ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ — 2021 ᠣᠨ᠎ᠤ 1 ᠳ᠋ᠤᠭᠡᠷ ᠰᠠᠷ᠎ᠠ᠎ᠶ᠋ᠢᠨ 26 ᠎ᠤ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯᠳᠤᠭᠠᠨ ᠳᠡᠭᠡᠷ᠎ᠡ
2021-02-03 09:19:15
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠡᠷᠳᠡᠭᠡᠨ ᠵᠠᠰᠠᠬᠤ ᠤᠷᠤᠨ᠎ᠤ ᠲᠡᠷᠢᠬᠦᠯᠡᠭ᠌ᠴᠢ ᠪᠦ᠋ ᠱᠢᠶᠤᠤ ᠯᠢᠨ 


QQ图片20210203091610.png 

ᠦᠪᠠᠷᠳᠡᠭᠡᠨ ᠵᠠᠰᠠᠬᠤ ᠤᠷᠤᠨ᠎ᠤ ᠲᠡᠷᠢᠬᠦᠯᠡᠭ᠌ᠴᠢ ᠪᠦ᠋ ᠱᠢᠶᠤᠤ ᠯᠢᠨ ᠵᠠᠰᠠᠭ᠎ᠤᠨ ᠤᠷᠳᠤᠨ᠎ᠤ ᠠᠵᠢᠯ᠎ᠤᠨ ᠢᠯᠡᠤᠨᠬᠡᠯ ᠬᠢᠵᠤ ᠪᠠᠢᠭ᠎ᠠ᠎ᠨᠢ

ᠰᠤᠷᠪᠤᠯᠵᠢᠯᠠᠭ᠍ᠴᠢ ᠶᠤᠸᠠᠨ ᠶᠦᠡᠭ ᠬᠤᠨᠭ᠌ ᠰᠡᠬᠦᠳᠡᠷᠯᠡᠪᠡ

 

ᠲᠥᠯᠥᠭᠡᠯᠡᠭ᠌ᠴᠢᠳ ᠡ᠄

ᠣᠳᠣ᠂ ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠶᠡᠭᠡ ᠬᠤᠷᠠᠯ᠎ᠳᠤ ᠠᠵᠢᠯ᠎ᠢᠶᠠᠨ ᠮᠡᠳᠡᠭᠦᠯᠦᠶ᠎ᠡ᠂ ᠬᠢᠨᠠᠨ ᠵᠥᠪᠯᠡᠬᠦ᠌ ᠪᠣᠯᠪᠠᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠳ ᠰᠠᠨᠠᠯ᠎ᠢᠶᠠᠨ ᠳᠤᠷᠠᠳᠭᠤ ᠪᠣᠯᠪᠠᠤ᠃

ᠨᠢᠭᠡ᠂ 2020 ᠣᠨ ᠵᠢᠴᠢ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠡᠷᠭᠢᠴᠡᠭᠦᠯᠦᠯ

2020 ᠣᠨ ᠪᠣᠯ ᠲᠦᠢᠯ᠎ᠤᠨ ᠶᠡᠷᠦ᠍ ᠪᠤᠰᠤ᠎ᠶ᠋ᠢᠨ ᠨᠢᠭᠡ ᠵᠢᠯ ᠪᠣᠯᠣᠨ᠎ᠠ᠃ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠮᠠᠰᠢ ᠪᠤᠳᠤᠯᠢᠶᠠᠨᠲᠠᠢ ᠪᠥᠭᠡᠳ ᠬᠦᠴᠢᠷ ᠪᠡᠷᠬᠡᠱᠢᠶᠡᠯᠲᠡᠢ ᠪᠠᠢᠳᠠᠯ᠎ᠳᠤ ᠲᠤᠯᠭᠠᠷᠠᠵᠦ᠍᠂ ᠢᠯᠠᠩᠭᠤᠶ᠎ᠠ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠬᠦᠨᠳᠦ ᠰᠦᠷᠡᠬᠡᠢ ᠳᠠᠭᠠᠷᠢᠯᠲᠠ᠎ᠶ᠋ᠢ ᠡᠰᠡᠷᠭᠦᠴᠡᠨ ᠲᠤᠯᠬᠤ᠎ᠳᠤ᠎ᠪᠠᠨ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠥᠪᠥᠷ ᠮᠣᠩᠭᠤᠯ᠎ᠤᠨ ᠲᠤᠬᠠᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠣᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠴᠢᠨᠡᠭᠡᠯᠢᠭ ᠨᠡᠢᠭᠡᠮ᠎ᠢ ᠪᠥᠬᠦ᠌ ᠲᠠᠯ᠎ᠠ᠎ᠪᠠᠷ ᠪᠠᠢᠭᠤᠯᠬᠤ ᠬᠠᠷᠠᠯᠲᠠ ᠡᠭᠦᠷᠭᠡ᠎ᠶ᠋ᠢ ᠴᠢᠩᠭ᠎ᠠ ᠠᠳᠭᠤᠵᠤ᠂ ᠲᠣᠭ᠍ᠲᠠᠭᠤᠨ ᠪᠠᠢᠯᠭᠠᠬᠤ᠎ᠶ᠋ᠢᠨ ᠳᠠᠭᠠᠤ ᠤᠷᠤᠭ᠍ᠰᠢᠯᠠᠭᠤᠯᠬᠤ ᠠᠵᠢᠯ᠎ᠤᠨ ᠶᠡᠷᠦᠩᠬᠡᠢ ᠦᠨᠳᠦᠰᠦᠨ ᠰᠠᠨᠠᠭ᠎ᠠ᠎ᠶ᠋ᠢ ᠪᠠᠷᠢᠮᠲᠠᠯᠠᠨ᠂ ᠠᠷᠠᠳ ᠲᠦᠮᠡᠨ᠎ᠢᠶᠠᠷ ᠭᠤᠣᠯ ᠪᠣᠯᠭᠠᠬᠤ᠎ᠶ᠋ᠢ ᠪᠠᠷᠢᠮᠲᠠᠯᠠᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠢᠭᠡᠳᠦᠯᠲᠡᠢ ᠲᠦᠯᠦᠪᠯᠡᠨ᠂ 《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠭ᠌ᠰᠡᠨ ᠪᠥᠭᠡᠳ 《ᠵᠢᠷᠭᠤᠭ᠎ᠠ᠎ᠶ᠋ᠢ ᠪᠠᠲᠤᠯᠠᠬᠤ》 ᠡᠭᠦᠷᠭᠡ᠎ᠶ᠋ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠪᠥᠬᠦ᠌ ᠣᠷᠣᠨ᠎ᠤ ᠠᠵᠤ ᠠᠬᠤᠢ ᠦᠷᠭᠦᠯᠵᠢᠯᠡᠨ ᠲᠣᠭ᠍ᠲᠠᠪᠤᠷᠢᠵᠢᠨ᠂ ᠨᠡᠢᠭᠡᠮ᠎ᠤᠨ ᠪᠥᠬᠦ᠌ ᠲᠠᠯ᠎ᠠ ᠡᠶ᠎ᠡ ᠵᠣᠬᠢᠴᠠᠯ᠎ᠲᠠᠢ ᠪᠥᠭᠡᠳ ᠲᠣᠭ᠍ᠲᠠᠭᠤᠨ ᠪᠠᠢᠵᠤ᠂ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢ ᠠᠮᠵᠢᠯᠲᠠ᠎ᠲᠠᠢ ᠪᠡᠶᠡᠯᠡᠭᠦᠯᠪᠡ᠃

(ᠨᠢᠭᠡ) ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠢᠯᠠᠨ ᠳᠠᠷᠤᠬᠤ ᠠᠵᠢᠯ ᠴᠢᠬᠤᠯᠠ ᠶᠡᠭᠡ ᠦᠷ᠎ᠡ ᠪᠦᠲᠦᠭᠡᠯ ᠣᠯᠪᠠ᠃ ᠠᠷᠠᠳ ᠲᠦᠮᠡᠨ᠎ᠢ ᠳᠡᠭᠡᠳᠦᠯᠡᠬᠦ᠌ ᠪᠠ ᠠᠮᠢ ᠨᠠᠰᠤ᠎ᠶ᠋ᠢ ᠡᠷᠬᠢᠮᠯᠡᠬᠦ᠌᠎ᠶ᠋ᠢ ᠪᠠᠷᠢᠮᠲᠠᠯᠠᠨ᠂ ᠬᠢᠵᠢᠭ᠎ᠤᠨ ᠪᠠᠢᠳᠠᠯ᠎ᠢ ᠢᠯᠠᠨ ᠳᠠᠷᠤᠬᠤ᠎ᠪᠠᠷ ᠪᠥᠬᠦ᠌ ᠬᠦᠴᠦᠨ᠎ᠢᠶᠠᠷ᠎ᠢᠶᠠᠨ ᠡᠷᠡᠮᠡᠬᠡᠢᠯᠡᠨ ᠲᠡᠮᠡᠴᠡᠪᠡ᠃ ᠤᠯᠠᠨ ᠨᠡᠢᠲᠡ᠎ᠶ᠋ᠢᠨ ᠭᠡᠨᠡᠳᠲᠡ ᠡᠭᠦᠰᠭᠦ ᠡᠷᠡᠭᠦᠯ ᠬᠠᠮᠠᠭᠠᠯᠠᠯ᠎ᠤᠨ ᠬᠦᠨᠳᠦ ᠶᠡᠭᠡ ᠬᠡᠷᠡᠭ᠎ᠤᠨ ᠨᠢᠭᠡᠳᠦᠭᠡᠷ ᠳᠡᠰ᠎ᠤᠨ ᠠᠵᠢᠯᠯᠠᠭ᠎ᠠ᠎ᠶ᠋ᠢ ᠴᠠᠭ ᠲᠤᠬᠠᠢ᠎ᠳᠤ᠎ᠨᠢ ᠡᠬᠢᠯᠡᠭᠦᠯᠵᠦ᠍᠂ ᠬᠤᠯᠪᠣᠭᠠᠯᠠᠨ ᠰᠡᠷᠭᠡᠢᠯᠡᠵᠦ᠍ ᠬᠤᠯᠪᠣᠭᠠᠯᠠᠨ ᠡᠵᠡᠮᠳᠡᠬᠦ᠌ ᠪᠠ ᠬᠠᠮᠲᠤ᠎ᠪᠠᠷ ᠰᠡᠷᠭᠡᠢᠯᠡᠨ ᠬᠠᠮᠲᠤ᠎ᠪᠠᠷ ᠡᠵᠡᠮᠳᠡᠬᠦ᠌ ᠱᠢᠰᠲ᠋ᠧᠮ᠎ᠢ ᠪᠠᠢᠭᠤᠯᠤᠨ᠂ ᠡᠷᠲᠡ ᠮᠡᠳᠡᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ ᠪᠠ ᠡᠷᠲᠡ ᠡᠮᠨᠡᠵᠦ᠍᠂ ᠬᠢᠵᠢᠭ᠎ᠤᠨ ᠲᠠᠷᠬᠠᠵᠤ ᠳᠡᠯᠭᠡᠷᠡᠬᠦ᠌ ᠪᠠᠢᠳᠠᠯ᠎ᠢ ᠬᠦᠴᠦᠲᠡᠢ ᠬᠤᠷᠢᠭ᠍ᠯᠠᠨ᠂ 55 ᠬᠤᠨᠤᠭ᠎ᠤᠨ ᠲᠤᠳᠤᠷ᠎ᠠ ᠲᠤᠰ ᠭᠠᠵᠠᠷ᠎ᠲᠤ᠎ᠨᠢ ᠲᠤᠳᠤᠯᠠᠬ᠍ᠰᠠᠨ ᠡᠪᠡᠳᠴᠢᠨ᠎ᠤ ᠵᠢᠱ᠌ᠢᠶ᠎ᠠ ᠪᠦᠬᠦᠨ᠎ᠢᠶᠠᠷ᠎ᠢᠶᠠᠨ ᠢᠯᠡᠷᠢ ᠪᠤᠯᠬᠤ᠎ᠶ᠋ᠢ ᠠᠩᠬ᠎ᠠ ᠤᠳᠠᠭ᠎ᠠ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ 849 ᠡᠮᠴᠢ ᠰᠤᠪᠢᠯᠠᠬ᠍ᠴᠢᠳ ᠬᠤᠪᠸᠢ᠎ᠶ᠋ᠢ ᠲᠦᠷᠭᠡᠨ ᠲᠤᠰᠠᠯᠠᠵᠤ᠂ ᠡᠭᠦᠷᠭᠡ᠎ᠪᠠᠨ ᠭᠠᠷᠮᠠᠭᠠᠢ ᠰᠠᠢᠨ ᠪᠡᠶᠡᠯᠡᠭᠦᠯᠦᠭᠡᠳ 《ᠲᠠᠯ᠎ᠠ ᠨᠤᠲᠤᠭ᠎ᠤᠨ ᠪᠠᠭᠠᠲᠤᠷᠯᠢᠭ ᠬᠥᠪᠡᠭᠦᠳ ᠥᠬᠢᠳ》 ᠬᠡᠮᠡᠨ ᠠᠯᠳᠠᠷᠱᠢᠪᠠ᠃ ᠬᠤᠪᠸᠢ᠎ᠳᠤ ᠮᠢᠬ᠎ᠠ᠂ ᠰᠦ᠂ ᠳᠣᠲᠤᠷᠭ᠎ᠠ᠂ ᠲᠦᠮᠦᠰᠦ ᠵᠡᠷᠭᠡ ᠠᠮᠢᠳᠤᠷᠠᠯ᠎ᠤᠨ ᠡᠳ᠋ ᠪᠣᠳᠠᠰ᠎ᠢ 1000 ᠭᠠᠷᠤᠢ ᠲᠣᠨ ᠬᠠᠨᠳᠢᠪᠯᠠᠪᠠ᠃ ᠪᠦᠬᠦ᠌ ᠤᠯᠤᠰ᠎ᠤᠨ ᠠᠵᠦ᠍ ᠠᠬᠤᠢ᠍ᠢᠯᠠᠯ᠎ᠤᠳ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠢᠶᠠᠷ ᠳᠠᠮᠵᠢᠭᠤᠯᠤᠨ ᠬᠤᠪᠧᠢ᠎ᠳᠤ 1.21 ᠳ᠋ᠦᠡᠭ᠌ᠰᠢᠭᠤᠷ ᠲᠦᠭᠦᠷᠢᠭ᠎ᠤᠨ ᠡᠳ᠋ ᠮᠦᠡᠭ᠌ᠭᠦ ᠬᠠᠨᠳᠢᠪᠯᠠᠪᠠ᠃ ᠨᠡᠢᠰᠯᠡᠯ᠎ᠤᠨ ᠨᠢᠰᠭᠡᠯ᠎ᠤᠨ ᠪᠠᠭᠤᠳᠠᠯ᠎ᠤᠨ ᠰᠠᠯᠪᠤᠷᠢᠯᠠᠨ ᠬᠤᠪᠢᠶᠠᠷᠢᠯᠠᠵᠤ ᠢᠷᠡᠭᠦᠯᠦᠭ᠌ᠰᠡᠨ ᠣᠯᠠᠨ ᠤᠯᠤᠰ᠎ᠤᠨ ᠡᠭᠡᠯᠵᠢ᠎ᠶ᠋ᠢᠨ ᠨᠢᠰᠭᠡᠯ᠎ᠢ ᠲᠥᠪᠬᠢᠨᠡᠭᠦᠯᠦᠨ ᠱᠢᠢᠳᠪᠦᠷᠢᠯᠡᠬᠦ᠌ ᠠᠵᠢᠯ᠎ᠢᠶᠠᠨ ᠬᠢᠨᠠᠮᠠᠭᠠᠢ ᠰᠠᠢᠨ ᠬᠢᠵᠦ᠍᠂ ᠬᠢᠯᠢ᠎ᠶ᠋ᠢᠨ ᠭᠠᠳᠠᠨ᠎ᠠ᠎ᠠᠴᠠ ᠣᠷᠣᠵᠤ ᠢᠷᠡᠭ᠌ᠰᠡᠳ᠎ᠢ ᠪᠢᠲᠡᠭᠦᠮᠵᠢᠯᠡᠨ ᠬᠠᠮᠢᠶᠠᠷᠬᠤ ᠠᠵᠢᠯ᠎ᠤᠨ ᠴᠤᠪᠤᠷᠠᠯ᠎ᠢᠶᠠᠨ ᠪᠥᠬᠦ᠌ ᠤᠯᠤᠰ᠎ᠲᠤ ᠳᠡᠯᠭᠡᠷᠡᠭᠦᠯᠦᠨ᠂ ᠬᠢᠯᠢ᠎ᠶ᠋ᠢᠨ ᠭᠠᠳᠠᠨ᠎ᠠ᠎ᠠᠴᠠ ᠣᠷᠣᠵᠤ ᠢᠷᠡᠭ᠌ᠰᠡᠨ ᠡᠪᠡᠳᠴᠢᠨ᠎ᠤ ᠵᠢᠱ᠌ᠢᠶ᠎ᠡ ᠪᠦᠬᠦᠨ ᠨᠢᠭᠡ ᠴᠦ᠍ ᠡᠷᠡᠰᠳᠡᠭ᠌ᠰᠡᠨ ᠦᠭᠡᠢ᠂ ᠲᠤᠰ ᠭᠠᠵᠠᠷ᠎ᠲᠤ᠎ᠨᠢ ᠨᠢᠭᠡ ᠴᠦ᠍ ᠳᠡᠯᠭᠡᠷᠡᠭ᠌ᠰᠡᠨ ᠦᠭᠡᠢ᠂ ᠣᠷᠣᠨ᠎ᠠᠴᠠ ᠭᠠᠳᠠᠭ᠍ᠰᠢ ᠨᠢᠭᠡ ᠴᠦ᠍ ᠲᠠᠷᠬᠠᠭᠠᠭ᠍ᠰᠠᠨ ᠦᠭᠡᠢ᠂ ᠡᠮᠴᠢ ᠰᠤᠪᠢᠯᠠᠭ᠍ᠴᠢᠳ ᠪᠠ ᠬᠠᠮᠢᠶ᠎ᠠ ᠪᠦᠬᠦᠢ ᠠᠵᠢᠯᠲᠠᠳ ᠨᠢᠭᠡ ᠴᠦ᠍ ᠬᠠᠯᠳᠠᠪᠤᠷᠢᠯᠠᠭ᠍ᠳᠠᠭ᠍ᠰᠠᠨ ᠦᠭᠡᠢ ᠪᠠᠢᠨ᠎ᠠ᠃

《ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠌ ᠪᠠ ᠳᠣᠲᠣᠭᠠᠳᠤ᠎ᠳᠤ᠎ᠪᠠᠨ ᠳᠠᠬᠢᠨ ᠳᠡᠯᠭᠡᠷᠡᠬᠦ᠌᠎ᠶ᠋ᠢ ᠰᠡᠷᠭᠡᠢᠯᠡᠬᠦ᠌》 ᠎ᠶ᠋ᠢ ᠪᠠᠷᠢᠮᠲᠠᠯᠠᠨ᠂ ᠬᠢᠵᠢᠭ᠎ᠤᠨ ᠪᠠᠢᠳᠠᠯ᠎ᠢ ᠪᠠᠢᠡᠭ᠌ᠭᠤ ᠰᠡᠷᠭᠡᠢᠯᠡᠵᠦ᠍ ᠡᠵᠡᠮᠳᠡᠬᠦ᠌ ᠲᠣᠭ᠍ᠲᠠᠴᠠ᠎ᠶ᠋ᠢ ᠪᠠᠢᠭᠤᠯᠪᠠ᠃ ᠰᠡᠷᠭᠡᠢᠯᠡᠵᠦ᠍ ᠡᠵᠡᠮᠳᠡᠨ ᠠᠪᠤᠷᠠᠵᠤ ᠡᠮᠨᠡᠬᠦ᠌ ᠪᠠ ᠪᠠᠴᠢᠮ ᠪᠠᠢᠳᠠᠯ᠎ᠤᠨ ᠠᠷᠭᠠᠴᠠᠭᠠᠬᠤ ᠡᠳ᠋ ᠪᠠᠷᠠᠭ᠎ᠠ᠎ᠶ᠋ᠢ ᠪᠠᠲᠤᠯᠠᠬᠤ ᠱᠢᠰᠲ᠋ᠧᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠂ ᠪᠥᠬᠦ᠌ ᠣᠷᠣᠨ᠎ᠤ ᠬᠤᠱᠢᠭᠤ ᠱᠢᠶᠠᠨ ᠪᠥᠬᠦᠨ ᠪᠥᠭᠡᠮ ᠬᠦᠴᠢᠯ᠎ᠤᠨ ᠪᠠᠢᠴᠠᠭᠠᠨ ᠱᠢᠯᠭᠠᠯᠲᠠ ᠬᠢᠬᠦ᠌ ᠴᠢᠳᠠᠪᠤᠷᠢ᠎ᠲᠠᠢ ᠪᠣᠯᠵᠦ᠍᠂ ᠠᠢᠮᠠᠭ ᠬᠤᠲᠠ ᠪᠥᠬᠦᠨ᠎ᠳᠤ ᠰᠦᠭᠡᠷᠬᠦ᠌ ᠳᠠᠷᠤᠯᠲᠠᠲᠤ ᠲᠦᠷᠭᠡᠨ ᠠᠪᠤᠷᠠᠯᠲᠠ᠎ᠶ᠋ᠢᠨ ᠮᠠᠱᠢᠨ ᠲᠡᠷᠭᠡ᠎ᠶ᠋ᠢ 3 ᠲᠣᠬᠢᠷᠠᠭᠤᠯᠤᠨ᠂ ᠡᠮᠴᠢᠯᠡᠭᠡᠨ᠎ᠤ ᠠᠮᠠᠪᠴᠢ ᠦᠢᠯᠡᠳᠬᠦ᠌ ᠮᠠᠱᠢᠨ᠂ ᠨᠢᠭᠡ ᠤᠳᠠᠭ᠎ᠠ ᠡᠮᠦᠰᠭᠦ ᠰᠡᠷᠭᠡᠢᠯᠡᠯᠲᠡ᠎ᠶ᠋ᠢᠨ ᠬᠤᠪᠴᠠᠰᠤ᠂ ᠰᠦᠭᠡᠷᠬᠦ᠌ ᠳᠠᠷᠤᠯᠲᠠᠲᠤ ᠲᠦᠷᠭᠡᠨ ᠠᠪᠤᠷᠠᠯᠲᠠ᠎ᠶ᠋ᠢᠨ ᠮᠠᠱᠢᠨ ᠲᠡᠷᠭᠡ ᠵᠡᠷᠭᠡ ᠬᠢᠵᠢᠭ᠎ᠢ ᠰᠡᠷᠭᠡᠢᠯᠡᠬᠦ᠌ ᠡᠳ᠋ ᠪᠠᠷᠠᠭ᠎ᠠ᠎ᠶ᠋ᠢ ᠦᠢᠯᠡᠳᠪᠦᠷᠢᠯᠡᠬᠦ᠌ ᠴᠢᠳᠠᠪᠦᠷᠢ ᠦᠭᠡᠢ ᠪᠠᠢᠬ᠍ᠰᠠᠨ᠎ᠠᠴᠠ᠎ᠪᠠᠨ ᠦᠢᠯᠡᠳᠪᠦᠷᠢᠯᠡᠵᠦ᠍ ᠴᠢᠳᠠᠬᠤ ᠪᠤᠯᠪᠠ᠃ 11 ᠳ᠋ᠣᠭᠡᠷ ᠰᠠᠷ᠎ᠠ᠎ᠶ᠋ᠢᠨ ᠰᠡᠭᠦᠯᠴᠢ᠎ᠪᠠᠷ ᠮᠠᠨᠵᠤᠤᠷ ᠬᠤᠲᠠ᠎ᠳᠤ ᠬᠢᠵᠢᠭ᠎ᠤᠨ ᠪᠠᠢᠳᠠᠯ ᠢᠯᠡᠷᠡᠭ᠌ᠰᠡᠨ᠎ᠤ ᠳᠠᠷᠠᠭ᠎ᠠ᠂ ᠴᠠᠭ ᠲᠤᠬᠠᠢ᠎ᠳᠤ᠎ᠨᠢ ᠪᠠᠴᠢᠮ ᠪᠠᠢᠳᠠᠯ᠎ᠢ ᠠᠷᠭᠠᠴᠠᠭᠠᠬᠤ ᠠᠵᠢᠯᠯᠠᠭ᠎ᠠ᠎ᠶ᠋ᠢ ᠠᠵᠢᠯᠯᠠᠭᠤᠯᠵᠦ᠍ ᠡᠬᠢᠯᠡᠭᠦᠯᠦᠨ᠂ ᠬᠢᠯᠢ᠎ᠶ᠋ᠢᠨ ᠪᠣᠭᠤᠮᠲᠠ᠂ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ᠎ᠯᠤᠭ᠎ᠠ ᠬᠤᠯᠪᠣᠭ᠍ᠳᠠᠭ᠍ᠰᠠᠨ ᠡᠳ᠋ ᠪᠠᠷᠠᠭ᠎ᠠ ᠪᠠᠭᠤᠯᠭᠠᠵᠤ ᠲᠡᠭᠡᠭᠡᠪᠦᠷᠢᠯᠡᠬᠦ᠌ ᠲᠠᠯᠠᠪᠤᠷ᠎ᠲᠤ ᠪᠥᠬᠦ᠌ ᠬᠡᠯᠬᠢᠶ᠎ᠡ᠎ᠪᠠᠷ᠎ᠨᠢ ᠬᠠᠮᠢᠶᠠᠷᠬᠤ᠎ᠶ᠋ᠢ ᠣᠯᠠᠮ ᠨᠢᠭᠡ ᠠᠯᠬᠤᠮ ᠴᠢᠩᠭᠠᠳᠭᠠᠵᠤ᠂ ᠬᠢᠵᠢᠭ᠎ᠤᠨ ᠪᠠᠢᠳᠠᠯ᠎ᠢ ᠪᠦᠲᠦᠮᠵᠢᠲᠡᠢ ᠡᠵᠡᠮᠳᠡᠪᠡ᠃ ᠨᠠᠮᠤᠷ ᠡᠪᠦᠯ᠎ᠤᠨ ᠤᠯᠠᠷᠢᠯ᠎ᠳᠠᠬᠢ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢᠶᠠᠨ ᠨᠠᠷᠢᠨ ᠨᠢᠮᠪᠠᠢ ᠲᠣᠬᠢᠷᠠᠭᠤᠯᠵᠤ ᠪᠠᠢᠷᠢᠯᠠᠭᠤᠯᠤᠨ᠂ ᠭᠤᠣᠯᠳᠠᠯᠭ᠎ᠠ ᠪᠣᠯᠬᠤ ᠬᠥᠮᠥᠰ᠎ᠲᠤ ᠸᠠᠺᠼᠢᠨ ᠲᠠᠷᠢᠬᠤ ᠠᠵᠢᠯ᠎ᠢ ᠥᠷᠨᠢᠭᠦᠯᠪᠡ᠃

ᠬᠢᠵᠢᠭ᠎ᠲᠠᠢ ᠡᠷᠡᠰ ᠲᠤᠯᠬᠤ ᠲᠡᠮᠡᠴᠡᠯ᠎ᠳᠤ᠂ ᠥᠷᠭᠡᠨ ᠣᠯᠠᠨ ᠡᠮᠴᠢᠯᠡᠭᠡᠨ᠎ᠤ ᠠᠵᠢᠯᠲᠠᠳ ᠦᠷᠦᠭᠡᠯ ᠪᠤᠰᠤᠳ᠎ᠤᠨ ᠠᠮᠢ ᠨᠠᠰᠦ᠎ᠶ᠋ᠢ ᠠᠪᠤᠷᠠᠬᠤ᠎ᠶ᠋ᠢᠨ ᠲᠦᠯᠦᠭᠡ ᠦᠴᠦᠬᠡᠨ ᠴᠦ᠍ ᠡᠷᠡᠭᠡᠯᠵᠡᠯ ᠦᠭᠡᠢ ᠠᠵᠢᠯᠯᠠᠵᠤ᠂ ᠨᠡᠢᠭᠡᠮ ᠲᠣᠭᠤᠷᠢᠭ᠎ᠲᠤ ᠠᠵᠢᠯᠯᠠᠭ᠍ᠰᠠᠳ᠂ ᠳᠣᠲᠣᠭᠠᠳᠤ᠎ᠶ᠋ᠢ ᠬᠠᠮᠠᠭᠠᠯᠠᠬᠤ ᠺᠠᠳ᠋ᠷ ᠴᠠᠭ᠍ᠳᠠᠭ᠎ᠠ ᠪᠠ ᠦᠨᠳᠦᠰᠦᠨ ᠱᠠᠲᠤᠨ᠎ᠤ ᠺᠠᠳ᠋ᠷᠴᠤᠳ᠂ ᠰᠣᠨᠢᠨ ᠮᠡᠳᠡᠭᠡᠨ᠎ᠤ ᠠᠵᠢᠯᠲᠠᠳ᠂ ᠰᠠᠢᠨ ᠳᠤᠷᠠᠴᠤᠳ ᠶᠠᠳᠠᠷᠠᠯ ᠵᠥᠳᠡᠷᠡᠯ᠎ᠢ ᠬᠠᠢᠬᠤᠷᠤᠯ ᠦᠭᠡᠢ᠎ᠪᠠᠷ ᠨᠢᠭᠡᠳᠦᠭᠡᠷ ᠹᠷᠤᠨᠲ᠎ᠲᠤ ᠪᠠᠲᠤ ᠰᠠᠬᠢᠨ ᠠᠵᠢᠯᠯᠠᠵᠤ ᠪᠠᠢᠭ᠍ᠰᠠᠨ ᠪᠥᠭᠡᠳ ᠲᠤᠭ᠎ᠠ ᠲᠣᠮᠰᠢ ᠦᠭᠡᠢ ᠡᠩ᠎ᠤᠨ ᠬᠦᠳᠡᠯᠮᠦᠷᠢᠴᠢᠳ ᠬᠠᠷᠠᠮ ᠦᠭᠡᠢ ᠬᠠᠨᠳᠢᠪ ᠡᠷᠭᠦᠵᠦ᠍ ᠳᠡᠮᠵᠢᠯᠭᠡ ᠦᠵᠡᠭᠦᠯᠵᠦ᠍ ᠪᠠᠢᠪᠠ᠂ ᠪᠥᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ ᠬᠠᠲᠠᠭᠤ ᠪᠡᠷᠬᠡᠱᠢᠶᠡᠯ᠎ᠢ ᠬᠠᠮᠲᠤ᠎ᠳᠤ᠎ᠪᠠᠨ ᠲᠤᠭᠤᠯᠬᠤ᠎ᠪᠠᠷ ᠪᠦᠭᠦᠳᠡ ᠣᠯᠠᠨ᠎ᠤ ᠡᠷᠴᠢ ᠵᠣᠷᠢᠭ᠎ᠢ ᠨᠢᠭᠡᠳᠭᠡᠨ᠂ ᠪᠠᠲᠦ ᠪᠦᠯᠬᠦᠮᠳᠡᠨ ᠨᠢᠭ᠍ᠲᠠᠷᠠᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠲᠤ ᠪᠠᠬᠢ ᠰᠡᠷᠭᠡᠢᠯᠡᠯᠲᠡ᠎ᠶ᠋ᠢᠨ ᠱᠤᠭᠤᠮ᠎ᠢ ᠴᠣᠭ᠍ᠴᠠᠯᠠᠨ᠂ ᠬᠢᠵᠢᠭ᠎ᠤᠨ ᠪᠠᠢᠳᠠᠯ᠎ᠢ ᠢᠯᠠᠨ ᠳᠠᠷᠤᠬᠤ ᠲᠡᠮᠡᠴᠡᠯ᠎ᠤᠨ ᠠᠭᠤᠤ ᠶᠡᠭᠡ ᠵᠣᠷᠢᠭ ᠰᠠᠨᠠᠭ᠎ᠠ᠎ᠶ᠋ᠢ ᠭᠦᠢᠴᠡᠳ ᠢᠯᠡᠷᠡᠭᠦᠯᠪᠡ᠃

(ᠬᠤᠶᠠᠷ) ᠨᠡᠮᠡᠭ᠌ᠳᠡᠯ᠎ᠢ ᠲᠣᠭ᠍ᠲᠠᠪᠤᠷᠢᠵᠢᠭᠤᠯᠵᠤ ᠠᠵᠢᠯ ᠣᠯᠭᠤᠯᠲᠠ᠎ᠶ᠋ᠢ ᠪᠠᠲᠤᠯᠠᠬᠤ ᠠᠵᠢᠯ ᠢᠳᠡᠪᠬᠢᠲᠡᠢ ᠦᠷ᠎ᠡ ᠪᠦᠲᠦᠮᠵᠢ ᠣᠯᠪᠠ᠃ ᠠᠩᠬ᠎ᠠ ᠠᠯᠬᠤᠮ᠎ᠤᠨ ᠲᠣᠭᠠᠴᠠᠯᠠᠨ ᠪᠣᠳᠣᠭ᠍ᠰᠠᠨ᠎ᠢᠶᠠᠷ᠂ ᠪᠥᠬᠦ᠌ ᠵᠢᠯ᠎ᠳᠤ ᠭᠠᠵᠠᠷ ᠣᠷᠣᠨ᠎ᠤ ᠦᠢᠯᠡᠳᠪᠦᠷᠢᠯᠡᠯ᠎ᠤᠨ ᠶᠡᠷᠦᠩᠬᠡᠢ ᠥᠷᠲᠡᠭ 0.2% ᠨᠡᠮᠡᠭ᠌ᠳᠡᠵᠦ᠍᠂ ᠠᠵᠤ ᠠᠬᠤᠢ ᠤᠯᠠᠷᠢᠯ ᠳᠠᠷᠠᠭᠠᠯᠠᠨ ᠰᠡᠷᠭᠦᠵᠦ᠍ ᠳᠡᠭᠡᠭ᠌ᠰᠢᠯᠡᠪᠡ; ᠣᠨ᠎ᠤ ᠲᠥᠰᠥᠪ᠎ᠲᠠᠬᠢ ᠡᠩ᠎ᠤᠨ ᠣᠯᠠᠨ ᠨᠡᠢᠲᠡ᠎ᠶ᠋ᠢᠨ ᠲᠥᠰᠥᠪ᠎ᠤᠨ ᠣᠷᠣᠯᠭ᠎ᠠ᠎ᠪᠠᠨ 105.2% ᠪᠡᠶᠡᠯᠡᠭᠦᠯᠪᠡ᠃ ᠠᠵᠤ ᠠᠬᠤᠢᠯᠠᠯ᠎ᠢ ᠬᠠᠪᠰᠤᠷᠤᠨ ᠬᠦᠴᠢᠷᠳᠡᠯ᠎ᠢ᠎ᠨᠢ ᠲᠠᠢᠯᠬᠤ ᠲᠠᠯ᠎ᠠ᠎ᠪᠠᠷ᠎ᠬᠢ ᠤᠯᠤᠰ᠎ᠤᠨ ᠡᠯ᠎ᠡ ᠵᠦᠢᠯ᠎ᠤᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂ ᠠᠯᠢ ᠣᠯᠠᠨ ᠲᠦᠬᠦᠷᠵᠢᠭᠦᠯᠦᠭ᠌ᠰᠡᠨ ᠠᠷᠭ᠎ᠠ ᠬᠡᠮᠵᠢᠶ᠎ᠡ᠎ᠶ᠋ᠢ ᠨᠡᠢᠲᠡᠯᠡᠪᠡ᠃ ᠵᠢᠱ᠌ᠢᠭ᠌ᠰᠡᠨ᠎ᠢᠶᠠᠷ ᠱᠢᠨ᠎ᠡ᠎ᠪᠠᠷ 310 ᠳ᠋ᠦᠡᠭ᠌ᠰᠢᠭᠤᠷ ᠲᠦᠭᠦᠷᠢᠭ᠎ᠤᠨ ᠭᠠᠢᠯᠢ᠎ᠶ᠋ᠢ ᠬᠦᠡᠭ᠌ᠭᠡᠯᠡᠵᠦ᠍ ᠰᠦᠢᠳᠭᠡᠯ᠎ᠢ ᠪᠠᠭᠤᠷᠠᠭᠤᠯᠤᠨ᠂ ᠠᠵᠤ ᠠᠬᠤᠢᠯᠠᠯ᠎ᠤᠨ ᠴᠠᠬᠢᠯᠭᠠᠨ ᠬᠡᠷᠡᠭ᠌ᠯᠡᠬᠦ᠌ ᠥᠪᠡᠷ᠎ᠤᠨ ᠥᠷᠲᠡᠭ᠎ᠢ᠎ᠨᠢ 222 ᠳ᠋ᠦᠩᠱᠢᠭᠤᠷ ᠲᠥᠭᠦᠷᠢᠭ ᠪᠠᠭᠤᠷᠠᠭᠤᠯᠪᠠ᠃ ᠲᠥᠪ᠎ᠤᠨ ᠡᠳ᠋᠎ᠤᠨ ᠵᠠᠰᠠᠭ᠎ᠤᠨ ᠪᠡᠯᠡ ᠮᠦᠩᠭᠦᠨ᠎ᠤ ᠱᠢᠭᠤᠳ ᠪᠠᠭᠤᠯᠭᠠᠬᠤ ᠲᠣᠭ᠍ᠲᠠᠴᠠ᠎ᠶ᠋ᠢ ᠨᠠᠢᠳᠠᠪᠤᠷᠢᠵᠢᠭᠤᠯᠵᠤ᠂ ᠡᠯ᠎ᠡ ᠲᠦᠷᠦᠯ᠎ᠤᠨ ᠡᠳ᠋᠎ᠤᠨ ᠵᠠᠰᠠᠬ᠎ᠤᠨ ᠴᠢᠨᠠᠷᠲᠠᠢ ᠱᠢᠯᠵᠢᠭᠦᠯᠦᠨ ᠥᠭ᠌ᠭᠦᠭ᠌ᠰᠡᠨ ᠪᠡᠯᠡ ᠮᠦᠩᠭᠦ᠎ᠶ᠋ᠢ 837.8 ᠳ᠋ᠦᠩᠱᠢᠭᠤᠷ ᠲᠦᠭᠦᠷᠢᠭ ᠳᠤᠷᠤᠭ᠍ᠰᠢ ᠪᠠᠭᠤᠯᠭᠠᠪᠠ᠃ ᠠᠵᠤ ᠦᠢᠯᠡᠰ᠎ᠤᠨ ᠬᠡᠯᠬᠢᠶ᠎ᠡ ᠬᠢᠭᠡᠳ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠵᠠᠯᠭᠠᠯᠳᠤᠭᠤᠯᠬᠤ᠎ᠪᠠᠨ ᠴᠢᠩᠭᠠᠳᠭᠠᠨ᠂ ᠪᠦᠬᠦ᠌ ᠣᠷᠣᠨ᠎ᠤ ᠬᠡᠪᠴᠢᠶᠡᠵᠢᠯ᠎ᠠᠴᠠ ᠳᠡᠭᠡᠭ᠌ᠰᠢᠬᠢ ᠠᠵᠤ ᠦᠢᠯᠡᠳᠪᠦᠷᠢ᠎ᠶ᠋ᠢᠨ ᠠᠵᠤ ᠠᠬᠤᠢᠯᠠᠯ᠎ᠤᠨ ᠠᠵᠢᠯ ᠦᠢᠯᠡᠳᠪᠦᠷᠢᠯᠡᠯ᠎ᠢᠶᠠᠨ ᠰᠡᠷᠭᠦᠭᠡᠭ᠌ᠰᠡᠨ ᠨᠣᠷᠮ᠎ᠠ ᠪᠠ ᠦᠢᠯᠡᠳᠪᠦᠷᠢᠯᠡᠵᠦ᠍ ᠪᠣᠷᠣᠯᠠᠭᠤᠯᠤᠭ᠍ᠰᠠᠨ ᠨᠣᠷᠮ᠎ᠠ᠎ᠨᠢ ᠲᠤᠰ ᠲᠤᠰ 95.8% ᠪᠠ 99.7% ᠪᠣᠯᠵᠤ᠂ ᠵᠠᠬ᠎ᠠ ᠳᠡᠯᠭᠡᠭᠦᠷ᠎ᠤᠨ ᠭᠤᠣᠯ ᠴᠣᠭ᠍ᠴᠠ᠎ᠶ᠋ᠢᠨ ᠲᠤᠭ᠎ᠠ 7.2% ᠨᠡᠮᠡᠭ᠌ᠳᠡᠪᠡ᠃

ᠴᠢᠬᠤᠯᠠ ᠶᠡᠭᠡ ᠲᠥᠷᠥᠯ ᠵᠦᠢᠯ᠎ᠳᠤ 《ᠬᠢᠨᠠᠨ ᠵᠥᠪᠱᠢᠶᠡᠷᠡᠬᠦ᠌ ᠰᠠᠷ᠎ᠠ》 ᠎ᠶ᠋ᠢᠨ ᠠᠵᠢᠯᠯᠠᠭ᠎ᠠ ᠥᠷᠨᠢᠭᠦᠯᠵᠦ᠍᠂ ᠴᠢᠬᠤᠯᠠ ᠶᠡᠭᠡ ᠲᠥᠷᠥᠯ ᠵᠦᠢᠯ᠎ᠳᠤ ᠨᠡᠷ᠎ᠡ ᠵᠢᠭᠠᠵᠤ ᠱᠢᠮᠳᠠᠭᠤᠯᠤᠨ ᠭᠦᠢᠴᠡᠳᠭᠡᠯᠭᠡᠬᠦ᠌᠎ᠶ᠋ᠢ ᠬᠡᠷᠡᠭ᠌ᠵᠢᠭᠦᠯᠪᠡ᠃ ᠤᠯᠠᠭᠠᠨᠬᠠᠳᠠ᠎ᠠᠴᠠ ᠪᠡᠭᠡᠵᠢᠩ ᠪᠠ ᠮᠦᠭ᠌ᠳᠡᠨ ᠬᠦᠷᠬᠦ᠌ ᠳᠡᠭᠡᠳᠦ ᠬᠤᠷᠳᠤ᠎ᠶ᠋ᠢᠨ ᠲᠡᠮᠦᠷ ᠵᠠᠮ᠎ᠤᠨ ᠱᠤᠭᠤᠮ᠎ᠢ ᠵᠠᠯᠭᠠᠭᠤᠯᠤᠨ ᠪᠠᠢᠭᠤᠯᠵᠤ ᠳᠠᠭᠤᠰᠭᠠᠭᠠᠳ ᠲᠡᠭᠡᠭᠡᠪᠦᠷᠢᠯᠡᠬᠦ᠌ ᠠᠵᠢᠯ᠎ᠢᠶᠠᠨ ᠡᠬᠢᠯᠡᠭᠦᠯᠪᠡ᠂ ᠵᠢᠨᠢᠩ᠎ᠠᠴᠠ ᠳ᠋ᠠᠲ᠋ᠦ᠋ᠩ ᠬᠦᠷᠬᠦ᠌ ᠳᠡᠭᠡᠳᠦ ᠬᠤᠷᠳᠤ᠎ᠶ᠋ᠢᠨ ᠲᠡᠮᠦᠷ ᠵᠠᠮ᠂ ᠵᠢᠨᠢᠩ᠎ᠠᠴᠠ ᠲᠦᠩᠯᠢᠶᠣᠣ ᠬᠦᠷᠬᠦ᠌ ᠲᠡᠮᠦᠷ ᠵᠠᠮ᠎ᠤᠨ ᠴᠢᠳᠠᠮᠵᠢ᠎ᠶ᠋ᠢ᠎ᠨᠢ ᠥᠷᠭᠡᠳᠭᠡᠬᠦ᠌᠎ᠪᠠᠷ ᠥᠭᠡᠷᠡᠴᠢᠯᠡᠨ ᠱᠢᠨᠡᠳᠭᠡᠵᠦ᠍ ᠪᠠᠢᠭᠤᠯᠬᠤ ᠪᠠ ᠬᠦᠬᠡᠬᠤᠲᠠ᠎ᠶ᠋ᠢᠨ ᠱᠢᠨ᠎ᠡ ᠨᠢᠰᠭᠡᠯ᠎ᠤᠨ ᠪᠠᠭᠤᠳᠠᠯ ᠵᠡᠷᠭᠡ ᠲᠦᠷᠦᠯ ᠵᠦᠢᠯ᠎ᠢ ᠡᠬᠢᠯᠡᠭᠦᠯᠵᠦ᠍᠂ ᠰᠥᠨᠢᠳ ᠪᠠᠷᠠᠭᠤᠨ ᠬᠤᠱᠢᠭᠤᠨ᠎ᠠᠴᠠ ᠬᠤᠸᠠᠳᠧ ᠵᠡᠷᠭᠡ ᠭᠠᠵᠠᠷ᠎ᠲᠤ ᠬᠦᠷᠬᠦ᠌ ᠳᠡᠭᠡᠳᠦ ᠬᠤᠷᠳᠤ᠎ᠶ᠋ᠢᠨ ᠵᠠᠰᠠᠮᠠᠯ ᠵᠠᠮ᠎ᠢ ᠳᠡᠪᠢᠰᠴᠦ᠍ ᠳᠠᠭᠤᠰᠭᠠᠭᠠᠳ ᠮᠠᠱᠢᠨ ᠲᠡᠷᠭᠡ ᠨᠡᠪᠲᠡᠷᠡᠭᠦᠯᠪᠡ᠂ ᠬᠥᠪᠡᠭᠡᠲᠦ ᠱᠢᠷ᠎ᠠ ᠬᠤᠱᠢᠭᠤ᠂ ᠠᠷᠤ ᠬᠤᠷᠴᠢᠨ ᠬᠤᠱᠢᠭᠤᠨ᠎ᠤ ᠨᠡᠢᠳᠡᠮ ᠬᠡᠷᠡᠭ᠌ᠯᠡᠬᠦ᠌ ᠨᠢᠰᠭᠡᠯ᠎ᠤᠨ ᠪᠠᠭᠤᠳᠠᠯ᠎ᠳᠤ ᠨᠢᠰᠭᠡᠯ ᠨᠡᠪᠲᠡᠷᠡᠵᠦ᠍ ᠲᠡᠭᠡᠭᠡᠪᠦᠷᠢᠯᠡᠨ ᠠᠵᠢᠯᠯᠠᠵᠤ ᠡᠬᠢᠯᠡᠪᠡ᠃ ᠬᠥᠬᠡᠬᠤᠲᠠ᠎ᠳᠠᠬᠢ ᠤᠯᠤᠰ᠎ᠤᠨ ᠳᠡᠰ᠎ᠤᠨ ᠢᠨᠲ᠋ᠧᠷ ᠰᠦᠯᠵᠢᠶᠡᠨ᠎ᠤ ᠱᠢᠭᠤᠳ ᠬᠤᠯᠪᠣᠭᠠᠯᠠᠬᠤ ᠭᠤᠣᠯᠯᠠᠭ᠍ᠴᠢ ᠴᠡᠭ᠎ᠢ ᠪᠠᠢᠭᠤᠯᠵᠤ ᠳᠠᠭᠤᠰᠭᠠᠭ᠍ᠰᠠᠨ ᠪᠥᠭᠡᠳ ᠪᠥᠬᠦ᠌ ᠣᠷᠣᠨ᠎ᠳᠠᠬᠢ 5G ᠎ᠤᠨ ᠰᠠᠭᠤᠷᠢ ᠥᠷᠲᠡᠭᠡ 1 ᠲᠦᠮᠡ᠎ᠶ᠋ᠢ ᠳᠠᠪᠠᠪᠠ᠃ ᠪᠥᠬᠦ᠌ ᠣᠷᠣᠨ᠎ᠤ ᠵᠠᠰᠠᠭ ᠵᠠᠬᠢᠷᠭᠠᠨ᠎ᠤ ᠭᠠᠴᠠᠭ᠎ᠠ ᠲᠣᠰᠭᠤᠨ᠎ᠳᠤ ᠭᠡᠷᠡᠯ ᠱᠢᠷᠬᠡᠭ ᠨᠡᠪᠲᠡᠷᠡᠭ᠌ᠰᠡᠨ ᠨᠣᠷᠮ᠎ᠠ ᠪᠠ 4G ᠰᠦᠯᠵᠢᠶᠡᠨ᠎ᠤ ᠬᠠᠮᠤᠷᠤᠭ᠍ᠰᠠᠨ ᠨᠣᠷᠮ᠎ᠠ 98% ᠎ᠠᠴᠠ ᠳᠡᠭᠡᠭ᠌ᠰᠢ ᠪᠣᠯᠪᠠ᠃ ᠨᠡᠢᠭᠡᠮ ᠲᠣᠭᠤᠷᠢᠭ᠎ᠤᠨ ᠡᠯᠧᠺᠲᠷᠤᠨ ᠬᠤᠳᠠᠯᠳᠤᠭ᠎ᠠ᠎ᠶ᠋ᠢ ᠬᠥᠭ᠌ᠵᠢᠭᠦᠯᠬᠦ᠂ ᠬᠡᠷᠡᠭ᠌ᠯᠡᠭᠡ᠎ᠶ᠋ᠢᠨ ᠲᠡᠮᠳᠡᠭ ᠣᠯᠭᠤᠬᠤ᠂ ᠬᠡᠷᠡᠭ᠌ᠯᠡᠭᠡ᠎ᠶ᠋ᠢ ᠠᠬᠢᠭᠤᠯᠬᠤ ᠤᠯᠠᠷᠢᠯ᠎ᠤᠨ ᠠᠵᠢᠯᠯᠠᠭ᠎ᠠ ᠦᠷᠨᠢᠭᠦᠯᠵᠦ᠍᠂ ᠬᠡᠷᠡᠭ᠌ᠯᠡᠭᠡ ᠰᠡᠷᠭᠦᠵᠦ᠍ ᠬᠥᠭ᠌ᠵᠢᠶᠡᠨᠲᠡᠢ ᠪᠣᠯᠬᠤ᠎ᠶ᠋ᠢ ᠠᠬᠢᠭᠤᠯᠪᠠ᠃ ᠡᠵᠡᠨ᠎ᠡ᠎ᠶ᠋ᠢᠨ ᠲᠤᠤᠷᠠᠢ᠎ᠶ᠋ᠢᠨ ᠣᠢ᠎ᠶ᠋ᠢᠨ ᠵᠢᠭᠤᠯᠴᠢᠯᠠᠯ᠎ᠤᠨ ᠣᠷᠣᠨ᠎ᠢ ᠤᠯᠤᠰ᠎ᠤᠨ 5A ᠳᠡᠰ᠎ᠤᠨ ᠦᠵᠡᠮᠵᠢ᠎ᠶ᠋ᠢᠨ ᠣᠷᠣᠨ ᠪᠤᠯᠭᠠᠬᠤ ᠶᠠᠪᠤᠳᠠᠯ ᠵᠥᠪᠱᠢᠶᠡᠷᠡᠭ᠌ᠳᠡᠪᠡ᠂ ᠬᠦᠯᠦᠨ ᠪᠤᠢᠷ ᠨᠤᠮᠧᠷᠲᠦ ᠲᠠᠯ᠎ᠠ ᠨᠤᠲᠤᠬ ᠤᠢ ᠱᠢᠭᠤᠢ᠎ᠶ᠋ᠢᠨ ᠵᠢᠭᠤᠯᠴᠢᠯᠠᠯ᠎ᠤᠨ ᠭᠠᠯᠲᠦ ᠲᠡᠷᠭᠡ᠎ᠶ᠋ᠢᠨ ᠡᠵᠡᠩᠨᠡᠯᠲᠡ ᠮᠠᠰᠢ ᠰᠠᠢᠨ ᠪᠠᠢᠨ᠎ᠠ᠃

ᠭᠤᠣᠯᠳᠠᠯᠭ᠎ᠠ ᠪᠣᠯᠬᠤ ᠠᠵᠢᠯ ᠲᠥᠷᠥᠯ ᠪᠠ ᠭᠤᠣᠯᠳᠠᠯᠭ᠎ᠠ ᠪᠣᠯᠬᠤ ᠬᠥᠮᠥᠰ᠎ᠤᠨ ᠠᠵᠢᠯ ᠣᠯᠭᠤᠯᠲᠠ᠎ᠶ᠋ᠢ ᠬᠠᠪᠰᠤᠷᠤᠨ ᠲᠡᠳᠬᠦᠬᠦ᠌᠎ᠪᠠᠨ ᠴᠢᠩᠭᠠᠳᠭᠠᠨ᠂ ᠰᠦᠯᠵᠢᠶ᠎ᠡ᠎ᠪᠠᠷ ᠪᠠ ᠰᠦᠯᠵᠢᠶᠡᠨ᠎ᠠᠴᠠ ᠭᠠᠳᠠᠭᠤᠷᠬᠢ ᠡᠯᠰᠡᠨ ᠤᠷᠢᠬᠤ ᠴᠤᠭ᠍ᠯᠠᠭᠠᠨ᠎ᠢ 596 ᠲᠠᠯᠠᠪᠠᠢ ᠡᠷᠬᠢᠯᠡᠵᠦ᠍᠂ ᠡᠯ᠎ᠡ ᠲᠦᠷᠦᠯ᠎ᠤᠨ ᠬᠦᠷᠢᠶᠡᠯᠡᠩ ᠲᠣᠭᠤᠷᠢᠭ᠎ᠲᠤ ᠪᠦᠬᠦ᠌ ᠣᠷᠣᠨ᠎ᠤ ᠬᠠᠮᠲᠤ᠎ᠪᠠᠷ ᠬᠦᠷᠲᠡᠬᠦ᠌ ᠠᠵᠢᠯ ᠣᠯᠭᠤᠯᠲᠠ᠎ᠶ᠋ᠢᠨ ᠬᠠᠩᠭᠠᠯᠭ᠎ᠠ ᠬᠡᠷᠡᠭ᠌ᠴᠡᠭᠡᠨ᠎ᠤ ᠲᠠᠪᠴᠠᠩ᠎ᠢ ᠪᠠᠢᠭᠤᠯᠤᠭᠠᠳ ᠣᠨᠣᠴᠠᠲᠠᠢ᠎ᠪᠠᠷ ᠵᠠᠯᠭᠠᠭᠤᠯᠤᠨ᠂ ᠠᠮᠢᠳᠤᠯᠢᠭ᠎ᠢᠶᠠᠷ ᠠᠵᠢᠯ ᠣᠯᠭᠤᠬᠤ᠎ᠶ᠋ᠢ ᠳᠡᠮᠵᠢᠪᠡ᠃ ᠬᠤᠲᠠ ᠪᠠᠯᠭᠠᠰᠤᠨ᠎ᠤ ᠠᠵᠢᠯ ᠣᠯᠣᠭ᠍ᠰᠠᠳ 23.2 ᠲᠦᠮᠡ ᠱᠢᠨ᠎ᠡ᠎ᠪᠠᠷ ᠨᠡᠮᠡᠭ᠌ᠳᠡᠵᠦ᠍᠂ ᠣᠨ᠎ᠤ ᠡᠭᠦᠷᠭᠡ᠎ᠪᠠᠨ 105.5% ᠪᠡᠶᠡᠯᠡᠭᠦᠯᠪᠡ; ᠬᠤᠲᠠ ᠪᠠᠯᠭᠠᠰᠤᠨ᠎ᠤ ᠳᠠᠩᠰᠠᠯᠠᠨ ᠲᠡᠮᠳᠡᠭ᠌ᠯᠡᠭᠦᠯᠦᠭ᠌ᠰᠡᠨ ᠠᠵᠢᠯ ᠠᠯᠳᠠᠭ᠍ᠰᠠᠳ᠎ᠤᠨ ᠨᠤᠷᠮ᠎ᠠ 3.8% ᠪᠠᠢᠵᠤ᠂ ᠬᠢᠵᠠᠭᠠᠷᠯᠠᠨ ᠡᠵᠡᠮᠳᠡᠬᠦ᠌ ᠬᠠᠷᠠᠯᠲᠠ᠎ᠠᠴᠠ 0.7 ᠵᠠᠭᠤᠨ᠎ᠤ ᠴᠡᠭ ᠳᠣᠣᠷ᠎ᠠ ᠪᠣᠯᠪᠠ᠃ ᠠᠵᠢᠯ ᠠᠯᠳᠠᠭ᠍ᠰᠠᠳ᠎ᠤᠨ ᠨᠥᠬᠦᠪᠦᠷᠢ ᠪᠠ ᠠᠮᠢᠳᠤᠷᠠᠯ᠎ᠤᠨ ᠲᠦᠷ ᠴᠠᠭ᠎ᠤᠨ ᠨᠥᠬᠦᠪᠦᠷᠢ᠎ᠶ᠋ᠢ ᠴᠠᠭ ᠲᠤᠬᠠᠢ᠎ᠳᠤ᠎ᠨᠢ ᠣᠯᠭᠤᠵᠤ᠂ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠰᠠᠭᠤᠷᠢ ᠱᠤᠭᠤᠮ᠎ᠢ ᠳᠠᠭᠠᠭᠠᠨ ᠪᠠᠲᠤᠯᠠᠪᠠ᠃

(ᠭᠤᠷᠪᠠ) ᠠᠵᠤ ᠦᠢᠯᠡᠰ᠎ᠤᠨ ᠬᠡᠯᠪᠡᠷᠢ᠎ᠶ᠋ᠢ᠎ᠨᠢ ᠬᠤᠪᠢᠷᠠᠭᠤᠯᠵᠤ ᠳᠡᠰ ᠳᠡᠪᠱᠢᠭᠦᠯᠬᠦ᠌ ᠠᠵᠢᠯ ᠱᠢᠨ᠎ᠡ ᠠᠬᠢᠯᠲᠠ᠎ᠲᠠᠢ ᠪᠣᠯᠪᠠ᠃ ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠳᠡᠭᠡᠭ᠌ᠰᠢᠯᠡᠭᠦᠯᠵᠦ᠍᠂ ᠨᠡᠭᠦᠷᠡᠰᠦ ᠪᠠ ᠬᠤᠪᠣᠷ ᠱᠢᠷᠣᠢ ᠵᠡᠷᠭᠡ ᠠᠵᠤ ᠦᠢᠯᠡᠰ᠎ᠤᠨ ᠬᠡᠯᠬᠢᠶᠡᠰᠦ᠎ᠶ᠋ᠢ ᠤᠷᠲᠤᠳᠭᠠᠵᠤ᠂ ᠨᠡᠭᠦᠷᠡᠰᠦ ᠴᠠᠬᠢᠯᠭᠠᠨ ᠬᠥᠩᠭᠡᠨᠴᠠᠭᠠᠨ᠎ᠢ ᠨᠢᠭᠡ ᠴᠣᠭ᠍ᠴᠠᠵᠢᠭᠤᠯᠤᠭ᠍ᠰᠠᠨ ᠬᠡᠮᠵᠢᠶ᠎ᠡ 65% ᠎ᠳᠤ ᠬᠦᠷᠦᠭ᠌ᠰᠡᠨ ᠪᠥᠭᠡᠳ ᠬᠤᠪᠣᠷ ᠱᠢᠷᠣᠢ᠎ᠶ᠋ᠢᠨ ᠲᠦᠭᠦᠬᠡᠢ ᠮᠠᠲ᠋ᠧᠷᠢᠶᠠᠯ᠎ᠢ ᠲᠤᠬᠠᠢ᠎ᠶ᠋ᠢᠨ ᠭᠠᠵᠠᠷ᠎ᠲᠤ᠎ᠨᠢ ᠤᠯᠠᠷᠢᠭᠤᠯᠤᠭ᠍ᠰᠠᠨ ᠨᠣᠷᠮ᠎ᠠ 70% ᠎ᠳᠤ ᠬᠦᠷᠴᠦ᠍᠂ ᠬᠤᠪᠣᠷ ᠱᠢᠷᠣᠢ᠎ᠶ᠋ᠢᠨ ᠲᠣᠭ᠍ᠲᠠᠮᠠᠯ ᠰᠣᠷᠢᠨᠵᠢᠨ᠂ ᠤᠰᠤᠲᠦᠷᠦᠭ᠌ᠴᠢ ᠨᠥᠭᠡᠴᠡᠯᠡᠬᠦ᠌ ᠮᠠᠲ᠋ᠧᠷᠢᠶᠠᠯ᠂ ᠦᠩᠭᠡᠯᠡᠵᠦ᠍ ᠭᠢᠯᠠᠢᠯᠭᠠᠬᠤ ᠮᠠᠲ᠋ᠧᠷᠢᠶᠠᠯ ᠵᠡᠷᠭᠡ ᠱᠢᠨ᠎ᠡ ᠮᠠᠲ᠋ᠧᠷᠢᠶᠠᠯ᠎ᠤᠨ ᠦᠢᠯᠡᠳᠬᠦᠨ᠎ᠤ ᠥᠷᠲᠡᠭ ᠪᠥᠬᠦ᠌ ᠤᠯᠤᠰ᠎ᠤᠨ ᠲᠡᠷᠢᠭᠦᠨ᠎ᠤ ᠡᠩᠨᠡᠭᠡᠨ᠎ᠳᠤ ᠣᠷᠤᠵᠤ᠂ ᠦᠬᠠᠢ᠎ᠶ᠋ᠢᠨ ᠤᠰᠤᠳᠦ᠋ᠷᠦᠭ᠌ᠴᠢ ᠪᠦᠯᠦᠭ᠎ᠢᠶᠠᠷ ᠬᠠᠢᠯᠠᠭᠤᠯᠤᠨ ᠲᠡᠮᠦᠷ ᠪᠣᠯᠭᠠᠬᠤ ᠲᠦᠷᠦᠯ ᠵᠦᠢᠯ ᠲᠣᠷᠱᠢᠨ ᠲᠣᠬᠢᠷᠠᠭᠤᠯᠬᠤ ᠱᠠᠲᠤᠨ᠎ᠳᠤ ᠣᠷᠤᠪᠠ᠃ ᠪᠦᠬᠦ᠌ ᠤᠯᠤᠰ᠎ᠤᠨ ᠣᠳᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠠᠩᠬᠠᠳᠠᠭ᠍ᠴᠢ ᠵᠢᠭᠠᠯᠲᠠ ᠲᠤᠭ᠎ᠠ᠎ᠶ᠋ᠢ ᠨᠡᠢᠲᠡᠯᠡᠵᠦ᠍᠂ ᠣᠳᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢᠨ ᠰᠤᠳᠤᠯᠤᠯ᠎ᠤᠨ ᠬᠦᠷᠢᠶᠡᠯᠡᠩ᠎ᠢ ᠪᠠᠢᠭᠤᠯᠪᠠ᠃ ᠨᠡᠭᠦᠷᠡᠰᠦ᠎ᠪᠠᠷ ᠴᠠᠬᠢᠯᠭᠠᠨ ᠭᠠᠷᠭᠠᠬᠤ 838 ᠲᠦᠮᠡᠨ ᠺᠢᠯᠤᠸᠠᠲ ᠮᠠᠱᠢᠨ ᠴᠣᠭ᠍ᠴᠠᠯᠠᠪᠤᠷᠢ ᠪᠠᠢᠭᠤᠯᠬᠤ ᠠᠵᠢᠯ᠎ᠢ ᠱᠢᠨ᠎ᠡ᠎ᠪᠠᠷ ᠡᠬᠢᠯᠡᠭᠦᠯᠦᠨ᠂ ᠱᠢᠯᠢ᠎ᠶ᠋ᠢᠨ ᠭᠤᠣᠯ᠎ᠳᠠᠬᠢ ᠰᠠᠯᠬᠢᠨ᠎ᠤ ᠬᠦᠴᠦ᠎ᠪᠠᠷ ᠴᠠᠬᠢᠯᠭᠠᠨ ᠭᠠᠷᠭᠠᠬᠤ 700 ᠲᠦᠮᠡᠨ ᠺᠢᠯᠤᠸᠠᠲ᠎ᠤᠨ ᠲᠥᠷᠥᠯ ᠵᠦᠢᠯ᠎ᠢ ᠪᠠᠢᠭᠤᠯᠵᠤ ᠳᠠᠭᠤᠰᠭᠠᠭᠠᠳ ᠴᠠᠬᠢᠯᠭᠠᠨ ᠬᠦᠴᠦᠨ᠎ᠤ ᠲᠣᠣᠷ᠎ᠯᠤᠭ᠎ᠠ ᠨᠡᠢᠯᠡᠭᠦᠯᠪᠡ᠂ ᠪᠥᠬᠦ᠌ ᠤᠯᠤᠰ᠎ᠲᠠᠬᠢ ᠬᠠᠮᠤᠭ᠎ᠤᠨ ᠲᠣᠮᠣ 《ᠴᠠᠬᠢᠯᠭᠠᠨ᠎ᠤ ᠰᠤᠷᠪᠤᠯᠵᠢ ᠪᠠ ᠲᠣᠣᠷ ᠳᠠᠭᠠᠭᠠᠴᠠ ᠨᠥᠭᠡᠴᠡ》 ᠎ᠶ᠋ᠢᠨ ᠵᠢᠱ᠌ᠢᠶ᠎ᠡ ᠦᠵᠡᠭᠦᠯᠬᠦ᠌ ᠲᠥᠷᠥᠯ ᠵᠦᠢᠯ᠎ᠢ ᠤᠯᠠᠭᠠᠨᠴᠠᠪ᠎ᠲᠤ ᠪᠠᠢᠷᠢᠯᠠᠭᠤᠯᠵᠤ᠂ ᠲᠦᠩᠯᠢᠶᠣᠣ᠎ᠳᠠᠬᠢ 《ᠢᠯᠴᠢ ᠰᠠᠯᠬᠢ ᠭᠡᠷᠡᠯᠴᠢ ᠴᠡᠨᠡᠭ ᠨᠥᠭᠡᠴᠡ ᠡᠨᠧᠷᠭᠢ᠎ᠶ᠋ᠢᠨ ᠦᠢᠯᠡᠳᠭᠡᠯ ᠰᠤᠳᠤᠯᠭᠠᠨ》 ᠎ᠤ ᠨᠢᠭᠡ ᠴᠣᠭ᠍ᠴᠠᠵᠢᠭᠤᠯᠤᠭ᠍ᠰᠠᠨ ᠵᠢᠱ᠌ᠢᠶ᠎ᠡ ᠦᠵᠡᠭᠦᠯᠬᠦ᠌ ᠲᠥᠷᠥᠯ ᠵᠦᠢᠯ᠎ᠢ ᠪᠠᠢᠭᠤᠯᠵᠤ ᠡᠬᠢᠯᠡᠪᠡ᠃ ᠪᠥᠬᠦ᠌ ᠣᠷᠣᠨ᠎ᠤ ᠶᠡᠷᠦᠩᠬᠡᠢ ᠮᠠᠱᠢᠨ ᠴᠣᠭ᠍ᠴᠠᠯᠠᠪᠤᠷᠢ᠎ᠳᠤ ᠳᠠᠬᠢᠨ ᠡᠭᠦᠰᠴᠦ᠍ ᠪᠣᠯᠬᠤ ᠡᠨᠧᠷᠭᠢ᠎ᠶ᠋ᠢᠨ ᠴᠠᠬᠢᠯᠭᠠᠨ ᠬᠦᠴᠦᠨ᠎ᠤ ᠮᠠᠱᠢᠨ ᠴᠣᠭ᠍ᠴᠠᠯᠠᠪᠤᠷᠢ 36% ᠎ᠶ᠋ᠢ ᠡᠵᠡᠯᠡᠵᠦ᠍᠂ ᠱᠢᠨ᠎ᠡ ᠡᠨᠧᠷᠭᠢ᠎ᠶ᠋ᠢᠨ ᠬᠡᠷᠡᠭ᠌ᠯᠡᠭᠡ᠎ᠶ᠋ᠢᠨ ᠬᠠᠷᠢᠴᠠᠯ 17% ᠎ᠳᠤ ᠬᠦᠷᠪᠡ᠃ ᠤᠯᠤᠰ᠎ᠤᠨ ᠳᠣᠲᠣᠭᠠᠳᠤ᠎ᠳᠠᠬᠢ ᠠᠷᠠᠳ᠎ᠤᠨ ᠬᠡᠷᠡᠭ᠌ᠯᠡᠭᠡᠨ᠎ᠤ ᠱᠢᠩᠭᠡᠨ ᠤᠰᠤᠲᠦᠷᠦᠭ᠌ᠴᠢ᠎ᠶ᠋ᠢᠨ ᠠᠩᠬᠠᠨ᠎ᠤ ᠦᠢᠯᠡᠳᠪᠦᠷᠢ᠎ᠨᠢ ᠦᠬᠠᠢ᠎ᠳᠤ ᠦᠢᠯᠡᠳᠪᠦᠷᠢᠯᠡᠯ᠎ᠢᠶᠠᠨ ᠡᠬᠢᠯᠡᠭᠦᠯᠪᠡ᠃ ᠴᠢᠯᠠᠭᠤᠨ ᠲᠤᠰᠤ᠂ ᠪᠠᠢᠭᠠᠯᠢ᠎ᠶ᠋ᠢᠨ ᠱᠢᠲᠠᠮᠠᠬᠠᠢ ᠬᠡᠢ᠂ ᠭᠠᠵᠠᠷ᠎ᠤᠨ ᠢᠯᠴᠢ ᠵᠡᠷᠭᠡ ᠡᠬᠢ ᠪᠠᠶᠠᠯᠢᠭ᠎ᠢ ᠬᠠᠢᠨ ᠱᠢᠨᠵᠢᠬᠦ᠌ ᠠᠵᠢᠯ᠎ᠳᠤ ᠱᠢᠨ᠎ᠡ ᠱᠢᠪᠲᠤᠯᠤᠯᠲᠠ᠎ᠲᠠᠢ ᠪᠣᠯᠪᠠ᠃ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠢ ᠡᠮᠬᠢᠯᠡᠨ ᠨᠡᠢᠯᠡᠭᠦᠯᠵᠦ᠍᠂ ᠲᠥᠯᠥᠪᠵᠢᠭᠦᠯᠦᠭ᠌ᠰᠡᠨ ᠲᠠᠯᠠᠪᠠᠢ᠎ᠶ᠋ᠢ 30% ᠣᠷᠴᠢᠮ ᠬᠠᠰᠤᠵᠤ ᠪᠠᠭᠠᠰᠭᠠᠪᠠ᠃ ᠮᠡᠳᠡᠭᠡ ᠵᠠᠩᠭᠢ᠂ ᠪᠠᠷᠠᠭᠠᠨ᠎ᠤ ᠭᠦᠢᠯᠭᠡᠭᠡ ᠵᠡᠷᠭᠡ ᠦᠢᠯᠡᠴᠢᠯᠡᠭᠡᠨ᠎ᠤ ᠦᠢᠯᠡᠰ ᠲᠦᠷᠭᠡᠨ ᠬᠥᠭ᠌ᠵᠢᠵᠦ᠍᠂ ᠳ᠋ᠠᠢᠲ᠋ᠠ᠎ᠶ᠋ᠢᠨ ᠲᠥᠪ᠎ᠤᠳ᠎ᠤᠨ ᠮᠠᠱᠢᠨ ᠴᠣᠭ᠍ᠴᠠᠯᠠᠪᠤᠷᠢ ᠤᠭ᠍ᠰᠠᠷᠠᠭ᠍ᠰᠠᠨ ᠴᠢᠳᠠᠮᠵᠢ 120 ᠲᠦᠮᠡᠨ ᠰᠠᠭᠤᠷᠢ᠎ᠶ᠋ᠢ ᠳᠠᠪᠠᠵᠦ᠍᠂ 《ᠦᠪᠦᠷ ᠮᠤᠩᠭᠤᠯ ᠴᠢᠫ》 ᠴᠢᠳᠠᠯ ᠬᠤᠷᠤᠬ᠍ᠳᠠᠯ᠎ᠤᠨ ᠬᠡᠲᠦ ᠪᠢᠴᠢᠯ ᠰᠡᠷᠡᠯ ᠳᠠᠮᠵᠢᠭᠤᠯᠤᠭᠤᠷ᠎ᠢ ᠤᠯᠠᠨ ᠠᠵᠢᠯ ᠲᠦᠷᠦᠯ᠎ᠳᠤ ᠬᠡᠷᠡᠭ᠌ᠯᠡᠪᠡ᠂ 《ᠬᠦᠬᠡᠬᠤᠲᠠ᠎ᠶ᠋ᠢᠨ ᠭᠢᠯᠪᠠᠭ᠎ᠠ》 ᠴᠢᠳᠠᠮᠵᠢ ᠰᠠᠢᠲᠠᠢ ᠤᠯᠠᠨ ᠨᠡᠢᠲᠠ᠎ᠶ᠋ᠢᠨ ᠦᠢᠯᠡᠴᠢᠯᠡᠭᠡᠨ᠎ᠤ ᠲᠠᠪᠴᠠᠩ ᠠᠱᠢᠬ᠍ᠯᠠᠯᠲᠠ᠎ᠳᠤ ᠤᠷᠤᠪᠠ᠃ 5G ᠮᠡᠷᠭᠡᠵᠢᠯ᠎ᠢ ᠬᠡᠷᠡᠭ᠌ᠯᠡᠵᠦ᠍᠂ ᠣᠶᠣᠨᠯᠢᠭ ᠠᠭᠤᠷᠬᠠᠢ᠎ᠶ᠋ᠢ ᠪᠦᠲᠦᠭᠡᠨ ᠪᠠᠢᠭᠤᠯᠬᠤ᠎ᠪᠠᠨ ᠠᠬᠢᠭᠤᠯᠪᠠ᠃

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠶᠠᠮᠤᠨ᠎ᠯᠤᠭ᠎ᠠ ᠬᠠᠮᠲᠤᠷᠠᠨ ᠠᠵᠢᠯᠯᠠᠬᠤ᠎ᠶ᠋ᠢ ᠴᠢᠩᠭᠠᠳᠭᠠᠨ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠬᠥᠭ᠌ᠵᠢᠭᠦᠯᠦᠨ ᠮᠠᠨᠳᠤᠭᠤᠯᠬᠤ》 ᠠᠵᠢᠯᠯᠠᠭ᠎ᠠ᠎ᠶ᠋ᠢ ᠭᠦᠨᠵᠡᠭᠡᠢ ᠠᠬᠢᠭᠤᠯᠪᠠ᠃ ᠬᠡᠳᠦ ᠴᠡᠪᠡᠷ ᠬᠤᠪᠣᠷ ᠱᠢᠷᠤᠢ᠎ᠶ᠋ᠢᠨ ᠲᠡᠮᠦᠷᠯᠢᠭ᠎ᠤᠨ ᠪᠣᠬᠢᠷᠲᠤᠯ ᠦᠭᠡᠢᠵᠢᠭᠦᠯᠦᠨ ᠦᠢᠯᠡᠳᠬᠦ᠌ ᠮᠡᠷᠭᠡᠵᠢᠯ᠂ ᠤᠰᠤᠲᠦᠷᠦᠭ᠌ᠴᠢ ᠨᠥᠭᠡᠴᠡᠯᠡᠬᠦ᠌ ᠶᠡᠭᠡ ᠪᠠᠭ᠍ᠲᠠᠭᠠᠮᠵᠢᠲᠤ ᠬᠠᠢᠯᠤᠰᠢ᠎ᠶ᠋ᠢᠨ ᠮᠠᠲ᠋ᠧᠷᠢᠶᠠᠯ᠎ᠤᠨ ᠴᠢᠳᠠᠪᠬᠢ᠎ᠶ᠋ᠢ ᠣᠯᠠᠨ ᠤᠯᠤᠰ᠎ᠤᠨ ᠲᠡᠷᠢᠭᠦᠨ᠎ᠤ ᠲᠦᠪᠱᠢᠨ᠎ᠳᠤ ᠬᠦᠷᠭᠡᠭ᠌ᠰᠡᠨ ᠪᠠᠢᠨ᠎ᠠ᠃ ᠱᠠᠩᠬᠠᠢ᠎ᠶ᠋ᠢᠨ ᠵᠠᠮ ᠬᠠᠷᠢᠯᠴᠠᠭᠠᠨ᠎ᠤ ᠶᠡᠭᠡ ᠰᠤᠷᠭᠠᠭᠤᠯᠢ᠎ᠶ᠋ᠢᠨ ᠥᠪᠥᠷ ᠮᠣᠩᠭᠤᠯ᠎ᠤᠨ ᠰᠤᠳᠤᠯᠤᠯ᠎ᠤᠨ ᠬᠦᠷᠢᠶᠡᠯᠡᠩ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠥᠪᠥᠷ ᠮᠣᠩᠭᠤᠯ᠎ᠤᠨ ᠡᠪᠡᠰᠦᠨ᠎ᠤ ᠦᠢᠯᠡᠰ ᠬᠢᠭᠡᠳ ᠨᠤᠲᠤᠭ ᠪᠡᠯᠴᠢᠭᠡᠷ᠎ᠤᠨ ᠰᠤᠳᠤᠯᠤᠯ᠎ᠤᠨ ᠬᠦᠷᠢᠶᠡᠯᠡᠩ᠎ᠢ ᠪᠠᠢᠭᠤᠯᠪᠠ᠃ ᠳᠡᠭᠡᠳᠦ ᠱᠢᠨ᠎ᠡ ᠮᠡᠷᠭᠡᠵᠢᠯ᠎ᠤᠨ ᠠᠵᠤ ᠠᠬᠤᠢᠯᠠᠯ 1000 ᠭᠠᠷᠤᠢ ᠪᠣᠯᠪᠠ᠃

(ᠳᠥᠷᠪᠡ) ᠭᠤᠷᠪᠠᠨ ᠲᠣᠮᠣ ᠱᠢᠪᠲᠤᠯᠤᠯᠲᠠ᠎ᠶ᠋ᠢᠨ ᠠᠵᠢᠯ ᠱᠢᠢᠳᠪᠦᠷᠢᠯᠡᠭ᠌ᠴᠢ ᠴᠢᠨᠠᠷᠲᠠᠢ ᠦᠷ᠎ᠡ ᠪᠦᠲᠦᠮᠵᠢ ᠣᠯᠪᠠ᠃ ᠡᠯ᠎ᠡ ᠵᠦᠢᠯ᠎ᠤᠨ ᠬᠠᠪᠰᠤᠷᠤᠨ ᠲᠡᠳᠬᠦᠬᠦ᠌ ᠠᠷᠭ᠎ᠠ ᠬᠡᠮᠵᠢᠶ᠎ᠡ᠎ᠶ᠋ᠢ ᠣᠨᠣᠴᠠᠲᠠᠢ ᠨᠠᠢᠳᠠᠪᠤᠷᠢᠵᠢᠭᠤᠯᠤᠨ᠂ ᠪᠥᠬᠦ᠌ ᠵᠢᠯ᠎ᠳᠤ 112.3 ᠳ᠋ᠦᠩᠱᠢᠭᠤᠷ ᠲᠥᠭᠦᠷᠢᠭ ᠶᠠᠳᠠᠭᠤ᠎ᠶ᠋ᠢ ᠲᠡᠳᠬᠦᠬᠦ᠌ ᠪᠡᠯᠡ ᠮᠥᠩᠭᠦ᠎ᠶ᠋ᠢ ᠣᠷᠣᠭᠤᠯᠵᠤ᠂ ᠶᠠᠳᠠᠭᠤ᠎ᠶ᠋ᠢ ᠲᠡᠳᠬᠦᠬᠦ᠌ 6751 ᠲᠥᠷᠥᠯ ᠵᠦᠢᠯ᠎ᠢ ᠬᠡᠷᠡᠭ᠌ᠵᠢᠭᠦᠯᠦᠨ᠂ ᠦᠯᠡᠳᠡᠵᠦ᠍ ᠪᠠᠢᠭ᠍ᠰᠠᠨ 1.6 ᠲᠦᠮᠡᠨ ᠶᠠᠳᠠᠭᠤ ᠬᠦᠴᠢᠷᠳᠡᠯᠲᠡᠢ ᠬᠥᠮᠥᠰ᠎ᠢ ᠶᠠᠳᠠᠭᠤ᠎ᠠᠴᠠ ᠠᠩᠭᠢᠵᠢᠷᠠᠭᠤᠯᠪᠠ᠃ 80 ᠬᠤᠱᠢᠭᠤ ᠱᠢᠶᠠᠨ᠎ᠳᠤ ᠶᠠᠳᠠᠭᠤᠷᠠᠬᠤ᠎ᠠᠴᠠ ᠰᠡᠷᠭᠡᠢᠯᠡᠬᠦ᠌ ᠳᠠᠭᠠᠳᠭᠠᠯ᠎ᠢ ᠬᠡᠷᠡᠭ᠌ᠵᠢᠭᠦᠯᠦᠨ᠂ 73 ᠬᠤᠱᠢᠭᠤ ᠱᠢᠶᠠᠨ᠎ᠳᠤ ᠶᠠᠳᠠᠭᠤ᠎ᠶ᠋ᠢ ᠲᠡᠳᠬᠦᠭ᠌ᠰᠡᠨ ᠡᠳ᠋ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠪᠠᠢᠭᠤᠯᠤᠮᠵᠢ᠎ᠶ᠋ᠢ ᠪᠠᠢᠭᠤᠯᠵᠤ᠂ ᠤᠯᠠᠭᠠᠨᠬᠠᠳᠠ᠎ᠶ᠋ᠢᠨ ᠶᠠᠳᠠᠭᠤ᠎ᠶ᠋ᠢ ᠲᠡᠳᠬᠦᠬᠦ᠌ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠣᠷᠣᠨ ᠢᠳᠡᠪᠬᠢ ᠠᠬᠢᠯᠲᠠ᠎ᠲᠠᠢ ᠪᠣᠯᠪᠠ᠃ ᠪᠡᠭᠡᠵᠢᠩ ᠬᠤᠲᠠ ᠪᠠ ᠲᠥᠪ᠎ᠤᠨ ᠨᠢᠭᠡᠴᠢ᠎ᠨᠦᠭᠦᠳ ᠲᠤᠰ ᠲᠤᠰ 19.1 ᠳ᠋ᠦᠩᠱᠢᠭᠤᠷ ᠲᠥᠭᠦᠷᠢᠭ ᠪᠠ 3.3 ᠳ᠋ᠦᠩᠱᠢᠭᠤᠷ ᠲᠥᠭᠦᠷᠢᠭ᠎ᠤᠨ ᠪᠡᠯᠡ ᠮᠥᠩᠭᠦ᠌ ᠣᠷᠣᠭᠤᠯᠵᠤ᠂ ᠠᠵᠤ ᠦᠢᠯᠡᠰ᠎ᠤᠨ ᠬᠥᠭ᠌ᠵᠢᠯᠲᠡ᠂ ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ᠂ ᠴᠢᠳᠠᠪᠤᠷᠢᠲᠠᠨ ᠪᠠ ᠮᠡᠷᠭᠡᠵᠢᠯ ᠵᠡᠷᠭᠡ ᠲᠠᠯ᠎ᠠ᠎ᠪᠠᠷ ᠬᠦᠴᠦᠲᠡᠢ ᠳᠡᠮᠵᠢᠯᠭᠡ ᠦᠵᠡᠭᠦᠯᠪᠡ᠃

ᠡᠳ᠋᠎ᠤᠨ ᠵᠠᠰᠠᠭ ᠮᠥᠩᠭᠦᠨ ᠭᠦᠢᠯᠭᠡᠭᠡᠨ᠎ᠤ ᠲᠦᠭ᠌ᠰᠢᠭᠦᠷᠢ᠎ᠶ᠋ᠢ ᠬᠦᠴᠦᠲᠡᠢ ᠰᠡᠷᠭᠡᠢᠯᠡᠨ ᠠᠷᠢᠯᠭᠠᠵᠤ᠂ ᠵᠠᠰᠠᠭ᠎ᠤᠨ ᠣᠷᠳᠣᠨ᠎ᠤ ᠳᠠᠯᠳᠠ ᠥᠷᠢ ᠥᠭ᠌ᠴᠡᠭᠡ᠎ᠶ᠋ᠢ ᠠᠷᠢᠯᠭᠠᠬᠤ ᠣᠨ᠎ᠤ ᠡᠭᠦᠷᠭᠡ᠎ᠪᠠᠨ ᠳᠠᠪᠠᠭᠤᠯᠤᠨ ᠪᠡᠶᠡᠯᠡᠭᠦᠯᠵᠦ᠍᠂ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ ᠪᠠ ᠳᠤᠮᠳᠠ ᠵᠢᠵᠢᠭ ᠠᠵᠤ ᠠᠬᠤᠢᠯᠠᠯ᠎ᠳᠤ ᠥᠷᠢᠲᠦᠵᠦ᠍ ᠪᠠᠢᠭ᠍ᠰᠠᠨ ᠵᠥᠷᠢᠯᠳᠦᠭᠡᠨ ᠦᠭᠡᠢ ᠳᠠᠩᠰᠠᠨ᠎ᠤ ᠵᠣᠭᠤᠰ᠎ᠢ ᠴᠥᠮ ᠲᠥᠯᠥᠵᠦ᠍ ᠳᠠᠭᠤᠰᠭᠠᠪᠠ᠃ ᠪᠣᠣ ᠱᠠᠩ ᠪᠠᠩᠬᠢ᠎ᠶ᠋ᠢᠨ ᠲᠦᠭ᠌ᠰᠢᠭᠦᠷᠢ᠎ᠶ᠋ᠢ ᠪᠦᠲᠦᠮᠵᠢᠲᠡᠢ ᠱᠢᠢᠳᠪᠦᠷᠢᠯᠡᠵᠦ᠍᠂ ᠮᠧᠩ ᠱᠠᠩ ᠪᠠᠩᠬᠢ᠎ᠶ᠋ᠢ ᠵᠢᠩᠬᠢᠨᠢ᠎ᠪᠠᠷ ᠠᠵᠢᠯ ᠡᠷᠬᠢᠯᠡᠭᠦᠯᠬᠦ᠌ ᠪᠣᠯᠭᠠᠨ᠂ ᠬᠥᠳᠡᠭᠡ ᠲᠣᠰᠭᠤᠨ᠎ᠤ ᠢᠲᠡᠭᠡᠮᠵᠢ᠎ᠶ᠋ᠢᠨ ᠬᠤᠷᠱᠢᠶᠠᠨ᠎ᠤ 5 ᠬᠤᠷᠱᠢᠶ᠎ᠠ᠎ᠶ᠋ᠢ ᠬᠥᠳᠡᠭᠡ ᠲᠣᠰᠭᠤᠨ᠎ᠤ ᠬᠤᠳᠠᠯᠳᠤᠭᠠᠨ᠎ᠤ ᠪᠠᠩᠬᠢ ᠪᠣᠯᠭᠠᠵᠦ᠍ ᠪᠠᠢᠭᠤᠯᠤᠯ᠎ᠢ᠎ᠨᠢ ᠥᠭᠡᠷᠡᠴᠢᠯᠡᠪᠡ᠃ ᠳᠤᠮᠳᠠ ᠵᠢᠵᠢᠭ ᠪᠠᠩᠬᠢ᠎ᠨᠤᠭᠤᠳ᠎ᠤᠨ ᠬᠥᠷᠥᠩᠭᠡ ᠮᠥᠩᠭᠦ᠎ᠶ᠋ᠢ ᠨᠥᠬᠦᠪᠦᠷᠢᠯᠡᠬᠦ᠌᠎ᠪᠠᠷ 85 ᠳ᠋ᠦᠩᠱᠢᠭᠤᠷ ᠲᠥᠭᠦᠷᠢᠭ᠎ᠤᠨ ᠲᠤᠰᠭᠠᠢ ᠵᠢᠭᠡᠯᠡᠯᠭᠡ᠎ᠶ᠋ᠢᠨ ᠲᠡᠮᠳᠡᠭ᠎ᠢ ᠲᠠᠷᠬᠠᠭᠠᠪᠠ᠃ ᠪᠥᠬᠦ᠌ ᠣᠷᠣᠨ᠎ᠤ ᠨᠠᠢᠳᠠᠪᠤᠷᠢ ᠮᠠᠭᠤᠲᠠᠢ ᠵᠢᠭᠡᠯᠡᠯᠭᠡ᠎ᠶ᠋ᠢᠨ ᠵᠣᠭᠤᠰᠤᠨ᠎ᠤ ᠦᠯᠡᠳᠡᠪᠦᠷᠢ ᠪᠠ ᠨᠠᠢᠳᠠᠪᠤᠷᠢ ᠮᠠᠭᠤᠲᠠᠢ ᠪᠣᠯᠬᠤ ᠨᠣᠷᠮ᠎ᠠ᠎ᠨᠢ ᠬᠠᠮᠲᠤ᠎ᠳᠠᠭᠠᠨ ᠪᠠᠭᠤᠷᠠᠪᠠ᠃ ᠠᠵᠤ ᠠᠬᠤᠢᠯᠠᠯ᠎ᠤᠨ ᠵᠢᠭᠡᠯᠡᠯᠭᠡ᠎ᠶ᠋ᠢᠨ ᠲᠡᠮᠳᠡᠭ᠎ᠤᠳ᠎ᠤᠨ ᠭᠡᠷ᠎ᠡ᠎ᠠᠴᠠ ᠵᠥᠷᠢᠴᠡᠭ᠌ᠰᠡᠨ ᠲᠦᠭ᠌ᠰᠢᠭᠦᠷᠢ᠎ᠶ᠋ᠢ ᠡᠮᠬᠢ ᠲᠢᠭ᠌ᠯᠢᠮ᠎ᠲᠠᠢ ᠱᠢᠢᠳᠪᠦᠷᠢᠯᠡᠵᠦ᠍᠂ ᠮᠥᠩᠭᠦᠨ ᠭᠦᠢᠯᠭᠡᠭᠡᠨ᠎ᠤ ᠬᠠᠤᠯᠢ ᠪᠤᠰᠤ ᠠᠵᠢᠯᠯᠠᠭ᠎ᠠ᠎ᠶ᠋ᠢ ᠴᠡᠭ᠌ᠴᠡᠯᠡᠨ ᠵᠠᠰᠠᠪᠠ᠃

ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠢ ᠦᠷᠭᠦᠯᠵᠢᠯᠡᠨ ᠠᠬᠢᠭᠤᠯᠵᠤ᠂ 《ᠲᠠᠷᠠᠬᠠᠢ ᠪᠤᠲᠠᠷᠬᠠᠢ ᠵᠠᠮᠪᠠᠷᠠᠭ᠎ᠠ ᠦᠭᠡᠢ ᠪᠠ ᠪᠣᠬᠢᠷᠲᠤᠯ ᠶᠡᠬᠡᠲᠡᠢ》 ᠠᠵᠤ ᠠᠬᠤᠢᠯᠠᠯ᠎ᠢ ᠴᠡᠭ᠌ᠴᠡᠯᠡᠨ ᠵᠠᠰᠠᠬᠤ᠎ᠪᠠᠨ ᠦᠨᠳᠦᠰᠦᠨ᠎ᠳᠤ᠎ᠪᠠᠨ ᠪᠡᠶᠡᠯᠡᠭᠦᠯᠵᠦ᠍᠂ 15.3 ᠲᠦᠮᠡᠨ ᠡᠷᠦᠬᠡ᠎ᠳᠤ ᠴᠡᠪᠡᠷᠬᠡᠨ ᠳᠤᠯᠠᠭᠠᠯᠠᠭ᠎ᠠ ᠬᠠᠩᠭᠠᠬᠤ᠎ᠪᠠᠷ ᠥᠭᠡᠷᠡᠴᠢᠯᠡᠨ ᠱᠢᠨᠡᠳᠭᠡᠪᠡ᠃ ᠪᠥᠬᠦ᠌ ᠣᠷᠣᠨ᠎ᠤ ᠠᠭᠠᠷ᠎ᠤᠨ ᠴᠡᠪᠡᠷ ᠰᠠᠢᠨ ᠡᠳᠦᠷ᠎ᠤᠨ ᠬᠠᠷᠢᠴᠠᠯ᠂ ᠨᠠᠷᠢᠨ ᠮᠥᠬᠦᠯᠢᠭ᠌ᠲᠦ ᠡᠳ᠋ (PM2.5) ᠎ᠤᠨ ᠥᠳᠭᠡᠴᠡ ᠤᠯᠤᠰ᠎ᠤᠨ ᠱᠢᠯᠭᠠᠨ ᠦᠨᠡᠯᠡᠬᠦ᠌ ᠪᠠᠷᠢᠮᠵᠢᠶ᠎ᠠ᠎ᠠᠴᠠ ᠰᠠᠢᠨ ᠪᠣᠯᠪᠠ᠃ ᠬᠥᠯᠦᠨ ᠨᠠᠭᠤᠷ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠤᠷᠢᠨ ᠤᠯᠠᠮ ᠨᠢᠭᠡ ᠠᠯᠬᠤᠮ ᠰᠠᠢᠵᠢᠷᠠᠵᠤ᠂ ᠤᠯᠠᠭᠠᠨᠰᠤᠬᠠᠢ᠎ᠶ᠋ᠢᠨ ᠪᠦᠬᠦᠯᠢ ᠴᠤᠭ᠍ᠴᠠ᠎ᠶ᠋ᠢᠨ ᠣᠰᠣᠨ᠎ᠤ ᠴᠢᠨᠠᠷ ᠲᠠᠪᠤᠳᠤᠭᠠᠷ ᠲᠦᠷᠦᠯ᠎ᠳᠤ ᠲᠣᠭ᠍ᠲᠠᠪᠤᠷᠢᠵᠢᠵᠤ᠂ ᠳᠠᠭ᠎ᠠ᠎ᠶ᠋ᠢᠨ ᠨᠠᠭᠤᠷ᠎ᠲᠤ ᠠᠮᠢ ᠠᠬᠤᠢ᠎ᠶ᠋ᠢᠨ ᠪᠠᠴᠢᠮ ᠪᠠᠢᠳᠠᠯ᠎ᠢ ᠠᠷᠭᠠᠴᠠᠭᠠᠬᠤ᠎ᠪᠠᠷ ᠤᠰᠤ ᠨᠡᠮᠡᠷᠢᠯᠡᠬᠦ᠌ ᠪᠠᠷᠢᠯᠭ᠎ᠠ᠎ᠪᠠᠨ ᠪᠠᠢᠭᠤᠯᠵᠦ᠍ ᠡᠬᠢᠯᠡᠭᠦᠯᠪᠠ᠃ ᠭᠠᠵᠠᠷ ᠳᠡᠭᠡᠷᠡᠬᠢ ᠤᠰᠤᠨ᠎ᠤ ᠴᠢᠨᠠᠷ ᠰᠠᠢᠲᠠᠢ ᠤᠰᠤᠨ ᠴᠣᠭ᠍ᠴᠠ᠎ᠶ᠋ᠢᠨ ᠬᠠᠷᠢᠴᠠᠯ 69.2% ᠪᠠᠢᠵᠤ᠂ ᠤᠯᠤᠰ᠎ᠤᠨ ᠱᠢᠯᠭᠠᠨ ᠦᠨᠡᠯᠡᠬᠦ᠌ ᠪᠠᠷᠢᠮᠵᠢᠶ᠎ᠠ᠎ᠠᠴᠠ 9.6 ᠵᠠᠭᠤᠨ᠎ᠤ ᠴᠡᠭ ᠰᠠᠢᠨ ᠪᠤᠯᠪᠠ᠃ ᠬᠥᠷᠥᠰᠥ᠍ ᠱᠢᠷᠣᠢ᠎ᠶ᠋ᠢᠨ ᠪᠣᠬᠢᠷᠲᠤᠭ᠍ᠰᠠᠨ ᠪᠠᠢᠳᠠᠯ᠎ᠢ ᠨᠠᠷᠢᠨ ᠪᠠᠢᠴᠠᠭᠠᠬᠤ ᠪᠠ ᠬᠦᠨᠳᠦ ᠲᠡᠮᠦᠷᠯᠢᠭ ᠭᠠᠳᠠᠭ᠍ᠰᠢᠯᠠᠭᠤᠯᠬᠤ᠎ᠶ᠋ᠢ᠎ᠨᠢ ᠪᠠᠭᠠᠰᠭᠠᠬᠤ ᠡᠭᠦᠷᠭᠡ᠎ᠪᠠᠨ ᠪᠥᠬᠦ᠌ ᠲᠠᠯ᠎ᠠ᠎ᠪᠠᠷ ᠪᠡᠶᠡᠯᠡᠭᠦᠯᠪᠡ᠃ ᠲᠥᠪ᠎ᠤᠨ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠱᠢᠮᠳᠠᠭᠤᠯᠤᠭ᠍ᠰᠠᠨ ᠪᠠᠢᠴᠠᠭᠠᠯᠲᠠ ᠵᠢᠴᠢ 《ᠪᠤᠴᠠᠵᠤ ᠪᠠᠢᠴᠠᠭᠠᠨ ᠦᠵᠡᠬᠦ᠌》 ᠠᠵᠢᠯ ᠥᠷᠨᠢᠭᠦᠯᠦᠭᠡᠳ ᠲᠤᠰᠭᠠᠭ᠍ᠰᠠᠨ ᠴᠡᠭ᠌ᠴᠡᠯᠡᠵᠦ᠍ ᠵᠠᠰᠠᠬᠤ ᠡᠭᠦᠷᠭᠡ᠎ᠶ᠋ᠢ ᠦᠨᠳᠦᠰᠦᠨ᠎ᠳᠤ᠎ᠪᠠᠨ ᠪᠡᠶᠡᠯᠡᠭᠦᠯᠪᠡ᠃ ᠲᠡᠮᠡᠭᠡᠵᠢ ᠤᠯᠤᠰ᠎ᠤᠨ ᠲᠡᠰ᠎ᠤᠨ ᠪᠠᠢᠭᠠᠯᠢ᠎ᠶ᠋ᠢᠨ ᠬᠠᠮᠠᠭᠠᠯᠠᠯᠳᠠ᠎ᠶ᠋ᠢᠨ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠠᠰᠠᠭᠤᠳᠠᠯ᠎ᠢ ᠴᠡᠭ᠌ᠴᠡᠯᠡᠨ ᠵᠠᠰᠠᠬᠤ᠎ᠶ᠋ᠢ ᠦᠨᠳᠤᠰᠦᠨ᠎ᠳᠡᠭᠡᠨ ᠪᠡᠶᠡᠯᠡᠭᠦᠯᠪᠠ᠃

(ᠲᠠᠪᠤ) ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠭᠦᠨᠵᠡᠭᠡᠢᠷᠡᠭᠦᠯᠦᠨ ᠠᠬᠢᠭᠤᠯᠪᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 356 ᠲᠦᠮᠡᠨ ᠮᠦ᠍ ᠱᠢᠨ᠎ᠡ᠎ᠪᠠᠷ ᠪᠠᠢᠭᠤᠯᠵᠤ᠂ ᠬᠤᠵᠢᠷᠱᠢᠭ᠍ᠰᠠᠨ ᠲᠠᠷᠢᠶᠠᠯᠠᠬᠤ ᠭᠠᠵᠠᠷ᠎ᠢ 12.2 ᠲᠦᠮᠡᠨ ᠮᠦ᠍ ᠰᠠᠢᠵᠢᠷᠠᠭᠤᠯᠪᠠ᠃ ᠪᠥᠬᠦ᠌ ᠣᠷᠣᠨ᠎ᠤ ᠠᠮᠤ ᠪᠤᠳᠠᠭᠠᠨ᠎ᠤ ᠤᠨᠠᠯᠲᠠ 732.8 ᠳ᠋ᠦᠩᠱᠢᠭᠤᠷ ᠵᠢᠩ ᠪᠣᠯᠵᠤ᠂ 《ᠠᠷᠪᠠᠨ ᠳᠣᠯᠣᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ》 ᠣᠯᠪᠠ; ᠮᠢᠬᠠᠨ᠎ᠤ ᠭᠠᠷᠤᠯᠲᠠ 260.7 ᠲᠦᠮᠡᠨ ᠲᠣᠨ ᠪᠠᠢᠵᠤ᠂ 《ᠠᠷᠪᠠᠨ ᠵᠢᠷᠭᠤᠭᠠᠨ ᠵᠢᠯ ᠳᠠᠷᠠᠭᠠᠯᠠᠨ ᠭᠠᠷᠤᠯᠲᠠ᠎ᠶ᠋ᠢ᠎ᠨᠢ ᠲᠣᠭ᠍ᠲᠠᠭᠤᠨ》 ᠪᠠᠢᠯᠭᠠᠪᠠ᠃ ᠲᠠᠯ᠎ᠠ ᠨᠤᠲᠤᠭ᠎ᠤᠨ ᠠᠯᠠᠱᠢᠨ ᠬᠤᠨᠢ ᠪᠠ ᠨᠠᠷᠠᠨ ᠬᠤᠸᠠᠷ᠎ᠤᠨ ᠤᠯᠤᠰ᠎ᠤᠨ ᠳᠡᠰ᠎ᠤᠨ ᠳᠠᠪᠠᠭᠤᠯᠢᠭ ᠪᠦᠭᠡᠳ ᠣᠨᠴᠠᠯᠢᠭ᠎ᠲᠠᠢ ᠬᠤᠶᠠᠷ ᠠᠵᠤ ᠦᠢᠯᠡᠰ᠎ᠤᠨ ᠪᠦᠯᠦᠭ᠌ᠵᠢᠯ᠎ᠢ ᠱᠢᠨ᠎ᠡ᠎ᠪᠠᠷ ᠪᠠᠢᠭᠤᠯᠪᠠ᠃

ᠰᠦ ᠰᠠᠭᠠᠯᠢ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠭᠤᠷᠪᠠᠨ ᠵᠢᠯ᠎ᠤᠨ ᠠᠵᠢᠯᠯᠠᠭᠠᠨ᠎ᠢ ᠬᠡᠷᠡᠭ᠌ᠵᠢᠭᠦᠯᠦᠨ᠂ ᠬᠠᠲᠤᠨ ᠭᠤᠣᠯ᠎ᠤᠨ ᠰᠠᠪᠠ ᠭᠠᠵᠠᠷ᠂ ᠨᠤᠨ ᠮᠦᠷᠡᠨ᠎ᠤ ᠰᠠᠪᠠ ᠭᠠᠵᠠᠷ᠂ ᠪᠠᠷᠠᠭᠤᠨ ᠯᠢᠶᠤᠤᠾᠧ ᠭᠤᠣᠯ᠎ᠤᠨ ᠰᠠᠪᠠ ᠭᠠᠵᠠᠷ ᠪᠠ ᠬᠥᠯᠦᠨ ᠪᠤᠢᠷ᠂ ᠱᠢᠯᠢ᠎ᠶ᠋ᠢᠨ ᠭᠤᠣᠯ᠎ᠤᠨ ᠲᠠᠯ᠎ᠠ ᠨᠤᠲᠤᠭ᠎ᠤᠨ ᠲᠠᠪᠤᠨ ᠲᠤᠮᠤ ᠰᠦ᠎ᠶ᠋ᠢᠨ ᠢᠷᠡᠯᠲᠡ᠎ᠶ᠋ᠢᠨ ᠰᠠᠭᠤᠷᠢᠨ ᠭᠠᠵᠠᠷ᠎ᠢ ᠨᠢᠭᠡᠲᠦᠯᠲᠡᠢ ᠲᠦᠯᠦᠪᠯᠡᠨ ᠪᠠᠢᠭᠤᠯᠵᠤ᠂ ᠲᠠᠷᠢᠬᠤ ᠲᠡᠵᠢᠭᠡᠬᠦ᠌ ᠪᠣᠯᠪᠠᠰᠤᠷᠠᠭᠤᠯᠬᠤ᠎ᠳᠤ ᠨᠢᠭᠡ ᠴᠤᠭ᠍ᠴᠠᠵᠢᠭᠤᠯᠬᠤ᠎ᠶ᠋ᠢ ᠬᠡᠷᠡᠭ᠌ᠵᠢᠭᠦᠯᠪᠡ᠃ ᠰᠠᠭᠠᠯᠢ᠎ᠶ᠋ᠢᠨ ᠦᠨᠢᠶᠡᠨ᠎ᠤ ᠲᠤᠭ᠎ᠠ ᠲᠣᠯᠣᠭᠠᠢ 129.3 ᠲᠦᠮᠡ᠎ᠳᠤ ᠬᠦᠷᠴᠦ᠍᠂ ᠦᠨᠢᠶᠡᠨ᠎ᠤ ᠰᠦ᠎ᠶ᠋ᠢᠨ ᠭᠠᠷᠤᠯᠲᠠ 611.5 ᠲᠦᠮᠡᠨ ᠲᠣᠨ᠎ᠳᠤ ᠬᠦᠷᠴᠦ᠍᠂ ᠲᠤᠰ ᠲᠤᠰ 5.6% ᠪᠠ 5.9% ᠨᠡᠮᠡᠭ᠌ᠳᠡᠪᠡ᠃ ᠤᠯᠠᠮᠵᠢᠯᠠᠯᠲᠤ ᠴᠠᠭᠠᠨ ᠢᠳᠡᠭᠡ ᠬᠢᠬᠦ᠌ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠲᠣᠭ᠍ᠲᠠᠭᠠᠵᠤ᠂ ᠪᠥᠬᠦ᠌ ᠣᠷᠣᠨ᠎ᠤ ᠰᠦ ᠴᠠᠭᠠᠨ ᠢᠳᠡᠭᠡ᠎ᠶ᠋ᠢᠨ ᠭᠠᠷᠤᠯᠲᠠ᠎ᠳᠠᠬᠢ ᠤᠯᠠᠮᠵᠢᠯᠠᠯᠲᠤ ᠰᠦ ᠴᠠᠭᠠᠨ ᠢᠳᠡᠭᠡ᠎ᠶ᠋ᠢᠨ ᠡᠵᠡᠯᠡᠬᠦ᠌ ᠬᠠᠷᠢᠴᠠᠯ᠎ᠨᠢ 10% ᠣᠷᠴᠢᠮ ᠪᠣᠯᠪᠠ᠃ ᠦᠷ᠎ᠡ ᠡᠭᠦᠯᠳᠡᠷ᠎ᠤᠨ ᠬᠥᠭ᠌ᠵᠢᠯᠲᠡ᠎ᠶ᠋ᠢᠨ ᠭᠤᠷᠪᠠᠨ ᠵᠢᠯ᠎ᠤᠨ ᠠᠵᠢᠯᠯᠠᠭᠠᠨ᠎ᠢ ᠬᠡᠷᠡᠭ᠌ᠵᠢᠭᠦᠯᠵᠦ᠍᠂ ᠥᠪᠥᠷ ᠮᠣᠩᠭᠤᠯ᠎ᠤᠨ ᠶᠡᠭᠡ ᠰᠤᠷᠭᠠᠭᠤᠯᠢ᠎ᠳᠠᠬᠢ ᠲᠠᠯ᠎ᠠ ᠨᠤᠲᠤᠭ᠎ᠤᠨ ᠭᠡᠷ᠎ᠤᠨ ᠲᠡᠵᠢᠭᠡᠪᠦᠷᠢ᠎ᠶ᠋ᠢᠨ ᠡᠭᠦᠯᠳᠡᠷ ᠴᠢᠨᠠᠷ᠎ᠤᠨ ᠱᠢᠨ᠎ᠡ᠎ᠶ᠋ᠢ ᠡᠭᠦᠳᠴᠦ᠍ ᠦᠷᠡᠵᠢᠭᠦᠯᠦᠨ ᠪᠤᠢᠵᠢᠭᠤᠯᠬᠤ ᠰᠠᠭᠤᠷᠢᠨ ᠭᠠᠵᠠᠷ ᠪᠠ ᠤᠯᠤᠰ᠎ᠤᠨ ᠳᠡᠰ᠎ᠤᠨ ᠲᠥᠮᠥᠰᠥ᠎ᠶ᠋ᠢᠨ ᠰᠠᠢᠨ ᠦᠷ᠎ᠡ᠎ᠶ᠋ᠢ ᠦᠷᠡᠵᠢᠭᠦᠯᠦᠨ ᠪᠤᠢᠵᠢᠭᠤᠯᠬᠤ 3 ᠰᠠᠭᠤᠷᠢᠨ ᠭᠠᠵᠠᠷ᠎ᠢ ᠪᠠᠢᠭᠤᠯᠪᠠ᠃ ᠲᠠᠷᠢᠶᠠᠯᠠᠩ ᠮᠠᠯ᠎ᠤᠨ ᠠᠱᠢᠭ ᠱᠢᠮ᠎ᠡ᠎ᠶ᠋ᠢᠨ ᠪᠦᠲᠦᠭᠡᠭ᠌ᠳᠡᠭᠦᠨ᠎ᠤ ᠨᠡᠢᠲᠡ᠎ᠶ᠋ᠢᠨ ᠬᠡᠷᠡᠭ᠌ᠯᠡᠭᠡᠨ᠎ᠤ ᠨᠡᠷᠡᠲᠦ ᠲᠡᠮᠲᠡᠭ᠎ᠤᠨ ᠪᠠᠢᠭᠤᠯᠤᠯᠲᠠ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠣᠷᠣᠨ ᠪᠦᠰᠡ᠎ᠶ᠋ᠢᠨ ᠲᠠᠷᠢᠶᠠᠯᠠᠩ᠎ᠤᠨ ᠳᠦᠷᠢ ᠳᠥᠷᠬᠦ᠌᠎ᠶ᠋ᠢᠨ ᠨᠡᠷᠡᠲᠦ ᠲᠡᠮᠳᠡᠭ᠎ᠤᠨ ᠡᠩᠨᠡᠭᠡᠨ᠎ᠳᠤ 《ᠲᠡᠭ᠌ᠷᠢ᠎ᠶ᠋ᠢᠨ ᠬᠡᠱᠢᠭ᠌ᠲᠦ ᠪᠣᠷᠣᠲᠤᠬᠤᠢ》 ᠲᠡᠷᠢᠭᠦᠯᠡᠪᠡ᠃ ᠮᠠᠯᠵᠢᠬᠤ ᠣᠷᠣᠨ᠎ᠤ ᠣᠳᠣᠬᠢᠴᠢᠯᠠᠯᠲᠠ᠎ᠶ᠋ᠢᠨ ᠲᠤᠷᠱᠢᠯᠲᠠ᠎ᠶ᠋ᠢᠨ ᠴᠡᠭ᠎ᠤᠨ ᠠᠵᠢᠯ᠎ᠢ ᠥᠷᠨᠢᠭᠦᠯᠦᠭᠡᠳ ᠮᠠᠯᠵᠢᠬᠤ ᠣᠷᠣᠨ᠎ᠤ ᠦᠢᠯᠡᠳᠪᠦᠷᠢᠯᠡᠯ᠎ᠤᠨ ᠬᠥᠭ᠌ᠵᠢᠯᠲᠡ᠂ ᠮᠠᠯᠴᠢᠳ᠎ᠤᠨ ᠠᠮᠢᠳᠤᠷᠠᠯ᠎ᠤᠨ ᠴᠢᠨᠡᠭᠡᠯᠢᠭ᠌ᠵᠢᠯ᠂ ᠲᠠᠯ᠎ᠠ ᠨᠤᠲᠤᠭ᠎ᠤᠨ ᠰᠠᠢᠨ ᠰᠠᠢᠬᠠᠨ ᠠᠮᠢ ᠠᠬᠤᠢ᠎ᠶ᠋ᠢᠨ ᠬᠠᠷᠢᠯᠴᠠᠨ ᠨᠢᠭᠡᠳᠬᠦ᠌᠎ᠶ᠋ᠢ ᠨᠢᠭᠡᠲᠦᠯᠲᠡᠢ ᠲᠦᠯᠦᠪᠯᠡᠨ ᠠᠬᠢᠭᠤᠯᠪᠠ᠃

ᠮᠠᠯᠵᠢᠬᠤ ᠲᠠᠷᠢᠶᠠᠯᠠᠬᠤ ᠣᠷᠣᠨ᠎ᠳᠠᠬᠢ ᠣᠷᠣᠱᠢᠨ ᠰᠠᠭᠤᠷᠢᠱᠢᠬᠤ ᠣᠷᠴᠢᠨ ᠨᠥᠬᠦᠴᠡᠯ᠎ᠢ ᠴᠡᠭ᠌ᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭᠠᠨ᠎ᠤ ᠡᠭᠦᠷᠭᠡ᠎ᠶ᠋ᠢ ᠪᠡᠶᠡᠯᠡᠭᠦᠯᠦᠨ᠂ ᠠᠷᠢᠭᠤᠨ ᠴᠡᠪᠡᠷ ᠵᠣᠷᠯᠣᠩ᠎ᠲᠠᠢ ᠪᠤᠯᠭᠠᠬᠤ᠎ᠶ᠋ᠢ ᠲᠥᠭᠡᠮᠡᠯᠵᠢᠭᠦᠯᠦᠭ᠌ᠰᠡᠨ ᠨᠣᠷᠮ᠎ᠠ 35% ᠎ᠳᠤ ᠬᠦᠷᠴᠦ᠍᠂ ᠬᠠᠷᠠᠯᠲᠠ᠎ᠠᠴᠠ᠎ᠪᠠᠨ 3 ᠵᠠᠭᠤᠨ᠎ᠤ ᠴᠡᠭ ᠳᠠᠪᠠᠭᠤᠯᠤᠭ᠍ᠰᠠᠨ ᠪᠠᠢᠨ᠎ᠠ᠃ 97.7% ᠎ᠶ᠋ᠢᠨ ᠵᠠᠰᠠᠭ ᠵᠠᠬᠢᠷᠭᠠᠨ᠎ᠤ ᠭᠠᠴᠠᠭ᠎ᠠ ᠲᠣᠰᠭᠤᠨ᠎ᠳᠤ ᠠᠮᠢᠳᠤᠷᠠᠯ᠎ᠤᠨ ᠬᠤᠭ ᠨᠣᠪᠰᠢ᠎ᠶ᠋ᠢ ᠴᠤᠭ᠍ᠯᠠᠭᠤᠯᠵᠤ ᠵᠥᠭᠡᠭᠡᠬᠦ᠌ ᠱᠢᠰᠲ᠋ᠧᠮᠵᠢ᠎ᠶ᠋ᠢ ᠪᠠᠢᠭᠤᠯᠵᠤ᠂ ᠲᠦᠴᠢᠦᠸᠠᠨ ᠱᠢᠶᠠᠨ ᠪᠥᠬᠦ᠌ ᠤᠯᠤᠰ᠎ᠤᠨ ᠬᠥᠳᠡᠭᠡ ᠲᠣᠰᠭᠤᠨ᠎ᠤ ᠠᠮᠢᠳᠤᠷᠠᠯ᠎ᠤᠨ ᠬᠤᠭ ᠨᠣᠪᠰᠢ᠎ᠶ᠋ᠢ ᠲᠥᠷᠥᠯ ᠬᠤᠪᠢᠶᠠᠬᠤ ᠪᠠ ᠡᠬᠢ ᠪᠠᠶᠠᠯᠢᠬ᠍ᠵᠢᠭᠤᠯᠤᠨ ᠠᠱᠢᠭ᠍ᠯᠠᠬᠤ ᠠᠵᠢᠯ᠎ᠤᠨ ᠵᠢᠱ᠌ᠢᠶ᠎ᠡ ᠦᠵᠡᠭᠦᠯᠬᠦ᠌ ᠱᠢᠶᠠᠨ᠎ᠢᠶᠠᠷ ᠦᠨᠡᠯᠡᠭ᠌ᠳᠡᠪᠡ᠃ 30 ᠲᠦᠮᠡᠨ ᠮᠠᠯᠴᠢᠨ ᠲᠠᠷᠢᠶᠠᠴᠢᠨ᠎ᠤ ᠤᠤᠭᠤᠵᠤ ᠬᠡᠷᠡᠭ᠌ᠯᠡᠬᠦ᠌ ᠤᠰᠤᠨ᠎ᠳᠠᠬᠢ ᠹᠯᠣᠷ ᠠᠷᠰᠧᠨ ᠢᠣᠳ᠋᠎ᠨᠢ ᠪᠠᠷᠢᠮᠵᠢᠶ᠎ᠠ᠎ᠠᠴᠠ ᠳᠠᠪᠠᠭ᠍ᠰᠠᠨ ᠪᠠᠢᠭ᠎ᠠ ᠪᠠ ᠭᠠᠱᠢᠭᠤᠨ ᠱᠣᠷᠪᠣᠭ ᠤᠰᠤᠨ᠎ᠤ ᠠᠰᠠᠭᠤᠳᠠᠯ᠎ᠢ ᠱᠢᠢᠳᠪᠦᠷᠢᠯᠡᠪᠡ᠃ ᠮᠠᠯᠵᠢᠬᠤ ᠲᠠᠷᠢᠶᠠᠯᠠᠬᠤ ᠣᠷᠣᠨ᠎ᠳᠤ 8071 ᠺᠢᠯᠤᠮᠧᠲᠷ ᠵᠠᠰᠠᠮᠠᠯ ᠵᠠᠮ᠎ᠢ ᠱᠢᠨ᠎ᠡ᠎ᠪᠠᠷ ᠳᠡᠪᠢᠰᠦᠭ᠌ᠰᠡᠨ ᠪᠠ ᠱᠢᠨᠡᠳᠭᠡᠨ ᠵᠠᠰᠠᠪᠠ᠃

(ᠵᠢᠷᠭᠤᠭ᠎ᠠ) ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠢᠵᠢᠷᠠᠪᠠ᠃ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠵᠤ ᠵᠣᠬᠢᠶᠠᠬᠤ ᠠᠵᠢᠯ᠎ᠢ ᠥᠷᠨᠢᠭᠦᠯᠦᠨ᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠂ ᠣᠷᠴᠢᠨ ᠲᠣᠭᠤᠷᠢᠨ᠎ᠤ ᠶᠠᠰᠤ ᠴᠢᠨᠠᠷ᠎ᠤᠨ ᠬᠤᠷᠢᠭ᠎ᠠ ᠱᠤᠭᠤᠮ᠂ ᠡᠬᠢ ᠪᠠᠶᠠᠯᠢᠭ᠎ᠢ ᠠᠱᠢᠬ᠍ᠯᠠᠬᠤ ᠬᠢᠵᠠᠭᠠᠷ ᠱᠤᠭᠤᠮ ᠪᠠ ᠠᠮᠢ ᠠᠬᠤᠢ ᠣᠷᠴᠢᠨ ᠲᠣᠭᠤᠷᠢᠨ᠎ᠳᠤ ᠵᠥᠪᠱᠢᠶᠡᠷᠡᠨ ᠣᠷᠣᠭᠤᠯᠬᠤ ᠨᠠᠷᠢᠨ ᠬᠠᠭᠤᠳᠠᠰᠤ (《ᠭᠤᠷᠪᠠᠨ ᠱᠤᠭᠤᠮ ᠨᠢᠭᠡ ᠬᠠᠭᠤᠳᠠᠰᠤ》) ᠎ᠶ᠋ᠢ ᠨᠠᠢᠷᠠᠭᠤᠯᠤᠨ ᠵᠣᠬᠢᠶᠠᠵᠤ ᠳᠠᠭᠤᠰᠭᠠᠭᠠᠳ ᠪᠦᠬᠦ᠌ ᠣᠷᠣᠨ᠎ᠤ 50% ᠎ᠠᠴᠠ ᠳᠡᠭᠡᠭ᠌ᠰᠢᠬᠢ ᠤᠯᠤᠰ᠎ᠤᠨ ᠨᠤᠲᠤᠭ ᠳᠡᠪᠢᠰᠭᠡᠷ᠎ᠤᠨ ᠲᠠᠯᠠᠪᠠᠢ᠎ᠶ᠋ᠢ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠲᠤᠳᠤᠷ᠎ᠠ ᠬᠤᠪᠢᠶᠠᠷᠢᠯᠠᠵᠤ ᠣᠷᠤᠭᠤᠯᠪᠠ᠃ ᠨᠤᠲᠤᠭ ᠪᠡᠯᠴᠢᠭᠡᠷ ᠪᠠ ᠣᠢ ᠱᠢᠭᠤᠢ᠎ᠶ᠋ᠢ ᠬᠠᠮᠠᠭᠠᠯᠠᠬᠤ ᠠᠵᠢᠯ᠎ᠢᠶᠠᠨ ᠲᠡᠷᠢᠭᠦᠨ ᠴᠢᠬᠤᠯᠠ ᠡᠭᠦᠷᠭᠡ ᠪᠣᠯᠭᠠᠨ᠂ ᠨᠤᠲᠤᠭ ᠪᠡᠯᠴᠢᠭᠡᠷ᠎ᠤᠨ ᠴᠢᠬᠤᠯᠠ ᠠᠮᠢ ᠠᠬᠤᠢ᠎ᠶ᠋ᠢᠨ ᠴᠢᠳᠠᠮᠵᠢᠲᠤ ᠣᠷᠣᠨ᠎ᠳᠤ ᠠᠭᠤᠷᠬᠠᠢ ᠨᠡᠭᠡᠭᠡᠬᠦ᠌ ᠪᠠ ᠰᠠᠯᠬᠢᠨ᠎ᠤ ᠬᠦᠴᠦ᠎ᠪᠠᠷ ᠴᠠᠬᠢᠯᠭᠠᠨ ᠭᠠᠷᠭᠠᠬᠤ᠂ ᠭᠡᠷᠡᠯ ᠴᠡᠨᠡᠭ᠎ᠢᠶᠠᠷ ᠴᠠᠬᠢᠯᠭᠠᠨ ᠭᠠᠷᠭᠠᠬᠤ ᠲᠥᠷᠥᠯ ᠵᠦᠢᠯ᠎ᠢ ᠱᠢᠨ᠎ᠡ᠎ᠪᠠᠷ ᠪᠠᠢᠭᠤᠯᠬᠤ ᠦᠭᠡᠢ ᠭᠡᠵᠦ᠍ ᠲᠣᠳᠣᠷᠬᠠᠢ ᠲᠣᠭ᠍ᠲᠠᠭᠠᠭ᠍ᠰᠠᠨ ᠪᠥᠭᠡᠳ ᠨᠢᠭᠡᠨᠲᠡ ᠪᠠᠢᠭᠤᠯᠤᠭ᠍ᠰᠠᠨ ᠲᠥᠷᠥᠯ ᠵᠦᠢᠯ᠎ᠢ ᠡᠮᠬᠢ ᠵᠢᠷᠤᠮ᠎ᠲᠠᠢ ᠪᠤᠴᠠᠭᠠᠵᠤ ᠭᠠᠷᠭᠠᠨ᠎ᠠ; ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠳᠠᠬᠢ ᠪᠣᠢ ᠪᠦᠬᠦᠢ ᠠᠭᠤᠷᠬᠠᠢ᠎ᠶ᠋ᠢᠨ ᠠᠵᠤ ᠠᠬᠤᠢᠯᠠᠯ᠎ᠤᠨ ᠠᠭᠤᠷᠬᠠᠢ ᠮᠠᠯᠲᠠᠵᠤ ᠬᠠᠢᠨ ᠪᠠᠢᠴᠠᠭᠠᠬᠤ ᠠᠵᠢᠯᠯᠠᠭ᠎ᠠ᠎ᠶ᠋ᠢ᠎ᠨᠢ ᠵᠣᠭ᠍ᠰᠣᠭᠠᠪᠠ; ᠲᠠᠯ᠎ᠠ ᠨᠤᠲᠤᠭ᠎ᠤᠨ ᠵᠠᠳᠠᠭᠠᠢ ᠠᠭᠤᠷᠬᠠᠢ᠎ᠶ᠋ᠢᠨ ᠵᠠᠰᠠᠯᠲᠠ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠪᠡ᠃ ᠲᠣᠭ᠍ᠲᠠᠭᠠᠯ᠎ᠢ ᠵᠥᠷᠢᠴᠡᠵᠦ᠍ ᠨᠤᠲᠤᠭ ᠪᠡᠯᠴᠢᠭᠡᠷ᠎ᠢ ᠡᠵᠡᠯᠡᠨ ᠬᠡᠷᠡᠭ᠌ᠯᠡᠭ᠌ᠰᠡᠨ 397 ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ ᠭᠠᠵᠠᠷ᠎ᠢ ᠬᠠᠤᠯᠢ ᠶᠣᠰᠣᠭᠠᠷ ᠬᠦᠴᠦᠨ ᠦᠭᠡᠢ ᠪᠣᠯᠭᠠᠨ᠂ ᠬᠦᠢᠲᠡᠨᠱᠢᠯᠢ ᠲᠠᠯ᠎ᠠ ᠨᠤᠲᠤᠭ᠎ᠤᠨ ᠬᠠᠮᠠᠭᠠᠯᠠᠯᠲᠠ᠎ᠶ᠋ᠢᠨ ᠣᠷᠣᠨ᠎ᠳᠠᠬᠢ ᠰᠠᠯᠬᠢᠨ᠎ᠤ ᠬᠦᠴᠦ᠎ᠪᠠᠷ ᠴᠠᠬᠢᠯᠭᠠᠨ ᠭᠠᠷᠭᠠᠬᠤ ᠮᠠᠱᠢᠨ ᠪᠦᠯᠦᠭ᠎ᠢ ᠰᠠᠯᠭᠠᠨ ᠵᠠᠳᠠᠯᠵᠤ ᠡᠬᠢᠯᠡᠪᠡ᠂ ᠡᠷᠢᠶᠠᠨᠭᠤᠪᠢ᠎ᠶ᠋ᠢᠨ ᠲᠠᠯ᠎ᠠ ᠨᠤᠲᠤᠭ᠎ᠲᠤ ᠲᠣᠭ᠍ᠲᠠᠭᠠᠯ᠎ᠢ ᠵᠥᠷᠢᠴᠡᠵᠦ᠍ ᠠᠲᠠᠷ ᠬᠠᠭᠠᠯᠪᠤᠷᠢᠯᠠᠭ᠍ᠰᠠᠨ ᠪᠠ ᠠᠭᠤᠷᠬᠠᠢ ᠨᠡᠭᠡᠭᠡᠭ᠌ᠰᠡᠨ ᠵᠡᠷᠭᠡ᠎ᠶ᠋ᠢ ᠵᠠᠰᠠᠵᠤ ᠵᠦᠭ᠌ᠰᠢᠷᠡᠭᠦᠯᠪᠡ᠃ 1372.6 ᠲᠦᠮᠡᠨ ᠮᠦ᠍ ᠣᠢ᠎ᠶ᠋ᠢ ᠲᠠᠷᠢᠵᠤ ᠣᠢᠵᠢᠭᠤᠯᠤᠭ᠍ᠰᠠᠨ ᠪᠠ 1687.5 ᠲᠦᠮᠡᠨ ᠮᠦ᠍ ᠡᠪᠡᠰᠦ ᠲᠠᠷᠢᠵᠤ᠂ ᠶᠡᠭᠡ ᠬᠢᠩᠭᠠᠨ ᠳᠠᠪᠠᠭ᠎ᠠ ᠵᠢᠴᠢ ᠡᠷᠭᠢᠨ ᠲᠣᠭᠤᠷᠢᠨ᠎ᠤ 60 ᠲᠦᠮᠡᠨ ᠮᠦ᠍ ᠭᠠᠵᠠᠷ ᠣᠷᠣᠨ᠎ᠳᠤ ᠲᠠᠷᠢᠶᠠᠯᠠᠬᠤ᠎ᠶ᠋ᠢ ᠵᠣᠭ᠍ᠰᠣᠭᠠᠵᠤ ᠣᠢᠵᠢᠭᠤᠯᠤᠭ᠍ᠰᠠᠨ ᠪᠠ ᠡᠪᠡᠰᠦ ᠪᠡᠯᠴᠢᠭᠡᠷ᠎ᠢ ᠰᠡᠷᠭᠦᠭᠡᠵᠦ᠍ ᠨᠤᠭᠤ ᠭᠠᠵᠠᠷ ᠪᠣᠯᠭᠠᠭ᠍ᠰᠠᠨ ᠪᠠᠢᠨ᠎ᠠ᠃ ᠬᠠᠲᠤᠨ ᠭᠤᠣᠯ᠎ᠤᠨ ᠰᠠᠪᠠ ᠭᠠᠵᠠᠷ᠎ᠲᠤ ᠬᠥᠷᠥᠰᠥ᠍ ᠱᠢᠷᠣᠢ᠎ᠶ᠋ᠢᠨ ᠢᠳᠡᠭ᠌ᠳᠡᠯ᠎ᠢ ᠶᠡᠷᠦᠩᠬᠡᠢᠯᠡᠨ ᠵᠠᠰᠠᠬᠤ᠂ ᠨᠤᠭᠤ ᠭᠠᠵᠠᠷ᠎ᠤᠨ ᠠᠮᠢ ᠠᠬᠤᠢ᠎ᠶ᠋ᠢ ᠦᠩᠵᠢᠭᠦᠯᠦᠨ ᠰᠡᠷᠭᠦᠭᠡᠬᠦ᠌ ᠪᠠ ᠤᠰᠤᠨ ᠰᠤᠷᠪᠤᠯᠵᠢ᠎ᠶ᠋ᠢ ᠬᠠᠮᠠᠭᠠᠯᠠᠵᠤ ᠪᠠᠲᠤᠯᠠᠨ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠪᠡ᠃ ᠤᠯᠠᠭᠠᠨᠴᠠᠪ᠎ᠲᠠᠬᠢ ᠤᠯᠤᠰ᠎ᠤᠨ ᠭᠠᠵᠠᠷ ᠱᠢᠨᠵᠢᠯᠡᠭᠡᠨ᠎ᠤ ᠴᠡᠴᠡᠷᠯᠢᠭ ᠪᠠᠢᠭᠤᠯᠬᠤ ᠠᠵᠢᠯ ᠵᠥᠪᠱᠢᠶᠡᠷᠡᠯ ᠣᠯᠪᠠ᠃

(ᠲᠤᠯᠤᠭ᠎ᠠ) ᠦᠭᠡᠷᠡᠴᠢᠯᠡᠯᠳᠡ ᠨᠡᠬᠡᠬᠡᠯᠳᠡ ᠤᠯᠠᠮ ᠨᠢᠭᠡ ᠠᠯᠬᠤᠮ ᠭᠦᠨᠵᠡᠭᠡᠢᠷᠡᠪᠡ᠃ 《ᠲᠠᠯᠪᠢᠬᠤ ᠬᠠᠮᠢᠶᠠᠷᠬᠤ ᠦᠢᠯᠡᠴᠢᠯᠡᠬᠦ᠌》 ᠦᠭᠡᠷᠡᠴᠢᠯᠡᠯᠳᠡ᠎ᠶ᠋ᠢ ᠦᠷᠭᠦᠯᠵᠢᠯᠡᠨ ᠠᠬᠢᠭᠤᠯᠵᠦ᠍᠂ ᠠᠵᠦ᠍ ᠠᠬᠤᠢᠯᠠᠯ᠎ᠢ ᠡᠷᠬᠢᠯᠡᠨ ᠨᠡᠬᠡᠬᠡᠬᠦ᠌ ᠴᠠᠭ ᠪᠠ ᠦᠯᠦ᠍ ᠭᠦᠳᠡᠯᠬᠦ᠌ ᠭᠦᠷᠦᠩᠬᠡ᠎ᠶ᠋ᠢᠨ ᠳᠠᠩᠰᠠᠯᠠᠨ ᠲᠡᠮᠳᠡᠭ᠌ᠯᠡᠬᠦ᠌ ᠴᠠᠭ᠎ᠢ ᠲᠤᠰ ᠪᠦᠷᠢ ᠪᠤᠭᠤᠨᠢᠰᠭᠠᠭᠠᠳ 3 ᠪᠠ 5 ᠠᠵᠢᠯᠯᠠᠬᠤ ᠡᠳᠦᠷ᠎ᠤᠨ ᠲᠤᠳᠤᠷ᠎ᠠ ᠲᠠᠭᠤᠰᠭᠠᠬᠤ ᠪᠤᠯᠭᠠᠵᠦ᠍᠂ ᠠᠵᠦ᠍ ᠠᠬᠤᠢᠯᠠᠯ᠎ᠠᠴᠠ ᠪᠡᠯᠡ ᠤᠷᠤᠭᠤᠯᠤᠨᠨᠰᠠᠨ ᠲᠦᠷᠦᠯ᠎ᠤᠨ ᠪᠠᠷᠢᠯᠭ᠎ᠠ᠎ᠶ᠋ᠢᠨ ᠪᠦᠳᠦᠬᠡᠨ ᠪᠠᠢᠭᠤᠯᠬᠤ ᠲᠦᠷᠦᠯ ᠵᠦᠢᠯ᠎ᠳᠤ ᠬᠢᠨᠠᠨ ᠵᠦᠪᠱᠢᠶᠡᠷᠡᠬᠦ᠌ ᠴᠠᠭ ᠬᠤᠭᠤᠴᠠᠭ᠎ᠠ᠎ᠶ᠋ᠢ᠎ᠨᠢ ᠪᠤᠭᠤᠨᠢᠰᠭᠠᠭᠠᠳ 75 ᠠᠵᠢᠯᠯᠠᠬᠤ ᠡᠳᠦᠷ᠎ᠤᠨ ᠲᠤᠳᠤᠷ᠎ᠠ ᠳᠠᠭᠤᠰᠭᠠᠬᠤ ᠪᠤᠯᠭᠠᠪᠠ᠃ ᠵᠠᠰᠠᠭ᠎ᠤᠨ ᠶᠠᠪᠤᠳᠠᠯ᠎ᠤᠨ ᠦᠢᠯᠡᠴᠢᠯᠡᠬᠡᠨ᠎ᠤ ᠱᠢᠯᠵᠢᠮᠡᠯ ᠬᠤᠯᠪᠤᠭᠠᠨ᠎ᠤ ᠦᠵᠦᠭᠦᠷ 《ᠮᠦᠩᠬᠡ ᠰᠣᠪᠠᠭ》 ᠎ᠢ ᠵᠢᠩᠬᠢᠨᠢ᠎ᠪᠠᠷ ᠠᠵᠢᠯᠯᠠᠭᠤᠯᠵᠦ᠍᠂ ᠦᠪᠡᠷᠳᠡᠭᠡᠨ ᠵᠠᠰᠠᠬᠤ ᠤᠷᠤᠨ᠎ᠤ ᠲᠤᠰ ᠱᠠᠳᠤᠨ᠎ᠤ ᠵᠠᠰᠠᠭ ᠵᠠᠬᠢᠷᠭᠠᠨ᠎ᠤ ᠡᠷᠬᠡ᠎ᠶ᠋ᠢᠨ ᠵᠦᠢᠯᠡᠰ᠎ᠤᠨ ᠰᠦᠯᠵᠢᠶ᠎ᠡ᠎ᠪᠠᠷ ᠭᠦᠢᠴᠡᠳᠭᠡᠭ᠌ᠰᠡᠨ ᠨᠤᠷᠮ᠎ᠠ 91% ᠎ᠳᠤ ᠬᠦᠷᠪᠡ᠃ ᠠᠷᠠᠳ᠎ᠠᠴᠠ ᠡᠵᠡᠩᠨᠡᠭ᠌ᠰᠡᠨ ᠠᠵᠦ᠍ ᠠᠬᠤᠢ᠍ᠢᠯᠠᠯ᠎ᠤᠨ ᠦᠬᠡᠷᠡᠴᠢᠯᠡᠯᠳᠡ ᠭᠦᠭ᠌ᠵᠢᠯᠳᠡ᠎ᠶ᠋ᠢ ᠲᠡᠮᠵᠢᠬᠦ᠌ 24 ᠠᠷᠭ᠎ᠠ ᠬᠡᠮᠵᠢᠶ᠎ᠡ᠎ᠶ᠋ᠢ ᠨᠡᠢᠲᠡᠯᠡᠵᠦ᠍᠂ ᠠᠷᠠᠳ᠎ᠠᠴᠠ ᠡᠵᠡᠩᠨᠡᠭ᠌ᠰᠡᠨ ᠠᠵᠦ᠍ ᠠᠬᠤᠢ᠎ᠶ᠋ᠢᠨ ᠵᠠᠬ᠎ᠠ ᠲᠡᠯᠬᠡᠭᠦᠷ᠎ᠤᠨ ᠭᠤᠤᠯ ᠴᠤᠨᠨᠴᠠ᠎ᠶ᠋ᠢᠨ ᠡᠵᠡᠯᠡᠬᠦ᠌ ᠬᠤᠪᠢ᠎ᠶ᠋ᠢᠨ ᠵᠢᠩ 97.4% ᠎ᠳᠤ ᠬᠦᠷᠪᠡ᠃ ᠦᠪᠡᠷᠳᠡᠭᠡᠨ ᠵᠠᠰᠠᠬᠤ ᠤᠷᠤᠨ᠎ᠤ ᠲᠤᠰ ᠱᠠᠳᠤᠨ᠎ᠤ ᠡᠵᠡᠩᠨᠡᠯᠳᠡ᠎ᠶ᠋ᠢᠨ ᠴᠢᠨᠠᠷᠳᠠᠢ ᠤᠯᠤᠰ᠎ᠤᠨ ᠦᠮᠴᠢᠯᠡᠯᠳᠦ ᠡᠳ᠋ ᠭᠦᠷᠦᠩᠬᠡ᠎ᠳᠤ ᠲᠦᠪᠯᠡᠷᠡᠩᠬᠦᠢ ᠨᠢᠬᠡᠳᠦᠯᠳᠡᠢ ᠬᠢᠨᠠᠯᠳᠠ ᠬᠠᠮᠢᠶᠠᠷᠤᠯᠳᠠ ᠬᠢᠬᠦ᠌᠎ᠶ᠋ᠢ ᠦᠨᠳᠦᠰᠦᠨ᠎ᠳᠡᠭᠡᠨ ᠪᠡᠶᠡᠯᠡᠬᠦᠯᠵᠦ᠍᠂ ᠨᠡᠭᠦᠷᠡᠰᠦ ᠵᠡᠷᠬᠡ ᠠᠭᠤᠷᠬᠠᠢ᠎ᠶ᠋ᠢᠨ ᠦᠢᠯᠡᠰ᠎ᠤᠨ ᠡᠬᠢ ᠪᠠᠶᠠᠯᠢᠭ᠎ᠲᠤ ᠵᠠᠬ᠎ᠠ ᠲᠡᠯᠬᠡᠭᠦᠷᠴᠢᠯᠡᠨ ᠲᠦᠯᠦᠪᠦᠷᠢᠳᠡᠢ ᠱᠢᠯᠵᠢᠬᠦᠯᠬᠦ᠌᠎ᠶ᠋ᠢ ᠪᠦᠭᠦ᠌ ᠲᠠᠯ᠎ᠠ᠎ᠪᠠᠷ ᠭᠡᠷᠡᠭ᠌ᠵᠢᠬᠦᠯᠪᠡ᠃ ᠮᠠᠯᠵᠢᠬᠤ ᠲᠠᠷᠢᠶᠠᠯᠠᠬᠤ ᠤᠷᠤᠨ᠎ᠤ ᠬᠠᠮᠳᠤ᠎ᠶ᠋ᠢᠨ ᠦᠮᠴᠢᠯᠡᠯ᠎ᠤᠨ ᠡᠷᠬᠡ᠎ᠶ᠋ᠢᠨ ᠲᠦᠷᠢᠮ᠎ᠤᠨ ᠦᠭᠡᠷᠡᠴᠢᠯᠡᠯᠳᠡ᠎ᠶ᠋ᠢ ᠤᠷᠤᠨᠨᠱᠢᠳᠠᠢ ᠠᠬᠢᠭᠤᠯᠵᠦ᠍᠂ ᠤᠯᠤᠰ᠎ᠤᠨ ᠦᠮᠴᠢᠯᠡᠯᠳᠦ ᠱᠢᠭᠤᠢᠳᠤ ᠤᠷᠤᠨ᠎ᠤ ᠦᠭᠡᠷᠡᠴᠢᠯᠡᠯᠳᠡ ᠤᠯᠤᠰ᠎ᠤᠨ ᠱᠢᠯᠭᠠᠨ ᠬᠤᠷᠢᠶᠠᠵᠦ᠍ ᠠᠪᠬᠤ᠎ᠳᠤ ᠬᠢᠷᠢ ᠲᠡᠩᠴᠡᠪᠡ᠃

ᠭᠠᠳᠠᠭᠠᠳᠣ ᠠᠷᠠᠯᠵᠢᠶ᠎ᠡ᠎ᠶ᠋ᠢ ᠲᠤᠨᠨᠳᠠᠪᠤᠷᠢᠵᠢᠭᠤᠯᠬᠤ ᠡᠯ᠎ᠡ ᠵᠦᠢᠯ᠎ᠤᠨ ᠲᠦᠷᠦ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠦ᠍᠂ ᠬᠢᠯᠢ᠎ᠶ᠋ᠢᠨ ᠪᠤᠭᠤᠮᠳᠠ᠎ᠪᠠᠷ ᠨᠡᠪᠳᠡᠷᠡᠬᠦ᠌ ᠴᠠᠭ᠎ᠢ᠎ᠨᠢ ᠪᠤᠭᠤᠨᠢᠰᠭᠠᠨ᠂ ᠪᠤᠭᠤᠮᠳᠠ᠎ᠪᠠᠷ ᠨᠡᠪᠳᠡᠷᠡᠬᠦ᠌ ᠦᠪᠡᠷ᠎ᠤᠨ ᠦᠷᠲᠡᠭ᠎ᠢ᠎ᠨᠢ ᠪᠠᠭᠤᠷᠠᠭᠤᠯᠪᠠ᠃ ᠬᠢᠯᠢ᠎ᠶ᠋ᠢᠨ ᠪᠤᠭᠤᠮᠳᠠ᠎ᠶ᠋ᠢᠨ ᠠᠵᠦ᠍ ᠠᠬᠤᠢ ᠬᠢᠬᠡᠳ ᠲᠤᠳᠤᠷ᠎ᠠ ᠭᠠᠵᠠᠷ᠎ᠤᠨ ᠡᠳ᠋ᠱᠢᠬᠦᠯᠦᠨ ᠪᠤᠯᠪᠠᠰᠤᠷᠠᠭᠤᠯᠬᠤ ᠦᠢᠯᠡᠰ᠂ ᠣᠳᠣ ᠦᠶ᠎ᠡ᠎ᠶ᠋ᠢᠨ ᠪᠠᠷᠠᠭᠠᠨ᠎ᠤ ᠭᠦᠢᠯᠬᠡᠬᠡ᠎ᠶ᠋ᠢᠨ ᠦᠢᠯᠡᠰ᠎ᠤᠨ ᠭᠦᠨᠵᠡᠬᠡᠢ ᠠᠭᠤᠰᠤᠯᠴᠠᠬᠤ᠎ᠶ᠋ᠢ ᠠᠬᠢᠭᠤᠯᠪᠠ᠃ ᠮᠠᠨ᠎ᠤ ᠤᠷᠤᠨ᠎ᠠᠴᠠ ᠠᠶᠠᠯᠠᠯ᠎ᠢᠶᠠᠨ ᠡᠬᠢᠯᠡᠬᠦᠯᠦᠭ᠌ᠰᠡᠨ ᠲᠤᠮᠳᠠᠳᠤ ᠡᠸᠦ᠋ᠷᠦᠫᠡ᠎ᠶ᠋ᠢᠨ ᠡᠭᠡᠯᠵᠢ᠎ᠶ᠋ᠢᠨ ᠭᠠᠯᠳᠣ ᠲᠡᠷᠭᠡᠨ᠎ᠤ ᠡᠭᠡᠯᠵᠢ 15.4% ᠨᠡᠮᠡᠭ᠌ᠳᠡᠵᠦ᠍᠂ ᠪᠤᠴᠠᠬᠤ ᠡᠭᠡᠯᠵᠢ᠎ᠪᠠᠷ ᠲᠡᠭᠡᠭᠡᠪᠦᠷᠢᠯᠡᠬᠦ᠌ ᠡᠳ᠋ ᠪᠠᠷᠠᠭᠠᠨ᠎ᠤ ᠲᠦᠷᠦᠯ ᠵᠦᠢᠯ ᠳᠠᠰᠤᠷᠠᠯᠳᠠ ᠦᠬᠡᠢ ᠨᠡᠮᠡᠭ᠌ᠳᠡᠪᠡ᠃ ᠪᠤᠭᠤᠳᠤ᠎ᠶ᠋ᠢᠨ ᠭᠠᠢᠯᠢ ᠪᠠᠲᠤᠯᠠᠬᠤ ᠪᠠᠷᠠᠭᠠᠨ᠎ᠤ ᠭᠦᠢᠯᠭᠡᠭᠡ᠎ᠶ᠋ᠢᠨ ᠲᠦᠪ᠂ ᠤᠯᠠᠭᠠᠨᠴᠠᠪ᠎ᠤᠨ ᠲᠤᠯᠤᠳᠤᠭᠠᠷ ᠰᠤᠮᠤ᠎ᠶ᠋ᠢᠨ ᠭᠠᠢᠯᠢ ᠪᠠᠳᠣᠯᠠᠬᠤ ᠪᠠᠷᠠᠭᠠᠨ᠎ᠤ ᠭᠦᠢᠯᠬᠡᠬᠡ᠎ᠶ᠋ᠢᠨ ᠲᠦᠪ᠎ᠤᠳ᠎ᠨᠢ ᠪᠤᠭᠤᠮᠳᠠ᠎ᠶ᠋ᠢᠨ ᠪᠢᠲᠡᠭᠦᠮᠵᠢᠯᠡᠨ ᠱᠢᠯᠵᠢᠭᠦᠯᠵᠦ᠍ ᠬᠦᠯᠢᠶᠡᠨ ᠠᠪᠴᠦ᠍ ᠨᠡᠭᠡᠭᠡᠬᠦ᠌ ᠠᠵᠢᠯᠯᠠᠭᠠᠨ᠎ᠲᠠᠢ ᠪᠤᠯᠵᠦ᠍᠂ ᠮᠠᠨᠵᠤᠤᠷ᠎ᠲᠠᠬᠢ ᠤᠯᠤᠰ᠎ᠤᠨ ᠬᠢᠯᠢ ᠠᠯᠤᠰᠯᠬᠠᠰᠠᠨ ᠡᠯᠧᠺᠲᠷᠤᠨ ᠬᠤᠳᠠᠯᠳᠤᠭᠠᠨ᠎ᠤ ᠶᠠᠪᠣᠳᠠᠯ᠎ᠤᠨ ᠶᠡᠷᠦᠩᠬᠡᠢᠯᠡᠭ᠌ᠰᠡᠨ ᠲᠤᠷᠱᠢᠯᠳᠠ᠎ᠶ᠋ᠢᠨ ᠲᠣᠭᠤᠷᠢᠭ ᠵᠦᠪᠱᠢᠶᠡᠷᠡᠭ᠌ᠳᠡᠪᠡ᠃ ᠠᠷᠠᠪ᠎ᠤᠨ ᠬᠤᠯᠪᠤᠭᠠᠳᠣ ᠠᠬᠠᠮᠠᠳᠳᠣ ᠣᠯᠣᠰ ᠪᠠ ᠤᠯᠠᠭᠠᠨᠬᠠᠳᠠ᠎ᠶ᠋ᠢᠨ 《ᠨᠢᠭᠡ ᠪᠦᠰᠡ ᠨᠢᠭᠡ ᠵᠠᠮ》 ᠎ᠤᠨ ᠮᠠᠯ ᠪᠡᠯᠴᠢᠭᠡᠷ ᠠᠷᠠᠴᠢᠯᠠᠬᠤ ᠠᠵᠢᠯ᠎ᠢ ᠨᠢᠭᠡ ᠴᠤᠨᠨᠴᠠᠵᠢᠭᠤᠯᠬᠤ ᠲᠦᠷᠦᠯ ᠵᠦᠢᠯ᠂ ᠢᠰᠷᠧᠯ ᠪᠠ ᠪᠠᠶᠠᠨᠨᠠᠭᠤᠷ᠎ᠤᠨ ᠣᠳᠣ ᠦᠶ᠎ᠡ᠎ᠶ᠋ᠢᠨ ᠲᠠᠷᠢᠶᠠᠯᠠᠩ᠎ᠤᠨ ᠠᠵᠦ᠍ ᠦᠢᠯᠡᠰ᠎ᠤᠨ ᠭᠦᠷᠢᠶᠡᠯᠡᠩ᠎ᠤᠨ ᠪᠠᠢᠭᠤᠯᠤᠯᠳᠠ᠎ᠶ᠋ᠢ ᠡᠮᠬᠢ ᠵᠢᠷᠤᠮ᠎ᠲᠠᠢ ᠠᠬᠢᠭᠤᠯᠪᠠ᠃

ᠳᠤᠮᠳᠠᠳᠤ ᠤᠯᠤᠰ᠎ᠤᠨ ᠭᠤᠮᠢᠨᠳᠠᠩ ᠨᠠᠮ᠎ᠤᠨ ᠬᠤᠪᠢᠰᠭᠠᠯᠲᠤ ᠲᠦᠪ ᠬᠤᠷᠢᠶ᠎ᠠ᠎ᠯᠤᠭ᠎ᠠ ᠬᠤᠳᠠᠯᠳᠤᠭᠠᠴᠢᠨ ᠤᠷᠢᠵᠦ᠍ ᠪᠡᠯᠡ ᠤᠷᠤᠭᠤᠯᠬᠤ ᠠᠵᠢᠯ᠎ᠢ ᠬᠠᠮᠲᠤᠷᠠᠯᠴᠠᠨ ᠦᠷᠨᠢᠭᠦᠯᠵᠦ᠍᠂ ᠳᠤᠮᠳᠠᠳᠤ ᠤᠯᠤᠰ᠎ᠤᠨ ᠣᠩᠭᠤᠴᠠᠨ᠎ᠤ ᠪᠦᠯᠦᠭ᠌ᠯᠡᠯ᠂ ᠵᠦᠩ ᠱᠢᠨ ᠪᠦᠯᠦᠭ᠌ᠯᠡᠯ ᠪᠠ ᠱᠠᠩᠬᠠᠢ᠎ᠶ᠋ᠢᠨ ᠲᠡᠮᠲᠡᠭ᠌ᠲᠦ᠎ᠶ᠋ᠢᠨ ᠠᠷᠠᠯᠵᠢᠶᠠᠨ᠎ᠤ ᠭᠠᠵᠠᠷ ᠵᠡᠷᠭᠡ᠎ᠯᠦᠭᠡ ᠪᠠᠢᠯᠳᠤᠬᠤ ᠪᠣᠳᠣᠯᠭ᠎ᠠ᠎ᠶ᠋ᠢᠨ ᠲᠠᠯ᠎ᠠ᠎ᠪᠠᠷ ᠬᠠᠮᠲᠤᠷᠠᠨ ᠠᠵᠢᠯᠯᠠᠪᠡ᠃

(ᠨᠠᠢ᠍ᠮᠠ) ᠠᠷᠠᠳ᠎ᠤᠨ ᠠᠮᠢᠳᠣᠷᠠᠯ᠎ᠢ ᠭᠦᠴᠦᠯᠡᠨ ᠪᠠᠳᠣᠯᠠᠪᠠ᠃ ᠬᠤᠳᠠ ᠭᠦᠳᠡᠭᠡ᠎ᠶ᠋ᠢᠨ ᠪᠠᠢᠩᠭᠤ ᠰᠠᠭᠤᠭ᠎ᠠ ᠰᠠᠭᠤᠭᠠᠯᠢ ᠠᠷᠠᠳ᠎ᠤᠨ ᠭᠦᠮᠦᠨ ᠲᠤᠮᠳᠠᠴᠢ᠎ᠶ᠋ᠢᠨ ᠡᠵᠡᠮᠳᠡᠨ ᠭᠡᠷᠡᠭ᠌ᠯᠡᠵᠦ᠍ ᠪᠣᠯᠬᠤ ᠣᠷᠣᠯᠭ᠎ᠠ᠎ᠶ᠋ᠢ ᠲᠣᠰ ᠲᠣᠰ 1.4% ᠪᠠ 8.4% ᠨᠡᠮᠡᠭ᠌ᠳᠡᠬᠦᠯᠵᠦ᠍᠂ ᠮᠠᠯᠴᠢᠨ ᠲᠠᠷᠢᠶᠠᠴᠢᠳ᠎ᠤᠨ ᠣᠷᠣᠯᠭ᠎ᠠ᠎ᠶ᠋ᠢᠨ ᠨᠡᠮᠡᠭ᠌ᠳᠡᠬᠦ᠌ ᠬᠤᠷᠳᠤᠴᠠ᠎ᠨᠢ ᠪᠦᠬᠦ᠌ ᠤᠯᠤᠰ᠎ᠤᠨ ᠳᠤᠮᠳᠠᠴᠢ ᠬᠢᠷᠢ ᠲᠦᠪᠱᠢᠨ᠎ᠠᠴᠠ 1.5 ᠵᠠᠭᠤᠨ᠎ᠤ ᠴᠡᠭ ᠳᠡᠭᠡᠭ᠌ᠰᠢᠯᠡᠨ᠂ ᠰᠠᠭᠤᠭᠠᠯᠢ ᠠᠷᠠᠳ᠎ᠤᠨ ᠭᠡᠷᠡᠭ᠌ᠯᠡᠭᠡ᠎ᠶ᠋ᠢᠨ ᠦᠨ᠎ᠡ ᠬᠠᠩᠰᠢ᠎ᠶ᠋ᠢᠨ ᠦᠰᠦᠯᠲᠡ᠎ᠶ᠋ᠢᠨ ᠬᠡᠮᠵᠢᠶ᠎ᠡ᠎ᠨᠢ ᠬᠢᠵᠠᠭᠠᠷᠯᠠᠬᠤ ᠬᠠᠷᠠᠯᠲᠠ᠎ᠠᠴᠠ ᠲᠣᠣᠷ᠎ᠠ ᠪᠣᠯᠪᠠ᠃ ᠠᠵᠦ᠍ ᠠᠬᠤᠢᠯᠠᠯ᠎ᠤᠨ ᠠᠵᠢᠯᠲᠠᠨ ᠠᠵᠢᠯᠴᠢᠨ᠎ᠤ ᠨᠠᠰᠣᠵᠢᠯ᠎ᠤᠨ ᠳᠠᠭᠠᠳᠭᠠᠯ᠂ ᠠᠵᠢᠯ᠎ᠠᠴᠠ ᠪᠣᠯᠣᠨᠨᠰᠠᠨ ᠬᠡᠮᠳᠦᠯ᠎ᠤᠨ ᠳᠠᠭᠠᠳᠭᠠᠯ᠎ᠤᠨ ᠲᠠᠯ᠎ᠠ᠎ᠳᠤ ᠦᠪᠡᠷᠳᠡᠭᠡᠨ ᠵᠠᠰᠠᠬᠤ ᠤᠷᠤᠨ᠎ᠤ ᠱᠠᠲᠤᠨ᠎ᠳᠤ ᠨᠢᠭᠡᠳᠦᠯᠳᠡᠢ ᠲᠦᠯᠦᠪᠯᠡᠬᠦ᠌᠎ᠶ᠋ᠢ ᠪᠡᠶᠡᠯᠡᠬᠦᠯᠵᠦ᠍᠂ ᠠᠵᠢᠯ᠎ᠠᠴᠠ᠎ᠪᠠᠨ ᠪᠠᠭᠤᠵᠦ᠍ ᠠᠮᠠᠷᠬᠠᠰᠠᠳ᠎ᠤᠨ ᠨᠠᠰᠣᠵᠢᠯ᠎ᠤᠨ ᠮᠦᠩᠬᠦ᠂ ᠬᠤᠳᠠ ᠭᠦᠳᠡᠭᠡ᠎ᠶ᠋ᠢᠨ ᠨᠠᠭᠠᠳᠣ ᠵᠠᠬ᠎ᠠ᠎ᠶ᠋ᠢᠨ ᠪᠠᠳᠣᠯᠠᠭ᠎ᠠ᠂ ᠬᠢᠯᠢ᠎ᠶ᠋ᠢᠨ ᠠᠷᠠᠳ᠎ᠤᠨ ᠨᠡᠮᠡᠭᠦᠷᠢ ᠪᠠ ᠣᠨᠴᠠ ᠭᠦᠴᠢᠷᠳᠡᠯᠳᠡᠢ ᠭᠦᠮᠦᠰ᠎ᠢ ᠲᠡᠩᠬᠡᠷᠡᠭᠦᠯᠦᠨ ᠲᠤᠰᠠᠯᠠᠵᠤ ᠲᠡᠳᠭᠦᠨ ᠬᠠᠷᠠᠭᠠᠯᠵᠠᠬᠤ ᠪᠠᠷᠢᠮᠵᠢᠶ᠎ᠡ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠬᠦᠯᠦᠨ᠂ ᠡᠮᠴᠢᠯᠡᠭᠡᠨ᠎ᠤ ᠦᠨᠳᠦᠰᠦᠨ ᠳᠠᠭᠠᠳᠭᠠᠯ᠎ᠳᠤ ᠤᠷᠤᠯᠴᠬᠠᠰᠠᠨ ᠨᠤᠷᠮ᠎ᠠ 95% ᠪᠣᠯᠪᠠ᠃ ᠬᠤᠳᠠ᠎ᠶ᠋ᠢᠨ ᠡᠮᠴᠢᠯᠡᠬᠡᠨ᠎ᠤ ᠪᠦᠯᠦᠭ᠌ᠯᠡᠯ᠂ ᠬᠤᠱᠢᠭᠤ ᠱᠢᠶᠠᠨ᠎ᠤ ᠬᠡᠪᠴᠢᠶᠡᠨ᠎ᠳᠠᠬᠢ ᠡᠮᠴᠢᠯᠡᠬᠡᠨ᠎ᠤ ᠬᠠᠮᠳᠤ ᠴᠣᠨᠨᠴᠠ᠎ᠶ᠋ᠢᠨ ᠪᠦᠳᠦᠬᠡᠨ ᠪᠠᠢᠭᠤᠯᠤᠯᠳᠠ ᠪᠠ ᠱᠠᠳᠣ ᠬᠤᠪᠢᠶᠠᠨ ᠤᠨᠤᠱᠢᠯᠠᠨ ᠡᠮᠨᠡᠬᠦ᠌ ᠠᠵᠢᠯ᠎ᠢ ᠲᠦᠷᠬᠡᠳᠭᠡᠨ ᠠᠬᠢᠭᠤᠯᠵᠦ᠍᠂ ᠠᠯᠤᠰ ᠡᠮᠴᠢᠯᠡᠬᠡᠨ᠎ᠤ ᠱᠢᠰᠲ᠋ᠧᠮ᠎ᠤᠨ ᠬᠠᠮᠤᠷᠬᠤ ᠬᠡᠪᠴᠢᠶ᠎ᠡ ᠦᠷᠭᠦᠯᠵᠢᠯᠡᠨ ᠦᠷᠬᠡᠵᠢᠪᠡ᠃

ᠲᠦᠭᠡᠮᠡᠯ ᠬᠠᠷᠠᠭᠠᠯᠵᠠᠬᠤ ᠴᠢᠨᠠᠷᠳᠠᠢ ᠬᠡᠤᠬᠡᠳ᠎ᠤᠨ ᠴᠡᠴᠡᠷᠯᠢᠭ᠎ᠢ ᠪᠦᠷᠬᠦᠨ ᠬᠠᠮᠤᠷᠤᠭᠤᠯᠬᠤ ᠨᠤᠷᠮ᠎ᠠ ᠳᠡᠭᠡᠭ᠌ᠰᠢᠯᠡᠬᠡᠳ 85.5% ᠎ᠳᠤ ᠭᠦᠷᠴᠤ᠌᠂ ᠠᠯᠪᠠᠨ ᠵᠢᠷᠤᠮ᠎ᠤᠨ ᠰᠤᠷᠭᠠᠨ ᠭᠦᠮᠦᠵᠢᠯ᠎ᠤᠨ ᠱᠠᠳᠤᠨ᠎ᠤ 《ᠰᠤᠷᠤᠨᠨᠴᠢ᠎ᠶ᠋ᠢᠨ ᠲᠤᠭ᠎ᠠ ᠬᠡᠲᠦᠷᠡᠭ᠌ᠰᠡᠨ ᠠᠩᠭᠢ》 ᠎ᠶ᠋ᠢᠨ ᠠᠰᠠᠭᠤᠳᠠᠯ᠎ᠢ ᠪᠦᠳᠦᠮᠵᠢᠳᠡᠢ ᠱᠢᠢᠳᠪᠦᠷᠢᠯᠡᠪᠡ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠦᠮᠦᠵᠢᠯ᠎ᠢ ᠴᠢᠩᠭᠠᠳᠭᠠᠵᠤ᠂ ᠤᠯᠤᠰ᠎ᠤᠨ ᠨᠢᠬᠡᠳᠦᠯᠳᠡᠢ ᠨᠠᠢᠷᠠᠭᠤᠯᠤᠨᠨᠰᠠᠨ ᠵᠢᠭᠠᠬᠤ ᠮᠠᠲ᠋ᠧᠷᠢᠶᠠᠯ ᠭᠡᠷᠡᠭ᠌ᠯᠡᠬᠦ᠌ ᠠᠵᠢᠯ᠎ᠢ ᠬᠡᠷᠡᠭ᠌ᠵᠢᠭᠦᠯᠪᠡ᠃ ᠲᠡᠭᠡᠳᠦ ᠵᠡᠷᠭᠡ᠎ᠶ᠋ᠢᠨ ᠰᠤᠷᠭᠠᠨ ᠭᠦᠮᠦᠵᠢᠯ᠎ᠤᠨ 43 ᠲᠤᠰᠭᠠᠢ ᠮᠡᠷᠬᠡᠵᠢᠯ᠎ᠨᠢ ᠤᠯᠤᠰ᠎ᠤᠨ ᠲᠡᠰ᠎ᠤᠨ ᠲᠡᠷᠢᠬᠦᠨ ᠲᠡᠰ᠎ᠤᠨ ᠲᠤᠰᠭᠠᠢ ᠮᠡᠷᠬᠡᠵᠢᠯ᠎ᠳᠤ ᠰᠣᠩᠭᠤᠨᠨᠳᠠᠨ ᠤᠷᠤᠪᠠ᠃ 30 ᠲᠦᠮᠡ ᠭᠠᠷᠤᠢ ᠭᠦᠮᠦᠨ ᠠᠮᠠ᠎ᠲᠠᠢ ᠬᠤᠱᠢᠭᠤ ᠱᠢᠶᠠᠨ ᠪᠣᠯᠭᠠᠨ᠎ᠳᠤ ᠤᠨᠴᠠᠭᠠᠢ ᠰᠤᠷᠭᠠᠨ ᠭᠦᠮᠦᠵᠢᠯ᠎ᠤᠨ ᠰᠤᠷᠭᠠᠭᠤᠯᠢ᠎ᠲᠠᠢ ᠪᠣᠯᠭᠠᠪᠠ᠃

ᠣᠯᠠᠭᠠᠨᠮᠦᠴᠢᠷ᠎ᠤᠨ ᠠᠵᠢᠯ ᠦᠢᠯᠡᠰ᠎ᠤᠨ ᠤᠷᠳᠤᠪᠳᠤᠷ ᠪᠠ ᠤᠷᠳᠤ ᠬᠤᠭᠤᠴᠠᠭᠠᠨ᠎ᠤ ᠭᠦᠭ᠌ᠵᠢᠯᠳᠡ᠎ᠶ᠋ᠢᠨ ᠲᠦᠯᠦᠪᠵᠢᠬᠦᠯᠬᠡ᠎ᠶ᠋ᠢ ᠲᠤᠨᠨᠳᠠᠭᠠᠵᠦ᠍᠂ ᠣᠯᠠᠭᠠᠨᠮᠦᠴᠢᠷ᠎ᠤᠨ ᠤᠤᠭᠠᠨ ᠰᠤᠩᠭᠤᠳᠠᠭ ᠪᠦᠳᠦᠬᠡᠯ᠎ᠤᠨ ᠤᠯᠠᠮᠵᠢᠯᠠᠨ ᠵᠠᠯᠭᠠᠮᠵᠢᠯᠠᠬᠤ ᠢᠨᠵᠧᠨᠧᠷᠢᠩ᠎ᠢ ᠡᠬᠢᠯᠡᠬᠦᠯᠦᠨ᠂ 《ᠣᠯᠠᠭᠠᠨᠮᠦᠴᠢᠷ᠎ᠤᠨ ᠠᠵᠢᠯᠯᠠᠭ᠎ᠠ᠎ᠶ᠋ᠢᠨ ᠰᠠᠷ᠎ᠠ》 ᠎ᠶ᠋ᠢ ᠦᠷᠨᠢᠬᠦᠯᠪᠡ᠃ ᠯᠢᠶᠤᠤ ᠤᠯᠤᠰ᠎ᠤᠨ ᠦᠶ᠎ᠡ᠎ᠶ᠋ᠢᠨ ᠡᠤ ᠠᠨ ᠵᠸᠤ᠎ᠶ᠋ᠢᠨ ᠰᠣᠪᠤᠷᠭ᠎ᠠ᠂ ᠠᠷᠵᠠᠢ ᠠᠭᠤᠢ ᠵᠡᠷᠭᠡ ᠭᠤᠣᠯᠳᠠᠯᠭ᠎ᠠ᠎ᠲᠠᠢ ᠲᠡᠤᠬᠡ᠎ᠶ᠋ᠢᠨ ᠲᠤᠷᠠᠰᠭᠠᠯᠳᠤ ᠵᠦᠢᠯᠡᠰ᠎ᠲᠤ ᠬᠠᠮᠠᠭᠠᠯᠠᠵᠦ᠍ ᠰᠡᠯᠪᠢᠨ ᠵᠠᠰᠠᠬᠤ ᠢᠨᠵᠧᠨᠧᠷᠢᠩ᠎ᠢ ᠭᠡᠷᠡᠭ᠌ᠵᠢᠬᠦᠯᠪᠡ᠃ ᠶᠡᠷᠦᠩᠬᠡᠢ ᠭᠦᠮᠦᠨ ᠠᠮᠠ᠎ᠶ᠋ᠢᠨ 99.7% ᠎ᠨᠢ ᠷᠠᠳᠢᠣ᠋ ᠲᠧᠯᠸᠢᠰ᠎ᠢ ᠬᠦᠯᠢᠶᠡᠨ ᠠᠪᠴᠦ᠍ ᠰᠤᠨᠤᠰᠭᠤ ᠪᠠ ᠦᠵᠡᠵᠦ᠍ ᠴᠢᠳᠠᠬᠤ ᠪᠣᠯᠪᠠ᠃ ᠤᠷᠴᠤᠨ ᠬᠡᠯᠡ᠂ ᠲᠠᠭᠤᠷ ᠬᠡᠯᠡᠨ᠎ᠤ ᠪᠠᠢᠩᠭᠤ ᠬᠡᠷᠡᠭ᠌ᠯᠡᠭ᠌ᠳᠡᠬᠦ᠌ ᠦᠭᠡᠨ᠎ᠤ ᠠᠪᠢᠶᠠᠨ᠎ᠤ ᠲᠣᠯᠢ᠎ᠶ᠋ᠢ ᠬᠡᠪᠯᠡᠪᠡ᠃ ᠪᠦᠭᠦ᠌ ᠤᠯᠤᠰ᠎ᠤᠨ ᠠᠵᠢᠯ ᠮᠡᠷᠬᠡᠵᠢᠯ᠎ᠤᠨ ᠬᠤᠯᠪᠤᠭᠠᠳᠤ ᠤᠷᠤᠯᠳᠤᠭᠠᠨ᠎ᠳᠤ ᠦᠪᠦᠷ ᠮᠤᠩᠭᠤᠯ᠎ᠤᠨ ᠭᠦᠳᠡᠭᠡ ᠲᠤᠰᠭᠤᠨ᠎ᠤ ᠢᠳᠡᠬᠡᠮᠵᠢ᠎ᠶ᠋ᠢᠨ ᠬᠤᠷᠱᠢᠶᠠᠨ᠎ᠤ ᠡᠮᠡᠭ᠌ᠳᠡᠢ᠎ᠶ᠋ᠢᠨ ᠰᠭᠠᠰᠣᠨ ᠪᠦᠮᠪᠦᠭᠡ᠎ᠶ᠋ᠢᠨ ᠠᠩᠭᠢ᠎ᠨᠢ ᠠᠩᠬ᠎ᠠ ᠤᠳᠠᠭ᠎ᠠ ᠮᠠᠩᠯᠠᠢᠯᠠᠪᠠ᠃ ᠬᠦᠯ ᠪᠦᠮᠪᠦᠭᠡ᠎ᠶ᠋ᠢᠨ ᠬᠦᠳᠡᠯᠭᠡᠭᠡᠨ᠎ᠤ ᠦᠭᠡᠷᠡᠴᠢᠯᠡᠯᠲᠡ᠎ᠶ᠋ᠢᠨ ᠲᠣᠷᠱᠢᠯᠲᠠ᠎ᠶ᠋ᠢᠨ ᠴᠡᠭ᠎ᠤᠨ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠪᠡ᠃

ᠬᠤᠳᠠ᠎ᠶ᠋ᠢᠨ ᠨᠠᠷᠢᠯᠢᠨᠨᠵᠢᠯ ᠬᠠᠮᠢᠶᠠᠷᠤᠯᠳᠠ᠎ᠶ᠋ᠢᠨ ᠲᠦᠪᠱᠢᠨ ᠤᠯᠠᠮ ᠨᠢᠭᠡ ᠠᠯᠬᠤᠮ ᠲᠡᠭᠡᠭ᠌ᠰᠢᠯᠡᠪᠡ᠃ ᠬᠤᠳᠠ ᠪᠠᠯᠭᠠᠰᠤᠨ᠎ᠤ ᠬᠠᠭᠤᠴᠢᠨ ᠰᠠᠭᠤᠭᠠᠯᠢ ᠲᠣᠭᠤᠷᠢᠭ᠎ᠲᠠᠬᠢ 20.6 ᠲᠦᠮᠡᠨ ᠡᠷᠦᠭᠡ᠎ᠶ᠋ᠢ ᠦᠭᠡᠷᠡᠴᠢᠯᠡᠨ ᠱᠢᠨᠡᠳᠭᠡᠵᠦ᠍᠂ ᠳᠦᠭᠦᠮ ᠪᠦᠲᠦᠴᠡᠲᠦ ᠣᠷᠣᠨ ᠰᠠᠭᠤᠴᠠ᠎ᠶ᠋ᠢᠨ ᠲᠣᠭᠤᠷᠢᠭ᠎ᠤᠨ 2.6 ᠲᠦᠮᠡᠨ ᠢᠵᠢ ᠭᠡᠷ ᠪᠠᠢᠱᠢᠩ᠎ᠢ ᠦᠭᠡᠷᠡᠴᠢᠯᠡᠨ ᠱᠢᠨᠡᠳᠭᠡᠪᠡ᠃ 2776 ᠲᠦᠷᠦᠯ ᠵᠦᠢᠯ᠂ 133.4 ᠲᠦᠮᠡᠨ ᠢᠵᠢ ᠭᠡᠷ ᠪᠠᠢᠱᠢᠩ ᠭᠠᠵᠠᠷ ᠭᠦᠷᠦᠩᠬᠡ᠎ᠶ᠋ᠢᠨ ᠦᠯᠡᠳᠡᠭ᠌ᠳᠡᠯ ᠠᠰᠠᠭᠤᠳᠠᠯ᠎ᠢ ᠱᠢᠢᠳᠪᠦᠷᠢᠯᠡᠪᠡ᠃ ᠮᠠᠯᠴᠢᠨ ᠲᠠᠷᠢᠶᠠᠴᠢᠨ ᠬᠦᠴᠦ᠍ ᠶᠠᠪᠤᠨᠨᠰᠠᠳ᠎ᠲᠤ ᠦᠷᠢᠲᠦᠵᠦ᠍ ᠪᠠᠢᠬ᠍ᠰᠠᠨ ᠴᠠᠯᠢᠩ᠎ᠤᠨ ᠠᠰᠠᠭᠤᠳᠠᠯ᠎ᠢ ᠪᠦᠳᠦᠮᠵᠢᠳᠡᠢ ᠴᠡᠭ᠌ᠴᠡᠯᠡᠪᠡ᠃

ᠠᠮᠤᠭᠤᠯᠠᠩᠲᠤ ᠦᠪᠦᠷ ᠮᠤᠩᠭᠤᠯ᠎ᠤᠨ ᠪᠦᠳᠦᠬᠡᠨ ᠪᠠᠢᠭᠤᠯᠤᠯᠳᠠ᠎ᠶ᠋ᠢ ᠠᠬᠢᠭᠤᠯᠵᠤ᠂ ᠬᠠᠷ᠎ᠠ ᠪᠦᠯᠦᠭ᠌ᠳᠡᠨ ᠬᠠᠷᠬᠢᠰ ᠭᠦᠴᠦᠨ᠎ᠢ ᠠᠷᠢᠯᠭᠠᠬᠤ ᠲᠤᠰᠭᠠᠢ ᠲᠡᠮᠡᠴᠡᠯ ᠲᠠᠭᠦᠰ ᠠᠮᠵᠢᠯᠲᠠ᠎ᠲᠠᠢ ᠳᠠᠭᠤᠰᠪᠠ᠃ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠲᠠᠯ᠎ᠠ ᠨᠤᠲᠤᠭ ᠣᠢ ᠱᠢᠭᠤᠢ᠎ᠶ᠋ᠢᠨ ᠭᠠᠯ ᠲᠦᠢᠮᠡᠷ᠎ᠢ ᠰᠡᠷᠭᠡᠢᠯᠡᠬᠦ᠌ ᠲᠤᠨᠤᠭ ᠲᠥᠭᠦᠭᠡᠷᠦᠮᠵᠢ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠪᠡ᠃ ᠨᠡᠭᠦᠷᠡᠰᠦᠨ᠎ᠤ ᠠᠭᠤᠷᠬᠠᠢ᠂ ᠠᠶᠤᠯᠲᠠᠢ ᠬᠢᠮᠢ᠎ᠶ᠋ᠢᠨ ᠪᠤᠳᠠᠰ ᠵᠡᠷᠭᠡ ᠭᠤᠣᠯᠳᠠᠯᠭ᠎ᠠ᠎ᠲᠠᠢ ᠠᠵᠢᠯ ᠲᠦᠷᠦᠯ᠎ᠤᠨ ᠠᠶᠤᠯ ᠦᠬᠡᠢ ᠦᠢᠯᠡᠳᠪᠦᠷᠢᠯᠡᠯ᠎ᠢ ᠲᠤᠰᠭᠠᠢᠯᠠᠨ ᠴᠡᠭ᠌ᠴᠡᠯᠡᠵᠦ᠍ ᠵᠠᠰᠠᠬᠤ ᠠᠵᠢᠯ᠎ᠢ ᠠᠬᠢᠭᠤᠯᠵᠤ᠂ ᠠᠶᠤᠯ ᠦᠭᠡᠢ ᠦᠢᠯᠡᠳᠪᠦᠷᠢᠯᠡᠯ᠎ᠤᠨ ᠡ᠊ᠡᠳᠡᠯ ᠲᠠᠰᠤᠷᠠᠯᠳᠠ ᠦᠬᠡᠢ ᠪᠠᠭᠤᠷᠠᠪᠠ᠃

ᠲᠦᠯᠦᠭᠡᠯᠡᠭ᠌ᠴᠢᠳ ᠡ! ᠦᠩᠭᠡᠷᠡᠭ᠌ᠰᠡᠨ ᠨᠢᠭᠡ ᠵᠢᠯ᠎ᠳᠤ᠂ ᠪᠢᠳᠡ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠤᠭ᠍ᠴᠠ᠎ᠶ᠋ᠢᠨ ᠦᠵᠡᠯ ᠤᠬᠠᠮᠰᠠᠷ᠎ᠢ ᠪᠠᠬᠢᠵᠢᠭᠦᠯᠬᠦ᠌᠎ᠪᠠᠷ ᠭᠤᠣᠯ ᠱᠢᠵᠢᠮ ᠪᠣᠯᠭᠠᠨ᠂ ᠦᠨᠳᠦᠰᠦᠳᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠵᠦ᠍᠂ ᠦᠨᠳᠦᠰᠦᠳᠡᠨ᠎ᠤ ᠪᠦᠯᠭᠦᠮᠳᠡᠯ ᠳᠠᠪᠱᠢᠯᠲᠠ᠎ᠶ᠋ᠢᠨ ᠤᠬᠠᠭᠤᠯᠭ᠎ᠠ ᠭᠦᠮᠦᠵᠢᠯ᠎ᠢ ᠭᠦᠨᠵᠡᠬᠡᠢᠷᠡᠭᠦᠯᠦᠨ᠂ ᠪᠦᠬᠦ᠌ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ ᠪᠠ ᠵᠢᠱ᠌ᠢᠶ᠎ᠡ ᠦᠵᠡᠭᠦᠯᠬᠦ᠌ ᠨᠢᠭᠡᠴᠢ᠎ᠶ᠋ᠢ 4 ᠴᠤᠬ᠍ᠴᠠᠯᠠᠪᠠ᠃

ᠱᠠᠱᠢᠨ ᠰᠤᠷᠳᠠᠬᠤᠨ᠎ᠤ ᠲᠤᠬᠠᠢ ᠨᠠᠮ᠎ᠤᠨ ᠲᠦᠷᠦ᠎ᠶ᠋ᠢᠨ ᠪᠣᠳᠣᠯᠭ᠎ᠠ᠎ᠶ᠋ᠢ ᠪᠦᠭᠦ᠌ ᠲᠠᠯ᠎ᠠ᠎ᠪᠠᠷ ᠨᠠᠢᠳᠠᠪᠣᠷᠢᠵᠢᠭᠤᠯᠵᠦ᠍᠂ ᠤᠯᠤᠰ᠎ᠤᠨ ᠪᠠᠳᠤᠯᠠᠨ ᠬᠠᠮᠠᠭᠠᠯᠠᠯᠳᠠ᠎ᠶ᠋ᠢᠨ ᠲᠠᠢᠴᠢᠯᠠᠯᠳᠠ᠂ ᠬᠤᠶᠠᠷ᠎ᠢ ᠭᠦᠷᠢᠶᠡᠯᠡᠬᠦ᠌ ᠪᠠ ᠠᠰᠠᠷᠠᠨ ᠬᠠᠷᠠᠭᠠᠯᠵᠠᠬᠤ᠂ ᠠᠷᠠᠳ᠎ᠤᠨ ᠠᠭᠠᠷ᠎ᠤᠨ ᠰᠡᠷᠬᠡᠢᠯᠡᠯᠳᠡ᠂ ᠲᠤᠭ᠎ᠠ ᠪᠦᠷᠢᠳᠭᠡᠯ ᠪᠠᠢᠴᠠᠭᠠᠯᠳᠠ᠂ ᠭᠠᠵᠠᠷ ᠭᠦᠳᠡᠯᠦᠯᠳᠡ ᠪᠠ ᠴᠠᠭ ᠠᠭᠤᠷ᠂ ᠨᠡᠢᠬᠡᠮ᠎ᠤᠨ ᠱᠢᠨᠵᠢᠯᠡᠬᠦ᠌ ᠤᠬᠠᠭᠠᠨ᠂ ᠳᠠᠩᠰᠠ ᠡᠪᠬᠡᠮᠡᠯ ᠲᠡᠣᠬᠡ ᠤᠢᠯᠠᠯᠭ᠎ᠠ᠂ ᠵᠦᠪᠳᠡᠭ᠌ᠴᠢ ᠪᠠ ᠲᠡᠣᠬᠡ ᠰᠤᠶᠤᠯ᠂ ᠭᠠᠳᠠᠭᠠᠳᠤ ᠶᠠᠪᠤᠳᠠᠯ ᠪᠠ ᠬᠠᠷᠢᠶᠠᠳᠤ᠎ᠶ᠋ᠢᠨ ᠶᠠᠪᠤᠳᠠᠯ ᠵᠡᠷᠭᠡ ᠠᠵᠢᠯ᠎ᠢ ᠴᠢᠩᠭᠠᠳᠭᠠᠪᠠ᠃ ᠠᠵᠢᠯᠴᠢᠨ᠎ᠤ ᠡᠪᠯᠡᠯ᠂ ᠡᠪ ᠬᠠᠮᠳᠤ ᠵᠠᠯᠠᠭᠤᠴᠤᠳ᠎ᠤᠨ ᠡᠪᠯᠡᠯ᠂ ᠡᠮᠡᠭ᠌ᠳᠡᠢᠴᠦᠳ᠎ᠤᠨ ᠬᠤᠯᠪᠤᠭᠠᠳᠣ ᠬᠤᠷᠠᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠨᠡᠢᠬᠡᠮᠯᠢᠭ᠂ ᠵᠠᠮᠳᠡᠭ᠌ᠴᠦᠳ᠎ᠤᠨ ᠬᠤᠯᠪᠤᠭᠠᠳᠣ ᠬᠤᠷᠠᠯ᠂ ᠤᠯᠠᠭᠠᠨ ᠵᠠᠭᠠᠯᠮᠠᠢᠳᠠᠨ᠎ᠤ ᠨᠡᠢᠬᠡᠮᠯᠢᠭ ᠵᠡᠷᠭᠡ ᠠᠵᠢᠯ ᠦᠢᠯᠡᠰ ᠱᠢᠨ᠎ᠡ ᠳᠠᠪᠱᠢᠯᠲᠠ᠎ᠲᠠᠢ ᠪᠣᠯᠪᠠ᠃ ᠲᠦᠷᠪᠡᠳᠦᠬᠡᠷ ᠤᠳᠠᠭᠠᠨ᠎ᠤ ᠪᠦᠭᠦ᠌ ᠤᠯᠤᠰ᠎ᠤᠨ ᠠᠵᠦ᠍ ᠠᠬᠤᠢ᠎ᠶ᠋ᠢᠨ ᠨᠡᠢᠳᠡᠮ ᠪᠠᠢᠴᠠᠭᠠᠯᠳᠠ᠎ᠶ᠋ᠢ ᠪᠡᠶᠡᠯᠡᠬᠦᠯᠵᠦ᠍᠂ ᠲᠤᠯᠤᠳᠤᠭᠠᠷ ᠤᠳᠠᠭᠠᠨ᠎ᠤ ᠪᠦᠭᠦ᠌ ᠤᠯᠤᠰ᠎ᠤᠨ ᠭᠦᠮᠦᠨ ᠠᠮᠠ᠎ᠶ᠋ᠢᠨ ᠨᠡᠢᠳᠡᠮ ᠪᠠᠢᠴᠠᠭᠠᠯᠳᠠ᠎ᠶ᠋ᠢ ᠦᠷᠨᠢᠭᠦᠯᠪᠡ᠃

ᠪᠢᠳᠡ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢᠭᠤᠯᠤᠯᠳᠠ᠎ᠶ᠋ᠢ ᠴᠢᠩᠭᠠᠳᠭᠠᠵᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠬᠢᠷᠢ ᠲᠦᠪᠱᠢᠨ᠎ᠢᠶᠠᠨ ᠴᠢᠷᠮᠠᠢᠨ ᠳᠡᠭᠡᠭ᠌ᠰᠢᠯᠡᠭᠦᠯᠪᠡ᠃ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠳᠤ ᠲᠡᠪᠱᠢᠬᠦᠯᠦᠨ ᠬᠢᠨᠠᠭᠤᠯᠤᠨᠨᠰᠠᠨ ᠤᠷᠤᠨ ᠨᠣᠳᠤᠭ᠎ᠤᠨ ᠴᠢᠨᠠᠷᠳᠠᠢ ᠬᠠᠤᠯᠢ ᠲᠤᠨᠨᠳᠠᠭᠠᠯ ᠪᠠ ᠰᠠᠨᠠᠯ ᠵᠦᠪᠯᠡᠯᠭᠡ 24 ᠪᠠᠢᠵᠦ᠍᠂ ᠵᠠᠰᠠᠭ᠎ᠤᠨ ᠣᠷᠳᠣᠨ᠎ᠤ 11 ᠲᠣᠨᠨᠳᠠᠭᠠᠯ ᠲᠦᠷᠢᠮ᠎ᠢ ᠲᠣᠨᠨᠳᠠᠭᠠᠵᠦ᠍᠂ ᠵᠠᠰᠠᠪᠣᠷᠢ ᠣᠷᠣᠭᠤᠯᠣᠨᠨᠰᠠᠨ ᠪᠠ ᠭᠦᠴᠦᠨ ᠦᠬᠡᠢ ᠪᠣᠯᠭᠠᠪᠠ᠃ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢᠳ᠎ᠤᠨ ᠰᠠᠨᠠᠭᠤᠯᠭ᠎ᠠ ᠪᠠ ᠤᠯᠤᠰ ᠲᠦᠷᠦ᠎ᠶ᠋ᠢᠨ ᠵᠦᠪᠯᠡᠯᠬᠡᠨ᠎ᠤ ᠬᠡᠱᠢᠭᠦᠳ᠎ᠤᠨ ᠰᠠᠨᠠᠯ ᠲᠤᠷᠠᠳᠤᠯᠭ᠎ᠠ ᠪᠦᠭᠦᠨ᠎ᠢ ᠴᠦᠮ ᠭᠦᠢᠴᠡᠳᠭᠡᠪᠡ᠃ ᠬᠢᠳᠠᠳ ᠮᠤᠩᠭᠤᠯ ᠬᠠᠤᠯᠢ ᠴᠠᠭᠠᠵᠠ᠎ᠶ᠋ᠢᠨ ᠬᠡᠷᠡᠭ᠌ᠯᠡᠬᠡᠨ᠎ᠤ ᠪᠦᠷᠢᠨ ᠲᠣᠯᠢ᠎ᠶ᠋ᠢ ᠨᠠᠢᠷᠠᠭᠤᠯᠤᠨ ᠬᠡᠪᠯᠡᠪᠡ᠃ ᠦᠪᠡᠷᠳᠡᠭᠡᠨ ᠵᠠᠰᠠᠬᠤ ᠤᠷᠤᠨ᠎ᠤ ᠴᠢᠬᠤᠯᠠ ᠶᠡᠭᠡ ᠵᠠᠰᠠᠭ ᠵᠠᠬᠢᠷᠭᠠᠨ᠎ᠤ ᠱᠢᠢᠳᠪᠦᠷᠢᠳᠦ ᠪᠣᠳᠣᠯᠭ᠎ᠠ ᠲᠣᠨᠨᠲᠠᠭᠠᠬᠤ ᠲᠡᠰ ᠳᠠᠷᠠᠭᠠᠯᠠᠯ᠎ᠤᠨ ᠲᠤᠨᠨᠳᠠᠭᠠᠯ᠎ᠳᠤ ᠵᠠᠰᠠᠪᠤᠷᠢ ᠤᠷᠤᠭᠤᠯᠵᠦ᠍᠂ ᠴᠢᠬᠤᠯᠠ ᠶᠡᠭᠡ ᠵᠠᠰᠠᠭ ᠵᠠᠬᠢᠷᠭᠠᠨ᠎ᠤ ᠱᠢᠢᠳᠪᠦᠷᠢᠳᠦ ᠪᠣᠳᠣᠯᠭ᠎ᠠ ᠳᠣᠨᠨᠲᠠᠭᠠᠨ ᠬᠡᠷᠡᠭ᠌ᠵᠢᠬᠦᠯᠬᠦ᠌ ᠬᠠᠷᠢᠭᠤᠴᠠᠯᠭ᠎ᠠ᠎ᠶ᠋ᠢᠨ ᠲᠦᠷᠢᠮ᠎ᠢ ᠪᠠᠢᠭᠤᠯᠤᠨ᠂ ᠵᠠᠰᠠᠭ ᠵᠠᠬᠢᠷᠭᠠᠨ᠎ᠤ ᠡᠷᠬᠡ᠎ᠳᠠᠬᠢ ᠭᠦᠯᠢᠶᠡᠰᠦᠯᠡᠯ ᠪᠠ ᠬᠢᠨᠠᠯᠳᠠ ᠲᠠᠯᠪᠢᠯᠳᠠ᠎ᠶ᠋ᠢ ᠴᠢᠩᠭᠠᠳᠭᠠᠪᠠ᠃ ᠪᠠᠢᠴᠠᠭᠠᠬᠤ ᠪᠠᠢᠭᠤᠯᠭ᠎ᠠ᠎ᠶ᠋ᠢᠨ᠎ᠬᠢᠨ᠎ᠤ ᠨᠡᠢᠳᠡ᠎ᠶ᠋ᠢᠨ ᠠᠰᠠᠷᠠᠮᠵᠢ᠎ᠶ᠋ᠢᠨ ᠴᠢᠨᠠᠷᠲᠠᠢ ᠵᠠᠷᠭᠤ ᠦᠷᠨᠢᠬᠦᠯᠬᠦ᠌᠎ᠶ᠋ᠢ ᠲᠡᠮᠵᠢᠪᠡ᠃ ᠵᠠᠰᠠᠭ᠎ᠤᠨ ᠶᠠᠪᠤᠳᠠᠯ᠎ᠤᠨ ᠢᠯᠡ ᠪᠤᠯᠭᠠᠬᠤ᠎ᠶ᠋ᠢ ᠠᠬᠢᠭᠤᠯᠵᠦ᠍᠂ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠣᠷᠳᠣᠨ ᠰᠣᠨᠢᠨ ᠮᠡᠳᠡᠭᠡ ᠨᠡᠢᠳᠡᠯᠡᠬᠦ᠌ ᠬᠤᠷᠠᠯ᠎ᠢ 161 ᠤᠳᠠᠭ᠎ᠠ ᠬᠤᠷᠠᠯᠳᠤᠭᠤᠯᠵᠦ᠍᠂ ᠨᠡᠢᠬᠡᠮ᠎ᠤᠨ ᠬᠠᠯᠠᠮᠱᠢᠯ ᠠᠰᠠᠭᠤᠳᠠᠯ᠎ᠳᠤ ᠴᠠᠭ ᠲᠤᠬᠠᠢ᠎ᠳᠤᠨᠢ ᠬᠠᠷᠢᠭᠤ ᠥᠭ᠌ᠪᠡ᠃

ᠲᠦᠪ᠎ᠤᠨ ᠨᠠᠢ᠍ᠮᠠᠨ ᠵᠦᠢᠯ᠎ᠤᠨ ᠲᠤᠨᠨᠳᠠᠭᠠᠯ᠎ᠤᠨ ᠵᠣᠷᠢᠭ ᠰᠠᠨᠠᠭ᠎ᠠ ᠪᠠ ᠦᠪᠡᠷᠳᠡᠭᠡᠨ ᠵᠠᠰᠠᠬᠤ ᠤᠷᠤᠨ᠎ᠤ ᠲᠦᠭᠦᠷ ᠠᠷᠭ᠎ᠠ᠎ᠶ᠋ᠢ ᠨᠠᠢᠳᠠᠪᠤᠷᠢᠵᠢᠭᠤᠯᠵᠦ᠍᠂ ᠬᠡᠯᠪᠡᠷᠢᠴᠢ ᠦᠵᠡᠯ᠂ ᠨᠤᠶᠠᠨᠴᠢ ᠰᠤᠷᠳᠠᠯ᠎ᠢ ᠦᠷᠭᠦᠯᠵᠢᠯᠡᠨ ᠴᠡᠭ᠌ᠴᠡᠯᠡᠨ ᠵᠠᠰᠠᠵᠦ᠍᠂ ᠦᠨᠳᠦᠰᠦᠨ ᠱᠠᠳᠤᠨ᠎ᠤ ᠲᠠᠷᠤᠭᠠᠰᠤ᠎ᠶ᠋ᠢ ᠦᠨᠡᠨ ᠬᠦ᠌ ᠭᠦᠩᠬᠡᠷᠡᠭᠦᠯᠪᠡ᠃ ᠨᠡᠭᠦᠷᠡᠰᠦᠨ᠎ᠤ ᠡᠬᠢ ᠪᠠᠶᠠᠯᠢᠭ᠎ᠤᠨ ᠭᠦᠷᠢᠶᠡᠨ᠎ᠳᠠᠬᠢ ᠲᠤᠨᠨᠳᠠᠭᠠᠯ ᠬᠠᠤᠯᠢ᠎ᠠᠴᠠ ᠵᠦᠷᠢᠴᠡᠭ᠌ᠰᠡᠨ ᠠᠰᠠᠭᠤᠳᠠᠯ᠎ᠢ ᠲᠤᠰᠭᠠᠢᠯᠠᠨ ᠴᠡᠭ᠌ᠴᠡᠯᠡᠵᠦ᠍ ᠵᠠᠰᠠᠬᠤ ᠠᠵᠢᠯ ᠪᠠ ᠠᠷᠠᠳ᠎ᠤᠨ ᠠᠭᠠᠷ᠎ᠤᠨ ᠰᠡᠷᠭᠡᠢᠯᠡᠯᠳᠡ᠎ᠶ᠋ᠢᠨ ᠱᠢᠰᠲ᠋ᠧᠮ᠎ᠳᠠᠬᠢ ᠢᠯᠵᠡᠷᠡᠯ᠎ᠤᠨ ᠠᠰᠠᠭᠤᠳᠠᠯ᠎ᠢ ᠲᠤᠰᠭᠠᠢᠯᠠᠨ ᠴᠡᠭ᠌ᠴᠡᠯᠡᠵᠦ᠍ ᠵᠠᠰᠠᠬᠤ ᠠᠵᠢᠯ᠎ᠢ ᠠᠬᠢᠭᠤᠯᠪᠠ᠃ ᠡᠳ᠋᠎ᠤᠨ ᠵᠠᠰᠠᠭ᠎ᠤᠨ ᠪᠡᠯᠡ ᠮᠦᠩᠬᠦ᠂ ᠵᠠᠰᠠᠭ᠎ᠤᠨ ᠣᠷᠳᠣᠨ᠎ᠤ ᠲᠤᠰᠭᠠᠢ ᠦᠷᠢ ᠥᠭ᠌ᠴᠡᠭᠡ ᠪᠠ ᠠᠷᠠᠳ᠎ᠤᠨ ᠠᠮᠢᠳᠤᠷᠠᠯ᠎ᠤᠨ ᠭᠦᠷᠢᠶᠡᠨ᠎ᠳᠠᠬᠢ ᠪᠡᠯᠡ ᠮᠦᠩᠬᠦ᠌᠎ᠶ᠋ᠢ ᠬᠡᠷᠡᠭ᠌ᠯᠡᠵᠦ᠍ ᠬᠠᠮᠢᠶᠠᠷᠴᠤ᠌ ᠪᠠᠢᠭ᠎ᠠ ᠪᠠᠢᠳᠠᠯ᠎ᠳᠤ ᠬᠢᠨᠠᠨ ᠪᠤᠳᠤᠯᠲᠠ᠎ᠪᠠᠷ ᠬᠢᠨᠠᠯᠳᠠ ᠲᠠᠯᠪᠢᠵᠤ᠂ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠣᠷᠳᠣᠨ᠎ᠤ ᠠᠵᠦ᠍ ᠠᠬᠤᠢ᠎ᠶ᠋ᠢᠨ ᠬᠠᠷᠢᠭᠤᠴᠠᠯᠭ᠎ᠠ᠎ᠶ᠋ᠢᠨ ᠲᠦᠷᠢᠮ᠎ᠢ ᠬᠡᠷᠡᠭ᠌ᠵᠢᠬᠦᠯᠵᠦ᠍ ᠪᠠᠢᠭ᠎ᠠ ᠪᠠᠢᠳᠠᠯ᠎ᠳᠤ ᠬᠢᠨᠠᠨ ᠪᠤᠳᠤᠯᠲᠠ ᠬᠢᠵᠦ᠍ ᠦᠪᠡᠷ᠎ᠢ᠎ᠪᠠᠨ ᠪᠠᠢᠴᠠᠭᠠᠬᠤ᠎ᠶ᠋ᠢ ᠦᠷᠨᠢᠭᠦᠯᠪᠡ᠃ 《ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠱᠢᠢᠳᠪᠦᠷᠢᠯᠡᠬᠦ᠌ ᠤᠨ》 ᠎ᠤ ᠲᠤᠰᠭᠠᠢ ᠠᠵᠢᠯᠯᠠᠭ᠎ᠠ᠎ᠶ᠋ᠢ ᠬᠡᠷᠡᠭ᠌ᠵᠢᠬᠦᠯᠵᠦ᠍᠂ ᠵᠠᠬᠢᠳᠠᠯ ᠰᠤᠷᠪᠤᠯᠵᠢᠯᠠᠯ᠎ᠤᠨ ᠲᠠᠯ᠎ᠠ᠎ᠪᠠᠷ᠎ᠬᠢ ᠨᠢᠭᠡ ᠪᠦᠯᠦᠭ ᠳᠠᠷᠤᠭ᠍ᠳᠠᠯ ᠬᠡᠷᠡᠭ᠎ᠢ ᠠᠷᠢᠯᠭᠠᠪᠠ᠃ ᠠᠷᠪᠢᠴᠢ ᠭᠠᠮᠳᠠᠢ ᠠᠮᠢᠳᠤᠷᠠᠬᠤ᠎ᠶ᠋ᠢ ᠪᠠᠷᠢᠮᠲᠠᠯᠠᠵᠤ᠂ ᠦᠪᠡᠷᠳᠡᠭᠡᠨ ᠵᠠᠰᠠᠬᠤ ᠤᠷᠤᠨ᠎ᠤ ᠲᠤᠰ ᠱᠠᠳᠤᠨ᠎ᠤ ᠲᠦᠰᠦᠪ᠎ᠲᠠᠬᠢ ᠲᠤᠬᠠᠢᠯᠬᠠᠰᠠᠨ ᠠᠵᠢᠯ᠎ᠤᠨ ᠲᠤᠰᠭᠠᠢ ᠵᠠᠷᠤᠳᠠᠯ᠎ᠢ 10% ᠪᠠᠭᠤᠷᠠᠭᠤᠯᠵᠦ᠍᠂ ᠭᠤᠣᠯᠳᠠᠯᠭ᠎ᠠ᠎ᠶ᠋ᠢᠨ ᠪᠣᠰᠣ ᠲᠤᠰᠭᠠᠢ ᠪᠡᠯᠡ ᠮᠦᠩᠬᠦ᠌᠎ᠶ᠋ᠢ 20% ᠪᠠᠭᠠᠰᠭᠠᠪᠠ᠃

ᠲᠦᠯᠦᠭᠡᠯᠡᠭ᠌ᠴᠢᠳ ᠡ!

