— ᠪᠦᠭᠦ᠌ ᠤᠯᠤᠰ᠎ᠤᠨ ᠬᠤᠶᠠᠷ ᠬᠤᠷᠠᠯ᠎ᠳᠤ ᠤᠷᠤᠯᠴᠬᠠᠰᠡᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠭᠦᠮ᠎ᠤᠨ ᠲᠦᠯᠦᠭᠡᠯᠡᠭ᠌ᠴᠢᠳ ᠪᠤᠯᠤᠨ ᠮᠠᠨ᠎ᠤ ᠤᠷᠤᠨ᠎ᠳᠤ ᠰᠠᠭᠤᠭ᠎ᠠ ᠪᠦᠭᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠭᠡᠨ᠎ᠤ ᠭᠡᠱᠢᠭᠦᠳ᠎ᠤᠨ ᠬᠡᠰᠡᠭ ᠦᠵᠡᠭ᠌ᠳᠡᠯ
3 ᠰᠠᠷ᠎ᠠ᠎ᠶ᠋ᠢᠨ 4 ᠠᠴᠠ 11 ᠤ ᠡᠳᠦᠷ ᠪᠣᠯᠲᠠᠯ᠎ᠠ᠂ ᠪᠥᠬᠦ᠌ ᠤᠯᠤᠰ᠎ᠤᠨ ᠬᠤᠶᠠᠷ ᠬᠤᠷᠠᠯ ᠪᠡᠭᠡᠵᠢᠩ᠎ᠳᠤ ᠬᠤᠷᠠᠯᠳᠤᠪᠠ᠃ ᠶᠡᠭᠡ ᠬᠤᠷᠠᠯ᠎ᠤᠨ ᠬᠤᠭᠤᠴᠠᠭᠠᠨ᠎ᠳᠤ᠂ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠲᠥᠯᠥᠭᠡᠯᠡᠭ᠌ᠴᠢᠳ ᠱᠢᠨ᠎ᠡ ᠬᠥᠭ᠌ᠵᠢᠯᠲᠡ᠎ᠶ᠋ᠢᠨ ᠱᠠᠲᠤ᠎ᠶ᠋ᠢ ᠡᠵᠡᠮᠳᠡᠬᠦ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠬᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠴᠤᠬ᠍ᠴᠠᠯᠠᠬᠤ ᠲᠣᠭᠤᠷᠢᠨ᠎ᠳᠤ ᠴᠢᠨᠠᠷ ᠰᠠᠢᠲᠠᠶ ᠰᠠᠨᠠᠯ ᠰᠠᠨᠠᠭᠤᠯᠭ᠎ᠠ ᠳᠤᠷᠠᠳᠴᠤ᠌᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠨ᠂ ᠪᠥᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠤᠷᠤᠯᠠᠠ ᠦᠭᠡ ᠬᠡᠯᠡᠪᠡ; ᠮᠠᠨ᠎ᠤ ᠣᠷᠣᠨ᠎ᠳᠤ ᠰᠠᠭᠤᠭ᠎ᠠ ᠪᠥᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠳ ᠨᠠᠮ ᠪᠠ ᠤᠯᠤᠰ᠎ᠤᠨ ᠠᠵᠢᠯ᠎ᠤᠨ ᠶᠡᠭᠡ ᠲᠠᠯ᠎ᠠ᠎ᠶ᠋ᠢᠨ ᠲᠣᠭᠤᠷᠢᠨ᠎ᠳᠤ᠂ ᠥᠪᠥᠷ ᠮᠣᠩᠭᠤᠯ᠎ᠤᠨ ᠪᠣᠳᠠᠲᠤ ᠪᠠᠢᠳᠠᠯ᠎ᠯᠤᠭ᠎ᠠ ᠨᠢᠭ᠍ᠲᠠ ᠤᠶᠠᠯᠳᠤᠭᠤᠯᠤᠨ ᠪᠣᠳᠠᠲᠠᠶ᠎ᠶ᠋ᠢ ᠡᠷᠬᠢᠮᠯᠡᠭ᠌ᠰᠡᠨ ᠠᠷᠭ᠎ᠠ ᠪᠤᠳᠤᠯᠭ᠎ᠠ ᠲᠠᠪᠱᠢᠬᠦᠯᠵᠤ᠂ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠬᠡᠷᠡᠭ᠌ᠴᠡᠭᠡ ᠪᠠ ᠠᠷᠠᠳ ᠣᠯᠠᠨ᠎ᠤ ᠬᠦᠰᠡᠯ ᠱᠠᠭᠠᠷᠳᠠᠯᠭ᠎ᠠ᠎ᠶ᠋ᠢ ᠢᠳᠡᠪᠬᠢᠲᠡᠶ ᠲᠤᠰᠭᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢ ᠰᠠᠢᠳᠤᠷ ᠡᠬᠢᠯᠡᠬᠦᠯᠬᠦ᠌᠎ᠳᠤ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠪᠡ᠃

