ᠱᠢᠶᠠᠩᠭᠠᠩ ᠤᠨᠴᠠᠭᠠᠢ ᠵᠠᠰᠠᠬ ᠵᠠᠬᠢᠷᠭᠠᠨ᠎ᠤ ᠤᠷᠤᠨ᠎ᠤ ᠰᠤᠩᠭᠤᠭᠤᠯᠢ᠎ᠶ᠋ᠢᠨ ᠲᠦᠷᠢᠮ᠎ᠢ ᠲᠡᠬᠦᠯᠳᠡᠷᠵᠢᠬᠦᠯᠬᠦ᠌ ᠲᠤᠬᠠᠢ ᠪᠦᠬᠦ᠌ ᠤᠯᠤᠰ᠎ᠤᠨ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠤᠨ ᠲᠤᠬ᠍ᠳᠠᠭᠠᠯ
2021-03-12 11:08:26
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

 (2021 ᠣᠨ᠎ᠤ 3 ᠰᠠᠷ᠎ᠠ᠎ᠶ᠋ᠢᠨ 11 ᠎ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠦ᠌ ᠤᠯᠤᠰ ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠠᠴᠠ ᠪᠠᠲᠤᠯᠠᠪᠠ)

ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠠᠴᠠ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠳᠡᠪᠱᠢᠭᠦᠯᠦᠨ ᠬᠢᠨᠠᠨ ᠵᠦᠪᠯᠡᠭᠦᠯᠦᠭ᠌ᠰᠡᠨ 《ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠰᠣᠩᠭᠤᠭᠤᠯᠢ᠎ᠶ᠋ᠢᠨ ᠲᠦᠷᠢᠮ᠎ᠢ ᠲᠡᠭᠦᠯᠳᠡᠷᠵᠢᠭᠦᠯᠬᠦ᠌ ᠲᠤᠬᠠᠶ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠣᠭ᠍ᠲᠠᠭᠠᠯ (ᠲᠥᠰᠦᠯ)》 ᠎ᠤᠨ ᠰᠠᠨᠠᠯ ᠵᠥᠪᠯᠡᠯᠭᠡ᠎ᠶ᠋ᠢ ᠬᠢᠨᠠᠨ ᠵᠦᠪᠯᠡᠪᠡ᠃ ᠬᠤᠷᠠᠯ᠎ᠠᠴᠠ᠂ ᠱᠢᠶᠠᠩᠭᠠᠩ ᠡᠭᠡ ᠣᠷᠣᠨ᠎ᠳᠠᠭᠠᠨ ᠪᠤᠴᠠᠨ ᠢᠷᠡᠭ᠌ᠰᠡᠨ᠎ᠤ ᠲᠠᠷᠠᠭ᠎ᠠ᠂ ᠳᠠᠬᠢᠨ ᠣᠯᠣᠰ᠎ᠤᠨ ᠵᠠᠰᠠᠯᠳᠠ᠎ᠶ᠋ᠢᠨ ᠱᠢᠰᠲ᠋ᠧᠮ᠎ᠳᠤ ᠤᠷᠤᠭᠤᠯᠵᠤ᠂ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ》 ᠪᠣᠯᠤᠨ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠦᠨᠳᠦᠰᠦ ᠪᠣᠯᠬᠤ ᠬᠠᠤᠯᠢ》 ᠬᠠᠮᠲᠤ᠎ᠪᠠᠷ ᠱᠢᠶᠠᠩᠭᠠᠩ  ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠦᠨᠳᠦᠰᠦᠨ ᠬᠠᠤᠯᠢ᠎ᠶ᠋ᠢᠨ ᠲᠦᠷᠢᠮ᠎ᠤᠨ ᠰᠠᠭᠤᠷᠢ᠎ᠶ᠋ᠢ ᠪᠦᠷᠢᠯᠳᠦᠭᠦᠯᠪᠡ᠃ ᠵᠠᠰᠠᠭ ᠵᠠᠬᠢᠷᠭᠠᠨ᠎ᠤ ᠳᠠᠷᠤᠭ᠎ᠠ ᠪᠣᠯᠤᠨ ᠬᠠᠤᠯᠢ ᠲᠣᠭ᠍ᠲᠠᠭᠠᠬᠤ ᠵᠦᠪᠯᠡᠯ᠎ᠢ ᠪᠦᠷᠢᠯᠳᠦᠭᠦᠯᠬᠦ᠌ ᠠᠷᠭ᠎ᠠ᠎ᠶ᠋ᠢ ᠪᠠᠭ᠍ᠲᠠᠭᠠᠭ᠍ᠰᠠᠨ ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠬᠡᠷᠡᠭ᠌ᠵᠢᠭᠦᠯᠵᠦ᠍ ᠪᠠᠢᠭ᠎ᠠ ᠰᠣᠩᠭᠤᠭᠤᠯᠢ᠎ᠶ᠋ᠢᠨ ᠲᠦᠷᠢᠮ ᠪᠣᠯ᠂ ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠤᠯᠤᠰ ᠲᠦᠷᠦ᠎ᠶ᠋ᠢᠨ ᠪᠠᠢᠭᠤᠯᠤᠯ᠎ᠤᠨ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠂ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠭᠦᠯᠬᠦ᠌》 ᠴᠢᠭ᠌ᠯᠡᠯᠲᠡ᠎ᠲᠠᠢ ᠨᠡᠢᠴᠡᠵᠦ᠍᠂ ᠱᠢᠶᠠᠩᠭᠠᠩ  ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠪᠣᠳᠠᠲᠤ ᠪᠠᠢᠳᠠᠯ᠎ᠲᠠᠢ ᠨᠡᠢᠴᠡᠬᠦ᠌ ᠬᠡᠷᠡᠭ᠌ᠳᠡᠢ᠂ ᠤᠯᠤᠰ᠎ᠢᠶᠠᠨ ᠬᠠᠢᠷᠠᠯᠠᠨ ᠱᠢᠶᠠᠩᠭᠠᠩ᠎ᠢᠶᠠᠨ ᠬᠠᠢᠷᠠᠯᠠᠭ᠍ᠴᠢᠳ᠎ᠤᠨ ᠱᠢᠶᠠᠩᠭᠠᠩ᠎ᠢ ᠵᠠᠰᠠᠬᠤ᠎ᠶ᠋ᠢ ᠦᠨᠡᠨ ᠬᠦ᠌ ᠪᠠᠲᠤᠯᠠᠬᠤ᠎ᠨᠢ᠂ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠬᠠᠮᠠᠭᠠᠯᠠᠬᠤ᠎ᠳᠤ ᠠᠱᠢᠭ᠍ᠲᠠᠢ ᠪᠠᠢᠵᠤ᠂ ᠱᠢᠶᠠᠩᠭᠠᠩ ᠤᠷᠳᠤ ᠬᠤᠭᠤᠴᠠᠭ᠎ᠠ ᠴᠡᠴᠡᠭ᠌ᠯᠡᠨ ᠬᠥᠭ᠌ᠵᠢᠬᠦ᠌ ᠪᠠ ᠲᠣᠭ᠍ᠲᠠᠭᠤᠨ ᠪᠠᠢᠬᠤ᠎ᠶ᠋ᠢ ᠪᠠᠲᠤᠯᠠᠵᠣ ᠴᠢᠳᠠᠨ᠎ᠠ ᠭᠡᠵᠦ᠍ ᠦᠵᠡᠪᠡ᠃ ᠱᠢᠶᠠᠩᠭᠠᠩ  ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠰᠣᠩᠭᠤᠭᠤᠯᠢ᠎ᠶ᠋ᠢᠨ ᠲᠦᠷᠢᠮ᠎ᠢ ᠲᠡᠭᠦᠯᠳᠡᠷᠵᠢᠭᠦᠯᠵᠦ᠍᠂ ᠱᠢᠶᠠᠩᠭᠠᠩ  ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠪᠣᠳᠠᠲᠤ ᠪᠠᠢᠳᠠᠯ᠎ᠳᠤ ᠨᠡᠢᠴᠡᠬᠦ᠌ ᠠᠷᠠᠳᠴᠢᠯᠠᠯ᠎ᠤᠨ ᠲᠦᠷᠢᠮ᠎ᠢ ᠬᠥᠭ᠌ᠵᠢᠭᠦᠯᠬᠦ᠌᠎ᠶ᠋ᠢᠨ ᠲᠥᠯᠥᠭᠡ᠂ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ》 ᠎ᠶ᠋ᠢᠨ ᠭᠤᠴᠢᠨ ᠨᠢᠭᠡᠳᠦᠭᠡᠷ ᠵᠦᠢᠯ ᠪᠠ ᠵᠢᠷᠠᠨ ᠬᠤᠶᠠᠳᠤᠭᠠᠷ  ᠵᠦᠢᠯ᠎ᠤᠨ ᠬᠤᠶᠠᠳᠤᠭᠠᠷ ᠵᠤᠷᠪᠤᠰ᠂ ᠠᠷᠪᠠᠨ  ᠳᠥᠷᠪᠡᠳᠦᠭᠡᠷ  ᠵᠤᠷᠪᠤᠰ᠂ ᠠᠷᠪᠠᠨ ᠵᠢᠷᠭᠤᠳᠤᠭᠠᠷ  ᠵᠤᠷᠪᠤᠰ ᠎ᠤᠨ ᠲᠣᠭ᠍ᠲᠠᠭᠠᠯ ᠵᠢᠴᠢ  《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠱᠢᠶᠠᠩᠭᠠᠩ  ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠦᠨᠳᠦᠰᠦ ᠪᠣᠯᠬᠤ ᠬᠠᠤᠯᠢ》᠂ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠬᠠᠤᠯᠢ》 ᠎ᠶ᠋ᠢᠨ ᠬᠤᠯᠪᠣᠭ᠍ᠳᠠᠯ ᠪᠦᠬᠦᠢ ᠲᠣᠭ᠍ᠲᠠᠭᠠᠯ᠎ᠢ ᠦᠨᠳᠦᠰᠦᠯᠡᠵᠦ᠍᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠠᠴᠠ ᠳᠣᠣᠷᠠᠬᠢ ᠮᠡᠲᠦ ᠲᠣᠭ᠍ᠲᠠᠭᠠᠯ ᠭᠠᠷᠭᠠᠪᠠ᠄

ᠨᠢᠬᠡ᠂ ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠰᠣᠩᠭᠤᠭᠤᠯᠢ᠎ᠶ᠋ᠢᠨ  ᠲᠦᠷᠢᠮ ᠎ᠢ ᠲᠡᠭᠦᠯᠳᠡᠷᠵᠢᠭᠦᠯᠬᠦ᠌ ᠎ᠳᠤ᠂ ᠡᠷᠬᠡᠪᠰᠢ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠭᠦᠯᠬᠦ᠌》᠂ 《ᠱᠢᠶᠠᠩᠭᠠᠩᠴᠤᠳ ᠱᠢᠶᠠᠩᠭᠠᠩ᠎ᠢᠶᠠᠨ ᠵᠠᠰᠠᠬᠤ》᠂ ᠳᠡᠭᠡᠳᠦ  ᠬᠡᠮᠵᠢᠶ᠎ᠡ᠎ᠪᠠᠷ ᠥᠪᠡᠷᠲᠡᠭᠡᠨ ᠵᠠᠰᠠᠬᠤ ᠴᠢᠭ᠌ᠯᠡᠯᠲᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ》 ᠪᠠ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠦᠨᠳᠦᠰᠦ ᠪᠣᠯᠬᠤ ᠬᠠᠤᠯᠢ》 ᠎ᠳᠤ ᠲᠣᠭ᠍ᠲᠠᠭᠠᠭ᠍ᠰᠠᠨ ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠦᠨᠳᠦᠰᠦᠨ ᠬᠠᠤᠯᠢ᠎ᠶ᠋ᠢᠨ ᠲᠦᠷᠢᠮ ᠎ᠤᠨ ᠡᠮᠬᠢ ᠵᠢᠷᠤᠮ ᠎ᠢ ᠬᠠᠮᠠᠭᠠᠯᠠᠵᠣ᠂ ᠣᠯᠣᠰ ᠎ᠢᠶᠠᠨ ᠬᠠᠢᠷᠠᠯᠠᠭ᠍ᠴᠢᠳ᠎ᠢᠶᠠᠷ ᠭᠤᠣᠯ  ᠴᠣᠭ᠍ᠴᠠ  