《ᠪᠢᠳᠡ ᠬᠠᠢᠷ᠎ᠠ ᠬᠠᠯᠠᠮᠵᠢ᠎ᠶ᠋ᠢᠨ ᠬᠡᠳᠤ ᠲᠡᠯᠬᠡᠬᠦᠷ᠎ᠲᠤ ᠶᠠᠭᠤᠮ᠎ᠠ ᠰᠣᠯᠢᠬᠤ᠎ᠪᠠᠷ ᠤᠴᠢᠶ᠎ᠠ!》 ᠭᠡᠵᠦ᠍ ᠬᠠᠷ᠎ᠠ ᠦᠷᠯᠦᠭᠡᠭᠦᠷ ᠤᠯᠠᠭᠠᠨᠬᠠᠳᠠ ᠬᠤᠲᠠ᠎ᠶ᠋ᠢᠨ ᠠᠷᠤ ᠬᠤᠷᠴᠢᠨ ᠬᠤᠱᠢᠭᠤᠨ᠎ᠤ ᠴᠢᠪᠠᠭ᠎ᠠ ᠪᠠᠯᠭᠠᠰᠤᠨ᠎ᠤ ᠴᠢᠶᠠᠨ ᠭᠠᠩ᠎ᠲᠠᠢ ᠲᠣᠰᠭᠤᠨ᠎ᠤ ᠠᠷᠠᠳ ᠵᠠᠩ ᠼᠦᠢ ᠡᠧ ᠬᠤᠪᠢ ᠬᠤᠷᠠᠮᠳᠤᠭᠤᠯᠬᠤ ᠺᠠᠷᠲ᠎ᠢᠶᠠᠨ ᠠᠪᠴᠤ᠌᠂ ᠰᠠᠭᠠᠬᠠᠯᠲᠠᠶ᠋ᠢᠨᠬᠢᠨᠲᠠᠢᠪᠠᠨ ᠲᠣᠰᠭᠤᠨ᠎ᠤ ᠨᠠᠮ᠎ᠤᠨ ᠡᠬᠦᠷ᠎ᠤᠨ ᠬᠠᠢᠷ᠎ᠠ ᠬᠠᠯᠠᠮᠵᠢ᠎ᠶ᠋ᠢᠨ ᠬᠡᠲᠦ ᠳᠡᠯᠭᠡᠭᠦᠷ᠎ᠲᠤ ᠢᠷᠡᠵᠦ᠍᠂ ᠠᠮᠢᠳᠤᠷᠠᠯ᠎ᠤᠨ ᠬᠡᠷᠡᠭ᠌ᠰᠡᠯ᠎ᠢᠶᠠᠨ ᠰᠣᠯᠢᠬᠤ᠎ᠪᠠᠷ ᠪᠡᠯᠡᠳᠭᠡᠵᠦ᠍ ᠪᠠᠢᠪᠠ᠃
《ᠬᠤᠪᠢ ᠬᠤᠷᠠᠮᠳᠤᠭᠤᠯᠬᠤ᠎ᠪᠠᠷ ᠳᠠᠳᠭᠠᠯ᠎ᠢ ᠥᠭᠡᠷᠡᠴᠢᠯᠡᠵᠦ᠍᠂ ᠠᠵᠢᠯᠴᠢ ᠬᠥᠳᠡᠯᠮᠦᠷᠢᠴᠢ᠎ᠪᠠᠷ ᠠᠮᠢᠳᠤᠷᠠᠯ᠎ᠢᠶᠠᠨ ᠥᠭᠡᠷᠡᠴᠢᠯᠡᠨ᠎ᠡ》᠂ ᠬᠠᠢᠷ᠎ᠠ ᠬᠠᠯᠠᠮᠵᠢ᠎ᠶ᠋ᠢᠨ ᠬᠡᠲᠦ ᠳᠡᠯᠭᠡᠭᠦᠷ᠎ᠲᠤ ᠣᠷᠣᠬᠤ᠎ᠳᠤ ᠡᠨᠡ ᠬᠡᠳᠦᠨ ᠲᠣᠮᠣ ᠦᠰᠦᠭ ᠨᠢᠳᠦᠨ᠎ᠳᠤ ᠲᠣᠳᠣᠷᠠᠨ᠎ᠠ᠃ ᠯᠠᠩᠭᠦᠶ ᠳᠡᠭᠡᠷ᠎ᠡ ᠪᠠᠷᠠᠭ᠎ᠠ ᠲᠠᠸᠠᠷ ᠡᠯᠪᠡᠭ ᠳᠡᠯᠪᠡᠭ ᠪᠠᠢᠵᠤ᠂ ᠪᠠᠭ᠎ᠠ᠎ᠠᠴᠠ ᠲᠤᠲᠤᠷᠭ᠎ᠠ᠂ ᠴᠠᠭᠠᠨ ᠭᠤᠯᠢᠷ᠂ ᠲᠣᠭᠤᠭ᠎ᠠ ᠱᠢᠨᠠᠭ᠎ᠠ ᠫᠧᠩᠰᠡ᠂ ᠶᠡᠭᠡ᠎ᠠᠴᠠ ᠬᠤᠪᠴᠠᠰᠤ ᠤᠬᠢᠶᠠᠬᠤ ᠮᠠᠱᠢᠨ᠂ ᠲᠧᠯᠸᠢᠰ ᠭᠡᠳ ᠪᠦᠷ ᠪᠠᠢᠨ᠎ᠠ᠃ ᠡᠩ᠎ᠤᠨ ᠬᠡᠲᠦ ᠳᠡᠯᠭᠡᠭᠦᠷ᠎ᠲᠠᠢ ᠠᠳᠠᠯᠢ ᠦᠭᠡᠢ᠎ᠨᠢ ᠲᠠᠸᠠᠷ ᠪᠦᠷᠢ᠎ᠶ᠋ᠢᠨ ᠳᠡᠭᠡᠷ᠎ᠡ ᠲᠣᠳᠣᠷᠬᠠᠢᠯᠠᠭ᠍ᠰᠠᠨ᠎ᠨᠢ ᠦᠨ᠎ᠡ ᠪᠢᠰᠢ᠂ ᠬᠠᠷᠢᠨ 5 ᠬᠤᠪᠢ᠂ 10 ᠬᠤᠪᠢ᠂ 100 ᠬᠤᠪᠢ᠂ 200 ᠬᠤᠪᠢ᠂ 1000 ᠬᠤᠪᠢ ᠭᠡᠵᠦ᠍ ᠠᠳᠠᠯᠢ ᠪᠤᠰᠤ ᠬᠠᠢᠷ᠎ᠠ ᠬᠠᠯᠠᠮᠵᠢ᠎ᠶ᠋ᠢᠨ ᠬᠤᠪᠢ ᠭᠡᠵᠦ᠍ ᠨᠠᠭᠠᠭ᠍ᠰᠠᠨ ᠪᠠᠢᠯ᠎ᠠ᠃
《ᠬᠡᠷ ᠪᠦᠯᠢ ᠡᠶ᠎ᠡ ᠨᠠᠢᠷᠲᠠᠶ᠂ ᠬᠥᠷᠰᠢ ᠵᠡᠷᠭᠡᠯᠡᠳᠡᠭᠡ ᠡᠶ᠎ᠡ ᠵᠣᠬᠢᠴᠠᠯ᠎ᠲᠠᠢ ᠪᠠᠢᠵᠤ᠂ ᠡᠷᠡᠭᠦᠯ ᠬᠠᠮᠠᠭᠠᠯᠠᠯ᠎ᠢᠶᠠᠨ ᠰᠠᠢᠲᠤᠷ ᠬᠢᠵᠦ᠍᠂ ᠲᠣᠰᠭᠤᠨ᠎ᠤ ᠵᠣᠬᠢᠶᠠᠨ ᠪᠠᠢᠭᠤᠯᠤᠭ᠍ᠰᠠᠨ ᠠᠵᠢᠯᠯᠠᠭ᠎ᠠ᠎ᠳᠤ ᠣᠷᠣᠯᠴᠠᠪᠠᠯ ᠳᠠᠷᠤᠶ ᠬᠠᠷᠠᠭᠠᠯᠵᠠᠭ᠍ᠰᠠᠨ ᠬᠠᠢᠷ᠎ᠠ ᠬᠠᠯᠠᠮᠵᠢ᠎ᠶ᠋ᠢᠨ ᠬᠤᠷᠠᠮᠳᠤᠯ ᠬᠤᠪᠢ ᠣᠯᠵᠤ᠂ ᠬᠤᠷᠠᠮᠳᠤᠯ ᠬᠤᠪᠢ᠎ᠶ᠋ᠢᠨ ᠺᠠᠷᠲ᠎ᠢᠶᠠᠷ ᠡᠯ᠎ᠡ ᠵᠦᠢᠯ᠎ᠤᠨ ᠡᠳ᠋ ᠪᠣᠳᠠᠰ᠎ᠢ ᠰᠣᠯᠢᠵᠤ ᠪᠣᠯᠤᠨ᠎ᠠ》 ᠭᠡᠵᠦ᠍ ᠲᠠᠢᠯᠪᠤᠷᠢᠯᠠᠬᠤ᠎ᠶ᠋ᠢᠨ ᠳᠠᠭᠠᠤ ᠵᠠᠩ ᠼᠦᠢ ᠧ 70 ᠬᠤᠷᠠᠮᠳᠤᠯ ᠬᠤᠪᠢ᠎ᠪᠠᠷ᠎ᠢᠶᠠᠨ 20 ᠵᠢᠩ ᠲᠤᠲᠤᠷᠭ᠎ᠠ ᠰᠣᠯᠢᠪᠠ᠃
ᠭᠠᠩ᠎ᠲᠠᠢ ᠲᠣᠰᠭᠤᠨ᠎ᠠᠴᠠ ᠳᠡᠮᠡᠢ ᠬᠤᠯᠠ ᠦᠭᠡᠢ ᠴᠢᠩ ᠾᠧ ᠽᠢ ᠭᠠᠴᠠᠭᠠᠨ᠎ᠳᠤ᠂ ᠲᠣᠰᠭᠤᠨ᠎ᠤ ᠠᠷᠠᠳ ᠯᠠᠨ ᠲᠢᠶᠠᠨ ᠵᠦ᠍ ᠪᠠᠰᠠ ᠬᠠᠢᠷ᠎ᠠ ᠬᠠᠯᠠᠮᠵᠢ᠎ᠶ᠋ᠢᠨ ᠬᠡᠲᠦ ᠳᠡᠯᠭᠡᠭᠦᠷ᠎ᠲᠤ ᠶᠠᠭᠤ ᠰᠣᠯᠢᠬᠤ᠎ᠪᠠᠨ ᠪᠣᠳᠣᠵᠤ ᠨᠠᠭᠠᠰᠢ ᠴᠠᠭᠠᠰᠢ ᠠᠵᠢᠬ᠍ᠯᠠᠨᠠ᠃ 《ᠪᠢ ᠨᠢᠭᠡᠨᠲᠡ ᠬᠡᠲᠦ ᠤᠳᠠᠭ᠎ᠠ ᠠᠮᠢᠳᠤᠷᠠᠯ᠎ᠤᠨ ᠬᠡᠷᠡᠭ᠌ᠰᠡᠯ ᠰᠣᠯᠢᠵᠠᠢ᠂ ᠲᠤᠩ ᠰᠠᠢᠨ ᠰᠠᠨᠠᠭ᠍ᠳᠠᠵᠤ ᠪᠠᠢᠨ᠎ᠠ᠃ ᠤᠳᠤ ᠤᠯᠠᠨ᠎ᠢᠶᠠᠷ᠎ᠢᠶᠠᠨ ᠴᠥᠮ ᠲᠣᠰᠭᠤᠨ᠎ᠤ ᠠᠵᠢᠯ᠎ᠳᠤ ᠢᠳᠡᠪᠬᠢᠲᠡᠢ ᠬᠠᠮᠵᠢᠯᠴᠠᠵᠤ᠂ ᠢᠯᠡᠭᠦᠦ ᠬᠤᠪᠢ ᠬᠤᠷᠠᠮᠳᠤᠭᠤᠯᠵᠤ ᠢᠯᠡᠭᠦᠦ ᠡᠳ᠋ ᠪᠣᠳᠠᠰ ᠰᠣᠯᠢᠬᠤ᠎ᠪᠠᠷ ᠴᠢᠷᠮᠠᠢᠵᠤ ᠪᠠᠢᠨ᠎ᠠ》᠃ ᠠᠳᠡ 《ᠠᠳᠠᠯᠢᠳᠭᠠᠬᠤ ᠰᠤᠷᠬᠤ ᠭᠦᠢᠴᠡᠬᠦ᠌ ᠬᠠᠪᠰᠤᠷᠬᠤ》 ᠨᠢ ᠨᠢᠭᠡᠨᠲᠡ ᠨᠢᠭᠡ ᠵᠦᠢᠯ᠎ᠤᠨ ᠱᠢᠨ᠎ᠡ ᠬᠡᠪ ᠰᠤᠷᠲᠠᠯ ᠪᠣᠯᠵᠠᠢ᠃
