ᠴᠠᠭᠠᠨ ᠰᠠᠷ᠎ᠠ ᠦᠩᠭᠡᠷᠡᠮᠡᠭ᠌ᠴᠡ ᠤᠯᠠᠭᠠᠨᠬᠠᠳᠠ ᠬᠤᠳᠠ᠎ᠶ᠋ᠢᠨ ᠬᠠᠷᠠᠴᠢᠨ ᠬᠤᠱᠢᠭᠤᠨ᠎ᠤ ᠡᠾᠧ ᠨᠠᠨ ᠵᠡᠭᠡᠯᠢ ᠭᠤᠳᠤᠮᠵᠢ᠎ᠶ᠋ᠢᠨ ᠬᠤᠭᠤᠰᠤᠨ ᠭᠤᠤ ᠲᠣᠰᠭᠤᠨ᠎ᠤ ᠲᠤᠰᠭᠤᠨ᠎ᠳᠤ ᠰᠠᠭᠤᠭ᠎ᠠ ᠺᠠᠳ᠋ᠷ ᠵᠧᠦ ᠱᠢᠶᠤᠤ ᠭᠠᠩ ᠡᠷᠦᠭᠡ᠎ᠳᠤ ᠬᠦᠷᠴᠦ᠍ ᠳᠠᠩᠰᠠ ᠪᠦᠷᠢᠳᠭᠡᠬᠦ᠂ ᠲᠤᠭ᠎ᠠ ᠪᠦᠷᠢᠳᠭᠡᠯ᠎ᠢ ᠱᠢᠨᠡᠴᠢᠯᠠᠬᠦ᠂ ᠡᠷᠦᠬᠡ ᠨᠢᠬᠡᠪᠦᠷᠢ᠎ᠶ᠋ᠢᠨ ᠪᠠᠢᠳᠠᠯ᠎ᠢ ᠤᠢ᠍ᠢᠯᠠᠭᠠᠵᠤ ᠶᠠᠭᠠᠷᠠᠨ᠂ ᠶᠠᠳᠠᠭᠤ᠎ᠠᠴᠠ ᠠᠩᠭᠢᠵᠢᠷᠠᠭ᠍ᠰᠠᠨ ᠡᠷᠦᠭᠡ᠎ᠶ᠋ᠢᠨ ᠠᠵᠤ ᠦᠢᠯᠡᠰ᠎ᠤᠨ ᠬᠥᠭ᠌ᠵᠢᠯᠲᠡ ᠵᠡᠷᠭᠡ ᠬᠠᠮᠢᠶ᠎ᠠ ᠪᠦᠬᠦᠢ ᠪᠠᠢᠳᠠᠯ᠎ᠢ ᠰᠤᠳᠤᠯᠵᠤ ᠪᠠᠢᠯ᠎ᠠ᠃ ᠲᠤᠰᠭᠤᠨ᠎ᠳᠤ ᠰᠠᠭᠤᠬ᠍ᠰᠠᠨ ᠵᠢᠯ ᠭᠠᠷᠤᠢ᠎ᠶ᠋ᠢᠨ ᠬᠤᠭᠤᠴᠠᠭᠠᠨ᠎ᠳᠤ᠂ ᠵᠧᠦ ᠱᠢᠶᠤᠤ ᠭᠠᠩ ᠪᠣᠯᠤᠨ ᠲᠣᠰᠭᠤᠨ᠎ᠳᠤ ᠰᠠᠭᠤᠭ᠎ᠠ ᠠᠵᠢᠯᠯᠠᠬᠤ ᠠᠩᠭᠢ ᠬᠠᠮᠲᠤ᠎ᠪᠠᠷ ᠲᠠᠷᠢᠶᠠᠴᠢᠨ ᠡᠷᠦᠭᠡ᠎ᠪᠠᠷ ᠶᠠᠪᠤᠵᠤ᠂ ᠠᠷᠭ᠎ᠠ ᠪᠤᠳᠤᠯᠭ᠎ᠠ ᠰᠦᠪᠡᠭ᠌ᠴᠢᠯᠡᠵᠦ᠍᠂ ᠲᠤᠬᠠᠢ᠎ᠶ᠋ᠢᠨ ᠭᠠᠵᠠᠷ᠎ᠤᠨ ᠶᠠᠳᠠᠭᠤ ᠬᠦᠴᠢᠷᠳᠡᠯᠲᠡᠢ ᠤᠯᠠᠨ ᠲᠦᠮᠡᠨ᠎ᠤ 《ᠰᠡᠳᠭᠢᠯ᠎ᠤᠨ ᠬᠥᠮᠦᠨ》᠂ ᠪᠠᠶᠠᠵᠢᠨ ᠴᠢᠨᠡᠭᠡᠯᠢᠭ᠌ᠵᠢᠬᠦ᠌᠎ᠶ᠋ᠢᠨ 《ᠵᠠᠮᠴᠢᠯᠠᠭ᠍ᠴᠢ》 ᠪᠣᠯᠤᠭ᠍ᠰᠠᠨ ᠪᠠᠢᠨ᠎ᠠ᠃
《ᠵᠧᠦ ᠱᠢᠶᠤᠤ ᠭᠠᠩ ᠲᠣᠰᠭᠤᠨ᠎ᠳᠤ ᠢᠷᠡᠵᠤ ᠶᠠᠳᠠᠭᠤ᠎ᠶ᠋ᠢ ᠲᠡᠳᠬᠦᠭ᠌ᠰᠡᠨ᠎ᠤ ᠲᠠᠷᠠᠭ᠎ᠠ᠂ ᠦᠷᠭᠦᠯᠵᠢ ᠮᠠᠨ᠎ᠤ ᠭᠡᠷ᠎ᠲᠤ ᠢᠷᠡᠳᠡᠭ᠂ ᠪᠢᠳᠡ ᠬᠤᠶᠠᠭᠤᠯᠠ᠎ᠶ᠋ᠢᠨ ᠪᠡᠶ᠎ᠡ ᠮᠠᠭᠤᠲᠠᠢ ᠪᠠᠢᠬᠤ᠎ᠶ᠋ᠢ ᠮᠡᠳᠡᠭᠡᠳ ᠪᠢᠳᠡᠨ᠎ᠳᠤ ᠲᠤᠰ ᠲᠤᠰ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠢ ᠠᠵᠢᠯ᠎ᠤᠨ ᠪᠠᠢᠷᠢ ᠲᠤᠬᠢᠷᠠᠭᠤᠯᠤᠨ ᠦᠭ᠌ᠬᠦᠯ᠎ᠡ᠂ ᠤᠯᠬᠤ ᠵᠣᠭᠤᠰ᠎ᠨᠢ ᠮᠠᠰᠢ ᠦᠨᠳᠦᠷ ᠪᠤᠯᠪᠠᠴᠤ᠌᠂ ᠬᠢᠬᠦ᠌ ᠠᠵᠢᠯ᠎ᠨᠢ ᠶᠠᠳᠠᠷᠠᠬᠤ ᠦᠭᠡᠢ ᠁》᠃ ᠲᠣᠰᠭᠤᠨ᠎ᠳᠤ ᠰᠠᠭᠤᠭ᠎ᠠ ᠺᠠᠳ᠋ᠷ ᠵᠧᠦ ᠱᠢᠶᠤᠤ ᠭᠠᠩ᠎ᠤᠨ ᠲᠤᠬᠠᠢ ᠶᠠᠷᠢᠬᠤ᠎ᠳᠤ᠂ ᠬᠤᠭᠤᠰᠤᠨ ᠭᠤᠤ ᠲᠣᠰᠭᠤᠨ᠎ᠤ ᠠᠷᠠᠳ ᠬᠠᠨ ᠳ᠋ᠦᠩ ᠱᠧᠩ ᠲᠠᠯᠠᠷᠬᠠᠯ᠎ᠤᠨ ᠰᠡᠳᠭᠢᠯᠭᠡ᠎ᠪᠠᠨ ᠲᠠᠷᠤᠵᠤ ᠶᠠᠳᠠᠨ ᠪᠠᠢᠯ᠎ᠠ᠃
