3 ᠰᠠᠷ᠎ᠠ᠎ᠶ᠋ᠢᠨ 13 ᠤ ᠦᠳᠡ᠎ᠶ᠋ᠢᠨ ᠬᠤᠢᠨ᠎ᠠ᠂ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠢᠩᠭᠤ᠎ᠶ᠋ᠢᠨ ᠭᠡᠱᠢᠬᠦᠨ᠂ ᠬᠦᠬᠡᠬᠤᠳᠠ᠎ᠶ᠋ᠢᠨ ᠨᠠᠮ᠎ᠤᠨ ᠬᠤᠷᠢᠶᠠᠨ᠎ᠤ ᠱᠦᠵᠢ ᠸᠠᠩ ᠯᠢ ᠱᠢᠶᠠ ᠪᠦᠬᠦ᠌ ᠬᠤᠳᠠ᠎ᠶ᠋ᠢᠨ ᠺᠠᠳ᠋ᠷᠴᠤᠳ᠎ᠤᠨ ᠶᠡᠭᠡ ᠬᠤᠷᠠᠯ᠎ᠢ ᠡᠷᠬᠢᠯᠡᠨ ᠬᠤᠷᠠᠯᠳᠤᠭᠤᠯᠵᠦ᠍᠂ ᠶᠡᠷᠦᠩᠭᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠦ᠍᠂ ᠪᠦᠬᠦ᠌ ᠤᠯᠤᠰ᠎ᠤᠨ ᠬᠤᠶᠠᠷ ᠬᠤᠷᠠᠯ ᠪᠠ ᠪᠦᠬᠦ᠌ ᠤᠷᠤᠨ᠎ᠤ ᠺᠠᠳ᠋ᠷᠴᠤᠳ᠎ᠤᠨ ᠶᠡᠭᠡ ᠬᠤᠷᠠᠯ᠎ᠤᠨ ᠵᠤᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠦ᠍᠂ ᠪᠦᠬᠦ᠌ ᠬᠤᠳᠠ ᠳᠠᠶᠠᠭᠠᠷ᠎ᠢᠶᠠᠨ ᠠᠴᠢ᠎ᠶ᠋ᠢ ᠬᠠᠷᠢᠭᠤᠯᠬᠤ ᠰᠡᠳᠭᠢᠯ᠂ ᠲᠡᠮᠡᠴᠡᠨ ᠤᠷᠤᠬ᠍ᠰᠢᠯᠠᠬᠤ ᠤᠮᠤᠬ᠂ ᠪᠤᠳᠠᠳᠠᠢ ᠠᠵᠢᠯᠯᠠᠬᠤ ᠠᠷᠭ᠎ᠠ ᠭᠡᠮᠵᠢᠶ᠎ᠠ᠎ᠪᠠᠷ 《ᠠᠷᠪᠡᠨ ᠲᠦᠷᠪᠡᠳᠦᠭᠡᠷ ᠲᠠᠪᠤᠨ ᠵᠢᠯ》 ᠢ ᠰᠠᠢᠨ ᠡᠬᠢᠯᠡᠯᠳᠠ᠎ᠲᠠᠢ ᠪᠤᠯᠭᠠᠬᠤ᠎ᠶ᠋ᠢ ᠠᠬᠢᠭᠤᠯᠵᠦ᠍᠂ ᠶᠡᠷᠦᠩᠭᠡᠢ ᠱᠦᠵᠢ ᠰᠢ᠎ᠶ᠋ᠢᠨ ᠫᠢᠩ᠎ᠤᠨ ᠥᠪᠦᠷ ᠮᠤᠩᠭᠤᠯ᠎ᠳᠤ ᠤᠯᠭᠤᠭ᠍ᠰᠠᠨ ᠡᠬᠦᠷᠭᠡ ᠬᠠᠷᠢᠭᠤᠴᠠᠯᠭ᠎ᠠ᠎ᠶ᠋ᠢ ᠪᠡᠶᠡᠯᠡᠬᠦᠯᠬᠦ᠌᠎ᠳᠤ ᠡᠮᠦᠨ᠎ᠠ᠎ᠨᠢ ᠬᠤᠱᠢᠭᠤᠷᠠᠵᠦ᠍᠂ ᠦᠯᠢᠭᠡᠷ ᠳᠠᠭᠤᠷᠢᠶᠠᠯ ᠦᠵᠡᠬᠦᠯᠬᠦ᠌᠎ᠶ᠋ᠢ ᠲᠠᠢᠴᠢᠯᠠᠵᠠᠢ᠃
