GDP ᠶ᠋ᠢᠨ ᠨᠡᠮᠡᠭ᠌ᠳᠡᠯ᠎ᠤᠨ ᠬᠤᠷᠳᠤᠴᠠ᠎ᠶ᠋ᠢ ᠶᠠᠭᠠᠬᠢᠭᠠᠳ ᠢᠡᠭ᠌ᠬᠢᠵᠦ᠍ ᠲᠤᠬ᠍ᠳᠠᠭᠠᠬ᠍ᠰᠠᠨ ᠪᠤᠢ?
ᠲᠥᠯᠥᠭᠡᠯᠡᠭ᠌ᠴᠢ᠎ᠶ᠋ᠢᠨ ᠠᠪᠴᠢᠷᠠᠭ᠍ᠰᠠᠨ 《ᠮᠤᠤᠷ ᠪᠤᠯᠤᠨ ᠢᠷᠪᠢᠰ᠎ᠤᠨ ᠬᠡᠷᠡᠯ ᠵᠢᠷᠤᠭ》 ᠢ ᠦᠵᠡᠭᠡᠳ ᠶᠡᠷᠦᠩᠬᠡᠶ ᠱᠦᠵᠢ ᠶᠠᠭᠤ ᠭᠡᠵᠦ᠍ ᠬᠡᠯᠡᠭ᠌ᠰᠡᠨ ᠪᠣᠶ?
ᠶᠡᠷᠦᠩᠬᠡᠶ ᠱᠦᠵᠢ ᠰᠤᠷᠭᠠᠭᠤᠯᠢ᠎ᠶ᠋ᠢᠨ ᠲᠣᠭᠤᠷᠢᠭ᠎ᠤᠨ ᠣᠷᠣᠨ ᠰᠠᠭᠤᠴᠠ᠎ᠶ᠋ᠢᠨ ᠠᠰᠠᠭᠤᠳᠠᠯ᠂ ᠠᠨᠠᠭᠠᠬᠤ ᠤᠬᠠᠭᠠᠨ᠎ᠤ ᠰᠤᠷᠭᠠᠨ ᠬᠥᠮᠦᠵᠢᠯ᠎ᠢ ᠰᠣᠬᠤᠷ ᠪᠠᠯᠠᠶ᠎ᠪᠠᠷ ᠥᠷᠭᠡᠳᠭᠡᠬᠦ᠌ ᠦᠵᠡᠭ᠌ᠳᠡᠯ᠎ᠢ ᠬᠡᠷᠬᠢᠨ ᠦᠵᠡᠵᠦ᠍ ᠪᠠᠢᠭ᠎ᠠ ᠪᠤᠶ?
᠁
3 ᠰᠠᠷ᠎ᠠ᠎ᠶ᠋ᠢᠨ 11 ᠤ ᠡᠳᠦᠷ᠂ ᠱᠢᠨᠬᠤᠸᠠ ᠬᠤᠷᠢᠶ᠎ᠠ ᠮᠡᠳᠡᠭᠡᠯᠡᠯ ᠨᠡᠢᠳᠡᠯᠡᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠡᠨᠡ ᠵᠢᠯ᠎ᠤᠨ ᠬᠤᠶᠠᠷ ᠬᠤᠷᠠᠯ᠎ᠤᠨ ᠬᠤᠭᠤᠴᠠᠭᠠᠨ᠎ᠳᠤ ᠲᠥᠯᠥᠭᠡᠯᠡᠭ᠌ᠴᠢᠳ ᠭᠡᠱᠢᠭᠦᠳ᠎ᠲᠠᠢ ᠳᠣᠲᠣᠨᠣ᠎ᠪᠠᠷ ᠰᠠᠨᠠᠯ᠎ᠢᠶᠠᠨ ᠰᠣᠯᠢᠯᠴᠠᠵᠤ᠂ ᠤᠯᠤᠰ᠎ᠤᠨ ᠶᠡᠭᠡ ᠪᠤᠳᠤᠯᠭ᠎ᠠ᠎ᠶ᠋ᠢ ᠬᠠᠮᠲᠤ᠎ᠪᠠᠷ ᠵᠥᠪᠯᠡᠭ᠌ᠰᠡᠨ ᠪᠠᠢᠳᠠᠯ᠎ᠢ ᠪᠦᠬᠦ᠌ ᠲᠠᠯ᠎ᠠ᠎ᠪᠠᠷ ᠲᠡᠮᠳᠡᠭ᠌ᠯᠡᠵᠦ᠍᠂ ᠮᠠᠰᠢ ᠤᠯᠠᠨ ᠥᠪᠡᠷᠮᠢᠴᠡ ᠨᠠᠷᠢᠨ ᠵᠦᠢᠯᠡᠰ᠎ᠢ ᠦᠵᠡᠬᠦᠯᠦᠭ᠌ᠰᠡᠨ ᠪᠠᠢᠨ᠎ᠠ᠃
【 《ᠡᠨᠡ ᠵᠢᠯ᠎ᠤᠨ GDP ᠶ᠋ᠢᠨ ᠨᠡᠮᠡᠭ᠌ᠳᠡᠯ᠎ᠤᠨ ᠬᠤᠷᠳᠤᠴᠠ᠎ᠶ᠋ᠢ ᠶᠠᠭᠤᠨ᠎ᠳᠤ ᠢᠩᠭᠢᠵᠦ᠍ ᠲᠤᠬ᠍ᠳᠠᠭᠠᠬ᠍ᠰᠠᠨ ᠪᠤᠢ?》 】

ᠬᠢᠨᠠᠨ ᠵᠥᠪᠯᠡᠭᠦᠯᠬᠦ᠂ ᠬᠢᠨᠠᠨ ᠪᠠᠢᠴᠠᠭᠠᠯᠭᠠᠬᠤ᠂ ᠶᠠᠷᠢᠯᠴᠠᠭᠤᠯᠬᠤ᠎ᠪᠠᠷ ᠳᠡᠪᠱᠢᠭᠦᠯᠦᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠠ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠥᠰᠦᠯ᠎ᠳᠤ 2021 ᠣᠨ᠎ᠤ GDP ᠶ᠋ᠢᠨ ᠨᠡᠮᠡᠭ᠌ᠳᠡᠯ᠎ᠤᠨ ᠬᠠᠷᠠᠯᠲᠠ᠎ᠶ᠋ᠢ 6% ᠠᠴᠠ ᠳᠡᠭᠡᠭ᠌ᠰᠢ ᠪᠣᠯᠭᠠᠬᠤ᠎ᠪᠠᠷ ᠲᠣᠭ᠍ᠲᠠᠭᠠᠪᠠ; ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠶ᠎ᠶ᠋ᠢᠨ ᠨᠡᠮᠡᠭ᠌ᠳᠡᠯ᠎ᠤᠨ ᠬᠤᠷᠳᠤᠴᠠ᠎ᠶ᠋ᠢᠨ ᠭᠦᠢᠴᠡᠳᠭᠡᠯ ᠲᠤᠭ᠎ᠠ᠎ᠶ᠋ᠢ 《ᠵᠣᠬᠢᠰᠲᠠᠶ ᠬᠡᠪᠴᠢᠶᠡᠨ᠎ᠳᠤ ᠪᠠᠢᠬᠤ᠎ᠶ᠋ᠢ ᠪᠠᠲᠤᠯᠠᠵᠤ᠂ ᠵᠢᠯ ᠪᠤᠯᠭᠠᠨ ᠪᠠᠢᠳᠠᠯ᠎ᠢᠶᠠᠨ ᠦᠨᠳᠦᠰᠦᠯᠡᠵᠦ᠍ ᠳᠤᠷᠠᠳᠤᠨ᠎ᠠ》 ᠭᠡᠵᠦ᠍ ᠲᠣᠭ᠍ᠲᠠᠭᠠᠵᠠᠶ᠂ ᠡᠨᠡ᠎ᠨᠢ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠲᠡᠤᠬᠡᠨ ᠳᠡᠭᠡᠷ᠎ᠡ ᠠᠩᠬ᠎ᠠ ᠤᠳᠠᠭ᠎ᠠ ᠭᠠᠷᠴᠤ᠌ ᠪᠠᠢᠭ᠎ᠠ ᠶᠤᠮ᠃
ᠡᠭᠦᠨ᠎ᠤ ᠳᠣᠲᠣᠷᠠᠬᠢ ᠤᠴᠢᠷ ᠱᠢᠯᠲᠠᠭᠠᠨ᠎ᠢ ᠪᠥᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠬᠠᠮᠲᠤᠷᠠᠭ᠍ᠰᠠᠨ ᠳᠤᠭᠤᠢᠯᠠᠩ᠎ᠤᠨ ᠬᠤᠷᠠᠯ᠎ᠳᠤ ᠣᠷᠣᠯᠴᠠᠬᠤ ᠦᠶ᠎ᠡ᠎ᠳᠤ᠂ ᠶᠡᠷᠦᠩᠬᠡᠶ ᠱᠦᠵᠢ ᠰᠢ᠎ᠶ᠋ᠢᠨ ᠫᠢᠩ ᠨᠢᠬᠡ ᠯᠡ ᠦᠬᠡ᠎ᠪᠠᠷ ᠲᠠᠢᠯᠪᠤᠷᠢᠯᠠᠬ᠍ᠰᠠᠨ ᠪᠠᠢᠨ᠎ᠠ᠄ 《ᠨᠢᠳᠤᠨᠤᠨ 2.3% ᠭᠡᠵᠦ᠍ ᠲᠤᠬ᠍ᠳᠠᠭᠠᠵᠠᠢ᠂ ᠡᠨᠡ ᠵᠢᠯ ᠪᠢᠳᠡ 6% ᠠᠴᠠ ᠲᠡᠬᠡᠭ᠌ᠰᠢ ᠬᠡᠵᠦ᠍ ᠲᠤᠬ᠍ᠳᠠᠭᠠᠬ᠍ᠰᠠᠨ ᠪᠠᠢᠨ᠎ᠠ᠂ ᠦᠨᠡᠨ᠎ᠳᠡᠭᠡᠨ ᠡᠨᠡ ᠬᠦ᠌ ᠭᠦᠢᠴᠡᠳᠭᠡᠯ ᠲᠤᠭ᠎ᠠ᠎ᠠᠴᠠ ᠥᠨᠳᠥᠷ ᠪᠠᠢᠵᠤ ᠪᠣᠯᠤᠨ᠎ᠠ᠂ ᠭᠡᠪᠡᠴᠦ᠍ ᠪᠢᠳᠡ ᠤᠷᠤᠨ ᠵᠠᠶ ᠦᠯᠡᠳᠡᠭᠡᠪᠡ᠂ ᠢᠩᠭᠢᠪᠡᠯ ᠪᠢᠳᠡ ᠭᠤᠤᠯ ᠬᠦᠴᠦᠨ ᠴᠢᠳᠠᠯ᠎ᠢᠶᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠲᠠᠯ᠎ᠠ᠎ᠳᠤ ᠨᠠᠩ ᠢᠯᠡᠭᠦᠤ ᠬᠡᠷᠡᠭ᠌ᠯᠡᠵᠦ᠍ ᠴᠢᠳᠠᠨ᠎ᠠ》᠃
【 《ᠡᠨᠡ ᠬᠤᠶᠠᠷ ᠬᠦᠬᠡᠷᠦᠬᠦᠨ ᠠᠮᠢᠳᠠᠨ ᠤ ᠭᠡᠷᠡᠯ ᠵᠢᠷᠤᠭ᠎ᠢ ᠦᠵᠡᠭ᠌ᠰᠡᠨ ᠤ ᠳᠠᠷᠠᠭ᠎ᠠ᠂ ᠶᠡᠷᠦᠩᠬᠡᠶ ᠱᠦᠵᠢ ᠢᠩᠭᠢᠵᠦ᠍ ᠬᠡᠯᠡᠪᠡ》 】
《ᠶᠡᠷᠦᠩᠬᠡᠢ ᠱᠦᠵᠢ ᠡ᠂ ᠲᠠ ᠦᠵᠡᠭᠡᠴᠢ᠂ ᠡᠭᠦᠨ᠎ᠢ ᠤᠢ᠍ᠢᠷ᠎ᠠ᠎ᠳᠤ ᠮᠠᠨ᠎ᠤ ᠨᠤᠲᠤᠭ᠎ᠲᠤ ᠰᠡᠭᠦᠳᠡᠷᠯᠡᠭ᠌ᠰᠡᠨ ᠶᠤᠮ》᠃
3 ᠰᠠᠷ᠎ᠠ᠎ᠶ᠋ᠢᠨ 7 ᠤ ᠦᠳᠡ᠎ᠶ᠋ᠢᠨ ᠬᠤᠢᠨ᠎ᠠ᠂ ᠠᠷᠠᠳ᠎ᠤᠨ ᠶᠡᠭᠡ ᠬᠤᠷᠠᠯ᠎ᠤᠨ ᠲᠠᠩᠬᠢᠮ᠎ᠤᠨ ᠵᠡᠭᠦᠨ ᠶᠡᠭᠡ ᠲᠢᠩᠬᠢᠮ᠎ᠳᠤ᠂ ᠬᠥᠬᠡᠨᠠᠭᠤᠷ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌ ᠠᠬᠤᠢ ᠲᠠᠯᠠᠪᠠᠢ᠎ᠳᠤ᠂ ᠬᠤᠶᠠᠷ ᠭᠡᠷᠡᠯ ᠵᠢᠷᠤᠭ ᠶᠡᠷᠦᠩᠬᠡᠢ ᠱᠦᠵᠢ ᠰᠢ᠎ᠶ᠋ᠢᠨ ᠫᠢᠩ᠎ᠤᠨ ᠠᠩᠬᠠᠷᠤᠯ᠎ᠢ ᠲᠠᠳᠠᠪᠠ᠃

ᠲᠥᠯᠥᠭᠡᠯᠡᠭ᠌ᠴᠢ ᠺᠦᠩ ᠴᠢᠩ ᠵᠢᠤᠢ ᠬᠡᠷᠡᠯ ᠵᠢᠷᠤᠭ ᠭᠠᠷᠭᠠᠵᠤ᠂ ᠡᠰᠡᠷᠭᠦ᠌ ᠲᠠᠯ᠎ᠠ᠎ᠳᠤ ᠰᠠᠭᠤᠵᠤ ᠪᠠᠢᠭ᠍ᠰᠠᠨ ᠶᠡᠷᠦᠩᠬᠡᠶ ᠱᠦᠵᠢ ᠰᠢ᠎ᠶ᠋ᠢᠨ ᠫᠢᠩ᠎ᠳᠤ ᠦᠵᠡᠭᠦᠯᠵᠠᠢ᠃ ᠨᠢᠭᠡ ᠭᠡᠷᠡᠯ ᠵᠢᠷᠤᠭ᠎ᠨᠢ ᠡᠪᠡᠰᠦᠨ ᠳᠤᠮᠳᠠᠭᠤᠷ ᠠᠯᠬᠤᠵᠤ ᠪᠠᠢᠭ᠎ᠠ ᠡᠯᠡᠰᠦᠨ ᠴᠦᠯ᠎ᠤᠨ ᠮᠤᠤᠷ; ᠨᠥᠭᠦᠭᠡ ᠨᠢᠭᠡ᠎ᠨᠢ ᠪᠣᠳᠠ ᠮᠣᠳᠣᠨ᠎ᠤ ᠳᠤᠮᠳᠠᠭᠤᠷ ᠶᠠᠪᠤᠵᠤ ᠪᠠᠢᠭ᠎ᠠ ᠴᠠᠭᠠᠨ ᠢᠷᠪᠢᠰ ᠪᠣᠯᠤᠨ᠎ᠠ᠃
《ᠥᠩᠭᠡᠷᠡᠭ᠌ᠰᠡᠨ᠎ᠳᠤ ᠲᠤᠩ ᠬᠤᠪᠣᠷ ᠴᠤᠬᠠᠭ ᠪᠠᠢᠭ᠍ᠰᠠᠨ ᠠᠮᠢᠳᠠᠳ ᠤᠳᠤ ᠪᠠᠢᠨ ᠲᠠᠬᠢᠨ ᠬᠠᠷᠠᠬ᠍ᠳᠠᠬᠤ ᠪᠤᠯᠵᠠᠢ》 ᠺᠦᠩ ᠴᠢᠩ ᠵᠢᠤᠢ ᠡᠭᠦᠨ᠎ᠢᠶᠠᠷ ᠭᠡᠷᠡᠴᠢ ᠪᠣᠯᠭᠠᠵᠤ᠂ ᠠᠮᠢ ᠠᠬᠤᠢ᠎ᠶ᠋ᠢᠨ ᠣᠷᠴᠢᠨ ᠲᠣᠭᠤᠷᠢᠨ᠎ᠤ ᠬᠤᠪᠢᠷᠠᠯᠲᠠ᠎ᠶ᠋ᠢ ᠶᠠᠷᠢᠪᠠ᠃
《ᠡᠨᠡ᠎ᠨᠢ ᠠᠮᠢ ᠠᠬᠤᠶ᠎ᠶ᠋ᠢᠨ ᠬᠠᠮᠠᠭᠠᠯᠠᠯᠲᠠ ᠦᠷ᠎ᠡ ᠪᠦᠲᠦᠮᠵᠢ ᠣᠯᠤᠭ᠍ᠰᠠᠨ᠎ᠢ ᠬᠠᠷᠠᠭᠤᠯᠵᠤ ᠪᠠᠢᠨ᠎ᠠ᠃》 ᠶᠡᠷᠦᠩᠬᠡᠶ ᠱᠦᠵᠢ ᠰᠢ᠎ᠶ᠋ᠢᠨ ᠫᠢᠩ ᠬᠡᠷᠡᠯ ᠵᠢᠷᠤᠭ᠎ᠢ ᠱᠢᠷᠲᠡᠨ᠂ ᠪᠠᠢᠨ ᠳᠠᠬᠢᠨ ᠲᠣᠯᠣᠭᠠᠶ ᠳᠣᠬᠢᠵᠤ᠂ 《ᠢᠯᠠᠩᠭᠤᠶ᠎ᠠ ᠣᠯᠠᠨ ᠲᠦᠮᠡᠨ᠎ᠤ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠬᠠᠮᠰᠠᠷ ᠴᠤ᠌ ᠴᠢᠩᠭᠠᠷᠠᠵᠤ᠂ ᠠᠮᠢ ᠠᠬᠤᠶ᠎ᠶ᠋ᠢᠨ ᠲᠣᠰ ᠪᠡᠶ᠎ᠡ᠎ᠶ᠋ᠢᠨ ᠠᠵᠤ ᠠᠬᠤᠶ᠎ᠶ᠋ᠢᠨ ᠦᠨ᠎ᠡ ᠥᠷᠲᠡᠭ᠎ᠢ ᠣᠯᠵᠤ ᠬᠠᠷᠠᠵᠠᠶ》 ᠬᠡᠯᠡ᠃
【 ᠤᠯᠠᠭᠠᠨᠰᠤᠬᠠᠶ᠎ᠳᠤ ᠪᠢ ᠣᠯᠠᠨ ᠤᠳᠠᠭ᠎ᠠ ᠴᠣᠬᠤᠯᠠᠪᠤᠷᠢ ᠦᠭ᠌ᠬᠦᠭ᠌ᠰᠡᠨ ᠶᠤᠮ 】
《ᠠᠭᠤᠯᠠ ᠤᠰᠤ ᠣᠶ ᠮᠤᠳᠦ ᠭᠠᠵᠠᠷ ᠲᠠᠷᠢᠶ᠎ᠠ ᠨᠠᠭᠤᠷ ᠪᠦᠷᠢᠳᠦ ᠨᠤᠳᠤᠭ ᠪᠡᠯᠴᠢᠬᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠠᠢ᠎ᠪᠠᠷ ᠵᠠᠰᠠᠬᠤ᠎ᠶ᠋ᠢ ᠨᠢᠭᠡᠳᠦᠯᠲᠡᠶ ᠲᠥᠯᠦᠪᠵᠢᠬᠦᠯᠬᠦ᠌ ᠬᠡᠷᠡᠭ᠌ᠳᠡᠢ᠂ ᠠᠳᠡ 〈ᠡᠯᠡᠰᠦ ᠮᠠᠩᠬ᠎ᠠ〉 ᠭᠡᠬᠦ᠌ ᠦᠭᠡ ᠨᠡᠮᠡᠬᠦ᠌ ᠴᠢᠬᠤᠯᠠᠳᠠᠢ》᠃ 3 ᠰᠠᠷ᠎ᠠ᠎ᠶ᠋ᠢᠨ 5 ᠤ ᠦᠳᠡ᠎ᠶ᠋ᠢᠨ ᠬᠤᠢᠨ᠎ᠠ᠂ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠳᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠱᠢᠨ᠎ᠡ ᠳᠤᠷᠠᠳᠤᠯᠭ᠎ᠠ ᠬᠥᠮᠦᠰ᠎ᠤᠨ ᠠᠩᠬᠠᠷᠤᠯ᠎ᠢ ᠲᠠᠲᠠᠯ᠎ᠠ᠃

ᠪᠠᠶᠠᠨᠨᠠᠭᠤᠷ᠎ᠠᠴᠠ ᠢᠷᠡᠭ᠌ᠰᠡᠨ ᠵᠠᠩ ᠱᠢᠶᠤᠤ ᠪᠢᠩ ᠲᠥᠯᠥᠭᠡᠯᠡᠭ᠌ᠴᠢ ᠤᠢ᠍ᠢᠷ᠎ᠠ᠎ᠶ᠋ᠢᠨ ᠵᠢᠯ᠎ᠤᠨ ᠲᠤᠷᠱᠢᠬᠢ ᠤᠯᠠᠭᠠᠨᠰᠤᠬᠠᠢ᠎ᠶ᠋ᠢᠨ ᠰᠠᠪᠠ ᠭᠠᠵᠠᠷ᠎ᠢ ᠵᠠᠰᠠᠭ᠍ᠰᠠᠨ ᠠᠷᠭ᠎ᠠ ᠪᠠᠷᠢᠯ᠎ᠢᠶᠠᠨ ᠲᠠᠨᠢᠯᠴᠠᠭᠤᠯᠪᠠ᠃
《ᠤᠯᠠᠭᠠᠨᠰᠤᠬᠠᠢ᠎ᠳᠤ ᠪᠢ ᠤᠯᠠᠨ ᠤᠳᠠᠭ᠎ᠠ ᠴᠣᠬᠤᠯᠠᠪᠤᠷᠢ ᠦᠭ᠌ᠴᠤ ᠥᠩᠭᠡᠷᠡᠭ᠌ᠰᠡᠨ ᠶᠤᠮ᠂ ᠤᠳᠤ ᠦᠵᠡᠬᠦ᠌᠎ᠳᠤ ᠵᠠᠰᠠᠯᠲᠠ ᠢᠯᠡᠳᠲᠡ ᠦᠷ᠎ᠡ ᠪᠦᠲᠦᠮᠵᠢ ᠣᠯᠤᠭ᠍ᠰᠠᠨ ᠪᠠᠢᠨ᠎ᠠ᠂ ᠮᠦᠨ ᠦᠷᠬᠦᠯᠵᠢᠯᠡᠨ ᠴᠢᠷᠮᠠᠢᠬᠤ ᠬᠡᠷᠡᠭ᠌ᠲᠡᠢ》᠃ ᠶᠡᠷᠦᠩᠬᠡᠶ ᠱᠦᠵᠢ ᠰᠢ᠎ᠶ᠋ᠢᠨ ᠫᠢᠩ ᠵᠢᠭᠠᠵᠤ ᠭᠠᠷᠭᠠᠭ᠍ᠰᠠᠨ᠎ᠨᠢ᠂ 《ᠡᠨᠡᠬᠦ᠌ ᠭᠠᠵᠠᠷ ᠣᠷᠣᠨ᠎ᠢ ᠰᠠᠢᠲᠤᠷ ᠬᠠᠮᠠᠭᠠᠯᠠᠬᠤ᠎ᠳᠤ ᠬᠤᠵᠢᠷᠱᠢᠭ᠍ᠰᠠᠨ ᠲᠠᠷᠢᠶᠠᠨ ᠭᠠᠵᠠᠷ᠎ᠢ ᠵᠠᠰᠠᠬᠤ ᠠᠰᠠᠭᠤᠳᠠᠯ ᠪᠠᠢᠬᠤ ᠪᠥᠭᠡᠳ ᠪᠠᠰᠠ ᠡᠯᠡᠰᠦ ᠮᠠᠩᠬ᠎ᠠ᠎ᠶ᠋ᠢ ᠵᠠᠰᠠᠬᠤ ᠠᠰᠠᠭᠤᠳᠠᠯ ᠴᠤ᠌ ᠪᠠᠢᠨ᠎ᠠ᠂ ᠡᠭᠦᠨ᠎ᠢ ᠬᠡᠷᠬᠢᠨ ᠪᠠᠢᠷᠢᠱᠢᠭᠤᠯᠬᠤ ᠪᠤᠶ? ᠦᠵᠦ᠍ ᠲᠥᠯᠥᠪᠯᠡᠭᠡ᠎ᠶ᠋ᠢ ᠰᠠᠢᠲᠤᠷ ᠬᠢᠬᠦ᠌ ᠬᠡᠷᠡᠭ᠌ᠲᠡᠶ》 ᠭᠡᠵᠡᠶ᠃
【 ᠡᠨᠡ ᠬᠡᠰᠡᠭ ᠱᠢᠭᠤᠢᠲᠤ ᠣᠷᠣᠨ᠎ᠤ ᠶᠡᠷᠦᠩᠭᠡᠢ ᠥᠷᠲᠡᠭ᠎ᠨᠢ 6000 ᠭᠠᠷᠤᠶ ᠳ᠋ᠦᠩᠱᠢᠭᠤᠷ ᠲᠥᠭᠦᠷᠢᠭ? ᠡᠨᠡ ᠪᠤᠯ ᠲᠠᠷᠤᠢ 《ᠪᠣᠬᠢᠷᠲᠤᠯ ᠥᠬᠡᠶ GDP》 】

ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠳᠤ᠂ ᠬᠡᠳᠦᠨ ᠠᠷᠪᠠᠨ ᠵᠢᠯ ᠤᠢ ᠱᠢᠭᠤᠢ᠎ᠶ᠋ᠢᠨ ᠲᠠᠯᠠᠪᠠᠢ᠎ᠶ᠋ᠢᠨ ᠠᠵᠢᠯᠴᠢᠨ ᠪᠣᠯᠤᠭ᠍ᠰᠠᠨ ᠵᠧᠦ ᠢ ᠵᠧ ᠲᠥᠯᠥᠭᠡᠯᠡᠭ᠌ᠴᠢ ᠶᠡᠷᠦᠩᠬᠡᠢ ᠱᠦᠵᠢ᠎ᠳᠤ᠂ ᠪᠠᠢᠭᠠᠯᠢ᠎ᠶ᠋ᠢᠨ ᠤᠢ ᠱᠢᠭᠤᠢ᠎ᠶ᠋ᠢᠨ ᠬᠠᠮᠠᠭᠠᠯᠠᠯᠲᠠ᠎ᠶ᠋ᠢᠨ ᠢᠨᠵᠧᠨᠧᠷᠢᠩ᠎ᠤᠨ ᠬᠡᠷᠡᠭ᠌ᠵᠢᠭᠦᠯᠦᠭ᠌ᠳᠡᠬᠦ᠌᠎ᠶ᠋ᠢ ᠲᠠᠭᠠᠯᠳᠤᠨ᠂ ᠲᠡᠭᠦᠨ᠎ᠤ ᠪᠠᠢᠭ᠎ᠠ ᠱᠢᠭᠤᠢᠲᠤ ᠣᠷᠣᠨ ᠲᠤᠩ ᠶᠡᠭᠡ ᠰᠠᠢᠵᠢᠷᠠᠬ᠍ᠰᠠᠨ ᠪᠠᠢᠨ᠎ᠠ᠃ ᠪᠠᠷᠤᠬ᠍ᠴᠠᠭᠠᠯᠠᠬ᠍ᠰᠠᠨᠢᠶᠠᠷ᠂ 2018 ᠣᠨ᠎ᠳᠤ᠂ ᠱᠢᠭᠤᠢᠲᠤ ᠣᠷᠣᠨ᠎ᠤ ᠣᠶ ᠱᠢᠭᠤᠢ ᠬᠢᠭᠡᠳ ᠨᠤᠭᠤ ᠭᠠᠵᠠᠷ᠎ᠤᠨ ᠠᠮᠢ ᠠᠬᠤᠶ᠎ᠶ᠋ᠢᠨ ᠱᠢᠰᠲ᠋ᠧᠮ᠎ᠤᠨ ᠦᠢᠯᠡᠴᠢᠯᠡᠭᠡᠨ᠎ᠤ ᠴᠢᠳᠠᠮᠵᠢ᠎ᠶ᠋ᠢᠨ ᠶᠡᠷᠦᠩᠬᠡᠶ ᠥᠷᠲᠡᠭ 6159.74 ᠳ᠋ᠦᠩᠱᠢᠭᠤᠷ ᠲᠥᠭᠦᠷᠢᠭ᠎ᠲᠤ ᠬᠦᠷᠴᠠᠢ ᠭᠡᠵᠦ᠍ ᠬᠡᠯᠡᠪᠡ᠃