ᠬᠠᠨ ᠳ᠋ᠦᠩ ᠱᠧᠩ ᠪᠣᠯ 2016 ᠣᠨ᠎ᠤ ᠲᠠᠩᠰᠠᠯᠠᠵᠤ ᠺᠠᠷᠳ᠋ᠯᠠᠭ᠍ᠰᠠᠨ ᠶᠠᠳᠠᠭᠤ ᠬᠦᠴᠢᠷᠳᠡᠯᠲᠡᠢ ᠡᠷᠦᠬᠡ ᠪᠣᠯᠤᠨ᠎ᠠ᠂ ᠦᠪᠡᠷ᠎ᠢᠶᠠᠨ ᠡᠪᠡᠳᠴᠢᠨ᠎ᠲᠠᠢ ᠤᠴᠢᠷ᠎ᠠᠴᠠ ᠬᠦᠨᠳᠦ ᠠᠵᠢᠯ ᠬᠢᠵᠦ᠍ ᠳᠡᠢᠯᠬᠦ᠌ ᠦᠭᠡᠢ᠃ ᠡᠬᠡᠨᠡᠷ᠎ᠨᠢ ᠴᠦ᠍ ᠦᠷᠭᠦᠯᠵᠢ ᠡᠪᠡᠳᠴᠢᠯᠡᠳᠡᠭ᠂ ᠭᠤᠷᠪᠠᠨ ᠬᠡᠦᠬᠡᠳ᠎ᠲᠠᠢ᠂ ᠢᠬᠡᠷ᠎ᠡ ᠬᠤᠶᠠᠷ ᠬᠦᠦ᠎ᠨᠢ ᠰᠤᠷᠭᠠᠭᠤᠯᠢ᠎ᠳᠤ ᠰᠠᠭᠤᠵᠤ ᠪᠠᠢᠭ᠎ᠠ ᠲᠤᠯᠠ ᠠᠮᠢᠳᠤᠷᠠᠯ᠎ᠨᠢ ᠮᠠᠰᠢ ᠬᠦᠴᠢᠷᠲᠡᠶ ᠪᠠᠢᠯ᠎ᠠ᠃
《ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠡᠨᠡ ᠬᠤᠶᠠᠷ ᠠᠵᠢᠯ᠎ᠤᠨ ᠪᠠᠢᠷᠢ᠎ᠨᠢ ᠮᠠᠨ᠎ᠤ ᠭᠡᠷ᠎ᠤᠨ ᠣᠷᠤᠯᠭ᠎ᠠ᠎ᠶ᠋ᠢ ᠪᠠᠲᠤᠯᠠᠭ᠎ᠠ᠎ᠲᠠᠢ ᠪᠣᠯᠭᠠᠵᠤ᠂ ᠣᠳᠣ ᠪᠦᠬᠦ᠌ ᠭᠡᠷ᠎ᠤᠨ ᠵᠢᠯ᠎ᠤᠨ ᠣᠷᠤᠯᠭ᠎ᠠ ᠪᠠᠷᠤᠭ ᠳᠣᠯᠤᠭ᠎ᠠ ᠨᠠᠢ᠍ᠮᠠᠨ ᠲᠦᠮᠡᠨ ᠲᠥᠭᠦᠷᠢᠭ᠎ᠲᠤ ᠬᠦᠷᠴᠦ᠍ ᠪᠠᠢᠨ᠎ᠠ》 ᠭᠡᠵᠦ᠍ ᠬᠠᠨ ᠳ᠋ᠦᠩ ᠱᠧᠩ ᠰᠤᠷᠪᠤᠯᠵᠢᠯᠠᠭ᠍ᠴᠢ᠎ᠳᠤ ᠶᠠᠷᠢᠵᠤ ᠪᠠᠢᠯ᠎ᠠ᠃