ᠸᠠᠩ ᠯᠢ ᠱᠢᠶᠠ᠂ ᠶᠡᠷᠦᠩᠭᠡᠢ ᠱᠦᠵᠢ ᠰᠢ᠎ᠶ᠋ᠢᠨ ᠫᠢᠩ᠎ᠤᠨ ᠨᠠᠢᠳᠠᠯᠭ᠎ᠠ᠎ᠶ᠋ᠢ ᠡᠷᠭᠡᠪᠰᠢ ᠪᠠᠳᠤ ᠴᠡᠭᠡᠵᠢᠯᠡᠵᠦ᠍᠂ ᠠᠴᠢ᠎ᠶ᠋ᠢ ᠬᠠᠷᠢᠭᠤᠯᠤᠨ ᠡᠷᠡᠮᠡᠭᠡᠢᠯᠡᠨ ᠤᠷᠤᠬ᠍ᠰᠢᠯᠠᠵᠦ᠍᠂ 《ᠬᠤᠶᠠᠷ ᠬᠠᠯᠬᠠᠪᠴᠢ》 ᠶ᠋ᠢ ᠪᠠᠳᠤ ᠴᠤᠬ᠍ᠴᠠᠯᠠᠬᠤ᠂ 《ᠬᠤᠶᠠᠷ ᠰᠠᠭᠤᠷᠢᠨ》᠂ 《ᠨᠢᠭᠡ ᠪᠠᠬᠢᠯᠡᠯᠳᠠ》 ᠶ᠋ᠢ ᠪᠦᠳᠦᠭᠡᠨ ᠪᠠᠢᠭᠤᠯᠬᠤ᠎ᠪᠠᠷ ᠤᠷᠳᠤ ᠬᠤᠭᠤᠴᠠᠭᠠᠨ᠎ᠤ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢᠨ ᠡᠬᠦᠷᠭᠡ ᠪᠤᠯᠭᠠᠨ ᠴᠢᠩᠭ᠎ᠠ ᠪᠤᠳᠠᠳᠠᠢ ᠠᠳᠭᠤᠨ ᠦᠷ᠎ᠠ ᠪᠦᠳᠦᠮᠵᠢ ᠭᠠᠷᠭᠠᠬᠤ ᠭᠡᠷᠡᠭ᠌ᠲᠡᠢ ᠭᠡᠵᠦ᠍ ᠵᠢᠭᠠᠵᠦ᠍ ᠭᠠᠷᠭᠠᠪᠠ᠃
ᠸᠠᠩ ᠯᠢ ᠱᠢᠶᠠ᠂ ᠶᠡᠷᠦᠩᠭᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠨᠠᠮ᠎ᠤᠨ ᠲᠡᠦᠭᠡ᠎ᠶ᠋ᠢᠨ ᠰᠤᠷᠤᠯᠴᠠᠯᠭ᠎ᠠ ᠬᠦᠮᠦᠵᠢᠯ᠎ᠢ ᠦᠷᠨᠢᠬᠦᠯᠬᠦ᠂ ᠲᠦᠪ᠎ᠤᠨ ᠲᠤᠭᠤᠷᠢᠨ ᠪᠠᠢᠴᠠᠭᠠᠯᠳᠠ ᠪᠠ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠢ ᠱᠢᠯᠢᠳᠡᠭ᠌ᠵᠢᠬᠦᠯᠬᠦ᠌ ᠲᠤᠰᠭᠠᠢ ᠲᠤᠭᠤᠷᠢᠨ ᠪᠠᠢᠴᠠᠭᠠᠯᠳᠠ᠎ᠶ᠋ᠢᠨ ᠬᠠᠷᠢᠭᠤ ᠲᠤᠰᠭᠠᠬ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ ᠠᠵᠢᠯ᠎ᠢ ᠰᠠᠢᠳᠤᠷ ᠠᠳᠭᠤᠬᠤ᠂ ᠲᠦᠪᠯᠡᠷᠡᠬᠦᠯᠦᠨ ᠬᠤᠭᠤᠴᠠᠭ᠎ᠠ ᠰᠤᠯᠢᠬᠤ ᠠᠵᠢᠯ᠎ᠲᠠᠢ ᠤᠶᠠᠯᠳᠤᠭᠤᠯᠤᠨ᠂ ᠨᠢᠭᠡᠳᠦᠯᠳᠠᠢ ᠲᠦᠯᠦᠪᠵᠢᠬᠦᠯᠦᠨ ᠨᠠᠢᠳᠠᠪᠤᠷᠢᠵᠢᠭᠤᠯᠤᠯᠳᠠ᠎ᠶ᠋ᠢ ᠠᠬᠢᠭᠤᠯᠬᠤ ᠭᠡᠷᠡᠭ᠌ᠲᠡᠢ᠃ 《ᠳᠤᠮᠳᠠᠳᠤ᠎ᠶ᠋ᠢᠨ ᠦᠨᠳᠦᠰᠦᠳᠡᠨ᠎ᠤ ᠬᠠᠮᠳᠦ ᠴᠤᠬ᠍ᠴᠠ᠎ᠶ᠋ᠢᠨ ᠤᠬᠠᠮᠰᠠᠷ᠎ᠢ ᠪᠠᠳᠤ ᠴᠤᠬ᠍ᠴᠠᠯᠠᠬᠤ》 ᠤᠬᠠᠭᠤᠯᠭ᠎ᠠ ᠬᠦᠮᠦᠵᠢᠯ᠎ᠢ ᠬᠦᠨᠵᠡᠭᠡᠢ ᠦᠷᠨᠢᠬᠦᠯᠵᠦ᠍᠂ ᠡᠷᠡᠰ ᠭᠤᠢᠪᠢᠰᠢ ᠦᠭᠡᠢ᠎ᠪᠠᠷ ᠤᠯᠤᠰ᠎ᠤᠨ ᠨᠡᠢᠳᠡᠮ ᠭᠡᠷᠡᠭ᠌ᠯᠡᠬᠦ᠌ ᠦᠭᠡ ᠭᠡᠯᠡ ᠦᠰᠦᠭ ᠪᠢᠴᠢᠭ᠎ᠢ ᠳᠡᠯᠭᠡᠷᠡᠬᠦᠯᠦᠨ ᠲᠦᠭᠡᠮᠡᠯᠵᠢᠬᠦᠯᠵᠦ᠍᠂ ᠤᠯᠤᠰ᠎ᠤᠨ ᠨᠢᠭᠡᠳᠦᠯᠳᠠᠢ ᠨᠠᠢᠷᠠᠭᠤᠯᠤᠭ᠍ᠰᠠᠨ ᠵᠢᠭᠠᠬᠤ ᠮᠠᠲᠧᠷᠢᠶᠠᠯ᠎ᠢ ᠳᠡᠯᠭᠡᠷᠡᠬᠦᠯᠦᠨ ᠭᠡᠷᠡᠭ᠌ᠯᠡᠵᠦ᠍᠂ ᠦᠨᠳᠦᠰᠦᠳᠡᠨ᠎ᠨᠦᠭᠦᠳ᠎ᠤᠨ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠲᠠᠯ᠎ᠠ᠎ᠪᠠᠷ ᠡᠮᠦᠨ᠎ᠠ᠎ᠨᠢ ᠬᠤᠱᠢᠭᠤᠷᠠᠬᠤ ᠭᠡᠷᠡᠭ᠌ᠲᠡᠢ᠃ ᠭᠤᠤᠯᠳᠠᠯᠭ᠎ᠠ᠎ᠲᠠᠢ ᠲᠦᠷᠦᠯ ᠵᠦᠢᠯ᠎ᠢᠶᠠᠷ ᠭᠠᠷᠳᠠᠴᠠ ᠪᠤᠯᠭᠠᠵᠦ᠍᠂ ᠨᠢᠭᠡᠳᠦᠭᠡᠷ ᠤᠯᠠᠷᠢᠯ᠎ᠤᠨ ᠠᠵᠤ ᠠᠬᠤᠢ᠎ᠶ᠋ᠢᠨ ᠰᠠᠢᠨ ᠡᠬᠢᠯᠡᠯᠳᠠ᠎ᠲᠠᠢ ᠪᠤᠯᠬᠤ᠎ᠶ᠋ᠢ ᠶᠡᠭᠡ᠎ᠪᠠᠷ ᠠᠬᠢᠭᠤᠯᠬᠤ ᠭᠡᠷᠡᠭ᠌ᠲᠡᠢ᠃ ᠬᠦᠭ᠌ᠵᠢᠯᠳᠠ ᠪᠤᠯᠤᠨ ᠠᠮᠤᠷ ᠲᠦᠪᠱᠢᠨ᠎ᠢ ᠨᠢᠭᠡᠳᠦᠯᠳᠠᠢ ᠲᠦᠯᠦᠪᠵᠢᠬᠦᠯᠦᠨ ᠰᠠᠢᠳᠤᠷ ᠠᠳᠭᠤᠵᠦ᠍᠂ ᠡᠭᠡ ᠤᠯᠤᠰ᠎ᠤᠨ ᠤᠮᠠᠷᠠᠳᠦ ᠬᠢᠯᠢ᠎ᠶ᠋ᠢᠨ ᠠᠮᠤᠷ ᠲᠦᠪᠱᠢᠨ ᠲᠤᠭ᠍ᠳᠠᠭᠤᠨ᠎ᠤ ᠬᠠᠯᠬᠠᠪᠴᠢ᠎ᠶ᠋ᠢ ᠪᠠᠳᠤ ᠴᠤᠬ᠍ᠴᠠᠯᠠᠬᠤ᠎ᠳᠤ ᠤᠷᠤᠨ᠎ᠤ ᠲᠦᠪ ᠬᠤᠳᠠ᠎ᠶ᠋ᠢᠨ ᠬᠦᠴᠦᠨ ᠴᠢᠳᠠᠯ᠎ᠢᠶᠠᠨ ᠡᠷᠬᠦᠭᠦ᠌ ᠭᠡᠷᠡᠭ᠌ᠲᠡᠢ᠃ ᠴᠦᠬᠦᠷᠡᠰᠢ ᠦᠭᠡᠢ᠎ᠪᠠᠷ ᠰᠤᠷᠳᠠᠯ᠎ᠢᠶᠠᠨ ᠬᠤᠪᠢᠷᠠᠭᠤᠯᠤᠨ ᠰᠠᠢᠵᠢᠷᠠᠭᠤᠯᠵᠦ᠍᠂ ᠴᠠᠭ ᠢᠮᠠᠬ᠍ᠳᠠ ᠤᠯᠤᠰ ᠲᠦᠷᠦ᠎ᠶ᠋ᠢ ᠡᠷᠬᠢᠮᠯᠡᠨ᠂ ᠡᠯ᠎ᠠ ᠵᠦᠢᠯ᠎ᠤᠨ ᠡᠬᠦᠷᠭᠡ᠎ᠪᠠᠨ ᠦᠨᠳᠦᠷ ᠪᠦᠳᠦᠮᠵᠢᠳᠠᠢ᠂ ᠦᠨᠳᠦᠷ ᠪᠠᠷᠢᠮᠵᠢᠶ᠎ᠠ᠎ᠪᠠᠷ᠂ ᠴᠢᠨᠠᠷ ᠰᠠᠢᠳᠠᠢ ᠪᠡᠶᠡᠯᠡᠬᠦᠯᠵᠦ᠍᠂ ᠱᠢᠯᠢᠳᠡᠭ ᠠᠮᠵᠢᠯᠳᠠ᠎ᠪᠠᠷ᠎ᠢᠶᠠᠨ ᠶᠡᠷᠦᠩᠭᠡᠢ ᠱᠦᠵᠢ᠎ᠶ᠋ᠢᠨ ᠨᠠᠢᠳᠠᠯᠭ᠎ᠠ᠎ᠶ᠋ᠢᠨ ᠠᠴᠢ᠎ᠶ᠋ᠢ ᠬᠠᠷᠢᠭᠤᠯᠵᠦ᠍᠂ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠭᠡᠷᠡᠭ᠌ᠲᠡᠢ ᠭᠡᠵᠦ᠍ ᠴᠢᠬᠤᠯᠠᠴᠢᠯᠠᠪᠠ᠃