ᠤᠢ᠍ᠢᠷ᠎ᠠ᠎ᠳᠤ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠠᠯᠪᠠᠨ ᠲᠢᠩᠭᠢᠮ᠂ ᠵᠠᠰᠠᠭ᠎ᠤᠨ ᠤᠷᠳᠤᠨ᠎ᠤ ᠠᠯᠪᠠᠨ ᠲᠢᠩᠭᠢᠮ 《ᠪᠦᠬᠦ᠌ ᠤᠷᠤᠨ᠎ᠤ ᠦᠨᠳᠦᠰᠦᠳᠡᠨ᠎ᠤ ᠦᠭᠡ ᠬᠡᠯᠡ᠎ᠪᠠᠷ ᠬᠢᠴᠢᠶᠡᠯᠯᠡᠵᠤ ᠪᠠᠢᠭ᠎ᠠ ᠰᠤᠷᠭᠠᠭᠤᠯᠢ᠎ᠳᠤ ᠭᠤᠷᠪᠠᠨ ᠬᠢᠴᠢᠶᠡᠯ ᠲᠦᠷᠦᠯ᠎ᠤᠨ ᠨᠢᠭᠡᠳᠦᠯᠳᠠᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠵᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠦᠮᠦᠵᠢᠯ᠎ᠤᠨ ᠵᠢᠭᠠᠨ ᠰᠤᠷᠭᠠᠬᠤ ᠠᠵᠢᠯ᠎ᠢ ᠪᠦᠬᠦ᠌ ᠲᠠᠯ᠎ᠠ᠎ᠪᠠᠷ ᠴᠢᠩᠭᠠᠳᠭᠠᠬᠤ᠎ᠶ᠋ᠢᠨ ᠬᠡᠷᠡᠭ᠌ᠵᠢᠭᠦᠯᠬᠦ᠌ ᠲᠦᠰᠦᠯ》 ᠢ ᠳᠠᠷᠤᠮᠠᠯᠯᠠᠨ ᠲᠠᠷᠬᠠᠭᠠᠪᠠ᠃ 2 ᠰᠠᠷ᠎ᠠ᠎ᠶ᠋ᠢᠨ 26 ᠤ ᠡᠳᠦᠷ᠂ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠭᠡᠨ᠎ᠤ ᠭᠡᠱᠢᠭᠦᠨ᠂ ᠦᠪᠦᠷ ᠮᠤᠩᠭᠤᠯ᠎ᠤᠨ ᠶᠡᠭᠡ ᠰᠤᠷᠭᠠᠭᠤᠯᠢ᠎ᠶ᠋ᠢᠨ ᠬᠠᠤᠯᠢ᠎ᠶ᠋ᠢᠨ ᠤᠬᠠᠭᠠᠨ᠎ᠤ ᠳᠡᠭᠡᠳᠤ ᠰᠤᠷᠭᠠᠭᠤᠯᠢ᠎ᠶ᠋ᠢᠨ ᠫᠷᠤᠹᠧᠰᠰᠤᠷ ᠡᠸ ᠱᠢᠶᠤᠤ ᠮᠸᠢ ᠭᠤᠷᠪᠠᠨ ᠬᠢᠴᠢᠶᠡᠯ ᠲᠦᠷᠦᠯ᠎ᠤᠨ ᠨᠢᠭᠡᠳᠦᠯᠳᠠᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠵᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠦᠮᠦᠵᠢᠯ᠎ᠤᠨ ᠵᠢᠭᠠᠨ ᠰᠤᠷᠭᠠᠬᠤ ᠠᠵᠢᠯ᠎ᠢ ᠪᠦᠬᠦ᠌ ᠲᠠᠯ᠎ᠠ᠎ᠪᠠᠷ ᠴᠢᠩᠭᠠᠳᠭᠠᠬᠤ ᠲᠤᠬᠠᠢ ᠰᠤᠷᠪᠤᠯᠵᠢᠯᠠᠭ᠍ᠴᠢ᠎ᠶ᠋ᠢᠨ ᠰᠤᠷᠪᠤᠯᠵᠢᠯᠠᠭ᠎ᠠ᠎ᠶ᠋ᠢ ᠬᠦᠯᠢᠶᠡᠵᠠᠢ᠃
ᠡᠸ ᠱᠢᠶᠤᠤ ᠮᠸᠢ ᠡᠩ ᠲᠡᠷᠢᠭᠦᠨ᠎ᠳᠤ ᠬᠦᠭ᠌ᠵᠢᠯᠳᠡ᠎ᠶ᠋ᠢᠨ ᠡᠷᠬᠡ᠎ᠠᠴᠠ ᠡᠬᠢᠯᠡᠵᠤ ᠶᠠᠷᠢᠪᠠ᠃ ᠲᠡᠷᠡ᠂ ᠬᠦᠭ᠌ᠵᠢᠯᠳᠡ᠎ᠶ᠋ᠢᠨ ᠡᠷᠬᠡ ᠪᠤᠯ ᠤᠯᠤᠰ᠂ ᠦᠨᠳᠦᠰᠦᠳᠡᠨ ᠵᠢᠴᠢ ᠬᠤᠪᠢ ᠬᠦᠮᠦᠨ ᠨᠢᠭᠡᠪᠦᠷᠢ᠎ᠶ᠋ᠢᠨ ᠡᠳ᠋ᠯᠡᠬᠦ᠌ ᠶᠤᠰᠤᠳᠠᠢ ᠦᠨᠳᠦᠰᠦᠨ ᠡᠷᠬᠡ ᠪᠤᠯᠤᠨ᠎ᠠ᠃ 1986 ᠤᠨ᠎ᠳᠤ ᠤᠯᠠᠨ ᠤᠯᠤᠰ᠎ᠤᠨ ᠬᠤᠯᠪᠤᠭᠠᠳᠤ ᠪᠠᠢᠭᠤᠯᠭ᠎ᠠ᠎ᠠᠴᠠ ᠪᠠᠳᠤᠯᠠᠭ᠍ᠰᠠᠨ 《ᠬᠦᠭ᠌ᠵᠢᠯᠳᠡ᠎ᠶ᠋ᠢᠨ ᠡᠷᠬᠡ᠎ᠶ᠋ᠢᠨ ᠲᠤᠩᠬᠠᠭ》 ᠲᠤ᠌᠂ ᠪᠤᠢ ᠪᠦᠬᠦᠢ ᠬᠦᠮᠦᠨ᠂ ᠪᠤᠢ ᠪᠦᠬᠦᠢ ᠤᠯᠤᠰ᠎ᠤᠨ ᠠᠷᠠᠳ ᠲᠦᠮᠡᠨ ᠠᠵᠤ ᠠᠬᠤᠢ᠂ ᠨᠡᠢᠭᠡᠮ ᠪᠤᠯᠤᠨ ᠰᠤᠶᠤᠯ᠂ ᠤᠯᠤᠰ ᠲᠦᠷᠦ᠎ᠶ᠋ᠢᠨ ᠬᠦᠭ᠌ᠵᠢᠯᠳᠡ᠎ᠳᠤ ᠤᠷᠤᠯᠴᠠᠬᠤ᠂ ᠠᠬᠢᠭᠤᠯᠬᠤ ᠪᠠ ᠡᠳ᠋ᠯᠡᠬᠦ᠌ ᠡᠷᠬᠡ᠎ᠲᠠᠢ ᠭᠡᠵᠤ ᠵᠢᠭᠠᠵᠤ ᠭᠠᠷᠭᠠᠵᠠᠢ᠂ ᠡᠢᠨ ᠬᠦ᠌ ᠬᠦᠭ᠌ᠵᠢᠯᠳᠡ᠎ᠳᠤ ᠬᠦᠮᠦᠨ᠎ᠤ ᠡᠷᠬᠡ ᠪᠤᠯᠤᠨ ᠦᠨᠳᠦᠰᠦᠨ ᠡᠷᠬᠡ ᠴᠢᠯᠦᠭᠡ ᠴᠦᠮ ᠭᠦᠢᠴᠡᠳ ᠪᠡᠶᠡᠯᠡᠭ᠌ᠳᠡᠨᠠ᠃ ᠬᠦᠮᠦᠨ ᠪᠤᠯ ᠬᠦᠭ᠌ᠵᠢᠯᠳᠡ᠎ᠶ᠋ᠢᠨ ᠠᠬᠢᠴᠠ᠎ᠶ᠋ᠢᠨ ᠭᠤᠤᠯ ᠴᠤᠭ᠍ᠴᠠ ᠮᠦᠨ᠂ ᠬᠦᠭ᠌ᠵᠢᠯᠳᠡ᠎ᠶ᠋ᠢᠨ ᠲᠦᠷᠦ᠎ᠶ᠋ᠢᠨ ᠪᠤᠳᠤᠯᠭ᠎ᠠ᠎ᠨᠢ ᠬᠦᠮᠦᠰ᠎ᠢ ᠬᠦᠭ᠌ᠵᠢᠯᠳᠡ᠎ᠶ᠋ᠢᠨ ᠭᠤᠤᠯ ᠤᠷᠤᠯᠴᠠᠭ᠍ᠴᠢ ᠪᠠ ᠠᠱᠢᠭ ᠬᠦᠷᠳᠡᠭ᠌ᠴᠢ ᠪᠤᠯᠭᠠᠪᠠᠯ ᠲᠠᠭᠠᠷᠠᠨ᠎ᠠ ᠭᠡᠵᠤ ᠬᠡᠯᠡᠪᠡ᠃
《ᠬᠦᠭ᠌ᠵᠢᠯᠳᠡ᠎ᠶ᠋ᠢᠨ ᠡᠷᠬᠡ ᠪᠤᠯ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠤ ᠬᠠᠮᠳᠦ᠎ᠪᠠᠷ ᠡᠳ᠋ᠯᠡᠬᠦ᠌ ᠦᠨᠳᠦᠰᠦᠨ ᠡᠷᠬᠡ ᠪᠤᠯᠤᠨ᠎ᠠ》 ᠭᠡᠵᠤ ᠡᠸ ᠱᠢᠶᠤᠤ ᠮᠸᠢ ᠬᠡᠯᠡᠨ᠎ᠠ᠃ ᠲᠡᠷᠡ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠂ ᠳᠤᠮᠳᠠᠳᠤ᠎ᠶ᠋ᠢᠨ ᠦᠨᠳᠦᠰᠦᠳᠡᠨ᠎ᠤ ᠠᠭᠤᠤ ᠶᠡᠭᠡ ᠰᠡᠷᠭᠦᠨ ᠮᠠᠨᠳᠤᠯᠳᠠ᠎ᠶ᠋ᠢ ᠪᠡᠶᠡᠯᠡᠭᠦᠯᠬᠦ᠌ ᠠᠶᠠᠨ᠎ᠳᠤ᠂ ᠠᠯᠢ ᠦᠨᠳᠦᠰᠦᠳᠡᠨᠢ ᠴᠤ᠌ ᠬᠤᠴᠤᠷᠤᠭᠤᠯᠬᠤ ᠦᠭᠡᠢ᠎ᠶ᠋ᠢᠨ ᠲᠦᠯᠦᠭᠡ᠂ ᠤᠯᠤᠰ᠎ᠠᠴᠠ ᠦᠵᠦ᠍ ᠲᠦᠯᠦᠪᠯᠡᠭᠡ᠎ᠶ᠋ᠢ ᠲᠠᠰᠤᠷᠠᠯᠳᠠ ᠦᠭᠡᠢ ᠴᠢᠩᠭᠠᠳᠭᠠᠵᠤ᠂ ᠤᠯᠠᠨ ᠠᠷᠭ᠎ᠠ ᠪᠤᠳᠤᠯᠭ᠎ᠠ᠎ᠶ᠋ᠢ ᠵᠡᠷᠭᠡ᠎ᠪᠠᠷ ᠬᠡᠷᠡᠭ᠌ᠵᠢᠭᠦᠯᠵᠤ᠂ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠤ ᠪᠦᠯᠬᠦᠮᠳᠡᠨ ᠳᠠᠪᠱᠢᠵᠤ᠂ ᠬᠠᠮᠳᠦ᠎ᠪᠠᠷ ᠴᠡᠴᠡᠭ᠌ᠯᠡᠨ ᠬᠦᠭ᠌ᠵᠢᠬᠦ᠌᠎ᠶ᠋ᠢ ᠢᠳᠡᠪᠬᠢᠳᠠᠢ ᠠᠬᠢᠭᠤᠯᠵᠤ ᠪᠠᠢᠨ᠎ᠠ᠃ ᠲᠦᠷᠦ᠎ᠶ᠋ᠢᠨ ᠶᠠᠪᠤᠲᠠᠯ᠎ᠤᠨ ᠬᠤᠷᠢᠶᠠᠠ᠎ᠤ ᠲᠠᠷᠤᠮᠠᠯᠯᠠᠠ ᠲᠠᠷᠬᠠᠭᠠᠭ᠍ᠰᠠᠠ 《〈ᠠᠷᠪᠠᠠ ᠭᠤᠷᠪᠠᠲᠤᠭᠠᠷ ᠲᠠᠪᠤᠨ ᠵᠢᠯ〉 ᠤᠨ ᠦᠨᠲᠦᠰᠦᠲᠠᠠ᠎ᠤ ᠤᠷᠤᠨ ᠪᠤᠯᠤᠨ ᠬᠦᠮᠦᠨ ᠠᠮᠠ ᠨᠡᠯᠢᠶᠡᠳ ᠴᠦᠭᠡᠡ ᠦᠨᠲᠦᠰᠦᠲᠠᠠ᠎ᠤ ᠬᠦᠭ᠌ᠵᠢᠯᠲᠠ᠎ᠶ᠋ᠢ ᠠᠬᠢᠭᠤᠯᠬᠤ ᠲᠦᠯᠦᠪᠵᠢᠭᠦᠯᠭᠡ》 ᠳᠤ᠂ ᠬᠦᠮᠦᠨ ᠠᠮᠠ ᠨᠡᠯᠢᠶᠡᠳ ᠴᠦᠭᠡᠡ ᠦᠨᠲᠦᠰᠦᠲᠠᠠ᠎ᠤ ᠬᠦᠭ᠌ᠵᠢᠯᠲᠠ᠎ᠶ᠋ᠢᠨ ᠪᠤᠲᠠᠲᠠᠢ ᠠᠰᠠᠭᠤᠲᠠᠯ᠎ᠳᠤ ᠴᠢᠭ᠌ᠯᠡᠭᠦᠯᠵᠦ᠍᠂ ᠤᠨᠤᠪᠴᠢᠲᠠᠢ ᠲᠦᠯᠦᠪᠵᠢᠭᠦᠯᠦᠨ ᠪᠠᠢᠷᠢᠯᠠᠭᠤᠯᠵᠦ᠍᠂ ᠬᠦᠮᠦᠠ ᠠᠮᠠ ᠨᠡᠯᠢᠶᠡᠳ ᠴᠦᠭᠡᠡ ᠦᠨᠲᠦᠰᠦᠲᠠᠠᠢ ᠡᠯ᠎ᠠ ᠦᠨᠲᠦᠰᠦᠲᠠᠠ᠎ᠤ ᠠᠷᠠᠳ ᠲᠦᠮᠠᠠ᠎ᠲᠠᠢ ᠬᠠᠮᠲᠤ᠎ᠪᠠᠷ ᠬᠦᠭ᠌ᠵᠢᠭᠦᠯᠵᠦ᠍᠂ ᠤᠯᠤᠰ᠎ᠤᠨ ᠬᠦᠭ᠌ᠵᠢᠯᠲᠠ᠎ᠶ᠋ᠢᠨ ᠠᠮᠵᠢᠯᠲᠠ ᠪᠦᠲᠦᠮᠵᠢ᠎ᠶ᠋ᠢ ᠬᠠᠮᠲᠤ ᠡᠳ᠋ᠯᠡᠭᠦᠯᠵᠠᠢ᠃ ᠡᠭᠦᠨ᠎ᠠᠴᠠ ᠭᠠᠲᠠᠨ᠎ᠠ᠂ ᠤᠯᠤᠰ᠎ᠠᠴᠠ ᠴᠦᠭᠡᠡ ᠲᠤᠭᠠᠲᠦ ᠦᠨᠲᠦᠰᠦᠲᠠᠠ᠎ᠤ ᠤᠷᠤᠨ᠎ᠤ ᠠᠵᠦ᠍ ᠠᠬᠤᠢ᠎ᠶ᠋ᠢᠨ ᠬᠦᠭ᠌ᠵᠢᠯᠲᠠ᠂ ᠠᠮᠢ ᠠᠬᠤᠢ᠎ᠶ᠋ᠢᠨ ᠬᠠᠮᠠᠭᠠᠯᠠᠯᠳᠠ᠂ ᠰᠤᠶᠤᠯ ᠰᠤᠷᠭᠠᠠ ᠬᠦᠮᠦᠵᠢᠯ ᠵᠡᠷᠭᠡ ᠲᠠᠯ᠎ᠠ᠎ᠪᠠᠷ ᠢᠮᠠᠭ᠍ᠲᠠ ᠲᠡᠩᠴᠡᠬᠦᠷᠢᠲᠦ ᠴᠢᠨᠠᠷ᠂ ᠦᠷᠬᠦᠯᠵᠢᠯᠠᠯ᠎ᠲᠦ ᠴᠢᠨᠠᠷᠲᠠᠢ ᠬᠦᠭ᠌ᠵᠢᠯᠲᠠ᠎ᠶ᠋ᠢᠨ ᠰᠡᠳᠭᠢᠬᠦᠢ᠎ᠶ᠋ᠢ ᠵᠢᠷᠤᠮᠯᠠᠵᠦ᠍᠂ ᠡᠯ᠎ᠠ ᠭᠠᠵᠠᠷ ᠤᠷᠤᠨ ᠡᠯ᠎ᠠ ᠦᠨᠲᠦᠰᠦᠲᠠᠠ᠎ᠤ ᠠᠷᠠᠳ ᠲᠦᠮᠠᠠ᠎ᠳᠤ ᠬᠦᠭ᠌ᠵᠢᠯᠲᠠ᠎ᠶ᠋ᠢᠨ ᠡᠷᠭᠡ᠎ᠶ᠋ᠢ ᠬᠠᠮᠲᠤ ᠡᠳ᠋ᠯᠡᠭᠦᠯᠬᠦ᠌᠎ᠳᠤ ᠢᠲᠡᠪᠬᠢᠲᠠᠢ ᠨᠦᠬᠦᠴᠡᠯ ᠪᠦᠷᠢᠯᠲᠦᠭᠦᠯᠵᠦ᠍ ᠦᠭ᠌ᠴᠠᠢ ᠭᠡᠵᠦ᠍ ᠬᠡᠯᠡᠪᠡ᠃
ᠡᠸ ᠱᠢᠶᠤᠤ ᠮᠸᠢ᠎ᠶ᠋ᠢᠨ ᠦᠵᠡᠬᠦ᠌᠎ᠪᠠᠷ᠂ ᠤᠯᠤᠰ᠎ᠤᠨ ᠨᠡᠢᠲᠡᠮ ᠭᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠭᠡᠷᠡᠭ᠌ᠯᠡᠬᠦ᠌᠎ᠶ᠋ᠢ ᠠᠬᠢᠭᠤᠯᠬᠤ ᠪᠤᠯ ᠡᠯ᠎ᠠ ᠦᠨᠲᠦᠰᠦᠲᠠᠠ᠎ᠤ ᠠᠷᠠᠳ ᠲᠦᠮᠠᠠ᠎ᠤ ᠬᠦᠭ᠌ᠵᠢᠯᠲᠠ᠎ᠶ᠋ᠢᠨ ᠡᠷᠭᠡ᠎ᠶ᠋ᠢ ᠪᠡᠶᠡᠯᠡᠭᠦᠯᠬᠦ᠌ ᠴᠢᠬᠤᠯᠠ ᠪᠠᠲᠤᠯᠠᠭ᠎ᠠ ᠮᠦᠨ᠃ ᠤᠯᠤᠰ᠎ᠤᠨ ᠨᠡᠢᠲᠡᠮ ᠭᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠡᠵᠡᠮᠱᠢᠨ ᠭᠡᠷᠡᠭ᠌ᠯᠡᠬᠦ᠌᠎ᠨᠢ ᠴᠦᠭᠡᠡ ᠲᠤᠭᠠᠲᠦ ᠦᠨᠲᠦᠰᠦᠲᠠᠠ᠎ᠤ ᠤᠯᠠᠠ ᠲᠦᠮᠠᠠ᠎ᠤ ᠨᠡᠢᠭᠡᠮ᠎ᠤᠨ ᠶᠠᠪᠤᠯᠴᠠᠭ᠎ᠠ᠂ ᠰᠤᠯᠢᠯᠴᠠᠭ᠎ᠠ ᠪᠤᠯᠤᠨ ᠠᠭᠤᠰᠤᠯᠴᠠᠯ᠎ᠢ ᠴᠢᠩᠭᠠᠳᠭᠠᠵᠦ᠍᠂ ᠨᠡᠢᠭᠡᠮ᠎ᠳᠤ ᠵᠤᠬᠢᠴᠠᠬᠤ ᠴᠢᠲᠠᠪᠤᠷᠢ ᠪᠠ ᠦᠷᠢᠰᠦᠯᠲᠦᠬᠦ᠌ ᠬᠦᠴᠤᠨ᠎ᠢ ᠲᠡᠭᠡᠭ᠌ᠰᠢᠯᠡᠭᠦᠯᠵᠦ᠍᠂ ᠨᠡᠩ ᠤᠯᠠᠠ ᠬᠤᠪᠢ ᠬᠦᠮᠦᠨ᠎ᠳᠤ ᠬᠦᠭ᠌ᠵᠢᠯᠲᠠ᠎ᠶ᠋ᠢᠨ ᠠᠵᠠ ᠲᠤᠬᠢᠶᠠᠯ ᠬᠠᠩᠭᠠᠵᠦ᠍᠂ ᠡᠭᠦᠨ᠎ᠠᠴᠠ ᠠᠵᠦ᠍ ᠠᠬᠤᠢ ᠨᠡᠢᠭᠡᠮ᠎ᠤᠨ ᠠᠵᠢᠯᠯᠠᠭ᠎ᠠ᠎ᠳᠤ ᠨᠡᠩ ᠤᠯᠠᠠ ᠤᠷᠤᠯᠴᠠᠭᠤᠯᠬᠤ ᠵᠢᠴᠢ ᠦᠪᠡᠷ᠎ᠤᠨ ᠠᠱᠢᠭ ᠲᠤᠰᠠ᠎ᠪᠠᠨ ᠨᠡᠩ ᠰᠠᠢᠨ ᠬᠠᠮᠠᠭᠠᠯᠠᠵᠦ᠍ ᠴᠢᠲᠠᠬᠤ ᠪᠤᠯᠭᠠᠵᠦ᠍᠂ ᠦᠨᠡᠡ ᠬᠦ᠌ ᠤᠯᠤᠰ᠎ᠤᠨ ᠠᠵᠦ᠍ ᠠᠬᠤᠢ ᠨᠡᠢᠭᠡᠮ᠎ᠤᠨ ᠬᠦᠭ᠌ᠵᠢᠯᠲᠠ᠎ᠳᠤ ᠤᠷᠤᠯᠴᠠᠭ᠍ᠴᠢ᠂ ᠠᠬᠢᠭᠤᠯᠤᠭ᠍ᠴᠢ ᠪᠠ ᠠᠱᠢᠭ ᠬᠦᠷᠲᠡᠭ᠌ᠴᠢ ᠪᠤᠯᠭᠠᠵᠠᠢ᠃
《ᠦᠨᠲᠦᠰᠦᠲᠠᠠ᠎ᠤ ᠤᠴᠢᠷ ᠶᠠᠪᠤᠲᠠᠯ᠎ᠤᠨ ᠵᠠᠰᠠᠯᠲᠠ᠎ᠶ᠋ᠢ ᠬᠠᠤᠯᠢᠵᠢᠭᠤᠯᠬᠤ ᠪᠤᠯ ᠬᠠᠤᠯᠢᠵᠢᠯ᠎ᠤᠨ ᠲᠤᠮᠲᠠᠲᠤ ᠤᠯᠤᠰ᠎ᠤᠨ ᠪᠠᠢᠭᠤᠯᠤᠯᠲᠠ᠎ᠶ᠋ᠢᠨ ᠴᠢᠬᠤᠯᠠ ᠠᠭᠤᠯᠭ᠎ᠠ ᠪᠤᠯᠤᠨ᠎ᠠ᠃ ᠡᠯ᠎ᠠ ᠦᠨᠲᠦᠰᠦᠲᠠᠠ᠎ᠤ ᠠᠷᠠᠳ ᠲᠦᠮᠠᠠ᠎ᠤ ᠬᠦᠭ᠌ᠵᠢᠯᠲᠠ᠎ᠶ᠋ᠢᠨ ᠡᠷᠭᠡ᠎ᠶ᠋ᠢ ᠪᠡᠶᠡᠯᠡᠭᠦᠯᠬᠦ᠌᠎ᠳᠤ ᠪᠠᠰᠠ ᠬᠠᠤᠯᠢᠵᠢᠯ᠎ᠤᠨ ᠵᠠᠮ᠎ᠢᠶᠠᠷ ᠵᠠᠮᠨᠠᠬᠤ ᠭᠡᠷᠡᠭ᠌ᠲᠡᠢ》᠃ ᠡᠸ ᠱᠢᠶᠤᠤ ᠮᠸᠢ᠎ᠶ᠋ᠢᠨ ᠦᠵᠡᠬᠦ᠌᠎ᠪᠠᠷ᠂ ᠡᠯ᠎ᠠ ᠱᠠᠲᠤᠨ᠎ᠤ ᠵᠠᠰᠠᠭ᠎ᠤᠨ ᠤᠷᠲᠤᠨ ᠪᠤᠯᠤᠨ ᠡᠯ᠎ᠠ ᠦᠨᠲᠦᠰᠦᠲᠠᠠ᠎ᠤ ᠤᠯᠠᠠ ᠲᠦᠮᠠᠠ 《ᠪᠦᠬᠦᠲᠠ ᠨᠠᠢᠷᠠᠮᠲᠠᠬᠤ ᠲᠤᠮᠲᠠᠲᠤ ᠠᠷᠠᠳ ᠤᠯᠤᠰ᠎ᠤᠨ ᠨᠡᠢᠲᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠬᠠᠤᠯᠢ》 ᠵᠡᠷᠭᠡ ᠬᠤᠯᠪᠤᠭ᠍ᠲᠠᠯ ᠪᠦᠬᠦᠢ ᠤᠯᠤᠰ᠎ᠤᠨ ᠬᠠᠤᠯᠢ ᠴᠠᠭᠠᠵᠠ ᠬᠠᠤᠯᠢ ᠲᠤᠭ᠍ᠲᠠᠭᠠᠯ᠎ᠤᠨ ᠬᠠᠤᠯᠢ ᠲᠤᠭ᠍ᠲᠠᠭᠠᠬᠤ ᠵᠤᠷᠢᠭ ᠰᠠᠨᠠᠭ᠎ᠠ᠎ᠶ᠋ᠢ ᠵᠦᠪ ᠤᠨᠤᠪᠴᠢᠲᠠᠢ᠂ ᠪᠦᠬᠦ᠌ ᠲᠠᠯ᠎ᠠ᠎ᠪᠠᠷ ᠤᠢ᠍ᠢᠯᠠᠭᠠᠵᠦ᠍᠂ ᠤᠬᠠᠮᠰᠠᠷ᠎ᠠᠴᠠ᠎ᠪᠠᠨ ᠬᠠᠤᠯᠢ ᠴᠠᠭᠠᠵᠠ ᠬᠠᠤᠯᠢ ᠲᠤᠭ᠍ᠲᠠᠭᠠᠯ᠎ᠢ ᠵᠢᠷᠤᠮᠯᠠᠵᠦ᠍᠂ ᠬᠠᠤᠯᠢ᠎ᠶ᠋ᠢ ᠰᠤᠷᠤᠯᠴᠠᠵᠦ᠍ ᠬᠠᠤᠯᠢ᠎ᠶ᠋ᠢ ᠮᠡᠲᠡᠵᠦ᠍ ᠬᠠᠤᠯᠢ᠎ᠶ᠋ᠢ ᠰᠠᠬᠢᠵᠦ᠍ ᠬᠠᠤᠯᠢ᠎ᠶ᠋ᠢ ᠭᠡᠷᠡᠭ᠌ᠯᠡᠬᠦ᠌᠎ᠶ᠋ᠢ ᠪᠡᠶᠡᠯᠡᠭᠦᠯᠵᠦ᠍᠂ ᠡᠯ᠎ᠠ ᠦᠨᠲᠦᠰᠦᠲᠠᠠ᠎ᠤ ᠤᠯᠠᠠ ᠲᠦᠮᠠᠠ᠎ᠤ ᠬᠦᠭ᠌ᠵᠢᠯᠲᠠ᠎ᠶ᠋ᠢᠨ ᠡᠷᠭᠡ᠎ᠶ᠋ᠢ ᠪᠦᠲᠦᠮᠵᠢ᠎ᠲᠠᠢ ᠪᠡᠶᠡᠯᠡᠭᠦᠯᠬᠦ᠌᠎ᠶ᠋ᠢ ᠬᠠᠮᠲᠤ᠎ᠪᠠᠷ ᠠᠬᠢᠭᠤᠯᠬᠤ ᠪᠦᠭᠡᠳ ᠪᠠᠲᠤᠯᠠᠵᠦ᠍᠂ ᠲᠤᠮᠲᠠᠲᠤ᠎ᠶ᠋ᠢᠨ ᠦᠨᠲᠦᠰᠦᠲᠠᠠ᠎ᠤ ᠬᠠᠮᠲᠤ᠎ᠶ᠋ᠢᠨ ᠤᠶᠤᠨ ᠰᠠᠨᠠᠭᠠᠠᠤ ᠭᠡᠷ ᠤᠷᠤᠨ᠎ᠢ ᠰᠡᠳᠭᠢᠯ᠎ᠢᠶᠠᠨ ᠨᠢᠭᠡᠳᠭᠡᠵᠦ᠍ ᠬᠦᠴᠤ᠎ᠪᠠᠨ ᠬᠠᠮᠲᠤᠳᠭᠠᠠ ᠰᠠᠢᠲᠤᠷ ᠪᠦᠲᠦᠭᠡᠡ ᠪᠠᠢᠭᠤᠯᠪᠠᠯ ᠵᠤᠬᠢᠨ᠎ᠠ᠃