ᠡᠯᠧᠺᠲᠷᠤᠨ ᠬᠤᠳᠠᠯᠳᠤᠭ᠎ᠠ ᠲᠠᠷᠢᠶᠠᠴᠢᠳ᠎ᠤᠨ ᠠᠵᠦ᠍ ᠠᠮᠢᠳᠤᠷᠠᠯ᠎ᠳᠤ ᠬᠥᠭ᠌ᠵᠢᠶᠡᠨ ᠨᠡᠮᠡᠯ᠎ᠠ
2021-02-03 10:01:09
ᠵᠣᠬᠢᠶᠠᠭ᠍ᠴᠢ᠄
ᠬᠡᠱᠢᠭ᠌ᠪᠦᠶᠠᠨ
ᠣᠩᠱᠢᠭ᠍ᠰᠠᠨ ᠣᠳᠠᠭ᠎ᠠ᠄
★★★☆☆

— 10 ᠵᠢᠩ ᠭᠤᠸᠠ᠎ᠶ᠋ᠢᠨ ᠦᠷ᠎ᠡ ᠠᠪᠤᠶ᠎ᠠ᠃

— ᠨᠢᠭᠡ ᠬᠠᠢᠷᠴᠠᠭ ᠵᠦᠷᠵᠢ ᠠᠪᠤᠶ᠎ᠠ᠃

— ᠬᠤᠶᠠᠷ ᠲᠣᠮᠣ ᠭᠠᠯᠠᠭᠤ᠎ᠪᠠᠨ ᠬᠤᠳᠠᠯᠳᠤᠨ᠎ᠠ!

1 ᠰᠠᠷ᠎ᠠ᠎ᠶ᠋ᠢᠨ 26 ᠎ᠤ ᠡᠳᠦᠷ᠂ ᠲᠦᠴᠢᠦᠸᠠᠨ ᠱᠢᠶᠠᠨ᠎ᠤ᠎ᠲᠠᠢ ᠫᠢᠩ ᠱᠢᠶᠠᠩ᠎ᠤᠨ ᠱᠢᠨ ᠯᠦᠩ ᠲᠣᠰᠭᠤᠨ᠎ᠤ ᠡᠯᠧᠺᠲᠷᠤᠨ ᠬᠤᠳᠠᠯᠳᠤᠭᠠᠨ᠎ᠤ ᠦᠢᠯᠡᠴᠢᠯᠡᠭᠡᠨ᠎ᠤ ᠦᠷᠳᠡᠭᠡᠨ᠎ᠤ ᠠᠵᠢᠯᠳᠠᠨ ᠯᠢᠦ ᠭᠦᠸᠧ ᠵᠢᠶᠦ᠋ᠨ᠎ᠤ ᠵᠢᠷᠬᠢᠶᠡᠨ᠎ᠤ ᠬᠤᠯᠪᠣᠭᠠᠨ᠎ᠳᠤ ᠵᠤᠷᠪᠤᠰ ᠵᠤᠷᠪᠤᠰ ᠮᠡᠳᠡᠭᠡ ᠬᠤᠢᠨ᠎ᠠ ᠬᠤᠢᠨ᠎ᠠ᠎ᠠᠴᠠ᠎ᠪᠠᠨ ᠤᠷᠤᠵᠥ᠍ ᠢᠷᠡᠨ᠎ᠠ᠃

《ᠮᠠᠨ᠎ᠤ ᠦᠢᠯᠡᠴᠢᠯᠡᠬᠦ᠌ ᠥᠷᠲᠡᠭᠡ ᠪᠣᠯ ᠲᠣᠰᠭᠤᠨ᠎ᠤ ᠠᠷᠠᠳ᠎ᠢ ᠬᠠᠪᠰᠤᠷᠤᠨ᠂ ᠣᠷᠣᠯᠠᠨ ᠬᠤᠳᠠᠯᠳᠤᠨ ᠠᠪᠬᠤ ᠪᠠ ᠣᠷᠣᠯᠠᠨ ᠬᠤᠳᠠᠯᠳᠤᠵᠦ᠍ ᠦᠭ᠌ᠬᠦ ᠠᠵᠢᠯ᠎ᠢ ᠬᠦᠢᠴᠠᠳᠭᠡᠨ᠎ᠠ᠂ ᠲᠣᠰᠭᠤᠨ᠎ᠤ ᠠᠷᠠᠳ ᠬᠤᠳᠠᠯᠳᠤᠨ ᠠᠪᠬᠤ ᠪᠤᠶᠤ ᠪᠣᠷᠣᠯᠠᠭᠤᠯᠬᠤ ᠬᠡᠷᠡᠭ᠌ᠴᠡᠭᠡ᠎ᠲᠠᠢ ᠪᠣᠯ ᠵᠢᠷᠬᠢᠶᠡᠨ᠎ᠤ ᠬᠤᠯᠪᠤᠭᠠᠨ᠎ᠳᠤ ᠬᠡᠯᠡᠨ᠎ᠠ᠃ ᠲᠠᠪᠴᠠᠩ ᠲᠡᠬᠡᠷ᠎ᠠ ᠲᠣᠰᠭᠤᠨ᠎ᠤ ᠠᠷᠠᠳ᠎ᠢ ᠬᠠᠪᠰᠤᠷᠤᠨ ᠵᠠᠬᠢᠶᠠᠯᠠᠭ᠎ᠠ ᠲᠤᠭ᠍ᠳᠠᠵᠥ᠍᠂ 〈ᠵᠦᠩ ᠵᠢᠶᠠ e ᠬᠠᠩᠭᠠᠨ ᠪᠣᠷᠣᠯᠠᠭᠤᠯᠬᠤ ᠺᠣᠮᠫᠠᠨᠢ〉 ᠎ᠶ᠋ᠢᠨ ᠠᠵᠢᠯᠲᠠᠨ ᠵᠠᠬᠢᠶᠠᠯᠠᠭ᠎ᠠ᠎ᠪᠠᠷ ᠬᠤᠳᠠᠯᠳᠤᠵᠥ᠍ ᠠᠪᠬᠤ ᠬᠡᠰᠡᠡ ᠵᠦᠢᠯᠡᠰ᠎ᠢ ᠦᠢᠯᠡᠴᠢᠯᠡᠭᠡᠨ᠎ᠤ ᠥᠷᠲᠡᠭᠡᠨ᠎ᠳᠤ ᠬᠦᠷᠭᠡᠵᠦ᠍ ᠢᠷᠡᠨ᠎ᠠ᠂ ᠢᠩᠭᠢᠪᠡᠯ ᠲᠤᠰᠭᠤᠠ᠎ᠤ ᠠᠷᠠᠳ ᠬᠡᠷ᠎ᠲᠡᠭᠡᠨ ᠰᠠᠭᠤᠵᠥ᠍ ᠪᠠᠢᠭᠠᠳ ᠪᠠᠷᠠᠭ᠎ᠠ᠎ᠪᠠᠨ ᠬᠤᠳᠠᠯᠳᠤᠠ ᠠᠪᠴᠤ᠌ ᠲᠡᠢᠯᠬᠦ᠌ ᠮᠦᠷᠳᠡᠬᠡᠡ ᠦᠨ᠎ᠠ ᠬᠠᠨᠭ᠌ᠰᠢ᠎ᠨᠢ ᠬᠤᠳᠠᠯᠳᠤᠭᠠᠨ᠎ᠤ ᠳᠡᠯᠭᠡᠭᠦᠷ᠎ᠤᠨ᠎ᠬᠢ᠎ᠠᠴᠠ ᠬᠢᠮᠳᠠ》 ᠬᠡᠵᠥ᠍ ᠯᠢᠦ ᠭᠦᠸᠧ ᠵᠢᠶᠦ᠋ᠨ ᠲᠣᠰᠭᠤᠨ᠎ᠤ ᠠᠷᠠᠳ᠎ᠢ ᠬᠠᠪᠰᠤᠷᠤᠨ 《ᠵᠥᠩ ᠵᠢᠶᠠ e ᠬᠠᠩᠭᠠᠨ ᠪᠣᠷᠣᠯᠠᠭᠤᠯᠭ᠎ᠠ》 ᠲᠠᠪᠴᠠᠩ᠎ᠳᠤ ᠵᠠᠬᠢᠶᠠᠯᠠᠭ᠎ᠠ ᠦᠭ᠌ᠬᠦ᠎ᠶ᠋ᠢᠨ ᠵᠡᠷᠬᠡ᠎ᠪᠠᠷ ᠨᠠᠷᠢᠠ ᠪᠠᠢᠳᠠᠯ᠎ᠢ ᠰᠤᠷᠪᠤᠯᠵᠢᠯᠠᠬ᠍ᠴᠢ᠎ᠳᠤ ᠲᠠᠨᠢᠯᠴᠠᠭᠤᠯᠤᠯ᠎ᠠ᠃

ᠱᠢᠨ ᠯᠦᠩ ᠲᠣᠰᠭᠤᠨ᠎ᠤ ᠦᠢᠯᠡᠴᠢᠯᠡᠬᠦ᠌ ᠥᠷᠲᠡᠭᠡᠨ᠎ᠳᠤ᠂ 《ᠵᠥᠩ ᠵᠢᠶᠠ e ᠬᠠᠩᠭᠠᠨ ᠪᠣᠷᠣᠯᠠᠭᠤᠯᠭ᠎ᠠ》 ᠡᠯᠧᠺᠲᠷᠤᠨ ᠬᠤᠳᠠᠯᠳᠤᠭᠠᠨ᠎ᠤ ᠠᠵᠢᠯᠲᠠᠳ ᠶᠠᠭᠠᠷᠠᠯᠲᠠᠶ ᠠᠵᠢᠯᠯᠠᠵᠤ᠂ ᠰᠠᠪᠠᠯᠠᠵᠥ᠍ ᠪᠣᠭᠤᠳᠠᠯᠯᠠᠭ᠍ᠰᠠᠨ ᠬᠤᠶᠠᠷ ᠭᠠᠯᠠᠭᠤ᠎ᠶ᠋ᠢ ᠤᠳᠠᠯ ᠥᠬᠡᠶ ᠪᠡᠭᠡᠵᠢᠩ ᠵᠦ᠍ᠭ ᠶᠠᠪᠤᠭᠤᠯᠬᠤ᠎ᠪᠠᠷ ᠪᠤᠯᠪᠠ᠃ 《ᠤᠳᠤ ᠲᠡᠵᠢᠬᠡᠭ᠌ᠰᠡᠨ ᠳᠠᠬᠢᠶ᠎ᠠ᠂ ᠭᠠᠯᠠᠭᠤ᠎ᠪᠠᠨ ᠬᠤᠳᠠᠯᠳᠤᠵᠦ᠍ ᠭᠠᠷᠬᠤ ᠦᠬᠡᠢ ᠬᠡᠵᠦ᠍ ᠵᠣᠪᠠᠭ᠍ᠤ ᠦᠭᠡᠢ ᠪᠣᠯᠤᠬ᠍ᠰᠠᠠ᠂ ᠤᠷᠢᠳ᠎ᠢᠶᠠᠷ ᠵᠢᠷᠬᠢᠶᠡᠨ᠎ᠤ ᠬᠤᠯᠪᠤᠭ᠎ᠠ᠎ᠪᠠᠷ ᠵᠠᠬᠢᠶᠠᠯᠠᠭ᠎ᠠ ᠲᠤᠭ᠍ᠳᠠᠵᠥ᠍᠂ ᠲᠠᠬᠢᠭᠠᠳ ᠬᠤᠳᠠᠯᠳᠤᠬᠤ ᠭᠡᠵᠦ᠍ ᠪᠠᠢᠭ᠎ᠠ ᠪᠠᠷᠠᠭ᠎ᠠ᠎ᠪᠠᠨ ᠲᠣᠰᠭᠤᠨ᠎ᠤ  ᠡᠯᠧᠺᠲᠷᠤᠨ ᠬᠤᠳᠠᠯᠳᠤᠭᠠᠨ᠎ᠤ ᠦᠢᠯᠡᠴᠢᠯᠡᠭᠦ᠌ ᠥᠷᠲᠡᠭᠡᠨ᠎ᠳᠤ ᠬᠦᠷᠭᠡᠵᠥ᠍ ᠵᠤᠭᠤᠰ᠎ᠢᠶᠠᠨ ᠭᠠᠷᠳᠠᠬᠤ᠎ᠪᠠᠨ ᠬᠦᠯᠢᠶᠡᠵᠥ᠍ ᠰᠠᠭᠤᠪᠠᠯ ᠪᠤᠯᠴᠢᠬᠠᠨ᠎ᠠ》 ᠭᠡᠵᠦ᠎ᠲᠠᠢ ᠫᠢᠩ ᠱᠢᠶᠠᠩ᠎ᠤᠨ ᠱᠢᠨ ᠯᠦᠩ ᠲᠣᠰᠭᠤᠨ᠎ᠤ ᠲᠡᠵᠢᠭᠡᠪᠤᠷᠢ᠎ᠶ᠋ᠢᠨ ᠡᠷᠦᠭᠡ ᠵᠦ᠍ ᠶᠠᠨ ᠬᠤᠢ ᠪᠠᠶᠠᠷᠲᠠᠢ ᠶᠠᠷᠢᠪᠠ᠃ 《ᠬᠥᠳᠡᠭᠡ ᠠᠵᠤ ᠠᠬᠤᠢ᠂ ᠬᠥᠳᠡᠭᠡ ᠲᠣᠰᠭᠤᠨ᠂ ᠮᠠᠯᠴᠢᠠ ᠲᠠᠷᠢᠶᠠᠴᠢᠨ》 ᠎ᠳᠤ ᠦᠢᠯᠡᠴᠢᠯᠡᠬᠦ᠌ ᠵᠠᠭ᠍ᠪᠤᠷ᠎ᠲᠠᠭᠠᠨ ᠱᠢᠨᠡᠴᠢᠯᠡᠯᠳᠡ ᠬᠢᠵᠦ᠍᠂ ᠮᠠᠯ᠎ᠤᠨ ᠠᠱᠢᠭ ᠱᠢᠮ᠎ᠠ ᠲᠠᠷᠢᠶᠠᠯᠠᠩ᠎ᠤᠨ ᠪᠦᠲᠦᠭᠡᠭ᠌ᠳᠡᠬᠦᠨ᠎ᠢ ᠬᠥᠳᠡᠭᠡ ᠲᠣᠰᠭᠤᠨ᠎ᠠᠴᠠ ᠭᠠᠷᠭᠠᠬᠤ᠎ᠶ᠋ᠢᠨ ᠲᠥᠯᠥᠭᠡ ᠨᠢᠳᠤᠨᠤᠠ᠎ᠤ ᠵᠢᠯ᠎ᠤᠨ ᠡᠬᠢ᠎ᠪᠠᠷ᠂ ᠥᠪᠥᠷ ᠮᠣᠩᠭᠤᠯ᠎ᠤᠨ ᠵᠦᠩ ᠵᠢᠶᠠ ᠡᠯᠧᠺᠲᠷᠤᠨ ᠬᠤᠳᠠᠯᠳᠤᠭᠠᠨ᠎ᠤ ᠶᠠᠪᠤᠳᠠᠯ᠎ᠤᠨ ᠬᠢᠵᠠᠭᠠᠷᠲᠤ ᠺᠣᠮᠫᠠᠨᠢ ᠬᠢᠵᠢᠭ᠎ᠤᠨ ᠨᠥᠯᠥᠭᠡ᠎ᠶ᠋ᠢ ᠲᠡᠪᠴᠢᠵᠦ᠍᠂ ᠪᠠᠢᠳᠠᠯ᠎ᠳᠠᠭᠠᠨ ᠲᠤᠬᠢᠷᠠᠭ᠍ᠰᠠᠨ 《ᠵᠦᠩ ᠵᠢᠶᠠ e ᠬᠠᠩᠭᠠᠨ ᠪᠣᠷᠣᠯᠠᠭᠤᠯᠭ᠎ᠠ》 ᠡᠯᠧᠺᠲᠷᠤᠨ ᠬᠤᠳᠠᠯᠳᠤᠭᠠᠨ᠎ᠤ ᠶᠠᠪᠤᠳᠠᠯ᠎ᠤᠨ ᠲᠠᠪᠴᠠᠩ ᠪᠠᠢᠭᠤᠯᠪᠠ᠃

《ᠲᠤᠬᠠᠶ᠎ᠶ᠋ᠢᠨ ᠦᠶ᠎ᠡ᠎ᠳᠤ 〈ᠵᠥᠩ ᠵᠢᠶᠠ e ᠬᠠᠩᠭᠠᠨ ᠪᠣᠷᠣᠯᠠᠭᠤᠯᠭ᠎ᠠ〉 ᠎ᠶ᠋ᠢ ᠡᠭᠦᠳᠦᠨ ᠪᠠᠢᠭᠤᠯᠬᠤ᠎ᠳᠤ ᠬᠥᠳᠡᠭᠡ ᠲᠣᠰᠭᠤᠨ᠎ᠤ ᠵᠠᠬ᠎ᠠ ᠳᠡᠯᠭᠡᠭᠦᠷ᠎ᠢ ᠰᠠᠢᠨ ᠬᠠᠷᠠᠵᠤ᠂ ᠲᠠᠷᠢᠶᠠᠴᠢᠨ ᠡᠷᠦᠬᠡ ᠬᠡᠷ᠎ᠠᠴᠠ᠎ᠪᠠᠨ ᠭᠠᠷᠬᠤ ᠥᠬᠡᠶ᠎ᠪᠠᠷ ᠲᠠᠷᠢᠶᠠᠯᠠᠩ᠎ᠤᠨ ᠪᠦᠲᠦᠭᠡᠭ᠌ᠳᠡᠬᠦᠨ᠎ᠢᠶᠠᠨ ᠪᠣᠷᠣᠯᠠᠭᠤᠯᠵᠤ᠂ ᠶᠠᠳᠠᠭᠤ ᠬᠦᠴᠢᠷᠳᠡᠯᠲᠡᠶ ᠡᠷᠦᠬᠡ᠎ᠶ᠋ᠢ ᠬᠠᠪᠰᠤᠷᠤᠨ ᠣᠷᠣᠯᠭ᠎ᠠ᠎ᠶ᠋ᠢ᠎ᠨᠢ ᠨᠡᠮᠡᠭ᠌ᠳᠡᠭᠦᠯᠵᠦ᠍᠂ ᠨᠠᠩ ᠣᠯᠠᠨ ᠲᠠᠷᠢᠶᠠᠴᠢᠳ᠎ᠢ ᠬᠥᠲᠥᠯᠥᠨ ᠳᠠᠭᠠᠭᠤᠯᠵᠤ ᠲᠣᠭᠠᠴᠢᠯᠠᠭ᠍ᠰᠠᠨ ᠠᠵᠤ ᠠᠬᠤᠶ᠎ᠶ᠋ᠢᠨ ᠴᠠᠭ ᠦᠶ᠎ᠡ᠎ᠳᠤ ᠣᠷᠣᠭᠤᠯᠵᠠᠢ》 ᠭᠡᠵᠦ᠍ ᠺᠣᠮᠫᠠᠨᠢ᠎ᠶ᠋ᠢᠨ ᠬᠠᠷᠢᠭᠤᠴᠠᠯᠭᠠᠲᠠᠨ ᠸᠠᠩ ᠶᠠᠨ ᠹᠦ᠋ ᠬᠡᠯᠡᠪᠠ᠃

ᠲᠤᠰ ᠺᠣᠮᠫᠠᠨᠢ᠎ᠶ᠋ᠢᠨ ᠱᠢᠭᠤᠳ ᠨᠡᠪᠲᠡᠷᠡᠭᠦᠯᠭᠡ᠎ᠶ᠋ᠢᠨ ᠲᠠᠰᠤᠭ᠎ᠲᠤ ᠠᠵᠢᠯᠲᠠᠳ ᠶᠠᠭ ᠡᠯᠧᠺᠲᠷᠤᠨ ᠬᠤᠳᠠᠯᠳᠤᠭᠠᠨ᠎ᠤ ᠲᠠᠪᠴᠠᠩ᠎ᠢᠶᠠᠷ ᠱᠢᠭᠤᠳ ᠨᠡᠪᠲᠡᠷᠡᠭᠦᠯᠭᠡ ᠬᠢᠵᠦ᠍᠂ ᠥᠷᠭᠡᠨ ᠣᠯᠠᠨ ᠰᠦᠯᠵᠢᠶᠡᠨ ᠠᠨᠳᠠ ᠨᠠᠷ᠎ᠲᠤ ᠲᠦᠴᠢᠦᠸᠠᠨ᠎ᠤ ᠵᠢᠶᠠᠩ᠂ ᠯᠢᠦ ᠬᠤ᠌᠎ᠶ᠋ᠢᠨ ᠬᠠᠭᠤᠷᠠᠶ ᠳ᠋ᠧᠦᠹᠦ᠋᠂ ᠲᠦᠴᠢᠦᠸᠠᠨ᠎ᠤ ᠨᠠᠷᠢᠮᠤ᠂ ᠬᠦᠳᠡᠭᠡ ᠠᠢᠯ᠎ᠤᠨ ᠨᠡᠩᠬᠢ ᠪᠤᠤᠪᠤ ᠵᠡᠷᠭᠡ ᠣᠨᠴᠠᠯᠢᠭ᠍ᠲᠤ ᠲᠠᠷᠢᠶᠠᠯᠠᠩ᠎ᠤᠨ ᠪᠦᠲᠦᠭᠡᠭ᠌ᠳᠡᠬᠦᠨ᠎ᠢ ᠲᠠᠨᠢᠯᠴᠠᠭᠤᠯᠵᠤ ᠪᠠᠢᠯ᠎ᠠ᠃ ᠲᠣᠰ ᠺᠣᠮᠫᠠᠨᠢ᠎ᠶ᠋ᠢᠨ ᠬᠠᠷᠢᠭᠤᠴᠠᠯᠭᠠᠲᠠᠨ ᠸᠠᠩ ᠶᠠᠨ ᠹᠦ᠍᠄ 《ᠮᠠᠨ᠎ᠤ ᠺᠣᠮᠫᠠᠨᠢ ᠭᠤᠤᠯᠳᠠᠭᠤ ᠰᠦᠯᠵᠢᠶ᠎ᠠ᠎ᠪᠠᠷ ᠲᠤᠬᠠᠶ᠎ᠶ᠋ᠢᠨ ᠭᠠᠵᠠᠷ᠎ᠤᠨ ᠣᠨᠴᠠ ᠭᠠᠷᠤᠯᠲᠠ᠎ᠶ᠋ᠢ ᠪᠣᠷᠣᠯᠠᠭᠤᠯᠵᠤ ᠪᠠᠢᠨ᠎ᠠ᠃ ᠬᠡᠬᠦ᠌᠎ᠳᠡᠭᠡᠨ ᠲᠤᠤ ᠪᠦᠦ᠎ᠶ᠋ᠢᠨ ᠱᠢᠭᠤᠳ ᠨᠡᠪᠲᠡᠷᠡᠭᠦᠯᠭᠡ᠂ ᠴᠤᠤᠷᠢᠶ᠎ᠠ ᠱᠢᠭᠤᠳ ᠨᠡᠪᠲᠡᠷᠡᠭᠦᠯᠭᠡ᠎ᠪᠠᠷ ᠪᠣᠷᠣᠯᠠᠭᠤᠯᠬᠤ᠎ᠶ᠋ᠢᠨ ᠵᠡᠷᠬᠡᠪᠠᠷ ᠪᠤᠳᠠᠳᠤ ᠴᠤᠬ᠍ᠴᠡ᠎ᠳᠤ ᠲᠣᠬᠢᠷᠠᠭᠤᠯᠤᠨ ᠬᠦᠷᠭᠡᠬᠦ᠌ ᠦᠶᠯᠡᠴᠢᠯᠡᠭᠡ ᠬᠠᠨᠭ᠌ᠭᠠᠵᠥ᠍᠂ ᠱᠢᠶᠠᠨ᠎ᠤ᠎ᠪᠠᠨ ᠬᠡᠷᠡᠭ᠌ᠯᠡᠭ᠌ᠴᠢᠳ᠎ᠲᠤ ᠪᠠᠷᠠᠭ᠎ᠠ ᠬᠦᠷᠭᠡᠬᠦ᠌  ᠦᠢᠯᠡᠴᠢᠯᠡᠭᠡ ᠬᠠᠩᠭᠠᠵᠤ ᠪᠠᠢᠨ᠎ᠠ》 ᠭᠡᠵᠦ᠍ ᠲᠡᠨᠢᠯᠴᠠᠭᠤᠯᠪᠠ᠃

ᠬᠥᠳᠡᠭᠡ ᠲᠣᠰᠭᠤᠨ᠎ᠤ ᠡᠯᠧᠺᠲᠷᠤᠨ ᠬᠤᠳᠠᠯᠳᠤᠭᠠᠨ᠎ᠤ ᠬᠥᠭ᠌ᠵᠢᠯᠲᠡ ᠮᠠᠰᠢ ᠲᠦᠷᠭᠡᠨ ᠪᠠᠢᠵᠤ᠂ ᠨᠢᠭᠡᠨᠲᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠠᠷᠠᠯᠵᠢᠶ᠎ᠠ᠎ᠶ᠋ᠢᠨ ᠱᠢᠨ᠎ᠠ᠎ᠶ᠋ᠢ ᠡᠭᠦᠳᠬᠦ᠂ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠂ ᠲᠠᠷᠢᠶᠠᠯᠠᠩ᠎ᠤᠨ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠬᠥᠲᠥᠯᠥᠨ ᠵᠢᠯᠣᠭᠤᠳᠭᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠴᠢᠬᠤᠯᠠ ᠬᠦᠴᠦᠨ ᠪᠣᠯᠵᠥ᠍ ᠪᠠᠢᠨ᠎ᠠ᠃ ᠲᠠᠷᠢᠶᠠᠴᠢᠳ᠎ᠤᠨ ᠠᠱᠢᠭ ᠲᠤᠰᠠ᠎ᠶ᠋ᠢᠨ ᠬᠤᠯᠪᠣᠭ᠎ᠠ᠎ᠶ᠋ᠢ ᠴᠢᠩᠭᠠᠳᠭᠠᠬᠤ᠎ᠶ᠋ᠢᠨ ᠲᠥᠯᠥᠭᠡ ᠲᠤᠰ ᠺᠣᠮᠫᠠᠨᠢ ᠲᠤᠰ ᠱᠢᠶᠠᠨ᠎ᠤ 83 ᠲᠣᠰᠭᠤᠨ᠎ᠲᠠᠢ ᠬᠠᠮᠲᠤᠷᠠᠯᠴᠠᠵᠤ᠂ ᠡᠯᠧᠺᠲᠷᠤᠨ ᠬᠤᠳᠠᠯᠳᠤᠭᠠᠨ᠎ᠤ ᠦᠢᠯᠡᠴᠢᠯᠡᠭᠡᠨ᠎ᠤ ᠦᠷᠳᠡᠭᠡ ᠪᠠᠢᠭᠤᠯᠵᠤ᠂ ᠬᠥᠳᠡᠭᠡ ᠲᠣᠰᠭᠤᠨ᠎ᠢ ᠡᠯᠧᠺᠲᠷᠤᠨ ᠬᠤᠳᠠᠯᠳᠤᠭᠠᠨ᠎ᠤ ᠬᠥᠭ᠌ᠵᠢᠯᠲᠡ᠎ᠶ᠋ᠢᠨ ᠭᠤᠣᠯᠳᠠᠯᠭ᠎ᠠ ᠪᠣᠯᠭᠠᠵᠠᠢ᠃

ᠣᠳᠣᠬᠠᠨ 《ᠵᠥᠩ ᠵᠢᠶᠠ e ᠬᠠᠩᠭᠠᠨ ᠪᠣᠷᠣᠯᠠᠭᠤᠯᠭ᠎ᠠ》 ᠡᠯᠧᠺᠲᠷᠤᠨ ᠬᠤᠳᠠᠯᠳᠤᠭᠠᠨ᠎ᠤ ᠱᠢᠭᠤᠳ ᠨᠡᠪᠲᠡᠷᠡᠭᠦᠯᠭᠡ᠎ᠶ᠋ᠢᠨ ᠲᠠᠪᠴᠠᠩ ᠵᠢᠴᠢ ᠡᠯᠧᠺᠲᠷᠤᠨ ᠬᠤᠳᠠᠯᠳᠤᠭᠠᠨ᠎ᠤ ᠪᠡᠶᠡᠴᠢᠯᠡᠨ ᠣᠢᠯᠠᠭᠠᠬᠤ ᠲᠥᠪ᠎ᠤᠨ ᠰᠠᠭᠤᠷᠢ ᠲᠥᠬᠦᠭᠡᠷᠦᠮᠵᠢ᠎ᠶ᠋ᠢ ᠪᠦᠷᠢᠨᠱᠢᠬᠦᠯᠵᠥ᠍᠂ 《ᠢᠨᠲ᠋ᠧᠷ ᠰᠦᠯᠵᠢᠶ᠎ᠡ +》 ᠠᠵᠤ  ᠦᠢᠯᠡᠰ᠎ᠤᠨ ᠵᠠᠭ᠍ᠪᠤᠷ᠎ᠢ ᠢᠳᠡᠪᠬᠢᠲᠡᠶ ᠰᠦᠪᠡᠭ᠌ᠴᠢᠯᠡᠨ᠂ 