《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠦᠯᠦᠪᠵᠢᠬᠦᠯᠬᠡ᠎ᠶ᠋ᠢᠨ ᠬᠤᠭᠤᠴᠠᠭ᠎ᠠ ᠪᠣᠯ ᠴᠢᠨᠡᠭᠡᠯᠢᠭ ᠨᠡᠢᠬᠡᠮ᠎ᠢ ᠪᠦᠭᠦ᠌ ᠲᠠᠯ᠎ᠠ᠎ᠪᠠᠷ ᠪᠠᠢᠭᠤᠯᠬᠤ᠎ᠶ᠋ᠢᠨ ᠱᠢᠢᠳᠪᠦᠷᠢᠯᠡᠭ᠌ᠴᠢ ᠴᠢᠨᠠᠷᠳᠠᠢ ᠱᠠᠳᠣ ᠦᠶ᠎ᠡ ᠪᠤᠯᠤᠨ᠎ᠠ᠂ ᠮᠦᠨ ᠴᠦ᠍ ᠮᠠᠨ᠎ᠤ ᠤᠷᠤᠨ᠎ᠤ ᠭᠦᠭ᠌ᠵᠢᠯᠳᠡ᠎ᠶ᠋ᠢᠨ ᠶᠠᠪᠤᠴᠠ᠎ᠳᠠᠬᠢ ᠴᠢᠬᠤᠯᠡ ᠶᠡᠭᠡ ᠲᠡᠤᠬᠡᠳᠦ ᠠᠴᠢ ᠬᠤᠯᠪᠤᠨᠨᠳᠠᠯ᠎ᠲᠠᠢ ᠲᠠᠪᠤᠨ ᠵᠢᠯ ᠪᠣᠯᠬᠤ ᠶᠣᠮ᠃ ᠶᠡᠷᠦᠩᠬᠡᠢ ᠱᠦᠵᠢ ᠰᠢ᠎ᠶ᠋ᠢᠨ ᠫᠢᠩ ᠦᠪᠦᠷ ᠮᠤᠩᠭᠤᠯ ᠪᠠᠢᠭᠤᠯᠤᠨᠨᠳ᠋ᠬᠠᠰᠠᠨ 70 ᠵᠢᠯ᠎ᠤᠨ ᠤᠢ᠎ᠳᠤ ᠪᠢᠴᠢᠬᠡᠰᠦ ᠪᠢᠴᠢᠵᠦ᠍᠂ ᠤᠯᠠᠭᠠᠨᠮᠦᠴᠢᠷ᠎ᠤᠨ ᠬᠡᠱᠢᠭᠦᠳ᠎ᠲᠤ ᠬᠠᠷᠢᠭᠤ ᠵᠠᠬᠢᠳᠠᠯ ᠢᠯᠡᠬᠡᠨ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠭᠦ᠌ ᠤᠯᠤᠰ᠎ᠤᠨ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠤᠨ ᠦᠪᠦᠷ ᠮᠤᠩᠭᠤᠯ᠎ᠤᠨ ᠲᠦᠯᠦᠬᠡᠯᠡᠭ᠌ᠴᠢᠳ᠎ᠤᠨ ᠪᠦᠯᠭᠦᠮ᠎ᠤᠨ᠎ᠬᠢᠨ᠎ᠤ ᠬᠢᠨᠠᠨ ᠵᠦᠪᠯᠡᠬᠦ᠌᠎ᠳᠤ ᠭᠤᠷᠪᠠᠨ ᠵᠢᠯ ᠳᠠᠷᠠᠭᠠᠯᠠᠨ ᠤᠷᠤᠯᠴᠠᠵᠦ᠍᠂ 2019 ᠤᠨ᠎ᠤ 7 ᠳ᠋ᠤᠭᠠᠷ ᠰᠠᠷ᠎ᠠ᠎ᠳᠤ ᠮᠠᠨ᠎ᠤ ᠤᠷᠤᠨ᠎ᠳᠤ ᠰᠠᠭᠠᠳᠠᠵᠦ᠍ ᠱᠢᠨᠵᠢᠯᠡᠨ ᠪᠠᠢᠴᠠᠭᠠᠵᠦ᠍ ᠵᠢᠭᠠᠨ ᠵᠢᠯᠤᠭᠤᠳᠤᠭᠠᠳ ᠦᠪᠦᠷ ᠮᠤᠩᠭᠤᠯ᠎ᠳᠤ ᠠᠯᠢ ᠤᠯᠠᠨ ᠴᠢᠬᠤᠯᠡ ᠶᠡᠭᠡ ᠵᠢᠭᠠᠪᠤᠷᠢ ᠭᠠᠷᠭᠠᠨᠨᠰᠠᠨ᠎ᠨᠢ ᠱᠢᠨ᠎ᠡ ᠴᠠᠭ ᠦᠶ᠎ᠡ᠎ᠶ᠋ᠢᠨ ᠦᠪᠦᠷ ᠮᠤᠩᠭᠤᠯ᠎ᠤᠨ ᠭᠦᠭ᠌ᠵᠢᠯᠳᠡ᠎ᠳᠤ ᠱᠢᠨᠵᠢᠯᠡᠬᠦ᠌ ᠤᠬᠠᠭᠠᠨᠴᠢ ᠵᠢᠯᠤᠭᠤᠳᠤᠮᠵᠢ ᠪᠤᠯᠵᠦ᠍᠂ ᠪᠦᠭᠦ᠌ ᠤᠷᠤᠨ᠎ᠤ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠤ ᠤᠷᠮ᠎ᠠ ᠵᠣᠷᠢᠭ᠎ᠢ ᠭᠦᠭ᠌ᠵᠢᠬᠡᠨ ᠡᠷᠴᠢ ᠭᠦᠴᠦᠨ᠎ᠢ ᠴᠢᠩᠭᠠᠯᠠᠪᠠ᠃

 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠦᠯᠦᠪᠵᠢᠬᠦᠯᠬᠡ᠎ᠶ᠋ᠢᠨ ᠬᠤᠭᠤᠴᠠᠭᠠᠨ᠎ᠳᠤ᠂ ᠪᠢᠳᠡ ᠱᠢᠨ᠎ᠡ ᠭᠦᠭ᠌ᠵᠢᠯᠳᠡ᠎ᠶ᠋ᠢᠨ ᠤᠨᠤᠯᠵᠢᠬᠤᠨ᠎ᠢ ᠬᠢᠨᠠᠮᠠᠭᠠᠢ ᠲᠤᠭᠤᠱᠢᠯᠠᠭᠤᠯᠤᠨ᠂ ᠭᠦᠭ᠌ᠵᠢᠯᠳᠡ᠎ᠶ᠋ᠢᠨ ᠠᠷᠭ᠎ᠠ ᠬᠡᠯᠪᠡᠷᠢ᠎ᠪᠠᠨ ᠭᠦᠴᠦᠯᠡᠨ ᠬᠤᠪᠢᠷᠠᠭᠤᠯᠵᠦ᠍᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠨ᠂ ᠪᠤᠬᠢᠷᠳᠤᠯ ᠦᠬᠡᠢ ᠭᠦᠭ᠌ᠵᠢᠬᠦᠯᠬᠦ᠌᠎ᠪᠠᠷ ᠤᠳᠤᠷᠢᠳᠤᠮᠵᠢ ᠪᠤᠯᠭᠠᠨᠨᠰᠠᠨ ᠴᠢᠨᠠᠷ ᠰᠠᠢᠳᠠᠢ ᠭᠦᠭ᠌ᠵᠢᠯᠳᠡ᠎ᠶ᠋ᠢᠨ ᠱᠢᠨ᠎ᠡ ᠵᠠᠮ᠎ᠢ ᠢᠳᠡᠪᠬᠢᠳᠡᠢ ᠰᠦᠪᠡᠭ᠌ᠴᠢᠯᠡᠪᠡ᠃ ᠠᠵᠦ᠍ ᠠᠬᠤᠢ᠎ᠶ᠋ᠢᠨ ᠭᠦᠭ᠌ᠵᠢᠯᠳᠡ᠎ᠶ᠋ᠢᠨ ᠶᠠᠰᠤ ᠴᠢᠨᠠᠷ ᠲᠤᠨᠨᠳᠠᠭᠤᠨ᠎ᠢᠶᠠᠷ ᠳᠡᠭᠡᠭ᠌ᠰᠢᠯᠡᠪᠡ᠂ ᠡᠳ᠋᠎ᠤᠨ ᠵᠠᠰᠠᠭ᠎ᠤᠨ ᠣᠷᠣᠯᠭ᠎ᠠ᠂ ᠭᠠᠵᠠᠷ ᠤᠷᠤᠨ᠎ᠤ ᠦᠢᠯᠡᠳᠪᠦᠷᠢᠯᠡᠯ᠎ᠤᠨ ᠶᠡᠷᠦᠩᠬᠡᠢ ᠦᠷᠲᠡᠭ᠂ ᠠᠵᠦ᠍ ᠦᠢᠯᠡᠳᠪᠦᠷᠢ᠎ᠶ᠋ᠢᠨ ᠨᠡᠮᠡᠭ᠌ᠳᠡᠯ ᠦᠷᠲᠡᠭ ᠵᠡᠷᠭᠡ᠎ᠶ᠋ᠢᠨ ᠲᠤᠭ᠎ᠠ ᠪᠠᠷᠢᠮᠳᠠ᠎ᠳᠤ ᠬᠤᠳᠠᠯ ᠬᠠᠭᠤᠷᠮᠠᠭ ᠪᠠᠢᠭ᠎ᠠ ᠠᠰᠠᠭᠤᠳᠠᠯ᠎ᠢ ᠡᠷᠡᠰ ᠵᠠᠯᠠᠷᠠᠭᠤᠯᠪᠠ᠃ ᠡᠳ᠋᠎ᠤᠨ ᠵᠠᠰᠠᠭ᠎ᠤᠨ ᠣᠷᠣᠯᠭ᠎ᠠ᠎ᠶ᠋ᠢᠨ ᠶᠠᠰᠣ ᠴᠢᠨᠠᠷ ᠢᠯᠡᠳᠳᠡ ᠳᠡᠬᠡᠭ᠌ᠰᠢᠯᠡᠵᠦ᠍᠂ ᠭᠠᠢᠯᠢ ᠳᠠᠲᠠᠪᠤᠷᠢ᠎ᠶ᠋ᠢᠨ ᠣᠷᠣᠯᠭ᠎ᠠ᠎ᠶ᠋ᠢᠨ ᠡᠵᠡᠯᠡᠬᠦ᠌ ᠬᠤᠪᠢ᠎ᠶ᠋ᠢᠨ ᠵᠢᠩ ᠪᠦᠭᠦ᠌ ᠤᠯᠤᠰ᠎ᠤᠨ ᠲᠡᠷᠢᠬᠦᠨ ᠡᠩᠨᠡᠬᠡᠨ᠎ᠳᠤ ᠵᠢᠨᠨᠰᠠᠭᠠᠨᠨᠳᠠᠪᠠ᠃ ᠭᠦᠮᠦᠨ ᠲᠤᠮᠳᠠᠴᠢ᠎ᠶ᠋ᠢᠨ ᠦᠢᠯᠡᠳᠪᠦᠷᠢᠯᠡᠯ᠎ᠤᠨ ᠶᠡᠷᠦᠩᠬᠡᠢ ᠥᠷᠳᠡᠭ 1 ᠲᠦᠮᠡᠨ ᠳ᠋ᠣᠯᠯᠠᠷ᠎ᠢ ᠳᠠᠪᠠᠵᠤ᠂ ᠪᠠᠢᠩᠭᠤ ᠰᠠᠭᠤᠭ᠎ᠠ ᠭᠦᠮᠦᠨ ᠠᠮᠠ᠎ᠶ᠋ᠢᠨ ᠬᠤᠳᠠ ᠪᠠᠯᠭᠠᠰᠤᠵᠢᠯᠳᠠ᠎ᠶ᠋ᠢᠨ ᠨᠤᠷᠮ᠎ᠠ 64.1% ᠎ᠳᠤ ᠬᠦᠷᠪᠡ᠃ ᠠᠵᠤ ᠦᠢᠯᠡᠰ᠎ᠤᠨ ᠪᠦᠲᠦᠴᠡ ᠦᠷᠭᠦᠯᠵᠢᠯᠡᠨ ᠱᠢᠯᠢᠳᠡᠭ᠌ᠵᠢᠵᠦ᠍᠂ ᠦᠨᠳᠦᠷ ᠪᠠᠷᠢᠮᠵᠢᠶᠠᠲᠦ ᠲᠠᠷᠢᠶᠠᠨ ᠭᠠᠵᠠᠷ᠎ᠢ 4125 ᠲᠦᠮᠡᠨ ᠮᠦ᠍ ᠲᠠᠷᠢᠵᠦ᠍᠂ ᠬᠤᠵᠢᠷᠱᠢᠬ᠍ᠰᠠᠨ ᠲᠠᠷᠢᠶᠠᠯᠠᠬᠤ ᠭᠠᠵᠠᠷ᠎ᠢ 157.2 ᠲᠦᠮᠡᠨ ᠮᠦ᠍ ᠰᠠᠢᠵᠢᠷᠠᠭᠤᠯᠤᠨ᠂ ᠲᠠᠷᠢᠶᠠᠯᠠᠩ ᠮᠠᠯ ᠠᠵᠦ᠍ ᠠᠬᠤᠢ᠎ᠶ᠋ᠢᠨ ᠮᠢᠩᠭᠠᠨ ᠳ᠋ᠦᠩᠱᠢᠭᠤᠷ ᠳᠡᠰ᠎ᠤᠨ ᠭᠤᠤᠯᠯᠠᠬᠤ ᠠᠵᠦ᠍ ᠦᠢᠯᠡᠰ᠎ᠢ 2᠂ ᠵᠠᠭᠤᠨ ᠳ᠋ᠦᠩᠱᠢᠭᠤᠷ ᠳᠡᠰ᠎ᠤᠨ ᠭᠤᠣᠯᠯᠠᠬᠤ ᠠᠵᠤ ᠦᠢᠯᠡᠰ᠎ᠢ 9 ᠪᠤᠢ ᠪᠤᠯᠭᠠᠪᠠ᠃ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠦᠯᠦᠪᠵᠢᠭᠦᠯᠭᠡ᠎ᠶ᠋ᠢᠨ ᠬᠤᠭᠤᠴᠠᠭᠠᠨ᠎ᠳᠠᠬᠢ ᠦᠢᠯᠡᠳᠪᠦᠷᠢᠯᠡᠬᠦ᠌ ᠴᠢᠳᠠᠮᠵᠢ᠎ᠶ᠋ᠢ ᠦᠭᠡᠢᠰᠭᠡᠬᠦ᠌ ᠡᠭᠦᠷᠭᠡ᠎ᠪᠠᠨ ᠳᠠᠪᠠᠭᠤᠯᠤᠨ ᠪᠡᠶᠡᠯᠡᠭᠦᠯᠪᠡ᠃ ᠴᠠᠬᠢᠯᠭᠠᠨ ᠬᠦᠴᠦᠨ᠎ᠤ ᠮᠠᠱᠢᠨ ᠴᠤᠬ᠍ᠴᠠᠯᠠᠪᠦᠷᠢ 4000 ᠲᠦᠮᠡᠨ ᠺᠢᠯᠤᠸᠠᠲ ᠱᠢᠨ᠎ᠡ᠎ᠪᠠᠷ ᠨᠡᠮᠡᠭ᠌ᠳᠡᠵᠦ᠍᠂ ᠶᠡᠷᠦᠩᠬᠡᠢ ᠮᠠᠱᠢᠨ ᠴᠤᠬ᠍ᠴᠠᠯᠠᠪᠦᠷᠢ 1.46 ᠳ᠋ᠦᠡᠭ᠌ᠰᠢᠭᠤᠷ ᠺᠢᠯᠤᠸᠠᠲ᠎ᠲᠤ ᠬᠦᠷᠪᠡ᠂ ᠡᠭᠦᠨ᠎ᠳᠤ ᠱᠢᠨ᠎ᠡ ᠡᠨᠧᠷᠭᠢ ᠭᠤᠷᠪᠠᠨ᠎ᠤ ᠨᠢᠭᠡ᠎ᠠᠴᠠ ᠳᠡᠭᠡᠭ᠌ᠰᠢᠬᠢ᠎ᠶ᠋ᠢ ᠡᠵᠡᠯᠡᠪᠠ᠃ ᠵᠢᠭᠤᠯᠴᠢᠳ᠎ᠤᠨ ᠲᠤᠭ᠎ᠠ ᠪᠠ ᠵᠢᠭᠤᠯᠴᠢᠯᠠᠯ᠎ᠤᠨ ᠦᠢᠯᠡᠰ᠎ᠤᠨ ᠤᠷᠤᠯᠭ᠎ᠠ ᠵᠢᠯ ᠪᠦᠷᠢ ᠳᠤᠮᠳᠠᠴᠢ᠎ᠪᠠᠷ 13.9% ᠪᠠ 18.9% ᠨᠡᠮᠡᠭ᠌ᠳᠡᠪᠡ᠃ ᠲᠤᠭᠠᠵᠢᠭᠤᠯᠤᠬ᠍ᠰᠠᠨ ᠠᠵᠦ᠍ ᠠᠬᠤᠢ᠂ ᠴᠤᠬ᠍ᠯᠠᠭᠠᠨ ᠦᠵᠡᠭᠦᠯᠭᠡ᠎ᠶ᠋ᠢᠨ ᠠᠵᠦ᠍ ᠠᠬᠤᠢ᠂ ᠠᠷᠠᠯᠵᠢᠶ᠎ᠠ ᠬᠤᠳᠠᠯᠳᠤᠭ᠎ᠠ ᠪᠠᠷᠠᠭᠠᠨ᠎ᠤ ᠭᠦᠢᠯᠭᠡᠭᠡ᠂ ᠤᠳᠤ ᠦᠶ᠎ᠡ᠎ᠶ᠋ᠢᠨ ᠮᠦᠡᠭ᠌ᠭᠦᠨ ᠭᠦᠢᠯᠭᠡᠭᠡᠨ᠎ᠢ ᠲᠦᠷᠭᠡᠳᠭᠡᠨ ᠬᠦᠭ᠌ᠵᠢᠭᠦᠯᠪᠡ᠃ ᠳᠤᠮᠳᠠᠳᠦ ᠮᠤᠩᠭᠤᠯ᠎ᠤᠨ ᠦᠵᠡᠰᠭᠦᠯᠡᠩ᠂ ᠦᠪᠦᠷ ᠮᠤᠩᠭᠤᠯ᠎ᠤᠨ ᠬᠤᠳᠠᠯᠳᠤᠭᠠᠴᠢᠳ᠎ᠤᠨ ᠶᠡᠭᠡ ᠬᠤᠷᠠᠯ᠎ᠢ ᠬᠤᠷᠠᠯᠳᠤᠭᠤᠯᠵᠦ᠍᠂ ᠦᠪᠦᠷ ᠮᠤᠩᠭᠤᠯ᠎ᠤᠨ ᠤᠯᠠᠨ ᠤᠯᠤᠰ᠎ᠤᠨ ᠡᠨᠧᠷᠭᠢ᠎ᠶ᠋ᠢᠨ ᠶᠡᠭᠡ ᠬᠤᠷᠠᠯ᠂ ᠷᠠᠱᠢᠶᠠᠨ᠎ᠤ ᠶᠠᠷᠢᠶᠠᠨ᠎ᠤ ᠲᠠᠪᠴᠠᠩ᠎ᠢ ᠬᠤᠶᠠᠷ ᠬᠤᠭᠤᠴᠠᠭ᠎ᠠ ᠡᠷᠬᠢᠯᠡᠬᠦ᠌᠎ᠶ᠋ᠢ ᠳᠡᠮᠵᠢᠪᠡ᠃ ᠶᠠᠳᠠᠭᠤ᠎ᠠᠴᠠ ᠠᠩᠬᠢᠵᠢᠷᠠᠭᠤᠯᠬᠤ ᠱᠢᠪᠳᠤᠯᠤᠯᠳᠠ ᠲᠡᠤᠬᠡᠳᠦ ᠴᠢᠨᠠᠷᠳᠠᠢ ᠠᠮᠵᠢᠯᠳᠠ ᠪᠦᠳᠦᠮᠵᠢ ᠣᠯᠪᠠ᠂ ᠶᠠᠳᠠᠭᠤ ᠭᠦᠴᠢᠷᠳᠡᠯᠳᠡᠢ 80.2 ᠲᠦᠮᠡᠨ ᠭᠦᠮᠦᠨ ᠠᠮᠠ ᠶᠠᠳᠠᠭᠤ᠎ᠠᠴᠠ ᠠᠩᠬᠢᠵᠢᠷᠠᠵᠦ᠍᠂ ᠶᠠᠳᠠᠭᠤ ᠭᠦᠴᠢᠷᠳᠡᠯᠳᠡᠢ 57 ᠬᠤᠱᠢᠭᠤ ᠱᠢᠶᠠᠨ᠂ ᠶᠠᠳᠠᠭᠤ ᠭᠦᠴᠢᠷᠳᠡᠯᠳᠡᠢ 3681 ᠭᠠᠴᠠᠭ᠎ᠠ ᠲᠤᠰᠭᠤᠨ ᠪᠦᠭᠦᠨ᠎ᠢᠶᠠᠷ᠎ᠢᠶᠠᠨ ᠶᠠᠳᠠᠭᠤ᠎ᠶ᠋ᠢᠨ ᠵᠢᠨᠨᠰᠠᠭᠠᠯᠳᠠ᠎ᠠᠴᠠ ᠭᠠᠷᠪᠠ᠃ ᠶᠠᠳᠠᠭᠤ ᠬᠦᠴᠢᠷᠳᠡᠯᠲᠡᠢ 12.49 ᠲᠦᠮᠡᠨ ᠬᠦᠮᠦᠨ ᠠᠮᠠ᠎ᠶ᠋ᠢ ᠤᠨᠳᠤᠤ ᠭᠠᠵᠠᠷ᠎ᠲᠤ ᠨᠡᠭᠦᠯᠭᠡᠬᠦ᠌ ᠡᠭᠦᠷᠭᠡ᠎ᠶ᠋ᠢ ᠪᠡᠶᠡᠯᠡᠭᠦᠯᠵᠦ᠍᠂ ᠲᠦᠪᠬᠢᠨᠡᠭᠦᠯᠬᠦ᠌ ᠣᠷᠣᠨ ᠰᠠᠭᠤᠴᠠ᠎ᠶ᠋ᠢ 5.33 ᠲᠦᠮᠡᠨ ᠢᠵᠢ ᠪᠠᠢᠭᠤᠯᠪᠠ᠃ ᠬᠦᠳᠡᠯᠮᠦᠷᠢᠯᠡᠬᠦ᠌ ᠴᠢᠳᠠᠪᠤᠷᠢ᠎ᠲᠠᠢ ᠶᠠᠳᠠᠭᠤ ᠬᠦᠴᠢᠷᠳᠡᠯᠲᠡᠢ ᠪᠦᠬᠦ᠌ ᠬᠦᠮᠦᠨ ᠠᠮᠠ᠎ᠳᠤ ᠠᠵᠤ ᠦᠢᠯᠡᠰ᠎ᠢᠶᠠᠷ ᠶᠠᠳᠠᠭᠤ᠎ᠶ᠋ᠢ ᠲᠡᠳᠭᠦᠬᠦ᠌ ᠲᠦᠷᠦᠯ ᠵᠦᠢᠯ᠎ᠢ ᠨᠠᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠢ 40.3 ᠲᠦᠮᠡᠨ ᠬᠦᠮᠦᠨ ᠠᠮᠠ᠎ᠶ᠋ᠢ ᠠᠮᠢᠳᠤᠷᠠᠯ᠎ᠤᠨ ᠨᠠᠭᠠᠲᠤ ᠵᠠᠬ᠎ᠠ᠎ᠶ᠋ᠢᠨ ᠪᠠᠲᠤᠯᠠᠭ᠎ᠠ᠎ᠶ᠋ᠢᠨ ᠬᠡᠪᠴᠢᠶᠡᠨ᠎ᠳᠤ ᠣᠷᠤᠭᠤᠯᠪᠠ᠃ ᠳᠠᠩᠰᠠ ᠪᠠ ᠺᠠᠷᠲ᠎ᠲᠠᠢ ᠶᠠᠳᠠᠭᠤ ᠬᠦᠴᠢᠷᠳᠡᠯᠲᠡᠢ ᠬᠦᠮᠦᠨ ᠠᠮᠠ᠎ᠶ᠋ᠢᠨ ᠬᠦᠮᠦᠨ ᠳᠤᠮᠳᠠᠴᠢ᠎ᠶ᠋ᠢᠨ ᠣᠷᠤᠯᠭ᠎ᠠ 2015 ᠣᠨ᠎ᠳᠤ 3019 ᠲᠦᠭᠦᠷᠢᠭ ᠪᠠᠢᠭ᠍ᠰᠠᠨ᠎ᠠᠴᠠ᠎ᠪᠠᠨ 2020 ᠣᠨ᠎ᠳᠤ ᠪᠤᠯᠬᠤ᠎ᠳᠤ ᠨᠡᠮᠡᠭ᠌ᠳᠡᠭᠡᠳ 13159 ᠲᠦᠭᠦᠷᠢᠭ ᠪᠣᠯᠵᠦ᠍᠂ ᠵᠢᠯ ᠪᠦᠷᠢ ᠳᠤᠮᠳᠠᠴᠢ᠎ᠪᠠᠷ 34.2% ᠨᠡᠮᠡᠭ᠌ᠳᠡᠪᠡ᠃ ᠠᠮᠢ ᠠᠬᠤᠢ ᠣᠷᠴᠢᠨ ᠲᠤᠭᠤᠷᠢᠨ᠎ᠢ ᠬᠠᠮᠠᠭᠠᠯᠠᠬᠤ ᠪᠦᠳᠦᠬᠡᠨ ᠪᠠᠢᠭᠤᠯᠤᠯᠳᠠ ᠮᠡᠳᠡᠭ᠌ᠳᠡᠮ᠎ᠡ ᠦᠷ᠎ᠡ ᠠᠱᠢᠭ ᠣᠯᠪᠠ᠂ ᠤᠢ ᠱᠢᠭᠤᠢ᠎ᠶ᠋ᠢᠨ ᠪᠦᠳᠦᠬᠡᠨ ᠪᠠᠢᠭᠤᠯᠤᠯᠳᠠ᠂ ᠨᠣᠳᠤᠭ ᠪᠡᠯᠴᠢᠬᠡᠷ᠎ᠤᠨ ᠪᠦᠳᠦᠬᠡᠨ ᠪᠠᠢᠭᠤᠯᠣᠯᠳᠠ ᠪᠠ ᠡᠯᠡᠰᠦᠷᠬᠡᠭ᠌ᠵᠢᠭ᠌ᠰᠡᠨ ᠭᠦᠷᠦᠰᠦ ᠱᠢᠷᠦᠢ᠎ᠶ᠋ᠢ ᠵᠠᠰᠭᠠᠰᠠᠨ ᠲᠠᠯᠠᠪᠠᠢ ᠴᠦᠮ ᠪᠦᠭᠦ᠌ ᠤᠯᠤᠰ᠎ᠤᠨ ᠲᠡᠷᠢᠬᠦᠨ᠎ᠳᠤ ᠣᠷᠤᠪᠠ᠂ ᠣᠢ ᠱᠢᠭᠤᠢ᠎ᠶ᠋ᠢᠨ ᠬᠤᠴᠢᠯᠭ᠎ᠠ᠎ᠶ᠋ᠢᠨ ᠨᠤᠷᠮ᠎ᠠ ᠪᠠ ᠨᠤᠲᠤᠭ ᠪᠡᠯᠴᠢᠭᠡᠷ᠎ᠤᠨ ᠤᠷᠭᠤᠮᠠᠯ ᠬᠤᠴᠢᠯᠭ᠎ᠠ᠎ᠶ᠋ᠢᠨ ᠬᠡᠮᠵᠢᠶ᠎ᠡ 《ᠬᠤᠣᠰ᠎ᠢᠶᠠᠷ ᠳᠡᠭᠡᠭ᠌ᠰᠢᠯᠡᠵᠦ᠍》᠂ ᠴᠦᠯᠯᠡᠷᠭᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠨᠤᠲᠤᠭ᠎ᠤᠨ ᠲᠠᠯᠠᠪᠠᠢ 《ᠬᠤᠣᠰ᠎ᠢᠶᠠᠷ ᠪᠠᠭᠠᠰᠭᠤ》 ᠎ᠶ᠋ᠢ ᠪᠡᠶᠡᠯᠡᠭᠦᠯᠪᠡ᠃ ᠬᠥᠪᠴᠢ᠎ᠶ᠋ᠢᠨ ᠡᠯᠡᠰᠦᠨ᠎ᠤ ᠵᠠᠰᠠᠯᠲᠠ ᠣᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ ᠣᠷᠴᠢᠨ ᠲᠣᠭᠤᠷᠢᠨ᠎ᠤ ᠱᠠᠩᠨᠠᠯ᠎ᠢ ᠣᠯᠪᠠ᠂ 《ᠣᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ ᠴᠦᠯᠯᠡᠷᠬᠡᠭ᠌ᠵᠢᠯ᠎ᠢ ᠰᠡᠷᠭᠡᠢᠯᠡᠨ ᠵᠠᠰᠠᠬᠤ ᠨᠡᠢᠲᠡ᠎ᠶ᠋ᠢᠨ ᠭᠡᠷ᠎ᠡ》 ᠎ᠶ᠋ᠢᠨ ᠠᠷᠪᠠᠨ ᠭᠤᠷᠪᠠᠳᠤᠭᠠᠷ ᠤᠳᠠᠭᠠᠨ᠎ᠤ ᠭᠡᠷ᠎ᠡ ᠪᠠᠢᠭᠤᠯᠤᠭ᠍ᠴᠢᠳ᠎ᠤᠨ ᠬᠤᠷᠠᠯ᠎ᠢ ᠮᠠᠨ᠎ᠤ ᠣᠷᠣᠨ᠎ᠳᠤ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠠᠴᠠ ᠵᠠᠬᠢᠳᠠᠯ ᠢᠷᠡᠭᠦᠯᠵᠦ᠍ ᠪᠠᠶᠠᠷ ᠬᠦᠷᠭᠡᠪᠡ᠃ ᠨᠢᠭᠡ ᠪᠦᠯᠦᠭ ᠪᠣᠬᠢᠷᠳᠤᠯ ᠦᠭᠡᠢ ᠠᠭᠤᠷᠬᠠᠢ᠂ ᠪᠤᠬᠢᠷᠳᠤᠯ ᠦᠭᠡᠢ ᠬᠦᠷᠢᠶᠡᠯᠡᠩ ᠲᠣᠭᠤᠷᠢᠭ᠂ ᠪᠤᠬᠢᠷᠳᠤᠯ ᠦᠭᠡᠢ ᠦᠢᠯᠡᠳᠪᠦᠷᠢ᠎ᠶ᠋ᠢ ᠪᠠᠢᠭᠤᠯᠪᠠ᠃ ᠣᠢ ᠱᠢᠭᠤᠢ᠎ᠶ᠋ᠢᠨ ᠴᠡᠴᠡᠷᠯᠢᠭ᠂ ᠨᠤᠭᠤ ᠭᠠᠵᠠᠷ᠎ᠤᠨ ᠴᠡᠴᠡᠷᠯᠢᠭ᠂ ᠭᠠᠵᠠᠷ ᠱᠢᠨᠵᠢᠯᠡᠭᠡᠨ᠎ᠤ ᠴᠡᠴᠡᠷᠯᠢᠭ ᠵᠡᠷᠭᠡ 372 ᠪᠣᠯᠪᠠ᠃ 2019 ᠤᠨ᠎ᠳᠤ ᠪᠦᠭᠦ᠌ ᠤᠷᠤᠨ᠎ᠤ ᠠᠮᠢ ᠠᠬᠤᠢ᠎ᠶ᠋ᠢᠨ ᠦᠢᠯᠡᠳᠬᠦᠨ᠎ᠤ ᠥᠷᠳᠡᠭ (GEP) 4.48 ᠲᠦᠮᠡᠨ ᠳ᠋ᠦᠩᠱᠢᠭᠤᠷ ᠲᠦᠭᠦᠷᠢᠭ᠎ᠲᠤ ᠭᠦᠷᠴᠤ᠌᠂ ᠠᠳᠠᠯᠢ ᠬᠤᠭᠤᠴᠠᠭᠠᠨ᠎ᠤ GDP ᠎ᠶ᠋ᠢᠨ 2.6 ᠲᠠᠬᠢᠨ ᠪᠣᠯᠣᠭᠠᠳ 2015 ᠤᠨ᠎ᠤ᠎ᠬᠢ᠎ᠲᠠᠢ ᠬᠠᠷᠢᠴᠠᠭᠤᠯᠬᠤ᠎ᠳᠤ 13.8% ᠨᠡᠮᠡᠭ᠌ᠳᠡᠪᠡ᠃ ᠰᠠᠭᠤᠷᠢ ᠪᠡᠯᠡᠳᠭᠡᠮᠵᠢ᠎ᠶ᠋ᠢᠨ ᠪᠠᠳᠤᠯᠠᠭ᠎ᠠ᠎ᠶ᠋ᠢᠨ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠂ ᠲᠡᠬᠡᠳᠦ ᠬᠤᠷᠳᠤ᠎ᠶ᠋ᠢᠨ ᠲᠡᠮᠦᠷ ᠵᠠᠮ᠎ᠢ 404 ᠺᠢᠯᠤᠮᠧᠲᠷ ᠲᠡᠪᠢᠰᠴᠤ᠌᠂ ᠪᠦᠭᠦ᠌ ᠤᠯᠤᠰ᠎ᠤᠨ ᠳᠡᠭᠡᠳᠦ ᠬᠤᠷᠳᠤ᠎ᠶ᠋ᠢᠨ ᠲᠡᠮᠦᠷ ᠵᠠᠮ᠎ᠤᠨ ᠰᠦᠯᠵᠢᠶ᠎ᠡ᠎ᠳᠤ ᠵᠠᠯᠭᠠᠭᠤᠯᠤᠨ ᠤᠷᠤᠭᠤᠯᠪᠠ᠃ ᠪᠦᠭᠦ᠌ ᠤᠷᠤᠨ᠎ᠤ ᠬᠤᠱᠢᠭᠤ ᠱᠢᠶᠠᠨ (ᠬᠤᠳᠠ᠂ ᠲᠤᠭᠤᠷᠢᠭ) ᠪᠦᠭᠦᠨ᠎ᠳᠤ ᠲᠡᠬᠡᠳᠦ ᠲᠡᠰ᠎ᠤᠨ ᠵᠠᠰᠠᠮᠠᠯ ᠵᠠᠮ᠎ᠢ ᠨᠡᠪᠳᠡᠷᠡᠬᠦᠯᠵᠦ᠍᠂ ᠰᠤᠮᠤ ᠱᠢᠶᠠᠩ ᠪᠠᠯᠭᠠᠰᠤ ᠪᠠ ᠨᠦᠭᠦᠴᠡᠯ ᠪᠦᠷᠢᠯᠳᠦᠭ᠌ᠰᠡᠨ ᠵᠠᠰᠠᠬ ᠵᠠᠬᠢᠷᠭᠠᠨ᠎ᠤ ᠭᠠᠴᠠᠭ᠎ᠠ ᠲᠤᠰᠭᠤᠨ ᠪᠦᠭᠦᠨ᠎ᠳᠤ ᠳᠡᠪᠢᠰᠴᠦ᠍ ᠬᠠᠳᠠᠭᠤᠷᠠᠭᠤᠯᠤᠨᠨᠰᠠᠨ ᠵᠠᠮ᠎ᠢ ᠨᠡᠪᠲᠡᠷᠡᠭᠦᠯᠪᠡ᠃ ᠨᠡᠢᠳᠡᠮ ᠬᠡᠷᠡᠭ᠌ᠯᠡᠬᠦ᠌ ᠨᠢᠰᠭᠡᠯ᠎ᠤᠨ ᠪᠠᠭᠤᠳᠠᠯ᠎ᠢ 15 ᠱᠢᠨ᠎ᠡ᠎ᠪᠠᠷ ᠪᠠᠢᠭᠤᠯᠵᠦ᠍᠂ ᠠᠷᠠᠳ᠎ᠤᠨ ᠬᠡᠷᠡᠭ᠌ᠯᠡᠬᠡᠨ᠎ᠤ ᠨᠢᠰᠭᠡᠯ᠎ᠤᠨ ᠪᠠᠭᠤᠳᠠᠯ 40 ᠪᠣᠯᠪᠠ᠃ ᠲᠡᠭ᠌ᠷᠢᠯᠢᠭ ᠠᠭᠠᠷ ᠠᠶᠠᠯᠠᠯ᠎ᠤᠨ ᠺᠤᠮᠫᠠᠨᠢ᠎ᠶ᠋ᠢ ᠪᠠᠢᠭᠤᠯᠵᠤ᠂ ᠵᠠᠯᠠᠨ ᠠᠢᠯ᠂ ᠤᠯᠠᠭᠠᠨᠬᠤᠲᠠ᠂ ᠣᠷᠳᠤᠰ᠎ᠤᠨ ᠠᠭᠠᠷ ᠠᠶᠠᠯᠠᠯ᠎ᠤᠨ ᠪᠣᠯᠪᠠᠰᠤᠷᠠᠯ᠎ᠤᠨ ᠰᠠᠭᠤᠷᠢᠨ ᠭᠠᠵᠠᠷ᠎ᠢ ᠪᠠᠢᠭᠤᠯᠪᠠ᠃ ᠬᠠᠳᠤᠨ ᠭᠤᠤᠯ᠎ᠤᠨ ᠦᠶᠡᠷ᠎ᠢ ᠰᠡᠷᠬᠡᠢᠯᠡᠬᠦ᠌ ᠬᠤᠶᠠᠳᠤᠭᠠᠷ ᠬᠤᠭᠤᠴᠠᠭᠠᠨ᠎ᠤ ᠢᠨᠵᠧᠨᠧᠷᠢᠩ ᠵᠢᠴᠢ ᠯᠢᠶᠤᠤ ᠾᠧ᠂ ᠨᠤᠨ ᠮᠦᠷᠡᠨ᠎ᠤ ᠭᠤᠣᠯ ᠣᠷᠤᠰᠭᠠᠯ᠎ᠤᠨ ᠵᠠᠰᠠᠯᠲᠠ᠎ᠶ᠋ᠢᠨ ᠢᠨᠵᠧᠨᠧᠷᠢᠩ᠎ᠢ ᠪᠠᠢᠭᠤᠯᠪᠠ᠃ ᠣᠨᠴᠠ ᠦᠨᠳᠦᠷ ᠭᠦᠴᠦᠳᠡᠯᠳᠦ ᠴᠠᠬᠢᠯᠭᠠᠨ ᠭᠦᠴᠦᠨ᠎ᠢ ᠭᠠᠳ᠋ᠬᠠᠰᠢ ᠳᠠᠮᠵᠢᠭᠤᠯᠬᠤ᠎ᠳᠤ ᠰᠠᠭᠠᠳ ᠦᠭᠡᠢ ᠨᠡᠪᠲᠡᠷᠡᠬᠦ᠌ ᠱᠤᠭᠤᠮ᠎ᠢ ᠱᠢᠨ᠎ᠡ᠎ᠪᠠᠷ 5 ᠪᠠᠢᠭᠤᠯᠵᠦ᠍᠂ ᠴᠠᠬᠢᠯᠭᠠᠨ ᠭᠠᠷᠭᠠᠬᠤ ᠬᠡᠮᠵᠢᠶ᠎ᠡ ᠪᠠ ᠭᠠᠳ᠋ᠬᠠᠰᠢ ᠳᠠᠮᠵᠢᠭᠤᠯᠬᠤ ᠴᠠᠬᠢᠯᠭᠠᠨ᠎ᠤ ᠬᠡᠮᠵᠢᠶ᠎ᠡ ᠪᠦᠭᠦ᠌ ᠤᠯᠤᠰ᠎ᠤᠨ ᠲᠡᠷᠢᠬᠦᠨ᠎ᠳᠤ ᠣᠷᠣᠪᠠ᠃ ᠠᠷᠠᠳ᠎ᠤᠨ ᠠᠮᠢᠳᠤᠷᠠᠯ᠎ᠤᠨ ᠲᠦᠪᠱᠢᠨ ᠲᠠᠰᠤᠷᠠᠯᠳᠠ ᠦᠬᠡᠢ ᠲᠡᠭᠡᠭ᠌ᠰᠢᠯᠡᠪᠡ᠂ ᠠᠷᠠᠳ᠎ᠤᠨ ᠠᠮᠢᠳᠤᠷᠠᠯ᠎ᠳᠠᠬᠢ ᠤᠷᠤᠭᠤᠯᠤᠯᠲᠠ ᠦᠷᠭᠦᠯᠵᠢᠯᠡᠨ ᠨᠡᠮᠡᠭ᠌ᠳᠡᠵᠦ᠍᠂ ᠬᠤᠲᠠ ᠪᠠᠯᠭᠠᠰᠤᠨ᠎ᠤ ᠠᠵᠢᠯ ᠣᠯᠭᠤᠯᠲᠠ ᠲᠣᠭ᠍ᠲᠠᠭᠤᠨ᠎ᠢᠶᠠᠷ ᠨᠡᠮᠡᠭ᠌ᠳᠡᠨ᠂ ᠪᠦᠭᠦ᠌ ᠰᠠᠭᠤᠭᠠᠯᠢ ᠠᠷᠠᠳ᠎ᠤᠨ ᠭᠦᠮᠦᠨ ᠲᠤᠮᠳᠠᠴᠢ᠎ᠶ᠋ᠢᠨ ᠡᠵᠡᠮᠳᠡᠨ ᠭᠡᠷᠡᠭ᠌ᠯᠡᠵᠦ᠍ ᠪᠣᠯᠬᠤ ᠣᠷᠣᠯᠭ᠎ᠠ ᠦᠷᠭᠦᠯᠵᠢᠯᠡᠨ ᠳᠡᠭᠡᠭ᠌ᠰᠢᠯᠡᠪᠡ᠃ ᠬᠤᠳᠠ ᠭᠦᠳᠡᠭᠡ᠎ᠶ᠋ᠢ ᠬᠠᠮᠤᠷᠤᠨᠨᠰᠠᠨ ᠨᠡᠢᠬᠡᠮ᠎ᠤᠨ ᠪᠠᠳᠤᠯᠠᠭ᠎ᠠ᠎ᠶ᠋ᠢᠨ ᠱᠢᠰᠲ᠋ᠧᠮᠵᠢ ᠦᠨᠳᠦᠰᠦᠨ᠎ᠳᠡᠭᠡᠨ ᠪᠠᠢᠭᠤᠯᠤᠬ᠍ᠳᠠᠵᠦ᠍᠂ ᠤᠯᠠᠨ ᠨᠡᠢᠳᠡ᠎ᠶ᠋ᠢᠨ ᠦᠢᠯᠡᠴᠢᠯᠡᠬᠡᠨ᠎ᠤ ᠱᠢᠰᠲ᠋ᠧᠮ᠎ᠢ ᠲᠠᠰᠤᠷᠠᠯᠳᠠ ᠦᠬᠡᠢ ᠲᠡᠭᠦᠯᠳᠡᠷᠵᠢᠬᠦᠯᠪᠡ᠃ ᠰᠤᠷᠭᠠᠨ ᠬᠦᠮᠦᠵᠢᠯ᠎ᠤᠨ ᠲᠦᠭᠡᠮᠡᠯᠵᠢᠭ᠌ᠰᠡᠨ ᠬᠢᠷᠢ ᠲᠦᠪᠱᠢᠨ ᠪᠦᠬᠦ᠌ ᠲᠠᠯ᠎ᠠ᠎ᠪᠠᠷ ᠳᠡᠭᠡᠭ᠌ᠰᠢᠯᠡᠵᠦ᠍᠂ ᠠᠯᠪᠠᠨ ᠵᠢᠷᠤᠮ᠎ᠤᠨ ᠰᠤᠷᠭᠠᠨ ᠬᠦᠮᠦᠵᠢᠯ᠎ᠤᠨ ᠱᠠᠲᠤᠨ᠎ᠳᠠᠬᠢ ᠰᠤᠷᠭᠠᠭᠤᠯᠢ᠎ᠶ᠋ᠢᠨ 《ᠲᠤᠮᠤ ᠬᠠᠨᠵᠤ》᠂ ᠰᠤᠷᠭᠠᠭᠤᠯᠢ᠎ᠶ᠋ᠢᠨ ᠪᠠᠢᠷᠢ᠎ᠶ᠋ᠢᠨ ᠠᠷᠢᠭᠤᠨ ᠴᠡᠪᠡᠷ ᠪᠠ ᠰᠦᠷᠴᠢᠮᠡᠯ ᠤᠬᠢᠶᠠᠯᠭ᠎ᠠ᠎ᠲᠠᠢ ᠪᠡᠯᠡᠳᠭᠡᠮᠵᠢ᠂ ᠬᠤᠭᠤᠯᠠᠨ ᠭᠡᠷ᠎ᠤᠨ ᠱᠢᠪᠠᠷ ᠵᠣᠤᠬ᠎ᠠ᠂ ᠵᠣᠤᠬ᠎ᠠ᠎ᠪᠠᠷ ᠳᠤᠯᠠᠭᠠᠯᠠᠬᠤ ᠵᠡᠷᠭᠡ ᠳᠣᠪᠤᠢᠮ᠎ᠠ ᠠᠰᠠᠭᠤᠳᠠᠯ᠎ᠢ ᠦᠨᠳᠦᠰᠦᠨ᠎ᠳᠤ᠎ᠪᠠᠨ ᠱᠢᠢᠳᠪᠦᠷᠢᠯᠡᠪᠡ᠃ ᠪᠦᠬᠦ᠌ ᠣᠷᠣᠨ᠎ᠳᠤ ᠳ᠋ᠣᠺᠲ᠋ᠣᠷ ᠴᠤᠯᠠ ᠣᠯᠭᠤᠬᠤ ᠴᠡᠭ 32 ᠪᠠᠢᠭ᠍ᠰᠠᠨ᠎ᠠᠴᠠ᠎ᠪᠠᠨ 42 ᠪᠣᠯᠵᠤ ᠨᠡᠮᠡᠭ᠌ᠳᠡᠪᠡ᠃ ᠬᠤᠱᠢᠭᠤ ᠱᠢᠶᠠᠨ᠎ᠤ ᠳᠡᠰ᠎ᠤᠨ ᠶᠡᠷᠦᠩᠬᠡᠢᠯᠡᠭ᠌ᠰᠡᠨ ᠡᠮᠨᠡᠯᠭᠡ᠎ᠶ᠋ᠢᠨ ᠬᠤᠷᠢᠶ᠎ᠠ ᠪᠦᠬᠦᠨ ᠬᠤᠶᠠᠳᠤᠭᠠᠷ ᠳᠡᠰ᠎ᠠᠴᠠ ᠳᠡᠭᠡᠭ᠌ᠰᠢᠬᠢ ᠡᠮᠨᠡᠯᠭᠡ᠎ᠶ᠋ᠢᠨ ᠬᠤᠷᠢᠶᠠᠨ᠎ᠤ ᠪᠠᠷᠢᠮᠵᠢᠶ᠎ᠠ᠎ᠳᠤ ᠬᠦᠷᠪᠡ᠃ ᠮᠢᠩᠭᠠᠨ ᠬᠦᠮᠦᠨ ᠪᠣᠯᠭᠠᠨ᠎ᠳᠤ ᠨᠤᠭ᠍ᠲᠠᠬᠤ ᠡᠪᠡᠳᠴᠢᠲᠡᠨ᠎ᠤ ᠣᠷᠤ᠂ ᠠᠵᠢᠯ ᠡᠷᠬᠢᠯᠡᠬᠦ᠌ ᠡᠮᠴᠢ᠎ᠶ᠋ᠢᠨ ᠲᠤᠭ᠎ᠠ᠎ᠶ᠋ᠢ ᠪᠦᠬᠦ᠌ ᠤᠯᠤᠰ᠎ᠤᠨ ᠳᠤᠮᠳᠠᠴᠢ ᠬᠢᠷᠢ ᠲᠦᠪᠱᠢᠨ᠎ᠠᠴᠠ ᠳᠠᠪᠠᠭᠤᠯᠪᠠ᠃ 《ᠭᠡᠷᠡᠯ ᠭᠡᠭᠡ᠎ᠶ᠋ᠢᠨ ᠠᠶᠠᠯᠠᠯ》 ᠨᠡᠢᠭᠡᠮ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭᠠᠨ᠎ᠢᠶᠠᠷ ᠬᠠᠷᠠᠭ᠎ᠠ ᠣᠷᠤᠭᠤᠯᠬᠤ ᠮᠡᠰᠡ ᠵᠠᠰᠠᠯ ᠬᠢᠯᠭᠡᠭ᠌ᠰᠡᠨ ᠡᠪᠡᠳᠴᠢᠲᠡᠨ ᠨᠡᠢᠲᠡ 3 ᠲᠦᠮᠡ᠎ᠶ᠋ᠢ ᠳᠠᠪᠠᠵᠦ᠍᠂ ᠳᠤᠮᠳᠠᠳᠤ᠎ᠶ᠋ᠢᠨ ᠨᠢᠭᠦᠯᠡᠰᠦᠩᠭᠦᠢ᠎ᠶ᠋ᠢᠨ ᠱᠠᠩᠨᠠᠯ᠂ ᠠᠽᠢᠶ᠎ᠠ ᠲᠢᠪ᠎ᠤᠨ ᠬᠠᠷᠠᠭ᠎ᠠ ᠠᠯᠳᠠᠬᠤ᠎ᠶ᠋ᠢ ᠰᠡᠷᠭᠡᠢᠯᠡᠬᠦ᠌ ᠰᠠᠭᠤᠷᠢ ᠮᠦᠩᠭᠦᠨ᠎ᠤ ᠨᠡᠢᠭᠡᠮᠯᠢᠭ᠎ᠤᠨ ᠣᠯᠭᠤᠬ᠍ᠰᠠᠨ ᠴᠤᠷ᠎ᠤᠨ ᠭᠠᠭ᠍ᠴᠠ ᠣᠨᠴᠠᠭᠠᠢ ᠬᠤᠪᠢ ᠨᠡᠮᠡᠷᠢ᠎ᠶ᠋ᠢᠨ ᠱᠠᠩᠨᠠᠯ᠎ᠢ ᠬᠦᠷᠲᠡᠪᠡ᠃ 66.6 ᠲᠦᠮᠡᠨ ᠬᠡᠦᠬᠡᠳ ᠵᠠᠯᠠᠭᠤᠴᠤᠳ ᠪᠠᠭᠠᠴᠤᠳ᠎ᠤᠨ ᠤᠢ᠍ᠢᠷ᠎ᠡ ᠬᠠᠷᠠᠭ᠎ᠠ᠎ᠶ᠋ᠢ᠎ᠨᠢ ᠪᠠᠢᠴᠠᠭᠠᠨ ᠱᠢᠯᠭᠠᠵᠦ᠍᠂ ᠶᠠᠳᠠᠭᠤ ᠬᠦᠴᠢᠷᠳᠡᠯᠲᠠᠢ ᠭᠡᠷ ᠪᠦᠯᠢ᠎ᠶ᠋ᠢᠨ ᠤᠢ᠍ᠢᠷ᠎ᠠ ᠬᠠᠷᠠᠭ᠎ᠠ᠎ᠲᠠᠢ 3903 ᠵᠠᠯᠠᠭᠤᠴᠤᠳ ᠪᠠᠭᠠᠴᠤᠳ᠎ᠲᠤ ᠤᠢ᠍ᠢᠷ᠎ᠠ ᠬᠠᠷᠠᠭᠠᠨ᠎ᠤ ᠨᠢᠳᠦᠨ ᠱᠢᠯ ᠲᠠᠭᠠᠷᠠᠭᠤᠯᠤᠨ ᠦᠭ᠌ᠴᠦ᠂ ᠬᠢᠯᠠᠷ ᠬᠠᠷᠠᠭ᠎ᠠ᠎ᠲᠠᠢ 522 ᠵᠠᠯᠠᠭᠤᠴᠤᠳ ᠪᠠᠭᠠᠴᠤᠳ᠎ᠲᠤ ᠬᠠᠷᠠᠭ᠎ᠠ᠎ᠶ᠋ᠢ᠎ᠨᠢ ᠲᠡᠭ᠌ᠰᠢᠷᠡᠭᠦᠯᠬᠦ᠌ ᠮᠡᠰᠡ ᠵᠠᠰᠠᠯ ᠬᠢᠪᠡ᠃ ᠪᠦᠵᠢᠭ᠌ᠲᠦ ᠵᠦᠴᠦᠭᠡ 《ᠲᠠᠯ᠎ᠠ ᠨᠤᠲᠤᠬ᠎ᠤᠨ ᠪᠢᠴᠢᠬᠠᠨ ᠡᠭᠡᠴᠢ ᠦᠬᠢᠨ ᠳᠡᠭᠦᠦ》 ᠠᠷᠪᠠᠨ ᠵᠢᠷᠭᠤᠳᠤᠭᠠᠷ ᠬᠤᠭᠤᠴᠠᠭᠠᠨ᠎ᠤ ᠸᠧᠨ ᠬᠤᠸᠠ ᠲᠤᠮᠤ ᠱᠠᠩᠨᠠᠯ᠎ᠢ ᠭᠠᠷᠳᠠᠵᠦ᠍᠂ 《ᠮᠤᠷᠢᠲᠦ ᠴᠡᠷᠢᠭ》 ᠳᠤᠮᠳᠠᠳᠦ ᠤᠯᠤᠰ᠎ᠤᠨ ᠪᠦᠵᠢᠭ᠎ᠤᠨ 《ᠯᠢᠩᠬᠤ᠎ᠠ ᠱᠠᠩᠨᠠᠯ》 ᠎ᠢ ᠬᠦᠷᠲᠡᠪᠡ᠃ ᠮᠡᠳᠡᠭᠡᠯᠡᠯ᠎ᠤᠨ ᠤᠷᠠᠨ ᠵᠤᠬᠢᠶᠠᠯ 《ᠮᠤᠤᠡᠤᠰᠦ᠎ᠶ᠋ᠢᠨ ᠨᠤᠭᠤᠭᠠᠨ ᠲᠤᠤᠯᠢᠰ》 ᠵᠢᠷᠭᠤᠳᠤᠭᠠᠷ ᠬᠤᠭᠤᠴᠠᠭᠠᠨ᠎ᠤ ᠯᠦ᠍ ᠱᠢᠶᠦ᠋ᠨ ᠤᠳᠭ᠎ᠠ ᠵᠤᠬᠢᠶᠠᠯ᠎ᠤᠨ ᠱᠠᠩᠨᠠᠯ᠎ᠢ ᠬᠦᠷᠲᠡᠪᠡ᠃ ᠤᠰᠤᠨ ᠪᠤᠳᠤᠬ᠎ᠤᠨ ᠵᠢᠷᠤᠬ 《ᠠᠯᠤᠰ᠎ᠲᠤ》 ᠭᠤᠷᠪᠠᠳᠤᠭᠠᠷ ᠬᠤᠭᠤᠴᠠᠭᠠᠨ᠎ᠤ ᠳᠤᠮᠳᠠᠳᠦ ᠤᠯᠤᠰ᠎ᠤᠨ ᠤᠷᠠᠨ ᠵᠢᠷᠤᠬ᠎ᠤᠨ ᠠᠯᠲᠠᠨ ᠱᠠᠩᠨᠠᠯ᠎ᠢ ᠬᠦᠷᠲᠡᠪᠡ᠃ ᠦᠶᠤᠸᠠᠨ᠎ᠳᠤ ᠶᠠᠫᠤᠨ᠎ᠢ ᠡᠰᠡᠷᠭᠦᠴᠡᠭ᠌ᠰᠡᠨ ᠳᠠᠢᠨ᠎ᠤ ᠳᠤᠷᠠᠰᠭᠠᠯ᠎ᠤᠨ ᠤᠷᠳᠤᠨ ᠵᠢᠴᠢ ᠪᠤᠷᠤᠪᠠᠯᠭᠠᠰᠤ᠂ ᠲᠤᠭᠤᠷᠢᠮ ᠵᠡᠷᠭᠡ ᠭᠠᠵᠠᠷ᠎ᠲᠤ ᠬᠤᠪᠢᠰᠭᠠᠯᠳᠤ ᠰᠤᠶᠤᠯ᠎ᠤᠨ ᠭᠦᠮᠦᠵᠢᠯ᠎ᠤᠨ ᠰᠠᠭᠤᠷᠢᠨ ᠭᠠᠵᠠᠷ᠎ᠢ ᠪᠠᠢᠭᠤᠯᠵᠦ᠍᠂ ᠤᠯᠠᠭᠠᠨᠮᠦᠴᠢᠷ᠎ᠤᠨ ᠤᠷᠳᠤᠨ᠂ ᠦᠪᠦᠷ ᠮᠤᠩᠭᠤᠯ᠎ᠤᠨ ᠪᠠᠢᠭᠠᠯᠢ᠎ᠶ᠋ᠢᠨ ᠮᠦᠽᠧᠢ᠂ ᠦᠪᠦᠷ ᠮᠤᠩᠭᠤᠯ᠎ᠤᠨ ᠮᠦᠰᠦᠨ ᠳᠡᠭᠡᠷᠡᠬᠢ ᠲᠠᠮᠢᠷ᠎ᠤᠨ ᠬᠦᠳᠡᠯᠭᠡᠭᠡᠨ᠎ᠤ ᠰᠤᠷᠭᠠᠭᠤᠯᠢᠯᠠᠯ᠎ᠤᠨ ᠲᠦᠪ ᠵᠡᠷᠭᠡ ᠨᠢᠭᠡ ᠪᠦᠯᠦᠭ ᠨᠤᠮ᠎ᠤᠨ ᠰᠠᠩ᠂ ᠰᠤᠶᠤᠯ᠎ᠤᠨ ᠣᠷᠳᠣᠨ᠂ ᠮᠦᠽᠧᠢ᠂ ᠪᠡᠶ᠎ᠠ ᠲᠠᠮᠢᠷ᠎ᠤᠨ ᠤᠷᠳᠤᠨ ᠪᠠ ᠦᠨᠳᠦᠰᠦᠨ ᠱᠠᠲᠤᠨ᠎ᠤ ᠰᠤᠶᠤᠯ᠎ᠤᠨ ᠥᠷᠲᠡᠭᠡ᠎ᠶ᠋ᠢ ᠪᠠᠢᠭᠤᠯᠪᠠ᠃ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠦᠯᠦᠪᠵᠢᠭᠦᠯᠭᠡ᠎ᠶ᠋ᠢᠨ ᠬᠤᠭᠤᠴᠠᠭᠠᠨ᠎ᠳᠤ ᠨᠡᠢᠭᠡᠮ᠎ᠤᠨ ᠬᠥᠯ ᠪᠦᠮᠪᠦᠭᠡ᠎ᠶ᠋ᠢᠨ ᠲᠠᠯᠠᠪᠤᠷ᠎ᠢ ᠪᠦᠲᠦᠭᠡᠨ ᠪᠠᠢᠭᠤᠯᠬᠤ ᠡᠭᠦᠷᠭᠡ᠎ᠪᠠᠨ ᠳᠠᠪᠠᠭᠤᠯᠤᠨ ᠪᠡᠶᠡᠯᠡᠭᠦᠯᠪᠡ᠃

ᠤᠯᠠᠨ ᠵᠦᠷᠢᠴᠡᠯ ᠳᠠᠪᠬᠤᠷᠳᠠᠨ ᠲᠤᠯᠭᠠᠷᠠᠵᠦ᠍᠂ ᠲᠥᠭ᠌ᠰᠢᠭᠦᠷᠢ ᠪᠠ ᠦᠷᠢᠰᠦᠯᠳᠦᠭᠡᠨ ᠢᠯᠡᠷᠬᠡᠢ ᠨᠡᠮᠡᠭ᠌ᠳᠡᠭ᠌ᠰᠡᠨ ᠪᠠᠢᠳᠠᠯ ᠳᠣᠣᠷ᠎ᠠ᠂ ᠪᠦᠭᠦ᠌ ᠤᠷᠤᠨ᠎ᠤ ᠲᠡᠬᠡᠳᠦ ᠲᠤᠤᠷᠠᠳᠣ ᠱᠠᠳᠤᠨ᠎ᠤ ᠬᠠᠮᠳᠤ᠎ᠶ᠋ᠢᠨ ᠴᠢᠷᠮᠠᠢᠯᠭ᠎ᠠ᠎ᠪᠠᠷ ᠳᠠᠮᠵᠢᠭᠠᠳ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠦᠯᠦᠪᠵᠢᠭᠦᠯᠭᠡ᠎ᠳᠤ ᠲᠣᠭ᠍ᠲᠠᠭᠠᠭ᠍ᠰᠠᠨ ᠬᠠᠷᠠᠯᠲᠠ ᠡᠭᠦᠷᠬᠡ ᠦᠨᠳᠦᠰᠦᠨ᠎ᠳᠡᠭᠡᠨ ᠪᠡᠶᠡᠯᠡᠭ᠌ᠳᠡᠵᠦ᠍᠂ ᠴᠢᠨᠡᠭᠡᠯᠢᠭ ᠨᠡᠢᠬᠡᠮ᠎ᠢ ᠪᠦᠭᠦ᠌ ᠲᠠᠯ᠎ᠠ᠎ᠪᠠᠷ ᠪᠠᠢᠭᠤᠯᠬᠤ ᠠᠵᠢᠯ ᠱᠢᠢᠳᠪᠦᠷᠢᠯᠡᠭ᠌ᠴᠢ ᠴᠢᠨᠠᠷᠳᠠᠢ ᠠᠮᠵᠢᠯᠳᠠ ᠣᠯᠣᠭᠠᠳ ᠱᠢᠨ᠎ᠡ ᠭᠦᠭ᠌ᠵᠢᠯᠳᠡ᠎ᠶ᠋ᠢᠨ ᠱᠠᠳᠤᠨ᠎ᠤ ᠨᠡᠢᠬᠡᠮ ᠵᠢᠷᠤᠮᠳᠤ ᠤᠳᠤᠬᠢᠴᠢᠯᠠᠯᠳᠠ᠎ᠶ᠋ᠢᠨ ᠪᠦᠲᠦᠬᠡᠨ ᠪᠠᠢᠭᠤᠯᠤᠯᠳᠠ᠎ᠶ᠋ᠢ ᠪᠦᠭᠦ᠌ ᠲᠠᠯ᠎ᠠ᠎ᠪᠠᠷ ᠠᠬᠢᠭᠤᠯᠬᠤ᠎ᠳᠤ ᠴᠢᠬᠤᠯᠠ ᠰᠠᠭᠤᠷᠢ ᠲᠠᠯᠪᠢᠪᠠ᠃ 

ᠲᠦᠯᠦᠭᠡᠯᠡᠭ᠌ᠴᠢᠳ ᠡ᠂ ᠦᠩᠬᠡᠷᠡᠭ᠌ᠰᠡᠨ ᠲᠠᠪᠤᠨ ᠵᠢᠯ᠎ᠳᠤ ᠣᠯᠣᠭ᠍ᠰᠠᠨ ᠠᠮᠵᠢᠯᠳᠠ ᠪᠦᠳᠦᠮᠵᠢ ᠬᠢᠯᠪᠡᠷ ᠪᠤᠰᠣ ᠶᠤᠮ᠃ ᠡᠨᠡ ᠪᠤᠯ ᠰᠢ᠎ᠶ᠋ᠢᠨ ᠫᠢᠩ ᠨᠦᠭᠦᠷ᠎ᠢᠶᠠᠷ ᠭᠤᠤᠯ ᠪᠤᠯᠭᠠᠨᠨᠰᠠᠨ ᠨᠠᠮ᠎ᠤᠨ ᠲᠦᠪ ᠬᠤᠷᠢᠶᠠᠨ᠎ᠤ ᠪᠠᠳᠣ ᠴᠢᠩᠭ᠎ᠠ ᠣᠳᠣᠷᠢᠳᠤᠬ᠍ᠰᠠᠨ ᠪᠠ ᠲᠤᠳᠤᠨᠤ ᠬᠠᠯᠠᠮᠵᠢᠯᠬᠠᠰᠠᠨ᠎ᠤ ᠦᠷ᠎ᠡ ᠳ᠋ᠦᠩ ᠪᠣᠯᠬᠤ ᠶᠣᠮ᠂ ᠪᠦᠭᠦ᠌ ᠤᠷᠤᠨ᠎ᠤ ᠦᠷᠭᠡᠨ ᠤᠯᠠᠨ ᠺᠠᠳ᠋ᠷ ᠤᠯᠠᠨ ᠲᠦᠮᠡᠨ ᠭᠦᠴᠢᠷ ᠪᠡᠷᠬᠡ᠎ᠶ᠋ᠢ ᠢᠯᠠᠨ ᠲᠠᠪᠠᠵᠦ᠍ ᠪᠦᠯᠭᠦᠮᠳᠡᠨ ᠲᠡᠮᠡᠴᠡᠭ᠌ᠰᠡᠨ᠎ᠤ ᠦᠷ᠎ᠡ ᠳ᠋ᠦᠩ ᠪᠣᠯᠬᠤ ᠶᠤᠮ᠃ ᠪᠢ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠤᠨ᠎ᠡ᠎ᠠᠴᠠ ᠪᠦᠭᠦ᠌ ᠤᠷᠤᠨ᠎ᠤ ᠦᠨᠳᠦᠰᠦᠳᠡᠨ᠎ᠨᠦᠭᠦᠳ᠎ᠤᠨ ᠠᠷᠠᠳ ᠲᠦᠮᠡᠨ᠂ ᠦᠪᠡᠷᠳᠡᠭᠡᠨ ᠵᠠᠰᠠᠬᠤ ᠤᠷᠤᠨ᠎ᠤ ᠪᠦᠳᠦᠬᠡᠨ ᠪᠠᠢᠭᠤᠯᠤᠯᠳᠠ ᠪᠠ ᠭᠦᠭ᠌ᠵᠢᠯᠳᠡ᠎ᠳᠤ ᠬᠤᠪᠢ ᠨᠡᠮᠡᠷᠢ ᠦᠵᠡᠭᠦᠯᠦᠭ᠌ᠰᠡᠨ ᠪᠦᠭᠦ᠌ ᠨᠠᠢᠵᠠ ᠨᠦᠭᠦᠳ᠎ᠲᠤ ᠴᠢᠩ ᠰᠡᠳᠭᠢᠯ᠎ᠤᠨ ᠲᠠᠯᠠᠷᠬᠠᠯ᠎ᠢᠶᠠᠨ ᠲᠡᠪᠱᠢᠭᠦᠯᠦᠶ᠎ᠡ!

ᠠᠮᠵᠢᠯᠳᠠ ᠪᠦᠳᠦᠮᠵᠢ᠎ᠪᠠᠨ ᠨᠣᠳᠠᠯᠠᠬᠤ᠎ᠶ᠋ᠢᠨ ᠲᠠᠭᠠᠣ᠂ ᠪᠦᠭᠦ᠌ ᠣᠷᠣᠨ᠎ᠤ ᠠᠵᠦ᠍ ᠠᠬᠤᠢ ᠨᠡᠢᠬᠡᠮ᠎ᠤᠨ ᠭᠦᠭ᠌ᠵᠢᠯᠳᠡ᠎ᠳᠤ ᠴᠦᠬᠡᠨ ᠪᠣᠰᠣ ᠭᠦᠴᠢᠷᠳᠡᠯ ᠪᠠ ᠠᠰᠠᠭᠤᠳᠠᠯ ᠣᠷᠣᠱᠢᠵᠦ᠍ ᠪᠠᠢᠬᠤ᠎ᠶ᠋ᠢ ᠪᠢᠳᠡ ᠪᠠᠰᠠ ᠰᠡᠷᠬᠡᠭ᠎ᠢᠶᠠᠷ ᠲᠠᠨᠢᠵᠦ᠍ ᠣᠯᠪᠠ᠃ ᠬᠢᠵᠢᠭ᠎ᠤᠨ ᠪᠠᠢᠳᠠᠯ᠎ᠤᠨ ᠬᠤᠪᠢᠷᠠᠯᠳᠠ ᠪᠠ ᠭᠠᠳᠠᠷ ᠲᠠᠯ᠎ᠠ᠎ᠶ᠋ᠢᠨ ᠣᠷᠴᠢᠨ᠎ᠳᠤ ᠨᠡᠯᠢᠶᠡᠳ ᠤᠯᠠᠨ ᠪᠣᠯᠵᠣᠰᠢ ᠦᠬᠡᠢ ᠵᠦᠢᠯ ᠤᠷᠤᠱᠢᠵᠦ᠍᠂ ᠠᠵᠦ᠍ ᠠᠬᠤᠢ᠎ᠶ᠋ᠢᠨ ᠰᠡᠷᠭᠦᠯᠲᠡ᠎ᠶ᠋ᠢᠨ ᠰᠠᠭᠤᠷᠢ ᠬᠠᠷᠠᠬᠠᠨ ᠬᠡᠪᠡᠷᠡᠭ ᠪᠠᠢᠨᠨᠰᠠᠭᠠᠷ; ᠭᠦᠭ᠌ᠵᠢᠯᠳᠡ᠎ᠶ᠋ᠢᠨ ᠠᠷᠭ᠎ᠠ ᠬᠡᠯᠪᠡᠷᠢ᠎ᠪᠠᠨ ᠬᠤᠪᠢᠷᠠᠭᠤᠯᠬᠤ ᠡᠭᠦᠷᠬᠡ ᠬᠠᠲᠠᠭᠤ ᠪᠡᠷᠬᠡ᠂ ᠱᠢᠨᠵᠢᠯᠡᠬᠦ᠌ ᠣᠬᠠᠭᠠᠨ ᠲᠧᠭ᠌ᠨᠢᠭ ᠮᠡᠷᠬᠡᠵᠢᠯ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢ ᠠᠨᠠᠢ᠂ ᠴᠢᠳᠠᠪᠤᠷᠢᠳᠠᠨ ᠲᠤᠳᠠᠬ᠍ᠳᠠᠵᠦ᠍ ᠪᠠᠢᠭ᠎ᠠ ᠠᠰᠠᠭᠤᠳᠠᠯ ᠲᠤᠪᠤᠢᠮ᠎ᠠ ᠪᠠᠢᠨᠨᠰᠠᠭᠠᠷ; ᠡᠨᠧᠷᠬᠢ᠎ᠶ᠋ᠢᠨ ᠬᠤᠷᠣᠨᠨᠳᠠᠯ᠎ᠤᠨ ᠶᠡᠷᠦᠩᠬᠡᠢ ᠬᠡᠮᠵᠢᠶ᠎ᠡ ᠪᠠ ᠬᠤᠷᠤᠭ᠍ᠳᠠᠯ᠎ᠤᠨ ᠭᠦᠴᠦᠯᠡᠴᠡ ᠬᠤᠶᠠᠷ᠎ᠢ ᠡᠵᠡᠮᠳᠡᠬᠦ᠌ ᠬᠠᠷᠠᠯᠲᠠ ᠡᠭᠦᠷᠬᠡ᠎ᠪᠠᠨ ᠪᠡᠶᠡᠯᠡᠬᠦᠯᠵᠦ᠍ ᠴᠢᠳᠠᠭᠠᠳᠤᠢ; ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ᠎ᠳᠤ ᠪᠠᠰᠠ ᠴᠦᠬᠡᠨ ᠪᠤᠰᠤ ᠠᠰᠠᠭᠤᠳᠠᠯ ᠣᠷᠤᠱᠢᠭ᠍ᠰᠠᠭᠠᠷ᠂ ᠨᠢᠭᠡ ᠪᠦᠯᠦᠭ ᠠᠵᠦ᠍ ᠠᠬᠤᠢᠯᠠᠯ ᠤᠨᠴᠠᠭᠠᠢᠯᠠᠨ ᠲᠤᠮᠳᠠ ᠵᠢᠵᠢᠭ ᠪᠢᠴᠢᠯ ᠠᠵᠦ᠍ ᠠᠬᠤᠢᠯᠠᠯ᠎ᠤᠨ ᠡᠵᠡᠩᠨᠡᠯᠳᠡ ᠭᠦᠴᠢᠷᠳᠡᠯᠳᠡᠢ ᠪᠠᠢᠨᠨᠰᠠᠭᠠᠷ; ᠬᠡᠰᠡᠭ ᠭᠠᠵᠠᠷ ᠤᠷᠤᠨ᠎ᠤ ᠡᠳ᠋᠎ᠤᠨ ᠵᠠᠰᠠᠭ᠎ᠤᠨ ᠣᠷᠣᠯᠭ᠎ᠠ ᠵᠠᠷᠣᠯᠭ᠎ᠠ᠎ᠶ᠋ᠢᠨ ᠵᠦᠷᠢᠴᠡᠯ ᠳᠤᠪᠤᠢᠮ᠎ᠠ ᠪᠠᠢᠵᠦ᠍᠂ ᠨᠡᠢᠬᠡᠮ᠎ᠤᠨ ᠠᠷᠠᠳ᠎ᠤᠨ ᠠᠮᠢᠳᠤᠷᠠᠯ᠎ᠤᠨ ᠭᠦᠷᠢᠶᠡᠨ᠎ᠳᠤ ᠲᠤᠳᠠᠭᠤᠳᠠᠯ ᠤᠷᠤᠱᠢᠨᠨᠰᠠᠭᠠᠷ; ᠵᠠᠰᠠᠭ᠎ᠤᠨ ᠣᠷᠳᠣᠨ᠎ᠤ ᠰᠠᠯᠠᠭ᠎ᠠ ᠮᠦᠴᠢᠷ᠎ᠲᠤ ᠬᠡᠯᠪᠡᠷᠢᠴᠢ ᠦᠵᠡᠯ᠂ ᠨᠤᠶᠠᠨᠴᠢ ᠰᠣᠷᠲᠠᠯ᠎ᠤᠨ ᠠᠰᠠᠭᠤᠳᠠᠯ ᠠᠳᠠᠯᠢ ᠪᠤᠰᠤ ᠬᠡᠮᠵᠢᠶ᠎ᠡ᠎ᠪᠠᠷ ᠤᠷᠤᠱᠢᠨᠨᠰᠠᠭᠠᠷ ᠪᠠᠢᠨ᠎ᠠ᠃ ᠪᠢᠳᠡ ᠡᠳᠡᠬᠡᠷ᠎ᠢ ᠵᠠᠪᠠᠯ ᠲᠡᠬᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠍᠂ ᠭᠦᠴᠦᠳᠡᠢ ᠠᠷᠭ᠎ᠠ ᠬᠡᠮᠵᠢᠶ᠎ᠡ ᠠᠪᠴᠤ᠌ ᠱᠢᠢᠳᠪᠦᠷᠢᠯᠡᠬᠦ᠌ ᠬᠡᠷᠡᠭ᠌ᠲᠡᠢ᠃

 

ᠬᠤᠶᠠᠷ᠂ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠦᠯᠦᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠭᠤᠣᠯ ᠬᠠᠷᠠᠯᠲᠠ ᠡᠭᠦᠷᠭᠡ

ᠦᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ 《ᠤᠯᠤᠰ ᠠᠷᠠᠳ᠎ᠤᠨ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠦᠯᠦᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ᠎ᠶ᠋ᠢ ᠲᠣᠭ᠍ᠲᠠᠭᠠᠬᠤ ᠲᠣᠬᠠᠢ ᠰᠠᠨᠠᠭᠤᠯᠭ᠎ᠠ》 ᠎ᠶ᠋ᠢ ᠦᠨᠳᠦᠰᠦᠯᠡᠨ᠂ ᠪᠢᠳᠡ 《ᠦᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠢ ᠪᠤᠯᠤᠨ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠦᠯᠦᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ᠎ᠶ᠋ᠢᠨ ᠬᠥᠲᠥᠯᠪᠦᠷᠢ (ᠲᠦᠰᠦᠯ)》 ᠎ᠶ᠋ᠢ ᠨᠠᠢᠷᠠᠭᠤᠯᠤᠨ ᠵᠣᠬᠢᠶᠠᠵᠤ᠂ ᠠᠵᠤ ᠠᠬᠤᠢ᠎ᠶ᠋ᠢᠨ ᠬᠡᠯᠪᠡᠷᠢ᠎ᠶ᠋ᠢ ᠬᠤᠪᠢᠷᠠᠭᠤᠯᠬᠤ᠂ ᠦᠭᠡᠷᠡᠴᠢᠯᠡᠯᠲᠡ ᠨᠡᠭᠡᠭᠡᠯᠲᠡ ᠬᠢᠬᠦ᠂ ᠨᠡᠢᠭᠡᠮ᠎ᠤᠨ ᠪᠣᠯᠪᠠᠰᠤᠨ᠂ ᠠᠮᠢ ᠠᠬᠤᠢ᠎ᠶ᠋ᠢᠨ ᠪᠣᠯᠪᠠᠰᠤᠨ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠂ ᠵᠠᠰᠠᠯᠲᠠ᠎ᠶ᠋ᠢᠨ ᠦᠷ᠎ᠡ ᠴᠢᠳᠠᠮᠵᠢ ᠭᠡᠬᠦ᠌ ᠵᠢᠷᠭᠤᠭᠠᠨ ᠲᠠᠯ᠎ᠠ᠎ᠠᠴᠠ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠦᠯᠦᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠭᠤᠣᠯ ᠬᠠᠷᠠᠯᠲᠠ᠎ᠶ᠋ᠢ ᠲᠤᠳᠤᠷᠬᠠᠢ ᠲᠣᠭ᠍ᠲᠠᠭᠠᠨ᠂ ᠬᠥᠭ᠌ᠵᠢᠯᠲᠡ᠎ᠳᠤ ᠲᠤᠯᠭᠠᠭᠤᠷᠢᠯᠠᠯ ᠪᠣᠯᠬᠤ ᠠᠯᠢ ᠣᠯᠠᠨ ᠭᠤᠣᠯᠳᠠᠯᠭ᠎ᠠ᠎ᠲᠠᠢ ᠡᠭᠦᠷᠭᠡ ᠪᠠ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠳᠤᠷᠠᠳᠴᠤ᠌᠂ ᠲᠤᠰ ᠤᠳᠠᠭᠠᠨ᠎ᠤ ᠬᠤᠷᠠᠯ᠎ᠳᠤ ᠬᠢᠨᠠᠨ ᠵᠦᠪᠯᠡᠭᠦᠯᠬᠦ᠌᠎ᠪᠠᠷ ᠳᠡᠪᠱᠢᠭᠦᠯᠪᠡ᠃

《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠦᠯᠦᠪᠵᠢᠭᠦᠯᠭᠡ᠎ᠶ᠋ᠢᠨ ᠬᠤᠭᠤᠴᠠᠭ᠎ᠠ ᠪᠣᠯ ᠨᠡᠢᠬᠡᠮ ᠵᠢᠷᠤᠮᠳᠤ ᠤᠳᠤᠬᠢᠴᠢᠯᠬᠠᠰᠠᠨ ᠣᠯᠣᠰ᠎ᠢ ᠪᠦᠭᠦ᠌ ᠲᠠᠯ᠎ᠠ᠎ᠪᠠᠷ ᠪᠠᠢᠭᠤᠯᠬᠤ ᠱᠢᠨ᠎ᠡ ᠠᠶᠠᠯᠠᠯ᠎ᠢᠶᠠᠨ ᠡᠬᠢᠯᠡᠬᠦᠯᠬᠦ᠌ ᠨᠢᠭᠡᠳᠦᠬᠡᠷ ᠲᠠᠪᠤᠨ ᠵᠢᠯ ᠪᠣᠯᠣᠨ᠎ᠠ᠃ ᠪᠢᠳᠡ ᠱᠢᠨ᠎ᠡ ᠬᠥᠭ᠌ᠵᠢᠯᠲᠡ᠎ᠶ᠋ᠢᠨ ᠱᠠᠲᠤ ᠦᠶ᠎ᠡ᠎ᠶ᠋ᠢ ᠣᠨᠤᠪᠴᠢᠲᠠᠢ ᠡᠵᠡᠮᠳᠡᠵᠦ᠍᠂ ᠱᠢᠨ᠎ᠡ ᠭᠦᠭ᠌ᠵᠢᠯᠳᠡ᠎ᠶ᠋ᠢᠨ ᠤᠨᠤᠯᠵᠢᠬᠤᠨ᠎ᠢ ᠭᠦᠨᠵᠡᠬᠡᠢ ᠲᠤᠭᠤᠱᠢᠯᠠᠭᠤᠯᠤᠨ᠂ ᠱᠢᠨ᠎ᠡ ᠭᠦᠭ᠌ᠵᠢᠯᠳᠡ᠎ᠶ᠋ᠢᠨ ᠪᠠᠢᠷᠢᠱᠢᠯ᠎ᠳᠤ ᠲᠦᠷᠬᠡᠬᠡᠨ ᠠᠭᠤᠰᠤᠯᠴᠠᠵᠦ᠍᠂ ᠶᠡᠷᠦᠩᠬᠡᠢ ᠱᠦᠵᠢ ᠰᠢ᠎ᠶ᠋ᠢᠨ ᠫᠢᠩ ᠪᠠ ᠨᠠᠮ᠎ᠤᠨ ᠲᠥᠪ ᠬᠤᠷᠢᠶᠠᠨ᠎ᠠᠴᠠ ᠦᠪᠦᠷ ᠮᠤᠩᠭᠤᠯ᠎ᠳᠤ ᠲᠣᠭ᠍ᠲᠠᠭᠠᠵᠦ᠍ ᠦᠭ᠌ᠭᠦᠭ᠌ᠰᠡᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠶᠣᠰᠣᠭᠠᠷ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠦᠷ ᠲᠦᠪᠱᠢᠨ᠎ᠤ ᠬᠠᠯᠬᠠᠪᠴᠢ ᠪᠠ ᠡᠬᠡ ᠤᠯᠤᠰ᠎ᠤᠨ ᠤᠮᠠᠷᠠᠲᠣ ᠬᠢᠯᠢ᠎ᠶ᠋ᠢᠨ ᠠᠮᠦᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠬᠢᠵᠢᠭᠦᠯᠵᠦ᠍᠂ ᠤᠯᠤᠰ᠎ᠤᠨ ᠡᠨᠧᠷᠬᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠴᠢᠬᠤᠯᠠ ᠰᠠᠭᠤᠷᠢᠨ ᠭᠠᠵᠠᠷ᠂ ᠲᠠᠷᠢᠶᠠᠯᠠᠩ ᠮᠠᠯ᠎ᠤᠨ ᠠᠱᠢᠭ ᠱᠢᠮ᠎ᠡ᠎ᠶ᠋ᠢᠨ ᠪᠦᠲᠦᠭᠡᠭ᠌ᠳᠡᠭᠦᠨ᠎ᠤ ᠦᠢᠯᠡᠳᠪᠦᠷᠢᠯᠡᠯ᠎ᠤᠨ ᠴᠢᠬᠤᠯᠠ ᠰᠠᠭᠤᠷᠢᠨ ᠭᠠᠵᠠᠷ᠎ᠢ ᠪᠠᠢᠭᠤᠯᠤᠨ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ᠎ᠶ᠋ᠢ ᠴᠤᠭ᠍ᠴᠠᠯᠠᠵᠤ᠂ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠨᠡᠢᠴᠡᠭ᠌ᠰᠡᠨ᠂ ᠦᠪᠦᠷ ᠮᠣᠩᠭᠤᠯ᠎ᠤᠨ ᠦᠪᠡᠷᠮᠢᠴᠡ ᠣᠨᠴᠠᠯᠢᠭ᠎ᠢ ᠢᠯᠡᠷᠡᠭᠦᠯᠦᠭ᠌ᠰᠡᠨ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠵᠦ᠍ ᠪᠤᠬᠢᠷᠳᠤᠯ ᠦᠭᠡᠢ ᠬᠥᠭ᠌ᠵᠢᠭᠦᠯᠬᠦ᠌᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠨ᠎ᠠ᠃

ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠠᠷᠠᠳ ᠲᠦᠮᠡᠨ᠎ᠤ ᠪᠤᠶᠠᠨ ᠵᠢᠷᠭᠠᠯ᠎ᠢ ᠨᠡᠮᠡᠭ᠌ᠳᠡᠭᠦᠯᠬᠦ᠌ ᠪᠠ ᠬᠠᠮᠲᠤ᠎ᠪᠠᠷ ᠴᠢᠨᠡᠭᠡᠯᠢᠭ᠌ᠵᠢᠭᠦᠯᠬᠦ᠌᠎ᠶ᠋ᠢ ᠠᠬᠢᠭᠤᠯᠬᠤ᠎ᠪᠠᠷ ᠬᠥᠭ᠌ᠵᠢᠯᠲᠡ᠎ᠶ᠋ᠢᠨ ᠡᠬᠢᠯᠡᠯᠲᠡ ᠪᠠ ᠳᠤᠰᠤᠯᠲᠠ ᠪᠣᠯᠭᠠᠨ᠂ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠰᠠᠢᠵᠢᠷᠠᠭᠤᠯᠤᠨ᠂ ᠠᠷᠠᠳ ᠣᠯᠠᠨ᠎ᠤ ᠬᠦᠷᠲᠡᠭᠡᠮᠵᠢ᠎ᠶ᠋ᠢᠨ ᠲᠦᠷᠦᠭ᠌ᠳᠡᠯ᠂ ᠵᠣᠯ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠤ ᠲᠥᠷᠥᠭ᠌ᠳᠡᠯ᠎ᠢ᠎ᠨᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃

ᠦᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠶ᠋ᠢ ᠪᠠᠷᠢᠮᠳᠠᠯᠠᠵᠤ᠂ ᠬᠥᠭ᠌ᠵᠢᠯᠲᠡ᠎ᠶ᠋ᠢᠨ ᠬᠦᠳᠡᠯᠭᠡᠬᠦ᠌ ᠬᠦᠴᠦᠨ ᠪᠠ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠴᠢᠩᠭᠠᠷᠠᠭᠤᠯᠤᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠳᠤ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠨ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠬᠥᠭ᠌ᠵᠢᠯᠲᠡ᠎ᠶ᠋ᠢᠨ ᠱᠢᠨ᠎ᠡ ᠬᠦᠳᠡᠯᠭᠡᠬᠦ᠌ ᠴᠢᠳᠠᠮᠵᠢ᠎ᠶ᠋ᠢ ᠪᠣᠶ ᠪᠤᠯᠭᠠᠨ ᠪᠣᠵᠠᠭᠠᠢᠷᠠᠭᠤᠯᠤᠨ᠎ᠠ᠃ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ᠎ᠶ᠋ᠢ ᠨᠡᠭᠡᠭᠡᠨ ᠠᠱᠢᠬ᠍ᠯᠠᠵᠤ ᠬᠠᠮᠠᠭᠠᠯᠠᠬᠤ ᠱᠢᠨ᠎ᠡ ᠪᠠᠢᠷᠢᠱᠢᠯ᠎ᠢ ᠲᠦᠷᠭᠡᠬᠡᠨ ᠪᠣᠢ ᠪᠣᠯᠭᠠᠵᠤ᠂ ᠦᠪᠡᠷᠲᠡᠭᠡᠨ ᠵᠠᠰᠠᠬᠤ ᠣᠷᠣᠨ᠎ᠤ ᠵᠡᠭᠦᠨ᠂ ᠳᠤᠮᠳᠠ᠂ ᠪᠠᠷᠠᠭᠤᠨ ᠬᠡᠰᠡᠭ᠎ᠤᠨ ᠭᠠᠵᠠᠷ ᠣᠷᠣᠨ᠎ᠢ ᠨᠢᠭᠡᠲᠦᠯᠲᠡᠢ ᠲᠦᠯᠦᠪᠯᠡᠨ᠂ ᠬᠤᠲᠠ ᠬᠦᠳᠡᠭᠡ᠎ᠶ᠋ᠢᠨ ᠣᠷᠣᠨ ᠪᠦᠰᠡ᠎ᠶ᠋ᠢᠨ ᠵᠣᠬᠢᠴᠠᠩᠭᠤᠢ ᠭᠦᠭ᠌ᠵᠢᠯᠳᠡ᠎ᠶ᠋ᠢ ᠠᠬᠢᠭᠤᠯᠵᠤ᠂ ᠬᠥᠭ᠌ᠵᠢᠯᠲᠡ᠎ᠶ᠋ᠢᠨ ᠲᠡᠩᠴᠡᠭᠦᠷᠢ ᠦᠭᠡᠢ ᠪᠠ ᠭᠦᠢᠴᠡᠳ ᠦᠭᠡᠢ ᠠᠰᠠᠭᠤᠳᠠᠯ᠎ᠢ ᠰᠠᠢᠲᠤᠷ ᠱᠢᠢᠳᠪᠦᠷᠢᠯᠡᠨ᠎ᠡ᠃ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠪᠤᠬᠢᠷᠳᠤᠯ ᠦᠭᠡᠢ ᠪᠦᠭᠡᠳ ᠨᠡᠭᠦᠷᠡᠰᠦᠳᠦ᠋ᠷᠦᠭ᠌ᠴᠢ ᠪᠠᠭ᠎ᠠ ᠭᠠᠳᠠᠭ᠍ᠰᠢᠯᠠᠭᠤᠯᠬᠤ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠦᠨ᠂ ᠡᠬᠡ ᠤᠯᠤᠰ᠎ᠤᠨ ᠤᠮᠠᠷᠠᠳᠦ ᠬᠢᠯᠢ᠎ᠶ᠋ᠢᠨ ᠲᠦᠮᠡᠨ ᠭᠠᠵᠠᠷ᠎ᠤᠨ ᠨᠤᠮᠢᠨ ᠨᠤᠭᠤᠭᠠᠨ ᠤᠷᠲᠦ ᠴᠠᠭᠠᠨ ᠬᠡᠷᠡᠮ᠎ᠢ ᠪᠠᠢᠭᠤᠯᠤᠨ᠎ᠠ᠃

ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠦᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠤᠯᠤᠰ᠎ᠤᠨ ᠡᠨᠧᠷᠬᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠦᠷ ᠲᠦᠪᠱᠢᠨ᠂ ᠠᠵᠤ ᠦᠢᠯᠡᠰ᠎ᠤᠨ ᠠᠮᠤᠷ ᠲᠦᠪᠱᠢᠨ᠂ ᠠᠮᠢ ᠠᠬᠤᠢ᠎ᠶ᠋ᠢᠨ ᠠᠮᠤᠷ ᠲᠦᠪᠱᠢᠨ᠎ᠢ ᠨᠡᠩ ᠰᠠᠢᠲᠤᠷ ᠪᠠᠲᠤᠯᠠᠬᠤ᠎ᠶ᠋ᠢᠨ ᠲᠣᠭᠤᠷᠢᠨ᠎ᠳᠤ᠂ ᠣᠳᠣ ᠦᠶ᠎ᠡ᠎ᠶ᠋ᠢᠨ ᠠᠵᠤ ᠦᠢᠯᠡᠰ᠎ᠤᠨ ᠱᠢᠰᠲ᠋ᠧᠮᠵᠢ᠎ᠶ᠋ᠢᠨ ᠪᠠᠢᠭᠤᠯᠤᠯᠲᠠ᠎ᠶ᠋ᠢ ᠠᠬᠢᠭᠤᠯᠤᠨ᠎ᠠ᠃ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠠᠯ᠎ᠠ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠨ᠂ ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭᠡ᠂ ᠬᠡᠷᠡᠭ᠌ᠯᠡᠭᠡ᠎ᠶ᠋ᠢᠨ ᠡᠯ᠎ᠡ ᠭᠤᠭ᠍ᠴᠤᠭ᠎ᠠ᠎ᠶ᠋ᠢ ᠨᠡᠪᠲᠡᠷᠡᠭᠦᠯᠵᠦ᠍᠂ ᠣᠳᠣ ᠦᠶ᠎ᠡ᠎ᠶ᠋ᠢᠨ ᠰᠠᠭᠤᠷᠢ ᠪᠡᠯᠡᠳᠭᠡᠮᠵᠢ ᠪᠠ ᠭᠦᠢᠯᠭᠡᠭᠡᠨ᠎ᠤ ᠱᠢᠰᠲ᠋ᠧᠮᠵᠢ᠎ᠶ᠋ᠢ ᠪᠦᠷᠢᠨᠱᠢᠭᠦᠯᠦᠨ᠂ ᠦᠨᠳᠦᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ᠎ᠶ᠋ᠢ ᠬᠡᠷᠡᠭ᠌ᠵᠢᠭᠦᠯᠵᠦ᠍᠂ ᠤᠯᠤᠰ᠎ᠤᠨ ᠲᠤᠳᠤᠭᠠᠲᠤ᠎ᠶ᠋ᠢᠨ ᠲᠤᠮᠤ ᠵᠠᠬ᠎ᠠ ᠳᠡᠯᠭᠡᠭᠦᠷ ᠪᠠ ᠤᠯᠤᠰ᠎ᠤᠨ ᠲᠤᠳᠤᠭᠠᠲᠤ ᠭᠠᠳᠠᠭᠠᠳᠤ᠎ᠶ᠋ᠢᠨ ᠬᠤᠣᠰ ᠣᠷᠴᠢᠯ᠎ᠳᠤ ᠨᠡᠩ ᠰᠠᠢᠲᠤᠷ ᠠᠭᠤᠰᠤᠯᠴᠠᠨ᠎ᠠ᠃ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠲᠦᠯᠲᠡᠢ ᠲᠦᠯᠦᠪᠯᠡᠵᠦ᠍᠂ ᠬᠤᠷᠢᠭ᠎ᠠ ᠱᠤᠭᠤᠮ᠎ᠢ ᠰᠠᠬᠢᠬᠤ ᠰᠡᠳᠭᠢᠭᠦᠢ ᠪᠠ ᠲᠦᠭ᠌ᠰᠢᠭᠦᠷᠢ᠎ᠶ᠋ᠢ ᠰᠠᠨᠠᠭᠠᠱᠢᠷᠠᠬᠤ ᠦᠵᠡᠯ ᠤᠬᠠᠮᠰᠠᠷ᠎ᠢᠶᠠᠨ ᠴᠢᠩᠭᠠᠷᠠᠭᠤᠯᠤᠨ᠂ ᠡᠯ᠎ᠡ ᠲᠦᠷᠦᠯ᠎ᠤᠨ ᠲᠦᠭ᠌ᠰᠢᠭᠦᠷᠢ᠎ᠶ᠋ᠢ ᠪᠦᠲᠦᠮᠵᠢᠲᠡᠢ ᠰᠡᠷᠭᠡᠢᠯᠡᠨ ᠠᠷᠢᠯᠭᠠᠨ᠎ᠠ᠃

ᠲᠦᠯᠦᠭᠡᠯᠡᠭ᠌ᠴᠢᠳ ᠡ! ᠨᠤᠮᠢᠨ ᠨᠤᠭᠤᠭᠠᠨ ᠪᠤᠯᠪᠠᠰᠦ ᠪᠢᠳᠠᠨ᠎ᠤ ᠬᠠᠮᠤᠬ᠎ᠤᠨ ᠶᠡᠭᠡ ᠡᠳ᠋ ᠪᠠᠶᠠᠯᠢᠬ ᠪᠤᠯᠤᠨ᠎ᠠ᠂ ᠴᠡᠪᠡᠷ ᠰᠠᠢᠬᠠᠨ ᠠᠮᠢ ᠠᠬᠤᠢ ᠤᠷᠴᠢᠨ ᠲᠤᠭᠤᠷᠢᠨ ᠪᠤᠯᠪᠠᠰᠦ ᠠᠷᠠᠳ᠎ᠤᠨ ᠠᠮᠢᠳᠤᠷᠠᠯ᠎ᠳᠤ ᠬᠦᠷᠲᠡᠭᠡᠬᠦ᠌ ᠬᠠᠮᠤᠬ᠎ᠤᠨ ᠲᠦᠭᠡᠮᠡᠯ ᠪᠤᠶᠠᠨ ᠵᠢᠷᠭᠠᠯ ᠪᠤᠯᠤᠨ᠎ᠠ᠃ ᠪᠢᠳᠡ ᠡᠷᠬᠡᠪᠰᠢ ᠲᠠᠯ᠎ᠠ ᠨᠤᠲᠤᠬ᠂ ᠤᠢ ᠱᠢᠭᠤᠢ᠂ ᠨᠠᠭᠤᠷ ᠭᠤᠤᠯ᠎ᠢᠶᠠᠨ ᠰᠠᠢᠲᠤᠷ ᠬᠠᠮᠠᠭᠠᠯᠠᠵᠦ᠍᠂ ᠦᠪᠦᠷ ᠮᠤᠩᠭᠤᠯ᠎ᠤᠨ ᠨᠤᠮᠢᠨ ᠨᠤᠭᠤᠭᠠᠨ᠂ ᠬᠦᠬᠡᠮᠳᠦᠭ ᠴᠡᠩᠭᠡᠷ᠂ ᠴᠡᠪᠡᠷ ᠲᠤᠩᠭᠠᠯᠠᠬ ᠪᠦᠬᠦᠨ᠎ᠢ ᠰᠠᠢᠲᠤᠷ ᠬᠠᠮᠠᠭᠠᠯᠠᠵᠦ᠍᠂ ᠬᠦᠮᠦᠨ ᠬᠢᠭᠡᠳ ᠪᠠᠢᠭᠠᠯᠢ᠎ᠶ᠋ᠢᠨ ᠡᠶ᠎ᠡ ᠵᠤᠬᠢᠴᠠᠯ᠎ᠲᠠᠢ ᠬᠠᠮᠲᠦ ᠤᠷᠤᠱᠢᠬᠤ ᠦᠵᠡᠰᠭᠦᠯᠡᠩᠲᠦ ᠰᠠᠢᠬᠠᠨ ᠭᠡᠷ ᠤᠷᠤᠨ᠎ᠢ ᠴᠢᠷᠮᠠᠢᠨ ᠪᠠᠢᠭᠤᠯᠤᠨ᠎ᠠ᠃

ᠲᠦᠯᠦᠭᠡᠯᠡᠭ᠌ᠴᠢᠳ ᠡ! ᠦᠪᠦᠷ ᠮᠤᠩᠭᠤᠯ ᠣᠳᠣ ᠨᠢᠭᠡᠨᠲᠡ ᠱᠢᠨ᠎ᠡ ᠨᠢᠭᠡᠨ ᠲᠡᠦᠬᠡ᠎ᠶ᠋ᠢᠨ ᠭᠠᠷᠤᠭ᠎ᠠ ᠳᠡᠭᠡᠷ᠎ᠡ᠎ᠠᠴᠠ ᠢᠷᠡᠭᠡᠳᠦᠢ᠎ᠪᠠᠨ ᠤᠬ᠍ᠲᠤᠨ ᠵᠤᠷᠢᠪᠠ᠂ ᠯᠠᠪᠲᠠᠢ ᠢᠯᠡᠯᠳᠡ ᠤᠯᠤᠨ᠎ᠠ ᠭᠡᠳᠡᠭ᠎ᠲᠤ ᠪᠢᠳᠠ ᠢᠲᠡᠬᠡᠯ ᠲᠦᠭᠦᠷᠡᠩ ᠪᠠᠢᠨ᠎ᠠ᠃ 2035 ᠣᠨ ᠪᠣᠯᠬᠤ᠎ᠳᠤ᠂ ᠦᠪᠡᠷᠲᠡᠭᠡᠨ ᠵᠠᠰᠠᠬᠤ ᠣᠷᠣᠨ ᠪᠦᠬᠦ᠌ ᠤᠯᠤᠰ᠎ᠤᠨ ᠠᠬᠢᠴᠠ᠎ᠶ᠋ᠢ ᠳᠠᠭᠠᠵᠤ ᠨᠡᠢᠭᠡᠮ ᠵᠢᠷᠣᠮᠲᠦ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠵᠦ᠍᠂ ᠠᠷᠠᠳ ᠲᠦᠮᠡᠨ᠎ᠤ ᠠᠵᠤ ᠠᠮᠢᠳᠤᠷᠠᠯ᠎ᠢ ᠤᠯᠠᠮ ᠦᠬᠡᠳᠡᠯᠡᠬᠦᠯᠦᠨ ᠳᠡᠭ᠌ᠵᠢᠷᠡᠭᠦᠯᠵᠦ᠍᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠦᠵᠡᠮᠵᠢ᠎ᠶ᠋ᠢᠨ ᠣᠷᠣᠨ᠎ᠢᠶᠠᠨ ᠨᠡᠩ ᠦᠵᠡᠰᠭᠦᠯᠡᠩᠲᠦ ᠰᠠᠢᠬᠠᠨ ᠪᠣᠯᠭᠠᠨ᠎ᠠ!

 

ᠭᠤᠷᠪᠠ᠂ 2021 ᠣᠨ᠎ᠤ ᠠᠵᠢᠯ᠎ᠤᠨ ᠲᠣᠬᠢᠷᠠᠭᠤᠯᠤᠯᠲᠠ

ᠡᠨᠡ ᠵᠢᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠢ ᠪᠣᠯᠬᠤ ᠪᠦᠭᠡᠳ 《ᠠᠷᠪᠠᠨ ᠳᠦᠷᠪᠡᠳᠦᠭᠡᠷ ᠲᠠᠪᠤᠨ ᠵᠢᠯ》 ᠎ᠤᠨ ᠲᠦᠯᠦᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ ᠪᠣᠯᠣᠨ᠎ᠠ᠃ ᠵᠠᠰᠠᠭ᠎ᠤᠨ ᠣᠷᠳᠣᠨ᠎ᠤ ᠠᠵᠢᠯ᠎ᠢ ᠰᠠᠢᠲᠤᠷ ᠬᠢᠬᠦ᠌᠎ᠳᠤ᠂ ᠰᠢ᠎ᠶ᠋ᠢᠨ ᠫᠢᠩ ᠨᠦᠭᠦᠷ᠎ᠢᠶᠠᠷ ᠭᠤᠤᠯ ᠪᠤᠯᠭᠠᠨᠨᠰᠠᠨ ᠨᠠᠮ᠎ᠤᠨ ᠲᠦᠪ ᠬᠤᠷᠢᠶᠡᠨ᠎ᠤ ᠪᠠᠳᠣ ᠴᠢᠩᠭ᠎ᠠ ᠣᠳᠣᠷᠢᠳᠣᠯᠭ᠎ᠠ ᠲᠣᠣᠷ᠎ᠠ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠲᠣᠭ᠍ᠲᠠᠭᠤᠨ ᠪᠠᠢᠯᠭᠠᠬᠤ᠎ᠶ᠋ᠢᠨ ᠳᠠᠭᠠᠤ ᠤᠷᠤᠭ᠍ᠰᠢᠯᠠᠭᠤᠯᠬᠤ ᠠᠵᠢᠯ᠎ᠤᠨ ᠶᠡᠷᠦᠩᠬᠡᠢ ᠦᠨᠳᠦᠰᠦᠨ ᠰᠠᠨᠠᠭ᠎ᠠ᠎ᠶ᠋ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠨ᠂ ᠱᠢᠨ᠎ᠡ ᠬᠥᠭ᠌ᠵᠢᠯᠲᠡ᠎ᠶ᠋ᠢᠨ ᠣᠨᠣᠯᠵᠢᠬᠤᠨ᠎ᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠤᠨ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠦᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠪᠠᠷ ᠭᠤᠣᠯ ᠱᠢᠵᠢᠮ ᠪᠣᠯᠭᠠᠨ᠂ ᠦᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠠᠷ ᠦᠨᠳᠦᠰᠦᠨ ᠬᠦᠳᠡᠯᠭᠡᠬᠦ᠌ ᠬᠦᠴᠦᠨ ᠪᠣᠯᠭᠠᠵᠤ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠎ᠪᠠᠷ ᠦᠨᠳᠦᠰᠦᠨ ᠬᠠᠷᠠᠯᠲᠠ᠎ᠪᠠᠨ ᠪᠣᠯᠭᠠᠵᠤ᠂ ᠱᠢᠰᠲ᠋ᠧᠮᠲᠦ ᠦᠵᠡᠯᠲᠡ᠎ᠶ᠋ᠢ ᠪᠠᠷᠢᠮᠲᠠᠯᠠᠨ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠭ᠌ᠰᠡᠨ ᠦᠷ᠎ᠡ ᠪᠦᠲᠦᠭᠡᠯ ᠪᠠ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠵᠦ᠍᠂ ᠬᠥᠭ᠌ᠵᠢᠯᠲᠡ ᠪᠠ ᠠᠮᠤᠷ ᠲᠦᠪᠱᠢᠨ᠎ᠢ ᠨᠡᠩ ᠰᠠᠢᠲᠤᠷ ᠨᠢᠭᠡᠲᠦᠯᠲᠡᠢ ᠲᠦᠯᠦᠪᠯᠡᠨ᠂ 《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠬᠦ᠌ ᠪᠠ 《ᠵᠢᠷᠭᠤᠭ᠎ᠠ᠎ᠶ᠋ᠢ ᠪᠠᠲᠤᠯᠠᠬᠤ》 ᠡᠭᠦᠷᠭᠡ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠬᠤᠷᠸ᠎ᠠ ᠲᠣᠬᠢᠷᠠᠭᠤᠯᠭ᠎ᠠ ᠡᠵᠡᠮᠱᠢᠯ᠎ᠤᠨ ᠲᠥᠷᠥ᠎ᠶ᠋ᠢᠨ ᠪᠣᠳᠣᠯᠭ᠎ᠠ᠎ᠶ᠋ᠢ ᠱᠢᠨᠵᠢᠯᠡᠬᠦ᠌ ᠤᠬᠠᠭᠠᠨᠴᠢ ᠪᠦᠭᠡᠳ ᠤᠨᠤᠴᠠᠲᠠᠢ ᠬᠡᠷᠡᠭ᠌ᠵᠢᠭᠦᠯᠵᠦ᠍᠂ ᠠᠵᠤ ᠠᠬᠤᠢ᠎ᠶ᠋ᠢᠨ ᠠᠵᠢᠯᠯᠠᠭᠠᠨ᠎ᠢ ᠵᠦᠢ ᠵᠣᠬᠢᠰᠲᠠᠢ ᠬᠡᠪᠴᠢᠶᠡᠨ᠎ᠳᠤ ᠪᠠᠢᠯᠭᠠᠬᠤ᠎ᠪᠠᠷ ᠴᠢᠷᠮᠠᠢᠨ᠂ ᠲᠤᠳᠤᠭᠠᠲᠤ ᠬᠡᠷᠡᠭ᠌ᠴᠡᠭᠡ᠎ᠶ᠋ᠢ ᠥᠷᠭᠡᠳᠭᠡᠬᠦ᠌ ᠪᠠᠢᠯᠳᠤᠬᠤ ᠪᠣᠳᠣᠯᠭ᠎ᠠ᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠠᠢᠯᠳᠤᠬᠤ ᠪᠣᠳᠣᠯᠭ᠎ᠠ᠎ᠶ᠋ᠢᠨ ᠲᠤᠯᠭᠠᠭᠤᠷᠢᠯᠠᠯ᠎ᠢ ᠴᠢᠩᠭᠠᠷᠠᠭᠤᠯᠤᠨ᠂ ᠦᠨᠳᠦᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ᠎ᠶ᠋ᠢ ᠦᠷᠭᠡᠳᠭᠡᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠦᠯᠦᠪᠵᠢᠭᠦᠯᠭᠡ᠎ᠶ᠋ᠢ ᠰᠠᠢᠲᠤᠷ ᠡᠬᠢᠯᠡᠭᠦᠯᠬᠦ᠌᠎ᠶ᠋ᠢ ᠦᠨᠡᠨ ᠬᠦ᠌ ᠪᠠᠲᠤᠯᠠᠨ᠂ ᠬᠢᠯᠠᠯᠵᠠᠭ᠍ᠰᠠᠨ ᠠᠮᠵᠢᠯᠲᠠ ᠪᠦᠲᠦᠮᠵᠢ᠎ᠪᠠᠷ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠠᠶᠠᠷᠯᠠᠨ ᠪᠡᠯᠭᠡᠯᠡᠶ᠎ᠡ᠃

ᠡᠨᠡ ᠵᠢᠯ᠎ᠤᠨ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠭᠤᠣᠯ ᠵᠢᠱ᠌ᠢᠭ᠌ᠰᠡᠨ ᠬᠠᠷᠠᠯᠲᠠ ᠪᠣᠯ᠄ ᠭᠠᠵᠠᠷ ᠣᠷᠣᠨ᠎ᠤ ᠦᠢᠯᠡᠳᠪᠦᠷᠢᠯᠡᠯ᠎ᠤᠨ ᠶᠡᠷᠦᠩᠬᠡᠢ ᠥᠷᠲᠡᠭ᠎ᠢ 6% ᠣᠷᠴᠢᠮ ᠨᠡᠮᠡᠭ᠌ᠳᠡᠭᠦᠯᠦᠨ᠎ᠡ; ᠬᠤᠲᠠ ᠪᠠᠯᠭᠠᠰᠤᠨ᠎ᠤ ᠪᠠᠢᠴᠠᠭᠠᠯᠲᠠ᠎ᠳᠠᠬᠢ ᠠᠵᠢᠯ ᠠᠯᠳᠠᠭ᠍ᠰᠠᠳ᠎ᠤᠨ ᠨᠤᠷᠮ᠎ᠠ᠎ᠶ᠋ᠢ 6% ᠣᠷᠴᠢᠮ᠎ᠳᠤ ᠪᠠᠢᠯᠭᠠᠨ᠎ᠠ; ᠰᠠᠭᠤᠭᠠᠯᠢ ᠠᠷᠠᠳ᠎ᠤᠨ ᠬᠡᠷᠡᠭ᠌ᠯᠡᠭᠡ᠎ᠶ᠋ᠢᠨ ᠦᠨ᠎ᠡ ᠬᠠᠩᠰᠢ᠎ᠶ᠋ᠢᠨ ᠦᠰᠦᠯᠲᠡ᠎ᠶ᠋ᠢᠨ ᠬᠡᠮᠵᠢᠶ᠎ᠡ᠎ᠶ᠋ᠢ 3% ᠣᠷᠴᠢᠮ᠎ᠳᠤ ᠪᠠᠢᠯᠭᠠᠨ᠎ᠠ; ᠰᠠᠭᠤᠭᠠᠯᠢ ᠠᠷᠠᠳ᠎ᠤᠨ ᠣᠷᠣᠯᠭ᠎ᠠ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠦᠨ᠎ᠡ; ᠠᠮᠢ ᠠᠬᠤᠢ ᠣᠷᠴᠢᠨ ᠲᠣᠭᠤᠷᠢᠨ᠎ᠤ ᠴᠢᠨᠠᠷ ᠴᠢᠨᠰᠠᠭ᠎ᠠ᠎ᠶ᠋ᠢ ᠤᠯᠠᠮ ᠨᠢᠭᠡ ᠠᠯᠬᠤᠮ ᠰᠠᠢᠵᠢᠷᠠᠭᠤᠯᠵᠤ᠂ ᠭᠠᠵᠠᠷ ᠣᠷᠣᠨ᠎ᠤ ᠨᠢᠭᠡᠴᠢ ᠦᠢᠯᠡᠳᠪᠦᠷᠢᠯᠡᠯ᠎ᠤᠨ ᠶᠡᠷᠦᠩᠬᠡᠢ ᠦᠷᠲᠡᠭ᠎ᠲᠠᠬᠢ ᠡᠨᠧᠷᠬᠢ᠎ᠶ᠋ᠢᠨ ᠬᠤᠷᠤᠭ᠍ᠳᠠᠯ᠎ᠢ 3% ᠪᠠᠭᠤᠷᠠᠭᠤᠯᠤᠨ᠂ ᠭᠤᠣᠯ ᠪᠣᠯᠬᠤ ᠪᠣᠬᠢᠷᠳᠤᠯ ᠪᠤᠳᠠᠰ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠦᠷᠭᠦᠯᠵᠢᠯᠡᠨ ᠪᠠᠭᠤᠷᠠᠭᠤᠯᠤᠨ᠎ᠠ; ᠠᠮᠤ ᠪᠤᠳᠠᠭᠠᠨ᠎ᠤ ᠤᠨᠠᠯᠲᠠ᠎ᠶ᠋ᠢ 700 ᠳ᠋ᠦᠩᠱᠢᠭᠤᠷ ᠵᠢᠩ᠎ᠠᠴᠠ ᠢᠯᠡᠭᠦᠦ ᠪᠠᠢᠯᠭᠠᠬᠤ᠎ᠶ᠋ᠢ ᠪᠠᠲᠤᠯᠠᠨ᠎ᠠ᠃ ᠡᠭᠦᠨ᠎ᠳᠤ᠂ ᠳᠣᠣᠷᠠᠬᠢ ᠠᠵᠢᠯ᠎ᠤᠳ᠎ᠢ ᠭᠤᠣᠯᠳᠠᠯᠭ᠎ᠠ᠎ᠲᠠᠢ ᠰᠠᠢᠲᠤᠷ ᠬᠢᠨ᠎ᠡ᠄

(ᠨᠢᠭᠡ) ᠠᠵᠤ ᠠᠬᠤᠢ᠎ᠶ᠋ᠢᠨ ᠲᠣᠭ᠍ᠲᠠᠭᠤᠨ᠎ᠢᠶᠠᠷ ᠨᠡᠮᠡᠭ᠌ᠳᠡᠬᠦ᠌᠎ᠶ᠋ᠢ ᠪᠦᠬᠦ᠌ ᠬᠦᠴᠦᠨ᠎ᠢᠶᠠᠷ᠎ᠢᠶᠠᠨ ᠠᠬᠢᠭᠤᠯᠤᠨ᠎ᠠ

ᠡᠯ᠎ᠡ ᠵᠦᠢᠯ᠎ᠤᠨ ᠭᠠᠢᠯᠢ᠎ᠶ᠋ᠢ ᠬᠠᠰᠤᠵᠤ ᠰᠦᠢᠳᠭᠡᠯ᠎ᠢ ᠪᠠᠭᠤᠷᠠᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂ ᠪᠤᠳᠠᠳᠤ ᠴᠤᠭ᠍ᠴᠠ᠎ᠶ᠋ᠢᠨ ᠠᠵᠤ ᠠᠬᠤᠢ᠎ᠶ᠋ᠢᠨ ᠭᠦᠭ᠌ᠵᠢᠯᠲᠡ᠎ᠶ᠋ᠢ ᠳᠡᠮᠵᠢᠨ᠂ ᠦᠯᠦ᠍ ᠦᠷᠭᠦᠯᠵᠢᠯᠡᠨ ᠬᠡᠷᠡᠭ᠌ᠵᠢᠭᠦᠯᠬᠦ᠌ ᠲᠥᠷᠥ᠎ᠶ᠋ᠢᠨ ᠪᠣᠳᠣᠯᠭ᠎ᠠ᠎ᠳᠤ ᠡᠷᠳᠡᠭᠡᠨ ᠠᠷᠭᠠᠴᠠᠭᠠᠬᠤ ᠠᠷᠭ᠎ᠠ ᠬᠡᠮᠵᠢᠶ᠎ᠡ ᠠᠪᠴᠤ᠌ ᠪᠠᠢᠭᠠᠳ ᠲᠣᠭ᠍ᠲᠠᠭᠤᠨ ᠪᠠᠢᠯᠭᠠᠬᠤ ᠪᠦᠭᠡᠳ ᠡᠮᠬᠢ ᠵᠢᠷᠤᠮ᠎ᠲᠠᠢ ᠱᠢᠯᠵᠢᠭᠦ᠎ᠶ᠋ᠢ ᠦᠨᠡᠨ ᠬᠦ᠌ ᠪᠠᠲᠤᠯᠠᠨ᠂ ᠵᠠᠬ᠎ᠠ ᠳᠡᠯᠭᠡᠭᠦᠷ᠎ᠤᠨ ᠵᠢᠱ᠌ᠢᠯᠲᠡ᠎ᠶ᠋ᠢ ᠲᠣᠭ᠍ᠲᠠᠭᠤᠨ ᠪᠤᠯᠭᠠᠨ᠎ᠠ᠃ ᠮᠦᠩᠭᠦᠨ ᠭᠦᠢᠯᠭᠡᠭᠡᠨ᠎ᠤ ᠦᠢᠯᠡᠴᠢᠯᠡᠭᠡᠨ᠎ᠤ ᠵᠠᠭ᠍ᠪᠤᠷ᠎ᠲᠤ ᠱᠢᠨ᠎ᠡ᠎ᠶ᠋ᠢ ᠡᠭᠦᠳᠦᠨ᠂ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠪᠡᠯᠡ ᠲᠣᠬᠢᠷᠠᠭᠤᠯᠬᠤ᠎ᠶ᠋ᠢ᠎ᠨᠢ ᠨᠡᠩ ᠳᠦᠭᠦᠮ ᠳᠥᠲᠡ ᠪᠣᠯᠭᠠᠵᠦ᠍᠂ ᠥᠪᠡᠷ᠎ᠤᠨ ᠥᠷᠲᠡᠭ᠎ᠢ᠎ᠨᠢ ᠨᠡᠩ ᠳᠣᠣᠷ᠎ᠠ ᠪᠣᠯᠭᠠᠨ᠎ᠠ᠃ ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠲᠤ ᠭᠠᠷᠬᠤ ᠪᠠ ᠵᠢᠭᠡᠯᠡᠯᠭᠡ᠎ᠶ᠋ᠢᠨ ᠲᠡᠮᠲᠡᠭ᠎ᠤᠨ ᠪᠡᠯᠡ ᠲᠣᠬᠢᠷᠠᠭᠤᠯᠭ᠎ᠠ᠎ᠪᠠᠨ ᠥᠷᠭᠡᠳᠭᠡᠬᠦ᠌᠎ᠶ᠋ᠢ ᠳᠡᠮᠵᠢᠨ᠎ᠡ᠃ ᠠᠵᠤ ᠠᠬᠤᠢᠯᠠᠯ᠎ᠢ ᠬᠠᠪᠰᠤᠷᠴᠤ᠌ ᠪᠠᠢᠭᠠᠳ ᠲᠡᠳᠡᠨ᠎ᠤ ᠭᠠᠵᠠᠷ ᠱᠢᠷᠤᠢ ᠬᠡᠷᠡᠭ᠌ᠯᠡᠬᠦ᠂ ᠠᠵᠢᠯᠴᠢᠨ ᠬᠡᠷᠡᠭ᠌ᠯᠡᠬᠦ᠂ ᠪᠠᠷᠠᠭᠠᠨ᠎ᠤ ᠭᠦᠢᠯᠭᠡᠭᠡ ᠵᠡᠷᠭᠡ ᠲᠠᠯ᠎ᠠ᠎ᠶ᠋ᠢᠨ ᠪᠤᠲᠠᠲᠠᠢ ᠬᠦᠴᠢᠷᠳᠡᠯ᠎ᠢ᠎ᠨᠢ ᠰᠠᠢᠲᠤᠷ ᠱᠢᠢᠳᠪᠦᠷᠢᠯᠡᠵᠦ᠍ ᠥᠭ᠌ᠭᠦᠨ᠎ᠡ᠃

ᠬᠡᠷᠡᠭ᠌ᠯᠡᠭᠡ᠎ᠶ᠋ᠢ ᠥᠷᠭᠡᠳᠭᠡᠬᠦ᠌᠎ᠪᠠᠨ ᠠᠷᠠᠳ ᠲᠦᠮᠡᠨ᠎ᠤ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠰᠠᠢᠵᠢᠷᠠᠭᠤᠯᠬᠤ᠎ᠯᠤᠭ᠎ᠠ ᠤᠶᠠᠯᠳᠤᠭᠤᠯᠵᠤ᠂ ᠪᠤᠳᠠᠳᠤ ᠴᠤᠭ᠍ᠴᠠ᠎ᠶ᠋ᠢᠨ ᠬᠤᠳᠠᠯᠳᠤᠭ᠎ᠠ᠎ᠶ᠋ᠢ ᠱᠢᠨ᠎ᠡ ᠡᠭᠦᠳᠦᠯᠲᠡ᠎ᠲᠠᠢ᠎ᠪᠠᠷ ᠬᠡᠯᠪᠡᠷᠢ᠎ᠶ᠋ᠢ᠎ᠨᠢ ᠬᠤᠪᠢᠷᠠᠭᠤᠯᠬᠤ᠎ᠶ᠋ᠢ ᠲᠦᠷᠭᠡᠳᠭᠡᠨ᠂ ᠪᠣᠬᠢᠷᠳᠤᠯ ᠦᠭᠡᠢ ᠬᠤᠳᠠᠯᠳᠤᠭᠠᠨ᠎ᠤ ᠲᠠᠯᠠᠪᠤᠷ᠎ᠢ ᠡᠭᠦᠳᠦᠨ ᠪᠠᠢᠭᠤᠯᠬᠤ ᠪᠠ ᠶᠠᠪᠠᠭᠠᠨ ᠵᠡᠭᠡᠯᠢ᠎ᠶ᠋ᠢ ᠦᠭᠡᠷᠡᠴᠢᠯᠡᠨ ᠱᠢᠨᠡᠳᠭᠡᠬᠦ᠌᠎ᠪᠠᠨ ᠠᠬᠢᠭᠤᠯᠵᠤ᠂ ᠨᠡᠷᠡᠲᠦ ᠲᠡᠮᠲᠡᠭ᠎ᠤᠨ ᠬᠤᠯᠪᠤᠭᠠᠯᠠᠬ᠍ᠰᠠᠨ ᠳᠡᠯᠭᠡᠭᠦᠷ᠎ᠤᠨ ᠬᠥᠭ᠌ᠵᠢᠯᠲᠡ᠎ᠶ᠋ᠢ ᠳᠡᠮᠵᠢᠨ᠎ᠡ᠃ 《ᠦᠪᠦᠷ ᠮᠣᠩᠭᠤᠯ᠎ᠤᠨ ᠦᠨᠦᠷ ᠠᠮᠲᠠ》 ᠱᠢᠷᠢᠰ ᠠᠵᠢᠯᠯᠠᠭ᠎ᠠ᠎ᠶ᠋ᠢ ᠦᠷᠭᠦᠯᠵᠢᠯᠡᠨ ᠰᠠᠢᠲᠤᠷ ᠦᠷᠨᠢᠭᠦᠯᠵᠦ᠍᠂ 《ᠦᠪᠦᠷ ᠮᠣᠩᠭᠤᠯ ᠨᠡᠷᠡᠮᠵᠢᠲᠦ》 《ᠬᠠᠭᠤᠴᠢᠨ ᠨᠡᠷᠡᠲᠦ ᠲᠡᠮᠲᠡᠭ》 ᠵᠡᠷᠭᠡ ᠨᠡᠷᠡᠲᠦ ᠲᠡᠮᠲᠡᠭ᠎ᠤᠨ ᠬᠡᠷᠡᠭ᠌ᠯᠡᠭᠡ᠎ᠶ᠋ᠢ ᠠᠬᠢᠭᠤᠯᠤᠨ᠂ ᠮᠡᠳᠡᠭᠡ ᠵᠠᠩᠭᠢ᠎ᠶ᠋ᠢᠨ ᠬᠡᠷᠡᠭ᠌ᠯᠡᠭᠡ᠂ ᠪᠤᠬᠢᠷᠳᠤᠯ ᠦᠭᠡᠢ ᠬᠡᠷᠡᠭ᠌ᠯᠡᠭᠡ᠎ᠶ᠋ᠢ ᠪᠣᠢ ᠪᠣᠯᠭᠠᠵᠤ᠂ ᠣᠯᠠᠨ ᠨᠡᠢᠲᠡ᠎ᠶ᠋ᠢᠨ ᠬᠡᠷᠡᠭ᠌ᠯᠡᠭᠡ᠎ᠶ᠋ᠢ ᠵᠣᠬᠢᠰᠲᠠᠢ ᠨᠡᠮᠡᠭ᠌ᠳᠡᠭᠦᠯᠦᠨ᠎ᠡ᠃ ᠬᠤᠲᠠ ᠬᠦᠳᠡᠭᠡ᠎ᠶ᠋ᠢᠨ ᠭᠦᠢᠯᠭᠡᠭᠡᠨ᠎ᠤ ᠱᠢᠰᠲ᠋ᠧᠮᠵᠢ᠎ᠶ᠋ᠢ ᠪᠦᠷᠢᠨᠱᠢᠭᠦᠯᠵᠦ᠍᠂ ᠮᠠᠯᠵᠢᠬᠤ ᠲᠠᠷᠢᠶᠠᠯᠠᠬᠤ ᠣᠷᠣᠨ᠎ᠤ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠢ ᠬᠥᠭ᠌ᠵᠢᠭᠦᠯᠦᠨ᠂ ᠲᠠᠷᠢᠶᠠᠯᠠᠩ ᠮᠠᠯ᠎ᠤᠨ ᠠᠱᠢᠭ ᠱᠢᠮ᠎ᠡ᠎ᠶ᠋ᠢᠨ ᠪᠦᠲᠦᠭᠡᠭ᠌ᠳᠡᠭᠦᠨ᠎ᠤ ᠬᠦᠢᠲᠡᠨ ᠬᠡᠯᠬᠢᠶᠡᠲᠦ ᠪᠠᠷᠠᠭᠠᠨ᠎ᠤ ᠭᠦᠢᠯᠭᠡᠭᠡ ᠪᠠ ᠮᠠᠯ ᠠᠷᠠᠯᠵᠢᠶᠠᠯᠠᠬᠤ ᠵᠠᠬ᠎ᠠ ᠳᠡᠯᠭᠡᠭᠦᠷ᠎ᠤᠨ ᠪᠦᠲᠦᠭᠡᠨ ᠪᠠᠢᠭᠤᠯᠤᠯᠲᠠ᠎ᠶ᠋ᠢ ᠳᠡᠮᠵᠢᠵᠦ᠍᠂ ᠱᠢᠶᠠᠨ᠎ᠤ ᠬᠡᠪᠴᠢᠶᠡᠨ᠎ᠤ ᠪᠠ ᠮᠠᠯᠵᠢᠬᠤ ᠲᠠᠷᠢᠶᠠᠯᠠᠬᠤ ᠣᠷᠣᠨ᠎ᠤ ᠬᠡᠷᠡᠭ᠌ᠯᠡᠭᠡ᠎ᠶ᠋ᠢ ᠥᠷᠭᠡᠳᠭᠡᠨ᠎ᠡ᠃ 《ᠬᠤᠯᠢᠱᠢᠨ ᠢᠳᠡᠭᠡᠨ》 ᠎ᠳᠤ ᠬᠤᠲᠠ᠎ᠶ᠋ᠢᠨ ᠳᠠᠷᠤᠭ᠎ᠠ ᠬᠠᠷᠢᠭᠤᠴᠠᠬᠤ ᠳᠦᠷᠢᠮ᠎ᠢ ᠬᠢᠨᠠᠮᠠᠭᠠᠢ ᠨᠠᠢᠳᠠᠪᠤᠷᠢᠵᠢᠭᠤᠯᠵᠤ᠂ ᠡᠯ᠎ᠡ ᠲᠦᠷᠦᠯ᠎ᠤᠨ ᠴᠤᠭ᠍ᠯᠠᠭ᠎ᠠ ᠮᠠᠢᠮᠠᠢ᠎ᠶ᠋ᠢᠨ ᠵᠠᠬ᠎ᠠ ᠳᠡᠯᠭᠡᠭᠦᠷ᠎ᠢ ᠬᠠᠮᠢᠶᠠᠷᠬᠤ ᠬᠢᠷᠢ ᠲᠦᠪᠱᠢᠨ᠎ᠢᠶᠠᠨ ᠳᠡᠭᠡᠭ᠌ᠰᠢᠯᠡᠭᠦᠯᠦᠨ᠎ᠡ᠃ ᠵᠠᠮ ᠬᠠᠷᠢᠯᠴᠠᠭ᠎ᠠ ᠤᠰᠤᠨ ᠠᠱᠢᠬ᠍ᠯᠠᠯᠳᠠ᠂ ᠬᠤᠲᠠ᠎ᠶ᠋ᠢᠨ ᠶᠠᠪᠤᠳᠠᠯ᠎ᠤᠨ ᠪᠠᠷᠢᠯᠭ᠎ᠠ᠂ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠵᠡᠷᠭᠡ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ᠎ᠢ ᠬᠡᠷᠡᠭ᠌ᠵᠢᠭᠦᠯᠦᠨ᠎ᠡ᠃

ᠨᠢᠬᠡ ᠪᠦᠯᠦᠭ ᠵᠠᠮ ᠬᠠᠷᠢᠯᠴᠠᠭ᠎ᠠ ᠤᠰᠤᠨ ᠠᠱᠢᠬ᠍ᠯᠠᠯᠳᠠ᠂ ᠬᠤᠳᠠ᠎ᠶ᠋ᠢᠨ ᠶᠠᠪᠤᠳᠠᠯ᠎ᠤᠨ ᠪᠠᠷᠢᠯᠭ᠎ᠠ᠂ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠵᠡᠷᠭᠡ ᠴᠢᠬᠤᠯᠠ ᠶᠡᠭᠡ ᠲᠦᠷᠦᠯ ᠵᠦᠢᠯ᠎ᠢ ᠬᠡᠷᠡᠭ᠌ᠵᠢᠬᠦᠯᠦᠨ᠎ᠠ᠃ ᠵᠠᠮ ᠬᠠᠷᠢᠯᠴᠠᠭ᠎ᠠ᠎ᠪᠠᠷ ᠤᠯᠤᠰ᠎ᠢᠶᠠᠨ ᠬᠦᠴᠦᠷᠬᠡᠭ᠌ᠵᠢᠭᠦᠯᠬᠦ᠌ ᠪᠠᠢᠯᠳᠤᠬᠤ ᠪᠤᠳᠤᠯᠭ᠎ᠠ᠎ᠶ᠋ᠢ ᠨᠠᠢᠳᠠᠪᠦᠷᠢᠵᠢᠭᠤᠯᠤᠨ᠂ ᠪᠤᠰᠤᠭ᠎ᠠ ᠵᠦᠷᠢᠯᠢᠭ ᠵᠠᠮ ᠬᠠᠷᠢᠯᠴᠠᠭᠠᠨ᠎ᠤ ᠱᠢᠰᠲ᠋ᠧᠮᠵᠢ᠎ᠶ᠋ᠢᠨ ᠪᠠᠢᠭᠤᠯᠤᠯᠲᠠ᠎ᠶ᠋ᠢ ᠲᠦᠷᠭᠡᠳᠭᠡᠵᠦ᠍᠂ ᠪᠤᠭᠤᠲᠤ᠎ᠠᠴᠠ ᠢᠷᠭᠠᠢ ᠬᠦᠷᠬᠦ᠌ ᠳᠡᠭᠡᠳᠦ ᠬᠤᠷᠳᠤ᠎ᠶ᠋ᠢᠨ ᠲᠡᠮᠦᠷ ᠵᠠᠮ᠂ ᠱᠢᠯᠢ᠎ᠶ᠋ᠢᠨ ᠬᠤᠲᠠ᠎ᠠᠴᠠ ᠲᠠᠢᠽ ᠬᠤᠲᠠ ᠬᠦᠷᠬᠦ᠌ ᠲᠥᠷᠭᠡᠨ ᠬᠤᠷᠳᠤ᠎ᠶ᠋ᠢᠨ ᠲᠡᠮᠦᠷ ᠵᠠᠮ ᠵᠡᠷᠭᠡ ᠲᠦᠷᠦᠯ ᠵᠦᠢᠯ᠎ᠤᠨ ᠠᠵᠢᠯ᠎ᠢ ᠡᠬᠢᠯᠡᠭᠦᠯᠵᠦ᠍᠂ ᠪᠤᠭᠤᠳᠤ᠎ᠠᠴᠠ ᠰᠢ ᠠᠠ ᠬᠦᠷᠬᠦ᠂ ᠴᠢᠴᠢᠬᠠᠷ — ᠬᠠᠢᠯᠠᠷ — ᠮᠠᠨᠵᠣᠣᠷ ᠬᠦᠷᠬᠦ᠌ ᠵᠡᠷᠭᠡ ᠳᠡᠭᠡᠳᠦ ᠬᠤᠷᠳᠤ᠎ᠶ᠋ᠢᠨ ᠲᠡᠮᠦᠷ ᠵᠠᠮ᠎ᠤᠨ ᠲᠦᠷᠦᠯ ᠵᠦᠢᠯ᠎ᠤᠨ ᠡᠬᠢᠨ᠎ᠤ ᠬᠤᠭᠤᠴᠠᠭᠠᠨ᠎ᠤ ᠠᠵᠢᠯ᠎ᠢ ᠰᠠᠢᠲᠤᠷ ᠬᠢᠨ᠎ᠡ᠃ ᠴᠠᠬᠠᠷ ᠪᠠᠷᠠᠭᠤᠨ ᠭᠠᠷᠤᠨ ᠬᠤᠢᠳᠣ ᠬᠤᠱᠢᠭᠤᠨ᠎ᠤ ᠪᠠᠶᠠᠨᠴᠠᠭᠠᠨ᠎ᠠᠴᠠ ᠤᠯᠠᠭᠠᠨᠬᠤᠲᠠ ᠬᠦᠷᠬᠦ᠌ ᠵᠡᠷᠭᠡ ᠳᠡᠭᠡᠳᠦ ᠬᠤᠷᠳᠤ᠎ᠶ᠋ᠢᠨ ᠵᠠᠰᠠᠮᠠᠯ ᠵᠠᠮ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠎ᠡ᠃ ᠨᠡᠢᠳᠡᠮ ᠬᠡᠷᠡᠭ᠌ᠯᠡᠬᠦ᠌ ᠨᠢᠰᠭᠡᠯ᠎ᠤᠨ ᠪᠠᠭᠤᠳᠠᠯ᠎ᠤᠨ ᠪᠦᠲᠦᠭᠡᠨ ᠪᠠᠢᠭᠤᠯᠤᠯᠲᠠ᠎ᠶ᠋ᠢ ᠲᠦᠷᠬᠡᠳᠭᠡᠨ᠎ᠡ᠃ ᠠᠶᠤᠯᠲᠠᠢ ᠴᠦᠬᠦᠷᠦᠮ᠎ᠢ ᠪᠠᠬᠢᠵᠢᠭᠦᠯᠬᠦ᠌ ᠠᠵᠢᠯ᠎ᠢ ᠠᠬᠢᠭᠤᠯᠵᠦ᠍᠂ ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠤᠤ ᠾᠧ ᠭᠤᠣᠯ᠎ᠳᠤ ᠨᠡᠮᠡᠷᠢᠯᠡᠬᠦ᠌ ᠬᠤᠶᠠᠳᠤᠭᠠᠷ ᠬᠤᠭᠤᠴᠠᠭᠠᠨ᠎ᠤ ᠪᠠᠷᠢᠯᠭ᠎ᠠ᠎ᠶ᠋ᠢᠨ ᠠᠵᠢᠯ ᠬᠢᠬᠡᠳ ᠬᠠᠲᠤᠨ ᠭᠤᠣᠯ᠎ᠤᠨ ᠬᠠᠯᠢᠶ᠎ᠠ ᠦᠶᠡᠷ᠎ᠢ ᠰᠠᠯᠪᠤᠷᠢᠯᠠᠨ ᠵᠠᠯᠠᠵᠦ᠍ ᠪᠠᠴᠢᠮ ᠪᠠᠢᠳᠠᠯ᠎ᠢ ᠠᠷᠭᠠᠴᠠᠭᠠᠬᠤ ᠤᠷᠤᠨ ᠵᠡᠷᠬᠡ ᠲᠦᠷᠦᠯ ᠵᠦᠢᠯ᠎ᠢ ᠠᠬᠢᠭᠤᠯᠵᠦ᠍᠂ ᠦᠪᠦᠷ ᠮᠣᠩᠭᠤᠯ᠎ᠤᠨ ᠬᠡᠰᠡᠭ᠎ᠲᠠᠬᠢ ᠬᠠᠳᠤᠨ ᠭᠤᠤᠯ᠎ᠤᠨ ᠦᠶᠡᠷ᠎ᠢ ᠰᠡᠷᠭᠡᠢᠯᠡᠬᠦ᠌ ᠭᠤᠷᠪᠠᠳᠤᠭᠠᠷ ᠬᠤᠭᠤᠴᠠᠭᠠᠨ᠎ᠤ ᠪᠠᠷᠢᠯᠭ᠎ᠠ᠎ᠶ᠋ᠢᠨ ᠡᠬᠢᠨ᠎ᠤ ᠬᠤᠭᠤᠴᠠᠭᠠᠨ᠎ᠤ ᠠᠵᠢᠯ᠎ᠢ ᠰᠠᠢᠳᠤᠷ ᠬᠢᠨ᠎ᠡ᠃ 5G ᠰᠠᠭᠤᠷᠢ ᠥᠷᠲᠡᠭᠡ᠂ ᠴᠠᠬᠢᠯᠭᠠᠨ ᠴᠡᠨᠡᠭ᠌ᠯᠡᠬᠦ᠌ ᠱᠤᠩ᠂ ᠤᠰᠤᠳᠦ᠋ᠷᠦᠭ᠌ᠴᠢ ᠨᠡᠮᠡᠬᠦ᠌ ᠥᠷᠲᠡᠭᠡ ᠵᠡᠷᠭᠡ ᠱᠢᠨ᠎ᠡ ᠬᠡᠯᠪᠡᠷᠢ᠎ᠶ᠋ᠢᠨ ᠰᠠᠭᠤᠷᠢ ᠪᠡᠯᠡᠳᠭᠡᠮᠵᠢ᠎ᠶ᠋ᠢ ᠱᠢᠰᠲ᠋ᠧᠮ᠎ᠲᠠᠢ ᠪᠠᠢᠷᠢᠱᠢᠭᠤᠯᠤᠨ᠎ᠠ᠃ ᠬᠤᠲᠠ᠎ᠶ᠋ᠢᠨ ᠦᠬᠡᠷᠡᠴᠢᠯᠡᠨ ᠪᠠᠢᠭᠤᠯᠵᠦ᠍ ᠱᠢᠨᠡᠳᠭᠡᠨ ᠴᠢᠮᠡᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠬᠠᠭᠤᠴᠢᠨ ᠰᠠᠭᠤᠭᠠᠯᠢ ᠲᠣᠭᠤᠷᠢᠭ᠎ᠢ ᠦᠭᠡᠷᠡᠴᠢᠯᠡᠨ ᠱᠢᠨᠡᠳᠭᠡᠬᠦ᠌᠎ᠶ᠋ᠢ ᠠᠬᠢᠭᠤᠯᠤᠨ᠂ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠲᠠᠢ ᠳᠦᠷᠢᠶᠡᠰᠦᠯᠡᠭᠦᠯᠬᠦ᠌ ᠣᠷᠣᠨ ᠰᠠᠭᠤᠴᠠ ᠪᠠᠢᠭᠤᠯᠬᠤ᠎ᠶ᠋ᠢ ᠵᠣᠷᠢᠬ᠍ᠵᠢᠭᠤᠯᠵᠤ᠂ ᠪᠠᠲᠤᠯᠠᠭ᠎ᠠ᠎ᠶ᠋ᠢᠨ ᠴᠢᠨᠠᠷᠲᠠᠢ ᠣᠷᠣᠨ ᠰᠠᠭᠤᠴᠠ᠎ᠶ᠋ᠢᠨ ᠬᠠᠩᠭᠠᠯᠭ᠎ᠠ᠎ᠶ᠋ᠢ ᠥᠷᠭᠡᠳᠭᠡᠨ᠂ ᠭᠡᠷ ᠪᠠᠢᠱᠢᠩ ᠭᠠᠵᠠᠷ ᠬᠦᠷᠦᠩᠭᠡ᠎ᠶ᠋ᠢᠨ ᠵᠠᠬ᠎ᠠ ᠳᠡᠯᠭᠡᠭᠦᠷ᠎ᠤᠨ ᠲᠣᠭ᠍ᠲᠠᠭᠤᠨ ᠪᠦᠭᠡᠳ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠤᠨ᠎ᠠ᠃ ᠬᠤᠲᠠ᠎ᠶ᠋ᠢᠨ ᠨᠠᠷᠢᠯᠢᠬ᠍ᠵᠢᠯ ᠬᠠᠮᠢᠶᠠᠷᠤᠯᠲᠠ᠎ᠶ᠋ᠢ ᠴᠢᠩᠭᠠᠳᠭᠠᠵᠤ᠂ ᠴᠢᠳᠠᠮᠵᠢ ᠰᠠᠢᠲᠠᠢ ᠬᠤᠲᠠ ᠪᠠ ᠤᠶᠤᠨᠯᠢᠭ ᠬᠤᠲᠠ᠎ᠶ᠋ᠢ ᠪᠠᠢᠭᠤᠯᠵᠦ᠍᠂ ᠬᠤᠲᠠ᠎ᠪᠠᠨ ᠤᠷᠤᠱᠢᠨ ᠰᠠᠭᠤᠷᠢᠱᠢᠬᠤ᠎ᠳᠤ ᠤᠯᠠᠮ ᠲᠤᠬᠢᠷᠠᠮᠵᠢᠲᠠᠢ᠂ ᠤᠯᠠᠮ ᠠᠮᠢᠵᠢᠷᠠᠯ᠎ᠤᠨ ᠬᠦᠴᠦᠨ᠎ᠲᠠᠢ ᠪᠤᠯᠭᠠᠵᠦ᠍᠂ ᠰᠠᠭᠤᠭᠠᠯᠢ ᠠᠷᠠᠳ᠎ᠤᠨ ᠠᠮᠢᠳᠤᠷᠠᠯ᠎ᠢ᠎ᠨᠢ ᠤᠯᠠᠮ ᠦᠭᠡᠳᠡ ᠡᠰᠡᠷᠡᠭ ᠪᠤᠯᠭᠠᠨ᠎ᠠ᠃

(ᠬᠤᠶᠠᠷ) 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠦᠪᠦᠷ ᠮᠣᠩᠭᠤᠯ᠎ᠢᠶᠠᠨ ᠬᠥᠭ᠌ᠵᠢᠭᠦᠯᠦᠨ ᠮᠠᠨᠳᠤᠭᠤᠯᠬᠤ》 ᠠᠵᠢᠯᠯᠠᠭᠠᠨ᠎ᠢ ᠭᠦᠨᠵᠡᠭᠡᠢ ᠬᠡᠷᠡᠭ᠌ᠵᠢᠭᠦᠯᠦᠨ᠎ᠡ

ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠭᠤᠯᠤᠯᠲᠠ᠎ᠶ᠋ᠢ ᠴᠢᠩᠭᠠᠳᠭᠠᠨ᠂ ᠬᠤᠪᠤᠷ ᠱᠢᠷᠤᠢ᠎ᠶ᠋ᠢᠨ ᠱᠢᠨ᠎ᠡ ᠮᠠᠲ᠋ᠧᠷᠢᠶᠠᠯ᠂ ᠶᠡᠭᠡ ᠬᠡᠪᠴᠢᠶᠡᠨ᠎ᠤ ᠡᠨᠧᠷᠬᠢ ᠨᠦᠬᠡᠴᠡᠯᠡᠬᠦ᠂ ᠣᠳᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠢ᠂ ᠡᠨᠧᠷᠬᠢ ᠠᠷᠪᠢᠯᠠᠵᠤ ᠣᠷᠴᠢᠨ ᠲᠣᠭᠤᠷᠢᠨ᠎ᠢ ᠬᠠᠮᠠᠭᠠᠯᠠᠬᠤ ᠵᠡᠷᠭᠡ ᠬᠦᠷᠢᠶᠡᠨ᠎ᠳᠤ ᠠᠩᠬᠠᠷᠤᠯ᠎ᠢᠶᠠᠨ ᠲᠦᠪᠯᠡᠷᠡᠭᠦᠯᠵᠦ᠍᠂ ᠤᠯᠤᠰ᠎ᠤᠨ ᠳᠡᠰ᠎ᠤᠨ ᠭᠤᠣᠯᠳᠠᠯᠭ᠎ᠠ᠎ᠲᠠᠢ ᠲᠣᠷᠱᠢᠯᠲᠠ᠎ᠶ᠋ᠢᠨ ᠲᠠᠰᠤᠭ᠂ ᠮᠡᠷᠭᠡᠵᠢᠯ᠎ᠤᠨ ᠱᠢᠨ᠎ᠡ ᠡᠭᠦᠳᠦᠯᠲᠡ᠎ᠶ᠋ᠢᠨ ᠲᠥᠪ᠎ᠢ ᠡᠭᠦᠳᠦᠨ ᠪᠠᠢᠭᠤᠯᠵᠤ᠂ ᠣᠯᠠᠨ᠎ᠢᠶᠠᠷ᠎ᠢᠶᠠᠨ ᠦᠢᠯᠡᠰ ᠪᠤᠰᠭᠠᠵᠤ ᠱᠢᠨ᠎ᠡ᠎ᠶ᠋ᠢ ᠡᠭᠦᠳᠬᠦ᠌᠎ᠶ᠋ᠢ ᠳᠡᠮᠵᠢᠨ᠎ᠡ᠃ ᠤᠯᠤᠰ᠎ᠤᠨ ᠶᠠᠮᠦᠨ ᠵᠦᠪᠯᠡᠯ ᠪᠠ ᠶᠡᠭᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠯᠤᠭ᠎ᠠ ᠪᠣᠲᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ ᠬᠢᠬᠦ᠌᠎ᠪᠠᠨ ᠦᠷᠭᠦᠯᠵᠢᠯᠡᠨ ᠴᠢᠩᠭᠠᠳᠭᠠᠵᠤ᠂ ᠬᠠᠮᠵᠢᠯᠴᠠᠨ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠨ ᠳᠡᠭᠡᠭ᠌ᠰᠢᠯᠡᠭᠦᠯᠦᠨ᠎ᠡ᠃

ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠤᠣᠯ ᠴᠤᠭ᠍ᠴᠠ᠎ᠶ᠋ᠢᠨ ᠦᠢᠯᠡᠳᠦᠯ᠎ᠢ ᠪᠠᠳᠠᠷᠠᠭᠤᠯᠵᠤ᠂ ᠡᠯ᠎ᠡ ᠲᠦᠷᠦᠯ᠎ᠤᠨ ᠱᠢᠨ᠎ᠡ ᠡᠭᠦᠳᠦᠯᠲᠡ᠎ᠲᠠᠢ ᠬᠦᠴᠦᠨ ᠵᠦᠢᠯ᠎ᠢ ᠠᠵᠤ ᠠᠬᠤᠢᠯᠠᠯ ᠲᠡᠢᠰᠢ ᠲᠦᠪᠯᠡᠷᠡᠬᠦᠯᠬᠦ᠌᠎ᠶ᠋ᠢ ᠠᠬᠢᠭᠤᠯᠤᠨ᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠬᠤᠯᠪᠣᠭᠠᠲᠤ ᠴᠤᠭ᠍ᠴᠠ ᠪᠠᠢᠭᠤᠯᠬᠤ᠎ᠶ᠋ᠢ ᠳᠡᠮᠵᠢᠵᠦ᠍᠂ ᠨᠡᠢᠲᠡᠯᠢᠭ ᠴᠢᠨᠠᠷᠲᠠᠢ ᠮᠡᠷᠭᠡᠵᠢᠯ᠎ᠤᠨ ᠲᠠᠪᠴᠠᠩ᠎ᠢ ᠪᠠᠢᠭᠤᠯᠤᠨ᠂ ᠤᠯᠤᠰ ᠪᠠ ᠦᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠦᠷᠦᠯ ᠵᠦᠢᠯ᠎ᠢ ᠡᠭᠦᠷᠭᠡᠯᠡᠨ᠎ᠡ᠃ ᠳᠡᠭᠡᠳᠦ ᠱᠢᠨ᠎ᠡ ᠮᠡᠷᠭᠡᠵᠢᠯ᠎ᠤᠨ ᠠᠵᠤ ᠠᠬᠤᠢᠯᠠᠯ᠎ᠢ ᠪᠣᠢ ᠪᠣᠯᠭᠠᠵᠤ᠂ ᠠᠵᠤ ᠦᠢᠯᠡᠰ᠎ᠤᠨ ᠬᠡᠯᠬᠢᠶᠡᠨ᠎ᠤ ᠳᠡᠭᠡᠳᠦ ᠳᠤᠮᠳᠠ ᠳᠤᠤᠷᠠᠳᠤ ᠬᠡᠯᠬᠢᠶ᠎ᠠ᠂ ᠲᠤᠮᠤ ᠳᠤᠮᠳᠠ ᠵᠢᠵᠢᠭ ᠠᠵᠤ ᠠᠬᠤᠢᠯᠠᠯ᠎ᠤᠨ ᠨᠡᠪᠲᠡᠷᠡᠯᠴᠡᠨ ᠨᠡᠢᠯᠡᠵᠦ᠍ ᠱᠢᠨ᠎ᠡ᠎ᠶ᠋ᠢ ᠡᠭᠦᠳᠬᠦ᠌᠎ᠶ᠋ᠢ᠎ᠨᠢ ᠠᠬᠢᠭᠤᠯᠤᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠱᠢᠯᠵᠢᠭᠦᠯᠦᠨ ᠤᠯᠠᠷᠢᠭᠤᠯᠬᠤ᠎ᠪᠠᠨ ᠲᠦᠷᠭᠡᠳᠭᠡᠨ᠎ᠡ᠃ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠨ᠎ᠠ᠃

