ᠡᠬᠡᠨᠡᠷ᠎ᠨᠢ ᠴᠦ᠍ ᠬᠤᠶᠠᠷ ᠭᠠᠷ᠎ᠨᠢ ᠵᠡᠮᠳᠡᠭ᠂ ᠬᠡᠦᠬᠡᠳ᠎ᠨᠢ ᠪᠠᠰᠠ ᠪᠢᠴᠢᠭ ᠦᠵᠡᠵᠦ᠍ ᠪᠠᠢᠭ᠍ᠰᠠᠨ ᠪᠣᠯᠬᠤᠷ ᠳᠡᠳᠡᠡ᠎ᠤ᠎ᠬᠢᠨ ᠯᠤᠲᠤ ᠶᠡᠭᠡ ᠬᠦᠴᠢᠷᠳᠡᠯ᠎ᠳᠤ ᠲᠤᠯᠭᠠᠷᠠᠪᠠ᠃ ᠡᠨᠡ ᠪᠠᠢᠳᠠᠯ ᠳᠤᠤᠷ᠎ᠠ᠂ ᠵᠦ᠍ ᠬᠦᠢ ᠯᠢᠨ᠎ᠤ᠎ᠬᠢᠨ᠎ᠢ ᠡᠪᠡᠳᠴᠢᠨ᠎ᠠᠴᠠ ᠪᠤᠯᠵᠤ ᠶᠠᠳᠠᠭᠤᠷᠠᠭ᠍ᠰᠠᠨ᠎ᠢᠶᠠᠷ ᠳᠡᠩᠰᠡᠯᠡᠨ ᠺᠠᠷᠲ᠋ᠠᠯᠠᠵᠤ᠂ ᠬᠤᠱᠢᠭᠤᠨ᠎ᠤ ᠡᠷᠡᠭᠦᠯ ᠮᠡᠨᠳᠦ᠎ᠪᠠᠷ ᠶᠠᠳᠠᠭᠤ᠎ᠶ᠋ᠢ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢ     ᠭᠥᠷᠳᠡᠭᠡᠪᠡ᠃

《ᠪᠢ ᠡᠪᠡᠳᠴᠢᠯᠡᠭᠡᠳ ᠭᠡᠷ ᠪᠦᠯᠢ᠎ᠶ᠋ᠢᠨ ᠠᠮᠢᠳᠤᠷᠠᠯ᠎ᠳᠤ ᠳᠠᠷᠤᠭᠠᠰᠤ ᠪᠣᠯᠤᠭ᠍ᠰᠠᠨ ᠦᠭᠡᠶ᠂ ᠡᠮᠴᠢᠯᠡᠭᠡᠨ᠎ᠤ ᠵᠠᠷᠤᠳᠠᠯ᠎ᠢ 90% ᠎ᠶ᠋ᠢᠨ ᠬᠠᠷᠢᠴᠠᠯ᠎ᠢᠶᠠᠷ ᠳᠠᠩᠰᠠᠨ᠎ᠠᠴᠠ ᠳᠡᠢᠯᠵᠤ ᠦᠭ᠌ᠴᠠᠢ》 ᠭᠡᠵᠦ᠍ ᠵᠦ᠍ ᠬᠦᠢ ᠯᠢᠨ ᠬᠡᠯᠡᠪᠡ᠃ ᠬᠤᠱᠢᠭᠤᠨ᠎ᠤ ᠡᠮᠨᠡᠯᠭᠡ᠎ᠶ᠋ᠢᠨ ᠠᠵᠢᠯᠲᠠᠳ᠎ᠤᠨ ᠨᠠᠷᠢᠨ ᠨᠢᠮᠪᠠᠶ ᠡᠮᠴᠢᠯᠡᠭᠡ ᠳᠣᠤᠷ᠎ᠠ᠂ ᠲᠡᠭᠦᠨ᠎ᠤ ᠪᠡᠶ᠎ᠠ ᠢᠯᠡᠷᠢᠱᠢᠵᠤ᠂ ᠠᠮᠢᠳᠤᠷᠠᠯ᠎ᠢᠶᠠᠨ ᠦᠨᠳᠦᠰᠦᠨ᠎ᠳᠡᠭᠡᠨ ᠥᠪᠡᠷ᠎ᠢᠶᠠᠨ ᠠᠷᠭᠠᠴᠠᠭᠠᠵᠦ᠍ ᠲᠡᠢᠯᠬᠦ᠌ ᠪᠤᠯᠤᠬ᠍ᠰᠠᠨ ᠪᠥᠭᠡᠳ ᠠᠵᠢᠯ ᠬᠢᠵᠦ᠍ ᠳᠡᠢᠯᠭᠦ᠌ ᠪᠤᠯᠵᠠᠢ᠃


66.png


ᠣᠢᠷ᠎ᠠ᠎ᠶ᠋ᠢᠨ ᠵᠢᠯ᠎ᠳᠤ᠂ ᠬᠠᠷᠠᠴᠢᠨ ᠬᠤᠱᠢᠭᠤ ᠡᠷᠡᠭᠦᠯ ᠮᠡᠨᠳᠦ᠎ᠪᠠᠷ ᠶᠠᠳᠠᠭᠤ᠎ᠶ᠋ᠢ ᠲᠡᠳᠬᠦᠬᠦ᠌ ᠢᠨᠵᠧᠨᠧᠷᠢᠩ᠎ᠤᠨ 《ᠭᠤᠷᠪᠠᠨ ᠨᠢᠭᠡ     ᠪᠦᠯᠦᠭ》 ᠡᠮᠴᠢᠯᠡᠭᠡᠨ᠎ᠤ ᠠᠪᠤᠷᠠᠨ ᠲᠤᠰᠠᠯᠠᠬᠤ ᠲᠥᠰᠦᠯ᠎ᠢ ᠬᠦᠴᠦᠲᠡᠶ ᠲᠤᠭᠤᠱᠢᠯᠠᠭᠤᠯᠤᠨ ᠬᠡᠷᠡᠭ᠌ᠵᠢᠭᠦᠯᠵᠤ᠂ ᠬᠦᠨᠳᠦ ᠡᠪᠡᠳᠴᠢᠲᠡᠨ᠎ᠤ ᠦᠨᠳᠦᠰᠦᠨ ᠵᠦᠢᠯ᠎ᠢ ᠪᠠᠲᠤᠯᠠᠬᠤ ᠲᠥᠷᠥ᠎ᠶ᠋ᠢᠨ ᠪᠣᠳᠣᠯᠭ᠎ᠠ᠎ᠶ᠋ᠢ ᠶᠡᠭᠡ᠎ᠪᠠᠷ ᠬᠡᠷᠡᠭ᠌ᠵᠢᠭᠦᠯᠪᠡ᠃ ᠡᠨᠡ ᠬᠦ᠌ ᠲᠦᠷᠦ᠎ᠶ᠋ᠢᠨ ᠪᠤᠳᠤᠯᠭ᠎ᠠ᠎ᠶ᠋ᠢᠨ ᠠᠴᠢ᠎ᠪᠠᠷ ᠡᠪᠡᠳᠴᠢᠨ ᠡᠮᠭᠡᠭ᠎ᠲᠠᠢ ᠳᠠᠮᠡᠴᠡᠵᠦ᠍ ᠢᠯᠠᠯᠲᠠ ᠣᠯᠤᠭ᠍ᠰᠠᠨ ᠵᠦ᠍ ᠬᠦᠢ ᠯᠢᠨ ᠶᠠᠳᠠᠭᠤ ᠬᠦᠴᠢᠷᠳᠡᠯ᠎ᠲᠠᠢ ᠲᠡᠮᠡᠴᠡᠵᠦ᠍ ᠡᠬᠢᠯᠡᠪᠡ᠃ 2018 ᠣᠨ᠎ᠳᠤ᠂ ᠲᠡᠷᠡ ᠪᠠᠩᠬᠢ᠎ᠶ᠋ᠢᠨ ᠵᠢᠭᠡᠯᠡᠯᠭᠡ᠎ᠶ᠋ᠢᠨ ᠮᠦᠩᠭᠦ᠎ᠪᠠᠷ᠎ᠢᠶᠠᠨ 3 ᠦᠬᠡᠷ ᠬᠤᠳᠠᠯᠳᠤᠨ ᠠᠪᠴᠤ᠌ ᠲᠡᠵᠢᠭᠡᠨ ᠦᠷᠡᠵᠢᠬᠦᠯᠪᠡ᠃ ᠠᠵᠢᠯᠴᠢ ᠱᠢᠷᠭᠠᠭᠤ ᠠᠵᠢᠯᠯᠠᠭ᠍ᠰᠠᠨ᠎ᠤ ᠠᠴᠢ᠎ᠪᠠᠷ᠂ 2020 ᠣᠨ᠎ᠤ ᠡᠬᠢ᠎ᠪᠠᠷ ᠵᠦ᠍ ᠬᠦᠢ ᠯᠢᠨ ᠦᠬᠡᠷ ᠲᠡᠵᠢᠭᠡᠭᠡᠳ ᠤᠯᠤᠬ᠍ᠰᠠᠨ ᠤᠷᠤᠯᠭ᠎ᠠ᠎ᠪᠠᠷ ᠵᠢᠭᠡᠯᠡᠯᠭᠡ᠎ᠪᠠᠨ ᠪᠤᠴᠠᠭᠠᠭᠠᠳ᠂ ᠶᠠᠳᠠᠭᠤ᠎ᠠᠴᠠ᠎ᠪᠠᠨ ᠠᠩᠭᠢᠵᠢᠷᠠᠪᠠ᠃

ᠪᠠᠢᠳᠠᠯ᠎ᠳᠤᠨᠢ ᠲᠤᠬᠢᠷᠠᠭᠤᠯᠵᠦ᠍ ᠴᠢᠳᠠᠪᠠᠯ ᠰᠠᠶᠢ ᠴᠢᠨᠡᠭᠡᠯᠢᠭ ᠠᠮᠢᠳᠤᠷᠠᠯ᠎ᠢ ᠴᠤᠬ᠍ᠴᠠᠯᠠᠨ᠎ᠠ᠃ 2016 ᠣᠨ᠎ᠠᠴᠠ ᠨᠠᠭᠠᠰᠢ᠂ ᠮᠠᠨ᠎ᠤ ᠣᠷᠣᠨ᠎ᠤ ᠡᠷᠡᠭᠦᠯ ᠮᠡᠨᠳᠦ᠎ᠪᠠᠷ ᠶᠠᠳᠠᠭᠤ᠎ᠶ᠋ᠢ ᠲᠡᠳᠬᠦᠬᠦ᠌ ᠠᠵᠢᠯ᠎ᠤᠨ ᠠᠬᠢᠭᠤᠯᠬᠤ ᠳᠤᠭᠤᠢ᠍ᠢᠯᠠᠩ᠎ᠤᠨ᠎ᠬᠢᠨ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢᠨ 《ᠦᠨᠳᠦᠰᠦᠨ ᠡᠮᠴᠢᠯᠡᠭᠡ᠎ᠶ᠋ᠢ ᠪᠠᠲᠤᠯᠠᠬᠤ》 ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠡᠷᠡᠭᠦᠯ ᠮᠡᠨᠳᠦ᠎ᠪᠠᠷ ᠶᠠᠳᠠᠭᠤ᠎ᠶ᠋ᠢ ᠲᠡᠳᠬᠦᠬᠦ᠌ 《ᠭᠤᠷᠪᠠᠨ ᠨᠢᠭᠡ ᠪᠦᠯᠦᠭ》 ᠠᠵᠢᠯᠯᠠᠭᠠᠨ᠎ᠤ ᠲᠥᠯᠥᠪᠯᠡᠭᠡ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠡᠷᠡᠭᠦᠯ ᠮᠡᠨᠳᠦ᠎ᠪᠠᠷ ᠶᠠᠳᠠᠭᠤ᠎ᠶ᠋ᠢ ᠲᠡᠳᠬᠦᠬᠦ᠌ ᠠᠵᠢᠯ ᠢᠯᠡᠳᠲᠡ ᠦᠷ᠎ᠡ ᠪᠦᠲᠦᠮᠵᠢ ᠣᠯᠤᠭ᠍ᠰᠠᠨ ᠪᠠᠢᠨ᠎ᠠ᠃ ᠣᠳᠣᠬᠠᠨ᠎ᠳᠤ᠂ ᠪᠥᠬᠦ᠌ ᠣᠷᠣᠨ᠎ᠳᠤ ᠪᠠᠷᠢᠮᠵᠢᠶᠠᠵᠢᠭ᠍ᠰᠠᠨ ᠡᠷᠡᠭᠦᠯ ᠬᠠᠮᠠᠭᠠᠯᠠᠯ᠎ᠤᠨ ᠬᠤᠷᠢᠶ᠎ᠠ 1271᠂ ᠪᠠᠷᠢᠮᠵᠢᠶᠠᠵᠢᠭ᠍ᠰᠠᠨ ᠡᠷᠡᠭᠦᠯ ᠬᠠᠮᠠᠭᠠᠯᠠᠯ᠎ᠤᠨ ᠲᠠᠰᠤᠭ 13321 ᠎ᠶ᠋ᠢ ᠪᠦᠲᠦᠬᠡᠨ ᠪᠠᠢᠭᠤᠯᠵᠠᠢ᠃ 《ᠥᠪᠥᠷ ᠮᠣᠩᠭᠤᠯ᠎ᠤᠨ ᠡᠷᠡᠭᠦᠯ ᠮᠡᠨᠳᠦ᠎ᠪᠠᠷ ᠶᠠᠳᠠᠭᠤ᠎ᠶ᠋ᠢ ᠲᠡᠳᠬᠦᠵᠦ᠍ ᠡᠪᠡᠳᠴᠢᠨ ᠡᠮᠭᠡᠭ᠎ᠢ ᠰᠡᠷᠭᠡᠢᠯᠡᠬᠦ᠌ ᠠᠵᠢᠯᠯᠠᠭᠠᠨ — ᠪᠣᠭᠤᠮᠲᠠ᠎ᠶ᠋ᠢ ᠤᠷᠤᠭ᠍ᠰᠢ ᠱᠢᠯᠵᠢᠭᠦᠯᠬᠦ᠌》 ᠠᠵᠢᠯᠯᠠᠭᠠᠨ᠎ᠨᠢ ᠪᠥᠬᠦ᠌ ᠤᠯᠤᠰ᠎ᠤᠨ 2018 ᠣᠨ᠎ᠤ ᠠᠷᠪᠠᠨ ᠶᠡᠭᠡ ᠠᠷᠭ᠎ᠠ ᠬᠡᠮᠵᠢᠶ᠎ᠡ᠎ᠳᠤ ᠰᠣᠩᠭᠤᠭ᠍ᠳᠠᠨ ᠣᠷᠣᠵᠤ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠵᠥᠪᠯᠡᠯ᠎ᠤᠨ ᠡᠷᠡᠭᠦᠯ ᠮᠡᠨᠳᠦ᠎ᠪᠠᠷ ᠶᠠᠳᠠᠭᠤ᠎ᠶ᠋ᠢ ᠲᠡᠳᠬᠦᠬᠦ᠌ ᠠᠵᠢᠯ᠎ᠨᠢ ᠪᠥᠬᠦ᠌ ᠣᠷᠣᠨ᠎ᠤ 《5 · 1 ᠎ᠤ ᠬᠥᠳᠡᠯᠮᠦᠷᠢ᠎ᠶ᠋ᠢᠨ     ᠱᠠᠩᠨᠠᠯ》 ᠪᠠ 《ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠲᠡᠷᠢᠭᠦᠨ᠎ᠤ ᠬᠠᠮᠲᠤ》 ᠎ᠶ᠋ᠢᠨ ᠢᠷᠠᠭᠤ ᠠᠯᠳᠠᠷ᠎ᠢ ᠭᠥᠷᠳᠡᠪᠡ᠃

ᠡᠪᠡᠳᠴᠢᠨ᠎ᠠᠴᠠ ᠪᠣᠯᠵᠤ ᠶᠠᠳᠠᠭᠤᠷᠠᠬᠤ ᠪᠠ ᠳᠠᠬᠢᠨ ᠶᠠᠳᠠᠭᠤᠷᠠᠬᠤ᠎ᠶ᠋ᠢ ᠪᠦᠲᠦᠮᠵᠢᠲᠡᠶ ᠰᠡᠷᠭᠡᠢᠯᠡᠬᠦ᠌᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠣᠳᠣ᠎ᠶ᠋ᠢᠨ ᠬᠡᠷᠡᠭ᠌ᠵᠢᠭᠦᠯᠵᠤ ᠪᠠᠢᠭ᠎ᠠ ᠡᠷᠡᠭᠦᠯ ᠮᠡᠨᠳᠦ᠎ᠪᠠᠷ ᠶᠠᠳᠠᠭᠤ᠎ᠶ᠋ᠢ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢ ᠦᠨᠳᠦᠰᠦᠨ᠎ᠳᠡᠭᠡᠨ ᠳᠤᠭ᠍ᠳᠠᠪᠤᠷᠢᠵᠢᠭᠤᠯᠵᠤ᠂ ᠬᠦᠨᠳᠦ ᠡᠪᠡᠳᠴᠢᠳᠡᠨ᠎ᠢ ᠲᠤᠰᠭᠠᠶ ᠵᠦᠢᠯ᠎ᠢᠶᠠᠷ ᠠᠪᠤᠷᠠᠨ ᠡᠮᠴᠢᠯᠡᠬᠦ᠌ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠦᠨ᠂ ᠴᠢᠰᠤᠨ ᠳᠠᠷᠤᠯᠲᠠ ᠥᠨᠳᠥᠷ ᠵᠡᠷᠭᠡ ᠤᠳᠠᠭᠠᠨ ᠴᠢᠨᠠᠷᠲᠠᠶ ᠡᠪᠡᠳᠴᠢᠨ᠎ᠤ ᠭᠡᠷ᠎ᠠ ᠲᠣᠭ᠍ᠲᠠᠬᠤ ᠦᠢᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠱᠢᠶᠠᠨ᠎ᠤ ᠬᠡᠪᠴᠢᠶᠡᠨ᠎ᠳᠤ ᠤᠷᠢᠳ᠎ᠢᠶᠠᠷ ᠣᠨᠣᠱᠢᠯᠠᠨ ᠡᠮᠴᠢᠯᠡᠵᠦ᠍ ᠵᠠᠷᠤᠳᠠᠯ ᠰᠦᠢᠳᠭᠡᠯ᠎ᠢ᠎ᠨᠢ ᠲᠠᠷᠠᠭ᠎ᠠ᠎ᠨᠢ ᠲᠤᠱᠢᠶᠠᠬᠤ ᠲᠥᠷᠥ᠎ᠶ᠋ᠢᠨ ᠪᠣᠳᠣᠯᠭ᠎ᠠ᠎ᠳᠤ ᠳᠣᠭᠢᠷᠠᠭᠤᠯᠤᠯᠳᠠ ᠬᠢᠵᠦ᠍ ᠲᠡᠭᠦᠯᠳᠡᠷᠵᠢᠭᠦᠯᠵᠦ᠍᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠦᠢᠯᠡᠴᠢᠯᠡᠭᠡᠨ᠎ᠤ ᠱᠢᠰᠲ᠋ᠧᠮ᠎ᠤᠨ ᠳᠤᠲᠠᠭᠤᠳᠠᠯ ᠪᠠᠭᠤᠷᠠᠶ ᠵᠦᠢᠯᠡᠰ᠎ᠢ ᠴᠢᠨᠠᠭ᠍ᠰᠢᠳᠠ ᠨᠥᠬᠦᠪᠥᠷᠢᠯᠡᠵᠤ ᠪᠤᠢ᠃ 2020 ᠣᠨ᠎ᠤ ᠰᠡᠭᠦᠯᠴᠢ ᠪᠣᠯᠲᠠᠯ᠎ᠠ᠂ ᠮᠠᠨ᠎ᠤ ᠤᠷᠤᠨ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢ ᠪᠦᠬᠦᠨ᠎ᠢ ᠡᠮ ᠡᠮᠨᠡᠯᠭᠡ᠎ᠶ᠋ᠢᠨ ᠦᠨᠳᠦᠰᠦᠨ ᠳᠠᠭᠠᠳᠭᠠᠯ᠂ ᠬᠦᠨᠳᠦ ᠡᠪᠡᠳᠴᠢᠨ᠎ᠤ ᠳᠠᠭᠠᠳᠭᠠᠯ᠂ ᠡᠮ ᠡᠮᠨᠡᠯᠭᠡ᠎ᠶ᠋ᠢᠨ ᠠᠪᠤᠷᠠᠨ ᠲᠤᠰᠠᠯᠠᠮᠵᠢ᠎ᠶ᠋ᠢᠨ ᠪᠠᠲᠤᠯᠠᠭ᠎ᠠ᠎ᠶ᠋ᠢᠨ ᠬᠡᠪᠴᠢᠶᠡᠨ᠎ᠳᠤ ᠣᠷᠣᠭᠤᠯᠵᠠᠶ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号