ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠠᠵᠢᠯ᠎ᠤᠨ ᠮᠡᠳᠡᠭᠦᠯᠦᠯᠳᠡ — 2021 ᠣᠨ᠎ᠤ 3 ᠰᠠᠷ᠎ᠠ᠎ᠶ᠋ᠢᠨ 8 ᠎ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠤᠭᠡᠷ ᠬᠤᠷᠠᠯ ᠳᠡᠭᠡᠷ᠎ᠡ
2021-03-22 08:48:28
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠪᠠᠢᠴᠠᠭᠠᠬᠤ ᠳᠠᠷᠤᠭ᠎ᠠ ᠵᠠᠩ ᠵᠢᠶᠦ᠋ᠨ

 

ᠲᠥᠯᠥᠭᠡᠯᠡᠭ᠌ᠴᠢᠳ ᠡ᠄

ᠤᠳᠤ ᠪᠢ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠶ᠋ᠢ ᠲᠥᠯᠥᠭᠡᠯᠡᠵᠤ ᠶᠡᠭᠡ ᠬᠤᠷᠠᠯ᠎ᠳᠤ ᠠᠵᠢᠯ᠎ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠤᠤ᠂ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠭᠡᠱᠢᠭᠦᠳ ᠰᠠᠨᠠᠯ᠎ᠢᠶᠠᠨ ᠲᠤᠷᠠᠳᠭᠤ ᠪᠤᠯᠪᠠ ᠤᠤ᠃

2020 ᠣᠨ᠎ᠤ ᠠᠵᠢᠯ᠎ᠤᠨ ᠡᠷᠭᠢᠴᠡᠭᠦᠯᠦᠯ

ᠥᠩᠭᠡᠷᠡᠭ᠌ᠰᠡᠨ ᠨᠢᠭᠡ ᠵᠢᠯ ᠪᠤᠯ ᠲᠦᠢᠯ᠎ᠤᠨ ᠶᠡᠷᠦ᠍ ᠪᠤᠰᠤ᠎ᠶ᠋ᠢᠨ ᠨᠢᠭᠡ ᠵᠢᠯ ᠪᠤᠯᠬᠤ ᠶᠤᠮ᠃ ᠰᠢ᠎ᠶ᠋ᠢᠨ ᠫᠢᠩ ᠨᠥᠬᠦᠷ᠎ᠢᠶᠠᠷ ᠭᠤᠤᠯᠯᠠᠭᠤᠯᠤᠬ᠍ᠰᠠᠨ ᠨᠠᠮ᠎ᠤᠨ ᠲᠥᠪ ᠬᠤᠷᠢᠶᠠᠨ᠎ᠤ ᠪᠠᠳᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶᠠᠨ᠎ᠤ ᠬᠦᠴᠦᠲᠡᠢ ᠬᠢᠨᠠᠯᠲᠠ ᠳᠣᠣᠷ᠎ᠠ᠂ ᠲᠦᠪ᠎ᠤᠨ ᠤᠯᠤᠰ ᠲᠦᠷᠦ᠍ ᠬᠠᠤᠯᠢ ᠴᠠᠭᠠᠵᠠ᠎ᠶ᠋ᠢᠨ ᠬᠤᠷᠢᠶ᠎ᠠ᠎ᠶ᠋ᠢᠨ ᠤᠳᠤᠷᠢᠳᠤᠯᠭ᠎ᠠ ᠲᠤᠤᠷ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ᠂ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠬᠢᠨᠠᠮᠠᠭᠠᠢ ᠲᠤᠭᠤᠱᠢᠯᠠᠭᠤᠯᠵᠤ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯᠳᠤᠭᠠᠨ᠎ᠤ ᠱᠢᠢᠳᠪᠦᠷᠢ᠎ᠶ᠋ᠢ ᠦᠨᠡᠨ ᠬᠦ᠌ ᠨᠠᠢᠳᠠᠪᠤᠷᠢᠵᠢᠭᠤᠯᠵᠤ᠂ 《ᠳᠥᠷᠪᠡᠨ ᠤᠬᠠᠮᠰᠠᠷ》 ᠎ᠢᠶᠠᠨ ᠴᠢᠩᠭᠠᠳᠭᠠᠬᠤ᠂ 《ᠳᠥᠷᠪᠡᠨ ᠢᠲᠡᠭᠡᠯ》 ᠎ᠢᠶᠠᠨ ᠪᠠᠲᠤᠳᠭᠠᠬᠤ᠂ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠬᠦᠯᠬᠦ᠌᠎ᠶ᠋ᠢ ᠪᠠᠢᠴᠠᠭᠠᠬᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠲᠠᠢ ᠠᠭᠤᠰᠤᠯᠴᠠᠭᠤᠯᠵᠤ᠂ ᠡᠯ᠎ᠠ ᠲᠦᠷᠦᠯ᠎ᠤᠨ ᠠᠶᠦᠯ ᠲᠦᠭ᠌ᠰᠢᠭᠦᠷᠢ ᠱᠢᠯᠭᠠᠯᠳᠠ ᠢᠯᠠᠩᠭᠤᠶ᠎ᠠ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠠᠴᠠ ᠪᠣᠯᠤᠭ᠍ᠰᠠᠨ ᠬᠦᠨᠳᠦ ᠨᠣᠴᠢᠲᠠᠶ ᠳᠠᠭᠠᠷᠢᠯᠲᠠ᠎ᠶ᠋ᠢᠨ ᠨᠥᠯᠥᠭᠡ᠎ᠶ᠋ᠢ ᠢᠳᠡᠪᠬᠢᠲᠡᠢ ᠠᠷᠭᠠᠴᠠᠭᠠᠵᠤ᠂ ᠳᠡᠭᠡᠳᠦ ᠬᠡᠮᠵᠢᠶᠡᠨ᠎ᠤ ᠤᠯᠤᠰ ᠲᠦᠷᠦ᠎ᠶ᠋ᠢᠨ ᠤᠬᠠᠮᠰᠠᠷ᠂ ᠬᠠᠤᠯᠢ᠎ᠪᠠᠷ ᠵᠠᠰᠠᠬᠤ ᠤᠬᠠᠮᠰᠠᠷ᠂ ᠪᠠᠢᠴᠠᠭᠠᠬᠤ ᠤᠬᠠᠮᠰᠠᠷ᠎ᠢᠶᠠᠷ ᠬᠠᠷᠢᠭᠤᠴᠠᠯᠭ᠎ᠠ ᠡᠭᠦᠷᠭᠡᠯᠡᠨ ᠴᠢᠷᠮᠠᠢᠯᠭ᠎ᠠ ᠭᠠᠷᠭᠠᠵᠤ᠂ ᠡᠯ᠎ᠡ ᠵᠦᠢᠯ᠎ᠤᠨ ᠠᠵᠢᠯ᠎ᠳᠠᠭᠠᠨ ᠱᠢᠨ᠎ᠡ ᠠᠬᠢᠯᠲᠠ᠎ᠲᠠᠢ ᠪᠤᠯᠪᠠ᠃ ᠨᠢᠭᠡ ᠵᠢᠯ᠎ᠤᠨ ᠲᠤᠷᠰᠢ᠂ ᠪᠦᠬᠦ᠌ ᠤᠯᠤᠰ᠎ᠤᠨ ᠪᠠᠢᠴᠠᠭᠠᠬᠤ ᠪᠠᠢᠭᠤᠯᠭ᠎ᠠ ᠡᠯ᠎ᠡ ᠲᠦᠷᠦᠯ᠎ᠤᠨ ᠬᠡᠷᠡᠭ᠎ᠢ ᠨᠡᠢᠳᠡ 301 ᠲᠦᠮᠡᠨ ᠬᠤᠪᠢ ᠱᠢᠢᠳᠪᠦᠷᠢᠯᠡᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠠᠴᠠ 19.4% ᠎ᠪᠠᠷ ᠪᠠᠭᠤᠷᠠᠵᠠᠢ᠃ ᠡᠭᠦᠨ᠎ᠳᠤ᠂ ᠭᠥᠯᠢᠶᠡᠨ ᠠᠪᠴᠤ᠌ ᠱᠢᠢᠳᠪᠦᠷᠢᠯᠡᠭ᠌ᠰᠡᠨ ᠪᠠᠷᠢᠪᠴᠢᠯᠠᠬᠤ᠎ᠶ᠋ᠢ ᠬᠢᠨᠠᠨ ᠪᠠᠢᠴᠠᠭᠠᠭ᠍ᠰᠠᠨ ᠬᠡᠷᠡᠭ᠂ ᠬᠢᠨᠠᠨ ᠪᠠᠢᠴᠠᠭᠠᠵᠤ ᠵᠠᠭᠠᠯᠳᠤᠬ᠍ᠰᠠᠨ ᠬᠡᠷᠡᠭ᠂ ᠭᠤᠮᠣᠳᠠᠯ ᠲᠣᠭᠠᠴᠢᠭ᠍ᠰᠠᠨ ᠬᠡᠷᠡᠭ᠎ᠨᠢ ᠠᠳᠠᠯᠢ ᠬᠤᠭᠤᠴᠠᠭᠠᠨ᠎ᠤ᠎ᠬᠢ᠎ᠠᠴᠠ ᠲᠣᠰ ᠲᠣᠰ 30.6%᠂ 12.4% ᠪᠠ 46.1% ᠎ᠪᠠᠷ ᠪᠠᠭᠤᠷᠠᠵᠠᠢ; ᠰᠠᠨᠠᠭᠠᠴᠢᠯᠠᠭ᠎ᠠ᠎ᠠᠴᠠ᠎ᠪᠠᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢᠨ ᠭᠡᠷᠡᠭ᠂ ᠵᠠᠷᠭᠤ᠎ᠳᠤ ᠬᠢᠨᠠᠯᠲᠠ ᠲᠠᠯᠪᠢᠬ᠍ᠰᠠᠨ ᠬᠡᠷᠡᠭ᠎ᠨᠢ ᠠᠳᠠᠯᠢ ᠬᠤᠭᠤᠴᠠᠭᠠᠨ᠎ᠤ᠎ᠬᠢ᠎ᠠᠴᠠ ᠲᠣᠰ ᠲᠣᠰ 19.2% ᠪᠠ 9.6% ᠎ᠪᠠᠷ ᠨᠡᠮᠡᠭ᠌ᠳᠡᠵᠠᠢ᠃

ᠨᠢᠭᠡ᠂ ᠤᠯᠤᠰ᠎ᠤᠨ ᠵᠠᠰᠠᠯᠲᠠ᠎ᠳᠤ ᠢᠳᠡᠪᠬᠢᠲᠡᠶ ᠣᠷᠣᠯᠴᠠᠵᠤ᠂ ᠪᠠᠢᠴᠠᠭᠠᠬᠤ ᠪᠠᠲᠤᠯᠠᠭ᠎ᠠ᠎ᠪᠠᠷ ᠦᠨᠢ ᠤᠳᠠᠭᠠᠨ ᠠᠮᠤᠷ ᠲᠦᠪᠱᠢᠨ᠎ᠢ ᠠᠬᠢᠭᠤᠯᠪᠠ

ᠨᠡᠩ ᠥᠨᠳᠥᠷ ᠲᠦᠪᠱᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠂ ᠬᠠᠤᠯᠢ᠎ᠪᠠᠷ ᠵᠠᠰᠠᠬᠤ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠬᠦᠴᠦᠯᠡᠨ ᠠᠬᠢᠭᠤᠯᠵᠤ᠂ ᠤᠯᠤᠰ᠎ᠤᠨ ᠵᠠᠰᠠᠯᠲᠠ᠎ᠶ᠋ᠢᠨ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠳᠤᠮᠳᠠ ᠤᠬᠠᠮᠰᠠᠷ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠴᠢᠷᠮᠠᠢᠯᠭ᠎ᠠ ᠭᠠᠷᠭᠠᠪᠠ᠃ ᠡᠯ᠎ᠠ ᠲᠦᠷᠦᠯ᠎ᠤᠨ ᠶᠠᠯ᠎ᠠ ᠬᠢᠭ᠌ᠰᠡᠨ 770561 ᠰᠡᠵᠢᠭ᠌ᠯᠡᠯᠲᠠᠢ ᠬᠥᠮᠦᠨ᠎ᠢ ᠪᠠᠷᠢᠪᠴᠢᠯᠠᠬᠤ᠎ᠶ᠋ᠢ ᠵᠥᠪᠱᠢᠶᠡᠷᠡᠵᠦ᠍᠂ 1572971 ᠬᠥᠮᠦᠨ᠎ᠳᠤ ᠠᠯᠪᠠᠨ ᠵᠠᠭᠠᠯᠳᠤᠯᠭ᠎ᠠ ᠭᠠᠷᠭᠠᠪᠠ᠃

ᠤᠯᠤᠰ᠎ᠤᠨ ᠠᠮᠤᠷ ᠲᠦᠪᠱᠢᠨ ᠪᠠ ᠨᠡᠢᠭᠡᠮ᠎ᠤᠨ ᠠᠮᠤᠷ ᠲᠣᠭ᠍ᠲᠠᠭᠤᠨ᠎ᠢ ᠡᠷᠡᠰ ᠬᠠᠮᠠᠭᠠᠯᠠᠪᠠ᠃ ᠤᠯᠤᠰ᠎ᠤᠨ ᠶᠡᠷᠦᠩᠬᠡᠶ ᠠᠮᠤᠷ ᠲᠦᠪᠱᠢᠨ᠎ᠤ ᠦᠵᠡᠯᠲᠡ᠎ᠶ᠋ᠢ ᠪᠠᠷᠢᠮᠲᠠᠯᠠᠵᠤ᠂ ᠬᠢᠯᠢ᠎ᠶ᠋ᠢᠨ ᠳᠣᠲᠣᠷ᠎ᠠ ᠭᠠᠳᠠᠨᠠᠬᠢ ᠳᠠᠢᠰᠤᠩᠨᠠᠭ᠍ᠴᠢ ᠬᠦᠴᠦᠨ᠎ᠤ ᠨᠡᠪᠴᠢᠯᠲᠡ ᠡᠪᠳᠡᠯᠡᠭᠡ ᠬᠢᠬᠦ᠌ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠪᠠ᠃ ᠱᠢᠶᠠᠩᠭᠠᠩ᠎ᠤᠨ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠬᠠᠤᠯᠢ᠎ᠶ᠋ᠢ ᠡᠷᠡᠰ ᠲᠤᠭᠤᠱᠢᠯᠠᠭᠤᠯᠪᠠ᠃ ᠱᠢᠨᠵᠢᠶᠠᠩ ᠵᠡᠷᠭᠡ ᠭᠠᠵᠠᠷ᠎ᠤᠨ ᠬᠦᠴᠦᠷᠬᠡᠭ᠌ᠯᠡᠯ ᠰᠦᠷᠳᠡᠭᠦᠯᠦᠯ᠎ᠤᠨ ᠶᠠᠯᠠᠲᠤ ᠠᠵᠢᠯᠯᠠᠭ᠎ᠠ ᠭᠠᠷᠬᠤ᠎ᠶ᠋ᠢ ᠬᠠᠤᠯᠢ ᠶᠣᠰᠣᠭᠠᠷ ᠰᠡᠷᠭᠡᠢᠯᠡᠬᠦ᠌᠎ᠶ᠋ᠢ ᠲᠡᠮᠵᠢᠵᠤ᠂ ᠨᠡᠢᠭᠡᠮ᠎ᠤᠨ ᠶᠡᠭᠡ ᠲᠠᠯ᠎ᠠ᠎ᠶ᠋ᠢᠨ ᠦᠷᠭᠦᠯᠵᠢᠯᠡᠨ ᠲᠤᠭ᠍ᠳᠠᠭᠤᠨ ᠪᠠᠢᠬᠤ᠂ ᠤᠷᠳᠤ ᠬᠤᠭᠤᠴᠠᠭ᠎ᠠ᠎ᠪᠠᠷ ᠲᠣᠭ᠍ᠲᠠᠭᠤᠨ ᠪᠠᠢᠬᠤ᠎ᠶ᠋ᠢ ᠦᠨᠡᠨ ᠬᠦ᠌ ᠪᠠᠲᠤᠯᠠᠪᠠ᠃ ᠬᠦᠮᠤᠨ ᠠᠯᠠᠬ᠍ᠰᠠᠨ᠂ ᠲᠤᠨᠤᠨ ᠲᠡᠭᠡᠷᠡᠮᠳᠡᠭ᠌ᠰᠡᠨ ᠵᠡᠷᠭᠡ ᠬᠦᠨᠳᠦ ᠨᠣᠴᠢᠲᠠᠶ ᠬᠦᠴᠦᠷᠬᠡᠭ᠌ᠯᠡᠯ᠎ᠤᠨ ᠶᠠᠯᠠᠲᠤ ᠠᠵᠢᠯᠯᠠᠭ᠎ᠠ᠎ᠳᠤ ᠬᠦᠴᠤᠳᠠᠢ ᠳᠠᠷᠤᠯᠲᠠ ᠦᠵᠡᠭᠦᠯᠬᠦ᠌ ᠪᠠᠢᠳᠠᠯ᠎ᠢ ᠢᠮᠠᠬ᠍ᠳᠠ ᠪᠠᠳᠤᠯᠠᠵᠤ᠂ 5.7 ᠲᠦᠮᠡᠨ ᠬᠥᠮᠦᠨ᠎ᠢ ᠵᠠᠭᠠᠯᠳᠤᠵᠤ᠂ 《ᠨᠠᠨᠵᠢᠩ᠎ᠤᠨ ᠡᠮᠨᠡᠯᠭᠡ᠎ᠶ᠋ᠢᠨ ᠶᠡᠭᠡ ᠰᠤᠷᠭᠠᠭᠤᠯᠢ᠎ᠶ᠋ᠢᠨ ᠡᠮᠡᠭ᠌ᠲᠡᠶ ᠰᠤᠷᠤᠭ᠍ᠴᠢ᠎ᠶ᠋ᠢᠨ ᠬᠤᠤᠷᠯᠠᠭ᠍ᠳᠠᠭ᠍ᠰᠠᠨ ᠬᠡᠷᠡᠭ》 ᠵᠡᠷᠭᠡ 35 ᠤᠳᠠᠭᠠᠨ ᠵᠢᠯ᠎ᠤᠨ ᠠᠮᠢᠨ ᠬᠡᠷᠡᠭ᠎ᠢ ᠨᠡᠬᠡᠮᠵᠢᠯᠡᠨ ᠵᠠᠭᠠᠯᠳᠤᠬᠤ᠎ᠶ᠋ᠢ ᠬᠢᠨᠠᠨ ᠵᠥᠪᠱᠢᠶᠡᠷᠡᠪᠡ᠃ ᠬᠤᠯᠠᠭᠠᠢᠯᠠᠭ᠍ᠰᠠᠨ᠂ ᠮᠡᠬᠡᠯᠡᠭ᠌ᠰᠡᠨ᠂ ᠲᠡᠭᠡᠷᠡᠮᠳᠡᠭ᠌ᠰᠡᠨ ᠵᠡᠷᠭᠡ ᠣᠯᠠᠨᠲᠠ ᠡᠭᠦᠰᠭᠦ ᠴᠢᠨᠠᠷᠲᠠᠶ ᠡᠳ᠋ ᠬᠦᠷᠦᠩᠭᠡ᠎ᠳᠤ ᠬᠠᠯᠳᠠᠭ᠍ᠰᠠᠨ ᠶᠠᠯᠠᠲᠤ ᠠᠵᠢᠯᠯᠠᠭ᠎ᠠ᠎ᠶ᠋ᠢ ᠵᠠᠯᠬᠠᠭᠠᠨ ᠱᠢᠢᠳᠭᠡᠬᠦ᠌᠎ᠶ᠋ᠢ ᠲᠤᠪᠤᠢᠯᠭᠠᠵᠤ᠂ 35 ᠲᠦᠮᠡᠨ ᠬᠥᠮᠦᠨ᠎ᠢ ᠵᠠᠭᠠᠯᠳᠤᠪᠠ᠃ ᠱᠠᠯᠢᠭ ᠵᠠᠪᠬᠠᠢ ᠵᠦᠢᠯ ᠳᠠᠷᠬᠠᠭᠠᠬᠤ ᠵᠤᠭᠤᠰ ᠨᠠᠭᠠᠳᠭᠤ ᠬᠤᠤᠷᠳᠤ ᠡᠳ᠋ ᠫᠠᠨᠽᠠᠯᠠᠵᠦ᠍ ᠬᠤᠤᠷ ᠲᠠᠳᠠᠬᠤ ᠶᠠᠯᠠᠲᠤ ᠠᠵᠢᠯᠯᠠᠭ᠎ᠠ᠎ᠶ᠋ᠢ ᠬᠠᠤᠯᠢ ᠶᠣᠰᠣᠭᠠᠷ ᠵᠠᠯᠬᠠᠭᠠᠨ ᠱᠢᠢᠳᠭᠡᠵᠦ᠍᠂ 21.2 ᠲᠦᠮᠡᠨ ᠬᠥᠮᠦᠨ᠎ᠢ ᠵᠠᠭᠠᠯᠳᠤᠪᠠ᠃

ᠲᠤᠱᠢᠶᠠᠯ ᠬᠠᠷᠢᠭᠤᠴᠠᠯᠭ᠎ᠠ᠎ᠪᠠᠨ ᠬᠠᠤᠯᠢ ᠶᠤᠰᠤᠭᠠᠷ ᠬᠦᠢᠴᠡᠳᠭᠡᠵᠤ ᠬᠢᠵᠢᠭ᠎ᠲᠠᠢ ᠲᠡᠮᠡᠴᠡᠬᠦ᠌ ᠪᠠ ᠠᠵᠤ ᠠᠬᠤᠶ᠎ᠶ᠋ᠢᠨ ᠰᠡᠷᠭᠦᠭᠡᠯᠲᠡ᠎ᠶ᠋ᠢ ᠠᠬᠢᠭᠤᠯᠬᠤ ᠳᠤᠮᠳᠠ ᠬᠢᠵᠢᠭ᠎ᠲᠠᠢ ᠲᠡᠮᠡᠴᠡᠬᠦ᠌ ᠠᠭᠤᠤ ᠶᠡᠭᠡ ᠵᠣᠷᠢᠭ ᠰᠠᠨᠠᠭ᠎ᠠ᠎ᠶ᠋ᠢ ᠪᠠᠳᠠᠷᠠᠭᠤᠯᠪᠠ᠃ ᠬᠠᠤᠯᠢ ᠪᠠᠷᠢᠯᠳᠠ᠎ᠶ᠋ᠢᠨ ᠱᠢᠷᠢᠰ ᠲᠦᠷᠦ᠎ᠶ᠋ᠢᠨ ᠪᠤᠳᠤᠯᠭ᠎ᠠ᠎ᠶ᠋ᠢ ᠴᠠᠭ ᠲᠤᠬᠠᠶ᠎ᠳᠤᠨᠢ ᠨᠡᠢᠲᠡᠯᠡᠨ ᠭᠡᠷᠡᠭ᠌ᠵᠢᠬᠦᠯᠵᠤ᠂ ᠬᠢᠵᠢᠭ᠎ᠢ ᠰᠡᠷᠭᠡᠢᠯᠡᠨ ᠬᠢᠵᠠᠭᠠᠷᠯᠠᠬᠤ ᠠᠵᠢᠯ᠎ᠢ ᠬᠠᠷᠱᠢᠯᠠᠬ᠍ᠰᠠᠨ ᠶᠠᠯᠠᠲᠤ ᠠᠵᠢᠯᠯᠠᠭ᠎ᠠ᠎ᠶ᠋ᠢ ᠬᠠᠤᠯᠢ ᠶᠣᠰᠣᠭᠠᠷ ᠨᠡᠬᠡᠮᠵᠢᠯᠡᠨ ᠵᠠᠭᠠᠯᠳᠤᠬᠤ᠎ᠶ᠋ᠢ ᠵᠢᠯᠣᠭᠤᠳᠴᠤ᠌᠂ ᠬᠢᠵᠢᠭ᠎ᠲᠠᠢ ᠲᠡᠮᠡᠴᠡᠬᠦ᠌ ᠬᠠᠤᠯᠢ᠎ᠪᠠᠷ ᠵᠠᠰᠠᠬᠤ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠪᠤᠢ ᠪᠣᠯᠭᠠᠪᠠ᠃ ᠨᠢᠳᠤᠨᠤᠨ᠎ᠤ ᠡᠬᠢ᠎ᠪᠠᠷ᠂ ᠵᠤᠷᠱᠢᠯ᠎ᠢ ᠡᠪᠳᠡᠵᠦ᠍ 10 ᠪᠦᠯᠦᠭ 55 ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠵᠠᠯᠭᠠᠭ᠎ᠠ᠎ᠪᠠᠷ ᠨᠡᠢᠲᠡᠯᠡᠭ᠌ᠰᠡᠨ᠎ᠤ ᠰᠡᠬᠦᠯᠠᠷ᠂ ᠬᠢᠵᠢᠭ᠎ᠢ ᠰᠡᠷᠭᠡᠢᠯᠡᠨ ᠬᠢᠵᠠᠭᠠᠷᠯᠠᠬᠤ ᠠᠵᠢᠯ᠎ᠢ ᠪᠠᠢᠡᠭ᠌ᠭᠤᠵᠢᠭᠤᠯᠬᠤ᠎ᠳᠤ ᠬᠠᠷᠢᠭᠤ ᠲᠤᠰᠭᠠᠯ ᠦᠭ᠌ᠴᠤ᠂ ᠪᠦᠭᠡᠮ ᠬᠦᠴᠢᠯ᠎ᠤᠨ ᠪᠠᠢᠴᠠᠭᠠᠨ ᠬᠡᠮᠵᠢᠯᠲᠡ᠎ᠶ᠋ᠢ ᠬᠠᠭᠤᠷᠮᠠᠬ᠍ᠯᠠᠨ ᠵᠤᠬᠢᠶᠠᠬ᠍ᠰᠠᠨ᠂ ᠬᠠᠭᠤᠷᠮᠠᠭ ᠸᠠᠺᠼᠢᠨ ᠦᠢᠯᠡᠳᠴᠦ᠍ ᠪᠣᠷᠣᠯᠠᠭᠤᠯᠤᠭ᠍ᠰᠠᠨ ᠵᠡᠷᠭᠡ ᠪᠠᠢᠳᠠᠯ᠎ᠳᠤ ᠵᠤᠬᠢᠴᠠᠭᠤᠯᠤᠨ 4 ᠪᠦᠯᠦᠭ 19 ᠴᠢᠩᠭ᠎ᠠ ᠨᠡᠭᠡᠮᠵᠢᠯᠠᠨ ᠵᠠᠭᠠᠯᠳᠤᠬ᠍ᠰᠠᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠨᠡᠢᠲᠡᠯᠡᠵᠦ᠍᠂ ᠭᠡᠷᠡᠭ ᠱᠢᠢᠳᠪᠤᠷᠢᠯᠡᠬᠦ᠌᠎ᠶ᠋ᠢ ᠵᠢᠯᠤᠭᠤᠳᠴᠤ᠌᠂ ᠶᠠᠯᠠᠳᠤ ᠡᠳᠡᠭᠡᠳ᠎ᠢ ᠰᠦᠷᠳᠡᠬᠦᠯᠤᠨ᠂ ᠨᠡᠢᠭᠡᠮ ᠲᠠᠶᠠᠭᠠᠷ᠎ᠤᠨ᠎ᠬᠢᠨ᠎ᠢ ᠤᠷᠢᠳᠴᠢᠯᠠᠨ ᠰᠡᠷᠡᠮᠵᠢᠯᠡᠬᠦᠯᠪᠠ᠃ ᠡᠯ᠎ᠡ ᠱᠠᠲᠤᠨ᠎ᠤ ᠪᠠᠢᠴᠠᠭᠠᠬᠤ ᠪᠠᠢᠭᠤᠯᠭ᠎ᠠ ᠢᠯᠠᠩᠭᠤᠶ᠎ᠠ ᠬᠤᠪᠸᠢ᠎ᠶ᠋ᠢᠨ ᠪᠠᠢᠴᠠᠭᠠᠬᠤ ᠪᠠᠢᠭᠤᠯᠭ᠎ᠠ ᠨᠢᠭᠡᠳᠦᠭᠡᠷ ᠹᠷᠣᠨᠲ᠎ᠲᠤ ᠭᠦᠨᠵᠡᠭᠡᠢᠷᠡᠨ᠂ ᠬᠠᠤᠯᠢ ᠶᠣᠰᠣᠭᠠᠷ ᠬᠢᠵᠢᠭ᠎ᠲᠠᠢ ᠲᠡᠮᠡᠴᠡᠬᠦ᠌ ᠡᠯ᠎ᠡ ᠵᠦᠢᠯ᠎ᠤᠨ ᠪᠠᠢᠴᠠᠭᠠᠬᠤ ᠡᠭᠦᠷᠭᠡ ᠴᠢᠳᠠᠪᠬᠢ᠎ᠪᠠᠨ ᠯᠠᠪᠳᠠᠭᠤᠨ ᠪᠠᠲᠤᠲᠠᠢ ᠭᠦᠢᠴᠡᠳᠭᠡᠪᠡ᠃ ᠪᠦᠬᠦ᠌ ᠤᠯᠤᠰ᠎ᠤᠨ ᠪᠠᠢᠴᠠᠭᠠᠬᠤ ᠪᠠᠢᠭᠤᠯᠭ᠎ᠠ ᠬᠢᠵᠢᠭ᠎ᠲᠤ ᠬᠤᠯᠪᠣᠭ᠍ᠳᠠᠭ᠍ᠰᠠᠨ ᠶᠠᠯᠠᠲᠤ ᠠᠵᠢᠯᠯᠠᠭ᠎ᠠ ᠬᠢᠭ᠌ᠰᠡᠨ 7227 ᠬᠥᠮᠦᠨ᠎ᠢ ᠪᠠᠷᠢᠪᠴᠢᠯᠠᠬᠤ᠎ᠶ᠋ᠢ ᠵᠥᠪᠱᠢᠶᠡᠷᠡᠵᠦ᠍᠂ 1.1 ᠲᠦᠮᠡᠨ ᠬᠥᠮᠦᠨ᠎ᠢ ᠵᠠᠭᠠᠯᠳᠤᠪᠠ᠃ ᠬᠢᠵᠢᠭ᠎ᠢ ᠰᠡᠷᠭᠡᠢᠯᠡᠨ ᠬᠢᠵᠠᠭᠠᠷᠯᠠᠬᠤ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠬᠤ ᠲᠤᠬᠠᠶ ᠨᠠᠮ᠎ᠤᠨ ᠲᠥᠪ ᠬᠤᠷᠢᠶᠠᠨ᠎ᠤ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠵᠤ᠂ 《11 ᠵᠤᠷᠪᠤᠰ ᠰᠠᠨᠠᠯ》 ᠎ᠢ ᠲᠣᠭ᠍ᠲᠠᠭᠠᠨ ᠬᠡᠷᠡᠭ᠌ᠵᠢᠭᠦᠯᠵᠤ᠂ 《ᠵᠢᠷᠭᠤᠭ᠎ᠠ᠎ᠶ᠋ᠢ ᠲᠣᠭ᠍ᠲᠠᠭᠤᠨ ᠪᠠᠢᠯᠭᠠᠬᠤ》 《ᠵᠢᠷᠭᠤᠭ᠎ᠠ᠎ᠶ᠋ᠢ ᠪᠠᠲᠤᠯᠠᠬᠤ》 ᠎ᠳᠤ ᠤᠢ᠍ᠢᠯᠡᠴᠢᠯᠡᠪᠠ᠃ ᠠᠵᠤ ᠠᠬᠤᠢ᠍ᠢᠯᠠᠯ᠎ᠢ ᠲᠤᠬ᠍ᠳᠠᠭᠤᠨ ᠪᠠᠢᠯᠭᠠᠵᠤ ᠠᠵᠢᠯ ᠣᠯᠭᠤᠯᠲᠠ᠎ᠶ᠋ᠢ ᠪᠠᠲᠤᠯᠠᠬᠤ᠎ᠶ᠋ᠢ ᠲᠤᠪᠤᠢᠯᠭᠠᠵᠤ᠂ ᠬᠠᠤᠯᠢ ᠪᠠᠷᠢᠬᠤ ᠲᠦᠷᠦ᠎ᠶ᠋ᠢᠨ ᠪᠤᠳᠤᠯᠭ᠎ᠠ᠎ᠶ᠋ᠢ ᠰᠠᠢᠲᠤᠷ ᠬᠡᠷᠡᠭ᠌ᠯᠡᠵᠤ᠂ ᠡᠯ᠎ᠡ ᠲᠦᠷᠦᠯ᠎ᠤᠨ ᠠᠵᠤ ᠠᠬᠤᠢᠯᠠᠯ᠎ᠤᠨ ᠠᠵᠢᠯ ᠦᠢᠯᠡᠳᠪᠦᠷᠢᠯᠡᠯ᠎ᠢᠶᠠᠨ ᠰᠡᠷᠭᠦᠭᠡᠵᠤ᠂ ᠬᠦᠴᠢᠷ ᠪᠡᠷᠭᠡᠱᠢᠶᠠᠯ᠎ᠢ ᠲᠤᠭᠤᠯᠬᠤ᠎ᠳᠤ ᠬᠦᠴᠦᠨ ᠨᠡᠮᠡᠷᠢᠯᠡᠪᠡ᠃ ᠠᠷᠠᠳ᠎ᠤᠨ ᠡᠵᠡᠩᠨᠡᠭ᠌ᠰᠡᠨ ᠠᠵᠤ ᠠᠬᠤᠢᠯᠠᠯ᠎ᠤᠨ ᠬᠠᠤᠯᠢ ᠶᠣᠰᠣᠨ᠎ᠤ ᠡᠷᠬᠡ ᠠᠱᠢᠭ᠎ᠲᠤ ᠬᠠᠯᠳᠠᠭ᠍ᠰᠠᠨ ᠶᠠᠯᠠᠲᠤ ᠠᠵᠢᠯᠯᠠᠭ᠎ᠠ᠎ᠶ᠋ᠢ ᠬᠦᠴᠦᠲᠡᠶ ᠵᠠᠯᠬᠠᠭᠠᠨ ᠱᠢᠢᠳᠭᠡᠵᠦ᠍᠂ 2.3 ᠲᠦᠮᠡᠨ ᠬᠥᠮᠦᠨ᠎ᠢ ᠵᠠᠭᠠᠯᠳᠤᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠠᠴᠠ 2.9% ᠎ᠪᠠᠷ ᠨᠡᠮᠡᠭ᠌ᠳᠡᠵᠠᠢ᠃ ᠠᠵᠤ ᠠᠬᠤᠢᠯᠠᠯ᠎ᠳᠤ ᠬᠤᠯᠪᠣᠭ᠍ᠳᠠᠭ᠍ᠰᠠᠨ ᠣᠷᠳᠣ ᠬᠤᠭᠤᠴᠠᠭ᠎ᠠ᠎ᠪᠠᠷ ᠲᠤᠷᠱᠢᠨ ᠪᠠᠢᠴᠠᠭᠠᠵᠤ ᠲᠠᠭᠤᠰᠭᠠᠭᠠᠳᠤᠢ 《ᠲᠠᠯᠪᠢᠬ᠍ᠳᠠᠮᠠᠯ ᠬᠡᠷᠡᠭ》 ᠎ᠢ ᠦᠷᠭᠦᠯᠵᠢᠯᠡᠨ ᠢᠯᠭᠠᠷᠠᠭᠤᠯᠵᠤ᠂ 2019 ᠣᠨ᠎ᠳᠤ ᠲᠠᠷᠠᠭᠠᠯᠠᠨ ᠪᠠᠢᠴᠠᠭᠠᠭ᠍ᠰᠠᠨ 2687 ᠬᠡᠷᠡᠭ᠎ᠤᠨ ᠲᠤᠳᠤᠷᠡᠬᠢ 2315 ᠭᠡᠷᠡᠭ᠎ᠢ ᠨᠢᠭᠡᠨᠳᠠ ᠱᠢᠪᠠᠳᠠᠨ ᠱᠢᠢᠳᠪᠦᠷᠢᠯᠡᠬᠦᠯᠵᠦ᠍ ᠲᠠᠭᠤᠰᠭᠠᠪᠠ; ᠨᠢᠳᠤᠨᠤᠨ ᠪᠠᠰᠠ ᠳᠣᠲᠣᠭᠠᠳᠤ᠎ᠶ᠋ᠢ ᠬᠠᠮᠠᠭᠠᠯᠠᠬᠤ ᠶᠠᠮᠤᠨ᠎ᠲᠠᠢ ᠬᠠᠮᠲᠤᠷᠠᠨ 5088 ᠬᠡᠷᠡᠭ᠎ᠢ ᠲᠠᠷᠠᠭᠠᠯᠠᠨ ᠪᠠᠢᠴᠠᠭᠠᠵᠤ ᠱᠢᠪᠠᠳᠠᠨ ᠱᠢᠢᠳᠪᠦᠷᠢᠯᠡᠭᠦᠯᠤᠭᠡᠳ᠂ ᠠᠵᠤ ᠠᠬᠤᠢᠯᠠᠯ᠎ᠤᠨ ᠬᠠᠷᠰᠢ ᠰᠠᠭᠠᠳ᠎ᠢ ᠠᠷᠢᠯᠭᠠᠨ ᠦᠭ᠌ᠴᠤ᠂ ᠴᠢᠯᠦᠭᠡᠳᠠᠢ ᠬᠦᠭ᠌ᠵᠢᠬᠦ᠌᠎ᠶ᠋ᠢ᠎ᠨᠢ ᠠᠬᠢᠭᠤᠯᠪᠠ᠃ ᠠᠷᠠᠳ᠎ᠤᠨ ᠡᠵᠡᠩᠨᠡᠭ᠌ᠰᠡᠨ ᠠᠵᠤ ᠠᠬᠤᠢᠯᠠᠯ᠎ᠤᠨ ᠬᠠᠷᠢᠭᠤᠴᠠᠯᠭᠠᠲᠠᠨ ᠡᠵᠡᠩᠨᠡᠯᠲᠡ᠎ᠶ᠋ᠢᠨ ᠲᠥᠷᠥᠯ᠎ᠤᠨ ᠶᠠᠯᠠᠲᠤ ᠠᠵᠢᠯᠯᠠᠭ᠎ᠠ᠎ᠳᠤ ᠬᠤᠯᠪᠣᠭ᠍ᠳᠠᠭ᠍ᠰᠠᠨ ᠪᠠᠢᠪᠠᠯ᠂ ᠬᠠᠤᠯᠢ ᠶᠣᠰᠣᠭᠠᠷ ᠪᠠᠷᠢᠪᠴᠢᠯᠠᠬᠤ ᠦᠭᠡᠶ ᠪᠠᠢᠵᠤ ᠪᠣᠯᠬᠤ᠎ᠶ᠋ᠢ᠎ᠨᠢ ᠦᠯᠦ᠍ ᠪᠠᠷᠢᠪᠴᠢᠯᠠᠬᠤ᠂ ᠵᠠᠭᠠᠯᠳᠤᠬᠤ ᠦᠭᠡᠶ ᠪᠠᠢᠵᠤ ᠪᠣᠯᠬᠤ᠎ᠶ᠋ᠢ᠎ᠨᠢ ᠦᠯᠦ᠍ ᠵᠠᠭᠠᠯᠳᠤᠬᠤ᠂ ᠪᠣᠳᠠᠲᠤ ᠡᠷᠡᠭᠦᠤ᠎ᠪᠠᠷ ᠱᠢᠢᠳᠭᠡᠬᠦ᠌ ᠦᠭᠡᠶ ᠪᠠᠢᠵᠤ ᠪᠣᠯᠬᠤ᠎ᠶ᠋ᠢ᠎ᠨᠢ ᠡᠷᠡᠭᠦᠦ ᠱᠢᠢᠳᠭᠡᠯ᠎ᠢ᠎ᠨᠢ ᠬᠤᠢᠱᠢᠯᠠᠭᠤᠯᠬᠤ᠎ᠶ᠋ᠢ ᠲᠤᠬᠢᠷᠠᠭᠤᠯᠤᠨ ᠬᠡᠷᠡᠭ᠌ᠯᠡᠬᠦ᠌ ᠰᠠᠨᠠᠭᠤᠯᠭ᠎ᠠ ᠲᠤᠷᠠᠳᠤᠬ᠍ᠰᠠᠨ᠎ᠤ ᠬᠠᠮᠲᠤ᠌᠂ ᠭᠡᠷᠡᠭ᠎ᠲᠤ ᠬᠤᠯᠪᠣᠭ᠍ᠳᠠᠭ᠍ᠰᠠᠨ ᠠᠵᠤ ᠠᠬᠤᠢᠯᠠᠯ᠎ᠤᠨ ᠳᠦᠷᠢᠮ᠎ᠳᠤ ᠨᠡᠢᠴᠡᠭ᠌ᠰᠡᠨ ᠬᠠᠮᠢᠶᠡᠷᠤᠯᠳᠠ᠎ᠶ᠋ᠢ ᠱᠢᠪᠠᠳᠠᠬᠤ᠎ᠶ᠋ᠢ ᠬᠠᠢᠨ ᠰᠦᠪᠡᠭ᠌ᠴᠢᠯᠠᠵᠤ᠂ 《ᠴᠢᠩᠭ᠎ᠠ ᠬᠠᠮᠢᠶᠠᠷᠬᠤ》 ᠎ᠶ᠋ᠢ ᠳᠦᠷᠢᠮᠵᠢᠭᠦᠯᠬᠦ᠌᠎ᠶ᠋ᠢ ᠠᠬᠢᠭᠤᠯᠵᠤ᠂ 《ᠭᠦᠨ ᠵᠤᠵᠠᠭᠠᠨ ᠬᠠᠢᠷ᠎ᠠ ᠬᠠᠯᠠᠮᠵᠢ》 ᠎ᠶ᠋ᠢ ᠲᠤᠷ᠎ᠠ᠎ᠪᠠᠷ᠎ᠢᠶᠠᠨ ᠭᠡᠷᠡᠭ᠌ᠯᠡᠬᠦ᠌ ᠦᠭᠡᠢ ᠪᠠᠢᠬᠤ᠎ᠶ᠋ᠢ ᠪᠡᠶᠡᠯᠡᠬᠦᠯᠪᠠ᠃ ᠪᠠᠢᠴᠠᠭᠠᠬᠤ ᠪᠠᠢᠭᠤᠯᠭ᠎ᠠ᠎ᠠᠴᠠ ᠰᠦᠯᠪᠡᠭᠡᠯᠳᠤᠨ ᠳᠠᠭᠠᠭᠠᠴᠢᠯᠠᠯᠲᠠ᠎ᠳᠤ ᠤᠷᠤᠯᠴᠠᠬ᠍ᠰᠠᠨ ᠬᠡᠷᠡᠭ᠎ᠢ ᠱᠢᠢᠳᠪᠤᠷᠢᠯᠡᠬᠦ᠌᠎ᠪᠠᠷ ᠬᠦᠯᠢᠶᠠᠨ ᠠᠪᠤᠭᠠᠳ᠂ ᠬᠡᠷᠡᠭ᠎ᠲᠤ ᠬᠤᠯᠪᠤᠬ᠍ᠳᠠᠬ᠍ᠰᠠᠨ 6 ᠠᠵᠤ ᠠᠬᠤᠢᠯᠠᠯ᠎ᠤᠨ᠎ᠬᠢᠨ᠎ᠤ ᠬᠠᠷ᠎ᠠ ᠨᠡᠢᠭᠡᠮ᠎ᠤᠨ ᠱᠢᠨᠵᠢ ᠴᠢᠨᠠᠷᠲᠠᠢ ᠵᠣᠬᠢᠶᠠᠨ ᠪᠠᠢᠭᠤᠯᠤᠯᠲᠠ᠎ᠳᠤ ᠰᠦᠷᠳᠡᠭᠦᠯᠦᠭ᠌ᠳᠡᠭᠡᠳ ᠬᠢᠷᠢ ᠬᠡᠮ᠎ᠢᠶᠠᠨ ᠵᠢᠭᠡᠯᠡᠭᠦᠯᠦᠭ᠌ᠰᠡᠨ ᠪᠤᠯᠬᠤ᠎ᠶ᠋ᠢ ᠪᠠᠢᠴᠠᠭᠠᠨ ᠲᠣᠳᠣᠯᠠᠭ᠍ᠰᠠᠨ᠎ᠤ ᠳᠠᠷᠠᠭ᠎ᠠ᠂ ᠬᠠᠷ᠎ᠠ ᠪᠦᠯᠦᠭ᠌ᠲᠡᠨ᠎ᠳᠤ ᠬᠤᠯᠪᠣᠭ᠍ᠳᠠᠭ᠍ᠰᠠᠨ ᠶᠠᠯᠠᠲᠤ ᠠᠵᠢᠯᠯᠠᠭ᠎ᠠ᠎ᠶ᠋ᠢ ᠬᠠᠤᠯᠢ ᠶᠤᠰᠤᠭᠠᠷ ᠴᠢᠩᠭ᠎ᠠ ᠵᠠᠯᠬᠠᠭᠠᠨ ᠱᠢᠢᠳᠭᠡᠵᠦ᠍᠂ ᠠᠵᠤ ᠠᠬᠤᠢᠯᠠᠯ᠎ᠢ ᠬᠠᠤᠯᠢ ᠶᠣᠰᠣᠭᠠᠷ ᠦᠯᠦ᠍ ᠵᠠᠭᠠᠯᠳᠤᠵᠤ᠂ ᠲᠡᠬᠦᠨ᠎ᠤ ᠵᠢᠷᠤᠮᠵᠢᠭᠤᠨ ᠡᠵᠡᠩᠨᠡᠬᠦ᠌᠎ᠶ᠋ᠢ ᠱᠢᠪᠠᠳᠠᠪᠠ᠃ ᠠᠵᠤ ᠠᠬᠤᠢᠯᠠᠯ᠎ᠤᠨ ᠵᠠᠭᠠᠯᠳᠤᠯᠭ᠎ᠠ ᠭᠤᠮᠣᠳᠠᠯ ᠲᠣᠭᠠᠴᠢᠯᠲᠠ᠎ᠶ᠋ᠢ ᠲᠤᠰᠭᠠᠶ ᠢᠯᠭᠠᠷᠠᠭᠤᠯᠤᠨ ᠲᠢᠭ᠌ᠯᠡᠬᠦ᠌ ᠠᠵᠢᠯᠯᠠᠭ᠎ᠠ᠎ᠶ᠋ᠢ ᠦᠷᠨᠢᠬᠦᠯᠵᠤ᠂ 2.1 ᠲᠦᠮᠡᠨ ᠬᠤᠪᠢ᠎ᠶ᠋ᠢ ᠳᠠᠷᠠᠭᠠᠯᠠᠨ ᠪᠠᠢᠴᠠᠭᠠᠵᠤ᠂ ᠠᠵᠤ ᠠᠬᠤᠢᠯᠠᠯ᠎ᠤᠨ 5519 ᠬᠠᠤᠯᠢ ᠶᠣᠰᠣᠨ᠎ᠤ ᠬᠦᠰᠡᠯ ᠱᠠᠭᠠᠷᠳᠠᠯᠭ᠎ᠠ᠎ᠶ᠋ᠢ ᠳᠡᠮᠵᠢᠪᠡ᠃ ᠠᠵᠤ ᠠᠬᠤᠢ᠍ᠢᠯᠠᠯ᠎ᠤᠨ ᠬᠦᠭ᠌ᠵᠢᠯᠳᠠ᠎ᠳᠤ ᠬᠦᠴᠤᠨ ᠨᠡᠮᠡᠷᠢᠯᠡᠬᠦ᠌᠎ᠶ᠋ᠢᠨ ᠬᠠᠮᠳᠤ᠂ ᠬᠦᠳᠡᠯᠮᠤᠷᠢᠴᠢᠨ᠎ᠤ ᠬᠠᠤᠯᠢ ᠶᠤᠰᠤᠨ᠎ᠤ ᠡᠷᠭᠡ ᠠᠱᠢᠭ᠎ᠢ ᠬᠠᠤᠯᠢ ᠶᠤᠰᠤᠭᠠᠷ ᠬᠠᠮᠠᠭᠠᠯᠠᠵᠤ᠂ ᠮᠠᠭᠤ ᠰᠠᠨᠠᠭ᠎ᠠ᠎ᠲᠠᠢ᠎ᠪᠠᠷ ᠴᠠᠯᠢᠩ᠎ᠢ ᠦᠷᠢᠳᠦᠬᠦᠯᠦᠭ᠌ᠰᠡᠨ ᠶᠠᠯᠠᠳᠤ ᠠᠵᠢᠯᠯᠠᠭ᠎ᠠ᠎ᠶ᠋ᠢᠨ ᠨᠡᠢᠳᠡᠯᠢᠭ ᠭᠡᠷᠡᠭ᠎ᠤᠨ ᠵᠢᠱ᠌ᠢᠶ᠎ᠠ᠎ᠶ᠋ᠢ ᠨᠡᠢᠳᠡᠯᠡᠨ᠂ 1821 ᠬᠦᠮᠤᠨ᠎ᠢ ᠵᠠᠭᠠᠯᠳᠤᠵᠤ᠂ ᠬᠦᠯᠤᠰᠤᠨ ᠠᠵᠢᠯᠴᠢᠨ᠎ᠤ ᠴᠠᠯᠢᠩ᠎ᠢᠶᠠᠨ ᠨᠡᠭᠡᠵᠤ ᠡᠷᠭᠡ᠎ᠪᠠᠨ ᠬᠠᠮᠠᠭᠠᠯᠠᠬ᠍ᠰᠠᠨ 1.1 ᠲᠦᠮᠡᠨ ᠭᠡᠷᠡᠭ᠎ᠢ ᠲᠡᠮᠵᠢᠪᠠ᠃ ᠮᠠᠭᠤ ᠰᠠᠨᠠᠭ᠎ᠠ᠎ᠲᠠᠢ᠎ᠪᠠᠷ ᠴᠠᠯᠢᠩ ᠦᠷᠢᠳᠦᠭ᠌ᠰᠡᠨ ᠪᠤᠯᠤᠨ ᠡᠷᠬᠢᠯᠳᠠ᠎ᠳᠤ ᠤᠷᠤᠭᠤᠯᠬᠤ ᠬᠦᠴᠢᠷᠳᠡᠯ᠎ᠳᠤ ᠲᠤᠯᠭᠠᠷᠠᠬ᠍ᠰᠠᠨ᠎ᠠᠴᠠ ᠪᠡᠯᠡ ᠮᠦᠡᠭ᠌ᠬᠦ ᠬᠤᠮᠰᠠᠳᠠᠵᠤ ᠴᠠᠯᠢᠩ ᠦᠷᠢᠳᠦᠭ᠌ᠰᠡᠨ ᠪᠠᠢᠳᠠᠯ᠎ᠢ ᠴᠢᠩᠭ᠎ᠠ ᠢᠯᠭᠠᠵᠤ᠂ ᠨᠠᠷᠢᠯᠢᠭ ᠤᠨᠤᠴᠠᠲᠠᠢ ᠬᠠᠤᠯᠢ ᠪᠠᠷᠢᠯᠳᠠ᠎ᠪᠠᠷ ᠠᠵᠤ ᠠᠬᠤᠢ᠍ᠢᠯᠠᠯ᠎ᠢ ᠪᠠᠲᠤᠯᠠᠵᠦ᠍᠂ ᠠᠵᠢᠯᠳᠠᠨ᠎ᠳᠤ ᠠᠯᠤᠰ ᠭᠡᠳᠤ᠎ᠶ᠋ᠢᠨ ᠠᠱᠢᠭ ᠲᠤᠰᠠ ᠤᠯᠭᠤᠬᠤ᠎ᠶ᠋ᠢ ᠪᠤᠳᠤᠯᠬᠢᠯᠠᠪᠠ᠃

ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠶ ᠲᠡᠮᠡᠴᠡᠯ᠎ᠤᠨ ᠪᠥᠬᠦ᠌ ᠲᠠᠯ᠎ᠠ᠎ᠪᠠᠷ ᠢᠯᠠᠯᠲᠠ ᠤᠯᠬᠤ᠎ᠶ᠋ᠢ ᠠᠬᠢᠭᠤᠯᠪᠠ᠃ ᠪᠠᠢᠴᠠᠭᠠᠬᠤ ᠪᠠᠢᠭᠤᠯᠭ᠎ᠠ ᠭᠤᠷᠪᠠᠨ ᠵᠢᠯ᠎ᠤᠨ ᠬᠤᠭᠤᠴᠠᠭ᠎ᠠ᠎ᠲᠠᠢ ᠲᠤᠰᠭᠠᠶ ᠲᠡᠮᠡᠴᠡᠯ᠎ᠳᠤ ᠤᠷᠤᠯᠴᠠᠵᠤ᠂ ᠡᠬᠢᠯᠡᠩᠭᠦᠳᠡ᠎ᠪᠠᠨ 《ᠬᠠᠷ᠎ᠠ ᠪᠦᠯᠦᠭ᠌ᠳᠡᠨ ᠬᠠᠷᠬᠢᠰ ᠬᠦᠴᠤᠨ᠎ᠤ ᠶᠠᠯᠠᠳᠤ ᠠᠵᠢᠯᠯᠠᠭ᠎ᠠ ᠮᠦᠨ ᠪᠤᠯ ᠨᠢᠭᠡ᠎ᠶ᠋ᠢ ᠴᠤ᠌ ᠭᠡᠰᠡᠨ ᠠᠯᠳᠠᠵᠤ ᠭᠠᠷᠭᠠᠬᠤ ᠦᠭᠡᠢ᠂ ᠬᠠᠷ᠎ᠠ ᠪᠦᠯᠦᠭ᠌ᠳᠡᠨ ᠬᠠᠷᠬᠢᠰ ᠬᠦᠴᠤᠨ᠎ᠤ ᠶᠠᠯᠠᠳᠤ ᠠᠵᠢᠯᠯᠠᠭ᠎ᠠ ᠪᠢᠰᠢ ᠪᠤᠯ ᠨᠢᠭᠡ᠎ᠶ᠋ᠢ ᠴᠤ᠌ ᠭᠡᠰᠡᠨ ᠠᠯᠪᠠ᠎ᠪᠠᠷ ᠲᠤᠭ᠎ᠠ ᠬᠦᠢᠴᠡᠭᠡᠬᠦ᠌ ᠦᠭᠡᠢ》 ᠭᠡᠵᠦ᠍ ᠲᠣᠳᠣᠷᠬᠠᠶ ᠳᠤᠷᠠᠳᠤᠨ ᠭᠠᠷᠭᠠᠵᠤ᠂ ᠮᠤᠵᠢ᠎ᠶ᠋ᠢᠨ ᠱᠠᠲᠤᠨ᠎ᠤ ᠪᠠᠢᠴᠠᠭᠠᠬᠤ ᠬᠤᠷᠢᠶ᠎ᠠ᠎ᠠᠴᠠ ᠬᠠᠷ᠎ᠠ ᠪᠦᠯᠦᠭ᠌ᠲᠡᠨ᠎ᠳᠤ ᠬᠤᠯᠪᠣᠭ᠍ᠳᠠᠭ᠍ᠰᠠᠨ ᠪᠠ ᠬᠠᠷᠬᠢᠰ ᠬᠦᠴᠤᠨ᠎ᠳᠤ ᠬᠤᠯᠪᠤᠬ᠍ᠳᠠᠬ᠍ᠰᠠᠨ ᠬᠦᠨᠳᠦ ᠶᠡᠭᠡ ᠬᠡᠷᠡᠭ᠎ᠢ ᠴᠢᠩᠭ᠎ᠠ ᠪᠠᠢᠴᠠᠭᠠᠪᠠ; ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ 9 ᠵᠢᠯᠣᠭᠤᠳᠭᠤ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭ᠍ᠲᠠᠭᠠᠵᠤ᠂ ᠬᠡᠷᠡᠭ ᠱᠢᠢᠳᠪᠦᠷᠢᠯᠡᠬᠦ᠌ ᠪᠠᠷᠢᠮᠵᠢᠶ᠎ᠠ᠎ᠶ᠋ᠢ ᠨᠢᠭᠡᠳᠭᠡᠪᠠ; 150 ᠬᠦᠨᠳᠤ ᠶᠡᠭᠡ ᠬᠡᠷᠡᠭ᠎ᠢ ᠫᠠᠢᠰᠠ ᠡᠯᠭᠦᠨ ᠬᠢᠨᠠᠨ ᠵᠢᠯᠣᠭᠤᠳᠪᠠ᠃ 2018 ᠣᠨ᠎ᠠᠴᠠ ᠨᠠᠭᠠᠰᠢ᠂ ᠨᠠᠢᠳᠠ ᠬᠠᠷ᠎ᠠ ᠪᠦᠯᠦᠭ᠌ᠲᠡᠨ ᠬᠠᠷᠭᠢᠰ ᠬᠦᠴᠦᠨ᠎ᠳᠤ ᠬᠤᠯᠪᠣᠭ᠍ᠳᠠᠭ᠍ᠰᠠᠨ 14.9 ᠲᠦᠮᠡᠨ ᠬᠥᠮᠦᠨ᠎ᠢ ᠪᠠᠷᠢᠪᠴᠢᠯᠠᠬᠤ᠎ᠶ᠋ᠢ ᠵᠥᠪᠱᠢᠶᠡᠷᠡᠵᠦ᠍᠂ 23 ᠲᠦᠮᠡᠨ ᠬᠥᠮᠦᠨ᠎ᠢ ᠵᠠᠭᠠᠯᠳᠤᠪᠠ᠂ ᠡᠭᠦᠨ᠎ᠳᠤ ᠬᠠᠷ᠎ᠠ ᠨᠡᠢᠭᠡᠮ᠎ᠤᠨ ᠱᠢᠨᠵᠢ ᠴᠢᠨᠠᠷᠲᠠᠶ ᠵᠣᠬᠢᠶᠠᠨ ᠪᠠᠢᠭᠤᠯᠤᠯᠲᠠ᠎ᠶ᠋ᠢᠨ ᠶᠠᠯᠠᠳᠤ ᠠᠵᠢᠯᠯᠠᠭ᠎ᠠ᠎ᠶ᠋ᠢ ᠵᠣᠬᠢᠶᠠᠨ ᠪᠠᠢᠭᠤᠯᠤᠭ᠍ᠰᠠᠨ᠂ ᠤᠳᠤᠷᠢᠳᠤᠭ᠍ᠰᠠᠨ ᠪᠠ ᠲᠡᠭᠦᠨ᠎ᠳᠤ ᠣᠷᠣᠯᠴᠠᠭ᠍ᠰᠠᠨ 5.4 ᠲᠦᠮᠡᠨ ᠬᠥᠮᠦᠨ᠎ᠢ ᠵᠠᠭᠠᠯᠳᠤᠪᠠ᠂ ᠡᠨᠡ᠎ᠨᠢ ᠲᠦᠷᠦᠭᠦᠤ ᠭᠤᠷᠪᠠᠨ ᠵᠢᠯ᠎ᠤᠨ 11.9 ᠳᠠᠬᠢᠨ ᠪᠣᠯᠵᠠᠶ᠃ ᠬᠠᠷ᠎ᠠ ᠪᠦᠯᠦᠭ᠌ᠲᠡᠨ ᠬᠠᠷᠭᠢᠰ ᠬᠦᠴᠦᠨ᠎ᠳᠤ ᠬᠤᠯᠪᠣᠭ᠍ᠳᠠᠭ᠍ᠰᠠᠨ᠎ᠢᠶᠠᠷ ᠵᠠᠭᠠᠯᠳᠤᠭᠤᠯᠬᠤ᠎ᠪᠠᠷ ᠦᠯᠦ᠍ ᠱᠢᠯᠵᠢᠭᠦᠯᠦᠨ ᠬᠦᠷᠭᠡᠭ᠌ᠰᠡᠨ ᠭᠡᠷᠡᠭ᠎ᠤᠨ ᠲᠤᠳᠤᠷᠡᠬᠢ 5732 ᠭᠡᠷᠡᠭ᠎ᠢ ᠬᠠᠤᠯᠢ ᠶᠣᠰᠣᠭᠠᠷ ᠮᠠᠭᠠᠳᠯᠠᠨ ᠲᠣᠭ᠍ᠲᠠᠭᠠᠪᠠ᠂ ᠡᠨᠡ᠎ᠨᠢ ᠵᠠᠭᠠᠯᠳᠤᠯᠭ᠎ᠠ᠎ᠶ᠋ᠢᠨ ᠲᠣᠭᠠᠨ᠎ᠤ 15.9% ᠎ᠶ᠋ᠢ ᠡᠵᠡᠯᠡᠪᠡ; ᠬᠠᠷ᠎ᠠ ᠪᠦᠯᠦᠭ᠌ᠲᠡᠨ ᠬᠠᠷᠭᠢᠰ ᠬᠦᠴᠦᠨ᠎ᠳᠤ ᠬᠤᠯᠪᠣᠭ᠍ᠳᠠᠭ᠍ᠰᠠᠨ᠎ᠢᠶᠠᠷ ᠱᠢᠯᠵᠢᠭᠦᠯᠦᠨ ᠬᠦᠷᠭᠡᠭ᠌ᠰᠡᠨ ᠭᠡᠷᠡᠭ᠎ᠤᠨ ᠲᠤᠳᠤᠷᠡᠬᠢ 2.1 ᠲᠦᠮᠡᠨ ᠭᠡᠷᠡᠭ᠎ᠢ ᠬᠠᠤᠯᠢ ᠶᠣᠰᠣᠭᠠᠷ ᠦᠯᠦ᠍ ᠮᠠᠭᠠᠳᠯᠠᠨ ᠲᠣᠭ᠍ᠲᠠᠭᠠᠪᠠ᠂ ᠡᠨᠡ᠎ᠨᠢ ᠭᠥᠯᠢᠶᠡᠨ ᠠᠪᠴᠤ᠌ ᠱᠢᠢᠳᠪᠦᠷᠢᠯᠡᠭ᠌ᠰᠡᠨ ᠲᠣᠭᠠᠨ᠎ᠤ 36.3% ᠎ᠶ᠋ᠢ ᠡᠵᠡᠯᠡᠪᠡ᠃ ᠬᠠᠷᠭᠢᠰ ᠬᠦᠴᠦᠨ᠎ᠢ ᠵᠠᠪᠠᠯ ᠤᠷᠤ ᠲᠠᠰᠤ ᠠᠷᠢᠯᠭᠠᠬᠤ᠎ᠶ᠋ᠢ ᠪᠠᠷᠢᠮᠲᠠᠯᠠᠵᠤ᠂ 《ᠬᠠᠯᠬᠠᠪᠴᠢ ᠨᠦᠮᠦᠷᠢ》 ᠪᠤᠯᠤᠬ᠍ᠰᠠᠨ 2987 ᠬᠥᠮᠦᠨ᠎ᠢ ᠵᠠᠭᠠᠯᠳᠤᠪᠠ᠃ ᠬᠡᠷᠡᠭ ᠱᠢᠢᠳᠪᠦᠷᠢᠯᠡᠬᠦ᠌᠎ᠲᠠᠢ ᠤᠶᠠᠯᠳᠤᠭᠤᠯᠤᠨ ᠭᠤᠣᠯᠳᠠᠯᠭ᠎ᠠ᠎ᠲᠠᠢ ᠠᠵᠢᠯ ᠲᠥᠷᠥᠯ᠎ᠤᠨ ᠬᠦᠷᠢᠶ᠎ᠠ᠎ᠶ᠋ᠢ ᠬᠠᠤᠯᠢ ᠶᠣᠰᠣᠭᠠᠷ ᠵᠠᠰᠠᠬᠤ᠎ᠶ᠋ᠢ ᠠᠬᠢᠭᠤᠯᠵᠤ᠂ ᠨᠡᠢᠭᠡᠮ᠎ᠤᠨ ᠠᠮᠤᠷ ᠲᠦᠪᠱᠢᠨ᠎ᠤ ᠡᠮᠬᠢ ᠵᠢᠷᠤᠮ ᠢᠯᠡᠳᠲᠡ ᠰᠠᠢᠵᠢᠷᠠᠪᠠ᠄ ᠨᠢᠳᠤᠨᠤᠨ᠎ᠤ ᠬᠦᠯᠢᠶᠠᠨ ᠠᠪᠴᠤ᠌ ᠱᠢᠢᠳᠪᠤᠷᠢᠯᠡᠭ᠌ᠰᠡᠨ ᠬᠢᠨᠠᠨ ᠪᠠᠢᠴᠠᠭᠠᠯᠭᠠᠵᠤ ᠵᠠᠭᠠᠯᠳᠤᠭᠤᠯᠤᠭ᠍ᠰᠠᠨ ᠡᠷᠡᠭᠦᠤ᠎ᠶ᠋ᠢᠨ ᠬᠡᠷᠡᠭ ᠤᠢ᠍ᠢᠷ᠎ᠠ᠎ᠶ᠋ᠢᠨ 4 ᠵᠢᠯ᠎ᠳᠤ ᠬᠠᠮᠤᠭ᠎ᠤᠨ ᠴᠦᠭᠡᠨ ᠪᠤᠯᠵᠤ᠂ ᠬᠦᠨᠳᠦ ᠨᠣᠴᠢᠲᠠᠶ ᠬᠦᠴᠦᠷᠬᠡᠭ᠌ᠯᠡᠯ᠎ᠤᠨ ᠶᠠᠯᠠᠲᠤ ᠬᠡᠷᠡᠭ ᠤᠢ᠍ᠢᠷ᠎ᠠ᠎ᠶ᠋ᠢᠨ 20 ᠵᠢᠯ᠎ᠳᠤ ᠬᠠᠮᠤᠭ᠎ᠤᠨ ᠴᠦᠭᠡᠨ ᠪᠤᠯᠪᠠ᠃ ᠨᠠᠮ᠎ᠤᠨ ᠲᠥᠪ ᠬᠤᠷᠢᠶᠠᠨ᠎ᠤ ᠪᠠᠳᠤ ᠴᠢᠩᠭ᠎ᠠ ᠤᠳᠤᠷᠢᠳᠤᠯᠭ᠎ᠠ ᠳᠣᠣᠷᠠᠬᠢ ᠡᠨᠡ ᠬᠦ᠌ ᠲᠤᠰᠭᠠᠶ ᠲᠡᠮᠡᠴᠡᠯ᠎ᠨᠢ ᠵᠠᠯᠬᠠᠭᠠᠨ ᠱᠢᠢᠳᠭᠡᠬᠦ᠌ ᠡᠷᠴᠢᠮ᠎ᠢᠶᠠᠷ ᠨᠡᠩ ᠴᠢᠩᠭ᠎ᠠ᠂ ᠬᠡᠷᠡᠭ ᠱᠢᠢᠳᠪᠦᠷᠢᠯᠡᠬᠦ᠌ ᠴᠢᠨᠠᠷ ᠴᠢᠨᠰᠠᠭ᠎ᠠ᠎ᠪᠠᠷ ᠨᠡᠩ ᠰᠠᠢᠨ᠂ ᠬᠠᠯᠬᠠᠪᠴᠢ᠎ᠶ᠋ᠢ᠎ᠨᠢ ᠠᠷᠢᠯᠭᠠᠵᠤ ᠬᠠᠷᠢᠴᠠᠭᠠᠨ᠎ᠤ ᠲᠤᠤᠷ᠎ᠢ᠎ᠨᠢ ᠡᠪᠳᠡᠭ᠌ᠰᠡᠨ᠎ᠢᠶᠠᠷ ᠨᠡᠩ ᠬᠦᠴᠤᠲᠠᠢ ᠪᠤᠯᠤᠭᠠᠳ᠂ ᠠᠷᠠᠳ ᠤᠯᠠᠨ᠎ᠢ ᠨᠡᠩ ᠪᠤᠳᠠᠳᠠᠢ ᠠᠮᠤᠷ ᠲᠦᠪᠱᠢᠨ᠎ᠤ ᠲᠥᠷᠥᠭ᠌ᠳᠡᠯ᠎ᠲᠠᠢ᠎ᠪᠠᠷ ᠪᠦᠬᠦ᠌ ᠲᠠᠯ᠎ᠠ᠎ᠪᠠᠷ ᠴᠢᠨᠡᠭᠡᠯᠢᠭ᠌ᠵᠢᠭ᠌ᠰᠡᠨ ᠨᠡᠢᠭᠡᠮ᠎ᠳᠤ ᠲᠠᠪᠱᠢᠨ ᠤᠷᠤᠭᠤᠯᠪᠠ᠃

ᠰᠦᠯᠵᠢᠶᠡᠨ᠎ᠤ ᠵᠠᠰᠠᠯᠲᠠ᠎ᠳᠤ ᠢᠳᠡᠪᠬᠢᠲᠡᠶ ᠣᠷᠣᠯᠴᠠᠪᠠ᠃ ᠰᠦᠯᠵᠢᠶᠡᠨ᠎ᠤ ᠶᠠᠯᠠᠲᠤ ᠠᠵᠢᠯᠯᠠᠭ᠎ᠠ ᠬᠢᠭ᠌ᠰᠡᠨ 14.2 ᠲᠦᠮᠡᠨ ᠬᠥᠮᠦᠨ᠎ᠢ ᠵᠠᠭᠠᠯᠳᠤᠵᠤ᠂ ᠡᠷᠡᠭᠦᠤ᠎ᠶ᠋ᠢᠨ ᠬᠡᠷᠡᠭ᠎ᠤᠨ ᠶᠡᠷᠦᠩᠬᠡᠶ ᠲᠤᠭ᠎ᠠ ᠪᠠᠭᠤᠷᠠᠭ᠍ᠰᠠᠨ ᠠᠬᠤᠶ ᠪᠠᠢᠳᠠᠯ᠎ᠤᠨ ᠳᠣᠤᠷ᠎ᠠ᠂ ᠠᠳᠠᠯᠢ ᠬᠤᠭᠤᠴᠠᠭᠠᠨ᠎ᠤ᠎ᠬᠢ᠎ᠠᠴᠠ 47.9% ᠎ᠪᠠᠷ ᠨᠡᠮᠡᠭ᠌ᠳᠡᠵᠠᠢ᠃ ᠤᠯᠠᠮᠵᠢᠯᠠᠯᠲᠤ ᠶᠠᠯᠠᠲᠤ ᠠᠵᠢᠯᠯᠠᠭ᠎ᠠ ᠰᠦᠯᠵᠢᠶᠡᠨ ᠳᠡᠭᠡᠷ᠎ᠡ ᠦᠳᠳᠡᠷ ᠲᠦᠷᠭᠡᠨ ᠦᠷᠭᠡᠵᠢᠨ ᠲᠡᠯᠭᠡᠷᠡᠵᠤ ᠪᠠᠢᠭ᠎ᠠ ᠪᠠᠢᠳᠠᠯ᠎ᠳᠤ ᠴᠢᠭ᠌ᠯᠡᠭᠦᠯᠦᠨ᠂ ᠪᠠᠢᠴᠠᠭᠠᠬᠤ ᠠᠵᠢᠯ᠎ᠤᠨ ᠬᠡᠷᠡᠭ ᠱᠢᠢᠳᠪᠦᠷᠢᠯᠡᠬᠦ᠌ ᠵᠢᠯᠣᠭᠤᠳᠭᠤ ᠳᠤᠭᠤᠢᠯᠠᠩ᠎ᠢ ᠲᠤᠰᠭᠠᠢᠯᠠᠨ ᠪᠠᠢᠭᠤᠯᠵᠤ᠂ ᠶᠠᠯᠠᠲᠤ ᠬᠡᠷᠡᠭ᠎ᠢ ᠨᠡᠭᠡᠮᠵᠢᠯᠡᠨ ᠵᠠᠭᠠᠯᠳᠤᠬᠤ᠂ ᠵᠠᠭᠠᠯᠳᠤᠬᠤ 65 ᠵᠦᠢᠯ᠎ᠤᠨ ᠪᠠᠷᠢᠮᠵᠢᠶ᠎ᠠ᠎ᠶ᠋ᠢ ᠲᠣᠭ᠍ᠲᠠᠭᠠᠨ᠂ ᠬᠡᠷᠡᠭ ᠱᠢᠢᠳᠪᠦᠷᠢᠯᠡᠬᠦ᠌᠎ᠳᠤ ᠲᠤᠰᠭᠠᠶ ᠮᠡᠷᠭᠡᠵᠢᠯ᠎ᠤᠨ ᠠᠵᠢᠯᠳᠠᠨ᠎ᠢᠶᠠᠷ ᠲᠤᠰᠠᠯᠠᠭᠤᠯᠬᠤ ᠲᠦᠷᠢᠮ᠎ᠢ ᠰᠠᠢᠲᠤᠷ ᠬᠡᠷᠡᠭ᠌ᠯᠡᠵᠦ᠍᠂ ᠰᠦᠯᠵᠢᠶ᠎ᠡ᠎ᠶ᠋ᠢ ᠬᠠᠤᠯᠢ ᠶᠣᠰᠣᠭᠠᠷ ᠴᠢᠩᠭ᠎ᠠ ᠵᠠᠰᠠᠬᠤ᠎ᠶ᠋ᠢ ᠠᠬᠢᠭᠤᠯᠪᠠ᠃ ᠬᠡᠷᠡᠭ ᠱᠢᠢᠳᠪᠦᠷᠢᠯᠡᠬᠦ᠌᠎ᠲᠠᠢ ᠤᠶᠠᠯᠳᠤᠭᠤᠯᠤᠨ᠂ ᠰᠦᠯᠵᠢᠶᠡᠨ᠎ᠤ ᠬᠠᠤᠯᠢ ᠪᠤᠰᠤ ᠪᠠ ᠵᠦᠢ ᠶᠤᠰᠤᠨ᠎ᠤ ᠪᠤᠰᠤ ᠠᠵᠤ ᠦᠢᠯᠡᠰ᠎ᠤᠨ ᠬᠡᠯᠬᠢᠶ᠎ᠡ᠎ᠶ᠋ᠢ ᠴᠡᠭ᠌ᠴᠡᠯᠡᠨ ᠵᠠᠰᠠᠬᠤ᠂ ᠱᠢᠯᠵᠢᠮᠡᠯ ᠢᠨᠲ᠋ᠧᠷ ᠰᠦᠯᠵᠢᠶ᠎ᠡ᠎ᠶ᠋ᠢ ᠬᠢᠨᠠᠨ ᠬᠠᠮᠢᠶᠡᠷᠬᠤ ᠬᠠᠤᠯᠢ ᠭᠡᠷᠡᠭ᠌ᠵᠢᠬᠦᠯᠦᠯᠳᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠂ ᠨᠠᠰᠤᠨ᠎ᠳᠤ ᠦᠯᠦ᠍ ᠬᠦᠷᠦᠭ᠌ᠰᠡᠳ᠎ᠤᠨ ᠰᠦᠯᠵᠢᠶᠡᠨ ᠬᠠᠮᠠᠭᠠᠯᠠᠯᠲᠠ᠎ᠶ᠋ᠢᠨ ᠡᠷᠴᠢᠮ᠎ᠢ ᠴᠢᠩᠭᠠᠷᠠᠭᠤᠯᠬᠤ ᠲᠤᠬᠠᠶ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ᠎ᠶ᠋ᠢᠨ ᠶᠠᠮᠤᠨ᠎ᠳᠤ ᠵᠢᠷᠭᠤᠳᠤᠭᠠᠷ ᠲᠤᠭᠠᠳᠤ ᠪᠠᠢᠴᠠᠭᠠᠬᠤ ᠰᠠᠨᠠᠭᠤᠯᠭ᠎ᠠ ᠭᠠᠷᠭᠠᠵᠤ᠂ ᠳᠣᠲᠣᠭᠠᠳᠤ᠎ᠶ᠋ᠢ ᠬᠠᠮᠠᠭᠠᠯᠠᠬᠤ ᠶᠠᠮᠤᠨ ᠵᠡᠷᠭᠡ ᠰᠠᠯᠠᠭ᠎ᠠ ᠮᠥᠴᠢᠷ᠎ᠲᠤ ᠬᠠᠭᠤᠯᠤᠨ ᠬᠦᠷᠭᠡᠵᠤ᠂ ᠰᠦᠯᠵᠢᠶᠡᠨ᠎ᠤ ᠡᠮᠬᠢ ᠵᠢᠷᠤᠮ᠎ᠢ ᠶᠡᠷᠦᠩᠬᠡᠢᠯᠡᠨ ᠴᠡᠭ᠌ᠴᠡᠯᠡᠨ ᠵᠠᠰᠠᠬᠤ᠎ᠶ᠋ᠢ ᠬᠠᠮᠲᠤ᠎ᠪᠠᠷ ᠠᠬᠢᠭᠤᠯᠪᠠ᠃

ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠤᠨ ᠳᠤᠮᠳᠠ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠪᠡ᠃ ᠬᠢᠨᠠᠨ ᠪᠠᠢᠴᠠᠭᠠᠯᠳᠠ᠎ᠶ᠋ᠢᠨ ᠬᠠᠤᠯᠢ ᠬᠡᠷᠡᠭ᠌ᠵᠢᠬᠦᠯᠦᠯᠳᠡ ᠪᠤᠯᠤᠨ ᠡᠷᠡᠭᠦᠦ᠎ᠶ᠋ᠢᠨ ᠭᠡᠷᠡᠭ᠎ᠤᠨ ᠬᠠᠤᠯᠢ ᠪᠠᠷᠢᠯᠳᠠ᠎ᠶ᠋ᠢ ᠵᠤᠯᠭᠠᠭᠤᠯᠬᠤ ᠲᠣᠭ᠍ᠲᠠᠴᠠ᠎ᠶ᠋ᠢ ᠬᠠᠮᠵᠢᠯᠴᠠᠨ ᠲᠡᠭᠦᠯᠳᠡᠷᠵᠢᠭᠦᠯᠵᠤ᠂ ᠬᠢᠨᠠᠨ ᠪᠠᠢᠴᠠᠭᠠᠬᠤ ᠵᠦᠪᠯᠡᠯ ᠪᠠ ᠪᠠᠢᠴᠠᠭᠠᠬᠤ ᠬᠤᠷᠢᠶ᠎ᠠ ᠬᠠᠷᠢᠯᠴᠠᠨ ᠬᠠᠮᠵᠢᠯᠴᠠᠨ᠂ ᠬᠠᠷᠢᠯᠴᠠᠨ ᠬᠢᠵᠠᠭᠠᠷᠯᠠᠵᠤ᠂ ᠬᠡᠷᠡᠭ ᠱᠢᠢᠳᠪᠤᠷᠢᠯᠡᠬᠦ᠌ ᠴᠢᠨᠠᠷ ᠴᠢᠨᠰᠠᠭ᠎ᠠ᠎ᠶ᠋ᠢ ᠲᠠᠰᠤᠷᠠᠯᠲᠠ ᠦᠭᠡᠢ ᠳᠡᠭᠡᠭ᠌ᠰᠢᠯᠡᠬᠦᠯᠪᠡ᠃ ᠡᠯ᠎ᠡ ᠱᠠᠲᠤᠨ᠎ᠤ ᠬᠢᠨᠠᠨ ᠪᠠᠢᠴᠠᠭᠠᠬᠤ ᠵᠥᠪᠯᠡᠯ᠎ᠤᠨ ᠱᠢᠯᠵᠢᠭᠦᠯᠦᠨ ᠬᠦᠷᠭᠡᠭ᠌ᠰᠡᠨ ᠡᠷᠬᠡ ᠲᠤᠱᠢᠶᠠᠯ᠎ᠢᠶᠠᠨ ᠠᠱᠢᠬ᠍ᠯᠠᠨ ᠶᠠᠯ᠎ᠠ ᠬᠢᠭ᠌ᠰᠡᠨ 19760 ᠬᠥᠮᠦᠨ᠎ᠢ ᠬᠦᠯᠢᠶᠡᠨ ᠠᠪᠴᠤ᠌ ᠱᠢᠢᠳᠪᠦᠷᠢᠯᠡᠵᠤ᠂ ᠨᠢᠭᠡᠨᠲᠡ 15346 ᠬᠥᠮᠦᠨ᠎ᠢ ᠵᠠᠭᠠᠯᠳᠤᠵᠤ᠂ 662 ᠬᠥᠮᠦᠨ᠎ᠢ ᠦᠯᠦ᠍ ᠵᠠᠭᠠᠯᠳᠤᠪᠠ; ᠦᠯᠦ᠍ ᠵᠠᠭᠠᠯᠳᠤᠬ᠍ᠰᠠᠨ ᠨᠣᠷᠮ᠎ᠠ ᠠᠳᠠᠯᠢ ᠬᠤᠭᠤᠴᠠᠭᠠᠨ᠎ᠤ᠎ᠬᠢ᠎ᠠᠴᠠ 0.5 ᠵᠠᠭᠤᠨ᠎ᠤ ᠨᠢᠭᠡᠴᠢ᠎ᠪᠠᠷ ᠨᠡᠮᠡᠭ᠌ᠳᠡᠪᠡ; 4013 ᠬᠥᠮᠦᠨ ᠤᠳᠠᠭ᠎ᠠ ᠨᠥᠬᠦᠨ ᠪᠠᠢᠴᠠᠭᠠᠯᠭᠠᠬᠤ᠎ᠪᠠᠷ ᠪᠤᠴᠠᠭᠠᠵᠤ᠂ ᠪᠠᠢᠴᠠᠭᠠᠯᠭᠠᠬᠤ᠎ᠪᠠᠷ ᠪᠤᠴᠠᠭᠠᠬ᠍ᠰᠠᠨ ᠨᠣᠷᠮ᠎ᠠ ᠠᠳᠠᠯᠢ ᠬᠤᠭᠤᠴᠠᠭᠠᠨ᠎ᠤ᠎ᠬᠢ᠎ᠠᠴᠠ 12.4 ᠵᠠᠭᠤᠨ᠎ᠤ ᠬᠤᠪᠢ᠎ᠪᠠᠷ ᠪᠠᠭᠤᠷᠠᠪᠠ᠃ ᠵᠤᠤ ᠵᠧᠩ ᠶᠦᠩ ᠵᠡᠷᠭᠡ ᠮᠤᠵᠢ ᠶᠠᠮᠤᠨ᠎ᠤ ᠲᠡᠰ᠎ᠤᠨ ᠺᠠᠳ᠋ᠷ ᠪᠠᠢᠬ᠍ᠰᠠᠨ 12 ᠬᠦᠮᠤᠨ᠎ᠳᠤ ᠠᠯᠪᠠᠨ ᠵᠠᠭᠠᠯᠳᠤᠯᠭ᠎ᠠ ᠭᠠᠷᠭᠠᠪᠠ᠃ ᠯᠠᠢ ᠱᠢᠶᠤᠤ ᠮᠢᠨ ᠬᠠᠭ᠍ᠤᠤᠯᠢ ᠢᠳᠡᠭ᠌ᠰᠡᠨ ᠲᠤᠭ᠎ᠠ᠎ᠨᠢ ᠣᠨᠴᠠᠭᠠᠢ ᠯᠤᠲᠤ ᠶᠡᠭᠡ᠂ ᠬᠢᠭ᠌ᠰᠡᠨ ᠶᠠᠯᠠᠲᠤ ᠠᠵᠢᠯᠯᠠᠭ᠎ᠠ᠎ᠨᠢ ᠲᠦᠢᠯ᠎ᠤᠨ ᠬᠦᠨᠳᠦ ᠨᠣᠴᠢᠲᠠᠶ ᠲᠤᠯᠠ ᠲᠡᠬᠦᠨ᠎ᠢ ᠠᠯᠠᠬᠤ ᠡᠷᠡᠭᠦᠤ᠎ᠪᠠᠷ ᠱᠢᠢᠳᠭᠡᠬᠦ᠌ ᠠᠯᠪᠠᠨ ᠵᠠᠭᠠᠯᠳᠤᠯᠭ᠎ᠠ᠎ᠶ᠋ᠢᠨ ᠰᠠᠨᠠᠯ ᠲᠤᠷᠠᠳᠤᠬ᠍ᠰᠠᠨ ᠪᠦᠭᠡᠳ ᠱᠢᠭᠦᠨ ᠲᠠᠰᠤᠯᠤᠯᠳᠠ᠎ᠳᠤ ᠡᠬᠦᠨ᠎ᠢ ᠬᠦᠯᠢᠶᠡᠨ ᠠᠪᠤᠪᠠ᠃ ᠬᠠᠤᠯᠢ᠎ᠳᠤ ᠲᠣᠭ᠍ᠲᠠᠭᠠᠭ᠍ᠰᠠᠨ ᠲᠤᠰᠭᠠᠢ ᠵᠢᠷᠤᠮ᠎ᠢ ᠰᠠᠢᠲᠤᠷ ᠬᠡᠷᠡᠭ᠌ᠯᠡᠵᠦ᠍᠂ ᠤᠷᠭᠤᠳᠠᠭᠤᠯ ᠬᠡᠷᠡᠭ᠌ᠲᠡᠨ᠎ᠢ ᠨᠡᠬᠡᠮᠵᠢᠯᠡᠬᠦ᠌ ᠪᠠ ᠪᠤᠵᠠᠷ ᠵᠤᠭᠤᠰ ᠪᠤᠵᠠᠷ ᠡᠳ᠋᠎ᠢ ᠨᠡᠬᠡᠮᠵᠢᠯᠡᠬᠦ᠌᠎ᠶ᠋ᠢ ᠬᠦᠴᠦᠯᠡᠨ ᠠᠬᠢᠭᠤᠯᠪᠠ᠃ ᠣᠷᠭᠤᠨ ᠳᠠᠯᠳᠠᠯᠠᠭ᠍ᠰᠠᠨ᠂ ᠦᠬᠦᠭ᠌ᠰᠡᠨ᠂ ᠱᠠᠮᠱᠢᠵᠤ ᠬᠡᠭᠡᠯᠢ ᠲᠦᠯᠬᠢᠵᠤ ᠬᠠᠭ᠍ᠤᠤᠯᠢ ᠢᠳᠡᠭ᠌ᠰᠡᠨ ᠰᠡᠵᠢᠭ᠌ᠯᠡᠯᠲᠡᠶ ᠬᠥᠮᠦᠨ᠎ᠳᠤ ᠬᠠᠤᠯᠢ᠎ᠠᠴᠠ ᠵᠥᠷᠢᠴᠡᠵᠦ᠍ ᠣᠯᠤᠭ᠍ᠰᠠᠨ ᠣᠯᠵᠠ ᠠᠱᠢᠭ᠎ᠢ ᠬᠤᠷᠢᠶᠠᠨ ᠠᠪᠬᠤ ᠵᠢᠷᠤᠮ᠎ᠢ ᠡᠬᠢᠯᠡᠭᠦᠯᠪᠡ; ᠰᠠᠭᠠᠳᠠᠯ᠎ᠲᠠᠢ ᠱᠢᠭᠦᠨ ᠲᠠᠰᠤᠯᠤᠯᠳᠠ ᠬᠢᠬᠦ᠌ ᠵᠢᠷᠤᠮ᠎ᠢ ᠠᠩᠬ᠎ᠠ ᠤᠳᠠᠭ᠎ᠠ ᠲᠤᠬᠢᠷᠠᠭᠤᠯᠤᠨ ᠭᠡᠷᠡᠭ᠌ᠯᠡᠵᠤ᠂ ᠭᠠᠳᠠᠭᠠᠳᠤ᠎ᠳᠤ ᠤᠷᠭᠤᠨ ᠲᠤᠳᠠᠭᠠᠭᠠᠳ 19 ᠵᠢᠯ ᠪᠤᠯᠵᠤ ᠪᠠᠢᠭ᠎ᠠ ᠱᠠᠮᠱᠢᠭ᠍ᠰᠠᠨ ᠶᠠᠯ᠎ᠠ ᠬᠢᠭ᠌ᠰᠡᠨ ᠰᠡᠵᠢᠭ᠌ᠳᠡᠨ ᠴᠧᠩ ᠰᠠᠨ ᠴᠠᠩ᠎ᠳᠤ ᠠᠯᠪᠠᠨ ᠵᠠᠭᠠᠯᠳᠤᠯᠭ᠎ᠠ ᠭᠠᠷᠭᠠᠪᠠ᠃ ᠡᠷᠭᠡ ᠲᠤᠱᠢᠶᠠᠯ᠎ᠢᠶᠠᠨ ᠠᠱᠢᠬ᠍ᠯᠠᠵᠤ ᠠᠷᠠᠳ ᠢᠷᠭᠡᠨ᠎ᠤ ᠡᠷᠬᠡ᠎ᠳᠤ ᠬᠠᠯᠳᠠᠭ᠍ᠰᠠᠨ᠂ ᠬᠠᠤᠯᠢ ᠪᠠᠷᠢᠯᠲᠠ᠎ᠶ᠋ᠢᠨ ᠲᠦᠪ ᠭᠤᠤᠯᠴᠢ᠎ᠶ᠋ᠢ ᠬᠤᠬᠢᠷᠠᠭᠤᠯᠬᠤ ᠶᠠᠯᠠᠳᠤ ᠠᠵᠢᠯᠯᠠᠭ᠎ᠠ ᠬᠢᠭ᠌ᠰᠡᠨ 1421 ᠬᠠᠤᠯᠢ ᠪᠠᠷᠢᠬᠤ ᠠᠵᠢᠯᠳᠠᠨ᠎ᠢ ᠬᠡᠷᠡᠭ ᠪᠣᠯᠭᠠᠨ ᠳᠠᠩᠰᠠᠯᠠᠵᠤ ᠪᠠᠢᠴᠠᠭᠠᠨ ᠱᠢᠢᠳᠪᠦᠷᠢᠯᠡᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠠᠴᠠ 63.1% ᠎ᠪᠠᠷ ᠨᠡᠮᠡᠭ᠌ᠳᠡᠵᠠᠢ᠃

ᠶᠠᠯ᠎ᠠ᠎ᠪᠠᠨ ᠮᠡᠳᠡᠷᠡᠵᠤ ᠱᠢᠢᠳᠭᠡᠯ᠎ᠢ ᠬᠦᠯᠢᠶᠡᠭ᠌ᠰᠡᠨ᠎ᠢ ᠠᠭᠤᠴᠢᠯᠠᠨ ᠱᠢᠢᠳᠭᠡᠬᠦ᠌ ᠳᠦᠷᠢᠮ᠎ᠢ ᠭᠦᠨᠵᠡᠭᠡᠶ ᠨᠠᠢᠳᠠᠪᠤᠷᠢᠵᠢᠭᠤᠯᠪᠠ᠃ ᠡᠷᠡᠭᠦᠦ᠎ᠶ᠋ᠢᠨ ᠵᠠᠷᠭᠤ᠎ᠶ᠋ᠢᠨ ᠬᠠᠤᠯᠢ᠎ᠳᠤ᠂ ᠶᠠᠯ᠎ᠠ ᠬᠢᠭ᠌ᠰᠡᠨ ᠰᠡᠵᠢᠭ᠌ᠯᠡᠯᠲᠡᠢ ᠬᠥᠮᠦᠨ᠂ ᠵᠠᠭᠠᠯᠳᠤᠭ᠍ᠳᠠᠭ᠍ᠴᠢ ᠥᠪᠡᠷ᠎ᠤᠨ ᠶᠠᠯᠠᠲᠤ ᠠᠵᠢᠯᠯᠠᠭ᠎ᠠ᠎ᠪᠠᠨ ᠰᠠᠢᠨ ᠳᠤᠷ᠎ᠠ᠎ᠠᠴᠠ᠎ᠪᠠᠨ ᠦᠨᠡᠨ ᠮᠥᠨ᠎ᠢᠶᠠᠷ᠎ᠨᠢ ᠥᠴᠢᠭ᠌ᠯᠡᠵᠦ᠍᠂ ᠵᠠᠭᠠᠯᠳᠤᠭ᠍ᠰᠠᠨ ᠶᠠᠯ᠎ᠠ᠎ᠶ᠋ᠢᠨ ᠪᠣᠳᠠᠲᠤ ᠶᠠᠪᠤᠳᠠᠯ᠎ᠢ ᠮᠡᠳᠡᠷᠡᠵᠦ᠍᠂ ᠱᠢᠢᠳᠭᠡᠯ ᠬᠦᠯᠢᠶᠡᠬᠦ᠌ ᠳᠤᠷᠠᠲᠠᠢ ᠪᠠᠢᠪᠠᠯ᠂ ᠬᠠᠤᠯᠢ ᠶᠣᠰᠣᠭᠠᠷ ᠠᠭᠤᠴᠢᠯᠠᠨ ᠱᠢᠢᠳᠪᠦᠷᠢᠯᠡᠵᠦ᠍ ᠪᠣᠯᠤᠨ᠎ᠠ ᠬᠡᠵᠦ᠍ ᠲᠤᠲᠤᠷᠬᠠᠢ ᠲᠤᠬ᠍ᠲᠠᠭᠠᠪᠠ᠃ ᠡᠨᠡ ᠲᠦᠷᠢᠮ᠎ᠨᠢ ᠮᠠᠨ᠎ᠤ ᠤᠯᠤᠰ᠎ᠤᠨ ᠠᠵᠤ ᠠᠬᠤᠶ ᠬᠥᠭ᠌ᠵᠢᠵᠦ᠍᠂ ᠨᠡᠢᠭᠡᠮ ᠠᠮᠤᠷ ᠲᠣᠭ᠍ᠲᠠᠭᠤᠨ ᠪᠤᠯᠵᠤ ᠪᠠᠢᠭ᠎ᠠ ᠡᠨᠡ ᠬᠦ᠌ ᠴᠠᠭ ᠦᠶ᠎ᠠ᠎ᠳᠤ ᠶᠠᠯᠠᠲᠤ ᠬᠡᠷᠡᠭ᠎ᠤᠨ ᠪᠦᠲᠦᠴᠡ ᠢᠯᠡᠳᠲᠡ ᠬᠤᠪᠢᠷᠠᠵᠤ᠂ ᠬᠦᠨᠳᠦ ᠶᠠᠯ᠎ᠠ᠎ᠶ᠋ᠢᠨ ᠡᠵᠡᠯᠡᠬᠦ᠌ ᠬᠤᠪᠢ᠎ᠶ᠋ᠢᠨ ᠵᠢᠩ ᠦᠷᠭᠦᠯᠵᠢᠯᠡᠨ ᠪᠠᠭᠤᠷᠠᠵᠤ᠂ ᠬᠦᠡᠭ᠌ᠭᠡᠨ ᠶᠠᠯᠠᠳᠤ ᠭᠡᠷᠡᠭ ᠲᠠᠰᠤᠷᠠᠯᠲᠠ ᠦᠭᠡᠢ ᠨᠡᠮᠡᠭ᠌ᠳᠡᠭ᠌ᠰᠡᠨ᠎ᠠᠴᠠ ᠡᠬᠦᠰᠦᠯ᠎ᠲᠠᠢ ᠶᠤᠮ᠃ ᠭᠤᠷᠪᠠᠨ ᠵᠢᠯ ᠬᠦᠷᠬᠦ᠌ ᠦᠭᠡᠢ ᠬᠤᠭᠤᠴᠠᠭ᠎ᠠ᠎ᠲᠠᠢ ᠬᠤᠷᠢᠬᠤ ᠡᠷᠡᠭᠦᠤ ᠵᠢᠴᠢ ᠲᠡᠬᠦᠨ᠎ᠠᠴᠠ ᠳᠣᠭᠤᠭ᠍ᠰᠢᠬᠢ ᠡᠷᠡᠭᠦᠤ ᠱᠢᠢᠳᠭᠡᠯ᠎ᠢᠶᠠᠷ ᠱᠢᠢᠳᠭᠡᠭ᠌ᠰᠡᠨ ᠬᠡᠷᠡᠭ 2000 ᠣᠨ᠎ᠳᠤ 53.9% ᠎ᠶ᠋ᠢ ᠡᠵᠡᠯᠡᠵᠤ ᠪᠠᠢᠭ᠍ᠰᠠᠨ᠎ᠠᠴᠠ᠎ᠪᠠᠨ 2020 ᠣᠨ᠎ᠳᠤ 77.4% ᠪᠤᠯᠳᠡᠯ᠎ᠠ ᠨᠡᠮᠡᠭ᠌ᠳᠡᠵᠠᠢ᠃ ᠠᠭᠤᠴᠢᠯᠠᠨ ᠱᠢᠢᠳᠭᠡᠬᠦ᠌ ᠪᠠ ᠴᠢᠩᠭ᠎ᠠ ᠱᠢᠢᠳᠭᠡᠬᠦ᠌᠎ᠶ᠋ᠢ ᠬᠤᠤᠰᠯᠠᠭᠤᠯᠬᠤ ᠡᠷᠡᠬᠦᠦ᠎ᠶ᠋ᠢᠨ ᠭᠡᠷᠡᠭ᠎ᠤᠨ ᠲᠥᠷᠥ᠎ᠶ᠋ᠢᠨ ᠪᠣᠳᠣᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠬᠦᠨᠳᠦ ᠶᠠᠯ᠎ᠠ᠎ᠶ᠋ᠢ ᠵᠠᠪᠠᠯ ᠴᠢᠩᠭ᠎ᠠ ᠨᠡᠬᠡᠮᠵᠢᠯᠡᠨ ᠵᠠᠭᠠᠯᠳᠤᠵᠤ᠂ ᠬᠦᠡᠭ᠌ᠭᠡᠨ ᠶᠠᠯ᠎ᠠ᠎ᠶ᠋ᠢ ᠬᠠᠤᠯᠢ ᠶᠣᠰᠣᠭᠠᠷ ᠠᠭᠤᠴᠢᠯᠠᠨ ᠱᠢᠢᠳᠭᠡᠪᠠ; ᠶᠠᠯ᠎ᠠ᠎ᠪᠠᠨ ᠮᠡᠳᠡᠷᠡᠵᠤ ᠱᠢᠢᠳᠭᠡᠯ᠎ᠢ ᠬᠦᠯᠢᠶᠡᠬᠦ᠂ ᠴᠦᠭᠡᠨ ᠪᠠᠷᠢᠪᠴᠢᠯᠠᠵᠤ ᠪᠤᠯᠭᠤᠮᠵᠢᠳᠠᠢ ᠵᠠᠭᠠᠯᠳᠤᠬᠤ ᠪᠤᠯᠭᠤᠮᠵᠢᠳᠠᠢ ᠬᠤᠷᠢᠬᠤ᠎ᠶ᠋ᠢ ᠠᠬᠢᠭᠤᠯᠬᠤ᠎ᠨᠢ ᠵᠦᠷᠢᠴᠡᠯ᠎ᠢ ᠱᠢᠢᠳᠪᠤᠷᠢᠯᠡᠵᠤ᠂ ᠨᠡᠢᠭᠡᠮ᠎ᠢ ᠵᠠᠰᠠᠬᠤ᠎ᠳᠤ ᠨᠡᠩ ᠠᠱᠢᠬ᠍ᠳᠠᠢ ᠶᠤᠮ᠃ ᠪᠠᠢᠴᠠᠭᠠᠬᠤ ᠪᠠᠢᠭᠤᠯᠭ᠎ᠠ ᠡᠷᠡᠭᠦᠤ᠎ᠶ᠋ᠢᠨ ᠵᠠᠷᠭᠤ᠎ᠶ᠋ᠢᠨ ᠳᠤᠮᠳᠠ ᠬᠢᠨᠠᠨ ᠪᠠᠢᠴᠠᠭᠠᠵᠤ ᠵᠠᠭᠠᠯᠳᠤᠬᠤ ᠠᠵᠢᠯ᠎ᠤᠨ ᠡᠮᠤᠨ᠎ᠠ ᠬᠤᠢᠨᠡᠬᠢ ᠭᠤᠬ᠍ᠴᠤᠭ᠎ᠠ᠎ᠶ᠋ᠢ ᠵᠤᠯᠭᠠᠯᠳᠤᠭᠤᠯᠵᠤ᠂ ᠭᠤᠤᠯᠯᠠᠨ ᠤᠳᠤᠷᠢᠳᠭᠤ ᠬᠠᠷᠢᠭᠤᠴᠠᠯᠭ᠎ᠠ᠎ᠪᠠᠨ ᠢᠳᠡᠪᠬᠢᠲᠡᠶ ᠭᠦᠢᠴᠡᠳᠭᠡᠵᠦ᠍᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠂ ᠠᠷᠠᠳ᠎ᠤᠨ ᠱᠢᠭᠦᠬᠦ᠌ ᠬᠤᠷᠢᠶ᠎ᠠ ᠬᠠᠷᠢᠯᠴᠠᠨ ᠬᠠᠮᠵᠢᠯᠴᠠᠵᠦ᠍ ᠬᠠᠷᠢᠯᠴᠠᠨ ᠬᠢᠵᠠᠭᠠᠷᠯᠠᠵᠦ᠍᠂ ᠭᠡᠷᠡᠭ᠌ᠯᠡᠬᠦ᠌ ᠶᠤᠰᠤᠳᠠᠢ ᠡᠷᠡᠬᠦᠦ ᠱᠢᠢᠳᠭᠡᠯ᠎ᠢ᠎ᠨᠢ ᠠᠯᠢ ᠴᠢᠳᠠᠬᠤ᠎ᠪᠠᠷ ᠭᠡᠷᠡᠭ᠌ᠯᠡᠵᠤ᠂ ᠵᠢᠷᠤᠮᠵᠢᠭᠤᠨ᠎ᠢᠶᠠᠷ ᠲᠤᠬᠢᠷᠠᠭᠤᠯᠤᠨ ᠬᠡᠷᠡᠭ᠌ᠯᠡᠪᠡ᠃ ᠬᠡᠷᠡᠭ᠎ᠤᠨ ᠪᠣᠳᠠᠲᠤ ᠶᠠᠪᠤᠳᠠᠯ᠂ ᠭᠡᠷᠡᠴᠢ ᠪᠠᠷᠢᠮᠲᠠ᠎ᠶ᠋ᠢ ᠪᠦᠬᠦ᠌ ᠲᠠᠯ᠎ᠠ᠎ᠪᠠᠷ ᠬᠢᠨᠠᠨ ᠪᠠᠢᠴᠠᠭᠠᠵᠤ᠂ ᠶᠠᠯ᠎ᠠ᠎ᠪᠠᠨ ᠮᠡᠳᠡᠷᠡᠭ᠌ᠰᠡᠨ᠎ᠠᠴᠠ ᠪᠤᠯᠵᠤ ᠭᠡᠷᠡᠴᠢᠯᠡᠬᠦ᠌ ᠪᠠᠷᠢᠮᠵᠢᠶ᠎ᠠ᠎ᠶ᠋ᠢ ᠦᠯᠦ᠍ ᠪᠠᠭᠤᠷᠠᠭᠤᠯᠪᠠ; ᠬᠡᠷᠡᠭ᠎ᠤᠨ ᠱᠢᠨᠵᠢ ᠴᠢᠨᠠᠷ᠂ ᠦᠢᠯᠡ ᠪᠠᠢᠳᠠᠯ ᠪᠠ ᠨᠡᠢᠭᠡᠮ᠎ᠳᠤ ᠤᠴᠠᠷᠠᠭᠤᠯᠤᠬ᠍ᠰᠠᠨ ᠬᠤᠤᠷ ᠬᠥᠨᠥᠭᠡᠯ᠎ᠢ ᠢᠯᠭᠠᠵᠤ᠂ ᠶᠠᠯᠠᠲᠤ ᠠᠵᠢᠯᠯᠠᠭ᠎ᠠ᠎ᠶ᠋ᠢᠨ ᠱᠢᠨᠵᠢ ᠴᠢᠨᠠᠷ ᠪᠠ ᠨᠡᠢᠭᠡᠮ᠎ᠳᠤ ᠣᠨᠴᠠᠭᠠᠢ ᠮᠠᠭᠤ ᠨᠥᠯᠥᠭᠡ ᠭᠠᠷᠭᠠᠭ᠍ᠰᠠᠨ ᠪᠠᠢᠪᠠᠯ᠂ ᠬᠠᠤᠯᠢ ᠶᠣᠰᠣᠭᠠᠷ ᠴᠢᠩᠭ᠎ᠠ ᠨᠡᠬᠡᠮᠵᠢᠯᠡᠨ ᠵᠠᠭᠠᠯᠳᠤᠵᠦ᠍᠂ ᠠᠭᠤᠴᠢᠯᠠᠬ᠍ᠰᠠᠨ ᠦᠭᠡᠢ; ᠬᠥᠩᠭᠡᠨ ᠶᠠᠯᠠᠲᠤ ᠬᠡᠷᠡᠭ ᠢᠯᠠᠩᠭᠤᠶ᠎ᠠ ᠠᠷᠠᠳ᠎ᠤᠨ ᠬᠤᠭᠤᠷᠣᠨᠳᠣᠬᠢ ᠵᠢᠭᠤᠷᠠᠯᠳᠤᠭᠠᠨ᠎ᠠᠴᠠ ᠡᠭᠦᠰᠦᠭ᠌ᠰᠡᠨ ᠬᠥᠩᠭᠡᠪᠲᠦᠷ ᠡᠷᠡᠭᠦᠦ᠎ᠶ᠋ᠢᠨ ᠬᠡᠷᠡᠭ᠎ᠢ ᠠᠯᠢ ᠴᠢᠳᠠᠬᠤ᠎ᠪᠠᠷ ᠬᠠᠤᠯᠢ ᠶᠣᠰᠣᠭᠠᠷ ᠳᠥᠭᠦᠮ ᠪᠥᠭᠡᠳ ᠲᠦᠷᠭᠡᠨ ᠠᠭᠤᠴᠢᠯᠠᠨ ᠱᠢᠢᠳᠪᠦᠷᠢᠯᠡᠪᠡ; ᠬᠠᠤᠯᠢ ᠶᠤᠰᠤᠭᠠᠷ ᠪᠠᠷᠢᠪᠴᠢᠯᠠᠬᠤ ᠦᠭᠡᠢ ᠪᠠᠢᠵᠤ ᠪᠤᠯᠬᠤ ᠪᠠ ᠶᠠᠯ᠎ᠠ ᠬᠢᠭ᠌ᠰᠡᠨ ᠦᠢᠯᠡ ᠪᠠᠢᠳᠠᠯ᠎ᠨᠢ ᠬᠥᠩᠭᠡᠪᠲᠦᠷ᠂ ᠬᠠᠤᠯᠢ ᠶᠣᠰᠣᠭᠠᠷ ᠡᠷᠡᠭᠦᠤ ᠱᠢᠢᠳᠭᠡᠯ᠎ᠢᠶᠠᠷ ᠱᠢᠢᠳᠭᠡᠬᠦ᠌ ᠦᠭᠡᠢ ᠪᠠᠢᠵᠤ ᠪᠣᠯᠬᠤ 8.8 ᠲᠦᠮᠡᠨ ᠬᠥᠮᠦᠨ᠎ᠢ ᠪᠠᠷᠢᠪᠴᠢᠯᠠᠬᠤ᠎ᠶ᠋ᠢ ᠦᠯᠦ᠍ ᠵᠦᠪᠱᠢᠶᠡᠷᠡᠵᠤ᠂ 20.2 ᠲᠦᠮᠡᠨ ᠬᠥᠮᠦᠨ᠎ᠢ ᠦᠯᠦ᠍ ᠵᠠᠭᠠᠯᠳᠤᠬ᠍ᠰᠠᠨ᠎ᠤ ᠨᠢᠭᠡᠨᠳᠠ ᠱᠢᠢᠳᠪᠤᠷᠢᠯᠡᠵᠤ ᠲᠠᠭᠤᠰᠭᠠᠬ᠍ᠰᠠᠨ ᠭᠡᠷᠡᠭ᠎ᠲᠤ ᠡᠵᠡᠯᠡᠬᠦ᠌ ᠬᠠᠷᠢᠴᠠᠯ ᠲᠤᠰ ᠲᠤᠰ 0.8 ᠪᠠ 3.9 ᠵᠠᠭᠤᠨ᠎ᠤ ᠨᠢᠭᠡᠴᠢ ᠨᠡᠮᠡᠭ᠌ᠳᠡᠪᠠ᠃ ᠪᠠᠷᠢᠪᠴᠢᠯᠠᠭ᠍ᠰᠠᠨ᠎ᠤ ᠳᠠᠷᠠᠭ᠎ᠠ ᠶᠠᠯ᠎ᠠ᠎ᠪᠠᠨ ᠮᠡᠳᠡᠷᠡᠵᠤ ᠱᠢᠢᠳᠭᠡᠯ᠎ᠢ ᠬᠦᠯᠢᠶᠡᠭᠡᠳ ᠦᠷᠭᠦᠯᠵᠢᠯᠡᠨ ᠬᠤᠷᠢᠬᠤ ᠦᠭᠡᠢ ᠪᠠᠢᠵᠤ ᠪᠤᠯᠬᠤ 2.5 ᠲᠦᠮᠠᠨ ᠬᠦᠮᠤᠨ᠎ᠢ ᠰᠤᠯᠠᠯᠠᠬᠤ ᠪᠤᠶᠤ ᠲᠡᠳᠡᠨ᠎ᠳᠤ ᠠᠪᠬᠤ ᠠᠯᠪᠠᠳᠠᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ᠎ᠨᠢ ᠬᠤᠪᠢᠷᠠᠭᠤᠯᠬᠤ ᠰᠠᠨᠠᠭᠤᠯᠭ᠎ᠠ ᠭᠠᠷᠭᠠᠪᠠ᠃ ᠱᠢᠭᠦᠬᠦ᠌᠎ᠠᠴᠠ ᠡᠮᠦᠨᠡᠬᠢ ᠬᠤᠷᠢᠬ᠍ᠰᠠᠨ ᠨᠤᠷᠮ᠎ᠠ 2000 ᠣᠨ᠎ᠳᠤ 96.8% ᠪᠠᠢᠭ᠍ᠰᠠᠨ᠎ᠠᠴᠠ᠎ᠪᠠᠨ 2020 ᠣᠨ᠎ᠳᠤ 53% ᠪᠣᠯᠳᠠᠯ᠎ᠠ ᠪᠠᠭᠤᠷᠠᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠳᠤ ᠲᠤᠰ ᠲᠦᠷᠢᠮ᠎ᠢ ᠲᠤᠬᠢᠷᠠᠭᠤᠯᠤᠨ ᠬᠡᠷᠡᠭ᠌ᠯᠡᠭ᠌ᠰᠡᠨ ᠪᠠᠢᠳᠠᠯ᠎ᠢᠶᠠᠨ ᠲᠤᠰᠭᠠᠶ ᠰᠡᠳᠦᠪ᠎ᠢᠶᠠᠷ ᠮᠡᠳᠡᠭᠦᠯᠵᠦ᠍᠂ ᠬᠢᠨᠠᠨ ᠶᠠᠷᠢᠯᠴᠠᠭ᠍ᠰᠠᠨ ᠰᠠᠨᠠᠯ᠎ᠲᠠᠢ ᠤᠶᠠᠯᠳᠤᠭᠤᠯᠤᠨ 28 ᠵᠦᠢᠯ᠎ᠤᠨ ᠬᠦᠨᠵᠡᠭᠡᠢ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ ᠭᠠᠷᠭᠠᠪᠠ᠃ ᠪᠥᠬᠦ᠌ ᠵᠢᠯ᠎ᠳᠤ ᠶᠠᠯ᠎ᠠ᠎ᠪᠠᠨ ᠮᠡᠳᠡᠷᠡᠵᠤ ᠱᠢᠢᠳᠭᠡᠯ᠎ᠢ ᠬᠦᠯᠢᠶᠡᠭ᠌ᠰᠡᠨ᠎ᠢ ᠠᠭᠤᠴᠢᠯᠠᠨ ᠱᠢᠢᠳᠭᠡᠬᠦ᠌ ᠲᠦᠷᠢᠮ᠎ᠢ ᠳᠣᠭᠢᠷᠠᠭᠤᠯᠤᠨ ᠭᠡᠷᠡᠭ᠌ᠯᠡᠭ᠌ᠰᠡᠨ ᠨᠣᠷᠮ᠎ᠠ 85% ᠎ᠶ᠋ᠢ ᠳᠠᠪᠠᠪᠠ; ᠡᠷᠡᠭᠦᠤ ᠱᠢᠢᠳᠭᠡᠯ ᠣᠨᠣᠭ᠍ᠳᠠᠭᠤᠯᠬᠤ ᠰᠠᠨᠠᠭᠤᠯᠭ᠎ᠠ᠎ᠶ᠋ᠢ ᠬᠦᠯᠢᠶᠡᠨ ᠠᠪᠤᠭ᠍ᠰᠠᠨ ᠨᠤᠷᠮ᠎ᠠ 95% ᠱᠢᠬᠠᠮ ᠪᠤᠯᠪᠠ; ᠨᠢᠭᠡᠳᠦᠭᠡᠷ ᠱᠢᠭᠦᠯᠲᠡ᠎ᠶ᠋ᠢᠨ ᠱᠢᠭᠦᠨ ᠲᠠᠰᠤᠯᠤᠯᠲᠠ᠎ᠶ᠋ᠢ ᠬᠦᠯᠢᠶᠡᠭ᠌ᠰᠡᠨ ᠨᠤᠷᠮ᠎ᠠ 95% ᠎ᠶ᠋ᠢ ᠳᠠᠪᠠᠵᠤ᠂ ᠪᠤᠰᠤᠳ ᠡᠷᠡᠭᠦᠤ᠎ᠶ᠋ᠢᠨ ᠬᠡᠷᠡᠭ᠎ᠠᠴᠠ 21.7 ᠵᠠᠭᠤᠨ᠎ᠤ ᠨᠢᠭᠡᠴᠢ ᠥᠨᠳᠥᠷ ᠪᠣᠯᠪᠠ᠃ ᠬᠠᠤᠯᠢ ᠪᠠᠷᠢᠬᠤ ᠦᠷ᠎ᠡ ᠪᠦᠲᠦᠮᠵᠢ ᠨᠡᠩ ᠥᠨᠳᠥᠷ ᠪᠤᠯᠵᠤ᠂ ᠬᠡᠷᠡᠭ ᠱᠢᠢᠳᠪᠦᠷᠢᠯᠡᠬᠦ᠌ ᠦᠷ᠎ᠡ ᠪᠦᠲᠦᠮᠵᠢ ᠨᠡᠩ ᠰᠠᠢᠨ ᠪᠣᠯᠪᠠ᠃

ᠨᠡᠢᠭᠡᠮ᠎ᠤᠨ ᠵᠠᠰᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠬᠦ᠌᠎ᠶ᠋ᠢ ᠠᠬᠢᠭᠤᠯᠪᠠ᠃ ᠨᠡᠢᠲᠡᠯᠢᠭ ᠬᠡᠷᠡᠭ᠎ᠢᠶᠠᠷ ᠬᠠᠤᠯᠢ᠎ᠪᠠᠷ ᠵᠠᠰᠠᠬᠤ ᠠᠵᠢᠯ᠎ᠢ ᠬᠥᠲᠥᠯᠥᠨ ᠳᠠᠭᠠᠭᠤᠯᠵᠤ᠂ ᠵᠠᠰᠠᠯᠲᠠ᠎ᠶ᠋ᠢ ᠠᠬᠢᠭᠤᠯᠬᠤ ᠪᠣᠯ ᠪᠠᠢᠴᠠᠭᠠᠬᠤ ᠠᠵᠢᠯ᠎ᠤᠨ ᠬᠡᠷᠡᠭ ᠱᠢᠢᠳᠪᠦᠷᠢᠯᠡᠬᠦ᠌᠎ᠶ᠋ᠢᠨ ᠨᠡᠩ ᠥᠨᠳᠥᠷ ᠬᠥᠭᠡᠭᠡᠴᠡᠯᠳᠦᠯ ᠮᠥᠨ᠃ ᠪᠠᠢᠴᠠᠭᠠᠬᠤ ᠠᠵᠢᠯ᠎ᠤᠨ ᠬᠡᠷᠡᠭ ᠱᠢᠢᠳᠪᠦᠷᠢᠯᠡᠭ᠌ᠰᠡᠨ ᠳ᠋ᠠᠢᠲ᠋ᠠ᠂ ᠬᠡᠷᠡᠭ ᠭᠠᠷᠤᠭ᠍ᠰᠠᠨ ᠣᠨᠴᠠᠯᠢᠭ ᠵᠢᠴᠢ ᠬᠠᠨᠳᠤᠰᠢ᠎ᠶ᠋ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠨᠡᠢᠲᠡᠯᠡᠵᠦ᠍᠂ 《ᠪᠠᠢᠴᠠᠭᠠᠬᠤ ᠠᠵᠢᠯ᠎ᠤᠨ ᠲᠤᠰᠭᠠᠶ ᠮᠡᠳᠡᠬᠦᠯᠦᠯᠳᠠ》 ᠎ᠪᠠᠷ ᠬᠥᠳᠡᠯᠦᠩᠭᠦᠶ ᠰᠡᠷᠭᠡᠢᠯᠡᠨ ᠵᠠᠰᠠᠯᠳᠠ᠎ᠶ᠋ᠢ ᠬᠥᠲᠥᠯᠥᠨ ᠵᠢᠯᠣᠭᠤᠳᠪᠠ᠃ 《ᠬᠦᠴᠦᠷᠬᠡᠭ᠌ᠯᠡᠯ᠎ᠤᠨ ᠳᠠᠮᠵᠢᠭᠤᠯᠤᠨ ᠪᠣᠷᠣᠯᠠᠭᠤᠯᠭ᠎ᠠ᠎ᠳᠤ ᠤᠴᠠᠷᠠᠭᠠᠳ ᠡᠰᠡᠷᠬᠦ᠌ ᠴᠤᠬᠢᠯᠳᠠ ᠦᠭ᠌ᠬᠦᠭ᠌ᠰᠡᠨ ᠬᠡᠷᠡᠭ》 《ᠨᠥᠵᠢᠳᠯᠡᠬᠦ᠌᠎ᠶ᠋ᠢ ᠡᠰᠡᠷᠭᠦᠴᠡᠭᠡᠳ ᠬᠦᠴᠦᠨᠳᠡᠭ᠌ᠰᠡᠨ ᠡᠷᠡᠭ᠌ᠲᠡᠢ᠎ᠶ᠋ᠢ ᠦᠬᠦᠭᠦᠯᠦᠭ᠌ᠰᠡᠨ ᠬᠡᠷᠡᠭ》 《ᠬᠠᠤᠯᠢ ᠪᠤᠰᠤ᠎ᠶ᠋ᠢᠨ ᠬᠦᠴᠦᠷᠬᠡᠭ᠌ᠯᠡᠯ᠎ᠢᠶᠠᠷ ᠨᠤᠷᠠᠭᠠᠵᠤ ᠨᠡᠭᠦᠯᠭᠡᠬᠦ᠌᠎ᠶ᠋ᠢ ᠬᠤᠷᠢᠬ᠍ᠯᠠᠭᠠᠳ ᠪᠤᠰᠤᠳ᠎ᠢ ᠱᠢᠷᠬᠠᠳᠤᠭᠤᠯᠤᠬ᠍ᠰᠠᠨ ᠬᠡᠷᠡᠭ》 ᠵᠡᠷᠭᠡ᠎ᠶ᠋ᠢᠨ ᠵᠦᠶ ᠶᠣᠰᠣᠨ᠎ᠤ ᠬᠠᠮᠠᠭᠠᠯᠠᠯᠲᠠ ᠬᠢᠭ᠌ᠰᠡᠨ ᠦᠯᠦ᠍ ᠪᠠᠷᠢᠪᠴᠢᠯᠠᠬᠤ ᠦᠯᠦ᠍ ᠵᠠᠭᠠᠯᠳᠤᠬᠤ 6 ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠨᠡᠢᠳᠡᠯᠡᠵᠤ᠂ ᠵᠦᠶ ᠶᠣᠰᠣᠨ᠎ᠤ ᠬᠠᠮᠠᠭᠠᠯᠠᠯᠲᠠ᠎ᠶ᠋ᠢᠨ ᠣᠢᠯᠠᠭᠠᠭ᠍ᠳᠠᠬᠤᠨ ᠪᠠ ᠲᠦᠷᠢᠮ᠎ᠢ ᠲᠠᠢᠯᠪᠤᠷᠢᠯᠠᠵᠤ᠂ ᠬᠠᠤᠯᠢ ᠰᠠᠬᠢᠬ᠍ᠴᠢ᠎ᠨᠢ ᠬᠠᠤᠯᠢ ᠪᠤᠰᠤ ᠡᠳᠡᠭᠡᠳ᠎ᠲᠤ ᠨᠠᠢᠷ ᠲᠠᠯᠪᠢᠵᠤ ᠪᠤᠯᠬᠤ ᠦᠭᠡᠢ ᠭᠡᠳᠡᠭ ᠶᠤᠰᠤ᠎ᠶ᠋ᠢ ᠡᠷᠡᠰ ᠪᠠᠳᠤ ᠬᠠᠮᠠᠭᠠᠯᠠᠪᠠ᠃ 2018 ᠣᠨ᠎ᠤ ᠵᠢᠯ᠎ᠤᠨ ᠰᠡᠭᠦᠯᠴᠢ᠎ᠪᠠᠷ 《ᠺᠦᠨᠱᠠᠨ᠎ᠤ ᠭᠡᠳᠡᠷᠬᠦ᠌᠎ᠪᠠᠨ ᠠᠯᠠᠬ᠍ᠳᠠᠬ᠍ᠰᠠᠨ ᠭᠡᠷᠡᠭ》 ᠎ᠤᠨ ᠵᠢᠯᠣᠭᠤᠳᠭᠤ ᠴᠢᠨᠠᠷᠲᠠᠶ ᠬᠡᠷᠡᠭ᠎ᠤᠨ ᠵᠢᠱ᠌ᠢᠶ᠎ᠡ᠎ᠶ᠋ᠢ ᠨᠡᠢᠲᠡᠯᠡᠭ᠌ᠰᠡᠨ᠎ᠤ ᠳᠠᠷᠠᠭ᠎ᠠ᠂ 2019 ᠣᠨ ᠪᠠ 2020 ᠣᠨ᠎ᠳᠤ ᠵᠦᠶ ᠶᠣᠰᠣᠨ᠎ᠤ ᠬᠠᠮᠠᠭᠠᠯᠠᠯᠲᠠ ᠬᠢᠭ᠌ᠰᠡᠨ 819 ᠬᠥᠮᠦᠨ᠎ᠢ ᠦᠯᠦ᠍ ᠪᠠᠷᠢᠪᠴᠢᠯᠠᠬ᠍ᠰᠠᠨ ᠪᠠ ᠦᠯᠦ᠍ ᠵᠠᠭᠠᠯᠳᠤᠬ᠍ᠰᠠᠡ᠎ᠨᠢ ᠡᠮᠤᠨ᠎ᠠ ᠬᠤᠶᠠᠷ ᠵᠢᠯ᠎ᠤᠨ 2.8 ᠲᠠᠬᠢᠨ ᠪᠤᠯᠤᠨ᠎ᠠ᠃ ᠳᠣᠲᠣᠭᠠᠳᠤ᠎ᠶ᠋ᠢ ᠬᠠᠮᠠᠭᠠᠯᠠᠬᠤ ᠶᠠᠮᠤᠨ ᠵᠡᠷᠭᠡ᠎ᠲᠠᠢ ᠵᠢᠯᠣᠭᠤᠳᠭᠤ ᠰᠠᠨᠠᠯ ᠨᠡᠢᠲᠡᠯᠡᠵᠤ᠂ 《ᠬᠤᠤᠷᠯᠠᠭ᠍ᠳᠠᠭ᠍ᠰᠠᠨ》 ᠨᠡᠷ᠎ᠡ᠎ᠪᠠᠷ ᠡᠳ᠋ ᠮᠥᠩᠭᠦ᠎ᠶ᠋ᠢ ᠠᠷᠭ᠎ᠠ ᠪᠠᠱᠢᠷ ᠭᠠᠷᠭᠠᠨ ᠬᠢᠬᠠᠨ ᠠᠪᠬᠤ᠎ᠶ᠋ᠢ ᠴᠢᠩᠭ᠎ᠠ ᠵᠠᠯᠬᠠᠭᠠᠨ ᠱᠢᠢᠳᠭᠡᠵᠤ᠂ ᠬᠦᠵᠢᠷᠯᠡᠭ᠌ᠰᠡᠳ᠎ᠲᠤ ᠴᠢᠩᠭ᠎ᠠ ᠴᠤᠬᠢᠯᠳᠠ ᠦᠭ᠌ᠪᠠ᠃ ᠰᠦᠯᠵᠢᠶᠠᠨ᠎ᠤ ᠠᠷᠪᠢᠨ ᠤᠯᠠᠨ ᠱᠢᠳᠤᠨ ᠪᠢᠱᠢᠷᠡᠭ᠌ᠴᠢ᠎ᠲᠠᠢ 《ᠯᠠ ᠪᠢ ᠱᠢᠶᠤᠤ ᠴᠢᠤ》 ᠭᠡᠳᠡᠭ ᠬᠦᠮᠤᠨ ᠤᠯᠤᠰ᠎ᠢᠶᠠᠨ ᠪᠠᠳᠤᠯᠠᠨ ᠬᠠᠮᠠᠭᠠᠯᠠᠵᠤ ᠬᠢᠯᠢ ᠬᠢᠵᠠᠭᠠᠷ᠎ᠢᠶᠠᠨ ᠰᠠᠬᠢᠵᠤ ᠪᠠᠢᠭ᠎ᠠ ᠪᠠᠭᠠᠲᠤᠷᠯᠢᠭ ᠳᠠᠷᠤᠭ᠎ᠠ ᠪᠠᠢᠯᠳᠤᠭ᠍ᠴᠢᠳ᠎ᠢ ᠮᠠᠭᠤ ᠰᠠᠨᠠᠭ᠎ᠠ᠎ᠲᠠᠢ᠎ᠪᠠᠷ ᠭᠤᠳᠤᠭᠠᠨ ᠲᠤᠷᠤᠮᠵᠢᠯᠠᠵᠤ ᠲᠤᠤᠷᠠᠱᠢᠶᠠᠨ ᠮᠠᠭᠤᠯᠠᠬ᠍ᠰᠠᠨ ᠭᠡᠷᠡᠭ᠎ᠲᠤ ᠵᠢᠶᠠᠩᠰᠦ᠎ᠶ᠋ᠢᠨ ᠪᠠᠢᠴᠠᠭᠠᠬᠤ ᠪᠠᠢᠭᠤᠯᠭ᠎ᠠ ᠦᠳᠲᠡᠷ ᠲᠦᠷᠭᠡᠨ ᠣᠷᠣᠯᠴᠠᠵᠤ᠂ ᠡᠨᠡ ᠵᠢᠯ᠎ᠤᠨ 3 ᠰᠠᠷ᠎ᠠ᠎ᠶ᠋ᠢᠨ 1 ᠎ᠤ ᠡᠳᠦᠷ᠎ᠠᠴᠠ ᠡᠬᠢᠯᠡᠨ ᠬᠡᠷᠡᠭ᠌ᠵᠢᠬᠦᠯᠦᠭ᠌ᠰᠡᠨ ᠡᠷᠡᠭᠦᠤ᠎ᠶ᠋ᠢᠨ ᠬᠠᠤᠯᠢ᠎ᠳᠤ ᠵᠠᠰᠠᠪᠤᠷᠢ ᠣᠷᠣᠭᠤᠯᠤᠭ᠍ᠰᠠᠨ ᠲᠥᠰᠦᠯ (ᠠᠷᠪᠠᠨ ᠨᠢᠭᠡ) ᠎ᠢ ᠬᠠᠤᠯᠢ ᠶᠣᠰᠣᠭᠠᠷ ᠲᠤᠬᠢᠷᠠᠭᠤᠯᠤᠨ ᠬᠡᠷᠡᠭ᠌ᠯᠡᠵᠦ᠍᠂ ᠦᠷᠡᠭ᠌ᠳᠡᠭ᠌ᠰᠡᠨ ᠪᠠᠭᠠᠲᠤᠷᠴᠤᠳ᠎ᠤᠨ ᠨᠡᠷ᠎ᠡ ᠲᠦᠷᠦ᠍᠂ ᠢᠷᠠᠭᠤ ᠠᠯᠳᠠᠷ᠎ᠢ ᠬᠤᠬᠢᠷᠠᠭᠤᠯᠤᠭ᠍ᠰᠠᠨ᠎ᠳᠤ ᠬᠤᠯᠪᠤᠬ᠍ᠳᠠᠬ᠍ᠰᠠᠨ ᠶᠠᠯ᠎ᠠ᠎ᠪᠠᠷ ᠠᠩᠬ᠎ᠠ ᠤᠳᠠᠭ᠎ᠠ ᠪᠠᠷᠢᠪᠴᠢᠯᠠᠬᠤ᠎ᠶ᠋ᠢ ᠵᠦᠪᠱᠢᠶᠡᠷᠡᠭ᠌ᠰᠡᠨ ᠪᠦᠭᠡᠳ ᠴᠡᠷᠢᠭ᠎ᠤᠨ ᠶᠠᠪᠤᠳᠠᠯ᠎ᠤᠨ ᠪᠠᠢᠴᠠᠭᠠᠬᠤ ᠪᠠᠢᠭᠤᠯᠭ᠎ᠠ᠎ᠶ᠋ᠢᠨ ᠲᠡᠮᠵᠢᠯᠭᠡ ᠬᠠᠮᠵᠢᠯᠴᠠᠭ᠎ᠠ᠎ᠶ᠋ᠢᠨ ᠲᠤᠤᠷ᠎ᠠ᠂ ᠨᠡᠢᠳᠠ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢᠨ ᠪᠠᠢᠴᠠᠭᠠᠯᠳᠠ᠎ᠶ᠋ᠢ ᠦᠷᠨᠢᠬᠦᠯᠪᠠ᠃ ᠦᠷᠡᠭ᠌ᠳᠡᠭ᠌ᠰᠡᠨ ᠪᠠᠭᠠᠳᠤᠷᠴᠤᠳ᠎ᠤᠨ ᠨᠡᠷ᠎ᠠ ᠲᠦᠷᠦ᠎ᠶ᠋ᠢ ᠭᠤᠳᠤᠭᠠᠬᠤ᠎ᠶ᠋ᠢ ᠵᠦᠪᠱᠢᠶᠡᠷᠡᠬᠦ᠌ ᠦᠭᠡᠢ᠂ ᠬᠠᠤᠯᠢ ᠴᠠᠭᠠᠵᠠ᠎ᠳᠤ ᠬᠠᠯᠳᠠᠵᠤ ᠪᠤᠯᠬᠤ ᠦᠭᠡᠢ᠃

ᠬᠤᠶᠠᠷ᠂ ᠬᠥᠭ᠌ᠵᠢᠯᠲᠡ᠎ᠶ᠋ᠢᠨ ᠶᠡᠭᠡ ᠲᠠᠯ᠎ᠠ᠎ᠲᠠᠢ ᠨᠢᠬ᠍ᠲᠠ ᠤᠶᠠᠯᠳᠤᠭᠤᠯᠤᠨ᠂ ᠪᠠᠢᠴᠠᠭᠠᠬᠤ ᠠᠵᠢᠯ᠎ᠤᠨ ᠦᠢᠯᠡᠴᠢᠯᠡᠭᠡ᠎ᠪᠠᠷ ᠪᠦᠬᠦ᠌ ᠲᠠᠯ᠎ᠠ᠎ᠪᠠᠷ ᠴᠢᠨᠡᠭᠡᠯᠢᠭ᠌ᠵᠢᠬᠦ᠌᠎ᠳᠤ ᠬᠦᠴᠦᠨ ᠨᠡᠮᠡᠷᠢᠯᠡᠪᠡ

ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠳᠦᠭᠡᠬᠦ᠌ ᠱᠢᠢᠳᠪᠦᠷᠢᠲᠦ ᠢᠯᠠᠯᠲᠠ᠎ᠶ᠋ᠢ ᠤᠯᠬᠤ᠎ᠲᠠᠢ ᠨᠢᠭ᠍ᠲᠠ ᠤᠶᠠᠯᠳᠤᠭᠤᠯᠤᠨ᠂ ᠭᠤᠷᠪᠠᠨ ᠶᠡᠭᠡ ᠪᠡᠷᠭᠡ ᠰᠡᠳᠤᠪ᠎ᠢ ᠱᠢᠢᠳᠪᠤᠷᠢᠯᠡᠬᠦ᠌ ᠳᠠᠢᠨ᠎ᠢ ᠰᠠᠢᠲᠤᠷ ᠬᠢᠵᠦ᠍ ᠢᠯᠠᠯᠲᠠ ᠣᠯᠬᠤ᠎ᠳᠤ ᠠᠩᠬᠠᠷᠤᠯ᠎ᠢᠶᠠᠨ ᠲᠥᠪᠯᠡᠷᠡᠭᠦᠯᠤᠨ᠂ ᠲᠤᠱᠢᠶᠠᠯ ᠬᠠᠷᠢᠭᠤᠴᠠᠯᠭ᠎ᠠ᠎ᠪᠠᠨ ᠰᠠᠢᠳᠤᠷ ᠭᠦᠢᠴᠡᠳᠭᠡᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠶᠡᠭᠡ ᠲᠠᠯ᠎ᠠ᠎ᠳᠤ ᠦᠢᠯᠡᠴᠢᠯᠡᠬᠦ᠌ ᠳᠤᠮᠳᠠ ᠤᠬᠠᠮᠰᠠᠷ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠴᠢᠷᠮᠠᠢᠯᠭ᠎ᠠ ᠭᠠᠷᠭᠠᠪᠠ᠃

ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠬᠦ᠌ ᠱᠢᠢᠳᠪᠤᠷᠢᠯᠡᠭ᠌ᠴᠢ ᠲᠠᠢᠨ᠎ᠳᠤ ᠪᠠᠢᠴᠠᠭᠠᠬᠤ ᠬᠦᠴᠦᠨ᠎ᠢᠶᠠᠨ ᠨᠡᠮᠡᠷᠢᠯᠡᠪᠠ᠃ ᠤᠯᠤᠰ᠎ᠤᠨ ᠬᠠᠤᠯᠢ ᠪᠠᠷᠢᠯᠳᠠ᠎ᠶ᠋ᠢᠨ ᠠᠪᠤᠷᠠᠨ ᠲᠤᠰᠠᠯᠠᠬᠤ ᠳᠦᠷᠢᠮ᠎ᠢ ᠰᠠᠢᠲᠤᠷ ᠬᠡᠷᠡᠭ᠌ᠯᠡᠵᠦ᠍᠂ ᠶᠠᠯᠠᠳᠤ ᠠᠵᠢᠯᠯᠠᠭ᠎ᠠ᠎ᠳᠤ ᠬᠤᠤᠷ ᠠᠮᠰᠠᠬ᠍ᠰᠠᠨ ᠵᠡᠷᠭᠡ᠎ᠠᠴᠠ ᠪᠣᠯᠵᠤ ᠠᠮᠢᠳᠤᠷᠠᠯ᠎ᠨᠢ ᠬᠦᠴᠢᠷᠳᠡᠯ᠎ᠳᠤ ᠲᠤᠯᠭᠠᠷᠠᠭ᠍ᠰᠠᠨ ᠬᠤᠤᠷᠯᠠᠬ᠍ᠳᠠᠬ᠍ᠴᠢ ᠵᠢᠴᠢ ᠲᠡᠳᠡᠨ᠎ᠤ ᠦᠢᠷ᠎ᠡ ᠲᠥᠷᠥᠯ ᠰᠠᠳᠤᠨ᠎ᠤ 《ᠠᠪᠤᠷᠠᠬᠤ ᠶᠣᠰᠣᠲᠠᠶ᠎ᠶ᠋ᠢ᠎ᠨᠢ ᠪᠦᠬᠦᠨ᠎ᠢ ᠠᠪᠤᠷᠠᠵᠤ》᠂ ᠵᠠᠷᠭᠤ ᠬᠢᠭ᠌ᠰᠡᠨ᠎ᠠᠴᠠ ᠪᠤᠯᠤᠭᠠᠳ ᠶᠠᠳᠠᠭᠤᠷᠠᠬᠤ ᠪᠠ ᠲᠠᠬᠢᠭᠠᠳ ᠶᠠᠳᠠᠭᠤᠷᠠᠬᠤ᠎ᠶ᠋ᠢ ᠰᠡᠷᠭᠡᠢᠯᠡᠪᠠ᠃ 3.2 ᠲᠦᠮᠡᠨ ᠬᠦᠮᠤᠨ᠎ᠳᠤ 4.2 ᠳ᠋ᠦᠩᠱᠢᠭᠤᠷ ᠲᠥᠭᠦᠷᠢᠭ᠎ᠤᠨ ᠠᠪᠤᠷᠠᠨ ᠲᠤᠰᠠᠯᠠᠬᠤ ᠮᠦᠡᠭ᠌ᠬᠦ ᠦᠭ᠌ᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠠᠴᠠ ᠲᠤᠰ ᠲᠤᠰ 55.2% ᠪᠠ 61.3% ᠎ᠪᠠᠷ ᠨᠡᠮᠡᠭ᠌ᠳᠡᠪᠡ᠃ ᠬᠤᠨᠠᠨ᠎ᠤ ᠪᠠᠢᠴᠠᠭᠠᠬᠤ ᠪᠠᠢᠭᠤᠯᠭ᠎ᠠ ᠬᠠᠷ᠎ᠠ ᠪᠦᠯᠦᠭ᠌ᠲᠡᠨ᠎ᠳᠤ ᠬᠤᠯᠪᠣᠭ᠍ᠳᠠᠭ᠍ᠰᠠᠨ ᠨᠢᠭᠡᠨ ᠬᠡᠷᠡᠭ᠎ᠢ ᠱᠢᠢᠳᠪᠦᠷᠢᠯᠡᠬᠦ᠌ ᠦᠶ᠎ᠠ᠎ᠳᠡᠭᠡᠨ᠂ ᠬᠤᠤᠷᠯᠠᠭ᠍ᠳᠠᠭ᠍ᠴᠢ᠎ᠶ᠋ᠢᠨ ᠥᠨᠥᠴᠢᠨ ᠬᠡᠤᠬᠡᠳ᠎ᠢ᠎ᠨᠢ ᠬᠠᠷᠠᠵᠤ ᠬᠠᠮᠢᠶᠡᠷᠬᠤ ᠬᠥᠮᠦᠨ ᠦᠭᠡᠢ ᠪᠠᠢᠬᠤ᠎ᠶ᠋ᠢ ᠤᠯᠵᠤ ᠮᠡᠳᠡᠭᠡᠳ᠂ ᠲᠠᠷᠤᠢ᠎ᠳᠤᠨᠢ ᠲᠥᠪᠬᠢᠨᠡᠭᠦᠯᠵᠤ᠂ ᠠᠪᠤᠷᠠᠨ ᠲᠤᠰᠠᠯᠠᠬ᠍ᠰᠠᠨ᠎ᠤ ᠬᠠᠮᠲᠤ ᠠᠷᠠᠳ᠎ᠤᠨ ᠶᠠᠪᠤᠳᠠᠯ᠂ ᠰᠤᠷᠭᠠᠨ ᠬᠥᠮᠦᠵᠢᠯ᠎ᠤᠨ ᠰᠠᠯᠠᠭ᠎ᠠ ᠮᠥᠴᠢᠷ᠎ᠲᠠᠢ ᠬᠠᠮᠵᠢᠯᠴᠠᠨ᠂ ᠦᠨᠦᠴᠢᠨ ᠭᠡᠤᠭᠡᠳ᠎ᠢ ᠬᠢᠨᠠᠨ ᠬᠠᠮᠠᠭᠠᠯᠠᠬᠤ ᠪᠠ ᠰᠤᠷᠭᠠᠭᠤᠯᠢ᠎ᠳᠤ ᠣᠷᠣᠬᠤ ᠠᠰᠠᠭᠤᠳᠠᠯ᠎ᠢ᠎ᠨᠢ ᠱᠢᠢᠳᠪᠦᠷᠢᠯᠡᠵᠤ ᠦᠭ᠌ᠪᠠ᠃ ᠡᠵᠡᠯᠡᠨ ᠭᠡᠷᠡᠭ᠌ᠯᠡᠭ᠌ᠳᠡᠭ᠌ᠰᠡᠨ᠂ ᠨᠡᠭᠦᠯᠭᠡᠨ ᠬᠡᠷᠡᠭ᠌ᠯᠡᠭ᠌ᠳᠡᠭ᠌ᠰᠡᠨ ᠶᠠᠳᠠᠭᠤ᠎ᠶ᠋ᠢ ᠲᠡᠳᠬᠦᠬᠦ᠌ ᠪᠡᠯᠡ ᠮᠥᠩᠭᠦ᠎ᠶ᠋ᠢᠨ ᠤᠢ᠍ᠢᠯᠡᠳᠤᠯ᠎ᠢ ᠡᠷᠲᠡᠬᠡᠨ ᠪᠠᠳᠠᠷᠠᠭᠤᠯᠬᠤ᠎ᠶ᠋ᠢᠨ ᠲᠥᠯᠥᠭᠡ᠂ ᠶᠦᠨᠨᠠᠨ᠎ᠤ ᠲᠤᠷᠱᠢᠯᠭ᠎ᠠ᠎ᠶ᠋ᠢ ᠳᠡᠯᠭᠡᠷᠡᠭᠦᠯᠵᠦ᠍᠂ ᠶᠠᠳᠠᠭᠤ᠎ᠶ᠋ᠢ ᠲᠡᠳᠬᠦᠬᠦ᠌ ᠬᠦᠷᠢᠶᠠᠨ᠎ᠤ ᠬᠡᠷᠡᠭ᠎ᠲᠤ ᠬᠤᠯᠪᠣᠭ᠍ᠳᠠᠬᠤ ᠵᠤᠭᠤᠰ ᠮᠦᠡᠭ᠌ᠬᠦ ᠡᠳ᠋ ᠪᠣᠳᠠᠰ᠎ᠢ ᠬᠠᠤᠯᠢ ᠶᠣᠰᠣᠭᠠᠷ ᠲᠦᠷᠭᠡᠨ ᠪᠤᠴᠠᠭᠠᠬᠤ ᠲᠣᠭ᠍ᠲᠠᠴᠠ᠎ᠶ᠋ᠢ ᠪᠠᠢᠭᠤᠯᠵᠤ᠂ ᠬᠡᠷᠡᠭ᠎ᠢ ᠳᠠᠭᠤᠰᠭᠠᠬᠤ ᠦᠭᠡᠢ ᠪᠣᠯ ᠦᠯᠦ᠍ ᠪᠤᠴᠠᠭᠠᠬᠤ ᠵᠠᠩᠱᠢᠬ᠍ᠰᠠᠨ ᠠᠷᠭ᠎ᠠ ᠬᠢᠳᠡᠯ᠎ᠢ ᠬᠤᠪᠢᠷᠠᠭᠤᠯᠵᠤ᠂ ᠬᠤᠯᠪᠣᠭ᠍ᠳᠠᠯ ᠪᠦᠬᠦᠢ ᠪᠠᠢᠭᠤᠯᠭ᠎ᠠ᠎ᠲᠠᠢ ᠬᠠᠮᠲᠤᠷᠠᠨ ᠬᠡᠷᠡᠭ᠌ᠵᠢᠭᠦᠯᠪᠡ᠃ ᠨᠢᠳᠤᠨᠤᠨ ᠪᠠᠢᠴᠠᠭᠠᠬᠤ ᠠᠵᠢᠯ᠎ᠤᠨ ᠬᠡᠷᠡᠭ ᠱᠢᠢᠳᠪᠦᠷᠢᠯᠡᠬᠦ᠌ ᠶᠠᠪᠤᠴᠠ᠎ᠳᠤ 1.2 ᠳ᠋ᠦᠩᠱᠢᠭᠤᠷ ᠲᠥᠭᠦᠷᠢᠭ᠎ᠢ ᠲᠦᠷᠭᠡᠨ ᠪᠤᠴᠠᠭᠠᠵᠤ᠂ 3.2 ᠲᠦᠮᠡᠨ ᠬᠥᠮᠦᠨ᠎ᠳᠤ ᠠᠱᠢᠭ ᠬᠦᠷᠲᠡᠭᠡᠪᠡ᠃

ᠴᠡᠯᠮᠡᠭ ᠣᠭ᠍ᠲᠠᠷᠭᠤᠶ ᠲᠤᠩᠭᠠᠯᠠᠭ ᠤᠰᠤ ᠴᠡᠪᠡᠷ ᠬᠥᠷᠥᠰᠥ᠎ᠶ᠋ᠢ ᠬᠠᠮᠠᠭᠠᠯᠠᠪᠠ᠃ ᠪᠣᠬᠢᠷᠲᠤᠯ᠎ᠢ ᠰᠡᠷᠭᠡᠢᠯᠡᠨ ᠵᠠᠰᠠᠬᠤ ᠪᠡᠷᠭᠡ ᠰᠡᠳᠤᠪ᠎ᠢ ᠱᠢᠢᠳᠪᠤᠷᠢᠯᠡᠬᠦ᠌ ᠠᠵᠢᠯ᠎ᠳᠤ ᠬᠦᠴᠦᠨ ᠨᠡᠮᠡᠷᠢᠯᠡᠵᠦ᠍᠂ ᠠᠮᠢ ᠠᠬᠤᠶ᠎ᠶ᠋ᠢᠨ ᠤᠷᠴᠢᠨ ᠨᠦᠬᠦᠴᠡᠯ᠎ᠤᠨ ᠡᠬᠢ ᠪᠠᠶᠠᠯᠢᠭ᠎ᠢ ᠡᠪᠳᠡᠭ᠌ᠰᠡᠨ ᠶᠠᠯ᠎ᠠ ᠬᠢᠭ᠌ᠰᠡᠨ 5.1 ᠲᠦᠮᠡᠨ ᠬᠥᠮᠦᠨ᠎ᠢ ᠵᠠᠭᠠᠯᠳᠤᠵᠤ᠂ ᠬᠠᠮᠢᠶ᠎ᠠ ᠪᠦᠬᠦᠢ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢᠨ 8.4 ᠲᠦᠮᠡᠨ ᠬᠡᠷᠡᠭ᠎ᠢ ᠱᠢᠢᠳᠪᠦᠷᠢᠯᠡᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠠᠴᠠ ᠲᠤᠰ ᠲᠤᠰ 0.9% ᠪᠠ 21% ᠎ᠪᠠᠷ ᠨᠡᠮᠡᠭ᠌ᠳᠡᠪᠠ᠃ ᠬᠦᠢᠵᠸᠤ ᠭᠤᠸᠠᠩᠰᠢ ᠶᠦᠨᠨᠠᠨ ᠭᠤᠷᠪᠠᠨ ᠮᠤᠵᠢ᠎ᠶ᠋ᠢᠨ ᠠᠭᠤᠯᠵᠠᠷ᠎ᠲᠤ ᠪᠠᠢᠷᠢᠯᠠᠵᠤ ᠪᠠᠢᠭ᠎ᠠ ᠸᠠᠨᠹᠧᠩ ᠨᠠᠭᠤᠷ᠎ᠲᠤ ᠲᠡᠵᠢᠭᠡᠨ ᠦᠷᠡᠵᠢᠭᠦᠯᠬᠦ᠌ ᠤᠢ᠍ᠢᠯᠡᠰ᠎ᠢ ᠡᠮᠬᠢ ᠵᠢᠷᠤᠮ ᠦᠭᠡᠢ ᠡᠵᠡᠩᠨᠡᠵᠤ ᠤᠰᠤᠨ᠎ᠤ ᠴᠢᠨᠠᠷ᠎ᠢ ᠮᠠᠭᠤᠳᠠᠭᠤᠯᠤᠭ᠍ᠰᠠᠨ᠎ᠠᠴᠠ ᠪᠣᠯᠵᠣ 2016 ᠤᠨ᠂ 2017 ᠤᠨ᠎ᠳᠤ ᠵᠠᠯᠭᠠᠭ᠎ᠠ᠎ᠪᠠᠷ ᠬᠤᠶᠠᠷ ᠤᠳᠠᠭ᠎ᠠ ᠲᠥᠪ᠎ᠤᠨ ᠣᠷᠴᠢᠨ ᠠᠬᠤᠶ᠎ᠶ᠋ᠢᠨ ᠬᠠᠮᠠᠭᠠᠯᠠᠯᠲᠠ᠎ᠶ᠋ᠢᠨ ᠱᠢᠪᠠᠳᠠᠨ ᠪᠠᠢᠴᠠᠭᠠᠯᠲᠠ᠎ᠳᠤ ᠨᠡᠷ᠎ᠡ᠎ᠪᠠᠨ ᠲᠤᠷᠠᠳᠤᠭᠤᠯᠪᠠ᠃ ᠵᠠᠰᠠᠨ ᠰᠡᠷᠭᠡᠢᠯᠡᠬᠦ᠌ ᠠᠵᠢᠯ᠎ᠨᠢ ᠠᠳᠠᠯᠢ ᠪᠤᠰᠤ ᠮᠤᠵᠢ᠎ᠳᠤ ᠬᠠᠷᠢᠶᠠᠯᠠᠬ᠍ᠳᠠᠵᠤ᠂ ᠦᠷ᠎ᠠ ᠪᠦᠳᠤᠮᠵᠢ᠎ᠨᠢ ᠰᠠᠨᠠᠭᠠᠨ᠎ᠳᠤ ᠬᠦᠷᠬᠦ᠌ ᠦᠭᠡᠢ ᠪᠠᠢᠪᠠ᠃ ᠠᠷᠠᠳ᠎ᠤᠨ ᠳᠡᠭᠡᠲᠦ ᠪᠠᠢᠴᠠᠭᠠᠬᠤ ᠬᠤᠷᠢᠶ᠎ᠠ ᠱᠢᠭᠤᠳ ᠬᠡᠷᠡᠭ ᠪᠣᠯᠭᠠᠨ ᠳᠠᠩᠰᠠᠯᠠᠵᠤ᠂ ᠭᠤᠷᠪᠠᠨ ᠭᠠᠵᠠᠷ᠎ᠤᠨ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ ᠬᠦᠴᠦᠲᠡᠶ ᠳᠡᠮᠵᠢᠯᠭᠡ ᠦᠵᠡᠭᠦᠯᠵᠦ᠍᠂ ᠬᠠᠮᠵᠢᠯᠴᠠᠨ ᠵᠠᠰᠠᠵᠤ᠂ ᠬᠤᠯᠪᠣᠭᠠᠯᠠᠨ ᠰᠡᠷᠭᠡᠢᠯᠡᠨ ᠬᠢᠵᠠᠭᠠᠷᠯᠠᠬ᠍ᠰᠠᠨ᠎ᠢᠶᠠᠷ ᠸᠠᠨᠹᠧᠩ ᠨᠠᠭᠤᠷ ᠲᠤᠩᠭᠠᠯᠠᠭ᠍ᠰᠢᠨ ᠰᠡᠷᠬᠦᠪᠠ᠃ ᠠᠮᠢ ᠠᠬᠤᠶ᠎ᠶ᠋ᠢᠨ ᠣᠷᠴᠢᠨ ᠨᠥᠬᠦᠴᠡᠯ᠎ᠤᠨ ᠶᠠᠮᠤᠨ ᠵᠡᠷᠭᠡ᠎ᠲᠠᠢ ᠬᠠᠮᠳᠤ᠎ᠪᠠᠷ ᠠᠶᠤᠯᠳᠠᠢ ᠬᠠᠶᠠᠭ᠍ᠳᠠᠮᠠᠯ ᠪᠣᠳᠠᠰ᠎ᠢ ᠬᠠᠤᠯᠢ᠎ᠠᠴᠠ ᠵᠥᠷᠢᠴᠡᠨ ᠤᠷᠴᠢᠨ ᠨᠦᠬᠦᠴᠡᠯ᠎ᠳᠤ ᠭᠠᠳᠠᠬ᠍ᠰᠢᠯᠠᠭᠤᠯᠤᠬ᠍ᠰᠠᠨ ᠶᠠᠯᠠᠲᠤ ᠠᠵᠢᠯᠯᠠᠭ᠎ᠠ᠎ᠳᠤ ᠲᠤᠰᠭᠠᠶ ᠴᠣᠬᠢᠯᠲᠠ ᠥᠭ᠌ᠬᠦ ᠠᠵᠢᠯ᠎ᠢ ᠥᠷᠨᠢᠭᠦᠯᠪᠡ᠃ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠲᠠᠢ ᠬᠠᠮᠲᠤᠷᠠᠨ ᠲᠤᠷᠱᠢᠯᠲᠠ ᠥᠷᠨᠢᠭᠦᠯᠵᠦ᠍᠂ ᠭᠠᠵᠠᠷ ᠱᠢᠷᠤᠢ᠎ᠶ᠋ᠢᠨ ᠬᠠᠤᠯᠢ ᠭᠡᠷᠡᠭ᠌ᠵᠢᠬᠦᠯᠦᠯᠳᠠ᠎ᠶ᠋ᠢᠨ ᠬᠦᠷᠢᠶᠡᠨ᠎ᠳᠠᠬᠢ ᠬᠠᠮᠵᠢᠯᠴᠠᠭ᠎ᠠ᠎ᠶ᠋ᠢ ᠴᠢᠩᠭᠠᠳᠭᠠᠨ᠂ ᠲᠠᠷᠢᠶᠠᠨ ᠭᠠᠵᠠᠷ᠎ᠢ ᠬᠠᠮᠠᠭᠠᠯᠠᠬᠤ ᠬᠠᠮᠤᠭ᠎ᠤᠨ ᠴᠢᠩᠭ᠎ᠠ ᠲᠦᠷᠢᠮ᠎ᠢ ᠨᠠᠢᠳᠠᠪᠤᠷᠢᠵᠢᠭᠤᠯᠪᠠ᠃ ᠪᠠᠢᠴᠠᠭᠠᠬᠤ ᠲᠦᠷᠦ᠎ᠶ᠋ᠢᠨ ᠪᠤᠳᠤᠯᠭ᠎ᠠ ᠭᠠᠷᠭᠠᠵᠤ᠂ ᠬᠥᠬᠡᠮᠦᠷᠡᠨ᠎ᠳᠤ ᠵᠢᠭᠠᠰᠤ ᠠᠩᠨᠠᠬᠤ᠎ᠶ᠋ᠢ ᠠᠷᠪᠠᠨ ᠵᠢᠯ ᠴᠠᠭᠠᠵᠠᠯᠠᠬᠤ ᠠᠵᠢᠯ᠎ᠳᠤ ᠤᠢ᠍ᠢᠯᠠᠴᠢᠯᠠᠨ ᠪᠠᠳᠤᠯᠠᠵᠤ᠂ ᠡᠷᠡᠬᠦᠦ᠎ᠶ᠋ᠢᠨ᠂ ᠵᠠᠰᠠᠭ ᠵᠠᠬᠢᠷᠭᠠᠨ᠎ᠤ᠂ ᠠᠵᠤ ᠠᠬᠤᠢ᠎ᠶ᠋ᠢᠨ ᠠᠷᠭ᠎ᠠ ᠪᠠᠷᠢᠯ᠎ᠢ ᠶᠡᠷᠤᠩᠭᠡᠢᠯᠠᠨ ᠬᠡᠷᠡᠭ᠌ᠯᠡᠵᠦ᠍᠂ ᠬᠠᠤᠯᠢ ᠪᠤᠰᠤ᠎ᠪᠠᠷ ᠠᠩᠨᠠᠨ ᠱᠦᠬᠦᠬᠦ᠌᠎ᠶ᠋ᠢ ᠵᠠᠯᠬᠠᠭᠠᠨ ᠱᠢᠢᠳᠭᠡᠬᠦ᠌᠎ᠶ᠋ᠢ ᠠᠬᠢᠭᠤᠯᠪᠠ᠃

ᠮᠥᠩᠭᠦᠨ ᠭᠦᠢᠯᠭᠡᠭᠡᠨ᠎ᠤ ᠠᠮᠤᠷ ᠲᠦᠪᠱᠢᠨ᠎ᠢ ᠬᠠᠮᠠᠭᠠᠯᠠᠪᠠ᠃ ᠮᠥᠩᠭᠦᠨ ᠭᠦᠢᠯᠭᠡᠭᠡᠨ᠎ᠤ ᠮᠡᠬᠡᠯᠡᠯ ᠬᠢᠭ᠌ᠰᠡᠨ᠂ ᠮᠥᠩᠭᠦᠨ ᠭᠦᠢᠯᠭᠡᠭᠡᠨ᠎ᠤ ᠬᠠᠮᠢᠶᠠᠷᠤᠯᠲᠠ᠎ᠶ᠋ᠢᠨ ᠡᠮᠬᠢ ᠵᠢᠷᠤᠮ᠎ᠢ ᠡᠪᠳᠡᠭ᠌ᠰᠡᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠨᠡᠬᠡᠮᠵᠢᠯᠡᠨ ᠵᠠᠭᠠᠯᠳᠤᠵᠤ᠂ 4.1 ᠲᠦᠮᠡᠨ ᠬᠥᠮᠦᠨ᠎ᠢ ᠵᠠᠭᠠᠯᠳᠤᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠠᠴᠠ 3.2% ᠎ᠢᠶᠠᠷ ᠨᠡᠮᠡᠭ᠌ᠳᠡᠪᠠ᠃ ᠳᠣᠲᠣᠭᠠᠳᠤ᠎ᠶ᠋ᠢ ᠬᠠᠮᠠᠭᠠᠯᠠᠬᠤ ᠶᠠᠮᠤᠨ᠎ᠲᠠᠢ ᠬᠠᠮᠲᠤᠷᠠᠨ 36 ᠬᠦᠨᠳᠤ ᠶᠡᠭᠡ ᠬᠡᠷᠡᠭ᠎ᠢ ᠫᠠᠢᠰᠠ ᠡᠯᠭᠦᠨ ᠱᠢᠪᠠᠳᠠᠨ ᠱᠢᠢᠳᠪᠦᠷᠢᠯᠡᠭᠦᠯᠪᠡ; ᠥᠨᠡᠳᠥ ᠲᠡᠮᠳᠡᠭ᠌ᠲᠤ᠎ᠶ᠋ᠢ ᠬᠢᠨᠠᠨ ᠬᠠᠮᠢᠶᠠᠷᠬᠤ ᠵᠥᠪᠯᠡᠯ᠎ᠲᠠᠢ ᠬᠠᠮᠲᠤᠷᠠᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠨᠡᠢᠲᠡᠯᠡᠵᠦ᠍᠂ ᠡᠳ᠋᠎ᠤᠨ ᠶᠠᠪᠤᠳᠠᠯ᠎ᠤᠨ ᠲᠠᠩᠰᠠ᠎ᠶ᠋ᠢ ᠬᠠᠭᠤᠷᠮᠠᠬ᠍ᠯᠠᠨ ᠤᠢ᠍ᠢᠯᠡᠳᠦᠭ᠌ᠰᠡᠨ᠂ ᠵᠠᠬ᠎ᠠ ᠳᠡᠯᠭᠡᠭᠦᠷ᠎ᠢ ᠵᠠᠬᠢᠷᠤᠨ ᠡᠵᠡᠮᠳᠡᠭ᠌ᠰᠡᠨ᠂ ᠳᠤᠳᠤᠭᠠᠳᠤ᠎ᠶ᠋ᠢᠨ ᠮᠡᠳᠡᠭᠡ ᠵᠠᠩᠬᠢ᠎ᠶ᠋ᠢ ᠠᠱᠢᠬ᠍ᠯᠠᠨ ᠠᠷᠠᠯᠵᠢᠶᠠᠯᠠᠬ᠍ᠰᠨᠨ ᠶᠠᠯᠠᠳᠤ ᠠᠵᠢᠯᠯᠠᠭ᠎ᠠ᠎ᠶ᠋ᠢ ᠴᠢᠩᠭ᠎ᠠ ᠵᠠᠯᠬᠠᠭᠠᠨ ᠱᠢᠢᠳᠭᠡᠵᠤ᠂ ᠪᠠᠯᠠ ᠣᠷᠣᠭᠤᠯᠤᠭ᠍ᠴᠢ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠪᠠ᠃ ᠮᠥᠩᠭᠦᠨ ᠭᠦᠢᠯᠭᠡᠭᠡᠨ᠎ᠤ ᠪᠠᠢᠴᠠᠭᠠᠬᠤ ᠠᠵᠢᠯ᠎ᠤᠨ ᠸᠢᠴᠠᠲ ᠬᠢᠴᠢᠶᠡᠯ᠎ᠤᠨ ᠲᠠᠩᠬᠢᠮ᠎ᠢ ᠨᠡᠭᠡᠭᠡᠵᠦ᠍᠂ ᠬᠡᠷᠡᠭ᠎ᠢᠶᠠᠷ ᠬᠠᠤᠯᠢ᠎ᠶ᠋ᠢ ᠲᠠᠢᠯᠪᠤᠷᠢᠯᠠᠵᠤ᠂ ᠤᠶᠤᠨᠴᠢ ᠪᠡᠯᠡ ᠣᠷᠣᠭᠤᠯᠤᠯᠲᠠ᠎ᠶ᠋ᠢ ᠬᠥᠲᠥᠯᠥᠨ ᠵᠢᠯᠣᠭᠤᠳᠪᠠ᠃ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠳᠤᠷᠠᠨ᠂ ᠵᠢᠯᠣᠭᠤᠳᠭᠤ ᠰᠠᠨᠠᠯ ᠲᠣᠭ᠍ᠲᠠᠭᠠᠵᠤ᠂ ᠵᠤᠭᠤᠰ ᠤᠬᠢᠶᠠᠬ᠍ᠰᠠᠨ ᠦᠢᠯᠡ ᠠᠵᠢᠯᠯᠠᠭ᠎ᠠ᠎ᠶ᠋ᠢ ᠴᠢᠩᠭ᠎ᠠ ᠵᠠᠯᠬᠠᠭᠠᠨ ᠱᠢᠢᠳᠭᠡᠪᠠ᠃ ᠵᠣᠭᠤᠰ ᠤᠬᠢᠶᠠᠭ᠍ᠰᠠᠨ ᠶᠠᠯ᠎ᠠ ᠬᠢᠭ᠌ᠰᠡᠨ ᠨᠠᠢᠳᠠ 707 ᠬᠦᠮᠤᠨ᠎ᠢ ᠵᠠᠭᠠᠯᠳᠤᠪᠠ᠂ ᠡᠨᠡ᠎ᠨᠢ 2019 ᠣᠨ᠎ᠤ 4.7 ᠳᠠᠬᠢᠨ ᠪᠣᠯᠪᠠ᠃

ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠳᠤ ᠮᠦᠷᠳᠡᠨ ᠤᠢ᠍ᠢᠯᠡᠴᠢᠯᠡᠪᠠ᠃ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠪᠠᠢᠴᠠᠭᠠᠬᠤ ᠠᠯᠪᠠᠨ ᠭᠡᠷ᠎ᠢ ᠵᠣᠬᠢᠶᠠᠨ ᠪᠠᠢᠭᠤᠯᠵᠤ᠂ ᠡᠷᠡᠭᠦᠦ᠎ᠶ᠋ᠢᠨ᠂ ᠢᠷᠭᠡᠨ᠎ᠤ ᠪᠠ ᠵᠠᠰᠠᠭ ᠵᠠᠬᠢᠷᠭᠠᠨ᠎ᠤ ᠪᠠᠢᠴᠠᠭᠠᠬᠤ ᠡᠭᠦᠷᠭᠡ ᠴᠢᠳᠠᠪᠤᠷᠢ᠎ᠶ᠋ᠢ ᠡᠮᠬᠢᠯᠡᠨ ᠨᠡᠢᠯᠡᠭᠦᠯᠵᠦ᠍᠂ ᠬᠡᠷᠡᠭ ᠱᠢᠢᠳᠪᠦᠷᠢᠯᠡᠬᠦ᠌ ᠲᠤᠰᠭᠠᠶ ᠪᠦᠯᠬᠦᠮ᠎ᠢᠶᠠᠷ ᠬᠠᠤᠯᠢ ᠪᠠᠷᠢᠯᠳᠠ᠎ᠶ᠋ᠢᠨ ᠶᠡᠷᠦᠩᠬᠡᠢᠯᠡᠭ᠌ᠰᠡᠨ ᠬᠠᠮᠠᠭᠠᠯᠠᠯᠲᠠ᠎ᠶ᠋ᠢ ᠴᠢᠩᠭᠠᠳᠭᠠᠬᠤ᠎ᠶ᠋ᠢᠨ ᠬᠠᠮᠲᠤ᠌᠂ ᠲᠢᠶᠠᠨᠵᠢᠨ᠂ ᠬᠠᠢᠨᠠᠨ᠂ ᠴᠦᠩᠴᠢᠩ ᠵᠡᠷᠭᠡ 9 ᠮᠤᠵᠢ (ᠬᠤᠳᠠ) ᠎ᠳᠤ ᠲᠤᠷᠱᠢᠯᠲᠠ ᠬᠢᠪᠡ᠃ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠡᠷᠡᠭᠦᠤ᠎ᠶ᠋ᠢᠨ ᠬᠡᠷᠡᠭ᠎ᠤᠨ ᠲᠤᠮᠳᠠ᠂ ᠡᠷᠬᠡᠲᠦ ᠬᠥᠮᠦᠨ ᠬᠠᠤᠯᠢ ᠶᠤᠰᠤᠭᠠᠷ ᠴᠠᠭ ᠲᠤᠬᠠᠢ᠎ᠳᠤᠨᠢ ᠡᠷᠭᠡ᠎ᠪᠠᠨ ᠬᠠᠮᠠᠭᠠᠯᠠᠬᠤ᠎ᠳᠤ ᠪᠡᠷᠭᠡ ᠪᠠᠢᠬᠤ ᠪᠠᠢᠳᠠᠯ᠎ᠳᠤ ᠴᠢᠭ᠌ᠯᠡᠬᠦᠯᠤᠨ᠂ ᠵᠠᠷᠭᠤ᠎ᠶ᠋ᠢᠨ ᠡᠷᠬᠡ ᠡᠭᠦᠷᠭᠡ᠎ᠶ᠋ᠢ ᠮᠡᠳᠡᠭ᠌ᠳᠡᠬᠦ᠌ ᠲᠦᠷᠢᠮ᠎ᠢ ᠪᠥᠬᠦ᠌ ᠲᠠᠯ᠎ᠠ᠎ᠪᠠᠷ ᠬᠡᠷᠡᠭ᠌ᠵᠢᠭᠦᠯᠪᠠ᠃ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠎ᠲᠠᠢ ᠬᠠᠮᠳᠤ᠎ᠪᠠᠷ ᠬᠠᠤᠯᠢ ᠪᠠᠷᠢᠬᠤ ᠲᠠᠢᠯᠪᠤᠷᠢᠯᠠᠯᠲᠠ ᠨᠡᠢᠲᠡᠯᠡᠵᠦ᠍᠂ ᠳᠣᠲᠣᠭᠠᠳᠤ᠎ᠶ᠋ᠢ ᠬᠠᠮᠠᠭᠠᠯᠠᠬᠤ ᠶᠠᠮᠤᠨ᠎ᠲᠠᠢ ᠬᠠᠮᠲᠤᠷᠠᠨ ᠬᠤᠳᠠᠯᠳᠤᠭᠠᠨ᠎ᠤ ᠨᠢᠭᠤᠴᠠ᠎ᠳᠤ ᠬᠠᠯᠳᠠᠭ᠍ᠰᠠᠨ ᠭᠡᠷᠡᠭ᠎ᠢ ᠬᠡᠷᠡᠭ ᠪᠣᠯᠭᠠᠨ ᠲᠠᠩᠰᠠᠯᠠᠬᠤ ᠪᠠ ᠨᠡᠬᠡᠮᠵᠢᠯᠡᠨ ᠵᠠᠭᠠᠯᠳᠤᠬᠤ ᠪᠠᠷᠢᠮᠵᠢᠶ᠎ᠠ᠎ᠶ᠋ᠢ ᠲᠡᠭᠦᠯᠳᠡᠷᠵᠢᠭᠦᠯᠵᠦ᠍᠂ ᠵᠠᠯᠬᠠᠭᠠᠨ ᠱᠢᠢᠳᠭᠡᠬᠦ᠌ ᠡᠷᠴᠢᠮ᠎ᠢ ᠴᠢᠩᠭᠠᠷᠠᠭᠤᠯᠪᠠ᠃ ᠤᠯᠤᠰ᠎ᠤᠨ ᠬᠡᠪᠯᠡᠯ᠎ᠤᠨ ᠡᠷᠬᠡ᠎ᠶ᠋ᠢᠨ ᠲᠣᠪᠴᠢᠶ᠎ᠠ ᠵᠡᠷᠭᠡ᠎ᠲᠠᠢ ᠬᠠᠮᠵᠢᠯᠴᠠᠨ᠂ ᠡᠷᠭᠡ᠎ᠳᠤ ᠬᠠᠯᠳᠠᠵᠤ ᠬᠤᠯᠠᠭᠠᠢᠯᠠᠨ ᠭᠡᠪᠯᠡᠭ᠌ᠰᠡᠨ 49 ᠬᠦᠨᠳᠤ ᠶᠡᠭᠡ ᠬᠡᠷᠡᠭ᠎ᠢ ᠫᠠᠢᠰᠠ ᠡᠯᠭᠦᠨ ᠱᠢᠪᠠᠳᠠᠨ ᠱᠢᠢᠳᠪᠦᠷᠢᠯᠡᠭᠦᠯᠪᠡ᠃ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠳᠤ ᠬᠠᠯᠳᠠᠭ᠍ᠰᠠᠨ ᠶᠠᠯ᠎ᠠ ᠬᠢᠭ᠌ᠰᠡᠨ 1.2 ᠲᠦᠮᠡᠨ ᠬᠥᠮᠦᠨ᠎ᠢ ᠵᠠᠭᠠᠯᠳᠤᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠠᠴᠠ 10.4% ᠎ᠪᠠᠷ ᠨᠡᠮᠡᠭ᠌ᠳᠡᠪᠠ᠃ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠠᠵᠤ ᠠᠬᠤᠢᠯᠠᠯ᠎ᠤᠨ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠳᠤ ᠠᠳᠠᠯᠢ ᠲᠡᠭ᠌ᠰᠢ᠎ᠪᠠᠷ ᠬᠠᠨᠳᠤᠵᠤ᠂ ᠠᠳᠠᠯᠢ ᠲᠡᠭ᠌ᠰᠢ᠎ᠪᠠᠷ ᠬᠠᠮᠠᠭᠠᠯᠠᠪᠠ᠃ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠷᠤᠳᠠᠯ᠎ᠳᠤ ᠬᠤᠯᠪᠣᠭ᠍ᠳᠠᠭ᠍ᠰᠠᠨ ᠬᠡᠷᠡᠭ᠎ᠢ ᠬᠢᠨᠠᠭᠤᠷ ᠪᠣᠯᠭᠤᠮᠵᠢᠲᠠᠶ ᠱᠢᠢᠳᠪᠦᠷᠢᠯᠡᠵᠦ᠍᠂ ᠬᠠᠤᠯᠢ ᠪᠤᠰᠤ᠎ᠪᠠᠷ ᠡᠵᠡᠯᠡᠬᠦ᠌ ᠵᠤᠷᠢᠯᠭ᠎ᠠ᠎ᠲᠠᠢ ᠡᠰᠡᠬᠦ᠌᠎ᠶ᠋ᠢ ᠢᠯᠭᠠᠨ ᠲᠤᠳᠤᠯᠠᠵᠤ᠂ ᠬᠠᠤᠯᠢ᠎ᠶ᠋ᠢ ᠵᠦᠷᠢᠴᠡᠭ᠌ᠰᠡᠨ ᠡᠩ᠎ᠤᠨ ᠠᠵᠢᠯᠯᠠᠭ᠎ᠠ᠂ ᠰᠠᠬᠢᠯᠭ᠎ᠠ ᠪᠠᠳᠤ᠎ᠶ᠋ᠢ ᠵᠦᠷᠢᠴᠡᠭ᠌ᠰᠡᠨ ᠡᠩ᠎ᠤᠨ ᠠᠰᠠᠭᠤᠳᠠᠯ᠎ᠢ ᠶᠠᠯ᠎ᠠ ᠬᠢᠭ᠌ᠰᠡᠨ᠎ᠢᠶᠠᠷ ᠱᠢᠢᠳᠪᠤᠷᠢᠯᠡᠬᠦ᠌᠎ᠶ᠋ᠢ ᠴᠢᠩᠭ᠎ᠠ ᠰᠡᠷᠭᠡᠢᠯᠡᠪᠠ᠃

ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠳᠤ ᠦᠢᠯᠡᠴᠢᠯᠡᠪᠡ᠃ ᠲᠤᠰᠭᠠᠢ ᠵᠢᠷᠤᠮᠵᠢᠯ ᠲᠤᠭ᠍ᠳᠠᠭᠠᠨ ᠴᠢᠯᠥᠭᠡᠲᠦ ᠠᠷᠠᠯᠵᠢᠶᠠᠨ᠎ᠤ ᠣᠷᠣᠨ᠎ᠤ ᠪᠦᠳᠦᠭᠡᠨ ᠪᠠᠢᠭᠤᠯᠤᠯᠲᠠ᠎ᠳᠤ ᠤᠢ᠍ᠢᠯᠡᠴᠢᠯᠡᠬᠦᠯᠵᠤ᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠪᠦᠳᠦᠭᠡᠨ ᠪᠠᠢᠭᠤᠯᠤᠯᠲᠠ᠎ᠶ᠋ᠢ ᠲᠠᠮᠵᠢᠪᠠ᠃ 21 ᠵᠦᠢᠯ᠎ᠤᠨ ᠠᠷᠭ᠎ᠠ ᠬᠡᠮᠵᠢᠶ᠎ᠡ᠎ᠶ᠋ᠢ ᠨᠡᠢᠲᠡᠯᠡᠨ ᠭᠤᠸᠠᠩᠳᠦ᠋ᠩ ᠱᠢᠶᠠᠩᠭᠠᠩ ᠣᠣᠮᠧᠨ᠎ᠤ ᠲᠤᠮᠤ ᠪᠤᠯᠤᠩ᠎ᠤᠨ ᠣᠷᠣᠨ᠎ᠤ ᠬᠥᠭ᠌ᠵᠢᠯᠲᠡ᠎ᠶ᠋ᠢ ᠳᠡᠮᠵᠢᠪᠡ᠃ ᠪᠡᠭᠡᠵᠢᠩ ᠲᠢᠶᠠᠨᠵᠢᠨ ᠾᠧᠪᠸᠢ᠎ᠶ᠋ᠢᠨ ᠪᠠᠢᠴᠠᠭᠠᠬᠤ ᠪᠠᠢᠭᠤᠯᠭ᠎ᠠ ᠬᠤᠯᠪᠤᠭᠠᠯᠠᠨ᠂ ᠬᠠᠮᠵᠢᠯᠴᠠᠬ᠍ᠰᠠᠨ ᠬᠦᠭ᠌ᠵᠢᠯᠳᠠ᠎ᠳᠤ ᠤᠢ᠍ᠢᠯᠡᠴᠢᠯᠡᠵᠤ᠂ ᠱᠢᠶᠦ᠋ᠩ ᠠᠨ ᠱᠢᠨ᠎ᠡ ᠲᠣᠭᠤᠷᠢᠭ᠎ᠢ ᠪᠦᠳᠦᠭᠡᠨ ᠪᠠᠢᠭᠤᠯᠬᠤ᠎ᠶ᠋ᠢ ᠳᠡᠮᠵᠢᠪᠡ᠃ ᠬᠦᠬᠡᠮᠦᠷᠡᠨ᠎ᠤ ᠠᠵᠤ ᠠᠬᠤᠢ᠎ᠶ᠋ᠢᠨ ᠪᠦᠰᠠ᠎ᠶ᠋ᠢᠨ ᠪᠠᠢᠴᠠᠭᠠᠬᠤ ᠬᠠᠮᠵᠢᠯᠴᠠᠭ᠎ᠠ᠎ᠶ᠋ᠢ ᠪᠤᠳᠠᠳᠠᠢ᠎ᠶ᠋ᠢ ᠡᠷᠬᠢᠮᠯᠡᠨ ᠬᠦᠨᠵᠡᠭᠡᠢᠷᠡᠬᠦᠯᠵᠤ᠂ ᠶᠡᠭᠡ ᠬᠠᠮᠠᠭᠠᠯᠠᠯᠳᠠ᠎ᠶ᠋ᠢ ᠬᠠᠮᠳᠤ᠎ᠪᠠᠷ ᠠᠳᠭᠤᠬᠤ᠎ᠶ᠋ᠢ ᠨᠠᠢᠳᠠᠪᠤᠷᠢᠵᠢᠭᠤᠯᠪᠠ᠃ ᠬᠠᠳᠤᠨ ᠭᠤᠤᠯ᠎ᠤᠨ ᠤᠷᠤᠰᠭᠠᠯ ᠲᠠᠭᠠᠤ᠎ᠶ᠋ᠢᠨ 9 ᠮᠤᠵᠢ (ᠦᠪᠡᠷᠳᠡᠭᠡᠨ ᠵᠠᠰᠠᠬᠤ ᠤᠷᠤᠨ) ᠎ᠶ᠋ᠢᠨ ᠪᠠᠢᠴᠠᠭᠠᠬᠤ ᠪᠠᠢᠭᠤᠯᠭ᠎ᠠ ᠡᠵᠢ ᠭᠤᠤᠯ᠎ᠤᠨ ᠠᠮᠢ ᠠᠬᠤᠢ᠎ᠶ᠋ᠢᠨ ᠤᠷᠴᠢᠨ ᠨᠦᠬᠦᠴᠡᠯ᠎ᠢ ᠬᠠᠮᠳᠤ᠎ᠪᠠᠷ ᠬᠠᠮᠠᠭᠠᠯᠠᠪᠠ᠃ ᠱᠠᠩᠬᠠᠶ ᠵᠢᠶᠠᠩᠰᠦ ᠵᠧᠵᠢᠶᠠᠩ ᠠᠨᠾᠦ᠋ᠢ᠎ᠶ᠋ᠢᠨ 21 ᠵᠤᠷᠪᠤᠰ ᠪᠠᠢᠴᠠᠭᠠᠬᠤ ᠰᠠᠨᠠᠯ᠎ᠨᠢ ᠬᠥᠬᠡᠮᠥ᠋ᠷᠡᠨ᠎ᠤ ᠭᠤᠷᠪᠠᠯᠵᠢᠨ ᠬᠤᠢᠭ᠎ᠤᠨ ᠨᠢᠭᠡ ᠴᠤᠭ᠍ᠴᠠᠵᠢᠭ᠍ᠰᠠᠨ ᠬᠥᠭ᠌ᠵᠢᠯᠲᠡ᠎ᠳᠤ ᠦᠢᠯᠡᠴᠢᠯᠡᠪᠠ᠃ ᠰᠧᠴᠤᠸᠠᠨ ᠴᠦᠩᠴᠢᠩ᠎ᠤᠨ 48 ᠵᠦᠢᠯ᠎ᠤᠨ ᠪᠠᠢᠴᠠᠭᠠᠬᠤ ᠬᠠᠮᠵᠢᠯᠴᠠᠭᠠᠨ᠎ᠤ ᠲᠣᠭ᠍ᠲᠠᠴᠠ᠎ᠨᠢ ᠬᠤᠶᠠᠷ ᠬᠤᠲᠠ᠎ᠶ᠋ᠢᠨ ᠠᠵᠤ ᠠᠬᠤᠢ᠎ᠶ᠋ᠢᠨ ᠲᠣᠭᠤᠷᠢᠭ᠎ᠤᠨ ᠪᠦᠲᠦᠭᠡᠨ ᠪᠠᠢᠭᠤᠯᠤᠯᠲᠠ᠎ᠳᠤ ᠦᠢᠯᠡᠴᠢᠯᠡᠪᠠ᠃ ᠴᠦᠩᠴᠢᠩ ᠭᠤᠸᠠᠩᠰᠢ᠎ᠶ᠋ᠢᠨ ᠪᠠᠢᠴᠠᠭᠠᠬᠤ ᠬᠠᠮᠵᠢᠯᠴᠠᠭ᠎ᠠ᠎ᠨᠢ ᠪᠠᠷᠠᠭᠤᠨ ᠬᠡᠰᠡᠭ᠎ᠤᠨ ᠭᠠᠵᠠᠷ ᠤᠷᠤᠨ᠎ᠤ ᠬᠠᠭᠤᠷᠠᠶ ᠪᠠ ᠳᠠᠯᠠᠢ ᠲᠠᠩᠭᠢᠰ᠎ᠤᠨ ᠱᠢᠨ᠎ᠡ ᠵᠠᠮ᠎ᠤᠨ ᠠᠮᠤᠷ ᠲᠦᠪᠱᠢᠨ ᠰᠠᠭᠠᠳ ᠦᠭᠡᠢ ᠨᠡᠪᠲᠡᠷᠡᠬᠦ᠌᠎ᠳᠤ ᠬᠦᠴᠤᠨ ᠨᠡᠮᠡᠷᠢᠯᠡᠪᠠ᠃ ᠯᠢᠶᠣᠤᠨᠢᠩ ᠬᠢᠷᠢᠨ ᠬᠠᠷᠠᠮᠦᠷᠠᠨ᠎ᠤ ᠪᠠᠢᠴᠠᠭᠠᠬᠤ ᠪᠠᠢᠭᠤᠯᠭ᠎ᠠ ᠬᠤᠯᠪᠤᠭᠠᠯᠠᠨ ᠬᠠᠷ᠎ᠠ ᠬᠥᠷᠥᠰᠥᠲᠦ ᠭᠠᠵᠠᠷ᠎ᠢ ᠬᠠᠮᠠᠭᠠᠯᠠᠬᠤ ᠲᠤᠰᠭᠠᠶ ᠬᠢᠨᠠᠯᠲᠠ᠎ᠶ᠋ᠢ ᠥᠷᠨᠢᠭᠦᠯᠵᠤ᠂ ᠡᠷᠡᠭᠦᠦ᠎ᠶ᠋ᠢᠨ᠂ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ ᠵᠡᠷᠭᠡ ᠪᠠᠢᠴᠠᠭᠠᠬᠤ ᠡᠭᠦᠷᠭᠡ ᠴᠢᠳᠠᠪᠭᠢ᠎ᠶ᠋ᠢ ᠶᠡᠷᠦᠩᠬᠡᠢᠯᠡᠨ ᠠᠱᠢᠬ᠍ᠯᠠᠵᠦ᠍᠂ ᠲᠠᠷᠢᠶᠠᠨ ᠭᠠᠵᠠᠷ᠎ᠢ ᠡᠪᠳᠡᠭ᠌ᠰᠡᠨ᠂ ᠡᠵᠡᠯᠡᠨ ᠬᠡᠷᠡᠭ᠌ᠯᠡᠭ᠌ᠰᠡᠨ ᠵᠡᠷᠭᠡ ᠬᠠᠤᠯᠢ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠬᠠᠤᠯᠢ ᠶᠣᠰᠣᠭᠠᠷ ᠵᠠᠯᠬᠠᠭᠠᠨ ᠱᠢᠢᠳᠭᠡᠪᠡ᠃

