ᠮᠠᠨ᠎ᠤ ᠤᠷᠤᠨ᠎ᠳᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠬᠡᠨ᠎ᠤ ᠬᠡᠱᠢᠬᠦᠨ᠂ ᠦᠪᠦᠷ ᠮᠤᠩᠭᠤᠯ᠎ᠤᠨ ᠮᠧᠩ ᠼᠤᠤ ᠠᠮᠢ ᠠᠬᠤᠢ ᠤᠷᠴᠢᠨ ᠲᠤᠭᠤᠷᠢᠨ᠎ᠤ (ᠪᠦᠯᠦᠭ᠌ᠯᠡᠯ) ᠬᠤᠪᠢ ᠤᠷᠤᠭᠤᠯᠤᠬ᠍ᠰᠠᠨ ᠬᠢᠵᠠᠭᠠᠷᠲᠦ ᠺᠤᠮᠫᠠᠨᠢ᠎ᠶ᠋ᠢᠨ ᠸᠠᠩ ᠵᠤᠤ ᠮᠢᠩ ᠤᠷᠤᠨ ᠨᠤᠲᠤᠭ᠎ᠤᠨ ᠣᠷᠭᠤᠮᠠᠯ᠎ᠤᠨ ᠰᠤᠳᠤᠯᠬᠤ᠂ ᠤᠨᠴᠠᠯᠢᠬ᠍ᠲᠦ ᠡᠪᠡᠰᠦᠨ ᠦᠷ᠎ᠡ᠎ᠶ᠋ᠢᠨ ᠦᠢᠯᠡᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠬᠦᠭ᠌ᠵᠢᠬᠦᠯᠬᠦ᠌᠎ᠶ᠋ᠢ ᠠᠮᠢᠳᠤᠷᠠᠬᠤᠢ᠎ᠶ᠋ᠢᠨ ᠬᠦᠭᠡᠭᠡᠴᠡᠯᠳᠦᠯ᠎ᠢᠶᠠᠨ ᠪᠤᠯᠭᠠᠨ᠎ᠠ᠃ ᠰᠤᠷᠪᠤᠯᠵᠢᠯᠠᠬ᠍ᠴᠢ ᠮᠧᠩ ᠼᠤᠤ ᠺᠣᠮᠫᠠᠨᠢ᠎ᠶ᠋ᠢᠨ ᠦᠷ᠎ᠡ᠎ᠶ᠋ᠢᠨ ᠡᠬᠢ ᠪᠠᠶᠠᠯᠢᠭ᠎ᠤᠨ ᠬᠦᠮᠦᠷᠭᠡ᠎ᠠᠴᠠ ᠤᠢ᠍ᠢᠯᠠᠭᠠᠬ᠍ᠰᠠᠨ᠎ᠢᠶᠠᠷ᠂ ᠠᠳᠡ ᠤᠷᠤᠨ ᠨᠤᠲᠤᠭ᠎ᠤᠨ ᠣᠷᠭᠤᠮᠠᠯ᠎ᠤᠨ ᠦᠷ᠎ᠡ᠎ᠶ᠋ᠢᠨ ᠡᠬᠢ ᠪᠠᠶᠠᠯᠢᠭ᠎ᠢ 1.2 ᠲᠦᠮᠡ ᠭᠠᠷᠤᠢ ᠬᠤᠪᠢ᠂ ᠤᠷᠭᠤᠮᠠᠯ᠎ᠤᠨ ᠦᠯᠢᠭᠡᠷ ᠬᠡᠪ᠎ᠢ 10 ᠲᠦᠮᠡ ᠱᠢᠬᠠᠮ ᠬᠤᠪᠢ᠂ ᠬᠦᠷᠦᠰᠦ ᠱᠢᠷᠤᠢ᠎ᠶ᠋ᠢᠨ ᠦᠯᠢᠭᠡᠷ ᠬᠡᠪ᠎ᠢ 140 ᠲᠦᠮᠡ ᠱᠢᠬᠠᠮ ᠬᠤᠪᠢ ᠬᠠᠳᠠᠭᠠᠯᠠᠵᠣ᠂ ᠱᠢᠶᠣᠣ ᠼᠣᠣ ᠲᠤᠭᠠᠴᠢᠯᠠᠬ᠍ᠰᠠᠨ ᠠᠮᠢ ᠠᠬᠤᠢ᠎ᠶ᠋ᠢᠨ ᠠᠵᠦ᠍ ᠦᠢᠯᠡᠰ᠎ᠤᠨ ᠵᠠᠮᠴᠢ ᠱᠢᠰᠲᠧᠮ᠎ᠳᠤ ᠴᠤᠬ᠍ᠯᠠᠭᠤᠯᠤᠬ᠍ᠰᠠᠨ ᠪᠦᠬᠦ᠌ ᠤᠯᠤᠰ᠎ᠤᠨ ᠤᠷᠭᠤᠮᠠᠯ᠎ᠤᠨ ᠦᠷ᠎ᠡ᠎ᠶ᠋ᠢᠨ ᠡᠬᠢ ᠪᠠᠶᠠᠯᠢᠭ᠎ᠤᠨ ᠦᠰᠦᠭ ᠵᠢᠷᠤᠭ ᠲᠤᠭ᠎ᠠ ᠪᠠᠷᠢᠮᠲᠠ᠎ᠶ᠋ᠢᠨ ᠮᠡᠳᠡᠭᠡ ᠵᠠᠩᠭᠢ᠎ᠶ᠋ᠢ 6.2 ᠲᠦᠮᠡ ᠱᠢᠬᠠᠮ ᠬᠤᠪᠢ ᠴᠣᠭ᠍ᠯᠠᠭᠤᠯᠵᠣ᠂ ᠮᠠᠨ᠎ᠤ ᠤᠷᠤᠨ᠎ᠤ ᠳᠠᠯ᠎ᠠ ᠨᠤᠲᠤᠭ᠎ᠤᠨ ᠠᠮᠢᠳᠤ ᠪᠤᠳᠠᠰ᠎ᠤᠨ ᠤᠯᠠᠨ ᠶᠠᠩᠵᠤᠲᠦ ᠴᠢᠨᠠᠷ᠎ᠢ ᠬᠠᠳᠠᠭᠠᠯᠠᠬᠤ᠂ ᠠᠮᠢ ᠠᠬᠤᠢ᠎ᠶ᠋ᠢ ᠰᠡᠷᠬᠦᠭᠡᠬᠦ᠂ ᠠᠮᠢ ᠠᠬᠤᠢ᠎ᠶ᠋ᠢᠨ ᠠᠵᠦ᠍ ᠦᠢᠯᠡᠰ᠂ ᠪᠡᠯᠴᠢᠭᠡᠷ᠎ᠤᠨ ᠮᠠᠯ᠎ᠤᠨ ᠠᠵᠦ᠍ ᠠᠬᠤᠢ᠎ᠶ᠋ᠢ ᠬᠦᠭ᠌ᠵᠢᠭᠦᠯᠬᠦ᠌ ᠵᠡᠷᠭᠡ᠎ᠳᠤ ᠦᠷ᠎ᠡ᠎ᠶ᠋ᠢᠨ ᠡᠬᠢ ᠪᠠᠶᠠᠯᠢᠭ ᠬᠠᠩᠭᠠᠬᠤ ᠪᠤᠯᠤᠨ᠎ᠠ᠃ ᠬᠡᠲᠡᠯ᠎ᠡ ᠸᠠᠩ ᠵᠤᠤ ᠮᠢᠩ ᠡᠬᠦᠨ᠎ᠳᠡᠭᠡᠨ ᠰᠡᠳᠭᠢᠯ ᠬᠠᠨᠣᠵᠣ᠂ ᠰᠦᠪᠡᠭ᠌ᠴᠢᠯᠡᠬᠦ᠌ 《ᠠᠯᠬᠤᠭ᠎ᠠ》 ᠪᠠᠨ ᠴᠤ᠌ ᠶᠡᠷᠦ᠍ ᠵᠤᠬ᠍ᠰᠤᠬ᠍ᠰᠠᠠ ᠦᠬᠡᠢ᠃
2020 ᠤᠨ᠎ᠳᠤ᠂ ᠸᠠᠩ ᠵᠤᠤ ᠮᠢᠩ ᠲᠠᠷᠢᠶᠠᠯᠠᠩ᠂ ᠤᠢ ᠱᠢᠭᠤᠢ᠂ ᠮᠠᠯ ᠠᠵᠣ ᠠᠬᠤᠢ᠂ ᠲᠠᠯ᠎ᠠ ᠨᠤᠲᠤᠭ᠎ᠤᠨ ᠡᠪᠡᠰᠦᠨ ᠦᠷ᠎ᠡ᠎ᠶ᠋ᠢᠨ ᠡᠬᠢ ᠪᠠᠶᠠᠯᠢᠭ᠎ᠤᠨ ᠤᠳᠤᠬᠢ ᠪᠠᠢᠳᠠᠯ ᠪᠤᠯᠤᠨ ᠠᠰᠠᠭᠤᠳᠠᠯ᠎ᠤᠨ ᠲᠤᠭᠤᠷᠢᠨ᠎ᠳᠤ᠂ ᠤᠷᠢᠳ ᠬᠤᠵᠢᠳ ᠮᠠᠨ᠎ᠤ ᠣᠷᠣᠨ᠂ ᠭᠠᠨᠰᠦ᠂ ᠬᠦᠬᠡᠨᠠᠭᠤᠷ᠂ ᠨᠢᠩᠱᠢᠶᠠ ᠵᠡᠷᠭᠡ ᠭᠠᠵᠠᠷ᠎ᠢᠶᠠᠷ ᠬᠦᠨᠵᠡᠬᠡᠢᠷᠡᠨ ᠪᠠᠢᠴᠠᠭᠠᠨ ᠰᠤᠳᠤᠯᠬᠤ᠎ᠶ᠋ᠢᠨ ᠬᠠᠮᠳᠦ ᠲᠤᠭ᠎ᠠ ᠪᠠᠷᠢᠮᠲᠠ ᠴᠤᠬ᠍ᠯᠠᠭᠤᠯᠪᠠ᠃ 《ᠤᠳᠠᠭ᠎ᠠ ᠪᠤᠯᠭᠠᠨ ᠪᠠᠢᠴᠠᠭᠠᠨ ᠰᠣᠳᠣᠯᠬᠤ᠎ᠳᠠᠭᠠᠨ ᠪᠦᠷ ᠱᠢᠨ᠎ᠡ ᠤᠯᠤᠯᠲᠠ᠂ ᠱᠢᠨ᠎ᠡ ᠢᠯᠡᠷᠡᠬᠦᠯᠦᠯᠲᠡ᠎ᠲᠠᠢ᠃ ᠵᠠᠷᠢᠮ ᠭᠠᠵᠠᠷ ᠤᠮᠠᠷᠠᠲᠦ ᠤᠷᠤᠨ᠎ᠤ ᠭᠠᠩ ᠬᠠᠭᠤᠷᠠᠢ᠂ ᠤᠰᠤ ᠲᠤᠲᠠᠬ᠍ᠳᠠᠬᠤ ᠭᠠᠵᠠᠷ ᠳᠣᠬᠢᠷᠠᠬᠤ ᠦᠭᠡᠢ ᠤᠷᠭᠤᠮᠠᠯ᠎ᠢ ᠪᠠᠭ᠎ᠠ ᠪᠤᠰᠤ ᠲᠠᠷᠢᠪᠠ᠂ ᠨᠤᠭᠤᠭᠠᠷᠠᠭᠤᠯᠬᠤ ᠦᠷ᠎ᠡ ᠪᠦᠲᠦᠮᠵᠢ᠎ᠲᠠᠢ ᠴᠤ᠌ ᠦᠪᠡᠷ᠎ᠤᠨ ᠦᠷᠳᠡᠭ᠎ᠨᠢ ᠭᠡᠳᠦ ᠦᠨᠳᠦᠷ》 ᠭᠡᠵᠦ᠍ ᠸᠠᠩ ᠵᠤᠤ ᠮᠢᠩ ᠬᠡᠯᠡᠵᠦ᠍ ᠪᠢᠯᠡ᠃ ᠬᠠᠲᠤᠨ ᠭᠤᠤᠯ᠎ᠤᠨ ᠰᠠᠪᠠ ᠭᠠᠵᠠᠷ᠎ᠢᠶᠠᠷ ᠨᠡᠢᠳᠡᠮ᠎ᠳᠤᠨᠢ ᠶᠠᠪᠣᠵᠣ ᠦᠩᠭᠡᠷᠡᠭ᠌ᠰᠡᠨ ᠸᠠᠩ ᠵᠤᠤ ᠮᠢᠩ ᠬᠠᠳᠤᠨ ᠭᠤᠤᠯ᠎ᠤᠨ ᠣᠷᠣᠰᠭᠠᠯ ᠳᠠᠭᠠᠣ ᠤᠨᠴᠠᠭᠠᠢᠯᠠᠨ ᠪᠠᠷᠠᠭᠤᠨ ᠬᠤᠢᠲᠦ᠎ᠶ᠋ᠢᠨ ᠪᠤᠷᠤᠲᠤᠬᠤᠢ ᠤᠷᠤᠨ᠎ᠳᠤ᠂ ᠮᠠᠰᠢ ᠤᠯᠠᠨ ᠤᠷᠤᠨ ᠨᠣᠳᠤᠭ᠎ᠤᠨ ᠤᠨᠴᠠᠯᠢᠭ᠎ᠲᠠᠢ᠂ ᠳᠣᠬᠠᠢ᠎ᠶ᠋ᠢᠨ ᠭᠠᠵᠠᠷ᠎ᠲᠤ ᠳᠣᠬᠢᠷᠠᠬᠤ ᠤᠷᠭᠤᠮᠠᠯ᠎ᠤᠨ ᠲᠦᠷᠦᠯ ᠪᠠᠢᠬᠤ᠎ᠶ᠋ᠢ ᠣᠯᠵᠣ ᠮᠡᠳᠡᠵᠡᠢ᠃ ᠡᠳᠡᠭᠡᠷ᠎ᠢ ᠰᠠᠢᠳᠣᠷ ᠬᠠᠮᠠᠭᠠᠯᠠᠵᠦ᠍᠂ ᠪᠤᠢᠵᠢᠭᠤᠯᠵᠦ᠍ ᠦᠷᠡᠵᠢᠬᠦᠯᠵᠦ᠍ ᠳᠡᠯᠭᠡᠷᠡᠭᠦᠯᠬᠦ᠌ ᠱᠢᠰᠲ᠋ᠧᠮ᠎ᠢᠶᠠᠷ ᠳᠠᠮᠵᠢᠭᠤᠯᠣᠨ ᠵᠠᠬ᠎ᠠ ᠳᠡᠯᠭᠡᠬᠦᠷᠵᠢᠭ᠌ᠰᠡᠨ ᠬᠡᠷᠡᠭ᠌ᠯᠡᠭᠡ᠎ᠶ᠋ᠢ ᠠᠬᠢᠭᠤᠯᠪᠠᠯ ᠵᠣᠬᠢᠨ᠎ᠠ ᠭᠡᠵᠦ᠍ ᠳᠡᠷᠡ ᠦᠵᠡᠵᠦ᠍ ᠪᠠᠢᠯ᠎ᠠ᠃
《ᠬᠡᠷᠪᠡ ᠮᠠᠨᠳᠤ 〈ᠤᠯᠤᠰ᠎ᠤᠨ ᠪᠠᠢᠳᠠᠯ᠎ᠳᠤ ᠳᠣᠬᠢᠷᠠᠭ᠍ᠰᠠᠨ᠂ ᠤᠷᠤᠨ ᠨᠣᠳᠤᠭ᠎ᠤᠨ ᠪᠠᠢᠳᠠᠯ᠎ᠳᠤ ᠵᠤᠬᠢᠴᠠᠬ᠍ᠰᠠᠨ〉 ᠤᠨᠴᠠᠯᠢᠬ᠍ᠲᠦ ᠤᠷᠭᠤᠮᠠᠯ᠎ᠤᠨ ᠲᠦᠷᠦᠯ ᠵᠦᠢᠯ ᠪᠠᠢᠬᠤ᠎ᠳᠤ ᠬᠦᠷᠪᠡᠯ ᠭᠠᠳᠠᠭᠠᠳᠦ᠎ᠶ᠋ᠢᠨ ᠤᠷᠭᠤᠮᠠᠯ᠎ᠤᠨ ᠲᠦᠷᠦᠯ ᠵᠦᠢᠯ᠎ᠳᠤ ᠬᠢᠵᠠᠭᠠᠷᠯᠠᠬ᠍ᠳᠠᠬᠤ ᠦᠬᠡᠢ》 ᠭᠡᠵᠦ᠍ ᠸᠠᠩ ᠵᠣᠣ ᠮᠢᠩ ᠬᠡᠯᠡᠪᠠ᠃ ᠲᠡᠷᠡ᠂ ᠦᠷ᠎ᠡ ᠪᠤᠯᠤᠨ ᠲᠠᠷᠢᠶᠠᠨ ᠭᠠᠵᠠᠷ᠎ᠤᠨ ᠠᠰᠠᠭᠤᠳᠠᠯ᠎ᠢ ᠰᠠᠢᠲᠤᠷ ᠱᠢᠢᠳᠪᠦᠷᠢᠯᠡᠬᠦ᠌᠎ᠳᠤ᠂ ᠲᠤᠭᠠᠴᠢᠯᠠᠬ᠍ᠰᠠᠨ ᠮᠡᠷᠭᠡᠵᠢᠯ᠎ᠢᠶᠠᠷ ᠳᠠᠮᠵᠢᠭᠤᠯᠣᠨ ᠮᠠᠨ᠎ᠤ ᠤᠨᠴᠠᠯᠢᠬ᠍ᠲᠦ ᠦᠷ᠎ᠡ᠎ᠶ᠋ᠢᠨ ᠦᠢᠯᠡᠰ᠎ᠤᠨ ᠪᠠᠢᠳᠠᠯ᠎ᠢᠶᠠᠨ ᠲᠤᠳᠤᠷᠬᠠᠢ ᠡᠵᠡᠮᠱᠢᠵᠦ᠍᠂ ᠨᠢᠭᠡ ᠪᠦᠯᠦᠭ ᠤᠨᠴᠠ ᠭᠠᠷᠤᠯᠲᠠ᠎ᠶ᠋ᠢᠨ ᠲᠠᠷᠢᠮᠠᠯ᠎ᠤᠨ ᠦᠷ᠎ᠡ᠂ ᠨᠤᠲᠤᠭ᠎ᠤᠨ ᠡᠪᠡᠰᠦᠨ᠎ᠤ ᠦᠷ᠎ᠠ᠂ ᠲᠡᠵᠢᠭᠡᠯ ᠡᠪᠡᠰᠦ᠎ᠶ᠋ᠢᠨ ᠦᠷ᠎ᠡ᠎ᠶ᠋ᠢ ᠳᠠᠷᠣᠢ ᠲᠦᠷᠭᠡᠨ ᠰᠤᠳᠤᠯᠤᠨ ᠭᠠᠷᠭᠠᠬᠤ ᠴᠢᠬᠤᠯᠠᠲᠠᠢ ᠭᠡᠵᠦ᠍ ᠦᠵᠡᠵᠦ᠍ ᠪᠠᠢᠨ᠎ᠠ᠃
ᠡᠨᠡ ᠵᠢᠯ᠎ᠤᠨ ᠪᠦᠬᠦ᠌ ᠤᠯᠤᠰ᠎ᠤᠨ ᠬᠤᠶᠠᠷ ᠬᠤᠷᠠᠯ ᠊ᠣᠳᠠᠯ ᠦᠭᠡᠢ ᠬᠤᠷᠠᠯᠳᠤᠬᠤ ᠭᠡᠵᠦ᠍ ᠪᠣᠢ᠃ 《ᠤᠯᠤᠰ᠎ᠤᠨ ᠤᠨᠴᠠᠯᠢᠬ᠍ᠲᠦ ᠦᠷ᠎ᠡ᠎ᠶ᠋ᠢᠨ ᠦᠢᠯᠡᠰ ᠦᠷ᠎ᠡ᠎ᠶ᠋ᠢᠨ ᠡᠬᠢ ᠪᠠᠶᠠᠯᠢᠭ᠎ᠤᠨ ᠬᠦᠮᠦᠷᠭᠡ ᠪᠠᠢᠭᠤᠯᠬᠤ ᠲᠤᠬᠠᠢ ᠰᠠᠨᠠᠯ ᠳᠤᠷᠠᠳᠤᠯᠭ᠎ᠠ᠎ᠳᠠᠭᠠᠨ ᠵᠠᠰᠠᠪᠤᠷᠢ ᠤᠷᠤᠭᠤᠯᠵᠦ᠍ ᠪᠠᠢᠨ᠎ᠠ》 ᠭᠡᠵᠦ᠍ ᠸᠠᠩ ᠵᠤᠤ ᠮᠢᠩ ᠰᠣᠷᠪᠣᠯᠵᠢᠯᠠᠭ᠍ᠴᠢ᠎ᠳᠤ ᠬᠡᠯᠡᠪᠠ᠃ ᠮᠠᠨ᠎ᠤ ᠤᠯᠤᠰ ᠬᠡᠳᠦᠢ᠎ᠪᠠᠷ ᠤᠷᠭᠤᠮᠠᠯ᠎ᠤᠨ ᠳᠣᠮᠣ ᠤᠯᠤᠰ ᠪᠣᠯᠪᠠᠴᠣ᠂ ᠨᠤᠲᠤᠭ᠎ᠤᠨ ᠦᠷ᠎ᠡ᠎ᠶ᠋ᠢᠨ ᠦᠢᠯᠡᠰ᠎ᠤᠨ ᠬᠦᠴᠦᠷᠭᠡᠭ ᠤᠯᠤᠰ ᠪᠢᠰᠢ᠃ ᠠᠮᠢ ᠠᠬᠤᠢ᠎ᠶ᠋ᠢ ᠰᠡᠷᠬᠦᠬᠡᠬᠦ᠌᠎ᠳᠤ ᠬᠡᠷᠡᠭ᠌ᠯᠡᠬᠦ᠌ ᠦᠷ᠎ᠡ᠂ ᠱᠢᠯᠢᠳᠡᠭ ᠲᠡᠵᠢᠭᠡᠯ ᠡᠪᠡᠰᠦᠨ᠎ᠤ ᠦᠷ᠎ᠡ᠂ ᠤᠨᠴᠠᠯᠢᠬ᠍ᠲᠦ ᠲᠠᠷᠢᠶᠠᠯᠠᠩ᠎ᠤᠨ ᠦᠷ᠎ᠡ ᠵᠡᠷᠭᠡ ᠳᠣᠬᠠᠢ᠎ᠶ᠋ᠢᠨ ᠭᠠᠵᠠᠷ᠎ᠲᠤ ᠳᠠᠷᠢᠬᠤ᠎ᠳᠤ ᠳᠣᠬᠢᠷᠠᠬᠤ ᠦᠷ᠎ᠡ᠎ᠶ᠋ᠢᠨ ᠡᠬᠢ ᠪᠠᠶᠠᠯᠢᠭ ᠲᠤᠲᠠᠮᠠᠭ ᠪᠠᠢᠵᠣ᠂ ᠰᠠᠭᠤᠷᠢ ᠬᠡᠷᠡᠭ᠌ᠯᠡᠭᠡᠨ᠎ᠤ ᠱᠢᠨᠵᠢᠯᠡᠬᠦ᠌ ᠤᠬᠠᠭᠠᠨ᠎ᠤ ᠰᠤᠳᠤᠯᠭᠠᠨ᠂ ᠪᠤᠢᠵᠢᠭᠤᠯᠵᠦ᠍ ᠦᠷᠡᠵᠢᠬᠦᠯᠬᠦ᠌ ᠱᠢᠰᠲ᠋ᠧᠮ᠂ ᠵᠠᠬ᠎ᠠ ᠳᠡᠯᠬᠡᠬᠦᠷᠵᠢᠭ᠌ᠰᠡᠨ ᠬᠦᠢᠯᠭᠡᠭᠡ ᠵᠡᠷᠭᠡ᠎ᠨᠢ ᠪᠦᠷ ᠠᠩᠬᠠᠨ᠎ᠤ ᠱᠠᠲᠦᠨ᠎ᠳᠤ ᠤᠷᠤᠱᠢᠵᠦ᠍ ᠪᠤᠢ᠂ ᠡᠢᠮᠦ᠎ᠠᠴᠠ ᠨᠤᠲᠤᠭ᠎ᠤᠨ ᠤᠷᠭᠤᠮᠠᠯ᠎ᠢ ᠰᠤᠳᠤᠯᠤᠨ ᠨᠡᠭᠡᠭᠡᠬᠦ᠌ ᠪᠠ ᠪᠤᠵᠠᠭᠠᠢᠷᠠᠭᠤᠯᠬᠤ᠂ ᠦᠨᠳᠦᠰᠦᠲᠡᠨ᠎ᠤ ᠡᠪᠡᠰᠦᠨ ᠦᠷ᠎ᠡ᠎ᠶ᠋ᠢᠨ ᠦᠢᠯᠡᠰ᠎ᠤᠨ ᠱᠢᠰᠲ᠋ᠧᠮ᠎ᠢ ᠪᠠᠢᠭᠤᠯᠬᠤ ᠶᠠᠪᠣᠳᠠᠯ ᠲᠤᠯᠭᠠᠮ ᠱᠠᠭᠠᠷᠳᠠᠭ᠍ᠳᠠᠵᠦ᠍ ᠪᠠᠢᠨ᠎ᠠ ᠭᠡᠵᠦ᠍ ᠦᠵᠡᠵᠦ᠍ ᠪᠠᠢᠯ᠎ᠠ᠃