ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠪᠦᠯᠬᠦᠮᠳᠡᠨ ᠲᠡᠮᠡᠴᠡᠵᠦ᠍ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ ᠦᠵᠡᠰᠭᠦᠯᠡᠩᠲᠦ ᠰᠠᠢᠬᠠᠨ ᠥᠪᠥᠷ ᠮᠣᠩᠭᠤᠯ᠎ᠤᠨ ᠴᠣ᠌ ᠱᠢᠨ᠎ᠡ ᠵᠢᠷᠤᠭ᠎ᠢ ᠵᠢᠷᠤᠭ᠍ᠯᠠᠨ᠎ᠠ — ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠮᠠᠨ᠎ᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠳᠤ ᠬᠠᠯᠠᠭᠤᠨ ᠲᠤᠰᠭᠠᠯ ᠭᠠᠷᠪᠠ
2021-03-10 09:48:44
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ᠎ᠶ᠋ᠢᠨ ᠫᠢᠩ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠮᠠᠨ᠎ᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠥᠷᠭᠡᠨ ᠣᠯᠠᠨ ᠺᠠᠳ᠋ᠷ ᠣᠯᠠᠨ ᠲᠦᠮᠡᠨ᠎ᠤ ᠳᠤᠮᠳᠠ ᠬᠠᠯᠠᠭᠤᠨ ᠲᠤᠰᠭᠠᠯ ᠭᠠᠷᠪᠠ᠃ ᠶᠡᠷᠦᠩᠬᠡᠢ ᠱᠦᠵᠢ᠎ᠶ᠋ᠢᠨ ᠶᠠᠷᠢᠶ᠎ᠠ᠎ᠨᠢ ᠨᠠᠮ᠎ᠤᠨ ᠲᠥᠪ ᠬᠤᠷᠢ᠊ ᠡᠶ᠎ᠡ᠎ᠠᠴᠠ ᠥᠪᠥᠷ ᠮᠣᠩᠭᠤᠯ᠎ᠤᠨ ᠠᠷᠠᠳ ᠲᠦᠮᠡᠨ᠎ᠢ ᠳᠣᠲᠣᠨᠣ᠎ᠪᠠᠷ ᠬᠠᠯᠠᠮᠵᠢᠯᠠᠵᠤ ᠪᠠᠢᠭ᠎ᠠ ᠪᠠ ᠥᠪᠥᠷ ᠮᠣᠩᠭᠤᠯ᠎ᠤᠨ ᠠᠵᠢᠯ᠎ᠳᠤ ᠴᠢᠩ ᠰᠡᠳᠭᠢᠯ᠎ᠤᠨ ᠬᠦᠰᠡᠯ ᠨᠠᠢᠳᠠᠯᠭ᠎ᠠ ᠲᠠᠯᠪᠢᠵᠤ ᠪᠠᠢᠭ᠎ᠠ᠎ᠶ᠋ᠢ ᠢᠯᠡᠷᠡᠭᠦᠯᠪᠡ᠃ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ᠌ ᠲᠠᠯ᠎ᠠ᠎ᠪᠠᠷ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠣᠢᠯᠠᠭᠠᠨ ᠲᠤᠭᠤᠱᠢᠯᠠᠭᠤᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠦ᠍᠂ ᠦᠨᠳᠦᠰᠦᠲᠡᠨ᠎ᠤ ᠪᠦᠯᠬᠦᠮᠳᠡᠯ᠎ᠤᠨ ᠢᠷᠠᠭᠤ ᠠᠯᠳᠠᠷᠲᠡᠢ ᠤᠯᠠᠮᠵᠢᠯᠠᠯ ᠪᠣᠯᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ ᠡᠷᠬᠢᠮ ᠳᠡᠭᠡᠳᠦ ᠢᠷᠠᠭᠤ ᠠᠯᠳᠠᠷ᠎ᠢ ᠬᠤᠪᠢ ᠳᠠᠬᠢᠨ ᠨᠠᠨᠳᠢᠩᠨᠠᠨ᠂ ᠦᠷᠭᠦᠯᠵᠢᠯᠡᠨ ᠪᠠᠷᠢᠮᠲᠠᠯᠠᠵᠦ᠍᠂ ᠦᠨᠳᠦᠰᠦᠲᠡᠨ᠎ᠤ ᠪᠦᠯᠬᠦᠮᠳᠡᠯ᠎ᠤᠨ ᠶᠡᠭᠡ ᠲᠠᠯ᠎ᠠ᠎ᠶ᠋ᠢ ᠪᠠᠬᠢᠵᠢᠭᠦᠯᠦᠨ ᠬᠥᠭ᠌ᠵᠢᠭᠦᠯᠵᠦ᠍᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠱᠢᠪᠲᠤᠯᠤᠯᠲᠠ᠎ᠶ᠋ᠢᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠵᠦ᠍᠂ ᠡᠬᠡ ᠤᠯᠤᠰ᠎ᠤᠨ ᠤᠮᠠᠷᠠᠲᠤ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠴᠣᠭ᠍ᠴᠠᠯᠠᠨ ᠪᠠᠢᠭᠤᠯᠵᠦ᠍᠂ ᠠᠮᠢ ᠠᠬᠤᠶ᠎ᠶ᠋ᠢ ᠤᠷᠢᠳ᠎ᠢᠶᠠᠷ ᠪᠤᠳᠤᠯᠬᠢᠯᠠᠵᠦ᠍᠂ ᠪᠤᠬᠢᠷᠲᠦᠯ ᠦᠭᠡᠢ ᠬᠦᠭ᠌ᠵᠢᠭᠦᠯᠬᠦ᠌ ᠵᠠᠮ᠎ᠢ ᠭᠤᠢᠪᠢᠰᠢ ᠦᠭᠡᠢ ᠪᠠᠷᠢᠮᠲᠠᠯᠠᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠦ᠍᠂ ᠨᠡᠢᠭᠡᠮ ᠵᠢᠷᠤᠮᠲᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠤᠯ᠎ᠤᠨ 《ᠨᠣᠮᠢᠨ ᠨᠣᠭᠤᠭᠠᠨ᠎ᠢᠶᠠᠷ ᠲᠡᠪᠢᠰᠭᠡᠷ ᠦᠩᠬᠡ ᠪᠣᠯᠭᠠᠭ᠍ᠰᠠᠨ》 ᠴᠣ᠌ ᠱᠢᠨ᠎ᠡ ᠵᠢᠷᠤᠭ᠎ᠢ ᠵᠢᠷᠤᠭ᠍ᠯᠠᠨ᠎ᠠ ᠬᠡᠵᠦ᠍ ᠤᠯᠠᠨ᠎ᠢᠶᠠᠷ᠎ᠢᠶᠠᠨ ᠢᠯᠡᠷᠬᠡᠢᠯᠡᠵᠡᠭᠡᠪᠡ᠃

