ᠶᠡᠷᠦᠩᠭᠡᠢ ᠰᠠᠢᠳ ᠯᠢ ᠺᠧ ᠴᠢᠶᠠᠩ ᠰᠤᠷᠪᠤᠯᠵᠢᠯᠠᠬ᠍ᠴᠢᠳ᠎ᠤᠨ ᠬᠤᠷᠠᠯ᠎ᠳᠤ ᠤᠷᠤᠯᠴᠠᠬ᠍ᠰᠠᠨ ᠪᠦᠭᠡᠳ ᠳᠤᠮᠳᠠᠳᠤ ᠭᠠᠳᠠᠭᠠᠳᠦ᠎ᠶ᠋ᠢᠨ ᠰᠤᠷᠪᠤᠯᠵᠢᠯᠠᠬ᠍ᠴᠢᠳ᠎ᠤᠨ ᠠᠰᠠᠭᠤᠯᠳᠠ᠎ᠶ᠋ᠢ ᠬᠠᠷᠢᠭᠤᠯᠪᠠ
2021-03-12 11:44:43
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠲᠦᠷᠪᠡᠳᠦᠭᠡᠷ ᠬᠤᠷᠡᠯ 11 ᠎ᠤ ᠦᠳᠡ᠎ᠶ᠋ᠢᠨ ᠬᠤᠢᠨ᠎ᠡ ᠠᠷᠠᠳ᠎ᠤᠨ ᠶᠡᠭᠡ ᠬᠤᠷᠡᠯ᠎ᠤᠨ ᠲᠠᠩᠬᠢᠮ᠎ᠳᠤ ᠰᠤᠷᠪᠤᠯᠵᠢᠯᠠᠬ᠍ᠴᠢᠳ᠎ᠤᠨ ᠬᠤᠷᠡᠯ ᠬᠢᠵᠥ᠍᠂ ᠲᠦᠷᠦ᠎ᠶ᠋ᠢᠨ ᠶᠠᠪᠤᠳᠠᠯ᠎ᠤᠨ ᠬᠤᠷᠢᠶᠡᠨ᠎ᠤ ᠶᠡᠷᠤᠩᠬᠡᠢ ᠰᠠᠢᠳ ᠯᠢ ᠺᠧ ᠴᠢᠶᠠᠩ ᠶᠡᠭᠡ ᠬᠤᠷᠡᠯ᠎ᠤᠨ ᠦᠬᠦᠯᠡᠭ᠌ᠴᠢ ᠵᠠᠩ ᠶᠧ ᠰᠦᠢ᠎ᠶ᠋ᠢᠨ ᠤᠷᠢᠯᠭ᠎ᠠ᠎ᠪᠠᠷ ᠲᠤᠮᠳᠠᠳᠤ ᠭᠠᠳᠠᠭᠠᠳᠤ᠎ᠶ᠋ᠢᠨ ᠰᠤᠷᠪᠤᠯᠵᠢᠯᠠᠭ᠍ᠴᠢᠳ᠎ᠲᠠᠢ ᠠᠭᠤᠯᠵᠠᠬ᠍ᠰᠠᠠ ᠪᠦᠬᠡᠳ ᠲᠡᠳᠡᠨ᠎ᠤ ᠲᠤᠷᠠᠳᠤᠭ᠍ᠰᠠᠠ ᠠᠰᠠᠭᠤᠯᠳᠠ᠎ᠶ᠋ᠢ ᠬᠠᠷᠢᠭᠤᠯᠪᠠ᠃

ᠰᠤᠷᠪᠤᠯᠵᠢᠯᠠᠬ᠍ᠴᠢᠳ᠎ᠤᠨ ᠬᠤᠷᠡᠯ ᠡᠬᠢᠯᠡᠬᠦ᠌ ᠦᠶ᠎ᠡ᠎ᠳᠤ᠂ ᠯᠢ ᠺᠧ ᠴᠢᠶᠠᠩ᠂ ᠵᠠᠭᠤᠴᠢᠯᠠᠭᠤᠷ᠎ᠤᠨ ᠨᠠᠢᠵᠠ ᠨᠠᠷ᠎ᠲᠠᠢ ᠠᠭᠤᠯᠵᠠᠬ᠍ᠰᠠᠨ᠎ᠳᠠᠭᠠᠨ ᠮᠠᠰᠢ ᠪᠠᠶᠠᠷᠳᠠᠢ ᠪᠠᠢᠨ᠎ᠠ᠂ ᠲᠠ ᠤᠯᠠᠨ᠎ᠤ ᠳᠤᠮᠳᠠᠳᠤ ᠤᠯᠤᠰ᠎ᠤᠨ ᠬᠤᠶᠠᠷ ᠬᠤᠷᠠᠯ᠎ᠢ ᠮᠡᠳᠡᠭᠡᠯᠡᠬᠦ᠌᠎ᠶ᠋ᠢᠨ ᠲᠦᠯᠦᠭᠡ ᠬᠦᠴᠦ᠍ ᠬᠦᠳᠡᠯᠮᠦᠷᠢ ᠵᠠᠷᠤᠴᠠᠭᠤᠯᠤᠭ᠍ᠰᠠᠨ᠎ᠳᠤ ᠲᠠᠯᠠᠷᠬᠠᠵᠦ᠍ ᠪᠠᠢᠨ᠎ᠠ᠃ ᠡᠨᠡ ᠵᠢᠯ ᠪᠢᠳᠡ ᠦᠷᠬᠦᠯᠵᠢᠯᠡᠨ ᠸᠢᠳᠢᠣ᠋ ᠬᠡᠯᠪᠡᠷᠢ᠎ᠪᠠᠷ ᠰᠤᠷᠪᠤᠯᠵᠢᠯᠠᠬ᠍ᠴᠢᠳ᠎ᠤᠨ ᠬᠤᠷᠡᠯ᠎ᠢ ᠬᠤᠷᠡᠯᠳᠤᠭᠤᠯᠵᠥ᠍ ᠪᠠᠢᠨ᠎ᠠ᠂ ᠤᠯᠠᠨ᠎ᠢᠶᠠᠷ᠎ᠢᠶᠠᠨ ᠠᠰᠠᠭᠤᠯᠳᠠ᠎ᠪᠠᠨ ᠠᠰᠠᠭᠤᠭᠠᠷᠠᠢ ᠬᠡᠵᠥ᠍ ᠬᠡᠯᠡᠪᠡ᠃

ᠠᠮᠧᠷᠢᠺᠠ᠎ᠶ᠋ᠢᠨ ᠭᠡᠷᠡᠭ᠌ᠯᠡᠭ᠌ᠴᠢᠳ᠎ᠤᠨ ᠰᠤᠨᠢᠨ ᠮᠡᠳᠡᠭᠡ ᠪᠤᠯᠤᠨ ᠬᠤᠳᠠᠯᠳᠤᠭᠠᠨ᠎ᠤ ᠶᠠᠪᠤᠳᠠᠯ᠎ᠤᠨ ᠰᠤᠪᠠᠭ᠎ᠤᠨ ᠰᠤᠷᠪᠤᠯᠵᠢᠯᠠᠬ᠍ᠴᠢ᠄ ᠱᠢᠨ᠎ᠠ ᠳᠢᠳᠢᠮᠯᠢᠭ ᠠᠭᠤᠰᠭᠢᠨ ᠦᠷᠪᠢᠰᠤᠯ᠎ᠤᠨ ᠬᠢᠵᠢᠭ᠎ᠤᠨ ᠪᠠᠢᠳᠠᠯ᠎ᠨᠢ ᠮᠠᠰᠢ ᠤᠯᠠᠨ ᠠᠵᠢᠯ᠎ᠤᠨ ᠪᠡᠶᠡᠯᠡᠭ᠌ᠳᠡᠬᠦ᠌ ᠭᠡᠯᠪᠡᠷᠢ ᠪᠠ ᠭᠠᠵᠠᠷ ᠤᠷᠤᠨ᠎ᠳᠤ ᠴᠦᠮ ᠨᠦᠯᠦᠭᠡ ᠦᠵᠡᠬᠦᠯᠵᠡᠢ᠃ ᠬᠢᠵᠢᠭ᠎ᠤᠨ ᠪᠠᠢᠳᠠᠯ ᠭᠠᠷᠤᠭᠠᠳ ᠨᠢᠭᠡ ᠵᠢᠯ ᠪᠤᠯᠵᠠᠢ᠂ ᠳᠤᠮᠳᠠᠳᠤ ᠤᠯᠤᠰ᠎ᠤᠨ ᠠᠵᠢᠯ ᠤᠯᠭᠤᠯᠳᠠ᠎ᠶ᠋ᠢᠨ ᠶᠠᠰᠤ ᠴᠢᠨᠠᠷ ᠪᠠ ᠤᠷᠤᠯᠭ᠎ᠠ᠎ᠶ᠋ᠢᠨ ᠲᠠᠯ᠎ᠠ᠎ᠪᠠᠷ ᠶᠠᠮᠠᠷ ᠢᠯᠡᠷᠭᠡᠢ ᠬᠤᠪᠢᠷᠠᠯᠳᠠ ᠭᠠᠷᠤᠭ᠍ᠰᠠᠨ ᠪᠤᠢ᠂ ᠳᠤᠮᠳᠠᠳᠤ ᠤᠯᠤᠰ ᠶᠠᠮᠠᠷ ᠪᠤᠳᠠᠳᠠᠢ ᠠᠷᠭ᠎ᠠ ᠭᠡᠮᠵᠢᠶ᠎ᠠ᠎ᠪᠠᠷ ᠡᠢᠨ ᠬᠦ᠌ ᠪᠠᠢᠳᠠᠯ᠎ᠢ ᠰᠠᠢᠵᠢᠷᠠᠭᠤᠯᠬᠤ ᠪᠤᠢ? ᠢᠯᠠᠩᠭᠤᠶ᠎ᠠ ᠬᠦᠮᠦᠨ ᠠᠮᠠ᠎ᠶ᠋ᠢᠨ ᠨᠠᠰᠤᠵᠢᠯ᠎ᠤᠨ ᠪᠠᠢᠳᠠᠯ ᠳᠤᠤᠷ᠎ᠠ᠂ ᠭᠡᠷᠡᠭ᠌ᠯᠡᠭᠡᠨ᠎ᠤ ᠭᠡᠷᠡᠭ᠌ᠴᠡᠭᠡ ᠢᠯᠠᠩᠭᠤᠶ᠎ᠠ ᠤᠯᠤᠰ᠎ᠤᠨ ᠭᠠᠳᠠᠭᠠᠳᠦ᠎ᠶ᠋ᠢᠨ ᠲᠦᠷᠦᠯ ᠳᠡᠮᠳᠡᠭ᠎ᠤᠨ ᠭᠡᠷᠡᠭ᠌ᠯᠡᠭᠡ᠎ᠳᠤ ᠶᠠᠮᠠᠷ ᠨᠦᠯᠦᠭᠡ ᠦᠵᠡᠬᠦᠯᠬᠦ᠌ ᠪᠤᠢ?

ᠯᠢ ᠺᠧ ᠴᠢᠶᠠᠩ᠄ ᠠᠵᠢᠯ ᠤᠯᠭᠤᠯᠳᠠ᠎ᠨᠢ ᠨᠢᠭᠡ ᠤᠯᠤᠰ᠂ ᠨᠢᠭᠡ ᠭᠡᠷ ᠪᠦᠯᠢ᠎ᠳᠤ ᠠᠪᠴᠦ᠍ ᠭᠡᠯᠡᠪᠡᠯ ᠬᠠᠮᠤᠭ᠎ᠤᠨ ᠲᠤᠮᠤ ᠶᠠᠪᠤᠳᠠᠯ ᠬᠡᠵᠦ᠍ ᠭᠡᠯᠡᠵᠦ᠍ ᠪᠤᠯᠤᠨ᠎ᠠ᠃ ᠨᠢᠳᠤᠨᠤᠨ ᠵᠢᠯ ᠬᠢᠵᠢᠭ᠎ᠤᠨ ᠪᠠᠢᠳᠠᠯ ᠦᠷᠪᠢᠰᠴᠦ᠍ ᠪᠠᠢᠬᠤ᠎ᠳᠤ᠂ ᠮᠠᠰᠢ ᠤᠯᠠᠨ ᠵᠡᠭᠡᠯᠢ ᠭᠤᠳᠤᠮᠵᠢ᠎ᠪᠠᠷ ᠬᠦᠮᠦᠨ ᠬᠠᠷ᠎ᠠ ᠬᠠᠷᠠᠬ᠍ᠳᠠᠬᠤ᠎ᠪᠠᠨ ᠪᠤᠯᠢᠵᠦ᠍᠂ ᠮᠠᠰᠢ ᠤᠯᠠᠨ ᠳᠡᠯᠭᠡᠬᠦᠷ ᠴᠦᠮ ᠡᠬᠦᠳᠡ᠎ᠪᠠᠨ ᠬᠠᠭᠠᠵᠠᠢ᠂ ᠲᠤᠬᠠᠢ᠎ᠶ᠋ᠢᠨ ᠦᠶ᠎ᠠ᠎ᠳᠤ ᠪᠢᠳᠠ ᠶᠡᠭᠡ ᠭᠡᠪᠴᠢᠶᠠᠨ᠎ᠤ ᠠᠵᠢᠯ ᠠᠯᠳᠠᠯᠳᠠ ᠭᠠᠷᠬᠤ᠎ᠠᠴᠠ ᠬᠠᠮᠤᠭ ᠢᠯᠡᠬᠦᠦ ᠰᠠᠨᠠᠭ᠎ᠠ ᠵᠤᠪᠠᠵᠦ᠍ ᠪᠠᠢᠬ᠍ᠰᠠᠨ ᠶᠤᠮ᠃ ᠰᠡᠬᠦᠯᠡᠷ᠎ᠨᠢ ᠪᠢ ᠤᠷᠤᠨ ᠨᠤᠳᠤᠭ᠎ᠢᠶᠠᠷ ᠱᠢᠨᠵᠢᠯᠡᠨ ᠪᠠᠢᠴᠠᠭᠠᠬᠤ᠎ᠳᠤ᠂ ᠮᠠᠰᠢ ᠤᠯᠠᠨ ᠳᠡᠯᠭᠡᠬᠦᠷ ᠡᠬᠦᠳᠡ᠎ᠪᠠᠨ ᠨᠡᠭᠡᠭᠡᠭ᠌ᠰᠡᠨ᠎ᠢ ᠤᠯᠵᠦ᠍ ᠬᠠᠷᠠᠪᠠ᠃ ᠨᠢᠭᠡᠨ ᠳᠡᠯᠭᠡᠬᠦᠷ᠎ᠲᠤ᠌᠂ ᠳᠡᠯᠭᠡᠬᠦᠷ᠎ᠤᠨ ᠡᠵᠡᠨ ᠨᠠᠳᠠ᠎ᠳᠤ᠂ 3 ᠰᠠᠷ᠎ᠠ ᠡᠵᠡᠩᠨᠡᠯᠳᠠ ᠬᠢᠭ᠌ᠰᠡᠨ ᠦᠭᠡᠢ᠂ ᠵᠠᠰᠠᠭ᠎ᠤᠨ ᠤᠷᠳᠤᠨ᠎ᠠᠴᠠ ᠭᠠᠢᠯᠢ ᠰᠦᠢᠳᠭᠡᠯ᠎ᠢ ᠬᠠᠰᠤᠨ ᠭᠡᠯᠳᠦᠷᠢᠬᠦᠯᠵᠦ᠍᠂ ᠭᠡᠷ᠎ᠤᠨ ᠲᠦᠷᠢᠶᠡᠰᠦ᠂ ᠤᠰᠤ ᠴᠠᠬᠢᠯᠭᠠᠨ᠎ᠤ ᠰᠦᠢᠳᠭᠡᠯ᠎ᠢ ᠬᠠᠰᠤᠨ ᠭᠡᠯᠳᠦᠷᠢᠬᠦᠯᠬᠦ᠌᠎ᠶ᠋ᠢ ᠳᠡᠮᠵᠢᠨ᠂ ᠠᠵᠢᠯ᠎ᠤᠨ ᠪᠠᠢᠷᠢ᠎ᠶ᠋ᠢ ᠲᠤᠭ᠍ᠳᠠᠪᠤᠷᠢᠵᠢᠭᠤᠯᠬᠤ ᠪᠡᠯᠡ ᠮᠦᠩᠬᠦ᠌᠎ᠶ᠋ᠢ ᠪᠤᠳᠠᠳᠠᠢ ᠨᠠᠢᠳᠠᠪᠤᠷᠢᠵᠢᠭᠤᠯᠤᠭ᠍ᠰᠠᠨ᠎ᠠᠴᠠ ᠪᠢᠳᠠ ᠠᠵᠢᠯᠴᠢᠨ᠎ᠢᠶᠠᠨ ᠬᠠᠰᠤᠬ᠍ᠰᠠᠨ ᠦᠭᠡᠢ᠂ ᠳᠠᠭᠠᠭᠠᠵᠦ᠍ ᠭᠠᠷᠴᠠᠢ ᠭᠡᠵᠦ᠍ ᠭᠡᠯᠡᠭ᠌ᠰᠡᠨ᠎ᠢ ᠰᠠᠨᠠᠵᠦ᠍ ᠪᠠᠢᠨ᠎ᠠ᠃ ᠳᠡᠯᠭᠡᠬᠦᠷ᠎ᠤᠨ ᠠᠵᠢᠯᠳᠠᠨ᠎ᠤ ᠴᠠᠯᠢᠩ᠎ᠢ ᠶᠠᠭᠠᠬᠢᠬᠤ ᠪᠤᠢ? ᠭᠡᠵᠦ᠍ ᠠᠰᠠᠭᠤᠬᠤ᠎ᠳᠤ ᠲᠡᠷᠡ᠂ ᠲᠤᠬᠠᠢ᠎ᠶ᠋ᠢᠨ ᠦᠶᠡᠰ ᠵᠦᠪᠭᠡᠨ ᠠᠮᠢᠳᠤᠷᠠᠯ᠎ᠤᠨ ᠰᠦᠢᠳᠭᠡᠯ ᠦᠭ᠌ᠬᠦᠭ᠌ᠰᠡᠨ ᠡ ᠭᠡᠵᠦ᠍ ᠭᠡᠯᠡᠵᠦ᠍ ᠪᠠᠢᠪᠠ᠃ ᠲᠤᠬᠠᠢ᠎ᠶ᠋ᠢᠨ ᠲᠠᠯᠠᠪᠠᠢ᠎ᠳᠤ ᠪᠠᠢᠬ᠍ᠰᠠᠨ 20 ᠭᠠᠷᠤᠢ ᠠᠵᠢᠯᠳᠠᠨ ᠴᠦ᠍᠂ ᠳᠡᠯᠭᠡᠬᠦᠷ᠎ᠤᠨ᠎ᠬᠢᠨ ᠢᠳᠡᠵᠦ᠍ ᠰᠠᠭᠤᠬᠤ᠎ᠶ᠋ᠢ ᠬᠠᠮᠢᠶᠠᠷᠴᠦ᠍᠂ ᠠᠵᠢᠯ ᠠᠯᠳᠠᠭᠤᠯᠤᠭ᠍ᠰᠠᠨ ᠦᠭᠡᠢ ᠪᠤᠯᠬᠤᠷ ᠦᠭᠡᠷ᠎ᠠ ᠶᠠᠭᠤ᠎ᠶ᠋ᠢ ᠬᠦᠰᠡᠬᠦ᠌ ᠪᠤᠢ ᠭᠡᠵᠦ᠍ ᠶᠠᠷᠢᠵᠦ᠍ ᠪᠠᠢᠬ᠍ᠰᠠᠨ᠃ ᠠᠵᠤ ᠠᠬᠤᠢ᠍ᠢᠯᠠᠯ᠎ᠢᠶᠠᠨ ᠠᠮᠢᠵᠢᠷᠠᠭᠤᠯᠵᠦ᠍᠂ ᠠᠵᠢᠯ᠎ᠤᠨ ᠪᠠᠢᠷᠢ᠎ᠪᠠᠨ ᠲᠤᠭ᠍ᠳᠠᠪᠤᠷᠢᠵᠢᠭᠤᠯᠵᠦ᠍᠂ ᠠᠵᠢᠯ᠎ᠢᠶᠠᠨ ᠰᠡᠷᠬᠦᠭᠡᠵᠦ᠍ ᠵᠠᠬ᠎ᠠ ᠳᠡᠯᠭᠡᠬᠦᠷ᠎ᠢ ᠰᠡᠷᠬᠦᠭᠡᠮᠡᠭ᠌ᠴᠡ ᠠᠷᠠᠯᠵᠢᠶ᠎ᠠ ᠮᠠᠢᠮᠠᠢ ᠬᠦᠭ᠌ᠵᠢᠶᠡᠨᠳᠠᠢ ᠪᠤᠯᠤᠨ᠎ᠠ ᠭᠡᠳᠡᠭ᠎ᠢ ᠠᠵᠤ ᠠᠬᠤᠢ᠍ᠢᠯᠠᠯ᠎ᠤᠨ ᠠᠵᠢᠯᠳᠠᠳ ᠴᠦᠮ ᠳᠤᠳᠤᠷᠬᠠᠢ ᠮᠡᠳᠡᠵᠦ᠍ ᠪᠠᠢᠨ᠎ᠠ᠃

ᠨᠢᠳᠤᠨᠤᠨ ᠵᠢᠯ ᠬᠤᠷᠸ᠎ᠠ ᠲᠦᠷᠦ᠎ᠶ᠋ᠢᠨ ᠪᠤᠳᠤᠯᠭ᠎ᠠ ᠲᠤᠭ᠍ᠳᠠᠭᠠᠬᠤ ᠦᠶ᠎ᠠ᠎ᠳᠤ᠂ ᠲᠤᠭ᠍ᠳᠠᠭᠠᠯᠳᠦ ᠪᠤᠰᠤ ᠡᠯᠧᠮᠧᠨ᠋ᠲ ᠮᠠᠰᠢ ᠤᠯᠠᠨ ᠪᠠᠢᠬ᠍ᠰᠠᠨ᠎ᠠᠴᠠ ᠠᠵᠤ ᠠᠬᠤᠢ᠎ᠶ᠋ᠢᠨ ᠨᠡᠮᠡᠭ᠌ᠳᠡᠯ᠎ᠤᠨ ᠵᠢᠱ᠌ᠢᠭ᠌ᠰᠡᠨ ᠬᠠᠷᠠᠯᠳᠠ ᠲᠤᠭ᠍ᠳᠠᠭᠠᠭ᠍ᠰᠠᠨ ᠦᠭᠡᠢ᠃ ᠬᠠᠷᠢᠨ ᠲᠠᠬᠢᠨ ᠲᠠᠪᠳᠠᠨ ᠪᠤᠳᠤᠯᠬᠢᠯᠠᠵᠦ᠍ ᠦᠵᠡᠭᠡᠳ ᠠᠵᠢᠯ ᠤᠯᠭᠤᠯᠳᠠ᠎ᠶ᠋ᠢᠨ ᠬᠠᠷᠠᠯᠳᠠ᠎ᠶ᠋ᠢ ᠲᠤᠭ᠍ᠳᠠᠭᠠᠵᠠᠢ᠂ ᠳᠠᠷᠤᠢ ᠬᠤᠳᠠ ᠪᠠᠯᠭᠠᠰᠤ᠎ᠶ᠋ᠢᠨ 900 ᠲᠦᠮᠠ ᠭᠠᠷᠤᠢ ᠬᠦᠮᠦᠨ᠎ᠳᠤ ᠱᠢᠨ᠎ᠠ᠎ᠪᠠᠷ ᠠᠵᠢᠯ ᠤᠯᠭᠤᠨ᠎ᠠ᠃ ᠤᠴᠢᠷ᠎ᠨᠢ ᠠᠵᠢᠯ ᠤᠯᠭᠤᠯᠳᠠ ᠪᠤᠯ ᠠᠷᠠᠳ᠎ᠤᠨ ᠠᠮᠢᠳᠤᠷᠠᠯ᠎ᠤᠨ ᠦᠨᠳᠦᠰᠦ᠂ ᠬᠦᠭ᠌ᠵᠢᠯᠳᠠ᠎ᠶ᠋ᠢᠨ ᠰᠠᠭᠤᠷᠢ ᠮᠦᠨ᠂ ᠪᠠᠰᠠ ᠴᠦ᠍ ᠡᠳ᠋ ᠪᠠᠶᠠᠯᠢᠭ ᠡᠬᠦᠳᠬᠦ᠌᠎ᠶ᠋ᠢᠨ ᠡᠬᠢ ᠪᠤᠯᠠᠭ ᠮᠦᠨ᠃ ᠲᠤᠬᠠᠢ᠎ᠶ᠋ᠢᠨ ᠦᠶ᠎ᠠ᠎ᠳᠤ ᠪᠢᠳᠠ ᠪᠠᠰᠠ ᠪᠦᠬᠦ᠌ ᠵᠢᠯ᠎ᠳᠤ ᠠᠵᠤ ᠠᠬᠤᠢ᠎ᠶ᠋ᠢᠨ ᠡᠶᠡᠷᠬᠦ᠌ ᠨᠡᠮᠡᠭ᠌ᠳᠡᠯ᠎ᠢ ᠴᠢᠷᠮᠠᠢᠨ ᠪᠡᠶᠡᠯᠡᠬᠦᠯᠦᠨ᠎ᠠ ᠭᠡᠵᠦ᠍ ᠳᠤᠷᠠᠳᠤᠭ᠍ᠰᠠᠨ ᠶᠤᠮ᠃ ᠦᠨᠡᠨ᠎ᠳᠡᠭᠡᠨ 900 ᠲᠦᠮᠡ ᠭᠠᠷᠤᠢ ᠬᠤᠳᠠ ᠪᠠᠯᠭᠠᠰᠤᠨ᠎ᠤ ᠬᠦᠮᠦᠨ᠎ᠳᠤ ᠠᠵᠢᠯ ᠤᠯᠭᠤᠬᠤ᠎ᠶ᠋ᠢ ᠪᠡᠶᠡᠯᠡᠬᠦᠯᠴᠢᠬᠡᠪᠡᠯ᠂ ᠠᠵᠤ ᠠᠬᠤᠢ ᠡᠶᠡᠷᠬᠦ᠌ ᠨᠡᠮᠡᠭ᠌ᠳᠡᠯ᠎ᠲᠠᠢ ᠪᠤᠯᠤᠨ᠎ᠠ ᠭᠡᠳᠡᠭ᠎ᠢ ᠢᠳᠡᠭᠡᠵᠦ᠍ ᠪᠠᠢᠪᠠ᠂ ᠤᠴᠢᠷ᠎ᠨᠢ ᠠᠵᠢᠯ ᠤᠯᠴᠢᠬᠠᠪᠠᠯ ᠤᠷᠤᠯᠭ᠎ᠠ᠎ᠲᠠᠢ ᠪᠤᠯᠵᠦ᠍᠂ ᠭᠡᠷᠡᠭ᠌ᠯᠡᠭᠡ᠎ᠶ᠋ᠢ ᠲᠠᠢᠴᠢᠯᠠᠨ᠂ ᠠᠵᠤ ᠠᠬᠤᠢ᠎ᠶ᠋ᠢ ᠲᠠᠢᠴᠢᠯᠠᠵᠦ᠍ ᠴᠢᠳᠠᠨ᠎ᠠ᠃

ᠨᠢᠳᠤᠨᠤᠨ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠤᠯᠤᠰ ᠳᠠᠶᠠᠭᠠᠷ᠎ᠤᠨ ᠬᠠᠮᠲᠤ᠎ᠶ᠋ᠢᠨ ᠴᠢᠷᠮᠠᠢᠯᠭ᠎ᠠ᠎ᠪᠠᠷ᠂ ᠮᠠᠨ᠎ᠤ ᠵᠠᠬ᠎ᠠ ᠳᠡᠯᠭᠡᠭᠦᠷ᠎ᠤᠨ ᠭᠤᠣᠯ ᠴᠣᠭ᠍ᠴᠠ ᠡᠷᠡᠰ ᠴᠢᠩᠭ᠎ᠠ ᠤᠶᠠᠨ ᠬᠠᠳᠠᠨ ᠴᠢᠨᠠᠷ᠎ᠢ ᠢᠯᠡᠷᠡᠭᠦᠯᠵᠦ᠍᠂ ᠥᠷᠭᠡᠨ ᠤᠯᠠᠨ ᠠᠷᠠᠳ ᠲᠦᠮᠡᠨ ᠴᠠᠭ᠎ᠤᠨ ᠪᠡᠷᠬᠡ᠎ᠶ᠋ᠢ ᠬᠠᠮᠲᠤ᠎ᠪᠠᠷ ᠲᠤᠭᠤᠯᠵᠤ᠂ ᠡᠴᠦᠰ᠎ᠲᠡᠭᠡᠨ ᠬᠤᠳᠠ ᠪᠠᠯᠭᠠᠰᠤᠨ᠎ᠤ 1186 ᠲᠦᠮᠡᠨ ᠬᠥᠮᠦᠨ᠎ᠳᠤ ᠱᠢᠨ᠎ᠡ᠎ᠪᠠᠷ ᠠᠵᠢᠯ ᠣᠯᠭᠤᠵᠤ᠂ ᠪᠦᠬᠦ᠌ ᠵᠢᠯ᠎ᠤᠨ ᠠᠵᠤ ᠠᠬᠤᠢ᠎ᠶ᠋ᠢᠨ ᠨᠡᠮᠡᠭ᠌ᠳᠡᠯ 2 . 3 % ᠎ᠲᠤ ᠬᠦᠷᠴᠦ᠍᠂ ᠰᠠᠭᠤᠭᠠᠯᠢ ᠠᠷᠠᠳ᠎ᠤᠨ ᠣᠷᠣᠯᠭ᠎ᠠ ᠵᠤᠬᠢᠬᠤ ᠬᠡᠮᠵᠢᠶ᠎ᠠ᠎ᠪᠠᠷ ᠨᠡᠮᠡᠭ᠌ᠳᠡᠵᠦ᠍᠂ ᠵᠢᠱ᠌ᠢᠯᠲᠡ᠎ᠠᠴᠠ ᠰᠠᠢᠨ ᠪᠣᠯᠪᠠ᠃

ᠡᠨᠡ ᠵᠢᠯ ᠮᠠᠨ᠎ᠤ ᠠᠵᠢᠯ ᠣᠯᠭᠤᠯᠲᠠ᠎ᠶ᠋ᠢᠨ ᠳᠠᠷᠤᠯᠲᠠ ᠮᠥᠨ ᠯᠡ ᠮᠠᠰᠢ ᠶᠡᠭᠡ ᠪᠠᠢᠵᠤ᠂ ᠬᠤᠲᠠ ᠪᠠᠯᠭᠠᠰᠤᠨ᠎ᠤ ᠱᠢᠨ᠎ᠡ᠎ᠪᠠᠷ ᠨᠡᠮᠡᠭ᠌ᠳᠡᠭ᠌ᠰᠡᠨ ᠬᠥᠳᠡᠯᠮᠦᠷᠢ ᠬᠦᠴᠦ᠍ ᠪᠠᠷᠤᠭ 1400 ᠲᠦᠮᠡᠨ ᠬᠥᠮᠦᠨ ᠪᠠᠢᠵᠤ᠂ ᠡᠭᠦᠨ᠎ᠤ ᠳᠣᠲᠣᠷ᠎ᠠ ᠶᠡᠭᠡ ᠳᠡᠭᠡᠳᠦ ᠰᠤᠷᠭᠠᠭᠤᠯᠢ ᠲᠡᠭᠦᠰᠦᠭ᠌ᠰᠡᠳ 909 ᠲᠦᠮᠡᠨ ᠬᠥᠮᠦᠨ ᠪᠠᠢᠵᠤ᠂ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠴᠠᠢ᠂ ᠡᠭᠦᠨ᠎ᠠᠴᠠ ᠭᠠᠳᠠᠨ᠎ᠠ ᠪᠠᠰᠠ ᠴᠡᠷᠢᠭ᠎ᠠᠴᠠ ᠬᠠᠯᠠᠭ᠍ᠳᠠᠭ᠍ᠰᠠᠳ᠎ᠤᠨ ᠠᠵᠢᠯ ᠣᠯᠭᠤᠯᠲᠠ᠎ᠶ᠋ᠢ ᠪᠠᠲᠤᠯᠠᠬᠤ ᠮᠥᠷᠲᠡᠭᠡᠨ ᠪᠠᠰᠠ ᠬᠤᠶᠠᠷ ᠳ᠋ᠦᠩᠱᠢᠭᠤᠷ ᠲᠤᠯᠤᠭ᠎ᠠ ᠨᠠᠢ᠍ᠮᠠᠨ ᠮᠢᠩᠭᠠᠨ ᠲᠦᠮᠡᠨ ᠲᠠᠷᠢᠶᠠᠴᠢᠳ᠎ᠲᠤ ᠬᠦᠯᠦᠰᠦᠨ ᠠᠵᠢᠯ ᠬᠢᠬᠦ᠌ ᠲᠣᠬᠢᠶᠠᠯ᠎ᠢ ᠬᠠᠩᠭᠠᠨ᠎ᠠ᠃ ᠡᠢᠮᠦ᠎ᠠᠴᠠ ᠡᠨᠡ ᠵᠢᠯ ᠪᠢᠳᠡ ᠬᠤᠷᠸ᠎ᠠ ᠲᠥᠷᠥ᠎ᠶ᠋ᠢᠨ ᠪᠣᠳᠣᠯᠭ᠎ᠠ ᠲᠣᠭ᠍ᠲᠠᠭᠠᠬᠤ ᠦᠶ᠎ᠡ᠎ᠳᠤ᠂ ᠮᠥᠨ ᠬᠦ᠌ ᠠᠵᠢᠯ ᠣᠯᠭᠤᠯᠲᠠ᠎ᠶ᠋ᠢ ᠲᠡᠷᠢᠭᠦᠨ᠎ᠳᠤ ᠲᠠᠯᠪᠢᠬᠤ ᠲᠥᠷᠥ᠎ᠶ᠋ᠢᠨ ᠪᠣᠳᠣᠯᠭ᠎ᠠ᠎ᠶ᠋ᠢ ᠪᠠᠷᠢᠮᠲᠠᠯᠠᠵᠠᠢ᠂ ᠪᠢᠳᠡ ᠦᠷᠭᠦᠯᠵᠢᠯᠡᠨ 《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》 ᠎ᠶ᠋ᠢ ᠠᠬᠢᠭᠤᠯᠵᠤ᠂ 《ᠵᠢᠷᠭᠤᠭ᠎ᠠ᠎ᠶ᠋ᠢ ᠪᠠᠲᠤᠯᠠᠬᠤ》 ᠎ᠶ᠋ᠢ ᠨᠠᠢᠳᠠᠪᠤᠷᠢᠵᠢᠭᠤᠯᠵᠤ᠂ ᠠᠵᠢᠯ ᠣᠯᠭᠤᠯᠲᠠ᠎ᠶ᠋ᠢ ᠮᠦᠨ ᠬᠦ᠌ ᠲᠡᠷᠢᠭᠦᠨ᠎ᠳᠤ ᠲᠠᠯᠪᠢᠵᠠᠢ᠃ ᠨᠢᠳᠤᠨᠤᠨ ᠵᠢᠯ ᠲᠤᠭ᠍ᠳᠠᠭᠠᠭ᠍ᠰᠠᠨ ᠠᠵᠢᠯ ᠣᠯᠭᠤᠯᠲᠠ᠎ᠶ᠋ᠢᠨ ᠬᠤᠯᠪᠣᠭ᠍ᠳᠠᠯ ᠪᠦᠬᠦᠢ ᠲᠦᠷᠦ᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠲᠤᠬᠢᠷᠠᠭᠤᠯᠵᠦ᠍ ᠤᠬᠤᠷᠢᠭᠤᠯᠤᠭ᠍ᠰᠠᠨ ᠦᠭᠡᠢ ᠮᠥᠷᠲᠡᠭᠡᠨ ᠭᠡᠳᠡᠷᠭᠦ᠎ᠪᠠᠨ ᠨᠡᠮᠡᠭ᠌ᠳᠡᠭᠦᠯᠦᠭ᠌ᠰᠡᠨ ᠪᠠᠢᠨ᠎ᠠ᠂ ᠪᠤᠰᠤᠳ ᠲᠦᠷᠦ᠎ᠶ᠋ᠢᠨ ᠪᠤᠳᠤᠯᠭ᠎ᠠ᠎ᠨᠢ ᠴᠥᠮ ᠠᠵᠢᠯ ᠣᠯᠭᠤᠯᠲᠠ᠎ᠳᠤ ᠠᠱᠢᠭ᠍ᠲᠠᠢ ᠪᠠᠢᠬᠤ ᠬᠡᠷᠡᠭ᠌ᠳᠠᠢ᠃ ᠠᠵᠤ ᠠᠬᠤᠢ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠬᠦ᠌᠎ᠪᠠᠷ ᠳᠠᠮᠵᠢᠨ ᠨᠡᠩ ᠤᠯᠠᠨ ᠠᠵᠢᠯ᠎ᠤᠨ ᠪᠠᠢᠷᠢ᠎ᠶ᠋ᠢ ᠡᠬᠦᠳᠴᠦ᠍᠂ ᠲᠡᠭᠦᠨᠴᠢᠯᠡᠨ ᠨᠡᠩ ᠤᠯᠠᠨ ᠠᠵᠢᠯ᠎ᠤᠨ ᠪᠠᠢᠷᠢ᠎ᠨᠢ ᠠᠵᠤ ᠠᠬᠤᠢ᠎ᠶ᠋ᠢᠨ ᠲᠣᠭ᠍ᠲᠠᠭᠤᠨ᠎ᠤ ᠳᠤᠮᠳᠠ ᠰᠠᠢᠵᠢᠷᠠᠬᠤ᠎ᠶ᠋ᠢ ᠠᠬᠢᠭᠤᠯᠤᠨ᠎ᠠ ᠭᠡᠳᠡᠭ᠎ᠢ ᠪᠢᠳᠡ ᠢᠲᠡᠭᠡᠵᠦ᠍ ᠪᠠᠢᠨ᠎ᠠ᠃