ᠶᠡᠷᠦᠩᠬᠡᠶ ᠱᠦᠵᠢ ᠰᠢ᠎ᠶ᠋ᠢᠨ ᠫᠢᠩ᠄ 《ᠲᠠᠨ᠎ᠤ ᠳᠤᠷᠠᠳᠤᠭ᠍ᠰᠠᠨ ᠡᠨᠡ ᠬᠦ᠌ ᠠᠮᠢ ᠠᠬᠤᠶ᠎ᠶ᠋ᠢᠨ ᠶᠡᠷᠦᠩᠬᠡᠶ ᠥᠷᠲᠡᠭ ᠪᠣᠯ ᠳᠠᠷᠤᠶ ᠪᠣᠬᠢᠷᠲᠤᠯ ᠥᠬᠡᠶ GDP ᠶ᠋ᠢᠨ ᠤᠢ᠍ᠢᠯᠠᠭᠠᠬ᠍ᠳᠠᠬᠤᠨ ᠪᠤᠯᠤᠨ᠎ᠠ᠂ ᠡᠨᠡ᠎ᠨᠢ ᠠᠮᠢ ᠠᠬᠤᠶ᠎ᠶ᠋ᠢᠨ ᠲᠣᠰ ᠪᠡᠶ᠎ᠡ᠎ᠨᠢ ᠳᠠᠷᠤᠶ ᠥᠷᠲᠡᠭ ᠮᠥᠨ ᠭᠡᠳᠡᠭ᠎ᠢ ᠬᠠᠷᠠᠭᠤᠯᠵᠤ ᠪᠠᠢᠨ᠎ᠠ᠂ ᠡᠭᠦᠨ᠎ᠤ ᠲᠤᠳᠤᠷ᠎ᠠ ᠣᠶ ᠮᠣᠳᠣᠨ᠎ᠤ ᠲᠣᠰ ᠪᠡᠶ᠎ᠡ᠎ᠶ᠋ᠢᠨ ᠥᠷᠲᠡᠭ ᠪᠠᠢᠬᠤ ᠪᠦ᠍ᠬᠡᠳ ᠪᠠᠰᠠ ᠴᠡᠪᠡᠷᠱᠢᠬᠦᠯᠬᠦ᠌ ᠦᠢᠯᠡᠳᠦᠯ ᠪᠠᠢᠵᠤ᠂ ᠨᠠᠩ ᠴᠤ᠌ ᠵᠢᠭᠤᠯᠴᠢᠯᠠᠯ᠂ ᠣᠶ ᠮᠤᠳᠤᠨ᠎ᠤ ᠠᠵᠤ ᠠᠬᠤᠶ ᠵᠡᠷᠭᠡ᠎ᠶ᠋ᠢᠨ ᠬᠦᠭ᠌ᠵᠢᠯᠳᠡ᠎ᠶ᠋ᠢ ᠠᠪᠴᠢᠷᠠᠬᠤ ᠪᠤᠯᠤᠨ᠎ᠠ》 ᠭᠡᠵᠦ᠍ ᠰᠡᠳᠭᠢᠯ ᠲᠤᠬ᠍ᠳᠤᠯᠤᠨ ᠶᠠᠷᠢᠵᠠᠢ᠃
【 ᠲᠣᠰᠭᠤᠨ᠎ᠤ ᠠᠷᠠᠳ᠎ᠤᠨ ᠴᠠᠬᠢᠯᠭᠠᠨ ᠬᠠᠯᠠᠭᠠᠯᠲᠠ᠎ᠶ᠋ᠢᠨ ᠬᠠᠨᠵᠤ ᠶᠠᠮᠠᠷ ᠶᠠᠩᠵᠤ᠎ᠲᠠᠢ ᠪᠤᠢ? 】

2016 ᠣᠨ᠎ᠤ 8 ᠰᠠᠷ᠎ᠠ᠎ᠶ᠋ᠢᠨ 23 ᠤ ᠦᠳᠡ᠎ᠶ᠋ᠢᠨ ᠡᠮᠦᠨ᠎ᠡ᠂ ᠶᠡᠷᠦᠩᠬᠡᠢ ᠱᠦᠵᠢ ᠪᠣᠷᠣᠭᠠᠨ᠎ᠤ ᠳᠤᠮᠳᠠᠭᠤᠷ ᠬᠥᠬᠡᠨᠠᠭᠤᠷ ᠮᠤᠵᠢ᠎ᠶ᠋ᠢᠨ ᠬᠠᠢᠳᠦ᠋ᠩ ᠬᠤᠳᠠ᠎ᠶ᠋ᠢᠨ ᠬᠤ᠌ ᠵᠦ᠍ ᠮᠤᠩᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠱᠢᠶᠠᠨ᠎ᠤ᠎ᠪᠠᠨ ᠶᠠᠨ ᠲᠣᠰᠭᠤᠨ᠎ᠳᠤ ᠬᠦᠷᠴᠦ᠍᠂ ᠶᠠᠳᠠᠭᠤ ᠬᠦᠴᠢᠷᠳᠡᠯᠲᠡᠢ ᠡᠷᠦᠬᠡ᠎ᠪᠠᠷ ᠤᠷᠤᠵᠦ᠍ ᠱᠢᠨᠵᠢᠯᠡᠨ ᠪᠠᠢᠴᠠᠭᠠᠯᠳᠠ ᠬᠢᠵᠦ᠍᠂ ᠤᠯᠠᠨ᠎ᠲᠠᠢ ᠬᠠᠮᠲᠤ ᠣᠨᠳᠣᠣ ᠭᠠᠵᠠᠷ᠎ᠲᠤ ᠨᠡᠭᠦᠯᠬᠡᠭ᠌ᠰᠡᠨᠤ ᠳᠠᠷᠠᠭ᠎ᠠ ᠬᠡᠷᠬᠢᠨ ᠶᠠᠳᠠᠭᠤ᠎ᠠᠴᠠ ᠠᠩᠭᠢᠵᠢᠷᠠᠵᠦ᠍ ᠴᠢᠨᠡᠭᠡᠯᠢᠭ᠌ᠵᠢᠯ᠎ᠤᠨ ᠵᠠᠮ᠎ᠢᠶᠠᠷ ᠵᠠᠮᠨᠠᠬᠤ ᠲᠤᠬᠠᠢ ᠰᠦᠪᠡᠭ᠌ᠴᠢᠯᠡᠵᠡᠢ᠃
ᠡᠨᠡ ᠤᠳᠠᠭ᠎ᠠ ᠬᠥᠬᠡᠨᠠᠭᠤᠷ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌ ᠠᠬᠤᠢ ᠲᠠᠯᠠᠪᠠᠢ᠎ᠳᠤ᠂ ᠬᠤ᠌ ᠵᠦ᠍ ᠱᠢᠶᠠᠨ᠎ᠠᠴᠠ ᠢᠷᠡᠭ᠌ᠰᠡᠨ ᠮᠣᠩᠭᠤᠷ ᠦᠨᠳᠦᠰᠦᠲᠡᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠠ ᠱᠧᠩ ᠴᠢᠩ ᠶᠡᠷᠦᠩᠬᠡᠢ ᠱᠦᠵᠢ᠎ᠳᠤ᠂ ᠪᠠᠨ ᠶᠠᠨ ᠲᠣᠰᠭᠤᠨ᠎ᠳᠤ ᠲᠩᠷᠢ ᠭᠠᠵᠠᠷ᠎ᠢ ᠳᠣᠩᠰᠣᠯᠭᠠᠮ᠎ᠠ ᠬᠤᠪᠢᠷᠠᠯᠲᠠ ᠭᠠᠷᠴᠤ᠌᠂ ᠲᠣᠰᠭᠤᠨ᠎ᠤ ᠬᠥᠮᠦᠨ ᠳᠤᠮᠳᠠᠴᠢ᠎ᠶ᠋ᠢᠨ ᠵᠢᠯ᠎ᠤᠨ ᠣᠷᠣᠯᠭ᠎ᠠ 5 ᠵᠢᠯ᠎ᠤᠨ ᠡᠮᠦᠨᠡᠬᠢ 2600 ᠲᠥᠭᠦᠷᠢᠭ ᠪᠠᠢᠬ᠍ᠰᠠᠨ᠎ᠠᠴᠠ 11419 ᠲᠥᠭᠦᠷᠢᠭ ᠪᠣᠯᠤᠨ ᠳᠡᠭᠡᠭ᠌ᠰᠢᠯᠡᠵᠡᠢ ᠭᠡᠵᠦ᠍ ᠬᠡᠯᠡᠪᠡ᠃
ᠶᠡᠷᠦᠩᠬᠡᠢ ᠱᠦᠵᠢ ᠰᠢ᠎ᠶ᠋ᠢᠨ ᠫᠢᠩ ᠳᠣᠲᠣᠨᠣ᠎ᠪᠠᠷ᠄ 《ᠲᠣᠰᠭᠤᠨ᠎ᠤ ᠠᠷᠠᠳ᠎ᠤᠨ ᠴᠠᠬᠢᠯᠭᠠᠨ ᠬᠠᠯᠠᠭᠠᠯᠲᠠ᠎ᠶ᠋ᠢᠨ ᠬᠠᠨᠵᠤ ᠶᠠᠮᠠᠷ ᠶᠠᠩᠵᠤ᠎ᠲᠠᠢ ᠪᠤᠢ》 《ᠬᠠᠳᠭᠤᠮᠠᠯ᠎ᠤᠨ ᠠᠵᠤ ᠦᠢᠯᠡᠰ ᠬᠡᠷᠬᠢᠨ ᠶᠠᠳᠠᠭᠤ᠎ᠠᠴᠠ ᠠᠩᠭᠢᠵᠢᠷᠠᠭᠤᠯᠬᠤ᠎ᠳᠤ ᠬᠦᠴᠦ᠍ ᠨᠡᠮᠡᠷᠢᠯᠡᠵᠦ᠍ ᠪᠠᠢᠬᠤ ᠪᠤᠢ》 《ᠮᠢᠩ ᠯᠢᠤ ᠠᠷᠢᠬᠢ᠎ᠶ᠋ᠢ ᠬᠡᠷᠬᠢᠨ ᠠᠵᠤ ᠦᠢᠯᠡᠰ ᠪᠣᠯᠭᠠᠬ᠍ᠰᠠᠨ ᠪᠤᠢ》 ᠁ ᠵᠡᠷᠬᠡ᠎ᠶ᠋ᠢ ᠨᠠᠷᠢᠨ ᠨᠢᠮᠪᠠᠢ ᠠᠰᠠᠭᠤᠪᠠ᠃
【 《ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶ᠎ᠠ᠎ᠶ᠋ᠢ ᠪᠤᠵᠠᠭᠠᠢᠷᠠᠭᠤᠯᠬᠤ᠂ ᠡᠨᠡ ᠪᠣᠯ ᠲᠣᠳᠣᠷᠬᠠᠶ ᠶᠤᠮ》 】
