《ᠠᠯᠠᠭᠠᠨ ᠴᠢᠨᠠᠬᠡᠨ ​》 ᠭᠠᠵᠠᠷ᠎ᠠᠴᠠ ᠰᠤᠨᠤᠯᠵᠠᠭ᠍ᠰᠠᠨ ᠪᠠᠶᠠᠵᠢᠯ᠎ᠤᠨ ᠵᠠᠮ
2021-02-28 14:23:50
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

32 ᠵᠢᠮᠢᠰ᠎ᠤᠨ ᠮᠣᠳᠣ᠂ 200 ᠲᠡᠭ᠌ᠰᠢ ᠳᠦᠷᠪᠡᠯᠵᠢᠨ ᠮᠧᠳ᠋ᠷ ᠲᠠᠯᠠᠪᠠᠢ᠎ᠲᠠᠢ ᠱᠢᠷ᠎ᠠ ᠪᠤᠷᠴᠠᠭ᠂ 21 ᠬᠤᠨᠢ᠂ 50 ᠢᠳᠡᠱᠢᠨ ᠲᠠᠬᠢᠶ᠎ᠠ᠎ᠨᠢ ᠵᠠᠩ ᠵᠢᠩ ᠹᠠᠩ᠎ᠤᠨ᠎ᠬᠢᠨ᠎ᠤ ᠭᠡᠷ᠎ᠤᠨ ᠬᠦᠷᠢᠶ᠎ᠡ᠎ᠶ᠋ᠢ ᠭᠤᠷᠪᠠᠨ ᠭᠡᠰᠡᠭ ᠪᠤᠯᠭᠠᠨ ᠬᠤᠪᠢᠶᠠᠵᠠᠢ — ᠬᠤᠨᠢᠨ ᠬᠠᠱᠢᠶ᠎ᠠ᠂ ᠲᠠᠬᠢᠶᠠᠨ ᠡᠬᠦᠷ᠂ ᠨᠣᠭᠤᠭ᠎ᠠ᠎ᠶ᠋ᠢᠨ ᠬᠠᠱᠢᠶ᠎ᠠ᠂ ᠥᠩᠭᠡᠷᠡᠭ᠌ᠰᠡᠨ᠎ᠳᠤ ᠡᠯᠦᠢ ᠬᠤᠯᠤᠢ ᠪᠠᠢᠭ᠍ᠰᠠᠨ ᠲᠠᠷᠢᠶᠠᠴᠢᠨ ᠠᠢᠯ᠎ᠤᠨ ᠬᠦᠷᠢᠶ᠎ᠡ ᠤᠳᠤ ᠪᠤᠯᠬᠤ᠎ᠳᠤ ᠤᠨᠴᠠ᠎ᠶ᠋ᠢᠨ ᠬᠥᠭ᠌ᠵᠢᠶᠡᠨᠲᠡᠢ ᠪᠠᠢᠯ᠎ᠠ᠃ 《ᠮᠠᠨ᠎ᠤ ᠬᠦᠷᠢᠶ᠎ᠠ ᠬᠠᠱᠢᠶ᠎ᠡ ᠳᠡᠢᠮᠦ᠍ ᠶᠡᠭᠡ ᠦᠭᠡᠢ ᠴᠦ᠍ ᠡᠨᠡ ᠬᠤᠶᠠᠷ ᠵᠢᠯ ᠨᠣᠭᠤᠭ᠎ᠠ ᠲᠠᠷᠢᠬᠤ᠂ ᠲᠡᠵᠢᠭᠡᠨ ᠦᠷᠡᠵᠢᠭᠦᠯᠬᠦ᠌ ᠦᠢᠯᠡᠰ᠎ᠢᠶᠠᠷ ᠨᠡᠯᠢᠶᠡᠳ ᠣᠷᠣᠯᠭ᠎ᠠ᠎ᠲᠠᠢ ᠪᠤᠯᠤᠭ᠍ᠰᠠᠨ ᠱᠢᠤ!》 ᠭᠡᠵᠦ᠍ ᠵᠠᠩ ᠵᠢᠩ ᠹᠠᠩ ᠪᠠᠶᠠᠷᠳᠠᠢᠬᠠᠨ ᠶᠠᠷᠢᠨ᠎ᠠ᠃

