ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ
2021-03-17 11:04:19
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— 2021 ᠤᠨ᠎ᠤ 3 ᠰᠠᠷ᠎ᠠ᠎ᠶ᠋ᠢᠨ 5 ᠎ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠬᠡᠷ ᠬᠤᠷᠠᠯᠳᠤᠭᠠᠨ ᠳᠡᠭᠡᠷ᠎ᠡ

 ᠲᠦᠷᠤ᠎ᠶ᠋ᠢᠨ ᠶᠠᠪᠤᠳᠠᠯ᠎ᠤᠨ ᠬᠤᠷᠢᠶᠠᠨ᠎ᠤ ᠶᠡᠷᠤᠩᠭᠡᠢ ᠰᠠᠢᠳ ᠯᠢ ᠺᠧ ᠴᠢᠶᠠᠩ

ᠲᠥᠯᠥᠭᠡᠯᠡᠭ᠌ᠴᠢᠳ ᠡ᠄

ᠤᠳᠤ ᠪᠢ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠡᠮᠦᠨ᠎ᠡ᠎ᠠᠴᠠ ᠶᠡᠭᠡ ᠬᠤᠷᠠᠯ᠎ᠳᠤ ᠵᠠᠰᠠᠭ᠎ᠤᠨ ᠣᠷᠳᠣᠨ᠎ᠤ ᠠᠵᠢᠯ᠎ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠤᠤ᠂ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠭᠡᠱᠢᠭᠦᠳ ᠰᠠᠨᠠᠯ᠎ᠢᠶᠠᠨ ᠳᠤᠷᠠᠳᠭᠤ ᠪᠣᠯᠪᠠ ᠤᠤ᠃

ᠨᠢᠭᠡ᠂ 2020 ᠣᠨ᠎ᠤ ᠠᠵᠢᠯ᠎ᠤᠨ ᠡᠷᠭᠢᠴᠡᠭᠦᠯᠦᠯ

ᠥᠩᠭᠡᠷᠡᠭ᠌ᠰᠡᠨ ᠨᠢᠭᠡ ᠵᠢᠯ ᠪᠤᠯ ᠱᠢᠨ᠎ᠡ ᠳᠤᠮᠳᠠᠳᠤ ᠤᠯᠤᠰ᠎ᠤᠨ ᠲᠡᠦᠬᠡᠨ ᠳᠡᠭᠡᠷᠡᠬᠢ ᠲᠦᠢᠯ᠎ᠤᠨ ᠶᠡᠷᠦ᠍ ᠪᠤᠰᠤ᠎ᠶ᠋ᠢᠨ ᠨᠢᠭᠡ ᠵᠢᠯ ᠪᠤᠯᠬᠤ ᠶᠤᠮ᠃ ᠭᠡᠨᠡᠳᠲᠡ ᠡᠭᠦᠰᠦᠭ᠌ᠰᠡᠨ ᠱᠢᠨ᠎ᠡ ᠲᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠂ ᠳᠡᠯᠡᠬᠡᠶ᠎ᠶ᠋ᠢᠨ ᠠᠵᠤ ᠠᠬᠤᠢ᠎ᠶ᠋ᠢᠨ ᠭᠦᠨᠵᠡᠭᠡᠶ ᠪᠠᠭᠤᠷᠠᠯᠲᠠ ᠵᠡᠷᠭᠡ ᠣᠯᠠᠨ ᠳᠠᠪᠬᠤᠷ ᠬᠦᠨᠳᠦ ᠨᠣᠴᠢᠲᠠᠶ ᠳᠠᠭᠠᠷᠢᠯᠲᠠ᠎ᠶ᠋ᠢᠨ ᠡᠮᠦᠨ᠎ᠡ᠂ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠱᠢᠷᠭᠠᠭᠤ ᠬᠠᠲᠠᠭᠤᠵᠢᠯᠲᠠᠶ ᠴᠢᠷᠮᠠᠢᠨ ᠲᠡᠮᠡᠴᠡᠵᠦ᠍᠂ ᠬᠢᠵᠢᠭ᠎ᠢ ᠰᠡᠷᠭᠡᠢᠯᠡᠨ ᠬᠢᠵᠠᠭᠠᠷᠯᠠᠬᠤ ᠠᠵᠢᠯ ᠴᠢᠬᠤᠯᠠ ᠶᠡᠭᠡ ᠪᠠᠢᠯᠳᠤᠬᠤ ᠪᠣᠳᠣᠯᠭ᠎ᠠ᠎ᠶ᠋ᠢᠨ ᠦᠷ᠎ᠡ ᠪᠦᠲᠦᠭᠡᠯ ᠣᠯᠵᠤ᠂ ᠪᠦᠬᠦ᠌ ᠳᠡᠯᠡᠬᠡᠶ᠎ᠶ᠋ᠢᠨ ᠭᠤᠤᠯ ᠭᠤᠤᠯ ᠠᠵᠤ ᠠᠬᠤᠶ᠎ᠶ᠋ᠢᠨ ᠴᠣᠭ᠍ᠴᠠ᠎ᠶ᠋ᠢᠨ ᠳᠤᠮᠳᠠ ᠮᠠᠨ᠎ᠤ ᠠᠵᠤ ᠠᠬᠤᠶ ᠯᠡ ᠡᠶᠡᠷᠬᠦ᠌ ᠨᠡᠮᠡᠭ᠌ᠳᠡᠯ᠎ᠢ ᠪᠡᠶᠡᠯᠡᠭᠦᠯᠵᠦ᠍᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠬᠦ᠌ ᠳᠠᠢᠨ ᠪᠦᠬᠦ᠌ ᠲᠠᠯ᠎ᠠ᠎ᠶ᠋ᠢᠨ ᠢᠯᠠᠯᠲᠠ᠎ᠶ᠋ᠢ ᠣᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠬᠦ᠌ ᠱᠢᠢᠳᠪᠦᠷᠢᠲᠦ ᠢᠯᠠᠯᠲᠠ᠎ᠶ᠋ᠢ ᠤᠯᠬᠤ ᠶᠠᠪᠤᠳᠠᠯ᠎ᠳᠤ ᠱᠢᠢᠳᠪᠦᠷᠢᠯᠡᠭ᠌ᠴᠢ ᠴᠢᠨᠠᠷᠲᠠᠶ ᠠᠮᠵᠢᠯᠲᠠ ᠪᠦᠲᠦᠮᠵᠢ᠎ᠶ᠋ᠢ ᠣᠯᠤᠭᠠᠳ᠂ ᠠᠷᠠᠳ ᠲᠦᠮᠡᠨ᠎ᠳᠤ ᠲᠠᠭᠠᠱᠢᠶᠠᠭ᠍ᠳᠠᠭ᠍ᠰᠠᠨ᠂ ᠳᠡᠯᠡᠬᠡᠶ ᠳ᠋ᠠᠬᠢᠨ᠎ᠤ ᠠᠩᠬᠠᠷᠤᠯ᠎ᠢ ᠲᠠᠲᠠᠭ᠍ᠰᠠᠨ᠂ ᠲᠡᠦᠬᠡ᠎ᠶ᠋ᠢᠨ ᠬᠠᠭᠤᠳᠠᠰᠤᠨ᠎ᠳᠤ ᠲᠡᠮᠳᠡᠭ᠌ᠯᠡᠭᠦᠱᠢᠲᠡᠢ ᠬᠠᠷᠢᠭᠤᠯᠲᠠ᠎ᠶ᠋ᠢ ᠲᠤᠱᠢᠶᠠᠪᠠ᠃ ᠪᠦᠬᠦ᠌ ᠵᠢᠯ᠎ᠤᠨ ᠬᠥᠭ᠌ᠵᠢᠯᠲᠡ᠎ᠶ᠋ᠢᠨ ᠭᠤᠤᠯ ᠭᠤᠤᠯ ᠬᠠᠷᠠᠯᠲᠠ ᠡᠭᠦᠷᠭᠡ᠎ᠶ᠋ᠢ ᠨᠡᠯᠢᠶᠡᠳ ᠰᠠᠢᠨ ᠪᠡᠶᠡᠯᠡᠭᠦᠯᠵᠦ᠍᠂ ᠮᠠᠨ᠎ᠤ ᠤᠯᠤᠰ᠎ᠤᠨ ᠥᠭᠡᠷᠡᠴᠢᠯᠡᠯᠲᠡ ᠨᠡᠭᠡᠭᠡᠯᠳᠡ ᠪᠠ ᠨᠡᠢᠭᠡᠮ ᠵᠢᠷᠤᠮ᠎ᠤᠨ ᠣᠳᠣᠬᠢᠴᠢᠯᠠᠬᠤ ᠪᠦᠳᠦᠭᠡᠨ ᠪᠠᠢᠭᠤᠯᠤᠯᠲᠠ ᠪᠠᠰᠠ ᠱᠢᠨ᠎ᠡ ᠴᠢᠬᠤᠯᠠ ᠶᠡᠭᠡ ᠠᠬᠢᠯᠲᠠ᠎ᠲᠠᠢ ᠪᠣᠯᠪᠠ᠃

ᠬᠢᠵᠢᠭ᠎ᠢ ᠡᠰᠡᠷᠭᠦᠴᠡᠬᠦ᠌ ᠬᠠᠲᠠᠭᠤ ᠪᠡᠷᠬᠡᠱᠢᠶᠡᠯᠲᠦ ᠶᠠᠪᠤᠴᠠ᠎ᠳᠤ᠂ ᠨᠠᠮ᠎ᠤᠨ ᠲᠥᠪ ᠬᠤᠷᠢᠶ᠎ᠠ ᠢᠮᠠᠭ᠍ᠲᠠ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ᠎ᠶ᠋ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠶᠡᠷᠦᠩᠬᠡᠢ ᠱᠦᠵᠢ ᠰᠢ᠎ᠶ᠋ᠢᠨ ᠫᠢᠩ ᠪᠡᠶ᠎ᠠ᠎ᠪᠠᠷ᠎ᠢᠶᠠᠨ ᠵᠢᠯᠤᠭᠤᠳᠤᠨ᠂ ᠪᠡᠶ᠎ᠠ᠎ᠪᠠᠷ᠎ᠢᠶᠠᠨ ᠪᠠᠢᠷᠢᠯᠠᠭᠤᠯᠵᠤ᠂ ᠡᠯ᠎ᠠ ᠲᠠᠯ᠎ᠠ᠎ᠶ᠋ᠢᠨ᠎ᠬᠢᠨ ᠦᠷᠬᠦᠯᠵᠢᠯᠡᠨ ᠴᠢᠷᠮᠡᠢᠵᠤ᠂ ᠰᠡᠷᠭᠡᠢᠯᠡᠨ ᠬᠢᠵᠠᠭᠠᠷᠯᠠᠬᠤ ᠦᠷ᠎ᠡ ᠪᠦᠲᠦᠭᠡᠯ᠎ᠢᠶᠠᠨ ᠲᠠᠰᠤᠷᠠᠯᠳᠡ ᠦᠭᠡᠢ ᠪᠠᠬᠢᠵᠢᠭᠦᠯᠪᠡ᠃ ᠪᠢᠳᠡ ᠬᠢᠵᠢᠭ᠎ᠤᠨ ᠪᠠᠢᠳᠠᠯ᠎ᠤᠨ ᠬᠤᠪᠢᠷᠠᠯᠲᠠ᠎ᠳᠤ ᠴᠢᠭ᠌ᠯᠡᠭᠦᠯᠦᠨ᠂ ᠰᠡᠷᠭᠡᠢᠯᠡᠨ ᠬᠢᠵᠠᠭᠠᠷᠯᠠᠬᠤ ᠠᠷᠭ᠎ᠠ ᠪᠣᠳᠣᠯᠭ᠎ᠠ᠎ᠪᠠᠨ ᠴᠠᠭ ᠲᠤᠬᠠᠶ᠎ᠳᠤᠨᠢ ᠲᠣᠬᠢᠷᠠᠭᠤᠯᠵᠤ᠂ ᠪᠠᠢᠩᠭᠤ᠎ᠶ᠋ᠢᠨ ᠴᠢᠨᠠᠷᠲᠠᠢ ᠰᠡᠷᠭᠡᠢᠯᠡᠨ ᠬᠢᠵᠠᠭᠠᠷᠯᠠᠬᠤ ᠲᠣᠭ᠍ᠲᠠᠴᠠ᠎ᠶ᠋ᠢ ᠪᠦᠷᠢᠨᠱᠢᠭᠦᠯᠦᠨ᠂ ᠬᠡᠰᠡᠭ ᠭᠠᠵᠠᠷ ᠣᠷᠣᠨ᠎ᠤ ᠪᠦᠭᠡᠮᠨᠡᠷᠡᠯ᠎ᠤᠨ ᠱᠢᠨᠵᠢᠲᠠᠶ ᠬᠢᠵᠢᠭ᠎ᠤᠨ ᠪᠠᠢᠳᠠᠯ᠎ᠢ ᠪᠦᠲᠦᠮᠵᠢᠲᠡᠶ ᠱᠢᠢᠳᠪᠦᠷᠢᠯᠡᠵᠦ᠍᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠬᠠᠮᠠᠭᠠᠯᠠᠨ᠂ ᠦᠢᠯᠡᠳᠪᠦᠷᠢᠯᠡᠯ ᠠᠮᠢᠳᠤᠷᠠᠯ᠎ᠤᠨ ᠡᠮᠬᠢ ᠵᠢᠷᠤᠮ᠎ᠢ ᠰᠡᠷᠭᠦᠭᠡᠬᠦ᠌᠎ᠳᠤ ᠴᠢᠬᠤᠯᠠ ᠪᠦᠬᠦᠢ ᠨᠥᠬᠦᠴᠡᠯ᠎ᠢ ᠪᠦᠷᠢᠯᠳᠦᠭᠦᠯᠵᠦ᠍ ᠥᠭ᠌ᠪᠡ᠃

ᠨᠢᠭᠡ ᠵᠢᠯ᠎ᠤᠨ ᠲᠤᠷᠰᠢ᠂ ᠪᠢᠳᠡ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ᠂ ᠬᠢᠵᠢᠭ᠎ᠢ ᠰᠡᠷᠭᠡᠢᠯᠡᠨ ᠬᠢᠵᠠᠭᠠᠷᠯᠠᠬᠤ ᠶᠠᠪᠤᠳᠠᠯ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠬᠤ᠎ᠳᠤ ᠭᠤᠤᠯᠳᠠᠭᠤ  ᠳᠣᠤᠷᠠᠬᠢ  ᠮᠡᠲᠦ ᠎ᠶ᠋ᠢᠨ ᠠᠵᠢᠯ᠎ᠤᠳ᠎ᠢ ᠬᠢᠵᠡᠶ᠃

ᠨᠢᠭᠡ᠎ᠳᠤ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢᠨ ᠪᠠᠴᠢᠮ ᠬᠡᠷᠡᠭ᠌ᠴᠡᠭᠡ᠎ᠲᠠᠢ ᠤᠶᠠᠯᠳᠤᠭᠤᠯᠤᠨ ᠬᠤᠷᠸ᠎ᠠ ᠲᠦᠷᠦ᠎ᠶ᠋ᠢᠨ ᠪᠤᠳᠤᠯᠭ᠎ᠠ᠎ᠶ᠋ᠢ ᠲᠣᠭ᠍ᠲᠠᠭᠠᠨ ᠬᠡᠷᠡᠭ᠌ᠵᠢᠭᠦᠯᠵᠦ᠍᠂ ᠠᠵᠤ ᠠᠬᠤᠶ᠎ᠶ᠋ᠢᠨ ᠦᠨᠳᠦᠰᠦᠨ ᠪᠠᠢᠳᠠᠯ᠎ᠢ ᠲᠣᠭ᠍ᠲᠠᠪᠤᠷᠢᠵᠢᠭᠤᠯᠪᠠ᠃ ᠲᠡᠦᠬᠡᠨ᠎ᠳᠤ ᠬᠤᠪᠣᠷᠬᠠᠨ ᠳᠤᠬᠢᠶᠠᠯᠳᠤᠬᠤ ᠳᠠᠭᠠᠷᠢᠯᠲᠠ᠎ᠶ᠋ᠢᠨ ᠡᠮᠦᠨ᠎ᠡ᠂ ᠪᠢᠳᠡ 《ᠵᠢᠷᠭᠤᠭ᠎ᠠ᠎ᠶ᠋ᠢ ᠲᠣᠭ᠍ᠲᠠᠭᠤᠨ  ᠪᠠᠢᠯᠭᠠᠬᠤ》  ᠠᠵᠢᠯ ᠎ᠤᠨ  ᠰᠠᠭᠤᠷᠢᠨ  ᠳᠡᠭᠡᠷ᠎ᠡ᠂  《ᠵᠢᠷᠭᠤᠭ᠎ᠠ ᠎ᠶ᠋ᠢ ᠪᠠᠲᠤᠯᠠᠬᠤ》 ᠡᠭᠦᠷᠭᠡ᠂ ᠢᠯᠠᠩᠭᠤᠶ᠎ᠠ ᠠᠵᠢᠯ ᠣᠯᠭᠤᠯᠲᠠ᠎ᠶ᠋ᠢ ᠪᠠᠲᠤᠯᠠᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢ ᠪᠠᠲᠤᠯᠠᠬᠤ ᠵᠢᠴᠢ ᠪᠠᠲᠤᠯᠠᠬᠤ᠎ᠪᠠᠷ ᠲᠣᠭ᠍ᠲᠠᠭᠤᠨ ᠪᠠᠢᠯᠭᠠᠬᠤ᠎ᠶ᠋ᠢ ᠠᠬᠢᠭᠤᠯᠬᠤ᠂ ᠲᠣᠭ᠍ᠲᠠᠭᠤᠨ ᠪᠠᠢᠯᠭᠠᠬᠤ᠎ᠶ᠋ᠢᠨ ᠵᠡᠷᠭᠡ᠎ᠳᠤ ᠤᠷᠤᠭ᠍ᠰᠢᠯᠠᠭᠤᠯᠬᠤ ᠡᠭᠦᠷᠭᠡ᠎ᠶ᠋ᠢ ᠲᠣᠳᠣᠷᠬᠠᠶ ᠳᠤᠷᠠᠳᠪᠠ᠃ ᠤᠯᠤᠰ᠎ᠤᠨ ᠪᠣᠳᠠᠲᠤ ᠪᠠᠢᠳᠠᠯ᠎ᠳᠤ ᠰᠠᠭᠤᠷᠢᠯᠠᠨ᠂ ᠴᠠᠭ ᠲᠤᠬᠠᠶ᠎ᠳᠤᠨᠢ᠂ ᠡᠷᠡᠰ ᠱᠢᠭᠤᠷᠬᠠᠶ ᠮᠥᠷᠲᠡᠭᠡᠨ ᠪᠠᠰᠠ ᠪᠠᠲᠤ ᠬᠦᠴᠦᠨ᠎ᠢᠶᠠᠨ ᠬᠠᠳᠠᠭᠠᠯᠠᠬᠤ᠂ 《ᠨᠡᠯᠦ᠋ᠢᠯᠭᠡᠨ ᠤᠰᠤᠯᠠᠬᠤ》 ᠦᠭᠡᠢ ᠪᠠᠢᠬᠤ᠎ᠶ᠋ᠢ ᠪᠠᠷᠢᠮᠲᠠᠯᠠᠵᠤ᠂ ᠬᠡᠪᠴᠢᠶᠡᠲᠦ ᠴᠢᠨᠠᠷᠲᠠᠶ ᠲᠦᠷᠦ᠎ᠶ᠋ᠢᠨ ᠪᠤᠳᠤᠯᠭ᠎ᠠ᠎ᠶ᠋ᠢᠨ ᠲᠡᠩᠴᠡᠭᠦᠷᠢ᠎ᠶ᠋ᠢᠨ ᠴᠡᠭ᠎ᠢ ᠱᠢᠨᠵᠢᠯᠡᠬᠦ᠌ ᠤᠬᠠᠭᠠᠨᠴᠢ᠎ᠪᠠᠷ ᠡᠵᠡᠮᠱᠢᠪᠡ᠃ ᠥᠭᠡᠷᠡᠴᠢᠯᠡᠯᠲᠡ ᠬᠢᠬᠦ᠌ ᠪᠠ ᠱᠢᠨ᠎ᠡ᠎ᠶ᠋ᠢ ᠡᠭᠦᠳᠬᠦ᠌ ᠠᠷᠭ᠎ᠠ᠎ᠶ᠋ᠢ ᠴᠢᠬᠤᠯᠠᠴᠢᠯᠠᠨ ᠬᠡᠷᠡᠭ᠌ᠯᠡᠵᠦ᠍᠂ ᠠᠵᠤ ᠠᠬᠤᠢᠯᠠᠯ᠎ᠳᠤ ᠬᠠᠪᠰᠤᠷᠤᠨ ᠬᠦᠴᠢᠷᠳᠡᠯ᠎ᠢ᠎ᠨᠢ ᠱᠢᠢᠳᠪᠦᠷᠢᠯᠡᠬᠦ᠌ ᠪᠠ ᠠᠮᠢᠵᠢᠷᠠᠯ᠎ᠤᠨ ᠬᠦᠴᠦᠨ᠎ᠢ᠎ᠨᠢ ᠬᠥᠭ᠌ᠵᠢᠭᠡᠬᠦ᠌᠎ᠶ᠋ᠢ ᠵᠡᠷᠭᠡ᠎ᠪᠠᠷ ᠴᠢᠬᠤᠯᠠᠴᠢᠯᠠᠵᠤ᠂ ᠬᠠᠮᠤᠭ᠎ᠤᠨ ᠱᠢᠭᠤᠳ ᠪᠦᠭᠡᠳ ᠬᠡᠮᠵᠢᠶ᠎ᠡ ᠬᠡᠪᠴᠢᠶ᠎ᠡ ᠶᠡᠬᠡᠲᠡᠢ ᠳᠠᠭᠠᠷᠢᠯᠲᠠ᠎ᠳᠤ ᠤᠴᠠᠷᠠᠭ᠍ᠰᠠᠨ ᠳᠤᠮᠳᠠ ᠵᠢᠵᠢᠭ ᠪᠢᠴᠢᠯ ᠠᠵᠤ ᠠᠬᠤᠢᠯᠠᠯ ᠪᠣᠯᠤᠨ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢ ᠬᠠᠪᠰᠤᠷᠤᠨ ᠬᠦᠴᠢᠷ ᠪᠡᠷᠬᠡ᠎ᠶ᠋ᠢ ᠲᠤᠭᠤᠯᠤᠭᠤᠯᠪᠠ᠃ ᠱᠠᠲᠤ ᠦᠶᠡᠴᠢ ᠴᠢᠨᠠᠷᠲᠠᠶ ᠶᠡᠭᠡ ᠬᠡᠪᠴᠢᠶᠡᠨ᠎ᠤ ᠭᠠᠢᠯᠢ ᠬᠥᠩᠭᠡᠯᠡᠵᠦ᠍ ᠰᠦᠢᠳᠭᠡᠯ ᠪᠠᠭᠤᠷᠠᠭᠤᠯᠬᠤ᠎ᠶ᠋ᠢ ᠬᠡᠷᠡᠭ᠌ᠵᠢᠭᠦᠯᠵᠦ᠍᠂ ᠳᠦᠷᠢᠮ᠎ᠤᠨ ᠴᠢᠨᠠᠷᠲᠠᠶ ᠲᠣᠬᠢᠷᠠᠭᠤᠯᠤᠯᠲᠠ᠎ᠲᠠᠢ ᠤᠶᠠᠯᠳᠤᠭᠤᠯᠤᠨ᠂ ᠪᠦᠬᠦ᠌ ᠵᠢᠯ᠎ᠳᠤ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢᠨ ᠳᠠᠷᠤᠭᠠᠰᠤ᠎ᠶ᠋ᠢ 2.6 ᠲᠦᠮᠡᠨ ᠳ᠋ᠦᠩᠱᠢᠭᠤᠷ ᠭᠠᠷᠤᠢ ᠲᠥᠭᠦᠷᠢᠭ ᠬᠥᠩᠭᠡᠷᠡᠭᠦᠯᠵᠦ᠍᠂ ᠡᠭᠦᠨ᠎ᠳᠤ 1.7 ᠲᠦᠮᠡᠨ ᠳ᠋ᠦᠩᠱᠢᠭᠤᠷ ᠲᠥᠭᠦᠷᠢᠭ᠎ᠤᠨ ᠨᠡᠢᠭᠡᠮ᠎ᠤᠨ ᠳᠠᠭᠠᠳᠭᠠᠯ᠎ᠤᠨ ᠵᠠᠷᠤᠳᠠᠯ᠎ᠢ ᠬᠠᠰᠤᠵᠤ ᠬᠡᠯᠲᠦᠷᠢᠭᠦᠯᠪᠡ᠃ ᠬᠤᠷᠸ᠎ᠠ ᠲᠥᠷᠥ᠎ᠶ᠋ᠢᠨ ᠪᠣᠳᠣᠯᠭ᠎ᠠ᠎ᠶ᠋ᠢᠨ ᠬᠡᠷᠡᠭ᠌ᠵᠢᠭᠦᠯᠬᠦ᠌ ᠠᠷᠭ᠎ᠠ ᠮᠠᠶᠢᠭ᠎ᠤᠨ ᠱᠢᠨ᠎ᠡ᠎ᠶ᠋ᠢ ᠡᠭᠦᠳᠴᠦ᠍᠂ ᠱᠢᠨ᠎ᠡ᠎ᠪᠠᠷ ᠨᠡᠮᠡᠭ᠌ᠳᠡᠭᠦᠯᠬᠦ᠌ 2 ᠲᠦᠮᠡᠨ ᠳ᠋ᠦᠩᠱᠢᠭᠤᠷ ᠲᠥᠭᠦᠷᠢᠭ᠎ᠤᠨ ᠲᠥᠪ᠎ᠤᠨ ᠡᠳ᠋᠎ᠤᠨ ᠵᠠᠰᠠᠭ᠎ᠤᠨ ᠪᠡᠯᠡ ᠮᠥᠩᠭᠦ᠎ᠳᠤ ᠱᠢᠭᠤᠳ ᠪᠠᠭᠤᠯᠭᠠᠬᠤ ᠲᠣᠭ᠍ᠲᠠᠴᠠ᠎ᠶ᠋ᠢ ᠪᠠᠢᠭᠤᠯᠵᠤ᠂ ᠮᠤᠵᠢ᠎ᠶ᠋ᠢᠨ ᠱᠠᠲᠤᠨ᠎ᠤ ᠡᠳ᠋᠎ᠤᠨ ᠵᠠᠰᠠᠭ᠎ᠨᠢ ᠪᠡᠯᠡ ᠮᠥᠩᠭᠦ᠎ᠶ᠋ᠢ ᠳᠣᠷᠣᠭ᠍ᠰᠢ ᠪᠠᠭᠤᠯᠭᠠᠬᠤ ᠡᠷᠴᠢᠮ᠎ᠢᠶᠠᠨ ᠴᠢᠩᠭᠠᠷᠠᠭᠤᠯᠦᠨ᠂ ᠬᠤᠲᠠ ᠱᠢᠶᠠᠨ᠎ᠤ ᠦᠨᠳᠦᠰᠦᠨ ᠱᠠᠲᠤᠨ᠎ᠤ᠎ᠬᠢᠨ᠎ᠤ ᠠᠵᠤ ᠠᠬᠤᠢᠯᠠᠯ᠎ᠳᠤ ᠬᠠᠷᠠᠭᠠᠯᠵᠠᠯ ᠦᠵᠡᠭᠦᠯᠦᠨ ᠠᠷᠠᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠎ᠳᠤ ᠴᠠᠭ ᠲᠤᠬᠠᠶ᠎ᠳᠤᠨᠢ ᠬᠠᠮᠲᠤ᠎ᠪᠠᠷ ᠡᠳ᠋᠎ᠤᠨ ᠬᠦᠴᠦᠨ ᠨᠥᠬᠦᠪᠥᠷᠢᠯᠡᠪᠡ᠃ ᠪᠠᠩᠬᠢ᠎ᠶ᠋ᠢᠨ ᠬᠠᠨᠳᠤᠯᠭ᠎ᠠ᠎ᠲᠠᠢ᠎ᠪᠠᠷ ᠵᠢᠭᠡᠯᠡᠯᠭᠡ᠎ᠶ᠋ᠢ ᠨᠡᠮᠡᠭ᠌ᠳᠡᠭᠦᠯᠬᠦ᠌᠎ᠶ᠋ᠢᠨ ᠬᠠᠮᠲᠤ ᠬᠦᠦ ᠮᠦᠩᠭᠦ᠎ᠶ᠋ᠢᠨ ᠨᠣᠷᠮ᠎ᠠ᠎ᠶ᠋ᠢᠨ ᠲᠦᠪᠱᠢᠨ᠎ᠢ ᠪᠠᠭᠤᠷᠠᠭᠤᠯᠬᠤ᠎ᠶ᠋ᠢ ᠳᠠᠮᠵᠢᠵᠤ᠂ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠵᠢᠭᠡᠯᠡᠯᠭᠡ᠎ᠳᠤ ᠡᠬᠡ ᠬᠦᠦ᠎ᠶ᠋ᠢ᠎ᠨᠢ ᠬᠤᠢᠱᠢᠯᠠᠭᠤᠯᠤᠨ ᠪᠤᠴᠠᠭᠠᠨ ᠲᠦᠯᠦᠬᠦ᠌᠎ᠶ᠋ᠢ ᠬᠡᠷᠡᠭ᠌ᠵᠢᠭᠦᠯᠦᠨ᠂ ᠲᠣᠮᠣ ᠬᠡᠯᠪᠡᠷᠢ᠎ᠶ᠋ᠢᠨ ᠬᠤᠳᠠᠯᠳᠤᠭᠠᠨ᠎ᠤ ᠪᠠᠩᠬᠢ᠎ᠶ᠋ᠢᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠢᠯᠠᠯ᠎ᠤᠨ ᠵᠢᠭᠡᠯᠡᠯᠭᠡ᠎ᠶ᠋ᠢ 50% ᠎ᠠᠴᠠ ᠳᠡᠭᠡᠭ᠌ᠰᠢ ᠨᠡᠮᠡᠭ᠌ᠳᠡᠭᠦᠯᠵᠦ᠍᠂ ᠮᠥᠩᠭᠦᠨ ᠭᠦᠢᠯᠭᠡᠭᠡᠨ᠎ᠤ ᠱᠢᠰᠲ᠋ᠧᠮ᠎ᠠᠴᠠ ᠪᠣᠳᠠᠲᠤ ᠴᠣᠭ᠍ᠴᠠ᠎ᠶ᠋ᠢᠨ ᠠᠵᠤ ᠠᠬᠤᠶ᠎ᠳᠤ 1.5 ᠲᠦᠮᠡᠨ ᠳ᠋ᠦᠩᠱᠢᠭᠤᠷ ᠲᠥᠭᠦᠷᠢᠭ᠎ᠤᠨ ᠠᠱᠢᠭ ᠬᠦᠷᠲᠡᠭᠡᠪᠠ᠃ ᠲᠤᠮᠤ ᠠᠵᠤ ᠠᠬᠤᠢᠯᠠᠯ᠎ᠤᠨ ᠠᠵᠢᠯ ᠦᠢᠯᠡᠳᠪᠦᠷᠢᠯᠡᠯ᠎ᠢᠶᠠᠨ ᠰᠡᠷᠭᠦᠭᠡᠬᠦ᠌᠎ᠳᠤ ᠬᠠᠩᠭᠠᠬᠤ 《ᠴᠡᠭ᠎ᠠᠴᠠ ᠴᠡᠭ᠎ᠲᠤ ᠬᠦᠷᠬᠦ᠌》 ᠦᠢᠯᠡᠴᠢᠯᠡᠭᠡ᠎ᠶ᠋ᠢ ᠴᠢᠩᠭᠠᠳᠭᠠᠪᠠ᠃ ᠱᠢᠷᠭᠠᠭᠤ ᠬᠠᠲᠠᠭᠤᠵᠢᠯᠲᠠᠶ ᠴᠢᠷᠮᠠᠢᠯᠭ᠎ᠠ᠎ᠪᠠᠷ ᠳᠠᠮᠵᠢᠨ᠂ ᠪᠢᠳᠡ ᠠᠵᠢᠯ ᠦᠢᠯᠡᠳᠪᠦᠷᠢᠯᠡᠯ᠎ᠢᠶᠠᠨ ᠰᠡᠷᠭᠦᠭᠡᠬᠦ᠌᠎ᠶ᠋ᠢ ᠲᠦᠷᠦᠭᠦᠯᠡᠨ ᠪᠡᠶᠡᠯᠡᠭᠦᠯᠵᠦ᠍᠂ ᠠᠵᠤ ᠠᠬᠤᠶ᠎ᠶ᠋ᠢᠨ ᠰᠡᠷᠭᠦᠯᠲᠡ ᠵᠢᠱ᠌ᠢᠯᠲᠡ᠎ᠠᠴᠠ ᠰᠠᠢᠨ ᠪᠠᠢᠵᠤ᠂ ᠪᠦᠬᠦ᠌ ᠵᠢᠯ᠎ᠳᠤ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠪᠦᠬᠦ᠌ ᠦᠷᠳᠡᠭ 2.3% ᠎ᠪᠠᠷ ᠨᠡᠮᠡᠭ᠌ᠳᠡᠵᠦ᠍᠂ ᠬᠤᠷᠸ᠎ᠠ ᠳᠤᠬᠢᠷᠠᠭᠤᠯᠤᠯ ᠡᠵᠡᠮᠳᠠᠯ ᠱᠢᠨ᠎ᠠ ᠳᠤᠷᠱᠢᠯᠭ᠎ᠠ᠎ᠶ᠋ᠢ ᠬᠤᠷᠠᠮᠳᠤᠭᠤᠯᠤᠨ᠂ ᠵᠦᠶ ᠵᠣᠬᠢᠰᠲᠠᠶ ᠦᠨ᠎ᠡ ᠦᠷᠳᠡᠭ᠎ᠢᠶᠠᠷ ᠨᠡᠯᠢᠶᠡᠳ ᠶᠡᠭᠡ ᠦᠷ᠎ᠡ ᠪᠦᠲᠦᠮᠵᠢ᠎ᠶ᠋ᠢ ᠤᠯᠪᠠ᠃

ᠬᠤᠶᠠᠷ᠎ᠲᠤ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠤᠨ ᠠᠷᠠᠳ᠎ᠤᠨ ᠠᠮᠢᠳᠤᠷᠠᠯ᠎ᠢ ᠪᠠᠲᠤᠯᠠᠬᠤ᠎ᠶ᠋ᠢ ᠲᠡᠷᠢᠭᠦᠨ᠎ᠳᠤ ᠲᠠᠯᠪᠢᠵᠤ᠂ ᠠᠷᠠᠳ᠎ᠤᠨ ᠠᠮᠢᠳᠤᠷᠠᠯ᠎ᠢ ᠦᠨᠡᠨ ᠬᠦ᠌ ᠪᠠᠲᠤᠯᠠᠪᠠ᠃ ᠠᠵᠢᠯ ᠣᠯᠭᠤᠯᠲᠠ ᠪᠣᠯ ᠬᠠᠮᠤᠭ᠎ᠤᠨ ᠶᠡᠭᠡ ᠠᠷᠠᠳ᠎ᠤᠨ ᠠᠮᠢᠳᠤᠷᠠᠯ ᠮᠥᠨ᠂ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢ ᠪᠠᠲᠤᠯᠠᠬᠤ᠎ᠨᠢ ᠪᠠᠰᠠ ᠴᠤ᠌ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠵᠤ ᠠᠷᠠᠳ᠎ᠤᠨ ᠠᠮᠢᠳᠤᠷᠠᠯ᠎ᠢ ᠪᠠᠲᠤᠯᠠᠬᠤ᠎ᠶ᠋ᠢᠨ ᠲᠥᠯᠥᠭᠡ ᠶᠤᠮ᠃ ᠡᠯ᠎ᠡ ᠭᠠᠵᠠᠷ᠎ᠤᠨ᠎ᠬᠢᠨ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠠᠵᠢᠯ᠎ᠤᠨ ᠪᠠᠢᠷᠢ᠎ᠶ᠋ᠢ ᠥᠷᠭᠡᠳᠭᠡᠬᠦ᠌᠎ᠶ᠋ᠢ ᠵᠣᠷᠢᠬ᠍ᠵᠢᠭᠤᠯᠬᠤ ᠡᠷᠴᠢᠮ᠎ᠢᠶᠠᠨ ᠴᠢᠩᠭᠠᠷᠠᠭᠤᠯᠵᠤ᠂ ᠠᠵᠤ ᠠᠬᠤᠢᠯᠠᠯ ᠪᠣᠯᠤᠨ ᠠᠵᠢᠯᠳᠠᠨ ᠠᠵᠢᠯᠴᠢᠨ ᠬᠠᠮᠲᠤ᠎ᠪᠠᠷ ᠬᠦᠴᠢᠷ ᠪᠡᠷᠬᠡᠱᠢᠶᠡᠯ᠎ᠢ ᠢᠯᠠᠨ ᠳᠠᠪᠠᠪᠠ᠃ ᠭᠤᠤᠯᠳᠠᠯᠭ᠎ᠠ᠎ᠲᠠᠢ ᠬᠠᠮᠲᠤᠯᠢᠭ᠎ᠲᠤ ᠠᠵᠢᠯ ᠣᠯᠭᠤᠬᠤ ᠠᠵᠢᠯ᠎ᠢ ᠤᠯᠠᠨ ᠠᠷᠭ᠎ᠠ ᠵᠠᠮ᠎ᠢᠶᠠᠷ ᠰᠠᠢᠲᠤᠷ ᠬᠢᠵᠦ᠍᠂ ᠪᠥᠬᠦᠳᠡ ᠤᠯᠠᠨ᠎ᠢᠶᠠᠷ᠎ᠢᠶᠠᠨ ᠠᠳᠠᠯ ᠦᠢᠯᠡᠰ ᠴᠣᠭ᠍ᠴᠠᠯᠠᠵᠤ ᠲᠦᠮᠡᠨ ᠤᠯᠠᠨ᠎ᠢᠶᠠᠷ᠎ᠢᠶᠠᠨ ᠱᠢᠨ᠎ᠡ᠎ᠶ᠋ᠢ ᠡᠭᠦᠳᠬᠦ᠌᠎ᠪᠠᠷ ᠠᠵᠢᠯ ᠣᠯᠭᠤᠯᠲᠠ᠎ᠶ᠋ᠢ ᠲᠠᠢᠴᠢᠯᠠᠬᠤ᠎ᠶ᠋ᠢ ᠳᠡᠮᠵᠢᠪᠡ᠃ ᠱᠢᠨ᠎ᠡ᠎ᠪᠠᠷ ᠨᠡᠮᠡᠭ᠌ᠳᠡᠭ᠌ᠰᠡᠨ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ ᠲᠦᠷᠭᠡᠨ ᠨᠡᠮᠡᠭ᠌ᠳᠡᠯ᠎ᠢᠶᠠᠨ ᠰᠡᠷᠭᠦᠭᠡᠵᠦ᠍᠂ ᠶᠡᠭᠡ ᠬᠡᠮᠵᠢᠶᠡᠨ᠎ᠤ ᠠᠵᠢᠯ᠎ᠤᠨ ᠪᠠᠢᠷᠢ᠎ᠶ᠋ᠢ ᠡᠭᠦᠳᠪᠡ᠃ ᠬᠤᠲᠠ ᠪᠠᠯᠭᠠᠰᠤᠨ᠎ᠳᠤ ᠠᠵᠢᠯ ᠤᠯᠤᠭ᠍ᠰᠠᠨ ᠬᠦᠮᠦᠨ 1186 ᠲᠦᠮᠡ ᠱᠢᠨ᠎ᠡ᠎ᠪᠠᠷ ᠨᠡᠮᠡᠭ᠌ᠳᠡᠵᠦ᠍᠂ ᠵᠢᠯ᠎ᠤᠨ ᠡᠴᠦᠰ᠎ᠲᠤ ᠪᠦᠬᠦ᠌ ᠤᠯᠤᠰ᠎ᠤᠨ ᠬᠤᠲᠠ ᠪᠠᠯᠭᠠᠰᠤᠨ᠎ᠤ ᠪᠠᠢᠴᠠᠭᠠᠭ᠍ᠰᠠᠨ ᠠᠵᠢᠯ ᠠᠯᠳᠠᠯᠲᠠ᠎ᠶ᠋ᠢᠨ ᠨᠤᠷᠮ᠎ᠠ 5.2% ᠪᠣᠯᠲᠠᠯ᠎ᠠ ᠪᠠᠭᠤᠷᠠᠪᠠ᠃ ᠬᠠᠮᠤᠭ᠎ᠤᠨ ᠲᠤᠮᠤ ᠬᠥᠭ᠌ᠵᠢᠵᠦ᠍ ᠪᠠᠢᠭ᠎ᠠ ᠤᠯᠤᠰ ᠪᠣᠯᠤᠭ᠍ᠰᠠᠨ᠎ᠤ ᠬᠤᠪᠢ᠎ᠳᠤ᠂ ᠯᠤᠲᠤ ᠶᠡᠭᠡ ᠲᠠᠭᠠᠷᠢᠯᠳᠠ ᠳᠣᠣᠷ᠎ᠠ ᠠᠵᠢᠯ ᠣᠯᠭᠤᠯᠲᠠ᠎ᠶ᠋ᠢᠨ ᠶᠡᠭᠡ ᠲᠠᠯ᠎ᠠ᠎ᠶ᠋ᠢᠨ ᠲᠣᠭ᠍ᠲᠠᠭᠤᠨ ᠪᠠᠢᠳᠠᠯ᠎ᠢ ᠪᠠᠲᠤᠯᠠᠵᠤ ᠳᠡᠢᠯᠬᠦ᠌᠎ᠨᠢ ᠨᠡᠩ ᠴᠤ᠌ ᠬᠢᠯᠪᠠᠷ ᠪᠤᠰᠤ ᠶᠠᠪᠤᠳᠠᠯ ᠪᠣᠯᠬᠤ ᠶᠤᠮ᠃ ᠠᠮᠢᠳᠤᠷᠠᠯ᠎ᠤᠨ ᠴᠢᠬᠤᠯᠠ ᠬᠡᠷᠡᠭ᠌ᠰᠡᠯ᠎ᠤᠨ ᠬᠠᠩᠭᠠᠯᠭ᠎ᠠ᠎ᠶ᠋ᠢ ᠪᠠᠲᠤᠯᠠᠵᠤ ᠦᠨ᠎ᠡ᠎ᠶ᠋ᠢ ᠲᠣᠭ᠍ᠲᠠᠭᠤᠨ ᠪᠠᠢᠯᠭᠠᠬᠤ᠎ᠶ᠋ᠢ ᠴᠢᠩᠭᠠᠳᠭᠠᠵᠤ᠂ ᠰᠠᠭᠤᠭᠠᠯᠢ ᠠᠷᠠᠳ᠎ᠤᠨ ᠬᠡᠷᠡᠭ᠌ᠯᠡᠭᠡᠨ᠎ᠤ ᠦᠨ᠎ᠡ 2.5% ᠎ᠪᠠᠷ ᠥᠰᠪᠡ᠃ ᠰᠦᠯᠵᠢᠶᠡᠨ ᠳᠡᠭᠡᠷ᠎ᠡ ᠠᠯᠪᠠᠯᠠᠬᠤ᠂ ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠨ ᠠᠪᠬᠤ᠂ ᠬᠦᠷᠦᠯᠴᠡᠯ ᠥᠬᠡᠶ ᠲᠣᠬᠢᠷᠠᠭᠤᠯᠤᠨ ᠬᠦᠷᠭᠡᠬᠦ᠌ ᠵᠡᠷᠭᠡ᠎ᠶ᠋ᠢ ᠥᠷᠭᠡᠨ᠎ᠢᠶᠠᠷ ᠥᠷᠨᠢᠭᠦᠯᠪᠡ᠃ ᠠᠵᠢᠯ ᠠᠯᠳᠠᠯᠲᠠ᠎ᠶ᠋ᠢᠨ ᠳᠠᠭᠠᠳᠭᠠᠯ᠎ᠤᠨ ᠪᠠᠲᠤᠯᠠᠭ᠎ᠠ᠎ᠶ᠋ᠢᠨ ᠬᠡᠪᠴᠢᠶ᠎ᠡ᠎ᠶ᠋ᠢ ᠶᠡᠭᠡ ᠬᠡᠮᠵᠢᠶ᠎ᠡ᠎ᠪᠠᠷ ᠥᠷᠭᠡᠳᠭᠡᠪᠡ᠃ ᠬᠢᠵᠢᠭ᠎ᠠᠴᠠ ᠪᠣᠯᠵᠤ ᠬᠦᠴᠢᠷᠳᠡᠯ᠎ᠳᠤ ᠤᠴᠠᠷᠠᠭ᠍ᠰᠠᠨ ᠣᠯᠠᠨ ᠲᠦᠮᠡᠨ᠎ᠢ ᠴᠠᠭ ᠲᠤᠬᠠᠶ᠎ᠳᠤᠨᠢ ᠠᠪᠤᠷᠠᠨ ᠲᠤᠰᠠᠯᠠᠵᠤ᠂ 600 ᠲᠦᠮᠡ ᠱᠢᠬᠠᠮ ᠬᠥᠮᠦᠨ᠎ᠢ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ᠎ᠶ᠋ᠢᠨ ᠪᠠ ᠣᠨᠴᠠ ᠬᠦᠴᠢᠷᠳᠡᠯ᠎ᠲᠠᠢ ᠬᠦᠮᠦᠰ᠎ᠢ ᠠᠰᠠᠷᠠᠨ ᠲᠡᠵᠢᠭᠡᠬᠦ᠌ ᠬᠡᠪᠴᠢᠶᠡᠨ᠎ᠳᠤ ᠱᠢᠨ᠎ᠡ᠎ᠪᠠᠷ ᠣᠷᠣᠭᠤᠯᠵᠤ᠂ ᠲᠦᠷ ᠴᠠᠭ ᠠᠪᠤᠷᠠᠨ ᠲᠤᠰᠠᠯᠠᠭ᠍ᠰᠠᠨ᠎ᠨᠢ 800 ᠲᠦᠮᠡᠨ ᠬᠥᠮᠦᠨ ᠤᠳᠠᠭ᠎ᠠ᠎ᠶ᠋ᠢ ᠳᠠᠪᠠᠪᠠ᠃ ᠬᠦᠨᠳᠦ ᠨᠣᠴᠢᠲᠠᠶ ᠦᠶᠡᠷ ᠤᠰᠤᠲᠤᠯ᠂ ᠲᠠᠢᠹᠧᠩ ᠰᠠᠯᠬᠢ ᠵᠡᠷᠭᠡ ᠪᠠᠢᠭᠠᠯᠢ᠎ᠶ᠋ᠢᠨ ᠭᠠᠮᠱᠢᠭ᠎ᠢ ᠡᠰᠡᠷᠭᠦᠴᠡᠨ᠂ ᠪᠦᠬᠦ᠌ ᠬᠦᠴᠦᠨ᠎ᠢᠶᠠᠷ᠎ᠢᠶᠠᠨ ᠪᠠᠴᠢᠮ ᠪᠠᠢᠳᠠᠯ᠎ᠢ ᠠᠷᠭᠠᠴᠠᠨ ᠠᠶᠤᠯ᠎ᠠᠴᠠ ᠠᠪᠤᠷᠠᠨ ᠲᠤᠰᠠᠯᠠᠵᠤ᠂ ᠭᠠᠮᠱᠢᠭ᠍ᠳᠠᠭ᠍ᠰᠠᠨ ᠣᠯᠠᠨ ᠲᠦᠮᠡᠨ᠎ᠢ ᠲᠣᠬᠢᠲᠠᠶ ᠲᠥᠪᠬᠢᠨᠡᠭᠦᠯᠦᠨ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ ᠪᠠ ᠦᠨᠳᠦᠰᠦᠨ ᠠᠮᠢᠳᠤᠷᠠᠯ᠎ᠢ ᠪᠠᠲᠤᠯᠠᠪᠠ᠃ 

ᠭᠤᠷᠪᠠ᠎ᠳᠤ ᠭᠤᠷᠪᠠᠨ ᠶᠡᠭᠡ ᠪᠡᠷᠬᠡ ᠰᠡᠳᠦᠪ᠎ᠢ ᠱᠢᠢᠳᠪᠦᠷᠢᠯᠡᠬᠦ᠌ ᠳᠠᠢᠨ᠎ᠢ ᠡᠷᠡᠰ ᠰᠠᠢᠲᠤᠷ ᠬᠢᠵᠦ᠍᠂ ᠭᠤᠣᠯ ᠭᠤᠤᠯ ᠬᠠᠷᠠᠯᠲᠠ ᠡᠭᠦᠷᠭᠡ᠎ᠶ᠋ᠢ ᠬᠤᠭᠤᠴᠠᠭ᠎ᠠ ᠶᠤᠰᠤᠭᠠᠷ ᠪᠡᠶᠡᠯᠡᠭᠦᠯᠪᠡ᠃ ᠡᠳ᠋᠎ᠤᠨ ᠵᠠᠰᠠᠭ᠎ᠤᠨ ᠶᠠᠳᠠᠭᠤ᠎ᠶ᠋ᠢ ᠲᠡᠳᠬᠦᠬᠦ᠌ ᠪᠡᠯᠡ ᠮᠥᠩᠭᠦ᠎ᠶ᠋ᠢᠨ ᠣᠷᠣᠭᠤᠯᠤᠯᠲᠠ᠎ᠶ᠋ᠢ ᠨᠡᠯᠢᠶᠡᠳ ᠶᠡᠭᠡ ᠬᠡᠮᠵᠢᠶ᠎ᠡ᠎ᠪᠠᠷ ᠨᠡᠮᠡᠭ᠌ᠳᠡᠭᠦᠯᠪᠡ᠃ ᠠᠵᠢᠯ᠎ᠤᠨ ᠬᠦᠴᠢᠷᠳᠡᠯ ᠶᠡᠬᠡᠲᠡᠶ ᠶᠠᠳᠠᠭᠤ ᠬᠦᠴᠢᠷᠳᠡᠯ᠎ᠲᠠᠢ ᠱᠢᠶᠠᠨ ᠪᠣᠯᠤᠨ ᠶᠠᠳᠠᠭᠤ ᠬᠦᠴᠢᠷᠳᠡᠯ᠎ᠲᠠᠢ ᠲᠣᠰᠭᠤᠨ᠎ᠳᠤ ᠫᠠᠢᠰᠠ ᠡᠯᠭᠦᠨ ᠠᠵᠢᠯ᠎ᠢ ᠱᠢᠪᠠᠳᠠᠵᠤ᠂ ᠡᠯ᠎ᠡ ᠵᠦᠢᠯ᠎ᠤᠨ ᠬᠠᠪᠰᠤᠷᠤᠨ ᠲᠡᠳᠬᠦᠬᠦ᠌ ᠠᠷᠭ᠎ᠠ ᠬᠡᠮᠵᠢᠶ᠎ᠡ᠎ᠶ᠋ᠢ ᠨᠠᠷᠢᠯᠢᠭ ᠣᠨᠣᠴᠠᠲᠠᠶ ᠨᠠᠢᠳᠠᠪᠤᠷᠢᠵᠢᠭᠤᠯᠪᠠ᠃ ᠶᠠᠳᠠᠭᠤ ᠬᠦᠴᠢᠷᠳᠡᠯ᠎ᠲᠠᠢ ᠬᠥᠳᠡᠯᠮᠦᠷᠢ ᠬᠦᠴᠦᠨ᠎ᠤ ᠠᠵᠢᠯ᠎ᠤᠨ ᠪᠠᠢᠷᠢ᠎ᠪᠠᠨ ᠲᠣᠭ᠍ᠲᠠᠪᠤᠷᠢᠵᠢᠭᠤᠯᠤᠨ ᠠᠵᠢᠯ ᠣᠯᠬᠤ᠎ᠶ᠋ᠢ ᠡᠩ ᠲᠡᠷᠢᠭᠦᠨ᠎ᠳᠤ ᠳᠠᠮᠵᠢᠵᠤ᠂ ᠨᠤᠲᠤᠭ᠎ᠲᠠᠭᠠᠨ ᠪᠤᠴᠠᠭ᠍ᠰᠠᠨ ᠶᠠᠳᠠᠭᠤ ᠬᠦᠴᠢᠷᠳᠡᠯ᠎ᠲᠠᠢ ᠬᠥᠳᠡᠯᠮᠦᠷᠢ ᠬᠦᠴᠦᠨ᠎ᠤ ᠳᠠᠬᠢᠨ ᠠᠵᠢᠯ ᠣᠯᠬᠤ᠎ᠳᠤ ᠬᠠᠪᠰᠤᠷᠤᠨ᠂ ᠬᠦᠯᠦᠰᠦᠨ ᠠᠵᠢᠯ ᠬᠢᠬᠦ᠌ ᠣᠷᠣᠯᠭ᠎ᠠ᠎ᠶ᠋ᠢ ᠴᠢᠷᠮᠠᠢᠨ ᠲᠣᠭ᠍ᠲᠠᠪᠤᠷᠢᠵᠢᠭᠤᠯᠪᠠ᠃ ᠠᠵᠤ ᠦᠢᠯᠡᠰ᠎ᠢᠶᠠᠷ ᠶᠠᠳᠠᠭᠤ᠎ᠶ᠋ᠢ ᠲᠡᠳᠬᠦᠬᠦ᠌ ᠡᠷᠴᠢᠮ᠎ᠢᠶᠠᠨ ᠴᠢᠩᠭᠠᠷᠠᠭᠤᠯᠵᠤ᠂ ᠬᠡᠷᠡᠭ᠌ᠯᠡᠭᠡ᠎ᠪᠠᠷ ᠶᠠᠳᠠᠭᠤ᠎ᠶ᠋ᠢ ᠲᠡᠳᠬᠦᠬᠦ᠌᠎ᠶ᠋ᠢ ᠭᠦᠨᠵᠡᠭᠡᠶ ᠥᠷᠨᠢᠭᠦᠯᠪᠡ᠃ ᠬᠢᠯᠪᠠᠷᠬᠠᠨ ᠳᠠᠬᠢᠭᠠᠳ ᠶᠠᠳᠠᠭᠤᠷᠠᠬᠤ ᠪᠠ ᠶᠠᠳᠠᠭᠤᠷᠠᠵᠤ ᠮᠡᠳᠡᠬᠦ᠌ ᠬᠥᠮᠦᠨ ᠠᠮᠠ᠎ᠶ᠋ᠢ ᠬᠢᠨᠠᠨ ᠱᠢᠯᠭᠠᠬᠤ ᠪᠠ ᠬᠠᠪᠰᠤᠷᠤᠨ ᠲᠡᠳᠬᠦᠬᠦ᠌᠎ᠶ᠋ᠢ ᠴᠢᠩᠭᠠᠳᠭᠪᠠ᠃ ᠵᠢᠯ᠎ᠤᠨ ᠡᠬᠢᠨ᠎ᠳᠤ ᠦᠯᠡᠳᠡᠬᠡᠳ ᠪᠠᠢᠭ᠍ᠰᠠᠨ 551 ᠲᠦᠮᠡᠨ ᠬᠥᠳᠡᠭᠡ ᠲᠣᠰᠭᠤᠨ᠎ᠤ ᠶᠠᠳᠠᠭᠤ ᠬᠦᠴᠢᠷᠳᠡᠯ᠎ᠲᠠᠢ ᠬᠥᠮᠦᠨ ᠠᠮᠠ᠎ᠶ᠋ᠢ ᠪᠦᠬᠦᠳᠡ᠎ᠶ᠋ᠢ ᠶᠠᠳᠠᠭᠤ᠎ᠠᠴᠠ ᠠᠩᠭᠢᠵᠢᠷᠠᠭᠤᠯᠵᠤ᠂ 52 ᠶᠠᠳᠠᠭᠤ ᠬᠦᠴᠢᠷᠳᠡᠯ᠎ᠲᠠᠢ ᠱᠢᠶᠠᠨ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠪᠠ᠃ ᠴᠡᠯᠮᠡᠭ ᠲᠡᠭ᠌ᠷᠢ᠂ ᠲᠤᠩᠭᠠᠯᠠᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠨ᠎ᠢ ᠦᠷᠭᠦᠯᠵᠢᠯᠡᠨ ᠰᠠᠢᠲᠤᠷ ᠬᠢᠵᠦ᠍᠂ ᠪᠣᠬᠢᠷᠲᠤᠯ᠎ᠢ ᠰᠡᠷᠭᠡᠢᠯᠡᠨ ᠵᠠᠰᠠᠬᠤ ᠪᠡᠷᠬᠡ ᠰᠡᠳᠦᠪ᠎ᠢ ᠱᠢᠢᠳᠪᠦᠷᠢᠯᠡᠬᠦ᠌ ᠳᠠᠢᠨ᠎ᠤ ᠱᠠᠳᠤ ᠦᠶᠡᠴᠢ ᠴᠢᠨᠠᠷᠲᠠᠢ ᠬᠠᠷᠠᠯᠲᠠ ᠡᠭᠦᠷᠭᠡ᠎ᠶ᠋ᠢ ᠪᠡᠶᠡᠯᠡᠭᠦᠯᠪᠡ᠃ ᠬᠥᠬᠡᠮᠥ᠋ᠷᠡᠨ᠂ ᠬᠠᠳᠤᠨ ᠭᠤᠤᠯ᠂ ᠳᠠᠯᠠᠢ᠎ᠶ᠋ᠢᠨ ᠡᠷᠭᠢ᠎ᠶ᠋ᠢᠨ ᠪᠦᠰᠡ ᠵᠡᠷᠭᠡ ᠴᠢᠬᠤᠯᠠ ᠠᠮᠢ ᠠᠬᠤᠢ᠎ᠶ᠋ᠢᠨ ᠱᠢᠰᠲ᠋ᠧᠮ᠎ᠢ ᠬᠠᠮᠠᠭᠠᠯᠠᠬᠤ ᠪᠠ ᠵᠠᠰᠠᠨ ᠰᠡᠷᠭᠦᠭᠡᠬᠦ᠌ ᠴᠢᠬᠤᠯᠠ ᠶᠡᠭᠡ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠵᠦ᠍᠂ ᠠᠮᠢ ᠠᠬᠤᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠪᠠ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠭ᠌ᠴᠡᠭᠡ᠎ᠶ᠋ᠢᠨ ᠲᠦᠭ᠌ᠰᠢᠭᠦᠷᠢ᠎ᠶ᠋ᠢ ᠯᠠᠪᠳᠠᠭᠤᠨ᠎ᠢᠶᠠᠷ ᠠᠷᠢᠯᠭᠠᠵᠤ᠂ ᠮᠥᠩᠭᠦᠨ ᠭᠦᠢᠯᠭᠡᠭᠡᠨ᠎ᠤ ᠨᠢᠭᠡ ᠪᠦᠯᠦᠭ ᠬᠦᠨᠳᠦ ᠶᠡᠭᠡ ᠲᠦᠭ᠌ᠰᠢᠭᠦᠷᠢ᠎ᠶ᠋ᠢᠨ ᠲᠠᠯᠳᠠ ᠭᠡᠮ᠎ᠢ ᠴᠠᠭ ᠲᠤᠬᠠᠶ᠎ᠳᠤᠨᠢ ᠱᠢᠢᠳᠪᠦᠷᠢᠯᠡᠪᠡ᠃

ᠳᠥᠷᠪᠡ᠎ᠳᠤ ᠥᠭᠡᠷᠡᠴᠢᠯᠡᠯᠲᠡ ᠨᠡᠭᠡᠭᠡᠯᠲᠡ᠎ᠶ᠋ᠢ ᠡᠷᠡᠰ ᠭᠤᠢᠪᠢᠰᠢ ᠦᠭᠡᠢ ᠠᠬᠢᠭᠤᠯᠵᠤ᠂ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ ᠪᠠ ᠳᠣᠲᠣᠭᠠᠳᠤ ᠬᠥᠳᠡᠯᠭᠡᠭ᠌ᠴᠢ ᠬᠦᠴᠦᠨ᠎ᠢ ᠤᠯᠠᠮ ᠨᠢᠭᠡ ᠠᠯᠬᠤᠮ ᠴᠢᠩᠭᠠᠷᠠᠭᠤᠯᠪᠠ᠃ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠪᠠᠢᠭᠤᠯᠤᠯ ᠲᠣᠭ᠍ᠲᠠᠴᠠ᠎ᠶ᠋ᠢ ᠲᠡᠭᠦᠯᠳᠡᠷᠵᠢᠭᠦᠯᠪᠠ᠃ ᠦᠮᠴᠢᠯᠡᠯ᠎ᠤᠨ ᠡᠷᠭᠡ᠎ᠶ᠋ᠢᠨ ᠬᠠᠮᠠᠭᠠᠯᠠᠯᠳᠠ᠎ᠶ᠋ᠢ ᠴᠢᠩᠭᠠᠳᠭᠠᠪᠠ᠃ 《ᠪᠠᠭᠤᠯᠭᠠᠬᠤ ᠤᠶᠠᠯᠳᠤᠭᠤᠯᠬᠤ ᠱᠢᠯᠢᠳᠡᠭ᠌ᠵᠢᠬᠦᠯᠬᠦ᠌》 ᠥᠭᠡᠷᠡᠴᠢᠯᠡᠯᠲᠡ᠎ᠶ᠋ᠢ ᠭᠦᠨᠵᠡᠭᠡᠢ ᠠᠬᠢᠭᠤᠯᠵᠤ᠂ ᠬᠤᠳᠠᠯᠳᠤᠭ᠎ᠠ ᠡᠵᠡᠩᠨᠡᠬᠦ᠌ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌ ᠳᠦᠷᠢᠮ᠎ᠢ ᠬᠡᠷᠡᠭ᠌ᠵᠢᠭᠦᠯᠪᠡ᠃ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢᠨ ᠭᠤᠷᠪᠠᠨ ᠵᠢᠯ᠎ᠤᠨ ᠠᠵᠢᠯᠯᠠᠭᠠᠨ᠎ᠤ ᠲᠥᠰᠦᠯ᠎ᠢ ᠨᠡᠢᠲᠡᠯᠡᠪᠡ᠃ ᠠᠷᠠᠳ᠎ᠤᠨ ᠡᠵᠡᠩᠨᠡᠭ᠌ᠰᠡᠨ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠲᠡᠮᠵᠢᠪᠡ᠃ ᠬᠦᠷᠦᠩᠭᠡ᠎ᠶ᠋ᠢᠨ ᠵᠠᠬ᠎ᠠ ᠳᠡᠯᠭᠡᠭᠦᠷ᠎ᠤᠨ ᠰᠠᠭᠤᠷᠢ ᠳᠦᠷᠢᠮ᠎ᠢ ᠲᠡᠭᠦᠯᠳᠡᠷᠵᠢᠭᠦᠯᠪᠡ᠃ ᠲᠠᠷᠢᠶᠠᠯᠠᠩ ᠬᠥᠳᠡᠭᠡ ᠲᠣᠰᠭᠤᠨ᠂ ᠨᠡᠢᠭᠡᠮ᠎ᠤᠨ ᠦᠢᠯᠡᠰ ᠵᠡᠷᠭᠡ ᠬᠦᠷᠢᠶᠡᠨ᠎ᠳᠠᠬᠢ ᠥᠭᠡᠷᠡᠴᠢᠯᠡᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠪᠠ᠃ 《ᠨᠢᠭᠡ ᠪᠦᠰᠡ ᠨᠢᠭᠡ ᠵᠠᠮ》 ᠎ᠢ ᠬᠠᠮᠲᠤ᠎ᠪᠠᠷ ᠪᠦᠲᠦᠭᠡᠨ ᠪᠠᠢᠭᠤᠯᠬᠤ ᠠᠵᠢᠯ᠎ᠢ ᠯᠠᠪᠳᠠᠭᠤᠨ᠎ᠢᠶᠠᠷ ᠠᠬᠢᠭᠤᠯᠪᠠ᠃ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠪᠦᠲᠦᠭᠡᠨ ᠪᠠᠢᠭᠤᠯᠤᠯᠲᠠ ᠵᠡᠷᠭᠡ ᠴᠢᠬᠤᠯᠠ ᠶᠡᠭᠡ ᠠᠷᠭ᠎ᠠ ᠬᠡᠮᠵᠢᠶ᠎ᠡ᠎ᠶ᠋ᠢ ᠵᠠᠯᠭᠠᠭ᠎ᠠ᠎ᠪᠠᠷ ᠨᠡᠢᠲᠡᠯᠡᠪᠡ᠃ ᠭᠤᠷᠪᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭᠠᠳᠤ ᠣᠷᠣᠭᠤᠯᠤᠯᠲᠠ᠎ᠶ᠋ᠢᠨ ᠦᠵᠡᠰᠭᠦᠯᠡᠩ᠂ ᠳᠤᠮᠳᠠᠳᠤ ᠤᠯᠤᠰ᠎ᠤᠨ ᠤᠯᠠᠨ ᠤᠯᠤᠰ᠎ᠤᠨ ᠦᠢᠯᠡᠴᠢᠯᠡᠭᠡᠨ᠎ᠤ ᠠᠷᠠᠯᠵᠢᠶᠠᠨ᠎ᠤ ᠴᠤᠭ᠍ᠯᠠᠭᠠᠨ᠎ᠢ ᠠᠮᠵᠢᠯᠲᠠ᠎ᠲᠠᠢ ᠡᠷᠬᠢᠯᠡᠪᠡ᠃ ᠣᠷᠣᠨ ᠪᠦᠰᠡ᠎ᠶ᠋ᠢᠨ ᠪᠦᠬᠦ᠌ ᠲᠠᠯ᠎ᠠ᠎ᠶ᠋ᠢᠨ ᠠᠵᠤ ᠠᠬᠤᠶ᠎ᠶ᠋ᠢᠨ ᠬᠠᠨᠢᠲᠠᠨ᠎ᠤ ᠬᠠᠷᠢᠴᠠᠭ᠎ᠠ᠎ᠶ᠋ᠢᠨ ᠬᠡᠯᠡᠯᠴᠡᠭᠡᠷ᠎ᠲᠤ ᠭᠠᠷ᠎ᠤᠨ ᠦᠰᠦᠭ ᠵᠢᠷᠤᠬᠤ᠎ᠶ᠋ᠢ ᠠᠬᠢᠭᠤᠯᠪᠠ᠃ ᠳᠤᠮᠳᠠᠳᠤ ᠤᠯᠤᠰ ᠪᠤᠯᠤᠨ ᠧᠦ᠋ᠷᠣᠫᠠ᠎ᠶ᠋ᠢᠨ ᠬᠤᠯᠪᠤᠭᠠᠨ᠎ᠤ ᠪᠡᠯᠡ ᠣᠷᠣᠭᠤᠯᠤᠯᠲᠠ᠎ᠶ᠋ᠢᠨ ᠵᠦᠪᠳᠡᠯᠴᠡᠭᠡᠷ᠎ᠤᠨ ᠬᠡᠯᠡᠯᠴᠡᠭᠡ᠎ᠶ᠋ᠢ ᠳᠠᠭᠤᠰᠭᠠᠪᠡ᠃ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠲᠣᠭ᠍ᠲᠠᠭᠤᠨ ᠪᠠᠢᠬᠤ᠎ᠶ᠋ᠢ ᠬᠠᠮᠠᠭᠠᠯᠠᠵᠤ᠂ ᠭᠠᠳᠠᠭᠠᠳᠤ ᠠᠷᠠᠯᠵᠢᠶ᠎ᠠ ᠪᠠ ᠭᠠᠳᠠᠭᠠᠳᠤ ᠪᠡᠯᠡ᠎ᠶ᠋ᠢ ᠠᠱᠢᠭ᠍ᠯᠠᠬᠤ ᠠᠵᠢᠯ ᠨᠡᠮᠡᠭ᠌ᠳᠡᠯ᠎ᠢᠶᠠᠨ ᠪᠠᠲᠤᠯᠠᠪᠠ᠃

ᠲᠠᠪᠤ᠎ᠳᠤ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠶᠡᠭᠡ᠎ᠪᠠᠷ ᠠᠬᠢᠭᠤᠯᠵᠤ᠂ ᠠᠵᠤ ᠦᠢᠯᠡᠰ᠎ᠤᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠬᠦᠯᠬᠦ᠌ ᠠᠯᠬᠤᠴᠠ᠎ᠶ᠋ᠢ ᠲᠦᠷᠭᠡᠳᠭᠡᠪᠡ᠃ ᠤᠯᠠᠨ ᠤᠯᠤᠰ᠎ᠤᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ ᠪᠠ ᠶᠡᠷᠦᠩᠬᠡᠢᠯᠡᠭ᠌ᠰᠡᠨ ᠴᠢᠨᠠᠷᠲᠠᠶ ᠤᠯᠤᠰ᠎ᠤᠨ ᠱᠢᠨᠵᠢᠯᠡᠬᠦ᠌ ᠤᠬᠠᠭᠠᠨ᠎ᠤ ᠲᠥᠪ᠎ᠢ ᠪᠠᠢᠭᠤᠯᠵᠤ᠂ ᠠᠩᠬᠠᠳᠠᠭ᠍ᠴᠢ ᠪᠦᠯᠦᠭ ᠤᠯᠤᠰ᠎ᠤᠨ ᠲᠤᠷᠱᠢᠯᠲᠠ᠎ᠶ᠋ᠢᠨ ᠲᠠᠰᠤᠭ᠎ᠢ ᠠᠮᠵᠢᠯᠲᠠ᠎ᠲᠠᠢ᠎ᠪᠠᠷ ᠪᠠᠢᠭᠤᠯᠪᠠ᠃ 《ᠲᠩᠷᠢ᠎ᠠᠴᠠ ᠠᠰᠠᠭᠤᠬᠤᠢ ᠨᠢᠭᠡᠳᠦᠭᠡᠷ》᠂ 《ᠴᠠᠩ ᠧ ᠲᠠᠪᠤᠳᠤᠭᠠᠷ》᠂ 《ᠲᠡᠮᠡᠴᠡᠭ᠌ᠴᠢ》 ᠵᠡᠷᠭᠡ ᠱᠢᠪᠲᠤᠯᠤᠯᠲᠠ᠎ᠶ᠋ᠢᠨ ᠴᠢᠨᠠᠷᠲᠠᠶ ᠦᠷ᠎ᠡ ᠪᠦᠲᠦᠭᠡᠯ ᠲᠠᠰᠤᠷᠠᠯᠳᠠ ᠦᠭᠡᠢ ᠤᠨᠳᠤᠷᠤᠨ ᠭᠠᠷᠪᠠ᠃ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌ ᠠᠵᠢᠯ᠎ᠢ ᠴᠢᠩᠭᠠᠳᠭᠠᠪᠠ᠃ ᠮᠡᠳᠡᠯᠭᠡ᠎ᠶ᠋ᠢᠨ ᠦᠮᠴᠢᠯᠡᠯ᠎ᠤᠨ ᠡᠷᠭᠡ᠎ᠶ᠋ᠢ ᠬᠠᠮᠠᠭᠠᠯᠠᠬᠤ ᠡᠷᠴᠢᠮ᠎ᠢ ᠴᠢᠩᠭᠠᠷᠠᠭᠤᠯᠪᠠ᠃ ᠱᠢᠨᠵᠢᠯᠡᠬᠦ᠌ ᠤᠬᠠᠭᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠤᠨ ᠬᠡᠷᠡᠭ᠌ᠯᠡᠬᠦ᠌᠎ᠶ᠋ᠢ ᠳᠠᠮᠵᠢᠵᠤ᠂ ᠲᠣᠮᠣ ᠳᠤᠮᠳᠠ ᠵᠢᠵᠢᠭ ᠠᠵᠤ ᠠᠬᠤᠢᠯᠠᠯ᠎ᠤᠨ ᠨᠡᠢᠯᠡᠨ ᠨᠡᠪᠲᠡᠷᠡᠯᠴᠡᠵᠦ᠍ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠤᠨ᠂ ᠪᠦᠬᠦ᠌ ᠲᠠᠯ᠎ᠠ᠎ᠪᠠᠷ ᠱᠢᠨ᠎ᠡ᠎ᠶ᠋ᠢ ᠡᠭᠦᠳᠬᠦ᠌ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠬᠠᠮᠢᠶ᠎ᠠ ᠪᠦᠬᠦᠢ ᠠᠷᠭ᠎ᠠ ᠬᠡᠮᠵᠢᠶ᠎ᠡ᠎ᠶ᠋ᠢ ᠳᠡᠯᠭᠡᠷᠡᠭᠦᠯᠪᠡ᠃ ᠠᠵᠤ ᠦᠢᠯᠡᠰ᠎ᠤᠨ ᠳ᠋ᠢᠵᠢᠲ᠋ᠠᠯᠴᠢᠯᠠᠬᠤ ᠤᠶᠤᠨᠴᠢᠯᠠᠬᠤ ᠥᠭᠡᠷᠡᠴᠢᠯᠡᠯᠲᠡ ᠎ᠶ᠋ᠢ  ᠠᠬᠢᠭᠤᠯᠵᠤ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠢ ᠱᠢᠨ᠎ᠡ᠎ᠪᠠᠷ ᠬᠦᠭ᠌ᠵᠢᠭ᠌ᠰᠡᠨ ᠠᠵᠤ  ᠦᠢᠯᠡᠰ᠎ᠤᠨ  ᠲᠦᠷᠭᠡᠨ  ᠬᠥᠭ᠌ᠵᠢᠯᠲᠡ᠎ᠶ᠋ᠢᠨ ᠬᠠᠨᠳᠤᠰᠢ᠎ᠶ᠋ᠢ ᠪᠠᠲᠤᠯᠠᠪᠠ᠃

ᠵᠢᠷᠭᠤᠭ᠎ᠠ᠎ᠳᠤ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠠᠵᠢᠯ᠎ᠢ ᠠᠬᠢᠭᠤᠯᠵᠤ᠂ ᠬᠤᠲᠠ ᠬᠥᠳᠡᠭᠡ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠪᠠᠢᠷᠢᠱᠢᠯ᠎ᠢ ᠲᠠᠰᠤᠷᠠᠯᠲᠠ ᠦᠭᠡᠢ ᠱᠢᠯᠢᠳᠡᠭ᠌ᠵᠢᠭᠦᠯᠪᠡ᠃ ᠬᠤᠲᠠ ᠪᠠᠯᠭᠠᠰᠤᠨ᠎ᠤ ᠬᠠᠭᠤᠴᠢᠨ ᠰᠠᠭᠤᠭᠠᠯᠢ ᠲᠣᠭᠤᠷᠢᠭ᠎ᠢ ᠥᠭᠡᠷᠡᠴᠢᠯᠡᠨ ᠪᠠᠢᠭᠤᠯᠬᠤ ᠡᠷᠴᠢᠮ᠎ᠢ ᠴᠢᠩᠭᠠᠷᠠᠭᠤᠯᠵᠤ᠂ ᠬᠤᠲᠠ᠎ᠶ᠋ᠢᠨ ᠪᠠᠢᠳᠠᠯ᠎ᠳᠤᠨᠢ ᠲᠤᠬᠢᠷᠠᠭᠤᠯᠤᠨ ᠠᠷᠭ᠎ᠠ ᠪᠣᠳᠣᠯᠭ᠎ᠠ ᠠᠪᠴᠤ᠌ ᠭᠡᠷ ᠪᠠᠢᠱᠢᠩ ᠭᠠᠵᠠᠷ ᠬᠥᠷᠥᠩᠭᠡ᠎ᠶ᠋ᠢᠨ ᠵᠠᠬ᠎ᠠ ᠳᠡᠯᠭᠡᠭᠦᠷ᠎ᠤᠨ ᠲᠣᠭ᠍ᠲᠠᠭᠤᠨ ᠪᠥᠭᠡᠳ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠪᠠ᠃ ᠠᠮᠤ ᠪᠤᠳᠠᠭᠠᠨ᠎ᠤ ᠤᠨᠠᠯᠲᠠ᠎ᠶ᠋ᠢ ᠨᠡᠮᠡᠭ᠌ᠳᠡᠭᠦᠯᠬᠦ᠌᠎ᠶ᠋ᠢ ᠪᠡᠶᠡᠯᠡᠭᠦᠯᠦᠨ᠂ ᠭᠠᠭ᠍ᠠᠶ ᠲᠡᠵᠢᠭᠡᠬᠦ᠌ ᠦᠢᠯᠡᠳᠪᠦᠷᠢᠯᠡᠯ᠎ᠤᠨ ᠴᠢᠳᠠᠪᠤᠷᠢ᠎ᠶ᠋ᠢ ᠲᠦᠷᠭᠡᠯᠡᠨ ᠰᠡᠷᠭᠦᠭᠡᠵᠦ᠍᠂ ᠬᠥᠳᠡᠭᠡ ᠲᠣᠰᠭᠤᠨ᠎ᠤ ᠪᠦᠳᠦᠭᠡᠨ ᠪᠠᠢᠭᠤᠯᠤᠯᠲᠠ᠎ᠶ᠋ᠢ ᠯᠠᠪᠳᠠᠭᠤᠨ᠎ᠢᠶᠠᠷ ᠥᠷᠨᠢᠭᠦᠯᠵᠦ᠍᠂ ᠬᠥᠳᠡᠭᠡ ᠲᠣᠰᠭᠤᠨ᠎ᠤ ᠣᠷᠣᠱᠢᠨ ᠠᠮᠢᠳᠤᠷᠠᠬᠤ ᠣᠷᠴᠢᠨ ᠨᠥᠬᠦᠴᠡᠯ᠎ᠢ ᠴᠡᠭ᠌ᠴᠡᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠨᠡᠭᠦᠷᠡᠰᠦ ᠴᠠᠬᠢᠯᠭᠠᠨ ᠲᠤᠰᠤ ᠬᠡᠢ᠎ᠶ᠋ᠢᠨ ᠦᠢᠯᠡᠳᠪᠦᠷᠢᠯᠡᠬᠦ᠌ ᠬᠠᠩᠭᠠᠬᠤ ᠬᠠᠳᠠᠭᠠᠯᠠᠬᠤ ᠪᠣᠷᠣᠯᠠᠭᠤᠯᠬᠤ ᠱᠢᠰᠲ᠋ᠧᠮ᠎ᠤᠨ ᠪᠠᠢᠭᠤᠯᠤᠯᠲᠠ᠎ᠶ᠋ᠢ ᠠᠬᠢᠭᠤᠯᠵᠤ᠂ ᠡᠨᠧᠷᠭᠢ᠎ᠶ᠋ᠢᠨ ᠰᠤᠷᠪᠤᠯᠵᠢ᠎ᠶ᠋ᠢᠨ ᠠᠮᠤᠷ ᠲᠦᠪᠱᠢᠨ᠎ᠢ ᠪᠠᠲᠤᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠪᠡ᠃ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢᠨ ᠪᠠᠢᠭᠤᠯᠤᠯ ᠲᠣᠭ᠍ᠲᠠᠴᠠ᠎ᠶ᠋ᠢ ᠪᠦᠷᠢᠨᠱᠢᠭᠦᠯᠵᠦ᠍᠂ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ᠌ ᠲᠠᠯ᠎ᠠ᠎ᠪᠠᠷ ᠨᠢᠭᠡ ᠪᠦᠯᠦᠭ ᠱᠢᠨ᠎ᠡ ᠠᠷᠭ᠎ᠠ ᠬᠡᠮᠵᠢᠶ᠎ᠡ ᠨᠡᠢᠲᠡᠯᠡᠪᠡ᠃

ᠲᠤᠯᠤᠭ᠎ᠠ᠎ᠳᠤ ᠬᠠᠤᠯᠢ ᠶᠣᠰᠣᠭᠠᠷ ᠵᠠᠰᠠᠭ ᠶᠠᠪᠤᠭᠤᠯᠬᠤ ᠪᠠ ᠨᠡᠢᠭᠡᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠨᠡᠢᠭᠡᠮ᠎ᠤᠨ ᠡᠶ᠎ᠡ ᠵᠣᠬᠢᠴᠠᠯ᠎ᠲᠠᠢ ᠪᠥᠭᠡᠳ ᠲᠣᠭ᠍ᠲᠠᠭᠤᠨ ᠪᠠᠢᠬᠤ᠎ᠶ᠋ᠢ ᠪᠠᠲᠤᠯᠠᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠳᠤ 9 ᠬᠤᠪᠢ ᠬᠠᠤᠯᠢ ᠴᠠᠭᠠᠵᠠ᠎ᠶ᠋ᠢᠨ ᠰᠠᠨᠠᠯ ᠵᠥᠪᠯᠡᠯᠭᠡ᠎ᠶ᠋ᠢ ᠬᠢᠨᠠᠨ ᠶᠠᠷᠢᠯᠴᠠᠭᠤᠯᠬᠤ᠎ᠪᠠᠷ ᠳᠡᠪᠱᠢᠭᠦᠯᠵᠦ᠍᠂ 37 ᠬᠤᠪᠢ ᠵᠠᠰᠠᠭ ᠵᠠᠬᠢᠷᠭᠠᠨ᠎ᠤ ᠬᠠᠤᠯᠢ ᠲᠣᠭ᠍ᠲᠠᠭᠠᠯ᠎ᠢ ᠲᠣᠭ᠍ᠲᠠᠭᠠᠭ᠍ᠰᠠᠨ ᠪᠤᠶᠤ ᠵᠠᠰᠠᠨ ᠲᠤᠭ᠍ᠲᠠᠭᠠᠪᠠ᠃ ᠠᠷᠠᠳ᠎ᠤᠨ ᠲᠦᠯᠦᠭᠡᠯᠡᠭ᠌ᠴᠢ᠎ᠶ᠋ᠢᠨ ᠰᠠᠨᠠᠯ ᠵᠦᠪᠯᠡᠯᠭᠡ ᠪᠠ ᠤᠯᠤᠰ ᠲᠦᠷᠦ᠎ᠶ᠋ᠢᠨ ᠵᠦᠪᠯᠡᠯᠬᠡᠨ᠎ᠤ ᠭᠡᠱᠢᠬᠦᠨ᠎ᠤ ᠰᠠᠨᠠᠯ ᠲᠤᠷᠠᠳᠤᠯᠭ᠎ᠠ᠎ᠶ᠋ᠢ ᠨᠠᠷᠢᠨ ᠬᠢᠨᠠᠮᠠᠭᠠᠢ᠎ᠪᠠᠷ ᠱᠢᠢᠳᠪᠦᠷᠢᠯᠡᠪᠡ᠃ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ᠎ᠶ᠋ᠢ ᠥᠷᠭᠡᠨ ᠳᠡᠯᠭᠡᠷ ᠥᠷᠨᠢᠭᠦᠯᠵᠦ᠍᠂ ᠨᠠᠮᠤᠷ᠎ᠤᠨ ᠰᠤᠷᠤᠯᠭ᠎ᠠ᠎ᠶ᠋ᠢᠨ ᠬᠤᠭᠤᠴᠠᠭ᠎ᠠ᠎ᠳᠤ ᠰᠤᠷᠤᠯᠭ᠎ᠠ᠎ᠪᠠᠨ ᠪᠦᠬᠦ᠌ ᠲᠠᠯ᠎ᠠ᠎ᠪᠠᠷ ᠰᠡᠷᠭᠦᠭᠡᠵᠦ᠍᠂ ᠦᠨᠳᠦᠷ ᠵᠡᠷᠭᠡ᠎ᠶ᠋ᠢᠨ ᠳᠤᠮᠳᠠᠳᠤ ᠰᠤᠷᠭᠠᠭᠤᠯᠢ ᠲᠡᠭᠦᠰᠦᠭ᠌ᠰᠡᠨ 1000 ᠭᠠᠷᠤᠶ ᠲᠦᠮᠡᠨ ᠰᠤᠷᠤᠭ᠍ᠴᠢ ᠳᠡᠭᠡᠳᠦ ᠰᠤᠷᠭᠠᠭᠤᠯᠢ᠎ᠳᠤ ᠡᠯᠰᠡᠬᠦ᠌ ᠱᠢᠯᠭᠠᠯᠲᠠ᠎ᠳᠤ ᠤᠷᠤᠭ᠍ᠰᠢᠲᠠᠶ ᠤᠷᠤᠯᠴᠠᠪᠡ᠃ ᠰᠤᠷᠭᠠᠨ ᠬᠥᠮᠦᠵᠢᠯ᠎ᠤᠨ ᠬᠦᠷᠢᠶᠡᠨ᠎ᠤ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠪᠡ᠃ ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠤᠨ ᠰᠤᠷᠭᠠᠭᠤᠯᠢ᠎ᠳᠤ 100 ᠲᠦᠮᠡᠨ ᠬᠥᠮᠦᠨ ᠨᠡᠮᠡᠵᠦ᠍ ᠡᠯᠰᠡᠬᠦ᠌ ᠬᠠᠷᠠᠯᠲᠠ᠎ᠶ᠋ᠢ ᠪᠡᠶᠡᠯᠡᠭᠦᠯᠪᠡ᠃ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠱᠢᠰᠲ᠋ᠧᠮ᠎ᠤᠨ ᠪᠠᠢᠭᠤᠯᠤᠯᠲᠠ᠎ᠶ᠋ᠢᠨ ᠡᠷᠴᠢᠮ᠎ᠢ ᠴᠢᠩᠭᠠᠷᠠᠭᠤᠯᠪᠠ᠃ ᠶᠡᠭᠡ ᠬᠡᠪᠴᠢᠶ᠎ᠡ᠎ᠪᠠᠷ ᠪᠥᠭᠡᠮ ᠬᠦᠴᠢᠯ᠎ᠢ ᠪᠠᠢᠴᠠᠭᠠᠨ ᠱᠢᠯᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠱᠢᠨ᠎ᠡ ᠲᠢᠳᠢᠮᠯᠢᠭ ᠠᠭᠤᠰᠭᠢᠨ ᠦᠷᠪᠢᠰᠦᠯ ᠤᠯᠤᠭ᠍ᠰᠠᠨ ᠡᠪᠡᠳᠴᠢᠲᠡᠨ᠎ᠢ ᠡᠮᠨᠡᠨ ᠵᠠᠰᠠᠬᠤ ᠵᠠᠷᠤᠳᠠᠯ᠎ᠢ ᠴᠥᠮ ᠤᠯᠤᠰ᠎ᠠᠴᠠ ᠡᠭᠦᠷᠭᠡᠯᠡᠪᠡ᠃ ᠠᠵᠢᠯ᠎ᠤᠨ ᠠᠮᠠᠷᠠᠯᠲᠠ᠎ᠪᠠᠨ ᠠᠪᠤᠭ᠍ᠰᠠᠠ ᠬᠦᠮᠦᠰ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠮᠥᠩᠭᠦ᠎ᠶ᠋ᠢ ᠦᠰᠭᠡᠵᠤ᠂ ᠬᠤᠲᠠ ᠬᠦᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠮᠥᠩᠭᠦ᠎ᠶ᠋ᠢᠨ ᠨᠠᠭᠠᠲᠦ ᠵᠠᠬ᠎ᠠ᠎ᠶ᠋ᠢᠨ ᠪᠠᠷᠢᠮᠵᠢᠶ᠎ᠠ᠎ᠶ᠋ᠢ ᠲᠡᠭᠡᠭ᠌ᠰᠢᠯᠡᠬᠦᠯᠵᠤ᠂ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠮᠥᠩᠭᠦ᠎ᠶ᠋ᠢ ᠴᠠᠭ ᠲᠤᠬᠠᠶ᠎ᠳᠤᠨᠢ ᠲᠤᠭ᠎ᠠ ᠶᠣᠰᠣᠭᠠᠷ ᠥᠭ᠌ᠬᠦ᠎ᠶ᠋ᠢ ᠪᠠᠲᠤᠯᠠᠵᠤ᠂ ᠠᠵᠤ ᠠᠬᠤᠢᠯᠠᠯ᠎ᠤᠨ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠤᠨ ᠰᠠᠭᠤᠷᠢ ᠮᠥᠩᠭᠦ᠎ᠶ᠋ᠢ ᠮᠤᠵᠢ᠎ᠶ᠋ᠢᠨ ᠱᠠᠲᠤᠨ᠎ᠠᠴᠠ ᠨᠢᠭᠡᠳᠦᠯᠲᠡᠶ ᠬᠤᠷᠢᠶᠠᠵᠤ ᠨᠢᠭᠡᠳᠦᠯᠲᠡᠶ ᠵᠠᠷᠤᠬᠤ᠎ᠶ᠋ᠢ ᠪᠡᠶᠡᠯᠡᠭᠦᠯᠪᠡ᠃ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡ᠎ᠶ᠋ᠢ ᠴᠢᠩᠭᠠᠳᠭᠠᠪᠠ᠃ ᠬᠤᠳᠠ ᠬᠥᠳᠡᠭᠡ᠎ᠶ᠋ᠢᠨ ᠦᠨᠳᠦᠰᠦᠨ ᠱᠠᠲᠤᠨ᠎ᠤ ᠵᠠᠰᠠᠯᠲᠠ᠎ᠶ᠋ᠢ ᠲᠡᠭᠦᠯᠳᠡᠷᠵᠢᠭᠦᠯᠪᠡ᠃ ᠵᠠᠬᠢᠳᠠᠯ ᠰᠤᠷᠪᠤᠯᠵᠢᠯᠠᠭ᠎ᠠ᠎ᠶ᠋ᠢᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠪᠡ᠃ ᠬᠢᠨᠠᠨ ᠪᠤᠳᠤᠯᠲᠠ᠎ᠶ᠋ᠢᠨ ᠬᠢᠨᠠᠯᠲᠠ᠎ᠶ᠋ᠢᠨ ᠦᠢᠯᠡᠳᠦᠯ᠎ᠢ ᠪᠠᠳᠠᠷᠠᠭᠤᠯᠪᠠ᠃ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠶᠡᠭᠡ ᠱᠢᠪᠠᠳᠠᠨ ᠪᠠᠢᠴᠠᠭᠠᠯᠲᠠ᠎ᠶ᠋ᠢ ᠥᠷᠨᠢᠭᠦᠯᠪᠡ᠃ ᠳᠣᠯᠣᠳᠤᠭᠠᠷ ᠤᠳᠠᠭᠠᠨ᠎ᠤ ᠪᠦᠬᠦ᠌ ᠤᠯᠤᠰ᠎ᠤᠨ ᠬᠥᠮᠦᠨ ᠠᠮᠠ᠎ᠶ᠋ᠢᠨ ᠨᠡᠢᠳᠡᠮ ᠪᠠᠢᠴᠠᠭᠠᠯᠲᠠ᠂ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠬᠦ᠌ ᠠᠵᠢᠯ᠎ᠤᠨ ᠨᠡᠢᠳᠡᠮ ᠪᠠᠢᠴᠠᠭᠠᠯᠲᠠ᠎ᠶ᠋ᠢ ᠰᠠᠢᠲᠤᠷ ᠬᠢᠪᠡ᠃ ᠦᠢᠯᠡᠳᠪᠦᠷᠢᠯᠡᠯ᠎ᠤᠨ ᠠᠶᠤᠯᠭᠦᠶ᠎ᠶ᠋ᠢᠨ ᠡ᠊ᠨᠳᠡᠯ᠎ᠢ ᠰᠡᠷᠭᠡᠢᠯᠡᠬᠦ᠌ ᠪᠠ ᠱᠢᠢᠳᠪᠦᠷᠢᠯᠡᠬᠦ᠌ ᠠᠵᠢᠯ᠎ᠢ ᠴᠢᠩᠭᠠᠳᠭᠠᠪᠠ᠃ ᠢᠳᠡᠭᠡᠨ᠎ᠤ ᠵᠦᠢᠯ ᠡᠮ᠎ᠤᠨ ᠵᠦᠢᠯ ᠪᠠ ᠸᠠᠺᠼᠢᠨ᠎ᠤ ᠬᠢᠨᠠᠯᠲᠠ ᠬᠠᠮᠢᠶᠠᠷᠤᠯᠲᠠ᠎ᠶ᠋ᠢ ᠴᠢᠩᠳᠠᠯᠠᠪᠠ᠃ ᠨᠡᠢᠭᠡᠮ᠎ᠤᠨ ᠠᠮᠤᠷ ᠲᠦᠪᠱᠢᠨ᠎ᠢ ᠶᠡᠷᠦᠩᠬᠡᠢᠯᠡᠨ ᠵᠠᠰᠠᠬᠤ ᠠᠵᠢᠯ᠎ᠢ ᠴᠢᠩᠭᠠᠳᠭᠠᠵᠤ᠂ ᠬᠠᠷ᠎ᠠ ᠬᠠᠷᠭᠢᠰ ᠬᠦᠴᠦᠨ᠎ᠢ ᠠᠷᠢᠯᠭᠠᠬᠤ ᠲᠤᠰᠭᠠᠢ ᠲᠡᠮᠡᠴᠡᠯ᠎ᠢ ᠦᠷᠭᠦᠯᠵᠢᠯᠡᠨ ᠠᠬᠢᠭᠤᠯᠵᠤ᠂ ᠠᠮᠤᠷ ᠠᠮᠤᠭᠤᠯᠠᠩ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ ᠱᠢᠨ᠎ᠡ ᠦᠷ᠎ᠡ ᠪᠦᠲᠦᠮᠵᠢ ᠤᠯᠪᠠ᠃

ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠲᠤᠬᠠᠶ ᠨᠠᠮ᠎ᠤᠨ ᠲᠥᠪ ᠬᠤᠷᠢᠶᠠᠨ᠎ᠤ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠢ ᠴᠢᠩᠭᠠᠳᠭᠠᠪᠠ᠃ 《ᠲᠤᠯᠭᠤᠷ ᠵᠤᠷᠢᠯᠲᠠ᠎ᠪᠠᠨ ᠦᠯᠦ᠍ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌》 ᠭᠤᠤᠯ ᠰᠡᠳᠦᠪᠳᠦ ᠬᠦᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠭᠦᠨᠵᠡᠭᠡᠢᠷᠡᠭᠦᠯᠪᠡ᠃ ᠲᠥᠪ ᠬᠤᠷᠢᠶᠠᠨ᠎ᠤ ᠨᠠᠢ᠍ᠮᠠᠨ ᠵᠤᠷᠪᠤᠰ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠦᠷᠭᠦᠯᠵᠢᠯᠡᠨ ᠬᠥᠩᠭᠡᠷᠡᠭᠦᠯᠪᠡ᠃

ᠳᠤᠮᠳᠠᠳᠤ ᠤᠯᠤᠰ᠎ᠤᠨ ᠣᠨᠴᠠᠯᠢᠭ ᠪᠦᠬᠦᠢ ᠲᠤᠮᠤ ᠤᠯᠤᠰ᠎ᠤᠨ ᠭᠠᠳᠠᠭᠠᠳᠤ ᠬᠠᠷᠢᠯᠴᠠᠭ᠎ᠠ ᠲᠤᠪᠤᠢᠮ᠎ᠠ ᠦᠷ᠎ᠡ ᠪᠦᠲᠦᠮᠵᠢ ᠤᠯᠪᠠ᠃ ᠲᠡᠷᠢᠭᠦᠯᠡᠭ᠌ᠴᠢ ᠰᠢ᠎ᠶ᠋ᠢᠨ ᠫᠢᠩ ᠵᠡᠷᠭᠡ ᠨᠠᠮ ᠪᠠ ᠲᠥᠷᠥ᠎ᠶ᠋ᠢᠨ ᠤᠳᠤᠷᠢᠳᠭᠤ ᠬᠥᠮᠦᠰ ᠸᠢᠳᠢᠣ᠋ ᠬᠡᠯᠪᠡᠷᠢ᠎ᠪᠠᠷ ᠳᠤᠮᠳᠠᠳᠤ ᠠᠹᠷᠢᠺᠠ᠎ᠶ᠋ᠢᠨ ᠪᠦᠯᠬᠦᠮᠳᠡᠨ ᠬᠢᠵᠢᠭ᠎ᠢ ᠡᠰᠡᠷᠭᠦᠴᠡᠬᠦ᠌ ᠣᠨᠴᠠᠭᠠᠢ ᠲᠦᠷᠦᠭᠦᠴᠦᠳ᠎ᠤᠨ ᠬᠤᠷᠠᠯ᠎ᠢ ᠡᠷᠬᠢᠯᠡᠵᠦ᠍᠂ ᠤᠯᠠᠨ ᠤᠯᠤᠰ᠎ᠤᠨ ᠬᠤᠯᠪᠣᠭᠠᠲᠤ ᠪᠠᠢᠭᠤᠯᠭ᠎ᠠ ᠪᠠᠢᠭᠤᠯᠤᠭ᠍ᠳᠠᠭ᠍ᠰᠠᠨ 75 ᠵᠢᠯ᠎ᠤᠨ ᠤᠢ᠎ᠶ᠋ᠢᠨ ᠱᠢᠷᠢᠰ ᠳᠡᠭᠡᠳᠦ ᠲᠡᠰ᠎ᠤᠨ ᠬᠤᠷᠠᠯᠳᠤᠭᠠᠨ᠂ ᠳᠡᠯᠡᠬᠡᠢ᠎ᠶ᠋ᠢᠨ ᠡᠷᠡᠭᠦᠯ ᠬᠠᠮᠠᠭᠠᠯᠠᠯ᠎ᠤᠨ ᠶᠡᠭᠡ ᠬᠤᠷᠠᠯ᠂ ᠬᠤᠷᠢᠨ ᠤᠯᠤᠰ᠎ᠤᠨ ᠪᠦᠯᠦᠭ᠌ᠯᠡᠯ᠎ᠤᠨ ᠤᠳᠤᠷᠢᠳᠭᠤ ᠬᠥᠮᠦᠰ᠎ᠤᠨ ᠲᠦᠷᠦᠭᠦᠴᠦᠳ᠎ᠤᠨ ᠬᠤᠷᠠᠯ᠂ ᠠᠽᠢᠶ᠎ᠠ ᠲᠢᠪ ᠨᠣᠮᠣᠬᠠᠨ ᠲᠠᠯᠠᠢ᠎ᠶ᠋ᠢᠨ ᠣᠷᠣᠨ᠎ᠤ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠭᠤ ᠬᠥᠮᠦᠰ᠎ᠤᠨ ᠠᠯᠪᠠᠨ ᠶᠣᠰᠣᠨ᠎ᠤ ᠪᠤᠰᠤ ᠬᠤᠷᠠᠯᠳᠤᠭᠠᠨ᠂ ᠳᠤᠮᠳᠠᠳᠤ ᠤᠯᠤᠰ — ᠧᠦ᠋ᠷᠣᠫᠠ᠎ᠶ᠋ᠢᠨ ᠬᠤᠯᠪᠣᠭ᠎ᠠ᠎ᠶ᠋ᠢᠨ ᠤᠳᠤᠷᠢᠳᠭᠤ ᠬᠥᠮᠦᠰ᠎ᠤᠨ ᠠᠭᠤᠯᠵᠠᠯᠲᠠ᠂ ᠵᠡᠭᠦᠨ ᠠᠽᠢᠶ᠎ᠠ᠎ᠶ᠋ᠢᠨ ᠬᠠᠮᠲᠤᠷᠠᠯᠴᠠᠭᠠᠨ᠎ᠤ ᠤᠳᠤᠷᠢᠳᠭᠤ ᠬᠥᠮᠦᠰ᠎ᠤᠨ ᠱᠢᠷᠢᠰ ᠬᠤᠷᠠᠯᠳᠤᠭᠠᠨ ᠵᠡᠷᠭᠡ ᠴᠢᠬᠤᠯᠠ ᠶᠡᠭᠡ ᠠᠵᠢᠯᠯᠠᠭ᠎ᠠ᠎ᠳᠤ ᠣᠷᠣᠯᠴᠠᠪᠠ᠃ ᠤᠯᠠᠨ ᠲᠠᠯᠠᠲᠤ ᠦᠵᠡᠯ᠎ᠢ ᠪᠠᠷᠢᠮᠲᠠᠯᠠᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠪᠠ᠃ ᠣᠯᠠᠨ ᠤᠯᠤᠰ᠎ᠤᠨ ᠬᠢᠵᠢᠭ᠎ᠢ ᠡᠰᠡᠷᠭᠦᠴᠡᠬᠦ᠌ ᠬᠠᠮᠲᠤᠷᠠᠯᠴᠠᠭ᠎ᠠ᠎ᠶ᠋ᠢ ᠳᠡᠮᠵᠢᠵᠦ᠍᠂ ᠬᠥᠮᠦᠨ ᠲᠥᠷᠥᠯᠬᠢᠲᠡᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠬᠠᠮᠲᠤ ᠎ᠶ᠋ᠢᠨ  ᠴᠣᠭ᠍ᠴᠠ᠎ᠶ᠋ᠢ ᠪᠠᠢᠭᠤᠯᠬᠤ᠎ᠶ᠋ᠢ ᠰᠠᠨᠠᠭᠠᠴᠢᠯᠠᠪᠠ᠃  ᠳᠤᠮᠳᠠᠳᠤ ᠤᠯᠤᠰ ᠳᠡᠯᠡᠬᠡᠶ᠎ᠶ᠋ᠢᠨ ᠡᠩᠭᠡ ᠲᠠᠢᠪᠤᠩ ᠪᠠ ᠬᠥᠭ᠌ᠵᠢᠯᠲᠡ᠎ᠶ᠋ᠢ ᠠᠬᠢᠭᠤᠯᠬᠤ ᠎ᠳᠤ ᠴᠢᠬᠤᠯᠠ ᠬᠤᠪᠢ ᠨᠡᠮᠡᠷᠢ ᠦᠵᠡᠭᠦᠯᠪᠡ᠃

ᠨᠢᠭᠡ ᠵᠢᠯ᠎ᠤᠨ ᠲᠤᠷᠱᠢᠬᠢ ᠠᠵᠢᠯ ᠲᠦᠢᠯ᠎ᠤᠨ ᠬᠢᠯᠪᠠᠷ ᠪᠤᠰᠤ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠪᠦᠬᠦ᠌ ᠲᠠᠯ᠎ᠠ᠎ᠶ᠋ᠢ ᠬᠠᠷᠠᠭᠠᠯᠵᠠᠨ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠳ᠋ᠦᠩᠱᠢᠭᠤᠷ ᠭᠠᠷᠤᠶ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ ᠳᠠᠭᠠᠷᠢᠯᠲᠠ᠎ᠶ᠋ᠢ ᠠᠷᠭᠠᠴᠠᠬᠤ ᠶᠠᠪᠤᠴᠠ᠎ᠳᠤ ᠪᠠᠲᠤ ᠴᠢᠩᠭ᠎ᠠ ᠤᠶᠠᠨ ᠬᠠᠳᠠᠨ ᠴᠢᠨᠠᠷ᠎ᠢ ᠢᠯᠡᠷᠡᠭᠦᠯᠦᠨ᠂ ᠥᠷᠭᠡᠨ ᠣᠯᠠᠨ ᠠᠷᠠᠳ ᠲᠦᠮᠡᠨ ᠱᠢᠷᠭᠠᠭᠤ ᠬᠠᠳᠠᠭᠤᠵᠢᠯᠲᠠᠢ ᠴᠢᠷᠮᠠᠢᠨ ᠵᠢᠳᠬᠦᠵᠦ᠍᠂ ᠴᠠᠭ᠎ᠤᠨ ᠪᠡᠷᠬᠡ᠎ᠶ᠋ᠢ ᠬᠠᠮᠲᠤ᠎ᠪᠠᠷ ᠲᠤᠭᠤᠯᠤᠨ᠂ ᠨᠤᠭᠤᠷᠠᠰᠢ ᠦᠭᠡᠢ ᠦᠨᠳᠦᠰᠦᠲᠡᠨ᠎ᠤ ᠵᠣᠷᠢᠭ ᠰᠠᠨᠠᠭ᠎ᠠ᠎ᠶ᠋ᠢ ᠲᠠᠢᠯᠪᠤᠷᠢᠯᠠᠨ ᠬᠠᠷᠠᠭᠤᠯᠵᠤ᠂ ᠠᠷᠠᠳ ᠲᠦᠮᠡᠨ ᠪᠣᠯ ᠵᠢᠩᠬᠢᠨᠢ ᠪᠠᠭᠠᠲᠤᠷ ᠪᠣᠯᠬᠤ᠎ᠶ᠋ᠢ ᠢᠯᠡᠷᠡᠭᠦᠯᠪᠡ᠂ ᠡᠨᠡ ᠪᠣᠯ ᠪᠢᠳᠡᠨ᠎ᠤ ᠠᠯᠢᠪᠠ ᠬᠦᠴᠢᠷ ᠪᠡᠷᠬᠡᠱᠢᠶᠡᠯ ᠪᠠ ᠱᠢᠯᠭᠠᠯᠲᠠ᠎ᠶ᠋ᠢ ᠢᠯᠠᠨ ᠳᠠᠪᠠᠭ᠍ᠤ᠎ᠶ᠋ᠢᠨ ᠬᠦᠴᠦᠨ ᠴᠢᠳᠠᠯ᠎ᠤᠨ ᠡᠬᠢ ᠪᠤᠯᠠᠭ ᠮᠥᠨ᠃

ᠲᠥᠯᠥᠭᠡᠯᠡᠭ᠌ᠴᠢᠳ ᠡ!

ᠥᠩᠭᠡᠷᠡᠭ᠌ᠰᠡᠨ ᠨᠢᠭᠡ ᠵᠢᠯ᠎ᠳᠤ ᠣᠯᠤᠭ᠍ᠰᠠᠨ ᠠᠮᠵᠢᠯᠲᠠ ᠪᠦᠲᠦᠮᠵᠢ ᠪᠤᠯ ᠰᠢ᠎ᠶ᠋ᠢᠨ ᠫᠢᠩ ᠨᠥᠬᠦᠷ᠎ᠢᠶᠠᠷ ᠭᠤᠤᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠡᠷᠡᠰ ᠴᠢᠩᠭ᠎ᠠ ᠤᠳᠤᠷᠢᠳᠤᠯᠭ᠎ᠠ᠎ᠶ᠋ᠢᠨ ᠦᠷ᠎ᠡ ᠳ᠋ᠦᠩ ᠮᠥᠨ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠣᠭᠤᠳᠤᠯᠭ᠎ᠠ᠎ᠶ᠋ᠢᠨ ᠦᠷ᠎ᠡ ᠳ᠋ᠦᠩ ᠮᠥᠨ᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠪᠦᠯᠬᠦᠮᠳᠡᠨ ᠲᠡᠮᠡᠴᠡᠭ᠌ᠰᠡᠨ᠎ᠤ ᠦᠷ᠎ᠡ ᠳ᠋ᠦᠩ ᠮᠥᠨ᠃ ᠪᠢ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠡᠮᠦᠨ᠎ᠡ᠎ᠠᠴᠠ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠂ ᠡᠯ᠎ᠡ ᠠᠷᠠᠳᠴᠢᠯᠠᠭ᠍ᠰᠠᠨ ᠨᠠᠮ ᠪᠦᠯᠦᠭ᠂ ᠡᠯ᠎ᠡ ᠠᠷᠠᠳ᠎ᠤᠨ ᠪᠦᠯᠬᠦᠮ ᠪᠣᠯᠤᠨ ᠡᠯ᠎ᠡ ᠡᠲᠡᠭᠡᠳ᠎ᠤᠨ ᠬᠥᠮᠦᠰ᠎ᠲᠤ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠦᠶ᠎ᠡ! ᠱᠢᠶᠠᠩᠭᠠᠩ᠎ᠤᠨ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠠᠬ᠎ᠠ ᠳᠡᠭᠦᠦ ᠨᠡᠷ᠂ ᠣᠣᠮᠧᠨ᠎ᠤ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠠᠬ᠎ᠠ ᠳᠡᠭᠦᠦ ᠨᠡᠷ᠂ ᠲᠠᠢᠸᠠᠨ᠎ᠤ ᠠᠬ᠎ᠠ ᠳᠡᠭᠦᠦ ᠨᠡᠷ ᠪᠠ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ᠎ᠲᠤ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠦᠶ᠎ᠡ! ᠳᠤᠮᠳᠠᠳᠤ ᠤᠯᠤᠰ᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢ ᠬᠠᠯᠠᠮᠵᠢᠯᠠᠨ ᠳᠠᠮᠵᠢᠵᠤ ᠪᠠᠢᠭ᠎ᠠ ᠡᠯ᠎ᠡ ᠤᠯᠤᠰ᠎ᠤᠨ ᠵᠠᠰᠠᠭ᠎ᠤᠨ ᠣᠷᠳᠣᠨ᠂ ᠣᠯᠠᠨ ᠤᠯᠤᠰ᠎ᠤᠨ ᠵᠣᠬᠢᠶᠠᠨ ᠪᠠᠢᠭᠤᠯᠤᠯᠲᠠ ᠪᠣᠯᠤᠨ ᠡᠯ᠎ᠡ ᠤᠯᠤᠰ᠎ᠤᠨ ᠨᠠᠢᠵᠠ ᠨᠠᠷ᠎ᠲᠤ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠦᠶ᠎ᠡ!

ᠠᠮᠵᠢᠯᠲᠠ᠎ᠪᠠᠨ ᠨᠤᠲᠠᠯᠠᠬᠤ᠎ᠶ᠋ᠢᠨ ᠵᠡᠷᠭᠡᠴᠡᠭᠡ᠎ᠪᠠᠷ᠂ ᠪᠢᠳᠡ ᠪᠠᠰᠠ ᠲᠤᠯᠭᠠᠷᠠᠵᠤ ᠪᠠᠢᠭ᠎ᠠ ᠪᠡᠷᠬᠡᠱᠢᠶᠠᠯ ᠪᠠ ᠱᠢᠯᠭᠠᠯᠲᠠ᠎ᠶ᠋ᠢ ᠰᠡᠷᠭᠡᠭ᠎ᠢᠶᠠᠷ ᠣᠯᠵᠤ ᠬᠠᠷᠠᠪᠠ᠃ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ ᠮᠥᠨ ᠯᠡ ᠪᠥᠮᠪᠥᠷᠴᠡᠭ ᠳᠠᠶᠠᠭᠠᠷ᠎ᠲᠤ ᠳᠡᠯᠭᠡᠷᠡᠵᠦ᠍᠂ ᠳᠡᠯᠡᠬᠡᠶ᠎ᠶ᠋ᠢᠨ ᠪᠠᠢᠳᠠᠯ᠎ᠳᠠᠬᠢ ᠲᠣᠭ᠍ᠲᠠᠭᠤᠨ ᠪᠤᠰᠤ ᠳᠤᠭ᠍ᠳᠠᠭ᠍ᠰᠠᠨ ᠪᠤᠰᠤ ᠬᠦᠴᠦᠨ ᠵᠦᠢᠯ ᠤᠯᠠᠱᠢᠷᠠᠨ᠂ ᠳᠠᠯᠠᠬᠡᠢ᠎ᠶ᠋ᠢᠨ ᠠᠵᠤ ᠠᠬᠤᠢ᠎ᠶ᠋ᠢᠨ ᠪᠠᠢᠳᠠᠯ ᠲᠦᠪᠡᠭ ᠪᠤᠳᠤᠯᠢᠶᠠᠨᠳᠠᠢ ᠪᠦᠬᠡᠳ ᠬᠦᠨᠳᠦ ᠬᠡᠴᠡᠬᠦᠦ ᠪᠠᠢᠨ᠎ᠠ᠃ ᠤᠯᠤᠰ᠎ᠤᠨ ᠳᠣᠲᠣᠭᠠᠳᠤ᠎ᠶ᠋ᠢᠨ ᠬᠢᠵᠢᠭ᠎ᠢ ᠰᠡᠷᠭᠡᠢᠯᠡᠨ ᠬᠢᠵᠠᠭᠠᠷᠯᠠᠬᠤ ᠠᠵᠢᠯ᠎ᠳᠤ ᠮᠦᠨ ᠯᠡ ᠪᠠᠭᠤᠷᠠᠶ ᠭᠤᠭ᠍ᠴᠤᠭ᠎ᠠ ᠤᠷᠤᠱᠢᠵᠤ᠂ ᠠᠵᠤ ᠠᠬᠤᠶ᠎ᠶ᠋ᠢᠨ ᠰᠡᠷᠭᠦᠯᠲᠡ᠎ᠶ᠋ᠢᠨ ᠰᠠᠭᠤᠷᠢ ᠬᠠᠷᠠᠬᠠᠨ ᠪᠠᠲᠤ ᠪᠢᠰᠢ᠂ ᠰᠠᠭᠤᠭᠠᠯᠢ ᠠᠷᠠᠳ᠎ᠤᠨ ᠬᠡᠷᠡᠭ᠌ᠯᠡᠭᠡ ᠮᠥᠨ ᠯᠡ ᠬᠢᠵᠠᠭᠠᠷᠯᠠᠭ᠍ᠳᠠᠵᠤ᠂ ᠪᠡᠯᠡ ᠣᠷᠣᠭᠤᠯᠤᠯᠲᠠ᠎ᠶ᠋ᠢᠨ ᠨᠡᠮᠡᠭ᠌ᠳᠡᠯ᠎ᠤᠨ ᠰᠡᠯᠭᠦᠬᠦ᠌ ᠬᠦᠴᠦᠨ ᠰᠤᠯᠠ᠂ ᠳᠤᠮᠳᠠ ᠵᠢᠵᠢᠭ ᠪᠢᠴᠢᠯ ᠠᠵᠤ ᠠᠬᠤᠢᠯᠠᠯ ᠪᠣᠯᠤᠨ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠬᠦᠴᠢᠷᠳᠡᠯ ᠨᠡᠯᠢᠶᠡᠳ ᠣᠯᠠᠨ᠂ ᠠᠵᠢᠯ ᠣᠯᠭᠤᠯᠲᠠ᠎ᠶ᠋ᠢ ᠲᠣᠭ᠍ᠲᠠᠭᠤᠨ ᠪᠠᠢᠯᠭᠠᠬᠤ ᠳᠠᠷᠤᠯᠲᠠ ᠨᠡᠯᠢᠶᠡᠳ ᠶᠡᠭᠡ ᠪᠠᠢᠨ᠎ᠠ᠃ ᠵᠠᠩᠭᠢᠯᠠᠭ᠎ᠠ᠎ᠶ᠋ᠢᠨ ᠬᠦᠷᠢᠶᠡᠨ᠎ᠳᠠᠬᠢ ᠱᠢᠨ᠎ᠡ᠎ᠶ᠋ᠢ ᠡᠭᠦᠳᠬᠦ᠌ ᠴᠢᠳᠠᠪᠤᠷᠢ ᠴᠢᠩᠭ᠎ᠠ ᠪᠢᠰᠢ ᠪᠠᠢᠨ᠎ᠠ᠃ ᠵᠠᠷᠢᠮ ᠭᠠᠵᠠᠷ ᠣᠷᠣᠨ᠎ᠤ ᠡᠳ᠋᠎ᠤᠨ ᠵᠠᠰᠠᠭ᠎ᠤᠨ ᠣᠷᠣᠯᠭ᠎ᠠ ᠵᠠᠷᠤᠯᠭ᠎ᠠ᠎ᠶ᠋ᠢᠨ ᠵᠥᠷᠢᠴᠡᠯ ᠲᠤᠪᠤᠢᠮ᠎ᠠ ᠪᠠᠢᠵᠤ᠂ ᠮᠥᠩᠭᠦᠨ ᠭᠦᠢᠯᠭᠡᠭᠡ ᠵᠡᠷᠭᠡ ᠬᠦᠷᠢᠶᠡᠨ᠎ᠳᠠᠬᠢ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠡᠭᠦᠷᠭᠡ ᠮᠥᠨ ᠯᠡ ᠪᠡᠷᠬᠡ ᠬᠠᠲᠠᠭᠤᠵᠢᠯᠲᠠᠶ ᠪᠠᠢᠨ᠎ᠠ᠃ ᠠᠮᠢ ᠠᠬᠤᠢ᠎ᠶ᠋ᠢᠨ ᠣᠷᠴᠢᠨ ᠨᠦᠬᠦᠴᠡᠯ᠎ᠤᠨ ᠬᠠᠮᠠᠭᠠᠯᠠᠯᠲᠠ᠎ᠶ᠋ᠢᠨ ᠡᠭᠦᠷᠭᠡ ᠬᠦᠨᠳᠦ ᠵᠠᠮ ᠬᠤᠯᠠ ᠪᠠᠢᠨ᠎ᠠ᠃ ᠠᠷᠠᠳ᠎ᠤᠨ ᠠᠮᠢᠳᠤᠷᠠᠯ᠎ᠤᠨ ᠬᠦᠷᠢᠶᠡᠨ᠎ᠳᠤ ᠪᠠᠰᠠ ᠴᠥᠭᠡᠨ ᠪᠤᠰᠤ ᠳᠤᠲᠠᠭᠤᠳᠠᠯ ᠣᠷᠣᠱᠢᠵᠤ ᠪᠠᠢᠨ᠎ᠠ᠃ ᠵᠠᠰᠠᠭ᠎ᠤᠨ ᠣᠷᠳᠣᠨ᠎ᠤ ᠠᠵᠢᠯ᠎ᠳᠤ ᠬᠦᠷᠦᠯᠴᠡᠬᠦ᠌ ᠦᠭᠡᠢ ᠲᠠᠯ᠎ᠠ ᠣᠷᠣᠱᠢᠵᠤ᠂ ᠬᠡᠯᠪᠡᠷᠢ᠎ᠶ᠋ᠢᠨ ᠦᠵᠡᠯ᠂ ᠨᠣᠶᠠᠨᠴᠢ ᠰᠤᠷᠲᠠᠯ ᠠᠳᠠᠯᠢ ᠪᠤᠰᠤ ᠬᠡᠮᠵᠢᠶ᠎ᠡ᠎ᠪᠠᠷ ᠣᠷᠣᠱᠢᠵᠤ᠂ ᠴᠥᠭᠡᠨ ᠲᠣᠭᠠᠨ᠎ᠤ ᠺᠠᠳ᠋ᠷ ᠬᠠᠷᠢᠭᠤᠴᠠᠯᠭ᠎ᠠ ᠡᠭᠦᠷᠭᠡᠯᠡᠬᠦ᠌ ᠦᠭᠡᠢ᠂ ᠠᠵᠢᠯ ᠬᠢᠬᠦ᠌ ᠦᠭᠡᠢ᠂ ᠠᠵᠢᠯ ᠬᠢᠬᠦ᠌᠎ᠳᠡᠭᠡᠨ ᠴᠢᠳᠠᠮᠠᠭᠠᠢ ᠪᠢᠰᠢ ᠪᠠᠢᠨ᠎ᠠ᠃ ᠵᠠᠷᠢᠮ ᠬᠦᠷᠢᠶᠡᠨ᠎ᠳᠤ ᠢᠯᠵᠠᠷᠠᠯ᠎ᠤᠨ ᠠᠰᠠᠭᠤᠳᠠᠯ ᠮᠥᠨ ᠯᠡ ᠭᠠᠷᠴᠤ᠌ ᠪᠠᠢᠨ᠎ᠠ᠃ ᠪᠢᠳᠡ ᠵᠠᠪᠠᠯ ᠠᠰᠠᠭᠤᠳᠠᠯ ᠪᠠ ᠱᠢᠯᠭᠠᠯᠲᠠ᠎ᠳᠤ ᠱᠢᠭᠤᠳ ᠬᠠᠨᠳᠤᠨ᠂ ᠪᠦᠬᠦ᠌ ᠰᠡᠳᠭᠢᠯ ᠪᠦᠬᠦ᠌ ᠴᠢᠳᠠᠯ᠎ᠢᠶᠠᠷ᠎ᠢᠶᠠᠨ ᠠᠵᠢᠯ᠎ᠢᠶᠠᠨ ᠰᠠᠢᠵᠢᠷᠠᠭᠤᠯᠵᠤ᠂ ᠠᠷᠠᠳ ᠲᠦᠮᠡᠨ᠎ᠤ ᠬᠦᠰᠡᠯ ᠡᠷᠡᠮᠡᠯᠵᠡᠯ᠎ᠢ ᠶᠠᠭᠠᠬᠢᠭ᠍ᠰᠠᠨ ᠴᠤ᠌ ᠬᠥᠰᠡᠷᠳᠡᠭᠦᠯᠬᠦ᠌ ᠦᠭᠡᠢ ᠪᠠᠢᠬᠤ ᠬᠡᠷᠡᠭ᠌ᠲᠡᠢ!

ᠬᠤᠶᠠᠷ᠂ ᠠᠷᠪᠠᠨ ᠭᠤᠷᠪᠠᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ ᠪᠠ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠭᠤᠤᠯ ᠭᠤᠤᠯ ᠬᠠᠷᠠᠯᠲᠠ ᠡᠭᠦᠷᠭᠡ

ᠥᠩᠭᠡᠷᠡᠭ᠌ᠰᠡᠨ ᠲᠠᠪᠤᠨ ᠵᠢᠯ᠎ᠳᠤ᠂ ᠮᠠᠨ᠎ᠤ ᠤᠯᠤᠰ᠎ᠤᠨ ᠠᠵᠤ ᠠᠬᠤᠶ ᠨᠡᠢᠭᠡᠮ᠎ᠤᠨ ᠬᠥᠭ᠌ᠵᠢᠯᠲᠡ ᠲᠡᠦᠬᠡᠲᠦ ᠴᠢᠨᠠᠷᠲᠠᠶ ᠱᠢᠨ᠎ᠡ ᠠᠮᠵᠢᠯᠲᠠ ᠪᠦᠲᠦᠮᠵᠢ ᠤᠯᠪᠠ᠃ ᠠᠵᠤ ᠠᠬᠤᠶ᠎ᠶ᠋ᠢᠨ ᠠᠵᠢᠯᠯᠠᠭᠠᠨ ᠶᠡᠷᠦᠩᠬᠡᠶ᠎ᠳᠡᠭᠡᠨ ᠲᠣᠭ᠍ᠲᠠᠭᠤᠨ ᠪᠠᠢᠵᠤ᠂ ᠠᠵᠤ ᠠᠬᠤᠶ᠎ᠶ᠋ᠢᠨ ᠪᠦᠲᠦᠴᠡ ᠦᠷᠭᠦᠯᠵᠢᠯᠡᠨ ᠱᠢᠯᠢᠳᠡᠭ᠌ᠵᠢᠵᠦ᠍᠂ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠪᠦᠬᠦ᠌ ᠦᠷᠳᠡᠭ 70 ᠲᠦᠮᠡᠨ ᠳ᠋ᠦᠩᠱᠢᠭᠤᠷ ᠲᠥᠭᠦᠷᠢᠭ ᠬᠦᠷᠬᠦ᠌ ᠦᠭᠡᠢ ᠪᠠᠢᠭ᠍ᠰᠠᠨ᠎ᠠᠴᠠ᠎ᠪᠠᠨ 100 ᠲᠦᠮᠨ ᠭᠠᠷᠤᠢ ᠳ᠋ᠦᠩᠱᠢᠭᠤᠷ ᠲᠥᠭᠦᠷᠢᠭ ᠪᠣᠯᠲᠠᠯ᠎ᠠ ᠨᠡᠮᠡᠭ᠌ᠳᠡᠪᠡ᠃ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠤᠯᠤᠰ ᠣᠷᠣᠨ᠎ᠤ ᠪᠦᠳᠦᠭᠡᠨ ᠪᠠᠢᠭᠤᠯᠤᠯᠲᠠ ᠡᠯᠪᠡᠭ ᠳᠡᠯᠪᠡᠭ ᠦᠷ᠎ᠡ ᠪᠦᠲᠦᠭᠡᠯ ᠣᠯᠵᠤ᠂ ᠬᠥᠮᠦᠨ ᠰᠠᠭᠤᠯᠭᠠᠭ᠍ᠰᠠᠨ ᠰᠠᠨᠰᠠᠷ᠎ᠤᠨ ᠠᠶᠠᠯᠠᠯ᠂ ᠰᠠᠷᠠᠨ ᠪᠥᠮᠪᠥᠷᠴᠡᠭ᠎ᠢ ᠬᠠᠢᠨ ᠱᠢᠨᠵᠢᠯᠡᠬᠦ᠌ ᠢᠨᠵᠧᠨᠧᠷᠢᠩ᠂ ᠭᠦᠨ ᠳᠠᠯᠠᠢ᠎ᠶ᠋ᠢᠨ ᠢᠨᠵᠧᠨᠧᠷᠢᠩ᠂ ᠭᠡᠳᠤ ᠪᠤᠳᠤᠯᠳᠠ᠂ ᠺᠸᠠᠨ᠋ᠲ ᠮᠡᠳᠡᠭᠡ ᠵᠠᠩᠭᠢ ᠵᠡᠷᠭᠡ ᠬᠦᠷᠢᠶᠡᠨ᠎ᠳᠤ ᠨᠢᠭᠡ ᠪᠦᠯᠦᠭ ᠴᠢᠬᠤᠯᠠ ᠶᠡᠭᠡ ᠱᠢᠨᠵᠢᠯᠡᠬᠦ᠌ ᠤᠬᠠᠭᠠᠨ ᠮᠡᠷᠭᠡᠵᠢᠯ᠎ᠤᠨ ᠦᠷ᠎ᠡ ᠪᠦᠲᠦᠭᠡᠯ ᠤᠯᠪᠠ᠃ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠭ᠌ᠰᠡᠨ ᠦᠷ᠎ᠡ ᠪᠦᠲᠦᠭᠡᠯ ᠳᠡᠯᠡᠬᠡᠶ ᠳ᠋ᠠᠬᠢᠨ᠎ᠤ ᠠᠩᠬᠠᠷᠤᠯ᠎ᠢ ᠲᠠᠲᠠᠵᠤ᠂ ᠬᠥᠳᠡᠭᠡ ᠲᠣᠰᠭᠤᠨ᠎ᠤ 5575 ᠲᠦᠮᠡᠨ ᠶᠠᠳᠠᠭᠤ ᠬᠦᠴᠢᠷᠳᠡᠯ᠎ᠲᠠᠢ ᠬᠥᠮᠦᠨ ᠠᠮᠠ᠎ᠶ᠋ᠢ ᠶᠠᠳᠠᠭᠤ᠎ᠠᠴᠠ ᠠᠩᠭᠢᠵᠢᠷᠠᠭᠤᠯᠤᠨ᠂ ᠡᠪᠬᠡᠮᠡᠯ ᠪᠠᠢᠭᠤᠯᠤᠨ ᠺᠠᠷᠳ᠋ᠯᠠᠨ ᠲᠠᠩᠰᠠᠯᠠᠭ᠍ᠰᠠᠨ 960 ᠭᠠᠷᠤᠶ ᠲᠦᠮᠡᠨ ᠶᠠᠳᠠᠭᠤ ᠬᠦᠴᠢᠷᠳᠡᠯ᠎ᠲᠠᠢ ᠬᠥᠮᠦᠨ ᠠᠮᠠ᠎ᠶ᠋ᠢ ᠣᠨᠳᠣᠤ ᠭᠠᠵᠠᠷ᠎ᠲᠤ ᠨᠡᠭᠦᠯᠭᠡᠨ ᠶᠠᠳᠠᠭᠤ᠎ᠶ᠋ᠢ ᠲᠡᠳᠬᠦᠬᠦ᠌᠎ᠪᠠᠷ ᠳᠡᠮᠵᠢᠨ 《ᠨᠤᠲᠤᠭ ᠤᠰᠤ᠎ᠨᠢ ᠬᠦᠮᠦᠨ ᠠᠷᠠᠳ᠎ᠢᠶᠠᠨ ᠳᠠᠵᠢᠬᠡᠬᠦ᠌᠎ᠳᠤ ᠪᠡᠷᠬᠡᠳᠡᠢ ᠪᠠᠢᠬᠤ》 ᠬᠦᠴᠢᠷᠳᠡᠯ᠎ᠠᠴᠠ ᠠᠩᠭᠢᠵᠢᠷᠠᠭᠤᠯᠵᠤ᠂ ᠣᠷᠣᠨ ᠪᠦᠰᠡ᠎ᠶ᠋ᠢᠨ ᠴᠢᠨᠠᠷᠲᠠᠶ ᠪᠦᠬᠦᠯᠢ ᠴᠣᠭ᠍ᠴᠠ᠎ᠶ᠋ᠢᠨ ᠶᠠᠳᠠᠭᠤ ᠬᠦᠴᠢᠷᠳᠡᠯ᠎ᠢ ᠱᠢᠢᠳᠪᠦᠷᠢᠯᠡᠨ᠂ ᠲᠦᠢᠯ᠎ᠤᠨ ᠶᠠᠳᠠᠭᠤ ᠬᠦᠴᠢᠷᠳᠡᠯ᠎ᠲᠠᠢ ᠪᠠᠢᠳᠠᠯ᠎ᠢ ᠠᠷᠢᠯᠭᠠᠬᠤ ᠬᠠᠲᠠᠭᠤ ᠪᠡᠷᠬᠡ ᠡᠭᠦᠷᠭᠡ᠎ᠶ᠋ᠢ ᠪᠡᠶᠡᠯᠡᠭᠦᠯᠪᠡ᠃ ᠲᠠᠷᠢᠶᠠᠯᠠᠩ᠎ᠤᠨ ᠣᠳᠣᠬᠢᠴᠢᠯᠠᠯᠲᠠ ᠯᠠᠪᠳᠠᠭᠤᠨ᠎ᠢᠶᠠᠷ ᠠᠬᠢᠵᠤ᠂ ᠠᠮᠤ ᠪᠤᠳᠠᠭᠠᠨ᠎ᠤ ᠦᠢᠯᠡᠳᠪᠦᠷᠢᠯᠡᠯ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠪᠠ᠃ 1 ᠳ᠋ᠦᠩᠱᠢᠭᠤᠷ ᠲᠠᠷᠢᠶᠠᠯᠠᠩ᠎ᠠᠴᠠ ᠱᠢᠯᠵᠢᠭ᠌ᠰᠡᠨ ᠬᠥᠮᠦᠨ ᠠᠮᠠ ᠪᠠ ᠪᠤᠰᠤᠳ ᠪᠠᠢᠩᠭᠤ ᠰᠠᠭᠤᠭ᠎ᠠ ᠬᠥᠮᠦᠨ ᠠᠮᠠ᠎ᠶ᠋ᠢ ᠬᠤᠲᠠ ᠪᠠᠯᠭᠠᠰᠤᠨ᠎ᠳᠤ ᠡᠷᠦᠬᠡ ᠠᠮᠠ ᠣᠷᠣᠭᠤᠯᠬᠤ ᠬᠠᠷᠠᠯᠲᠠ᠎ᠶ᠋ᠢ ᠤᠷᠤᠭ᠍ᠰᠢᠲᠠᠶ ᠪᠡᠶᠡᠯᠡᠭᠦᠯᠵᠦ᠍᠂ ᠬᠤᠳᠠ ᠪᠠᠯᠭᠠᠰᠤᠨ᠎ᠤ ᠲᠦᠬᠦᠮ ᠪᠦᠳᠦᠴᠡᠳᠤ ᠣᠷᠣᠨ ᠰᠠᠭᠤᠴᠠ᠎ᠶ᠋ᠢᠨ ᠲᠣᠭᠤᠷᠢᠭ᠎ᠤᠨ 2100 ᠲᠦᠮᠡᠨ ᠢᠵᠢ ᠣᠷᠣᠨ ᠰᠠᠭᠤᠴᠠ᠎ᠶ᠋ᠢ ᠥᠭᠡᠷᠡᠴᠢᠯᠡᠨ ᠵᠠᠰᠠᠪᠡ᠃ ᠣᠷᠣᠨ ᠪᠦᠰᠡ᠎ᠶ᠋ᠢᠨ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢ ᠯᠠᠪᠳᠠᠭᠤᠨ ᠪᠠᠲᠤᠲᠠᠶ ᠠᠬᠢᠭᠤᠯᠪᠠ᠃ ᠪᠣᠬᠢᠷᠲᠤᠯ᠎ᠢ ᠰᠡᠷᠭᠡᠢᠯᠡᠨ ᠵᠠᠰᠠᠬᠤ ᠡᠷᠴᠢᠮ᠎ᠢ ᠴᠢᠩᠭᠠᠷᠠᠭᠤᠯᠵᠤ᠂ ᠡᠬᠢ ᠪᠠᠶᠠᠯᠢᠭ ᠡᠨᠧᠷᠭᠢ᠎ᠶ᠋ᠢᠨ ᠰᠤᠷᠪᠤᠯᠵᠢ᠎ᠶ᠋ᠢᠨ ᠠᠱᠢᠡᠡᠯᠠᠮᠵᠢ᠎ᠶ᠋ᠢ ᠢᠯᠡᠳᠲᠡ ᠳᠡᠭᠡᠭ᠌ᠰᠢᠯᠡᠭᠦᠯᠵᠦ᠍᠂ ᠠᠮᠢ ᠠᠬᠤᠶ᠎ᠶ᠋ᠢᠨ ᠣᠷᠴᠢᠨ ᠨᠥᠬᠦᠴᠡᠯ᠎ᠢ ᠢᠯᠡᠳᠲᠡ ᠰᠠᠢᠵᠢᠷᠠᠭᠤᠯᠪᠠ᠃ ᠮᠥᠩᠭᠦᠨ ᠭᠦᠢᠯᠭᠡᠭᠡᠨ᠎ᠤ ᠲᠦᠭ᠌ᠰᠢᠭᠦᠷᠢ᠎ᠶ᠋ᠢ ᠱᠢᠢᠳᠪᠦᠷᠢᠯᠡᠬᠦ᠌ ᠠᠵᠢᠯ ᠱᠠᠳᠤ ᠦᠶᠡᠴᠢ ᠴᠢᠨᠠᠷᠲᠠᠶ ᠴᠢᠬᠤᠯᠠ ᠦᠷ᠎ᠡ ᠪᠦᠲᠦᠭᠡᠯ ᠤᠯᠪᠠ᠃ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠠᠵᠢᠯ ᠴᠢᠬᠤᠯᠠ ᠶᠡᠭᠡ ᠱᠢᠪᠲᠤᠯᠤᠯᠲᠠ᠎ᠲᠠᠢ ᠪᠣᠯᠵᠤ᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠦᠷᠭᠦᠯᠵᠢᠯᠡᠨ ᠠᠬᠢᠭᠤᠯᠵᠤ᠂ 《ᠪᠠᠭᠤᠯᠭᠠᠬᠤ ᠤᠶᠠᠯᠳᠤᠭᠤᠯᠬᠤ ᠱᠢᠯᠢᠳᠡᠭ᠌ᠵᠢᠬᠦᠯᠬᠦ᠌》 ᠥᠭᠡᠷᠡᠴᠢᠯᠡᠯᠲᠡ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠦᠨ᠂ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠦᠷᠭᠦᠯᠵᠢᠯᠡᠨ ᠰᠠᠢᠵᠢᠷᠠᠭᠤᠯᠪᠠ᠃ ᠭᠠᠳᠠᠭ᠍ᠰᠢ ᠨᠡᠭᠡᠭᠡᠯᠲᠡ᠎ᠶ᠋ᠢ ᠦᠷᠭᠦᠯᠵᠢᠯᠡᠨ ᠥᠷᠭᠡᠳᠭᠡᠵᠦ᠍᠂ 《ᠨᠢᠭᠡ ᠪᠦᠰᠡ ᠨᠢᠭᠡ ᠵᠠᠮ》 ᠎ᠢ ᠬᠠᠮᠲᠤ᠎ᠪᠠᠷ ᠪᠦᠲᠦᠭᠡᠨ ᠪᠠᠢᠭᠤᠯᠬᠤ ᠠᠵᠢᠯ ᠡᠯᠪᠡᠭ ᠳᠡᠯᠪᠡᠭ ᠦᠷ᠎ᠡ ᠪᠦᠲᠦᠭᠡᠯ ᠤᠯᠪᠠ᠃ ᠠᠷᠠᠳ᠎ᠤᠨ ᠠᠮᠢᠳᠤᠷᠠᠯ᠎ᠤᠨ ᠲᠦᠪᠱᠢᠨ᠎ᠢ ᠢᠯᠡᠳᠲᠡ ᠳᠡᠭᠡᠭ᠌ᠰᠢᠯᠡᠭᠦᠯᠵᠦ᠍᠂ ᠬᠤᠲᠠ ᠪᠠᠯᠭᠠᠰᠤᠨ᠎ᠳᠤ ᠠᠵᠢᠯ ᠤᠯᠤᠭ᠍ᠰᠠᠨ ᠬᠦᠮᠦᠨ᠎ᠢ 6000 ᠲᠦᠮᠡ ᠱᠢᠨ᠎ᠡ᠎ᠪᠠᠷ ᠨᠡᠮᠡᠭ᠌ᠳᠡᠭᠦᠯᠦᠨ᠂ ᠳᠡᠯᠡᠬᠡᠶ ᠳᠡᠭᠡᠷᠡᠬᠢ ᠬᠡᠪᠴᠢᠶ᠎ᠡ᠎ᠪᠠᠷ ᠬᠠᠮᠤᠭ᠎ᠤᠨ ᠶᠡᠭᠡ ᠨᠡᠢᠭᠡᠮ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠪᠠᠢᠭᠤᠯᠪᠠ᠃ ᠶᠠᠳᠠᠭᠤ ᠬᠦᠴᠢᠷᠳᠡᠯ᠎ᠲᠠᠢ ᠵᠡᠮᠳᠡᠭ ᠬᠦᠮᠦᠰ᠎ᠲᠤ ᠠᠮᠢᠳᠤᠷᠠᠯ᠎ᠤᠨ ᠨᠦᠬᠦᠪᠤᠷᠢ ᠤᠯᠭᠤᠬᠤ ᠪᠠ ᠬᠦᠨᠳᠤ ᠵᠡᠮᠳᠡᠭ ᠬᠦᠮᠦᠰ᠎ᠲᠤ ᠠᠰᠠᠷᠠᠨ ᠬᠠᠷᠠᠭᠠᠯᠵᠠᠬᠤ ᠨᠦᠬᠦᠪᠤᠷᠢ ᠤᠯᠭᠤᠬᠤ ᠳᠦᠷᠢᠮ᠎ᠢ ᠪᠦᠬᠦ᠌ ᠲᠠᠯ᠎ᠠ᠎ᠪᠠᠷ ᠪᠠᠢᠭᠤᠯᠤᠨ ᠬᠡᠷᠡᠭ᠌ᠵᠢᠭᠦᠯᠪᠡ᠃ ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ᠂ ᠰᠤᠶᠤᠯ ᠵᠡᠷᠬᠡ ᠬᠦᠷᠢᠶᠠᠨ᠎ᠤ ᠬᠦᠭ᠌ᠵᠢᠯᠳᠠ ᠱᠢᠨ᠎ᠡ ᠠᠮᠵᠢᠯᠳᠠ ᠪᠦᠳᠦᠮᠵᠢ ᠤᠯᠵᠤ᠂ ᠰᠤᠷᠭᠠᠨ ᠬᠥᠮᠦᠵᠢᠯ᠎ᠤᠨ ᠭᠤᠤᠯᠴᠢ ᠳᠡᠭ᠌ᠰᠢ ᠪᠠᠢᠬᠤ ᠶᠠᠪᠤᠳᠠᠯ ᠪᠠ ᠶᠠᠰᠤ ᠴᠢᠨᠠᠷ᠎ᠢ ᠨᠡᠯᠢᠶᠡᠳ ᠶᠡᠭᠡ᠎ᠪᠠᠷ ᠳᠡᠭᠡᠭ᠌ᠰᠢᠯᠡᠭᠦᠯᠦᠨ᠂ ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠰ᠎ᠢ ᠲᠦᠷᠭᠡᠯᠡᠨ ᠬᠥᠭ᠌ᠵᠢᠭᠦᠯᠵᠦ᠍᠂ ᠰᠣᠶᠣᠯ᠎ᠤᠨ ᠦᠢᠯᠡᠰ ᠪᠠ ᠰᠣᠶᠣᠯ᠎ᠤᠨ ᠠᠵᠤ ᠦᠢᠯᠡᠰ᠎ᠢ ᠴᠡᠴᠡᠭ᠌ᠯᠡᠭᠦᠯᠦᠨ ᠬᠥᠭ᠌ᠵᠢᠭᠦᠯᠪᠡ᠃ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠬᠢᠷᠢ ᠬᠡᠮᠵᠢᠶ᠎ᠡ᠎ᠶ᠋ᠢ ᠶᠡᠭᠡ᠎ᠪᠠᠷ ᠳᠡᠭᠡᠭ᠌ᠰᠢᠯᠡᠭᠦᠯᠪᠡ᠃ ᠤᠯᠤᠰ᠎ᠤᠨ ᠠᠮᠤᠷ ᠲᠦᠪᠱᠢᠨ᠎ᠢ ᠪᠦᠬᠦ᠌ ᠲᠠᠯ᠎ᠠ᠎ᠪᠠᠷ ᠴᠢᠩᠭᠠᠳᠭᠠᠵᠤ᠂ ᠨᠡᠢᠭᠡᠮ᠎ᠤᠨ ᠡᠶ᠎ᠡ ᠵᠣᠬᠢᠴᠠᠯ ᠪᠠ ᠲᠣᠭ᠍ᠲᠠᠭᠤᠨ ᠪᠠᠢᠳᠠᠯ᠎ᠢ ᠪᠠᠲᠤᠯᠠᠪᠠ᠃ ᠲᠠᠪᠤᠨ ᠵᠢᠯ ᠦᠷᠬᠦᠯᠵᠢᠯᠡᠨ ᠲᠡᠮᠡᠴᠡᠬᠦ᠌᠎ᠪᠠᠷ ᠳᠠᠮᠵᠢᠨ᠂ ᠠᠷᠪᠠᠨ ᠭᠤᠷᠪᠠᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠭᠤᠤᠯ ᠭᠤᠤᠯ ᠬᠠᠷᠠᠯᠲᠠ ᠡᠭᠦᠷᠭᠡ᠎ᠶ᠋ᠢ ᠢᠯᠠᠯᠲᠠ᠎ᠲᠠᠢ᠎ᠪᠠᠷ ᠪᠡᠶᠡᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠦᠢᠯᠡᠰ ᠤᠷᠤᠭ᠍ᠰᠢ᠎ᠪᠠᠨ ᠲᠤᠮᠤ ᠨᠢᠭᠡ ᠱᠢᠨ᠎ᠡ ᠠᠯᠬᠤᠮ᠎ᠢ ᠠᠯᠬᠤᠪᠠ᠃

ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠯᠠᠯ᠎ᠢ ᠡᠬᠢᠯᠡᠭᠦᠯᠬᠦ᠌ ᠠᠩᠬᠠᠨ᠎ᠤ ᠲᠠᠪᠤᠨ ᠵᠢᠯ ᠮᠥᠨ᠃ ᠮᠠᠨ᠎ᠤ ᠤᠯᠤᠰ᠎ᠤᠨ ᠬᠥᠭ᠌ᠵᠢᠯᠲᠡ ᠮᠥᠨ ᠯᠡ ᠴᠢᠬᠤᠯᠠ ᠪᠠᠢᠯᠳᠤᠬᠤ ᠪᠤᠳᠤᠯᠭ᠎ᠠ᠎ᠶ᠋ᠢᠨ ᠲᠣᠬᠢᠶᠠᠯᠳᠤ ᠬᠤᠭᠤᠴᠠᠭᠠᠨ᠎ᠳᠤ ᠣᠷᠣᠱᠢᠵᠤ ᠪᠠᠢᠭ᠎ᠠ ᠪᠤᠯᠪᠠᠴᠤ᠌ ᠲᠣᠬᠢᠶᠠᠯ ᠪᠠ ᠱᠢᠯᠭᠠᠯᠲᠠ᠎ᠳᠤ ᠴᠥᠮ ᠱᠢᠨ᠎ᠡ ᠬᠥᠭ᠌ᠵᠢᠯᠲᠡ ᠬᠤᠪᠢᠷᠠᠯᠲᠠ ᠭᠠᠷᠴᠤ᠌ ᠪᠠᠢᠨ᠎ᠠ᠃ ᠱᠢᠨ᠎ᠡ ᠬᠥᠭ᠌ᠵᠢᠯᠲᠡ᠎ᠶ᠋ᠢᠨ ᠱᠠᠲᠤ ᠦᠶ᠎ᠡ᠎ᠶ᠋ᠢ ᠣᠨᠣᠪᠴᠢᠲᠠᠶ ᠡᠵᠡᠮᠱᠢᠵᠦ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠭᠦᠨᠵᠡᠭᠡᠶ ᠲᠤᠭᠤᠱᠢᠯᠠᠭᠤᠯᠤᠨ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠯᠡᠨ ᠪᠤᠢ ᠪᠤᠯᠭᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠎ᠶ᠋ᠢ ᠡᠬᠢᠯᠡᠯᠳᠠ ᠤᠷᠤᠭ᠍ᠰᠢᠳᠠᠢ ᠭᠠᠷᠤᠭ᠎ᠠ ᠰᠠᠢᠳᠠᠢ ᠪᠠᠢᠯᠭᠠᠬᠤ ᠬᠡᠷᠡᠭ᠌ᠲᠡᠢ᠃

《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠤᠯᠤᠨ 2035 ᠣᠨ᠎ᠤ ᠠᠯᠤᠰ᠎ᠤᠨ ᠬᠠᠷᠠᠯᠲᠠ᠎ᠶ᠋ᠢ ᠲᠣᠭ᠍ᠲᠠᠭᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠰᠠᠨᠠᠭᠤᠯᠭ᠎ᠠ》 ᠎ᠶ᠋ᠢ ᠦᠨᠳᠦᠰᠦᠯᠡᠨ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ 《ᠤᠯᠤᠰ ᠠᠷᠠᠳ᠎ᠤᠨ ᠠᠵᠤ ᠠᠬᠤᠶ ᠪᠣᠯᠤᠨ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠣᠯᠤᠨ 2035 ᠣᠨ᠎ᠤ  ᠠᠯᠤᠰ ᠎ᠤᠨ ᠬᠠᠷᠠᠯᠲᠠ ᠎ᠶ᠋ᠢᠨ  ᠲᠣᠪᠴᠢ (ᠲᠥᠰᠦᠯ)》 ᠎ᠶ᠋ᠢ ᠨᠠᠢᠷᠠᠭᠤᠯᠤᠨ ᠵᠣᠬᠢᠶᠠᠪᠠ᠃  《ᠲᠤᠪᠴᠢ᠎ᠶ᠋ᠢᠨ ᠲᠥᠰᠦᠯ》 ᠎ᠳᠤ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠭᠤᠤᠯ ᠭᠤᠤᠯ ᠬᠠᠷᠠᠯᠲᠠ ᠪᠠ ᠴᠢᠬᠤᠯᠠ ᠶᠡᠭᠡ ᠡᠭᠦᠷᠭᠡ᠎ᠶ᠋ᠢ ᠪᠣᠳᠠᠲᠠᠢᠵᠢᠭᠤᠯᠤᠨ ᠬᠡᠮᠵᠢᠶᠡᠵᠢᠬᠦᠯᠪᠡ᠂ ᠪᠦᠬᠦ᠌ ᠠᠭᠤᠯᠭ᠎ᠠ᠎ᠶ᠋ᠢ ᠶᠡᠭᠡ ᠬᠤᠷᠠᠯ᠎ᠳᠤ ᠳᠡᠪᠱᠢᠬᠦᠯᠵᠦ᠍ ᠬᠢᠨᠠᠨ ᠪᠠᠢᠴᠠᠭᠠᠯᠭᠠᠨ᠎ᠠ᠂ ᠠᠳᠠ ᠬᠡᠳᠦᠨ ᠲᠠᠯ᠎ᠠ᠎ᠶ᠋ᠢ ᠳᠦᠢᠮᠦᠴᠢᠯᠡᠨ ᠦᠬᠦᠯᠡᠶ᠎ᠠ᠃

— ᠬᠥᠭ᠌ᠵᠢᠯᠲᠡ᠎ᠶ᠋ᠢᠨ ᠶᠠᠰᠤ ᠴᠢᠨᠠᠷ ᠦᠷ᠎ᠡ ᠠᠱᠢᠭ᠎ᠢ ᠬᠦᠴᠦᠯᠡᠨ ᠳᠡᠭᠡᠭ᠌ᠰᠢᠯᠡᠭᠦᠯᠵᠦ᠍᠂ ᠠᠵᠤ ᠠᠬᠤᠢ᠎ᠶ᠋ᠢᠨ ᠦᠷᠭᠦᠯᠵᠢᠯᠡᠨ ᠡᠷᠡᠭᠦᠯ᠎ᠢᠶᠠᠷ ᠬᠥᠭ᠌ᠵᠢᠬᠦ᠌᠎ᠶ᠋ᠢ ᠪᠠᠲᠤᠯᠠᠨ᠎ᠠ᠃ ᠬᠥᠭ᠌ᠵᠢᠯᠲᠡ ᠪᠣᠯ ᠮᠠᠨ᠎ᠤ ᠤᠯᠤᠰ᠎ᠤᠨ ᠠᠯᠢᠪᠠ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠰᠠᠭᠤᠷᠢ ᠪᠠ ᠵᠠᠩᠭᠢᠯᠠᠭ᠎ᠠ ᠮᠥᠨ᠃ ᠡᠷᠬᠡᠪᠰᠢ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠬᠥᠭ᠌ᠵᠢᠯᠲᠡ᠎ᠶ᠋ᠢᠨ ᠪᠦᠬᠦ᠌ ᠶᠠᠪᠤᠴᠠ ᠪᠣᠯᠤᠨ ᠡᠯ᠎ᠡ ᠬᠦᠷᠢᠶᠡᠨ᠎ᠳᠤ ᠪᠦᠷᠢᠨ ᠳᠡᠬᠦᠯᠳᠡᠷ᠂ ᠵᠦᠪ ᠤᠨᠤᠪᠴᠢᠳᠠᠢ ᠪᠦᠬᠡᠳ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠡᠯ᠎ᠡ ᠲᠠᠯ᠎ᠠ᠎ᠶ᠋ᠢᠨ᠎ᠬᠢᠨ᠎ᠤ ᠠᠵᠢᠯ᠎ᠤᠨ ᠭᠤᠤᠯᠳᠠᠯᠭ᠎ᠠ᠎ᠪᠠᠨ ᠬᠥᠭ᠌ᠵᠢᠯᠲᠡ᠎ᠶ᠋ᠢᠨ ᠶᠠᠰᠤ ᠴᠢᠨᠠᠷ ᠪᠣᠯᠤᠨ ᠦᠷ᠎ᠡ ᠠᠱᠢᠭ᠎ᠢ ᠳᠡᠭᠡᠭ᠌ᠰᠢᠯᠡᠭᠦᠯᠬᠦ᠌ ᠳᠡᠭᠡᠷ᠎ᠡ ᠲᠠᠯᠪᠢᠬᠤ᠎ᠶ᠋ᠢ ᠬᠥᠲᠥᠯᠥᠨ ᠵᠢᠯᠣᠭᠤᠳᠴᠤ᠌᠂ ᠨᠡᠮᠡᠭ᠌ᠳᠡᠯ᠎ᠤᠨ ᠲᠠᠯᠳᠠ ᠬᠦᠴᠦᠨ᠎ᠢ ᠭᠦᠢᠴᠡᠳ ᠪᠠᠳᠠᠷᠠᠭᠤᠯᠬᠤ᠎ᠶ᠋ᠢ ᠠᠬᠢᠭᠤᠯᠤᠨ᠎ᠠ᠃ ᠠᠵᠤ ᠠᠬᠤᠢ᠎ᠶ᠋ᠢᠨ ᠠᠵᠢᠯᠯᠠᠭᠠᠨ᠎ᠢ ᠢᠮᠠᠭ᠍ᠲᠠ ᠵᠦᠶ ᠵᠣᠬᠢᠰᠲᠠᠶ ᠬᠡᠪᠴᠢᠶᠡᠨ᠎ᠳᠤ ᠪᠠᠢᠯᠭᠠᠵᠤ᠂ ᠡᠯ᠎ᠡ ᠣᠨ ᠵᠢᠯ᠎ᠳᠤ ᠪᠠᠢᠳᠠᠯ᠎ᠢ ᠦᠨᠳᠦᠰᠦᠯᠡᠨ ᠠᠵᠤ ᠠᠬᠤᠶ᠎ᠶ᠋ᠢᠨ ᠨᠡᠮᠡᠭ᠌ᠳᠡᠯ᠎ᠤᠨ ᠵᠢᠱ᠌ᠢᠭ᠌ᠰᠡᠨ ᠬᠠᠷᠠᠯᠲᠠ᠎ᠶ᠋ᠢ ᠳᠤᠷᠠᠳᠴᠤ᠌᠂ ᠪᠦᠬᠦ᠌ ᠠᠵᠢᠯᠲᠠᠨ᠎ᠤ ᠬᠦᠳᠡᠯᠮᠦᠷᠢ᠎ᠶ᠋ᠢᠨ ᠦᠢᠯᠡᠳᠪᠦᠷᠢᠯᠡᠯ᠎ᠤᠨ ᠨᠤᠷᠮ᠎ᠠ᠎ᠶ᠋ᠢᠨ ᠨᠡᠮᠡᠭ᠌ᠳᠡᠯ᠎ᠢ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠪᠦᠬᠦ᠌ ᠥᠷᠲᠡᠭ᠎ᠤᠨ ᠨᠡᠮᠡᠭ᠌ᠳᠡᠯ᠎ᠠᠴᠠ ᠦᠨᠳᠦᠷ ᠪᠠᠢᠯᠭᠠᠵᠤ᠂ ᠬᠤᠲᠠ ᠪᠠᠯᠭᠠᠰᠤᠨ᠎ᠤ ᠪᠠᠢᠴᠠᠭᠠᠭ᠍ᠰᠠᠨ ᠠᠵᠢᠯ ᠠᠯᠳᠠᠯᠲᠠ᠎ᠶ᠋ᠢᠨ ᠨᠣᠷᠮ᠎ᠠ᠎ᠶ᠋ᠢ 5.5% ᠎ᠶ᠋ᠢᠨ ᠳᠤᠳᠤᠷ᠎ᠠ ᠬᠢᠵᠠᠭᠠᠷᠯᠠᠵᠤ᠂ ᠪᠠᠷᠠᠭᠠᠨ᠎ᠤ ᠦᠨ᠎ᠡ᠎ᠶ᠋ᠢᠨ ᠲᠦᠪᠱᠢᠨ᠎ᠢ ᠶᠡᠷᠦᠩᠬᠡᠢ᠎ᠳᠡᠭᠡᠨ ᠳᠤᠭ᠍ᠳᠠᠪᠤᠷᠢᠳᠠᠢ ᠪᠠᠢᠯᠭᠠᠵᠤ᠂ ᠨᠠᠩ ᠴᠢᠨᠠᠷ ᠰᠠᠢᠲᠠᠶ᠂ ᠨᠠᠩ ᠦᠷ᠎ᠡ ᠪᠦᠲᠦᠮᠵᠢᠲᠡᠶ᠂ ᠨᠠᠩ ᠭᠤᠤᠯᠴᠢ᠂ ᠨᠠᠩ ᠦᠷᠭᠦᠯᠵᠢᠯᠡᠬᠦ᠋ᠢᠴᠡ᠂ ᠨᠠᠩ ᠠᠮᠤᠷ ᠲᠦᠪᠱᠢᠨ ᠬᠥᠭ᠌ᠵᠢᠯᠲᠡ᠎ᠶ᠋ᠢ ᠪᠡᠶᠡᠯᠡᠭᠦᠯᠦᠨ᠎ᠡ᠃

