《ᠮᠠᠨ᠎ᠤ ᠬᠡᠤᠬᠡᠳ᠎ᠢᠶᠠᠨ ᠡᠷᠡᠯᠭᠡᠭ ᠪᠦᠷᠬᠦᠳ ᠱᠢᠭ ᠨᠡᠩ ᠦᠨᠳᠤᠷ᠂ ᠨᠡᠩ ᠬᠤᠯᠠ ᠲᠡᠬᠦᠯᠢᠬᠦᠯᠤᠶᠠ》᠃
2021 ᠤᠨ᠎ᠤ ᠦᠪᠡᠷᠳᠡᠭᠡᠨ ᠵᠠᠰᠠᠬᠤ ᠤᠷᠤᠨ᠎ᠤ ᠬᠤᠶᠠᠷ ᠬᠤᠷᠠᠯ ᠲᠡᠭᠡᠷ᠎ᠠ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠱᠦᠵᠢ᠂ ᠠᠷᠠᠳ᠎ᠤᠨ ᠲᠦᠯᠤᠬᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠡᠷᠬᠢᠯᠡᠭ᠌ᠴᠢ ᠱ᠌ᠢ᠎ᠲᠠᠢ ᠹᠧᠩ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠤᠬᠡᠯᠡᠭ᠌ᠴᠢᠳ᠎ᠤᠨ ᠶᠡᠭᠡ ᠬᠤᠷᠠᠯ᠎ᠤᠨ ᠲᠦᠯᠤᠬᠡᠯᠡᠭ᠌ᠴᠢᠳᠲᠠᠢ ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠢ ᠰᠤᠷᠴᠤ᠌ ᠭᠡᠷᠡᠭ᠌ᠯᠡᠬᠦ᠌ ᠲᠤᠬᠠᠢ ᠶᠠᠷᠢᠯᠴᠠᠭ᠍ᠰᠠᠠ ᠶᠠᠷᠢᠯᠴᠠᠭ᠎ᠠ᠎ᠨᠢ ᠦᠷᠬᠡᠨ ᠲᠡᠯᠬᠡᠷ ᠴᠤᠤᠷᠢᠶᠠᠳᠤᠯ ᠭᠠᠷᠭᠠᠪᠠ᠃
ᠤᠯᠤᠰ᠎ᠤᠨ ᠨᠢᠬᠡᠳᠤᠯᠳᠠᠢ ᠨᠠᠢᠷᠠᠭᠤᠯᠤᠬ᠍ᠰᠠᠨ ᠵᠢᠭᠠᠬᠤ ᠮᠠᠲ᠋ᠧᠷᠢᠶᠠᠯ᠎ᠢ ᠲᠡᠯᠬᠡᠷᠡᠬᠦᠯᠦᠨ ᠭᠡᠷᠡᠭ᠌ᠯᠡᠬᠦ᠌ ᠪᠠ ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠤᠨ ᠰᠤᠷᠭᠠᠨ ᠬᠦᠮᠤᠵᠢᠯ᠎ᠢ ᠪᠦᠬᠦ᠌ ᠲᠠᠯ᠎ᠠ᠎ᠪᠠᠷ ᠴᠢᠩᠭᠠᠳᠭᠠᠬᠤ ᠪᠤᠯ ᠨᠠᠮ᠎ᠤᠨ ᠲᠦᠪ ᠬᠤᠷᠢᠶ᠎ᠠ᠂ ᠲᠦᠷᠤ᠎ᠶ᠋ᠢᠨ ᠶᠠᠪᠤᠳᠠᠯ᠎ᠤᠨ ᠬᠤᠷᠢᠶᠠᠨ᠎ᠤ ᠴᠢᠬᠤᠯᠠ ᠶᠡᠭᠡ ᠱᠢᠢᠳᠪᠤᠷᠢᠳᠤ ᠪᠤᠳᠤᠯᠭ᠎ᠠ ᠪᠠᠢᠷᠢᠯᠠᠭᠤᠯᠤᠯᠳᠠ ᠪᠤᠯᠤᠨ᠎ᠠ᠂ ᠡᠨᠡ᠎ᠨᠢ ᠳᠤᠮᠳᠠᠳᠤ᠎ᠶ᠋ᠢᠨ ᠦᠨᠳᠤᠰᠤᠳᠠᠨ᠎ᠤ ᠬᠠᠮᠳᠤ ᠴᠤᠬ᠍ᠴᠠ᠎ᠶ᠋ᠢᠨ ᠤᠬᠠᠮᠰᠠᠷ᠎ᠢ ᠪᠠᠳᠤ ᠴᠤᠬ᠍ᠴᠠᠯᠠᠬᠤ᠎ᠳᠤ ᠠᠱᠢᠬ᠍ᠳᠠᠢ ᠪᠠᠢᠵᠤ᠂ ᠦᠨᠳᠤᠰᠤᠳᠠᠨ᠎ᠤ ᠤᠷᠤᠨ᠎ᠤ ᠠᠵᠢᠯ᠎ᠢ ᠰᠠᠢᠳᠤᠷ ᠬᠢᠬᠦ᠌ ᠦᠨᠢ ᠤᠳᠠᠭᠠᠨ᠎ᠤ ᠠᠷᠭ᠎ᠠ ᠪᠤᠳᠤᠯᠭ᠎ᠠ᠂ ᠰᠠᠭᠤᠷᠢ᠎ᠶ᠋ᠢ ᠪᠠᠬᠢᠵᠢᠬᠦᠯᠬᠦ᠌ ᠠᠷᠭ᠎ᠠ ᠬᠡᠮᠵᠢᠶ᠎ᠡ ᠪᠤᠯᠤᠨ᠎ᠠ᠃ ᠤᠢ᠍ᠢᠷ᠎ᠠ᠎ᠶ᠋ᠢᠨ ᠬᠤᠭᠤᠴᠠᠭᠠᠨ᠎ᠤ ᠲᠤᠷᠰᠢ᠂ ᠰᠤᠷᠭᠠᠨ ᠬᠦᠮᠤᠵᠢᠯ᠎ᠤᠨ ᠶᠠᠮᠤᠨ᠎ᠤ ᠠᠵᠢᠯ᠎ᠤᠨ ᠲᠤᠬᠢᠷᠠᠭᠤᠯᠤᠯᠳᠠ ᠪᠤᠯᠤᠨ 《ᠪᠦᠬᠦ᠌ ᠤᠷᠤᠨ᠎ᠤ ᠦᠨᠳᠤᠰᠤᠳᠠᠨ᠎ᠤ ᠦᠭᠡ ᠬᠡᠯᠡ᠎ᠪᠠᠷ ᠬᠢᠴᠢᠶᠠᠯᠯᠠᠵᠤ ᠪᠠᠢᠭ᠎ᠠ ᠰᠤᠷᠭᠠᠭᠤᠯᠢ᠎ᠳᠤ ᠭᠤᠷᠪᠠᠨ ᠬᠢᠴᠢᠶᠠᠯ ᠲᠦᠷᠦᠯ᠎ᠤᠨ ᠨᠢᠬᠡᠳᠤᠯᠳᠠᠢ ᠨᠠᠢᠷᠠᠭᠤᠯᠤᠬ᠍ᠰᠠᠨ ᠵᠢᠭᠠᠬᠤ ᠮᠠᠲ᠋ᠧᠷᠢᠶᠠᠯ᠎ᠢ ᠲᠡᠯᠬᠡᠷᠡᠬᠦᠯᠤᠨ ᠭᠡᠷᠡᠭ᠌ᠯᠡᠬᠦ᠌ ᠪᠠ ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠤᠨ ᠰᠤᠷᠭᠠᠨ ᠬᠦᠮᠤᠵᠢᠯ᠎ᠤᠨ ᠵᠢᠭᠠᠨ ᠰᠤᠷᠭᠠᠯᠳᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠬᠤ ᠠᠵᠢᠯ᠎ᠤᠨ ᠭᠡᠷᠡᠭ᠌ᠵᠢᠬᠦᠯᠬᠦ᠌ ᠲᠦᠰᠤᠯ》 ᠶᠤᠰᠤᠭᠠᠷ᠂ ᠮᠠᠨ᠎ᠤ ᠤᠷᠤᠨ᠎ᠤ ᠡᠯ᠎ᠠ ᠱᠠᠳᠤ ᠡᠯ᠎ᠠ ᠭᠠᠵᠠᠷ ᠤᠷᠤᠨ᠎ᠤ᠎ᠬᠢᠨ ᠠᠵᠢᠯ᠎ᠤᠨ ᠬᠠᠷᠠᠯᠳᠠ᠎ᠪᠠᠨ ᠳᠤᠳᠤᠷᠬᠠᠢᠯᠠᠵᠤ᠂ ᠭᠤᠤᠯᠳᠠᠯᠭ᠎ᠠ᠎ᠲᠠᠢ ᠡᠬᠦᠷᠬᠡ᠎ᠪᠠᠨ ᠨᠠᠷᠢᠯᠢᠬ᠍ᠵᠢᠭᠤᠯᠵᠤ᠂ ᠠᠵᠢᠯ᠎ᠤᠨ ᠠᠷᠭ᠎ᠠ ᠬᠡᠮᠵᠢᠶ᠎ᠠ᠎ᠪᠠᠨ ᠴᠢᠩᠭᠠᠳᠭᠠᠵᠤ᠂ ᠨᠠᠢᠳᠠᠪᠤᠷᠢᠵᠢᠭᠤᠯᠤᠯᠳᠠ᠎ᠶ᠋ᠢ ᠪᠦᠬᠦ᠌ ᠬᠦᠴᠤ᠎ᠪᠠᠷ᠎ᠢᠶᠠᠨ ᠠᠬᠢᠭᠤᠯᠵᠤ᠂ ᠡᠯ᠎ᠠ ᠵᠦᠢᠯ᠎ᠤᠨ ᠠᠵᠢᠯ ᠲᠤᠭ᠍ᠳᠠᠭᠤᠨ᠎ᠢᠶᠠᠷ ᠶᠠᠪᠤᠬ᠍ᠳᠠᠵᠤ᠂ ᠱᠢᠨ᠎ᠠ ᠠᠬᠢᠴᠠ᠎ᠲᠠᠢ ᠪᠤᠯᠪᠠ᠃
ᠪᠤᠯᠪᠠᠰᠤᠷᠠᠯ ᠬᠦᠮᠤᠵᠢᠯ᠎ᠢ ᠪᠦᠬᠦ᠌ ᠲᠠᠯ᠎ᠠ᠎ᠪᠠᠷ ᠪᠦᠷᠬᠦᠬᠦᠯᠵᠤ ᠦᠵᠡᠯ ᠰᠠᠨᠠᠭ᠎ᠠ᠎ᠪᠠᠨ ᠨᠢᠬᠡᠳᠭᠡᠵᠤ ᠰᠠᠭᠤᠷᠢ᠎ᠶ᠋ᠢ ᠪᠠᠳᠤᠳᠭᠠᠪᠠ
《ᠪᠦᠬᠦ᠌ ᠤᠷᠤᠨ᠎ᠤ ᠰᠤᠷᠭᠠᠨ ᠬᠦᠮᠤᠵᠢᠯ᠎ᠤᠨ ᠱᠢᠰᠲ᠋ᠧᠮ᠎ᠤᠨ᠎ᠬᠢᠨ ᠰᠠᠨᠠᠭᠠᠴᠢᠯᠠᠭ᠎ᠠ᠎ᠠᠴᠠ᠎ᠪᠠᠨ ᠤᠨᠤᠯ᠎ᠢᠶᠠᠷ ᠵᠡᠪᠰᠡᠭ᠌ᠯᠡᠬᠦ᠌᠎ᠪᠠᠨ ᠴᠢᠩᠭᠠᠳᠭᠠᠵᠤ᠂ ᠦᠵᠡᠯ ᠰᠠᠨᠠᠭᠠᠨ᠎ᠤ ᠰᠠᠭᠤᠷᠢ᠎ᠪᠠᠨ ᠪᠠᠬᠢᠵᠢᠬᠦᠯᠵᠤ᠂ ᠠᠰᠠᠭᠤᠳᠠᠯ᠎ᠢᠶᠠᠷ ᠤᠳᠤᠷᠢᠳᠤᠮᠵᠢ ᠪᠤᠯᠭᠠᠬᠤ᠎ᠶ᠋ᠢ ᠪᠠᠷᠢᠮᠳᠠᠯᠠᠵᠤ᠂ ᠬᠡᠯᠪᠠᠢᠬᠦᠤ ᠪᠤᠯᠤᠭ᠍ᠰᠠᠠ ᠵᠦᠢᠯ᠎ᠢ ᠡᠷᠡᠰ ᠵᠠᠯᠠᠷᠠᠭᠤᠯᠵᠤ᠂ ᠤᠯᠤᠰ ᠲᠦᠷᠤ᠎ᠶ᠋ᠢᠨ ᠬᠠᠷᠢᠭᠤᠴᠠᠯᠭ᠎ᠠ ᠡᠬᠦᠷᠭᠡᠯᠡᠯ᠎ᠢᠶᠠᠨ ᠴᠢᠩᠭᠠᠳᠭᠠᠵᠤ᠂ ᠶᠠᠷᠤᠩᠬᠡᠢ ᠱᠦᠵᠢ ᠰᠢ᠎ᠶ᠋ᠢᠨ ᠫᠢᠩ᠎ᠤᠨ ᠦᠨᠳᠤᠰᠤᠳᠠᠨ᠎ᠤ ᠠᠵᠢᠯ᠎ᠤᠨ ᠲᠤᠬᠠᠢ ᠴᠢᠬᠤᠯᠠ ᠦᠬᠦᠯᠠᠯᠳᠠ᠂ ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠢ ᠲᠡᠯᠬᠡᠷᠡᠬᠦᠯᠤᠨ ᠲᠦᠬᠡᠮᠡᠯᠵᠢᠬᠦᠯᠬᠦ᠌ ᠲᠤᠬᠠᠢ ᠴᠢᠬᠤᠯᠠ ᠵᠢᠭᠠᠪᠤᠷᠢ᠎ᠶ᠋ᠢᠨ ᠵᠤᠷᠢᠬ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠦᠨᠡᠨ ᠬᠦ᠌ ᠤᠷᠳᠤ ᠬᠤᠭᠤᠴᠠᠭ᠎ᠠ ᠪᠠᠷᠢᠮᠳᠠᠯᠠᠬᠤ ᠴᠢᠬᠤᠯᠠ ᠶᠡᠭᠡ ᠤᠯᠤᠰ ᠲᠦᠷᠤ᠎ᠶ᠋ᠢᠨ ᠡᠬᠦᠷᠬᠡ ᠪᠤᠯᠭᠠᠵᠤ᠂ 〈ᠬᠤᠶᠠᠷ᠎ᠢ ᠬᠠᠮᠠᠭᠠᠯᠠᠬᠤ〉 ᠶ᠋ᠢ ᠡᠷᠡᠰ ᠪᠠᠳᠤ ᠤᠢ᠍ᠢᠯᠡᠳᠤᠯᠬᠡᠵᠢᠬᠦᠯᠪᠠ》᠃ 2020 ᠤᠨ᠎ᠤ 12 ᠰᠠᠷ᠎ᠠ᠎ᠶ᠋ᠢᠨ 6 ᠤ ᠡᠳᠤᠷ᠂ ᠪᠦᠬᠦ᠌ ᠤᠷᠤᠨ᠎ᠤ ᠰᠤᠷᠭᠠᠨ ᠬᠦᠮᠤᠵᠢᠯ᠎ᠤᠨ ᠱᠢᠰᠲ᠋ᠧᠮ᠎ᠤᠨ ᠳᠤᠮᠳᠠᠳᠤ᠎ᠶ᠋ᠢᠨ ᠦᠨᠳᠤᠰᠤᠳᠠᠨ᠎ᠤ ᠬᠠᠮᠳᠤ ᠴᠤᠬ᠍ᠴᠠ᠎ᠶ᠋ᠢᠨ ᠤᠬᠠᠮᠰᠠᠷ᠎ᠢ ᠪᠠᠳᠤ ᠴᠤᠬ᠍ᠴᠠᠯᠠᠬᠤ ᠲᠤᠰᠭᠠᠢ ᠰᠡᠳᠤᠪᠳᠤ ᠪᠤᠯᠪᠠᠰᠤᠷᠠᠯ᠎ᠤᠨ ᠠᠩᠬᠢ᠎ᠶ᠋ᠢᠨ ᠠᠩᠬᠠᠳᠠᠬ᠍ᠴᠢ ᠠᠩᠬᠢ ᠬᠢᠴᠢᠶᠡᠯ ᠡᠬᠢᠯᠠᠵᠤ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠶᠡᠭᠡ ᠲᠡᠭᠡᠳᠤ ᠰᠤᠷᠭᠠᠭᠤᠯᠢ᠎ᠶ᠋ᠢᠨ ᠠᠵᠢᠯᠯᠠᠬᠤ ᠬᠤᠷᠢᠶᠠᠨ᠎ᠤ ᠱᠦᠵᠢ᠂ ᠰᠤᠷᠭᠠᠨ ᠬᠦᠮᠤᠵᠢᠯ᠎ᠤᠨ ᠲᠢᠩᠬᠢᠮ᠎ᠤᠨ ᠨᠠᠮ᠎ᠤᠨ ᠤᠳᠤᠷᠢᠳᠭᠤ ᠲᠤᠭᠤᠢ᠍ᠢᠯᠠᠩ᠎ᠤᠨ ᠱᠦᠵᠢ᠂ ᠲᠢᠩᠬᠢᠮ᠎ᠤᠨ ᠲᠠᠷᠤᠭ᠎ᠠ ᠬᠤᠸᠠᠩ ᠶᠠ ᠯᠢ ᠬᠢᠴᠢᠶᠡᠯ ᠡᠬᠢᠯᠡᠬᠦ᠌ ᠶᠠᠷᠢᠶ᠎ᠠ ᠲᠠᠯᠪᠢᠵᠤ᠂ ᠪᠦᠬᠦ᠌ ᠤᠷᠤᠨ᠎ᠤ ᠰᠤᠷᠭᠠᠨ ᠬᠦᠮᠤᠵᠢᠯ᠎ᠤᠨ ᠱᠢᠰᠲ᠋ᠧᠮ᠎ᠤᠨ ᠪᠦᠬᠦ᠌ ᠠᠵᠢᠯᠳᠠᠨ᠎ᠤ ᠪᠤᠯᠪᠠᠰᠤᠷᠠᠯ᠎ᠤᠨ ᠶᠡᠭᠡ ᠬᠦᠱᠢᠬᠡ᠎ᠶ᠋ᠢ ᠰᠡᠭᠦᠭ᠌ᠰᠡᠡ ᠪᠠᠢᠨ᠎ᠠ᠃
ᠪᠦᠬᠦ᠌ ᠤᠷᠤᠨ᠎ᠤ ᠦᠷᠬᠡᠨ ᠤᠯᠠᠨ ᠰᠤᠷᠭᠠᠨ ᠬᠦᠮᠤᠵᠢᠯ᠎ᠤᠨ ᠠᠵᠢᠯᠳᠠᠨ᠎ᠢ ᠬᠦᠮᠤᠵᠢᠬᠦᠯᠤᠨ ᠬᠦᠳᠤᠯᠤᠨ ᠵᠢᠯᠤᠭᠤᠳᠴᠤ᠌ ᠳᠤᠮᠳᠠᠳᠤ᠎ᠶ᠋ᠢᠨ ᠦᠨᠳᠤᠰᠤᠳᠠᠨ᠎ᠤ ᠬᠠᠮᠳᠤ ᠴᠤᠬ᠍ᠴᠠ᠎ᠶ᠋ᠢᠨ ᠤᠬᠠᠮᠰᠠᠷ᠎ᠢ ᠪᠠᠳᠤ ᠴᠤᠬ᠍ᠴᠠᠯᠠᠵᠤ᠂ ᠨᠠᠮ᠎ᠤᠨ ᠲᠦᠪ ᠬᠤᠷᠢᠶᠠᠨ᠎ᠤ ᠱᠢᠢᠳᠪᠤᠷᠢᠳᠤ ᠪᠤᠳᠤᠯᠭ᠎ᠠ ᠪᠠᠢᠷᠢᠯᠠᠭᠤᠯᠤᠯᠳᠠ᠎ᠶ᠋ᠢ ᠡᠷᠡᠰ ᠱᠢᠭᠤᠷᠬᠠᠢ᠂ ᠲᠡᠷᠡ ᠶᠤᠰᠤᠭᠠᠷ᠎ᠨᠢ ᠨᠠᠢᠳᠠᠪᠤᠷᠢᠵᠢᠭᠤᠯᠬᠤ ᠪᠤᠯ ᠲᠤᠯᠭᠠᠮ᠎ᠠ ᠪᠦᠬᠡᠳ ᠴᠢᠬᠤᠯᠠ ᠪᠠᠢᠭ᠎ᠠ ᠶᠤᠮ᠃
ᠡᠨᠡ ᠵᠢᠯ᠎ᠤᠨ 1 ᠰᠠᠷ᠎ᠠ᠎ᠶ᠋ᠢᠨ ᠰᠡᠬᠦᠯᠴᠢ ᠪᠤᠯᠳᠠᠯ᠎ᠠ᠂ 2 ᠰᠠᠷ᠎ᠠ ᠬᠦᠷᠬᠦ᠌ ᠦᠭᠡᠢ ᠬᠤᠭᠤᠴᠠᠭᠠᠨ᠎ᠳᠤ᠂ ᠦᠪᠡᠷᠳᠡᠭᠡᠨ ᠵᠠᠰᠠᠬᠤ ᠤᠷᠤᠨ᠎ᠤ᠎ᠬᠢᠨ ᠪᠤᠯᠪᠠᠰᠤᠷᠠᠭᠤᠯᠤᠨ ᠬᠦᠮᠤᠵᠢᠬᠦᠯᠬᠦ᠌ ᠪᠦᠬᠦ᠌ ᠡᠬᠦᠷᠬᠡ᠎ᠶ᠋ᠢ ᠪᠡᠶᠡᠯᠡᠬᠦᠯᠵᠤ᠂ ᠪᠦᠬᠦ᠌ ᠤᠷᠤᠨ᠎ᠤ ᠰᠤᠷᠭᠠᠨ ᠬᠦᠮᠤᠵᠢᠯ᠎ᠤᠨ ᠱᠢᠰᠲ᠋ᠧᠮ᠎ᠤᠨ ᠪᠦᠬᠦ᠋ᠢᠯᠡ ᠺᠠᠳ᠋ᠷ ᠪᠠᠭ᠍ᠰᠢ ᠠᠵᠢᠯᠳᠠᠨ᠎ᠢ ᠪᠦᠬᠦᠨ᠎ᠢ ᠪᠦᠷᠬᠦᠬᠦᠯᠬᠦ᠌᠎ᠶ᠋ᠢ ᠪᠡᠶᠡᠯᠡᠬᠦᠯᠦᠭ᠌ᠰᠡᠨ ᠪᠠᠢᠨ᠎ᠠ᠃ ᠡᠬᠦᠨ᠎ᠤ ᠬᠠᠮᠳᠤ᠂ ᠦᠪᠡᠷᠳᠡᠭᠡᠨ ᠵᠠᠰᠠᠬᠤ ᠤᠷᠤᠨ᠎ᠤ ᠰᠤᠷᠭᠠᠨ ᠬᠦᠮᠤᠵᠢᠯ᠎ᠤᠨ ᠲᠢᠩᠬᠢᠮ᠎ᠤᠨ᠎ᠬᠢᠨ ᠪᠠᠰᠠ ᠶᠡᠭᠡ ᠲᠡᠭᠡᠳᠤ ᠰᠤᠷᠭᠠᠭᠤᠯᠢ᠎ᠠᠴᠠ ᠤᠯᠤᠰ ᠲᠦᠷᠤ ᠦᠵᠡᠯ ᠰᠠᠨᠠᠭ᠎ᠠ ᠤᠨᠤᠯ᠎ᠤᠨ ᠬᠢᠴᠢᠶᠠᠯ᠎ᠤᠨ ᠭᠤᠤᠯᠯᠠᠬ᠍ᠴᠢ ᠪᠠᠭ᠍ᠰᠢ ᠪᠤᠯᠤᠨ ᠱᠢᠯᠢᠳᠡᠭ ᠬᠠᠪᠰᠤᠷᠤᠨ ᠵᠢᠯᠤᠭᠤᠳᠤᠬ᠍ᠴᠢ᠎ᠶ᠋ᠢ ᠰᠤᠩᠭᠤᠵᠤ ᠤᠬᠠᠭᠤᠯᠤᠨ ᠲᠠᠢᠯᠪᠤᠷᠢᠯᠠᠬᠤ ᠪᠦᠯᠬᠦᠮ ᠪᠠᠢᠭᠤᠯᠵᠤ᠂ ᠪᠦᠬᠦ᠌ ᠤᠷᠤᠨ᠎ᠳᠤ 160 ᠤᠳᠠᠭ᠎ᠠ ᠲᠠᠯᠠᠪᠠᠢ᠎ᠶ᠋ᠢᠨ ᠤᠬᠠᠭᠤᠯᠤᠨ ᠲᠠᠢᠯᠪᠤᠷᠢᠯᠠᠯᠳᠠ ᠬᠢᠵᠤ᠂ 12 ᠲᠦᠮᠡᠨ ᠬᠦᠮᠤᠨ᠎ᠢ ᠪᠦᠷᠬᠦᠵᠠᠢ᠃
《ᠪᠦᠬᠦ᠌ ᠠᠵᠢᠯᠳᠠᠨ᠎ᠤ ᠪᠤᠯᠪᠠᠰᠤᠷᠠᠯ ᠬᠦᠮᠤᠵᠢᠯ᠎ᠢ ᠦᠷᠨᠢᠬᠦᠯᠬᠦ᠌᠎ᠨᠢ ᠪᠢᠳᠠᠨ᠎ᠤ ᠪᠠᠯᠠᠷᠬᠠᠢ ᠲᠠᠨᠢᠯᠳᠠ᠎ᠪᠠᠨ ᠳᠤᠳᠤᠷᠬᠠᠢ ᠪᠤᠯᠭᠠᠬᠤ᠂ ᠪᠤᠷᠤᠭᠤ ᠲᠠᠨᠢᠯᠲᠠ᠎ᠪᠠᠨ ᠵᠠᠯᠠᠷᠠᠭᠤᠯᠬᠤ᠂ ᠦᠵᠡᠯ ᠰᠠᠨᠠᠭ᠎ᠠ᠎ᠪᠠᠨ ᠨᠢᠬᠡᠳᠭᠡᠬᠦ᠌ᠳᠤ ᠴᠠᠬ᠎ᠲᠠᠭᠠᠨ ᠲᠤᠬᠢᠷᠠᠭ᠍ᠰᠠᠨ ᠪᠦᠬᠡᠳ ᠲᠦᠢᠯ᠎ᠤᠨ ᠴᠢᠬᠤᠯᠠ ᠪᠠᠢᠵᠤ᠂ ᠤᠯᠤᠰ᠎ᠤᠨ ᠨᠢᠬᠡᠳᠤᠯᠳᠠᠢ ᠨᠠᠢᠷᠠᠭᠤᠯᠤᠬ᠍ᠰᠠᠨ ᠵᠢᠭᠠᠬᠤ ᠮᠠᠲ᠋ᠧᠷᠢᠶᠠᠯ᠎ᠢ ᠲᠡᠯᠬᠡᠷᠡᠬᠦᠯᠤᠨ ᠭᠡᠷᠡᠭ᠌ᠯᠡᠬᠦ᠌ ᠪᠠ ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠢ ᠲᠡᠯᠬᠡᠷᠡᠬᠦᠯᠤᠨ ᠲᠦᠬᠡᠮᠡᠯᠵᠢᠬᠦᠯᠬᠦ᠌ ᠠᠵᠢᠯ᠎ᠢ ᠡᠷᠡᠰ ᠱᠢᠭᠤᠷᠬᠠᠢ᠂ ᠲᠡᠷᠡ ᠶᠤᠰᠤᠭᠠᠷ᠎ᠨᠢ ᠨᠠᠢᠳᠠᠪᠤᠷᠢᠵᠢᠭᠤᠯᠬᠤ᠎ᠳᠤ ᠯᠠᠪᠳᠠᠭᠤᠨ ᠪᠠᠳᠤᠳᠠᠢ ᠦᠵᠡᠯ ᠰᠠᠨᠠᠭᠠᠨ᠎ᠤ ᠰᠠᠭᠤᠷᠢ᠎ᠶ᠋ᠢ ᠲᠠᠯᠪᠢᠬ᠍ᠰᠠᠨ ᠪᠠᠢᠨ᠎ᠠ》 ᠬᠡᠵᠤ ᠬᠦᠬᠡᠬᠤᠳᠠ᠎ᠶ᠋ᠢᠨ ᠰᠤᠷᠭᠠᠨ ᠬᠦᠮᠤᠵᠢᠯ᠎ᠤᠨ ᠲᠤᠪᠴᠢᠶᠠᠨ᠎ᠤ ᠨᠠᠮ᠎ᠤᠨ ᠤᠳᠤᠷᠢᠳᠭᠤ ᠲᠤᠭᠤᠢ᠍ᠢᠯᠠᠩ᠎ᠤᠨ ᠱᠦᠵᠢ᠂ ᠲᠤᠪᠴᠢᠶᠠᠨ ᠲᠠᠷᠤᠭ᠎ᠠ ᠵᠠᠩ ᠱᠢᠶᠤᠤ ᠬᠤᠸᠠ ᠬᠡᠯᠡᠪᠡ᠃
《ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠢ ᠲᠡᠯᠬᠡᠷᠡᠬᠦᠯᠤᠨ ᠲᠦᠬᠡᠮᠡᠯᠵᠢᠬᠦᠯᠵᠤ᠂ ᠲᠡᠬᠦᠨ᠎ᠢ ᠦᠨᠳᠤᠰᠤᠳᠠᠨ᠎ᠨᠦᠭᠦᠳ᠎ᠤᠨ ᠠᠷᠠᠳ ᠲᠦᠮᠡᠨ᠎ᠤ ᠰᠡᠳᠭᠢᠯ᠎ᠢᠶᠠᠨ ᠮᠡᠳᠡᠯᠴᠠᠵᠤ᠂ ᠰᠤᠶᠤᠯ᠎ᠢᠶᠠᠨ ᠠᠭᠤᠰᠤᠯᠴᠠᠭᠤᠯᠬᠤ ᠬᠦᠬᠦᠷᠬᠡ ᠪᠤᠯᠭᠠᠬᠤ ᠪᠤᠯ ᠬᠠᠷᠢᠭᠤᠴᠠᠯᠭ᠎ᠠ ᠪᠤᠯᠬᠤ ᠪᠦᠭᠡᠳ ᠨᠡᠩ ᠴᠤ᠌ ᠡᠬᠦᠷᠬᠡ ᠪᠤᠯᠤᠨ᠎ᠠ᠃ ᠪᠠᠭ᠍ᠰᠢ ᠬᠦᠮᠦᠨ ᠪᠤᠯᠤᠬ᠍ᠰᠠᠨ᠎ᠤ ᠬᠤᠪᠢ᠎ᠳᠤ᠂ ᠪᠢᠳᠠ ᠰᠤᠷᠤᠬ᠍ᠴᠢ᠎ᠪᠠᠨ ᠬᠦᠳᠤᠯᠤᠨ ᠲᠠᠭᠠᠭᠤᠯᠵᠤ ᠤᠯᠤᠰ᠎ᠤᠨ ᠨᠢᠬᠡᠳᠤᠯᠳᠠᠢ ᠨᠠᠢᠷᠠᠭᠤᠯᠤᠬ᠍ᠰᠠᠨ ᠵᠢᠭᠠᠬᠤ ᠮᠠᠲ᠋ᠧᠷᠢᠶᠠᠯ᠎ᠢ ᠰᠠᠢᠨ ᠰᠤᠷᠴᠤ᠌᠂ ᠲᠡᠳᠡᠨ᠎ᠢ ᠬᠦᠳᠤᠯᠤᠨ ᠲᠠᠭᠠᠭᠤᠯᠵᠤ ᠡᠬᠡ ᠤᠯᠤᠰ᠎ᠤᠨ ᠭᠡᠷᠡᠯ ᠰᠠᠴᠤᠷᠠᠩᠭᠤᠢ ᠰᠤᠶᠤᠯ᠎ᠠᠴᠠ ᠦᠬᠡᠳᠠᠯᠠᠨ ᠲᠠᠪᠱᠢᠬᠤ ᠦᠭ᠌ᠭᠢᠶᠡᠮᠦᠷᠴᠢ ᠴᠠᠢᠯᠭᠠᠨ ᠬᠦᠴᠤᠨ ᠴᠢᠳᠠᠯ᠎ᠢ ᠤᠯᠤᠭᠤᠯᠬᠤ ᠭᠡᠷᠡᠭ᠌ᠳᠠᠢ ᠪᠠᠢᠭ᠎ᠠ ᠶᠤᠮ》 ᠬᠡᠵᠤ ᠤᠯᠠᠭᠠᠨᠬᠤᠳᠠ᠎ᠶ᠋ᠢᠨ ᠡᡁᠧ ᠵᠠᠨ ᠳᠤᠮᠳᠠᠳᠤ ᠰᠤᠷᠭᠠᠭᠤᠯᠢ᠎ᠶ᠋ᠢᠨ ᠪᠠᠭ᠍ᠰᠢ ᠪᠤᠤ ᠸᠠᠨ ᠯᠦ᠍ ᠬᠡᠯᠡᠪᠡ᠃
2020 ᠤᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭ᠎ᠠ᠎ᠠᠴᠠ ᠡᠬᠢᠯᠠᠵᠤ ᠪᠦᠬᠦ᠌ ᠤᠷᠤᠨ᠎ᠤ ᠦᠨᠳᠤᠰᠤᠳᠠᠨ᠎ᠤ ᠦᠬᠡ ᠬᠡᠯᠡ᠎ᠪᠠᠷ ᠬᠢᠴᠢᠶᠠᠯᠯᠠᠵᠤ ᠪᠠᠢᠭ᠎ᠠ ᠰᠤᠷᠭᠠᠭᠤᠯᠢ᠎ᠶ᠋ᠢᠨ ᠪᠠᠭ᠎ᠠ ᠰᠤᠷᠭᠠᠭᠤᠯᠢ᠎ᠶ᠋ᠢᠨ ᠨᠢᠬᠡᠳᠤᠭᠡᠷ ᠤᠨ ᠪᠤᠯᠤᠨ ᠠᠩᠬ᠎ᠠ ᠳᠤᠮᠳᠠᠳᠤ᠎ᠶ᠋ᠢᠨ ᠨᠢᠬᠡᠳᠤᠭᠡᠷ ᠤᠨ᠎ᠳᠤ ᠤᠯᠤᠰ᠎ᠤᠨ ᠨᠢᠬᠡᠳᠤᠯᠳᠠᠢ ᠨᠠᠢᠷᠠᠭᠤᠯᠤᠬ᠍ᠰᠠᠨ 《ᠬᠡᠯᠡ ᠪᠢᠴᠢᠭ》 ᠤᠨ ᠵᠢᠭᠠᠬᠤ ᠮᠠᠲ᠋ᠧᠷᠢᠶᠠᠯ᠎ᠢ ᠭᠡᠷᠡᠭ᠌ᠯᠡᠭ᠌ᠰᠡᠨ᠎ᠠᠴᠠ ᠨᠠᠭᠠᠰᠢ᠂ ᠪᠦᠬᠦ᠌ ᠤᠷᠤᠨ᠎ᠤ ᠰᠤᠷᠭᠠᠨ ᠬᠦᠮᠤᠵᠢᠯ᠎ᠤᠨ ᠱᠢᠰᠲ᠋ᠧᠮ᠎ᠤᠨ ᠦᠷᠬᠡᠨ ᠤᠯᠠᠨ ᠪᠠᠭ᠍ᠰᠢ ᠠᠵᠢᠯᠳᠠᠨ ᠵᠢᠴᠢ ᠰᠤᠷᠤᠬ᠍ᠴᠢ᠂ ᠭᠡᠷ᠎ᠤᠨ ᠠᠬᠠᠮᠠᠳ ᠲᠠᠰᠤᠷᠠᠯᠳᠠ ᠦᠬᠡᠢ ᠬᠠᠮᠳᠤ᠎ᠶ᠋ᠢᠨ ᠲᠠᠨᠢᠯᠳᠠ᠎ᠪᠠᠨ ᠨᠢᠬ᠍ᠳᠠᠷᠠᠭᠤᠯᠵᠤ᠂ ᠦᠵᠡᠯ ᠰᠠᠨᠠᠭ᠎ᠠ᠎ᠪᠠᠨ ᠨᠢᠬᠡᠳᠭᠡᠵᠤ᠂ ᠭᠤᠷᠪᠠᠨ ᠬᠢᠴᠢᠶᠠᠯ ᠲᠦᠷᠦᠯ᠎ᠤᠨ ᠨᠢᠬᠡᠳᠤᠯᠳᠠᠢ ᠨᠠᠢᠷᠠᠭᠤᠯᠤᠬ᠍ᠰᠠᠨ ᠵᠢᠭᠠᠬᠤ ᠮᠠᠲ᠋ᠧᠷᠢᠶᠠᠯ᠎ᠢ ᠲᠡᠯᠬᠡᠷᠡᠬᠦᠯᠤᠨ ᠭᠡᠷᠡᠭ᠌ᠯᠡᠬᠦ᠌ ᠪᠠ ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠤᠨ ᠰᠤᠷᠭᠠᠨ ᠬᠦᠮᠤᠵᠢᠯ᠎ᠤᠨ ᠵᠢᠭᠠᠨ ᠰᠤᠷᠭᠠᠯᠳᠠ᠎ᠶ᠋ᠢ ᠴᠢᠩᠭᠠᠳᠭᠠᠬᠤ ᠠᠵᠢᠯ᠎ᠳᠤ ᠦᠵᠡᠯ ᠰᠠᠨᠠᠭᠠᠨ᠎ᠤ ᠪᠠᠳᠤ ᠪᠠᠬᠢ ᠰᠠᠭᠤᠷᠢ᠎ᠶ᠋ᠢ ᠲᠠᠯᠪᠢᠵᠤ ᠦᠭ᠌ᠴᠠᠢ᠃
《ᠭᠤᠷᠪᠠᠨ ᠬᠢᠴᠢᠶᠠᠯ ᠲᠦᠷᠦᠯ᠎ᠤᠨ ᠨᠢᠬᠡᠳᠤᠯᠳᠠᠢ ᠨᠠᠢᠷᠠᠭᠤᠯᠤᠬ᠍ᠰᠠᠨ ᠵᠢᠭᠠᠬᠤ ᠮᠠᠲ᠋ᠧᠷᠢᠶᠠᠯ᠎ᠢ ᠲᠡᠯᠬᠡᠷᠡᠬᠦᠯᠤᠨ ᠭᠡᠷᠡᠭ᠌ᠯᠡᠬᠦ᠌ ᠪᠠ ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠤᠨ ᠰᠤᠷᠭᠠᠨ ᠬᠦᠮᠤᠵᠢᠯ᠎ᠢ ᠴᠢᠩᠭᠠᠳᠭᠠᠬᠤ᠎ᠨᠢ ᠡᠯ᠎ᠠ ᠦᠨᠳᠤᠰᠤᠳᠠᠨ᠎ᠤ ᠦᠷᠬᠡᠨ᠎ᠢᠶᠠᠷ ᠶᠠᠪᠤᠯᠴᠠᠵᠤ᠂ ᠪᠦᠬᠦ᠌ ᠲᠠᠯ᠎ᠠ᠎ᠪᠠᠷ ᠰᠤᠯᠢᠯᠴᠠᠭ᠎ᠠ ᠬᠢᠵᠤ᠂ ᠬᠦᠨ ᠠᠭᠤᠰᠤᠯᠴᠠᠬᠤ᠎ᠶ᠋ᠢ ᠠᠬᠢᠭᠤᠯᠬᠤ᠎ᠳᠤ ᠠᠱᠢᠬ᠍ᠳᠠᠢ᠂ ᠦᠨᠳᠤᠰᠤᠳᠠᠨ᠎ᠤ ᠪᠦᠯᠬᠦᠮᠳᠡᠯ ᠪᠤᠯᠤᠨ ᠴᠡᠴᠡᠭ᠌ᠯᠡᠯ ᠬᠦᠭ᠌ᠵᠢᠯ᠎ᠢ ᠠᠬᠢᠭᠤᠯᠬᠤ᠎ᠳᠤ ᠠᠱᠢᠬ᠍ᠳᠠᠢ᠂ ᠳᠤᠮᠳᠠᠳᠤ᠎ᠶ᠋ᠢᠨ ᠦᠨᠳᠤᠰᠤᠳᠠᠨ᠎ᠤ ᠬᠠᠮᠳᠤ ᠴᠤᠬ᠍ᠴᠠ᠎ᠶ᠋ᠢᠨ ᠤᠬᠠᠮᠰᠠᠷ᠎ᠢ ᠪᠠᠳᠤ ᠴᠤᠬ᠍ᠴᠠᠯᠠᠬᠤ᠎ᠳᠤ ᠠᠱᠢᠬ᠍ᠳᠠᠢ ᠪᠠᠢᠵᠤ᠂ ᠠᠱᠢᠭ ᠲᠤᠰᠠ᠎ᠨᠢ ᠤᠳᠤᠬᠠᠨ᠎ᠳᠤ᠂ ᠠᠴᠢ ᠲᠤᠰᠠ᠎ᠨᠢ ᠠᠯᠤᠰ ᠢᠷᠡᠬᠡᠳᠤᠢ᠎ᠳᠤ ᠪᠠᠢᠲᠠᠭ ᠤᠯᠤᠰ ᠬᠦᠷᠤᠨ᠎ᠤ ᠲᠤᠮᠤ ᠶᠠᠪᠤᠳᠠᠯ ᠪᠤᠯᠤᠨ᠎ᠠ》 ᠬᠡᠵᠤ ᠦᠬᠠᠢ ᠬᠤᠳᠠ᠎ᠶ᠋ᠢᠨ ᠮᠤᠩᠭᠤᠯ ᠦᠨᠳᠦᠰᠦᠲᠡᠨ᠎ᠤ ᠰᠤᠷᠭᠠᠭᠤᠯᠢ᠎ᠶ᠋ᠢᠨ ᠰᠤᠷᠤᠬ᠍ᠴᠢ᠎ᠶ᠋ᠢᠨ ᠬᠡᠷ᠎ᠤᠨ ᠠᠬᠠᠮᠠᠳ ᠲᠤᠶᠠᠭ᠎ᠠ ᠬᠡᠯᠡᠪᠡ᠃
ᠪᠠᠭ᠍ᠰᠢ᠎ᠶ᠋ᠢᠨ ᠬᠦᠴᠦᠨ᠎ᠤ ᠪᠠᠳᠤᠯᠠᠭ᠎ᠠ᠎ᠶ᠋ᠢ ᠰᠠᠢᠲᠤᠷ ᠬᠢᠵᠤ ᠬᠦᠢᠴᠡᠳ ᠲᠤᠬᠢᠷᠠᠭᠤᠯᠵᠤ ᠪᠦᠷᠢᠨ ᠪᠤᠯᠭᠠᠵᠤ ᠬᠦᠴᠦᠷᠭᠡᠭ ᠴᠢᠩᠭ᠎ᠠ ᠪᠤᠯᠭᠠᠪᠠ
ᠦᠨᠳᠤᠰᠤᠳᠡᠨ᠎ᠤ ᠦᠭᠡ ᠬᠡᠯᠡ᠎ᠪᠠᠷ ᠬᠢᠴᠢᠶᠠᠯᠯᠡᠵᠦ᠍ ᠪᠠᠢᠭ᠎ᠠ ᠰᠤᠷᠭᠠᠭᠤᠯᠢ᠎ᠳᠤ ᠨᠢᠭᠡ ᠰᠠᠯᠠᠭ᠎ᠠ ᠤᠯᠤᠰ ᠲᠦᠷᠤ᠎ᠶ᠋ᠢᠨ ᠬᠡᠪ ᠪᠤᠯᠪᠠᠰᠤᠷᠠᠯ᠎ᠢᠶᠠᠷ ᠴᠢᠩᠭ᠎ᠠ᠂ ᠵᠢᠭᠠᠨ ᠰᠤᠷᠭᠠᠯᠳᠠ᠎ᠶ᠋ᠢᠨ ᠲᠦᠪᠱᠢᠨ᠎ᠢᠶᠠᠷ ᠨᠡᠯᠢᠶᠡᠳ ᠦᠨᠳᠤᠷ᠂ ᠪᠠᠭ᠍ᠰᠢ᠎ᠶ᠋ᠢᠨ ᠬᠦᠴᠤᠨ ᠪᠦᠷᠢᠨ ᠬᠦᠢᠴᠡᠳ ᠪᠠᠭ᠍ᠰᠢ᠎ᠶ᠋ᠢᠨ ᠡᠩᠨᠡᠭᠡ᠎ᠶ᠋ᠢ ᠪᠠᠢᠭᠤᠯᠬᠤ ᠪᠤᠯ ᠤᠯᠤᠰ᠎ᠤᠨ ᠨᠢᠭᠡᠳᠤᠯᠳᠠᠢ ᠨᠠᠢᠷᠠᠭᠤᠯᠤᠬ᠍ᠰᠡᠨ ᠵᠢᠭᠠᠬᠤ ᠮᠠᠲ᠋ᠧᠷᠢᠶᠠᠯ᠎ᠢ ᠲᠡᠯᠭᠡᠷᠡᠬᠦᠯᠤᠨ ᠭᠡᠷᠡᠭ᠌ᠯᠡᠬᠦ᠌ ᠠᠵᠢᠯ᠎ᠤᠨ ᠰᠠᠭᠤᠷᠢ ᠴᠢᠨᠠᠷᠳᠠᠢ ᠢᠨᠵᠧᠨᠧᠷᠢᠩ ᠪᠤᠯᠤᠨ᠎ᠡ᠃ ᠮᠠᠨ᠎ᠤ ᠤᠷᠤᠨ ᠤᠳᠤ᠎ᠶ᠋ᠢᠨ ᠪᠠᠢᠭ᠎ᠠ ᠪᠠᠭ᠍ᠰᠢ ᠨᠠᠷ᠎ᠤᠨ ᠪᠠᠢᠳᠠᠯ᠎ᠢ ᠤᠢ᠍ᠢᠯᠠᠭᠠᠵᠤ᠂ ᠪᠠᠭ᠍ᠰᠢ ᠲᠤᠳᠠᠬ᠍ᠳᠠᠵᠤ ᠪᠠᠢᠭ᠎ᠠ᠂ ᠭᠡᠷᠡᠭ᠌ᠴᠡᠭᠡ ᠱᠠᠭᠠᠷᠳᠠᠯᠭ᠎ᠠ᠎ᠶ᠋ᠢ ᠤᠨᠤᠴᠠᠳᠠᠢ ᠬᠢᠨᠡᠨ ᠪᠤᠳᠤᠬ᠍ᠰᠡᠨ ᠰᠠᠭᠤᠷᠢᠨ᠎ᠳᠤ᠂ ᠠᠵᠢᠯ᠎ᠤᠨ ᠲᠦᠰᠦᠯ᠎ᠢ ᠰᠤᠳᠤᠯᠤᠨ ᠲᠤᠬ᠍ᠳᠠᠭᠠᠵᠤ᠂ ᠰᠤᠷᠭᠠᠭᠤᠯᠢ᠎ᠶ᠋ᠢᠨ ᠲᠤᠳᠤᠭᠠᠳᠤ᠎ᠳᠠᠭᠠᠨ ᠲᠤᠬᠢᠷᠠᠭᠤᠯᠬᠤ᠂ ᠰᠤᠷᠭᠠᠭᠤᠯᠢ᠎ᠶ᠋ᠢᠨ ᠬᠤᠭᠤᠷᠤᠨᠳᠤ ᠰᠤᠯᠢᠯᠴᠠᠬᠤ᠂ 《ᠠᠯᠪᠡᠨ ᠵᠠᠷᠤᠳᠠᠯ᠎ᠢᠶᠠᠷ ᠬᠦᠮᠦᠵᠢᠬᠦᠯᠦᠭ᠌ᠰᠡᠨ ᠪᠠᠭ᠍ᠰᠢ᠎ᠶ᠋ᠢᠨ ᠰᠤᠷᠭᠠᠭᠤᠯᠢ᠎ᠶ᠋ᠢᠨ ᠰᠤᠷᠤᠬ᠍ᠴᠢ》 ᠶ᠋ᠢ ᠤᠷᠢᠵᠤ ᠡᠯᠰᠡᠬᠦ᠂ 《ᠤᠨᠴᠠᠭᠠᠢ ᠠᠵᠢᠯ᠎ᠤᠨ ᠪᠠᠢᠷᠢ᠎ᠶ᠋ᠢᠨ ᠪᠠᠭ᠍ᠰᠢ》 ᠶ᠋ᠢ ᠤᠷᠢᠵᠤ ᠡᠯᠰᠡᠬᠦ᠂ ᠢᠯᠡ᠎ᠪᠠᠷ ᠤᠷᠢᠵᠤ ᠡᠯᠰᠡᠬᠦ᠌ ᠵᠡᠷᠭᠡ ᠠᠷᠭ᠎ᠠ ᠬᠡᠯᠪᠡᠷᠢ᠎ᠪᠠᠷ᠂ ᠭᠤᠷᠪᠡᠨ ᠬᠢᠴᠢᠶᠠᠯ ᠲᠦᠷᠦᠯ᠎ᠤᠨ ᠨᠢᠭᠡᠳᠤᠯᠳᠠᠢ ᠨᠠᠢᠷᠠᠭᠤᠯᠤᠬ᠍ᠰᠡᠨ ᠵᠢᠭᠠᠬᠤ ᠮᠠᠲ᠋ᠧᠷᠢᠶᠠᠯ᠎ᠤᠨ ᠪᠠᠭ᠍ᠰᠢ᠎ᠶ᠋ᠢᠨ ᠬᠦᠴᠤᠨ᠎ᠢ ᠭᠦᠢᠴᠡᠳ ᠲᠤᠬᠢᠷᠠᠭᠤᠯᠵᠤ ᠪᠦᠷᠢᠨ ᠪᠤᠯᠭᠠᠵᠤ ᠲᠤᠬᠢᠷᠠᠭᠤᠯᠵᠤ ᠪᠠᠢᠨ᠎ᠠ᠃
ᠬᠠᠪᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭ᠎ᠠ ᠤᠳᠦ ᠡᠬᠢᠯᠡᠬᠦ᠌᠎ᠪᠠᠷ ᠪᠠᠢᠨ᠎ᠡ᠂ ᠪᠦᠬᠦ᠌ ᠤᠷᠤᠨ᠎ᠤ ᠡᠯ᠎ᠡ ᠠᠢᠮᠠᠭ ᠬᠤᠳᠠ᠎ᠶ᠋ᠢᠨ᠎ᠬᠢᠨ ᠴᠦᠮ ᠭᠤᠷᠪᠡᠨ ᠬᠢᠴᠢᠶᠠᠯ ᠲᠦᠷᠦᠯ᠎ᠤᠨ ᠪᠠᠭ᠍ᠰᠢ᠎ᠶ᠋ᠢ ᠤᠷᠢᠵᠤ ᠡᠯᠰᠡᠬᠦ᠌ ᠠᠵᠢᠯ᠎ᠢᠶᠠᠨ ᠡᠬᠢᠯᠡᠬᠦᠯᠪᠠ᠃ ᠬᠦᠭᠡᠬᠤᠳᠠ᠂ ᠪᠤᠭᠤᠳᠤ᠂ ᠪᠠᠶᠠᠨᠨᠠᠭᠤᠷ ᠬᠤᠳᠠ ᠵᠡᠷᠭᠡ ᠭᠠᠵᠠᠷ ᠤᠷᠤᠨ᠎ᠤ ᠭᠤᠷᠪᠡᠨ ᠬᠢᠴᠢᠶᠠᠯ ᠲᠦᠷᠦᠯ᠎ᠤᠨ ᠪᠠᠭ᠍ᠰᠢ᠎ᠶ᠋ᠢᠨ ᠲᠤᠭ᠎ᠠ ᠨᠢᠭᠡᠨᠳᠠ 2021 ᠤᠨ᠎ᠤ ᠬᠠᠪᠤᠷ᠎ᠤᠨ ᠤᠯᠠᠷᠢᠯ᠂ ᠨᠠᠮᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭᠠᠨ᠎ᠤ ᠭᠤᠷᠪᠡᠨ ᠬᠢᠴᠢᠶᠠᠯ ᠲᠦᠷᠤᠯ᠎ᠤᠨ ᠨᠢᠭᠡᠳᠤᠯᠳᠠᠢ ᠨᠠᠢᠷᠠᠭᠤᠯᠤᠬ᠍ᠰᠡᠨ ᠵᠢᠭᠠᠬᠤ ᠮᠠᠲ᠋ᠧᠷᠢᠶᠠᠯ᠎ᠤᠨ ᠵᠢᠭᠠᠨ ᠰᠤᠷᠭᠠᠯᠳᠠ᠎ᠶ᠋ᠢᠨ ᠭᠡᠷᠡᠭ᠌ᠴᠡᠭᠡ᠎ᠶ᠋ᠢ ᠪᠦᠷᠢᠮᠤᠰᠤᠨ ᠬᠠᠨᠭ᠌ᠭᠠᠵᠤ ᠲᠠᠢᠯᠬᠦ᠌ ᠪᠤᠯᠪᠠ᠃ ᠱᠢᠯᠢ᠎ᠶ᠋ᠢᠨ ᠭᠤᠤᠯ ᠠᠢᠮᠠᠭ᠎ᠤᠨ ᠡᠯ᠎ᠡ ᠬᠤᠱᠢᠭᠤ ᠱᠢᠶᠠᠨ ᠬᠤᠳᠠ (ᠤᠷᠤᠨ) ᠪᠦᠬᠦᠨ᠎ᠢᠶᠠᠷ᠎ᠢᠶᠠᠨ ᠬᠠᠪᠰᠤᠷᠤᠯᠴᠠᠭ᠎ᠠ ᠪᠠᠢᠭᠤᠯᠤᠨ ᠲᠡᠳᠬᠦᠬᠦ᠌ ᠲᠤᠬ᠍ᠳᠠᠴᠠ᠎ᠶ᠋ᠢ ᠪᠠᠢᠭᠤᠯᠵᠤ᠂ 48 ᠡᠩ᠎ᠤᠨ ᠰᠤᠷᠭᠠᠭᠤᠯᠢ ᠦᠨᠳᠤᠰᠤᠳᠡᠨ᠎ᠤ ᠦᠭᠡ ᠬᠡᠯᠡ᠎ᠪᠠᠷ ᠬᠢᠴᠢᠶᠠᠯᠯᠡᠵᠦ᠍ ᠪᠠᠢᠭ᠎ᠠ 29 ᠰᠤᠷᠭᠠᠭᠤᠯᠢ᠎ᠲᠠᠢ ᠬᠠᠪᠰᠤᠷᠤᠯᠴᠠᠭ᠎ᠠ ᠪᠠᠢᠭᠤᠯᠤᠨ ᠲᠡᠳᠬᠦᠪᠠ᠃ ᠤᠯᠠᠭᠠᠨᠬᠠᠳᠠ ᠬᠤᠳᠠ ᠪᠦᠬᠦ᠌ ᠬᠤᠳᠠ᠎ᠶ᠋ᠢᠨ ᠠᠯᠪᠡᠨ ᠵᠢᠷᠤᠮ᠎ᠤᠨ ᠰᠤᠷᠭᠠᠨ ᠬᠦᠮᠦᠵᠢᠯ᠎ᠤᠨ ᠰᠤᠷᠭᠠᠭᠤᠯᠢ᠎ᠶ᠋ᠢᠨ ᠰᠤᠯᠢᠯᠴᠠᠵᠤ ᠠᠵᠢᠯ᠎ᠤᠨ ᠪᠠᠢᠷᠢ ᠡᠭᠡᠯᠵᠢᠯᠡᠬᠦ᠌ ᠪᠠᠭ᠍ᠰᠢ ᠦᠨᠳᠤᠰᠤᠳᠡᠨ᠎ᠤ ᠦᠭᠡ ᠬᠡᠯᠡ᠎ᠪᠠᠷ ᠬᠢᠴᠢᠶᠠᠯᠯᠡᠵᠦ᠍ ᠪᠠᠢᠭ᠎ᠠ ᠰᠤᠷᠭᠠᠭᠤᠯᠢ᠎ᠳᠤ ᠤᠴᠢᠵᠤ ᠵᠢᠭᠠᠨ ᠰᠤᠷᠭᠠᠯᠳᠠ᠎ᠶ᠋ᠢ ᠲᠡᠮᠵᠢᠬᠦ᠌ ᠲᠦᠰᠦᠯ᠎ᠢ ᠲᠤᠬ᠍ᠳᠠᠭᠠᠵᠤ᠂ ᠵᠢᠭᠠᠨ ᠰᠤᠷᠭᠠᠯᠳᠠ᠎ᠶ᠋ᠢ ᠲᠠᠮᠵᠢᠬᠦ᠌ ᠪᠠᠭ᠍ᠰᠢ᠎ᠶ᠋ᠢᠨ ᠨᠠᠷᠠᠰ᠂ ᠵᠢᠭᠠᠨ ᠰᠤᠷᠭᠠᠯᠳᠠ᠎ᠶ᠋ᠢ ᠲᠠᠮᠵᠢᠬᠦ᠌ ᠰᠤᠷᠭᠠᠭᠤᠯᠢ ᠪᠠ ᠰᠤᠷᠤᠯᠭ᠎ᠠ᠎ᠶ᠋ᠢᠨ ᠱᠠᠳᠤ᠎ᠶ᠋ᠢ ᠲᠤᠳᠤᠷᠬᠠᠢ ᠲᠤᠬ᠍ᠳᠠᠭᠠᠪᠠ᠃ ᠬᠦᠯᠤᠨ ᠪᠤᠢᠷ ᠬᠤᠳᠠ 《ᠨᠠᠷᠠᠳᠤ ᠪᠠᠭ᠍ᠰᠢ᠎ᠶ᠋ᠢᠨ ᠠᠵᠢᠯᠯᠠᠬᠤ ᠭᠠᠵᠠᠷ》 ᠤᠨ ᠲᠤᠰᠭᠠᠢ ᠮᠡᠷᠭᠡᠵᠢᠯᠳᠠᠨ᠎ᠤ ᠪᠦᠯᠬᠦᠮ᠎ᠢ ᠪᠠᠢᠭᠤᠯᠵᠤ᠂ ᠰᠤᠷᠭᠠᠭᠤᠯᠢ᠎ᠳᠤ ᠬᠦᠨᠵᠡᠭᠡᠢᠷᠠᠨ ᠨᠢᠭᠡ᠎ᠨᠢ ᠨᠢᠭᠡ᠎ᠶ᠋ᠢ ᠬᠠᠪᠰᠤᠷᠤᠨ ᠲᠡᠳᠬᠦᠬᠦ᠂ ᠨᠢᠭᠤᠷᠳᠠᠵᠦ᠍ ᠴᠡᠭ᠎ᠲᠤ ᠰᠠᠭᠤᠵᠤ ᠬᠠᠪᠰᠤᠷᠤᠨ ᠲᠡᠳᠬᠦᠬᠦ᠌ ᠪᠤᠯᠪᠠᠰᠤᠷᠠᠯ᠎ᠢ ᠬᠦᠨᠵᠡᠭᠡᠢᠷᠠᠬᠦᠯᠤᠨ ᠦᠷᠨᠢᠬᠦᠯᠪᠠ᠃ ᠠᠯᠠᠱᠠ ᠠᠢᠮᠠᠭ 65 ᠬᠠᠪᠰᠤᠷᠤᠨ ᠲᠡᠳᠬᠦᠬᠦ᠌ ᠬᠦᠮᠦᠵᠢᠬᠦᠯᠬᠦ᠌ ᠠᠵᠢᠯ᠎ᠤᠨ ᠪᠠᠢᠷᠢ᠎ᠶ᠋ᠢᠨ ᠰᠤᠳᠤᠯᠤᠨ ᠰᠤᠷᠬᠤ ᠪᠦᠯᠬᠦᠮ᠎ᠢ ᠵᠤᠬᠢᠶᠠᠨ ᠪᠠᠢᠭᠤᠯᠵᠤ᠂ ᠵᠢᠭᠠᠨ ᠰᠤᠷᠭᠠᠯᠳᠠ᠎ᠶ᠋ᠢᠨ ᠲᠤᠷᠱᠢᠯᠭ᠎ᠠ᠂ ᠵᠢᠭᠠᠬᠤ᠎ᠶ᠋ᠢ ᠰᠤᠳᠤᠯᠬᠤ᠎ᠪᠠᠷ ᠬᠦᠳᠤᠯᠤᠨ ᠲᠠᠭᠠᠭᠤᠯᠬᠤ᠂ ᠪᠠᠭ᠍ᠰᠢ᠎ᠶ᠋ᠢ ᠰᠤᠯᠢᠯᠴᠠᠬᠤ ᠵᠡᠷᠭᠡ ᠲᠠᠯ᠎ᠡ᠎ᠪᠠᠷ ᠰᠦᠯᠵᠢᠶᠠᠨ ᠲᠡᠭᠡᠷᠡᠬᠢ ᠪᠠ ᠪᠤᠳᠠᠳᠤ ᠴᠤᠬ᠍ᠴᠠ᠎ᠶ᠋ᠢᠨ ᠵᠢᠭᠠᠬᠤ᠎ᠶ᠋ᠢ ᠰᠤᠳᠤᠯᠬᠤ ᠪᠠ ᠮᠦᠷᠳᠡᠬᠦ᠌ ᠬᠡᠯᠪᠡᠷᠢ᠎ᠶ᠋ᠢᠨ ᠱᠢᠨᠵᠢᠯᠡᠭᠡᠨ᠎ᠤ ᠰᠠᠯᠠᠭᠠᠨ᠎ᠤ ᠪᠦᠯᠬᠦᠮ᠎ᠢ ᠪᠠᠢᠭᠤᠯᠬᠤ ᠠᠵᠢᠯᠯᠠᠭ᠎ᠠ ᠦᠷᠨᠢᠬᠦᠯᠪᠠ᠃
ᠭᠤᠷᠪᠡᠨ ᠬᠢᠴᠢᠶᠠᠯ ᠲᠦᠷᠦᠯ᠎ᠤᠨ ᠨᠢᠭᠡᠳᠤᠯᠳᠠᠢ ᠨᠠᠢᠷᠠᠭᠤᠯᠤᠬ᠍ᠰᠡᠨ ᠵᠢᠭᠠᠬᠤ ᠮᠠᠲ᠋ᠧᠷᠢᠶᠠᠯ᠎ᠤᠨ ᠪᠠᠭ᠍ᠰᠢ᠎ᠶ᠋ᠢᠨ ᠬᠦᠴᠤᠨ᠎ᠢ ᠬᠦᠢᠴᠡᠳ ᠲᠤᠬᠢᠷᠠᠭᠤᠯᠵᠤ ᠪᠦᠷᠢᠨ ᠲᠤᠬᠢᠷᠠᠭᠤᠯᠬᠤ ᠪᠦᠭᠡᠳ ᠪᠠᠰᠠ ᠨᠡᠩ ᠴᠤ᠌ ᠬᠦᠴᠤᠷᠭᠡᠭ ᠴᠢᠩᠭ᠎ᠠ ᠪᠤᠯᠭᠠᠵᠤ ᠲᠤᠬᠢᠷᠠᠭᠤᠯᠬᠤ ᠭᠡᠷᠡᠭ᠌ᠳᠠᠢ᠃
ᠦᠪᠡᠷᠳᠡᠭᠡᠨ ᠵᠠᠰᠭᠠᠤ ᠤᠷᠤᠨ᠎ᠠᠴᠠ ᠰᠤᠷᠭᠠᠨ ᠬᠦᠮᠦᠵᠢᠯ᠎ᠤᠨ ᠶᠠᠮᠤᠨ᠎ᠤ ᠲᠡᠮᠵᠢᠯᠬᠡ᠎ᠶ᠋ᠢ ᠤᠯᠬᠤ᠎ᠪᠠᠷ ᠴᠢᠷᠮᠠᠢᠵᠤ᠂ ᠱᠨᠨᠰᠢᠶ᠋ᠢᠨ ᠪᠠᠭ᠍ᠰᠢ᠎ᠶ᠋ᠢᠨ ᠶᠡᠭᠡ ᠰᠤᠷᠭᠠᠭᠤᠯᠢ ᠵᠡᠷᠭᠡ ᠤᠷᠤᠨ᠎ᠤ ᠭᠠᠳᠠᠨᠠᠬᠢ 14 ᠪᠠᠭ᠍ᠰᠢ᠎ᠶ᠋ᠢᠨ ᠶᠡᠭᠡ ᠲᠡᠭᠡᠳᠤ ᠰᠤᠷᠭᠠᠭᠤᠯᠢ ᠪᠠ ᠦᠪᠤᠷ ᠮᠤᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ ᠵᠡᠷᠭᠡ ᠤᠷᠤᠨ᠎ᠤ ᠲᠤᠳᠤᠷᠠᠬᠢ 6 ᠶᠡᠭᠡ ᠲᠡᠭᠡᠳᠤ ᠰᠤᠷᠭᠠᠭᠤᠯᠢ᠎ᠶ᠋ᠢ ᠵᠤᠬᠢᠶᠠᠨ ᠪᠠᠢᠭᠤᠯᠵᠤ᠂ ᠪᠦᠬᠦ᠌ ᠤᠷᠤᠨ᠎ᠤ 12 ᠠᠢᠮᠠᠭ ᠬᠤᠳᠠ᠎ᠶ᠋ᠢ ᠭᠡᠰᠡᠭ ᠬᠤᠪᠢᠶᠠᠨ ᠲᠠᠭᠠᠭᠠᠴᠢᠯᠠᠨ ᠬᠤᠯᠪᠤᠭᠠᠯᠠᠵᠤ᠂ ᠵᠡᠬᠦᠨ᠂ ᠲᠤᠮᠳᠠ᠂ ᠪᠠᠷᠠᠭᠤᠨ ᠭᠤᠷᠪᠡᠨ ᠭᠡᠰᠡᠭ ᠬᠤᠪᠢᠶᠠᠵᠤ᠂ ᠪᠦᠬᠦ᠌ ᠤᠷᠤᠨ᠎ᠤ ᠤᠳᠤ᠎ᠶ᠋ᠢᠨ ᠪᠠᠢᠭ᠎ᠠ ᠭᠤᠷᠪᠡᠨ ᠬᠢᠴᠢᠶᠠᠯ ᠲᠦᠷᠦᠯ᠎ᠤᠨ ᠪᠠᠭ᠍ᠰᠢ᠎ᠶ᠋ᠢ ᠪᠦᠯᠦᠭ ᠬᠤᠪᠢᠶᠠᠨ ᠲᠦᠷᠦᠯ ᠬᠤᠪᠢᠶᠠᠵᠤ ᠪᠦᠬᠦᠨ᠎ᠢ ᠬᠠᠮᠤᠷᠤᠭᠤᠯᠤᠬ᠍ᠰᠡᠨ ᠲᠤᠰᠭᠠᠢ ᠪᠤᠯᠪᠠᠰᠤᠷᠠᠯ ᠦᠷᠨᠢᠬᠦᠯᠵᠤ ᠪᠠᠢᠨ᠎ᠠ᠃ ᠤᠳᠤᠬᠠᠨ᠎ᠳᠤ᠂ ᠭᠤᠷᠪᠡᠨ ᠭᠡᠰᠡᠭ ᠤᠷᠤᠨ᠎ᠤ ᠨᠢᠭᠡᠳᠤᠭᠡᠷ ᠬᠤᠭᠤᠴᠠᠭᠠᠨ᠎ᠤ ᠪᠤᠯᠪᠠᠰᠤᠷᠠᠯ᠎ᠤᠨ ᠠᠵᠢᠯ᠎ᠢ ᠨᠢᠭᠡᠨᠳᠠ ᠪᠠᠶᠠᠯᠡᠬᠦᠯᠵᠤ᠂ ᠬᠤᠶᠠᠳᠤᠭᠠᠷ ᠬᠤᠭᠤᠴᠠᠭᠠᠨ᠎ᠤ ᠪᠤᠯᠪᠠᠰᠤᠷᠠᠯ᠎ᠤᠨ ᠠᠵᠢᠯ᠎ᠢ ᠶᠠᠭ ᠪᠦᠬᠦ᠌ ᠲᠠᠯ᠎ᠡ᠎ᠪᠠᠷ ᠡᠬᠢᠯᠡᠬᠦᠯᠵᠤ ᠪᠠᠢᠨ᠎ᠡ᠃