ᠲᠦᠯᠦᠭᠡᠯᠡᠭ᠌ᠴᠢᠳ᠎ᠦᠨ ᠪᠦᠯᠬᠦᠮ᠎ᠦᠨ ᠪᠦᠭᠦᠳᠡ ᠬᠤᠷᠠᠯ

ᠠᠷᠠᠳ᠎ᠤᠨ ᠲᠥᠯᠦᠭᠡᠯᠡᠭ᠌ᠴᠢᠳ ᠢᠯᠡᠳᠭᠡᠯ᠎ᠢ ᠬᠢᠨᠠᠨ ᠵᠥᠪᠯᠡᠨ᠎ᠡ

ᠠᠷᠠᠳ᠎ᠤᠨ ᠲᠥᠯᠦᠭᠡᠯᠡᠭ᠌ᠴᠢ ᠪᠤᠳᠤᠯ ᠰᠠᠨᠠᠯ᠎ᠢᠶᠠᠨ ᠰᠣᠯᠢᠯᠴᠠᠨ᠎ᠠ

ᠭᠦᠩ ᠮᠢᠩ ᠵᠦ᠍ ᠲᠥᠯᠥᠭᠡᠯᠡᠭ᠌ᠴᠢ ᠰᠤᠷᠪᠤᠯᠵᠢᠯᠠᠭ᠎ᠠ ᠬᠦᠯᠢᠶᠡᠨ᠎ᠠ

ᠶᠦᠩ ᠮᠸᠢ (ᠵᠡᠭᠦᠨ᠎ᠠᠴᠠ ᠨᠢᠭᠡᠳᠦᠭᠡᠷ)᠂ ᠳ᠋ᠦ᠋ ᠮᠢᠩ ᠶᠠᠨ ᠭᠡᠱᠢᠭᠦᠨ (ᠵᠡᠭᠦᠨ᠎ᠠᠴᠠ
ᠭᠤᠷᠪᠠᠳᠤᠭᠠᠷ) ᠪᠤᠰᠤᠳ ᠬᠡᠱᠢᠬᠦᠳ᠎ᠲᠠᠢ ᠢᠯᠡᠳᠭᠡᠯ᠎ᠢ ᠶᠠᠷᠢᠯᠴᠠᠨ᠎ᠠ

ᠬᠠᠮᠲᠤ᠎ᠶ᠋ᠢᠨ ᠵᠢᠷᠤᠭ ᠲᠠᠲᠠᠭᠤᠯᠵᠤ ᠲᠤᠷᠠᠰᠭᠠᠯ ᠦᠯᠡᠳᠡᠭᠡᠨ᠎ᠡ

ᠤᠯᠤᠰ ᠲᠥᠷᠦ᠎ᠶ᠋ᠢᠨ ᠵᠥᠪᠯᠡᠯᠭᠡᠨ᠎ᠤ ᠬᠡᠱᠢᠭᠦᠨ ᠰᠠᠨᠠᠯ ᠰᠠᠨᠠᠭᠤᠯᠭ᠎ᠠ ᠲᠡᠪᠱᠢᠬᠦᠯᠦᠨᠠ

ᠠᠷᠠᠳ᠎ᠤᠨ ᠲᠥᠯᠦᠭᠡᠯᠡᠭ᠌ᠴᠢᠳ ᠢᠯᠡᠳᠭᠡᠯ᠎ᠢ ᠬᠢᠨᠡᠨ ᠵᠦᠪᠯᠡᠵᠤ ᠪᠠᠢᠭ᠎ᠠ᠎ᠨᠢ

ᠤᠯᠤᠰ ᠲᠥᠷᠦ᠎ᠶ᠋ᠢᠨ ᠵᠥᠪᠯᠡᠯᠭᠡᠨ᠎ᠤ ᠭᠡᠱᠢᠭᠦᠨ ᠪᠤᠳᠤᠯ ᠰᠠᠨᠠᠯ᠎ᠢᠶᠠᠨ ᠰᠣᠯᠢᠯᠴᠠᠨ᠎ᠠ
(ᠲᠤᠰ ᠨᠢᠭᠤᠷ᠎ᠤᠨ ᠤᠯᠤᠰ ᠲᠥᠷᠤ᠎ᠶ᠋ᠢᠨ ᠵᠥᠪᠯᠡᠯᠭᠡᠨ᠎ᠤ ᠭᠡᠱᠢᠭᠦᠳ᠎ᠤᠨ ᠵᠢᠷᠤᠭ᠎ᠢ ᠴᠥᠮ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠤ᠎ᠶ᠋ᠢᠨ ᠵᠥᠪᠯᠡᠯᠭᠡᠨ᠎ᠤ ᠠᠯᠪᠠᠨ ᠲᠢᠩᠬᠢᠮ᠎ᠠᠴᠠ ᠬᠠᠩᠭᠠᠪᠠ)