ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ ᠳᠤᠮᠳᠠᠳᠤ᠎ᠶ᠋ᠢᠨ ᠵᠡᠭᠦᠳᠦ᠎ᠶ᠋ᠢ ᠬᠠᠮᠲᠤ᠎ᠪᠠᠷ ᠲᠡᠷᠭᠡᠯᠱᠢᠭᠦᠯᠬᠦ᠌ ᠠᠤᠭ᠎ᠠ ᠬᠦᠴᠦᠨ᠎ᠢ ᠨᠢᠭ᠍ᠲᠠᠷᠠᠭᠤᠯᠤᠨ᠎ᠠ
2021-03-11 12:41:07
ᠵᠣᠬᠢᠶᠠᠭ᠍ᠴᠢ᠄
ᠯᠢᠦ ᡁᠢ ᠱᠢᠶᠠᠨ ᠰᠦ᠋ ᠶᠦᠩ ᠱᠧᠩ ᠵᠤᠤ ᠨᠠ
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠮᠠᠨ᠎ᠤ ᠣᠷᠣᠨ᠎ᠤ ᠶᠡᠭᠡ ᠳᠡᠭᠡᠳᠦ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯᠲᠠᠳ᠎ᠤᠨ ᠳᠤᠮᠳᠠ ᠬᠠᠯᠠᠭᠤᠨ ᠲᠤᠰᠭᠠᠯ ᠭᠠᠷᠪᠠ


ᠶᠡᠷᠦᠩᠬᠡᠢ ᠱᠦᠵᠢ ᠰᠢ᠎ᠶ᠋ᠢᠨ ᠫᠢᠩ 3 ᠰᠠᠷ᠎ᠠ᠎ᠶ᠋ᠢᠨ 5 ᠎ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠮᠠᠨ᠎ᠤ ᠣᠷᠣᠨ᠎ᠤ ᠶᠡᠭᠡ ᠳᠡᠭᠡᠳᠦ ᠰᠤᠷᠭᠠᠭᠤᠯᠢ᠎ᠶ᠋ᠢᠨ ᠪᠠᠭ᠍ᠰᠢ ᠰᠤᠷᠤᠬ᠍ᠴᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯᠲᠠᠳ᠎ᠤᠨ ᠳᠤᠮᠳᠠ ᠴᠢᠩᠭ᠎ᠠ ᠲᠤᠰᠭᠠᠯ ᠭᠠᠷᠪᠠ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠨ᠂ ᠨᠠᠮ᠎ᠤᠨ ᠦᠨᠳᠦᠰᠦᠲᠡᠨ᠎ᠤ ᠲᠦᠷᠦ᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠣᠢᠯᠠᠭᠠᠵᠤ᠂ ᠵᠥᠪ ᠡᠬᠡ ᠤᠯᠤᠰ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠶ᠋ᠢ ᠪᠤᠢ ᠪᠣᠯᠭᠠᠵᠤ᠂ ᠱᠢᠨ᠎ᠡ ᠠᠶᠠᠨ ᠵᠠᠮ᠎ᠳᠠᠭᠠᠨ ᠪᠦᠯᠬᠦᠮᠳᠡᠨ ᠲᠡᠮᠡᠴᠡᠵᠦ᠍᠂ ᠰᠡᠳᠭᠢᠯ ᠨᠢᠭᠡᠳᠦᠨ ᠱᠢᠨ᠎ᠡ ᠵᠢᠷᠤᠭ ᠲᠦᠯᠦᠪᠯᠡᠭᠡ᠎ᠶ᠋ᠢ ᠵᠢᠷᠤᠭ᠍ᠯᠠᠨ᠂ ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠦᠳᠦᠭᠡᠨ ᠪᠠᠢᠭᠤᠯᠵᠤ᠂ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠬᠦ᠌᠎ᠳᠤ ᠨᠡᠩ ᠶᠡᠭᠡ ᠱᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ᠍ ᠤᠯᠠᠨ᠎ᠢᠶᠠᠷ᠎ᠢᠶᠠᠨ ᠢᠯᠡᠳᠭᠡᠵᠡᠭᠡᠪᠡ᠃

ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠵᠤ᠂ ᠦᠨᠳᠦᠰᠦᠲᠡᠨ᠎ᠤ ᠪᠦᠯᠬᠦᠮᠳᠡᠯ᠎ᠤᠨ ᠶᠡᠭᠡ ᠲᠠᠯ᠎ᠠ᠎ᠶ᠋ᠢ ᠪᠠᠬᠢᠵᠢᠭᠦᠯᠦᠨ ᠬᠥᠭ᠌ᠵᠢᠭᠦᠯᠦᠨ᠎ᠡ

ᠶᠡᠷᠦᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ᠂ ᠥᠪᠥᠷ ᠮᠣᠩᠭᠤᠯ ᠮᠠᠨ᠎ᠤ ᠤᠯᠤᠰ᠎ᠤᠨ ᠬᠠᠮᠤᠭ᠎ᠤᠨ ᠡᠷᠲᠡ ᠪᠠᠢᠭᠤᠯᠤᠭ᠍ᠳᠠᠭ᠍ᠰᠠᠨ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠪᠣᠯᠤᠭ᠍ᠰᠠᠨ᠎ᠤ ᠬᠤᠪᠢ᠎ᠳᠤ᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠠᠯ᠎ᠠ᠎ᠪᠠᠷ ᠢᠷᠠᠭᠤ ᠠᠯᠳᠠᠷᠲᠠᠢ ᠤᠯᠠᠮᠵᠢᠯᠠᠯ᠎ᠲᠠᠢ ᠶᠤᠮ᠂ ᠤᠷᠳᠤ ᠬᠤᠭᠤᠴᠠᠭᠠᠨ᠎ᠤ ᠲᠤᠷᠰᠢ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ ᠡᠷᠬᠢᠮ ᠳᠡᠭᠡᠳᠦ ᠢᠷᠠᠭᠤ ᠠᠯᠳᠠᠷ᠎ᠢ ᠪᠠᠲᠤᠯᠠᠭ᠍ᠰᠠᠭᠠᠷ ᠢᠷᠡᠵᠡᠢ᠂ ᠡᠭᠦᠨ᠎ᠢᠶᠠᠨ ᠬᠤᠪᠢ ᠲᠠᠬᠢᠨ ᠨᠠᠨᠳᠢᠩᠨᠠᠵᠤ᠂ ᠦᠷᠭᠦᠯᠵᠢᠯᠡᠨ ᠪᠠᠲᠤᠯᠠᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃

2020 ᠣᠨ᠎ᠳᠤ᠂ ᠥᠪᠥᠷ ᠮᠣᠩᠭᠤᠯ᠎ᠤᠨ ᠶᠡᠭᠡ ᠰᠤᠷᠭᠠᠭᠤᠯᠢ᠎ᠳᠤ ᠲᠥᠪ᠎ᠤᠨ ᠨᠢᠭᠡᠳᠦᠮᠡᠯ ᠹᠷᠣᠨᠲ᠎ᠤᠨ ᠠᠵᠢᠯ᠎ᠤᠨ ᠬᠡᠯᠲᠡᠰ᠂ ᠲᠥᠪ᠎ᠤᠨ ᠤᠬᠠᠭᠤᠯᠬᠤ ᠬᠡᠯᠲᠡᠰ᠂ ᠰᠤᠷᠭᠠᠨ ᠬᠥᠮᠦᠵᠢᠯ᠎ᠤᠨ ᠶᠠᠮᠤᠨ᠂ ᠤᠯᠤᠰ᠎ᠤᠨ ᠦᠨᠳᠦᠰᠦᠲᠡᠨ᠎ᠤ ᠬᠡᠷᠡᠭ ᠡᠷᠭᠢᠯᠡᠬᠦ᠌ ᠵᠥᠪᠯᠡᠯ ᠵᠡᠷᠭᠡ ᠳᠥᠷᠪᠡᠨ ᠶᠠᠮᠤᠨ ᠵᠥᠪᠯᠡᠯ᠎ᠤᠨ ᠬᠠᠮᠲᠤ᠎ᠪᠠᠷ ᠪᠠᠢᠭᠤᠯᠤᠭ᠍ᠰᠠᠨ 《ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠤᠨ ᠬᠦᠮᠦᠵᠢᠭᠦᠯᠬᠦ᠌ ᠰᠠᠭᠤᠷᠢᠨ》 ᠎ᠤ ᠨᠡᠭᠡᠭᠡᠯᠲᠡᠲᠦ ᠰᠡᠳᠦᠪ ᠭᠠᠷᠭᠠᠪᠠ᠃ ᠥᠪᠥᠷ ᠮᠣᠩᠭᠤᠯ᠎ᠤᠨ ᠶᠡᠭᠡ ᠰᠤᠷᠭᠠᠭᠤᠯᠢ᠎ᠶ᠋ᠢᠨ ᠤᠭ᠍ᠰᠠᠭᠠᠲᠠᠨ ᠵᠦᠢ ᠨᠡᠢᠭᠡᠮ ᠵᠦᠢ᠎ᠶ᠋ᠢᠨ ᠳᠡᠭᠡᠳᠦ ᠰᠤᠷᠭᠠᠭᠤᠯᠢ᠎ᠶ᠋ᠢᠨ ᠵᠠᠬᠢᠷᠤᠯ ᠠᠯᠲᠠᠨᠪᠤᠯᠠᠭ᠄ 《ᠤᠭ᠍ᠰᠠᠭᠠᠲᠠᠨ ᠵᠦᠢ᠎ᠶ᠋ᠢᠨ ᠱᠢᠨᠵᠢᠯᠡᠭᠡᠨ᠎ᠤ ᠵᠢᠭᠠᠨ ᠰᠤᠷᠭᠠᠯᠲᠠ ᠡᠷᠳᠡᠮ ᠱᠢᠨᠵᠢᠯᠡᠭᠡᠨ᠎ᠤ ᠠᠵᠢᠯᠳᠠᠨ ᠪᠣᠯᠤᠭ᠍ᠰᠠᠨ᠎ᠤ ᠬᠤᠪᠢ᠎ᠳᠤ᠂ ᠪᠢᠳᠡ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠤᠨ ᠬᠦᠮᠦᠵᠢᠭᠦᠯᠬᠦ᠌ ᠰᠠᠭᠤᠷᠢᠨ᠎ᠤ ᠲᠠᠪᠴᠠᠩ᠎ᠤᠨ ᠦᠢᠯᠡᠳᠦᠯ᠎ᠢᠶᠠᠨ ᠰᠠᠢᠲᠤᠷ ᠪᠠᠳᠠᠷᠠᠭᠤᠯᠵᠤ᠂ ᠶᠡᠷᠦᠩᠬᠡᠢ ᠱᠦᠵᠢ᠎ᠶ᠋ᠢᠨ ᠳᠤᠷᠠᠳᠤᠭ᠍ᠰᠠᠨ 〈ᠰᠡᠳᠭᠢᠯ ᠨᠢᠭᠡᠳᠦᠨ ᠬᠦᠴᠦ᠎ᠪᠠᠨ ᠬᠠᠮᠲᠤᠳᠭᠠᠵᠤ ᠪᠤᠭᠤᠲᠤ᠎ᠶ᠋ᠢᠨ ᠪᠤᠯᠤᠳ ᠲᠡᠮᠤᠷ᠎ᠤᠨ ᠦᠢᠯᠡᠳᠪᠦᠷᠢ᠎ᠶ᠋ᠢ ᠪᠠᠢᠭᠤᠯᠤᠭ᠍ᠰᠠᠨ〉᠂ 〈ᠭᠤᠷᠪᠠᠨ ᠮᠢᠩᠭᠠᠨ ᠥᠨᠥᠴᠢᠨ ᠬᠡᠦᠬᠡᠳ᠎ᠢ ᠦᠷᠡᠴᠢᠯᠡᠨ ᠲᠡᠵᠢᠭᠡᠭ᠌ᠰᠡᠨ〉 ᠵᠡᠷᠭᠡ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠵᠢᠱ᠌ᠢᠶ᠎ᠡ᠎ᠶ᠋ᠢ ᠭᠦᠢᠴᠡᠳ ᠠᠭᠤᠳᠠᠯᠤᠨ ᠰᠤᠳᠤᠯᠵᠤ᠂ ᠥᠪᠥᠷ ᠮᠣᠩᠭᠤᠯ ᠣᠷᠣᠨ᠎ᠤ ᠦᠨᠳᠦᠰᠦᠲᠡᠨ᠎ᠨᠦᠭᠦᠳ᠎ᠤᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠭ᠎ᠠ᠎ᠶ᠋ᠢᠨ ᠲᠡᠦᠬᠡ᠎ᠶ᠋ᠢ ᠭᠦᠨᠵᠡᠭᠡᠢ ᠰᠤᠳᠤᠯᠤᠨ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠣᠨᠣᠯ ᠬᠢᠭᠡᠳ ᠦᠨᠳᠦᠰᠦᠲᠡᠨ᠎ᠤ ᠲᠥᠷᠥ᠎ᠶ᠋ᠢᠨ ᠪᠣᠳᠣᠯᠭ᠎ᠠ᠎ᠶ᠋ᠢᠨ ᠰᠤᠳᠤᠯᠤᠯ᠎ᠢ ᠴᠢᠩᠭᠠᠳᠭᠠᠵᠤ᠂ ᠥᠷᠭᠡᠨ ᠤᠯᠠᠨ ᠪᠠᠭ᠍ᠰᠢ ᠰᠤᠷᠤᠭ᠍ᠴᠢᠳ᠎ᠲᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠪᠠ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠯᠡᠬᠦ᠌᠎ᠶ᠋ᠢᠨ ᠴᠢᠬᠤᠯᠠ ᠴᠢᠨᠠᠷ᠎ᠢ ᠭᠦᠨᠵᠡᠭᠡᠢ ᠤᠢ᠍ᠢᠯᠠᠭᠠᠭᠤᠯᠤᠨ᠂ 〈ᠲᠠᠪᠤᠨ ᠬᠠᠮᠲᠤ᠎ᠶ᠋ᠢᠨ ᠲᠠᠨᠢᠯᠲᠠ〉 ᠎ᠶ᠋ᠢ ᠴᠢᠩᠭᠠᠳᠭᠠᠨ᠂ ᠵᠥᠪ ᠡᠬᠡ ᠤᠯᠤᠰ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠶ᠋ᠢ ᠪᠤᠢ ᠪᠤᠯᠭᠠᠨ᠎ᠠ》 ᠭᠡᠪᠡ᠃

《ᠪᠢᠳᠡ ᠶᠡᠷᠦᠩᠬᠡᠢ ᠱᠦᠵᠢ᠎ᠶ᠋ᠢᠨ ᠴᠢᠬᠤᠯᠠ ᠵᠢᠭᠠᠪᠤᠷᠢ ᠪᠣᠯᠤᠨ ᠴᠢᠩ ᠰᠡᠳᠭᠢᠯ᠎ᠤᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠣᠯ ᠱᠢᠵᠢᠮ ᠪᠣᠯᠭᠠᠵᠤ᠂ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠶᠠᠪᠤᠴᠠ᠎ᠠᠴᠠ ᠤᠶᠤᠨ ᠤᠬᠠᠭᠠᠨ ᠪᠣᠯᠤᠨ ᠱᠢᠮ᠎ᠡ ᠲᠡᠵᠢᠭᠡᠯ ᠬᠦᠷᠳᠡᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠤᠶᠤᠲᠠᠳ᠎ᠤᠨ ᠦᠵᠡᠯ ᠰᠠᠨᠠᠭ᠎ᠠ ᠤᠯᠤᠰ ᠲᠦᠷᠦ᠎ᠶ᠋ᠢᠨ ᠬᠥᠮᠦᠵᠢᠯ᠎ᠤᠨ ᠪᠦᠬᠦ᠌ ᠶᠠᠪᠤᠴᠠ᠎ᠳᠤ ᠠᠭᠤᠰᠤᠯᠴᠠᠭᠤᠯᠤᠨ᠂ ᠤᠯᠤᠰ᠎ᠢᠶᠠᠨ ᠬᠠᠢᠷᠠᠯᠠᠬᠤ ᠦᠵᠡᠯ᠎ᠤᠨ ᠵᠣᠷᠢᠭ ᠰᠠᠨᠠᠭ᠎ᠠ᠎ᠶ᠋ᠢ ᠬᠥᠮᠦᠵᠢᠭᠦᠯᠵᠦ᠍᠂ ᠬᠤᠪᠢᠰᠭᠠᠯᠲᠤ ᠤᠳᠤᠮᠱᠢᠯ᠎ᠢ ᠵᠠᠯᠭᠠᠮᠵᠢᠯᠠᠵᠤ᠂ ᠦᠵᠡᠯ ᠰᠠᠨᠠᠭ᠎ᠠ ᠤᠯᠤᠰ ᠲᠦᠷᠦ᠎ᠶ᠋ᠢᠨ ᠬᠥᠮᠦᠵᠢᠯ᠎ᠤᠨ ᠭᠦᠨᠴᠡ᠂ ᠥᠷᠭᠡᠴᠡ ᠪᠣᠯᠤᠨ ᠬᠠᠯᠠᠮᠱᠢᠴᠠ᠎ᠶ᠋ᠢ ᠴᠢᠨᠠᠭ᠍ᠰᠢᠳᠠ ᠳᠡᠭᠡᠭ᠌ᠰᠢᠯᠡᠭᠦᠯᠦᠨ᠎ᠡ᠃ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠬᠥᠮᠦᠵᠢᠯ᠎ᠤᠨ ᠬᠡᠯᠪᠡᠷᠢ ᠪᠣᠯᠤᠨ ᠠᠭᠤᠯᠤᠭ᠍ᠳᠠᠬᠤᠨ᠎ᠢ ᠲᠠᠰᠤᠷᠠᠯᠳᠠ ᠦᠭᠡᠢ ᠪᠠᠶᠠᠯᠢᠭ᠍ᠵᠢᠭᠤᠯᠤᠨ᠂ ᠦᠨᠳᠦᠰᠦᠲᠡᠨ᠎ᠨᠦᠭᠦᠳ ᠪᠦᠯᠬᠦᠮᠳᠡᠵᠦ᠍ ᠨᠢᠭᠡ ᠭᠡᠷ ᠪᠦ᠍ᠯᠢ ᠮᠡᠲᠦ ᠳᠣᠲᠣᠨᠣ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠬᠦ᠌ ᠦᠵᠡᠯ ᠰᠠᠨᠠᠭᠠᠨ᠎ᠤ ᠰᠠᠭᠤᠷᠢ᠎ᠶ᠋ᠢ ᠪᠠᠬᠢᠵᠢᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ 〈ᠬᠤᠶᠠᠷ᠎ᠢ ᠬᠠᠮᠠᠭᠠᠯᠠᠬᠤ〉 ᠎ᠶ᠋ᠢ ᠦᠢᠯᠡᠳᠦᠯᠭᠡᠵᠢᠭᠦᠯᠦᠨ᠂ ᠦᠨᠳᠦᠰᠦᠲᠡᠨ᠎ᠨᠦᠭᠦᠳ᠎ᠤᠨ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠰᠠᠢᠲᠤᠷ ᠰᠠᠬᠢᠨ ᠬᠠᠮᠠᠭᠠᠯᠠᠵᠤ᠂ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉 ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠨ᠎ᠠ》 ᠭᠡᠵᠦ᠍ ᠥᠪᠥᠷ ᠮᠣᠩᠭᠤᠯ᠎ᠤᠨ ᠶᠡᠭᠡ ᠰᠤᠷᠭᠠᠭᠤᠯᠢ᠎ᠶ᠋ᠢᠨ ᠮᠣᠩᠭᠤᠯ ᠰᠤᠳᠤᠯᠤᠯ᠎ᠤᠨ ᠳᠡᠭᠡᠳᠦ ᠰᠤᠷᠭᠠᠭᠤᠯᠢ᠎ᠶ᠋ᠢᠨ ᠨᠠᠮ᠎ᠤᠨ ᠬᠤᠷᠢᠶᠠᠨ᠎ᠤ ᠳᠡᠳ᠋ ᠱᠦᠵᠢ ᠰᠠᠴᠤᠷᠠ ᠬᠡᠯᠡᠪᠡ᠃

ᠰᠣᠶᠣᠯ᠎ᠤᠨ ᠬᠠᠮᠳᠤ᠎ᠶ᠋ᠢᠨ ᠲᠠᠨᠢᠯᠳᠠ᠎ᠶ᠋ᠢ ᠴᠢᠩᠭᠠᠳᠭᠠᠵᠤ᠂ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ᠎ᠶ᠋ᠢ ᠰᠠᠬᠢᠨ ᠬᠠᠮᠠᠭᠠᠯᠠᠵᠤ᠂ ᠦᠨᠳᠦᠰᠦᠲᠡᠨ᠎ᠤ ᠡᠶ᠎ᠡ ᠨᠠᠢᠷᠠᠮᠳᠠᠭᠤ᠎ᠶ᠋ᠢᠨ ᠰᠦᠭ ᠰᠦᠨᠡᠰᠦ᠎ᠶ᠋ᠢ ᠬᠠᠳᠠᠭᠠᠯᠠᠨ᠎ᠠ

《ᠶᠡᠷᠦᠩᠬᠡᠶ ᠱᠦᠵᠢ ᠰᠢ᠎ᠶ᠋ᠢᠨ ᠫᠢᠩ᠂ ᠰᠣᠶᠣᠯ᠎ᠤᠨ ᠬᠠᠮᠳᠤ᠎ᠶ᠋ᠢᠨ ᠲᠠᠨᠢᠯᠳᠠ ᠪᠣᠯ ᠬᠠᠮᠤᠭ᠎ᠤᠨ ᠭᠦᠨ ᠳᠠᠪᠬᠤᠷᠭ᠎ᠠ᠎ᠶ᠋ᠢᠨ ᠬᠠᠮᠳᠤ᠎ᠶ᠋ᠢᠨ ᠲᠠᠨᠢᠯᠳᠠ ᠮᠦᠨ᠂ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ᠂ ᠦᠨᠳᠦᠰᠦᠲᠡᠨ᠎ᠤ ᠡᠶ᠎ᠡ ᠨᠠᠢᠷᠠᠮᠳᠠᠭᠤ᠎ᠶ᠋ᠢᠨ ᠰᠦᠭ ᠰᠦᠨᠡᠰᠦ ᠮᠥᠨ》 ᠭᠡᠵᠦ᠍ ᠴᠢᠬᠤᠯᠠᠴᠢᠯᠠᠪᠠ᠃ ᠥᠪᠥᠷ ᠮᠣᠩᠭᠤᠯ᠎ᠤᠨ ᠦᠨᠳᠦᠰᠦᠲᠡᠨ᠎ᠤ ᠶᠡᠭᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠤᠨ ᠳᠡᠭᠡᠳᠦ ᠰᠤᠷᠭᠠᠭᠤᠯᠢ᠎ᠶ᠋ᠢᠨ ᠳᠡᠳ᠋ ᠵᠠᠬᠢᠷᠤᠯ ᠯᠢ ᠱᠧᠩ᠄ 《ᠳᠤᠮᠳᠠᠳᠤ᠎ᠶ᠋ᠢᠨ ᠰᠣᠶᠣᠯ᠎ᠨᠢ ᠳᠤᠮᠳᠠᠳᠤ᠎ᠶ᠋ᠢᠨ ᠦᠨᠳᠦᠰᠦᠲᠡᠨ᠎ᠤ ᠬᠠᠮᠤᠭ᠎ᠤᠨ ᠭᠦᠨ ᠭᠦᠨᠵᠡᠭᠡᠢ ᠤᠶᠤᠨ ᠰᠠᠨᠠᠭᠠᠨ᠎ᠤ ᠬᠥᠭᠡᠭᠡᠴᠡᠯᠳᠦᠯ᠎ᠢ ᠬᠤᠷᠠᠮᠳᠤᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠦᠶ᠎ᠡ᠎ᠶ᠋ᠢᠨ ᠦᠶ᠎ᠡ᠎ᠳᠡᠭᠡᠨ ᠣᠷᠣᠱᠢᠨ ᠲᠣᠭ᠍ᠲᠠᠨᠢᠵᠤ᠂ ᠲᠠᠰᠤᠷᠠᠯᠳᠡ ᠦᠭᠡᠢ ᠬᠥᠭ᠌ᠵᠢᠨ ᠪᠤᠵᠠᠭᠠᠢᠷᠠᠬᠤ᠎ᠶ᠋ᠢᠨ ᠡᠯᠪᠡᠭ ᠪᠠᠶᠠᠯᠢᠭ ᠱᠢᠮ᠎ᠡ ᠲᠡᠵᠢᠭᠡᠯ ᠮᠦᠨ᠃ ᠳᠤᠮᠳᠠᠳᠤ᠎ᠶ᠋ᠢᠨ ᠦᠨᠳᠦᠰᠦᠲᠡᠨ᠎ᠤ ᠵᠣᠷᠢᠭ ᠰᠠᠨᠠᠭ᠎ᠠ᠎ᠶ᠋ᠢ ᠦᠨᠳᠦᠰᠦᠲᠡᠨ᠎ᠨᠦᠭᠦᠳ᠎ᠤᠨ ᠠᠷᠠᠳ ᠲᠦᠮᠡᠨ ᠬᠠᠮᠲᠤ᠎ᠪᠠᠷ ᠪᠤᠢᠵᠢᠭᠤᠯᠵᠤ᠂ ᠵᠠᠯᠭᠠᠮᠵᠢᠯᠠᠵᠤ᠂ ᠬᠥᠭ᠌ᠵᠢᠭᠦᠯᠦᠭ᠌ᠰᠡᠨ ᠶᠤᠮ᠃ ᠲᠡᠷᠡ᠎ᠨᠢ ᠨᠢᠭᠡᠨᠲᠡ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠴᠢᠰᠤ ᠪᠠ ᠰᠦᠭ ᠰᠦᠨᠡᠰᠦᠨ᠎ᠳᠤ ᠭᠦᠨ ᠠᠭᠤᠰᠴᠤ᠌᠂ ᠤᠯᠤᠰ ᠣᠷᠣᠨ᠎ᠤ ᠬᠥᠭ᠌ᠵᠢᠯᠲᠡ ᠲᠠᠪᠱᠢᠯᠳᠠ᠎ᠶ᠋ᠢ ᠲᠦᠯᠬᠢᠨ ᠠᠬᠢᠭᠤᠯᠬᠤ ᠬᠦᠴᠦᠷᠬᠡᠭ ᠶᠡᠭᠡ ᠤᠶᠤᠨ ᠰᠠᠨᠠᠭᠠᠨ᠎ᠤ ᠬᠥᠳᠡᠯᠭᠡᠭ᠌ᠴᠢ ᠬᠦᠴᠦᠨ ᠪᠣᠯᠤᠭ᠍ᠰᠠᠨ ᠪᠠᠢᠨ᠎ᠠ᠃ ᠦᠨᠳᠦᠰᠦᠲᠡᠨ᠎ᠤ ᠳᠡᠭᠡᠳᠦ ᠵᠡᠷᠭᠡ᠎ᠶ᠋ᠢᠨ ᠰᠤᠷᠭᠠᠭᠤᠯᠢ ᠪᠣᠯᠤᠭ᠍ᠰᠠᠨ᠎ᠤ ᠬᠤᠪᠢ᠎ᠳᠤ᠂ ᠪᠢᠳᠡ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠢ ᠴᠢᠩᠭᠠᠳᠭᠠᠬᠤ ᠪᠠ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠯᠡᠬᠦ᠌ ᠠᠵᠢᠯ᠎ᠢ ᠬᠢᠨᠠᠮᠠᠭᠠᠶ ᠰᠠᠢᠲᠤᠷ ᠬᠢᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠢ ᠭᠦᠨᠵᠡᠭᠡᠶ ᠥᠷᠨᠢᠭᠦᠯᠵᠦ᠍᠂ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠂ ᠨᠡᠢᠭᠡᠮ᠎ᠤᠨ ᠦᠢᠯᠡᠳᠦᠯᠭᠡ᠂ ᠭᠤᠣᠯ ᠰᠡᠳᠦᠪᠲᠦ ᠬᠥᠮᠦᠵᠢᠯ ᠵᠡᠷᠭᠡ ᠤᠯᠠᠨ ᠲᠠᠯ᠎ᠠ᠎ᠶ᠋ᠢ ᠨᠢᠭᠡ ᠴᠤᠭ᠍ᠴᠠᠵᠢᠭᠤᠯᠤᠭ᠍ᠰᠠᠨ ᠰᠤᠷᠭᠠᠨ ᠬᠥᠮᠦᠵᠢᠯ᠎ᠤᠨ ᠲᠠᠪᠴᠠᠩ᠎ᠢ ᠴᠢᠷᠮᠠᠢᠨ ᠪᠠᠢᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠨᠢᠭᠡ ᠭᠡᠷ ᠮᠡᠲᠦ ᠳᠣᠲᠣᠨᠣᠱᠢᠬᠤ ᠰᠣᠶᠣᠯ᠎ᠤᠨ ᠰᠠᠭᠤᠷᠢ᠎ᠶ᠋ᠢ ᠪᠠᠲᠤ ᠰᠠᠬᠢᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠬᠠᠮᠲᠤ᠎ᠪᠠᠷ ᠴᠣᠭ᠍ᠴᠠᠯᠠᠨ ᠪᠠᠢᠭᠤᠯᠤᠨ᠎ᠠ》 ᠭᠡᠵᠡᠢ᠃ 《ᠦᠨᠳᠦᠰᠦᠲᠡᠨ᠎ᠨᠦᠭᠦᠳ᠎ᠤᠨ ᠳᠤᠮᠳᠠᠳᠤ᠎ᠶ᠋ᠢᠨ ᠰᠣᠶᠣᠯ᠎ᠤᠨ ᠲᠤᠬᠠᠶ ᠬᠠᠮᠳᠤ᠎ᠶ᠋ᠢᠨ ᠲᠠᠨᠢᠯᠳᠠ᠎ᠶ᠋ᠢ ᠴᠢᠩᠭᠠᠳᠭᠠᠬᠤ᠎ᠨᠢ ᠮᠠᠨ᠎ᠤ ᠡᠳᠡᠭᠡᠷ ᠪᠢᠴᠢᠭ ᠵᠢᠭᠠᠵᠤ ᠬᠥᠮᠦᠨ᠎ᠢ ᠬᠥᠮᠦᠵᠢᠭᠦᠯᠬᠦ᠌ ᠬᠦᠨᠳᠦ ᠡᠭᠦᠷᠭᠡ᠎ᠶ᠋ᠢ ᠡᠭᠦᠷᠭᠡᠯᠡᠵᠦ᠍ ᠪᠠᠢᠭ᠎ᠠ ᠪᠠᠭ᠍ᠰᠢ᠎ᠶ᠋ᠢᠨ ᠳᠡᠭᠡᠳᠦ ᠰᠤᠷᠭᠠᠭᠤᠯᠢ᠎ᠶ᠋ᠢᠨ ᠰᠤᠷᠤᠭ᠍ᠴᠢᠳ᠎ᠲᠤ ᠠᠪᠴᠤ᠌ ᠬᠡᠯᠡᠪᠡᠯ ᠨᠡᠩ ᠴᠢᠬᠤᠯᠠ ᠶᠤᠮ》᠃ ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠬᠢᠮᠢ ᠬᠢᠭᠡᠳ ᠣᠷᠴᠢᠨ ᠲᠣᠭᠤᠷᠢᠨ᠎ᠤ ᠱᠢᠨᠵᠢᠯᠡᠬᠦ᠌ ᠤᠬᠠᠭᠠᠨ ᠲᠧᠭ᠌ᠨᠢᠡ ᠮᠡᠷᠭᠡᠵᠢᠯ᠎ᠤᠨ ᠳᠡᠭᠡᠳᠦ ᠰᠤᠷᠭᠠᠭᠤᠯᠢ᠎ᠶ᠋ᠢᠨ ᠰᠤᠷᠤᠭ᠍ᠴᠢ ᠯᠢᠦ ᠵᠢᠩ᠄ 《ᠪᠢᠳᠡ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠭ᠍ᠴᠠᠯᠠᠬᠤ ᠲᠠᠯ᠎ᠠ᠎ᠪᠠᠷ᠎ᠬᠢ ᠮᠠᠰᠢ ᠤᠯᠠᠨ ᠴᠢᠬᠤᠯᠠ ᠥᠭᠦᠯᠡᠯᠲᠡ᠎ᠶ᠋ᠢ ᠰᠤᠷᠤᠯᠴᠠᠵᠠᠢ᠂ ᠡᠨᠡ᠎ᠨᠢ ᠨᠠᠮᠠᠶ᠋ᠢ ᠰᠣᠶᠣᠯ᠎ᠤᠨ ᠬᠠᠮᠳᠤ᠎ᠶ᠋ᠢᠨ ᠲᠠᠨᠢᠯᠳᠠ᠎ᠶ᠋ᠢᠨ ᠭᠦᠨᠵᠡᠭᠡᠢ ᠠᠭᠤᠯᠤᠭ᠍ᠳᠠᠬᠤᠨ ᠪᠠ ᠴᠢᠬᠤᠯᠠ ᠶᠡᠭᠡ ᠠᠴᠢ ᠬᠤᠯᠪᠣᠭ᠍ᠳᠠᠯ᠎ᠤᠨ ᠲᠤᠬᠠᠢ ᠨᠡᠩ ᠭᠦᠨ ᠳᠠᠪᠬᠤᠷᠭ᠎ᠠ᠎ᠶ᠋ᠢᠨ ᠲᠠᠨᠢᠯᠲᠠ᠎ᠲᠠᠢ ᠪᠣᠯᠭᠠᠵᠠᠢ᠃ ᠢᠷᠡᠭᠡᠳᠦᠶ᠎ᠶ᠋ᠢᠨ ᠰᠤᠷᠭᠠᠨ ᠬᠥᠮᠦᠵᠢᠯ᠎ᠤᠨ ᠠᠵᠢᠯᠳᠠᠨ ᠪᠣᠯᠤᠭ᠍ᠰᠠᠨ᠎ᠤ ᠬᠤᠪᠢ᠎ᠳᠤ᠂ ᠮᠠᠨ᠎ᠤ ᠪᠠᠭ᠍ᠰᠢ᠎ᠶ᠋ᠢᠨ ᠲᠦᠷᠦᠯ᠎ᠤᠨ ᠰᠤᠷᠤᠭ᠍ᠴᠢᠳ ᠲᠤᠰᠭᠠᠶ ᠮᠡᠷᠭᠡᠵᠢᠯ᠎ᠤᠨ ᠮᠡᠳᠡᠯᠭᠡ᠎ᠶ᠋ᠢ ᠰᠠᠢᠲᠤᠷ ᠰᠤᠷᠬᠤ᠎ᠶ᠋ᠢᠨ ᠬᠠᠮᠲᠤ ᠪᠠᠰᠠ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠨᠠᠷᠢᠨ ᠬᠢᠨᠠᠮᠠᠭᠠᠶ ᠰᠤᠷᠤᠯᠴᠠᠵᠤ᠂ ᠦᠨᠳᠦᠰᠦᠲᠡᠨ ᠨᠦᠭᠦᠳ᠎ᠤᠨ ᠰᠣᠶᠣᠯ᠎ᠢ ᠢᠳᠡᠪᠬᠢᠲᠡᠶ᠎ᠪᠠᠷ ᠣᠢᠯᠠᠭᠠᠵᠤ᠂ ᠬᠤᠢᠱᠢᠳᠠ᠎ᠶ᠋ᠢᠨ ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ ᠬᠢᠬᠦ᠌᠎ᠳᠤ ᠪᠠᠲᠤ ᠪᠠᠬᠢ ᠰᠠᠭᠤᠷᠢ ᠲᠠᠯᠪᠢᠨ᠎ᠠ》 ᠭᠡᠵᠡᠢ᠃

ᠵᠠᠯᠠᠭᠤᠴᠤᠳ ᠪᠠᠭᠠᠴᠤᠳ᠎ᠤᠨ ᠰᠤᠷᠭᠠᠨ ᠬᠥᠮᠦᠵᠢᠯ᠎ᠠᠴᠠ ᠭᠠᠷᠳᠠᠵᠤ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠬᠦᠨᠳᠦ ᠡᠭᠦᠷᠭᠡ᠎ᠶ᠋ᠢ ᠡᠭᠦᠷᠭᠡᠯᠡᠬᠦ᠌ ᠴᠠᠭ ᠦᠶ᠎ᠡ᠎ᠶ᠋ᠢᠨ ᠱᠢᠨ᠎ᠡ ᠬᠥᠮᠦᠨ᠎ᠢ ᠬᠥᠮᠦᠵᠢᠭᠦᠯᠦᠨ᠎ᠠ

