ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠠᠴᠠ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠳᠤᠷᠠᠳᠤᠭ᠍ᠰᠠᠨ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ᠎ᠶ᠋ᠢᠨ ᠬᠥᠲᠥᠯᠪᠦᠷᠢ (ᠲᠥᠰᠦᠯ)》 ᠶ᠋ᠢ ᠬᠢᠨᠠᠨ ᠪᠠᠢᠴᠠᠭᠠᠵᠤ᠂ ᠬᠤᠷᠠᠯ᠎ᠠᠴᠠ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠡᠳ᠋᠎ᠤᠨ ᠵᠠᠰᠠᠭ ᠠᠵᠤ ᠠᠬᠤᠢ᠎ᠶ᠋ᠢᠨ ᠵᠥᠪᠯᠡᠯ᠎ᠤᠨ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠤᠨ ᠮᠡᠳᠡᠭᠦᠯᠦᠯᠲᠡ᠎ᠶ᠋ᠢ ᠵᠥᠪᠱᠢᠶᠡᠷᠡᠵᠦ᠍᠂ ᠡᠨᠡ ᠬᠦ᠌ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢ ᠵᠥᠪᠱᠢᠶᠡᠷᠡᠬᠦ᠌᠎ᠪᠠᠷ ᠲᠣᠭ᠍ᠲᠠᠪᠠ᠃
ᠬᠤᠷᠠᠯ᠎ᠠᠴᠠ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠡᠷᠡᠮᠡᠬᠡᠢᠯᠡᠨ ᠤᠷᠤᠭ᠍ᠰᠢᠯᠠᠵᠤ᠂ ᠵᠠᠮ ᠨᠡᠭᠡᠭᠡᠨ ᠱᠢᠨ᠎ᠡ᠎ᠶ᠋ᠢ ᠡᠭᠦᠳᠴᠦ᠍᠂ 《ᠠᠷᠪᠠᠨ ᠭᠤᠷᠪᠠᠳᠤᠭᠠᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠬᠠᠷᠠᠯᠲᠠ᠎ᠳᠤ ᠡᠭᠦᠷᠭᠡ᠎ᠶ᠋ᠢ ᠠᠮᠵᠢᠯᠲᠠ᠎ᠲᠠᠢ ᠪᠡᠶᠡᠯᠡᠭᠦᠯᠵᠦ᠍᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠠᠭᠤᠤ ᠶᠡᠭᠡ ᠲᠡᠦᠬᠡᠲᠦ ᠴᠢᠨᠠᠷᠲᠠᠢ ᠠᠮᠵᠢᠯᠲᠠ ᠣᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠱᠢᠢᠳᠪᠦᠷᠢᠲᠦ ᠳᠠᠢᠯᠠᠯᠳᠤᠭᠠᠨ ᠪᠦᠬᠦ᠌ ᠲᠠᠯ᠎ᠠ᠎ᠶ᠋ᠢᠨ ᠢᠯᠠᠯᠲᠠ᠎ᠶ᠋ᠢ ᠣᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠱᠢᠨ᠎ᠡ ᠨᠢᠭᠡ ᠶᠡᠭᠡ ᠠᠯᠬᠤᠮ᠎ᠢ ᠠᠯᠬᠤᠵᠠᠢ᠃ ᠡᠨᠡ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯᠤᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ᠎ᠢ ᠭᠦᠢᠴᠡᠳ ᠬᠠᠷᠠᠭᠤᠯᠵᠦ᠍᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠵᠣᠷᠢᠭ᠍ᠵᠢᠭᠤᠯᠤᠨ ᠴᠢᠷᠮᠠᠢᠭ᠍ᠰᠠᠨ ᠳᠡᠭᠡᠷ᠎ᠡ᠎ᠪᠠᠨ ᠴᠢᠷᠮᠠᠢᠵᠤ᠂ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠎ᠪᠠᠷ ᠦᠷᠭᠦᠯᠵᠢᠯᠡᠨ ᠡᠷᠡᠯᠬᠡᠭ᠌ᠯᠡᠨ ᠤᠷᠤᠭ᠍ᠰᠢᠯᠠᠭᠤᠯᠬᠤ ᠪᠣᠯᠤᠨ᠎ᠠ ᠭᠡᠵᠤ ᠦᠵᠡᠪᠡ᠃
