ᠠᠭᠤᠯᠠᠨ ᠭᠤᠤ᠎ᠠᠴᠠ ᠭᠠᠷᠴᠤ᠌ ᠱᠢᠨ᠎ᠡ ᠪᠠᠢᠱᠢᠩ᠎ᠳᠤ ᠨᠡᠭᠦᠯ᠎ᠡ
2021-02-28 14:28:23
ᠵᠣᠬᠢᠶᠠᠭ᠍ᠴᠢ᠄
ᠬᠤᠸᠠᠩ ᠫᠦ᠋ ᠮᠧᠢ ᠱᠢᠶᠠᠨ ᠵᠠᠩ ᠱᠦ᠍ ᠵᠢᠶᠦ᠋ᠨ
ᠣᠩᠱᠢᠭ᠍ᠰᠠᠨ ᠣᠳᠠᠭ᠎ᠠ᠄
★★★☆☆

《ᠠᠭᠤᠯᠠ᠎ᠨᠢ ᠦᠨᠳᠦᠷ ᠴᠢᠯᠠᠭᠤ ᠠᠷᠪᠢᠨ᠂ ᠬᠡᠷ᠎ᠠᠴᠠ᠎ᠪᠠᠨ ᠭᠠᠷᠤᠬ᠍ᠰᠠᠭᠠᠷ ᠲᠠᠪᠠᠭ᠎ᠠ ᠮᠠᠴᠤᠨ᠎ᠠ》 ᠬᠡᠮᠡᠨ ᠤᠯᠠᠭᠠᠨᠴᠠᠪ ᠬᠤᠳᠠ᠎ᠶ᠋ᠢᠨ ᠴᠠᠬᠠᠷ ᠪᠠᠷᠠᠭᠤᠨ ᠭᠠᠷᠤᠨ ᠡᠮᠦᠨᠡᠲᠤ ᠬᠤᠱᠢᠭᠤᠨ᠎ᠤ ᠲᠤᠬ᠎ᠤᠨ ᠠᠭᠤᠯᠠ ᠪᠠᠯᠭᠠᠰᠤᠨ᠎ᠤ ᠮᠤᠬᠤᠷ ᠭᠤᠤ ᠲᠤᠰᠭᠤᠨ᠎ᠤ ᠠᠷᠠᠳ᠎ᠤᠨ ᠵᠦᠪᠯᠡᠯ᠎ᠤᠨ ᠡᠷᠭᠢᠯᠡᠭ᠌ᠴᠢ ᠭᠦᠸᠧ ᠪᠠ᠎ᠶ᠋ᠢᠨ ᠶᠠᠷᠢᠨ᠎ᠠ᠃ ᠡᠨᠡ᠎ᠨᠢ ᠮᠦᠨ ᠴᠤ᠌ ᠦᠩᠭᠡᠷᠡᠭ᠌ᠰᠡᠨ᠎ᠤ ᠲᠤᠰ ᠲᠤᠰᠭᠤᠨ᠎ᠤ ᠪᠤᠳᠠᠳᠤ ᠠᠮᠢᠳᠤᠷᠠᠯ᠎ᠤᠨ ᠵᠢᠷᠤᠬ᠍ᠯᠠᠯ ᠪᠤᠯᠤᠨ᠎ᠠ᠃ 2015 ᠤᠨ᠎ᠠᠴᠠ ᠡᠮᠦᠨ᠎ᠡ᠂ ᠮᠤᠬᠤᠷ ᠭᠤᠤ ᠲᠤᠰᠭᠤᠨ᠎ᠤ ᠤᠯᠠᠨ ᠲᠦᠮᠡᠨ᠎ᠤ ᠰᠠᠭᠤᠷᠢᠱᠢᠯ ᠲᠠᠷᠠᠬᠠᠢ ᠪᠤᠳᠠᠷᠬᠠᠢ᠂ ᠰᠠᠭᠤᠷᠢ ᠲᠦᠭᠦᠭᠡᠷᠦᠮᠵᠢ ᠬᠤᠴᠤᠷᠤᠩᠭᠤᠢ᠂ ᠭᠠᠵᠠᠷ ᠵᠦᠢ᠎ᠶ᠋ᠢᠨ ᠪᠠᠢᠷᠢᠯᠠᠯ ᠪᠤᠢᠳᠠ ᠪᠦᠭ᠌ᠯᠡᠬᠦᠦ ᠪᠠᠢᠵᠤ᠂ ᠲᠤᠰᠭᠤᠨ᠎ᠤ ᠠᠷᠠᠳ ᠶᠠᠪᠤᠵᠤ ᠰᠠᠭᠤᠬᠤ᠎ᠳᠤ ᠲᠦᠭᠦᠮ ᠦᠭᠡᠢ ᠪᠠᠢᠪᠠ᠃ 2015 ᠤᠨ᠎ᠳᠤ᠂ ᠲᠤᠬ᠎ᠤᠨ ᠠᠭᠤᠯᠠ ᠪᠠᠯᠭᠠᠰᠤ ᠲᠠᠷᠠᠬᠠᠢ ᠪᠤᠳᠠᠷᠬᠠᠢ ᠰᠠᠭᠤᠷᠢᠱᠢᠵᠤ ᠪᠠᠢᠭ᠎ᠠ 4 ᠪᠠᠢᠭᠠᠯᠢ᠎ᠶ᠋ᠢᠨ ᠲᠤᠰᠭᠤᠨ᠎ᠤ 78 ᠡᠷᠦᠭᠡ᠎ᠶ᠋ᠢᠨ 156 ᠤᠯᠠᠨ ᠲᠦᠮᠡᠨ᠎ᠢ ᠪᠦᠬᠦᠯᠢ ᠴᠤᠬ᠍ᠴᠠ᠎ᠪᠠᠷ᠎ᠨᠢ ᠨᠡᠭᠦᠯᠭᠡᠵᠦ᠍᠂ ᠤᠯᠠᠨ ᠲᠠᠯ᠎ᠠ᠎ᠶ᠋ᠢᠨ ᠲᠦᠷᠦᠯ ᠵᠦᠢᠯ᠎ᠤᠨ ᠪᠡᠯᠡ ᠮᠦᠩᠬᠦ᠌ 700 ᠭᠠᠷᠤᠢ ᠲᠦᠮᠡᠨ ᠲᠦᠭᠦᠷᠢᠭ᠎ᠢ ᠨᠡᠢᠳᠭᠡᠨ᠂ ᠤᠯᠠᠨ ᠲᠦᠮᠡᠨ ᠪᠠᠰᠠ ᠦᠪᠡᠷ᠎ᠲᠡᠭᠡᠨ 100 ᠭᠠᠷᠤᠢ ᠲᠦᠮᠡᠨ ᠲᠦᠭᠦᠷᠢᠭ ᠬᠤᠷᠠᠮᠳᠤᠭᠤᠯᠵᠤ᠂ ᠵᠠᠮ᠂ ᠤᠰᠤ᠂ ᠴᠠᠬᠢᠯᠭᠠᠨ᠂ ᠬᠡᠷ ᠪᠠᠢᠱᠢᠩ᠂ ᠡᠷᠡᠭᠦᠯ ᠬᠠᠮᠠᠭᠠᠯᠠᠯ᠎ᠤᠨ ᠲᠠᠰᠤᠬ᠂ ᠰᠤᠶᠤᠯ᠎ᠤᠨ ᠠᠵᠢᠯᠯᠠᠭᠠᠨ᠎ᠤ ᠲᠠᠯᠠᠪᠤᠷ᠂ ᠮᠦᠩᠬᠦᠨ ᠬᠦᠢᠯᠭᠡᠭᠡᠨ᠎ᠤ ᠦᠢᠯᠡᠴᠢᠯᠡᠭᠡᠨ᠎ᠤ ᠲᠤᠤᠷ ᠴᠡᠭ ᠵᠡᠷᠭᠡ ᠰᠠᠭᠤᠷᠢ ᠲᠦᠭᠦᠭᠡᠷᠦᠮᠵᠢ ᠨᠡᠯᠢᠶᠡᠳ ᠪᠦᠷᠢᠨ ᠲᠡᠭᠦᠯᠳᠡᠷ ᠨᠡᠭᠦᠳᠡᠯ ᠠᠷᠠᠳ᠎ᠤᠨ ᠱᠢᠨ᠎ᠡ ᠲᠤᠰᠭᠤᠨ᠎ᠢ ᠪᠠᠢᠭᠤᠯᠵᠤ᠂ ᠤᠯᠠᠨ ᠲᠦᠮᠡᠨ᠎ᠤ ᠤᠷᠤᠨ ᠰᠠᠭᠤᠴᠠ᠂ ᠤᠰᠤ ᠴᠠᠬᠢᠯᠭᠠᠨ᠂ ᠡᠪᠡᠳᠴᠢᠨ ᠦᠵᠡᠭᠦᠯᠬᠦ᠌ ᠵᠡᠷᠬᠡ ᠬᠦᠴᠢᠷ᠎ᠢ ᠱᠢᠢᠳᠪᠦᠷᠢᠯᠡᠵᠦ᠍᠂ ᠠᠮᠢᠳᠤᠷᠠᠯ᠎ᠤᠨ ᠨᠦᠭᠦᠴᠡᠯ᠎ᠢ ᠶᠡᠭᠡ᠎ᠪᠠᠷ ᠰᠠᠢᠵᠢᠷᠠᠭᠤᠯᠵᠠᠢ᠃

《ᠪᠢᠳᠡ ᠤᠤᠯ᠎ᠨᠢ ᠱᠢᠪᠠᠷ ᠪᠠᠢᠱᠢᠩ᠎ᠳᠤ ᠰᠠᠭᠤᠵᠤ ᠪᠠᠢᠵᠠᠢ᠂ ᠤᠳᠠᠭᠠᠨ ᠵᠢᠯ ᠵᠠᠰᠠᠵᠤ ᠰᠡᠯᠪᠢᠭ᠌ᠰᠡᠨ ᠦᠭᠡᠢ ᠪᠤᠯᠬᠤᠷ ᠰᠠᠯᠬᠢ ᠪᠤᠷᠤᠭᠠᠨ ᠨᠡᠪᠳᠡᠷᠡᠨ ᠨᠤᠷᠠᠬᠤ ᠠᠶᠤᠯᠲᠠᠢ ᠭᠡᠷ ᠪᠠᠢᠱᠢᠩ ᠪᠤᠯᠵᠠᠢ᠃ ᠦᠪᠡᠷ᠎ᠢ᠎ᠪᠠᠨ ᠱᠢᠨ᠎ᠡ ᠸᠠᠭᠠᠷ ᠲᠤᠭᠤᠰᠭᠠᠨ ᠬᠡᠷ᠎ᠲᠤ ᠰᠠᠭᠤᠨ᠎ᠠ ᠬᠡᠵᠦ᠍ ᠵᠡᠭᠦᠳᠦᠯᠡᠵᠦ᠍ ᠴᠤ᠌ ᠦᠵᠡᠭᠡ ᠦᠭᠡᠢ》᠃ ᠮᠤᠬᠤᠷ ᠭᠤᠤ ᠨᠡᠭᠦᠳᠡᠯ ᠠᠷᠠᠳ᠎ᠤᠨ ᠱᠢᠨ᠎ᠡ ᠲᠤᠰᠭᠤᠨ᠎ᠤ ᠶᠠᠳᠠᠭᠤ ᠬᠦᠴᠢᠷᠳᠡᠯᠲᠡᠢ ᠡᠷᠦᠭᠡ ᠬᠦᠸᠧ ᠬᠤᠸᠠᠨ ᠰᠢ᠎ᠶ᠋ᠢᠨ ᠴᠡᠪᠡᠷ ᠲᠤᠬᠢᠯᠢᠬ ᠱᠢᠨ᠎ᠡ ᠪᠠᠢᠱᠢᠩ᠎ᠳᠤ ᠤᠷᠤᠬᠤ᠎ᠳᠤ᠂ ᠰᠤᠷᠪᠤᠯᠵᠢᠯᠠᠬ᠍ᠴᠢ ᠲᠡᠭᠦᠨ᠎ᠤ ᠵᠤᠯ ᠵᠢᠷᠭᠠᠯᠲᠤ ᠲᠦᠷᠦᠭ᠌ᠳᠡᠯ᠎ᠢ ᠪᠡᠶ᠎ᠡ᠎ᠪᠠᠷ᠎ᠢᠶᠠᠨ ᠤᠯᠵᠤ ᠬᠠᠷᠠᠯ᠎ᠠ᠃ 59 ᠨᠠᠰᠤᠲᠠᠢ ᠲᠡᠪᠤᠨ ᠪᠠᠲᠤᠯᠠᠭᠠᠲᠤ ᠡᠷᠦᠭᠡ ᠬᠦᠸᠧ ᠬᠤᠸᠠᠨ ᠰᠢ ᠬᠡᠷ᠎ᠤᠨ ᠡᠮᠦᠨᠡᠬᠢ ᠱᠢᠯᠤᠭᠤᠨ ᠲᠠᠷᠳᠠᠩ ᠴᠠᠷᠳᠠᠮᠠᠯ ᠵᠠᠮ᠎ᠢ ᠬᠠᠷᠠᠭᠠᠳ᠄ 《ᠤᠳᠤ ᠭᠠᠳᠠᠬ᠍ᠰᠢ ᠭᠠᠷᠬᠤ᠎ᠳᠤ ᠮᠠᠰᠢ ᠲᠦᠭᠦᠮ ᠪᠤᠯᠵᠠᠢ᠂ ᠶᠠᠪᠤᠵᠤ ᠰᠠᠭᠤᠬᠤ᠎ᠳᠤ ᠶᠡᠭᠡ ᠬᠦᠳᠤᠯ ᠲᠠᠪᠠᠭ᠍ᠤ ᠬᠡᠷᠡᠭ ᠦᠭᠡᠢ ᠪᠤᠯᠵᠠᠢ》 ᠬᠡᠵᠦ᠍ ᠪᠠᠶᠠᠷᠳᠠᠢᠬᠠᠨ ᠬᠡᠯᠡᠨ᠎ᠡ᠃

ᠵᠠᠮ᠎ᠤᠨ ᠬᠠᠵᠠᠭᠤ᠎ᠪᠠᠷ 《ᠮᠤᠬᠤᠷ ᠭᠤᠤ᠎ᠶ᠋ᠢᠨ ᠲᠠᠷᠢᠶᠠᠴᠢᠨ ᠠᠢᠯ᠎ᠤᠨ ᠵᠢᠭᠤᠯᠴᠢᠯᠠᠯ》 ᠪᠠ ᠱᠢᠨ᠎ᠡ ᠪᠠᠢᠱᠢᠩ᠎ᠤᠳ ᠵᠢᠭ᠌ᠳᠡᠷᠡᠨ ᠬᠠᠷᠠᠬ᠍ᠳᠠᠨ᠎ᠠ᠃

52 ᠨᠠᠰᠤᠲᠠᠢ ᠶᠠᠳᠠᠭᠤ᠎ᠠᠴᠠ ᠠᠩᠬᠢᠵᠢᠷᠠᠬ᠍ᠰᠠᠨ ᠡᠷᠦᠭᠡ ᠵᠠᠩ ᠭᠤᠸᠠᠨ ᠰᠢ᠄ 《ᠲᠤᠰᠭᠤᠨ᠎ᠤ ᠠᠷᠠᠳ᠎ᠤᠨ ᠵᠦᠪᠯᠡᠯ᠎ᠠᠴᠠ ᠨᠠᠳᠠ᠎ᠳᠤ ᠴᠡᠪᠡᠷᠯᠡᠭ᠌ᠴᠢ᠎ᠶ᠋ᠢᠨ ᠠᠵᠢᠯ ᠲᠤᠬᠢᠷᠠᠭᠤᠯᠤᠨ ᠦᠭ᠌ᠴᠡᠢ᠂ ᠪᠢ ᠪᠠᠰᠠ ᠲᠤᠰᠭᠤᠨ᠎ᠤ ᠲᠠᠷᠢᠵᠤ ᠲᠡᠵᠢᠭᠡᠨ ᠦᠷᠡᠵᠢᠭᠦᠯᠬᠦ᠌ ᠬᠤᠷᠱᠢᠶ᠎ᠠ᠎ᠳᠤ ᠬᠤᠪᠢ ᠤᠷᠤᠵᠠᠢ᠂ ᠨᠢᠭᠡ ᠵᠢᠯ᠎ᠳᠡᠭᠡᠨ 2 ᠲᠦᠮᠡ ᠭᠠᠷᠤᠢ ᠲᠦᠭᠦᠷᠢᠭ᠎ᠤᠨ ᠤᠷᠤᠯᠭ᠎ᠠ ᠤᠯᠤᠨ᠎ᠠ᠂ ᠪᠢ ᠤᠳᠤ᠎ᠶ᠋ᠢᠨ ᠰᠠᠢᠨ ᠰᠠᠢᠬᠠᠨ ᠪᠠᠢᠳᠠᠯ᠎ᠳᠠᠭᠠᠨ ᠮᠠᠰᠢ ᠰᠡᠳᠭᠢᠯ ᠬᠠᠨᠤᠵᠤ ᠪᠠᠢᠨ᠎ᠠ》 ᠬᠡᠵᠦ᠍ ᠪᠠᠢᠯ᠎ᠠ᠃

《ᠶᠠᠳᠠᠭᠤ ᠬᠦᠴᠢᠷᠳᠡᠯᠲᠡᠢ ᠡᠷᠦᠭᠡ᠎ᠶ᠋ᠢ ᠶᠠᠳᠠᠭᠤ᠎ᠠᠴᠠ ᠠᠩᠬᠢᠵᠢᠷᠠᠭᠤᠯᠬᠤ᠎ᠳᠤ ᠡᠷᠭᠡᠪᠰᠢ ᠤᠷᠲᠤ ᠬᠤᠭᠤᠴᠠᠭᠠᠨ᠎ᠤ ᠴᠢᠨᠠᠷᠲᠠᠢ ᠠᠵᠤ ᠦᠢᠯᠡᠰ᠎ᠢᠶᠠᠷ ᠲᠦᠱᠢᠭ ᠲᠤᠯᠭᠠᠭᠤᠷᠢ ᠪᠤᠯᠭᠠᠬᠤ ᠬᠡᠷᠡᠭ᠌ᠲᠡᠢ》᠃ ᠤᠢ᠍ᠢᠯᠠᠭᠠᠬ᠍ᠰᠠᠨ᠎ᠢᠶᠠᠷ᠂ ᠪᠦᠬᠦ᠌ ᠬᠤᠱᠢᠭᠤᠨ᠎ᠤ ᠠᠵᠤ ᠦᠢᠯᠡᠰ᠎ᠤᠨ ᠪᠠᠢᠷᠢᠱᠢᠭᠤᠯᠤᠯᠳᠠ᠎ᠶ᠋ᠢ ᠦᠨᠳᠦᠰᠦᠯᠡᠵᠤ᠂ ᠬᠦᠮᠦᠨ ᠪᠠ ᠡᠷᠦᠭᠡ᠎ᠶ᠋ᠢᠨ ᠪᠠᠢᠳᠠᠯ᠎ᠳᠤᠨᠢ ᠲᠤᠬᠢᠷᠠᠭᠤᠯᠤᠨ ᠲᠦᠷᠦ᠎ᠶ᠋ᠢᠨ ᠪᠤᠳᠤᠯᠭ᠎ᠠ ᠬᠡᠷᠡᠭ᠌ᠵᠢᠭᠦᠯᠵᠦ᠍᠂ ᠨᠡᠭᠦᠯᠭᠡᠭ᠌ᠰᠡᠨ ᠤᠯᠠᠨ ᠲᠦᠮᠡᠨ᠎ᠤ ᠤᠷᠤᠯᠭ᠎ᠠ᠎ᠶ᠋ᠢ ᠨᠡᠮᠡᠭ᠌ᠳᠡᠬᠦᠯᠬᠦ᠌ ᠠᠷᠭ᠎ᠠ ᠬᠡᠮᠵᠢᠶ᠎ᠡ᠎ᠶ᠋ᠢ ᠬᠠᠮᠳᠤ᠎ᠳᠤᠨᠢ ᠪᠤᠳᠤᠯᠬᠢᠯᠠᠵᠤ᠂ ᠨᠡᠭᠦᠯᠭᠡᠭ᠌ᠰᠡᠨ᠎ᠤ ᠲᠠᠷᠠᠭᠠᠬᠢ ᠮᠤᠬᠤᠷ ᠭᠤᠤ ᠲᠤᠰᠭᠤᠨ᠎ᠤ ᠶᠠᠳᠠᠭᠤ ᠬᠦᠴᠢᠷᠳᠡᠯᠲᠡᠢ ᠡᠷᠦᠭᠡ᠎ᠳᠤ ᠴᠢᠭ᠌ᠯᠡᠭᠦᠯᠦᠨ᠂ ᠬᠦᠳᠡᠭᠡ ᠲᠤᠰᠭᠤᠨ᠎ᠤ ᠠᠮᠢᠳᠤᠷᠠᠯ᠎ᠤᠨ ᠨᠠᠭᠠᠲᠤ ᠵᠠᠬ᠎ᠠ᠎ᠶ᠋ᠢᠨ ᠪᠠᠲᠤᠯᠠᠭ᠎ᠠ᠂ ᠲᠠᠪᠤᠨ ᠪᠠᠲᠤᠯᠠᠭᠠᠲᠤ ᠡᠷᠦᠭᠡ᠂ ᠨᠠᠰᠤᠵᠢᠯ᠎ᠤᠨ ᠠᠰᠠᠷᠠᠮᠵᠢ᠂ ᠲᠠᠷᠢᠶᠠᠯᠠᠬᠤ᠎ᠪᠠᠨ ᠵᠤᠬ᠍ᠰᠤᠵᠤ ᠤᠢ ᠮᠤᠲᠤ (ᠡᠪᠡᠰᠦ) ᠲᠠᠷᠢᠬᠤ ᠵᠡᠷᠭᠡ ᠲᠦᠷᠦ᠎ᠶ᠋ᠢᠨ ᠪᠤᠳᠤᠯᠭ᠎ᠠ᠎ᠶ᠋ᠢᠨ ᠴᠢᠨᠠᠷᠲᠠᠢ ᠨᠦᠭᠦᠪᠦᠷᠢ ᠬᠦᠷᠳᠡᠭᠡᠵᠦ᠍᠂ ᠬᠡᠷᠡᠯ ᠴᠡᠨᠡᠭ᠎ᠤᠨ ᠲᠦᠷᠦᠯ ᠵᠦᠢᠯ᠎ᠳᠤ ᠬᠤᠪᠢ ᠤᠷᠤᠭᠤᠯᠤᠬ᠍ᠰᠠᠨ᠎ᠠᠴᠠ ᠭᠠᠳᠠᠨ᠎ᠠ ᠪᠠᠰᠠ ᠲᠠᠷᠢᠵᠤ ᠲᠡᠵᠢᠭᠡᠨ ᠦᠷᠡᠵᠢᠭᠦᠯᠬᠦ᠌ ᠦᠢᠯᠡᠴᠢᠯᠡᠭᠡᠨ᠎ᠤ ᠲᠦᠪ ᠪᠠᠢᠭᠤᠯᠵᠤ᠂ ᠠᠵᠤ ᠠᠬᠤᠢ᠎ᠶ᠋ᠢᠨ ᠤᠢ᠎ᠶ᠋ᠢᠨ ᠲᠦᠷᠦᠯ ᠵᠦᠢᠯ᠎ᠢ ᠱᠢᠨ᠎ᠡ᠎ᠪᠠᠷ ᠪᠠᠢᠭᠤᠯᠵᠤ᠂ ᠤᠯᠠᠨ ᠵᠦᠢᠯ᠎ᠤᠨ ᠶᠠᠳᠠᠭᠤ᠎ᠶ᠋ᠢ ᠲᠡᠳᠭᠦᠭᠦ᠌ ᠠᠷᠭ᠎ᠠ ᠬᠡᠮᠵᠢᠶ᠎ᠡ᠎ᠨᠢ ᠶᠠᠳᠠᠭᠤ ᠬᠦᠴᠢᠷᠳᠡᠯᠲᠡᠢ ᠡᠷᠦᠭᠡ᠎ᠶ᠋ᠢ ᠲᠤᠬ᠍ᠳᠠᠭᠤᠨ ᠤᠷᠤᠯᠭ᠎ᠠ᠎ᠲᠠᠢ ᠪᠤᠯᠭᠠᠵᠤ᠂ ᠶᠠᠳᠠᠭᠤ᠎ᠠᠴᠠ ᠠᠩᠬᠢᠵᠢᠷᠠᠭᠤᠯᠪᠠ᠃

2017 ᠤᠨ᠎ᠳᠤ᠂ ᠮᠤᠬᠤᠷ ᠭᠤᠤ ᠲᠤᠰᠭᠤᠨ᠎ᠤ ᠨᠠᠷᠢᠯᠢᠬ ᠤᠨᠤᠪᠴᠢᠲᠠᠢ ᠲᠠᠩᠰᠠᠯᠠᠵᠤ ᠺᠠᠷᠲᠯᠠᠬ᠍ᠰᠠᠨ 15 ᠡᠷᠦᠭᠡ᠎ᠶ᠋ᠢᠨ 28 ᠶᠠᠳᠠᠭᠤ ᠬᠦᠴᠢᠷᠳᠡᠯᠲᠡᠢ ᠬᠦᠮᠦᠨ ᠠᠮᠠ ᠪᠠᠢᠵᠤ᠂ ᠠᠯᠢ ᠤᠯᠠᠨ ᠲᠡᠳᠭᠦᠭᠦ᠌ ᠲᠦᠷᠦ᠎ᠶ᠋ᠢᠨ ᠪᠤᠳᠤᠯᠭ᠎ᠠ᠎ᠪᠠᠷ ᠲᠠᠮᠵᠢᠭᠤᠯᠵᠤ᠂ 《ᠴᠢᠰᠦ ᠶᠡᠭᠦᠯᠡᠬᠦ᠌》 ᠪᠠ 《ᠴᠢᠰᠦ ᠪᠦᠲᠦᠭᠡᠬᠦ᠌》 ᠬᠤᠶᠠᠷ ᠲᠠᠯ᠎ᠠ᠎ᠶ᠋ᠢᠨ ᠠᠷᠭ᠎ᠠ᠎ᠶ᠋ᠢ ᠬᠡᠷᠡᠭ᠌ᠵᠢᠭᠦᠯᠵᠦ᠍᠂ ᠤᠳᠤᠬᠠᠨ᠎ᠳᠤ᠂ ᠶᠠᠳᠠᠭᠤ ᠬᠦᠴᠢᠷᠳᠡᠯ ᠡᠭᠦᠰᠭᠦ ᠨᠤᠷᠮ᠎ᠠ᠎ᠨᠢ 17.9% ᠎ᠠᠴᠠ ᠪᠠᠭᠤᠷᠠᠭᠠᠳ 0% ᠪᠤᠯᠵᠤ᠂ ᠮᠤᠬᠤᠷ ᠭᠤᠤ ᠲᠤᠰᠭᠤᠨ᠎ᠤ ᠠᠷᠠᠳ ᠲᠦᠮᠡᠨ ᠵᠤᠯ ᠵᠢᠷᠭᠠᠯᠲᠤ ᠠᠮᠢᠳᠤᠷᠠᠯ ᠲᠡᠢᠰᠢ᠎ᠪᠠᠨ ᠲᠤᠮᠤ ᠠᠯᠬᠤᠭ᠎ᠠ᠎ᠪᠠᠷ ᠤᠷᠤᠬ᠍ᠰᠢᠯᠠᠵᠤ ᠪᠤᠢ᠃

