ᠲᠦᠮᠡᠨ ᠭᠠᠵᠠᠷ᠎ᠤᠨ ᠭᠤᠣᠯ ᠮᠥᠷᠡᠨ᠎ᠳᠤ ᠡᠬᠢ ᠡᠭᠦᠰᠦᠯ᠎ᠲᠠᠢ᠂ ᠮᠢᠩᠭᠠᠨ ᠲᠤᠬᠤᠢ᠎ᠶ᠋ᠢᠨ ᠥᠨᠳᠥᠷ ᠮᠣᠳᠣᠨ᠎ᠳᠤ ᠤᠭ ᠦᠨᠳᠦᠰᠦ᠎ᠲᠠᠢ᠃ ᠮᠠᠨ᠎ᠤ ᠠᠤᠭ᠎ᠠ ᠶᠡᠭᠡ ᠳᠤᠮᠳᠠᠳᠤ᠎ᠶ᠋ᠢᠨ 56 ᠦᠨᠳᠦᠰᠦᠲᠡᠨ᠎ᠤ ᠠᠷᠠᠳ᠎ᠤᠨ ᠰᠡᠳᠭᠢᠯ ᠨᠡᠪᠲᠡᠷᠡᠯᠴᠡᠵᠦ᠍᠂ ᠪᠦᠯᠬᠦᠮᠳᠡᠯ᠎ᠲᠠᠢ ᠡᠶ᠎ᠡ ᠨᠠᠢᠷᠠᠮᠳᠠᠭᠤ᠂ ᠰᠠᠬᠢᠨ ᠪᠠᠷᠠᠯᠠᠵᠦ᠍ ᠬᠠᠷᠢᠯᠴᠠᠨ ᠬᠠᠪᠰᠤᠷᠤᠯᠴᠠᠬᠤ᠎ᠶ᠋ᠢᠨ ᠠᠨᠢᠰᠤ᠎ᠨᠢ ᠶᠠᠭᠤ ᠪᠤᠢ? 《ᠰᠣᠶᠣᠯ᠎ᠤᠨ ᠬᠠᠮᠲᠤ᠎ᠶ᠋ᠢᠨ ᠲᠠᠨᠢᠯᠲᠠ ᠪᠣᠯ ᠬᠠᠮᠤᠭ᠎ᠤᠨ ᠭᠦᠨ ᠳᠠᠪᠬᠤᠷᠭ᠎ᠠ᠎ᠶ᠋ᠢᠨ ᠬᠠᠮᠲᠤ᠎ᠶ᠋ᠢᠨ ᠲᠠᠨᠢᠯᠲᠠ ᠮᠥᠨ᠂ ᠲᠠᠷᠤᠢ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ᠂ ᠦᠨᠳᠦᠰᠦᠲᠡᠨ ᠡᠶ᠎ᠡ ᠨᠠᠢᠷᠠᠮᠳᠠᠭᠤ ᠪᠠᠢᠬᠤ᠎ᠶ᠋ᠢᠨ ᠰᠦᠭ ᠰᠦᠨᠡᠰᠦ ᠮᠥᠨ》 ᠭᠡᠵᠤ ᠶᠡᠷᠦᠩᠬᠡᠶ ᠱᠦᠵᠢ ᠰᠢ᠎ᠶ᠋ᠢᠨ ᠫᠢᠩ 3 ᠰᠠᠷ᠎ᠠ᠎ᠶ᠋ᠢᠨ 5 ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠭᠦ᠎ᠳᠤ ᠣᠷᠣᠯᠴᠠᠬᠤ᠎ᠳᠠᠭᠠᠨ ᠴᠢᠬᠤᠯᠠᠴᠢᠯᠠᠭ᠍ᠰᠠᠨ ᠡᠨᠡ ᠦᠭᠡ᠎ᠨᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠨᠢᠭᠡ ᠬᠡᠷ᠎ᠤᠨ ᠬᠥᠮᠦᠨ ᠮᠡᠲᠦ ᠳᠣᠲᠣᠨᠣ ᠪᠠᠢᠬᠤ᠎ᠶ᠋ᠢᠨ ᠰᠣᠶᠣᠯ᠎ᠤᠨ ᠦᠨᠳᠦᠰᠦ ᠰᠠᠭᠤᠷᠢ᠎ᠶ᠋ᠢ ᠬᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠣᠯᠠᠨ ᠡᠱᠢᠲᠦ ᠨᠢᠭᠡ ᠴᠤᠭ᠍ᠴᠠᠵᠢᠭ᠍ᠰᠠᠨ ᠣᠶᠤᠨ ᠰᠠᠨᠠᠭᠠᠨ᠎ᠤ ᠠᠮᠢᠨ ᠰᠤᠳᠠᠰᠤ᠎ᠶ᠋ᠢ ᠢᠯᠡᠷᠡᠭᠦᠯᠦᠭ᠌ᠰᠡᠨ ᠶᠤᠮ᠃ ᠪᠢᠳᠡ ᠡᠷᠭᠡᠪᠰᠢ ᠭᠦᠨᠵᠡᠭᠡᠢ ᠲᠠᠨᠢᠨ᠂ ᠪᠦᠬᠦ᠌ ᠲᠠᠯ᠎ᠠ᠎ᠪᠠᠷ ᠣᠢᠯᠠᠭᠠᠵᠤ᠂ ᠣᠨᠣᠪᠴᠢᠲᠠᠢ ᠡᠵᠡᠮᠳᠡᠵᠦ᠍᠂ ᠤᠬᠠᠮᠰᠠᠷ᠎ᠠᠴᠠ᠎ᠪᠠᠨ ᠦᠢᠯᠡᠳᠦᠯᠭᠡᠵᠢᠭᠦᠯᠬᠦ᠌ ᠬᠡᠷᠡᠭ᠌ᠲᠡᠢ᠃
ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠢ ᠬᠢᠨᠠᠮᠠᠭᠠᠶ ᠰᠠᠢᠲᠤᠷ ᠬᠢᠵᠦ᠍᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌᠎ᠶ᠋ᠢ ᠪᠦᠬᠦ᠌ ᠲᠠᠯ᠎ᠠ᠎ᠪᠠᠷ ᠳᠡᠯᠭᠡᠷᠡᠭᠦᠯᠬᠦ᠌ ᠬᠡᠷᠡᠭ᠌ᠲᠡᠶ᠃ ᠦᠭᠡ ᠬᠡᠯᠡ ᠦᠰᠦᠭ ᠪᠢᠴᠢᠭ᠎ᠨᠢ ᠰᠣᠶᠣᠯ᠎ᠤᠨ ᠴᠢᠬᠤᠯᠠ ᠠᠴᠢᠶᠠᠯᠠᠪᠤᠷᠢ ᠪᠣᠯᠤᠭ᠍ᠰᠠᠨ᠎ᠤ ᠬᠤᠪᠢ᠎ᠳᠤ᠂ ᠨᠢᠭᠡᠨᠲᠡ ᠤᠯᠤᠰ᠎ᠤᠨ ᠰᠣᠶᠣᠯ᠎ᠤᠨ ᠵᠥᠭᠡᠯᠡᠨ ᠪᠣᠳᠠᠲᠤ ᠬᠦᠴᠦᠨ᠎ᠤ ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ ᠪᠠᠢᠳᠠᠭ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠢ ᠳᠡᠯᠭᠡᠷᠡᠭᠦᠯᠦᠨ ᠲᠦᠭᠡᠮᠡᠯᠵᠢᠭᠦᠯᠬᠦ᠌᠎ᠨᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠤᠢᠵᠢᠭᠤᠯᠤᠨ᠂ ᠰᠣᠶᠣᠯ᠎ᠤᠨ ᠬᠠᠮᠲᠤ᠎ᠶ᠋ᠢᠨ ᠲᠠᠨᠢᠯᠲᠠ ᠪᠠ ᠤᠯᠤᠰ᠎ᠤᠨ ᠬᠠᠮᠲᠤ᠎ᠶ᠋ᠢᠨ ᠲᠠᠨᠢᠯᠲᠠ᠎ᠶ᠋ᠢ ᠲᠡᠭᠡᠭ᠌ᠰᠢᠯᠡᠬᠦᠯᠵᠦ᠍᠂ ᠥᠷᠭᠡᠨ ᠳᠡᠯᠭᠡᠷ ᠶᠠᠪᠤᠯᠴᠠᠭ᠎ᠠ᠂ ᠪᠦᠬᠦ᠌ ᠲᠠᠯ᠎ᠠ᠎ᠶ᠋ᠢᠨ ᠰᠣᠯᠢᠯᠴᠠᠭ᠎ᠠ᠂ ᠭᠦᠨᠵᠡᠭᠡᠶ ᠠᠭᠤᠰᠤᠯᠴᠠᠯ᠎ᠢ ᠠᠬᠢᠭᠤᠯᠬᠤ᠎ᠳᠤ ᠠᠱᠢᠭ᠍ᠲᠠᠶ ᠪᠠᠢᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠦᠨᠳᠦᠰᠦᠨ ᠠᠱᠢᠭ ᠲᠤᠰᠠ᠎ᠳᠤ ᠨᠡᠢᠴᠡᠵᠤ ᠪᠤᠢ; ᠡᠬᠡ ᠣᠷᠣᠨᠴᠢ ᠦᠵᠡᠯ᠎ᠢᠶᠠᠷ ᠭᠤᠣᠯ ᠪᠣᠯᠭᠠᠭ᠍ᠰᠠᠨ ᠦᠨᠳᠦᠰᠦᠲᠡᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠤ ᠨᠢᠭ᠍ᠲᠠᠷᠠᠯ᠎ᠤᠨ ᠬᠦᠴᠦᠨ᠎ᠢ ᠴᠢᠩᠭᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠬᠤ᠎ᠳᠤ ᠠᠱᠢᠭ᠍ᠲᠠᠶ ᠶᠤᠮ; ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠨᠠᠩ ᠲᠥᠪ ᠭᠤᠤᠯᠴᠢ᠂ ᠨᠠᠩ ᠴᠢᠨᠠᠷ ᠰᠠᠢᠳᠠᠢ ᠰᠤᠷᠭᠠᠨ ᠬᠥᠮᠦᠵᠢᠯ᠎ᠢ ᠭᠥᠷᠳᠡᠬᠦ᠌᠎ᠳᠤ ᠠᠱᠢᠭ᠍ᠲᠠᠶ ᠪᠠᠢᠵᠤ᠂ ᠦᠨᠳᠦᠰᠦᠲᠡᠨ᠎ᠨᠦᠭᠦᠳ᠎ᠤᠨ ᠰᠤᠷᠤᠭ᠍ᠴᠢᠳ᠎ᠤᠨ ᠴᠠᠭ ᠥᠶᠡᠶ᠋ᠢᠲᠠᠭᠠᠨ᠂ ᠬᠦᠰᠡᠯ ᠵᠣᠷᠢᠭ᠎ᠢᠶᠠᠨ ᠬᠥᠪᠴᠢᠯᠡᠬᠦ᠌᠎ᠶ᠋ᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠬᠥᠭ᠌ᠵᠢᠨ ᠮᠠᠨᠳᠤᠬᠤ᠎ᠶ᠋ᠢ ᠠᠬᠢᠭᠤᠯᠤᠨ᠂ ᠣᠳᠣᠬᠢᠴᠢᠯᠠᠯᠲᠠ᠎ᠶ᠋ᠢ ᠵᠡᠷᠭᠡ᠎ᠪᠠᠷ ᠪᠡᠶᠡᠯᠡᠭᠦᠯᠬᠦ᠌᠎ᠳᠤ ᠠᠱᠢᠭ᠍ᠲᠠᠶ ᠶᠤᠮ᠃ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌᠎ᠨᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠨᠡᠩ ᠰᠠᠢᠨ ᠰᠤᠷᠤᠯᠴᠠᠨ ᠡᠵᠡᠮᠱᠢᠬᠦ᠌᠎ᠳᠤ ᠠᠱᠢᠭ᠍ᠲᠠᠶ ᠶᠤᠮ᠂ ᠡᠨᠡ ᠪᠣᠯ ᠨᠠᠮ ᠪᠣᠯᠤᠨ ᠤᠯᠤᠰ᠎ᠠᠴᠠ ᠦᠨᠳᠦᠰᠦᠲᠡᠨ᠎ᠤ ᠭᠠᠵᠠᠷ ᠣᠷᠣᠨ᠎ᠢ ᠬᠠᠯᠠᠮᠵᠢᠯᠠᠵᠤ ᠪᠠᠢᠭ᠎ᠠ ᠶᠠᠪᠤᠳᠠᠯ ᠮᠥᠨ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠳᠤ ᠲᠠᠯᠪᠢᠭ᠍ᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠪᠦᠬᠦ᠌ ᠣᠷᠣᠨ᠎ᠤ ᠡᠯ᠎ᠡ ᠱᠠᠲᠤ ᠡᠯ᠎ᠡ ᠭᠠᠵᠠᠷ᠎ᠤᠨ᠎ᠬᠢᠨ ᠡᠷᠬᠡᠪᠰᠢ ᠲᠤᠭ ᠲᠡᠮᠳᠡᠭ ᠲᠣᠳᠣᠷᠬᠠᠢ᠂ ᠡᠷᠡᠰ ᠱᠢᠭᠤᠷᠬᠠᠢ᠎ᠪᠠᠷ ᠡᠯ᠎ᠡ ᠵᠦᠢᠯ᠎ᠤᠨ ᠠᠵᠢᠯ᠎ᠤᠨ ᠠᠷᠭ᠎ᠠ ᠬᠡᠮᠵᠢᠶ᠎ᠡ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ ᠬᠡᠷᠡᠭ᠌ᠲᠡᠢ᠃
ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠬᠤ ᠪᠣᠯ ᠤᠯᠤᠰ ᠣᠷᠣᠨ᠎ᠤ ᠨᠢᠭᠡᠳᠦᠯ᠎ᠤᠨ ᠰᠠᠭᠤᠷᠢ᠂ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ᠂ ᠤᠶᠤᠨ ᠰᠠᠨᠠᠭᠠᠨ᠎ᠤ ᠬᠦᠴᠦᠨ ᠴᠢᠳᠠᠯ᠎ᠤᠨ ᠰᠦᠭ ᠰᠦᠨᠡᠰᠦ ᠮᠦᠨ᠃ ᠶᠡᠷᠦᠩᠬᠡᠶ ᠱᠦᠵᠢ ᠰᠢ᠎ᠶ᠋ᠢᠨ ᠫᠢᠩ᠂ 《ᠳᠤᠮᠳᠠᠳᠤ ᠤᠯᠤᠰ᠎ᠤᠨ ᠲᠡᠤᠬᠡ ᠪᠣᠯ ᠳᠠᠷᠤᠶ ᠦᠨᠳᠦᠰᠦᠲᠡᠨ ᠨᠦᠭᠦᠳ ᠠᠭᠤᠰᠤᠯᠴᠠᠨ ᠨᠡᠢᠯᠡᠵᠦ᠍ ᠣᠯᠠᠨ ᠡᠱᠢᠲᠦ ᠨᠢᠭᠡ ᠴᠤᠭ᠍ᠴᠠᠵᠢᠭ᠍ᠰᠠᠨ ᠳᠤᠮᠳᠠᠳᠤ᠎ᠶ᠋ᠢᠨ ᠦᠨᠳᠦᠰᠦᠲᠡᠨ᠎ᠤ ᠲᠡᠤᠬᠡ ᠮᠦᠨ᠂ ᠳᠠᠷᠤᠶ ᠦᠨᠳᠦᠰᠦᠲᠡᠨ᠎ᠨᠦᠭᠦᠳ ᠨᠢᠭᠡᠳᠦᠭ᠌ᠰᠡᠨ ᠠᠭᠤᠤ ᠶᠡᠭᠡ ᠡᠬᠡ ᠣᠷᠣᠨ᠎ᠢᠶᠠᠨ ᠬᠠᠮᠲᠤ᠎ᠪᠠᠷ ᠴᠣᠭ᠍ᠴᠠᠯᠠᠨ ᠪᠠᠢᠭᠤᠯᠵᠤ᠂ ᠬᠥᠭ᠌ᠵᠢᠭᠦᠯᠵᠦ᠍᠂ ᠪᠠᠬᠢᠵᠢᠭᠦᠯᠦᠭ᠌ᠰᠡᠨ ᠲᠡᠤᠬᠡ ᠮᠥᠨ》 ᠭᠡᠵᠤ ᠵᠢᠭᠠᠵᠤ ᠭᠠᠷᠭᠠᠭ᠍ᠰᠠᠨ ᠪᠠᠢᠨ᠎ᠠ᠃ ᠴᠢᠨ ᠤᠯᠤᠰ᠎ᠠᠴᠠ ᠡᠮᠦᠨᠡᠬᠢ ᠴᠠᠬ ᠦᠶ᠎ᠠ᠎ᠶ᠋ᠢᠨ 《ᠲᠠᠪᠤᠨ ᠵᠦᠭ᠎ᠤᠨ ᠢᠷᠭᠡᠨ》 ᠠᠭᠤᠰᠤᠯᠴᠠᠭ᠍ᠰᠠᠠᠠᠴᠠ ᠰᠦᠢ ᠲᠠᠩ᠎ᠤᠨ ᠦᠶ᠎ᠠ᠎ᠳᠤ 《ᠤᠯᠤᠰ ᠲᠠᠶᠠᠭᠠᠷ ᠵᠠᠩ ᠠᠭᠠᠯᠢ ᠰᠤᠶᠤᠯ ᠬᠡᠬᠡᠷᠡᠯ ᠨᠢᠬᠡᠳᠴᠤ᠌᠂ ᠵᠠᠰᠠᠭ ᠵᠠᠷᠯᠢᠭ ᠨᠢᠭᠡᠳᠦᠯᠳᠡᠢ ᠲᠤᠭᠤᠱᠢᠯᠠᠭᠤᠯᠤᠭ᠍ᠳᠠᠬᠤ》 ᠬᠦᠷᠳᠡᠯ᠎ᠠ᠂ 《ᠯᠦᠧᠧᠶᠠᠩ᠎ᠤᠨ ᠡᠷᠦᠬᠡ ᠪᠤᠯᠭᠠᠨ ᠤᠮᠠᠷᠠᠳᠤ᠎ᠶ᠋ᠢᠨ ᠬᠦᠭ᠌ᠵᠢᠮ ᠰᠤᠷᠤᠬ᠍ᠰᠠᠨ》 ᠠᠴᠠ 《ᠲᠦᠮᠡᠨ ᠭᠠᠵᠠᠷ᠎ᠤᠨ ᠴᠢᠶᠠᠩ ᠦᠨᠳᠦᠰᠦᠳᠡᠨ᠎ᠤ ᠭᠠᠵᠠᠷ ᠪᠤᠯᠭᠠᠠ ᠬᠠᠨ ᠤᠯᠤᠰ᠎ᠤᠨ ᠲᠠᠭᠤᠤ ᠴᠤᠤᠷᠢᠶᠠᠳᠤᠬᠤ》 ᠪᠤᠯᠳᠠᠯ᠎ᠠ᠂ ᠸᠧᠨ ᠴᠧᠩ ᠬᠦᠩᠵᠦ᠍ ᠲᠦᠪᠡᠳ᠎ᠲᠤ ᠮᠤᠷᠳᠠᠬ᠍ᠰᠠᠨ᠎ᠠᠴᠠ ᠲᠤᠷᠭᠤᠳᠴᠤᠳ ᠲᠦᠮᠡᠨ ᠭᠠᠵᠠᠷ ᠠᠶᠠᠯᠠᠵᠦ᠍ ᠲᠤᠷᠤᠨᠠᠰᠢ ᠪᠤᠴᠠᠬ᠍ᠰᠠᠨ ᠬᠦᠷᠳᠡᠯ᠎ᠠ ᠁ ᠮᠠᠨ᠎ᠤ ᠥᠷᠭᠡᠨ ᠠᠭᠤᠳᠠᠮ ᠨᠤᠲᠤᠭ ᠳᠡᠪᠢᠰᠭᠡᠷ᠎ᠢ ᠦᠨᠳᠦᠰᠦᠲᠡᠨ᠎ᠨᠦᠭᠦᠳ ᠬᠠᠮᠲᠤ᠎ᠪᠠᠷ ᠨᠡᠭᠡᠭᠡᠨ᠂ ᠥᠨᠢ ᠤᠳᠠᠭᠠᠨ ᠲᠡᠦᠬᠡ᠎ᠶ᠋ᠢ ᠦᠨᠳᠦᠰᠦᠲᠡᠨ᠎ᠨᠦᠭᠦᠳ ᠬᠠᠮᠲᠤ᠎ᠪᠠᠷ ᠪᠢᠴᠢᠭ᠌ᠯᠡᠵᠦ᠍᠂ ᠭᠡᠷᠡᠯ ᠰᠠᠴᠤᠷᠠᠩᠭᠤᠶ ᠰᠣᠶᠣᠯ᠎ᠢ ᠦᠨᠳᠦᠰᠦᠲᠡᠨ᠎ᠨᠦᠭᠦᠳ ᠬᠠᠮᠲᠤ᠎ᠪᠠᠷ ᠡᠭᠦᠳᠦᠨ ᠪᠦᠲᠦᠭᠡᠵᠦ᠍᠂ ᠠᠭᠤᠤ ᠶᠡᠭᠡ ᠵᠣᠷᠢᠭ ᠰᠠᠨᠠᠭ᠎ᠠ᠎ᠶ᠋ᠢ ᠦᠨᠳᠦᠰᠦᠲᠡᠨ᠎ᠨᠦᠭᠦᠳ ᠬᠠᠮᠲᠤ᠎ᠪᠠᠷ ᠪᠤᠢ ᠪᠤᠯᠭᠠᠭ᠍ᠰᠠᠠ ᠶᠤᠮ᠃ ᠡᠢᠮᠦ᠎ᠠᠴᠠ ᠡᠯ᠎ᠡ ᠱᠠᠲᠤ ᠡᠯ᠎ᠡ ᠭᠠᠵᠠᠷ᠎ᠤᠨ᠎ᠬᠢᠨ ᠡᠯ᠎ᠡ ᠦᠨᠳᠦᠰᠦᠲᠡᠨ᠎ᠤ ᠺᠠᠳ᠋ᠷ ᠣᠯᠠᠨ ᠲᠦᠮᠡᠨ᠎ᠤ ᠳᠤᠮᠳᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠢ ᠭᠦᠨᠵᠡᠭᠡᠶ ᠥᠷᠨᠢᠭᠦᠯᠵᠦ᠍᠂ ᠢᠯᠠᠩᠭᠤᠶ᠎ᠠ ᠵᠠᠯᠠᠭᠤᠴᠤᠳ ᠪᠠᠭᠠᠴᠤᠳ᠎ᠤᠨ ᠰᠤᠷᠭᠠᠨ ᠬᠥᠮᠦᠵᠢᠯ᠎ᠠᠴᠠ ᠭᠠᠷᠳᠠᠨ ᠠᠳᠭᠤᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠢ ᠬᠦᠳᠦᠯᠦᠨ ᠳᠠᠭᠠᠭᠤᠯᠵᠤ ᠪᠠᠢᠭᠠᠳ ᠨᠠᠮ᠎ᠤᠨ ᠦᠨᠳᠦᠰᠦᠲᠡᠨ᠎ᠤ ᠲᠦᠷᠦ᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠣᠢᠯᠠᠭᠠᠵᠤ᠂ ᠵᠥᠪ ᠤᠯᠤᠰ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠶ᠋ᠢ ᠪᠤᠢ ᠪᠣᠯᠭᠠᠨ᠂ 《ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠦᠳᠦᠭᠡᠨ ᠪᠠᠢᠭᠤᠯᠵᠤ᠂ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠬᠦ᠌》 ᠬᠦᠴᠦᠷᠬᠡᠭ ᠶᠡᠭᠡ ᠨᠡᠢᠯᠡᠯ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃
ᠳᠤᠮᠳᠠᠳᠤ᠎ᠶ᠋ᠢᠨ ᠦᠨᠳᠦᠰᠦᠲᠡᠨ ᠨᠢᠭᠡ ᠭᠡᠷ ᠪᠦᠯᠢ ᠮᠡᠲᠦ ᠳᠣᠲᠣᠨᠣ ᠪᠠᠢᠵᠤ᠂ ᠰᠡᠳᠭᠢᠯ᠎ᠢᠶᠠᠨ ᠨᠢᠭᠡᠳᠭᠡᠨ ᠳᠤᠮᠳᠠᠳᠤ᠎ᠶ᠋ᠢᠨ ᠵᠡᠭᠦᠳᠦ᠎ᠶ᠋ᠢ ᠬᠠᠮᠲᠤ᠎ᠪᠠᠷ ᠲᠡᠷᠭᠡᠯᠱᠢᠭᠦᠯᠬᠦ᠌ ᠪᠣᠯ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠤᠨ ᠬᠠᠮᠲᠤ᠎ᠶ᠋ᠢᠨ ᠬᠦᠰᠡᠯ ᠡᠷᠡᠮᠡᠯᠵᠡᠯ ᠮᠥᠨ᠂ ᠪᠠᠰᠠ ᠴᠤ᠌ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠶ᠋ᠢᠨ ᠲᠡᠮᠡᠴᠡᠯ᠎ᠤᠨ ᠬᠠᠷᠠᠯᠲᠠ ᠮᠥᠨ᠃ ᠪᠢᠳᠡ ᠲᠤᠭ ᠲᠡᠮᠳᠡᠭ ᠲᠣᠳᠣᠷᠬᠠᠢ᠎ᠪᠠᠷ ᠡᠯ᠎ᠡ ᠵᠦᠢᠯ᠎ᠤᠨ ᠪᠤᠷᠤᠭᠤ ᠦᠵᠡᠯ ᠰᠠᠨᠠᠭ᠎ᠠ ᠦᠵᠡᠯᠲᠡ᠎ᠶ᠋ᠢ ᠡᠰᠡᠷᠭᠦᠴᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠬᠤ ᠠᠵᠢᠯ᠎ᠢ ᠯᠠᠪᠳᠠᠭᠤᠨ ᠪᠠᠲᠤᠲᠠᠢ ᠭᠦᠨᠵᠡᠭᠡᠢᠷᠡᠭᠦᠯᠵᠦ᠍᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠳᠤᠮᠳᠠᠳᠤ᠎ᠶ᠋ᠢᠨ ᠰᠣᠶᠣᠯ᠎ᠤᠨ ᠲᠤᠬᠠᠢ ᠬᠠᠮᠳᠤ᠎ᠶ᠋ᠢᠨ ᠳᠠᠨᠢᠯᠳᠠ᠎ᠶ᠋ᠢ ᠲᠠᠰᠤᠷᠠᠯᠲᠠ ᠦᠭᠡᠢ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠪᠠᠭ᠍ᠲᠠᠭᠠᠮᠵᠢᠲᠤ ᠴᠢᠨᠠᠷ᠎ᠢᠶᠠᠷ ᠨᠡᠩ ᠴᠢᠩᠭ᠎ᠠ᠂ ᠨᠢᠭ᠍ᠲᠠᠷᠠᠯ᠎ᠤᠨ ᠬᠦᠴᠦᠨ᠎ᠢᠶᠠᠷ ᠨᠡᠩ ᠶᠡᠭᠡ ᠬᠤᠪᠢ ᠵᠠᠶᠠᠭᠠᠨ᠎ᠤ ᠬᠠᠮᠲᠤ ᠴᠣᠭ᠍ᠴᠠ ᠲᠡᠢᠰᠢ ᠤᠷᠤᠭ᠍ᠰᠢᠯᠠᠬᠤ᠎ᠶ᠋ᠢ ᠠᠬᠢᠭᠤᠯᠬᠤ ᠬᠡᠷᠡᠭ᠌ᠲᠡᠢ᠃ ᠪᠢᠳᠡ ᠭᠠᠭ᠍ᠴᠠ ᠬᠦ᠌ ᠨᠡᠢᠳᠡ ᠤᠯᠠᠨ᠎ᠢᠶᠠᠷ᠎ᠢᠶᠠᠨ ᠰᠡᠳᠭᠢᠯ ᠨᠢᠭᠡᠳᠴᠦ᠍᠂ ᠬᠠᠲᠠᠭᠤ ᠪᠡᠷᠬᠡᠱᠢᠶᠡᠯ᠎ᠢ ᠬᠠᠮᠲᠤ᠎ᠪᠠᠷ ᠲᠤᠭᠤᠯᠤᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠡᠷᠡᠮᠡᠬᠡᠢᠯᠡᠨ ᠤᠷᠤᠭ᠍ᠰᠢᠯᠠᠳᠠᠭ ᠯᠠ ᠶᠤᠮ ᠪᠣᠯ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠲᠤᠮᠤ ᠬᠥᠯᠭᠡ ᠣᠩᠭᠤᠴᠠ ᠭᠡᠷᠡᠯ ᠰᠠᠴᠤᠷᠠᠩᠭᠤᠶ ᠲᠡᠷᠲᠡᠭᠡ ᠡᠷᠭᠢ᠎ᠳᠤ ᠯᠠᠪᠳᠠᠶ᠎ᠠ ᠢᠯᠠᠯᠲᠠ᠎ᠲᠠᠢ᠎ᠪᠠᠷ ᠬᠦᠷᠴᠦ᠍ ᠴᠢᠳᠠᠬᠤ ᠶᠤᠮ᠃