ᠬᠤᠷᠠᠯ᠎ᠠᠴᠠ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠠᠭᠤᠤ ᠶᠡᠭᠡ ᠲᠤᠭ᠎ᠢ ᠥᠨᠳᠥᠷ ᠮᠠᠨᠳᠤᠭᠤᠯᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠱᠢᠶᠤᠤ ᠫᠢᠩ᠎ᠤᠨ ᠣᠨᠣᠯ᠂ 《ᠭᠤᠷᠪᠠ᠎ᠶ᠋ᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠠᠵᠤ ᠠᠬᠤᠶ᠎ᠶ᠋ᠢᠨ ᠪᠦᠲᠦᠭᠡᠨ ᠪᠠᠢᠭᠤᠯᠤᠯᠲᠠ᠂ ᠤᠯᠤᠰ ᠲᠥᠷᠥ᠎ᠶ᠋ᠢᠨ ᠪᠠᠢᠭᠤᠯᠤᠯᠲᠠ᠂ ᠰᠣᠶᠣᠯ᠎ᠤᠨ ᠪᠠᠢᠭᠤᠯᠤᠯᠲᠠ᠂ ᠨᠡᠢᠭᠡᠮ᠎ᠤᠨ ᠪᠠᠢᠭᠤᠯᠤᠯᠲᠠ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠶᠡᠷᠦᠩᠬᠡᠶ ᠪᠠᠢᠷᠢᠱᠢᠭᠤᠯᠤᠯᠳᠠ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠂ ᠪᠦᠬᠦ᠌ ᠲᠠᠯ᠎ᠠ᠎ᠪᠠᠷ ᠬᠠᠤᠯᠢ ᠶᠣᠰᠣᠭᠠᠷ ᠤᠯᠤᠰ᠎ᠢᠶᠠᠨ ᠵᠠᠰᠠᠬᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢᠱᠢᠭᠤᠯᠤᠯᠲᠠ᠎ᠶ᠋ᠢ ᠵᠣᠬᠢᠴᠠᠩᠭᠤᠶ᠎ᠪᠠᠷ ᠠᠬᠢᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠨ᠂ ᠱᠢᠨ᠎ᠡ ᠬᠥᠭ᠌ᠵᠢᠯᠲᠡ᠎ᠶ᠋ᠢᠨ ᠱᠠᠳᠤ ᠦᠶ᠎ᠡ᠎ᠶ᠋ᠢ ᠣᠨᠣᠪᠴᠢᠲᠠᠢ ᠡᠵᠡᠮᠳᠡᠵᠦ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠭᠦᠨᠵᠡᠭᠡᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠨ᠂ ᠬᠥᠭ᠌ᠵᠢᠯᠲᠡ ᠪᠣᠯᠤᠨ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠵᠤ᠂ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠵᠤ᠂ ᠠᠵᠤ ᠠᠬᠤᠢ᠎ᠶ᠋ᠢᠨ ᠲᠣᠭ᠍ᠲᠠᠭᠤᠨ᠎ᠢᠶᠠᠷ ᠬᠦᠭ᠌ᠵᠢᠬᠦ᠂ ᠨᠡᠢᠭᠡᠮ᠎ᠤᠨ ᠠᠮᠤᠷ ᠲᠣᠭ᠍ᠲᠠᠭᠤᠨ ᠡᠶ᠎ᠡ ᠵᠣᠬᠢᠴᠠᠩᠭᠤᠢ᠎ᠶ᠋ᠢ ᠪᠡᠶᠡᠯᠡᠭᠦᠯᠵᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠡᠬᠢᠯᠡᠯᠳᠡ ᠰᠠᠢᠨ ᠪᠤᠯᠭᠠᠬᠤ ᠬᠡᠷᠡᠭ᠌ᠲᠡᠢ ᠭᠡᠵᠤ ᠱᠠᠭᠠᠷᠳᠠᠭ᠍ᠰᠠᠨ ᠪᠠᠢᠨ᠎ᠠ᠃ (ᠱᠢᠨᠬᠤᠸᠠ ᠬᠤᠷᠢᠶᠠᠨ᠎ᠤ ᠪᠡᠭᠡᠵᠢᠩ᠎ᠤᠨ 3 ᠰᠠᠷ᠎ᠠ᠎ᠶ᠋ᠢᠨ 11 ᠤ ᠴᠠᠬᠢᠯᠭᠠᠨ ᠮᠡᠳᠡᠭᠡ)