2020 ᠣᠨ᠎ᠳᠤ᠂ ᠬᠢᠨᠭ᠌ᠭᠠᠨ ᠠᠢᠮᠠᠭ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠬᠢᠭᠡᠳ ᠨᠡᠢᠭᠡᠮ᠎ᠤᠨ ᠪᠠᠲᠤᠯᠠᠭ᠎ᠠ᠎ᠶ᠋ᠢᠨ ᠲᠣᠪᠴᠢᠶ᠎ᠠ᠂ ᠠᠵᠢᠯ ᠣᠯᠭᠤᠯᠲᠠ᠎ᠶ᠋ᠢᠨ ᠲᠣᠪᠴᠢᠶ᠎ᠠ ᠬᠦᠯᠦᠰᠦᠨ ᠠᠵᠢᠯᠴᠢᠳ᠎ᠤᠨ ᠨᠤᠲᠤᠭ᠎ᠲᠠᠭᠠᠨ ᠪᠤᠴᠠᠵᠤ ᠦᠢᠯᠡᠰ ᠪᠤᠰᠭᠠᠬᠤ᠎ᠶ᠋ᠢ ᠶᠡᠭᠡ᠎ᠪᠠᠷ ᠳᠡᠮᠵᠢᠵᠦ᠍᠂ ᠣᠯᠠᠨ ᠠᠷᠭ᠎ᠠ ᠠᠪᠴᠤ᠌ ᠬᠦᠯᠦᠰᠦᠨ ᠠᠵᠢᠯᠴᠢᠤᠨ᠎ᠤᠨ ᠨᠤᠲᠤᠭ᠎ᠲᠠᠭᠠᠨ ᠪᠤᠴᠠᠵᠤ ᠦᠢᠯᠡᠰ ᠪᠤᠰᠭᠠᠬᠤ᠎ᠳᠤ ᠦᠢᠯᠡᠴᠢᠯᠡᠭ᠌ᠰᠡᠨ᠎ᠢᠶᠠᠷ᠂ ᠨᠢᠭᠡ ᠪᠦᠯᠦᠭ ᠦᠢᠯᠡᠰ ᠪᠤᠰᠭᠠᠬᠤ ᠬᠦᠰᠡᠯ ᠪᠤᠳᠤᠯ᠎ᠲᠠᠢ ᠬᠦᠮᠦᠰ᠎ᠤᠨ ᠨᠤᠳᠤᠭ᠎ᠲᠠᠭᠠᠨ ᠪᠤᠴᠠᠵᠤ ᠦᠢᠯᠡᠰ ᠪᠤᠰᠭᠠᠬᠤ ᠢᠳᠡᠭᠡᠯ ᠵᠤᠷᠢᠭ᠎ᠢ᠎ᠨᠢ ᠬᠦᠪᠴᠢᠯᠡᠭ᠌ᠰᠡᠨ ᠪᠠᠢᠨ᠎ᠠ᠃
《ᠬᠢᠵᠢᠭ᠎ᠤᠨ ᠪᠠᠢᠳᠠᠯ᠎ᠤᠨ ᠬᠤᠭᠤᠴᠠᠭᠠᠨ᠎ᠳᠤ᠂ ᠲᠦᠷ ᠴᠠᠭ ᠭᠠᠳᠠᠭ᠍ᠰᠢ ᠭᠠᠷᠬᠤ᠎ᠳᠤ ᠬᠦᠴᠢᠷᠲᠡᠶ ᠪᠥᠭᠡᠳ ᠦᠢᠯᠡᠰ ᠪᠤᠰᠭᠠᠬᠤ ᠬᠦᠰᠡᠯ᠎ᠲᠠᠢ ᠬᠥᠯᠥᠰᠥᠨ ᠠᠵᠢᠯᠴᠢᠨ᠎ᠳᠤ 5000 ᠲᠥᠭᠦᠷᠢᠭ᠎ᠤᠨ ᠦᠢᠯᠡᠰ ᠪᠤᠰᠭᠠᠬᠤ ᠨᠥᠬᠦᠪᠥᠷᠢ ᠦᠭ᠌ᠴᠠᠢ᠃ ᠡᠨᠡ ᠬᠦ᠌ ᠲᠥᠷᠥ᠎ᠶ᠋ᠢᠨ ᠪᠣᠳᠣᠯᠭ᠎ᠠ᠎ᠨᠢ ᠡᠳᠡᠭᠡᠷ ᠠᠩᠬ᠎ᠠ ᠤᠳᠠᠭ᠎ᠠ ᠦᠢᠯᠡᠰ ᠪᠣᠰᠭᠠᠵᠤ ᠪᠠᠢᠭ᠎ᠠ ᠬᠥᠯᠥᠰᠥᠨ ᠠᠵᠢᠯᠴᠢᠨ᠎ᠤ ᠨᠢᠳᠦᠨ ᠡᠮᠦᠨᠡᠬᠢ ᠬᠦᠴᠢᠷᠳᠡᠯ᠎ᠢ᠎ᠨᠢ ᠱᠢᠢᠳᠪᠦᠷᠢᠯᠡᠪᠠ》 ᠬᠡᠵᠦ᠍ ᠬᠢᠨᠭ᠌ᠭᠠᠨ ᠠᠢᠮᠠᠭ᠎ᠤᠨ ᠠᠵᠢᠯ ᠣᠯᠭᠤᠯᠲᠠ᠎ᠶ᠋ᠢᠨ ᠲᠣᠪᠴᠢᠶ᠎ᠠ᠎ᠶ᠋ᠢᠨ ᠠᠵᠢᠯᠲᠠᠳ ᠲᠠᠨᠢᠯᠴᠠᠭᠤᠯᠤᠯ᠎ᠠ᠃ 2020 ᠣᠨ᠎ᠤ ᠡᠬᠢᠨ᠎ᠠᠴᠠ ᠣᠲᠣ ᠪᠣᠯᠲᠠᠯ᠎ᠠ᠂ ᠬᠢᠨᠭ᠌ᠭᠠᠨ ᠠᠢᠮᠠᠭ 153 ᠦᠢᠯᠡᠰ ᠪᠤᠰᠭᠠᠭ᠍ᠴᠢᠳᠤ 76.5 ᠲᠦᠮᠡᠨ ᠲᠥᠭᠦᠷᠢᠭ᠎ᠤᠨ ᠦᠢᠯᠡᠰ ᠪᠤᠰᠭᠠᠬᠤ ᠨᠥᠬᠦᠪᠥᠷᠢ ᠣᠯᠭᠤᠭ᠍ᠰᠠᠨ ᠪᠠᠢᠨ᠎ᠠ᠃
ᠤᠯᠠᠭᠠᠨᠬᠤᠲᠠ᠎ᠶ᠋ᠢᠨ ᠢᠯᠠᠯᠲᠠ ᠪᠠᠯᠭᠠᠰᠤᠨ᠎ᠤ ᠢᠯᠠᠯᠲᠠ ᠭᠠᠴᠠᠭᠠᠨ᠎ᠤ ᠠᠷᠠᠳ ᠷᠧᠨ ᠱᠦ᠍ ᠬᠤᠸᠠ ᠦᠢᠷ᠎ᠡ᠎ᠳᠤ ᠮᠠᠰᠢ ᠶᠠᠭᠠᠷᠠᠤ᠃ ᠬᠡᠷᠪᠡ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠡᠬᠦᠰᠦᠭ᠌ᠰᠡᠨ ᠦᠭᠡᠢ ᠪᠣᠯ ᠷᠧᠨ ᠱᠦ᠍ ᠬᠤᠸᠠ ᠪᠠᠰᠠ ᠭᠠᠳᠠᠨ᠎ᠠ ᠣᠷᠣᠨ᠎ᠳᠤ ᠬᠥᠯᠥᠰᠥᠨ ᠠᠵᠢᠯ ᠬᠢᠶ᠎ᠠ ᠭᠡᠵᠤ ᠪᠤᠳᠤᠵᠤ ᠪᠠᠢᠪᠠ᠃ 2020 ᠣᠨ᠎ᠤ ᠡᠬᠢ᠎ᠪᠠᠷ᠂ ᠬᠤᠭᠤᠯᠠᠨ ᠭᠡᠷ᠂ ᠦᠢᠯᠡᠳᠪᠦᠷᠢ᠎ᠨᠢ ᠠᠵᠢᠯ ᠦᠢᠯᠡᠳᠪᠦᠷᠢᠯᠡᠯ᠎ᠢᠶᠠᠨ ᠵᠣᠭ᠍ᠰᠣᠭᠠᠭ᠍ᠰᠠᠨ᠎ᠠᠴᠠ ᠭᠠᠳᠠᠭ᠍ᠰᠢ ᠭᠠᠷᠴᠤ᠌ ᠬᠥᠯᠥᠰᠥᠨ ᠠᠵᠢᠯ ᠬᠢᠬᠦ᠌᠎ᠳᠤ ᠬᠦᠴᠢᠷ ᠪᠤᠯᠵᠦ᠍᠂ ᠮᠠᠰᠢ ᠤᠯᠠᠨ ᠬᠥᠯᠥᠰᠥᠨ ᠠᠵᠢᠯᠴᠢᠨ᠎ᠲᠠᠢ ᠠᠳᠠᠯᠢ ᠠᠷᠭ᠎ᠠ ᠪᠤᠰᠤ ᠨᠤᠲᠤᠭ᠎ᠲᠠᠭᠠᠨ ᠦᠯᠡᠳᠡᠵᠦ᠍ ᠬᠤᠴᠤᠷᠴᠡᠢ᠃ ᠲᠡᠷᠡ ᠡᠷ᠎ᠡ ᠨᠥᠬᠦᠷᠲᠠᠢᠪᠠᠨ ᠤᠯᠠᠨ ᠵᠢᠯ᠎ᠤᠨ ᠬᠠᠳᠠᠭᠠᠯᠠᠮᠵᠢ᠎ᠪᠠᠨ ᠭᠠᠷᠭᠠᠵᠤ᠂ ᠲᠦᠷᠦᠯ ᠰᠠᠳᠤᠨ᠎ᠤ᠎ᠪᠠᠨ ᠠᠷᠢᠬᠢᠨ ᠮᠤᠬᠤᠯᠠᠬᠤᠨ ᠬᠤᠯᠪᠤᠭᠠᠨ᠎ᠳᠤ ᠤᠷᠤᠵᠦ᠍᠂ ᠲᠦᠷᠦᠭ᠌ᠰᠡᠨ ᠨᠤᠲᠤᠭ ᠢᠯᠠᠯᠲᠠ ᠪᠠᠯᠭᠠᠰᠤᠨ᠎ᠳᠠᠭᠠᠨ ᠣᠷᠣᠯᠠᠨ ᠪᠣᠷᠣᠯᠠᠭᠤᠯᠤᠭ᠍ᠴᠢ ᠪᠣᠯᠪᠠ᠃ ᠪᠠᠯᠠ ᠮᠥᠩᠭᠦ᠎ᠪᠠᠨ ᠴᠥᠮ ᠪᠠᠷᠠᠭ᠎ᠠ ᠣᠷᠣᠭᠤᠯᠬᠤ᠎ᠳᠤ ᠵᠠᠷᠤᠴᠠᠭᠤᠯᠤᠭ᠍ᠰᠡᠨᠠᠴᠠ ᠴᠠᠭᠠᠨ ᠰᠠᠷ᠎ᠠ᠎ᠶ᠋ᠢᠨ ᠪᠣᠷᠣᠯᠠᠭᠤᠯᠭ᠎ᠠ᠎ᠶ᠋ᠢ ᠠᠬᠢᠭᠤᠯᠬᠤ ᠠᠵᠢᠯᠯᠠᠭ᠎ᠠ ᠥᠷᠨᠢᠭᠦᠯᠬᠦ᠌ ᠵᠠᠷᠤᠳᠠᠯ ᠦᠬᠡᠢ ᠪᠤᠯᠤᠭ᠍ᠰᠠᠨ᠎ᠨᠢ ᠷᠧᠨ ᠱᠦ᠍ ᠬᠤᠸᠠ᠎ᠶ᠋ᠢᠨ ᠲᠦᠪᠡᠭ ᠠᠰᠠᠭᠤᠳᠠᠯ ᠪᠣᠯᠤᠭ᠍ᠰᠠᠨ ᠪᠠᠢᠨ᠎ᠠ᠃ ᠥᠪᠡᠷ᠎ᠢᠶᠠᠨ ᠭᠤᠶᠤᠴᠢᠯᠠᠬᠤ ᠨᠥᠬᠦᠴᠡᠯ᠎ᠳᠤ ᠨᠡᠢᠴᠡᠬᠦ᠌᠎ᠶ᠋ᠢ ᠮᠡᠳᠡᠭ᠌ᠰᠡᠨ᠎ᠤ ᠳᠠᠷᠠᠭ᠎ᠠ᠂ ᠲᠡᠷᠡ ᠨᠢᠭᠡ ᠤᠳᠠᠭ᠎ᠠ᠎ᠶ᠋ᠢᠨ ᠴᠢᠨᠠᠷᠲᠠᠶ ᠦᠢᠯᠡᠰ ᠪᠣᠰᠭᠠᠬᠤ ᠨᠥᠬᠦᠪᠥᠷᠢ ᠪᠡᠯᠡ ᠮᠥᠩᠭᠦ᠎ᠶ᠋ᠢ ᠭᠤᠶᠥᠴᠢᠯᠠᠨ ᠤᠯᠪᠠ᠃ 《ᠡᠨᠡ 5000 ᠲᠥᠭᠦᠷᠢᠭ ᠪᠠᠢᠪᠠᠯ ᠪᠢ ᠵᠢᠭᠠᠬᠠᠨ ᠠᠮᠤ ᠪᠤᠳᠠᠭ᠎ᠠ ᠭᠤᠯᠢᠷ ᠲᠣᠰᠣ ᠬᠤᠳᠠᠯᠳᠤᠨ ᠠᠪᠴᠤ᠌᠂ ᠡᠨᠡ ᠤᠳᠠᠭ᠎ᠠ᠎ᠶ᠋ᠢᠨ ᠪᠣᠷᠣᠯᠠᠭᠤᠯᠭ᠎ᠠ᠎ᠶ᠋ᠢ ᠠᠬᠢᠭᠤᠯᠬᠤ ᠠᠵᠢᠯᠯᠠᠭ᠎ᠠ᠎ᠶ᠋ᠢ ᠰᠠᠢᠲᠤᠷ ᠪᠡᠯᠡᠳᠭᠡᠵᠦ᠍ ᠪᠣᠯᠤᠨ᠎ᠠ》 ᠭᠡᠵᠦ᠍ ᠷᠧᠨ ᠱᠦ᠍ ᠬᠤᠸᠠ ᠲᠠᠯᠠᠷᠬᠠᠨ ᠬᠡᠯᠡᠪᠡ᠃ ᠢᠩᠭᠢᠭᠡᠳ ᠨᠢᠭᠡ ᠤᠳᠠᠭ᠎ᠠ᠎ᠶ᠋ᠢᠨ ᠴᠢᠨᠠᠷᠲᠠᠢ ᠦᠢᠯᠡᠰ ᠪᠤᠰᠭᠠᠬᠤ ᠨᠥᠬᠦᠪᠥᠷᠢ᠎ᠨᠢ ᠲᠡᠭᠦᠨ᠎ᠤ ᠲᠤᠯᠭᠠᠮ ᠠᠰᠠᠭᠤᠳᠠᠯ᠎ᠢ ᠱᠢᠢᠳᠪᠦᠷᠢᠯᠡᠪᠡ᠃
