ᠰᠡᠷᠭᠦᠯᠡᠩ᠄ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠳᠤᠷ ᠡᠵᠡᠮᠱᠢᠪᠡᠯ ᠬᠦᠰᠡᠯ᠎ᠢᠶᠠᠨ ᠪᠡᠶᠡᠯᠡᠭᠦᠯᠬᠦ᠌ ᠠᠵᠠ ᠲᠤᠬᠢᠶᠠᠯ ᠤᠯᠠᠳᠠᠨ᠎ᠠ
2021-03-21 11:50:13
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 12 ᠎ᠤᠨ ᠡᠳᠦᠷ᠂ ᠳᠤᠮᠳᠠᠳᠤ ᠤᠯᠤᠰ᠎ᠤᠨ ᠠᠷᠠᠳ᠎ᠤᠨ ᠡᠳ᠋ ᠬᠥᠷᠥᠩᠭᠡ᠎ᠶ᠋ᠢᠨ ᠳᠠᠭᠠᠳᠭᠠᠯ᠎ᠤᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠎ᠶ᠋ᠢᠨ ᠤᠯᠠᠭᠠᠨᠬᠠᠳᠠ᠎ᠶ᠋ᠢᠨ ᠬᠤᠪᠢᠶᠠᠷᠢ ᠺᠣᠮᠫᠠᠨᠢ᠎ᠶ᠋ᠢᠨ ᠬᠤᠷᠠᠯ᠎ᠤᠨ ᠬᠡᠷ᠎ᠲᠤ᠌᠂ ᠨᠠᠮ ᠎ᠤᠨ ᠬᠤᠷᠢᠶᠠᠨ᠎ᠤ ᠱᠦᠵᠢ᠂ ᠶᠡᠷᠦᠩᠬᠡᠶ ᠳᠠᠭᠠᠭᠠᠮᠠᠯ ᠰᠡᠷᠭᠦᠯᠡᠩ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠪᠠᠷ ᠦᠩᠬᠡᠷᠡᠭ᠌ᠰᠡᠨ᠎ᠤ ᠠᠵᠢᠯ᠎ᠢᠶᠠᠨ ᠳ᠋ᠦᠩᠨᠡᠵᠦ᠍᠂ ᠲᠠᠷᠠᠭᠠᠴᠢ᠎ᠶ᠋ᠢᠨ ᠠᠵᠢᠯ᠎ᠤᠨ ᠱᠢᠨ᠎ᠠ ᠬᠠᠷᠠᠯᠲᠠ ᠡᠭᠦᠷᠭᠡ᠎ᠪᠠᠨ ᠪᠠᠢᠷᠢᠯᠠᠭᠤᠯᠤᠨ᠎ᠠ᠃

ᠲᠡᠭᠦᠨ᠎ᠤ ᠦᠭᠡ ᠥᠭᠦᠯᠡᠪᠦᠷᠢ᠎ᠨᠢ ᠢᠳᠡᠯᠢᠭ᠂ ᠢᠯᠡᠳᠭᠡᠯᠲᠡ᠎ᠨᠢ ᠤᠨᠣᠪᠴᠢᠲᠠᠢ᠂ ᠶᠠᠷᠢᠶᠠᠨ᠎ᠤ ᠠᠭᠤᠯᠭ᠎ᠠ᠎ᠨᠢ ᠣᠬᠤᠷ ᠪᠣᠯᠪᠠᠴᠤ᠌ ᠠᠵᠢᠯ᠎ᠤᠨ ᠭᠤᠣᠯᠳᠠᠯᠭ᠎ᠠ᠂ ᠠᠵᠢᠯ᠎ᠤᠨ ᠱᠠᠭᠠᠷᠳᠠᠯᠭ᠎ᠠ᠎ᠶ᠋ᠢ ᠲᠣᠪ ᠲᠣᠳᠣᠷᠬᠠᠢ ᠳᠠᠮᠵᠢᠭᠤᠯᠵᠠᠢ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠶ᠋ᠢ ᠬᠡᠯᠡᠬᠦ᠌ ᠵᠣᠷᠢᠭ ᠦᠭᠡᠢ ᠪᠠᠢᠭ᠍ᠰᠠᠨ᠎ᠠᠴᠠ᠎ᠪᠠᠨ ᠡᠢᠮᠦᠷᠬᠦᠦ ᠤᠷᠤᠰᠤᠮ᠎ᠠ ᠰᠠᠢᠬᠠᠨ ᠬᠡᠷᠡᠭ᠌ᠯᠡᠵᠦ᠍ ᠳᠡᠢᠯᠬᠦ᠌ ᠪᠤᠯᠤᠭ᠍ᠰᠠᠨ᠎ᠨᠢ ᠲᠡᠭᠦᠨ᠎ᠤ ᠤᠯᠠᠨ ᠵᠢᠯ᠎ᠤᠨ ᠬᠠᠲᠠᠭᠤᠵᠢᠯᠲᠠᠢ ᠴᠢᠷᠮᠠᠢᠯᠭ᠎ᠠ᠎ᠠᠴᠠ ᠰᠠᠯᠵᠤ ᠪᠤᠯᠤᠰᠢ ᠦᠭᠡᠢ ᠶᠤᠮ᠃ 《ᠬᠡᠷᠪᠡ ᠪᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠡᠷᠲᠡᠬᠡᠨ ᠰᠤᠷᠤᠯᠴᠠᠭ᠍ᠰᠠᠨ ᠪᠤᠯ ᠠᠵᠢᠯ᠎ᠳᠤ ᠣᠷᠣᠯᠴᠠᠬᠤ ᠦᠶ᠎ᠠ᠎ᠳᠤ ᠲᠡᠭᠡᠵᠦ᠍ ᠬᠦᠴᠢᠷᠳᠡᠬᠦ᠌ ᠦᠭᠡᠢ ᠪᠠᠢᠭ᠍ᠰᠠᠨ》 ᠭᠡᠵᠦ᠍ ᠰᠡᠷᠭᠦᠯᠡᠩ ᠭᠦᠨ ᠲᠥᠷᠥᠭ᠌ᠳᠡᠯ᠎ᠲᠠᠢ ᠬᠡᠯᠡᠪᠡ᠃

ᠰᠡᠷᠭᠦᠯᠡᠩ ᠤᠯᠠᠭᠠᠨᠬᠠᠳᠠ ᠬᠤᠲᠠ᠎ᠶ᠋ᠢᠨ ᠣᠩᠨᠢᠭᠤᠳ ᠬᠤᠱᠢᠭᠤᠨ᠎ᠤ ᠭᠤᠷᠣᠬᠠᠨ ᠰᠤᠮᠤ᠎ᠪᠠᠷ ᠨᠤᠲᠤᠭ᠎ᠲᠠᠢ᠃ ᠮᠠᠯᠵᠢᠬᠤ ᠤᠷᠤᠨ᠎ᠳᠤ ᠦᠰᠴᠦ᠍ ᠲᠦᠷᠦᠭ᠌ᠰᠡᠨ ᠲᠡᠷᠡ ᠡᠳᠦᠷ ᠲᠤᠲᠤᠮ᠎ᠤᠨ ᠭᠡᠯᠡ ᠶᠠᠷᠢᠶᠠᠨ᠎ᠳᠠᠭᠠᠨ ᠪᠦᠷ ᠮᠣᠩᠭᠤᠯ ᠦᠭᠡ ᠬᠡᠯᠡ ᠦᠰᠦᠭ ᠪᠢᠴᠢᠭ᠎ᠢ ᠬᠡᠷᠡᠭ᠌ᠯᠡᠳᠡᠭ᠃ ᠪᠠᠭ᠎ᠠ ᠰᠤᠷᠭᠠᠭᠤᠯᠢ᠂ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠱᠠᠲᠤᠨ᠎ᠳᠤ ᠮᠣᠩᠭᠤᠯ᠎ᠢᠶᠠᠷ ᠬᠢᠴᠢᠶᠡᠯᠯᠡᠵᠥ᠍᠂ ᠳᠤᠮᠳᠠ ᠵᠡᠷᠭᠡ᠎ᠶ᠋ᠢᠨ ᠲᠤᠰᠭᠠᠢ ᠮᠡᠷᠭᠡᠵᠢᠯᠦᠨ ᠰᠤᠷᠭᠠᠭᠤᠯᠢ᠎ᠳᠤ ᠤᠷᠤᠭ᠍ᠰᠠᠨ᠎ᠤ ᠳᠠᠷᠠᠭ᠎ᠠ᠂ ᠮᠠᠯ ᠡᠮᠨᠡᠯᠭᠡ᠎ᠶ᠋ᠢᠨ ᠲᠤᠰᠭᠠᠢ ᠮᠡᠷᠭᠡᠵᠢᠯ᠎ᠢ ᠰᠤᠩᠭᠤᠭ᠍ᠰᠠᠨ᠎ᠠᠴᠠ ᠪᠠᠰᠠ ᠮᠣᠩᠭᠤᠯ᠎ᠢᠶᠠᠷ ᠬᠢᠴᠢᠶᠡᠯᠯᠡᠳᠡᠭ ᠪᠠᠢᠵᠠᠢ᠃ ᠡᠨᠡ ᠬᠤᠭᠤᠴᠠᠭᠠᠨ᠎ᠳᠤ᠂ ᠬᠡᠳᠦ᠋ᠢᠪᠡᠷ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠴᠤ᠌ ᠪᠠᠢᠭ᠍ᠰᠠᠨ ᠪᠣᠯᠪᠠᠴᠤ᠌ ᠬᠡᠷᠡᠭ᠌ᠯᠡᠬᠦ᠌ ᠲᠣᠬᠢᠶᠠᠯ ᠴᠥᠭᠡᠨ᠂ ᠰᠤᠷᠤᠯᠴᠠᠬᠤ ᠢᠳᠡᠪᠬᠢᠵᠢᠯ ᠥᠨᠳᠥᠷ ᠪᠢᠰᠢ᠎ᠠᠴᠠ ᠪᠤᠯᠵᠤ ᠳᠠᠪᠱᠢᠯᠲᠠ ᠤᠳᠠᠭᠠᠨ᠂ ᠡᠳᠦᠷ ᠲᠤᠳᠤᠮ᠎ᠤᠨ ᠦᠬᠡ ᠶᠠᠷᠢᠶᠠᠨ᠎ᠳᠠᠭᠠᠨ ᠴᠤ᠌ ᠬᠦᠴᠢᠷᠳᠡᠵᠦ᠍ ᠪᠠᠢᠪᠠ᠃ 1993 ᠤᠨ᠎ᠲᠤ᠌᠂ ᠲᠡᠷᠡ ᠳᠤᠮᠳᠠ ᠵᠡᠷᠭᠡ᠎ᠶ᠋ᠢᠨ ᠲᠤᠰᠭᠠᠢ ᠮᠡᠷᠭᠡᠵᠢᠯ᠎ᠤᠨ ᠰᠤᠷᠭᠠᠭᠤᠯᠢ᠎ᠠᠴᠠ ᠲᠡᠭᠦᠰᠦᠭᠡᠳ ᠣᠩᠨᠢᠭᠤᠳ ᠬᠤᠱᠢᠭᠤᠨ᠎ᠤ ᠭᠤᠷᠣᠬᠠᠨ ᠰᠤᠮᠤᠨ᠎ᠤ ᠡᠪᠯᠡᠯ᠎ᠤᠨ ᠬᠤᠷᠢᠶᠠᠨ᠎ᠤ ᠱᠦᠵᠢ᠂ ᠤᠬᠠᠭᠤᠯᠬᠤ ᠭᠡᠱᠢᠭᠦᠨ᠂ ᠠᠷᠠᠳ᠎ᠤᠨ ᠵᠡᠪᠰᠡᠭ᠌ᠲᠦ ᠬᠦᠴᠦᠨ᠎ᠤ ᠬᠡᠯᠲᠡᠰ᠎ᠤᠨ ᠲᠠᠷᠤᠭ᠎ᠠ᠎ᠶ᠋ᠢᠨ ᠠᠵᠢᠯ᠎ᠢ ᠡᠭᠦᠷᠭᠡᠯᠡᠵᠡᠢ᠃ ᠳᠡᠳᠡᠭᠡᠷ ᠤᠯᠠᠨ ᠠᠵᠢᠯ᠎ᠢ ᠭᠦᠢᠴᠡᠳᠭᠡᠬᠦ᠌᠎ᠳᠤ ᠪᠦᠷ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠪᠣᠯᠪᠠᠰᠤᠷᠠᠩᠭᠤᠢ ᠬᠡᠷᠡᠭ᠌ᠯᠡᠵᠦ᠍ ᠴᠢᠳᠠᠬᠤ ᠬᠡᠷᠡᠭ᠌ᠲᠡᠢ᠂ ᠭᠡᠬᠦ᠌᠎ᠳᠤ ᠡᠨᠡ ᠲᠠᠯ᠎ᠠ᠎ᠶ᠋ᠢᠨ ᠰᠠᠭᠤᠷᠢ ᠮᠡᠳᠡᠯᠭᠡ ᠠᠨᠠᠢ ᠪᠠᠢᠭ᠍ᠰᠠᠨ ᠲᠡᠷᠡ ᠤᠷᠢᠳᠤ ᠡᠮᠦᠨ᠎ᠡ ᠪᠠᠢᠭ᠎ᠠ ᠦᠭᠡᠢ ᠭᠠᠴᠢᠭ᠍ᠳᠠᠯ᠎ᠳᠤ ᠲᠤᠯᠭᠠᠷᠠᠭ᠍ᠰᠠᠨ ᠪᠠᠢᠪᠠ᠃ 《ᠥᠩᠭᠡᠷᠡᠭ᠌ᠰᠡᠨ᠎ᠳᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠬᠤ᠎ᠶ᠋ᠢᠨ ᠴᠢᠬᠤᠯᠠ ᠴᠢᠨᠠᠷ᠎ᠢ ᠰᠡᠷᠡᠵᠦ᠍ ᠮᠡᠳᠡᠭ᠌ᠰᠡᠨ ᠦᠭᠡᠢ᠂ ᠠᠵᠢᠯᠯᠠᠭ᠍ᠰᠠᠨ᠎ᠤ ᠲᠠᠷᠠᠭ᠎ᠠ ᠰᠠᠶᠢ ᠪᠠᠶ᠎ᠠ ᠰᠡᠳᠭᠢᠯ᠎ᠢᠶᠠᠷ᠎ᠢᠶᠠᠨ ᠮᠡᠳᠡᠷᠡᠭ᠌ᠰᠡᠨ》 ᠭᠡᠵᠦ᠍ ᠠᠩᠬ᠎ᠠ ᠠᠵᠢᠯ᠎ᠤᠨ ᠪᠠᠢᠷᠢ᠎ᠳᠤ ᠭᠠᠷᠬᠤ ᠦᠶ᠎ᠠ᠎ᠶ᠋ᠢᠨ ᠪᠠᠢᠳᠠᠯ᠎ᠢᠶᠠᠨ ᠡᠷᠭᠢᠴᠡᠭᠦᠯᠤᠨ᠎ᠠ᠃ ᠰᠡᠷᠭᠦᠯᠡᠩ᠄ 《ᠤᠨᠴᠠᠭᠠᠢᠯᠠᠨ ᠤᠬᠠᠭᠤᠯᠬᠤ ᠭᠡᠱᠢᠭᠦᠨ᠎ᠤ ᠠᠵᠢᠯ᠎ᠨᠢ ᠪᠠᠷᠤᠭ ᠡᠳᠦᠷ ᠪᠦᠷᠢ ᠦᠰᠦᠭ ᠪᠢᠴᠢᠭ᠎ᠲᠠᠢ ᠤᠷᠤᠯᠳᠤᠬᠤ ᠪᠦᠬᠡᠳ ᠲᠤᠬᠠᠢ᠎ᠶ᠋ᠢᠨ ᠦᠶ ᠎ᠠ᠎ᠳᠤ ᠪᠢᠴᠢᠭ ᠮᠠᠲ᠋ᠧᠷᠢᠶᠠᠯ ᠪᠢᠴᠢᠬᠦ᠌᠎ᠳᠤ ᠶᠠᠮᠠᠷ ᠴᠤ᠌ ᠯᠠᠪᠯᠠᠯᠲᠠ ᠪᠣᠯᠭᠠᠬᠤ ᠵᠦᠢᠯ ᠪᠠᠢᠬᠤ ᠦᠭᠡᠢ᠂ ᠺᠤᠮᠫᠢᠦ᠋ᠲ᠋ᠧᠷ ᠭᠡᠵᠦ᠍ ᠪᠠᠢᠬᠤ ᠦᠭᠡᠢ᠂ ᠰᠦᠯᠵᠢᠶᠡᠨ ᠲᠡᠭᠡᠷ᠎ᠡ᠎ᠠᠴᠠ ᠴᠤ᠌ ᠬᠠᠢᠵᠤ ᠳᠡᠢᠯᠬᠦ᠌ ᠦᠭᠡᠢ᠂ ᠲᠡᠷᠡ ᠦᠶ᠎ᠠ᠎ᠳᠤ ᠦᠨᠡᠬᠡᠷ ᠥᠪᠡᠷ᠎ᠤᠨ᠎ᠢᠶᠠᠨ ᠦᠨᠳᠦᠰᠦᠨ ᠪᠣᠯᠪᠠᠰᠤᠷᠠᠯ᠎ᠳᠠᠭᠠᠨ ᠯᠡ ᠲᠦᠱᠢᠭ᠌ᠯᠡᠬᠦ᠌᠎ᠠᠴᠠ ᠦᠭᠡᠷ᠎ᠠ ᠠᠷᠭ᠎ᠠ ᠦᠭᠡᠢ ᠪᠠᠢᠭ᠍ᠰᠠᠨ》 ᠭᠡᠵᠥ᠍ ᠪᠠᠢᠳᠠᠯ᠎ᠢᠶᠠᠨ ᠲᠠᠨᠢᠯᠴᠠᠭᠤᠯᠤᠨ᠎ᠠ᠃ ᠵᠦᠭᠡᠷ ᠱᠢᠭ ᠮᠠᠲ᠋ᠧᠷᠢᠶᠠᠯ ᠪᠢᠴᠢᠵᠦ᠍ ᠭᠠᠷᠭᠠᠬᠤ᠎ᠶ᠋ᠢᠨ ᠲᠥᠯᠥᠭᠡ᠂ ᠰᠡᠷᠭᠦᠯᠡᠩ ᠦᠷᠭᠦᠯᠵᠢ ᠵᠡᠷᠭᠡᠯᠡᠳᠡᠭᠡ ᠲᠣᠰᠭᠤᠨ᠎ᠤ ᠤᠬᠠᠭᠤᠯᠬᠤ ᠭᠡᠱᠢᠭᠦᠨ᠎ᠤ ᠪᠢᠴᠢᠭ᠌ᠰᠡᠨ ᠮᠠᠲ᠋ᠧᠷᠢᠶᠠᠯ᠎ᠢ ᠯᠠᠪᠯᠠᠯᠳᠠ ᠪᠤᠯᠭᠠᠨ᠂ ᠠᠵᠢᠯ᠎ᠤᠨ ᠵᠠᠪ ᠴᠢᠯᠦᠭᠡ᠎ᠪᠠᠷ᠎ᠢᠶᠠᠨ ᠨᠣᠮ ᠦᠵᠡᠵᠦ᠍᠂ ᠱᠢᠷᠭᠠᠭᠤ ᠰᠤᠷᠤᠯᠴᠠᠭ᠍ᠰᠠᠨ᠎ᠢᠶᠠᠷ ᠠᠭᠠᠵᠢᠮ᠎ᠢᠶᠠᠷ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠬᠢᠷᠢ ᠬᠡᠮᠵᠢᠶ᠎ᠠ᠎ᠪᠠᠨ ᠳᠡᠭᠡᠭ᠌ᠰᠢᠯᠡᠭᠦᠯᠵᠦ᠍᠂ ᠮᠠᠲ᠋ᠧᠷᠢᠶᠠᠯ᠎ᠢ ᠤᠷᠤᠰᠤᠮ᠎ᠠ ᠰᠠᠢᠬᠠᠨ ᠪᠢᠴᠢᠬᠦ᠌ ᠪᠣᠯᠵᠠᠶ᠃ ᠲᠤᠬᠠᠢ᠎ᠶ᠋ᠢᠨ ᠦᠶ᠎ᠠ᠎ᠳᠤ ᠪᠦᠷ ᠭᠠᠷ᠎ᠢᠶᠠᠷ ᠪᠢᠴᠢᠭ᠌ᠰᠡᠨ ᠮᠠᠲ᠋ᠧᠷᠢᠶᠠᠯ ᠪᠠᠢᠵᠤ᠂ ᠨᠢᠭᠡ ᠵᠢᠯ᠎ᠤᠨ ᠪᠢᠴᠢᠭ᠌ᠰᠡᠨ ᠮᠠᠲ᠋ᠧᠷᠢᠶᠠᠯ᠎ᠢᠶᠠᠨ ᠳᠠᠪᠬᠤᠷᠯᠠᠵᠤ ᠲᠠᠯᠪᠢᠬᠤ᠎ᠳᠤ 10 ᠰᠠᠨᠲ᠋ᠢᠮᠧᠲᠷ ᠵᠤᠵᠠᠭᠠᠨ ᠪᠠᠢᠭ᠍ᠰᠠᠨ ᠭᠡᠵᠦ᠍ ᠪᠠᠢᠯ᠎ᠠ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠠᠷ ᠨᠡᠪᠲᠡᠷᠡᠯᠴᠡᠬᠦ᠌᠎ᠳᠤ ᠬᠠᠷᠰᠢ ᠰᠠᠭᠠᠳ ᠦᠬᠡᠢ ᠪᠤᠯᠤᠭ᠍ᠰᠠᠨ᠎ᠠᠴᠠ ᠰᠡᠷᠭᠦᠯᠡᠩ᠎ᠤᠨ ᠠᠮᠢᠳᠤᠷᠠᠯ᠎ᠤᠨ ᠵᠠᠮ᠂ ᠦᠢᠯᠡᠰ᠎ᠤᠨ ᠵᠠᠮ᠎ᠨᠢ ᠴᠤ᠌ ᠤᠯᠠᠮ᠎ᠠᠴᠠ ᠤᠯᠠᠮ ᠥᠷᠭᠡᠵᠢᠪᠡ᠃ 1993 ᠤᠨ᠎ᠠᠴᠠ ᠤᠳᠤ ᠪᠣᠯᠲᠠᠯ᠎ᠠ᠂ ᠲᠡᠷᠡ ᠲᠤᠰ ᠲᠤᠰ 3 ᠬᠤᠱᠢᠭᠤ ᠪᠠ ᠬᠤᠳᠠ ᠲᠣᠭᠤᠷᠢᠭ᠎ᠲᠤ ᠨᠠᠮ᠎ᠤᠨ ᠬᠤᠷᠢᠶ᠎ᠠ᠂ ᠵᠠᠰᠠᠭ᠎ᠤᠨ ᠣᠷᠳᠤᠨ᠎ᠤ ᠴᠢᠬᠤᠯᠠ ᠤᠳᠤᠷᠢᠳᠭᠤ ᠲᠤᠱᠢᠶᠠᠯ᠎ᠢ ᠬᠠᠷᠢᠭᠤᠴᠠᠵᠤ ᠦᠩᠭᠡᠷᠡᠵᠡᠢ᠃ ᠰᠡᠷᠭᠦᠯᠡᠩ᠎ᠤᠨ ᠦᠵᠡᠬᠦ᠌᠎ᠪᠠᠷ᠂ ᠴᠥᠭᠡᠨ ᠲᠣᠭᠠᠲᠤ ᠦᠨᠳᠦᠰᠦᠲᠡᠨ᠎ᠤ ᠬᠡᠦᠬᠡᠳ᠎ᠲᠤ ᠠᠪᠴᠤ᠌ ᠬᠡᠯᠡᠪᠡᠯ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠬᠡᠳᠦᠢ ᠡᠷᠲᠡ ᠰᠤᠷᠤᠯᠴᠠᠪᠠᠯ ᠲᠡᠳᠦᠢ ᠰᠠᠢᠨ᠃ 《ᠪᠢ ᠬᠤᠶᠠᠷ ᠥᠬᠢᠨ᠎ᠤ᠎ᠪᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠬᠤ᠎ᠶ᠋ᠢ ᠮᠠᠰᠢ ᠴᠢᠬᠤᠯᠠᠴᠢᠯᠠᠵᠤ᠂ ᠬᠠᠷᠠᠬᠠᠨ ᠪᠠᠭ᠎ᠠ᠎ᠠᠴᠠ ᠲᠡᠳᠡᠨᠡᠷ᠎ᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠢᠳᠡᠪᠬᠢᠲᠡᠢ ᠰᠤᠷᠤᠯᠴᠠᠭᠠᠷᠠᠢ ᠭᠡᠵᠦ᠍ ᠵᠣᠷᠢᠭ᠍ᠵᠢᠭᠤᠯᠳᠠᠭ᠃ ᠤᠳᠤ ᠶᠡᠭᠡ ᠥᠬᠢᠨ ᠠᠰᠫᠢᠷᠠᠨᠲ ᠲᠡᠭᠦᠰᠴᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠠᠴᠠ ᠭᠠᠳᠠᠨ᠎ᠠ ᠪᠠᠰᠠ ᠮᠣᠩᠭᠤᠯ᠂ ᠲᠥᠪᠡᠳ᠂ ᠮᠠᠨᠵᠤ᠂ ᠠᠩᠭ᠌ᠯᠢ᠂ ᠰᠯᠠᠧ ᠵᠡᠷᠭᠡ 5 ᠵᠦᠢᠯ᠎ᠤᠨ ᠦᠭᠡ ᠬᠡᠯᠡ᠎ᠶ᠋ᠢ ᠡᠵᠡᠮᠱᠢᠵᠦ᠍᠂ 6 ᠵᠦᠢᠯ᠎ᠤᠨ ᠦᠭᠡ ᠬᠡᠯᠡ᠎ᠶ᠋ᠢ ᠰᠠᠢᠲᠤᠷ ᠠᠭᠤᠰᠤᠯᠴᠠᠭᠤᠯᠤᠨ ᠨᠡᠪᠲᠡᠷᠡᠭᠦᠯᠵᠦ᠍᠂ ᠴᠢᠯᠥᠭᠡᠲᠡᠢ ᠬᠡᠷᠡᠭ᠌ᠯᠡᠵᠦ᠍ ᠴᠢᠳᠠᠨ᠎ᠠ᠃ ᠮᠢᠨᠦ᠍ ᠦᠵᠡᠬᠦ᠌᠎ᠪᠠᠷ᠂ ᠴᠥᠭᠡᠨ ᠲᠣᠭᠠᠲᠤ ᠦᠨᠳᠦᠰᠦᠲᠡᠨ᠎ᠤ ᠬᠡᠦᠬᠡᠳ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠬᠤ᠎ᠨᠢ ᠠᠵᠢᠯ ᠤᠯᠬᠤ ᠠᠷᠭ᠎ᠠ ᠵᠠᠮ᠎ᠢᠶᠠᠨ ᠥᠷᠭᠡᠳᠭᠡᠵᠦ᠍᠂ ᠨᠠᠩ ᠤᠯᠠᠨ ᠳᠠᠯ᠎ᠠ᠎ᠶ᠋ᠢᠨ ᠮᠡᠷᠭᠡᠵᠢᠯ ᠤᠷᠠᠡ ᠴᠢᠳᠠᠪᠤᠷᠢ᠎ᠶ᠋ᠢ ᠰᠤᠷᠤᠯᠴᠠᠵᠤ᠂ ᠥᠪᠡᠷ᠎ᠤᠨ ᠴᠢᠳᠠᠪᠤᠷᠢ᠎ᠪᠠᠨ ᠢᠯᠡᠷᠡᠭᠦᠯᠬᠦ᠌ ᠪᠠ ᠬᠦᠰᠡᠯ᠎ᠢᠶᠠᠨ ᠪᠡᠶᠡᠯᠡᠭᠦᠯᠬᠦ᠌ ᠠᠵᠠ ᠲᠣᠬᠢᠶᠠᠯ᠎ᠢ ᠨᠡᠮᠡᠭ᠌ᠳᠡᠭᠦᠯᠬᠦ᠌ ᠪᠤᠯᠤᠨ᠎ᠠ》 ᠭᠡᠵᠦ᠍ ᠰᠡᠷᠭᠦᠯᠡᠩ ᠦᠵᠡᠯᠲᠡ᠎ᠪᠠᠨ ᠶᠠᠷᠢᠵᠤ ᠪᠠᠢᠯ᠎ᠠ᠃

 

 

 

 

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号