ᠶᠠᠳᠠᠭᠤ᠎ᠶ᠋ᠢ ᠲᠡᠳᠬᠦᠬᠦ᠌ ᠡᠳ᠋ ᠬᠥᠷᠥᠩᠭᠡ 《ᠴᠠᠰᠤᠨ ᠪᠥᠮᠪᠦᠭᠡ》 ᠱᠢᠭ ᠵᠤᠵᠠᠭᠠᠷᠠᠨ᠎ᠠ
2021-02-28 14:28:07
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠬᠢᠩᠭᠠᠨ ᠠᠢᠮᠠᠭ᠎ᠤᠨ ᠲᠦᠴᠢᠦᠸᠠᠨ ᠱᠢᠶᠠᠨ᠎ᠤ ᠬᠠᠪᠤᠷ᠎ᠤᠨ ᠡᠬᠢᠨ᠎ᠤ ᠠᠭᠤᠷ ᠠᠮᠢᠰᠭᠤᠯ ᠬᠠᠷᠠᠬᠠᠨ  ᠬᠦᠢᠲᠡᠨ ᠪᠠᠢᠭ᠍ᠰᠠᠨ ᠴᠤ᠌ ᠥᠪᠥᠷ ᠮᠣᠩᠭᠤᠯ᠎ᠤᠨ ᠵᠢᠤᠢ ᠮᠧᠶ ᠾᠧᠩ ᠭᠦᠸᠧ ᠠᠮᠢ ᠠᠬᠤᠶ᠎ᠶ᠋ᠢᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠶ᠋ᠢᠨ ᠵᠢᠮᠢᠰ ᠲᠡᠭᠦᠬᠦ᠌ ᠬᠦᠷᠢᠶᠡᠯᠡᠩ᠎ᠳᠤ ᠭᠤᠸᠠ ᠵᠢᠮᠢᠰ᠎ᠤᠨ ᠠᠩᠬᠢᠯᠤᠮ᠎ᠠ ᠦᠨᠦᠷ ᠬᠠᠩᠬᠤᠯᠵᠤ᠂ ᠪᠠᠶᠠᠷ ᠬᠥᠷ᠎ᠢᠶᠠᠷ ᠪᠢᠯᠬᠠᠵᠤ ᠪᠠᠢᠯ᠎ᠠ᠃ ᠵᠤᠭᠠᠴᠠᠭ᠍ᠰᠠᠳ ᠭᠦᠵᠡᠯᠵᠡᠭᠡᠨ᠎ᠡ ᠲᠡᠭᠦᠵᠦ᠍᠂ ᠬᠤᠷᠢᠶᠠᠯᠲᠠ᠎ᠶ᠋ᠢᠨ ᠪᠠᠶᠠᠷ ᠪᠠᠶᠠᠰᠤᠯ᠎ᠢ ᠡᠳ᠋ᠯᠡᠨ᠎ᠡ᠃

《3 ᠵᠢᠯ᠎ᠤᠨ ᠡᠮᠦᠨ᠎ᠡ ᠨᠠᠮᠠᠶ᠋ᠢ ᠭᠠᠴᠢᠬ᠍ᠳᠠᠵᠤ ᠪᠠᠢᠬᠤ᠎ᠳᠤ ᠮᠠᠨ᠎ᠤ ᠺᠣᠮᠫᠠᠨᠢ ᠬᠡᠳᠦᠨ ᠵᠠᠭᠤᠨ ᠲᠦᠮᠡᠨ ᠲᠥᠭᠦᠷᠢᠭ᠎ᠤᠨ ᠶᠠᠳᠠᠭᠤ᠎ᠶ᠋ᠢ ᠲᠡᠳᠬᠦᠬᠦ᠌ ᠪᠡᠯᠡ ᠮᠥᠩᠭᠦ᠌ ᠤᠯᠵᠤ᠂ ᠡᠨᠡ ᠬᠡᠰᠡᠭ ᠪᠡᠯᠡ ᠮᠥᠩᠭᠦ᠎ᠪᠠᠷ ᠵᠢᠮᠢᠰ ᠲᠡᠭᠦᠬᠦ᠌ ᠬᠦᠷᠢᠶᠡᠯᠡᠩ᠎ᠤᠨ ᠳᠤᠯᠠᠭᠠᠨ ᠬᠦᠯᠡᠮᠵᠢ 34 ᠪᠠᠢᠭ᠍ᠰᠠᠨ᠎ᠠᠴᠠ᠎ᠪᠠᠨ ᠣᠳᠣᠬᠠᠨ᠎ᠤ 60 ᠪᠣᠯᠤᠨ ᠨᠡᠮᠡᠭ᠌ᠳᠡᠵᠦ᠍᠂ ᠵᠤᠭᠠᠴᠠᠭ᠍ᠰᠠᠳ 1.7 ᠲᠦᠮᠡᠨ ᠬᠥᠮᠦᠨ ᠤᠳᠠᠭ᠎ᠠ ᠪᠠᠢᠭ᠍ᠰᠠᠨ᠎ᠠᠴᠠ᠎ᠪᠠᠨ 3.2 ᠲᠦᠮᠡᠨ ᠬᠥᠮᠦᠨ ᠤᠳᠠᠭ᠎ᠠ ᠪᠣᠯᠤᠨ ᠨᠡᠮᠡᠭ᠌ᠳᠡᠪᠡ᠃ 2020 ᠣᠨ᠎ᠤ 8 ᠰᠠᠷ᠎ᠠ ᠪᠣᠯᠲᠠᠯ᠎ᠠ᠂ ᠮᠠᠨ᠎ᠤ ᠺᠣᠮᠫᠠᠨᠢ 453 ᠶᠠᠳᠠᠭᠤ ᠬᠦᠴᠢᠷᠳᠡᠯᠲᠡᠶ ᠬᠥᠮᠦᠨ ᠠᠮᠠ᠎ᠲᠠᠢ ᠡᠳ᠋ ᠬᠥᠷᠥᠩᠭᠡ᠎ᠶ᠋ᠢᠨ ᠠᠱᠢᠭ ᠣᠯᠵᠠᠪᠤᠷᠢ᠎ᠶ᠋ᠢᠨ ᠵᠠᠭ᠍ᠪᠤᠷ᠎ᠢ ᠪᠠᠢᠭᠤᠯᠵᠤ᠂ ᠶᠠᠳᠠᠭᠤ᠎ᠶ᠋ᠢ ᠲᠡᠳᠬᠦᠬᠦ᠌ ᠡᠳ᠋ ᠬᠥᠷᠥᠩᠭᠡ 436.4 ᠲᠦᠮᠡᠨ ᠲᠥᠭᠦᠷᠢᠭ᠎ᠲᠤ ᠬᠦᠷᠴᠡᠶ》 ᠭᠡᠵᠦ᠍ ᠵᠢᠤᠢ ᠮᠧᠶ ᠾᠧᠩ ᠭᠦᠸᠧ ᠺᠣᠮᠫᠠᠨᠢ᠎ᠶ᠋ᠢᠨ ᠳᠠᠭᠠᠭᠠᠮᠠᠯ ᠯᠢᠦ ᠱᠤ᠌ ᠬᠤᠶ ᠲᠠᠨᠢᠯᠴᠠᠭᠤᠯᠤᠨ᠎ᠠ᠃

ᠪᠠᠯᠠ ᠮᠥᠩᠭᠦ ᠨᠢᠭᠡ ᠪᠦᠷᠢ᠎ᠶ᠋ᠢ ᠵᠦᠶ ᠵᠣᠬᠢᠰᠲᠠᠶ᠂ ᠠᠮᠤᠷ ᠲᠦᠪᠱᠢᠨ᠂ ᠢᠯᠡ ᠲᠣᠳᠣ ᠬᠡᠷᠡᠭ᠌ᠯᠡᠬᠦ᠌᠎ᠶ᠋ᠢᠨ ᠲᠥᠯᠥᠭᠡ᠂ ᠬᠤᠤᠰ ᠴᠢᠭ᠌ᠯᠡᠯ᠎ᠢᠶᠠᠷ ᠮᠥᠷᠳᠡᠬᠦ᠂ ᠭᠤᠷᠪᠠᠨ ᠱᠠᠲᠤ᠎ᠪᠠᠷ ᠬᠠᠷᠢᠭᠤᠴᠠᠯᠭ᠎ᠠ ᠲᠣᠭ᠍ᠲᠠᠭᠠᠬᠤ᠂ ᠲᠠᠪᠤᠨ ᠡᠷᠬᠡ᠎ᠶ᠋ᠢ ᠢᠯᠡ ᠲᠠᠯᠪᠢᠬᠤ᠂ ᠲᠠᠪᠤᠨ ᠲᠠᠯ᠎ᠠ᠎ᠪᠠᠷ ᠡᠵᠡᠩᠨᠡᠬᠦ᠌ 《2355》 ᠶᠠᠳᠠᠭᠤ᠎ᠶ᠋ᠢ ᠲᠡᠳᠬᠦᠬᠦ᠌ ᠡᠳ᠋ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠵᠠᠭ᠍ᠪᠤᠷ᠎ᠢ ᠪᠠᠢᠭᠤᠯᠪᠠ᠃ ᠶᠠᠳᠠᠭᠤ᠎ᠶ᠋ᠢ ᠲᠡᠳᠬᠦᠬᠦ᠌ ᠡᠳ᠋ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠦᠢᠯᠡᠳᠦᠯᠭᠡ᠎ᠪᠠᠷ ᠳᠡᠮᠵᠢᠨ᠂ ᠲᠦᠴᠢᠦᠸᠠᠨ ᠱᠢᠶᠠᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠭᠦᠷ᠎ᠢ ᠪᠣᠶ ᠪᠣᠯᠭᠠᠵᠤ᠂ ᠶᠠᠳᠠᠭᠤ ᠬᠦᠴᠢᠷᠳᠡᠯᠲᠡᠶ ᠡᠷᠦᠬᠡ᠎ᠶ᠋ᠢᠨ ᠠᠵᠤ ᠦᠢᠯᠡᠰ᠎ᠢ ᠬᠥᠭ᠌ᠵᠢᠭᠦᠯᠬᠦ᠌᠎ᠳᠤ ᠰᠠᠭᠤᠷᠢ ᠪᠠ ᠨᠥᠭᠡᠴᠡ ᠬᠦᠴᠦᠨ ᠨᠡᠮᠡᠷᠢᠯᠡᠪᠡ᠃ ᠣᠳᠣᠬᠠᠨ ᠪᠣᠯᠲᠠᠯ᠎ᠠ᠂ ᠲᠦᠴᠢᠦᠸᠠᠨ ᠱᠢᠶᠠᠨ᠎ᠤ ᠶᠠᠳᠠᠭᠤ᠎ᠶ᠋ᠢ ᠲᠡᠳᠬᠦᠬᠦ᠌ ᠡᠳ᠋ ᠬᠥᠷᠥᠩᠭᠡ 16 ᠳ᠋ᠦᠩᠱᠢᠭᠤᠷ ᠲᠥᠭᠦᠷᠢᠭ᠎ᠲᠤ ᠬᠦᠷᠴᠦ᠍᠂ ᠵᠢᠯ ᠪᠦᠷᠢ ᠲᠤᠬᠠᠶ᠎ᠶ᠋ᠢᠨ ᠭᠠᠵᠠᠷ᠎ᠲᠤ 4500 ᠲᠦᠮᠡᠨ ᠲᠥᠭᠦᠷᠢᠭ᠎ᠤᠨ ᠠᠱᠢᠭ ᠣᠷᠣᠯᠭ᠎ᠠ ᠠᠪᠴᠢᠷᠠᠵᠤ᠂ 15000 ᠭᠠᠷᠤᠶ ᠬᠥᠮᠦᠨ᠎ᠳᠤ ᠠᠱᠢᠭ ᠬᠦᠷᠲᠡᠭᠡᠵᠦ᠍ ᠪᠠᠢᠨ᠎ᠠ᠃

ᠬᠤᠯᠪᠤᠭᠠᠰᠤ