ᠡᠨᠡ ᠵᠢᠯ ᠪᠢᠳᠡ ᠬᠤᠳᠠ ᠪᠠᠯᠭᠠᠰᠤᠨ᠎ᠤ ᠠᠵᠢᠯ ᠤᠯᠭᠤᠯᠳᠠ᠎ᠶ᠋ᠢᠨ ᠬᠠᠷᠠᠯᠲᠠ᠎ᠶ᠋ᠢ 1100 ᠲᠦᠮᠡ᠎ᠠᠴᠠ ᠳᠡᠭᠡᠭ᠌ᠰᠢ ᠬᠥᠮᠦᠨ᠎ᠢᠶᠠᠷ ᠲᠣᠭ᠍ᠲᠠᠭᠠᠪᠠ᠂ ᠪᠣᠳᠠᠲᠠᠢ ᠬᠡᠷᠡᠭ᠌ᠵᠢᠭᠦᠯᠬᠦ᠌ ᠳᠤᠮᠳᠠ ᠨᠡᠩ ᠥᠨᠳᠥᠷ ᠪᠠᠢᠬᠤ᠎ᠶ᠋ᠢ ᠬᠦᠰᠡᠵᠦ᠍ ᠪᠠᠢᠨ᠎ᠠ᠃ ᠠᠵᠢᠯ ᠣᠯᠭᠤᠯᠲᠠ᠎ᠶ᠋ᠢ ᠬᠠᠱᠢᠯᠠ ᠵᠠᠬ᠎ᠠ ᠳᠡᠯᠭᠡᠭᠦᠷ᠎ᠢᠶᠠᠷ ᠭᠤᠣᠯᠳᠠᠭᠤᠯᠤᠨ ᠳᠠᠭᠠᠭᠤᠯᠤᠨ᠎ᠠ᠂ ᠥᠭᠡᠷ᠎ᠡ᠎ᠪᠠᠷ ᠬᠡᠯᠡᠪᠡᠯ ᠦᠷᠭᠦᠯᠵᠢᠯᠡᠨ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢ ᠪᠠᠲᠤᠯᠠᠬᠤ᠎ᠪᠠᠷ ᠳᠠᠮᠵᠢᠨ ᠠᠵᠢᠯ ᠣᠯᠭᠤᠯᠲᠠ᠎ᠶ᠋ᠢ ᠪᠠᠳᠤᠯᠠᠬᠤ ᠴᠢᠬᠤᠯᠠᠳᠠᠢ ᠭᠡᠳᠡᠭ᠎ᠢ ᠪᠢᠳᠡ ᠪᠠᠰᠠ ᠲᠣᠳᠣᠷᠬᠠᠢ ᠮᠡᠳᠡᠵᠦ᠍ ᠪᠠᠢᠨ᠎ᠠ᠃ ᠨᠢᠭᠡ ᠲᠠᠯ᠎ᠠ᠎ᠪᠠᠷ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠠᠵᠢᠯ᠎ᠤᠨ ᠪᠠᠢᠷᠢ᠎ᠶ᠋ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠨᠥᠭᠦᠭᠡ ᠲᠠᠯ᠎ᠠ᠎ᠪᠠᠷ ᠠᠵᠢᠯ ᠣᠯᠭᠤᠯᠲᠠ᠎ᠶ᠋ᠢᠨ ᠠᠷᠭ᠎ᠠ ᠵᠠᠮ᠎ᠢ ᠥᠷᠭᠡᠳᠭᠡᠨ᠎ᠡ᠃ ᠨᠢᠳᠤᠨᠤᠨ᠎ᠤ ᠬᠢᠵᠢᠭ᠎ᠤᠨ ᠪᠠᠢᠳᠠᠯ᠎ᠳᠤ ᠠᠵᠢᠯ ᠣᠯᠭᠤᠯᠲᠠ᠎ᠶ᠋ᠢᠨ ᠠᠷᠭ᠎ᠠ ᠬᠡᠯᠪᠡᠷᠢ᠎ᠳᠤ ᠪᠠᠰᠠ ᠱᠢᠨ᠎ᠡ ᠬᠤᠪᠢᠷᠠᠯᠲᠠ ᠭᠠᠷᠪᠠ᠂ ᠮᠠᠨ᠎ᠤ ᠡᠨᠡ ᠬᠡᠳᠦᠨ ᠵᠢᠯ᠎ᠤᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠬᠢ᠂ ᠵᠢᠱ᠌ᠢᠶᠡᠯᠡᠪᠡᠯ ᠰᠦᠯᠵᠢᠶᠡᠨ᠎ᠤ ᠬᠤᠳᠠᠯᠳᠤᠭ᠎ᠠ᠂ ᠲᠦᠷᠭᠡᠨ ᠬᠦᠷᠭᠡᠯᠲᠡ ᠵᠡᠷᠭᠡ᠎ᠶ᠋ᠢᠨ ᠰᠥᠷᠭᠡᠦ ᠲᠦᠷᠭᠡᠨ ᠨᠡᠮᠡᠭ᠌ᠳᠡᠯ᠎ᠨᠢ ᠪᠠᠰᠠ ᠠᠵᠢᠯ ᠣᠯᠭᠤᠯᠲᠠ ᠪᠠ ᠤᠯᠠᠮᠵᠢᠯᠠᠯᠲᠤ ᠠᠵᠤ ᠦᠢᠯᠡᠰ᠎ᠤᠨ ᠬᠥᠭ᠌ᠵᠢᠯᠲᠡ᠎ᠶ᠋ᠢ ᠲᠠᠢᠴᠢᠯᠠᠪᠠ᠃ ᠪᠢᠳᠠ ᠨᠢᠭᠡ ᠲᠠᠯ᠎ᠠ᠎ᠪᠠᠷ ᠬᠠᠷᠢᠴᠠᠩᠭᠤᠢ ᠲᠣᠭ᠍ᠲᠠᠪᠤᠷᠢᠲᠠᠢ ᠠᠵᠢᠯ᠎ᠤᠨ ᠪᠠᠢᠷᠢ᠎ᠶ᠋ᠢ ᠨᠡᠮᠡᠭ᠌ᠳᠡᠭᠦᠯᠬᠦ᠌᠎ᠶ᠋ᠢ ᠦᠷᠭᠦᠯᠵᠢᠯᠡᠨ ᠵᠣᠷᠢᠭ᠍ᠵᠢᠭᠤᠯᠬᠤ ᠪᠥᠭᠡᠳ ᠪᠠᠰᠠ ᠠᠮᠢᠳᠤᠯᠢᠭ᠎ᠢᠶᠠᠷ ᠠᠵᠢᠯ ᠤᠯᠭᠤᠬᠤ ᠠᠷᠭ᠎ᠠ ᠵᠠᠮ᠎ᠢ ᠥᠷᠭᠡᠨ᠎ᠢᠶᠠᠷ ᠨᠡᠭᠡᠭᠡᠨ᠎ᠠ᠃ ᠤᠳᠤ ᠳᠤᠮᠳᠠᠳᠤ ᠤᠯᠤᠰ᠎ᠤᠨ ᠠᠮᠢᠳᠤᠯᠢᠭ ᠠᠵᠢᠯ ᠤᠯᠭᠤᠯᠳᠠ ᠶᠠᠭ ᠥᠷᠨᠢᠨ ᠬᠥᠭ᠌ᠵᠢᠵᠦ᠍᠂ ᠨᠢᠭᠡᠨᠲᠡ ᠬᠤᠶᠠᠷ ᠳ᠋ᠦᠩᠱᠢᠭᠤᠷ ᠭᠠᠷᠤᠢ ᠬᠥᠮᠦᠨ᠎ᠢ ᠬᠠᠮᠤᠷᠴᠠᠢ᠃ ᠵᠠᠷᠢᠮ ᠬᠥᠮᠦᠨ ᠬᠡᠳᠦᠨ ᠬᠤᠪᠢ ᠠᠵᠢᠯ ᠬᠢᠵᠦ᠍᠂ ᠮᠠᠰᠢ ᠵᠦᠳᠡᠷᠡᠯ᠎ᠲᠠᠢ ᠪᠠᠢᠨ᠎ᠠ᠂ ᠡᠢᠮᠦ᠎ᠠᠴᠠ ᠪᠢᠳᠡ ᠲᠡᠭᠦᠨ᠎ᠳᠤ ᠨᠡᠢᠭᠡᠮ᠎ᠤᠨ ᠪᠠᠳᠤᠯᠠᠭ᠎ᠠ᠎ᠶ᠋ᠢᠨ ᠨᠥᠬᠦᠪᠥᠷᠢ ᠥᠭ᠌ᠬᠦ ᠬᠡᠷᠡᠭ᠌ᠲᠡᠶ᠂ ᠢᠯᠠᠩᠭᠤᠶ᠎ᠠ ᠲᠣᠭ᠍ᠲᠠᠴᠠ᠎ᠶ᠋ᠢᠨ ᠴᠢᠨᠠᠷᠲᠠᠶ ᠠᠷᠭ᠎ᠠ᠎ᠪᠠᠷ ᠭᠠᠷᠴᠤ᠌ ᠮᠡᠳᠡᠬᠦ᠌ ᠠᠵᠢᠯ᠎ᠤᠨ ᠭᠡᠮᠲᠦᠯ᠎ᠤᠨ ᠠᠰᠠᠭᠤᠳᠠᠯ᠎ᠢ ᠱᠢᠶᠳᠪᠦᠷᠢᠯᠡᠵᠦ᠍᠂ ᠲᠡᠳᠡᠨ᠎ᠳᠤ ᠦᠨᠳᠦᠰᠦᠨ ᠡᠷᠬᠡ ᠠᠱᠢᠭ᠎ᠤᠨ ᠪᠠᠲᠤᠯᠠᠭ᠎ᠠ ᠬᠠᠩᠭᠠᠨ᠎ᠠ᠃ ᠡᠨᠡ᠎ᠨᠢ ᠪᠠᠰᠠ ᠠᠮᠢᠳᠤᠯᠢᠭ ᠠᠵᠢᠯ ᠤᠯᠭᠤᠯᠳᠠ᠎ᠶ᠋ᠢᠨ ᠵᠠᠬ᠎ᠠ ᠳᠡᠯᠭᠡᠭᠦᠷ᠎ᠤᠨ ᠨᠡᠩ ᠡᠷᠡᠭᠦᠯ᠂ ᠨᠡᠩ ᠲᠣᠭ᠍ᠲᠠᠭᠤᠨ᠎ᠢᠶᠠᠷ ᠤᠷᠤᠭ᠍ᠰᠢ ᠬᠥᠭ᠌ᠵᠢᠬᠦ᠌᠎ᠳᠤ ᠠᠱᠢᠭ᠍ᠲᠠᠢ ᠶᠤᠮ᠃

ᠰᠠᠶᠢ᠎ᠶ᠋ᠢᠨ ᠰᠤᠷᠪᠤᠯᠵᠢᠯᠠᠭ᠍ᠴᠢ ᠨᠠᠢᠵᠠ᠎ᠶ᠋ᠢᠨ ᠳᠤᠷᠠᠳᠤᠭ᠍ᠰᠠᠨ ᠨᠠᠰᠤᠲᠠᠢᠴᠤᠳ᠎ᠤᠨ ᠠᠰᠠᠭᠤᠳᠠᠯ᠎ᠤᠨ ᠲᠤᠬᠠᠢ᠂ ᠳᠤᠮᠳᠠᠳᠤ ᠤᠯᠤᠰ᠎ᠤᠨ ᠨᠠᠰᠤᠳᠠᠢ ᠬᠥᠮᠦᠨ ᠠᠮᠠ ᠨᠢᠭᠡᠨᠲᠡ ᠬᠤᠶᠠᠷ ᠳ᠋ᠦᠩᠱᠢᠭᠤᠷ ᠵᠢᠷᠭᠤᠭᠠᠨ ᠮᠢᠩᠭᠠᠨ ᠲᠦᠮᠡ᠎ᠳᠤ ᠬᠦᠷᠴᠡᠢ᠂ ᠨᠠᠰᠤᠵᠢᠯ᠎ᠤᠨ ᠠᠵᠤ ᠦᠢᠯᠡᠰ᠎ᠢ ᠪᠠᠰᠠ ᠨᠢᠭᠡᠨ ᠯᠤᠲᠤ ᠶᠡᠭᠡ ᠥᠭᠡᠳᠡᠷᠬᠡᠭ ᠠᠵᠤ ᠦᠢᠯᠡᠰ ᠭᠡᠵᠦ᠍ ᠬᠡᠯᠡᠵᠦ᠍ ᠪᠣᠯᠤᠨ᠎ᠠ᠂ ᠲᠡᠷᠡ᠎ᠨᠢ ᠤᠯᠠᠨ ᠶᠠᠩᠵᠤ᠎ᠶ᠋ᠢᠨ ᠬᠡᠷᠡᠭ᠌ᠴᠡᠭᠡ᠎ᠶ᠋ᠢ ᠠᠪᠴᠢᠷᠠᠭ᠍ᠰᠠᠨ ᠪᠠᠢᠨ᠎ᠠ᠃ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠤᠨ ᠤᠯᠠᠨ ᠲᠡᠰ ᠳᠠᠪᠬᠤᠷᠭ᠎ᠠ᠎ᠶ᠋ᠢᠨ᠂ ᠤᠯᠠᠨ ᠶᠠᠩᠵᠤ᠎ᠶ᠋ᠢᠨ ᠬᠡᠷᠡᠭ᠌ᠴᠡᠭᠡ᠎ᠠᠴᠠ ᠪᠤᠯᠵᠦ᠍᠂ ᠡᠢᠮᠦᠷᠬᠦᠦ ᠥᠷᠭᠡᠨ ᠠᠭᠤᠳᠠᠮ ᠵᠠᠬ᠎ᠠ ᠳᠡᠯᠭᠡᠭᠦᠷ᠎ᠨᠢ ᠭᠠᠳᠠᠭᠠᠳᠤ᠎ᠶ᠋ᠢᠨ ᠠᠵᠤ ᠠᠬᠤᠢᠯᠠᠯ᠎ᠤᠨ ᠪᠦᠲᠦᠭᠡᠭ᠌ᠳᠡᠭᠦᠨ᠂ ᠦᠢᠯᠡᠴᠢᠯᠡᠭᠡ ᠴᠢᠨᠠᠭ᠍ᠰᠢᠯᠠᠪᠠᠯ ᠪᠡᠯᠡ ᠣᠷᠣᠭᠤᠯᠤᠯᠲᠠ᠎ᠳᠤ ᠨᠡᠩ ᠤᠯᠠᠨ ᠠᠵᠠ ᠲᠣᠬᠢᠶᠠᠯ᠎ᠢ ᠡᠭᠦᠳᠴᠤ᠌ ᠦᠭ᠌ᠬᠦ᠎ᠨᠢ ᠵᠠᠢᠯᠠᠰᠢ ᠦᠭᠡᠢ ᠶᠤᠮ᠂ ᠤᠴᠢᠷ᠎ᠨᠢ ᠮᠠᠨ᠎ᠤ ᠵᠠᠬ᠎ᠠ ᠳᠡᠯᠭᠡᠭᠦᠷ ᠪᠣᠯ ᠨᠡᠭᠡᠭᠡᠯᠳᠡ᠎ᠲᠠᠢ ᠪᠠᠢᠭ᠎ᠠ ᠶᠤᠮ᠃

ᠲᠤᠮᠳᠠᠳᠤ ᠤᠯᠤᠰ᠎ᠲᠤ 14 ᠳ᠋ᠦᠡᠭ᠌ᠰᠢᠭᠤᠷ ᠬᠦᠮᠦᠨ ᠠᠮᠠ᠎ᠲᠠᠢ᠂ ᠬᠦᠳᠡᠯᠮᠤᠷᠢ ᠬᠦᠴᠤᠨ᠎ᠤ ᠡᠬᠢ ᠪᠠᠶᠠᠯᠢᠭ ᠪᠤᠯ ᠬᠠᠮᠤᠭ᠎ᠤᠨ ᠡᠯᠪᠡᠭ ᠡᠬᠢ ᠪᠠᠶᠠᠯᠢᠭ ᠭᠡᠵᠤ ᠬᠡᠯᠡᠵᠤ ᠪᠤᠯᠤᠨ᠎ᠡ᠂ ᠲᠤᠮᠳᠠᠳᠤ ᠤᠯᠤᠰ᠎ᠤᠨ ᠠᠷᠠᠳ ᠲᠦᠮᠡᠨ ᠪᠠᠰᠠ ᠵᠤᠪᠠᠭᠤᠷᠢ ᠵᠦᠳᠡᠬᠦᠷᠢ᠎ᠶ᠋ᠢ ᠲᠠᠰᠪᠤᠷᠢᠯᠠᠵᠤ ᠲᠠᠢᠯᠳᠡᠭ᠂ ᠠᠵᠢᠯ ᠤᠯᠭᠤᠯᠳᠠ᠎ᠶ᠋ᠢᠨ ᠠᠷᠭ᠎ᠠ ᠵᠠᠮ᠎ᠲᠠᠢ ᠯᠡ ᠪᠤᠯ ᠤᠷᠤᠯᠭ᠎ᠠ᠎ᠪᠠᠨ ᠨᠡᠮᠡᠭ᠌ᠳᠡᠬᠦᠯᠵᠤ ᠲᠠᠢᠯᠤᠨ᠎ᠡ᠃ 《ᠠᠷᠠᠳ᠎ᠤᠨ ᠠᠮᠢᠳᠤᠷᠠᠯ ᠱᠢᠷᠭᠠᠭᠤ ᠠᠵᠢᠯᠯᠠᠬᠤ᠎ᠳᠤ ᠪᠠᠢᠵᠤ᠂ ᠱᠢᠷᠭᠠᠭᠤ ᠠᠵᠢᠯᠯᠠᠪᠡᠯ ᠰᠠᠢ ᠦᠶᠦᠭ ᠲᠠᠪᠠᠳᠠᠢ ᠠᠮᠢᠳᠤᠷᠠᠵᠤ ᠲᠠᠢᠯᠤᠨ᠎ᠡ》᠃ ᠲᠤᠮᠳᠠᠳᠤ ᠤᠯᠤᠰ᠎ᠤᠨ ᠠᠷᠠᠳ ᠲᠦᠮᠡᠨ ᠦᠪᠡᠷ᠎ᠤᠨ ᠠᠵᠢᠯᠴᠢ ᠬᠦᠳᠡᠯᠮᠤᠷᠢᠴᠢ ᠬᠤᠶᠠᠷ ᠭᠠᠷ᠎ᠢᠶᠠᠷ᠎ᠢᠶᠠᠨ ᠬᠠᠮᠳᠤ᠎ᠪᠠᠷ ᠴᠢᠨᠡᠭᠡᠯᠢᠭ᠌ᠵᠢᠬᠦ᠌ ᠲᠠᠢᠰᠢ ᠠᠯᠬᠤᠮ ᠠᠯᠬᠤᠮ᠎ᠢᠶᠠᠷ ᠤᠷᠤᠬ᠍ᠰᠢᠯᠠᠵᠤ ᠲᠠᠢᠯᠤᠨ᠎ᠡ ᠭᠡᠳᠡᠭ᠎ᠢ ᠪᠢ ᠢᠳᠡᠭᠡᠵᠤ ᠪᠠᠢᠨ᠎ᠡ᠃

ᠢᠰᠫᠠᠨᠢ᠎ᠶ᠋ᠢᠨ ᠤᠹᠢ ᠬᠤᠷᠢᠶ᠎ᠡ᠎ᠶ᠋ᠢᠨ ᠰᠤᠷᠪᠤᠯᠵᠢᠯᠠᠬ᠍ᠴᠢ᠄ ᠲᠡᠭᠡᠷ᠎ᠡ ᠰᠠᠷ᠎ᠡ ᠦᠬᠠᠨ᠎ᠳᠤ ᠬᠦᠷᠦᠭ᠌ᠰᠡᠨ ᠲᠡᠯᠡᠭᠡᠢ᠎ᠶ᠋ᠢᠨ ᠡᠷᠡᠬᠦᠯ ᠬᠠᠮᠠᠭᠠᠯᠠᠯ᠎ᠤᠨ ᠵᠤᠬᠢᠶᠠᠨ ᠪᠠᠢᠭᠤᠯᠤᠯᠳᠠ᠎ᠶ᠋ᠢᠨ ᠲᠤᠰᠭᠠᠢ ᠮᠡᠷᠭᠡᠵᠢᠯᠳᠠᠨ᠎ᠳᠤ ᠳᠤᠮᠳᠠᠳᠤ ᠤᠯᠤᠰ᠎ᠤᠨ᠎ᠬᠢᠨ ᠢᠯᠡ ᠪᠤᠯᠭᠠᠬᠤ ᠬᠡᠮᠵᠢᠶ᠎ᠡ᠎ᠪᠠᠷ ᠲᠤᠳᠠᠮᠠᠭ ᠪᠠᠢᠨ᠎ᠡ ᠭᠡᠵᠤ ᠠᠮᠧᠷᠢᠺᠠ᠎ᠶ᠋ᠢᠨ᠎ᠬᠢᠨ ᠪᠤᠷᠤᠭᠤᠱᠢᠶᠠᠵᠤ ᠪᠠᠢᠨ᠎ᠡ᠂ ᠲᠤᠰᠭᠠᠢ ᠮᠡᠷᠭᠡᠵᠢᠯᠳᠠᠨ᠎ᠤ ᠲᠤᠭᠤᠢ᠍ᠢᠯᠠᠩ᠎ᠤᠨ ᠲᠠᠷᠤᠭ᠎ᠠ ᠲᠤᠮᠳᠠᠳᠤ ᠤᠯᠤᠰ᠎ᠤᠨ ᠬᠠᠮᠳᠤ ᠠᠵᠢᠯᠯᠠᠬ᠍ᠰᠡᠳ ᠠᠵᠢᠯ᠎ᠤᠨ ᠶᠡᠭᠡ ᠬᠡᠮᠵᠢᠶᠠᠨ᠎ᠤ ᠨᠠᠷᠢᠨ ᠪᠠᠢᠳᠠᠯ᠎ᠢᠶᠠᠨ ᠬᠤᠪᠢᠶᠠᠯᠴᠠᠵᠠᠢ ᠭᠡᠵᠦ᠍ ᠵᠢᠭᠠᠵᠤ ᠭᠠᠷᠭᠠᠬᠤ᠎ᠶ᠋ᠢᠨ ᠵᠡᠷᠭᠡ᠎ᠪᠠᠷ ᠪᠠᠰᠠ ᠲᠤᠰᠭᠠᠢ ᠮᠡᠷᠭᠡᠵᠢᠯᠳᠠᠨ᠎ᠤ ᠲᠤᠭᠤᠢ᠍ᠢᠯᠠᠩ 2019 ᠤᠨ᠎ᠤ 10 ᠰᠠᠷ᠎ᠡ᠎ᠠᠴᠠ 12 ᠰᠠᠷ᠎ᠡ ᠪᠤᠯᠳᠠᠯᠡᠬᠢ ᠬᠤᠭᠤᠴᠠᠭᠠᠨ᠎ᠳᠤ ᠱᠢᠨ᠎ᠡ ᠳᠢᠳᠢᠮᠯᠢᠭ ᠠᠭᠤᠰᠭᠢᠨ ᠦᠷᠪᠢᠰᠤᠯ᠎ᠤᠨ ᠬᠢᠵᠢᠭ᠎ᠲᠠᠢ ᠠᠳᠠᠯᠢᠪᠳᠤᠷ ᠬᠢᠵᠢᠭ ᠡᠪᠡᠳᠴᠢᠨ᠎ᠤ ᠵᠢᠱ᠌ᠢᠶ᠎ᠡ᠎ᠶ᠋ᠢᠨ ᠨᠡᠩ ᠤᠯᠠᠨ ᠠᠩᠬᠠᠨ᠎ᠤ ᠲᠤᠭ᠎ᠠ ᠪᠠᠷᠢᠮᠳᠠ᠎ᠶ᠋ᠢ ᠬᠠᠩᠭᠠᠬᠤ᠎ᠶ᠋ᠢ ᠬᠦᠰᠠᠵᠤ ᠪᠠᠢᠨ᠎ᠡ᠂ ᠲᠤᠮᠳᠠᠳᠤ ᠤᠯᠤᠰ ᠡᠳᠡᠭᠡᠷ ᠲᠤᠭ᠎ᠠ ᠪᠠᠷᠢᠮᠳᠠ᠎ᠶ᠋ᠢ ᠬᠠᠨᠭ᠌ᠭᠠᠬᠤ ᠪᠤᠶᠤ ᠲᠤᠰᠭᠠᠢ ᠮᠡᠷᠭᠡᠵᠢᠯᠳᠠᠨ᠎ᠤ ᠲᠤᠭᠤᠢ᠍ᠢᠯᠠᠩ᠎ᠤᠨ ᠲᠤᠮᠳᠠᠳᠤ ᠤᠯᠤᠰ᠎ᠲᠠᠬᠢ ᠠᠢᠯᠴᠢᠯᠠᠯᠳᠠ᠎ᠶ᠋ᠢ ᠲᠠᠬᠢᠨᠳᠠ ᠬᠦᠯᠢᠶᠠᠨ ᠠᠪᠬᠤ ᠲᠤᠷᠠᠳᠠᠢ ᠤᠤ?

ᠯᠢ ᠺᠧ ᠴᠢᠶᠠᠩ᠄ ᠱᠢᠨ᠎ᠡ ᠳᠢᠳᠢᠮᠯᠢᠭ ᠠᠭᠤᠰᠭᠢᠨ ᠦᠷᠪᠢᠰᠤᠯ᠎ᠤᠨ ᠬᠢᠵᠢᠭ ᠪᠤᠯ ᠨᠢᠭᠡ ᠤᠳᠠᠭ᠎ᠠ᠎ᠶ᠋ᠢᠨ ᠭᠡᠨᠡᠳᠳᠡ ᠡᠬᠦᠰᠦᠭ᠌ᠰᠡᠨ ᠪᠦᠬᠦ᠌ ᠪᠦᠮᠪᠦᠷᠴᠡᠭ᠎ᠤᠨ ᠤᠯᠠᠨ ᠨᠠᠢᠳᠠ᠎ᠶ᠋ᠢᠨ ᠡᠷᠡᠬᠦᠯ ᠬᠠᠮᠠᠭᠠᠯᠠᠯ᠎ᠤᠨ ᠭᠡᠷᠡᠭ ᠪᠤᠯᠤᠨ᠎ᠡ᠂ ᠲᠤᠮᠳᠠᠳᠤ ᠤᠯᠤᠰ ᠪᠠ ᠡᠯ᠎ᠡ ᠲᠠᠯ᠎ᠡ᠎ᠶ᠋ᠢᠨ᠎ᠬᠢᠨ ᠴᠦᠮ ᠸᠢᠷᠦ᠋ᠰ ᠬᠠᠮᠢᠭ᠎ᠠ᠎ᠠᠴᠠ ᠢᠷᠡᠭ᠌ᠰᠡᠨ᠎ᠢ ᠲᠠᠷᠤᠢ ᠲᠦᠷᠭᠡᠨ ᠪᠠᠢᠴᠠᠭᠠᠨ ᠲᠤᠳᠤᠯᠠᠬᠤ᠎ᠶ᠋ᠢ ᠬᠦᠰᠡᠵᠤ ᠪᠠᠢᠨ᠎ᠡ᠂ ᠢᠡᠭ᠌ᠭᠢᠬᠦ᠌᠎ᠨᠢ ᠬᠠᠯᠳᠠᠪᠤᠷᠢᠯᠠᠬᠤ ᠵᠠᠮ᠎ᠢ ᠲᠠᠰᠤᠯᠵᠤ᠂ ᠬᠢᠵᠢᠭ᠎ᠤᠨ ᠪᠠᠢᠳᠠᠯ᠎ᠢ ᠨᠡᠩ ᠰᠠᠢᠨ ᠨᠡᠩ ᠪᠦᠳᠦᠮᠵᠢᠳᠠᠢ ᠰᠡᠷᠭᠡᠢᠯᠡᠨ ᠡᠵᠡᠮᠳᠡᠬᠦ᠌᠎ᠳᠤ ᠠᠱᠢᠬ᠍ᠳᠠᠢ ᠶᠤᠮ᠃ ᠬᠡᠪᠡᠴᠤ᠌ ᠬᠢᠵᠢᠭ᠎ᠤᠨ ᠡᠬᠢ ᠡᠬᠦᠰᠦᠯ᠎ᠤᠨ ᠮᠦᠷᠳᠡᠯ᠎ᠨᠢ ᠪᠤᠳᠤᠯᠢᠶᠠᠨᠳᠠᠢ ᠱᠢᠨᠵᠢᠯᠡᠬᠦ᠌ ᠤᠬᠠᠭᠠᠨ᠎ᠤ ᠠᠰᠠᠭᠤᠳᠠᠯ ᠮᠦᠨ᠂ ᠡᠯ᠎ᠡ ᠤᠯᠤᠰ ᠬᠠᠮᠳᠤᠷᠠᠯᠴᠠᠭ᠎ᠠ᠎ᠪᠠᠨ ᠴᠢᠩᠭᠠᠳᠭᠠᠵᠤ᠂ ᠦᠷᠬᠦᠯᠵᠢᠯᠡᠨ ᠰᠤᠳᠤᠯᠬᠤ ᠴᠢᠬᠤᠯᠠᠳᠠᠢ᠃ ᠲᠤᠮᠳᠠᠳᠤ ᠤᠯᠤᠰ ᠦᠨᠡᠨ᠎ᠠᠴᠠ ᠵᠦᠪ᠎ᠢ ᠡᠷᠢᠵᠤ᠂ ᠢᠯᠡ ᠪᠤᠯᠭᠠᠬᠤ᠂ ᠴᠢᠯᠦᠭᠡᠳᠡᠢ ᠬᠠᠮᠳᠤᠷᠠᠯᠴᠠᠭ᠎ᠠ ᠬᠢᠬᠦ᠌ ᠵᠠᠷᠴᠢᠮ ᠪᠠ ᠤᠪᠤᠷ᠎ᠢᠶᠠᠷ᠂ ᠲᠡᠯᠡᠭᠡᠢ᠎ᠶ᠋ᠢᠨ ᠡᠷᠡᠬᠦᠯ ᠬᠠᠮᠠᠭᠠᠯᠠᠯ᠎ᠤᠨ ᠵᠤᠬᠢᠶᠠᠨ ᠪᠠᠢᠭᠤᠯᠤᠯᠳᠠ᠎ᠯᠤᠭ᠎ᠠ ᠤᠯᠤᠯᠴᠠᠭ᠎ᠠ᠎ᠪᠠᠨ ᠪᠠᠳᠤᠯᠠᠬᠤ ᠪᠦᠭᠡᠳ ᠪᠠᠰᠠ ᠲᠡᠯᠡᠭᠡᠢ᠎ᠶ᠋ᠢᠨ ᠡᠷᠡᠬᠦᠯ ᠬᠠᠮᠠᠭᠠᠯᠠᠯ᠎ᠤᠨ ᠵᠤᠬᠢᠶᠠᠨ ᠪᠠᠢᠭᠤᠯᠤᠯᠳᠠ᠎ᠶ᠋ᠢᠨ ᠲᠤᠰᠭᠠᠢ ᠮᠡᠷᠭᠡᠵᠢᠯᠳᠠᠨ᠎ᠤ ᠲᠤᠮᠳᠠᠳᠤ ᠤᠯᠤᠰ᠎ᠲᠤ ᠡᠬᠢ ᠡᠬᠦᠰᠦᠯ᠎ᠢ ᠮᠦᠷᠳᠡᠬᠦ᠌ ᠰᠤᠳᠤᠯᠭᠠᠨ᠎ᠤ ᠠᠵᠢᠯ ᠦᠷᠨᠢᠬᠦᠯᠬᠦ᠌᠎ᠶ᠋ᠢ ᠲᠠᠮᠵᠢᠨ᠎ᠡ᠃ ᠲᠠᠷᠠᠭᠠᠴᠢ᠎ᠶ᠋ᠢᠨ ᠠᠯᠬᠤᠮ᠎ᠳᠤ ᠪᠢᠳᠠ ᠪᠠᠰᠠ ᠲᠤᠷᠠᠳᠠᠶ᠎ᠡ ᠲᠡᠯᠡᠭᠡᠢ᠎ᠶ᠋ᠢᠨ ᠡᠷᠡᠬᠦᠯ ᠬᠠᠮᠠᠭᠠᠯᠠᠯ᠎ᠤᠨ ᠵᠤᠬᠢᠶᠠᠨ ᠪᠠᠢᠭᠤᠯᠤᠯᠳᠠ᠎ᠯᠤᠭ᠎ᠠ ᠬᠠᠮᠳᠤ᠎ᠪᠠᠷ᠂ ᠱᠢᠨᠵᠢᠯᠡᠬᠦ᠌ ᠤᠬᠠᠭᠠᠨᠴᠢ᠎ᠪᠠᠷ ᠡᠬᠢ ᠡᠬᠦᠰᠦᠯ᠎ᠢ ᠮᠦᠷᠳᠡᠬᠦ᠌ ᠠᠵᠢᠯ᠎ᠢ ᠠᠬᠢᠭᠤᠯᠤᠨ᠎ᠡ᠃

ᠤᠳᠤᠬᠠᠨ᠎ᠳᠤ ᠬᠢᠵᠢᠭ᠎ᠤᠨ ᠪᠠᠢᠳᠠᠯ ᠪᠠᠰᠠ ᠪᠦᠬᠦ᠌ ᠪᠦᠮᠪᠦᠷᠴᠡᠭ᠎ᠲᠤ ᠦᠷᠪᠢᠰᠤᠨ ᠲᠡᠯᠭᠡᠷᠡᠵᠤ ᠪᠠᠢᠨ᠎ᠡ᠂ ᠤᠳᠤᠬᠠᠨ᠎ᠤ ᠪᠠᠴᠢᠮ ᠡᠬᠦᠷᠭᠡ ᠪᠤᠯ ᠡᠬᠢ ᠡᠬᠦᠰᠤᠯ᠎ᠢ ᠮᠦᠷᠳᠡᠬᠦ᠌ ᠪᠦᠭᠡᠳ ᠪᠠᠰᠠ ᠸᠠᠺᠼᠢᠨ ᠲᠠᠷᠢᠬᠤ ᠵᠡᠷᠭᠡ᠎ᠶ᠋ᠢ ᠪᠠᠭ᠍ᠳᠠᠭᠠᠬ᠍ᠰᠡᠨ ᠡᠯ᠎ᠡ ᠵᠦᠢᠯ᠎ᠤᠨ ᠰᠡᠷᠭᠡᠢᠯᠡᠨ ᠡᠵᠡᠮᠳᠡᠬᠦ᠌ ᠠᠵᠢᠯ᠎ᠢ ᠰᠠᠢᠳᠤᠷ ᠬᠢᠬᠦ᠌ ᠶᠠᠪᠤᠳᠠᠯ ᠪᠤᠯᠤᠨ᠎ᠡ᠃ ᠱᠢᠨ᠎ᠡ ᠳᠢᠳᠢᠮᠯᠢᠭ ᠸᠢᠷᠦ᠋ᠰ ᠪᠤᠯ ᠬᠦᠮᠦᠨ ᠲᠦᠷᠦᠯᠬᠢᠳᠠᠨ᠎ᠤ ᠬᠠᠮᠳᠤ᠎ᠶ᠋ᠢᠨ ᠲᠠᠢᠰᠤᠨ ᠮᠦᠨ᠂ ᠪᠢᠳᠠ ᠡᠯ᠎ᠡ ᠲᠠᠯ᠎ᠡ᠎ᠶ᠋ᠢᠨ᠎ᠬᠢᠨ᠎ᠤ ᠬᠠᠮᠳᠤᠷᠠᠯᠴᠠᠬᠤ᠎ᠶ᠋ᠢ ᠬᠦᠰᠡᠵᠤ ᠪᠠᠢᠨ᠎ᠡ᠂ ᠡᠢᠮᠤᠷᠬᠦᠤ ᠨᠢᠭᠡᠨ ᠬᠦᠮᠦᠨ ᠲᠦᠷᠦᠯᠬᠢᠳᠠᠨ᠎ᠤ ᠬᠠᠮᠳᠤ᠎ᠶ᠋ᠢᠨ ᠲᠠᠢᠰᠤᠨ᠎ᠤ ᠡᠮᠤᠨ᠎ᠡ᠂ ᠠᠯᠢ ᠨᠢᠭᠡ ᠤᠯᠤᠰ ᠭᠡᠳ ᠠᠮᠢ ᠬᠤᠪᠢ᠎ᠪᠠᠨ ᠯᠡ ᠪᠤᠳᠤᠵᠤ ᠲᠠᠢᠯᠬᠦ᠌ ᠦᠭᠡᠢ ᠶᠤᠮ᠃ ᠬᠦᠮᠦᠨ ᠲᠦᠷᠦᠯᠬᠢᠳᠠᠨ ᠬᠠᠮᠤᠭ᠎ᠤᠨ ᠡᠴᠤᠰ᠎ᠲᠡᠭᠡᠨ ᠡᠨᠡ ᠬᠦ᠌ ᠸᠢᠷᠦ᠋ᠰ᠎ᠢ ᠢᠯᠡᠵᠤ ᠲᠠᠢᠯᠤᠨ᠎ᠡ ᠭᠡᠳᠡᠭ᠎ᠢ ᠪᠢᠳᠠ ᠪᠠᠳᠤ ᠢᠳᠡᠭᠡᠵᠤ ᠪᠠᠢᠨ᠎ᠡ᠂ ᠪᠢ ᠪᠠᠰᠠ ᠢᠷᠡᠬᠦ᠌ ᠵᠢᠯ᠎ᠳᠤ ᠲᠠ ᠤᠯᠠᠨ᠎ᠲᠠᠢ ᠨᠢᠭᠤᠷᠳᠠᠨ ᠶᠠᠷᠢᠯᠴᠠᠬᠤ᠎ᠶ᠋ᠢ ᠬᠦᠰᠡᠵᠤ ᠪᠠᠢᠨ᠎ᠡ᠃

ᠶᠠᠫᠤᠨ᠎ᠤ ᠠᠵᠤ ᠠᠬᠤᠢ᠎ᠶ᠋ᠢᠨ ᠰᠤᠨᠢᠨ ᠮᠡᠳᠡᠭᠡᠨ᠎ᠤ ᠰᠤᠷᠪᠤᠯᠵᠢᠯᠠᠬ᠍ᠴᠢ᠄ ᠲᠠ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠳᠡᠭᠡᠨ 2021 ᠤᠨ᠎ᠤ ᠤᠯᠤᠰ᠎ᠤᠨ ᠲᠤᠳᠤᠭᠠᠳᠤ᠎ᠶ᠋ᠢᠨ ᠦᠢᠯᠡᠳᠪᠤᠷᠢᠯᠡᠯ᠎ᠤᠨ ᠶᠡᠷᠤᠩᠭᠡᠢ ᠦᠷᠳᠡᠭ᠎ᠤᠨ ᠨᠡᠮᠡᠭ᠌ᠳᠡᠯ᠎ᠤᠨ ᠬᠠᠷᠠᠯᠳᠠ᠎ᠶ᠋ᠢ 6% ᠎ᠠᠴᠠ ᠲᠡᠭᠡᠭ᠌ᠰᠢ ᠪᠠᠢᠯᠭᠠᠨ᠎ᠠ ᠭᠡᠵᠤ ᠲᠤᠷᠠᠳᠪᠠ᠂ ᠤᠳᠤᠬᠠᠨ᠎ᠳᠤ ᠮᠠᠰᠢ ᠤᠯᠠᠨ ᠤᠯᠠᠨ ᠤᠯᠤᠰ᠎ᠤᠨ ᠪᠠᠢᠭᠤᠯᠤᠮᠵᠢ ᠴᠦᠮ ᠲᠤᠮᠳᠠᠳᠤ ᠤᠯᠤᠰ᠎ᠤᠨ 2021 ᠤᠨ᠎ᠤ ᠠᠵᠤ ᠠᠬᠤᠢ᠎ᠶ᠋ᠢᠨ ᠨᠡᠮᠡᠭ᠌ᠳᠡᠯ 8% ᠤᠷᠴᠢᠮ ᠬᠦᠷᠬᠦ᠌ ᠪᠤᠯᠤᠮᠵᠢ᠎ᠲᠠᠢ ᠭᠡᠵᠤ ᠦᠵᠡᠵᠡᠭᠡᠵᠤ ᠪᠠᠢᠨ᠎ᠡ᠃ 《ᠠᠷᠪᠡᠨ ᠲᠦᠷᠪᠠᠳᠤᠭᠡᠷ ᠲᠠᠪᠤᠨ ᠵᠢᠯ》 ᠎ᠤᠨ ᠡᠬᠢᠯᠡᠯᠳᠠ᠎ᠶ᠋ᠢᠨ ᠵᠢᠯ᠎ᠳᠤ᠂ ᠲᠤᠬ᠍ᠳᠠᠮᠠᠯ ᠬᠦᠷᠤᠩᠭᠡ᠎ᠶ᠋ᠢᠨ ᠪᠡᠯᠡ ᠤᠷᠤᠭᠤᠯᠤᠯᠳᠠ᠎ᠶ᠋ᠢᠨ ᠬᠡᠪᠴᠢᠶ᠎ᠡ ᠶᠡᠭᠡᠰᠦᠭ᠌ᠰᠡᠨ᠎ᠠᠴᠠ ᠭᠠᠳᠠᠨ᠎ᠡ᠂ ᠪᠠᠰᠠ ᠲᠡᠯᠡᠭᠡᠢ᠎ᠶ᠋ᠢᠨ ᠴᠢᠨᠠᠷᠳᠠᠢ ᠪᠡᠯᠡ ᠮᠦᠡᠭ᠌ᠭᠦ ᠦᠯᠡᠬᠦᠳᠡᠭ᠌ᠰᠡᠨ᠎ᠠᠴᠠ ᠪᠤᠯᠤᠬ᠍ᠰᠡᠨ ᠭᠡᠷ ᠭᠠᠵᠠᠷ᠎ᠤᠨ ᠬᠦᠷᠤᠩᠭᠡ᠎ᠶ᠋ᠢᠨ ᠪᠡᠯᠡ ᠤᠷᠤᠭᠤᠯᠤᠯᠳᠠ᠎ᠶ᠋ᠢᠨ ᠭᠡᠳᠤ ᠬᠠᠯᠠᠭᠤᠷᠠᠯ᠎ᠤᠨ ᠠᠶᠤᠯ ᠲᠦᠭ᠌ᠰᠢᠬᠦᠷᠢ ᠤᠷᠤᠱᠢᠵᠤ ᠪᠠᠢᠨ᠎ᠡ᠂ ᠤᠳᠤᠬᠠᠨ᠎ᠤ ᠲᠤᠮᠳᠠᠳᠤ ᠤᠯᠤᠰ᠎ᠤᠨ ᠵᠠᠰᠠᠭ᠎ᠤᠨ ᠤᠷᠳᠤᠨ ᠠᠭᠤᠵᠢᠭᠤ ᠡᠳ᠋᠎ᠤᠨ ᠵᠠᠰᠠᠭ᠎ᠤᠨ ᠲᠦᠷᠦ᠎ᠶ᠋ᠢᠨ ᠪᠤᠳᠤᠯᠭ᠎ᠠ ᠪᠠ ᠵᠤᠭᠤᠰᠤᠨ᠎ᠤ ᠲᠦᠷᠦ᠎ᠶ᠋ᠢᠨ ᠪᠤᠳᠤᠯᠭ᠎ᠠ ᠠᠪᠴᠤ᠌ ᠪᠠᠢᠨ᠎ᠡ᠃ ᠶᠡᠷᠤᠩᠭᠡᠢ ᠰᠠᠢᠳ ᠠᠪᠤᠭᠠᠢ᠎ᠠᠴᠠ ᠠᠰᠠᠭᠤᠬᠤ᠎ᠨᠢ᠂ ᠡᠢᠮᠤᠷᠬᠦᠤ ᠪᠠᠢᠳᠠᠯ ᠲᠤᠤᠷ᠎ᠡ ᠡᠨᠡ ᠵᠢᠯ ᠬᠤᠷᠸ᠎ᠡ ᠲᠦᠷᠦ᠎ᠶ᠋ᠢᠨ ᠪᠤᠳᠤᠯᠭ᠎ᠠ᠎ᠶ᠋ᠢ ᠴᠢᠩᠭ᠎ᠠ ᠪᠤᠯᠭᠠᠨ ᠬᠤᠪᠢᠷᠠᠭᠤᠯᠬᠤ ᠪᠤᠯᠤᠮᠵᠢ᠎ᠲᠠᠢ ᠊ᠤᠸ? ᠶᠠᠫᠤᠨ᠎ᠤ ᠠᠵᠤ ᠠᠬᠤᠢ᠎ᠶ᠋ᠢᠨ ᠰᠤᠳᠤᠯᠭᠠᠨ᠎ᠤ ᠲᠦᠪ᠎ᠤᠨ ᠵᠢᠱ᠌ᠢᠯᠳᠠ᠎ᠶ᠋ᠢ ᠦᠨᠳᠤᠰᠤᠯᠡᠪᠡᠯ᠂ ᠲᠤᠮᠳᠠᠳᠤ ᠤᠯᠤᠰ᠎ᠤᠨ ᠠᠵᠤ ᠠᠬᠤᠢ᠎ᠶ᠋ᠢᠨ ᠬᠡᠪᠴᠢᠶ᠎ᠡ 2028 ᠤᠨ᠎ᠳᠤ ᠠᠮᠧᠷᠢᠺᠠ᠎ᠶ᠋ᠢ ᠲᠠᠪᠠᠭ᠍ᠤ ᠪᠤᠯᠤᠨ᠎ᠡ᠂ ᠡᠬᠦᠨ᠎ᠳᠤ ᠲᠠ ᠶᠠᠮᠠᠷ ᠦᠵᠡᠯᠳᠠ᠎ᠲᠠᠢ ᠪᠤᠢ?