ᠶᠡᠷᠦᠩᠬᠡᠢ ᠱᠦᠵᠢ ᠰᠢ᠎ᠶ᠋ᠢᠨ ᠫᠢᠩ᠂ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠳᠤᠮᠳᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠢᠯᠠᠩᠭᠤᠶ᠎ᠠ ᠵᠠᠯᠠᠭᠤᠴᠤᠳ ᠪᠠᠭᠠᠴᠤᠳ᠎ᠤᠨ ᠰᠤᠷᠭᠠᠨ ᠬᠥᠮᠦᠵᠢᠯ᠎ᠠᠴᠠ ᠭᠠᠷᠳᠠᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠢ ᠬᠦᠳᠦᠯᠦᠨ ᠵᠢᠯᠣᠭᠤᠳᠴᠤ᠌ ᠪᠠᠢᠭᠠᠳ ᠨᠠᠮ᠎ᠤᠨ ᠦᠨᠳᠦᠰᠦᠲᠡᠨ᠎ᠤ ᠲᠦᠷᠦ᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠤᠢ᠍ᠢᠯᠠᠭᠠᠭᠤᠯᠵᠤ᠂ ᠵᠥᠪ ᠣᠨᠣᠪᠴᠢᠲᠠᠢ ᠡᠬᠡ ᠤᠯᠤᠰ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠶ᠋ᠢ ᠪᠤᠢ ᠪᠣᠯᠭᠠᠵᠤ᠂ ᠡᠯ᠎ᠡ ᠵᠦᠢᠯ᠎ᠤᠨ ᠪᠤᠷᠤᠭᠤ ᠦᠵᠡᠯ ᠰᠠᠨᠠᠭ᠎ᠠ ᠦᠵᠡᠯᠲᠡ᠎ᠶ᠋ᠢ ᠲᠤᠭ ᠳᠡᠮᠳᠡᠭ ᠲᠣᠳᠣᠷᠬᠠᠢ᠎ᠪᠠᠷ ᠡᠰᠡᠷᠭᠦᠴᠡᠵᠦ᠍᠂ 《ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠦᠳᠦᠭᠡᠨ ᠪᠠᠢᠭᠤᠯᠵᠤ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠬᠦ᠌》 ᠨᠡᠢᠯᠡᠯ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃ ᠨᠢᠳᠤᠨᠤᠨ᠎ᠤ 12 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ ᠶᠡᠭᠡ ᠳᠡᠭᠡᠳᠦ ᠰᠤᠷᠭᠠᠭᠤᠯᠢ᠎ᠠᠴᠠ ᠦᠵᠡᠯ ᠰᠠᠨᠠᠭ᠎ᠠ ᠤᠯᠤᠰ ᠲᠥᠷᠥ᠎ᠶ᠋ᠢᠨ ᠣᠨᠣᠯ᠎ᠤᠨ ᠬᠢᠴᠢᠶᠡᠯ᠎ᠤᠨ ᠭᠤᠤᠯᠯᠠᠭ᠍ᠴᠢ ᠪᠠᠭ᠍ᠰᠢ ᠪᠣᠯᠤᠨ ᠱᠢᠯᠢᠳᠡᠭ ᠬᠠᠪᠰᠤᠷᠤᠨ ᠵᠢᠯᠣᠭᠤᠳᠣᠭ᠍ᠴᠢ᠎ᠶ᠋ᠢ ᠱᠢᠯᠢᠨ ᠰᠣᠩᠭᠤᠵᠤ ᠤᠬᠠᠭᠤᠯᠤᠨ ᠲᠠᠢᠯᠪᠤᠷᠢᠯᠠᠬᠤ ᠪᠦᠯᠬᠦᠮ ᠪᠠᠢᠭᠤᠯᠵᠤ᠂ ᠪᠥᠬᠦ᠌ ᠣᠷᠣᠨ᠎ᠤ ᠰᠤᠷᠭᠠᠨ ᠬᠥᠮᠦᠵᠢᠯ᠎ᠤᠨ ᠱᠢᠰᠲ᠋ᠧᠮ᠎ᠳᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠭ᠍ᠴᠠᠯᠠᠬᠤ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠥᠪᠥᠷ ᠮᠣᠩᠭᠤᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠶᠡᠭᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠤᠨ ᠳᠡᠭᠡᠳᠦ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠤᠨ ᠪᠠᠭ᠍ᠰᠢ᠎ᠶ᠋ᠢᠨ ᠬᠠᠶ ᠪᠢᠨ ᠪᠣᠯ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠨᠢᠭᠡ ᠭᠡᠱᠢᠭᠦᠨ ᠶᠤᠮ᠃ ᠲᠡᠷᠡ᠄ 《ᠪᠢ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠭᠡᠱᠢᠭᠦᠨ ᠪᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠪᠠ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠯᠡᠬᠦ᠌ ᠠᠵᠢᠯ᠎ᠳᠤ ᠥᠪᠡᠷ᠎ᠤᠨ ᠬᠤᠪᠢ ᠨᠡᠮᠡᠷᠢ᠎ᠪᠠᠨ ᠦᠵᠡᠭᠦᠯᠦᠭ᠌ᠰᠡᠨ᠎ᠳᠡᠭᠡᠨ ᠮᠠᠰᠢ ᠠᠵᠠ᠎ᠲᠠᠢ ᠪᠠᠢᠨ᠎ᠠ᠃ ᠶᠡᠭᠡ ᠳᠡᠭᠡᠳᠦ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠤᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠪᠢ ᠦᠵᠡᠯ ᠰᠠᠨᠠᠭ᠎ᠠ ᠤᠯᠤᠰ ᠲᠥᠷᠥ᠎ᠶ᠋ᠢᠨ ᠣᠨᠣᠯ᠎ᠤᠨ ᠬᠢᠴᠢᠶᠡᠯ ᠭᠡᠬᠦ᠌ ᠡᠨᠡ ᠬᠦ᠌ ᠭᠤᠤᠯ ᠵᠢᠭ᠍ᠰᠠᠭᠠᠯ᠎ᠤᠨ ᠭᠠᠵᠠᠷ᠎ᠢᠶᠠᠷ ᠳᠠᠮᠵᠢᠭᠤᠯᠤᠨ᠂ ᠵᠠᠯᠠᠭᠤ ᠤᠶᠤᠲᠠᠳ᠎ᠤᠨ ᠬᠥᠮᠦᠵᠢᠯ᠎ᠢ ᠴᠢᠩᠭᠠᠳᠭᠠᠵᠤ᠂ ᠵᠠᠯᠠᠭᠤ ᠰᠤᠷᠤᠭ᠍ᠴᠢᠳ᠎ᠢ ᠬᠠᠪᠰᠤᠷᠤᠨ ᠨᠠᠮ᠎ᠤᠨ ᠦᠨᠳᠦᠰᠦᠲᠡᠨ᠎ᠤ ᠲᠥᠷᠥ᠎ᠶ᠋ᠢᠨ ᠪᠣᠳᠣᠯᠭ᠎ᠠ᠎ᠶ᠋ᠢ ᠪᠥᠬᠦ᠌ ᠲᠠᠯ᠎ᠠ᠎ᠪᠠᠷ ᠣᠢᠯᠠᠭᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠭ᠍ᠴᠠᠯᠠᠵᠤ᠂ ᠥᠷᠭᠡᠨ ᠣᠯᠠᠨ ᠵᠠᠯᠠᠭᠤ ᠰᠤᠷᠤᠭ᠍ᠴᠢᠳ᠎ᠢ ᠬᠠᠪᠰᠤᠷᠤᠨ ᠬᠥᠮᠦᠨ᠎ᠤ ᠠᠮᠢᠳᠤᠷᠠᠯ᠎ᠤᠨ ᠠᠩᠬᠠᠨ᠎ᠤ ᠠᠯᠬᠤᠮ᠎ᠢ ᠰᠠᠢᠲᠤᠷ ᠠᠯᠬᠤᠭᠤᠯᠵᠤ᠂ ᠲᠡᠳᠡᠨ᠎ᠢ ᠤᠯᠤᠰ᠎ᠢᠶᠠᠨ ᠬᠠᠢᠷᠠᠯᠠᠬᠤ ᠭᠦᠨ ᠵᠤᠵᠠᠭᠠᠨ ᠬᠠᠢᠷ᠎ᠠ ᠰᠡᠳᠭᠢᠯᠭᠡ᠎ᠲᠠᠢ᠂ ᠨᠠᠮ᠎ᠢᠶᠠᠨ ᠬᠠᠢᠷᠠᠯᠠᠬᠤ᠂ ᠤᠯᠤᠰ᠎ᠢᠶᠠᠨ ᠬᠠᠢᠷᠠᠯᠠᠬᠤ᠂ ᠠᠷᠠᠳ ᠲᠦᠮᠡᠨ᠎ᠢᠶᠠᠨ ᠬᠠᠢᠷᠠᠯᠠᠬᠤ᠂ ᠨᠡᠢᠭᠡᠮ ᠵᠢᠷᠤᠮ᠎ᠢ ᠬᠠᠢᠷᠠᠯᠠᠬᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠪᠥᠲᠥᠭᠡᠨ ᠪᠠᠢᠭᠤᠯᠤᠯᠲᠠ᠎ᠳᠤ ᠢᠳᠡᠪᠬᠢᠲᠡᠶ ᠣᠷᠣᠯᠴᠠᠬᠤ ᠴᠠᠭ ᠦᠶ᠎ᠡ᠎ᠶ᠋ᠢᠨ ᠱᠢᠨ᠎ᠡ ᠬᠥᠮᠦᠨ ᠪᠣᠯᠭᠠᠨ᠎ᠠ》 ᠭᠡᠵᠦ᠍ ᠰᠤᠷᠪᠤᠯᠵᠢᠯᠠᠭ᠎ᠠ ᠬᠦᠯᠢᠶᠡᠬᠦ᠌᠎ᠳᠡᠭᠡᠨ ᠶᠠᠷᠢᠵᠤ ᠪᠠᠢᠯ᠎ᠠ᠃