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠠᠢᠭᠤᠯᠤᠯ᠎ᠤᠨ ᠦᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠱᠢᠨ᠎ᠡ᠎ᠶ᠋ᠢ ᠡᠬᠦᠳᠦᠨ ᠱᠢᠪᠳᠤᠯᠬᠤ ᠠᠵᠢᠯ᠎ᠳᠤ 《ᠵᠠᠷᠯᠠᠯ ᠬᠦᠯᠢᠶᠡᠵᠦ᠍ ᠬᠤᠱᠢᠭᠤᠷᠠᠨ ᠠᠵᠢᠯᠯᠠᠬᠤ》 ᠵᠡᠷᠭᠡ ᠳᠦᠷᠢᠮ᠎ᠢ ᠬᠡᠷᠡᠭ᠌ᠵᠢᠭᠦᠯᠵᠦ᠍᠂ ᠲᠡᠷᠢᠭᠦᠨ ᠱᠢᠨᠵᠢᠯᠡᠬᠦ᠌ ᠤᠬᠠᠭᠠᠨᠲᠠᠨ + ᠲᠤᠰᠭᠠᠢ ᠮᠡᠷᠭᠡᠵᠢᠯᠲᠡ + ᠱᠢᠨᠵᠢᠯᠡᠬᠦ᠌ ᠤᠬᠠᠭᠠᠨ᠎ᠤ ᠰᠤᠳᠤᠯᠤᠯ᠎ᠤᠨ ᠬᠦᠷᠢᠶᠡᠯᠡᠩ ᠭᠠᠵᠠᠷ + ᠠᠵᠤ ᠠᠬᠤᠢᠯᠠᠯ᠎ᠤᠨ ᠲᠣᠭ᠍ᠲᠠᠴᠠ᠎ᠶ᠋ᠢ ᠬᠦᠷᠢᠶ᠎ᠡ ᠴᠠᠷᠠᠭ᠎ᠠ ᠬᠤᠪᠢᠶᠠᠨ ᠪᠠᠢᠭᠤᠯᠬᠤ᠎ᠶ᠋ᠢ ᠰᠦᠪᠡᠭ᠌ᠴᠢᠯᠡᠨ᠂ ᠦᠪᠡᠷᠲᠡᠭᠡᠨ ᠵᠠᠰᠠᠬᠤ ᠣᠷᠣᠨ᠎ᠤ ᠭᠤᠣᠯᠳᠠᠯᠭ᠎ᠠ᠎ᠲᠠᠢ ᠠᠵᠤ ᠦᠢᠯᠡᠰ᠎ᠤᠨ ᠲᠣᠭᠤᠷᠢᠨ᠎ᠳᠤ᠂ ᠡᠬᠢ ᠪᠠᠶᠠᠯᠢᠭ ᠪᠠ ᠬᠦᠴᠦᠨ ᠴᠢᠳᠠᠯ᠎ᠢᠶᠠᠨ ᠲᠦᠪᠯᠡᠷᠡᠭᠦᠯᠵᠦ᠍ ᠱᠢᠰᠲ᠋ᠧᠮ᠎ᠲᠠᠢ ᠰᠤᠳᠤᠯᠤᠯ ᠪᠠ ᠮᠡᠷᠭᠡᠵᠢᠯ᠎ᠤᠨ ᠱᠢᠪᠲᠤᠯᠤᠯᠲᠠ ᠭᠠᠷᠭᠠᠨ᠎ᠠ᠃ ᠵᠠᠰᠠᠭ᠎ᠤᠨ ᠣᠷᠳᠣᠨ᠎ᠠᠴᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠳᠤ ᠣᠷᠤᠭᠤᠯᠤᠯᠲᠠ ᠬᠢᠬᠦ᠌ ᠪᠠᠲᠤᠯᠠᠭᠠᠲᠤ ᠨᠡᠮᠡᠭ᠌ᠳᠡᠯ᠎ᠤᠨ ᠲᠣᠭ᠍ᠲᠠᠴᠠ ᠪᠠ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠣᠷᠤᠭᠤᠯᠤᠯᠲᠠ᠎ᠶ᠋ᠢᠨ ᠤᠷᠮᠠᠱᠢᠭᠤᠯᠬᠤ ᠲᠣᠭ᠍ᠲᠠᠴᠠ᠎ᠶ᠋ᠢ ᠪᠠᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠦᠯᠲᠡ᠎ᠶ᠋ᠢ ᠮᠦᠩᠭᠦᠨ ᠭᠦᠢᠯᠭᠡᠭᠡᠨ᠎ᠢᠶᠠᠷ ᠳᠡᠮᠵᠢᠬᠦ᠌᠎ᠶ᠋ᠢ ᠵᠣᠷᠢᠬ᠍ᠵᠢᠭᠤᠯᠤᠨ᠎ᠠ᠃ ᠴᠢᠳᠠᠪᠤᠷᠢᠲᠠᠨ᠎ᠤ ᠲᠠᠯ᠎ᠠ᠎ᠪᠠᠷ᠎ᠬᠢ ᠡᠯ᠎ᠡ ᠵᠦᠢᠯ᠎ᠤᠨ ᠲᠥᠷᠥ᠎ᠶ᠋ᠢᠨ ᠪᠣᠳᠣᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠡᠯ᠎ᠡ ᠲᠦᠷᠦᠯ᠎ᠤᠨ ᠴᠢᠳᠠᠪᠤᠷᠢᠲᠠᠨ᠎ᠢ ᠭᠦᠮᠦᠵᠢᠬᠦᠯᠵᠦ᠍ ᠣᠷᠤᠭᠤᠯᠤᠨ ᠠᠪᠴᠢᠷᠠᠬᠤ ᠪᠠ ᠰᠠᠢᠲᠤᠷ ᠬᠡᠷᠡᠭ᠌ᠯᠡᠨ᠎ᠡ᠃

(ᠭᠤᠷᠪᠠ) ᠠᠵᠤ ᠦᠢᠯᠡᠰ᠎ᠤᠨ ᠬᠡᠯᠬᠢᠶ᠎ᠡ ᠪᠠ ᠥᠷᠲᠡᠭ᠎ᠤᠨ ᠬᠡᠯᠬᠢᠶᠡᠨ᠎ᠤ ᠬᠢᠷᠢ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠦᠨ᠎ᠡ

ᠤᠯᠠᠮᠵᠢᠯᠠᠯᠲᠤ ᠠᠵᠤ ᠦᠢᠯᠡᠰ᠎ᠢ ᠳᠡᠭᠡᠳᠦ ᠳᠡᠰᠴᠢᠯᠡᠬᠦ᠂ ᠣᠶᠤᠨᠴᠢᠯᠠᠬᠤ ᠪᠠ ᠪᠤᠬᠢᠷᠳᠣᠯ ᠦᠭᠡᠢ ᠪᠣᠯᠭᠠᠨ ᠦᠭᠡᠷᠡᠴᠢᠯᠡᠵᠦ᠍ ᠳᠡᠰ ᠳᠡᠪᠱᠢᠭᠦᠯᠬᠦ᠌᠎ᠪᠠᠨ ᠲᠦᠷᠭᠡᠳᠭᠡᠵᠦ᠍᠂ ᠠᠵᠤ ᠦᠢᠯᠡᠰ᠎ᠤᠨ ᠬᠡᠯᠬᠢᠶ᠎ᠡ᠎ᠶ᠋ᠢ ᠤᠷᠲᠤᠳᠭᠠᠨ᠎ᠡ᠃ ᠲᠥᠬᠦᠭᠡᠷᠥᠮᠵᠢ᠎ᠶ᠋ᠢ ᠱᠢᠨᠡᠳᠭᠡᠬᠦ᠌ ᠪᠠ ᠮᠡᠷᠭᠡᠵᠢᠯ᠎ᠢ ᠦᠭᠡᠷᠡᠴᠢᠯᠡᠨ ᠰᠠᠢᠵᠢᠷᠠᠭᠤᠯᠬᠤ᠎ᠪᠠᠨ ᠲᠦᠷᠭᠡᠳᠭᠡᠵᠦ᠍᠂ ᠱᠢᠨ᠎ᠡ ᠡᠨᠧᠷᠬᠢ᠎ᠶ᠋ᠢᠨ ᠲᠤᠨᠤᠭ ᠲᠦᠬᠦᠭᠡᠷᠦᠮᠵᠢ᠂ ᠱᠢᠨ᠎ᠡ ᠡᠨᠧᠷᠬᠢ᠎ᠶ᠋ᠢᠨ ᠮᠠᠱᠢᠨ ᠲᠡᠷᠭᠡ᠂ ᠪᠠᠴᠢᠮ ᠪᠠᠢᠳᠠᠯ᠎ᠢ ᠠᠷᠭᠠᠴᠠᠭᠠᠬᠤ ᠲᠤᠨᠤᠭ ᠲᠦᠬᠦᠭᠡᠷᠦᠮᠵᠢ ᠪᠠ ᠲᠠᠷᠢᠶᠠᠯᠠᠩ ᠮᠠᠯ ᠠᠵᠤ ᠠᠬᠤᠢ᠎ᠶ᠋ᠢᠨ ᠮᠠᠱᠢᠨ ᠬᠡᠷᠡᠭ᠌ᠰᠡᠯ ᠵᠡᠷᠭᠡ ᠲᠤᠨᠤᠭ ᠲᠦᠬᠦᠭᠡᠷᠦᠮᠵᠢ ᠦᠢᠯᠡᠳᠬᠦ᠌ ᠦᠢᠯᠡᠰ᠎ᠤᠨ ᠬᠦᠭ᠌ᠵᠢᠯᠲᠡ᠎ᠶ᠋ᠢ ᠠᠬᠢᠭᠤᠯᠤᠨ᠎ᠠ᠃ ᠲᠠᠷᠢᠶᠠᠯᠠᠩ ᠮᠠᠯ᠎ᠤᠨ ᠠᠱᠢᠭ ᠱᠢᠮ᠎ᠡ᠎ᠶ᠋ᠢᠨ ᠪᠦᠲᠦᠭᠡᠭ᠌ᠳᠡᠭᠦᠨ᠎ᠢ ᠨᠠᠷᠢᠯᠢᠬ ᠭᠦᠨ ᠡᠳ᠋ᠱᠢᠭᠦᠯᠵᠦ᠍ ᠪᠤᠯᠪᠠᠰᠤᠷᠠᠭᠤᠯᠬᠤ ᠠᠵᠤ ᠦᠢᠯᠡᠰ᠎ᠢ ᠤᠯᠠᠮ ᠨᠢᠭᠡ ᠠᠯᠬᠤᠮ ᠬᠦᠭ᠌ᠵᠢᠭᠦᠯᠦᠨ ᠪᠤᠵᠠᠭᠠᠢᠷᠠᠭᠤᠯᠤᠨ᠎ᠠ᠃ ᠬᠦᠷᠢᠶᠡᠯᠡᠩ ᠲᠤᠭᠤᠷᠢᠭ᠎ᠤᠨ ᠬᠦᠭ᠌ᠵᠢᠯᠲᠡ᠎ᠶ᠋ᠢᠨ ᠶᠠᠰᠤ ᠴᠢᠨᠠᠷ ᠪᠠ ᠦᠷ᠎ᠡ ᠠᠱᠢᠭ᠎ᠢ ᠳᠡᠭᠡᠭ᠌ᠰᠢᠯᠡᠭᠦᠯᠵᠦ᠍᠂ ᠣᠶᠤᠨᠯᠢᠭ ᠬᠦᠷᠢᠶᠡᠯᠡᠩ ᠲᠤᠭᠤᠷᠢᠭ᠎ᠢ ᠪᠠᠢᠭᠤᠯᠤᠨ᠎ᠠ᠃

ᠣᠳᠤ ᠦᠶ᠎ᠡ᠎ᠶ᠋ᠢᠨ ᠡᠨᠧᠷᠬᠢ᠎ᠶ᠋ᠢᠨ ᠠᠵᠤ ᠠᠬᠤᠢ᠎ᠶ᠋ᠢ ᠱᠢᠯᠢᠳᠡᠭ᠌ᠵᠢᠭᠦᠯᠦᠨ ᠬᠦᠴᠦᠷᠬᠡᠭ᠌ᠵᠢᠭᠦᠯᠵᠤ᠂ ᠨᠡᠭᠦᠷᠡᠰᠦ᠎ᠶ᠋ᠢ ᠠᠮᠤᠷ ᠲᠦᠪᠱᠢᠨ ᠪᠦᠭᠡᠳ ᠦᠨᠳᠦᠷ ᠪᠦᠲᠦᠮᠵᠢᠲᠡᠢ᠎ᠪᠠᠷ ᠨᠡᠭᠡᠭᠡᠨ ᠮᠠᠯᠲᠠᠬᠤ ᠪᠠ ᠴᠡᠪᠡᠷᠱᠢᠭᠦᠯᠦᠨ ᠦᠨᠳᠦᠷ ᠪᠦᠲᠦᠮᠵᠢᠲᠡᠢ᠎ᠪᠠᠷ ᠠᠱᠢᠬ᠍ᠯᠠᠬᠤ᠎ᠶ᠋ᠢ ᠠᠬᠢᠭᠤᠯᠵᠤ᠂ ᠣᠷᠳᠤᠰ᠎ᠲᠠᠬᠢ ᠤᠯᠤᠰ᠎ᠤᠨ ᠣᠳᠤ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ᠌ ᠣᠷᠤᠨ᠎ᠢ ᠦᠨᠳᠦᠷ ᠪᠠᠷᠢᠮᠵᠢᠶ᠎ᠠ᠎ᠪᠠᠷ ᠪᠠᠢᠭᠤᠯᠤᠨ᠎ᠠ᠃ ᠱᠢᠨ᠎ᠡ ᠡᠨᠧᠷᠬᠢ᠎ᠶ᠋ᠢᠨ ᠮᠠᠱᠢᠨ ᠴᠣᠭ᠍ᠴᠠᠯᠠᠪᠤᠷᠢ᠎ᠶ᠋ᠢ 1000 ᠲᠦᠮᠡᠨ ᠺᠢᠯᠤᠸᠠᠲ ᠱᠢᠨ᠎ᠡ᠎ᠪᠠᠷ ᠨᠡᠮᠡᠭ᠌ᠳᠡᠭᠦᠯᠦᠨ᠎ᠡ᠃ ᠣᠨᠴᠠ ᠦᠨᠳᠦᠷ ᠬᠦᠴᠦᠳᠡᠯᠳᠦ ᠴᠠᠬᠢᠯᠭᠠᠨ᠎ᠢ ᠭᠠᠳᠠᠭ᠍ᠰᠢ ᠳᠠᠮᠵᠢᠭᠤᠯᠬᠤ᠎ᠳᠤ ᠰᠠᠭᠠᠳ ᠦᠭᠡᠢ ᠨᠡᠪᠲᠡᠷᠡᠬᠦ᠌ ᠱᠤᠭᠤᠮ ᠪᠠ ᠣᠶᠤᠨᠴᠢᠯᠠᠭ᠍ᠰᠠᠨ ᠴᠠᠬᠢᠯᠭᠠᠨ ᠬᠦᠴᠦᠨ᠎ᠤ ᠲᠣᠣᠷ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠎ᠡ᠃ ᠱᠢᠨ᠎ᠡ ᠡᠨᠧᠷᠭᠢ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠳᠠᠯ᠎ᠠ᠎ᠶ᠋ᠢᠨ ᠦᠭᠡᠷᠡᠴᠢᠯᠡᠯᠲᠡ᠎ᠶ᠋ᠢ ᠠᠬᠢᠭᠤᠯᠵᠦ᠍᠂ ᠡᠨᠧᠷᠭᠢ᠎ᠶ᠋ᠢᠨ ᠬᠡᠷᠡᠭ᠌ᠯᠡᠭᠡ᠎ᠶ᠋ᠢᠨ ᠬᠤᠪᠢᠰᠤᠯᠲᠠ᠎ᠶ᠋ᠢ ᠠᠬᠢᠭᠤᠯᠤᠨ᠎ᠠ᠃ ᠤᠰᠤᠳᠦ᠋ᠷᠦᠭ᠌ᠴᠢ ᠡᠨᠧᠷᠬᠢ᠎ᠶ᠋ᠢᠨ ᠠᠵᠤ ᠠᠬᠤᠢ᠎ᠶ᠋ᠢ ᠬᠦᠭ᠌ᠵᠢᠭᠦᠯᠵᠦ᠍᠂ ᠣᠷᠳᠤᠰ ᠪᠠ ᠦᠬᠠᠢ᠎ᠶ᠋ᠢ ᠲᠦᠯᠡᠰᠢ᠎ᠶ᠋ᠢᠨ ᠳ᠋ᠢᠶᠠᠨ ᠊ᠤᠤᠢ᠎ᠶ᠋ᠢᠨ ᠬᠦᠳᠡᠯᠭᠡᠭᠦᠷᠲᠦ ᠮᠠᠱᠢᠨ ᠲᠡᠷᠭᠡᠨ᠎ᠤ ᠵᠢᠱ᠌ᠢᠶ᠎ᠡ ᠦᠵᠡᠭᠦᠯᠬᠦ᠌ ᠬᠤᠲᠠ ᠪᠣᠯᠭᠠᠨ ᠪᠠᠢᠭᠤᠯᠤᠨ᠎ᠠ᠃

ᠪᠠᠶᠬᠠᠣᠪᠤᠭ᠎ᠠ᠎ᠶ᠋ᠢᠨ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠦᠨᠳᠦᠷ ᠪᠦᠲᠦᠮᠵᠢᠲᠡᠢ᠎ᠪᠠᠷ ᠶᠡᠷᠦᠩᠬᠡᠢᠯᠡᠨ ᠠᠱᠢᠬ᠍ᠯᠠᠬᠤ᠎ᠶ᠋ᠢ ᠠᠬᠢᠭᠤᠯᠵᠤ᠂ ᠠᠵᠤ ᠦᠢᠯᠡᠰ᠎ᠤᠨ ᠪᠦᠬᠦ᠌ ᠬᠡᠯᠬᠢᠶ᠎ᠡ᠎ᠶ᠋ᠢ ᠴᠤᠭ᠍ᠴᠠᠯᠠᠬᠤ᠎ᠪᠠᠨ ᠠᠩᠬᠠᠷᠣᠨ ᠴᠢᠬᠤᠯᠠᠴᠢᠯᠠᠵᠤ᠂ ᠬᠤᠪᠤᠷ ᠱᠢᠷᠤᠢ᠎ᠶ᠋ᠢᠨ ᠬᠤᠪᠤᠷ ᠲᠡᠮᠦᠷᠯᠢᠭ ᠮᠠᠲ᠋ᠧᠷᠢᠶᠠᠯ᠎ᠤᠨ ᠠᠵᠤ ᠦᠢᠯᠡᠰ᠎ᠤᠨ ᠪᠦᠯᠦᠭ᠌ᠵᠢᠯ᠎ᠢ ᠪᠠᠢᠭᠤᠯᠤᠨ᠎ᠠ᠃ ᠳᠡᠭᠡᠳᠦ ᠳᠡᠰ᠎ᠤᠨ ᠲᠡᠮᠦᠷᠯᠢᠭ᠂ ᠪᠠᠯ ᠴᠢᠯᠠᠭᠤ ᠠᠯᠺᠧᠨ᠂ ᠴᠢᠳᠠᠮᠵᠢ ᠰᠠᠢᠲᠠᠢ ᠱᠢᠷᠬᠡᠭ᠌ᠯᠢᠭ ᠵᠡᠷᠭᠡ ᠱᠢᠨ᠎ᠡ ᠮᠠᠲ᠋ᠧᠷᠢᠶᠠᠯ᠎ᠤᠨ ᠠᠵᠤ ᠦᠢᠯᠡᠰ᠎ᠢ ᠬᠦᠭ᠌ᠵᠢᠭᠦᠯᠦᠨ᠎ᠡ᠃ ᠠᠮᠢᠳᠤ ᠪᠤᠳᠠᠰ᠎ᠤᠨ ᠡᠮ ᠡᠮᠨᠡᠯᠭᠡ᠎ᠶ᠋ᠢᠨ ᠣᠨᠴᠠᠯᠢᠭ᠎ᠲᠠᠢ ᠠᠵᠤ ᠦᠢᠯᠡᠰ᠎ᠤᠨ ᠰᠠᠭᠤᠷᠢᠨ ᠭᠠᠵᠠᠷ᠎ᠢ ᠪᠠᠢᠭᠤᠯᠤᠨ᠎ᠠ᠃ ᠴᠡᠷᠢᠭ᠎ᠤᠨ ᠬᠡᠷᠡᠭ᠌ᠯᠡᠭᠡ ᠪᠠ ᠠᠷᠠᠳ᠎ᠤᠨ ᠬᠡᠷᠡᠭ᠌ᠯᠡᠭᠡ᠎ᠶ᠋ᠢ ᠠᠭᠤᠰᠤᠯᠴᠠᠭᠤᠯᠤᠭ᠍ᠰᠠᠨ ᠠᠵᠤ ᠦᠢᠯᠡᠰ᠎ᠤᠨ ᠬᠦᠭ᠌ᠵᠢᠯᠲᠡ᠎ᠶ᠋ᠢ ᠲᠦᠷᠭᠡᠳᠭᠡᠨ᠎ᠡ᠃

ᠲᠣᠭᠠᠵᠢᠭᠤᠯᠤᠭ᠍ᠰᠠᠨ ᠠᠵᠤ ᠠᠬᠤᠢ᠎ᠶ᠋ᠢ ᠶᠡᠭᠡ᠎ᠪᠠᠷ ᠬᠦᠭ᠌ᠵᠢᠭᠦᠯᠵᠦ᠍᠂ 5G ᠮᠡᠷᠭᠡᠵᠢᠯ᠎ᠢ ᠳᠡᠯᠭᠡᠷᠡᠭᠦᠯᠦᠨ ᠬᠡᠷᠡᠭ᠌ᠯᠡᠬᠦ᠌᠎ᠶ᠋ᠢ ᠲᠦᠷᠭᠡᠳᠭᠡᠵᠦ᠍᠂ ᠨᠢᠭᠡ ᠪᠦᠯᠦᠭ ᠠᠵᠤ ᠦᠢᠯᠡᠳᠪᠦᠷᠢ᠎ᠶ᠋ᠢᠨ ᠢᠨᠲ᠋ᠧᠷ ᠰᠦᠯᠵᠢᠶᠡᠨ᠎ᠤ ᠲᠠᠪᠴᠠᠩ᠂ ᠤᠶᠤᠨᠴᠢ ᠦᠢᠯᠡᠳᠪᠦᠷᠢ᠂ ᠲᠣᠭᠠᠵᠢᠭᠤᠯᠤᠭ᠍ᠰᠠᠨ ᠦᠢᠯᠡᠳᠪᠦᠷᠢ᠎ᠶ᠋ᠢᠨ ᠲᠠᠰᠤᠭ᠎ᠢ ᠪᠠᠢᠭᠤᠯᠵᠤ᠂ ᠲᠣᠭᠠᠵᠢᠭᠤᠯᠤᠭ᠍ᠰᠠᠨ ᠠᠵᠤ ᠠᠬᠤᠢ ᠪᠠ ᠪᠤᠳᠠᠳᠤ ᠴᠤᠭ᠍ᠴᠠ᠎ᠶ᠋ᠢᠨ ᠠᠵᠤ ᠠᠬᠤᠢ᠎ᠶ᠋ᠢᠨ ᠭᠦᠨᠵᠡᠭᠡᠢ ᠠᠭᠤᠰᠤᠯᠴᠠᠬᠤ᠎ᠶ᠋ᠢ ᠠᠬᠢᠭᠤᠯᠤᠨ᠎ᠠ᠃ ᠲᠣᠭᠠᠵᠢᠭᠤᠯᠤᠭ᠍ᠰᠠᠨ ᠵᠠᠰᠠᠭ᠎ᠤᠨ ᠣᠷᠳᠤᠨ᠂ ᠲᠣᠭᠠᠵᠢᠭᠤᠯᠤᠭ᠍ᠰᠠᠨ ᠨᠡᠢᠭᠡᠮ᠎ᠢ ᠪᠠᠢᠭᠤᠯᠤᠨ᠎ᠠ᠃

ᠤᠳᠤ ᠦᠶ᠎ᠡ᠎ᠶ᠋ᠢᠨ ᠪᠠᠷᠠᠭᠠᠨ᠎ᠤ ᠭᠦᠢᠯᠭᠡᠭᠡ᠂ ᠰᠤᠲᠤᠯᠤᠨ ᠨᠡᠭᠡᠭᠡᠵᠦ᠍ ᠵᠢᠷᠤᠭ᠍ᠯᠠᠨ ᠲᠦᠯᠦᠪᠯᠡᠬᠦ᠂ ᠪᠠᠢᠴᠠᠭᠠᠨ ᠱᠢᠯᠭᠠᠵᠤ ᠭᠡᠷᠡᠴᠢᠯᠡᠬᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠦᠢᠯᠡᠴᠢᠯᠡᠬᠦ᠌ ᠵᠡᠷᠭᠡ ᠣᠳᠤ ᠦᠶ᠎ᠡ᠎ᠶ᠋ᠢᠨ ᠦᠢᠯᠡᠴᠢᠯᠡᠭᠡᠨ᠎ᠤ ᠦᠢᠯᠡᠰ᠎ᠢ ᠬᠦᠭ᠌ᠵᠢᠭᠦᠯᠦᠨ᠎ᠡ᠃ ᠨᠡᠢᠳᠡᠮ ᠬᠡᠷᠡᠭ᠌ᠯᠡᠬᠦ᠌ ᠠᠭᠠᠷ ᠠᠶᠠᠯᠠᠯ᠎ᠤᠨ ᠠᠵᠤ ᠦᠢᠯᠡᠰ᠎ᠤᠨ ᠰᠠᠭᠤᠷᠢᠨ ᠭᠠᠵᠠᠷ᠎ᠢ ᠪᠠᠢᠭᠤᠯᠵᠤ᠂ 《ᠨᠡᠢᠳᠡᠮ ᠬᠡᠷᠡᠭ᠌ᠯᠡᠬᠦ᠌ ᠠᠭᠠᠷ ᠠᠶᠠᠯᠠᠯ + ᠵᠢᠭᠤᠯᠴᠢᠯᠠᠯ》 《ᠨᠡᠢᠳᠡᠮ ᠬᠡᠷᠡᠭ᠌ᠯᠡᠬᠦ᠌ ᠠᠭᠠᠷ ᠠᠶᠠᠯᠠᠯ + ᠪᠡᠶ᠎ᠡ᠎ᠶ᠋ᠢᠨ ᠲᠠᠮᠢᠷ》 ᠵᠡᠷᠭᠡ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠤᠨ ᠬᠦᠭ᠌ᠵᠢᠯᠲᠡ᠎ᠶ᠋ᠢ ᠠᠬᠢᠭᠤᠯᠤᠨ᠎ᠠ᠃

(ᠳᠥᠷᠪᠡ) ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠤᠨ᠎ᠠ

ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠤᠷᠤᠨ᠎ᠢ ᠡᠩ ᠲᠡᠷᠢᠬᠦᠨ᠎ᠳᠤ ᠬᠦᠭ᠌ᠵᠢᠭᠦᠯᠬᠦ᠌᠎ᠶ᠋ᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ᠎ᠤ ᠤᠳᠤᠬᠢᠴᠢᠯᠠᠯᠲᠠ᠎ᠶ᠋ᠢ ᠲᠦᠷᠭᠡᠳᠭᠡᠨ᠂ ᠲᠠᠷᠢᠶᠠᠯᠠᠩ ᠮᠠᠯ ᠠᠵᠤ ᠠᠬᠤᠢ᠎ᠶ᠋ᠢ ᠴᠢᠨᠠᠷ ᠰᠠᠢᠲᠠᠢ ᠪᠦᠭᠡᠳ ᠦᠨᠳᠦᠷ ᠪᠦᠲᠦᠮᠵᠢᠲᠡᠢ ᠪᠣᠯᠭᠠᠬᠤ᠂ ᠮᠠᠯᠵᠢᠬᠤ ᠲᠠᠷᠢᠶᠠᠯᠠᠬᠤ ᠤᠷᠤᠨ᠎ᠢ ᠣᠷᠤᠱᠢᠨ ᠰᠠᠭᠤᠷᠢᠱᠢᠵᠣ ᠠᠵᠤ ᠲᠦᠷᠦᠬᠦ᠌᠎ᠳᠤ ᠲᠣᠬᠢᠷᠠᠮᠵᠢᠲᠠᠢ ᠪᠣᠯᠭᠠᠬᠤ᠂ ᠮᠠᠯᠴᠢᠨ ᠲᠠᠷᠢᠶᠠᠴᠢᠨ᠎ᠢ ᠪᠠᠶᠠᠨ ᠴᠢᠨᠡᠭᠡᠯᠢᠭ ᠠᠮᠢᠳᠤᠷᠠᠯ᠎ᠲᠠᠢ ᠪᠣᠯᠭᠠᠬᠤ᠎ᠶ᠋ᠢ ᠠᠬᠢᠭᠤᠯᠤᠨ᠎ᠠ᠃

ᠶᠠᠳᠠᠭᠤ᠎ᠠᠴᠠ ᠠᠩᠭᠢᠵᠢᠷᠠᠭᠤᠯᠬᠤ ᠱᠢᠪᠲᠤᠯᠤᠯᠲᠠ᠎ᠶ᠋ᠢᠨ ᠦᠷ᠎ᠡ ᠪᠦᠲᠦᠭᠡᠯ᠎ᠢ ᠪᠠᠬᠢᠵᠢᠭᠦᠯᠦᠨ ᠦᠷᠭᠡᠳᠭᠡᠵᠦ᠍᠂ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠤᠯᠭᠠᠭᠤᠯᠬᠤ ᠠᠵᠢᠯ᠎ᠢ ᠰᠠᠢᠲᠤᠷ ᠬᠢᠵᠦ᠍᠂ ᠬᠠᠪᠰᠤᠷᠤᠨ ᠳᠡᠳᠭᠦᠭᠦ᠌ ᠲᠠᠯ᠎ᠠ᠎ᠪᠠᠷ᠎ᠬᠢ ᠭᠤᠣᠯ ᠪᠣᠯᠬᠤ ᠲᠥᠷᠥ᠎ᠶ᠋ᠢᠨ ᠪᠣᠳᠤᠯᠭ᠎ᠠ᠎ᠶ᠋ᠢ ᠶᠡᠷᠦᠩᠬᠡᠢ᠎ᠳᠡᠭᠡᠨ ᠲᠣᠭ᠍ᠲᠠᠭᠤᠨ ᠪᠠᠢᠯᠭᠠᠬᠤ᠎ᠶ᠋ᠢ ᠪᠠᠲᠤᠯᠠᠨ᠎ᠠ᠃ ᠳᠠᠬᠢᠨ ᠶᠠᠳᠠᠭᠤᠷᠠᠬᠤ᠎ᠶ᠋ᠢ ᠰᠡᠷᠭᠡᠢᠯᠡᠵᠦ᠍ ᠬᠢᠨᠠᠨ ᠱᠢᠨᠵᠢᠬᠦ᠌ ᠪᠠ ᠬᠠᠪᠰᠤᠷᠤᠨ ᠳᠡᠳᠭᠦᠭᠦ᠌ ᠲᠣᠭ᠍ᠲᠠᠴᠠ᠎ᠶ᠋ᠢ ᠪᠦᠷᠢᠨᠱᠢᠭᠦᠯᠦᠨ᠂ ᠠᠵᠢᠯ ᠣᠯᠭᠤᠯᠳᠠ ᠪᠠ ᠠᠵᠤ ᠦᠢᠯᠡᠰ᠎ᠢᠶᠠᠷ ᠶᠠᠳᠠᠭᠤ᠎ᠶ᠋ᠢ ᠳᠡᠳᠭᠦᠭᠦ᠌ ᠡᠷᠴᠢᠮ᠎ᠢᠶᠠᠨ ᠦᠷᠭᠦᠯᠵᠢᠯᠡᠨ ᠴᠢᠩᠭᠠᠷᠠᠭᠤᠯᠵᠤ᠂ ᠶᠠᠳᠠᠭᠤ᠎ᠶ᠋ᠢ ᠳᠡᠳᠭᠦᠭᠦ᠎ᠪᠠᠷ ᠣᠨᠳᠤᠤ ᠭᠠᠵᠠᠷ᠎ᠲᠤ ᠨᠡᠭᠦᠯᠭᠡᠭ᠌ᠰᠡᠨ᠎ᠤ ᠳᠠᠷᠠᠭ᠎ᠠ ᠦᠷᠭᠦᠯᠵᠢᠯᠡᠨ ᠳᠡᠳᠭᠦᠭᠦ᠌ ᠠᠵᠢᠯ᠎ᠢᠶᠠᠨ ᠰᠠᠢᠲᠤᠷ ᠬᠢᠵᠦ᠍᠂ ᠶᠠᠳᠠᠭᠤ᠎ᠠᠴᠠ ᠠᠩᠭᠢᠵᠢᠷᠠᠭ᠍ᠰᠠᠨ ᠬᠦᠮᠦᠰ᠎ᠤᠨ ᠣᠷᠤᠯᠭ᠎ᠠ᠎ᠪᠠᠨ ᠲᠣᠭ᠍ᠲᠠᠭᠤᠨ᠎ᠢᠶᠠᠷ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠤᠨ᠎ᠤ ᠣᠷᠤᠯᠭ᠎ᠠ ᠪᠠᠭᠠᠲᠠᠢ ᠬᠦᠮᠦᠰ᠎ᠢ ᠪᠠᠢᠩᠭᠤ ᠬᠠᠪᠰᠤᠷᠤᠨ ᠳᠡᠳᠭᠦᠭᠦ᠎ᠪᠠᠨ ᠴᠢᠩᠭᠠᠳᠭᠠᠵᠤ᠂ ᠶᠠᠳᠠᠭᠤ᠎ᠠᠴᠠ ᠠᠩᠭᠢᠵᠢᠷᠠᠭ᠍ᠰᠠᠨ ᠨᠢᠭᠡ ᠪᠦᠯᠦᠭ ᠬᠤᠱᠢᠭᠤ ᠱᠢᠶᠠᠨ᠎ᠢ ᠲᠦᠪᠯᠡᠷᠡᠭᠦᠯᠦᠨ ᠳᠡᠮᠵᠢᠵᠦ᠍ ᠪᠠᠢᠭᠠᠳ ᠬᠦᠳᠡᠭᠡ ᠲᠤᠰᠭᠤᠨ᠎ᠢᠶᠠᠨ ᠬᠦᠭ᠌ᠵᠢᠭᠦᠯᠦᠨ ᠮᠠᠨᠳᠤᠭᠤᠯᠬᠤ᠎ᠶ᠋ᠢ᠎ᠨᠢ ᠠᠬᠢᠭᠤᠯᠤᠨ᠎ᠠ᠃

ᠭᠠᠵᠠᠷ ᠱᠢᠷᠤᠢ᠎ᠪᠠᠷ ᠠᠮᠤ ᠲᠠᠷᠢᠶ᠎ᠠ᠎ᠶ᠋ᠢ ᠪᠠᠲᠤᠯᠠᠵᠤ ᠤᠷ᠎ᠠ ᠮᠡᠷᠭᠡᠵᠢᠯ᠎ᠢᠶᠠᠷ ᠪᠤᠳᠠᠭᠠᠨ᠎ᠤ ᠤᠨᠠᠯᠲᠠ᠎ᠪᠠᠨ ᠳᠡᠭᠡᠭ᠌ᠰᠢᠯᠡᠭᠦᠯᠬᠦ᠌᠎ᠶ᠋ᠢ ᠪᠠᠷᠢᠮᠲᠠᠯᠠᠵᠤ᠂ ᠣᠳᠤ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠢ᠎ᠳᠠᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠪᠠ ᠲᠤᠨᠤᠭ ᠲᠦᠬᠦᠭᠡᠷᠦᠮᠵᠢ᠎ᠶ᠋ᠢᠨ ᠲᠤᠯᠭᠠᠭᠤᠷᠢᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠣᠨ᠂ ᠲᠠᠷᠢᠶᠠᠯᠠᠩ ᠮᠠᠯ ᠠᠵᠤ ᠠᠬᠤᠢ᠎ᠶ᠋ᠢᠨ ᠦᠢᠯᠡᠳᠪᠦᠷᠢᠯᠡᠯ᠎ᠤᠨ ᠪᠦᠬᠦ᠌ ᠶᠠᠪᠤᠴᠠ᠎ᠶ᠋ᠢᠨ ᠮᠧᠬᠠᠨᠢᠬ᠍ᠵᠢᠭᠤᠯᠤᠯᠳᠠ᠎ᠶ᠋ᠢ ᠠᠬᠢᠭᠤᠯᠤᠨ᠎ᠠ᠃ 《ᠤᠰᠤ ᠠᠷᠪᠢᠯᠠᠬᠤ᠎ᠶ᠋ᠢ ᠤᠷᠢᠳ᠎ᠢᠶᠠᠷ ᠪᠤᠳᠤᠯᠬᠢᠯᠠᠨ᠂ ᠤᠰᠤᠨ᠎ᠤ ᠬᠡᠮᠵᠢᠶ᠎ᠡ᠎ᠪᠠᠷ ᠨᠡᠭᠡᠭᠡᠨ ᠠᠱᠢᠬ᠍ᠯᠠᠬᠤ》 ᠎ᠶ᠋ᠢ ᠪᠠᠷᠢᠮᠲᠠᠯᠠᠵᠦ᠍᠂ ᠦᠨᠳᠦᠷ ᠪᠠᠷᠢᠮᠵᠢᠶᠠᠲᠤ ᠲᠠᠷᠢᠶᠠᠨ ᠭᠠᠵᠠᠷ᠎ᠢ 459 ᠲᠦᠮᠡᠨ ᠮᠦ᠍ ᠱᠢᠨ᠎ᠡ᠎ᠪᠠᠷ ᠪᠠᠢᠭᠤᠯᠤᠨ᠂ ᠬᠤᠵᠢᠷᠱᠢᠭ᠍ᠰᠠᠨ ᠲᠠᠷᠢᠶᠠᠯᠠᠬᠤ ᠭᠠᠵᠠᠷ᠎ᠢ ᠰᠠᠢᠵᠢᠷᠠᠭᠤᠯᠬᠤ ᠪᠠ ᠬᠠᠷ᠎ᠠ ᠬᠦᠷᠦᠰᠦᠲᠦ ᠭᠠᠵᠠᠷ᠎ᠲᠤ ᠬᠠᠮᠠᠭᠠᠯᠠᠯᠲᠠ᠎ᠶ᠋ᠢᠨ ᠴᠢᠨᠠᠷᠲᠠᠢ ᠲᠠᠷᠢᠶᠠᠯᠠᠬᠤ᠎ᠶ᠋ᠢ ᠦᠷᠭᠦᠯᠵᠢᠯᠡᠨ ᠠᠬᠢᠭᠤᠯᠤᠨ᠎ᠠ᠃ ᠲᠠᠷᠢᠶᠠᠯᠠᠬᠤ ᠭᠠᠵᠠᠷ᠎ᠢ ᠤᠯᠠᠭᠠᠨ ᠱᠣᠭᠤᠮ᠎ᠢᠶᠠᠷ ᠬᠠᠮᠠᠭᠠᠯᠠᠨ ᠬᠢᠵᠠᠭᠠᠷᠯᠠᠵᠤ᠂ ᠡᠵᠡᠯᠡᠵᠤ ᠲᠠᠷᠢᠶᠠᠯᠠᠬᠤ ᠪᠠ ᠨᠦᠬᠦᠪᠦᠷᠢᠯᠡᠵᠤ ᠦᠭ᠌ᠬᠦ᠎ᠶ᠋ᠢ ᠲᠡᠩᠴᠡᠭᠦᠷᠢᠱᠢᠭᠦᠯᠬᠦ᠌᠎ᠪᠠᠨ ᠳᠥᠷᠢᠮᠵᠢᠭᠦᠯᠣᠨ᠂ ᠬᠦᠳᠡᠭᠡ ᠲᠤᠰᠭᠤᠨ᠎ᠤ ᠲᠠᠷᠢᠶᠠᠯᠠᠬᠤ ᠭᠠᠵᠠᠷ᠎ᠲᠤ ᠳᠤᠷ᠎ᠠ᠎ᠪᠠᠷ ᠭᠡᠷ ᠪᠠᠢᠱᠢᠩ ᠪᠠᠷᠢᠬᠤ ᠠᠰᠠᠭᠤᠳᠠᠯ᠎ᠢ ᠴᠡᠭ᠌ᠴᠡᠯᠡᠨ ᠵᠠᠰᠠᠵᠤ᠂ ᠲᠠᠷᠢᠶᠠᠯᠠᠬᠤ ᠭᠠᠵᠠᠷ᠎ᠢ 《ᠲᠠᠷᠢᠶᠠᠯᠠᠩ᠎ᠤᠨ ᠪᠤᠰᠤ ᠵᠦᠢᠯ᠎ᠳᠤ ᠬᠡᠷᠡᠭ᠌ᠯᠡᠬᠦ᠌》 ᠎ᠶ᠋ᠢ ᠡᠷᠡᠰ ᠬᠤᠷᠢᠬ᠍ᠯᠠᠨ᠂ 《ᠠᠮᠤ ᠪᠤᠳᠠᠭᠠᠨ᠎ᠤ ᠪᠤᠰᠤ ᠵᠦᠢᠯ᠎ᠳᠤ ᠬᠡᠷᠡᠭ᠌ᠯᠡᠬᠦ᠌》 ᠎ᠶ᠋ᠢ ᠰᠡᠷᠭᠡᠢᠯᠡᠵᠦ᠍᠂ ᠠᠮᠤ ᠪᠤᠳᠠᠭ᠎ᠠ ᠲᠠᠷᠢᠬᠤ ᠲᠠᠯᠠᠪᠠᠢ᠎ᠶ᠋ᠢ ᠲᠤᠭ᠍ᠲᠠᠪᠤᠷᠢᠲᠠᠢ ᠪᠠᠢᠯᠭᠠᠨ᠎ᠠ᠃ ᠦᠷ᠎ᠡ ᠡᠳ᠋᠎ᠤᠨ ᠡᠬᠢ ᠪᠠᠶᠠᠯᠢᠭ᠎ᠢ ᠬᠠᠮᠠᠭᠠᠯᠠᠵᠣ ᠠᠱᠢᠬ᠍ᠯᠠᠬᠤ᠎ᠪᠠᠨ ᠴᠢᠩᠭᠠᠳᠭᠠᠨ᠂ ᠲᠠᠷᠢᠮᠠᠯ᠂ ᠣᠢ ᠮᠣᠳᠤ ᠡᠪᠡᠰᠦ ᠪᠠ ᠮᠠᠯ ᠵᠢᠭᠦᠷᠲᠡᠨ᠎ᠤ ᠦᠷ᠎ᠡ ᠡᠳ᠋᠎ᠤᠨ ᠡᠬᠢ ᠪᠠᠶᠠᠯᠢᠭ᠎ᠤᠨ ᠬᠦᠮᠦᠷᠭᠡ᠎ᠶ᠋ᠢ ᠪᠠᠢᠭᠤᠯᠵᠤ᠂ ᠦᠷ᠎ᠡ ᠡᠭᠦᠯᠳᠡᠷ ᠪᠤᠢᠵᠢᠭᠤᠯᠬᠤ ᠲᠠᠯ᠎ᠠ᠎ᠪᠠᠷ ᠱᠢᠨ᠎ᠡ᠎ᠶ᠋ᠢ ᠡᠭᠦᠳᠬᠦ᠌ ᠪᠠ ᠰᠠᠢᠨ ᠦᠷ᠎ᠡ ᠡᠭᠦᠯᠳᠡᠷ᠎ᠢ ᠦᠷᠡᠵᠢᠭᠦᠯᠦᠨ ᠪᠤᠢᠵᠢᠭᠤᠯᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠪᠤᠢᠵᠢᠭᠤᠯᠬᠤ ᠦᠷᠡᠵᠢᠭᠦᠯᠬᠦ᠌ ᠳᠡᠯᠭᠡᠷᠡᠭᠦᠯᠬᠦ᠌᠎ᠶ᠋ᠢ ᠨᠢᠭᠡ ᠴᠣᠭ᠍ᠴᠠᠵᠢᠭᠤᠯᠬᠤ᠎ᠪᠠᠨ ᠠᠬᠢᠭᠤᠯᠤᠨ᠎ᠠ᠃ ᠠᠮᠢᠲᠠᠨ᠎ᠤ ᠬᠢᠵᠢᠭ ᠪᠠ ᠲᠠᠷᠢᠮᠠᠯ᠎ᠤᠨ ᠬᠤᠷᠤᠬᠠᠢ ᠭᠡᠮ᠎ᠤᠨ ᠬᠦᠨᠦᠭᠡᠯ᠎ᠢ ᠰᠡᠷᠭᠡᠢᠯᠡᠨ ᠵᠠᠰᠠᠬᠤ᠎ᠪᠠᠨ ᠴᠢᠩᠭᠠᠷᠠᠭᠤᠯᠤᠨ᠎ᠠ᠃

ᠮᠠᠯ ᠲᠠᠷᠢᠶᠠᠯᠠᠩ᠎ᠢ ᠪᠣᠬᠢᠷᠳᠤᠭᠤᠯᠬᠤ ᠦᠭᠡᠢ᠎ᠪᠠᠷ ᠬᠦᠭ᠌ᠵᠢᠭᠦᠯᠬᠦ᠌᠎ᠶ᠋ᠢ ᠪᠠᠷᠢᠮᠲᠠᠯᠠᠵᠤ᠂ ᠴᠢᠨᠠᠷ ᠰᠠᠢᠲᠠᠢ ᠪᠦᠬᠡᠳ ᠪᠤᠬᠢᠷᠳᠤᠯ ᠦᠬᠡᠢ ᠲᠠᠷᠢᠶᠠᠯᠠᠩ ᠮᠠᠯ᠎ᠤᠨ ᠠᠱᠢᠭ ᠱᠢᠮ᠎ᠡ᠎ᠶ᠋ᠢᠨ ᠪᠦᠲᠦᠭᠡᠭ᠌ᠳᠡᠭᠦᠨ᠎ᠤ ᠬᠠᠩᠭᠠᠯᠭ᠎ᠠ᠎ᠶ᠋ᠢ ᠨᠡᠮᠡᠭ᠌ᠳᠡᠭᠦᠯᠦᠨ᠎ᠡ᠃ ᠰᠦ ᠰᠠᠭᠠᠯᠢ᠎ᠶ᠋ᠢᠨ ᠦᠢᠯᠡᠰ᠎ᠢ ᠬᠦᠭ᠌ᠵᠢᠭᠦᠯᠦᠨ ᠮᠠᠨᠳᠤᠭᠤᠯᠬᠤ᠎ᠪᠠᠨ ᠭᠦᠨᠵᠡᠭᠡᠶ ᠠᠬᠢᠭᠤᠯᠵᠤ᠂ ᠰᠦ ᠰᠠᠭᠠᠯᠢ᠎ᠶ᠋ᠢᠨ ᠢᠷᠡᠯᠲᠡ᠎ᠶ᠋ᠢᠨ ᠰᠠᠭᠤᠷᠢᠨ ᠭᠠᠵᠠᠷ ᠪᠠ ᠮᠠᠯᠵᠢᠯ᠎ᠤᠨ ᠲᠠᠯᠠᠪᠠᠢ᠎ᠶ᠋ᠢ ᠬᠤᠯᠢᠮᠠᠭ ᠦᠮᠴᠢᠯᠡᠯᠲᠦ ᠬᠡᠯᠪᠡᠷᠢ᠎ᠪᠠᠷ ᠪᠠᠢᠭᠤᠯᠬᠤ᠎ᠶ᠋ᠢ ᠵᠣᠷᠢᠬ᠍ᠵᠢᠭᠤᠯᠵᠣ᠂ ᠤᠯᠠᠮᠵᠢᠯᠠᠯᠲᠤ ᠴᠠᠭᠠᠨ ᠢᠳᠡᠭᠡ᠎ᠶ᠋ᠢ ᠠᠵᠤ ᠥᠢᠯᠡᠰᠵᠢᠭᠦᠯᠬᠦ᠌ ᠪᠠ ᠨᠡᠷᠡᠲᠦ ᠲᠡᠮᠲᠡᠭ ᠪᠣᠯᠭᠠᠨ ᠬᠥᠭ᠌ᠵᠢᠭᠦᠯᠬᠦ᠌᠎ᠶ᠋ᠢ ᠳᠡᠮᠵᠢᠨ᠎ᠡ᠃ ᠳᠠᠷᠤᠱᠢᠭᠤᠯᠬᠤ ᠡᠷᠳᠡᠨᠢ ᠱᠢᠰᠢ᠂ ᠴᠢᠨᠠᠷ ᠰᠠᠢᠲᠠᠢ ᠴᠠᠷᠭᠠᠰᠤ ᠲᠠᠷᠢᠬᠤ ᠲᠠᠯᠠᠪᠠᠢ᠎ᠶ᠋ᠢ ᠭᠠᠵᠠᠷ ᠣᠷᠤᠨ᠎ᠤ ᠪᠠᠢᠳᠠᠯ᠎ᠳᠤ᠎ᠨᠢ ᠲᠣᠬᠢᠷᠠᠭᠤᠯᠤᠨ ᠦᠷᠭᠡᠳᠭᠡᠵᠦ᠍᠂ ᠡᠪᠡᠰᠦ ᠪᠡᠯᠴᠢᠭᠡᠷ᠎ᠤᠨ ᠴᠢᠨᠠᠷ᠎ᠢ ᠳᠡᠭᠡᠭ᠌ᠰᠢᠯᠡᠭᠦᠯᠦᠨ᠎ᠡ᠃ ᠪᠠᠷᠢᠮᠵᠢᠶᠠᠵᠢᠭᠤᠯᠤᠨ ᠲᠡᠵᠢᠭᠡᠬᠦ᠌᠎ᠶ᠋ᠢ ᠬᠡᠷᠡᠭ᠌ᠵᠢᠬᠦᠯᠵᠦ᠍᠂ ᠠᠯᠠᠱᠢᠨ ᠥᠬᠡᠷ ᠠᠯᠠᠱᠢᠨ ᠬᠤᠨᠢᠨ᠎ᠤ ᠠᠵᠤ ᠦᠢᠯᠡᠰ᠎ᠤᠨ ᠬᠦᠭ᠌ᠵᠢᠯᠲᠡ᠎ᠶ᠋ᠢ ᠲᠦᠷᠭᠡᠳᠭᠡᠨ᠂ ᠰᠠᠭᠠᠯᠢ ᠪᠠ ᠠᠯᠠᠱᠢᠨ᠎ᠤ ᠡᠭᠦᠯᠳᠡᠷ᠎ᠢ ᠪᠤᠢᠵᠢᠭᠤᠯᠵᠤ ᠦᠷᠡᠵᠢᠭᠦᠯᠬᠦ᠌᠎ᠶ᠋ᠢ ᠳᠡᠮᠵᠢᠨ᠎ᠡ᠃ ᠤᠨᠴᠠᠯᠢᠭ᠎ᠲᠠᠢ ᠲᠠᠷᠢᠵᠤ ᠤᠷᠭᠤᠭᠤᠯᠬᠤ ᠪᠠ ᠲᠡᠵᠢᠭᠡᠨ ᠦᠷᠡᠵᠢᠭᠦᠯᠬᠦ᠌᠎ᠶ᠋ᠢ ᠵᠤᠷᠢᠬ᠍ᠵᠢᠭᠤᠯᠵᠦ᠍᠂ ᠣᠢ᠎ᠶ᠋ᠢᠨ ᠬᠤᠷᠮᠤᠢ᠎ᠶ᠋ᠢᠨ ᠠᠵᠤ ᠠᠬᠤᠢ᠎ᠶ᠋ᠢ ᠬᠦᠭ᠌ᠵᠢᠭᠦᠯᠦᠨ᠎ᠡ᠃ ᠲᠠᠷᠢᠶᠠᠯᠠᠩ ᠮᠠᠯ᠎ᠤᠨ ᠠᠱᠢᠭ ᠱᠢᠮ᠎ᠡ᠎ᠶ᠋ᠢᠨ ᠪᠦᠲᠦᠭᠡᠭ᠌ᠳᠡᠬᠦᠨ᠎ᠢ ᠨᠡᠢᠲᠡ᠎ᠶ᠋ᠢᠨ ᠬᠡᠷᠡᠭ᠌ᠯᠡᠭᠡᠨ᠎ᠤ ᠨᠡᠷᠡᠲᠦ ᠲᠡᠮᠲᠡᠭ ᠪᠣᠯᠭᠠᠨ ᠪᠦᠲᠦᠭᠡᠨ ᠪᠠᠢᠭᠤᠯᠬᠤ ᠭᠤᠷᠪᠠᠨ ᠵᠢᠯ᠎ᠤᠨ ᠠᠵᠢᠯᠯᠠᠭᠠᠨ᠎ᠢ ᠬᠡᠷᠡᠭ᠌ᠵᠢᠭᠦᠯᠣᠨ᠎ᠡ᠃ ᠮᠠᠯᠵᠢᠬᠤ ᠤᠷᠤᠨ᠎ᠤ ᠣᠳᠤᠬᠢᠴᠢᠯᠠᠯᠲᠠ᠎ᠶ᠋ᠢᠨ ᠲᠤᠷᠱᠢᠯᠲᠠ᠎ᠶ᠋ᠢᠨ ᠴᠡᠭ᠎ᠢ ᠠᠬᠢᠭᠤᠯᠵᠤ᠂ ᠮᠠᠯ ᠪᠡᠯᠴᠢᠭᠡᠷ᠎ᠢ ᠳᠡᠩᠴᠡᠭᠦᠷᠢᠲᠡᠢ ᠪᠠᠢᠯᠭᠠᠬᠤ ᠳᠦᠷᠢᠮ᠎ᠢ ᠴᠢᠩᠭ᠎ᠠ ᠨᠠᠢᠳᠠᠪᠤᠷᠢᠵᠢᠭᠤᠯᠤᠨ᠂ ᠲᠡᠮᠦᠷ ᠲᠣᠣᠷ ᠲᠠᠲᠠᠬᠤ᠎ᠶ᠋ᠢ ᠪᠠᠭᠠᠰᠭᠠᠵᠤ᠂ ᠨᠤᠲᠤᠭ ᠪᠡᠯᠴᠢᠭᠡᠷ᠎ᠢ 《ᠬᠡᠰᠡᠭ᠌ᠯᠡᠨ ᠬᠦᠷᠢᠶᠡᠯᠡᠬᠦ᠌》 ᠠᠰᠠᠭᠤᠳᠠᠯ᠎ᠢ ᠱᠢᠢᠳᠪᠦᠷᠢᠯᠡᠨ᠎ᠠ᠃ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ᠎ᠤᠨ ᠠᠭᠤᠰᠤᠯᠴᠠᠨ ᠬᠦᠭ᠌ᠵᠢᠬᠦ᠌᠎ᠶ᠋ᠢ ᠠᠬᠢᠭᠤᠯᠤᠨ᠎ᠠ᠃

ᠬᠦᠳᠡᠭᠡ ᠲᠤᠰᠭᠤᠨ᠎ᠢ ᠪᠦᠲᠦᠭᠡᠨ ᠪᠠᠢᠭᠤᠯᠬᠤ ᠠᠵᠢᠯᠯᠠᠭᠠᠨ᠎ᠢ ᠬᠡᠷᠡᠭ᠌ᠵᠢᠭᠦᠯᠵᠦ᠍᠂ ᠬᠦᠳᠡᠭᠡ ᠲᠤᠰᠭᠤᠨ᠎ᠤ ᠲᠦᠯᠦᠪᠵᠢᠭᠦᠯᠭᠡ᠎ᠶ᠋ᠢ ᠰᠠᠢᠲᠤᠷ ᠨᠠᠢᠷᠠᠭᠤᠯᠤᠨ ᠵᠣᠬᠢᠶᠠᠵᠦ᠍᠂ ᠱᠢᠶᠠᠨ᠎ᠤ ᠲᠦᠪ᠂ ᠱᠢᠶᠠᠩ ᠪᠠᠯᠭᠠᠰᠤᠨ᠎ᠤ ᠣᠯᠠᠨ ᠨᠡᠢᠲᠡ᠎ᠶ᠋ᠢᠨ ᠶᠡᠷᠦᠩᠬᠡᠢ ᠦᠢᠯᠡᠴᠢᠯᠡᠭᠡᠨ᠎ᠤ ᠴᠢᠳᠠᠮᠵᠢ᠎ᠶ᠋ᠢ ᠴᠢᠩᠭᠠᠷᠠᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ᠎ᠤ ᠤᠷᠤᠱᠢᠨ ᠠᠮᠢᠳᠤᠷᠠᠬᠤ ᠣᠷᠴᠢᠨ ᠨᠦᠬᠦᠴᠡᠯ᠎ᠢ ᠴᠡᠭ᠌ᠴᠡᠯᠡᠨ ᠰᠠᠢᠵᠢᠷᠠᠭᠤᠯᠬᠤ ᠠᠵᠢᠯᠯᠠᠭᠠᠨ᠎ᠢ ᠠᠬᠢᠭᠤᠯᠵᠤ᠂ ᠵᠣᠷᠯᠤᠩ᠎ᠢ ᠦᠭᠡᠷᠡᠴᠢᠯᠡᠬᠦ᠂ ᠬᠤᠭ ᠨᠤᠪᠰᠢ ᠪᠤᠬᠢᠷ ᠤᠰᠤ᠎ᠶ᠋ᠢ ᠱᠢᠢᠳᠪᠦᠷᠢᠯᠡᠬᠦ᠂ ᠲᠠᠷᠢᠵᠤ ᠤᠷᠭᠤᠭᠤᠯᠬᠤ ᠪᠠ ᠲᠡᠵᠢᠭᠡᠨ ᠦᠷᠡᠵᠢᠭᠦᠯᠦᠭᠡᠳ ᠭᠠᠷᠭᠠᠭ᠍ᠰᠠᠨ ᠬᠠᠶᠠᠭ᠍ᠳᠠᠮᠠᠯ ᠪᠤᠳᠠᠰ᠎ᠢ ᠡᠬᠢ ᠪᠠᠶᠠᠯᠢᠬ᠍ᠵᠢᠭᠤᠯᠤᠨ ᠠᠱᠢᠬ᠍ᠯᠠᠬᠤ᠎ᠶ᠋ᠢ ᠭᠠᠵᠠᠷ ᠤᠷᠤᠨ᠎ᠤ ᠪᠠᠢᠳᠠᠯ᠎ᠳᠤ᠎ᠨᠢ ᠲᠣᠬᠢᠷᠠᠭᠤᠯᠤᠨ ᠠᠬᠢᠭᠤᠯᠵᠦ᠍᠂ ᠮᠠᠯᠵᠢᠬᠤ ᠲᠠᠷᠢᠶᠠᠯᠠᠬᠤ ᠤᠷᠤᠨ᠎ᠤ ᠤᠯᠠᠨ ᠨᠡᠢᠲᠡ᠎ᠶ᠋ᠢᠨ ᠪᠡᠯᠡᠳᠭᠡᠮᠵᠢ᠎ᠶ᠋ᠢ ᠬᠠᠮᠢᠶᠠᠷᠴᠦ᠍ ᠬᠠᠮᠠᠭᠠᠯᠠᠬᠤ ᠲᠤᠬ᠍ᠲᠠᠴᠠ᠎ᠶ᠋ᠢ ᠪᠠᠢᠭᠤᠯᠤᠨ ᠪᠦᠷᠢᠨᠱᠢᠭᠦᠯᠦᠨ᠎ᠡ᠃

ᠬᠤᠶᠠᠳᠤᠭᠠᠷ ᠡᠭᠡᠯᠵᠢ᠎ᠶ᠋ᠢᠨ ᠭᠠᠵᠠᠷ ᠱᠢᠷᠤᠢ ᠳᠠᠭᠠᠭᠠᠴᠢᠯᠠᠨ ᠡᠵᠡᠩᠨᠡᠬᠦ᠌ ᠬᠤᠭᠤᠴᠠᠭ᠎ᠠ ᠲᠤᠯᠤᠭ᠍ᠰᠠᠨ᠎ᠤ ᠳᠠᠷᠠᠭ᠎ᠠ 30 ᠵᠢᠯ ᠤᠷᠳᠤᠳᠭᠠᠬᠤ ᠲᠤᠷᠱᠢᠯᠲᠠ᠎ᠶ᠋ᠢᠨ ᠴᠡᠭ᠎ᠢ ᠡᠮᠬᠢ ᠵᠢᠷᠦᠮ᠎ᠲᠠᠢ ᠦᠷᠨᠢᠭᠦᠯᠵᠣ᠂ ᠭᠠᠵᠠᠷ ᠱᠢᠷᠤᠢ ᠡᠵᠡᠩᠨᠡᠬᠦ᠌ ᠡᠷᠬᠡ᠎ᠶ᠋ᠢ ᠡᠷᠭᠢᠯᠳᠦᠭᠦᠯᠦᠨ ᠱᠢᠯᠵᠢᠭᠦᠯᠬᠦ᠌᠎ᠳᠤ ᠦᠢᠯᠡᠴᠢᠯᠡᠬᠦ᠌ ᠱᠢᠰᠲ᠋ᠧᠮᠵᠢ᠎ᠶ᠋ᠢ ᠪᠦᠷᠢᠨᠱᠢᠭᠦᠯᠦᠨ᠎ᠡ᠃ ᠮᠠᠯᠵᠢᠬᠤ ᠲᠠᠷᠢᠶᠠᠯᠠᠬᠤ ᠤᠷᠤᠨ᠎ᠤ ᠬᠠᠮᠲᠤ᠎ᠶ᠋ᠢᠨ ᠦᠮᠴᠢᠯᠡᠯ᠎ᠤᠨ ᠡᠷᠬᠡ᠎ᠶ᠋ᠢᠨ ᠳᠦᠷᠢᠮ᠎ᠤᠨ ᠦᠭᠡᠷᠡᠴᠢᠯᠡᠯᠲᠡ᠎ᠶ᠋ᠢᠨ ᠱᠠᠲᠤᠴᠢ ᠴᠢᠨᠠᠷᠲᠠᠢ ᠡᠬᠦᠷᠭᠡ᠎ᠶ᠋ᠢ ᠪᠡᠶᠡᠯᠡᠭᠦᠯᠦᠨ᠂ ᠬᠠᠮᠲᠤ᠎ᠶ᠋ᠢᠨ ᠠᠵᠤ ᠠᠬᠤᠢ᠎ᠶ᠋ᠢ ᠬᠦᠭ᠌ᠵᠢᠬᠦᠯᠦᠨ ᠪᠤᠵᠠᠭᠠᠢᠷᠠᠭᠤᠯᠵᠦ᠍᠂ ᠱᠢᠨ᠎ᠡ ᠬᠡᠯᠪᠡᠷᠢ᠎ᠶ᠋ᠢᠨ ᠲᠠᠷᠢᠶᠠᠯᠠᠩ ᠮᠠᠯ ᠠᠵᠤ ᠠᠬᠤᠢ ᠡᠵᠡᠩᠨᠡᠬᠦ᠌ ᠭᠤᠣᠯ ᠴᠤᠭ᠍ᠴᠠ ᠪᠠ ᠦᠢᠯᠡᠴᠢᠯᠡᠬᠦ᠌ ᠭᠤᠣᠯ ᠴᠤᠭ᠍ᠴᠠ᠎ᠶ᠋ᠢ ᠪᠣᠢ ᠪᠣᠯᠭᠠᠨ᠎ᠠ᠃ ᠲᠠᠷᠢᠶᠠᠯᠠᠩ ᠮᠠᠯ ᠠᠵᠤ ᠠᠬᠤᠢ᠎ᠶ᠋ᠢᠨ ᠲᠦᠷᠦ᠎ᠶ᠋ᠢᠨ ᠪᠣᠳᠤᠯᠭ᠎ᠠ᠎ᠶ᠋ᠢᠨ ᠴᠢᠨᠠᠷᠲᠠᠢ ᠳᠠᠭᠠᠳᠭᠠᠯ᠎ᠤᠨ ᠬᠠᠮᠤᠷᠬᠤ ᠬᠡᠪᠴᠢᠶ᠎ᠡ᠎ᠶ᠋ᠢ ᠦᠷᠭᠡᠳᠭᠡᠵᠦ᠍᠂ ᠮᠠᠯᠵᠢᠬᠤ ᠲᠠᠷᠢᠶᠠᠯᠠᠬᠤ ᠤᠷᠤᠨ᠎ᠢ ᠮᠦᠩᠭᠦᠨ ᠭᠦᠢᠯᠭᠡᠭᠡᠨ᠎ᠢᠶᠠᠷ ᠦᠢᠯᠡᠴᠢᠯᠡᠬᠦ᠌ ᠱᠢᠰᠲ᠋ᠧᠮᠵᠢ᠎ᠶ᠋ᠢ ᠪᠦᠷᠢᠨᠱᠢᠭᠦᠯᠦᠨ᠎ᠡ᠃

(ᠲᠠᠪᠤ) ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠢ ᠬᠦᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠤᠨ᠎ᠠ

ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢ ᠬᠠᠮᠠᠭᠠᠯᠠᠬᠤ ᠠᠵᠢᠯ᠎ᠢ ᠰᠠᠢᠲᠤᠷ ᠠᠳᠭᠤᠵᠣ᠂ ᠳᠡᠭᠡᠳᠦ ᠳᠤᠤᠷᠠᠳᠤ ᠤᠷᠤᠰᠭᠠᠯ᠂ ᠭᠤᠣᠯ ᠰᠠᠯᠪᠤᠷᠢ ᠤᠷᠤᠰᠭᠠᠯ᠂ ᠬᠤᠶᠠᠷ ᠲᠠᠯ᠎ᠠ᠎ᠶ᠋ᠢᠨ ᠡᠷᠭᠢ᠎ᠶ᠋ᠢ ᠬᠠᠮᠵᠢᠯᠴᠠᠨ ᠵᠠᠰᠠᠬᠤ᠎ᠪᠠᠨ ᠴᠢᠩᠭᠠᠳᠭᠠᠨ᠂ ᠭᠤᠣᠯ ᠪᠠ ᠭᠤᠣᠯ᠎ᠤᠨ ᠰᠠᠢᠷᠭᠠᠯ᠎ᠤᠨ ᠶᠡᠷᠦᠩᠬᠡᠢᠯᠡᠨ ᠵᠠᠰᠠᠵᠤ ᠰᠠᠢᠵᠢᠷᠠᠭᠤᠯᠬᠤ ᠢᠨᠵᠧᠨᠧᠷᠢᠩ᠎ᠢ ᠬᠡᠷᠡᠭ᠌ᠵᠢᠭᠦᠯᠵᠤ᠂ 《ᠳᠤᠷ᠎ᠠ᠎ᠪᠠᠷ ᠡᠵᠡᠯᠡᠵᠦ᠍》 《ᠳᠤᠷ᠎ᠠ᠎ᠪᠠᠷ ᠪᠠᠢᠭᠤᠯᠬᠤ》 ᠠᠰᠠᠭᠤᠳᠠᠯ᠎ᠢ ᠲᠦᠪᠯᠡᠷᠡᠭᠦᠯᠦᠨ ᠴᠡᠭ᠌ᠴᠡᠯᠡᠵᠦ᠍᠂ ᠡᠷᠭᠢ ᠳᠠᠭᠠᠤ ᠤᠷᠤᠨ᠎ᠤ ᠠᠮᠢ ᠠᠬᠤᠢ᠎ᠶ᠋ᠢᠨ ᠴᠢᠳᠠᠮᠵᠢ᠎ᠶ᠋ᠢ ᠰᠡᠷᠭᠦᠭᠡᠨ᠎ᠡ᠃ ᠤᠷᠤᠨ ᠪᠦᠰᠡ᠎ᠶ᠋ᠢᠨ ᠬᠦᠷᠦᠰᠦ ᠱᠢᠷᠤᠢ᠎ᠶ᠋ᠢᠨ ᠢᠳᠡᠭ᠌ᠳᠡᠯ᠎ᠢ ᠶᠡᠷᠦᠩᠬᠡᠢᠯᠡᠨ ᠵᠠᠰᠠᠬᠤ᠎ᠪᠠᠨ ᠴᠢᠩᠭᠠᠷᠠᠭᠤᠯᠵᠤ᠂ ᠬᠠᠱᠢᠯᠭ᠎ᠠ᠎ᠶ᠋ᠢᠨ ᠰᠡᠷᠭᠡᠢᠯᠡᠯᠲᠡ ᠪᠠ ᠡᠯᠡᠰᠦ ᠨᠡᠭᠦᠳᠡᠯᠯᠡᠬᠦ᠌᠎ᠶ᠋ᠢ ᠰᠡᠷᠭᠡᠢᠯᠡᠨ ᠡᠵᠡᠮᠳᠡᠬᠦ᠌ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠂ ᠦᠶᠡᠷ ᠤᠰᠤᠳᠤᠯ ᠪᠠ ᠰᠦᠩ ᠬᠠᠯᠢᠶ᠎ᠠ᠎ᠶ᠋ᠢ ᠰᠡᠷᠭᠡᠢᠯᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠦᠨ᠎ᠡ᠃ ᠬᠠᠲᠤᠨ ᠭᠤᠣᠯ ᠳᠠᠭᠠᠤ ᠭᠠᠵᠠᠷ ᠤᠷᠤᠨ᠎ᠤ ᠣᠷᠴᠢᠨ ᠲᠤᠭᠤᠷᠢᠨ᠎ᠤ ᠪᠤᠬᠢᠷᠳᠤᠯ᠎ᠢ ᠱᠢᠰᠲ᠋ᠧᠮ᠎ᠲᠠᠢ ᠵᠠᠰᠠᠬᠤ ᠪᠠ ᠠᠭᠤᠷᠬᠠᠢ᠎ᠶ᠋ᠢᠨ ᠣᠷᠤᠨ᠎ᠤ ᠠᠮᠢ ᠠᠬᠤᠢ ᠣᠷᠴᠢᠨ ᠲᠤᠭᠤᠷᠢᠨ᠎ᠢ ᠶᠡᠷᠦᠩᠬᠡᠢᠯᠡᠨ ᠵᠠᠰᠠᠬᠤ᠎ᠪᠠᠨ ᠴᠢᠩᠭᠠᠳᠭᠠᠨ᠎ᠠ᠃ ᠤᠰᠤ᠎ᠶ᠋ᠢ ᠮᠠᠰᠢ ᠰᠠᠢᠨ ᠠᠷᠪᠢᠯᠠᠬᠤ ᠪᠠ ᠡᠵᠡᠮᠳᠡᠬᠦ᠌ ᠠᠵᠢᠯᠯᠠᠭᠠᠨ᠎ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠪᠦᠳᠦᠭᠦᠯᠢᠭ ᠪᠦᠭᠡᠳ ᠳᠣᠣᠷ᠎ᠠ ᠠᠱᠢᠬ᠍ᠯᠠᠮᠵᠢ᠎ᠲᠠᠢ ᠤᠰᠤ ᠬᠡᠷᠡᠭ᠌ᠯᠡᠬᠦ᠌ ᠠᠷᠭ᠎ᠠ ᠮᠠᠶᠢᠭ᠎ᠢ ᠬᠤᠪᠢᠷᠠᠭᠤᠯᠤᠭᠠᠳ ᠠᠷᠪᠢᠲᠠᠢ ᠡᠷᠴᠢᠮᠲᠡᠢ ᠬᠡᠷᠡᠭ᠌ᠯᠡᠬᠦ᠌᠎ᠶ᠋ᠢ ᠦᠷᠭᠦᠯᠵᠢᠯᠡᠨ ᠠᠬᠢᠭᠤᠯᠤᠨ᠎ᠠ᠃

ᠡᠨᠧᠷᠬᠢ᠎ᠶ᠋ᠢᠨ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠤᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠡᠬᠢ ᠪᠠᠶᠠᠯᠢᠭ᠎ᠢ ᠶᠡᠷᠦᠩᠬᠡᠢᠯᠡᠨ ᠠᠱᠢᠬ᠍ᠯᠠᠬᠤ ᠨᠤᠷᠮ᠎ᠠ᠎ᠶ᠋ᠢ ᠳᠡᠭᠡᠭ᠌ᠰᠢᠯᠡᠭᠦᠯᠦᠨ᠎ᠡ᠃ ᠱᠢᠨ᠎ᠡ ᠪᠠ ᠬᠠᠭᠤᠴᠢᠨ ᠬᠦᠳᠡᠯᠭᠡᠬᠦ᠌ ᠴᠢᠳᠠᠮᠵᠢ᠎ᠶ᠋ᠢᠨ ᠰᠤᠯᠢᠬ᠍ᠳᠠᠯ᠎ᠢ ᠲᠦᠷᠭᠡᠳᠭᠡᠨ᠂ ᠨᠡᠭᠦᠷᠡᠰᠦᠨ᠎ᠤ ᠪᠤᠰᠤ ᠠᠵᠤ ᠦᠢᠯᠡᠰ᠂ ᠡᠬᠢ ᠪᠠᠶᠠᠯᠢᠭ᠎ᠤᠨ ᠪᠤᠰᠤ ᠠᠵᠤ ᠦᠢᠯᠡᠰ ᠪᠠ ᠳᠡᠭᠡᠳᠦ ᠱᠢᠨ᠎ᠡ ᠮᠡᠷᠭᠡᠵᠢᠯ᠎ᠤᠨ ᠠᠵᠤ ᠦᠢᠯᠡᠰ᠎ᠢ ᠪᠣᠢ ᠪᠣᠯᠭᠠᠨ᠎ᠠ᠃ ᠬᠠᠲᠤᠨ ᠭᠤᠣᠯ᠎ᠤᠨ ᠲᠤᠬᠤᠢ᠎ᠳᠠᠬᠢ ᠲᠤᠮᠤ ᠬᠤᠲᠠ᠎ᠶ᠋ᠢᠨ ᠲᠤᠭᠤᠷᠢᠭ᠎ᠤᠨ ᠵᠣᠬᠢᠴᠠᠯᠳᠤᠭ᠍ᠰᠠᠨ ᠬᠦᠭ᠌ᠵᠢᠯᠲᠡ᠎ᠶ᠋ᠢ ᠠᠬᠢᠭᠤᠯᠵᠤ᠂ ᠬᠠᠲᠤᠨ ᠭᠤᠣᠯ ᠳᠠᠭᠠᠤ ᠭᠠᠵᠠᠷ ᠣᠷᠤᠨ᠎ᠤ ᠲᠥᠪ ᠪᠣᠯᠬᠤ ᠬᠤᠲᠠ ᠪᠠ ᠬᠤᠲᠠ᠎ᠶ᠋ᠢᠨ ᠪᠦᠯᠦᠭ᠌ᠵᠢᠯ᠎ᠤᠨ ᠴᠢᠨᠠᠷ ᠰᠠᠢᠲᠠᠢ ᠬᠦᠭ᠌ᠵᠢᠯᠲᠡ᠎ᠶ᠋ᠢ ᠠᠬᠢᠭᠤᠯᠤᠨ᠎ᠠ᠃

ᠬᠠᠲᠤᠨ ᠭᠤᠣᠯ᠎ᠤᠨ ᠰᠣᠶᠤᠯ᠎ᠢ ᠬᠠᠮᠠᠭᠠᠯᠠᠬᠤ᠂ ᠤᠯᠠᠮᠵᠢᠯᠠᠬᠤ ᠪᠠ ᠪᠠᠳᠠᠷᠠᠭᠤᠯᠵᠣ᠂ ᠬᠠᠲᠤᠨ ᠭᠤᠣᠯ᠎ᠤᠨ ᠰᠣᠶᠤᠯ᠎ᠤᠨ ᠴᠠᠭ ᠦᠶ᠎ᠡ᠎ᠶ᠋ᠢᠨ ᠥᠷᠲᠡᠭ᠎ᠢ ᠭᠦᠨᠵᠡᠭᠡᠢ ᠠᠭᠤᠳᠠᠯᠤᠨ᠂ ᠰᠤᠶᠤᠯ᠎ᠤᠨ ᠡᠬᠢ ᠪᠠᠶᠠᠯᠢᠭ ᠪᠠ ᠪᠠᠢᠭᠠᠯᠢ᠎ᠶ᠋ᠢᠨ ᠡᠬᠢ ᠪᠠᠶᠠᠯᠢᠭ᠎ᠤᠨ ᠤᠷᠭᠠᠨᠢᠭ᠎ᠢᠶᠠᠷ ᠠᠭᠤᠰᠤᠯᠴᠠᠬᠤ᠎ᠶ᠋ᠢ ᠠᠬᠢᠭᠤᠯᠵᠤ᠂ ᠤᠷᠲᠤ ᠴᠠᠭᠠᠨ ᠬᠡᠷᠡᠮ᠎ᠤᠨ ᠤᠯᠤᠰ᠎ᠤᠨ ᠰᠤᠶᠤᠯ᠎ᠤᠨ ᠴᠡᠴᠡᠷᠯᠢᠭ᠂ ᠬᠠᠲᠤᠨ ᠭᠤᠣᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠢ ᠪᠦᠲᠦᠭᠡᠨ ᠪᠠᠢᠭᠤᠯᠬᠤ ᠠᠵᠢᠯ᠎ᠢ ᠠᠬᠢᠭᠤᠯᠵᠤ᠂ ᠳᠡᠯᠡᠬᠡᠢ ᠨᠡᠢᠲᠡ᠎ᠳᠤ ᠨᠦᠯᠦᠭᠡᠯᠡᠬᠦ᠌ ᠬᠦᠴᠦᠨ᠎ᠲᠠᠢ ᠬᠠᠲᠤᠨ ᠭᠤᠣᠯ᠎ᠤᠨ ᠲᠣᠬᠤᠢ᠎ᠶ᠋ᠢᠨ ᠰᠤᠶᠦᠯ᠎ᠤᠨ ᠵᠢᠭᠤᠯᠴᠢᠯᠠᠯ᠎ᠤᠨ ᠪᠦᠰᠡ᠎ᠶ᠋ᠢ ᠴᠤᠭ᠍ᠴᠠᠯᠠᠨ ᠪᠠᠢᠭᠤᠯᠤᠨ᠎ᠠ᠃

 (ᠵᠢᠷᠭᠤᠭ᠎ᠠ) ᠦᠭᠡᠷᠡᠴᠢᠯᠡᠯᠳᠠ ᠨᠡᠭᠡᠭᠡᠯᠳᠠ᠎ᠶ᠋ᠢ ᠨᠡᠩ ᠡᠷᠴᠢᠮᠳᠡᠢ ᠠᠬᠢᠭᠤᠯᠣᠨ᠎ᠠ

ᠵᠠᠬ᠎ᠠ ᠳᠡᠯᠭᠡᠭᠦᠷᠴᠢᠯᠡᠭ᠌ᠰᠡᠨ ᠬᠠᠣᠯᠢᠵᠢᠭ᠍ᠰᠠᠨ ᠳᠡᠯᠡᠬᠡᠢᠴᠢᠯᠡᠭ᠌ᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ᠎ᠢ ᠭᠦᠴᠣᠯᠡᠨ ᠪᠣᠢ ᠪᠣᠯᠭᠠᠨ᠎ᠠ᠃ 《ᠳᠠᠯᠪᠢᠬᠤ ᠬᠠᠮᠢᠶᠠᠷᠬᠤ ᠦᠢᠯᠡᠴᠢᠯᠡᠭᠦ᠌》 ᠦᠭᠡᠷᠡᠴᠢᠯᠡᠯᠳᠠ᠎ᠶ᠋ᠢ ᠭᠦᠨᠵᠡᠭᠡᠢᠷᠡᠭᠦᠯᠵᠣ᠂ ᠪᠠᠷᠢᠯᠭ᠎ᠠ᠎ᠶ᠋ᠢᠨ ᠪᠦᠳᠣᠭᠡᠨ ᠪᠠᠢᠭᠤᠯᠬᠤ ᠲᠦᠷᠣᠯ ᠵᠦᠢᠯ᠎ᠢ ᠬᠢᠨᠠᠨ ᠵᠦᠪᠱᠢᠶᠡᠷᠡᠭᠦ᠌᠂ ᠦᠯᠣ ᠬᠦᠳᠡᠯᠭᠦ᠌ ᠬᠦᠷᠣᠩᠭᠡ᠎ᠶ᠋ᠢ ᠳᠠᠩᠰᠠᠯᠠᠨ ᠲᠡᠮᠲᠡᠭ᠌ᠯᠡᠬᠦ᠌ ᠵᠡᠷᠭᠡ ᠬᠦᠷᠢᠶ᠎ᠡ ᠴᠡᠷᠠᠭᠠᠨ᠎ᠳᠠᠬᠢ ᠦᠭᠡᠷᠡᠴᠢᠯᠡᠯᠳᠠ᠎ᠶ᠋ᠢ ᠠᠬᠢᠭᠤᠯᠵᠣ᠂ ᠵᠠᠰᠠᠭ ᠵᠠᠬᠢᠷᠭᠠᠨ᠎ᠤ ᠵᠦᠪᠱᠢᠶᠡᠷᠡᠯ ᠪᠠ ᠪᠦᠷᠢᠳᠭᠡᠨ ᠳᠠᠩᠰᠠᠯᠠᠬᠤ ᠵᠦᠢᠯᠡᠰ᠎ᠲᠤ ᠨᠠᠷᠢᠨ ᠬᠠᠭᠤᠳᠠᠰᠣ᠎ᠶ᠋ᠢᠨ ᠬᠠᠮᠢᠶᠠᠷᠣᠯᠳᠠ᠎ᠶ᠋ᠢ ᠬᠡᠷᠩᠵᠢᠭᠦᠯᠵᠣ᠂ 《ᠭᠡᠷᠡᠴᠢ ᠪᠠ ᠦᠨᠡᠮᠯᠡᠯ᠎ᠢ ᠰᠠᠯᠭᠠᠬᠤ》 ᠦᠭᠡᠷᠡᠴᠢᠯᠡᠯᠳᠠ᠎ᠶ᠋ᠢᠨ ᠬᠤᠯᠪᠤᠬ᠍ᠳᠠᠬᠤ ᠠᠵᠢᠯ ᠪᠦᠭᠦᠨ᠎ᠢ ᠬᠠᠮᠣᠷᠬᠤ᠎ᠶ᠋ᠢ᠎ᠨᠢ ᠠᠬᠢᠭᠤᠯᠣᠨ᠎ᠠ᠃ ᠭᠡᠷᠡᠴᠢᠯᠡᠭᠦ᠌ ᠵᠦᠢᠯᠡᠰ ᠪᠠ ᠠᠵᠣ ᠠᠬᠤᠢᠯᠡᠯ᠎ᠳᠤ ᠬᠤᠯᠪᠣᠭ᠍ᠳᠠᠬᠤ ᠡᠵᠡᠩᠨᠠᠯᠳᠠ᠎ᠶ᠋ᠢᠨ ᠵᠥᠪᠱᠢᠶᠡᠷᠡᠯ᠎ᠤᠨ ᠵᠦᠢᠯᠡᠰ᠎ᠢ᠎ᠨᠢ ᠮᠡᠳᠡᠭ᠌ᠳᠡᠭᠦ᠌ ᠠᠮᠠᠯᠠᠯᠳᠠ᠎ᠶ᠋ᠢᠨ ᠲᠦᠷᠢᠮ᠎ᠢ ᠬᠡᠷᠩᠵᠢᠭᠦᠯᠣᠨ᠎ᠡ᠃ ᠨᠠᠢᠭᠡᠮ᠎ᠤᠨ ᠢᠳᠡᠭᠡᠮᠵᠢ᠎ᠶ᠋ᠢᠨ ᠱᠢᠰᠲ᠋ᠧᠮᠵᠢ᠎ᠶ᠋ᠢ ᠳᠡᠭᠦᠯᠳᠡᠷᠵᠢᠭᠦᠯᠵᠣ᠂ ᠢᠳᠡᠭᠡᠯ ᠠᠯᠳᠠᠭ᠍ᠰᠠᠣᠨ᠎ᠢ ᠵᠠᠯᠬᠠᠭᠠᠨ ᠱᠢᠢᠳᠭᠡᠬᠦ᠌ ᠡᠷᠴᠢᠮ᠎ᠢᠶᠠᠨ ᠴᠢᠩᠭᠠᠷᠠᠭᠤᠯᠵᠣ᠂ ᠡᠷᠬᠡ ᠲᠡᠭ᠌ᠰᠢ᠎ᠪᠠᠷ ᠦᠷᠢᠰᠣᠯᠳᠣᠭᠦ᠌ ᠵᠠᠬ᠎ᠠ ᠳᠡᠯᠭᠡᠭᠦᠷ᠎ᠤᠨ ᠣᠷᠴᠢᠨ᠎ᠢ ᠬᠠᠮᠠᠭᠠᠯᠠᠨ᠎ᠠ᠃ 《ᠨᠢᠭᠡᠯᠠ ᠰᠦᠯᠵᠢᠶ᠎ᠠ᠎ᠪᠠᠷ ᠨᠠᠢᠳᠠᠮ ᠭᠦᠢᠴᠡᠣᠡᠭᠡᠭᠦ᠌》᠂ 《ᠭᠠᠷ ᠤᠲᠠᠰᠤ᠎ᠪᠠᠷ ᠭᠦᠢᠴᠡᠣᠡᠭᠡᠭᠦ᠌》᠂ ᠣᠷᠣᠯᠠᠨ ᠭᠦᠢᠴᠡᠣᠡᠭᠡᠭᠦ᠌ ᠪᠠ ᠬᠠᠪᠰᠣᠷᠣᠨ ᠭᠦᠢᠴᠡᠣᠡᠭᠡᠭᠦ᠌ ᠵᠡᠷᠭᠡ ᠠᠵᠢᠯ᠎ᠢ ᠠᠬᠢᠭᠤᠯᠵᠣ᠂ ᠠᠷᠠᠣᠨ᠎ᠲᠤ ᠲᠦᠭᠦᠮ ᠦᠵᠡᠭᠦᠯᠭᠦ᠌ ᠦᠢᠯᠡᠴᠢᠯᠡᠬᠡᠨ᠎ᠤ ᠬᠠᠯᠠᠮᠱᠢᠯ ᠣᠳᠠᠰᠣ᠎ᠶ᠋ᠢ ᠡᠮᠬᠢᠯᠡᠨ ᠨᠠᠢᠯᠡᠭᠦᠯᠵᠣ᠂ ᠵᠠᠰᠠᠭ᠎ᠤᠨ ᠶᠠᠪᠣᠳᠠᠯ᠎ᠤᠨ ᠦᠢᠯᠡᠴᠢᠯᠡᠭᠡᠨ᠎ᠤ ᠣᠷᠴᠢᠨ ᠲᠣᠭᠤᠷᠢᠨ᠎ᠢ ᠳᠠᠰᠣᠷᠠᠯᠳᠠ ᠦᠭᠡᠢ ᠱᠢᠯᠢᠳᠡᠭ᠌ᠵᠢᠭᠦᠯᠣᠨ᠎ᠠ᠃ ᠲᠤᠳᠤᠨᠤ ᠴᠢᠭᠡᠴᠢ ᠵᠠᠰᠠᠭ ᠬᠤᠳᠠᠯᠳᠤᠭᠠᠨ᠎ᠤ ᠬᠠᠷᠢᠴᠠᠭ᠎ᠠ᠎ᠶ᠋ᠢ ᠪᠠᠢᠭᠤᠯᠵᠣ᠂ ᠠᠷᠠᠣᠨ᠎ᠠᠴᠠ ᠡᠵᠡᠩᠨᠡᠭ᠌ᠰᠠᠨ ᠠᠵᠣ ᠠᠬᠤᠢᠯᠡᠯ᠎ᠤᠨ ᠦᠮᠴᠢᠯᠡᠯ᠎ᠤᠨ ᠡᠷᠬᠡ ᠪᠠ ᠠᠵᠣ ᠠᠬᠤᠢᠯᠡᠯᠳᠠᠣᠨ᠎ᠤᠨ ᠡᠷᠬᠡ ᠠᠱᠢᠭ᠎ᠢ ᠬᠠᠣᠯᠢ ᠶᠣᠰᠣᠭᠠᠷ ᠬᠠᠮᠠᠭᠠᠯᠠᠨ᠎ᠠ᠃

ᠣᠯᠣᠰ᠎ᠤᠨ ᠦᠮᠴᠢᠯᠠᠯᠳᠣ ᠠᠵᠣ ᠠᠬᠤᠢᠯᠡᠯ᠎ᠤᠨ ᠦᠭᠡᠷᠡᠴᠢᠯᠡᠯᠳᠠ᠎ᠶ᠋ᠢᠨ ᠭᠤᠷᠪᠡᠨ ᠵᠢᠯ᠎ᠤᠨ ᠠᠵᠢᠯᠯᠠᠭᠠᠨ᠎ᠢ ᠭᠦᠨᠵᠡᠭᠡᠢ ᠬᠡᠷᠩᠵᠢᠭᠦᠯᠵᠣ᠂ ᠪᠦᠬᠦ᠌ ᠤᠷᠤᠨ᠎ᠤ 《ᠠᠷᠪᠠᠨ ᠳᠦᠷᠪᠡᠳᠦᠭᠡᠷ ᠲᠠᠪᠤᠨ ᠵᠢᠯ》 ᠎ᠤᠨ ᠲᠦᠯᠦᠪᠵᠢᠭᠦᠯᠭᠡ᠎ᠳᠠᠬᠢ ᠤᠯᠤᠰ᠎ᠤᠨ ᠦᠮᠴᠢᠯᠡᠯᠲᠦ ᠬᠦᠷᠦᠩᠭᠡ᠎ᠶ᠋ᠢᠨ ᠪᠠᠢᠷᠢᠱᠢᠭᠤᠯᠤᠯ ᠬᠢᠭᠡᠳ ᠪᠦᠲᠦᠴᠡ᠎ᠳᠤ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠲᠤᠬᠢᠷᠠᠭᠤᠯᠤᠯᠲᠠ ᠬᠢᠬᠦ᠌ ᠲᠦᠯᠦᠪᠵᠢᠭᠦᠯᠭᠡ᠎ᠶ᠋ᠢ ᠲᠤᠬ᠍ᠲᠠᠭᠠᠵᠦ᠍ ᠬᠡᠷᠡᠭ᠌ᠵᠢᠭᠦᠯᠦᠨ᠎ᠡ᠃ ᠬᠤᠯᠢᠮᠠᠭ ᠦᠮᠴᠢᠯᠡᠯᠳᠣ ᠲᠦᠷᠢᠮ᠎ᠤᠨ ᠦᠭᠡᠷᠡᠴᠢᠯᠡᠯᠳᠠ᠎ᠶ᠋ᠢ ᠯᠠᠪᠳᠠᠭᠤᠨ᠎ᠢᠶᠠᠷ ᠠᠬᠢᠭᠤᠯᠵᠣ᠂ ᠣᠳᠣ ᠦᠶ᠎ᠡ᠎ᠶ᠋ᠢᠨ ᠠᠵᠣ ᠠᠬᠤᠢᠯᠡᠯ᠎ᠤᠨ ᠲᠦᠷᠢᠮ᠎ᠢ ᠪᠠᠢᠭᠤᠯᠬᠤ᠎ᠪᠠᠨ ᠲᠦᠷᠭᠡᠣᠡᠭᠡᠨ᠎ᠠ᠃ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠦᠭᠡᠷᠡᠴᠢᠯᠡᠯᠳᠠ᠎ᠶ᠋ᠢ ᠭᠦᠨᠵᠡᠬᠡᠢᠷᠡᠭᠦᠯᠵᠣ᠂ ᠴᠠᠬᠢᠯᠭᠠᠨ ᠭᠦᠴᠣᠨ᠎ᠤ ᠠᠷᠠᠯᠵᠢᠶᠠᠨ᠎ᠤ ᠵᠠᠬ᠎ᠠ ᠳᠡᠯᠭᠡᠭᠦᠷᠴᠢᠯᠡᠬᠦ᠌ ᠬᠡᠮᠵᠢᠶ᠎ᠠ᠎ᠶ᠋ᠢ ᠳᠡᠭᠡᠭ᠌ᠰᠢᠯᠡᠭᠦᠯᠥᠨ᠎ᠡ᠃

ᠲᠦᠰᠣᠪ᠎ᠤᠨ ᠬᠢᠵᠠᠭᠠᠷᠯᠠᠯ ᠪᠠ ᠠᠮᠵᠢᠯᠳᠠ ᠪᠦᠳᠣᠮᠵᠢ᠎ᠶ᠋ᠢᠨ ᠬᠠᠮᠢᠶᠠᠷᠣᠯᠳᠠ᠎ᠶ᠋ᠢ ᠴᠢᠩᠭᠠᠷᠠᠭᠤᠯᠵᠦ᠍᠂ ᠴᠢᠬᠤᠯᠨ ᠶᠡᠭᠡ ᠪᠠᠢᠯᠳᠣᠬᠤ ᠪᠣᠳᠣᠯᠭ᠎ᠠ᠎ᠶ᠋ᠢᠨ ᠡᠭᠦᠷᠭᠡ ᠪᠠ ᠦᠨᠳᠣᠰᠣᠨ ᠱᠠᠳᠣᠨ᠎ᠤ ᠣᠯᠠᠨ ᠨᠠᠢᠳᠠ᠎ᠶ᠋ᠢᠨ ᠦᠢᠯᠡᠴᠢᠯᠡᠭᠡᠨ᠎ᠤ ᠡᠳ᠋᠎ᠤᠨ ᠶᠠᠪᠤᠳᠠᠯ᠎ᠤᠨ ᠭᠦᠴᠣᠨ᠎ᠤ ᠪᠠᠳᠣᠯᠠᠭ᠎ᠠ᠎ᠶ᠋ᠢ ᠨᠡᠮᠡᠭ᠌ᠳᠡᠭᠦᠯᠣᠨ᠂ ᠵᠠᠰᠠᠭ᠎ᠤᠨ ᠣᠷᠳᠣᠨ᠎ᠤ ᠪᠡᠯᠡ ᠣᠷᠣᠭᠤᠯᠣᠯᠳᠠ᠎ᠶ᠋ᠢᠨ ᠰᠠᠭᠤᠷᠢ ᠮᠦᠩᠭᠦ᠎ᠶ᠋ᠢ ᠬᠡᠷᠩᠯᠡᠭᠦ᠌ ᠦᠷ᠎ᠡ ᠪᠦᠳᠣᠮᠵᠢ᠎ᠶ᠋ᠢ ᠳᠡᠭᠡᠭ᠌ᠰᠢᠯᠡᠭᠦᠯᠤᠨ᠎ᠡ᠃ ᠵᠠᠰᠠᠭ᠎ᠤᠨ ᠣᠷᠳᠣᠨ᠎ᠤ ᠳᠠᠯᠳᠠ ᠦᠷᠢ ᠥᠭ᠌ᠴᠡᠭᠡ᠎ᠶ᠋ᠢ ᠠᠷᠢᠯᠭᠠᠬᠤ ᠠᠵᠢᠯ᠎ᠢ ᠰᠠᠢᠳᠣᠷ ᠬᠢᠵᠣ᠂ ᠠᠷᠠᠣᠨ᠎ᠠᠴᠠ ᠡᠵᠡᠩᠨᠡᠭ᠌ᠰᠡᠨ ᠠᠵᠣ ᠠᠬᠤᠢᠯᠠᠯ ᠲᠣᠮᠳᠡ ᠵᠢᠵᠢᠭ ᠠᠵᠣ ᠠᠬᠤᠢᠯᠠᠯ᠎ᠤᠨ ᠳᠠᠩᠰᠠᠨ᠎ᠤ ᠵᠣᠭᠤᠰ ᠦᠷᠢᠳᠣᠭᠦ᠎ᠶ᠋ᠢ᠎ᠨᠢ ᠰᠡᠷᠭᠡᠢᠯᠡᠭᠦ᠌ ᠣᠷᠳᠣ ᠬᠤᠭᠤᠴᠠᠭᠠᠨ᠎ᠤ ᠪᠦᠳᠦᠮᠵᠢᠳᠡᠢ ᠲᠣᠭ᠍ᠳᠠᠴᠨ᠎ᠶ᠋ᠢ ᠪᠠᠢᠭᠤᠯᠣᠨ᠎ᠠ᠃

ᠪᠣᠳᠠᠳᠣ ᠴᠤᠭ᠍ᠴᠠ᠎ᠶ᠋ᠢᠨ ᠠᠵᠣ ᠠᠬᠤᠢ᠎ᠶ᠋ᠢ ᠮᠦᠩᠭᠦᠨ ᠭᠦᠢᠯᠭᠡᠭᠡ᠎ᠪᠠᠷ ᠳᠡᠮᠵᠢᠭᠦ᠌ ᠪᠦᠲᠦᠮᠵᠢᠲᠡᠢ ᠲᠣᠭ᠍ᠳᠠᠴᠨ᠎ᠶ᠋ᠢ ᠣᠯᠠᠮ ᠨᠢᠭᠡ ᠠᠯᠬᠤᠮ ᠳᠡᠭᠦᠯᠳᠡᠷᠵᠢᠭᠦᠯᠵᠣ᠂ ᠲᠦᠭᠡᠮᠡᠯ ᠬᠠᠷᠠᠭᠠᠯᠵᠠᠯᠳᠣ ᠮᠦᠩᠭᠦᠨ ᠭᠦᠢᠯᠭᠡᠭᠡ᠂ ᠪᠣᠬᠢᠷᠳᠤᠯ ᠦᠭᠡᠢ ᠮᠦᠩᠭᠦᠨ ᠭᠦᠢᠯᠭᠡᠭᠡ᠎ᠶ᠋ᠢ ᠬᠥᠭ᠌ᠵᠢᠭᠦᠯᠣᠨ᠎ᠡ᠃ ᠣᠷᠣᠨ ᠨᠣᠳᠤᠭ᠎ᠤᠨ ᠮᠦᠩᠭᠦᠨ ᠭᠦᠢᠯᠭᠡᠭᠡᠨ᠎ᠤ ᠬᠢᠨᠠᠯᠳᠠ ᠬᠠᠮᠢᠶᠠᠷᠣᠯᠳᠡ᠎ᠶ᠋ᠢᠨ ᠬᠢᠷᠢ ᠲᠦᠪᠱᠢᠨ᠎ᠢ ᠪᠦᠭᠦ᠌ ᠲᠡᠯ᠎ᠠ᠎ᠪᠠᠷ ᠳᠡᠭᠡᠭ᠌ᠰᠢᠯᠡᠭᠦᠯᠵᠥ᠍᠂ ᠵᠦᠢ ᠪᠤᠰᠤ ᠬᠦᠷᠣᠩᠭᠡ᠎ᠶ᠋ᠢ ᠴᠡᠪᠡᠷᠯᠡᠨ ᠬᠤᠷᠢᠶᠠᠵᠤ ᠱᠢᠢᠣᠡᠪᠣᠷᠢᠯᠡᠨ᠂ ᠠᠷᠠᠯᠵᠢᠶᠠᠨ᠎ᠤ ᠭᠠᠵᠠᠷ᠂ ᠪᠠᠭ᠎ᠠ ᠲᠣᠭᠠᠨ᠎ᠤ ᠵᠢᠭᠡᠯᠡᠯᠭᠡ᠎ᠶ᠋ᠢᠨ ᠺᠣᠮᠫᠠᠨᠢ᠂ ᠪᠡᠯᠡ ᠲᠣᠬᠢᠷᠠᠭᠤᠯᠭ᠎ᠠ᠎ᠶ᠋ᠢᠨ ᠳᠠᠭᠠᠭᠠᠯᠳᠠ ᠵᠡᠷᠭᠡ ᠣᠷᠣᠨ ᠨᠣᠳᠤᠭ᠎ᠤᠨ ᠮᠦᠩᠭᠦᠨ ᠭᠦᠢᠯᠭᠡᠭᠡᠨ᠎ᠤ ᠪᠠᠢᠭᠤᠯᠣᠮᠵᠢ᠎ᠶ᠋ᠢᠨ ᠲᠦᠭ᠌ᠰᠢᠭᠦᠷᠢ᠎ᠶ᠋ᠢ ᠰᠡᠷᠭᠡᠢᠯᠡᠨ᠂ ᠵᠢᠭᠡᠯᠡᠯᠭᠡ᠎ᠶ᠋ᠢᠨ ᠲᠡᠮᠲᠡᠭ᠎ᠤᠨ ᠵᠠᠬ᠎ᠠ ᠳᠡᠯᠭᠡᠭᠦᠷ᠎ᠤᠨ ᠭᠡᠷ᠎ᠡ ᠵᠦᠷᠢᠴᠡᠵᠦ᠍ ᠮᠡᠳᠡᠬᠦ᠌ ᠲᠦᠭ᠌ᠰᠢᠭᠦᠷᠢ᠎ᠶ᠋ᠢ ᠬᠢᠨᠠᠨ ᠱᠢᠨᠵᠢᠵᠦ᠍ ᠰᠡᠷᠡᠮᠵᠢᠯᠡᠭᠦᠯᠭᠦ᠎ᠪᠠᠨ ᠴᠢᠩᠭᠠᠣᠡᠬᠠᠨ᠂ ᠱᠢᠰᠲ᠋ᠧᠮ᠎ᠤᠨ ᠴᠢᠨᠠᠷᠳᠠᠢ ᠲᠦᠭ᠌ᠰᠢᠭᠦᠷᠢ ᠦᠯᠣ ᠡᠭᠦᠰᠭᠡᠬᠦ᠌ ᠬᠤᠷᠢᠭ᠎ᠠ ᠱᠣᠭᠤᠮ᠎ᠢ ᠪᠠᠳᠣ ᠰᠠᠬᠢᠨ᠎ᠠ᠃

ᠬᠦᠬᠡᠬᠤᠳᠠ ᠪᠣᠭᠤᠳᠣ ᠣᠷᠳᠣᠰ ᠦᠬᠠᠢ᠎ᠶ᠋ᠢ ᠨᠢᠭᠡ ᠴᠣᠭ᠍ᠴᠠᠵᠢᠭᠤᠯᠣᠨ ᠭᠦᠭ᠌ᠵᠢᠭᠦᠯᠭᠦ᠎ᠪᠠᠨ ᠬᠦᠴᠣᠯᠠᠨ ᠠᠬᠢᠭᠤᠯᠵᠣ᠂ ᠬᠦᠷᠢᠶᠡᠯᠡᠩ ᠲᠤᠭᠤᠷᠢᠬ᠎ᠢ ᠬᠠᠮᠲᠤᠷᠠᠨ ᠪᠠᠢᠭᠤᠯᠵᠦ᠍᠂ ᠠᠱᠢᠭ ᠲᠣᠰᠠ᠎ᠪᠠᠨ ᠬᠠᠮᠳᠣ᠎ᠪᠠᠷ ᠬᠦᠷᠳᠡᠭᠦ᠌ ᠪᠠ ᠭᠠᠢᠯᠢ᠎ᠶ᠋ᠢᠨ ᠤᠷᠤᠯᠠᠭ᠎ᠠ᠎ᠪᠠᠨ ᠬᠤᠪᠢᠳᠠᠨ ᠬᠤᠪᠢᠶᠠᠷᠢᠯᠠᠨ᠎ᠠ᠃ ᠣᠯᠠᠭᠠᠨᠬᠠᠳᠠ᠂ ᠲᠦᠩᠯᠢᠶᠣᠣ᠎ᠶ᠋ᠢᠨ ᠣᠷᠣᠨ ᠪᠦᠰᠡ᠎ᠶ᠋ᠢᠨ ᠲᠦᠪ ᠪᠣᠯᠬᠤ ᠬᠤᠳᠡ᠎ᠶ᠋ᠢ ᠪᠦᠳᠣᠭᠡᠨ ᠪᠠᠢᠭᠤᠯᠵᠣ᠂ ᠵᠡᠭᠦᠨ ᠬᠡᠰᠡᠭ᠎ᠤᠨ ᠠᠢᠮᠠᠭ ᠬᠤᠳᠡ᠎ᠳᠤ ᠪᠣᠬᠢᠷᠳᠣᠯ ᠦᠭᠡᠢ ᠠᠵᠣ ᠦᠢᠯᠡᠰ᠎ᠤᠨ ᠱᠢᠰᠲ᠋ᠧᠮᠵᠢ᠎ᠶ᠋ᠢ ᠴᠤᠬ᠍ᠴᠠᠯᠠᠨ ᠪᠠᠢᠭᠤᠯᠬᠤ᠎ᠪᠠᠨ ᠲᠦᠷᠭᠡᠳᠭᠡᠨ᠎ᠠ᠃ ᠦᠬᠠᠢ ᠵᠢᠴᠢ ᠡᠷᠬᠢᠨ ᠲᠣᠭᠤᠷᠢᠨ᠎ᠤ ᠭᠠᠵᠡᠷ ᠣᠷᠣᠨ᠎ᠢ ᠪᠣᠬᠢᠷᠳᠣᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ᠎ᠶ᠋ᠢ ᠲᠦᠷᠭᠡᠣᠡᠭᠡᠨ᠂ ᠣᠷᠣᠨ ᠪᠦᠰᠡ᠎ᠶ᠋ᠢᠨ ᠭᠦᠭ᠌ᠵᠢᠯᠳᠡ᠎ᠶ᠋ᠢᠨ ᠦᠷᠢᠰᠣᠯᠳᠣᠭᠦ᠌ ᠭᠦᠴᠣᠨ᠎ᠢ ᠴᠢᠩᠭᠠᠷᠠᠭᠤᠯᠤᠨ᠎ᠠ᠃ ᠪᠡᠭᠡᠵᠢᠩ ᠲᠢᠶᠠᠨᠵᠢᠨ ᠾᠧᠪᠸᠢ᠂ ᠬᠦᠬᠡᠮᠦᠷᠡᠨ᠎ᠤ ᠭᠤᠷᠪᠡᠯᠵᠢᠨ ᠬᠤᠢᠭ᠂ ᠭᠤᠸᠠᠩᠳᠦ᠋ᠩ ᠱᠢᠶᠠᠩᠭᠠᠩ ᠣᠣᠮᠧᠨ᠎ᠤ ᠲᠤᠮᠤ ᠪᠤᠯᠤᠩ᠎ᠤᠨ ᠣᠷᠣᠨ ᠵᠡᠷᠭᠡ ᠭᠠᠵᠡᠷ ᠣᠷᠣᠨ᠎ᠯᠤᠭ᠎ᠠ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠦᠨ᠎ᠡ᠃

ᠥᠷᠭᠡᠨ ᠬᠡᠪᠴᠢᠶᠠᠨ᠎ᠤ ᠬᠢᠯᠢ᠎ᠶ᠋ᠢᠨ ᠪᠣᠭᠤᠮᠳᠡ᠎ᠶ᠋ᠢᠨ ᠠᠵᠣ ᠠᠬᠤᠢ᠎ᠶ᠋ᠢ ᠶᠡᠭᠡ᠎ᠪᠠᠷ ᠬᠦᠭ᠌ᠵᠢᠭᠦᠯᠵᠥ᠍᠂ ᠪᠦᠭᠦ᠌ ᠣᠷᠣᠨ᠎ᠤ ᠬᠢᠯᠢ᠎ᠶ᠋ᠢᠨ ᠪᠣᠭᠤᠮᠳᠡ᠎ᠶ᠋ᠢ ᠲᠦᠯᠣᠪᠵᠢᠭᠦᠯᠭᠦ᠌᠂ ᠪᠦᠳᠣᠭᠡᠨ ᠪᠠᠢᠭᠤᠯᠬᠤ ᠪᠠ ᠬᠠᠮᠢᠶᠠᠷᠬᠤ᠎ᠶ᠋ᠢ ᠨᠢᠭᠡᠲᠦᠯᠲᠠᠢ ᠲᠦᠯᠦᠪᠯᠡᠵᠦ᠍᠂ ᠨᠡᠪᠲᠡᠷᠡᠯ ᠠᠵᠣ ᠠᠬᠤᠢ᠎ᠠᠴᠠ ᠰᠠᠭᠤᠷᠢᠱᠢᠯ ᠠᠵᠣ ᠠᠬᠤᠢ ᠲᠡᠢᠰᠢ ᠬᠤᠪᠢᠷᠠᠬᠤ᠎ᠶ᠋ᠢ ᠠᠬᠢᠭᠤᠯᠣᠨ᠎ᠠ᠃ ᠮᠠᠨᠵᠣᠣᠷ ᠵᠡᠷᠭᠡ ᠣᠯᠣᠰ᠎ᠤᠨ ᠭᠤᠣᠯᠳᠠᠯᠭ᠎ᠠ᠎ᠲᠠᠢ ᠨᠡᠭᠡᠭᠡᠯᠳᠡ ᠬᠢᠵᠣ ᠴᠢᠯᠣᠭᠡᠳᠠᠢ ᠶᠠᠪᠣᠯᠴᠠᠬᠤ ᠲᠣᠷᠱᠢᠯᠳᠠ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠣ᠂ ᠡᠷᠢᠶᠡᠨ ᠬᠤᠳᠡ — ᠵᠠᠮ᠎ᠤᠨ ᠡᠭᠦᠳᠡ᠎ᠶ᠋ᠢᠨ ᠠᠵᠣ ᠠᠬᠤᠢ᠎ᠶ᠋ᠢᠨ ᠬᠠᠮᠲᠤᠷᠠᠯᠴᠠᠭ᠎ᠠ᠎ᠶ᠋ᠢᠨ ᠣᠷᠣᠨ᠎ᠤ ᠪᠦᠳᠣᠭᠡᠨ ᠪᠠᠢᠭᠤᠯᠣᠯᠳᠠ᠎ᠶ᠋ᠢ ᠠᠬᠢᠭᠤᠯᠤᠨ᠎ᠠ᠃ ᠲᠣᠮᠳᠠᠳᠣ ᠣᠯᠣᠰ (ᠦᠪᠣᠷ ᠮᠣᠩᠭᠤᠯ) ᠎ᠤᠨ ᠴᠢᠯᠣᠭᠡᠳᠣ ᠠᠷᠠᠯᠵᠢᠶᠠᠨ᠎ᠤ ᠲᠣᠷᠱᠢᠯᠳᠡ᠎ᠶ᠋ᠢᠨ ᠣᠷᠣᠨ᠎ᠢ ᠭᠤᠶᠣᠴᠢᠯᠡᠨ ᠮᠡᠳᠡᠭᠦᠯᠭᠦ᠌ ᠠᠵᠢᠯ᠎ᠢ ᠠᠬᠢᠭᠤᠯᠣᠨ᠎ᠠ᠃

(ᠲᠣᠯᠤᠭ᠎ᠠ) ᠠᠮᠢ ᠠᠬᠤᠢ ᠣᠷᠴᠢᠨ ᠲᠣᠭᠤᠷᠢᠨ᠎ᠤ ᠴᠢᠨᠠᠷ ᠴᠢᠨᠰᠠᠭ᠎ᠠ᠎ᠶ᠋ᠢ ᠦᠷᠭᠦᠯᠵᠢᠯᠡᠨ ᠰᠠᠢᠵᠢᠷᠠᠭᠤᠯᠣᠨ᠎ᠠ

ᠣᠯᠣᠰ᠎ᠤᠨ ᠨᠤᠲᠤᠭ ᠳᠡᠪᠢᠰᠭᠡᠷ᠎ᠤᠨ ᠣᠷᠣᠨ ᠵᠠᠢ᠎ᠶ᠋ᠢᠨ ᠲᠦᠯᠣᠪᠵᠢᠭᠦᠯᠭᠡ᠎ᠶ᠋ᠢ ᠲᠣᠭ᠍ᠳᠠᠭᠠᠨ ᠬᠡᠷᠩᠵᠢᠭᠦᠯᠵᠣ᠂ 《ᠭᠤᠷᠪᠡᠨ ᠱᠣᠭᠤᠮ ᠨᠢᠭᠡ ᠬᠠᠭᠤᠳᠠᠰᠣ》 ᠎ᠶ᠋ᠢᠨ ᠠᠮᠢ ᠠᠬᠤᠢ ᠣᠷᠴᠢᠨ ᠲᠣᠭᠤᠷᠢᠨ᠎ᠤ ᠪᠦᠰᠡ ᠬᠤᠪᠢᠶᠠᠨ ᠬᠠᠮᠢᠶᠠᠷᠣᠨ ᠡᠵᠡᠮᠳᠡᠭᠦ᠌ ᠠᠷᠭ᠎ᠠ ᠬᠡᠮᠵᠢᠶ᠎ᠠ᠎ᠶ᠋ᠢ ᠨᠠᠢᠳᠠᠪᠤᠷᠢᠵᠢᠭᠤᠯᠤᠨ᠎ᠠ᠃ ᠣᠢ ᠱᠢᠭᠤᠢ᠎ᠶ᠋ᠢᠨ ᠳᠠᠷᠤᠭ᠎ᠠ ᠪᠠ ᠡᠪᠡᠰᠦ ᠪᠡᠯᠴᠢᠭᠡᠷ᠎ᠤᠨ ᠲᠠᠷᠤᠭ᠎ᠠ᠎ᠶ᠋ᠢᠨ ᠲᠦᠷᠢᠮ᠎ᠢ ᠪᠦᠭᠦ᠌ ᠳᠠᠯ᠎ᠡ᠎ᠪᠠᠷ ᠬᠡᠷᠩᠵᠢᠭᠦᠯᠵᠣ᠂ ᠠᠮᠢ ᠠᠬᠤᠢ᠎ᠶ᠋ᠢᠨ ᠱᠢᠰᠲ᠋ᠧᠮ᠎ᠤᠨ ᠴᠢᠬᠤᠯᠨ ᠶᠡᠭᠡ ᠬᠠᠮᠠᠭᠠᠯᠠᠵᠣ ᠰᠡᠷᠭᠦᠭᠡᠭᠦ᠌ ᠢᠨᠵᠧᠨᠧᠷᠢᠩ᠎ᠢ ᠠᠬᠢᠭᠤᠯᠤᠨ᠎ᠠ᠃ ᠨᠣᠳᠤᠭ ᠪᠡᠯᠴᠢᠭᠡᠷ ᠤᠢ᠍ᠢᠳᠤ ᠭᠠᠵᠠᠷ᠎ᠢ ᠡᠪᠳᠡᠭ᠌ᠰᠡᠨ ᠲᠣᠭ᠍ᠳᠠᠭᠠᠯ ᠪᠠ ᠬᠠᠤᠯᠢ᠎ᠠᠴᠠ ᠵᠦᠷᠢᠴᠡᠭ᠌ᠰᠡᠨ ᠠᠰᠠᠭᠤᠳᠠᠯ᠎ᠢ ᠴᠡᠭ᠌ᠴᠡᠯᠡᠨ ᠵᠠᠰᠠᠨ᠎ᠡ᠃ ᠣᠯᠣᠰ᠎ᠤᠨ ᠨᠤᠲᠤᠭ ᠳᠡᠪᠢᠰᠭᠡᠷ᠎ᠢ ᠨᠤᠭᠤᠭᠠᠷᠠᠭᠤᠯᠬᠤ ᠠᠵᠢᠯᠯᠠᠭᠠᠨ᠎ᠢ ᠦᠷᠭᠦᠯᠵᠢᠯᠡᠨ ᠦᠷᠨᠢᠭᠦᠯᠵᠣ᠂ ᠠᠮᠢ ᠠᠬᠤᠢ᠎ᠶ᠋ᠢᠨ ᠱᠢᠰᠲ᠋ᠧᠮ᠎ᠤᠨ ᠨᠡᠭᠦᠷᠡᠰᠣᠳᠦ᠋ᠷᠣᠭ᠌ᠴᠢ ᠬᠤᠷᠠᠭᠤᠯᠬᠤ ᠴᠢᠳᠠᠪᠣᠷᠢ᠎ᠶ᠋ᠢ ᠳᠡᠭᠡᠭ᠌ᠰᠢᠯᠡᠭᠦᠯᠦᠨ᠎ᠡ᠃ ᠣᠯᠣᠰ᠎ᠤᠨ ᠴᠡᠴᠡᠷᠯᠢᠭ᠎ᠢᠶᠠᠷ ᠭᠤᠶᠣᠴᠢᠯᠡᠨ ᠮᠡᠳᠡᠭᠦᠯᠭᠦ᠌ ᠠᠵᠢᠯ᠎ᠢ ᠠᠬᠢᠭᠤᠯᠣᠨ᠎ᠠ᠃

ᠨᠡᠭᠦᠷᠡᠰᠣᠳᠦ᠋ᠷᠣᠭ᠌ᠴᠢ ᠭᠠᠳᠠᠭ᠍ᠰᠢᠯᠠᠭᠤᠯᠬᠤ ᠣᠷᠬᠢᠯ ᠬᠡᠮᠵᠢᠭ᠌ᠳᠡᠯ᠎ᠠᠴᠠ᠎ᠨᠢ ᠪᠠᠭᠤᠷᠠᠭᠤᠯᠬᠤ ᠪᠠ ᠨᠡᠭᠦᠷᠡᠰᠣᠳᠦ᠋ᠷᠣᠭ᠌ᠴᠢ ᠭᠠᠳᠠᠭ᠍ᠰᠢᠯᠠᠭᠤᠯᠬᠤ᠎ᠶ᠋ᠢ ᠵᠥᠭ᠌ᠰᠢᠷᠡᠭᠦᠯᠦᠨ ᠨᠠᠮᠳᠠᠭᠠᠬᠤ ᠠᠵᠢᠯ᠎ᠢ ᠰᠠᠢᠳᠣᠷ ᠬᠢᠵᠣ᠂ ᠦᠪᠡᠷᠲᠡᠭᠡᠨ ᠵᠠᠰᠠᠬᠤ ᠤᠷᠤᠨ᠎ᠤ ᠨᠡᠭᠦᠷᠡᠰᠦᠳᠦ᠋ᠷᠦᠭ᠌ᠴᠢ ᠭᠠᠳᠠᠬ᠍ᠰᠢᠯᠠᠭᠤᠯᠬᠤ ᠤᠷᠬᠢᠯ ᠬᠡᠮᠵᠢᠭ᠌ᠳᠡᠯ᠎ᠠᠴᠠ᠎ᠨᠢ ᠪᠠᠭᠤᠷᠠᠭᠤᠯᠬᠤ ᠠᠵᠢᠯᠯᠠᠭᠠᠨ᠎ᠤ ᠲᠦᠰᠦᠯ᠎ᠢ ᠨᠠᠢᠷᠠᠭᠤᠯᠤᠨ ᠵᠤᠬᠢᠶᠠᠭᠠᠳ ᠡᠨᠧᠷᠬᠢ ᠠᠷᠪᠢᠯᠠᠨ ᠪᠣᠬᠢᠷᠳᠣᠯ᠎ᠢ ᠪᠠᠭᠠᠰᠭᠠᠵᠤ ᠨᠡᠭᠦᠷᠡᠰᠣᠳᠦ᠋ᠷᠣᠭ᠌ᠴᠢ ᠪᠠᠭ᠎ᠠ ᠭᠠᠳᠠᠭ᠍ᠰᠢᠯᠠᠭᠤᠯᠬᠤ᠎ᠶ᠋ᠢ ᠵᠡᠷᠭᠡ᠎ᠳᠤᠨᠢ ᠠᠬᠢᠭᠤᠯᠣᠨ᠎ᠠ᠃ ᠪᠣᠬᠢᠷᠳᠣᠯ᠎ᠢ ᠰᠠᠷᠭᠡᠢᠯᠡᠨ ᠵᠠᠰᠠᠬᠤ᠎ᠳᠤ ᠨᠠᠷᠢᠯᠢᠬ᠍ᠵᠢᠬ᠍ᠰᠠᠨ ᠵᠥᠷᠢᠶᠡᠵᠢᠭ᠌ᠰᠡᠨ ᠬᠢᠨᠠᠯᠳᠠ ᠬᠠᠮᠢᠶᠠᠷᠣᠯᠳᠠ᠎ᠶ᠋ᠢ ᠬᠡᠷᠩᠵᠢᠭᠦᠯᠵᠣ᠂ ᠠᠵᠣ ᠠᠬᠤᠢᠯᠡᠯ᠎ᠤᠨ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠣᠷᠢᠵᠢᠭᠤᠯᠣᠨ᠎ᠠ᠃ ᠴᠡᠪᠡᠷᠬᠡᠨ ᠳᠤᠯᠠᠭᠠᠯᠠᠭ᠎ᠠ᠎ᠶ᠋ᠢᠨ ᠢᠨᠵᠧᠨᠧᠷᠢᠩ᠎ᠢ ᠠᠬᠢᠭᠤᠯᠤᠨ᠎ᠠ᠃ ᠬᠦᠬᠡᠬᠤᠲᠠ᠂ ᠪᠤᠭᠤᠲᠦ᠍᠂ ᠦᠬᠠᠢ ᠵᠢᠴᠢ ᠡᠷᠬᠢᠨ ᠲᠣᠭᠤᠷᠢᠨ᠎ᠤ ᠭᠠᠵᠡᠷ ᠣᠷᠣᠨ᠎ᠤ ᠠᠭᠠᠷ ᠮᠠᠨᠳᠠᠯ᠎ᠤᠨ ᠪᠣᠬᠢᠷᠳᠣᠯ᠎ᠢ ᠵᠠᠰᠠᠬᠤ᠎ᠪᠠᠨ ᠴᠢᠩᠭᠠᠳᠭᠠᠨ᠎ᠠ᠃ ᠭᠤᠣᠯ ᠮᠦᠷᠡᠨ᠎ᠤ ᠳᠠᠷᠤᠭ᠎ᠠ᠎ᠶ᠋ᠢᠨ ᠲᠦᠷᠢᠮ᠎ᠢ ᠨᠠᠢᠳᠠᠪᠣᠷᠢᠵᠢᠭᠤᠯᠣᠨ᠂ 《ᠭᠤᠷᠪᠡᠨ ᠨᠠᠭᠤᠷ》᠂ ᠴᠠᠭᠠᠨᠨᠠᠭᠤᠷ᠎ᠤᠨ ᠠᠮᠢ ᠠᠬᠤᠢ ᠤᠷᠴᠢᠨ ᠲᠤᠭᠤᠷᠢᠨ᠎ᠤ ᠵᠠᠰᠠᠯᠳᠡ᠎ᠶ᠋ᠢ ᠠᠬᠢᠭᠤᠯᠣᠨ᠎ᠠ᠃ ᠬᠤᠳᠡ ᠪᠠᠯᠭᠠᠰᠣᠨ᠎ᠤ ᠠᠮᠢᠳᠣᠷᠠᠯ᠎ᠤᠨ ᠪᠣᠬᠢᠷ ᠣᠰᠦ᠎ᠶ᠋ᠢ ᠬᠤᠷᠢᠶᠠᠬᠤ᠎ᠳᠤ ᠬᠦᠴᠢᠷ᠂ ᠳᠠᠬᠢᠯᠲᠠ ᠣᠰᠦ᠎ᠶ᠋ᠢ ᠪᠣᠴᠠᠭᠠᠡ ᠠᠱᠢᠬ᠍ᠯᠠᠬᠤ ᠨᠣᠷᠮ᠎ᠡ ᠳᠣᠣᠷ᠎ᠠ ᠵᠡᠷᠭᠡ ᠠᠰᠠᠭᠤᠳᠠᠯ᠎ᠢ ᠱᠢᠢᠣᠡᠪᠣᠷᠢᠯᠡᠵᠣ᠂ ᠭᠠᠵᠡᠷ ᠲᠣᠣᠷᠠᠬᠢ ᠣᠰᠦ᠎ᠶ᠋ᠢ ᠬᠡᠳᠣᠷᠡᠳᠡᠯ᠎ᠠ ᠲᠠᠲᠠᠬᠤ᠎ᠶ᠋ᠢ ᠵᠠᠰᠠᠨ᠎ᠡ᠃ ᠲᠠᠷᠢᠶᠠᠯᠠᠩ᠎ᠤᠨ ᠣᠯᠠᠨ ᠡᠬᠢᠳᠣ ᠪᠣᠬᠢᠷᠳᠣᠯ᠎ᠢ ᠵᠠᠰᠠᠨ᠎ᠠ᠃ ᠡᠮᠴᠢᠯᠡᠭᠡᠨ᠎ᠤ ᠬᠠᠶᠠᠭ᠍ᠳᠠᠮᠠᠯ ᠪᠣᠳᠠᠰ ᠪᠠ ᠠᠶᠤᠯᠳᠠᠢ ᠬᠠᠶᠠᠭ᠍ᠳᠠᠮᠠᠯ ᠪᠣᠳᠠᠰ᠎ᠢ ᠬᠤᠷᠢᠶᠠᠨ ᠴᠣᠭ᠍ᠯᠠᠭᠤᠯᠵᠣ ᠱᠢᠢᠣᠡᠪᠣᠷᠢᠯᠡᠭᠦ᠎ᠪᠠᠨ ᠴᠢᠩᠭᠠᠣᠡᠬᠠᠨ᠂ ᠠᠮᠢᠳᠣᠷᠠᠯ᠎ᠤᠨ ᠬᠤᠭ ᠨᠣᠪᠰᠢ᠎ᠶ᠋ᠢ ᠲᠦᠷᠦᠯ ᠬᠤᠪᠢᠶᠠᠨ ᠬᠠᠮᠢᠶᠠᠷᠬᠤ᠎ᠶ᠋ᠢ ᠠᠬᠢᠭᠤᠯᠤᠨ᠎ᠠ᠃

ᠡᠨᠧᠷᠬᠢ᠎ᠶ᠋ᠢᠨ ᠬᠤᠷᠣᠭ᠍ᠳᠠᠯ᠎ᠤᠨ ᠶᠡᠷᠦᠩᠬᠡᠢ ᠬᠡᠮᠵᠢᠶ᠎ᠠ ᠪᠠ ᠡᠨᠧᠷᠬᠢ᠎ᠶ᠋ᠢᠨ ᠬᠤᠷᠤᠬ᠍ᠳᠠᠯ᠎ᠤᠨ ᠬᠦᠴᠣᠯᠡᠴᠨ᠎ᠶ᠋ᠢ ᠴᠢᠩᠭ᠎ᠠ ᠡᠵᠡᠮᠳᠡᠵᠣ᠂ ᠱᠢᠨ᠎ᠡ᠎ᠪᠠᠷ ᠪᠠᠢᠭᠤᠯᠣᠭ᠍ᠰᠠᠨ ᠲᠦᠷᠣᠯ ᠵᠦᠢᠯ᠎ᠤᠨ ᠨᠢᠭᠡᠴᠢ ᠦᠢᠯᠡᠣᠡᠭᠦᠨ᠎ᠤ ᠡᠨᠧᠷᠬᠢ᠎ᠶ᠋ᠢᠨ ᠬᠤᠷᠣᠭ᠍ᠳᠠᠯ᠎ᠢ ᠡᠷᠬᠡᠪᠰᠢ ᠣᠯᠣᠰ᠎ᠤᠨ ᠲᠡᠷᠢᠭᠦᠨ᠎ᠤ ᠪᠠᠷᠢᠮᠵᠢᠶ᠎ᠠ᠎ᠳᠤ ᠭᠦᠷᠭᠡᠵᠣ᠂ ᠬᠢᠮᠢ᠎ᠶ᠋ᠢᠨ ᠠᠵᠣ ᠦᠢᠯᠡᠣᠡᠪᠣᠷᠢ᠂ ᠲᠡᠮᠦᠷᠯᠢᠭ ᠬᠠᠢᠯᠣᠭᠤᠯᠬᠤ᠂ ᠪᠠᠷᠢᠯᠭ᠎ᠠ᠎ᠶ᠋ᠢᠨ ᠮᠠᠲ᠋ᠧᠷᠢᠶᠠᠯ ᠵᠡᠷᠭᠡ ᠠᠵᠢᠯ ᠲᠦᠷᠣᠯ᠎ᠢ ᠲᠣᠭ᠍ᠲᠠᠭ᠍ᠰᠠᠨ ᠬᠤᠭᠤᠴᠠᠭᠠᠨ᠎ᠳᠤ ᠣᠯᠣᠰ᠎ᠤᠨ ᠡᠨᠧᠷᠬᠢ᠎ᠶ᠋ᠢᠨ ᠬᠤᠷᠣᠭ᠍ᠳᠠᠯ᠎ᠢ ᠬᠢᠵᠠᠭᠠᠷᠯᠠᠬᠤ ᠳᠠᠷᠢᠭᠦᠨ᠎ᠤ ᠪᠠᠷᠢᠮᠵᠢᠶᠠᠨ᠎ᠳᠤ ᠭᠦᠷᠭᠡᠨ᠎ᠠ᠃ ᠡᠨᠧᠷᠬᠢ᠎ᠶ᠋ᠢᠨ ᠬᠤᠷᠣᠭ᠍ᠳᠠᠯ ᠶᠡᠭᠡᠳᠠᠢ ᠠᠵᠢᠯ ᠲᠦᠷᠣᠯ᠎ᠤᠨ ᠴᠠᠬᠢᠯᠭᠠᠨ ᠬᠡᠷᠩᠯᠡᠭᠦ᠌ ᠲᠠᠷᠣᠭᠠᠰᠣ᠎ᠶ᠋ᠢ ᠠᠯᠬᠤᠮ ᠠᠯᠬᠤᠮ᠎ᠢᠶᠠᠷ ᠬᠦᠩᠭᠡᠷᠡᠭᠦᠯᠦᠨ᠎ᠡ᠃ ᠡᠨᠧᠷᠬᠢ ᠬᠡᠷᠩᠯᠡᠭᠦ᠌ ᠲᠦᠰᠣᠪ᠎ᠤᠨ ᠬᠠᠮᠢᠶᠠᠷᠣᠯᠳᠠ ᠪᠠ ᠡᠨᠧᠷᠬᠢ ᠬᠡᠷᠩᠯᠡᠭᠦ᠌ ᠭᠤᠣᠯᠳᠠᠯᠭ᠎ᠠ᠎ᠲᠠᠢ ᠨᠢᠭᠡᠴᠢ᠎ᠶ᠋ᠢᠨ ᠡᠨᠧᠷᠬᠢ᠎ᠶ᠋ᠢᠨ ᠬᠤᠷᠣᠭ᠍ᠳᠠᠯ᠎ᠢ ᠰᠦᠯᠵᠢᠶ᠎ᠡ᠎ᠪᠠᠷ ᠬᠢᠨᠠᠨ ᠱᠢᠨᠵᠢᠬᠦ᠌᠎ᠶ᠋ᠢ ᠪᠦᠭᠦ᠌ ᠳᠠᠯ᠎ᠡ᠎ᠪᠠᠷ ᠬᠡᠷᠩᠵᠢᠭᠦᠯᠤᠨ᠎ᠡ᠃

ᠪᠣᠬᠢᠷᠳᠣᠯ ᠦᠭᠡᠢ ᠠᠭᠤᠷᠬᠠᠢ᠎ᠶ᠋ᠢ ᠪᠦᠳᠣᠭᠡᠨ ᠪᠠᠢᠭᠤᠯᠵᠣ᠂ ᠵᠠᠳᠠᠭᠠᠢ ᠠᠭᠤᠷᠬᠠᠢ᠎ᠶ᠋ᠢᠨ ᠵᠠᠰᠠᠯᠲᠠ᠎ᠶ᠋ᠢᠨ ᠪᠠᠷᠢᠮᠵᠢᠶ᠎ᠠ᠎ᠶ᠋ᠢ ᠴᠢᠩᠭ᠎ᠠ ᠨᠠᠢᠳᠠᠪᠣᠷᠢᠵᠢᠭᠤᠯᠣᠨ᠂ ᠣᠣᠯ᠎ᠤᠨ ᠲᠦᠷᠰᠣ ᠪᠠᠢᠳᠠᠯ᠎ᠢ᠎ᠨᠢ ᠬᠠᠮᠤᠭ᠎ᠤᠨ ᠶᠡᠭᠡ ᠬᠡᠮᠵᠢᠶ᠎ᠠ᠎ᠪᠠᠷ ᠰᠡᠷᠭᠦᠭᠡᠵᠣ᠂ 《ᠬᠤᠩᠬᠤᠯ》 ᠎ᠢ ᠵᠠᠰᠠᠭ᠍ᠰᠠᠨ᠎ᠤ ᠳᠠᠷᠠᠭ᠎ᠠ ᠮᠦᠨᠴᠣ 《ᠬᠤᠩᠬᠤᠯ》 ᠎ᠲᠠᠢ ᠪᠠᠢᠬᠤ᠂ 《ᠱᠢᠷᠣᠢ ᠤᠪᠤᠭᠠᠯᠠᠬ᠍ᠰᠠᠨ》 ᠎ᠢ᠎ᠨᠢ ᠠᠷᠢᠯᠭᠠᠬ᠍ᠰᠠᠨ᠎ᠤ ᠳᠠᠷᠠᠭ᠎ᠠ ᠳᠠᠬᠢᠭᠠᠳ 《ᠱᠢᠷᠤᠢ ᠤᠪᠤᠭᠠᠯᠠᠬᠤ》 ᠎ᠶ᠋ᠢ ᠣᠭ᠍ᠳᠣ ᠵᠦᠪᠱᠢᠶᠡᠷᠡᠭᠦ᠌ ᠦᠭᠡᠢ᠃ ᠠᠭᠤᠷᠬᠠᠢ᠎ᠶ᠋ᠢᠨ ᠣᠷᠣᠨ᠎ᠳᠤ ᠴᠡᠪᠡᠷᠬᠡᠨ ᠲᠡᠭᠡᠭᠡᠪᠦᠷᠢᠯᠡᠬᠦ᠌ ᠠᠷᠭ᠎ᠠ ᠬᠡᠯᠪᠡᠷᠢ᠎ᠶ᠋ᠢ ᠬᠡᠷᠡᠭ᠌ᠵᠢᠬᠦᠯᠵᠦ᠍᠂ ᠬᠠᠳᠠᠭᠤ ᠪᠡᠶᠡᠳᠣ ᠬᠠᠶᠠᠭ᠍ᠳᠠᠮᠠᠯ ᠪᠣᠳᠠᠰ᠎ᠢ ᠶᠡᠷᠦᠩᠬᠡᠢᠯᠡᠨ ᠠᠱᠢᠬ᠍ᠯᠠᠬᠤ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠡ᠃

ᠪᠠᠢᠭᠠᠯᠢ᠎ᠶ᠋ᠢᠨ ᠡᠬᠢ ᠪᠠᠶᠠᠯᠢᠭ᠎ᠲᠤ ᠦᠷᠢᠲᠦᠯ᠎ᠲᠠᠢ ᠡᠳ᠋ ᠭᠦᠷᠣᠩᠭᠡ᠎ᠶ᠋ᠢᠨ ᠬᠦᠰᠣᠨᠣᠭ᠌ᠳᠣ᠎ᠶ᠋ᠢ ᠨᠠᠢᠷᠠᠭᠤᠯᠤᠨ ᠵᠣᠬᠢᠶᠠᠵᠤ᠂ ᠡᠷᠬᠡ᠎ᠶ᠋ᠢ ᠲᠤᠳᠤᠯᠠᠨ ᠲᠣᠭ᠍ᠲᠠᠭᠠᠵᠤ ᠲᠠᠩᠰᠠᠯᠠᠨ ᠲᠡᠮᠲᠡᠭ᠌ᠯᠡᠬᠦ᠌ ᠠᠵᠢᠯ᠎ᠢᠶᠠᠨ ᠨᠢᠭᠡᠳᠭᠡᠨ᠎ᠡ᠃ ᠡᠨᠧᠷᠬᠢ ᠬᠡᠷᠩᠯᠡᠭᠦ᠌ ᠡᠷᠬᠡ᠂ ᠣᠢ ᠱᠢᠭᠤᠢ ᠨᠣᠳᠤᠭ ᠪᠡᠯᠴᠢᠭᠡᠷ᠎ᠤᠨ ᠨᠡᠭᠦᠷᠡᠰᠣᠳᠦ᠋ᠷᠣᠭ᠌ᠴᠢ᠎ᠶ᠋ᠢᠨ ᠬᠤᠷᠠᠮᠠᠯ᠎ᠢ ᠠᠷᠠᠯᠵᠢᠶᠠᠯᠠᠬᠤ ᠲᠣᠷᠱᠢᠯᠳᠠ᠎ᠶ᠋ᠢᠨ ᠴᠡᠭ᠎ᠤᠨ ᠠᠵᠢᠯ᠎ᠢ ᠦᠷᠨᠢᠭᠦᠯᠣᠨ᠎ᠠ᠃ ᠢᠯᠭᠠᠵᠢᠭᠤᠯᠤᠬ᠍ᠰᠠᠨ ᠱᠢᠯᠭᠠᠨ ᠬᠢᠨᠠᠵᠦ᠍ ᠦᠨᠡᠯᠡᠬᠦ᠌ ᠱᠢᠰᠲ᠋ᠧᠮᠵᠢ᠎ᠶ᠋ᠢ ᠲᠡᠭᠦᠯᠳᠡᠷᠵᠢᠭᠦᠯᠵᠦ᠍᠂ ᠠᠮᠢ ᠠᠬᠤᠢ᠎ᠶ᠋ᠢᠨ ᠦᠢᠯᠡᠣᠡᠭᠦᠨ᠎ᠤ ᠦᠨ᠎ᠠ ᠦᠷᠲᠡᠭ᠎ᠲᠤ ᠲᠣᠭᠠᠴᠠᠭ᠎ᠠ ᠬᠢᠭᠦ᠌ ᠵᠢᠴᠢ ᠦᠷ᠎ᠡ ᠳ᠋ᠦᠩ᠎ᠢ᠎ᠨᠢ ᠣᠯᠠᠷᠢᠭᠤᠯᠣᠨ ᠬᠡᠷᠡᠭ᠌ᠯᠡᠬᠦ᠌᠎ᠶ᠋ᠢ ᠠᠬᠢᠭᠤᠯᠣᠨ᠎ᠠ᠃ ᠠᠮᠢ ᠠᠬᠤᠢ᠎ᠶ᠋ᠢᠨ ᠬᠤᠬᠢᠷᠠᠯ᠎ᠢ ᠲᠦᠯᠣᠪᠣᠷᠢᠯᠡᠭᠦ᠌ ᠲᠣᠭ᠍ᠳᠠᠴᠨ᠎ᠪᠠᠨ ᠣᠯᠠᠮ ᠨᠢᠭᠡ ᠠᠯᠬᠤᠮ ᠳᠡᠭᠦᠯᠳᠡᠷᠵᠢᠭᠦᠯᠣᠨ᠎ᠡ᠃ ᠣᠯᠣᠰ᠎ᠤᠨ ᠠᠮᠢ ᠠᠬᠤᠢ᠎ᠶ᠋ᠢᠨ ᠪᠣᠯᠪᠠᠰᠣᠨ᠎ᠤ ᠲᠣᠷᠱᠢᠯᠳᠠ᠎ᠶ᠋ᠢᠨ ᠣᠷᠣᠨ᠎ᠢᠶᠠᠷ ᠭᠤᠶᠣᠴᠢᠯᠠᠨ ᠮᠡᠳᠡᠭᠦᠯᠭᠦ᠌ ᠠᠵᠢᠯ᠎ᠢ ᠰᠠᠢᠳᠣᠷ ᠬᠢᠨ᠎ᠡ᠃