ᠯᠢ ᠺᠧ ᠴᠢᠶᠠᠩ᠄ ᠪᠢᠳᠡᠨ᠎ᠤ ᠲᠤᠷᠠᠳᠤᠬ᠍ᠰᠠᠨ 6% ᠎ᠠᠴᠠ ᠲᠡᠭᠡᠭ᠌ᠰᠢ ᠪᠠᠢᠯᠭᠠᠬᠤ ᠠᠵᠤ ᠠᠬᠤᠢ᠎ᠶ᠋ᠢᠨ ᠨᠡᠮᠡᠭ᠌ᠳᠡᠯ᠎ᠤᠨ ᠵᠢᠱ᠌ᠢᠭ᠌ᠰᠡᠨ ᠬᠠᠷᠠᠯᠳᠠ᠎ᠨᠢ ᠤᠯᠠᠨ ᠲᠠᠯ᠎ᠠ᠎ᠶ᠋ᠢᠨ ᠠᠩᠬᠠᠷᠤᠯ᠎ᠢ ᠲᠠᠳᠠᠵᠤ᠂ ᠴᠦᠬᠡᠨ ᠪᠤᠰᠤ ᠬᠦᠮᠤᠰ ᠵᠠᠳᠠᠯᠤᠨ ᠱᠢᠨᠵᠢᠯᠠᠵᠤ ᠪᠠᠢᠬᠤ᠎ᠶ᠋ᠢ ᠪᠢ ᠠᠩᠬᠠᠷᠴᠦ᠍ ᠤᠯᠤᠯ᠎ᠠ᠃ ᠵᠠᠷᠢᠮ᠎ᠨᠢ ᠢᠳᠡᠪᠬᠢᠳᠠᠢ ᠬᠡᠵᠤ ᠦᠵᠡᠵᠤ᠂ ᠪᠠᠰᠠ ᠵᠠᠷᠢᠮ᠎ᠨᠢ ᠵᠢᠱ᠌ᠢᠯᠳᠠ᠎ᠠᠴᠠ ᠲᠤᠤᠷ᠎ᠠ ᠪᠤᠯᠵᠠᠢ ᠬᠡᠵᠤ ᠦᠵᠡᠵᠤ ᠪᠠᠢᠨ᠎ᠠ᠃ ᠪᠢᠳᠠ ᠬᠡᠯᠡᠯᠬᠡᠨ ᠦᠬᠡᠢ ᠠᠵᠤ ᠠᠬᠤᠢ ᠰᠠᠢᠨ ᠪᠠᠢᠬᠤ᠎ᠶ᠋ᠢ ᠬᠦᠰᠡᠨ᠎ᠠ᠂ ᠬᠡᠪᠡᠴᠤ᠌ ᠡᠨᠡ ᠵᠢᠯ ᠪᠤᠯ ᠰᠡᠷᠬᠦᠯᠳᠠ᠎ᠶ᠋ᠢᠨ ᠴᠢᠨᠠᠷᠳᠠᠢ ᠨᠡᠮᠡᠭ᠌ᠳᠡᠯ᠎ᠤᠨ ᠰᠠᠭᠤᠷᠢ ᠲᠡᠭᠡᠷ᠎ᠠ ᠤᠷᠤᠭ᠍ᠰᠢᠯᠠᠵᠤ ᠪᠠᠢᠨ᠎ᠠ᠂ ᠮᠠᠰᠢ ᠤᠯᠠᠨ ᠬᠠᠷᠢᠴᠠᠭᠤᠯᠵᠤ ᠪᠤᠯᠤᠰᠢ ᠦᠬᠡᠢ ᠡᠯᠧᠮᠧᠨ᠋ᠲ ᠤᠷᠤᠱᠢᠵᠤ ᠪᠠᠢᠬᠤ ᠮᠦᠷᠳᠡᠭᠡᠨ ᠲᠡᠯᠡᠬᠡᠢ᠎ᠶ᠋ᠢᠨ ᠠᠵᠤ ᠠᠬᠤᠢ᠎ᠶ᠋ᠢᠨ ᠰᠡᠷᠬᠦᠯᠳᠠ᠎ᠶ᠋ᠢᠨ ᠲᠤᠬ᠍ᠳᠠᠭᠠᠯᠳᠦ ᠪᠤᠰᠤ ᠴᠢᠨᠠᠷ ᠮᠦᠨ ᠬᠦ᠌ ᠮᠠᠰᠢ ᠶᠡᠭᠡ ᠪᠠᠢᠬᠤ᠎ᠶ᠋ᠢ ᠰᠡᠷᠭᠡᠭ᠎ᠢᠶᠠᠷ ᠤᠯᠵᠤ ᠬᠠᠷᠠᠬᠤ ᠭᠡᠷᠡᠭ᠌ᠳᠠᠢ᠃ ᠪᠢᠳᠠᠨ 6 % ᠎ᠠᠴᠠ ᠲᠡᠭᠡᠭ᠌ᠰᠢ ᠨᠡᠮᠡᠭ᠌ᠳᠡᠬᠦᠯᠦᠨ᠎ᠠ ᠭᠡᠪᠡ᠂ 6% ᠎ᠨᠢ ᠲᠤᠤᠷ᠎ᠠ ᠪᠢᠰᠢ ᠳ᠋ᠠ᠂ ᠤᠳᠤ ᠮᠠᠨ᠎ᠤ ᠠᠵᠤ ᠠᠬᠤᠢ᠎ᠶ᠋ᠢᠨ ᠶᠠᠷᠤᠩᠬᠡᠢ ᠬᠡᠮᠵᠢᠶ᠎ᠠ 100 ᠲᠦᠮᠡᠨ ᠳ᠋ᠦᠩᠱᠢᠭᠤᠷ ᠲᠦᠬᠦᠷᠢᠭ᠎ᠲᠤ ᠬᠦᠷᠪᠠ᠂ 6% ᠎ᠪᠠᠷ ᠨᠡᠮᠡᠭ᠌ᠳᠡᠬᠦᠯᠬᠦ᠌ ᠬᠡᠳᠡᠭ᠎ᠨᠢ ᠲᠠᠷᠤᠢ 6 ᠲᠦᠮᠡᠨ ᠳ᠋ᠦᠩᠱᠢᠭᠤᠷ ᠲᠦᠬᠦᠷᠢᠭ ᠨᠡᠮᠡᠭ᠌ᠳᠡᠬᠦᠯᠦᠨ᠎ᠠ ᠭᠡᠰᠡᠨ ᠦᠭᠡ᠂ ᠡᠬᠦᠨ᠎ᠢ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠡᠬᠢᠨ᠎ᠤ ᠬᠤᠭᠤᠴᠠᠭᠠᠨ᠎ᠳᠤ ᠲᠠᠯᠪᠢᠬ᠍ᠰᠠᠨ ᠪᠤᠯ 8 % ᠎ᠠᠴᠠ ᠲᠡᠭᠡᠭ᠌ᠰᠢᠬᠢ ᠨᠡᠮᠡᠭ᠌ᠳᠡᠯ᠎ᠤᠨ ᠬᠤᠷᠳᠤᠴᠠ᠎ᠪᠠᠷ ᠰᠠᠢ ᠪᠡᠶᠡᠯᠡᠭᠦᠯᠵᠦ᠍ ᠲᠠᠢᠯᠤᠨ᠎ᠠ᠃ ᠪᠢᠳᠡ ᠨᠡᠮᠡᠭ᠌ᠳᠡᠯ᠎ᠢ 6% ᠎ᠠᠴᠠ ᠲᠡᠭᠡᠭ᠌ᠰᠢ ᠪᠠᠢᠯᠭᠠᠨ᠎ᠠ ᠭᠡᠳᠡᠭ᠎ᠢ ᠵᠠᠢ ᠦᠯᠡᠳᠡᠭᠡᠵᠦ᠍ ᠭᠡᠯᠡᠭ᠌ᠰᠡᠨ ᠶᠤᠮ᠂ ᠪᠤᠳᠠᠳᠤ ᠶᠠᠪᠤᠴᠠ᠎ᠳᠤ ᠡᠬᠦᠨ᠎ᠠᠴᠠ ᠨᠡᠩ ᠢᠯᠡᠬᠦᠤ ᠨᠡᠮᠡᠭ᠌ᠳᠡᠵᠤ ᠮᠡᠳᠡᠨ᠎ᠠ᠃ ᠬᠡᠪᠡᠴᠤ᠌ ᠡᠨᠡ᠎ᠨᠢ ᠲᠦᠯᠤᠪᠯᠡᠭᠡ ᠲᠤᠭ᠍ᠳᠠᠭᠠᠵᠤ ᠪᠠᠢᠭ᠎ᠠ ᠪᠢᠰᠢ᠂ ᠬᠠᠷᠢᠨ ᠵᠢᠱ᠌ᠢᠯᠳᠠ᠎ᠶ᠋ᠢ ᠬᠦᠳᠤᠯᠤᠨ ᠵᠢᠯᠤᠭᠤᠳᠴᠤ᠌᠂ ᠵᠢᠱ᠌ᠢᠯᠳᠠ᠎ᠶ᠋ᠢ ᠠᠵᠤ ᠠᠬᠤᠢ᠎ᠶ᠋ᠢᠨ ᠰᠡᠷᠬᠦᠯᠳᠠ ᠨᠡᠮᠡᠭ᠌ᠳᠡᠯ᠎ᠤᠨ ᠰᠠᠭᠤᠷᠢ᠎ᠶ᠋ᠢ ᠪᠠᠬᠢᠵᠢᠬᠦᠯᠬᠦ᠌ ᠲᠡᠢᠰᠢ ᠬᠦᠳᠤᠯᠤᠨ ᠵᠢᠯᠤᠭᠤᠳᠴᠤ᠌᠂ ᠴᠢᠨᠠᠷ ᠰᠠᠢᠳᠠᠢ ᠬᠦᠭ᠌ᠵᠢᠯᠳᠠ᠎ᠶ᠋ᠢ ᠠᠬᠢᠭᠤᠯᠵᠤ᠂ ᠳᠠᠭᠠᠭᠠᠮᠠᠭᠠᠢ ᠴᠢᠨᠠᠷ᠎ᠢ ᠪᠠᠷᠢᠮᠳᠠᠯᠠᠵᠤ᠂ ᠢᠯᠠᠩᠭᠤᠶ᠎ᠠ ᠲᠠᠷᠠᠭ᠎ᠠ ᠵᠢᠯ᠂ ᠬᠤᠢᠳᠤ ᠵᠢᠯ᠎ᠤᠨ ᠬᠠᠷᠠᠯᠳᠠ᠎ᠲᠠᠢ ᠵᠤᠯᠭᠠᠭᠤᠯᠬᠤ᠎ᠶ᠋ᠢ ᠵᠤᠷᠢᠬ᠍ᠰᠠᠨ ᠶᠤᠮ᠂ ᠶᠡᠭᠡ ᠨᠡᠮᠡᠭ᠌ᠳᠡᠯ ᠶᠡᠭᠡ ᠪᠠᠭᠤᠷᠠᠯᠳᠠ᠎ᠶ᠋ᠢ ᠡᠬᠦᠰᠭᠡᠵᠤ ᠪᠤᠯᠬᠤ ᠦᠬᠡᠢ᠂ ᠡᠰᠡᠪᠠᠯ ᠵᠠᠬ᠎ᠠ ᠲᠡᠯᠬᠡᠬᠦᠷ᠎ᠤᠨ ᠵᠢᠱ᠌ᠢᠯᠳᠠ᠎ᠶ᠋ᠢ ᠰᠠᠮᠠᠭᠤᠷᠠᠭᠤᠯᠬᠤ ᠪᠤᠯᠤᠨ᠎ᠠ᠃ ᠨᠢᠬᠡ ᠴᠠᠬ᠎ᠢᠶᠠᠷ ᠬᠤᠷᠳᠤᠨ ᠶᠠᠪᠤᠪᠠᠯ ᠯᠠᠪᠳᠠᠭᠤᠨ ᠶᠠᠪᠤᠵᠤ ᠲᠡᠢᠯᠬᠦ᠌ ᠦᠬᠡᠢ ᠮᠠᠭᠠᠳ᠂ ᠬᠠᠷᠢᠨ ᠯᠠᠪᠳᠠᠭᠤᠨ ᠶᠠᠪᠤᠪᠠᠯ ᠰᠠᠶᠢ ᠡᠷᠴᠢ ᠬᠦᠴᠦᠳᠠᠢ ᠶᠠᠪᠤᠵᠤ ᠴᠢᠳᠠᠨ᠎ᠠ᠃ ᠳᠤᠮᠳᠠᠳᠤ ᠤᠯᠤᠰ᠎ᠤᠨ ᠡᠢᠨ ᠬᠦ᠌ ᠯᠤᠳᠤ ᠶᠡᠭᠡ ᠠᠵᠤ ᠠᠬᠤᠢ᠎ᠶ᠋ᠢᠨ ᠴᠤᠬ᠍ᠴᠠ᠎ᠶ᠋ᠢᠨ ᠠᠵᠤ ᠠᠬᠤᠢ ᠲᠤᠭ᠍ᠳᠠᠭᠤᠨ ᠲᠠᠭᠠᠭᠠᠮᠠᠭᠠᠢ᠎ᠪᠠᠷ ᠬᠦᠭ᠌ᠵᠢᠵᠤ᠂ ᠤᠷᠳᠤ ᠬᠤᠭᠤᠴᠠᠭᠠᠨ᠎ᠤ ᠰᠠᠢᠨ ᠪᠠᠢᠳᠠᠯ᠎ᠢᠶᠠᠨ ᠬᠠᠳᠠᠭᠠᠯᠠᠬᠤ᠎ᠶ᠋ᠢ ᠪᠢᠳᠠ ᠬᠦᠰᠡᠵᠤ ᠪᠠᠢᠨ᠎ᠠ᠃

ᠨᠢᠳᠤᠨᠤᠨ ᠵᠢᠯ᠎ᠤᠨ ᠬᠤᠪᠤᠷ ᠲᠤᠬᠢᠶᠠᠯᠳᠤᠬᠤ ᠯᠤᠳᠤ ᠶᠡᠭᠡ ᠲᠠᠭᠠᠷᠢᠯᠳᠠ᠎ᠶ᠋ᠢᠨ ᠡᠮᠦᠨ᠎ᠠ᠂ ᠪᠢᠳᠠ ᠴᠠᠬ ᠲᠤᠬᠠᠢ᠎ᠳᠤᠨᠢ ᠡᠷᠡᠰ ᠲᠠᠰᠤᠷᠬᠠᠢ ᠠᠷᠭ᠎ᠠ ᠬᠡᠮᠵᠢᠶ᠎ᠠ ᠠᠪᠴᠠᠢ᠂ ᠳᠡᠭᠡᠯ᠎ᠠ ᠴᠦ᠍ ᠭᠡᠰᠡᠨ ᠲᠤᠭ᠍ᠳᠠᠯ ᠬᠦᠴᠤᠨ᠎ᠢᠶᠠᠨ ᠪᠠᠳᠤᠯᠠᠵᠤ᠂ 《ᠨᠡᠯᠦ᠋ᠢᠯᠭᠡᠨ ᠤᠰᠤᠯᠠᠬᠤ》 ᠠᠵᠢᠯ᠎ᠢ ᠬᠢᠭ᠌ᠰᠡᠨ ᠦᠬᠡᠢ᠃ ᠮᠠᠨ᠎ᠤ ᠱᠢᠨ᠎ᠠ᠎ᠪᠠᠷ ᠨᠡᠮᠡᠭ᠌ᠳᠡᠭ᠌ᠰᠡᠨ ᠡᠳ᠋᠎ᠤᠨ ᠵᠠᠰᠠᠬ᠎ᠤᠨ ᠪᠡᠯᠠ ᠮᠦᠩᠬᠦᠨ᠎ᠤ ᠬᠡᠪᠴᠢᠶ᠎ᠠ 2 ᠲᠦᠮᠡᠨ ᠳ᠋ᠦᠩᠱᠢᠭᠤᠷ ᠲᠦᠬᠦᠷᠢᠭ᠎ᠲᠤ ᠬᠦᠷᠴᠤ᠌᠂ ᠤᠯᠠᠩᠬᠢ᠎ᠶ᠋ᠢ᠎ᠨᠢ ᠵᠠᠬ᠎ᠠ ᠲᠡᠯᠬᠡᠬᠦᠷ᠎ᠤᠨ ᠭᠤᠤᠯ ᠴᠤᠬ᠍ᠴᠠ ᠪᠤᠯᠤᠨ ᠠᠷᠠᠳ᠎ᠤᠨ ᠠᠮᠢᠳᠤᠷᠠᠯ᠎ᠤᠨ ᠪᠠᠴᠢᠮ ᠭᠡᠷᠡᠭ᠌ᠴᠡᠭᠡ᠎ᠳᠤ ᠭᠡᠷᠡᠭ᠌ᠯᠠᠵᠤ᠂ ᠭᠤᠤᠯᠳᠠᠭᠤ ᠭᠠᠢᠯᠢ᠎ᠶ᠋ᠢ ᠪᠠᠭᠠᠰᠭᠠᠨ ᠰᠦᠢᠳᠭᠡᠯ᠎ᠢ ᠪᠠᠭᠤᠷᠠᠭᠤᠯᠬᠤ᠂ ᠦᠨᠳᠤᠰᠤᠨ ᠠᠷᠠᠳ᠎ᠤᠨ ᠠᠮᠢᠳᠤᠷᠠᠯ᠎ᠢ ᠪᠠᠳᠤᠯᠠᠬᠤ᠎ᠳᠤ ᠬᠡᠷᠡᠭ᠌ᠯᠠᠵᠠᠢ᠂ ᠲᠡᠷᠡ ᠮᠦᠷᠳᠡᠭᠡᠨ ᠱᠢᠭᠤᠳ ᠬᠦᠷᠭᠡᠬᠦ᠌ ᠲᠤᠭ᠍ᠳᠠᠴᠠ᠎ᠶ᠋ᠢ ᠭᠡᠷᠡᠭ᠌ᠵᠢᠬᠦᠯᠵᠦ᠍᠂ ᠡᠳᠡᠬᠡᠷ 《ᠠᠮᠢ ᠠᠪᠤᠷᠠᠬᠤ ᠵᠤᠭᠤᠰ》 ᠎ᠢ ᠬᠠᠮᠤᠬ᠎ᠤᠨ ᠬᠤᠷᠳᠤᠨ᠎ᠳᠠᠭᠠᠨ 7 ᠡᠳᠤᠷ᠎ᠤᠨ ᠬᠤᠭᠤᠴᠠᠭᠠᠨ᠎ᠳᠤ ᠦᠨᠳᠤᠰᠤᠨ ᠱᠠᠳᠤᠨ᠎ᠳᠤ ᠱᠢᠭᠤᠳ ᠬᠦᠷᠭᠡᠵᠦ᠍᠂ ᠦᠨᠳᠤᠰᠤᠨ ᠱᠠᠳᠤᠨ᠎ᠤ ᠭᠠᠢᠯᠢ᠎ᠶ᠋ᠢ ᠪᠠᠭᠠᠰᠭᠠᠨ ᠰᠦᠢᠳᠭᠡᠯ᠎ᠢ ᠪᠠᠭᠤᠷᠠᠭᠤᠯᠬᠤ᠂ ᠠᠵᠢᠯ᠎ᠤᠨ ᠪᠠᠢᠷᠢ᠎ᠶ᠋ᠢ ᠲᠤᠭ᠍ᠳᠠᠪᠤᠷᠢᠵᠢᠭᠤᠯᠬᠤ ᠵᠡᠷᠬᠡ ᠡᠳ᠋᠎ᠤᠨ ᠵᠠᠰᠠᠬ᠎ᠤᠨ ᠬᠦᠴᠤᠨ᠎ᠢ ᠪᠠᠳᠤᠯᠠᠵᠤ᠂ ᠮᠠᠰᠢ ᠲᠦᠷᠬᠡᠨ ᠦᠷ᠎ᠠ ᠪᠦᠳᠤᠮᠵᠢ ᠤᠯᠤᠬ᠍ᠰᠠᠨ ᠪᠠᠢᠨ᠎ᠠ᠃ ᠬᠡᠷᠪᠡ ᠪᠢᠳᠠ ᠲᠤᠬᠠᠢ᠎ᠶ᠋ᠢᠨ ᠦᠶ᠎ᠠ᠎ᠳᠤ ᠶᠡᠭᠡ ᠲᠦᠷᠤᠯ ᠵᠦᠢᠯ᠎ᠢ ᠪᠦᠳᠤᠬᠡᠨ ᠪᠠᠢᠭᠤᠯᠬᠤ᠂ ᠶᠡᠭᠡ ᠤᠢ᠍ᠢᠯᠡᠳᠪᠤᠷᠢᠯᠡᠯ ᠬᠢᠬᠦ᠌᠎ᠶ᠋ᠢ ᠭᠤᠤᠯᠳᠠᠯᠭ᠎ᠠ᠎ᠲᠠᠢ ᠪᠤᠳᠤᠯᠬᠢᠯᠠᠬ᠍ᠰᠠᠨ ᠪᠤᠯ ᠡᠭᠦᠨ᠎ᠢ ᠪᠠᠰᠠ ᠨᠤᠳᠠᠯᠠᠯᠳᠠ ᠬᠢᠵᠤ ᠵᠠᠬ᠎ᠠ ᠲᠡᠯᠬᠡᠬᠦᠷ᠎ᠤᠨ ᠭᠡᠷᠡᠭ᠌ᠴᠡᠭᠡ᠎ᠶ᠋ᠢ ᠪᠤᠳᠤᠯᠬᠢᠯᠠᠬᠤ ᠴᠢᠬᠤᠯᠠᠳᠠᠢ᠂ ᠢᠩᠬᠢᠬᠦ᠌᠎ᠳᠤ ᠬᠦᠷᠪᠠᠯ ᠨᠠᠭᠠᠳᠦ ᠵᠠᠬ᠎ᠠ᠎ᠳᠠᠭᠠᠨ 200 ᠡᠳᠤᠷ ᠭᠡᠷᠡᠭ᠌ᠰᠡᠵᠤ᠂ ᠬᠠᠷᠢᠨ ᠨᠢᠬᠡ ᠭᠠᠷᠠᠬ᠎ᠤᠨ ᠬᠤᠭᠤᠴᠠᠭᠠᠨ᠎ᠳᠤ ᠱᠢᠢᠳᠪᠤᠷᠢᠯᠡᠬᠦ᠌ ᠶᠠᠪᠤᠳᠠᠯ ᠪᠢᠰᠢ᠂ ᠶᠠᠷᠢᠶᠠᠨ ᠦᠭᠡᠢ ᠶᠡᠭᠡ ᠲᠦᠷᠦᠯ ᠵᠦᠢᠯ᠎ᠢ ᠭᠡᠷᠡᠭ᠌ᠰᠡᠬᠦ᠌ ᠦᠭᠡᠢ ᠭᠡᠰᠡᠨ ᠦᠭᠡ ᠪᠢᠰᠢ᠃ ᠠᠱᠢᠬ᠍ᠳᠠᠢ ᠴᠠᠬ᠎ᠢ ᠠᠯᠳᠠᠪᠠᠯ᠂ ᠠᠵᠤ ᠠᠬᠤᠢ᠍ᠢᠯᠠᠯ ᠶᠡᠭᠡ ᠬᠡᠮᠵᠢᠶ᠎ᠠ᠎ᠪᠠᠷ ᠲᠠᠮᠫᠤᠷᠠᠵᠦ᠍ ᠮᠡᠳᠡᠨ᠎ᠠ᠃ ᠮᠢᠨᠤ ᠴᠡᠬᠡᠵᠢᠯᠠᠵᠤ ᠪᠠᠢᠬᠤ᠎ᠪᠠᠷ ᠨᠢᠳᠤᠨᠤᠨ᠎ᠤ ᠰᠤᠷᠪᠤᠯᠵᠢᠯᠠᠬ᠍ᠴᠢᠳ᠎ᠤᠨ ᠬᠤᠷᠠᠯ ᠲᠡᠭᠡᠷ᠎ᠠ ᠰᠤᠷᠪᠤᠯᠵᠢᠯᠠᠬ᠍ᠴᠢ ᠪᠠᠰᠠ ᠳᠤᠮᠳᠠᠳᠤ ᠤᠯᠤᠰ᠎ᠤᠨ ᠵᠠᠰᠠᠬ᠎ᠤᠨ ᠤᠷᠳᠤᠨ᠎ᠤ ᠠᠪᠤᠬ᠍ᠰᠠᠨ ᠲᠦᠷᠤ᠎ᠶ᠋ᠢᠨ ᠪᠤᠳᠤᠯᠭ᠎ᠠ᠎ᠶ᠋ᠢᠨ ᠬᠡᠪᠴᠢᠶ᠎ᠠ ᠪᠤᠯᠤᠨ ᠬᠦᠴᠤᠯᠠᠴᠠ ᠲᠤᠤᠷ᠎ᠠ ᠪᠤᠯᠤᠬ᠍ᠰᠠᠨ ᠡᠰᠡᠬᠦ᠌᠎ᠶ᠋ᠢᠨ ᠲᠤᠬᠠᠢ ᠠᠰᠠᠭᠤᠯᠳᠠ ᠲᠤᠷᠠᠳᠤᠬ᠍ᠰᠠᠨ ᠪᠠᠢᠨ᠎ᠠ᠃ ᠪᠢᠲᠠ 《ᠪᠤᠷᠳᠤᠭᠤᠷ》 ᠎ᠢ ᠦᠨᠳᠤᠰᠤ᠎ᠳᠤᠨᠢ ᠤᠷᠤᠭᠤᠯᠵᠤ᠂ ᠲᠦᠷᠤ᠎ᠶ᠋ᠢᠨ ᠪᠤᠳᠤᠯᠭ᠎ᠠ᠎ᠶ᠋ᠢ ᠤᠨᠤᠴᠠᠳᠠᠢ ᠭᠠᠵᠠᠷ᠎ᠲᠤ ᠭᠡᠷᠡᠭ᠌ᠵᠢᠬᠦᠯᠵᠦ᠍᠂ ᠬᠤᠷᠳᠤᠨ ᠦᠷ᠎ᠠ ᠪᠦᠳᠤᠮᠵᠢ ᠤᠯᠵᠤ᠂ ᠤᠢ᠍ᠢᠯᠡᠳᠤᠯ ᠭᠠᠷᠭᠠᠬᠤ᠎ᠶ᠋ᠢ ᠵᠤᠷᠢᠬ᠍ᠰᠠᠨ ᠶᠤᠮ᠃ ᠤᠳᠤ ᠦᠵᠡᠬᠦ᠌᠎ᠳᠤ᠂ ᠡᠨᠡ ᠬᠦ᠌ ᠬᠡᠪᠴᠢᠶ᠎ᠠ᠂ ᠡᠨᠡ ᠬᠦ᠌ ᠬᠦᠴᠤᠯᠠᠴᠠ ᠪᠤᠯ ᠵᠤᠬᠢᠰᠳᠠᠢ ᠪᠤᠯᠵᠠᠢ᠂ ᠪᠡᠯᠡᠳᠭᠡᠭ᠌ᠰᠡᠨ ᠨᠦᠬᠡᠴᠠ ᠲᠦᠷᠤ᠎ᠶ᠋ᠢᠨ ᠪᠤᠳᠤᠯᠭ᠎ᠠ᠎ᠶ᠋ᠢ ᠴᠤ᠌ ᠬᠤᠵᠢᠮ᠎ᠨᠢ ᠭᠡᠷᠡᠭ᠌ᠵᠢᠬᠦᠯᠦᠭ᠌ᠰᠡᠨ ᠦᠬᠡᠢ᠃

ᠨᠢᠳᠤᠨᠤᠨ ᠪᠢᠳᠡ ᠠᠭᠤᠵᠢᠭᠤ ᠲᠠᠯᠪᠢᠬᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠦᠭ᠌ᠰᠡᠨ ᠥᠬᠡᠶ᠂ ᠥᠭᠡᠷ᠎ᠡ᠎ᠪᠠᠷ ᠬᠡᠯᠡᠪᠡᠯ ᠬᠡᠮᠵᠢᠶᠡᠴᠢᠯᠡᠭ᠌ᠰᠡᠨ ᠠᠭᠤᠵᠢᠭᠤ ᠲᠠᠯᠪᠢᠬᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠦᠭ᠌ᠰᠡᠨ ᠥᠬᠡᠶ ᠪᠣᠯᠬᠤᠷ ᠡᠨᠡ ᠵᠢᠯ ᠲᠦᠷᠭᠡᠨ ᠬᠤᠪᠢᠷᠠᠭᠤᠯᠬᠤ ᠴᠢᠬᠤᠯᠠ ᠥᠬᠡᠶ᠂ ᠬᠠᠱᠢᠯᠠ ᠲᠥᠷᠥ᠎ᠶ᠋ᠢᠨ ᠪᠣᠳᠣᠯᠭ᠎ᠠ᠎ᠶ᠋ᠢᠨ ᠦᠷᠬᠦᠯᠵᠢᠯᠡᠬᠦ᠌ ᠴᠢᠨᠠᠷ ᠪᠤᠯᠤᠨ ᠲᠠᠭᠠᠭᠠᠮᠠᠭᠠᠢ ᠴᠢᠨᠠᠷ᠎ᠢ ᠪᠠᠲᠤᠯᠠᠵᠤ᠂ ᠠᠵᠤ ᠠᠬᠤᠶ᠎ᠶ᠋ᠢ ᠬᠦᠴᠦᠯᠡᠨ ᠲᠣᠭ᠍ᠲᠠᠪᠤᠷᠢᠵᠢᠭᠤᠯᠵᠤ᠂ ᠰᠠᠢᠨ ᠬᠠᠨᠳᠤᠰᠢ᠎ᠲᠠᠢ ᠪᠠᠢᠬᠤ᠎ᠶ᠋ᠢ ᠠᠬᠢᠭᠤᠯᠬᠤ ᠬᠡᠷᠡᠭ᠌ᠲᠡᠶ᠃ ᠠᠵᠤ ᠠᠬᠤᠢ᠎ᠶ᠋ᠢᠨ ᠠᠵᠢᠯᠯᠠᠭᠠᠨ᠎ᠢ ᠵᠦᠢ ᠵᠣᠬᠢᠰᠲᠠᠢ ᠬᠡᠪᠴᠢᠶᠡᠨ᠎ᠳᠤ ᠪᠠᠢᠯᠭᠠᠬᠤ᠎ᠶ᠋ᠢ ᠪᠠᠲᠤᠯᠠᠬᠤ᠎ᠳᠤ ᠬᠠᠱᠢᠯᠠ 《ᠪᠤᠷᠳᠤᠭᠤᠷ》 ᠎ᠢ ᠦᠨᠳᠦᠰᠦᠨ᠎ᠳᠤᠨᠢ ᠣᠷᠣᠭᠤᠯᠬᠤ᠎ᠶ᠋ᠢ ᠴᠢᠬᠤᠯᠠᠴᠢᠯᠠᠬᠤ ᠬᠡᠷᠡᠭ᠌ᠲᠡᠢ᠂ ᠤᠳᠤ ᠵᠠᠬ᠎ᠠ ᠳᠡᠯᠭᠡᠭᠦᠷ᠎ᠤᠨ ᠭᠤᠤᠯ ᠴᠣᠭ᠍ᠴᠠ ᠢᠯᠠᠩᠭᠤᠶ᠎ᠠ ᠳᠤᠮᠳᠠ ᠪᠠᠭ᠎ᠠ ᠵᠢᠵᠢᠭ ᠠᠵᠤ ᠠᠬᠤᠢᠯᠠᠯ ᠮᠥᠨ ᠯᠡ ᠬᠦᠴᠦ᠍ ᠲᠠᠮᠢᠷ᠎ᠢᠶᠠᠨ ᠰᠡᠷᠭᠦᠭᠡᠵᠦ᠍ ᠪᠠᠢᠨ᠎ᠠ᠃ ᠠᠵᠤ ᠠᠬᠤᠶ᠎ᠶ᠋ᠢᠨ ᠨᠡᠮᠡᠭ᠌ᠳᠡᠯ᠎ᠢᠶᠠᠨ ᠰᠡᠷᠭᠦᠭᠡᠭ᠌ᠰᠡᠨ᠎ᠠᠴᠠ ᠪᠢᠳᠡ ᠲᠥᠷᠥ᠎ᠶ᠋ᠢᠨ ᠪᠣᠳᠣᠯᠭ᠎ᠠ᠎ᠳᠤ ᠵᠦᠶ ᠵᠣᠬᠢᠰᠲᠠᠶ ᠲᠣᠬᠢᠷᠠᠭᠤᠯᠤᠯᠲᠠ ᠬᠢᠬᠦ᠌ ᠪᠣᠯᠤᠨ᠎ᠠ᠂ ᠭᠡᠪᠡᠴᠦ᠍ ᠲᠣᠬᠢᠷᠠᠭᠤᠯᠤᠯᠲᠠ᠎ᠨᠢ ᠵᠤᠭᠢᠬᠤ ᠭᠡᠮᠵᠢᠶᠡᠨ᠎ᠳᠤ ᠪᠠᠢᠬᠤ ᠶᠤᠮ᠂ ᠵᠠᠷᠢᠮ ᠱᠠᠲᠤᠴᠢ ᠴᠢᠨᠠᠷᠲᠠᠶ ᠲᠥᠷᠥ᠎ᠶ᠋ᠢᠨ ᠪᠣᠳᠣᠯᠭ᠎ᠠ᠎ᠶ᠋ᠢ ᠵᠤᠬ᠍ᠰᠤᠭᠠᠬᠤ᠎ᠶ᠋ᠢᠨ ᠬᠠᠮᠲᠤ ᠪᠠᠰᠠ ᠵᠠᠷᠢᠮ ᠪᠦᠲᠦᠴᠡ᠎ᠶ᠋ᠢᠨ ᠴᠢᠨᠠᠷᠲᠠᠶ ᠭᠠᠢᠯᠢ᠎ᠶ᠋ᠢ ᠬᠠᠰᠤᠵᠤ  ᠰᠦᠢᠳᠭᠡᠯ ᠪᠠᠭᠤᠷᠠᠭᠤᠯᠬᠤ ᠲᠥᠷᠥ᠎ᠶ᠋ᠢᠨ ᠪᠣᠳᠣᠯᠭ᠎ᠠ᠎ᠪᠠᠷ ᠨᠥᠯᠥᠭᠡ᠎ᠶ᠋ᠢ ᠪᠠᠭᠠᠰᠭᠠᠵᠤ᠂ ᠠᠵᠢᠯ ᠣᠯᠭᠤᠯᠲᠠ᠎ᠶ᠋ᠢ ᠪᠠᠲᠤᠯᠠᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢ ᠪᠠᠲᠤᠯᠠᠬᠤ ᠡᠷᠴᠢᠮ᠎ᠢ ᠰᠤᠯᠠᠷᠠᠭᠤᠯᠬᠤ ᠥᠬᠡᠶ ᠪᠠᠢᠬᠤ᠎ᠶ᠋ᠢ ᠪᠠᠳᠤᠯᠠᠨ᠎ᠠ᠃

