ᠬᠠᠴᠢᠨ ᠵᠢᠭ᠌ᠲᠡᠶ ᠬᠢᠨᠠᠨ ᠱᠢᠯᠭᠠᠯᠲᠠ
2021-02-05 15:50:00
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠬᠢᠨᠠᠨ ᠱᠢᠯᠭᠠᠬᠤ ᠠᠭᠤᠯᠭ᠎ᠠ ᠵᠠᠭᠤ ᠱᠢᠬᠠᠮ ᠵᠦᠢᠯ᠂ ᠳᠡᠭᠡᠭ᠌ᠰᠢ ᠲᠤᠱᠢᠶᠠᠬᠤ ᠮᠠᠲ᠋ᠧᠷᠢᠶᠠᠯ᠎ᠢᠶᠠᠨ ᠴᠠᠭ᠎ᠲᠠᠭᠠᠨ ᠲᠤᠱᠢᠶᠠᠬ᠍ᠰᠡᠨ ᠦᠭᠡᠢ᠎ᠠᠴᠠ ᠪᠤᠯᠵᠤ ᠲᠤᠱᠢᠶᠠᠯᠭᠠᠬᠤ᠎ᠪᠠᠷ ᠨᠢᠭᠡ ᠤᠳᠠᠭ᠎ᠠ ᠳᠠᠭᠤᠳᠠᠬ᠍ᠳᠠᠬ᠍ᠰᠡᠨ ᠪᠠᠢᠪᠠᠯ 0.05 ᠬᠤᠪᠢ ᠬᠠᠰᠤᠨ᠎ᠠ᠂ ᠪᠠᠰᠠ ᠲᠤᠰᠭᠠᠶ ᠰᠡᠳᠦᠪᠲᠦ ᠹᠢᠯᠢᠮ ᠦᠢᠯᠡᠳᠬᠦ᠌᠎ᠪᠠᠷ ᠱᠠᠭᠠᠷᠳᠠᠨ᠎ᠠ ᠁ ᠵᠢᠯ᠎ᠤᠨ ᠡᠴᠦᠰ ᠪᠣᠯᠬᠤ᠎ᠳᠤ ᠮᠠᠰᠢ ᠣᠯᠠᠨ ᠪᠠᠢᠭᠤᠯᠭ᠎ᠠ ᠨᠢᠭᠡᠴᠢ ᠪᠣᠯᠤᠨ ᠬᠤᠪᠢ ᠬᠥᠮᠦᠨ ᠴᠥᠮ ᠵᠢᠯ᠎ᠤᠨ ᠡᠴᠦᠰ᠎ᠤᠨ ᠬᠢᠨᠠᠨ ᠱᠢᠯᠭᠠᠯᠲᠠ᠎ᠳᠤ ᠲᠤᠯᠭᠠᠷᠠᠵᠤ᠂ ᠵᠠᠷᠢᠮ ᠬᠠᠴᠢᠨ ᠵᠢᠭ᠌ᠲᠡᠶ ᠬᠢᠨᠠᠨ ᠱᠢᠯᠭᠠᠯᠲᠠ ᠮᠦᠨ ᠤᠷᠤᠱᠢᠬ᠍ᠰᠠᠭᠠᠷ ᠪᠠᠢᠨ᠎ᠠ᠄ ᠤᠴᠢᠷ ᠶᠠᠪᠤᠳᠠᠯ᠎ᠤᠨ ᠶᠡᠭᠡ ᠪᠠᠭ᠎ᠠ ᠬᠡᠵᠦ᠍ ᠢᠯᠭᠠᠬᠤ ᠦᠭᠡᠶ᠂ ᠭᠤᠣᠯᠳᠠᠯᠭ᠎ᠠ ᠳᠤᠲᠠᠭ᠍ᠳᠠᠵᠤ ᠪᠤᠢ᠂ ᠡᠰᠡᠭᠦᠯ᠎ᠠ ᠠᠭᠤᠯᠭ᠎ᠠ᠎ᠨᠢ ᠬᠠᠲᠠᠭᠤ ᠴᠢᠩᠭ᠎ᠠ᠂ ᠬᠠᠴᠢᠨ ᠵᠢᠭ᠌ᠲᠡᠢ ᠪᠠᠢᠵᠤ᠂ ᠠᠯᠬᠤᠮ ᠪᠦᠷᠢ᠎ᠳᠤ ᠤᠷᠤ ᠮᠦᠷᠦ᠍ ᠦᠯᠡᠳᠡᠭᠡᠬᠦ᠌᠎ᠶ᠋ᠢ ᠱᠠᠭᠠᠷᠳᠠᠨ᠎ᠠ᠂ ᠬᠦᠰᠦᠨᠦᠭ᠌ᠳᠤ ᠲᠠᠬ᠍ᠯᠠᠬᠤ᠂ ᠮᠠᠲ᠋ᠧᠷᠢᠶᠠᠯ ᠪᠢᠴᠢᠬᠦ᠌᠎ᠳᠤ ᠶᠡᠭᠡ ᠬᠡᠮᠵᠢᠶᠡᠨ᠎ᠤ ᠴᠠᠬ ᠬᠦᠴᠦ᠍ ᠵᠠᠷᠤᠴᠠᠭᠤᠯᠳᠠᠭ᠃ ᠡᠨᠡ ᠲᠤᠬᠠᠢ ᠵᠠᠷᠢᠮ ᠬᠦᠮᠦᠰ ᠵᠢᠯ᠎ᠤᠨ ᠰᠡᠭᠦᠯᠴᠢ ᠪᠤᠯᠤᠬ᠍ᠰᠠᠭᠠᠷ ᠲᠤᠯᠤᠭᠠᠢ ᠡᠪᠡᠳᠦᠭᠡᠳ ᠪᠠᠢᠨ᠎ᠠ ᠬᠡᠵᠡᠬᠡᠵᠦ᠍ ᠪᠤᠢ᠃

                             — ᠠᠷᠠᠳ᠎ᠤᠨ ᠰᠦᠯᠵᠢᠶ᠎ᠡ᠎ᠠᠴᠠ

ᠦᠨᠡᠯᠡᠬᠦᠢ᠄ ᠬᠠᠴᠢᠨ ᠵᠢᠭ᠌ᠲᠡᠶ ᠬᠢᠨᠠᠨ ᠱᠢᠯᠭᠠᠯᠲᠠ᠎ᠨᠢ ᠲᠡᠷᠡ ᠴᠡᠭ᠎ᠢᠶᠠᠷ᠎ᠢᠶᠠᠨ ᠬᠡᠯᠪᠡᠷᠢᠴᠢ ᠦᠵᠡᠯ ᠪᠢᠰᠢ ᠤᠤ? ᠦᠨᠡᠨ ᠪᠣᠳᠠᠲᠠᠶ ᠬᠡᠷᠡᠭ ᠤᠴᠢᠷ᠎ᠢ ᠢᠯᠡᠭᠦᠬᠡᠨ ᠴᠢᠬᠤᠯᠠᠴᠢᠯᠠᠵᠤ᠂ ᠦᠨᠳᠦᠰᠦᠨ ᠱᠠᠲᠤᠨ᠎ᠤ᠎ᠬᠢᠨ᠎ᠳᠤ ᠶᠠᠷᠱᠢᠭ ᠲᠠᠲᠠᠬᠤ᠎ᠪᠠᠨ ᠪᠤᠯᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠠᠷᠠᠳ᠎ᠤᠨ ᠰᠦᠯᠵᠢᠶ᠎ᠡ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号