ᠮᠠᠨ᠎ᠤ ᠣᠷᠣᠨ ᠬᠠᠮᠢᠶᠠᠷᠤᠯᠲᠠ᠎ᠶ᠋ᠢᠨ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠶᠠᠳᠠᠭᠤ᠎ᠶ᠋ᠢ ᠲᠡᠳᠬᠦᠬᠦ᠌ ᠡᠳ᠋ ᠬᠥᠷᠥᠩᠭᠡ᠎ᠶ᠋ᠢᠨ ᠬᠡᠷᠡᠭ᠌ᠯᠡᠯᠲᠡ᠎ᠶ᠋ᠢᠨ ᠠᠱᠢᠭ ᠣᠷᠣᠯᠭ᠎ᠠ᠎ᠶ᠋ᠢ ᠪᠥᠬᠦ᠌ ᠲᠠᠯ᠎ᠠ᠎ᠪᠠᠷ ᠳᠡᠭᠡᠭ᠌ᠰᠢᠯᠡᠭᠦᠯᠪᠡ᠃ ᠪᠥᠬᠦ᠌ ᠤᠯᠤᠰ᠎ᠲᠤ ᠡᠩ ᠲᠡᠷᠢᠭᠦᠨ᠎ᠳᠤ ᠶᠠᠳᠠᠭᠤ᠎ᠶ᠋ᠢ ᠲᠡᠳᠬᠦᠬᠦ᠌ ᠡᠳ᠋ ᠬᠥᠷᠥᠩᠭᠡ᠎ᠶ᠋ᠢ ᠪᠠᠢᠴᠠᠭᠠᠬᠤ ᠪᠠ ᠬᠠᠮᠢᠶᠠᠷᠬᠤ ᠠᠵᠢᠯ᠎ᠢ ᠥᠷᠨᠢᠭᠦᠯᠵᠦ᠍᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠶᠠᠳᠠᠭᠤ᠎ᠶ᠋ᠢ ᠲᠡᠳᠬᠦᠬᠦ᠌ ᠡᠳ᠋ ᠬᠥᠷᠥᠩᠭᠡ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠬᠤ ᠲᠤᠬᠠᠶ ᠵᠢᠯᠣᠭᠤᠳᠭᠤ ᠰᠠᠨᠠᠯ (ᠲᠤᠷᠱᠢᠨ ᠬᠡᠷᠡᠭ᠌ᠵᠢᠭᠦᠯᠬᠦ᠌)》᠂ 《ᠶᠠᠳᠠᠭᠤ᠎ᠶ᠋ᠢ ᠲᠡᠳᠬᠦᠬᠦ᠌ ᠡᠳ᠋ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠬᠦ᠌ ᠲᠤᠬᠠᠶ ᠮᠡᠳᠡᠭ᠌ᠳᠡᠯ》 ᠵᠡᠷᠭᠡ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭᠠᠵᠤ᠂ ᠶᠠᠳᠠᠭᠤ᠎ᠶ᠋ᠢ ᠲᠡᠳᠬᠦᠬᠦ᠌ ᠡᠳ᠋ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠠᠢᠭᠤᠯᠪᠠ᠃ ᠶᠠᠳᠠᠭᠤ᠎ᠶ᠋ᠢ ᠲᠡᠳᠬᠦᠬᠦ᠌ ᠡᠳ᠋ ᠬᠥᠷᠥᠩᠭᠡ ᠴᠠᠰᠤᠨ ᠪᠥᠮᠪᠦᠭᠡ ᠱᠢᠭ ᠵᠤᠵᠠᠭᠠᠷᠠᠵᠤ᠂ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠬᠦ᠌᠎ᠶ᠋ᠢᠨ ᠡᠬᠢ ᠪᠤᠯᠠᠭ ᠪᠣᠯᠪᠠ᠃

ᠶᠠᠳᠠᠭᠤ᠎ᠶ᠋ᠢ ᠲᠡᠳᠬᠦᠬᠦ᠌ ᠡᠳ᠋ ᠬᠥᠷᠥᠩᠭᠡ᠎ᠶ᠋ᠢᠨ ᠠᠱᠢᠭ ᠣᠯᠵᠠᠪᠤᠷᠢ᠎ᠶ᠋ᠢ ᠵᠢᠷᠤᠮᠵᠢᠭᠤᠯᠬᠤ᠎ᠶ᠋ᠢᠨ ᠲᠤᠰᠠᠳᠠ᠂ ᠮᠠᠨ᠎ᠤ ᠣᠷᠣᠨ ᠡᠯ᠎ᠡ ᠭᠠᠵᠠᠷ᠎ᠢ ᠵᠢᠯᠣᠭᠤᠳᠤᠨ ᠶᠠᠳᠠᠭᠤ᠎ᠶ᠋ᠢ ᠲᠡᠳᠬᠦᠬᠦ᠌ ᠡᠳ᠋ ᠬᠥᠷᠥᠩᠭᠡ᠎ᠶ᠋ᠢᠨ ᠥᠷᠲᠡᠭ᠎ᠢ ᠪᠠᠲᠤᠯᠠᠵᠤ ᠥᠷᠲᠡᠭ᠎ᠢ ᠨᠡᠮᠡᠭ᠌ᠳᠡᠭᠦᠯᠬᠦ᠌᠎ᠶ᠋ᠢ ᠦᠨᠡᠨ ᠬᠦ᠌ ᠪᠠᠲᠤᠯᠠᠭ᠍ᠰᠠᠨ ᠰᠠᠭᠤᠷᠢᠨ ᠳᠡᠭᠡᠷ᠎ᠡ᠂ ᠡᠵᠡᠩᠨᠡᠯᠲᠡ᠎ᠶ᠋ᠢᠨ ᠲᠥᠷᠥᠯ᠎ᠤᠨ ᠶᠠᠳᠠᠭᠤ᠎ᠶ᠋ᠢ ᠲᠡᠳᠬᠦᠬᠦ᠌ ᠡᠳ᠋ ᠬᠥᠷᠥᠩᠭᠡ᠎ᠶ᠋ᠢᠨ ᠪᠣᠶ ᠪᠣᠯᠭᠠᠭ᠍ᠰᠠᠨ ᠠᠱᠢᠭ ᠣᠯᠵᠠᠪᠤᠷᠢ᠎ᠶ᠋ᠢ ᠶᠠᠳᠠᠭᠤ᠎ᠠᠴᠠ ᠠᠩᠭᠢᠵᠢᠷᠠᠭᠤᠯᠬᠤ ᠱᠢᠪᠲᠤᠯᠤᠯᠲᠠ᠎ᠶ᠋ᠢᠨ ᠦᠷ᠎ᠡ ᠪᠦᠲᠦᠭᠡᠯ᠎ᠢ ᠪᠠᠬᠢᠵᠢᠭᠦᠯᠬᠦ᠌᠎ᠳᠤ ᠠᠱᠢᠭ᠍ᠲᠠᠶ ᠪᠠᠢᠯᠭᠠᠬᠤ ᠵᠠᠷᠴᠢᠮ ᠶᠣᠰᠣᠭᠠᠷ ᠬᠡᠷᠡᠭ᠌ᠯᠡᠪᠡ᠃ ᠬᠤᠱᠢᠭᠤ ᠱᠢᠶᠠᠨ᠂ ᠰᠤᠮᠤ ᠱᠢᠶᠠᠩ ᠪᠠᠯᠭᠠᠰᠤ᠎ᠶ᠋ᠢᠨ ᠡᠵᠡᠩᠨᠡᠯᠲᠡ᠎ᠶ᠋ᠢᠨ ᠲᠥᠷᠥᠯ᠎ᠤᠨ ᠡᠳ᠋ ᠬᠥᠷᠥᠩᠭᠡ᠎ᠶ᠋ᠢᠨ ᠠᠱᠢᠭ ᠣᠯᠵᠠᠪᠤᠷᠢ᠎ᠶ᠋ᠢ ᠶᠠᠳᠠᠭᠤ ᠬᠦᠴᠢᠷᠳᠡᠯᠲᠡᠶ ᠭᠠᠴᠠᠭ᠎ᠠ ᠲᠣᠰᠭᠤᠨ᠎ᠢ ᠤᠷᠢᠳ᠎ᠢᠶᠠᠷ ᠪᠣᠳᠣᠯᠬᠢᠯᠠᠬᠤ᠂ ᠬᠠᠮᠲᠤ᠎ᠶ᠋ᠢᠨ ᠠᠵᠤ ᠠᠬᠤᠶ ᠪᠠᠭᠤᠷᠠᠶ ᠭᠠᠴᠠᠭ᠎ᠠ ᠲᠣᠰᠭᠤᠨ᠎ᠢ ᠤᠷᠢᠳ᠎ᠢᠶᠠᠷ ᠪᠣᠳᠣᠯᠬᠢᠯᠠᠬᠤ᠂ ᠶᠠᠳᠠᠭᠤ ᠬᠦᠴᠢᠷᠳᠡᠯᠲᠡᠶ ᠬᠥᠮᠦᠨ ᠠᠮᠠ ᠲᠥᠪᠯᠡᠷᠡᠭ᠌ᠰᠡᠨ ᠭᠠᠴᠠᠭ᠎ᠠ ᠲᠣᠰᠭᠤᠨ᠎ᠢ ᠤᠷᠢᠳ᠎ᠢᠶᠠᠷ ᠪᠣᠳᠣᠯᠬᠢᠯᠠᠬᠤ ᠵᠠᠷᠴᠢᠮ᠎ᠢᠶᠠᠷ ᠨᠢᠭᠡᠳᠦᠯᠲᠡᠶ ᠲᠥᠯᠥᠪᠵᠢᠭᠦᠯᠦᠨ ᠬᠤᠪᠢᠶᠠᠷᠢᠯᠠᠵᠤ ᠭᠤᠤᠯᠳᠠᠯᠭ᠎ᠠ᠎ᠲᠠᠢ ᠬᠡᠷᠡᠭ᠌ᠯᠡᠪᠠ᠃

2012 ᠣᠨ᠎ᠠᠴᠠ ᠨᠠᠭᠠᠰᠢ᠂ ᠮᠠᠨ᠎ᠤ ᠣᠷᠣᠨ ᠡᠯ᠎ᠡ ᠲᠥᠷᠥᠯ᠎ᠤᠨ ᠶᠠᠳᠠᠭᠤ᠎ᠶ᠋ᠢ ᠲᠡᠳᠬᠦᠬᠦ᠌ ᠪᠠᠯᠠ ᠮᠥᠩᠭᠦ᠎ᠶ᠋ᠢ ᠨᠡᠢᠲᠡ 483 ᠳ᠋ᠦᠩᠱᠢᠭᠤᠷ ᠲᠥᠭᠦᠷᠢᠭ ᠣᠷᠣᠭᠤᠯᠵᠤ᠂ ᠺᠣᠮᠫᠠᠨᠢᠴᠢᠯᠠᠭ᠍ᠰᠠᠨ ᠬᠠᠮᠢᠶᠠᠷᠤᠯᠲᠠ᠎ᠶ᠋ᠢ ᠠᠬᠢᠭᠤᠯᠬᠤ᠂ ᠲᠤᠰᠭᠠᠶ ᠠᠵᠢᠯ᠎ᠤᠨ ᠦᠨᠡᠯᠡᠨ ᠵᠢᠱ᠌ᠢᠯᠲᠡ ᠬᠢᠬᠦ᠌ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠬᠤᠱᠢᠭᠤ ᠱᠢᠶᠠᠨ ᠰᠤᠮᠤ ᠱᠢᠶᠠᠩ ᠪᠠᠯᠭᠠᠰᠤ ᠭᠠᠴᠠᠭ᠎ᠠ ᠲᠣᠰᠭᠤᠨ ᠭᠤᠷᠪᠠᠨ ᠱᠠᠲᠤᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠲᠥᠷᠥᠯ᠂ ᠡᠵᠡᠩᠨᠡᠯᠲᠡ᠎ᠶ᠋ᠢᠨ ᠲᠥᠷᠥᠯ᠂ ᠡᠷᠦᠬᠡ᠎ᠳᠤ ᠬᠥᠷᠬᠦ᠌ ᠲᠥᠷᠥᠯ᠎ᠤᠨ ᠡᠳ᠋ ᠬᠥᠷᠥᠩᠭᠡ᠎ᠶ᠋ᠢ ᠪᠣᠳᠠᠲᠤ ᠴᠣᠭ᠍ᠴᠠᠵᠢᠭᠤᠯᠤᠭ᠍ᠰᠠᠨ ᠬᠠᠮᠢᠶᠠᠷᠤᠯᠲᠠ᠎ᠶ᠋ᠢᠨ ᠡᠬᠡ ᠲᠠᠩᠰᠠ᠎ᠶ᠋ᠢ ᠰᠦᠪᠡᠭ᠌ᠴᠢᠯᠡᠨ ᠪᠠᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠶᠠᠰᠤ ᠴᠢᠨᠠᠷ᠎ᠢ ᠳᠡᠭᠡᠭ᠌ᠰᠢᠯᠡᠭᠦᠯᠪᠡ᠃ ᠣᠳᠣᠬᠠᠨ ᠪᠣᠯᠲᠠᠯ᠎ᠠ᠂ ᠪᠥᠬᠦ᠌ ᠣᠷᠣᠨ᠎ᠤ ᠨᠢᠭᠡᠨᠲᠡ ᠪᠦᠷᠢᠯᠳᠦᠭ᠌ᠰᠡᠨ 483 ᠳ᠋ᠦᠩᠱᠢᠭᠤᠷ ᠲᠥᠭᠦᠷᠢᠭ᠎ᠤᠨ ᠶᠠᠳᠠᠭᠤ᠎ᠶ᠋ᠢ ᠲᠡᠳᠬᠦᠬᠦ᠌ ᠡᠳ᠋ ᠬᠥᠷᠥᠩᠭᠡ᠎ᠶ᠋ᠢᠨ ᠳᠣᠲᠣᠷ᠎ᠠ 181 ᠳ᠋ᠦᠩᠱᠢᠭᠤᠷ ᠲᠥᠭᠦᠷᠢᠭ᠎ᠨᠢ ᠡᠵᠡᠩᠨᠡᠯᠲᠡ᠎ᠶ᠋ᠢᠨ ᠲᠥᠷᠥᠯ᠎ᠤᠨ ᠶᠠᠳᠠᠭᠤ᠎ᠶ᠋ᠢ ᠲᠡᠳᠬᠦᠬᠦ᠌ ᠡᠳ᠋ ᠬᠥᠷᠥᠩᠭᠡ ᠪᠠᠢᠵᠤ᠂ ᠡᠲᠡᠭᠡᠷ ᠡᠳ᠋ ᠬᠥᠷᠥᠩᠭᠡ᠎ᠨᠢ ᠵᠢᠯ ᠪᠦᠷᠢ 10 ᠳ᠋ᠦᠩᠱᠢᠭᠤᠷ ᠲᠥᠭᠦᠷᠢᠭ᠎ᠤᠨ ᠠᠱᠢᠭ ᠣᠯᠵᠠᠪᠤᠷᠢ ᠣᠯᠵᠤ ᠪᠠᠢᠨ᠎ᠠ᠃ 


3889084_lity_1614352515681_m.jpg

          

ᠲᠦᠴᠢᠦᠸᠠᠨ ᠱᠢᠶᠠᠨ᠎ᠤ ᠱᠦᠢᠴᠢᠤᠸᠠᠨ  ᠪᠠᠯᠭᠠᠰᠤ᠎ᠶ᠋ᠢᠨ ᠶᠠᠳᠠᠭᠤ᠎ᠶ᠋ᠢ ᠲᠡᠳᠭᠦᠬᠦ᠌ ᠡᠳ᠋ ᠬᠦᠷᠦᠩᠭᠡ᠎ᠶ᠋ᠢᠨ  ᠬᠠᠮᠢᠶᠠᠷᠤᠯᠲᠠ᠎ᠶ᠋ᠢᠨ ᠳᠠᠩᠰᠠ ᠡᠪᠬᠡᠮᠡᠯ

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号