ᠬᠡᠷᠬᠢᠨ ᠡᠷᠴᠢᠮ᠎ᠢᠶᠠᠨ ᠰᠤᠯᠠᠷᠠᠭᠤᠯᠬᠤ ᠥᠬᠡᠶ ᠪᠠᠢᠬᠤ᠎ᠶ᠋ᠢ ᠪᠠᠲᠤᠯᠠᠬᠤ ᠪᠤᠢ? ᠪᠡᠯᠡ ᠮᠥᠩᠭᠦ᠎ᠶ᠋ᠢᠨ ᠬᠡᠪᠴᠢᠶ᠎ᠡ ᠶᠠᠷᠢᠶᠠᠨ ᠦᠭᠡᠢ ᠮᠠᠰᠢ ᠴᠢᠬᠤᠯᠠ᠂ ᠭᠡᠪᠡᠴᠦ᠍ ᠵᠣᠭᠤᠰ᠎ᠢ ᠰᠠᠢᠲᠤᠷ ᠬᠡᠷᠡᠭ᠌ᠯᠡᠬᠦ᠌᠎ᠨᠢ ᠨᠡᠩ ᠴᠢᠬᠤᠯᠠ ᠶᠤᠮ᠂ ᠪᠢᠳᠡᠨ᠎ᠤ ᠨᠢᠳᠤᠨᠤᠨ᠎ᠤ ᠬᠤᠷᠸ᠎ᠠ ᠲᠤᠬᠢᠷᠠᠭᠤᠯᠭ᠎ᠠ ᠡᠵᠡᠮᠳᠡᠯ᠎ᠤᠨ ᠲᠠᠯ᠎ᠠ᠎ᠪᠠᠷ ᠬᠤᠷᠠᠮᠳᠤᠭᠤᠯᠤᠭ᠍ᠰᠠᠨ ᠲᠤᠷᠱᠢᠯᠭ᠎ᠠ᠎ᠪᠠᠨ ᠪᠠᠰᠠ ᠦᠷᠭᠦᠯᠵᠢᠯᠡᠨ ᠬᠡᠷᠡᠭ᠌ᠯᠡᠵᠦ᠍ ᠪᠣᠯᠤᠨ᠎ᠠ᠃ ᠵᠢᠱ᠌ᠢᠶᠡᠯᠡᠪᠡᠯ ᠡᠳ᠋᠎ᠤᠨ ᠵᠠᠰᠠᠭ ᠮᠥᠩᠭᠦᠨ ᠭᠦᠢᠯᠭᠡᠭᠡᠨ᠎ᠤ ᠲᠠᠯ᠎ᠠ᠎ᠪᠠᠷ᠂ ᠳᠥᠭᠦᠮᠬᠡᠨ᠎ᠢᠶᠠᠷ ᠬᠡᠯᠡᠪᠡᠯ 《ᠨᠢᠭᠡ᠎ᠶ᠋ᠢ ᠬᠠᠰᠤᠬᠤ᠂ ᠨᠢᠭᠡ᠎ᠶ᠋ᠢ ᠨᠡᠮᠡᠭ᠌ᠳᠡᠭᠦᠯᠬᠦ᠂ ᠨᠢᠭᠡ᠎ᠶ᠋ᠢ ᠲᠣᠭ᠍ᠲᠠᠭᠤᠨ ᠪᠠᠢᠯᠭᠠᠬᠤ᠎ᠶ᠋ᠢᠨ ᠵᠡᠷᠭᠡ᠎ᠳᠤ ᠪᠠᠭᠤᠷᠠᠭᠤᠯᠤᠨ᠎ᠠ》᠃ 《ᠨᠢᠭᠡ᠎ᠶ᠋ᠢ ᠬᠠᠰᠤᠬᠤ》 ᠭᠡᠳᠡᠭ᠎ᠨᠢ ᠳᠠᠷᠤᠢ ᠲᠥᠪ᠎ᠤᠨ ᠵᠠᠰᠠᠭ᠎ᠤᠨ ᠣᠷᠳᠣᠨ᠎ᠤ ᠲᠤᠰ ᠱᠠᠲᠤᠨ᠎ᠤ ᠵᠠᠷᠤᠯᠭ᠎ᠠ᠎ᠶ᠋ᠢ ᠪᠠᠭᠠᠰᠭᠠᠬᠤ ᠶᠠᠪᠤᠳᠠᠯ ᠪᠣᠯᠤᠨ᠎ᠠ᠂ ᠡᠯ᠎ᠡ ᠱᠠᠲᠤᠨ᠎ᠤ ᠵᠠᠰᠠᠭ᠎ᠤᠨ ᠣᠷᠳᠣᠨ ᠴᠥᠮ ᠲᠦᠷᠦᠭᠦᠯᠡᠨ ᠠᠷᠪᠢᠯᠠᠨ ᠭᠠᠮᠨᠠᠵᠤ ᠠᠮᠢᠳᠤᠷᠠᠬᠤ ᠬᠡᠷᠡᠭ᠌ᠲᠡᠢ; 《ᠨᠢᠭᠡ᠎ᠶ᠋ᠢ ᠨᠡᠮᠡᠭ᠌ᠳᠡᠭᠦᠯᠬᠦ᠌》 ᠭᠡᠳᠡᠭ᠎ᠨᠢ ᠱᠢᠭᠤᠳ ᠬᠦᠷᠬᠦ᠌ ᠪᠠᠯᠠ ᠮᠥᠩᠭᠦᠨ᠎ᠤ ᠬᠡᠪᠴᠢᠶ᠎ᠡ᠎ᠶ᠋ᠢ ᠥᠷᠭᠡᠳᠭᠡᠵᠦ᠍᠂ ᠦᠨᠳᠦᠰᠦᠨ ᠱᠠᠲᠤ ᠪᠣᠯᠤᠨ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠳᠤ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢᠨ ᠡᠷᠴᠢᠮ ᠰᠤᠯᠠᠷᠠᠭ᠍ᠰᠠᠨ ᠥᠬᠡᠶ ᠭᠡᠳᠡᠭ᠎ᠢ ᠮᠡᠳᠡᠷᠡᠭᠦᠯᠦᠨ᠎ᠡ᠂ ᠢᠩᠭᠢᠪᠡᠯ ᠨᠠᠩ ᠲᠦᠷᠭᠡᠨ ᠨᠠᠩ ᠪᠦᠲᠦᠮᠵᠢᠲᠡᠶ᠎ᠪᠠᠷ ᠠᠵᠤ ᠠᠬᠤᠢᠯᠠᠯ᠎ᠳᠤ ᠠᠱᠢᠭ ᠬᠦᠷᠲᠡᠭᠡᠵᠦ᠍ ᠠᠷᠠᠳ᠎ᠲᠤ ᠠᠱᠢᠭ ᠬᠦᠷᠲᠡᠭᠡᠵᠦ᠍ ᠴᠢᠳᠠᠨ᠎ᠠ; 《ᠨᠢᠭᠡ᠎ᠶ᠋ᠢ ᠲᠣᠭ᠍ᠲᠠᠭᠤᠨ ᠪᠠᠢᠯᠭᠠᠬᠤ᠎ᠶ᠋ᠢᠨ ᠵᠡᠷᠭᠡ᠎ᠳᠤ ᠪᠠᠭᠤᠷᠠᠭᠤᠯᠤᠨ᠎ᠠ》 ᠭᠡᠳᠡᠭ᠎ᠨᠢ ᠬᠥᠱᠢᠭᠦᠷᠭᠡ᠎ᠶ᠋ᠢᠨ ᠨᠣᠷᠮ᠎ᠠ᠎ᠶ᠋ᠢ ᠲᠣᠭ᠍ᠲᠠᠪᠤᠷᠢᠵᠢᠭᠤᠯᠬᠤ᠎ᠶ᠋ᠢᠨ ᠵᠡᠷᠭᠡ᠎ᠪᠠᠷ ᠮᠥᠩᠭᠦᠨ ᠭᠦᠶᠯᠭᠡᠭᠡᠨ᠎ᠤ ᠠᠵᠤ ᠠᠬᠤᠢᠯᠠᠯ᠎ᠤᠨ ᠵᠦᠶ ᠵᠣᠬᠢᠰᠲᠠᠶ᠎ᠪᠠᠷ ᠠᠱᠢᠭ ᠤᠯᠭᠤᠬᠤ᠎ᠶ᠋ᠢ ᠬᠦᠳᠦᠯᠦᠨ ᠵᠢᠯᠤᠭᠤᠳᠴᠦ᠍᠂ ᠳᠤᠮᠳᠠ ᠪᠠᠭ᠎ᠠ ᠵᠢᠵᠢᠭ ᠠᠵᠤ ᠠᠬᠤᠢᠯᠠᠯ᠎ᠤᠨ ᠪᠠᠯᠠ ᠬᠤᠷᠡᠮᠳᠤᠯᠭ᠎ᠠ᠎ᠶ᠋ᠢ ᠨᠠᠩ ᠲᠥᠬᠦᠮ ᠪᠣᠯᠭᠠᠵᠤ᠂ ᠪᠠᠯᠠ ᠬᠤᠷᠡᠮᠳᠤᠯᠭ᠎ᠠ᠎ᠶ᠋ᠢᠨ ᠥᠪᠡᠷ᠎ᠤᠨ ᠥᠷᠲᠡᠭ᠎ᠢ ᠲᠣᠭ᠍ᠲᠠᠭᠤᠨ ᠪᠠᠢᠯᠭᠠᠬᠤ᠎ᠶ᠋ᠢᠨ ᠵᠡᠷᠭᠡ᠎ᠳᠤ ᠪᠠᠭᠤᠷᠠᠭᠤᠯᠤᠨ᠎ᠠ᠃ ᠬᠡᠯᠡᠯᠭᠡᠨ ᠥᠬᠡᠶ᠂ ᠪᠢᠳᠡ ᠡᠯ᠎ᠡ ᠲᠥᠷᠥᠯ᠎ᠤᠨ ᠠᠶᠤᠯ ᠲᠦᠭ᠌ᠰᠢᠭᠦᠷᠢ ᠬᠡᠮ ᠰᠣᠭᠤᠭ᠎ᠢ ᠴᠤ᠌ ᠴᠠᠭ ᠲᠤᠬᠠᠶ᠎ᠳᠤᠨᠢ ᠰᠡᠷᠭᠡᠢᠯᠡᠨ ᠠᠷᠢᠯᠭᠠᠨ᠎ᠠ᠃

ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠦᠨᠳᠦᠰᠦᠨ ᠵᠣᠷᠢᠯᠭ᠎ᠠ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠢ ᠵᠤᠯ ᠵᠢᠷᠭᠠᠯ᠎ᠲᠠᠢ ᠠᠮᠢᠳᠤᠷᠠᠭᠤᠯᠬᠤ᠎ᠶ᠋ᠢᠨ ᠲᠥᠯᠥᠭᠡ ᠶᠤᠮ᠂ ᠳᠤᠮᠳᠠᠳᠤ ᠤᠯᠤᠰ ᠮᠥᠨ ᠯᠡ ᠬᠥᠭ᠌ᠵᠢᠵᠦ᠍ ᠪᠠᠢᠭ᠎ᠠ ᠤᠯᠤᠰ ᠮᠥᠨ᠂ ᠣᠳᠣᠬᠢᠴᠢᠯᠠᠯᠲᠠ᠎ᠶ᠋ᠢ ᠪᠡᠶᠡᠯᠡᠭᠦᠯᠬᠦ᠌᠎ᠳᠤ ᠪᠠᠰᠠ ᠮᠠᠰᠢ ᠤᠷᠳᠤ ᠵᠠᠮ᠎ᠢ ᠵᠠᠮᠨᠠᠬᠤ ᠬᠡᠷᠡᠭ᠌ᠲᠡᠢ᠃ ᠪᠢᠳᠡ ᠥᠪᠡᠷ᠎ᠤᠨ ᠤᠴᠢᠷ᠎ᠢᠶᠠᠨ ᠬᠦᠴᠦᠯᠡᠨ ᠰᠠᠢᠳᠤᠷ ᠬᠢᠨ᠎ᠡ᠃ ᠳᠤᠮᠳᠠᠳᠤ ᠤᠯᠤᠰ᠎ᠤᠨ ᠬᠥᠭ᠌ᠵᠢᠯᠲᠡ᠎ᠨᠢ ᠳᠡᠯᠡᠬᠡᠢ᠎ᠶ᠋ᠢᠨ ᠡᠩᠭᠡ ᠲᠠᠢᠪᠤᠩ ᠲᠣᠭ᠍ᠲᠠᠭᠤᠨ ᠪᠠᠢᠳᠠᠯ᠂ ᠴᠡᠴᠡᠭ᠌ᠯᠡᠨ ᠬᠦᠭ᠌ᠵᠢᠬᠦ᠌᠎ᠳᠤ ᠴᠥᠮ ᠴᠢᠬᠤᠯᠠ ᠬᠤᠪᠢ ᠨᠡᠮᠡᠷᠢ ᠦᠵᠡᠭᠦᠯᠵᠦ᠍ ᠪᠠᠢᠳᠠᠭ᠃

ᠳᠤᠮᠳᠠᠳᠤ ᠤᠯᠤᠰ᠎ᠤᠨ ᠰᠣᠨᠢᠨ ᠮᠡᠳᠡᠭᠡᠨ᠎ᠤ ᠬᠤᠷᠢᠶ᠎ᠠ᠎ᠶ᠋ᠢᠨ ᠰᠤᠷᠪᠤᠯᠵᠢᠯᠠᠭ᠍ᠴᠢ᠄ ᠶᠡᠷᠦᠩᠬᠡᠶ ᠰᠠᠢᠳ ᠲᠠ ᠰᠠᠢᠨᠨᠤ᠃ ᠲᠦᠷᠦᠭᠦᠤ ᠬᠤᠶᠠᠷ ᠵᠢᠯ᠎ᠳᠤ ᠡᠮᠨᠡᠯᠭᠡ᠎ᠳᠤ ᠰᠠᠭᠤᠭ᠍ᠰᠠᠨ ᠵᠠᠷᠤᠳᠠᠯ᠎ᠢ ᠣᠨᠳᠣᠤ ᠭᠠᠵᠠᠷ᠎ᠲᠤ ᠲᠠᠩᠰᠠ ᠲᠠᠢᠯᠬᠤ ᠠᠰᠠᠭᠤᠳᠠᠯ ᠱᠢᠶᠳᠪᠦᠷᠢᠯᠡᠭ᠌ᠳᠡᠵᠦ᠍᠂ ᠣᠨᠳᠣᠤ ᠭᠠᠵᠠᠷ᠎ᠲᠤ ᠡᠮᠨᠡᠭᠦᠯᠬᠦ᠌᠎ᠳᠤ ᠲᠦᠢᠯ᠎ᠤᠨ ᠶᠡᠭᠡ ᠲᠥᠬᠦᠮ ᠪᠣᠯᠤᠭ᠍ᠰᠠᠨ ᠪᠠᠢᠨ᠎ᠠ᠃ ᠭᠡᠪᠡᠴᠦ᠍ ᠮᠠᠰᠢ ᠣᠯᠠᠨ ᠬᠥᠮᠦᠨ ᠭᠠᠳᠠᠭ᠍ᠰᠢ ᠭᠠᠷᠴᠤ᠌ ᠬᠥᠯᠥᠰᠥᠨ ᠠᠵᠢᠯ ᠬᠢᠵᠦ᠍ ᠪᠠᠢᠬᠤ ᠪᠥᠭᠡᠳ ᠪᠠᠰᠠ ᠴᠥᠭᠡᠨ ᠪᠤᠰᠤ ᠨᠠᠰᠤᠲᠠᠢᠴᠤᠳ ᠣᠨᠳᠣᠤ ᠭᠠᠵᠠᠷ ᠦᠳᠡᠯᠦᠭᠡ ᠨᠠᠰᠤ᠎ᠪᠠᠨ ᠦᠡᠭ᠌ᠭᠡᠷᠡᠭᠦᠯᠵᠤ ᠪᠤᠢ᠂ ᠲᠡᠳᠡᠨ᠎ᠤ ᠡᠭᠦᠳᠡᠨ ᠡᠮᠨᠡᠯᠭᠡ᠎ᠶ᠋ᠢᠨ ᠡᠪᠡᠳᠴᠢᠨ ᠦᠵᠡᠭᠦᠯᠬᠦ᠌᠎ᠳᠤ ᠬᠡᠷᠡᠭ᠌ᠯᠡᠬᠦ᠌ ᠡᠮ᠎ᠢ ᠪᠠᠰᠠ ᠣᠭ ᠨᠤᠲᠤᠭ᠎ᠲᠤᠨᠢ ᠬᠠᠷᠢᠭᠤᠯᠵᠤ ᠲᠠᠩᠰᠠ ᠲᠠᠢᠯᠬᠤ ᠴᠢᠬᠤᠯᠠᠲᠠᠶ ᠪᠣᠯᠬᠤᠷ ᠲᠦᠢᠯ᠎ᠤᠨ ᠳᠥᠭᠦᠮ ᠦᠭᠡᠢ ᠪᠠᠢᠨ᠎ᠠ᠂ ᠡᠢᠮᠦ᠎ᠠᠴᠠ ᠡᠭᠦᠳᠡᠨ ᠡᠮᠨᠡᠯᠭᠡ᠎ᠶ᠋ᠢᠨ ᠵᠠᠷᠤᠳᠠᠯ᠎ᠤᠨ ᠲᠠᠩᠰᠠ ᠲᠠᠢᠯᠬᠤ ᠶᠠᠪᠤᠳᠠᠯ ᠬᠡᠵᠢᠶ᠎ᠡ  ᠱᠢᠢᠳᠪᠦᠷᠢᠯᠡᠭ᠌ᠳᠡᠬᠦ᠌ ᠪᠣᠶ?

ᠯᠢ ᠺᠧ ᠴᠢᠶᠠᠩ᠄ ᠪᠢ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ᠎ᠶ᠋ᠢᠨ ᠵᠢᠩᠭᠢᠨᠢ ᠨᠡᠷ᠎ᠡ᠎ᠪᠠᠷ ᠦᠯᠡᠳᠡᠭᠡᠭ᠌ᠰᠡᠨ ᠦᠭᠡ᠎ᠳᠤ ᠪᠠᠰᠠ ᠡᠢᠮᠦᠷᠬᠦᠤ ᠠᠰᠠᠭᠤᠳᠠᠯ᠎ᠢ ᠣᠯᠵᠤ ᠬᠠᠷᠠᠯ᠎ᠠ᠃ ᠦᠨᠡᠬᠡᠷ ᠲᠡᠢᠮᠦ᠍ ᠡ᠂ ᠡᠯ᠎ᠠ ᠰᠤᠷᠭᠠᠭᠤᠯᠢ᠎ᠶ᠋ᠢᠨ ᠡᠭᠦᠳᠡᠨ᠎ᠳᠤ ᠮᠠᠰᠢ ᠣᠯᠠᠨ ᠨᠠᠰᠤᠲᠠᠢᠴᠤᠳ ᠬᠡᠤᠬᠡᠳ᠎ᠢᠶᠠᠨ ᠲᠣᠰᠴᠤ᠌ ᠬᠦᠷᠭᠡᠵᠦ᠍ ᠪᠠᠢᠬᠤ᠎ᠶ᠋ᠢ ᠣᠯᠵᠤ ᠬᠠᠷᠠᠳᠠᠬ᠂ ᠡᠲᠡᠭᠡᠷ ᠨᠠᠰᠤᠲᠠᠢᠴᠤᠳ᠎ᠤᠨ ᠣᠯᠠᠩᠬᠢ᠎ᠨᠢ ᠣᠨᠳᠣᠤ ᠭᠠᠵᠠᠷ᠎ᠲᠤ ᠦᠳᠡᠯᠦᠭᠡ ᠨᠠᠰᠤ᠎ᠪᠠᠨ ᠦᠡᠭ᠌ᠭᠡᠷᠡᠭᠦᠯᠵᠤ ᠪᠠᠢᠳᠠᠬ᠂ ᠡᠰᠡᠬᠦᠯ᠎ᠠ ᠦᠷ᠎ᠡ ᠬᠡᠤᠬᠡᠳ᠎ᠢᠶᠠᠨ ᠬᠠᠪᠰᠤᠷᠤᠨ ᠬᠡᠤᠬᠡᠳ ᠬᠠᠷᠠᠵᠥ᠍ ᠰᠠᠭᠤᠳᠠᠭ᠃ ᠲᠡᠳᠡᠨ᠎ᠤ ᠳᠣᠲᠣᠷᠠᠬᠢ ᠵᠠᠷᠢᠮ ᠬᠥᠮᠦᠰ ᠦᠷᠭᠦᠯᠵᠢ ᠣᠨᠳᠣᠤ ᠭᠠᠵᠠᠷ᠎ᠲᠤ ᠡᠮᠴᠢᠯᠡᠭᠡᠨ᠎ᠤ ᠵᠠᠷᠤᠳᠠᠯ᠎ᠤᠨ ᠲᠠᠩᠰᠠ ᠲᠠᠢᠯᠬᠤ᠎ᠶ᠋ᠢᠨ ᠲᠥᠯᠥᠭᠡ ᠨᠠᠭᠠᠰᠢ ᠴᠠᠭᠠᠰᠢ ᠬᠥᠶᠥᠨ ᠰᠠᠨᠠᠭ᠎ᠠ ᠪᠤᠯᠳᠠᠬ᠂ ᠡᠨᠡ ᠠᠰᠠᠭᠤᠳᠠᠯ᠎ᠢ ᠵᠣᠷᠢᠭ ᠱᠢᠭᠤᠳᠤᠨ ᠠᠯᠬᠤᠮ ᠠᠯᠬᠤᠮ᠎ᠢᠶᠠᠷ ᠱᠢᠶᠳᠪᠦᠷᠢᠯᠡᠪᠠᠯ ᠵᠤᠬᠢᠨ᠎ᠠ᠃ ᠡᠨᠡ ᠵᠢᠯ ᠪᠢᠳᠡ ᠡᠭᠦᠳᠡᠨ ᠡᠮᠨᠡᠯᠭᠡ᠎ᠶ᠋ᠢᠨ ᠵᠠᠷᠤᠳᠠᠯ᠎ᠢ ᠮᠤᠵᠢ ᠠᠯᠤᠰᠯᠠᠨ ᠱᠢᠭᠤᠳ ᠲᠠᠩᠰᠠ ᠲᠠᠢᠯᠬᠤ ᠬᠡᠪᠴᠢᠶ᠎ᠡ᠎ᠶ᠋ᠢ ᠥᠷᠭᠡᠳᠭᠡᠵᠦ᠍᠂ ᠲᠠᠷᠠᠭ᠎ᠠ ᠵᠢᠯ᠎ᠤᠨ ᠰᠡᠬᠦᠯᠴᠢ ᠪᠤᠯᠳᠠᠯ᠎ᠠ ᠱᠢᠶᠠᠨ ᠨᠢᠭᠡᠪᠦᠷᠢ ᠴᠥᠮ ᠨᠢᠭᠡ ᠲᠣᠭ᠍ᠲᠠᠭ᠍ᠰᠠᠨ ᠴᠡᠭ᠎ᠤᠨ ᠡᠮᠴᠢᠯᠡᠭᠡᠨ᠎ᠤ ᠪᠠᠢᠭᠤᠯᠤᠮᠵᠢ ᠲᠣᠭ᠍ᠲᠠᠭᠠᠵᠤ᠂ ᠡᠭᠦᠳᠡᠨ ᠡᠮᠨᠡᠯᠭᠡ᠎ᠶ᠋ᠢᠨ ᠵᠠᠷᠤᠳᠠᠯ᠎ᠢ ᠪᠠᠭ᠍ᠲᠠᠭᠠᠭ᠍ᠰᠠᠨ ᠡᠮᠴᠢᠯᠡᠭᠡᠨ᠎ᠤ ᠵᠠᠷᠤᠳᠠᠯ᠎ᠢ ᠱᠢᠭᠤᠳ ᠲᠠᠩᠰᠠ ᠳᠡᠢᠯᠠᠭᠤᠯᠵᠥ᠍᠂ ᠡᠲᠡᠭᠡᠷ ᠨᠠᠰᠤᠲᠠᠳ᠎ᠢ ᠡᠨᠡ ᠶᠠᠪᠤᠳᠠᠯ᠎ᠤᠨ ᠲᠥᠯᠥᠭᠡ ᠲᠠᠬᠢᠨ ᠵᠤᠪᠠᠭᠠᠵᠥ᠍ ᠪᠤᠯᠬᠤ ᠥᠬᠡᠢ᠃ ᠡᠨᠡ ᠶᠠᠪᠤᠳᠠᠯ᠎ᠲᠠᠢ ᠠᠳᠠᠯᠢᠪᠳᠤᠷ ᠤᠴᠢᠷ ᠪᠠᠰᠠ ᠪᠠᠢᠨ᠎ᠠ᠂ ᠦᠵᠡᠬᠦ᠌᠎ᠳᠤ ᠶᠡᠭᠡ ᠪᠢᠰᠢ ᠱᠢᠭ ᠪᠤᠯᠪᠠᠴᠤ᠌ ᠵᠠᠰᠠᠭ᠎ᠤᠨ ᠣᠷᠳᠣᠨ᠎ᠤ ᠠᠵᠢᠯᠲᠠᠳ ᠢᠯᠡᠭᠦᠭᠡᠨ ᠰᠡᠳᠭᠢᠯ ᠲᠠᠯᠪᠢᠪᠠᠯ ᠨᠠᠰᠤᠲᠠᠨ ᠵᠢᠴᠢ ᠭᠡᠷ ᠪᠦᠯᠢ᠎ᠶ᠋ᠢᠨ ᠬᠥᠮᠥᠰ᠎ᠢ ᠨᠠᠩ ᠢᠯᠡᠭᠦᠦ ᠲᠠᠭᠠᠯᠠᠮᠵᠢᠲᠠᠢ ᠪᠤᠯᠭᠠᠵᠤ ᠴᠢᠳᠠᠨ᠎ᠠ᠃

ᠹᠧᠩ ᠬᠤᠸᠠᠩ ᠣᠳᠣᠨ ᠲᠧᠯᠸᠢᠰ᠎ᠤᠨ ᠰᠤᠷᠪᠤᠯᠵᠢᠯᠠᠭ᠍ᠴᠢ᠄ ᠥᠩᠭᠡᠷᠡᠭ᠌ᠰᠡᠨ ᠨᠢᠭᠡ ᠵᠢᠯ᠎ᠳᠤ ᠱᠢᠶᠠᠩᠭᠠᠩ ᠬᠢᠵᠢᠭ᠎ᠤᠨ ᠪᠠᠢᠳᠠᠯ᠎ᠠᠴᠠ ᠪᠣᠯᠵᠣ ᠮᠠᠰᠢ ᠶᠡᠭᠡ ᠴᠣᠬᠢᠯᠲᠠ ᠣᠯᠵᠤ᠂ ᠢᠷᠡᠬᠦ᠌ ᠬᠤᠶᠠᠷ ᠵᠢᠯ᠎ᠳᠤ ᠪᠠᠰᠠ ᠰᠣᠩᠭᠤᠭᠤᠯᠢ᠎ᠶ᠋ᠢᠨ ᠣᠨ᠎ᠤ ᠬᠤᠭᠤᠴᠠᠭᠠᠨ᠎ᠳᠤ ᠤᠷᠤᠬᠤ ᠪᠣᠯᠤᠨ᠎ᠠ᠂ ᠡᠨᠡ ᠦᠶ᠎ᠡ᠎ᠳᠤ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠠᠴᠠ ᠱᠢᠶᠠᠩᠭᠠᠩ᠎ᠤᠨ ᠰᠣᠩᠭᠤᠭᠤᠯᠢ᠎ᠶ᠋ᠢᠨ ᠲᠦᠷᠢᠮ᠎ᠢ ᠲᠡᠭᠦᠯᠳᠡᠷᠵᠢᠭᠦᠯᠬᠦ᠌ ᠲᠤᠬᠠᠶ ᠲᠣᠭ᠍ᠲᠠᠭᠠᠯ ᠭᠠᠷᠭᠠᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠠᠴᠠ ᠱᠢᠶᠠᠩᠭᠠᠩ᠎ᠤᠨ ᠰᠣᠩᠭᠤᠭᠤᠯᠢ᠎ᠶ᠋ᠢᠨ ᠬᠠᠮᠢᠶ᠎ᠠ ᠪᠥᠬᠦᠶ ᠬᠠᠤᠯᠢ ᠴᠠᠭᠠᠵᠠ᠎ᠳᠤ ᠵᠠᠰᠠᠪᠤᠷᠢ ᠣᠷᠣᠭᠤᠯᠬᠤ ᠪᠣᠯᠤᠨ᠎ᠠ᠃ ᠭᠠᠳᠠᠭᠠᠳᠤ᠎ᠶ᠋ᠢᠨ᠎ᠬᠢᠨ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠬᠦᠯᠬᠦ᠌》 ᠎ᠶ᠋ᠢ ᠬᠡᠷᠬᠢᠨ ᠦᠷᠭᠦᠯᠵᠢᠯᠡᠨ ᠦᠶᠯᠡᠳᠦᠯᠭᠡᠵᠢᠭᠦᠯᠬᠦ᠌ ᠲᠤᠬᠠᠶ ᠶᠡᠬᠡᠳᠡ ᠠᠩᠬᠠᠷᠴᠤ᠌ ᠪᠠᠢᠨ᠎ᠠ᠃ ᠲᠠᠨ᠎ᠤ ᠦᠵᠡᠬᠦ᠌᠎ᠪᠠᠷ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠬᠦᠯᠬᠦ᠌》 ᠎ᠶ᠋ᠢ ᠬᠤᠢᠱᠢᠳᠠ ᠱᠢᠶᠠᠩᠭᠠᠡᠭ᠎ᠳᠤ ᠬᠡᠷᠬᠢᠨ ᠲᠣᠭ᠍ᠲᠠᠭᠤᠨ᠎ᠢᠶᠠᠷ ᠭᠡᠷᠡᠭ᠌ᠵᠢᠭᠦᠯᠭᠦ᠌ ᠪᠤᠢ?

ᠯᠢ ᠺᠧ ᠴᠢᠶᠠᠩ᠄ ᠪᠢᠳᠡ 《ᠨᠢᠬᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠬᠦᠯᠬᠦ᠌ 》᠂ 《ᠱᠢᠶᠠᠩᠭᠠᠩᠴᠤᠳ ᠱᠢᠶᠠᠩᠭᠠᠩ᠎ᠢᠶᠠᠨ ᠵᠠᠰᠠᠬᠤ》 ᠎᠂ ᠳᠡᠭᠡᠳᠦ ᠬᠡᠮᠵᠢᠶ᠎ᠡ᠎ᠪᠠᠷ ᠥᠪᠡᠷᠲᠡᠭᠡᠨ ᠵᠠᠰᠠᠬᠤ ᠴᠢᠭ᠌ᠯᠡᠯᠲᠡ᠎ᠶ᠋ᠢ ᠦᠷᠭᠦᠯᠵᠢᠯᠡᠨ ᠪᠥᠬᠦ᠌ ᠲᠠᠯ᠎ᠠ᠎ᠪᠠᠷ ᠵᠥᠪ ᠣᠨᠣᠪᠴᠢᠲᠠᠶ ᠲᠤᠭᠤᠱᠢᠯᠠᠭᠤᠯᠵᠥ᠍᠂ ᠥᠨᠳᠦᠰᠦᠨ ᠬᠠᠤᠯᠢ ᠪᠠ ᠥᠨᠳᠤᠰᠤ ᠪᠤᠯᠬᠤ ᠬᠠᠤᠯᠢ᠎ᠶ᠋ᠢ ᠴᠢᠩᠭ᠎ᠠ ᠵᠢᠷᠤᠮᠯᠠᠵᠤ᠂ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠬᠠᠤᠯᠢ ᠴᠠᠭᠠᠵᠠ᠎ᠶ᠋ᠢᠨ ᠲᠦᠷᠢᠮ ᠪᠠ ᠬᠡᠷᠡᠭ᠌ᠵᠢᠭᠦᠯᠬᠦ᠌ ᠲᠣᠭ᠍ᠲᠠᠴᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠣᠨᠴᠠᠭᠠᠶ ᠣᠷᠣᠨ᠎ᠤ ᠵᠠᠰᠠᠭ᠎ᠤᠨ ᠣᠷᠳᠣᠨ ᠪᠠ ᠵᠠᠰᠠᠭ ᠵᠠᠬᠢᠷᠭᠠᠨ᠎ᠤ ᠳᠠᠷᠤᠭ᠎ᠠ᠎ᠶ᠋ᠢᠨ ᠬᠠᠤᠯᠢ ᠶᠣᠰᠣᠭᠠᠷ ᠵᠠᠰᠠᠭ ᠶᠠᠪᠤᠭᠤᠯᠬᠤ᠎ᠶ᠋ᠢ ᠪᠥᠬᠦ᠌ ᠬᠦᠴᠦᠨ᠎ᠢᠶᠠᠷ᠎ᠢᠶᠠᠨ ᠳᠡᠮᠵᠢᠭᠦ᠌ ᠭᠡᠷᠡᠭ᠌ᠳᠡᠢ ᠭᠡᠵᠤ ᠲᠣᠳᠣᠷᠬᠠᠶ ᠳᠤᠷᠠᠳᠪᠡ᠃

ᠲᠠ ᠰᠠᠶᠢᠬᠠᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠠᠴᠠ ᠱᠢᠶᠠᠩᠭᠠᠩ᠎ᠤᠨ ᠰᠣᠩᠭᠤᠭᠤᠯᠢ᠎ᠶ᠋ᠢᠨ ᠲᠦᠷᠢᠮ᠎ᠢ ᠲᠡᠭᠦᠯᠳᠡᠷᠵᠢᠭᠦᠯᠬᠦ᠌ ᠲᠤᠬᠠᠢ ᠲᠣᠭ᠍ᠲᠠᠭᠠᠯ ᠭᠠᠷᠭᠠᠬ᠍ᠰᠠᠨ ᠲᠤᠬᠠᠢ ᠠᠰᠠᠭᠤᠪᠠ᠂ ᠲᠣᠭ᠍ᠲᠠᠭᠠᠯ᠎ᠨᠢ ᠮᠠᠰᠢ ᠲᠣᠳᠣᠷᠬᠠᠢ ᠶᠤᠮ᠂ ᠳᠠᠷᠤᠢ 《ᠨᠢᠬᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠬᠦᠯᠬᠦ᠌ 》 ᠲᠦᠷᠢᠮ᠎ᠤᠨ ᠱᠢᠰᠲᠧᠮ᠎ᠢ ᠪᠠᠷᠢᠮᠲᠠᠯᠠᠨ ᠲᠡᠭᠦᠯᠳᠡᠷᠵᠢᠭᠦᠯᠵᠦ᠍᠂ 《ᠤᠯᠤᠰ᠎ᠢᠶᠠᠨ ᠬᠠᠢᠷᠠᠯᠠᠭ᠍ᠴᠢᠳ ᠱᠢᠶᠠᠩᠭᠠᠩ᠎ᠢᠶᠠᠨ ᠵᠠᠰᠠᠬᠤ》 ᠎ᠶ᠋ᠢ ᠢᠮᠠᠭ᠍ᠲᠠ ᠪᠠᠷᠢᠮᠲᠠᠯᠠᠨ᠎ᠠ᠂ ᠡᠨᠡ᠎ᠨᠢ ᠮᠥᠨ ᠴᠦ᠍ 《ᠨᠢᠬᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠬᠦᠯᠬᠦ᠌ 》 ᠎ᠶ᠋ᠢ ᠲᠤᠬ᠍ᠳᠠᠭᠤᠨ᠎ᠢᠶᠠᠷ ᠭᠡᠷᠡᠭ᠌ᠵᠢᠭᠦᠯᠭᠦ᠎ᠶ᠋ᠢ ᠪᠠᠲᠤᠯᠠᠬᠤ᠎ᠶ᠋ᠢᠨ ᠲᠥᠯᠥᠭᠡ ᠶᠤᠮ᠃

ᠨᠢᠳᠤᠨᠤᠨ ᠱᠢᠶᠠᠩᠭᠠᠩ ᠤᠯᠠᠨ ᠤᠳᠠᠭᠠᠨ᠎ᠤ ᠲᠠᠭᠠᠷᠢᠯᠳᠠ᠎ᠳᠤ ᠤᠴᠠᠷᠠᠪᠠ᠂ ᠱᠢᠶᠠᠩᠭᠠᠩ᠎ᠤᠨ ᠡᠯ᠎ᠡ ᠡᠲᠡᠭᠡᠳ᠎ᠤᠨ᠎ᠬᠢᠨ ᠭᠠᠷ ᠭᠠᠷ᠎ᠢᠶᠠᠨ ᠬᠤᠯᠪᠣᠨ ᠬᠢᠵᠢᠭ᠎ᠤᠨ ᠪᠠᠢᠳᠠᠯ᠎ᠢ ᠡᠷᠲᠡᠬᠡᠨ ᠢᠯᠠᠨ ᠳᠠᠪᠠᠵᠤ᠂ ᠠᠵᠤ ᠠᠬᠤᠢ᠎ᠶ᠋ᠢᠨ ᠰᠡᠷᠭᠦᠯᠲᠡ᠎ᠶ᠋ᠢᠨ ᠴᠢᠨᠠᠷ᠎ᠲᠠᠢ ᠨᠡᠮᠡᠭ᠌ᠳᠡᠯ᠎ᠢ ᠪᠡᠶᠡᠯᠡᠭᠦᠯᠵᠦ᠍᠂ ᠠᠷᠠᠳ᠎ᠤᠨ ᠠᠮᠢᠳᠤᠷᠠᠯ᠎ᠢᠶᠠᠨ ᠰᠠᠢᠵᠢᠷᠠᠭᠤᠯᠵᠤ᠂ ᠱᠢᠶᠠᠩᠭᠠᠩ᠎ᠤᠨ ᠤᠷᠳᠤ ᠬᠤᠭᠤᠴᠠᠭᠠᠨ᠎ᠤ ᠬᠥᠭ᠌ᠵᠢᠯ ᠴᠡᠴᠡᠭ᠌ᠯᠡᠯ ᠲᠣᠭ᠍ᠲᠠᠭᠤᠨ᠎ᠢ ᠪᠠᠲᠤᠯᠠᠬᠤ᠎ᠶ᠋ᠢ ᠪᠢᠳᠡ ᠬᠦᠰᠡᠵᠦ᠍ ᠪᠠᠢᠨ᠎ᠠ᠃ ᠲᠥᠪ᠎ᠤᠨ ᠵᠠᠰᠠᠭ᠎ᠤᠨ ᠣᠷᠳᠣᠨ ᠦᠷᠭᠦᠯᠵᠢᠯᠡᠨ ᠪᠦᠬᠦ᠌ ᠬᠦᠴᠦᠨ᠎ᠢᠶᠠᠷ᠎ᠢᠶᠠᠨ ᠳᠡᠮᠵᠢᠯᠭᠡ ᠦᠵᠡᠭᠦᠯᠦᠨ᠎ᠡ᠃

ᠲᠦᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠤᠷᠢᠶ᠎ᠠ᠎ᠶ᠋ᠢᠨ ᠲᠦᠪ ᠲᠧᠯᠸᠢᠰ᠎ᠤᠨ ᠰᠤᠷᠪᠤᠯᠵᠢᠯᠠᠬ᠍ᠴᠢ᠄ ᠤᠯᠤᠰ᠎ᠠᠴᠠ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠢᠶᠠᠷ ᠤᠯᠤᠰ᠎ᠢᠶᠠᠨ ᠬᠦᠴᠦᠷᠭᠡᠭ᠌ᠵᠢᠬᠦᠯᠬᠦ᠌᠎ᠶ᠋ᠢ ᠲᠤᠷᠠᠳᠤᠨ ᠭᠠᠷᠭᠠᠬ᠍ᠰᠠᠨ᠂ ᠭᠡᠪᠡᠴᠤ᠌ ᠤᠳᠤᠬᠠᠨ᠎ᠳᠤ ᠭᠤᠤᠯᠳᠠᠯᠭ᠎ᠠ᠎ᠲᠠᠢ ᠬᠦᠷᠢᠶ᠎ᠠ ᠴᠠᠷᠠᠭ᠎ᠠ ᠪᠤᠯᠤᠨ ᠵᠠᠩᠬᠢᠯᠠᠭ᠎ᠠ᠎ᠶ᠋ᠢᠨ ᠮᠡᠷᠬᠡᠵᠢᠯ᠎ᠤᠨ ᠲᠠᠯ᠎ᠠ᠎ᠪᠠᠷ ᠪᠢᠳᠡᠨ᠎ᠳᠤ ᠪᠠᠰᠠ ᠲᠤᠳᠠᠭᠤᠳᠠᠯ᠎ᠲᠠᠢ ᠲᠠᠯ᠎ᠠ ᠤᠷᠤᠱᠢᠵᠤ᠂ ᠲᠡᠷᠡᠴᠢᠯᠡᠨ 《ᠪᠤᠭᠤᠮᠢᠯᠠᠬ᠍ᠳᠠᠬ᠍ᠰᠠᠨ》 ᠪᠠᠢᠳᠠᠯ ᠢᠯᠡᠷᠡᠵᠡᠢ᠃ ᠡᠬᠦᠨ᠎ᠤ ᠵᠡᠷᠬᠡ᠎ᠪᠠᠷ᠂ ᠪᠢᠳᠡ ᠪᠠᠰᠠ ᠵᠠᠷᠢᠮ ᠠᠪᠤᠨ ᠲᠤᠤᠷ᠎ᠠ᠎ᠪᠠᠨ ᠠᠱᠢᠬ ᠤᠯᠬᠤ᠎ᠪᠠᠷ ᠬᠦᠬᠡᠬᠡᠴᠡᠯᠳᠦᠭ᠌ᠰᠡᠨ ᠦᠵᠡᠭ᠌ᠳᠡᠯ᠎ᠢ ᠤᠯᠵᠤ ᠬᠠᠷᠠᠵᠤ᠂ ᠵᠢᠱ᠌ᠢᠶᠡᠯᠡᠬᠦ᠌᠎ᠳᠤ ᠵᠠᠷᠢᠮ ᠭᠠᠵᠠᠷ ᠤᠷᠤᠨ᠎ᠳᠤ᠂ ᠵᠠᠷᠢᠮ ᠲᠡᠭᠡᠳᠦ ᠱᠢᠨ᠎ᠠ ᠮᠡᠷᠬᠡᠵᠢᠯ᠎ᠤᠨ ᠠᠵᠤ ᠦᠢᠯᠡᠰ᠎ᠤᠨ ᠲᠦᠷᠦᠯ ᠵᠦᠢᠯ᠎ᠤᠨ ᠶᠡᠭᠡ ᠬᠡᠮᠵᠢᠶᠡᠨ᠎ᠤ ᠪᠡᠯᠡ ᠤᠷᠤᠭᠤᠯᠤᠯᠳᠠ᠎ᠨᠢ ᠲᠤᠷᠭᠤᠨ ᠬᠠᠶᠠᠬ᠍ᠳᠠᠬ᠍ᠰᠠᠨ ᠪᠠᠢᠳᠠᠯ ᠭᠠᠷᠴᠠᠢ᠃ ᠲᠠ ᠡᠳᠡᠬᠡᠷ ᠪᠠᠢᠳᠠᠯ᠎ᠢ ᠬᠡᠷᠬᠢᠨ ᠦᠵᠡᠵᠦ᠍ ᠪᠠᠢᠭ᠎ᠠ ᠪᠤᠢ? ᠬᠤᠵᠢᠮ ᠵᠠᠰᠠᠬ᠎ᠤᠨ ᠤᠷᠳᠤᠨ᠎ᠠᠴᠠ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠱᠢᠨ᠎ᠠ᠎ᠶ᠋ᠢ ᠡᠬᠦᠳᠬᠦ᠌᠎ᠶ᠋ᠢ ᠠᠬᠢᠭᠤᠯᠬᠤ ᠲᠠᠯ᠎ᠠ᠎ᠪᠠᠷ ᠪᠠᠰᠠ ᠶᠠᠮᠠᠷ ᠱᠢᠨ᠎ᠠ ᠠᠷᠭ᠎ᠠ ᠬᠡᠮᠵᠢᠶ᠎ᠠ ᠠᠪᠬᠤ ᠪᠤᠢ?

ᠯᠢ ᠺᠧ ᠴᠢᠶᠠᠩ᠄ ᠤᠯᠠᠨ ᠵᠢᠯ᠎ᠤᠨ ᠲᠤᠷᠰᠢ᠂ ᠮᠠᠨ᠎ᠤ ᠤᠯᠤᠰ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠱᠢᠨ᠎ᠠ᠎ᠶ᠋ᠢ ᠡᠬᠦᠳᠬᠦ᠌ ᠬᠦᠷᠢᠶ᠎ᠡ ᠴᠠᠷᠠᠭ᠎ᠠ᠎ᠳᠤ ᠵᠠᠷᠢᠮ ᠴᠢᠬᠤᠯᠠ ᠶᠡᠭᠡ ᠱᠢᠪᠳᠤᠯᠤᠯᠳᠠ᠎ᠲᠠᠢ ᠪᠤᠯᠵᠤ᠂ ᠬᠡᠷᠡᠭ᠌ᠯᠡᠭᠡᠨ᠎ᠤ ᠱᠢᠨ᠎ᠠ᠎ᠶ᠋ᠢ ᠡᠬᠦᠳᠬᠦ᠌ ᠬᠦᠷᠢᠶ᠎ᠡ ᠴᠠᠷᠠᠭ᠎ᠠ᠎ᠶ᠋ᠢᠨ ᠬᠦᠭ᠌ᠵᠢᠯᠳᠡ ᠪᠠᠰᠠ ᠨᠡᠯᠢᠶᠡᠳ ᠬᠤᠷᠳᠤᠨ ᠪᠠᠢᠬ᠍ᠰᠠᠨ ᠴᠤ᠌ ᠰᠠᠭᠤᠷᠢ ᠰᠤᠳᠤᠯᠭᠠᠨ᠎ᠤ ᠬᠦᠷᠢᠶ᠎ᠡ ᠴᠠᠷᠠᠭ᠎ᠠ᠎ᠳᠤ ᠨᠡᠬᠡᠷᠡᠨ ᠬᠦᠷᠦᠯᠴᠡᠬᠦ᠌ ᠦᠬᠡᠢ ᠲᠠᠯ᠎ᠠ ᠤᠷᠤᠱᠢᠵᠤ ᠪᠤᠢ᠃ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠬᠦᠴᠦᠷᠭᠡᠭ ᠤᠯᠤᠰ᠎ᠢ ᠪᠦᠳᠦᠬᠡᠨ ᠪᠠᠢᠭᠤᠯᠵᠤ᠂ ᠱᠢᠨᠵᠢᠯᠡᠬᠦ᠌ ᠤᠬᠠᠭᠠᠨ ᠮᠡᠷᠬᠡᠵᠢᠯ᠎ᠤᠨ ᠱᠢᠨ᠎ᠠ᠎ᠶ᠋ᠢ ᠡᠬᠦᠳᠬᠦ᠌ ᠴᠢᠳᠠᠪᠤᠷᠢ᠎ᠶ᠋ᠢ ᠲᠡᠭᠡᠭ᠌ᠰᠢᠯᠡᠬᠦᠯᠬᠦ᠌᠎ᠳᠤ ᠡᠷᠬᠡᠪᠰᠢ ᠰᠠᠭᠤᠷᠢ ᠰᠤᠳᠤᠯᠭᠠᠨ ᠪᠤᠯᠤᠨ ᠬᠡᠷᠡᠭ᠌ᠯᠡᠭᠡᠨ᠎ᠤ ᠰᠠᠭᠤᠷᠢ ᠰᠤᠳᠤᠯᠭᠠᠨ᠎ᠤ ᠡᠨᠡ ᠬᠦ᠌ ᠦᠨᠳᠦᠰᠦ᠎ᠶ᠋ᠢ ᠯᠠᠪᠳᠠᠭᠤᠨ ᠪᠠᠳᠤᠳᠠᠢ ᠴᠤᠬ᠍ᠴᠠᠯᠠᠬᠤ ᠬᠡᠷᠡᠭ᠌ᠳᠡᠢ᠃ ᠰᠠᠭᠤᠷᠢ᠎ᠶ᠋ᠢ ᠬᠡᠳᠦᠢ ᠰᠠᠢᠨ ᠲᠠᠯᠪᠢᠪᠠᠯ ᠲᠡᠳᠦᠢ ᠦᠨᠳᠦᠷ ᠠᠰᠠᠷ ᠪᠠᠷᠢᠨ᠎ᠠ᠃ ᠠᠪᠤᠨ ᠲᠤᠤᠷ᠎ᠠ᠎ᠨᠢ ᠠᠱᠢᠬ ᠤᠯᠬᠤ᠎ᠪᠠᠷ ᠬᠦᠬᠡᠬᠡᠴᠡᠯᠳᠦᠵᠦ᠍ ᠪᠤᠯᠬᠤ ᠦᠬᠡᠢ᠂ ᠨᠢᠬᠡ ᠨᠢᠬᠡ ᠠᠯᠬᠤᠮ᠎ᠢᠶᠠᠷ ᠶᠠᠪᠤᠬᠤ ᠬᠡᠷᠡᠭ᠌ᠳᠡᠢ᠃

ᠤᠳᠤᠬᠠᠨ᠎ᠳᠤ᠂ ᠮᠠᠨ᠎ᠤ ᠤᠯᠤᠰ᠎ᠤᠨ ᠪᠦᠬᠦ᠌ ᠨᠡᠢᠬᠡᠮ᠎ᠤᠨ ᠰᠤᠳᠤᠯᠭᠠᠨ᠎ᠤ ᠪᠡᠯᠡ ᠤᠷᠤᠭᠤᠯᠤᠯᠳᠠ᠎ᠶ᠋ᠢᠨ GDP ᠎ᠳᠠᠬᠢ ᠡᠵᠡᠯᠡᠬᠦ᠌ ᠬᠠᠷᠢᠴᠠᠯ ᠦᠨᠳᠦᠷ ᠪᠢᠰᠢ᠂ ᠤᠨᠴᠠᠭᠠᠢᠯᠠᠨ ᠰᠠᠭᠤᠷᠢ ᠰᠤᠳᠤᠯᠭᠠᠨ᠎ᠤ ᠪᠡᠯᠡ ᠤᠷᠤᠭᠤᠯᠤᠯᠳᠠ᠎ᠨᠢ ᠵᠦᠪᠬᠡᠨ ᠰᠤᠳᠤᠯᠭᠠᠨ᠎ᠤ ᠪᠡᠯᠡ ᠤᠷᠤᠭᠤᠯᠤᠯᠳᠠ᠎ᠶ᠋ᠢᠨ 6% ᠎ᠶ᠋ᠢ ᠡᠵᠡᠯᠡᠵᠦ᠍᠂ ᠬᠠᠷᠢᠨ ᠬᠦᠭ᠌ᠵᠢᠭ᠌ᠰᠡᠨ ᠤᠯᠤᠰ ᠪᠤᠯ ᠶᠡᠷᠦᠩᠬᠡᠢ᠎ᠳᠡᠭᠡᠨ 15 % ᠎ᠠᠴᠠ 25% ᠪᠠᠢᠳᠠᠬ᠃ ᠪᠢᠳᠡ ᠲᠠᠷᠠᠭᠠᠴᠢ᠎ᠪᠠᠷ ᠰᠠᠭᠤᠷᠢ ᠰᠤᠳᠤᠯᠭᠠᠨ᠎ᠤ ᠪᠡᠯᠡ ᠤᠷᠤᠭᠤᠯᠤᠯᠳᠠ᠎ᠪᠠᠨ ᠨᠡᠮᠡᠭ᠌ᠳᠡᠭᠦᠯᠵᠤ᠂ ᠪᠠᠰᠠ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠪᠠᠢᠭᠤᠯᠤᠮᠵᠢ᠎ᠶ᠋ᠢ ᠦᠷᠬᠦᠯᠵᠢᠯᠡᠨ ᠦᠬᠡᠷᠡᠴᠢᠯᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠠᠵᠢᠯᠳᠠᠨ᠎ᠢ ᠦᠪᠡᠰᠦᠪᠡᠨ ᠡᠵᠡᠨ ᠮᠡᠳᠡᠬᠦ᠌ ᠡᠷᠬᠡ᠎ᠲᠠᠢ ᠪᠤᠯᠭᠠᠵᠤ᠂ ᠲᠦᠢᠯ᠎ᠤᠨ ᠴᠢᠬᠤᠯᠠ᠎ᠨᠢ ᠬᠡᠪᠡᠯ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠳᠠᠨ᠎ᠢ ᠵᠠᠷᠤᠳᠠᠯ᠎ᠢᠶᠠᠨ ᠬᠡᠷᠡᠭ᠌ᠯᠡᠬᠦ᠌᠎ᠳᠤ ᠦᠪᠡᠰᠦᠪᠡᠨ ᠡᠵᠡᠨ ᠮᠡᠳᠡᠬᠦ᠌ ᠡᠷᠬᠡ᠎ᠲᠠᠢ ᠪᠠᠢᠯᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠰᠤᠳᠤᠯᠭᠠᠨ᠎ᠤ ᠠᠵᠢᠯᠳᠠᠨ᠎ᠤ ᠬᠤᠪᠤᠷ ᠨᠠᠨᠳᠢᠨ ᠬᠦᠴᠦ᠍ ᠤᠬᠠᠭᠠᠨ᠎ᠢ ᠬᠦᠰᠦᠨᠦᠭ᠌ᠳᠦ ᠲᠠᠬ᠍ᠯᠠᠬᠤ᠂ ᠦᠨᠡᠯᠡᠵᠦ᠍ ᠠᠳᠠᠯᠢᠳᠭᠠᠬᠤ ᠵᠡᠷᠬᠡ ᠬᠡᠷᠡᠭ ᠶᠠᠪᠤᠳᠠᠯ ᠲᠡᠭᠡᠷ᠎ᠡ ᠵᠠᠷᠤᠴᠠᠭᠤᠯᠵᠤ ᠪᠤᠯᠬᠤ ᠦᠬᠡᠢ᠂ ᠬᠠᠱᠢᠯᠠ ᠲᠡᠳᠡᠨ᠎ᠢ ᠦᠬᠡᠷ᠎ᠡ ᠶᠠᠭᠤᠮ᠎ᠠ ᠪᠤᠳᠤᠭᠤᠯᠬᠤ ᠦᠬᠡᠢ᠎ᠪᠠᠷ ᠱᠢᠨᠵᠢᠯᠡᠬᠦ᠌ ᠤᠬᠠᠭᠠᠨ᠎ᠤ ᠰᠤᠳᠤᠯᠭᠠᠨ ᠬᠢᠯᠬᠡᠵᠦ᠍᠂ ᠬᠦᠢᠴᠡᠳ ᠪᠡᠯᠡᠳᠭᠡᠯ᠎ᠲᠠᠢ ᠪᠤᠯ ᠤᠴᠢᠷ ᠶᠠᠪᠤᠳᠠᠯ᠎ᠢ ᠰᠠᠢᠨ ᠬᠢᠵᠦ᠍ ᠴᠢᠳᠠᠨ᠎ᠠ᠃ ᠠᠳᠡ ᠬᠦᠷᠳᠡᠯ᠎ᠡ ᠶᠠᠷᠢᠭᠠᠳ ᠪᠢ ᠵᠠᠯᠠᠭᠤ ᠰᠤᠷᠤᠬ᠍ᠴᠢᠳ᠎ᠲᠤ ᠬᠡᠳᠦᠨ ᠦᠬᠡ ᠶᠠᠷᠢᠶ᠎ᠠ᠂ ᠲᠠᠨᠤᠰ ᠬᠤᠵᠢᠮ ᠶᠠᠮᠠᠷ ᠠᠵᠢᠯ ᠬᠢᠵᠤ᠂ ᠶᠠᠮᠠᠷ ᠬᠦᠰᠡᠯ ᠮᠦᠷᠦᠬᠡᠳᠦᠯ᠎ᠲᠠᠢ ᠪᠠᠢᠬ᠍ᠰᠠᠨ ᠴᠤ᠌ ᠬᠠᠮᠢᠶ᠎ᠠ ᠦᠭᠡᠢ᠂ ᠡᠷᠬᠡᠪᠰᠢ ᠰᠠᠭᠤᠷᠢ ᠮᠡᠳᠡᠯᠬᠡ᠎ᠶ᠋ᠢᠨ ᠰᠤᠷᠤᠯᠴᠠᠯᠭ᠎ᠠ᠎ᠪᠠᠨ ᠴᠢᠩᠭᠠᠳᠭᠠᠬᠤ᠎ᠶ᠋ᠢ ᠠᠩᠬᠠᠷᠬᠤ ᠬᠡᠷᠡᠭ᠌ᠳᠠᠢ᠂ ᠦᠨᠳᠦᠰᠦᠨ ᠴᠢᠳᠠᠪᠤᠷᠢ᠎ᠶ᠋ᠢ ᠪᠠᠳᠤᠳᠭᠠᠬᠤ ᠪᠤᠯᠤᠨ ᠱᠢᠨ᠎ᠡ᠎ᠶ᠋ᠢ ᠡᠬᠦᠳᠬᠦ᠌ ᠴᠢᠳᠠᠪᠤᠷᠢ᠎ᠶ᠋ᠢ ᠪᠤᠢᠵᠢᠭᠤᠯᠬᠤ ᠪᠤᠯ ᠬᠠᠷᠢᠯᠴᠠᠨ ᠵᠦᠷᠢᠴᠡᠯᠳᠦᠬᠦ᠌ ᠦᠬᠡᠢ ᠶᠤᠮ᠃ ᠮᠤᠳᠤ ᠬᠡᠳᠦᠢ ᠦᠨᠳᠦᠷ ᠤᠷᠭᠤᠪᠠᠴᠤ᠌ ᠱᠢᠮ᠎ᠠ ᠲᠡᠵᠢᠭᠡᠯ᠎ᠨᠢ ᠬᠠᠱᠢᠯᠠ ᠦᠨᠳᠦᠰᠦᠨ᠎ᠳᠡᠭᠡᠨ ᠪᠠᠢᠳᠠᠬ᠃ ᠰᠠᠭᠤᠷᠢ᠎ᠪᠠᠨ ᠰᠠᠢᠨ ᠲᠠᠯᠪᠢᠴᠢᠬᠠᠪᠠᠯ᠂ ᠬᠤᠵᠢᠮ ᠨᠢᠬᠡ᠎ᠶ᠋ᠢ᠎ᠨᠢ ᠮᠡᠳᠡᠪᠡᠯ ᠨᠦᠬᠦᠬᠡ᠎ᠶ᠋ᠢ᠎ᠨᠢ ᠤᠢ᠍ᠢᠯᠠᠭᠠᠵᠤ᠂ ᠠᠵᠢᠯ ᠲᠦᠷᠦᠯ ᠪᠤᠯᠭᠠᠨ᠎ᠳᠤ ᠴᠦᠮ ᠭᠤᠢᠳᠠ ᠰᠠᠢᠬᠠᠨ ᠠᠮᠵᠢᠯᠳᠠ ᠪᠦᠳᠦᠬᠡᠯ ᠭᠠᠷᠭᠠᠵᠤ ᠪᠤᠯᠤᠨ᠎ᠠ᠃

ᠱᠢᠨ᠎ᠡ᠎ᠶ᠋ᠢ ᠡᠭᠦᠳᠬᠦ᠌᠎ᠳᠤ ᠬᠠᠱᠢᠯᠠ ᠵᠠᠬ᠎ᠠ ᠳᠡᠯᠭᠡᠭᠦᠷ᠎ᠤᠨ ᠬᠦᠴᠦᠨ᠎ᠳᠤ ᠲᠦᠱᠢᠭ᠌ᠯᠡᠨ᠎ᠡ᠃ ᠠᠵᠤ ᠠᠬᠤᠢ᠍ᠢᠯᠠᠯ ᠪᠣᠯ ᠱᠢᠨ᠎ᠡ᠎ᠶ᠋ᠢ ᠡᠭᠦᠳᠬᠦ᠌᠎ᠶ᠋ᠢᠨ ᠭᠤᠤᠯ ᠴᠣᠭ᠍ᠴᠠ ᠮᠦᠨ᠃ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠵᠠᠰᠠᠭ᠎ᠤᠨ ᠣᠷᠳᠣᠨ᠎ᠠᠴᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠡᠯᠡ ᠣᠷᠣᠭᠤᠯᠤᠯᠲᠠ᠎ᠪᠠᠨ ᠦᠷᠭᠦᠯᠵᠢᠯᠡᠨ ᠨᠡᠮᠡᠭ᠌ᠳᠡᠭᠦᠯᠬᠦ᠌᠎ᠶ᠋ᠢᠨ ᠬᠠᠮᠲᠤ᠌᠂ ᠨᠡᠢᠭᠡᠮ᠎ᠤᠨ ᠬᠦᠴᠦᠨ᠎ᠳᠤ ᠤᠯᠠᠮ ᠢᠯᠡᠭᠦᠦ ᠲᠦᠱᠢᠭ᠌ᠯᠡᠨ ᠰᠤᠳᠤᠯᠤᠨ ᠨᠡᠭᠡᠭᠡᠭᠦ᠌ ᠪᠡᠯᠡ ᠣᠷᠣᠭᠤᠯᠤᠯᠲᠠ᠎ᠪᠠᠨ ᠨᠡᠮᠡᠭ᠌ᠳᠡᠭᠦᠯᠬᠦ᠌ ᠪᠣᠯᠤᠨ᠎ᠠ᠂ ᠡᠢᠮᠦ᠎ᠠᠴᠠ ᠪᠢᠳᠡ 《ᠪᠦᠬᠦ᠌ ᠨᠡᠢᠭᠡᠮ》 ᠎ᠤᠨ ᠡᠨᠡ ᠬᠦ᠌ ᠠᠮᠠ ᠰᠡᠭᠡᠷ ᠳᠣᠣᠷᠠᠬᠢ ᠰᠤᠳᠤᠯᠤᠨ ᠨᠡᠭᠡᠭᠡᠭᠦ᠌ ᠪᠡᠯᠡ ᠣᠷᠣᠭᠤᠯᠤᠯᠲᠠ᠎ᠪᠠᠨ ᠨᠡᠮᠡᠭ᠌ᠳᠡᠭᠦᠯᠤᠨ᠎ᠡ᠃ ᠡᠨᠡ᠎ᠨᠢ ᠲᠠᠷᠤᠢ ᠡᠳᠦᠢ ᠲᠡᠳᠦᠢ ᠲᠣᠭ᠍ᠲᠠᠴᠠ᠎ᠶ᠋ᠢ ᠬᠡᠷᠡᠭ᠌ᠯᠡᠬᠦ᠌ ᠴᠢᠬᠤᠯᠠᠲᠠᠶ ᠶᠤᠮ᠃ ᠵᠢᠱ᠌ᠢᠶᠡᠯᠡᠪᠡᠯ ᠡᠨᠡ ᠵᠢᠯ ᠪᠢᠳᠡ ᠦᠢᠯᠡᠳᠬᠦ᠌ ᠦᠢᠯᠡᠰ᠎ᠤᠨ ᠰᠤᠳᠤᠯᠤᠨ ᠨᠡᠭᠡᠭᠡᠬᠦ᠌ ᠵᠠᠷᠤᠳᠠᠯ᠎ᠤᠨ ᠪᠡᠯᠡ ᠣᠷᠣᠭᠤᠯᠤᠯᠲᠠ᠎ᠶ᠋ᠢ 100% ᠎ᠪᠠᠷ ᠨᠡᠮᠡᠨ ᠪᠤᠳᠤᠬᠤ ᠬᠠᠰᠤᠨ ᠭᠠᠷᠭᠠᠬᠤ ᠠᠷᠭ᠎ᠠ ᠬᠡᠮᠵᠢᠶ᠎ᠡ᠎ᠶ᠋ᠢ ᠠᠪᠤᠭ᠍ᠰᠠᠨ᠎ᠨᠢ ᠦᠨᠡᠨ᠎ᠳᠡᠭᠡᠨ ᠨᠢᠭᠡ ᠵᠦᠢᠯ᠎ᠤᠨ ᠭᠠᠢᠯᠢ ᠲᠠᠲᠠᠪᠤᠷᠢ᠎ᠶ᠋ᠢᠨ ᠬᠠᠷᠠᠭᠠᠯᠵᠠᠯ ᠪᠤᠯᠤᠨ᠎ᠠ᠂ ᠳᠠᠷᠤᠶ ᠵᠠᠬ᠎ᠠ ᠳᠡᠯᠭᠡᠭᠦᠷᠴᠢᠯᠡᠭ᠌ᠰᠡᠨ ᠲᠦᠭᠡᠮᠡᠯ ᠬᠠᠷᠠᠭᠠᠯᠵᠠᠯ᠎ᠤᠨ ᠲᠦᠷᠢᠮ᠎ᠤᠨ ᠠᠷᠭ᠎ᠠ᠎ᠪᠠᠷ ᠳᠠᠮᠵᠢᠨ᠂ ᠠᠵᠤ ᠠᠬᠤᠢ᠍ᠢᠯᠠᠯ᠎ᠤᠨ ᠪᠠᠯᠠ ᠣᠷᠣᠭᠤᠯᠵᠤ ᠰᠤᠳᠤᠯᠤᠨ ᠨᠡᠭᠡᠭᠡᠬᠦ᠌᠎ᠶ᠋ᠢ ᠬᠥᠳᠡᠯᠭᠡᠬᠦ᠌ ᠬᠦᠴᠦᠨ᠎ᠲᠠᠢ ᠪᠣᠯᠭᠠᠬᠤ᠎ᠶ᠋ᠢᠨ ᠲᠥᠯᠥᠭᠡ ᠶᠤᠮ᠃ ᠶᠠᠷᠢᠶᠠᠨ ᠦᠭᠡᠢ᠂ ᠰᠤᠳᠤᠯᠤᠨ ᠨᠡᠭᠡᠭᠡᠬᠦ᠌᠎ᠳᠤ ᠴᠢᠳᠠᠪᠤᠷᠢᠲᠠᠨ᠎ᠳᠤ ᠲᠦᠱᠢᠭ᠌ᠯᠡᠨ᠎ᠡ᠂ ᠳᠤᠮᠳᠠᠳᠤ ᠤᠯᠤᠰ᠎ᠤᠨ ᠴᠢᠳᠠᠪᠤᠷᠢᠲᠠᠨ᠎ᠤ ᠡᠬᠢ ᠪᠠᠶᠠᠯᠢᠭ ᠡᠯᠪᠡᠭ ᠲᠡᠯᠪᠡᠭ ᠪᠠᠢᠨ᠎ᠠ᠃ ᠪᠢᠳᠡ ᠨᠢᠭᠡ ᠲᠠᠯ᠎ᠠ᠎ᠪᠠᠷ ᠬᠤᠱᠢᠭᠤᠴᠢ ᠴᠢᠳᠠᠪᠤᠷᠢᠲᠠᠨ᠎ᠢ ᠴᠣᠯᠭᠤᠷᠠᠭᠤᠯᠵᠤ᠂ ᠨᠦᠭᠦᠭᠡ ᠲᠠᠯ᠎ᠠ᠎ᠪᠠᠷ ᠡᠩ᠎ᠤᠨ ᠬᠥᠮᠦᠰ᠎ᠤᠨ ᠮᠡᠷᠭᠡᠨ ᠤᠬᠠᠭᠠᠨ᠎ᠲᠠᠢ ᠪᠠᠢᠬᠤ᠎ᠶ᠋ᠢ ᠴᠤ᠌ ᠣᠯᠵᠤ ᠬᠠᠷᠠᠬᠤ ᠬᠡᠷᠡᠭ᠌ᠲᠡᠶ᠃ ᠡᠳᠡᠭᠡᠷ ᠵᠢᠯ᠎ᠤᠳ᠎ᠲᠤ ᠪᠢᠳᠡ 《ᠤᠯᠠᠨ᠎ᠢᠶᠠᠷ᠎ᠢᠶᠠᠨ ᠦᠢᠯᠡᠰ ᠪᠤᠰᠭᠠᠵᠤ᠂ ᠨᠡᠢᠳᠡ᠎ᠪᠠᠷ᠎ᠢᠶᠠᠨ ᠱᠢᠨ᠎ᠡ᠎ᠶ᠋ᠢ ᠡᠭᠦᠳᠬᠦ᠌》 ᠎ᠶ᠋ᠢ ᠠᠬᠢᠭᠤᠯᠵᠤ᠂ 《ᠨᠡᠢᠳᠡ ᠤᠯᠠᠨ᠎ᠢᠶᠠᠷ᠎ᠢᠶᠠᠨ ᠱᠢᠨ᠎ᠡ᠎ᠶ᠋ᠢ ᠡᠭᠦᠳᠬᠦ᠌》 ᠪᠠᠢᠳᠠᠯ᠎ᠢ ᠪᠦᠷᠢᠯᠳᠤᠭᠦᠯᠦᠨ᠂ ᠬᠡᠷᠡᠭ᠌ᠯᠡᠭᠡᠨ᠎ᠤ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠪᠠᠰᠠ ᠪᠦᠬᠦᠯᠢ ᠴᠣᠭ᠍ᠴᠠ᠎ᠶ᠋ᠢᠨ ᠱᠢᠨ᠎ᠡ᠎ᠶ᠋ᠢ ᠡᠭᠦᠳᠬᠦ᠌᠎ᠳᠤ ᠨᠡᠩ ᠶᠡᠭᠡ ᠣᠷᠣᠨ ᠵᠠᠢ ᠤᠯᠭᠤᠭ᠍ᠰᠠᠨ ᠪᠠᠢᠨ᠎ᠠ᠃

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭᠠᠭᠠᠵᠤ ᠥᠪᠡᠷ᠎ᠢ᠎ᠪᠠᠨ ᠬᠦᠴᠦᠷᠬᠡᠭ᠌ᠵᠢᠭᠦᠯᠬᠦ᠌ ᠬᠡᠷᠡᠭ᠌ᠲᠡᠶ᠂ ᠱᠢᠨᠵᠢᠯᠡᠬᠦ᠌ ᠤᠬᠠᠭᠠᠨᠲᠠᠨ ᠨᠠᠷ ᠬᠦᠴᠦᠯᠡᠨ ᠴᠢᠷᠮᠠᠢᠬᠤ ᠬᠡᠷᠡᠭ᠌ᠲᠡᠶ ᠭᠡᠵᠦ᠍ ᠪᠢᠳᠡ ᠬᠡᠯᠡᠵᠦ᠍ ᠪᠤᠢ᠂ ᠡᠨᠡ᠎ᠨᠢ ᠤᠯᠠᠨ ᠤᠯᠤᠰ᠎ᠤᠨ ᠬᠠᠮᠲᠤᠷᠠᠯᠴᠠᠭ᠎ᠠ᠂ ᠠᠵᠢᠯ ᠨᠢᠭᠡᠲᠡᠨ᠎ᠤ ᠰᠣᠯᠢᠯᠴᠠᠭ᠎ᠠ᠎ᠲᠠᠢ ᠬᠠᠷᠱᠢᠯᠳᠤᠬᠤ᠎ᠪᠠᠷ ᠦᠭᠡᠢ ᠶᠤᠮ᠃ ᠱᠢᠨᠵᠢᠯᠡᠬᠦ᠌ ᠤᠬᠠᠭᠠᠨ᠎ᠤ ᠬᠠᠢᠨ ᠰᠦᠪᠡᠭ᠌ᠴᠢᠯᠡᠯᠳᠡ ᠪᠠ ᠡᠭᠦᠳᠦᠯᠲᠡ ᠨᠡᠭᠡᠭᠡᠯᠳᠡ᠎ᠶ᠋ᠢᠨ ᠲᠠᠯ᠎ᠠ᠎ᠪᠠᠷ ᠬᠠᠮᠲᠤᠷᠠᠨ ᠠᠵᠢᠯᠯᠠᠬᠤ ᠴᠢᠬᠤᠯᠠ᠎ᠲᠠᠢ ᠪᠥᠭᠡᠳ ᠬᠠᠮᠲᠤ᠎ᠪᠠᠷ ᠴᠢᠷᠮᠠᠢᠬᠤ ᠴᠢᠬᠤᠯᠠ᠎ᠲᠠᠢ ᠶᠤᠮ᠃ ᠪᠢᠲᠡᠭᠦᠮᠵᠢᠯᠡᠬᠦ᠌᠎ᠨᠢ ᠢᠷᠡᠭᠡᠳᠦᠢ᠎ᠶ᠋ᠢᠨ ᠵᠠᠮ᠎ᠢᠶᠠᠨ ᠬᠠᠱᠢᠭ᠍ᠰᠠᠨ᠎ᠲᠠᠢ ᠠᠳᠠᠯᠢᠬᠠᠨ᠂ ᠬᠡᠯᠬᠢᠶ᠎ᠡ᠎ᠶ᠋ᠢ ᠲᠠᠰᠤᠯᠬᠤ᠎ᠨᠢ ᠬᠡᠨ᠎ᠳᠤ ᠴᠦ᠍ ᠠᠱᠢᠭ ᠦᠭᠡᠢ ᠶᠤᠮ᠃ ᠳᠤᠮᠳᠠᠳᠤ ᠤᠯᠤᠰ ᠳᠤᠷᠠᠲᠠᠶ᠎ᠠ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢ ᠬᠠᠮᠠᠭᠠᠯᠠᠬᠤ ᠰᠠᠭᠤᠷᠢᠨ ᠳᠡᠭᠡᠷ᠎ᠡ ᠡᠯ᠎ᠡ ᠤᠯᠤᠰ᠎ᠯᠤᠭ᠎ᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠷᠢᠶ᠎ᠡ ᠴᠠᠷᠠᠭᠠᠨ᠎ᠳᠠᠬᠢ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠬᠥᠮᠦᠨ ᠲᠥᠷᠥᠯᠬᠢᠲᠡᠨ᠎ᠤ ᠪᠣᠯᠪᠠᠰᠤᠨ᠎ᠤ ᠲᠠᠪᠱᠢᠯᠳᠠ᠎ᠶ᠋ᠢ ᠬᠠᠮᠲᠤ᠎ᠪᠠᠷ ᠠᠬᠢᠭᠤᠯᠤᠨ᠎ᠠ᠃

ᠠᠮᠧᠷᠢᠺᠠ᠎ᠶ᠋ᠢᠨ ᠤᠲᠠᠰᠤᠲᠤ ᠲᠧᠯᠸᠢᠰ᠎ᠤᠨ ᠰᠣᠨᠢᠨ ᠮᠡᠳᠡᠭᠡᠨ᠎ᠤ ᠰᠦᠯᠵᠢᠶ᠎ᠡ᠎ᠶ᠋ᠢᠨ ᠰᠤᠷᠪᠤᠯᠵᠢᠯᠠᠭ᠍ᠴᠢ᠄ ᠠᠮᠧᠷᠢᠺᠠ ᠳᠤᠮᠳᠠᠳᠤ ᠬᠤᠶᠠᠷ ᠤᠯᠤᠰ᠎ᠤᠨ ᠬᠠᠷᠢᠴᠠᠭ᠎ᠠ ᠥᠩᠭᠡᠷᠡᠭ᠌ᠰᠡᠨ ᠬᠡᠳᠦᠨ ᠵᠢᠯ᠎ᠳᠤ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ᠎ᠠᠴᠠ ᠨᠠᠭᠠᠱᠢᠬᠢ ᠬᠠᠮᠤᠭ᠎ᠤᠨ ᠲᠤᠤᠷ᠎ᠠ ᠬᠡᠮᠵᠢᠶᠡᠨ᠎ᠳᠤ ᠬᠦᠷᠴᠡᠶ᠂ ᠳᠤᠮᠳᠠᠳᠤ᠎ᠶ᠋ᠢᠨ ᠲᠠᠯ᠎ᠠ᠎ᠶ᠋ᠢᠨ ᠳᠡᠭᠡᠳᠦ ᠳᠠᠪᠬᠤᠷᠭ᠎ᠠ᠎ᠶ᠋ᠢᠨ ᠠᠯᠪᠠᠨ ᠲᠤᠱᠢᠶᠠᠯᠲᠠᠨ ᠡᠨᠡ ᠪᠣᠯ ᠲᠧᠷᠠᠮᠫᠦ᠋᠎ᠶ᠋ᠢᠨ ᠵᠠᠰᠠᠭ᠎ᠤᠨ ᠣᠷᠳᠣᠨ ᠳᠤᠮᠳᠠᠳᠤ ᠤᠯᠤᠰ᠎ᠢ ᠡᠰᠡᠷᠭᠦᠴᠡᠬᠦ᠌ ᠲᠦᠢᠯ᠎ᠤᠨ ᠪᠤᠷᠤᠭᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠦᠭ᠌ᠰᠡᠨ᠎ᠠᠴᠠ ᠪᠣᠯᠤᠭ᠍ᠰᠠᠨ ᠶᠤᠮ ᠭᠡᠵᠦ᠍ ᠣᠯᠠᠨᠲᠠ ᠢᠯᠡᠷᠬᠡᠢᠯᠡᠭ᠌ᠰᠡᠨ ᠪᠥᠭᠡᠳ ᠠᠮᠧᠷᠢᠺᠠ᠎ᠶ᠋ᠢᠨ ᠪᠠᠢᠳᠧᠨ᠎ᠤ ᠵᠠᠰᠠᠭ᠎ᠤᠨ ᠣᠷᠳᠣᠨ ᠰᠠᠮᠠᠭᠤᠷᠠᠯ᠎ᠢ ᠵᠠᠰᠠᠨ ᠵᠦᠭ᠌ᠰᠢᠷᠡᠭᠦᠯᠬᠦ᠌᠎ᠶ᠋ᠢ ᠬᠦᠰᠡᠵᠦ᠍ ᠪᠠᠢᠨ᠎ᠠ ᠭᠡᠵᠡᠶ᠃ ᠭᠡᠪᠡᠴᠦ᠍ ᠸᠠᠱᠢᠩᠲ᠋ᠣᠨ᠎ᠤ ᠲᠠᠯ ᠎ᠠ᠎ᠶ᠋ᠢᠨ ᠤᠯᠠᠨ ᠬᠦᠮᠦᠨ᠎ᠤ ᠢᠯᠡᠳᠭᠡᠵᠦ᠍ ᠪᠠᠢᠬᠤ᠎ᠪᠠᠷ ᠳᠤᠮᠳᠠᠳᠤ᠎ᠶ᠋ᠢᠨ ᠲᠠᠯ᠎ᠠ᠎ᠶ᠋ᠢᠨ ᠮᠠᠭᠠᠳᠯᠠᠯᠲᠠ ᠪᠠ ᠵᠣᠭ᠍ᠰᠣᠯᠲᠠ ᠴᠢᠬᠤᠯᠠ ᠬᠤᠶᠠᠷ ᠲᠠᠯ᠎ᠠ᠎ᠶ᠋ᠢ ᠣᠮᠲᠣᠭᠠᠢᠯᠠᠭ᠍ᠰᠠᠨ ᠪᠠᠢᠨ᠎ᠠ᠄ ᠨᠢᠭᠡ᠎ᠨᠢ ᠬᠤᠶᠠᠷ ᠲᠠᠯ᠎ᠠ᠎ᠶ᠋ᠢᠨ ᠬᠠᠷᠢᠴᠠᠭ᠎ᠠ ᠮᠠᠭᠤᠳᠠᠭ᠍ᠰᠠᠨ᠎ᠨᠢ ᠬᠤᠶᠠᠷ ᠲᠠᠯ᠎ᠠ᠎ᠶ᠋ᠢᠨ ᠱᠢᠯᠲᠠᠭᠠᠨ ᠪᠣᠯᠬᠤ᠎ᠠᠴᠠ ᠪᠢᠰᠢ᠂ ᠬᠠᠷᠢᠨ ᠳᠤᠮᠳᠠᠳᠤ᠎ᠶ᠋ᠢᠨ ᠲᠠᠯ᠎ᠠ᠎ᠶ᠋ᠢᠨ ᠦᠷᠭᠦᠯᠵᠢ ᠬᠡᠯᠡᠳᠡᠭ ᠬᠠᠷᠢᠭᠤᠴᠠᠯᠭ᠎ᠠ᠎ᠨᠢ ᠪᠦᠷ ᠠᠮᠧᠷᠢᠺᠠ᠎ᠶ᠋ᠢᠨ ᠲᠠᠯ᠎ᠠ᠎ᠳᠤ ᠪᠠᠢᠬᠤ ᠪᠢᠰᠢ; ᠪᠠᠰᠠ ᠨᠢᠭᠡ ᠵᠦᠢᠯ᠎ᠨᠢ ᠳᠠᠷᠤᠢ ᠳᠤᠮᠳᠠᠳᠤ ᠤᠯᠤᠰ᠎ᠲᠤ ᠬᠠᠨᠳᠤᠬᠤ ᠣᠪᠣᠷ ᠵᠢᠴᠢ ᠴᠢᠬᠤᠯᠠ ᠶᠡᠭᠡ ᠲᠦᠷᠦ᠎ᠶ᠋ᠢᠨ ᠪᠤᠳᠤᠯᠭ᠎ᠠ᠎ᠶ᠋ᠢᠨ ᠲᠠᠯ᠎ᠠ᠎ᠪᠠᠷ᠂ ᠬᠢᠵᠢᠭ᠎ᠤᠨ ᠡᠬᠢ ᠡᠭᠦᠰᠦᠯ᠎ᠢ ᠮᠥᠷᠳᠡᠭ᠌ᠰᠡᠨ ᠴᠦ᠍ ᠲᠡᠷᠡ᠂ ᠱᠢᠶᠠᠩᠭᠠᠩ᠂ ᠱᠢᠨᠵᠢᠶᠠᠩ᠎ᠤᠨ ᠠᠰᠠᠭᠤᠳᠠᠯ ᠴᠤ᠌ ᠲᠡᠷᠡ᠂ ᠠᠮᠧᠷᠢᠺᠠ᠎ᠶ᠋ᠢᠨ ᠠᠷᠠᠳᠴᠢᠯᠠᠯ ᠪᠣᠯᠤᠨ ᠪᠦᠬᠦᠳᠡ ᠨᠠᠢᠷᠠᠮᠳᠠᠬᠤ ᠨᠠᠮ ᠦᠨᠡᠨ᠎ᠳᠡᠭᠡᠨ ᠳᠡᠭᠡᠳᠦ ᠬᠡᠮᠵᠢᠶᠡᠨ᠎ᠤ ᠬᠠᠮᠲᠤ᠎ᠶ᠋ᠢᠨ ᠲᠠᠨᠢᠯᠲᠠ᠎ᠲᠠᠢ ᠶᠤᠮ᠃ ᠲᠠ ᠠᠮᠧᠷᠢᠺᠠ᠎ᠶ᠋ᠢᠨ ᠡᠢᠮᠦ᠍ ᠦᠵᠡᠯᠲᠡ᠎ᠳᠤ ᠶᠠᠮᠠᠷ ᠬᠠᠷᠢᠭᠤ ᠦᠭ᠌ᠬᠦ ᠪᠤᠢ? ᠢᠯᠠᠩᠭᠤᠶ᠎ᠠ ᠠᠮᠧᠷᠢᠺᠠ ᠳᠤᠮᠳᠠᠳᠤ ᠬᠤᠶᠠᠷ ᠤᠯᠤᠰ ᠳᠠᠷᠠᠭ᠎ᠠ ᠭᠠᠷᠠᠭ ᠠᠯᠠᠰᠺᠠ᠎ᠳᠤ ᠪᠠᠢᠳᠧᠨ᠎ᠤ ᠳᠤᠱᠢᠶᠠᠯ᠎ᠳᠤ ᠭᠠᠷᠤᠭ᠍ᠰᠠᠨ᠎ᠤ ᠳᠠᠷᠠᠭᠠᠬᠢ ᠠᠩᠬᠠᠳᠠᠭ᠍ᠴᠢ ᠳᠡᠭᠡᠳᠦ ᠲᠠᠰ᠎ᠤᠨ ᠬᠡᠯᠡᠯᠴᠡᠭᠡ ᠬᠢᠬᠦ᠌ ᠲᠠᠱᠢᠷᠠᠮ᠎ᠳᠤ᠂ ᠳᠤᠮᠳᠠᠳᠤ᠎ᠶ᠋ᠢᠨ ᠲᠠᠯ᠎ᠠ᠎ᠶ᠋ᠢᠨ᠎ᠬᠢᠨ ᠬᠠᠮᠢᠶ᠎ᠠ ᠪᠥᠬᠦᠶ ᠲᠥᠷᠥ᠎ᠶ᠋ᠢᠨ ᠪᠣᠳᠣᠯᠭ᠎ᠠ ᠵᠣᠭ᠍ᠰᠣᠯᠲᠠ᠎ᠪᠠᠨ ᠲᠣᠬᠢᠷᠠᠭᠤᠯᠬᠤ ᠪᠤᠶᠤ ᠬᠤᠪᠢᠷᠠᠭᠤᠯᠵᠤ᠂ ᠬᠤᠶᠠᠷ ᠲᠠᠯ᠎ᠠ᠎ᠶ᠋ᠢᠨ ᠬᠠᠷᠢᠴᠠᠭ᠎ᠠ᠎ᠪᠠᠨ ᠳᠠᠬᠢᠨ ᠡᠬᠢᠯᠡᠭᠦᠯᠤᠨ ᠰᠡᠷᠭᠦᠭᠡᠬᠦ᠌᠎ᠶ᠋ᠢ ᠠᠬᠢᠭᠤᠯᠤᠨ᠎ᠠ ᠤᠤ?

ᠯᠢ ᠺᠧ ᠴᠢᠶᠠᠩ᠄ ᠥᠩᠭᠡᠷᠡᠭ᠌ᠰᠡᠨ ᠬᠡᠳᠦᠨ ᠵᠢᠯ᠎ᠳᠤ ᠳᠤᠮᠳᠠᠳᠤ ᠠᠮᠧᠷᠢᠺᠠ᠎ᠶ᠋ᠢᠨ ᠬᠠᠷᠢᠴᠠᠭ᠎ᠠ ᠦᠨᠡᠬᠡᠷ ᠬᠦᠨᠳᠦ ᠨᠣᠴᠢᠲᠠᠢ ᠬᠦᠴᠢᠷᠳᠡᠯ᠎ᠳᠤ ᠲᠤᠯᠭᠠᠷᠠᠵᠤ᠂ ᠬᠤᠶᠠᠷ ᠤᠯᠤᠰ ᠪᠣᠯᠤᠨ ᠳᠡᠯᠡᠬᠡᠢ ᠳ᠋ᠠᠬᠢᠨ᠎ᠳᠤ ᠴᠥᠮ ᠠᠱᠢᠭ ᠦᠭᠡᠢ ᠨᠥᠯᠥᠭᠡ ᠦᠵᠡᠭᠦᠯᠵᠡᠢ᠃ ᠳᠤᠮᠳᠠᠳᠤ ᠠᠮᠧᠷᠢᠺᠠ ᠳᠡᠯᠡᠬᠡᠢ ᠳᠡᠭᠡᠷᠡᠬᠢ ᠬᠠᠮᠤᠭ᠎ᠤᠨ ᠲᠤᠮᠤ ᠬᠥᠭ᠌ᠵᠢᠵᠦ᠍ ᠪᠠᠢᠭ᠎ᠠ ᠤᠯᠤᠰ ᠪᠠ ᠬᠠᠮᠤᠭ᠎ᠤᠨ ᠲᠤᠮᠤ ᠬᠥᠭ᠌ᠵᠢᠭ᠌ᠰᠡᠨ ᠤᠯᠤᠰ ᠪᠣᠯᠤᠭ᠍ᠰᠠᠨ᠎ᠤ ᠬᠤᠪᠢ᠎ᠳᠤ᠂ ᠬᠠᠮᠲᠤᠷᠠᠯᠴᠠᠪᠠᠯ ᠬᠤᠶᠠᠭᠤᠯᠠ᠎ᠳᠤ ᠠᠱᠢᠭ᠍ᠲᠠᠢ᠂ ᠲᠡᠮᠡᠴᠡᠯᠳᠦᠪᠡᠯ ᠴᠥᠮ ᠬᠤᠬᠢᠷᠠᠨ᠎ᠠ᠃ ᠳᠤᠮᠳᠠᠳᠤ ᠠᠮᠧᠷᠢᠺᠠ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 40 ᠭᠠᠷᠤᠢ ᠵᠢᠯ᠎ᠤᠨ ᠲᠤᠷᠰᠢ᠂ ᠬᠦᠴᠢᠷ ᠪᠡᠷᠬᠡᠱᠢᠶᠡᠯ ᠬᠠᠷᠰᠢ ᠰᠠᠭᠠᠳ᠎ᠢ ᠲᠠᠪᠠᠨ ᠤᠷᠤᠭ᠍ᠰᠢᠯᠠᠵᠤ ᠴᠢᠳᠠᠭ᠍ᠰᠠᠨ᠎ᠨᠢ ᠬᠠᠱᠢᠯᠠ ᠳᠡᠯᠡᠬᠡᠢ᠎ᠶ᠋ᠢᠨ ᠬᠥᠭ᠌ᠵᠢᠯᠲᠡ᠎ᠶ᠋ᠢᠨ ᠬᠠᠨᠳᠤᠰᠢ᠎ᠳᠤ ᠨᠡᠢᠴᠡᠵᠦ᠍᠂ ᠬᠤᠶᠠᠷ ᠤᠯᠤᠰ᠎ᠤᠨ ᠦᠨᠳᠦᠰᠦᠨ ᠠᠱᠢᠭ ᠲᠤᠰᠠ᠎ᠳᠤ ᠨᠡᠢᠴᠡᠭ᠌ᠰᠡᠨ᠎ᠠᠴᠠ ᠪᠣᠯᠤᠭ᠍ᠰᠠᠨ ᠶᠤᠮ᠃ 

ᠬᠤᠶᠠᠷ ᠲᠠᠯ᠎ᠠ᠎ᠪᠠᠷ᠎ᠢᠶᠠᠨ ᠲᠡᠷᠢᠭᠦᠯᠡᠭ᠌ᠴᠢ ᠰᠢ᠎ᠶ᠋ᠢᠨ ᠫᠢᠩ ᠤᠢ᠍ᠢᠷ᠎ᠠ᠎ᠳᠤ ᠶᠡᠷᠦᠩᠬᠡᠢᠯᠡᠭ᠌ᠴᠢ ᠪᠠᠢᠳᠧᠨ᠎ᠲᠠᠢ ᠤᠲᠠᠰᠤ᠎ᠪᠠᠷ ᠶᠠᠷᠢᠯᠴᠠᠭ᠍ᠰᠠᠨ ᠵᠣᠷᠢᠭ ᠰᠠᠨᠠᠭ᠎ᠠ᠎ᠪᠠᠷ᠂ ᠲᠤᠰ ᠲᠤᠰ᠎ᠤᠨ᠎ᠢᠶᠠᠨ ᠭᠤᠣᠯᠯᠠᠭ᠍ᠴᠢ ᠠᠱᠢᠭ ᠲᠤᠰᠠ ᠪᠣᠯᠤᠨ ᠠᠩᠬᠠᠷᠴᠤ᠌ ᠪᠠᠢᠭ᠎ᠠ ᠴᠢᠬᠤᠯᠠ ᠶᠡᠭᠡ ᠠᠰᠠᠭᠤᠳᠠᠯ᠎ᠢ ᠬᠦᠨᠳᠦᠳᠭᠡᠵᠦ᠍᠂ ᠳᠣᠲᠣᠭᠠᠳᠤ ᠵᠠᠰᠠᠭ ᠪᠣᠯᠤᠨ ᠳᠣᠲᠣᠭᠠᠳᠤ᠎ᠶ᠋ᠢᠨ ᠬᠡᠷᠡᠭ ᠶᠠᠪᠤᠳᠠᠯ᠎ᠳᠤ ᠬᠠᠷᠢᠯᠴᠠᠨ ᠭᠠᠷ ᠲᠦᠷᠦᠭᠦ᠌ ᠦᠭᠡᠢ᠂ ᠮᠥᠷᠭᠦᠯᠳᠦᠬᠦ᠌ ᠦᠭᠡᠢ ᠡᠰᠡᠷᠭᠦᠴᠡᠯᠳᠦᠬᠦ᠌ ᠦᠭᠡᠢ᠂ ᠬᠠᠷᠢᠯᠴᠠᠨ ᠬᠦᠨᠳᠦᠳᠭᠡᠬᠦ᠂ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠬᠦ᠌ ᠵᠠᠷᠴᠢᠮ᠎ᠢ ᠪᠠᠷᠢᠮᠲᠠᠯᠠᠵᠤ᠂ ᠬᠤᠶᠠᠷ ᠤᠯᠤᠰ᠎ᠤᠨ ᠬᠠᠷᠢᠴᠠᠭ᠎ᠠ᠎ᠶ᠋ᠢᠨ ᠡᠷᠡᠭᠦᠯ᠎ᠢᠶᠠᠷ ᠲᠣᠭ᠍ᠲᠠᠭᠤᠨ ᠴᠢᠭ᠌ᠯᠡᠯ ᠲᠡᠢᠰᠢ ᠬᠥᠭ᠌ᠵᠢᠬᠦ᠌᠎ᠶ᠋ᠢ ᠠᠬᠢᠭᠤᠯᠬᠤ᠎ᠶ᠋ᠢ ᠬᠦᠰᠡᠵᠦ᠍ ᠪᠠᠢᠨ᠎ᠠ᠃ ᠡᠨᠡ᠎ᠨᠢ ᠬᠤᠶᠠᠷ ᠤᠯᠤᠰ᠎ᠤᠨ ᠠᠷᠠᠳ ᠲᠦᠮᠡᠨ᠎ᠤ ᠠᠱᠢᠭ ᠲᠤᠰᠠ᠎ᠳᠤ ᠨᠡᠢᠴᠡᠬᠦ᠌ ᠪᠥᠭᠡᠳ ᠳᠡᠯᠡᠬᠡᠢ ᠨᠡᠢᠲᠡ᠎ᠶ᠋ᠢᠨ ᠬᠦᠰᠡᠯ ᠡᠷᠡᠮᠡᠯᠵᠡᠯ ᠪᠣᠯᠤᠨ᠎ᠠ᠃

ᠳᠤᠮᠳᠠᠳᠤ ᠠᠮᠧᠷᠢᠺᠠ ᠬᠤᠶᠠᠷ ᠤᠯᠤᠰ᠎ᠤᠨ ᠲᠡᠦᠬᠡ ᠰᠣᠶᠣᠯ᠂ ᠬᠥᠭ᠌ᠵᠢᠯᠲᠡ᠎ᠶ᠋ᠢᠨ ᠱᠠᠳᠤ᠂ ᠨᠡᠢᠭᠡᠮ᠎ᠤᠨ ᠪᠠᠢᠭᠤᠯᠤᠯ ᠠᠳᠠᠯᠢ ᠦᠭᠡᠢ ᠪᠠᠢᠵᠦ᠍᠂ ᠬᠤᠭᠤᠷᠣᠨᠳᠣ᠎ᠪᠠᠨ ᠵᠥᠷᠢᠴᠡᠯ ᠭᠠᠷᠬᠤ᠎ᠨᠢ ᠵᠠᠢᠯᠠᠰᠢ ᠦᠭᠡᠢ ᠶᠤᠮ᠂ ᠴᠢᠨᠠᠭ᠍ᠰᠢᠯᠠᠪᠠᠯ ᠵᠠᠷᠢᠮ ᠦᠶ᠎ᠡ᠎ᠳᠤ ᠨᠡᠯᠢᠶᠡᠳ ᠬᠤᠷᠴᠠ ᠱᠢᠷᠦᠭᠦᠨ ᠪᠠᠢᠳᠠᠭ᠂ ᠡᠭᠦᠨ᠎ᠤ ᠵᠠᠩᠭᠢᠯᠠᠭ᠎ᠠ᠎ᠨᠢ ᠲᠡᠭᠦᠨ᠎ᠳᠤ ᠬᠡᠷᠬᠢᠨ ᠬᠠᠨᠳᠤᠬᠤ᠎ᠳᠤ ᠪᠤᠢ᠃ ᠳᠤᠮᠳᠠᠳᠤ ᠠᠮᠧᠷᠢᠺᠠ ᠬᠤᠶᠠᠷ ᠤᠯᠤᠰ᠎ᠤᠨ ᠠᠷᠠᠳ ᠲᠦᠮᠡᠨ ᠪᠣᠯ ᠤᠶᠤᠨ ᠤᠬᠠᠭᠠᠨ᠎ᠲᠠᠢ᠂ ᠴᠢᠳᠠᠪᠤᠷᠢ᠎ᠲᠠᠢ ᠶᠤᠮ᠂ ᠬᠤᠶᠠᠷ ᠲᠠᠯ᠎ᠠ᠎ᠪᠠᠷ᠎ᠢᠶᠠᠨ ᠬᠠᠱᠢᠯᠠ ᠬᠠᠷᠢᠯᠴᠠᠨ ᠬᠦᠨᠳᠦᠳᠭᠡᠵᠦ᠍᠂ ᠡᠷᠬᠡ ᠲᠡᠭ᠌ᠰᠢ᠎ᠪᠠᠷ ᠬᠠᠨᠳᠤᠨ ᠶᠠᠷᠢᠯᠴᠠᠭ᠎ᠠ ᠨᠡᠪᠲᠡᠷᠡᠯᠴᠡᠭᠡ ᠬᠢᠬᠦ᠌ ᠬᠡᠷᠡᠭ᠌ᠲᠡᠶ᠃ ᠳᠤᠮᠳᠠᠳᠤ ᠠᠮᠧᠷᠢᠺᠠ᠎ᠶ᠋ᠢᠨ᠎ᠬᠢᠨ ᠤᠯᠠᠨ ᠬᠦᠷᠢᠶ᠎ᠡ ᠴᠠᠷᠠᠭᠠᠨ᠎ᠤ᠂ ᠤᠯᠠᠨ ᠲᠡᠰ ᠳᠠᠪᠬᠤᠷᠭ᠎ᠠ᠎ᠶ᠋ᠢᠨ ᠶᠠᠷᠢᠯᠴᠠᠭ᠎ᠠ ᠬᠢᠵᠤ᠂ ᠨᠢᠭᠡᠨ ᠦ᠊ ᠡᠶ᠎ᠡ ᠬᠠᠮᠲᠤ᠎ᠶ᠋ᠢᠨ ᠲᠠᠨᠢᠯᠲᠠ᠎ᠲᠠᠢ ᠪᠤᠯᠵᠤ ᠳᠡᠢᠯᠬᠦ᠌ ᠦᠭᠡᠢ ᠪᠠᠢᠭ᠍ᠰᠠᠨ ᠴᠦ᠍ ᠰᠠᠨᠠᠯ᠎ᠢᠶᠠᠨ ᠰᠣᠯᠢᠯᠴᠠᠵᠤ᠂ ᠢᠲᠡᠭᠡᠯ᠎ᠢᠶᠠᠨ ᠨᠡᠮᠡᠭ᠌ᠳᠡᠭᠦᠯᠵᠦ᠍᠂ ᠰᠡᠵᠢᠭ᠌ᠯᠡᠯ᠎ᠢᠶᠠᠨ ᠲᠠᠢᠯᠬᠤ᠎ᠶ᠋ᠢ ᠪᠢᠳᠡ ᠬᠦᠰᠡᠵᠦ᠍ ᠪᠠᠢᠨ᠎ᠠ᠂ ᠡᠨᠡ᠎ᠨᠢ ᠵᠥᠷᠢᠴᠡᠯ᠎ᠢ ᠬᠠᠮᠢᠶᠠᠷᠤᠨ ᠡᠵᠡᠮᠳᠡᠬᠦ᠌ ᠪᠠ ᠨᠠᠮᠳᠠᠭᠤᠯᠬᠤ᠎ᠳᠤ ᠠᠱᠢᠭ᠍ᠲᠠᠢ ᠶᠤᠮ᠃

ᠳᠤᠮᠳᠠᠳᠤ ᠠᠮᠧᠷᠢᠺᠠ ᠬᠤᠶᠠᠷ ᠤᠯᠤᠰ ᠪᠣᠯ ᠥᠷᠭᠡᠨ ᠳᠡᠯᠭᠡᠷ ᠬᠠᠮᠲᠤ᠎ᠶ᠋ᠢᠨ ᠠᠱᠢᠭ ᠲᠤᠰᠠ᠎ᠲᠠᠢ᠂ ᠬᠠᠮᠲᠤᠷᠠᠨ ᠠᠵᠢᠯᠯᠠᠵᠤ ᠪᠣᠯᠬᠤ ᠮᠠᠰᠢ ᠤᠯᠠᠨ ᠬᠦᠷᠢᠶ᠎ᠡ ᠴᠠᠷᠠᠭ᠎ᠠ᠎ᠲᠠᠢ ᠶᠤᠮ᠃ ᠨᠢᠳᠤᠨᠤᠨ᠎ᠤ ᠤᠯᠠᠨ ᠳᠠᠪᠬᠤᠷ ᠲᠠᠭᠠᠷᠢᠯᠳᠠ᠎ᠶ᠋ᠢᠨ ᠠᠬᠤᠢ ᠪᠠᠢᠳᠡᠯ ᠳᠣᠣᠷ᠎ᠠ᠂ ᠳᠤᠮᠳᠠᠳᠤ ᠠᠮᠧᠷᠢᠺᠠ ᠬᠤᠶᠠᠷ ᠤᠯᠤᠰ᠎ᠤᠨ ᠠᠷᠠᠯᠵᠢᠶᠠᠨ᠎ᠤ ᠬᠡᠪᠴᠢᠶ᠎ᠡ ᠮᠥᠨ ᠯᠡ 4.1 ᠲᠦᠮᠡᠨ ᠳ᠋ᠦᠩᠱᠢᠭᠤᠷ ᠲᠥᠭᠦᠷᠢᠭ᠎ᠲᠤ ᠬᠦᠷᠴᠦ᠍᠂ 8.8% ᠎ᠪᠠᠷ ᠨᠡᠮᠡᠭ᠌ᠳᠡᠪᠡ᠃ ᠪᠢᠳᠡ ᠬᠠᠱᠢᠯᠠ ᠨᠡᠩ ᠤᠯᠠᠨ ᠬᠦᠴᠦ᠎ᠪᠠᠨ ᠠᠳᠠᠯᠢ ᠲᠠᠯ᠎ᠠ ᠳᠡᠭᠡᠷ᠎ᠡ ᠲᠠᠯᠪᠢᠵᠤ᠂ ᠬᠠᠮᠲᠤ᠎ᠶ᠋ᠢᠨ ᠠᠱᠢᠭ ᠲᠤᠰᠠ᠎ᠪᠠᠨ ᠥᠷᠭᠡᠳᠭᠡᠬᠦ᠌ ᠴᠢᠬᠤᠯᠠᠳᠠᠢ᠃ ᠳᠤᠮᠳᠠᠳᠤ ᠠᠮᠧᠷᠢᠺᠠ ᠬᠤᠶᠠᠷ ᠤᠯᠤᠰ ᠤᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ ᠠᠶᠤᠯᠭᠦᠢ᠎ᠶ᠋ᠢᠨ ᠵᠥᠪᠯᠡᠯ᠎ᠤᠨ ᠪᠠᠢᠩᠭᠤ᠎ᠶ᠋ᠢᠨ ᠬᠡᠷᠡᠭ ᠡᠷᠬᠢᠯᠡᠭ᠌ᠴᠢ ᠤᠯᠤᠰ ᠪᠣᠯᠤᠭ᠍ᠰᠠᠨ᠎ᠤ ᠬᠤᠪᠢ᠎ᠳᠤ᠂ ᠳᠡᠯᠡᠬᠡᠶ᠎ᠶ᠋ᠢᠨ ᠡᠩᠭᠡ ᠲᠠᠢᠪᠤᠩ ᠲᠣᠭ᠍ᠲᠠᠭᠤᠨ ᠪᠠᠢᠳᠠᠯ᠎ᠢ ᠬᠠᠮᠠᠭᠠᠯᠠᠬᠤ᠂ ᠳᠡᠯᠡᠬᠡᠶ᠎ᠶ᠋ᠢᠨ ᠴᠡᠴᠡᠭ᠌ᠯᠡᠯ ᠬᠥᠭ᠌ᠵᠢᠯ᠎ᠢ ᠠᠬᠢᠭᠤᠯᠬᠤ᠎ᠳᠤ ᠴᠥᠮ ᠴᠢᠬᠤᠯᠠ ᠬᠠᠷᠢᠭᠤᠴᠠᠯᠭ᠎ᠠ᠎ᠲᠠᠢ᠃ ᠳᠤᠮᠳᠠᠳᠤ ᠠᠮᠧᠷᠢᠺᠠ᠎ᠶ᠋ᠢᠨ ᠬᠠᠷᠢᠴᠠᠭ᠎ᠠ ᠭᠦᠴᠢᠷᠳᠡᠯ᠎ᠢ ᠲᠤᠭᠤᠯᠤᠨ ᠢᠷᠡᠬᠡᠳᠦᠢ᠎ᠳᠤ ᠬᠠᠨᠳᠤᠨ᠂ ᠶᠡᠷᠦᠩᠬᠡᠶ᠎ᠳᠡᠭᠡᠨ ᠲᠣᠭ᠍ᠲᠠᠭᠤᠨ ᠪᠠᠢᠬᠤ ᠴᠢᠭ᠌ᠯᠡᠯ ᠲᠡᠢᠰᠢ ᠤᠷᠤᠭ᠍ᠰᠢᠯᠠᠬᠤ᠎ᠶ᠋ᠢ ᠠᠬᠢᠭᠤᠯᠪᠠᠯ ᠵᠤᠬᠢᠨ᠎ᠠ᠃

ᠱᠢᠨᠬᠤᠸᠠ ᠬᠤᠷᠢᠶᠠᠨ᠎ᠤ ᠰᠤᠷᠪᠤᠯᠵᠢᠯᠠᠭ᠍ᠴᠢ᠄ ᠲᠠ ᠵᠠᠬ᠎ᠠ ᠳᠡᠯᠭᠡᠭᠦᠷ᠎ᠤᠨ ᠭᠤᠣᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌᠎ᠶ᠋ᠢ ᠴᠢᠬᠤᠯᠠᠴᠢᠯᠠᠵᠤ᠂ ᠠᠵᠤ ᠠᠬᠤᠢ᠎ᠶ᠋ᠢᠨ ᠬᠥᠭ᠌ᠵᠢᠯᠲᠡ᠎ᠳᠠᠬᠢ ᠵᠠᠬ᠎ᠠ ᠳᠡᠯᠭᠡᠭᠦᠷ᠎ᠤᠨ ᠭᠤᠣᠯ ᠴᠣᠭ᠍ᠴᠠ᠎ᠶ᠋ᠢᠨ ᠴᠢᠬᠤᠯᠠ ᠦᠢᠯᠡᠳᠦᠯ᠎ᠢ ᠪᠠᠳᠠᠷᠠᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠭ᠍ᠰᠠᠭᠠᠷ ᠢᠷᠡᠵᠠᠢ᠃ ᠣᠳᠣᠬᠠᠨ᠎ᠳᠤ ᠦᠢᠯᠡᠳᠪᠦᠷᠢᠯᠡᠯ ᠡᠵᠡᠩᠨᠡᠯᠲᠡ᠂ ᠡᠷᠬᠡ ᠲᠡᠭ᠌ᠰᠢ ᠥᠷᠢᠰᠥᠯᠳᠦᠭᠡᠨ᠂ ᠵᠠᠬ᠎ᠠ ᠳᠡᠯᠭᠡᠭᠦᠷ᠎ᠤᠨ ᠣᠷᠴᠢᠨ ᠨᠥᠬᠦᠴᠡᠯ ᠵᠡᠷᠭᠡ ᠲᠠᠯ᠎ᠠ᠎ᠪᠠᠷ ᠪᠠᠰᠠ ᠵᠠᠷᠢᠮ ᠬᠦᠴᠢᠷᠳᠡᠯ ᠪᠠ ᠬᠠᠷᠰᠢ ᠰᠠᠭᠠᠳ ᠤᠷᠤᠱᠢᠵᠦ᠍ ᠪᠠᠢᠨ᠎ᠠ ᠭᠡᠵᠦ᠍ ᠵᠠᠬ᠎ᠠ ᠳᠡᠯᠭᠡᠭᠦᠷ᠎ᠤᠨ ᠵᠠᠷᠢᠮ ᠭᠤᠤᠯ ᠴᠣᠭ᠍ᠴᠠ ᠲᠤᠰᠭᠠᠵᠤ ᠪᠠᠢᠨ᠎ᠠ᠃ ᠲᠡᠭᠡᠪᠡᠯ ᠡᠨᠡ ᠵᠢᠯ ᠵᠠᠰᠠᠭ᠎ᠤᠨ ᠣᠷᠳᠣᠨ ᠶᠠᠮᠠᠷ ᠶᠠᠮᠠᠷ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ ᠠᠪᠴᠤ᠌ ᠪᠠᠢᠭᠠᠳ ᠠᠵᠤ ᠠᠬᠤᠢ᠍ᠢᠯᠠᠯ᠎ᠤᠨ ᠬᠦᠴᠢᠷᠳᠡᠯ᠎ᠢ ᠱᠢᠶᠳᠪᠦᠷᠢᠯᠡᠵᠦ᠍᠂ ᠲᠡᠳᠡᠨ᠎ᠢ ᠱᠢᠨ᠎ᠡ ᠠᠮᠢᠵᠢᠷᠠᠯ᠎ᠤᠨ ᠬᠦᠴᠦᠨ᠎ᠲᠠᠢ ᠪᠣᠯᠭᠠᠬᠤ ᠪᠣᠶ?

ᠯᠢ ᠺᠧ ᠴᠢᠶᠠᠩ᠄ ᠨᠢᠳᠤᠨᠤᠨ ᠪᠢᠳᠡ ᠥᠭᠡᠷᠡᠴᠢᠯᠡᠯᠲᠡ᠎ᠶ᠋ᠢ ᠠᠬᠢᠭᠤᠯᠬᠤ᠎ᠳᠠᠭᠠᠨ᠂ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠣᠭᠤᠷᠢᠨ᠎ᠠᠴᠠ ᠪᠣᠳᠣᠯᠬᠢᠯᠠᠵᠤ᠂ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢ ᠬᠦᠴᠢᠷᠳᠡᠯ᠎ᠠᠴᠠ ᠠᠩᠭᠢᠵᠢᠷᠠᠭᠤᠯᠬᠤ᠎ᠳᠤ ᠬᠦᠴᠦᠨ ᠨᠡᠮᠡᠷᠢᠯᠡᠵᠦ᠍᠂ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠦᠨᠳᠦᠰᠦᠨ ᠪᠠᠢᠳᠠᠯ᠎ᠢ ᠪᠠᠲᠤᠯᠠᠭ᠍ᠰᠠᠨ ᠶᠠᠪᠤᠳᠠᠯ ᠪᠣᠯ ᠬᠤᠷᠸ᠎ᠠ ᠲᠥᠷᠥ᠎ᠶ᠋ᠢᠨ ᠪᠣᠳᠣᠯᠭ᠎ᠠ᠎ᠶ᠋ᠢ ᠲᠣᠭ᠍ᠲᠠᠭᠠᠨ ᠬᠡᠷᠡᠭ᠌ᠵᠢᠭᠦᠯᠦᠭ᠌ᠰᠡᠨ ᠬᠠᠮᠤᠭ᠎ᠤᠨ ᠲᠣᠪᠤᠢᠮ᠎ᠠ ᠨᠢᠭᠡ ᠲᠠᠯ᠎ᠠ ᠪᠣᠯᠤᠨ᠎ᠠ᠃ ᠳᠤᠮᠳᠠᠳᠤ ᠤᠯᠤᠰ ᠥᠭᠡᠷᠡᠴᠢᠯᠡᠯᠲᠡ ᠨᠡᠭᠡᠭᠡᠯᠲᠡ ᠬᠢᠭ᠌ᠰᠡᠨ 40 ᠭᠠᠷᠤᠶ ᠵᠢᠯ᠎ᠤᠨ ᠲᠤᠷᠰᠢ᠂ ᠪᠢᠳᠡ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ᠎ᠶ᠋ᠢ ᠬᠥᠭ᠌ᠵᠢᠭᠦᠯᠵᠦ᠍᠂ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢ ᠲᠠᠰᠤᠷᠠᠯᠲᠠ ᠥᠬᠡᠶ ᠪᠤᠢᠵᠢᠭᠤᠯᠤᠨ ᠬᠥᠭ᠌ᠵᠢᠭᠦᠯᠵᠡᠶ᠃ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢ ᠪᠤᠢᠵᠢᠭᠤᠯᠪᠠᠯ᠂ ᠡᠬᠢ ᠪᠠᠶᠠᠯᠢᠭ᠎ᠢ ᠲᠣᠬᠢᠷᠠᠭᠤᠯᠬᠤ ᠶᠠᠪᠤᠴᠠ᠎ᠳᠠᠬᠢ ᠵᠠᠬ᠎ᠠ ᠳᠡᠯᠭᠡᠭᠦᠷ᠎ᠤᠨ ᠱᠢᠶᠳᠪᠦᠷᠢᠯᠡᠭ᠌ᠴᠢ ᠴᠢᠨᠠᠷᠲᠠᠶ ᠦᠢᠯᠡᠳᠦᠯ᠎ᠢ ᠭᠦᠢᠴᠡᠳ ᠪᠠᠳᠠᠷᠠᠭᠤᠯᠬᠤ ᠪᠠ ᠵᠠᠰᠠᠭ᠎ᠤᠨ ᠣᠷᠳᠣᠨ᠎ᠤ ᠦᠢᠯᠡᠳᠦᠯ᠎ᠢ ᠨᠡᠩ ᠰᠠᠢᠨ ᠪᠠᠳᠠᠷᠠᠭᠤᠯᠵᠤ ᠴᠢᠳᠠᠨ᠎ᠠ᠃ 《ᠠᠷᠪᠠᠨ ᠭᠤᠷᠪᠠᠳᠤᠭᠠᠷ ᠲᠠᠪᠤᠨ ᠵᠢᠯ 》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠲᠠᠪᠤᠨ ᠵᠢᠯ᠎ᠳᠤ᠂ ᠮᠠᠨ᠎ᠤ ᠵᠠᠬ᠎ᠠ ᠳᠡᠯᠭᠡᠭᠦᠷ᠎ᠤᠨ ᠭᠤᠤᠯ ᠴᠣᠭ᠍ᠴᠠ 6000 ᠭᠠᠷᠤᠶ ᠲᠦᠮᠡᠨ ᠡᠷᠦᠭᠡ ᠨᠡᠮᠡᠭ᠌ᠳᠡᠪᠡ᠃ ᠨᠢᠳᠤᠨᠤᠨ ᠬᠢᠵᠢᠭ᠎ᠤᠨ ᠪᠠᠢᠳᠠᠯ᠎ᠤᠨ ᠲᠠᠭᠠᠷᠢᠯᠳᠠ ᠳᠣᠣᠷ᠎ᠠ᠂ ᠰᠡᠭᠦᠯᠴᠢ᠎ᠶ᠋ᠢᠨ ᠬᠤᠭᠤᠴᠠᠭᠠᠨ᠎ᠳᠤ ᠲᠦᠷᠭᠡᠨ᠎ᠢᠶᠠᠷ ᠰᠡᠷᠭᠦᠨ ᠨᠡᠮᠡᠭ᠌ᠳᠡᠵᠦ᠍᠂ ᠤᠳᠤ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢᠨ ᠶᠡᠷᠦᠩᠬᠡᠶ ᠲᠤᠭ᠎ᠠ ᠨᠢᠭᠡᠨᠲᠡ ᠨᠢᠭᠡ ᠳ᠋ᠦᠩᠱᠢᠭᠤᠷ ᠭᠤᠷᠪᠠᠨ ᠮᠢᠩᠭ᠎ᠠ ᠭᠠᠷᠤᠶ ᠲᠦᠮᠡᠨ ᠡᠷᠤᠭᠡ᠎ᠳᠤ ᠬᠦᠷᠦᠭ᠌ᠰᠡᠨ ᠪᠥᠭᠡᠳ ᠨᠢᠳᠤᠨᠤᠨ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠤᠭᠡ ᠪᠠᠰᠠ 1000 ᠭᠠᠷᠤᠶ ᠲᠦᠮᠡᠨ ᠡᠷᠤᠬᠡ ᠱᠢᠨ᠎ᠡ᠎ᠪᠠᠷ ᠨᠡᠮᠡᠭ᠌ᠳᠡᠵᠦ᠍᠂ 8000 ᠭᠠᠷᠤᠶ ᠲᠦᠮᠡᠨ ᠡᠷᠤᠬᠡ ᠪᠠᠢᠭ᠍ᠰᠠᠨ᠎ᠠᠴᠠ᠎ᠪᠠᠨ ᠨᠡᠮᠡᠭ᠌ᠳᠡᠭᠡᠳ 9000 ᠭᠠᠷᠤᠶ ᠲᠦᠮᠡᠨ ᠡᠷᠤᠬᠡ ᠪᠤᠯᠵᠤ᠂ ᠬᠤᠶᠠᠷ ᠳ᠋ᠦᠩᠱᠢᠭᠤᠷ ᠭᠠᠷᠤᠶ ᠬᠥᠮᠦᠨ᠎ᠤ ᠠᠵᠢᠯ ᠣᠯᠭᠤᠯᠲᠠ᠎ᠶ᠋ᠢ ᠳᠠᠢᠴᠢᠯᠠᠭ᠍ᠰᠠᠨ ᠪᠠᠢᠨ᠎ᠠ᠃ ᠵᠠᠬ᠎ᠠ ᠳᠡᠯᠭᠡᠭᠦᠷ᠎ᠤᠨ ᠭᠤᠣᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠢᠳᠡᠪᠬᠢᠵᠢᠯ᠎ᠤᠨ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌ ᠪᠣᠯ ᠵᠠᠰᠠᠭ᠎ᠤᠨ ᠣᠷᠳᠣᠨ᠎ᠤ ᠥᠭᠡᠷᠡᠴᠢᠯᠡᠯᠲᠡ᠎ᠶ᠋ᠢ ᠠᠬᠢᠭᠤᠯᠬᠤ ᠴᠢᠷᠮᠠᠢᠬᠤ ᠴᠢᠭ᠌ᠯᠡᠯ ᠮᠥᠨ᠃

ᠡᠨᠡ ᠵᠢᠯ ᠪᠢᠳᠡᠨ᠎ᠤ ᠲᠥᠷᠥ᠎ᠶ᠋ᠢᠨ ᠪᠣᠳᠣᠯᠭ᠎ᠠ᠎ᠶ᠋ᠢ ᠲᠣᠭ᠍ᠲᠠᠭᠠᠨ ᠬᠡᠷᠡᠭ᠌ᠵᠢᠭᠦᠯᠬᠦ᠌᠎ᠳᠤ ᠮᠥᠨ ᠬᠦ᠌ ᠦᠷᠭᠦᠯᠵᠢᠯᠡᠨ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢᠨ ᠲᠣᠭᠤᠷᠢᠨ᠎ᠳᠤ ᠶᠠᠪᠤᠬ᠍ᠳᠠᠨ᠎ᠠ᠂ ᠢᠩᠬᠢᠪᠡᠯ ᠲᠠᠷᠤᠢ 《ᠲᠠᠯᠪᠢᠬᠤ ᠬᠠᠮᠢᠶᠠᠷᠬᠤ ᠦᠢᠯᠡᠴᠢᠯᠡᠬᠦ᠌》 ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠳᠥᠯᠭᠢᠨ ᠠᠬᠢᠭᠤᠯᠵᠤ᠂ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢ ᠣᠷᠣᠱᠢᠨ ᠲᠣᠭ᠍ᠲᠠᠨᠢᠭᠤᠯᠬᠤ᠎ᠪᠠᠷ ᠪᠠᠷᠠᠬᠤ ᠥᠬᠡᠶ ᠬᠥᠭ᠌ᠵᠢᠶᠡᠨ᠎ᠲᠠᠢ ᠪᠣᠯᠭᠠᠬᠤ᠎ᠶ᠋ᠢ ᠱᠠᠭᠠᠷᠳᠠᠵᠤ ᠪᠤᠢ᠃ ᠨᠢᠳᠤᠨᠤᠨ ᠪᠢᠳᠡ ᠬᠥᠬᠡᠮᠳᠦᠭ ᠠᠭᠤᠯᠠ ᠪᠠᠢᠬ᠍ᠰᠠᠨ ᠬᠤᠢᠨ᠎ᠠ ᠲᠠᠷᠤᠢ ᠢᠷᠡᠭᠡᠳᠦᠢ᠎ᠶ᠋ᠢ ᠲᠡᠮᠡᠴᠡᠨ ᠣᠯᠤᠨ᠎ᠠ ᠬᠡᠰᠡᠨ᠂ ᠡᠨᠡ ᠵᠢᠯ ᠪᠢᠳᠡ ᠵᠠᠬ᠎ᠠ ᠳᠡᠯᠭᠡᠭᠦᠷ᠎ᠤᠨ ᠭᠤᠣᠯ ᠴᠣᠭ᠍ᠴᠠ᠎ᠶ᠋ᠢᠨ ᠬᠥᠬᠡᠮᠳᠦᠭ ᠠᠭᠤᠯᠠ᠎ᠢ ᠡᠭᠦᠷᠢᠳᠡ ᠪᠠᠢᠯᠭᠠᠳᠠᠭ ᠯᠡ ᠶᠤᠮ ᠪᠤᠯ ᠠᠮᠢᠵᠢᠷᠠᠯ᠎ᠤᠨ ᠬᠦᠴᠦᠨ᠎ᠢᠶᠠᠷ ᠪᠢᠯᠬᠠᠭᠤᠯᠵᠤ᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠠᠮᠢᠵᠢᠷᠠᠯ᠎ᠤᠨ ᠬᠦᠴᠦᠨ ᠪᠣᠯᠤᠨ ᠤᠶᠠᠨ ᠬᠠᠳᠠᠨ ᠴᠢᠨᠠᠷ᠎ᠢ ᠭᠦᠢᠴᠡᠳ ᠢᠯᠡᠷᠡᠭᠦᠯᠵᠤ ᠴᠢᠳᠠᠬᠤ ᠪᠣᠯᠤᠨ᠎ᠠ ᠬᠡᠵᠤ ᠬᠡᠯᠡᠵᠤ ᠪᠠᠢᠨ᠎ᠠ᠃ ᠡᠢᠮᠦ᠎ᠠᠴᠠ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢ᠎ᠶ᠋ᠢ ᠬᠤᠪᠢᠷᠠᠭᠤᠯᠬᠤ᠎ᠳᠤ ᠵᠠᠬ᠎ᠠ ᠳᠡᠯᠭᠡᠭᠦᠷ᠎ᠤᠨ ᠭᠤᠣᠯ ᠴᠣᠭ᠍ᠴᠠ᠎ᠶ᠋ᠢᠨ ᠪᠠᠢᠪᠠᠰᠤ ᠵᠣᠬᠢᠬᠤ ᠡᠷᠬᠡ᠎ᠶ᠋ᠢ ᠲᠡᠳᠡᠨ᠎ᠳᠤ ᠥᠭ᠌ᠴᠦ᠂ ᠲᠡᠳᠡᠨ᠎ᠢᠶᠠᠷ ᠡᠨᠡᠬᠦ᠌ ᠡᠷᠬᠡ᠎ᠶ᠋ᠢᠨ ᠦᠢᠯᠡᠳᠦᠯ᠎ᠢ ᠪᠠᠳᠠᠷᠠᠭᠤᠯᠤᠭᠤᠯᠬᠤ᠎ᠨᠢ ᠴᠢᠬᠤᠯᠠ᠃ ᠬᠢᠨᠠᠨ ᠵᠥᠪᠱᠢᠶᠡᠷᠡᠬᠦ᠌ ᠭᠤᠭ᠍ᠴᠤᠭ᠎ᠠ᠎ᠳᠤ᠂ ᠪᠢᠳᠡ ᠦᠷᠭᠦᠯᠵᠢᠯᠡᠨ ᠭᠤᠭ᠍ᠴᠤᠭ᠎ᠠ᠎ᠶ᠋ᠢ ᠪᠠᠭᠠᠰᠭᠠᠵᠤ᠂ ᠮᠠᠲ᠋ᠧᠷᠢᠶᠠᠯ᠎ᠢ ᠪᠠᠭᠠᠰᠭᠠᠵᠤ᠂ ᠵᠠᠷᠤᠳᠠᠯ᠎ᠢ ᠪᠠᠭᠠᠰᠭᠠᠵᠤ᠂ ᠬᠦᠢᠴᠡᠳᠭᠡᠬᠦ᠌ ᠴᠠᠭ᠎ᠤᠨ ᠬᠢᠵᠠᠭᠠᠷ᠎ᠢ ᠪᠤᠭᠤᠨᠢᠰᠭᠠᠨ᠎ᠠ᠃ ᠨᠢᠭᠡ ᠲᠠᠯ᠎ᠠ᠎ᠪᠠᠷ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢᠨ ᠳᠠᠷᠤᠭᠠᠰᠤ᠎ᠶ᠋ᠢ ᠬᠥᠩᠭᠡᠷᠡᠭᠦᠯᠵᠦ᠍᠂ ᠨᠥᠭᠦᠭᠡ ᠲᠠᠯ᠎ᠠ᠎ᠪᠠᠷ ᠲᠡᠳᠡᠨ᠎ᠤ ᠬᠦᠯᠢᠶᠡᠰᠦ᠎ᠶ᠋ᠢ ᠠᠯᠳᠠᠷᠠᠭᠠᠵᠤ᠂ ᠵᠣᠷᠢᠭ᠍ᠲᠠᠶ᠎ᠪᠠᠷ ᠤᠴᠢᠵᠤ ᠥᠷᠢᠰᠥᠯᠳᠦᠬᠦ᠌ ᠪᠣᠯᠭᠠᠨ᠎ᠠ᠃

