ᠮᠸᠢ ᠬᠤᠸᠠ᠄ 《ᠳᠤᠮᠳᠠᠳᠤ᠎ᠪᠠᠨ ᠬᠠᠢᠷᠠᠯᠠᠬᠤ》 ᠦᠵᠡᠯᠳᠠ᠎ᠶ᠋ᠢ ᠭᠡᠦᠭᠡᠳ᠎ᠤᠨ ᠰᠡᠳᠭᠢᠯ᠎ᠳᠤ ᠬᠦᠨ ᠬᠠᠳᠠᠩᠱᠢᠭᠤᠯᠤᠨ᠎ᠠ
2021-03-15 12:11:29
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 12 ᠎ᠤᠨ ᠦᠳᠡ᠎ᠳᠤ᠂ ᠠᠷᠪᠡᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ᠎ᠳᠤ ᠤᠷᠤᠯᠴᠠᠭᠠᠳ ᠰᠠᠢᠬᠠᠨ ᠨᠤᠳᠤᠭ᠎ᠲᠠᠭᠠᠨ ᠪᠤᠴᠠᠬ᠍ᠰᠠᠨ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢ᠂ ᠡᠸᠡᠩᠬᠢ ᠦᠨᠳᠦᠰᠦᠳᠡᠨ᠎ᠤ ᠦᠪᠡᠷᠲᠡᠭᠡᠨ ᠵᠠᠰᠠᠬᠤ ᠬᠤᠱᠢᠭᠤᠨ᠎ᠤ ᠢᠮᠢᠨ ᠰᠤᠮᠤᠨ᠎ᠤ ᠭᠤᠤᠯ ᠰᠤᠷᠭᠠᠭᠤᠯᠢ᠎ᠶ᠋ᠢᠨ ᠵᠠᠬᠢᠷᠤᠯ ᠮᠸᠢ ᠬᠤᠸᠠ ᠰᠤᠷᠪᠤᠯᠵᠢᠯᠠᠬ᠍ᠴᠢ᠎ᠶ᠋ᠢᠨ ᠰᠤᠷᠪᠤᠯᠵᠢᠯᠠᠭ᠎ᠠ᠎ᠶ᠋ᠢ ᠶᠠᠭᠠᠷᠠᠯᠳᠠᠢ ᠬᠦᠯᠢᠶᠠᠨ ᠠᠪᠤᠯ᠎ᠠ᠃

ᠲᠤᠰ ᠤᠳᠠᠭᠠᠨ᠎ᠤ ᠦᠪᠡᠳᠡᠭ᠌ᠰᠢ ᠬᠤᠷᠠᠯ᠎ᠤᠨ ᠲᠤᠬᠠᠢ ᠶᠠᠷᠢᠬᠤ᠎ᠳᠠᠭᠠᠨ ᠮᠸᠢ ᠬᠤᠸᠠ ᠲᠤᠬ᠍ᠳᠤᠯᠤᠭ᠍ᠰᠠᠨ ᠰᠡᠳᠭᠢᠯ᠎ᠢᠶᠠᠨ ᠳᠠᠷᠤᠵᠦ᠍ ᠶᠠᠳᠠᠨ᠎ᠠ᠄ ᠶᠡᠷᠦᠩᠭᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠎ᠶ᠋ᠢ ᠰᠤᠨᠤᠰᠤᠭᠠᠳ ᠬᠦᠨ ᠬᠦᠮᠦᠵᠢᠯ ᠬᠦᠷᠳᠡᠯ᠎ᠠ᠃ ᠶᠡᠷᠦᠩᠭᠡᠢ ᠱᠦᠵᠢ ᠳᠤᠮᠳᠠᠳᠤ᠎ᠶ᠋ᠢᠨ ᠦᠨᠳᠦᠰᠦᠳᠡᠨ᠎ᠤ ᠬᠠᠮᠳᠦ ᠴᠤᠬ᠍ᠴᠠ᠎ᠶ᠋ᠢᠨ ᠤᠬᠠᠮᠰᠠᠷ᠎ᠢ ᠪᠠᠳᠤ ᠴᠤᠬ᠍ᠴᠠᠯᠠᠬᠤ᠎ᠶ᠋ᠢ ᠳᠤᠷᠠᠳᠪᠠ᠂ ᠦᠨᠳᠦᠰᠦᠳᠡᠨ᠎ᠤ ᠰᠤᠷᠭᠠᠭᠤᠯᠢ᠎ᠶ᠋ᠢᠨ ᠪᠠᠭ᠍ᠰᠢ ᠪᠤᠯᠤᠭ᠍ᠰᠠᠨ᠎ᠤ ᠬᠤᠪᠢ᠎ᠳᠤ᠂ ᠰᠤᠷᠤᠬ᠍ᠴᠢ᠎ᠶ᠋ᠢ ᠬᠦᠮᠦᠵᠢᠬᠦᠯᠦᠨ ᠬᠦᠳᠦᠯᠦᠨ ᠵᠢᠯᠤᠭᠤᠳᠴᠦ᠍ ᠪᠠᠢᠭᠠᠳ ᠤᠯᠤᠰ᠎ᠤᠨ ᠨᠡᠢᠳᠡᠮ ᠭᠡᠷᠡᠭ᠌ᠯᠡᠬᠦ᠌ ᠦᠭᠡ ᠭᠡᠯᠡ ᠦᠰᠦᠭ ᠪᠢᠴᠢᠭ᠎ᠢ ᠰᠠᠢᠳᠤᠷ ᠰᠤᠷᠤᠯᠴᠠᠠ ᠭᠡᠷᠡᠭ᠌ᠯᠡᠬᠦ᠌᠎ᠶ᠋ᠢᠨ ᠬᠠᠷᠢᠭᠤᠴᠠᠯᠭ᠎ᠠ ᠬᠦᠨᠳᠦ ᠶᠡᠭᠡ ᠪᠠᠢᠨ᠎ᠠ᠃ ᠴᠦᠭᠡᠨ ᠲᠤᠭᠠᠳᠤ ᠦᠨᠳᠤᠰᠤᠳᠡᠨ᠎ᠤ ᠭᠡᠤᠭᠡᠳ᠎ᠤᠳ ᠤᠯᠤᠰ᠎ᠤᠨ ᠨᠡᠢᠳᠡᠮ ᠭᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠳᠤᠷ ᠰᠤᠷᠤᠯᠴᠠᠵᠤ ᠰᠠᠢᠳᠤᠷ ᠭᠡᠷᠡᠭ᠌ᠯᠡᠬᠦ᠌᠎ᠨᠢ ᠲᠡᠳᠡᠨ᠎ᠤ ᠠᠯᠤᠰ ᠢᠷᠡᠭᠡᠳᠤᠢ᠎ᠶ᠋ᠢ ᠨᠡᠩ ᠰᠠᠷᠠᠭᠤᠯ ᠠᠭᠤᠳᠠᠮ ᠪᠤᠯᠭᠠᠵᠤ ᠲᠠᠢᠯᠤᠨ᠎ᠡ᠃ ᠦᠨᠳᠤᠰᠤᠨ ᠱᠠᠳᠤᠨ᠎ᠤ ᠦᠨᠳᠤᠰᠤᠳᠡᠨ᠎ᠤ ᠰᠤᠷᠭᠠᠭᠤᠯᠢ᠎ᠶ᠋ᠢᠨ ᠵᠠᠬᠢᠷᠤᠯ ᠪᠤᠯᠤᠬ᠍ᠰᠡᠨ᠎ᠤ ᠬᠤᠪᠢ᠎ᠳᠤ᠂ ᠰᠤᠷᠭᠠᠭᠤᠯᠢ᠎ᠳᠠᠭᠠᠨ ᠪᠤᠴᠠᠬ᠍ᠰᠡᠨ᠎ᠤ ᠲᠠᠷᠠᠭ᠎ᠠ ᠲᠤᠮᠳᠠᠳᠤ᠎ᠶ᠋ᠢᠨ ᠦᠨᠳᠤᠰᠤᠳᠡᠨ᠎ᠤ ᠬᠠᠮᠳᠤ ᠴᠤᠬ᠍ᠴᠠ᠎ᠶ᠋ᠢᠨ ᠤᠬᠠᠮᠰᠠᠷ᠎ᠢ ᠪᠠᠳᠤ ᠴᠤᠬ᠍ᠴᠠᠯᠠᠬᠤ ᠪᠠ ᠤᠯᠤᠰ᠎ᠤᠨ ᠨᠡᠢᠳᠡᠮ ᠭᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠳᠤᠷ ᠰᠤᠷᠤᠯᠴᠠᠨ ᠰᠠᠢᠳᠤᠷ ᠭᠡᠷᠡᠭ᠌ᠯᠡᠬᠦ᠌᠎ᠶ᠋ᠢ ᠰᠤᠷᠤᠬ᠍ᠴᠢᠳ᠎ᠤᠨ ᠰᠤᠷᠭᠠᠨ ᠬᠦᠮᠦᠵᠢᠯ᠎ᠤᠨ ᠪᠦᠬᠦ᠌ ᠶᠠᠪᠤᠴᠠ᠎ᠳᠤ ᠠᠭᠤᠰᠤᠯᠴᠠᠭᠤᠯᠤᠨ᠎ᠡ᠃ ᠰᠤᠷᠤᠬ᠍ᠴᠢ᠎ᠶ᠋ᠢᠨ ᠬᠦᠳᠡᠯᠭᠡᠭᠡᠨ᠎ᠤ ᠬᠢᠴᠢᠶᠠᠯ᠂ ᠤᠷᠠᠨ ᠰᠠᠢᠬᠠᠨ᠎ᠤ ᠲᠤᠬ᠍ᠯᠠᠯᠳᠠ ᠵᠡᠷᠭᠡ ᠡᠯ᠎ᠡ ᠵᠦᠢᠯ᠎ᠤᠨ ᠠᠵᠢᠯᠯᠠᠭ᠎ᠠ᠎ᠪᠠᠷ ᠲᠠᠮᠵᠢᠭᠤᠯᠵᠤ᠂ 《ᠲᠤᠮᠳᠠᠳᠤ᠎ᠪᠠᠨ ᠬᠠᠢᠷᠠᠯᠠᠬᠤ》 ᠦᠵᠡᠯᠳᠠ᠎ᠶ᠋ᠢ ᠭᠡᠤᠭᠡᠳ᠎ᠤᠳ᠎ᠤᠨ ᠰᠡᠳᠭᠢᠯ᠎ᠳᠤ ᠬᠠᠳᠠᠩᠱᠢᠭᠤᠯᠵᠦ᠍᠂ ᠦᠨᠳᠤᠰᠤᠳᠡᠨ᠎ᠤ ᠪᠦᠯᠬᠦᠮᠳᠡᠯ᠎ᠤᠨ ᠦᠷ᠎ᠡ᠎ᠶ᠋ᠢ ᠭᠡᠤᠭᠡᠳ᠎ᠤᠳ᠎ᠤᠨ ᠰᠡᠳᠭᠢᠯ᠎ᠳᠤ ᠦᠨᠳᠤᠰᠤᠯᠡᠬᠦᠯᠤᠨ ᠨᠠᠬᠢᠶᠠᠯᠠᠭᠤᠯᠤᠨ᠎ᠡ ᠬᠡᠪᠡ᠃

ᠦᠨᠳᠤᠰᠤᠳᠡᠨ᠎ᠤ ᠤᠷᠤᠨ᠎ᠳᠤ ᠦᠨᠳᠤᠰᠤᠨ ᠱᠠᠳᠤᠨ᠎ᠤ ᠰᠤᠷᠭᠠᠨ ᠬᠦᠮᠦᠵᠢᠯ᠎ᠤᠨ ᠠᠵᠢᠯ᠎ᠢ 32 ᠵᠢᠯ ᠬᠢᠭ᠌ᠰᠡᠨ ᠮᠸᠢ ᠬᠤᠸᠠ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ᠂ ᠬᠦᠳᠡᠭᠡ ᠲᠤᠰᠭᠤᠨ᠎ᠢ ᠬᠦᠭ᠌ᠵᠢᠬᠦᠯᠤᠨ ᠮᠠᠨᠳᠤᠭᠤᠯᠬᠤ ᠲᠤᠬᠠᠢ ᠮᠠᠰᠢ ᠠᠩᠬᠠᠷᠴᠤ᠌ ᠪᠠᠢᠯ᠎ᠡ᠃ ᠦᠪᠤᠷ ᠮᠤᠩᠭᠤᠯ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠡᠬᠦᠷᠭᠡ᠎ᠪᠠᠨ ᠲᠤᠬ᠍ᠳᠠᠬ᠍ᠰᠡᠨ ᠬᠤᠭᠤᠴᠠᠭᠠᠨ᠎ᠳᠤ ᠪᠠᠶᠠᠯᠡᠬᠦᠯᠦᠭ᠌ᠰᠡᠨ᠎ᠨᠢ ᠪᠠᠶᠠᠷᠯᠠᠭᠤᠱᠢᠳᠠᠢ ᠶᠠᠪᠤᠳᠠᠯ ᠮᠦᠨ᠂ ᠶᠠᠳᠠᠭᠤ᠎ᠠᠴᠠ ᠠᠩᠭᠢᠵᠢᠷᠠᠭᠤᠯᠬᠤ᠎ᠨᠢ ᠡᠴᠤᠰ᠎ᠤᠨ ᠴᠡᠭ ᠪᠢᠰᠢ ᠬᠠᠷᠢᠨ ᠱᠢᠨ᠎ᠡ ᠠᠮᠢᠳᠤᠷᠠᠯ᠂ ᠱᠢᠨ᠎ᠡ ᠲᠡᠮᠡᠴᠡᠯ᠎ᠤᠨ ᠡᠬᠢᠯᠡᠯᠳᠠ ᠪᠤᠯᠤᠨ᠎ᠡ ᠭᠡᠵᠤ ᠶᠡᠷᠤᠩᠭᠡᠢ ᠱᠦᠵᠢ ᠬᠡᠯᠡᠪᠡ᠂ ᠡᠬᠦᠨ᠎ᠳᠤ ᠮᠸᠢ ᠬᠤᠸᠠ᠄ ᠮᠠᠨ᠎ᠤ ᠰᠤᠷᠤᠬ᠍ᠴᠢᠳ᠎ᠤᠨ ᠭᠡᠷ᠎ᠤᠨ ᠠᠬᠠᠮᠠᠳ ᠴᠦᠮ ᠮᠠᠯᠵᠢᠬᠤ ᠤᠷᠤᠨ᠎ᠤ᠎ᠬᠢ᠂ ᠬᠦᠳᠡᠭᠡ ᠲᠤᠰᠭᠤᠨ᠎ᠢ ᠬᠦᠭ᠌ᠵᠢᠬᠦᠯᠤᠨ ᠮᠠᠨᠳᠤᠭᠤᠯᠬᠤ᠎ᠨᠢ ᠮᠠᠯᠵᠢᠬᠤ ᠤᠷᠤᠨ᠂ ᠮᠠᠯᠴᠢᠳ᠎ᠲᠤ ᠠᠪᠴᠤ᠌ ᠬᠡᠯᠡᠪᠡᠯ ᠠᠴᠢ ᠬᠤᠯᠪᠤᠬ᠍ᠳᠠᠯ ᠲᠦᠢᠯ᠎ᠤᠨ ᠶᠡᠭᠡ ᠶᠤᠮ ᠭᠡᠵᠤ ᠬᠦᠨ ᠲᠦᠷᠦᠭ᠌ᠳᠡᠯ᠎ᠲᠠᠢ ᠬᠡᠯᠡᠵᠤ ᠪᠠᠢᠯ᠎ᠡ᠃

ᠮᠸᠢ ᠬᠤᠸᠠ᠂ ᠶᠡᠷᠤᠩᠭᠡᠢ ᠱᠦᠵᠢ ᠦᠪᠤᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠡᠨ ᠵᠦᠪᠯᠡᠬᠦ᠌᠎ᠳᠤ ᠤᠷᠤᠯᠴᠠᠬᠤ ᠪᠤᠯᠭᠠᠨ ᠴᠦᠮ ᠠᠮᠢ ᠠᠬᠤᠢ ᠤᠷᠴᠢᠨ ᠲᠤᠭᠤᠷᠢᠨ᠎ᠤ ᠲᠤᠬᠠᠢ ᠶᠠᠷᠢᠵᠤ᠂ ᠪᠢᠳᠠᠨ᠎ᠢ ᠡᠭᠡ ᠤᠯᠤᠰ᠎ᠤᠨ ᠤᠮᠠᠷᠠᠳᠤ ᠬᠢᠯᠢ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠳᠤ ᠴᠤᠬ᠍ᠴᠠᠯᠠᠵᠦ᠍᠂ ᠬᠦᠭᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠡᠭ᠌ᠭᠦᠨ ᠠᠭᠤᠯᠠ ᠮᠦᠨ ᠭᠡᠬᠦ᠌ ᠤᠢ᠍ᠢᠯᠠᠭᠠᠬ᠍ᠳᠠᠬᠤᠨ᠎ᠢ ᠪᠠᠷᠢᠮᠳᠠᠯᠠᠬᠤ ᠭᠡᠷᠡᠭ᠌ᠳᠠᠢ ᠭᠡᠵᠤ ᠵᠠᠬᠢᠳᠠᠭ᠃ ᠪᠢᠳᠠ ᠪᠦᠬᠦᠨ ᠴᠦᠮ ᠲᠠᠯ᠎ᠠ ᠨᠤᠳᠤᠬ᠎ᠤᠨ ᠦᠷ᠎ᠠ ᠬᠡᠤᠬᠡᠳ ᠪᠤᠯᠬᠤᠷ ᠲᠠᠯ᠎ᠠ ᠨᠤᠳᠤᠬ᠂ ᠬᠦᠬᠡᠮᠳᠦᠭ ᠨᠤᠭᠤᠭᠠᠨ ᠠᠭᠤᠯᠠ ᠤᠰᠤᠨ᠎ᠳᠠᠭᠠᠨ ᠤᠨᠴᠠᠭᠠᠢ ᠬᠠᠢᠷ᠎ᠠ ᠰᠡᠳᠭᠢᠯᠬᠡ᠎ᠲᠠᠢ ᠪᠠᠢᠳᠠᠭ᠃

ᠪᠢᠳᠠ ᠰᠤᠷᠤᠬ᠍ᠴᠢ᠎ᠪᠠᠨ ᠰᠠᠢᠳᠤᠷ ᠰᠤᠷᠭᠠᠨ ᠬᠦᠮᠤᠵᠢᠬᠦᠯᠵᠤ᠂ ᠠᠮᠢ ᠠᠬᠤᠢ᠎ᠶ᠋ᠢ ᠬᠠᠮᠠᠭᠠᠯᠠᠬᠤ ᠤᠢ᠍ᠢᠯᠠᠭᠠᠬ᠍ᠳᠠᠬᠤᠨ᠎ᠲᠠᠢ ᠪᠤᠯᠭᠠᠨ᠎ᠠ ᠬᠡᠪᠡ᠃

ᠠᠷᠪᠠᠨ ᠭᠤᠷᠪᠠᠳᠤᠭᠠᠷ ᠬᠤᠭᠤᠴᠭᠠᠠᠨ᠎ᠤ ᠪᠦᠬᠦ᠌ ᠤᠯᠤᠰ᠎ᠤᠨ ᠠᠷᠠᠳ᠎ᠤᠨ ᠲᠦᠯᠤᠬᠡᠯᠡᠭ᠌ᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯ᠎ᠳᠤ ᠤᠷᠤᠯᠴᠠᠬᠤ᠎ᠳᠠᠭᠠᠨ᠂ ᠮᠧᠢ ᠬᠤᠸᠠ ᠶᠠᠷᠤᠩᠬᠡᠢ ᠱᠦᠵᠢ᠎ᠳᠤ ᠰᠠᠮᠪᠠᠢ ᠬᠠᠳᠠᠬ ᠡᠷᠬᠦᠭ᠌ᠰᠡᠨ; ᠠᠷᠪᠠᠨ ᠭᠤᠷᠪᠠᠳᠤᠭᠠᠷ ᠬᠤᠭᠤᠴᠭᠠᠠᠨ᠎ᠤ ᠪᠦᠬᠦ᠌ ᠤᠯᠤᠰ᠎ᠤᠨ ᠠᠷᠠᠳ᠎ᠤᠨ ᠲᠦᠯᠤᠬᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ ᠲᠡᠭᠡᠷ᠎ᠠ᠂ ᠲᠡᠷᠡ ᠦᠨᠳᠤᠰᠤᠨ ᠱᠠᠳᠤᠨ᠎ᠤ ᠲᠦᠯᠤᠬᠡᠯᠡᠭ᠌ᠴᠢ᠎ᠶ᠋ᠢᠨ ᠬᠤᠪᠢ᠎ᠪᠠᠷ ᠦᠨᠳᠤᠰᠤᠳᠠᠨ᠎ᠤ ᠪᠦᠯᠬᠦᠮᠳᠡᠯ ᠲᠠᠪᠱᠢᠯᠳᠠ᠎ᠶ᠋ᠢᠨ ᠬᠦᠮᠤᠵᠢᠯ᠎ᠢ ᠴᠢᠩᠭᠠᠳᠭᠠᠬᠤ ᠭᠤᠤᠯ ᠰᠡᠳᠤᠪ᠎ᠢᠶᠠᠷ ᠦᠬᠡ ᠶᠠᠷᠢᠵᠤ᠂ ᠶᠠᠷᠤᠩᠬᠡᠢ ᠱᠦᠵᠢ᠎ᠳᠤ ᠦᠪᠡᠷ᠎ᠤᠨ ᠠᠵᠢᠯ᠎ᠢᠶᠠᠨ ᠬᠠᠷᠢᠭᠤ ᠮᠡᠳᠡᠬᠦᠯᠦᠭ᠌ᠰᠡᠨ᠎ᠳᠡᠭᠡᠨ ᠮᠸᠢ ᠬᠤᠸᠠ ᠢᠮᠠᠬ᠍ᠳᠠ ᠤᠮᠤᠬ᠍ᠰᠢᠳᠠᠭ᠃ ᠪᠦᠬᠦ᠌ ᠤᠯᠤᠰ᠎ᠤᠨ ᠠᠷᠠᠳ᠎ᠤᠨ ᠲᠦᠯᠤᠬᠡᠯᠡᠭ᠌ᠴᠢᠳ᠎ᠤᠨ ᠶᠡᠭᠡ ᠬᠤᠷᠠᠯ᠎ᠤᠨ ᠲᠦᠯᠤᠬᠡᠯᠡᠭ᠌ᠴᠢ᠎ᠪᠠᠷ ᠰᠤᠩᠭᠤᠬ᠍ᠳᠠᠬ᠍ᠰᠠᠨ᠎ᠠᠴᠠ ᠨᠠᠭᠠᠰᠢ᠂ ᠮᠸᠢ ᠬᠤᠸᠠ ᠡᠬᠦᠷᠬᠡ ᠬᠠᠷᠢᠭᠤᠴᠠᠯᠭ᠎ᠠ᠎ᠪᠠᠨ ᠢᠳᠡᠪᠬᠢᠳᠠᠢ ᠬᠦᠢᠴᠡᠳᠭᠡᠵᠤ᠂ ᠬᠦᠨᠵᠡᠬᠡᠢ ᠪᠠᠢᠴᠠᠭᠠᠨ ᠰᠤᠳᠤᠯᠤᠯᠳᠠ ᠬᠢᠵᠤ᠂ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ 4 ᠵᠢᠯ᠎ᠤᠨ ᠲᠤᠷᠰᠢ ᠶᠡᠭᠡ ᠬᠤᠷᠠᠯ᠎ᠳᠤ ᠦᠨᠳᠤᠰᠤᠳᠠᠨ᠎ᠤ ᠰᠤᠷᠭᠠᠨ ᠬᠦᠮᠤᠵᠢᠯ᠂ ᠦᠨᠳᠤᠰᠤᠳᠠᠨ᠎ᠤ ᠰᠤᠶᠤᠯ᠎ᠢ ᠤᠯᠠᠮᠵᠢᠯᠠᠬᠤ᠂ ᠬᠦᠳᠡᠭᠡ ᠲᠤᠰᠭᠤᠨ᠎ᠢ ᠬᠦᠭ᠌ᠵᠢᠬᠦᠯᠤᠨ ᠮᠠᠨᠳᠤᠭᠤᠯᠬᠤ ᠵᠡᠷᠬᠡ ᠳᠠᠯ᠎ᠠ᠎ᠪᠠᠷ 11 ᠬᠤᠪᠢ ᠰᠠᠨᠠᠭᠤᠯᠭ᠎ᠠ ᠲᠤᠷᠠᠳᠴᠠᠢ᠃ ᠡᠨᠡ ᠵᠢᠯ ᠲᠡᠷᠡ 《ᠳᠤᠮᠳᠠᠳᠤ ᠪᠠᠭ᠎ᠠ ᠰᠤᠷᠭᠠᠭᠤᠯᠢ᠂ ᠬᠡᠤᠬᠡᠳ᠎ᠤᠨ ᠴᠡᠴᠡᠷᠯᠢᠭ᠎ᠤᠨ ᠪᠠᠭ᠍ᠰᠢ᠎ᠶ᠋ᠢᠨ ᠪᠠᠭ᠍ᠰᠢᠯᠠᠬ᠍ᠰᠠᠨ ᠵᠢᠯ᠎ᠤᠨ ᠨᠡᠮᠡᠬᠦᠷᠢ ᠵᠤᠭᠤᠰᠤᠨ᠎ᠤ ᠪᠠᠷᠢᠮᠵᠢᠶ᠎ᠠ᠎ᠶ᠋ᠢ ᠲᠡᠭᠡᠭ᠌ᠰᠢᠯᠡᠬᠦᠯᠬᠦ᠌ ᠲᠤᠬᠠᠢ ᠰᠠᠨᠠᠭᠤᠯᠭ᠎ᠠ》 ᠪᠤᠯᠤᠨ 《ᠦᠨᠳᠤᠰᠤᠨ ᠱᠠᠳᠤᠨ᠎ᠤ ᠨᠠᠰᠤᠵᠢᠯ᠎ᠤᠨ ᠠᠰᠠᠷᠠᠮᠵᠢ᠎ᠶ᠋ᠢᠨ ᠤᠢ᠍ᠢᠯᠡᠴᠢᠯᠡᠬᠡᠨ᠎ᠤ ᠪᠠᠢᠭᠤᠯᠤᠮᠵᠢ᠎ᠶ᠋ᠢ ᠲᠡᠬᠦᠯᠳᠡᠷᠵᠢᠬᠦᠯᠬᠦ᠌ ᠲᠤᠬᠠᠢ ᠰᠠᠨᠠᠭᠤᠯᠭ᠎ᠠ》 ᠵᠡᠷᠭᠡ ᠰᠠᠨᠠᠭᠤᠯᠭ᠎ᠠ᠎ᠶ᠋ᠢ ᠳᠤᠷᠠᠳᠴᠠᠢ᠃