《2016 ᠣᠨ᠎ᠳᠤ᠂ ᠮᠠᠨ᠎ᠤ᠎ᠬᠢᠨ ᠲᠠᠩᠰᠠᠯᠠᠵᠤ ᠺᠠᠷᠳ᠋ᠯᠠᠭ᠍ᠰᠠᠨ ᠶᠠᠳᠠᠭᠤ ᠬᠦᠴᠢᠷᠳᠡᠯᠲᠡᠢ ᠡᠷᠦᠬᠡ ᠪᠤᠯᠪᠠ᠃ 2017 ᠣᠨ᠎ᠳᠤ᠂ ᠲᠣᠰᠭᠤᠨ᠎ᠳᠤ ᠰᠠᠭᠤᠭ᠎ᠠ ᠺᠠᠳ᠋ᠷ᠎ᠤᠨ ᠬᠠᠪᠰᠤᠷᠤᠯᠭ᠎ᠠ ᠲᠤᠤᠷ᠎ᠠ ᠪᠢ 5 ᠲᠦᠮᠡᠨ ᠲᠥᠭᠦᠷᠢᠭ᠎ᠤᠨ ᠵᠢᠭᠡᠯᠡᠯᠭᠡ ᠠᠪᠴᠤ᠌ 3 ᠦᠬᠡᠷ ᠬᠤᠳᠠᠯᠳᠤᠨ ᠠᠪᠴᠠᠢ᠂ ᠪᠢ ᠡᠨᠡ 3 ᠦᠬᠡᠷ᠎ᠲᠤ ᠲᠦᠱᠢᠭ᠌ᠯᠡᠨ ᠶᠠᠳᠠᠭᠤ᠎ᠠᠴᠠ ᠠᠩᠭᠢᠵᠢᠷᠠᠨ᠎ᠠ ᠬᠡᠵᠤ ᠦᠨᠡᠬᠡᠷ ᠪᠤᠳᠤᠵᠤ ᠤᠯᠤᠬ᠍ᠰᠠᠨ ᠦᠬᠡᠢ》 ᠭᠡᠵᠦ᠍ 55 ᠨᠠᠰᠤᠲᠠᠢ ᠵᠦ᠍ ᠭᠤᠸᠠᠩ ᠷᠦᠢ ᠰᠡᠳᠭᠢᠯ ᠲᠤᠬ᠍ᠳᠤᠯᠤᠨ ᠶᠠᠷᠢᠵᠤ ᠪᠠᠢᠯ᠎ᠠ᠃
ᠣᠬᠤᠷᠬᠠᠨ 4 ᠵᠢᠯ ᠭᠠᠷᠤᠶ᠎ᠶ᠋ᠢᠨ ᠬᠤᠭᠤᠴᠠᠭᠠᠨ᠎ᠳᠤ᠂ ᠵᠦ᠍ ᠭᠤᠸᠠᠩ ᠷᠦᠢ ᠭᠤᠷᠪᠠᠭ᠍ᠠᠨ ᠦᠬᠡᠷ᠎ᠲᠠᠢ ᠪᠠᠢᠬ᠍ᠰᠠᠨ᠎ᠠᠴᠠ᠎ᠪᠠᠨ ᠤᠳᠤ 14 ᠦᠬᠡᠷ᠎ᠲᠠᠢ ᠪᠣᠯᠵᠠᠶ᠂ ᠤᠳᠤ ᠡᠨᠡ 14 ᠦᠬᠡᠷ᠎ᠤᠨ ᠶᠡᠷᠦᠩᠬᠡᠶ ᠥᠷᠲᠡᠭ᠎ᠨᠢ 30 ᠲᠦᠮᠡᠨ ᠲᠥᠭᠦᠷᠢᠭ ᠣᠷᠴᠢᠮ ᠬᠦᠷᠦᠨ᠎ᠠ᠃
《2019 ᠣᠨ᠎ᠳᠤ᠂ ᠵᠧᠦ ᠱᠢᠶᠤᠤ ᠭᠠᠩ ᠮᠠᠨ᠎ᠤ ᠲᠣᠰᠭᠤᠨ᠎ᠳᠤ ᠢᠷᠡᠵᠤ ᠰᠠᠭᠤᠪᠠ᠂ ᠲᠡᠭᠦᠨ᠎ᠤ ᠬᠠᠪᠰᠤᠷᠤᠯᠭ᠎ᠠ ᠳᠣᠣᠷ᠎ᠠ᠂ ᠮᠠᠨ᠎ᠤ ᠭᠡᠷ᠎ᠤᠨ ᠦᠬᠡᠷ᠎ᠤᠨ ᠲᠤᠭ᠎ᠠ ᠶᠠᠪᠤᠬᠤ ᠲᠤᠳᠤᠮ ᠨᠡᠮᠡᠭ᠌ᠳᠡᠵᠤ ᠪᠠᠢᠨ᠎ᠠ᠃ ᠡᠨᠡ ᠬᠡᠳᠦᠨ ᠵᠢᠯ ᠤᠷᠢᠳ ᠬᠤᠵᠢᠳ 8 ᠦᠬᠡᠷ᠎ᠢᠶᠠᠨ ᠬᠤᠳᠠᠯᠳᠤᠵᠤ᠂ ᠵᠢᠭᠡᠯᠡᠯᠭᠡ᠎ᠪᠠᠨ ᠲᠦᠯᠦᠵᠦ᠍ ᠪᠠᠷᠠᠭᠠᠳ᠂ ᠦᠨᠦ᠍ ᠦᠯᠡᠳᠡᠭ᠌ᠰᠡᠨ 14 ᠦᠬᠡᠷ ᠪᠤᠯ ᠮᠢᠨᠦ᠍ ᠴᠡᠪᠡᠷ ᠤᠷᠤᠯᠭ᠎ᠠ ᠱᠢᠤ》 ᠭᠡᠵᠦ᠍ ᠵᠦ᠍ ᠭᠤᠸᠠᠩ ᠷᠦᠢ ᠮᠠᠩᠨᠠᠢ ᠲᠠᠨᠢᠨ ᠪᠠᠶᠠᠷᠯᠠᠨ᠎ᠠ᠃
2019 ᠣᠨ᠎ᠤ 7 ᠰᠠᠷ᠎ᠠ᠎ᠳᠤ᠂ ᠶᠠᠳᠠᠭᠤ᠎ᠶ᠋ᠢ ᠲᠡᠳᠬᠦᠬᠦ᠌ ᠠᠵᠢᠯ᠎ᠢᠶᠠᠷ ᠬᠤᠭᠤᠰᠤᠨ ᠭᠤᠤ ᠲᠣᠰᠭᠤᠨ᠎ᠳᠤ ᠠᠩᠬ᠎ᠠ ᠢᠷᠡᠭ᠌ᠰᠡᠨ ᠵᠧᠦ ᠱᠢᠶᠤᠤ ᠭᠠᠩ ᠬᠠᠮᠤᠭ᠎ᠤᠨ ᠣᠬᠤᠷᠬᠠᠨ ᠬᠤᠭᠤᠴᠠᠭᠠᠨ᠎ᠳᠤ ᠪᠦᠬᠦ᠌ ᠲᠣᠰᠭᠤᠨ᠎ᠤ 79 ᠶᠠᠳᠠᠭᠤ ᠬᠦᠴᠢᠷᠳᠡᠯᠲᠡᠢ ᠡᠷᠦᠬᠡ᠎ᠪᠠᠷ ᠲᠣᠭᠤᠷᠢᠨ ᠪᠠᠢᠳᠠᠯ᠎ᠢ ᠤᠢ᠍ᠢᠯᠠᠭᠠᠵᠤ᠂ ᠤᠷᠢᠳ ᠬᠤᠵᠢᠳ ᠲᠣᠰᠭᠤᠨ᠎ᠤ 18 ᠶᠠᠳᠠᠭᠤ ᠬᠦᠴᠢᠷᠳᠡᠯᠲᠡᠢ ᠰᠤᠷᠤᠭ᠍ᠴᠢ᠎ᠶ᠋ᠢ ᠲᠣᠬᠤᠨᠢᠭᠤᠯᠵᠤ᠂ 3000 ᠭᠠᠷᠤᠢ ᠲᠥᠭᠦᠷᠢᠭ᠎ᠤᠨ ᠰᠤᠷᠤᠯᠭ᠎ᠠ᠎ᠶ᠋ᠢᠨ ᠬᠡᠷᠡᠭ᠌ᠰᠡᠯ᠂ ᠬᠤᠪᠴᠠᠰᠤ ᠬᠤᠨᠠᠷ ᠬᠠᠨᠳᠢᠪᠯᠠᠪᠠ᠃