ᠶᠠᠷᠢᠶᠠᠨ ᠦᠭᠡᠢ᠂ ᠥᠷᠢᠰᠥᠯᠳᠦᠬᠡᠨ ᠭᠡᠪᠡᠯ ᠲᠥᠪ ᠭᠤᠣᠯᠴᠢ ᠥᠷᠢᠰᠥᠯᠳᠦᠭᠡᠨ ᠪᠠᠢᠬᠤ ᠬᠡᠷᠡᠭ᠌ᠲᠡᠢ᠂ ᠡᠷᠬᠡᠪᠰᠢ ᠬᠢᠨᠠᠯᠲᠠ ᠬᠠᠮᠢᠶᠠᠷᠤᠯᠲᠠ ᠪᠠᠢᠬᠤ ᠬᠡᠷᠡᠭ᠌ᠲᠡᠢ᠃ ᠬᠠᠮᠢᠶᠠᠷᠤᠯᠳᠠ᠎ᠪᠠᠷ ᠡᠷᠬᠡ ᠲᠡᠭ᠌ᠰᠢ᠎ᠶ᠋ᠢ ᠪᠠᠳᠤᠯᠠᠵᠤ᠂ ᠬᠠᠮᠢᠶᠠᠷᠤᠯᠳᠠ᠎ᠪᠠᠷ ᠲᠥᠪ ᠭᠤᠣᠯᠴᠢ᠎ᠶ᠋ᠢ ᠪᠠᠳᠤᠯᠠᠨ᠎ᠠ᠂ ᠢᠩᠭᠢᠪᠡᠯ ᠰᠠᠶᠢ ᠵᠠᠬ᠎ᠠ ᠳᠡᠯᠭᠡᠭᠦᠷ᠎ᠤᠨ ᠭᠤᠣᠯ ᠴᠣᠭ᠍ᠴᠠ᠎ᠶ᠋ᠢᠨ ᠵᠢᠩᠬᠢᠨᠢ ᠪᠦᠲᠦᠭᠡᠯᠴᠢ ᠴᠢᠳᠠᠪᠤᠷᠢ᠎ᠶ᠋ᠢ ᠢᠯᠡᠷᠡᠭᠦᠯᠵᠦ᠍ ᠴᠢᠳᠠᠨ᠎ᠠ᠃ ᠡᠢᠮᠦ᠎ᠠᠴᠠ ᠪᠢᠳᠡ ᠲᠠᠯᠪᠢᠬᠤ ᠪᠠ ᠬᠠᠮᠢᠶᠠᠷᠬᠤ᠎ᠶ᠋ᠢ ᠵᠡᠷᠭᠡ᠎ᠪᠠᠷ ᠴᠢᠬᠤᠯᠠᠴᠢᠯᠠᠵᠤ᠂ ᠬᠢᠨᠠᠯᠲᠠ ᠬᠠᠮᠢᠶᠠᠷᠤᠯᠲᠠ᠎ᠶ᠋ᠢᠨ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭᠠᠬᠢ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠬᠤ ᠬᠡᠷᠡᠭ᠌ᠲᠡᠢ᠂ ᠡᠨᠡ ᠪᠣᠯ ᠴᠥᠮ ᠥᠭᠡᠷᠡᠴᠢᠯᠡᠯᠲᠡ ᠮᠥᠨ᠃ ᠪᠢᠳᠡ 《ᠢᠨᠲ᠋ᠧᠷ ᠰᠦᠯᠵᠢᠶ᠎ᠡ +》᠂ ᠡᠳ᠋ ᠪᠠᠷᠠᠭᠠᠨ ᠬᠦᠢᠯᠬᠡᠬᠡ ᠵᠡᠷᠭᠡ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢ ᠳᠡᠮᠵᠢᠨ᠎ᠡ᠂ ᠭᠡᠪᠡᠴᠦ᠍ ᠬᠠᠭᠤᠷᠴᠤ᠌ ᠮᠡᠬᠡᠯᠡᠬᠦ᠂ ᠬᠠᠭᠤᠷᠮᠠᠭ᠎ᠢᠶᠠᠷ ᠵᠤᠬᠢᠶᠠᠵᠤ ᠢᠲᠡᠭᠡᠮᠵᠢ᠎ᠪᠠᠨ ᠠᠯᠳᠠᠬᠤ᠂ ᠡᠰᠡᠬᠦᠯ᠎ᠡ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢᠨ ᠨᠡᠷ᠎ᠡ᠎ᠶ᠋ᠢ ᠠᠱᠢᠬ᠍ᠯᠠᠨ ᠮᠡᠬᠡᠯᠡᠬᠦ᠂ ᠬᠠᠤᠯᠢ ᠪᠤᠰᠤ᠎ᠪᠠᠷ ᠪᠠᠯᠠ ᠬᠤᠷᠠᠮᠳᠤᠭᠤᠯᠬᠤ ᠠᠵᠢᠯᠯᠠᠭ᠎ᠠ᠎ᠳᠤ ᠡᠷᠡᠰ ᠴᠣᠬᠢᠯᠲᠠ ᠥᠭ᠌ᠬᠦ ᠬᠡᠷᠡᠭ᠌ᠲᠡᠶ᠂ ᠤᠴᠢᠷ᠎ᠨᠢ ᠡᠳᠡᠬᠡᠷ ᠠᠵᠢᠯᠯᠠᠭ᠎ᠠ᠎ᠨᠢ ᠵᠠᠬ᠎ᠠ ᠳᠡᠯᠭᠡᠭᠦᠷ᠎ᠢ ᠰᠠᠮᠠᠭᠤᠷᠠᠭᠤᠯᠤᠨ᠎ᠠ᠂ ᠲᠥᠪ ᠭᠤᠤᠯᠴᠢ ᠥᠬᠡᠶ ᠶᠤᠮ ᠪᠣᠯ ᠥᠷᠢᠰᠥᠯᠳᠦᠭᠡᠨ ᠦᠷᠭᠦᠯᠵᠢᠯᠡᠵᠦ᠍ ᠴᠢᠳᠠᠬᠤ ᠥᠬᠡᠶ᠂ ᠲᠠᠷᠤᠢ ᠨᠠᠩ ᠴᠢᠩᠭ᠎ᠠ ᠠᠮᠢᠵᠢᠷᠠᠯ᠎ᠤᠨ ᠬᠦᠴᠦᠨ᠎ᠢ ᠢᠯᠡᠷᠡᠭᠦᠯᠵᠦ᠍ ᠴᠢᠳᠠᠬᠤ ᠥᠬᠡᠶ ᠶᠤᠮ᠃

ᠵᠠᠰᠠᠭ᠎ᠤᠨ ᠣᠷᠳᠣᠨ᠎ᠠᠴᠠ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠪᠠᠨ ᠪᠠᠰᠠ ᠤᠯᠠᠮ ᠴᠢᠨᠠᠭ᠍ᠰᠢᠳᠠ ᠱᠢᠯᠢᠳᠡᠭ᠌ᠵᠢᠭᠦᠯᠵᠦ᠍᠂ ᠠᠵᠤ ᠠᠬᠤᠢᠯᠠᠯ᠎ᠤᠨ ᠶᠠᠰᠤ ᠴᠢᠨᠠᠷ᠎ᠢ ᠴᠢᠬᠤᠯᠠᠴᠢᠯᠠᠨ᠂ ᠦᠨᠡᠨᠴᠢ ᠢᠲᠡᠭᠡᠮᠵᠢ᠎ᠶ᠋ᠢ ᠪᠠᠷᠢᠮᠲᠠᠯᠠᠵᠤ᠂ ᠨᠠᠷᠢᠯᠢᠭ ᠨᠢᠮᠪᠠᠢ ᠠᠵᠢᠯᠯᠠᠨ ᠦᠢᠯᠡᠳᠬᠦᠨ᠎ᠤ ᠪᠠ ᠦᠢᠯᠡᠴᠢᠯᠡᠭᠡᠨ᠎ᠤ ᠦᠷᠢᠰᠦᠯᠳᠦᠬᠦ᠌ ᠬᠦᠴᠦᠨ᠎ᠢᠶᠠᠨ ᠳᠡᠭᠡᠭ᠌ᠰᠢᠯᠡᠭᠦᠯᠬᠦ᠌ ᠣᠷᠴᠢᠨ ᠲᠣᠭᠤᠷᠢᠨ᠎ᠢ ᠪᠤᠢ ᠪᠣᠯᠭᠠᠵᠤ ᠦᠭ᠌ᠬᠦ ᠬᠡᠷᠡᠭ᠌ᠳᠡᠢ᠃ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠲᠤᠮᠳᠠ ᠲᠡᠳᠡᠭᠡᠷ ᠠᠵᠤ ᠠᠬᠤᠢᠯᠠᠯ᠂ ᠠᠷᠠᠳ ᠣᠯᠠᠨ᠎ᠤ ᠪᠠᠢᠩᠭᠤ  ᠭᠦᠢᠴᠡᠳᠭᠡᠬᠦ᠌  ᠵᠦᠢᠯᠡᠰ᠎ᠢ ᠰᠦᠯᠵᠢᠶᠡᠨ ᠳᠡᠭᠡᠷ᠎ᠡ ᠭᠦᠶᠴᠡᠳᠭᠡᠬᠦ᠂ ᠭᠠᠷ ᠤᠳᠠᠰᠤᠨ ᠳᠡᠭᠡᠷ᠎ᠡ ᠭᠦᠶᠴᠡᠳᠭᠡᠬᠦ᠂ ᠨᠢᠭᠡ ᠯᠡ ᠤᠳᠠᠭ᠎ᠠ᠎ᠳᠤ ᠭᠦᠢᠴᠡᠳᠭᠡᠬᠦ᠌᠎ᠶ᠋ᠢ ᠴᠢᠷᠮᠠᠢᠨ ᠪᠡᠶᠡᠯᠡᠬᠦᠯᠵᠤ᠂ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢ ᠨᠠᠩ ᠴᠢᠩᠭ᠎ᠠ ᠠᠮᠢᠵᠢᠷᠠᠯ᠎ᠤᠨ ᠬᠦᠴᠦᠨ᠎ᠲᠠᠢ᠂ ᠨᠡᠢᠭᠡᠮ᠎ᠢ ᠨᠠᠩ ᠪᠦᠲᠦᠭᠡᠯᠴᠢ ᠴᠢᠳᠡᠪᠦᠷᠢ᠎ᠲᠠᠢ ᠪᠣᠯᠭᠠᠬᠤ ᠬᠡᠷᠡᠭ᠌ᠳᠡᠢ᠃

ᠲᠠᠢᠸᠠᠨ᠎ᠤ ᠷᠠᠳᠢᠣ᠋ ᠤᠳᠤᠨ ᠲᠧᠯᠸᠢᠰ ᠬᠤᠷᠢᠶ᠎ᠠ᠎ᠶ᠋ᠢᠨ ᠰᠤᠷᠪᠤᠯᠵᠢᠯᠠᠬ᠍ᠴᠢ᠄ ᠡᠨᠡ ᠵᠢᠯ᠎ᠤᠨ ᠡᠭᠢᠨ᠎ᠳᠤ᠂ ᠲᠠᠢᠸᠠᠨ᠎ᠤ ᠲᠠᠯ᠎ᠠ᠎ᠠᠴᠠ ᠡᠭᠡ ᠬᠠᠭᠤᠷᠠᠢ᠎ᠲᠠᠢ ᠬᠢᠵᠢᠭ᠎ᠤᠨ ᠪᠠᠢᠳᠠᠯ᠎ᠤᠨ ᠲᠠᠷᠠᠭᠠᠬᠢ ᠴᠠᠬ ᠦᠶ᠎ᠠ᠎ᠳᠤ ᠶᠠᠪᠤᠯᠴᠠᠭ᠎ᠠ᠎ᠪᠠᠨ ᠰᠡᠷᠭᠦᠭᠡᠭᠦ᠎ᠶ᠋ᠢ ᠬᠦᠰᠡᠵᠦ᠍ ᠪᠠᠢᠬᠤ᠎ᠪᠠᠨ ᠢᠯᠡᠷᠭᠡᠢᠯᠡᠪᠡ᠃ ᠡᠭᠦᠨ᠎ᠤ ᠬᠠᠮᠳᠤ᠂ ᠬᠤᠶᠠᠷ ᠡᠷᠭᠢ᠎ᠶ᠋ᠢᠨ ᠬᠠᠷᠢᠴᠠᠭ᠎ᠠ ᠤᠳᠤᠬᠠᠨ᠎ᠳᠤ ᠡᠶᠡᠰᠭᠦ᠌ ᠪᠠᠢᠳᠠᠯ ᠬᠠᠷᠠᠭ᠍ᠳᠠᠭᠠᠳᠤᠢ ᠪᠠᠢᠨ᠎ᠠ᠂ ᠡᠭᠡ ᠬᠠᠭᠤᠷᠠᠢ᠎ᠶ᠋ᠢᠨ ᠲᠠᠯ᠎ᠠ᠎ᠠᠴᠠ ᠡᠭᠦᠨ᠎ᠢ ᠬᠡᠷᠭᠢᠨ ᠦᠵᠡᠵᠦ᠍ ᠪᠠᠢᠬᠤ ᠪᠤᠢ? ᠢᠷᠡᠭᠡᠳᠦᠢ᠎ᠳᠤ ᠬᠡᠷᠭᠢᠨ ᠬᠢᠬᠦ᠌ ᠪᠤᠢ?

ᠯᠢ ᠺᠧ ᠴᠢᠶᠠᠩ᠄ ᠪᠢᠳᠡᠨ᠎ᠤ ᠲᠠᠢᠸᠠᠨ᠎ᠳᠤ ᠠᠪᠴᠤ᠌ ᠪᠠᠢᠭ᠎ᠠ ᠴᠢᠭ᠌ᠯᠡᠯᠳᠡ ᠪᠤᠳᠤᠯᠭ᠎ᠠ ᠪᠤᠯ ᠢᠮᠠᠬ᠍ᠳᠠ᠎ᠶ᠋ᠢᠨ ᠮᠦᠷᠳᠡᠭᠡᠨ ᠮᠠᠰᠢ ᠲᠤᠳᠤᠷᠬᠠᠢ ᠶᠤᠮ᠂ ᠲᠠᠷᠤᠢ ᠨᠢᠭᠡ ᠲᠤᠮᠳᠡᠳᠤ ᠤᠯᠤᠰ᠎ᠤᠨ ᠵᠠᠷᠴᠢᠮ ᠪᠠ 《ᠶᠡᠷᠡᠨ ᠬᠤᠶᠠᠷ ᠤᠨ᠎ᠤ ᠬᠠᠮᠳᠤ᠎ᠶ᠋ᠢᠨ ᠲᠠᠨᠢᠯᠳᠠ》 ᠎ᠶ᠋ᠢ ᠪᠠᠷᠢᠮᠳᠠᠯᠠᠨ᠎ᠠ᠃ ᠡᠨᠡ ᠬᠦ᠌ ᠤᠷᠢᠳᠠᠯ ᠲᠤᠤᠷ᠎ᠠ᠂ ᠪᠢᠳᠡ ᠲᠠᠢᠸᠠᠨ᠎ᠤ ᠶᠠᠮᠠᠷᠪᠠ ᠲᠦᠷᠦ᠎ᠶ᠋ᠢᠨ ᠨᠠᠮ᠂ ᠪᠦᠯᠭᠦᠮ ᠪᠢᠳᠠᠨ᠎ᠲᠠᠢ ᠶᠠᠪᠤᠯᠴᠠᠬᠤ᠎ᠶ᠋ᠢ ᠪᠠᠶᠠᠷᠯᠡᠨ ᠤᠬ᠍ᠳᠤᠬᠤ ᠮᠦᠷᠳᠡᠭᠡᠨ ᠲᠠᠢᠸᠠᠨ᠎ᠤ ᠡᠯ᠎ᠠ ᠨᠠᠮ ᠪᠦᠯᠦᠭ ᠪᠦᠯᠭᠦᠮ᠎ᠤᠨ ᠬᠦᠮᠦᠰ ᠲᠠᠢᠸᠠᠨ ᠬᠤᠭᠤᠯᠠᠢ᠎ᠶ᠋ᠢᠨ ᠬᠤᠶᠠᠷ ᠬᠥᠪᠡᠭᠡ ᠪᠠ ᠦᠨᠳᠤᠰᠤᠳᠡᠨ᠎ᠤ ᠢᠷᠡᠭᠡᠳᠦᠢ᠎ᠶ᠋ᠢᠨ ᠲᠤᠬᠠᠢ ᠪᠢᠳᠡᠨ᠎ᠲᠠᠢ ᠶᠠᠷᠢᠯᠴᠠᠭ᠎ᠠ ᠭᠢᠭᠦ᠎ᠶ᠋ᠢ ᠪᠠᠶᠠᠷᠯᠨᠨ ᠤᠬ᠍ᠳᠤᠨ᠎ᠠ᠃

ᠪᠢᠳᠡ ᠲᠠᠢᠸᠠᠨ ᠬᠤᠭᠤᠯᠠᠢ᠎ᠶ᠋ᠢᠨ ᠬᠤᠶᠠᠷ ᠬᠥᠪᠡᠬᠡᠨ᠎ᠤ ᠬᠠᠷᠢᠴᠠᠭ᠎ᠠ᠎ᠶ᠋ᠢᠨ ᠡᠩᠭᠡ ᠲᠠᠢᠪᠤᠡᠭ ᠬᠦᠭ᠌ᠵᠢᠯᠳᠠ ᠪᠠ ᠡᠭᠡ ᠤᠯᠤᠰ᠎ᠤᠨ ᠨᠢᠭᠡᠳᠤᠯ᠎ᠢ ᠠᠬᠢᠭᠤᠯᠬᠤ᠎ᠶ᠋ᠢ ᠪᠠᠷᠢᠮᠳᠠᠯᠠᠵᠦ᠍᠂ ᠶᠠᠮᠠᠷᠪᠠ ᠬᠡᠯᠪᠡᠷᠢ᠎ᠶ᠋ᠢᠨ 《ᠲᠠᠢᠸᠠᠨ᠎ᠢ ᠲᠤᠰᠠᠭᠠᠷᠯᠠᠬᠤ》 ᠬᠠᠭᠠᠴᠠᠭᠤᠯᠬᠤ ᠠᠵᠢᠯᠯᠠᠭ᠎ᠠ᠎ᠶ᠋ᠢ ᠡᠰᠡᠷᠭᠦᠴᠡᠭᠦ᠌ ᠪᠦᠭᠡᠳ ᠭᠠᠳᠠᠭᠠᠳᠤ ᠬᠦᠴᠤᠨ᠎ᠤ ᠭᠠᠷ ᠲᠦᠷᠦᠭᠦ᠎ᠶ᠋ᠢ ᠴᠦ᠍ ᠡᠰᠡᠷᠭᠦᠴᠡᠨ᠎ᠠ᠃

ᠪᠢᠳᠡ 《ᠲᠠᠢᠸᠠᠨ ᠬᠤᠭᠤᠯᠠᠢ᠎ᠶ᠋ᠢᠨ ᠬᠤᠶᠠᠷ ᠬᠥᠪᠡᠭᠡ᠎ᠪᠠᠷ᠎ᠢᠶᠠᠨ ᠨᠢᠭᠡ ᠭᠡᠷ ᠮᠡᠳᠤ ᠲᠤᠳᠤᠨᠤ》 ᠤᠢ᠍ᠢᠯᠠᠭᠠᠬ᠍ᠳᠠᠬᠤᠨ᠎ᠢ ᠢᠮᠠᠬ᠍ᠳᠠ ᠪᠠᠷᠢᠮᠳᠠᠯᠠᠨ᠎ᠠ᠃ ᠡᠨᠡ ᠭᠡᠳᠤᠨ ᠵᠢᠯ᠎ᠳᠤ ᠲᠠᠢᠸᠠᠨ᠎ᠤ ᠠᠵᠦ᠍ ᠠᠬᠤᠢ᠍ᠢᠯᠠᠯ ᠲᠠᠢᠸᠠᠨ᠎ᠤ ᠠᠬ᠎ᠠ ᠲᠡᠭᠦᠦ ᠨᠠᠷ᠎ᠲᠤ ᠠᠱᠢᠭ ᠬᠦᠷᠳᠡᠭᠡᠭᠦ᠌ ᠮᠠᠰᠢ ᠤᠯᠠᠨ ᠲᠦᠷᠦ᠎ᠶ᠋ᠢᠨ ᠪᠤᠳᠤᠯᠭ᠎ᠠ᠎ᠶ᠋ᠢ ᠲᠤᠭ᠍ᠳᠠᠭᠠᠵᠦ᠍᠂ ᠴᠦᠭᠡᠨ ᠪᠤᠰᠤ ᠲᠠᠢᠸᠠᠨ᠎ᠤ ᠠᠵᠦ᠍ ᠠᠬᠤᠢ᠍ᠢᠯᠠᠯ ᠪᠠ ᠲᠠᠢᠸᠠᠨ᠎ᠤ ᠠᠬ᠎ᠠ ᠲᠡᠭᠦᠦ ᠨᠠᠷ ᠡᠭᠦᠨ᠎ᠠᠴᠠ ᠠᠱᠢᠭ ᠬᠦᠷᠳᠡᠪᠡ᠃ ᠪᠢᠳᠡ ᠦᠷᠭᠦᠯᠵᠢᠯᠠᠨ ᠲᠠᠢᠸᠠᠨ᠎ᠤ ᠠᠬ᠎ᠠ ᠲᠡᠭᠦᠦ ᠨᠠᠷ᠎ᠲᠠᠢ ᠡᠭᠡ ᠬᠠᠭᠤᠷᠠᠢ᠎ᠶ᠋ᠢᠨ ᠬᠦᠭ᠌ᠵᠢᠯᠳᠠ᠎ᠶ᠋ᠢᠨ ᠲᠤᠬᠢᠶᠠᠯ᠎ᠢ ᠬᠤᠪᠢᠶᠠᠯᠴᠠᠵᠦ᠍᠂ ᠬᠤᠶᠠᠷ ᠡᠷᠬᠢ᠎ᠶ᠋ᠢᠨ ᠠᠭᠤᠰᠤᠯᠴᠠᠨ ᠬᠦᠭ᠌ᠵᠢᠭᠦ᠎ᠶ᠋ᠢ ᠦᠷᠭᠦᠯᠵᠢᠯᠠᠨ ᠠᠬᠢᠭᠤᠯᠤᠨ᠎ᠠ᠃

ᠠᠷᠠᠳ᠎ᠤᠨ ᠡᠳᠦᠷ᠎ᠤᠨ ᠰᠤᠨᠢᠨ᠎ᠤ ᠰᠤᠷᠪᠤᠯᠵᠢᠯᠠᠬ᠍ᠴᠢ᠄ ᠬᠢᠵᠢᠭ᠎ᠤᠨ ᠪᠠᠢᠳᠠᠯ ᠵᠡᠷᠭᠡ ᠡᠯᠧᠮᠧᠨ᠋ᠲ᠎ᠤᠨ ᠨᠦᠯᠦᠭᠡ᠎ᠠᠴᠠ ᠪᠤᠯᠵᠦ᠍᠂ ᠠᠷᠠᠳ᠎ᠤᠨ ᠠᠮᠢᠳᠤᠷᠠᠯ᠎ᠤᠨ ᠬᠦᠷᠢᠶ᠎ᠠ ᠴᠠᠷᠠᠭ᠎ᠠ᠎ᠳᠤ ᠵᠠᠷᠢᠮ ᠬᠦᠴᠢᠷ ᠠᠰᠠᠭᠤᠳᠠᠯ ᠲᠤᠯᠭᠠᠷᠠᠪᠠ᠂ ᠵᠢᠱ᠌ᠢᠶᠡᠯᠡᠪᠡᠯ᠂ ᠡᠪᠡᠳᠴᠢᠨ ᠡᠮᠭᠡᠭ ᠦᠵᠡᠬᠦᠯᠬᠦ᠂ ᠦᠷ᠎ᠠ ᠬᠡᠤᠭᠡᠳ᠎ᠤᠨ ᠰᠤᠷᠭᠠᠨ ᠬᠦᠮᠦᠵᠢᠯ᠂ ᠨᠠᠰᠤᠳᠠᠨ᠎ᠢ ᠠᠰᠠᠷᠠᠵᠦ᠍ ᠨᠢᠯᠬᠠᠰ᠎ᠢ ᠨᠠᠢᠳᠠᠨ ᠠᠰᠠᠷᠠᠬᠤ ᠵᠡᠷᠭᠡ᠎ᠨᠢ ᠮᠠᠨ᠎ᠤ ᠤᠯᠤᠰ᠎ᠤᠨ ᠠᠵᠦ᠍ ᠠᠬᠤᠢ ᠨᠡᠢᠭᠡᠮ᠎ᠤᠨ ᠬᠦᠭ᠌ᠵᠢᠯᠳᠠ᠎ᠶ᠋ᠢᠨ ᠲᠤᠳᠠᠭᠤᠳᠠᠯ ᠪᠤᠯᠵᠦ᠍᠂ ᠤᠯᠠᠨ ᠲᠦᠮᠡᠨ᠎ᠤ ᠬᠦᠷᠳᠡᠮᠵᠢ᠎ᠶ᠋ᠢᠨ ᠲᠦᠷᠦᠭ᠌ᠳᠡᠯ ᠪᠠ ᠵᠤᠯ ᠵᠢᠷᠭᠠᠯᠳᠤ ᠲᠦᠷᠦᠭ᠌ᠳᠡᠯ᠎ᠢ ᠨᠦᠯᠦᠭᠡᠯᠡᠪᠡ᠃ ᠵᠠᠰᠠᠬ᠎ᠤᠨ ᠤᠷᠳᠤᠨ ᠠᠯᠢ ᠭᠡᠲᠦᠨ ᠲᠠᠯ᠎ᠠ᠎ᠠᠴᠠ ᠭᠠᠷᠳᠠᠵᠦ᠍ ᠡᠳᠡᠭᠡᠷ ᠬᠦᠴᠢᠷ ᠠᠰᠠᠭᠤᠳᠠᠯ᠎ᠢ ᠱᠢᠢᠳᠪᠤᠷᠢᠯᠡᠭᠦ᠎ᠪᠠᠷ ᠲᠦᠯᠦᠪᠯᠡᠵᠦ᠍ ᠪᠠᠢᠬᠤ ᠪᠤᠢ?

ᠯᠢ ᠺᠧ ᠴᠢᠶᠠᠩ᠄ ᠡᠨᠡ ᠵᠢᠯ᠎ᠤᠨ ᠵᠠᠰᠠᠬ᠎ᠤᠨ ᠤᠷᠳᠤᠨ᠎ᠤ ᠶᠡᠷᠦᠩᠭᠡᠢ ᠵᠠᠷᠤᠯᠭ᠎ᠠ ᠨᠢᠳᠤᠨᠤᠨ᠎ᠠᠴᠠ ᠵᠢᠭᠠᠬᠠᠨ ᠨᠡᠮᠡᠭ᠌ᠳᠡᠪᠡ᠂ ᠬᠡᠪᠴᠢᠶ᠎ᠠ᠎ᠨᠢ ᠪᠠᠭ᠎ᠠ ᠪᠤᠰᠤ᠂ ᠡᠢᠮᠦ᠎ᠠᠴᠠ ᠬᠡᠮᠵᠢᠶ᠎ᠠ᠎ᠨᠢ ᠶᠡᠭᠡ ᠬᠡᠪᠴᠢᠶ᠎ᠠ᠎ᠨᠢ ᠦᠷᠭᠡᠨ ᠪᠠᠢᠭ᠎ᠠ ᠠᠷᠠᠳ᠎ᠤᠨ ᠠᠮᠢᠳᠤᠷᠠᠯ᠎ᠤᠨ ᠬᠦᠷᠢᠶ᠎ᠠ ᠴᠠᠷᠠᠭ᠎ᠠ᠎ᠳᠤ ᠨᠡᠩ ᠶᠡᠭᠡ ᠬᠡᠯᠪᠠᠢᠯᠭᠡᠵᠦ᠍᠂ ᠤᠨᠴᠠᠭᠠᠢᠯᠠᠨ ᠠᠯᠪᠠᠨ ᠵᠢᠷᠤᠮ᠎ᠤᠨ ᠰᠤᠷᠭᠠᠨ ᠬᠦᠮᠦᠵᠢᠯ ᠪᠠ ᠦᠨᠳᠤᠰᠤᠨ ᠡᠮᠴᠢᠯᠡᠭᠡ ᠲᠡᠢᠰᠢ ᠬᠡᠯᠪᠠᠢᠯᠭᠡᠨ᠎ᠠ᠃ ᠬᠡᠷᠪᠡ ᠲᠤᠤᠷ᠎ᠠ ᠬᠠᠭᠠᠰ ᠵᠢᠯ᠎ᠳᠤ ᠠᠵᠦ᠍ ᠠᠬᠤᠢ ᠦᠷᠭᠦᠯᠵᠢᠯᠠᠨ ᠰᠠᠢᠵᠢᠷᠠᠬᠤ᠎ᠳᠤ ᠬᠦᠷᠪᠡᠯ᠂ ᠨᠡᠩ ᠶᠡᠭᠡ ᠬᠦᠴᠤ᠌ ᠤᠷᠤᠭᠤᠯᠵᠦ᠍ ᠪᠠᠢᠭᠠᠳ ᠦᠷᠢ ᠦᠭ᠌ᠴᠡᠭᠡ᠎ᠶ᠋ᠢᠨ ᠵᠠᠷᠤᠯᠭ᠎ᠠ᠎ᠶ᠋ᠢ ᠪᠠᠭ᠍ᠳᠠᠭᠠᠭ᠍ᠰᠠᠠ ᠡᠳ᠋᠎ᠤᠨ ᠵᠠᠰᠠᠬ᠎ᠤᠨ ᠵᠠᠷᠤᠯᠭ᠎ᠠ᠎ᠶ᠋ᠢ ᠡᠳᠡᠭᠡᠷ ᠬᠦᠷᠢᠶ᠎ᠠ ᠴᠠᠷᠠᠭ᠎ᠠ᠎ᠳᠤ ᠤᠷᠤᠭᠤᠯᠤᠨ᠎ᠠ᠃ ᠡᠨᠡ᠎ᠨᠢ ᠲᠤᠬᠠᠢ᠎ᠶ᠋ᠢᠨ ᠵᠢᠯ᠎ᠤᠨ GDP ᠎ᠤᠨ ᠨᠡᠮᠡᠭ᠌ᠳᠡᠯ᠎ᠢ ᠲᠡᠮᠡᠢ ᠶᠡᠭᠡ ᠠᠬᠢᠭᠤᠯᠬᠤ ᠦᠭᠡᠢ ᠪᠠᠢᠵᠦ᠍ ᠮᠠᠭᠠᠳ᠂ ᠬᠡᠪᠡᠴᠤ᠌ ᠠᠯᠤᠰ ᠬᠡᠳᠤ᠎ᠶ᠋ᠢᠨ ᠬᠦᠭ᠌ᠵᠢᠯᠳᠠ᠂ ᠠᠷᠠᠳ᠎ᠤᠨ ᠠᠮᠢᠳᠤᠷᠠᠯ᠎ᠳᠤ ᠠᠱᠢᠭ ᠬᠦᠷᠳᠡᠭᠡᠭᠦ᠎ᠳᠤ ᠲᠤᠯᠭᠠᠭᠤᠷᠢᠯᠠᠬᠤ ᠦᠢᠯᠡᠳᠤᠯ᠎ᠲᠠᠢ᠃ ᠪᠢᠳᠡ ᠠᠷᠠᠳ ᠲᠦᠮᠡᠨ᠎ᠢᠶᠠᠷ ᠭᠤᠤᠯ ᠪᠤᠯᠭᠠᠬᠤ ᠬᠦᠭ᠌ᠵᠢᠯᠳᠠ᠎ᠶ᠋ᠢᠨ ᠦᠵᠡᠯ ᠰᠠᠨᠠᠭ᠎ᠠ᠎ᠶ᠋ᠢ ᠪᠠᠷᠢᠮᠳᠠᠯᠠᠨ᠎ᠠ᠂ ᠡᠨᠡ ᠪᠤᠯ ᠰᠢ᠎ᠶ᠋ᠢᠨ ᠫᠢᠡᠭ᠎ᠤᠨ ᠱᠢᠨ᠎ᠠ ᠴᠠᠭ ᠦᠶ᠎ᠠ᠎ᠶ᠋ᠢᠨ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠴᠢᠬᠤᠯᠠ ᠠᠭᠤᠯᠭ᠎ᠠ ᠮᠦᠨ᠂ ᠠᠷᠠᠳ᠎ᠤᠨ ᠵᠠᠰᠠᠬ᠎ᠤᠨ ᠤᠷᠳᠤᠨ ᠲᠠᠷᠤᠢ ᠠᠷᠠᠳ ᠲᠦᠮᠡᠨ᠎ᠤ ᠬᠦᠰᠡᠯ ᠮᠦᠷᠦᠭᠡᠳᠦᠯ᠎ᠢᠶᠠᠷ ᠵᠠᠰᠠᠬ ᠶᠠᠪᠤᠭᠤᠯᠬᠤ ᠵᠤᠷᠢᠯᠳᠠ᠎ᠪᠠᠨ ᠪᠤᠯᠭᠠᠬᠤ ᠬᠡᠷᠡᠭ᠌ᠳᠡᠢ᠃

ᠰᠤᠷᠭᠠᠨ ᠬᠥᠮᠦᠵᠢᠯ ᠪᠠ ᠡᠷᠡᠭᠦᠯ ᠮᠡᠨᠳᠦ᠎ᠨᠢ ᠭᠡᠷ ᠪᠦᠯᠢ ᠪᠦᠬᠦᠨ᠂ ᠤᠯᠤᠰ ᠪᠠ ᠦᠨᠳᠦᠰᠦᠲᠡᠨ᠎ᠤ ᠢᠷᠡᠭᠡᠳᠦᠶ᠎ᠲᠠᠢ ᠬᠤᠯᠪᠣᠭ᠍ᠳᠠᠨ᠎ᠠ᠃ ᠪᠢ ᠬᠤᠶᠠᠷ ᠬᠤᠷᠠᠯ᠎ᠳᠤ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠦᠶ᠎ᠡ᠎ᠳᠤ᠂ ᠨᠢᠭᠡᠨ ᠳᠤᠮᠳᠠᠳᠤ ᠰᠤᠷᠭᠠᠭᠤᠯᠢ᠎ᠶ᠋ᠢᠨ ᠵᠠᠬᠢᠷᠤᠯ᠂ ᠣᠳᠣᠬᠠᠨ᠎ᠳᠤ ᠱᠢᠶᠠᠨ ᠱᠢᠶᠠᠩ᠎ᠤᠨ ᠳᠤᠮᠳᠠᠳᠤ ᠰᠤᠷᠭᠠᠭᠤᠯᠢ᠎ᠳᠤ ᠪᠠᠰᠠ ᠱᠢᠯᠢᠳᠡᠭ ᠪᠠᠭ᠍ᠰᠢ ᠨᠠᠷ ᠳᠤᠲᠠᠭ᠍ᠳᠠᠵᠤ ᠪᠠᠢᠨ᠎ᠠ᠂ ᠪᠠᠭ᠍ᠰᠢ᠎ᠶ᠋ᠢᠨ ᠬᠦᠯᠦᠰᠦ ᠣᠯᠭᠤᠮᠵᠢ ᠥᠨᠳᠥᠷ ᠪᠢᠰᠢ᠂ ᠰᠤᠷᠤᠯᠭ᠎ᠠ᠎ᠶ᠋ᠢᠨ ᠨᠠᠮᠲᠠᠷ᠎ᠢᠶᠠᠨ ᠳᠡᠭᠡᠭ᠌ᠰᠢᠯᠡᠭᠦᠯᠬᠦ᠌᠎ᠳᠤ ᠮᠠᠰᠢ ᠬᠦᠴᠢᠷᠳᠡᠵᠦ᠍ ᠪᠠᠢᠨ᠎ᠠ ᠭᠡᠪᠡ᠃ ᠡᠨᠡ ᠵᠢᠯ ᠪᠢᠳᠡ ᠵᠣᠷᠢᠭ ᠱᠢᠭᠤᠳᠴᠤ᠌᠂ ᠱᠢᠶᠠᠨ ᠱᠢᠶᠠᠩ᠎ᠤᠨ ᠪᠠᠭ᠍ᠰᠢ ᠨᠠᠷ᠎ᠤᠨ ᠪᠣᠯᠪᠠᠰᠤᠷᠠᠯ᠎ᠳᠠᠬᠢ ᠪᠡᠯᠡ ᠣᠷᠣᠭᠤᠯᠤᠯᠲᠠ᠎ᠪᠠᠨ ᠨᠡᠮᠡᠭ᠌ᠳᠡᠭᠦᠯᠵᠦ᠍᠂ ᠲᠡᠳᠡᠨ᠎ᠤ ᠠᠵᠢᠯ᠎ᠤᠨ ᠪᠠᠢᠷᠢ ᠳᠡᠭᠡᠷ᠎ᠡ᠎ᠪᠠᠨ ᠰᠤᠷᠤᠯᠭ᠎ᠠ᠎ᠶ᠋ᠢᠨ ᠨᠠᠮᠲᠠᠷ᠎ᠢᠶᠠᠨ ᠳᠡᠭᠡᠭ᠌ᠰᠢᠯᠡᠭᠦᠯᠬᠦ᠌᠎ᠳᠤᠨᠢ ᠲᠦᠭᠦᠮ ᠪᠤᠯᠭᠠᠵᠦ᠍᠂ ᠮᠡᠷᠭᠡᠵᠢᠯ᠎ᠤᠨ ᠴᠣᠯᠠ᠎ᠶ᠋ᠢ ᠦᠨᠡᠯᠡᠨ ᠲᠣᠭ᠍ᠲᠠᠭᠠᠬᠤ᠎ᠳᠤᠨᠢ ᠬᠡᠯᠪᠠᠢᠯᠭᠡᠬᠦ᠌ ᠲᠥᠷᠥ᠎ᠶ᠋ᠢᠨ ᠪᠣᠳᠣᠯᠭ᠎ᠠ ᠠᠪᠤᠨ᠎ᠠ᠃ ᠬᠤᠲᠠ᠎ᠳᠤ ᠪᠠᠢᠭ᠎ᠠ ᠬᠥᠯᠥᠰᠥᠨ ᠲᠠᠷᠢᠶᠠᠴᠢᠨ᠎ᠤ ᠦᠷ᠎ᠡ ᠬᠡᠦᠬᠡᠳ ᠣᠷᠣᠱᠢᠨ ᠰᠠᠭᠤᠬᠤ ᠦᠨᠡᠮᠯᠡᠯ ᠣᠯᠬᠤ᠎ᠳᠤ ᠯᠡ ᠬᠦᠷᠪᠡᠯ᠂ ᠲᠡᠳᠡᠨ᠎ᠳᠤ ᠵᠠᠪᠠᠯ ᠰᠤᠷᠭᠠᠨ ᠬᠥᠮᠦᠵᠢᠯ ᠬᠦᠷᠲᠡᠬᠦ᠌ ᠵᠠᠪᠱᠢᠶᠠᠨ ᠣᠯᠭᠤᠬᠤ ᠬᠡᠷᠡᠭ᠌ᠲᠡᠢ᠃ ᠶᠠᠭᠠᠬᠢᠬ᠍ᠰᠠᠨ ᠴᠤ᠌ ᠭᠡᠷ᠎ᠤᠨ ᠠᠮᠢᠳᠤᠷᠠᠯ᠎ᠤᠨ ᠪᠠᠢᠳᠠᠯ᠂ ᠣᠷᠣᠨ ᠪᠦᠰᠡ᠎ᠶ᠋ᠢᠨ ᠠᠳᠠᠯᠢ ᠪᠤᠰᠤ᠎ᠠᠴᠠ ᠪᠣᠯᠵᠤ᠂ ᠬᠡᠦᠬᠡᠳ᠎ᠢ ᠡᠬᠢᠯᠡᠯᠲᠡ᠎ᠶ᠋ᠢᠨ ᠱᠤᠭᠤᠮ ᠳᠡᠭᠡᠷ᠎ᠡ᠎ᠨᠢ ᠢᠯᠠᠭ᠍ᠳᠠᠭᠤᠯᠵᠤ ᠪᠣᠯᠬᠤ ᠦᠭᠡᠢ᠃ ᠲᠣᠬᠢᠶᠠᠯ᠎ᠤᠨ ᠲᠥᠪ ᠭᠤᠣᠯᠴᠢ᠎ᠳᠤ᠂ ᠰᠤᠷᠭᠠᠨ ᠬᠥᠮᠦᠵᠢᠯ᠎ᠤᠨ ᠲᠥᠪ ᠭᠤᠣᠯᠴᠢ ᠪᠣᠯ ᠬᠠᠮᠤᠭ᠎ᠤᠨ ᠶᠡᠭᠡ ᠲᠥᠪ ᠭᠤᠣᠯᠴᠢ ᠪᠤᠯᠬᠤ ᠶᠤᠮ᠃