《ᠵᠠᠯᠠᠭᠤ ᠤᠶᠤᠳᠠᠨ ᠪᠤᠯᠤᠭ᠍ᠰᠠᠨ᠎ᠤ ᠬᠤᠪᠢ᠎ᠳᠤ᠂ ᠪᠢ ᠳᠠᠰᠤᠷᠠᠯᠳᠠ ᠦᠭᠡᠢ ᠰᠤᠷᠤᠯᠴᠠᠯᠭ᠎ᠠ᠎ᠪᠠᠷ ᠳᠠᠮᠵᠢᠨ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠳᠤ ᠰᠤᠶᠤᠯ᠎ᠢ ᠤᠯᠠᠮᠵᠢᠯᠠᠵᠤ᠂ ᠦᠨᠳᠦᠰᠦᠳᠡᠨ᠎ᠤ ᠪᠦᠯᠬᠦᠮᠳᠡᠯ᠎ᠤᠨ ᠦᠨᠳᠦᠰᠤ᠎ᠶ᠋ᠢ ᠪᠠᠬᠢᠵᠢᠬᠦᠯᠤᠨ᠎ᠠ᠃ ᠡᠬᠦᠨ᠎ᠤ ᠬᠠᠮᠳᠤ᠂ ᠪᠢ ᠪᠠᠰᠠ ᠨᠠᠮ᠎ᠤᠨ ᠰᠤᠷᠤᠯᠴᠠᠯᠭ᠎ᠠ ᠬᠦᠮᠦᠵᠢᠯ ᠳᠤᠮᠳᠠ᠎ᠠᠴᠠ ᠡᠷᠴᠢ ᠬᠦᠴᠦ᠍ ᠤᠯᠵᠤ᠂ 〈ᠦᠵᠡᠰᠭᠦᠯᠡᠩᠳᠤ ᠰᠠᠢᠬᠠᠨ ᠦᠪᠦᠷ ᠮᠤᠩᠭᠤᠯ᠎ᠢᠶᠠᠨ ᠪᠦᠳᠦᠭᠡᠨ ᠪᠠᠢᠭᠤᠯᠵᠤ᠂ ᠠᠭᠤᠤ ᠶᠡᠭᠡ ᠲᠤᠮᠳᠠᠳᠤ᠎ᠶ᠋ᠢᠨ ᠵᠡᠭᠦᠳᠤ᠎ᠪᠠᠨ ᠬᠠᠮᠳᠤ᠎ᠪᠠᠷ ᠲᠡᠷᠭᠡᠯᠱᠢᠭᠦᠯᠬᠦ᠌〉 ᠎ᠳᠤ ᠤᠷᠢ ᠵᠠᠯᠠᠭᠤ ᠬᠦᠴᠦᠨ ᠴᠢᠳᠠᠯ᠎ᠢᠶᠠᠨ ᠵᠤᠷᠢᠭᠤᠯᠤᠨ᠎ᠠ》 ᠬᠡᠵᠤ ᠦᠪᠦᠷ ᠮᠤᠩᠭᠤᠯ᠎ᠤᠨ ᠠᠵᠤ ᠦᠢᠯᠡᠳᠪᠦᠷᠢ᠎ᠶ᠋ᠢᠨ ᠶᠡᠭᠡ ᠰᠤᠷᠭᠠᠭᠤᠯᠢ᠎ᠶ᠋ᠢᠨ ᠬᠢᠮᠢ᠎ᠶ᠋ᠢᠨ ᠠᠵᠦ᠍ ᠦᠢᠯᠡᠳᠪᠦᠷᠢ᠎ᠶ᠋ᠢᠨ ᠳᠡᠭᠡᠳᠤ ᠰᠤᠷᠭᠠᠭᠤᠯᠢ᠎ᠶ᠋ᠢᠨ 2019 ᠤᠨ᠎ᠤ ᠰᠤᠷᠤᠭ᠍ᠴᠢ ᠸᠠᠩ ᠴᠦᠨ ᠶᠤᠸᠠᠢ ᠬᠡᠯᠡᠪᠡ᠃

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠤᠯᠭᠠᠭᠤᠷᠢᠯᠠᠬᠤ ᠴᠢᠳᠠᠪᠤᠷᠢ᠎ᠶ᠋ᠢ ᠳᠡᠭᠡᠭ᠌ᠰᠢᠯᠡᠬᠦᠯᠵᠤ᠂ ᠦᠪᠡᠷᠳᠡᠭᠡᠨ ᠵᠠᠰᠠᠬᠤ ᠤᠷᠤᠨ᠎ᠤ ᠴᠢᠨᠠᠷ ᠰᠠᠢᠳᠠᠢ ᠬᠦᠭ᠌ᠵᠢᠯᠳᠡ᠎ᠶ᠋ᠢ ᠠᠬᠢᠭᠤᠯᠬᠤ᠎ᠳᠤ ᠱᠢᠨ᠎ᠡ ᠬᠤᠪᠢ ᠨᠡᠮᠡᠷᠢ ᠦᠵᠡᠬᠦᠯᠦᠨ᠎ᠡ

ᠶᠡᠷᠦᠩᠬᠡᠢ ᠱᠦᠵᠢ ᠰᠢ᠎ᠶ᠋ᠢᠨ ᠫᠢᠡᠭ᠂ ᠠᠵᠦ᠍ ᠦᠢᠯᠡᠰ᠎ᠤᠨ ᠬᠡᠯᠬᠢᠶ᠎ᠡ ᠬᠠᠨᠭ᠌ᠭᠠᠯᠭ᠎ᠠ᠎ᠶ᠋ᠢ ᠴᠢᠩᠭ᠎ᠠ ᠡᠵᠡᠮᠳᠡᠨ ᠱᠢᠨ᠎ᠡ᠎ᠶ᠋ᠢ ᠡᠬᠦᠳᠬᠦ᠌ ᠬᠡᠯᠬᠢᠶ᠎ᠡ᠎ᠶ᠋ᠢ ᠪᠠᠢᠷᠢᠯᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠤᠯᠭᠠᠭᠤᠷᠢᠯᠠᠬᠤ ᠴᠢᠳᠠᠪᠤᠷᠢ᠎ᠶ᠋ᠢ ᠳᠠᠰᠤᠷᠠᠯᠳᠠ ᠦᠭᠡᠢ ᠳᠡᠭᠡᠭ᠌ᠰᠢᠯᠡᠬᠦᠯᠬᠦ᠌ ᠬᠡᠷᠡᠭ᠌ᠳᠠᠢ ᠬᠡᠵᠤ ᠴᠢᠬᠤᠯᠠᠴᠢᠯᠠᠪᠠ᠃