ᠬᠤ᠌ ᠢᠦᠢ ᠭᠡᠱᠢᠭᠦᠨ ᠪᠤᠯ ᠬᠢᠵᠢᠭ᠎ᠤᠨ ᠡᠬᠢᠨ᠎ᠤ ᠬᠤᠭᠤᠴᠠᠭᠠᠨ᠎ᠳᠤ ᠦᠬᠠᠨ᠎ᠳᠤ ᠬᠦᠨᠳᠦ ᠡᠪᠡᠳᠴᠢᠲᠡᠨ᠎ᠢ ᠬᠦᠯᠢᠶᠡᠨ ᠠᠪᠴᠤ᠌ ᠡᠮᠨᠡᠭ᠌ᠰᠡᠨ ᠬᠡᠳᠦᠨ ᠡᠮᠨᠡᠯᠭᠡ᠎ᠶ᠋ᠢᠨ ᠬᠤᠷᠢᠶᠠᠨ᠎ᠤ ᠨᠢᠭᠡ᠎ᠨᠢ ᠪᠤᠯᠬᠤ — ᠬᠤᠸᠠ ᠵᠦᠩ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠶᠡᠭᠡ ᠰᠤᠷᠭᠠᠭᠤᠯᠢ᠎ᠶ᠋ᠢᠨ ᠬᠠᠷᠢᠶᠠᠲᠤ ᠱᠢᠶᠧ ᠾᠧ ᠡᠮᠨᠡᠯᠭᠡ᠎ᠶ᠋ᠢᠨ ᠬᠤᠷᠢᠶ᠎ᠠ᠎ᠠᠴᠠ ᠢᠷᠡᠭ᠌ᠰᠡᠨ ᠡᠮᠴᠢ ᠪᠤᠯᠤᠨ᠎ᠠ᠃
ᠬᠤ᠌ ᠢᠦᠢ᠂ 《ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶᠠᠨ᠎ᠤ 〈ᠨᠡᠢᠲᠡ᠎ᠶ᠋ᠢᠨ᠎ᠬᠢ〉 ᠭᠡᠰᠡᠨ᠎ᠢ ᠴᠢᠩᠭᠠᠳᠭᠠᠵᠤ᠂ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶᠠᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ》 ᠰᠠᠨᠠᠭᠤᠯᠭ᠎ᠠ ᠳᠤᠷᠠᠳᠪᠠ᠃
《ᠬᠢᠵᠢᠭ ᠲᠠᠢ ᠲᠡᠮᠡᠴᠡᠬᠦ᠌ ᠲᠡᠮᠡᠴᠡᠯ ᠳᠤᠮᠳᠠ᠂ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶ᠎ᠠ ᠪᠣᠯ ᠭᠤᠣᠯ ᠲᠤᠯᠭᠠᠭᠤᠷᠢ ᠪᠣᠯᠤᠨ᠎ᠠ᠃ ᠡᠨᠡ᠎ᠨᠢ ᠤᠯᠤᠰ ᠳᠠᠶᠠᠭᠠᠷ᠎ᠤᠨ ᠪᠠᠢᠭᠤᠯᠤᠯ᠎ᠤᠨ ᠳᠣᠣᠷ᠎ᠠ᠂ ᠨᠢᠭᠡ᠎ᠨᠢ ᠬᠦᠴᠢᠷᠳᠡᠪᠡᠯ ᠨᠡᠢᠲᠡ᠎ᠪᠠᠷ᠎ᠢᠶᠠᠨ ᠲᠤᠰᠠᠯᠠᠵᠤ᠂ ᠬᠦᠴᠦᠨ᠎ᠢᠶᠠᠨ ᠲᠥᠪᠯᠡᠷᠡᠭᠦᠯᠦᠨ ᠶᠡᠭᠡ ᠶᠠᠪᠤᠳᠠᠯ᠎ᠢ ᠪᠦᠲᠦᠭᠡᠵᠦ᠍ ᠴᠢᠳᠠᠨ᠎ᠠ ᠭᠡᠳᠡᠭ ᠶᠤᠰᠤ᠎ᠶ᠋ᠢ ᠳᠠᠬᠢᠨᠲᠠ ᠲᠣᠳᠣᠷᠬᠠᠢᠯᠠᠪᠠ᠃》 ᠶᠡᠷᠦᠩᠬᠡᠶ ᠱᠦᠵᠢ ᠰᠢ᠎ᠶ᠋ᠢᠨ ᠫᠢᠩ᠄ 《ᠲᠠᠷᠠᠭᠠᠴᠢ᠎ᠶ᠋ᠢᠨ ᠠᠯᠬᠤᠮ᠎ᠳᠤ᠂ ᠡᠮᠴᠢᠯᠡᠭᠡᠨ᠎ᠤ ᠱᠢᠰᠲ᠋ᠧᠮ᠎ᠤᠨ ᠪᠠᠢᠭᠤᠯᠤᠯᠲᠠ᠎ᠶ᠋ᠢᠨ ᠲᠠᠯ᠎ᠠ᠎ᠪᠠᠷ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶ᠎ᠠ᠎ᠶ᠋ᠢ ᠤᠯᠠᠮ ᠴᠢᠨᠠᠬ᠍ᠰᠢᠲᠠ ᠪᠠᠬᠢᠵᠢᠭᠦᠯᠵᠦ᠍᠂ ᠴᠢᠩᠭᠠᠳᠭᠠᠵᠤ᠂ ᠪᠤᠵᠠᠭᠠᠢᠷᠠᠭᠤᠯᠬᠤ ᠬᠡᠷᠡᠭ᠌ᠲᠡᠶ᠂ ᠡᠨᠡ ᠪᠣᠯ ᠲᠣᠳᠣᠷᠬᠠᠶ ᠶᠤᠮ》 ᠭᠡᠵᠦ᠍ ᠬᠠᠷᠢᠭᠤᠯᠪᠠ᠃
【 ᠠᠨᠠᠭᠠᠬᠤ ᠤᠬᠠᠭᠠᠨ᠎ᠤ ᠰᠤᠷᠭᠠᠨ ᠬᠥᠮᠦᠵᠢᠯ᠎ᠢ ᠰᠣᠬᠤᠷ ᠪᠠᠯᠠᠢ᠎ᠪᠠᠷ ᠥᠷᠭᠡᠳᠭᠡᠬᠦ᠌᠎ᠳᠤ ᠬᠠᠷᠢᠭᠤ ᠦᠭ᠌ᠭᠦᠭ᠌ᠰᠡᠨ᠎ᠨᠢ᠄ 《ᠴᠢᠨᠠᠷ ᠴᠢᠨᠰᠠᠭ᠎ᠠ᠎ᠨᠢ ᠶᠠᠮᠠᠷ ᠵᠡᠷᠭᠡ᠎ᠨᠢ ᠵᠠᠩᠭᠢᠯᠠᠭ᠎ᠠ ᠪᠤᠯᠤᠨ᠎ᠠ》 】
ᠸᠠᠩ ᠴᠧᠨ ᠭᠡᠱᠢᠭᠦᠨ ᠬᠢᠵᠢᠭ᠎ᠢ ᠡᠰᠡᠷᠭᠦᠴᠡᠬᠦ᠌ ᠡᠮᠦᠨ᠎ᠡ ᠹᠷᠣᠨᠲ᠎ᠲᠤ ᠡᠷᠡᠯᠬᠡᠭ᠌ᠯᠡᠨ ᠲᠡᠮᠡᠴᠡᠭ᠌ᠰᠡᠭᠡᠷ ᠢᠷᠡᠵᠡᠢ᠃ ᠦᠭᠡ ᠶᠠᠷᠢᠬᠤ᠎ᠲᠠᠢ ᠵᠡᠷᠭᠡ ᠶᠡᠷᠦᠩᠬᠡᠢ ᠱᠦᠵᠢ ᠰᠢ᠎ᠶ᠋ᠢᠨ ᠫᠢᠩ ᠲᠡᠭᠦᠨ᠎ᠢ ᠲᠠᠨᠢᠵᠤ ᠭᠠᠷᠤᠬ᠍ᠰᠠᠨ ᠪᠠᠢᠨ᠎ᠠ᠃ 《ᠪᠢ ᠴᠢᠮᠠᠶ᠋ᠢ ᠲᠠᠨᠢᠨ᠎ᠠ᠂ ᠭᠡᠪᠡᠴᠦ᠍ ᠤᠤᠯ᠎ᠨᠢ ᠬᠤᠷᠠᠯ ᠬᠢᠬᠦ᠌᠎ᠳᠤ ᠲᠠᠨ᠎ᠤ ᠦᠭᠡ ᠶᠠᠷᠢᠬᠤ᠎ᠶ᠋ᠢ ᠪᠠᠰᠠ ᠰᠣᠨᠣᠰᠴᠤ᠌ ᠥᠩᠭᠡᠷᠡᠭᠡ ᠦᠭᠡᠢ》 ᠭᠡᠪᠠ᠃