ᠬᠠᠢᠷ᠎ᠠ ᠬᠠᠯᠠᠮᠵᠢ ᠬᠦᠷᠭᠡᠬᠦ᠌ ᠬᠡᠲᠦ ᠳᠡᠯᠭᠡᠭᠦᠷ᠎ᠨᠢ ᠨᠤᠲᠤᠭ᠎ᠤᠨ ᠰᠤᠷᠲᠠᠯ ᠪᠣᠯᠪᠠᠰᠤᠨ᠎ᠢ 《ᠱᠢᠨᠡᠳᠭᠡᠵᠦ᠍》᠂ ᠪᠠᠭ᠎ᠠ ᠬᠤᠪᠢ᠎ᠨᠢ ᠶᠡᠭᠡ ᠴᠢᠳᠠᠪᠤᠷᠢ᠎ᠶ᠋ᠢ ᠢᠯᠡᠷᠡᠭᠦᠯᠪᠡ᠃ ᠤᠯᠠᠭᠠᠨᠬᠠᠳᠠ ᠬᠤᠲᠠ᠎ᠶ᠋ᠢᠨ ᠨᠤᠲᠤᠭ᠎ᠤᠨ ᠰᠤᠷᠲᠠᠯ ᠪᠣᠯᠪᠠᠰᠤᠨ᠎ᠤ ᠲᠦᠪᠱᠢᠨ᠎ᠢ ᠳᠡᠭᠡᠭ᠌ᠰᠢᠯᠡᠭᠦᠯᠬᠦ᠌ ᠪᠣᠳᠠᠲᠠᠶ᠎ᠶ᠋ᠢ ᠡᠷᠬᠢᠮᠯᠡᠬᠦ᠌ ᠠᠷᠭ᠎ᠠ ᠬᠡᠮᠵᠢᠶ᠎ᠡ ᠪᠣᠯᠤᠭ᠍ᠰᠠᠨ᠎ᠤ ᠬᠤᠪᠢ᠎ᠳᠤ᠂ 《ᠬᠠᠢᠷ᠎ᠠ ᠬᠠᠯᠠᠮᠵᠢ᠎ᠶ᠋ᠢᠨ ᠬᠡᠳᠤ ᠳᠡᠯᠭᠡᠭᠦᠷ》 ᠤᠨ᠎ᠬᠢᠨ ᠶᠠᠳᠠᠭᠤ ᠬᠦᠴᠢᠷᠳᠡᠯᠲᠡᠶ ᠣᠯᠠᠨ ᠲᠦᠮᠡᠨ᠎ᠤ ᠳᠣᠲᠣᠭᠠᠳᠤ ᠬᠥᠳᠡᠯᠭᠡᠬᠦ᠌ ᠬᠦᠴᠦᠨ᠎ᠢ ᠬᠥᠭ᠌ᠵᠢᠭᠡᠬᠦ᠌ ᠪᠠ ᠳᠠᠢᠴᠢᠯᠠᠵᠤ᠂ ᠲᠡᠳᠡᠨ᠎ᠢ ᠬᠤᠪᠢ ᠬᠥᠮᠦᠨ᠎ᠤ ᠱᠢᠷᠭᠠᠭᠤ ᠬᠥᠳᠡᠯᠮᠦᠷᠢ᠎ᠪᠠᠷ᠎ᠢᠶᠠᠨ ᠳᠡᠮᠵᠢᠨ ᠨᠤᠲᠤᠭ᠎ᠤᠨ ᠰᠤᠷᠲᠠᠯ ᠪᠣᠯᠪᠠᠰᠤᠨ᠎ᠤ ᠬᠤᠷᠠᠮᠳᠤᠯ ᠬᠤᠪᠢ ᠤᠯᠵᠤ᠂ 《ᠪᠤᠳᠠᠲᠠᠢ ᠠᠱᠢᠭ ᠬᠦᠷᠲᠡᠭ᠌ᠴᠢ》 ᠪᠤᠯᠵᠤ ᠬᠤᠪᠢᠷᠠᠬᠤ᠎ᠶ᠋ᠢ ᠵᠣᠷᠢᠭ᠍ᠵᠢᠭᠤᠯᠵᠥ᠍ ᠪᠤᠢ᠃
ᠬᠤᠯᠪᠤᠭᠠᠰᠤ
