ᠯᠢᠦ ᠶᠠ ᠱᠧᠩ᠄ ᠠᠷᠠᠳ ᠤᠯᠠᠨ᠎ᠳᠤ ᠭᠡᠷ᠎ᠤᠨ᠎ᠢᠶᠠᠨ ᠡᠬᠦᠳᠡᠨ᠎ᠳᠤ ᠬᠦᠷᠳᠡᠵᠦ᠍ ᠪᠤᠯᠬᠤ ᠴᠢᠨᠠᠷ ᠰᠠᠢᠳᠠᠢ ᠡᠮ ᠡᠮᠨᠡᠯᠭᠡ᠎ᠶ᠋ᠢᠨ ᠦᠢᠯᠡᠴᠢᠯᠡᠭᠡ ᠬᠠᠩᠭᠠᠨ᠎ᠠ
2021-03-15 09:14:27
ᠵᠣᠬᠢᠶᠠᠭ᠍ᠴᠢ᠄
ᠬᠤᠷᠴᠠ ᠭᠤᠤ ᠮᠢᠨ ᠨᠠ
ᠣᠩᠱᠢᠭ᠍ᠰᠠᠨ ᠣᠳᠠᠭ᠎ᠠ᠄
★★★☆☆

2021 ᠤᠨ᠎ᠤ ᠪᠦᠬᠦ᠌ ᠤᠯᠤᠰ᠎ᠤᠨ ᠬᠤᠶᠠᠷ ᠬᠤᠷᠠᠯ ᠲᠡᠬᠦᠰ ᠠᠮᠵᠢᠯᠳᠠ᠎ᠲᠠᠢ ᠲᠡᠬᠦᠰᠭᠦ᠎ᠶ᠋ᠢ ᠳᠠᠭᠠᠯᠳᠤᠨ᠂ ᠡᠯ᠎ᠠ ᠭᠠᠵᠠᠷ᠎ᠤᠨ ᠲᠦᠯᠦᠭᠡᠯᠡᠭ᠌ᠴᠢᠳ ᠭᠡᠱᠢᠬᠦᠳ ᠦᠪᠡᠷ ᠦᠪᠡᠷ᠎ᠤᠨ᠎ᠢᠶᠠᠨ ᠠᠵᠢᠯ᠎ᠤᠨ ᠪᠠᠢᠷᠢ᠎ᠳᠠᠭᠠᠨ ᠪᠤᠴᠠᠯ᠎ᠠ᠃ 3 ᠰᠠᠷ᠎ᠠ᠎ᠶ᠋ᠢᠨ 14 ᠎ᠤ ᠡᠳᠦᠷ᠂ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢ᠂ ᠤᠯᠠᠭᠠᠨᠬᠤᠳᠠ᠎ᠶ᠋ᠢᠨ ᠠᠷᠠᠳ᠎ᠤᠨ ᠡᠮᠨᠡᠯᠭᠡ᠎ᠶ᠋ᠢᠨ ᠬᠤᠷᠢᠶᠠᠨ᠎ᠤ ᠬᠦᠨᠳᠦ ᠡᠪᠡᠳᠴᠢᠨ᠎ᠤ ᠠᠨᠠᠭᠠᠬᠤ ᠤᠬᠠᠭᠠᠨ᠎ᠤ ᠰᠠᠯᠠᠭᠠᠨ᠎ᠤ ᠡᠷᠬᠢᠯᠡᠭ᠌ᠴᠢ ᠯᠢᠦ ᠶᠠ ᠱᠧᠩ᠎ᠲᠠᠢ ᠠᠭᠤᠯᠵᠠᠬᠤ᠎ᠳᠤ᠂ ᠲᠡᠷᠡᠪᠡᠷ ᠵᠤᠷᠱᠢᠯ᠎ᠢᠶᠠᠷ ᠦᠷᠯᠦᠭᠡ ᠡᠷᠳᠡ᠎ᠶ᠋ᠢᠨ ᠡᠪᠡᠳᠴᠢᠨ᠎ᠤ ᠦᠷᠦᠭᠡ ᠪᠠᠢᠴᠠᠭᠠᠬᠤ ᠠᠵᠢᠯ᠎ᠢᠶᠠᠨ ᠳᠠᠭᠤᠰᠭᠠᠭᠠᠳ ᠪᠠᠢᠪᠠ᠃

