ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠠᠴᠠ ᠬᠤᠷᠢᠶᠠᠨ ᠳᠠᠷᠤᠭ᠎ᠠ ᠯᠢ ᠵᠠᠨ ᠱᠦ᠍ᠶ᠋ᠢᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠨᠠᠢᠳᠠᠯᠭ᠎ᠠ᠎ᠪᠠᠷ ᠬᠢᠭ᠌ᠰᠡᠨ ᠠᠵᠢᠯ᠎ᠤᠨ ᠮᠡᠳᠡᠭᠦᠯᠦᠯᠲᠡ᠎ᠶ᠋ᠢ ᠰᠣᠨᠣᠰᠤᠬ᠍ᠰᠠᠨ ᠪᠦᠬᠡᠳ ᠬᠢᠨᠠᠨ ᠵᠥᠪᠯᠡᠪᠡ᠃ ᠬᠤᠷᠠᠯ᠎ᠠᠴᠠ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠠᠴᠠ ᠨᠠᠭᠠᠱᠢᠬᠢ ᠪᠠᠢᠩᠭᠤ᠎ᠶ᠋ᠢᠨ ᠬᠤᠷᠢᠶᠠᠨ᠎ᠤ ᠠᠵᠢᠯ᠎ᠢ ᠭᠦᠢᠴᠡᠳ ᠨᠤᠲᠠᠯᠠᠵᠤ᠂ ᠮᠡᠳᠡᠬᠦᠯᠦᠯᠳᠡ᠎ᠳᠤ ᠳᠤᠷᠠᠳᠤᠭ᠍ᠰᠠᠨ ᠬᠤᠢᠱᠢᠳᠠ᠎ᠶ᠋ᠢᠨ ᠨᠢᠭᠡ ᠵᠢᠯ᠎ᠤᠨ ᠭᠤᠣᠯ ᠡᠭᠦᠷᠭᠡ᠎ᠶ᠋ᠢ ᠵᠥᠪᠱᠢᠶᠡᠷᠡᠵᠦ᠍᠂ ᠡᠨᠡ ᠬᠦ᠌ ᠮᠡᠳᠡᠬᠦᠯᠦᠯᠳᠡ᠎ᠶ᠋ᠢ ᠵᠥᠪᠱᠢᠶᠡᠷᠡᠬᠦ᠌᠎ᠪᠠᠷ ᠲᠣᠭ᠍ᠲᠠᠪᠠ᠃
ᠬᠤᠷᠠᠯ᠎ᠠᠴᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠨᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠰᠢ᠎ᠶ᠋ᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠬᠡᠷ᠂ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ ᠪᠠᠷ ᠲᠤᠭᠤᠱᠢᠯᠠᠭᠤᠯᠵᠤ᠂ 《ᠳᠥᠷᠪᠡᠨ ᠤᠬᠠᠮᠰᠠᠷ》 ᠢᠶᠠᠨ ᠴᠢᠩᠭᠠᠳᠭᠠᠨ᠂ 《ᠳᠥᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢᠨ ᠣᠷᠭᠠᠨᠢᠭ ᠨᠢᠭᠡᠳᠦᠯ᠎ᠢ ᠪᠠᠷᠢᠮᠳᠠᠯᠠᠵᠤ᠂ ᠨᠠᠮ ᠪᠠ ᠤᠯᠤᠰ᠎ᠤᠨ ᠭᠤᠣᠯ ᠡᠭᠦᠷᠭᠡ᠎ᠲᠠᠢ ᠨᠢᠭ᠍ᠲᠠ ᠤᠶᠠᠯᠳᠤᠭᠤᠯᠤᠨ ᠬᠠᠤᠯᠢ ᠶᠣᠰᠣᠭᠠᠷ ᠡᠷᠬᠡ ᠲᠤᠱᠢᠶᠠᠯ᠎ᠢᠶᠠᠨ ᠬᠡᠷᠡᠭ᠌ᠵᠢᠭᠦᠯᠵᠤ᠂ ᠪᠦᠲᠦᠭᠡᠯᠴᠢ ᠴᠢᠨᠠᠷᠲᠠᠶ᠎ᠪᠠᠷ ᠠᠵᠢᠯ᠎ᠢᠶᠠᠨ ᠥᠷᠨᠢᠭᠦᠯᠵᠤ᠂ ᠦᠨᠳᠦᠰᠦᠨ ᠬᠠᠤᠯᠢ᠎ᠶ᠋ᠢᠨ ᠬᠡᠷᠡᠭ᠌ᠵᠢᠭᠦᠯᠦᠯᠲᠡ ᠪᠠ ᠬᠢᠨᠠᠯᠲᠠ᠎ᠶ᠋ᠢ ᠴᠢᠩᠭᠠᠳᠭᠠᠨ᠂ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ᠂ ᠱᠢᠨ᠎ᠡ᠎ᠪᠠᠷ ᠮᠠᠨᠳᠤᠬ᠍ᠰᠠᠨ ᠬᠦᠷᠢᠶ᠎ᠡ ᠴᠠᠷᠠᠭ᠎ᠠ᠂ ᠭᠠᠳᠠᠭᠠᠳᠤ᠎ᠳᠤ ᠬᠤᠯᠪᠣᠭ᠍ᠳᠠᠬᠤ ᠬᠦᠷᠢᠶ᠎ᠠ ᠴᠠᠷᠠᠭᠠᠨ᠎ᠳᠠᠬᠢ ᠬᠠᠤᠯᠢ ᠲᠣᠭ᠍ᠲᠠᠭᠠᠬᠤ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠬᠠᠤᠯᠢ ᠴᠠᠭᠠᠵᠠ᠎ᠶ᠋ᠢᠨ ᠱᠢᠰᠲ᠋ᠧᠮ᠎ᠢ ᠲᠦᠷᠭᠡᠳᠭᠡᠨ ᠲᠡᠭᠦᠯᠳᠡᠷᠵᠢᠭᠦᠯᠵᠤ᠂ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠪᠠ 《ᠵᠠᠰᠠᠭ᠎ᠤᠨ ᠣᠷᠳᠣᠨ᠂ ᠬᠢᠨᠠᠨ ᠪᠠᠢᠴᠠᠭᠠᠬᠤ ᠵᠥᠪᠯᠡᠯ᠂ ᠠᠷᠠᠳ᠎ᠤᠨ ᠳᠡᠭᠡᠳᠤ ᠱᠢᠭᠦᠭᠦ᠌ ᠬᠤᠷᠢᠶ᠎ᠠ᠂ ᠠᠷᠠᠳ᠎ᠤᠨ ᠳᠡᠭᠡᠳᠤ ᠪᠠᠢᠴᠠᠭᠠᠬᠤ ᠬᠤᠷᠢᠶ᠎ᠠ》 ᠶ᠋ᠢᠨ ᠠᠵᠢᠯ᠎ᠳᠤ ᠬᠢᠨᠠᠯᠲᠠ ᠲᠠᠯᠪᠢᠬᠤ᠎ᠪᠠᠨ ᠴᠢᠩᠭᠠᠳᠭᠠᠵᠤ᠂ ᠠᠷᠠᠳ᠎ᠤᠨ ᠲᠥᠯᠥᠭᠡᠯᠡᠭ᠌ᠴᠢᠳ᠎ᠤᠨ ᠦᠢᠯᠡᠳᠦᠯ᠎ᠢ ᠨᠡᠩ ᠰᠠᠢᠳᠤᠷ ᠪᠠᠳᠠᠷᠠᠭᠤᠯᠵᠤ᠂ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠪᠦᠬᠦ᠌ ᠲᠠᠯ᠎ᠠ᠎ᠪᠠᠷ ᠴᠢᠩᠭᠠᠳᠭᠠᠨ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠢ ᠡᠬᠢᠯᠡᠭᠦᠯᠬᠦ᠌᠎ᠳᠤ ᠱᠢᠨ᠎ᠡ ᠬᠤᠪᠢ ᠨᠡᠮᠡᠷᠢ ᠦᠵᠡᠭᠦᠯᠵᠤ᠂ ᠱᠢᠯᠢᠳᠡᠭ ᠬᠢᠷᠢ ᠪᠦᠲᠦᠮᠵᠢ᠎ᠪᠠᠷ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠬᠡᠷᠡᠭ᠌ᠳᠡᠢ ᠬᠡᠵᠤ ᠱᠠᠭᠠᠷᠳᠠᠪᠠ᠃ (ᠱᠢᠨᠬᠤᠸᠠ ᠬᠤᠷᠢᠶᠠᠨ᠎ᠤ ᠪᠡᠬᠡᠵᠢᠩ᠎ᠤᠨ 3 ᠰᠠᠷ᠎ᠠ᠎ᠶ᠋ᠢᠨ 11 ᠤ ᠴᠠᠬᠢᠯᠭᠠᠨ ᠮᠡᠳᠡᠭᠡ)
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号