《ᠲᠡᠤᠬᠡ ᠰᠣᠶᠣᠯ᠎ᠤᠨ ᠨᠠᠷᠠᠲᠤ ᠬᠤᠲᠠ — ᠬᠥᠬᠡᠬᠤᠲᠠ》 ᠎ᠶ᠋ᠢ ᠨᠠᠢᠷᠠᠭᠤᠯᠬᠤ ᠠᠵᠢᠯ ᠳᠠᠭᠤᠰᠪᠠ
2021-03-15 10:20:11
ᠵᠣᠬᠢᠶᠠᠭ᠍ᠴᠢ᠄
ᠤᠯᠠᠭᠠᠨᠲᠤᠶᠠᠭ᠎ᠠ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠬᠥᠬᠡᠬᠤᠲᠠ᠎ᠶ᠋ᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠤᠢ᠍ᠢᠯᠠᠭᠠᠭ᠍ᠰᠠᠨ᠎ᠢᠶᠠᠷ᠂ ᠬᠦᠬᠡᠬᠤᠲᠠ᠎ᠶ᠋ᠢᠨ ᠰᠤᠶᠤᠯ ᠵᠢᠭᠤᠯᠴᠢᠯᠠᠯ ᠷᠠᠳᠢᠣ᠋ ᠲᠧᠯᠸᠢᠰ᠎ᠤᠨ ᠲᠤᠪᠴᠢᠶ᠎ᠠ ᠰᠡᠲᠦᠨ ᠤᠬᠠᠭᠠᠯᠠᠵᠤ᠂ 16 ᠰᠣᠶᠣᠯ ᠲᠡᠦᠬᠡ᠎ᠶ᠋ᠢᠨ ᠲᠤᠰᠭᠠᠢ ᠮᠡᠷᠭᠡᠵᠢᠯᠲᠡᠨ᠎ᠢ ᠵᠣᠬᠢᠶᠠᠨ ᠪᠠᠢᠭᠤᠯᠤᠨ ᠬᠠᠭᠠᠰ ᠵᠢᠯ᠎ᠤᠨ ᠬᠤᠭᠤᠴᠠᠭ᠎ᠠ᠎ᠲᠠᠢ ᠶᠠᠪᠤᠭ᠍ᠳᠠᠭᠤᠯᠤᠭ᠍ᠰᠠᠨ ᠣᠷᠣᠨ ᠨᠤᠲᠤᠭ᠎ᠤᠨ ᠲᠡᠦᠬᠡ ᠣᠢᠯᠠᠯᠭ᠎ᠠ᠎ᠶ᠋ᠢᠨ ᠲᠥᠷᠥᠯ᠎ᠤᠨ ᠨᠣᠮ ᠪᠢᠴᠢᠭ ᠪᠤᠯᠬᠤ 《ᠲᠡᠦᠬᠡ ᠰᠣᠶᠣᠯ᠎ᠤᠨ ᠨᠡᠷᠡᠲᠦ ᠬᠤᠲᠠ — ᠬᠥᠬᠡᠬᠤᠲᠠ》 ᠎ᠶ᠋ᠢ ᠨᠠᠢᠷᠠᠭᠤᠯᠬᠤ ᠠᠵᠢᠯ ᠤᠳᠤᠬᠠᠨ᠎ᠳᠤ ᠨᠢᠭᠡᠨᠲᠡ ᠪᠦᠬᠦᠨ᠎ᠢᠶᠠᠷ᠎ᠢᠶᠠᠨ ᠳᠠᠭᠤᠰᠤᠭ᠍ᠰᠠᠨ ᠪᠠᠢᠨ᠎ᠠ᠃

ᠤᠢ᠍ᠢᠯᠠᠭᠠᠭ᠍ᠰᠠᠨ᠎ᠢᠶᠠᠷ᠂ 《ᠲᠡᠦᠬᠡ ᠰᠣᠶᠣᠯ᠎ᠤᠨ ᠨᠡᠷᠡᠲᠦ ᠬᠤᠲᠠ — ᠬᠥᠬᠡᠬᠤᠲᠠ》 ᠬᠡᠮᠡᠬᠦ᠌ ᠨᠤᠮ᠎ᠨᠢ 10 ᠲᠦᠮᠡᠨ ᠦᠰᠦᠭ᠎ᠲᠠᠢ᠂ 1250 ᠵᠢᠷᠤᠭ ᠰᠣᠩᠭᠤᠨ ᠤᠷᠤᠭᠤᠯᠵᠤ᠂ ᠪᠠᠯᠠᠷ ᠡᠷᠲᠡᠨ᠎ᠤ ᠰᠣᠶᠣᠯ᠂ ᠬᠦᠷᠡᠯ ᠵᠡᠪᠰᠡᠭ᠎ᠤᠨ ᠦᠶ᠎ᠡ᠂ ᠪᠠᠢᠯᠳᠤᠭᠠᠨᠲᠤ ᠤᠯᠤᠰ ᠴᠢᠨ ᠬᠠᠨ᠎ᠤ ᠦᠶ᠎ᠡ᠂ ᠸᠧᠶ ᠤᠯᠤᠰ᠎ᠤᠨ ᠡᠮᠦᠨᠡᠲᠦ ᠤᠮᠠᠷᠠᠲᠤ ᠲᠦᠷᠦ᠎ᠶ᠋ᠢᠨ ᠦᠶ᠎ᠡ᠂ ᠰᠦᠢ ᠲᠡᠩ᠎ᠤᠨ ᠦᠶ᠎ᠡ᠂ ᠯᠢᠶᠣᠤ ᠤᠯᠤᠰ ᠠᠯᠲᠠᠨ ᠤᠯᠤᠰ ᠶᠤᠸᠠᠨ ᠤᠯᠤᠰ᠎ᠤᠨ ᠦᠶ᠎ᠡ᠂ ᠮᠢᠩ ᠴᠢᠩ᠎ᠤᠨ ᠦᠶ᠎ᠡ᠂ ᠣᠷᠴᠢᠨ ᠣᠳᠣ ᠦᠶ᠎ᠡ᠎ᠶ᠋ᠢᠨ ᠬᠠᠭᠤᠴᠢ ᠪᠠᠭᠤᠷᠢ ᠵᠡᠷᠭᠡ 8 ᠬᠠᠭᠤᠳᠠᠰᠤ 21 ᠪᠦᠯᠦᠭ᠎ᠢᠶᠠᠷ ᠪᠦᠷᠢᠯᠳᠦᠪᠡ᠃ ᠲᠤᠰ ᠨᠤᠮ᠎ᠨᠢ ᠬᠥᠬᠡᠬᠤᠲᠠ᠎ᠶ᠋ᠢᠨ ᠲᠡᠤᠬᠡ᠎ᠶ᠋ᠢᠨ ᠳᠤᠷᠠᠰᠭᠠᠯᠲᠤ ᠵᠦᠶᠯᠡᠰ ᠡᠷᠲᠡᠨ᠎ᠤ ᠦᠯᠡᠳᠡᠭ᠌ᠳᠡᠯ᠎ᠢᠶᠠᠷ ᠭᠤᠤᠯ ᠱᠤᠭᠤᠮ ᠪᠤᠯᠭᠠᠨ᠂ ᠠᠳᠠᠯᠢ ᠪᠤᠰᠤ ᠴᠠᠭ ᠦᠶ᠎ᠡ᠎ᠶ᠋ᠢᠨ ᠲᠥᠯᠥᠭᠡᠯᠡᠬᠦ᠌ ᠴᠢᠨᠠᠷᠲᠠᠶ ᠲᠡᠤᠬᠡ᠎ᠶ᠋ᠢᠨ ᠳᠤᠷᠠᠰᠭᠠᠯᠲᠤ ᠵᠦᠶᠯᠡᠰ᠎ᠢᠶᠠᠷ ᠲᠤᠯᠭᠠᠭᠤᠷᠢ ᠪᠣᠯᠭᠠᠵᠤ᠂ ᠥᠩᠭᠡᠷᠡᠭ᠌ᠰᠡᠨ ᠵᠢᠯ᠎ᠤᠳ᠎ᠤᠨ ᠬᠠᠭᠤᠴᠢ ᠰᠤᠳᠤᠯᠤᠯ᠎ᠤᠨ ᠪᠠᠢᠴᠠᠭᠠᠯᠲᠠ ᠪᠠ ᠢᠯᠡᠷᠡᠭᠦᠯᠦᠭ᠌ᠰᠡᠨ ᠦᠷ᠎ᠡ ᠪᠦᠲᠦᠭᠡᠯ᠎ᠲᠠᠢ ᠤᠶᠠᠯᠳᠤᠭᠤᠯᠤᠨ᠂ ᠬᠥᠬᠡᠬᠤᠲᠠ᠎ᠶ᠋ᠢᠨ 《ᠳ᠋ᠠ ᠶᠣᠣ᠎ᠶ᠋ᠢᠨ ᠰᠣᠶᠣᠯ》 ᠎ᠤᠨ ᠬᠠᠭᠤᠴᠢᠨ ᠴᠢᠯᠠᠭᠤᠨ ᠵᠡᠪᠰᠡᠭ᠎ᠤᠨ ᠦᠶ᠎ᠡ᠎ᠶ᠋ᠢᠨ ᠰᠣᠶᠣᠯ᠎ᠤᠨ ᠦᠯᠡᠳᠡᠭ᠌ᠳᠡᠯ᠎ᠠᠴᠠ ᠮᠢᠩ ᠴᠢᠩ᠎ᠤᠨ ᠦᠶ᠎ᠡ᠎ᠳᠠᠬᠢ ᠬᠦᠢ ᠰᠦᠢ ᠤᠷᠤᠨ ᠵᠢᠴᠢ ᠳᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠲᠡᠮᠡᠴᠡᠯ᠎ᠤᠨ ᠢᠯᠠᠯᠲᠠ ᠤᠯᠤᠭ᠍ᠰᠠᠨ ᠬᠦᠷᠲᠡᠯᠡᠬᠢ᠎ᠶ᠋ᠢ ᠪᠠᠭ᠍ᠲᠠᠭᠠᠵᠤ᠂ ᠭᠤᠷᠪᠠᠳᠤᠭᠠᠷ ᠳᠡᠰ᠎ᠤᠨ ᠭᠤᠣᠯᠳᠠᠯᠭ᠎ᠠ᠎ᠲᠠᠢ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠮᠠᠭᠠᠯᠠᠯᠲᠠ᠎ᠶ᠋ᠢᠨ ᠨᠢᠭᠡᠴᠢ᠎ᠪᠠᠷ ᠭᠤᠣᠯ ᠪᠣᠯᠭᠠᠵᠤ᠂ ᠵᠢᠷᠤᠭ ᠪᠢᠴᠢᠭ᠎ᠢ ᠤᠶᠠᠯᠳᠤᠭᠤᠯᠤᠨ᠂ ᠪᠤᠰᠤᠳᠴᠢ ᠦᠨᠡᠨ ᠪᠣᠳᠠᠲᠠᠢ᠂ ᠱᠢᠨᠵᠢᠯᠡᠬᠦ᠌ ᠤᠬᠠᠭᠠᠨᠴᠢ ᠴᠢᠩᠭ᠎ᠠ ᠨᠢᠮᠪᠠᠢ ᠪᠠᠢᠬᠤ᠎ᠶ᠋ᠢ ᠪᠠᠷᠢᠮᠳᠠᠯᠠᠨ᠂ ᠬᠥᠬᠡᠬᠤᠲᠠ᠎ᠶ᠋ᠢᠨ ᠲᠡᠦᠬᠡ ᠰᠣᠶᠣᠯ᠎ᠤᠨ ᠳᠦᠷᠰᠦ ᠪᠠᠢᠳᠠᠯ᠎ᠢ ᠪᠦᠬᠦ᠌ ᠲᠠᠯ᠎ᠠ᠎ᠪᠠᠷ ᠳᠡᠯᠭᠡᠨ ᠦᠵᠡᠭᠦᠯᠦᠭ᠌ᠰᠡᠨ ᠪᠠᠢᠨ᠎ᠠ᠃

ᠬᠥᠬᠡᠬᠤᠲᠠ᠎ᠶ᠋ᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶᠠᠨ᠎ᠤ ᠬᠠᠮᠢᠶ᠎ᠠ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭ᠍ᠰᠠᠨ᠎ᠢᠶᠠᠷ᠂ ᠲᠤᠰ ᠨᠤᠮ᠎ᠨᠢ ᠣᠳᠣᠬᠠᠨ᠎ᠳᠠᠬᠢ ᠬᠥᠬᠡᠬᠤᠲᠠ ᠣᠷᠣᠨ᠎ᠤ ᠲᠡᠤᠬᠡ ᠰᠣᠶᠣᠯ᠎ᠤᠨ ᠬᠤᠪᠢᠰᠤᠯᠲᠠ᠎ᠶ᠋ᠢ ᠲᠤᠳᠤᠷᠬᠠᠢᠯᠠᠨ ᠦᠭᠦᠯᠡᠭ᠌ᠰᠡᠨ ᠬᠠᠮᠤᠭ᠎ᠤᠨ ᠪᠦᠷᠢᠨ ᠲᠡᠭᠦᠯᠳᠡᠷ᠂ ᠬᠠᠮᠤᠭ᠎ᠤᠨ ᠡᠷᠬᠡ ᠰᠦᠷ᠎ᠲᠠᠢ᠂ ᠬᠠᠮᠤᠭ᠎ᠤᠨ ᠨᠠᠷᠢᠨ ᠪᠣᠳᠠᠲᠠᠶ ᠪᠦᠲᠦᠭᠡᠯ ᠪᠠᠢᠵᠤ᠂ ᠬᠥᠬᠡᠬᠤᠲᠠ᠎ᠶ᠋ᠢᠨ ᠭᠠᠵᠠᠷ ᠣᠷᠣᠨ᠎ᠤ ᠲᠡᠤᠬᠡ᠎ᠶ᠋ᠢ ᠣᠨᠣᠪᠴᠢᠲᠠᠶ ᠣᠢᠯᠠᠭᠠᠨ᠂ ᠬᠦᠬᠡᠬᠤᠲᠠ᠎ᠶ᠋ᠢᠨ ᠲᠡᠤᠬᠡ ᠰᠣᠶᠣᠯ᠎ᠢ ᠨᠠᠩ ᠰᠠᠢᠲᠤᠷ ᠤᠬᠠᠭᠤᠯᠬᠤ᠎ᠳᠤ ᠴᠢᠬᠤᠯᠠ ᠠᠴᠢ ᠬᠤᠯᠪᠣᠭ᠍ᠳᠠᠯ᠎ᠲᠠᠢ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号