ᠦᠪᠡᠷᠳᠡᠭᠡᠨ ᠵᠠᠰᠠᠬᠤ ᠤᠷᠤᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢ᠍ᠢᠯᠠᠩ᠎ᠤᠨ ᠱᠦᠵᠢ ᠹᠸᠡᠭ ᠵᠢᠶᠠ ᠵᠢᠦᠢ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠎ᠨᠢ ᠪᠢᠳᠡᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠬᠦᠳᠬᠦ᠌ ᠠᠵᠢᠯ᠎ᠢ ᠰᠠᠢᠳᠤᠷ ᠬᠢᠬᠦ᠌᠎ᠳᠤ ᠳᠤᠳᠤᠷᠬᠠᠢ ᠴᠢᠭ᠌ᠯᠡᠯ ᠵᠢᠭᠠᠵᠤ ᠦᠭ᠌ᠪᠡ᠂ ᠪᠢᠳᠡ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠦᠪᠦᠷ ᠮᠤᠩᠭᠤᠯ᠎ᠢᠶᠠᠨ ᠮᠠᠨᠳᠤᠭᠤᠯᠬᠤ》 ᠎ᠶ᠋ᠢ ᠬᠡᠷᠡᠭ᠌ᠵᠢᠬᠦᠯᠬᠦ᠌ ᠠᠵᠢᠯᠯᠠᠭ᠎ᠠ᠎ᠪᠠᠷ ᠨᠢᠭᠡᠳᠦᠯᠳᠡᠢ ᠤᠳᠤᠷᠢᠳᠤᠭᠤᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠬᠦᠳᠬᠦ᠌᠎ᠳᠤ ᠲᠦᠱᠢᠭ᠌ᠯᠡᠨ ᠠᠵᠤ ᠠᠬᠤᠢ᠎ᠶ᠋ᠢᠨ ᠴᠢᠨᠠᠷ ᠰᠠᠢᠳᠠᠢ ᠬᠦᠭ᠌ᠵᠢᠯᠳᠡ᠎ᠶ᠋ᠢ ᠠᠬᠢᠭᠤᠯᠬᠤ ᠳᠠᠯ᠎ᠠ᠎ᠪᠠᠷ ᠱᠢᠰᠲ᠋ᠧᠮ᠎ᠲᠠᠢ ᠠᠷᠭ᠎ᠠ ᠰᠦᠪᠡᠭ᠌ᠴᠢᠯᠡᠵᠤ᠂ ᠨᠠᠢᠳᠠᠪᠤᠷᠢᠵᠢᠭᠤᠯᠬᠤ᠎ᠶ᠋ᠢ ᠰᠠᠢᠳᠤᠷ ᠠᠳᠭᠤᠨ᠎ᠠ᠃ ᠨᠢᠭᠡ᠎ᠳᠤ᠂ ᠵᠠᠩᠬᠢᠯᠠᠭ᠎ᠠ᠎ᠶ᠋ᠢᠨ ᠮᠡᠷᠭᠡᠵᠢᠯ᠎ᠤᠨ ᠪᠤᠭᠤᠮᠳᠠ ᠱᠢᠪᠳᠤᠯᠬᠤ ᠠᠵᠢᠯᠯᠠᠭ᠎ᠠ᠎ᠶ᠋ᠢ ᠬᠡᠷᠡᠭ᠌ᠵᠢᠬᠦᠯᠵᠤ᠂ ᠱᠢᠯᠢᠳᠡᠭ ᠡᠨᠧᠷᠬᠢ᠎ᠶ᠋ᠢᠨ ᠡᠬᠢ ᠪᠠᠶᠠᠯᠢᠭ᠂ ᠠᠮᠢ ᠠᠬᠤᠢ ᠤᠷᠴᠢᠨ ᠳᠤᠭᠤᠷᠢᠨ᠎ᠤ ᠬᠠᠮᠠᠭᠠᠯᠠᠯᠳᠠ᠂ ᠤᠨᠴᠠᠯᠢᠭ᠍ᠳᠤ ᠳᠠᠪᠠᠭᠤᠯᠢᠭ᠍ᠳᠤ ᠠᠵᠤ ᠦᠢᠯᠡᠰ ᠵᠡᠷᠭᠡ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠦᠪᠯᠡᠷᠡᠬᠦᠯᠵᠤ᠂ ᠠᠵᠤ ᠦᠢᠯᠡᠰ᠎ᠤᠨ ᠬᠡᠯᠬᠢᠶ᠎ᠡ ᠬᠠᠨᠭ᠌ᠭᠠᠯᠭ᠎ᠠ᠎ᠶ᠋ᠢᠨ ᠬᠡᠯᠬᠢᠶᠡᠵᠢᠯ᠎ᠤᠨ ᠳᠤᠭᠤᠷᠢᠨ᠎ᠳᠤ ᠱᠢᠨ᠎ᠡ᠎ᠶ᠋ᠢ ᠡᠬᠦᠳᠬᠦ᠌ ᠬᠡᠯᠬᠢᠶ᠎ᠡ᠎ᠶ᠋ᠢ ᠪᠠᠢᠷᠢᠯᠠᠭᠤᠯᠵᠤ᠂ ᠬᠦᠴᠦ᠎ᠪᠠᠨ ᠲᠦᠪᠯᠡᠷᠡᠬᠦᠯᠤᠨ ᠨᠢᠭᠡ ᠪᠦᠯᠦᠭ ᠭᠤᠤᠯᠯᠠᠭ᠍ᠴᠢ ᠵᠠᠩᠬᠢᠯᠠᠭ᠎ᠠ᠎ᠶ᠋ᠢᠨ ᠮᠡᠷᠭᠡᠵᠢᠯ᠎ᠤᠨ ᠪᠤᠭᠤᠮᠳᠠ᠎ᠶ᠋ᠢ ᠱᠢᠪᠳᠤᠯᠤᠨ᠎ᠠ᠃ ᠬᠤᠶᠠᠷ ᠲᠤ᠋᠂ ᠰᠤᠳᠤᠯᠤᠨ ᠨᠡᠭᠡᠭᠡᠵᠤ ᠪᠡᠯᠡ ᠤᠷᠤᠭᠤᠯᠬᠤ ᠪᠤᠭᠤᠮᠳᠠ ᠱᠢᠪᠳᠤᠯᠬᠤ ᠠᠵᠢᠯᠯᠠᠭ᠎ᠠ᠎ᠶ᠋ᠢ ᠬᠡᠷᠡᠭ᠌ᠵᠢᠬᠦᠯᠵᠤ᠂ ᠵᠠᠰᠠᠭ᠎ᠤᠨ ᠤᠷᠳᠤᠨ ᠬᠦᠳᠦᠯᠤᠨ ᠳᠠᠭᠠᠭᠤᠯᠵᠤ᠂ ᠠᠵᠤ ᠠᠬᠤᠢ᠍ᠢᠯᠠᠯ ᠭᠤᠤᠯᠯᠠᠨ᠂ ᠪᠦᠬᠦ᠌ ᠨᠡᠢᠭᠡᠮ᠎ᠢᠶᠠᠷ᠎ᠢᠶᠠᠨ ᠤᠷᠤᠯᠴᠠᠭ᠍ᠰᠠᠨ ᠬᠠᠮᠵᠢᠯᠴᠠᠬᠤ ᠳᠤᠭ᠍ᠳᠠᠴᠠ᠎ᠶ᠋ᠢ ᠪᠠᠢᠭᠤᠯᠤᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠬᠦᠳᠬᠦ᠌ ᠪᠡᠯᠡ ᠤᠷᠤᠭᠤᠯᠤᠯᠳᠠ ᠬᠦᠷᠦᠯᠴᠡᠬᠦ᠌ ᠦᠭᠡᠢ ᠳᠤᠳᠠᠭᠤᠳᠠᠯ᠎ᠢ ᠬᠦᠴᠦᠯᠡᠨ ᠨᠦᠬᠦᠪᠦᠷᠢᠯᠡᠨ᠎ᠠ᠃ ᠭᠤᠷᠪᠠ᠎ᠳᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠬᠦᠳᠬᠦ᠌ ᠠᠮᠢ ᠠᠬᠤᠢ᠎ᠶ᠋ᠢ ᠬᠦᠴᠦᠯᠡᠨ ᠰᠠᠢᠵᠢᠷᠠᠭᠤᠯᠵᠦ᠍᠂ ᠳᠡᠭᠡᠳᠤ ᠱᠢᠨ᠎ᠡ ᠮᠡᠷᠭᠡᠵᠢᠯ᠎ᠤᠨ ᠠᠵᠤ ᠠᠬᠤᠢ᠍ᠢᠯᠠᠯ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢ᠍ᠢᠯᠠᠯ᠎ᠢ ᠪᠤᠢᠵᠢᠭᠤᠯᠬᠤ ᠠᠵᠢᠯᠯᠠᠭ᠎ᠠ᠎ᠶ᠋ᠢ ᠬᠡᠷᠡᠭ᠌ᠵᠢᠬᠦᠯᠵᠤ᠂ ᠠᠵᠤ ᠠᠬᠤᠢ᠍ᠢᠯᠠᠯ᠎ᠤᠨ ᠱᠢᠨ᠎ᠡ᠎ᠶ᠋ᠢ ᠡᠬᠦᠳᠬᠦ᠌ ᠭᠤᠤᠯ ᠴᠤᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠵᠤ᠂ ᠵᠠᠬ᠎ᠠ ᠳᠡᠯᠭᠡᠭᠦᠷᠴᠢᠯᠡᠭ᠌ᠰᠡᠨ ᠳᠤᠭ᠍ᠳᠠᠴᠠ᠎ᠶ᠋ᠢ ᠬᠡᠷᠡᠭ᠌ᠵᠢᠬᠦᠯᠤᠨ ᠠᠵᠤ ᠠᠬᠤᠢ᠍ᠢᠯᠠᠯ᠎ᠤᠨ ᠱᠢᠨ᠎ᠡ᠎ᠶ᠋ᠢ ᠡᠬᠦᠳᠬᠦ᠌᠎ᠶ᠋ᠢ ᠤᠷᠮᠠᠱᠢᠭᠤᠯᠤᠨ᠎ᠠ ᠬᠡᠵᠤ ᠬᠡᠯᠡᠪᠡ᠃