ᠪᠦᠬᠦ᠌ ᠲᠠᠯ᠎ᠠ᠎ᠪᠠᠷ ᠨᠡᠭᠡᠭᠡᠯᠲᠡ ᠬᠢᠬᠦ᠌ ᠱᠢᠨ᠎ᠡ ᠪᠠᠢᠷᠢᠱᠢᠯ᠎ᠢ ᠪᠤᠢ ᠪᠣᠯᠭᠠᠬᠤ᠎ᠶ᠋ᠢ ᠠᠬᠢᠭᠤᠯᠪᠠ᠃ ᠱᠠᠩᠬᠠᠶ᠎ᠶ᠋ᠢᠨ ᠬᠠᠮᠳᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠭᠡᠱᠢᠭᠦᠨ ᠤᠯᠤᠰ ᠪᠣᠯᠤᠨ BRICS ᠤᠯᠤᠰ᠎ᠤᠳ᠎ᠤᠨ ᠪᠠᠢᠴᠠᠭᠠᠬᠤ ᠪᠠᠢᠭᠤᠯᠭ᠎ᠠ᠎ᠯᠤᠭ᠎ᠠ ᠸᠢᠳᠢᠣ᠋ ᠬᠤᠷᠠᠯ ᠬᠤᠷᠠᠯᠳᠤᠭᠤᠯᠤᠨ᠂ ᠬᠢᠵᠢᠭ᠎ᠢ ᠰᠡᠷᠭᠡᠢᠯᠡᠨ ᠬᠢᠵᠠᠭᠠᠷᠯᠠᠬᠤ ᠠᠵᠢᠯ᠎ᠢ ᠪᠠᠢᠡᠭ᠌ᠭᠤᠵᠢᠭᠤᠯᠤᠬ᠍ᠰᠠᠨ ᠠᠬᠤᠶ ᠪᠠᠢᠳᠠᠯ᠎ᠤᠨ ᠲᠤᠤᠷ᠎ᠠ᠂ ᠤᠯᠤᠰ ᠠᠯᠤᠰᠯᠠᠬ᠍ᠰᠠᠨ ᠶᠠᠯᠠᠲᠤ ᠠᠵᠢᠯᠯᠠᠭ᠎ᠠ᠎ᠶ᠋ᠢ ᠵᠠᠯᠬᠠᠭᠠᠨ ᠱᠢᠢᠳᠭᠡᠬᠦ᠌ ᠪᠠ ᠰᠡᠷᠭᠡᠢᠯᠡᠬᠦ᠌᠎ᠶ᠋ᠢ ᠵᠥᠪᠳᠡᠯᠴᠡᠵᠦ᠍᠂ ᠬᠢᠯᠢ ᠠᠯᠤᠰᠯᠠᠨ ᠬᠠᠤᠯᠢ ᠪᠠᠷᠢᠬᠤ ᠬᠠᠮᠵᠢᠯᠴᠠᠭᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠪᠠ᠃ ᠡᠷᠡᠭᠦᠤ᠎ᠶ᠋ᠢᠨ ᠬᠡᠷᠡᠭ᠎ᠤᠨ ᠬᠠᠤᠯᠢ ᠪᠠᠷᠢᠬᠤ ᠬᠠᠮᠵᠢᠯᠴᠠᠭᠠᠨ᠎ᠤ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠠᠩᠬ᠎ᠠ ᠤᠳᠠᠭ᠎ᠠ ᠨᠡᠢᠲᠡᠯᠡᠵᠦ᠍᠂ ᠬᠢᠯᠢ᠎ᠶ᠋ᠢᠨ ᠭᠠᠳᠠᠨ᠎ᠠ ᠭᠡᠷᠡᠴᠢ ᠠᠪᠬᠤ ᠠᠵᠢᠯ᠎ᠢ ᠵᠢᠷᠤᠮᠵᠢᠭᠤᠯᠪᠠ᠃ ᠭᠠᠳᠠᠭᠠᠳᠤ᠎ᠳᠤ ᠬᠤᠯᠪᠣᠭ᠍ᠳᠠᠬᠤ ᠬᠡᠷᠡᠭ᠎ᠢ ᠬᠠᠤᠯᠢ ᠶᠣᠰᠣᠭᠠᠷ ᠱᠢᠢᠳᠪᠦᠷᠢᠯᠡᠨ᠂ ᠤᠯᠤᠰ᠎ᠤᠨ ᠠᠱᠢᠭ ᠲᠤᠰᠠ ᠪᠠ ᠲᠤᠬᠠᠶ᠎ᠶ᠋ᠢᠨ ᠬᠥᠮᠦᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠵᠤ᠂ ᠬᠠᠤᠯᠢ᠎ᠪᠠᠷ ᠵᠠᠰᠠᠬᠤ᠎ᠪᠠᠷ 《ᠨᠢᠭᠡ ᠪᠦᠰᠡ ᠨᠢᠭᠡ ᠵᠠᠮ》 ᠎ᠤᠨ ᠪᠦᠳᠦᠭᠡᠨ ᠪᠠᠢᠭᠤᠯᠤᠯᠲᠠ᠎ᠶ᠋ᠢ ᠬᠠᠮᠠᠭᠠᠯᠠᠪᠠ᠃

ᠭᠤᠷᠪᠠ᠂ 《ᠲᠦᠷᠪᠡᠨ ᠶᠡᠭᠡ ᠪᠠᠢᠴᠠᠭᠠᠬᠤ ᠠᠵᠢᠯ》 ᠎ᠢ ᠪᠦᠬᠦ᠌ ᠲᠠᠯ᠎ᠠ᠎ᠪᠠᠷ ᠠᠬᠢᠭᠤᠯᠵᠤ᠂ ᠪᠠᠢᠴᠠᠭᠠᠬᠤ ᠬᠢᠨᠠᠯᠳᠠ᠎ᠪᠠᠷ ᠲᠥᠪ ᠭᠤᠤᠯᠴᠢ ᠱᠢᠳᠤᠷᠭᠤ ᠶᠣᠰᠣ᠎ᠶ᠋ᠢ ᠬᠠᠮᠠᠭᠠᠯᠠᠪᠠ

ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯᠳᠤᠭᠠᠨ᠎ᠤ ᠱᠢᠢᠳᠪᠦᠷᠢ᠎ᠶ᠋ᠢᠨ 《ᠡᠷᠡᠭᠦᠤ᠎ᠶ᠋ᠢᠨ᠂ ᠢᠷᠭᠡᠨ᠎ᠤ᠂ ᠵᠠᠰᠠᠭ ᠵᠠᠬᠢᠷᠭᠠᠨ᠂ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢᠨ ᠪᠠᠢᠴᠠᠭᠠᠬᠤ ᠠᠵᠢᠯ᠎ᠤᠨ ᠪᠦᠬᠦ᠌ ᠲᠠᠯ᠎ᠠ᠎ᠪᠠᠷ ᠵᠣᠬᠢᠴᠠᠩᠭᠤᠶ ᠪᠦᠭᠡᠳ ᠬᠦᠢᠴᠡᠳ ᠬᠦᠭ᠌ᠵᠢᠬᠦ᠌᠎ᠶ᠋ᠢ ᠠᠬᠢᠭᠤᠯᠬᠤ》 ᠲᠤᠬᠠᠶ ᠱᠠᠭᠠᠷᠳᠠᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠬᠠᠮᠰᠠᠷ᠎ᠠᠴᠠ᠎ᠪᠠᠨ ᠨᠡᠢᠭᠡᠮ᠎ᠤᠨ ᠲᠥᠪ ᠭᠤᠤᠯᠴᠢ ᠱᠢᠳᠤᠷᠭᠤ ᠶᠣᠰᠣ᠎ᠶ᠋ᠢ ᠠᠬᠢᠭᠤᠯᠬᠤ ᠳᠤᠮᠳᠠ ᠬᠠᠷᠢᠭᠤᠴᠠᠯᠭ᠎ᠠ ᠡᠭᠦᠷᠭᠡᠯᠡᠵᠦ᠍ ᠴᠢᠷᠮᠠᠢᠯᠭ᠎ᠠ ᠭᠠᠷᠭᠠᠪᠠ᠃

ᠡᠷᠡᠭᠦᠤ᠎ᠶ᠋ᠢᠨ ᠬᠡᠷᠡᠭ᠎ᠤᠨ ᠪᠠᠢᠴᠠᠭᠠᠬᠤ ᠠᠵᠢᠯ᠎ᠢ ᠨᠡᠩ ᠬᠦᠴᠦᠲᠡᠶ ᠶᠠᠪᠤᠬ᠍ᠳᠠᠭᠤᠯᠪᠠ᠃ ᠲᠤᠷᠱᠢᠨ ᠪᠠᠢᠴᠠᠭᠠᠬᠤ ᠪᠠᠢᠭᠤᠯᠭ᠎ᠠ᠎ᠶ᠋ᠢ ᠱᠢᠪᠠᠳᠠᠵᠤ ᠪᠠᠢᠭᠠᠳ 2.2 ᠲᠦᠮᠡᠨ ᠬᠡᠷᠡᠭ᠎ᠢ ᠬᠠᠤᠯᠢ ᠶᠣᠰᠣᠭᠠᠷ ᠬᠡᠷᠡᠭ ᠪᠣᠯᠭᠠᠨ ᠳᠠᠩᠰᠠᠯᠠᠭᠤᠯᠵᠤ᠂ 2.4 ᠲᠦᠮᠡᠨ ᠬᠡᠷᠡᠭ᠎ᠢ ᠬᠢᠨᠠᠵᠤ ᠪᠤᠴᠠᠭᠠᠯᠭᠠᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠠᠴᠠ ᠲᠣᠰ ᠲᠣᠰ 34% ᠪᠠ 58.4% ᠎ᠪᠠᠷ ᠨᠡᠮᠡᠭ᠌ᠳᠡᠪᠠ᠃ ᠬᠠᠤᠯᠢ ᠶᠣᠰᠣᠭᠠᠷ ᠪᠠᠷᠢᠪᠴᠢᠯᠠᠬᠤ ᠶᠤᠰᠤᠳᠠᠢ᠂ ᠵᠠᠷᠭᠤ ᠬᠦᠯᠢᠶᠡᠯᠭᠡᠬᠦ᠌ ᠶᠤᠰᠤᠲᠠᠢ ᠪᠠᠢᠲᠠᠯ᠎ᠠ ᠦᠯᠦ᠍ ᠱᠢᠯᠵᠢᠭᠦᠯᠦᠨ ᠬᠦᠷᠭᠡᠭ᠌ᠰᠡᠨ 2 ᠲᠦᠮᠡᠨ ᠬᠥᠮᠦᠨ᠎ᠢ ᠨᠡᠬᠡᠮᠵᠢᠯᠡᠨ ᠪᠠᠷᠢᠪᠴᠢᠯᠠᠵᠤ᠂ 2.9 ᠲᠦᠮᠡᠨ ᠬᠥᠮᠦᠨ᠎ᠢ ᠨᠡᠬᠡᠮᠵᠢᠯᠡᠨ ᠵᠠᠭᠠᠯᠳᠤᠪᠠ᠃ ᠶᠠᠯ᠎ᠠ ᠪᠤᠯᠵᠤ ᠪᠦᠷᠢᠯᠳᠦᠭ᠌ᠰᠡᠨ ᠦᠭᠡᠢ ᠪᠤᠶᠤ ᠭᠡᠷᠡᠴᠢ ᠪᠠᠷᠢᠮᠲᠠ᠎ᠨᠢ ᠭᠦᠢᠴᠡᠳ ᠦᠭᠡᠢ 13.8 ᠲᠦᠮᠡᠨ ᠬᠥᠮᠦᠨ᠎ᠢ ᠪᠠᠷᠢᠪᠴᠢᠯᠠᠬᠤ᠎ᠶ᠋ᠢ ᠦᠯᠦ᠍ ᠵᠥᠪᠱᠢᠶᠡᠷᠡᠵᠤ᠂ 4.1 ᠲᠦᠮᠡᠨ ᠬᠥᠮᠦᠨ᠎ᠢ ᠦᠯᠦ᠍ ᠵᠠᠭᠠᠯᠳᠤᠪᠠ᠃ ᠦᠨᠡᠬᠡᠷ ᠪᠤᠷᠤᠭᠤ᠎ᠲᠠᠢ ᠭᠡᠵᠦ᠍ ᠦᠵᠡᠭ᠌ᠰᠡᠨ ᠡᠷᠡᠭᠦᠤ᠎ᠶ᠋ᠢᠨ ᠬᠡᠷᠡᠭ᠎ᠤᠨ ᠲᠠᠰᠤᠯᠤᠨ ᠲᠣᠭ᠍ᠲᠠᠭᠠᠯᠲᠠ᠎ᠳᠤ 8903 ᠡᠰᠡᠷᠭᠦᠴᠡᠭ᠌ᠰᠡᠨ ᠵᠠᠭᠠᠯᠳᠤᠯᠭ᠎ᠠ ᠭᠠᠷᠭᠠᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠠᠴᠠ 7.2% ᠎ᠢᠶᠠᠷ ᠨᠡᠮᠡᠭ᠌ᠳᠡᠪᠠ᠃ 《ᠵᠠᠩ ᠢᠤᠶ ᠬᠤᠸᠠᠨ᠎ᠤ ᠵᠣᠷᠢᠭᠤᠳᠠ ᠬᠥᠮᠦᠨ ᠠᠯᠠᠭ᠍ᠰᠠᠨ ᠬᠡᠷᠡᠭ》 《ᠡᠦ ᠴᠦᠨ ᠬᠤᠩ᠎ᠤᠨ ᠬᠤᠣᠷ ᠲᠠᠯᠪᠢᠬ᠍ᠰᠠᠨ ᠬᠡᠷᠡᠭ》 《ᠬᠠᠨ ᠱᠢᠶᠠᠨ ᠬᠤᠢ᠎ᠶ᠋ᠢᠨ ᠵᠣᠷᠢᠭᠤᠳᠠ ᠬᠥᠮᠦᠨ ᠠᠯᠠᠭ᠍ᠰᠠᠨ ᠬᠡᠷᠡᠭ》 ᠵᠡᠷᠭᠡ ᠬᠢᠯᠢᠰ ᠪᠤᠷᠤᠭᠤ ᠬᠡᠷᠡᠭ᠎ᠲᠤ ᠰᠡᠵᠢᠭ᠌ᠳᠦ ᠶᠠᠯ᠎ᠠ᠎ᠶ᠋ᠢ ᠶᠠᠯ᠎ᠠ ᠦᠯᠦ᠍ ᠬᠢᠭ᠌ᠰᠡᠨ᠎ᠢᠶᠠᠷ ᠪᠤᠳᠤᠬᠤ᠂ ᠠᠯᠳᠠᠭ᠎ᠠ ᠪᠤᠷᠤᠭᠤ ᠪᠠᠢᠪᠠᠯ ᠵᠠᠪᠠᠯ ᠵᠠᠯᠠᠷᠠᠭᠤᠯᠬᠤ᠎ᠶ᠋ᠢ ᠪᠠᠷᠢᠮᠲᠠᠯᠠᠵᠤ᠂ ᠶᠠᠯ᠎ᠠ ᠦᠭᠡᠢ᠎ᠪᠠᠷ ᠥᠭᠡᠷᠡᠴᠢᠯᠡᠨ ᠲᠠᠰᠤᠯᠬᠤ ᠰᠠᠨᠠᠭᠤᠯᠭ᠎ᠠ ᠭᠠᠷᠭᠠᠪᠠ᠃ ᠡᠭᠦᠨ᠎ᠤ ᠬᠠᠮᠲᠤ᠌᠂ ᠪᠤᠷᠤᠭᠤ ᠬᠡᠷᠡᠭ᠎ᠤᠨ ᠬᠠᠷᠢᠭᠤᠴᠠᠯᠭ᠎ᠠ᠎ᠶ᠋ᠢ ᠨᠡᠬᠡᠮᠵᠢᠯᠡᠬᠦ᠌ ᠰᠠᠨᠠᠯ᠎ᠢ ᠲᠣᠭ᠍ᠲᠠᠭᠠᠨ ᠨᠡᠢᠳᠡᠯᠡᠵᠤ᠂ ᠤᠢ᠍ᠢᠷ᠎ᠠ᠎ᠶ᠋ᠢᠨ ᠵᠢᠯ᠎ᠳᠤ ᠨᠢᠭᠡᠨᠲᠡ ᠵᠠᠯᠠᠷᠠᠭᠤᠯᠤᠬ᠍ᠰᠠᠨ ᠬᠦᠨᠳᠦ ᠶᠡᠭᠡ ᠪᠤᠷᠤᠭᠤ ᠬᠡᠷᠡᠭ᠎ᠠᠴᠠ ᠬᠠᠷᠢᠭᠤᠴᠠᠯᠭ᠎ᠠ ᠨᠡᠬᠡᠮᠵᠢᠯᠡᠬᠦ᠌ ᠵᠢᠷᠤᠮ᠎ᠢ ᠨᠢᠭᠡᠳ ᠨᠢᠭᠡ᠎ᠪᠠᠷ ᠡᠬᠢᠯᠡᠭᠦᠯᠪᠡ᠃ ᠪᠤᠷᠤᠭᠤ᠎ᠪᠠᠨ ᠵᠠᠯᠠᠷᠠᠭᠤᠯᠬᠤ᠎ᠳᠤ ᠤᠯᠤᠰ᠎ᠤᠨ ᠲᠥᠯᠥᠪᠦᠷᠢ ᠦᠭ᠌ᠬᠦ᠎ᠪᠠᠷ ᠯᠡ ᠬᠢᠵᠠᠭᠠᠷᠯᠠᠵᠤ ᠪᠣᠯᠬᠤ ᠦᠭᠡᠢ᠂ ᠬᠠᠷᠢᠭᠤᠴᠠᠯᠭ᠎ᠠ ᠨᠡᠬᠡᠮᠵᠢᠯᠡᠬᠦ᠌᠎ᠶ᠋ᠢ ᠡᠷᠬᠡᠪᠰᠢ ᠬᠠᠷᠢᠭᠤᠴᠠᠯᠭ᠎ᠠ᠎ᠶ᠋ᠢᠨ ᠪᠡᠶᠡᠴᠢ ᠴᠣᠭ᠍ᠴᠠ᠎ᠳᠤ ᠨᠠᠢᠳᠠᠪᠤᠷᠢᠵᠢᠭᠤᠯᠬᠤ ᠬᠡᠷᠡᠭ᠌ᠲᠡᠶ᠃ ᠨᠡᠢᠭᠡᠮ ᠨᠡᠢᠳᠠ᠎ᠶ᠋ᠢᠨ᠎ᠬᠢᠨ᠎ᠤ ᠥᠷᠭᠡᠨ᠎ᠢᠶᠠᠷ ᠠᠩᠬᠠᠷᠴᠤ᠌ ᠪᠠᠢᠭ᠎ᠠ ᠰᠦᠨ ᠱᠢᠶᠣᠣ ᠭᠦᠸᠧ᠂ ᠭᠦᠸᠧ ᠸᠧᠨ ᠰᠧ᠂ ᠪᠠᠲᠤᠮᠦᠡᠭ᠌ᠭᠡ᠎ᠶ᠋ᠢᠨ 《ᠪᠤᠳᠠᠳᠠᠢ ᠡᠷᠡᠭᠦᠤ ᠱᠢᠢᠳᠭᠡᠯ᠎ᠢ ᠦᠯᠦ᠍ ᠭᠦᠢᠴᠡᠳᠭᠡᠭ᠌ᠰᠡᠨ》 ᠬᠡᠷᠡᠭ᠎ᠤᠨ ᠳᠤᠮᠳᠡᠬᠢ ᠪᠠᠢᠴᠠᠭᠠᠬᠤ ᠠᠵᠢᠯ᠎ᠤᠨ ᠬᠢᠨᠠᠯᠲᠠ᠎ᠨᠢ ᠬᠡᠯᠪᠡᠷᠢ᠎ᠶ᠋ᠢᠨ ᠲᠠᠳᠤᠢ ᠪᠤᠯᠤᠬ᠍ᠰᠠᠨ᠎ᠠᠴᠠ ᠪᠢᠳᠠ ᠡᠷᠡᠭᠦᠤ ᠱᠢᠢᠳᠭᠡᠯ᠎ᠢ ᠭᠦᠢᠴᠡᠳᠭᠡᠬᠦ᠌ ᠳᠤᠮᠳᠠᠬᠢ ᠳᠣᠪᠤᠢᠮ᠎ᠠ ᠠᠰᠠᠭᠤᠳᠠᠯ᠎ᠳᠤ ᠪᠠᠢᠴᠠᠭᠠᠬᠤ ᠠᠵᠢᠯ᠎ᠤᠨ ᠬᠢᠨᠠᠯᠳᠠ ᠲᠠᠯᠪᠢᠬᠤ᠎ᠳᠠᠭᠠᠨ ᠤᠯᠵᠤ ᠮᠡᠳᠡᠬᠦ᠌ ᠶᠤᠰᠤᠳᠠᠢ ᠪᠠᠢᠳᠠᠯ᠎ᠠ ᠤᠯᠵᠤ ᠮᠡᠳᠡᠭ᠌ᠰᠡᠨ ᠦᠭᠡᠢ ᠪᠤᠯ ᠬᠠᠷᠢᠭᠤᠴᠠᠯᠭ᠎ᠠ ᠠᠯᠳᠠᠬ᠍ᠰᠠᠨ ᠶᠠᠪᠤᠳᠠᠯ᠂ ᠤᠯᠵᠤ ᠮᠡᠳᠡᠭᠡᠳ ᠵᠠᠯᠠᠷᠠᠭᠤᠯᠬᠤ ᠦᠭᠡᠢ᠂ ᠮᠡᠳᠡᠬᠦᠯᠬᠦ᠌ ᠦᠭᠡᠢ ᠪᠤᠯ ᠲᠤᠱᠢᠶᠠᠯ᠎ᠢᠶᠠᠨ ᠭᠤᠳᠤᠭᠠᠬ᠍ᠰᠠᠨ ᠶᠠᠪᠤᠳᠠᠯ ᠪᠤᠯᠤᠨ᠎ᠠ ᠭᠡᠳᠡᠭ᠎ᠢ ᠭᠦᠨᠵᠡᠭᠡᠢ ᠲᠤᠩᠭᠠᠨ ᠪᠤᠳᠤᠯᠬᠢᠯᠠᠬᠤ ᠭᠡᠷᠡᠭ᠌ᠳᠠᠢ ᠪᠠᠢᠨ᠎ᠠ᠃ ᠡᠭᠦᠨ᠎ᠢᠶᠠᠷ ᠥᠪᠡᠷ᠎ᠢ᠎ᠪᠠᠨ ᠪᠠᠢᠴᠠᠭᠠᠨ ᠵᠠᠯᠠᠷᠠᠭᠤᠯᠵᠤ᠂ 3 ᠬᠡᠷᠡᠭ᠎ᠤᠨ 29 ᠪᠠᠢᠴᠠᠭᠠᠬᠤ ᠠᠵᠢᠯᠲᠠᠨ᠎ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠪᠡ᠃ ᠲᠣᠭᠤᠷᠢᠨ ᠪᠠᠢᠴᠠᠭᠠᠬᠤ ᠳᠦᠷᠢᠮ᠎ᠢ ᠱᠢᠨ᠎ᠠ᠎ᠶ᠋ᠢ ᠡᠬᠦᠳᠤᠨ ᠨᠠᠢᠳᠠᠪᠤᠷᠢᠵᠢᠭᠤᠯᠵᠤ᠂ 3 ᠬᠢᠨᠳᠠᠨ᠎ᠳᠤ ᠮᠤᠵᠢ ᠠᠯᠤᠰᠯᠠᠨ ᠰᠣᠯᠪᠢᠴᠠᠨ ᠲᠤᠭᠤᠷᠢᠨ ᠪᠠᠢᠴᠠᠭᠠᠬᠤ ᠠᠵᠢᠯ᠎ᠢ ᠱᠢᠭᠤᠳ ᠵᠣᠬᠢᠶᠠᠨ ᠪᠠᠢᠭᠤᠯᠵᠤ᠂ ᠮᠤᠵᠢ᠎ᠶ᠋ᠢᠨ ᠳᠣᠲᠣᠷᠠᠬᠢ ᠰᠤᠯᠪᠢᠴᠠᠨ ᠲᠤᠭᠤᠷᠢᠨ ᠪᠠᠢᠴᠠᠭᠠᠬᠤ ᠠᠵᠢᠯ᠎ᠢ ᠪᠠᠢᠩᠭᠤᠵᠢᠭᠤᠯᠬᠤ᠎ᠶ᠋ᠢ ᠠᠬᠢᠭᠤᠯᠵᠤ᠂ ᠬᠠᠤᠯᠢ ᠲᠣᠭ᠍ᠲᠠᠭᠠᠯ᠎ᠠᠴᠠ ᠬᠦᠨᠳᠦ ᠨᠣᠴᠢᠲᠠᠶ ᠵᠥᠷᠢᠴᠡᠭ᠌ᠰᠡᠨ ᠨᠢᠭᠡ ᠪᠦᠯᠦᠭ ᠠᠰᠠᠭᠤᠳᠠᠯ᠎ᠢ ᠢᠯᠡᠷᠡᠬᠦᠯᠦᠭᠡᠳ ᠵᠠᠯᠠᠷᠠᠭᠤᠯᠪᠠ᠃ ᠾᠧᠨᠠᠨ᠎ᠤ ᠪᠠᠢᠴᠠᠭᠠᠬᠤ ᠪᠠᠢᠭᠤᠯᠭ᠎ᠠ ᠰᠣᠯᠪᠢᠴᠠᠨ ᠲᠣᠭᠤᠷᠢᠨ ᠪᠠᠢᠴᠠᠭᠠᠬᠤ ᠶᠠᠪᠤᠴᠠ᠎ᠳᠠᠭᠠᠨ ᠨᠢᠭᠡᠨ ᠭᠢᠨᠳᠠᠨ᠎ᠤ ᠬᠢᠨᠠᠯᠲᠠ ᠬᠠᠮᠢᠶᠠᠷᠤᠯᠲᠠ᠎ᠶ᠋ᠢᠨ ᠡᠮᠬᠢ ᠵᠢᠷᠤᠮ᠎ᠨᠢ ᠵᠠᠮᠪᠠᠷᠠᠭ᠎ᠠ ᠦᠭᠡᠢ ᠪᠠᠢᠬᠤ᠎ᠶ᠋ᠢ ᠣᠯᠵᠤ ᠮᠡᠳᠡᠭᠡᠳ᠂ 7 ᠬᠢᠨᠠᠨ ᠬᠠᠮᠢᠶᠠᠷᠬᠤ ᠠᠵᠢᠯᠳᠠᠨ᠎ᠢ ᠬᠡᠷᠡᠭ ᠪᠣᠯᠭᠠᠨ ᠲᠠᠩᠰᠠᠯᠠᠵᠤ ᠲᠤᠷᠱᠢᠨ ᠪᠠᠢᠴᠠᠭᠠᠬ᠍ᠰᠠᠨ᠎ᠤ ᠬᠠᠮᠲᠤ᠌᠂ 6 ᠪᠠᠢᠴᠠᠭᠠᠬᠤ ᠠᠵᠢᠯᠳᠡᠨ᠎ᠠᠴᠠ ᠵᠣᠬᠢᠴᠠᠩᠭᠤᠶ ᠬᠠᠷᠢᠭᠤᠴᠠᠯᠭ᠎ᠠ᠎ᠶ᠋ᠢ ᠴᠢᠩᠭ᠎ᠠ ᠨᠡᠬᠡᠮᠵᠢᠯᠡᠪᠡ᠃ ᠬᠠᠷᠢᠭᠤᠴᠠᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠪᠠᠷ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠠᠬᠢᠭᠤᠯᠪᠠ᠃ ᠪᠦᠬᠦ᠌ ᠤᠯᠤᠰ᠎ᠤᠨ ᠪᠠᠢᠴᠠᠭᠠᠬᠤ ᠪᠠᠢᠭᠤᠯᠭ᠎ᠠ ᠡᠷᠡᠭᠦᠦ ᠱᠢᠢᠳᠭᠡᠯ᠎ᠢ᠎ᠨᠢ ᠬᠥᠩᠭᠡᠷᠡᠭᠦᠯᠦᠭ᠌ᠰᠡᠨ᠂ ᠳᠠᠩᠰᠠᠨ ᠰᠤᠯᠠᠯᠠᠬ᠍ᠰᠠᠨ᠂ ᠭᠢᠨᠳᠠᠨ᠎ᠤ ᠭᠠᠳᠠᠨ᠎ᠠ ᠲᠦᠷ ᠭᠦᠢᠴᠡᠳᠭᠡᠭ᠌ᠰᠡᠨ᠎ᠨᠢ ᠵᠣᠬᠢᠰ ᠦᠭᠡᠢ ᠪᠤᠯᠤᠬ᠍ᠰᠠᠨ ᠪᠠᠢᠳᠠᠯ᠎ᠢ 5.1 ᠲᠦᠮᠡᠨ ᠬᠥᠮᠦᠨ ᠤᠳᠠᠭ᠎ᠠ ᠬᠢᠨᠠᠵᠤ ᠵᠠᠯᠠᠷᠠᠭᠤᠯᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠠᠴᠠ 33% ᠎ᠪᠠᠷ ᠨᠡᠮᠡᠭ᠌ᠳᠡᠪᠡ᠃ ᠬᠢᠨᠳᠠᠨ ᠲᠤᠳᠤᠷᠡᠬᠢ ᠲᠦᠪ ᠭᠤᠤᠯᠴᠢ ᠱᠢᠳᠤᠷᠭᠤ ᠶᠤᠰᠤ᠎ᠨᠢ ᠬᠥᠮᠦᠰ᠎ᠤᠨ ᠠᠩᠬᠠᠷᠤᠯ᠎ᠢ ᠶᠡᠬᠡᠳᠡ ᠲᠠᠲᠠᠵᠦ᠍᠂ ᠪᠠᠢᠴᠠᠭᠠᠬᠤ ᠠᠵᠢᠯ᠎ᠤᠨ ᠬᠢᠨᠠᠯᠲᠠ᠎ᠶ᠋ᠢᠨ ᠬᠠᠷᠢᠭᠤᠴᠠᠯᠭ᠎ᠠ ᠨᠡᠩ ᠴᠢᠬᠤᠯᠠ ᠪᠤᠯᠪᠠ᠃

ᠢᠷᠭᠡᠨ᠎ᠤ ᠬᠡᠷᠡᠭ᠎ᠤᠨ ᠪᠠᠢᠴᠠᠭᠠᠬᠤ ᠠᠵᠢᠯ᠎ᠢ ᠨᠡᠩ ᠨᠠᠷᠢᠯᠢᠭ ᠣᠨᠣᠴᠠᠲᠠᠶ ᠦᠷᠨᠢᠬᠦᠯᠪᠡ᠃ ᠠᠵᠦ᠍ ᠠᠬᠤᠢ ᠨᠡᠢᠭᠡᠮ᠎ᠤᠨ ᠬᠦᠭ᠌ᠵᠢᠯᠲᠡ᠎ᠳᠤ ᠬᠥᠲᠥᠯᠥᠨ ᠳᠠᠭᠠᠭᠤᠯᠬᠤ ᠦᠨ᠎ᠡ ᠦᠷᠳᠡᠭ ᠪᠦᠬᠦᠢ ᠨᠡᠢᠲᠡᠯᠢᠭ ᠬᠡᠷᠡᠭ᠎ᠲᠤ᠌᠂ ᠡᠰᠡᠷᠭᠦᠴᠡᠨ ᠵᠠᠭᠠᠯᠳᠤᠬᠤ᠎ᠪᠠᠷ ᠳᠠᠮᠵᠢᠭᠤᠯᠤᠨ ᠬᠠᠤᠯᠢ ᠪᠠᠷᠢᠬᠤ ᠪᠠᠷᠢᠮᠵᠢᠶ᠎ᠠ᠎ᠶ᠋ᠢ ᠨᠢᠭᠡᠳᠭᠡᠬᠦ᠌᠎ᠶ᠋ᠢ ᠠᠬᠢᠭᠤᠯᠵᠤ᠂ ᠠᠳᠠᠯᠢ ᠲᠦᠷᠦᠯ᠎ᠤᠨ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠪᠠ; ᠣᠨᠴᠠᠭᠠᠢ ᠬᠡᠷᠡᠭ᠎ᠤᠨ ᠠᠰᠠᠭᠤᠳᠠᠯ᠎ᠢ ᠤᠯᠠᠩᠬᠢ᠎ᠳᠠᠭᠠᠨ ᠪᠠᠢᠴᠠᠭᠠᠬᠤ ᠰᠠᠨᠠᠭᠤᠯᠭ᠎ᠠ᠎ᠪᠠᠷ ᠵᠠᠯᠠᠷᠠᠭᠤᠯᠬᠤ᠎ᠶ᠋ᠢ ᠠᠬᠢᠭᠤᠯᠪᠠ᠃ 4994 ᠬᠤᠪᠢ ᠢᠷᠭᠡᠨ᠎ᠤ ᠬᠡᠷᠡᠭ᠎ᠤᠨ ᠡᠰᠡᠷᠭᠦᠴᠡᠭ᠌ᠰᠡᠨ ᠵᠠᠭᠠᠯᠳᠤᠯᠭ᠎ᠠ ᠭᠠᠷᠭᠠᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠠᠴᠠ 2.1% ᠎ᠪᠠᠷ ᠪᠠᠭᠤᠷᠠᠵᠤ᠂ ᠱᠢᠭᠦᠬᠦ᠌ ᠬᠤᠷᠢᠶ᠎ᠠ᠎ᠶ᠋ᠢᠨ ᠨᠢᠭᠡᠨᠲᠡ ᠥᠭᠡᠷᠡᠴᠢᠯᠡᠨ ᠲᠠᠰᠤᠯᠤᠭ᠍ᠰᠠᠨ᠂ ᠪᠤᠴᠠᠭᠠᠵᠤ ᠲᠠᠬᠢᠨ ᠱᠢᠭᠦᠯᠭᠡᠭ᠌ᠰᠡᠨ᠂ ᠡᠶᠡᠳᠡᠭᠦᠯᠦᠭ᠌ᠰᠡᠨ᠂ ᠡᠶᠡᠳᠡᠵᠦ᠍ ᠵᠠᠭᠠᠯᠳᠤᠯᠭ᠎ᠠ᠎ᠪᠠᠨ ᠪᠤᠴᠠᠭᠠᠭ᠍ᠰᠠᠨ᠎ᠨᠢ 2926 ᠬᠤᠪᠢ ᠪᠠᠢᠵᠤ᠂ ᠬᠤᠪᠢᠷᠠᠭᠤᠯᠤᠬ᠍ᠰᠠᠨ ᠨᠤᠷᠮ᠎ᠠ 80.7% ᠎ᠳᠤ ᠬᠦᠷᠴᠡᠶ; ᠲᠠᠬᠢᠨ ᠱᠢᠭᠦᠯᠭᠡᠬᠦ᠌ ᠪᠠᠢᠴᠠᠭᠠᠬᠤ ᠰᠠᠨᠠᠭᠤᠯᠭ᠎ᠠ᠎ᠶ᠋ᠢ 9900 ᠬᠤᠪᠢ ᠳᠤᠷᠠᠳᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠠᠴᠠ 24.2% ᠎ᠢᠶᠠᠷ ᠨᠡᠮᠡᠭ᠌ᠳᠡᠵᠦ᠍᠂ ᠱᠢᠭᠦᠬᠦ᠌ ᠬᠤᠷᠢᠶ᠎ᠠ᠎ᠶ᠋ᠢᠨ ᠬᠦᠯᠢᠶᠡᠨ ᠠᠪᠤᠭ᠍ᠰᠠᠨ ᠨᠤᠷᠮ᠎ᠠ 68.7% ᠎ᠳᠤ ᠬᠦᠷᠴᠡᠶ᠃ ᠢᠷᠭᠡᠨ᠎ᠤ ᠬᠡᠷᠡᠭ᠎ᠤᠨ ᠱᠢᠭᠦᠨ ᠲᠠᠰᠤᠯᠤᠯᠲᠠ᠎ᠶ᠋ᠢᠨ ᠳᠤᠮᠳᠠ ᠬᠠᠤᠯᠢ᠎ᠠᠴᠠ ᠵᠥᠷᠢᠴᠡᠨ ᠬᠦᠷᠭᠡᠭ᠌ᠰᠡᠨ᠂ ᠬᠠᠤᠯᠢ᠎ᠠᠴᠠ ᠵᠥᠷᠢᠴᠡᠨ ᠬᠠᠮᠠᠭᠠᠯᠠᠨ ᠬᠠᠳᠠᠭᠠᠯᠠᠬᠤ ᠠᠷᠭ᠎ᠠ ᠬᠡᠮᠵᠢᠶ᠎ᠡ ᠠᠪᠤᠬ᠍ᠰᠠᠨ᠂ ᠵᠢᠷᠤᠮ᠎ᠢ ᠪᠤᠷᠤᠭᠤ ᠲᠤᠬᠢᠷᠠᠭᠤᠯᠤᠨ ᠭᠡᠷᠡᠭ᠌ᠯᠡᠭ᠌ᠰᠡᠨ ᠵᠡᠷᠭᠡ᠎ᠳᠤ 3.3 ᠲᠦᠮᠡᠨ ᠬᠤᠪᠢ ᠪᠠᠢᠴᠠᠭᠠᠬᠤ ᠰᠠᠨᠠᠭᠤᠯᠭ᠎ᠠ ᠳᠤᠷᠠᠳᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠠᠴᠠ 84.4% ᠎ᠪᠠᠷ ᠨᠡᠮᠡᠭ᠌ᠳᠡᠪᠠ᠃ ᠢᠷᠭᠡᠨ᠎ᠤ ᠬᠡᠷᠡᠭ᠎ᠤᠨ ᠭᠦᠢᠴᠡᠳᠭᠡᠬᠦ᠌ ᠠᠵᠢᠯᠯᠠᠭ᠎ᠠ᠎ᠶ᠋ᠢᠨ ᠳᠤᠮᠳᠠᠬᠢ ᠬᠠᠤᠯᠢ᠎ᠠᠴᠠ ᠵᠥᠷᠢᠴᠡᠭ᠌ᠰᠡᠨ ᠪᠠᠢᠳᠠᠯ᠎ᠳᠤ 3.7 ᠲᠦᠮᠡᠨ ᠬᠤᠪᠢ ᠪᠠᠢᠴᠠᠭᠠᠬᠤ ᠰᠠᠨᠠᠭᠤᠯᠭ᠎ᠠ ᠲᠤᠷᠠᠳᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠠᠴᠠ 59.7% ᠎ᠪᠠᠷ ᠨᠡᠮᠡᠭ᠌ᠳᠡᠪᠠ᠃ ᠲᠤᠰᠭᠠᠶ ᠬᠢᠨᠠᠯᠲᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ 10090 ᠬᠤᠳᠠᠯ ᠬᠠᠭᠤᠷᠮᠠᠭ ᠵᠠᠷᠭᠤ᠎ᠶ᠋ᠢ ᠵᠠᠯᠠᠷᠠᠭᠤᠯᠤᠨ᠂ ᠶᠠᠯ᠎ᠠ ᠬᠢᠭ᠌ᠰᠡᠨ 1352 ᠰᠡᠵᠢᠭ᠌ᠯᠡᠯᠲᠡᠶ ᠬᠥᠮᠦᠨ᠎ᠢ ᠵᠠᠭᠠᠯᠳᠤᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠠᠴᠠ ᠲᠤᠰ ᠲᠤᠰ 27.9% ᠪᠠ 6.5% ᠎ᠪᠠᠷ ᠨᠡᠮᠡᠭ᠌ᠳᠡᠪᠠ᠃ ᠪᠠᠢᠴᠠᠭᠠᠬᠤ ᠪᠠᠢᠭᠤᠯᠭ᠎ᠠ᠎ᠠᠴᠠ ᠨᠢᠭᠡᠨ ᠶᠠᠯᠠᠲᠤ ᠪᠦᠯᠦᠭ᠌ᠯᠡᠯ ᠫᠠᠢᠰᠠ᠎ᠲᠠᠢ ᠮᠠᠱᠢᠨ ᠲᠡᠷᠭᠡ ᠬᠤᠳᠠᠯᠳᠤᠭᠠᠯᠠᠬ᠍ᠰᠠᠨ ᠭᠡᠷ᠎ᠡ᠎ᠶ᠋ᠢᠨ ᠵᠠᠭᠤᠷᠠᠯᠳᠤᠭᠠᠨ᠎ᠤ ᠭᠡᠷᠡᠭ᠎ᠢ ᠬᠠᠭᠤᠷᠮᠠᠭ᠎ᠢᠶᠠᠷ ᠵᠤᠬᠢᠶᠠᠭᠠᠳ ᠵᠠᠭᠠᠯᠳᠤᠬ᠍ᠰᠠᠨ᠎ᠤ ᠲᠠᠷᠠᠭ᠎ᠠ ᠲᠠᠬᠢᠭᠠᠳ ᠵᠠᠭᠠᠯᠳᠤᠭ᠍ᠳᠠᠭ᠍ᠴᠢ᠎ᠶ᠋ᠢᠨ ᠨᠡᠷ᠎ᠠ᠎ᠪᠠᠷ ᠵᠠᠭᠠᠯᠳᠤᠯᠭ᠎ᠠ᠎ᠶ᠋ᠢ ᠬᠦᠯᠢᠶᠠᠨ ᠠᠪᠴᠤ᠌ ᠲᠡᠷᠭᠡᠨ ᠫᠠᠢᠰᠠ᠎ᠶ᠋ᠢ ᠮᠡᠬᠡᠯᠡᠨ ᠠᠪᠴᠤ᠌᠂ 283 ᠬᠤᠳᠠᠯ ᠬᠠᠭᠤᠷᠮᠠᠭ ᠵᠠᠷᠭᠤ ᠤᠢ᠍ᠢᠯᠡᠳᠴᠤ᠌᠂ ᠬᠡᠷᠡᠭ᠎ᠲᠤ ᠬᠤᠯᠪᠣᠭ᠍ᠳᠠᠭ᠍ᠰᠠᠨ ᠵᠤᠭᠤᠰ᠎ᠤᠨ ᠲᠤᠭ᠎ᠠ᠎ᠨᠢ 3700 ᠲᠦᠮᠡᠨ ᠲᠥᠭᠦᠷᠢᠭ᠎ᠲᠤ ᠬᠦᠷᠦᠭ᠌ᠰᠡᠨ ᠨᠢᠭᠡᠨ ᠭᠡᠷᠡᠭ᠎ᠢ ᠤᠯᠵᠤ ᠮᠡᠳᠡᠭᠡᠳ᠂ ᠶᠠᠯᠠᠲᠤ ᠠᠵᠢᠯᠯᠠᠭ᠎ᠠ᠎ᠶ᠋ᠢ᠎ᠨᠢ ᠨᠡᠬᠡᠮᠵᠢᠯᠡᠨ ᠵᠠᠭᠠᠯᠳᠤᠬᠤ᠎ᠶ᠋ᠢᠨ ᠬᠠᠮᠲᠤ 9 ᠬᠠᠮᠢᠶ᠎ᠠ ᠪᠦᠬᠦᠢ ᠱᠢᠭᠦᠬᠦ᠌ ᠬᠤᠷᠢᠶ᠎ᠠ᠎ᠳᠤ ᠲᠠᠬᠢᠨ ᠱᠢᠭᠦᠯᠭᠡᠬᠦ᠌ ᠪᠠᠢᠴᠠᠭᠠᠬᠤ ᠰᠠᠨᠠᠭᠤᠯᠭ᠎ᠠ ᠲᠤᠷᠠᠳᠪᠠ᠃ ᠬᠤᠳᠠᠯ ᠬᠠᠭᠤᠷᠮᠠᠭ ᠵᠠᠷᠭᠤ᠎ᠶ᠋ᠢ ᠰᠡᠷᠭᠡᠢᠯᠡᠨ ᠵᠠᠰᠠᠵᠤ᠂ ᠬᠠᠤᠯᠢ ᠪᠠᠷᠢᠬᠤ ᠡᠷᠬᠡ ᠰᠦᠷ᠎ᠢ ᠬᠠᠮᠠᠭᠠᠯᠠᠬᠤ᠎ᠶ᠋ᠢᠨ ᠲᠥᠯᠥᠭᠡ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠎ᠳᠤ ᠲᠠᠪᠤᠳᠤᠭᠠᠷ ᠲᠣᠭᠠᠲᠤ ᠪᠠᠢᠴᠠᠭᠠᠬᠤ ᠰᠠᠨᠠᠭᠤᠯᠭ᠎ᠠ ᠭᠠᠷᠭᠠᠪᠠ᠃

ᠵᠠᠰᠠᠭ ᠵᠠᠬᠢᠷᠭᠠᠨ᠎ᠤ ᠪᠠᠢᠴᠠᠭᠠᠬᠤ ᠠᠵᠢᠯ᠎ᠢ ᠦᠷᠭᠦᠯᠵᠢᠯᠡᠨ ᠪᠣᠳᠠᠲᠠᠢᠵᠢᠭᠤᠯᠪᠠ᠃ ᠦᠨᠡᠬᠡᠷ ᠪᠤᠷᠤᠭᠤ᠎ᠲᠠᠢ ᠭᠡᠵᠦ᠍ ᠦᠵᠡᠭ᠌ᠰᠡᠨ ᠵᠠᠰᠠᠭ ᠵᠠᠬᠢᠷᠭᠠᠨ᠎ᠤ ᠲᠠᠰᠤᠯᠤᠨ ᠲᠣᠭ᠍ᠲᠠᠭᠠᠯᠲᠠ᠎ᠳᠤ 182 ᠬᠤᠪᠢ ᠡᠰᠡᠷᠭᠦᠴᠡᠭ᠌ᠰᠡᠨ ᠵᠠᠭᠠᠯᠳᠤᠯᠭ᠎ᠠ ᠭᠠᠷᠭᠠᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠠᠴᠠ 16.7% ᠎ᠪᠠᠷ ᠨᠡᠮᠡᠭ᠌ᠳᠡᠪᠠ; 198 ᠬᠤᠪᠢ ᠳᠠᠬᠢᠨ ᠱᠢᠭᠦᠯᠭᠡᠬᠦ᠌ ᠪᠠᠢᠴᠠᠭᠠᠬᠤ ᠰᠠᠨᠠᠭᠤᠯᠭ᠎ᠠ ᠳᠤᠷᠠᠳᠪᠠ᠂ ᠡᠨᠡ᠎ᠨᠢ 2019 ᠣᠨ᠎ᠤ 2.4 ᠲᠠᠬᠢᠨ ᠪᠣᠯᠪᠠ᠃ ᠵᠠᠰᠠᠭ ᠵᠠᠬᠢᠷᠭᠠᠨ᠎ᠤ ᠱᠢᠭᠦᠨ ᠲᠠᠰᠤᠯᠤᠯᠲᠠ᠎ᠶ᠋ᠢᠨ ᠳᠤᠮᠳᠠ ᠬᠠᠤᠯᠢ᠎ᠠᠴᠠ ᠵᠥᠷᠢᠴᠡᠨ ᠬᠦᠷᠭᠡᠭ᠌ᠰᠡᠨ᠂ ᠬᠠᠤᠯᠢ᠎ᠪᠠᠷ ᠲᠣᠭ᠍ᠲᠠᠭᠠᠭ᠍ᠰᠠᠨ ᠱᠢᠭᠦᠬᠦ᠌ ᠬᠤᠭᠤᠴᠠᠭ᠎ᠠ᠎ᠠᠴᠠ ᠵᠥᠷᠢᠴᠡᠭ᠌ᠰᠡᠨ ᠵᠡᠷᠭᠡ᠎ᠳᠤ 6067 ᠬᠤᠪᠢ ᠪᠠᠢᠴᠠᠭᠠᠬᠤ ᠰᠠᠨᠠᠭᠤᠯᠭ᠎ᠠ ᠳᠤᠷᠠᠳᠪᠠ᠂ ᠡᠨᠡ᠎ᠨᠢ 2019 ᠣᠨ᠎ᠤ 2.2 ᠳᠠᠬᠢᠨ ᠪᠣᠯᠪᠠ᠃ ᠵᠠᠰᠠᠭ ᠵᠠᠬᠢᠷᠭᠠᠨ᠎ᠤ ᠭᠦᠢᠴᠡᠳᠭᠡᠬᠦ᠌ ᠠᠵᠢᠯᠯᠠᠭ᠎ᠠ᠎ᠶ᠋ᠢᠨ ᠳᠤᠮᠳᠠᠬᠢ ᠬᠠᠤᠯᠢ᠎ᠠᠴᠠ ᠵᠥᠷᠢᠴᠡᠭ᠌ᠰᠡᠨ ᠪᠠᠢᠳᠠᠯ᠎ᠳᠤ 2.5 ᠲᠦᠮᠡᠨ ᠬᠤᠪᠢ ᠪᠠᠢᠴᠠᠭᠠᠬᠤ ᠰᠠᠨᠠᠭᠤᠯᠭ᠎ᠠ ᠳᠤᠷᠠᠳᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠠᠴᠠ 93.4% ᠎ᠪᠠᠷ ᠨᠡᠮᠡᠭ᠌ᠳᠡᠪᠠ᠃ ᠵᠠᠷᠢᠮ ᠵᠠᠰᠠᠭ ᠵᠠᠬᠢᠷᠭᠠᠨ᠎ᠤ ᠵᠠᠷᠭᠤ᠎ᠶ᠋ᠢᠨ ᠵᠢᠷᠤᠮ᠎ᠤᠨ ᠬᠤᠭᠤᠰᠤᠨ ᠠᠵᠢᠯᠯᠠᠭᠠᠨ᠎ᠳᠤ ᠴᠢᠭ᠌ᠯᠡᠭᠦᠯᠦᠨ᠂ ᠲᠤᠰᠭᠠᠶ ᠬᠢᠨᠠᠯᠲᠠ᠎ᠶ᠋ᠢ ᠭᠦᠨᠵᠡᠭᠡᠢᠷᠡᠭᠦᠯᠵᠦ᠍᠂ 6304 ᠬᠤᠪᠢ ᠵᠠᠰᠠᠭ ᠵᠠᠬᠢᠷᠭᠠᠨ᠎ᠤ ᠮᠠᠷᠭᠤᠭᠠᠨ᠎ᠢ ᠪᠦᠲᠦᠮᠵᠢᠲᠡᠶ ᠱᠢᠢᠳᠪᠤᠷᠢᠯᠡᠪᠠ᠂ ᠡᠭᠦᠨ᠎ᠤ ᠳᠣᠲᠣᠷ᠎ᠠ 10 ᠵᠢᠯ᠎ᠠᠴᠠ ᠳᠡᠭᠡᠭ᠌ᠰᠢ ᠦᠷᠬᠦᠯᠵᠢᠯᠡᠭ᠌ᠰᠡᠨ ᠵᠠᠷᠭᠤ᠎ᠶ᠋ᠢᠨ ᠮᠠᠷᠭᠤᠭᠠᠨ 353 ᠬᠤᠪᠢ ᠪᠤᠢ᠃ ᠨᠢᠭᠡᠨ ᠭᠤᠶᠤᠴᠢᠯᠠᠬ᠍ᠴᠢ ᠤᠷᠤᠨ ᠰᠠᠭᠤᠴᠠ᠎ᠶ᠋ᠢᠨ ᠭᠠᠵᠠᠷ᠎ᠤᠨ ᠵᠠᠭᠤᠷᠠᠯᠳᠤᠭᠠᠨ᠎ᠢ ᠠᠷᠪᠠ ᠭᠠᠷᠤᠢ ᠵᠢᠯ ᠱᠢᠢᠳᠪᠤᠷᠢᠯᠡᠭ᠌ᠰᠡᠨ ᠦᠭᠡᠢ ᠤᠴᠢᠷ᠎ᠲᠤ ᠵᠠᠰᠠᠭ ᠵᠠᠬᠢᠷᠭᠠᠨ᠎ᠤ ᠵᠠᠷᠭᠤ ᠬᠢᠭ᠌ᠰᠡᠨ᠎ᠳᠤ᠂ 2018 ᠤᠨ᠎ᠤ 10 ᠰᠠᠷ᠎ᠠ᠎ᠳᠤ ᠬᠤᠶᠠᠳᠤᠭᠠᠷ ᠱᠢᠬᠦᠯᠳᠠ᠎ᠳᠤ ᠵᠠᠭᠠᠯᠳᠤᠯᠭ᠎ᠠ᠎ᠶ᠋ᠢ᠎ᠨᠢ ᠪᠤᠴᠠᠭᠠᠵᠤ᠂ ᠤᠭ᠎ᠤᠨ ᠲᠠᠰᠤᠯᠤᠯᠳᠠ᠎ᠶ᠋ᠢ ᠪᠠᠷᠢᠮᠳᠠᠯᠠᠵᠠᠢ᠃ ᠪᠠᠢᠴᠠᠭᠠᠬᠤ ᠪᠠᠢᠭᠤᠯᠭ᠎ᠠ ᠬᠢᠨᠠᠯᠲᠠ ᠲᠠᠯᠪᠢᠭᠤᠯᠬᠤ ᠭᠤᠶᠤᠴᠢᠯᠠᠯ᠎ᠢ ᠱᠢᠢᠳᠪᠦᠷᠢᠯᠡᠬᠦ᠌᠎ᠪᠠᠷ ᠬᠦᠯᠢᠶᠡᠨ ᠠᠪᠤᠭ᠍ᠰᠠᠨ᠎ᠤ ᠳᠠᠷᠠᠭ᠎ᠠ᠂ ᠬᠢᠨᠠᠨ ᠪᠠᠢᠴᠠᠭᠠᠭᠠᠳ ᠲᠠᠰᠤᠯᠤᠨ ᠲᠤᠬ᠍ᠳᠠᠭᠠᠬ᠍ᠰᠠᠨ᠎ᠨᠢ ᠵᠤᠬᠢᠰ ᠦᠭᠡᠢ ᠪᠢᠰᠢ ᠭᠡᠵᠤ ᠦᠵᠡᠭ᠌ᠰᠡᠨ ᠪᠤᠯᠪᠠᠴᠤ᠌ ᠤᠯᠠᠨ ᠵᠢᠯ᠎ᠤᠨ ᠵᠠᠷᠭᠤ᠎ᠶ᠋ᠢᠨ ᠮᠠᠷᠭᠤᠯᠳᠤᠭᠠᠨ᠎ᠢ ᠱᠢᠢᠳᠪᠤᠷᠢᠯᠡᠬᠦ᠌᠎ᠶ᠋ᠢᠨ ᠲᠦᠯᠦᠭᠡ ᠪᠠᠢᠴᠠᠭᠠᠬᠤ ᠲᠤᠱᠢᠶᠠᠯᠳᠠᠨ ᠲᠤᠰᠭᠤᠨ᠎ᠤ ᠲᠤᠭᠤᠢ᠍ᠢᠯᠠᠩ᠎ᠳᠤ ᠬᠦᠨᠵᠡᠭᠡᠢᠷᠠᠨ᠂ ᠵᠠᠭᠤᠷᠠᠯᠳᠤᠭᠠᠨ᠎ᠤ ᠤᠭ ᠦᠨᠳᠤᠰᠤ᠎ᠶ᠋ᠢ ᠪᠠᠢᠴᠠᠭᠠᠨ ᠲᠤᠳᠤᠯᠠᠵᠤ᠂ ᠬᠤᠶᠠᠷ ᠲᠠᠯ᠎ᠠ᠎ᠳᠤ ᠬᠠᠤᠯᠢ᠎ᠶ᠋ᠢ ᠲᠠᠢᠯᠪᠤᠷᠢᠯᠡᠵᠤ ᠶᠤᠰᠤ ᠶᠠᠷᠢᠨ᠂ ᠱᠢᠪᠠᠳᠠᠵᠤ ᠪᠠᠢᠭᠠᠳ ᠭᠤᠶᠤᠴᠢᠯᠠᠬ᠍ᠴᠢ᠎ᠳᠤ ᠵᠤᠬᠢᠴᠠᠩᠭᠤᠢ ᠨᠦᠬᠦᠪᠤᠷᠢ ᠦᠭ᠌ᠬᠦᠬᠦᠯᠤᠭᠡᠳ 《ᠪᠤᠳᠤᠯᠢᠶᠠᠨᠳᠠᠢ》 ᠵᠠᠰᠠᠭ ᠵᠠᠬᠢᠷᠭᠠᠨ᠎ᠤ ᠮᠠᠷᠭᠤᠭᠠᠨ᠎ᠢ ᠡᠴᠦᠰᠯᠡᠬᠦᠯᠪᠠ᠃

ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢᠨ ᠪᠠᠢᠴᠠᠭᠠᠬᠤ ᠠᠵᠢᠯ᠎ᠢ ᠡᠮᠬᠢ ᠵᠢᠷᠤᠮ᠎ᠲᠠᠢ ᠥᠷᠭᠡᠳᠭᠡᠪᠡ᠃ ᠨᠡᠢᠲᠡ᠎ᠶ᠋ᠢᠨ ᠠᠱᠢᠭ ᠲᠤᠰᠠ᠎ᠶ᠋ᠢ ᠬᠠᠤᠯᠢ ᠪᠠᠷᠢᠯᠳᠠ᠎ᠪᠠᠷ ᠬᠠᠮᠠᠭᠠᠯᠠᠬᠤ ᠲᠤᠬᠠᠢ ᠳᠤᠮᠳᠠᠳᠤ ᠤᠯᠤᠰ᠎ᠤᠨ ᠲᠥᠰᠦᠯ ᠬᠥᠮᠦᠰ᠎ᠤᠨ ᠠᠩᠬᠠᠷᠤᠯ᠎ᠢ ᠶᠡᠭᠡᠳᠠ ᠲᠠᠲᠠᠪᠠ᠂ ᠨᠢᠳᠤᠨᠤᠨ 151260 ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢᠨ ᠭᠡᠷᠡᠭ᠎ᠢ ᠭᠡᠷᠡᠭ ᠪᠣᠯᠭᠠᠨ ᠲᠠᠩᠰᠠᠯᠠᠵᠤ ᠱᠢᠢᠳᠪᠦᠷᠢᠯᠡᠪᠠ᠂ ᠡᠭᠦᠨ᠎ᠳᠤ᠂ ᠢᠷᠭᠡᠨ᠎ᠤ ᠬᠡᠷᠡᠭ᠎ᠤᠨ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ 1.4 ᠲᠦᠮᠡᠨ ᠬᠤᠪᠢ᠂ ᠵᠠᠰᠠᠭ ᠵᠠᠬᠢᠷᠭᠠᠨ᠎ᠤ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ 13.7 ᠲᠦᠮᠡᠨ ᠬᠤᠪᠢ ᠪᠤᠢ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠠᠴᠠ ᠲᠣᠰ ᠲᠣᠰ 1 ᠳᠠᠬᠢᠨ ᠪᠠ 14.4% ᠎ᠪᠠᠷ ᠨᠡᠮᠡᠭ᠌ᠳᠡᠪᠠ᠃ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠪᠠ ᠮᠤᠵᠢ᠎ᠶ᠋ᠢᠨ ᠱᠠᠲᠤᠨ᠎ᠤ ᠪᠠᠢᠴᠠᠭᠠᠬᠤ ᠬᠤᠷᠢᠶ᠎ᠠ᠎ᠠᠴᠠ ᠣᠷᠣᠨ ᠪᠦᠰᠡ ᠠᠯᠤᠰᠯᠠᠭ᠍ᠰᠠᠨ ᠪᠠ ᠨᠥᠯᠥᠭᠡᠯᠡᠬᠦ᠌ ᠴᠢᠨᠠᠷᠲᠠᠶ ᠨᠢᠭᠡ ᠪᠦᠯᠦᠭ ᠬᠡᠷᠡᠭ᠎ᠢ ᠱᠢᠭᠤᠳ ᠱᠢᠢᠳᠪᠦᠷᠢᠯᠡᠪᠡ᠃ ᠬᠤᠶᠠᠷ ᠲᠠᠯ᠎ᠠ᠎ᠪᠠᠷ᠎ᠢᠶᠠᠨ ᠲᠤᠰᠨ ᠬᠦᠷᠲᠡᠬᠦ᠂ ᠤᠯᠠᠨ ᠲᠠᠯ᠎ᠠ᠎ᠪᠠᠷ᠎ᠢᠶᠠᠨ ᠲᠤᠰᠠ ᠬᠦᠷᠲᠡᠬᠦ᠂ ᠬᠠᠮᠳᠤ᠎ᠪᠠᠷ᠎ᠢᠶᠠᠨ ᠲᠤᠰᠠ ᠬᠦᠷᠲᠡᠬᠦ᠌ ᠤᠢ᠍ᠢᠯᠠᠭᠠᠭ᠍ᠳᠠᠬᠤᠨ᠎ᠢ ᠦᠢᠯᠡᠳᠦᠯᠭᠡᠵᠢᠭᠦᠯᠪᠠ᠃ ᠵᠥᠪᠳᠡᠯᠴᠡᠬᠦ᠌ ᠲᠣᠭ᠍ᠲᠠᠴᠠ᠎ᠶ᠋ᠢ ᠪᠠᠢᠭᠤᠯᠵᠤ᠂ ᠪᠠᠢᠴᠠᠭᠠᠬᠤ ᠰᠠᠨᠠᠭᠤᠯᠭ᠎ᠠ ᠳᠤᠷᠠᠳᠭᠤ᠎ᠪᠠᠷ ᠪᠠᠢᠬ᠍ᠰᠠᠨ᠎ᠳᠤᠨᠢ ᠵᠠᠰᠠᠭ ᠵᠠᠬᠢᠷᠭᠠᠨ᠎ᠤ ᠪᠠᠢᠭᠤᠯᠭ᠎ᠠ᠎ᠶ᠋ᠢ ᠲᠤᠱᠢᠶᠠᠯ ᠬᠠᠷᠢᠭᠤᠴᠠᠯᠭ᠎ᠠ᠎ᠪᠠᠨ ᠰᠠᠨᠠᠭᠠᠴᠢᠯᠠᠭ᠎ᠠ᠎ᠠᠴᠠ᠎ᠪᠠᠨ ᠭᠦᠢᠴᠡᠳᠭᠡᠬᠦᠯᠬᠦ᠌᠎ᠪᠠᠷ ᠤᠷᠢᠳ᠎ᠢᠶᠠᠷ ᠱᠢᠪᠠᠳᠠᠨ ᠱᠠᠭᠠᠷᠳᠠᠪᠠ᠃ ᠪᠤᠬᠢᠷᠳᠤᠯ ᠭᠠᠳᠠᠭ᠍ᠰᠢᠯᠠᠭᠤᠯᠳᠠᠭ ᠵᠠᠷᠢᠮ ᠠᠵᠤ ᠠᠬᠤᠢᠯᠠᠯ᠎ᠤᠨ ᠲᠣᠭ᠍ᠲᠠᠭᠠᠯ᠎ᠠᠴᠠ ᠵᠥᠷᠢᠴᠡᠨ ᠬᠠᠮᠢᠶ᠎ᠠ ᠪᠦᠬᠦᠢ ᠭᠠᠢᠯᠢ ᠲᠠᠲᠠᠪᠤᠷᠢ᠎ᠶ᠋ᠢᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠡᠳ᠋ᠯᠡᠵᠤ ᠪᠠᠢᠭ᠎ᠠ ᠶᠠᠪᠤᠳᠠᠯ᠎ᠳᠤ ᠴᠢᠭ᠌ᠯᠡᠬᠦᠯᠤᠨ᠂ ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠎ᠲᠠᠢ ᠬᠠᠮᠲᠤ᠎ᠪᠠᠷ ᠬᠢᠨᠠᠨ ᠬᠠᠷᠭᠤᠭᠤᠯᠬᠤ᠂ ᠴᠡᠭ᠌ᠴᠡᠯᠡᠨ ᠰᠠᠢᠵᠢᠷᠠᠭᠤᠯᠬᠤ᠎ᠶ᠋ᠢ ᠱᠢᠪᠠᠳᠠᠵᠤ᠂ ᠣᠷᠴᠢᠨ ᠠᠬᠤᠢ᠎ᠶ᠋ᠢᠨ ᠬᠠᠮᠠᠭᠠᠯᠠᠯᠲᠠ᠎ᠶ᠋ᠢᠨ ᠱᠢᠢᠳᠭᠡᠯ᠎ᠤᠨ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠵᠤ᠂ ᠭᠠᠢᠯᠢ ᠲᠠᠲᠠᠪᠤᠷᠢ᠎ᠶ᠋ᠢᠨ ᠬᠠᠷᠠᠭᠠᠯᠵᠠᠯ᠎ᠤᠨ ᠲᠦᠷᠦ᠎ᠶ᠋ᠢᠨ ᠪᠤᠳᠤᠯᠭ᠎ᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠵᠠᠭᠠᠯᠳᠤᠬᠤ᠎ᠠᠴᠠ ᠡᠮᠦᠨᠡᠬᠢ ᠪᠠᠢᠴᠠᠭᠠᠬᠤ ᠰᠠᠨᠠᠭᠤᠯᠭ᠎ᠠ᠎ᠶ᠋ᠢ 11.8 ᠲᠦᠮᠡᠨ ᠬᠤᠪᠢ ᠭᠠᠷᠭᠠᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠠᠴᠠ 14.1% ᠎ᠪᠠᠷ ᠨᠡᠮᠡᠭ᠌ᠳᠡᠪᠠ; ᠵᠠᠰᠠᠭ ᠵᠠᠬᠢᠷᠭᠠᠨ᠎ᠤ ᠪᠠᠢᠭᠤᠯᠭ᠎ᠠ᠎ᠶ᠋ᠢᠨ ᠬᠠᠷᠢᠭᠤᠯᠲᠠ ᠥᠭ᠌ᠬᠦᠭ᠌ᠰᠡᠨ ᠪᠠ ᠴᠡᠭ᠌ᠴᠡᠯᠡᠨ ᠰᠠᠢᠵᠢᠷᠠᠭᠤᠯᠤᠭ᠍ᠰᠠᠨ ᠨᠤᠷᠮ᠎ᠠ 99.4% ᠬᠦᠷᠴᠦ᠍᠂ ᠨᠡᠩ ᠤᠯᠠᠨ ᠠᠰᠠᠭᠤᠳᠠᠯ᠎ᠢ ᠵᠠᠭᠠᠯᠳᠤᠬᠤ᠎ᠠᠴᠠ ᠡᠮᠦᠨ᠎ᠠ ᠳᠠᠷᠤᠶ᠎ᠳᠤᠨᠢ ᠱᠢᠢᠳᠪᠤᠷᠢᠯᠡᠪᠠ᠃ ᠵᠠᠭᠠᠯᠳᠤᠯᠭ᠎ᠠ ᠭᠠᠷᠭᠠᠬᠤ ᠶᠠᠪᠤᠳᠠᠯ᠎ᠢ ᠬᠠᠤᠯᠢ᠎ᠪᠠᠷ ᠵᠠᠰᠠᠬᠤ ᠠᠮᠢᠳᠤᠯᠢᠭ ᠬᠢᠴᠢᠶᠡᠯ᠎ᠤᠨ ᠲᠠᠩᠬᠢᠮ ᠪᠣᠯᠭᠠᠪᠠ᠃ ᠪᠠᠢᠴᠠᠭᠠᠬᠤ ᠰᠠᠨᠠᠭᠤᠯᠭ᠎ᠠ᠎ᠶ᠋ᠢ ᠨᠠᠢᠳᠠᠪᠤᠷᠢᠵᠢᠭᠤᠯᠵᠤ ᠳᠡᠢᠯᠬᠦ᠌ ᠦᠭᠡᠶ᠎ᠳᠤᠨᠢ ᠵᠠᠭᠠᠯᠳᠤᠯᠭ᠎ᠠ ᠭᠠᠷᠭᠠᠵᠤ᠂ ᠬᠡᠷᠡᠭ᠎ᠢ ᠬᠠᠤᠯᠢ᠎ᠪᠠᠷ ᠵᠠᠰᠠᠬᠤ ᠦᠯᠢᠭᠡᠷ ᠶᠠᠩᠵᠤ ᠪᠤᠯᠭᠠᠨ ᠱᠢᠢᠳᠪᠤᠷᠢᠯᠡᠵᠤ᠂ ᠬᠠᠤᠯᠢ ᠶᠤᠰᠤᠭᠠᠷ ᠵᠠᠰᠠᠭ ᠶᠠᠪᠤᠭᠤᠯᠬᠤ᠎ᠶ᠋ᠢ ᠠᠬᠢᠭᠤᠯᠵᠤ᠂ ᠨᠡᠢᠭᠡᠮ᠎ᠤᠨ ᠲᠠᠯ᠎ᠠ᠎ᠶ᠋ᠢᠨ᠎ᠬᠢᠨ᠎ᠢ ᠰᠡᠷᠡᠮᠵᠢᠯᠡᠭᠦᠯᠵᠦ᠍᠂ ᠰᠤᠷᠭᠠᠨ ᠬᠥᠮᠦᠵᠢᠭᠦᠯᠪᠡ᠃ 8010 ᠬᠤᠪᠢ ᠵᠠᠷᠭᠤ ᠬᠢᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠠᠴᠠ 67.6% ᠎ᠪᠠᠷ ᠨᠡᠮᠡᠭ᠌ᠳᠡᠪᠠ; ᠱᠢᠭᠦᠬᠦ᠌ ᠬᠤᠷᠢᠶ᠎ᠠ 5976 ᠬᠡᠷᠡᠭ᠎ᠢ ᠱᠢᠭᠦᠨ ᠳᠠᠭᠤᠰᠭᠠᠵᠤ᠂ 5935 ᠬᠤᠪᠢ ᠵᠠᠭᠠᠯᠳᠤᠬᠤ ᠰᠠᠨᠠᠯ᠎ᠢ ᠲᠡᠮᠵᠢᠪᠠ᠃ ᠬᠡᠷᠡᠭ᠎ᠤᠨ ᠬᠡᠪᠴᠢᠶ᠎ᠡ᠎ᠶ᠋ᠢ ᠥᠷᠭᠡᠳᠭᠡᠪᠡ᠃ ᠱᠢᠨ᠎ᠡ ᠬᠦᠷᠢᠶᠡᠨ᠎ᠳᠠᠬᠢ ᠣᠯᠠᠨ ᠲᠦᠮᠡᠨ᠎ᠤ ᠲᠤᠰᠭᠠᠯ ᠶᠡᠭᠡᠳᠠᠢ ᠨᠡᠢᠲᠡ᠎ᠶ᠋ᠢᠨ ᠠᠱᠢᠭ ᠲᠤᠰᠠ᠎ᠶ᠋ᠢᠨ ᠬᠤᠬᠢᠷᠠᠯ᠎ᠤᠨ 2.7 ᠲᠦᠮᠡᠨ ᠠᠰᠠᠭᠤᠳᠠᠯ᠎ᠢ ᠬᠡᠷᠡᠭ ᠪᠣᠯᠭᠠᠨ ᠳᠡᠩᠰᠡᠯᠡᠪᠠ᠂ ᠡᠨᠡ᠎ᠨᠢ 2019 ᠣᠨ᠎ᠤ 3.4 ᠳᠠᠬᠢᠨ ᠪᠣᠯᠪᠠ᠃ ᠲᠡᠮᠦᠷ ᠵᠠᠮ᠎ᠤᠨ ᠠᠶᠤᠯᠭᠦᠶ ᠦᠢᠯᠡᠳᠪᠦᠷᠢᠯᠡᠯ᠎ᠤᠨ ᠬᠦᠷᠢᠶᠡᠨ᠎ᠳᠠᠬᠢ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠨᠡᠢᠲᠡᠯᠡᠵᠦ᠍᠂ ᠵᠠᠮ ᠳᠠᠭᠠᠤ᠎ᠶ᠋ᠢᠨ ᠣᠷᠴᠢᠨ ᠠᠬᠤᠶ᠎ᠶ᠋ᠢᠨ ᠠᠮᠤᠷ ᠲᠦᠪᠱᠢᠨ᠎ᠤ ᠵᠠᠰᠠᠯᠲᠠ᠎ᠶ᠋ᠢ ᠠᠬᠢᠭᠤᠯᠪᠠ᠃ ᠾᠧᠪᠸᠢ᠂ ᠱᠠᠨ ᠰᠢ᠂ ᠦᠪᠤᠷ ᠮᠤᠩᠭᠤᠯ᠂ ᠱᠠᠨᠰᠢ᠂ ᠭᠠᠨᠰᠦ᠎ᠶ᠋ᠢᠨ ᠪᠠᠢᠴᠠᠭᠠᠬᠤ ᠪᠠᠢᠭᠤᠯᠭ᠎ᠠ ᠣᠷᠳᠣ ᠴᠠᠭᠠᠨ ᠬᠡᠷᠡᠮ᠎ᠢ ᠬᠠᠮᠠᠭᠠᠯᠠᠬᠤ ᠲᠤᠰᠭᠠᠶ ᠬᠢᠨᠠᠯᠲᠠ᠎ᠶ᠋ᠢ ᠦᠷᠨᠢᠬᠦᠯᠵᠤ᠂ ᠱᠢᠨᠵᠢᠶᠠᠩ᠎ᠤᠨ ᠪᠠᠢᠴᠠᠭᠠᠬᠤ ᠪᠠᠢᠭᠤᠯᠭ᠎ᠠ ᠲᠡᠤᠬᠡ᠎ᠶ᠋ᠢᠨ ᠳᠤᠷᠠᠰᠭᠠᠯᠲᠤ ᠵᠦᠢᠯᠡᠰ ᠡᠷᠲᠡᠨ᠎ᠤ ᠦᠯᠡᠳᠡᠭ᠌ᠳᠡᠯ᠎ᠢ ᠲᠤᠰᠭᠠᠶ ᠬᠠᠮᠠᠭᠠᠯᠠᠬᠤ ᠠᠵᠢᠯᠯᠠᠭ᠎ᠠ᠎ᠶ᠋ᠢ ᠥᠷᠨᠢᠭᠦᠯᠪᠡ᠃ ᠱᠠᠩᠬᠠᠢ᠂ ᠠᠨᠾᠦ᠋ᠢ᠎ᠶ᠋ᠢᠨ ᠪᠠᠢᠴᠠᠭᠠᠬᠤ ᠪᠠᠢᠭᠤᠯᠭ᠎ᠠ ᠰᠠᠭᠤᠭᠠᠯᠢ ᠠᠷᠠᠳ᠎ᠤᠨ ᠲᠤᠭᠤᠷᠢᠭ᠎ᠤᠨ ᠲᠤᠷ᠎ᠠ᠎ᠪᠠᠷ ᠤᠳᠠᠰᠤ ᠵᠠᠯᠭᠠᠵᠤ ᠴᠠᠬᠢᠯᠭᠠᠨ ᠬᠦᠳᠡᠯᠭᠡᠬᠦᠷᠳᠤ ᠮᠠᠱᠢᠨ᠎ᠢᠶᠠᠨ ᠴᠡᠨᠡᠭ᠌ᠯᠡᠬᠦ᠌᠎ᠶ᠋ᠢ ᠲᠤᠰᠭᠠᠢ ᠴᠡᠭ᠌ᠴᠡᠯᠡᠨ ᠵᠠᠰᠠᠬᠤ᠎ᠶ᠋ᠢ ᠠᠬᠢᠭᠤᠯᠵᠤ᠂ ᠬᠤᠳᠠ᠎ᠶ᠋ᠢᠨ ᠤᠯᠠᠨ ᠨᠠᠢᠳᠠ᠎ᠶ᠋ᠢᠨ ᠠᠮᠤᠷ ᠲᠦᠪᠱᠢᠨ᠎ᠢ ᠬᠠᠮᠠᠭᠠᠯᠠᠪᠠ᠃ ᠭᠦᠢᠵᠸᠤ᠎ᠶ᠋ᠢᠨ ᠪᠠᠢᠴᠠᠭᠠᠬᠤ ᠪᠠᠢᠭᠤᠯᠭ᠎ᠠ ᠰᠦᠯᠵᠢᠶᠡᠨ᠎ᠤ ᠢᠳᠡᠭᠡᠨ ᠤᠮᠳᠠᠭᠠᠨ᠎ᠤ ᠲᠠᠪᠴᠠᠩ᠎ᠤᠨ ᠠᠯᠪᠠᠳᠠᠯᠭ᠎ᠠ᠎ᠪᠠᠷ 《ᠬᠤᠶᠠᠷ᠎ᠠᠴᠠ ᠨᠢᠭᠡ᠎ᠶ᠋ᠢ ᠰᠤᠩᠭᠤᠭᠤᠯᠬᠤ》 ᠤᠢ᠍ᠢᠯᠠ ᠠᠵᠢᠯᠯᠠᠭ᠎ᠠ᠎ᠳᠤ ᠴᠢᠭ᠌ᠯᠡᠬᠦᠯᠤᠨ᠂ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠢ ᠱᠢᠪᠠᠳᠠᠵᠤ ᠪᠠᠢᠭᠠᠳ ᠵᠦᠶ ᠪᠤᠰᠤ ᠥᠷᠢᠰᠥᠯᠳᠦᠭᠡᠨ᠎ᠤ ᠤᠢ᠍ᠢᠯᠠ ᠠᠵᠢᠯᠯᠠᠭ᠎ᠠ᠎ᠶ᠋ᠢ ᠵᠠᠰᠠᠨ ᠵᠠᠯᠠᠷᠠᠭᠤᠯᠤᠭᠤᠯᠪᠠ; ᠬᠦᠬᠡᠨᠠᠭᠤᠷ᠎ᠤᠨ ᠪᠠᠢᠴᠠᠭᠠᠬᠤ ᠪᠠᠢᠭᠤᠯᠭ᠎ᠠ ᠪᠠ ᠬᠡᠷᠡᠭ᠌ᠯᠡᠭ᠌ᠴᠢᠳ᠎ᠤᠨ ᠨᠡᠢᠭᠡᠮᠯᠢᠭ ᠬᠠᠮᠳᠤᠷᠠᠯᠴᠠᠨ ᠬᠡᠷᠡᠭ᠌ᠯᠡᠭᠡᠨ᠎ᠤ ᠬᠦᠷᠢᠶ᠎ᠡ ᠴᠡᠷᠠᠭ᠎ᠠ᠎ᠳᠠᠬᠢ ᠢᠷᠭᠡᠨ᠎ᠤ ᠭᠡᠷᠡᠭ᠎ᠤᠨ ᠨᠡᠢᠳᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢ ᠬᠠᠢᠨ ᠰᠦᠪᠡᠭ᠌ᠴᠢᠯᠡᠨ ᠦᠷᠭᠡᠳᠭᠡᠵᠦ᠍᠂ ᠬᠡᠷᠡᠭ᠌ᠯᠡᠭ᠌ᠴᠢᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠪᠠ᠃

ᠢᠷᠭᠡᠨ᠎ᠤ ᠬᠠᠤᠯᠢ᠎ᠶ᠋ᠢᠨ ᠪᠢᠴᠢᠭ᠎ᠢᠶᠠᠷ ᠪᠠᠢᠴᠠᠭᠠᠬᠤ ᠠᠵᠢᠯ᠎ᠢ ᠵᠢᠯᠣᠭᠤᠳᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠪᠡ᠃ ᠢᠷᠭᠡᠨ᠎ᠤ ᠬᠠᠤᠯᠢ᠎ᠶ᠋ᠢᠨ ᠪᠢᠴᠢᠭ᠎ᠢ ᠲᠤᠭᠤᠱᠢᠯᠠᠭᠤᠯᠤᠨ ᠬᠡᠷᠡᠭ᠌ᠵᠢᠭᠦᠯᠬᠦ᠌ ᠠᠵᠢᠯ᠎ᠤᠨ ᠬᠤᠷᠠᠯᠳᠤᠭᠠᠨ᠎ᠢ ᠬᠤᠷᠠᠯᠳᠤᠭᠤᠯᠵᠤ᠂ ᠪᠦᠬᠦ᠌ ᠠᠵᠢᠯᠳᠠᠨ ᠰᠦᠯᠵᠢᠶᠡᠨ ᠳᠡᠭᠡᠷ᠎ᠡ ᠲᠤᠰᠭᠠᠶ ᠰᠡᠳᠦᠪᠲᠦ ᠪᠣᠯᠪᠠᠰᠤᠷᠠᠭᠤᠯᠤᠯ᠎ᠳᠤ ᠤᠷᠤᠯᠴᠠᠵᠤ᠂ ᠬᠠᠤᠯᠢ ᠪᠠᠷᠢᠬᠤ ᠲᠠᠢᠯᠪᠤᠷᠢᠯᠠᠯᠲᠠ ᠵᠢᠴᠢ ᠬᠠᠮᠢᠶ᠎ᠠ ᠪᠦᠬᠦᠢ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠪᠦᠬᠦ᠌ ᠲᠠᠯ᠎ᠠ᠎ᠪᠠᠷ ᠢᠯᠭᠠᠷᠠᠭᠤᠯᠤᠨ ᠲᠢᠭ᠌ᠯᠡᠪᠡ᠃ ᠢᠷᠭᠡᠨ᠎ᠤ ᠬᠠᠤᠯᠢ᠎ᠶ᠋ᠢᠨ ᠪᠢᠴᠢᠭ᠎ᠢ ᠲᠤᠭᠤᠱᠢᠯᠠᠭᠤᠯᠤᠨ ᠬᠡᠷᠡᠭ᠌ᠵᠢᠭᠦᠯᠬᠦ᠌᠎ᠪᠠᠷ ᠲᠣᠬᠢᠶᠠᠯ ᠪᠣᠯᠭᠠᠵᠤ᠂ ᠡᠷᠬᠡ᠎ᠶ᠋ᠢᠨ ᠬᠢᠨᠠᠯᠲᠠ ᠪᠤᠯᠤᠨ ᠡᠷᠬᠡ ᠠᠱᠢᠭ᠎ᠤᠨ ᠲᠤᠰᠠᠯᠠᠮᠵᠢ᠎ᠶ᠋ᠢ ᠤᠶᠠᠯᠳᠤᠭᠤᠯᠤᠭ᠍ᠰᠠᠨ ᠢᠷᠭᠡᠨ᠎ᠤ ᠬᠡᠷᠡᠭ᠎ᠤᠨ ᠪᠠᠢᠴᠠᠭᠠᠬᠤ ᠠᠵᠢᠯ᠎ᠤᠨ ᠰᠡᠳᠭᠢᠬᠦᠶ᠎ᠶ᠋ᠢ ᠪᠤᠢ ᠪᠤᠯᠭᠠᠵᠤ᠂ ᠬᠠᠤᠯᠢ᠎ᠪᠠᠷ ᠲᠣᠭ᠍ᠲᠠᠭᠠᠭ᠍ᠰᠠᠨ ᠴᠢᠨᠠᠷ ᠪᠤᠯᠤᠨ ᠴᠢᠬᠤᠯᠠ ᠴᠢᠨᠠᠷ᠎ᠢ ᠨᠢᠭᠡᠳᠭᠡᠭ᠌ᠰᠡᠨ ᠢᠷᠭᠡᠨ᠎ᠤ ᠬᠡᠷᠡᠭ᠎ᠤᠨ ᠪᠠᠢᠴᠠᠭᠠᠬᠤ ᠠᠵᠢᠯ᠎ᠤᠨ ᠬᠢᠨᠠᠯᠲᠠ᠎ᠶ᠋ᠢᠨ ᠪᠠᠷᠢᠮᠵᠢᠶ᠎ᠠ᠎ᠶ᠋ᠢ ᠲᠣᠭ᠍ᠲᠠᠭᠠᠪᠠ᠃ ᠢᠷᠭᠡᠨ᠎ᠤ ᠬᠠᠤᠯᠢ᠎ᠶ᠋ᠢᠨ ᠪᠢᠴᠢᠭ᠎ᠢᠶᠠᠷ 《ᠳᠥᠷᠪᠡᠨ ᠶᠡᠭᠡ ᠪᠠᠢᠴᠠᠭᠠᠬᠤ ᠠᠵᠢᠯ》 ᠎ᠤᠨ ᠴᠢᠬᠤᠯᠠ ᠥᠷᠲᠡᠭ᠎ᠤᠨ ᠵᠢᠯᠣᠭᠤᠳᠤᠯᠭ᠎ᠠ ᠪᠣᠯᠭᠠᠬᠤ᠎ᠳᠤ᠂ ᠡᠷᠡᠭᠦᠦ᠎ᠶ᠋ᠢᠨ ᠬᠡᠷᠡᠭ᠎ᠢ ᠨᠡᠬᠡᠮᠵᠢᠯᠡᠨ ᠵᠠᠭᠠᠯᠳᠤᠬᠤ᠎ᠳᠤ ᠪᠤᠰᠤᠳᠴᠢ ᠪᠦᠭᠡᠳ ᠲᠥᠪ ᠭᠤᠤᠯᠴᠢ ᠵᠣᠭ᠍ᠰᠣᠯᠲᠠ᠎ᠶ᠋ᠢ ᠬᠠᠤᠯᠢ ᠶᠣᠰᠣᠭᠠᠷ ᠪᠠᠷᠢᠮᠲᠠᠯᠠᠵᠤ᠂ ᠵᠠᠷᠭᠤ᠎ᠳᠤ ᠣᠷᠣᠯᠴᠠᠭ᠍ᠰᠠᠳ᠎ᠤᠨ ᠢᠷᠭᠡᠨ᠎ᠤ ᠬᠡᠷᠡᠭ᠎ᠤᠨ ᠡᠷᠬᠡ᠎ᠶ᠋ᠢ ᠡᠷᠬᠡ ᠲᠡᠭ᠌ᠰᠢ ᠪᠦᠭᠡᠳ ᠭᠦᠢᠴᠡᠳ ᠪᠠᠲᠤᠯᠠᠵᠤ᠂ ᠡᠷᠡᠭᠦᠦ᠎ᠶ᠋ᠢᠨ ᠬᠡᠷᠡᠭ᠎ᠢ ᠱᠢᠢᠳᠪᠦᠷᠢᠯᠡᠬᠦ᠌ ᠨᠡᠷ᠎ᠡ᠎ᠪᠠᠷ ᠢᠷᠭᠡᠨ᠎ᠤ ᠬᠡᠷᠡᠭ᠎ᠤᠨ ᠵᠠᠭᠤᠷᠠᠯᠳᠤᠭᠠᠨ᠂ ᠠᠵᠤ ᠠᠬᠤᠶ᠎ᠶ᠋ᠢᠨ ᠵᠠᠭᠤᠷᠠᠯᠳᠤᠭᠠᠨ᠎ᠳᠤ ᠭᠠᠷ ᠲᠦᠷᠦᠭᠦ᠎ᠶ᠋ᠢ ᠡᠷᠡᠰ ᠰᠡᠷᠭᠡᠢᠯᠡᠨ ᠵᠠᠯᠠᠷᠠᠭᠤᠯᠬᠤ ᠬᠡᠷᠡᠭ᠌ᠲᠡᠢ᠃ ᠬᠠᠤᠯᠢ᠎ᠠᠴᠠ ᠵᠥᠷᠢᠴᠡᠨ ᠭᠡᠷᠡᠴᠢ ᠠᠪᠬᠤ᠂ ᠬᠠᠤᠯᠢ᠎ᠠᠴᠠ ᠵᠥᠷᠢᠴᠡᠨ ᠪᠠᠢᠴᠠᠭᠠᠨ ᠪᠢᠲᠡᠭᠦᠮᠵᠢᠯᠡᠬᠦ᠌ ᠳᠠᠷᠤᠵᠤ ᠠᠪᠬᠤ ᠴᠠᠪᠳᠡᠭ᠌ᠰᠢᠭᠦᠯᠬᠦ᠌ ᠵᠡᠷᠭᠡ ᠬᠥᠮᠦᠨ᠎ᠤ ᠪᠡᠶ᠎ᠡ᠎ᠶ᠋ᠢᠨ ᠡᠷᠬᠡ᠂ ᠡᠳ᠋ ᠬᠥᠷᠥᠩᠭᠡ᠎ᠶ᠋ᠢᠨ ᠡᠷᠬᠡ᠂ ᠨᠡᠷ᠎ᠡ ᠬᠦᠨᠳᠦ᠎ᠶ᠋ᠢᠨ ᠡᠷᠬᠡ᠎ᠳᠤ ᠬᠠᠯᠳᠠᠭ᠍ᠰᠠᠨ ᠲᠤᠷᠱᠢᠨ ᠪᠠᠢᠴᠠᠭᠠᠬᠤ ᠠᠵᠢᠯᠯᠠᠭ᠎ᠠ᠎ᠶ᠋ᠢᠨ ᠬᠠᠤᠯᠢ᠎ᠠᠴᠠ ᠵᠥᠷᠢᠴᠡᠭ᠌ᠰᠡᠨ ᠪᠠᠢᠳᠠᠯ᠎ᠳᠤ 5 ᠲᠦᠮᠡᠨ ᠬᠤᠪᠢ ᠤᠳᠠᠭ᠎ᠠ ᠵᠠᠯᠠᠷᠠᠭᠤᠯᠬᠤ ᠰᠠᠨᠠᠯ ᠳᠤᠷᠠᠳᠪᠠ᠃ ᠡᠷᠡᠭᠦᠦ᠎ᠶ᠋ᠢᠨ ᠬᠡᠷᠡᠭ ᠪᠠ ᠢᠷᠭᠡᠨ᠎ᠤ ᠬᠡᠷᠡᠭ᠎ᠤᠨ ᠬᠠᠤᠯᠢ ᠴᠠᠭᠠᠵᠠ᠎ᠶ᠋ᠢᠨ ᠬᠠᠷᠢᠴᠠᠭ᠎ᠠ ᠰᠣᠯᠪᠢᠴᠠᠭ᠍ᠰᠠᠨ ᠬᠡᠷᠡᠭ᠎ᠢ ᠲᠣᠬᠢᠲᠠᠢ ᠱᠢᠢᠳᠪᠦᠷᠢᠯᠡᠵᠦ᠍᠂ ᠢᠷᠭᠡᠨ᠎ᠤ ᠬᠡᠷᠡᠭ᠎ᠤᠨ ᠮᠡᠬᠡᠯᠡᠯ᠂ ᠭᠡᠷ᠎ᠡ᠎ᠶ᠋ᠢᠨ ᠵᠠᠭᠤᠷᠠᠯᠳᠤᠭᠠᠨ᠎ᠤ ᠬᠡᠷᠡᠭ᠎ᠤᠨ ᠪᠡᠶᠡᠴᠢ ᠵᠣᠷᠢᠭᠤᠳᠠ᠎ᠶ᠋ᠢ ᠣᠨᠣᠪᠴᠢᠲᠠᠶ ᠮᠠᠭᠠᠳᠯᠠᠵᠤ᠂ ᠬᠠᠤᠯᠢ᠎ᠶ᠋ᠢ ᠵᠥᠷᠢᠴᠡᠨ ᠨᠡᠬᠡᠮᠵᠢᠯᠡᠨ ᠵᠠᠭᠠᠯᠳᠤᠬᠤ᠎ᠶ᠋ᠢ ᠬᠢᠴᠢᠶᠠᠨ ᠰᠡᠷᠭᠡᠢᠯᠡᠪᠡ; ᠢᠷᠭᠡᠨ᠎ᠤ ᠬᠡᠷᠡᠭ᠎ᠤᠨ ᠠᠷᠠᠯᠵᠢᠶ᠎ᠠ᠂ ᠠᠵᠤ ᠠᠬᠤᠢ᠎ᠶ᠋ᠢᠨ ᠵᠠᠭᠤᠷᠠᠯᠳᠤᠭᠠᠨ ᠭᠡᠰᠡᠨ ᠨᠡᠷ᠎ᠡ᠎ᠶ᠋ᠢ ᠵᠡᠭᠦᠵᠦ᠍ ᠪᠠᠢᠭ᠎ᠠ ᠪᠤᠯᠪᠠᠴᠦ᠍ ᠦᠨᠡᠨ᠎ᠳᠡᠭᠡᠨ ᠡᠳ᠋ ᠬᠦᠷᠦᠩᠭᠡ᠎ᠳᠤ ᠬᠠᠯᠳᠠᠭ᠍ᠰᠠᠨ ᠶᠠᠯᠠᠲᠤ ᠠᠵᠢᠯᠯᠠᠭ᠎ᠠ ᠬᠢᠭ᠌ᠰᠡᠨ 《ᠴᠥᠷᠬᠡᠯᠡᠭᠡ ᠪᠠᠱᠢᠷᠲᠦ ᠵᠢᠭᠡᠯᠡᠯᠭᠡ》 ᠵᠡᠷᠭᠡ᠎ᠶ᠋ᠢ ᠬᠠᠤᠯᠢ ᠶᠣᠰᠣᠭᠠᠷ ᠴᠢᠩᠭ᠎ᠠ ᠨᠡᠬᠡᠮᠵᠢᠯᠡᠨ ᠵᠠᠭᠠᠯᠳᠤᠪᠠ᠃

