ᠪᠥᠬᠦ᠌ ᠤᠯᠤᠰ᠎ᠤᠨ ᠬᠤᠶᠠᠷ ᠬᠤᠷᠠᠯ ᠲᠡᠭᠦᠰᠦᠭ᠌ᠰᠡᠨ᠎ᠤ ᠳᠠᠷᠠᠭ᠎ᠠ᠂ ᠪᠥᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠨ᠂ ᠥᠪᠥᠷ ᠮᠣᠩᠭᠤᠯ᠎ᠤᠨ ᠠᠵᠤ ᠦᠶᠯᠡᠳᠪᠦᠷᠢ᠎ᠶ᠋ᠢᠨ ᠶᠡᠭᠡ ᠰᠤᠷᠭᠠᠭᠤᠯᠢ᠎ᠶ᠋ᠢᠨ ᠬᠦᠴᠦᠨ᠎ᠤ ᠤᠬᠠᠭᠠᠨ᠎ᠤ ᠫᠷᠤᠹᠧᠰᠰᠤᠷ᠂ ᠳ᠋ᠣᠺᠲ᠋ᠣᠷᠠᠨᠲ᠎ᠤᠨ ᠵᠢᠯᠣᠭᠤᠳᠣᠭ᠍ᠴᠢ ᠪᠠᠭ᠍ᠰᠢ ᠱᠢᠩ ᠶᠦᠩ ᠮᠢᠩ ᠵᠢᠭᠠᠨ ᠰᠤᠷᠭᠠᠯᠲᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯ᠎ᠳᠠᠭᠠᠨ ᠶᠠᠭᠠᠷᠠᠬᠤ᠎ᠶ᠋ᠢᠨ ᠳᠠᠭᠠᠤ ᠬᠤᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠬᠢᠴᠢᠶᠡᠯ᠎ᠤᠨ ᠫᠷᠦᠭ᠌ᠷᠠᠮᠢᠶᠠᠨ ᠨᠠᠷᠢᠨ ᠨᠢᠮᠪᠠᠶ ᠪᠡᠯᠡᠳᠭᠡᠨ᠎ᠡ᠃ 《ᠲᠠᠷᠠᠭᠠᠴᠢ᠎ᠶ᠋ᠢᠨ ᠬᠡᠰᠡᠭ ᠬᠤᠭᠤᠴᠠᠭᠠᠨ᠎ᠳᠤ᠂ ᠪᠢ ᠬᠢᠴᠢᠶᠡᠯ ᠣᠷᠣᠬᠤ ᠪᠠ ᠶᠠᠷᠢᠯᠴᠠᠬᠤ ᠬᠤᠷᠠᠯ᠎ᠤᠨ ᠬᠡᠯᠪᠡᠷᠢ᠎ᠪᠠᠷ ᠬᠤᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠥᠷᠭᠡᠨ ᠣᠯᠠᠨ ᠪᠠᠭ᠍ᠰᠢ ᠰᠣᠷᠣᠭ᠍ᠴᠢ ᠵᠢᠴᠢ ᠪᠤᠰᠤᠳ ᠨᠡᠢᠭᠡᠮ᠎ᠤᠨ ᠨᠢᠭᠡᠴᠢ᠎ᠶ᠋ᠢᠨ ᠠᠵᠢᠯᠲᠠᠨ᠎ᠤ ᠳᠤᠮᠳᠠ ᠳᠠᠮᠵᠢᠭᠤᠯᠵᠤ᠂ ᠬᠤᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠲᠠᠷᠠᠭᠠᠴᠢ᠎ᠶ᠋ᠢᠨ ᠠᠵᠢᠯ᠎ᠢᠶᠠᠨ ᠰᠠᠢᠲᠤᠷ ᠬᠢᠬᠦ᠌ ᠠᠮᠢᠳᠤᠯᠢᠭ ᠦᠶᠯᠡᠳᠦᠯᠭᠡ ᠪᠣᠯᠭᠠᠨ ᠬᠤᠪᠢᠷᠠᠭᠤᠯᠤᠨ᠎ᠠ》 ᠭᠡᠵᠦ᠍ ᠱᠢᠩ ᠶᠦᠩ ᠮᠢᠩ ᠬᠡᠯᠡᠪᠡ᠃
《ᠶᠡᠷᠦᠩᠬᠡᠢ ᠱᠦᠵᠢ ᠰᠤᠷᠭᠠᠨ ᠬᠥᠮᠦᠵᠢᠯ᠎ᠤᠨ ᠠᠵᠢᠯ᠎ᠢ ᠮᠠᠰᠢ ᠴᠢᠬᠤᠯᠠᠴᠢᠯᠠᠵᠤ᠂ ᠶᠣᠰᠣ ᠰᠤᠷᠲᠠᠬᠤᠨ᠎ᠢᠶᠠᠷ ᠬᠥᠮᠦᠨ ᠬᠥᠮᠦᠵᠢᠭᠦᠯᠬᠦ᠌᠎ᠶ᠋ᠢ ᠪᠠᠷᠢᠮᠲᠠᠯᠠᠬᠤ ᠬᠡᠷᠡᠭ᠌ᠲᠡᠢ ᠭᠡᠵᠦ᠍ ᠣᠯᠠᠨᠲᠠ ᠵᠢᠭᠠᠵᠤ ᠭᠠᠷᠭᠠᠪᠠ᠃ ᠡᠨᠡ ᠤᠳᠠᠭ᠎ᠠ᠎ᠶ᠋ᠢᠨ ᠬᠤᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠢ ᠱᠦᠵᠢ ᠡᠮ ᠡᠮᠨᠡᠯᠭᠡ ᠡᠷᠡᠭᠦᠯ ᠬᠠᠮᠠᠭᠠᠯᠠᠯ᠎ᠤᠨ ᠡᠲᠡᠭᠡᠳ᠂ ᠰᠤᠷᠭᠠᠨ ᠬᠥᠮᠦᠵᠢᠯ᠎ᠤᠨ ᠡᠲᠡᠭᠡᠳ᠎ᠤᠨ ᠭᠡᠱᠢᠭᠦᠳ᠎ᠢ ᠡᠷᠬᠢᠨ ᠦᠵᠡᠭ᠌ᠰᠡᠨ ᠪᠥᠭᠡᠳ ᠬᠠᠮᠲᠤᠷᠠᠭ᠍ᠰᠠᠨ ᠳᠤᠭᠤᠢᠯᠠᠩ᠎ᠤᠨ ᠬᠤᠷᠠᠯ᠎ᠳᠤ ᠣᠷᠣᠯᠴᠠᠵᠤ᠂ ᠶᠣᠰᠣ ᠰᠤᠷᠲᠠᠬᠤᠨ᠎ᠢᠶᠠᠷ ᠬᠥᠮᠦᠨ ᠬᠥᠮᠦᠵᠢᠭᠦᠯᠬᠦ᠌ ᠦᠵᠡᠯ ᠰᠠᠨᠠᠭ᠎ᠠ᠎ᠶ᠋ᠢ ᠳᠠᠬᠢᠨᠲᠠ ᠴᠢᠬᠤᠯᠠᠴᠢᠯᠠᠪᠠ᠃ ᠰᠤᠷᠭᠠᠨ ᠬᠥᠮᠦᠵᠢᠯ᠎ᠤᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢᠳᠡ ᠴᠢᠳᠠᠪᠤᠷᠢᠲᠠᠨ᠎ᠢ ᠬᠥᠮᠦᠵᠢᠭᠦᠯᠬᠦ᠌ ᠬᠠᠷᠠᠭᠠᠰᠤ᠎ᠠᠴᠠ ᠶᠣᠰᠣ ᠰᠤᠷᠲᠠᠬᠤᠨ᠎ᠢᠶᠠᠷ ᠬᠥᠮᠦᠨ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠪᠤᠳᠠᠳᠤ ᠠᠵᠢᠯᠯᠠᠭ᠎ᠠ ᠳᠡᠭᠡᠷ᠎ᠡ᠎ᠪᠠᠨ ᠨᠠᠢᠳᠠᠪᠤᠷᠢᠵᠢᠭᠤᠯᠬᠤ ᠬᠡᠷᠡᠭ᠌ᠲᠡᠶ᠃ ᠪᠠᠭ᠍ᠰᠢ ᠪᠣᠯ ᠰᠤᠷᠭᠠᠨ ᠬᠥᠮᠦᠵᠢᠯ᠎ᠤᠨ ᠠᠵᠢᠯ᠎ᠤᠨ ᠲᠤᠯᠭᠠᠭᠤᠷᠢ ᠬᠦᠴᠦᠨ ᠮᠥᠨ᠂ ᠴᠢᠨᠠᠷ ᠰᠠᠢᠲᠠᠶ ᠪᠠᠭ᠍ᠰᠢ ᠪᠣᠯ ᠰᠠᠶᠢ ᠴᠢᠨᠠᠷ ᠰᠠᠢᠲᠠᠶ ᠰᠤᠷᠭᠠᠨ ᠬᠥᠮᠦᠵᠢᠯ᠎ᠲᠠᠢ ᠪᠠᠢᠵᠤ ᠴᠢᠳᠠᠨ᠎ᠠ᠃ ᠪᠠᠭ᠍ᠰᠢ᠎ᠶ᠋ᠢᠨ ᠡᠩᠨᠡᠭᠡᠨ᠎ᠤ ᠪᠠᠢᠭᠤᠯᠤᠯᠲᠠ᠎ᠶ᠋ᠢ ᠴᠢᠩᠭᠠᠳᠭᠠᠬᠤ᠎ᠶ᠋ᠢᠨ ᠲᠥᠯᠥᠭᠡ᠂ ᠥᠪᠥᠷ ᠮᠣᠩᠭᠤᠯ᠎ᠤᠨ ᠠᠵᠤ ᠦᠶᠯᠡᠳᠪᠦᠷᠢ᠎ᠶ᠋ᠢᠨ ᠶᠡᠭᠡ ᠰᠤᠷᠭᠠᠭᠤᠯᠢ᠎ᠶ᠋ᠢᠨ᠎ᠬᠢᠨ ᠰᠠᠨᠠᠭᠠᠴᠢᠯᠠᠭ᠎ᠠ᠎ᠠᠴᠠ᠎ᠪᠠᠨ ᠠᠷᠭ᠎ᠠ ᠪᠤᠳᠤᠵᠤ᠂ ᠪᠠᠭ᠍ᠰᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠡᠪ ᠴᠢᠨᠠᠷ ᠪᠠ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠶ᠋ᠢ᠎ᠨᠢ ᠳᠡᠭᠡᠭ᠌ᠰᠢᠯᠡᠭᠦᠯᠪᠠ᠂ ᠲᠠᠷᠠᠭᠠᠴᠢ᠎ᠶ᠋ᠢᠨ ᠠᠯᠬᠤᠮ᠎ᠳᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ᠌ ᠡᠷᠴᠢᠮ᠎ᠢᠶᠠᠨ ᠴᠢᠩᠭᠠᠷᠠᠭᠤᠯᠵᠤ᠂ ᠬᠡᠷᠬᠢᠨ ᠣᠷᠣᠭᠤᠯᠤᠨ ᠠᠪᠴᠢᠷᠠᠬᠤ᠂ ᠦᠯᠡᠳᠡᠭᠡᠵᠦ᠍ ᠳᠡᠢᠯᠬᠦ᠂ ᠦᠢᠯᠡᠳᠦᠯ᠎ᠢ᠎ᠨᠢ ᠪᠠᠳᠠᠷᠠᠭᠤᠯᠬᠤ ᠳᠡᠭᠡᠷ᠎ᠡ ᠬᠦᠴᠦ᠍ ᠲᠠᠯᠪᠢᠬᠤ ᠪᠤᠯᠤᠨ᠎ᠠ》 ᠬᠡᠵᠥ᠍ ᠱᠢᠩ ᠶᠦᠩ ᠮᠢᠩ ᠬᠡᠯᠡᠪᠡ᠃
ᠡᠨᠡ ᠬᠡᠳᠦᠨ ᠡᠳᠦᠷ᠎ᠲᠤ ᠬᠢᠴᠢᠶᠡᠯ᠎ᠤᠨ ᠫᠷᠤᠭ᠌ᠷᠠᠮ᠎ᠢᠶᠠᠨ ᠪᠡᠯᠡᠳᠭᠡᠬᠦ᠌ ᠶᠠᠪᠤᠴᠠ᠎ᠳᠠᠭᠠᠨ᠂ ᠱᠢᠩ ᠶᠦᠩ ᠮᠢᠩ ᠶᠡᠷᠦᠩᠬᠡᠢ ᠱᠦᠵᠢ᠎ᠶ᠋ᠢᠨ ᠬᠡᠯᠡᠭ᠌ᠰᠡᠨ ᠦᠭᠡ ᠪᠦᠷᠢ᠎ᠶ᠋ᠢ ᠲᠠᠬᠢᠨ ᠳᠠᠪᠲᠠᠨ ᠡᠷᠭᠢᠴᠡᠭᠦᠯᠪᠡ᠃ ᠶᠡᠷᠦᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ᠂ ᠥᠪᠥᠷ ᠮᠣᠩᠭᠤᠯ᠎ᠤᠨ ᠪᠦᠬᠦ᠌ ᠤᠯᠤᠰ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠴᠣᠭ᠍ᠴᠠᠯᠠᠬᠤ ᠳᠤᠮᠳᠠᠬᠢ ᠪᠠᠢᠷᠢ ᠲᠣᠭ᠍ᠲᠠᠭᠠᠯᠲᠠ᠎ᠶ᠋ᠢ ᠣᠨᠣᠪᠴᠢᠲᠠᠢ ᠡᠷᠢᠵᠦ᠍᠂ ᠥᠪᠡᠷ᠎ᠤᠨ ᠳᠠᠪᠠᠭᠤᠯᠢᠭ᠎ᠲᠠᠢ ᠬᠦᠷᠢ᠊ ᠡᠶ᠎ᠡ ᠬᠡᠪᠴᠢᠶ᠎ᠠ ᠪᠣᠯᠤᠨ ᠳᠤᠲᠠᠭᠤᠳᠠᠯ ᠬᠦᠷᠦᠯᠴᠡᠬᠦ᠌ ᠦᠭᠡᠢ ᠲᠠᠯ᠎ᠠ᠎ᠪᠠᠨ ᠭᠦᠨᠵᠡᠭᠡᠢ ᠵᠠᠳᠠᠯᠵᠤ᠂ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠭᠤᠣᠯᠳᠠᠯᠭ᠎ᠠ᠎ᠲᠠᠢ ᠠᠵᠤ ᠦᠢᠯᠡᠰ ᠪᠣᠯᠤᠨ ᠭᠤᠣᠯ ᠱᠢᠪᠲᠤᠯᠤᠯᠲᠠ᠎ᠶ᠋ᠢᠨ ᠴᠢᠭ᠌ᠯᠡᠯ᠎ᠢ ᠤᠯᠠᠮ ᠴᠢᠨᠠᠭ᠍ᠰᠢᠳᠠ ᠲᠣᠳᠣᠷᠬᠠᠢᠯᠠᠵᠤ᠂ ᠬᠤᠯᠪᠣᠭ᠍ᠳᠠᠯ ᠪᠦᠬᠦᠢ ᠠᠵᠤ ᠦᠢᠯᠡᠰ᠎ᠤᠨ ᠳᠡᠭᠡᠳᠦ ᠲᠦᠪᠱᠢᠨᠴᠢᠯᠡᠭ᠌ᠰᠡᠨ᠂ ᠤᠶᠤᠨᠴᠢᠯᠠᠬ᠍ᠰᠠᠨ᠂ ᠪᠣᠬᠢᠷᠲᠤᠯ ᠦᠭᠡᠢ ᠲᠡᠢᠰᠢ ᠤᠷᠤᠭ᠍ᠰᠢᠯᠠᠬᠤ᠎ᠶ᠋ᠢ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠠᠷ ᠮᠠᠨᠳᠤᠭ᠍ᠰᠠᠨ ᠠᠵᠤ ᠦᠢᠯᠡᠰ ᠪᠣᠯᠤᠨ ᠲᠡᠷᠢᠭᠦᠨ᠎ᠤ ᠦᠢᠯᠡᠳᠬᠦ᠌ ᠦᠢᠯᠡᠰ᠎ᠢ ᠬᠥᠭ᠌ᠵᠢᠭᠦᠯᠵᠦ᠍᠂ ᠰᠠᠭᠤᠷᠢ ᠲᠥᠬᠦᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠵᠠᠢ᠃ ᠱᠢᠩ ᠶᠦᠩ ᠮᠢᠩ᠎ᠤᠨ ᠦᠵᠡᠬᠦ᠌᠎ᠪᠠᠷ᠂ ᠡᠨᠡ᠎ᠨᠢ ᠥᠪᠥᠷ ᠮᠣᠩᠭᠤᠯ᠎ᠤᠨ ᠬᠥᠭ᠌ᠵᠢᠯᠲᠡ᠎ᠳᠤ ᠤᠨᠤᠱᠢᠯᠠᠯᠳᠠ ᠬᠢᠵᠤ ᠥᠭ᠌ᠭᠦᠭ᠌ᠰᠡᠨ᠎ᠢᠶᠠᠷ ᠪᠠᠷᠠᠬᠤ ᠥᠬᠡᠶ ᠪᠠᠰᠠ ᠶᠡᠭᠡ ᠳᠡᠭᠡᠳᠦ ᠰᠤᠷᠭᠠᠭᠤᠯᠢ᠎ᠶ᠋ᠢᠨ ᠲᠠᠷᠠᠭᠠᠴᠢ᠎ᠶ᠋ᠢᠨ ᠠᠯᠬᠤᠮ᠎ᠳᠤ ᠬᠡᠷᠬᠢᠨ ᠰᠤᠷᠭᠠᠭᠤᠯᠢ ᠡᠷᠭᠢᠯᠡᠬᠦ᠌᠎ᠳᠤ ᠴᠢᠭ᠌ᠯᠡᠯ᠎ᠢ ᠲᠣᠳᠣᠷᠬᠠᠶ ᠵᠢᠭᠠᠵᠤ ᠥᠭ᠌ᠭᠦᠭ᠌ᠰᠡᠨ ᠪᠠᠢᠨ᠎ᠠ᠃
《ᠴᠢᠳᠠᠪᠤᠷᠢᠲᠠᠨ᠎ᠢ ᠬᠥᠮᠦᠵᠢᠭᠦᠯᠬᠦ᠌ ᠪᠠ ᠱᠢᠨᠵᠢᠯᠡᠭᠡᠨ᠎ᠤ ᠰᠠᠯᠠᠭ᠎ᠠ᠎ᠶ᠋ᠢᠨ ᠪᠠᠢᠭᠤᠯᠤᠯᠲᠠ᠎ᠶ᠋ᠢᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠶ᠋ᠢᠨ ᠴᠢᠭ᠌ᠯᠡᠯ᠎ᠢ ᠴᠢᠩᠭ᠎ᠠ ᠣᠨᠢᠯᠠᠵᠤ᠂ ᠥᠪᠡᠷᠲᠡᠭᠡᠨ ᠵᠠᠰᠠᠬᠤ ᠣᠷᠣᠨ᠎ᠳᠤ ᠬᠡᠷᠡᠭ᠌ᠴᠡᠭᠡ᠎ᠲᠠᠢ ᠴᠢᠨᠠᠷ ᠰᠠᠢᠲᠠᠶ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢᠨ ᠬᠠᠮᠲᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠢᠳᠡᠪᠬᠢᠲᠡᠶ᠎ᠪᠠᠷ ᠭᠠᠷᠴᠤ᠌ ᠶᠠᠪᠤᠵᠤ᠂ ᠰᠠᠨᠠᠭᠠᠴᠢᠯᠠᠭ᠎ᠠ᠎ᠠᠴᠠ᠎ᠪᠠᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠠᠷ ᠮᠠᠨᠳᠤᠭ᠍ᠰᠠᠨ ᠠᠵᠤ ᠦᠶᠯᠡᠰ ᠪᠣᠯᠤᠨ ᠲᠡᠷᠢᠭᠦᠨ᠎ᠤ ᠦᠶᠯᠡᠳᠬᠦ᠌ ᠦᠶᠯᠡᠰ᠎ᠤᠨ ᠠᠵᠤ ᠠᠬᠤᠢᠯᠠᠯ᠎ᠲᠠᠢ ᠵᠣᠯᠭᠠᠭᠤᠯᠵᠤ᠂ ᠬᠢᠴᠢᠶᠡᠯ᠎ᠤᠨ ᠱᠢᠰᠲ᠋ᠧᠮ᠂ ᠳᠠᠳᠤᠯᠭ᠎ᠠ ᠪᠣᠯᠪᠠᠰᠤᠷᠠᠯ ᠵᠡᠷᠭᠡ ᠲᠠᠯ᠎ᠠ᠎ᠪᠠᠷ ᠡᠷᠴᠢᠮ᠎ᠢᠶᠠᠨ ᠴᠢᠩᠭᠠᠷᠠᠭᠤᠯᠵᠤ᠂ ᠱᠢᠨ᠎ᠡ᠎ᠶ᠋ᠢ ᠡᠭᠦᠳᠬᠦ᠌ ᠮᠠᠶᠢᠭ᠎ᠤᠨ ᠬᠡᠷᠡᠭ᠌ᠯᠡᠭᠡᠨ᠎ᠤ ᠮᠠᠶᠢᠭ᠎ᠤᠨ ᠴᠢᠳᠠᠪᠤᠷᠢᠲᠠᠨ᠎ᠢ ᠬᠥᠮᠦᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠦᠶᠯᠡᠰ᠎ᠤᠨ ᠳᠡᠭᠡᠳᠦ ᠳᠡᠰᠵᠢᠯᠳᠡ᠂ ᠤᠶᠤᠨᠴᠢᠯᠠᠯᠳᠠ᠂ ᠪᠣᠬᠢᠷᠲᠤᠯ ᠥᠬᠡᠶ ᠬᠦᠭ᠌ᠵᠢᠯᠳᠡ ᠳᠠᠢᠰᠢ ᠤᠷᠤᠬ᠍ᠰᠢᠯᠠᠵᠥ᠍᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠳᠤ ᠴᠢᠳᠠᠪᠤᠷᠢᠲᠠᠨ᠎ᠤ ᠬᠦᠴᠦ᠍ ᠪᠦᠬᠦᠢ ᠲᠤᠯᠭᠠᠭᠤᠷᠢᠯᠠᠯ ᠬᠠᠩᠭᠠᠬᠤ ᠬᠡᠷᠡᠭ᠌ᠲᠡᠢ》 ᠭᠡᠵᠦ᠍ ᠱᠢᠩ ᠶᠦᠩ ᠮᠢᠩ ᠬᠡᠯᠡᠪᠡ᠃