(ᠨᠠᠢ᠍ᠮᠠ) ᠪᠣᠯᠪᠠᠰᠣᠨ ᠦᠪᠣᠷ ᠮᠣᠩᠭᠤᠯ᠎ᠤᠨ ᠪᠠᠢᠭᠤᠯᠣᠯᠳᠠ᠎ᠶ᠋ᠢ ᠭᠦᠨᠵᠡᠭᠡᠢ ᠠᠬᠢᠭᠤᠯᠣᠨ᠎ᠠ

ᠨᠠᠢᠭᠡᠮ ᠵᠢᠷᠣᠮ᠎ᠤᠨ ᠭᠤᠣᠯᠯᠠᠬᠤ ᠦᠷᠲᠡᠭ᠎ᠤᠨ ᠦᠵᠡᠯᠳᠡ᠎ᠪᠠᠷ ᠣᠳᠣᠷᠢᠳᠣᠮᠵᠢ ᠪᠣᠯᠭᠠᠵᠣ᠂ ᠣᠯᠣᠰ᠎ᠢᠶᠠᠨ ᠬᠠᠢᠷᠠᠯᠠᠬᠤ ᠭᠦᠮᠣᠵᠢᠯ ᠪᠠ ᠠᠷᠠᠳ ᠢᠷᠭᠡᠣᠨ᠎ᠤᠨ ᠶᠣᠰᠣ ᠰᠤᠷᠲᠠᠬᠤᠨ᠎ᠤ ᠪᠠᠢᠭᠤᠯᠣᠯᠳᠠ᠎ᠶ᠋ᠢ ᠬᠦᠨᠵᠡᠭᠡᠢ ᠦᠷᠨᠢᠭᠦᠯᠣᠨ᠎ᠠ᠃ ᠪᠣᠯᠪᠠᠰᠣᠨ ᠬᠤᠳᠡ᠎ᠶ᠋ᠢ ᠡᠭᠦᠳᠣᠨ ᠪᠠᠢᠭᠤᠯᠬᠤ ᠠᠵᠢᠯ᠎ᠢ ᠰᠠᠢᠳᠣᠷ ᠬᠢᠵᠣ᠂ ᠰᠦᠯᠵᠢᠶᠠᠨ᠎ᠤ ᠪᠣᠯᠪᠠᠰᠣᠨ᠎ᠤ ᠪᠠᠢᠭᠤᠯᠣᠯᠳᠠ᠎ᠶ᠋ᠢ ᠴᠢᠩᠭᠠᠣᠡᠬᠠᠨ᠎ᠠ᠃ ᠪᠦᠭᠦ᠌ ᠠᠷᠠᠣᠨ᠎ᠢᠶᠠᠷ᠎ᠢᠶᠠᠨ ᠨᠣᠮ ᠣᠩᠱᠢᠬᠤ᠎ᠶ᠋ᠢ ᠠᠬᠢᠭᠤᠯᠵᠣ᠂ ᠰᠣᠷᠣᠯᠴᠠᠬᠤ ᠮᠠᠶᠢᠭ᠎ᠤᠨ ᠨᠠᠢᠭᠡᠮ᠎ᠢ ᠪᠠᠢᠭᠤᠯᠣᠨ᠎ᠠ᠃ ᠢᠳᠡᠭᠡᠨ ᠤᠮᠳᠠᠭᠠᠨ᠎ᠢ ᠪᠦᠷᠢᠯᠭᠡᠨ ᠰᠦᠢᠣᠡᠭᠡᠭᠦ᠎ᠶ᠋ᠢ ᠬᠤᠷᠢᠬ᠍ᠯᠠᠵᠤ᠂ ᠬᠡᠪ ᠵᠠᠩᠱᠢᠯ᠎ᠢᠶᠠᠨ ᠦᠭᠡᠷᠡᠴᠢᠯᠡᠬᠦ᠌ ᠱᠢᠨ᠎ᠡ ᠬᠡᠪ ᠰᠣᠷᠳᠡᠯ᠎ᠢ ᠰᠠᠨᠠᠭᠠᠴᠢᠯᠠᠵᠣ᠂ ᠪᠦᠭᠦ᠌ ᠨᠠᠢᠭᠡᠮ᠎ᠤᠨ ᠪᠣᠯᠪᠠᠰᠣᠨ᠎ᠤ ᠲᠦᠪᠱᠢᠨ᠎ᠢ ᠳᠡᠭᠡᠭ᠌ᠰᠢᠯᠡᠭᠦᠯᠦᠨ᠎ᠡ᠃

ᠲᠣᠮᠳᠠᠳᠣ᠎ᠶ᠋ᠢᠨ ᠱᠢᠯᠢᠳᠡᠭ ᠣᠯᠠᠮᠵᠢᠯᠠᠯᠳᠣ ᠰᠣᠶᠣᠯ᠎ᠢ ᠣᠯᠠᠮᠵᠢᠯᠠᠨ ᠪᠠᠳᠠᠷᠠᠭᠤᠯᠵᠣ᠂ ᠬᠤᠪᠢᠰᠭᠠᠯᠳᠣ ᠰᠣᠶᠣᠯ᠎ᠢ ᠵᠠᠯᠭᠠᠮᠵᠢᠯᠠᠨ᠂ ᠨᠠᠢᠭᠡᠮ ᠵᠢᠷᠣᠮ᠎ᠤᠨ ᠲᠡᠷᠢᠭᠦᠨ᠎ᠤ ᠰᠣᠶᠣᠯ᠎ᠢ ᠭᠦᠭ᠌ᠵᠢᠭᠦᠯᠣᠨ᠎ᠠ᠃ ᠨᠠᠮ ᠪᠠᠢᠭᠤᠯᠣᠭ᠍ᠳᠠᠭ᠍ᠰᠠᠨ 100 ᠵᠢᠯ᠎ᠳᠤ ᠵᠤᠷᠢᠭᠤᠯᠤᠬ᠍ᠰᠠᠨ ᠰᠣᠶᠣᠯ ᠣᠷᠠᠯᠢᠭ᠎ᠤᠨ ᠵᠤᠬᠢᠶᠠᠨ ᠪᠦᠲᠦᠭᠡᠬᠦ᠌ ᠠᠵᠢᠯ᠎ᠢ ᠦᠷᠨᠢᠭᠦᠯᠣᠨ᠎ᠠ᠃ ᠰᠤᠶᠤᠯ ᠤᠷᠠᠯᠢᠬ᠎ᠤᠨ ᠦᠢᠯᠡᠰ᠎ᠢ ᠬᠦᠭ᠌ᠵᠢᠭᠦᠯᠵᠦ᠍᠂ ᠣᠯᠠᠭᠠᠨᠮᠦᠴᠢᠷ᠎ᠤᠨ ᠠᠵᠢᠯ ᠦᠢᠯᠡᠰ᠎ᠤᠨ ᠭᠦᠭ᠌ᠵᠢᠯᠲᠡ᠎ᠶ᠋ᠢ ᠳᠡᠮᠵᠢᠨ᠎ᠡ᠃ ᠤᠳᠤ ᠦᠶ᠎ᠡ᠎ᠶ᠋ᠢᠨ ᠰᠤᠶᠤᠯ᠎ᠤᠨ ᠠᠵᠦ᠍ ᠦᠢᠯᠡᠰ᠎ᠤᠨ ᠱᠢᠰᠲ᠋ᠧᠮᠵᠢ᠎ᠶ᠋ᠢᠨ ᠪᠠᠢᠭᠤᠯᠤᠯᠲᠠ᠎ᠶ᠋ᠢ ᠠᠬᠢᠭᠤᠯᠵᠦ᠍᠂ ᠰᠤᠶᠤᠯ᠎ᠢᠶᠠᠷ ᠠᠷᠠᠳ᠎ᠲᠤ ᠬᠠᠷᠠᠭᠠᠯᠵᠠᠯ ᠬᠦᠷᠲᠡᠭᠡᠬᠦ᠌ ᠢᠨᠵᠧᠨᠧᠷᠢᠩ᠎ᠢ ᠭᠦᠨᠵᠡᠭᠡᠢ ᠬᠡᠷᠡᠭ᠌ᠵᠢᠭᠦᠯᠦᠨ᠂ 《ᠤᠶᠤᠨᠯᠢᠭ ᠷᠠᠳᠢᠣ᠋ ᠲᠧᠯᠸᠢᠰ》 ᠎ᠤᠨ ᠪᠦᠳᠣᠭᠡᠨ ᠪᠠᠢᠭᠤᠯᠣᠯᠳᠠ᠎ᠶ᠋ᠢ ᠠᠬᠢᠭᠤᠯᠵᠣ᠂ ᠮᠠᠯᠵᠢᠬᠤ ᠤᠷᠤᠨ᠎ᠳᠤ 《ᠤᠶᠤᠨᠯᠢᠭ ᠷᠠᠳᠢᠣ᠋ ᠲᠧᠯᠸᠢᠰ》 ᠎ᠤᠨ ᠦᠷᠭᠡᠨ ᠪᠦᠰᠡ᠎ᠶ᠋ᠢᠨ ᠬᠠᠮᠤᠷᠬᠤ ᠬᠢᠭᠡᠳ ᠦᠢᠯᠡᠴᠢᠯᠡᠬᠦ᠌ ᠢᠨᠵᠧᠨᠧᠷᠢᠩ᠎ᠢ ᠦᠨᠳᠦᠰᠤᠨ᠎ᠳᠡᠭᠡᠨ ᠪᠡᠶᠡᠯᠡᠭᠦᠯᠦᠨ᠎ᠡ᠃ ᠲᠡᠦᠬᠡ᠎ᠶ᠋ᠢᠨ ᠲᠣᠷᠠᠰᠭᠠᠯᠳᠣ ᠵᠦᠢᠯ᠎ᠢ ᠬᠠᠮᠠᠭᠠᠯᠠᠬᠤ ᠡᠷᠴᠢᠮ᠎ᠢᠶᠠᠨ ᠴᠢᠩᠭᠠᠷᠠᠭᠤᠯᠤᠭᠠᠳ ᠵᠦᠢ ᠵᠣᠬᠢᠰᠳᠠᠢ ᠵᠣᠬᠢᠬᠤ ᠬᠡᠮᠵᠢᠶᠠᠨ᠎ᠳᠤ ᠠᠱᠢᠬ᠍ᠯᠠᠬᠤ᠎ᠶ᠋ᠢ ᠠᠬᠢᠭᠤᠯᠣᠨ᠎ᠠ᠃

ᠣᠯᠠᠭᠠᠨᠬᠤᠳᠠ — ᠷᠠᠱᠢᠶᠠᠨ — ᠬᠠᠢᠯᠠᠷ — ᠮᠠᠨᠵᠣᠣᠷ ᠵᠡᠷᠭᠡ ᠵᠢᠭᠤᠯᠴᠢᠯᠡᠯ᠎ᠤᠨ ᠰᠣᠳᠣᠨ ᠵᠠᠮ ᠱᠣᠭᠤᠮ᠎ᠢ ᠪᠦᠳᠣᠭᠡᠨ ᠪᠠᠢᠭᠤᠯᠣᠨ᠎ᠠ᠂ ᠬᠤᠪᠢᠰᠭᠠᠯᠳᠣ ᠵᠢᠭᠤᠯᠴᠢᠯᠡᠯ᠂ ᠬᠦᠳᠡᠭᠡ ᠲᠣᠰᠭᠤᠨ᠎ᠤ ᠵᠢᠭᠤᠯᠴᠢᠯᠠᠯ᠂ ᠴᠠᠰᠦ ᠮᠦᠰᠦᠨ᠎ᠤ ᠵᠢᠭᠤᠯᠴᠢᠯᠡᠯ᠎ᠢ ᠭᠦᠭ᠌ᠵᠢᠭᠦᠯᠵᠦ᠍᠂ ᠵᠦᠷᠢᠶᠡᠵᠢᠯ᠎ᠲᠠᠢ ᠪᠠ ᠤᠨᠴᠠᠯᠢᠬ᠎ᠲᠠᠢ ᠵᠢᠭᠤᠯᠴᠢᠯᠠᠯ᠎ᠢ ᠠᠩᠬᠠᠷᠤᠨ ᠴᠢᠬᠤᠯᠠᠴᠢᠯᠠᠨ᠎ᠡ᠃ 《ᠦᠪᠣᠷ ᠮᠣᠩᠭᠤᠯ᠎ᠳᠤ ᠪᠢ ᠬᠠᠢᠷᠠᠳᠡᠢ》 ᠨᠡᠷᠡᠳᠣ ᠲᠡᠮᠲᠡᠭ᠎ᠤᠨ ᠲᠥᠷᠢ ᠲᠦᠷᠭᠦ᠎ᠶ᠋ᠢ ᠣᠬᠠᠭᠤᠯᠣᠨ ᠲᠠᠨᠢᠯᠴᠠᠭᠤᠯᠬᠤ ᠠᠵᠢᠯᠯᠠᠭᠠᠨ᠎ᠢ ᠬᠦᠨᠵᠡᠬᠡᠢ ᠦᠷᠨᠢᠭᠦᠯᠵᠣ᠂ ᠰᠣᠶᠣᠯ ᠪᠠ ᠵᠢᠭᠤᠯᠴᠢᠯᠡᠯ᠎ᠤᠨ ᠠᠭᠤᠰᠣᠯᠴᠠᠨ ᠭᠦᠭ᠌ᠵᠢᠬᠦ᠌᠎ᠶ᠋ᠢ ᠠᠬᠢᠭᠤᠯᠵᠣ᠂ ᠬᠦᠮᠦᠰ᠎ᠲᠤ ᠭᠠᠩᠭᠠᠩ ᠪᠠᠢᠭᠠᠯᠢ᠎ᠪᠠᠷ ᠰᠤᠶᠤᠯ᠎ᠢᠶᠠᠨ ᠪᠠᠭ᠍ᠠᠲᠤᠭᠤᠯᠵᠤ ᠤᠶᠤᠨ ᠰᠠᠨᠠᠭ᠎ᠠ᠎ᠶ᠋ᠢ᠎ᠨᠢ ᠤᠮᠳᠠᠯᠠᠨ᠎ᠠ᠃

(ᠶᠢᠰᠦ) ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠪᠠ ᠨᠡᠢᠭᠡᠮ᠎ᠤᠨ ᠵᠠᠰᠠᠯᠲᠠ᠎ᠶ᠋ᠢ ᠴᠢᠩᠭᠠᠳᠭᠠᠨ᠎ᠠ

ᠠᠷᠭ᠎ᠠ ᠪᠦᠬᠦᠨ᠎ᠢ ᠰᠦᠪᠡᠭ᠌ᠴᠢᠯᠡᠵᠦ᠍ ᠪᠠᠢᠭᠠᠳ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠬᠤ ᠪᠠ ᠦᠷᠭᠡᠳᠭᠡᠵᠦ᠍᠂ ᠶᠡᠭᠡ ᠳᠡᠭᠡᠲᠦ ᠰᠤᠷᠭᠠᠭᠤᠯᠢ ᠲᠡᠭᠦᠰᠦᠭ᠌ᠰᠡᠳ᠂ ᠲᠠᠷᠢᠶᠠᠴᠢᠨ ᠬᠦᠴᠦ᠍ ᠶᠠᠪᠤᠭ᠍ᠰᠠᠳ᠂ ᠴᠡᠷᠢᠭ᠎ᠤᠨ ᠠᠯᠪᠠ᠎ᠠᠴᠠ ᠬᠠᠯᠠᠭ᠍ᠳᠠᠭ᠍ᠰᠠᠳ ᠵᠡᠷᠭᠡ ᠭᠤᠣᠯᠳᠠᠯᠭ᠎ᠠ᠎ᠲᠠᠢ ᠬᠦᠮᠦᠰ᠎ᠤᠨ ᠠᠵᠢᠯ ᠣᠯᠭᠤᠯᠲᠠ᠎ᠶ᠋ᠢ ᠰᠠᠢᠲᠤᠷ ᠠᠳᠭᠤᠨ᠎ᠠ᠃ ᠠᠵᠤ ᠠᠬᠤᠢᠯᠠᠯ᠎ᠢ ᠲᠤᠰᠠᠯᠠᠵᠤ ᠠᠵᠢᠯ᠎ᠤᠨ ᠪᠠᠢᠷᠢ᠎ᠶ᠋ᠢ ᠲᠣᠭ᠍ᠲᠠᠭᠤᠨ ᠪᠠᠢᠯᠭᠠᠬᠤ ᠠᠵᠢᠯᠯᠠᠭᠠᠨ ᠪᠠ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭᠠᠨ᠎ᠢ ᠬᠡᠷᠡᠭ᠌ᠵᠢᠭᠦᠯᠵᠦ᠍᠂ ᠠᠵᠢᠯ ᠠᠯᠳᠠᠬᠤ ᠪᠠᠢᠳᠠᠯ᠎ᠢ ᠬᠢᠨᠠᠨ ᠱᠢᠨᠵᠢᠵᠦ᠍ ᠰᠡᠷᠡᠮᠵᠢᠯᠡᠬᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠠᠵᠢᠯ ᠠᠯᠳᠠᠯᠲᠠ᠎ᠶ᠋ᠢᠨ ᠲᠦᠭ᠌ᠰᠢᠭᠦᠷᠢ᠎ᠶ᠋ᠢ ᠪᠦᠲᠦᠮᠵᠢᠲᠡᠢ ᠠᠷᠭᠠᠴᠠᠭᠠᠨ᠎ᠠ᠃ ᠣᠷᠣᠯᠭ᠎ᠠ ᠪᠠᠭᠠᠲᠠᠢ ᠬᠦᠮᠦᠰ᠎ᠤᠨ ᠣᠷᠣᠯᠭ᠎ᠠ᠎ᠶ᠋ᠢ᠎ᠨᠢ ᠳᠡᠭᠡᠭ᠌ᠰᠢᠯᠡᠭᠦᠯᠦᠨ᠂ ᠳᠤᠮᠳᠠ ᠵᠡᠷᠭᠡ᠎ᠶ᠋ᠢᠨ ᠣᠷᠣᠯᠭ᠎ᠠ᠎ᠲᠠᠢ ᠬᠥᠮᠥᠰ᠎ᠢ ᠨᠡᠮᠡᠭ᠌ᠳᠡᠭᠦᠯᠦᠨ᠎ᠡ᠃

ᠡᠷᠡᠭᠦᠯ ᠡᠩᠬᠡ ᠥᠪᠥᠷ ᠮᠣᠩᠭᠤᠯ᠎ᠢ ᠪᠠᠢᠭᠤᠯᠬᠤ ᠠᠵᠢᠯᠯᠠᠭᠠᠨ᠎ᠢ ᠭᠦᠨᠵᠡᠭᠡᠢ ᠠᠬᠢᠭᠤᠯᠵᠤ᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠪᠠᠴᠢᠮ ᠪᠠᠢᠳᠠᠯ᠎ᠢ ᠠᠷᠭᠠᠴᠠᠭᠠᠬᠤ ᠱᠢᠰᠲ᠋ᠧᠮᠵᠢ᠎ᠪᠠᠨ ᠪᠦᠷᠢᠨᠱᠢᠭᠦᠯᠦᠨ᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠬᠡᠨᠡᠳᠲᠡ᠎ᠶ᠋ᠢᠨ ᠬᠡᠷᠡᠭ᠎ᠢ ᠠᠷᠭᠠᠴᠠᠭᠠᠬᠤ ᠴᠢᠳᠠᠪᠤᠷᠢ᠎ᠪᠠᠨ ᠳᠡᠭᠡᠭ᠌ᠰᠢᠯᠡᠭᠦᠯᠦᠨ᠎ᠡ᠃ ᠱᠠᠲᠤ ᠬᠤᠪᠢᠶᠠᠵᠤ ᠣᠨᠣᠱᠢᠯᠠᠨ ᠡᠮᠨᠡᠬᠦ᠌ ᠱᠢᠰᠲ᠋ᠧᠮ᠎ᠤᠨ ᠪᠠᠢᠭᠤᠯᠤᠯᠲᠠ᠎ᠶ᠋ᠢ ᠠᠬᠢᠭᠤᠯᠤᠨ᠂ ᠨᠡᠢᠭᠡᠮ᠎ᠤᠨ᠎ᠬᠢᠨ᠎ᠤ ᠡᠮᠨᠡᠯᠭᠡ᠎ᠶ᠋ᠢᠨ ᠬᠤᠷᠢᠶ᠎ᠠ ᠡᠷᠬᠢᠯᠡᠬᠦ᠌᠎ᠶ᠋ᠢ ᠳᠡᠮᠵᠢᠨ᠎ᠡ᠃ ᠬᠢᠲᠡᠳ ᠡᠮ ᠡᠮᠨᠡᠯᠭᠡ ᠪᠠ ᠮᠣᠩᠭᠤᠯ ᠡᠮ ᠡᠮᠨᠡᠯᠭᠡ᠎ᠪᠠᠨ ᠤᠯᠠᠮᠵᠢᠯᠠᠨ ᠵᠠᠯᠭᠠᠮᠵᠢᠯᠠᠵᠤ ᠱᠢᠨ᠎ᠡ ᠡᠭᠦᠳᠦᠯᠲᠡ᠎ᠲᠠᠢ ᠪᠣᠯᠭᠠᠬᠤ᠎ᠶ᠋ᠢ ᠠᠬᠢᠭᠤᠯᠤᠨ᠎ᠠ᠃ ᠪᠦᠬᠦ᠌ ᠠᠷᠠᠳ᠎ᠤᠨ ᠪᠡᠶ᠎ᠡ ᠴᠢᠬᠢᠷᠠᠭ᠍ᠵᠢᠭᠤᠯᠬᠤ ᠬᠢᠭᠡᠳ ᠪᠦᠬᠦ᠌ ᠠᠷᠠᠳ᠎ᠤᠨ ᠡᠷᠡᠭᠦᠯ ᠡᠩᠬᠡ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠤᠨ᠎ᠠ᠃

ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠩᠭᠤ᠎ᠶ᠋ᠢᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠨ᠂ 《ᠬᠥᠮᠦᠨ》᠂ 《ᠡᠳ᠋ ᠪᠣᠳᠠᠰ》 ᠎ᠤᠨ ᠵᠦᠢᠯᠡᠰ᠎ᠢ ᠵᠡᠷᠭᠡ᠎ᠳᠤᠨᠢ ᠰᠡᠷᠭᠡᠢᠯᠡᠬᠦ᠌᠎ᠶ᠋ᠢ ᠪᠠᠷᠢᠮᠲᠠᠯᠠᠨ᠂ 《ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠌ ᠪᠠ ᠳᠣᠲᠣᠭᠠᠳᠤ᠎ᠳᠠᠭᠠᠨ ᠳᠠᠬᠢᠨ ᠳᠡᠯᠭᠡᠷᠡᠬᠦ᠌᠎ᠶ᠋ᠢ ᠰᠡᠷᠭᠡᠢᠯᠡᠬᠦ᠌》 ᠡᠯ᠎ᠡ ᠲᠠᠯ᠎ᠠ᠎ᠶ᠋ᠢᠨ ᠠᠵᠢᠯ᠎ᠢ ᠰᠠᠢᠲᠤᠷ ᠬᠢᠨ᠎ᠠ᠃ ᠨᠡᠢᠰᠯᠠᠯ᠎ᠤᠨ ᠨᠢᠰᠭᠡᠯ᠎ᠤᠨ ᠪᠠᠭᠤᠳᠠᠯ᠎ᠤᠨ ᠰᠠᠯᠪᠤᠷᠢᠯᠠᠨ ᠬᠤᠪᠢᠶᠠᠷᠢᠯᠠᠵᠤ ᠢᠷᠡᠭᠦᠯᠦᠭ᠌ᠰᠡᠨ ᠣᠯᠠᠨ ᠤᠯᠤᠰ᠎ᠤᠨ ᠡᠭᠡᠯᠵᠢ᠎ᠶ᠋ᠢᠨ ᠨᠢᠰᠭᠡᠯ᠎ᠢ ᠲᠥᠪᠬᠢᠨᠡᠭᠦᠯᠦᠨ ᠱᠢᠢᠳᠪᠦᠷᠢᠯᠡᠬᠦ᠌ ᠠᠵᠢᠯ᠎ᠢᠶᠠᠨ ᠰᠠᠢᠲᠤᠷ ᠬᠢᠵᠦ᠍᠂ ᠬᠢᠯᠢ᠎ᠶ᠋ᠢᠨ ᠪᠣᠭᠤᠮᠲᠠ᠎ᠳᠠᠬᠢ ᠬᠢᠵᠢᠭ᠎ᠤᠨ ᠪᠠᠢᠳᠠᠯ᠎ᠤᠨ ᠰᠡᠷᠭᠡᠢᠯᠡᠨ ᠡᠵᠡᠮᠳᠡᠬᠦ᠌ ᠠᠵᠢᠯ᠎ᠢ ᠴᠢᠩᠭᠠᠳᠭᠠᠨ᠂ ᠮᠠᠯᠵᠢᠬᠤ ᠲᠠᠷᠢᠶᠠᠯᠠᠬᠤ ᠣᠷᠣᠨ᠎ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠨᠡᠢᠭᠡᠮ ᠲᠣᠭᠤᠷᠢᠭ᠎ᠤᠨ ᠲᠣᠣᠷᠵᠢᠯ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠸᠠᠺᠼᠢᠨ ᠲᠠᠷᠢᠬᠤ ᠠᠵᠢᠯ᠎ᠢ ᠰᠠᠢᠲᠤᠷ ᠬᠢᠨ᠎ᠡ᠃

ᠨᠡᠢᠭᠡᠮ᠎ᠤᠨ ᠳᠠᠭᠠᠳᠭᠠᠯ᠎ᠤᠨ ᠬᠠᠮᠤᠷᠬᠤ ᠭᠡᠪᠴᠢᠶ᠎ᠡ᠎ᠶ᠋ᠢ ᠦᠷᠭᠦᠯᠵᠢᠯᠡᠨ ᠦᠷᠭᠡᠳᠭᠡᠵᠦ᠍᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠰᠠᠭᠤᠷᠢ ᠪᠣᠯᠬᠤ ᠨᠠᠰᠤᠵᠢᠯ᠎ᠤᠨ ᠮᠦᠩᠭᠦ᠌ ᠪᠠ ᠬᠦᠴᠢᠷᠳᠡᠯᠲᠡᠢ ᠣᠯᠠᠨ ᠲᠦᠮᠡᠨ᠎ᠢ ᠠᠪᠤᠷᠠᠨ ᠲᠤᠰᠠᠯᠠᠬᠤ ᠪᠠᠲᠤᠯᠠᠭ᠎ᠠ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠨ᠂ ᠠᠵᠢᠯ ᠠᠯᠳᠠᠭ᠍ᠰᠠᠳ᠎ᠤᠨ ᠳᠠᠭᠠᠳᠭᠠᠯ᠎ᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠳᠤ ᠨᠢᠭᠡᠳᠦᠯᠲᠡᠢ ᠲᠥᠯᠥᠪᠯᠡᠬᠦ᠌᠎ᠶ᠋ᠢ ᠠᠬᠢᠭᠤᠯᠤᠨ᠎ᠠ᠃ ᠬᠦᠨᠳᠦ ᠬᠡᠴᠡᠭᠦᠦ ᠡᠪᠡᠳᠴᠢᠨ᠎ᠤ ᠡᠮᠴᠢᠯᠡᠭᠡ᠎ᠶ᠋ᠢᠨ ᠳᠠᠭᠠᠳᠭᠠᠯ ᠪᠠ ᠠᠪᠤᠷᠠᠨ ᠲᠤᠰᠠᠯᠠᠬᠤ ᠳᠥᠷᠢᠮ᠎ᠢ ᠪᠦᠷᠢᠨᠱᠢᠭᠦᠯᠵᠦ᠍᠂ ᠣᠨᠳᠣᠣ ᠭᠠᠵᠠᠷ᠎ᠲᠤ ᠡᠮᠨᠡᠭᠦᠯᠦᠭ᠌ᠰᠡᠨ ᠵᠠᠷᠤᠳᠠᠯ᠎ᠤᠨ ᠱᠢᠭᠤᠳ ᠳ᠋ᠦᠩᠨᠡᠨ ᠪᠣᠳᠣᠬᠤ᠎ᠶ᠋ᠢ ᠨᠠᠢᠳᠠᠪᠤᠷᠢᠵᠢᠭᠤᠯᠤᠨ᠎ᠠ᠃ ᠠᠮᠢᠳᠤᠷᠠᠯ᠎ᠨᠢ ᠬᠦᠴᠢᠷᠲᠡᠢ ᠠᠵᠢᠯ ᠠᠯᠳᠠᠭ᠍ᠰᠠᠳ ᠵᠢᠴᠢ ᠲᠡᠭᠦᠨ᠎ᠤ ᠭᠡᠷ ᠪᠦᠯᠢ᠎ᠶ᠋ᠢᠨ᠎ᠬᠢᠨ᠎ᠢ ᠴᠠᠭ ᠲᠤᠬᠠᠢ᠎ᠳᠤ᠎ᠨᠢ ᠠᠮᠢᠳᠤᠷᠠᠯ᠎ᠤᠨ ᠨᠠᠭᠠᠲᠤ ᠵᠠᠬ᠎ᠠ᠎ᠶ᠋ᠢᠨ ᠪᠠᠲᠤᠯᠠᠭ᠎ᠠ ᠪᠠ ᠲᠦᠷ ᠴᠠᠭ᠎ᠤᠨ ᠠᠪᠤᠷᠠᠨ ᠲᠤᠰᠠᠯᠠᠬᠤ ᠵᠡᠷᠭᠡ ᠬᠡᠪᠴᠢᠶᠡᠨ᠎ᠳᠤ ᠣᠷᠤᠭᠤᠯᠤᠨ᠎ᠡ᠃ ᠨᠠᠰᠤᠲᠠᠢᠴᠤᠳ᠎ᠢ ᠠᠰᠠᠷᠠᠨ ᠰᠣᠪᠢᠯᠠᠬᠤ ᠪᠠ ᠬᠡᠦᠬᠡᠳ ᠰᠠᠭᠠᠲᠠᠭᠤᠯᠬᠤ ᠦᠢᠯᠡᠴᠢᠯᠡᠭᠡᠨ᠎ᠤ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠵᠤ᠂ ᠡᠮᠴᠢᠯᠡᠵᠦ᠍ ᠰᠤᠪᠢᠯᠠᠬᠤ ᠡᠷᠡᠭᠦᠯᠵᠢᠭᠦᠯᠵᠦ᠍ ᠴᠢᠬᠢᠷᠠᠬ᠍ᠵᠢᠭᠤᠯᠬᠤ᠎ᠶ᠋ᠢᠨ ᠤᠶᠠᠯᠳᠤᠯ᠎ᠢ ᠭᠦᠨᠵᠡᠭᠡᠢᠷᠡᠭᠦᠯᠵᠦ᠍᠂ ᠬᠦᠮᠦᠨ ᠠᠮᠠ᠎ᠶ᠋ᠢᠨ ᠨᠠᠰᠤᠵᠢᠯᠲᠠ᠎ᠶ᠋ᠢ ᠢᠳᠡᠪᠬᠢᠲᠠᠢ ᠠᠷᠭᠠᠴᠠᠭᠠᠨ᠎ᠠ᠃ ᠴᠡᠷᠢᠭ᠎ᠤᠨ ᠠᠯᠪᠠ᠎ᠠᠴᠠ ᠬᠠᠯᠠᠭ᠍ᠳᠠᠭ᠍ᠰᠠᠳ᠎ᠤᠨ ᠠᠵᠢᠯ᠎ᠤᠨ ᠱᠢᠰᠲ᠋ᠧᠮᠵᠢ ᠪᠠ ᠪᠠᠲᠤᠯᠠᠭ᠎ᠠ᠎ᠶ᠋ᠢᠨ ᠳᠦᠷᠢᠮ᠎ᠢ ᠪᠦᠷᠢᠨᠱᠢᠭᠦᠯᠦᠨ᠎ᠡ᠃

ᠴᠢᠨᠠᠷᠯᠢᠬ ᠰᠤᠷᠭᠠᠨ ᠬᠦᠮᠦᠵᠢᠯ᠎ᠤᠨ ᠡᠬᠢ ᠪᠠᠶᠠᠯᠢᠬ᠎ᠤᠨ ᠬᠠᠨᠭ᠌ᠭᠠᠯᠭ᠎ᠠ᠎ᠶ᠋ᠢ ᠦᠷᠭᠡᠳᠭᠡᠨ᠎ᠡ᠃ ᠲᠦᠭᠡᠮᠡᠯ ᠬᠠᠷᠠᠭᠠᠯᠵᠠᠬᠤ ᠴᠢᠨᠠᠷᠲᠠᠢ ᠬᠡᠦᠭᠡᠳ᠎ᠤᠨ ᠴᠡᠴᠡᠷᠯᠢᠭ᠎ᠢ ᠬᠥᠭ᠌ᠵᠢᠭᠦᠯᠦᠨ᠂ ᠠᠯᠪᠠᠨ ᠵᠢᠷᠤᠮ᠎ᠤᠨ ᠰᠤᠷᠭᠠᠨ ᠬᠦᠮᠦᠵᠢᠯ᠎ᠢ ᠴᠢᠨᠠᠷᠯᠢᠭ ᠲᠡᠩᠴᠡᠭᠦᠷᠢᠱᠢᠭᠦᠯᠬᠦ᠌ ᠪᠠ ᠬᠤᠲᠠ ᠬᠥᠳᠡᠭᠡ᠎ᠳᠤ ᠨᠢᠭᠡ ᠴᠣᠭ᠍ᠴᠠᠵᠢᠭᠤᠯᠤᠨ ᠬᠦᠭ᠌ᠵᠢᠭᠦᠯᠬᠦ᠌᠎ᠶ᠋ᠢ ᠠᠬᠢᠭᠤᠯᠵᠤ᠂ ᠦᠨᠳᠦᠷ ᠵᠡᠷᠭᠡ᠎ᠶ᠋ᠢᠨ ᠳᠤᠮᠳᠠᠲᠤ ᠰᠤᠷᠭᠠᠭᠤᠯᠢ᠎ᠶ᠋ᠢᠨ ᠱᠠᠲᠤᠨ᠎ᠤ ᠰᠤᠷᠭᠠᠭᠤᠯᠢ᠎ᠶ᠋ᠢᠨ ᠣᠯᠠᠨ ᠶᠠᠩᠵᠤ ᠬᠡᠯᠪᠡᠷᠢ᠎ᠲᠠᠢ ᠬᠥᠭ᠌ᠵᠢᠬᠦ᠌᠎ᠶ᠋ᠢ᠎ᠨᠢ ᠵᠣᠷᠢᠬ᠍ᠵᠢᠭᠤᠯᠤᠨ᠎ᠠ᠃ ᠠᠵᠢᠯ ᠮᠡᠷᠭᠡᠵᠢᠯ᠎ᠤᠨ ᠰᠤᠷᠭᠠᠨ ᠬᠦᠮᠦᠵᠢᠯ᠎ᠤᠨ ᠦᠢᠯᠡᠳᠪᠦᠷᠢᠯᠡᠬᠦ᠌ ᠬᠢᠭᠡᠳ ᠵᠢᠭᠠᠨ ᠰᠤᠷᠭᠠᠬᠤ᠎ᠶ᠋ᠢ ᠠᠭᠤᠰᠤᠯᠴᠠᠭᠤᠯᠬᠤ᠂ ᠰᠤᠷᠭᠠᠭᠤᠯᠢ ᠬᠢᠭᠡᠳ ᠠᠵᠤ ᠠᠬᠤᠢᠯᠠᠯ᠎ᠤᠨ ᠬᠠᠮᠳᠤᠷᠠᠯᠴᠠᠭ᠎ᠠ᠎ᠶ᠋ᠢ ᠳᠡᠮᠵᠢᠬᠦ᠌ ᠠᠷᠭ᠎ᠠ ᠬᠡᠮᠵᠢᠶ᠎ᠡ᠎ᠨᠦᠭᠦᠳ᠎ᠢ ᠲᠡᠭᠦᠯᠳᠡᠷᠵᠢᠭᠦᠯᠦᠨ᠎ᠡ᠃ ᠶᠡᠭᠡ ᠳᠡᠭᠡᠲᠦ ᠰᠤᠷᠭᠠᠭᠤᠯᠢ᠎ᠶ᠋ᠢᠨ 《ᠬᠤᠣᠰ ᠲᠡᠷᠢᠭᠦᠨ ᠳᠡᠰ》 ᠎ᠤᠨ ᠪᠠᠢᠭᠤᠯᠤᠯᠲᠠ᠎ᠶ᠋ᠢ ᠠᠬᠢᠭᠤᠯᠵᠤ᠂ ᠥᠪᠥᠷ ᠮᠣᠩᠭᠤᠯ᠎ᠤᠨ ᠶᠡᠭᠡ ᠰᠤᠷᠭᠠᠭᠤᠯᠢ᠎ᠶ᠋ᠢ ᠪᠦᠲᠦᠭᠡᠨ ᠪᠠᠢᠭᠤᠯᠬᠤ ᠲᠠᠯ᠎ᠠ᠎ᠪᠠᠷ᠎ᠬᠢ 《ᠶᠠᠮᠤᠨ ᠪᠠ ᠥᠪᠡᠷᠲᠡᠭᠡᠨ ᠵᠠᠰᠠᠬᠤ ᠣᠷᠣᠨ ᠬᠠᠮᠲᠤᠷᠠᠨ ᠪᠠᠢᠭᠤᠯᠬᠤ》 ᠡᠷᠴᠢᠮ᠎ᠢ ᠴᠢᠩᠭᠠᠷᠠᠭᠤᠯᠤᠨ᠎ᠠ᠃ ᠠᠷᠠᠳ᠎ᠠᠴᠠ ᠡᠷᠬᠢᠯᠡᠭ᠌ᠰᠡᠨ ᠰᠤᠷᠭᠠᠨ ᠬᠥᠮᠦᠵᠢᠯ᠎ᠢ ᠳᠡᠮᠵᠢᠭᠦ᠌ ᠪᠠ ᠵᠢᠷᠤᠮᠵᠢᠭᠤᠯᠤᠨ᠎ᠠ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠦᠮᠦᠵᠢᠯ ᠪᠠ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌ ᠠᠵᠢᠯ᠎ᠢᠶᠠᠨ ᠰᠠᠢᠲᠤᠷ ᠬᠢᠨ᠎ᠠ᠃

ᠨᠡᠢᠭᠡᠮ᠎ᠤᠨ ᠵᠥᠷᠢᠴᠡᠯ᠎ᠢ ᠶᠡᠷᠦᠩᠬᠡᠢᠯᠡᠨ ᠵᠠᠰᠠᠬᠤ ᠲᠣᠭ᠍ᠲᠠᠴᠠ᠎ᠪᠠᠨ ᠲᠡᠭᠦᠯᠳᠡᠷᠵᠢᠭᠦᠯᠵᠦ᠍᠂ ᠵᠠᠬᠢᠳᠠᠯ ᠰᠤᠷᠪᠤᠯᠵᠢᠯᠠᠯ᠎ᠤᠨ ᠲᠠᠯ᠎ᠠ᠎ᠪᠠᠷ᠎ᠬᠢ ᠳᠠᠷᠤᠭ᠍ᠳᠠᠮᠠᠯ ᠬᠡᠷᠡᠭ᠎ᠢ ᠪᠦᠲᠦᠮᠵᠢᠲᠡᠢ ᠠᠷᠢᠯᠭᠠᠨ᠂ ᠣᠯᠠᠨ ᠲᠦᠮᠡᠨ᠎ᠤ ᠵᠦᠢ ᠵᠣᠬᠢᠰᠲᠠᠢ ᠬᠠᠤᠯᠢ ᠶᠣᠰᠣᠨ᠎ᠤ ᠬᠦᠰᠡᠯ ᠱᠠᠭᠠᠷᠳᠠᠯᠭ᠎ᠠ᠎ᠶ᠋ᠢ ᠱᠢᠢᠳᠪᠦᠷᠢᠯᠡᠨ᠎ᠡ᠃ 《ᠨᠠᠢ᠍ᠮᠠᠳᠤᠭᠠᠷ ᠲᠠᠪᠤᠨ ᠵᠢᠯ》 ᠎ᠤᠨ ᠬᠠᠤᠯᠢ ᠲᠥᠬᠡᠮᠡᠯᠵᠢᠭᠦᠯᠬᠦ᠌ ᠠᠵᠢᠯ᠎ᠢ ᠥᠷᠨᠢᠭᠦᠯᠦᠨ᠎ᠡ᠃ ᠬᠠᠤᠯᠢ᠎ᠠᠴᠠ ᠵᠥᠷᠢᠴᠡᠭ᠌ᠰᠡᠨ ᠡᠯ᠎ᠡ ᠲᠥᠷᠥᠯ᠎ᠤᠨ ᠶᠠᠯᠠᠲᠤ ᠠᠵᠢᠯᠯᠠᠭ᠎ᠠ᠎ᠳᠤ ᠬᠠᠤᠯᠢ ᠶᠣᠰᠤᠭᠠᠷ ᠴᠣᠬᠢᠯᠲᠠ ᠥᠭ᠌ᠴᠦ᠂ ᠬᠠᠷ᠎ᠠ ᠪᠦᠯᠦᠭ᠌ᠲᠡᠨ ᠬᠠᠷᠬᠢᠰ ᠬᠦᠴᠦᠨ᠎ᠢ ᠠᠷᠢᠯᠭᠠᠬᠤ ᠠᠵᠢᠯᠯᠠᠭ᠎ᠠ᠎ᠶ᠋ᠢ ᠪᠠᠢᠩᠭᠤ ᠥᠷᠨᠢᠭᠦᠯᠦᠨ᠎ᠡ᠃ ᠠᠶᠤᠯ ᠦᠭᠡᠢ ᠦᠢᠯᠡᠳᠪᠦᠷᠢᠯᠡᠯ᠎ᠤᠨ ᠬᠠᠷᠢᠭᠤᠴᠠᠯᠭ᠎ᠠ᠎ᠶ᠋ᠢᠨ ᠳᠥᠷᠢᠮ᠎ᠢ ᠴᠢᠩᠭ᠎ᠠ ᠨᠠᠢᠳᠠᠪᠤᠷᠢᠵᠢᠭᠤᠯᠤᠨ᠎ᠠ᠃ ᠢᠳᠡᠭᠡᠨ ᠪᠠ ᠡᠮ᠎ᠤᠨ ᠵᠦᠢᠯ᠎ᠤᠨ ᠠᠮᠤᠷ ᠲᠦᠪᠱᠢᠨ᠎ᠢ ᠦᠨᠡᠨ ᠬᠦ᠌ ᠪᠠᠲᠤᠯᠠᠨ᠎ᠠ᠃ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠱᠢᠰᠲ᠋ᠧᠮᠵᠢ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠭᠠᠮᠱᠢᠭ᠎ᠢ ᠰᠡᠷᠭᠡᠢᠯᠡᠬᠦ᠂ ᠭᠠᠮᠱᠢᠭ᠎ᠢ ᠪᠠᠭᠠᠰᠭᠠᠬᠤ᠂ ᠭᠠᠮᠱᠢᠭ᠎ᠲᠠᠢ ᠲᠡᠮᠡᠴᠡᠬᠦ᠌ ᠪᠠ ᠭᠠᠮᠱᠢᠭ᠎ᠠᠴᠠ ᠠᠪᠤᠷᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠭᠠᠵᠠᠷ ᠱᠢᠨᠵᠢᠯᠡᠭᠡ᠂ ᠴᠠᠭ ᠠᠭᠤᠷ᠂ ᠬᠡᠮᠵᠢᠨ ᠵᠢᠷᠤᠭ᠍ᠯᠠᠯ ᠵᠡᠷᠭᠡ ᠠᠵᠢᠯ᠎ᠢ ᠰᠠᠢᠲᠤᠷ ᠬᠢᠨ᠎ᠡ᠃

ᠨᠡᠢᠭᠡᠮ᠎ᠤᠨ ᠵᠣᠬᠢᠶᠠᠨ ᠪᠠᠢᠭᠤᠯᠤᠯᠲᠠ᠂ ᠬᠥᠮᠦᠯᠢᠭ ᠠᠪᠤᠷᠠᠯᠲᠠ ᠲᠤᠰᠠᠯᠠᠮᠵᠢ᠂ ᠰᠠᠢᠨ ᠳᠤᠷ᠎ᠠ᠎ᠶ᠋ᠢᠨ ᠦᠢᠯᠡᠴᠢᠯᠡᠭᠡ᠂ ᠨᠢᠭᠦᠯᠡᠰᠦᠩᠭᠦᠢ᠎ᠶ᠋ᠢᠨ ᠦᠢᠯᠡᠰ᠎ᠢ ᠬᠥᠭ᠌ᠵᠢᠭᠦᠯᠬᠦ᠌᠎ᠶ᠋ᠢ᠎ᠨᠢ ᠳᠡᠮᠵᠢᠵᠦ᠍᠂ ᠡᠮᠡᠭ᠌ᠲᠡᠢᠴᠦᠳ᠂ ᠬᠡᠦᠬᠡᠳ᠂ ᠨᠠᠰᠤᠲᠠᠢᠴᠤᠳ᠂ ᠵᠡᠮᠳᠡᠭ᠌ᠴᠦᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠨ᠎ᠠ᠃ ᠡᠮᠡᠭ᠌ᠲᠡᠢᠴᠤᠳ ᠬᠡᠦᠬᠡᠳ᠎ᠲᠤ ᠬᠤᠯᠪᠤᠬ᠍ᠳᠠᠬᠤ ᠠᠵᠢᠯ᠎ᠤᠨ ᠬᠦᠭ᠌ᠵᠢᠯᠲᠡ᠎ᠶ᠋ᠢᠨ ᠬᠦᠲᠦᠯᠪᠦᠷᠢ᠎ᠶ᠋ᠢ ᠨᠠᠢᠷᠠᠭᠤᠯᠤᠨ ᠵᠤᠬᠢᠶᠠᠵᠦ᠍ ᠬᠡᠷᠡᠭ᠌ᠵᠢᠭᠦᠯᠦᠨ᠎ᠡ᠃

ᠱᠠᠱᠢᠨ ᠰᠤᠷᠲᠠᠬᠤᠨ᠎ᠤ ᠠᠵᠢᠯ᠎ᠤᠨ ᠲᠤᠬᠠᠢ ᠨᠠᠮ᠎ᠤᠨ ᠦᠨᠳᠦᠰᠦᠨ ᠴᠢᠭ᠌ᠯᠡᠯᠲᠡ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠱᠠᠱᠢᠨ ᠰᠤᠷᠲᠠᠬᠤᠨ᠎ᠤ᠎ᠬᠢᠨ᠎ᠢ ᠢᠳᠡᠪᠬᠢᠲᠡᠢ ᠬᠦᠲᠦᠯᠦᠨ ᠵᠢᠯᠤᠭᠤᠳᠴᠤ᠌ ᠨᠡᠢᠭᠡᠮ ᠵᠢᠷᠤᠮᠲᠤ ᠨᠡᠢᠭᠡᠮ᠎ᠯᠦᠭᠡ ᠵᠣᠬᠢᠴᠠᠯᠳᠤᠭᠤᠯᠤᠨ᠎ᠠ᠃

ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢ ᠳᠡᠮᠵᠢᠵᠦ᠍᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠳᠠᠢᠴᠢᠯᠠᠯᠲᠠ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠥᠵᠢᠯ᠂ ᠠᠷᠠᠳ᠎ᠤᠨ ᠠᠭᠠᠷ᠎ᠤᠨ ᠰᠡᠷᠭᠡᠢᠯᠡᠯᠲᠡ ᠪᠠ ᠬᠤᠶᠠᠷ᠎ᠢ ᠬᠦᠷᠢᠶᠡᠯᠡᠵᠦ᠍ ᠬᠠᠮᠲᠦ᠎ᠪᠠᠷ ᠪᠦᠲᠦᠭᠡᠨ ᠪᠠᠢᠭᠤᠯᠬᠤ ᠠᠵᠢᠯ᠎ᠢ ᠴᠢᠩᠭᠠᠳᠭᠠᠨ᠎ᠠ᠃

 

ᠳᠥᠷᠪᠡ᠂ ᠵᠠᠰᠠᠭ᠎ᠤᠨ ᠣᠷᠳᠣᠨ᠎ᠤ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ

ᠱᠢᠨ᠎ᠡ ᠪᠠᠢᠳᠠᠯ᠂ ᠱᠢᠨ᠎ᠡ ᠡᠭᠦᠷᠭᠡ᠎ᠳᠤ ᠴᠢᠭ᠌ᠯᠡᠭᠦᠯᠦᠨ᠂ ᠪᠢᠳᠠ ᠵᠠᠰᠠᠭ᠎ᠤᠨ ᠣᠷᠳᠣᠨ᠎ᠤ ᠠᠵᠢᠯ᠎ᠤᠨ ᠪᠦᠬᠦ᠌ ᠶᠠᠪᠤᠴᠠ᠎ᠳᠤ ᠨᠠᠮ᠎ᠤᠨ ᠤᠯᠤᠰ ᠲᠥᠷᠥ᠎ᠶ᠋ᠢᠨ ᠪᠠᠢᠭᠤᠯᠤᠯᠲᠠ᠎ᠶ᠋ᠢ ᠨᠡᠢᠳᠡᠮ ᠲᠤᠭᠤᠱᠢᠯᠠᠭᠤᠯᠵᠤ᠂ 《ᠳᠥᠷᠪᠡᠨ ᠦᠵᠡᠯ ᠤᠬᠠᠮᠰᠠᠷ》 ᠎ᠢᠶᠠᠨ ᠦᠨᠡᠨ ᠬᠦ᠌ ᠴᠢᠩᠭᠠᠷᠠᠭᠤᠯᠤᠨ᠂ 《ᠳᠥᠷᠪᠡᠨ ᠢᠲᠡᠭᠡᠯ》 ᠎ᠢ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠎ᠶ᠋ᠢ ᠡᠷᠡᠰ ᠪᠡᠶᠡᠯᠡᠭᠦᠯᠦᠨ᠂ ᠦᠵᠡᠯ ᠰᠠᠨᠠᠭᠠᠨ᠎ᠤ ᠲᠠᠯ᠎ᠠ᠎ᠪᠠᠷ ᠤᠯᠤᠰ ᠲᠥᠷᠥ᠎ᠶ᠋ᠢᠨ ᠲᠠᠯ᠎ᠠ᠎ᠪᠠᠷ ᠪᠠ ᠦᠢᠯᠡ ᠠᠵᠢᠯᠯᠠᠭᠠᠨ᠎ᠤ ᠲᠠᠯ᠎ᠠ᠎ᠪᠠᠷ ᠰᠢ᠎ᠶ᠋ᠢᠨ ᠫᠢᠩ ᠨᠦᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠲᠠᠢ ᠳᠡᠭᠡᠲᠦ ᠬᠡᠮᠵᠢᠶ᠎ᠡ᠎ᠪᠠᠷ ᠨᠢᠭᠡᠳᠦᠯᠲᠡᠢ ᠪᠠᠢᠬᠤ᠎ᠶ᠋ᠢ ᠤᠬᠠᠮᠰᠠᠷ᠎ᠠᠴᠠ᠎ᠪᠠᠨ ᠪᠠᠷᠢᠮᠲᠠᠯᠠᠨ᠂ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠲᠡᠷᠡ ᠶᠣᠰᠤᠭᠠᠷ᠎ᠨᠢ ᠨᠠᠢᠳᠠᠪᠤᠷᠢᠵᠢᠭᠤᠯᠵᠤ ᠪᠣᠳᠠᠲᠠᠢᠵᠢᠭᠤᠯᠬᠤ᠎ᠶ᠋ᠢ ᠦᠨᠡᠨ ᠬᠦ᠌ ᠪᠠᠲᠤᠯᠠᠨ᠎ᠠ᠃

ᠰᠢ᠎ᠶ᠋ᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ᠂ ᠬᠠᠤᠯᠢᠵᠢᠯ᠎ᠤᠨ ᠵᠠᠰᠠᠭ᠎ᠤᠨ ᠣᠷᠳᠣᠨ᠎ᠢ ᠪᠠᠢᠭᠤᠯᠵᠤ᠂ ᠲᠤᠱᠢᠶᠠᠯ ᠬᠠᠷᠢᠭᠤᠴᠠᠯᠭ᠎ᠠ᠎ᠪᠠᠨ ᠦᠨᠡᠨᠴᠢ ᠱᠢᠳᠤᠷᠭᠤ᠎ᠪᠠᠷ ᠭᠦᠢᠴᠡᠳᠭᠡᠨ᠂ ᠵᠠᠰᠠᠭ᠎ᠤᠨ ᠣᠷᠳᠣᠨ᠎ᠤ ᠠᠵᠢᠯᠲᠠᠳ᠎ᠤᠨ ᠬᠠᠦᠯᠢ ᠶᠤᠰᠤᠭᠠᠷ ᠵᠠᠰᠠᠬ ᠶᠠᠪᠤᠭᠤᠯᠬᠤ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠦᠨ᠎ᠡ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠪᠠᠢᠩᠭᠤ᠎ᠶ᠋ᠢᠨ ᠬᠤᠷᠢᠶᠠᠨ᠎ᠤ ᠬᠢᠨᠠᠯᠲᠠ ᠲᠠᠯᠪᠢᠯᠲᠠ᠎ᠶ᠋ᠢ ᠬᠠᠤᠯᠢ ᠶᠣᠰᠤᠭᠠᠷ ᠬᠦᠯᠢᠶᠡᠨ᠂ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠶ᠋ᠢ ᠤᠬᠠᠮᠰᠠᠷ᠎ᠠᠴᠠ᠎ᠪᠠᠨ ᠬᠦᠯᠢᠶᠡᠵᠦ᠍᠂ ᠵᠠᠰᠠᠭ ᠵᠠᠬᠢᠷᠭᠠᠨ᠎ᠤ ᠬᠢᠨᠠᠯᠲᠠ ᠲᠠᠯᠪᠢᠬᠤ ᠪᠠ ᠬᠢᠨᠠᠨ ᠪᠣᠳᠣᠯᠲᠠ᠎ᠪᠠᠷ ᠬᠢᠨᠠᠯᠲᠠ ᠲᠠᠯᠪᠢᠬᠤ᠎ᠶ᠋ᠢ ᠴᠢᠩᠭᠠᠳᠭᠠᠨ᠎ᠠ᠃ ᠵᠠᠰᠠᠭ᠎ᠤᠨ ᠶᠠᠪᠤᠳᠠᠯ᠎ᠢᠶᠠᠨ ᠢᠯᠡ ᠪᠣᠯᠭᠠᠬᠤ᠎ᠶ᠋ᠢ ᠭᠦᠨᠵᠡᠭᠡᠢᠷᠡᠭᠦᠯᠦᠨ᠎ᠡ᠃

ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠪᠠᠷᠢᠮᠲᠠᠯᠠᠵᠤ᠂ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢᠭᠤᠯᠤᠯᠲᠠ᠎ᠶ᠋ᠢᠨ ᠬᠠᠷᠢᠭᠤᠴᠠᠯᠭ᠎ᠠ᠎ᠶ᠋ᠢᠨ ᠳᠥᠷᠢᠮ᠎ᠢ ᠴᠢᠩᠭ᠎ᠠ ᠨᠠᠢᠳᠠᠪᠤᠷᠢᠵᠢᠭᠤᠯᠤᠨ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠡᠷᠡᠰ ᠲᠡᠪᠴᠢᠵᠦ᠍᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠬᠦ᠌ ᠰᠤᠷᠲᠠᠯ ᠪᠠ 《ᠬᠠᠳᠠᠭᠠᠰᠤ ᠬᠠᠳᠠᠬᠤ》 ᠵᠣᠷᠢᠭ ᠰᠠᠨᠠᠭ᠎ᠠ᠎ᠪᠠᠷ ᠠᠵᠢᠯ᠎ᠢᠶᠠᠨ ᠨᠠᠢᠳᠠᠪᠤᠷᠢᠵᠢᠭᠤᠯᠬᠤ᠎ᠶ᠋ᠢ ᠴᠢᠩᠭ᠎ᠠ ᠠᠳᠭᠤᠨ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠦᠷᠭᠦᠯᠵᠢᠯᠡᠨ ᠬᠥᠩᠭᠡᠷᠡᠭᠦᠯᠦᠨ᠎ᠡ᠃ ᠠᠷᠪᠢᠴᠢ ᠭᠠᠮᠲᠠᠢ ᠠᠮᠢᠳᠤᠷᠠᠬᠤ᠎ᠶ᠋ᠢ ᠪᠠᠷᠢᠮᠲᠠᠯᠠᠨ᠂ ᠰᠠᠢᠲᠤᠷ ᠭᠠᠮᠨᠠᠨ ᠠᠷᠪᠢᠯᠠᠵᠤ᠂ ᠪᠦᠷᠢᠯᠭᠡᠨ ᠰᠦᠢᠳᠭᠡᠬᠦ᠌᠎ᠶ᠋ᠢ ᠡᠰᠡᠷᠭᠦᠴᠡᠨ᠎ᠡ᠃

ᠲᠥᠯᠥᠭᠡᠯᠡᠭ᠌ᠴᠢᠳ ᠡ! ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯ ᠨᠠᠮ ᠪᠠ ᠤᠯᠤᠰ᠎ᠠᠴᠠ ᠪᠢᠳᠡᠨ᠎ᠳᠤ ᠣᠯᠭᠤᠭ᠍ᠰᠠᠨ ᠡᠷᠬᠢᠮ ᠳᠡᠭᠡᠲᠦ ᠢᠷᠠᠭᠤ ᠠᠯᠳᠠᠷ ᠪᠣᠯᠬᠤ ᠪᠥᠭᠡᠳ ᠨᠡᠩ ᠴᠦ᠍ ᠬᠥᠨᠳᠦ ᠴᠢᠬᠤᠯᠠ ᠬᠠᠷᠢᠭᠤᠴᠠᠯᠭ᠎ᠠ ᠪᠣᠯᠣᠨ᠎ᠠ᠃ ᠪᠢᠳᠠ ᠤᠯᠤᠰ ᠣᠷᠣᠨ᠎ᠤ ᠨᠢᠭᠡᠳᠦᠯ᠂ ᠦᠨᠳᠦᠰᠦᠲᠡᠨ᠎ᠤ ᠪᠦᠯᠬᠦᠮᠳᠡᠯ᠎ᠢ ᠬᠠᠮᠠᠭᠠᠯᠠᠬᠤ ᠨᠡᠩ ᠬᠦᠨᠳᠦ ᠬᠠᠷᠢᠭᠤᠴᠠᠯᠭ᠎ᠠ᠎ᠶ᠋ᠢ ᠤᠬᠠᠮᠰᠠᠷ᠎ᠠᠴᠠ᠎ᠪᠠᠨ ᠡᠭᠦᠷᠭᠡᠯᠡᠵᠦ᠍᠂ ᠠᠭᠤᠤ ᠶᠡᠭᠡ ᠡᠬᠡ ᠤᠯᠤᠰ᠂ ᠳᠤᠮᠳᠠᠲᠤ᠎ᠶ᠋ᠢᠨ ᠦᠨᠳᠦᠰᠦᠲᠡᠨ᠂ ᠳᠤᠮᠳᠠᠲᠤ᠎ᠶ᠋ᠢᠨ ᠰᠣᠶᠣᠯ᠂ ᠳᠤᠮᠳᠠᠲᠤ ᠤᠯᠤᠰ᠎ᠤᠨ ᠡᠪ ᠬᠠᠮᠲᠤ ᠨᠠᠮ᠂ ᠳᠤᠮᠳᠠᠲᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠲᠤᠬᠠᠢ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠮᠡᠳᠡᠷᠡᠮᠵᠢ᠎ᠶ᠋ᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃ ᠦᠨᠳᠦᠰᠦᠲᠡᠨ᠎ᠤ ᠲᠤᠬᠠᠢ ᠨᠠᠮ᠎ᠤᠨ ᠲᠥᠷᠥ᠎ᠶ᠋ᠢᠨ ᠪᠣᠳᠣᠯᠭ᠎ᠠ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠤᠨ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠳᠥᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠪᠦᠬᠦ᠌ ᠲᠠᠯ᠎ᠠ᠎ᠪᠠᠷ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠥᠷᠨᠢᠭᠦᠯᠦᠨ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶ᠋ᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠡᠳᠭᠢᠯ ᠵᠢᠷᠦᠬᠡᠨ᠎ᠳᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠦᠵᠡᠯ ᠤᠬᠠᠮᠰᠠᠷ᠎ᠢ ᠭᠦᠨᠵᠡᠭᠡᠢ ᠬᠠᠳᠠᠩᠱᠢᠭᠤᠯᠤᠨ᠎ᠠ᠃ ᠣᠷᠴᠤᠨ᠎ᠤ ᠥᠪᠡᠷᠲᠡᠭᠡᠨ ᠵᠠᠰᠠᠬᠤ ᠬᠤᠱᠢᠭᠤ ᠪᠠᠢᠭᠤᠯᠤᠭ᠍ᠳᠠᠭ᠍ᠰᠠᠨ 70 ᠵᠢᠯ᠎ᠤᠨ ᠣᠢ᠎ᠶ᠋ᠢ ᠪᠡᠯᠭᠡᠯᠡᠬᠦ᠌ ᠠᠵᠢᠯᠯᠠᠭ᠎ᠠ᠎ᠶ᠋ᠢ ᠰᠠᠢᠲᠤᠷ ᠡᠷᠬᠢᠯᠡᠨ᠎ᠡ᠃ ᠬᠢᠯᠢ ᠬᠢᠵᠠᠭᠠᠷ ᠣᠷᠣᠨ᠎ᠢᠶᠠᠨ ᠬᠥᠭ᠌ᠵᠢᠭᠦᠯᠵᠦ᠍ ᠠᠷᠠᠳ᠎ᠢᠶᠠᠨ ᠪᠠᠶᠠᠵᠢᠭᠤᠯᠬᠤ ᠠᠵᠢᠯᠯᠠᠭᠠᠨ᠎ᠢ ᠠᠬᠢᠭᠤᠯᠵᠦ᠍᠂ ᠬᠤᠲᠠ᠎ᠶ᠋ᠢᠨ ᠦᠨᠳᠦᠰᠦᠲᠡᠨ᠎ᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠨ᠎ᠡ᠃ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠨᠣᠯᠵᠢᠬᠤᠨ᠎ᠢ ᠭᠦᠨᠵᠡᠭᠡᠢ ᠦᠢᠯᠡᠳᠦᠯᠭᠡᠵᠢᠭᠦᠯᠦᠨ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠱᠢᠭ ᠪᠠᠲᠤ ᠨᠢᠭ᠍ᠲᠠᠷᠠᠨ ᠪᠥᠯᠬᠦᠮᠳᠡᠬᠦ᠌᠎ᠶ᠋ᠢ ᠠᠬᠢᠭᠤᠯᠵᠦ᠍᠂ ᠡᠬᠡ ᠤᠯᠤᠰ᠎ᠤᠨ ᠬᠢᠯᠢ ᠬᠢᠵᠠᠭᠠᠷ᠎ᠢᠶᠠᠨ ᠬᠠᠮᠲᠤ᠎ᠪᠠᠷ ᠰᠠᠬᠢᠨ ᠬᠠᠮᠠᠭᠠᠯᠠᠵᠤ᠂ ᠰᠠᠢᠨ ᠰᠠᠢᠬᠠᠨ ᠠᠮᠢᠳᠤᠷᠠᠯ᠎ᠢ ᠬᠠᠮᠲᠤ᠎ᠪᠠᠷ ᠴᠣᠭ᠍ᠴᠠᠯᠠᠨ ᠪᠠᠢᠭᠤᠯᠤᠨ᠎ᠠ᠃

ᠲᠥᠯᠥᠭᠡᠯᠡᠭ᠌ᠴᠢᠳ ᠡ! ᠱᠢᠨ᠎ᠡ ᠠᠶᠠᠨ ᠮᠠᠨᠢ ᠡᠬᠢᠯᠡᠪᠡ᠂ ᠱᠢᠭᠤᠷᠬᠠᠢ ᠠᠵᠢᠯᠯᠠᠪᠠᠰᠤ ᠠᠯᠤᠰ ᠢᠷᠡᠭᠡᠳᠦᠢ᠎ᠳᠡᠭᠡᠨ ᠠᠮᠵᠢᠯᠲᠠ ᠣᠯᠣᠨ᠎ᠠ᠃ ᠪᠢᠳᠡ ᠰᠢ᠎ᠶ᠋ᠢᠨ ᠫᠢᠩ ᠨᠦᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠪᠠᠲᠤ ᠨᠢᠭ᠍ᠲᠠᠷᠠᠨ ᠪᠦᠯᠬᠦᠮᠳᠡᠵᠦ᠍᠂ ᠢᠷᠡᠭᠡᠳᠦᠢ᠎ᠪᠠᠨ ᠴᠢᠭ᠌ᠯᠡᠵᠦ᠍ ᠦᠷᠭᠦᠯᠵᠢᠯᠡᠨ ᠴᠢᠷᠮᠠᠢᠵᠦ᠍ ᠠᠵᠢᠯᠯᠠᠨ᠂ 《ᠠᠷᠪᠠᠨ ᠲᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢ ᠪᠡᠶᠡᠯᠡᠭᠦᠯᠬᠦ᠌ ᠠᠵᠢᠯ᠎ᠢᠶᠠᠨ ᠤᠷᠤᠬ᠍ᠰᠢᠲᠠᠢ ᠡᠬᠢᠯᠡᠭᠦᠯᠵᠦ᠍᠂ ᠭᠢᠯᠠᠯᠵᠠᠭ᠍ᠰᠠᠨ ᠠᠮᠵᠢᠯᠲᠠ᠎ᠪᠠᠷ᠎ᠢᠶᠠᠨ ᠳᠤᠮᠳᠠᠲᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠢ᠎ᠶ᠋ᠢ ᠪᠡᠯᠭᠡᠯᠡᠨ᠂ ᠴᠦᠬᠦᠷᠡᠰᠢ ᠦᠭᠡᠢ ᠤᠷᠤᠬ᠍ᠰᠢᠯᠠᠵᠦ᠍᠂ ᠦᠪᠦᠷ ᠮᠤᠩᠭᠤᠯ᠎ᠤᠨ ᠬᠦᠭ᠌ᠵᠢᠯᠲᠡ᠎ᠶ᠋ᠢᠨ ᠱᠢᠨ᠎ᠡ ᠬᠠᠭᠤᠳᠠᠰᠦ᠎ᠪᠠᠨ ᠴᠢᠷᠮᠠᠢᠨ ᠪᠢᠴᠢᠭ᠌ᠯᠡᠶ᠎ᠡ!

(ᠦᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠣᠷᠴᠢᠭᠤᠯᠭ᠎ᠠ᠎ᠶ᠋ᠢᠨ ᠭᠠᠵᠠᠷ ᠣᠷᠴᠢᠭᠤᠯᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号