ᠪᠣᠯᠭᠠᠭ᠍ᠰᠠᠨ  《ᠱᠢᠶᠠᠩᠭᠠᠩᠴᠤᠳ  ᠱᠢᠶᠠᠩᠭᠠᠩ ᠎ᠢᠶᠠᠨ ᠵᠠᠰᠠᠬᠤ》 ᠎ᠶ᠋ᠢ ᠦᠨᠡᠨ ᠬᠦ᠌ ᠪᠠᠲᠤᠯᠠᠵᠤ᠂ ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠯᠲᠠ᠎ᠶ᠋ᠢᠨ ᠦᠢᠯᠡᠳᠦᠯ ᠴᠢᠳᠠᠪᠤᠷᠢ᠎ᠶ᠋ᠢ ᠦᠨᠡᠨ ᠬᠦ᠌ ᠳᠡᠭᠡᠭ᠌ᠰᠢᠯᠡᠭᠦᠯᠵᠦ᠍᠂ ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠡᠭᠦᠷᠢᠳᠡ᠎ᠶ᠋ᠢᠨ ᠰᠠᠭᠤᠭᠠᠯᠢ ᠠᠷᠠᠳ᠎ᠤᠨ ᠰᠣᠩᠭᠤᠬᠤ ᠡᠷᠬᠡ ᠪᠠ ᠰᠣᠩᠭᠤᠭ᠍ᠳᠠᠬᠤ ᠡᠷᠬᠡ᠎ᠶ᠋ᠢ ᠪᠠᠲᠤᠯᠠᠬᠤ ᠬᠡᠷᠡᠭ᠌ᠲᠡᠢ᠃

ᠬᠤᠶᠠᠷ᠂ ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠎ᠳᠤ ᠥᠷᠭᠡᠨ ᠳᠡᠯᠭᠡᠷ ᠲᠥᠯᠥᠭᠡᠯᠡᠬᠦ᠌ ᠴᠢᠨᠠᠷᠲᠠᠢ᠂ ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠪᠣᠳᠠᠲᠤ ᠪᠠᠢᠳᠠᠯ᠎ᠳᠤ ᠨᠡᠢᠴᠡᠬᠦ᠂ ᠨᠡᠢᠭᠡᠮ᠎ᠤᠨ ᠪᠦᠬᠦᠯᠢ ᠴᠣᠭ᠍ᠴᠠ᠎ᠶ᠋ᠢᠨ ᠠᠱᠢᠭ ᠲᠤᠰᠠ᠎ᠶ᠋ᠢ ᠢᠯᠡᠷᠡᠭᠦᠯᠦᠭ᠌ᠰᠡᠨ ᠰᠣᠩᠭᠤᠭᠤᠯᠢ᠎ᠶ᠋ᠢᠨ ᠵᠦᠪᠯᠡᠯ ᠪᠠᠢᠭᠤᠯᠤᠨ᠎ᠠ᠃ ᠰᠣᠩᠭᠤᠭᠤᠯᠢ᠎ᠶ᠋ᠢᠨ ᠵᠦᠪᠯᠡᠯ ᠵᠠᠰᠠᠭ ᠵᠠᠬᠢᠷᠭᠠᠨ᠎ᠤ ᠳᠠᠷᠤᠭ᠎ᠠ᠎ᠶ᠋ᠢᠨ ᠳᠣᠱᠢᠶᠠᠯ ᠬᠦᠯᠢᠶᠡᠭ᠌ᠰᠡᠳ᠂ ᠬᠠᠤᠯᠢ ᠲᠣᠭ᠍ᠲᠠᠭᠠᠬᠤ ᠵᠦᠪᠯᠡᠯ᠎ᠤᠨ ᠬᠡᠰᠡᠭ ᠵᠥᠪᠯᠡᠯᠭᠡᠨ᠎ᠤ ᠭᠡᠱᠢᠭᠦᠨ᠎ᠢ ᠰᠣᠩᠭᠤᠬᠤ ᠵᠢᠴᠢ ᠵᠠᠰᠠᠭ ᠵᠠᠬᠢᠷᠭᠠᠨ᠎ᠤ ᠳᠠᠷᠤᠭ᠎ᠠ᠎ᠶ᠋ᠢᠨ ᠵᠢᠱ᠌ᠢᠭ᠌ᠳᠡᠭ᠌ᠴᠢ᠂ ᠬᠠᠤᠯᠢ ᠲᠣᠭ᠍ᠲᠠᠭᠠᠬᠤ ᠵᠦᠪᠯᠡᠯ᠎ᠤᠨ ᠵᠥᠪᠯᠡᠯᠭᠡᠨ᠎ᠤ ᠭᠡᠱᠢᠭᠦᠨ᠎ᠤ ᠵᠢᠱ᠌ᠢᠭ᠌ᠳᠡᠭ᠌ᠴᠢ᠎ᠶ᠋ᠢ ᠨᠡᠷ᠎ᠡ ᠳᠤᠷᠠᠳᠭᠤ ᠵᠡᠷᠭᠡ ᠵᠦᠢᠯᠡᠰ᠎ᠢ ᠬᠠᠷᠢᠭᠤᠴᠠᠨ᠎ᠠ᠃

ᠰᠣᠩᠭᠤᠭᠤᠯᠢ᠎ᠶ᠋ᠢᠨ ᠵᠦᠪᠯᠡᠯ᠎ᠨᠢ ᠦᠢᠯᠡᠳᠪᠦᠷᠢ ᠬᠤᠳᠠᠯᠳᠤᠭ᠎ᠠ᠂ ᠮᠥᠩᠭᠦᠨ ᠭᠦᠢᠯᠭᠡᠭᠡᠨ᠎ᠤ ᠡᠲᠡᠭᠡᠳ᠂ ᠲᠤᠰᠭᠠᠢ ᠮᠡᠷᠭᠡᠵᠢᠯ᠎ᠤᠨ ᠡᠲᠡᠭᠡᠳ᠂ ᠦᠨᠳᠦᠰᠦᠨ ᠱᠠᠳᠤ᠂ ᠬᠥᠳᠡᠯᠮᠦᠷᠢᠴᠢᠨ ᠠᠵᠢᠯᠴᠢᠨ ᠪᠠ ᠱᠠᠱᠢᠨ ᠰᠤᠷᠲᠠᠬᠤᠨ ᠵᠡᠷᠭᠡ ᠡᠲᠡᠭᠡᠳ᠂ ᠬᠠᠤᠯᠢ ᠲᠣᠭ᠍ᠲᠠᠭᠠᠬᠤ ᠵᠦᠪᠯᠡᠯ᠎ᠤᠨ ᠵᠥᠪᠯᠡᠯᠭᠡᠨ᠎ᠤ ᠭᠡᠱᠢᠭᠦᠨ᠂ ᠭᠠᠵᠠᠷ ᠣᠷᠣᠨ᠎ᠤ ᠵᠣᠬᠢᠶᠠᠨ ᠪᠠᠢᠭᠤᠯᠤᠯᠲᠠ᠎ᠶ᠋ᠢᠨ ᠲᠥᠯᠥᠭᠡᠯᠡᠭ᠌ᠴᠢ ᠵᠡᠷᠭᠡ ᠡᠲᠡᠭᠡᠳ᠂ ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠂ ᠱᠢᠶᠠᠩᠭᠠᠩ  ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠭᠡᠱᠢᠭᠦᠨ ᠪᠠ ᠬᠤᠯᠪᠣᠭ᠍ᠳᠠᠯ ᠪᠦᠬᠦᠢ ᠪᠦᠬᠦ᠌ ᠤᠯᠤᠰ᠎ᠤᠨ ᠴᠢᠨᠠᠷᠲᠠᠢ ᠪᠦᠯᠬᠦᠮ᠎ᠤᠨ ᠱᠢᠶᠠᠩᠭᠠᠩ᠎ᠤᠨ ᠪᠦᠷᠢᠯᠳᠦᠬᠦᠨ᠎ᠤ ᠲᠥᠯᠥᠭᠡᠯᠡᠭ᠌ᠴᠢ᠎ᠶ᠋ᠢᠨ ᠡᠳᠡᠬᠡᠳ ᠵᠡᠷᠭᠡ ᠲᠠᠪᠤᠨ ᠡᠲᠡᠭᠡᠳ ᠢᠯᠭᠠᠯ᠎ᠤᠨ ᠨᠡᠢᠳᠡ 1500 ᠬᠡᠱᠢᠬᠦᠨ᠎ᠢᠶᠠᠷ ᠪᠦᠷᠢᠯᠳᠦᠨ᠎ᠡ᠃

ᠭᠤᠷᠪᠠ᠂ ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ᠎ᠶ᠋ᠢ ᠰᠣᠩᠭᠤᠭᠤᠯᠢ᠎ᠶ᠋ᠢᠨ ᠵᠦᠪᠯᠡᠯ ᠰᠣᠩᠭᠤᠨ ᠭᠠᠷᠭᠠᠵᠣ᠂ ᠲᠥᠪ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠳᠣᠱᠢᠶᠠᠯ᠎ᠳᠤ ᠲᠣᠮᠢᠯᠠᠨ᠎ᠠ᠃

ᠵᠠᠰᠠᠭ ᠵᠠᠬᠢᠷᠭᠠᠨ᠎ᠤ ᠳᠠᠷᠤᠭ᠎ᠠ᠎ᠶ᠋ᠢᠨ ᠵᠢᠱ᠌ᠢᠭ᠌ᠳᠡᠭ᠌ᠴᠢ᠎ᠶ᠋ᠢ ᠡᠷᠬᠡᠪᠰᠢ ᠰᠣᠩᠭᠤᠭᠤᠯᠢ᠎ᠶ᠋ᠢᠨ ᠵᠦᠪᠯᠡᠯ᠎ᠤᠨ ᠠᠳᠠᠭ᠎ᠲᠠᠭᠠᠨ 188 ᠭᠡᠱᠢᠭᠦᠨ ᠬᠠᠮᠲᠤᠷᠠᠨ ᠨᠡᠷ᠎ᠡ ᠳᠤᠷᠠᠳᠣᠭ᠍ᠰᠠᠨ ᠪᠠᠢᠬᠤ ᠬᠡᠷᠡᠭ᠌ᠳᠡᠢ ᠪᠥᠭᠡᠳ ᠳᠡᠭᠡᠷ᠎ᠡ ᠳᠤᠷᠠᠳᠤᠭ᠍ᠰᠠᠨ ᠲᠠᠪᠤᠨ ᠡᠲᠡᠭᠡᠳ ᠢᠯᠭᠠᠯ᠎ᠤᠨ ᠳᠣᠲᠣᠷᠠᠬᠢ ᠡᠲᠡᠭᠡᠳ ᠢᠯᠭᠠᠯ ᠪᠦᠷᠢ᠎ᠶ᠋ᠢᠨ ᠨᠡᠷ᠎ᠡ ᠳᠤᠷᠠᠳᠭᠤ᠎ᠳᠤ ᠣᠷᠣᠯᠴᠠᠬᠤ ᠭᠡᠱᠢᠭᠦᠨ᠎ᠨᠢ ᠠᠳᠠᠭ᠎ᠲᠠᠭᠠᠨ 15 ᠬᠦᠮᠦᠨ ᠪᠠᠢᠬᠤ ᠬᠡᠷᠡᠭ᠌ᠲᠡᠢ᠃ ᠰᠣᠩᠭᠤᠭᠤᠯᠢ᠎ᠶ᠋ᠢᠨ ᠺᠤᠮᠢᠰ ᠨᠡᠷ᠎ᠡ᠎ᠪᠠᠨ ᠪᠢᠴᠢᠬᠦ᠌ ᠦᠭᠡᠢ᠎ᠪᠠᠷ ᠨᠢᠭᠡ ᠬᠥᠮᠦᠨ ᠨᠢᠭᠡ ᠪᠢᠯᠧᠲ ᠥᠭ᠌ᠭᠦᠨ ᠵᠠᠰᠠᠭ ᠵᠠᠬᠢᠷᠭᠠᠨ᠎ᠤ ᠳᠠᠷᠤᠭ᠎ᠠ᠎ᠶ᠋ᠢᠨ ᠵᠢᠱ᠌ᠢᠭ᠌ᠳᠡᠭ᠌ᠴᠢ᠎ᠶ᠋ᠢ ᠰᠣᠩᠭᠤᠨ ᠭᠠᠷᠭᠠᠨ᠎ᠠ᠂ ᠵᠠᠰᠠᠭ ᠵᠠᠬᠢᠷᠭᠠᠨ᠎ᠤ ᠳᠠᠷᠤᠭ᠎ᠠ᠎ᠶ᠋ᠢᠨ ᠳᠣᠱᠢᠶᠠᠯ ᠬᠦᠯᠢᠶᠡᠭ᠌ᠰᠡᠳ ᠡᠷᠬᠡᠪᠰᠢ ᠰᠣᠩᠭᠤᠭᠤᠯᠢ᠎ᠶ᠋ᠢᠨ ᠺᠤᠮᠢᠰ᠎ᠤᠨ ᠪᠦᠬᠦ᠌ ᠭᠡᠱᠢᠭᠦᠨ᠎ᠤ ᠬᠠᠭᠠᠰ᠎ᠠᠴᠠ ᠳᠡᠭᠡᠭ᠌ᠰᠢᠬᠢ ᠬᠥᠮᠦᠨ᠎ᠤ ᠳᠡᠮᠵᠢᠯᠭᠡ᠎ᠶ᠋ᠢ ᠣᠯᠤᠭ᠍ᠰᠠᠨ ᠪᠠᠢᠬᠤ ᠬᠡᠷᠡᠭ᠌ᠲᠡᠢ᠃