— ᠱᠢᠨ᠎ᠡ᠎ᠶ᠋ᠢ ᠡᠭᠦᠳᠬᠦ᠌᠎ᠪᠠᠷ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ᠎ᠶ᠋ᠢ ᠪᠠᠷᠢᠮᠲᠠᠯᠠᠵᠤ᠂ ᠤᠳᠤ ᠦᠶ᠎ᠡ᠎ᠶ᠋ᠢᠨ ᠠᠵᠤ ᠦᠢᠯᠡᠰ᠎ᠤᠨ ᠱᠢᠰᠲ᠋ᠧᠮ᠎ᠢ ᠲᠦᠷᠭᠡᠯᠡᠨ ᠬᠥᠭ᠌ᠵᠢᠭᠦᠯᠦᠨ᠎ᠡ᠃ ᠱᠢᠨ᠎ᠡ᠎ᠶ᠋ᠢ ᠡᠭᠦᠳᠬᠦ᠌᠎ᠶ᠋ᠢᠨ ᠮᠠᠨ᠎ᠤ ᠤᠯᠤᠰ᠎ᠤᠨ ᠣᠳᠣᠬᠢᠴᠢᠯᠠᠬᠤ ᠪᠦᠳᠦᠭᠡᠨ ᠪᠠᠢᠭᠤᠯᠤᠯᠲᠠ᠎ᠶ᠋ᠢᠨ ᠪᠦᠬᠦ᠌ ᠲᠠᠯ᠎ᠠ᠎ᠳᠠᠬᠢ ᠭᠤᠤᠯᠯᠠᠬᠤ ᠪᠠᠢᠷᠢ ᠰᠠᠭᠤᠷᠢ᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭᠠᠭᠠᠵᠤ ᠥᠪᠡᠷ᠎ᠢ᠎ᠪᠠᠨ ᠬᠦᠴᠦᠷᠬᠡᠭ᠌ᠵᠢᠭᠦᠯᠬᠦ᠌᠎ᠶ᠋ᠢ ᠤᠯᠤᠰ᠎ᠤᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠲᠤᠯᠭᠠᠭᠤᠷᠢ ᠪᠣᠯᠭᠠᠨ᠎ᠠ᠃ ᠤᠯᠤᠰ᠎ᠤᠨ ᠱᠢᠨ᠎ᠡ᠎ᠶ᠋ᠢ ᠡᠭᠦᠳᠬᠦ᠌ ᠱᠢᠰᠲ᠋ᠧᠮ᠎ᠢ ᠲᠡᠭᠦᠯᠳᠡᠷᠵᠢᠭᠦᠯᠦᠨ᠂ ᠤᠯᠤᠰ᠎ᠤᠨ ᠲᠤᠷᠱᠢᠯᠲᠠ᠎ᠶ᠋ᠢᠨ ᠲᠠᠰᠤᠭ᠎ᠢᠶᠠᠷ ᠬᠦᠲᠦᠯᠦᠨ ᠳᠠᠭᠠᠭᠤᠯᠤᠭ᠍ᠰᠠᠨ ᠪᠠᠢᠯᠳᠤᠬᠤ ᠪᠣᠳᠣᠯᠭ᠎ᠠ᠎ᠶ᠋ᠢᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠬᠦᠴᠦᠨ᠎ᠢ ᠲᠦᠷᠭᠡᠯᠡᠨ ᠪᠠᠢᠭᠤᠯᠵᠤ᠂ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌ ᠳᠠᠢᠨ᠎ᠢ ᠰᠠᠢᠲᠤᠷ ᠬᠢᠵᠦ᠍᠂ ᠰᠠᠭᠤᠷᠢ ᠰᠤᠳᠤᠯᠭᠠᠨ᠎ᠤ ᠠᠷᠪᠠᠨ ᠵᠢᠯ᠎ᠤᠨ ᠠᠵᠢᠯᠯᠠᠭᠠᠨ᠎ᠤ ᠲᠥᠰᠦᠯ᠎ᠢ ᠲᠣᠭ᠍ᠲᠠᠭᠠᠨ ᠬᠡᠷᠡᠭ᠌ᠵᠢᠭᠦᠯᠵᠦ᠍᠂ ᠠᠵᠤ ᠠᠬᠤᠢᠯᠠᠯ᠎ᠤᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠴᠢᠳᠠᠪᠤᠷᠢᠲᠠᠨ᠎ᠤ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠠᠢᠭᠤᠯᠤᠯ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠪᠦᠬᠦ᠌ ᠨᠡᠢᠭᠡᠮ᠎ᠤᠨ ᠰᠤᠳᠤᠯᠤᠨ ᠨᠡᠭᠡᠭᠡᠬᠦ᠌ ᠵᠠᠷᠤᠳᠠᠯ᠎ᠤᠨ ᠣᠷᠣᠭᠤᠯᠤᠯᠲᠠ᠎ᠶ᠋ᠢ ᠵᠢᠯ ᠳᠤᠮᠳᠠᠴᠢ᠎ᠪᠠᠷ 7% ᠎ᠠᠴᠠ ᠳᠡᠬᠡᠭ᠌ᠰᠢ ᠨᠡᠮᠡᠭ᠌ᠳᠡᠬᠦᠯᠦᠨ᠂ ᠤᠷᠤᠭᠤᠯᠤᠯᠳᠠ᠎ᠶ᠋ᠢᠨ ᠡᠷᠴᠢᠮ᠎ᠢ ᠠᠷᠪᠠᠨ ᠭᠤᠷᠪᠠᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠪᠤᠳᠠᠳᠠᠢ ᠬᠡᠮᠵᠢᠶᠠᠨ᠎ᠠᠴᠠ ᠴᠢᠩᠭᠠᠷᠠᠭᠤᠯᠬᠤ᠎ᠪᠠᠷ ᠴᠢᠷᠮᠠᠢᠨ᠎ᠠ᠃ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯᠯᠠᠭ᠎ᠠ᠎ᠶ᠋ᠢ ᠦᠷᠭᠡᠨ ᠳᠡᠯᠭᠡᠷ ᠦᠷᠨᠢᠭᠦᠯᠦᠨ᠎ᠠ᠃ ᠠᠵᠤ ᠠᠬᠤᠶ᠎ᠶ᠋ᠢ ᠬᠥᠭ᠌ᠵᠢᠭᠦᠯᠬᠦ᠌ ᠬᠦᠴᠦᠯᠡᠬᠦ᠌ ᠴᠡᠭ᠎ᠢᠶᠠᠨ ᠪᠣᠳᠠᠲᠤ ᠴᠣᠭ᠍ᠴᠠ᠎ᠶ᠋ᠢᠨ ᠠᠵᠤ ᠠᠬᠤᠶ ᠳᠡᠭᠡᠷ᠎ᠡ ᠲᠠᠯᠪᠢᠬᠤ᠎ᠶ᠋ᠢ ᠪᠠᠷᠢᠮᠲᠠᠯᠠᠵᠤ᠂ ᠠᠵᠤ ᠦᠢᠯᠡᠰ᠎ᠤᠨ ᠰᠠᠭᠤᠷᠢ᠎ᠶ᠋ᠢ ᠳᠡᠭᠡᠳᠦ ᠳᠡᠰᠵᠢᠭᠦᠯᠬᠦ᠂ ᠠᠵᠤ ᠦᠢᠯᠡᠰ᠎ᠤᠨ ᠬᠡᠯᠬᠢᠶ᠎ᠡ᠎ᠶ᠋ᠢ ᠣᠳᠣᠬᠢᠴᠢᠯᠠᠬᠤ᠎ᠶ᠋ᠢ ᠠᠬᠢᠭᠤᠯᠤᠨ᠂ ᠦᠢᠯᠡᠳᠬᠦ᠌ ᠦᠢᠯᠡᠰ᠎ᠤᠨ ᠬᠤᠪᠢ᠎ᠶ᠋ᠢᠨ ᠵᠢᠩ᠎ᠢ ᠦᠨᠳᠦᠰᠦᠨ᠎ᠳᠡᠭᠡᠨ ᠲᠣᠭ᠍ᠲᠠᠭᠤᠨ ᠪᠠᠢᠯᠭᠠᠵᠤ᠂ ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠳᠡᠭᠡᠭ᠌ᠰᠢᠯᠡᠭᠦᠯᠵᠦ᠍᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠶ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠎ᠢ ᠬᠥᠭ᠌ᠵᠢᠭᠦᠯᠦᠨ ᠪᠤᠵᠠᠭᠠᠢᠷᠠᠭᠤᠯᠵᠤ᠂ ᠦᠢᠯᠡᠴᠢᠯᠡᠭᠡᠨ᠎ᠤ ᠦᠢᠯᠡᠰ᠎ᠤᠨ ᠴᠡᠴᠡᠭ᠌ᠯᠡᠨ ᠬᠥᠭ᠌ᠵᠢᠬᠦ᠌᠎ᠶ᠋ᠢ ᠠᠬᠢᠭᠤᠯᠤᠨ᠎ᠠ᠃ ᠤᠯᠠᠮᠵᠢᠯᠠᠯᠲᠤ ᠰᠠᠭᠤᠷᠢ ᠲᠦᠬᠦᠭᠡᠷᠦᠮᠵᠢ ᠪᠣᠯᠤᠨ ᠱᠢᠨ᠎ᠡ ᠬᠡᠯᠪᠡᠷᠢ᠎ᠶ᠋ᠢᠨ ᠰᠠᠭᠤᠷᠢ ᠲᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠳ᠋ᠢᠵᠢᠲ᠋ᠠᠯ ᠬᠥᠭ᠌ᠵᠢᠯᠲᠡ᠎ᠶ᠋ᠢ ᠲᠦᠷᠭᠡᠳᠭᠡᠵᠦ᠍᠂ ᠳ᠋ᠢᠵᠢᠲ᠋ᠠᠯ ᠠᠵᠤ ᠠᠬᠤᠢ᠎ᠶ᠋ᠢᠨ ᠱᠢᠨ᠎ᠡ ᠳᠠᠪᠠᠭᠤᠯᠢᠭ᠎ᠢ ᠪᠤᠢ ᠪᠣᠯᠭᠠᠵᠤ᠂ ᠳ᠋ᠢᠵᠢᠲ᠋ᠠᠯ ᠠᠵᠤ ᠦᠢᠯᠡᠰᠵᠢᠯᠲᠡ ᠪᠣᠯᠤᠨ ᠠᠵᠤ ᠦᠢᠯᠡᠰ᠎ᠤᠨ ᠬᠡᠯᠪᠡᠷᠢ᠎ᠶ᠋ᠢᠨ ᠳ᠋ᠢᠵᠢᠲ᠋ᠠᠯ ᠬᠤᠪᠢᠷᠠᠭᠤᠯᠤᠯᠲᠠ᠎ᠶ᠋ᠢ ᠬᠠᠮᠵᠢᠯᠴᠠᠭᠤᠯᠤᠨ ᠠᠬᠢᠭᠤᠯᠵᠤ᠂ ᠳ᠋ᠢᠵᠢᠲ᠋ᠠᠯ ᠨᠡᠢᠭᠡᠮ᠎ᠤᠨ ᠪᠠᠢᠭᠤᠯᠤᠯᠲᠠ᠎ᠶ᠋ᠢᠨ ᠠᠯᠬᠤᠴᠠ᠎ᠶ᠋ᠢ ᠲᠦᠷᠭᠡᠳᠭᠡᠵᠦ᠍᠂ ᠳ᠋ᠢᠵᠢᠲ᠋ᠠᠯ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠂ ᠰᠠᠢᠨ ᠰᠠᠢᠬᠠᠨ ᠳ᠋ᠢᠵᠢᠲ᠋ᠠᠯ ᠠᠮᠢ ᠠᠬᠤᠢ᠎ᠶ᠋ᠢ ᠪᠤᠢ ᠪᠣᠯᠭᠠᠵᠤ᠂ ᠳ᠋ᠢᠵᠢᠲ᠋ᠠᠯ ᠳᠤᠮᠳᠠᠳᠤ ᠤᠯᠤᠰ᠎ᠢ ᠪᠦᠲᠦᠭᠡᠨ ᠪᠠᠢᠭᠤᠯᠤᠨ᠎ᠠ᠃

— ᠬᠦᠴᠦᠷᠬᠡᠭ ᠶᠡᠭᠡ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠢ ᠪᠦᠷᠢᠯᠳᠦᠭᠦᠯᠵᠦ᠍᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠤᠢ ᠪᠤᠯᠭᠠᠨ᠎ᠠ᠃ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ᠌᠎ᠶ᠋ᠢ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠲᠠᠢ ᠣᠷᠭᠠᠨᠢᠭ᠎ᠢᠶᠠᠷ ᠤᠶᠠᠯᠳᠤᠭᠤᠯᠵᠤ᠂ ᠱᠢᠨ᠎ᠡ᠎ᠶ᠋ᠢ ᠡᠭᠦᠳᠬᠦ᠌ ᠬᠥᠳᠡᠯᠭᠡᠭᠦᠷ᠂ ᠴᠢᠨᠠᠷ ᠰᠠᠢᠲᠠᠶ ᠬᠠᠩᠭᠠᠯᠭ᠎ᠠ᠎ᠪᠠᠷ ᠱᠢᠨ᠎ᠡ ᠬᠡᠷᠡᠭ᠌ᠴᠡᠭᠡ᠎ᠶ᠋ᠢ ᠬᠥᠲᠥᠯᠥᠨ ᠳᠠᠭᠠᠭᠤᠯᠬᠤ ᠪᠠ ᠡᠭᠦᠳᠦᠨ ᠪᠦᠲᠦᠭᠡᠨ᠎ᠡ᠃ ᠡᠯᠧᠮᠧᠨ᠋ᠲ᠎ᠤᠨ ᠵᠦᠶ ᠵᠣᠬᠢᠰᠲᠠᠶ ᠱᠢᠯᠵᠢᠯᠲᠡ᠎ᠶ᠋ᠢ ᠬᠢᠵᠠᠭᠠᠷᠯᠠᠵᠤ ᠪᠠᠢᠭ᠎ᠠ ᠲᠦᠭ᠌ᠵᠢᠷᠡᠯ᠎ᠢ ᠠᠷᠢᠯᠭᠠᠵᠤ᠂ ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭᠡ᠂ ᠬᠡᠷᠡᠭ᠌ᠯᠡᠭᠡ᠎ᠶ᠋ᠢᠨ ᠡᠯ᠎ᠡ ᠭᠤᠭ᠍ᠴᠤᠭ᠎ᠠ᠎ᠶ᠋ᠢ ᠨᠡᠪᠲᠡᠷᠡᠭᠦᠯᠦᠨ᠂ ᠤᠯᠤᠰ ᠠᠷᠠᠳ᠎ᠤᠨ ᠠᠵᠤ ᠠᠬᠤᠢ᠎ᠶ᠋ᠢᠨ ᠰᠠᠢᠨ ᠤᠷᠴᠢᠯ᠎ᠢ ᠪᠤᠢ ᠪᠤᠯᠭᠠᠨ᠎ᠠ᠃ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠳᠤ ᠰᠠᠭᠤᠷᠢᠯᠠᠨ᠂ ᠬᠦᠴᠦᠷᠬᠡᠭ ᠶᠡᠭᠡ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ ᠪᠠ ᠠᠷᠠᠯᠵᠢᠶᠠᠨ᠎ᠤ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠬᠠᠮᠵᠢᠯᠴᠠᠭᠤᠯᠤᠨ ᠠᠬᠢᠭᠤᠯᠵᠤ᠂ ᠤᠯᠤᠰ᠎ᠤᠨ ᠳᠣᠲᠣᠭᠠᠳᠤ᠎ᠶ᠋ᠢᠨ ᠠᠵᠤ ᠠᠬᠤᠶ᠎ᠶ᠋ᠢᠨ ᠣᠷᠴᠢᠯ᠎ᠤᠨ ᠱᠢᠰᠲ᠋ᠧᠮ᠎ᠳᠤ ᠲᠦᠱᠢᠭ᠌ᠯᠡᠨ ᠪᠦᠬᠦ᠌ ᠪᠥᠮᠪᠥᠷᠴᠡᠭ᠎ᠤᠨ ᠡᠯᠧᠮᠧᠨ᠋ᠲ᠎ᠤᠨ ᠡᠬᠢ ᠪᠠᠶᠠᠯᠢᠭ᠎ᠲᠤ ᠦᠵᠡᠭᠦᠯᠬᠦ᠌ ᠬᠦᠴᠦᠷᠬᠡᠭ ᠶᠡᠭᠡ ᠲᠠᠲᠠᠬᠤ ᠬᠦᠴᠦᠨ᠎ᠢ ᠪᠤᠢ ᠪᠤᠯᠭᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠢ ᠠᠬᠢᠭᠤᠯᠤᠨ᠎ᠠ᠃ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠦᠲᠦᠮᠵᠢᠲᠡᠶ ᠲᠦᠷᠢᠮ᠎ᠢ ᠪᠠᠢᠭᠤᠯᠵᠤ᠂ ᠬᠡᠷᠡᠭ᠌ᠯᠡᠭᠡ᠎ᠶ᠋ᠢ ᠪᠦᠬᠦ᠌ ᠲᠠᠯ᠎ᠠ᠎ᠪᠠᠷ ᠠᠬᠢᠭᠤᠯᠤᠨ᠂ ᠪᠡᠯᠡ ᠣᠷᠣᠭᠤᠯᠤᠯᠲᠠ᠎ᠶ᠋ᠢᠨ ᠣᠷᠣᠨ ᠵᠠᠶ᠎ᠶ᠋ᠢ ᠥᠷᠭᠡᠳᠭᠡᠵᠦ᠍᠂ ᠳᠣᠲᠣᠭᠠᠳᠤ ᠬᠡᠷᠡᠭ᠌ᠴᠡᠭᠡ᠎ᠶ᠋ᠢᠨ ᠪᠦᠷᠢᠨ ᠪᠦᠲᠦᠨ ᠱᠢᠰᠲ᠋ᠧᠮ᠎ᠢ ᠲᠦᠷᠭᠡᠯᠡᠨ ᠪᠤᠢᠵᠢᠭᠤᠯᠤᠨ᠎ᠠ᠃

— ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢ ᠲᠡᠭᠦᠯᠳᠡᠷᠵᠢᠭᠦᠯᠦᠨ᠎ᠡ᠃ ᠲᠠᠷᠢᠶᠠᠯᠠᠩ ᠬᠥᠳᠡᠭᠡ ᠲᠣᠰᠭᠤᠨ᠎ᠢ ᠤᠷᠢᠳ᠎ᠢᠶᠠᠷ ᠬᠥᠭ᠌ᠵᠢᠭᠦᠯᠬᠦ᠌᠎ᠶ᠋ᠢ ᠪᠠᠷᠢᠮᠲᠠᠯᠠᠨ᠂ 18 ᠳ᠋ᠦᠩᠱᠢᠭᠤᠷ ᠮᠦ᠍ ᠲᠠᠷᠢᠶᠠᠨ ᠭᠠᠵᠠᠷ᠎ᠤᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢᠨ ᠢᠨᠵᠧᠨᠧᠷᠢᠩ᠂ ᠬᠠᠷ᠎ᠠ ᠬᠥᠷᠥᠰᠥᠲᠦ ᠭᠠᠵᠠᠷ ᠱᠢᠷᠤᠢ᠎ᠶ᠋ᠢᠨ ᠬᠠᠮᠠᠭᠠᠯᠠᠯᠲᠠ᠎ᠶ᠋ᠢᠨ ᠢᠨᠵᠧᠨᠧᠷᠢᠩ᠎ᠢ ᠬᠡᠷᠡᠭ᠌ᠵᠢᠭᠦᠯᠦᠨ᠂ ᠦᠷ᠎ᠡ᠎ᠶ᠋ᠢᠨ ᠢᠷᠡᠯᠲᠡ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠵᠤ᠂ ᠬᠥᠳᠡᠭᠡ ᠲᠣᠰᠭᠤᠨ᠎ᠤ ᠪᠦᠲᠦᠭᠡᠨ ᠪᠠᠢᠭᠤᠯᠤᠯᠲᠠ᠎ᠶ᠋ᠢᠨ ᠠᠵᠢᠯᠯᠠᠭ᠎ᠠ᠎ᠶ᠋ᠢ ᠬᠡᠷᠡᠭ᠌ᠵᠢᠭᠦᠯᠦᠨ᠂ ᠬᠤᠲᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌ ᠪᠠᠢᠭᠤᠯᠤᠯ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠭ᠌ᠰᠡᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠌ ᠤᠷᠲᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠶᠠᠳᠠᠭᠤ᠎ᠠᠴᠠ ᠠᠩᠭᠢᠵᠢᠷᠠᠭ᠍ᠰᠠᠨ ᠭᠠᠵᠠᠷ ᠣᠷᠣᠨ᠎ᠤ ᠪᠦᠬᠦᠯᠢ ᠴᠣᠭ᠍ᠴᠠ᠎ᠶ᠋ᠢᠨ ᠬᠥᠭ᠌ᠵᠢᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ᠃ ᠬᠥᠮᠦᠨ᠎ᠢᠶᠠᠷ ᠭᠤᠣᠯ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠠᠬᠢᠭᠤᠯᠵᠤ᠂ ᠲᠠᠷᠢᠶᠠᠯᠠᠩ᠎ᠠᠴᠠ ᠱᠢᠯᠵᠢᠭ᠌ᠰᠡᠨ ᠬᠥᠮᠦᠨ ᠠᠮᠠ᠎ᠶ᠋ᠢ ᠬᠤᠲᠠ᠎ᠶ᠋ᠢᠨ ᠠᠷᠠᠳ ᠪᠣᠯᠭᠠᠬᠤ᠎ᠶ᠋ᠢ ᠲᠦᠷᠭᠡᠳᠭᠡᠨ᠂ ᠪᠠᠢᠩᠭᠤ ᠰᠠᠭᠤᠭ᠎ᠠ ᠬᠥᠮᠦᠨ ᠠᠮᠠ᠎ᠶ᠋ᠢᠨ ᠬᠤᠲᠠ ᠪᠠᠯᠭᠠᠰᠤᠵᠢᠯᠲᠠ᠎ᠶ᠋ᠢᠨ ᠨᠣᠷᠮ᠎ᠠ᠎ᠶ᠋ᠢ 65% ᠪᠣᠯᠲᠠᠯ᠎ᠠ ᠳᠡᠭᠡᠭ᠌ᠰᠢᠯᠡᠭᠦᠯᠵᠦ᠍᠂ ᠬᠤᠲᠠ᠎ᠶ᠋ᠢᠨ ᠪᠦᠬᠡᠬᠡᠨᠡᠷᠠᠯ ᠪᠠ ᠶᠡᠭᠡ ᠬᠤᠲᠠ᠎ᠶ᠋ᠢᠨ ᠴᠠᠭᠠᠷᠢᠭ᠎ᠢ ᠬᠥᠭ᠌ᠵᠢᠭᠦᠯᠦᠨ ᠪᠤᠵᠠᠭᠠᠢᠷᠠᠭᠤᠯᠵᠤ᠂ ᠬᠤᠲᠠ᠎ᠶ᠋ᠢ ᠱᠢᠨᠡᠴᠢᠯᠡᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠦᠨ᠂ ᠣᠷᠣᠨ ᠰᠠᠭᠤᠴᠠ᠎ᠶ᠋ᠢᠨ ᠵᠠᠬ᠎ᠠ ᠳᠡᠯᠭᠡᠭᠦᠷ᠎ᠤᠨ ᠱᠢᠰᠲ᠋ᠧᠮ ᠪᠠ ᠪᠠᠲᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠬᠤᠳᠠ ᠪᠠᠯᠭᠠᠰᠤᠵᠢᠯᠳᠠ᠎ᠶ᠋ᠢᠨ ᠬᠥᠭ᠌ᠵᠢᠯᠲᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ᠃

— ᠣᠷᠣᠨ ᠪᠦᠰᠡ᠎ᠶ᠋ᠢᠨ ᠠᠵᠤ ᠠᠬᠤᠶ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠵᠦ᠍᠂ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠤᠨ᠎ᠠ᠃ ᠣᠷᠣᠨ ᠪᠦᠰᠡ᠎ᠶ᠋ᠢᠨ ᠴᠢᠬᠤᠯᠠ ᠶᠡᠭᠡ ᠪᠠᠢᠯᠳᠤᠬᠤ ᠪᠤᠳᠤᠯᠭ᠎ᠠ᠂ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠂ ᠪᠡᠶᠡᠴᠢ ᠴᠣᠭ᠍ᠴᠠ᠎ᠶ᠋ᠢᠨ ᠴᠢᠳᠠᠮᠵᠢᠳᠤ ᠣᠷᠣᠨ᠎ᠤ ᠪᠠᠢᠯᠳᠤᠬᠤ ᠪᠤᠳᠤᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢᠨ ᠣᠷᠣᠨ ᠪᠦᠰᠡ᠎ᠶ᠋ᠢᠨ ᠠᠵᠤ ᠠᠬᠤᠶ᠎ᠶ᠋ᠢᠨ ᠪᠠᠢᠷᠢᠱᠢᠯ ᠪᠠ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠶ᠎ᠶ᠋ᠢᠨ ᠲᠤᠯᠭᠠᠭᠤᠷᠢᠯᠠᠬᠤ ᠱᠢᠰᠲ᠋ᠧᠮ᠎ᠢ ᠪᠠᠢᠭᠤᠯᠤᠨ᠎ᠠ᠃ ᠪᠡᠭᠡᠵᠢᠩ ᠲᠢᠶᠠᠨᠵᠢᠨ ᠾᠧᠪᠧᠶ᠎ᠶ᠋ᠢᠨ ᠬᠠᠮᠵᠢᠯᠴᠠᠭ᠍ᠰᠠᠨ ᠬᠥᠭ᠌ᠵᠢᠯᠲᠡ᠂ ᠬᠥᠬᠡᠮᠥ᠋ᠷᠡᠨ᠎ᠤ ᠠᠵᠤ ᠠᠬᠤᠢ᠎ᠶ᠋ᠢᠨ ᠪᠦᠰᠡ᠎ᠶ᠋ᠢᠨ ᠬᠥᠭ᠌ᠵᠢᠯᠲᠡ᠂ ᠭᠤᠸᠠᠩᠳᠦ᠋ᠩ ᠱᠢᠶᠠᠩᠭᠠᠩ ᠣᠣᠮᠧᠨ᠎ᠤ ᠲᠣᠮᠣ ᠪᠤᠯᠤᠩ᠎ᠤᠨ ᠣᠷᠣᠨ᠎ᠤ ᠪᠦᠲᠦᠭᠡᠨ ᠪᠠᠢᠭᠤᠯᠤᠯᠲᠠ᠂ ᠬᠥᠬᠡᠮᠦᠷᠡᠨ᠎ᠤ ᠭᠤᠷᠪᠠᠯᠵᠢᠨ ᠬᠤᠢᠭ᠎ᠤᠨ ᠨᠢᠭᠡ ᠴᠣᠭ᠍ᠴᠠᠵᠢᠭ᠍ᠰᠠᠨ ᠬᠥᠭ᠌ᠵᠢᠯᠲᠡ᠂ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠱᠢᠶᠦ᠋ᠩ ᠠᠨ ᠱᠢᠨ᠎ᠡ ᠲᠣᠭᠤᠷᠢᠭ᠎ᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢᠲᠠᠢ ᠪᠦᠲᠦᠭᠡᠨ ᠪᠠᠢᠭᠤᠯᠤᠨ᠎ᠠ᠃ ᠪᠠᠷᠠᠭᠤᠨ ᠬᠡᠰᠡᠭ᠎ᠤᠨ ᠭᠠᠵᠠᠷ ᠣᠷᠣᠨ᠎ᠢ ᠶᠡᠭᠡ᠎ᠪᠠᠷ ᠨᠡᠭᠡᠭᠡᠨ ᠬᠥᠭ᠌ᠵᠢᠭᠦᠯᠬᠦ᠌ ᠱᠢᠨ᠎ᠡ ᠪᠠᠢᠷᠢᠱᠢᠯ᠎ᠤᠨ ᠪᠦᠷᠢᠯᠳᠦᠬᠦ᠌᠎ᠶ᠋ᠢ ᠠᠬᠢᠭᠤᠯᠵᠤ᠂ ᠵᠡᠭᠦᠨ ᠬᠤᠢᠲᠤ ᠣᠷᠣᠨ᠎ᠢ ᠬᠥᠭ᠌ᠵᠢᠭᠦᠯᠦᠨ ᠮᠠᠨᠳᠤᠭᠤᠯᠬᠤ ᠠᠵᠢᠯ᠎ᠳᠤ ᠱᠢᠨ᠎ᠡ ᠱᠢᠪᠲᠤᠯᠤᠯᠲᠠ ᠭᠠᠷᠭᠠᠬᠤ᠎ᠶ᠋ᠢ ᠠᠬᠢᠭᠤᠯᠤᠨ᠂ ᠳᠤᠮᠳᠠ ᠬᠡᠰᠡᠭ᠎ᠤᠨ ᠭᠠᠵᠠᠷ ᠣᠷᠣᠨ᠎ᠤ ᠲᠦᠷᠭᠡᠨ ᠬᠥᠭ᠌ᠵᠢᠯᠲᠡ᠎ᠶ᠋ᠢ ᠠᠬᠢᠭᠤᠯᠵᠤ᠂ ᠵᠡᠭᠦᠨ ᠬᠡᠰᠡᠭ᠎ᠤᠨ ᠭᠠᠵᠠᠷ ᠣᠷᠣᠨ᠎ᠤ ᠣᠳᠣᠬᠢᠴᠢᠯᠠᠯᠲᠠ᠎ᠪᠠᠨ ᠲᠦᠷᠭᠡᠯᠡᠨ ᠠᠬᠢᠭᠤᠯᠬᠤ᠎ᠶ᠋ᠢ ᠵᠣᠷᠢᠬ᠍ᠵᠢᠭᠤᠯᠤᠨ᠎ᠠ᠃ ᠬᠤᠪᠢᠰᠭᠠᠯ᠎ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ᠎ᠤ ᠭᠠᠵᠠᠷ ᠣᠷᠣᠨ᠎ᠤ ᠬᠥᠭ᠌ᠵᠢᠯᠲᠡ᠎ᠪᠠᠨ ᠲᠦᠷᠭᠡᠳᠭᠡᠬᠦ᠌᠎ᠶ᠋ᠢ ᠳᠠᠮᠵᠢᠵᠤ᠂ ᠬᠢᠯᠢ ᠬᠢᠵᠠᠭᠠᠷ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠲᠠᠯᠠᠢ ᠲᠠᠩᠭᠢᠰ᠎ᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠣᠷᠣᠨ ᠵᠠᠶ᠎ᠶ᠋ᠢ ᠢᠳᠡᠪᠬᠢᠲᠡᠶ ᠥᠷᠭᠡᠳᠭᠡᠨ᠎ᠡ᠃

— ᠥᠭᠡᠷᠡᠴᠢᠯᠡᠯᠲᠡ ᠨᠡᠭᠡᠭᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠬᠥᠭ᠌ᠵᠢᠯᠲᠡ᠎ᠶ᠋ᠢᠨ ᠬᠥᠳᠡᠯᠭᠡᠭ᠌ᠴᠢ ᠬᠦᠴᠦᠨ ᠪᠠ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠴᠢᠩᠭᠠᠷᠠᠭᠤᠯᠤᠨ᠎ᠠ᠃ ᠥᠨᠳᠥᠷ ᠲᠦᠪᠱᠢᠨ᠎ᠤ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ᠎ᠶ᠋ᠢᠨ ᠪᠠᠢᠭᠤᠯᠤᠯ᠎ᠢ ᠪᠠᠢᠭᠤᠯᠵᠤ᠂ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠂ ᠤᠯᠤᠰ᠎ᠤᠨ ᠥᠮᠴᠢᠯᠡᠯ᠎ᠤᠨ ᠠᠵᠤ ᠠᠬᠤᠢ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠬᠦ᠌ ᠪᠠ ᠪᠦᠲᠦᠴᠡ᠎ᠶ᠋ᠢ ᠲᠣᠬᠢᠷᠠᠭᠤᠯᠬᠤ᠎ᠶ᠋ᠢ ᠲᠦᠷᠭᠡᠳᠭᠡᠵᠦ᠍᠂ ᠠᠷᠠᠳ᠎ᠤᠨ ᠡᠵᠡᠩᠨᠡᠭ᠌ᠰᠡᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠣᠷᠴᠢᠨ ᠨᠦᠬᠦᠴᠡᠯ᠎ᠢ ᠱᠢᠯᠢᠳᠡᠭ᠌ᠵᠢᠭᠦᠯᠦᠨ᠎ᠡ᠃ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠱᠢᠰᠲ᠋ᠧᠮ᠎ᠢ ᠪᠠᠢᠭᠤᠯᠵᠤ᠂ ᠥᠮᠴᠢᠯᠡᠯ᠎ᠤᠨ ᠡᠷᠬᠡ᠎ᠶ᠋ᠢᠨ ᠳᠦᠷᠢᠮ᠎ᠢ ᠪᠦᠬᠦ᠌ ᠲᠠᠯ᠎ᠠ᠎ᠪᠠᠷ ᠲᠡᠭᠦᠯᠳᠡᠷᠵᠢᠭᠦᠯᠦᠨ᠂ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ᠎ᠶ᠋ᠢ ᠠᠬᠢᠭᠤᠯᠵᠤ᠂ ᠥᠷᠢᠰᠥᠯᠳᠦᠭᠡᠨ᠎ᠤ ᠲᠦᠷᠦ᠎ᠶ᠋ᠢᠨ ᠪᠤᠳᠤᠯᠭ᠎ᠠ᠎ᠶ᠋ᠢᠨ ᠰᠠᠭᠤᠷᠢ ᠪᠣᠯᠬᠤ ᠪᠠᠢᠷᠢ ᠰᠠᠭᠤᠷᠢ᠎ᠶ᠋ᠢ ᠴᠢᠩᠭᠠᠳᠭᠠᠨ᠎ᠠ᠃ ᠤᠳᠤ ᠦᠶ᠎ᠡ᠎ᠶ᠋ᠢᠨ ᠡᠳ᠋᠎ᠤᠨ ᠵᠠᠰᠠᠭ ᠭᠠᠢᠯᠢ ᠲᠠᠳᠠᠪᠤᠷᠢ ᠮᠥᠩᠭᠦᠨ ᠭᠦᠢᠯᠭᠡᠭᠡᠨ᠎ᠤ ᠪᠠᠢᠭᠤᠯᠤᠯ᠎ᠢ ᠪᠠᠢᠭᠤᠯᠵᠤ᠂ ᠵᠠᠰᠠᠭ᠎ᠤᠨ ᠣᠷᠳᠣᠨ᠎ᠤ ᠠᠵᠤ ᠠᠬᠤᠶ᠎ᠶ᠋ᠢᠨ ᠵᠠᠰᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ 《ᠵᠠᠰᠠᠭ᠎ᠢ ᠴᠤᠮᠬᠠᠳᠭᠠᠨ ᠡᠷᠬᠡ᠎ᠶ᠋ᠢ ᠳᠠᠯᠪᠢᠬᠤ᠂ ᠳᠠᠯᠪᠢᠬᠤ ᠬᠠᠮᠢᠶᠠᠷᠬᠤ᠎ᠶ᠋ᠢ ᠤᠶᠠᠯᠳᠤᠭᠤᠯᠬᠤ᠂ ᠦᠢᠯᠡᠴᠢᠯᠡᠭᠡ᠎ᠶ᠋ᠢ ᠱᠢᠯᠢᠳᠡᠭ᠌ᠵᠢᠬᠦᠯᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠲᠡᠷᠢᠭᠦᠨ ᠳᠡᠰ᠎ᠤᠨ ᠬᠤᠳᠠᠯᠳᠤᠭ᠎ᠠ ᠡᠵᠡᠩᠨᠡᠬᠦ᠌ ᠣᠷᠴᠢᠨ ᠨᠦᠬᠦᠴᠡᠯ᠎ᠢ ᠪᠤᠢ ᠪᠤᠯᠭᠠᠨ᠎ᠠ᠃ ᠨᠠᠩ ᠥᠨᠳᠥᠷ ᠲᠦᠪᠱᠢᠨ᠎ᠤ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠢ᠎ᠶ᠋ᠢᠨ ᠱᠢᠨ᠎ᠡ ᠪᠠᠢᠭᠤᠯᠤᠯ᠎ᠢ ᠪᠠᠢᠭᠤᠯᠵᠤ᠂ 《ᠨᠢᠭᠡ ᠪᠦᠰᠡ ᠨᠢᠭᠡ ᠵᠠᠮ》 ᠎ᠢ ᠬᠠᠮᠲᠤ᠎ᠪᠠᠷ ᠪᠥᠲᠥᠭᠡᠨ ᠪᠠᠢᠭᠤᠯᠬᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠂ ᠪᠥᠬᠦ᠌ ᠪᠥᠮᠪᠥᠷᠴᠡᠭ᠎ᠲᠤ ᠬᠠᠨᠳᠤᠭᠤᠯᠤᠭ᠍ᠰᠠᠨ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠢᠶᠠᠨ᠎ᠤ ᠣᠷᠣᠨ᠎ᠤ ᠰᠦᠯᠵᠢᠶ᠎ᠡ᠎ᠶ᠋ᠢ ᠪᠠᠢᠭᠤᠯᠤᠨ᠎ᠠ᠃

— ᠪᠤᠬᠢᠷᠳᠤᠯ ᠦᠬᠡᠢ ᠬᠥᠭ᠌ᠵᠢᠯᠲᠡ᠎ᠶ᠋ᠢ ᠠᠬᠢᠭᠤᠯᠵᠤ᠂ ᠬᠥᠮᠦᠨ ᠬᠢᠭᠡᠳ ᠪᠠᠢᠭᠠᠯᠢ᠎ᠶ᠋ᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠱᠢᠬᠤ᠎ᠶ᠋ᠢ ᠠᠬᠢᠭᠤᠯᠤᠨ᠎ᠠ᠃ ᠬᠦᠬᠡ ᠠᠭᠤᠯᠠ ᠭᠦᠭᠡᠮᠳᠦᠭ ᠤᠰᠤ ᠪᠤᠯ ᠠᠯᠲᠠ ᠮᠥᠩᠭᠦᠨ ᠠᠭᠤᠯᠠ ᠮᠥᠨ ᠭᠡᠬᠦ᠌ ᠣᠢᠯᠠᠭᠠᠭ᠍ᠳᠠᠬᠤᠨ᠎ᠢ ᠪᠠᠷᠢᠮᠲᠠᠯᠠᠵᠤ᠂ ᠠᠭᠤᠯᠠ ᠤᠰᠤ ᠣᠢ ᠱᠢᠭᠤᠶ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ᠎ᠢ ᠱᠢᠰᠲ᠋ᠧᠮ᠎ᠲᠠᠢ ᠵᠠᠰᠠᠬᠤ᠎ᠶ᠋ᠢ ᠴᠢᠩᠭᠠᠳᠭᠠᠨ᠂ ᠴᠢᠬᠤᠯᠠ ᠠᠮᠢ ᠠᠬᠤᠢ᠎ᠶ᠋ᠢᠨ ᠬᠠᠯᠬᠠᠪᠴᠢ᠎ᠶ᠋ᠢᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠤᠯᠤᠰ᠎ᠤᠨ ᠴᠡᠴᠡᠷᠯᠢᠭ᠎ᠢᠶᠠᠷ ᠭᠤᠤᠯ ᠴᠣᠭ᠍ᠴᠠ ᠪᠣᠯᠭᠠᠭ᠍ᠰᠠᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠤᠨ ᠱᠢᠰᠲ᠋ᠧᠮ᠎ᠢ ᠪᠠᠢᠭᠤᠯᠤᠨ᠂ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ᠎ᠶ᠋ᠢ 24.1% ᠎ᠳᠤ ᠬᠦᠷᠭᠡᠨ᠎ᠡ᠃ ᠣᠷᠴᠢᠨ ᠠᠬᠤᠢ᠎ᠶ᠋ᠢᠨ ᠴᠢᠨᠠᠷ ᠴᠢᠨᠰᠠᠭ᠎ᠠ᠎ᠶ᠋ᠢ ᠦᠷᠭᠦᠯᠵᠢᠯᠡᠨ ᠰᠠᠢᠵᠢᠷᠠᠭᠤᠯᠵᠤ᠂ ᠬᠦᠨᠳᠦ ᠪᠣᠬᠢᠷᠲᠤᠯ᠎ᠲᠠᠢ ᠴᠠᠭ ᠠᠭᠤᠷ ᠪᠠ ᠬᠤᠲᠠ᠎ᠶ᠋ᠢᠨ ᠪᠣᠬᠢᠷ ᠦᠮᠡᠬᠡᠶ ᠤᠰᠤᠨ ᠴᠣᠭ᠍ᠴᠠ᠎ᠶ᠋ᠢ ᠦᠨᠳᠦᠰᠦᠨ᠎ᠳᠡᠭᠡᠨ ᠠᠷᠢᠯᠭᠠᠨ᠎ᠠ᠃ 2030 ᠣᠨ᠎ᠤ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠬᠤ ᠤᠯᠤᠰ᠎ᠤᠨ ᠪᠡᠶ᠎ᠡ᠎ᠪᠠᠨ ᠳᠠᠭᠠᠭᠠᠵᠤ ᠬᠤᠪᠢ ᠨᠡᠮᠡᠷᠢ ᠦᠵᠡᠭᠦᠯᠬᠦ᠌ ᠬᠠᠷᠠᠯᠲᠠ᠎ᠶ᠋ᠢ ᠨᠠᠢᠳᠠᠪᠤᠷᠢᠵᠢᠭᠤᠯᠤᠨ᠎ᠠ᠃ ᠬᠥᠭ᠌ᠵᠢᠯᠲᠡ᠎ᠶ᠋ᠢᠨ ᠠᠷᠭ᠎ᠠ ᠮᠠᠶᠢᠭ᠎ᠤᠨ ᠪᠤᠬᠢᠷᠳᠤᠯ ᠦᠬᠡᠢ ᠬᠡᠯᠪᠡᠷᠢ ᠳᠡᠢᠰᠢ ᠬᠤᠪᠢᠷᠠᠬᠤ᠎ᠶ᠋ᠢ ᠲᠦᠷᠭᠡᠳᠭᠡᠵᠦ᠍᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ ᠪᠠ ᠠᠮᠢ ᠠᠬᠤᠶ᠎ᠶ᠋ᠢᠨ ᠣᠷᠴᠢᠨ ᠨᠥᠬᠦᠴᠡᠯ᠎ᠤᠨ ᠥᠨᠳᠥᠷ ᠲᠦᠪᠱᠢᠨ᠎ᠤ ᠬᠠᠮᠠᠭᠠᠯᠠᠯᠲᠠ᠎ᠶ᠋ᠢ ᠬᠠᠮᠵᠢᠯᠴᠠᠭᠤᠯᠤᠨ ᠠᠬᠢᠭᠤᠯᠵᠤ᠂ ᠨᠢᠭᠡᠴᠢ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠪᠦᠬᠦ᠌ ᠦᠷᠲᠡᠭ᠎ᠤᠨ ᠡᠨᠧᠷᠭᠢ᠎ᠶ᠋ᠢᠨ ᠬᠤᠷᠣᠭ᠍ᠳᠠᠭᠤᠯᠤᠯ ᠪᠠ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠤᠨ ᠭᠠᠳᠠᠭ᠍ᠰᠢᠯᠠᠭᠤᠯᠤᠯᠲᠠ᠎ᠶ᠋ᠢ ᠲᠤᠰ ᠲᠤᠰ 13.5% ᠪᠠ 18% ᠎ᠪᠠᠷ ᠪᠠᠭᠤᠷᠠᠭᠤᠯᠤᠨ᠎ᠠ᠃

— ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠦᠷᠭᠦᠯᠵᠢᠯᠡᠨ ᠨᠡᠮᠡᠭ᠌ᠳᠡᠭᠦᠯᠵᠦ᠍᠂ ᠬᠠᠮᠲᠤ᠎ᠪᠠᠷ ᠪᠠᠶᠠᠵᠢᠬᠤ᠎ᠶ᠋ᠢ ᠯᠠᠪᠳᠠᠭᠤᠨ ᠪᠠᠲᠤᠲᠠᠢ ᠠᠬᠢᠭᠤᠯᠤᠨ᠎ᠠ᠃ ᠴᠢᠳᠠᠯ᠎ᠢᠶᠠᠷ᠎ᠢᠶᠠᠨ ᠴᠢᠷᠮᠠᠢᠬᠤ ᠪᠠ ᠴᠢᠳᠠᠯ᠎ᠤᠨ᠎ᠢᠶᠠᠨ ᠭᠢᠷᠢ᠎ᠪᠠᠷ ᠭᠢᠭᠦ᠎ᠶ᠋ᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯᠲᠤ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠂ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ ᠠᠵᠢᠯᠯᠠᠭᠠᠨ᠎ᠤ ᠬᠦᠳᠦᠯᠪᠦᠷᠢ᠎ᠶ᠋ᠢ ᠲᠣᠭ᠍ᠲᠠᠭᠠᠵᠤ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠪᠦᠬᠦ᠌ ᠠᠷᠠᠳ ᠲᠦᠮᠡᠨ᠎ᠳᠤ ᠨᠠᠩ ᠣᠯᠠᠨ ᠨᠠᠩ ᠡᠷᠬᠡ ᠲᠡᠭ᠌ᠰᠢ᠎ᠪᠠᠷ ᠬᠦᠷᠲᠡᠭᠡᠨ᠎ᠡ᠃ ᠠᠵᠢᠯ ᠣᠯᠭᠤᠯᠲᠠ᠎ᠶ᠋ᠢ ᠲᠡᠷᠢᠭᠦᠨ᠎ᠳᠤ ᠲᠠᠯᠪᠢᠬᠤ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠠᠵᠢᠯ ᠣᠯᠭᠤᠯᠲᠠ᠎ᠶ᠋ᠢᠨ ᠪᠠᠭ᠍ᠲᠠᠭᠠᠮᠵᠢ᠎ᠶ᠋ᠢ ᠥᠷᠭᠡᠳᠭᠡᠨ᠎ᠡ᠃ ᠣᠷᠣᠯᠭ᠎ᠠ ᠪᠠᠭᠠᠲᠠᠶ ᠬᠦᠮᠦᠰ᠎ᠤᠨ ᠣᠷᠣᠯᠭ᠎ᠠ᠎ᠶ᠋ᠢ ᠬᠦᠴᠦᠯᠡᠨ ᠳᠡᠭᠡᠭ᠌ᠰᠢᠯᠡᠭᠦᠯᠵᠦ᠍᠂ ᠳᠤᠮᠳᠠ ᠵᠡᠷᠭᠡ᠎ᠶ᠋ᠢᠨ ᠣᠷᠣᠯᠭ᠎ᠠ᠎ᠲᠠᠢ ᠬᠦᠮᠦᠰ᠎ᠢ ᠤᠯᠠᠱᠢᠷᠠᠭᠤᠯᠵᠦ᠍᠂ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ᠎ᠶ᠋ᠢᠨ ᠨᠡᠮᠡᠭ᠌ᠳᠡᠯ᠎ᠢ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠪᠦᠬᠦ᠌ ᠦᠷᠲᠡᠭ᠎ᠤᠨ ᠨᠡᠮᠡᠭ᠌ᠳᠡᠯ᠎ᠯᠤᠭ᠎ᠠ ᠦᠨᠳᠦᠰᠦᠨ᠎ᠳᠡᠭᠡᠨ ᠢᠵᠢᠯ ᠠᠯᠬᠤᠮ᠎ᠲᠠᠢ ᠪᠠᠢᠯᠭᠠᠨ᠎ᠠ᠃ ᠴᠢᠨᠠᠷ ᠰᠠᠢᠲᠠᠶ ᠰᠤᠷᠭᠠᠨ ᠬᠥᠮᠦᠵᠢᠯ᠎ᠤᠨ ᠱᠢᠰᠲ᠋ᠧᠮ᠎ᠢ ᠪᠠᠢᠭᠤᠯᠵᠤ᠂ ᠰᠤᠷᠭᠠᠨ ᠬᠥᠮᠦᠵᠢᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠰᠤᠷᠭᠠᠨ ᠬᠥᠮᠦᠵᠢᠯ᠎ᠤᠨ ᠴᠢᠨᠠᠷ᠎ᠢ ᠳᠡᠭᠡᠭ᠌ᠰᠢᠯᠡᠭᠦᠯᠦᠨ ᠪᠠᠭ᠍ᠲᠠᠭᠠᠮᠵᠢ᠎ᠶ᠋ᠢ ᠥᠷᠭᠡᠳᠭᠡᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠬᠥᠳᠡᠯᠮᠦᠷᠢᠯᠡᠬᠦ᠌ ᠨᠠᠰᠤᠨ᠎ᠤ ᠬᠥᠮᠦᠨ ᠠᠮᠠ᠎ᠶ᠋ᠢᠨ ᠰᠤᠷᠭᠠᠨ ᠬᠥᠮᠦᠵᠢᠯ ᠬᠦᠷᠳᠡᠬᠦ᠌ ᠳᠤᠮᠳᠠᠴᠢ ᠵᠢᠯ ᠬᠤᠭᠤᠴᠠᠭ᠎ᠠ᠎ᠶ᠋ᠢ 11.3 ᠵᠢᠯ ᠪᠣᠯᠲᠠᠯ᠎ᠠ ᠳᠡᠭᠡᠭ᠌ᠰᠢᠯᠡᠭᠦᠯᠦᠨ᠎ᠡ᠃ ᠡᠷᠡᠭᠦᠯ ᠡᠩᠬᠡ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠬᠦᠴᠦᠷᠬᠡᠭ ᠶᠡᠭᠡ ᠱᠢᠰᠲ᠋ᠧᠮ᠎ᠢ ᠪᠠᠢᠭᠤᠯᠤᠨ᠂ ᠠᠷᠠᠳ ᠨᠡᠢᠲᠡ᠎ᠶ᠋ᠢᠨ ᠪᠡᠶ᠎ᠡ ᠮᠠᠬᠠᠪᠤᠳ᠎ᠢᠶᠠᠨ ᠴᠢᠭᠢᠷᠠᠭ᠍ᠵᠢᠭᠤᠯᠬᠤ ᠬᠥᠳᠡᠯᠭᠡᠭᠡᠨ᠎ᠢ ᠥᠷᠭᠡᠨ ᠳᠡᠯᠭᠡᠷ ᠥᠷᠨᠢᠭᠦᠯᠵᠦ᠍᠂ ᠬᠥᠮᠦᠨ ᠳᠤᠮᠳᠠᠴᠢ᠎ᠶ᠋ᠢᠨ ᠵᠢᠱ᠌ᠢᠯᠲᠡ ᠨᠠᠰᠤᠨ ᠬᠤᠲᠤᠭ᠎ᠢ ᠳᠠᠬᠢᠨ 1 ᠨᠠᠰᠤ ᠳᠡᠭᠡᠭ᠌ᠰᠢᠯᠡᠭᠦᠯᠦᠨ᠎ᠡ᠃ ᠬᠥᠮᠦᠨ ᠠᠮᠠ᠎ᠶ᠋ᠢᠨ ᠨᠠᠰᠤᠵᠢᠯᠲᠠ᠎ᠶ᠋ᠢ ᠢᠳᠡᠪᠬᠢᠲᠡᠶ᠎ᠪᠠᠷ ᠠᠷᠭᠠᠴᠠᠬᠤ ᠤᠯᠤᠰ᠎ᠤᠨ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠦᠨ᠂ ᠨᠠᠰᠤᠲᠠᠢᠴᠤᠳ ᠪᠠ ᠬᠡᠦᠬᠡᠳ᠎ᠢᠶᠠᠷ ᠭᠤᠤᠯᠳᠠᠯᠭ᠎ᠠ ᠪᠣᠯᠭᠠᠨ ᠬᠥᠮᠦᠨ ᠠᠮᠠ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠲᠡᠭᠦᠯᠳᠡᠷᠵᠢᠭᠦᠯᠵᠦ᠍᠂ ᠳᠤᠬᠢᠷᠠᠮᠵᠢᠲᠠᠢ ᠦᠷᠡᠵᠢᠯ᠎ᠤᠨ ᠲᠦᠪᠱᠢᠨ᠎ᠢ ᠪᠡᠶᠡᠯᠡᠭᠦᠯᠬᠦ᠌᠎ᠶ᠋ᠢ ᠠᠬᠢᠭᠤᠯᠤᠨ᠂ ᠬᠠᠤᠯᠢ᠎ᠪᠠᠷ ᠲᠣᠭ᠍ᠲᠠᠭᠠᠭ᠍ᠰᠠᠨ ᠠᠵᠢᠯ᠎ᠠᠴᠠ ᠪᠠᠭᠤᠵᠤ ᠠᠮᠠᠷᠠᠬᠤ ᠨᠠᠰᠤ᠎ᠶ᠋ᠢ ᠠᠯᠬᠤᠮ ᠠᠯᠬᠤᠮ᠎ᠢᠶᠠᠷ ᠬᠤᠢᠱᠢᠯᠠᠭᠤᠯᠤᠨ᠎ᠠ᠃ ᠤᠯᠠᠨ ᠲᠡᠰ ᠳᠠᠪᠬᠤᠷᠭ᠎ᠠ᠎ᠶ᠋ᠢᠨ ᠨᠡᠢᠭᠡᠮ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠬᠦᠯᠵᠤ᠂ ᠨᠠᠰᠤᠵᠢᠯ᠎ᠤᠨ ᠦᠨᠳᠦᠰᠦᠨ ᠠᠰᠠᠷᠠᠮᠵᠢ᠎ᠶ᠋ᠢᠨ ᠳᠠᠭᠠᠳᠭᠠᠯ᠎ᠳᠤ ᠣᠷᠣᠯᠴᠠᠬᠤ ᠨᠤᠷᠮ᠎ᠠ᠎ᠶ᠋ᠢ 95% ᠪᠣᠯᠲᠠᠯ᠎ᠠ ᠳᠡᠭᠡᠭ᠌ᠰᠢᠯᠡᠭᠦᠯᠦᠨ᠂ ᠨᠡᠢᠭᠡᠮ᠎ᠤᠨ ᠠᠪᠤᠷᠠᠨ ᠲᠤᠰᠠᠯᠠᠬᠤ ᠪᠠ ᠨᠢᠭᠦᠯᠡᠰᠦᠩᠭᠦᠶ᠎ᠶ᠋ᠢᠨ ᠲᠦᠷᠢᠮ᠎ᠢ ᠱᠢᠯᠢᠳᠡᠭ᠌ᠵᠢᠭᠦᠯᠦᠨ᠎ᠡ᠃ ᠨᠡᠢᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠬᠥᠭ᠌ᠵᠢᠭᠦᠯᠵᠦ᠍᠂ ᠨᠡᠢᠭᠡᠮ᠎ᠤᠨ ᠪᠣᠯᠪᠠᠰᠤᠨ᠎ᠤ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠂ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠤ ᠲᠦᠪᠱᠢᠨ᠎ᠢ ᠳᠡᠭᠡᠭ᠌ᠰᠢᠯᠡᠭᠦᠯᠵᠦ᠍᠂ ᠤᠳᠤ ᠦᠶ᠎ᠡ᠎ᠶ᠋ᠢᠨ ᠰᠣᠶᠣᠯ᠎ᠤᠨ ᠠᠵᠤ ᠦᠢᠯᠡᠰ᠎ᠤᠨ ᠱᠢᠰᠲ᠋ᠧᠮ᠎ᠢ ᠪᠦᠷᠢᠨᠱᠢᠭᠦᠯᠦᠨ᠎ᠡ᠃

— ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠯᠡᠵᠦ᠍᠂ ᠨᠡᠩ ᠥᠨᠳᠥᠷ ᠲᠦᠪᠱᠢᠨ᠎ᠤ ᠠᠮᠤᠷ ᠠᠮᠤᠭᠤᠯᠠᠩ ᠳᠤᠮᠳᠠᠳᠤ ᠤᠯᠤᠰ᠎ᠢ ᠪᠦᠳᠦᠭᠡᠨ ᠪᠠᠢᠭᠤᠯᠤᠨ᠎ᠠ᠃ ᠤᠯᠤᠰ᠎ᠤᠨ ᠶᠡᠷᠦᠩᠬᠡᠶ ᠠᠮᠤᠷ ᠲᠦᠪᠱᠢᠨ᠎ᠤ ᠦᠵᠡᠯᠲᠡ᠎ᠶ᠋ᠢ ᠪᠠᠷᠢᠮᠲᠠᠯᠠᠵᠤ᠂ ᠤᠯᠤᠰ᠎ᠤᠨ ᠠᠮᠤᠷ ᠲᠦᠪᠱᠢᠨ᠎ᠤ ᠱᠢᠰᠲ᠋ᠧᠮ ᠪᠠ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠤᠯᠤᠰ᠎ᠤᠨ ᠠᠵᠤ ᠠᠬᠤᠢ᠎ᠶ᠋ᠢᠨ ᠠᠮᠤᠷ ᠲᠦᠪᠱᠢᠨ᠎ᠤ ᠪᠠᠲᠤᠯᠠᠭ᠎ᠠ᠎ᠶ᠋ᠢ ᠴᠢᠩᠭᠠᠳᠭᠠᠵᠤ᠂ ᠠᠮᠤ ᠪᠤᠳᠠᠭ᠎ᠠ᠂ ᠡᠨᠧᠷᠭᠢ᠎ᠶ᠋ᠢᠨ ᠰᠤᠷᠪᠤᠯᠵᠢ ᠡᠬᠢ ᠪᠠᠶᠠᠯᠢᠭ᠂ ᠮᠥᠩᠭᠦᠨ ᠭᠦᠢᠯᠭᠡᠭᠡ᠎ᠶ᠋ᠢᠨ ᠠᠮᠤᠷ ᠲᠦᠪᠱᠢᠨ᠎ᠤ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠦᠨ᠂ ᠠᠮᠤ ᠪᠤᠳᠠᠭᠠᠨ᠎ᠤ ᠶᠡᠷᠦᠩᠬᠡᠢᠯᠡᠭ᠌ᠰᠡᠨ ᠦᠢᠯᠡᠳᠪᠦᠷᠢᠯᠡᠯ᠎ᠤᠨ ᠴᠢᠳᠠᠪᠤᠷᠢ᠎ᠶ᠋ᠢ 1.3 ᠲᠦᠮᠡᠨ ᠳ᠋ᠦᠡᠭ᠌ᠰᠢᠭᠤᠷ ᠵᠢᠩ᠎ᠠᠴᠠ ᠳᠡᠬᠡᠭ᠌ᠰᠢ ᠬᠡᠮᠵᠢᠶᠠᠨ᠎ᠳᠤ ᠪᠠᠢᠯᠭᠠᠵᠤ᠂ ᠡᠨᠧᠷᠭᠢ᠎ᠶ᠋ᠢᠨ ᠰᠤᠷᠪᠤᠯᠵᠢ᠎ᠶ᠋ᠢᠨ ᠶᠡᠷᠦᠩᠬᠡᠢᠯᠡᠭ᠌ᠰᠡᠨ ᠦᠢᠯᠡᠳᠪᠦᠷᠢᠯᠡᠯ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠤᠯᠠᠨ ᠨᠡᠢᠲᠡ᠎ᠶ᠋ᠢᠨ ᠠᠮᠤᠷ ᠲᠦᠪᠱᠢᠨ᠎ᠢ ᠪᠠᠲᠤᠯᠠᠬᠤ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠨᠡᠢᠭᠡᠮ᠎ᠤᠨ ᠲᠣᠭ᠍ᠲᠠᠭᠤᠨ ᠪᠠᠢᠳᠠᠯ ᠪᠠ ᠠᠮᠤᠷ ᠲᠦᠪᠱᠢᠨ᠎ᠢ ᠬᠠᠮᠠᠭᠠᠯᠠᠨ᠎ᠠ᠃

ᠢᠷᠡᠭᠡᠳᠦᠶ᠎ᠪᠠᠨ ᠪᠠᠷᠠᠯᠠᠬᠤᠶ᠎ᠠ᠂ ᠪᠢᠳᠡᠨ᠎ᠳᠤ ᠤᠷᠤᠭ᠍ᠰᠢᠯᠠᠯᠲᠠ᠎ᠶ᠋ᠢᠨ ᠵᠠᠮ ᠳᠡᠭᠡᠷᠡᠬᠢ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠦᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮᠳᠦ ᠦᠢᠯᠡᠰ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠢᠲᠡᠭᠡᠯ ᠪᠠ ᠴᠢᠳᠠᠪᠤᠷᠢ ᠪᠠᠢᠨ᠎ᠠ!

ᠭᠤᠷᠪᠠ᠂ 2021 ᠣᠨ᠎ᠤ ᠭᠤᠤᠯᠳᠠᠯᠭ᠎ᠠ᠎ᠲᠠᠢ ᠠᠵᠢᠯ

ᠡᠨᠡ ᠵᠢᠯ ᠪᠣᠯ ᠮᠠᠨ᠎ᠤ ᠤᠯᠤᠰ᠎ᠤᠨ ᠣᠳᠣᠬᠢᠴᠢᠯᠠᠬᠤ ᠪᠦᠳᠦᠭᠡᠨ ᠪᠠᠢᠭᠤᠯᠤᠯᠲᠠ᠎ᠶ᠋ᠢᠨ ᠠᠬᠢᠴᠠ᠎ᠳᠠᠬᠢ ᠣᠨᠴᠠᠭᠠᠶ ᠴᠢᠬᠤᠯᠠ ᠴᠢᠨᠠᠷ᠎ᠲᠠᠢ ᠨᠢᠭᠡ ᠵᠢᠯ ᠮᠥᠨ᠃ ᠵᠠᠰᠠᠭ᠎ᠤᠨ ᠣᠷᠳᠣᠨ᠎ᠤ ᠠᠵᠢᠯ᠎ᠢ ᠰᠠᠢᠲᠤᠷ ᠬᠢᠬᠦ᠌᠎ᠳᠤ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠲᠤᠬ᠍ᠲᠠᠭᠤᠨ ᠪᠠᠢᠯᠭᠠᠬᠤ᠎ᠶ᠋ᠢᠨ ᠵᠡᠷᠭᠡ᠎ᠳᠤ ᠣᠷᠣᠭ᠍ᠰᠢᠯᠠᠭᠤᠯᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠱᠠᠲᠤ ᠦᠶ᠎ᠡ᠎ᠳᠤ ᠰᠠᠭᠤᠷᠢᠯᠠᠨ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠤᠢ ᠪᠤᠯᠭᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠤᠯ ᠰᠡᠳᠦᠪ ᠪᠣᠯᠭᠠᠵᠤ᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠪᠠᠷ ᠭᠤᠤᠯ ᠱᠢᠵᠢᠮ ᠪᠣᠯᠭᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠠᠷ ᠦᠨᠳᠦᠰᠦᠨ ᠬᠥᠳᠡᠯᠭᠡᠭ᠌ᠴᠢ ᠬᠦᠴᠦᠨ ᠪᠣᠯᠭᠠᠵᠤ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠎ᠪᠠᠷ ᠦᠨᠳᠦᠰᠦᠨ ᠵᠣᠷᠢᠯᠭ᠎ᠠ ᠪᠣᠯᠭᠠᠵᠤ᠂ ᠱᠢᠰᠲ᠋ᠧᠮ᠎ᠤᠨ ᠦᠵᠡᠯᠲᠡ᠎ᠶ᠋ᠢ ᠪᠠᠷᠢᠮᠲᠠᠯᠠᠨ᠂ ᠬᠢᠵᠢᠭ᠎ᠤᠨ ᠪᠠᠢᠳᠠᠯ᠎ᠢ ᠰᠡᠷᠭᠡᠢᠯᠡᠨ ᠬᠢᠵᠠᠭᠠᠷᠯᠠᠬᠤ ᠠᠵᠢᠯ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠵᠦ᠍᠂ ᠬᠥᠭ᠌ᠵᠢᠯᠲᠡ ᠪᠣᠯᠤᠨ ᠠᠮᠤᠷ ᠲᠦᠪᠱᠢᠨ᠎ᠢ ᠨᠡᠩ ᠰᠠᠢᠨ ᠨᠢᠭᠡᠳᠦᠯᠲᠡᠶ ᠲᠥᠯᠥᠪᠵᠢᠭᠦᠯᠦᠨ᠂ 《ᠵᠢᠷᠭᠤᠭ᠎ᠠ᠎ᠶ᠋ᠢ ᠲᠣᠭ᠍ᠲᠠᠭᠤᠨ ᠪᠠᠢᠯᠭᠠᠬᠤ》 ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ 《ᠵᠢᠷᠭᠤᠭ᠎ᠠ᠎ᠶ᠋ᠢ ᠪᠠᠲᠤᠯᠠᠬᠤ》 ᠡᠭᠦᠷᠭᠡ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠤᠨ᠂ ᠬᠤᠷᠸ᠎ᠠ ᠲᠥᠷᠥ᠎ᠶ᠋ᠢᠨ ᠪᠣᠳᠣᠯᠭ᠎ᠠ᠎ᠶ᠋ᠢ ᠱᠢᠨᠵᠢᠯᠡᠬᠦ᠌ ᠤᠬᠠᠭᠠᠨᠴᠢ ᠪᠦᠭᠡᠳ ᠨᠠᠷᠢᠯᠢᠭ ᠣᠨᠣᠴᠠᠲᠠᠶ ᠬᠡᠷᠡᠭ᠌ᠵᠢᠭᠦᠯᠵᠦ᠍᠂ ᠠᠵᠤ ᠠᠬᠤᠶ᠎ᠶ᠋ᠢᠨ ᠠᠵᠢᠯᠯᠠᠭᠠᠨ᠎ᠤ ᠵᠦᠶ ᠵᠣᠬᠢᠰᠲᠠᠶ ᠬᠡᠪᠴᠢᠶᠠᠨ᠎ᠳᠤ ᠶᠠᠪᠤᠭ᠍ᠳᠠᠬᠤ᠎ᠶ᠋ᠢ ᠴᠢᠷᠮᠠᠢᠨ ᠪᠠᠲᠤᠯᠠᠵᠤ᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠᠢᠯᠳᠤᠬᠤ ᠪᠣᠳᠣᠯᠭ᠎ᠠ᠎ᠶ᠋ᠢ ᠪᠠᠷᠢᠮᠲᠠᠯᠠᠨ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠪᠠᠢᠯᠳᠤᠬᠤ ᠪᠣᠳᠣᠯᠭ᠎ᠠ᠎ᠶ᠋ᠢᠨ ᠲᠤᠯᠭᠠᠭᠤᠷᠢᠯᠠᠬᠤ ᠦᠢᠯᠡᠳᠦᠯ᠎ᠢ ᠴᠢᠩᠭᠠᠳᠭᠠᠵᠤ᠂ ᠥᠨᠳᠥᠷ ᠲᠦᠪᠱᠢᠨ ᠪᠦᠬᠦᠢ ᠭᠠᠳᠠᠭ᠍ᠰᠢ ᠨᠡᠭᠡᠭᠡᠯᠲᠡ᠎ᠶ᠋ᠢ ᠥᠷᠭᠡᠳᠭᠡᠨ᠂ ᠨᠡᠢᠭᠡᠮ᠎ᠤᠨ ᠡᠶ᠎ᠡ ᠵᠣᠬᠢᠴᠠᠯ ᠪᠠ ᠲᠣᠭ᠍ᠲᠠᠭᠤᠨ ᠪᠠᠢᠳᠠᠯ᠎ᠢ ᠪᠠᠲᠤᠯᠠᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠡᠬᠢᠯᠡᠯᠲᠡ ᠤᠷᠤᠭ᠍ᠰᠢᠳᠠᠢ ᠭᠠᠷᠤᠭ᠎ᠠ ᠰᠠᠢᠳᠠᠢ ᠪᠠᠢᠬᠤ᠎ᠶ᠋ᠢ ᠦᠨᠡᠨ ᠬᠦ᠌ ᠪᠠᠲᠤᠯᠠᠵᠤ᠂ ᠱᠢᠯᠢᠳᠡᠭ ᠬᠢᠷᠢ ᠪᠦᠲᠦᠮᠵᠢ᠎ᠪᠠᠷ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠬᠡᠷᠡᠭ᠌ᠲᠡᠢ᠃ 

ᠡᠨᠡ ᠵᠢᠯ ᠮᠠᠨ᠎ᠤ ᠤᠯᠤᠰ᠎ᠤᠨ ᠬᠥᠭ᠌ᠵᠢᠯᠲᠡ᠎ᠳᠤ ᠮᠥᠨ ᠴᠥᠭᠡᠨ ᠪᠤᠰᠤ ᠲᠦᠭ᠌ᠰᠢᠭᠦᠷᠢ ᠪᠠ ᠱᠢᠯᠭᠠᠯᠲᠠ ᠲᠤᠯᠭᠠᠷᠠᠵᠤ ᠪᠠᠢᠭ᠎ᠠ ᠪᠣᠯᠪᠠᠴᠤ᠌ ᠠᠵᠤ ᠠᠬᠤᠢ᠎ᠶ᠋ᠢᠨ ᠤᠷᠲᠤ ᠬᠤᠭᠤᠴᠠᠭ᠎ᠠ᠎ᠪᠠᠷ ᠰᠠᠢᠵᠢᠷᠠᠬᠤ ᠦᠨᠳᠦᠰᠦᠨ ᠪᠠᠢᠳᠠᠯ ᠬᠤᠪᠢᠷᠠᠭ᠎ᠠ ᠦᠭᠡᠢ ᠶᠤᠮ᠃ ᠪᠢᠳᠡ ᠢᠲᠡᠭᠡᠯ ᠵᠣᠷᠢᠭ᠎ᠢᠶᠠᠨ ᠪᠠᠲᠤᠳᠭᠠᠨ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠰᠡᠷᠭᠦᠯᠲᠡ᠎ᠶ᠋ᠢᠨ ᠴᠢᠨᠠᠷᠲᠠᠶ  ᠨᠡᠮᠡᠭ᠌ᠳᠡᠯ᠎ᠤᠨ ᠰᠠᠭᠤᠷᠢ᠎ᠶ᠋ᠢ ᠪᠠᠬᠢᠵᠢᠭᠦᠯᠦᠨ᠂ ᠠᠵᠤ ᠠᠬᠤᠶ ᠨᠡᠢᠭᠡᠮ᠎ᠤᠨ  ᠦᠷᠭᠦᠯᠵᠢᠯᠡᠨ ᠡᠷᠡᠭᠦᠯ ᠎ᠢᠶᠠᠷ  ᠬᠥᠭ᠌ᠵᠢᠬᠦ᠌᠎ᠶ᠋ᠢ ᠴᠢᠷᠮᠠᠢᠨ ᠪᠠᠲᠤᠯᠠᠬᠤ ᠬᠡᠷᠡᠭ᠌ᠲᠡᠶ᠃

ᠡᠨᠡ ᠵᠢᠯ᠎ᠤᠨ ᠬᠥᠭ᠌ᠵᠢᠯᠲᠡ᠎ᠶ᠋ᠢᠨ ᠭᠤᠤᠯ ᠪᠤᠯᠬᠤ ᠵᠢᠱ᠌ᠢᠭ᠌ᠰᠡᠨ ᠬᠠᠷᠠᠯᠲᠠ ᠪᠣᠯ᠄ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠪᠦᠬᠦ᠌ ᠦᠷᠲᠡᠭ᠎ᠢ 6% ᠎ᠠᠴᠠ ᠳᠡᠭᠡᠭ᠌ᠰᠢ ᠨᠡᠮᠡᠭ᠌ᠳᠡᠭᠦᠯᠦᠨ᠎ᠡ; ᠬᠤᠳᠠ ᠪᠠᠯᠭᠠᠰᠤᠨ᠎ᠳᠤ ᠠᠵᠢᠯ ᠤᠯᠤᠭ᠍ᠰᠠᠨ ᠬᠦᠮᠦᠨ᠎ᠤ ᠲᠤᠭ᠎ᠠ᠎ᠶ᠋ᠢ 1100 ᠲᠦᠮᠡ᠎ᠠᠴᠠ ᠳᠡᠭᠡᠭ᠌ᠰᠢ ᠱᠢᠨ᠎ᠡ᠎ᠪᠠᠷ ᠨᠡᠮᠡᠭ᠌ᠳᠡᠭᠦᠯᠦᠨ᠂ ᠬᠤᠳᠠ ᠪᠠᠯᠭᠠᠰᠤᠨ᠎ᠤ ᠪᠠᠢᠴᠠᠭᠠᠬ᠍ᠰᠠᠨ ᠠᠵᠢᠯ ᠠᠯᠳᠠᠯᠲᠠ᠎ᠶ᠋ᠢᠨ ᠨᠤᠷᠮ᠎ᠠ᠎ᠶ᠋ᠢ 5.5% ᠣᠷᠴᠢᠮ ᠪᠠᠢᠯᠭᠠᠨ᠎ᠠ; ᠰᠠᠭᠤᠭᠠᠯᠢ ᠠᠷᠠᠳ᠎ᠤᠨ ᠬᠡᠷᠡᠭ᠌ᠯᠡᠭᠡᠨ᠎ᠤ ᠦᠨ᠎ᠡ᠎ᠶ᠋ᠢᠨ ᠥᠰᠥᠯᠲᠡ᠎ᠶ᠋ᠢᠨ ᠬᠡᠮᠵᠢᠶ᠎ᠡ᠎ᠶ᠋ᠢ 3% ᠣᠷᠴᠢᠮ ᠪᠠᠢᠯᠭᠠᠨ᠎ᠠ; ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ᠎ᠶ᠋ᠢᠨ ᠬᠡᠮᠵᠢᠶ᠎ᠡ᠎ᠶ᠋ᠢ ᠲᠤᠭ᠍ᠲᠠᠪᠤᠷᠢᠵᠢᠭᠤᠯᠦᠨ ᠴᠢᠨᠠᠷ᠎ᠢ ᠳᠡᠭᠡᠭ᠌ᠰᠢᠯᠡᠭᠦᠯᠵᠦ᠍᠂ ᠤᠯᠤᠰ᠎ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ᠎ᠶ᠋ᠢ ᠦᠨᠳᠦᠰᠦᠨ᠎ᠳᠡᠭᠡᠨ ᠲᠡᠩᠴᠡᠭᠦᠷᠢᠲᠡᠶ ᠪᠠᠢᠯᠭᠠᠨ᠎ᠠ; ᠰᠠᠭᠤᠭᠠᠯᠢ ᠠᠷᠠᠳ᠎ᠤᠨ ᠣᠷᠣᠯᠭ᠎ᠠ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠦᠨ᠎ᠡ; ᠠᠮᠢ ᠠᠬᠤᠶ᠎ᠶ᠋ᠢᠨ ᠣᠷᠴᠢᠨ ᠨᠥᠬᠦᠴᠡᠯ᠎ᠤᠨ ᠴᠢᠨᠠᠷ ᠴᠢᠨᠰᠠᠭ᠎ᠠ᠎ᠶ᠋ᠢ ᠤᠯᠠᠮ ᠨᠢᠭᠡ ᠠᠯᠬᠤᠮ ᠰᠠᠢᠵᠢᠷᠠᠭᠤᠯᠵᠤ᠂ ᠨᠢᠭᠡᠴᠢ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠪᠦᠬᠦ᠌ ᠦᠷᠲᠡᠭ᠎ᠤᠨ ᠡᠨᠧᠷᠭᠢ᠎ᠶ᠋ᠢᠨ ᠬᠤᠷᠣᠭ᠍ᠳᠠᠭᠤᠯᠤᠯ᠎ᠢ 3% ᠣᠷᠴᠢᠮ᠎ᠢᠶᠠᠷ ᠪᠠᠭᠤᠷᠠᠭᠤᠯᠤᠨ᠂ ᠭᠤᠤᠯ ᠪᠤᠯᠬᠤ ᠪᠣᠬᠢᠷ ᠪᠣᠳᠠᠰ᠎ᠤᠨ ᠭᠠᠳᠠᠭ᠍ᠰᠢᠯᠠᠭᠤᠯᠤᠯᠲᠠ᠎ᠶ᠋ᠢ ᠦᠷᠭᠦᠯᠵᠢᠯᠡᠨ ᠪᠠᠭᠤᠷᠠᠭᠤᠯᠤᠨ᠎ᠠ; ᠠᠮᠤ ᠪᠤᠳᠠᠭᠠᠨ᠎ᠤ ᠤᠨᠠᠯᠲᠠ᠎ᠶ᠋ᠢ 1.3 ᠲᠦᠮᠡᠨ ᠳ᠋ᠦᠩᠱᠢᠭᠤᠷ ᠵᠢᠩ᠎ᠠᠴᠠ ᠳᠡᠭᠡᠭ᠌ᠰᠢ ᠪᠠᠢᠯᠭᠠᠬᠤ᠎ᠶ᠋ᠢ ᠪᠠᠲᠤᠯᠠᠨ᠎ᠡ᠃

ᠠᠵᠤ ᠠᠬᠤᠶ᠎ᠶ᠋ᠢᠨ ᠨᠡᠮᠡᠭ᠌ᠳᠡᠯ᠎ᠤᠨ ᠬᠤᠷᠳᠤᠴᠠ ᠪᠣᠯ ᠶᠡᠷᠦᠩᠬᠡᠢᠯᠡᠭ᠌ᠰᠡᠨ ᠴᠢᠨᠠᠷᠲᠠᠶ ᠭᠦᠢᠴᠡᠳᠭᠡᠬᠦ᠌ ᠲᠤᠭ᠎ᠠ ᠪᠣᠯᠤᠨ᠎ᠠ᠂ ᠠᠵᠤ ᠠᠬᠤᠶ᠎ᠶ᠋ᠢᠨ ᠠᠵᠢᠯᠯᠠᠭᠠᠨ᠎ᠤ ᠰᠡᠷᠭᠦᠯᠲᠡ᠎ᠶ᠋ᠢᠨ ᠪᠠᠢᠳᠠᠯ᠎ᠢ ᠪᠣᠳᠣᠯᠬᠢᠯᠠᠵᠤ᠂ ᠡᠨᠡ ᠵᠢᠯ᠎ᠤᠨ ᠵᠢᠱ᠌ᠢᠭ᠌ᠰᠡᠨ ᠬᠠᠷᠠᠯᠲᠠ᠎ᠶ᠋ᠢ 6% ᠎ᠠᠴᠠ ᠳᠡᠭᠡᠭ᠌ᠰᠢ᠎ᠪᠠᠷ ᠲᠤᠭ᠍ᠲᠠᠭᠠᠪᠠ᠂ ᠡᠨᠡ᠎ᠨᠢ ᠡᠯ᠎ᠡ ᠲᠠᠯ᠎ᠠ᠎ᠶ᠋ᠢᠨ᠎ᠬᠢᠨ᠎ᠢ ᠬᠦᠲᠦᠯᠦᠨ ᠵᠢᠯᠤᠭᠤᠳᠴᠤ᠌ ᠤᠶᠤᠨ ᠴᠢᠳᠠᠯ᠎ᠢᠶᠠᠨ ᠲᠥᠪᠯᠡᠷᠡᠭᠦᠯᠦᠨ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠠᠱᠢᠭ᠍ᠲᠠᠶ ᠶᠤᠮ᠃ ᠠᠵᠤ ᠠᠬᠤᠢ᠎ᠶ᠋ᠢᠨ ᠨᠡᠮᠡᠭ᠌ᠳᠡᠯ᠎ᠤᠨ ᠬᠤᠷᠳᠤᠴᠠ᠂ ᠠᠵᠢᠯ ᠣᠯᠭᠤᠯᠲᠠ᠂ ᠪᠠᠷᠠᠭᠠᠨ᠎ᠤ ᠦᠨ᠎ᠡ ᠵᠡᠷᠭᠡ ᠵᠢᠱ᠌ᠢᠭ᠌ᠰᠡᠨ ᠬᠠᠷᠠᠯᠲᠠ᠎ᠨᠢ ᠠᠵᠤ ᠠᠬᠤᠶ᠎ᠶ᠋ᠢᠨ ᠠᠵᠢᠯᠯᠠᠭᠠᠨ᠎ᠤ ᠵᠦᠶ ᠵᠣᠬᠢᠰᠲᠠᠶ ᠬᠡᠪᠴᠢᠶᠡᠨ᠎ᠳᠤ ᠶᠠᠪᠤᠭ᠍ᠳᠠᠬᠤ᠎ᠶ᠋ᠢ ᠪᠠᠲᠤᠯᠠᠬᠤ ᠱᠠᠭᠠᠷᠳᠠᠯᠭ᠎ᠠ᠎ᠶ᠋ᠢ ᠬᠠᠷᠠᠭᠤᠯᠵᠤ᠂ ᠬᠤᠢᠱᠢᠳᠠ᠎ᠶ᠋ᠢᠨ ᠬᠠᠷᠠᠯᠳᠠ᠎ᠲᠠᠢ ᠲᠤᠭ᠍ᠲᠠᠭᠤᠨ᠎ᠢᠶᠠᠷ ᠠᠪᠴᠠᠯᠳᠤᠵᠤ ᠪᠠᠢᠭ᠎ᠠ ᠪᠤᠯᠬᠤᠷ ᠦᠷᠬᠦᠯᠵᠢᠯᠡᠨ ᠡᠷᠡᠭᠦᠯ᠎ᠢᠶᠠᠷ ᠬᠦᠭ᠌ᠵᠢᠭᠦᠯᠬᠦ᠌᠎ᠳᠤ ᠠᠱᠢᠭ᠍ᠳᠠᠢ ᠶᠤᠮ᠃

ᠡᠨᠡ ᠵᠢᠯ᠎ᠤᠨ ᠠᠵᠢᠯ᠎ᠢ ᠰᠠᠢᠲᠤᠷ ᠬᠢᠬᠦ᠌᠎ᠳᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠬᠢᠵᠠᠭᠠᠷᠯᠠᠬᠤ ᠠᠵᠢᠯ ᠪᠠ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠬᠦ᠌ ᠬᠡᠷᠡᠭ᠌ᠲᠡᠢ᠃ ᠪᠠᠢᠩᠭᠤ᠎ᠶ᠋ᠢᠨ ᠴᠢᠨᠠᠷᠲᠠᠢ ᠰᠡᠷᠭᠡᠢᠯᠡᠨ ᠬᠢᠵᠠᠭᠠᠷᠯᠠᠬᠤ ᠪᠠ ᠬᠡᠰᠡᠭ ᠭᠠᠵᠠᠷ᠎ᠲᠤ ᠪᠠᠴᠢᠮ ᠪᠠᠢᠳᠠᠯ᠎ᠢ ᠠᠷᠭᠠᠴᠠᠨ ᠱᠢᠢᠳᠪᠦᠷᠢᠯᠡᠬᠦ᠌᠎ᠶ᠋ᠢ ᠣᠷᠭᠠᠨᠢᠭ᠎ᠢᠶᠠᠷ ᠤᠶᠠᠯᠳᠤᠭᠤᠯᠬᠤ᠎ᠶ᠋ᠢ ᠪᠠᠷᠢᠮᠲᠠᠯᠠᠨ᠂ ᠭᠠᠳᠠᠭᠠᠳᠤ᠎ᠠᠴᠠ ᠬᠠᠯᠳᠠᠪᠤᠷᠢᠯᠠᠨ ᠤᠷᠤᠵᠤ ᠢᠷᠡᠬᠦ᠌᠎ᠶ᠋ᠢ ᠰᠡᠷᠭᠡᠢᠯᠡᠬᠦ᠌ ᠪᠠ ᠳᠤᠳᠤᠭᠠᠳᠤ᠎ᠳᠠᠭᠠᠨ ᠳᠠᠬᠢᠨ ᠬᠠᠯᠳᠠᠪᠤᠷᠢᠯᠠᠬᠤ᠎ᠶ᠋ᠢ ᠰᠡᠷᠭᠡᠢᠯᠡᠬᠦ᠌ ᠠᠵᠢᠯ᠎ᠢ ᠦᠷᠭᠦᠯᠵᠢᠯᠡᠨ ᠰᠠᠢᠲᠤᠷ ᠬᠢᠵᠦ᠍᠂ ᠭᠤᠤᠯᠳᠠᠯᠭ᠎ᠠ᠎ᠲᠠᠢ ᠣᠷᠣᠨ ᠪᠦᠰᠡ ᠪᠣᠯᠤᠨ ᠵᠠᠩᠭᠢᠯᠠᠭ᠎ᠠ᠎ᠶ᠋ᠢᠨ ᠭᠤᠭ᠍ᠴᠤᠭ᠎ᠠ᠎ᠳᠠᠬᠢ ᠰᠡᠷᠭᠡᠢᠯᠡᠨ ᠬᠢᠵᠠᠭᠠᠷᠯᠠᠬᠤ ᠠᠵᠢᠯ᠎ᠢ ᠰᠠᠢᠲᠤᠷ ᠠᠳᠭᠤᠵᠤ᠂ ᠳᠤᠲᠠᠭᠤᠳᠠᠯ ᠪᠠ ᠠᠯᠳᠠᠰᠢ᠎ᠪᠠᠨ ᠨᠥᠬᠦᠪᠥᠷᠢᠯᠡᠨ᠂ ᠪᠦᠭᠡᠮᠨᠡᠷᠡᠯ᠎ᠤᠨ ᠱᠢᠨᠵᠢᠲᠡᠢ ᠬᠢᠵᠢᠭ᠎ᠤᠨ ᠪᠠᠢᠳᠠᠯ ᠪᠠ ᠲᠠᠷᠠᠬᠠᠢ ᠪᠤᠳᠠᠷᠬᠠᠢ ᠡᠭᠦᠰᠦᠭ᠌ᠰᠡᠨ ᠡᠪᠡᠳᠴᠢᠨ᠎ᠤ ᠵᠢᠱ᠌ᠢᠶ᠎ᠡ᠎ᠶ᠋ᠢᠨ ᠲᠠᠷᠬᠠᠬᠤ᠎ᠶ᠋ᠢ ᠴᠢᠩᠭ᠎ᠠ ᠰᠡᠷᠭᠡᠢᠯᠡᠵᠦ᠍᠂ ᠸᠠᠺᠼᠢᠨ᠎ᠢ ᠰᠤᠳᠤᠯᠤᠨ ᠦᠢᠯᠡᠳᠬᠦ᠌ ᠪᠠ ᠦᠨ᠎ᠡ ᠲᠦᠯᠦᠪᠦᠷᠢ ᠦᠭᠡᠢ᠎ᠪᠠᠷ ᠲᠠᠷᠢᠯᠭ᠎ᠠ ᠲᠠᠷᠢᠬᠤ᠎ᠶ᠋ᠢ ᠡᠮᠬᠢ ᠵᠢᠷᠤᠮ᠎ᠲᠠᠢ᠎ᠪᠠᠷ ᠠᠬᠢᠭᠤᠯᠵᠤ᠂ ᠱᠢᠨᠵᠢᠯᠡᠬᠦ᠌ ᠤᠬᠠᠭᠠᠨᠴᠢ ᠪᠦᠭᠡᠳ ᠨᠠᠷᠢᠯᠢᠭ ᠣᠨᠣᠴᠠᠲᠠᠶ᠎ᠪᠠᠷ ᠰᠡᠷᠭᠡᠢᠯᠡᠨ ᠬᠢᠵᠠᠭᠠᠷᠯᠠᠬᠤ ᠴᠢᠳᠠᠪᠤᠷᠢ ᠪᠠ ᠬᠢᠷᠢ ᠬᠡᠮᠵᠢᠶ᠎ᠡ᠎ᠪᠠᠨ ᠳᠡᠭᠡᠭ᠌ᠰᠢᠯᠡᠭᠦᠯᠬᠦ᠌ ᠬᠡᠷᠡᠭ᠌ᠲᠡᠢ᠃

ᠡᠨᠡ ᠵᠢᠯ ᠳᠣᠤᠷᠠᠬᠢ ᠬᠡᠳᠦᠨ ᠲᠠᠯ᠎ᠠ᠎ᠶ᠋ᠢᠨ ᠠᠵᠢᠯ᠎ᠢ ᠭᠤᠤᠯᠳᠠᠯᠭ᠎ᠠ᠎ᠲᠠᠢ ᠰᠠᠢᠲᠤᠷ ᠬᠢᠬᠦ᠌ ᠬᠡᠷᠡᠭ᠌ᠲᠡᠶ᠃

(ᠨᠢᠭᠡ) ᠬᠤᠷᠸ᠎ᠠ ᠲᠦᠷᠦ᠎ᠶ᠋ᠢᠨ ᠪᠤᠳᠤᠯᠭ᠎ᠠ᠎ᠶ᠋ᠢᠨ ᠦᠷᠭᠦᠯᠵᠢᠯᠡᠬᠦ᠌ ᠴᠢᠨᠠᠷ ᠲᠣᠭ᠍ᠲᠠᠭᠤᠨ ᠴᠢᠨᠠᠷ ᠦᠷᠭᠦᠯᠵᠢᠯᠡᠬᠦ᠋ᠢᠴᠡ ᠴᠢᠨᠠᠷ᠎ᠢ ᠪᠠᠲᠤᠯᠠᠵᠤ᠂ ᠠᠵᠤ ᠠᠬᠤᠶ᠎ᠶ᠋ᠢᠨ ᠠᠵᠢᠯᠯᠠᠭᠠᠨ᠎ᠤ ᠵᠦᠶ ᠵᠣᠬᠢᠰᠲᠠᠶ ᠬᠡᠪᠴᠢᠶᠡᠨ᠎ᠳᠤ ᠶᠠᠪᠤᠭ᠍ᠳᠠᠬᠤ᠎ᠶ᠋ᠢ ᠠᠬᠢᠭᠤᠯᠤᠨ᠎ᠠ᠃ ᠬᠡᠪᠴᠢᠶᠡᠲᠦ ᠲᠤᠬᠢᠷᠠᠭᠤᠯᠤᠯ ᠡᠵᠡᠮᠳᠡᠯ᠎ᠤᠨ ᠰᠠᠭᠤᠷᠢᠨ ᠳᠡᠭᠡᠷ᠎ᠡ ᠬᠠᠨᠳᠤᠯᠭᠠᠲᠤ ᠲᠤᠬᠢᠷᠠᠭᠤᠯᠤᠯ ᠡᠵᠡᠮᠳᠡᠯ᠂ ᠲᠣᠬᠢᠶᠠᠯᠲᠤ ᠲᠤᠬᠢᠷᠠᠭᠤᠯᠤᠯ ᠡᠵᠡᠮᠳᠡᠯ᠂ ᠨᠠᠷᠢᠯᠢᠭ ᠣᠨᠣᠴᠠᠲᠤ ᠲᠤᠬᠢᠷᠠᠭᠤᠯᠤᠯ ᠡᠵᠡᠮᠳᠡᠯ᠎ᠢ ᠴᠢᠩᠭᠠᠳᠭᠠᠨ᠎ᠠ᠃ ᠬᠤᠷᠸ᠎ᠠ ᠲᠥᠷᠥ᠎ᠶ᠋ᠢᠨ ᠪᠣᠳᠣᠯᠭ᠎ᠠ᠎ᠨᠢ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢᠨ ᠬᠦᠴᠢᠷᠳᠡᠯ᠎ᠢ ᠦᠷᠭᠦᠯᠵᠢᠯᠡᠨ ᠱᠢᠢᠳᠪᠦᠷᠢᠯᠡᠵᠦ᠍᠂ ᠴᠢᠬᠤᠯᠠ ᠪᠦᠬᠦᠢ ᠳᠡᠮᠵᠢᠯᠭᠡ᠎ᠶ᠋ᠢᠨ ᠡᠷᠴᠢᠮ᠎ᠢᠶᠠᠨ ᠪᠠᠲᠤᠯᠠᠨ᠂ ᠤᠭ᠍ᠵᠤᠮ ᠡᠷᠭᠢᠬᠦ᠌ ᠦᠭᠡᠢ ᠪᠠᠢᠵᠤ᠂ ᠪᠠᠢᠳᠠᠯ᠎ᠤᠨ ᠬᠤᠪᠢᠷᠠᠯᠲᠠ᠎ᠶ᠋ᠢ ᠦᠨᠳᠦᠰᠦᠯᠡᠨ ᠴᠠᠭ᠎ᠲᠤᠨᠢ ᠲᠣᠬᠢᠷᠠᠭᠤᠯᠤᠨ ᠲᠣᠬᠢᠷᠠᠭᠤᠯᠤᠯᠲᠠ ᠬᠢᠵᠦ᠍ ᠲᠡᠭᠦᠯᠳᠡᠷᠵᠢᠭᠦᠯᠦᠨ᠂ ᠠᠵᠤ ᠠᠬᠤᠶ᠎ᠶ᠋ᠢᠨ ᠦᠨᠳᠦᠰᠦᠨ ᠪᠠᠢᠳᠠᠯ᠎ᠢ ᠤᠯᠠᠮ ᠨᠢᠭᠡ ᠠᠯᠬᠤᠮ ᠪᠠᠬᠢᠵᠢᠭᠦᠯᠬᠦ᠌ ᠬᠡᠷᠡᠭ᠌ᠲᠡᠢ᠃

ᠡᠳ᠋᠎ᠤᠨ ᠵᠠᠰᠠᠭ᠎ᠤᠨ ᠢᠳᠡᠪᠬᠢᠲᠡᠶ ᠲᠦᠷᠦ᠎ᠶ᠋ᠢᠨ ᠪᠤᠳᠤᠯᠭ᠎ᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠵᠦ᠍᠂ ᠨᠡᠩ ᠦᠷᠭᠦᠯᠵᠢᠯᠡᠬᠦ᠋ᠢᠴᠡ ᠪᠤᠯᠭᠠᠬᠤ ᠬᠡᠷᠡᠭ᠌ᠲᠡᠶ᠃ ᠬᠢᠵᠢᠭ᠎ᠢ ᠪᠦᠲᠦᠮᠵᠢᠲᠡᠶ ᠬᠢᠵᠠᠭᠠᠷᠯᠠᠭ᠍ᠰᠠᠨ ᠪᠠ ᠠᠵᠤ ᠠᠬᠤᠶ ᠠᠯᠬᠤᠮ ᠠᠯᠬᠤᠮ᠎ᠢᠶᠠᠷ ᠰᠡᠷᠭᠦᠵᠦ᠍ ᠪᠠᠢᠭ᠎ᠠ ᠪᠠᠢᠳᠠᠯ᠎ᠢ ᠪᠣᠳᠣᠯᠬᠢᠯᠠᠵᠤ᠂ ᠡᠨᠡ ᠵᠢᠯ ᠤᠯᠠᠭᠠᠨ ᠲᠤᠭ᠎ᠠ᠎ᠶ᠋ᠢᠨ ᠨᠤᠷᠮ᠎ᠠ᠎ᠶ᠋ᠢ 3.2% ᠣᠷᠴᠢᠮ᠎ᠢᠶᠠᠷ ᠲᠣᠬᠢᠷᠠᠭᠤᠯᠵᠤ᠂ ᠨᠢᠳᠤᠨᠤᠨ᠎ᠤ᠎ᠬᠢ᠎ᠠᠴᠠ ᠡᠳᠦᠶ ᠲᠡᠳᠦᠶ ᠪᠠᠭᠤᠷᠠᠭᠤᠯᠤᠨ᠂ ᠬᠢᠵᠢᠭ᠎ᠢ ᠡᠰᠡᠷᠭᠦᠴᠡᠬᠦ᠌ ᠣᠨᠴᠠᠭᠠᠶ ᠤᠯᠤᠰ᠎ᠤᠨ ᠵᠢᠭᠡᠯᠡᠯᠭᠡ᠎ᠶ᠋ᠢ ᠲᠠᠬᠢᠨ ᠲᠠᠷᠬᠠᠭᠠᠬᠤ ᠦᠭᠡᠢ᠎ᠪᠠᠷ ᠲᠦᠯᠦᠪᠯᠡᠵᠦ᠍ ᠪᠠᠢᠨ᠎ᠠ᠃ ᠡᠳ᠋᠎ᠤᠨ ᠵᠠᠰᠠᠭ᠎ᠤᠨ ᠣᠷᠣᠯᠭ᠎ᠠ᠎ᠶ᠋ᠢᠨ ᠰᠡᠷᠭᠦᠯᠲᠡ᠎ᠶ᠋ᠢᠨ ᠴᠢᠨᠠᠷᠲᠠᠶ ᠨᠡᠮᠡᠭ᠌ᠳᠡᠯ᠎ᠠᠴᠠ ᠪᠣᠯᠵᠤ᠂ ᠡᠳ᠋᠎ᠤᠨ ᠵᠠᠰᠠᠭ᠎ᠤᠨ ᠵᠠᠷᠤᠯᠭ᠎ᠠ᠎ᠶ᠋ᠢᠨ ᠶᠡᠷᠦᠩᠬᠡᠶ ᠬᠡᠪᠴᠢᠶ᠎ᠡ᠎ᠶ᠋ᠢ ᠨᠢᠳᠤᠨᠤᠨ᠎ᠤ᠎ᠬᠢ᠎ᠠᠴᠠ ᠨᠡᠮᠡᠭ᠌ᠳᠡᠭᠦᠯᠬᠦ᠌ ᠪᠦᠭᠡᠳ ᠡᠭᠦᠨ᠎ᠤ ᠭᠤᠤᠯᠳᠠᠯᠭ᠎ᠠ᠎ᠨᠢ ᠮᠥᠨ ᠬᠦ᠌ ᠠᠵᠢᠯ ᠣᠯᠭᠤᠯᠲᠠ᠎ᠶ᠋ᠢ ᠪᠠᠲᠤᠯᠠᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢ ᠪᠠᠲᠤᠯᠠᠬᠤ᠎ᠶ᠋ᠢ ᠳᠡᠮᠵᠢᠬᠦ᠌ ᠡᠷᠴᠢᠮ᠎ᠢᠶᠠᠨ ᠴᠢᠩᠭᠠᠷᠠᠭᠤᠯᠬᠤ ᠶᠠᠪᠤᠳᠠᠯ ᠪᠣᠯᠤᠨ᠎ᠠ᠃ ᠲᠥᠪ᠎ᠤᠨ ᠲᠤᠰ ᠱᠠᠲᠤᠨ᠎ᠤ ᠵᠠᠷᠤᠯᠭ᠎ᠠ᠎ᠶ᠋ᠢ ᠦᠷᠭᠦᠯᠵᠢᠯᠡᠨ ᠰᠥᠭᠡᠷᠭᠦ᠎ᠪᠠᠷ ᠨᠡᠮᠡᠭ᠌ᠳᠡᠭᠦᠯᠬᠦ᠌᠎ᠪᠠᠷ ᠲᠣᠬᠢᠷᠠᠭᠤᠯᠵᠤ᠂ ᠪᠠᠴᠢᠮ ᠬᠡᠷᠡᠭ᠌ᠴᠡᠭᠡᠨ᠎ᠤ ᠪᠤᠰᠤ ᠵᠠᠢᠯᠠᠰᠢ ᠦᠭᠡᠢ ᠪᠤᠰᠤ ᠵᠠᠷᠤᠯᠭ᠎ᠠ᠎ᠶ᠋ᠢ ᠤᠯᠠᠮ ᠨᠢᠭᠡ ᠠᠯᠬᠤᠮ ᠶᠡᠭᠡ ᠬᠡᠮᠵᠢᠶ᠎ᠡ᠎ᠪᠠᠷ ᠪᠠᠭᠠᠰᠭᠠᠨ᠂ ᠣᠷᠣᠨ ᠨᠤᠲᠤᠭ᠎ᠲᠤ ᠡᠩ᠎ᠤᠨ ᠴᠢᠨᠠᠷᠲᠠᠶ᠎ᠪᠠᠷ ᠱᠢᠯᠵᠢᠭᠦᠯᠦᠨ ᠥᠭ᠌ᠬᠦ ᠵᠠᠷᠤᠯᠭ᠎ᠠ᠎ᠶ᠋ᠢ 7.8% ᠎ᠪᠠᠷ ᠨᠡᠮᠡᠭ᠌ᠳᠡᠭᠦᠯᠵᠦ᠍᠂ ᠨᠡᠮᠡᠭ᠌ᠳᠡᠯ᠎ᠤᠨ ᠬᠡᠮᠵᠢᠶ᠎ᠡ᠎ᠶ᠋ᠢ ᠨᠢᠳᠤᠨᠤᠨ᠎ᠤ᠎ᠬᠢ᠎ᠠᠴᠠ ᠢᠯᠡᠳᠲᠡ ᠥᠨᠳᠥᠷ ᠪᠣᠯᠭᠠᠨ᠎ᠠ᠂ ᠡᠭᠦᠨ᠎ᠳᠤ ᠲᠡᠩᠴᠡᠭᠦᠷᠢᠲᠦ ᠴᠢᠨᠠᠷᠲᠠᠶ ᠱᠢᠯᠵᠢᠭᠦᠯᠦᠨ ᠥᠭ᠌ᠬᠦᠯᠲᠡ᠂ ᠱᠢᠶᠠᠨ᠎ᠤ ᠱᠠᠲᠤᠨ᠎ᠤ ᠦᠨᠳᠦᠰᠦᠨ ᠡᠳ᠋᠎ᠤᠨ ᠬᠦᠴᠦᠨ᠎ᠤ ᠪᠠᠲᠤᠯᠠᠭ᠎ᠠ᠎ᠶ᠋ᠢᠨ ᠲᠣᠭ᠍ᠲᠠᠴᠠ᠎ᠶ᠋ᠢᠨ ᠱᠠᠩᠨᠠᠯ ᠨᠥᠬᠦᠪᠥᠷᠢ᠎ᠶ᠋ᠢᠨ ᠪᠡᠯᠡ ᠮᠥᠩᠭᠦ᠌ ᠵᠡᠷᠭᠡ᠎ᠶ᠋ᠢᠨ ᠨᠡᠮᠡᠭ᠌ᠳᠡᠯ᠎ᠤᠨ ᠬᠡᠮᠵᠢᠶ᠎ᠡ᠎ᠶ᠋ᠢ ᠴᠥᠮ 10% ᠎ᠠᠴᠠ ᠳᠠᠪᠠᠭᠤᠯᠤᠨ᠎ᠠ᠃ ᠪᠠᠢᠩᠭᠤ᠎ᠶ᠋ᠢᠨ ᠴᠢᠨᠠᠷᠲᠠᠢ ᠡᠳ᠋᠎ᠤᠨ ᠵᠠᠰᠠᠭ᠎ᠤᠨ ᠪᠡᠯᠡ ᠮᠥᠩᠭᠦ᠎ᠶ᠋ᠢ ᠱᠢᠭᠤᠳ ᠪᠠᠭᠤᠯᠭᠠᠬᠤ ᠲᠣᠭ᠍ᠲᠠᠴᠠ᠎ᠶ᠋ᠢ ᠪᠠᠢᠭᠤᠯᠬᠤ᠎ᠶ᠋ᠢᠨ ᠬᠠᠮᠲᠤ ᠬᠦᠷᠢᠶ᠎ᠡ ᠬᠡᠪᠴᠢᠶ᠎ᠡ᠎ᠶ᠋ᠢ᠎ᠨᠢ ᠥᠷᠭᠡᠳᠭᠡᠵᠦ᠍᠂ 2.8 ᠲᠦᠮᠡᠨ ᠳ᠋ᠦᠩᠱᠢᠭᠤᠷ ᠲᠥᠭᠦᠷᠢᠭ᠎ᠤᠨ ᠲᠥᠪ᠎ᠤᠨ ᠡᠳ᠋᠎ᠤᠨ ᠵᠠᠰᠠᠭ᠎ᠤᠨ ᠪᠡᠯᠡ ᠮᠥᠩᠭᠦ᠎ᠶ᠋ᠢ ᠱᠢᠭᠤᠳ ᠪᠠᠭᠤᠯᠭᠠᠬᠤ ᠲᠣᠭ᠍ᠲᠠᠴᠠ᠎ᠳᠤ ᠣᠷᠣᠭᠤᠯᠤᠨ᠂ ᠬᠡᠪᠴᠢᠶ᠎ᠠ᠎ᠶ᠋ᠢ᠎ᠨᠢ ᠨᠢᠳᠤᠨᠤᠨ᠎ᠤ᠎ᠬᠢ᠎ᠠᠴᠠ ᠢᠯᠡᠳᠳᠠ ᠶᠡᠭᠡ ᠪᠠᠢᠯᠭᠠᠵᠤ᠂ ᠬᠤᠳᠠ ᠱᠢᠶᠠᠨ᠎ᠤ ᠦᠨᠳᠦᠰᠦᠨ ᠱᠠᠲᠤᠨ᠎ᠤ ᠠᠵᠤ ᠠᠬᠤᠢᠯᠠᠯ᠎ᠳᠤ ᠬᠠᠷᠠᠭᠠᠯᠵᠠᠯ ᠦᠵᠡᠬᠦᠯᠦᠨ ᠠᠷᠠᠳ᠎ᠲᠤ ᠠᠱᠢᠭ ᠬᠦᠷᠲᠡᠭᠡᠬᠦ᠌ ᠠᠵᠢᠯ᠎ᠳᠤ ᠨᠡᠩ ᠴᠠᠭ ᠲᠤᠬᠠᠢᠴᠢ ᠪᠦᠭᠡᠳ ᠬᠦᠴᠦᠲᠡᠶ ᠡᠳ᠋᠎ᠤᠨ ᠬᠦᠴᠦᠨ᠎ᠤ ᠳᠡᠮᠵᠢᠯᠭᠡ ᠬᠠᠩᠭᠠᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ ᠠᠷᠠᠳ᠎ᠤᠨ ᠲᠥᠯᠥᠭᠡ ᠠᠷᠪᠢᠯᠠᠨ ᠬᠡᠷᠡᠭ᠌ᠯᠡᠵᠦ᠍᠂ ᠠᠷᠪᠢᠯᠠᠨ ᠭᠠᠮᠨᠠᠬᠤ᠎ᠶ᠋ᠢ ᠪᠠᠷᠢᠮᠲᠠᠯᠠᠨ᠂ ᠠᠷᠠᠳ᠎ᠤᠨ ᠦᠨᠳᠦᠰᠦᠨ ᠠᠮᠢᠳᠤᠷᠠᠯ᠎ᠤᠨ ᠵᠠᠷᠤᠯᠭ᠎ᠠ᠎ᠶ᠋ᠢᠨ ᠨᠡᠮᠡᠭ᠌ᠳᠡᠬᠦ᠌᠎ᠠᠴᠠ ᠪᠢᠰᠢ ᠬᠠᠰᠤᠭ᠍ᠳᠠᠬᠤ ᠦᠭᠡᠢ ᠪᠠᠢᠬᠤ᠎ᠶ᠋ᠢ ᠦᠨᠡᠨ ᠬᠦ᠌ ᠪᠠᠲᠤᠯᠠᠵᠤ᠂ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢᠶᠠᠨ ᠪᠠᠳᠤᠯᠠᠬᠤ᠎ᠳᠤ ᠬᠦᠴᠦᠨ ᠨᠡᠮᠡᠷᠢᠯᠡᠬᠦ᠌ ᠬᠡᠷᠡᠭ᠌ᠲᠡᠢ᠃

ᠭᠠᠢᠯᠢ ᠬᠥᠩᠭᠡᠯᠡᠬᠦ᠌ ᠲᠦᠷᠦ᠎ᠶ᠋ᠢᠨ ᠪᠤᠳᠤᠯᠭ᠎ᠠ᠎ᠶ᠋ᠢ ᠱᠢᠯᠢᠳᠡᠭ᠌ᠵᠢᠭᠦᠯᠦᠨ ᠨᠠᠢᠳᠠᠪᠤᠷᠢᠵᠢᠭᠤᠯᠤᠨ᠎ᠠ᠃ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ ᠬᠦᠴᠦ᠍ ᠲᠠᠮᠢᠷ᠎ᠢᠶᠠᠨ ᠰᠡᠷᠭᠦᠭᠡᠨ᠂ ᠠᠮᠢᠵᠢᠷᠠᠯ᠎ᠤᠨ ᠬᠦᠴᠦᠨ᠎ᠢᠶᠠᠨ ᠴᠢᠩᠭᠠᠷᠠᠭᠤᠯᠬᠤ᠎ᠳᠤ ᠳᠡᠳᠡᠨ᠎ᠢ ᠮᠦᠨ ᠯᠡ ᠪᠠᠰᠠ ᠬᠠᠪᠰᠤᠷᠬᠤ ᠴᠢᠬᠤᠯᠠᠲᠠᠢ ᠪᠠᠢᠨ᠎ᠠ᠃ ᠳᠦᠷᠢᠮ᠎ᠤᠨ ᠴᠢᠨᠠᠷᠲᠠᠶ ᠭᠠᠢᠯᠢ ᠬᠥᠩᠭᠡᠯᠡᠬᠦ᠌ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠪᠠᠭ᠎ᠠ ᠬᠡᠮᠵᠢᠶᠡᠨ᠎ᠤ ᠭᠠᠢᠯᠢ ᠲᠤᠱᠢᠶᠠᠭ᠍ᠴᠢ᠎ᠳᠤ ᠥᠷᠲᠡᠭ ᠨᠡᠮᠡᠭ᠌ᠳᠡᠯ᠎ᠤᠨ ᠭᠠᠢᠯᠢ᠎ᠶ᠋ᠢᠨ ᠬᠠᠷᠠᠭᠠᠯᠵᠠᠯ ᠦᠵᠡᠭᠦᠯᠬᠦ᠌ ᠵᠡᠷᠭᠡ ᠬᠡᠰᠡᠭ ᠱᠠᠲᠤ ᠦᠶᠡᠴᠢ ᠴᠢᠨᠠᠷᠲᠠᠶ ᠲᠥᠷᠥ᠎ᠶ᠋ᠢᠨ ᠪᠣᠳᠣᠯᠭ᠎ᠠ᠎ᠶ᠋ᠢᠨ ᠬᠡᠷᠡᠭ᠌ᠵᠢᠭᠦᠯᠬᠦ᠌ ᠬᠤᠭᠤᠴᠠᠭ᠎ᠠ᠎ᠶ᠋ᠢ ᠤᠷᠲᠤᠳᠭᠠᠨ᠂ ᠪᠦᠲᠦᠴᠡ᠎ᠶ᠋ᠢᠨ ᠴᠢᠨᠠᠷᠲᠠᠶ ᠭᠠᠢᠯᠢ ᠬᠥᠩᠭᠡᠯᠡᠬᠦ᠌ ᠱᠢᠨ᠎ᠡ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠵᠦ᠍᠂ ᠬᠡᠰᠡᠭ ᠲᠥᠷᠥ᠎ᠶ᠋ᠢᠨ ᠪᠣᠳᠣᠯᠭ᠎ᠠ᠎ᠶ᠋ᠢᠨ ᠲᠣᠬᠢᠷᠠᠭᠤᠯᠤᠯᠲᠠ᠎ᠠᠴᠠ ᠪᠤᠯᠤᠭ᠍ᠰᠠᠨ ᠨᠥᠯᠥᠭᠡ᠎ᠶ᠋ᠢ ᠠᠷᠢᠯᠭᠠᠨ᠎ᠠ᠃ ᠪᠠᠭ᠎ᠠ ᠬᠡᠮᠵᠢᠶᠡᠨ᠎ᠤ ᠭᠠᠢᠯᠢ ᠲᠤᠱᠢᠶᠠᠭ᠍ᠴᠢ᠎ᠶ᠋ᠢᠨ ᠦᠷᠳᠡᠭ ᠨᠡᠮᠡᠭ᠌ᠳᠡᠯ᠎ᠤᠨ ᠭᠠᠢᠯᠢ᠎ᠶ᠋ᠢᠨ ᠡᠬᠢᠯᠡᠵᠦ᠍ ᠲᠠᠲᠠᠪᠤᠷᠢᠯᠠᠬᠤ ᠴᠡᠭ᠎ᠢ ᠰᠠᠷ᠎ᠠ᠎ᠶ᠋ᠢᠨ ᠪᠣᠷᠣᠯᠠᠭᠤᠯᠤᠯᠲᠠ᠎ᠶ᠋ᠢᠨ ᠲᠤᠭ᠎ᠠ᠎ᠨᠢ 10 ᠲᠦᠮᠡᠨ ᠲᠥᠭᠦᠷᠢᠭ ᠪᠠᠢᠭ᠍ᠰᠠᠨ᠎ᠠᠴᠠ 15 ᠲᠦᠮᠡᠨ ᠲᠥᠭᠦᠷᠢᠭ ᠪᠣᠯᠲᠠᠯ᠎ᠠ ᠳᠡᠭᠡᠭ᠌ᠰᠢᠯᠡᠭᠦᠯᠦᠨ᠎ᠡ᠃ ᠵᠢᠵᠢᠭ ᠪᠢᠴᠢᠯ ᠠᠵᠤ ᠠᠬᠤᠢᠯᠠᠯ ᠪᠣᠯᠤᠨ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠵᠢᠯ᠎ᠤᠨ ᠭᠠᠢᠯᠢ ᠲᠤᠱᠢᠶᠠᠬᠤ ᠶᠣᠰᠣᠲᠠᠶ ᠠᠱᠢᠭ ᠣᠷᠣᠯᠭ᠎ᠠ᠎ᠶ᠋ᠢᠨ ᠲᠤᠭ᠎ᠠ᠎ᠨᠢ 100 ᠲᠦᠮᠡᠨ ᠲᠥᠭᠦᠷᠢᠭ᠎ᠲᠤ ᠬᠦᠷᠬᠦ᠌ ᠦᠭᠡᠢ ᠬᠡᠰᠡᠭ᠎ᠠᠴᠠ᠂ ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠬᠠᠷᠠᠭᠠᠯᠵᠠᠯᠲᠤ ᠲᠥᠷᠥ᠎ᠶ᠋ᠢᠨ ᠪᠣᠳᠣᠯᠭ᠎ᠠ᠎ᠶ᠋ᠢᠨ ᠰᠠᠭᠤᠷᠢᠨ ᠳᠡᠭᠡᠷ᠎ᠡ᠂ ᠠᠱᠢᠭ ᠣᠷᠣᠯᠭ᠎ᠠ᠎ᠶ᠋ᠢᠨ ᠭᠠᠢᠯᠢ᠎ᠶ᠋ᠢ ᠳᠠᠬᠢᠭᠠᠳ ᠬᠠᠭᠠᠰ᠎ᠢᠶᠠᠷ ᠬᠠᠰᠤᠵᠤ ᠲᠠᠲᠠᠪᠤᠷᠢᠯᠠᠨ᠎ᠠ᠃ ᠡᠯ᠎ᠡ ᠭᠠᠵᠠᠷ᠎ᠤᠨ᠎ᠬᠢᠨ ᠭᠠᠢᠯᠢ ᠬᠥᠩᠭᠡᠯᠡᠬᠦ᠌ ᠲᠥᠷᠥ᠎ᠶ᠋ᠢᠨ ᠪᠣᠳᠣᠯᠭ᠎ᠠ᠎ᠶ᠋ᠢ ᠴᠠᠭ ᠲᠤᠬᠠᠶ᠎ᠳᠤᠨᠢ ᠨᠠᠢᠳᠠᠪᠤᠷᠢᠵᠢᠭᠤᠯᠤᠨ ᠪᠣᠳᠠᠲᠠᠢᠵᠢᠭᠤᠯᠵᠤ᠂ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢᠨ ᠡᠳ᠋ᠯᠡᠬᠦ᠌ ᠶᠣᠰᠣᠲᠠᠶ᠎ᠪᠠᠨ ᠪᠦᠭᠦᠳᠡ᠎ᠶ᠋ᠢ ᠡᠳ᠋ᠯᠡᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃

ᠵᠣᠭᠤᠰᠣᠨ᠎ᠤ ᠯᠠᠪᠲᠠᠭᠤᠨ ᠲᠦᠷᠦ᠎ᠶ᠋ᠢᠨ ᠪᠤᠳᠤᠯᠭ᠎ᠠ᠎ᠶ᠋ᠢ ᠠᠮᠢᠳᠤᠯᠢᠭ ᠪᠦᠭᠡᠳ ᠨᠠᠷᠢᠯᠢᠭ ᠣᠨᠣᠴᠠᠲᠠᠶ᠂ ᠵᠦᠶ ᠵᠣᠬᠢᠰᠲᠠᠶ ᠪᠦᠭᠡᠳ ᠳᠤᠬᠢᠷᠠᠮᠵᠢᠲᠠᠢ ᠪᠠᠢᠯᠭᠠᠬᠤ ᠬᠡᠷᠡᠭ᠌ᠲᠡᠶ᠃ ᠪᠣᠳᠠᠲᠤ ᠴᠣᠭ᠍ᠴᠠ᠎ᠶ᠋ᠢᠨ ᠠᠵᠤ ᠠᠬᠤᠶ᠎ᠳᠤ ᠦᠢᠯᠡᠴᠢᠯᠡᠬᠦ᠌ ᠶᠠᠪᠤᠳᠠᠯ᠎ᠢ ᠨᠠᠩ ᠲᠣᠪᠤᠢᠮ᠎ᠠ ᠪᠠᠢᠷᠢᠨ᠎ᠳᠤ ᠲᠠᠯᠪᠢᠵᠤ᠂ ᠠᠵᠤ ᠠᠬᠤᠶ᠎ᠶ᠋ᠢ ᠰᠡᠷᠭᠦᠭᠡᠬᠦ᠌ ᠪᠠ ᠲᠦᠭ᠌ᠰᠢᠭᠦᠷᠢ᠎ᠶ᠋ᠢ ᠰᠡᠷᠭᠡᠢᠯᠡᠬᠦ᠌᠎ᠶ᠋ᠢᠨ ᠬᠠᠷᠢᠴᠠᠭ᠎ᠠ᠎ᠶ᠋ᠢ ᠰᠠᠢᠲᠤᠷ ᠱᠢᠢᠳᠪᠦᠷᠢᠯᠡᠨ᠎ᠡ᠃ ᠵᠣᠭᠤᠰ᠎ᠤᠨ ᠬᠠᠨᠭ᠌ᠭᠠᠯᠭ᠎ᠠ᠎ᠶ᠋ᠢᠨ ᠬᠡᠮᠵᠢᠶ᠎ᠠ ᠪᠠ ᠨᠡᠢᠬᠡᠮ᠎ᠤᠨ ᠪᠡᠯᠡ ᠲᠤᠬᠢᠷᠠᠭᠤᠯᠭ᠎ᠠ᠎ᠶ᠋ᠢᠨ ᠬᠡᠪᠴᠢᠶ᠎ᠠ᠎ᠶ᠋ᠢᠨ ᠨᠡᠮᠡᠭ᠌ᠳᠡᠯ᠎ᠤᠨ ᠬᠤᠷᠳᠤᠴᠠ᠎ᠶ᠋ᠢ ᠨᠡᠷᠡᠯᠡᠭ᠌ᠰᠡᠨ ᠠᠵᠤ ᠠᠬᠤᠢ᠎ᠶ᠋ᠢᠨ ᠨᠡᠮᠡᠭ᠌ᠳᠡᠯ᠎ᠤᠨ ᠬᠤᠷᠳᠤᠴᠠ᠎ᠲᠠᠢ ᠦᠨᠳᠤᠰᠤᠨ᠎ᠳᠡᠭᠡᠨ ᠵᠤᠬᠢᠴᠠᠯᠳᠤᠭᠤᠯᠤᠨ᠂ ᠭᠦᠢᠯᠭᠡᠭᠡᠨ᠎ᠤ ᠴᠢᠨᠠᠷ᠎ᠤᠨ ᠵᠦᠢ ᠵᠤᠬᠢᠰᠲᠠᠢ ᠪᠦᠭᠡᠳ ᠭᠦᠢᠴᠡᠳ ᠲᠡᠭᠦᠯᠳᠡᠷ ᠪᠠᠢᠬᠤ᠎ᠶ᠋ᠢ ᠪᠠᠲᠤᠯᠠᠵᠤ᠂ ᠬᠤᠷᠸ᠎ᠠ ᠬᠦᠱᠢᠭᠦᠷᠭᠡ᠎ᠶ᠋ᠢᠨ ᠨᠤᠷᠮ᠎ᠠ᠎ᠶ᠋ᠢᠨ ᠦᠨᠳᠤᠰᠤᠨ᠎ᠳᠡᠭᠡᠨ ᠲᠤᠭ᠍ᠳᠠᠭᠤᠨ ᠪᠠᠢᠬᠤ᠎ᠶ᠋ᠢ ᠪᠠᠳᠤᠯᠠᠨ᠎ᠠ᠃ ᠠᠷᠠᠳ᠎ᠤᠨ ᠵᠤᠭᠤᠰ᠎ᠤᠨ ᠭᠤᠪᠢᠭᠤᠯᠭ᠎ᠠ᠎ᠶ᠋ᠢᠨ ᠨᠤᠷᠮ᠎ᠠ᠎ᠶ᠋ᠢ ᠵᠦᠢ ᠵᠤᠬᠢᠰᠳᠠᠢ ᠪᠦᠭᠡᠳ ᠲᠡᠩᠴᠡᠬᠦᠷᠢᠳᠠᠢ ᠲᠦᠪᠱᠢᠨ᠎ᠳᠤ ᠦᠨᠳᠤᠰᠤᠨ᠎ᠳᠡᠭᠡᠨ ᠲᠤᠬ᠍ᠳᠠᠭᠤᠨ ᠪᠠᠢᠬᠤ᠎ᠶ᠋ᠢ ᠪᠠᠳᠤᠯᠠᠨ᠎ᠠ᠃ ᠵᠢᠵᠢᠭ ᠪᠢᠴᠢᠯ ᠠᠵᠤ ᠠᠬᠤᠢ᠍ᠢᠯᠠᠯ᠎ᠤᠨ ᠪᠡᠯᠡ ᠲᠤᠬᠢᠷᠠᠭᠤᠯᠭ᠎ᠠ᠎ᠶ᠋ᠢᠨ ᠬᠦᠴᠢᠷ ᠠᠰᠠᠭᠤᠳᠠᠯ᠎ᠢ ᠤᠯᠠᠮ ᠨᠢᠭᠡ ᠠᠯᠬᠤᠮ ᠱᠢᠢᠳᠪᠤᠷᠢᠯᠡᠨ᠎ᠠ᠃ ᠲᠦᠭᠡᠮᠡᠯ ᠬᠠᠷᠠᠭᠠᠯᠵᠠᠯᠳᠤ ᠵᠢᠵᠢᠭ ᠪᠢᠴᠢᠯ ᠠᠵᠤ ᠠᠬᠤᠢᠯᠠᠯ᠎ᠤᠨ ᠵᠢᠭᠡᠯᠡᠯᠭᠡ᠎ᠶ᠋ᠢᠨ ᠡᠬᠡ ᠬᠥᠥ᠎ᠶ᠋ᠢ ᠬᠤᠢᠱᠢᠯᠠᠭᠤᠯᠣᠨ ᠪᠤᠴᠠᠭᠠᠠ ᠲᠦᠯᠦᠬᠦ᠌ ᠲᠥᠷᠥ᠎ᠶ᠋ᠢᠨ ᠪᠣᠳᠣᠯᠭ᠎ᠠ᠎ᠶ᠋ᠢ ᠦᠷᠬᠦᠯᠵᠢᠯᠡᠬᠦᠯᠵᠤ᠂ ᠳᠠᠬᠢᠨ ᠵᠢᠭᠡᠯᠡᠯᠭᠡ ᠥᠭ᠌ᠬᠦ ᠳᠠᠬᠢᠨ ᠰᠠᠭᠤᠳᠭᠠᠯ᠎ᠲᠠᠢ ᠪᠡᠯᠡᠨ ᠵᠣᠭᠤᠰ ᠰᠣᠯᠢᠬᠤ᠎ᠪᠠᠷ ᠲᠦᠭᠡᠮᠡᠯ ᠬᠠᠷᠠᠭᠠᠯᠵᠠᠯᠲᠤ ᠮᠦᠡᠭ᠌ᠬᠦᠨ ᠬᠦᠢᠯᠭᠡᠭᠡ᠎ᠶ᠋ᠢ ᠲᠡᠮᠵᠢᠬᠦ᠌ ᠡᠷᠴᠢᠮ᠎ᠢ ᠴᠢᠩᠭᠠᠷᠠᠭᠤᠯᠤᠨ᠎ᠠ᠃ ᠵᠢᠵᠢᠭ ᠪᠢᠴᠢᠯ ᠠᠵᠤ ᠠᠬᠤᠢᠯᠠᠯ᠎ᠤᠨ ᠪᠡᠯᠡ ᠲᠣᠬᠢᠷᠠᠭᠤᠯᠭ᠎ᠠ᠎ᠶ᠋ᠢᠨ ᠳᠠᠭᠠᠭᠠᠯᠲᠠ᠎ᠶ᠋ᠢᠨ ᠵᠠᠷᠤᠳᠠᠯ᠎ᠢ ᠪᠠᠭᠤᠷᠠᠭᠤᠯᠬᠤ᠎ᠳᠤ ᠱᠠᠩᠨᠡᠯ ᠨᠦᠬᠦᠪᠤᠷᠢ ᠤᠯᠭᠤᠬᠤ ᠲᠥᠷᠥ᠎ᠶ᠋ᠢᠨ ᠪᠣᠳᠣᠯᠭ᠎ᠠ᠎ᠶ᠋ᠢᠨ ᠭᠡᠷᠡᠭ᠌ᠵᠢᠬᠦᠯᠬᠦ᠌ ᠬᠤᠭᠤᠴᠠᠭ᠎ᠠ᠎ᠶ᠋ᠢ ᠤᠷᠳᠤᠳᠭᠠᠵᠤ᠂ ᠵᠢᠭᠡᠯᠡᠯᠭᠡ᠎ᠶ᠋ᠢᠨ ᠳᠦᠭ᠌ᠰᠢᠬᠦᠷᠢ᠎ᠶ᠋ᠢ ᠬᠤᠪᠢᠶᠠᠨ ᠡᠬᠦᠷᠭᠡᠯᠡᠵᠤ ᠨᠦᠬᠦᠪᠤᠷᠢᠯᠡᠬᠦ᠌ ᠲᠤᠬ᠍ᠳᠠᠴᠠ᠎ᠶ᠋ᠢ ᠲᠡᠬᠦᠯᠳᠡᠷᠵᠢᠬᠦᠯᠤᠨ᠎ᠠ᠃ ᠢᠳᠡᠭᠡᠮᠵᠢ᠎ᠶ᠋ᠢᠨ ᠮᠡᠳᠡᠭᠡ ᠵᠠᠩᠬᠢ᠎ᠶ᠋ᠢ ᠬᠠᠮᠳᠤ᠎ᠪᠠᠷ ᠡᠳ᠋ᠯᠡᠬᠦ᠌ ᠠᠯᠬᠤᠴᠠ᠎ᠶ᠋ᠢ ᠲᠦᠷᠭᠡᠳᠭᠡᠨ᠎ᠠ᠃ ᠮᠦᠡᠭ᠌ᠬᠦᠨ ᠬᠦᠢᠯᠭᠡᠭᠡᠨ᠎ᠤ ᠪᠠᠢᠭᠤᠯᠤᠮᠵᠢ᠎ᠶ᠋ᠢᠨ ᠬᠢᠨᠠᠨ ᠱᠢᠯᠭᠠᠬᠤ᠂ ᠦᠨᠡᠯᠡᠬᠦ᠌ ᠪᠠ ᠲᠤᠱᠢᠶᠡᠯ ᠬᠠᠷᠢᠭᠤᠴᠠᠯᠭ᠎ᠠ᠎ᠪᠠᠨ ᠬᠦᠢᠴᠡᠳᠭᠡᠭ᠌ᠰᠡᠳ᠎ᠢ ᠬᠠᠷᠢᠭᠤᠴᠠᠯᠭ᠎ᠠ᠎ᠠᠴᠠ ᠬᠡᠯᠳᠤᠷᠢᠬᠦᠯᠬᠦ᠌ ᠲᠦᠷᠢᠮ᠎ᠢ ᠲᠡᠬᠦᠯᠳᠡᠷᠵᠢᠬᠦᠯᠦᠨ᠎ᠠ᠃ ᠪᠠᠩᠬᠢ᠎ᠶ᠋ᠢᠨ ᠢᠲᠡᠭᠡᠮᠵᠢᠲᠦ ᠵᠢᠭᠡᠯᠡᠯᠭᠡ᠎ᠪᠠᠨ ᠥᠷᠭᠡᠳᠭᠡᠨ᠂ ᠠᠩᠬ᠎ᠠ ᠵᠢᠭᠡᠯᠡᠯᠭᠡ ᠠᠪᠬᠤ ᠡᠷᠦᠬᠡ᠎ᠶ᠋ᠢ ᠦᠷᠭᠦᠯᠵᠢᠯᠡᠨ ᠨᠡᠮᠡᠭ᠌ᠳᠡᠭᠦᠯᠬᠦ᠌᠎ᠶ᠋ᠢ ᠬᠦᠳᠤᠯᠤᠨ ᠵᠢᠯᠤᠭᠤᠳᠴᠤ᠌᠂ ᠭᠡᠵᠢᠶ᠎ᠠ ᠴᠤ᠌ ᠵᠢᠭᠡᠯᠡᠵᠤ ᠭᠡᠵᠢᠶ᠎ᠠ ᠴᠤ᠌ ᠪᠤᠴᠠᠭᠠᠵᠤ ᠪᠤᠯᠬᠤ ᠵᠢᠭᠡᠯᠡᠯᠭᠡ᠎ᠶ᠋ᠢ ᠲᠡᠯᠭᠡᠷᠡᠬᠦᠯᠤᠨ᠂ ᠪᠡᠯᠡ ᠮᠦᠡᠭ᠌ᠬᠦ᠎ᠶ᠋ᠢ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ ᠡᠬᠦᠳᠤᠯᠳᠠ᠂ ᠨᠤᠭᠤᠭᠠᠨ ᠬᠥᠭ᠌ᠵᠢᠯᠲᠡ ᠲᠡᠢᠰᠢ ᠨᠡᠩ ᠢᠯᠡᠬᠦᠦ ᠲᠦᠪᠯᠡᠷᠡᠬᠦᠯᠤᠨ᠂ ᠵᠢᠵᠢᠭ ᠪᠢᠴᠢᠯ ᠠᠵᠤ ᠠᠬᠤᠢᠯᠠᠯ᠂ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠂ ᠱᠢᠨ᠎ᠡ ᠬᠡᠯᠪᠡᠷᠢ᠎ᠶ᠋ᠢᠨ ᠲᠠᠷᠢᠶᠠᠯᠠᠩ᠎ᠤᠨ ᠡᠵᠡᠩᠨᠡᠯᠲᠡ᠎ᠶ᠋ᠢᠨ ᠪᠡᠶᠡᠴᠢ ᠴᠣᠭ᠍ᠴᠠ ᠲᠠᠢᠰᠢ ᠨᠡᠩ ᠢᠯᠡᠬᠦᠦ ᠲᠦᠪᠯᠡᠷᠡᠬᠦᠯᠵᠤ᠂ ᠬᠢᠵᠢᠭ᠎ᠤᠨ ᠪᠠᠢᠳᠠᠯ᠎ᠳᠤ ᠦᠷᠭᠦᠯᠵᠢᠯᠡᠨ ᠨᠥᠯᠥᠭᠡᠯᠡᠭ᠌ᠳᠡᠭ᠌ᠰᠡᠨ ᠠᠵᠢᠯ ᠲᠥᠷᠥᠯ᠎ᠤᠨ ᠠᠵᠤ ᠠᠬᠤᠢᠯᠠᠯ᠎ᠳᠤ ᠬᠠᠨᠳᠤᠯᠭᠠᠳᠤ ᠳᠡᠮᠵᠢᠯᠭᠡ ᠦᠵᠡᠭᠦᠯᠤᠨ᠎ᠠ᠃ ᠲᠣᠮᠣ ᠬᠡᠯᠪᠡᠷᠢ᠎ᠶ᠋ᠢᠨ ᠬᠤᠳᠠᠯᠳᠤᠭᠠᠨ᠎ᠤ ᠪᠠᠩᠬᠢ᠎ᠶ᠋ᠢᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠢᠯᠠᠯ᠎ᠤᠨ ᠵᠢᠭᠡᠯᠡᠯᠭᠡ᠎ᠶ᠋ᠢ 30% ᠎ᠠᠴᠠ ᠳᠡᠭᠡᠭ᠌ᠰᠢ ᠨᠡᠮᠡᠭ᠌ᠳᠡᠭᠦᠯᠦᠨ᠎ᠡ᠃ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠮᠥᠩᠭᠦᠨ ᠭᠦᠢᠯᠭᠡᠭᠡᠨ᠎ᠤ ᠦᠢᠯᠡᠴᠢᠯᠡᠭᠡᠨ᠎ᠤ ᠵᠠᠭ᠍ᠪᠤᠷ᠎ᠤᠨ ᠱᠢᠨ᠎ᠡ᠎ᠶ᠋ᠢ ᠡᠭᠦᠳᠦᠨ᠎ᠠ᠃ ᠵᠢᠵᠢᠭ ᠪᠢᠴᠢᠯ ᠠᠵᠤ ᠠᠬᠤᠢᠯᠠᠯ᠎ᠤᠨ ᠮᠦᠡᠭ᠌ᠬᠦ ᠲᠦᠯᠦᠬᠦ᠌ ᠭᠠᠷ ᠭᠦᠢᠴᠡᠳᠭᠡᠯ᠎ᠤᠨ ᠵᠠᠷᠤᠳᠠᠯ᠎ᠢ ᠵᠣᠬᠢᠰᠲᠠᠶ᠎ᠪᠠᠷ ᠪᠠᠭᠤᠷᠠᠭᠤᠯᠤᠨ᠎ᠠ᠃ ᠬᠠᠳᠠᠭᠠᠯᠠᠮᠵᠢ᠎ᠶ᠋ᠢᠨ ᠬᠦᠤ ᠮᠥᠩᠭᠦ᠎ᠶ᠋ᠢᠨ ᠨᠤᠷᠮ᠎ᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠱᠢᠯᠢᠳᠡᠭ᠌ᠵᠢᠭᠦᠯᠵᠦ᠍᠂ ᠪᠣᠳᠠᠲᠠᠶ ᠵᠢᠭᠡᠯᠡᠯᠭᠡ᠎ᠶ᠋ᠢᠨ ᠬᠦᠤ ᠮᠥᠩᠭᠦ᠎ᠶ᠋ᠢᠨ ᠨᠤᠷᠮ᠎ᠠ᠎ᠶ᠋ᠢ ᠤᠯᠠᠮ ᠨᠢᠭᠡ ᠠᠯᠬᠤᠮ ᠪᠠᠭᠤᠷᠠᠭᠤᠯᠬᠤ᠎ᠶ᠋ᠢ ᠠᠬᠢᠭᠤᠯᠵᠤ᠂ ᠮᠥᠩᠭᠦᠨ ᠭᠦᠢᠯᠭᠡᠭᠡᠨ᠎ᠤ ᠱᠢᠰᠲ᠋ᠧᠮ᠎ᠤᠨ ᠪᠤᠳᠠᠳᠤ ᠴᠤᠭ᠍ᠴᠠ᠎ᠶ᠋ᠢᠨ ᠠᠵᠤ ᠠᠬᠤᠢ᠎ᠳᠤ ᠠᠱᠢᠭ ᠣᠯᠭᠤᠬᠤ᠎ᠶ᠋ᠢ ᠦᠷᠭᠦᠯᠵᠢᠯᠡᠨ ᠬᠥᠲᠥᠯᠥᠨ ᠵᠢᠯᠣᠭᠤᠳᠤᠨ᠎ᠠ᠃ ᠡᠨᠡ ᠵᠢᠯ ᠡᠷᠬᠡᠪᠰᠢ ᠵᠢᠵᠢᠭ ᠪᠢᠴᠢᠯ ᠠᠵᠤ ᠠᠬᠤᠢᠯᠠᠯ᠎ᠤᠨ ᠪᠡᠯᠡ ᠲᠤᠬᠢᠷᠠᠭᠤᠯᠭ᠎ᠠ᠎ᠶ᠋ᠢ ᠨᠡᠩ ᠲᠦᠬᠦᠮ ᠪᠤᠯᠭᠠᠵᠤ᠂ ᠪᠡᠯᠡ ᠲᠤᠬᠢᠷᠠᠭᠤᠯᠭ᠎ᠠ᠎ᠶ᠋ᠢᠨ ᠶᠡᠷᠤᠩᠭᠡᠢᠯᠡᠭ᠌ᠰᠡᠨ ᠥᠪᠡᠷ᠎ᠤᠨ ᠦᠷᠳᠡᠭ᠎ᠢ ᠲᠣᠭ᠍ᠲᠠᠭᠤᠨ ᠪᠠᠢᠯᠭᠠᠬᠤ᠎ᠶ᠋ᠢᠨ ᠵᠡᠷᠭᠡ᠎ᠳᠤ ᠪᠠᠭᠤᠷᠠᠭᠤᠯᠬᠤ ᠬᠡᠷᠡᠭ᠌ᠲᠡᠢ᠃

ᠠᠵᠢᠯ ᠣᠯᠭᠤᠯᠲᠠ᠎ᠶ᠋ᠢ ᠲᠡᠷᠢᠭᠦᠨ᠎ᠳᠤ ᠲᠠᠯᠪᠢᠬᠤ ᠲᠦᠷᠦ᠎ᠶ᠋ᠢᠨ ᠪᠤᠳᠤᠯᠭ᠎ᠠ᠎ᠶ᠋ᠢ ᠦᠷᠭᠦᠯᠵᠢᠯᠡᠨ ᠴᠢᠩᠭᠠᠳᠭᠠᠵᠤ᠂ ᠬᠦᠴᠦ᠎ᠪᠠᠨ ᠲᠥᠪᠯᠡᠷᠡᠭᠦᠯᠦᠨ ᠦᠷ᠎ᠡ ᠪᠦᠳᠤᠮᠵᠢ᠎ᠶ᠋ᠢ᠎ᠨᠢ ᠨᠡᠮᠡᠭ᠌ᠳᠡᠭᠦᠯᠤᠨ᠎ᠠ᠃ ᠣᠳᠣ ᠪᠠᠢᠭ᠎ᠠ ᠠᠵᠢᠯ᠎ᠤᠨ ᠪᠠᠢᠷᠢ᠎ᠶ᠋ᠢ ᠬᠦᠴᠦᠯᠡᠨ ᠲᠣᠭ᠍ᠲᠠᠪᠤᠷᠢᠵᠢᠭᠤᠯᠵᠤ᠂ ᠠᠵᠢᠯᠲᠠᠨ᠎ᠢᠶᠠᠨ ᠬᠠᠰᠤᠬ᠍ᠰᠠᠨ ᠦᠭᠡᠢ ᠪᠤᠶᠤ ᠠᠵᠢᠯᠳᠠᠨ᠎ᠢᠶᠠᠨ ᠴᠦᠭᠡᠨ ᠬᠠᠰᠤᠬ᠍ᠰᠠᠨ ᠠᠵᠤ ᠠᠬᠤᠢᠯᠠᠯ᠎ᠳᠤ ᠦᠷᠬᠦᠯᠵᠢᠯᠠᠨ ᠡᠳ᠋᠎ᠤᠨ ᠵᠠᠰᠠᠭ ᠭᠠᠢᠯᠢ ᠲᠠᠳᠠᠪᠤᠷᠢ ᠪᠠ ᠮᠥᠩᠭᠦᠨ ᠭᠦᠢᠯᠭᠡᠭᠡ ᠵᠡᠷᠭᠡ᠎ᠶ᠋ᠢᠨ ᠴᠢᠬᠤᠯᠠ ᠪᠦᠬᠦᠢ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠦᠵᠡᠬᠦᠯᠤᠨ᠎ᠠ᠃ ᠠᠵᠢᠯ ᠠᠯᠳᠠᠯᠳᠠ ᠪᠠ ᠠᠵᠢᠯ᠎ᠠᠴᠠ ᠪᠤᠯᠤᠭ᠍ᠰᠠᠨ ᠭᠡᠮᠳᠤᠯ᠎ᠤᠨ ᠲᠠᠭᠠᠳᠭᠠᠯ᠎ᠤᠨ ᠵᠠᠷᠤᠳᠠᠯ᠎ᠤᠨ ᠨᠤᠷᠮ᠎ᠠ᠎ᠶ᠋ᠢ ᠦᠷᠭᠦᠯᠵᠢᠯᠡᠨ ᠪᠠᠭᠤᠷᠠᠭᠤᠯᠵᠤ᠂ ᠠᠵᠢᠯ ᠠᠯᠳᠠᠯᠲᠠ᠎ᠶ᠋ᠢᠨ ᠳᠠᠭᠠᠳᠭᠠᠯ᠎ᠢ ᠪᠤᠴᠠᠭᠠᠬᠤ ᠵᠡᠷᠭᠡ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠬᠤ ᠱᠠᠲᠤ ᠦᠶᠡᠴᠢ ᠴᠢᠨᠠᠷᠲᠠᠶ ᠲᠥᠷᠥ᠎ᠶ᠋ᠢᠨ ᠪᠣᠳᠣᠯᠭ᠎ᠠ᠎ᠶ᠋ᠢᠨ ᠠᠱᠢᠭ ᠬᠦᠷᠲᠡᠭᠡᠬᠦ᠌ ᠬᠡᠪᠴᠢᠶ᠎ᠡ᠎ᠶ᠋ᠢ ᠥᠷᠭᠡᠳᠭᠡᠵᠦ᠍᠂ ᠠᠵᠢᠯ ᠤᠯᠭᠤᠬᠤ᠎ᠪᠠᠷ ᠪᠤᠯᠪᠠᠰᠤᠷᠠᠭᠤᠯᠤᠯ᠎ᠢ ᠤᠷᠤᠯᠠᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠬᠡᠷᠡᠭ᠌ᠵᠢᠭᠦᠯᠬᠦ᠌ ᠬᠤᠭᠤᠴᠠᠭ᠎ᠠ᠎ᠶ᠋ᠢ ᠤᠷᠲᠤᠳᠭᠠᠨ᠎ᠠ᠃ ᠵᠠᠬ᠎ᠠ ᠳᠡᠯᠭᠡᠭᠦᠷᠴᠢᠯᠡᠭ᠌ᠰᠡᠨ ᠠᠵᠢᠯ ᠤᠯᠭᠤᠬᠤ ᠠᠷᠭ᠎ᠠ ᠵᠠᠮ᠎ᠢ ᠥᠷᠭᠡᠳᠭᠡᠵᠦ᠍᠂ ᠠᠳᠠᠯ ᠤᠢ᠍ᠢᠯᠡᠰ ᠴᠣᠭ᠍ᠴᠠᠯᠠᠬᠤ᠎ᠪᠠᠷ ᠠᠵᠢᠯ ᠣᠯᠭᠤᠯᠲᠠ᠎ᠶ᠋ᠢ ᠳᠠᠢᠴᠢᠯᠠᠬᠤ᠎ᠶ᠋ᠢ ᠠᠬᠢᠭᠤᠯᠤᠨ᠎ᠠ᠃ ᠠᠵᠢᠯ ᠣᠯᠭᠤᠬᠤ ᠨᠦᠬᠦᠴᠡᠯ ᠱᠠᠭᠠᠷᠳᠠᠯᠭ᠎ᠠ᠎ᠶ᠋ᠢ ᠪᠠᠭᠤᠷᠠᠭᠤᠯᠬᠤ᠎ᠶ᠋ᠢ ᠠᠬᠢᠭᠤᠯᠵᠤ᠂ ᠤᠯᠤᠰ᠎ᠤᠨ ᠠᠵᠢᠯ ᠮᠡᠷᠭᠡᠵᠢᠯ᠎ᠤᠨ ᠬᠢᠷᠢ ᠬᠡᠮ᠎ᠤᠨ ᠭᠠᠷᠴᠠᠭ᠎ᠢ ᠬᠥᠳᠡᠯᠦᠩᠭᠦᠶ᠎ᠪᠠᠷ ᠱᠢᠯᠢᠳᠡᠭ᠌ᠵᠢᠭᠦᠯᠵᠦ᠍᠂ ᠭᠡᠰᠡᠭ ᠵᠦᠪᠱᠢᠶᠡᠷᠡᠯ᠎ᠤᠨ ᠲᠦᠷᠦᠯ᠎ᠤᠨ ᠠᠵᠢᠯ ᠮᠡᠷᠭᠡᠵᠢᠯ᠎ᠤᠨ ᠬᠢᠷᠢ ᠬᠡᠮ᠎ᠤᠨ ᠱᠢᠯᠭᠠᠯᠲᠠ᠎ᠳᠠᠬᠢ ᠠᠵᠢᠯᠯᠠᠬᠤ ᠵᠢᠯ ᠬᠤᠭᠤᠴᠠᠭ᠎ᠠ᠎ᠶ᠋ᠢᠨ ᠲᠤᠬᠠᠢ ᠱᠠᠭᠠᠷᠳᠠᠯᠭ᠎ᠠ᠎ᠶ᠋ᠢ ᠪᠠᠭᠤᠷᠠᠭᠤᠯᠬᠤ ᠪᠤᠶᠤ ᠬᠦᠴᠦᠨ ᠦᠭᠡᠢ ᠪᠣᠯᠭᠠᠨ᠎ᠠ᠃ ᠠᠵᠢᠯ ᠣᠯᠭᠤᠯᠲᠠ᠎ᠶ᠋ᠢᠨ ᠱᠢᠨ᠎ᠡ ᠬᠡᠯᠪᠡᠷᠢ ᠪᠠᠢᠳᠠᠯ᠎ᠢ ᠳᠡᠮᠵᠢᠬᠦ᠌ ᠪᠠ ᠵᠢᠷᠤᠮᠵᠢᠭᠤᠯᠤᠨ ᠬᠦᠭ᠌ᠵᠢᠬᠦᠯᠵᠤ᠂ ᠠᠵᠢᠯ ᠮᠡᠷᠭᠡᠵᠢᠯ᠎ᠤᠨ ᠬᠥᠨᠥᠭᠡᠯ᠎ᠤᠨ ᠪᠠᠲᠤᠯᠠᠭ᠎ᠠ᠎ᠶ᠋ᠢᠨ ᠲᠤᠷᠱᠢᠯᠲᠠ᠎ᠶ᠋ᠢ ᠲᠦᠷᠭᠡᠯᠡᠨ ᠠᠬᠢᠭᠤᠯᠤᠨ᠎ᠠ᠃ ᠠᠮᠢᠳᠤᠯᠢᠭ᠎ᠢᠶᠠᠷ ᠠᠵᠢᠯ ᠣᠯᠤᠭ᠍ᠰᠠᠳ᠎ᠲᠤ ᠦᠷᠬᠦᠯᠵᠢᠯᠠᠨ ᠨᠡᠢᠭᠡᠮ᠎ᠤᠨ ᠳᠠᠭᠠᠳᠭᠠᠯ᠎ᠤᠨ ᠨᠥᠬᠦᠪᠥᠷᠢ ᠣᠯᠭᠤᠵᠤ᠂ ᠠᠵᠢᠯ ᠣᠯᠤᠭ᠍ᠰᠠᠨ ᠭᠠᠵᠠᠷ᠎ᠲᠠᠭᠠᠨ ᠨᠡᠢᠬᠡᠮ᠎ᠤᠨ ᠳᠠᠭᠠᠳᠭᠠᠯ᠎ᠳᠤ ᠤᠷᠤᠬᠤ ᠡᠷᠦᠬᠡ ᠠᠮᠠ᠎ᠶ᠋ᠢᠨ ᠬᠢᠵᠠᠭᠠᠷᠯᠠᠯ᠎ᠢ ᠦᠭᠡᠢᠰᠭᠡᠬᠦ᠌᠎ᠶ᠋ᠢ ᠠᠬᠢᠭᠤᠯᠤᠨ᠎ᠠ᠃ ᠶᠡᠭᠡ ᠳᠡᠭᠡᠳᠤ ᠰᠤᠷᠭᠠᠭᠤᠯᠢ ᠲᠡᠭᠦᠰᠦᠭ᠌ᠰᠡᠨ ᠰᠤᠷᠤᠬ᠍ᠴᠢ᠂ ᠴᠡᠷᠢᠭ᠎ᠤᠨ ᠠᠯᠪᠠ᠎ᠠᠴᠠ ᠪᠠᠭᠤᠭ᠍ᠰᠠᠳ᠂ ᠬᠥᠯᠥᠰᠥᠨ ᠠᠵᠢᠯᠴᠢᠨ ᠵᠡᠷᠭᠡ ᠭᠤᠣᠯᠳᠠᠯᠭ᠎ᠠ᠎ᠲᠠᠢ ᠬᠠᠮᠳᠣᠯᠢᠭ᠎ᠲᠤ ᠠᠵᠢᠯ ᠣᠯᠭᠤᠬᠤ ᠠᠵᠢᠯ᠎ᠢ ᠰᠠᠢᠲᠤᠷ ᠬᠢᠵᠤ᠂ ᠵᠡᠮᠳᠡᠭ᠌ᠴᠦᠳ᠂ ᠠᠵᠢᠯ ᠣᠯᠤᠭ᠍ᠰᠠᠨ ᠬᠦᠮᠤᠨ ᠦᠭᠡᠢ ᠭᠡᠷ ᠪᠦᠯᠢ᠎ᠶ᠋ᠢᠨ ᠪᠦᠷᠢᠯᠳᠦᠬᠦᠨ ᠵᠡᠷᠭᠡ ᠬᠦᠴᠢᠷᠳᠡᠯ᠎ᠲᠠᠢ ᠬᠥᠮᠦᠰ᠎ᠲᠤ ᠠᠵᠢᠯ ᠣᠯᠭᠤᠵᠤ ᠬᠠᠪᠰᠤᠷᠤᠨ ᠲᠡᠳᠬᠦᠬᠦ᠌ ᠲᠦᠷᠦ᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠤᠨ᠂ ᠠᠵᠢᠯ ᠠᠯᠳᠠᠭ᠍ᠰᠠᠳ᠎ᠤᠨ ᠲᠠᠬᠢᠨ ᠠᠵᠢᠯ ᠣᠯᠬᠤ᠎ᠶ᠋ᠢ ᠠᠬᠢᠭᠤᠯᠤᠨ᠎ᠠ᠃ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠪᠣᠯᠪᠠᠰᠤᠷᠠᠭᠤᠯᠤᠯ᠎ᠤᠨ ᠪᠡᠯᠡ ᠮᠥᠩᠭᠦ᠎ᠶ᠋ᠢᠨ ᠬᠡᠷᠡᠭ᠌ᠯᠡᠬᠦ᠌ ᠭᠡᠪᠴᠢᠶ᠎ᠠ᠎ᠶ᠋ᠢ ᠥᠷᠭᠡᠳᠭᠡᠵᠦ᠍᠂ ᠶᠡᠭᠡ ᠬᠡᠪᠴᠢᠶᠠᠨ᠎ᠤ ᠪᠠ ᠣᠯᠠᠨ ᠳᠡᠰ ᠳᠠᠪᠬᠤᠷᠭ᠎ᠠ᠎ᠶ᠋ᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠪᠣᠯᠪᠠᠰᠤᠷᠠᠭᠤᠯᠤᠯ᠎ᠢ ᠥᠷᠨᠢᠭᠦᠯᠵᠦ᠍᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠠ ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠤᠨ ᠰᠤᠷᠭᠠᠭᠤᠯᠢ᠎ᠶ᠋ᠢᠨ ᠰᠤᠷᠤᠬ᠍ᠴᠢ ᠨᠡᠮᠡᠵᠤ ᠡᠯᠰᠡᠬᠦ᠌ ᠭᠤᠷᠪᠠᠨ ᠵᠢᠯ᠎ᠤᠨ ᠠᠵᠢᠯᠯᠠᠭ᠎ᠠ᠎ᠶ᠋ᠢᠨ ᠬᠠᠷᠠᠯᠲᠠ᠎ᠶ᠋ᠢ ᠪᠡᠶᠡᠯᠡᠭᠦᠯᠵᠦ᠍᠂ ᠨᠢᠭᠡ ᠪᠦᠯᠦᠭ ᠦᠨᠳᠤᠷ ᠤᠷ᠎ᠠ ᠴᠢᠳᠠᠪᠤᠷᠢ᠎ᠲᠠᠢ ᠴᠢᠳᠠᠪᠤᠷᠢᠳᠠᠨ᠎ᠢ ᠪᠣᠯᠪᠠᠰᠤᠷᠠᠭᠤᠯᠬᠤ ᠰᠠᠭᠤᠷᠢᠨ ᠭᠠᠵᠠᠷ᠎ᠢ ᠪᠠᠢᠭᠤᠯᠤᠨ᠎ᠠ᠃ ᠠᠵᠢᠯ ᠤᠯᠭᠤᠬᠤ ᠤᠯᠠᠨ ᠨᠡᠢᠳᠡ᠎ᠶ᠋ᠢᠨ ᠦᠢᠯᠡᠴᠢᠯᠡᠬᠡᠨ᠎ᠤ ᠱᠢᠰᠲ᠋ᠧᠮ᠎ᠢ ᠲᠡᠬᠦᠯᠳᠡᠷᠵᠢᠬᠦᠯᠵᠥ᠍᠂ ᠠᠵᠢᠯ ᠣᠯᠭᠤᠬᠤ ᠦᠢᠯᠡᠴᠢᠯᠡᠭᠡᠨ᠎ᠤ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠠᠵᠢᠯ ᠣᠯᠭᠤᠯᠲᠠ᠎ᠶ᠋ᠢᠨ ᠲᠤᠰᠭᠠᠶ ᠨᠥᠬᠦᠪᠥᠷᠢ ᠵᠡᠷᠭᠡ ᠪᠡᠯᠡ ᠮᠥᠩᠭᠦ᠎ᠶ᠋ᠢ ᠬᠡᠷᠡᠭ᠌ᠯᠡᠵᠦ᠍᠂ ᠡᠯ᠎ᠡ ᠲᠥᠷᠥᠯ᠎ᠤᠨ ᠬᠥᠳᠡᠯᠮᠦᠷᠢ ᠬᠦᠴᠦᠨ᠎ᠤ ᠵᠠᠬ᠎ᠠ ᠳᠡᠯᠭᠡᠭᠦᠷ᠂ ᠴᠢᠳᠠᠪᠤᠷᠢᠲᠠᠨ᠎ᠤ ᠵᠠᠬ᠎ᠠ ᠳᠡᠯᠭᠡᠭᠦᠷ᠂ ᠰᠤᠯᠠ ᠠᠵᠢᠯ ᠬᠢᠭ᠌ᠰᠡᠳ᠎ᠤᠨ ᠵᠠᠬ᠎ᠠ ᠳᠡᠯᠭᠡᠭᠦᠷ᠎ᠤᠨ ᠪᠦᠲᠦᠭᠡᠨ ᠪᠠᠢᠭᠤᠯᠤᠯᠲᠠ᠎ᠶ᠋ᠢ ᠳᠡᠮᠵᠢᠵᠦ᠍᠂ ᠠᠵᠢᠯ ᠣᠯᠭᠤᠬᠤ ᠠᠷᠭ᠎ᠠ ᠵᠠᠮ᠎ᠢ ᠦᠷᠭᠡᠳᠭᠡᠨ᠂ ᠬᠦᠰᠡᠯ᠎ᠲᠠᠢ ᠴᠢᠳᠠᠪᠤᠷᠢ᠎ᠲᠠᠢ ᠬᠦᠮᠤᠨ᠎ᠳᠤ ᠡᠷᠬᠡ ᠲᠡᠭ᠌ᠰᠢ᠎ᠪᠠᠷ ᠠᠵᠢᠯ ᠣᠯᠬᠤ ᠲᠣᠬᠢᠶᠠᠯ᠎ᠢ ᠨᠠᠩ ᠣᠯᠠᠨ ᠡᠭᠦᠳᠴᠦ᠍ ᠥᠭ᠌ᠭᠦᠨ᠎ᠡ᠃

(ᠬᠤᠶᠠᠷ) ᠭᠤᠤᠯᠳᠠᠯᠭ᠎ᠠ᠎ᠲᠠᠢ ᠬᠦᠷᠢᠶᠠᠨ᠎ᠤ ᠥᠭᠡᠷᠡᠴᠢᠯᠡᠯᠲᠡ᠎ᠶ᠋ᠢ ᠭᠦᠨᠵᠡᠭᠡᠶ ᠠᠬᠢᠭᠤᠯᠵᠤ᠂ ᠵᠠᠬ᠎ᠠ ᠲᠡᠯᠭᠡᠬᠦᠷ᠎ᠤᠨ ᠪᠡᠶᠡᠴᠢ ᠴᠤᠭ᠍ᠴᠠ᠎ᠶ᠋ᠢᠨ ᠠᠮᠢᠳᠤᠯᠢᠭ ᠬᠥᠴᠤᠨ᠎ᠢ ᠨᠠᠩ ᠶᠡᠭᠡ᠎ᠪᠠᠷ ᠬᠥᠭ᠌ᠵᠢᠭᠡᠨ᠎ᠡ᠃ ᠠᠵᠤ ᠠᠬᠤᠢᠯᠠᠯ᠎ᠢ ᠬᠠᠪᠰᠤᠷᠤᠨ ᠬᠥᠴᠢᠷᠳᠠᠯ᠎ᠢ᠎ᠨᠢ ᠱᠢᠢᠳᠪᠦᠷᠢᠯᠡᠬᠦ᠌ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢᠨ ᠬᠠᠮᠲᠤ᠌᠂ ᠬᠤᠯᠪᠣᠭ᠍ᠳᠠᠯ ᠪᠦᠬᠦᠢ ᠥᠭᠡᠷᠡᠴᠢᠯᠡᠯᠲᠡ᠎ᠶ᠋ᠢ ᠠᠬᠢᠭᠤᠯᠬᠤ ᠡᠷᠴᠢᠮ᠎ᠢᠶᠠᠨ ᠴᠢᠩᠭᠠᠷᠠᠭᠤᠯᠵᠤ᠂ ᠨᠡᠩ ᠬᠥᠭ᠌ᠵᠢᠶᠡᠨ᠎ᠲᠠᠢ ᠨᠡᠩ ᠪᠦᠲᠦᠭᠡᠯᠴᠢ ᠬᠦᠴᠦᠨ᠎ᠲᠠᠢ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢ ᠪᠤᠢᠵᠢᠭᠤᠯᠤᠨ᠎ᠠ᠃

ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ᠎ᠶ᠋ᠢ ᠤᠯᠠᠮ ᠨᠢᠭᠡ ᠠᠯᠬᠤᠮ ᠬᠤᠪᠢᠷᠠᠭᠤᠯᠤᠨ᠎ᠠ᠃ ᠡᠬᠢ ᠪᠠᠶᠠᠯᠢᠭ᠎ᠤᠨ ᠲᠤᠬᠢᠷᠠᠭᠤᠯᠤᠯᠳᠠ᠎ᠳᠤ ᠦᠵᠡᠬᠦᠯᠬᠦ᠌ ᠵᠠᠬ᠎ᠠ ᠳᠡᠯᠭᠡᠭᠦᠷ᠎ᠤᠨ ᠱᠢᠢᠳᠪᠦᠷᠢᠯᠡᠭ᠌ᠴᠢ ᠴᠢᠨᠠᠷᠲᠠᠶ ᠦᠢᠯᠡᠳᠦᠯ᠎ᠢ ᠭᠦᠢᠴᠡᠳ ᠪᠠᠳᠠᠷᠠᠭᠤᠯᠤᠨ᠂ ᠵᠠᠰᠠᠭ᠎ᠤᠨ ᠣᠷᠳᠣᠨ᠎ᠤ ᠦᠢᠯᠡᠳᠦᠯ᠎ᠢ ᠨᠡᠩ ᠰᠠᠢᠨ ᠪᠠᠳᠠᠷᠠᠭᠤᠯᠵᠤ᠂ ᠪᠦᠲᠦᠮᠵᠢᠲᠡᠶ ᠵᠠᠬ᠎ᠠ ᠳᠡᠯᠭᠡᠭᠦᠷ ᠪᠣᠯᠤᠨ ᠴᠢᠷᠮᠠᠢᠯᠳᠠ᠎ᠲᠠᠢ ᠵᠠᠰᠠᠭ᠎ᠤᠨ ᠣᠷᠳᠣᠨ᠎ᠢ ᠨᠡᠩ ᠰᠠᠢᠨ ᠤᠶᠠᠯᠳᠤᠭᠤᠯᠬᠤ᠎ᠶ᠋ᠢ ᠠᠬᠢᠭᠤᠯᠤᠨ᠎ᠠ᠃ ᠵᠠᠬ᠎ᠠ ᠲᠡᠯᠭᠡᠬᠦᠷ᠎ᠲᠤ ᠤᠷᠤᠬᠤ ᠵᠦᠪᠱᠢᠶᠡᠷᠡᠯ᠎ᠢ ᠦᠷᠭᠦᠯᠵᠢᠯᠡᠨ ᠠᠭᠤᠵᠢᠭᠤ ᠲᠠᠯᠪᠢᠵᠤ᠂ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢ ᠥᠷᠨᠢᠭᠦᠯᠵᠦ᠍᠂ ᠡᠯ᠎ᠡ ᠲᠦᠷᠦᠯ᠎ᠤᠨ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢᠨ ᠥᠮᠴᠢᠯᠡᠬᠦ᠌ ᠡᠷᠬᠡ᠎ᠶ᠋ᠢ ᠬᠠᠤᠯᠢ ᠶᠣᠰᠣᠭᠠᠷ ᠡᠷᠬᠡ ᠲᠡᠭ᠌ᠰᠢ᠎ᠪᠠᠷ ᠬᠠᠮᠠᠭᠠᠯᠠᠨ᠎ᠠ᠃ 《ᠪᠠᠭᠤᠯᠭᠠᠬᠤ ᠤᠶᠠᠯᠳᠤᠭᠤᠯᠬᠤ ᠱᠢᠯᠢᠳᠡᠭ᠌ᠵᠢᠬᠦᠯᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠬᠦᠯᠤᠨ ᠠᠬᠢᠭᠤᠯᠵᠤ᠂ ᠵᠠᠬ᠎ᠠ ᠳᠡᠯᠭᠡᠭᠦᠷᠴᠢᠯᠡᠭ᠌ᠰᠡᠨ᠂ ᠬᠠᠤᠯᠢ᠎ᠪᠠᠷ ᠵᠠᠰᠠᠬ᠍ᠰᠠᠨ᠂ ᠤᠯᠠᠨ ᠤᠯᠤᠰᠴᠢᠯᠠᠭ᠍ᠰᠠᠨ ᠬᠤᠳᠠᠯᠳᠤᠭ᠎ᠠ ᠡᠵᠡᠩᠨᠡᠬᠦ᠌ ᠤᠷᠴᠢᠨ ᠨᠦᠬᠦᠴᠡᠯ᠎ᠢ ᠲᠦᠷᠭᠡᠯᠡᠨ ᠪᠣᠢ ᠪᠣᠯᠭᠠᠨ᠎ᠠ᠃ ᠵᠠᠰᠠᠭ ᠵᠠᠬᠢᠷᠭᠠᠨ᠎ᠤ ᠵᠥᠪᠱᠢᠶᠡᠷᠡᠯ᠎ᠤᠨ ᠵᠦᠢᠯᠡᠰ᠎ᠢ ᠪᠦᠬᠦᠳᠠ᠎ᠶ᠋ᠢ ᠲᠤᠳᠤᠷᠬᠠᠢ ᠬᠠᠭᠤᠳᠠᠰᠤ᠎ᠶ᠋ᠢᠨ ᠬᠠᠮᠢᠶᠠᠷᠤᠯᠲᠠ᠎ᠳᠤ ᠣᠷᠣᠭᠤᠯᠤᠨ᠎ᠠ᠃ 《ᠦᠨᠡᠮᠯᠡᠯ ᠪᠠ ᠭᠡᠷᠡᠴᠢ᠎ᠶ᠋ᠢ ᠰᠠᠯᠭᠠᠬᠤ》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠠᠵᠤ ᠠᠬᠤᠢᠯᠠᠯ᠎ᠳᠤ ᠬᠤᠯᠪᠣᠭ᠍ᠳᠠᠬ᠍ᠰᠠᠨ ᠬᠢᠨᠠᠨ ᠵᠥᠪᠱᠢᠶᠡᠷᠡᠯ᠎ᠤᠨ ᠭᠤᠭ᠍ᠴᠤᠭ᠎ᠠ᠎ᠶ᠋ᠢ ᠴᠦᠭᠡᠳᠭᠡᠬᠦ᠂ ᠮᠠᠲ᠋ᠧᠷᠢᠶᠠᠯ᠎ᠢ ᠬᠠᠰᠤᠬᠤ᠂ ᠴᠠᠭ ᠬᠤᠭᠤᠴᠠᠭ᠎ᠠ᠎ᠶ᠋ᠢ ᠪᠤᠭᠤᠨᠢᠰᠭᠠᠬᠤ᠎ᠶ᠋ᠢ ᠶᠡᠭᠡ᠎ᠪᠠᠷ ᠠᠬᠢᠭᠤᠯᠤᠨ᠎ᠠ᠃ ᠵᠠᠬ᠎ᠠ ᠲᠡᠯᠬᠡᠬᠦᠷ᠎ᠤᠨ ᠭᠤᠤᠯ ᠴᠤᠭ᠍ᠴᠠ᠎ᠶ᠋ᠢᠨ ᠤᠬᠤᠷᠢᠨ ᠭᠠᠷᠬᠤ ᠲᠤᠭ᠍ᠳᠠᠴᠠ᠎ᠶ᠋ᠢ ᠲᠡᠬᠦᠯᠳᠡᠷᠵᠢᠬᠦᠯᠵᠥ᠍᠂ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠳᠠᠩᠰᠠᠨ᠎ᠠᠴᠠ ᠬᠠᠰᠤᠭᠤᠯᠬᠤ ᠳᠦᠬᠦᠮ ᠳᠦᠷᠢᠮ᠎ᠢ ᠬᠡᠷᠡᠭ᠌ᠵᠢᠭᠦᠯᠦᠨ᠎ᠡ᠃ ᠠᠵᠤ ᠦᠢᠯᠡᠳᠪᠦᠷᠢ᠎ᠶ᠋ᠢᠨ ᠦᠢᠯᠡᠳᠬᠦᠨ᠎ᠤ ᠵᠦᠪᠱᠢᠶᠡᠷᠡᠨ ᠤᠷᠤᠭᠤᠯᠬᠤ ᠳᠦᠷᠢᠮ᠎ᠤᠨ ᠥᠭᠡᠷᠡᠴᠢᠯᠡᠯᠲᠡ᠎ᠶ᠋ᠢ ᠬᠡᠷᠡᠭ᠌ᠵᠢᠭᠦᠯᠵᠦ᠍᠂ ᠮᠠᠱᠢᠨ ᠲᠡᠷᠭᠡ᠂ ᠡᠯᠧᠺᠳ᠋ᠷᠣᠨ ᠴᠠᠬᠢᠯᠭᠠᠨ ᠬᠡᠷᠡᠭ᠌ᠰᠡᠯ ᠵᠡᠷᠭᠡ ᠠᠵᠢᠯ ᠲᠥᠷᠥᠯ᠎ᠤᠨ ᠦᠢᠯᠡᠳᠪᠦᠷᠢᠯᠡᠯ᠎ᠤᠨ ᠤᠷᠤᠬᠤ ᠵᠦᠪᠱᠢᠶᠡᠷᠡᠯ ᠪᠠ ᠭᠦᠢᠯᠭᠡᠭᠡᠨ᠎ᠤ ᠬᠠᠮᠢᠶᠠᠷᠤᠯᠲᠠ᠎ᠶ᠋ᠢᠨ ᠪᠦᠬᠦ᠌ ᠶᠠᠪᠤᠴᠠ᠎ᠶ᠋ᠢᠨ ᠥᠭᠡᠷᠡᠴᠢᠯᠡᠯᠲᠡ᠎ᠶ᠋ᠢ ᠠᠬᠢᠭᠤᠯᠤᠨ᠎ᠠ᠃ ᠪᠦᠲᠦᠮᠵᠢᠲᠡᠶ ᠬᠢᠨᠠᠯᠲᠠ ᠬᠠᠮᠢᠶᠠᠷᠤᠯᠲᠠ᠎ᠶ᠋ᠢ ᠵᠠᠰᠠᠭ᠎ᠢ ᠴᠣᠮᠬᠠᠳᠭᠠᠨ ᠡᠷᠬᠡ᠎ᠶ᠋ᠢ ᠳᠣᠷᠣᠭ᠍ᠰᠢ ᠪᠠᠭᠤᠯᠭᠠᠬᠤ᠎ᠶ᠋ᠢᠨ ᠴᠢᠬᠤᠯᠠ ᠪᠦᠬᠦᠢ ᠪᠠᠲᠤᠯᠠᠭ᠎ᠠ ᠪᠣᠯᠭᠠᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠤᠨ᠂ ᠬᠢᠨᠠᠨ ᠵᠥᠪᠱᠢᠶᠡᠷᠡᠬᠦ᠌ ᠵᠦᠢᠯᠡᠰ᠎ᠢ ᠬᠦᠴᠦᠨ ᠦᠭᠡᠢ ᠪᠣᠯᠭᠠᠬᠤ ᠪᠤᠶᠤ ᠳᠣᠷᠣᠭ᠍ᠰᠢ ᠪᠠᠭᠤᠯᠭᠠᠬᠤ ᠲᠤᠬᠠᠢ ᠬᠡᠷᠡᠭ᠎ᠤᠨ ᠳᠤᠮᠳᠠᠬᠢ ᠪᠠ ᠬᠡᠷᠡᠭ᠎ᠤᠨ ᠳᠠᠷᠠᠭᠠᠬᠢ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠱᠠᠳᠤ ᠲᠥᠷᠥᠯ ᠬᠤᠪᠢᠶᠠᠨ ᠬᠢᠨᠠᠨ ᠬᠠᠮᠢᠶᠠᠷᠬᠤ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠵᠦ᠍᠂ ᠰᠠᠯᠠᠭ᠎ᠠ ᠮᠥᠴᠢᠷ ᠠᠯᠤᠰᠯᠠᠭ᠍ᠰᠠᠨ ᠶᠡᠷᠦᠩᠬᠡᠢᠯᠡᠭ᠌ᠰᠡᠨ ᠬᠢᠨᠠᠯᠲᠠ ᠬᠠᠮᠢᠶᠠᠷᠤᠯᠲᠠ᠎ᠶ᠋ᠢᠨ ᠳᠦᠷᠢᠮ᠎ᠢ ᠪᠦᠷᠢᠨᠱᠢᠬᠦᠯᠤᠨ᠂ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠎ᠶ᠋ᠢ ᠶᠡᠭᠡ᠎ᠪᠠᠷ ᠬᠡᠷᠡᠭ᠌ᠵᠢᠭᠦᠯᠵᠦ᠍᠂ ᠬᠢᠨᠠᠨ ᠬᠠᠮᠢᠶᠠᠷᠬᠤ ᠴᠢᠳᠠᠪᠤᠷᠢ᠎ᠪᠠᠨ ᠳᠡᠭᠡᠭ᠌ᠰᠢᠯᠡᠭᠦᠯᠤᠨ᠂ ᠢᠲᠡᠭᠡᠯ ᠠᠯᠳᠠᠭ᠍ᠰᠠᠳ᠎ᠢ ᠵᠠᠯᠬᠠᠭᠠᠨ ᠱᠢᠢᠳᠭᠡᠬᠦ᠌ ᠡᠷᠴᠢᠮ᠎ᠢᠶᠠᠨ ᠴᠢᠩᠭᠠᠷᠠᠭᠤᠯᠵᠤ᠂ ᠲᠥᠪ ᠭᠤᠤᠯᠴᠢ ᠬᠢᠨᠠᠯᠲᠠ ᠬᠠᠮᠢᠶᠠᠷᠤᠯᠲᠠ᠎ᠪᠠᠷ ᠱᠢᠯᠢᠳᠡᠭ᠎ᠨᠢ ᠱᠢᠯᠢᠭ᠌ᠳᠡᠵᠦ᠍ ᠱᠢᠭᠠᠷᠤ᠎ᠨᠢ ᠱᠢᠭ᠌ᠰᠢᠭ᠌ᠳᠡᠬᠦ᠌᠎ᠶ᠋ᠢ ᠠᠬᠢᠭᠤᠯᠤᠨ᠎ᠠ᠃ ᠳ᠋ᠢᠵᠢᠲ᠋ᠠᠯ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠵᠠᠰᠠᠭ᠎ᠤᠨ ᠶᠠᠪᠤᠳᠠᠯ᠎ᠤᠨ ᠳ᠋ᠠᠢᠲ᠋ᠠ᠎ᠶ᠋ᠢ ᠬᠠᠮᠲᠤ᠎ᠪᠠᠷ ᠡᠳ᠋ᠯᠡᠬᠦ᠌᠎ᠶ᠋ᠢ ᠵᠣᠬᠢᠴᠠᠭᠤᠯᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠬᠦᠯᠵᠤ᠂ ᠡᠯᠧᠺᠳ᠋ᠷᠣᠨ ᠭᠡᠷᠡᠴᠢ ᠦᠨᠡᠮᠯᠡᠯ᠎ᠤᠨ ᠬᠡᠷᠡᠭ᠌ᠯᠡᠯᠲᠠ᠎ᠶ᠋ᠢᠨ ᠬᠦᠷᠢᠶ᠎ᠡ᠎ᠶ᠋ᠢ ᠥᠷᠭᠡᠳᠭᠡᠬᠦ᠌ ᠪᠠ ᠪᠥᠬᠦ᠌ ᠤᠯᠤᠰ᠎ᠲᠤ ᠬᠠᠷᠢᠯᠴᠠᠨ ᠨᠡᠪᠲᠡᠷᠡᠵᠦ᠍ ᠬᠠᠷᠢᠯᠴᠠᠨ ᠮᠡᠳᠡᠷᠡᠬᠦ᠌᠎ᠶ᠋ᠢ ᠠᠬᠢᠭᠤᠯᠵᠤ᠂ ᠵᠠᠰᠠᠭ᠎ᠤᠨ ᠶᠠᠪᠤᠳᠠᠯ᠎ᠤᠨ ᠨᠠᠩ ᠣᠯᠠᠨ ᠦᠢᠯᠡᠴᠢᠯᠡᠭᠡᠨ᠎ᠤ ᠵᠦᠢᠯᠡᠰ᠎ᠢ ᠰᠦᠯᠵᠢᠶᠡᠨ ᠳᠡᠭᠡᠷ᠎ᠡ ᠭᠦᠢᠴᠡᠳᠭᠡᠬᠦ᠂ ᠭᠠᠷ ᠤᠳᠠᠰᠤᠨ ᠳᠡᠭᠡᠷ᠎ᠡ ᠭᠦᠢᠴᠡᠳᠭᠡᠬᠦ᠂ ᠨᠢᠭᠡ ᠯᠡ ᠤᠳᠠᠭ᠎ᠠ᠎ᠳᠤ ᠭᠦᠢᠴᠡᠳᠭᠡᠬᠦ᠌᠎ᠶ᠋ᠢ ᠪᠡᠶᠡᠯᠡᠭᠦᠯᠦᠨ᠎ᠡ᠃ ᠠᠵᠤ ᠠᠬᠤᠢᠯᠠᠯ ᠪᠣᠯᠤᠨ ᠤᠯᠠᠨ ᠲᠦᠮᠡᠨ᠎ᠤ ᠦᠷᠭᠦᠯᠵᠢ ᠬᠦᠢᠴᠡᠳᠭᠡᠳᠡᠭ ᠵᠦᠢᠯᠡᠰ᠎ᠢ 《ᠮᠤᠵᠢ ᠠᠯᠤᠰᠯᠠᠨ ᠬᠦᠢᠴᠡᠳᠭᠡᠵᠤ ᠪᠤᠯᠬᠤ》 ᠎ᠶ᠋ᠢ ᠡᠨᠡ ᠵᠢᠯ ᠦᠨᠳᠦᠰᠦᠨ᠎ᠳᠡᠭᠡᠨ ᠪᠡᠶᠡᠯᠡᠭᠦᠯᠤᠨ᠎ᠠ᠃

ᠥᠭᠡᠷᠡᠴᠢᠯᠡᠯᠲᠡ ᠬᠢᠬᠦ᠌ ᠠᠷᠭ᠎ᠠ᠎ᠪᠠᠷ ᠠᠵᠤ ᠠᠬᠤᠢᠯᠠᠯ᠎ᠤᠨ ᠦᠢᠯᠡᠳᠪᠦᠷᠢᠯᠡᠯ ᠡᠵᠡᠩᠨᠡᠯᠲᠡ᠎ᠶ᠋ᠢᠨ ᠥᠪᠡᠷ᠎ᠤᠨ ᠦᠷᠳᠡᠭ᠎ᠢ ᠪᠠᠭᠤᠷᠠᠭᠤᠯᠬᠤ᠎ᠶ᠋ᠢ ᠠᠬᠢᠭᠤᠯᠤᠨ᠎ᠠ᠃ ᠡᠨᠧᠷᠭᠢ᠎ᠶ᠋ᠢᠨ ᠰᠤᠷᠪᠤᠯᠵᠢ᠂ ᠵᠠᠮ ᠬᠠᠷᠢᠯᠴᠠᠭ᠎ᠠ᠂ ᠴᠠᠬᠢᠯᠭᠠᠨ ᠬᠤᠯᠪᠣᠭ᠎ᠠ ᠵᠡᠷᠭᠡ ᠰᠠᠭᠤᠷᠢ ᠴᠢᠨᠠᠷᠲᠠᠶ ᠠᠵᠢᠯ ᠲᠦᠷᠦᠯ᠎ᠤᠨ ᠥᠭᠡᠷᠡᠴᠢᠯᠡᠯᠲᠡ᠎ᠶ᠋ᠢ ᠠᠬᠢᠭᠤᠯᠵᠤ᠂ ᠦᠢᠯᠡᠴᠢᠯᠡᠭᠡᠨ᠎ᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠤᠨ᠂ ᠰᠦᠢᠳᠭᠡᠯ ᠬᠤᠷᠢᠶᠠᠬᠤ ᠲᠦᠪᠱᠢᠨ᠎ᠢ ᠪᠠᠭᠤᠷᠠᠭᠤᠯᠤᠨ᠎ᠠ᠃ ᠪᠤᠢ ᠪᠦᠬᠦᠢ ᠦᠢᠯᠡᠳᠬᠦ᠌ ᠦᠢᠯᠡᠰ᠎ᠤᠨ ᠠᠵᠤ ᠠᠬᠤᠢᠯᠠᠯ᠎ᠤᠨ ᠴᠠᠬᠢᠯᠭᠠᠨ ᠬᠦᠴᠦᠨ᠎ᠤ ᠵᠠᠬ᠎ᠠ ᠳᠡᠯᠭᠡᠭᠦᠷᠴᠢᠯᠡᠭ᠌ᠰᠡᠨ ᠠᠷᠠᠯᠵᠢᠶ᠎ᠠ᠎ᠳᠤ ᠣᠷᠣᠯᠴᠠᠬᠤ᠎ᠶ᠋ᠢ ᠵᠥᠪᠱᠢᠶᠡᠷᠡᠵᠦ᠍᠂ ᠴᠠᠬᠢᠯᠭᠠᠨ᠎ᠤ ᠦᠨ᠎ᠠ᠎ᠶ᠋ᠢ ᠵᠦᠶ ᠵᠣᠬᠢᠰ ᠦᠭᠡᠢ ᠨᠡᠮᠡᠬᠦ᠌ ᠶᠠᠪᠤᠳᠠᠯ᠎ᠢ ᠤᠯᠠᠮ ᠨᠢᠭᠡ ᠠᠯᠬᠤᠮ ᠴᠡᠪᠡᠷᠯᠡᠵᠤ᠂ ᠡᠩ᠎ᠤᠨ ᠦᠢᠯᠡᠳᠪᠦᠷᠢ ᠬᠤᠳᠠᠯᠳᠤᠭᠠᠨ᠎ᠤ ᠤᠢ᠍ᠢᠯᠡᠰ᠎ᠤᠨ ᠴᠠᠬᠢᠯᠭᠠᠨ᠎ᠤ ᠦᠨ᠎ᠡ᠎ᠶ᠋ᠢ ᠪᠠᠭᠤᠷᠠᠭᠤᠯᠬᠤ᠎ᠶ᠋ᠢ ᠦᠷᠭᠦᠯᠵᠢᠯᠡᠨ ᠠᠬᠢᠭᠤᠯᠤᠨ᠎ᠠ᠃ ᠳᠤᠮᠳᠠ ᠵᠢᠵᠢᠭ ᠠᠵᠤ ᠠᠬᠤᠢᠯᠠᠯ᠎ᠤᠨ ᠥᠷᠭᠡᠨ ᠪᠦᠰᠡᠳᠦ ᠰᠦᠯᠵᠢᠶ᠎ᠡ ᠪᠠ ᠲᠤᠰᠭᠠᠶ ᠱᠤᠭᠤᠮ᠎ᠤᠨ ᠳᠤᠮᠳᠠᠴᠢ ᠵᠠᠷᠤᠳᠠᠯ᠎ᠢ ᠳᠠᠬᠢᠨ 10% ᠎ᠪᠠᠷ ᠪᠠᠭᠤᠷᠠᠭᠤᠯᠤᠨ᠎ᠠ᠃ ᠳᠡᠭᠡᠳᠦ ᠬᠤᠷᠳᠤᠴᠠᠲᠤ ᠵᠠᠰᠠᠮᠠᠯ ᠵᠠᠮ᠎ᠤᠨ ᠵᠦᠷᠢᠶᠡᠵᠢᠬᠦᠯᠤᠨ ᠰᠦᠢᠳᠭᠡᠯ ᠬᠤᠷᠢᠶᠠᠬᠤ᠎ᠶ᠋ᠢ ᠪᠦᠬᠦ᠌ ᠲᠠᠯ᠎ᠠ᠎ᠪᠠᠷ ᠳᠡᠯᠬᠡᠷᠡᠬᠦᠯᠵᠦ᠍᠂ ᠪᠠᠷᠠᠭᠠᠨ᠎ᠤ ᠲᠡᠷᠭᠡ᠎ᠶ᠋ᠢᠨ ᠨᠡᠪᠲᠡᠷᠡᠬᠦ᠌᠎ᠶ᠋ᠢ ᠬᠠᠷᠱᠢᠯᠠᠵᠤ ᠪᠠᠢᠭ᠎ᠠ ᠤᠢ᠍ᠡᠳᠦᠷ᠎ᠤᠨ ᠭᠡᠮᠵᠢᠶ᠎ᠠ᠂ ᠤᠢ᠍ᠷᠭᠡᠠ᠎ᠤ ᠭᠡᠮᠵᠢᠶ᠎ᠠ᠎ᠶ᠋ᠢ ᠬᠢᠵᠠᠭᠠᠷᠯᠠᠬᠤ ᠵᠠᠮ᠎ᠤᠨ ᠲᠦᠬᠦᠭᠡᠷᠦᠮᠵᠢ ᠪᠠ ᠪᠠᠢᠴᠠᠭᠠᠯᠲᠠ᠎ᠶ᠋ᠢᠨ ᠪᠤᠭᠤᠮᠲᠠ ᠴᠡᠭ᠎ᠢ ᠡᠷᠡᠰ ᠴᠡᠭ᠌ᠴᠡᠯᠡᠨ ᠵᠠᠰᠠᠨ᠎ᠠ᠃ ᠭᠠᠷᠠᠮ᠎ᠤᠨ ᠪᠥᠲᠥᠭᠡᠨ ᠪᠠᠢᠭᠤᠯᠤᠯᠲᠠ᠎ᠶ᠋ᠢᠨ ᠵᠠᠷᠤᠳᠠᠯ᠎ᠢ ᠬᠦᠴᠦᠨ ᠥᠬᠡᠶ ᠪᠣᠯᠭᠠᠵᠤ᠂ ᠠᠷᠠᠳ᠎ᠤᠨ ᠠᠭᠠᠷ᠎ᠤᠨ ᠲᠡᠭᠡᠭᠡᠪᠦᠷᠢ᠎ᠶ᠋ᠢᠨ ᠬᠥᠭ᠌ᠵᠢᠯᠲᠡ᠎ᠶ᠋ᠢᠨ ᠰᠠᠭᠤᠷᠢ ᠮᠥᠩᠭᠦᠨ᠎ᠤ ᠠᠭᠠᠷ᠎ᠤᠨ ᠠᠶᠠᠯᠠᠯ᠎ᠤᠨ ᠺᠣᠮᠫᠠᠨᠢ᠎ᠶ᠋ᠢᠨ ᠲᠠᠲᠠᠪᠤᠷᠢᠯᠠᠬᠤ ᠪᠠᠷᠢᠮᠵᠢᠶ᠎ᠠ᠎ᠶ᠋ᠢ 20% ᠎ᠪᠠᠷ ᠪᠠᠭᠤᠷᠠᠭᠤᠯᠤᠨ᠎ᠠ᠃ ᠬᠢᠵᠢᠭ᠎ᠤᠨ ᠪᠠᠢᠳᠠᠯ᠎ᠳᠤ ᠨᠡᠯᠢᠶᠡᠳ ᠶᠡᠭᠡ ᠨᠥᠯᠥᠭᠡᠯᠡᠭ᠌ᠳᠡᠭ᠌ᠰᠡᠨ ᠭᠠᠵᠠᠷ ᠣᠷᠣᠨ᠎ᠤ᠎ᠬᠢᠨ᠎ᠤ ᠤᠯᠤᠰ᠎ᠤᠨ ᠥᠮᠴᠢᠯᠡᠯ᠎ᠤᠨ ᠭᠡᠷ ᠪᠠᠢᠱᠢᠩ᠎ᠢ ᠲᠦᠷᠢᠶᠡᠰᠦᠯᠡᠵᠤ ᠪᠠᠢᠭ᠎ᠠ ᠦᠢᠯᠡᠴᠢᠯᠡᠭᠡᠨ᠎ᠤ ᠦᠢᠯᠡᠰ᠎ᠤᠨ ᠵᠢᠵᠢᠭ ᠪᠢᠴᠢᠯ ᠠᠵᠤ ᠠᠬᠤᠢᠯᠠᠯ ᠪᠣᠯᠤᠨ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠲᠦᠷᠢᠶᠡᠰᠦᠨ ᠮᠥᠩᠭᠦ᠎ᠶ᠋ᠢ ᠬᠠᠰᠤᠵᠤ ᠬᠡᠯᠲᠦᠷᠢᠭᠦᠯᠬᠦ᠌᠎ᠶ᠋ᠢ ᠵᠣᠷᠢᠬ᠍ᠵᠢᠭᠤᠯᠤᠨ᠎ᠠ᠃ ᠡᠯ᠎ᠡ ᠲᠥᠷᠥᠯ᠎ᠤᠨ ᠵᠠᠭᠤᠴᠢ ᠪᠠᠢᠭᠤᠯᠤᠮᠵᠢ᠎ᠶ᠋ᠢᠨ ᠦᠢᠯᠡᠴᠢᠯᠡᠭᠡᠨ᠎ᠤ ᠨᠥᠬᠦᠴᠡᠯ᠂ ᠶᠠᠪᠤᠴᠠ᠂ ᠴᠠᠭ ᠬᠤᠭᠤᠴᠠᠭ᠎ᠠ ᠪᠠ ᠰᠦᠢᠳᠭᠡᠯ ᠬᠤᠷᠢᠶᠠᠬᠤ ᠪᠠᠷᠢᠮᠵᠢᠶ᠎ᠠ᠎ᠪᠠᠨ ᠢᠯᠡ ᠪᠣᠯᠭᠠᠬᠤ᠎ᠶ᠋ᠢ ᠠᠬᠢᠭᠤᠯᠤᠨ᠎ᠠ᠃ ᠭᠠᠢᠯᠢ᠎ᠶ᠋ᠢᠨ ᠪᠤᠰᠤ ᠣᠷᠣᠯᠭ᠎ᠠ᠎ᠶ᠋ᠢᠨ ᠵᠦᠶ ᠵᠣᠬᠢᠰ ᠦᠭᠡᠢ ᠨᠡᠮᠡᠭ᠌ᠳᠡᠯ᠎ᠢ ᠴᠢᠩᠭ᠎ᠠ ᠬᠢᠵᠠᠭᠠᠷᠯᠠᠵᠤ᠂ ᠳᠤᠷ᠎ᠠ᠎ᠪᠠᠷ᠎ᠢᠶᠠᠨ ᠰᠦᠢᠳᠭᠡᠯ ᠬᠤᠷᠢᠶᠠᠬᠤ᠂ ᠳᠤᠷ᠎ᠠ᠎ᠪᠠᠷ᠎ᠢᠶᠠᠨ ᠵᠣᠭᠤᠰ ᠲᠣᠷᠭᠠᠬᠤ᠂ ᠳᠤᠷ᠎ᠠ᠎ᠪᠠᠷ᠎ᠢᠶᠠᠨ ᠲᠡᠰᠭᠡᠨ ᠨᠤᠬ᠍ᠳᠠᠭᠤᠯᠬᠤ᠎ᠶ᠋ᠢ ᠴᠢᠩᠭ᠎ᠠ ᠴᠡᠭ᠌ᠴᠡᠯᠡᠨ ᠵᠠᠰᠠᠬᠤ ᠬᠡᠷᠡᠭ᠌ᠳᠠᠢ᠂ ᠠᠷᠠᠳ᠎ᠢ ᠲᠦᠢᠪᠡᠬᠡᠨ ᠠᠱᠢᠭ ᠬᠤᠨᠵᠢᠵᠤ ᠪᠤᠯᠬᠤ ᠦᠬᠡᠢ᠂ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢ ᠰᠠᠨᠠᠭ᠎ᠠ ᠠᠮᠤᠷ ᠡᠵᠡᠩᠨᠡᠬᠦᠯᠦᠨ᠂ ᠲᠡᠭᠡᠭᠡᠷ᠎ᠠ ᠲᠠᠷᠤᠭᠠᠰᠤ ᠦᠭᠡᠢ᠎ᠪᠠᠷ ᠤᠷᠤᠭ᠍ᠰᠢᠯᠠᠭᠤᠯᠬᠤ ᠭᠡᠷᠡᠭ᠌ᠳᠠᠢ᠃

ᠤᠯᠠᠨ ᠲᠦᠷᠦᠯ᠎ᠤᠨ ᠥᠮᠴᠢᠯᠡᠯ᠎ᠤᠨ ᠠᠵᠤ ᠠᠬᠤᠶ᠎ᠶ᠋ᠢᠨ ᠬᠠᠮᠲᠤ᠎ᠪᠠᠷ ᠬᠥᠭ᠌ᠵᠢᠬᠦ᠌᠎ᠶ᠋ᠢ ᠠᠬᠢᠭᠤᠯᠤᠨ᠎ᠠ᠃ ᠨᠡᠢᠭᠡᠮ ᠵᠢᠷᠤᠮ᠎ᠤᠨ ᠠᠵᠤ ᠠᠬᠤᠶ᠎ᠶ᠋ᠢᠨ ᠦᠨᠳᠦᠰᠦᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠦᠨ᠎ᠡ᠃ ᠨᠡᠢᠲᠡ᠎ᠶ᠋ᠢᠨ ᠥᠮᠴᠢᠯᠡᠯ᠎ᠤᠨ ᠠᠵᠤ ᠠᠬᠤᠶ᠎ᠶ᠋ᠢ ᠡᠷᠡᠰ ᠭᠤᠢᠪᠢᠰᠢ ᠦᠭᠡᠢ᠎ᠪᠠᠷ ᠪᠠᠬᠢᠵᠢᠭᠦᠯᠦᠨ ᠬᠥᠭ᠌ᠵᠢᠭᠦᠯᠵᠦ᠍᠂ ᠨᠡᠢᠲᠡ᠎ᠶ᠋ᠢᠨ ᠥᠮᠴᠢᠯᠡᠯ᠎ᠤᠨ ᠪᠤᠰᠤ ᠠᠵᠤ ᠠᠬᠤᠶ᠎ᠶ᠋ᠢᠨ ᠬᠥᠭ᠌ᠵᠢᠯᠲᠡ᠎ᠶ᠋ᠢ ᠡᠷᠡᠰ ᠭᠤᠢᠪᠢᠰᠢ ᠦᠭᠡᠢ᠎ᠪᠠᠷ ᠵᠣᠷᠢᠬ᠍ᠵᠢᠭᠤᠯᠤᠨ᠂ ᠳᠡᠮᠵᠢᠵᠦ᠍᠂ ᠬᠥᠲᠥᠯᠥᠨ ᠵᠢᠯᠣᠭᠤᠳᠤᠨ᠎ᠠ᠃ ᠡᠯ᠎ᠡ ᠲᠦᠷᠦᠯ᠎ᠤᠨ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ ᠪᠣᠯ ᠴᠥᠮ ᠤᠯᠤᠰ ᠤᠷᠤᠨ᠎ᠤ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠭ᠍ᠴᠢ ᠮᠥᠨ᠂ ᠲᠡᠳᠡᠨ᠎ᠳᠤ ᠨᠢᠭᠡ ᠯᠡ ᠠᠳᠠᠯᠢ᠎ᠪᠠᠷ ᠬᠠᠨᠳᠤᠵᠤ᠂ ᠡᠷᠬᠡ ᠲᠡᠭ᠌ᠰᠢ᠎ᠪᠠᠷ ᠬᠠᠨᠳᠤᠬᠤ ᠬᠡᠷᠡᠭ᠌ᠲᠡᠶ᠃ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢᠨ ᠭᠤᠷᠪᠠᠨ ᠵᠢᠯ᠎ᠤᠨ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠤᠯᠤᠰ᠎ᠤᠨ ᠥᠮᠴᠢᠯᠡᠯ᠎ᠤᠨ ᠬᠦᠷᠦᠩᠭᠡ ᠪᠠ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍ ᠪᠤᠵᠠᠭᠠᠢᠷᠠᠭᠤᠯᠤᠨ᠎ᠠ᠃ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠬᠤᠯᠢᠮᠠᠭ ᠥᠮᠴᠢᠯᠡᠯ᠎ᠤᠨ ᠲᠦᠷᠢᠮᠲᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ᠃ ᠵᠠᠰᠠᠭ᠎ᠤᠨ ᠣᠷᠳᠣᠨ ᠪᠠ ᠬᠤᠳᠠᠯᠳᠤᠭᠠᠴᠢᠨ᠎ᠤ ᠬᠤᠭᠤᠷᠣᠨᠳᠣᠬᠢ ᠳᠣᠲᠣᠨᠣ ᠴᠢᠬᠡᠴᠢ ᠬᠠᠷᠢᠴᠠᠭ᠎ᠠ᠎ᠶ᠋ᠢ ᠪᠠᠢᠭᠤᠯᠵᠤ᠂ ᠠᠷᠠᠳ᠎ᠤᠨ ᠡᠵᠡᠩᠨᠡᠭ᠌ᠰᠡᠨ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠡᠯ᠎ᠡ ᠵᠦᠢᠯ᠎ᠤᠨ ᠬᠠᠷᠰᠢ ᠰᠠᠭᠠᠳ᠎ᠢ ᠠᠷᠢᠯᠭᠠᠨ᠎ᠠ᠃ ᠳᠤᠮᠳᠠ ᠪᠠᠭ᠎ᠠ ᠠᠵᠤ ᠠᠬᠤᠢ᠍ᠢᠯᠠᠯ᠎ᠤᠨ ᠳᠠᠩᠰᠠ ᠬᠠᠷ᠎ᠠ ᠪᠠ ᠵᠤᠭᠤᠰ ᠮᠦᠩᠬᠦ᠌᠎ᠶ᠋ᠢ ᠤᠳᠠᠭᠠᠱᠢᠷᠠᠭᠤᠯᠵᠤ ᠦᠷᠢᠳᠦᠬᠦ᠌᠎ᠶ᠋ᠢ ᠰᠡᠷᠭᠡᠢᠯᠡᠨ ᠱᠢᠢᠳᠪᠦᠷᠢᠯᠡᠬᠦ᠌ ᠤᠷᠳᠤ ᠬᠤᠭᠤᠴᠠᠭᠠᠨ᠎ᠤ ᠪᠦᠲᠦᠮᠵᠢᠳᠡᠢ ᠳᠤᠬ᠍ᠳᠠᠴᠠ᠎ᠶ᠋ᠢ ᠪᠦᠷᠢᠨᠱᠢᠭᠦᠯᠦᠨ ᠳᠡᠭᠦᠯᠳᠡᠷᠵᠢᠭᠦᠯᠦᠨ᠎ᠠ᠃ ᠠᠵᠤ ᠠᠬᠤᠢᠯᠠᠯᠲᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠎ᠠ᠃ ᠤᠯᠤᠰ᠎ᠠᠴᠠ ᠲᠠᠪᠴᠠᠩ᠎ᠤᠨ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠦᠨ ᠬᠥᠭ᠌ᠵᠢᠵᠤ᠂ ᠳᠡᠯᠡᠬᠡᠶ ᠳᠡᠭᠡᠷᠡᠬᠢ ᠥᠷᠢᠰᠥᠯᠳᠦᠬᠦ᠌ ᠬᠦᠴᠦᠨ᠎ᠢᠶᠠᠨ ᠴᠢᠩᠭᠠᠷᠠᠭᠤᠯᠬᠤ᠎ᠶ᠋ᠢᠨ ᠬᠠᠮᠲᠤ ᠬᠠᠤᠯᠢ ᠶᠣᠰᠣᠭᠠᠷ ᠵᠢᠷᠤᠮᠵᠢᠭᠤᠨ ᠬᠦᠭ᠌ᠵᠢᠬᠦ᠌᠎ᠶ᠋ᠢ ᠲᠠᠮᠵᠢᠵᠤ᠂ ᠲᠤᠭᠠᠴᠢᠯᠠᠬ᠍ᠰᠠᠨ ᠲᠦᠷᠢᠮᠵᠢᠯ᠎ᠢ ᠪᠦᠷᠢᠨᠱᠢᠭᠦᠯᠦᠨ᠎ᠠ᠃ ᠮᠤᠨᠤᠫᠤᠯᠢᠴᠢᠯᠠᠯ᠎ᠢ ᠡᠰᠡᠷᠭᠦᠴᠡᠬᠦ᠌ ᠪᠠ ᠬᠦᠷᠦᠩᠭᠡ᠎ᠶ᠋ᠢᠨ ᠡᠮᠬᠢ ᠵᠢᠷᠤᠮ ᠤᠢ᠍ᠭᠡᠢ ᠥᠷᠭᠡᠳᠬᠦ᠌᠎ᠶ᠋ᠢ ᠰᠡᠷᠭᠡᠢᠯᠡᠨ ᠬᠤᠷᠢᠬ᠍ᠯᠠᠬᠤ ᠠᠵᠢᠯ᠎ᠢ ᠴᠢᠩᠭᠠᠳᠭᠠᠵᠤ᠂ ᠭᠤᠤᠯᠴᠢ ᠦᠷᠢᠰᠤᠯᠳᠤᠭᠡᠨ᠎ᠤ ᠵᠠᠬ᠎ᠠ ᠳᠡᠯᠭᠡᠭᠦᠷ᠎ᠤᠨ ᠣᠷᠴᠢᠨ ᠨᠥᠬᠦᠴᠡᠯ᠎ᠢ ᠡᠷᠡᠰ ᠬᠠᠮᠠᠭᠠᠯᠠᠨ᠎ᠠ᠃

ᠡᠳ᠋᠎ᠤᠨ ᠵᠠᠰᠠᠭ ᠭᠠᠢᠯᠢ ᠮᠦᠡᠭ᠌ᠭᠦᠨ ᠭᠦᠢᠯᠭᠡᠭᠡᠨ᠎ᠤ ᠪᠠᠢᠭᠤᠯᠣᠯ᠎ᠤᠨ ᠦᠭᠡᠷᠡᠴᠢᠯᠡᠯᠳᠡ᠎ᠶ᠋ᠢ ᠭᠦᠨᠵᠡᠭᠡᠢᠷᠡᠭᠦᠯᠦᠨ᠎ᠠ᠃ ᠲᠥᠰᠦᠪ᠎ᠤᠨ ᠬᠢᠵᠠᠭᠠᠷᠯᠠᠯ ᠪᠠ ᠠᠮᠵᠢᠯᠲᠠ ᠪᠦᠲᠦᠮᠵᠢ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠵᠤ᠂ ᠲᠥᠰᠦᠪ᠎ᠢ ᠢᠯᠡ ᠪᠣᠯᠭᠠᠬᠤ ᠡᠷᠴᠢᠮ᠎ᠢᠶᠠᠨ ᠴᠢᠩᠭᠠᠷᠠᠭᠤᠯᠤᠨ᠂ ᠭᠠᠢᠯᠢ ᠰᠦᠢᠳᠭᠡᠯ᠎ᠤᠨ ᠬᠠᠷᠠᠭᠠᠯᠵᠠᠯ ᠬᠦᠷᠳᠡᠬᠦ᠌ ᠲᠦᠷᠦ᠎ᠶ᠋ᠢᠨ ᠪᠤᠳᠤᠯᠭ᠎ᠠ᠎ᠶ᠋ᠢᠨ ᠬᠦᠢᠴᠡᠳᠭᠡᠬᠦ᠌ ᠶᠠᠪᠤᠴᠠ ᠪᠠ ᠭᠠᠷ ᠭᠦᠢᠴᠡᠳᠭᠡᠯ᠎ᠢ ᠴᠣᠮᠬᠠᠳᠭᠠᠨ᠎ᠠ᠃ ᠲᠥᠪ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ᠎ᠶ᠋ᠢᠨ ᠬᠠᠷᠢᠭᠤᠴᠠᠯᠭ᠎ᠠ᠎ᠶ᠋ᠢ ᠬᠤᠪᠢᠶᠠᠷᠢᠯᠠᠬᠤ ᠥᠭᠡᠷᠡᠴᠢᠯᠡᠯᠲᠡ᠎ᠶ᠋ᠢᠨ ᠲᠥᠰᠦᠯ᠎ᠢ ᠨᠠᠢᠳᠠᠪᠤᠷᠢᠵᠢᠭᠤᠯᠤᠨ᠎ᠠ᠃ ᠤᠷᠤᠨ ᠨᠤᠳᠤᠭ᠎ᠤᠨ ᠭᠠᠢᠯᠢ᠎ᠶ᠋ᠢᠨ ᠱᠢᠰᠲ᠋ᠧᠮ᠎ᠢ ᠪᠦᠷᠢᠨᠱᠢᠭᠦᠯᠦᠨ᠎ᠠ᠃ ᠳᠤᠮᠳᠠ ᠵᠢᠵᠢᠭ ᠪᠠᠩᠬᠢ᠎ᠶ᠋ᠢᠨ ᠬᠥᠷᠥᠩᠭᠡ᠎ᠶ᠋ᠢ ᠦᠷᠭᠦᠯᠵᠢᠯᠡᠨ ᠣᠯᠠᠨ ᠠᠷᠭ᠎ᠠ ᠵᠠᠮ᠎ᠢᠶᠠᠷ ᠨᠥᠬᠦᠪᠥᠷᠢᠯᠡᠵᠦ᠍᠂ ᠺᠣᠮᠫᠠᠨᠢ᠎ᠶ᠋ᠢᠨ ᠵᠠᠰᠠᠯᠲᠠ᠎ᠶ᠋ᠢ ᠴᠢᠩᠭᠠᠳᠭᠠᠨ᠂ ᠬᠦᠳᠡᠭᠡ ᠲᠤᠰᠭᠤᠨ᠎ᠤ ᠢᠳᠡᠭᠡᠮᠵᠢ᠎ᠶ᠋ᠢᠨ ᠬᠤᠷᠱᠢᠶᠠᠨ᠎ᠤ ᠦᠭᠡᠷᠡᠴᠢᠯᠡᠯᠳᠡ᠎ᠶ᠋ᠢ ᠭᠦᠨᠵᠡᠭᠡᠢᠷᠡᠭᠦᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠲᠠᠶ ᠪᠠᠩᠬᠢ᠎ᠶ᠋ᠢᠨ ᠲᠥᠷᠥᠯ ᠬᠤᠪᠢᠶᠠᠨ ᠳᠠᠩᠰᠠ ᠬᠤᠪᠢᠶᠠᠬᠤ ᠥᠭᠡᠷᠡᠴᠢᠯᠡᠯᠲᠡ᠎ᠶ᠋ᠢ ᠠᠬᠢᠭᠤᠯᠵᠤ᠂ ᠳᠠᠭᠠᠳᠭᠠᠯ᠎ᠤᠨ ᠪᠠᠲᠤᠯᠠᠭ᠎ᠠ ᠪᠠ ᠦᠢᠯᠡᠴᠢᠯᠡᠭᠡᠨ᠎ᠤ ᠴᠢᠳᠠᠮᠵᠢ᠎ᠶ᠋ᠢ ᠳᠡᠭᠡᠭ᠌ᠰᠢᠯᠡᠭᠦᠯᠦᠨ᠎ᠡ᠃ ᠳᠠᠩᠰᠠᠯᠠᠬᠤ ᠳᠦᠷᠢᠮ᠎ᠤᠨ ᠥᠭᠡᠷᠡᠴᠢᠯᠡᠯᠲᠡ᠎ᠶ᠋ᠢ ᠯᠠᠪᠳᠠᠭᠤᠨ᠎ᠢᠶᠠᠷ ᠠᠬᠢᠭᠤᠯᠵᠤ᠂ ᠵᠠᠬ᠎ᠠ ᠳᠡᠯᠭᠡᠭᠦᠷ᠎ᠠᠴᠠ ᠤᠬᠤᠷᠢᠨ ᠭᠠᠷᠬᠤ ᠪᠠᠢᠩᠭᠤᠵᠢᠬ᠍ᠰᠠᠨ ᠲᠣᠭ᠍ᠲᠠᠴᠠ᠎ᠶ᠋ᠢ ᠲᠡᠭᠦᠯᠳᠡᠷᠵᠢᠭᠦᠯᠤᠨ᠂ ᠵᠢᠭᠡᠯᠡᠯᠭᠡ᠎ᠶ᠋ᠢᠨ ᠲᠡᠮᠳᠡᠭ᠌ᠲᠦ᠎ᠶ᠋ᠢᠨ ᠵᠠᠬ᠎ᠠ ᠳᠡᠯᠭᠡᠭᠦᠷ᠎ᠤᠨ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠤᠯᠠᠨ ᠲᠡᠰ ᠳᠠᠪᠬᠤᠷᠭ᠎ᠠ᠎ᠶ᠋ᠢᠨ ᠬᠦᠷᠦᠩᠭᠡ᠎ᠶ᠋ᠢᠨ ᠵᠠᠬ᠎ᠠ ᠳᠡᠯᠭᠡᠭᠦᠷ᠎ᠤᠨ ᠦᠢᠯᠡᠳᠦᠯ᠎ᠢ ᠨᠡᠩ ᠰᠠᠢᠨ ᠪᠠᠳᠠᠷᠠᠭᠤᠯᠵᠤ᠂ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢᠨ ᠪᠡᠯᠡ ᠲᠣᠬᠢᠷᠠᠭᠤᠯᠬᠤ ᠠᠷᠭ᠎ᠠ ᠵᠠᠮ᠎ᠢ ᠥᠷᠭᠡᠳᠭᠡᠨ᠎ᠡ᠃ ᠮᠥᠩᠭᠦᠨ ᠭᠦᠢᠯᠭᠡᠭᠡᠨ᠎ᠤ ᠬᠤᠪᠢ ᠡᠵᠡᠮᠳᠡᠭ᠌ᠰᠡᠨ ᠺᠣᠮᠫᠠᠨᠢ ᠪᠠ ᠮᠥᠩᠭᠦᠨ ᠭᠦᠢᠯᠭᠡᠭᠡᠨ᠎ᠤ ᠱᠢᠨᠵᠢᠯᠡᠬᠦ᠌ ᠤᠬᠠᠭᠠᠨ ᠮᠡᠷᠭᠡᠵᠢᠯ᠎ᠤᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠮᠥᠩᠭᠦᠨ ᠭᠦᠢᠯᠭᠡᠭᠡᠨ᠎ᠤ ᠱᠢᠨ᠎ᠡ᠎ᠶ᠋ᠢ ᠡᠬᠦᠳᠬᠦ᠌ ᠠᠵᠢᠯ᠎ᠢ ᠬᠢᠨᠠᠭᠤᠷ ᠪᠣᠯᠭᠤᠮᠵᠢᠲᠠᠶ ᠬᠢᠨᠠᠨ ᠬᠠᠮᠢᠶᠠᠷᠤᠬ᠍ᠰᠠᠨ ᠤᠷᠢᠲᠠᠯ ᠳᠣᠤᠷ᠎ᠠ ᠶᠠᠪᠤᠭ᠍ᠳᠠᠭᠤᠯᠬᠤ᠎ᠶ᠋ᠢ ᠦᠨᠡᠨ ᠬᠦ᠌ ᠪᠠᠲᠤᠯᠠᠨ᠎ᠠ᠃ ᠮᠦᠡᠭ᠌ᠬᠦᠨ ᠬᠦᠢᠯᠬᠡᠬᠡᠨ᠎ᠤ ᠲᠦᠭ᠌ᠰᠢᠬᠦᠷᠢ᠎ᠶ᠋ᠢ ᠱᠢᠢᠳᠪᠦᠷᠢᠯᠡᠬᠦ᠌ ᠠᠵᠢᠯ᠎ᠤᠨ ᠳᠤᠭ᠍ᠳᠠᠴᠠ᠎ᠶ᠋ᠢ ᠳᠡᠬᠦᠯᠳᠡᠷᠵᠢᠬᠦᠯᠵᠦ᠍᠂ ᠡᠯ᠎ᠠ ᠲᠠᠯ᠎ᠠ᠎ᠶ᠋ᠢᠨ᠎ᠬᠢᠨ᠎ᠤ ᠬᠠᠷᠢᠭᠤᠴᠠᠯᠭ᠎ᠠ᠎ᠶ᠋ᠢ ᠪᠤᠳᠠᠳᠠᠢ ᠨᠡᠢᠳᠠᠪᠤᠷᠢᠵᠢᠭᠤᠯᠤᠨ᠂ ᠱᠢᠰᠲ᠋ᠧᠮ᠎ᠤᠨ ᠴᠢᠨᠠᠷᠳᠠᠢ ᠲᠦᠭ᠌ᠰᠢᠬᠦᠷᠢ ᠦᠯᠦ᠍ ᠡᠬᠦᠰᠭᠡᠬᠦ᠌ ᠬᠢᠵᠠᠭᠠᠷ ᠱᠤᠭᠤᠮ᠎ᠢ ᠡᠷᠡᠰ ᠰᠠᠬᠢᠨ᠎ᠠ᠃ ᠮᠥᠩᠭᠦᠨ ᠭᠦᠢᠯᠭᠡᠭᠡᠨ᠎ᠤ ᠪᠠᠢᠭᠤᠯᠤᠮᠵᠢ ᠪᠣᠳᠠᠲᠤ ᠴᠣᠭ᠍ᠴᠠ᠎ᠶ᠋ᠢᠨ ᠠᠵᠤ ᠠᠬᠤᠢ᠎ᠳᠤ ᠦᠢᠯᠡᠴᠢᠯᠡᠬᠦ᠌ ᠡᠭᠦᠷᠭᠡ ᠬᠠᠷᠢᠭᠤᠴᠠᠯᠭ᠎ᠠ᠎ᠪᠠᠨ ᠪᠠᠲᠤ ᠰᠠᠬᠢᠬᠤ ᠬᠡᠷᠡᠭ᠌ᠲᠡᠢ᠃

(ᠭᠤᠷᠪᠠ) ᠱᠢᠨ᠎ᠡ᠎ᠶ᠋ᠢ ᠡᠭᠦᠳᠬᠦ᠌᠎ᠳᠤ ᠲᠦᠱᠢᠭ᠌ᠯᠡᠨ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠱᠢᠨ᠎ᠡ ᠬᠥᠳᠡᠯᠭᠡᠭ᠌ᠴᠢ ᠡᠨᠧᠷᠭᠢ᠎ᠶ᠋ᠢ ᠪᠤᠢᠵᠢᠭᠤᠯᠤᠨ ᠪᠤᠵᠠᠭᠠᠢᠷᠠᠭᠤᠯᠤᠨ᠎ᠠ᠃ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ ᠡᠬᠦᠳᠤᠯᠳᠠ ᠪᠠ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠱᠢᠨ᠎ᠡ᠎ᠶ᠋ᠢ ᠡᠭᠦᠳᠬᠦ᠌᠎ᠪᠠᠷ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ ᠦᠢᠯᠡᠳᠦᠯ᠎ᠢ ᠨᠡᠩ ᠰᠠᠢᠨ ᠪᠠᠳᠠᠷᠠᠭᠤᠯᠤᠨ᠎ᠠ᠃

ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠬᠦᠴᠦᠨ᠎ᠢ ᠴᠢᠩᠭᠠᠷᠠᠭᠤᠯᠵᠤ᠂ ᠤᠯᠤᠰ᠎ᠤᠨ ᠲᠤᠷᠱᠢᠯᠲᠠ᠎ᠶ᠋ᠢᠨ ᠲᠠᠰᠤᠭ᠎ᠤᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠲᠦᠰᠤᠯ ᠪᠠ ᠱᠢᠨ᠎ᠡ᠎ᠶ᠋ᠢ ᠡᠭᠦᠳᠬᠦ᠌ ᠰᠠᠭᠤᠷᠢᠨ ᠭᠠᠵᠠᠷ᠎ᠤᠨ ᠪᠠᠢᠷᠢᠯᠠᠭᠤᠯᠤᠯᠳᠠ᠎ᠶ᠋ᠢ ᠲᠡᠭᠦᠯᠳᠡᠷᠵᠢᠭᠦᠯᠦᠨ᠎ᠠ᠃ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠤᠨ ᠪᠡᠷᠭᠡ ᠰᠡᠳᠤᠪ᠎ᠢ ᠱᠢᠢᠳᠪᠤᠷᠢᠯᠡᠬᠦ᠌ ᠢᠨᠵᠧᠨᠧᠷᠢᠩ᠎ᠢ ᠰᠠᠢᠲᠤᠷ ᠬᠡᠷᠡᠭ᠌ᠵᠢᠭᠦᠯᠵᠦ᠍᠂ 《ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ 2030 — ᠴᠢᠬᠤᠯᠠ ᠶᠡᠭᠡ ᠲᠦᠰᠤᠯ》 ᠎ᠢ ᠭᠦᠨᠵᠡᠭᠡᠶ ᠲᠦᠰᠤᠪᠯᠡᠨ ᠠᠬᠢᠭᠤᠯᠵᠤ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠴᠢᠬᠤᠯᠠ ᠶᠡᠭᠡ ᠲᠤᠰᠭᠠᠶ ᠲᠦᠰᠦᠯ᠎ᠢ ᠭᠡᠷᠡᠭ᠌ᠵᠢᠬᠦᠯᠬᠦ᠌ ᠠᠷᠭ᠎ᠠ ᠮᠠᠶᠢᠭ᠎ᠲᠤ ᠦᠭᠡᠷᠡᠴᠢᠯᠡᠯᠳᠠ ᠬᠢᠵᠤ᠂ 《ᠲᠤᠩᠬᠠᠭ ᠨᠡᠢᠲᠡᠯᠡᠨ ᠮᠠᠩᠯᠠᠢᠯᠠᠭ᠍ᠴᠢ ᠡᠯᠰᠡᠬᠦ᠌》 ᠵᠡᠷᠭᠡ ᠲᠣᠭ᠍ᠲᠠᠴᠠ᠎ᠶ᠋ᠢ ᠳᠡᠯᠭᠡᠷᠡᠭᠦᠯᠦᠨ᠎ᠡ᠃ ᠨᠥᠬᠦᠴᠡᠯ᠎ᠲᠠᠢ ᠭᠠᠵᠠᠷ ᠣᠷᠣᠨ᠎ᠤ᠎ᠬᠢᠨ᠎ᠤ ᠤᠯᠠᠨ ᠤᠯᠤᠰ᠎ᠤᠨ ᠪᠠ ᠣᠷᠣᠨ ᠪᠦᠰᠡ᠎ᠶ᠋ᠢᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ ᠪᠠᠢᠭᠤᠯᠬᠤ᠎ᠶ᠋ᠢ ᠳᠡᠮᠵᠢᠵᠦ᠍᠂ ᠤᠯᠤᠰ᠎ᠤᠨ ᠪᠡᠶ᠎ᠡ᠎ᠪᠠᠨ ᠳᠠᠭᠠᠭᠠᠵᠤ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠣᠷᠣᠨ ᠵᠡᠷᠭᠡ᠎ᠶ᠋ᠢᠨ ᠳᠠᠢᠴᠢᠯᠠᠬᠤ ᠦᠢᠯᠡᠳᠦᠯ᠎ᠢ ᠴᠢᠩᠭᠠᠷᠠᠭᠤᠯᠤᠨ᠎ᠠ᠃ ᠡᠪᠡᠳᠴᠢᠨ ᠡᠮᠭᠡᠭ᠎ᠢ ᠰᠡᠷᠭᠡᠢᠯᠡᠨ ᠵᠠᠰᠠᠬᠤ ᠪᠡᠷᠬᠡ ᠰᠡᠳᠦᠪ᠎ᠢ ᠱᠢᠢᠳᠪᠦᠷᠢᠯᠡᠬᠦ᠌ ᠵᠡᠷᠭᠡ ᠠᠷᠠᠳ᠎ᠤᠨ ᠠᠮᠢᠳᠤᠷᠠᠯ᠎ᠤᠨ ᠱᠢᠨᠵᠢᠯᠡᠬᠦ᠌ ᠤᠬᠠᠭᠠᠨ ᠮᠡᠷᠭᠡᠵᠢᠯ᠎ᠢ ᠬᠥᠭ᠌ᠵᠢᠭᠦᠯᠦᠨ᠎ᠡ᠃ ᠱᠢᠨᠵᠢᠯᠡᠬᠦ᠌ ᠤᠬᠠᠭᠠᠨ ᠮᠡᠷᠭᠡᠵᠢᠯ᠎ᠤᠨ ᠨᠡᠭᠡᠭᠡᠯᠲᠡ ᠬᠠᠮᠲᠤᠷᠠᠯᠴᠠᠭ᠎ᠠ᠎ᠶ᠋ᠢ ᠠᠬᠢᠭᠤᠯᠤᠨ᠎ᠠ᠃ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠨ᠎ᠠ᠃ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠢᠳᠡᠭᠡᠮᠵᠢ᠎ᠶ᠋ᠢᠨ ᠪᠠᠢᠭᠤᠯᠤᠯᠳᠠ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨᠴᠢ ᠵᠤᠷᠢᠭ ᠰᠠᠨᠠᠭ᠎ᠠ᠎ᠶ᠋ᠢ ᠪᠠᠳᠠᠷᠠᠭᠤᠯᠵᠤ᠂ ᠱᠢᠨ᠎ᠡ᠎ᠶ᠋ᠢ ᠡᠭᠦᠳᠬᠦ᠌ ᠰᠠᠢᠨ ᠰᠠᠢᠬᠠᠨ ᠠᠮᠢ ᠠᠬᠤᠢ᠎ᠶ᠋ᠢ ᠪᠤᠢ ᠪᠤᠯᠭᠠᠨ᠎ᠠ᠃ ᠰᠠᠭᠤᠷᠢ ᠰᠤᠳᠤᠯᠭᠠᠨ ᠪᠣᠯ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠠ᠎ᠶ᠋ᠢ ᠡᠬᠦᠳᠬᠦ᠌᠎ᠶ᠋ᠢᠨ ᠡᠬᠢ ᠡᠬᠦᠰᠦᠯ ᠮᠦᠨ ᠪᠣᠯᠬᠤᠷ ᠲᠣᠭ᠍ᠲᠠᠪᠤᠷᠢᠳᠠᠢ ᠳᠡᠮᠵᠢᠬᠦ᠌ ᠲᠣᠭ᠍ᠲᠠᠴᠠ᠎ᠶ᠋ᠢ ᠪᠦᠷᠢᠨᠱᠢᠬᠦᠯᠵᠤ᠂ ᠣᠷᠣᠭᠤᠯᠤᠯᠲᠠ᠎ᠪᠠᠨ ᠶᠡᠭᠡ᠎ᠪᠠᠷ ᠨᠡᠮᠡᠭ᠌ᠳᠡᠭᠦᠯᠤᠨ᠂ ᠲᠥᠪ᠎ᠤᠨ ᠲᠤᠰ ᠱᠠᠲᠤᠨ᠎ᠤ ᠰᠠᠭᠤᠷᠢ ᠰᠤᠳᠤᠯᠭᠠᠨ᠎ᠤ ᠵᠠᠷᠤᠯᠭ᠎ᠠ᠎ᠶ᠋ᠢ 10.6% ᠎ᠪᠠᠷ ᠨᠡᠮᠡᠭ᠌ᠳᠡᠬᠦᠯᠵᠤ᠂ ᠵᠠᠷᠤᠳᠠᠯ ᠬᠡᠷᠡᠭ᠌ᠯᠡᠬᠦ᠌ ᠡᠵᠡᠨ ᠮᠡᠳᠡᠬᠦ᠌ ᠡᠷᠬᠡ᠎ᠶ᠋ᠢ ᠥᠷᠭᠡᠳᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂ ᠲᠦᠰᠦᠯ᠎ᠢ ᠬᠢᠨᠠᠨ ᠲᠣᠭ᠍ᠲᠠᠭᠠᠬᠤ ᠪᠠ ᠴᠢᠳᠠᠪᠤᠷᠢᠲᠠᠨ᠎ᠢ ᠦᠨᠡᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠤᠨ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ᠎ᠤ ᠵᠣᠬᠢᠰ ᠦᠭᠡᠢ ᠳᠠᠷᠤᠭᠠᠰᠤ᠎ᠶ᠋ᠢ ᠦᠨᠡᠨ ᠬᠦ᠌ ᠬᠥᠩᠭᠡᠷᠡᠬᠦᠯᠵᠤ᠂ ᠲᠡᠳᠡᠨ᠎ᠢ ᠰᠡᠳᠭᠢᠯ ᠱᠢᠭᠤᠳᠤᠨ ᠱᠢᠨᠵᠢᠯᠡᠬᠦ᠌ ᠤᠬᠠᠭᠠᠨ᠎ᠤ ᠬᠠᠢᠨ ᠰᠥᠪᠡᠭ᠌ᠴᠢᠯᠡᠯᠲᠡ ᠬᠢᠵᠤ᠂ 《ᠠᠷᠪᠠᠨ ᠵᠢᠯ᠎ᠢᠶᠠᠷ ᠨᠢᠬᠡ ᠰᠠᠯᠠᠮ᠎ᠠ᠎ᠶ᠋ᠢ ᠬᠤᠷᠴᠠᠯᠠᠬᠤ》 ᠤᠳᠠᠭᠠᠨ ᠳᠠᠭᠠᠭᠠᠮᠠᠭᠠᠢ ᠱᠢᠷᠭᠠᠭᠤ ᠬᠠᠳᠠᠭᠤᠵᠢᠯᠳᠠᠢ ᠴᠢᠷᠮᠠᠢᠬᠤ ᠵᠣᠷᠢᠭ ᠰᠠᠨᠠᠭ᠎ᠠ᠎ᠪᠠᠷ ᠵᠠᠩᠭᠢᠯᠠᠭ᠎ᠠ᠎ᠶ᠋ᠢᠨ ᠭᠤᠤᠯᠯᠠᠬᠤ ᠬᠦᠷᠢᠶᠡᠨ᠎ᠳᠤ ᠴᠢᠬᠤᠯᠠ ᠶᠡᠭᠡ ᠱᠢᠪᠲᠤᠯᠤᠯᠲᠠ ᠭᠠᠷᠭᠠᠬᠤ ᠪᠤᠯᠭᠠᠨ᠎ᠠ᠃

ᠵᠠᠬ᠎ᠠ ᠳᠡᠯᠭᠡᠭᠦᠷᠴᠢᠯᠡᠭ᠌ᠰᠡᠨ ᠲᠤᠬ᠍ᠳᠠᠴᠠ᠎ᠪᠠᠷ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌᠎ᠶ᠋ᠢ ᠤᠷᠮᠠᠱᠢᠭᠤᠯᠤᠨ᠎ᠠ᠃ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠪᠡᠶᠡᠴᠢ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠵᠤ᠂ ᠳᠠᠭᠠᠭᠤᠯᠤᠭ᠍ᠴᠢ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠬᠤᠯᠪᠣᠭᠠᠲᠤ ᠴᠣᠭ᠍ᠴᠠ ᠪᠠᠢᠭᠤᠯᠬᠤ᠎ᠶ᠋ᠢ ᠵᠣᠷᠢᠬ᠍ᠵᠢᠭᠤᠯᠤᠨ᠂ ᠦᠢᠯᠡᠳᠪᠦᠷᠢᠯᠡᠬᠦ᠌ ᠵᠢᠭᠠᠬᠤ ᠰᠤᠳᠤᠯᠬᠤ ᠬᠡᠷᠡᠭ᠌ᠯᠡᠬᠦ᠌᠎ᠶ᠋ᠢ ᠠᠭᠤᠰᠤᠯᠴᠠᠭᠤᠯᠬᠤ ᠵᠠᠮ᠎ᠢ ᠥᠷᠭᠡᠳᠭᠡᠵᠦ᠍᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠥᠮᠴᠢᠯᠡᠬᠦ᠌ ᠡᠷᠬᠡ᠎ᠶ᠋ᠢᠨ ᠤᠷᠮᠠᠱᠢᠭᠤᠯᠬᠤ ᠲᠣᠭ᠍ᠲᠠᠴᠠ᠎ᠶ᠋ᠢ ᠪᠦᠷᠢᠨᠱᠢᠬᠦᠯᠤᠨ᠂ ᠠᠳᠠᠯ ᠦᠢᠯᠡᠰ ᠴᠣᠭ᠍ᠴᠠᠯᠠᠬᠤ ᠪᠡᠯᠡ ᠣᠷᠣᠭᠤᠯᠤᠯᠲᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠪᠠᠢᠭᠤᠯᠤᠯ ᠪᠠ ᠬᠥᠭ᠌ᠵᠢᠬᠦᠯᠤᠯᠲᠡ᠎ᠶ᠋ᠢᠨ ᠲᠦᠷᠦ᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠵᠦ᠍᠂ ᠪᠦᠬᠦᠳᠡ ᠤᠯᠠᠨ᠎ᠢᠶᠠᠷ᠎ᠢᠶᠠᠨ ᠠᠳᠠᠯ ᠦᠢᠯᠡᠰ ᠴᠤᠭ᠍ᠴᠠᠯᠠᠵᠤ ᠲᠦᠮᠡᠨ ᠤᠯᠠᠨ᠎ᠢᠶᠠᠷ᠎ᠢᠶᠠᠨ ᠱᠢᠨ᠎ᠡ᠎ᠶ᠋ᠢ ᠡᠬᠦᠳᠬᠦ᠌᠎ᠶ᠋ᠢ ᠭᠦᠨᠵᠡᠭᠡᠢᠷᠡᠭᠦᠯᠦᠨ ᠠᠬᠢᠭᠤᠯᠤᠨ᠎ᠠ᠃ ᠠᠵᠤ ᠠᠬᠤᠢ᠍ᠢᠯᠠᠯ᠎ᠤᠨ ᠰᠤᠳᠤᠯᠤᠨ ᠨᠡᠭᠡᠭᠡᠬᠦ᠌ ᠵᠠᠷᠤᠳᠠᠯ᠎ᠢ 75% ᠎ᠪᠠᠷ ᠨᠡᠮᠡᠨ ᠪᠤᠳᠤᠵᠤ ᠰᠠᠭᠤᠯᠭᠠᠨ ᠬᠠᠰᠤᠬᠤ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠦᠢᠯᠡᠳᠬᠦ᠌ ᠦᠢᠯᠡᠰ᠎ᠤᠨ ᠠᠵᠤ ᠠᠬᠤᠢᠯᠠᠯ᠎ᠤᠨ ᠨᠡᠮᠡᠨ ᠪᠤᠲᠤᠵᠤ ᠰᠠᠭᠤᠯᠭᠠᠨ ᠬᠠᠰᠤᠬᠤ ᠬᠠᠷᠢᠴᠠᠯ᠎ᠢ 100% ᠪᠤᠯᠳᠠᠯ᠎ᠠ ᠳᠡᠬᠡᠭ᠌ᠰᠢᠯᠡᠬᠦᠯᠦᠨ᠂ ᠭᠠᠢᠯᠢ ᠲᠠᠲᠠᠪᠤᠷᠢ᠎ᠶ᠋ᠢᠨ ᠬᠠᠷᠠᠭᠠᠯᠵᠠᠯ᠎ᠤᠨ ᠲᠣᠭ᠍ᠲᠠᠴᠠ᠎ᠪᠠᠷ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠣᠷᠣᠭᠤᠯᠤᠯᠲᠠ᠎ᠪᠠᠨ ᠨᠡᠮᠡᠭ᠌ᠳᠡᠭᠦᠯᠬᠦ᠌᠎ᠶ᠋ᠢ ᠤᠷᠮᠠᠱᠢᠭᠤᠯᠵᠤ᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌᠎ᠪᠠᠷ ᠬᠥᠭ᠌ᠵᠢᠯᠲᠡ᠎ᠪᠠᠨ ᠬᠥᠲᠥᠯᠥᠨ ᠳᠠᠭᠠᠭᠤᠯᠬᠤ᠎ᠶ᠋ᠢ ᠬᠦᠴᠦᠯᠡᠨ ᠠᠬᠢᠭᠤᠯᠤᠨ᠎ᠠ᠃

ᠠᠵᠤ ᠦᠢᠯᠡᠰ᠎ᠤᠨ  ᠬᠡᠯᠬᠢᠶ᠎ᠠ ᠬᠠᠩᠭᠠᠯᠭ᠎ᠠ ᠎ᠶ᠋ᠢᠨ ᠬᠡᠯᠬᠢᠶ᠎ᠡ᠎ᠶ᠋ᠢ  ᠱᠢᠯᠢᠳᠡᠭ᠌ᠵᠢᠭᠦᠯᠦᠨ ᠲᠣᠭ᠍ᠲᠠᠪᠤᠷᠢᠵᠢᠭᠤᠯᠤᠨ᠎ᠡ᠃ 《ᠭᠤᠷᠪᠠ᠎ᠶ᠋ᠢ ᠬᠠᠰᠤᠬᠤ ᠨᠢᠭᠡ᠎ᠶ᠋ᠢ ᠪᠠᠭᠤᠷᠠᠭᠤᠯᠬᠤ ᠨᠢᠭᠡ᠎ᠶ᠋ᠢ ᠨᠥᠬᠦᠪᠥᠷᠢᠯᠡᠬᠦ᠌》 ᠴᠢᠬᠤᠯᠠ ᠡᠭᠦᠷᠭᠡ᠎ᠶ᠋ᠢ ᠦᠷᠭᠦᠯᠵᠢᠯᠡᠨ ᠪᠡᠶᠡᠯᠡᠭᠦᠯᠦᠨ᠎ᠡ᠃ ᠲᠡᠷᠢᠭᠦᠨ᠎ᠤ ᠦᠢᠯᠡᠳᠬᠦ᠌ ᠦᠢᠯᠡᠰ᠎ᠤᠨ ᠠᠵᠤ ᠠᠬᠤᠢᠯᠠᠯ᠎ᠳᠤ ᠦᠷᠳᠡᠭ ᠨᠡᠮᠡᠭ᠌ᠳᠡᠯ᠎ᠤᠨ ᠭᠠᠢᠯᠢ᠎ᠶ᠋ᠢᠨ ᠨᠡᠮᠡᠭ᠌ᠳᠡᠯ ᠬᠡᠮᠵᠢᠶ᠎ᠡ᠎ᠶ᠋ᠢᠨ ᠦᠯᠡᠳᠡᠭ᠌ᠰᠡᠨ ᠰᠠᠭᠤᠳᠭᠠᠯ ᠭᠠᠢᠯᠢ᠎ᠶ᠋ᠢᠨ ᠲᠤᠭ᠎ᠠ᠎ᠶ᠋ᠢ ᠰᠠᠷ᠎ᠠ ᠪᠦᠷᠢ ᠪᠦᠬᠦ᠌ ᠲᠤᠭ᠎ᠠ᠎ᠪᠠᠷ᠎ᠨᠢ ᠪᠤᠴᠠᠭᠠᠨ ᠦᠭ᠌ᠴᠤ᠂ ᠦᠢᠯᠡᠳᠬᠦ᠌ ᠦᠢᠯᠡᠰ᠎ᠤᠨ ᠵᠢᠭᠡᠯᠡᠯᠭᠡ᠎ᠶ᠋ᠢᠨ ᠬᠤᠪᠢ᠎ᠶ᠋ᠢᠨ ᠵᠢᠩ᠎ᠢ ᠳᠡᠭᠡᠭ᠌ᠰᠢᠯᠡᠭᠦᠯᠤᠨ᠂ ᠦᠢᠯᠡᠳᠬᠦ᠌ ᠦᠢᠯᠡᠰ᠎ᠤᠨ ᠲᠤᠨᠤᠭ ᠲᠦᠬᠦᠭᠡᠷᠤᠮᠵᠢ᠎ᠶ᠋ᠢ ᠱᠢᠨᠡᠳᠭᠡᠬᠦ᠌ ᠪᠠ ᠮᠡᠷᠭᠡᠵᠢᠯ᠎ᠤᠨ ᠥᠭᠡᠷᠡᠴᠢᠯᠡᠯᠲᠡ ᠬᠢᠬᠦ᠌ ᠪᠡᠯᠡ ᠣᠷᠣᠭᠤᠯᠤᠯᠳᠠ᠎ᠶ᠋ᠢ ᠥᠷᠭᠡᠳᠭᠡᠨ᠎ᠡ᠃ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠪᠡᠶ᠎ᠡ᠎ᠪᠠᠨ ᠳᠠᠭᠠᠭᠠᠵᠤ ᠡᠵᠡᠮᠳᠡᠬᠦ᠌ ᠴᠢᠳᠠᠪᠤᠷᠢ᠎ᠶ᠋ᠢ ᠴᠢᠩᠭᠠᠷᠠᠭᠤᠯᠵᠤ᠂ ᠠᠵᠤ ᠦᠢᠯᠡᠰ᠎ᠤᠨ ᠰᠠᠭᠤᠷᠢ᠎ᠶ᠋ᠢ ᠲᠠᠬᠢᠨ ᠴᠤᠬ᠍ᠴᠠᠯᠠᠬᠤ ᠢᠨᠵᠧᠨᠧᠷᠢᠩ᠎ᠢ ᠰᠠᠢᠲᠤᠷ ᠬᠡᠷᠡᠭ᠌ᠵᠢᠭᠦᠯᠵᠦ᠍᠂ ᠳᠤᠮᠤ ᠠᠵᠤ ᠠᠬᠤᠢ᠍ᠢᠯᠠᠯ᠎ᠤᠨ ᠬᠦᠳᠦᠯᠦᠨ ᠳᠠᠭᠠᠭᠤᠯᠵᠤ ᠳᠤᠯᠭᠠᠭᠤᠷᠢᠯᠡᠬᠤ ᠦᠢᠯᠡᠳᠦᠯ ᠪᠠ ᠳᠤᠮᠳᠠ ᠵᠢᠵᠢᠭ ᠪᠢᠴᠢᠯ ᠠᠵᠤ ᠠᠬᠤᠢ᠍ᠢᠯᠠᠯ᠎ᠤᠨ ᠬᠠᠮᠵᠢᠯᠴᠠᠨ ᠢᠵᠢ ᠪᠦᠷᠢᠳᠦᠬᠦᠯᠬᠦ᠌ ᠦᠢᠯᠡᠳᠦᠯ᠎ᠢ ᠪᠠᠳᠠᠷᠠᠭᠤᠯᠤᠨ᠎ᠠ᠃ ᠠᠵᠤ ᠦᠢᠯᠡᠳᠪᠦᠷᠢ᠎ᠶ᠋ᠢᠨ ᠢᠨᠲ᠋ᠧᠷ ᠰᠦᠯᠵᠢᠶ᠎ᠡ᠎ᠶ᠋ᠢ ᠬᠥᠭ᠌ᠵᠢᠭᠦᠯᠤᠨ᠂ ᠠᠵᠤ ᠦᠢᠯᠡᠰ᠎ᠤᠨ ᠬᠡᠯᠬᠢᠶ᠎ᠠ ᠪᠤᠯᠤᠨ ᠱᠢᠨ᠎ᠡ᠎ᠶ᠋ᠢ ᠡᠭᠦᠳᠬᠦ᠌ ᠬᠡᠯᠬᠢᠶ᠎ᠠ᠎ᠶ᠋ᠢᠨ ᠠᠭᠤᠰᠤᠯᠴᠠᠬᠤ᠎ᠶ᠋ᠢ ᠠᠭᠢᠭᠤᠯᠵᠤ᠂ ᠨᠡᠢᠲᠡᠴᠢ ᠴᠢᠨᠠᠷᠲᠠᠶ ᠮᠡᠷᠭᠡᠵᠢᠯ᠎ᠢ ᠰᠤᠳᠤᠯᠤᠨ ᠨᠡᠭᠡᠭᠡᠬᠦ᠌ ᠲᠠᠪᠴᠠᠩ᠎ᠢ ᠨᠠᠩ ᠣᠯᠠᠨ ᠪᠠᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢ ᠪᠠ ᠲᠤᠰᠭᠠᠢᠵᠢᠭ᠍ᠰᠠᠨ ᠲᠦᠪᠱᠢᠨ᠎ᠢ ᠳᠡᠭᠡᠭ᠌ᠰᠢᠯᠡᠭᠦᠯᠦᠨ᠎ᠡ᠃ 5G ᠰᠦᠯᠵᠢᠶ᠎ᠡ ᠪᠠ ᠮᠢᠩᠭᠠᠨ ᠮᠧᠭ᠎ᠠ᠎ᠶ᠋ᠢᠨ ᠭᠡᠷᠡᠯᠯᠢᠭ ᠰᠦᠯᠵᠢᠶ᠎ᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠡᠷᠴᠢᠮ᠎ᠢ ᠴᠢᠩᠭᠠᠷᠠᠭᠤᠯᠵᠤ᠂ ᠬᠡᠷᠡᠭ᠌ᠯᠡᠯᠳᠠ᠎ᠶ᠋ᠢᠨ ᠠᠬᠤᠢ ᠪᠠᠢᠳᠠᠯ᠎ᠢ ᠪᠠᠶᠠᠯᠢᠬ᠍ᠵᠢᠭᠤᠯᠤᠨ᠎ᠠ᠃ ᠰᠦᠯᠵᠢᠶᠡᠨ᠎ᠤ ᠠᠮᠤᠷ ᠲᠦᠪᠱᠢᠨ᠂ ᠲᠤᠭ᠎ᠠ ᠪᠠᠷᠢᠮᠳᠠ᠎ᠶ᠋ᠢᠨ ᠠᠮᠤᠷ ᠲᠦᠪᠱᠢᠨ ᠪᠤᠯᠤᠨ ᠬᠤᠪᠢ ᠬᠦᠮᠦᠨ᠎ᠤ ᠮᠡᠳᠡᠭᠡ ᠵᠠᠩᠭᠢ᠎ᠶ᠋ᠢᠨ ᠠᠮᠤᠷ ᠲᠦᠪᠱᠢᠨ᠎ᠤ ᠬᠠᠮᠠᠭᠠᠯᠠᠯᠳᠠ᠎ᠶ᠋ᠢ ᠴᠢᠩᠭᠠᠳᠭᠠᠵᠤ᠂ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠎ᠤᠨ ᠪᠠᠢᠷᠢᠯᠠᠭᠤᠯᠤᠯᠳᠠ᠎ᠶ᠋ᠢ ᠨᠢᠭᠡᠳᠦᠯᠲᠡᠶ ᠲᠥᠯᠥᠪᠯᠡᠨ᠎ᠡ᠃ ᠶᠠᠰᠤ ᠴᠢᠨᠠᠷ᠎ᠤᠨ ᠰᠠᠭᠤᠷᠢ ᠲᠥᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠤᠨ᠂ ᠪᠠᠷᠢᠮᠵᠢᠶᠠᠵᠢᠭᠤᠯᠤᠬ᠍ᠰᠠᠨ ᠱᠢᠰᠲ᠋ᠧᠮ᠎ᠢ ᠳᠡᠭᠦᠯᠳᠡᠷᠵᠢᠭᠦᠯᠵᠤ᠂ ᠠᠵᠤ ᠦᠢᠯᠡᠰ᠎ᠤᠨ ᠬᠡᠯᠬᠢᠶ᠎ᠡ᠎ᠶ᠋ᠢᠨ ᠳᠡᠭᠡᠳᠦ ᠳᠣᠤᠷᠠᠳᠤ ᠤᠷᠤᠰᠭᠠᠯ᠎ᠤᠨ ᠪᠠᠷᠢᠮᠵᠢᠶ᠎ᠠ᠎ᠶ᠋ᠢ ᠪᠦᠲᠦᠮᠵᠢᠲᠡᠶ ᠵᠣᠯᠭᠠᠯᠳᠤᠭᠤᠯᠬᠤ᠎ᠶ᠋ᠢ ᠠᠬᠢᠭᠤᠯᠵᠤ᠂ ᠤᠷᠠᠨ ᠳᠠᠷᠬᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠂ ᠤᠷᠠᠨ ᠨᠠᠷᠢᠯᠢᠭ ᠤᠷ᠎ᠠ ᠮᠡᠷᠭᠡᠱᠢᠯ᠎ᠢᠶᠠᠷ ᠳᠤᠮᠳᠠᠳᠤ ᠤᠯᠤᠰ᠎ᠤᠨ ᠦᠢᠯᠡᠳᠬᠦ᠌ ᠦᠢᠯᠡᠰ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ᠃

(ᠲᠦᠷᠪᠡ) ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠡᠨᠡ ᠬᠦ᠌ ᠪᠠᠢᠯᠳᠤᠬᠤ ᠪᠤᠳᠤᠯᠭ᠎ᠠ᠎ᠶ᠋ᠢᠨ ᠦᠨᠳᠤᠰᠤ ᠰᠠᠭᠤᠷᠢ᠎ᠶ᠋ᠢ ᠪᠠᠷᠢᠮᠲᠠᠯᠠᠵᠤ᠂ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠤᠨ ᠲᠠᠯᠳᠠ ᠬᠦᠴᠦᠨ᠎ᠢ ᠭᠦᠢᠴᠡᠳ ᠪᠠᠳᠠᠷᠠᠭᠤᠯᠤᠨ᠎ᠠ᠃ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠲᠠᠢ ᠨᠢᠭ᠍ᠲᠠ ᠤᠶᠠᠯᠳᠤᠭᠤᠯᠤᠨ ᠭᠡᠷᠡᠭ᠌ᠴᠡᠭᠡ᠎ᠶ᠋ᠢ ᠦᠷᠭᠡᠳᠭᠡᠵᠤ᠂ ᠬᠡᠷᠡᠭ᠌ᠯᠡᠭᠡ ᠬᠢᠭᠡᠳ ᠪᠡᠯᠡ ᠣᠷᠣᠭᠤᠯᠤᠯᠲᠠ᠎ᠶ᠋ᠢ ᠪᠦᠲᠦᠮᠵᠢᠲᠡᠶ ᠤᠶᠠᠯᠳᠤᠭᠤᠯᠬᠤ᠎ᠶ᠋ᠢ ᠠᠬᠢᠭᠤᠯᠵᠤ᠂ ᠬᠠᠩᠭᠠᠯᠭ᠎ᠠ ᠬᠡᠷᠡᠭ᠌ᠴᠡᠭᠡ᠎ᠶ᠋ᠢᠨ ᠨᠡᠩ ᠥᠨᠳᠥᠷ ᠲᠦᠪᠱᠢᠨ᠎ᠤ ᠬᠥᠳᠡᠯᠦᠩᠭᠦᠶ ᠲᠡᠩᠴᠡᠭᠦᠷᠢᠱᠢᠯ᠎ᠢ ᠪᠡᠶᠡᠯᠡᠭᠦᠯᠦᠨ᠎ᠡ᠃

ᠬᠡᠷᠡᠭ᠌ᠯᠡᠭᠡ᠎ᠶ᠋ᠢ ᠲᠣᠭ᠍ᠲᠠᠪᠤᠷᠢᠵᠢᠭᠤᠯᠤᠨ ᠥᠷᠭᠡᠳᠭᠡᠨ᠎ᠡ᠃ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠣᠯᠠᠨ ᠠᠷᠭ᠎ᠠ ᠵᠠᠮ᠎ᠢᠶᠠᠷ ᠨᠡᠮᠡᠭ᠌ᠳᠡᠭᠦᠯᠦᠨ᠎ᠡ᠃ ᠬᠤᠳᠠ ᠬᠥᠳᠡᠭᠡ᠎ᠶ᠋ᠢᠨ ᠭᠦᠢᠯᠭᠡᠭᠡᠨ᠎ᠤ ᠱᠢᠰᠲ᠋ᠧᠮ᠎ᠢ ᠪᠦᠷᠢᠨᠱᠢᠬᠦᠯᠵᠤ᠂ ᠡᠯᠧᠺᠳ᠋ᠷᠣᠨ ᠬᠤᠳᠠᠯᠳᠤᠭ᠎ᠠ᠂ ᠲᠦᠷᠭᠡᠨ ᠬᠦᠷᠭᠡᠯᠲᠡ᠎ᠶ᠋ᠢ ᠬᠥᠳᠡᠭᠡ ᠲᠣᠰᠭᠤᠨ᠎ᠳᠤ ᠣᠷᠣᠭᠤᠯᠬᠤ᠎ᠶ᠋ᠢ ᠲᠦᠷᠭᠡᠳᠭᠡᠵᠦ᠍᠂ ᠱᠢᠶᠠᠨ ᠱᠢᠶᠠᠩ᠎ᠤᠨ ᠬᠡᠷᠡᠭ᠌ᠯᠡᠭᠡ᠎ᠶ᠋ᠢ ᠥᠷᠭᠡᠳᠭᠡᠨ᠎ᠡ᠃ ᠮᠠᠱᠢᠨ ᠲᠡᠷᠭᠡ᠂ ᠭᠡᠷ᠎ᠤᠨ ᠴᠠᠬᠢᠯᠭᠠᠨ ᠬᠡᠷᠡᠭ᠌ᠰᠡᠯ ᠵᠡᠷᠭᠡ ᠪᠦᠭᠡᠮ ᠬᠡᠷᠡᠭ᠌ᠯᠡᠭᠡ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠵᠦ᠍᠂ ᠭᠠᠷ ᠳᠠᠮᠵᠢᠭ᠍ᠰᠠᠨ ᠮᠠᠱᠢᠨ ᠲᠡᠷᠭᠡᠨ᠎ᠤ ᠠᠷᠠᠯᠵᠢᠶᠠᠨ᠎ᠤ ᠲᠠᠯ᠎ᠠ᠎ᠪᠠᠷ᠎ᠬᠢ ᠵᠦᠶ ᠵᠣᠬᠢᠰ ᠦᠭᠡᠢ ᠬᠢᠵᠠᠭᠠᠷᠯᠠᠯ᠎ᠢ ᠦᠭᠡᠢᠰᠭᠡᠨ᠂ ᠲᠡᠷᠭᠡ ᠵᠣᠭ᠍ᠰᠣᠭᠠᠬᠤ ᠲᠠᠯᠠᠪᠠᠢ᠂ ᠴᠠᠬᠢᠯᠭᠠᠨ ᠴᠡᠨᠡᠭ᠌ᠯᠡᠬᠦ᠌ ᠱᠤᠩ᠂ ᠴᠡᠨᠡᠭ ᠰᠣᠯᠢᠬᠤ ᠥᠷᠲᠡᠭᠡ ᠵᠡᠷᠭᠡ ᠲᠥᠬᠦᠭᠡᠷᠦᠮᠵᠢ᠎ᠶ᠋ᠢ ᠨᠡᠮᠡᠭ᠌ᠳᠡᠭᠦᠯᠵᠦ᠍᠂ ᠬᠥᠳᠡᠯᠭᠡᠭ᠌ᠴᠢ ᠬᠦᠴᠦᠨ᠎ᠤ ᠳ᠋ᠢᠶᠠᠨ ᡂᠢ᠎ᠶ᠋ᠢ ᠡᠭᠡᠭᠦᠯᠦᠨ ᠬᠤᠷᠢᠶᠠᠵᠤ ᠠᠱᠢᠬ᠍ᠯᠠᠬᠤ ᠱᠢᠰᠲ᠋ᠧᠮ᠎ᠢ ᠲᠦᠷᠭᠡᠯᠡᠨ ᠪᠠᠢᠭᠤᠯᠤᠨ᠎ᠠ᠃ ᠡᠷᠡᠭᠦᠯ ᠮᠡᠨᠳᠦ᠂ ᠰᠣᠶᠣᠯ᠂ ᠵᠢᠭᠤᠯᠴᠢᠯᠠᠯ᠂ ᠪᠡᠶ᠎ᠡ᠎ᠶ᠋ᠢᠨ ᠲᠠᠮᠢᠷ ᠵᠡᠷᠭᠡ ᠦᠢᠯᠡᠴᠢᠯᠡᠭᠡᠨ᠎ᠤ ᠬᠡᠷᠡᠭ᠌ᠯᠡᠭᠡ᠎ᠶ᠋ᠢ ᠬᠥᠭ᠌ᠵᠢᠭᠦᠯᠦᠨ᠎ᠡ᠃ ᠠᠵᠤ ᠠᠬᠤᠢᠯᠠᠯ᠎ᠤᠨ ᠦᠢᠯᠡᠳᠬᠦᠨ ᠪᠠ ᠦᠢᠯᠡᠴᠢᠯᠡᠭᠡ᠎ᠶ᠋ᠢᠨ᠎ᠢᠶᠠᠨ ᠲᠠᠯ᠎ᠠ᠎ᠪᠠᠷ ᠱᠢᠨ᠎ᠡ᠎ᠶ᠋ᠢ ᠡᠭᠦᠳᠬᠦ᠌᠎ᠶ᠋ᠢ ᠵᠤᠷᠢᠬ᠍ᠵᠢᠭᠤᠯᠤᠨ᠂ ᠱᠢᠨ᠎ᠡ ᠦᠢᠯᠡᠳᠬᠦᠨ᠎ᠤ ᠵᠠᠬ᠎ᠠ ᠳᠡᠯᠭᠡᠭᠦᠷ᠎ᠲᠤ ᠣᠷᠣᠬᠤ ᠵᠦᠪᠱᠢᠶᠡᠷᠡᠯ᠎ᠢ ᠲᠦᠬᠦᠮ ᠪᠤᠯᠭᠠᠵᠤ᠂ ᠳᠣᠲᠣᠭᠠᠳᠤ ᠭᠠᠳᠠᠭᠠᠳᠤ ᠠᠷᠠᠯᠵᠢᠶᠠᠨ᠎ᠤ ᠦᠢᠯᠡᠳᠬᠦᠨ᠎ᠢ ᠠᠳᠠᠯᠢ ᠱᠤᠭᠤᠮ ᠠᠳᠠᠯᠢ ᠪᠠᠷᠢᠮᠵᠢᠶ᠎ᠠ ᠠᠳᠠᠯᠢ ᠶᠠᠰᠤ ᠴᠢᠨᠠᠷ᠎ᠲᠠᠢ ᠪᠠᠢᠯᠭᠠᠬᠤ᠎ᠶ᠋ᠢ ᠠᠬᠢᠭᠤᠯᠤᠨ᠎ᠠ᠃ ᠵᠢᠵᠢᠭ ᠳᠡᠯᠬᠡᠬᠦᠷ ᠪᠠ ᠬᠤᠳᠠᠯᠳᠤᠭᠠᠨ᠎ᠤ ᠫᠦᠰᠡ ᠵᠡᠷᠬᠡ ᠠᠷᠠᠳ᠎ᠲᠤ ᠲᠦᠬᠦᠮ ᠦᠵᠡᠬᠦᠯᠬᠦ᠌ ᠦᠢᠯᠡᠴᠢᠯᠡᠭᠡᠨ᠎ᠤ ᠦᠢᠯᠡᠰ᠎ᠤᠨ ᠡᠮᠬᠢ ᠵᠢᠷᠤᠮ᠎ᠲᠠᠢ ᠠᠵᠢᠯᠯᠠᠭᠠᠨ᠎ᠢ ᠪᠠᠲᠤᠯᠠᠨ᠎ᠠ᠃ 《ᠢᠨᠲ᠋ᠧᠷ ᠰᠦᠯᠵᠢᠶ᠎ᠠ +》 ᠎ᠶ᠋ᠢ ᠰᠠᠢᠳᠤᠷ ᠠᠱᠢᠬ᠍ᠯᠠᠵᠤ᠂ ᠰᠦᠯᠵᠢᠶᠠᠨ ᠳᠡᠬᠡᠷᠡᠬᠢ ᠪᠠ ᠰᠦᠯᠵᠢᠶᠠᠨ ᠭᠠᠳᠠᠨᠠᠬᠢ ᠨᠡᠩ ᠦᠷᠬᠡᠨ ᠳᠡᠯᠬᠡᠷ ᠨᠡᠩ ᠬᠦᠨᠵᠡᠬᠡᠢ ᠠᠭᠤᠰᠤᠯᠴᠠᠯ᠎ᠢ ᠠᠬᠢᠭᠤᠯᠤᠨ᠂ ᠡᠵᠡᠩᠨᠡᠯᠳᠠ᠎ᠶ᠋ᠢᠨ ᠱᠢᠨ᠎ᠠ ᠬᠡᠯᠪᠡᠷᠢ ᠪᠠᠢᠳᠠᠯ ᠱᠢᠨ᠎ᠠ ᠬᠡᠪ ᠵᠡᠬ᠍ᠪᠤᠷ᠎ᠢ ᠬᠦᠭ᠌ᠵᠢᠬᠦᠯᠵᠦ᠍᠂ ᠬᠡᠷᠡᠭ᠌ᠯᠡᠭ᠌ᠴᠢᠳ᠎ᠲᠤ ᠨᠡᠩ ᠤᠯᠠᠨ ᠲᠦᠬᠦᠮ ᠳᠦᠳᠠ ᠪᠦᠬᠡᠳ ᠳᠠᠭᠠᠯᠠᠮᠵᠢᠳᠠᠢ ᠦᠢᠯᠡᠴᠢᠯᠡᠭᠡ ᠪᠠ ᠦᠢᠯᠡᠳᠬᠦᠨ ᠬᠠᠨᠭ᠌ᠭᠠᠨ᠎ᠠ᠃ ᠲᠠᠪᠴᠠᠩ᠎ᠤᠨ ᠠᠵᠤ ᠠᠬᠤᠢᠯᠠᠯ᠎ᠤᠨ ᠬᠤᠳᠠᠯᠳᠤᠭᠠᠨ᠎ᠤ ᠡᠷᠦᠬᠡ᠎ᠶ᠋ᠢᠨ ᠦᠢᠯᠡᠴᠢᠯᠡᠭᠡᠨ᠎ᠤ ᠵᠠᠷᠤᠳᠠᠯ᠎ᠢ ᠵᠦᠶ ᠵᠣᠬᠢᠰᠲᠠᠶ ᠪᠠᠭᠤᠷᠠᠭᠤᠯᠬᠤ᠎ᠶ᠋ᠢ ᠬᠦᠲᠦᠯᠦᠨ ᠵᠢᠯᠤᠭᠤᠳᠤᠨ᠎ᠠ᠃ ᠬᠡᠷᠡᠭ᠌ᠯᠡᠬᠡᠨ᠎ᠤ ᠴᠢᠳᠠᠪᠤᠷᠢ᠎ᠶ᠋ᠢ ᠯᠠᠪᠳᠠᠭᠤᠨ᠎ᠢᠶᠠᠷ ᠳᠡᠬᠡᠭ᠌ᠰᠢᠯᠡᠬᠦᠯᠦᠨ᠂ ᠬᠡᠷᠡᠭ᠌ᠯᠡᠭᠡᠨ᠎ᠤ ᠣᠷᠴᠢᠨ ᠨᠥᠬᠦᠴᠡᠯ᠎ᠢ ᠰᠠᠢᠵᠢᠷᠠᠭᠤᠯᠵᠤ᠂ ᠰᠠᠭᠤᠭᠠᠯᠢ ᠠᠷᠠᠳ᠎ᠢ ᠬᠡᠷᠡᠭ᠌ᠯᠡᠬᠡᠨ᠎ᠤ ᠴᠢᠳᠠᠯ᠎ᠲᠠᠢ᠂ ᠬᠡᠷᠡᠭ᠌ᠯᠡᠬᠡᠨ᠎ᠤ ᠤᠷᠮ᠎ᠠ᠎ᠲᠠᠢ ᠪᠤᠯᠭᠠᠵᠤ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠪᠠ ᠠᠵᠤ ᠠᠬᠤᠢ᠎ᠶ᠋ᠢ ᠬᠦᠭ᠌ᠵᠢᠬᠦᠯᠬᠦ᠌᠎ᠶ᠋ᠢ ᠠᠬᠢᠭᠤᠯᠤᠨ᠎ᠠ᠃

ᠪᠦᠲᠦᠮᠵᠢᠲᠡᠶ ᠪᠡᠯᠡ ᠣᠷᠣᠭᠤᠯᠤᠯᠲᠠ᠎ᠶ᠋ᠢ ᠥᠷᠭᠡᠳᠭᠡᠨ᠎ᠡ᠃ ᠡᠨᠡ ᠵᠢᠯ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠭᠠᠶ ᠵᠦᠢᠯ᠎ᠤᠨ ᠵᠢᠭᠡᠯᠡᠯᠭᠡ᠎ᠶ᠋ᠢᠨ ᠲᠡᠮᠳᠡᠭ᠌ᠲᠦ᠎ᠶ᠋ᠢ 3.65 ᠲᠦᠮᠡᠨ ᠳ᠋ᠦᠩᠱᠢᠭᠤᠷ ᠲᠥᠭᠦᠷᠢᠭ ᠲᠣᠬᠢᠷᠠᠭᠤᠯᠤᠨ᠂ ᠵᠢᠭᠡᠯᠡᠯᠭᠡ᠎ᠶ᠋ᠢᠨ ᠳᠡᠮᠳᠡᠭ᠌ᠳᠦ᠎ᠶ᠋ᠢᠨ ᠪᠡᠯᠡ ᠮᠦᠩᠬᠦ᠌᠎ᠶ᠋ᠢᠨ ᠬᠡᠷᠡᠭ᠌ᠯᠡᠭᠡ᠎ᠶ᠋ᠢ ᠱᠢᠯᠢᠳᠡᠭ᠌ᠵᠢᠭᠦᠯᠵᠤ᠂ ᠪᠠᠢᠭᠤᠯᠵᠤ ᠪᠠᠢᠭ᠎ᠠ ᠢᠨᠵᠧᠨᠧᠷᠢᠩ᠎ᠢ ᠤᠷᠢᠳ᠎ᠢᠶᠠᠷ ᠳᠠᠮᠵᠢᠵᠤ᠂ ᠬᠡᠷᠡᠭ᠌ᠯᠡᠬᠦ᠌ ᠬᠡᠪᠴᠢᠶ᠎ᠡ᠎ᠶ᠋ᠢ᠎ᠨᠢ ᠵᠦᠶ ᠵᠣᠬᠢᠰᠲᠠᠶ ᠥᠷᠭᠡᠳᠭᠡᠬᠦ᠌᠎ᠪᠠᠷ ᠲᠦᠯᠦᠪᠯᠡᠵᠦ᠍ ᠪᠠᠢᠨ᠎ᠠ᠃ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ᠎ᠶ᠋ᠢ 6100 ᠳ᠋ᠦᠩᠱᠢᠭᠤᠷ ᠲᠥᠭᠦᠷᠢᠭ ᠲᠣᠬᠢᠷᠠᠭᠤᠯᠤᠨ᠎ᠠ᠃ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠶᠡᠭᠡ ᠢᠨᠵᠧᠨᠧᠷᠢᠩ᠎ᠢ ᠦᠷᠭᠦᠯᠵᠢᠯᠡᠨ ᠳᠡᠮᠵᠢᠵᠦ᠍᠂ 《ᠬᠤᠶᠠᠷ ᠱᠢᠨ᠎ᠡ ᠨᠢᠭᠡ ᠴᠢᠬᠤᠯᠠ》 ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠵᠠᠮ ᠬᠠᠷᠢᠯᠴᠠᠭ᠎ᠠ᠂ ᠡᠨᠧᠷᠭᠢ᠎ᠶ᠋ᠢᠨ ᠰᠤᠷᠪᠤᠯᠵᠢ᠂ ᠤᠰᠤᠨ ᠠᠱᠢᠬ᠍ᠯᠠᠯᠲᠠ ᠵᠡᠷᠭᠡ ᠨᠢᠭᠡ ᠪᠦᠯᠦᠭ ᠴᠢᠬᠤᠯᠠ ᠶᠡᠭᠡ ᠢᠨᠵᠧᠨᠧᠷᠢᠩ᠎ᠤᠨ ᠲᠦᠰᠦᠯ᠎ᠢ ᠬᠡᠷᠡᠭ᠌ᠵᠢᠭᠦᠯᠵᠦ᠍᠂ ᠮᠡᠳᠡᠭᠡ ᠵᠠᠩᠬᠢ᠎ᠶ᠋ᠢᠨ ᠳᠤᠤᠷ ᠰᠦᠯᠵᠢᠶ᠎ᠠ ᠵᠡᠷᠬᠡ ᠱᠢᠨ᠎ᠠ ᠬᠡᠯᠪᠡᠷᠢ᠎ᠶ᠋ᠢᠨ ᠰᠠᠭᠤᠷᠢ ᠲᠦᠬᠦᠬᠡᠷᠦᠮᠵᠢ᠎ᠶ᠋ᠢ ᠪᠠᠢᠭᠤᠯᠵᠤ᠂ ᠤᠳᠤ ᠦᠶ᠎ᠡ᠎ᠶ᠋ᠢᠨ ᠡᠳ᠋ ᠪᠠᠷᠠᠭᠠᠨ᠎ᠤ ᠭᠦᠢᠯᠭᠡᠭᠡᠨ᠎ᠤ ᠱᠢᠰᠲ᠋ᠧᠮ᠎ᠢ ᠬᠥᠭ᠌ᠵᠢᠭᠦᠯᠦᠨ᠎ᠡ᠃ ᠵᠠᠰᠠᠭ᠎ᠤᠨ ᠤᠷᠳᠤᠨ᠎ᠤ ᠪᠡᠯᠡ ᠤᠷᠤᠭᠤᠯᠤᠯᠳᠠ᠎ᠶ᠋ᠢ ᠦᠷᠬᠡᠨ ᠬᠡᠪᠴᠢᠶ᠎ᠠ᠎ᠪᠠᠷ ᠠᠱᠢᠭ ᠬᠦᠷᠳᠡᠬᠡᠵᠦ᠍ ᠴᠢᠳᠠᠬᠤ ᠠᠷᠠᠳ᠎ᠤᠨ ᠠᠮᠢᠳᠤᠷᠠᠯ᠎ᠤᠨ ᠲᠦᠰᠦᠯ ᠳᠠᠢᠰᠢ ᠨᠡᠩ ᠢᠯᠡᠬᠦᠦ ᠬᠡᠯᠪᠠᠢᠯᠬᠡᠵᠦ᠍᠂ ᠬᠤᠲᠠ ᠪᠠᠯᠭᠠᠰᠤᠨ᠎ᠤ 5.3 ᠲᠦᠮᠡᠨ ᠬᠠᠭᠤᠴᠢᠨ ᠰᠠᠭᠤᠭᠠᠯᠢ ᠲᠣᠭᠤᠷᠢᠭ᠎ᠢ ᠦᠭᠡᠷᠡᠴᠢᠯᠡᠨ ᠵᠠᠰᠠᠬᠤ ᠠᠵᠢᠯ᠎ᠢ ᠱᠢᠨ᠎ᠡ᠎ᠪᠠᠷ ᠡᠬᠢᠯᠡᠭᠦᠯᠵᠦ᠍᠂ ᠱᠢᠶᠠᠨ᠎ᠤ ᠬᠤᠲᠠ᠎ᠶ᠋ᠢᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠲᠦᠪᠱᠢᠨ᠎ᠢ ᠳᠡᠭᠡᠭ᠌ᠰᠢᠯᠡᠭᠦᠯᠦᠨ᠎ᠡ᠃ ᠪᠡᠯᠡ ᠣᠷᠣᠭᠤᠯᠤᠯᠲᠠ᠎ᠶ᠋ᠢ ᠬᠢᠨᠠᠨ ᠵᠥᠪᠱᠢᠶᠡᠷᠡᠬᠦ᠌ ᠵᠢᠷᠤᠮ᠎ᠢ ᠳᠥᠭᠦᠮᠴᠢᠯᠡᠵᠦ᠍᠂ ᠠᠵᠤ ᠠᠬᠤᠢᠯᠠᠯ᠎ᠤᠨ ᠪᠡᠯᠡ ᠣᠷᠣᠭᠤᠯᠤᠯᠲᠠ᠎ᠶ᠋ᠢᠨ ᠲᠦᠰᠦᠯ᠎ᠤᠨ ᠠᠮᠠᠯᠠᠯᠲᠠ᠎ᠶ᠋ᠢᠨ ᠳᠦᠷᠢᠮ᠎ᠢ ᠬᠡᠷᠡᠭ᠌ᠵᠢᠬᠦᠯᠬᠦ᠌᠎ᠶ᠋ᠢ ᠠᠬᠢᠭᠤᠯᠤᠨ᠎ᠠ᠃ ᠢᠨᠵᠧᠨᠧᠷᠢᠩ᠎ᠤᠨ ᠪᠦᠲᠦᠭᠡᠨ ᠪᠠᠢᠭᠤᠯᠤᠯᠳᠠ᠎ᠶ᠋ᠢᠨ ᠲᠦᠷᠦᠯ ᠵᠦᠢᠯ᠎ᠢ ᠬᠢᠨᠠᠨ ᠵᠦᠪᠱᠢᠶᠡᠷᠡᠬᠦ᠌ ᠪᠠᠢᠭᠤᠯᠤᠮᠵᠢ᠎ᠶ᠋ᠢᠨ ᠦᠭᠡᠷᠡᠴᠢᠯᠡᠯᠳᠡ᠎ᠶ᠋ᠢ ᠭᠦᠨᠵᠡᠭᠡᠢᠷᠡᠭᠦᠯᠦᠨ᠎ᠠ᠃ ᠨᠡᠢᠭᠡᠮ᠎ᠤᠨ ᠬᠥᠷᠥᠩᠭᠡ᠎ᠶ᠋ᠢᠨ ᠣᠷᠣᠯᠴᠠᠯᠭ᠎ᠠ᠎ᠶ᠋ᠢ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠤᠨ᠂ ᠠᠷᠠᠳ᠎ᠤᠨ ᠪᠡᠯᠡ ᠣᠷᠣᠭᠤᠯᠤᠯᠲᠠ᠎ᠶ᠋ᠢ ᠬᠠᠷᠱᠢᠯᠠᠵᠤ ᠪᠠᠢᠭ᠎ᠠ ᠡᠯ᠎ᠡ ᠵᠦᠢᠯ᠎ᠤᠨ ᠬᠠᠯᠬᠠᠪᠴᠢ᠎ᠶ᠋ᠢ ᠤᠯᠠᠮ ᠨᠢᠭᠡ ᠠᠯᠬᠤᠮ ᠡᠪᠳᠡᠵᠤ᠂ ᠨᠡᠢᠭᠡᠮ᠎ᠤᠨ ᠬᠥᠷᠥᠩᠭᠡ᠎ᠶ᠋ᠢ ᠨᠡᠩ ᠣᠯᠠᠨ ᠬᠦᠷᠢᠶᠡᠨ᠎ᠳᠤ ᠣᠷᠣᠵᠤ ᠳᠡᠢᠯᠬᠦ᠂ ᠬᠥᠭ᠌ᠵᠢᠵᠦ᠍ ᠲᠡᠢᠯᠬᠦ᠂ ᠪᠦᠲᠦᠮᠵᠢ ᠭᠠᠷᠭᠠᠬᠤ ᠪᠤᠯᠭᠠᠨ᠎ᠠ᠃

(ᠲᠠᠪᠤ) ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠲᠠᠷᠢᠶᠠᠯᠠᠩ᠎ᠤᠨ ᠲᠣᠭ᠍ᠲᠠᠭᠤᠨ ᠬᠦᠭ᠌ᠵᠢᠯᠲᠡ ᠪᠠ ᠲᠠᠷᠢᠶᠠᠴᠢᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠢ ᠠᠬᠢᠭᠤᠯᠤᠨ᠎ᠠ᠃ ᠶᠠᠳᠠᠭᠤ᠎ᠠᠴᠠ ᠠᠩᠭᠢᠵᠢᠷᠠᠬ᠍ᠰᠠᠨ ᠭᠠᠵᠠᠷ ᠣᠷᠣᠨ᠎ᠤ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠵᠤ᠂ ᠲᠠᠷᠢᠶᠠᠯᠠᠩ᠎ᠤᠨ ᠦᠢᠯᠡᠳᠪᠦᠷᠢᠯᠡᠯ᠎ᠢ ᠰᠠᠢᠲᠤᠷ ᠠᠳᠭᠤᠵᠤ᠂ ᠬᠥᠳᠡᠭᠡ ᠲᠣᠰᠭᠤᠨ᠎ᠤ ᠦᠢᠯᠡᠳᠪᠦᠷᠢᠯᠡᠯ ᠠᠮᠢᠳᠤᠷᠠᠯ᠎ᠤᠨ ᠨᠥᠬᠦᠴᠡᠯ᠎ᠢ ᠰᠠᠢᠵᠢᠷᠠᠭᠤᠯᠤᠨ᠎ᠠ᠃

ᠶᠠᠳᠠᠭᠤ᠎ᠠᠴᠠ ᠠᠩᠭᠢᠵᠢᠷᠠᠭᠤᠯᠬᠤ ᠪᠡᠷᠭᠡ ᠰᠡᠳᠦᠪ᠎ᠢ ᠱᠢᠢᠳᠪᠤᠷᠢᠯᠡᠭ᠌ᠰᠡᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭᠠᠯᠳᠤᠭᠤᠯᠬᠤ ᠠᠵᠢᠯ᠎ᠢ ᠰᠠᠢᠲᠤᠷ ᠬᠢᠨ᠎ᠠ᠃ ᠶᠠᠳᠠᠭᠤ᠎ᠠᠴᠠ ᠠᠩᠭᠢᠵᠢᠷᠠᠭ᠍ᠰᠠᠨ ᠱᠢᠶᠠᠨ᠎ᠳᠤ ᠶᠠᠳᠠᠭᠤ᠎ᠠᠴᠠ ᠠᠩᠭᠢᠵᠢᠷᠠᠭ᠍ᠰᠠᠨ ᠡᠳᠦᠷ᠎ᠠᠴᠠ᠎ᠨᠢ ᠡᠬᠢᠯᠡᠨ 5 ᠵᠢᠯ᠎ᠤᠨ ᠱᠢᠯᠵᠢᠯᠲᠡ᠎ᠶ᠋ᠢᠨ ᠬᠤᠭᠤᠴᠠᠭ᠎ᠠ ᠲᠤᠭ᠍ᠲᠠᠭᠠᠵᠤ᠂ ᠭᠤᠣᠯ ᠪᠣᠯᠬᠤ ᠬᠠᠪᠰᠤᠷᠤᠨ ᠲᠡᠳᠬᠦᠬᠦ᠌ ᠲᠦᠷᠦ᠎ᠶ᠋ᠢᠨ ᠪᠤᠳᠤᠯᠭ᠎ᠠ᠎ᠶ᠋ᠢ ᠶᠡᠷᠦᠩᠬᠡᠢ᠎ᠳᠤᠨᠢ ᠲᠣᠭ᠍ᠲᠠᠭᠤᠨ ᠪᠠᠢᠯᠭᠠᠨ᠎ᠠ᠃ ᠳᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠬᠥᠳᠡᠯᠦᠩᠬᠦᠢ ᠬᠢᠨᠠᠨ ᠬᠡᠮᠵᠢᠬᠦ᠌ ᠪᠠ ᠬᠠᠪᠰᠤᠷᠤᠨ ᠲᠡᠳᠬᠦᠬᠦ᠌ ᠲᠣᠭ᠍ᠲᠠᠴᠠ᠎ᠶ᠋ᠢ ᠪᠦᠷᠢᠨᠱᠢᠬᠦᠯᠤᠨ᠂ ᠶᠠᠳᠠᠭᠤ᠎ᠠᠴᠠ ᠠᠩᠭᠢᠵᠢᠷᠠᠭ᠍ᠰᠠᠨ ᠬᠥᠮᠦᠨ ᠠᠮᠠ᠎ᠶ᠋ᠢᠨ ᠲᠣᠭ᠍ᠲᠠᠭᠤᠨ᠎ᠢᠶᠠᠷ ᠠᠵᠢᠯ ᠣᠯᠬᠤ᠎ᠶ᠋ᠢ ᠠᠬᠢᠭᠤᠯᠵᠤ᠂ ᠤᠷ᠎ᠠ ᠴᠢᠳᠠᠪᠤᠷᠢ᠎ᠶ᠋ᠢᠨ ᠪᠣᠯᠪᠠᠰᠤᠷᠠᠭᠤᠯᠤᠯ᠎ᠤᠨ ᠡᠷᠴᠢᠮ᠎ᠢ ᠴᠢᠩᠭᠠᠷᠠᠭᠤᠯᠤᠨ᠂ ᠶᠠᠳᠠᠭᠤ᠎ᠠᠴᠠ ᠠᠩᠭᠢᠵᠢᠷᠠᠭ᠍ᠰᠠᠨ ᠭᠠᠵᠠᠷ ᠣᠷᠣᠨ᠎ᠤ ᠠᠵᠤ ᠦᠢᠯᠡᠰ᠎ᠢ ᠬᠥᠭ᠌ᠵᠢᠭᠦᠯᠦᠨ ᠪᠤᠵᠠᠭᠠᠢᠷᠠᠭᠤᠯᠵᠤ᠂ ᠣᠨᠳᠣᠣ ᠭᠠᠵᠠᠷ᠎ᠲᠤ ᠨᠡᠭᠦᠯᠭᠡᠭ᠌ᠰᠡᠨ᠎ᠤ ᠳᠠᠷᠠᠭᠠᠬᠢ ᠵᠠᠯᠭᠠᠮᠵᠢ ᠲᠡᠳᠬᠦᠮᠵᠢ᠎ᠶ᠋ᠢᠨ ᠠᠵᠢᠯ᠎ᠢ ᠰᠠᠢᠲᠤᠷ ᠬᠢᠵᠦ᠍᠂ ᠬᠥᠳᠡᠭᠡ ᠲᠣᠰᠭᠤᠨ᠎ᠤ ᠣᠷᠣᠯᠭ᠎ᠠ ᠪᠠᠭᠠᠲᠠᠶ ᠬᠥᠮᠦᠨ ᠠᠮᠠ᠎ᠶ᠋ᠢ ᠪᠠᠢᠡᠭ᠌ᠭᠤ᠎ᠶ᠋ᠢᠨ ᠴᠢᠨᠠᠷᠲᠠᠢ ᠬᠠᠪᠰᠤᠷᠤᠨ ᠲᠡᠳᠬᠦᠬᠦ᠌ ᠠᠵᠢᠯ᠎ᠢ ᠲᠡᠰ ᠲᠠᠪᠬᠤᠷᠭ᠎ᠠ ᠪᠠ ᠲᠥᠷᠥᠯ ᠬᠤᠪᠢᠶᠠᠨ ᠴᠢᠩᠭᠠᠳᠭᠠᠵᠤ᠂ ᠬᠡᠪᠴᠢᠶᠡᠳᠤ ᠴᠢᠨᠠᠷᠲᠠᠶ ᠳᠠᠬᠢᠨ ᠶᠠᠳᠠᠭᠤᠷᠠᠯ ᠡᠬᠦᠰᠭᠦ ᠦᠭᠡᠢ ᠪᠠᠢᠬᠤ᠎ᠶ᠋ᠢ ᠦᠨᠡᠨ ᠬᠦ᠌ ᠪᠠᠲᠤᠯᠠᠨ᠎ᠠ᠃ ᠪᠠᠷᠠᠭᠤᠨ ᠬᠡᠰᠡᠭ᠎ᠤᠨ ᠭᠠᠵᠠᠷ ᠣᠷᠣᠨ᠎ᠤ ᠶᠠᠳᠠᠭᠤ᠎ᠠᠴᠠ ᠠᠩᠭᠢᠵᠢᠷᠠᠭ᠍ᠰᠠᠨ ᠱᠢᠶᠠᠨ ᠲᠤᠳᠤᠷ᠎ᠠ᠎ᠠᠴᠠ ᠨᠢᠭᠡ ᠪᠦᠯᠦᠭ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠭᠤᠤᠯᠳᠠᠯᠭ᠎ᠠ᠎ᠲᠠᠢ ᠬᠠᠪᠰᠤᠷᠤᠨ ᠲᠡᠳᠬᠦᠬᠦ᠌ ᠱᠢᠶᠠᠨ᠎ᠢ ᠲᠥᠪᠯᠡᠷᠡᠩᠬᠦᠢ ᠳᠡᠮᠵᠢᠨ᠎ᠡ᠃ ᠵᠡᠭᠦᠨ ᠭᠡᠰᠡᠭ ᠪᠠᠷᠠᠭᠤᠨ ᠭᠡᠰᠡᠭ᠎ᠤᠨ ᠭᠠᠵᠠᠷ ᠣᠷᠣᠨ ᠬᠠᠮᠵᠢᠯᠴᠠᠬᠤ ᠪᠠ ᠠᠵᠢᠯ ᠲᠥᠷᠥᠯ᠎ᠤᠨ ᠱᠢᠰᠲ᠋ᠧᠮ᠎ᠢᠶᠠᠷ᠎ᠢᠶᠠᠨ ᠲᠤᠰᠠᠯᠠᠬᠤ ᠲᠣᠭ᠍ᠲᠠᠴᠠ᠎ᠶ᠋ᠢ ᠪᠠᠷᠢᠮᠲᠠᠯᠠᠨ ᠲᠡᠭᠦᠯᠳᠡᠷᠵᠢᠭᠦᠯᠵᠦ᠍᠂ ᠲᠥᠪ᠎ᠤᠨ ᠨᠢᠭᠡᠴᠢ ᠪᠠ ᠨᠡᠢᠭᠡᠮ᠎ᠤᠨ ᠬᠦᠴᠦᠨ᠎ᠤ ᠬᠠᠪᠰᠤᠷᠤᠨ ᠲᠡᠳᠬᠦᠬᠦ᠌ ᠦᠢᠯᠡᠳᠦᠯ᠎ᠢ ᠪᠠᠳᠠᠷᠠᠭᠤᠯᠤᠨ᠂ ᠶᠠᠳᠠᠭᠤ᠎ᠠᠴᠠ ᠠᠩᠭᠢᠵᠢᠷᠠᠭ᠍ᠰᠠᠨ ᠭᠠᠵᠠᠷ ᠣᠷᠣᠨ᠎ᠤ ᠬᠥᠭ᠌ᠵᠢᠯᠲᠡ᠎ᠶ᠋ᠢᠨ ᠳᠣᠲᠣᠭᠠᠳᠤ ᠴᠢᠳᠠᠪᠤᠷᠢ᠎ᠪᠠᠨ ᠴᠢᠩᠭᠠᠳᠭᠠᠬᠤ᠎ᠶ᠋ᠢ ᠦᠷᠭᠦᠯᠵᠢᠯᠡᠨ ᠲᠡᠮᠵᠢᠨ᠎ᠠ᠃

ᠠᠮᠤ ᠪᠤᠳᠠᠭ᠎ᠠ ᠪᠠ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠤ ᠬᠠᠩᠭᠠᠯᠭ᠎ᠠ᠎ᠶ᠋ᠢ ᠪᠠᠲᠤᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ᠎ᠶ᠋ᠢᠨ ᠵᠠᠩᠬᠢᠯᠠᠭ᠎ᠠ᠎ᠨᠢ ᠦᠷ᠎ᠡ ᠪᠠ ᠲᠠᠷᠢᠶᠠᠨ ᠭᠠᠵᠠᠷ ᠪᠣᠯᠬᠤ ᠶᠤᠮ᠃ ᠦᠷ᠎ᠡ ᠡᠳ᠋᠎ᠤᠨ ᠡᠬᠢ ᠪᠠᠶᠠᠯᠢᠭ᠎ᠢ ᠬᠠᠮᠠᠭᠠᠯᠠᠨ ᠠᠱᠢᠬ᠍ᠯᠠᠬᠤ ᠪᠠ ᠱᠢᠯᠢᠳᠡᠭ ᠰᠠᠢᠨ ᠡᠭᠦᠯᠳᠡᠷ᠎ᠢ ᠰᠣᠩᠭᠤᠨ ᠪᠤᠢᠵᠢᠭᠤᠯᠵᠤ ᠳᠡᠯᠭᠡᠷᠡᠭᠦᠯᠬᠦ᠌ ᠠᠵᠢᠯ᠎ᠢ ᠴᠢᠩᠭᠠᠳᠭᠠᠨ᠂ ᠲᠠᠷᠢᠶᠠᠯᠠᠩ᠎ᠤᠨ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌ ᠠᠵᠢᠯ᠎ᠢ ᠥᠷᠨᠢᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢᠨ ᠪᠠᠷᠢᠮᠵᠢᠶ᠎ᠠ ᠪᠠ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠵᠦ᠍᠂ ᠤᠰᠤᠯᠠᠯᠲᠠ᠎ᠶ᠋ᠢᠨ ᠲᠥᠬᠦᠭᠡᠷᠦᠮᠵᠢ᠎ᠶ᠋ᠢ ᠲᠡᠭᠦᠯᠳᠡᠷᠵᠢᠭᠦᠯᠦᠨ᠂ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢ ᠴᠢᠩᠭᠠᠳᠭᠠᠵᠤ᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ》 ᠪᠤᠯᠭᠠᠬᠤ᠎ᠶ᠋ᠢ ᠡᠷᠡᠰ ᠬᠤᠷᠢᠬ᠍ᠯᠠᠨ᠂ 《ᠠᠮᠤ ᠪᠤᠳᠠᠭᠠᠨ᠎ᠤ ᠪᠤᠰᠤ》 ᠪᠤᠯᠭᠠᠬᠤ᠎ᠠᠴᠠ ᠡᠷᠡᠰ ᠰᠡᠷᠭᠡᠢᠯᠡᠨ᠎ᠡ᠃ ᠲᠠᠷᠢᠶᠠᠯᠠᠩ᠎ᠤᠨ ᠮᠠᠱᠢᠨᠴᠢᠯᠠᠯᠳᠠ ᠤᠶᠤᠨᠴᠢᠯᠠᠯᠳᠠ᠎ᠶ᠋ᠢ ᠲᠦᠯᠬᠢᠨ ᠠᠭᠢᠭᠤᠯᠤᠨ᠎ᠠ᠃ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠤ ᠠᠵᠤ ᠦᠢᠯᠡᠰ᠎ᠤᠨ ᠪᠦᠰᠡ᠎ᠶ᠋ᠢ ᠪᠠᠢᠭᠤᠯᠤᠨ᠎ᠠ᠃ ᠠᠮᠤ ᠪᠤᠳᠠᠭ᠎ᠠ ᠲᠠᠷᠢᠬᠤ ᠲᠠᠷᠢᠶᠠᠴᠢᠳ᠎ᠤᠨ ᠨᠥᠬᠦᠪᠥᠷᠢ᠎ᠶ᠋ᠢ ᠲᠣᠭ᠍ᠲᠠᠪᠤᠷᠢᠵᠢᠭᠤᠯᠤᠨ᠂ ᠲᠤᠲᠤᠷᠭ᠎ᠠ᠂ ᠪᠤᠭᠤᠳᠠᠢ᠎ᠶ᠋ᠢᠨ ᠨᠠᠭᠠᠳᠤ ᠵᠠᠬ᠎ᠠ᠎ᠶ᠋ᠢᠨ ᠬᠤᠳᠠᠯᠳᠤᠨ ᠠᠪᠬᠤ ᠦᠨ᠎ᠡ᠎ᠶ᠋ᠢ ᠵᠣᠬᠢᠰᠲᠠᠶ ᠳᠡᠭᠡᠭ᠌ᠰᠢᠯᠡᠭᠦᠯᠵᠦ᠍᠂ ᠪᠦᠷᠢᠨ ᠥᠪᠡᠷ᠎ᠤᠨ ᠦᠷᠳᠡᠭ ᠪᠠ ᠣᠷᠣᠯᠭ᠎ᠠ᠎ᠶ᠋ᠢᠨ ᠳᠠᠭᠠᠳᠭᠠᠯ᠎ᠤᠨ ᠲᠤᠷᠱᠢᠯᠲᠠ᠎ᠶ᠋ᠢᠨ ᠬᠡᠪᠴᠢᠶ᠎ᠡ᠎ᠶ᠋ᠢ ᠥᠷᠭᠡᠳᠭᠡᠨ᠎ᠡ᠃ ᠠᠮᠤ ᠪᠤᠳᠠᠭ᠎ᠠ ᠲᠠᠷᠢᠬᠤ ᠲᠠᠯᠠᠪᠠᠢ᠎ᠶ᠋ᠢ ᠲᠣᠭ᠍ᠲᠠᠪᠤᠷᠢᠵᠢᠭᠤᠯᠵᠤ᠂ ᠲᠠᠯᠠᠪᠠᠢ ᠨᠢᠭᠡᠴᠢ᠎ᠶ᠋ᠢᠨ ᠤᠨᠠᠯᠲᠠ ᠪᠠ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠦᠨ᠎ᠡ᠃

ᠣᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠨ ᠲᠣᠰᠣᠯᠢᠭ ᠲᠠᠷᠢᠮᠠᠯ᠎ᠤᠨ ᠦᠢᠯᠡᠳᠪᠦᠷᠢᠯᠡᠯ᠎ᠢ ᠥᠷᠭᠡᠳᠭᠡᠨ᠎ᠡ᠃ ᠮᠠᠯ ᠵᠢᠭᠦᠷᠲᠡᠨ ᠤᠰᠤᠨ ᠭᠠᠷᠤᠯᠲᠠ᠎ᠶ᠋ᠢᠨ ᠲᠡᠵᠢᠭᠡᠨ ᠦᠷᠡᠵᠢᠭᠦᠯᠬᠦ᠌ ᠦᠢᠯᠡᠰ᠎ᠢ ᠬᠥᠭ᠌ᠵᠢᠭᠦᠯᠵᠦ᠍᠂ ᠭᠠᠭ᠍ᠠᠶ ᠲᠡᠵᠢᠭᠡᠬᠦ᠌ ᠦᠢᠯᠡᠳᠪᠦᠷᠢᠯᠡᠯ᠎ᠢ ᠲᠣᠭ᠍ᠲᠠᠪᠤᠷᠢᠵᠢᠭᠤᠯᠤᠨ᠎ᠠ᠃ ᠠᠮᠢᠲᠠᠨ ᠤᠷᠭᠤᠮᠠᠯ᠎ᠤᠨ ᠬᠢᠵᠢᠭ ᠡᠪᠡᠳᠴᠢᠨ᠎ᠢ ᠰᠡᠷᠭᠡᠢᠯᠡᠨ ᠬᠢᠵᠠᠭᠠᠷᠯᠠᠬᠤ ᠠᠵᠢᠯ᠎ᠢ ᠴᠢᠩᠭᠠᠳᠭᠠᠨ᠎ᠠ᠃ ᠲᠠᠷᠢᠶᠠᠯᠠᠩ᠎ᠤᠨ ᠪᠦᠲᠦᠭᠡᠭ᠌ᠳᠡᠬᠦᠨ᠎ᠤ ᠵᠠᠬ᠎ᠠ ᠳᠡᠯᠭᠡᠭᠦᠷ᠎ᠤᠨ ᠬᠠᠩᠭᠠᠯᠭ᠎ᠠ ᠪᠠ ᠦᠨ᠎ᠡ ᠬᠠᠩᠰᠢ᠎ᠶ᠋ᠢᠨ ᠦᠨᠳᠦᠰᠦᠨ᠎ᠳᠡᠭᠡᠨ ᠲᠣᠭ᠍ᠲᠠᠭᠤᠨ ᠪᠠᠢᠬᠤ᠎ᠶ᠋ᠢ ᠪᠠᠲᠤᠯᠠᠨ᠎ᠠ᠃ ᠠᠮᠤ ᠪᠤᠳᠠᠭ᠎ᠠ᠎ᠶ᠋ᠢ ᠠᠷᠪᠢᠯᠠᠨ ᠭᠠᠮᠨᠠᠬᠤ ᠠᠵᠢᠯᠯᠠᠭ᠎ᠠ᠎ᠶ᠋ᠢ ᠥᠷᠨᠢᠭᠦᠯᠦᠨ᠎ᠡ᠃ ᠬᠤᠭᠤᠯᠠ ᠬᠦᠨᠡᠰᠦᠨ᠎ᠤ ᠠᠰᠠᠭᠤᠳᠠᠯ᠎ᠢ ᠰᠠᠢᠲᠤᠷ ᠱᠢᠢᠳᠪᠦᠷᠢᠯᠡᠬᠦ᠌ ᠪᠣᠯ ᠢᠮᠠᠭ᠍ᠲᠠ ᠲᠡᠷᠢᠭᠦᠨ ᠴᠢᠬᠤᠯᠠ ᠶᠡᠭᠡ ᠶᠠᠪᠤᠳᠠᠯ ᠮᠦᠨ᠂ ᠪᠢᠳᠠ ᠵᠠᠪᠠᠯ 14 ᠳ᠋ᠦᠩᠱᠢᠭᠤᠷ ᠬᠥᠮᠦᠨ᠎ᠤ ᠠᠮᠤ ᠪᠤᠳᠠᠭᠠᠨ᠎ᠤ ᠠᠮᠤᠷ ᠲᠦᠪᠱᠢᠨ᠎ᠢ ᠰᠠᠢᠳᠤᠷ ᠪᠠᠲᠤᠯᠠᠬᠤ᠎ᠪᠠᠷ ᠴᠢᠷᠮᠠᠢᠬᠤ ᠬᠡᠷᠡᠭ᠌ᠲᠡᠢ ᠮᠦᠷᠲᠡᠭᠡᠨ ᠪᠢᠳᠡᠨ᠎ᠳᠤ ᠡᠢᠮᠦ᠍ ᠴᠢᠳᠠᠪᠤᠷᠢ ᠪᠦᠷᠢᠨ ᠪᠠᠢᠬᠤ ᠶᠤᠮ᠃

ᠬᠥᠳᠡᠭᠡ ᠲᠣᠰᠭᠤᠨ᠎ᠤ ᠥᠭᠡᠷᠡᠴᠢᠯᠡᠯᠲᠡ ᠪᠠ ᠬᠥᠳᠡᠭᠡ ᠲᠣᠰᠭᠤᠨ᠎ᠤ ᠪᠦᠲᠦᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠤᠨ᠎ᠠ᠃ ᠬᠥᠳᠡᠭᠡ ᠲᠣᠰᠭᠤᠨ᠎ᠤ ᠦᠨᠳᠦᠰᠦᠨ ᠡᠵᠡᠩᠨᠡᠯᠲᠡ᠎ᠶ᠋ᠢᠨ ᠳᠦᠷᠢᠮ᠎ᠢ ᠪᠠᠬᠢᠵᠢᠭᠦᠯᠦᠨ ᠲᠡᠭᠦᠯᠳᠡᠷᠵᠢᠭᠦᠯᠵᠦ᠍᠂ ᠭᠠᠵᠠᠷ ᠱᠢᠷᠦᠢ᠎ᠶ᠋ᠢᠨ ᠲᠠᠭᠠᠭᠠᠴᠢᠯᠠᠯᠳᠠ᠎ᠶ᠋ᠢᠨ ᠬᠠᠷᠢᠴᠠᠭ᠎ᠠ᠎ᠶ᠋ᠢ ᠲᠤᠬ᠍ᠳᠠᠪᠦᠷᠢᠳᠡᠢ ᠪᠠᠢᠯᠭᠠᠬᠤ᠎ᠶ᠋ᠢᠨ ᠬᠠᠮᠳᠤ ᠤᠷᠳᠤ ᠬᠤᠭᠤᠴᠠᠭ᠎ᠠ᠎ᠪᠠᠷ ᠦᠯᠦ᠍ ᠬᠤᠪᠢᠷᠠᠭᠤᠯᠤᠨ᠂ ᠣᠯᠠᠨ ᠵᠦᠢᠯ᠎ᠤᠨ ᠬᠡᠯᠪᠡᠷᠢ᠎ᠶ᠋ᠢᠨ ᠵᠣᠬᠢᠰᠲᠠᠶ ᠬᠡᠪᠴᠢᠶᠡᠲᠦ ᠡᠵᠡᠩᠨᠡᠯᠲᠡ᠎ᠶ᠋ᠢ ᠯᠠᠪᠳᠠᠭᠤᠨ᠎ᠢᠶᠠᠷ ᠠᠬᠢᠭᠤᠯᠵᠤ᠂ ᠲᠤᠰᠭᠠᠢᠵᠢᠭ᠍ᠰᠠᠨ ᠪᠠ ᠨᠡᠢᠭᠡᠮᠴᠢᠯᠡᠭ᠌ᠰᠡᠨ ᠦᠢᠯᠡᠴᠢᠯᠡᠭᠡ᠎ᠶ᠋ᠢ ᠲᠦᠷᠭᠡᠯᠡᠨ ᠬᠥᠭ᠌ᠵᠢᠭᠦᠯᠦᠨ᠎ᠡ᠃ ᠬᠦᠳᠡᠭᠡ ᠲᠤᠰᠭᠤᠨ᠎ᠤ ᠤᠷᠤᠨ ᠰᠠᠭᠤᠴᠠ᠎ᠶ᠋ᠢᠨ ᠭᠠᠵᠠᠷ᠎ᠤᠨ ᠲᠦᠷᠢᠮ᠎ᠤᠨ ᠦᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠡᠭ᠎ᠢ ᠯᠠᠪᠳᠠᠭᠤᠨ ᠪᠠᠲᠤᠳᠠᠢ ᠲᠦᠯᠬᠢᠨ ᠠᠬᠢᠭᠤᠯᠤᠨ᠎ᠠ᠃ ᠱᠢᠨ᠎ᠡ ᠮᠠᠶᠢᠬ᠎ᠤᠨ ᠬᠦᠳᠡᠭᠡ ᠲᠤᠰᠭᠤᠨ᠎ᠤ ᠬᠠᠮᠲᠤ᠎ᠶ᠋ᠢᠨ ᠠᠵᠤ ᠠᠬᠤᠢ᠎ᠶ᠋ᠢ ᠬᠦᠭ᠌ᠵᠢᠭᠦᠯᠦᠨ᠎ᠡ᠃ ᠬᠠᠩᠭᠠᠨ ᠪᠣᠷᠣᠯᠠᠭᠤᠯᠬᠤ ᠬᠤᠷᠱᠢᠶ᠎ᠠ᠂ ᠬᠠᠮᠲᠤ᠎ᠶ᠋ᠢᠨ ᠣᠢ ᠱᠢᠭᠤᠢ᠎ᠶ᠋ᠢᠨ ᠡᠷᠬᠡ᠂ ᠤᠯᠤᠰ᠎ᠤᠨ ᠥᠮᠴᠢᠯᠡᠯ᠎ᠤᠨ ᠤᠢ᠍ᠢᠲᠤ ᠣᠷᠣᠨ ᠣᠢ ᠱᠢᠭᠤᠶ᠎ᠶ᠋ᠢᠨ ᠲᠠᠯᠠᠪᠠᠢ᠂ ᠲᠠᠷᠢᠶᠠᠯᠠᠩ᠎ᠤᠨ ᠠᠲᠠᠷ ᠬᠠᠭᠠᠯᠪᠤᠷᠢᠯᠠᠯᠲᠠ ᠵᠡᠷᠭᠡ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ᠃ ᠭᠠᠵᠠᠷ ᠱᠢᠷᠣᠶ ᠱᠢᠯᠵᠢᠬᠦᠯᠦᠨ ᠬᠤᠳᠠᠯᠳᠤᠭ᠍ᠰᠠᠨ ᠣᠷᠣᠯᠭ᠎ᠠ᠎ᠶ᠋ᠢ ᠲᠠᠷᠢᠶᠠᠯᠠᠩ ᠬᠥᠳᠡᠭᠡ ᠲᠣᠰᠭᠤᠨ᠎ᠳᠤ ᠬᠡᠷᠡᠭ᠌ᠯᠡᠬᠦ᠌ ᠬᠠᠷᠢᠴᠠᠯ᠎ᠢ ᠳᠡᠭᠡᠭ᠌ᠰᠢᠯᠡᠭᠦᠯᠦᠨ᠎ᠡ᠃ ᠬᠥᠳᠡᠭᠡ ᠲᠣᠰᠭᠤᠨ᠎ᠤ ᠤᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡ ᠪᠠ ᠤᠯᠠᠨ ᠨᠡᠢᠲᠡ᠎ᠶ᠋ᠢᠨ ᠰᠠᠭᠤᠷᠢ ᠲᠥᠬᠦᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠱᠢᠶᠠᠨ᠎ᠤ ᠪᠦᠰᠡ᠎ᠶ᠋ᠢᠨ ᠲᠤᠳᠤᠷ᠎ᠠ ᠬᠤᠳᠠ ᠬᠥᠳᠡᠭᠡ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠤᠨ᠎ᠠ᠃ ᠬᠥᠳᠡᠭᠡ ᠲᠣᠰᠭᠤᠨ᠎ᠤ ᠣᠷᠣᠱᠢᠨ ᠠᠮᠢᠳᠤᠷᠠᠬᠤ ᠣᠷᠴᠢᠨ ᠨᠥᠬᠦᠴᠡᠯ᠎ᠢ ᠴᠡᠭ᠌ᠴᠡᠯᠡᠨ ᠵᠠᠰᠠᠵᠤ ᠳᠡᠭᠡᠭ᠌ᠰᠢᠯᠡᠭᠦᠯᠬᠦ᠌ ᠲᠠᠪᠤᠨ ᠵᠢᠯ᠎ᠤᠨ ᠠᠵᠢᠯᠯᠠᠭ᠎ᠠ᠎ᠶ᠋ᠢ ᠡᠬᠢᠯᠡᠭᠦᠯᠦᠨ᠎ᠡ᠃ ᠬᠦᠳᠡᠭᠡ ᠲᠤᠰᠭᠤᠨ᠎ᠤ ᠤᠶᠤᠨ᠎ᠤ ᠪᠤᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠨ᠎ᠠ᠃ ᠬᠥᠯᠥᠰᠥᠨ ᠠᠵᠢᠯᠴᠢᠨ᠎ᠤ ᠴᠠᠯᠢᠩ᠎ᠢ ᠴᠠᠭ ᠲᠤᠬᠠᠶ᠎ᠳᠤᠨᠢ ᠲᠤᠭ᠎ᠠ ᠶᠣᠰᠣᠭᠠᠷ ᠥᠭ᠌ᠬᠦ᠎ᠶ᠋ᠢ ᠪᠠᠲᠤᠯᠠᠨ᠎ᠠ᠃ ᠬᠥᠳᠡᠭᠡ ᠲᠣᠰᠭᠤᠨ᠎ᠤ ᠠᠵᠤ ᠦᠢᠯᠡᠰ᠎ᠢ ᠲᠦᠷᠭᠡᠯᠡᠨ ᠬᠥᠭ᠌ᠵᠢᠭᠦᠯᠵᠦ᠍᠂ ᠱᠢᠶᠠᠨ᠎ᠤ ᠪᠦᠰᠡ᠎ᠶ᠋ᠢᠨ ᠠᠵᠤ ᠠᠬᠤᠶ᠎ᠶ᠋ᠢ ᠪᠤᠵᠠᠭᠠᠢᠷᠠᠭᠤᠯᠤᠨ᠂ ᠨᠤᠲᠤᠬ᠎ᠲᠠᠭᠠᠨ ᠪᠤᠴᠠᠵᠤ ᠦᠢᠯᠡᠰ ᠪᠤᠰᠭᠠᠬᠤ᠎ᠶ᠋ᠢ ᠲᠡᠮᠵᠢᠬᠦ᠌᠎ᠶ᠋ᠢ ᠴᠢᠩᠭᠠᠳᠭᠠᠵᠤ᠂ ᠲᠠᠷᠢᠶᠠᠴᠢᠳ᠎ᠤᠨ ᠠᠵᠢᠯ ᠣᠯᠬᠤ ᠠᠷᠭ᠎ᠠ ᠵᠠᠮ᠎ᠢ ᠥᠷᠭᠡᠳᠭᠡᠨ᠎ᠡ᠃ ᠠᠷᠭ᠎ᠠ ᠪᠦᠬᠦᠨ᠎ᠢ ᠰᠦᠪᠡᠭ᠌ᠴᠢᠯᠡᠵᠦ᠍ ᠪᠠᠢᠭᠠᠳ ᠲᠦᠭ ᠲᠦᠮᠡᠨ ᠲᠠᠷᠢᠶᠠᠴᠢᠳ᠎ᠤᠨ ᠣᠷᠣᠯᠭ᠎ᠠ᠎ᠶ᠋ᠢ ᠢᠯᠡᠭᠦᠬᠡᠨ ᠨᠡᠮᠡᠭ᠌ᠳᠡᠭᠦᠯᠵᠦ᠍᠂ ᠠᠮᠢᠳᠤᠷᠠᠯ᠎ᠢ᠎ᠨᠢ ᠡᠷᠡᠮᠡᠯᠵᠡᠯ᠎ᠲᠠᠢ ᠪᠣᠯᠭᠠᠨ᠎ᠠ᠃

(ᠵᠢᠷᠭᠤᠭ᠎ᠠ) ᠥᠨᠳᠥᠷ ᠲᠦᠪᠱᠢᠨ᠎ᠤ ᠭᠠᠳᠠᠭ᠍ᠰᠢ ᠨᠡᠭᠡᠭᠡᠯᠳᠡ᠎ᠶ᠋ᠢ ᠬᠡᠷᠡᠭ᠌ᠵᠢᠭᠦᠯᠵᠦ᠍᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ᠎ᠶ᠋ᠢ ᠲᠣᠭ᠍ᠲᠠᠭᠤᠨ ᠪᠠᠢᠯᠭᠠᠬᠤ᠎ᠶ᠋ᠢᠨ ᠵᠡᠷᠭᠡ᠎ᠳᠤ ᠴᠢᠨᠠᠷ ᠴᠢᠨᠰᠠᠭ᠎ᠠ᠎ᠶ᠋ᠢ᠎ᠨᠢ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ᠃ ᠨᠡᠩ ᠶᠡᠭᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ᠎ᠶ᠋ᠢᠨ ᠭᠠᠳᠠᠭ᠍ᠰᠢ ᠨᠡᠭᠡᠭᠡᠯᠳᠡ᠎ᠶ᠋ᠢ ᠬᠡᠷᠡᠭ᠌ᠵᠢᠭᠦᠯᠵᠦ᠍᠂ ᠤᠯᠠᠨ ᠤᠯᠤᠰ᠎ᠤᠨ ᠠᠵᠤ ᠠᠬᠤᠢ᠎ᠶ᠋ᠢᠨ ᠬᠠᠮᠲᠤᠷᠠᠯᠴᠠᠭ᠎ᠠ᠎ᠳᠤ ᠨᠡᠩ ᠰᠠᠢᠨ ᠣᠷᠣᠯᠴᠠᠨ᠎ᠠ᠃

ᠭᠠᠳᠠᠭᠠᠳᠤ ᠤᠷᠤᠭᠤᠯᠤᠯᠲᠠ ᠭᠠᠳᠠᠭᠠᠳᠤ ᠭᠠᠷᠭᠠᠯᠲᠠ᠎ᠶ᠋ᠢᠨ ᠲᠣᠭ᠍ᠲᠠᠭᠤᠨ᠎ᠢᠶᠠᠷ ᠬᠥᠭ᠌ᠵᠢᠬᠦ᠌᠎ᠶ᠋ᠢ ᠠᠬᠢᠭᠤᠯᠤᠨ᠎ᠠ᠃ ᠳᠤᠮᠳᠠ ᠵᠢᠵᠢᠭ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠳᠤ ᠢᠲᠡᠭᠡᠮᠵᠢᠲᠦ ᠵᠢᠭᠡᠯᠡᠯᠭᠡ᠎ᠶ᠋ᠢᠨ ᠳᠡᠮᠵᠢᠯᠭᠡ ᠦᠵᠡᠭᠦᠯᠬᠦ᠌᠎ᠪᠠᠨ ᠴᠢᠩᠭᠠᠳᠭᠠᠵᠤ᠂ ᠭᠠᠳᠠᠭᠠᠳᠤ ᠭᠠᠷᠭᠠᠯᠲᠠ᠎ᠶ᠋ᠢᠨ ᠢᠲᠡᠭᠡᠮᠵᠢ᠎ᠶ᠋ᠢᠨ ᠳᠠᠭᠠᠳᠭᠠᠯ᠎ᠤᠨ ᠬᠠᠮᠤᠷᠬᠤ ᠬᠡᠪᠴᠢᠶ᠎ᠡ᠎ᠶ᠋ᠢ ᠥᠷᠭᠡᠳᠭᠡᠨ᠂ ᠳᠡᠭᠠᠳᠭᠠᠨ ᠠᠪᠬᠤ ᠪᠠ ᠲᠦᠯᠦᠬᠦ᠌ ᠨᠦᠬᠦᠴᠡᠯ᠎ᠢ ᠱᠢᠯᠢᠳᠡᠭ᠌ᠵᠢᠬᠦᠯᠵᠦ᠍᠂ ᠠᠷᠠᠯᠵᠢᠶᠠᠨ᠎ᠤ ᠭᠠᠳᠠᠭᠠᠳᠤ ᠭᠤᠪᠢᠭᠤᠯᠭ᠎ᠠ᠎ᠶ᠋ᠢᠨ ᠣᠷᠣᠯᠭ᠎ᠠ ᠵᠠᠷᠤᠯᠭ᠎ᠠ᠎ᠶ᠋ᠢ ᠳᠥᠭᠦᠮᠴᠢᠯᠡᠬᠦ᠌ ᠲᠤᠷᠱᠢᠯᠲᠠ᠎ᠶ᠋ᠢ ᠭᠦᠨᠵᠡᠭᠡᠢᠷᠡᠭᠦᠯᠦᠨ᠎ᠡ᠃ ᠪᠣᠯᠪᠠᠰᠤᠷᠠᠭᠤᠯᠬᠤ ᠠᠷᠠᠯᠵᠢᠶ᠎ᠠ᠎ᠶ᠋ᠢ ᠲᠣᠭ᠍ᠲᠠᠪᠤᠷᠢᠵᠢᠭᠤᠯᠤᠨ᠂ ᠬᠢᠯᠢ ᠠᠯᠤᠰᠯᠠᠭ᠍ᠰᠠᠨ ᠡᠯᠧᠺᠲᠷᠣᠨ ᠬᠤᠳᠠᠯᠳᠤᠭ᠎ᠠ ᠵᠡᠷᠭᠡ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ ᠱᠢᠨ᠎ᠡ ᠵᠠᠭ᠍ᠪᠤᠷ᠎ᠢ ᠬᠥᠭ᠌ᠵᠢᠭᠦᠯᠵᠤ᠂ ᠠᠵᠤ ᠠᠬᠤᠢᠯᠠᠯ᠎ᠤᠨ ᠤᠯᠠᠨ ᠡᠱᠢᠵᠢᠭ᠌ᠰᠡᠨ ᠵᠠᠬ᠎ᠠ ᠳᠡᠯᠭᠡᠭᠦᠷ ᠨᠡᠭᠡᠭᠡᠬᠦ᠌᠎ᠶ᠋ᠢ ᠲᠡᠮᠵᠢᠨ᠎ᠠ᠃ ᠬᠢᠯᠢ᠎ᠶ᠋ᠢᠨ ᠠᠷᠠᠯᠵᠢᠶ᠎ᠠ᠎ᠶ᠋ᠢ ᠬᠦᠭ᠌ᠵᠢᠭᠦᠯᠦᠨ᠎ᠡ᠃ ᠦᠢᠯᠡᠴᠢᠯᠡᠭᠡᠨ᠎ᠤ ᠠᠷᠠᠯᠵᠢᠶ᠎ᠠ᠎ᠶ᠋ᠢᠨ ᠱᠢᠨ᠎ᠡ᠎ᠶ᠋ᠢ ᠡᠭᠦᠳᠦᠨ ᠬᠥᠭ᠌ᠵᠢᠭᠦᠯᠦᠨ᠎ᠡ᠃ ᠭᠠᠳᠠᠭᠠᠳᠤ ᠤᠷᠤᠭᠤᠯᠤᠯᠲᠠ᠎ᠶ᠋ᠢᠨ ᠭᠠᠢᠯᠢ ᠲᠠᠲᠠᠪᠤᠷᠢ᠎ᠶ᠋ᠢᠨ ᠲᠦᠷᠦ᠎ᠶ᠋ᠢᠨ ᠪᠤᠳᠤᠯᠭ᠎ᠠ᠎ᠶ᠋ᠢ ᠱᠢᠯᠢᠳᠡᠭ᠌ᠵᠢᠭᠦᠯᠦᠨ ᠲᠣᠬᠢᠷᠠᠭᠤᠯᠵᠤ᠂ ᠴᠢᠨᠠᠷ ᠰᠠᠢᠲᠠᠶ ᠦᠢᠯᠡᠳᠬᠦᠨ ᠪᠠ ᠦᠢᠯᠡᠴᠢᠯᠡᠭᠡ᠎ᠶ᠋ᠢᠨ ᠭᠠᠳᠠᠭᠠᠳᠤ ᠤᠷᠤᠭᠤᠯᠤᠯᠲᠠ᠎ᠶ᠋ᠢ ᠨᠡᠮᠡᠭ᠌ᠳᠡᠭᠦᠯᠦᠨ᠎ᠡ᠃ ᠠᠷᠠᠯᠵᠢᠶ᠎ᠠ᠎ᠶ᠋ᠢ ᠠᠬᠢᠭᠤᠯᠬᠤ ᠦᠢᠯᠡᠴᠢᠯᠡᠭᠡ᠎ᠶ᠋ᠢ ᠴᠢᠩᠭᠠᠳᠭᠠᠵᠤ᠂ ᠭᠠᠳᠠᠭᠠᠳᠤ ᠣᠷᠣᠭᠤᠯᠤᠯᠲᠠ᠎ᠶ᠋ᠢᠨ ᠦᠵᠡᠰᠭᠦᠯᠡᠩ᠂ ᠭᠤᠸᠠᠩᠵᠧᠦ᠎ᠶ᠋ᠢᠨ ᠠᠷᠠᠯᠵᠢᠶᠠᠨ᠎ᠤ ᠴᠤᠭ᠍ᠯᠠᠭᠠᠨ᠂ ᠦᠢᠯᠡᠴᠢᠯᠡᠭᠡᠨ᠎ᠤ ᠠᠷᠠᠯᠵᠢᠶᠠᠨ᠎ᠤ ᠴᠤᠭ᠍ᠯᠠᠭᠠᠨ ᠵᠢᠴᠢ ᠠᠩᠬᠠᠳᠤᠭᠠᠷ ᠬᠤᠭᠤᠴᠠᠭᠠᠨ᠎ᠤ ᠲᠤᠮᠳᠠᠳᠤ ᠤᠯᠤᠰ᠎ᠤᠨ ᠤᠯᠠᠨ ᠤᠯᠤᠰ᠎ᠤᠨ ᠬᠡᠷᠡᠭ᠌ᠯᠡᠬᠡᠨ᠎ᠤ ᠦᠵᠡᠰᠭᠦᠯᠡᠩ᠎ᠤᠨ ᠴᠤᠬ᠍ᠯᠠᠭᠠᠨ ᠵᠡᠷᠭᠡ ᠴᠢᠬᠤᠯᠠ ᠶᠡᠭᠡ ᠦᠵᠡᠰᠭᠦᠯᠡᠩ᠎ᠢ ᠰᠠᠢᠳᠤᠷ ᠡᠷᠬᠢᠯᠡᠨ᠎ᠡ᠃ ᠣᠯᠠᠨ ᠤᠯᠤᠰ᠎ᠤᠨ ᠡᠳ᠋ ᠪᠠᠷᠠᠭᠠᠨ᠎ᠤ ᠭᠦᠢᠯᠭᠡᠭᠡ᠎ᠶ᠋ᠢ ᠱᠢᠯᠤᠭᠤᠳᠭᠠᠬᠤ᠎ᠶ᠋ᠢ ᠠᠬᠢᠭᠤᠯᠵᠤ᠂ ᠪᠣᠭᠤᠮᠲᠠ᠎ᠶ᠋ᠢᠨ ᠰᠦᠢᠳᠭᠡᠯ ᠬᠤᠷᠢᠶᠠᠯᠲᠠ᠎ᠶ᠋ᠢ ᠡᠮᠬᠢᠯᠡᠨ ᠵᠢᠷᠤᠮᠵᠢᠭᠤᠯᠵᠤ᠂ ᠪᠤᠭᠤᠮᠳᠠ ᠦᠩᠭᠡᠷᠡᠬᠦ᠌᠎ᠶ᠋ᠢ ᠲᠦᠬᠦᠮ ᠲᠦᠳᠡ ᠪᠤᠯᠭᠠᠬᠤ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠦᠨ᠎ᠡ᠃

ᠭᠠᠳᠠᠭᠠᠳᠤ ᠪᠡᠯᠡ᠎ᠶ᠋ᠢ ᠢᠳᠡᠪᠬᠢᠲᠡᠶ ᠪᠥᠭᠡᠳ ᠪᠦᠲᠦᠮᠵᠢᠲᠡᠶ ᠠᠱᠢᠬ᠍ᠯᠠᠨ᠎ᠠ᠃ ᠭᠠᠳᠠᠭᠠᠳᠤ ᠪᠡᠯᠡ᠎ᠶ᠋ᠢᠨ ᠵᠠᠬ᠎ᠠ ᠲᠡᠯᠭᠡᠬᠦᠷ᠎ᠲᠤ ᠤᠷᠤᠬᠤ ᠵᠦᠪᠱᠢᠶᠡᠷᠡᠯ᠎ᠤᠨ ᠨᠠᠵᠠᠭᠠᠶ ᠲᠠᠯ᠎ᠠ᠎ᠶ᠋ᠢᠨ ᠲᠣᠳᠣᠷᠬᠠᠶ ᠬᠠᠭᠤᠳᠠᠰᠤ᠎ᠶ᠋ᠢ ᠤᠯᠠᠮ ᠨᠢᠭᠡ ᠠᠯᠬᠤᠮ ᠴᠦᠭᠡᠳᠭᠡᠨ᠎ᠡ᠃ ᠦᠢᠯᠡᠴᠢᠯᠡᠭᠡᠨ᠎ᠤ ᠦᠢᠯᠡᠰ᠎ᠢ ᠡᠮᠬᠢ ᠵᠢᠷᠤᠮ᠎ᠲᠠᠢ᠎ᠪᠠᠷ ᠨᠡᠭᠡᠭᠡᠬᠦ᠌᠎ᠶ᠋ᠢ ᠠᠬᠢᠭᠤᠯᠵᠤ᠂ ᠦᠢᠯᠡᠴᠢᠯᠡᠭᠡᠨ᠎ᠤ ᠦᠢᠯᠡᠰ᠎ᠤᠨ ᠨᠡᠭᠡᠭᠡᠯᠲᠡ᠎ᠶ᠋ᠢ ᠥᠷᠭᠡᠳᠭᠡᠬᠦ᠌ ᠶᠡᠷᠦᠩᠬᠡᠢᠯᠡᠭ᠌ᠰᠡᠨ ᠲᠤᠷᠱᠢᠯᠲᠠ᠎ᠶ᠋ᠢ ᠨᠡᠮᠡᠨ ᠲᠤᠬᠢᠷᠠᠭᠤᠯᠵᠤ᠂ ᠬᠢᠯᠢ ᠠᠯᠤᠰᠯᠠᠭ᠍ᠰᠠᠨ ᠦᠢᠯᠡᠴᠢᠯᠡᠭᠡᠨ᠎ᠤ ᠠᠷᠠᠯᠵᠢᠶ᠎ᠠ᠎ᠶ᠋ᠢᠨ ᠨᠠᠵᠠᠭᠠᠶ ᠲᠠᠯ᠎ᠠ᠎ᠶ᠋ᠢᠨ ᠲᠣᠳᠣᠷᠬᠠᠶ ᠬᠠᠭᠤᠳᠠᠰᠤ᠎ᠶ᠋ᠢ ᠲᠣᠭ᠍ᠲᠠᠭᠠᠨ᠎ᠠ᠃ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠥᠭᠡᠷᠡᠴᠢᠯᠡᠯᠲᠡ ᠨᠡᠭᠡᠭᠡᠯᠲᠡ ᠬᠢᠵᠦ᠍ ᠱᠢᠨ᠎ᠡ᠎ᠶ᠋ᠢ ᠡᠬᠦᠳᠬᠦ᠌᠎ᠶ᠋ᠢ ᠴᠢᠩᠭᠠᠳᠭᠠᠨ᠂ ᠪᠣᠭᠤᠮᠲᠠ᠎ᠶ᠋ᠢᠨ ᠤᠨᠴᠠᠭᠠᠢ ᠬᠢᠨᠠᠯᠲᠠ ᠬᠠᠮᠢᠶᠠᠷᠤᠯᠲᠠ᠎ᠶ᠋ᠢᠨ ᠣᠷᠣᠨ ᠳᠤᠭᠤᠷᠢᠭ ᠬᠢᠭᠡᠳ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠡᠯ᠎ᠡ ᠲᠥᠷᠥᠯ᠎ᠤᠨ ᠨᠡᠭᠡᠭᠡᠨ ᠬᠦᠭ᠌ᠵᠢᠬᠦᠯᠬᠦ᠌ ᠤᠷᠤᠨ᠎ᠤ ᠨᠡᠭᠡᠭᠡᠯᠲᠡᠳᠤ ᠲᠠᠪᠴᠠᠩ᠎ᠤᠨ ᠦᠢᠯᠡᠳᠦᠯ᠎ᠢ ᠰᠠᠢᠲᠤᠷ ᠪᠠᠳᠠᠷᠠᠭᠤᠯᠤᠨ᠎ᠠ᠃ ᠳᠣᠲᠣᠭᠠᠳᠤ ᠭᠠᠳᠠᠭᠠᠳᠤ ᠪᠡᠯᠡ᠎ᠶ᠋ᠢᠨ ᠠᠵᠤ ᠠᠬᠤᠢᠯᠠᠯ᠎ᠤᠨ ᠭᠤᠤᠯᠴᠢ᠎ᠪᠠᠷ ᠥᠷᠢᠰᠥᠯᠳᠦᠬᠦ᠌᠎ᠶ᠋ᠢ ᠠᠬᠢᠭᠤᠯᠵᠤ᠂ ᠭᠠᠳᠠᠭᠠᠳᠤ ᠪᠡᠯᠡ᠎ᠶ᠋ᠢᠨ ᠠᠵᠤ ᠠᠬᠤᠢᠯᠠᠯ᠎ᠤᠨ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠬᠠᠮᠠᠭᠠᠯᠠᠨ᠎ᠠ᠃ ᠭᠠᠳᠠᠭᠠᠳᠤ᠎ᠶ᠋ᠢᠨ ᠬᠤᠳᠠᠯᠳᠤᠭᠠᠴᠢᠳ᠎ᠤᠨ ᠳᠤᠮᠳᠠᠳᠤ ᠤᠯᠤᠰ᠎ᠲᠠᠬᠢ ᠪᠡᠯᠡ ᠣᠷᠣᠭᠤᠯᠤᠯᠲᠠ᠎ᠪᠠᠨ ᠥᠷᠭᠡᠳᠭᠡᠵᠦ᠍᠂ ᠳᠤᠮᠳᠠᠳᠤ ᠤᠯᠤᠰ᠎ᠤᠨ ᠨᠡᠭᠡᠭᠡᠯᠲᠡᠲᠦ ᠲᠤᠮᠤ ᠵᠠᠬ᠎ᠠ ᠳᠡᠯᠭᠡᠭᠦᠷ ᠪᠣᠯᠤᠨ ᠬᠥᠭ᠌ᠵᠢᠯᠲᠡ᠎ᠶ᠋ᠢᠨ ᠲᠣᠬᠢᠶᠠᠯ᠎ᠢ ᠬᠤᠪᠢᠶᠠᠯᠴᠠᠨ ᠡᠳ᠋ᠯᠡᠬᠦ᠌᠎ᠶ᠋ᠢ ᠪᠠᠶᠠᠷᠯᠠᠨ ᠤᠭ᠍ᠲᠤᠨ᠎ᠠ᠃

《ᠨᠢᠭᠡ ᠪᠦᠰᠡ ᠨᠢᠭᠡ ᠵᠠᠮ》 ᠎ᠢ ᠬᠠᠮᠳᠤ᠎ᠪᠠᠷ ᠴᠢᠨᠠᠷ ᠰᠠᠢᠲᠠᠶ ᠪᠥᠲᠥᠭᠡᠨ ᠪᠠᠢᠭᠤᠯᠤᠨ᠎ᠠ᠃ ᠬᠠᠮᠲᠤ᠎ᠪᠠᠷ ᠵᠥᠪᠳᠡᠯᠴᠡᠬᠦ᠌ ᠬᠠᠮᠲᠤ᠎ᠪᠠᠷ ᠪᠠᠢᠭᠤᠯᠬᠤ ᠬᠠᠮᠲᠤ᠎ᠪᠠᠷ ᠡᠳ᠋ᠯᠡᠬᠦ᠌᠎ᠶ᠋ᠢ ᠪᠠᠷᠢᠮᠲᠠᠯᠠᠨ᠂ ᠠᠵᠤ ᠠᠬᠤᠢᠯᠠᠯ᠎ᠢᠶᠠᠷ ᠪᠡᠶᠡᠴᠢ ᠴᠣᠭ᠍ᠴᠠ ᠪᠣᠯᠭᠠᠬᠤ ᠪᠠ ᠵᠠᠬ᠎ᠠ ᠳᠡᠯᠭᠡᠭᠦᠷᠴᠢᠯᠡᠬᠦ᠌ ᠵᠠᠷᠴᠢᠮ᠎ᠢ ᠵᠢᠷᠤᠮᠯᠠᠬᠤ᠎ᠶ᠋ᠢ ᠪᠠᠷᠢᠮᠲᠠᠯᠠᠵᠤ᠂ ᠣᠯᠠᠨ ᠡᠱᠢᠵᠢᠭ᠌ᠰᠡᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠱᠢᠰᠲ᠋ᠧᠮ᠎ᠢ ᠲᠡᠭᠦᠯᠳᠡᠷᠵᠢᠭᠦᠯᠤᠨ᠂ ᠬᠠᠤᠯᠢ ᠴᠠᠭᠠᠵᠠ᠎ᠶ᠋ᠢᠨ ᠦᠢᠯᠡᠴᠢᠯᠡᠭᠡᠨ᠎ᠤ ᠪᠠᠲᠤᠯᠠᠭ᠎ᠠ᠎ᠶ᠋ᠢ ᠴᠢᠩᠭᠠᠷᠠᠭᠤᠯᠵᠤ᠂ ᠴᠢᠬᠤᠯᠠ ᠶᠡᠭᠡ ᠲᠦᠰᠦᠯ᠎ᠤᠨ ᠬᠠᠮᠲᠤᠷᠠᠯᠴᠠᠭ᠎ᠠ᠎ᠶ᠋ᠢ ᠡᠮᠬᠢ ᠵᠢᠷᠤᠮ᠎ᠲᠠᠢ᠎ᠪᠠᠷ ᠠᠬᠢᠭᠤᠯᠵᠤ᠂ ᠰᠠᠭᠤᠷᠢ ᠲᠥᠬᠦᠭᠡᠷᠦᠮᠵᠢ᠎ᠶ᠋ᠢᠨ ᠬᠤᠯᠪᠣᠯᠳᠤᠨ ᠨᠡᠪᠲᠡᠷᠡᠯᠴᠡᠬᠦ᠌᠎ᠶ᠋ᠢ ᠠᠬᠢᠭᠤᠯᠤᠨ᠎ᠠ᠃ ᠭᠠᠳᠠᠭᠠᠳᠤ ᠪᠡᠯᠡ ᠣᠷᠣᠭᠤᠯᠤᠯᠲᠠ᠎ᠶ᠋ᠢᠨ ᠬᠠᠮᠲᠤᠷᠠᠯᠴᠠᠭᠠᠨ᠎ᠤ ᠶᠠᠰᠤ ᠴᠢᠨᠠᠷ ᠦᠷ᠎ᠡ ᠠᠱᠢᠭ᠎ᠢ ᠳᠡᠭᠡᠭ᠌ᠰᠢᠯᠡᠭᠦᠯᠦᠨ᠎ᠡ᠃