《ᠶᠠᠳᠠᠭᠤ᠎ᠠᠴᠠ ᠠᠩᠭᠢᠵᠢᠷᠠᠭᠤᠯᠬᠤ ᠪᠣᠯ ᠡᠴᠦᠰ᠎ᠤᠨ ᠴᠡᠭ ᠪᠢᠰᠢ᠂ ᠬᠠᠷᠢᠨ ᠱᠢᠨ᠎ᠡ ᠠᠮᠢᠳᠤᠷᠠᠯ᠂ ᠱᠢᠨ᠎ᠡ ᠲᠡᠮᠡᠴᠡᠯ᠎ᠤᠨ ᠡᠬᠢᠯᠡᠯᠲᠡ ᠪᠣᠯᠤᠨ᠎ᠠ》

ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠎ᠨᠢ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠴᠢᠭ᠌ᠯᠡᠯ᠎ᠢ ᠲᠣᠭ᠍ᠲᠠᠭᠠᠬᠤ ᠵᠢᠷᠤᠮᠯᠠᠯ ᠬᠠᠩᠭᠠᠵᠤ᠂ ᠥᠷᠭᠡᠨ ᠣᠯᠠᠨ ᠺᠠᠳ᠋ᠷ ᠣᠯᠠᠨ ᠲᠦᠮᠡᠨ᠂ ᠶᠡᠷᠦᠩᠬᠡᠶ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠵᠠᠪᠠᠯ ᠡᠷᠡᠮᠡᠬᠡᠢᠯᠡᠨ ᠤᠷᠤᠭ᠍ᠰᠢᠯᠠᠬᠤ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠶ᠂ ᠪᠥᠬᠦ᠌ ᠲᠠᠯ᠎ᠠ᠎ᠪᠠᠷ ᠤᠢᠯᠠᠭᠠᠨ ᠲᠤᠭᠤᠱᠢᠯᠠᠭᠤᠯᠵᠤ᠂ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠬᠦ᠌ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠶ ᠵᠣᠯᠭᠠᠭᠤᠯᠬᠤ ᠠᠵᠢᠯ᠎ᠢ ᠰᠠᠢᠲᠤᠷ ᠬᠢᠨ᠎ᠠ ᠭᠡᠵᠦ᠍ ᠢᠯᠡᠷᠬᠡᠢᠯᠡᠵᠡᠭᠡᠪᠡ᠃

《ᠶᠡᠷᠦᠩᠬᠡᠢ ᠱᠦᠵᠢ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠦᠨ᠎ᠡ ᠭᠡᠵᠦ᠍ ᠬᠡᠯᠡᠭ᠌ᠰᠡᠨ᠎ᠳᠤ ᠲᠣᠰᠭᠤᠨ᠎ᠤ ᠠᠷᠠᠳ ᠮᠠᠰᠢ ᠪᠠᠶᠠᠷᠲᠠᠢ ᠪᠠᠢᠯ᠎ᠠ᠃ ᠬᠥᠳᠡᠭᠡ ᠲᠣᠰᠭᠤᠨ᠎ᠤ ᠦᠨᠳᠦᠰᠦᠨ ᠱᠠᠲᠤᠨ᠎ᠤ ᠠᠵᠢᠯᠲᠠᠨ ᠪᠣᠯᠤᠭ᠍ᠰᠠᠨ᠎ᠤ ᠬᠤᠪᠢ᠎ᠳᠤ᠂ ᠲᠠᠷᠠᠭᠠᠴᠢ᠎ᠶ᠋ᠢᠨ ᠠᠯᠬᠤᠮ᠎ᠳᠤ ᠪᠢᠳᠡ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠬᠦ᠌ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠶ ᠵᠣᠯᠭᠠᠭᠤᠯᠬᠤ ᠡᠯ᠎ᠡ ᠵᠦᠶᠯ᠎ᠤᠨ ᠠᠵᠢᠯ᠎ᠢ ᠰᠠᠢᠲᠤᠷ ᠬᠢᠵᠦ᠍᠂ ᠰᠠᠭᠤᠷᠢ ᠲᠥᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠲᠡᠭᠦᠯᠳᠡᠷᠵᠢᠭᠦᠯᠦᠨ᠂ ᠲᠣᠰᠭᠤᠨ᠎ᠤ ᠬᠠᠮᠲᠤ᠎ᠶ᠋ᠢᠨ ᠠᠵᠤ ᠠᠬᠤᠶ᠎ᠶ᠋ᠢ ᠪᠤᠵᠠᠭᠠᠢᠷᠠᠭᠤᠯᠵᠤ᠂ ᠳ᠋ᠧ ᠱᠧᠩ ᠭᠸᠤ ᠱᠢᠶᠠᠩ᠎ᠤᠨ ᠬᠤᠪᠢᠰᠭᠠᠯᠲᠤ ᠵᠢᠭᠤᠯᠴᠢᠯᠠᠯ᠎ᠤᠨ ᠡᠬᠢ ᠪᠠᠶᠠᠯᠢᠭ᠎ᠤᠨ ᠳᠠᠪᠠᠭᠤᠯᠢᠭ᠎ᠲᠤ ᠲᠦᠱᠢᠭ᠌ᠯᠡᠨ ᠴᠢᠨᠠᠭ᠍ᠰᠢᠳᠠ ᠲᠦᠷᠭᠡᠨ ᠬᠥᠭ᠌ᠵᠢᠭᠦᠯᠦᠨ᠎ᠡ》 ᠬᠡᠵᠦ᠍ ᠦᠴᠤᠸᠠᠨ ᠱᠢᠶᠠᠨ᠎ᠤ ᠳ᠋ᠧ ᠱᠧᠩ ᠭᠸᠤ ᠱᠢᠶᠠᠩ᠎ᠤᠨ ᠪᠠᠭ᠎ᠠ ᠬᠤᠵᠢᠷᠲᠦ ᠲᠠᠯ᠎ᠠ ᠲᠣᠰᠭᠤᠨ᠎ᠤ ᠨᠠᠮ᠎ᠤᠨ ᠡᠭᠦᠷ᠎ᠤᠨ ᠱᠦᠵᠢ᠂ ᠲᠣᠰᠭᠤᠨ᠎ᠤ ᠡᠷᠬᠢᠯᠡᠭ᠌ᠴᠢ ᠵᠠᠩ ᠳ᠋ᠦᠩ ᠱᠧᠩ ᠬᠡᠯᠡᠪᠡ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠵᠠᠪᠠᠯ ᠰᠠᠢᠲᠤᠷ ᠰᠤᠷᠤᠯᠴᠠᠵᠤ᠂ ᠰᠠᠢᠲᠤᠷ ᠤᠬᠠᠭᠤᠯᠵᠤ᠂ ᠰᠠᠢᠲᠤᠷ ᠲᠤᠭᠤᠱᠢᠯᠠᠭᠤᠯᠵᠤ᠂ ᠥᠷᠭᠡᠨ ᠤᠯᠠᠨ ᠲᠦᠮᠡᠨ᠎ᠢ ᠬᠦᠳᠦᠯᠦᠨ ᠳᠠᠭᠠᠭᠤᠯᠵᠤ ᠪᠠᠢᠭᠠᠳ ᠳᠠᠪᠠᠭᠤᠯᠢᠭ ᠤᠨᠴᠠᠯᠢᠬ᠍ᠳᠤ ᠠᠵᠤ ᠦᠢᠯᠡᠰ᠎ᠢ ᠶᠡᠭᠡ᠎ᠪᠠᠷ ᠬᠥᠭ᠌ᠵᠢᠭᠦᠯᠵᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠳᠠᠰᠤᠷᠠᠯᠳᠠ ᠦᠭᠡᠢ ᠪᠠᠬᠢᠵᠢᠭᠦᠯᠦᠨ ᠥᠷᠭᠡᠳᠭᠡᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠦᠢᠯᠡᠳᠦᠯᠭᠡ ᠳᠤᠮᠳᠠ ᠳᠠᠬᠢᠨ ᠱᠢᠨ᠎ᠡ ᠭᠠᠪᠢᠶ᠎ᠠ ᠪᠠᠢᠭᠤᠯᠤᠨ᠎ᠠ ᠭᠡᠪᠠ᠃

ᠲᠦᠮᠡᠳ ᠪᠠᠷᠠᠭᠤᠨ ᠬᠤᠱᠢᠭᠤᠨ᠎ᠤ ᠵᠠᠩᠵᠤᠨ ᠶᠣᠣ ᠪᠠᠯᠭᠠᠰᠤᠨ᠎ᠤ ᠪᠠᠢ ᠴᠢᠩ ᠶᠣᠣ ᠲᠣᠰᠭᠤᠨ᠎ᠤ ᠨᠠᠮ᠎ᠤᠨ ᠡᠭᠦᠷ᠎ᠤᠨ ᠱᠦᠵᠢ ᠽᠦᠸᠧ ᠡᠯ ᠪᠢᠶᠤᠤ᠂ ᠶᠡᠷᠦᠩᠬᠡᠢ ᠱᠦᠵᠢ ᠰᠢ᠎ᠶ᠋ᠢᠨ ᠫᠢᠩ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠤ᠂ ᠠᠷᠭ᠎ᠠ ᠵᠠᠮ᠎ᠢ ᠲᠣᠳᠣᠷᠬᠠᠢᠯᠠᠨ᠂ ᠵᠢᠷᠤᠮᠯᠠᠯ ᠬᠠᠩᠭᠠᠪᠠ᠃ ᠪᠢᠳᠡ ᠠᠷᠭ᠎ᠠ ᠪᠦᠬᠦᠨ᠎ᠢ ᠰᠦᠪᠡᠭ᠌ᠴᠢᠯᠡᠨ ᠬᠥᠳᠡᠭᠡ ᠲᠣᠰᠭᠤᠨ᠎ᠤ ᠠᠵᠤ ᠠᠬᠤᠶ᠎ᠶ᠋ᠢᠨ ᠡᠵᠡᠩᠨᠡᠯᠲᠡ᠎ᠶ᠋ᠢᠨ ᠬᠡᠯᠪᠡᠷᠢ᠎ᠶ᠋ᠢ ᠪᠠᠶᠠᠯᠢᠭ᠍ᠵᠢᠭᠤᠯᠵᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠡᠳ᠋ᠱᠢᠭᠦᠯᠬᠦ᠌ ᠳᠠᠪᠠᠭᠤᠯᠢᠭ ᠠᠵᠤ ᠦᠶᠯᠡᠰ᠎ᠢ ᠬᠥᠭ᠌ᠵᠢᠭᠦᠯᠵᠦ᠍᠂ ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠦᠶᠯᠡᠰᠵᠢᠯᠲᠡ᠂ ᠲᠥᠷᠥᠯ ᠲᠡᠮᠳᠡᠭ᠌ᠵᠢᠯᠲᠡ᠎ᠶ᠋ᠢ ᠠᠬᠢᠭᠤᠯᠵᠤ᠂ ᠲᠣᠰᠭᠤᠨ᠎ᠤ ᠬᠠᠮᠲᠤ᠎ᠶ᠋ᠢᠨ ᠠᠵᠤ ᠠᠬᠤᠶ᠎ᠶ᠋ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠲᠣᠰᠭᠤᠨ᠎ᠤ ᠠᠷᠠᠳ᠎ᠢ ᠳᠠᠭᠠᠭᠤᠯᠤᠨ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠌᠎ᠶ᠋ᠢᠨ ᠬᠠᠮᠲᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭᠠᠭᠤᠯᠤᠨ᠎ᠠ ᠬᠡᠵᠦ᠍ ᠢᠯᠡᠷᠬᠡᠢᠯᠡᠪᠡ᠃

《ᠶᠠᠳᠠᠭᠤ᠎ᠠᠴᠠ ᠠᠩᠭᠢᠵᠢᠷᠠᠭᠤᠯᠬᠤ ᠪᠣᠯ ᠡᠴᠦᠰ᠎ᠤᠨ ᠴᠡᠭ ᠪᠢᠰᠢ᠂ ᠬᠠᠷᠢᠨ ᠱᠢᠨ᠎ᠡ ᠠᠮᠢᠳᠤᠷᠠᠯ᠂ ᠱᠢᠨ᠎ᠡ ᠲᠡᠮᠡᠴᠡᠯ᠎ᠤᠨ ᠡᠬᠢᠯᠡᠯᠲᠡ ᠪᠣᠯᠤᠨ᠎ᠠ᠃ ᠶᠡᠷᠦᠩᠬᠡᠶ ᠱᠦᠵᠢ᠎ᠶ᠋ᠢᠨ ᠶᠠᠷᠢᠶ᠎ᠠ᠎ᠨᠢ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠵᠠᠢ᠂ ᠲᠠᠷᠢᠶᠠᠯᠠᠩ᠎ᠤᠨ ᠲᠣᠮᠣ ᠪᠠᠯᠭᠠᠰᠤ ᠪᠣᠯᠤᠭ᠍ᠰᠠᠨ᠎ᠤ ᠬᠤᠪᠢ᠎ᠳᠤ᠂ ᠣᠢᠷ᠎ᠠ᠎ᠶ᠋ᠢᠨ ᠬᠡᠳᠦᠨ ᠵᠢᠯ᠎ᠳᠤ ᠪᠠᠰᠠ ᠬᠡᠪᠴᠢᠶᠡᠵᠢᠭ᠌ᠰᠡᠨ ᠡᠵᠡᠩᠨᠡᠯᠲᠡ᠎ᠶ᠋ᠢᠨ ᠵᠠᠮ᠎ᠢᠶᠠᠷ ᠵᠠᠮᠨᠠᠵᠤ᠂ ᠪᠢᠳᠡ ᠴᠢᠨᠠᠷ ᠰᠠᠢᠲᠠᠶ ᠬᠥᠭ᠌ᠵᠢᠯᠲᠡ᠎ᠶ᠋ᠢᠨ ᠭᠤᠤᠯ ᠱᠢᠵᠢᠮ᠎ᠢ ᠪᠠᠷᠢᠮᠲᠠᠯᠠᠨ᠂ ᠲᠠᠰᠤᠷᠠᠯᠲᠠ ᠥᠬᠡᠶ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠴᠦ᠍᠂ ᠲᠠᠷᠢᠶᠠᠯᠠᠩ᠎ᠤᠨ ᠬᠤᠷᠱᠢᠶᠠᠵᠢᠯᠳᠠ᠂ ᠵᠠᠬᠢᠶᠠᠯᠠᠭ᠎ᠠ᠂ ᠲᠣᠭᠠᠴᠢᠯᠠᠯᠲᠠ᠂ ᠲᠠᠸᠠᠷᠵᠢᠯᠲᠠ᠂ ᠲᠥᠷᠥᠯ ᠲᠡᠮᠳᠡᠭ᠌ᠵᠢᠯᠳᠡ᠂ ᠪᠣᠬᠢᠷᠲᠤᠯ ᠥᠬᠡᠶ᠎ᠶ᠋ᠢ ᠶᠡᠭᠡ᠎ᠪᠠᠷ ᠠᠬᠢᠭᠤᠯᠵᠤ᠂ ᠨᠠᠩ ᠣᠯᠠᠨ ᠠᠷᠠᠳ ᠲᠦᠮᠡᠨ᠎ᠳᠤ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠡᠳ᠋ᠯᠡᠭᠦᠯᠤᠨ᠎ᠠ》 ᠭᠡᠵᠦ᠍ ᠳᠠᠯᠠᠳ ᠬᠤᠱᠢᠭᠤᠨ᠎ᠤ ᠱᠠᠬᠢᠮᠤᠨᠢ᠎ᠶ᠋ᠢᠨ ᠵᠤᠤ ᠪᠠᠯᠭᠠᠰᠤᠨ᠎ᠤ ᠨᠠᠮ᠎ᠤᠨ ᠬᠤᠷᠢᠶᠠᠨ᠎ᠤ ᠱᠦᠵᠢ ᠵᠠᠩ ᠯᠢ ᠯᠢᠶᠠᠩ ᠬᠡᠯᠡᠨ᠎ᠠ᠃

ᠬᠤᠷᠴᠢᠨ ᠲᠣᠭᠤᠷᠢᠭ᠎ᠤᠨ ᠴᠢᠶᠠᠨ ᠵᠢᠶᠠ ᠳ᠋ᠢᠶᠠᠨ ᠪᠠᠯᠭᠠᠰᠤᠨ᠎ᠤ ᠺᠦᠩ ᠵᠢᠶᠠ ᠲᠣᠰᠭᠤᠨ᠎ᠤ ᠨᠠᠮ᠎ᠤᠨ ᠡᠭᠦᠷ᠎ᠤᠨ ᠱᠦᠵᠢ ᠾᠧᠦ ᠵᠠᠨ ᠯᠢᠨ᠎ᠤ ᠲᠠᠨᠢᠯᠴᠠᠭᠤᠯᠤᠭ᠍ᠰᠠᠨ᠎ᠢᠶᠠᠷ᠂ ᠺᠦᠩ ᠵᠢᠶᠠ ᠲᠣᠰᠭᠤᠨ ᠨᠠᠮ᠎ᠤᠨ ᠡᠭᠦᠷ᠎ᠤᠨ ᠬᠤᠷᠱᠢᠶ᠎ᠠ᠎ᠶ᠋ᠢ ᠳᠠᠭᠠᠭᠤᠯᠤᠨ ᠡᠷᠬᠢᠯᠡᠬᠦ᠌ ᠵᠠᠭ᠍ᠪᠤᠷ᠎ᠢᠶᠠᠷ ᠲᠤᠰ ᠲᠣᠰᠭᠤᠨ ᠪᠣᠯᠤᠨ ᠠᠬ᠎ᠠ ᠳᠡᠭᠦᠦ ᠠᠢᠯ ᠲᠣᠰᠭᠤᠨ᠎ᠢ ᠲᠠᠢᠴᠢᠯᠠᠨ ᠲᠡᠵᠢᠭᠡᠨ ᠦᠷᠡᠵᠢᠭᠦᠯᠬᠦ᠌ ᠦᠢᠯᠡᠰ᠎ᠢ ᠬᠠᠮᠲᠤ᠎ᠪᠠᠷ ᠬᠥᠭ᠌ᠵᠢᠭᠦᠯᠵᠦ᠍᠂ ᠲᠣᠰᠭᠤᠨ᠎ᠤ ᠬᠠᠮᠲᠤ᠎ᠶ᠋ᠢᠨ ᠠᠵᠤ ᠠᠬᠤᠢ᠎ᠶ᠋ᠢ ᠬᠥᠭ᠌ᠵᠢᠭᠦᠯᠦᠨ ᠪᠤᠵᠠᠭᠠᠢᠷᠠᠭᠤᠯᠪᠠ᠃ ᠲᠡᠷᠡ᠂ ᠶᠡᠷᠦᠩᠬᠡᠶ ᠱᠦᠵᠢ 《ᠬᠡᠪᠴᠢᠶᠡᠵᠢᠯ᠎ᠤᠨ ᠴᠢᠨᠠᠷᠲᠠᠶ ᠳᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠬᠤᠷᠢᠭ᠎ᠠ ᠱᠤᠭᠤᠮ᠎ᠢ ᠡᠷᠡᠰ ᠰᠠᠬᠢᠬᠤ ᠬᠡᠷᠡᠭ᠌ᠲᠡᠶ》 ᠭᠡᠵᠦ᠍ ᠵᠢᠭᠠᠵᠤ ᠭᠠᠷᠭᠠᠵᠠᠢ᠂ ᠡᠨᠡ ᠵᠢᠯ ᠪᠢᠳᠡ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠌ ᠪᠠ ᠲᠣᠰᠭᠤᠨ᠎ᠤ ᠬᠠᠮᠲᠤ᠎ᠶ᠋ᠢᠨ ᠠᠵᠤ ᠠᠬᠤᠶ᠎ᠶ᠋ᠢ ᠬᠥᠭ᠌ᠵᠢᠭᠦᠯᠦᠨ ᠪᠤᠵᠠᠭᠠᠢᠷᠠᠭᠤᠯᠬᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠨᠢᠭ᠍ᠲᠠ ᠤᠶᠠᠯᠳᠤᠭᠤᠯᠵᠤ᠂ ᠲᠣᠰᠭᠤᠨ᠎ᠤ ᠠᠷᠠᠳ ᠡᠷᠦᠬᠡ ᠪᠦᠷᠢ᠎ᠳᠤ ᠨᠢᠭᠡ ᠦᠬᠡᠷ᠎ᠲᠠᠢ᠂ ᠲᠣᠰᠭᠤᠨ᠎ᠤ ᠬᠠᠮᠲᠤ ᠨᠡᠢᠲᠡ᠎ᠳᠤ ᠵᠠᠭᠤ᠎ᠠᠴᠠ ᠳᠡᠭᠡᠭ᠌ᠰᠢ ᠦᠬᠡᠷ ᠲᠡᠵᠢᠭᠡᠬᠦ᠌᠎ᠶ᠋ᠢ ᠪᠡᠶᠡᠯᠡᠭᠦᠯᠦᠨ᠎ᠡ ᠬᠡᠵᠠᠢ᠃

《ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭ᠌ᠲᠡᠢ》

《ᠥᠪᠥᠷ ᠮᠣᠩᠭᠤᠯ᠎ᠤᠨ ᠠᠮᠢ ᠠᠬᠤᠢ ᠣᠷᠴᠢᠨ ᠲᠣᠭᠤᠷᠢᠨ᠎ᠢ ᠰᠠᠢᠲᠤᠷ ᠬᠠᠮᠠᠭᠠᠯᠠᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠬᠡᠷᠡᠭ᠌ᠲᠡᠢ》᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠩ ᠰᠡᠳᠭᠢᠯ᠎ᠤᠨ ᠬᠦᠰᠡᠯ ᠨᠠᠢᠳᠠᠯᠭ᠎ᠠ᠎ᠨᠢ ᠥᠪᠥᠷ ᠮᠣᠩᠭᠤᠯ᠎ᠤᠨ ᠮᠠᠯᠵᠢᠬᠤ ᠲᠠᠷᠢᠶᠠᠯᠠᠬᠤ ᠣᠷᠣᠨ᠎ᠤ ᠺᠠᠳ᠋ᠷ ᠤᠯᠠᠨ ᠲᠦᠮᠡᠨ᠎ᠤ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ᠎ᠶ᠋ᠢ ᠵᠣᠷᠢᠭ᠍ᠵᠢᠭᠤᠯᠪᠠ᠃ ᠣᠢᠷ᠎ᠠ᠎ᠶ᠋ᠢᠨ ᠬᠡᠳᠦᠨ ᠵᠢᠯ᠎ᠳᠤ᠂ ᠱᠢᠯᠢ᠎ᠶ᠋ᠢᠨ ᠬᠤᠲᠠ᠎ᠶ᠋ᠢᠨ ᠴᠤᠭ ᠠᠭᠤᠯᠠ ᠰᠤᠮᠤ᠎ᠶ᠋ᠢᠨ ᠤᠭ᠌ᠶᠤᠲᠤ ᠭᠠᠴᠠᠭᠠᠨ᠎ᠤ ᠮᠠᠯᠴᠢᠨ ᠪᠠᠲᠤᠰᠦ᠋ᠬᠡ ᠱᠢᠯᠢ᠎ᠶ᠋ᠢᠨ ᠭᠤᠤᠯ ᠠᠢᠮᠠᠭ᠎ᠤᠨ 《ᠬᠤᠨᠢ᠎ᠶ᠋ᠢ ᠴᠥᠭᠡᠳᠭᠡᠵᠦ᠍ ᠦᠬᠡᠷ᠎ᠢ ᠨᠡᠮᠡᠭ᠌ᠳᠡᠭᠦᠯᠬᠦ᠌》 ᠲᠥᠷᠥ᠎ᠶ᠋ᠢᠨ ᠪᠣᠳᠣᠯᠭ᠎ᠠ᠎ᠶ᠋ᠢ ᠴᠤᠤᠷᠢᠶᠠᠲᠤᠨ ᠳᠠᠭᠠᠵᠤ᠂ ᠥᠪᠡᠷ᠎ᠤᠨ ᠮᠠᠯ ᠰᠦᠷᠦᠭ᠎ᠤᠨ ᠪᠦᠲᠦᠴᠡ᠎ᠳᠡᠭᠡᠨ ᠲᠣᠬᠢᠷᠠᠭᠤᠯᠤᠯᠲᠠ ᠬᠢᠵᠦ᠍᠂ ᠡᠯᠪᠡᠭ ᠪᠠᠶᠠᠯᠢᠭ ᠠᠮᠢ ᠠᠬᠤᠶ ᠪᠠ ᠠᠵᠤ ᠠᠬᠤᠶ᠎ᠶ᠋ᠢᠨ ᠦᠷ᠎ᠡ ᠠᠱᠢᠭ ᠤᠯᠪᠠ᠃ ᠲᠡᠷᠡ᠂ ᠶᠡᠷᠦᠩᠬᠡᠢ ᠱᠦᠵᠢ ᠰᠢ᠎ᠶ᠋ᠢᠨ ᠫᠢᠩ ᠥᠪᠥᠷ ᠮᠣᠩᠭᠤᠯ᠎ᠤᠨ ᠠᠮᠢ ᠠᠬᠤᠢ ᠣᠷᠴᠢᠨ ᠲᠣᠭᠤᠷᠢᠨ᠎ᠢ ᠰᠠᠢᠲᠤᠷ ᠬᠠᠮᠠᠭᠠᠯᠠᠵᠤ᠂ ᠡᠭᠡ ᠤᠯᠤᠰ᠎ᠤᠨ ᠤᠮᠠᠷᠠᠲᠤ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠡᠨᠡ᠎ᠨᠢ ᠮᠢᠨᠦ᠍ ᠨᠤᠲᠤᠭ ᠪᠡᠯᠴᠢᠭᠡᠷ᠎ᠤᠨ ᠠᠮᠢ ᠠᠬᠤᠢ᠎ᠶ᠋ᠢᠨ ᠣᠷᠴᠢᠨ ᠨᠥᠬᠦᠴᠡᠯ᠎ᠢᠶᠠᠨ ᠬᠠᠮᠠᠭᠠᠯᠠᠨ ᠵᠠᠰᠠᠬᠤ ᠢᠲᠡᠭᠡᠯ ᠵᠣᠷᠢᠭ᠎ᠢ ᠨᠡᠩ ᠪᠠᠲᠤ ᠴᠢᠩᠭ᠎ᠠ ᠪᠣᠯᠭᠠᠵᠠᠢ ᠭᠡᠪᠡ᠃

《ᠥᠩᠭᠡᠷᠡᠭ᠌ᠰᠡᠨ᠎ᠳᠤ ᠪᠢᠳᠡ ᠪᠠᠶᠠᠯᠢᠭ ᠰᠠᠢᠬᠠᠨ ᠠᠭᠤᠯᠠ ᠤᠰᠤ᠎ᠶ᠋ᠢ ᠰᠠᠬᠢᠵᠤ᠂ ᠶᠠᠳᠠᠭᠤ ᠬᠦᠴᠢᠷᠲᠠᠯᠲᠠᠢ ᠠᠮᠢᠳᠤᠷᠠᠯ᠎ᠢ ᠥᠩᠭᠡᠷᠡᠭᠡᠵᠦ᠍ ᠪᠠᠢᠵᠠᠶ᠃ ᠡᠨᠡ ᠬᠤᠶᠠᠷ ᠵᠢᠯ᠎ᠳᠤ᠂ ᠪᠠᠯᠭᠠᠰᠤᠨ᠎ᠠᠴᠠ 5.1 ᠲᠦᠮᠡᠨ ᠮᠥ᠍ ᠲᠥᠪᠯᠡᠷᠡᠨ ᠵᠠᠯᠭᠠᠯᠳᠤᠭ᠍ᠰᠠᠨ ᠣᠶ ᠵᠢᠮᠢᠰ᠎ᠤᠨ ᠣᠷᠳᠣ ᠬᠤᠩᠭᠢᠯ ᠪᠠᠢᠭᠤᠯᠵᠤ᠂ ᠵᠢᠯ᠎ᠳᠤ 500 ᠲᠣᠨ ᠱᠢᠨ᠎ᠡ ᠰᠣᠷᠭᠤᠭ ᠵᠢᠮᠢᠰ᠎ᠤᠨ ᠱᠢᠭᠦᠰᠦ ᠪᠣᠯᠪᠠᠰᠤᠷᠠᠭᠤᠯᠬᠤ ᠦᠶᠯᠡᠳᠪᠦᠷᠢ ᠪᠣᠯᠤᠨ ᠵᠢᠯ᠎ᠳᠤ 400 ᠲᠣᠨ ᠱᠢᠨ᠎ᠡ ᠰᠣᠷᠭᠤᠭ ᠵᠢᠮᠢᠰ ᠬᠠᠳᠠᠭᠠᠯᠠᠬᠤ ᠬᠥᠮᠥᠷᠭᠡ ᠪᠠᠢᠭᠤᠯᠪᠠ!》 ᠭᠡᠵᠦ᠍ 65 ᠨᠠᠰᠤᠲᠠᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠲᠠᠴᠠᠲᠠᠢ ᠪᠠᠯᠭᠠᠰᠤᠨ᠎ᠤ ᠰᠠᠨ ᠱᠢᠩ ᠲᠣᠰᠭᠤᠨ᠎ᠤ ᠠᠷᠠᠳ ᠰᠦᠨ ᠱᠢᠶᠠᠨ ᠹᠦ᠋ ᠬᠡᠯᠡᠨ᠎ᠡ᠃ 100 ᠮᠦ᠍ ᠵᠢᠮᠢᠰ᠎ᠤᠨ ᠮᠣᠳᠣ᠂ 110 ᠮᠦ᠍ ᠴᠢᠬᠢ ᠮᠣᠳᠣ᠂ ᠡᠨᠡ ᠬᠦ᠌ 《ᠴᠡᠴᠡᠭ ᠵᠢᠮᠢᠰᠳᠤ ᠠᠭᠤᠯᠠ》 ᠵᠢᠯ ᠪᠦᠷᠢ ᠲᠡᠳᠡᠨ᠎ᠤ ᠭᠡᠷ᠎ᠲᠤ 100 ᠭᠠᠷᠤᠢ ᠲᠦᠮᠡᠨ ᠲᠥᠭᠦᠷᠢᠭ᠎ᠤᠨ ᠣᠷᠣᠯᠭ᠎ᠠ ᠠᠪᠴᠢᠷᠠᠳᠠᠭ᠃ 《ᠠᠮᠢ ᠠᠬᠤᠢ᠎ᠶ᠋ᠢᠨ ᠬᠤᠭᠤᠯᠠ ᠪᠣᠯ ᠰᠠᠶᠢ ᠤᠷᠳᠤ ᠬᠤᠭᠤᠴᠠᠭᠠᠨ᠎ᠤ ᠬᠤᠭᠤᠯᠠ ᠮᠥᠨ᠂ ᠪᠢᠳᠡ ᠯᠠᠪᠲᠠᠢ ᠶᠡᠷᠦᠩᠬᠡᠢ ᠱᠦᠵᠢ᠎ᠶ᠋ᠢᠨ ᠱᠠᠭᠠᠷᠳᠠᠯᠭ᠎ᠠ ᠶᠣᠰᠣᠭᠠᠷ ᠠᠮᠢ ᠠᠬᠤᠢ᠎ᠶ᠋ᠢ ᠰᠠᠢᠲᠤᠷ ᠬᠠᠮᠠᠭᠠᠯᠠᠵᠤ᠂ ᠨᠡᠩ ᠨᠣᠮᠢᠨ ᠨᠣᠭᠤᠭᠠᠨ ᠨᠡᠩ ᠦᠵᠡᠰᠭᠦᠯᠡᠩᠲᠦ ᠰᠠᠢᠬᠠᠨ ᠠᠮᠢᠳᠤᠷᠠᠯ᠎ᠢ ᠡᠳ᠋ᠯᠡᠨ᠎ᠡ》᠃

