ᠡᠨᠡ ᠬᠡᠳᠦᠨ ᠡᠳᠦᠷ᠂ ᠪᠥᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠨ᠂ ᠥᠪᠥᠷ ᠮᠣᠩᠭᠤᠯ᠎ᠤᠨ ᠶᠡᠭᠡ ᠰᠤᠷᠭᠠᠭᠤᠯᠢ᠎ᠶ᠋ᠢᠨ ᠬᠠᠤᠯᠢ ᠴᠠᠭᠠᠵᠠ᠎ᠶ᠋ᠢᠨ ᠳᠡᠭᠡᠳᠦ ᠰᠤᠷᠭᠠᠭᠤᠯᠢ᠎ᠶ᠋ᠢᠨ ᠫᠷᠤᠹᠧᠰᠰᠤᠷ ᠧ ᠱᠢᠶᠤᠤ ᠮᠧᠶ ᠮᠠᠰᠢ ᠶᠠᠭᠠᠷᠠᠯᠳᠠᠢ ᠪᠠᠢᠯ᠎ᠠ᠃
ᠪᠥᠬᠦ᠌ ᠤᠯᠤᠰ᠎ᠤᠨ ᠬᠤᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠬᠤ ᠬᠢᠴᠢᠶᠡᠯ ᠪᠠ ᠮᠠᠲ᠋ᠧᠷᠢᠶᠠᠯ ᠪᠡᠯᠡᠳᠭᠡᠬᠦ᠂ ᠵᠢᠩᠬᠢᠨᠢ ᠠᠩᠭᠢ᠎ᠶ᠋ᠢᠨ ᠰᠣᠷᠣᠭ᠍ᠴᠢ᠂ ᠮᠠᠰᠲ᠋ᠧᠷᠠᠨᠲ᠂ ᠳ᠋ᠣᠺᠲ᠋ᠣᠷᠠᠨᠲ᠎ᠲᠤ ᠬᠢᠴᠢᠶᠡᠯ ᠣᠷᠣᠬᠤ᠂ ᠠᠰᠫᠢᠷᠠᠨᠲ᠎ᠤᠨ ᠲᠡᠭᠦᠰᠭᠦ ᠥᠭᠦᠯᠡᠯ᠎ᠢ ᠬᠠᠪᠰᠤᠷᠤᠨ ᠵᠢᠯᠣᠭᠤᠳᠭᠤ ᠵᠡᠷᠭᠡ ᠣᠯᠠᠨ ᠠᠷᠪᠢᠨ ᠤᠴᠢᠷ ᠶᠠᠪᠤᠳᠠᠯ ᠴᠥᠮ ᠲᠡᠭᠦᠨ᠎ᠤ ᠱᠢᠢᠳᠪᠦᠷᠢᠯᠡᠬᠦ᠌᠎ᠶ᠋ᠢ ᠬᠦᠯᠢᠶᠠᠨ᠎ᠠ᠃ ᠧ ᠱᠢᠶᠣᠤ ᠮᠧᠶ᠎ᠲᠠᠢ ᠠᠭᠤᠯᠵᠠᠬᠤ ᠦᠶᠡᠰ᠂ ᠲᠡᠷᠡ ᠶᠠᠭ ᠺᠣᠮᠫᠢᠦ᠋ᠲ᠋ᠧᠷ᠎ᠤᠨ᠎ᠢᠶᠠᠨ ᠡᠮᠦᠨ᠎ᠠ ᠰᠠᠭᠤᠵᠤ ᠬᠢᠴᠢᠶᠡᠯ ᠪᠡᠯᠡᠳᠭᠡᠵᠦ᠍ ᠪᠠᠢᠪᠠ᠃ ᠧ ᠱᠢᠶᠤᠤ ᠮᠧᠶ᠄ 《ᠪᠥᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠨ ᠪᠣᠯᠤᠭ᠍ᠰᠠᠨ᠎ᠤ ᠬᠤᠪᠢ᠎ᠳᠤ᠂ ᠪᠢ ᠬᠤᠷᠠᠯ ᠳᠡᠭᠡᠷ᠎ᠠ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠠ ᠪᠤᠰᠤᠳ ᠬᠤᠯᠪᠣᠭ᠍ᠳᠠᠯ ᠪᠥᠬᠦᠶ ᠮᠡᠳᠡᠭᠦᠯᠦᠯᠲᠡ᠎ᠶ᠋ᠢ ᠰᠣᠨᠣᠰᠤᠭ᠍ᠰᠠᠨ ᠪᠦᠭᠡᠳ ᠶᠠᠷᠢᠯᠴᠠᠵᠤ᠂ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ᠎ᠶ᠋ᠢᠨ ᠬᠥᠲᠥᠯᠪᠦᠷᠢ᠎ᠶ᠋ᠢᠨ ᠲᠥᠰᠦᠯ᠎ᠢ ᠶᠠᠷᠢᠯᠴᠠᠭᠠᠳ ᠮᠠᠰᠢ ᠶᠡᠭᠡ ᠤᠷᠮᠠᠱᠢᠨ ᠵᠣᠷᠢᠭ᠍ᠵᠢᠵᠤ᠂ ᠤᠯᠤᠰ ᠣᠷᠣᠨ᠎ᠤ ᠢᠷᠡᠭᠡᠳᠦᠶ᠎ᠶ᠋ᠢᠨ ᠬᠥᠭ᠌ᠵᠢᠯᠲᠡ᠎ᠳᠤ ᠢᠲᠡᠭᠡᠯ ᠳᠦᠭᠦᠷᠡᠩ ᠪᠠᠢᠨ᠎ᠠ᠃ ᠲᠠᠷᠠᠭᠠᠴᠢ᠎ᠶ᠋ᠢᠨ ᠠᠯᠬᠤᠮ᠎ᠳᠤ᠂ ᠪᠢ ᠰᠤᠷᠭᠠᠭᠤᠯᠢ᠎ᠶ᠋ᠢᠨ ᠱᠠᠭᠠᠷᠳᠠᠯᠭ᠎ᠠ ᠶᠣᠰᠣᠭᠠᠷ᠂ ᠬᠤᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠲᠤᠭᠤᠱᠢᠯᠠᠭᠤᠯᠬᠤ ᠠᠵᠢᠯ᠎ᠢ ᠤᠯᠠᠮ ᠴᠢᠨᠠᠭ᠍ᠰᠢᠳᠠ ᠰᠠᠢᠲᠤᠷ ᠬᠢᠵᠦ᠍᠂ ᠬᠤᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠲᠤ ᠤᠯᠠᠮᠵᠢᠯᠠᠨ᠎ᠠ》 ᠭᠡᠵᠤ ᠬᠡᠯᠡᠨ᠎ᠡ᠃ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠭᠡᠱᠢᠭᠦᠨ᠎ᠤ ᠲᠤᠱᠢᠶᠠᠯ᠎ᠢ ᠡᠭᠦᠷᠭᠡᠯᠡᠭ᠌ᠰᠡᠨ 4 ᠵᠢᠯ᠎ᠤᠨ ᠲᠤᠷᠰᠢ᠂ ᠧ ᠱᠢᠶᠤᠤ ᠮᠧᠢ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢ ᠢᠮᠠᠭ᠍ᠲᠠ ᠠᠩᠬᠠᠷᠴᠤ᠌᠂ ᠪᠠᠢᠴᠠᠭᠠᠨ ᠰᠤᠳᠤᠯᠬᠤ ᠠᠵᠢᠯ᠎ᠢ ᠨᠠᠷᠢᠨ ᠬᠢᠨᠠᠮᠠᠭᠠᠢ ᠰᠠᠢᠲᠤᠷ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡᠢ ᠠᠬᠢᠭᠤᠯᠬᠤ᠎ᠶ᠋ᠢᠨ ᠳᠤᠭᠤᠷᠢᠨ᠎ᠳᠤ ᠰᠠᠨᠠᠯ ᠳᠤᠷᠠᠳᠤᠯᠭ᠎ᠠ᠎ᠪᠠᠨ ᠢᠳᠡᠪᠬᠢᠲᠡᠢ ᠲᠤᠭᠤᠷᠪᠢᠨ ᠪᠢᠴᠢᠪᠡ᠃
ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠳᠥᠷᠪᠡᠳᠦᠭᠡᠷ ᠬᠤᠷᠠᠯ ᠳᠡᠭᠡᠷ᠎ᠠ᠂ ᠲᠡᠷᠡ ᠶᠡᠭᠡ ᠬᠤᠷᠠᠯ᠎ᠳᠤ 《ᠲᠠᠯ᠎ᠠ ᠨᠤᠲᠤᠭ᠎ᠤᠨ ᠭᠡᠷ᠎ᠤᠨ ᠲᠡᠵᠢᠭᠡᠪᠦᠷᠢ᠎ᠶ᠋ᠢᠨ ᠡᠭᠦᠯᠳᠡᠷ᠎ᠢ ᠪᠡᠶ᠎ᠠ᠎ᠪᠠᠨ ᠳᠠᠭᠠᠭᠠᠵᠤ ᠱᠢᠨ᠎ᠠ᠎ᠶ᠋ᠢ ᠡᠭᠦᠳᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠭᠤᠣᠯᠯᠠᠬᠤ ᠡᠭᠦᠯᠳᠡᠷ᠎ᠤᠨ ᠡᠬᠢ᠎ᠶ᠋ᠢ ᠪᠡᠶ᠎ᠠ᠎ᠪᠠᠨ ᠳᠠᠭᠠᠭᠠᠵᠤ ᠱᠢᠨ᠎ᠡ ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠤᠬᠠᠢ ᠰᠠᠨᠠᠯ ᠳᠤᠷᠠᠳᠤᠯᠭ᠎ᠠ》᠂ 《〈ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ〉 ᠳᠤ ᠲᠦᠷᠭᠡᠨ ᠵᠠᠰᠠᠪᠤᠷᠢ ᠣᠷᠣᠭᠤᠯᠬᠤ ᠲᠤᠬᠠᠢ ᠰᠠᠨᠠᠯ ᠳᠤᠷᠠᠳᠤᠯᠭ᠎ᠠ》᠂ 《ᠬᠤᠳᠠ᠎ᠶ᠋ᠢᠨ ᠦᠨᠳᠦᠰᠦᠲᠡᠨ᠎ᠤ ᠠᠵᠢᠯ᠎ᠤᠨ ᠲᠦᠷᠢᠮ᠎ᠳᠤ ᠲᠦᠷᠭᠡᠨ ᠵᠠᠰᠠᠪᠤᠷᠢ ᠣᠷᠣᠭᠤᠯᠬᠤ ᠲᠤᠬᠠᠢ ᠰᠠᠨᠠᠯ ᠳᠤᠷᠠᠳᠤᠯᠭ᠎ᠠ》 ᠵᠡᠷᠭᠡ 3 ᠰᠠᠨᠠᠯ ᠲᠤᠷᠠᠳᠤᠯᠭ᠎ᠠ ᠳᠡᠪᠱᠢᠭᠦᠯᠪᠡ᠃ ᠲᠠᠯ᠎ᠠ ᠨᠤᠲᠤᠭ᠎ᠤᠨ ᠮᠠᠯ᠎ᠤᠨ ᠡᠭᠦᠯᠳᠡᠷ᠎ᠤᠨ ᠱᠢᠨ᠎ᠠ᠎ᠶ᠋ᠢ ᠡᠬᠦᠳᠬᠦ᠌ ᠰᠤᠳᠤᠯᠭᠠᠨ᠎ᠤ ᠠᠵᠢᠯ᠎ᠤᠨ ᠲᠣᠭ᠍ᠲᠠᠴᠠ᠎ᠶ᠋ᠢ ᠤᠯᠠᠮ ᠴᠢᠨᠠᠭ᠍ᠰᠢᠳᠠ ᠲᠡᠭᠦᠯᠳᠡᠷᠵᠢᠭᠦᠯᠵᠦ᠍᠂ ᠲᠠᠷᠢᠶᠠᠯᠠᠩ ᠮᠠᠯ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡᠢ ᠠᠬᠢᠭᠤᠯᠬᠤ; ᠤᠯᠤᠰ᠎ᠤᠨ ᠦᠨᠳᠦᠰᠦᠲᠡᠨ᠎ᠤ ᠠᠵᠢᠯ᠎ᠤᠨ ᠲᠤᠬᠠᠢ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠲᠡᠭᠦᠯᠳᠡᠷᠵᠢᠭᠦᠯᠬᠦ᠌ ᠵᠡᠷᠭᠡ ᠰᠠᠨᠠᠭᠤᠯᠭ᠎ᠠ ᠳᠤᠷᠠᠳᠴᠠᠢ᠃ ᠥᠪᠥᠷ ᠮᠣᠩᠭᠤᠯ᠎ᠤᠨ ᠶᠡᠭᠡ ᠰᠤᠷᠭᠠᠭᠤᠯᠢ᠎ᠶ᠋ᠢᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠧ ᠱᠢᠶᠤᠤ ᠮᠧᠶ 《ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠬᠦ᠌》 ᠰᠤᠷᠭᠠᠭᠤᠯᠢ᠎ᠶ᠋ᠢᠨ ᠰᠤᠷᠭᠠᠯ᠎ᠢ ᠢᠮᠠᠭ᠍ᠲᠠ ᠪᠠᠷᠢᠮᠲᠠᠯᠠᠵᠤ᠂ 《ᠦᠨᠡᠨ ᠮᠡᠳᠡᠯᠭᠡ᠎ᠶ᠋ᠢ ᠡᠷᠬᠢᠮᠯᠡᠨ᠂ ᠭᠠᠷᠮᠠᠭᠠᠶ ᠴᠢᠳᠠᠪᠤᠷᠢ᠎ᠶ᠋ᠢ ᠬᠥᠭᠡᠭᠡᠴᠡᠯᠳᠦᠬᠦ᠌》 ᠦᠪᠦᠷ ᠮᠤᠩᠭᠤᠯ᠎ᠤᠨ ᠶᠡᠭᠡ ᠰᠤᠷᠭᠠᠭᠤᠯᠢ᠎ᠶ᠋ᠢᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠵᠢᠭᠠᠨ ᠰᠤᠷᠭᠠᠯᠲᠠ᠎ᠶ᠋ᠢᠨ ᠠᠵᠢᠯ᠎ᠢᠶᠠᠨ ᠰᠠᠢᠲᠤᠷ ᠬᠢᠬᠦ᠌᠎ᠶ᠋ᠢᠨ ᠬᠠᠮᠲᠤ᠌᠂ ᠪᠥᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠨ᠎ᠤ ᠡᠭᠦᠷᠭᠡ ᠬᠠᠷᠢᠭᠤᠴᠠᠯᠭ᠎ᠠ᠎ᠪᠠᠨ ᠢᠳᠡᠪᠬᠢᠲᠡᠶ ᠭᠦᠶᠴᠡᠳᠭᠡᠭ᠌ᠰᠡᠭᠡᠷ ᠢᠷᠡᠵᠠᠢ᠃ 《ᠡᠨᠡ ᠤᠳᠠᠭ᠎ᠠ᠎ᠶ᠋ᠢᠨ ᠪᠦᠬᠦ᠌ ᠤᠯᠤᠰ᠎ᠤᠨ ᠬᠤᠶᠠᠷ ᠬᠤᠷᠠᠯ᠎ᠲᠤ ᠣᠷᠣᠯᠴᠠᠭ᠍ᠰᠠᠨ ᠬᠠᠮᠤᠭ᠎ᠤᠨ ᠶᠡᠭᠡ ᠣᠯᠤᠯᠲᠠ ᠪᠣᠯ ᠳᠠᠷᠦ᠋ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ 〈ᠠᠷᠪᠠᠨ ᠳᠥᠷᠪᠡᠳᠦᠭᠡᠷ ᠲᠠᠪᠤᠨ ᠵᠢᠯ〉 ᠤᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠥᠰᠦᠯ ᠵᠡᠷᠭᠡ᠎ᠶ᠋ᠢᠨ ᠶᠠᠷᠢᠯᠴᠠᠭᠠᠨ᠎ᠳᠤ ᠣᠷᠣᠯᠴᠠᠬᠤ᠎ᠪᠠᠷ ᠳᠠᠮᠵᠢᠨ᠂ ᠤᠯᠤᠰ᠎ᠤᠨ 〈ᠠᠷᠪᠠᠨ ᠳᠥᠷᠪᠡᠳᠦᠭᠡᠷ ᠲᠠᠪᠤᠨ ᠵᠢᠯ〉 ᠤᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯᠲᠠᠬᠢ ᠴᠢᠬᠤᠯᠠ ᠶᠡᠭᠡ ᠪᠠᠢᠷᠢᠯᠠᠭᠤᠯᠤᠯᠲᠠ᠎ᠶ᠋ᠢ ᠦᠢᠯᠠᠭᠠᠵᠤ᠂ ᠬᠤᠢᠱᠢᠳᠠ᠎ᠶ᠋ᠢᠨ ᠦᠪᠡᠷ᠎ᠤᠨ ᠴᠢᠳᠠᠪᠤᠷᠢ ᠬᠡᠪ ᠪᠣᠯᠪᠠᠰᠤᠷᠠᠯ᠎ᠢᠶᠠᠨ ᠳᠡᠭᠡᠭ᠌ᠰᠢᠯᠡᠭᠦᠯᠬᠦ᠂ ᠡᠭᠦᠷᠭᠡ ᠬᠠᠷᠢᠭᠤᠴᠠᠯᠭ᠎ᠠ᠎ᠪᠠᠨ ᠨᠡᠩ ᠰᠠᠢᠲᠤᠷ ᠭᠦᠴᠡᠳᠭᠡᠬᠦ᠌ ᠴᠢᠭ᠌ᠯᠡᠯ᠎ᠢ ᠤᠯᠠᠮ ᠴᠢᠨᠠᠭ᠍ᠰᠢᠳᠠ ᠲᠣᠳᠣᠷᠬᠠᠢ ᠮᠡᠳᠡᠵᠠᠢ》 ᠭᠡᠵᠦ᠍ ᠧ ᠱᠢᠶᠤᠤ ᠮᠧᠶ ᠬᠡᠯᠡᠪᠡ᠃ 《ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠭᠡᠱᠢᠭᠦᠨ᠎ᠤ ᠲᠤᠱᠢᠶᠠᠯ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠬᠦ᠌᠎ᠳᠤ ᠤᠯᠤᠰ ᠲᠦᠷᠦ᠎ᠶ᠋ᠢᠨ ᠡᠵᠡᠮᠳᠡᠬᠦ᠌ ᠴᠢᠳᠠᠪᠤᠷᠢ᠂ ᠤᠯᠠᠨ ᠲᠦᠮᠡᠨ᠎ᠲᠠᠢ ᠬᠠᠷᠢᠯᠴᠠᠬᠤ ᠴᠢᠳᠠᠪᠤᠷᠢ᠂ ᠪᠠᠢᠴᠠᠭᠠᠨ ᠰᠤᠳᠤᠯᠬᠤ ᠴᠢᠳᠠᠪᠤᠷᠢ᠂ ᠬᠠᠮᠲᠤᠷᠠᠨ ᠠᠵᠢᠯᠯᠠᠬᠤ ᠴᠢᠳᠠᠪᠤᠷᠢ᠎ᠪᠠᠨ ᠤᠯᠠᠮ ᠴᠢᠨᠠᠭ᠍ᠰᠢᠳᠠ ᠳᠡᠭᠡᠭ᠌ᠰᠢᠯᠡᠭᠦᠯᠬᠦ᠌ ᠴᠢᠬᠤᠯᠠᠲᠠᠢ᠃ ᠲᠠᠷᠠᠭᠠᠴᠢ᠎ᠶ᠋ᠢᠨ ᠠᠯᠬᠤᠮ᠎ᠳᠤ᠂ ᠪᠢ ᠰᠤᠷᠤᠯᠴᠠᠯᠭ᠎ᠠ᠎ᠪᠠᠨ ᠴᠢᠩᠭᠠᠳᠭᠠᠵᠤ᠂ ᠤᠯᠤᠰ ᠲᠥᠷᠥ᠍ ᠦᠵᠡᠯ ᠰᠠᠨᠠᠭᠠᠨ᠎ᠤ ᠲᠠᠨᠢᠯᠲᠠ ᠪᠠ ᠠᠵᠢᠯ᠎ᠤᠨ ᠲᠦᠪᠱᠢᠨ᠎ᠢᠶᠠᠨ ᠳᠡᠭᠡᠭ᠌ᠰᠢᠯᠡᠭᠦᠯᠵᠦ᠍᠂ ᠱᠢᠨ᠎ᠠ ᠬᠥᠭ᠌ᠵᠢᠯᠲᠡ᠎ᠶ᠋ᠢᠨ ᠪᠠᠢᠷᠢᠱᠢᠯ᠎ᠳᠠᠬᠢ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠪᠠᠢᠯᠳᠤᠬᠤ ᠪᠣᠳᠣᠯᠭ᠎ᠠ᠎ᠶ᠋ᠢᠨ ᠬᠡᠷᠡᠭ᠌ᠴᠡᠭᠡ ᠱᠠᠭᠠᠷᠳᠠᠯᠭ᠎ᠠ ᠪᠠ ᠰᠠᠭᠤᠷᠢ ᠵᠠᠩᠭᠢᠯᠠᠭ᠎ᠠ᠎ᠶ᠋ᠢᠨ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠣᠶᠤᠨ ᠴᠢᠳᠠᠯ᠎ᠢᠶᠠᠨ ᠨᠡᠩ ᠰᠠᠢᠳᠤᠷ ᠲᠦᠪᠯᠡᠷᠡᠭᠦᠯᠵᠤ ᠪᠠᠢᠭᠠᠳ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠭᠦᠨᠵᠡᠭᠡᠢᠷᠡᠨ ᠪᠠᠢᠴᠠᠭᠠᠨ ᠰᠤᠳᠤᠯᠬᠤ ᠠᠵᠢᠯ᠎ᠢ ᠰᠠᠢᠲᠤᠷ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠱᠢᠨ᠎ᠡ ᠴᠠᠭ ᠦᠶ ᠠ᠎ᠶ᠋ᠢᠨ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉 ᠢ ᠪᠥᠲᠥᠭᠡᠨ ᠪᠠᠢᠭᠤᠯᠬᠤ᠎ᠳᠤ ᠠᠷᠭ᠎ᠠ ᠤᠬᠠᠭᠠᠨ ᠭᠠᠷᠭᠠᠨ᠎ᠠ》 ᠭᠡᠵᠦ᠍ ᠧ ᠱᠢᠶᠤᠤ ᠮᠧᠶ ᠬᠡᠯᠡᠪᠡ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号