ᠤᠯᠠᠭᠠᠨᠬᠤᠲᠠ᠎ᠶ᠋ᠢᠨ ᠬᠤᠭᠤᠯᠠᠨ ᠬᠡᠷ᠎ᠤᠨ ᠡᠵᠡᠨ᠎ᠶ᠋ᠢᠨ ᠯᠢᠶᠠᠨ ᠮᠧᠶ ᠬᠢᠨᠭ᠌ᠭᠠᠨ ᠠᠢᠮᠠᠭ᠎ᠤᠨ ᠠᠵᠢᠯ ᠣᠯᠭᠤᠯᠲᠠ᠎ᠶ᠋ᠢᠨ ᠲᠣᠪᠴᠢᠶ᠎ᠠ᠎ᠶ᠋ᠢᠨ ᠵᠢᠷᠬᠢᠶ᠎ᠠ᠎ᠶ᠋ᠢᠨ ᠣᠯᠠᠨ ᠨᠡᠢᠲᠡ᠎ᠶ᠋ᠢᠨ ᠲᠠᠪᠴᠡᠩ᠎ᠢᠶᠠᠷ ᠳᠠᠮᠵᠢᠭᠤᠯᠤᠨ᠂ ᠦᠢᠯᠡᠰ ᠪᠤᠰᠭᠠᠬᠤ ᠨᠥᠬᠦᠪᠥᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠲᠤᠬᠠᠢ ᠮᠡᠳᠡᠭ᠌ᠰᠡᠨ᠎ᠤ ᠳᠠᠷᠠᠭ᠎ᠠ ᠲᠡᠷᠡ ᠳᠠᠷᠤᠶᠳᠤᠨᠢ ᠮᠠᠲ᠋ᠧᠷᠢᠶᠠᠯ᠎ᠢᠶᠠᠨ ᠠᠪᠴᠤ᠌ ᠨᠥᠬᠦᠪᠥᠷᠢ ᠭᠤᠶᠤᠴᠢᠯᠠᠵᠠᠶ᠃ 《2020 ᠣᠨ᠎ᠤ 10 ᠰᠠᠷ᠎ᠠ᠎ᠳᠤ ᠨᠡᠭᠡᠭᠡᠭ᠌ᠰᠡᠨ ᠬᠤᠭᠤᠯᠠᠨ ᠭᠡᠷ ᠠᠭᠠᠵᠢᠮ᠎ᠢᠶᠠᠷ ᠵᠠᠮ᠎ᠳᠠᠭᠠᠨ ᠣᠷᠤᠵᠠᠢ᠂ ᠡᠭᠦᠨ᠎ᠠᠴᠠ ᠡᠮᠦᠨ᠎ᠡ ᠪᠤᠰᠤᠳ᠎ᠲᠤ ᠬᠦ᠍ᠯᠦᠰᠦᠨ ᠠᠵᠢᠯ ᠬᠢᠵᠦ᠍ ᠪᠠᠢᠬᠤ ᠦᠶ᠎ᠠ᠎ᠳᠤ ᠰᠠᠷ᠎ᠠ᠎ᠶ᠋ᠢᠨ ᠴᠠᠯᠢᠩ ᠬᠠᠮᠤᠭ ᠠᠷᠪᠢᠨ᠎ᠳᠠᠭᠠᠨ 4000 ᠲᠥᠭᠦᠷᠢᠭ ᠪᠠᠢᠵᠠᠢ᠃ ᠤᠳᠤ ᠲᠡᠷᠡ ᠦᠶ᠎ᠡ᠎ᠠᠴᠠ ᠬᠤᠯᠠ ᠳᠡᠭᠡᠷ᠎ᠡ ᠪᠣᠯᠵᠠᠶ》 ᠬᠡᠵᠦ᠎ᠶ᠋ᠢᠨ ᠯᠢᠶᠠᠨ ᠮᠧᠶ ᠪᠠᠶᠠᠷ ᠪᠠᠶᠠᠰᠤᠯ᠎ᠢᠶᠠᠷ ᠪᠢᠯᠬᠠᠨ᠎ᠠ᠃ ᠶ᠋ᠢᠨ ᠯᠢᠶᠠᠨ ᠮᠧᠶ ᠪᠣᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠠᠯᠳᠠᠷ ᠰᠤᠮᠤᠨ᠎ᠤ ᠬᠥᠨᠳᠡᠯᠡᠨ ᠭᠠᠴᠠᠭᠠᠨ᠎ᠤ ᠬᠥᠮᠦᠨ᠃ ᠥᠩᠭᠡᠷᠡᠭ᠌ᠰᠡᠨ᠎ᠳᠤ ᠡᠷ᠎ᠡ ᠨᠥᠬᠦᠷᠲᠠᠢᠪᠠᠨ ᠬᠠᠮᠲᠤ ᠬᠥᠯᠥᠰᠥᠨ ᠠᠵᠢᠯ᠎ᠳᠤ ᠲᠦᠱᠢᠭ᠌ᠰᠡᠭᠡᠷ ᠢᠷᠡᠵᠠᠢ᠃ 2020 ᠣᠨ᠎ᠳᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠠᠴᠠ ᠪᠤᠯᠵᠤ᠂ ᠲᠡᠳᠡ ᠡᠷ᠎ᠡ ᠡᠮ᠎ᠡ ᠬᠤᠶᠠᠭᠤᠯᠠ ᠨᠤᠲᠤᠭ᠎ᠲᠠᠭᠠᠨ ᠪᠤᠴᠠᠭ᠍ᠰᠠᠨ ᠬᠥᠯᠥᠰᠥᠨ ᠠᠵᠢᠯᠴᠢᠨ᠎ᠤ ᠦᠢᠯᠡᠰ ᠪᠤᠰᠭᠠᠬᠤ ᠲᠠᠯ᠎ᠠ᠎ᠪᠠᠷ ᠤᠯᠤᠰ᠎ᠠᠴᠠ ᠨᠡᠯᠢᠶᠡᠳ ᠶᠡᠭᠡ ᠳᠡᠮᠵᠢᠯᠭᠡ ᠦᠵᠡᠭᠦᠯᠵᠦ᠍ ᠪᠠᠢᠨ᠎ᠠ ᠬᠡᠰᠡᠨ᠎ᠢ ᠰᠣᠨᠣᠰᠴᠤ᠌ 5000 ᠲᠦᠭᠦᠷᠢᠭ᠎ᠤᠨ ᠲᠡᠮᠵᠢᠯᠭᠡ᠎ᠶ᠋ᠢ ᠤᠯᠬᠤ᠎ᠪᠠᠷ ᠭᠤᠶᠤᠴᠢᠯᠠᠬ᠍ᠰᠠᠨ ᠪᠠᠢᠨ᠎ᠠ᠃ ᠬᠢᠨᠭ᠌ᠭᠠᠨ ᠠᠢᠮᠠᠭ᠎ᠤᠨ ᠠᠵᠢᠯ ᠣᠯᠭᠤᠯᠳᠠ᠎ᠶ᠋ᠢᠨ ᠲᠣᠪᠴᠢᠶ᠎ᠠ᠎ᠶ᠋ᠢᠨ ᠠᠵᠢᠯᠲᠠᠨ ᠬᠤᠯᠪᠣᠭ᠍ᠳᠠᠯ ᠪᠥᠬᠦᠶ ᠮᠠᠲ᠋ᠧᠷᠢᠶᠠᠯ᠎ᠢ ᠠᠪᠴᠤ᠌ ᠲᠡᠭᠦᠨ᠎ᠤ ᠬᠤᠭᠤᠯᠠᠨ ᠭᠡᠷ᠎ᠲᠤ ᠬᠦᠷᠴᠦ᠍ ᠬᠠᠷᠭᠤᠭᠤᠯᠤᠨ ᠳᠣᠲᠣᠯᠠᠪᠠ᠃ ᠣᠳᠣᠬᠠᠨ᠎ᠳᠤ᠂ ᠭᠤᠶᠤᠴᠢᠯᠠᠬᠤ ᠨᠥᠬᠦᠴᠡᠯ᠎ᠳᠤ ᠨᠡᠢᠴᠡᠵᠦ᠍ ᠪᠠᠢᠬᠤ ᠤᠴᠢᠷ᠎ᠠᠴᠠ ᠤᠳᠠᠯ ᠦᠭᠡᠢ 5000 ᠲᠦᠭᠦᠷᠢᠭ᠎ᠤᠨ ᠨᠦᠬᠦᠪᠤᠷᠢ ᠬᠦᠷᠳᠡᠬᠦ᠌ ᠪᠤᠯᠤᠨ᠎ᠠ᠃ ᠲᠡᠭᠦᠨ᠎ᠤ ᠬᠡᠯᠡᠬᠦ᠌᠎ᠪᠠᠷ᠂ ᠬᠤᠭᠤᠯᠠᠨ ᠭᠡᠷ᠎ᠤᠨ ᠠᠷᠠᠯᠵᠢᠶ᠎ᠠ ᠡᠳᠦᠷ ᠢᠷᠡᠬᠦᠶ᠎ᠡ ᠬᠥᠭ᠌ᠵᠢᠶᠡᠨ᠎ᠲᠠᠢ ᠪᠣᠯᠵᠤ᠂ ᠨᠢᠭᠡ ᠤᠳᠠᠭ᠎ᠠ᠎ᠶ᠋ᠢᠨ ᠴᠢᠨᠠᠷᠲᠠᠶ ᠦᠢᠯᠡᠰ ᠪᠤᠰᠭᠠᠬᠤ ᠨᠥᠬᠦᠪᠥᠷᠢ᠎ᠶ᠋ᠢᠨ ᠪᠡᠯᠡ ᠮᠥᠩᠭᠦ᠌ ᠬᠡᠳᠦ᠋ᠢᠪᠡᠷ ᠠᠷᠪᠢᠨ ᠪᠢᠰᠢ ᠪᠣᠯᠪᠠᠴᠤ᠌ ᠲᠡᠭᠦᠨ᠎ᠲᠠᠢ ᠠᠳᠠᠯᠢ ᠠᠩᠬ᠎ᠠ ᠤᠳᠠᠭ᠎ᠠ ᠦᠢᠯᠡᠰ ᠪᠤᠰᠭᠠᠬ᠍ᠰᠠᠨ ᠬᠥᠯᠥᠰᠥᠨ ᠠᠵᠢᠯᠴᠢᠨ᠎ᠳᠤ ᠠᠪᠴᠤ᠌ ᠬᠡᠯᠡᠪᠡᠯ ᠮᠠᠰᠢ ᠶᠡᠭᠡ ᠵᠣᠷᠢᠭ᠍ᠵᠢᠭᠤᠯᠤᠯ ᠪᠣᠯᠤᠨ᠎ᠠ᠃ ᠨᠥᠬᠦᠪᠥᠷᠢ᠎ᠶ᠋ᠢᠨ ᠮᠥᠩᠭᠦ᠎ᠶ᠋ᠢ ᠭᠠᠷᠳᠠᠭ᠍ᠰᠠᠨᠤ ᠳᠠᠷᠠᠭ᠎ᠠ᠎ᠶ᠋ᠢᠨ ᠯᠢᠶᠠᠨ ᠮᠧᠶ ᠡᠨᠡ ᠵᠣᠭᠤᠰ᠎ᠢ ᠡᠳᠦᠷ ᠲᠤᠲᠤᠮ᠎ᠤᠨ ᠡᠵᠡᠩᠨᠡᠯᠲᠡ᠎ᠳᠡᠭᠡᠨ ᠬᠡᠷᠡᠭ᠌ᠯᠡᠬᠦ᠌᠎ᠪᠠᠷ ᠲᠥᠯᠥᠪᠯᠡᠵᠦ᠍᠂ ᠢᠷᠡᠭᠡᠳᠦᠶ᠎ᠳᠤ ᠬᠡᠪᠴᠢᠶ᠎ᠡ᠎ᠪᠠᠨ ᠥᠷᠭᠡᠳᠭᠡᠨ ᠲᠤᠰᠭᠠᠶ ᠥᠷᠥᠭᠡ ᠨᠡᠮᠡᠵᠦ᠍ ᠪᠠᠢᠭᠤᠯᠬᠤ᠎ᠪᠠᠷ ᠴᠢᠷᠮᠠᠢᠨ᠎ᠠ ᠭᠡᠨ᠎ᠡ᠃
2020 ᠣᠨ᠎ᠳᠤ᠂ ᠷᠧᠨ ᠱᠦ᠍ ᠬᠤᠸᠠ ᠪᠣᠯᠤᠨ᠎ᠶ᠋ᠢᠨ ᠯᠢᠶᠠᠨ ᠮᠧᠢ᠎ᠲᠠᠢ ᠠᠳᠠᠯᠢ ᠬᠢᠵᠢᠭ᠎ᠤᠨ ᠪᠠᠢᠳᠠᠯ᠎ᠠᠴᠠ ᠪᠤᠯᠵᠤ ᠭᠠᠳᠠᠭ᠍ᠰᠢ ᠭᠠᠷᠴᠤ᠌ ᠬᠥᠯᠥᠰᠥᠨ ᠠᠵᠢᠯ ᠬᠢᠵᠦ᠍ ᠳᠡᠢᠯᠬᠦ᠌ ᠦᠭᠡᠢ ᠮᠠᠰᠢ ᠤᠯᠠᠨ ᠬᠥᠯᠥᠰᠥᠨ ᠠᠵᠢᠯᠴᠢᠳ ᠨᠤᠲᠤᠭ᠎ᠲᠠᠭᠠᠨ ᠦᠢᠯᠡᠰ ᠪᠤᠰᠭᠠᠬᠤ᠎ᠶ᠋ᠢ ᠰᠣᠩᠭᠤᠪᠠ᠃ ᠲᠡᠳᠡ ᠲᠤᠷᠱᠢᠯᠭ᠎ᠠ᠎ᠲᠠᠢ ᠪᠥᠭᠡᠳ ᠪᠠᠰᠠ ᠤᠯᠤᠰ᠎ᠤᠨ ᠲᠦᠷᠦ᠎ᠶ᠋ᠢᠨ ᠪᠤᠳᠤᠯᠭ᠎ᠠ᠎ᠶ᠋ᠢᠨ ᠳᠡᠮᠵᠢᠯᠭᠡ᠎ᠲᠠᠢ᠃ ᠦᠢᠯᠡᠰ ᠪᠤᠰᠭᠠᠬᠤ᠎ᠳᠠᠭᠠᠨ ᠥᠪᠡᠷ᠎ᠢᠶᠠᠨ ᠡᠵᠡᠨᠳᠡᠨ ᠪᠣᠯᠬᠤ᠎ᠨᠢ ᠲᠡᠳᠡᠨ᠎ᠤ ᠵᠢᠵᠢᠭ ᠭᠡᠷ᠎ᠢᠶᠠᠨ ᠳᠤᠯᠠᠭᠠᠴᠠᠭᠤᠯᠵᠦ᠍᠂ ᠬᠥᠮᠦᠨ᠎ᠤ ᠠᠮᠢᠳᠤᠷᠠᠯ᠎ᠤᠨ ᠬᠦᠰᠡᠯ ᠵᠡᠭᠦᠳᠦ᠎ᠪᠠᠨ ᠲᠡᠷᠭᠡᠯᠱᠢᠭᠦᠯᠬᠦ᠌ ᠱᠢᠨ᠎ᠡ ᠰᠣᠩᠭᠤᠯᠲᠠ ᠪᠣᠯᠵᠠᠢ᠃