ᠲᠦᠩᠯᠢᠶᠣᠤ ᠬᠤᠳᠠ᠎ᠶ᠋ᠢᠨ ᠺᠠᠢᠯᠦ᠍ ᠱᠢᠶᠠᠨ᠎ᠤ ᠱᠢᠶᠤᠤ ᠵᠢᠶᠧ ᠵᠶ᠋ᠢ ᠪᠠᠯᠭᠠᠰᠤ᠎ᠶ᠋ᠢᠨ ᠵᠤᠤ ᠭᠧᠨ ᠲᠣᠰᠭᠤᠨ᠎ᠤ ᠠᠷᠠᠳ ᠵᠠᠩ ᠵᠢᠩ ᠹᠠᠩ ᠡᠨᠡ ᠵᠢᠯ 68 ᠨᠠᠰᠤᠲᠠᠢ᠂ ᠵᠤᠤ ᠭᠧᠨ ᠲᠣᠰᠭᠤᠨ᠎ᠤ ᠶᠠᠳᠠᠭᠤ᠎ᠠᠴᠠ ᠠᠩᠭᠢᠵᠢᠷᠠᠭ᠍ᠰᠠᠨ ᠡᠷᠦᠬᠡ ᠪᠣᠯᠤᠨ᠎ᠠ᠃ ᠥᠩᠭᠡᠷᠡᠭ᠌ᠰᠡᠨ᠎ᠳᠤ ᠲᠡᠷᠡ ᠬᠥᠭ᠌ᠰᠢᠨ᠎ᠲᠠᠢ᠎ᠪᠠᠨ ᠪᠦᠷ ᠤᠳᠠᠭᠠᠨ ᠴᠢᠨᠠᠷᠲᠠᠶ ᠡᠪᠡᠳᠴᠢᠨ᠎ᠲᠠᠢ᠂ ᠣᠷᠣᠯᠭ᠎ᠠ᠎ᠨᠢ ᠴᠤ᠌ ᠬᠢᠵᠠᠭᠠᠷ᠎ᠲᠠᠢ ᠪᠠᠢᠬ᠍ᠰᠠᠨ᠎ᠠᠴᠠ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠪᠠᠷ ᠠᠮᠢᠳᠤᠷᠠᠯ᠎ᠢᠶᠠᠨ ᠠᠷᠭᠠᠴᠠᠭᠠᠵᠤ ᠪᠠᠢᠵᠠᠶ᠃ ᠣᠢᠷ᠎ᠠ᠎ᠶ᠋ᠢᠨ ᠵᠢᠯ᠎ᠤᠨ ᠲᠤᠷᠰᠢ᠂ ᠱᠢᠶᠤᠤ ᠵᠢᠶᠧ ᠵᠶ᠋ᠢ ᠪᠠᠯᠭᠠᠰᠤ ᠭᠡᠷ᠎ᠲᠡᠭᠡᠨ ᠬᠤᠴᠣᠷᠤᠭ᠍ᠰᠠᠨ ᠨᠠᠰᠤᠲᠠᠢᠴᠤᠳ ᠵᠡᠷᠭᠡ᠎ᠶ᠋ᠢ ᠢᠳᠡᠪᠬᠢᠲᠡᠶ᠎ᠪᠠᠷ ᠬᠥᠲᠥᠯᠥᠨ ᠵᠢᠯᠣᠭᠤᠳᠴᠤ᠌ ᠪᠠᠢᠭᠠᠳ ᠬᠦᠷᠢᠶ᠎ᠡ ᠬᠠᠱᠢᠶᠠᠨ᠎ᠤ ᠳᠣᠲᠣᠨ᠎ᠠ ᠭᠠᠳᠠᠨᠠᠬᠢ᠂ ᠭᠡᠷ ᠪᠠᠢᠱᠢᠩ᠎ᠤᠨ ᠠᠷᠤ ᠥᠪᠥᠷ᠎ᠤᠨ 《ᠠᠯᠠᠭᠠᠨ ᠴᠢᠨᠡᠭᠡ ᠭᠠᠵᠠᠷ》 ᠎ᠢ ᠭᠦᠢᠴᠡᠳ ᠠᠱᠢᠬ᠍ᠯᠠᠵᠦ᠍᠂ ᠵᠢᠵᠢᠭ ᠭᠤᠯᠳᠤᠩ ᠰᠠᠷᠠᠪᠴᠢ᠂ ᠵᠢᠵᠢᠭ ᠮᠠᠯ ᠠᠵᠤ ᠠᠬᠤᠶ ᠵᠡᠷᠭᠡ ᠬᠦᠷᠢᠶ᠎ᠡ ᠬᠠᠱᠢᠶᠠᠨ᠎ᠤ ᠠᠵᠤ ᠠᠬᠤᠶ᠎ᠶ᠋ᠢ ᠬᠥᠭ᠌ᠵᠢᠭᠦᠯᠵᠦ᠍᠂ ᠣᠯᠠᠨ ᠠᠷᠭ᠎ᠠ ᠵᠠᠮ᠎ᠢᠶᠠᠷ ᠣᠷᠣᠯᠭ᠎ᠠ᠎ᠶ᠋ᠢ᠎ᠨᠢ ᠨᠡᠮᠡᠭ᠌ᠳᠡᠭᠦᠯᠪᠡ᠃

2018 ᠣᠨ᠎ᠳᠤ ᠲᠣᠰᠭᠤᠨ᠎ᠳᠤ ᠰᠠᠭᠤᠭ᠎ᠠ ᠠᠵᠢᠯᠯᠠᠬᠤ ᠠᠩᠬᠢ᠎ᠶ᠋ᠢᠨ᠎ᠬᠢᠨ ᠲᠡᠭᠦᠨ᠎ᠳᠤ 3000 ᠲᠥᠭᠦᠷᠢᠭ᠎ᠤᠨ ᠬᠤᠨᠢ ᠮᠠᠯᠵᠢᠬᠤ ᠶᠠᠳᠠᠭᠤ᠎ᠶ᠋ᠢ ᠲᠡᠳᠬᠦᠬᠦ᠌ ᠪᠡᠯᠡ ᠮᠥᠩᠭᠦ᠌ ᠵᠣᠬᠢᠴᠠᠭᠤᠯᠤᠨ ᠦᠭ᠌ᠴᠦ᠂ ᠲᠡᠷᠡ ᠥᠪᠡᠷ᠎ᠢᠶᠠᠨ ᠵᠣᠭᠤᠰ ᠨᠡᠮᠡᠭᠡᠳ 5 ᠬᠤᠨᠢ ᠬᠤᠳᠠᠯᠳᠤᠨ ᠠᠪᠴᠤ᠌᠂ 2 ᠵᠢᠯ ᠭᠠᠷᠤᠢ ᠨᠢᠮᠪᠠᠢ ᠠᠷᠠᠴᠢᠯᠠᠨ ᠳᠤᠳᠤᠮᠳᠠᠭ᠍ᠰᠠᠨ᠎ᠢᠶᠠᠷ ᠤᠳᠤ ᠨᠢᠭᠡᠨᠲᠡ 21 ᠬᠤᠨᠢ᠎ᠲᠠᠢ ᠪᠤᠯᠵᠠᠢ᠃ 《ᠡᠨᠡ ᠬᠤᠶᠠᠷ ᠵᠢᠯ᠎ᠳᠤ ᠬᠤᠨᠢᠨ᠎ᠤ ᠦᠨ᠎ᠡ ᠰᠠᠢᠨ᠂ ᠬᠤᠷᠠᠭ᠎ᠠ ᠴᠤ᠌ 800 ᠭᠠᠷᠤᠢ ᠲᠥᠭᠦᠷᠢᠭ᠎ᠲᠤ ᠬᠦᠷᠦᠨ᠎ᠡ᠂ ᠢᠳᠡᠱᠢᠨ ᠲᠠᠬᠢᠶ᠎ᠠ᠎ᠶ᠋ᠢ ᠨᠠᠮᠤᠷ ᠪᠣᠯᠬᠤ᠎ᠳᠤ ᠳᠤᠮᠳᠠᠴᠢ᠎ᠪᠠᠷ ᠪᠠᠰᠠ 100 ᠲᠥᠭᠦᠷᠢᠭ᠎ᠢᠶᠠᠷ ᠬᠤᠳᠠᠯᠳᠤᠵᠤ ᠪᠣᠯᠤᠨ᠎ᠠ᠂ 50 ᠲᠠᠬᠢᠶ᠎ᠠ᠎ᠠᠴᠠ 5000 ᠲᠥᠭᠦᠷᠢᠭ᠎ᠤᠨ ᠤᠷᠤᠯᠭ᠎ᠠ᠎ᠲᠠᠢ᠂ ᠬᠦᠭ᠌ᠰᠢᠨ ᠪᠢᠳᠡ ᠬᠤᠶᠠᠷ᠎ᠤᠨ ᠠᠮᠢᠳᠤᠷᠠᠯ ᠴᠦ᠍ ᠵᠣᠪᠠᠭ᠍ᠤ ᠶᠠᠭᠤᠮ᠎ᠠ ᠦᠭᠡᠢ ᠪᠤᠯᠤᠭ᠍ᠰᠠᠨ ᠡ》 ᠭᠡᠵᠦ᠍ ᠵᠠᠩ ᠵᠢᠩ ᠹᠠᠩ ᠬᠡᠯᠡᠨ᠎ᠡ᠃

ᠬᠤᠯᠪᠤᠭᠠᠰᠦ

ᠪᠦᠬᠦ᠋ᠢᠯᠡ ᠲᠦᠩᠯᠢᠶᠣᠤ ᠬᠤᠲᠠ᠎ᠶ᠋ᠢ ᠠᠵᠢᠬᠤᠶ᠎ᠠ᠂ ᠶᠠᠳᠠᠭᠤ᠎ᠶ᠋ᠢ ᠲᠡᠳᠬᠦᠬᠦ᠌ ᠭᠤᠤᠯᠯᠠᠬᠤ ᠠᠵᠤ ᠦᠢᠯᠡᠰ᠎ᠢ ᠬᠦᠴᠦᠷᠬᠡᠭ᠌ᠵᠢᠭᠦᠯᠦᠨ ᠪᠤᠵᠠᠭᠠᠢᠷᠠᠭᠤᠯᠬᠤ᠎ᠶ᠋ᠢᠨ ᠬᠠᠮᠲᠤ᠌᠂ ᠬᠦᠷᠢᠶ᠎ᠡ ᠬᠠᠱᠢᠶᠠᠨ᠎ᠤ ᠠᠵᠤ ᠠᠬᠤᠶ᠎ᠶ᠋ᠢ ᠠᠵᠤ ᠦᠢᠯᠡᠰ᠎ᠢᠶᠠᠷ ᠲᠡᠳᠬᠦᠬᠦ᠌᠎ᠶ᠋ᠢᠨ ᠬᠦᠴᠦᠲᠡᠶ ᠨᠥᠬᠦᠪᠥᠷᠢ ᠪᠠ ᠶᠠᠳᠠᠭᠤ ᠬᠦᠴᠢᠷᠳᠡᠯᠲᠡᠶ ᠮᠠᠯᠴᠢᠨ ᠲᠠᠷᠢᠶᠠᠴᠢᠳ᠎ᠢ ᠶᠠᠳᠠᠭᠤ᠎ᠠᠴᠠ ᠠᠩᠭᠢᠵᠢᠷᠠᠭᠤᠯᠤᠨ ᠪᠠᠶᠠᠵᠢᠭᠤᠯᠬᠤ ᠪᠦᠲᠦᠮᠵᠢᠲᠡᠶ ᠠᠷᠭ᠎ᠠ ᠵᠠᠮ ᠪᠣᠯᠭᠠᠬᠤ᠎ᠶ᠋ᠢ ᠪᠠᠷᠢᠮᠲᠠᠯᠠᠵᠠᠢ᠃ ᠨᠢᠭᠡ ᠬᠡᠰᠡᠭ ᠲᠠᠷᠢᠶ᠎ᠠ᠂ ᠨᠢᠭᠡ ᠬᠦᠷᠢᠶ᠎ᠠ᠂ ᠨᠢᠭᠡ ᠲᠥᠷᠥᠯ᠎ᠤᠨ ᠮᠡᠷᠭᠡᠵᠢᠯ᠎ᠤᠨ ᠬᠥᠭ᠌ᠵᠢᠯᠲᠡ᠎ᠶ᠋ᠢᠨ ᠰᠡᠳᠭᠢᠴᠡ᠎ᠶ᠋ᠢᠨ ᠲᠣᠭᠤᠷᠢᠨ᠎ᠳᠤ᠂ ᠵᠢᠵᠢᠭ ᠲᠡᠵᠢᠭᠡᠪᠦᠷᠢ᠂ ᠵᠢᠵᠢᠭ ᠲᠠᠷᠢᠮᠠᠯ᠂ ᠵᠢᠵᠢᠭ ᠡᠳ᠋ᠱᠢᠭᠦᠯᠭᠡ ᠵᠡᠷᠭᠡ᠎ᠪᠠᠷ ᠭᠤᠤᠯ ᠠᠭᠤᠯᠭ᠎ᠠ ᠪᠣᠯᠭᠠᠵᠤ᠂ ᠶᠠᠳᠠᠭᠤ ᠬᠦᠴᠢᠷᠳᠡᠯᠲᠡᠶ ᠡᠷᠦᠬᠡ᠂ ᠡᠩ᠎ᠤᠨ ᠡᠷᠦᠬᠡ᠎ᠶ᠋ᠢᠨ ᠬᠦᠷᠢᠶ᠎ᠡ ᠬᠠᠱᠢᠶ᠎ᠠ ᠵᠡᠷᠭᠡ᠎ᠶ᠋ᠢᠨ ᠰᠤᠯᠠ ᠭᠠᠵᠠᠷ᠎ᠤᠨ ᠡᠬᠢ ᠪᠠᠶᠠᠯᠢᠭ ᠪᠠ ᠬᠥᠳᠡᠯᠮᠦᠷᠢ ᠬᠦᠴᠦ᠍ ᠮᠡᠷᠭᠡᠵᠢᠯ᠎ᠤᠨ ᠡᠬᠢ ᠪᠠᠶᠠᠯᠢᠭ᠎ᠢ ᠦᠷ᠎ᠡ ᠪᠦᠲᠦᠮᠵᠢᠲᠡᠶ ᠳᠣᠭᠢᠷᠠᠭᠤᠯᠤᠨ ᠠᠱᠢᠬ᠍ᠯᠠᠵᠦ᠍᠂ ᠳᠣᠲᠣᠭᠠᠳᠤ ᠬᠥᠳᠡᠯᠭᠡᠬᠦ᠌ ᠬᠦᠴᠦᠨ᠎ᠢ᠎ᠨᠢ ᠦᠷᠭᠦᠯᠵᠢᠯᠡᠨ ᠬᠥᠭ᠌ᠵᠢᠭᠡᠵᠠᠢ᠃

2019 ᠣᠨ᠎ᠳᠤ ᠲᠦᠩᠯᠢᠶᠣᠤ ᠬᠤᠲᠠ ᠬᠦᠷᠢᠶ᠎ᠡ ᠬᠠᠱᠢᠶᠠᠨ᠎ᠤ ᠠᠵᠤ ᠠᠬᠤᠶ᠎ᠶ᠋ᠢ ᠬᠥᠭ᠌ᠵᠢᠭᠦᠯᠬᠦ᠌ ᠲᠥᠷᠥᠯ ᠵᠦᠶᠯ᠎ᠤᠨ ᠵᠢᠯᠣᠭᠤᠳᠭᠤ ᠰᠠᠨᠠᠯ᠎ᠢ ᠨᠡᠢᠲᠡᠯᠡᠵᠦ᠍᠂ ᠡᠯ᠎ᠡ ᠬᠤᠱᠢᠭᠤ ᠱᠢᠶᠠᠨ ᠬᠤᠲᠠ ᠬᠦᠷᠢᠶ᠎ᠡ ᠬᠠᠱᠢᠶᠠᠨ᠎ᠤ ᠠᠵᠤ ᠠᠬᠤᠶ᠎ᠶ᠋ᠢᠨ ᠬᠡᠷᠡᠭ᠌ᠵᠢᠭᠦᠯᠬᠦ᠌ ᠲᠥᠰᠦᠯ᠎ᠢ ᠵᠠᠯᠭᠠᠭ᠎ᠠ᠎ᠪᠠᠷ ᠲᠣᠭ᠍ᠲᠠᠭᠠᠪᠠ᠃ ᠵᠠᠰᠠᠭ᠎ᠤᠨ ᠣᠷᠳᠣᠨ ᠬᠥᠲᠥᠯᠥᠨ ᠵᠢᠯᠣᠭᠤᠳᠭᠤ᠂ ᠭᠠᠴᠠᠭ᠎ᠠ ᠲᠣᠰᠭᠤᠨ ᠭᠤᠤᠯᠯᠠᠬᠤ᠂ ᠮᠠᠯᠵᠢᠬᠤ ᠲᠠᠷᠢᠶᠠᠯᠠᠬᠤ ᠡᠷᠦᠬᠡ ᠡᠵᠡᠨ ᠮᠡᠳᠡᠵᠦ᠍ ᠡᠵᠡᠩᠨᠡᠬᠦ᠂ ᠠᠵᠤ ᠠᠬᠤᠢᠯᠠᠯ ᠵᠠᠬᠢᠶᠠᠯᠠᠭ᠎ᠠ᠎ᠶ᠋ᠢ ᠬᠤᠷᠢᠶᠠᠨ ᠠᠪᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠡᠷᠦᠬᠡ᠎ᠶ᠋ᠢᠨ ᠥᠪᠡᠷ᠎ᠤᠨ ᠥᠷᠲᠡᠭ᠎ᠢ ᠠᠷᠪᠢᠯᠠᠨ ᠦᠷ᠎ᠡ ᠠᠱᠢᠭ᠎ᠢ ᠨᠡᠮᠡᠭ᠌ᠳᠡᠭᠦᠯᠬᠦ᠂ ᠵᠠᠷᠤᠯᠭ᠎ᠠ᠎ᠶ᠋ᠢ ᠪᠠᠭᠠᠰᠭᠠᠨ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠠᠬᠢᠭᠤᠯᠪᠠ᠃

ᠪᠥᠬᠦ᠌ ᠬᠤᠲᠠ᠎ᠶ᠋ᠢᠨ 10 ᠠᠵᠤ ᠦᠢᠯᠡᠰ᠎ᠤᠨ ᠵᠢᠭᠠᠨ ᠵᠢᠯᠣᠭᠤᠳᠭᠤ ᠲᠤᠰᠭᠠᠶ ᠮᠡᠷᠭᠡᠵᠢᠯᠲᠡᠨ᠎ᠤ ᠪᠦᠯᠬᠦᠮ᠎ᠤᠨ 218 ᠬᠥᠮᠦᠨ ᠪᠠ ᠠᠵᠤ ᠦᠢᠯᠡᠰ᠎ᠤᠨ ᠵᠢᠭᠠᠨ ᠵᠢᠯᠣᠭᠤᠳᠣᠭ᠍ᠴᠢ 2265 ᠬᠥᠮᠦᠨ ᠰᠠᠨᠠᠭᠠᠴᠢᠯᠠᠭ᠎ᠠ᠎ᠠᠴᠠ᠎ᠪᠠᠨ ᠡᠷᠦᠬᠡ᠎ᠳᠤ ᠣᠷᠣᠵᠤ᠂ ᠶᠠᠳᠠᠭᠤ ᠬᠦᠴᠢᠷᠳᠡᠯᠲᠡᠶ ᠡᠷᠦᠬᠡ᠎ᠶ᠋ᠢᠨ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ ᠪᠠ ᠬᠦᠴᠢᠷ ᠠᠰᠠᠭᠤᠳᠠᠯ᠎ᠢ ᠤᠢᠯᠠᠭᠠᠨ ᠡᠵᠡᠮᠱᠢᠵᠦ᠍᠂ ᠶᠠᠳᠠᠭᠤ ᠬᠦᠴᠢᠷᠳᠡᠯᠲᠡᠶ ᠡᠷᠦᠬᠡ᠎ᠶ᠋ᠢ ᠬᠠᠪᠰᠤᠷᠤᠨ ᠣᠨᠴᠠᠯᠢᠭ᠍ᠲᠤ ᠠᠵᠤ ᠦᠢᠯᠡᠰ᠎ᠢ ᠣᠨᠣᠪᠴᠢᠲᠠᠶ ᠰᠣᠩᠭᠤᠬᠤ᠎ᠶ᠋ᠢᠨ ᠬᠠᠮᠲᠤ ᠶᠠᠳᠠᠭᠤ ᠬᠦᠴᠢᠷᠳᠡᠯᠲᠡᠶ ᠡᠷᠦᠬᠡ᠎ᠶ᠋ᠢ ᠬᠠᠪᠰᠤᠷᠤᠨ ᠵᠠᠬ᠎ᠠ ᠳᠡᠯᠭᠡᠭᠦᠷ᠎ᠲᠠᠢ ᠵᠣᠯᠭᠠᠭᠤᠯᠵᠤ᠂ ᠦᠢᠯᠡᠳᠭᠦᠨ᠎ᠤ ᠪᠣᠷᠣᠯᠠᠭᠤᠯᠭ᠎ᠠ᠎ᠶ᠋ᠢᠨ ᠬᠤᠢᠱᠢᠳᠠ᠎ᠶ᠋ᠢᠨ ᠵᠣᠪᠠᠨᠢᠯ᠎ᠢ᠎ᠨᠢ ᠱᠢᠶᠳᠪᠦᠷᠢᠯᠡᠪᠡ᠃ 2020 ᠣᠨ᠎ᠤ ᠡᠴᠦᠰ ᠪᠣᠯᠲᠠᠯ᠎ᠠ᠂ ᠪᠥᠬᠦ᠌ ᠬᠤᠲᠠ᠎ᠳᠤ ᠶᠠᠳᠠᠭᠤ᠎ᠶ᠋ᠢ ᠲᠡᠳᠬᠦᠬᠦ᠌ ᠬᠥᠲᠥᠯᠥᠨ ᠵᠢᠯᠣᠭᠤᠳᠭᠤ ᠪᠠᠯᠠ ᠮᠥᠩᠭᠦ᠎ᠶ᠋ᠢ ᠨᠡᠢᠲᠡ 2258. 91 ᠲᠦᠮᠡᠨ ᠲᠥᠭᠦᠷᠢᠭ ᠣᠷᠣᠭᠤᠯᠵᠤ᠂ 94 ᠰᠤᠮᠤ ᠱᠢᠶᠠᠩ ᠪᠠᠯᠭᠠᠰᠤ᠂ 1488 ᠭᠠᠴᠠᠭ᠎ᠠ ᠲᠣᠰᠭᠤᠨ᠎ᠳᠤ ᠬᠦᠷᠢᠶ᠎ᠡ ᠬᠠᠱᠢᠶᠠᠨ᠎ᠤ ᠠᠵᠤ ᠠᠬᠤᠶ᠎ᠶ᠋ᠢ ᠬᠡᠷᠡᠭ᠌ᠵᠢᠭᠦᠯᠵᠦ᠍᠂ ᠲᠠᠩᠰᠠ ᠡᠪᠬᠡᠮᠡᠯ ᠪᠠᠢᠭᠤᠯᠤᠨ ᠺᠠᠷᠲ ᠠᠪᠤᠭ᠍ᠰᠠᠨ 4.42 ᠲᠦᠮᠡᠨ ᠶᠠᠳᠠᠭᠤ ᠬᠦᠴᠢᠷᠳᠡᠯᠲᠡᠶ ᠡᠷᠦᠬᠡ᠎ᠶ᠋ᠢᠨ ᠡᠷᠦᠭᠡ ᠪᠦᠷᠢ᠎ᠶ᠋ᠢᠨ ᠵᠢᠯ᠎ᠤᠨ ᠳᠤᠮᠳᠠᠴᠢ ᠣᠷᠣᠯᠭ᠎ᠠ᠎ᠶ᠋ᠢ 1500 ᠲᠥᠭᠦᠷᠢᠭ᠎ᠠᠴᠠ ᠳᠡᠭᠡᠭ᠌ᠰᠢ ᠨᠡᠮᠡᠭ᠌ᠳᠡᠬᠦᠯᠪᠡ᠃

 

3889090_lity_1614352554373_m.jpg



                ᠬᠦᠷᠢᠶ᠎ᠡ ᠬᠠᠱᠢᠶᠠᠨ᠎ᠳᠠᠭᠠᠨ ᠳᠠᠷᠢᠭ᠍ᠰᠠᠨ ᠤᠯᠠᠭᠠᠨ ᠯᠠᠵᠤᠤ

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号