ᠥᠪᠥᠷ ᠮᠣᠩᠭᠤᠯ᠎ᠤᠨ ᠰᠣᠶᠣᠯ᠎ᠤᠨ ᠣᠷᠳᠣᠨ ᠨᠠᠮ᠎ᠤᠨ ᠪᠠᠢᠭᠤᠯᠤᠯᠲᠠ᠎ᠶ᠋ᠢ ᠰᠤᠷᠤᠯᠴᠠᠬᠤ ᠬᠠᠨ᠎ᠠ᠎ᠶ᠋ᠢᠨ ᠰᠤᠹᠲ᠎ᠢ ᠪᠠᠢᠭᠤᠯᠪᠠ
2021-02-04 12:14:09
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ ᠲᠣᠭᠠᠴᠢᠯᠠᠭ᠍ᠰᠠᠨ ᠮᠡᠷᠭᠡᠵᠢᠯ ᠪᠠ ᠲᠠᠪᠴᠠᠩ᠎ᠢ ᠭᠦᠢᠴᠡᠳ ᠠᠱᠢᠬ᠍ᠯᠠᠵᠤ᠂ ᠨᠠᠮ᠎ᠤᠨ ᠪᠠᠢᠭᠤᠯᠤᠯᠲᠠ᠎ᠶ᠋ᠢ ᠰᠤᠷᠤᠯᠴᠠᠬᠤ ᠬᠠᠨ᠎ᠠ᠎ᠶ᠋ᠢᠨ ᠰᠤᠹᠲ᠎ᠢ ᠪᠠᠢᠭᠤᠯᠪᠠ᠃

ᠨᠠᠮ᠎ᠤᠨ ᠪᠠᠢᠭᠤᠯᠤᠯᠲᠠ᠎ᠶ᠋ᠢ ᠰᠤᠷᠤᠯᠴᠠᠬᠤ ᠲᠤᠰ ᠬᠠᠨ᠎ᠠ᠎ᠶ᠋ᠢᠨ ᠰᠤᠹᠲ᠎ᠨᠢ ᠤᠶᠤᠨᠴᠢ ᠨᠠᠮ᠎ᠤᠨ ᠪᠠᠢᠭᠤᠯᠤᠯᠳᠠ᠂ ᠬᠤᠪᠢᠰᠭᠠᠯ᠎ᠤᠨ ᠣᠷᠣᠨ ᠵᠠᠢ᠂ ᠳᠠᠭᠤᠲᠤ ᠤᠩᠱᠢᠯᠭ᠎ᠠ᠎ᠶ᠋ᠢ ᠨᠢᠭᠡ᠎ᠳᠤ ᠴᠤᠭ᠍ᠴᠠᠵᠢᠭᠤᠯᠵᠤ᠂ ᠬᠤᠪᠢᠰᠭᠠᠯᠳᠤ ᠨᠣᠮ ᠪᠢᠴᠢᠭ᠂ ᠰᠣᠩᠭᠤᠳᠠᠭ ᠬᠤᠪᠢᠰᠭᠠᠯᠳᠤ ᠳᠠᠭᠤᠤ ᠬᠥᠭ᠌ᠵᠢᠮ᠂ ᠬᠤᠪᠢᠰᠭᠠᠯᠳᠤ ᠺᠢᠨᠣ᠋᠎ᠶ᠋ᠢ ᠮᠡᠷᠭᠡᠨ ᠴᠤᠬᠤᠷ᠎ᠢᠶᠠᠷ ᠳᠠᠮᠵᠢᠨ ᠬᠦᠯᠢᠶᠡᠨ ᠠᠪᠴᠤ᠌ ᠦᠵᠡᠵᠦ᠍ ᠪᠤᠯᠤᠨ᠎ᠠ᠃ ᠡᠨᠡ᠎ᠨᠢ ᠴᠠᠭᠠᠰᠤᠨ ᠨᠣᠮ ᠪᠢᠴᠢᠭ᠎ᠢ ᠤᠷᠪᠠᠭᠤᠯᠤᠨ ᠤᠩᠱᠢᠬᠤ᠎ᠠᠴᠠ ᠨᠡᠩ ᠳᠥᠭᠦᠮ ᠳᠥᠲᠡ ᠪᠤᠯᠵᠤ᠂ ᠨᠠᠮ᠎ᠤᠨ ᠭᠡᠱᠢᠭᠦᠨ ᠺᠠᠳ᠋ᠷ ᠪᠣᠯᠤᠨ ᠤᠯᠠᠨ ᠲᠦᠮᠡᠨ ᠴᠠᠭ ᠢᠮᠠᠭ᠍ᠲᠠ ᠭᠠᠷ ᠤᠲᠠᠰᠤᠨ ᠳᠡᠭᠡᠷ᠎ᠡ᠎ᠠᠴᠠ ᠨᠠᠮ᠎ᠤᠨ ᠤᠨᠤᠯ ᠪᠣᠯᠤᠨ ᠨᠠᠮ᠎ᠤᠨ ᠱᠤᠭᠤᠮ ᠴᠢᠭ᠌ᠯᠡᠯᠲᠡ ᠲᠦᠷᠦ᠎ᠶ᠋ᠢᠨ ᠪᠤᠳᠤᠯᠭ᠎ᠠ᠎ᠶ᠋ᠢ ᠣᠢᠯᠠᠭᠠᠵᠤ᠂ ᠨᠠᠮ᠎ᠤᠨ ᠲᠡᠦᠬᠡ ᠪᠣᠯᠤᠨ ᠢᠷᠠᠭᠤ ᠠᠯᠳᠠᠷᠲᠤ ᠤᠯᠠᠮᠵᠢᠯᠠᠯ᠎ᠢ ᠰᠤᠷᠤᠯᠴᠠᠵᠤ ᠤᠢ᠍ᠢᠯᠠᠭᠠᠬᠤ ᠪᠤᠯᠤᠭ᠍ᠰᠠᠨ ᠪᠠᠢᠨ᠎ᠠ᠃

