ᠤᠢ᠍ᠢᠷ᠎ᠠ᠎ᠳᠤ᠂ ᠳᠤᠮᠳᠠᠳᠤ ᠤᠯᠤᠰ᠎ᠤᠨ ᠬᠠᠲᠠᠨ ᠵᠢᠷᠤᠭ᠎ᠤᠨ ᠨᠡᠢᠭᠡᠮᠯᠢᠭ ᠠᠯᠠᠱᠠ ᠠᠢᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠎ᠲᠠᠢ ᠬᠠᠮᠲᠤᠷᠠᠨ ᠬᠠᠲᠠᠨ ᠵᠢᠷᠤᠭ᠎ᠤᠨ ᠡᠬᠢ ᠪᠠᠶᠠᠯᠢᠭ᠎ᠤᠨ ᠮᠡᠳᠡᠭᠡ ᠵᠠᠩᠭᠢ᠎ᠶ᠋ᠢ ᠴᠤᠭ᠍ᠯᠠᠭᠤᠯᠬᠤ ᠠᠵᠢᠯ᠎ᠤᠨ ᠸᠢᠳᠢᠣ᠋ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ᠎ᠤᠨ ᠬᠠᠲᠠᠨ ᠵᠢᠷᠤᠭ᠎ᠤᠨ ᠨᠡᠢᠭᠡᠮᠯᠢᠭ᠂ ᠰᠣᠶᠣᠯ ᠵᠢᠭᠤᠯᠴᠢᠯᠠᠯ᠎ᠤᠨ ᠲᠥᠷᠥᠯ ᠵᠦᠢᠯ᠎ᠤᠨ ᠵᠥᠪᠯᠡᠯᠭᠡ ᠥᠭ᠌ᠬᠦ ᠭᠠᠵᠠᠷ᠂ ᠥᠪᠥᠷ ᠮᠣᠩᠭᠤᠯ᠎ᠤᠨ ᠬᠠᠲᠠᠨ ᠵᠢᠷᠤᠭ᠎ᠤᠨ ᠬᠠᠮᠠᠭᠠᠯᠠᠯᠲᠠ ᠪᠠ ᠰᠤᠳᠤᠯᠭᠠᠨ᠎ᠤ ᠨᠡᠢᠭᠡᠮᠯᠢᠭ᠂ ᠪᠠᠶᠠᠨᠨᠠᠭᠤᠷ ᠬᠤᠲᠠ ᠪᠠ ᠠᠯᠠᠱᠠ ᠠᠢᠮᠠᠭ᠎ᠤᠨ ᠰᠤᠶᠤᠯ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠮᠠᠭᠠᠯᠠᠯᠳᠠ᠎ᠶ᠋ᠢᠨ ᠱᠢᠰᠲ᠋ᠧᠮ᠎ᠤᠨ ᠬᠠᠮᠢᠶ᠎ᠠ ᠪᠥᠬᠦᠶ ᠠᠵᠢᠯᠲᠠᠳ ᠬᠤᠷᠠᠯ᠎ᠳᠤ ᠣᠷᠣᠯᠴᠠᠪᠠ᠃
ᠬᠤᠷᠠᠯ᠎ᠳᠤ᠂ ᠠᠯᠠᠱᠠ ᠠᠢᠮᠠᠭ᠎ᠤᠨ ᠦᠨᠳᠦᠰᠦᠨ ᠱᠠᠲᠤᠨ᠎ᠤ ᠲᠡᠤᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠮᠠᠭᠠᠯᠠᠯᠲᠠ᠎ᠶ᠋ᠢᠨ ᠠᠵᠢᠯ ᠪᠠ ᠪᠢᠴᠢᠯ ᠳᠣᠯᠭᠢᠶᠠᠨ᠎ᠤ ᠠᠯᠤᠰ ᠡᠵᠡᠮᠱᠢᠯᠲᠦ ᠳᠠᠮᠵᠢᠭᠤᠯᠭ᠎ᠠ᠎ᠶ᠋ᠢᠨ ᠬᠢᠨᠠᠨ ᠡᠵᠡᠮᠳᠡᠬᠦ᠌ ᠱᠢᠰᠲ᠋ᠧᠮ᠎ᠢ ᠠᠱᠢᠬ᠍ᠯᠠᠨ ᠬᠡᠭᠡᠷ᠎ᠡ ᠭᠠᠳᠠᠨᠠᠬᠢ ᠲᠡᠤᠬᠡ᠎ᠶ᠋ᠢᠨ ᠳᠤᠷᠠᠰᠭᠠᠯᠲᠤ ᠵᠦᠢᠯᠡᠰ᠎ᠢ ᠴᠠᠭ ᠲᠤᠬᠠᠶ᠎ᠳᠤᠨᠢ ᠬᠢᠨᠠᠨ ᠡᠵᠡᠮᠳᠡᠬᠦ᠌ ᠱᠢᠨ᠎ᠡ᠎ᠶ᠋ᠢ ᠡᠭᠦᠳᠦᠭ᠌ᠰᠡᠨ ᠠᠵᠢᠯ᠎ᠤᠨ ᠵᠠᠭ᠍ᠪᠤᠷ᠎ᠢ ᠳᠡᠭᠡᠳᠦ ᠬᠡᠮᠵᠢᠶ᠎ᠡ᠎ᠪᠠᠷ ᠦᠨᠡᠯᠡᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠠᠨ ᠵᠢᠷᠤᠭ᠎ᠤᠨ ᠡᠬᠢ ᠪᠠᠶᠠᠯᠢᠭ᠎ᠢ ᠬᠠᠮᠠᠭᠠᠯᠠᠵᠤ ᠪᠠᠢᠭ᠎ᠠ ᠪᠠᠢᠳᠠᠯ ᠪᠠ ᠮᠡᠳᠡᠭᠡ ᠵᠠᠩᠭᠢ ᠴᠤᠭ᠍ᠯᠠᠭᠤᠯᠬᠤ ᠲᠥᠷᠥᠯ ᠵᠦᠢᠯ᠎ᠤᠨ ᠬᠠᠮᠢᠶ᠎ᠠ ᠪᠥᠬᠦᠶ ᠠᠵᠢᠯ᠎ᠤᠨ ᠲᠤᠬᠠᠶ ᠬᠠᠷᠢᠭᠤ ᠮᠡᠳᠡᠭᠦᠯᠦᠯᠲᠡ᠎ᠶ᠋ᠢ ᠰᠤᠨᠤᠰᠴᠤ᠌ ᠰᠠᠨᠠᠯ ᠵᠦᠪᠯᠡᠯᠭᠡ᠎ᠪᠠᠨ ᠰᠣᠯᠢᠯᠴᠠᠬᠤ᠎ᠶ᠋ᠢᠨ ᠬᠠᠮᠲᠤ᠌᠂ ᠪᠥᠬᠦ᠌ ᠤᠯᠤᠰ᠎ᠤᠨ ᠬᠠᠲᠠᠨ ᠵᠢᠷᠤᠭ᠎ᠤᠨ ᠡᠬᠢ ᠪᠠᠶᠠᠯᠢᠭ᠎ᠢ ᠬᠠᠮᠠᠭᠠᠯᠠᠵᠤ ᠪᠠᠢᠭ᠎ᠠ ᠣᠳᠣᠬᠢ ᠪᠠᠢᠳᠠᠯ ᠵᠢᠴᠢ ᠳᠡᠯᠡᠬᠡᠶ᠎ᠶ᠋ᠢᠨ ᠬᠠᠲᠠᠨ ᠵᠢᠷᠤᠭ᠎ᠤᠨ ᠡᠬᠢ ᠪᠠᠶᠠᠯᠢᠭ᠎ᠢ ᠬᠠᠮᠠᠭᠠᠯᠠᠨ ᠠᠱᠢᠬ᠍ᠯᠠᠵᠤ ᠪᠠᠢᠭ᠎ᠠ ᠪᠠᠢᠳᠠᠯ᠎ᠢ ᠵᠠᠳᠠᠯᠤᠨ ᠱᠢᠨᠵᠢᠯᠡᠵᠦ᠍ ᠰᠤᠳᠤᠯᠤᠨ᠂ ᠠᠯᠠᠱᠠ ᠠᠢᠮᠠᠭ᠎ᠤᠨ ᠬᠠᠲᠠᠨ ᠵᠢᠷᠤᠭ᠎ᠤᠨ ᠡᠬᠢ ᠪᠠᠶᠠᠯᠢᠭ᠎ᠤᠨ ᠮᠡᠳᠡᠭᠡ ᠵᠠᠩᠭᠢ᠎ᠶ᠋ᠢ ᠴᠤᠭ᠍ᠯᠠᠭᠤᠯᠬᠤ ᠠᠵᠢᠯ᠎ᠤᠨ ᠲᠠᠯ᠎ᠠ᠎ᠪᠠᠷ ᠰᠠᠨᠠᠯ ᠰᠠᠨᠠᠭᠤᠯᠭ᠎ᠠ ᠳᠤᠷᠠᠳᠤᠭ᠍ᠰᠠᠨ ᠪᠠᠢᠨ᠎ᠠ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号