ᠮᠠᠨ᠎ᠤ ᠣᠷᠣᠨ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢᠨ ᠶᠠᠳᠠᠭᠤ ᠬᠦᠴᠢᠷᠳᠡᠯ᠎ᠢ ᠲᠡᠳᠬᠦᠬᠦ᠌ ᠬᠢᠭᠡᠳ ᠢᠲᠡᠭᠡᠯ ᠵᠣᠷᠢᠭ᠎ᠢ ᠲᠡᠳᠬᠦᠬᠦ᠂ ᠣᠶᠤᠨ ᠤᠬᠠᠭᠠᠨ᠎ᠢ ᠲᠡᠳᠬᠦᠬᠦ᠌᠎ᠶ᠋ᠢ ᠤᠶᠠᠯᠳᠤᠭᠤᠯᠤᠨ᠂ 《ᠳᠣᠲᠣᠭᠠᠳᠤ》 《ᠭᠠᠳᠠᠭᠠᠳᠤ》 ᠳᠠᠢᠰᠢ ᠴᠦᠮ ᠲᠡᠳᠬᠦᠵᠦ᠍᠂ ᠶᠠᠳᠠᠭᠤ ᠬᠦᠴᠢᠷᠳᠡᠯᠲᠡᠶ ᠣᠯᠠᠨ ᠲᠦᠮᠡᠨ᠎ᠢ ᠪᠦᠲᠦᠮᠵᠢᠲᠡᠶ ᠬᠠᠪᠰᠤᠷᠤᠨ ᠪᠡᠶ᠎ᠡ᠎ᠪᠠᠨ ᠳᠠᠭᠠᠭᠠᠵᠤ ᠶᠠᠳᠠᠭᠤ᠎ᠠᠴᠠ ᠠᠩᠭᠢᠵᠢᠷᠠᠭᠤᠯᠬᠤ ᠵᠠᠮ᠎ᠢ ᠨᠡᠭᠡᠭᠡᠵᠦ᠍᠂ ᠣᠷᠣᠯᠭ᠎ᠠ᠎ᠶ᠋ᠢ᠎ᠨᠢ ᠨᠡᠮᠡᠭ᠌ᠳᠡᠭᠦᠯᠦᠨ ᠪᠠᠶᠠᠵᠢᠭᠤᠯᠵᠤ ᠬᠥᠭ᠌ᠵᠢᠭᠦᠯᠬᠦ᠌᠎ᠪᠠᠷ ᠴᠢᠷᠮᠠᠢᠬᠤ ᠳᠣᠲᠣᠭᠠᠳᠤ ᠬᠥᠳᠡᠯᠭᠡᠬᠦ᠌ ᠬᠦᠴᠦᠨ᠎ᠢ ᠬᠥᠭ᠌ᠵᠢᠭᠡᠪᠡ᠃ ᠮᠠᠨ᠎ᠤ ᠣᠷᠣᠨ ᠪᠠᠰᠠ ᠦᠢᠯᠡᠳᠪᠦᠷᠢᠯᠡᠯ᠎ᠤᠨ ᠱᠠᠩᠨᠠᠯ᠎ᠤᠨ ᠨᠥᠬᠦᠪᠥᠷᠢ᠂ ᠬᠥᠳᠡᠯᠮᠦᠷᠢ ᠦᠶᠯᠡᠴᠢᠯᠡᠭᠡᠨ᠎ᠤ ᠨᠥᠬᠦᠪᠥᠷᠢ᠂ ᠠᠵᠢᠯ ᠣᠯᠭᠤᠬᠤ᠎ᠪᠠᠷ ᠲᠡᠳᠬᠦᠮᠵᠢ᠎ᠶ᠋ᠢ ᠣᠷᠣᠯᠠᠭᠤᠯᠬᠤ ᠵᠡᠷᠭᠡ ᠲᠣᠭ᠍ᠲᠠᠴᠠ᠎ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠣᠯᠠᠨ ᠲᠦᠮᠡᠨ᠎ᠢ ᠬᠥᠲᠥᠯᠥᠨ ᠵᠢᠯᠣᠭᠤᠳᠴᠤ᠌ ᠪᠠᠢᠭᠠᠳ ᠶᠠᠳᠠᠭᠤ᠎ᠠᠴᠠ ᠠᠩᠭᠢᠵᠢᠷᠠᠭᠤᠯᠤᠨ ᠪᠠᠶᠠᠵᠢᠭᠤᠯᠤᠭ᠍ᠰᠠᠨ ᠪᠠᠢᠨ᠎ᠠ᠃ ᠬᠤᠪᠢ ᠬᠤᠷᠠᠮᠳᠤᠭᠤᠯᠵᠤ ᠲᠠᠸᠠᠷ ᠰᠣᠯᠢᠬᠤ᠂ ᠨᠡᠢᠲᠡ᠎ᠶ᠋ᠢᠨ ᠠᠰᠠᠷᠠᠮᠵᠢ᠎ᠶ᠋ᠢᠨ ᠠᠵᠢᠯ᠎ᠤᠨ ᠪᠠᠢᠷᠢ ᠲᠣᠬᠢᠷᠠᠭᠤᠯᠬᠤ᠂ ᠢᠲᠡᠭᠡᠮᠵᠢ᠎ᠶ᠋ᠢᠨ ᠣᠳᠣᠨ ᠳᠡᠰ᠎ᠢ ᠦᠨᠡᠯᠡᠨ ᠲᠣᠭ᠍ᠲᠠᠭᠠᠬᠤ ᠵᠡᠷᠭᠡ ᠠᠷᠭ᠎ᠠ ᠪᠠᠷᠢᠯ᠎ᠢᠶᠠᠷ ᠶᠠᠳᠠᠭᠤ ᠬᠦᠴᠢᠷᠳᠡᠯᠲᠡᠶ ᠣᠯᠠᠨ ᠲᠦᠮᠡᠨ᠎ᠤ ᠶᠠᠳᠠᠭᠤ᠎ᠠᠴᠠ ᠠᠩᠭᠢᠵᠢᠷᠠᠨ ᠪᠠᠶᠠᠵᠢᠬᠤ ᠭᠤᠤᠯ ᠴᠣᠭ᠍ᠴᠠ᠎ᠶ᠋ᠢᠨ ᠤᠬᠠᠮᠰᠠᠷ᠎ᠢ᠎ᠨᠢ ᠰᠡᠷᠭᠦᠭᠡᠵᠦ᠍᠂ ᠠᠵᠢᠯᠴᠢ ᠬᠥᠳᠡᠯᠮᠦᠷᠢᠴᠢ᠎ᠪᠠᠷ ᠪᠠᠶᠠᠵᠢᠬᠤ 《ᠴᠤᠭ ᠵᠢᠪᠬᠤᠭ᠎ᠠ》 ᠶ᠋ᠢ᠎ᠨᠢ ᠬᠥᠭ᠌ᠵᠢᠭᠡᠵᠠᠢ᠃ ᠣᠳᠣᠬᠠᠨ᠎ᠳᠤ ᠪᠥᠬᠦ᠌ ᠣᠷᠣᠨ᠎ᠤ 1784 ᠭᠠᠴᠠᠭ᠎ᠠ ᠲᠣᠰᠭᠤᠨ᠎ᠳᠤ ᠬᠠᠢᠷ᠎ᠠ ᠬᠠᠯᠠᠮᠵᠢ ᠬᠦᠷᠭᠡᠬᠦ᠌ ᠬᠡᠲᠦ ᠳᠡᠯᠭᠡᠭᠦᠷ ᠪᠠᠢᠭᠤᠯᠵᠤ᠂ 22.4 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠲᠠᠸᠠᠷ ᠰᠣᠯᠢᠬᠤ᠎ᠳᠤ ᠣᠷᠣᠯᠴᠠᠵᠤ᠂ 1475 ᠲᠦᠮᠡᠨ ᠲᠥᠭᠦᠷᠢᠭ᠎ᠤᠨ ᠡᠳ᠋ ᠪᠣᠳᠠᠰ ᠰᠣᠯᠢᠪᠠ᠃