ᠮᠸᠢ ᠬᠤᠸᠠ᠂ ᠨᠤᠳᠤᠬ᠎ᠲᠠᠭᠠᠨ ᠬᠠᠷᠢᠵᠤ ᠢᠷᠡᠭ᠌ᠰᠡᠨ᠎ᠤ ᠲᠠᠷᠠᠭ᠎ᠠ᠂ ᠬᠤᠶᠠᠷ ᠬᠤᠷᠠᠯ᠎ᠤᠨ ᠵᠤᠷᠢᠬ ᠰᠠᠨᠠᠭ᠎ᠠ ᠪᠤᠯᠤᠨ ᠶᠠᠷᠤᠩᠬᠡᠢ ᠱᠦᠵᠢ ᠰᠢ᠎ᠶ᠋ᠢᠨ ᠫᠢᠩ᠎ᠤᠨ ᠬᠠᠢᠷ᠎ᠠ ᠬᠠᠯᠠᠮᠵᠢ᠎ᠶ᠋ᠢ ᠦᠨᠳᠤᠰᠤᠨ ᠱᠠᠳᠤᠨ᠎ᠤ ᠮᠠᠯᠴᠢᠳ᠎ᠲᠤ ᠲᠠᠮᠵᠢᠭᠤᠯᠤᠨ᠎ᠠ; ᠦᠪᠡᠰᠦᠪᠡᠨ ᠳᠦᠷᠦᠬᠦᠯᠡᠨ ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠢ ᠰᠠᠢᠳᠤᠷ ᠰᠤᠷᠴᠤ᠌ ᠰᠠᠢᠳᠤᠷ ᠭᠡᠷᠡᠭ᠌ᠯᠡᠵᠤ᠂ ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠢ ᠭᠡᠷᠡᠭ᠌ᠯᠡᠬᠦ᠌ ᠴᠢᠳᠠᠪᠤᠷᠢ᠎ᠪᠠᠨ ᠲᠡᠭᠡᠭ᠌ᠰᠢᠯᠡᠬᠦᠯᠵᠤ᠂ ᠤᠯᠤᠰ᠎ᠤᠨ ᠨᠢᠬᠡᠳᠤᠯᠳᠠᠢ ᠨᠠᠢᠷᠠᠭᠤᠯᠤᠬ᠍ᠰᠠᠨ ᠵᠢᠭᠠᠬᠤ ᠮᠠᠲ᠋ᠧᠷᠢᠶᠠᠯ᠎ᠢ ᠡᠷᠡᠰ᠎ᠢᠶᠠᠷ ᠳᠡᠯᠬᠡᠷᠡᠬᠦᠯᠦᠨ᠂ ᠶᠠᠷᠤᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠤᠷᠢᠬ ᠰᠠᠨᠠᠭ᠎ᠠ᠎ᠶ᠋ᠢ ᠠᠵᠢᠯ᠎ᠤᠨ ᠲᠤᠮᠳᠠ᠎ᠳᠠᠭᠠᠨ ᠨᠠᠢᠳᠠᠪᠤᠷᠢᠵᠢᠭᠤᠯᠤᠨ᠎ᠠ ᠬᠡᠵᠤ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号