《ᠶᠡᠷᠦᠩᠬᠡᠢ ᠱᠦᠵᠢ ᠰᠢ᠎ᠶ᠋ᠢᠨ ᠫᠢᠩ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠠᠢ ᠵᠠᠰᠠᠬᠤ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠠᠮᠢ ᠠᠬᠤᠢ᠎ᠶ᠋ᠢ ᠬᠠᠮᠠᠭᠠᠯᠠᠨ ᠰᠡᠷᠭᠦᠭᠡᠬᠦ᠌ ᠢᠨᠵᠧᠨᠧᠷᠢᠩ᠎ᠢ ᠰᠠᠢᠲᠤᠷ ᠬᠡᠷᠡᠭ᠌ᠵᠢᠭᠦᠯᠵᠦ᠍᠂ ᠠᠮᠢ ᠠᠬᠤᠢ᠎ᠶ᠋ᠢᠨ ᠱᠢᠰᠲ᠋ᠧᠮ᠎ᠢ ᠬᠠᠮᠠᠭᠠᠯᠠᠬᠤ ᠡᠷᠴᠢᠮ᠎ᠢᠶᠠᠨ ᠴᠢᠩᠭᠠᠷᠠᠭᠤᠯᠵᠤ᠂ ᠠᠮᠢ ᠠᠬᠤᠢ᠎ᠶ᠋ᠢᠨ ᠱᠢᠰᠲ᠋ᠧᠮ᠎ᠤᠨ ᠲᠣᠭ᠍ᠲᠠᠪᠤᠷᠢᠲᠤ ᠴᠢᠨᠠᠷ ᠪᠣᠯᠤᠨ ᠦᠷᠭᠦᠯᠵᠢᠯᠡᠬᠦ᠌ ᠴᠢᠨᠠᠷ᠎ᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃ ᠡᠨᠡ᠎ᠨᠢ ᠮᠢᠨᠦ᠍ ᠢᠷᠡᠭᠡᠳᠦᠶ᠎ᠶ᠋ᠢᠨ ᠮᠣᠳᠣ ᠲᠠᠷᠢᠵᠤ ᠡᠯᠡᠰᠦ᠎ᠶ᠋ᠢ ᠵᠠᠰᠠᠬᠤ ᠢᠲᠡᠭᠡᠯ ᠵᠣᠷᠢᠭ᠎ᠢ ᠤᠯᠠᠮ ᠨᠡᠮᠡᠭ᠌ᠳᠡᠭᠦᠯᠪᠡ᠃ ᠣᠯᠠᠨ ᠵᠢᠯ᠎ᠤᠨ ᠲᠤᠷᠰᠢ᠂ ᠪᠢ ᠡᠯᠡᠰᠦᠨ᠎ᠳᠤ ᠡᠳᠦᠷ ᠪᠦᠷᠢ ᠵᠠᠭ ᠮᠣᠳᠣ ᠳᠠᠷᠢᠵᠤ᠂ ᠬᠡᠳᠦᠨ ᠮᠥ᠎ᠠᠴᠠ ᠬᠡᠳᠦᠨ ᠠᠷᠪᠠᠨ ᠲᠦᠮᠡᠨ ᠮᠥ᠎ᠳᠤ ᠬᠦᠷᠴᠦ᠍᠂ ᠥᠩᠭᠡᠷᠡᠭ᠌ᠰᠡᠨ᠎ᠤ 〈ᠰᠠᠯᠬᠢ ᠡᠯᠡᠰᠦᠨ᠎ᠤ ᠲᠠᠩ〉 ᠎ᠢ 〈ᠱᠢᠨ᠎ᠡ ᠪᠠᠶᠠᠨ ᠪᠦᠷᠢᠳᠦ〉 ᠪᠣᠯᠭᠠᠵᠤ᠂ ᠭᠠᠴᠠᠭᠠᠨ᠎ᠤ ᠣᠷᠴᠢᠨ ᠲᠣᠭᠤᠷᠢᠨ ᠶᠠᠪᠤᠬᠤ ᠲᠤᠲᠤᠮ ᠭᠤᠶᠣ ᠪᠣᠯᠵᠠᠶ》 ᠠᠯᠠᠱᠠ ᠪᠠᠷᠠᠭᠤᠨ ᠬᠤᠱᠢᠭᠤᠨ᠎ᠤ ᠮᠠᠨᠳᠤᠯ ᠰᠤᠮᠤ᠎ᠶ᠋ᠢᠨ ᠬᠤᠶᠠᠷ ᠬᠤᠤᠨᠲᠤᠭ ᠭᠠᠴᠠᠭᠠᠨ᠎ᠤ ᠮᠠᠯᠴᠢᠨ ᠪᠣᠭ᠍ᠳᠠ᠎ᠶ᠋ᠢ ᠨᠤᠲᠤᠭ᠎ᠤᠨ ᠠᠬ᠎ᠠ ᠳᠡᠭᠦᠦ ᠨᠡᠷ 《ᠡᠯᠡᠰᠦᠨ ᠴᠦᠯ᠎ᠤᠨ ᠵᠠᠭ ᠲᠠᠷᠢᠬ᠍ᠴᠢ ᠪᠦᠰᠡᠬᠦᠢ》 ᠭᠡᠳᠡᠭ᠃ ᠭᠠᠴᠠᠭ᠎ᠠ᠎ᠶ᠋ᠢᠨ ᠠᠮᠢ ᠠᠬᠤᠢ ᠣᠷᠴᠢᠨ ᠲᠣᠭᠤᠷᠢᠨ᠎ᠢ ᠰᠠᠢᠵᠢᠷᠠᠭᠤᠯᠬᠤ᠎ᠶ᠋ᠢᠨ ᠲᠥᠯᠥᠭᠡ᠂ 20 ᠵᠢᠯ᠎ᠤᠨ ᠲᠤᠷᠰᠢ ᠲᠡᠷᠡ ᠤᠯᠠᠨ᠎ᠢ ᠳᠠᠭᠠᠭᠤᠯᠤᠨ ᠭᠠᠴᠠᠭᠠᠨ᠎ᠤ ᠡᠷᠬᠢᠨ ᠲᠣᠭᠤᠷᠢᠨ᠎ᠤ ᠡᠯᠡᠰᠦᠨ᠎ᠳᠤ ᠵᠠᠭ᠎ᠤᠨ ᠮᠣᠳᠣ ᠲᠠᠷᠢᠵᠤ᠂ ᠵᠠᠭ᠎ᠤᠨ ᠤᠢ᠎ᠳᠤ ᠴᠠᠭᠠᠨ ᠭᠤᠶᠣᠣ ᠲᠠᠷᠢᠪᠠ᠂ ᠡᠨᠡ ᠨᠢᠭᠡ ᠯᠡ ᠵᠦᠢᠯ᠎ᠨᠢ ᠵᠢᠯ ᠪᠦᠷᠢ ᠭᠠᠴᠠᠭ᠎ᠠ᠎ᠶ᠋ᠢᠨ ᠡᠷᠤᠬᠡ ᠪᠦᠷᠢ᠎ᠶ᠋ᠢᠨ ᠣᠷᠣᠯᠭ᠎ᠠ᠎ᠶ᠋ᠢ 2 ᠎ᠠᠴᠠ 3 ᠲᠦᠮᠡᠨ ᠲᠥᠭᠦᠷᠢᠭ ᠨᠡᠮᠡᠭ᠌ᠳᠡᠭᠦᠯᠪᠡ᠃

《ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠲᠠᠯ᠎ᠠ᠎ᠪᠠᠷ ᠠᠵᠢᠯ᠎ᠢᠶᠠᠨ ᠨᠠᠷᠢᠯᠢᠭ ᠬᠢᠵᠤ ᠪᠣᠳᠠᠲᠠᠢ ᠬᠢᠬᠦ᠌ ᠬᠡᠷᠡᠭ᠌ᠲᠡᠢ》