ᠬᠠᠮᠢᠶ᠎ᠠ ᠪᠦᠬᠦᠢ ᠬᠤᠯᠪᠣᠭᠠᠰᠤ

ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠤᠬ᠍ᠰᠠᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠵᠦ᠍᠂ ᠬᠦᠳᠡᠭᠡ ᠲᠤᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭᠠᠯᠴᠠᠭᠤᠯᠬᠤ᠎ᠶ᠋ᠢ ᠪᠠᠶᠡᠯᠡᠬᠦᠯᠬᠦ᠌ ᠪᠣᠯ ᠡᠨᠡ ᠵᠢᠯ ᠴᠢᠨᠠᠭ᠍ᠰᠢᠯᠠᠪᠠᠯ ᠪᠦᠬᠦ᠋ᠢᠯᠡ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠦᠪᠦᠷ ᠮᠤᠩᠭᠤᠯ᠎ᠤᠨ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠤᠨ ᠲᠡᠷᠢᠭᠦᠨ ᠴᠢᠬᠤᠯᠠ ᠡᠭᠦᠷᠭᠡ ᠮᠥᠨ᠃ ᠬᠦᠳᠡᠭᠡ ᠲᠤᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠨᠢ ᠱᠢᠨ᠎ᠡ ᠴᠠᠭ ᠦᠶ᠎ᠡ᠎ᠶ᠋ᠢᠨ 《ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ》 ᠎ᠤ ᠠᠵᠢᠯ᠎ᠤᠨ ᠶᠡᠷᠦᠩᠬᠡᠢ ᠠᠳᠭᠤᠴᠠ ᠪᠣᠯᠤᠭ᠍ᠰᠠᠨ᠎ᠤ ᠬᠤᠪᠢ᠎ᠳᠤ᠂ ᠬᠠᠮᠲᠤ᠎ᠪᠠᠷ ᠪᠠᠶᠠᠵᠢᠨ ᠴᠢᠨᠡᠭᠡᠯᠢᠭ᠌ᠵᠢᠬᠦ᠌᠎ᠶ᠋ᠢᠨ ᠴᠢᠬᠤᠯᠠ ᠠᠷᠭ᠎ᠠ ᠪᠠᠷᠢᠯ ᠪᠣᠯᠤᠨ᠎ᠠ᠃ ᠵᠦᠪᠬᠡᠨ ᠬᠦᠳᠡᠭᠡ ᠲᠤᠰᠭᠤᠨ᠎ᠢ ᠬᠥᠭ᠌ᠵᠢᠭᠦᠯᠦᠨ ᠮᠠᠨᠳᠤᠭᠤᠯᠬᠤ ᠡᠨᠡ ᠬᠦ᠌ ᠲᠤᠮᠤ ᠶᠠᠪᠤᠳᠠᠯ᠎ᠢ ᠰᠠᠢᠲᠤᠷ ᠬᠢᠪᠡᠯ ᠰᠠᠶᠢ ᠮᠠᠨ᠎ᠤ ᠣᠷᠣᠨ᠎ᠤ ᠬᠦᠳᠡᠭᠡ ᠲᠤᠰᠭᠤᠨ᠎ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠢᠭᠤᠯᠤᠯᠲᠠ ᠵᠡᠷᠭᠡ ᠪᠦᠬᠦ᠌ ᠲᠠᠯ᠎ᠠ᠎ᠶ᠋ᠢᠨ ᠬᠥᠭ᠌ᠵᠢᠯᠳᠠ ᠮᠠᠨᠳᠤᠯᠳᠡ᠎ᠶ᠋ᠢ ᠠᠬᠢᠭᠤᠯᠵᠤ ᠴᠢᠳᠠᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠨᠠᠩ ᠥᠷᠭᠡᠨ ᠬᠦᠷᠢᠶ᠎ᠡ ᠴᠠᠷᠠᠭ᠎ᠠ᠂ ᠨᠠᠩ ᠥᠨᠳᠥᠷ ᠲᠠᠰ ᠳᠠᠪᠬᠤᠷᠭ᠎ᠠ᠎ᠶ᠋ᠢᠨ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢᠨ ᠤᠯᠠᠮ᠎ᠢᠶᠠᠷ ᠬᠤᠲᠠ ᠬᠥᠳᠡᠭᠡ᠎ᠶ᠋ᠢᠨ ᠵᠥᠷᠢᠶ᠎ᠡ᠎ᠶ᠋ᠢ ᠪᠠᠭᠠᠰᠭᠠᠵᠤ᠂ ᠪᠥᠬᠦ᠌ ᠠᠷᠠᠳ ᠲᠦᠮᠡᠨ᠎ᠤ ᠬᠠᠮᠲᠤ᠎ᠪᠠᠷ ᠪᠠᠶᠠᠵᠢᠨ ᠴᠢᠨᠡᠭᠡᠯᠢᠭ᠌ᠵᠢᠬᠦ᠌᠎ᠶ᠋ᠢ ᠠᠬᠢᠭᠤᠯᠬᠤ ᠪᠤᠯᠤᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号