ᠡᠷᠡᠭᠦᠯ ᠮᠡᠨᠲᠦ ᠪᠣᠯ ᠵᠣᠯ ᠵᠢᠷᠭᠠᠯ᠎ᠤᠨ ᠰᠠᠭᠤᠷᠢ᠂ ᠮᠦᠨ ᠴᠤ᠌ ᠦᠢᠯᠡᠳᠪᠦᠷᠢᠯᠡᠯ᠎ᠤᠨ ᠬᠦᠴᠦᠨ ᠮᠦᠨ᠃ ᠣᠳᠣᠬᠠᠠ᠎ᠳᠤ ᠱᠢᠶᠠᠨ ᠱᠢᠶᠠᠩ᠎ᠤᠨ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ ᠪᠠ ᠬᠦᠴᠦᠨ ᠪᠠᠰᠠ ᠨᠡᠯᠢᠶᠡᠳ ᠪᠠᠭᠤᠷᠠᠶ ᠪᠠᠢᠵᠤ᠂ ᠤᠯᠠᠩᠬᠢ ᠬᠥᠮᠦᠰ ᠡᠪᠡᠳᠴᠢᠯᠡᠪᠡᠯ ᠶᠡᠭᠡ ᠬᠤᠲᠠ᠎ᠶ᠋ᠢᠨ ᠲᠣᠮᠣ ᠡᠮᠨᠡᠯᠭᠡ ᠵᠦ᠍ᠭ ᠭᠦᠶᠦᠳᠡᠭ ᠪᠤᠯᠪᠠ᠃ ᠡᠨᠡ ᠵᠢᠯ ᠪᠢᠳᠡ ᠣᠯᠠᠨ ᠵᠦᠶᠯ᠎ᠤᠨ ᠠᠷᠭ᠎ᠠ ᠬᠡᠮᠵᠢᠶ᠎ᠡ ᠠᠪᠴᠦ᠍ ᠱᠢᠶᠠᠨ ᠱᠢᠶᠠᠩ᠎ᠤᠨ ᠡᠮᠨᠡᠯᠭᠡ᠎ᠶ᠋ᠢᠨ ᠬᠤᠷᠢᠶ᠎ᠠ᠂ ᠡᠷᠡᠭᠦᠯ ᠬᠠᠮᠠᠭᠠᠯᠠᠯ᠎ᠤᠨ ᠬᠤᠷᠢᠶ᠎ᠠ᠎ᠳᠠᠬᠢ ᠪᠡᠯᠡ ᠣᠷᠣᠭᠤᠯᠤᠯᠲᠠ᠎ᠪᠠᠨ ᠨᠡᠮᠡᠭ᠌ᠳᠡᠭᠦᠯᠵᠦ᠍᠂ ᠡᠭᠦᠳᠡᠨ ᠡᠮᠨᠡᠯᠭᠡ᠎ᠶ᠋ᠢᠨ ᠡᠮᠨᠡᠯᠭᠡ᠎ᠶ᠋ᠢᠨ ᠳᠠᠭᠠᠳᠭᠠᠯ᠎ᠤᠨ ᠲᠠᠩᠰᠠ ᠲᠠᠢᠯᠬᠤ ᠬᠡᠪᠴᠢᠶ᠎ᠡ ᠪᠠ ᠡᠩ᠎ᠤᠨ ᠡᠪᠡᠳᠴᠢᠨ᠎ᠤ ᠡᠮ᠎ᠤᠨ ᠵᠦᠢᠯ᠎ᠤᠨ ᠲᠠᠩᠰᠠ ᠲᠠᠢᠯᠬᠤ ᠬᠡᠪᠴᠢᠶ᠎ᠡ᠎ᠶ᠋ᠢ ᠥᠷᠭᠡᠳᠭᠡᠬᠦ᠂ ᠡᠮ᠎ᠤᠨ ᠵᠦᠢᠯ ᠪᠠ ᠡᠮᠴᠢᠯᠡᠭᠡᠨ᠎ᠤ ᠥᠨᠳᠥᠷ ᠥᠷᠲᠡᠭ᠎ᠲᠠᠢ ᠬᠤᠷᠣᠭ᠍ᠳᠠᠯᠳᠦ ᠮᠠᠲ᠋ᠧᠷᠢᠶᠠᠯ᠎ᠤᠨ ᠦᠨ᠎ᠡ ᠬᠠᠩᠰᠢ᠎ᠶ᠋ᠢ ᠪᠠᠭᠤᠷᠠᠭᠤᠯᠬᠤ ᠵᠡᠷᠭᠡ ᠲᠠᠯ᠎ᠠ᠎ᠪᠠᠷ ᠴᠥᠮ ᠣᠯᠠᠨ ᠲᠦᠮᠡᠨ᠎ᠳᠤ ᠦᠨᠡᠨ ᠬᠦ᠌ ᠮᠡᠳᠡᠷᠡᠭᠦᠯᠬᠦ᠌ ᠠᠷᠭ᠎ᠠ ᠬᠡᠮᠵᠢᠶ᠎ᠡ᠎ᠶ᠋ᠢ ᠠᠪᠤᠨ᠎ᠠ᠃ ᠥᠭᠡᠷ᠎ᠡ᠎ᠪᠠᠷ ᠬᠡᠯᠡᠪᠡᠯ᠂ ᠤᠯᠠᠨ ᠲᠦᠮᠡᠨ᠎ᠤ ᠡᠪᠡᠳᠴᠢᠨ ᠦᠵᠡᠭᠦᠯᠬᠦ᠌᠎ᠳᠤ ᠢᠯᠡᠭᠦᠬᠡᠨ ᠲᠦᠬᠦᠮ ᠦᠵᠡᠭᠦᠯᠵᠦ᠍᠂ ᠡᠪᠡᠳᠴᠢᠨ ᠵᠠᠰᠠᠬᠤ ᠳᠠᠷᠤᠭᠠᠰᠤ᠎ᠶ᠋ᠢ᠎ᠨᠢ ᠪᠠᠭᠤᠷᠠᠭᠤᠯᠤᠨ᠎ᠠ᠃ ᠡᠨᠡ᠎ᠨᠢ ᠪᠠᠰᠠ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠦᠷ᠎ᠡ ᠪᠦᠲᠦᠭᠡᠯ᠎ᠢ ᠪᠠᠬᠢᠵᠢᠭᠦᠯᠬᠦ᠂ ᠡᠪᠡᠳᠴᠢᠨ ᠡᠮᠭᠡᠭ᠎ᠠᠴᠠ ᠪᠤᠯᠵᠤ ᠲᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌᠎ᠳᠤ ᠠᠱᠢᠭ᠍ᠲᠠᠢ ᠶᠤᠮ᠃

ᠨᠠᠰᠤᠲᠠᠨ᠎ᠢ ᠠᠰᠠᠷᠠᠵᠤ ᠨᠢᠯᠬᠠᠰ᠎ᠢ ᠨᠠᠢᠳᠠᠨ ᠠᠰᠠᠷᠠᠭᠤᠯᠬᠤ ᠲᠠᠯ᠎ᠠ᠎ᠪᠠᠷ᠂ ᠵᠠᠰᠠᠭ᠎ᠤᠨ ᠣᠷᠳᠣᠨ ᠪᠠᠰᠠ ᠨᠡᠢᠭᠡᠮ᠎ᠤᠨ ᠬᠦᠴᠦᠨ᠎ᠢ ᠬᠥᠲᠥᠯᠥᠨ ᠵᠢᠯᠣᠭᠤᠳᠭᠤ᠎ᠪᠠᠷ ᠳᠠᠮᠵᠢᠨ ᠨᠡᠢᠭᠡᠮ ᠲᠣᠭᠤᠷᠢᠭ᠎ᠤᠨ ᠦᠢᠯᠡᠴᠢᠯᠡᠭᠡᠨ᠎ᠤ ᠦᠢᠯᠡᠰ᠎ᠢ ᠡᠷᠬᠢᠯᠡᠵᠦ᠍᠂ ᠭᠠᠢᠯᠢ ᠵᠡᠷᠭᠡ ᠲᠠᠯ᠎ᠠ᠎ᠪᠠᠷ ᠠᠯᠢ ᠴᠢᠳᠠᠬᠤ᠎ᠪᠠᠷ ᠬᠠᠷᠠᠭᠠᠯᠵᠠᠯ ᠳᠡᠮᠵᠢᠯᠭᠡ ᠦᠵᠡᠭᠦᠯᠵᠦ᠍᠂ ᠭᠡᠷ ᠪᠦᠯᠢ᠎ᠶ᠋ᠢᠨ ᠨᠠᠰᠤᠲᠠᠨ᠎ᠢ ᠠᠰᠠᠷᠠᠵᠤ ᠨᠢᠯᠬᠠᠰ᠎ᠢ ᠨᠠᠢᠳᠠᠨ ᠠᠰᠠᠷᠠᠭᠤᠯᠬᠤ ᠲᠠᠯ᠎ᠠ᠎ᠪᠠᠷ᠎ᠬᠢ ᠳᠠᠷᠤᠭᠠᠰᠤ᠎ᠶ᠋ᠢ᠎ᠨᠢ ᠪᠠᠭ᠍ᠠᠨ ᠬᠥᠩᠭᠡᠷᠡᠭᠦᠯᠬᠦ᠌᠎ᠪᠠᠷ ᠪᠠᠷᠠᠬᠤ ᠦᠭᠡᠶ᠂ ᠬᠠᠢᠷ᠎ᠠ ᠬᠠᠯᠠᠮᠵᠢ᠎ᠶ᠋ᠢ ᠢᠯᠡᠭᠦᠬᠡᠨ ᠬᠦᠷᠲᠡᠭᠡᠨ᠎ᠡ᠃ ᠪᠠᠭ᠍ᠴᠠᠯᠠᠭᠠᠳ ᠬᠡᠯᠡᠪᠡᠯ᠂ ᠠᠷᠠᠳ᠎ᠤᠨ ᠠᠮᠢᠳᠤᠷᠠᠯ᠎ᠤᠨ ᠲᠠᠯ᠎ᠠ᠎ᠪᠠᠷ᠎ᠬᠢ ᠤᠴᠢᠷ ᠶᠠᠪᠤᠳᠠᠯ ᠮᠠᠰᠢ ᠤᠯᠠᠨ ᠪᠠᠢᠨ᠎ᠠ᠂ ᠪᠢᠳᠡ ᠬᠥᠭ᠌ᠵᠢᠯᠲᠡ᠎ᠶ᠋ᠢᠨ ᠳᠤᠮᠳᠠ᠎ᠪᠠᠨ ᠠᠷᠠᠳ᠎ᠤᠨ ᠠᠮᠢᠳᠤᠷᠠᠯ᠎ᠢ ᠦᠷᠭᠦᠯᠵᠢᠯᠡᠨ ᠰᠠᠢᠵᠢᠷᠠᠭᠤᠯᠤᠨ᠎ᠠ᠃ ᠪᠢᠳᠡ ᠤᠳᠤ ᠥᠷᠭᠡᠨ᠎ᠢᠶᠠᠷ ᠬᠠᠮᠤᠷᠬᠤ᠂ ᠦᠨᠳᠦᠰᠦᠨ ᠵᠦᠢᠯ᠎ᠢ ᠪᠠᠲᠤᠯᠠᠬᠤ ᠨᠡᠢᠭᠡᠮ᠎ᠤᠨ ᠪᠠᠲᠤᠯᠠᠭ᠎ᠠ᠎ᠶ᠋ᠢᠨ ᠲᠦᠷᠢᠮ᠎ᠢ ᠬᠡᠷᠡᠭ᠌ᠵᠢᠭᠦᠯᠵᠦ᠍ ᠪᠠᠢᠨ᠎ᠠ᠃ ᠦᠨᠳᠦᠰᠦᠨ ᠵᠦᠢᠯ᠎ᠢ ᠪᠠᠲᠤᠯᠠᠬᠤ᠎ᠳᠤ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠳᠤᠮᠳᠠ ᠬᠢᠷᠢ  ᠬᠡᠮᠵᠢᠶ᠎ᠡ᠎ᠪᠠᠨ ᠦᠷᠭᠦᠯᠵᠢᠯᠡᠨ ᠳᠡᠭᠡᠭ᠌ᠰᠢᠯᠡᠭᠦᠯᠬᠦ᠌ ᠬᠡᠷᠡᠭ᠌ᠲᠡᠢ᠂ ᠭᠡᠪᠡᠴᠦ᠍ ᠪᠠᠰᠠ ᠭᠤᠣᠯᠳᠠᠯᠭ᠎ᠠ᠎ᠶ᠋ᠢ ᠲᠤᠪᠤᠢᠯᠭᠠᠬᠤ ᠬᠡᠷᠡᠭ᠌ᠲᠡᠢ᠃ ᠬᠥᠮᠦᠨ ᠪᠦᠬᠦᠨ᠎ᠳᠤ ᠬᠤᠯᠪᠣᠭ᠍ᠳᠠᠬᠤ᠂ ᠤᠯᠤᠰ ᠪᠣᠯᠤᠨ ᠦᠨᠳᠦᠰᠦᠲᠡᠨ᠎ᠤ ᠢᠷᠡᠭᠡᠳᠦᠶ᠎ᠳᠤ ᠬᠤᠯᠪᠣᠭ᠍ᠳᠠᠬᠤ ᠠᠯᠪᠠᠨ ᠵᠢᠷᠤᠮ᠎ᠤᠨ ᠰᠤᠷᠭᠠᠨ ᠬᠥᠮᠦᠵᠢᠯ ᠪᠣᠯᠤᠨ ᠦᠨᠳᠦᠰᠦᠨ ᠡᠮ ᠡᠮᠨᠡᠯᠭᠡ᠎ᠶ᠋ᠢ ᠡᠯ᠎ᠡ ᠱᠠᠲᠤᠨ᠎ᠤ ᠵᠠᠰᠠᠭ᠎ᠤᠨ ᠣᠷᠳᠣᠨ ᠡᠷᠬᠡᠪᠰᠢ ᠮᠦᠷᠦᠨ᠎ᠳᠡᠭᠡᠨ ᠡᠭᠦᠷᠭᠡᠯᠡᠬᠦ᠌ ᠬᠡᠷᠡᠭ᠌ᠲᠡᠶ᠃

ᠱᠢᠩᠭᠠᠫᠣᠷ᠎ᠤᠨ ᠬᠠᠮᠲᠤᠷᠠᠭ᠍ᠰᠠᠨ ᠥᠷᠯᠥᠭᠡ᠎ᠶ᠋ᠢᠨ ᠰᠣᠨᠢᠨ᠎ᠤ ᠰᠤᠷᠪᠤᠯᠵᠢᠯᠠᠭ᠍ᠴᠢ᠄ ᠳᠤᠮᠳᠠᠳᠤ ᠤᠯᠤᠰ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠢᠶᠠᠷ ᠭᠤᠣᠯ ᠴᠣᠭ᠍ᠴᠠ ᠪᠣᠯᠭᠠᠭ᠍ᠰᠠᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠣᠰ ᠣᠷᠴᠢᠯ ᠬᠠᠷᠢᠯᠴᠠᠨ ᠠᠬᠢᠭᠤᠯᠤᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠤᠨ᠎ᠠ ᠭᠡᠵᠦ᠍ ᠳᠤᠷᠠᠳᠪᠠ᠃ ᠡᠨᠡ᠎ᠨᠢ ᠳᠤᠮᠳᠠᠳᠤ ᠤᠯᠤᠰ ᠠᠮᠧᠷᠢᠺᠠ ᠵᠡᠷᠭᠡ ᠥᠷᠥᠨᠡᠳᠠᠬᠢᠨ᠎ᠤ ᠤᠯᠤᠰ᠎ᠤᠳ᠎ᠤᠨ 《ᠪᠦᠰᠡᠯᠡᠯᠲᠡ》 ᠎ᠶ᠋ᠢᠨ ᠳᠣᠣᠷ᠎ᠠ ᠠᠷᠭ᠎ᠠ ᠪᠤᠰᠤ ᠠᠪᠤᠭ᠍ᠰᠠᠨ ᠶᠠᠮᠠᠷ ᠨᠢᠭᠡᠨ ᠪᠠᠢᠯᠳᠤᠬᠤ ᠪᠤᠳᠤᠯᠭ᠎ᠠ᠎ᠶ᠋ᠢᠨ ᠠᠪᠴᠢᠯᠲᠠ ᠮᠥᠨ ᠤᠤ? ᠡᠭᠦᠨ᠎ᠠᠴᠠ ᠭᠠᠳᠠᠨ᠎ᠠ᠂ ᠳᠤᠮᠳᠠᠳᠤ ᠤᠯᠤᠰ᠎ᠲᠤ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠢ ᠬᠥᠭ᠌ᠵᠢᠭᠦᠯᠵᠦ᠍᠂ ᠲᠤᠮᠤ ᠬᠡᠪᠴᠢᠶᠡᠨ᠎ᠤ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠢ ᠪᠠᠢᠭᠤᠯᠬᠤ ᠦᠶ᠎ᠠ᠎ᠳᠤ ᠶᠠᠮᠠᠷ ᠬᠤᠪᠢᠷᠠᠯᠲᠠ ᠠᠪᠴᠢᠷᠠᠬᠤ ᠪᠤᠢ? ᠭᠠᠳᠠᠭᠠᠳᠤ ᠪᠡᠯᠡ᠎ᠶ᠋ᠢᠨ ᠣᠷᠣᠨ ᠵᠠᠶ ᠢᠷᠡᠭᠡᠳᠦᠶ᠎ᠳᠤ ᠤᠯᠠᠮ᠎ᠠᠴᠠ ᠤᠯᠠᠮ ᠪᠠᠭᠠᠰᠭᠤ ᠪᠤᠯᠤᠮᠵᠢ ᠪᠠᠢᠨ᠎ᠠ ᠤᠤ?

ᠯᠢ ᠺᠧ ᠴᠢᠶᠠᠩ᠄ ᠳᠤᠮᠳᠠᠳᠤ ᠤᠯᠤᠰ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠵᠤ᠂ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠢᠶᠠᠷ ᠭᠤᠤᠯ ᠴᠣᠭ᠍ᠴᠠ ᠪᠣᠯᠭᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠢ ᠬᠠᠷᠢᠯᠴᠠᠨ ᠠᠬᠢᠭᠤᠯᠤᠨ᠎ᠠ ᠭᠡᠵᠦ᠍ ᠳᠤᠷᠠᠳᠴᠠᠶ᠂ ᠡᠨᠡ᠎ᠨᠢ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠢ ᠪᠤᠵᠠᠭᠠᠢᠷᠠᠭᠤᠯᠬᠤ᠎ᠪᠠᠷ ᠪᠠᠷᠠᠬᠤ ᠥᠬᠡᠶ ᠮᠦᠨ ᠴᠤ᠌ ᠨᠡᠭᠡᠭᠡᠯᠲᠡ᠎ᠶ᠋ᠢ ᠥᠷᠭᠡᠳᠭᠡᠬᠦ᠌ ᠶᠠᠪᠤᠳᠠᠯ ᠪᠣᠯᠤᠨ᠎ᠠ᠃ ᠳᠤᠮᠳᠠᠳᠤ ᠤᠯᠤᠰ᠎ᠤᠨ ᠠᠵᠤ ᠠᠬᠤᠢ ᠨᠢᠭᠡᠨᠲᠡ ᠳᠡᠯᠡᠬᠡᠢ᠎ᠶ᠋ᠢᠨ ᠠᠵᠤ ᠠᠬᠤᠢ᠎ᠲᠠᠢ ᠭᠦᠨᠵᠡᠭᠡᠢ ᠠᠭᠤᠰᠤᠯᠴᠠᠵᠤ᠂ ᠬᠠᠷᠢᠯᠴᠠᠨ ᠰᠠᠯᠵᠤ ᠪᠤᠯᠤᠰᠢ ᠦᠬᠡᠢ ᠪᠤᠯᠤᠭ᠍ᠰᠠᠠ᠎ᠠᠴᠠ ᠲᠦᠭ᠌ᠵᠢᠷᠡᠮᠡᠯ ᠪᠤᠳᠤᠯᠭ᠎ᠠ ᠨᠢᠬᠡᠨᠳᠠ ᠭᠠᠷᠬᠤ ᠵᠠᠮ ᠦᠬᠡᠢ ᠪᠤᠯᠵᠠᠢ᠃ ᠳᠤᠮᠳᠠᠳᠤ ᠤᠯᠤᠰ ᠲᠡᠰᠦᠷᠡᠯᠳᠠ ᠤᠢ᠍ᠭᠡᠢ ᠰᠠᠨᠠᠭᠠᠴᠢᠯᠠᠭ᠎ᠠ᠎ᠲᠠᠢ᠎ᠪᠠᠷ ᠨᠡᠬᠡᠬᠡᠯᠳᠠ᠎ᠪᠠᠨ ᠥᠷᠭᠡᠳᠭᠡᠬᠦ᠌ ᠪᠤᠯᠤᠨ᠎ᠠ᠂ ᠡᠨᠡ ᠪᠣᠯ ᠳᠤᠮᠳᠠᠳᠤ ᠤᠯᠤᠰ᠎ᠤᠨ ᠲᠤᠰ ᠪᠡᠶ᠎ᠡ᠎ᠶ᠋ᠢᠨ ᠠᠱᠢᠭ ᠲᠤᠰᠠ᠎ᠶ᠋ᠢᠨ ᠬᠡᠷᠡᠭ᠌ᠴᠡᠭᠡ ᠮᠥᠨ ᠪᠥᠭᠡᠳ ᠳᠡᠯᠡᠬᠡᠢ ᠳ᠋ᠠᠬᠢᠨ᠎ᠳᠤ ᠴᠤ᠌ ᠠᠱᠢᠭ᠍ᠲᠠᠢ ᠶᠤᠮ᠃ ᠳᠤᠮᠳᠠᠳᠤ ᠤᠯᠤᠰ ᠳᠣᠲᠣᠭᠠᠳᠤ ᠬᠡᠷᠡᠭ᠌ᠴᠡᠭᠡ᠎ᠶ᠋ᠢᠨ ᠵᠠᠬ᠎ᠠ ᠳᠡᠯᠭᠡᠭᠦᠷ᠎ᠢ ᠪᠤᠵᠠᠭᠠᠢᠷᠠᠭᠤᠯᠤᠨ᠂ ᠲᠤᠰ ᠪᠡᠶ᠎ᠡ᠎ᠶ᠋ᠢᠨ ᠬᠥᠭ᠌ᠵᠢᠯᠲᠡ᠎ᠪᠠᠨ ᠳᠠᠢᠴᠢᠯᠠᠬᠤ᠎ᠨᠢ ᠪᠠᠰᠠ ᠭᠠᠳᠠᠭᠠᠳᠤ ᠪᠡᠯᠡ᠂ ᠭᠠᠳᠠᠭᠠᠳᠤ ᠤᠯᠤᠰ᠎ᠤᠨ ᠪᠦᠳᠦᠬᠡᠭ᠌ᠳᠡᠬᠦᠨ ᠪᠤᠯᠤᠨ ᠦᠢᠯᠡᠴᠢᠯᠡᠭᠡ᠎ᠳᠤ ᠯᠤᠲᠤ ᠶᠡᠭᠡ ᠠᠵᠠ ᠲᠣᠬᠢᠶᠠᠯ᠎ᠢ ᠠᠪᠴᠢᠷᠠᠬᠤ ᠪᠣᠯᠤᠨ᠎ᠠ᠃ ᠪᠢ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠵᠤ ᠪᠠᠢᠬᠤ᠎ᠳᠤ᠂ ᠨᠢᠬᠡᠨ ᠠᠵᠤ ᠠᠬᠤᠢ᠍ᠢᠯᠠᠯᠳᠠᠠ᠎ᠠᠴᠠ ᠳᠣᠲᠣᠭᠠᠳᠤ ᠣᠷᠴᠢᠯ᠎ᠢ ᠠᠳᠭᠤᠬᠤ ᠪᠣᠯ ᠳᠠᠷᠤᠢ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠢ ᠨᠡᠭᠡᠭᠡᠬᠦ᠌ ᠶᠠᠪᠤᠳᠠᠯ ᠪᠣᠯᠤᠨ᠎ᠠ᠂ ᠬᠤᠣᠰ ᠣᠷᠴᠢᠯ᠎ᠢ ᠠᠳᠭᠤᠬᠤ ᠪᠣᠯ ᠳᠠᠷᠤᠢ ᠳᠡᠯᠡᠬᠡᠢ᠎ᠶ᠋ᠢᠨ ᠵᠠᠬ᠎ᠠ ᠳᠡᠯᠭᠡᠭᠦᠷ᠎ᠢ ᠨᠡᠭᠡᠭᠡᠬᠦ᠌ ᠶᠠᠪᠤᠳᠠᠯ ᠪᠣᠯᠤᠨ᠎ᠠ᠂ ᠬᠤᠶᠠᠷ ᠵᠠᠬ᠎ᠠ ᠳᠡᠯᠭᠡᠭᠦᠷ᠎ᠢ ᠪᠠᠰᠠ ᠨᠡᠪᠲᠡᠷᠡᠭᠦᠯᠵᠦ᠍ ᠪᠣᠯᠤᠨ᠎ᠠ ᠭᠡᠵᠦ᠍ ᠬᠡᠯᠡᠭ᠌ᠰᠡᠡ ᠶᠤᠮ᠃ ᠲᠡᠬᠦᠨ᠎ᠤ ᠶᠠᠷᠢᠬ᠍ᠰᠠᠠ᠎ᠨᠢ ᠮᠠᠰᠢ ᠪᠣᠷᠣᠭ᠍ᠵᠢᠭᠤᠨ ᠪᠣᠯᠪᠠᠴᠤ᠌ ᠦᠭᠡ ᠲᠣᠪᠴᠢ ᠤᠳᠭ᠎ᠠ ᠲᠡᠭᠦᠯᠳᠡᠷ᠃

ᠨᠡᠬᠡᠬᠡᠯᠳᠡ ᠬᠢᠬᠦ᠌᠎ᠳᠤ ᠡᠯ᠎ᠡ ᠤᠯᠤᠰ᠎ᠤᠨ᠎ᠬᠢᠨ ᠬᠠᠮᠲᠤᠪᠠᠷ ᠴᠢᠷᠮᠠᠢᠵᠤ᠂ ᠠᠳᠠᠯᠢ ᠴᠢᠭ᠌ᠯᠡᠯ᠎ᠢᠶᠠᠷ ᠤᠷᠤᠭ᠍ᠰᠢᠯᠠᠬᠤ ᠴᠢᠬᠤᠯᠠᠲᠠᠢ᠃ 8 ᠵᠢᠯ᠎ᠤᠨ ᠴᠢᠷᠮᠠᠢᠯᠭ᠎ᠠ᠎ᠪᠠᠷ ᠳᠠᠮᠵᠢᠨ᠂ ᠨᠢᠳᠤᠨᠤᠨ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠤᠯᠪᠣᠭ᠎ᠠ᠎ᠶ᠋ᠢᠨ 10 ᠤᠯᠤᠰ ᠪᠤᠯᠤᠨ ᠳᠤᠮᠳᠠᠳᠤ ᠤᠯᠤᠰ᠂ ᠶᠠᠫᠣᠨ᠂ ᠺᠣᠷᠢᠶᠠ᠂ ᠠᠦ᠋ᠰᠲᠷᠠᠯᠢᠶ᠎ᠠ᠂ ᠱᠢᠩᠭᠠᠫᠤᠷ ᠵᠡᠷᠬᠡ 15 ᠤᠯᠤᠰ RCEP ᠬᠡᠯᠡᠯᠴᠡᠭᠡᠷ ᠲᠤᠬᠢᠷᠠᠯᠴᠠᠪᠠ᠂ ᠡᠨᠡ ᠪᠣᠯ ᠳᠡᠯᠡᠬᠡᠢ ᠳᠡᠭᠡᠷᠡᠬᠢ ᠬᠠᠮᠤᠭ᠎ᠤᠨ ᠶᠡᠭᠡ ᠴᠢᠯᠥᠭᠡᠲᠦ ᠠᠷᠠᠯᠵᠢᠶᠠᠨ᠎ᠤ ᠣᠷᠣᠨ ᠪᠠᠢᠵᠤ᠂ ᠠᠳᠠᠯᠢ ᠪᠤᠰᠤ ᠨᠡᠢᠭᠡᠮ᠎ᠤᠨ ᠪᠠᠢᠭᠤᠯᠤᠮᠵᠢ᠂ ᠰᠣᠶᠣᠯ ᠵᠠᠩ ᠠᠷᠠᠨᠱᠢᠨ᠂ ᠠᠳᠠᠯᠢ ᠪᠤᠰᠤ ᠬᠥᠭ᠌ᠵᠢᠯᠲᠡ᠎ᠶ᠋ᠢᠨ ᠱᠠᠲᠤᠨ᠎ᠤ ᠤᠯᠤᠰ᠎ᠤᠳ ᠬᠠᠮᠲᠤᠪᠠᠷ ᠪᠦᠲᠦᠭᠡᠨ ᠪᠠᠢᠭᠤᠯᠤᠭ᠍ᠰᠠᠨ ᠶᠤᠮ᠃ ᠡᠨᠡ᠎ᠨᠢ ᠬᠠᠷᠢᠯᠴᠠᠨ ᠬᠦᠨᠳᠦᠳᠭᠡᠵᠦ᠍᠂ ᠬᠠᠷᠢᠯᠴᠠᠨ ᠡᠷᠬᠡ ᠲᠡᠭ᠌ᠰᠢ᠎ᠪᠠᠷ ᠬᠠᠨᠳᠤᠯᠴᠠᠳᠠᠭ ᠯᠠ ᠶᠤᠮ ᠪᠣᠯ ᠬᠠᠮᠲᠤ᠎ᠶ᠋ᠢᠨ ᠲᠠᠨᠢᠯᠲᠠ᠎ᠲᠠᠢ ᠪᠤᠯᠵᠤ᠂ ᠬᠠᠮᠲᠤ᠎ᠶ᠋ᠢᠨ ᠠᠱᠢᠭ ᠲᠤᠰᠠ᠎ᠶ᠋ᠢ ᠡᠬᠦᠳᠴᠤ᠌᠂ ᠡᠯ᠎ᠡ ᠤᠯᠤᠰ᠎ᠤᠨ ᠠᠷᠠᠳ ᠲᠦᠮᠡᠨ᠎ᠤ ᠠᠵᠠ ᠵᠢᠷᠭᠠᠯ᠎ᠢ ᠨᠡᠮᠡᠭ᠌ᠳᠡᠬᠦᠯᠵᠤ ᠪᠣᠯᠬᠤ ᠪᠥᠭᠡᠳ ᠭᠠᠵᠠᠷ ᠣᠷᠣᠨ᠎ᠤ ᠠᠵᠤ ᠦᠢᠯᠡᠰ᠎ᠤᠨ ᠬᠡᠯᠬᠢᠶᠡᠵᠢᠯ᠂ ᠬᠠᠩᠭᠠᠯᠭ᠎ᠠ᠎ᠶ᠋ᠢᠨ ᠬᠡᠯᠬᠢᠶᠡᠵᠢᠯ᠎ᠤᠨ ᠲᠣᠭ᠍ᠲᠠᠭᠤᠨ ᠪᠠᠢᠬᠤ᠎ᠳᠤ ᠠᠱᠢᠭ᠍ᠲᠠᠢ ᠪᠠᠢᠵᠤ᠂ ᠳᠡᠯᠡᠬᠡᠢ᠎ᠶ᠋ᠢᠨ ᠠᠵᠤ ᠠᠬᠤᠢ᠎ᠳᠤ ᠬᠥᠳᠡᠯᠭᠡᠬᠦ᠌ ᠬᠦᠴᠦᠨ ᠨᠡᠮᠡᠷᠢᠯᠡᠵᠤ ᠴᠢᠳᠠᠬᠤ᠎ᠶ᠋ᠢ ᠬᠠᠷᠠᠭᠤᠯᠵᠤ ᠪᠤᠢ᠃ ᠳᠤᠮᠳᠠᠳᠤ ᠤᠯᠤᠰ ᠪᠣᠯ ᠳᠡᠯᠡᠬᠡᠢ᠎ᠶ᠋ᠢᠨ ᠠᠵᠤ ᠦᠢᠯᠡᠰ᠎ᠤᠨ ᠬᠡᠯᠬᠢᠶᠡᠵᠢᠯ᠂ ᠬᠠᠩᠭᠠᠯᠭ᠎ᠠ᠎ᠶ᠋ᠢᠨ ᠬᠡᠯᠬᠢᠶᠡᠵᠢᠯ᠎ᠤᠨ ᠴᠢᠬᠤᠯᠠ ᠪᠦᠷᠢᠯᠳᠦᠬᠦᠨ ᠬᠡᠰᠡᠭ ᠮᠦᠨ᠂ ᠪᠢᠳᠡ ᠲᠤᠰ ᠪᠡᠶ᠎ᠡ᠎ᠶ᠋ᠢᠨ ᠦᠢᠯᠡᠳᠦᠯ᠎ᠢᠶᠠᠨ ᠪᠠᠳᠠᠷᠠᠭᠤᠯᠬᠤ᠎ᠪᠠᠷ ᠪᠠᠷᠠᠬᠤ ᠦᠭᠡᠢ ᠪᠠᠰᠠ ᠲᠤᠰ ᠪᠡᠶ᠎ᠡ᠎ᠶ᠋ᠢᠨ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠳᠡᠯᠡᠬᠡᠢ᠎ᠶ᠋ᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠶ᠋ᠢᠨ ᠳᠦᠷᠢᠮ᠎ᠢᠶᠠᠷ ᠰᠠᠭᠤᠷᠢ ᠪᠣᠯᠭᠠᠭ᠍ᠰᠠᠨ ᠤᠯᠠᠨ ᠲᠠᠯᠠᠲᠤ ᠠᠷᠠᠯᠵᠢᠶᠠᠨ᠎ᠤ ᠪᠠᠢᠭᠤᠯᠤᠮᠵᠢ᠎ᠶ᠋ᠢ ᠬᠠᠮᠠᠭᠠᠯᠠᠬᠤ ᠬᠡᠷᠡᠭ᠌ᠲᠡᠢ᠃ ᠬᠠᠷᠢᠯᠴᠠᠨ ᠠᠱᠢᠭ᠎ᠲᠠᠢ ᠬᠠᠮᠲᠤ᠎ᠪᠠᠷ ᠠᠱᠢᠭ ᠬᠦᠷᠳᠡᠬᠦ᠌᠎ᠳᠤ ᠲᠤᠰᠠᠳᠠᠢ ᠯᠠ ᠶᠤᠮ ᠪᠣᠯ᠂ ᠤᠯᠠᠨ ᠲᠠᠯ᠎ᠠ᠎ᠶ᠋ᠢᠨ ᠪᠠ ᠬᠤᠶᠠᠷ ᠲᠠᠯ᠎ᠠ᠎ᠶ᠋ᠢᠨ ᠲᠣᠭ᠍ᠲᠠᠴᠠ᠎ᠶ᠋ᠢᠨ ᠠᠯᠢᠨ᠎ᠳᠤ ᠴᠦ᠍ ᠭᠡᠰᠡᠨ ᠪᠢᠳᠡ ᠴᠥᠮ ᠢᠳᠡᠪᠬᠢᠲᠡᠢ ᠪᠥᠭᠡᠳ ᠨᠡᠭᠡᠭᠡᠯᠲᠡᠲᠡᠢ ᠣᠪᠣᠷ᠎ᠢ ᠪᠠᠷᠢᠮᠲᠠᠯᠠᠨ᠎ᠠ᠃

ᠪᠢᠳᠡ ᠤᠯᠠᠮ ᠨᠢᠭᠡ ᠠᠯᠬᠤᠮ ᠰᠠᠨᠠᠭᠠᠴᠢᠯᠠᠭ᠎ᠠ᠎ᠠᠴᠠ᠎ᠪᠠᠨ ᠭᠠᠳᠠᠭᠠᠳᠤ ᠨᠡᠭᠡᠭᠡᠯᠳᠡ ᠬᠢᠵᠦ᠍᠂ ᠭᠠᠳᠠᠭᠠᠳᠤ᠎ᠶ᠋ᠢᠨ ᠬᠤᠳᠠᠯᠳᠤᠭᠠᠴᠢᠨ᠎ᠤ ᠳᠤᠮᠳᠠᠳᠤ ᠤᠯᠤᠰ᠎ᠲᠤ ᠪᠡᠯᠡ ᠣᠷᠣᠭᠤᠯᠬᠤ ᠨᠠᠵᠠᠭᠠᠢ ᠲᠠᠯ᠎ᠠ᠎ᠶ᠋ᠢ ᠦᠷᠭᠦᠯᠵᠢᠯᠡᠨ ᠪᠠᠭᠠᠰᠭᠠᠵᠤ᠂ ᠦᠢᠯᠡᠴᠢᠯᠡᠭᠡᠨ᠎ᠤ ᠦᠢᠯᠡᠰ᠎ᠢ ᠪᠠᠭ᠍ᠲᠠᠭᠠᠭ᠍ᠰᠠᠨ ᠭᠠᠳᠠᠭ᠍ᠰᠢ ᠨᠡᠭᠡᠭᠡᠯᠳᠡ᠎ᠶ᠋ᠢ ᠦᠷᠭᠦᠯᠵᠢᠯᠡᠨ ᠠᠬᠢᠭᠤᠯᠤᠨ᠎ᠠ᠃ ᠮᠠᠰᠢ ᠤᠯᠠᠨ ᠭᠠᠳᠠᠭᠠᠳᠤ᠎ᠶ᠋ᠢᠨ ᠠᠵᠤ ᠠᠬᠤᠢᠯᠠᠯ ᠳᠤᠮᠳᠠᠳᠤ ᠤᠯᠤᠰ᠎ᠤᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠬᠠᠯᠠᠮᠵᠢᠯᠠᠵᠤ ᠪᠠᠢᠬᠤ᠎ᠶ᠋ᠢ ᠪᠢ ᠠᠩᠬᠠᠷᠤᠯ᠎ᠠ᠂ ᠪᠢᠳᠡ ᠪᠠᠰᠠ ᠵᠠᠬ᠎ᠠ ᠳᠡᠯᠭᠡᠭᠦᠷᠴᠢᠯᠡᠭ᠌ᠰᠡᠨ᠂ ᠬᠠᠤᠯᠢᠵᠢᠭ᠍ᠰᠠᠨ᠂ ᠳᠡᠯᠡᠬᠡᠢᠵᠢᠭ᠌ᠰᠡᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠦᠷᠭᠦᠯᠵᠢᠯᠡᠨ ᠪᠤᠢ ᠪᠣᠯᠭᠠᠨ᠎ᠠ᠃ ᠶᠡᠷᠦᠩᠬᠡᠢ᠎ᠳᠤ᠎ᠨᠢ ᠶᠠᠷᠢᠪᠠᠯ᠂ ᠤᠯᠠᠨ ᠵᠦᠢᠯ᠎ᠤᠨ ᠴᠢᠷᠮᠠᠢᠯᠭ᠎ᠠ᠎ᠪᠠᠷ ᠳᠠᠮᠵᠢᠭᠤᠯᠤᠨ᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠳᠤᠮᠳᠠ ᠨᠡᠭᠡᠭᠡᠯᠳᠡ᠎ᠶ᠋ᠢ ᠲᠠᠰᠤᠷᠠᠯᠳᠠ ᠦᠭᠡᠢ ᠥᠷᠭᠡᠳᠭᠡᠵᠦ᠍᠂ ᠳᠤᠮᠳᠠᠳᠤ ᠤᠯᠤᠰ᠎ᠢ ᠦᠷᠭᠦᠯᠵᠢᠯᠡᠨ ᠭᠠᠳᠠᠭᠠᠳᠤ᠎ᠶ᠋ᠢᠨ ᠬᠤᠳᠠᠯᠳᠤᠭᠠᠴᠢᠨ᠎ᠤ ᠪᠡᠯᠡ ᠣᠷᠣᠭᠤᠯᠬᠤ ᠴᠢᠬᠤᠯᠠ ᠬᠠᠷᠠᠯᠲᠠ᠎ᠶ᠋ᠢᠨ ᠭᠠᠵᠠᠷ᠂ ᠳᠡᠯᠡᠬᠡᠢ᠎ᠶ᠋ᠢᠨ ᠲᠤᠮᠤ ᠵᠠᠬ᠎ᠠ ᠳᠡᠯᠭᠡᠭᠦᠷ ᠪᠣᠯᠭᠠᠨ᠎ᠠ᠃

ᠰᠣᠷᠪᠣᠯᠵᠢᠯᠠᠭ᠍ᠴᠢᠳ᠎ᠤᠨ ᠬᠤᠷᠠᠯ᠎ᠢ ᠰᠦᠯᠵᠢᠶᠡᠨ᠎ᠤ ᠸᠢᠳᠢᠣ᠋᠎ᠶ᠋ᠢᠨ ᠬᠡᠯᠪᠡᠷᠢ᠎ᠪᠠᠷ ᠶᠠᠪᠤᠭ᠍ᠳᠠᠭᠤᠯᠵᠤ᠂ ᠭᠤᠤᠯ ᠬᠤᠷᠠᠯ᠎ᠤᠨ ᠲᠠᠯᠠᠪᠠᠶ᠎ᠶ᠋ᠢ ᠠᠷᠠᠳ᠎ᠤᠨ ᠶᠡᠭᠡ ᠬᠤᠷᠠᠯ᠎ᠤᠨ ᠲᠠᠩᠬᠢᠮ᠎ᠤᠨ ᠭᠤᠷᠪᠠᠳᠤᠭᠠᠷ ᠳᠠᠪᠬᠤᠷᠯᠢᠭ᠎ᠤᠨ ᠠᠯᠲᠠᠨ ᠱᠢᠷᠭᠠᠯ ᠲᠢᠩᠬᠢᠮ᠎ᠳᠤ ᠪᠠᠢᠷᠢᠯᠠᠭᠤᠯᠵᠤ᠂ ᠬᠤᠪᠢᠶᠠᠷᠢ ᠬᠤᠷᠠᠯ᠎ᠤᠨ ᠲᠠᠯᠠᠪᠠᠶ᠎ᠶ᠋ᠢ ᠮᠧᠶ ᠳ᠋ᠢ ᠶᠠ᠎ᠶ᠋ᠢᠨ ᠬᠤᠶᠠᠷ ᠬᠤᠷᠠᠯ᠎ᠤᠨ ᠰᠣᠨᠢᠨ ᠮᠡᠳᠡᠭᠡᠨ᠎ᠤ ᠲᠥᠪ᠎ᠲᠤ ᠪᠠᠢᠷᠢᠯᠠᠭᠤᠯᠪᠠ᠃ ᠰᠣᠷᠪᠣᠯᠵᠢᠯᠠᠭ᠍ᠴᠢᠳ᠎ᠤᠨ ᠬᠤᠷᠠᠯ 110 ᠮᠢᠨᠦ᠋ᠲ ᠱᠢᠬᠠᠮ ᠶᠠᠪᠤᠭ᠍ᠳᠠᠵᠠᠶ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号