《ᠡᠯᠧᠺᠲᠷᠤᠨ ᠬᠤᠳᠠᠯᠳᠤᠭᠠᠨ᠎ᠤ ᠲᠠᠪᠴᠠᠩ +  ᠦᠢᠯᠡᠳᠪᠦᠷᠢ ᠠᠵᠤ ᠠᠬᠤᠢᠯᠠᠯ +  ᠦᠢᠯᠡᠴᠢᠯᠡᠭᠡᠨ᠎ᠤ ᠥᠷᠲᠡᠭᠡ + ᠮᠠᠯᠴᠢᠨ ᠲᠠᠷᠢᠶᠠᠴᠢᠨ》 ᠎ᠤ ᠡᠯᠧᠺᠲᠷᠤᠨ ᠬᠤᠳᠠᠯᠳᠤᠭᠠᠨ᠎ᠤ ᠶᠠᠪᠤᠳᠠᠯ᠎ᠤᠨ ᠠᠵᠤ ᠦᠢᠯᠡᠰ᠎ᠤᠨ ᠬᠡᠯᠬᠢᠶ᠎ᠡ᠎ᠶ᠋ᠢ ᠢᠳᠡᠭ ᠢᠳᠡᠭ᠎ᠢᠶᠠᠷ ᠪᠦᠷᠢᠯᠳᠦᠭᠦᠯᠦᠨ᠂ ᠰᠦᠯᠵᠢᠶᠡᠨ ᠳᠡᠭᠡᠷ᠎ᠡ ᠠᠷᠠᠯᠵᠢᠶᠠᠯᠠᠬᠤ᠂ ᠪᠤᠳᠠᠳᠤ ᠴᠤᠬ᠍ᠴᠡ᠎ᠳᠤ ᠳᠣᠭᠢᠷᠠᠭᠤᠯᠤᠨ ᠬᠦᠷᠭᠡᠬᠦ᠌ ᠦᠢᠯᠡᠳᠪᠦᠷᠢᠯᠡᠯ ᠪᠣᠷᠣᠯᠠᠭᠤᠯᠭ᠎ᠠ᠎ᠶ᠋ᠢ ᠵᠣᠯᠭᠠᠭᠤᠯᠬᠤ ᠱᠢᠰᠲ᠋ᠧᠮ ᠪᠠᠢᠭᠤᠯᠵᠤ᠂ ᠠᠷᠠᠳ ᠣᠯᠠᠨ᠎ᠤ ᠬᠡᠷᠡᠭ᠌ᠯᠡᠭᠡᠨ᠎ᠤ ᠬᠡᠷᠡᠭ᠌ᠴᠡᠭᠡ᠎ᠶ᠋ᠢ ᠪᠠᠲᠤᠯᠠᠵᠥ᠍᠂ ᠪᠠᠰᠠ ᠲᠠᠷᠢᠶᠠᠯᠠᠩ᠎ᠤᠨ ᠪᠦᠲᠦᠭᠡᠭ᠌ᠳᠡᠬᠦᠨ᠎ᠤ ᠪᠣᠷᠣᠯᠠᠭᠤᠯᠭ᠎ᠠ᠎ᠶ᠋ᠢᠨ ᠬᠦᠴᠢᠷ ᠠᠰᠠᠭᠤᠳᠠᠯ᠎ᠢ  ᠱᠢᠢᠳᠪᠦᠷᠢᠯᠡᠵᠦ᠍᠂ ᠬᠥᠳᠡᠭᠡ ᠲᠣᠰᠭᠤᠨ᠎ᠤ ᠡᠯᠧᠺᠲᠷᠤᠨ ᠬᠤᠳᠠᠯᠳᠤᠭᠠᠨ᠎ᠤ 《ᠡᠴᠦᠰ᠎ᠤᠨ ᠨᠢᠭᠡ ᠺᠢᠯᠣᠮᠧᠳ᠋ᠷ》 ᠎ᠤᠨ ᠠᠰᠠᠭᠤᠳᠠᠯ᠎ᠢ  ᠱᠢᠢᠳᠪᠦᠷᠢᠯᠡᠪᠡ᠃ ᠨᠢᠭᠡ ᠺᠣᠮᠫᠢᠦ᠋ᠲ᠋ᠧᠷ᠂ ᠨᠢᠭᠡ ᠰᠦᠯᠵᠢᠶᠡᠨ ᠤᠲᠠᠰᠤ᠂ ᠬᠥᠳᠡᠭᠡ ᠲᠣᠰᠭᠤᠨ᠎ᠤ ᠡᠯᠧᠺᠲᠷᠤᠨ ᠬᠤᠳᠠᠯᠳᠤᠭ᠎ᠠ᠎ᠨᠢ ᠬᠥᠳᠡᠭᠡ ᠲᠣᠰᠭᠤᠨ᠎ᠳᠤ ᠵᠦᠪᠬᠡᠡ ᠨᠢᠭᠡ ᠵᠦᠢᠯ᠎ᠤᠨ ᠠᠷᠠᠯᠵᠢᠶᠠᠨ᠎ᠤ ᠬᠡᠯᠪᠡᠷᠢ ᠠᠪᠴᠢᠷᠠᠭ᠍ᠰᠠᠠ ᠲᠡᠳᠦᠢ ᠪᠢᠰᠢ ᠬᠠᠷᠢᠠ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠢ ᠵᠣᠯᠭᠠᠭᠤᠯᠬᠤ ᠬᠦᠴᠦᠲᠡᠢ ᠭᠠᠷᠳᠠᠴᠠ ᠪᠣᠯᠵᠥ᠍ ᠪᠠᠢᠨ᠎ᠠ᠃ ᠬᠥᠳᠡᠭᠡ ᠲᠣᠰᠭᠤᠨ᠎ᠤ ᠡᠯᠧᠺᠲᠷᠤᠨ ᠬᠤᠳᠠᠯᠳᠤᠭᠠᠨ᠎ᠤ ᠬᠥᠭ᠌ᠵᠢᠯᠲᠡ᠎ᠶ᠋ᠢᠨ ᠠᠯᠬᠤᠮ ᠲᠦᠷᠭᠡᠳᠬᠦ᠌᠎ᠶ᠋ᠢ ᠳᠠᠭᠠᠯᠳᠤᠨ᠂ ᠬᠥᠳᠡᠭᠡ ᠲᠣᠰᠭᠤᠨ᠎ᠤ ᠥᠷᠭᠡᠨ ᠠᠭᠤᠳᠠᠮ ᠨᠤᠲᠤᠭ ᠳᠡᠪᠢᠰᠭᠡᠷ ᠳᠡᠭᠡᠷ᠎ᠡ ᠡᠯᠧᠺᠲᠷᠤᠨ ᠬᠤᠳᠠᠯᠳᠤᠭ᠎ᠠ᠎ᠶ᠋ᠢᠨ ᠥᠪᠡᠷᠮᠢᠴᠡ ᠲᠠᠲᠠᠬᠤ ᠬᠦᠴᠦᠨ᠎ᠳᠤ ᠲᠦᠱᠢᠭ᠌ᠯᠡᠡ᠂ ᠮᠠᠯᠴᠢᠠ ᠲᠡᠷᠢᠶᠠᠴᠢᠳ ᠣᠷᠣᠯᠭ᠎ᠠ᠎ᠪᠠᠨ ᠨᠡᠮᠡᠭ᠌ᠳᠡᠭᠦᠯᠦᠨ ᠴᠢᠨᠡᠭᠡᠯᠢᠭ᠌ᠵᠢᠬᠦ᠌ ᠲᠦᠷᠭᠡᠨ ᠵᠠᠮ᠎ᠳᠤ ᠣᠷᠣᠵᠤ ᠪᠠᠢᠨ᠎ᠠ᠃ ᠲᠣᠰ ᠲᠠᠪᠴᠠᠩ ᠨᠢᠳᠤᠨᠤᠠ᠎ᠤ 5 ᠰᠠᠷ᠎ᠠ᠎ᠳᠤ ᠠᠱᠢᠬ᠍ᠯᠠᠯᠳᠠ᠎ᠳᠤ ᠤᠷᠤᠭ᠍ᠰᠠᠨ᠎ᠠᠴᠠ ᠨᠠᠭᠠᠰᠢ᠂ 80 ᠭᠠᠷᠤᠶ ᠲᠦᠮᠡᠨ ᠲᠥᠭᠦᠷᠢᠭ᠎ᠤᠨ ᠪᠣᠷᠣᠯᠠᠭᠤᠯᠭ᠎ᠠ᠎ᠶ᠋ᠢ ᠪᠡᠶᠡᠯᠡᠭᠦᠯᠵᠦ᠍᠂ ᠡᠳᠦᠷ ᠳᠤᠮᠳᠠᠴᠢ᠎ᠶ᠋ᠢᠨ ᠪᠣᠷᠣᠯᠠᠭᠤᠯᠭ᠎ᠠ 500 ᠬᠤᠪᠢ ᠣᠷᠴᠢᠮ ᠪᠠᠢᠵᠤ᠂ 28 ᠶᠠᠳᠠᠭᠤ᠎ᠠᠴᠠ ᠠᠩᠭᠢᠵᠢᠷᠠᠭ᠍ᠰᠠᠨ ᠡᠷᠦᠬᠡ᠎ᠶ᠋ᠢᠨ ᠰᠠᠷ᠎ᠠ᠎ᠶ᠋ᠢᠨ ᠣᠷᠣᠯᠭ᠎ᠠ᠎ᠶ᠋ᠢ 1000 ᠲᠥᠭᠦᠷᠢᠭ ᠨᠡᠮᠡᠭ᠌ᠳᠡᠭᠦᠯᠵᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号