ᠣᠷᠣᠯᠭ᠎ᠠ᠎ᠶ᠋ᠢ ᠨᠡᠮᠡᠭ᠌ᠳᠡᠭᠦᠯᠦᠨ ᠪᠠᠶᠠᠵᠢᠭᠤᠯᠬᠤ 《ᠠᠯᠲᠠᠨ ᠡᠷᠳᠡᠨᠢ》
2021-02-28 14:23:59
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

《ᠡᠨᠡ ᠬᠦᠯᠡᠮᠵᠢ ᠶᠠᠭ ᠯᠠ ᠵᠠᠰᠠᠭ᠎ᠤᠨ ᠣᠷᠳᠣᠨ᠎ᠠᠴᠠ ᠥᠭ᠌ᠭᠦᠭ᠌ᠰᠡᠨ 〈ᠠᠯᠳᠠᠨ ᠡᠷᠳᠡᠨᠢ〉 ᠮᠡᠳᠦ᠂ ᠪᠢᠳᠡᠨ᠎ᠢ ᠭᠡᠷ᠎ᠲᠡᠭᠡᠨ ᠰᠠᠭᠤᠵᠦ᠍ ᠪᠠᠢᠭᠠᠳ ᠶᠠᠳᠠᠭᠤ᠎ᠠᠴᠠ ᠠᠩᠭᠢᠵᠢᠷᠠᠨ ᠴᠢᠨᠡᠭᠡᠯᠢᠭ᠌ᠵᠢᠬᠦ᠌ ᠠᠵᠤ ᠦᠢᠯᠡᠰ᠎ᠲᠠᠢ ᠪᠣᠯᠭᠠᠵᠠᠢ》 ᠭᠡᠵᠦ᠍ ᠤᠯᠠᠭᠠᠨᠬᠠᠳᠠ ᠬᠤᠳᠠ᠎ᠶ᠋ᠢᠨ ᠯᠢᠨᠰᠢ ᠱᠢᠶᠠᠨ᠎ᠤ ᠱ᠌ᠢ ᠡᠯ᠎ᠲᠤ ᠱᠢᠶᠠᠩ᠎ᠤᠨ ᠶᠠᠳᠠᠭᠤ᠎ᠠᠴᠠ ᠠᠩᠭᠢᠵᠢᠷᠠᠭ᠍ᠰᠠᠨ ᠡᠷᠦᠬᠡ ᠯᠠᠨ ᠭᠦᠸᠧ ᠯᠢ ᠳᠣᠭ᠍ᠳᠣᠯᠤᠭ᠍ᠰᠠᠨ ᠰᠡᠳᠭᠢᠯᠭᠡ᠎ᠪᠠᠨ ᠳᠠᠷᠤᠵᠤ ᠶᠠᠳᠠᠨ ᠬᠡᠯᠡᠨ᠎ᠡ᠃

ᠲᠡᠭᠦᠨ᠎ᠤ ᠬᠤᠪᠢᠳᠠᠬ᠍ᠰᠠᠨ ᠲᠤᠮᠤ ᠬᠦᠯᠡᠮᠵᠢ᠎ᠨᠢ ᠱᠢᠶᠠᠩ᠎ᠤᠨ ᠬᠢᠨᠢ ᠳ᠋ᠠ ᠺᠠᠩ ᠶᠠᠳᠠᠭᠤ᠎ᠶ᠋ᠢ ᠲᠡᠳᠬᠦᠬᠦ᠌ ᠠᠵᠤ ᠦᠢᠯᠡᠰ᠎ᠤᠨ ᠬᠦᠷᠢᠶᠡᠯᠡᠩ᠎ᠳᠤ ᠪᠤᠢ᠂ ᠲᠡᠷᠡ ᠬᠦᠯᠡᠮᠵᠢ᠎ᠳᠡᠭᠡᠨ ᠲᠥᠪᠡᠳ ᠬᠠᠰᠢ ᠲᠠᠷᠢᠵᠤ᠂ ᠲᠠᠷᠠᠭ᠎ᠠ ᠵᠢᠯ᠎ᠳᠤ᠎ᠨᠢ ᠣᠷᠣᠯᠭ᠎ᠠ᠎ᠨᠢ 4 ᠲᠦᠮᠡ ᠭᠠᠷᠤᠢ ᠲᠥᠭᠦᠷᠢᠭ᠎ᠲᠤ ᠬᠦᠷᠴᠦ᠍᠂ ᠢᠯᠭᠤᠮᠬᠠᠨ ᠶᠠᠳᠠᠭᠤ᠎ᠠᠴᠠ ᠠᠩᠭᠢᠵᠢᠷᠠᠪᠠ᠃ ᠲᠡᠷᠡ ᠠᠩᠬᠠᠨ᠎ᠤ ᠤᠷᠤᠯᠭ᠎ᠠ᠎ᠪᠠᠨ ᠠᠱᠢᠬ᠍ᠯᠠᠵᠦ᠍ ᠦᠪᠡᠷ᠎ᠢᠶᠠᠨ ᠪᠠᠰᠠ ᠨᠢᠭᠡᠨ ᠳᠤᠯᠠᠭᠠᠨ ᠬᠦᠯᠡᠮᠵᠢ ᠬᠤᠳᠠᠯᠳᠤᠨ ᠠᠪᠤᠭ᠍ᠰᠠᠨ᠎ᠠᠴᠠ ᠣᠳᠣ ᠬᠤᠶᠠᠷ ᠬᠦᠯᠡᠮᠵᠢ᠎ᠶ᠋ᠢᠨ ᠬᠢᠨᠢ ᠵᠢᠯ᠎ᠤᠨ ᠴᠡᠪᠡᠷ ᠠᠱᠢᠭ ᠤᠷᠤᠯᠭ᠎ᠠ᠎ᠨᠢ 10 ᠲᠦᠮᠡᠨ ᠲᠥᠭᠦᠷᠢᠭ᠎ᠲᠤ ᠬᠦᠷᠴᠦ᠍ ᠪᠤᠢ᠃

ᠳ᠋ᠠ ᠺᠠᠩ ᠶᠠᠳᠠᠭᠤ᠎ᠶ᠋ᠢ ᠲᠡᠳᠬᠦᠬᠦ᠌ ᠠᠵᠤ ᠦᠢᠯᠡᠰ᠎ᠤᠨ ᠬᠦᠷᠢᠶᠡᠯᠡᠩ 2 ᠲᠦᠮᠡᠨ ᠮᠦ᠍ ᠭᠠᠵᠠᠷ ᠡᠵᠡᠯᠡᠵᠦ᠍᠂ ᠶᠡᠷᠦᠩᠬᠡᠢ ᠪᠡᠯᠡ ᠣᠷᠣᠭᠤᠯᠤᠯᠲᠠ᠎ᠨᠢ 1. 2 ᠳ᠋ᠦᠩᠱᠢᠭᠤᠷ ᠲᠥᠭᠦᠷᠢᠭ᠎ᠲᠤ ᠬᠦᠷᠴᠦ᠍᠂ 1200 ᠰᠠᠭᠤᠷᠢ ᠳᠤᠯᠠᠭᠠᠨ ᠬᠦᠯᠡᠮᠵᠢ ᠪᠠᠢᠭᠤᠯᠵᠤ᠂ ᠲᠥᠪᠡᠳ ᠬᠠᠰᠢ ᠲᠠᠷᠢᠬᠤ᠎ᠪᠠᠷ ᠭᠤᠣᠯᠯᠠᠵᠤ᠂ ᠬᠦᠯᠡᠮᠵᠢ ᠨᠢᠭᠡ ᠪᠦᠷᠢ᠎ᠠᠴᠠ ᠵᠢᠯ᠎ᠳᠤ 4 ᠲᠦᠮᠡᠨ ᠵᠢᠩ ᠣᠷᠴᠢᠮ ᠲᠥᠪᠡᠳ ᠬᠠᠰᠢ ᠬᠤᠷᠢᠶᠠᠳᠠᠭ᠃ ᠣᠳᠣᠬᠠᠨ᠎ᠳᠤ ᠠᠵᠤ ᠦᠢᠯᠡᠰ᠎ᠤᠨ ᠬᠦᠷᠢᠶᠡᠯᠡᠩ᠎ᠳᠤ ᠳᠠᠷᠢᠬᠤ᠂ ᠬᠦᠴᠦ᠍ ᠶᠠᠪᠤᠬᠤ᠂ ᠲᠡᠵᠢᠭᠡᠨ ᠦᠷᠡᠵᠢᠭᠦᠯᠬᠦ᠌᠎ᠳᠤ ᠣᠷᠣᠯᠴᠠᠭ᠍ᠰᠠᠨ ᠲᠠᠷᠢᠶᠠᠴᠢᠨ ᠡᠷᠦᠬᠡ 451 ᠡᠷᠦᠬᠡ 980 ᠬᠦᠮᠦᠨ ᠪᠠᠢᠵᠤ᠂ ᠬᠥᠮᠦᠨ ᠪᠦᠷᠢ᠎ᠶ᠋ᠢᠨ ᠵᠢᠯ᠎ᠤᠨ ᠳᠤᠮᠳᠠᠴᠢ ᠣᠷᠣᠯᠭ᠎ᠠ᠎ᠨᠢ 2 ᠲᠦᠮᠡᠨ ᠲᠥᠭᠦᠷᠢᠭ᠎ᠠᠴᠠ ᠳᠠᠪᠠᠵᠤ᠂ ᠬᠥᠮᠦᠨ ᠪᠦᠷᠢ᠎ᠶ᠋ᠢᠨ ᠳᠤᠮᠳᠠᠴᠢ ᠣᠷᠣᠯᠭ᠎ᠠ᠎ᠨᠢ 1.5 ᠲᠦᠮᠡᠨ ᠲᠥᠭᠦᠷᠢᠭ ᠨᠡᠮᠡᠭ᠌ᠳᠡᠪᠡ᠃

ᠣᠢᠷ᠎ᠠ᠎ᠶ᠋ᠢᠨ ᠵᠢᠯ᠎ᠤᠳ᠎ᠲᠤ ᠯᠢᠨᠰᠢ ᠱᠢᠶᠠᠨ 《ᠬᠦᠷᠢᠶᠡᠯᠡᠩ ᠲᠣᠭᠤᠷᠢᠭ + ᠠᠵᠤ ᠠᠬᠤᠢᠯᠠᠯ + ᠲᠠᠷᠢᠶᠠᠴᠢᠨ ᠡᠷᠦᠬᠡ》 ᠎ᠶ᠋ᠢᠨ ᠡᠵᠡᠩᠨᠡᠯᠲᠡ᠎ᠶ᠋ᠢᠨ ᠵᠠᠭ᠍ᠪᠤᠷ᠎ᠢ ᠶᠡᠭᠡ᠎ᠪᠠᠷ ᠬᠡᠷᠡᠭ᠌ᠵᠢᠭᠦᠯᠵᠦ᠍᠂ 2019 ᠣᠨ ᠪᠣᠯᠬᠤ᠎ᠳᠤ ᠲᠣᠰ ᠱᠢᠶᠠᠨ ᠨᠢᠭᠡᠨᠲᠡ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢ ᠪᠠᠭᠠᠰᠭᠠᠭ᠍ᠰᠠᠨ ᠦᠷ᠎ᠡ ᠪᠦᠲᠦᠮᠵᠢ᠎ᠪᠠᠷ ᠢᠯᠡᠷᠬᠡᠶ ᠠᠵᠤ ᠦᠢᠯᠡᠰ᠎ᠤᠨ ᠬᠦᠷᠢᠶᠡᠯᠡᠩ ᠲᠣᠭᠤᠷᠢᠭ᠎ᠢ 17 ᠪᠠᠢᠭᠤᠯᠵᠤ᠂ 1537 ᠡᠷᠦᠬᠡ᠎ᠶ᠋ᠢᠨ 2872 ᠬᠥᠮᠦᠨ᠎ᠤ ᠶᠠᠳᠠᠭᠤ᠎ᠠᠴᠠ ᠠᠩᠭᠢᠵᠢᠷᠠᠵᠤ ᠣᠷᠣᠯᠭ᠎ᠠ᠎ᠪᠠᠨ ᠲᠣᠭ᠍ᠲᠠᠭᠤᠨ᠎ᠢᠶᠠᠷ ᠨᠡᠮᠡᠭ᠌ᠳᠡᠭᠦᠯᠬᠦ᠌᠎ᠶ᠋ᠢ ᠳᠠᠢᠴᠢᠯᠠᠵᠠᠢ᠃

ᠬᠤᠯᠪᠤᠭᠠᠰᠦ

2019 ᠣᠨ᠎ᠤ 5 ᠰᠠᠷ᠎ᠠ᠎ᠳᠤ ᠤᠯᠠᠭᠠᠨᠬᠠᠳᠠ ᠬᠤᠲᠠ ᠳᠤᠮᠳᠠ ᠪᠠᠷᠠᠭᠤᠨ ᠬᠡᠰᠡᠭ᠎ᠤᠨ ᠮᠤᠵᠢ ᠣᠷᠣᠨ᠎ᠤ ᠠᠩᠬᠠᠳᠠᠭ᠍ᠴᠢ ᠤᠯᠤᠰ᠎ᠤᠨ ᠶᠠᠳᠠᠭᠤ᠎ᠶ᠋ᠢ ᠲᠡᠳᠬᠦᠬᠦ᠌ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠣᠷᠣᠨ᠎ᠢᠶᠠᠷ ᠵᠥᠪᠱᠢᠶᠡᠷᠡᠭ᠌ᠳᠡᠪᠡ᠃ ᠲᠣᠰ ᠬᠤᠲᠠ ᠲᠤᠷᠱᠢᠯᠲᠠ᠎ᠶ᠋ᠢᠨ ᠰᠡᠳᠦᠪ᠎ᠤᠨ ᠲᠥᠷᠥᠯ ᠵᠦᠶᠯ᠎ᠢ ᠨᠠᠷᠢᠨ ᠨᠢᠮᠪᠠᠶ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠶᠠᠳᠠᠭᠤ᠎ᠠᠴᠠ ᠠᠩᠭᠢᠵᠢᠷᠠᠭᠤᠯᠬᠤ ᠡᠯ᠎ᠡ ᠲᠦᠷᠦᠯ᠎ᠤᠨ ᠪᠦᠲᠦᠮᠵᠢᠲᠡᠢ ᠲᠣᠭ᠍ᠲᠠᠴᠠ᠎ᠶ᠋ᠢ ᠪᠠᠢᠭᠤᠯᠬᠤ ᠵᠡᠷᠭᠡ ᠲᠠᠯ᠎ᠠ᠎ᠪᠠᠷ ᠢᠳᠡᠪᠬᠢᠲᠡᠶ ᠬᠠᠢᠨ ᠰᠥᠪᠡᠭ᠌ᠴᠢᠯᠡᠯᠲᠡ ᠬᠢᠭ᠌ᠰᠡᠨ ᠪᠥᠭᠡᠳ ᠠᠩᠬ᠎ᠠ ᠠᠯᠬᠤᠮ᠎ᠤᠨ ᠦᠷ᠎ᠡ ᠪᠦᠲᠦᠮᠵᠢ ᠤᠯᠪᠠ᠃

— ᠶᠠᠳᠠᠭᠤ᠎ᠶ᠋ᠢ ᠲᠡᠳᠬᠦᠬᠦ᠌ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠲᠣᠭ᠍ᠲᠠᠭᠤᠨ᠎ᠢᠶᠠᠷ ᠶᠠᠳᠠᠭᠤ᠎ᠠᠴᠠ ᠠᠩᠭᠢᠵᠢᠷᠠᠭᠤᠯᠬᠤ ᠲᠣᠭ᠍ᠲᠠᠴᠠ᠎ᠶ᠋ᠢ ᠪᠦᠷᠢᠨᠱᠢᠭᠦᠯᠵᠠᠢ᠃ 《ᠭᠤᠷᠪᠠ᠎ᠶ᠋ᠢ ᠳᠠᠢᠴᠢᠯᠠᠨ ᠨᠢᠭᠡ᠎ᠶ᠋ᠢ ᠪᠠᠭᠠᠰᠭᠠᠬᠤ》 ᠠᠵᠤ ᠦᠢᠯᠡᠰ᠎ᠢᠶᠠᠷ ᠶᠠᠳᠠᠭᠤ᠎ᠶ᠋ᠢ ᠲᠡᠳᠬᠦᠬᠦ᠌ ᠵᠠᠭ᠍ᠪᠤᠷ᠎ᠢ ᠡᠭᠦᠳᠦᠨ ᠳᠡᠯᠭᠡᠷᠡᠭᠦᠯᠪᠡ᠃ ᠮᠥᠩᠭᠦᠨ ᠭᠦᠶᠯᠭᠡᠭᠡ᠎ᠪᠠᠷ ᠶᠠᠳᠠᠭᠤ᠎ᠶ᠋ᠢ ᠲᠡᠳᠬᠦᠬᠦ᠌ ᠪᠠᠢᠭᠤᠯᠤᠮᠵᠢ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠴᠦ᠍᠂ ᠶᠠᠳᠠᠭᠤ᠎ᠶ᠋ᠢ ᠲᠡᠳᠬᠦᠬᠦ᠌ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠪᠠ ᠢᠲᠡᠭᠡᠮᠵᠢᠲᠦ ᠵᠢᠭᠡᠯᠡᠯᠭᠡ᠎ᠶ᠋ᠢᠨ ᠳᠠᠭᠠᠭᠠᠯᠲᠠ᠎ᠶ᠋ᠢᠨ ᠬᠤᠤᠰ ᠲᠠᠪᠴᠠᠩ᠎ᠢ ᠪᠠᠢᠭᠤᠯᠪᠠ᠃ ᠬᠡᠷᠡᠭ᠌ᠯᠡᠭᠡ᠎ᠪᠠᠷ ᠶᠠᠳᠠᠭᠤ᠎ᠶ᠋ᠢ ᠲᠡᠳᠬᠦᠬᠦ᠌᠎ᠶ᠋ᠢ ᠶᠡᠭᠡ᠎ᠪᠠᠷ ᠠᠬᠢᠭᠤᠯᠵᠤ᠂ ᠨᠡᠢᠲᠡ᠎ᠶ᠋ᠢᠨ ᠠᠰᠠᠷᠠᠮᠵᠢ᠎ᠶ᠋ᠢᠨ ᠵᠣᠬᠢᠶᠠᠨ ᠪᠠᠢᠭᠤᠯᠤᠯᠲᠠ 《ᠤᠯᠠᠭᠠᠨᠬᠠᠳᠠ᠎ᠶ᠋ᠢᠨ ᠬᠡᠷᠡᠭ᠌ᠯᠡᠭᠡ᠎ᠪᠠᠷ ᠶᠠᠳᠠᠭᠤ᠎ᠶ᠋ᠢ ᠲᠡᠳᠬᠦᠬᠦ᠌᠎ᠶ᠋ᠢ ᠠᠬᠢᠭᠤᠯᠬᠤ ᠨᠡᠢᠭᠡᠮᠯᠢᠭ》 ᠎ᠢ ᠪᠠᠢᠭᠤᠯᠵᠤ᠂ 《ᠤᠯᠠᠭᠠᠨᠬᠠᠳᠠ᠎ᠶ᠋ᠢᠨ ᠶᠠᠳᠠᠭᠤ᠎ᠶ᠋ᠢ ᠲᠡᠳᠬᠦᠬᠦ᠌》 ᠨᠡᠢᠲᠡ᠎ᠶ᠋ᠢᠨ ᠠᠰᠠᠷᠠᠮᠵᠢ᠎ᠶ᠋ᠢᠨ ᠲᠠᠸᠠᠷ᠎ᠤᠨ ᠲᠡᠮᠳᠡᠭ᠎ᠢ ᠳᠠᠩᠰᠠᠯᠠᠭᠤᠯᠪᠠ᠃

— ᠶᠡᠷᠦᠩᠬᠡᠢᠯᠡᠭ᠌ᠰᠡᠨ ᠪᠠᠲᠤᠯᠠᠭ᠎ᠠ᠎ᠶ᠋ᠢ ᠲᠡᠭᠦᠯᠳᠡᠷᠵᠢᠭᠦᠯᠵᠦ᠍᠂ ᠶᠠᠳᠠᠭᠤ ᠬᠦᠴᠢᠷᠳᠡᠯ᠎ᠢ ᠰᠡᠷᠭᠡᠢᠯᠡᠨ ᠪᠠᠭᠠᠰᠭᠠᠬᠤ ᠱᠢᠰᠲ᠋ᠧᠮ᠎ᠢ ᠪᠠᠢᠭᠤᠯᠵᠠᠢ᠃ ᠬᠠᠷᠢᠴᠠᠩᠭᠤᠶ ᠶᠠᠳᠠᠭᠤ ᠬᠦᠴᠢᠷᠳᠡᠯ᠎ᠢ ᠤᠷᠢᠳᠴᠢᠯᠠᠨ ᠰᠡᠷᠡᠮᠵᠢᠯᠡᠭᠦᠯᠵᠦ᠍ ᠢᠯᠭᠠᠨ ᠲᠠᠨᠢᠬᠤ ᠵᠥᠭᠡᠯᠡᠨ ᠲᠣᠨᠤᠭ᠎ᠤᠨ ᠲᠠᠪᠴᠠᠩ᠎ᠤᠨ ᠱᠢᠰᠲ᠋ᠧᠮ᠎ᠢ ᠪᠠᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠬᠠᠷᠢᠯᠴᠠᠨ ᠬᠠᠪᠰᠤᠷᠤᠯᠴᠠᠬᠤ ᠨᠠᠰᠤᠵᠢᠯ᠎ᠤᠨ ᠵᠠᠭ᠍ᠪᠤᠷ᠎ᠢ ᠰᠦᠪᠡᠭ᠌ᠴᠢᠯᠡᠨ ᠥᠷᠨᠢᠭᠦᠯᠬᠦ᠌ ᠪᠠ ᠶᠠᠳᠠᠭᠤ ᠬᠦᠴᠢᠷᠳᠡᠯ᠎ᠢ ᠰᠡᠷᠭᠡᠢᠯᠡᠬᠦ᠌ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢ ᠪᠠᠢᠭᠤᠯᠵᠠᠢ᠃

— ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠶ ᠵᠣᠯᠭᠠᠭᠤᠯᠵᠠᠢ᠃ 《ᠠᠭᠤᠰᠤᠯᠴᠠᠭ᠍ᠰᠠᠨ ᠨᠠᠮ᠎ᠤᠨ ᠪᠠᠢᠭᠤᠯᠤᠯᠲᠠ》 ᠎ᠶ᠋ᠢ ᠥᠷᠨᠢᠭᠦᠯᠬᠦ᠌᠎ᠪᠠᠷ ᠳᠠᠮᠵᠢᠭᠤᠯᠤᠨ ᠪᠥᠬᠦ᠌ ᠲᠠᠯ᠎ᠠ᠎ᠪᠠᠷ ᠶᠠᠳᠠᠭᠤ᠎ᠠᠴᠠ ᠠᠩᠭᠢᠵᠢᠷᠠᠭᠤᠯᠬᠤ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠬᠥᠲᠥᠯᠥᠨ ᠳᠠᠭᠠᠭᠤᠯᠵᠤ᠂ ᠬᠤᠶᠠᠷ ᠵᠢᠯ᠎ᠤᠨ ᠲᠤᠷᠰᠢ ᠨᠠᠮ᠎ᠤᠨ ᠪᠠᠢᠭᠤᠯᠤᠯᠲᠠ᠎ᠪᠠᠷ ᠠᠵᠤ ᠦᠢᠯᠡᠰ᠎ᠤᠨ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ ᠬᠠᠮᠲᠤ᠎ᠶ᠋ᠢᠨ ᠴᠣᠭ᠍ᠴᠠ᠎ᠶ᠋ᠢ 141 ᠪᠦᠷᠢᠯᠳᠦᠭᠦᠯᠵᠦ᠍᠂ ᠪᠣᠶ ᠪᠥᠬᠦᠶ ᠰᠤᠮᠤ ᠱᠢᠶᠠᠩ ᠪᠠᠯᠭᠠᠰᠤ᠎ᠶ᠋ᠢ ᠬᠠᠮᠤᠷᠤᠨ᠂ 65% ᠎ᠠᠴᠠ ᠳᠡᠭᠡᠭ᠌ᠰᠢᠬᠢ ᠮᠠᠯᠵᠢᠬᠤ ᠲᠠᠷᠢᠶᠠᠯᠠᠬᠤ ᠡᠷᠦᠬᠡ᠎ᠶ᠋ᠢ ᠠᠵᠤ ᠦᠢᠯᠡᠰ᠎ᠤᠨ ᠬᠡᠯᠬᠢᠶ᠎ᠡ᠎ᠳᠤ ᠣᠷᠣᠭᠤᠯᠵᠤ᠂ ᠮᠠᠯᠵᠢᠬᠤ ᠲᠠᠷᠢᠶᠠᠯᠠᠬᠤ ᠡᠷᠦᠬᠡ᠎ᠶ᠋ᠢ ᠳᠠᠢᠴᠢᠯᠠᠨ ᠡᠷᠦᠬᠡ ᠪᠦᠷᠢ᠎ᠶ᠋ᠢᠨ ᠣᠷᠣᠯᠭ᠎ᠠ᠎ᠶ᠋ᠢ 3000 ᠲᠥᠭᠦᠷᠢᠭ ᠨᠡᠮᠡᠭ᠌ᠳᠡᠭᠦᠯᠪᠡ᠃ 《ᠱᠢᠶᠠᠩ ᠡᠯᠰᠡᠵᠦ᠍ ᠲᠣᠰᠭᠤᠨ ᠬᠡᠷᠡᠭ᠌ᠯᠡᠬᠦ᠌》 ᠠᠷᠭ᠎ᠠ᠎ᠪᠠᠷ ᠶᠠᠳᠠᠭᠤ᠎ᠶ᠋ᠢ ᠲᠡᠳᠬᠦᠬᠦ᠌ ᠡᠩᠨᠡᠭᠡᠨ᠎ᠤ ᠪᠠᠢᠭᠤᠯᠤᠯᠲᠠ᠎ᠶ᠋ᠢᠨ ᠪᠠᠢᠭᠤᠯᠤᠮᠵᠢ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢᠨ ᠱᠢᠨ᠎ᠡ ᠠᠷᠭ᠎ᠠ ᠵᠠᠮ᠎ᠢ ᠰᠦᠪᠡᠭ᠌ᠴᠢᠯᠡᠨ᠂ 《ᠰᠠᠯᠵᠦ᠍ ᠶᠠᠪᠤᠬᠤ ᠥᠬᠡᠶ ᠠᠵᠢᠯᠯᠠᠬᠤ ᠠᠩᠭᠢ》 ᠎ᠶ᠋ᠢ ᠪᠠᠢᠭᠤᠯᠵᠠᠢ᠃


3889086_lity_1614352527072_m.jpg



   ᠯᠠᠨ ᠬᠦᠸᠧ ᠯᠢ ᠬᠦᠯᠡᠮᠵᠢ᠎ᠳᠡᠭᠡᠨ ᠲᠦᠪᠡᠳ ᠬᠠᠰᠢ᠎ᠶ᠋ᠢᠨ ᠴᠢᠬᠢ᠎ᠪᠠᠨ ᠠᠷᠠᠴᠢᠯᠠᠵᠤ ᠪᠠᠢᠭ᠎ᠠ᠎ᠨᠢ

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号