《〈ᠬᠤᠤᠰ ᠵᠠᠭᠤᠨ ᠵᠢᠯ〉 ᠎ᠤᠨ ᠲᠡᠮᠡᠴᠡᠬᠦ᠌ ᠬᠠᠷᠠᠯᠳᠠ᠎ᠶ᠋ᠢᠨ ᠲᠡᠦᠭᠡ᠎ᠶ᠋ᠢᠨ ᠠᠭᠤᠯᠵᠠᠷ᠎ᠲᠤ ᠵᠤᠬ᠍ᠰᠤᠵᠦ᠍᠂ ᠡᠨᠡ ᠵᠢᠯ᠎ᠤᠨ ᠬᠤᠶᠠᠷ ᠬᠤᠷᠠᠯ᠎ᠤᠨ ᠬᠤᠷᠠᠯᠳᠤᠭ᠍ᠰᠠᠨ ᠴᠠᠭ ᠤᠨᠴᠠᠭᠠᠢ᠂ ᠤᠳᠭ᠎ᠠ ᠠᠭᠤᠯᠭ᠎ᠠ ᠶᠡᠷᠦ᠍ ᠪᠤᠰᠤ᠎ᠶ᠋ᠢᠨ ᠶᠤᠮ》᠃ ᠲᠤᠰ ᠤᠳᠠᠭᠠᠨ᠎ᠤ ᠬᠤᠷᠠᠯ᠎ᠳᠤ ᠤᠷᠤᠯᠴᠠᠭ᠍ᠰᠠᠨ ᠦᠩᠭᠡᠷᠡᠯᠳᠠ᠎ᠪᠠᠨ ᠶᠠᠷᠢᠬᠤ᠎ᠳᠤ ᠯᠢᠦ ᠶᠠ ᠱᠧᠩ ᠮᠠᠰᠢ ᠤᠮᠤᠬ᠍ᠰᠢᠯ᠎ᠲᠠᠢ ᠪᠦᠭᠡᠳ ᠵᠤᠷᠢᠬ᠍ᠵᠢᠭᠤᠯᠤᠯ᠎ᠲᠠᠢ ᠰᠠᠨᠠᠬ᠍ᠳᠠᠨ᠎ᠠ᠃ ᠲᠡᠷᠡ᠂ 《〈ᠠᠷᠪᠡᠨ ᠭᠤᠷᠪᠠᠳᠤᠭᠠᠷ ᠲᠠᠪᠤᠨ ᠵᠢᠯ〉 ᠲᠡᠬᠦᠰ ᠠᠮᠵᠢᠯᠳᠠ᠎ᠲᠠᠢ᠎ᠪᠠᠷ ᠰᠡᠬᠦᠯ ᠬᠤᠷᠢᠶᠠᠵᠦ᠍᠂ 〈ᠠᠷᠪᠡᠨ ᠲᠦᠷᠪᠡᠳᠦᠭᠡᠷ ᠲᠠᠪᠤᠨ ᠵᠢᠯ〉 ᠪᠦᠬᠦ᠌ ᠲᠠᠯ᠎ᠠ᠎ᠪᠠᠷ ᠡᠬᠢᠯᠡᠵᠦ᠍᠂ ᠱᠢᠨ᠎ᠠ ᠳᠢᠳᠢᠮᠯᠢᠭ ᠠᠭᠤᠰᠭᠢᠨ ᠦᠷᠪᠢᠰᠤᠯ᠎ᠤᠨ ᠬᠢᠵᠢᠭ᠎ᠤᠨ ᠪᠠᠢᠳᠠᠯ᠎ᠤᠨ ᠠᠶᠦᠯ ᠲᠦᠭ᠌ᠰᠢᠬᠦᠷᠢ᠎ᠶ᠋ᠢ ᠦᠩᠭᠡᠷᠡᠬᠦᠯᠪᠡ᠂ ᠡᠢᠨ ᠬᠦ᠌ ᠴᠠᠭ ᠦᠶ᠎ᠠ᠎ᠶ᠋ᠢᠨ ᠪᠠᠢᠳᠠᠯ ᠳᠤᠤᠷ᠎ᠠ ᠪᠦᠬᠦ᠌ ᠤᠯᠤᠰ᠎ᠤᠨ ᠬᠤᠶᠠᠷ ᠬᠤᠷᠠᠯ ᠬᠤᠭᠤᠴᠠᠭ᠎ᠠ ᠶᠤᠰᠤᠭᠠᠷ ᠬᠤᠷᠠᠯᠳᠤᠵᠦ᠍᠂ ᠪᠢᠳᠡᠨ᠎ᠤ ᠠᠷᠠᠳ ᠲᠦᠮᠡᠨ᠎ᠤ ᠳᠤᠮᠳᠠ ᠦᠷᠬᠦᠯᠵᠢᠯᠡᠨ ᠦᠨᠳᠦᠰᠦᠯᠡᠬᠦ᠂ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠠ ᠮᠠᠬᠠᠪᠤᠳ᠎ᠤᠨ ᠡᠷᠡᠬᠦᠯ ᠴᠢᠬᠢᠷᠠᠭ᠎ᠢ ᠰᠠᠬᠢᠨ ᠬᠠᠮᠠᠭᠠᠯᠠᠬᠤ᠎ᠶ᠋ᠢᠨ ᠲᠦᠯᠦᠭᠡ ᠡᠷᠡᠮᠡᠭᠡᠢᠯᠡᠨ ᠤᠷᠤᠬ᠍ᠰᠢᠯᠠᠬᠤ᠎ᠶ᠋ᠢ ᠵᠤᠷᠢᠬ᠍ᠵᠢᠭᠤᠯᠵᠠᠢ》 ᠭᠡᠪᠡ᠃