ᠪᠦᠬᠦ᠌ ᠤᠷᠤᠨ᠎ᠤ ᠦᠨᠳᠤᠰᠤᠳᠡᠨ᠎ᠤ ᠦᠭᠡ ᠬᠡᠯᠡ᠎ᠪᠠᠷ ᠬᠢᠴᠢᠶᠠᠯᠯᠡᠵᠦ᠍ ᠪᠠᠢᠭ᠎ᠠ ᠰᠤᠷᠭᠠᠭᠤᠯᠢ᠎ᠶ᠋ᠢᠨ ᠭᠤᠷᠪᠡᠨ ᠬᠢᠴᠢᠶᠠᠯ ᠲᠦᠷᠦᠯ᠎ᠤᠨ 5000 ᠱᠢᠬᠠᠮ ᠪᠠᠭ᠍ᠰᠢ᠎ᠶ᠋ᠢᠨ ᠲᠤᠳᠤᠷ᠎ᠡ᠎ᠠᠴᠠ 300 ᠭᠤᠤᠯᠯᠠᠬ᠍ᠴᠢ ᠪᠠᠭ᠍ᠰᠢ᠎ᠶ᠋ᠢ ᠱᠢᠯᠢᠨ ᠰᠤᠩᠭᠤᠵᠤ᠂ 《ᠵᠢᠱ᠌ᠢᠶ᠎ᠠ ᠦᠵᠡᠬᠦᠯᠬᠦ᠌ ᠮᠠᠢᠭ᠎ᠤᠨ ᠭᠤᠤᠯᠯᠠᠬ᠍ᠴᠢ ᠪᠠᠭ᠍ᠰᠢ》 ᠶ᠋ᠢᠨ ᠪᠤᠯᠪᠠᠰᠤᠷᠠᠯ᠎ᠢ ᠦᠷᠨᠢᠬᠦᠯᠵᠤ᠂ ᠭᠤᠤᠯᠯᠠᠬ᠍ᠴᠢ ᠪᠠᠭ᠍ᠰᠢ᠎ᠶ᠋ᠢᠨ ᠬᠦᠳᠤᠯᠤᠨ ᠲᠠᠭᠠᠭᠤᠯᠵᠤ ᠵᠢᠱ᠌ᠢᠶ᠎ᠡ ᠦᠵᠡᠬᠦᠯᠬᠦ᠌ ᠪᠠ ᠵᠢᠭᠠᠨ ᠰᠤᠷᠭᠠᠯᠳᠠ᠎ᠶ᠋ᠢᠨ ᠵᠢᠯᠤᠭᠤᠳᠤᠯᠭ᠎ᠠ ᠬᠢᠬᠦ᠌ ᠦᠢᠯᠡᠳᠤᠯ᠎ᠢ ᠬᠦᠢᠴᠡᠳ ᠪᠠᠳᠠᠷᠠᠭᠤᠯᠵᠤ᠂ ᠦᠨᠳᠤᠰᠤᠳᠡᠨ᠎ᠤ ᠦᠭᠡ ᠬᠡᠯᠡ᠎ᠪᠠᠷ ᠬᠢᠴᠢᠶᠠᠯᠯᠡᠵᠦ᠍ ᠪᠠᠢᠭ᠎ᠠ ᠰᠤᠷᠭᠠᠭᠤᠯᠢ᠎ᠶ᠋ᠢᠨ ᠵᠢᠭᠠᠨ ᠰᠤᠷᠭᠠᠯᠳᠠ᠎ᠶ᠋ᠢᠨ ᠲᠦᠪᠱᠢᠨ᠎ᠢ ᠪᠦᠬᠦ᠌ ᠲᠠᠯ᠎ᠡ᠎ᠪᠠᠷ ᠲᠡᠭᠡᠭ᠌ᠰᠢᠯᠡᠬᠦᠯᠵᠦ᠍ ᠪᠤᠢ᠃ ᠪᠤᠯᠪᠠᠰᠤᠷᠠᠯ᠎ᠤᠨ ᠬᠤᠭᠤᠴᠠᠭ᠎ᠠ᠎ᠨᠢ 2 ᠵᠢᠯ ᠪᠠᠢᠵᠤ᠂ ᠤᠳᠤᠬᠠᠨ᠎ᠳᠤ ᠨᠢᠭᠡᠳᠤᠭᠡᠷ ᠬᠤᠭᠤᠴᠠᠭᠠᠨ᠎ᠤ ᠪᠤᠯᠪᠠᠰᠤᠷᠠᠯ᠎ᠢ ᠨᠢᠭᠡᠨᠳᠠ ᠪᠠᠶᠠᠯᠡᠬᠦᠯᠵᠤ᠂ ᠬᠤᠶᠠᠳᠤᠭᠠᠷ ᠬᠤᠭᠤᠴᠠᠭᠠᠨ᠎ᠤ ᠪᠤᠯᠪᠠᠰᠤᠷᠠᠯ᠎ᠨᠢ ᠪᠠᠰᠠ ᠨᠢᠭᠡᠨᠳᠠ ᠡᠬᠢᠯᠡᠭ᠌ᠰᠡᠨ ᠪᠠᠢᠨ᠎ᠡ᠃
ᠱᠢᠨ᠎ᠡ᠎ᠪᠠᠷ ᠡᠯᠰᠡᠭ᠌ᠰᠡᠨ 298 ᠨᠠᠷᠠᠰ ᠭᠤᠷᠪᠡᠨ ᠬᠢᠴᠢᠶᠠᠯ ᠲᠦᠷᠦᠯ᠎ᠤᠨ 《ᠤᠨᠴᠠᠭᠠᠢ ᠠᠵᠢᠯ᠎ᠤᠨ ᠪᠠᠢᠷᠢ᠎ᠶ᠋ᠢᠨ ᠪᠠᠭ᠍ᠰᠢ》 ᠳᠤ 3 ᠰᠠᠷ᠎ᠡ᠎ᠶ᠋ᠢᠨ ᠬᠤᠭᠤᠴᠠᠭ᠎ᠠ᠎ᠲᠠᠢ᠎ᠪᠠᠷ ᠠᠵᠢᠯ᠎ᠤᠨ ᠪᠠᠢᠷᠢ᠎ᠳᠤ ᠭᠠᠷᠬᠤ᠎ᠠᠴᠠ ᠡᠮᠤᠨᠠᠬᠢ ᠪᠤᠯᠪᠠᠰᠤᠷᠠᠯ᠎ᠢ ᠬᠦᠷᠳᠡᠭᠡᠵᠡᠢ᠂ ᠡᠳᠡᠭᠡᠷ 《ᠤᠨᠴᠠᠭᠠᠢ ᠠᠵᠢᠯ᠎ᠤᠨ ᠪᠠᠢᠷᠢ᠎ᠶ᠋ᠢᠨ ᠪᠠᠭ᠍ᠰᠢ》 ᠬᠠᠪᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭ᠎ᠠ ᠡᠬᠢᠯᠡᠬᠦ᠌᠎ᠠᠴᠠ ᠡᠮᠤᠨ᠎ᠡ ᠪᠦᠬᠦᠨ᠎ᠢᠶᠠᠷ᠎ᠢᠶᠠᠨ ᠠᠵᠢᠯ᠎ᠤᠨ ᠪᠠᠢᠷᠢ᠎ᠳᠠᠭᠠᠨ ᠭᠠᠷᠬᠤ ᠪᠤᠯᠤᠨ᠎ᠡ᠃ ᠡᠬᠦᠨ᠎ᠤ ᠵᠡᠷᠭᠡ᠎ᠪᠠᠷ᠂ ᠭᠤᠷᠪᠡᠨ ᠬᠢᠴᠢᠶᠠᠯ ᠲᠦᠷᠦᠯ᠎ᠤᠨ ᠪᠠᠭ᠍ᠰᠢ᠎ᠶ᠋ᠢᠨ ᠲᠤᠬᠠᠢᠯᠠᠬ᠍ᠰᠡᠨ ᠠᠵᠢᠯ᠎ᠤᠨ ᠪᠤᠯᠪᠠᠰᠤᠷᠠᠯ᠎ᠤᠨ ᠬᠢᠨᠡᠨ ᠱᠢᠯᠭᠠᠬᠤ ᠲᠦᠷᠢᠮ᠎ᠢ ᠪᠠᠢᠭᠤᠯᠵᠤ᠂ ᠪᠠᠭ᠍ᠰᠢ ᠨᠠᠷ᠎ᠤᠨ ᠤᠯᠤᠰ᠎ᠤᠨ ᠨᠡᠢᠳᠡᠮ ᠭᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠭᠡᠷᠡᠭ᠌ᠯᠡᠵᠤ ᠵᠢᠭᠠᠨ ᠰᠤᠷᠭᠠᠬᠤ ᠴᠢᠳᠠᠪᠤᠷᠢ ᠪᠠ ᠲᠦᠪᠱᠢᠨ᠎ᠢ ᠲᠠᠰᠤᠷᠠᠯᠳᠠ ᠦᠭᠡᠢ ᠴᠢᠩᠭᠠᠳᠭᠠᠬᠤ ᠪᠤᠯᠤᠨ᠎ᠡ᠃
《ᠠᠯᠢ ᠤᠯᠠᠨ ᠲᠠᠰᠤᠯᠳᠠᠯ ᠦᠭᠡᠢ᠂ ᠤᠯᠠᠨ ᠲᠠᠰ ᠲᠠᠪᠬᠤᠷᠭ᠎ᠠ᠎ᠶ᠋ᠢᠨ ᠪᠤᠯᠪᠠᠰᠤᠷᠠᠯ ᠰᠤᠷᠤᠯᠴᠠᠯᠭ᠎ᠠ᠎ᠪᠠᠷ ᠲᠠᠮᠵᠢᠭᠤᠯᠵᠤ᠂ ᠪᠢ ᠶᠠᠭᠠᠬᠢᠵᠤ ᠰᠤᠷᠤᠬ᠍ᠴᠢᠳ᠎ᠢ 〈ᠰᠤᠷᠬᠤ〉 ᠠᠴᠠ 〈ᠰᠤᠷᠴᠤ᠌ ᠴᠢᠲᠠᠬᠤ〉 ᠪᠤᠯᠭᠠᠵᠤ᠂ ᠲᠡᠳᠡᠨ᠎ᠤ ᠰᠤᠷᠤᠯᠴᠠᠯᠭ᠎ᠠ᠎ᠶ᠋ᠢᠨ ᠰᠠᠨᠠᠭᠠᠴᠢᠯᠠᠭᠠᠳᠤ ᠴᠢᠨᠠᠷ᠎ᠢ ᠬᠦᠭ᠌ᠵᠢᠭᠡᠵᠤ᠂ ᠤᠡᠭ᠌ᠰᠢᠬᠤ ᠴᠢᠳᠠᠪᠤᠷᠢ᠎ᠶ᠋ᠢ ᠲᠡᠭᠡᠭ᠌ᠰᠢᠯᠡᠬᠦᠯᠬᠦ᠌ ᠵᠡᠷᠭᠡ ᠠᠷᠭ᠎ᠠ ᠬᠡᠮᠵᠢᠶ᠎ᠡ᠎ᠶ᠋ᠢ ᠰᠤᠷᠴᠠᠢ》᠃ ᠦᠪᠤᠷ ᠮᠤᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠬᠠᠷᠢᠶᠠᠳᠤ ᠮᠤᠩᠭᠤᠯ ᠦᠨᠳᠤᠰᠤᠳᠡᠨ᠎ᠤ ᠰᠤᠷᠭᠠᠭᠤᠯᠢ᠎ᠶ᠋ᠢᠨ ᠨᠢᠭᠡᠳᠤᠭᠡᠷ ᠤᠨ᠎ᠤ ᠬᠡᠯᠡ ᠪᠢᠴᠢᠭ᠎ᠤᠨ ᠪᠠᠭ᠍ᠰᠢ ᠴᠧᠨ ᠲᠠᠨᠡ᠄ 《ᠪᠤᠯᠪᠠᠰᠤᠷᠠᠯ᠎ᠨᠢ ᠨᠠᠳᠠ᠎ᠳᠤ ᠭᠠᠨᠵᠤᠭ᠎ᠠ ᠲᠦᠬᠦᠷᠡᠩ ᠤᠯᠤᠯᠳᠠ᠎ᠲᠠᠢ ᠪᠤᠯᠭᠠᠵᠤ᠂ ᠨᠠᠮᠠᠶ᠋ᠢ ᠡᠳᠤᠷ ᠲᠤᠳᠤᠮ᠎ᠤᠨ ᠵᠢᠭᠠᠨ ᠰᠤᠷᠭᠠᠯᠳᠠ᠎ᠳᠠᠭᠠᠨ ᠨᠡᠩ ᠢᠳᠡᠭᠡᠯ᠎ᠲᠠᠢ ᠪᠤᠯᠭᠠᠵᠠᠢ》 ᠭᠡᠵᠤ ᠬᠡᠯᠡᠪᠡ᠃
ᠤᠢ᠍ᠢᠯᠠᠭᠠᠬ᠍ᠰᠡᠨᠢᠶᠠᠷ᠂ ᠤᠳᠤᠬᠠᠨ᠎ᠳᠤ᠂ ᠦᠪᠡᠷᠳᠡᠭᠡᠨ ᠵᠠᠰᠠᠬᠤ ᠤᠷᠤᠨ ᠨᠢᠭᠡᠨᠳᠠ 2021 ᠤᠨ᠎ᠤ ᠨᠢᠭᠡᠳᠤᠭᠡᠷ ᠪᠦᠯᠦᠭ ᠦᠨᠳᠤᠰᠤᠳᠡᠨ᠎ᠤ ᠦᠭᠡ ᠬᠡᠯᠡ᠎ᠪᠠᠷ ᠬᠢᠴᠢᠶᠠᠯᠯᠡᠵᠦ᠍ ᠪᠠᠢᠭ᠎ᠠ ᠰᠤᠷᠭᠠᠭᠤᠯᠢ᠎ᠶ᠋ᠢᠨ ᠤᠯᠤᠰ᠎ᠤᠨ ᠨᠢᠭᠡᠳᠤᠯᠳᠠᠢ ᠨᠠᠢᠷᠠᠭᠤᠯᠤᠬ᠍ᠰᠡᠨ ᠵᠢᠭᠠᠬᠤ ᠮᠠᠲ᠋ᠧᠷᠢᠶᠠᠯ᠎ᠤᠨ ᠪᠠᠭ᠍ᠰᠢ᠎ᠶ᠋ᠢᠨ ᠡᠩᠨᠡᠭᠡᠨ᠎ᠤ ᠪᠠᠢᠭᠤᠯᠤᠯᠳᠠ᠎ᠶ᠋ᠢᠨ ᠪᠡᠯᠡ ᠮᠦᠡᠭ᠌ᠭᠦ 2421 ᠲᠦᠮᠡᠨ ᠲᠦᠬᠦᠷᠢᠭ᠎ᠢ ᠪᠠᠭᠤᠯᠭᠠᠬᠤ᠎ᠶ᠋ᠢᠨ ᠵᠡᠷᠭᠡ᠎ᠪᠠᠷ 2021 ᠤᠨ᠎ᠤ ᠦᠪᠡᠷᠳᠡᠭᠡᠨ ᠵᠠᠰᠠᠬᠤ ᠤᠷᠤᠨ᠎ᠤ ᠦᠨᠳᠤᠰᠤᠳᠡᠨ᠎ᠤ ᠰᠤᠷᠭᠠᠨ ᠬᠦᠮᠦᠵᠢᠯ᠎ᠤᠨ ᠲᠤᠰᠭᠠᠢ ᠲᠦᠷᠦᠯ᠎ᠤᠨ ᠪᠡᠯᠡ ᠮᠦᠡᠭ᠌ᠭᠦ 5700 ᠲᠦᠮᠡᠨ ᠲᠦᠬᠦᠷᠢᠭ᠎ᠢ ᠪᠠᠭᠤᠯᠭᠠᠵᠤ᠂ ᠦᠨᠳᠤᠰᠤᠳᠡᠨ᠎ᠤ ᠦᠭᠡ ᠬᠡᠯᠡ᠎ᠪᠠᠷ ᠬᠢᠴᠢᠶᠠᠯᠯᠡᠵᠦ᠍ ᠪᠠᠢᠭ᠎ᠠ ᠲᠤᠮᠳᠠᠳᠤ ᠪᠠᠭ᠎ᠠ ᠰᠤᠷᠭᠠᠭᠤᠯᠢ᠎ᠶ᠋ᠢᠨ ᠭᠤᠷᠪᠡᠨ ᠬᠢᠴᠢᠶᠠᠯ ᠲᠦᠷᠦᠯ᠎ᠤᠨ ᠪᠠᠭ᠍ᠰᠢ᠎ᠶ᠋ᠢᠨ ᠪᠤᠯᠪᠠᠰᠤᠷᠠᠯ᠂ ᠵᠢᠭᠠᠨ ᠰᠤᠷᠭᠠᠯᠳᠠ᠎ᠶ᠋ᠢᠨ ᠡᠬᠢ ᠪᠠᠶᠠᠯᠢᠭ᠎ᠤᠨ ᠪᠠᠢᠭᠤᠯᠤᠯᠳᠠ᠂ ᠵᠢᠭᠠᠬᠤ᠎ᠶ᠋ᠢ ᠰᠤᠳᠤᠯᠬᠤ ᠵᠢᠴᠢ ᠰᠤᠲᠤᠯᠭᠠᠨ᠎ᠤ ᠰᠡᠳᠦᠪ᠎ᠤᠨ ᠪᠤᠭᠤᠮᠳᠠ ᠱᠢᠪᠳᠤᠯᠤᠯᠳᠠ᠂ ᠲᠤᠮᠳᠠᠳᠤ᠎ᠶ᠋ᠢᠨ ᠦᠨᠳᠤᠰᠤᠳᠡᠨ᠎ᠤ ᠬᠠᠮᠳᠤ ᠴᠤᠬ᠍ᠴᠠ᠎ᠶ᠋ᠢᠨ ᠤᠬᠠᠮᠰᠠᠷ᠎ᠢ ᠪᠠᠳᠤ ᠴᠤᠬ᠍ᠴᠠᠯᠠᠬᠤ ᠤᠬᠠᠭᠤᠯᠭ᠎ᠠ ᠬᠦᠮᠦᠵᠢᠯ᠎ᠢ ᠦᠷᠨᠢᠬᠦᠯᠬᠦ᠌᠎ᠶ᠋ᠢ ᠲᠡᠮᠵᠢᠬᠦ᠌ ᠵᠡᠷᠭᠡ ᠡᠯ᠎ᠡ ᠵᠦᠢᠯ᠎ᠤᠨ ᠠᠵᠢᠯ᠎ᠳᠤ ᠭᠡᠷᠡᠭ᠌ᠯᠡᠬᠦᠯᠪᠡ᠃