ᠲᠦᠷᠪᠡ᠂ ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠬᠠᠤᠯᠢ ᠲᠣᠭ᠍ᠲᠠᠭᠠᠬᠤ ᠵᠦᠪᠯᠡᠯ᠎ᠤᠨ ᠵᠥᠪᠯᠡᠯᠭᠡᠨ᠎ᠤ ᠭᠡᠱᠢᠭᠦᠨ ᠬᠤᠭᠤᠴᠠᠭ᠎ᠠ ᠪᠦᠷᠢ 90 ᠬᠥᠮᠦᠨ᠃ ᠰᠣᠩᠭᠤᠭᠤᠯᠢ᠎ᠶ᠋ᠢᠨ ᠵᠦᠪᠯᠡᠯ ᠰᠣᠩᠭᠤᠬᠤ᠂ ᠴᠢᠳᠠᠮᠵᠢᠳᠦ ᠪᠦᠯᠬᠦᠮ ᠰᠣᠩᠭᠤᠬᠤ᠂ ᠲᠣᠭᠤᠷᠢᠭ ᠬᠤᠪᠢᠶᠠᠨ ᠱᠢᠭᠤᠳ ᠰᠣᠩᠭᠤᠬᠤ ᠭᠤᠷᠪᠠᠨ ᠵᠦᠢᠯ᠎ᠤᠨ ᠠᠷᠭ᠎ᠠ ᠬᠡᠯᠪᠡᠷᠢ᠎ᠪᠠᠷ ᠳᠠᠮᠵᠢᠭᠤᠯᠤᠨ ᠲᠤᠰ ᠲᠤᠰ ᠰᠣᠩᠭᠤᠨ ᠭᠠᠷᠭᠠᠨ᠎ᠠ᠃

ᠲᠠᠪᠤ᠂ ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠢᠱ᠌ᠢᠭ᠌ᠳᠡᠭ᠌ᠰᠡᠳ᠎ᠤᠨ ᠬᠢᠷᠢ ᠬᠡᠮ᠎ᠢ ᠬᠢᠨᠠᠨ ᠪᠠᠢᠴᠠᠭᠠᠬᠤ ᠵᠦᠪᠯᠡᠯ ᠪᠠᠢᠭᠤᠯᠵᠤ᠂ ᠰᠣᠩᠭᠤᠭᠤᠯᠢ᠎ᠶ᠋ᠢᠨ ᠵᠦᠪᠯᠡᠯ᠎ᠤᠨ ᠭᠡᠱᠢᠭᠦᠳ᠎ᠤᠨ ᠵᠢᠱ᠌ᠢᠭ᠌ᠳᠡᠭ᠌ᠰᠡᠳ᠂ ᠵᠠᠰᠠᠭ ᠵᠠᠬᠢᠷᠭᠠᠨ᠎ᠤ ᠳᠠᠷᠤᠭ᠎ᠠ᠎ᠶ᠋ᠢᠨ ᠵᠢᠱ᠌ᠢᠭ᠌ᠳᠡᠭ᠌ᠴᠢ ᠪᠠ ᠬᠠᠤᠯᠢ ᠲᠣᠭ᠍ᠲᠠᠭᠠᠬᠤ ᠵᠦᠪᠯᠡᠯ᠎ᠤᠨ ᠵᠥᠪᠯᠡᠯᠭᠡᠨ᠎ᠤ ᠭᠡᠱᠢᠭᠦᠳ᠎ᠤᠨ ᠵᠢᠱ᠌ᠢᠭ᠌ᠳᠡᠭ᠌ᠰᠡᠳ᠎ᠤᠨ ᠬᠢᠷᠢ ᠬᠡᠮ᠎ᠢ ᠬᠢᠨᠠᠨ ᠪᠠᠢᠴᠠᠭᠠᠵᠤ ᠨᠣᠳᠠᠯᠠᠬᠤ ᠠᠵᠢᠯ᠎ᠢ ᠬᠠᠷᠢᠭᠤᠴᠠᠭᠤᠯᠣᠨ᠎ᠠ᠃ ᠱᠢᠶᠠᠩᠭᠠᠩ  ᠤᠨᠴᠠᠭᠠᠢ ᠵᠠᠰᠠᠭ ᠵᠠᠬᠢᠷᠭᠠᠨ᠎ᠤ ᠣᠷᠣᠨ ᠬᠤᠯᠪᠣᠭ᠍ᠳᠠᠯ ᠪᠦᠬᠦᠢ ᠬᠢᠷᠢ ᠬᠡᠮ᠎ᠢ ᠬᠢᠨᠠᠨ ᠪᠠᠢᠴᠠᠭᠠᠬᠤ ᠲᠦᠷᠢᠮ ᠲᠣᠭ᠍ᠲᠠᠴᠠ᠎ᠶ᠋ᠢ ᠪᠦᠷᠢᠨᠱᠢᠬᠦᠯᠦᠨ ᠲᠡᠭᠦᠯᠳᠡᠷᠵᠢᠭᠦᠯᠵᠦ᠍᠂ ᠵᠢᠱ᠌ᠢᠭ᠌ᠳᠡᠭ᠌ᠰᠡᠳ᠎ᠤᠨ ᠬᠢᠷᠢ ᠬᠡᠮ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠱᠢᠶᠠᠩᠭᠠᠩ  ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠦᠨᠳᠦᠰᠦ ᠪᠣᠯᠬᠤ ᠬᠠᠤᠯᠢ》᠂ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠬᠠᠤᠯᠢ》᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠦᠨᠳᠦᠰᠦ ᠪᠣᠯᠬᠤ ᠬᠠᠤᠯᠢ》 ᠎ᠶ᠋ᠢᠨ ᠵᠠᠭᠤ ᠳᠥᠷᠪᠡᠳᠦᠭᠡᠷ ᠵᠦᠢᠯ᠎ᠤᠨ ᠲᠤᠬᠠᠢ ᠲᠠᠢᠯᠪᠤᠷᠢ ᠪᠠ ᠱᠢᠶᠠᠩᠭᠠᠩ  ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠬᠠᠤᠯᠢ ᠲᠣᠭ᠍ᠲᠠᠭᠠᠬᠤ ᠵᠦᠪᠯᠡᠯ᠎ᠤᠨ ᠵᠥᠪᠯᠡᠯᠭᠡᠨ᠎ᠤ ᠭᠡᠱᠢᠭᠦᠨ᠎ᠤ ᠬᠢᠷᠢ ᠬᠡᠮ᠎ᠤᠨ ᠠᠰᠠᠭᠤᠳᠠᠯ᠎ᠤᠨ ᠲᠤᠬᠠᠢ ᠲᠣᠭ᠍ᠲᠠᠭᠠᠯ ᠵᠢᠴᠢ ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠲᠤᠰ ᠭᠠᠵᠠᠷ᠎ᠤᠨ ᠬᠤᠯᠪᠣᠭ᠍ᠳᠠᠯ ᠪᠦᠬᠦᠢ ᠬᠠᠤᠯᠢ ᠴᠠᠭᠠᠵᠠ᠎ᠶ᠋ᠢᠨ ᠲᠣᠭ᠍ᠲᠠᠭᠠᠯ᠎ᠳᠤ ᠨᠡᠢᠴᠡᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃

ᠵᠢᠷᠭᠤᠭ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ  ᠬᠤᠷᠢᠶ᠎ᠠ᠎ᠳᠤ ᠡᠷᠬᠡ ᠣᠯᠭᠤᠨ ᠲᠤᠰ ᠲᠣᠭ᠍ᠲᠠᠭᠠᠯ᠎ᠢ ᠦᠨᠳᠦᠰᠦᠯᠡᠨ 《ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠦᠨᠳᠦᠰᠦ ᠪᠣᠯᠬᠤ ᠬᠠᠤᠯᠢ》 ᠎ᠶ᠋ᠢᠨ ᠳᠠᠭᠠᠯᠳᠤᠭᠤᠯᠤᠯ ᠨᠢᠭᠡ 《ᠱᠢᠶᠠᠩᠭᠠᠩ  ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ᠎ᠶ᠋ᠢ ᠰᠤᠩᠭᠤᠨ ᠭᠠᠷᠭᠠᠬᠤ ᠠᠷᠭ᠎ᠠ》 ᠪᠠ ᠳᠠᠭᠠᠯᠳᠤᠭᠤᠯᠤᠯ ᠬᠤᠶᠠᠷ 《ᠱᠢᠶᠠᠩᠭᠠᠩ  ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠬᠠᠤᠯᠢ ᠲᠣᠭ᠍ᠲᠠᠭᠠᠬᠤ ᠵᠦᠪᠯᠡᠯ᠎ᠢ ᠰᠤᠩᠭᠤᠨ ᠭᠠᠷᠭᠠᠬᠤ ᠠᠷᠭ᠎ᠠ ᠪᠠ ᠪᠠᠳᠤᠯᠠᠯᠳᠠ᠎ᠶ᠋ᠢᠨ ᠳᠡᠰ ᠳᠠᠷᠠᠭᠠᠯᠠᠯ》 ᠎ᠳᠤ ᠵᠠᠰᠠᠪᠤᠷᠢ ᠣᠷᠣᠭᠤᠯᠣᠨ᠎ᠠ᠃