2018 ᠤᠨ᠎ᠳᠤ᠂ ᠯᠢᠦ ᠶᠠ ᠱᠧᠩ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢ᠎ᠪᠠᠷ ᠰᠤᠩᠭᠤᠬ᠍ᠳᠠᠪᠠ᠂ ᠲᠦᠯᠦᠭᠡᠯᠡᠭ᠌ᠴᠢᠳ᠎ᠤᠨ ᠪᠤᠯᠪᠠᠰᠤᠷᠠᠯ᠎ᠳᠤ ᠠᠩᠬ᠎ᠠ ᠤᠷᠤᠯᠴᠠᠬᠤ᠎ᠳᠠᠭᠠᠨ ᠲᠡᠷᠡ᠂ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢ ᠪᠤᠯᠤᠭ᠍ᠰᠠᠨ᠎ᠤ ᠬᠤᠪᠢ᠎ᠳᠤ᠂ ᠤᠯᠤᠰ ᠬᠦᠷᠦᠨ᠎ᠤ ᠶᠡᠭᠡ ᠲᠠᠯ᠎ᠠ᠎ᠠᠴᠠ ᠠᠰᠠᠭᠤᠳᠠᠯ᠎ᠢ ᠪᠤᠳᠤᠯᠬᠢᠯᠠᠵᠦ᠍᠂ ᠦᠨᠳᠦᠰᠦᠨ ᠱᠠᠳᠤᠨ᠎ᠳᠤ ᠬᠦᠨᠵᠡᠭᠡᠢᠷᠡᠨ ᠠᠷᠭ᠎ᠠ ᠪᠤᠳᠤᠨ᠎ᠠ ᠭᠡᠵᠦ᠍ ᠵᠤᠷᠢᠬ ᠱᠢᠭᠤᠳᠤᠭ᠍ᠰᠠᠨ ᠶᠤᠮ᠃ ᠲᠥᠯᠥᠭᠡᠯᠡᠭ᠌ᠴᠢ ᠪᠣᠯᠤᠭ᠍ᠰᠠᠨ ᠡᠨᠡ ᠬᠡᠳᠦᠨ ᠵᠢᠯ᠎ᠳᠤ᠂ ᠲᠡᠷᠡ ᠠᠩᠬᠠᠷᠤᠯ᠎ᠢᠶᠠᠨ ᠦᠨᠳᠦᠰᠦᠨ ᠱᠠᠲᠤᠨ᠎ᠳᠤ ᠲᠠᠯᠪᠢᠵᠤ᠂ ᠡᠮ ᠡᠮᠨᠡᠯᠭᠡ ᠪᠣᠯᠤᠨ ᠠᠷᠠᠳ ᠲᠦᠮᠡᠨ᠎ᠤ ᠡᠷᠡᠭᠦᠯ ᠮᠡᠨᠳᠦ᠂ ᠡᠮ ᠡᠮᠨᠡᠯᠭᠡ ᠪᠣᠯᠤᠨ ᠨᠠᠰᠤᠵᠢᠯ᠎ᠤᠨ ᠠᠰᠠᠷᠠᠮᠵᠢ᠂ ᠡᠮ ᠡᠮᠨᠡᠯᠭᠡ ᠪᠣᠯᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠂ ᠡᠮ ᠡᠮᠨᠡᠯᠭᠡ ᠪᠣᠯᠤᠨ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢ ᠤᠶᠠᠯᠳᠤᠭᠤᠯᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠲᠤᠬᠠᠢ ᠢᠳᠡᠪᠬᠢᠲᠡᠢ ᠪᠠᠢᠴᠠᠭᠠᠨ ᠰᠤᠳᠤᠯᠤᠯᠲᠠ ᠬᠢᠭ᠌ᠰᠡᠭᠡᠷ ᠢᠷᠡᠵᠠᠢ᠃