ᠬᠤᠭᠤᠰᠤᠨ ᠭᠤᠤ ᠲᠣᠰᠭᠤᠨ᠎ᠤ ᠣᠯᠠᠩᠬᠢ ᠠᠷᠠᠳ ᠲᠡᠷᠢᠵᠤ ᠲᠡᠵᠢᠭᠡᠨ ᠦᠷᠡᠵᠢᠭᠦᠯᠬᠦ᠌᠎ᠪᠠᠷ ᠭᠤᠣᠯ ᠪᠣᠯᠭᠠᠵᠤ ᠪᠠᠢᠬᠤ᠎ᠶ᠋ᠢ ᠣᠢᠯᠠᠭᠠᠬ᠍ᠰᠠᠨ ᠵᠧᠦ ᠱᠢᠶᠤᠤ ᠭᠠᠩ ᠲᠣᠰᠭᠤᠨ᠎ᠳᠤ ᠰᠠᠭᠤᠭ᠎ᠠ ᠠᠵᠢᠯᠯᠠᠬᠤ ᠠᠩᠭᠢ᠎ᠲᠠᠢ ᠬᠠᠮᠲᠤ ᠠᠵᠤ ᠦᠢᠯᠡᠰ᠎ᠤᠨ ᠵᠢᠭᠠᠨ ᠵᠢᠯᠣᠭᠤᠳᠭᠤ ᠪᠤᠯᠪᠠᠰᠤᠷᠠᠯ᠎ᠢ ᠢᠳᠡᠪᠬᠢᠲᠡᠶ ᠥᠷᠨᠢᠭᠦᠯᠬᠦ᠌᠎ᠶ᠋ᠢᠨ ᠬᠠᠮᠲᠤ ᠬᠤᠱᠢᠭᠤᠨ᠎ᠤ ᠬᠠᠮᠢᠶ᠎ᠠ ᠪᠥᠬᠦᠶ ᠨᠢᠭᠡᠴᠢ᠎ᠲᠠᠢ ᠬᠠᠮᠵᠢᠯᠴᠠᠨ ᠲᠡᠵᠢᠭᠡᠨ ᠦᠷᠡᠵᠢᠭᠦᠯᠬᠦ᠂ ᠲᠠᠷᠢᠮᠠᠯ᠎ᠢ ᠪᠡᠷᠢᠮᠵᠢᠶᠡᠵᠢᠭᠤᠯᠤᠨ ᠳᠠᠷᠢᠬᠤ ᠵᠡᠷᠭᠡ ᠬᠥᠳᠡᠯᠮᠦᠷᠢ᠎ᠶ᠋ᠢᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ ᠬᠦᠷᠳᠡᠬᠡᠬᠦ᠌᠎ᠶ᠋ᠢ ᠥᠷᠨᠢᠭᠦᠯᠵᠦ᠍᠂ ᠲᠣᠰᠭᠤᠨ᠎ᠤ ᠠᠷᠠᠳ᠎ᠲᠤ ᠱᠢᠨᠵᠢᠯᠡᠬᠦ᠌ ᠤᠬᠠᠭᠠᠨᠴᠢ᠎ᠪᠠᠷ ᠲᠡᠷᠢᠵᠤ ᠲᠡᠵᠢᠭᠡᠨ ᠦᠷᠡᠵᠢᠭᠦᠯᠬᠦ᠌ ᠮᠡᠷᠭᠡᠵᠢᠯ᠎ᠢ ᠡᠵᠡᠮᠱᠢᠭᠦᠯᠵᠦ᠍᠂ ᠬᠤᠭᠤᠰᠤᠨ ᠭᠤᠤ ᠲᠣᠰᠭᠤᠨ᠎ᠤ ᠠᠵᠤ ᠦᠢᠯᠡᠰ᠎ᠤᠨ ᠬᠥᠭ᠌ᠵᠢᠯᠲᠡ᠎ᠶ᠋ᠢ ᠳᠥᠯᠭᠢᠨ ᠠᠬᠢᠭᠤᠯᠤᠬ᠍ᠰᠠᠨ ᠪᠠᠢᠨ᠎ᠠ᠃
ᠲᠣᠰᠭᠤᠨ᠎ᠳᠤ ᠰᠠᠭᠤᠵᠤ ᠶᠠᠳᠠᠭᠤ᠎ᠶ᠋ᠢ ᠲᠡᠳᠬᠦᠭ᠌ᠰᠡᠨ ᠵᠢᠯ ᠭᠠᠷᠤᠢ᠎ᠶ᠋ᠢᠨ ᠬᠤᠭᠤᠴᠠᠭᠠᠨ᠎ᠳᠤ᠂ ᠵᠧᠦ ᠱᠢᠶᠤᠤ ᠭᠠᠩ ᠤᠬ ᠰᠠᠨᠠᠭ᠎ᠠ᠎ᠪᠠᠨ ᠪᠠᠲᠤ ᠰᠠᠬᠢᠵᠤ᠂ ᠪᠣᠳᠠᠲᠤ ᠶᠠᠪᠤᠳᠠᠯ ᠬᠢᠵᠦ᠍᠂ ᠰᠠᠢᠨ ᠶᠠᠪᠤᠳᠠᠯ ᠬᠢᠵᠦ᠍᠂ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠨᠡᠨ ᠪᠣᠳᠠᠲᠠᠢ ᠦᠷ᠎ᠡ ᠪᠦᠲᠦᠮᠵᠢ᠎ᠪᠠᠷ ᠠᠷᠠᠳ᠎ᠤᠨ ᠢᠲᠡᠭᠡᠯ᠎ᠢ ᠣᠯᠤᠭ᠍ᠰᠠᠨ ᠪᠠᠢᠨ᠎ᠠ᠃
ᠬᠠᠮᠢᠶ᠎ᠠ ᠪᠦᠬᠦᠢ ᠬᠤᠯᠪᠣᠭᠠᠰᠤ
ᠦᠪᠦᠷ ᠮᠤᠩᠭᠤᠯ ᠰᠡᠳᠭᠢᠯ᠎ᠢᠶᠠᠨ ᠨᠢᠭᠡᠳᠭᠡᠨ ᠬᠦᠴᠦ᠎ᠪᠠᠨ ᠬᠠᠮᠲᠤᠳᠭᠠᠵᠤ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠎ᠶ᠋ᠢ ᠠᠬᠢᠭᠤᠯᠵᠤ᠂ ᠨᠠᠮ᠎ᠤᠨ ᠪᠠᠢᠭᠤᠯᠤᠯᠲᠠ᠎ᠶ᠋ᠢ ᠠᠳᠭᠤᠬᠤ᠎ᠪᠠᠷ ᠳᠠᠮᠵᠢᠭᠤᠯᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠎ᠶ᠋ᠢ ᠠᠬᠢᠭᠤᠯᠵᠤ᠂ ᠶᠠᠳᠠᠭᠤ ᠬᠦᠴᠢᠷᠳᠡᠯᠲᠡᠢ ᠭᠠᠵᠠᠷ ᠣᠷᠣᠨ᠎ᠤ ᠦᠨᠳᠦᠰᠦᠨ ᠱᠠᠳᠤᠨ᠎ᠤ ᠵᠤᠬᠢᠶᠠᠨ ᠪᠠᠢᠭᠤᠯᠤᠯᠳᠠ᠎ᠶ᠋ᠢ ᠴᠢᠩᠭᠠᠳᠭᠠᠵᠤ᠂ ᠦᠨᠳᠦᠰᠦᠨ ᠱᠠᠲᠤᠨ᠎ᠤ ᠺᠠᠳ᠋ᠷ ᠨᠠᠷ ᠶᠠᠳᠠᠭᠤ ᠬᠦᠴᠢᠷᠳᠡᠯ᠎ᠢ ᠢᠯᠭᠠᠨ ᠲᠠᠨᠢᠬᠤ᠂ ᠤᠨᠢᠨ ᠳᠡᠭᠡᠷ᠎ᠡ᠎ᠨᠢ ᠬᠠᠪᠰᠤᠷᠤᠨ ᠲᠡᠳᠬᠦᠬᠦ᠌ ᠳᠤᠮᠳᠠ ᠠᠵᠢᠯ᠎ᠤᠨ ᠴᠢᠳᠠᠪᠤᠷᠢ᠎ᠶ᠋ᠢᠨ ᠲᠦᠪᠱᠢᠨ᠎ᠨᠢ ᠢᠯᠡᠳᠲᠡ ᠳᠡᠭᠡᠭ᠌ᠰᠢᠯᠡᠵᠦ᠍᠂ ᠶᠠᠳᠠᠭᠤ᠎ᠶ᠋ᠢ ᠲᠡᠳᠬᠦᠬᠦ᠌ ᠠᠵᠢᠯ᠎ᠤᠨ ᠰᠠᠭᠤᠷᠢ᠎ᠶ᠋ᠢ ᠴᠢᠨᠠᠭ᠍ᠰᠢᠳᠠ ᠪᠠᠬᠢᠵᠢᠭᠦᠯᠪᠡ᠃ 2016 ᠣᠨ᠎ᠠᠴᠠ ᠨᠠᠭᠠᠰᠢ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠡᠮᠦᠨ᠎ᠡ ᠹᠷᠣᠨᠲ᠎ᠲᠤ ᠨᠡᠢᠳᠡ 8.5 ᠲᠦᠮᠡᠨ ᠱᠢᠯᠢᠳᠡᠭ ᠨᠠᠮ᠎ᠤᠨ ᠭᠡᠱᠢᠭᠦᠨ ᠺᠠᠳ᠋ᠷ᠎ᠢ ᠰᠣᠩᠭᠤᠨ ᠲᠣᠮᠢᠯᠠᠵᠤ᠂ ᠣᠳᠣᠬᠠᠨ᠎ᠳᠤ ᠪᠦᠬᠦ᠌ ᠣᠷᠣᠨ᠎ᠳᠤ 8689 ᠲᠣᠰᠭᠤᠨ᠎ᠳᠤ ᠰᠠᠭᠤᠭ᠎ᠠ ᠠᠵᠢᠯᠯᠠᠬᠤ ᠠᠩᠭᠢ᠂ 32180 ᠲᠣᠰᠭᠤᠨ᠎ᠳᠤ ᠰᠠᠭᠤᠭ᠎ᠠ ᠺᠠᠳ᠋ᠷ ᠪᠤᠢ᠃ ᠬᠢᠵᠢᠭ᠎ᠢ ᠰᠡᠷᠭᠡᠢᠯᠡᠨ ᠭᠠᠮᠱᠢᠭ᠎ᠲᠠᠢ ᠲᠡᠮᠡᠴᠡᠬᠦ᠌ ᠶᠠᠪᠤᠴᠠ᠎ᠳᠤ᠂ ᠲᠣᠰᠭᠤᠨ᠎ᠳᠤ ᠰᠠᠭᠤᠭ᠎ᠠ ᠺᠠᠳ᠋ᠷ ᠡᠮᠦᠨ᠎ᠡ᠎ᠨᠢ ᠭᠠᠪᠱᠢᠭᠠᠢᠯᠠᠵᠤ᠂ ᠡᠮᠦᠨ᠎ᠡ᠎ᠨᠢ ᠠᠵᠢᠯᠯᠠᠵᠤ᠂ ᠵᠢᠱ᠌ᠢᠶᠡᠴᠢ ᠳᠠᠭᠠᠭᠤᠯᠬᠤ ᠦᠢᠯᠡᠳᠦᠯ᠎ᠢᠶᠠᠨ ᠪᠠᠳᠠᠷᠠᠭᠤᠯᠪᠠ᠃