ᠸᠠᠩ ᠴᠧᠨ᠂ ᠣᠳᠣᠬᠠᠨ᠎ᠳᠤ ᠵᠠᠷᠢᠮ ᠶᠡᠭᠡ ᠳᠡᠭᠡᠳᠦ ᠰᠤᠷᠭᠠᠭᠤᠯᠢ ᠪᠠᠢᠷᠢ ᠰᠠᠭᠤᠷᠢ᠎ᠪᠠᠨ ᠳᠡᠭᠡᠭ᠌ᠰᠢᠯᠡᠭᠦᠯᠬᠦ᠌᠎ᠶ᠋ᠢᠨ ᠲᠦᠯᠦᠭᠡ ᠪᠣᠳᠠᠲᠠᠢ ᠪᠠᠢᠳᠠᠯ᠎ᠢᠶᠠᠨ ᠬᠠᠢᠬᠤᠷᠬᠤ ᠦᠭᠡᠢ᠎ᠪᠠᠷ ᠠᠨᠠᠭᠠᠬᠤ ᠤᠬᠠᠭᠠᠨ᠎ᠤ ᠳᠡᠭᠡᠳᠦ ᠰᠤᠷᠭᠠᠭᠤᠯᠢ ᠪᠠᠢᠭᠤᠯᠵᠤ᠂ ᠰᠤᠷᠤᠭ᠍ᠴᠢ ᠡᠯᠰᠡᠬᠦ᠌ ᠬᠡᠪᠴᠢᠶ᠎ᠡ ᠬᠡᠮᠵᠢᠶ᠎ᠡ᠎ᠪᠠᠨ ᠥᠷᠭᠡᠳᠭᠡᠵᠤ ᠪᠤᠢ᠂ ᠡᠨᠡ᠎ᠨᠢ ᠰᠤᠷᠭᠠᠨ ᠬᠦᠮᠦᠵᠢᠯ᠎ᠤᠨ ᠡᠬᠢ ᠪᠠᠶᠠᠯᠢᠭ ᠬᠦᠷᠦᠯᠴᠡᠭᠦ᠌ ᠦᠭᠡᠢ ᠪᠠᠢᠳᠠᠯ ᠳᠤᠤᠷ᠎ᠠ ᠴᠢᠳᠠᠪᠤᠷᠢᠲᠠᠨ ᠬᠦᠮᠦᠵᠢᠭᠦᠯᠬᠦ᠌ ᠶᠠᠰᠤ ᠴᠢᠨᠠᠷ᠎ᠢ ᠨᠦᠯᠦᠭᠡᠯᠡᠬᠦ᠌᠎ᠨᠢ ᠭᠠᠷᠴᠠᠭ᠎ᠠ ᠦᠭᠡᠢ ᠭᠡᠵᠦ᠍ ᠳᠤᠷᠠᠳᠪᠠ᠃

《ᠣᠳᠣ ᠰᠤᠷᠤᠭ᠍ᠴᠢ ᠡᠯᠰᠡᠬᠦ᠌ ᠲᠠᠯ᠎ᠠ᠎ᠪᠠᠷ᠂ ᠵᠠᠷᠢᠮ ᠲᠤᠰᠭᠠᠢ ᠮᠡᠷᠭᠡᠵᠢᠯ᠎ᠤᠨ᠎ᠬᠢᠨ ᠡᠯᠰᠡᠬᠦ᠌ ᠬᠤᠪᠢ᠎ᠪᠠᠨ ᠪᠠᠭᠤᠷᠠᠭᠤᠯᠤᠭ᠍ᠰᠠᠨ ᠤᠤ?》 ᠭᠡᠵᠦ᠍ ᠶᠡᠷᠦᠩᠬᠡᠢ ᠱᠦᠵᠢ ᠠᠰᠠᠭᠤᠵᠠᠢ᠃
《ᠵᠠᠷᠢᠮ ᠲᠤᠰᠭᠠᠢ ᠮᠡᠷᠭᠡᠵᠢᠯ᠎ᠤᠨ᠎ᠬᠢᠨ ᠦᠷᠭᠦᠯᠵᠢ ᠬᠤᠪᠢ ᠪᠠᠭᠤᠷᠠᠭᠤᠯᠵᠤ ᠰᠤᠷᠤᠭ᠍ᠴᠢ ᠡᠯᠰᠡᠵᠤ ᠪᠠᠢᠨ᠎ᠠ᠂ ᠡᠳᠡᠭᠡᠷ ᠤᠤᠯ᠎ᠨᠢ ᠮᠠᠰᠢ ᠴᠢᠬᠤᠯᠠ ᠲᠤᠰᠭᠠᠢ ᠮᠡᠷᠭᠡᠵᠢᠯ᠎ᠤᠨ ᠠᠵᠢᠯᠲᠠᠨ᠎ᠤ ᠬᠡᠪ ᠴᠢᠨᠠᠷ᠎ᠨᠢ ᠦᠨᠳᠦᠰᠦᠠᠴᠠᠪᠠᠨ ᠳᠠᠷᠤᠢ ᠬᠡᠯᠪᠡᠷᠢᠯ᠎ᠲᠠᠢ ᠪᠤᠯᠵᠠᠢ᠂ ᠡᠨᠡ ᠲᠠᠯ᠎ᠠ᠎ᠪᠠᠷ ᠪᠢᠳᠡ ᠶᠡᠭᠡ ᠰᠠᠨᠠᠭᠠᠱᠢᠷᠠᠵᠤ ᠪᠣᠢ》 ᠭᠡᠵᠦ᠍ ᠸᠠᠩ ᠴᠧᠨ ᠬᠡᠯᠡᠪᠡ᠃
《ᠡᠨᠡ ᠵᠦᠢᠯ᠎ᠢ ᠪᠠᠰᠠ ᠰᠤᠳᠤᠯᠤᠭᠤᠱᠢᠲᠠᠢ᠂ ᠣᠳᠣ ᠪᠠᠭ᠍ᠠᠨ ᠰᠠᠨᠳᠤᠷᠴᠤ᠌ ᠪᠠᠢᠨ᠎ᠠ》 ᠭᠡᠵᠦ᠍ ᠶᠡᠷᠦᠩᠬᠡᠢ ᠱᠦᠵᠢ ᠢᠯᠡᠳᠭᠡᠵᠡᠢ᠃
《ᠲᠡᠢᠮᠦ᠍ ᠡ᠂ ᠡᠮᠴᠢ᠎ᠶ᠋ᠢᠨ ᠲᠤᠭ᠎ᠠ᠎ᠶ᠋ᠢ ᠰᠣᠬᠤᠷ ᠪᠠᠯᠠᠢ᠎ᠪᠠᠷ ᠥᠷᠭᠡᠳᠭᠡᠵᠤ᠂ ᠶᠠᠰᠤ ᠴᠢᠨᠠᠷ᠎ᠨᠢ ᠳᠡᠭᠡᠭ᠌ᠰᠢᠯᠡᠬᠦ᠌ ᠦᠭᠡᠢ ᠪᠤᠯ ᠰᠠᠢᠨ ᠶᠠᠪᠤᠳᠠᠯ ᠪᠢᠰᠢ᠃》 ᠸᠠᠩ ᠴᠧᠨ ᠠᠨᠠᠭᠠᠬᠤ ᠤᠬᠠᠭᠠᠨ᠎ᠤ ᠰᠤᠷᠭᠠᠨ ᠬᠥᠮᠦᠵᠢᠯ᠎ᠢ ᠶᠠᠰᠤ ᠴᠢᠨᠠᠷ ᠳᠣᠣᠷ᠎ᠠ᠎ᠪᠠᠷ ᠰᠣᠬᠤᠷ ᠪᠠᠯᠠᠢ᠎ᠪᠠᠷ ᠦᠷᠭᠡᠳᠭᠡᠵᠦ᠍ ᠪᠠᠢᠭ᠎ᠠ ᠪᠠᠢᠳᠠᠯ᠎ᠢ ᠵᠣᠭ᠍ᠰᠣᠭᠠᠬᠤ᠎ᠶ᠋ᠢ ᠰᠠᠨᠠᠭᠠᠴᠢᠯᠠᠵᠠᠢ᠃
《ᠲᠠᠭᠠᠷᠠᠵᠤ ᠪᠠᠢᠨ᠎ᠠ᠂ ᠴᠢᠨᠠᠷ ᠴᠢᠨᠰᠠᠭ᠎ᠠ᠎ᠨᠢ ᠶᠠᠮᠠᠷ ᠵᠡᠷᠭᠡ᠎ᠨᠢ ᠵᠠᠩᠬᠢᠯᠠᠭ᠎ᠠ ᠪᠤᠯᠤᠨ᠎ᠠ᠂ ᠡᠭᠦᠨ᠎ᠢ ᠰᠠᠢᠳᠤᠷ ᠬᠠᠷᠢᠭᠤᠴᠠᠬᠤ ᠬᠡᠷᠡᠭ᠌ᠲᠡᠢ》 ᠭᠡᠵᠦ᠍ ᠶᠡᠷᠦᠩᠬᠡᠢ ᠱᠦᠵᠢ ᠨᠢᠭᠡ ᠯᠡ ᠦᠭᠡ᠎ᠪᠠᠷ ᠤᠨᠤᠭᠠᠨ ᠬᠡᠯᠡᠪᠡ᠃
【 《ᠡᠨᠡ ᠪᠣᠯ ᠰᠤᠷᠭᠠᠨ ᠬᠥᠮᠦᠵᠢᠯ᠎ᠤᠨ ᠭᠤᠣᠯᠴᠢ᠎ᠶ᠋ᠢᠨ ᠠᠰᠠᠭᠤᠳᠠᠯ ᠮᠥᠨ》 】

ᠪᠡᠭᠡᠵᠢᠩ ᠬᠤᠲᠠ᠎ᠶ᠋ᠢᠨ ᠳ᠋ᠦᠩ ᠴᠧᠩ ᠲᠣᠭᠤᠷᠢᠭ᠎ᠤᠨ ᠱ᠌ᠢ ᠵᠢᠶᠠ ᠭᠤᠳᠤᠮᠵᠢ᠎ᠶ᠋ᠢᠨ ᠪᠠᠭ᠎ᠠ ᠰᠤᠷᠭᠠᠭᠤᠯᠢ᠎ᠶ᠋ᠢᠨ ᠸᠠᠩ ᠬᠤᠸᠠᠨ ᠭᠡᠱᠢᠭᠦᠨ ᠱᠢᠨ᠎ᠡ ᠴᠠᠭ ᠦᠶ᠎ᠡ ᠱᠢᠨ᠎ᠡ ᠱᠠᠲᠤ ᠦᠶ᠎ᠡ᠎ᠶ᠋ᠢᠨ ᠰᠠᠭᠤᠷᠢ ᠰᠤᠷᠭᠠᠨ ᠬᠥᠮᠦᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠲᠤᠬᠠᠶ ᠬᠡᠳᠦᠨ ᠰᠠᠨᠠᠭᠤᠯᠭ᠎ᠠ ᠳᠤᠷᠠᠳᠪᠠ᠂ ᠡᠭᠦᠨ᠎ᠤ ᠲᠤᠳᠤᠷᠠᠬᠢ ᠨᠢᠭᠡ᠎ᠨᠢ ᠳᠠᠷᠤᠢ ᠬᠤᠲᠠ ᠬᠥᠳᠡᠭᠡ᠎ᠶ᠋ᠢ ᠨᠢᠭᠡᠳᠦᠯᠲᠡᠶ ᠲᠥᠯᠥᠪᠵᠢᠭᠦᠯᠵᠦ᠍᠂ 《ᠬᠥᠳᠡᠭᠡ ᠲᠣᠰᠭᠤᠨ ᠪᠠᠭᠤᠷᠠᠶ》 ᠪᠠ 《ᠬᠤᠲᠠ ᠪᠠᠯᠭᠠᠰᠤ ᠱᠢᠬᠠᠭᠤ》 ᠪᠠᠢᠬᠤ ᠠᠰᠠᠭᠤᠳᠠᠯ᠎ᠢ ᠪᠦᠲᠦᠮᠵᠢᠲᠡᠶ ᠱᠢᠢᠳᠪᠦᠷᠢᠯᠡᠬᠦ᠌ ᠰᠠᠨᠠᠭᠤᠯᠭ᠎ᠠ ᠪᠤᠯᠤᠨ᠎ᠠ᠃