ᠤᠯᠠᠨ ᠲᠠᠯᠠᠲᠤ ᠬᠤᠶᠠᠷ ᠲᠠᠯᠠᠳᠤ ᠬᠠᠮᠳᠤᠷᠠᠯᠴᠠᠭ᠎ᠠ ᠪᠠ ᠣᠷᠣᠨ ᠪᠦᠰᠡ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠦᠨ᠎ᠡ᠃ ᠤᠯᠠᠨ ᠲᠠᠯᠠᠲᠤ ᠠᠷᠠᠯᠵᠢᠶᠠᠨ᠎ᠤ ᠪᠠᠢᠭᠤᠯᠤᠯ᠎ᠢ ᠡᠷᠡᠰ ᠬᠠᠮᠠᠭᠠᠯᠠᠨ᠎ᠠ᠃ ᠣᠷᠣᠨ ᠪᠦᠰᠡ᠎ᠶ᠋ᠢᠨ ᠪᠦᠬᠦ᠌ ᠲᠠᠯ᠎ᠠ᠎ᠶ᠋ᠢᠨ ᠠᠵᠤ ᠠᠬᠤᠶ᠎ᠶ᠋ᠢᠨ ᠬᠠᠨᠢᠲᠠᠨ᠎ᠤ ᠬᠠᠷᠢᠴᠠᠭ᠎ᠠ᠎ᠶ᠋ᠢᠨ ᠬᠡᠯᠡᠯᠴᠡᠭᠡᠷ᠎ᠢ ᠡᠷᠲᠡᠬᠡᠨ ᠬᠦᠴᠦᠨ᠎ᠲᠠᠢ ᠪᠤᠯᠭᠠᠨ ᠬᠡᠷᠡᠭ᠌ᠵᠢᠬᠦᠯᠬᠦ᠂ ᠳᠤᠮᠳᠠᠳᠤ ᠤᠯᠤᠰ ᠪᠤᠯᠤᠨ ᠧᠦ᠋ᠷᠣᠫᠠ᠎ᠶ᠋ᠢᠨ ᠬᠤᠯᠪᠤᠭ᠎ᠠ᠎ᠶ᠋ᠢᠨ ᠪᠡᠯᠡ ᠣᠷᠣᠭᠤᠯᠤᠯᠲᠠ᠎ᠶ᠋ᠢᠨ ᠬᠡᠯᠡᠯᠴᠡᠭᠡᠷ᠎ᠲᠤ ᠭᠠᠷ᠎ᠤᠨ ᠦᠰᠦᠭ ᠵᠢᠷᠤᠬᠤ ᠶᠠᠪᠤᠳᠠᠯ᠎ᠢ ᠠᠬᠢᠭᠤᠯᠤᠨ᠂ ᠳᠤᠮᠳᠠᠳᠤ ᠶᠠᠫᠣᠨ ᠺᠣᠷᠢᠶᠠ᠎ᠶ᠋ᠢᠨ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ᠎ᠤᠨ ᠬᠡᠯᠡᠯᠴᠡᠭᠡ ᠬᠢᠬᠦ᠌ ᠠᠬᠢᠴᠠ᠎ᠶ᠋ᠢ ᠲᠦᠷᠭᠡᠳᠭᠡᠵᠦ᠍᠂ ᠪᠦᠬᠦ᠌ ᠲᠠᠯ᠎ᠠ᠎ᠶ᠋ᠢᠨ ᠬᠢᠭᠡᠳ ᠲᠠᠪᠱᠢᠩᠭᠤᠢ ᠨᠣᠮᠣᠬᠠᠨ ᠲᠠᠯᠠᠢ ᠠᠯᠤᠰᠯᠠᠭ᠍ᠰᠠᠨ ᠬᠠᠨᠢᠲᠠᠨ᠎ᠤ ᠬᠠᠷᠢᠴᠠᠭ᠎ᠠ᠎ᠶ᠋ᠢᠨ ᠬᠡᠯᠡᠯᠴᠡᠭᠡᠷ᠎ᠲᠤ ᠣᠷᠣᠬᠤ ᠶᠠᠪᠤᠳᠠᠯ᠎ᠢ ᠢᠳᠡᠪᠬᠢᠲᠡᠶ ᠪᠣᠳᠣᠯᠬᠢᠯᠠᠨ᠎ᠠ᠃ ᠬᠠᠷᠢᠯᠴᠠᠨ ᠬᠦᠨᠳᠦᠳᠭᠡᠭ᠌ᠰᠡᠨ ᠰᠠᠭᠤᠷᠢᠨ ᠳᠡᠭᠡᠷ᠎ᠡ᠂ ᠳᠤᠮᠳᠠᠳᠤ ᠠᠮᠧᠷᠢᠺᠠ᠎ᠶ᠋ᠢᠨ ᠡᠷᠬᠡ ᠲᠡᠭ᠌ᠰᠢ ᠬᠠᠷᠢᠯᠴᠠᠨ ᠠᠱᠢᠭ᠍ᠲᠠᠶ ᠠᠵᠤ ᠠᠬᠤᠶ ᠠᠷᠠᠯᠵᠢᠶᠠᠨ᠎ᠤ ᠬᠠᠷᠢᠴᠠᠭ᠎ᠠ᠎ᠶ᠋ᠢᠨ ᠤᠷᠤᠭ᠍ᠰᠢ ᠬᠥᠭ᠌ᠵᠢᠬᠦ᠌᠎ᠶ᠋ᠢ ᠠᠬᠢᠭᠤᠯᠤᠨ᠎ᠠ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ᠎ᠶ᠋ᠢᠨ ᠡᠯ᠎ᠡ ᠤᠯᠤᠰ᠎ᠲᠠᠢ ᠬᠠᠷᠢᠯᠴᠠᠨ ᠨᠡᠬᠡᠬᠡᠯᠳᠡ ᠬᠢᠬᠦ᠌᠎ᠪᠠᠨ ᠥᠷᠭᠡᠳᠭᠡᠵᠦ᠍᠂ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠬ ᠬᠦᠷᠳᠡᠬᠦ᠌᠎ᠶ᠋ᠢ ᠪᠡᠶᠡᠯᠡᠭᠦᠯᠦᠨ᠎ᠡ᠃

(ᠲᠤᠯᠤᠭ᠎ᠠ) ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ ᠪᠠ ᠠᠮᠢ ᠠᠬᠤᠶ᠎ᠶ᠋ᠢᠨ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠣᠷᠴᠢᠨ ᠠᠬᠤᠢ᠎ᠶ᠋ᠢᠨ ᠴᠢᠨᠠᠷ ᠴᠢᠨᠰᠠᠭ᠎ᠠ᠎ᠶ᠋ᠢ ᠦᠷᠭᠦᠯᠵᠢᠯᠡᠨ ᠰᠠᠢᠵᠢᠷᠠᠭᠤᠯᠤᠨ᠎ᠠ᠃ ᠦᠷᠭᠦᠯᠵᠢᠯᠡᠬᠦ᠌ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠤᠨ᠂ ᠴᠠᠯᠮᠡᠭ ᠲᠡᠭ᠌ᠷᠢ᠂ ᠲᠤᠩᠭᠠᠯᠠᠭ ᠤᠰᠤ᠂ ᠴᠡᠪᠡᠷ ᠬᠦᠷᠦᠰᠦ᠎ᠶ᠋ᠢ ᠬᠠᠮᠠᠭᠠᠯᠠᠬᠤ ᠲᠠᠢᠨ᠎ᠤ ᠦᠷ᠎ᠡ ᠪᠦᠲᠦᠭᠡᠯ᠎ᠢ ᠪᠠᠬᠢᠵᠢᠭᠦᠯᠵᠦ᠍᠂ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠤᠨ ᠨᠤᠭᠤᠭᠠᠨ ᠬᠤᠪᠢᠷᠠᠭᠤᠯᠤᠯᠲᠠ᠎ᠶ᠋ᠢ ᠠᠬᠢᠭᠤᠯᠤᠨ᠎ᠠ᠃

ᠠᠮᠢ ᠠᠬᠤᠶ᠎ᠶ᠋ᠢᠨ ᠣᠷᠴᠢᠨ ᠨᠥᠬᠦᠴᠡᠯ᠎ᠢ ᠵᠠᠰᠠᠬᠤ ᠡᠷᠴᠢᠮ᠎ᠢ ᠦᠷᠭᠦᠯᠵᠢᠯᠡᠨ ᠴᠢᠩᠭᠠᠷᠠᠭᠤᠯᠤᠨ᠎ᠠ᠃ ᠠᠭᠠᠷ ᠮᠠᠨᠳᠠᠯ᠎ᠤᠨ ᠪᠣᠬᠢᠷᠲᠤᠯ᠎ᠢ ᠶᠡᠷᠦᠩᠬᠡᠢᠯᠡᠨ ᠵᠠᠰᠠᠬᠤ ᠪᠠ ᠬᠠᠮᠲᠤᠷᠠᠨ ᠰᠡᠷᠭᠡᠢᠯᠡᠵᠦ᠍ ᠬᠠᠮᠲᠤᠷᠠᠨ ᠬᠢᠵᠠᠭᠠᠷᠯᠠᠬᠤ᠎ᠶ᠋ᠢ ᠴᠢᠩᠭᠠᠳᠭᠠᠵᠤ᠂ ᠵᠢᠵᠢᠭ ᠮᠥᠬᠦᠯᠢᠭ᠌ᠲᠦ ᠪᠣᠳᠠᠰ ᠪᠠ ᠣᠽᠣᠨ᠎ᠢ ᠬᠠᠮᠵᠢᠯᠴᠠᠨ ᠬᠢᠵᠠᠭᠠᠷᠯᠠᠬᠤ᠎ᠶ᠋ᠢ ᠴᠢᠩᠭᠠᠳᠭᠠᠨ᠂ ᠤᠮᠠᠷᠠᠲᠤ ᠣᠷᠣᠨ᠎ᠤ ᠴᠡᠪᠡᠷ ᠲᠤᠯᠠᠭᠠᠯᠠᠭ᠎ᠠ᠎ᠶ᠋ᠢᠨ ᠨᠣᠷᠮ᠎ᠠ᠎ᠶ᠋ᠢ 70% ᠎ᠳᠤ ᠬᠦᠷᠭᠡᠨ᠎ᠡ᠃ ᠭᠤᠣᠯ ᠮᠥᠷᠡᠨ ᠲᠠᠯᠠᠢ ᠲᠠᠩᠬᠢᠰ ᠤᠷᠤᠭᠤ ᠪᠣᠬᠢᠷ ᠪᠤᠳᠠᠰ ᠭᠠᠳᠠᠭ᠍ᠰᠢᠯᠠᠭᠤᠯᠬᠤ ᠠᠮᠠᠰᠠᠷ ᠪᠣᠯᠤᠨ ᠬᠤᠲᠠ᠎ᠶ᠋ᠢᠨ ᠪᠣᠬᠢᠷ ᠦᠮᠡᠬᠡᠶ ᠤᠰᠤᠨ ᠴᠣᠭ᠍ᠴᠠ᠎ᠶ᠋ᠢ ᠴᠡᠭ᠌ᠴᠡᠯᠡᠨ ᠵᠠᠰᠠᠵᠤ᠂ ᠬᠤᠲᠠ ᠪᠠᠯᠭᠠᠰᠤᠨ᠎ᠤ ᠠᠮᠢᠳᠤᠷᠠᠯ᠎ᠤᠨ ᠪᠣᠬᠢᠷ ᠤᠰᠤ᠎ᠶ᠋ᠢ ᠬᠤᠷᠢᠶᠠᠨ ᠴᠤᠭ᠍ᠯᠠᠭᠤᠯᠬᠤ ᠪᠠ ᠬᠦᠷᠢᠶᠡᠯᠡᠩ ᠲᠣᠭᠤᠷᠢᠭ᠎ᠤᠨ ᠠᠵᠤ ᠦᠢᠯᠡᠳᠪᠦᠷᠢ᠎ᠶ᠋ᠢᠨ ᠬᠠᠶᠠᠭ᠍ᠳᠠᠮᠠᠯ ᠤᠰᠤ᠎ᠶ᠋ᠢ ᠱᠢᠢᠳᠪᠦᠷᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠬᠥᠷᠥᠰᠥ᠍ ᠱᠢᠷᠣᠶ᠎ᠶ᠋ᠢᠨ ᠪᠣᠬᠢᠷᠲᠤᠯ᠎ᠢ ᠡᠬᠢ ᠡᠭᠦᠰᠦᠯ᠎ᠠᠴᠠ᠎ᠨᠢ ᠰᠡᠷᠭᠡᠢᠯᠡᠨ ᠬᠢᠵᠠᠭᠠᠷᠯᠠᠬᠤ ᠶᠠᠪᠤᠳᠠᠯ᠎ᠢ ᠴᠢᠩᠳᠠᠯᠠᠵᠤ᠂ ᠲᠠᠷᠢᠶᠠᠯᠠᠩ᠎ᠤᠨ ᠤᠯᠠᠨ ᠡᠬᠢᠳᠤ ᠪᠣᠬᠢᠷᠲᠤᠯ᠎ᠤᠨ ᠵᠠᠰᠠᠯᠲᠠ᠎ᠶ᠋ᠢ ᠴᠢᠩᠭᠠᠳᠭᠠᠨ᠎ᠠ᠃ ᠬᠠᠷᠢ᠎ᠶ᠋ᠢᠨ ᠬᠤᠭ ᠨᠤᠪᠰᠢ᠎ᠶ᠋ᠢᠨ ᠬᠢᠯᠢ᠎ᠳᠤ ᠤᠷᠤᠵᠤ ᠢᠷᠡᠬᠦ᠌᠎ᠶ᠋ᠢ ᠦᠷᠬᠦᠯᠵᠢᠯᠡᠨ ᠴᠢᠩᠭ᠎ᠠ ᠴᠠᠭᠠᠵᠠᠯᠠᠨ᠎ᠠ᠃ ᠬᠤᠲᠠ ᠪᠠᠯᠭᠠᠰᠤᠨ᠎ᠤ ᠠᠮᠢᠳᠤᠷᠠᠯ᠎ᠤᠨ ᠬᠤᠭ ᠨᠣᠪᠰᠢ᠎ᠶ᠋ᠢ ᠲᠥᠷᠥᠯ ᠬᠤᠪᠢᠶᠠᠬᠤ ᠶᠠᠪᠤᠳᠠᠯ᠎ᠢ ᠡᠮᠬᠢ ᠵᠢᠷᠤᠮ᠎ᠲᠠᠢ ᠠᠬᠢᠭᠤᠯᠤᠨ᠎ᠠ᠃ ᠲᠦᠷᠭᠡᠨ ᠬᠦᠷᠭᠡᠯᠲᠡ᠎ᠶ᠋ᠢᠨ ᠪᠤᠭᠤᠳᠠᠯ᠎ᠤᠨ ᠬᠡᠯᠪᠡᠷᠢ᠎ᠶ᠋ᠢᠨ ᠨᠤᠭᠤᠭᠠᠨ ᠬᠤᠪᠢᠷᠠᠭᠤᠯᠤᠯᠲᠠ᠎ᠶ᠋ᠢ ᠠᠬᠢᠭᠤᠯᠤᠨ᠎ᠠ᠃ ᠠᠶᠤᠯᠳᠠᠢ ᠬᠠᠶᠠᠭ᠍ᠳᠠᠮᠠᠯ ᠪᠤᠳᠠᠰ ᠡᠮᠨᠡᠯᠬᠡ᠎ᠶ᠋ᠢᠨ ᠬᠠᠶᠠᠭ᠍ᠳᠠᠮᠠᠯ ᠪᠤᠳᠠᠰ᠎ᠢ ᠴᠤᠭ᠍ᠯᠠᠭᠤᠯᠵᠤ ᠱᠢᠢᠳᠪᠦᠷᠢᠯᠡᠬᠦ᠌᠎ᠶ᠋ᠢ ᠴᠢᠩᠭᠠᠳᠭᠠᠨ᠎ᠠ᠃ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ ᠥᠭ᠌ᠬᠦ ᠲᠦᠷᠢᠮ᠎ᠢ ᠰᠤᠳᠤᠯᠤᠨ ᠲᠣᠭ᠍ᠲᠠᠭᠠᠨ᠎ᠠ᠃ ᠬᠥᠬᠡᠮᠥ᠋ᠷᠡᠨ᠎ᠳᠤ ᠵᠢᠭᠠᠰᠤ ᠠᠩᠨᠠᠬᠤ᠎ᠶ᠋ᠢ ᠠᠷᠪᠠᠨ ᠵᠢᠯ ᠴᠠᠭᠠᠵᠠᠯᠠᠬᠤ ᠳᠤᠭ᠍ᠳᠠᠭᠠᠯ᠎ᠢ ᠨᠠᠢᠳᠠᠪᠤᠷᠢᠵᠢᠭᠤᠯᠵᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ᠎ᠢ ᠬᠡᠷᠡᠭ᠌ᠵᠢᠭᠦᠯᠤᠨ᠂ ᠡᠯᠡᠰᠦᠷᠭᠡᠭ᠌ᠵᠢᠯ᠂ ᠬᠠᠢᠷ ᠴᠢᠯᠠᠭᠤᠵᠢᠯ᠂ ᠤᠰᠤ ᠬᠦᠷᠦᠰᠦᠨ᠎ᠤ ᠢᠳᠡᠭ᠌ᠳᠡᠯ᠎ᠢ ᠶᠡᠷᠦᠩᠬᠡᠢᠯᠡᠨ ᠵᠠᠰᠠᠬᠤ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠦᠯᠬᠢᠨ ᠠᠬᠢᠭᠤᠯᠵᠤ᠂ ᠨᠤᠲᠤᠭ ᠳᠡᠪᠢᠰᠭᠡᠷ᠎ᠢ ᠨᠣᠭᠤᠭᠠᠷᠠᠭᠤᠯᠬᠤ ᠶᠡᠭᠡ ᠬᠡᠪᠴᠢᠶᠡᠨ᠎ᠤ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠲᠠᠯᠠᠢ ᠲᠠᠩᠬᠢᠰ᠎ᠤᠨ ᠠᠮᠢ ᠠᠬᠤᠢ ᠤᠷᠴᠢᠨ ᠲᠤᠭᠤᠷᠢᠨ᠎ᠢ ᠬᠠᠮᠠᠭᠠᠯᠠᠵᠤ᠂ ᠠᠮᠢ ᠠᠬᠤᠢ᠎ᠶ᠋ᠢᠨ ᠱᠢᠰᠲ᠋ᠧᠮ᠎ᠢ ᠬᠠᠮᠠᠭᠠᠯᠠᠬᠤ ᠪᠠ ᠵᠠᠰᠠᠨ ᠰᠡᠷᠭᠦᠭᠡᠬᠦ᠌ ᠠᠵᠢᠯ᠎ᠢ ᠠᠬᠢᠭᠤᠯᠤᠨ᠂ ᠮᠠᠨ᠎ᠤ ᠠᠮᠢᠳᠤᠷᠠᠵᠤ ᠪᠠᠢᠭ᠎ᠠ ᠭᠡᠷ ᠣᠷᠣᠨ᠎ᠢᠶᠠᠨ ᠨᠡᠩ ᠴᠡᠪᠡᠷ ᠠᠷᠢᠭᠤᠨ ᠪᠣᠯᠭᠠᠨ᠎ᠠ᠃

ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠣᠷᠭᠢᠯ ᠬᠡᠮᠵᠢᠭ᠌ᠳᠡᠯ ᠎ᠳᠤᠨᠢ ᠬᠦᠷᠭᠡᠬᠦ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠰᠠᠭᠠᠷᠮᠠᠭ᠍ᠵᠢᠭᠤᠯᠬᠤ ᠡᠯ᠎ᠡ ᠵᠦᠢᠯ᠎ᠤᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠨ᠎ᠡ᠃ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ 2030 ᠣᠨ᠎ᠠᠴᠠ ᠡᠮᠦᠨ᠎ᠡ ᠣᠷᠭᠢᠯ ᠬᠡᠮᠵᠢᠭ᠌ᠳᠡᠯ᠎ᠳᠤᠨᠢ ᠬᠦᠷᠭᠡᠬᠦ᠌ ᠠᠵᠢᠯᠯᠠᠭᠠᠨ᠎ᠤ ᠲᠥᠰᠦᠯ᠎ᠢ ᠲᠣᠭ᠍ᠲᠠᠭᠠᠨ᠎ᠠ᠃ ᠠᠵᠤ ᠦᠢᠯᠡᠰ᠎ᠤᠨ ᠪᠦᠲᠦᠴᠡ ᠪᠠ ᠡᠨᠧᠷᠭᠢ᠎ᠶ᠋ᠢᠨ ᠰᠤᠷᠪᠤᠯᠵᠢ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ᠎ᠡ᠃ ᠨᠡᠭᠦᠷᠡᠰᠦ᠎ᠶ᠋ᠢ ᠠᠷᠢᠭᠤᠨ ᠴᠡᠪᠡᠷ ᠪᠦᠭᠡᠳ ᠥᠨᠳᠥᠷ ᠪᠦᠲᠦᠮᠵᠢᠲᠡᠶ ᠠᠱᠢᠬ᠍ᠯᠠᠬᠤ᠎ᠶ᠋ᠢ ᠠᠬᠢᠭᠤᠯᠵᠤ᠂ ᠱᠢᠨ᠎ᠡ ᠡᠨᠧᠷᠭᠢ᠎ᠶ᠋ᠢᠨ ᠰᠤᠷᠪᠤᠯᠵᠢ᠎ᠶ᠋ᠢ ᠶᠡᠭᠡ᠎ᠪᠠᠷ ᠬᠥᠭ᠌ᠵᠢᠭᠦᠯᠦᠨ᠂ ᠠᠮᠤᠷ ᠲᠦᠪᠱᠢᠨ᠎ᠢ ᠦᠨᠡᠨ ᠬᠦ᠌ ᠪᠠᠲᠤᠯᠠᠭ᠍ᠰᠠᠨ ᠤᠷᠢᠲᠠᠯ ᠳᠣᠤᠷ᠎ᠠ ᠴᠥᠮ᠎ᠡ᠎ᠶ᠋ᠢᠨ ᠴᠠᠬᠢᠯᠭᠠᠨ᠎ᠢ ᠢᠳᠡᠪᠬᠢᠲᠡᠶ ᠪᠥᠭᠡᠳ ᠡᠮᠬᠢ ᠵᠢᠷᠤᠮ᠎ᠲᠠᠢ ᠬᠥᠭ᠌ᠵᠢᠭᠦᠯᠦᠨ᠎ᠡ᠃ ᠣᠷᠴᠢᠨ ᠠᠬᠤᠢ᠎ᠶ᠋ᠢ ᠬᠠᠮᠠᠭᠠᠯᠠᠬᠤ ᠪᠠ ᠡᠨᠧᠷᠭᠢ ᠠᠷᠪᠢᠯᠠᠬᠤ ᠤᠰᠤ ᠠᠷᠪᠢᠯᠠᠬᠤ ᠵᠡᠷᠭᠡ ᠠᠵᠤ ᠠᠬᠤᠢᠯᠠᠯ᠎ᠤᠨ ᠠᠱᠢᠭ ᠣᠷᠣᠯᠭ᠎ᠠ᠎ᠶ᠋ᠢᠨ ᠭᠠᠢᠯᠢ᠎ᠶ᠋ᠢᠨ ᠬᠠᠷᠠᠭᠠᠯᠵᠠᠯ᠎ᠤᠨ ᠭᠠᠷᠴᠠᠭ᠎ᠤᠨ ᠬᠡᠪᠴᠢᠶ᠎ᠡ᠎ᠶ᠋ᠢ ᠥᠷᠭᠡᠳᠭᠡᠵᠦ᠍᠂ ᠱᠢᠨ᠎ᠡ ᠬᠡᠯᠪᠡᠷᠢ᠎ᠶ᠋ᠢᠨ ᠡᠨᠧᠷᠭᠢ ᠠᠷᠪᠢᠯᠠᠵᠤ ᠣᠷᠴᠢᠨ ᠠᠬᠤᠶ᠎ᠶ᠋ᠢ ᠬᠠᠮᠠᠭᠠᠯᠠᠬᠤ ᠮᠡᠷᠭᠡᠵᠢᠯ᠂ ᠲᠣᠨᠣᠭ᠍ᠯᠠᠯ ᠪᠠ ᠦᠢᠯᠡᠳᠬᠦᠨ᠎ᠢ ᠰᠤᠳᠤᠯᠤᠨ ᠨᠡᠭᠡᠭᠡᠵᠦ᠍ ᠬᠡᠷᠡᠭ᠌ᠯᠡᠬᠦ᠌᠎ᠶ᠋ᠢ ᠠᠬᠢᠭᠤᠯᠤᠨ᠂ ᠡᠨᠧᠷᠭᠢ ᠠᠷᠪᠢᠯᠠᠵᠤ ᠣᠷᠴᠢᠨ ᠠᠬᠤᠶ᠎ᠶ᠋ᠢ ᠬᠠᠮᠠᠭᠠᠯᠠᠬᠤ ᠠᠵᠤ ᠦᠢᠯᠡᠰ᠎ᠢ ᠪᠤᠢᠵᠢᠭᠤᠯᠤᠨ ᠪᠤᠵᠠᠭᠠᠢᠷᠠᠭᠤᠯᠵᠤ᠂ ᠡᠬᠢ ᠪᠠᠶᠠᠯᠢᠬ᠎ᠢ ᠠᠷᠪᠢᠯᠠᠨ ᠭᠠᠮᠨᠠᠵᠤ ᠦᠨᠳᠦᠷ ᠪᠦᠲᠦᠮᠵᠢᠲᠡᠢ᠎ᠪᠠᠷ ᠠᠱᠢᠬ᠍ᠯᠠᠬᠤ᠎ᠶ᠋ᠢ ᠠᠬᠢᠭᠤᠯᠤᠨ᠎ᠠ᠃ ᠪᠦᠬᠦ᠌ ᠤᠯᠤᠰ᠎ᠤᠨ ᠡᠨᠧᠷᠭᠢ ᠬᠡᠷᠡᠭ᠌ᠯᠡᠬᠦ᠌ ᠡᠷᠬᠡ᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠡᠷᠬᠡ᠎ᠶ᠋ᠢᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠲᠦᠷᠭᠡᠯᠡᠨ ᠪᠠᠢᠭᠤᠯᠵᠤ᠂ ᠡᠨᠧᠷᠭᠢ᠎ᠶ᠋ᠢᠨ ᠰᠤᠷᠪᠤᠯᠵᠢ᠎ᠶ᠋ᠢᠨ ᠬᠡᠷᠡᠭ᠌ᠯᠡᠭᠡᠨ᠎ᠤ ᠬᠤᠤᠰ ᠬᠢᠵᠠᠭᠠᠷᠯᠠᠯ᠎ᠤᠨ ᠲᠦᠷᠢᠮ᠎ᠢ ᠲᠡᠭᠦᠯᠳᠡᠷᠵᠢᠭᠦᠯᠦᠨ᠎ᠡ᠃ ᠨᠤᠭᠤᠭᠠᠨ ᠪᠦᠭᠡᠳ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠬᠥᠭ᠌ᠵᠢᠯᠲᠡ᠎ᠶ᠋ᠢ ᠮᠥᠩᠭᠦᠨ ᠭᠦᠢᠯᠭᠡᠭᠡ᠎ᠪᠠᠷ ᠳᠡᠮᠵᠢᠬᠦ᠌ ᠲᠤᠰᠭᠠᠶ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠪᠠᠭᠠᠰᠭᠠᠬᠤ᠎ᠶ᠋ᠢ ᠳᠡᠮᠵᠢᠬᠦ᠌ ᠪᠠᠭᠠᠵᠢ᠎ᠶ᠋ᠢ ᠲᠤᠬᠢᠷᠠᠭᠤᠯᠤᠨ᠎ᠠ᠃ ᠠᠮᠢ ᠠᠬᠤᠢ᠎ᠶ᠋ᠢᠨ ᠱᠢᠰᠲ᠋ᠧᠮ᠎ᠤᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠴᠢᠳᠠᠪᠤᠷᠢ᠎ᠶ᠋ᠢ ᠲᠡᠭᠡᠭ᠌ᠰᠢᠯᠡᠭᠦᠯᠦᠨ᠎ᠡ᠃ ᠪᠥᠮᠪᠥᠷᠴᠡᠭ ᠲᠣᠰᠭᠤᠨ᠎ᠤ ᠨᠢᠭᠡᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠳᠤᠮᠳᠠᠳᠤ ᠤᠯᠤᠰ ᠪᠣᠳᠠᠲᠤ ᠠᠵᠢᠯᠯᠠᠭ᠎ᠠ᠎ᠪᠠᠷ᠎ᠢᠶᠠᠨ ᠪᠦᠬᠦ᠌ ᠪᠥᠮᠪᠥᠷᠴᠡᠭ᠎ᠤᠨ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠬᠤ᠎ᠳᠤ ᠵᠦᠢ ᠶᠤᠰᠤᠨ᠎ᠤ ᠬᠤᠪᠢ ᠨᠡᠮᠡᠷᠢ᠎ᠪᠠᠨ ᠦᠵᠡᠭᠦᠯᠦᠨ᠎ᠠ᠃

(ᠨᠠᠢ᠍ᠮᠠ) ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠦᠨᠡᠨ ᠬᠦ᠌ ᠨᠡᠮᠡᠭ᠌ᠳᠡᠭᠦᠯᠵᠦ᠍᠂ ᠨᠡᠢᠭᠡᠮ᠎ᠤᠨ ᠪᠦᠲᠦᠭᠡᠨ ᠪᠠᠢᠭᠤᠯᠤᠯᠲᠠ᠎ᠶ᠋ᠢᠨ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠦᠨ᠎ᠡ᠃ ᠠᠷᠠᠳ᠎ᠤᠨ ᠵᠣᠪᠠᠨᠢᠯ᠎ᠢ ᠠᠷᠢᠯᠭᠠᠨ ᠠᠷᠠᠳ᠎ᠤᠨ ᠬᠦᠴᠢᠷᠳᠡᠯ᠎ᠢ ᠱᠢᠢᠳᠪᠦᠷᠢᠯᠡᠬᠦ᠌᠎ᠶ᠋ᠢ ᠴᠢᠬᠤᠯᠠᠴᠢᠯᠠᠵᠤ᠂ ᠤᠯᠠᠨ ᠲᠦᠮᠡᠨ᠎ᠤ ᠠᠩᠬᠠᠷᠴᠤ᠌ ᠪᠠᠢᠭ᠎ᠠ ᠠᠰᠠᠭᠤᠳᠠᠯ᠎ᠳᠤ ᠴᠠᠭ ᠲᠤᠬᠠᠶ᠎ᠳᠤᠨᠢ ᠬᠠᠷᠢᠭᠤᠯᠲᠠ ᠥᠭ᠌ᠴᠦ᠂ ᠠᠷᠠᠳ᠎ᠤᠨ ᠠᠮᠢᠳᠤᠷᠠᠯ᠎ᠢ ᠦᠷᠭᠦᠯᠵᠢᠯᠡᠨ ᠰᠠᠢᠵᠢᠷᠠᠭᠤᠯᠤᠨ᠎ᠠ᠃

ᠨᠡᠩ ᠲᠥᠪ ᠭᠤᠤᠯᠴᠢ ᠨᠡᠩ ᠴᠢᠨᠠᠷ ᠰᠠᠢᠲᠠᠶ ᠰᠤᠷᠭᠠᠨ ᠬᠥᠮᠦᠵᠢᠯ᠎ᠢ ᠬᠥᠭ᠌ᠵᠢᠭᠦᠯᠦᠨ᠎ᠡ᠃ ᠶᠣᠰᠣ ᠮᠤᠷᠠᠯ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠢᠬᠠᠨ ᠬᠥᠳᠡᠯᠮᠦᠷᠢ ᠵᠡᠷᠭᠡ ᠪᠦᠬᠦ᠌ ᠲᠠᠯ᠎ᠠ᠎ᠪᠠᠷ ᠬᠥᠮᠦᠵᠢᠭᠦᠯᠬᠦ᠌ ᠰᠤᠷᠭᠠᠨ ᠬᠥᠮᠦᠵᠢᠯ᠎ᠤᠨ ᠱᠢᠰᠲ᠋ᠧᠮ᠎ᠢ ᠪᠠᠢᠭᠤᠯᠤᠨ᠎ᠠ᠃ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠴᠢᠨᠠᠷ ᠰᠠᠢᠲᠠᠶ ᠪᠦᠭᠡᠳ ᠲᠡᠩᠴᠡᠭᠦᠷᠢᠲᠡᠶ ᠬᠥᠭ᠌ᠵᠢᠯᠲᠡ ᠪᠠ ᠬᠤᠲᠠ ᠬᠥᠳᠡᠭᠡ᠎ᠶ᠋ᠢᠨ ᠨᠢᠭᠡ ᠴᠣᠭ᠍ᠴᠠᠵᠢᠭᠤᠯᠤᠯᠲᠠ᠎ᠶ᠋ᠢ ᠠᠬᠢᠭᠤᠯᠤᠨ᠂ ᠬᠥᠳᠡᠭᠡ ᠲᠣᠰᠭᠤᠨ᠎ᠤ ᠰᠤᠷᠭᠠᠭᠤᠯᠢ ᠡᠷᠬᠢᠯᠡᠬᠦ᠌ ᠨᠥᠬᠦᠴᠡᠯ᠎ᠤᠨ ᠳᠤᠲᠠᠭᠤᠳᠠᠯ᠎ᠢ ᠲᠦᠷᠭᠡᠯᠡᠨ ᠨᠥᠬᠦᠪᠥᠷᠢᠯᠡᠵᠦ᠍᠂ ᠪᠠᠭ᠍ᠰᠢ᠎ᠶ᠋ᠢᠨ ᠴᠠᠯᠢᠩ᠎ᠢ ᠪᠠᠲᠤᠯᠠᠬᠤ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠬᠦᠯᠦᠨ᠂ ᠬᠥᠳᠡᠭᠡ ᠲᠣᠰᠭᠤᠨ᠎ᠤ ᠪᠠᠭ᠍ᠰᠢ᠎ᠶ᠋ᠢᠨ ᠬᠠᠷᠠᠭᠠᠯᠵᠠᠯ᠎ᠢ ᠰᠠᠢᠵᠢᠷᠠᠭᠤᠯᠤᠨ᠎ᠠ᠃ ᠰᠤᠷᠭᠠᠭᠤᠯᠢ᠎ᠳᠤ ᠤᠷᠤᠬᠤ ᠨᠠᠰᠤᠨ᠎ᠠᠴᠠ ᠡᠮᠦᠨᠡᠬᠢ ᠰᠤᠷᠭᠠᠨ ᠬᠦᠮᠦᠵᠢᠯ᠎ᠤᠨ ᠴᠡᠴᠡᠷᠯᠢᠭ᠎ᠲᠤ ᠤᠷᠤᠬᠤ ᠨᠤᠷᠮ᠎ᠠ᠎ᠶ᠋ᠢ ᠤᠯᠠᠮ ᠨᠢᠬᠡ ᠠᠯᠬᠤᠮ ᠳᠡᠬᠡᠭ᠌ᠰᠢᠯᠡᠬᠦᠯᠵᠦ᠍᠂ ᠰᠤᠷᠭᠠᠭᠤᠯᠢ᠎ᠳᠤ ᠤᠷᠤᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠤᠨ ᠲᠦᠭᠡᠮᠡᠯ ᠬᠠᠷᠠᠭᠠᠯᠵᠠᠯ᠎ᠤᠨ ᠴᠢᠨᠠᠷᠲᠠᠶ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠨᠡᠢᠭᠡᠮ᠎ᠤᠨ ᠬᠦᠴᠦᠨ᠎ᠤ ᠬᠡᠤᠬᠡᠳ᠎ᠤᠨ ᠴᠡᠴᠡᠷᠯᠢᠭ ᠡᠷᠬᠢᠯᠡᠬᠦ᠌᠎ᠶ᠋ᠢ ᠳᠡᠮᠵᠢᠨ᠎ᠡ᠃ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠱᠠᠲᠤᠨ᠎ᠤ ᠰᠤᠷᠭᠠᠭᠤᠯᠢ᠎ᠶ᠋ᠢᠨ ᠣᠯᠠᠨ ᠶᠠᠩᠵᠤᠴᠢᠯᠠᠭ᠍ᠰᠠᠨ ᠬᠥᠭ᠌ᠵᠢᠯᠲᠡ᠎ᠶ᠋ᠢ ᠵᠣᠷᠢᠬ᠍ᠵᠢᠭᠤᠯᠵᠤ᠂ ᠱᠢᠶᠠᠨ᠎ᠤ ᠪᠦᠰᠡ᠎ᠶ᠋ᠢᠨ ᠦᠨᠳᠦᠷ ᠵᠡᠷᠭᠡ᠎ᠶ᠋ᠢᠨ ᠲᠤᠮᠳᠠᠳᠤ ᠰᠤᠷᠭᠠᠭᠤᠯᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠠᠵᠢᠯ ᠮᠡᠷᠭᠡᠵᠢᠯ᠎ᠤᠨ ᠰᠤᠷᠭᠠᠨ ᠬᠥᠮᠦᠵᠢᠯ᠎ᠤᠨ ᠵᠣᠬᠢᠴᠠᠬᠤ ᠴᠢᠨᠠᠷ᠎ᠢ ᠴᠢᠩᠭᠠᠳᠭᠠᠵᠤ᠂ ᠦᠢᠯᠡᠳᠪᠤᠷᠢᠯᠡᠯ ᠪᠠ ᠵᠢᠭᠠᠨ ᠰᠤᠷᠭᠠᠯᠲᠠ᠎ᠶ᠋ᠢᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠢᠯᠠᠯ᠎ᠤᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠵᠡᠷᠭᠡ ᠳᠡᠰ᠎ᠤᠨ ᠦᠨᠡᠮᠯᠡᠯ᠎ᠤᠨ ᠲᠦᠷᠢᠮ᠎ᠢ ᠭᠦᠨᠵᠡᠭᠡᠶ ᠬᠡᠷᠡᠭ᠌ᠵᠢᠭᠦᠯᠦᠨ᠎ᠡ᠃ ᠤᠨᠴᠠᠭᠠᠢ ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ ᠬᠥᠮᠦᠵᠢᠯ᠎ᠢ ᠰᠠᠢᠲᠤᠷ ᠡᠷᠬᠢᠯᠡᠵᠦ᠍᠂ ᠠᠷᠠᠳ᠎ᠠᠴᠠ ᠡᠷᠬᠢᠯᠡᠭ᠌ᠰᠡᠨ ᠰᠤᠷᠭᠠᠨ ᠬᠥᠮᠦᠵᠢᠯ᠎ᠤᠨ ᠬᠥᠭ᠌ᠵᠢᠯᠲᠡ᠎ᠶ᠋ᠢ ᠳᠡᠮᠵᠢᠨ ᠵᠢᠷᠤᠮᠵᠢᠭᠤᠯᠤᠨ᠎ᠠ᠃ ᠲᠡᠷᠢᠭᠦᠨ ᠵᠡᠷᠭᠡ᠎ᠶ᠋ᠢᠨ ᠶᠡᠭᠡ ᠰᠤᠷᠭᠠᠭᠤᠯᠢ ᠪᠠ ᠲᠡᠷᠢᠭᠦᠨ ᠵᠡᠷᠭᠡ᠎ᠶ᠋ᠢᠨ ᠱᠢᠨᠵᠢᠯᠡᠭᠡᠨ᠎ᠤ ᠰᠠᠯᠠᠭ᠎ᠠ᠎ᠶ᠋ᠢ ᠲᠦᠷᠦᠯ ᠬᠤᠪᠢᠶᠠᠨ ᠪᠠᠢᠭᠤᠯᠵᠤ᠂ ᠱᠢᠨᠵᠢᠯᠡᠭᠡᠨ᠎ᠤ ᠰᠠᠯᠠᠭ᠎ᠠ ᠲᠤᠰᠭᠠᠶ ᠮᠡᠷᠭᠡᠵᠢᠯ᠎ᠤᠨ ᠪᠦᠲᠦᠴᠡ᠎ᠶ᠋ᠢ ᠲᠦᠷᠭᠡᠯᠡᠨ ᠱᠢᠯᠢᠳᠡᠭ᠌ᠵᠢᠭᠦᠯᠵᠦ᠍᠂ ᠰᠠᠭᠤᠷᠢ ᠱᠢᠨᠵᠢᠯᠡᠭᠡᠨ᠎ᠤ ᠰᠠᠯᠠᠭ᠎ᠠ ᠪᠠ ᠬᠤᠱᠢᠭᠤᠴᠢ ᠱᠢᠨᠵᠢᠯᠡᠭᠡᠨ᠎ᠤ ᠰᠠᠯᠠᠭ᠎ᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠱᠢᠨ᠎ᠡ᠎ᠪᠠᠷ ᠮᠠᠨᠳᠤᠬ᠍ᠰᠠᠨ ᠰᠤᠯᠪᠢᠴᠠᠬ᠍ᠰᠠᠨ ᠱᠢᠨᠵᠢᠯᠡᠭᠡᠨ᠎ᠤ ᠰᠠᠯᠠᠭ᠎ᠠ᠎ᠶ᠋ᠢᠨ ᠬᠦᠭ᠌ᠵᠢᠯᠲᠡ᠎ᠶ᠋ᠢ ᠠᠬᠢᠭᠤᠯᠤᠨ᠎ᠠ᠃ ᠲᠤᠮᠳᠠ ᠪᠠᠷᠠᠭᠤᠨ ᠬᠡᠰᠡᠭ ᠤᠷᠤᠨ᠎ᠤ ᠶᠡᠭᠡ ᠲᠡᠭᠡᠳᠦ ᠰᠤᠷᠭᠠᠭᠤᠯᠢ᠎ᠶ᠋ᠢᠨ ᠰᠤᠷᠭᠠᠨ ᠬᠦᠮᠦᠵᠢᠯ᠎ᠤᠨ ᠬᠦᠭ᠌ᠵᠢᠯᠲᠡ᠎ᠶ᠋ᠢ ᠲᠡᠮᠵᠢᠨ᠎ᠡ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ᠌ ᠡᠷᠴᠢᠮ᠎ᠢ ᠴᠢᠩᠭᠠᠷᠠᠭᠤᠯᠤᠨ᠎ᠠ᠃ ᠰᠦᠯᠵᠢᠶᠡᠨ ᠲᠡᠭᠡᠷᠡᠬᠢ ᠰᠤᠷᠭᠠᠨ ᠬᠦᠮᠦᠵᠢᠯ᠎ᠤᠨ ᠲᠠᠪᠠᠭᠤᠯᠢᠬ᠎ᠢ ᠪᠠᠳᠠᠷᠠᠭᠤᠯᠵᠤ᠂ ᠨᠠᠰᠤᠨ ᠲᠤᠷᠱᠢᠲᠠ ᠰᠤᠷᠤᠯᠴᠠᠬᠤ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠪᠦᠬᠦ᠌ ᠨᠡᠢᠭᠡᠮ᠎ᠢᠶᠠᠷ᠎ᠢᠶᠠᠨ ᠪᠠᠭ᠍ᠰᠢ᠎ᠶ᠋ᠢ ᠬᠦᠨᠳᠦᠳᠭᠡᠬᠦ᠂ ᠰᠤᠷᠭᠠᠨ ᠬᠦᠮᠦᠵᠢᠯ᠎ᠢ ᠬᠦᠨᠳᠦᠳᠭᠡᠬᠦ᠌᠎ᠶ᠋ᠢ ᠰᠠᠨᠠᠭᠠᠴᠢᠯᠠᠨ᠎ᠠ᠃ ᠰᠤᠷᠭᠠᠨ ᠬᠥᠮᠦᠵᠢᠯ᠎ᠤᠨ ᠦᠨᠡᠯᠡᠯᠲᠡ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠰᠤᠷᠭᠠᠭᠤᠯᠢ ᠭᠡᠷ ᠪᠦᠯᠢ ᠨᠡᠢᠭᠡᠮ ᠬᠠᠮᠵᠢᠯᠴᠠᠨ ᠬᠥᠮᠦᠨ ᠬᠥᠮᠦᠵᠢᠭᠦᠯᠬᠦ᠌ ᠲᠣᠭ᠍ᠲᠠᠴᠠ᠎ᠶ᠋ᠢ ᠪᠦᠷᠢᠨᠱᠢᠭᠦᠯᠵᠦ᠍᠂ ᠰᠤᠷᠭᠠᠭᠤᠯᠢ᠎ᠶ᠋ᠢᠨ ᠭᠠᠳᠠᠨᠠᠬᠢ ᠪᠤᠯᠪᠠᠰᠤᠷᠠᠯ᠎ᠢ ᠵᠢᠷᠦᠮᠵᠢᠭᠤᠯᠤᠨ᠎ᠠ᠃ ᠪᠠᠭ᠍ᠰᠢ᠎ᠶ᠋ᠢᠨ ᠶᠤᠰᠤ ᠰᠤᠷᠳᠠᠬᠤᠨ ᠪᠠᠭ᠍ᠰᠢ᠎ᠶ᠋ᠢᠨ ᠬᠡᠪ ᠰᠤᠷᠳᠠᠯ᠎ᠤᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠰᠤᠷᠭᠠᠨ ᠬᠥᠮᠦᠵᠢᠯ᠎ᠢ ᠭᠤᠤᠯᠴᠢ ᠳᠡᠭ᠌ᠰᠢ ᠪᠠᠢᠯᠭᠠᠬᠤ ᠲᠠᠯ᠎ᠠ᠎ᠪᠠᠷ ᠨᠠᠩ ᠶᠡᠭᠡ ᠠᠯᠬᠤᠮ᠎ᠢ ᠠᠯᠬᠤᠵᠤ᠂ ᠬᠤᠲᠠ ᠣᠷᠣᠵᠤ ᠠᠵᠢᠯ ᠬᠦᠳᠡᠯᠮᠦᠷᠢ ᠬᠢᠭ᠌ᠰᠡᠳ᠎ᠤᠨ ᠦᠷ᠎ᠡ ᠬᠡᠤᠬᠡᠳ᠎ᠤᠨ ᠰᠤᠷᠭᠠᠭᠤᠯᠢ᠎ᠳᠤ ᠣᠷᠣᠬᠤ ᠠᠰᠠᠭᠤᠳᠠᠯ᠎ᠢ ᠨᠡᠩ ᠰᠠᠢᠨ ᠱᠢᠢᠳᠪᠦᠷᠢᠯᠡᠵᠦ᠍᠂ ᠶᠡᠭᠡ ᠳᠡᠭᠡᠳᠦ ᠰᠤᠷᠭᠠᠭᠤᠯᠢ᠎ᠳᠤ ᠰᠤᠷᠤᠭ᠍ᠴᠢ ᠡᠯᠰᠡᠬᠦ᠌᠎ᠳᠤ ᠳᠤᠮᠳᠠ ᠭᠡᠰᠡᠭ ᠪᠠᠷᠠᠭᠤᠨ ᠭᠡᠰᠡᠭ᠎ᠤᠨ ᠭᠠᠵᠠᠷ ᠣᠷᠣᠨ ᠪᠣᠯᠤᠨ ᠬᠥᠳᠡᠭᠡ ᠲᠣᠰᠭᠤᠨ᠎ᠤ ᠭᠠᠵᠠᠷ ᠣᠷᠣᠨ ᠲᠡᠰᠢ ᠬᠡᠯᠪᠠᠢᠯᠭᠡᠬᠦ᠌ ᠡᠷᠴᠢᠮ᠎ᠢ ᠦᠷᠭᠦᠯᠵᠢᠯᠡᠨ ᠴᠢᠩᠭᠠᠷᠠᠭᠤᠯᠵᠤ᠂ ᠴᠢᠷᠮᠡᠢᠵᠤ ᠪᠠᠢᠭᠠᠳ ᠥᠷᠭᠡᠨ ᠤᠯᠠᠨ ᠰᠤᠷᠤᠭ᠍ᠴᠢᠳ᠎ᠢ ᠡᠷᠡᠭᠦᠯ ᠪᠥᠭᠡᠳ ᠪᠠᠶᠠᠷ ᠬᠦᠷ᠎ᠲᠠᠢ ᠥᠰᠴᠤ᠌ ᠪᠤᠢᠵᠢᠬᠤ ᠪᠤᠯᠭᠠᠵᠤ᠂ ᠬᠡᠦᠬᠡᠳ ᠨᠢᠬᠡᠪᠦᠷᠢ᠎ᠶ᠋ᠢ ᠴᠦᠮ ᠠᠮᠢᠳᠤᠷᠠᠯ᠎ᠤᠨ ᠬᠡᠷᠡᠯ ᠬᠢᠯᠪᠠᠭ᠎ᠠ᠎ᠪᠠᠨ ᠰᠠᠴᠤᠷᠠᠭᠤᠯᠬᠤ ᠳᠤᠬᠢᠶᠠᠯ᠎ᠲᠠᠢ ᠪᠤᠯᠭᠠᠨ᠎ᠠ᠃

ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢ ᠠᠬᠢᠭᠤᠯᠤᠨ᠎ᠠ᠃ ᠰᠡᠷᠬᠡᠢᠯᠡᠬᠦ᠌᠎ᠪᠠᠷ ᠭᠤᠤᠯ ᠪᠤᠯᠭᠠᠬᠤ᠎ᠶ᠋ᠢ ᠪᠠᠷᠢᠮᠲᠠᠯᠠᠵᠦ᠍᠂ ᠡᠷᠡᠭᠦᠯ ᠡᠩᠬᠡ ᠳᠤᠮᠳᠠᠳᠤ ᠤᠯᠤᠰ᠎ᠤᠨ ᠠᠵᠢᠯᠯᠠᠭ᠎ᠠ᠎ᠶ᠋ᠢ ᠦᠷᠭᠦᠯᠵᠢᠯᠡᠨ ᠠᠬᠢᠭᠤᠯᠵᠤ᠂ ᠡᠭᠡ ᠤᠷᠤᠨᠴᠢ ᠡᠷᠡᠭᠦᠯ ᠬᠠᠮᠠᠭᠠᠯᠠᠯ᠎ᠤᠨ ᠬᠥᠳᠡᠯᠭᠡᠭᠡᠨ᠎ᠢ ᠭᠦᠨᠵᠡᠭᠡᠶ ᠥᠷᠨᠢᠭᠦᠯᠤᠨ᠂ ᠡᠪᠡᠳᠴᠢᠨ ᠡᠮᠭᠡᠭ᠎ᠢ ᠰᠡᠷᠭᠡᠢᠯᠡᠨ ᠬᠢᠵᠠᠭᠠᠷᠯᠠᠬᠤ ᠱᠢᠰᠲ᠋ᠧᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠦᠨᠳᠦᠰᠦᠨ ᠱᠠᠲᠤᠨ᠎ᠤ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠱᠢᠰᠲ᠋ᠧᠮ᠎ᠢ ᠴᠢᠩᠭᠠᠳᠭᠠᠨ᠂ ᠡᠮᠨᠡᠯᠭᠡ᠎ᠶ᠋ᠢᠨ ᠬᠤᠷᠢᠶ᠎ᠠ ᠪᠠ ᠡᠪᠡᠳᠴᠢᠨ ᠡᠮᠭᠡᠭ᠎ᠢ ᠰᠡᠷᠭᠡᠢᠯᠡᠨ ᠬᠢᠵᠠᠭᠠᠷᠯᠠᠬᠤ ᠪᠠᠢᠭᠤᠯᠤᠮᠵᠢ᠎ᠶ᠋ᠢᠨ ᠬᠠᠮᠵᠢᠯᠴᠠᠭᠠᠨ᠎ᠤ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠴᠦ᠍᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠪᠠᠴᠢᠮ ᠪᠠᠢᠳᠠᠯ᠎ᠢ ᠠᠷᠭᠠᠴᠠᠨ ᠱᠢᠢᠳᠪᠦᠷᠢᠯᠡᠬᠦ᠌ ᠪᠠ ᠡᠳ᠋ ᠪᠤᠳᠠᠰ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠭᠦᠯᠵᠦ᠍᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠦᠢᠯᠡᠰ᠎ᠤᠨ ᠣᠷᠣᠭᠤᠯᠤᠯᠲᠠ᠎ᠶ᠋ᠢᠨ ᠲᠣᠭ᠍ᠲᠠᠪᠤᠷᠢᠲᠠᠢ ᠲᠣᠭ᠍ᠲᠠᠴᠠ᠎ᠶ᠋ᠢ ᠪᠠᠢᠭᠤᠯᠤᠨ᠎ᠠ᠃ ᠤᠶᠤᠨ᠎ᠤ ᠡᠷᠡᠭᠦᠯ ᠬᠠᠮᠠᠭᠠᠯᠠᠯ ᠪᠤᠯᠤᠨ ᠰᠡᠳᠭᠢᠴᠡ᠎ᠶ᠋ᠢᠨ ᠡᠷᠡᠭᠦᠯ ᠮᠠᠨᠲᠦ᠎ᠶ᠋ᠢᠨ ᠦᠢᠯᠡᠴᠢᠯᠡᠭᠡ᠎ᠶ᠋ᠢ ᠴᠢᠩᠭᠠᠳᠭᠠᠨ᠎ᠠ᠃ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶᠠᠨ᠎ᠤ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠤᠯᠤᠰ᠎ᠤᠨ ᠠᠨᠠᠭᠠᠬᠤ ᠤᠬᠠᠭᠠᠨ᠎ᠤ ᠲᠥᠪ ᠪᠤᠯᠤᠨ ᠣᠷᠣᠨ ᠪᠦᠰᠡ᠎ᠶ᠋ᠢᠨ ᠡᠮᠨᠡᠯᠭᠡ᠎ᠶ᠋ᠢᠨ ᠲᠥᠪ᠎ᠤᠨ ᠪᠦᠲᠦᠭᠡᠨ ᠪᠠᠢᠭᠤᠯᠤᠯᠲᠠ᠎ᠶ᠋ᠢᠨ ᠲᠤᠷᠱᠢᠯᠲᠠ᠎ᠶ᠋ᠢ ᠥᠷᠭᠡᠳᠭᠡᠵᠦ᠍᠂ ᠶᠡᠷᠦᠩᠬᠡᠶ ᠰᠠᠯᠠᠭᠠᠨ᠎ᠤ ᠡᠮᠴᠢ ᠪᠠ ᠬᠥᠳᠡᠭᠡ ᠲᠣᠰᠭᠤᠨ᠎ᠤ ᠡᠮᠴᠢ᠎ᠶ᠋ᠢᠨ ᠡᠩᠨᠡᠭᠡᠨ᠎ᠤ ᠪᠠᠢᠭᠤᠯᠤᠯᠲᠠ᠎ᠶ᠋ᠢ ᠴᠢᠩᠭᠠᠳᠭᠠᠵᠦ᠍᠂ ᠱᠢᠶᠠᠨ᠎ᠤ ᠱᠠᠲᠤᠨ᠎ᠤ ᠡᠮᠨᠡᠯᠭᠡ᠎ᠶ᠋ᠢᠨ ᠦᠢᠯᠡᠴᠢᠯᠡᠭᠡᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠱᠠᠳᠤ ᠬᠤᠪᠢᠶᠠᠨ ᠣᠨᠣᠱᠢᠯᠠᠨ ᠡᠮᠨᠡᠬᠦ᠌ ᠱᠢᠰᠲ᠋ᠧᠮ᠎ᠢ ᠲᠦᠷᠭᠡᠯᠡᠨ ᠪᠠᠢᠭᠤᠯᠤᠨ᠎ᠠ᠃ ᠬᠢᠲᠠᠳ ᠡᠮᠨᠡᠯᠭᠡ ᠪᠡ ᠧᠦ᠋ᠷᠣᠫᠠ ᠡᠮᠨᠡᠯᠭᠡ᠎ᠶ᠋ᠢ ᠵᠡᠷᠭᠡ᠎ᠪᠠᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠬᠢᠲᠠᠳ ᠡᠮ ᠡᠮᠨᠡᠯᠭᠡ᠎ᠶ᠋ᠢ ᠬᠥᠭ᠌ᠵᠢᠭᠦᠯᠦᠨ ᠮᠠᠨᠳᠤᠭᠤᠯᠬᠤ ᠴᠢᠬᠤᠯᠠ ᠶᠡᠭᠡ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠨᠡᠢᠭᠡᠮ᠎ᠤᠨ ᠬᠦᠴᠦᠨ᠎ᠤ ᠡᠮᠨᠡᠯᠭᠡ ᠡᠷᠬᠢᠯᠡᠬᠦ᠌᠎ᠶ᠋ᠢ ᠳᠠᠮᠵᠢᠵᠤ᠂ 《ᠢᠨᠲ᠋ᠧᠷ ᠰᠦᠯᠵᠢᠶ᠎ᠡ + ᠡᠮᠨᠡᠯᠭᠡ ᠡᠷᠡᠭᠦᠯ ᠮᠡᠨᠳᠦ》 ᠎ᠶ᠋ᠢᠨ ᠵᠢᠷᠦᠮᠵᠢᠬ᠍ᠰᠠᠨ ᠬᠥᠭ᠌ᠵᠢᠯᠲᠡ᠎ᠶ᠋ᠢ ᠠᠬᠢᠭᠤᠯᠤᠨ᠎ᠠ᠃ ᠢᠳᠡᠭᠡᠨ᠎ᠤ ᠵᠦᠢᠯ ᠡᠮ᠎ᠤᠨ ᠵᠦᠢᠯ ᠸᠠᠺᠼᠢᠨ᠎ᠤ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠤᠷᠢᠳᠴᠢᠯᠠᠨ ᠪᠣᠯᠵᠣᠵᠤ ᠣᠨᠣᠱᠢᠯᠠᠨ ᠡᠮᠨᠡᠬᠦ᠌ ᠵᠡᠷᠭᠡ ᠠᠷᠠᠳ᠎ᠲᠤ ᠳᠥᠭᠦᠮ ᠦᠵᠡᠭᠦᠯᠬᠦ᠌ ᠠᠷᠭ᠎ᠠ ᠬᠡᠮᠵᠢᠶ᠎ᠡ᠎ᠶ᠋ᠢ ᠱᠢᠯᠢᠳᠡᠭ᠌ᠵᠢᠭᠦᠯᠵᠦ᠍᠂ ᠬᠦᠨᠳᠦ ᠡᠪᠡᠳᠴᠢᠨ᠂ ᠲᠦᠷᠬᠡᠨ ᠡᠪᠡᠳᠴᠢᠨ ᠪᠠ ᠲᠦᠪᠡᠭ᠌ᠳᠡᠢ ᠡᠪᠡᠳᠴᠢᠨ᠎ᠲᠠᠢ ᠡᠪᠡᠳᠴᠢᠲᠡᠨ᠎ᠢ ᠡᠷᠳᠡᠭᠡᠨ ᠡᠮᠨᠡᠨ ᠵᠠᠰᠠᠬᠤ᠎ᠪᠠᠷ ᠴᠢᠷᠮᠠᠢᠨ᠎ᠠ᠃ ᠰᠠᠭᠤᠭᠠᠯᠢ ᠠᠷᠠᠳ᠎ᠤᠨ ᠡᠮᠨᠡᠯᠭᠡ᠎ᠶ᠋ᠢᠨ ᠲᠠᠭᠠᠳᠭᠠᠯ ᠪᠠ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠦᠨᠳᠦᠰᠦᠨ ᠦᠢᠯᠡᠴᠢᠯᠡᠭᠡᠨ᠎ᠤ ᠵᠠᠷᠤᠲᠠᠯ᠎ᠤᠨ ᠬᠦᠮᠦᠨ ᠲᠤᠮᠳᠠᠴᠢ᠎ᠶ᠋ᠢᠨ ᠡᠳ᠋᠎ᠤᠨ ᠵᠠᠰᠠᠬ᠎ᠤᠨ ᠨᠦᠬᠦᠪᠦᠷᠢ᠎ᠶ᠋ᠢᠨ ᠪᠠᠷᠢᠮᠵᠢᠶ᠎ᠠ᠎ᠶ᠋ᠢ ᠲᠤᠰ ᠲᠤᠰ ᠳᠠᠬᠢᠨ 30 ᠲᠥᠭᠦᠷᠢᠭ ᠪᠠ 5 ᠲᠥᠭᠦᠷᠢᠭ ᠨᠡᠮᠡᠭ᠌ᠳᠡᠭᠦᠯᠵᠦ᠍᠂ ᠦᠨᠳᠦᠰᠦᠨ ᠡᠮᠨᠡᠯᠭᠡ᠎ᠶ᠋ᠢᠨ ᠳᠠᠭᠠᠳᠭᠠᠯ᠎ᠢ ᠮᠤᠵᠢ᠎ᠶ᠋ᠢᠨ ᠱᠠᠲᠤᠨ᠎ᠳᠤ ᠨᠢᠭᠡᠳᠦᠯᠲᠡᠶ ᠲᠥᠯᠥᠪᠯᠡᠬᠦ᠂ ᠡᠭᠦᠳᠡᠨ ᠡᠮᠨᠡᠯᠭᠡ᠎ᠶ᠋ᠢᠨ ᠵᠠᠷᠤᠳᠠᠯ᠎ᠢ ᠮᠤᠵᠢ ᠠᠯᠤᠰᠯᠠᠨ ᠱᠢᠭᠤᠳ ᠳ᠋ᠦᠩᠨᠡᠨ ᠪᠤᠳᠤᠬᠤ ᠠᠵᠢᠯ᠎ᠢ ᠠᠬᠢᠭᠤᠯᠤᠨ᠎ᠠ᠃ ᠡᠭᠦᠳᠡᠨ ᠡᠮᠨᠡᠯᠭᠡ᠎ᠶ᠋ᠢᠨ ᠬᠠᠮᠲᠤ᠎ᠪᠠᠷ ᠲᠡᠳᠬᠦᠬᠦ᠌ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠡᠭᠦᠳᠡᠨ ᠡᠮᠨᠡᠯᠭᠡ᠎ᠶ᠋ᠢᠨ ᠵᠠᠷᠤᠳᠠᠯ᠎ᠢ ᠨᠢᠭᠡᠳᠦᠯᠲᠡᠶ ᠲᠥᠯᠥᠪᠯᠡᠬᠦ᠌ ᠰᠠᠭᠤᠷᠢ ᠮᠥᠩᠭᠦᠨ᠎ᠤ ᠳᠠᠩᠰᠠ ᠲᠠᠢᠯᠬᠤ ᠭᠡᠪᠴᠢᠶᠠᠨ᠎ᠳᠤ ᠠᠯᠬᠤᠮ ᠠᠯᠬᠤᠮ᠎ᠢᠶᠠᠷ ᠣᠷᠣᠭᠤᠯᠵᠤ᠂ ᠳᠤᠲᠠᠭ᠍ᠳᠠᠵᠤ ᠪᠠᠢᠭ᠎ᠠ ᠡᠮ᠎ᠤᠨ ᠵᠦᠢᠯ᠎ᠤᠨ ᠬᠠᠩᠭᠠᠯᠭ᠎ᠠ᠎ᠶ᠋ᠢ ᠪᠠᠲᠤᠯᠠᠵᠤ ᠦᠨ᠎ᠡ᠎ᠶ᠋ᠢ ᠲᠣᠭ᠍ᠲᠠᠭᠤᠨ ᠪᠠᠢᠯᠭᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠨᠠᠩ ᠣᠯᠠᠨ ᠤᠵᠢᠭ ᠡᠪᠡᠳᠴᠢᠨ᠂ ᠪᠠᠢᠩᠭᠤ ᠲᠣᠬᠢᠶᠠᠯᠳᠤᠳᠠᠭ ᠡᠪᠡᠳᠴᠢᠨ᠎ᠤ ᠡᠮ᠎ᠤᠨ ᠵᠦᠢᠯ ᠪᠠ ᠡᠮᠴᠢᠯᠡᠭᠡᠨ᠎ᠳᠤ ᠭᠡᠷᠡᠭ᠌ᠯᠡᠭᠦ᠌ ᠥᠨᠳᠥᠷ ᠥᠷᠲᠡᠭ᠎ᠲᠠᠢ ᠬᠤᠷᠤᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶᠠᠵᠢᠭᠦᠯᠵᠦ᠍ ᠬᠤᠳᠠᠯᠳᠤᠨ ᠠᠪᠬᠤ ᠵᠡᠷᠭᠡ ᠠᠷᠭ᠎ᠠ ᠬᠡᠮᠵᠢᠶ᠎ᠡ᠎ᠶ᠋ᠢ ᠠᠪᠴᠤ᠌᠂ ᠡᠪᠡᠳᠴᠢᠲᠡᠨ᠎ᠤ ᠡᠮ ᠡᠮᠨᠡᠯᠭᠡ᠎ᠶ᠋ᠢᠨ ᠳᠠᠷᠤᠭᠠᠰᠤ᠎ᠶ᠋ᠢ ᠤᠯᠠᠮ ᠴᠢᠨᠠᠭ᠍ᠰᠢᠳᠠ ᠮᠡᠳᠡᠭ᠌ᠳᠡᠬᠦ᠋ᠢᠴᠡ ᠬᠦᠡᠭ᠌ᠭᠡᠷᠡᠭᠦᠯᠦᠨ᠎ᠡ᠃

ᠤᠯᠠᠨ ᠲᠦᠮᠡᠨ᠎ᠤ ᠣᠷᠣᠨ ᠰᠠᠭᠤᠴᠠ᠎ᠶ᠋ᠢᠨ ᠬᠡᠷᠡᠭ᠌ᠴᠡᠭᠡ᠎ᠶ᠋ᠢ ᠰᠠᠢᠲᠤᠷ ᠪᠠᠲᠤᠯᠠᠨ᠎ᠠ᠃ ᠭᠡᠷ ᠪᠠᠢᠱᠢᠩ᠎ᠢ ᠪᠣᠯ ᠰᠠᠭᠤᠬᠤ᠎ᠶ᠋ᠢᠨ ᠲᠥᠯᠥᠭᠡ ᠪᠠᠷᠢᠭ᠍ᠰᠠᠨ᠎ᠠᠴᠠ ᠪᠢᠰᠢ ᠰᠠᠷᠢᠭᠠᠯᠠᠬᠤ᠎ᠶ᠋ᠢᠨ ᠲᠥᠯᠥᠭᠡ ᠪᠠᠷᠢᠭ᠍ᠰᠠᠨ ᠪᠢᠰᠢ ᠭᠡᠭᠦ᠌ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠭᠠᠵᠠᠷ ᠱᠢᠷᠦᠢ᠎ᠶ᠋ᠢᠨ ᠦᠨ᠎ᠡ᠂ ᠭᠡᠷ ᠪᠠᠢᠱᠢᠩ᠎ᠤᠨ ᠦᠨ᠎ᠡ ᠪᠠ ᠵᠢᠱ᠌ᠢᠯᠳᠡ᠎ᠶ᠋ᠢ ᠲᠤᠬ᠍ᠳᠠᠭᠤᠨ ᠪᠠᠢᠯᠭᠠᠨ᠎ᠠ᠃ ᠶᠡᠭᠡ ᠬᠤᠲᠠ᠎ᠶ᠋ᠢᠨ ᠣᠷᠣᠨ ᠰᠠᠭᠤᠴᠠ᠎ᠶ᠋ᠢᠨ ᠲᠣᠪᠤᠢᠮ᠎ᠠ ᠠᠰᠠᠭᠤᠳᠠᠯ᠎ᠢ ᠰᠠᠢᠲᠤᠷ ᠱᠢᠢᠳᠪᠦᠷᠢᠯᠡᠵᠦ᠍᠂ ᠭᠠᠵᠠᠷ ᠱᠢᠷᠣᠶ᠎ᠶ᠋ᠢᠨ ᠬᠠᠨᠭ᠌ᠭᠠᠯᠭ᠎ᠠ᠎ᠶ᠋ᠢ ᠨᠡᠮᠡᠭ᠌ᠳᠡᠭᠦᠯᠬᠦ᠂ ᠲᠤᠰᠭᠠᠶ ᠪᠡᠯᠡ ᠮᠥᠩᠭᠦ᠌ ᠲᠣᠬᠢᠷᠠᠭᠤᠯᠬᠤ᠂ ᠲᠥᠪᠯᠡᠷᠡᠭᠦᠯᠦᠨ ᠪᠦᠲᠦᠭᠡᠨ ᠪᠠᠢᠭᠤᠯᠬᠤ ᠵᠡᠷᠭᠡ ᠠᠷᠭ᠎ᠠ᠎ᠪᠠᠷ ᠪᠠᠲᠤᠯᠠᠭ᠎ᠠ᠎ᠶ᠋ᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠪᠣᠯᠤᠨ ᠬᠠᠮᠲᠤ᠎ᠪᠠᠷ ᠦᠮᠴᠢᠯᠡᠭᠦ᠌ ᠦᠮᠴᠢᠯᠡᠯ᠎ᠤᠨ ᠡᠷᠬᠡ᠎ᠲᠠᠢ ᠣᠷᠣᠨ ᠰᠠᠭᠤᠴᠠ᠎ᠶ᠋ᠢᠨ ᠬᠠᠩᠭᠠᠯᠭ᠎ᠠ᠎ᠶ᠋ᠢ ᠦᠨᠡᠨ ᠬᠦ᠌ ᠨᠡᠮᠡᠭ᠌ᠳᠡᠭᠦᠯᠵᠦ᠍᠂ ᠤᠷᠲᠤ ᠬᠤᠭᠤᠴᠠᠭᠠᠨ᠎ᠤ ᠲᠦᠷᠢᠶᠡᠰᠦᠨ ᠤᠷᠤᠨ ᠰᠠᠭᠤᠴᠠ᠎ᠶ᠋ᠢᠨ ᠵᠠᠬ᠎ᠠ ᠳᠡᠯᠭᠡᠭᠦᠷ᠎ᠢ ᠵᠢᠷᠤᠮᠵᠢᠭᠤᠯᠤᠨ ᠬᠥᠭ᠌ᠵᠢᠭᠦᠯᠵᠦ᠍᠂ ᠲᠦᠷᠢᠶᠡᠰᠦᠨ ᠣᠷᠣᠨ ᠰᠠᠭᠤᠴᠠ᠎ᠶ᠋ᠢᠨ ᠭᠠᠢᠯᠢ ᠰᠦᠢᠳᠭᠡᠯ᠎ᠤᠨ ᠳᠠᠷᠤᠭᠠᠰᠤ᠎ᠶ᠋ᠢ ᠬᠥᠩᠭᠡᠷᠡᠭᠦᠯᠵᠦ᠍᠂ ᠬᠠᠮᠤᠭ᠎ᠤᠨ ᠶᠡᠭᠡ ᠴᠢᠷᠮᠠᠢᠯᠭ᠎ᠠ ᠭᠠᠷᠭᠠᠵᠤ ᠪᠠᠢᠭᠠᠳ ᠱᠢᠨ᠎ᠡ ᠬᠤᠲᠠ᠎ᠶ᠋ᠢᠨ ᠠᠷᠠᠳ᠎ᠤᠳ᠂ ᠵᠠᠯᠠᠭᠤᠴᠤᠳ᠎ᠢ ᠬᠠᠪᠰᠤᠷᠤᠨ ᠣᠷᠣᠨ ᠰᠠᠭᠤᠴᠠ᠎ᠶ᠋ᠢᠨ ᠬᠦᠴᠢᠷᠳᠡᠯ᠎ᠢ᠎ᠨᠢ ᠨᠠᠮᠳᠠᠭᠤᠯᠤᠨ᠎ᠠ᠃

ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ᠎ᠶ᠋ᠢ ᠴᠢᠩᠭᠠᠳᠭᠠᠨ᠎ᠠ᠃ ᠠᠵᠢᠯ᠎ᠠᠴᠠ᠎ᠪᠠᠨ ᠪᠠᠭᠤᠵᠤ ᠠᠮᠠᠷᠠᠭ᠍ᠰᠠᠳ᠎ᠤᠨ ᠨᠠᠰᠤᠵᠢᠯ᠎ᠤᠨ ᠦᠨᠳᠦᠰᠦᠨ ᠠᠰᠠᠷᠠᠮᠵᠢ᠎ᠶ᠋ᠢᠨ ᠮᠥᠩᠭᠦ᠌᠂ ᠠᠰᠠᠷᠠᠨ ᠬᠠᠷᠠᠭᠠᠯᠵᠠᠭ᠍ᠳᠠᠬᠤ ᠡᠲᠡᠭᠡᠳ᠎ᠤᠨ ᠠᠰᠠᠷᠠᠮᠵᠢ ᠪᠠ ᠠᠮᠢᠳᠤᠷᠠᠯ᠎ᠤᠨ ᠨᠥᠬᠦᠪᠥᠷᠢ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠨ᠎ᠡ᠃ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠢ ᠪᠦᠬᠦ᠌ ᠤᠯᠤᠰ᠎ᠲᠤ ᠨᠢᠭᠡᠳᠦᠯᠲᠡᠶ ᠲᠥᠯᠥᠪᠯᠡᠬᠦ᠌᠎ᠶ᠋ᠢ ᠠᠬᠢᠭᠤᠯᠵᠤ᠂ ᠨᠠᠰᠤᠵᠢᠯ᠎ᠤᠨ ᠠᠰᠠᠷᠠᠮᠵᠢ᠎ᠶ᠋ᠢᠨ ᠭᠤᠷᠪᠠᠳᠤᠭᠠᠷ ᠲᠤᠯᠭᠠᠭᠤᠷᠢᠯᠡᠯ ᠳᠠᠭᠠᠳᠭᠠᠯ᠎ᠢ ᠵᠢᠷᠤᠮᠵᠢᠭᠤᠯᠤᠨ ᠬᠥᠭ᠌ᠵᠢᠭᠦᠯᠦᠨ᠎ᠡ᠃ ᠪᠦᠬᠦ᠌ ᠤᠯᠤᠰ᠎ᠤᠨ ᠨᠢᠭᠡᠳᠦᠯᠲᠡᠶ ᠨᠡᠢᠭᠡᠮ᠎ᠤᠨ ᠳᠠᠭᠠᠳᠭᠠᠯ᠎ᠤᠨ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠲᠠᠪᠴᠠᠩ᠎ᠢ ᠲᠡᠭᠦᠯᠳᠡᠷᠵᠢᠭᠦᠯᠦᠨ᠎ᠡ᠃ ᠴᠡᠷᠢᠭ᠎ᠤᠨ ᠬᠥᠮᠦᠨ ᠴᠡᠷᠢᠭ᠎ᠤᠨ ᠭᠡᠷ ᠪᠦᠯᠢ᠂ ᠴᠡᠷᠢᠭ᠎ᠤᠨ ᠠᠯᠪᠠ᠎ᠠᠴᠠ ᠪᠠᠭᠤᠭ᠍ᠰᠠᠳ ᠪᠠ ᠪᠤᠰᠤᠳ ᠠᠰᠠᠷᠠᠨ ᠬᠠᠷᠠᠭᠠᠯᠵᠠᠭ᠍ᠳᠠᠬᠤ ᠡᠲᠡᠭᠡᠳ᠎ᠲᠤ ᠬᠠᠷᠠᠭᠠᠯᠵᠠᠯ ᠦᠵᠡᠭᠦᠯᠬᠦ᠌ ᠠᠵᠢᠯ᠎ᠢ ᠴᠢᠩᠭᠠᠳᠭᠠᠵᠤ᠂ ᠴᠡᠷᠢᠭ᠎ᠤᠨ ᠠᠯᠪᠠ᠎ᠠᠴᠠ ᠪᠠᠭᠤᠭ᠍ᠰᠠᠳ᠎ᠤᠨ ᠠᠵᠢᠯ᠎ᠤᠨ ᠱᠢᠰᠲ᠋ᠧᠮ ᠪᠠ ᠪᠠᠲᠤᠯᠠᠭ᠎ᠠ᠎ᠶ᠋ᠢᠨ ᠲᠦᠷᠢᠮ᠎ᠢ ᠪᠦᠷᠢᠨᠱᠢᠭᠦᠯᠦᠨ᠎ᠠ᠃ ᠠᠵᠢᠯ ᠠᠯᠳᠠᠯᠲᠠ᠎ᠶ᠋ᠢᠨ ᠳᠠᠭᠠᠳᠭᠠᠯ᠎ᠤᠨ ᠪᠠᠲᠤᠯᠠᠭ᠎ᠠ᠎ᠶ᠋ᠢᠨ ᠬᠡᠪᠴᠢᠶ᠎ᠡ᠎ᠶ᠋ᠢ ᠥᠷᠭᠡᠳᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠦᠨ᠎ᠡ᠃ ᠡᠮᠴᠢᠯᠡᠨ ᠠᠰᠠᠷᠠᠬᠤ ᠪᠠ ᠡᠷᠡᠭᠦᠯᠵᠢᠭᠦᠯᠦᠨ ᠠᠰᠠᠷᠠᠬᠤ᠎ᠶ᠋ᠢ ᠤᠶᠠᠯᠳᠤᠭᠤᠯᠬᠤ᠎ᠶ᠋ᠢ ᠠᠬᠢᠭᠤᠯᠵᠦ᠍᠂ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠲᠦᠷᠢᠮ᠎ᠤᠨ ᠲᠤᠷᠱᠢᠯᠲᠠ᠎ᠶ᠋ᠢ ᠯᠠᠪᠳᠠᠭᠤᠨ᠎ᠢᠶᠠᠷ ᠠᠬᠢᠭᠤᠯᠤᠨ᠎ᠠ᠃ ᠲᠦᠭᠡᠮᠡᠯ ᠬᠠᠷᠠᠭᠠᠯᠵᠠᠯ᠎ᠤᠨ ᠬᠡᠯᠪᠡᠷᠢ᠎ᠶ᠋ᠢᠨ ᠨᠠᠰᠤᠵᠢᠯ᠎ᠤᠨ ᠦᠢᠯᠡᠴᠢᠯᠡᠭᠡ ᠪᠠ ᠬᠠᠷᠢᠯᠴᠠᠨ ᠲᠤᠰᠠᠯᠠᠯᠴᠠᠬᠤ ᠴᠢᠨᠠᠷᠲᠠᠢ ᠨᠠᠰᠤᠵᠢᠯ᠎ᠢ ᠬᠦᠭ᠌ᠵᠢᠭᠦᠯᠦᠨ᠎ᠡ᠃ ᠨᠢᠯᠬ᠎ᠠ ᠬᠡᠦᠬᠡᠳ᠎ᠢ ᠰᠠᠭᠠᠲᠠᠭᠤᠯᠬᠤ ᠦᠢᠯᠡᠴᠢᠯᠡᠭᠡ᠎ᠶ᠋ᠢ ᠬᠦᠭ᠌ᠵᠢᠭᠦᠯᠦᠨ᠎ᠡ᠃ ᠨᠡᠢᠭᠡᠮ ᠲᠣᠭᠤᠷᠢᠭ᠎ᠤᠨ ᠨᠠᠰᠤᠵᠢᠯ᠎ᠤᠨ ᠠᠰᠠᠷᠠᠮᠵᠢ᠂ ᠬᠡᠤᠬᠡᠳ ᠰᠠᠭᠠᠳᠠᠭᠤᠯᠬᠤ᠂ ᠬᠤᠭᠤᠯᠠᠯᠠᠬᠤ᠂ ᠴᠡᠪᠡᠷᠯᠡᠬᠦ᠌ ᠵᠡᠷᠬᠡ ᠤᠯᠠᠨ ᠶᠠᠩᠵᠤᠴᠢᠯᠠᠭ᠍ᠰᠠᠨ ᠦᠢᠯᠡᠴᠢᠯᠡᠭᠡ᠎ᠶ᠋ᠢ ᠬᠦᠭ᠌ᠵᠢᠬᠦᠯᠵᠦ᠍᠂ ᠢᠵᠢ ᠪᠦᠷᠢᠳᠦᠬᠦᠯᠬᠦ᠌ ᠲᠦᠬᠦᠬᠡᠷᠦᠮᠵᠢ ᠪᠠ ᠰᠠᠭᠠᠳ ᠦᠭᠡᠢ ᠨᠡᠪᠲᠡᠷᠡᠬᠦ᠌ ᠲᠦᠭᠦᠭᠡᠷᠦᠮᠵᠢ᠎ᠶ᠋ᠢᠨ ᠪᠦᠳᠦᠬᠡᠨ ᠪᠠᠢᠭᠤᠯᠤᠯᠳᠠ᠎ᠶ᠋ᠢ ᠴᠢᠩᠭᠠᠳᠭᠠᠵᠤ᠂ ᠨᠡᠩ ᠢᠯᠡᠬᠦᠦ ᠬᠠᠷᠠᠭᠠᠯᠵᠠᠯ ᠦᠵᠡᠬᠦᠯᠬᠦ᠌ ᠲᠦᠷᠦ᠎ᠶ᠋ᠢᠨ ᠪᠤᠳᠤᠯᠭ᠎ᠠ᠎ᠶ᠋ᠢ ᠬᠡᠷᠡᠭ᠌ᠵᠢᠬᠦᠯᠵᠦ᠍᠂ ᠨᠡᠢᠬᠡᠮ ᠳᠤᠭᠤᠷᠢᠭ᠎ᠤᠨ ᠠᠮᠢᠳᠤᠷᠠᠯ᠎ᠢ ᠨᠡᠩ ᠲᠦᠬᠦᠮ ᠪᠤᠯᠭᠠᠨ᠎ᠠ᠃ ᠤᠯᠠᠮᠵᠢᠯᠠᠯᠲᠤ ᠦᠢᠯᠡᠴᠢᠯᠡᠭᠡᠨ᠎ᠤ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠵᠦ᠍᠂ ᠨᠠᠰᠤᠲᠠᠢᠴᠤᠳ ᠵᠡᠷᠭᠡ ᠬᠠᠮᠲᠤᠯᠢᠭ᠎ᠲᠤ ᠨᠡᠩ ᠪᠦᠷᠢᠨ ᠭᠦᠢᠴᠡᠳ ᠨᠡᠩ ᠳᠣᠲᠣᠨᠣ ᠦᠢᠯᠡᠴᠢᠯᠡᠭᠡ ᠬᠠᠩᠭᠠᠨ᠎ᠠ᠃ ᠤᠶᠤᠨᠴᠢᠯᠠᠭ᠍ᠰᠠᠨ ᠦᠢᠯᠡᠴᠢᠯᠡᠭᠡ᠎ᠶ᠋ᠢ ᠠᠬᠢᠭᠤᠯᠬᠤ᠎ᠶ᠋ᠢ ᠨᠠᠰᠤᠳᠠᠢᠴᠤᠳ᠂ ᠵᠡᠮᠲᠡᠭ᠌ᠴᠤᠳ᠎ᠤᠨ ᠬᠡᠷᠡᠭ᠌ᠴᠡᠭᠡ᠎ᠳᠤ ᠵᠤᠬᠢᠴᠠᠭᠤᠯᠬᠤ᠎ᠶ᠋ᠢᠨ ᠬᠠᠮᠲᠤ ᠤᠶᠤᠨᠴᠢ ᠪᠠᠭᠠᠵᠢ᠎ᠪᠠᠷ ᠲᠡᠲᠡᠨ᠎ᠤ ᠡᠳᠦᠷ ᠲᠤᠳᠤᠮ᠎ᠤᠨ ᠠᠮᠢᠳᠤᠷᠠᠯ᠎ᠳᠤ ᠬᠠᠷᠰᠢ ᠰᠠᠭᠠᠳ ᠤᠴᠠᠷᠠᠭᠤᠯᠬᠤ ᠦᠭᠡᠢ ᠪᠠᠢᠬᠤ᠎ᠶ᠋ᠢ ᠪᠡᠶᠡᠯᠡᠭᠦᠯᠬᠦ᠌ ᠬᠡᠷᠡᠭ᠌ᠲᠡᠢ᠃ ᠵᠡᠮᠳᠡᠭ᠌ᠴᠦᠳ᠂ ᠥᠨᠥᠴᠢᠨ ᠬᠡᠦᠬᠡᠳ ᠵᠡᠷᠭᠡ᠎ᠶ᠋ᠢ ᠬᠠᠪᠰᠤᠷᠤᠨ ᠲᠡᠳᠬᠦᠬᠦ᠌ ᠨᠡᠢᠭᠡᠮ᠎ᠤᠨ ᠠᠰᠠᠷᠠᠮᠵᠢ᠎ᠶ᠋ᠢᠨ ᠳᠦᠷᠢᠮ᠎ᠢ ᠪᠦᠷᠢᠨᠱᠢᠬᠦᠯᠵᠦ᠍᠂ ᠵᠡᠮᠲᠡᠭ ᠪᠤᠯᠬᠤ᠎ᠶ᠋ᠢ ᠰᠡᠷᠬᠡᠢᠯᠡᠬᠦ᠌᠎ᠶ᠋ᠢ ᠴᠢᠩᠭᠠᠳᠭᠠᠵᠦ᠍᠂ ᠵᠡᠮᠳᠡᠭ᠌ᠴᠤᠳ᠎ᠢ ᠡᠷᠡᠬᠦᠯᠵᠢᠬᠦᠯᠬᠦ᠌ ᠦᠢᠯᠡᠴᠢᠯᠡᠭᠡᠨ᠎ᠤ ᠴᠢᠨᠡᠷ ᠴᠢᠨᠰᠠᠭ᠎ᠠ᠎ᠶ᠋ᠢ ᠳᠡᠭᠡᠭ᠌ᠰᠢᠯᠡᠭᠦᠯᠦᠨ᠎ᠡ᠃ ᠳᠡᠰ ᠳᠠᠪᠬᠤᠷᠭ᠎ᠠ ᠪᠠ ᠲᠥᠷᠥᠯ ᠬᠤᠪᠢᠶᠠᠨ ᠨᠡᠢᠭᠡᠮ᠎ᠤᠨ ᠠᠪᠤᠷᠠᠨ ᠲᠤᠰᠠᠯᠠᠬᠤ ᠠᠵᠢᠯ᠎ᠢ ᠰᠠᠢᠲᠤᠷ ᠬᠢᠵᠦ᠍᠂ ᠬᠢᠵᠢᠭ ᠪᠠ ᠭᠠᠮᠱᠢᠭ᠎ᠤᠨ ᠨᠦᠯᠦᠭᠡᠨ᠎ᠳᠤ ᠤᠴᠠᠷᠠᠭ᠍ᠰᠠᠨ ᠬᠦᠴᠢᠷᠳᠡᠯᠲᠡᠶ ᠣᠯᠠᠨ ᠲᠦᠮᠡᠨ᠎ᠢ ᠴᠠᠭ ᠲᠤᠬᠠᠶ᠎ᠳᠤᠨᠢ ᠬᠠᠪᠰᠤᠷᠤᠨ ᠲᠡᠳᠬᠦᠵᠦ᠍᠂ ᠠᠷᠠᠳ᠎ᠤᠨ ᠠᠮᠢᠳᠤᠷᠠᠯ᠎ᠢ ᠪᠠᠲᠤᠯᠠᠬᠤ ᠬᠢᠵᠠᠭᠠᠷ ᠱᠤᠭᠤᠮ᠎ᠢ ᠡᠷᠡᠰ ᠪᠠᠲᠤ ᠰᠠᠬᠢᠨ᠎ᠠ᠃

ᠠᠷᠠᠳ ᠤᠯᠠᠨ᠎ᠤ ᠤᠶᠤᠨ ᠰᠠᠨᠠᠭ᠎ᠠ ᠰᠣᠶᠣᠯ᠎ᠤᠨ ᠬᠡᠷᠡᠭ᠌ᠴᠡᠭᠡ᠎ᠶ᠋ᠢ ᠨᠡᠩ ᠰᠠᠢᠲᠤᠷ ᠬᠠᠩᠭᠠᠨ᠎ᠠ᠃ ᠨᠡᠢᠭᠡᠮ ᠵᠢᠷᠤᠮ᠎ᠤᠨ ᠭᠤᠤᠯᠯᠠᠬᠤ ᠦᠷᠳᠡᠭ᠎ᠤᠨ ᠦᠵᠡᠯᠲᠡ᠎ᠶ᠋ᠢ ᠪᠤᠢᠵᠢᠭᠤᠯᠤᠨ ᠦᠢᠯᠡᠳᠦᠯᠭᠡᠵᠢᠭᠦᠯᠵᠦ᠍᠂ ᠬᠢᠵᠢᠭ᠎ᠲᠠᠢ ᠲᠡᠮᠡᠴᠡᠭᠦ᠌ ᠠᠭᠤᠤ ᠶᠡᠭᠡ ᠵᠣᠷᠢᠭ ᠰᠠᠨᠠᠭ᠎ᠠ ᠪᠠ ᠶᠠᠳᠠᠭᠤ᠎ᠠᠴᠠ ᠠᠩᠬᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠭ᠌ᠰᠡᠨ ᠵᠤᠷᠢᠭ ᠰᠠᠨᠠᠭ᠎ᠠ᠎ᠶ᠋ᠢ ᠪᠠᠳᠠᠷᠠᠭᠤᠯᠵᠤ᠂ ᠠᠷᠠᠳ ᠢᠷᠭᠡᠳ᠎ᠤᠨ ᠶᠣᠰᠣ ᠮᠣᠷᠠᠯ᠎ᠤᠨ ᠪᠠᠢᠭᠤᠯᠤᠯᠲᠠ᠎ᠶ᠋ᠢ ᠠᠬᠢᠭᠤᠯᠤᠨ᠎ᠠ᠃ ᠰᠣᠨᠢᠨ ᠮᠡᠳᠡᠭᠡᠯᠡᠯ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠤᠳᠭ᠎ᠠ ᠵᠣᠬᠢᠶᠠᠯ ᠤᠷᠠᠯᠢᠭ᠂ ᠭᠦᠨ ᠤᠬᠠᠭᠠᠨ ᠨᠡᠢᠭᠡᠮ᠎ᠤᠨ ᠱᠢᠨᠵᠢᠯᠡᠬᠦ᠌ ᠤᠬᠠᠭᠠᠨ ᠪᠠ ᠲᠠᠩᠰᠠ ᠡᠪᠬᠡᠮᠡᠯ ᠵᠡᠷᠭᠡ ᠦᠢᠯᠡᠰ᠎ᠢ ᠴᠡᠴᠡᠭ᠌ᠯᠡᠭᠦᠯᠦᠨ ᠬᠥᠭ᠌ᠵᠢᠭᠦᠯᠦᠨ᠎ᠡ᠃ ᠢᠨᠲ᠋ᠧᠷ ᠰᠦᠯᠵᠢᠶᠡᠨ᠎ᠤ ᠠᠭᠤᠯᠭ᠎ᠠ᠎ᠶ᠋ᠢᠨ ᠪᠠᠢᠭᠤᠯᠤᠯᠲᠠ ᠪᠠ ᠬᠠᠮᠢᠶᠠᠷᠤᠯᠲᠠ᠎ᠶ᠋ᠢ ᠴᠢᠩᠭᠠᠳᠭᠠᠵᠤ᠂ ᠢᠳᠡᠪᠬᠢᠲᠡᠶ ᠪᠦᠭᠡᠳ ᠡᠷᠡᠭᠦᠯ ᠰᠦᠯᠵᠢᠶᠡᠨ᠎ᠤ ᠰᠣᠶᠣᠯ᠎ᠢ ᠬᠥᠭ᠌ᠵᠢᠭᠦᠯᠦᠨ᠎ᠡ᠃ ᠲᠤᠮᠲᠠᠲᠤ᠎ᠶ᠋ᠢᠨ ᠦᠨᠳᠦᠰᠦᠲᠡᠨ᠎ᠤ ᠱᠢᠯᠢᠲᠡᠭ ᠤᠯᠠᠮᠵᠢᠯᠠᠯᠲᠦ ᠰᠤᠶᠤᠯ᠎ᠢ ᠤᠯᠠᠮᠵᠢᠯᠠᠨ ᠪᠠᠲᠠᠷᠠᠭᠤᠯᠵᠦ᠍᠂ ᠲᠡᠤᠬᠡ᠎ᠶ᠋ᠢᠨ ᠳᠤᠷᠠᠰᠭᠠᠯᠲᠤ ᠵᠦᠢᠯ᠎ᠢ ᠬᠠᠮᠠᠭᠠᠯᠠᠵᠤ ᠠᠱᠢᠬ᠍ᠯᠠᠬᠤ ᠪᠠ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠬᠤ ᠠᠵᠢᠯ᠎ᠢ ᠴᠢᠩᠭᠠᠳᠭᠠᠵᠦ᠍᠂ ᠤᠯᠤᠰ᠎ᠤᠨ ᠰᠤᠶᠤᠯ᠎ᠤᠨ ᠴᠡᠴᠡᠷᠯᠢᠭ᠎ᠢ ᠪᠦᠲᠦᠭᠡᠨ ᠪᠠᠢᠭᠤᠯᠤᠨ᠎ᠠ᠃ ᠬᠤᠳᠠ ᠬᠥᠳᠡᠭᠡ᠎ᠶ᠋ᠢᠨ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠤ ᠱᠢᠰᠲ᠋ᠧᠮ᠎ᠢ ᠨᠢᠭᠡ ᠴᠤᠭ᠍ᠴᠠᠵᠢᠭᠤᠯᠤᠨ ᠪᠠᠢᠭᠤᠯᠬᠤ᠎ᠶ᠋ᠢ ᠠᠬᠢᠭᠤᠯᠵᠤ᠂ ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠬᠦ᠌ ᠢᠨᠵᠧᠨᠧᠷᠢᠩ᠎ᠢ ᠱᠢᠨ᠎ᠡ᠎ᠶ᠋ᠢ ᠡᠭᠦᠳᠦᠨ ᠬᠡᠷᠡᠭ᠌ᠵᠢᠭᠦᠯᠵᠦ᠍᠂ ᠠᠷᠠᠳ ᠨᠡᠢᠳᠡ᠎ᠪᠠᠷ᠎ᠢᠶᠠᠨ ᠨᠣᠮ ᠤᠩᠱᠢᠬᠤ᠎ᠶ᠋ᠢ ᠰᠠᠨᠠᠭᠠᠴᠢᠯᠠᠨ᠎ᠠ᠃ ᠳᠤᠮᠳᠠᠳᠤ ᠭᠠᠳᠠᠭᠠᠳᠤ᠎ᠶ᠋ᠢᠨ ᠬᠦᠮᠦᠨ ᠨᠡᠢᠭᠡᠮ᠎ᠤᠨ ᠰᠣᠯᠢᠯᠴᠠᠭ᠎ᠠ᠎ᠶ᠋ᠢ ᠭᠦᠨᠵᠡᠭᠡᠢᠷᠡᠭᠦᠯᠦᠨ᠎ᠡ᠃ ᠠᠷᠠᠳ ᠨᠡᠢᠳᠡ᠎ᠶ᠋ᠢᠨ ᠪᠡᠶ᠎ᠡ ᠮᠠᠬᠠᠪᠤᠳ᠎ᠢᠶᠠᠨ ᠴᠢᠭᠢᠷᠠᠭ᠍ᠵᠢᠭᠤᠯᠬᠤ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠂ ᠡᠪᠦᠯ᠎ᠤᠨ ᠤᠯᠠᠷᠢᠯ᠎ᠤᠨ ᠵᠡᠮᠳᠡᠭ᠌ᠴᠦᠳ᠎ᠤᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠵᠡᠷᠭᠡ ᠶᠡᠷᠦᠩᠬᠡᠢᠯᠡᠭ᠌ᠰᠡᠨ ᠴᠢᠨᠠᠷᠲᠠᠢ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠢ ᠨᠠᠷᠢᠨ ᠨᠢᠮᠪᠠᠶ ᠪᠡᠯᠡᠳᠭᠡᠨ ᠡᠷᠬᠢᠯᠡᠨ᠎ᠡ᠃

ᠨᠡᠢᠭᠡᠮ᠎ᠤᠨ ᠵᠠᠰᠠᠯᠲᠠ᠎ᠶ᠋ᠢ ᠴᠢᠩᠭᠠᠳᠭᠠᠵᠤ ᠨᠡᠢᠭᠡᠮ᠎ᠤᠨ ᠵᠠᠰᠠᠯᠲᠠ᠎ᠶ᠋ᠢᠨ ᠱᠢᠨ᠎ᠡ᠎ᠶ᠋ᠢ ᠡᠭᠦᠳᠦᠨ᠎ᠡ᠃ ᠦᠨᠳᠦᠰᠦᠨ ᠱᠠᠲᠤᠨ᠎ᠤ ᠨᠡᠢᠭᠡᠮ᠎ᠤᠨ ᠵᠠᠰᠠᠯᠲᠠ᠎ᠶ᠋ᠢᠨ ᠰᠠᠭᠤᠷᠢ᠎ᠶ᠋ᠢ ᠪᠠᠬᠢᠵᠢᠭᠦᠯᠵᠦ᠍᠂ ᠬᠤᠳᠠ ᠬᠥᠳᠡᠭᠡ᠎ᠶ᠋ᠢᠨ ᠨᠡᠢᠭᠡᠮ ᠲᠣᠭᠤᠷᠢᠭ᠎ᠤᠨ ᠵᠠᠰᠠᠯᠲᠠ ᠪᠠ ᠦᠢᠯᠡᠴᠢᠯᠡᠭᠡᠨ᠎ᠤ ᠱᠢᠰᠲ᠋ᠧᠮ᠎ᠢ ᠪᠦᠷᠢᠨᠱᠢᠭᠦᠯᠵᠦ᠍᠂ ᠬᠤᠳᠠ᠎ᠶ᠋ᠢᠨ ᠪᠦᠰᠡ᠎ᠶ᠋ᠢᠨ ᠨᠡᠢᠭᠡᠮ᠎ᠤᠨ ᠵᠠᠰᠠᠯᠲᠠ᠎ᠶ᠋ᠢᠨ ᠣᠳᠣᠬᠢᠴᠢᠯᠠᠬᠤ ᠲᠤᠷᠱᠢᠯᠲᠠ᠎ᠶ᠋ᠢ ᠠᠬᠢᠭᠤᠯᠤᠨ᠎ᠠ᠃ ᠨᠡᠢᠭᠡᠮ᠎ᠤᠨ ᠢᠲᠡᠭᠡᠮᠵᠢ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠨᠡᠢᠭᠡᠮ᠎ᠤᠨ ᠠᠵᠢᠯ᠎ᠢ ᠶᠡᠭᠡ᠎ᠪᠠᠷ ᠬᠦᠭ᠌ᠵᠢᠭᠦᠯᠵᠦ᠍᠂ ᠨᠡᠢᠭᠡᠮ᠎ᠤᠨ ᠵᠣᠬᠢᠶᠠᠨ ᠪᠠᠢᠭᠤᠯᠤᠯᠲᠠ᠂ ᠬᠥᠮᠦᠯᠢᠭ ᠠᠪᠤᠷᠠᠨ ᠲᠤᠰᠠᠯᠠᠯᠳᠠ᠂ ᠰᠠᠢᠨ ᠳᠤᠷ᠎ᠠ᠎ᠶ᠋ᠢᠨ ᠦᠢᠯᠡᠴᠢᠯᠡᠭᠡ᠂ ᠨᠢᠭᠦᠯᠡᠰᠦᠩᠭᠦᠶ᠎ᠶ᠋ᠢᠨ ᠦᠢᠯᠡᠰ᠎ᠤᠨ ᠬᠥᠭ᠌ᠵᠢᠯᠲᠡ᠎ᠶ᠋ᠢ ᠲᠡᠮᠵᠢᠨ᠎ᠠ᠃ ᠡᠮᠡᠭ᠌ᠲᠡᠢᠴᠦᠳ᠂ ᠬᠡᠤᠬᠡᠳ᠂ ᠨᠠᠰᠤᠲᠠᠢᠴᠤᠳ᠂ ᠵᠡᠮᠳᠡᠭ᠌ᠴᠦᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠨ᠎ᠠ᠃ ᠵᠠᠬᠢᠳᠠᠯ ᠰᠤᠷᠪᠤᠯᠵᠢᠯᠠᠭ᠎ᠠ᠎ᠶ᠋ᠢᠨ ᠲᠦᠷᠢᠮ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠵᠦᠷᠢᠴᠡᠯ ᠵᠢᠭᠤᠷᠠᠭᠠᠨ᠎ᠢ ᠤᠯᠠᠨ ᠡᠱᠢᠵᠢᠭᠦᠯᠦᠨ ᠡᠶᠡᠲᠡᠭᠦᠯᠬᠦ᠌᠎ᠶ᠋ᠢ ᠠᠬᠢᠭᠤᠯᠤᠨ᠎ᠠ᠃ ᠬᠠᠤᠯᠢ ᠴᠠᠭᠠᠵᠠ᠎ᠶ᠋ᠢᠨ ᠳᠣᠰᠠᠯᠠᠮᠵᠢ᠎ᠶ᠋ᠢᠨ ᠠᠵᠢᠯ᠎ᠢ ᠴᠢᠩᠭᠠᠳᠭᠠᠵᠦ᠍᠂ 《ᠨᠠᠢ᠍ᠮᠠᠳᠤᠭᠠᠷ ᠲᠠᠪᠤᠨ ᠵᠢᠯ》 ᠎ᠤᠨ ᠬᠠᠤᠯᠢ ᠲᠦᠭᠡᠮᠡᠯᠵᠢᠭᠦᠯᠬᠦ᠌ ᠲᠥᠯᠥᠪᠵᠢᠭᠦᠯᠭᠡ᠎ᠶ᠋ᠢ ᠡᠬᠢᠯᠡᠭᠦᠯᠦᠨ ᠬᠡᠷᠡᠭ᠌ᠵᠢᠭᠦᠯᠦᠨ᠎ᠡ᠃ ᠪᠠᠴᠢᠮ ᠪᠠᠢᠳᠠᠯ᠎ᠢ ᠠᠷᠭᠠᠴᠠᠬᠤ ᠠᠪᠤᠷᠠᠨ ᠲᠤᠰᠠᠯᠠᠬᠤ ᠬᠦᠴᠦᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠭᠠᠮᠱᠢᠭ᠎ᠲᠠᠢ ᠲᠡᠮᠡᠴᠡᠵᠦ᠍ ᠭᠠᠮᠱᠢᠭ᠎ᠠᠴᠠ ᠠᠪᠤᠷᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠦᠶᠡᠷ ᠤᠰᠤᠲᠤᠯ ᠭᠠᠩ ᠬᠠᠭ᠍ᠰᠠᠷᠠᠭᠠᠨ᠂ ᠣᠢ ᠱᠢᠭᠤᠶ ᠨᠤᠲᠤᠭ ᠪᠡᠯᠴᠢᠭᠡᠷ᠎ᠤᠨ ᠲᠦᠢᠮᠡᠷ᠂ ᠭᠠᠵᠠᠷ᠎ᠤᠨ ᠭᠠᠮᠱᠢᠭ᠂ ᠭᠠᠵᠠᠷ ᠬᠥᠳᠡᠯᠦᠯᠲᠡ ᠵᠡᠷᠭᠡ᠎ᠶ᠋ᠢ ᠰᠡᠷᠭᠡᠢᠯᠡᠬᠦ᠌ ᠠᠵᠢᠯ ᠪᠠ ᠴᠠᠭ ᠠᠭᠤᠷ᠎ᠤᠨ ᠦᠢᠯᠡᠴᠢᠯᠡᠭᠡ᠎ᠶ᠋ᠢ ᠦᠨᠡᠨ ᠬᠦ᠌ ᠰᠠᠢᠲᠤᠷ ᠬᠢᠨ᠎ᠠ᠃ ᠠᠶᠦᠯᠭᠦᠢ ᠦᠢᠯᠡᠳᠪᠦᠷᠢᠯᠡᠯ᠎ᠤᠨ ᠬᠠᠷᠢᠭᠤᠴᠠᠯᠭ᠎ᠠ᠎ᠶ᠋ᠢᠨ ᠳᠦᠷᠢᠮ᠎ᠢ ᠲᠡᠭᠦᠯᠳᠡᠷᠵᠢᠭᠦᠯᠦᠨ ᠨᠠᠢᠳᠠᠪᠤᠷᠢᠵᠢᠭᠤᠯᠵᠦ᠍᠂ ᠠᠶᠤᠯᠭᠦᠢ ᠦᠢᠯᠡᠳᠪᠦᠷᠢᠯᠡᠯ᠎ᠤᠨ ᠲᠤᠰᠭᠠᠶ ᠴᠡᠭ᠌ᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠬᠦᠨᠳᠦ ᠣᠨᠴᠠ ᠶᠡᠭᠡ ᠠᠳᠡᠯ ᠭᠠᠷᠬᠤ᠎ᠶ᠋ᠢ ᠡᠷᠡᠰ ᠬᠤᠷᠢᠬ᠍ᠯᠠᠨ᠎ᠠ᠃ ᠨᠡᠢᠭᠡᠮ᠎ᠤᠨ ᠠᠮᠤᠷ ᠲᠦᠪᠱᠢᠨ᠎ᠤ ᠰᠡᠷᠭᠡᠢᠯᠡᠨ ᠡᠵᠡᠮᠳᠡᠬᠦ᠌ ᠱᠢᠰᠲ᠋ᠧᠮ᠎ᠢ ᠲᠡᠭᠦᠯᠳᠡᠷᠵᠢᠭᠦᠯᠵᠦ᠍᠂ ᠬᠠᠷ᠎ᠠ ᠬᠠᠷᠭᠢᠰ ᠬᠦᠴᠦᠨ᠎ᠢ ᠠᠷᠢᠯᠭᠠᠬᠤ ᠲᠡᠮᠡᠴᠡᠯ᠎ᠢ ᠪᠠᠢᠩᠭᠤ᠎ᠶ᠋ᠢᠨ ᠴᠢᠨᠠᠷᠳᠠᠢ ᠥᠷᠨᠢᠭᠦᠯᠵᠦ᠍᠂ ᠡᠯ᠎ᠡ ᠲᠦᠷᠦᠯ᠎ᠤᠨ ᠶᠠᠯᠠᠲᠤ ᠠᠵᠢᠯᠯᠠᠭ᠎ᠠ᠎ᠶ᠋ᠢ ᠰᠡᠷᠭᠡᠢᠯᠡᠨ ᠲᠡᠭᠦᠨ᠎ᠳᠤ ᠴᠣᠬᠢᠯᠲᠠ ᠦᠭ᠌ᠴᠦ᠂ ᠨᠡᠢᠭᠡᠮ᠎ᠤᠨ ᠲᠣᠭ᠍ᠲᠠᠭᠤᠨ ᠪᠠᠢᠳᠠᠯ ᠪᠠ ᠠᠮᠤᠷ ᠲᠦᠪᠱᠢᠨ᠎ᠢ ᠬᠠᠮᠠᠭᠠᠯᠠᠨ᠎ᠠ᠃

ᠲᠥᠯᠥᠭᠡᠯᠡᠭ᠌ᠴᠢᠳ ᠡ!

ᠱᠢᠨ᠎ᠡ ᠡᠭᠦᠷᠭᠡ ᠪᠣᠯᠤᠨ ᠱᠢᠯᠭᠠᠯᠳᠠ᠎ᠶ᠋ᠢᠨ ᠡᠮᠦᠨ᠎ᠡ᠂ ᠡᠯ᠎ᠡ ᠱᠠᠲᠤᠨ᠎ᠤ ᠵᠠᠰᠠᠭ᠎ᠤᠨ ᠣᠷᠳᠣᠨ 《ᠳᠥᠷᠪᠡᠨ ᠤᠬᠠᠮᠰᠠᠷ》 ᠎ᠢᠶᠠᠨ ᠴᠢᠩᠭᠠᠳᠭᠠᠵᠤ᠂ 《ᠳᠥᠷᠪᠡᠨ ᠢᠲᠡᠭᠡᠯ》 ᠎ᠢᠶᠠᠨ ᠪᠠᠲᠤᠳᠭᠠᠨ᠂ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠦ᠍᠂ ᠦᠵᠡᠯ ᠰᠠᠨᠠᠭ᠎ᠠ ᠤᠯᠤᠰ ᠲᠥᠷᠥ᠍ ᠦᠢᠯᠡ ᠠᠵᠢᠯᠯᠠᠭ᠎ᠠ ᠳᠡᠭᠡᠷ᠎ᠠ᠎ᠪᠠᠨ ᠤᠬᠠᠮᠰᠠᠷ᠎ᠠᠴᠠ᠎ᠪᠠᠨ ᠰᠢ᠎ᠶ᠋ᠢᠨ ᠫᠢᠩ ᠨᠥᠬᠦᠷ᠎ᠢᠶᠠᠷ ᠭᠤᠤᠯᠯᠠᠭᠤᠯᠤᠭ᠍ᠰᠠᠨ ᠨᠠᠮ᠎ᠤᠨ ᠲᠥᠪ ᠬᠤᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠶ ᠪᠠᠢᠵᠦ᠍᠂ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠢᠯᠡᠳᠦᠯᠭᠡᠵᠢᠭᠦᠯᠵᠦ᠍᠂ ᠤᠯᠤᠰ ᠲᠦᠷᠦ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠎ᠶ᠋ᠢᠨ ᠤᠢ᠍ᠢᠯᠠᠭᠠᠬᠤ ᠴᠢᠳᠠᠪᠤᠷᠢ ᠪᠠ ᠤᠯᠤᠰ ᠲᠦᠷᠦ᠎ᠶ᠋ᠢᠨ ᠭᠦᠢᠴᠡᠳᠭᠡᠬᠦ᠌ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠦᠨ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ ᠭᠡᠷᠡᠭ᠌ᠳᠡᠢ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠦᠮᠦᠵᠢᠯ᠎ᠢ ᠯᠠᠪᠲᠠᠭᠤᠨ ᠪᠠᠲᠤᠲᠠᠢ ᠦᠷᠨᠢᠭᠦᠯᠦᠨ᠎ᠡ᠃ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠴᠢᠩᠭᠠᠳᠭᠠᠵᠦ᠍᠂ ᠦᠨᠡᠨ ᠬᠦ᠌ ᠬᠠᠤᠯᠢ ᠶᠤᠰᠤᠭᠠᠷ ᠵᠠᠰᠠᠭ ᠶᠠᠪᠣᠭᠤᠯᠣᠨ᠎ᠠ᠃ ᠵᠠᠰᠠᠭ᠎ᠤᠨ ᠶᠠᠪᠤᠳᠠᠯ᠎ᠢ ᠢᠯᠡ ᠪᠣᠯᠭᠠᠬᠤ᠎ᠶ᠋ᠢ ᠪᠠᠷᠢᠮᠲᠠᠯᠠᠨ᠎ᠠ᠃ ᠲᠦᠪ ᠭᠤᠤᠯᠴᠢ ᠪᠤᠯᠪᠠᠰᠤᠨ᠎ᠢᠶᠠᠷ ᠬᠠᠤᠯᠢ ᠬᠡᠷᠡᠭ᠌ᠵᠢᠭᠦᠯᠬᠦ᠌᠎ᠶ᠋ᠢ ᠴᠢᠩᠭ᠎ᠠ ᠵᠢᠷᠣᠮᠵᠢᠭᠤᠯᠣᠨ᠎ᠠ᠃ ᠠᠳᠠᠯᠢ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶᠠᠨ᠎ᠤ ᠬᠢᠨᠠᠯᠲᠠ᠎ᠶ᠋ᠢ ᠬᠠᠤᠯᠢ ᠶᠣᠰᠣᠭᠠᠷ ᠬᠦᠯᠢᠶᠡᠵᠦ᠍᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠠᠷᠠᠳᠴᠢᠯᠠᠭ᠍ᠰᠠᠨ ᠬᠢᠨᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠵᠦ᠍᠂ ᠨᠡᠢᠭᠡᠮ᠎ᠤᠨ ᠪᠠ ᠶᠠᠷᠢᠶ᠎ᠠ ᠬᠡᠯᠡᠯᠴᠡᠭᠡᠨ᠎ᠤ ᠬᠢᠨᠠᠯᠲᠠ᠎ᠶ᠋ᠢ ᠰᠠᠨᠠᠭᠠᠴᠢᠯᠠᠭ᠎ᠠ᠎ᠠᠴᠠ᠎ᠪᠠᠨ ᠬᠦᠯᠢᠶᠡᠨ᠎ᠡ᠃ ᠬᠢᠨᠠᠨ ᠪᠤᠳᠤᠬᠤ ᠬᠢᠨᠠᠯᠲᠠ᠎ᠶ᠋ᠢ ᠴᠢᠩᠭᠠᠳᠭᠠᠨ᠎ᠠ᠃ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭ᠌ᠲᠡᠢᠴᠦᠳ᠎ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠢᠭᠤᠯᠤᠯᠲᠠ᠎ᠶ᠋ᠢᠨ ᠦᠢᠯᠡᠳᠦᠯ᠎ᠢᠶᠠᠨ ᠨᠡᠩ ᠰᠠᠢᠨ ᠪᠠᠳᠠᠷᠠᠭᠤᠯᠬᠤ᠎ᠶ᠋ᠢ ᠳᠡᠮᠵᠢᠨ᠎ᠡ᠃ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢᠭᠤᠯᠤᠯᠲᠠ ᠪᠤᠯᠤᠨ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠶ ᠠᠬᠢᠭᠤᠯᠵᠤ᠂ ᠲᠥᠪ ᠬᠤᠷᠢᠶᠠᠨ᠎ᠤ ᠨᠠᠢ᠍ᠮᠠᠨ ᠵᠤᠷᠪᠤᠰ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠥᠬᠦᠷᠡᠰᠢ ᠦᠭᠡᠢ ᠨᠠᠢᠳᠠᠪᠤᠷᠢᠵᠢᠭᠤᠯᠤᠨ᠎ᠠ᠃ ᠵᠠᠰᠠᠭ᠎ᠤᠨ ᠣᠷᠳᠣᠨ᠎ᠤ ᠠᠵᠢᠯᠲᠠᠨ ᠬᠠᠤᠯᠢ ᠴᠠᠭᠠᠵᠠ᠎ᠶ᠋ᠢᠨ ᠬᠢᠨᠠᠯᠲᠠ᠂ ᠬᠢᠨᠠᠨ ᠪᠠᠢᠴᠠᠭᠠᠯᠲᠠ᠎ᠶ᠋ᠢᠨ ᠬᠢᠨᠠᠯᠲᠠ ᠪᠠ ᠠᠷᠠᠳ ᠲᠦᠮᠡᠨ᠎ᠤ ᠬᠢᠨᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠬᠦ᠌ ᠬᠡᠷᠡᠭ᠌ᠳᠠᠢ᠃ ᠠᠷᠢᠭᠤᠨ ᠴᠢᠬᠡᠴᠢ ᠵᠠᠰᠠᠭ᠎ᠤᠨ ᠤᠷᠳᠤᠨ᠎ᠤ ᠪᠠᠢᠭᠤᠯᠤᠯᠳᠠ᠎ᠶ᠋ᠢ ᠴᠢᠩᠭᠠᠳᠭᠠᠨ᠂ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠦᠷᠬᠦᠯᠵᠢᠯᠡᠨ ᠴᠡᠭ᠌ᠴᠡᠯᠡᠨ ᠵᠠᠰᠠᠨ᠎ᠠ᠃

ᠳᠤᠮᠳᠠᠳᠤ ᠤᠯᠤᠰ᠎ᠤᠨ ᠠᠵᠤ ᠠᠬᠤᠶ ᠨᠡᠢᠭᠡᠮ᠎ᠤᠨ ᠬᠥᠭ᠌ᠵᠢᠯᠲᠡ ᠨᠢᠭᠡᠨᠲᠡ ᠬᠢᠯᠠᠯᠵᠠᠭ᠍ᠰᠠᠨ ᠠᠮᠵᠢᠯᠲᠠ ᠣᠯᠤᠭ᠍ᠰᠠᠨ ᠪᠤᠯᠪᠠᠴᠤ᠌ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠳᠤ ᠪᠠᠰᠠ ᠨᠡᠯᠢᠶᠠᠳ ᠤᠷᠳᠤ ᠵᠠᠮ᠎ᠢ ᠵᠠᠮᠨᠠᠵᠤ᠂ ᠮᠦᠨ ᠯᠡ ᠱᠢᠷᠭᠠᠭᠤ ᠬᠠᠳᠠᠭᠤᠵᠢᠯᠳᠠᠢ ᠴᠢᠷᠮᠡᠢᠯᠭ᠎ᠠ ᠭᠠᠷᠭᠠᠬᠤ ᠬᠡᠷᠡᠭ᠌ᠳᠠᠢ ᠪᠠᠢᠨ᠎ᠠ᠃ ᠡᠷᠬᠡᠪᠰᠢ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠳᠠᠬᠢ ᠤᠯᠤᠰ᠎ᠤᠨ ᠦᠨᠳᠦᠰᠦᠨ ᠪᠠᠢᠳᠠᠯ᠎ᠳᠤ ᠰᠠᠭᠤᠷᠢᠯᠠᠨ᠂ ᠥᠪᠡᠷ᠎ᠤᠨ ᠤᠴᠢᠷ ᠶᠠᠪᠤᠳᠠᠯ᠎ᠢᠶᠠᠨ ᠬᠦᠴᠦᠯᠡᠨ ᠰᠠᠢᠲᠤᠷ ᠬᠢᠭᠦ᠌ ᠭᠡᠷᠡᠭ᠌ᠳᠡᠢ᠃ ᠠᠷᠠᠳ ᠲᠦᠮᠡᠨ᠎ᠢ ᠢᠮᠠᠭ᠍ᠲᠠ ᠰᠡᠳᠭᠢᠯ ᠵᠢᠷᠦᠬᠡᠨ᠎ᠤ᠎ᠪᠠᠨ ᠬᠠᠮᠤᠭ᠎ᠤᠨ ᠳᠡᠭᠡᠳᠦ ᠪᠠᠢᠷᠢᠨ᠎ᠳᠤ ᠲᠠᠯᠪᠢᠵᠤ᠂ ᠦᠨᠡᠨ᠎ᠠᠴᠠ ᠵᠥᠪ᠎ᠢ ᠡᠷᠢᠬᠦ᠌᠎ᠶ᠋ᠢ ᠪᠠᠷᠢᠮᠲᠠᠯᠠᠵᠤ᠂ ᠬᠥᠭ᠌ᠵᠢᠭᠦᠯᠭᠦ᠎ᠪᠠᠷ ᠴᠢᠷᠮᠠᠢᠬᠤ ᠪᠠ ᠠᠷᠠᠳ᠎ᠤᠨ ᠠᠮᠢᠳᠤᠷᠠᠯ᠎ᠳᠤ ᠠᠱᠢᠭ ᠬᠦᠷᠳᠡᠬᠡᠬᠦ᠌ ᠠᠵᠢᠯ᠎ᠢ ᠦᠨᠡᠨ᠎ᠢ ᠪᠡᠷᠢᠮᠳᠠᠯᠠᠨ ᠪᠤᠳᠠᠳᠠᠢ᠎ᠶ᠋ᠢ ᠡᠷᠬᠢᠮᠯᠡᠵᠦ᠍ ᠬᠢᠬᠦ᠌ ᠬᠡᠷᠡᠭ᠌ᠳᠠᠢ᠃ ᠬᠡᠯᠪᠡᠷᠢ᠎ᠶ᠋ᠢᠨ ᠦᠵᠡᠯ ᠪᠠ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠵᠦ᠍᠂ ᠠᠵᠢᠯ᠎ᠤᠨ ᠳᠤᠮᠳᠠ᠎ᠪᠠᠨ ᠪᠦᠬᠦᠨ᠎ᠢ ᠨᠢᠭᠡ ᠯᠠ ᠪᠠᠷᠢᠮᠵᠢᠶ᠎ᠠ᠎ᠪᠠᠷ ᠱᠠᠭᠠᠷᠳᠠᠬᠤ ᠦᠭᠡᠢ ᠪᠠᠢᠬᠤ᠎ᠶ᠋ᠢ ᠪᠠᠳᠤ ᠴᠡᠭᠡᠵᠢᠯᠡᠵᠦ᠍᠂ ᠦᠨᠳᠦᠰᠦᠨ ᠱᠠᠲᠤᠨ᠎ᠤ ᠬᠦᠯᠢᠶᠡᠰᠦ᠎ᠶ᠋ᠢ᠎ᠨᠢ ᠦᠨᠡᠨ ᠭᠦ᠌ ᠰᠤᠯᠠᠯᠠᠨ ᠳᠠᠷᠤᠭᠠᠰᠤ᠎ᠶ᠋ᠢ᠎ᠨᠢ ᠦᠨᠡᠨ ᠭᠦ᠌ ᠬᠥᠩᠭᠡᠷᠡᠭᠦᠯᠭᠦ᠌ ᠭᠡᠷᠡᠭ᠌ᠳᠡᠢ᠃ ᠠᠮᠤᠷ ᠳᠠᠢᠪᠤᠩ ᠪᠠᠢᠬᠤ ᠦᠶ᠎ᠡ᠎ᠳᠡᠭᠡᠨ ᠠᠶᠤᠯ ᠲᠦᠭ᠌ᠰᠢᠬᠦᠷᠢ᠎ᠶ᠋ᠢ ᠪᠤᠳᠤᠯᠬᠢᠯᠠᠵᠤ᠂ ᠰᠠᠨᠠᠭᠠᠱᠢᠷᠠᠨ ᠵᠤᠪᠠᠨᠢᠬᠤ ᠤᠬᠠᠮᠰᠠᠷ᠎ᠢᠶᠠᠨ ᠴᠢᠩᠭᠠᠷᠠᠭᠤᠯᠵᠤ᠂ ᠤᠴᠢᠷ ᠶᠠᠪᠤᠳᠠᠯ᠎ᠤᠨ ᠡᠮᠦᠨ᠎ᠠ ᠬᠦᠴᠢᠷ ᠲᠦᠪᠡᠭ᠎ᠠᠴᠠ ᠠᠶᠦᠬᠤ ᠦᠬᠡᠢ᠂ ᠡᠬᠦᠷᠬᠡ ᠬᠠᠷᠢᠭᠤᠴᠠᠯᠭ᠎ᠠ᠎ᠶ᠋ᠢᠨ ᠡᠮᠦᠨ᠎ᠡ ᠠᠶᠤᠯ ᠲᠦᠭ᠌ᠰᠢᠬᠦᠷᠢ᠎ᠠᠴᠠ ᠵᠠᠢᠯᠠᠬᠤ ᠦᠬᠡᠢ ᠪᠠᠢᠵᠤ᠂ ᠡᠯ᠎ᠡ ᠵᠦᠢᠯ᠎ᠤᠨ ᠠᠶᠤᠯ ᠲᠦᠭ᠌ᠰᠢᠭᠦᠷᠢ ᠭᠡᠮ ᠰᠣᠭᠤᠭ᠎ᠢ ᠪᠦᠲᠦᠮᠵᠢᠲᠡᠢ ᠰᠡᠷᠭᠡᠢᠯᠡᠨ ᠠᠷᠢᠯᠭᠠᠬᠤ ᠬᠡᠷᠡᠭ᠌ᠲᠡᠢ᠃ ᠳᠠᠢᠴᠢᠯᠠᠵᠤ ᠪᠣᠯᠬᠤ ᠢᠳᠡᠪᠬᠢ ᠬᠦᠴᠦᠨ ᠵᠦᠢᠯ ᠪᠦᠬᠦᠨ᠎ᠢ ᠳᠠᠢᠴᠢᠯᠠᠨ᠂ ᠦᠬᠡᠷᠡᠴᠢᠯᠡᠯᠳᠠ ᠨᠡᠬᠡᠬᠡᠯᠳᠠ ᠬᠢᠬᠦ᠌᠎ᠶ᠋ᠢ ᠠᠬᠢᠭᠤᠯᠵᠤ᠂ ᠵᠠᠬ᠎ᠠ ᠳᠡᠯᠬᠡᠬᠦᠷ᠎ᠤᠨ ᠪᠡᠶᠠᠴᠢ ᠴᠤᠭ᠍ᠴᠠ᠎ᠶ᠋ᠢᠨ ᠠᠮᠢᠳᠤᠯᠢᠭ ᠬᠦᠴᠦᠨ ᠪᠠ ᠨᠡᠢᠬᠡᠮ᠎ᠤᠨ ᠪᠦᠳᠦᠬᠡᠯᠴᠢ ᠬᠦᠴᠦᠨ᠎ᠢ ᠨᠡᠩ ᠶᠡᠭᠡ᠎ᠪᠠᠷ ᠬᠦᠭ᠌ᠵᠢᠬᠡᠨ᠂ ᠬᠦᠭ᠌ᠵᠢᠯᠳᠠ᠎ᠶ᠋ᠢᠨ ᠠᠷᠭ᠎ᠠ᠎ᠪᠠᠷ ᠬᠦᠭ᠌ᠵᠢᠯᠳᠠ᠎ᠶ᠋ᠢᠨ ᠳᠡᠩᠴᠡᠬᠦᠷᠢ ᠦᠬᠡᠢ ᠬᠦᠢᠴᠡᠳ ᠦᠬᠡᠢ ᠪᠠᠢᠬᠤ ᠠᠰᠠᠭᠤᠳᠠᠯ᠎ᠢ ᠱᠢᠢᠳᠪᠦᠷᠢᠯᠡᠬᠦ᠌ ᠬᠡᠷᠡᠭ᠌ᠲᠡᠢ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠪᠤᠳᠠᠳᠠᠢ᠎ᠪᠠᠷ ᠬᠢᠵᠦ᠍ ᠬᠠᠳᠠᠭᠤᠵᠢᠯᠳᠠᠢ᠎ᠪᠠᠷ ᠠᠵᠢᠯᠯᠠᠨ᠂ ᠠᠷᠠᠳ ᠲᠦᠮᠡᠨ᠎ᠤ ᠬᠦᠰᠡᠨ ᠡᠷᠡᠮᠡᠯᠵᠡᠵᠦ᠍ ᠪᠠᠢᠭ᠎ᠠ ᠬᠦᠭ᠌ᠵᠢᠯᠳᠠ᠎ᠶ᠋ᠢᠨ ᠠᠮᠵᠢᠯᠲᠠ ᠪᠦᠲᠦᠮᠵᠢ᠎ᠶ᠋ᠢ ᠲᠠᠰᠤᠷᠠᠯᠲᠠ ᠦᠭᠡᠢ ᠡᠭᠦᠳᠬᠦ᠌ ᠬᠡᠷᠡᠭ᠌ᠲᠡᠢ᠃

ᠲᠥᠯᠥᠭᠡᠯᠡᠭ᠌ᠴᠢᠳ ᠡ!

ᠪᠢᠳᠡ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠨᠠᠮ᠎ᠤᠨ ᠦᠨᠳᠦᠰᠦᠲᠡᠨ᠎ᠤ ᠲᠦᠷᠦ᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠦᠯᠬᠦᠮᠳᠡᠨ ᠲᠡᠮᠡᠴᠡᠭᠦ᠌᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌᠎ᠶ᠋ᠢ ᠠᠬᠢᠭᠤᠯᠬᠤ ᠭᠡᠷᠡᠭ᠌ᠳᠡᠢ᠃ ᠱᠠᠱᠢᠨ ᠰᠤᠷᠲᠠᠬᠤᠨ᠎ᠤ ᠠᠵᠢᠯ᠎ᠤᠨ ᠲᠤᠬᠠᠶ ᠨᠠᠮ᠎ᠤᠨ ᠦᠨᠳᠦᠰᠦᠨ ᠴᠢᠭ᠌ᠯᠡᠯᠲᠡ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠦ᠍᠂ ᠮᠠᠨ᠎ᠤ ᠤᠯᠤᠰ᠎ᠤᠨ ᠱᠠᠱᠢᠨ ᠰᠤᠷᠲᠠᠬᠤᠨ᠎ᠤ ᠲᠤᠮᠲᠠᠲᠤ ᠤᠯᠤᠰᠴᠢᠯᠠᠬᠤ ᠴᠢᠭ᠌ᠯᠡᠯ᠎ᠢ ᠪᠠᠷᠢᠮᠲᠠᠯᠠᠵᠦ᠍᠂ ᠱᠠᠱᠢᠨ ᠰᠤᠷᠲᠠᠬᠤᠨ᠎ᠢ ᠢᠳᠡᠪᠬᠢᠲᠡᠶ ᠬᠥᠲᠥᠯᠥᠨ ᠵᠢᠯᠣᠭᠤᠳᠴᠤ᠌ ᠪᠠᠢᠭᠠᠳ ᠨᠡᠢᠭᠡᠮ ᠵᠢᠷᠤᠮᠲᠤ ᠨᠡᠢᠭᠡᠮ᠎ᠲᠠᠢ ᠵᠣᠬᠢᠴᠠᠭᠤᠯᠤᠨ᠎ᠠ᠃ ᠬᠠᠷᠢᠶᠠᠲᠤ ᠨᠠᠷ᠎ᠤᠨ ᠶᠠᠪᠤᠳᠠᠯ᠎ᠤᠨ ᠲᠤᠬᠠᠢ ᠨᠠᠮ᠎ᠤᠨ ᠲᠥᠷᠥ᠎ᠶ᠋ᠢᠨ ᠪᠣᠳᠣᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠦ᠍᠂ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠤ ᠨᠡᠷ᠂ ᠤᠯᠤᠰ᠎ᠲᠠᠭᠠᠨ ᠪᠤᠴᠠᠵᠤ ᠢᠷᠡᠭ᠌ᠰᠡᠨ ᠬᠠᠷᠢᠶᠠᠲᠤ ᠨᠠᠷ ᠪᠠ ᠬᠠᠷᠢᠶᠠᠲᠤ ᠨᠠᠷ᠎ᠤᠨ ᠭᠡᠷ ᠪᠦᠯᠢ᠎ᠶ᠋ᠢᠨ᠎ᠬᠢᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠵᠤ᠂ ᠳᠤᠮᠳᠠᠳᠤ᠎ᠶ᠋ᠢᠨ ᠬᠥᠪᠡᠭᠦᠳ ᠥᠬᠢᠳ᠎ᠤᠨ ᠭᠡᠷᠡᠯ ᠰᠠᠴᠤᠷᠠᠩᠭᠤᠶ ᠦᠢᠯᠡᠰ᠎ᠢ ᠬᠠᠮᠲᠤ᠎ᠪᠠᠷ ᠴᠤᠭ᠍ᠴᠠᠯᠠᠬᠤ ᠰᠦᠷ ᠳᠠᠯᠠᠢᠴᠠᠲᠠᠶ ᠬᠦᠴᠦᠨ᠎ᠢ ᠨᠡᠩ ᠶᠡᠭᠡ᠎ᠪᠠᠷ ᠨᠢᠭ᠍ᠲᠠᠷᠠᠭᠤᠯᠤᠨ᠎ᠠ᠃

ᠥᠩᠭᠡᠷᠡᠭ᠌ᠰᠡᠨ ᠨᠢᠭᠡ ᠵᠢᠯ᠎ᠳᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ᠎ᠶ᠋ᠢᠨ ᠪᠦᠳᠦᠭᠡᠨ ᠪᠠᠢᠭᠤᠯᠤᠯᠲᠠ ᠴᠢᠬᠤᠯᠠ ᠶᠡᠭᠡ ᠱᠢᠨ᠎ᠡ ᠠᠮᠵᠢᠯᠲᠠ ᠣᠯᠵᠤ᠂ ᠠᠷᠠᠳ᠎ᠤᠨ ᠴᠡᠷᠢᠭ ᠠᠩᠬᠢ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠪᠠ ᠬᠢᠵᠢᠭ᠎ᠢ ᠰᠡᠷᠭᠡᠢᠯᠡᠨ ᠬᠢᠵᠠᠭᠠᠷᠯᠠᠬᠤ ᠳᠤᠮᠳᠠ ᠴᠠᠭᠠᠷᠠᠭ᠍ᠰᠠᠨ ᠡᠷᠳᠡᠮ ᠴᠢᠳᠠᠪᠤᠷᠢ ᠪᠣᠯᠤᠨ ᠱᠢᠯᠢᠳᠡᠭ ᠰᠤᠷᠲᠠᠯ᠎ᠢ ᠢᠯᠡᠷᠡᠭᠦᠯᠪᠠ᠃ ᠱᠢᠨ᠎ᠡ ᠨᠢᠭᠡᠨ ᠵᠢᠯ᠎ᠳᠤ᠂ ᠰᠢ᠎ᠶ᠋ᠢᠨ ᠫᠢᠩ᠎ᠤᠨ ᠴᠡᠷᠢᠭ᠎ᠢᠶᠠᠨ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠱᠢᠨ᠎ᠡ ᠴᠠᠭ ᠦᠶ᠎ᠡ᠎ᠶ᠋ᠢᠨ ᠴᠡᠷᠢᠭ᠎ᠤᠨ ᠶᠠᠪᠤᠳᠠᠯ᠎ᠤᠨ ᠪᠠᠢᠯᠳᠤᠬᠤ ᠪᠣᠳᠣᠯᠭ᠎ᠠ᠎ᠶ᠋ᠢᠨ ᠴᠢᠭ᠌ᠯᠡᠯᠲᠡ᠎ᠶ᠋ᠢ ᠲᠤᠭᠤᠱᠢᠯᠠᠭᠤᠯᠵᠤ᠂ ᠠᠷᠠᠳ᠎ᠤᠨ ᠴᠡᠷᠢᠭ ᠠᠩᠭᠢ᠎ᠳᠤ ᠶᠠᠪᠤᠭᠤᠯᠬᠤ ᠨᠠᠮ᠎ᠤᠨ ᠬᠠᠷᠢᠴᠠᠯᠠᠰᠢ ᠦᠭᠡᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭ᠌ᠴᠢ ᠬᠠᠷᠢᠭᠤᠴᠠᠬᠤ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠴᠡᠷᠢᠭ ᠠᠩᠬᠢ᠎ᠶ᠋ᠢᠨ ᠪᠦᠲᠦᠭᠡᠨ ᠪᠠᠢᠭᠤᠯᠤᠯᠳᠠ᠎ᠶ᠋ᠢᠨ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠤᠯᠤᠰ ᠲᠦᠷᠦ᠎ᠪᠠᠷ ᠴᠡᠷᠢᠭ᠎ᠢ ᠪᠠᠢᠭᠤᠯᠬᠤ᠂ ᠥᠭᠡᠷᠡᠴᠢᠯᠡᠯᠲᠡ᠎ᠪᠠᠷ ᠴᠡᠷᠢᠭ᠎ᠢ ᠬᠦᠴᠦᠷᠬᠡᠭ᠌ᠵᠢᠭᠦᠯᠬᠦ᠂ ᠱᠢᠨᠵᠢᠯᠡᠬᠦ᠌ ᠤᠬᠠᠭᠠᠨ ᠮᠡᠷᠭᠡᠵᠢᠯ᠎ᠢᠶᠠᠷ ᠴᠡᠷᠢᠭ᠎ᠢ ᠬᠦᠴᠦᠷᠬᠡᠭ᠌ᠵᠢᠭᠦᠯᠬᠦ᠂ ᠴᠢᠳᠠᠪᠤᠷᠢᠲᠠᠨ᠎ᠢᠶᠠᠷ ᠴᠡᠷᠢᠭ᠎ᠢ ᠬᠦᠴᠦᠷᠬᠡᠭ᠌ᠵᠢᠭᠦᠯᠬᠦ᠂ ᠬᠠᠤᠯᠢ ᠶᠤᠰᠤᠭᠠᠷ ᠴᠡᠷᠢᠭ᠎ᠢ ᠵᠠᠰᠠᠬᠤ᠎ᠶ᠋ᠢ ᠠᠬᠢᠭᠤᠯᠵᠦ᠍᠂ ᠮᠧᠬᠠᠨᠢᠬ᠍ᠵᠢᠬ᠍ᠰᠠᠨ ᠮᠡᠲᠡᠭᠡ ᠵᠠᠩᠬᠢᠵᠢᠭ᠍ᠰᠠᠨ ᠤᠶᠤᠨᠴᠢᠯᠠᠬ᠍ᠰᠠᠨ ᠠᠭᠤᠰᠤᠯᠴᠠᠬ᠍ᠰᠠᠨ ᠬᠦᠭ᠌ᠵᠢᠯᠲᠡ᠎ᠶ᠋ᠢ ᠲᠦᠷᠬᠡᠳᠭᠡᠨ᠎ᠡ᠃ ᠴᠡᠷᠢᠭ ᠪᠣᠯᠪᠠᠰᠤᠷᠠᠭᠤᠯᠵᠤ ᠳᠠᠢᠨ᠎ᠳᠤ ᠪᠡᠯᠡᠳᠭᠡᠬᠦ᠌ ᠠᠵᠢᠯ᠎ᠢ ᠪᠦᠬᠦ᠌ ᠲᠠᠯ᠎ᠠ᠎ᠪᠠᠷ ᠴᠢᠩᠭᠠᠳᠭᠠᠵᠤ᠂ ᠡᠯ᠎ᠡ ᠴᠢᠭ᠌ᠯᠡᠯ ᠡᠯ᠎ᠡ ᠬᠦᠷᠢᠶᠡᠨ᠎ᠳᠠᠬᠢ ᠠᠮᠤᠷ ᠲᠦᠪᠱᠢᠨ᠎ᠤ ᠠᠶᠤᠯ ᠲᠦᠭ᠌ᠰᠢᠭᠦᠷᠢ᠎ᠶ᠋ᠢ ᠨᠢᠭᠡᠳᠦᠯᠲᠡᠶ ᠲᠥᠯᠥᠪᠯᠡᠨ ᠠᠷᠭᠠᠴᠠᠵᠤ᠂ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠬᠠᠮᠠᠭᠠᠯᠠᠬᠤ ᠪᠠᠢᠯᠳᠤᠬᠤ ᠪᠤᠳᠤᠯᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠠᠵᠤ ᠦᠢᠯᠡᠳᠪᠦᠷᠢ᠎ᠶ᠋ᠢᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠲᠠᠢᠴᠢᠯᠠᠯᠳᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠪᠦᠬᠦ᠌ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠦᠮᠦᠵᠢᠯ᠎ᠢ ᠴᠢᠩᠭᠠᠳᠭᠠᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠶᠡᠭᠡ᠎ᠪᠠᠷ ᠳᠠᠮᠵᠢᠵᠤ᠂ 《ᠬᠤᠶᠠᠷ᠎ᠢ ᠬᠦᠷᠢᠶᠡᠯᠡᠬᠦ᠌》 ᠠᠵᠢᠯᠯᠠᠭ᠎ᠠ᠎ᠶ᠋ᠢ ᠭᠦᠨᠵᠡᠭᠡᠢ ᠥᠷᠨᠢᠭᠦᠯᠦᠨ᠂ ᠰᠠᠯᠤᠰᠢ ᠦᠭᠡᠢ ᠭᠦᠨ ᠵᠤᠵᠠᠭᠠᠨ ᠬᠠᠢᠷ᠎ᠠ ᠰᠡᠳᠭᠢᠯᠭᠡ᠎ᠲᠠᠢ ᠴᠠᠭ ᠦᠶ᠎ᠡ᠎ᠶ᠋ᠢᠨ ᠢᠷᠠᠭᠤ ᠬᠠᠭᠤᠳᠠᠰᠤ᠎ᠶ᠋ᠢ ᠪᠢᠴᠢᠭ᠌ᠯᠡᠭᠦ᠌ ᠭᠡᠷᠡᠭ᠌ᠳᠡᠢ᠃

ᠲᠥᠯᠥᠭᠡᠯᠡᠭ᠌ᠴᠢᠳ ᠡ!

ᠪᠢᠳᠡ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠭᠦᠯᠬᠦ᠌》᠂ 《ᠱᠢᠶᠠᠩᠭᠠᠩ᠎ᠤᠨ ᠬᠥᠮᠦᠨ᠎ᠢᠶᠠᠷ ᠱᠢᠶᠠᠩᠭᠠᠩ᠎ᠢ ᠵᠠᠰᠠᠭᠤᠯᠬᠤ》᠂ 《ᠣᠣᠮᠧᠨ᠎ᠤ ᠬᠥᠮᠦᠨ᠎ᠢᠶᠠᠷ ᠣᠣᠮᠧᠨ᠎ᠢ ᠵᠠᠰᠠᠭᠤᠯᠬᠤ》᠂ ᠳᠡᠭᠡᠳᠦ ᠬᠡᠮᠵᠢᠶ᠎ᠡ᠎ᠪᠠᠷ ᠥᠪᠡᠷᠲᠡᠭᠡᠨ ᠵᠠᠰᠠᠬᠤ ᠴᠢᠭ᠌ᠯᠡᠯᠲᠡ᠎ᠶ᠋ᠢ ᠦᠷᠭᠦᠯᠵᠢᠯᠡᠨ ᠪᠦᠬᠦ᠌ ᠲᠠᠯ᠎ᠠ᠎ᠪᠠᠷ ᠣᠨᠣᠪᠴᠢᠲᠠᠶ ᠲᠤᠭᠤᠱᠢᠯᠠᠭᠤᠯᠵᠦ᠍᠂ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠦᠨᠳᠦᠰᠦᠨ ᠬᠠᠤᠯᠢ ᠪᠠ ᠭᠤᠤᠯ ᠬᠠᠤᠯᠢ᠎ᠶ᠋ᠢ ᠬᠡᠷᠡᠭ᠌ᠵᠢᠭᠦᠯᠬᠦ᠌᠎ᠲᠠᠢ ᠬᠤᠯᠪᠣᠭ᠍ᠳᠠᠬᠤ ᠪᠠᠢᠭᠤᠯᠤᠯ ᠪᠠ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠬᠠᠤᠯᠢ ᠴᠠᠭᠠᠵᠠ᠎ᠶ᠋ᠢᠨ ᠪᠠᠢᠭᠤᠯᠤᠯ ᠪᠠ ᠭᠦᠢᠴᠡᠳᠭᠡᠬᠦ᠌ ᠲᠣᠭ᠍ᠲᠠᠴᠠ᠎ᠶ᠋ᠢ ᠨᠠᠢᠳᠠᠪᠤᠷᠢᠵᠢᠭᠤᠯᠬᠤ ᠭᠡᠷᠡᠭ᠌ᠳᠡᠢ᠃ ᠱᠢᠶᠠᠩᠭᠠᠩ ᠣᠣᠮᠧᠨ᠎ᠤ ᠬᠡᠷᠡᠭ ᠶᠠᠪᠤᠳᠠᠯ᠎ᠳᠤ ᠭᠠᠳᠠᠭᠠᠳᠤ᠎ᠶ᠋ᠢᠨ ᠬᠦᠴᠦᠨ᠎ᠤ ᠭᠠᠷ ᠲᠦᠷᠦᠭᠦ᠎ᠶ᠋ᠢ ᠡᠷᠡᠰ ᠰᠡᠷᠭᠡᠢᠯᠡᠨ ᠬᠤᠷᠢᠬ᠍ᠯᠠᠵᠤ᠂ ᠱᠢᠶᠠᠩᠭᠠᠩ ᠣᠣᠮᠧᠨ᠎ᠤ ᠠᠵᠤ ᠠᠬᠤᠶ᠎ᠪᠠᠨ ᠬᠥᠭ᠌ᠵᠢᠭᠦᠯᠬᠦ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠶ᠋ᠢ ᠳᠡᠮᠵᠢᠵᠤ᠂ ᠱᠢᠶᠠᠩᠭᠠᠩ᠂ ᠣᠣᠮᠧᠨ᠎ᠤ ᠤᠷᠳᠤ ᠬᠤᠭᠤᠴᠠᠭᠠᠨ᠎ᠤ ᠴᠡᠴᠡᠭ᠌ᠯᠡᠯ ᠬᠥᠭ᠌ᠵᠢᠯ ᠪᠠ ᠲᠣᠭ᠍ᠲᠠᠭᠤᠨ ᠪᠠᠢᠳᠠᠯ᠎ᠢ ᠪᠠᠲᠤᠯᠠᠨ᠎ᠠ᠃

ᠪᠢᠳᠡ ᠲᠠᠢᠸᠠᠨ᠎ᠤ ᠲᠤᠬᠠᠶ ᠠᠵᠢᠯ᠎ᠤᠨ ᠦᠨᠳᠦᠰᠦᠨ ᠪᠣᠳᠣᠯᠭ᠎ᠠ ᠴᠢᠭ᠌ᠯᠡᠯᠲᠡ᠎ᠶ᠋ᠢ ᠪᠠᠷᠢᠮᠲᠠᠯᠠᠵᠤ᠂ ᠨᠢᠭᠡ ᠯᠡ ᠳᠤᠮᠳᠠᠳᠤ ᠤᠯᠤᠰ ᠪᠠᠢᠬᠤ ᠵᠠᠷᠴᠢᠮ ᠪᠠ 《ᠶᠡᠷᠡᠨ ᠬᠤᠶᠠᠷ ᠣᠨ᠎ᠤ ᠬᠠᠮᠲᠤ᠎ᠶ᠋ᠢᠨ ᠲᠠᠨᠢᠯᠲᠠ》 ᠎ᠶ᠋ᠢ ᠪᠠᠷᠢᠮᠲᠠᠯᠠᠨ᠂ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠬᠠᠷᠢᠴᠠᠭ᠎ᠠ᠎ᠶ᠋ᠢ ᠨᠠᠢᠷᠠᠮᠳᠠᠯ᠎ᠢᠶᠠᠷ ᠬᠥᠭ᠌ᠵᠢᠭᠦᠯᠬᠦ᠌ ᠪᠠ ᠡᠭᠡ ᠤᠯᠤᠰ᠎ᠢᠶᠠᠨ ᠨᠢᠭᠡᠳᠭᠡᠭᠦ᠎ᠶ᠋ᠢ ᠠᠬᠢᠭᠤᠯᠬᠤ ᠭᠡᠷᠡᠭ᠌ᠳᠡᠢ᠃ 《ᠲᠠᠢᠸᠠᠨ᠎ᠢ ᠲᠤᠰᠠᠭᠠᠷ ᠲᠣᠭ᠍ᠲᠠᠨᠢᠭᠤᠯᠬᠤ》 ᠬᠠᠭᠠᠴᠠᠭᠤᠯᠬᠤ ᠠᠵᠢᠯᠯᠠᠭ᠎ᠠ᠎ᠶ᠋ᠢ ᠳᠡᠭᠡᠳᠦ ᠬᠡᠮᠵᠢᠶ᠎ᠡ᠎ᠪᠠᠷ ᠰᠡᠷᠡᠮᠵᠢᠯᠡᠵᠦ᠍ ᠡᠷᠡᠰ ᠬᠤᠷᠢᠬ᠍ᠯᠠᠨ᠎ᠠ᠃ ᠲᠠᠢᠸᠠᠨ᠎ᠤ ᠠᠬ᠎ᠠ ᠳᠡᠭᠦᠤ ᠨᠡᠷ᠎ᠤᠨ ᠠᠵᠠ ᠵᠢᠷᠭᠠᠯ᠎ᠢ ᠪᠠᠲᠤᠯᠠᠬᠤ ᠪᠠ ᠡᠬᠡ ᠬᠠᠭᠤᠷᠠᠶ᠎ᠳᠤ ᠠᠳᠠᠯᠢ ᠲᠡᠭ᠌ᠰᠢ ᠬᠠᠷᠠᠭᠠᠯᠵᠠᠯ ᠬᠦᠷᠲᠡᠬᠦ᠌ ᠳᠦᠷᠢᠮ ᠪᠣᠯᠤᠨ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠵᠦ᠍᠂ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ ᠪᠠ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠰᠠᠢᠨ ᠰᠠᠢᠬᠠᠨ ᠢᠷᠡᠭᠡᠳᠦᠶ᠎ᠶ᠋ᠢ ᠰᠡᠳᠭᠢᠯ ᠨᠢᠭᠡᠳᠦᠨ ᠬᠠᠮᠲᠤ᠎ᠪᠠᠷ ᠴᠣᠭ᠍ᠴᠠᠯᠠᠨ᠎ᠠ᠃

ᠪᠢᠳᠡ ᠪᠡᠶ᠎ᠡ᠎ᠪᠠᠨ ᠳᠠᠭᠠᠭᠠᠵᠤ ᠡᠵᠡᠨ ᠮᠡᠳᠡᠬᠦ᠌ ᠨᠠᠢᠷᠠᠮᠳᠠᠯ᠎ᠤᠨ ᠭᠠᠳᠠᠭᠠᠳᠤ ᠬᠠᠷᠢᠯᠴᠠᠭᠠᠨ᠎ᠤ ᠲᠦᠷᠦ᠎ᠶ᠋ᠢᠨ ᠪᠤᠳᠤᠯᠭ᠎ᠠ᠎ᠶ᠋ᠢ ᠪᠠᠷᠢᠮᠲᠠᠯᠠᠵᠤ᠂ ᠪᠦᠬᠦ᠌ ᠪᠥᠮᠪᠥᠷᠴᠡᠭ᠎ᠤᠨ ᠬᠠᠨᠢᠲᠠᠨ᠎ᠤ ᠬᠠᠷᠢᠴᠠᠭ᠎ᠠ᠎ᠶ᠋ᠢ ᠢᠳᠡᠪᠬᠢᠲᠡᠶ ᠬᠥᠭ᠌ᠵᠢᠭᠦᠯᠵᠦ᠍᠂ ᠱᠢᠨ᠎ᠡ ᠬᠡᠯᠪᠡᠷᠢ᠎ᠶ᠋ᠢᠨ ᠤᠯᠠᠨ ᠤᠯᠤᠰ᠎ᠤᠨ ᠬᠠᠷᠢᠴᠠᠭ᠎ᠠ ᠪᠠ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠬᠤ ᠬᠡᠷᠡᠭ᠌ᠲᠡᠶ᠃ ᠨᠡᠬᠡᠬᠡᠯᠳᠡ ᠬᠢᠵᠦ᠍ ᠬᠠᠮᠲᠤᠷᠠᠨ ᠠᠵᠢᠯᠯᠠᠬᠤ᠎ᠶ᠋ᠢ ᠪᠠᠷᠢᠮᠲᠠᠯᠠᠵᠤ᠂ ᠪᠦᠬᠦ᠌ ᠪᠥᠮᠪᠥᠷᠴᠡᠭ᠎ᠤᠨ ᠵᠠᠰᠠᠯᠲᠠ᠎ᠶ᠋ᠢᠨ ᠱᠢᠰᠲ᠋ᠧᠮ᠎ᠤᠨ ᠨᠡᠩ ᠲᠥᠪ ᠭᠤᠣᠯᠴᠢ ᠵᠦᠢ ᠵᠣᠬᠢᠰᠲᠠᠢ ᠴᠢᠭ᠌ᠯᠡᠯ᠎ᠢᠶᠠᠷ ᠬᠥᠭ᠌ᠵᠢᠬᠦ᠌᠎ᠶ᠋ᠢ ᠠᠬᠢᠭᠤᠯᠤᠨ᠎ᠠ᠃ ᠤᠯᠠᠨ ᠤᠯᠤᠰ᠎ᠤᠨ ᠪᠠ ᠭᠠᠵᠠᠷ ᠣᠷᠣᠨ᠎ᠤ ᠬᠠᠮᠲᠤᠷᠠᠯᠴᠠᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠬᠦᠨᠳᠦ ᠶᠡᠭᠡ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠬᠢᠵᠠᠭᠠᠷᠯᠠᠬᠤ ᠤᠯᠠᠨ ᠤᠯᠤᠰ᠎ᠤᠨ ᠬᠠᠮᠲᠤᠷᠠᠯᠴᠠᠭ᠎ᠠ᠎ᠳᠤ ᠢᠳᠡᠪᠬᠢᠲᠡᠶ ᠣᠷᠣᠯᠴᠠᠨ᠎ᠠ᠃ ᠳᠤᠮᠳᠠᠳᠤ ᠤᠯᠤᠰ ᠳᠤᠷᠠᠲᠠᠶ᠎ᠠ ᠪᠤᠢ ᠪᠦᠬᠦᠢ ᠤᠯᠤᠰ᠎ᠲᠠᠢ ᠬᠠᠷᠢᠯᠴᠠᠨ ᠬᠦᠨᠳᠦᠳᠭᠡᠭᠦ᠌᠂ ᠡᠷᠬᠡ ᠲᠡᠭ᠌ᠰᠢ ᠬᠠᠷᠢᠯᠴᠠᠨ ᠠᠱᠢᠭ᠍ᠲᠠᠢ ᠪᠠᠢᠬᠤ ᠰᠠᠭᠤᠷᠢᠨ ᠳᠡᠭᠡᠷ᠎ᠡ ᠨᠠᠢᠷᠠᠮᠳᠠᠯ᠎ᠢᠶᠠᠷ ᠵᠡᠷᠭᠡᠴᠡᠨ ᠣᠷᠣᠱᠢᠵᠦ᠍᠂ ᠬᠠᠮᠲᠤ᠎ᠪᠠᠷ ᠬᠥᠭ᠌ᠵᠢᠵᠦ᠍᠂ ᠪᠦᠬᠦ᠌ ᠪᠥᠮᠪᠥᠷᠴᠡᠭ᠎ᠤᠨ ᠴᠢᠨᠠᠷᠲᠠᠢ ᠱᠢᠯᠭᠠᠯᠳᠠ᠎ᠶ᠋ᠢ ᠬᠠᠮᠳᠤ᠎ᠪᠠᠷ ᠠᠷᠭᠠᠴᠠᠵᠤ᠂ ᠳᠡᠯᠡᠬᠡᠢ᠎ᠶ᠋ᠢᠨ ᠡᠩᠬᠡ ᠲᠠᠢᠪᠤᠩ ᠪᠣᠯᠤᠨ ᠬᠥᠭ᠌ᠵᠢᠯ ᠴᠡᠴᠡᠭ᠌ᠯᠡᠯ᠎ᠢ ᠠᠬᠢᠭᠤᠯᠬᠤ᠎ᠶ᠋ᠢᠨ ᠲᠥᠯᠥᠭᠡ ᠴᠥᠬᠦᠷᠡᠰᠢ ᠦᠭᠡᠢ ᠴᠢᠷᠮᠠᠢᠨ᠎ᠠ!

ᠲᠥᠯᠥᠭᠡᠯᠡᠭ᠌ᠴᠢᠳ ᠡ!

ᠮᠠᠨ᠎ᠤ ᠮᠦᠷᠦᠨ ᠳᠡᠬᠡᠷᠡᠬᠢ ᠡᠬᠦᠷᠬᠡ ᠬᠦᠨᠳᠦ ᠪᠠᠢᠭ᠎ᠠ ᠪᠤᠯᠬᠤᠷ ᠪᠢᠳᠠ ᠨᠡᠩ ᠴᠤ᠌ ᠬᠠᠳᠠᠭᠤᠵᠢᠨ ᠳᠡᠮᠡᠴᠡᠬᠦ᠌ ᠴᠢᠬᠤᠯᠠᠳᠠᠢ ᠪᠠᠢᠨ᠎ᠠ᠃ ᠪᠢᠳᠡ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠠᠩ ᠢᠯᠡᠭᠦᠦ ᠨᠢᠭ᠍ᠲᠠᠷᠠᠨ ᠪᠦᠯᠬᠦᠮᠳᠡᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠠᠭᠤᠤ ᠶᠡᠭᠡ ᠲᠤᠭ᠎ᠢ ᠥᠨᠳᠥᠷ ᠮᠠᠨᠳᠤᠭᠤᠯᠦᠨ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭᠠᠵᠤ᠂ ᠰᠡᠳᠭᠢᠯ ᠨᠢᠭᠡᠳᠦᠨ ᠬᠦᠴᠦ᠍ ᠬᠠᠮᠲᠤᠳᠭᠠᠵᠤ᠂ ᠵᠠᠮ ᠨᠡᠭᠡᠭᠡᠨ ᠤᠷᠤᠭ᠍ᠰᠢᠯᠠᠵᠤ᠂ ᠪᠦᠬᠦ᠌ ᠵᠢᠯ᠎ᠤᠨ ᠬᠠᠷᠠᠯᠲᠠ ᠡᠭᠦᠷᠭᠡ᠎ᠪᠠᠨ ᠴᠢᠷᠮᠠᠢᠨ ᠪᠡᠶᠡᠯᠡᠭᠦᠯᠵᠦ᠍᠂ ᠱᠢᠯᠢᠳᠡᠭ ᠬᠢᠷᠢ ᠪᠦᠲᠦᠮᠵᠢ᠎ᠪᠠᠷ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠤᠢ᠎ᠶ᠋ᠢ ᠪᠡᠯᠭᠡᠯᠡᠵᠦ᠍᠂ ᠮᠠᠨ᠎ᠤ ᠤᠯᠤᠰ᠎ᠢᠶᠠᠨ ᠪᠠᠶᠠᠨ ᠬᠦᠴᠦᠷᠬᠡᠭ ᠠᠷᠠᠳᠴᠢᠯᠠᠭ᠍ᠰᠠᠨ ᠪᠣᠯᠪᠠᠰᠤᠨ ᠡᠶ᠎ᠡ ᠵᠣᠬᠢᠴᠠᠯ᠎ᠲᠠᠢ ᠦᠵᠡᠰᠭᠦᠯᠡᠩᠲᠦ ᠰᠠᠢᠬᠠᠨ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ ᠪᠣᠯᠭᠠᠨ ᠪᠦᠳᠦᠭᠡᠨ ᠪᠠᠢᠭᠤᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ ᠤᠯᠤᠰ᠎ᠤᠨ ᠭᠦᠰᠡᠯ᠎ᠢ ᠪᠡᠶᠡᠯᠡᠭᠦᠯᠭᠦ᠌ ᠎ᠶ᠋ᠢᠨ  ᠲᠥᠯᠥᠭᠡ   ᠴᠥᠬᠦᠷᠡᠰᠢ  ᠦᠭᠡᠢ   ᠲᠡᠮᠡᠴᠡᠵᠡᠭᠡᠶ᠎ᠡ! (ᠱᠢᠨᠬᠤᠸᠠ ᠬᠤᠷᠢᠶᠠᠨ᠎ᠤ ᠪᠡᠭᠡᠵᠢᠩ᠎ᠤᠨ 3 ᠰᠠᠷ᠎ᠠ᠎ᠶ᠋ᠢᠨ 12 ᠎ᠤᠨ ᠴᠠᠬᠢᠯᠭᠠᠨ ᠮᠡᠳᠡᠭᠡ᠂ ᠳᠣᠮᠳᠠᠳᠣ ᠣᠯᠣᠰ᠎ᠤᠨ ᠦᠨᠳᠦᠰᠦᠳᠡᠨ᠎ᠤ ᠬᠡᠯᠡᠨ᠎ᠤ ᠣᠷᠴᠢᠭᠤᠯᠭ᠎ᠠ᠎ᠶ᠋ᠢᠨ ᠳᠣᠪᠴᠢᠶ᠎ᠠ ᠣᠷᠴᠢᠭᠤᠯᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号