ᠠᠯᠳᠠᠨᠰᠠᠩ᠄ ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠢ ᠲᠦᠬᠡᠮᠠᠯᠵᠢᠬᠦᠯᠬᠦ᠌ ᠪᠠ ᠦᠨᠳᠤᠰᠤᠳᠠᠨ᠎ᠤ ᠦᠬᠡ ᠬᠡᠯᠡ᠎ᠶ᠋ᠢ ᠬᠠᠮᠠᠭᠠᠯᠠᠬᠤ᠎ᠨᠢ ᠬᠠᠤᠯᠢ ᠵᠦᠢ᠎ᠶ᠋ᠢᠨ ᠲᠠᠯ᠎ᠠ᠎ᠪᠠᠷ ᠤᠳᠤᠮ ᠤᠯᠠᠮᠵᠢᠯᠠᠯ ᠨᠢᠬᠡᠳᠠᠢ ᠶᠤᠮ
2021-03-02 15:47:36
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆

《ᠬᠠᠤᠯᠢ ᠵᠦᠢ᠎ᠶ᠋ᠢᠨ ᠲᠠᠯ᠎ᠠ᠎ᠠᠴᠠ ᠠᠪᠴᠤ᠌ ᠬᠡᠯᠡᠪᠡᠯ᠂ ᠦᠨᠳᠤᠰᠤᠳᠠᠨ᠎ᠤ ᠦᠬᠡ ᠬᠡᠯᠡ᠎ᠪᠠᠷ ᠬᠢᠴᠢᠶᠠᠯᠯᠠᠵᠤ ᠪᠠᠢᠭ᠎ᠠ ᠰᠤᠷᠭᠠᠭᠤᠯᠢ᠎ᠶ᠋ᠢᠨ᠎ᠬᠢᠨ ᠤᠯᠤᠰ᠎ᠤᠨ ᠨᠢᠬᠡᠳᠤᠯᠳᠠᠢ ᠨᠠᠢᠷᠠᠭᠤᠯᠤᠬ᠍ᠰᠠᠨ ᠵᠢᠭᠠᠬᠤ ᠮᠠᠲ᠋ᠧᠷᠢᠶᠠᠯ᠎ᠢ ᠭᠡᠷᠡᠭ᠌ᠯᠡᠬᠦ᠌᠎ᠨᠢ ᠶᠠᠷᠤᠩᠬᠡᠢ᠎ᠳᠡᠭᠡᠨ ᠦᠨᠳᠤᠰᠤᠨ ᠬᠠᠤᠯᠢ ᠪᠤᠯᠤᠨ ᠬᠠᠤᠯᠢ ᠴᠠᠭᠠᠵᠠ᠎ᠶ᠋ᠢ ᠭᠡᠷᠡᠭ᠌ᠵᠢᠬᠦᠯᠵᠤ ᠪᠠᠢᠭ᠎ᠠ ᠠᠵᠢᠯᠯᠠᠭ᠎ᠠ ᠮᠦᠨ᠂ ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠢ ᠲᠡᠯᠬᠡᠷᠡᠬᠦᠯᠤᠨ ᠭᠡᠷᠡᠭ᠌ᠯᠡᠬᠦ᠌ ᠪᠠ ᠴᠦᠬᠡᠨ ᠲᠤᠭᠠᠳᠤ ᠦᠨᠳᠤᠰᠤᠳᠠᠨ ᠦᠪᠡᠷ᠎ᠤᠨ ᠦᠬᠡ ᠬᠡᠯᠡ ᠦᠰᠦᠭ ᠪᠢᠴᠢᠭ᠎ᠢᠶᠠᠨ ᠭᠡᠷᠡᠭ᠌ᠯᠡᠬᠦ᠌ ᠪᠠ ᠬᠦᠭ᠌ᠵᠢᠬᠦᠯᠬᠦ᠌ ᠡᠷᠬᠡ ᠴᠢᠯᠤᠬᠡ᠎ᠶ᠋ᠢ ᠪᠠᠳᠤᠯᠠᠬᠤ ᠪᠤᠯ ᠦᠨᠳᠤᠰᠤᠨ ᠬᠠᠤᠯᠢ᠂ ᠰᠤᠷᠭᠠᠨ ᠬᠦᠮᠤᠵᠢᠯ᠎ᠤᠨ ᠬᠠᠤᠯᠢ᠂ ᠠᠯᠪᠠᠨ ᠵᠢᠷᠤᠮ᠎ᠤᠨ ᠰᠤᠷᠭᠠᠨ ᠬᠦᠮᠤᠵᠢᠯ᠎ᠤᠨ ᠬᠠᠤᠯᠢ᠂ ᠦᠨᠳᠤᠰᠤᠳᠠᠨ᠎ᠤ ᠤᠷᠤᠨ᠎ᠤ ᠦᠪᠡᠷᠳᠡᠭᠡᠨ ᠵᠠᠰᠠᠬᠤ ᠬᠠᠤᠯᠢ᠂ ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠤᠨ ᠬᠠᠤᠯᠢ ᠵᠡᠷᠬᠡ ᠬᠠᠤᠯᠢ ᠴᠠᠭᠠᠵᠠ᠎ᠯᠤᠭ᠎ᠠ ᠤᠳᠤᠮ ᠤᠯᠠᠮᠵᠢᠯᠠᠯ ᠨᠢᠬᠡᠳᠠᠢ ᠪᠦᠬᠡᠳ ᠡᠬᠢᠨ᠎ᠠᠴᠠ᠎ᠨᠢ ᠡᠴᠦᠰ᠎ᠲᠤᠨᠢ ᠲᠤᠯᠳᠠᠯ᠎ᠠ ᠲᠤᠭᠤᠱᠢᠯᠠᠬ᠍ᠳᠠᠵᠦ᠍ ᠪᠠᠢᠭ᠎ᠠ ᠶᠤᠮ》 ᠬᠡᠵᠤ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠤᠬᠡᠯᠡᠭ᠌ᠴᠢᠳ᠎ᠤᠨ ᠶᠡᠭᠡ ᠬᠤᠷᠠᠯ᠎ᠤᠨ ᠲᠦᠯᠤᠬᠡᠯᠡᠭ᠌ᠴᠢ᠂ ᠦᠪᠤᠷ ᠮᠤᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠵᠠᠬᠢᠷᠤᠯ ᠠᠯᠳᠠᠨᠰᠠᠩ ᠬᠡᠯᠡᠪᠡ᠃

ᠲᠡᠷᠡ᠂ ᠮᠠᠨ᠎ᠤ ᠤᠯᠤᠰ᠎ᠤᠨ ᠦᠨᠳᠤᠰᠤᠨ ᠬᠠᠤᠯᠢ ᠪᠤᠯᠤᠨ ᠦᠨᠳᠤᠰᠤᠳᠠᠨ᠎ᠤ ᠤᠷᠤᠨ᠎ᠤ ᠦᠪᠡᠷᠳᠡᠭᠡᠨ ᠵᠠᠰᠠᠬᠤ ᠬᠠᠤᠯᠢ᠎ᠳᠤ᠂ ᠡᠯ᠎ᠠ ᠦᠨᠳᠤᠰᠤᠳᠠᠨ ᠴᠦᠮ ᠦᠪᠡᠷ᠎ᠤᠨ ᠦᠬᠡ ᠬᠡᠯᠡ ᠦᠰᠦᠭ ᠪᠢᠴᠢᠭ᠎ᠢᠶᠠᠨ ᠭᠡᠷᠡᠭ᠌ᠯᠡᠬᠦ᠌ ᠪᠠ ᠬᠦᠭ᠌ᠵᠢᠬᠦᠯᠬᠦ᠌ ᠡᠷᠬᠡ ᠴᠢᠯᠤᠬᠡ᠎ᠲᠠᠢ ᠶᠤᠮ᠂ ᠴᠦᠮ ᠦᠪᠡᠷ᠎ᠤᠨ ᠵᠠᠩ ᠤᠢ᠍ᠢᠯᠠ᠎ᠪᠠᠨ ᠪᠠᠷᠢᠮᠳᠠᠯᠠᠬᠤ ᠪᠠ ᠦᠬᠡᠷᠡᠴᠢᠯᠡᠬᠦ᠌ ᠡᠷᠬᠡ ᠴᠢᠯᠤᠬᠡ᠎ᠲᠠᠢ ᠶᠤᠮ᠃ ᠡᠨᠡ ᠪᠤᠯ ᠠᠷᠠᠳ ᠤᠯᠠᠨ᠎ᠤ ᠡᠷᠬᠡ ᠠᠱᠢᠬ ᠮᠦᠨ᠃ ᠡᠬᠦᠨ᠎ᠤ ᠬᠠᠮᠳᠤ᠂ ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ᠎ᠶ᠋ᠢ ᠲᠡᠯᠬᠡᠷᠡᠬᠦᠯᠬᠦ᠌ ᠭᠡᠷᠡᠭ᠌ᠳᠠᠢ ᠬᠡᠵᠤ ᠲᠤᠭ᠍ᠳᠠᠭᠠᠪᠠ᠃ ᠡᠨᠡ ᠪᠤᠯ ᠤᠯᠤᠰ᠎ᠤᠨ ᠬᠠᠷᠢᠭᠤᠴᠠᠯᠭ᠎ᠠ ᠪᠤᠯᠤᠨ ᠢᠷᠬᠡᠨ᠎ᠤ ᠡᠬᠦᠷᠬᠡ ᠪᠤᠯᠤᠨ᠎ᠠ ᠬᠡᠵᠤ ᠲᠠᠢᠯᠪᠤᠷᠢᠯᠠᠨ ᠬᠡᠯᠡᠪᠡ᠃

ᠠᠯᠳᠠᠨᠰᠠᠩ ᠦᠪᠠᠷ᠎ᠢᠶᠠᠨ ᠬᠤᠤᠰ ᠬᠡᠯᠡᠨ᠎ᠤ ᠤᠷᠴᠢᠨ ᠲᠤᠭᠤᠷᠢᠨ᠎ᠳᠤ ᠦᠰᠦᠨ ᠪᠤᠢᠵᠢᠬ᠍ᠰᠠᠨ ᠶᠤᠮ᠂ ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠢᠶᠠᠷ ᠪᠤᠯᠪᠠᠰᠤᠷᠠᠩᠭᠤᠢ ᠵᠢᠭᠠᠨ ᠰᠤᠷᠭᠠᠵᠤ ᠵᠤᠬᠢᠶᠠᠨ ᠪᠢᠴᠢᠬᠦ᠌ ᠮᠦᠷᠳᠡᠭᠡᠨ ᠮᠤᠩᠭᠤᠯ ᠬᠡᠯᠡ᠎ᠪᠠᠷ ᠪᠤᠯᠪᠠᠰᠤᠷᠠᠩᠭᠤᠢ ᠶᠠᠷᠢᠵᠦ᠍ ᠲᠡᠢᠯᠤᠨ᠎ᠠ᠃ ᠲᠡᠷᠡ᠂ ᠱᠢᠨ᠎ᠠ ᠳᠤᠮᠳᠠᠳᠤ ᠤᠯᠤᠰ ᠪᠠᠢᠭᠤᠯᠤᠬ᠍ᠳᠠᠬ᠍ᠰᠠᠨ᠎ᠠᠴᠠ ᠨᠠᠭᠠᠰᠢ᠂ ᠨᠠᠮ ᠪᠤᠯᠤᠨ ᠤᠯᠤᠰ ᠢᠮᠠᠬ᠍ᠳᠠ ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠢ ᠲᠦᠬᠡᠮᠡᠯᠵᠢᠬᠦᠯᠬᠦ᠌᠎ᠶ᠋ᠢ ᠲᠡᠭᠡᠳᠤ ᠬᠡᠮᠵᠢᠶ᠎ᠠ᠎ᠪᠠᠷ ᠴᠢᠬᠤᠯᠠᠴᠢᠯᠠᠵᠤ᠂ ᠪᠠᠰᠠ ᠴᠦᠬᠡᠨ ᠲᠤᠭᠠᠳᠤ ᠦᠨᠳᠤᠰᠤᠳᠠᠨ᠎ᠤ ᠦᠬᠡ ᠬᠡᠯᠡ ᠦᠰᠦᠭ ᠪᠢᠴᠢᠭ᠎ᠢ ᠬᠠᠮᠠᠭᠠᠯᠠᠬᠤ᠎ᠶ᠋ᠢ ᠲᠡᠭᠡᠳᠤ ᠬᠡᠮᠵᠢᠶ᠎ᠠ᠎ᠪᠠᠷ ᠴᠢᠬᠤᠯᠠᠴᠢᠯᠠᠬ᠍ᠰᠠᠭᠠᠷ ᠢᠷᠡᠵᠠᠢ᠃ ᠤᠷᠳᠤ ᠬᠤᠭᠤᠴᠠᠭᠠᠨ᠎ᠤ ᠠᠵᠢᠯ᠎ᠤᠨ ᠤᠢ᠍ᠢᠯᠡᠳᠤᠯᠬᠡ᠎ᠠᠴᠠ ᠦᠵᠡᠬᠦ᠌᠎ᠳᠤ᠂ ᠬᠤᠶᠠᠭᠤᠯᠠ᠎ᠪᠠᠨ ᠵᠡᠷᠬᠡᠴᠡᠨ ᠤᠷᠤᠱᠢᠵᠤ ᠬᠠᠷᠱᠢᠯᠳᠤᠬᠤ ᠦᠬᠡᠢ ᠶᠤᠮ ᠬᠡᠵᠤ ᠬᠡᠯᠡᠪᠡ᠃

《ᠦᠨᠳᠤᠰᠤᠳᠠᠨ᠎ᠤ ᠤᠷᠤᠨ᠎ᠤ ᠦᠪᠡᠷᠳᠡᠭᠡᠨ ᠵᠠᠰᠠᠬᠤ ᠬᠠᠤᠯᠢ᠎ᠨᠢ ᠡᠯ᠎ᠠ ᠦᠨᠳᠤᠰᠤᠳᠠᠨ ᠦᠪᠡᠷ᠎ᠤᠨ ᠦᠬᠡ ᠬᠡᠯᠡ ᠦᠰᠦᠭ ᠪᠢᠴᠢᠭ᠎ᠢᠶᠠᠨ ᠭᠡᠷᠡᠭ᠌ᠯᠡᠬᠦ᠌ ᠪᠠ ᠬᠦᠭ᠌ᠵᠢᠬᠦᠯᠬᠦ᠌ ᠡᠷᠬᠡ ᠴᠢᠯᠤᠬᠡ᠎ᠶ᠋ᠢ ᠬᠠᠮᠠᠭᠠᠯᠠᠬ᠍ᠰᠠᠨ ᠪᠠᠢᠨ᠎ᠠ᠃ ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠢ ᠳᠡᠯᠭᠡᠷᠡᠬᠦᠯᠦᠨ ᠭᠡᠷᠡᠭ᠌ᠯᠡᠬᠦ᠌ ᠪᠠ ᠬᠢᠳᠡᠳ ᠦᠰᠦᠭ᠎ᠢ ᠵᠢᠷᠤᠮᠵᠢᠭᠤᠯᠵᠤ᠂ ᠦᠨᠳᠤᠰᠤᠳᠠᠨ᠎ᠤ ᠦᠪᠡᠷᠳᠡᠭᠡᠨ ᠵᠠᠰᠠᠬᠤ ᠤᠷᠤᠨ᠎ᠤ ᠡᠯ᠎ᠠ ᠦᠨᠳᠤᠰᠤᠳᠠᠨ᠎ᠤ ᠢᠷᠬᠡᠨ ᠬᠠᠷᠢᠯᠴᠠᠨ ᠰᠤᠷᠤᠯᠴᠠᠬᠤ᠎ᠶ᠋ᠢ ᠵᠤᠷᠢᠬ᠍ᠵᠢᠭᠤᠯᠤᠬ᠍ᠰᠠᠨ᠎ᠠᠴᠠ ᠪᠤᠰᠤᠳ ᠬᠠᠤᠯᠢ ᠴᠠᠭᠠᠵᠠ᠎ᠶ᠋ᠢ ᠭᠡᠷᠡᠭ᠌ᠵᠢᠬᠦᠯᠬᠦ᠌ ᠡᠬᠦᠷᠬᠡ᠎ᠶ᠋ᠢ ᠬᠡᠯᠳᠤᠷᠢᠬᠦᠯᠦᠭ᠌ᠰᠡᠨ ᠦᠬᠡᠢ᠂ ᠲᠠᠷᠤᠢ ᠰᠤᠷᠭᠠᠨ ᠬᠦᠮᠤᠵᠢᠯ᠎ᠤᠨ ᠬᠠᠤᠯᠢ᠂ ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠤᠨ ᠬᠠᠤᠯᠢ᠎ᠳᠤ ᠲᠤᠭ᠍ᠳᠠᠭᠠᠬ᠍ᠰᠠᠨ ᠡᠬᠦᠷᠬᠡ᠎ᠶ᠋ᠢ ᠮᠦᠨ ᠬᠦ᠌ ᠭᠡᠷᠡᠭ᠌ᠵᠢᠬᠦᠯᠵᠤ᠂ ᠨᠡᠩ ᠴᠤ᠌ ᠭᠠᠳᠠᠭᠤᠷᠴᠢᠯᠠᠵᠤ ᠪᠤᠯᠬᠤ ᠦᠬᠡᠢ》᠃ ᠠᠯᠳᠠᠨᠰᠠᠩ᠂ ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ ᠪᠤᠯᠤᠨ ᠴᠦᠬᠡᠨ ᠲᠤᠭᠠᠳᠤ ᠦᠨᠳᠤᠰᠤᠳᠠᠨ᠎ᠤ ᠦᠬᠡ ᠬᠡᠯᠡ ᠦᠰᠦᠭ ᠪᠢᠴᠢᠭ᠎ᠢ ᠴᠦᠮ ᠰᠤᠷᠤᠯᠴᠠᠨ ᠬᠦᠭ᠌ᠵᠢᠬᠦᠯᠵᠤ᠂ ᠦᠪᠡᠷ᠎ᠤᠨ ᠭᠤᠸ᠎ᠠ ᠰᠠᠢᠬᠠᠨ᠎ᠢᠶᠠᠨ ᠪᠠᠭ᠍ᠠᠷᠤᠨ ᠰᠤᠨᠢᠷᠬᠠᠵᠤ᠂ ᠪᠤᠰᠤᠳ᠎ᠤᠨ ᠭᠤᠸ᠎ᠠ ᠰᠠᠢᠬᠠᠨ᠎ᠢ ᠪᠠᠭ᠍ᠳᠠᠭᠠᠨ ᠰᠤᠨᠢᠷᠬᠠᠵᠤ᠂ ᠦᠪᠡᠷ᠎ᠤᠨ ᠪᠠ ᠦᠷᠦᠬᠡᠯ ᠪᠤᠰᠤᠳ᠎ᠤᠨ ᠭᠤᠸ᠎ᠠ ᠰᠠᠢᠬᠠᠨ᠎ᠢ ᠬᠠᠮᠳᠤ᠎ᠪᠠᠷ ᠡᠳ᠋ᠯᠠᠪᠠᠯ ᠰᠠᠶᠢ ᠬᠤᠷᠸ᠎ᠠ ᠶᠢᠷᠳᠢᠨᠴᠤ᠎ᠶ᠋ᠢᠨ ᠭᠤᠸ᠎ᠠ ᠰᠠᠢᠬᠠᠨ᠎ᠢ ᠡᠬᠦᠳᠴᠤ᠌ ᠴᠢᠳᠠᠨ᠎ᠠ ᠬᠡᠵᠤ ᠬᠡᠯᠡᠪᠡ᠃

ᠲᠡᠷᠡ᠂ ᠤᠳᠤ᠂ ᠦᠪᠡᠷᠳᠡᠭᠡᠨ ᠵᠠᠰᠠᠬᠤ ᠤᠷᠤᠨ᠎ᠤ 40% ᠎ᠶ᠋ᠢᠨ ᠰᠠᠭᠤᠷᠢ ᠰᠤᠷᠭᠠᠨ ᠬᠦᠮᠤᠵᠢᠯ᠎ᠤᠨ ᠪᠠᠭ᠍ᠰᠢ᠎ᠶ᠋ᠢᠨ ᠬᠦᠴᠤᠨ᠎ᠢ ᠦᠪᠤᠷ ᠮᠤᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠠᠴᠠ ᠬᠦᠮᠤᠵᠢᠬᠦᠯᠵᠤ ᠪᠠᠢᠨ᠎ᠠ᠃ ᠤᠯᠠᠨ ᠵᠢᠯ᠎ᠤᠨ ᠵᠢᠭᠠᠨ ᠰᠤᠷᠭᠠᠯᠳᠠ᠎ᠶ᠋ᠢᠨ ᠤᠢ᠍ᠢᠯᠡᠳᠤᠯᠬᠡ ᠭᠡᠷᠡᠴᠢᠯᠡᠭ᠌ᠰᠡᠨ᠎ᠢᠶᠠᠷ᠂ ᠬᠤᠤᠰ ᠬᠡᠯᠡ᠎ᠪᠠᠷ ᠬᠢᠴᠢᠶᠡᠯᠯᠡᠭ᠌ᠰᠡᠨ ᠰᠤᠷᠤᠬ᠍ᠴᠢᠳ ᠵᠢᠭᠠᠨ ᠰᠤᠷᠭᠠᠬᠤ ᠠᠵᠢᠯ᠎ᠤᠨ ᠪᠠᠢᠷᠢᠨ᠎ᠳᠤ ᠭᠠᠷᠤᠬ᠍ᠰᠠᠨ᠎ᠤ ᠲᠠᠷᠠᠭ᠎ᠠ᠂ ᠴᠦᠬᠡᠨ ᠲᠤᠭᠠᠳᠤ ᠦᠨᠳᠤᠰᠤᠳᠠᠨ᠎ᠤ ᠦᠬᠡ ᠬᠡᠯᠡ ᠦᠰᠦᠭ ᠪᠢᠴᠢᠭ ᠪᠤᠯᠤᠨ ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠢᠶᠠᠷ ᠴᠦᠮ ᠬᠢᠴᠢᠶᠡᠯᠯᠡᠵᠤ ᠲᠡᠢᠯᠤᠨ᠎ᠠ᠂ ᠲᠠᠬᠢᠨ ᠲᠤᠰ ᠪᠠᠶ᠎ᠠ᠎ᠨᠢ ᠴᠦᠬᠡᠨ ᠲᠤᠭᠠᠳᠤ ᠦᠨᠳᠤᠰᠤᠳᠠᠨ ᠪᠦᠬᠡᠳ ᠴᠦᠬᠡᠨ ᠲᠤᠭᠠᠳᠤ ᠦᠨᠳᠤᠰᠤᠳᠠᠨ᠎ᠤ ᠬᠡᠤᠬᠡᠳ᠎ᠤᠨ ᠬᠦᠯᠢᠶᠠᠨ ᠠᠪᠬᠤ ᠴᠢᠳᠠᠪᠤᠷᠢ ᠪᠤᠯᠤᠨ ᠰᠤᠷᠭᠠᠨ ᠬᠦᠮᠤᠵᠢᠬᠦᠯᠬᠦ᠌ ᠵᠢᠮ᠎ᠠ ᠶᠤᠰᠤ᠎ᠶ᠋ᠢ ᠤᠢ᠍ᠢᠯᠠᠭᠠᠬᠤ ᠪᠤᠯᠬᠤᠷ ᠨᠡᠩ ᠰᠠᠢᠨ ᠵᠢᠭᠠᠵᠤ ᠲᠡᠢᠯᠤᠨ᠎ᠡ ᠬᠡᠵᠤ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号