ᠲᠤᠰ ᠬᠠᠨ᠎ᠠ᠎ᠶ᠋ᠢᠨ ᠰᠤᠹᠲ᠎ᠨᠢ ᠨᠠᠮ᠎ᠤᠨ ᠣᠨᠣᠯ ᠪᠠ ᠱᠤᠭᠤᠮ ᠴᠢᠭ᠌ᠯᠡᠯᠲᠡ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠵᠤ᠂ ᠦᠵᠡᠯ ᠰᠠᠨᠠᠭ᠎ᠠ ᠲᠠᠨᠢᠯᠲᠠ᠎ᠪᠠᠨ ᠳᠡᠭᠡᠭ᠌ᠰᠢᠯᠡᠭᠦᠯᠦᠨ᠂ ᠨᠠᠮ᠎ᠤᠨ ᠭᠡᠱᠢᠭᠦᠨ ᠺᠠᠳ᠋ᠷᠴᠤᠳ᠎ᠤᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠳᠤ ᠣᠷᠣᠯᠴᠠᠬᠤ ᠢᠳᠡᠪᠬᠢᠵᠢᠯ᠎ᠢ ᠳᠡᠭᠡᠭ᠌ᠰᠢᠯᠡᠭᠦᠯᠵᠦ᠍᠂ ᠨᠠᠮ᠎ᠤᠨ ᠪᠠᠢᠭᠤᠯᠤᠯᠲᠠ᠎ᠶ᠋ᠢᠨ ᠰᠤᠷᠤᠯᠴᠠᠯᠭ᠎ᠠ᠎ᠶ᠋ᠢ ᠡᠳᠦᠷ ᠲᠤᠲᠤᠮ᠎ᠤᠨ ᠠᠵᠢᠯ ᠪᠠ ᠠᠮᠢᠳᠤᠷᠠᠯ᠎ᠳᠤ ᠠᠭᠤᠰᠤᠯᠴᠠᠭᠤᠯᠬᠤ᠎ᠶ᠋ᠢ ᠤᠯᠠᠮ ᠰᠠᠢᠳᠤᠷ ᠠᠬᠢᠭᠤᠯᠬᠤ᠎ᠶ᠋ᠢ ᠵᠤᠷᠢᠵᠤ ᠵᠤᠬᠢᠶᠠᠨ ᠪᠦᠳᠦᠭᠡᠭ᠌ᠰᠡᠨ ᠪᠠᠢᠨ᠎ᠠ᠃ 

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号