ᠡᠨᠡ ᠵᠢᠯ᠎ᠤᠨ ᠪᠦᠬᠦ᠌ ᠤᠯᠤᠰ᠎ᠤᠨ ᠬᠤᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ᠎ᠶ᠋ᠢᠨ ᠫᠢᠩ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶᠠᠨ᠎ᠤ ᠳᠥᠷᠪᠡᠳᠦᠭᠡᠷ ᠬᠤᠷᠠᠯ᠎ᠳᠤ ᠣᠷᠣᠯᠴᠠᠵᠤ ᠪᠠᠢᠭ᠎ᠠ ᠡᠮ ᠡᠮᠨᠡᠯᠭᠡ ᠡᠷᠡᠭᠦᠯ ᠬᠠᠮᠠᠭᠠᠯᠠᠯ᠎ᠤᠨ ᠡᠲᠡᠭᠡᠳ᠎ᠤᠨ ᠭᠡᠱᠢᠭᠦᠳ᠎ᠢ ᠡᠷᠬᠢᠨ ᠦᠵᠡᠬᠦ᠌᠎ᠶ᠋ᠢᠨ ᠬᠠᠮᠲᠤ ᠬᠠᠮᠲᠤᠷᠠᠭ᠍ᠰᠠᠨ ᠳᠤᠭᠤᠢᠯᠠᠩ᠎ᠤᠨ ᠬᠤᠷᠠᠯ᠎ᠳᠤ ᠣᠷᠣᠯᠴᠠᠬᠤ᠎ᠳᠠᠭᠠᠨ᠂ ᠠᠷᠠᠳ ᠲᠦᠮᠡᠨ᠎ᠤ ᠡᠷᠡᠭᠦᠯ ᠮᠡᠨᠳᠦ ᠪᠣᠯ ᠦᠨᠳᠦᠰᠦᠲᠡᠨ᠎ᠤ ᠬᠥᠭ᠌ᠵᠢᠯ ᠪᠠᠳᠠᠷᠠᠯ ᠪᠤᠯᠤᠨ ᠤᠯᠤᠰ᠎ᠤᠨ ᠪᠠᠶᠠᠵᠢᠯ ᠬᠦᠴᠦᠷᠬᠡᠭ᠌ᠵᠢᠯ᠎ᠤᠨ ᠴᠢᠬᠤᠯᠠ ᠪᠡᠯᠭᠡ ᠲᠡᠮᠳᠡᠭ ᠮᠥᠨ ᠭᠡᠵᠦ᠍ ᠴᠢᠬᠤᠯᠠᠴᠢᠯᠠᠪᠠ᠃ ᠬᠦᠨᠳᠦ ᠡᠪᠡᠳᠴᠢᠨ᠎ᠤ ᠡᠮᠴᠢ ᠪᠣᠯᠤᠭ᠍ᠰᠠᠨ᠎ᠤ ᠬᠤᠪᠢ᠎ᠳᠤ᠂ ᠯᠢᠦ ᠶᠠ ᠱᠧᠩ ᠣᠷᠳᠣ ᠬᠤᠭᠤᠴᠠᠭᠠᠨ᠎ᠤ ᠡᠮᠴᠢᠯᠡᠭᠡᠨ᠎ᠤ ᠠᠵᠢᠯ᠎ᠤᠨ ᠳᠤᠮᠳᠠ᠎ᠳᠠᠭᠠᠨ᠂ ᠣᠳᠣᠬᠠᠨ᠎ᠳᠤ ᠦᠨᠳᠦᠰᠦᠨ ᠱᠠᠲᠤᠨ᠎ᠤ ᠡᠮᠴᠢ ᠨᠡᠷ ᠪᠠᠴᠢᠮ ᠲᠦᠭ᠌ᠰᠢᠭᠦᠷᠢᠲᠡᠶ ᠬᠦᠨᠳᠦ ᠡᠪᠡᠳᠴᠢᠨ᠎ᠢ ᠢᠯᠭᠠᠨ ᠲᠠᠨᠢᠬᠤ ᠪᠠ ᠱᠢᠶᠳᠪᠦᠷᠢᠯᠡᠬᠦ᠌ ᠴᠢᠳᠠᠪᠤᠷᠢ᠎ᠶ᠋ᠢᠨ ᠲᠠᠯ᠎ᠠ᠎ᠪᠠᠷ ᠬᠦᠷᠦᠯᠴᠡᠬᠦ᠌ ᠥᠬᠡᠶ ᠪᠠᠢᠬᠤ᠎ᠶ᠋ᠢ ᠣᠯᠵᠤ ᠮᠡᠳᠡᠵᠡᠶ᠃ 《ᠱᠠᠲᠤ ᠬᠤᠪᠢᠶᠠᠨ ᠣᠨᠣᠱᠢᠯᠠᠨ ᠡᠮᠨᠡᠬᠦ᠌ ᠲᠦᠷᠢᠮ᠎ᠤᠨ ᠨᠠᠢᠳᠠᠪᠤᠷᠢᠵᠢᠭᠤᠯᠤᠭ᠍ᠳᠠᠬᠤ᠎ᠶ᠋ᠢ ᠳᠠᠭᠠᠯᠳᠤᠨ᠂ ᠦᠨᠳᠦᠰᠦᠨ ᠱᠠᠲᠤᠨ᠎ᠳᠤ ᠠᠩᠬ᠎ᠠ ᠤᠨᠤᠱᠢᠯᠠᠭᠤᠯᠬᠤ ᠬᠥᠮᠦᠨ᠎ᠤ ᠲᠤᠭ᠎ᠠ ᠡᠳᠦᠷ ᠢᠷᠡᠬᠦᠶ᠎ᠡ ᠨᠡᠮᠡᠭ᠌ᠳᠡᠵᠦ᠍᠂ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠱᠠᠲᠤᠨ᠎ᠤ ᠡᠮᠨᠡᠯᠭᠡ᠎ᠶ᠋ᠢᠨ ᠬᠤᠷᠢᠶᠠᠨ᠎ᠤ ᠲᠦᠷᠭᠡᠨ ᠠᠪᠤᠷᠠᠯᠳᠠ᠎ᠶ᠋ᠢᠨ ᠴᠢᠳᠠᠪᠤᠷᠢ᠎ᠶ᠋ᠢ ᠴᠢᠩᠭᠠᠳᠭᠠᠬᠤ᠎ᠨᠢ ᠡᠪᠡᠳᠴᠢᠲᠡᠨ᠎ᠤ ᠳᠠᠷᠤᠭᠠᠰᠤ᠎ᠶ᠋ᠢ ᠬᠥᠩᠭᠡᠷᠡᠭᠦᠯᠵᠦ᠍ ᠪᠠᠢᠭ᠎ᠠ ᠶᠠᠪᠤᠳᠠᠯ ᠪᠣᠯᠬᠤ ᠪᠥᠭᠡᠳ ᠪᠠᠰᠠ ᠴᠤ᠌ ᠡᠷᠡᠭᠦᠯ ᠡᠩᠬᠡ ᠳᠤᠮᠳᠠᠳᠤ ᠤᠯᠤᠰ᠎ᠲᠤ ᠬᠦᠴᠦᠨ ᠨᠡᠮᠡᠷᠢᠯᠡᠵᠦ᠍ ᠪᠠᠢᠭ᠎ᠠ ᠶᠠᠪᠤᠳᠠᠯ ᠪᠣᠯᠤᠨ᠎ᠠ᠃ ᠪᠢ ᠶᠡᠭᠡ ᠬᠤᠷᠠᠯ᠎ᠳᠤ 〈ᠦᠨᠳᠦᠰᠦᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ᠎ᠶ᠋ᠢᠨ ᠲᠦᠷᠭᠡᠨ ᠡᠮᠨᠡᠬᠦ᠌ ᠲᠦᠷᠭᠡᠨ ᠠᠪᠤᠷᠠᠬᠤ ᠴᠢᠳᠠᠪᠤᠷᠢ᠎ᠶ᠋ᠢ ᠴᠢᠩᠭᠠᠳᠭᠠᠬᠤ〉 ᠰᠠᠨᠠᠭᠤᠯᠭ᠎ᠠ ᠳᠡᠪᠱᠢᠭᠦᠯᠪᠠ᠂ ᠡᠷᠡᠭᠦᠯ ᠡᠩᠬᠡ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠠᠱᠢᠭ᠍ᠲᠠᠢ ᠪᠠᠢᠵᠤ᠂ ᠠᠷᠠᠳ ᠤᠯᠠᠨ᠎ᠳᠤ ᠭᠡᠷ᠎ᠤᠨ ᠡᠭᠦᠳᠡᠨ᠎ᠳᠡᠭᠡᠨ ᠴᠢᠨᠠᠷ ᠰᠠᠢᠲᠠᠢ ᠡᠮᠴᠢᠯᠡᠭᠡᠨ᠎ᠤ ᠦᠢᠯᠡᠴᠢᠯᠡᠭᠡ ᠬᠦᠷᠲᠡᠭᠡᠬᠦ᠌᠎ᠶ᠋ᠢ ᠬᠦᠰᠡᠵᠦ᠍ ᠪᠠᠢᠨ᠎ᠠ》 ᠭᠡᠵᠦ᠍ ᠯᠢᠦ ᠶᠠ ᠱᠧᠩ ᠬᠡᠯᠡᠪᠡ᠃

ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠪᠠ ᠬᠦᠳᠡᠭᠡ ᠲᠤᠰᠭᠤᠨ᠎ᠢ ᠬᠦᠭ᠌ᠵᠢᠬᠦᠯᠤᠨ ᠮᠠᠨᠳᠤᠭᠤᠯᠬᠤ᠎ᠶ᠋ᠢ ᠪᠦᠳᠦᠮᠵᠢᠳᠠᠢ ᠵᠤᠯᠭᠠᠭᠤᠯᠬᠤ ᠠᠵᠢᠯ᠎ᠢ ᠭᠡᠷᠬᠢᠨ ᠰᠠᠢᠳᠤᠷ ᠬᠢᠬᠦ᠌ ᠪᠤᠢ? ᠯᠢᠤ ᠶᠠ ᠱᠧᠩ᠂ ᠡᠪᠡᠳᠴᠢᠨ᠎ᠠᠴᠠ ᠪᠤᠯᠵᠤ ᠲᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠪᠤᠯ ᠴᠢᠬᠤᠯᠠ ᠭᠤᠬ᠍ᠴᠤᠭ᠎ᠠ ᠪᠤᠯᠤᠨ᠎ᠡ ᠭᠡᠵᠤ ᠦᠵᠡᠪᠡ᠃ 《ᠮᠠᠨ᠎ᠤ ᠤᠯᠤᠰ᠎ᠤᠨ ᠠᠵᠤ ᠠᠬᠤᠢ᠎ᠶ᠋ᠢᠨ ᠬᠦᠭ᠌ᠵᠢᠯᠳᠠ ᠪᠠ ᠠᠷᠠᠳ᠎ᠤᠨ ᠠᠮᠢᠳᠤᠷᠠᠯ᠎ᠤᠨ ᠲᠦᠪᠱᠢᠨ᠎ᠤ ᠲᠡᠭᠡᠭ᠌ᠰᠢᠯᠡᠬᠦ᠌᠎ᠶ᠋ᠢ ᠲᠠᠭᠠᠯᠳᠤᠨ᠂ ᠰᠠᠭᠤᠭᠠᠯᠢ ᠠᠷᠠᠳ᠎ᠤᠨ ᠤᠳᠠᠭᠠᠨ ᠴᠢᠨᠠᠷᠳᠠᠢ ᠡᠪᠡᠳᠴᠢᠨ᠎ᠤ ᠡᠪᠡᠳᠴᠢᠯᠡᠬᠦ᠌ ᠨᠤᠷᠮ᠎ᠡ ᠵᠢᠴᠢ ᠦᠬᠦᠬᠦ᠌ ᠨᠤᠷᠮ᠎ᠡ ᠢᠯᠡᠷᠭᠡᠢ ᠲᠡᠭᠡᠭ᠌ᠰᠢᠯᠡᠬᠦ᠌ ᠬᠠᠨᠳᠤᠰᠢ ᠢᠯᠡᠷᠡᠪᠠ》 ᠭᠡᠵᠤ ᠯᠢᠤ ᠶᠠ ᠱᠧᠩ ᠬᠡᠯᠡᠪᠡ᠃ ᠲᠡᠷᠡ᠂ ᠶᠡᠷᠤᠩᠭᠡᠢ ᠱᠦᠵᠢ ᠬᠡᠪᠴᠢᠶᠠᠵᠢᠭ᠍ᠰᠡᠨ ᠴᠢᠨᠠᠷᠳᠠᠢ ᠲᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠬᠤᠷᠢᠭ᠎ᠠ ᠱᠤᠭᠤᠮ᠎ᠢ ᠪᠠᠳᠤ ᠰᠠᠬᠢᠬᠤ ᠭᠡᠷᠡᠭ᠌ᠳᠠᠢ ᠭᠡᠵᠤ ᠴᠢᠬᠤᠯᠠᠴᠢᠯᠠᠪᠠ᠂ ᠤᠳᠠᠭᠠᠨ ᠴᠢᠨᠠᠷᠳᠠᠢ ᠡᠪᠡᠳᠴᠢᠨ᠎ᠢ ᠰᠡᠷᠭᠡᠢᠯᠡᠨ ᠵᠠᠰᠠᠬᠤ ᠪᠤᠯ ᠡᠬᠦᠨ᠎ᠤ ᠲᠤᠮᠳᠠᠬᠢ ᠴᠢᠬᠤᠯᠠ ᠭᠤᠬ᠍ᠴᠤᠭ᠎ᠠ ᠪᠤᠯᠤᠨ᠎ᠡ᠂ ᠡᠨᠡ ᠵᠢᠯ ᠲᠡᠷᠡ ᠶᠡᠭᠡ ᠬᠤᠷᠠᠯ᠎ᠳᠤ 《ᠤᠳᠠᠭᠠᠨ ᠴᠢᠨᠠᠷᠳᠠᠢ ᠡᠪᠡᠳᠴᠢᠨ᠎ᠢ ᠰᠡᠷᠭᠡᠢᠯᠡᠨ ᠵᠠᠰᠠᠬᠤ ᠱᠢᠰᠲᠧᠮ᠎ᠤᠨ ᠪᠠᠢᠭᠤᠯᠤᠯᠳᠠ᠎ᠶ᠋ᠢ ᠲᠡᠬᠦᠯᠳᠡᠷᠵᠢᠬᠦᠯᠤᠨ ᠴᠢᠩᠭᠠᠳᠭᠠᠶ᠎ᠠ》 ᠭᠡᠬᠦ᠌ ᠰᠠᠨᠠᠭᠤᠯᠭ᠎ᠠ᠎ᠪᠠᠨ ᠲᠤᠱᠢᠶᠠᠵᠤ᠂ ᠬᠦᠳᠡᠭᠡ ᠲᠤᠰᠭᠤᠨ᠎ᠢ ᠬᠦᠭ᠌ᠵᠢᠬᠦᠯᠤᠨ ᠮᠠᠨᠳᠤᠭᠤᠯᠬᠤ᠎ᠶ᠋ᠢ ᠤᠷᠤᠬ᠍ᠰᠢᠳᠠᠢ ᠭᠡᠷᠡᠭ᠌ᠵᠢᠬᠦᠯᠬᠦ᠌᠎ᠳᠤ ᠬᠦᠴᠤ᠌ ᠨᠠᠮᠠᠷᠢᠯᠡᠭ᠌ᠰᠡᠨ ᠪᠠᠢᠨ᠎ᠡ᠃

ᠡᠮᠴᠢᠯᠡᠭᠡᠨ᠎ᠤ ᠠᠵᠢᠯᠳᠠᠨ ᠪᠤᠯᠤᠬ᠍ᠰᠡᠨ᠎ᠤ ᠬᠤᠪᠢ᠎ᠳᠤ᠂ ᠯᠢᠤ ᠶᠠ ᠱᠧᠩ ᠶᠡᠷᠤ᠎ᠨᠢ ᠦᠪᠡᠷ᠎ᠤᠨ ᠲᠤᠰᠭᠠᠢ ᠮᠡᠷᠭᠡᠵᠢᠯ᠎ᠤᠨ ᠮᠡᠳᠡᠯᠭᠡ᠎ᠪᠠᠨ ᠭᠡᠷᠡᠭ᠌ᠯᠡᠵᠤ᠂ ᠦᠨᠳᠤᠰᠤᠨ ᠱᠠᠳᠤᠨ᠎ᠳᠤ ᠬᠦᠨᠵᠡᠭᠡᠢᠷᠠᠵᠤ ᠠᠯᠪᠡᠨ ᠵᠢᠷᠤᠮ᠎ᠤᠨ ᠡᠮᠴᠢᠯᠡᠭᠡ ᠬᠢᠬᠦ᠌᠎ᠪᠠᠷ ᠲᠠᠮᠵᠢᠭᠤᠯᠵᠤ᠂ ᠦᠨᠳᠤᠰᠤᠨ ᠱᠠᠳᠤᠨ᠎ᠤ ᠡᠮᠴᠢᠯᠡᠭᠡᠨ᠎ᠤ ᠠᠵᠢᠯᠳᠠᠨ᠎ᠢ ᠪᠤᠯᠪᠠᠰᠤᠷᠠᠭᠤᠯᠪᠠ᠃ 《ᠤᠷᠢᠳᠴᠢᠯᠡᠨ ᠰᠡᠷᠭᠡᠢᠯᠡᠬᠦ᠌ ᠪᠤᠯ ᠬᠠᠮᠤᠭ᠎ᠤᠨ ᠬᠢᠮᠳᠠ ᠬᠠᠮᠤᠭ᠎ᠤᠨ ᠪᠦᠳᠦᠮᠵᠢᠳᠠᠢ ᠡᠷᠡᠬᠦᠯ ᠮᠠᠨᠳᠤ᠎ᠶ᠋ᠢᠨ ᠠᠷᠭ᠎ᠠ ᠪᠤᠳᠤᠯᠭ᠎ᠠ ᠪᠤᠯᠤᠨ᠎ᠡ᠃ ᠪᠢᠳᠠ ᠡᠮᠴᠢᠯᠡᠭᠡᠨ᠎ᠤ ᠬᠠᠮᠳᠤ ᠴᠤᠬ᠍ᠴᠠ᠎ᠶ᠋ᠢᠨ ᠦᠢᠯᠡᠳᠤᠯ᠎ᠢ ᠪᠠᠳᠠᠷᠠᠭᠤᠯᠵᠤ᠂ ᠦᠨᠳᠤᠰᠤᠨ ᠱᠠᠳᠤᠨ᠎ᠤ ᠤᠯᠠᠨ ᠲᠦᠮᠡᠨ᠎ᠳᠤ ᠵᠢᠷᠤᠭᠡ ᠲᠡᠷᠢᠬᠢᠨ ᠰᠤᠳᠠᠯ ᠵᠡᠷᠭᠡ ᠡᠪᠡᠳᠴᠢᠨ᠎ᠢ ᠡᠷᠳᠡ ᠤᠷᠢᠳᠴᠢᠯᠡᠨ ᠰᠡᠷᠭᠡᠢᠯᠡᠬᠦ᠌᠎ᠶ᠋ᠢ ᠤᠬᠠᠭᠤᠯᠵᠤ᠂ ᠤᠯᠠᠨ ᠲᠦᠮᠡᠨ᠎ᠢ ᠬᠦᠳᠤᠯᠤᠨ ᠲᠠᠭᠠᠭᠤᠯᠵᠤ 〈ᠡᠪᠡᠳᠴᠢᠨ ᠵᠠᠰᠭᠠᠤ〉 ᠎ᠪᠠᠷ ᠭᠤᠤᠯ ᠪᠤᠯᠭᠠᠬ᠍ᠰᠡᠨ ᠤᠢ᠍ᠢᠯᠠᠭᠠᠬ᠍ᠳᠠᠬᠤᠨ᠎ᠢ 〈ᠤᠷᠢᠳᠴᠢᠯᠡᠨ ᠰᠠᠷᠭᠡᠢᠯᠡᠬᠦ᠌᠎ᠪᠠᠷ ᠭᠤᠤᠯ ᠪᠤᠯᠭᠠᠬᠤ〉 ᠲᠠᠢᠰᠢ ᠬᠤᠪᠢᠷᠠᠭᠤᠯᠵᠤ᠂ ᠡᠷᠳᠡ ᠤᠨᠤᠱᠢᠯᠠᠵᠤ᠂ ᠡᠷᠳᠡ ᠡᠮᠨᠡᠨ ᠵᠠᠰᠠᠬᠤ᠎ᠶ᠋ᠢ ᠪᠠᠶᠠᠯᠡᠬᠦᠯᠬᠦ᠌᠎ᠪᠠᠷ ᠴᠢᠷᠮᠠᠢᠨ᠎ᠡ》᠃ ᠯᠢᠤ ᠶᠠ ᠱᠧᠩ᠂ ᠲᠠᠷᠠᠭᠠᠴᠢ᠎ᠶ᠋ᠢᠨ ᠠᠯᠬᠤᠮ᠎ᠳᠤ᠂ ᠪᠢ ᠪᠠᠰᠠ ᠨᠠᠰᠤᠵᠢᠯ᠎ᠤᠨ ᠦᠢᠯᠡᠴᠢᠯᠡᠭᠡ ᠵᠡᠷᠭᠡ ᠠᠰᠠᠭᠤᠳᠠᠯ᠎ᠢ ᠦᠷᠬᠦᠯᠵᠢᠯᠡᠨ ᠠᠩᠬᠠᠷᠴᠤ᠌᠂ ᠭᠡᠷ᠎ᠲᠡᠭᠡᠨ ᠨᠠᠰᠤᠵᠢᠯ᠎ᠤᠨ ᠠᠰᠠᠷᠠᠮᠵᠢ ᠬᠦᠷᠳᠡᠬᠦ᠌ ᠪᠠ ᠨᠡᠢᠭᠡᠮ ᠲᠤᠭᠤᠷᠢᠭ᠎ᠲᠤ ᠨᠠᠰᠤᠵᠢᠯ᠎ᠤᠨ ᠠᠰᠠᠷᠠᠮᠵᠢ ᠬᠦᠷᠳᠡᠬᠦ᠌ ᠵᠡᠷᠭᠡ ᠲᠠᠯ᠎ᠡ᠎ᠪᠠᠷ ᠪᠠᠢᠴᠠᠭᠠᠨ ᠰᠤᠳᠤᠯᠤᠯᠳᠠ ᠬᠢᠵᠤ᠂ ᠡᠮ ᠡᠮᠨᠡᠯᠭᠡ᠎ᠶ᠋ᠢ ᠨᠠᠰᠤᠵᠢᠯ᠎ᠤᠨ ᠦᠢᠯᠡᠴᠢᠯᠡᠭᠡ᠎ᠳᠤ ᠠᠭᠤᠰᠤᠯᠴᠠᠭᠤᠯᠵᠤ᠂ ᠨᠠᠰᠤᠳᠠᠢᠴᠤᠳ᠎ᠢ ᠡᠷᠡᠬᠦᠯ ᠡᠩᠭᠡ᠂ ᠨᠠᠷ᠎ᠡ ᠬᠦᠨᠳᠤᠳᠠᠢ᠎ᠪᠠᠷ ᠦᠳᠡᠯᠦᠭᠡ ᠨᠠᠰᠤ᠎ᠪᠠᠨ ᠦᠡᠭ᠌ᠭᠡᠷᠡᠬᠦᠯᠬᠦ᠌ ᠪᠤᠯᠭᠠᠨ᠎ᠡ ᠭᠡᠵᠤ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号