ᠵᠠᠩ ᠯᠢ ᠸᠧᠨ ᠬᠡᠱᠢᠬᠦᠨ᠄ ᠠᠮᠢ ᠠᠬᠤᠢ᠎ᠶ᠋ᠢᠨ ᠪᠤᠯᠪᠠᠰᠤᠨ᠎ᠤ ᠪᠠᠢᠭᠤᠯᠤᠯᠲᠠ᠎ᠳᠤ ᠬᠦᠴᠦᠨ ᠨᠡᠮᠡᠷᠢᠯᠡᠨ᠎ᠡ
2021-02-27 18:51:15
ᠵᠣᠬᠢᠶᠠᠭ᠍ᠴᠢ᠄
ᠰᠠᠴᠣᠷᠠᠯ
ᠣᠩᠱᠢᠭ᠍ᠰᠠᠨ ᠣᠳᠠᠭ᠎ᠠ᠄
★★★☆☆

2 ᠰᠠᠷ᠎ᠠ᠎ᠶ᠋ᠢᠨ 18 ᠎ᠤ ᠡᠳᠦᠷ᠂ ᠵᠠᠩ ᠯᠢ ᠸᠧᠨ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠬᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶᠠᠨ᠎ᠤ ᠲᠦᠷᠪᠡᠳᠦᠭᠡᠷ ᠬᠤᠷᠠᠯ᠎ᠳᠤ ᠲᠡᠪᠱᠢᠬᠦᠯᠬᠦ᠌᠎ᠪᠠᠷ ᠪᠡᠯᠡᠳᠭᠡᠵᠦ᠍ ᠰᠠᠨᠠᠯ ᠳᠤᠷᠠᠳᠤᠯᠭ᠎ᠠ᠎ᠳᠠᠭᠠᠨ ᠵᠠᠰᠠᠪᠣᠷᠢ ᠣᠷᠣᠭᠤᠯᠵᠣ ᠶᠠᠭᠠᠷᠠᠨ᠎ᠠ᠃

ᠵᠠᠩ ᠯᠢ ᠸᠧᠨ ᠪᠤᠯ ᠮᠠᠨ᠎ᠤ ᠤᠷᠤᠨ᠎ᠳᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠬᠡᠨ᠎ᠤ ᠬᠡᠱᠢᠬᠦᠨ᠂ ᠬᠢᠩᠭᠠᠨ ᠠᠢᠮᠠᠭ᠎ᠤᠨ ᠳᠡᠳ᠋ ᠳᠠᠷᠤᠭ᠎ᠠ ᠪᠤᠯᠤᠨ᠎ᠠ᠃ ᠤᠯᠠᠨ ᠵᠢᠯ᠎ᠤᠨ ᠲᠤᠷᠰᠢ᠂ ᠲᠡᠷᠡ ᠮᠠᠨ᠎ᠤ ᠤᠷᠤᠨ᠎ᠤ ᠠᠮᠢ ᠠᠬᠤᠢ᠎ᠶ᠋ᠢᠨ ᠪᠤᠯᠪᠠᠰᠤᠨ᠎ᠤ ᠪᠠᠢᠭᠤᠯᠤᠯᠲᠠ᠎ᠶ᠋ᠢ ᠬᠠᠯᠠᠮᠵᠢᠯᠠᠬ᠍ᠰᠠᠭᠠᠷ ᠢᠷᠡᠵᠡᠢ᠃ ᠨᠢᠳᠤᠨᠤᠨ ᠲᠡᠬᠦᠨ᠎ᠤ ᠬᠤᠷᠠᠯ᠎ᠳᠤ ᠳᠡᠪᠱᠢᠬᠦᠯᠦᠭ᠌ᠰᠡᠨ 《ᠦᠪᠦᠷ ᠮᠤᠩᠭᠤᠯ᠎ᠤᠨ ᠶᠡᠭᠡ ᠬᠢᠩᠭᠠᠨ ᠳᠠᠪᠠᠭ᠎ᠠ᠎ᠶ᠋ᠢᠨ ᠡᠮᠦᠨ᠎ᠡ ᠬᠤᠷᠮᠤᠢ᠎ᠶ᠋ᠢᠨ ᠠᠭᠤᠯᠠ ᠤᠰᠤ ᠤᠢ ᠮᠤᠲᠦ ᠭᠠᠵᠠᠷ ᠲᠠᠷᠢᠶ᠎ᠠ ᠨᠠᠭᠤᠷ ᠪᠦᠷᠢᠲᠦ ᠨᠤᠲᠤᠭ ᠪᠡᠯᠴᠢᠭᠡᠷ᠎ᠢ ᠨᠢᠭᠡ ᠴᠤᠬ᠍ᠴᠠᠵᠢᠭᠤᠯᠤᠨ ᠬᠠᠮᠠᠭᠠᠯᠠᠬᠤ ᠪᠠ ᠰᠡᠷᠬᠦᠭᠡᠬᠦ᠌᠎ᠳᠤ ᠳᠡᠮᠵᠢᠯᠭᠡ ᠦᠵᠡᠬᠦᠯᠬᠦ᠌ ᠲᠤᠬᠠᠢ ᠰᠠᠨᠠᠯ ᠳᠤᠷᠠᠳᠤᠯᠭ᠎ᠠ》 《ᠬᠠᠲᠤᠨ ᠭᠤᠤᠯ᠎ᠤᠨ ᠰᠠᠪᠠ ᠭᠠᠵᠠᠷ᠎ᠤᠨ ᠦᠪᠦᠷ ᠮᠤᠩᠭᠤᠯ᠎ᠤᠨ ᠬᠡᠰᠡᠭ᠎ᠢ ᠲᠦᠪ᠎ᠠᠴᠠ ᠤᠷᠤᠨ ᠨᠤᠲᠤᠭ᠎ᠤᠨ ᠭᠤᠤᠯᠳᠠᠯᠭ᠎ᠠ᠎ᠲᠠᠢ ᠠᠮᠢ ᠠᠬᠤᠢ᠎ᠶ᠋ᠢᠨ ᠴᠢᠳᠠᠮᠵᠢᠲᠦ ᠤᠷᠤᠨ᠎ᠳᠤ ᠱᠢᠯᠵᠢᠭᠦᠯᠦᠨ ᠦᠭ᠌ᠬᠦ ᠬᠦᠷᠢᠶᠠᠨ᠎ᠳᠤ ᠤᠷᠤᠭᠤᠯᠬᠤ ᠲᠤᠬᠠᠢ ᠰᠠᠨᠠᠯ ᠳᠤᠷᠠᠳᠤᠯᠭ᠎ᠠ》 ᠵᠡᠷᠭᠡ 4 ᠰᠠᠨᠠᠯ ᠳᠤᠷᠠᠳᠤᠯᠭ᠎ᠠ᠎ᠨᠢ ᠰᠠᠨᠠᠯ ᠳᠤᠷᠠᠳᠤᠯᠭ᠎ᠠ᠎ᠪᠠᠷ ᠲᠠᠩᠰᠠᠯᠠᠭᠤᠯᠣᠭ᠍ᠳᠠᠬ᠍ᠰᠠᠨ ᠶᠠᠪᠤᠳᠠᠯ᠎ᠨᠢ ᠲᠡᠬᠦᠨ᠎ᠳᠤ ᠮᠠᠰᠢ ᠶᠡᠭᠡ ᠵᠤᠷᠢᠬ᠍ᠵᠢᠭᠤᠯᠣᠯ ᠪᠣᠯᠵᠠᠢ᠃

2020 ᠤᠨ᠎ᠤ 4 ᠰᠠᠷ᠎ᠠ᠎ᠶ᠋ᠢᠨ 27 ᠎ᠤ ᠡᠳᠦᠷ᠂ ᠲᠦᠪ᠎ᠤᠨ ᠦᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠬᠦᠨᠵᠡᠬᠡᠢᠷᠡᠬᠦᠯᠬᠦ᠌ ᠬᠤᠷᠢᠶᠠᠨ᠎ᠤ ᠠᠷᠪᠠᠨ ᠭᠤᠷᠪᠠᠳᠤᠭᠠᠷ ᠬᠤᠷᠠᠯ᠎ᠠᠴᠠ 《ᠪᠦᠬᠦ᠌ ᠤᠯᠤᠰ᠎ᠤᠨ ᠴᠢᠬᠤᠯᠠ ᠠᠮᠢ ᠠᠬᠤᠢ᠎ᠶ᠋ᠢᠨ ᠱᠢᠰᠲᠧᠮ᠎ᠢ ᠬᠠᠮᠠᠭᠠᠯᠠᠬᠤ ᠪᠠ ᠰᠡᠷᠬᠦᠭᠡᠬᠦ᠌ ᠴᠢᠬᠤᠯᠠ ᠢᠨᠵᠧᠨᠧᠷᠢᠩ᠎ᠤᠨ ᠶᠡᠷᠦᠩᠬᠡᠢ ᠲᠦᠯᠦᠪᠵᠢᠬᠦᠯᠭᠡ (2021 — 2035 ᠤᠨ)》 ᠎ᠶ᠋ᠢ ᠬᠢᠨᠠᠨ ᠵᠦᠪᠯᠡᠵᠦ᠍ ᠪᠠᠲᠤᠯᠠᠪᠠ᠃ ᠡᠨᠡᠬᠦ᠌ ᠰᠤᠨᠢᠨ ᠮᠡᠳᠡᠭᠡ᠎ᠶ᠋ᠢ ᠦᠵᠡᠭ᠌ᠰᠡᠨ᠎ᠤ ᠳᠠᠷᠠᠭ᠎ᠠ ᠵᠠᠩ ᠯᠢ ᠸᠧᠨ᠂ ᠶᠡᠷᠦᠩᠬᠡᠢ ᠲᠦᠯᠦᠪᠵᠢᠬᠦᠯᠭᠡ᠎ᠳᠤ ᠵᠢᠬ᠍ᠰᠠᠭᠠᠬ᠍ᠳᠠᠬ᠍ᠰᠠᠨ ᠴᠢᠬᠤᠯᠠ ᠢᠨᠵᠧᠨᠧᠷᠢᠩ ᠰᠠᠢ ᠤᠯᠤᠰ᠎ᠤᠨ ᠲᠦᠷᠦ᠎ᠶ᠋ᠢᠨ ᠪᠤᠳᠤᠯᠭ᠎ᠠ ᠪᠤᠯᠤᠨ ᠪᠡᠯᠡ ᠮᠦᠩᠬᠦ᠌᠎ᠶ᠋ᠢᠨ ᠳᠡᠮᠵᠢᠯᠭᠡ᠎ᠶ᠋ᠢ ᠬᠦᠷᠲᠡᠭᠦ᠌ ᠵᠠᠪᠱᠢᠶᠠᠨ᠎ᠲᠠᠢ ᠬᠡᠳᠡᠭ᠎ᠢ ᠰᠡᠷᠡᠵᠦ᠍ ᠤᠯᠣᠭᠠᠳ᠂ ᠲᠠᠷᠤᠢ᠎ᠳᠤᠨᠢ ᠴᠢᠭ᠌ᠯᠡᠬᠦᠯᠦᠯᠲᠦ ᠴᠢᠨᠠᠷᠲᠠᠢ ᠪᠠᠢᠴᠠᠭᠠᠨ ᠰᠤᠳᠤᠯᠤᠯᠲᠠ ᠬᠢᠵᠦ᠍᠂ ᠮᠠᠨ᠎ᠤ ᠤᠷᠤᠨ᠎ᠤ ᠶᠡᠭᠡ ᠬᠢᠩᠭᠠᠨ ᠳᠠᠪᠠᠭ᠎ᠠ᠎ᠶ᠋ᠢᠨ ᠡᠮᠦᠨ᠎ᠡ ᠬᠤᠷᠮᠤᠢ᠎ᠶ᠋ᠢᠨ ᠷᠠᠱᠢᠶᠠᠨ ᠬᠤᠲᠠ ᠯᠠ ᠶᠡᠷᠦᠩᠬᠡᠢ ᠲᠦᠯᠦᠪᠵᠢᠬᠦᠯᠬᠡ᠎ᠳᠤ ᠵᠢᠬ᠍ᠰᠠᠭᠠᠬ᠍ᠳᠠᠬ᠍ᠰᠠᠨ ᠪᠠᠢᠳᠠᠯ᠎ᠢ ᠤᠢ᠍ᠢᠯᠠᠭᠠᠬ᠍ᠰᠠᠨ᠎ᠤ ᠳᠠᠷᠠᠭ᠎ᠠ᠂ 《ᠦᠪᠦᠷ ᠮᠤᠩᠭᠤᠯ᠎ᠤᠨ ᠶᠡᠭᠡ ᠬᠢᠩᠭᠠᠨ ᠳᠠᠪᠠᠭ᠎ᠠ᠎ᠶ᠋ᠢᠨ ᠡᠮᠦᠨ᠎ᠡ ᠬᠤᠷᠮᠤᠢ᠎ᠶ᠋ᠢᠨ ᠠᠭᠤᠯᠠ ᠤᠰᠤ ᠤᠢ ᠮᠤᠲᠦ ᠭᠠᠵᠠᠷ ᠲᠠᠷᠢᠶ᠎ᠠ ᠨᠠᠭᠤᠷ ᠪᠦᠷᠢᠲᠦ ᠨᠤᠲᠤᠭ ᠪᠡᠯᠴᠢᠭᠡᠷ᠎ᠢ ᠨᠢᠭᠡ ᠴᠤᠬ᠍ᠴᠠᠵᠢᠭᠤᠯᠤᠨ ᠬᠠᠮᠠᠭᠠᠯᠠᠬᠤ ᠪᠠ ᠰᠡᠷᠬᠦᠭᠡᠬᠦ᠌᠎ᠳᠤ ᠳᠡᠮᠵᠢᠯᠭᠡ ᠦᠵᠡᠬᠦᠯᠬᠦ᠌ ᠲᠤᠬᠠᠢ ᠰᠠᠨᠠᠯ ᠳᠤᠷᠠᠳᠤᠯᠭ᠎ᠠ》 ᠳᠡᠪᠱᠢᠬᠦᠯᠪᠡ᠃

《ᠲᠤᠰ ᠬᠤᠪᠢ ᠰᠠᠨᠠᠯ ᠳᠤᠷᠠᠳᠤᠯᠭ᠎ᠠ᠎ᠨᠢ ᠤᠯᠤᠰ᠎ᠤᠨ ᠤᠢ ᠱᠢᠭᠤᠢ᠎ᠶ᠋ᠢᠨ ᠲᠤᠪᠴᠢᠶ᠎ᠡ᠎ᠶ᠋ᠢᠨ ᠳᠡᠭᠡᠳᠦ ᠬᠡᠮᠵᠢᠶᠡᠨ᠎ᠤ ᠴᠢᠬᠤᠯᠠᠴᠢᠯᠠᠯ᠎ᠢ ᠤᠯᠵᠠᠢ᠃ ᠬᠠᠮᠢᠶ᠎ᠠ ᠪᠦᠬᠦᠢ ᠠᠵᠢᠯᠲᠠᠨ ᠰᠠᠨᠠᠯ ᠳᠤᠷᠠᠳᠤᠯᠭ᠎ᠠ᠎ᠶ᠋ᠢ ᠱᠢᠯᠵᠢᠬᠦᠯᠦᠨ ᠱᠢᠢᠳᠪᠦᠷᠢᠯᠡᠭᠦᠯᠦᠭ᠌ᠰᠡᠨ᠎ᠤ ᠳᠠᠷᠦ᠋ᠢᠬᠠᠨ ᠨᠠᠳᠠ᠎ᠠᠴᠠ ᠰᠠᠨᠠᠯ ᠳᠤᠷᠠᠳᠤᠯᠭ᠎ᠠ᠎ᠶ᠋ᠢᠨ ᠠᠬᠤᠢ ᠪᠠᠢᠳᠠᠯ ᠪᠤᠯᠤᠨ ᠪᠤᠲᠠᠲᠠᠢ ᠰᠠᠨᠠᠭᠤᠯᠭ᠎ᠠ᠎ᠶ᠋ᠢ ᠤᠢ᠍ᠢᠯᠠᠭᠠᠵᠦ᠍᠂ ᠲᠤᠰᠭᠠᠢ ᠲᠦᠯᠦᠪᠵᠢᠬᠦᠯᠬᠡ ᠨᠠᠢᠷᠠᠭᠤᠯᠤᠨ ᠵᠤᠬᠢᠶᠠᠬᠤ ᠶᠠᠪᠤᠴᠠ᠎ᠳᠤ ᠨᠠᠳᠠ᠎ᠠᠴᠠ ᠳᠠᠬᠢᠨᠲᠠ ᠰᠠᠨᠠᠯ ᠬᠤᠷᠢᠶᠠᠬ᠍ᠰᠠᠨ᠃ ᠲᠤᠰᠭᠠᠢ ᠲᠦᠯᠦᠪᠵᠢᠬᠦᠯᠭᠡ᠎ᠶ᠋ᠢ ᠨᠠᠢᠷᠠᠭᠤᠯᠤᠨ ᠵᠤᠬᠢᠶᠠᠬ᠍ᠰᠠᠨ᠎ᠤ ᠳᠠᠷᠠᠭ᠎ᠠ᠂ ᠤᠯᠤᠰ᠎ᠤᠨ ᠤᠢ ᠱᠢᠭᠤᠢ᠎ᠶ᠋ᠢᠨ ᠲᠤᠪᠴᠢᠶ᠎ᠡ ᠲᠤᠰ ᠰᠠᠨᠠᠯ ᠳᠤᠷᠠᠳᠤᠯᠭ᠎ᠠ᠎ᠳᠤ ᠪᠢᠴᠢᠭ᠎ᠤᠨ ᠬᠡᠯᠪᠡᠷᠢ᠎ᠪᠠᠷ ᠬᠠᠷᠢᠭᠤᠯᠲᠠ ᠦᠭ᠌ᠴᠦ᠂ ᠭᠤᠷᠪᠠᠨ ᠵᠤᠷᠪᠤᠰ ᠰᠠᠨᠠᠭᠤᠯᠭ᠎ᠠ ᠪᠦᠬᠦᠨ᠎ᠢᠶᠠᠷ᠎ᠢᠶᠠᠨ ᠬᠡᠷᠡᠭ᠌ᠯᠡᠭ᠌ᠳᠡᠵᠦ᠍᠂ ᠮᠠᠨ᠎ᠤ ᠤᠷᠤᠨ᠎ᠤ ᠬᠦᠯᠦᠨ ᠪᠤᠢᠷ ᠬᠤᠲᠠ᠎ᠶ᠋ᠢᠨ ᠵᠠᠯᠠᠨ ᠠᠢᠯ ᠬᠤᠲᠠ ᠵᠡᠷᠭᠡ ᠬᠠᠮᠢᠶ᠎ᠠ ᠪᠦᠬᠦᠢ ᠬᠤᠱᠢᠭᠤ ᠱᠢᠶᠠᠨ 〈ᠵᠡᠬᠦᠨ ᠬᠤᠢᠲᠦ᠎ᠶ᠋ᠢᠨ ᠤᠢ ᠱᠢᠭᠤᠢ᠎ᠶ᠋ᠢᠨ ᠪᠦᠰᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠦᠯᠦᠪᠵᠢᠬᠦᠯᠬᠡ〉 ᠎ᠳᠠᠬᠢ 〈ᠶᠡᠭᠡ ᠪᠠᠭ᠎ᠠ ᠬᠢᠩᠭᠠᠨ ᠳᠠᠪᠠᠭ᠎ᠠ᠎ᠶ᠋ᠢᠨ ᠤᠢ ᠱᠢᠭᠤᠢ᠎ᠶ᠋ᠢᠨ ᠠᠮᠢ ᠠᠬᠤᠢ᠎ᠶ᠋ᠢ ᠬᠠᠮᠠᠭᠠᠯᠠᠨ ᠪᠤᠢᠵᠢᠭᠤᠯᠬᠤ ᠢᠨᠵᠧᠨᠧᠷᠢᠩ〉 ᠎ᠳᠤ ᠵᠢᠬ᠍ᠰᠠᠭᠠᠬ᠍ᠳᠠᠵᠦ᠍᠂ ᠬᠢᠩᠭᠠᠨ ᠠᠢᠮᠠᠭ᠎ᠤᠨ ᠷᠠᠱᠢᠶᠠᠨ ᠬᠤᠲᠠ᠂ ᠬᠤᠷᠴᠢᠨ ᠪᠠᠷᠠᠭᠤᠨ ᠭᠠᠷᠤᠨ ᠳᠤᠮᠳᠠᠳᠦ ᠬᠤᠱᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠱᠢᠭᠤ ᠪᠤᠯᠤᠨ ᠲᠦᠩᠯᠢᠶᠤᠤ ᠬᠤᠲᠠ᠂ ᠱᠢᠯᠢ᠎ᠶ᠋ᠢᠨ ᠭᠤᠤᠯ ᠠᠢᠮᠠᠭ᠎ᠤᠨ ᠬᠡᠰᠡᠭ ᠬᠤᠱᠢᠭᠤ ᠱᠢᠶᠠᠨ 〈ᠤᠮᠠᠷᠠᠲᠦ᠎ᠶ᠋ᠢᠨ ᠡᠯᠡᠰᠦᠷᠬᠡᠭ᠌ᠵᠢᠯ᠎ᠢ ᠰᠡᠷᠭᠡᠢᠯᠡᠬᠦ᠌ ᠪᠦᠰᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠦᠯᠦᠪᠵᠢᠬᠦᠯᠭᠡ〉 ᠎ᠳᠠᠬᠢ 〈ᠦᠪᠦᠷ ᠮᠤᠩᠭᠤᠯ᠎ᠤᠨ ᠦᠨᠳᠦᠷᠯᠢᠭ᠎ᠤᠨ ᠠᠮᠢ ᠠᠬᠤᠢ᠎ᠶ᠋ᠢ ᠬᠠᠮᠠᠭᠠᠯᠠᠵᠣ ᠰᠡᠷᠬᠦᠭᠡᠬᠦ᠌ ᠢᠨᠵᠧᠨᠧᠷᠢᠩ〉 ᠎ᠳᠤ ᠵᠢᠬ᠍ᠰᠠᠭᠠᠬ᠍ᠳᠠᠵᠠᠢ᠂ ᠪᠣᠰᠣᠳ 3 ᠰᠠᠨᠠᠯ ᠳᠤᠷᠠᠳᠤᠯᠭ᠎ᠠ ᠴᠦ᠍ ᠤᠯᠤᠰ᠎ᠤᠨ ᠬᠠᠮᠢᠶ᠎ᠠ ᠪᠦᠬᠦᠢ ᠶᠠᠮᠤᠨ ᠵᠦᠪᠯᠡᠯ᠎ᠤᠨ ᠬᠠᠷᠢᠭᠤᠯᠲᠠ᠎ᠶ᠋ᠢ ᠤᠯᠵᠠᠢ》 ᠭᠡᠵᠦ᠍ ᠵᠠᠩ ᠯᠢ ᠸᠧᠨ ᠰᠤᠷᠪᠤᠯᠵᠢᠯᠠᠬ᠍ᠴᠢ᠎ᠳᠤ ᠪᠠᠶᠠᠷᠲᠠᠢ ᠬᠡᠯᠡᠨ᠎ᠡ᠃

ᠰᠠᠨᠠᠯ ᠳᠤᠷᠠᠳᠤᠯᠭ᠎ᠠ᠎ᠨᠢ ᠠᠱᠢᠬ᠍ᠯᠠᠭ᠍ᠳᠠᠨ ᠭᠡᠷᠡᠭ᠌ᠯᠡᠭ᠌ᠳᠡᠭ᠌ᠰᠡᠨ ᠶᠠᠪᠤᠲᠠᠯ᠎ᠨᠢ᠂ ᠵᠠᠩ ᠯᠢ ᠸᠧᠨ᠎ᠳᠤ ᠮᠠᠰᠢ ᠶᠡᠭᠡ ᠵᠤᠷᠢᠬ᠍ᠵᠢᠭᠤᠯᠤᠯ ᠪᠣᠯᠵᠠᠢ᠃ ᠪᠠᠢᠴᠠᠭᠠᠨ ᠰᠤᠳᠤᠯᠬᠤ ᠦᠬᠡᠢ ᠪᠤᠯ ᠦᠬᠡ ᠬᠡᠯᠡᠬᠦ᠌ ᠡᠷᠭᠡ ᠦᠬᠡᠢ ᠬᠡᠳᠡᠭ᠎ᠢ ᠲᠡᠷᠡ ᠬᠦᠨ ᠤᠢ᠍ᠢᠯᠠᠭᠠᠨ᠎ᠠ᠃ 2020 ᠤᠨ᠎ᠳᠤ᠂ ᠲᠡᠷᠡ ᠪᠠᠢᠴᠠᠭᠠᠨ ᠰᠤᠳᠤᠯᠬᠤ ᠠᠵᠢᠯᠯᠠᠭ᠎ᠠ᠎ᠳᠤ ᠢᠳᠡᠪᠬᠢᠳᠠᠢ ᠤᠷᠤᠯᠴᠠᠵᠦ᠍᠂ ᠳᠣᠬᠠᠢ᠎ᠶ᠋ᠢᠨ ᠭᠠᠵᠠᠷ᠎ᠲᠤᠨᠢ ᠬᠦᠨᠵᠡᠬᠡᠢᠷᠡᠨ ᠪᠤᠲᠠᠲᠣ ᠪᠠᠢᠳᠠᠯ᠎ᠢ ᠤᠢ᠍ᠢᠯᠠᠭᠠᠵᠦ᠍᠂ ᠤᠯᠠᠨ ᠲᠦᠮᠡᠨ᠎ᠤ ᠰᠠᠨᠠᠯ ᠰᠠᠨᠠᠭᠤᠯᠭ᠎ᠠ᠎ᠶ᠋ᠢ ᠦᠷᠭᠡᠨ᠎ᠢᠶᠠᠷ ᠰᠤᠨᠤᠰᠪᠠ᠃

《ᠪᠠᠢᠴᠠᠭᠠᠨ ᠰᠤᠳᠤᠯᠤᠭ᠍ᠰᠠᠨ ᠪᠤᠳᠠᠳᠦ ᠪᠠᠢᠳᠠᠯ᠂ ᠤᠯᠠᠨ ᠲᠦᠮᠡᠨ᠎ᠤ ᠬᠦᠰᠡᠯ ᠰᠠᠨᠠᠭ᠎ᠠ᠎ᠶ᠋ᠢ ᠦᠪᠡᠷ᠎ᠤᠨ ᠪᠤᠳᠤᠯᠬᠢᠯᠠᠯ᠎ᠲᠠᠢ᠎ᠪᠠᠨ ᠤᠶᠠᠯᠳᠤᠭᠤᠯᠵᠦ᠍᠂ ᠡᠨᠡ ᠵᠢᠯ᠎ᠤᠨ ᠬᠤᠷᠠᠯ᠎ᠳᠤ 〈ᠨᠤᠳᠤᠭ ᠪᠡᠯᠴᠢᠭᠡᠷ᠎ᠤᠨ ᠠᠮᠢ ᠠᠬᠤᠢ᠎ᠶ᠋ᠢ ᠬᠠᠮᠠᠭᠠᠯᠠᠬᠤ ᠨᠦᠬᠦᠪᠦᠷᠢ ᠦᠭ᠌ᠴᠦ ᠱᠠᠩᠨᠠᠬᠤ ᠲᠦᠷᠦ᠎ᠶ᠋ᠢᠨ ᠪᠤᠳᠤᠯᠭ᠎ᠠ᠎ᠶ᠋ᠢ ᠴᠢᠨᠠᠬ᠍ᠰᠢᠲᠠ ᠳᠡᠬᠦᠯᠳᠡᠷᠵᠢᠬᠦᠯᠬᠦ᠌ ᠲᠤᠬᠠᠢ ᠰᠠᠨᠠᠯ ᠳᠤᠷᠠᠳᠤᠯᠭ᠎ᠠ〉 〈ᠤᠯᠤᠰ᠎ᠤᠨ ᠴᠡᠴᠡᠷᠯᠢᠭ᠎ᠤᠨ ᠲᠦᠷᠢᠮ᠎ᠤᠨ ᠲᠤᠷᠱᠢᠯᠲᠠ᠎ᠶ᠋ᠢᠨ ᠴᠡᠭ᠎ᠤᠨ ᠪᠦᠲᠦᠭᠡᠨ ᠪᠠᠢᠭᠤᠯᠤᠯᠲᠠ᠎ᠶ᠋ᠢ ᠲᠤᠬ᠍ᠲᠠᠭᠤᠨ᠎ᠢᠶᠠᠷ ᠠᠬᠢᠭᠤᠯᠬᠤ ᠲᠤᠬᠠᠢ ᠰᠠᠨᠠᠯ ᠳᠤᠷᠠᠳᠤᠯᠭ᠎ᠠ〉 ᠵᠡᠷᠭᠡ 5 ᠰᠠᠨᠠᠯ ᠳᠤᠷᠠᠳᠤᠯᠭ᠎ᠠ ᠲᠡᠪᠱᠢᠬᠦᠯᠬᠦ᠌᠎ᠪᠠᠷ ᠪᠡᠯᠡᠳᠭᠡᠵᠦ᠍ ᠪᠠᠢᠨ᠎ᠠ》 ᠭᠡᠵᠦ᠍ ᠵᠠᠩ ᠯᠢ ᠸᠧᠨ ᠬᠡᠯᠡᠨ᠎ᠡ᠃

《ᠲᠤᠱᠢᠶᠠᠯ ᠬᠠᠷᠢᠭᠤᠴᠠᠯᠭ᠎ᠠ᠎ᠪᠠᠨ ᠦᠯᠦ᠍ ᠭᠤᠲᠤᠭᠠᠵᠣ᠂ ᠦᠨᠳᠦᠰᠦᠨ ᠱᠠᠲᠦᠨ᠎ᠤ ᠰᠡᠳᠭᠢᠯ᠎ᠤᠨ ᠳᠠᠭᠤᠨ᠎ᠢ ᠪᠡᠭᠡᠵᠢᠩ᠎ᠳᠤ ᠠᠪᠠᠴᠢᠵᠣ᠂ ᠦᠪᠦᠷ ᠮᠤᠩᠭᠤᠯ᠎ᠤᠨ ᠠᠮᠢ ᠠᠬᠤᠢ᠎ᠶ᠋ᠢᠨ ᠪᠤᠯᠪᠠᠰᠤᠨ᠎ᠤ ᠪᠠᠢᠭᠤᠯᠤᠯᠲᠠ᠎ᠶ᠋ᠢ ᠠᠬᠢᠭᠤᠯᠬᠤ᠎ᠳᠤ ᠦᠵᠡᠬᠦᠯᠪᠡᠰᠦ ᠵᠤᠬᠢᠬᠤ ᠬᠤᠪᠢ ᠨᠡᠮᠡᠷᠢ᠎ᠪᠠᠨ ᠦᠵᠡᠬᠦᠯᠦᠨ᠎ᠡ》 ᠭᠡᠵᠦ᠍ ᠵᠠᠩ ᠯᠢ ᠸᠧᠨ ᠢᠳᠡᠭᠡᠯ ᠲᠦᠬᠦᠷᠡᠩ ᠬᠡᠯᠡᠨ᠎ᠠ᠃


 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号