2 ᠰᠠᠷ᠎ᠡ᠎ᠶ᠋ᠢᠨ 19 ᠤ ᠡᠳᠦᠷ᠂ 《ᠪᠦᠬᠦ᠌ ᠤᠷᠤᠨ᠎ᠤ ᠶᠡᠭᠡ ᠲᠡᠭᠡᠳᠤ ᠰᠤᠷᠭᠠᠭᠤᠯᠢ ᠦᠨᠳᠤᠰᠤᠳᠡᠨ᠎ᠤ ᠦᠭᠡ ᠬᠡᠯᠡ᠎ᠪᠠᠷ ᠬᠢᠴᠢᠶᠠᠯᠯᠡᠵᠦ᠍ ᠪᠠᠢᠭ᠎ᠠ ᠲᠤᠮᠳᠠᠳᠤ ᠪᠠᠭ᠎ᠠ ᠰᠤᠷᠭᠠᠭᠤᠯᠢ ᠪᠠ ᠭᠡᠤᠭᠡᠳ᠎ᠤᠨ ᠴᠡᠴᠡᠷᠯᠢᠭ᠎ᠢ ᠴᠡᠭ ᠲᠤᠭ᠍ᠲᠠᠭᠠᠨ ᠬᠠᠪᠰᠤᠷᠤᠨ ᠲᠡᠳᠬᠦᠬᠦ᠌ ᠠᠵᠢᠯ᠎ᠤᠨ ᠲᠦᠰᠦᠯ》 ᠢ ᠲᠠᠷᠤᠮᠠᠯᠯᠠᠨ ᠲᠠᠷᠬᠠᠭᠠᠪᠠ᠂ ᠲᠦᠰᠦᠯ᠎ᠳᠤ᠂ ᠤᠷᠤᠨ᠎ᠤ ᠲᠤᠳᠤᠷᠠᠬᠢ ᠪᠠᠭ᠍ᠰᠢ᠎ᠶ᠋ᠢᠨ ᠲᠦᠷᠦᠯ᠎ᠤᠨ ᠲᠤᠰᠭᠠᠢ ᠮᠡᠷᠭᠡᠵᠢᠯ ᠲᠤᠬᠢᠷᠠᠭᠤᠯᠤᠬ᠍ᠰᠡᠨ 25 ᠶᠡᠭᠡ ᠲᠡᠭᠡᠳᠤ ᠰᠤᠷᠭᠠᠭᠤᠯᠢ᠎ᠶ᠋ᠢᠨ ᠪᠠᠭ᠍ᠰᠢ ᠰᠤᠷᠤᠬ᠍ᠴᠢᠳ᠎ᠢᠶᠠᠷ ᠪᠦᠷᠢᠯᠳᠦᠭ᠌ᠰᠡᠨ ᠵᠢᠭᠠᠨ ᠰᠤᠷᠭᠠᠯᠳᠠ᠎ᠶ᠋ᠢ ᠲᠠᠮᠵᠢᠬᠦ᠌ ᠪᠦᠯᠬᠦᠮ᠎ᠢ ᠪᠠᠢᠭᠤᠯᠵᠤ᠂ ᠬᠢᠴᠢᠶᠠᠯ᠎ᠤᠨ ᠲᠠᠩᠭᠢᠮ᠎ᠤᠨ ᠵᠢᠭᠠᠨ ᠰᠤᠷᠭᠠᠯᠳᠠ᠂ ᠬᠢᠴᠢᠶᠠᠯ᠎ᠤᠨ ᠲᠠᠷᠠᠭᠠᠬᠢ ᠬᠠᠪᠰᠤᠷᠤᠨ ᠵᠢᠯᠤᠭᠤᠳᠤᠯᠭ᠎ᠠ᠂ ᠪᠠᠭ᠍ᠰᠢ᠎ᠶ᠋ᠢᠨ ᠪᠤᠯᠪᠠᠰᠤᠷᠠᠯ᠂ ᠰᠤᠲᠤᠯᠭᠠᠨ᠎ᠤ ᠰᠡᠳᠦᠪ᠎ᠤᠨ ᠪᠤᠭᠤᠮᠳᠠ ᠱᠢᠪᠳᠤᠯᠤᠯᠳᠠ ᠵᠡᠷᠭᠡ᠎ᠪᠠᠷ ᠲᠠᠮᠵᠢᠭᠤᠯᠵᠤ᠂ ᠦᠨᠳᠤᠰᠤᠳᠡᠨ᠎ᠤ ᠦᠭᠡ ᠬᠡᠯᠡ᠎ᠪᠠᠷ ᠬᠢᠴᠢᠶᠠᠯᠯᠡᠵᠤ ᠪᠠᠢᠭ᠎ᠠ ᠲᠤᠮᠳᠠᠳᠤ ᠪᠠᠭ᠎ᠠ ᠰᠤᠷᠭᠠᠭᠤᠯᠢ᠂ ᠭᠡᠤᠭᠡᠳ᠎ᠤᠨ ᠴᠡᠴᠡᠷᠯᠢᠭ᠎ᠢ ᠴᠡᠭ ᠲᠤᠭ᠍ᠲᠠᠭᠠᠨ ᠬᠠᠪᠰᠤᠷᠤᠨ ᠲᠡᠳᠬᠦᠨ᠎ᠡ᠃ ᠡᠬᠦᠨ᠎ᠠᠴᠠ ᠭᠠᠳᠠᠨ᠎ᠡ᠂ 2 ᠰᠠᠷ᠎ᠡ 21 ᠤ ᠡᠳᠤᠷ᠎ᠠᠴᠠ ᠡᠬᠢᠯᠡᠵᠤ᠂ ᠦᠪᠡᠷᠳᠡᠭᠡᠨ ᠵᠠᠰᠠᠬᠤ ᠤᠷᠤᠨ᠎ᠤ ᠰᠤᠷᠭᠠᠨ ᠬᠦᠮᠦᠵᠢᠯ᠎ᠤᠨ ᠲᠢᠩᠭᠢᠮ᠎ᠤᠨ 6 ᠲᠠᠭᠠᠭᠠᠴᠢᠯᠡᠨ ᠬᠤᠯᠪᠤᠭᠠᠯᠠᠬᠤ ᠲᠤᠭᠤᠢ᠍ᠢᠯᠠᠩ ᠨᠢᠭᠡᠨᠳᠠ ᠪᠦᠬᠦᠨ᠎ᠢᠶᠠᠷ᠎ᠢᠶᠠᠨ ᠡᠯ᠎ᠡ ᠠᠢᠮᠠᠭ ᠬᠤᠳᠠ᠎ᠶ᠋ᠢᠨ ᠦᠨᠳᠤᠰᠤᠳᠡᠨ᠎ᠤ ᠦᠭᠡ ᠬᠡᠯᠡ᠎ᠪᠠᠷ ᠬᠢᠴᠢᠶᠠᠯᠯᠡᠵᠦ᠍ ᠪᠠᠢᠭ᠎ᠠ ᠰᠤᠷᠭᠠᠭᠤᠯᠢ᠎ᠳᠤ ᠬᠦᠨᠵᠡᠭᠡᠢᠷᠠᠵᠤ᠂ ᠭᠤᠷᠪᠡᠨ ᠬᠢᠴᠢᠶᠠᠯ ᠲᠦᠷᠦᠯ᠎ᠤᠨ ᠨᠢᠭᠡᠳᠤᠯᠳᠠᠢ ᠨᠠᠢᠷᠠᠭᠤᠯᠤᠬ᠍ᠰᠡᠨ ᠵᠢᠭᠠᠬᠤ ᠮᠠᠲ᠋ᠧᠷᠢᠶᠠᠯ᠎ᠢ ᠲᠡᠯᠭᠡᠷᠡᠬᠦᠯᠤᠨ ᠭᠡᠷᠡᠭ᠌ᠯᠡᠬᠦ᠌ ᠪᠠ ᠤᠯᠤᠰ᠎ᠤᠨ ᠨᠡᠢᠳᠡᠮ ᠭᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠦᠮᠦᠵᠢᠯ᠎ᠤᠨ ᠠᠵᠢᠯ᠎ᠢ ᠪᠦᠬᠦ᠌ ᠲᠠᠯ᠎ᠡ᠎ᠪᠠᠷ ᠵᠢᠯᠤᠭᠤᠳᠴᠤ᠌ ᠪᠠᠢᠨ᠎ᠠ᠃
ᠵᠢᠭᠠᠬᠤ᠎ᠶ᠋ᠢ ᠰᠤᠳᠤᠯᠬᠤ ᠬᠠᠪᠰᠤᠷᠤᠨ ᠵᠢᠯᠤᠭᠤᠳᠭᠤ᠎ᠪᠠᠷ ᠬᠦᠴᠤᠨ ᠨᠠᠮᠠᠷᠢᠯᠠᠵᠤ ᠰᠤᠷᠤᠯᠭ᠎ᠠ᠎ᠶ᠋ᠢᠨ ᠱᠠᠳᠤ᠎ᠶ᠋ᠢ ᠨᠢᠭ᠍ᠲᠠ ᠵᠤᠯᠭᠠᠭᠤᠯᠪᠠ
ᠨᠢᠭᠡᠨᠳᠠ ᠤᠯᠤᠰ᠎ᠤᠨ ᠨᠢᠭᠡᠳᠤᠯᠳᠠᠢ ᠨᠠᠢᠷᠠᠭᠤᠯᠤᠬ᠍ᠰᠡᠨ ᠵᠢᠭᠠᠬᠤ ᠮᠠᠲ᠋ᠧᠷᠢᠶᠠᠯ᠎ᠢ ᠭᠡᠷᠡᠭ᠌ᠯᠡᠭ᠌ᠰᠡᠨ ᠦᠨᠳᠤᠰᠤᠳᠡᠨ᠎ᠤ ᠦᠭᠡ ᠬᠡᠯᠡ᠎ᠪᠠᠷ ᠬᠢᠴᠢᠶᠠᠯᠯᠡᠵᠦ᠍ ᠪᠠᠢᠭ᠎ᠠ ᠰᠤᠷᠭᠠᠭᠤᠯᠢ᠎ᠶ᠋ᠢᠨ ᠰᠤᠷᠤᠬ᠍ᠴᠢᠳ᠎ᠢ ᠭᠡᠷᠬᠢᠨ ᠰᠤᠷᠤᠯᠭ᠎ᠠ᠎ᠪᠠᠨ ᠲᠠᠭᠠᠵᠤ ᠲᠠᠢᠯᠬᠦ᠂ ᠬᠢᠴᠢᠶᠠᠯ᠎ᠢ᠎ᠨᠢ ᠰᠠᠢᠳᠤᠷ ᠵᠤᠯᠭᠠᠭᠤᠯᠬᠤ ᠪᠤᠯ ᠦᠪᠡᠷᠳᠡᠭᠡᠨ ᠵᠠᠰᠠᠬᠤ ᠤᠷᠤᠨ᠎ᠤ ᠡᠯ᠎ᠡ ᠱᠠᠳᠤᠨ᠎ᠤ ᠵᠢᠭᠠᠬᠤ᠎ᠶ᠋ᠢ ᠰᠤᠳᠤᠯᠬᠤ ᠰᠠᠯᠠᠭ᠎ᠠ ᠮᠦᠴᠢᠷ᠎ᠤᠨ ᠭᠡᠰᠡᠭ ᠬᠤᠭᠤᠴᠠᠭᠠᠨ᠎ᠤ ᠲᠤᠷᠱᠢᠬᠢ ᠠᠵᠢᠯ᠎ᠤᠨ ᠭᠤᠤᠯᠳᠠᠯᠭ᠎ᠠ ᠪᠤᠯᠤᠨ᠎ᠡ᠃
ᠭᠤᠷᠪᠡᠨ ᠱᠠᠳᠤᠨ᠎ᠤ ᠵᠢᠭᠠᠬᠤ᠎ᠶ᠋ᠢ ᠰᠤᠳᠤᠯᠬᠤ ᠵᠢᠯᠤᠭᠤᠳᠤᠯᠭ᠎ᠠ᠎ᠶ᠋ᠢᠨ ᠲᠤᠭ᠍ᠳᠠᠴᠠ᠎ᠶ᠋ᠢ ᠪᠠᠢᠭᠤᠯᠵᠦ᠍᠂ ᠪᠠᠭ᠎ᠠ ᠰᠤᠷᠭᠠᠭᠤᠯᠢ᠎ᠠᠴᠠ ᠠᠩᠬ᠎ᠠ ᠳᠤᠮᠳᠠᠳᠤ᠎ᠳᠤ ᠲᠡᠪᠱᠢᠬᠤ᠂ ᠠᠩᠬ᠎ᠠ ᠳᠤᠮᠳᠠᠳᠤ᠎ᠠᠴᠠ ᠦᠨᠳᠦᠷ ᠳᠤᠮᠳᠠᠳᠤ᠎ᠳᠤ ᠲᠡᠪᠱᠢᠬᠤ ᠵᠢᠭᠠᠨ ᠰᠤᠷᠭᠠᠯᠳᠠ᠎ᠶ᠋ᠢ ᠵᠤᠯᠭᠠᠭᠤᠯᠬᠤ ᠵᠢᠯᠤᠭᠤᠳᠤᠯᠭ᠎ᠠ᠎ᠶ᠋ᠢᠨ ᠲᠦᠰᠦᠯ᠎ᠢ ᠰᠤᠳᠤᠯᠤᠨ ᠲᠤᠭ᠍ᠳᠠᠭᠠᠪᠠ᠃ ᠦᠪᠡᠷᠲᠡᠭᠡᠨ ᠵᠠᠰᠠᠬᠤ ᠤᠷᠤᠨ᠎ᠤ ᠵᠢᠭᠠᠬᠤ᠎ᠶ᠋ᠢ ᠰᠤᠳᠤᠯᠬᠤ ᠲᠠᠰᠤᠭ ᠪᠤᠯᠤᠨ ᠠᠷᠠᠳ᠎ᠤᠨ ᠰᠤᠷᠭᠠᠨ ᠬᠦᠮᠦᠵᠢᠯ᠎ᠤᠨ ᠭᠡᠪᠯᠡᠯ᠎ᠤᠨ ᠬᠤᠷᠢᠶ᠎ᠠ ᠵᠡᠷᠭᠡ ᠪᠠᠢᠭᠤᠯᠤᠮᠵᠢ ᠬᠠᠮᠲᠤᠷᠠᠨ ᠴᠡᠴᠡᠷᠯᠢᠭ ᠪᠠᠭ᠎ᠠ ᠰᠤᠷᠭᠠᠭᠤᠯᠢ᠎ᠶ᠋ᠢ ᠵᠤᠯᠭᠠᠭᠤᠯᠬᠤ ᠨᠡᠢᠳᠡᠯᠢᠭ ᠭᠡᠯᠨ ᠬᠡᠯᠡᠵᠤ ᠰᠤᠷᠬᠤ ᠭᠠᠷ ᠲᠠᠪᠳᠡᠷ᠂ ᠦᠨᠳᠦᠰᠦᠳᠡᠨ᠎ᠤ ᠦᠭᠡ ᠭᠡᠯᠡ᠎ᠪᠠᠷ ᠬᠢᠴᠢᠶᠡᠯᠯᠡᠵᠤ ᠪᠠᠢᠭ᠎ᠠ ᠰᠤᠷᠭᠠᠭᠤᠯᠢ᠎ᠶ᠋ᠢᠨ 2 — 8 ᠳ᠋ᠤᠭᠠᠷ ᠤᠨ᠎ᠤ 《ᠭᠡᠯᠡ ᠪᠢᠴᠢᠭ᠎ᠤᠨ ᠤᠩᠱᠢᠬᠤ ᠪᠢᠴᠢᠭ》᠂ ᠡᠷᠳᠡᠨ᠎ᠤ ᠱᠢᠯᠦᠭ ᠳᠠᠭᠤᠯᠠᠯ᠎ᠤᠨ ᠤᠩᠱᠢᠬᠤ ᠪᠢᠴᠢᠭ᠂ ᠨᠢᠭᠡᠳᠦᠯᠳᠠᠢ ᠨᠠᠢᠷᠠᠭᠤᠯᠤᠭ᠍ᠰᠠᠨ 《ᠭᠡᠯᠡ ᠪᠢᠴᠢᠭ》 ᠤᠨ ᠪᠠᠭ᠎ᠠ ᠰᠤᠷᠭᠠᠭᠤᠯᠢ᠎ᠶ᠋ᠢᠨ 1 — 6 ᠳ᠋ᠤᠭᠠᠷ ᠤᠨ᠎ᠤ 12 ᠪᠤᠳᠢ ᠬᠦᠨᠳᠦ ᠦᠭᠡᠰ᠎ᠤᠨ ᠮᠤᠩᠭᠤᠯ ᠬᠢᠳᠠᠳ ᠬᠠᠷᠭᠤᠭᠤᠯᠤᠨ ᠤᠷᠴᠢᠭᠤᠯᠤᠬ᠍ᠰᠠᠨ ᠤᠩᠱᠢᠬᠤ ᠪᠢᠴᠢᠭ᠎ᠢ ᠬᠠᠮᠳᠤᠷᠠᠨ ᠨᠠᠢᠷᠠᠭᠤᠯᠪᠠ᠃
ᠡᠯ᠎ᠠ ᠱᠠᠳᠤᠨ᠎ᠤ ᠵᠢᠭᠠᠬᠤ᠎ᠶ᠋ᠢ ᠰᠤᠳᠤᠯᠬᠤ ᠰᠠᠯᠠᠭ᠎ᠠ ᠮᠦᠴᠢᠷ᠎ᠤᠨ᠎ᠬᠢᠨ ᠡᠯ᠎ᠠ ᠭᠠᠵᠠᠷ᠎ᠤᠨ ᠳᠤᠮᠳᠠᠳᠤ ᠪᠠᠭ᠎ᠠ ᠰᠤᠷᠭᠠᠭᠤᠯᠢ᠎ᠶ᠋ᠢ ᠵᠢᠯᠤᠭᠤᠳᠴᠦ᠍ ᠪᠠᠢᠭᠠᠳ ᠦᠨᠳᠦᠰᠦᠳᠡᠨ᠎ᠤ ᠦᠭᠡ ᠭᠡᠯᠡ᠎ᠪᠠᠷ ᠬᠢᠴᠢᠶᠡᠯᠯᠡᠵᠦ᠍ ᠪᠠᠢᠭ᠎ᠠ ᠳᠤᠮᠳᠠᠳᠤ ᠪᠠᠭ᠎ᠠ ᠰᠤᠷᠭᠠᠭᠤᠯᠢ᠎ᠯᠤᠭ᠎ᠠ ᠵᠢᠭᠠᠬᠤ᠎ᠶ᠋ᠢ ᠰᠤᠳᠤᠯᠬᠤ ᠬᠠᠪᠰᠤᠷᠤᠯᠴᠠᠭ᠎ᠠ ᠪᠠᠢᠭᠤᠯᠬᠤ ᠠᠵᠢᠯᠯᠠᠭ᠎ᠠ ᠦᠷᠨᠢᠬᠦᠯᠵᠦ᠍᠂ ᠲᠤᠭ᠍ᠳᠠᠭ᠍ᠰᠠᠨ ᠬᠤᠭᠤᠴᠠᠭ᠎ᠠ᠎ᠲᠠᠢ᠎ᠪᠠᠷ ᠭᠤᠤᠯᠯᠠᠬ᠍ᠴᠢ ᠪᠠᠭ᠍ᠰᠢ ᠪᠠ ᠵᠢᠭᠠᠬᠤ᠎ᠶ᠋ᠢ ᠰᠤᠳᠤᠯᠤᠬ᠍ᠴᠢ᠎ᠶ᠋ᠢ ᠰᠤᠩᠭᠤᠨ ᠲᠤᠮᠢᠯᠠᠵᠦ᠍ ᠬᠢᠴᠢᠶᠡᠯ᠎ᠤᠨ ᠲᠠᠩᠬᠢᠮ᠎ᠳᠤ ᠬᠦᠨᠵᠡᠭᠡᠢᠷᠡᠬᠦᠯᠦᠨ ᠬᠢᠴᠢᠶᠡᠯ ᠰᠤᠨᠤᠰᠤᠨ ᠦᠨᠡᠯᠡᠬᠦ᠂ ᠬᠢᠴᠢᠶᠡᠯ ᠪᠡᠯᠡᠳᠭᠡᠬᠦ᠌᠎ᠶ᠋ᠢ ᠬᠠᠪᠰᠤᠷᠤᠨ ᠵᠢᠯᠤᠭᠤᠳᠭᠤ ᠠᠵᠢᠯᠯᠠᠭ᠎ᠠ ᠦᠷᠨᠢᠬᠦᠯᠦᠨ᠂ ᠪᠠᠭ᠍ᠰᠢ᠎ᠶ᠋ᠢ ᠬᠠᠪᠰᠤᠷᠤᠨ ᠡᠷᠡᠭᠡᠯᠵᠡᠭᠡ᠎ᠲᠠᠢ ᠠᠰᠠᠭᠤᠳᠠᠯ᠎ᠢ ᠬᠠᠷᠢᠭᠤᠯᠤᠨ ᠦᠭ᠌ᠴᠦ ᠬᠦᠴᠢᠷᠳᠡᠯ᠎ᠢ᠎ᠨᠢ ᠱᠢᠢᠳᠪᠤᠷᠢᠯᠡᠵᠠᠢ᠃
ᠢᠵᠢᠯᠢ ᠠᠯᠬᠤᠮ᠎ᠳᠦ ᠬᠢᠴᠢᠶᠡᠯ᠎ᠤᠨ ᠡᠬᠢ ᠪᠠᠶᠠᠯᠢᠭ᠎ᠤᠨ ᠪᠦᠳᠦᠭᠡᠨ ᠪᠠᠢᠭᠤᠯᠤᠯᠳᠠ᠎ᠶ᠋ᠢ ᠦᠷᠨᠢᠬᠦᠯᠵᠦ᠍᠂ ᠵᠢᠭᠠᠬᠤ᠎ᠶ᠋ᠢ ᠰᠤᠲᠤᠯᠤᠭ᠍ᠴᠢ ᠪᠠ ᠭᠤᠤᠯᠯᠠᠬ᠍ᠴᠢ ᠪᠠᠭ᠍ᠰᠢ᠎ᠶ᠋ᠢ ᠵᠤᠬᠢᠶᠠᠨ ᠪᠠᠢᠭᠤᠯᠵᠦ᠍ ᠦᠨᠳᠦᠰᠦᠳᠡᠨ᠎ᠤ ᠦᠭᠡ ᠭᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠤᠯᠤᠰ᠎ᠤᠨ ᠨᠢᠭᠡᠳᠦᠯᠳᠠᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠲᠠᠢ ᠢᠵᠢᠯᠢ ᠠᠯᠬᠤᠮᠲᠦ ᠬᠢᠴᠢᠶᠡᠯ᠎ᠤᠨ ᠡᠬᠢ ᠪᠡᠶᠡᠯᠢᠬᠢ ᠵᠤᠬᠢᠶᠠᠨ ᠦᠢᠯᠡᠳᠪᠡ᠂ ᠤᠳᠤ ᠨᠢᠭᠡᠨᠳᠠ ᠪᠦᠬᠦᠨ᠎ᠢ ᠱᠢᠩᠭᠡᠭᠡᠨ ᠦᠢᠯᠡᠳᠴᠦ᠍ ᠳᠠᠭᠤᠰᠪᠠ᠂ ᠤᠲᠤ ᠪᠠᠭ᠍ᠰᠢ ᠪᠠ ᠰᠤᠷᠤᠬ᠍ᠴᠢᠳ ᠡᠨᠡ ᠬᠦ᠌ ᠡᠬᠢ ᠪᠠᠶᠠᠯᠢᠭ᠎ᠢ ᠬᠡᠵᠢᠶ᠎ᠡ ᠴᠤ᠌ ᠭᠡᠰᠡᠨ ᠪᠠᠷᠢᠨ ᠭᠡᠷᠡᠭ᠌ᠯᠡᠵᠦ᠍ ᠪᠤᠯᠤᠨ᠎ᠠ᠃
ᠡᠯ᠎ᠠ ᠠᠢᠮᠠᠬ ᠬᠤᠳᠠ᠎ᠶ᠋ᠢᠨ ᠵᠢᠭᠠᠬᠤ᠎ᠶ᠋ᠢ ᠰᠤᠳᠤᠯᠬᠤ ᠲᠠᠰᠤᠭ ᠲᠤᠰ ᠭᠠᠵᠠᠷ᠎ᠤᠨ ᠪᠤᠳᠠᠳᠠᠢ᠎ᠲᠠᠢ᠎ᠪᠠᠨ ᠤᠶᠠᠯᠳᠤᠭᠤᠯᠵᠦ᠍᠂ ᠠᠳᠠᠯᠢ ᠪᠤᠰᠤ ᠤᠨ᠎ᠤ ᠱᠠᠳᠤᠨ᠎ᠤ ᠪᠠᠴᠢᠮ ᠭᠡᠷᠡᠭ᠌ᠰᠡᠬᠦ᠌ ᠤᠷᠤᠨ ᠨᠤᠳᠤᠭ᠎ᠤᠨ ᠴᠢᠨᠠᠷᠳᠠᠢ ᠬᠠᠪᠰᠤᠷᠤᠨ ᠵᠢᠯᠤᠭᠤᠳᠭᠤ ᠵᠢᠭᠠᠨ ᠰᠤᠷᠭᠠᠯᠳᠠ᠎ᠶ᠋ᠢᠨ ᠪᠠᠭᠠᠵᠢ᠎ᠶ᠋ᠢ ᠨᠡᠭᠡᠭᠡᠨ ᠦᠢᠯᠡᠳᠪᠠ᠃ ᠬᠦᠬᠡᠬᠤᠳᠠ᠎ᠶ᠋ᠢᠨ ᠵᠢᠭᠠᠬᠤ᠎ᠶ᠋ᠢ ᠰᠤᠳᠤᠯᠬᠤ ᠲᠠᠰᠤᠬ᠎ᠤᠨ᠎ᠬᠢᠨ ᠵᠠᠭᠤ ᠭᠠᠷᠤᠢ ᠭᠤᠤᠯᠯᠠᠬ᠍ᠴᠢ ᠪᠠᠭ᠍ᠰᠢ᠎ᠶ᠋ᠢ ᠵᠤᠬᠢᠶᠠᠨ ᠪᠠᠢᠭᠤᠯᠵᠦ᠍ 《ᠡᠷᠳᠡᠨ᠎ᠤ ᠱᠢᠯᠦᠭ ᠵᠤᠬᠢᠶᠠᠯ᠎ᠢ ᠰᠤᠷᠤᠯᠴᠠᠬᠤ ᠤᠩᠱᠢᠬᠤ ᠪᠢᠴᠢᠭ》 《ᠪᠠᠭ᠎ᠠ ᠰᠤᠷᠭᠠᠭᠤᠯᠢ᠎ᠶ᠋ᠢᠨ ᠬᠢᠴᠢᠶᠡᠯ᠎ᠤᠨ ᠭᠠᠳᠠᠨᠠᠬᠢ ᠬᠡᠯᠡ ᠪᠢᠴᠢᠭ᠎ᠤᠨ ᠤᠩᠱᠢᠯᠭ᠎ᠠ᠎ᠶ᠋ᠢᠨ ᠭᠠᠷ ᠠᠪᠤᠯᠭ᠎ᠠ》 ᠶ᠋ᠢ ᠨᠠᠢᠷᠠᠭᠤᠯᠤᠨ ᠪᠢᠴᠢᠵᠦ᠍᠂ ᠪᠠᠭ᠎ᠠ ᠰᠤᠷᠭᠠᠭᠤᠯᠢ᠎ᠶ᠋ᠢᠨ ᠱᠠᠳᠤᠨ᠎ᠤ ᠮᠡᠳᠡᠯᠭᠡ᠎ᠶ᠋ᠢᠨ ᠳᠤᠳᠠᠭᠤᠳᠠᠯ᠎ᠢ ᠴᠢᠷᠮᠠᠢᠨ ᠨᠦᠬᠦᠪᠦᠷᠢᠯᠡᠵᠦ᠍ ᠪᠤᠢ; ᠲᠦᠩᠯᠢᠶᠤᠤ ᠬᠤᠳᠠ ᠪᠠ ᠤᠯᠠᠭᠠᠨᠴᠠᠪ ᠬᠤᠳᠠ᠎ᠶ᠋ᠢᠨ ᠵᠢᠭᠠᠬᠤ᠎ᠶ᠋ᠢ ᠰᠤᠳᠤᠯᠬᠤ ᠲᠠᠰᠤᠭ᠎ᠤᠨ᠎ᠬᠢᠨ ᠪᠠᠭ᠍ᠰᠢ ᠪᠠ ᠵᠢᠭᠠᠬᠤ᠎ᠶ᠋ᠢ ᠰᠤᠳᠤᠯᠤᠬ᠍ᠴᠢ᠎ᠶ᠋ᠢ ᠵᠤᠬᠢᠶᠠᠨ ᠪᠠᠢᠭᠤᠯᠵᠦ᠍᠂ ᠪᠠᠭ᠎ᠠ ᠰᠤᠷᠭᠠᠭᠤᠯᠢ ᠪᠠ ᠠᠩᠬ᠎ᠠ ᠳᠤᠮᠳᠠᠳᠤ᠎ᠶ᠋ᠢ ᠵᠤᠯᠭᠠᠭᠤᠯᠬᠤ ᠨᠦᠬᠦᠵᠦ᠍ ᠰᠤᠷᠬᠤ ᠪᠠ ᠵᠦᠷᠢᠶ᠎ᠠ᠎ᠶ᠋ᠢ ᠨᠦᠬᠦᠬᠦ᠌ ᠵᠢᠯᠤᠭᠤᠳᠤᠯᠭ᠎ᠠ᠎ᠶ᠋ᠢᠨ ᠰᠠᠨᠠᠭᠤᠯᠭ᠎ᠠ ᠪᠠ ᠤᠨ ᠬᠤᠪᠢᠶᠠᠨ ᠵᠢᠭᠠᠨ ᠰᠤᠷᠭᠠᠬᠤ ᠵᠢᠯᠤᠭᠤᠳᠤᠯᠭ᠎ᠠ᠎ᠶ᠋ᠢᠨ ᠰᠠᠨᠠᠭᠤᠯᠭ᠎ᠠ᠎ᠶ᠋ᠢ ᠲᠤᠭ᠍ᠳᠠᠭᠠᠵᠦ᠍᠂ ᠪᠠᠭ᠍ᠰᠢ ᠨᠠᠷ᠎ᠤᠨ ᠵᠢᠭᠠᠬᠤ ᠮᠠᠲ᠋ᠧᠷᠢᠶᠠᠯ᠎ᠢ ᠡᠵᠡᠮᠳᠡᠵᠦ᠍᠂ ᠬᠢᠴᠢᠶᠡᠯ᠎ᠢᠶᠠᠨ ᠴᠢᠨᠠᠷ ᠰᠠᠢᠳᠠᠢ ᠤᠷᠤᠬᠤ᠎ᠳᠤᠨᠢ ᠬᠠᠪᠰᠤᠷᠪᠠ; ᠤᠯᠠᠭᠠᠨᠬᠠᠳᠠ ᠬᠤᠳᠠ᠎ᠶ᠋ᠢᠨ ᠵᠢᠭᠠᠬᠤ᠎ᠶ᠋ᠢ ᠰᠤᠳᠤᠯᠬᠤ ᠲᠠᠰᠤᠭ᠎ᠤᠨ᠎ᠬᠢᠨ ᠪᠠᠭ᠎ᠠ ᠰᠤᠷᠭᠠᠭᠤᠯᠢ᠎ᠶ᠋ᠢᠨ ᠱᠠᠳᠤᠨ᠎ᠤ ᠮᠡᠳᠡᠯᠭᠡ᠎ᠶ᠋ᠢ ᠵᠤᠯᠭᠠᠭᠤᠯᠬᠤ ᠤᠩᠱᠢᠬᠤ ᠵᠤᠬᠢᠶᠠᠯ᠎ᠤᠨ ᠰᠤᠩᠭᠤᠮᠠᠯ᠎ᠤᠨ ᠭᠠᠷᠴᠠᠭ᠎ᠢ ᠨᠠᠢᠷᠠᠭᠤᠯᠤᠨ ᠵᠤᠬᠢᠶᠠᠵᠦ᠍᠂ ᠡᠯ᠎ᠠ ᠭᠠᠵᠠᠷ᠎ᠤᠨ᠎ᠬᠢᠨ᠎ᠢ ᠤᠨᠤᠴᠠᠳᠠᠢ ᠵᠢᠯᠤᠭᠤᠳᠤᠨ ᠵᠤᠯᠭᠠᠭᠤᠯᠬᠤ ᠠᠵᠢᠯ᠎ᠢ ᠰᠠᠢᠳᠤᠷ ᠬᠢᠵᠦ᠍ ᠪᠤᠢ; ᠬᠢᠩᠭᠠᠨ ᠠᠢᠮᠠᠬ᠎ᠤᠨ ᠵᠢᠭᠠᠬᠤ᠎ᠶ᠋ᠢ ᠰᠤᠳᠤᠯᠬᠤ ᠲᠠᠰᠤᠭ᠎ᠤᠨ᠎ᠬᠢᠨ ᠭᠤᠷᠪᠡᠨ ᠬᠢᠴᠢᠶᠡᠯ ᠲᠦᠷᠦᠯ᠎ᠤᠨ ᠵᠢᠭᠠᠬᠤ ᠮᠠᠲ᠋ᠧᠷᠢᠶᠠᠯ᠎ᠢ ᠤᠨ᠎ᠤ ᠱᠠᠳᠤ ᠬᠤᠪᠢᠶᠠᠨ ᠵᠢᠭᠠᠬᠤ ᠰᠤᠷᠭᠠᠬᠤ ᠦᠨᠳᠦᠰᠦᠨ ᠱᠠᠭᠠᠷᠳᠠᠯᠭ᠎ᠠ᠎ᠶ᠋ᠢ ᠨᠠᠢᠷᠠᠭᠤᠯᠤᠨ ᠲᠤᠭ᠍ᠳᠠᠭᠠᠪᠠ᠃
ᠦᠪᠡᠷᠲᠡᠭᠡᠨ ᠵᠠᠰᠠᠬᠤ ᠤᠷᠤᠨ᠎ᠤ ᠰᠤᠷᠭᠠᠨ ᠬᠦᠮᠦᠵᠢᠯ᠎ᠤᠨ ᠲᠢᠩᠬᠢᠮ᠎ᠤᠨ᠎ᠬᠢᠨ ᠵᠢᠭᠠᠬᠤ ᠮᠠᠲ᠋ᠧᠷᠢᠶᠠᠯ᠎ᠢ ᠪᠠᠳᠤᠯᠠᠬᠤ ᠤᠳᠤᠷᠢᠳᠭᠤ ᠲᠤᠭᠤᠢ᠍ᠢᠯᠠᠩ ᠪᠠᠢᠭᠤᠯᠵᠦ᠍᠂ ᠨᠠᠷᠢᠨ ᠨᠢᠬ᠍ᠳᠠ ᠪᠠᠳᠤᠯᠠᠭᠠᠨᠤ ᠠᠷᠭ᠎ᠠ ᠭᠡᠮᠵᠢᠶ᠎ᠠ ᠲᠤᠭ᠍ᠳᠠᠭᠠᠨ᠂ ᠬᠤᠯᠪᠤᠭ᠍ᠳᠠᠯ ᠪᠦᠬᠦᠢ ᠰᠠᠯᠠᠭ᠎ᠠ ᠮᠦᠴᠢᠷ᠎ᠯᠦᠭᠡ᠎ᠶ᠋ᠢᠨ ᠵᠤᠬᠢᠴᠠᠭᠤᠯᠭ᠎ᠠ᠎ᠪᠠᠨ ᠴᠢᠩᠭᠠᠳᠭᠠᠵᠦ᠍᠂ ᠪᠦᠬᠦ᠌ ᠤᠷᠤᠨ᠎ᠤ ᠦᠨᠳᠦᠰᠦᠳᠡᠨ᠎ᠤ ᠦᠭᠡ ᠭᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠭᠤᠷᠪᠡᠨ ᠬᠢᠴᠢᠶᠡᠯ ᠲᠦᠷᠦᠯ᠎ᠤᠨ ᠵᠢᠭᠠᠬᠤ ᠮᠠᠲ᠋ᠧᠷᠢᠶᠠᠯ ᠪᠠ ᠵᠢᠭᠠᠨ ᠰᠤᠷᠭᠠᠯᠳᠠ᠎ᠶ᠋ᠢᠨ ᠬᠠᠪᠰᠤᠷᠤᠨ ᠵᠢᠯᠤᠭᠤᠳᠭᠤ ᠮᠠᠲ᠋ᠧᠷᠢᠶᠠᠯ᠎ᠢ ᠬᠠᠪᠤᠷ᠎ᠤᠨ ᠤᠯᠠᠷᠢᠯ᠎ᠤᠨ ᠰᠤᠷᠭᠠᠭᠤᠯᠢ ᠡᠬᠢᠯᠡᠲᠡᠯ᠎ᠡ ᠪᠤᠳᠠᠳᠠᠢ ᠭᠠᠵᠠᠷ᠎ᠲᠤᠨᠢ ᠤᠷᠤᠭ᠍ᠰᠢᠲᠠᠢ ᠬᠦᠷᠭᠡᠬᠦ᠌᠎ᠶ᠋ᠢ ᠪᠠᠳᠤᠯᠠᠵᠦ᠍ ᠪᠠᠢᠨ᠎ᠠ᠃
ᠦᠵᠡᠯ ᠰᠠᠨᠠᠭ᠎ᠠ ᠨᠢᠭᠡᠳᠦᠯᠳᠠᠢ ᠪᠠᠢᠬᠤ᠂ ᠪᠠᠭ᠍ᠰᠢ᠎ᠶ᠋ᠢᠨ ᠬᠦᠴᠦᠨ ᠪᠠᠳᠤᠯᠠᠭ᠎ᠠ᠎ᠲᠠᠢ ᠪᠠᠢᠬᠤ᠂ ᠵᠢᠭᠠᠬᠤ᠎ᠶ᠋ᠢ ᠰᠤᠳᠤᠯᠬᠤ ᠵᠢᠭᠠᠨ ᠰᠤᠷᠭᠠᠯᠳᠠ᠎ᠶ᠋ᠢ ᠬᠠᠪᠰᠤᠷᠤᠨ ᠵᠢᠯᠤᠭᠤᠳᠭᠤ᠎ᠶ᠋ᠢ ᠪᠤᠳᠠᠳᠠᠢ ᠨᠠᠢᠳᠠᠪᠤᠷᠢᠵᠢᠭᠤᠯᠵᠦ᠍᠂ ᠭᠤᠷᠪᠡᠨ ᠬᠢᠴᠢᠶᠡᠯ ᠲᠦᠷᠦᠯ᠎ᠤᠨ ᠨᠢᠭᠡᠳᠦᠯᠳᠠᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠬᠦᠯᠦᠨ ᠭᠡᠷᠡᠭ᠌ᠯᠡᠬᠦ᠌ ᠪᠠ ᠤᠯᠤᠰ᠎ᠤᠨ ᠨᠡᠢᠳᠡᠮ ᠭᠡᠷᠡᠭ᠌ᠯᠡᠬᠦ᠌ ᠦᠭᠡ ᠭᠡᠯᠡ ᠦᠰᠦᠭ ᠪᠢᠴᠢᠭ᠎ᠤᠨ ᠰᠤᠷᠭᠠᠨ ᠬᠦᠮᠦᠵᠢᠯ᠎ᠤᠨ ᠵᠢᠭᠠᠨ ᠰᠤᠷᠭᠠᠯᠳᠠ᠎ᠶ᠋ᠢᠨ ᠠᠵᠢᠯ ᠥᠪᠦᠷ ᠮᠤᠩᠭᠤᠯ᠎ᠤᠨ ᠡᠯ᠎ᠠ ᠭᠠᠵᠠᠷ᠎ᠲᠤ ᠡᠮᠬᠢ ᠵᠢᠷᠤᠮ᠎ᠲᠠᠢ ᠶᠠᠪᠤᠬ᠍ᠳᠠᠵᠦ᠍ ᠪᠤᠢ᠃