ᠲᠡᠭᠦᠨ᠎ᠤ ᠶᠠᠷᠢᠶ᠎ᠠ᠎ᠶ᠋ᠢ ᠰᠣᠨᠣᠰᠤᠭᠠᠳ ᠶᠡᠷᠦᠩᠬᠡᠢ ᠱᠦᠵᠢ ᠰᠢ᠎ᠶ᠋ᠢᠨ ᠫᠢᠩ 《ᠲᠠᠨ᠎ᠤ ᠡᠨᠡ ᠪᠠᠭ᠎ᠠ ᠰᠤᠷᠭᠠᠭᠤᠯᠢ᠎ᠳᠤ ᠣᠳᠣ ᠴᠦᠮ ᠤᠢ᠍ᠢᠷ᠎ᠠ ᠬᠠᠪᠢ᠎ᠶ᠋ᠢᠨ ᠬᠡᠤᠬᠡᠳ ᠰᠤᠷᠭᠠᠭᠤᠯᠢ᠎ᠳᠤ ᠣᠷᠣᠵᠤ ᠪᠠᠢᠨ᠎ᠠ ᠤᠤ?》 ᠭᠡᠵᠦ᠍ ᠠᠰᠠᠭᠤᠪᠠ᠃
《ᠪᠢᠳᠡ ᠭᠤᠤᠯᠳᠠᠭᠤ ᠬᠠᠷᠢᠶ᠎ᠠ ᠲᠤᠭᠤᠷᠢᠬ᠎ᠤᠨ ᠲᠤᠳᠤᠷᠠᠬᠢ ᠣᠢᠷ᠎ᠠ ᠬᠠᠪᠢ᠎ᠶ᠋ᠢᠨ ᠰᠤᠷᠤᠭ᠍ᠴᠢᠳ᠎ᠤᠨ ᠰᠤᠷᠭᠠᠭᠤᠯᠢ᠎ᠳᠤ ᠣᠷᠣᠬᠤ ᠠᠰᠠᠭᠤᠳᠠᠯ᠎ᠢ ᠱᠢᠶᠳᠪᠦᠷᠢᠯᠡᠨᠡ᠃》
《ᠡᠨᠡ ᠪᠣᠯ ᠰᠤᠷᠭᠠᠨ ᠬᠥᠮᠦᠵᠢᠯ᠎ᠤᠨ ᠭᠤᠣᠯᠴᠢ᠎ᠶ᠋ᠢᠨ ᠠᠰᠠᠭᠤᠳᠠᠯ ᠪᠣᠯᠤᠨ᠎ᠠ᠃ ᠡᠨᠡ ᠠᠰᠠᠭᠤᠳᠠᠯ᠎ᠢ ᠨᠢᠭᠡ ᠯᠡ ᠳᠣᠣᠷ᠎ᠠ ᠱᠢᠢᠳᠪᠦᠷᠢᠯᠡᠵᠦ᠍ ᠴᠢᠳᠠᠬᠤ ᠦᠭᠡᠢ᠂ ᠪᠡᠭᠡᠵᠢᠩ᠎ᠳᠤ ᠴᠦ᠍ ᠭᠡᠰᠡᠨ ᠡᠨᠡ ᠠᠰᠠᠭᠤᠳᠠᠯ ᠮᠠᠰᠢ ᠲᠤᠪᠤᠢᠮ᠎ᠠ ᠪᠠᠢᠨ᠎ᠠ᠃ ᠲᠡᠢᠮᠦ᠎ᠠᠴᠠ ᠰᠤᠷᠭᠠᠭᠤᠯᠢ᠎ᠶ᠋ᠢᠨ ᠲᠣᠭᠤᠷᠢᠭ᠎ᠤᠨ ᠭᠡᠷ᠎ᠤᠨ ᠦᠨ᠎ᠡ᠎ᠶ᠋ᠢ ᠨᠡᠮᠡᠬᠦ᠌᠎ᠨᠢ ᠮᠠᠰᠢ ᠥᠨᠳᠥᠷ᠂ ᠪᠦᠷ ᠰᠠᠢᠨ ᠰᠤᠷᠭᠠᠭᠤᠯᠢ᠎ᠶ᠋ᠢᠨ ᠬᠠᠷᠢᠶ᠎ᠠ ᠲᠤᠭᠤᠷᠢᠬ ᠵᠦᠭ᠎ᠲᠤ ᠱᠢᠷᠭᠤᠯᠤᠨᠠ》᠃ ᠶᠡᠷᠦᠩᠬᠡᠢ ᠱᠦᠵᠢ ᠰᠢ᠎ᠶ᠋ᠢᠨ ᠫᠢᠩ ᠦᠨᠳᠦᠰᠦᠨ ᠱᠠᠲᠤᠨ᠎ᠤ ᠪᠠᠢᠳᠠᠯ᠎ᠢ ᠮᠠᠰᠢ ᠰᠠᠢᠨ ᠣᠢᠯᠠᠭᠠᠵᠤ ᠪᠠᠢᠪᠠ᠃
【2010 ᠣᠨ᠎ᠳᠤ ᠢᠦᠶ ᠱᠤ᠌ᠶ᠋ᠢᠨ ᠭᠠᠮᠱᠢᠭ᠍ᠳᠠᠭ᠍ᠰᠠᠨ ᠣᠷᠣᠨ᠎ᠳᠤ᠂ ᠣᠯᠠᠨ᠎ᠤ ᠡᠷᠴᠢ ᠵᠣᠷᠢᠭ᠎ᠢ ᠬᠥᠪᠴᠢᠯᠡᠬᠦ᠌ ᠦᠭᠡ ᠶᠠᠷᠢᠵᠠᠢ 】
ᠬᠥᠬᠡᠨᠠᠭᠤᠷ ᠤᠨ ᠲᠥᠯᠥᠭᠡᠯᠡᠭ᠌ᠴᠢᠳ ᠤᠨ ᠪᠦᠯᠬᠦᠮ ᠳᠤ᠂ ᠶᠡᠷᠦᠩᠬᠡᠢ ᠱᠦᠵᠢ ᠰᠢ᠎ᠶ᠋ᠢᠨ ᠫᠢᠩ ᠥᠩᠭᠡᠷᠡᠭ᠌ᠰᠡᠨ ᠤ ᠶᠠᠪᠤᠳᠠᠯ ᠢᠶᠠᠨ ᠡᠷᠭᠢᠴᠡᠭᠦᠯᠪᠡ —
《ᠪᠢ ᠢᠦᠢ ᠱᠤ᠌ᠳᠤ ᠨᠢᠰᠭᠡᠯ᠎ᠢᠶᠠᠷ ᠱᠢᠭᠤᠳ ᠬᠦᠷᠦᠭ᠌ᠰᠡᠨ ᠶᠤᠮ᠃ ᠲᠤᠬᠠᠶ᠎ᠶ᠋ᠢᠨ ᠦᠶ᠎ᠡ᠎ᠳᠤ ᠲᠡᠯᠡᠶ᠎ᠶ᠋ᠢᠨ ᠲᠦᠪᠱᠢᠨ᠎ᠠᠴᠠ 4000 ᠭᠠᠷᠤᠶ ᠮᠧᠲᠷ ᠦᠨᠳᠦᠷ ᠨᠢᠭᠡ ᠲᠣᠰᠭᠤᠨ᠎ᠳᠤ ᠬᠦᠷᠴᠠᠢ᠂ ᠡᠪᠳᠡᠭ᠌ᠳᠡᠯ᠎ᠨᠢ ᠮᠦᠨᠴᠤ᠌ ᠮᠠᠰᠢ ᠬᠦᠨᠳᠦ ᠨᠣᠴᠢᠲᠠᠶ ᠪᠠᠢᠵᠠᠢ》᠃
2010 ᠣᠨ᠎ᠳᠤ᠂ ᠬᠥᠬᠡᠨᠠᠭᠤᠷ᠎ᠤᠨ ᠢᠤᠶ ᠱᠦ᠍ᠳᠤ ᠶᠡᠭᠡ ᠭᠠᠵᠠᠷ ᠬᠦᠳᠡᠯᠦᠯᠳᠡ ᠡᠭᠦᠰᠴᠤ᠌᠂ ᠰᠢ᠎ᠶ᠋ᠢᠨ ᠫᠢᠩ ᠨᠥᠬᠦᠷ ᠭᠠᠮᠱᠢᠭ᠍ᠳᠠᠭ᠍ᠰᠠᠨ ᠣᠷᠣᠨ᠎ᠳᠤ ᠲᠤᠰᠭᠠᠢᠯᠠᠨ ᠬᠦᠷᠴᠦ᠍ ᠪᠤᠯᠭᠤᠭᠠᠨ ᠲᠣᠬᠤᠨᠢᠭᠤᠯᠵᠠᠶ᠃
《ᠢᠦᠢ ᠱᠤ᠌ ᠵᠧᠦ᠎ᠶ᠋ᠢᠨ ᠠᠯᠪᠠᠨ ᠪᠠᠢᠭᠤᠯᠭ᠎ᠠ᠎ᠳᠤ᠂ ᠪᠢ ᠪᠠᠢᠭᠤᠯᠭ᠎ᠠ᠎ᠶ᠋ᠢᠨ ᠺᠠᠳ᠋ᠷᠴᠤᠳ᠎ᠲᠤ ᠡᠷᠴᠢ ᠵᠣᠷᠢᠭ᠎ᠢ᠎ᠨᠢ ᠬᠥᠪᠴᠢᠯᠡᠬᠦ᠌ ᠦᠭᠡ ᠬᠡᠯᠡᠪᠡ᠃ ᠪᠢ᠂ ᠶᠡᠭᠡ ᠭᠠᠮᠱᠢᠭ᠎ᠤᠨ ᠳᠠᠷᠠᠭ᠎ᠠ ᠯᠠᠪᠲᠠᠢ ᠶᠡᠭᠡ ᠬᠤᠪᠢᠷᠠᠯᠲᠠ ᠭᠠᠷᠤᠨ᠎ᠠ᠂ ᠲᠠᠨᠤᠰ᠎ᠤᠨ ᠨᠤᠭᠤᠷᠠᠰᠢ ᠥᠬᠡᠶ ᠵᠣᠷᠢᠭ ᠰᠠᠨᠠᠭ᠎ᠠ ᠪᠠᠢᠨ᠎ᠠ᠂ ᠨᠠᠮ᠎ᠤᠨ ᠲᠥᠪ ᠬᠤᠷᠢᠶᠠᠨ᠎ᠤ ᠪᠥᠬᠦ᠌ ᠬᠦᠴᠦᠨ᠎ᠤ ᠳᠡᠮᠵᠢᠯᠭᠡ ᠪᠠᠢᠨ᠎ᠠ᠂ ᠪᠥᠬᠦ᠌ ᠤᠯᠤᠰ᠎ᠤᠨ ᠠᠷᠠᠳ ᠲᠦᠮᠡᠨ᠎ᠤ ᠳᠥᠷᠪᠡᠨ ᠵᠦᠭ ᠨᠠᠶᠮᠠᠨ ᠵᠣᠪᠬᠢᠰ᠎ᠤᠨ ᠳᠡᠮᠵᠢᠯᠭᠡ ᠪᠠᠢᠨ᠎ᠠ᠂ ᠣᠯᠠᠨ᠎ᠢᠶᠠᠷ᠎ᠢᠶᠠᠨ ᠬᠠᠮᠲᠤ᠎ᠪᠠᠷ ᠥᠪᠡᠷ᠎ᠤᠨ ᠬᠦᠴᠦ᠎ᠪᠠᠷ᠎ᠢᠶᠠᠨ ᠳᠡᠭ᠌ᠵᠢᠷᠡᠵᠦ᠍ ᠬᠡᠷ ᠣᠷᠣᠨ᠎ᠢᠶᠠᠨ ᠳᠠᠭᠢᠵᠤ ᠪᠠᠢᠭᠤᠯᠪᠠᠯ ᠬᠤᠵᠢᠮ ᠯᠠᠪᠲᠠᠢ ᠱᠢᠨ᠎ᠡ ᠨᠢᠭᠡᠨ ᠢᠦᠶ ᠱᠤ᠌ ᠪᠤᠢ ᠪᠤᠯᠬᠤ ᠶᠤᠮ ᠭᠡᠵᠦ᠍ ᠬᠡᠯᠡᠪᠡ》᠃