ᠮᠠᠨ᠎ᠤ ᠣᠷᠣᠨ ᠪᠠᠰᠠ ᠰᠣᠶᠣᠯ᠎ᠢᠶᠠᠷ ᠶᠠᠳᠠᠭᠤ᠎ᠶ᠋ᠢ ᠲᠡᠳᠬᠦᠬᠦ᠌ 《ᠠᠷᠪᠠ᠎ᠶ᠋ᠢ ᠲᠣᠰᠭᠤᠨ᠎ᠳᠤ ᠣᠷᠣᠭᠤᠯᠬᠤ》 ᠪᠠ ᠤᠯᠠᠭᠠᠨᠮᠥ᠋ᠴᠢᠷ᠎ᠤᠨ ᠲᠣᠭᠤᠷᠢᠨ ᠲᠣᠭ᠍ᠯᠠᠯᠲᠠ ᠭᠠᠷᠭᠠᠬᠤ ᠠᠵᠢᠯᠯᠠᠭ᠎ᠠ ᠥᠷᠨᠢᠭᠦᠯᠵᠦ᠍᠂ ᠱᠢᠨ᠎ᠡ ᠴᠠᠭ ᠦᠶ᠎ᠡ᠎ᠶ᠋ᠢᠨ ᠮᠠᠯᠴᠢᠨ ᠲᠠᠷᠢᠶᠠᠴᠢᠨ᠎ᠤ ᠬᠡᠪ ᠴᠢᠨᠠᠷ᠎ᠢ ᠳᠡᠭᠡᠭ᠌ᠰᠢᠯᠡᠭᠦᠯᠬᠦ᠌ 《ᠮᠢᠩᠭᠠᠨ ᠲᠣᠰᠭᠤᠨ ᠵᠢᠱ᠌ᠢᠶ᠎ᠡ ᠦᠵᠡᠭᠦᠯᠬᠦ᠂ ᠲᠦᠮᠡᠨ ᠲᠣᠰᠭᠤᠨ ᠬᠦ᠍ᠳᠡᠯᠦᠯᠴᠡᠬᠦ᠌》 ᠶ᠋ᠢ ᠭᠦᠨᠵᠡᠭᠡᠶ ᠬᠡᠷᠡᠭ᠌ᠵᠢᠭᠦᠯᠵᠦ᠍᠂ 1.23 ᠲᠦᠮᠡᠨ 《ᠲᠣᠰᠭᠤᠨ ᠪᠣᠯᠭᠠᠨ᠎ᠳᠤ ᠴᠤᠤᠷᠢᠶᠠᠳᠤᠬᠤ》 ᠦᠵᠦᠭᠦᠷᠯᠢᠭ᠎ᠢ ᠠᠱᠢᠬ᠍ᠯᠠᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠱᠢᠪᠲᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠬᠢᠵᠦ᠍᠂ 31.9 ᠲᠦᠮᠡᠨ ᠬᠥᠮᠦᠨ᠎ᠢ ᠬᠠᠮᠤᠷᠴᠠᠶ᠃

ᠶᠠᠳᠠᠭᠤ ᠬᠦᠴᠢᠷᠳᠡᠯᠳᠡᠢ ᠡᠷᠦᠬᠡ᠎ᠶ᠋ᠢᠨ᠎ᠬᠢᠨ ᠬᠠᠢᠷ᠎ᠠ ᠬᠠᠯᠠᠮᠵᠢ᠎ᠶ᠋ᠢᠨ ᠳᠡᠯᠬᠡᠬᠦᠷ᠎ᠠᠴᠠ ᠪᠠᠷᠠᠭ᠎ᠠ ᠬᠤᠳᠠᠯᠳᠤᠨ ᠠᠪᠤᠨ᠎ᠠ