ᠥᠪᠥᠷ ᠮᠣᠩᠭᠤᠯ ᠣᠷᠳᠣ ᠬᠤᠭᠤᠴᠠᠭᠠᠨ᠎ᠤ ᠲᠤᠷᠰᠢ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ ᠡᠷᠬᠢᠮ ᠳᠡᠭᠡᠳᠦ ᠢᠷᠠᠭᠤ ᠠᠯᠳᠠᠷ᠎ᠲᠠᠢ ᠶᠤᠮ᠂ ᠶᠡᠷᠦᠩᠬᠡᠶ ᠱᠦᠵᠢ ᠰᠢ᠎ᠶ᠋ᠢᠨ ᠫᠢᠩ ᠪᠢᠳᠡᠨ᠎ᠳᠤ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠲᠠᠯ᠎ᠠ᠎ᠪᠠᠷ ᠠᠵᠢᠯ᠎ᠢᠶᠠᠨ ᠨᠠᠷᠢᠯᠢᠭ ᠬᠢᠵᠤ ᠪᠣᠳᠠᠲᠠᠶ ᠬᠢᠬᠦ᠌ ᠬᠡᠷᠡᠭ᠌ᠲᠡᠶ ᠭᠡᠵᠦ᠍ ᠵᠢᠭᠠᠪᠤᠷᠢᠯᠠᠭ᠍ᠰᠠᠭᠠᠷ ᠢᠷᠡᠵᠡᠶ᠃ ᠣᠷᠴᠣᠨ᠎ᠤ ᠥᠪᠡᠷᠲᠡᠭᠡᠨ ᠵᠠᠰᠠᠬᠤ ᠬᠤᠱᠢᠭᠤᠨ᠎ᠤ ᠬᠥᠢᠯᠢ ᠱᠢᠶᠠᠩ᠎ᠤᠨ ᠠᠩᠴᠢᠨ ᠲᠣᠰᠭᠤᠨ᠎ᠤ ᠠᠷᠠᠳ᠎ᠤᠨ ᠵᠥᠪᠯᠡᠯ᠎ᠤᠨ ᠳᠡᠳ᠋ ᠡᠷᠬᠢᠯᠡᠭ᠌ᠴᠢ ᠮᠦᠸᠧ ᠢᠦᠶ ᠴᠢᠩ ᠬᠡᠯᠡᠬᠦ᠌᠎ᠳᠡᠭᠡᠨ᠂ ᠨᠠᠮ᠎ᠤᠨ ᠦᠨᠳᠦᠰᠦᠲᠡᠨ᠎ᠤ ᠲᠤᠬᠠᠢ ᠲᠥᠷᠥ᠎ᠶ᠋ᠢᠨ ᠪᠣᠳᠣᠯᠭ᠎ᠠ᠎ᠶ᠋ᠢᠨ ᠲᠤᠶᠠᠭᠠᠯᠠᠯ ᠳᠣᠤᠷ᠎ᠠ ᠲᠠᠰᠤᠷᠠᠯᠲᠠ ᠥᠬᠡᠶ ᠬᠥᠭ᠌ᠵᠢᠨ ᠳᠠᠪᠱᠢᠭ᠍ᠰᠠᠨ ᠣᠷᠴᠣᠨ ᠦᠨᠳᠦᠰᠦᠲᠡᠨ᠎ᠤ ᠠᠩᠴᠢᠨ ᠪᠣᠯᠤᠭ᠍ᠰᠠᠨ᠎ᠤ ᠬᠤᠪᠢ᠎ᠳᠤ᠂ ᠪᠢᠳᠡ ᠨᠠᠮ ᠪᠠ ᠤᠯᠤᠰ᠎ᠤᠨ ᠦᠨᠳᠦᠰᠦᠲᠡᠨ᠎ᠤ ᠲᠤᠬᠠᠢ ᠲᠥᠷᠥ᠎ᠶ᠋ᠢᠨ ᠪᠣᠳᠣᠯᠭ᠎ᠠ᠎ᠳᠤ ᠲᠦᠢᠯ᠎ᠢᠶᠠᠷ ᠲᠠᠯᠠᠷᠬᠠᠵᠤ ᠪᠠᠢᠨ᠎ᠠ᠃ ᠣᠷᠴᠣᠨ ᠦᠨᠳᠦᠰᠦᠲᠡᠨ᠎ᠤ ᠠᠩᠴᠢᠳ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠡᠷᠡᠰ ᠪᠠᠲᠤ ᠴᠤᠬ᠍ᠴᠠᠯᠠᠵᠤ᠂ ᠨᠢᠳᠤᠨ ᠴᠡᠴᠡᠭᠡᠢ᠎ᠪᠠᠨ ᠬᠠᠢᠷᠠᠯᠠᠬᠤ ᠱᠢᠭ᠋᠎ᠢᠶᠠᠷ ᠦᠨᠳᠦᠰᠦᠲᠡᠨ᠎ᠤ ᠪᠦᠯᠬᠦᠮᠳᠡᠯ᠎ᠢ ᠬᠠᠢᠷᠠᠯᠠᠵᠤ᠂ ᠥᠪᠡᠷ᠎ᠤᠨ ᠠᠮᠢ ᠨᠠᠰᠤ᠎ᠪᠠᠨ ᠨᠠᠨᠳᠢᠩᠨᠠᠬᠤ ᠱᠢᠭ᠋᠎ᠢᠶᠠᠷ ᠦᠨᠳᠦᠰᠦᠲᠡᠨ᠎ᠤ ᠪᠦᠯᠬᠦᠮᠳᠡᠯ᠎ᠢ ᠨᠠᠨᠳᠢᠩᠨᠠᠨ᠎ᠠ᠃ ᠪᠢᠳᠡ ᠶᠡᠷᠦᠩᠬᠡᠶ ᠱᠦᠵᠢ᠎ᠶ᠋ᠢᠨ ᠴᠢᠬᠤᠯᠠ ᠶᠠᠷᠢᠶ᠎ᠠ᠎ᠪᠠᠷ ᠵᠢᠯᠣᠭᠤᠳᠣᠯᠭ᠎ᠠ ᠪᠣᠯᠭᠠᠵᠤ᠂ ᠠᠩᠴᠢᠨ ᠲᠣᠰᠭᠤᠨ᠎ᠤ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬ᠍ᠰᠠᠨ᠂ ᠪᠣᠬᠢᠷᠲᠤᠯ ᠥᠬᠡᠶ ᠬᠥᠭ᠌ᠵᠢᠯᠳᠡ᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠬᠤ᠎ᠶ᠋ᠢ ᠡᠷᠡᠰ ᠭᠤᠢᠪᠢᠰᠢ ᠥᠬᠡᠶ ᠠᠬᠢᠭᠤᠯᠵᠤ᠂ ᠠᠩᠴᠢᠨ᠎ᠤ ᠠᠮᠢᠳᠤᠷᠠᠯ ᠪᠠᠶᠠᠨ ᠴᠢᠨᠡᠭᠡᠯᠢᠭ᠂ ᠵᠣᠯ ᠵᠢᠷᠭᠠᠯ᠎ᠲᠠᠢ ᠪᠠᠢᠬᠤ᠎ᠶ᠋ᠢ ᠪᠡᠶᠡᠯᠡᠭᠦᠯᠤᠨ᠎ᠠ ᠭᠡᠵᠡᠢ᠃

ᠶᠡᠷᠦᠩᠬᠡᠢ ᠱᠦᠵᠢ ᠰᠢ᠎ᠶ᠋ᠢᠨ ᠫᠢᠩ᠎ᠤᠨ ᠶᠠᠷᠢᠶ᠎ᠠ᠎ᠳᠤ᠂ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠳᠤᠮᠳᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠢᠯᠠᠩᠭᠤᠶ᠎ᠠ ᠵᠠᠯᠠᠭᠤᠴᠤᠳ ᠪᠠᠭᠠᠴᠤᠳ᠎ᠤᠨ ᠬᠥᠮᠦᠵᠢᠯ᠎ᠠᠴᠠ ᠭᠠᠷᠳᠠᠨ ᠠᠳᠭᠤᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠢ ᠬᠦᠳᠦᠯᠦᠨ ᠲᠠᠭᠠᠭᠤᠯᠵᠤ ᠪᠠᠢᠭᠠᠳ ᠨᠠᠮ᠎ᠤᠨ ᠦᠨᠳᠦᠰᠦᠲᠡᠨ᠎ᠤ ᠲᠦᠷᠦ᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠤᠢ᠍ᠢᠯᠠᠭᠠᠵᠤ᠂ ᠵᠥᠪ ᠤᠯᠤᠰ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠶ᠋ᠢ ᠪᠤᠢ ᠪᠣᠯᠭᠠᠨ᠂ ᠡᠯ᠎ᠡ ᠵᠦᠢᠯ᠎ᠤᠨ ᠪᠤᠷᠤᠭᠤ ᠦᠵᠡᠯ ᠰᠠᠨᠠᠭ᠎ᠠ ᠦᠵᠡᠯᠲᠡ᠎ᠶ᠋ᠢ ᠲᠤᠭ ᠲᠡᠮᠳᠡᠭ ᠲᠣᠳᠣᠷᠬᠠᠢ᠎ᠪᠠᠷ ᠡᠰᠡᠷᠭᠦᠴᠡᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃ ᠥᠪᠥᠷ ᠮᠣᠩᠭᠤᠯ᠎ᠤᠨ ᠮᠠᠯᠵᠢᠬᠤ ᠲᠠᠷᠢᠶᠠᠯᠠᠬᠤ ᠣᠷᠣᠨ᠎ᠤ ᠥᠷᠭᠡᠨ ᠤᠯᠠᠨ ᠺᠠᠳ᠋ᠷ ᠤᠯᠠᠨ ᠲᠦᠮᠡᠨ᠂ ᠨᠠᠮ᠎ᠤᠨ ᠦᠨᠳᠦᠰᠦᠲᠡᠨ᠎ᠤ ᠲᠦᠷᠦ᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠣᠢᠯᠠᠭᠠᠵᠤ᠂ ᠵᠥᠪ ᠤᠯᠤᠰ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠶ᠋ᠢ ᠪᠤᠢ ᠪᠣᠯᠭᠠᠵᠤ᠂ ᠠᠭᠤᠤ ᠶᠡᠭᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠲᠤᠬᠠᠢ ᠬᠠᠮᠲᠤ᠎ᠶ᠋ᠢᠨ ᠲᠠᠨᠢᠯᠲᠠ᠎ᠪᠠᠨ ᠨᠡᠮᠡᠭ᠌ᠳᠡᠬᠦᠯᠤᠨ᠎ᠠ᠃ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌᠎ᠶ᠋ᠢᠨ ᠲᠤᠭᠤᠷᠢᠨ᠎ᠳᠤ᠂ ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ᠎ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ᠎ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ᠎ᠨᠦᠭᠦᠳ ᠬᠤᠭᠤᠷᠤᠨᠳᠤ᠎ᠪᠠᠨ ᠪᠠᠰᠠ ᠬᠠᠷᠢᠯᠴᠠᠨ ᠰᠠᠯᠵᠤ ᠴᠢᠳᠠᠬᠤ ᠦᠭᠡᠢ ᠪᠠᠢᠬᠤ᠎ᠶ᠋ᠢ ᠪᠠᠲᠤ ᠴᠡᠭᠡᠵᠢᠯᠡᠵᠦ᠍᠂ ᠦᠨᠳᠦᠰᠦᠲᠡᠨ᠎ᠤ ᠪᠦᠯᠬᠦᠮᠳᠡᠯ᠎ᠢ ᠬᠠᠮᠠᠭᠠᠯᠠᠵᠤ᠂ ᠦᠨᠳᠦᠰᠦᠲᠡᠨ᠎ᠤ ᠪᠦᠯᠬᠦᠮᠳᠡᠯ᠎ᠢ ᠴᠢᠩᠭᠠᠳᠭᠠᠬᠤ ᠳᠠᠭᠤᠷᠢᠶᠠᠯ ᠪᠣᠯᠬᠤ᠎ᠪᠠᠷ ᠴᠢᠷᠮᠠᠢᠨ᠎ᠠ᠃ ᠬᠡᠦᠬᠡᠳ᠎ᠤᠳ᠎ᠤᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠬᠠᠷᠠᠬᠠᠨ ᠪᠠᠭ᠎ᠠ᠎ᠠᠴᠠ᠎ᠨᠢ ᠪᠠᠲᠤ ᠴᠤᠬ᠍ᠴᠠᠯᠠᠵᠤ᠂ ᠬᠡᠦᠬᠡᠳ᠎ᠤᠨ ᠰᠡᠳᠭᠢᠯ᠎ᠳᠤ ᠦᠨᠳᠦᠰᠦᠲᠡᠨ᠎ᠤ ᠪᠦᠯᠬᠦᠮᠳᠡᠯ᠎ᠤᠨ ᠦᠷ᠎ᠡ ᠪᠠ ᠭᠧᠨ᠎ᠢ ᠬᠦᠨ ᠦᠨᠳᠦᠰᠦᠯᠡᠬᠦᠯᠵᠦ᠍᠂ ᠬᠡᠦᠬᠡᠳ᠎ᠤᠳ᠎ᠢ ᠴᠢᠳᠠᠪᠤᠷᠢ᠎ᠲᠠᠢ᠂ ᠢᠲᠡᠭᠡᠯ ᠵᠣᠷᠢᠭ᠎ᠲᠠᠢ᠂ ᠠᠯᠤᠰ᠎ᠤᠨ ᠬᠠᠷᠠᠴᠠ᠎ᠲᠠᠢ᠎ᠪᠠᠷ ᠠᠭᠤᠳᠠᠮ ᠰᠠᠷᠠᠭᠤᠯ ᠱᠢᠨ᠎ᠡ ᠴᠠᠭ ᠦᠶ᠎ᠡ᠎ᠶ᠋ᠢ ᠤᠭ᠍ᠲᠤᠭᠤᠯᠤᠨ᠎ᠠ ᠭᠡᠵᠦ᠍ ᠢᠯᠡᠳᠭᠡᠵᠡᠭᠡᠪᠡ᠃  

(  ᠦᠪᠦᠷ ᠮᠤᠩᠭᠤᠯ᠎ᠤᠨ  ᠡᠳᠦᠷ᠎ᠤᠨ ᠰᠣᠨᠢᠨ᠎ᠤ ᠰᠤᠷᠪᠤᠯᠵᠢᠯᠠᠭ᠍ᠴᠢ ᠵᠧᠩ ᠱᠢᠤᠸᠠᠢ ᠯᠢᠶᠠᠩ ᠯᠢᠦ ᠱᠢᠶᠠᠩ ᠫᠢᠩ ᠸᠠᠩ ᠢᠦᠢ ᠵᠦᠸᠧ ᠸᠠᠩ ᠲᠠᠨ᠎ᠠ ᠲᠡᠭᠦᠰᠪᠢᠯᠢᠭ ᠬᠤᠤ ᠪᠢᠶᠤᠤ ᠯᠢᠦ ᠬᠤᠩ ᠵᠠᠩ ᠪᠢᠯᠢᠭ᠌ᠪᠡᠭᠠᠲᠤᠷ ᠬᠤᠸᠠᠩ ᠫᠦ᠋ ᠮᠧᠢ ᠱᠢᠶᠠᠨ ᠬᠠᠢ ᠵᠢᠶᠦ᠋ᠨ ᠬᠤᠷᠴᠠ ᠭᠤᠤ ᠮᠢᠨ ᠨᠠ ᠯᠢ ᠢᠦᠢ ᠵᠦᠸᠧ ᠪᠠᠶᠠᠰᠭᠤᠯᠠᠩ ᠰᠦᠩ ᠠ ᠨᠠᠨ ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠱᠢᠤᠸᠠᠢ ᠢ ᠴᠢᠶᠦ᠋ᠨ ᠳᠠᠳᠤᠯᠭ᠎ᠠ᠎ᠶ᠋ᠢᠨ ᠰᠤᠷᠤᠭ᠍ᠴᠢ ᠶᠠᠩ ᠯᠢ ᠹᠠᠩ ᠵᠠᠩ ᠵᠢᠩ ᠬᠠᠨ ᠮᠡᠳᠡᠭᠡᠯᠡᠪᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号