【 《ᠡᠨᠡ ᠬᠦ᠌ 〈ᠦᠵᠡᠯ ᠰᠠᠨᠠᠭ᠎ᠠ ᠤᠯᠤᠰ ᠲᠦᠷᠦ᠎ᠶ᠋ᠢᠨ ᠶᠡᠭᠡ ᠬᠢᠴᠢᠶᠡᠯ〉 ᠢ ᠪᠢᠳᠡ ᠰᠠᠢᠳᠤᠷ ᠠᠱᠢᠬ᠍ᠯᠠᠬᠤ ᠬᠡᠷᠡᠭ᠌ᠲᠡᠢ》 】

ᠡᠮ ᠡᠮᠨᠡᠯᠭᠡ ᠡᠷᠡᠭᠦᠯ ᠬᠠᠮᠠᠭᠠᠯᠠᠯ᠎ᠤᠨ ᠡᠲᠡᠭᠡᠳ᠂ ᠰᠤᠷᠭᠠᠨ ᠬᠥᠮᠦᠵᠢᠯ᠎ᠤᠨ ᠡᠲᠡᠭᠡᠳ᠎ᠤᠨ ᠬᠠᠮᠲᠤᠷᠠᠭ᠍ᠰᠠᠨ ᠳᠤᠭᠤᠢᠯᠠᠩ᠎ᠤᠨ ᠬᠤᠷᠠᠯ ᠳᠡᠭᠡᠷ᠎ᠡ᠂ ᠯᠢᠨ ᠵᠦᠩ ᠴᠢᠨ ᠭᠡᠱᠢᠭᠦᠨ᠂ ᠥᠷᠭᠡᠨ ᠤᠯᠠᠨ ᠵᠠᠯᠠᠭᠤ ᠰᠤᠷᠤᠭ᠍ᠴᠢᠳ᠎ᠲᠤ ᠬᠢᠵᠢᠭ᠎ᠲᠠᠢ ᠲᠡᠮᠡᠴᠡᠭ᠌ᠰᠡᠨ ᠡᠨᠡ ᠬᠦ᠌ ᠠᠮᠢᠳᠤᠯᠢᠭ᠂ ᠭᠦᠨᠵᠡᠭᠡᠢ 《ᠦᠵᠡᠯ ᠰᠠᠨᠠᠭ᠎ᠠ ᠤᠯᠤᠰ ᠲᠦᠷᠦ᠎ᠶ᠋ᠢᠨ ᠶᠡᠭᠡ ᠬᠢᠴᠢᠶᠡᠯ》 ᠢ ᠨᠡᠩ ᠱᠢᠰᠲ᠋ᠧᠮ᠎ᠲᠠᠢ ᠭᠦᠨᠵᠡᠭᠡᠢ ᠰᠠᠢᠳᠤᠷ ᠶᠠᠷᠢᠬᠤ ᠬᠡᠷᠡᠭ᠌ᠲᠡᠢ ᠭᠡᠵᠦ᠍ ᠳᠤᠷᠠᠳᠪᠠ᠃
《ᠴᠢᠨᠦ᠍ ᠰᠠᠨᠠᠭᠤᠯᠭ᠎ᠠ ᠮᠠᠰᠢ ᠰᠠᠢᠨ᠂ ᠡᠨᠡ ᠬᠦ᠌ 〈ᠦᠵᠡᠯ ᠰᠠᠨᠠᠭ᠎ᠠ ᠤᠯᠤᠰ ᠲᠥᠷᠥ᠎ᠶ᠋ᠢᠨ ᠶᠡᠭᠡ ᠬᠢᠴᠢᠶᠡᠯ〉 ᠢ ᠪᠢᠳᠡ ᠰᠠᠢᠲᠤᠷ ᠠᠱᠢᠬ᠍ᠯᠠᠬᠤ ᠬᠡᠷᠡᠭ᠌ᠲᠡᠶ᠃ ᠦᠵᠡᠯ ᠰᠠᠨᠠᠭ᠎ᠠ ᠤᠯᠤᠰ ᠲᠦᠷᠦ᠎ᠶ᠋ᠢᠨ ᠬᠢᠴᠢᠶᠡᠯ᠎ᠢ ᠬᠢᠴᠢᠶᠡᠯ ᠳᠡᠭᠡᠷ᠎ᠡ ᠶᠠᠷᠢᠬᠤ᠎ᠪᠠᠷ ᠪᠠᠷᠠᠬᠤ ᠤᠢ᠍ᠭᠡᠢ ᠨᠡᠢᠭᠡᠮ ᠠᠮᠢᠳᠤᠷᠠᠯ᠎ᠤᠨ ᠳᠤᠮᠳᠠ ᠴᠤ᠌ ᠶᠠᠷᠢᠬᠤ ᠬᠡᠷᠡᠭ᠌ᠲᠡᠢ》᠃ ᠶᠡᠷᠦᠩᠬᠡᠶ ᠱᠦᠵᠢ ᠰᠢ᠎ᠶ᠋ᠢᠨ ᠫᠢᠩ ᠲᠣᠯᠣᠭᠠᠶ᠎ᠪᠠᠨ ᠳᠣᠬᠢᠵᠤ᠂ 《ᠨᠢᠭᠡ ᠪᠢᠴᠢᠭ ᠮᠠᠲ᠋ᠧᠷᠢᠶᠠᠯ ᠠᠪᠤᠭᠠᠳ ᠲᠡᠨᠳᠡ ᠤᠩᠱᠢᠨ ᠨᠡᠢᠲᠡᠯᠡᠪᠡᠯ᠂ ᠠᠮᠢᠳᠤᠯᠢᠬ ᠪᠢᠰᠢ᠂ ᠠᠮᠳᠠ ᠱᠢᠮᠲᠠ ᠦᠭᠡᠢ᠂ ᠬᠡᠨ ᠴᠦ᠍ ᠰᠣᠨᠣᠰᠭᠤ ᠳᠤᠷ᠎ᠠ ᠦᠭᠡᠶ᠂ ᠪᠢ ᠴᠦ᠍ ᠰᠣᠨᠣᠰᠭᠤ ᠳᠤᠷ᠎ᠠ ᠦᠭᠡᠶ》 ᠭᠡᠪᠡ᠃
《ᠪᠢᠳᠡ ᠬᠢᠵᠢᠭ᠎ᠢ ᠠᠮᠵᠢᠯᠲᠠ᠎ᠲᠠᠢ ᠢᠯᠠᠵᠤ᠂ ᠪᠠᠰᠠ ᠡᠩ ᠲᠡᠷᠢᠭᠦᠨ᠎ᠳᠤ ᠠᠵᠤ ᠠᠬᠤᠶ᠎ᠶ᠋ᠢ ᠰᠥᠭᠡᠷᠭᠦ᠌ ᠪᠠᠢᠭ᠍ᠰᠠᠨ᠎ᠠᠴᠠ ᠡᠶᠡᠷᠭᠦ᠌ ᠪᠣᠯᠭᠠᠵᠤ᠂ ᠬᠠᠲᠠᠭᠤ ᠴᠢᠩᠭ᠎ᠠ ᠱᠢᠯᠭᠠᠯᠲᠠ᠎ᠶ᠋ᠢ ᠥᠩᠭᠡᠷᠡᠭᠡᠪᠡ᠃ ᠡᠨᠡ ᠪᠣᠯ ᠨᠢᠭᠡᠨ ᠴᠠᠭ᠎ᠤᠨ ᠬᠤᠪᠢ ᠵᠠᠶᠠᠭ᠎ᠠ ᠪᠢᠰᠢ᠂ ᠪᠢᠳᠡᠨ᠎ᠤ ᠵᠠᠮ᠎ᠤᠨ ᠢᠲᠡᠭᠡᠯ᠂ ᠤᠨᠤᠯ᠎ᠤᠨ ᠢᠲᠡᠭᠡᠯ᠂ ᠪᠠᠢᠭᠤᠯᠤᠯ᠎ᠤᠨ ᠢᠲᠡᠭᠡᠯ᠂ ᠰᠣᠶᠣᠯ᠎ᠤᠨ ᠢᠲᠡᠭᠡᠯ ᠪᠤᠯᠤᠨ᠎ᠠ》᠃
ᠶᠡᠷᠦᠩᠬᠡᠢ ᠱᠦᠵᠢ ᠰᠢ᠎ᠶ᠋ᠢᠨ ᠫᠢᠩ ᠵᠠᠯᠭᠠᠭᠠᠳ᠄ 《ᠡᠳᠡᠭᠡᠷ ᠵᠢᠯ᠎ᠤᠨ ᠬᠥᠭ᠌ᠵᠢᠯᠲᠡ᠎ᠪᠠᠷ ᠳᠠᠮᠵᠢᠭᠠᠳ᠂ ᠳᠤᠮᠳᠠᠳᠤ ᠤᠯᠤᠰ᠎ᠤᠨ ᠳᠠᠯᠠᠭᠠᠳ ᠣᠨ᠎ᠳᠤ ᠲᠦᠷᠦᠭ᠌ᠰᠡᠳ᠂ ᠨᠠᠶᠠᠭᠠᠳ ᠣᠨ᠎ᠳᠤ ᠲᠦᠷᠦᠭ᠌ᠰᠡᠳ᠂ ᠶᠡᠷᠡᠭᠡᠳ ᠣᠨ᠎ᠳᠤ ᠲᠦᠷᠦᠭ᠌ᠰᠡᠳ᠂ ᠬᠤᠶᠠᠷ ᠮᠢᠩᠭᠠᠨ ᠣᠨ᠎ᠠᠴᠠ ᠰᠡᠭᠦᠯᠡᠷ ᠲᠦᠷᠦᠭ᠌ᠰᠡᠳ ᠭᠠᠳᠠᠭᠠᠳᠤ᠎ᠳᠤ ᠭᠠᠷᠴᠤ᠌᠂ ᠡᠨᠡ ᠬᠦ᠌ ᠳᠡᠯᠡᠬᠡᠢ ᠶᠢᠷᠲᠢᠨᠴᠦ᠎ᠶ᠋ᠢ ᠨᠢᠭᠡᠨᠲᠡ ᠡᠩ ᠰᠠᠴᠠᠭᠤ ᠬᠠᠷᠠᠬᠤ ᠪᠣᠯᠵᠠᠢ᠂ ᠡᠨᠡ ᠪᠣᠯ ᠳᠠᠷᠤᠢ ᠢᠲᠡᠭᠡᠯ ᠪᠣᠯᠤᠨ᠎ᠠ》 ᠭᠡᠪᠡ᠃