ᠮᠠᠨ᠎ᠤ ᠤᠷᠤᠨ᠎ᠤ ᠮᠠᠯᠴᠢᠨ ᠲᠠᠷᠢᠶᠠᠴᠢᠠ᠎ᠤ ᠲᠤᠰᠭᠠᠢ ᠬᠤᠷᠱᠢᠶ᠎ᠠ᠎ᠶ᠋ᠢᠨ ᠲᠠᠢᠴᠢᠯᠠᠨ ᠲᠠᠭᠠᠭᠤᠯᠬᠤ ᠦᠢᠯᠡᠳᠤᠯ ᠤᠯᠠᠮ ᠴᠢᠩᠭᠠᠷᠠᠪᠠ
2021-03-14 09:56:23
ᠵᠣᠬᠢᠶᠠᠭ᠍ᠴᠢ᠄
ᠪᠤᠤ ᠨᠠᠷᠨᠨᠳᠤᠶᠠᠭ᠎ᠠ
ᠣᠩᠱᠢᠭ᠍ᠰᠠᠨ ᠣᠳᠠᠭ᠎ᠠ᠄
★★★☆☆

ᠤᠳᠤ ᠪᠥᠬᠦ᠌ ᠣᠷᠣᠨ᠎ᠤ ᠮᠠᠯᠴᠢᠨ ᠲᠠᠷᠢᠶᠠᠴᠢᠠ᠎ᠤ ᠬᠠᠤᠯᠢ ᠶᠣᠰᠣᠭᠠᠷ ᠳᠡᠩᠰᠡᠯᠡᠭᠤᠯᠤᠭ᠍ᠰᠠᠨ ᠲᠤᠰᠭᠠᠢ ᠬᠤᠷᠱᠢᠶ᠎ᠠ 8.1 ᠲᠦᠮᠡ᠎ᠶ᠋ᠢ ᠲᠠᠪᠠᠵᠤ᠂ ᠡᠵᠡᠩᠨᠡᠯᠳᠡ᠎ᠶ᠋ᠢᠨ ᠬᠦᠷᠢᠶ᠎ᠠ ᠬᠡᠪᠴᠢᠶ᠎ᠠ᠎ᠨᠢ ᠲᠠᠰᠤᠷᠠᠯᠳᠠ ᠦᠬᠡᠢ ᠦᠷᠬᠡᠵᠢᠨ ᠳᠠᠢᠴᠢᠯᠠᠨ ᠳᠠᠭᠠᠭᠤᠯᠬᠤ ᠦᠢᠯᠡᠳᠦᠯ᠎ᠨᠢ ᠴᠢᠩᠭᠠᠷᠠᠵᠦ᠍᠂ ᠮᠠᠯᠵᠢᠬᠤ ᠲᠠᠷᠢᠶᠠᠯᠠᠬᠤ ᠡᠷᠦᠬᠡ ᠪᠤᠯᠤᠨ ᠤᠳᠤ ᠦᠶ᠎ᠠ᠎ᠶ᠋ᠢᠨ ᠮᠠᠯ ᠠᠵᠤ ᠠᠬᠤᠢ ᠲᠠᠷᠢᠶᠠᠯᠠᠩ᠎ᠤᠨ ᠬᠦᠭ᠌ᠵᠢᠯᠳᠡ᠎ᠶ᠋ᠢ ᠤᠷᠭᠠᠨᠢᠭ᠎ᠢᠶᠠᠷ ᠵᠤᠯᠭᠠᠭᠤᠯᠵᠤ ᠮᠠᠯ ᠠᠵᠤ ᠠᠬᠤᠢ ᠲᠠᠷᠢᠶᠠᠯᠠᠩ᠎ᠤᠨ ᠴᠢᠨᠠᠷ ᠰᠠᠢᠳᠠᠢ ᠬᠦᠭ᠌ᠵᠢᠯᠳᠡ᠎ᠶ᠋ᠢ ᠠᠬᠢᠭᠤᠯᠬᠤ 《ᠲᠦᠷᠦᠬᠦᠴᠢ ᠭᠠᠯᠠᠭᠤ》 ᠪᠤᠯᠪᠠ᠃

ᠮᠠᠨ᠎ᠤ ᠤᠷᠤᠨ ᠲᠥᠷᠥ᠎ᠶ᠋ᠢᠨ ᠪᠣᠳᠣᠯᠭ᠎ᠠ᠎ᠪᠠᠷ ᠲᠤᠯᠭᠠᠭᠤᠷᠢᠯᠠᠬᠤ᠂ ᠲᠥᠷᠥᠯ ᠵᠦᠶᠯ᠎ᠢᠶᠠᠷ ᠳᠠᠢᠴᠢᠯᠠᠬᠤ᠂ ᠳᠤᠷᠱᠢᠯᠳᠠ ᠬᠢᠵᠦ᠍ ᠵᠢᠱ᠌ᠢᠶ᠎ᠡ ᠦᠵᠡᠭᠦᠯᠬᠦ᠌ ᠵᠡᠷᠭᠡ ᠣᠯᠠᠨ ᠵᠦᠢᠯ᠎ᠤᠨ ᠠᠷᠭ᠎ᠠ ᠬᠡᠮᠵᠢᠶ᠎ᠡ᠎ᠪᠠᠷ ᠳᠠᠮᠵᠢᠨ ᠮᠠᠯᠴᠢᠨ ᠲᠠᠷᠢᠶᠠᠴᠢᠠ᠎ᠤ ᠲᠤᠰᠭᠠᠢ ᠬᠤᠷᠱᠢᠶ᠎ᠠ᠎ᠶ᠋ᠢ ᠵᠢᠷᠤᠮᠵᠢᠭᠤᠯᠤᠨ ᠬᠦᠭ᠌ᠵᠢᠬᠦᠯᠦᠭ᠌ᠰᠡᠬᠡᠷ ᠢᠷᠡᠵᠠᠢ᠃ ᠨᠢᠳᠤᠨᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠠᠴᠠ 《ᠮᠠᠯ ᠠᠵᠤ ᠠᠬᠤᠶ ᠲᠠᠷᠢᠶᠠᠯᠠᠩ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠬᠤ ᠲᠤᠬᠠᠶ ᠰᠠᠨᠠᠯ》 ᠎ᠢ ᠳᠠᠷᠤᠮᠠᠯᠯᠠᠨ ᠲᠠᠷᠬᠠᠭᠠᠵᠤ᠂ ᠲᠤᠰᠭᠠᠶ ᠬᠤᠷᠱᠢᠶ᠎ᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠲᠤᠬᠠᠶ ᠲᠤᠰᠭᠠᠢ ᠱᠠᠭᠠᠷᠳᠠᠯᠭ᠎ᠠ ᠳᠤᠷᠠᠳᠤᠭ᠍ᠰᠠᠨ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠤᠨ ᠮᠠᠯᠵᠢᠬᠤ ᠣᠷᠣᠨ᠎ᠤ ᠲᠢᠩᠬᠢᠮ 《ᠮᠠᠯᠴᠢᠨ ᠲᠠᠷᠢᠶᠠᠴᠢᠠ᠎ᠤ ᠲᠤᠰᠭᠠᠢ ᠬᠤᠷᠱᠢᠶ᠎ᠠ᠎ᠶ᠋ᠢ ᠵᠢᠷᠤᠮᠵᠢᠭᠤᠯᠬᠤ ᠲᠤᠬᠠᠶ ᠬᠡᠷᠡᠭ᠌ᠵᠢᠭᠦᠯᠬᠦ᠌ ᠠᠷᠭ᠎ᠠ》 ᠲᠣᠭ᠍ᠲᠠᠭᠠᠨ 20 ᠵᠦᠢᠯ᠎ᠤᠨ ᠪᠣᠳᠠᠲᠠᠶ ᠠᠷᠭ᠎ᠠ ᠬᠡᠮᠵᠢᠶ᠎ᠡ᠎ᠶ᠋ᠢ ᠨᠡᠢᠲᠡᠯᠡᠬᠦ᠌᠎ᠶ᠋ᠢᠨ ᠬᠠᠮᠳᠤ ᠨᠢᠳᠤᠨᠤᠨ᠎ᠤ 6 ᠰᠠᠷ᠎ᠠ᠎ᠳᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠳᠤ ᠲᠤᠬᠠᠶ᠎ᠶ᠋ᠢᠨ ᠲᠠᠯᠠᠪᠠᠶ᠎ᠶ᠋ᠢᠨ ᠠᠬᠢᠭᠤᠯᠬᠤ ᠬᠤᠷᠠᠯ ᠬᠤᠷᠠᠯᠳᠤᠭᠤᠯᠵᠤ᠂ ᠲᠡᠷᠢᠭᠦᠨ᠎ᠤ ᠨᠡᠢᠲᠡᠯᠢᠭ ᠵᠢᠱ᠌ᠢᠶ᠎ᠡ᠎ᠶ᠋ᠢ ᠲᠠᠨᠢᠯᠴᠠᠭᠤᠯᠤᠨ ᠠᠷᠭ᠎ᠠ ᠳᠤᠷᠱᠢᠯᠭ᠎ᠠ᠎ᠪᠠᠨ ᠰᠤᠯᠢᠯᠴᠠᠵᠠᠢ᠃ ᠣᠳᠣᠬᠠᠨ ᠪᠣᠯᠲᠠᠯ᠎ᠠ ᠪᠥᠬᠦ᠌ ᠣᠷᠣᠨ᠎ᠤ 37 ᠬᠤᠱᠢᠭᠤ ᠱᠢᠶᠠᠨ᠎ᠳᠤ ᠲᠤᠰᠭᠠᠢ ᠬᠤᠷᠱᠢᠶ᠎ᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠪᠥᠬᠦ᠌ ᠬᠤᠱᠢᠭᠤ ᠱᠢᠶᠠᠨ᠎ᠢᠶᠠᠷ᠎ᠨᠢ ᠠᠬᠢᠭᠤᠯᠬᠤ ᠲᠤᠷᠱᠢᠯᠲᠠ᠎ᠶ᠋ᠢᠨ ᠴᠡᠭ᠎ᠤᠨ ᠠᠵᠢᠯ ᠥᠷᠨᠢᠭᠦᠯᠪᠠ᠂ ᠡᠭᠦᠨ᠎ᠳᠤ 5 ᠬᠤᠱᠢᠭᠤ ᠱᠢᠶᠠᠨ ᠤᠯᠤᠰ᠎ᠤᠨ ᠲᠠᠰ᠎ᠤᠨ ᠲᠤᠷᠱᠢᠯᠲᠠ᠎ᠶ᠋ᠢᠨ ᠴᠡᠭ᠎ᠤᠨ ᠱᠢᠶᠠᠨ ᠪᠤᠯᠵᠠᠢ; ᠤᠯᠤᠰ᠎ᠤᠨ ᠡᠳ᠋᠎ᠤᠨ ᠵᠠᠰᠠᠭ᠎ᠤᠨ ᠪᠡᠯᠡ ᠮᠥᠩᠭᠦ᠎ᠶ᠋ᠢ 2 ᠳ᠋ᠦᠩᠱᠢᠭᠤᠷ ᠭᠠᠷᠤᠢ ᠲᠥᠭᠦᠷᠢᠭ ᠣᠯᠵᠤ᠂ 700 ᠭᠠᠷᠤᠢ ᠲᠤᠰᠭᠠᠢ ᠬᠤᠷᠱᠢᠶ᠎ᠠ᠎ᠶ᠋ᠢ ᠲᠡᠳᠬᠦᠪᠡ; ᠤᠯᠤᠰ᠂ ᠥᠪᠡᠷᠲᠡᠭᠡᠨ ᠵᠠᠰᠠᠬᠤ ᠣᠷᠣᠨ᠂ ᠠᠢᠮᠠᠭ ᠬᠤᠲᠠ᠂ ᠬᠤᠱᠢᠭᠤ ᠱᠢᠶᠠᠨ᠎ᠤ ᠵᠢᠱ᠌ᠢᠶ᠎ᠡ ᠦᠵᠡᠭᠦᠯᠬᠦ᠌ ᠲᠤᠰᠭᠠᠢ ᠬᠤᠷᠱᠢᠶ᠎ᠠ᠎ᠶ᠋ᠢᠨ 《ᠲᠦᠷᠪᠡᠨ ᠱᠠᠳᠤ᠎ᠪᠠᠷ ᠬᠤᠯᠪᠤᠭᠠᠯᠠᠨ ᠡᠭᠦᠳᠬᠦ᠌》 ᠠᠵᠢᠯᠯᠠᠭ᠎ᠠ ᠥᠷᠨᠢᠭᠦᠯᠵᠦ᠍᠂ ᠡᠯ᠎ᠡ ᠲᠥᠷᠥᠯ᠎ᠤᠨ ᠵᠢᠱ᠌ᠢᠶ᠎ᠡ  ᠦᠵᠡᠭᠦᠯᠬᠦ᠌ 3000 ᠱᠢᠬᠠᠮ ᠲᠤᠰᠭᠠᠢ ᠬᠤᠷᠱᠢᠶ᠎ᠠ᠎ᠶ᠋ᠢ ᠪᠠᠢᠭᠤᠯᠤᠭ᠍ᠰᠠᠨ ᠪᠠᠢᠨ᠎ᠠ᠃

ᠮᠠᠯᠴᠢᠨ ᠲᠠᠷᠢᠶᠠᠴᠢᠠ᠎ᠤ ᠲᠤᠰᠭᠠᠢ ᠬᠤᠷᠱᠢᠶ᠎ᠠ᠎ᠶ᠋ᠢᠨ ᠲᠠᠢᠴᠢᠯᠠᠨ ᠲᠠᠭᠠᠭᠤᠯᠬᠤ ᠦᠢᠯᠡᠳᠦᠯ ᠵᠢᠯ᠎ᠠᠴᠠ ᠵᠢᠯ ᠴᠢᠩᠭᠠᠷᠠᠵᠤ᠂ ᠤᠳᠤ ᠪᠥᠬᠦ᠌ ᠣᠷᠣᠨ᠎ᠤ ᠮᠠᠯᠴᠢᠨ ᠲᠠᠷᠢᠶᠠᠴᠢᠠ᠎ᠤ ᠲᠤᠰᠭᠠᠢ ᠬᠤᠷᠱᠢᠶ᠎ᠠ ᠨᠡᠢᠳᠡ 65.9 ᠲᠦᠮᠡᠡ ᠡᠩ᠎ᠤᠨ ᠮᠠᠯᠵᠢᠬᠤ ᠲᠠᠷᠢᠶᠠᠯᠠᠬᠤ ᠡᠷᠦᠬᠡ᠎ᠶ᠋ᠢ ᠳᠠᠢᠴᠢᠯᠠᠨ ᠮᠠᠯ ᠠᠵᠤ ᠠᠬᠤᠢ ᠲᠠᠷᠢᠶᠠᠯᠠᠩ᠎ᠤᠨ ᠤᠳᠤᠬᠢᠴᠢᠯᠠᠯᠳᠠ᠎ᠶ᠋ᠢᠨ ᠵᠠᠮ᠎ᠢᠶᠠᠷ ᠵᠢᠯᠤᠭᠤ ᠰᠤᠩᠭᠠᠨ ᠲᠠᠪᠬᠢᠭᠤᠯᠵᠤ ᠪᠤᠢ᠃ ᠤᠳᠤ ᠪᠦᠬᠦ᠌ ᠤᠷᠤᠨ᠎ᠳᠤ ᠣᠷᠣᠨ ᠪᠦᠰᠡ᠎ᠶ᠋ᠢᠨ ᠴᠢᠨᠠᠷᠲᠠᠢ᠂ ᠠᠵᠢᠯ ᠲᠥᠷᠥᠯ᠎ᠤᠨ ᠴᠢᠨᠠᠷᠲᠠᠢ ᠬᠤᠯᠪᠣᠭᠠᠲᠤ ᠬᠤᠷᠱᠢᠶ᠎ᠠ 150 ᠭᠠᠷᠤᠢ ᠪᠤᠯᠵᠤ᠂ ᠵᠠᠬ᠎ᠠ ᠳᠡᠯᠭᠡᠭᠦᠷ᠎ᠤᠨ ᠥᠷᠢᠰᠦᠯᠳᠦᠬᠦ᠌ ᠬᠦᠴᠦᠨ ᠪᠠ ᠠᠶᠤᠯ ᠲᠦᠭ᠌ᠰᠢᠭᠦᠷᠢ᠎ᠶ᠋ᠢ ᠰᠡᠷᠬᠡᠢᠯᠡᠨ ᠳᠠᠭᠠᠭᠠᠬᠤ ᠴᠢᠳᠠᠪᠤᠷᠢ᠎ᠨᠢ ᠲᠠᠰᠤᠷᠠᠯᠳᠠ ᠦᠭᠡᠢ ᠴᠢᠩᠭᠠᠷᠠᠪᠠ; 380 ᠭᠠᠷᠤᠢ ᠠᠵᠤ ᠦᠢᠯᠡᠰᠵᠢᠭ᠌ᠰᠡᠨ ᠬᠤᠯᠪᠣᠭᠠᠲᠤ ᠴᠣᠭ᠍ᠴᠠ᠎ᠶ᠋ᠢ ᠵᠣᠬᠢᠶᠠᠨ ᠪᠠᠢᠭᠤᠯᠵᠤ᠂ ᠮᠠᠯᠵᠢᠬᠤ ᠲᠠᠷᠢᠶᠠᠯᠠᠬᠤ ᠡᠷᠦᠬᠡ ᠪᠤᠯᠤᠨ ᠠᠵᠤ ᠠᠬᠤᠢᠯᠠᠯ᠎ᠤᠨ ᠠᠱᠢᠭ ᠲᠤᠰᠠ᠎ᠶ᠋ᠢᠨ ᠬᠤᠯᠪᠣᠭ᠎ᠠ᠎ᠶ᠋ᠢ ᠤᠯᠠᠮ ᠨᠢᠭ᠍ᠲᠠᠷᠠᠭᠤᠯᠪᠠ; ᠶᠠᠳᠠᠭᠤ ᠬᠦᠴᠢᠷᠳᠡᠯᠲᠡᠶ ᠬᠤᠱᠢᠭᠤ ᠱᠢᠶᠠᠨ᠎ᠳᠤ 4.5 ᠲᠦᠮᠡᠨ ᠲᠤᠰᠭᠠᠢ ᠬᠤᠷᠱᠢᠶ᠎ᠠ ᠪᠤᠯᠤᠨ 2024 ᠵᠢᠱ᠌ᠢᠶ᠎ᠡ ᠦᠵᠡᠭᠦᠯᠬᠦ᠌ ᠬᠤᠷᠱᠢᠶ᠎ᠠ ᠪᠠᠢᠭᠤᠯᠵᠤ᠂ ᠲᠠᠩᠰᠠᠯᠠᠵᠤ ᠺᠠᠷᠲᠯᠠᠭ᠍ᠰᠠᠨ 7882 ᠶᠠᠳᠠᠭᠤ ᠬᠦᠴᠢᠷᠳᠡᠯᠲᠡᠶ ᠡᠷᠦᠬᠡ᠎ᠶ᠋ᠢ ᠳᠠᠢᠴᠢᠯᠠᠨ ᠲᠣᠭ᠍ᠲᠠᠭᠤᠨ᠎ᠢᠶᠠᠷ ᠶᠠᠳᠠᠭᠤ᠎ᠠᠴᠠ᠎ᠨᠢ ᠠᠩᠭᠢᠵᠢᠷᠠᠭᠤᠯᠪᠠ᠃ ᠨᠢᠳᠤᠨᠤᠨ᠎ᠠᠴᠠ ᠨᠠᠭᠠᠰᠢ ᠮᠠᠯᠴᠢᠨ ᠲᠠᠷᠢᠶᠠᠴᠢᠠ᠎ᠤ ᠲᠤᠰᠭᠠᠢ ᠬᠤᠷᠱᠢᠶ᠎ᠠ᠎ᠶ᠋ᠢᠨ᠎ᠬᠢᠨ ᠬᠢᠵᠢᠭ᠎ᠢ ᠰᠡᠷᠭᠡᠢᠯᠡᠬᠦ᠌ ᠡᠮᠦᠨ᠎ᠡ ᠹᠷᠣᠨᠲ᠎ᠲᠤ ᠭᠠᠪᠱᠢᠭᠠᠢᠯᠠᠨ ᠵᠣᠭᠤᠰ ᠮᠥᠩᠭᠦ᠌ ᠡᠳ᠋ ᠪᠣᠳᠠᠰ ᠬᠠᠨᠳᠢᠪᠯᠠᠵᠤ᠂ ᠮᠠᠯᠴᠢᠨ ᠲᠠᠷᠢᠶᠠᠴᠢᠠ᠎ᠢ ᠳᠠᠭᠠᠭᠤᠯᠤᠨ ᠬᠢᠵᠢᠭ᠎ᠲᠠᠢ ᠲᠡᠮᠡᠴᠡᠵᠦ᠍᠂ ᠮᠠᠯ ᠠᠵᠤ ᠠᠬᠤᠢ ᠲᠠᠷᠢᠶᠠᠯᠠᠩ ᠦᠶᠯᠡᠳᠪᠦᠷᠢᠯᠡᠯ᠎ᠢ ᠠᠬᠢᠭᠤᠯᠤᠨ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠤᠯᠳᠠ᠎ᠳᠤ ᠬᠦᠴᠦᠨ ᠨᠡᠮᠡᠷᠢᠯᠡᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠮᠠᠯ ᠠᠵᠤ ᠠᠬᠤᠢ ᠲᠠᠷᠢᠶᠠᠯᠠᠩ᠎ᠤᠨ ᠬᠦᠭ᠌ᠵᠢᠯᠳᠡ᠎ᠶ᠋ᠢᠨ 《ᠬᠤᠤᠰ ᠢᠯᠠᠯᠲᠠ》 ᠎ᠶ᠋ᠢ ᠲᠡᠮᠡᠴᠡᠨ ᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠦᠭ᠌ᠰᠡᠨ ᠪᠠᠢᠯ᠎ᠠ᠃

ᠤᠳᠤᠬᠠᠨ᠎ᠤ ᠬᠦᠭ᠌ᠵᠢᠯᠳᠡ᠎ᠶ᠋ᠢᠨ ᠬᠠᠨᠳᠤᠰᠢ᠎ᠠᠴᠠ ᠦᠵᠡᠪᠡᠯ᠂ ᠮᠠᠨ᠎ᠤ ᠤᠷᠤᠨ᠎ᠤ ᠲᠤᠰᠭᠠᠢ ᠬᠤᠷᠱᠢᠶ᠎ᠠ᠎ᠨᠢ ᠵᠠᠬ᠎ᠠ ᠳᠡᠯᠭᠡᠭᠦᠷ᠎ᠤᠨ ᠬᠡᠷᠡᠭ᠌ᠴᠡᠭᠡ ᠱᠠᠭᠠᠷᠳᠠᠯᠭ᠎ᠠ᠎ᠪᠠᠷ ᠡᠵᠡᠩᠨᠡᠯᠲᠡ᠎ᠶ᠋ᠢᠨ ᠬᠡᠪᠴᠢᠶ᠎ᠡ᠎ᠪᠠᠨ ᠥᠷᠭᠡᠳᠭᠡᠨ᠂ ᠤᠯᠠᠮᠵᠢᠯᠠᠯᠲᠤ ᠳᠠᠷᠢᠵᠤ ᠲᠠᠵᠢᠬᠡᠬᠦ᠌ ᠦᠢᠯᠡᠰ᠎ᠠᠴᠠ ᠮᠠᠯ᠎ᠤᠨ ᠠᠱᠢᠭ ᠱᠢᠮ᠎ᠠ ᠲᠠᠷᠢᠶᠠᠯᠠᠩ᠎ᠤᠨ ᠪᠦᠲᠦᠭᠡᠭ᠌ᠳᠡᠬᠦᠨ᠎ᠢ ᠠᠩᠬ᠎ᠠ ᠡᠳ᠋ᠱᠢᠭᠦᠯᠦᠨ ᠪᠤᠯᠪᠠᠰᠤᠷᠠᠭᠤᠯᠬᠤ᠂ ᠬᠥᠮᠥᠷᠭᠡᠯᠡᠨ ᠬᠠᠳᠠᠭᠠᠯᠠᠬᠤ᠂ ᠡᠳ᠋ ᠪᠠᠷᠠᠭ᠎ᠠ᠎ᠶ᠋ᠢᠨ ᠭᠦᠢᠯᠭᠡᠭᠡ᠂ ᠡᠯᠧᠺᠲᠷᠣᠨ ᠬᠤᠳᠠᠯᠳᠤᠭᠠᠨ᠎ᠤ ᠶᠠᠪᠤᠳᠠᠯ ᠵᠡᠷᠭᠡ ᠦᠢᠯᠡᠴᠢᠯᠡᠭᠡᠨ᠎ᠤ ᠬᠦᠷᠢᠶ᠎ᠡ ᠴᠠᠷᠠᠭ᠎ᠠ ᠲᠡᠢᠰᠢ ᠳᠡᠯᠡᠨ ᠬᠦᠭ᠌ᠵᠢᠵᠦ᠍ ᠪᠤᠢ᠃ ᠡᠬᠦᠨ᠎ᠳᠤ᠂ ᠵᠠᠷᠢᠮ ᠲᠤᠰᠭᠠᠢ ᠬᠤᠷᠱᠢᠶ᠎ᠠ ᠠᠮᠤ ᠪᠤᠳᠠᠭ᠎ᠠ ᠬᠠᠳᠠᠭᠠᠬᠤ᠂ ᠲᠡᠰ ᠬᠤᠪᠢᠶᠠᠬᠤ᠂ ᠪᠣᠭᠤᠳᠠᠯᠯᠠᠬᠤ᠂ ᠵᠢᠮᠢᠰ ᠨᠣᠭᠤᠭ᠎ᠠ᠎ᠶ᠋ᠢ ᠤᠬᠢᠶᠠᠵᠤ ᠴᠡᠪᠡᠷᠯᠡᠬᠦ᠂ ᠱᠢᠨ᠎ᠡ ᠰᠣᠷᠭᠤᠭ᠎ᠢ ᠪᠠᠳᠤᠯᠠᠬᠤ᠂ ᠬᠠᠳᠠᠭᠠᠯᠠᠬᠤ ᠳᠡᠭᠡᠭᠡᠪᠦᠷᠢᠯᠡᠬᠦ᠌ ᠪᠣᠯᠪᠠᠰᠤᠷᠠᠭᠤᠯᠬᠤ ᠵᠡᠷᠬᠡ᠎ᠪᠠᠷ ᠲᠠᠮᠵᠢᠨ ᠦᠢᠯᠡᠳᠬᠦᠨ᠎ᠤ ᠲᠠᠭᠠᠯᠳᠠ ᠦᠷᠳᠡᠭ᠎ᠢ ᠨᠡᠮᠡᠭ᠌ᠳᠡᠭᠦᠯᠵᠤ ᠪᠠᠢᠨ᠎ᠠ; ᠵᠠᠷᠢᠮ ᠲᠤᠰᠭᠠᠢ ᠬᠤᠷᠱᠢᠶ᠎ᠠ ᠭᠡᠱᠢᠭᠦᠳ᠎ᠲᠡᠭᠡᠨ ᠰᠠᠢᠲᠤᠷ ᠦᠢᠯᠡᠴᠢᠯᠡᠬᠦ᠌᠎ᠶ᠋ᠢᠨ ᠬᠠᠮᠲᠤ ᠦᠢᠯᠡᠳᠪᠦᠷᠢᠯᠡᠯ᠎ᠢᠶᠠᠨ ᠨᠠᠢᠳᠠᠨ ᠬᠠᠮᠢᠶᠠᠷᠤᠭᠤᠯᠬᠤ ᠦᠢᠯᠡᠴᠢᠯᠡᠭᠡ᠎ᠶ᠋ᠢ ᠢᠳᠡᠪᠬᠢᠲᠡᠢ ᠥᠷᠨᠢᠭᠦᠯᠵᠦ᠍᠂ ᠦᠵᠡᠰᠭᠦᠯᠡᠩᠲᠦ ᠰᠠᠢᠬᠠᠨ ᠬᠥᠳᠡᠭᠡ ᠲᠣᠰᠭᠤᠨ᠎ᠤ ᠪᠦᠳᠦᠭᠡᠨ ᠪᠠᠢᠭᠤᠯᠤᠯᠲᠠ᠎ᠳᠤ ᠣᠷᠣᠯᠴᠠᠵᠤ᠂ ᠦᠵᠡᠰᠭᠦᠯᠡᠩᠳᠤ ᠰᠠᠢᠬᠠᠨ ᠬᠢᠬᠡᠳ ᠦᠷᠨᠢᠩᠬᠦᠢ ᠬᠦᠭ᠌ᠵᠢᠯᠳᠡ᠎ᠶ᠋ᠢᠨ ᠠᠷᠭ᠎ᠠ ᠵᠠᠮ᠎ᠢᠶᠠᠨ ᠥᠷᠭᠡᠳᠭᠡᠵᠤ ᠪᠠᠢᠨ᠎ᠠ; ᠵᠠᠷᠢᠮ ᠲᠤᠰᠭᠠᠢ ᠬᠤᠷᠱᠢᠶ᠎ᠠ ᠰᠦᠯᠵᠢᠶᠡᠨ ᠲᠠᠪᠴᠠᠩ᠂ ᠰᠦᠯᠵᠢᠶᠡᠨ ᠤᠳᠤᠨ᠎ᠤ ᠱᠢᠭᠤᠳ ᠨᠡᠪᠲᠡᠷᠡᠭᠦᠯᠭᠡ ᠵᠡᠷᠭᠡ ᠠᠷᠭ᠎ᠠ ᠬᠡᠯᠪᠡᠷᠢ᠎ᠶ᠋ᠢ ᠠᠱᠢᠬ᠍ᠯᠠᠨ ᠤᠷᠤᠨ ᠨᠤᠳᠤᠭ᠎ᠤᠨ᠎ᠢᠶᠠᠨ ᠤᠨᠴᠠᠯᠢᠬ ᠳᠠᠪᠠᠭᠤᠯᠢᠭ᠍ᠳᠤ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢᠶᠠᠨ ᠪᠣᠷᠣᠯᠠᠭᠤᠯᠵᠤ᠂ ᠨᠡᠩ ᠤᠯᠠᠨ ᠬᠥᠮᠦᠨ᠎ᠳᠤ ᠥᠪᠥᠷ ᠮᠣᠩᠭᠤᠯ᠎ᠤᠨ ᠦᠨᠦᠷ ᠠᠮᠲᠠᠳᠦ ᠢᠳᠡᠭᠡᠨ᠎ᠢ ᠦᠷᠬᠡᠨ᠎ᠢᠶᠠᠷ ᠲᠠᠨᠢᠯᠴᠠᠭᠤᠯᠵᠤ ᠪᠠᠢᠨ᠎ᠠ; ᠵᠠᠷᠢᠮ ᠬᠤᠷᠱᠢᠶ᠎ᠠ ᠤᠷᠤᠨ ᠨᠤᠳᠤᠭ᠎ᠤᠨ᠎ᠢᠶᠠᠨ ᠠᠮᠢ ᠠᠬᠤᠢ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠢᠶᠠᠨ ᠪᠠᠳᠠᠷᠠᠭᠤᠯᠤᠨ ᠵᠤᠭ᠎ᠠ ᠰᠡᠯᠡᠭᠦᠴᠡᠯ᠎ᠤᠨ ᠮᠠᠯ ᠠᠵᠤ ᠠᠬᠤᠢ ᠲᠠᠷᠢᠶᠠᠯᠠᠩ ᠪᠤᠯᠤᠨ ᠬᠥᠳᠡᠭᠡ ᠲᠣᠰᠭᠤᠨ᠎ᠤ ᠵᠢᠭᠤᠯᠴᠢᠯᠠᠯ᠎ᠤᠨ ᠦᠢᠯᠡᠰ ᠡᠷᠬᠢᠯᠡᠵᠦ᠍᠂ ᠠᠱᠢᠬ ᠤᠷᠤᠯᠭ᠎ᠠ᠎ᠪᠠᠨ ᠨᠡᠮᠡᠭ᠌ᠳᠡᠬᠦᠯᠵᠤ ᠪᠤᠢ᠃

《ᠠᠷᠪᠠᠨ ᠳᠥᠷᠪᠡᠳᠦᠭᠡᠷ ᠲᠠᠪᠤᠨ ᠵᠢᠯ》 ᠎ᠤᠨ ᠬᠤᠭᠤᠴᠠᠭᠠᠨ᠎ᠳᠤ᠂ ᠮᠠᠨ᠎ᠤ ᠤᠷᠤᠨ ᠮᠠᠯᠴᠢᠨ ᠲᠠᠷᠢᠶᠠᠴᠢᠠ᠎ᠤ ᠲᠤᠰᠭᠠᠢ ᠬᠤᠷᠱᠢᠶ᠎ᠠ᠎ᠶ᠋ᠢ ᠵᠢᠷᠤᠮᠵᠢᠭᠤᠯᠵᠤ ᠲᠡᠰ ᠲᠡᠪᠱᠢᠬᠦᠯᠬᠦ᠌ ᠠᠵᠢᠯᠯᠠᠭᠠᠨ᠎ᠢ ᠦᠷᠭᠦᠯᠵᠢᠯᠡᠨ ᠶᠠᠪᠤᠭ᠍ᠳᠠᠭᠤᠯᠵᠤ᠂ ᠲᠤᠰᠭᠠᠢ ᠬᠤᠷᠱᠢᠶ᠎ᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠪᠥᠬᠦ᠌ ᠬᠤᠱᠢᠭᠤ ᠱᠢᠶᠠᠨ᠎ᠢᠶᠠᠷ ᠠᠬᠢᠭᠤᠯᠬᠤ ᠲᠤᠷᠱᠢᠯᠲᠠ᠎ᠶ᠋ᠢᠨ ᠴᠡᠭ᠎ᠤᠨ ᠠᠵᠢᠯ᠎ᠢ ᠰᠠᠢᠲᠤᠷ ᠠᠳᠭᠤᠨ᠂ ᠵᠢᠱ᠌ᠢᠶ᠎ᠡ ᠦᠵᠡᠭᠦᠯᠬᠦ᠌ ᠲᠤᠰᠭᠠᠢ ᠬᠤᠷᠱᠢᠶ᠎ᠠ᠎ᠶ᠋ᠢᠨ 《ᠳᠥᠷᠪᠡᠨ ᠱᠠᠲᠤ᠎ᠪᠠᠷ ᠬᠤᠯᠪᠣᠭᠠᠯᠠᠨ ᠡᠭᠦᠳᠬᠦ᠌》 ᠪᠠ ᠬᠤᠯᠪᠣᠭᠠᠲᠤ ᠬᠤᠷᠱᠢᠶ᠎ᠠ᠎ᠶ᠋ᠢᠨ ᠪᠠᠢᠭᠤᠯᠤᠯᠲᠠ᠎ᠶ᠋ᠢ ᠬᠦᠴᠦᠯᠡᠨ ᠠᠬᠢᠭᠤᠯᠬᠤ ᠪᠤᠯᠤᠨ᠎ᠠ; ᠲᠤᠰᠭᠠᠢ ᠬᠤᠷᠱᠢᠶ᠎ᠠ᠎ᠶ᠋ᠢᠨ ᠳᠣᠲᠣᠭᠠᠳᠤ᠎ᠶ᠋ᠢᠨ ᠬᠠᠮᠢᠶᠠᠷᠤᠯᠲᠠ᠎ᠪᠠᠨ ᠴᠢᠩᠭᠠᠳᠭᠠᠬᠤ᠎ᠶ᠋ᠢ ᠵᠢᠯᠣᠭᠤᠳᠤᠨ ᠠᠬᠢᠭᠤᠯᠵᠤ᠂ ᠵᠢᠷᠤᠮᠵᠢᠭ᠍ᠰᠠᠨ ᠲᠦᠪᠱᠢᠨ᠎ᠢ ᠴᠢᠨᠠᠭ᠍ᠰᠢᠳᠠ ᠳᠡᠭᠡᠭ᠌ᠰᠢᠯᠡᠭᠦᠯᠤᠨ᠎ᠠ; ᠲᠤᠰᠭᠠᠢ ᠬᠤᠷᠱᠢᠶ᠎ᠠ᠎ᠶ᠋ᠢ ᠬᠠᠪᠰᠤᠷᠤᠨ ᠵᠠᠬ᠎ᠠ ᠳᠡᠯᠭᠡᠭᠦᠷ᠎ᠢ ᠥᠷᠭᠡᠳᠭᠡᠵᠤ᠂ ᠨᠠᠷᠠᠲᠤ ᠲᠥᠷᠥᠯ ᠲᠡᠮᠳᠡᠭ᠎ᠢ ᠡᠬᠦᠳᠦᠨ ᠠᠵᠤ ᠠᠬᠤᠶ᠎ᠶ᠋ᠢᠨ ᠪᠣᠳᠠᠲᠤ ᠬᠦᠴᠦᠨ᠂ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ ᠪᠠ ᠳᠠᠢᠴᠢᠯᠠᠬᠤ ᠴᠢᠳᠠᠪᠤᠷᠢ᠎ᠶ᠋ᠢ ᠲᠠᠰᠤᠷᠠᠯᠲᠠ ᠥᠬᠡᠶ ᠴᠢᠩᠭᠠᠳᠭᠠᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠂ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ᠎ᠶ᠋ᠢ ᠲᠦᠷᠭᠡᠳᠭᠡᠨ ᠠᠬᠢᠭᠤᠯᠬᠤ᠎ᠳᠤ ᠬᠦᠴᠦᠲᠡᠶ ᠲᠤᠯᠭᠠᠭᠤᠷᠢᠯᠠᠯ ᠬᠠᠩᠭᠠᠬᠤ᠎ᠪᠠᠷ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号