ᠡᠨᠡ ᠵᠢᠯ᠎ᠤᠨ 1 ᠰᠠᠷ᠎ᠠ᠎ᠶ᠋ᠢᠨ ᠡᠬᠢ᠎ᠪᠠᠷ᠂ ᠰᠤᠷᠭᠠᠨ ᠬᠦᠮᠦᠵᠢᠯ᠎ᠤᠨ ᠶᠠᠮᠤᠨ᠎ᠠᠴᠠ ᠲᠤᠰᠭᠠᠢ ᠮᠡᠷᠭᠡᠵᠢᠯᠳᠠᠨᠢ ᠵᠤᠬᠢᠶᠠᠨ ᠪᠠᠢᠭᠤᠯᠵᠦ᠍ ᠱᠢᠯᠢ᠎ᠶ᠋ᠢᠨ ᠭᠤᠤᠯ ᠠᠢᠮᠠᠬ᠎ᠤᠨ ᠱᠢᠯᠤᠭᠤᠨ ᠬᠦᠭᠡ ᠬᠤᠱᠢᠭᠤ᠂ ᠱᠢᠯᠤᠭᠤᠨ ᠬᠦᠪᠡᠭᠡᠳᠦ ᠴᠠᠭᠠᠨ ᠬᠤᠱᠢᠭᠤ᠎ᠳᠤ ᠤᠯᠤᠰ᠎ᠤᠨ ᠭᠤᠷᠪᠡᠨ ᠬᠢᠴᠢᠶᠡᠯ ᠲᠦᠷᠦᠯ᠎ᠤᠨ ᠨᠢᠭᠡᠳᠦᠯᠳᠠᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠭᠡᠷᠡᠭ᠌ᠯᠡᠬᠦ᠌ ᠠᠵᠢᠯ᠎ᠢ ᠦᠷᠨᠢᠬᠦᠯᠦᠭ᠌ᠰᠡᠨ ᠲᠤᠬᠠᠢ ᠡᠷᠬᠢᠨ ᠬᠠᠷᠠᠬᠤ ᠪᠠᠢᠴᠠᠭᠠᠯᠳᠠ ᠬᠢᠪᠠ᠃ ᠪᠠᠢᠴᠠᠭᠠᠯᠳᠠ ᠬᠢᠬᠦ᠌ ᠬᠤᠭᠤᠴᠠᠭᠠᠨ᠎ᠳᠤ᠂ ᠲᠤᠰᠭᠠᠢ ᠮᠡᠷᠭᠡᠵᠢᠯᠳᠠᠨ᠎ᠤ ᠲᠤᠭᠤᠢ᠍ᠢᠯᠠᠩ᠎ᠠᠴᠠ ᠭᠤᠷᠪᠡᠨ ᠬᠢᠴᠢᠶᠡᠯ ᠲᠦᠷᠦᠯ᠎ᠤᠨ ᠪᠠᠭ᠍ᠰᠢ᠎ᠶ᠋ᠢᠨ ᠶᠠᠷᠢᠯᠴᠠᠬᠤ ᠬᠤᠷᠠᠯ᠂ ᠬᠤᠯᠪᠤᠭ᠍ᠳᠠᠯ ᠪᠦᠬᠦᠢ ᠰᠤᠷᠭᠠᠭᠤᠯᠢ᠎ᠶ᠋ᠢᠨ ᠰᠤᠷᠤᠬ᠍ᠴᠢ ᠪᠠ ᠭᠡᠷ᠎ᠤᠨ ᠠᠬᠠᠮᠠᠳ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠵᠦ᠍᠂ ᠰᠤᠷᠤᠬ᠍ᠴᠢᠳ᠎ᠤᠨ ᠭᠡᠷ᠎ᠢᠶᠠᠷ ᠬᠦᠷᠴᠦ᠍᠂ ᠪᠠᠢᠴᠠᠭᠠᠯᠳᠠ᠎ᠶ᠋ᠢᠨ ᠬᠠᠭᠤᠳᠠᠰᠤ ᠳᠠᠷᠬᠠᠭᠠᠨ᠂ ᠬᠢᠴᠢᠶᠡᠯ᠎ᠤᠨ ᠲᠠᠩᠬᠢᠮ᠎ᠳᠤ ᠤᠷᠤᠨ ᠬᠢᠴᠢᠶᠡᠯ ᠰᠤᠨᠤᠰᠭᠤ᠎ᠶ᠋ᠢᠨ ᠬᠠᠮᠳᠦ ᠪᠠᠭ᠍ᠰᠢ ᠨᠠᠷ᠎ᠤᠨ ᠤᠯᠤᠰ᠎ᠤᠨ ᠨᠡᠢᠳᠡᠮ ᠭᠡᠷᠡᠭ᠌ᠯᠡᠬᠦ᠌ ᠦᠭᠡ ᠭᠡᠯᠡ ᠦᠰᠦᠭ ᠪᠢᠴᠢᠭ᠎ᠤᠨ ᠲᠦᠪᠱᠢᠨ᠎ᠳᠤ ᠲᠤᠬᠠᠢ᠎ᠶ᠋ᠢᠨ ᠲᠠᠯᠠᠪᠠᠢ᠎ᠶ᠋ᠢᠨ ᠱᠢᠯᠭᠠᠯᠲᠠ ᠬᠢᠪᠠ᠃ ᠲᠤᠰᠭᠠᠢ ᠮᠡᠷᠭᠡᠵᠢᠯᠳᠠᠨ᠎ᠤ ᠦᠵᠡᠬᠦ᠌᠎ᠪᠠᠷ᠂ ᠨᠢᠭᠡ ᠰᠤᠷᠤᠯᠭ᠎ᠠ᠎ᠶ᠋ᠢᠨ ᠬᠤᠭᠤᠴᠠᠭᠠᠨ᠎ᠤ ᠰᠤᠷᠤᠯᠴᠠᠯᠭ᠎ᠠ᠎ᠪᠠᠷ ᠳᠠᠮᠵᠢᠵᠦ᠍᠂ ᠨᠢᠭᠡᠳᠦᠯᠳᠠᠢ ᠨᠠᠢᠷᠠᠭᠤᠯᠤᠭ᠍ᠰᠠᠨ 《ᠭᠡᠯᠡ ᠪᠢᠴᠢᠭ》 ᠤᠨ ᠵᠢᠭᠠᠬᠤ ᠮᠠᠲ᠋ᠧᠷᠢᠶᠠᠯ᠎ᠤᠨ ᠵᠢᠭᠠᠨ ᠰᠤᠷᠭᠠᠯᠳᠠ᠎ᠶ᠋ᠢᠨ ᠦᠷ᠎ᠠ ᠪᠦᠳᠦᠮᠵᠢ ᠢᠯᠡᠷᠭᠡᠢ ᠰᠠᠢᠵᠢᠷᠠᠵᠦ᠍᠂ ᠦᠪᠡᠷᠲᠡᠭᠡᠨ ᠵᠠᠰᠠᠬᠤ ᠤᠷᠤᠨ᠎ᠤ ᠰᠤᠷᠭᠠᠨ ᠬᠦᠮᠦᠵᠢᠯ᠎ᠤᠨ ᠵᠠᠰᠠᠬ ᠵᠠᠬᠢᠷᠭᠠᠨ᠎ᠤ ᠰᠠᠯᠠᠭ᠎ᠠ ᠮᠦᠴᠢᠷ᠂ ᠪᠠᠭ᠍ᠰᠢ ᠪᠠ ᠭᠡᠷ᠎ᠤᠨ ᠠᠬᠠᠮᠠᠳ᠎ᠤᠨ ᠤᠯᠤᠰ᠎ᠤᠨ ᠨᠢᠭᠡᠳᠦᠯᠳᠠᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠭᠡᠷᠡᠭ᠌ᠯᠡᠬᠦ᠌ ᠲᠤᠬᠠᠢ ᠦᠵᠡᠯ ᠰᠠᠨᠠᠭᠠᠨ᠎ᠤ ᠲᠠᠨᠢᠯᠳᠠ ᠴᠢᠨᠠᠬ᠍ᠰᠢᠳᠠ ᠳᠡᠭᠡᠭ᠌ᠰᠢᠯᠡᠨ᠂ ᠡᠯ᠎ᠠ ᠵᠦᠢᠯ᠎ᠤᠨ ᠠᠵᠢᠯ ᠪᠤᠳᠠᠳᠦ ᠴᠢᠨᠠᠷᠳᠠᠢ ᠠᠬᠢᠯᠳᠠ᠎ᠲᠠᠢ ᠪᠤᠯᠵᠠᠢ ᠭᠡᠵᠦ᠍ ᠦᠵᠡᠪᠡ᠃
《ᠤᠯᠤᠰ᠎ᠤᠨ ᠨᠢᠭᠡᠳᠦᠯᠳᠠᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠬᠦᠯᠦᠨ ᠭᠡᠷᠡᠭ᠌ᠯᠡᠬᠦ᠌᠎ᠪᠠᠷ ᠳᠠᠮᠵᠢᠭᠤᠯᠤᠨ᠂ ᠪᠢᠳᠠ ᠲᠠᠯ᠎ᠠ ᠨᠤᠳᠤᠭ᠎ᠲᠤ ᠦᠨᠳᠦᠰᠦᠯᠡᠭ᠌ᠰᠡᠨ᠂ ᠬᠡᠬᠦᠳᠡᠭ ᠴᠡᠭᠡᠵᠢᠨ᠎ᠠ ᠡᠭᠡ ᠤᠯᠤᠰ᠎ᠢᠶᠠᠨ ᠪᠤᠳᠤᠬ᠍ᠰᠠᠨ᠂ ᠲᠡᠯᠡᠬᠡᠢ ᠳ᠋ᠠᠬᠢᠨ᠎ᠢ ᠬᠠᠷᠠᠭ᠍ᠰᠠᠠ ᠬᠢᠷᠢ ᠲᠡᠩᠴᠡᠭ᠌ᠰᠡᠨ ᠴᠢᠳᠠᠪᠤᠷᠢᠳᠠᠨ᠎ᠢ ᠬᠦᠮᠦᠵᠢᠬᠦᠯᠬᠦ᠌ ᠭᠡᠷᠡᠭ᠌ᠲᠡᠢ》 ᠭᠡᠵᠦ᠍ ᠤᠯᠠᠭᠠᠨᠬᠤᠳᠠ᠎ᠶ᠋ᠢᠨ ᠮᠤᠩᠭᠤᠯ ᠦᠨᠳᠦᠰᠦᠳᠡᠨ᠎ᠤ ᠪᠠᠭ᠎ᠠ ᠰᠤᠷᠭᠠᠭᠤᠯᠢ᠎ᠶ᠋ᠢᠨ ᠵᠠᠬᠢᠷᠤᠯ ᠪᠤᠤ ᠶᠦᠩ ᠮᠸᠢ ᠭᠡᠯᠡᠨ᠎ᠠ᠃
ᠨᠢᠭᠡ ᠰᠤᠷᠤᠯᠭ᠎ᠠ᠎ᠶ᠋ᠢᠨ ᠬᠤᠭᠤᠴᠠᠭᠠᠨ᠎ᠤ ᠰᠤᠷᠤᠯᠴᠠᠯᠭ᠎ᠠ᠎ᠪᠠᠷ ᠳᠠᠮᠵᠢᠵᠦ᠍᠂ ᠤᠷᠳᠤᠰ ᠬᠤᠳᠠ᠎ᠶ᠋ᠢᠨ ᠡᠵᠡᠨ ᠬᠤᠷᠤᠭ᠎ᠠ ᠬᠤᠱᠢᠭᠤᠨ᠎ᠤ ᠮᠤᠩᠭᠤᠯ ᠦᠨᠳᠦᠰᠦᠳᠡᠨ᠎ᠤ ᠪᠠᠭ᠎ᠠ ᠰᠤᠷᠭᠠᠭᠤᠯᠢ᠎ᠶ᠋ᠢᠨ ᠨᠢᠭᠡᠳᠦᠭᠡᠷ ᠤᠨ᠎ᠤ ᠰᠤᠷᠤᠬ᠍ᠴᠢ ᠴᠡᠭᠡᠨ᠎ᠤ ᠡᠵᠢ᠎ᠨᠢ ᠭᠡᠦᠭᠡᠳ᠎ᠤᠨ᠎ᠢᠶᠠᠨ ᠰᠤᠷᠤᠯᠴᠠᠯᠭ᠎ᠠ᠎ᠳᠤ ᠢᠳᠡᠭᠡᠯ ᠲᠡᠬᠦᠯᠳᠡᠷ ᠪᠠᠢᠵᠤ᠄ 《ᠭᠡᠦᠭᠡᠳ ᠮᠢᠨᠢ ᠦᠰᠦᠭ ᠲᠠᠨᠢᠬᠤ᠂ ᠶᠠᠷᠢᠯᠴᠠᠵᠤ ᠰᠤᠯᠢᠯᠴᠠᠬᠤ᠂ ᠮᠡᠳᠡᠯᠭᠡ ᠮᠡᠳᠡᠴᠡ ᠵᠡᠷᠭᠡ ᠲᠠᠯ᠎ᠠ᠎ᠪᠠᠷ ᠴᠦᠮ ᠮᠠᠰᠢ ᠶᠡᠭᠡ ᠳᠡᠭᠡᠭ᠌ᠰᠢᠯᠡᠯᠳᠠᠲᠠᠢ ᠪᠤᠯᠵᠠᠢ᠂ ᠬᠤᠢᠱᠢᠳᠠ ᠨᠡᠩ ᠰᠠᠢᠨ ᠰᠤᠷᠴᠤ᠌ ᠲᠡᠢᠯᠦᠨ᠎ᠡ ᠭᠡᠳᠡᠭ᠎ᠲᠤ ᠢᠳᠡᠭᠡᠯᠳᠠᠢ ᠪᠠᠢᠨ᠎ᠠ》 ᠭᠡᠪᠡ᠃
ᠬᠦᠬᠡᠬᠤᠳᠠ᠎ᠶ᠋ᠢᠨ ᠮᠤᠩᠭᠤᠯ ᠦᠨᠳᠦᠰᠦᠳᠡᠨ᠎ᠤ ᠰᠤᠷᠭᠠᠭᠤᠯᠢ᠎ᠶ᠋ᠢᠨ ᠠᠩᠬ᠎ᠠ ᠲᠤᠮᠲᠠᠳᠦᠶ᠋ᠢᠨ ᠨᠢᠭᠡᠳᠦᠭᠡᠷ ᠤᠨ᠎ᠤ ᠭᠤᠷᠪᠠᠳᠤᠭᠠᠷ ᠠᠩᠬᠢ᠎ᠶ᠋ᠢᠨ ᠰᠤᠷᠤᠬ᠍ᠴᠢ ᠸᠠᠩ ᠮᠸᠢ ᠯᠢ ᠴᠦ᠍ ᠭᠡᠯᠡ ᠪᠢᠴᠢᠭ᠎ᠤᠨ ᠬᠢᠴᠢᠶᠡᠯ᠎ᠳᠡᠭᠡᠨ ᠮᠠᠰᠢ ᠲᠤᠷ᠎ᠠ ᠪᠠᠬᠠᠲᠠᠢ ᠪᠤᠯᠵᠠᠢ᠃ ᠲᠡᠷᠡ᠄ 《ᠨᠢᠭᠡᠳᠦᠯᠳᠠᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠠᠭᠤᠯᠭ᠎ᠠ᠎ᠨᠢ ᠡᠯᠪᠡᠭ᠂ ᠪᠠᠭ᠍ᠰᠢ ᠴᠦ᠍ ᠰᠠᠢᠬᠠᠨ ᠶᠠᠷᠢᠵᠦ᠍ ᠪᠤᠢ᠂ ᠤᠳᠤ ᠬᠡᠯᠡ ᠪᠢᠴᠢᠭ᠎ᠤᠨ ᠬᠢᠴᠢᠶᠡᠯ ᠪᠦᠬᠦ᠌ ᠠᠩᠬᠢ᠎ᠶ᠋ᠢᠨ ᠰᠤᠷᠤᠬ᠍ᠴᠢᠳ᠎ᠤᠨ ᠬᠠᠮᠤᠭ᠎ᠤᠨ ᠰᠤᠷᠬᠤ ᠳᠤᠷᠠᠳᠠᠢ ᠬᠢᠴᠢᠶᠡᠯ ᠪᠤᠯᠵᠠᠢ》 ᠭᠡᠪᠡ᠃