ᠪᠠᠢᠴᠠᠭᠠᠬᠤ ᠪᠠᠢᠭᠤᠯᠭ᠎ᠠ ᠪᠤᠯᠤᠨ ᠬᠠᠤᠯᠢᠴᠢ᠎ᠶ᠋ᠢᠨ ᠬᠤᠭᠤᠷᠤᠨᠳᠦᠬᠢ ᠵᠢᠷᠤᠮᠵᠢᠭᠤᠨ ᠪᠦᠭᠡᠳ ᠡᠮᠬᠢ ᠵᠢᠷᠤᠮ᠎ᠲᠠᠢ ᠬᠠᠷᠢᠴᠠᠭ᠎ᠠ᠎ᠶ᠋ᠢ ᠪᠠᠢᠭᠤᠯᠪᠠ᠃ ᠬᠠᠤᠯᠢᠴᠢ᠎ᠶ᠋ᠢᠨ ᠬᠠᠤᠯᠢ ᠶᠣᠰᠣᠭᠠᠷ ᠠᠵᠢᠯ ᠡᠷᠬᠢᠯᠡᠬᠦ᠌᠎ᠶ᠋ᠢ ᠪᠠᠲᠤᠯᠠᠬᠤ᠎ᠨᠢ ᠲᠤᠬᠠᠶ᠎ᠶ᠋ᠢᠨ ᠬᠥᠮᠦᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠭ᠍ᠰᠠᠨ ᠶᠠᠪᠤᠳᠠᠯ ᠪᠣᠯᠬᠤ ᠶᠤᠮ᠃ ᠬᠠᠤᠯᠢ ᠬᠡᠷᠡᠭ᠌ᠵᠢᠭᠦᠯᠬᠦ᠌ ᠬᠠᠤᠯᠢ ᠪᠠᠷᠢᠬᠤ ᠪᠠᠢᠭᠤᠯᠭ᠎ᠠ᠎ᠶ᠋ᠢᠨ ᠬᠠᠤᠯᠢᠴᠢ᠎ᠶ᠋ᠢᠨ ᠵᠠᠷᠭᠤᠯᠳᠤᠬᠤ ᠡᠷᠬᠡ᠎ᠪᠠᠨ ᠬᠡᠷᠡᠭ᠌ᠵᠢᠭᠦᠯᠬᠦ᠌᠎ᠶ᠋ᠢ ᠬᠠᠷᠱᠢᠯᠠᠭ᠍ᠰᠠᠨ 958 ᠬᠡᠷᠡᠭ᠎ᠢ ᠬᠢᠨᠠᠯᠲᠠ ᠲᠠᠯᠪᠢᠨ ᠵᠠᠯᠠᠷᠠᠭᠤᠯᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠠᠴᠠ 30.5% ᠎ᠪᠠᠷ ᠨᠡᠮᠡᠭ᠌ᠳᠡᠪᠠ᠃ ᠣᠷᠣᠨ ᠨᠤᠲᠤᠭ᠎ᠤᠨ ᠪᠠᠢᠴᠠᠭᠠᠬᠤ ᠪᠠᠢᠭᠤᠯᠭ᠎ᠠ᠎ᠶ᠋ᠢᠨ ᠬᠠᠤᠯᠢᠴᠢ᠎ᠶ᠋ᠢᠨ ᠣᠨᠳᠣᠦ ᠭᠠᠵᠠᠷ᠎ᠲᠤ ᠡᠪᠬᠡᠮᠡᠯ ᠦᠵᠡᠭᠦ᠌᠂ ᠰᠦᠯᠵᠢᠶᠡᠨ ᠳᠡᠭᠡᠷ᠎ᠡ ᠠᠯᠤᠰ᠎ᠠᠴᠠ ᠠᠭᠤᠯᠵᠠᠬᠤ ᠵᠡᠷᠭᠡ ᠪᠠᠲᠤᠯᠠᠭ᠎ᠠ᠎ᠶ᠋ᠢᠨ ᠲᠣᠭ᠍ᠲᠠᠴᠠ ᠪᠠᠢᠭᠤᠯᠬᠤ᠎ᠶ᠋ᠢ ᠠᠬᠢᠭᠤᠯᠪᠠ᠃ ᠬᠠᠤᠯᠢ ᠪᠠᠷᠢᠬᠤ ᠵᠠᠰᠠᠭ ᠵᠠᠬᠢᠷᠭᠠᠨ᠎ᠤ ᠪᠠᠢᠭᠤᠯᠭ᠎ᠠ᠎ᠲᠠᠢ ᠰᠠᠨᠠᠭᠠᠴᠢᠯᠠᠭ᠎ᠠ᠎ᠠᠴᠠ᠎ᠪᠠᠨ ᠨᠡᠪᠲᠡᠷᠡᠯᠴᠡᠵᠦ᠍᠂ ᠵᠢᠵᠢᠭᠦᠷ ᠬᠠᠤᠯᠢᠴᠢ᠎ᠶ᠋ᠢᠨ ᠲᠦᠷᠢᠮ᠎ᠢ ᠪᠦᠷᠢᠨᠱᠢᠭᠦᠯᠬᠦ᠌᠎ᠶ᠋ᠢ ᠠᠬᠢᠭᠤᠯᠵᠤ᠂ ᠶᠠᠯ᠎ᠠ᠎ᠪᠠᠨ ᠮᠡᠳᠡᠷᠡᠵᠤ ᠱᠢᠢᠳᠭᠡᠯ᠎ᠢ ᠬᠦᠯᠢᠶᠡᠭ᠌ᠰᠡᠨ᠎ᠢ ᠠᠭᠤᠴᠢᠯᠠᠨ ᠱᠢᠢᠳᠭᠡᠬᠦ᠌ ᠬᠡᠷᠡᠭ᠎ᠤᠨ ᠳᠤᠮᠳᠠᠬᠢ ᠢᠯᠡᠴᠢᠯᠡᠨ ᠵᠠᠭᠠᠯᠳᠤᠬᠤ ᠪᠠ ᠥᠮᠥᠭ᠌ᠯᠡᠬᠦ᠌ ᠵᠥᠪᠳᠡᠯᠴᠡᠭᠡ᠎ᠶ᠋ᠢ ᠪᠣᠳᠠᠲᠠᠶ ᠬᠢᠪᠡ᠃ ᠬᠠᠤᠯᠢ ᠪᠠᠷᠢᠬᠤ ᠶᠠᠮᠤᠨ᠂ ᠪᠦᠬᠦ᠌ ᠤᠯᠤᠰ᠎ᠤᠨ ᠬᠠᠤᠯᠢᠴᠢᠳ᠎ᠤᠨ ᠨᠡᠢᠭᠡᠮᠯᠢᠭ᠎ᠲᠠᠢ ᠬᠠᠮᠳᠤᠷᠠᠨ ᠲᠣᠭ᠍ᠲᠠᠮᠠᠯ ᠬᠤᠭᠤᠴᠠᠭ᠎ᠠ᠎ᠲᠠᠢ᠎ᠪᠠᠷ ᠵᠥᠪᠳᠡᠯᠴᠡᠬᠦ᠌ ᠲᠣᠭ᠍ᠲᠠᠴᠠ᠎ᠶ᠋ᠢ ᠪᠠᠢᠭᠤᠯᠵᠤ᠂ ᠪᠠᠢᠴᠠᠭᠠᠬᠤ ᠪᠠᠢᠭᠤᠯᠭ᠎ᠠ ᠪᠤᠯᠤᠨ ᠬᠠᠦᠯᠢᠴᠢ᠎ᠶ᠋ᠢᠨ ᠬᠤᠭᠤᠷᠤᠨᠳᠤᠬᠢ ᠢᠳᠡᠪᠬᠢᠲᠡᠶ ᠪᠥᠭᠡᠳ ᠪᠦᠲᠦᠭᠡᠯᠴᠢ ᠴᠢᠨᠠᠷᠲᠠᠶ ᠬᠠᠷᠢᠴᠠᠭ᠎ᠠ᠎ᠶ᠋ᠢ ᠬᠠᠮᠲᠦ᠎ᠪᠠᠷ ᠴᠤᠭ᠍ᠴᠠᠯᠠᠪᠠ᠃

ᠳᠦᠷᠪᠡ᠂ ᠠᠷᠠᠳ᠎ᠤᠨ ᠰᠡᠳᠭᠢᠯ ᠭᠡᠬᠦ᠌ ᠬᠠᠮᠤᠭ᠎ᠤᠨ ᠶᠡᠭᠡ ᠤᠯᠤᠰ ᠲᠦᠷᠦ᠎ᠲᠠᠢ ᠨᠢᠭ᠍ᠲᠠ ᠤᠶᠠᠯᠳᠤᠭᠤᠯᠵᠤ᠂ ᠠᠷᠠᠳ᠎ᠤᠨ ᠲᠥᠯᠥᠭᠡ ᠪᠠᠢᠴᠠᠭᠠᠬᠤ ᠠᠵᠢᠯ ᠬᠢᠵᠦ᠍ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠪᠡ

ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠠᠷᠠᠳ ᠤᠯᠠᠨ᠎ᠤ ᠰᠠᠨᠠᠭᠠᠱᠢᠷᠠᠯ᠂ ᠵᠣᠪᠠᠨᠢᠯ᠂ ᠱᠢᠨᠠᠯᠤᠯ᠎ᠢ ᠴᠢᠩᠭ᠎ᠠ ᠠᠩᠬᠠᠷᠴᠤ᠌᠂ ᠤᠬᠠᠮᠰᠠᠷ᠎ᠠᠴᠠ᠎ᠪᠠᠨ ᠠᠷᠠᠳ ᠲᠦᠮᠡᠨ᠎ᠤ ᠡᠷᠬᠡ ᠠᠱᠢᠭ᠎ᠢ ᠪᠠᠲᠤᠯᠠᠬᠤ ᠳᠤᠮᠳᠠ ᠬᠠᠷᠢᠭᠤᠴᠠᠯᠭ᠎ᠠ ᠡᠭᠦᠷᠭᠡᠯᠡᠵᠦ᠍ ᠴᠢᠷᠮᠠᠢᠯᠭ᠎ᠠ ᠭᠠᠷᠭᠠᠪᠠ᠃

《ᠬᠡᠯᠡᠨ ᠳᠡᠭᠡᠷᠡᠬᠢ》 ᠪᠠ 《ᠬᠦᠯ ᠳᠤᠤᠷᠠᠬᠢ》 ᠠᠮᠤᠷ ᠲᠦᠪᠱᠢᠨ᠎ᠢ ᠰᠠᠬᠢᠨ ᠬᠠᠮᠠᠭᠠᠯᠠᠪᠠ᠃ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠵᠡᠷᠭᠡ᠎ᠲᠠᠢ ᠬᠠᠮᠲᠤᠷᠠᠨ 《ᠳᠥᠷᠪᠡᠨ ᠬᠠᠮᠤᠭ᠎ᠤᠨ ᠴᠢᠩᠭ᠎ᠠ》 ᠲᠤᠰᠭᠠᠶ ᠠᠵᠢᠯᠯᠠᠭ᠎ᠠ ᠥᠷᠨᠢᠭᠦᠯᠵᠦ᠍᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠢᠳᠡᠭᠡᠨ᠎ᠤ ᠠᠮᠤᠷ ᠲᠦᠪᠱᠢᠨ᠎ᠤ ᠠᠯᠪᠠᠨ ᠭᠡᠷ ᠵᠡᠷᠭᠡ 10 ᠰᠠᠯᠠᠭ᠎ᠠ ᠮᠥᠴᠢᠷ᠎ᠲᠠᠢ ᠬᠠᠮᠲᠤᠷᠠᠨ ᠰᠦᠪᠡᠭ᠌ᠴᠢ ᠱᠢᠯᠵᠢᠭᠦᠯᠦᠨ ᠬᠦᠷᠭᠡᠬᠦ᠂ ᠬᠡᠷᠡᠭ ᠵᠠᠷᠯᠠᠨ ᠮᠡᠳᠡᠭ᠌ᠳᠡᠬᠦ᠌ ᠵᠡᠷᠭᠡ ᠬᠠᠮᠵᠢᠯᠴᠠᠭᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠵᠤ᠂ ᠬᠤᠤᠷ ᠬᠥᠨᠥᠭᠡᠯ᠎ᠲᠠᠢ ᠢᠳᠡᠭᠡᠨ᠂ ᠬᠠᠭᠤᠷᠮᠠᠭ ᠮᠠᠭᠤ ᠡᠮ ᠦᠢᠯᠡᠳᠴᠦ᠍ ᠪᠣᠷᠣᠯᠠᠭᠤᠯᠤᠭ᠍ᠰᠠᠨ ᠵᠡᠷᠭᠡ ᠶᠠᠯᠠᠲᠤ ᠠᠵᠢᠯᠯᠠᠭ᠎ᠠ ᠬᠢᠭ᠌ᠰᠡᠨ 8268 ᠬᠥᠮᠦᠨ᠎ᠢ ᠵᠠᠭᠠᠯᠳᠤᠵᠤ᠂ ᠢᠳᠡᠭᠡᠨ᠎ᠤ ᠵᠦᠢᠯ ᠡᠮ᠎ᠤᠨ ᠵᠦᠢᠯ᠎ᠤᠨ ᠠᠮᠤᠷ ᠲᠥᠪᠱᠢᠨ᠎ᠤ ᠬᠦᠷᠢᠶᠡᠨ᠎ᠳᠠᠬᠢ 2.7 ᠲᠦᠮᠡᠨ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢᠨ ᠬᠡᠷᠡᠭ᠎ᠢ ᠱᠢᠢᠳᠪᠦᠷᠢᠯᠡᠪᠡ᠃ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠂ ᠳᠣᠲᠣᠭᠠᠳᠤ᠎ᠶ᠋ᠢ ᠬᠠᠮᠠᠭᠠᠯᠠᠬᠤ ᠶᠠᠮᠤᠨ ᠬᠠᠮᠲᠤᠷᠠᠨ ᠵᠢᠯᠣᠭᠤᠳᠭᠤ ᠰᠠᠨᠠᠯ ᠨᠡᠢᠲᠡᠯᠡᠵᠤ᠂ ᠣᠯᠠᠨ ᠨᠡᠢᠲᠡ᠎ᠶ᠋ᠢᠨ ᠲᠠᠯᠠᠪᠤᠷ ᠭᠠᠵᠠᠷ᠎ᠤᠨ ᠬᠤᠳᠳᠤᠭ᠎ᠤᠨ ᠬᠠᠪᠬᠠᠭᠠᠰᠥ᠎ᠶ᠋ᠢ ᠬᠤᠯᠠᠭᠠᠢᠯᠠᠭ᠍ᠰᠠᠨ᠂ ᠡᠪᠳᠡᠭ᠌ᠰᠡᠨ ᠤᠢ᠍ᠢᠯᠠ ᠠᠵᠢᠯᠯᠠᠭ᠎ᠠ ᠵᠢᠴᠢ ᠵᠠᠮ ᠬᠠᠷᠢᠯᠴᠠᠭᠠᠨ᠎ᠤ ᠲᠥᠬᠦᠭᠡᠷᠦᠮᠵᠢ᠎ᠶ᠋ᠢ ᠡᠪᠳᠡᠭ᠌ᠰᠡᠨ ᠵᠡᠷᠭᠡ ᠤᠯᠠᠨ ᠨᠡᠢᠲᠡ᠎ᠶ᠋ᠢᠨ ᠠᠮᠤᠷ ᠲᠦᠪᠱᠢᠨ᠎ᠳᠤ ᠬᠤᠤᠷ ᠬᠥᠨᠥᠭᠡᠯ ᠤᠴᠠᠷᠠᠭᠤᠯᠤᠭ᠍ᠰᠠᠨ ᠶᠠᠯᠠᠲᠤ ᠠᠵᠢᠯᠯᠠᠭ᠎ᠠ᠎ᠶ᠋ᠢ ᠨᠡᠬᠡᠮᠵᠢᠯᠡᠨ ᠵᠠᠭᠠᠯᠳᠤᠪᠠ᠃ ᠬᠤᠳᠳᠤᠭ᠎ᠤᠨ ᠬᠠᠪᠬᠠᠭᠠᠰᠤᠨ᠎ᠳᠤ ᠬᠤᠯᠪᠣᠭ᠍ᠳᠠᠭ᠍ᠰᠠᠨ 106 ᠡᠷᠡᠬᠦᠦ᠎ᠶ᠋ᠢᠨ ᠭᠡᠷᠡᠭ᠎ᠤᠨ ᠶᠠᠯᠠᠲᠤ ᠠᠵᠢᠯᠯᠠᠭ᠎ᠠ᠎ᠶ᠋ᠢ ᠱᠢᠢᠳᠪᠦᠷᠢᠯᠡᠵᠤ᠂ 424 ᠨᠡᠢᠳᠠ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢ ᠱᠢᠢᠳᠪᠤᠷᠢᠯᠡᠪᠠ᠃ ᠬᠡᠷᠡᠭ ᠱᠢᠢᠳᠪᠦᠷᠢᠯᠡᠬᠦ᠌ ᠶᠠᠪᠤᠴᠠ᠎ᠳᠤ ᠣᠯᠵᠤ ᠮᠡᠳᠡᠭ᠌ᠰᠡᠨ ᠬᠤᠳᠳᠤᠭ ᠭᠠᠷᠭᠠᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ ᠵᠡᠷᠭᠡ ᠲᠠᠯ᠎ᠠ᠎ᠶ᠋ᠢᠨ ᠠᠰᠠᠭᠤᠳᠠᠯ᠎ᠢ ᠡᠮᠬᠢᠯᠡᠵᠦ᠍᠂ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠶᠠᠮᠤᠨ᠎ᠳᠤ ᠳᠥᠷᠪᠡᠳᠦᠭᠡᠷ ᠲᠤᠭᠠᠲᠦ ᠪᠠᠢᠴᠠᠭᠠᠬᠤ ᠰᠠᠨᠠᠭᠤᠯᠭ᠎ᠠ ᠭᠠᠷᠭᠠᠵᠤ᠂ ᠲᠣᠰ ᠶᠠᠮᠤᠨ ᠲᠦᠷᠦᠭᠦᠯᠡᠨ ᠬᠤᠳᠳᠤᠭ᠎ᠤᠨ ᠬᠠᠪᠬᠠᠭᠠᠰᠤᠨ᠎ᠤ ᠬᠠᠮᠢᠶᠠᠷᠤᠯᠲᠠ᠎ᠶ᠋ᠢᠨ ᠵᠢᠯᠣᠭᠤᠳᠭᠤ ᠰᠠᠨᠠᠯ᠎ᠢ ᠲᠤᠭ᠍ᠲᠠᠭᠠᠨ ᠨᠡᠢᠲᠡᠯᠡᠵᠦ᠍᠂ ᠬᠤᠯᠪᠤᠭᠠᠯᠠᠵᠤ ᠪᠠᠢᠭᠠᠳ ᠤᠰᠤ ᠴᠠᠬᠢᠯᠭᠠᠨ ᠬᠡᠢ᠂ ᠳᠤᠯᠠᠭᠠᠯᠠᠭ᠎ᠠ᠂ ᠴᠢᠮᠡᠭᠡ ᠬᠤᠯᠪᠣᠭ᠎ᠠ᠂ ᠷᠠᠳᠢᠣ᠋ ᠲᠧᠯᠸᠢᠰ ᠵᠡᠷᠭᠡ ᠡᠯ᠎ᠡ ᠲᠥᠷᠥᠯ᠎ᠤᠨ ᠬᠤᠳᠳᠤᠭ᠎ᠤᠨ ᠬᠠᠪᠬᠠᠭᠠᠰᠤ᠎ᠶ᠋ᠢ ᠬᠠᠮᠲᠤ᠎ᠪᠠᠷ ᠵᠠᠰᠠᠬᠤ᠎ᠶ᠋ᠢ ᠠᠬᠢᠭᠤᠯᠪᠠ; ᠣᠷᠣᠨ ᠨᠤᠲᠤᠭ᠎ᠤᠨ ᠪᠠᠢᠴᠠᠭᠠᠬᠤ ᠪᠠᠢᠭᠤᠯᠭ᠎ᠠ ᠬᠤᠯᠪᠣᠭᠠᠯᠠᠨ ᠬᠦᠳᠡᠯᠦᠯᠴᠡᠨ ᠨᠠᠢᠳᠠᠪᠤᠷᠢᠵᠢᠭᠤᠯᠵᠤ᠂ 17.6 ᠲᠦᠮᠡᠨ ᠬᠤᠳᠳᠤᠭ᠎ᠤᠨ ᠠᠮᠤᠷ ᠲᠦᠪᠱᠢᠨ᠎ᠤ ᠳᠠᠯᠲᠠ ᠭᠡᠮ᠎ᠢ ᠱᠢᠪᠠᠳᠠᠨ ᠴᠡᠭ᠌ᠴᠡᠯᠡᠨ ᠰᠠᠢᠵᠢᠷᠠᠭᠤᠯᠪᠠ᠃ ᠬᠤᠳᠳᠤᠭ᠎ᠤᠨ ᠬᠠᠪᠬᠠᠭᠠᠰᠥ᠍ ᠳᠡᠭᠡᠭᠦᠷ ᠥᠩᠭᠡᠷᠡᠬᠦ᠌ ᠦᠶ᠎ᠡ᠎ᠶ᠋ᠢᠨ ᠠᠮᠤᠷ ᠲᠦᠪᠱᠢᠨ᠎ᠢ ᠡᠷᠬᠡᠪᠰᠢ ᠪᠠᠲᠤᠯᠠᠬᠤ ᠬᠡᠷᠡᠭ᠌ᠳᠠᠢ᠃

ᠢᠯᠡ᠎ᠪᠠᠷ ᠭᠡᠷᠡᠴᠢᠯᠡᠭᠡ ᠰᠣᠨᠣᠰᠭᠤ᠎ᠪᠠᠷ ᠳᠠᠮᠵᠢᠭᠤᠯᠤᠨ ᠣᠯᠠᠨ ᠲᠦᠮᠡᠨ᠎ᠤ ᠵᠠᠬᠢᠳᠠᠯ ᠰᠤᠷᠪᠤᠯᠵᠢᠯᠠᠭ᠎ᠠ᠎ᠶ᠋ᠢᠨ ᠠᠵᠢᠯ᠎ᠢ ᠰᠠᠢᠳᠤᠷ ᠬᠢᠪᠠ᠃ ᠨᠢᠳᠤᠨᠤᠨ ᠣᠯᠠᠨ ᠲᠦᠮᠡᠨ᠎ᠤ ᠵᠠᠬᠢᠳᠠᠯ ᠰᠤᠷᠪᠤᠯᠵᠢᠯᠠᠭ᠎ᠠ᠎ᠶ᠋ᠢ 92.7 ᠲᠦᠮᠡᠨ ᠬᠤᠪᠢ ᠱᠢᠨ᠎ᠡ᠎ᠪᠠᠷ ᠬᠦᠯᠢᠶᠡᠨ ᠠᠪᠴᠤ᠌᠂ ᠴᠥᠮ᠎ᠢ 7 ᠡᠳᠦᠷ᠎ᠤᠨ ᠳᠣᠲᠣᠷ᠎ᠠ 《ᠨᠢᠭᠡᠨᠲᠡ ᠬᠦᠯᠢᠶᠡᠨ ᠠᠪᠤᠭ᠍ᠰᠠᠨ᠂ ᠬᠡᠨ ᠱᠢᠢᠳᠪᠦᠷᠢᠯᠡᠵᠦ᠍ ᠪᠠᠢᠬᠤ》 ᠎ᠪᠠᠨ ᠮᠡᠳᠡᠭ᠌ᠳᠡᠵᠦ᠍᠂ 3 ᠰᠠᠷ᠎ᠠ᠎ᠶ᠋ᠢᠨ ᠳᠣᠲᠣᠷ᠎ᠠ᠂ ᠭᠦᠢᠴᠡᠳᠭᠡᠬᠦ᠌ ᠶᠠᠪᠤᠴᠠ ᠪᠤᠶᠤ ᠦᠷ᠎ᠡ ᠳ᠋ᠦᠩ᠎ᠳᠤ ᠬᠠᠷᠢᠭᠤᠯᠲᠠ ᠥᠭ᠌ᠭᠦᠭ᠌ᠰᠡᠨ ᠨᠣᠷᠮ᠎ᠠ 99.8% ᠎ᠳᠤ ᠬᠦᠷᠪᠡ᠃ ᠴᠠᠭ ᠲᠤᠬᠠᠶ᠎ᠳᠤᠨᠢ ᠬᠠᠷᠢᠭᠤᠯᠲᠠ ᠥᠭ᠌ᠴᠦ᠂ ᠴᠢᠷᠮᠠᠢᠨ ᠭᠦᠢᠴᠡᠳᠭᠡᠭᠡᠳ ᠣᠯᠠᠨ ᠲᠦᠮᠡᠨ᠎ᠤ ᠢᠲᠡᠭᠡᠯ᠎ᠢ ᠣᠯᠪᠠ᠂ ᠪᠠᠢᠴᠠᠭᠠᠬᠤ ᠪᠠᠢᠭᠤᠯᠭ᠎ᠠ᠎ᠶ᠋ᠢᠨ ᠵᠠᠬᠢᠳᠠᠯ ᠰᠤᠷᠪᠤᠯᠵᠢᠯᠠᠭ᠎ᠠ᠎ᠶ᠋ᠢᠨ ᠪᠦᠬᠦ᠌ ᠲᠤᠭ᠎ᠠ ᠠᠳᠠᠯᠢ ᠬᠤᠭᠤᠴᠠᠭᠠᠨ᠎ᠤ᠎ᠬᠢ᠎ᠠᠴᠠ 4.3% ᠎ᠪᠠᠷ ᠪᠠᠭᠤᠷᠠᠵᠤ᠂ ᠳᠠᠪᠬᠤᠷᠳᠠᠭ᠍ᠰᠠᠨ ᠵᠠᠬᠢᠳᠠᠯ ᠰᠤᠷᠪᠤᠯᠵᠢᠯᠠᠭ᠎ᠠ ᠠᠳᠠᠯᠢ ᠬᠤᠭᠤᠴᠠᠭᠠᠨ᠎ᠤ᠎ᠬᠢ᠎ᠠᠴᠠ 13.8% ᠎ᠪᠠᠷ ᠪᠠᠭᠤᠷᠠᠪᠠ᠃ ᠱᠢᠨ᠎ᠡ ᠴᠠᠭ ᠦᠶ᠎ᠡ᠎ᠶ᠋ᠢᠨ 《ᠹᠧᠩ ᠴᠢᠶᠣᠤ᠎ᠶ᠋ᠢᠨ ᠲᠤᠷᠱᠢᠯᠭ᠎ᠠ》 ᠎ᠶ᠋ᠢ ᠪᠠᠷᠢᠮᠲᠠᠯᠠᠨ ᠬᠥᠭ᠌ᠵᠢᠭᠦᠯᠵᠦ᠍᠂ ᠵᠠᠬᠢᠳᠠᠯ ᠰᠤᠷᠪᠤᠯᠵᠢᠯᠠᠭ᠎ᠠ᠎ᠶ᠋ᠢᠨ ᠳᠠᠷᠤᠭ᠍ᠳᠠᠮᠠᠯ ᠬᠡᠷᠡᠭ᠎ᠢ 2.5 ᠲᠦᠮᠡᠨ ᠬᠤᠪᠢ ᠲᠥᠪᠯᠡᠷᠡᠭᠦᠯᠦᠨ ᠱᠢᠢᠳᠪᠦᠷᠢᠯᠡᠪᠡ᠂ ᠡᠭᠦᠨ᠎ᠳᠤ 5 ᠵᠢᠯ᠎ᠠᠴᠠ ᠳᠡᠭᠡᠭ᠌ᠰᠢ ᠳᠠᠷᠤᠭ᠍ᠳᠠᠭ᠍ᠰᠠᠨ 1018 ᠬᠡᠷᠡᠭ᠎ᠢ ᠪᠦᠬᠦᠨ᠎ᠢ ᠱᠢᠢᠳᠪᠦᠷᠢᠯᠡᠵᠦ᠍ ᠳᠠᠭᠤᠰᠭᠠᠪᠠ᠃ ᠾᠧᠨᠠᠨ᠎ᠤ ᠲᠤᠷᠱᠢᠯᠭ᠎ᠠ᠎ᠶ᠋ᠢ ᠲᠡᠯᠭᠡᠷᠡᠬᠦᠯᠵᠤ᠂ ᠡᠯ᠎ᠡ ᠱᠠᠲᠤᠨ᠎ᠤ ᠪᠠᠢᠴᠠᠭᠠᠬᠤ ᠬᠤᠷᠢᠶᠠᠨ᠎ᠤ ᠪᠠᠢᠴᠠᠭᠠᠬᠤ ᠳᠠᠷᠤᠭ᠎ᠠ ᠣᠯᠠᠨ ᠵᠢᠯ ᠱᠢᠢᠳᠪᠦᠷᠢᠯᠡᠬᠦ᠌᠎ᠳᠤ ᠪᠡᠷᠬᠡᠲᠠᠢ ᠪᠠᠢᠭ᠍ᠰᠠᠨ ᠬᠡᠷᠡᠭ᠎ᠢ ᠳᠠᠭᠠᠭᠠᠨ ᠱᠢᠢᠳᠪᠦᠷᠢᠯᠡᠵᠦ᠍᠂ 3.3 ᠲᠦᠮᠡᠨ ᠬᠥᠮᠦᠨ ᠤᠳᠠᠭ᠎ᠠ᠎ᠶ᠋ᠢᠨ ᠵᠠᠬᠢᠳᠠᠯ ᠰᠤᠷᠪᠤᠯᠵᠢᠯᠠᠭ᠎ᠠ᠎ᠶ᠋ᠢ ᠬᠦᠯᠢᠶᠡᠨ ᠠᠪᠴᠤ᠌ ᠬᠡᠷᠡᠭ᠎ᠢ ᠱᠢᠢᠳᠪᠦᠷᠢᠯᠡᠪᠡ᠂ ᠡᠨᠡ᠎ᠨᠢ 2019 ᠣᠨ᠎ᠤ 2.4 ᠲᠠᠬᠢᠨ ᠪᠣᠯᠪᠠ᠃ ᠴᠢᠬᠤᠯᠠ ᠶᠡᠭᠡ ᠮᠠᠷᠭᠤᠯᠳᠤᠭᠠᠨ ᠪᠤᠶᠤ ᠨᠥᠯᠥᠭᠡᠯᠡᠬᠦ᠌ ᠴᠢᠨᠠᠷᠲᠠᠶ ᠬᠡᠷᠡᠭ᠎ᠲᠤ᠌᠂ ᠭᠡᠷᠡᠴᠢᠯᠡᠭᠡ ᠰᠣᠨᠣᠰᠭᠤ ᠬᠡᠯᠪᠡᠷᠢ᠎ᠶ᠋ᠢᠨ ᠱᠢᠨ᠎ᠠ᠎ᠶ᠋ᠢ ᠡᠬᠦᠳᠴᠤ᠌ ᠢᠯᠡ᠎ᠪᠠᠷ ᠬᠢᠨᠠᠨ ᠪᠠᠢᠴᠠᠭᠠᠪᠠ᠃ ᠶᠡᠭᠡ ᠪᠠᠢᠴᠠᠭᠠᠬᠤ ᠲᠤᠱᠢᠶᠠᠯᠲᠠᠨ ᠲᠦᠷᠦᠭᠦᠯᠡᠨ ᠳᠥᠷᠪᠡᠨ ᠱᠠᠲᠤᠨ᠎ᠤ ᠪᠠᠢᠴᠠᠭᠠᠬᠤ ᠬᠤᠷᠢᠶ᠎ᠠ᠎ᠶ᠋ᠢ ᠪᠦᠬᠦᠨ᠎ᠢ ᠬᠠᠮᠤᠷᠴᠤ᠌᠂ 2.9 ᠲᠦᠮᠡᠨ ᠬᠤᠪᠢ ᠭᠡᠷᠡᠴᠢᠯᠡᠭᠡ ᠰᠣᠨᠣᠰᠭᠤ ᠠᠵᠢᠯ᠎ᠢ ᠵᠣᠬᠢᠶᠠᠨ ᠪᠠᠢᠭᠤᠯᠪᠠ᠂ ᠡᠨᠡ᠎ᠨᠢ 2019 ᠣᠨ᠎ᠤ 10.8 ᠳᠠᠬᠢᠨ ᠪᠣᠯᠪᠠ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠂ ᠤᠯᠤᠰ ᠲᠦᠷᠦ᠎ᠶ᠋ᠢᠨ ᠵᠥᠪᠯᠡᠯᠭᠡᠨ᠎ᠤ ᠭᠡᠱᠢᠭᠦᠨ᠂ ᠠᠷᠠᠳ᠎ᠤᠨ ᠬᠢᠨᠠᠯᠲᠠ ᠲᠠᠯᠪᠢᠭ᠍ᠴᠢ᠂ ᠨᠡᠢᠭᠡᠮ ᠲᠣᠭᠤᠷᠢᠭ᠎ᠤᠨ ᠰᠠᠭᠤᠭᠠᠯᠢ ᠠᠷᠠᠳ ᠵᠡᠷᠭᠡ᠎ᠶ᠋ᠢ ᠤᠷᠢᠨ ᠣᠷᠣᠯᠴᠠᠭᠤᠯᠵᠤ᠂ ᠲᠤᠬᠠᠶ᠎ᠶ᠋ᠢᠨ ᠬᠥᠮᠦᠨ᠎ᠢᠶᠠᠷ ᠤᠴᠢᠷ ᠶᠠᠪᠤᠳᠠᠯ᠎ᠢ᠎ᠨᠢ ᠲᠣᠳᠣᠷᠬᠠᠶ ᠶᠠᠷᠢᠭᠤᠯᠵᠤ᠂ ᠭᠡᠷᠡᠴᠢᠯᠡᠭᠡ ᠰᠣᠨᠣᠰᠤᠭ᠍ᠴᠢ᠎ᠪᠠᠷ ᠶᠤᠰᠤ ᠤᠴᠢᠷ᠎ᠢ ᠢᠯᠭᠠᠨ ᠲᠤᠳᠤᠷᠬᠠᠢᠯᠠᠭᠤᠯᠵᠤ᠂ ᠪᠠᠢᠴᠠᠭᠠᠬᠤ ᠲᠤᠱᠢᠶᠠᠯᠲᠠᠨ᠎ᠢᠶᠠᠷ ᠬᠠᠤᠯᠢ᠎ᠶ᠋ᠢ ᠲᠤᠭᠤᠷᠠᠳᠠᠯ᠎ᠠ ᠲᠠᠢᠯᠪᠤᠷᠢᠯᠠᠭᠤᠯᠵᠤ᠂ ᠭᠡᠷᠡᠴᠢᠯᠡᠭᠡ ᠰᠣᠨᠣᠰᠤᠭ᠍ᠰᠠᠨ᠎ᠤ ᠳᠠᠷᠠᠭ᠎ᠠ ᠱᠢᠢᠳᠪᠦᠷᠢᠯᠡᠭ᠌ᠰᠡᠨ ᠨᠣᠷᠮ᠎ᠠ 83.7% ᠪᠣᠯᠪᠠ᠃ ᠭᠡᠷᠡᠴᠢᠯᠡᠭᠡ ᠰᠣᠨᠣᠰᠭᠤ ᠰᠦᠯᠵᠢᠶᠡᠨ᠎ᠤ ᠱᠢᠭᠤᠳ ᠨᠡᠪᠲᠡᠷᠡᠭᠦᠯᠭᠡ᠎ᠶ᠋ᠢ ᠨᠡᠭᠡᠭᠡᠵᠦ᠍᠂ ᠢᠯᠡ ᠪᠠᠢᠯᠭᠠᠬᠤ ᠶᠠᠪᠤᠳᠠᠯ᠎ᠢᠶᠠᠷ ᠲᠥᠪ ᠭᠤᠤᠯᠴᠢ᠎ᠶ᠋ᠢ ᠠᠬᠢᠭᠤᠯᠤᠨ ᠨᠡᠢᠲᠡ᠎ᠶ᠋ᠢᠨ ᠢᠲᠡᠭᠡᠮᠵᠢ᠎ᠶ᠋ᠢ ᠤᠯᠪᠠ᠃