ᠦᠪᠦᠷ ᠮᠤᠩᠭᠤᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠨᠡᠢᠭᠡᠮᠯᠢᠭ᠎ᠤᠨ ᠨᠠᠮ᠎ᠤᠨ ᠤᠳᠤᠷᠢᠳᠭᠤ ᠳᠤᠭᠤᠢ᠍ᠢᠯᠠᠩ᠎ᠤᠨ ᠱᠦᠵᠢ ᠮᠠ ᠺᠦᠢ᠂ ᠡᠯ᠎ᠡ ᠱᠠᠳᠤᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠨᠡᠢᠭᠡᠮᠯᠢᠭ᠎ᠤᠨ ᠵᠤᠬᠢᠶᠠᠨ ᠪᠠᠢᠭᠤᠯᠤᠯᠳᠠ ᠶᠡᠷᠦᠩᠬᠡᠢ ᠱᠦᠵᠢ ᠰᠢ᠎ᠶ᠋ᠢᠨ ᠫᠢᠡᠭ᠎ᠤᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠳᠤᠭᠤᠱᠢᠯᠠᠭᠤᠯᠵᠤ᠂ ᠦᠷᠭᠡᠨ ᠤᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯᠳᠠᠨ᠎ᠢ ᠱᠢᠨᠵᠢᠯᠡᠬᠦ᠌ ᠤᠬᠠᠭᠠᠨ᠎ᠤ ᠰᠤᠳᠤᠯᠤᠯᠳᠠ᠎ᠳᠤ ᠢᠳᠡᠪᠬᠢᠳᠠᠢ ᠤᠷᠤᠯᠴᠠᠬᠤ᠎ᠶ᠋ᠢ ᠪᠦᠯᠬᠦᠮᠳᠡᠨ ᠳᠠᠭᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠬᠦᠳᠬᠦ᠌ ᠠᠵᠢᠯ᠎ᠢ ᠯᠠᠪᠳᠠᠭᠤᠨ ᠠᠬᠢᠭᠤᠯᠤᠨ᠎ᠠ᠃ ᠨᠡᠢᠭᠡᠮᠯᠢᠭ ᠪᠠ ᠠᠵᠤ ᠠᠬᠤᠢ᠍ᠢᠯᠠᠯ ᠵᠡᠷᠭᠡ᠎ᠶ᠋ᠢ ᠵᠤᠯᠭᠠᠭᠤᠯᠤᠨ ᠦᠢᠯᠡᠴᠢᠯᠡᠬᠦ᠌ ᠳᠤᠭ᠍ᠳᠠᠴᠠ᠎ᠶ᠋ᠢ ᠪᠦᠷᠢᠨᠱᠢᠬᠦᠯᠵᠤ᠂ ᠠᠵᠤ ᠠᠬᠤᠢ᠍ᠢᠯᠠᠯ ᠪᠤᠶᠤ ᠰᠠᠭᠤᠷᠢᠨ ᠭᠠᠵᠠᠷ᠎ᠲᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠢᠯᠡᠴᠢᠯᠡᠭᠡ ᠬᠠᠨᠭ᠌ᠭᠠᠨ᠎ᠠ᠃ 《ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠱᠢᠨ᠎ᠠ᠎ᠶ᠋ᠢ ᠡᠬᠦᠳᠬᠦ᠌ ᠳᠤᠮᠳᠠᠳᠤ ᠤᠯᠤᠰ》 ᠎ᠤᠨ ᠡᠬᠢ ᠪᠠᠶᠠᠯᠢᠭ᠎ᠢ ᠬᠠᠮᠳᠤ᠎ᠪᠠᠷ ᠡᠳ᠋ᠯᠡᠬᠦ᠌ ᠳᠠᠪᠴᠠᠩ᠎ᠤᠨ ᠦᠪᠦᠷ ᠮᠤᠩᠭᠤᠯ᠎ᠳᠠᠬᠢ ᠬᠤᠪᠢᠶᠠᠷᠢ ᠲᠦᠪ᠎ᠤᠨ ᠪᠦᠳᠦᠭᠡᠨ ᠪᠠᠢᠭᠤᠯᠤᠯᠳᠠ᠎ᠶ᠋ᠢᠨ ᠠᠯᠬᠤᠴᠠ᠎ᠶ᠋ᠢ ᠲᠦᠷᠭᠡᠳᠭᠡᠵᠤ᠂ ᠠᠵᠤ ᠠᠬᠤᠢ᠍ᠢᠯᠠᠯ᠎ᠤᠨ ᠬᠡᠯᠪᠡᠷᠢ᠎ᠪᠠᠨ ᠬᠤᠪᠢᠷᠠᠭᠤᠯᠵᠤ ᠳᠡᠰ ᠳᠡᠪᠱᠢᠬᠦ᠌᠎ᠳᠤ ᠬᠦᠴᠦ᠍ ᠨᠡᠮᠡᠷᠢᠯᠡᠨ᠎ᠡ ᠬᠡᠵᠤ ᠬᠡᠯᠡᠪᠡ᠃

ᠠᠯᠠᠱᠠ ᠠᠢᠮᠠᠭ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠤᠪᠴᠢᠶᠠᠨ᠎ᠤ ᠨᠠᠮ᠎ᠤᠨ ᠤᠳᠤᠷᠢᠳᠭᠤ ᠳᠤᠭᠤᠢ᠍ᠢᠯᠠᠩ᠎ᠤᠨ ᠱᠦᠵᠢ᠂ ᠳᠤᠪᠴᠢᠶᠠᠨ ᠳᠠᠷᠤᠭ᠎ᠠ ᠸᠠᠩ ᠵᠦ᠍ ᠹᠠᠨᠭ᠍᠂ 2021 ᠤᠨ᠎ᠳᠤ ᠠᠯᠠᠱᠠ ᠠᠢᠮᠠᠭ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠱᠢᠨ᠎ᠡ᠎ᠶ᠋ᠢ ᠡᠬᠦᠳᠬᠦ᠌ ᠠᠵᠢᠯ 《ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠢᠶᠠᠷ ᠦᠪᠦᠷ ᠮᠤᠩᠭᠤᠯ᠎ᠢᠶᠠᠨ ᠮᠠᠨᠳᠤᠭᠤᠯᠬᠤ》 ᠠᠵᠢᠯᠯᠠᠭ᠎ᠠ᠎ᠪᠠᠷ ᠭᠤᠤᠯ ᠱᠤᠭᠤᠮ ᠪᠤᠯᠭᠠᠵᠤ᠂ ᠲᠦᠷᠦᠯ ᠵᠦᠢᠯ᠎ᠢ ᠬᠡᠷᠡᠭ᠌ᠵᠢᠬᠦᠯᠬᠦ᠌᠎ᠪᠠᠷ ᠭᠤᠤᠯᠳᠠᠯᠭ᠎ᠠ ᠪᠤᠯᠭᠠᠨ᠂ ᠱᠢᠨ᠎ᠡ ᠬᠡᠯᠪᠡᠷᠢ᠎ᠶ᠋ᠢᠨ ᠬᠢᠮᠢ᠎ᠶ᠋ᠢᠨ ᠠᠵᠤ ᠦᠢᠯᠡᠳᠪᠦᠷᠢ᠂ ᠳᠡᠮᠡᠭᠡᠨ᠎ᠤ ᠠᠵᠤ ᠦᠢᠯᠡᠰ᠂ ᠡᠯᠡᠰᠤᠨ᠎ᠤ ᠡᠬᠢ ᠪᠠᠶᠠᠯᠢᠭ᠎ᠢ ᠨᠠᠷᠢᠯᠢᠭ ᠬᠦᠨ ᠡᠳ᠋ᠱᠢᠬᠦᠯᠤᠨ ᠪᠤᠯᠪᠠᠰᠤᠷᠠᠭᠤᠯᠬᠤ ᠵᠡᠷᠭᠡ ᠤᠨᠴᠠᠯᠢᠭ᠍ᠳᠤ ᠠᠵᠤ ᠦᠢᠯᠡᠰ᠎ᠤᠨ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠦᠪᠯᠡᠷᠡᠬᠦᠯᠵᠤ᠂ ᠪᠤᠬᠢᠷᠳᠤᠯ ᠦᠭᠡᠢ᠂ ᠳᠡᠭᠡᠳᠤ ᠳᠡᠰ᠎ᠤᠨ᠂ ᠤᠶᠤᠨᠴᠢᠯᠠᠭ᠍ᠰᠠᠨ ᠴᠢᠭ᠌ᠯᠡᠯ᠎ᠢᠶᠠᠷ ᠤᠯᠠᠮᠵᠢᠯᠠᠯᠳᠤ ᠠᠵᠤ ᠦᠢᠯᠡᠰ᠎ᠤᠨ ᠴᠢᠨᠠᠷ᠎ᠢ ᠳᠡᠭᠡᠭ᠌ᠰᠢᠯᠡᠬᠦᠯᠵᠤ ᠦᠷ᠎ᠡ ᠠᠱᠢᠭ᠎ᠢ ᠨᠡᠮᠡᠭ᠌ᠳᠡᠬᠦᠯᠬᠦ᠌᠎ᠶ᠋ᠢ ᠦᠷᠬᠦᠯᠵᠢᠯᠡᠨ ᠠᠬᠢᠭᠤᠯᠵᠤ᠂ ᠪᠤᠬᠢᠷᠳᠤᠯ ᠦᠭᠡᠢ᠂ ᠡᠷᠬᠢᠯᠳᠡᠳᠤ᠂ ᠳᠤᠤᠷ᠎ᠠ ᠨᠡᠬᠦᠷᠡᠰᠤᠳᠦ᠋ᠷᠦᠭ᠌ᠴᠢᠳᠤ ᠬᠦᠭ᠌ᠵᠢᠯᠳᠡ᠎ᠶ᠋ᠢ ᠠᠬᠢᠭᠤᠯᠤᠨ᠎ᠠ ᠬᠡᠵᠤ ᠢᠯᠡᠳᠭᠡᠪᠡ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠱᠢᠨᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号