30 ᠲᠥᠭᠦᠷᠢᠭ᠎ᠢᠶᠠᠷ ᠨᠢᠭᠡ ᠴᠣᠮᠣ ᠰᠦ᠎ᠲᠠᠢ ᠴᠠᠢ ᠠᠪᠴᠤ᠌ ᠪᠣᠯᠤᠨ᠎ᠠ᠃
30 ᠲᠥᠭᠦᠷᠢᠭ᠎ᠢᠶᠠᠷ ᠪᠠᠰᠠ ᠨᠢᠭᠡ ᠰᠠᠭᠤᠷᠢ ᠵᠢᠮᠢᠰ᠎ᠤᠨ ᠴᠢᠬᠢ ᠮᠤᠳᠤ ᠬᠤᠳᠠᠯᠳᠤᠨ ᠠᠪᠴᠤ᠌ ᠪᠣᠯᠤᠨ᠎ᠠ᠃
ᠪᠡᠭᠡᠵᠢᠩ᠎ᠤᠨ ᠵᠠᠯᠠᠭᠤ ᠰᠠᠢᠨ ᠳᠤᠷᠠᠴᠤᠳ ᠬᠤᠢᠨᠠᠬᠢ᠎ᠶ᠋ᠢ ᠰᠣᠩᠭᠤᠪᠠ᠃ 2020 ᠣᠨ᠎ᠤ ᠡᠬᠢ᠎ᠪᠠᠷ᠂ 《ᠲᠠᠯ᠎ᠠ ᠨᠤᠲᠤᠭ᠎ᠲᠤ ᠬᠦᠷᠴᠦ᠍ ᠥᠪᠡᠷ᠎ᠤᠨ ᠬᠡᠰᠡᠨ ᠮᠣᠳᠣ ᠲᠠᠷᠢᠶ᠎ᠠ》 ᠭᠡᠬᠦ᠌ ᠤᠷᠢᠶᠠᠯᠠᠭ᠎ᠠ᠎ᠨᠢ ᠰᠦᠯᠵᠢᠶ᠎ᠡ᠎ᠪᠠᠷ ᠳᠡᠮᠵᠢᠨ ᠪᠡᠭᠡᠵᠢᠩ᠎ᠳᠤ ᠤᠯᠠᠮᠵᠢᠯᠠᠭ᠍ᠳᠠᠨ ᠬᠦᠷᠬᠦ᠌᠎ᠳᠤ᠂ ᠪᠡᠭᠡᠵᠢᠩ᠎ᠤᠨ ᠬᠠᠶ ᠳ᠋ᠢᠶᠠᠨ ᠲᠣᠭᠤᠷᠢᠭ᠎ᠤᠨ ᠵᠥᠩ ᠭᠤᠸᠠᠨ ᠼᠦᠨ ᠵᠡᠭᠡᠯᠢ ᠭᠤᠳᠤᠮᠵᠢ᠎ᠶ᠋ᠢᠨ ᠡᠪ ᠬᠠᠮᠳᠤ ᠵᠠᠯᠠᠭᠤᠴᠤᠳ᠎ᠤᠨ ᠡᠪᠯᠡᠯ᠎ᠤᠨ ᠠᠵᠢᠯ᠎ᠤᠨ ᠬᠤᠷᠢᠶ᠎ᠠ᠎ᠶ᠋ᠢᠨ ᠱᠦᠵᠢ ᠯᠢ ᠺᠠᠶ᠎ᠶ᠋ᠢᠨ ᠴᠡᠬᠡᠵᠢᠨ᠎ᠳᠤ ᠨᠢᠭᠡᠨ ᠪᠣᠳᠣᠯ ᠬᠢᠯᠠᠰᠭᠢᠪᠡ᠂ ᠲᠡᠬᠦᠨ᠎ᠤ ᠡᠨᠡ ᠬᠦ᠌ ᠪᠤᠳᠤᠯ᠎ᠨᠢ ᠬᠢᠩᠭᠠᠨ ᠠᠢᠮᠠᠭ᠎ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠠᠯᠲᠠᠷ ᠰᠤᠮᠤᠨ᠎ᠤ ᠤᠬᠠᠭᠤᠯᠬᠤ ᠭᠡᠱᠢᠭᠦᠨ ᠰᠣᠶᠣᠯᠴᠡᠴᠡᠭ᠎ᠤᠨ ᠪᠤᠳᠤᠯ ᠲᠥᠯᠥᠪᠯᠡᠭᠡ᠎ᠲᠠᠢ ᠴᠤ᠌ ᠶᠠᠪ ᠴᠠᠪ ᠨᠡᠢᠴᠡᠭ᠌ᠰᠡᠨ ᠪᠠᠢᠯ᠎ᠠ᠃
ᠠᠯᠳᠠᠷ ᠰᠤᠮᠤᠨ᠎ᠤ ᠯᠠᠰᠠᠭ᠎ᠠ ᠭᠠᠴᠠᠭᠠᠨ᠎ᠤ ᠠᠪᠤᠭᠠᠢ ᠯᠠᠮᠠ᠎ᠶ᠋ᠢᠨ ᠠᠭᠤᠶ᠎ᠶ᠋ᠢᠨ ᠡᠮᠦᠨ᠎ᠡ ᠠᠭᠤᠯᠠ ᠥᠩᠭᠡᠷᠡᠭ᠌ᠰᠡᠨ᠎ᠳᠤ ᠨᠢᠭᠡ ᠬᠡᠰᠡᠭ ᠬᠤᠪᠠᠭ᠍ᠠᠢ ᠠᠭᠤᠯᠠ ᠪᠠᠢᠵᠠᠢ᠃ ᠠᠮᠢ ᠠᠬᠤᠶ᠎ᠶ᠋ᠢ ᠰᠡᠷᠭᠦᠭᠡᠬᠦ᠌ ᠪᠠ ᠣᠯᠠᠨ ᠲᠦᠮᠡᠨ᠎ᠤ ᠣᠷᠣᠯᠭ᠎ᠠ᠎ᠶ᠋ᠢ ᠨᠡᠮᠡᠭ᠌ᠳᠡᠭᠦᠯᠵᠦ᠍ ᠬᠠᠮᠲᠤ᠎ᠪᠠᠷ ᠠᠱᠢᠭ ᠭᠥᠷᠳᠡᠬᠦ᠌᠎ᠶ᠋ᠢ ᠠᠬᠢᠭᠤᠯᠬᠤ᠎ᠶ᠋ᠢᠨ ᠲᠥᠯᠥᠭᠡ᠂ ᠠᠯᠳᠠᠷ ᠰᠤᠮᠤᠨ᠎ᠤ ᠵᠠᠰᠠᠭ᠎ᠤᠨ ᠣᠷᠳᠣᠨ ᠡᠨᠡ ᠭᠠᠵᠠᠷ᠎ᠲᠤ ᠠᠭᠠᠯᠢᠭ ᠠᠯᠢᠮ᠎ᠠ᠂ ᠠᠯᠮᠤᠷᠠᠳ᠂ ᠠᠯᠢᠮ᠎ᠠ᠎ᠪᠠᠷ ᠭᠤᠤᠯ ᠪᠣᠯᠭᠠᠭ᠍ᠰᠠᠨ ᠣᠶ ᠵᠢᠮᠢᠰ᠎ᠤᠨ ᠠᠵᠤ ᠦᠶᠯᠡᠰ᠎ᠢ ᠬᠥᠭ᠌ᠵᠢᠭᠦᠯᠬᠦ᠌᠎ᠪᠠᠷ ᠲᠣᠭ᠍ᠲᠠᠪᠠ᠃ ᠰᠤᠮᠤᠨ᠎ᠠᠴᠠ ᠪᠡᠭᠡᠵᠢᠩ ᠥᠪᠥᠷ ᠮᠣᠩᠭᠤᠯ᠎ᠤᠨ ᠠᠵᠢᠯ ᠲᠥᠷᠥᠯᠤᠨᠬᠢᠪᠠᠷ ᠬᠠᠪᠰᠤᠷᠤᠨ ᠲᠡᠳᠬᠦᠬᠦ᠌ ᠨᠢᠭᠡᠴᠢ ᠪᠣᠯᠬᠤ ᠵᠥᠩ ᠭᠤᠸᠠᠨ ᠼᠦᠨ ᠵᠡᠭᠡᠯᠢ ᠭᠤᠳᠤᠮᠵᠢ᠎ᠶ᠋ᠢᠨ ᠡᠪ ᠬᠠᠮᠳᠤ ᠵᠠᠯᠠᠭᠤᠴᠤᠳ᠎ᠤᠨ ᠡᠪᠯᠡᠯ᠎ᠤᠨ ᠠᠵᠢᠯ᠎ᠤᠨ ᠬᠤᠷᠢᠶ᠎ᠠ᠎ᠲᠠᠢ ᠬᠠᠮᠲᠤᠷᠠᠨ 《ᠵᠥᠩ ᠭᠤᠸᠠᠨ ᠼᠦᠨ ᠵᠡᠭᠡᠯᠢ ᠭᠤᠳᠤᠮᠵᠢ᠎ᠶ᠋ᠢᠨ ᠠᠯᠲᠠᠷ ᠰᠤᠮᠤᠨ᠎ᠤ 《ᠬᠠᠢᠷ᠎ᠠ + ᠬᠡᠷ》 ᠰᠠᠢᠨ ᠳᠤᠷ᠎ᠠ᠎ᠶ᠋ᠢᠨ ᠬᠠᠢᠷ᠎ᠠ᠎ᠶ᠋ᠢᠨ ᠰᠡᠳᠭᠢᠯ᠎ᠳᠤ ᠨᠡᠢᠲᠡ᠎ᠶ᠋ᠢᠨ ᠠᠰᠠᠷᠠᠮᠵᠢ᠎ᠶ᠋ᠢᠨ ᠵᠢᠮᠢᠰ᠎ᠤᠨ ᠣᠶ》 ᠶ᠋ᠢᠨ ᠲᠥᠯᠥᠪᠯᠡᠭᠡ᠎ᠶ᠋ᠢ ᠡᠬᠢᠯᠡᠭᠦᠯᠪᠡ᠃
ᠡᠨᠡ ᠬᠦ᠌ ᠠᠵᠢᠯᠯᠠᠭ᠎ᠠ᠎ᠨᠢ ᠡᠬᠢᠯᠡᠮᠡᠭ᠌ᠴᠡ ᠴᠢᠩᠭ᠎ᠠ ᠲᠤᠰᠭᠠᠯ ᠭᠠᠷᠴᠤ᠌᠂ 129 ᠵᠠᠯᠠᠭᠤ ᠰᠠᠢᠨ ᠳᠤᠷᠠᠴᠤᠳ 30 ᠲᠥᠭᠦᠷᠢᠭ᠎ᠤᠨ ᠪᠠᠷᠢᠮᠵᠢᠶ᠎ᠠ᠎ᠪᠠᠷ 348 ᠰᠠᠭᠤᠷᠢ ᠵᠢᠮᠢᠰ᠎ᠤᠨ ᠮᠣᠳᠣ ᠰᠤᠩᠭᠤᠨ ᠠᠪᠤᠭᠠᠳ ᠡᠴᠦᠰ᠎ᠲᠡᠭᠡᠨ 10440 ᠲᠥᠭᠦᠷᠢᠭ᠎ᠤᠨ ᠬᠠᠢᠷ᠎ᠠ ᠬᠠᠯᠠᠮᠵᠢ᠎ᠶ᠋ᠢᠨ ᠮᠥᠩᠭᠦ᠌ ᠴᠤᠭ᠍ᠯᠠᠭᠤᠯᠵᠠᠶ᠃
ᠨᠢᠭᠡ ᠴᠣᠮᠣ ᠰᠦ᠎ᠲᠠᠢ ᠴᠠᠢ᠎ᠶ᠋ᠢᠨ ᠵᠣᠭᠤᠰ᠎ᠢᠶᠠᠷ ᠲᠠᠯ᠎ᠠ ᠨᠤᠲᠤᠭ᠎ᠲᠤ ᠣᠴᠢᠨ ᠥᠪᠡᠷ᠎ᠤᠨ ᠭᠡᠰᠡᠨ ᠮᠣᠳᠣ ᠲᠠᠷᠢᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ᠎ᠳᠤ ᠬᠦᠰᠡᠯ ᠡᠷᠡᠮᠡᠯᠵᠡᠯ ᠥᠭ᠌ᠭᠦᠨ᠎ᠡ᠂ ᠡᠨᠡ ᠪᠣᠯ ᠪᠤᠢ ᠪᠦᠬᠦᠢ ᠬᠠᠨᠳᠢᠪᠯᠠᠭ᠍ᠴᠢᠶ᠋ᠢᠨ ᠬᠠᠮᠲᠤ᠎ᠶ᠋ᠢᠨ ᠬᠦᠰᠡᠯ ᠪᠣᠯᠤᠨ᠎ᠠ᠃ ᠬᠠᠢᠷ᠎ᠠ ᠬᠠᠯᠠᠮᠵᠢ᠎ᠶ᠋ᠢᠨ ᠮᠥᠩᠭᠦ᠎ᠪᠠᠷ ᠵᠢᠮᠢᠰ᠎ᠤᠨ ᠴᠢᠬᠢ ᠮᠤᠳᠤ ᠬᠤᠳᠠᠯᠳᠤᠨ ᠠᠪᠴᠦ᠍᠂ ᠬᠠᠮᠠᠭᠠᠯᠠᠯᠲᠠ᠎ᠶ᠋ᠢᠨ ᠬᠡᠷᠡᠰᠭᠡ ᠪᠠᠢᠭᠤᠯᠬᠤ ᠵᠢᠴᠢ 3 ᠵᠢᠯ᠎ᠤᠨ ᠠᠷᠠᠴᠢᠯᠠᠨ ᠬᠠᠮᠠᠭᠠᠯᠠᠬᠤ ᠵᠠᠷᠤᠳᠠᠯ᠎ᠳᠤ ᠬᠡᠷᠡᠭ᠌ᠯᠡᠵᠦ᠍᠂ ᠬᠤᠶᠠᠷ ᠲᠠᠯ᠎ᠠ᠎ᠪᠠᠷ᠎ᠢᠶᠠᠨ ᠬᠠᠮᠲᠤ᠎ᠪᠠᠷ ᠲᠤᠬᠠᠶ᠎ᠶ᠋ᠢᠨ ᠲᠠᠯᠠᠪᠠᠶ᠎ᠳᠤ ᠮᠤᠳᠤ ᠵᠠᠢᠯᠠᠭ᠍ᠰᠠᠨ ᠪᠠᠢᠳᠠᠯ᠎ᠢ ᠱᠢᠯᠵᠢᠶᠠᠪᠠᠷ ᠲᠠᠮᠵᠢᠵᠦ᠍ ᠬᠢᠨᠠᠯᠳᠠ ᠲᠠᠯᠪᠢᠬᠤ᠎ᠶ᠋ᠢᠨ ᠬᠠᠮᠲᠤ᠌᠂ ᠲᠣᠭ᠍ᠲᠠᠭ᠍ᠰᠠᠨ ᠬᠤᠭᠤᠴᠠᠭ᠎ᠠ᠎ᠲᠠᠢ᠎ᠪᠠᠷ ᠴᠢᠬᠢ ᠮᠣᠳᠣᠨ᠎ᠤ ᠤᠷᠭᠤᠯᠲᠠ᠎ᠶ᠋ᠢᠨ ᠪᠠᠢᠳᠠᠯ᠎ᠢ ᠪᠠᠢᠴᠠᠭᠠᠨ ᠦᠵᠡᠵᠦ᠍᠂ ᠴᠢᠬᠢ ᠮᠣᠳᠣ ᠦᠰᠦᠨ ᠪᠤᠢᠵᠢᠭᠠᠳ ᠦᠨᠳᠦᠷ ᠪᠤᠯᠤᠭ᠍ᠰᠠᠨ᠎ᠤ ᠲᠠᠷᠠᠭ᠎ᠠ ᠳᠡᠭᠡᠷ᠎ᠡ᠎ᠨᠢ ᠫᠠᠢᠰᠠ ᠡᠯᠭᠦᠵᠦ᠍᠂ ᠲᠠᠨᠢᠵᠤ ᠠᠪᠤᠭ᠍ᠴᠢ ᠪᠤᠶᠤ ᠬᠡᠷ ᠪᠦᠯᠢ᠎ᠶ᠋ᠢᠨ ᠨᠡᠷ᠎ᠡ᠎ᠶ᠋ᠢ ᠪᠢᠴᠢᠵᠦ᠍ ᠡᠯᠬᠦᠨ᠎ᠠ᠃
10 ᠰᠠᠷ᠎ᠠ ᠭᠠᠷᠤᠢ᠎ᠶ᠋ᠢᠨ ᠨᠢᠮᠪᠠᠢ ᠠᠷᠠᠴᠢᠯᠠᠭ᠎ᠠ᠎ᠪᠠᠷ ᠲᠠᠮᠵᠢᠵᠦ᠍᠂ 348 ᠰᠠᠭᠤᠷᠢ ᠵᠢᠮᠢᠰ᠎ᠤᠨ ᠮᠣᠳᠣ ᠨᠡᠯᠢᠶᠡᠳ ᠤᠷᠭᠤᠵᠤ ᠦᠰᠪᠡ᠃ ᠬᠤᠪᠠᠭ᠍ᠠᠢ ᠠᠭᠤᠯᠠᠨ ᠳᠡᠭᠡᠷ᠎ᠡ ᠱᠢᠨ᠎ᠡ᠎ᠪᠠᠷ ᠨᠡᠮᠡᠭ᠌ᠳᠡᠭ᠌ᠰᠡᠨ ᠬᠦᠰᠡᠯ ᠪᠢᠯᠬᠠᠭ᠍ᠰᠠᠨ ᠵᠢᠮᠢᠰ᠎ᠤᠨ ᠣᠶ᠎ᠨᠢ ᠵᠥᠩ ᠭᠤᠸᠠᠨ ᠼᠦᠨ ᠵᠡᠭᠡᠯᠢ ᠭᠤᠳᠤᠮᠵᠢ᠎ᠶ᠋ᠢᠨ ᠠᠯᠳᠠᠷ ᠰᠤᠮᠤᠨ᠎ᠤ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠳᠤ ᠦᠵᠡᠭᠦᠯᠦᠭ᠌ᠰᠡᠨ ᠬᠤᠪᠢ ᠨᠡᠮᠡᠷᠢ᠎ᠶ᠋ᠢ ᠲᠡᠮᠳᠡᠭ᠌ᠯᠡᠵᠡᠶ᠃ ᠴᠢᠬᠢ ᠮᠣᠳᠣ ᠬᠤᠳᠠᠯᠳᠤᠨ ᠠᠪᠴᠤ᠌ ᠲᠠᠷᠢᠬᠤ᠎ᠠᠴᠠ ᠠᠷᠠᠴᠢᠯᠠᠨ ᠬᠠᠮᠠᠭᠠᠯᠠᠬᠤ ᠬᠦᠷᠲᠡᠯ᠎ᠡ᠂ ᠭᠠᠴᠠᠭᠠᠨ᠎ᠤ ᠨᠠᠮ᠎ᠤᠨ ᠡᠭᠦᠷ᠎ᠤᠨ ᠱᠦᠵᠢ ᠬᠤ᠌ ᠶᠢᠩ ᠴᠦᠨ ᠭᠤᠭ᠍ᠴᠤᠭ᠎ᠠ ᠪᠣᠯᠭᠠᠨ᠎ᠳᠤ ᠪᠡᠶ᠎ᠡ᠎ᠪᠠᠷ᠎ᠢᠶᠠᠨ ᠣᠷᠣᠯᠴᠠᠵᠤ ᠴᠢᠬᠤᠯᠠᠴᠢᠯᠠᠨ ᠠᠤᠠᠬᠤᠪᠡ᠃ ᠲᠡᠷᠡ ᠪᠡᠭᠡᠵᠢᠩ᠎ᠤᠨ ᠠᠷᠠᠳ ᠲᠦᠮᠡᠨ᠎ᠤ ᠡᠨᠡ ᠬᠦ᠌ ᠬᠠᠢᠷ᠎ᠠ ᠰᠡᠳᠭᠢᠯᠬᠡ᠎ᠶ᠋ᠢ ᠶᠠᠭᠠᠬᠢᠭ᠍ᠰᠠᠨ ᠴᠦ᠍ ᠬᠥᠰᠡᠷᠳᠡᠭᠦᠯᠵᠦ᠍ ᠪᠣᠯᠬᠤ ᠦᠭᠡᠢ ᠬᠡᠵᠥ᠍ ᠪᠠᠢᠯ᠎ᠠ᠃
ᠰᠤᠶᠤᠯᠴᠡᠴᠡᠭ ᠲᠤᠬᠠᠶ᠎ᠶ᠋ᠢᠨ ᠡᠳᠦᠷ᠎ᠤᠨ ᠬᠥᠭ᠌ᠵᠢᠶᠡᠨᠲᠦ ᠪᠠᠢᠳᠠᠯ᠎ᠢ ᠲᠣᠪ ᠲᠣᠳᠣᠷᠬᠠᠶ ᠴᠡᠭᠡᠵᠢᠯᠡᠭ᠌ᠰᠡᠬᠡᠷ᠄ ᠠᠯᠳᠠᠷ ᠰᠤᠮᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠪᠥᠬᠦ᠌ ᠠᠵᠢᠯᠲᠠᠨ᠂ ᠣᠶ ᠱᠢᠭᠤᠶ ᠬᠠᠮᠠᠭᠠᠯᠠᠭ᠍ᠴᠢ᠂ ᠡᠪᠡᠰᠦ ᠪᠡᠯᠴᠢᠬᠡᠷ ᠬᠠᠮᠠᠭᠠᠯᠠᠭ᠍ᠴᠢ᠂ ᠠᠯᠪᠠᠨ ᠵᠢᠷᠤᠮ᠎ᠤᠨ ᠰᠠᠢᠨ ᠳᠤᠷ᠎ᠠ᠎ᠶ᠋ᠢᠨ ᠠᠵᠢᠯᠯᠠᠭ᠍ᠴᠢ ᠵᠡᠷᠬᠡ 100 ᠭᠠᠷᠤᠶ ᠬᠦᠮᠦᠰ ᠯᠠᠰᠠᠭ᠎ᠠ ᠭᠠᠴᠠᠭ᠎ᠠ᠎ᠳᠤ ᠢᠷᠡᠵᠦ᠍ ᠵᠢᠮᠢᠰ᠎ᠤᠨ ᠮᠣᠳᠣ ᠳᠠᠷᠢᠪᠠ᠃ ᠲᠠᠳᠠ ᠴᠢᠬᠢ ᠮᠣᠳᠣ᠎ᠶ᠋ᠢ ᠨᠢᠭᠡ ᠨᠢᠭᠡ᠎ᠪᠠᠷ ᠤᠬᠤᠭ᠍ᠰᠠᠨ ᠨᠦᠬᠡᠨ᠎ᠳᠤ ᠰᠠᠭᠤᠯᠭᠠᠨ᠂ ᠱᠢᠷᠣᠶ ᠬᠢᠬᠦ᠂ ᠤᠰᠤᠯᠠᠬᠤ ᠵᠡᠷᠭᠡ ᠠᠵᠢᠯ᠎ᠢ ᠨᠢᠮᠪᠠᠢ ᠬᠦᠢᠴᠡᠳᠭᠡᠵᠥ᠍᠂ ᠬᠠᠢᠷ᠎ᠠ ᠬᠠᠯᠠᠮᠵᠢ᠎ᠶ᠋ᠢᠨ ᠴᠢᠬᠢ ᠮᠣᠳᠣᠳᠢ ᠠᠭᠤᠯᠠᠨ ᠳᠡᠭᠡᠷ᠎ᠡ ᠠᠮᠢᠯᠠᠭᠤᠯᠪᠠ᠃ 《ᠵᠥᠩ ᠭᠤᠸᠠᠨ ᠼᠦᠨ ᠵᠡᠭᠡᠯᠢ ᠭᠤᠳᠤᠮᠵᠢ᠎ᠶ᠋ᠢᠨ ᠠᠯᠲᠠᠷ ᠰᠤᠮᠤ᠎ᠶ᠋ᠢᠨ 〈ᠬᠠᠢᠷ᠎ᠠ + ᠬᠡᠷ〉 ᠰᠠᠢᠨ ᠳᠤᠷ᠎ᠠ᠎ᠶ᠋ᠢᠨ ᠬᠠᠢᠷ᠎ᠠ ᠬᠠᠯᠠᠮᠵᠢ᠎ᠶ᠋ᠢᠨ ᠨᠡᠢᠲᠡ᠎ᠶ᠋ᠢᠨ ᠠᠰᠠᠷᠠᠮᠵᠢ᠎ᠶ᠋ᠢᠨ ᠵᠢᠮᠢᠰ᠎ᠤᠨ ᠣᠶ》 ᠨᠢ ᠵᠠᠯᠠᠭᠤ ᠰᠠᠢᠨ ᠳᠤᠷᠠᠴᠤᠳ᠎ᠤᠨ ᠬᠠᠢᠷ᠎ᠠ ᠬᠠᠯᠠᠮᠵᠢ᠎ᠲᠠᠢ ᠬᠠᠮᠲᠤ ᠡᠨᠡ ᠬᠡᠰᠡᠭ ᠬᠤᠪᠠᠭ᠍ᠠᠢ ᠠᠭᠤᠯᠠᠨ᠎ᠳᠤ ᠱᠢᠩᠭᠡᠪᠡ᠃
《ᠮᠤᠳᠤ᠎ᠪᠠᠨ ᠳᠠᠷᠢᠵᠤ ᠪᠠᠷᠠᠭ᠍ᠰᠠᠨ᠎ᠤ ᠳᠠᠷᠠᠭ᠎ᠠ᠂ ᠮᠠᠨ᠎ᠤ ᠠᠷᠠᠴᠢᠯᠠᠨ ᠬᠠᠮᠠᠭᠠᠯᠠᠬᠤ ᠠᠵᠢᠯ ᠴᠤ᠌ ᠮᠠᠰᠢ ᠨᠠᠷᠢᠯᠢᠭ ᠶᠠᠪᠤᠬ᠍ᠳᠠᠵᠦ᠍᠂ ᠭᠠᠴᠠᠭᠠᠨ᠎ᠤ ᠣᠶ ᠬᠠᠮᠠᠭᠠᠯᠠᠭ᠍ᠴᠢ ᠡᠲᠡᠭᠡᠷ ᠵᠢᠮᠢᠰ᠎ᠤᠨ ᠮᠣᠳᠣ᠎ᠶ᠋ᠢ ᠠᠮᠢᠳᠤ ᠡᠷᠳᠡᠨᠢ ᠱᠢᠭ ᠨᠡᠨᠳᠢᠩᠨᠡᠨ ᠡᠵᠡᠩᠨᠡᠵᠡᠢ᠃ ᠳᠠᠷᠠᠭ᠎ᠠ ᠵᠢᠯ ᠵᠢᠮᠢᠰ᠎ᠤᠨ ᠮᠣᠳᠣ ᠦᠷ᠎ᠡ ᠵᠢᠮᠢᠰ ᠰᠠᠭᠤᠵᠦ᠍᠂ ᠲᠡᠷᠡ ᠦᠶ᠎ᠠ᠎ᠳᠤ ᠠᠩᠬᠢᠯᠤᠮ᠎ᠠ ᠵᠢᠮᠢᠰ᠎ᠤᠨ ᠦᠨᠦᠷ ᠯᠠᠰᠠᠭ᠎ᠠ ᠭᠠᠴᠠᠭ᠎ᠠ᠎ᠶ᠋ᠢ ᠪᠢᠯᠠᠬ᠍ᠯᠠᠭᠤᠯᠤᠨᠠ》 ᠬᠡᠵᠦ᠍ ᠬᠤ᠌ ᠶᠢᠩ ᠴᠦᠨ ᠬᠦᠰᠡᠯ ᠲᠦᠬᠦᠷᠡᠩ ᠪᠠᠢᠯ᠎ᠠ᠃
ᠨᠡᠢᠲᠡ᠎ᠶ᠋ᠢᠨ ᠠᠰᠠᠷᠠᠮᠵᠢ᠎ᠶ᠋ᠢᠨ ᠵᠢᠮᠢᠰ᠎ᠤᠨ ᠣᠶ ᠪᠣᠯ ᠵᠥᠩ ᠭᠤᠸᠠᠨ ᠼᠦᠨ ᠪᠣᠯᠤᠨ ᠠᠯᠲᠠᠷ ᠰᠤᠮᠤ᠎ᠶ᠋ᠢᠨ ᠠᠵᠢᠯ ᠲᠥᠷᠥᠯ᠎ᠢᠶᠠᠷ ᠬᠠᠪᠰᠤᠷᠤᠨ ᠲᠡᠳᠬᠦᠬᠦ᠌ ᠠᠵᠢᠯ᠎ᠤᠨ ᠴᠤᠮᠬᠠᠳᠭᠠᠯ ᠪᠤᠯᠤᠨ᠎ᠠ᠃ ᠲᠠᠷᠠᠭᠠᠴᠢ᠎ᠪᠠᠷ᠂ ᠵᠥᠩ ᠭᠤᠸᠠᠨ ᠼᠦᠨ ᠵᠡᠭᠡᠯᠢ ᠭᠤᠳᠤᠮᠵᠢ ᠪᠣᠯᠤᠨ ᠠᠯᠲᠠᠷ ᠰᠤᠮᠤ ᠮᠣᠳᠣ ᠳᠠᠷᠢᠬᠤ ᠠᠵᠢᠯᠯᠠᠭ᠎ᠠ᠎ᠪᠠᠨ ᠦᠷᠬᠦᠯᠵᠢᠯᠡᠨ ᠥᠷᠨᠢᠭᠦᠯᠵᠦ᠍᠂ ᠬᠢᠩᠭᠠᠨ ᠠᠢᠮᠠᠭ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠢᠭᠤᠯᠬᠤ᠎ᠳᠤ ᠬᠠᠮᠲᠤ᠎ᠶ᠋ᠢᠨ ᠬᠦᠴᠦᠨ ᠴᠢᠳᠠᠯ᠎ᠢᠶᠠᠨ ᠡᠷᠬᠦᠬᠦ᠌᠎ᠪᠠᠷ ᠪᠠᠢᠨ᠎ᠠ᠃