ᠲᠤᠯᠤᠭ᠎ᠠ᠂ ᠱᠢᠶᠠᠩᠭᠠᠩ  ᠤᠨᠴᠠᠭᠠᠢ ᠵᠠᠰᠠᠭ ᠵᠠᠬᠢᠷᠭᠠᠨ᠎ᠤ ᠣᠷᠣᠨ ᠲᠤᠰ ᠲᠣᠭ᠍ᠲᠠᠭᠠᠯ ᠪᠠ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠵᠠᠰᠠᠪᠤᠷᠢ ᠣᠷᠣᠭᠤᠯᠤᠭ᠍ᠰᠠᠨ᠎ᠤ ᠳᠠᠷᠠᠭᠠᠬᠢ 《ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠱᠢᠶᠠᠩᠭᠠᠩ  ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠦᠨᠳᠦᠰᠦ ᠪᠣᠯᠬᠤ ᠬᠠᠤᠯᠢ》 ᠎ᠶ᠋ᠢᠨ ᠳᠠᠭᠠᠯᠳᠤᠭᠤᠯᠤᠯ ᠨᠢᠭᠡ 《ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ᠎ᠶ᠋ᠢ ᠰᠤᠩᠭᠤᠨ ᠭᠠᠷᠭᠠᠬᠤ ᠠᠷᠭ᠎ᠠ》 ᠪᠠ ᠳᠠᠭᠠᠯᠳᠤᠭᠤᠯᠤᠯ ᠬᠤᠶᠠᠷ 《ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠬᠠᠤᠯᠢ ᠲᠣᠭ᠍ᠲᠠᠭᠠᠬᠤ ᠵᠦᠪᠯᠡᠯ᠎ᠢ ᠰᠤᠩᠭᠤᠨ ᠭᠠᠷᠭᠠᠬᠤ ᠠᠷᠭ᠎ᠠ ᠪᠠ ᠪᠠᠳᠤᠯᠠᠯᠳᠠ᠎ᠶ᠋ᠢᠨ ᠳᠡᠰ ᠳᠠᠷᠠᠭᠠᠯᠠᠯ》 ᠶᠣᠰᠣᠭᠠᠷ᠂ ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠲᠤᠰ ᠭᠠᠵᠠᠷ ᠣᠷᠣᠨ᠎ᠤ᠎ᠪᠠᠨ ᠬᠤᠯᠪᠣᠭ᠍ᠳᠠᠯ ᠪᠦᠬᠦᠢ ᠬᠠᠤᠯᠢ ᠴᠠᠭᠠᠵᠠ᠎ᠳᠤ ᠵᠠᠰᠠᠪᠤᠷᠢ ᠣᠷᠣᠭᠤᠯᠵᠤ᠂ ᠬᠤᠯᠪᠣᠭ᠍ᠳᠠᠯ ᠪᠦᠬᠦᠢ ᠰᠣᠩᠭᠤᠭᠤᠯᠢ᠎ᠶ᠋ᠢᠨ ᠠᠵᠢᠯᠯᠠᠭ᠎ᠠ᠎ᠶ᠋ᠢ ᠬᠠᠤᠯᠢ ᠶᠣᠰᠣᠭᠠᠷ ᠵᠣᠬᠢᠶᠠᠨ ᠪᠠᠢᠭᠤᠯᠵᠤ᠂ ᠵᠢᠷᠣᠮᠵᠢᠭᠤᠯᠣᠨ ᠬᠠᠮᠢᠶᠠᠷᠬᠤ ᠬᠡᠷᠡᠭ᠌ᠲᠡᠢ᠃

ᠨᠠᠢ᠍ᠮᠠ᠂ ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠰᠣᠩᠭᠤᠭᠤᠯᠢ᠎ᠶ᠋ᠢᠨ ᠲᠦᠷᠢᠮ᠎ᠤᠨ ᠲᠤᠬᠢᠷᠡᠭᠤᠯᠦᠯᠳᠠ ᠪᠠ ᠰᠣᠩᠭᠤᠭᠤᠯᠢ᠎ᠶ᠋ᠢᠨ ᠵᠣᠬᠢᠶᠠᠨ ᠪᠠᠢᠭᠤᠯᠤᠯᠲᠠ ᠵᠡᠷᠭᠡ ᠬᠤᠯᠪᠣᠭ᠍ᠳᠠᠯ ᠪᠦᠬᠦᠢ ᠴᠢᠬᠤᠯᠠ ᠪᠠᠢᠳᠠᠯ᠎ᠢ᠂ ᠴᠠᠭ ᠳᠣᠬᠠᠢ᠎ᠳᠤᠨᠢ ᠲᠥᠪ᠎ᠤᠨ ᠠᠷᠠᠳ᠎ᠤᠨ ᠵᠠᠰᠠᠭ᠎ᠤᠨ ᠣᠷᠳᠣᠨ᠎ᠳᠤ ᠳᠡᠪᠱᠢᠭᠦᠯᠦᠨ ᠮᠡᠳᠡᠭᠦᠯᠬᠦ᠌ ᠬᠡᠷᠡᠭ᠌ᠲᠡᠢ᠃

ᠶᠢᠰᠦ᠂ ᠲᠤᠰ ᠲᠣᠭ᠍ᠲᠠᠭᠠᠯ᠎ᠢ ᠨᠡᠢᠲᠡᠯᠡᠭ᠌ᠰᠡᠨ ᠡᠳᠦᠷ᠎ᠠᠴᠠ ᠡᠬᠢᠯᠡᠵᠦ᠍ ᠬᠡᠷᠡᠭ᠌ᠵᠢᠭᠦᠯᠦᠨ᠎ᠡ᠃ (ᠱᠢᠨᠬᠤᠸᠠ ᠬᠤᠷᠢᠶᠠᠨ᠎ᠤ ᠪᠡᠬᠡᠵᠢᠩ᠎ᠤᠨ 3 ᠰᠠᠷ᠎ᠠ᠎ᠶ᠋ᠢᠨ 11 ᠎ᠤ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号