ᠨᠠᠰᠤᠨ᠎ᠳᠤ ᠦᠯᠦ᠍ ᠬᠦᠷᠦᠭ᠌ᠰᠡᠳ᠎ᠤᠨ ᠠᠮᠤᠷ ᠲᠦᠪᠱᠢᠨ ᠡᠷᠡᠭᠦᠯ ᠴᠢᠬᠢᠷᠠᠭ᠎ᠢᠶᠠᠷ ᠦᠰᠦᠨ ᠪᠤᠢᠵᠢᠬᠤ᠎ᠶ᠋ᠢ ᠴᠢᠩ ᠰᠡᠳᠭᠢᠯ᠎ᠢᠶᠠᠷ᠎ᠢᠶᠠᠨ ᠬᠠᠮᠠᠭᠠᠯᠠᠪᠠ᠃ ᠨᠠᠰᠤᠨ᠎ᠳᠤ ᠦᠯᠦ᠍ ᠬᠦᠷᠦᠭ᠌ᠰᠡᠳ᠎ᠲᠤ ᠪᠡᠯᠭᠡ᠎ᠶ᠋ᠢᠨ ᠬᠠᠯᠳᠠᠯᠭ᠎ᠠ ᠬᠢᠭ᠌ᠰᠡᠨ᠂ ᠬᠠᠯᠠ ᠦᠵᠡᠭᠦᠯᠦᠭ᠌ᠰᠡᠨ ᠪᠠ ᠬᠡᠤᠬᠡᠳ᠎ᠢ ᠮᠡᠬᠡᠯᠡᠨ ᠬᠤᠳᠠᠯᠳᠤᠭ᠍ᠰᠠᠨ ᠵᠡᠷᠭᠡ ᠶᠠᠯᠠᠲᠤ ᠠᠵᠢᠯᠯᠠᠭ᠎ᠠ ᠬᠢᠭ᠌ᠰᠡᠨ 5.7 ᠲᠦᠮᠡᠨ ᠬᠥᠮᠦᠨ᠎ᠢ ᠴᠢᠩᠭ᠎ᠠ ᠨᠡᠬᠡᠮᠵᠢᠯᠡᠨ ᠵᠠᠭᠠᠯᠳᠤᠪᠠ᠃ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ 《ᠨᠢᠭᠡ ᠯᠡ ᠦᠷᠲᠡᠭᠡᠨ᠎ᠤ ᠮᠠᠶᠢᠭ》 ᠎ᠤᠨ ᠬᠡᠷᠡᠭ ᠱᠢᠢᠳᠪᠦᠷᠢᠯᠡᠬᠦ᠌ ᠲᠠᠯᠠᠪᠤᠷ ᠭᠠᠵᠠᠷ᠎ᠢ 1029 ᠪᠠᠢᠭᠤᠯᠵᠤ᠂ ᠯᠠᠪᠯᠠᠨ ᠠᠰᠠᠭᠤᠬᠤ᠂ ᠭᠡᠷᠡᠴᠢ ᠪᠠᠷᠢᠮᠳᠠ ᠭᠠᠷᠭᠠᠨ ᠠᠪᠬᠤ᠎ᠶ᠋ᠢ ᠨᠢᠭᠡ ᠯᠡ ᠤᠳᠠᠭ᠎ᠠ᠎ᠳᠤ ᠪᠡᠶᠡᠯᠡᠭᠦᠯᠬᠦ᠌᠎ᠶ᠋ᠢ ᠠᠬᠢᠭᠤᠯᠵᠤ᠂ 《ᠲᠠᠬᠢᠨ ᠱᠢᠷᠬᠠᠯᠠᠭᠤᠯᠬᠤ》 ᠎ᠶ᠋ᠢ ᠠᠯᠢ ᠴᠢᠳᠠᠬᠤ᠎ᠪᠠᠷ ᠰᠡᠷᠭᠡᠢᠯᠠᠨ ᠬᠤᠷᠢᠬ᠍ᠯᠠᠪᠠ᠃ ᠬᠢᠨᠠᠨ ᠬᠠᠮᠠᠭᠠᠯᠠᠭ᠍ᠴᠢ᠎ᠨᠢ ᠬᠠᠯᠳᠠᠯᠭ᠎ᠠ ᠬᠢᠭ᠌ᠰᠡᠨ ᠪᠠ ᠬᠢᠨᠠᠨ ᠬᠠᠮᠠᠭᠠᠯᠠᠬᠤ ᠡᠭᠦᠷᠭᠡ᠎ᠪᠠᠨ ᠦᠯᠦ᠍ ᠬᠦᠢᠴᠡᠳᠭᠡᠭ᠌ᠰᠡᠨ᠂ ᠵᠠᠭᠠᠯᠳᠤᠬᠤ᠎ᠶ᠋ᠢ ᠳᠡᠮᠵᠢᠭ᠌ᠰᠡᠨ᠂ ᠬᠢᠨᠠᠨ ᠬᠠᠮᠠᠭᠠᠯᠠᠭ᠍ᠴᠢ᠎ᠶ᠋ᠢᠨ ᠬᠢᠷᠢ ᠬᠡᠮ᠎ᠢ᠎ᠨᠢ ᠬᠠᠰᠤᠬᠤ ᠰᠠᠨᠠᠭᠤᠯᠭ᠎ᠠ ᠲᠤᠷᠠᠳᠤᠬ᠍ᠰᠠᠨ ᠭᠡᠷᠡᠭ᠎ᠢ 513 ᠬᠤᠪᠢ ᠲᠤᠷᠠᠳᠪᠠ᠂ ᠡᠨᠡ᠎ᠨᠢ 2019 ᠣᠨ᠎ᠤ 6.3 ᠳᠠᠬᠢᠨ ᠪᠣᠯᠪᠠ᠃ ᠨᠠᠰᠤᠨ᠎ᠳᠤ ᠥᠯᠥ᠍ ᠭᠦᠷᠦᠭ᠌ᠰᠡᠳ ᠶᠠᠯ᠎ᠠ ᠬᠢᠭ᠌ᠰᠡᠨ ᠰᠡᠵᠢᠭ᠌ᠯᠡᠯᠲᠡᠶ ᠪᠠᠢᠪᠠᠯ ᠬᠠᠤᠯᠢ ᠶᠣᠰᠣᠭᠠᠷ ᠵᠠᠯᠬᠠᠭᠠᠨ ᠴᠡᠭᠡᠷᠯᠡᠭᠦᠯᠬᠦ᠌ ᠬᠡᠷᠡᠭ᠌ᠲᠡᠶ ᠮᠥᠷᠲᠡᠭᠡᠨ ᠨᠠᠩ ᠴᠤ᠌ ᠰᠤᠷᠭᠠᠨ ᠬᠥᠮᠦᠵᠢᠭᠦᠯᠵᠦ᠍ ᠬᠠᠪᠰᠤᠷᠤᠨ ᠲᠡᠳᠬᠦᠵᠦ᠍᠂ ᠵᠠᠰᠠᠵᠤ ᠬᠤᠪᠢᠷᠠᠭᠤᠯᠬᠤ᠎ᠪᠠᠷ ᠭᠤᠤᠯᠳᠠᠯᠭ᠎ᠠ ᠪᠣᠯᠭᠠᠬᠤ ᠬᠡᠷᠡᠭ᠌ᠲᠡᠢ᠃ ᠶᠠᠯ᠎ᠠ ᠬᠢᠭ᠌ᠰᠡᠨ ᠰᠡᠵᠢᠭ᠌ᠯᠡᠯᠲᠡᠶ 3.3 ᠲᠦᠮᠡᠨ ᠨᠠᠰᠤᠨ᠎ᠳᠤ ᠦᠯᠦ᠍ ᠬᠦᠷᠦᠭ᠌ᠰᠡᠳ᠎ᠢ ᠵᠠᠭᠠᠯᠳᠤᠪᠠ᠃ ᠶᠠᠯᠠᠲᠤ ᠠᠵᠢᠯᠯᠠᠭ᠎ᠠ᠎ᠨᠢ ᠬᠦᠩᠭᠡᠪᠲᠤᠷ ᠪᠥᠭᠡᠳ ᠭᠡᠮᠱᠢᠨ ᠵᠠᠰᠠᠷᠠᠬᠤ ᠢᠯᠡᠷᠡᠯ᠎ᠲᠠᠢ 1.1 ᠲᠦᠮᠡᠨ ᠬᠥᠮᠦᠨ᠎ᠢ ᠨᠦᠭᠦᠴᠡᠯ᠎ᠲᠠᠢ᠎ᠪᠠᠷ ᠦᠯᠦ᠍ ᠵᠠᠭᠠᠯᠳᠤᠪᠠ᠂ ᠡᠨᠡ᠎ᠨᠢ ᠱᠢᠢᠳᠪᠤᠷᠢᠯᠡᠵᠤ ᠳᠠᠭᠤᠰᠭᠠᠭ᠍ᠰᠠᠨ ᠨᠠᠰᠤᠨ᠎ᠳᠤ ᠦᠯᠦ᠍ ᠬᠦᠷᠦᠭ᠌ᠰᠡᠳ᠎ᠤᠨ ᠬᠡᠷᠡᠭ᠎ᠤᠨ ᠪᠦᠬᠦ᠌ ᠲᠣᠭᠠᠨ᠎ᠤ 21% ᠎ᠶ᠋ᠢ ᠡᠵᠡᠯᠡᠵᠦ᠍᠂ ᠠᠳᠠᠯᠢ ᠬᠤᠭᠤᠴᠠᠭᠠᠨ᠎ᠤ᠎ᠬᠢ᠎ᠠᠴᠠ 8.3 ᠵᠠᠭᠤᠨ᠎ᠤ ᠨᠢᠭᠡᠴᠢ᠎ᠪᠠᠷ ᠨᠡᠮᠡᠭ᠌ᠳᠡᠪᠡ᠃ ᠹᠦᠵᠢᠶᠠᠨ᠎ᠤ ᠹᠦᠵᠧᠦ᠎ᠶ᠋ᠢᠨ ᠪᠠᠢᠴᠠᠭᠠᠬᠤ ᠪᠠᠢᠭᠤᠯᠭ᠎ᠠ ᠱᠢᠪᠠᠳᠠᠵᠤ ᠬᠢᠨᠠᠨ ᠬᠠᠮᠠᠭᠠᠯᠠᠭᠤᠯᠬᠤ ᠵᠠᠷᠯᠢᠭ᠎ᠢ ᠬᠡᠷᠡᠭ᠌ᠯᠡᠬᠦ᠌᠎ᠶ᠋ᠢ ᠰᠦᠪᠡᠭ᠌ᠴᠢᠯᠡᠨ᠂ ᠭᠡᠷ᠎ᠤᠨ ᠠᠬᠠᠮᠠᠳ᠎ᠤᠨ ᠬᠠᠮᠢᠶᠠᠷᠤᠨ ᠰᠤᠷᠭᠠᠬᠤ ᠡᠭᠦᠷᠭᠡ᠎ᠪᠠᠨ ᠭᠦᠢᠴᠡᠳᠭᠡᠬᠦ᠌᠎ᠶ᠋ᠢ ᠠᠬᠢᠭᠤᠯᠪᠠ᠃ ᠬᠤᠨᠠᠨ᠎ᠤ ᠪᠠᠢᠴᠠᠭᠠᠬᠤ ᠪᠠᠢᠭᠤᠯᠭ᠎ᠠ ᠰᠤᠷᠭᠠᠭᠤᠯᠢ᠎ᠶ᠋ᠢᠨ ᠬᠦᠷᠢᠶᠡᠨ᠎ᠳᠠᠬᠢ ᠪᠡᠯᠭᠡ᠎ᠶ᠋ᠢᠨ ᠬᠠᠯᠳᠠᠯᠭ᠎ᠠ᠎ᠶ᠋ᠢᠨ ᠬᠡᠷᠡᠭ᠎ᠢ ᠱᠢᠢᠳᠪᠦᠷᠢᠯᠡᠬᠦ᠌ ᠳᠤᠮᠳᠠ᠎ᠪᠠᠨ᠂ ᠨᠢᠭᠡᠨ ᠰᠤᠷᠭᠠᠭᠤᠯᠢ᠎ᠶ᠋ᠢᠨ ᠬᠤᠶᠠᠷ ᠬᠠᠷᠢᠭᠤᠴᠠᠯᠭᠠᠲᠠᠨ ᠡᠢᠮᠦᠷᠬᠦᠦ ᠪᠠᠢᠳᠠᠯ᠎ᠢ ᠮᠡᠳᠡᠭ᠌ᠰᠡᠨ᠎ᠤ ᠳᠠᠷᠠᠭ᠎ᠠ ᠬᠢᠨᠠᠮᠠᠭᠠᠢ ᠬᠠᠷᠭᠤᠭᠤᠯᠤᠭ᠍ᠰᠠᠨ ᠦᠭᠡᠢ ᠮᠥᠷᠲᠡᠭᠡᠨ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠲᠤ ᠴᠦ᠍ ᠮᠡᠳᠡᠭᠦᠯᠦᠭ᠌ᠰᠡᠨ ᠦᠭᠡᠢ᠎ᠠᠴᠠ ᠪᠤᠯᠵᠤ ᠶᠠᠯ᠎ᠠ ᠬᠢᠭ᠌ᠰᠡᠨ ᠰᠡᠵᠢᠭ᠌ᠳᠡᠨ ᠦᠷᠭᠦᠯᠵᠢᠯᠡᠨ ᠶᠠᠯᠠᠳᠤ ᠠᠵᠢᠯᠯᠠᠭ᠎ᠠ ᠬᠢᠭ᠌ᠰᠡᠨ᠎ᠢ ᠤᠯᠵᠦ᠍ ᠮᠡᠳᠡᠭᠡᠳ᠂ ᠲᠤᠱᠢᠶᠠᠯ ᠬᠠᠷᠢᠭᠤᠴᠠᠯᠭ᠎ᠠ᠎ᠪᠠᠨ ᠣᠮᠲᠣᠭᠠᠢᠯᠠᠭ᠍ᠰᠠᠨ ᠶᠠᠯ᠎ᠠ᠎ᠪᠠᠷ ᠬᠠᠤᠯᠢ ᠶᠣᠰᠣᠭᠠᠷ ᠲᠡᠳᠡᠨ᠎ᠤ ᠡᠷᠡᠭᠦᠦ᠎ᠶ᠋ᠢᠨ ᠬᠠᠷᠢᠭᠤᠴᠠᠯᠭ᠎ᠠ᠎ᠶ᠋ᠢ ᠨᠡᠬᠡᠮᠵᠢᠯᠡᠪᠡ᠃ ᠨᠠᠰᠤᠨ᠎ᠳᠤ ᠥᠯᠥ᠍ ᠭᠦᠷᠦᠭ᠌ᠰᠡᠳ᠎ᠢ ᠬᠠᠮᠠᠭᠠᠯᠠᠬᠤ ᠬᠠᠤᠯᠢ᠎ᠶ᠋ᠢ ᠵᠠᠰᠠᠨ ᠲᠤᠭ᠍ᠲᠠᠭᠠᠵᠤ᠂ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠰᠤᠷᠭᠠᠨ ᠬᠥᠮᠦᠵᠢᠯ᠎ᠤᠨ ᠶᠠᠮᠤᠨ᠂ ᠤᠯᠤᠰ᠎ᠤᠨ ᠡᠷᠡᠬᠦᠯ ᠬᠠᠮᠠᠭᠠᠯᠠᠯ ᠡᠷᠡᠬᠦᠯ ᠮᠠᠨᠳᠤ᠎ᠶ᠋ᠢᠨ ᠵᠦᠪᠯᠡᠯ ᠵᠡᠷᠭᠡ᠎ᠲᠠᠢ ᠬᠠᠮᠲᠤᠷᠠᠨ ᠬᠡᠷᠡᠭ᠌ᠵᠢᠬᠦᠯᠦᠭ᠌ᠰᠡᠨ ᠨᠠᠰᠤᠨ᠎ᠳᠤ ᠥᠯᠥ᠍ ᠭᠦᠷᠦᠭ᠌ᠰᠡᠳ᠎ᠲᠤ ᠬᠠᠯᠳᠠᠭ᠍ᠰᠠᠨ ᠬᠡᠷᠡᠭ᠎ᠢ ᠠᠯᠪᠠᠳᠠᠯᠭ᠎ᠠ᠎ᠪᠠᠷ ᠮᠡᠳᠡᠭᠦᠯᠬᠦ᠌ ᠳᠦᠷᠢᠮ᠂ ᠪᠠᠭ᠍ᠰᠢ ᠠᠵᠢᠯᠲᠠᠨ᠎ᠢ ᠲᠤᠱᠢᠶᠠᠯ᠎ᠳᠤ ᠭᠠᠷᠬᠤ᠎ᠠᠴᠠ᠎ᠨᠢ ᠡᠮᠦᠨ᠎ᠡ ᠬᠠᠤᠯᠢ᠎ᠠᠴᠠ ᠵᠥᠷᠢᠴᠡᠵᠤ ᠶᠠᠯ᠎ᠠ ᠬᠢᠭ᠌ᠰᠡᠨ ᠥᠩᠭᠡᠷᠡᠯᠲᠡ᠎ᠲᠠᠢ ᠡᠰᠡᠭᠦ᠎ᠶ᠋ᠢ ᠪᠠᠢᠴᠠᠭᠠᠨ ᠯᠠᠪᠯᠠᠬᠤ ᠲᠦᠷᠢᠮ᠎ᠢ ᠱᠢᠩᠭᠡᠭᠡᠨ ᠠᠪᠤᠪᠠ᠃ ᠬᠡᠤᠬᠡᠳ ᠪᠣᠯ ᠢᠷᠡᠭᠡᠳᠦᠶ ᠮᠦᠨ᠂ ᠬᠠᠦᠯᠢ ᠪᠠᠷᠢᠬᠤ ᠬᠠᠮᠠᠭᠠᠯᠠᠯᠲᠠ᠎ᠶ᠋ᠢ ᠦᠷᠭᠦᠯᠵᠢᠯᠡᠨ ᠨᠠᠩ ᠪᠣᠳᠠᠲᠠᠶ ᠬᠢᠬᠦ᠌ ᠬᠡᠷᠡᠭ᠌ᠲᠡᠶ᠃

ᠬᠠᠤᠯᠢ᠎ᠪᠠᠷ ᠵᠠᠰᠠᠬᠤ ᠠᠵᠢᠯ᠎ᠤᠨ ᠬᠠᠢᠷ᠎ᠠ ᠬᠠᠯᠠᠮᠵᠢ ᠪᠠ ᠬᠦᠴᠦᠨ ᠴᠢᠳᠠᠯ᠎ᠢ ᠢᠯᠡᠷᠡᠭᠦᠯᠪᠡ᠃ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠠᠱᠢᠭ ᠲᠤᠰᠠ ᠪᠠ ᠴᠡᠷᠢᠭ ᠪᠤᠯᠤᠨ ᠴᠡᠷᠢᠭ᠎ᠤᠨ ᠭᠡᠷ ᠪᠦᠯᠢ᠎ᠶ᠋ᠢᠨ᠎ᠬᠢᠨ᠎ᠤ ᠬᠠᠤᠯᠢ ᠶᠣᠰᠣᠨ᠎ᠤ ᠡᠷᠬᠡ ᠠᠱᠢᠭ᠎ᠢ ᠡᠷᠡᠰ ᠬᠠᠮᠠᠭᠠᠯᠠᠪᠠ᠃ ᠴᠡᠷᠢᠭ᠎ᠤᠨ ᠶᠠᠪᠤᠳᠠᠯ᠎ᠤᠨ ᠲᠦᠬᠦᠭᠡᠷᠤᠮᠵᠢ᠎ᠶ᠋ᠢ ᠡᠪᠳᠡᠭ᠌ᠰᠡᠨ᠂ ᠴᠡᠷᠢᠭ᠎ᠤᠨ ᠤᠷᠤᠭ᠎ᠢ ᠪᠤᠰᠠᠨᠢᠭᠤᠯᠤᠭ᠍ᠰᠠᠨ ᠵᠡᠷᠭᠡ ᠴᠡᠷᠢᠭ᠎ᠲᠤ ᠬᠤᠯᠪᠣᠭ᠍ᠳᠠᠭ᠍ᠰᠠᠨ ᠶᠠᠯᠠᠲᠤ ᠠᠵᠢᠯᠯᠠᠭ᠎ᠠ ᠬᠢᠭ᠌ᠰᠡᠨ 381 ᠬᠥᠮᠦᠨ᠎ᠢ ᠵᠠᠭᠠᠯᠳᠤᠪᠠ᠃ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠯᠦᠭᠡ ᠴᠡᠷᠢᠭ᠎ᠤᠨ ᠠᠯᠪᠠ᠎ᠠᠴᠠ ᠪᠠᠭᠤᠭ᠍ᠰᠠᠳ᠎ᠤᠨ ᠬᠠᠤᠯᠢ ᠪᠠᠷᠢᠬᠤ ᠠᠪᠤᠷᠠᠨ ᠲᠤᠰᠠᠯᠠᠯᠲᠠ᠎ᠶ᠋ᠢᠨ ᠠᠵᠢᠯ᠎ᠢ ᠴᠢᠩᠭᠠᠳᠭᠠᠬᠤ ᠰᠠᠨᠠᠯ᠎ᠢ ᠲᠣᠭ᠍ᠲᠠᠭᠠᠵᠤ᠂ ᠬᠠᠤᠯᠢ ᠪᠤᠰᠤ ᠬᠠᠯᠳᠠᠯᠭ᠎ᠠ᠎ᠳᠤ ᠤᠴᠠᠷᠠᠭ᠍ᠰᠠᠨ 378 ᠴᠡᠷᠢᠭ ᠪᠤᠯᠤᠨ ᠴᠡᠷᠢᠭ᠎ᠤᠨ ᠭᠡᠷ ᠪᠦᠯᠢ᠎ᠶ᠋ᠢᠨ᠎ᠬᠢᠨ᠂ ᠴᠡᠷᠢᠭ᠎ᠤᠨ ᠠᠯᠪᠠ᠎ᠠᠴᠠ ᠪᠠᠭᠤᠭ᠍ᠰᠠᠳ᠎ᠢ ᠠᠪᠤᠷᠠᠨ ᠲᠤᠰᠠᠯᠠᠪᠠ᠂ ᠡᠨᠡ᠎ᠨᠢ 2019 ᠤᠨ᠎ᠤ 3 ᠲᠠᠬᠢᠨ ᠪᠤᠯᠪᠠ᠃ ᠴᠡᠷᠢᠭ᠎ᠤᠨ ᠬᠡᠷᠡᠭ᠌ᠯᠡᠭᠡᠨ᠎ᠤ ᠭᠠᠵᠠᠷ ᠱᠢᠷᠣᠶ᠎ᠶ᠋ᠢᠨ ᠬᠠᠮᠠᠭᠠᠯᠠᠯᠲᠠ ᠪᠠ ᠴᠡᠷᠢᠭ᠎ᠤᠨ ᠬᠤᠸᠠᠷᠠᠨ᠎ᠤ ᠤᠢ᠍ᠢᠷ᠎ᠡ ᠬᠠᠪᠢ᠎ᠶ᠋ᠢᠨ ᠣᠷᠴᠢᠨ ᠨᠦᠭᠦᠴᠡᠯ᠎ᠢ ᠴᠡᠭ᠌ᠴᠡᠯᠡᠨ ᠵᠠᠰᠠᠬᠤ ᠵᠢᠴᠢ ᠨᠢᠰᠭᠡᠯ᠎ᠤᠨ ᠪᠠᠭᠤᠳᠠᠯ᠎ᠤᠨ ᠠᠭᠠᠷ᠎ᠤᠨ ᠴᠡᠪᠡᠷ ᠬᠦᠨᠳᠠᠢ᠂ ᠬᠥᠯᠭᠡ ᠣᠩᠭᠤᠴᠠᠨ᠎ᠤ ᠠᠶᠠᠯᠠᠯ᠎ᠤᠨ ᠵᠠᠮ᠂ ᠴᠡᠷᠢᠭ᠎ᠤᠨ ᠶᠠᠪᠤᠳᠠᠯ᠎ᠤᠨ ᠲᠥᠬᠦᠭᠡᠷᠦᠮᠵᠢ᠎ᠶ᠋ᠢ ᠬᠠᠮᠠᠭᠠᠯᠠᠬᠤ ᠵᠡᠷᠭᠡ 151 ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢᠨ ᠭᠡᠷᠡᠭ᠎ᠢ ᠱᠢᠢᠳᠪᠦᠷᠢᠯᠡᠪᠡ᠃ ᠨᠢᠭᠡᠨ ᠴᠡᠷᠢᠭ᠎ᠤᠨ ᠬᠡᠷᠡᠭ᠌ᠯᠡᠭᠡᠨ᠎ᠤ ᠨᠢᠰᠭᠡᠯ᠎ᠤᠨ ᠪᠠᠭᠤᠳᠠᠯ᠎ᠤᠨ ᠬᠠᠪᠢ᠎ᠳᠠᠬᠢ ᠠᠵᠤ ᠠᠬᠤᠢᠯᠠᠯ ᠬᠠᠤᠯᠢ ᠪᠤᠰᠤ᠎ᠪᠠᠷ ᠪᠤᠬᠢᠷᠳᠤᠯ ᠪᠤᠳᠠᠰ ᠭᠠᠳᠠᠭ᠍ᠰᠢᠯᠠᠭᠤᠯᠵᠤ᠂ ᠴᠡᠷᠢᠭ ᠠᠩᠭᠢ᠎ᠶ᠋ᠢᠨ ᠪᠠᠢᠯᠳᠤᠭᠠᠨ᠎ᠤ ᠪᠣᠯᠪᠠᠰᠤᠷᠠᠯ ᠬᠢᠬᠦ᠌᠎ᠶ᠋ᠢ ᠬᠦᠨᠳᠦ ᠨᠣᠴᠢᠲᠠᠶ ᠨᠥᠯᠥᠭᠡᠯᠡᠵᠠᠢ᠃ ᠯᠢᠶᠣᠤᠨᠢᠩ᠎ᠤᠨ ᠴᠡᠷᠢᠭ ᠠᠩᠬᠢ ᠪᠠ ᠤᠷᠤᠨ ᠨᠤᠳᠤᠭ᠎ᠤᠨ ᠪᠠᠢᠴᠠᠭᠠᠬᠤ ᠪᠠᠢᠭᠤᠯᠭ᠎ᠠ ᠬᠠᠮᠲᠤᠷᠠᠨ ᠪᠠᠢᠴᠠᠭᠠᠬᠤ ᠰᠠᠨᠠᠭᠤᠯᠭ᠎ᠠ ᠭᠠᠷᠭᠠᠵᠤ᠂ ᠰᠠᠭᠤᠭ᠎ᠠ ᠭᠠᠵᠠᠷ᠎ᠤᠨ ᠵᠠᠰᠠᠭ᠎ᠤᠨ ᠣᠷᠳᠣᠨ ᠦᠳᠲᠡᠷ ᠲᠦᠷᠭᠡᠨ ᠴᠡᠭ᠌ᠴᠡᠯᠡᠨ ᠵᠠᠰᠠᠵᠤ᠂ ᠤᠯᠠᠨ ᠵᠢᠯ᠎ᠤᠨ ᠲᠤᠷᠱᠢᠬᠢ ᠴᠡᠷᠢᠭ ᠠᠩᠬᠢ᠎ᠶ᠋ᠢ ᠲᠦᠪᠡᠭ᠌ᠳᠡᠭᠦᠯᠵᠦ᠍ ᠪᠠᠢᠭ᠍ᠰᠠᠨ ᠬᠦᠴᠢᠷ ᠠᠰᠠᠭᠤᠳᠠᠯ᠎ᠢ ᠱᠢᠰᠲ᠋ᠧᠮ᠎ᠲᠠᠢ᠎ᠪᠠᠷ ᠵᠠᠰᠠᠪᠠ᠃ ᠱᠢᠶᠠᠩᠭᠠᠩ ᠣᠣᠮᠧᠨ ᠲᠠᠢᠸᠠᠨ᠎ᠤ ᠠᠬ᠎ᠠ ᠳᠡᠭᠦᠦ ᠨᠡᠷ᠂ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ ᠪᠠ ᠤᠯᠤᠰ᠎ᠲᠠᠭᠠᠨ ᠪᠤᠴᠠᠵᠤ ᠢᠷᠡᠭ᠌ᠰᠡᠨ ᠬᠠᠷᠢᠶᠠᠲᠤ ᠨᠠᠷ ᠵᠢᠴᠢ ᠬᠠᠷᠢᠶᠠᠲᠤ ᠨᠠᠷ᠎ᠤᠨ ᠭᠡᠷ ᠪᠦᠯᠢ᠎ᠶ᠋ᠢᠨ᠎ᠬᠢᠨ᠎ᠤ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠬᠠᠮᠠᠭᠠᠯᠠᠪᠠ᠃ ᠱᠢᠶᠠᠩᠭᠠᠩ ᠤᠤᠮᠸᠠ ᠲᠠᠢᠸᠠᠨ᠎ᠳᠤ ᠬᠤᠯᠪᠤᠬ᠍ᠳᠠᠬ᠍ᠰᠠᠨ ᠪᠠ ᠬᠠᠷᠢᠶᠠᠳᠤ ᠨᠠᠷ᠎ᠲᠤ ᠬᠤᠯᠪᠤᠬ᠍ᠳᠠᠬ᠍ᠰᠠᠨ ᠭᠡᠷᠡᠭ᠎ᠢ ᠬᠠᠤᠯᠢ ᠶᠤᠰᠤᠭᠠᠷ ᠲᠤᠬᠢᠳᠠᠢ ᠱᠢᠢᠳᠪᠤᠷᠢᠯᠡᠪᠠ᠃ ᠵᠧᠵᠢᠶᠠᠩ᠎ᠤᠨ ᠴᠢᠩ ᠲᠢᠶᠠᠨ᠎ᠤ 《ᠪᠠᠢᠴᠠᠭᠠᠬᠤ ᠬᠤᠷᠢᠶᠠᠨ᠎ᠤ ᠬᠠᠷᠢᠶᠠᠳᠤ ᠨᠠᠷ᠎ᠤᠨ ᠭᠡᠷ》 ᠎ᠨᠢ ᠸᠢᠳᠢᠣ᠋᠎ᠪᠠᠷ ᠲᠠᠮᠵᠢᠭᠤᠯᠤᠨ ᠭᠠᠳᠠᠭᠠᠳᠤ᠎ᠳᠤ ᠰᠠᠭᠤᠭ᠎ᠠ ᠲᠤᠮᠳᠠᠳᠤ᠎ᠶ᠋ᠢᠨ ᠬᠠᠷᠢᠶᠠᠳᠤ ᠠᠬ᠎ᠠ ᠲᠡᠬᠦᠦ ᠨᠠᠷ᠎ᠤᠨ ᠭᠤᠮᠤᠳᠠᠯ ᠲᠤᠭᠠᠴᠢᠬᠤ ᠬᠦᠴᠢᠷ ᠠᠰᠠᠭᠤᠳᠠᠯ᠎ᠢ ᠱᠢᠢᠳᠪᠤᠷᠢᠯᠡᠪᠠ᠃ ᠡᠮᠴᠢ᠎ᠶ᠋ᠢ ᠱᠢᠷᠬᠠᠲᠤᠭᠤᠯᠵᠤ ᠡᠮᠴᠢ᠎ᠶ᠋ᠢ ᠦᠢᠮᠡᠭᠦᠯᠦᠭ᠌ᠰᠡᠨ ᠶᠠᠯᠠᠲᠦ ᠠᠵᠢᠯᠯᠠᠭ᠎ᠠ ᠪᠦᠬᠦᠨ᠎ᠢ ᠡᠷᠡᠰ ᠵᠠᠯᠬᠠᠭᠠᠨ ᠱᠢᠢᠳᠭᠡᠪᠠ᠃ 496 ᠬᠥᠮᠦᠨ᠎ᠢ ᠵᠠᠭᠠᠯᠳᠤᠵᠤ᠂ ᠲᠦᠷᠦᠭᠦᠦ ᠬᠤᠶᠠᠷ ᠵᠢᠯ᠎ᠳᠤ ᠶᠡᠭᠡ᠎ᠪᠠᠷ ᠪᠠᠭᠤᠷᠠᠭ᠍ᠰᠠᠨ ᠰᠠᠭᠤᠷᠢᠨ ᠳᠡᠭᠡᠷ᠎ᠡ᠂ ᠠᠳᠠᠯᠢ ᠬᠤᠭᠤᠴᠠᠭᠠᠨ᠎ᠤ᠎ᠬᠢ᠎ᠠᠴᠠ ᠳᠠᠬᠢᠭᠠᠳ 69.7% ᠎ᠪᠠᠷ ᠪᠠᠭᠤᠷᠠᠪᠠ᠃ ᠣᠨᠴᠠᠭᠠᠶ ᠬᠠᠮᠲᠤᠯᠢᠭ᠎ᠤᠨ ᠡᠷᠬᠡ ᠠᠱᠢᠭ᠎ᠤᠨ ᠪᠠᠲᠤᠯᠠᠭ᠎ᠠ᠎ᠶ᠋ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠪᠠ᠃ ᠳᠤᠮᠳᠠᠳᠤ ᠤᠯᠤᠰ᠎ᠤᠨ ᠵᠡᠮᠳᠡᠭ᠌ᠴᠦᠳ᠎ᠤᠨ ᠬᠤᠯᠪᠣᠭᠠᠲᠤ ᠬᠤᠷᠠᠯ᠎ᠲᠠᠢ ᠬᠠᠮᠲᠤᠷᠠᠨ ᠬᠠᠩᠵᠧᠦ᠎ᠶ᠋ᠢᠨ ᠲᠤᠷᠱᠢᠯᠭ᠎ᠠ᠎ᠶ᠋ᠢ ᠳᠡᠯᠭᠡᠷᠡᠭᠦᠯᠵᠦ᠍᠂ ᠬᠠᠷᠰᠢ ᠰᠠᠭᠠᠳ ᠦᠭᠡᠢ ᠣᠷᠴᠢᠨ ᠠᠬᠤᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ ᠥᠷᠨᠢᠭᠦᠯᠵᠦ᠍᠂ 《ᠬᠠᠢᠷ᠎ᠠ ᠪᠠᠢᠪᠠᠯ ᠬᠠᠷᠰᠢ ᠰᠠᠭᠠᠳ ᠦᠭᠡᠢ》 ᠠᠵᠢᠯᠯᠠᠭ᠎ᠠ᠎ᠨᠢ ᠤᠶᠤᠨ᠎ᠤ ᠰᠠᠭᠠᠳ᠎ᠲᠠᠢ ᠬᠦᠮᠤᠰ᠎ᠢ ᠰᠠᠨᠠᠭ᠎ᠠ ᠠᠮᠤᠷ ᠤᠷᠤᠵᠤ ᠭᠠᠷᠬᠤ ᠪᠤᠯᠭᠠᠪᠠ᠃ 《ᠡᠷᠡᠭᠦᠯ ᠮᠡᠨᠲᠦ᠎ᠶ᠋ᠢᠨ ᠺᠤᠳ᠋ ᠦᠭᠡᠢ ᠨᠠᠰᠤᠲᠠᠨ》 ᠎ᠤ ᠭᠠᠳᠠᠭ᠍ᠰᠢ ᠭᠠᠷᠬᠤ᠂ ᠬᠡᠷᠡᠭ᠌ᠯᠡᠭᠡ ᠬᠢᠬᠦ᠌᠎ᠳᠤ ᠬᠦᠴᠢᠷᠲᠡᠶ ᠪᠠᠢᠬᠤ ᠠᠰᠠᠭᠤᠳᠠᠯ᠎ᠳᠤ ᠴᠢᠭ᠌ᠯᠡᠭᠦᠯᠦᠨ᠂ ᠮᠡᠳᠡᠭᠡ ᠵᠠᠩᠭᠢ᠎ᠶ᠋ᠢᠨ ᠬᠠᠷᠰᠢ ᠰᠠᠭᠠᠳ ᠦᠭᠡᠢ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ ᠥᠷᠨᠢᠭᠦᠯᠵᠦ᠍᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠢᠶᠠᠷ ᠳ᠋ᠢᠵᠢᠲ᠋ᠠᠯᠵᠢᠭᠤᠯᠤᠯᠲᠠ᠎ᠠᠴᠠ ᠪᠤᠯᠤᠭ᠍ᠰᠠᠨ ᠵᠠᠪᠰᠠᠷᠳᠠᠯ᠎ᠢ ᠠᠷᠢᠯᠭᠠᠭᠤᠯᠬᠤ᠎ᠪᠠᠷ ᠱᠢᠪᠡᠳᠡᠪᠡ᠃ ᠪᠦᠬᠦ᠌ ᠤᠯᠤᠰ᠎ᠤᠨ ᠡᠮᠡᠭ᠌ᠲᠡᠢᠴᠦᠳ᠎ᠤᠨ ᠬᠤᠯᠪᠣᠭᠠᠲᠤ ᠬᠤᠷᠠᠯ᠎ᠯᠤᠭ᠎ᠠ ᠡᠮᠡᠭ᠌ᠲᠡᠢᠴᠦᠳ ᠬᠡᠤᠬᠡᠳ᠎ᠤᠨ ᠡᠷᠬᠡ ᠠᠱᠢᠭ᠎ᠢ ᠬᠠᠮᠠᠭᠠᠯᠠᠬᠤ ᠬᠠᠮᠵᠢᠯᠴᠠᠭᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠪᠡ᠃

ᠡᠷᠬᠡ ᠠᠱᠢᠭ᠎ᠢᠶᠠᠨ ᠬᠠᠮᠠᠭᠠᠯᠠᠬᠤ᠎ᠶ᠋ᠢᠨ ᠵᠦᠢ ᠵᠤᠬᠢᠰ ᠦᠭᠡᠢ ᠥᠪᠡᠷ᠎ᠤᠨ ᠦᠷᠳᠡᠭ᠎ᠢ ᠪᠠᠭᠤᠷᠠᠭᠤᠯᠵᠤ᠂ ᠬᠠᠤᠯᠢ᠎ᠠᠴᠠ ᠵᠥᠷᠢᠴᠡᠭ᠌ᠰᠡᠨ᠎ᠤ ᠵᠦᠢ ᠶᠤᠰᠤᠨ᠎ᠤ ᠦᠨ᠎ᠡ ᠦᠷᠲᠡᠭ᠎ᠢ ᠳᠡᠭᠡᠭ᠌ᠰᠢᠯᠡᠭᠦᠯᠪᠡ᠃ ᠬᠠᠤᠯᠢ ᠪᠠᠷᠢᠯᠲᠠ᠎ᠶ᠋ᠢᠨ ᠵᠣᠩᠬᠢᠯᠠᠬᠤ ᠬᠡᠷᠡᠭ᠎ᠨᠢ ᠤᠯᠠᠨ ᠲᠦᠮᠡᠨ᠎ᠤ ᠳᠡᠷᠭᠡᠳᠡ ᠡᠭᠦᠰᠴᠦ᠍᠂ ᠠᠷᠠᠳ᠎ᠤᠳ ᠬᠡᠷᠡᠭ ᠪᠦᠬᠦᠨ᠎ᠢ ᠴᠦᠮ ᠠᠩᠬᠠᠷᠤᠨ ᠰᠠᠨᠠᠭᠠᠱᠢᠷᠠᠵᠤ ᠪᠠᠢᠳᠠᠭ ᠪᠤᠯᠬᠤᠷ ᠲᠡᠳᠡᠭᠡᠷ᠎ᠨᠢ ᠴᠥᠮ 《ᠲᠦᠢᠯ᠎ᠤᠨ ᠴᠢᠬᠤᠯᠠ ᠶᠠᠪᠤᠳᠠᠯ》 ᠮᠦᠨ᠃ ᠬᠠᠤᠯᠢ ᠪᠠᠷᠢᠯᠲᠠ᠎ᠶ᠋ᠢ ᠡᠷᠴᠢᠮ᠎ᠲᠠᠢ ᠮᠦᠷᠲᠡᠭᠡᠨ ᠳᠤᠯᠠᠭᠠᠴᠠ᠎ᠲᠠᠢ ᠬᠡᠷᠡᠭ᠌ᠵᠢᠭᠦᠯᠦᠶ᠎ᠡ ᠭᠡᠪᠡᠯ ᠡᠷᠬᠡᠪᠰᠢ ᠬᠠᠤᠯᠢ ᠶᠤᠰᠤ ᠪᠠ ᠬᠠᠢᠷ᠎ᠠ ᠰᠡᠳᠭᠢᠯᠬᠡ᠎ᠶ᠋ᠢ ᠬᠡᠷᠡᠭ ᠱᠢᠢᠳᠪᠦᠷᠢᠯᠡᠬᠦ᠌ ᠪᠦᠬᠦ᠌ ᠶᠠᠪᠤᠴᠠ᠎ᠳᠤ ᠠᠭᠤᠰᠭᠠᠬᠤ ᠬᠡᠷᠡᠭ᠌ᠲᠡᠶ᠃ ᠬᠦᠡᠭ᠌ᠭᠡᠨ ᠶᠠᠯ᠎ᠠ ᠬᠢᠭ᠌ᠰᠡᠨ᠎ᠨᠢ ᠶᠠᠯ᠎ᠠ ᠦᠭᠡᠢ ᠪᠢᠰᠢ᠂ ᠨᠡᠩ ᠴᠤ᠌ ᠬᠤᠤᠷ ᠬᠥᠨᠥᠭᠡᠯ ᠦᠭᠡᠢ ᠪᠢᠰᠢ ᠶᠤᠮ᠂ ᠬᠠᠤᠯᠢ ᠶᠣᠰᠣᠭᠠᠷ ᠬᠦᠡᠭ᠌ᠭᠡᠨ ᠱᠢᠢᠳᠭᠡᠵᠦ᠍ ᠪᠣᠯᠬᠤ ᠪᠣᠯᠪᠠᠴᠤ᠌ ᠶᠠᠭᠠᠬᠢᠭ᠍ᠰᠠᠨ ᠴᠤ᠌ ᠳᠤᠷ᠎ᠠ᠎ᠪᠠᠷ᠎ᠨᠢ ᠲᠠᠯᠪᠢᠵᠤ ᠪᠣᠯᠬᠤ ᠦᠭᠡᠢ᠃ ᠰᠦᠯᠵᠢᠶᠡᠨ ᠳᠡᠭᠡᠷᠡᠬᠢ ᠡᠷᠬᠡ᠎ᠳᠤ ᠬᠠᠯᠳᠠᠭ᠍ᠰᠠᠨ ᠶᠠᠪᠤᠳᠠᠯ ᠣᠯᠠᠨ ᠡᠭᠦᠰᠴᠦ᠍ ᠪᠠᠢᠭ᠎ᠠ᠂ ᠬᠤᠪᠢ ᠬᠥᠮᠦᠨ ᠡᠷᠬᠡ᠎ᠪᠠᠨ ᠬᠠᠮᠠᠭᠠᠯᠠᠬᠤ᠎ᠳᠤ ᠬᠦᠴᠢᠷᠳᠡᠵᠦ᠍ ᠪᠠᠢᠭ᠎ᠠ ᠪᠠᠢᠳᠠᠯ᠎ᠳᠤ ᠴᠢᠭ᠌ᠯᠡᠭᠦᠯᠦᠨ᠂ ᠬᠤᠶᠠᠷ ᠡᠷᠡᠭ᠌ᠲᠡᠶ ᠲᠦᠷᠭᠡᠨ ᠬᠦᠷᠭᠡᠯᠲᠡ᠎ᠪᠠᠨ ᠠᠪᠬᠤ ᠭᠡᠵᠦ᠍ ᠪᠠᠢᠭ᠍ᠰᠠᠨ ᠡᠮᠡᠭ᠌ᠲᠡᠶ᠎ᠶ᠋ᠢ ᠳᠠᠯᠳᠠᠭᠤᠷ ᠰᠡᠭᠦᠳᠡᠷᠯᠡᠬᠦ᠌᠎ᠶ᠋ᠢᠨ ᠬᠠᠮᠲᠤ ᠰᠦᠯᠵᠢᠶᠡᠨ ᠳᠡᠭᠡᠷ᠎ᠡ ᠲᠡᠭᠦᠨ᠎ᠢ ᠦᠭᠡᠷ᠎ᠡ ᠡᠷᠡᠭ᠌ᠲᠡᠢ᠎ᠲᠠᠢ ᠬᠠᠨᠢᠯᠠᠪᠠ ᠭᠡᠵᠦ᠍ ᠴᠤᠤᠷᠬᠠᠯ ᠲᠠᠷᠬᠠᠭᠠᠬ᠍ᠰᠠᠨ ᠭᠡᠷᠡᠭ᠎ᠢᠶᠠᠷ ᠨᠡᠢᠲᠡᠯᠢᠭ ᠬᠡᠷᠡᠭ᠎ᠤᠨ ᠵᠢᠱ᠌ᠢᠶ᠎ᠡ ᠪᠤᠯᠭᠠᠵᠤ᠂ ᠵᠧᠵᠢᠶᠠᠩ᠎ᠤᠨ ᠪᠠᠢᠴᠠᠭᠠᠬᠤ ᠪᠠᠢᠭᠤᠯᠭ᠎ᠠ᠎ᠶ᠋ᠢ ᠵᠢᠯᠣᠭᠤᠳᠤᠨ ᠪᠠᠢᠴᠠᠭᠠᠬᠤ ᠰᠠᠨᠠᠭᠤᠯᠭ᠎ᠠ ᠭᠠᠷᠭᠠᠭᠤᠯᠵᠦ᠍᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠠᠴᠠ ᠭᠦᠳᠭᠡᠭ᠌ᠰᠡᠨ ᠶᠠᠯ᠎ᠠ ᠬᠢᠭ᠌ᠰᠡᠨ ᠰᠡᠵᠢᠭ᠌ᠯᠡᠯᠲᠠᠢ᠎ᠪᠠᠷ ᠬᠡᠷᠡᠭ ᠪᠣᠯᠭᠠᠨ ᠳᠠᠩᠰᠠᠯᠠᠨ ᠲᠤᠷᠱᠢᠨ ᠪᠠᠢᠴᠠᠭᠠᠵᠤ᠂ ᠥᠪᠡᠷᠲᠡᠭᠡᠨ ᠵᠠᠭᠠᠯᠳᠤᠭ᠍ᠰᠠᠨ ᠬᠡᠷᠡᠭ᠎ᠢ ᠠᠯᠪᠠᠨ ᠵᠠᠭᠠᠯᠳᠤᠯᠭ᠎ᠠ᠎ᠶ᠋ᠢᠨ ᠬᠡᠷᠡᠭ ᠪᠤᠯᠭᠠᠨ ᠬᠤᠪᠢᠷᠠᠭᠤᠯᠪᠠ᠃ ᠰᠦᠯᠵᠢᠶᠡᠨ᠎ᠤ ᠨᠡᠢᠭᠡᠮ᠎ᠤᠨ ᠣᠯᠠᠨ ᠨᠡᠢᠲᠡ᠎ᠶ᠋ᠢᠨ ᠡᠮᠬᠢ ᠵᠢᠷᠤᠮ᠎ᠢ ᠬᠦᠨᠳᠦ ᠨᠣᠴᠢᠲᠠᠶ ᠰᠠᠮᠠᠭᠤᠷᠠᠭᠤᠯᠤᠭ᠍ᠰᠠᠨ ᠡᠢᠮᠦᠷᠬᠦᠦ ᠬᠡᠷᠡᠭ᠎ᠲᠤ ᠬᠠᠤᠯᠢ ᠪᠠᠷᠢᠬᠤ ᠪᠠᠢᠭᠤᠯᠭ᠎ᠠ ᠨᠡᠬᠡᠮᠵᠢᠯᠡᠨ ᠵᠠᠭᠠᠯᠳᠤᠬᠤ ᠬᠠᠷᠢᠭᠤᠴᠠᠯᠭ᠎ᠠ᠎ᠶ᠋ᠢ ᠡᠭᠦᠷᠭᠡᠯᠡᠬᠦ᠌ ᠬᠡᠷᠡᠭ᠌ᠲᠡᠶ᠂ ᠬᠤᠤᠷ ᠬᠦᠨᠦᠭᠡᠯ ᠠᠮᠰᠠᠭ᠍ᠴᠢ᠎ᠶ᠋ᠢ ᠡᠷᠬᠡ᠎ᠪᠠᠨ ᠬᠠᠮᠠᠭᠠᠯᠠᠬᠤ ᠬᠦᠴᠢᠷᠳᠡᠯ᠎ᠠᠴᠠ ᠪᠡᠷᠭᠡᠱᠢᠶᠡᠯᠭᠡᠵᠤ ᠪᠣᠯᠬᠤ ᠦᠭᠡᠢ᠃ ᠬᠠᠤᠯᠢ ᠪᠤᠰᠤ ᠠᠱᠢᠭ ᠲᠤᠰᠠ᠎ᠶ᠋ᠢ ᠦᠮᠴᠢᠷᠬᠡᠨ ᠠᠪᠴᠤ᠌ ᠨᠡᠢᠲᠡ᠎ᠶ᠋ᠢᠨ ᠠᠱᠢᠭ ᠲᠤᠰᠠ᠎ᠶ᠋ᠢ ᠳᠤᠷ᠎ᠠ᠎ᠪᠠᠷ᠎ᠢᠶᠠᠨ ᠬᠤᠬᠢᠷᠠᠭᠤᠯᠤᠬ᠍ᠰᠠᠨ ᠪᠠᠢᠪᠠᠯ᠂ ᠡᠷᠬᠡᠪᠰᠢ ᠲᠡᠭᠦᠨ᠎ᠢᠶᠠᠷ ᠨᠡᠩ ᠶᠡᠭᠡ ᠦᠨ᠎ᠡ ᠲᠥᠯᠥᠪᠦᠷᠢ ᠭᠠᠷᠭᠠᠭᠤᠯᠬᠤ ᠬᠡᠷᠡᠭ᠌ᠲᠡᠶ᠃ ᠵᠢᠶᠠᠩᠰᠢ᠎ᠶ᠋ᠢᠨ ᠪᠠᠢᠴᠠᠭᠠᠬᠤ ᠪᠠᠢᠭᠤᠯᠭ᠎ᠠ᠎ᠶ᠋ᠢ ᠵᠢᠯᠣᠭᠤᠳᠤᠨ ᠭᠠᠳᠠᠷ ᠣᠷᠣᠨ᠎ᠤ ᠮᠤᠵᠢ ᠠᠯᠤᠰᠯᠠᠨ ᠬᠠᠶᠠᠬ᠍ᠳᠠᠮᠠᠯ ᠱᠢᠩᠭᠡᠨ ᠴᠢᠳᠭᠤᠵᠤ ᠲᠣᠰᠭᠤᠨ᠎ᠤ ᠠᠷᠠᠳ᠎ᠤᠨ ᠢᠳᠡᠬᠦ᠌ ᠤᠰᠤᠨ᠎ᠤ ᠠᠮᠤᠷ ᠲᠦᠪᠱᠢᠨ᠎ᠳᠤ ᠬᠦᠨᠳᠦ ᠨᠣᠴᠢᠲᠠᠶ ᠬᠤᠤᠷ ᠬᠦᠨᠦᠭᠡᠯ ᠤᠴᠠᠷᠠᠭᠤᠯᠤᠭ᠍ᠰᠠᠨ ᠬᠡᠷᠡᠭ᠎ᠢ ᠨᠢᠭᠡᠨᠲᠡ ᠱᠢᠢᠳᠪᠦᠷᠢᠯᠡᠭ᠌ᠰᠡᠨ ᠪᠤᠯᠪᠠᠴᠤ᠌ ᠨᠡᠢᠲᠡ᠎ᠶ᠋ᠢᠨ ᠠᠱᠢᠭ ᠲᠤᠰᠠ᠎ᠳᠤ ᠬᠤᠤᠷ ᠬᠥᠨᠥᠭᠡᠯ ᠤᠴᠠᠷᠠᠭᠤᠯᠤᠭ᠍ᠰᠠᠨ ᠦᠷ᠎ᠡ ᠳ᠋ᠦᠩ᠎ᠨᠢ ᠮᠥᠨ ᠯᠡ ᠦᠷᠭᠦᠯᠵᠢᠯᠡᠭ᠌ᠰᠡᠭᠡᠷ ᠲᠤᠯᠠ ᠢᠷᠭᠡᠨ᠎ᠤ ᠬᠠᠤᠯᠢ᠎ᠶ᠋ᠢᠨ ᠪᠢᠴᠢᠭ᠎ᠢ ᠠᠩᠬ᠎ᠠ ᠤᠳᠠᠭ᠎ᠠ ᠲᠤᠬᠢᠷᠠᠭᠤᠯᠤᠨ ᠬᠡᠷᠡᠭ᠌ᠯᠡᠵᠦ᠍ ᠵᠠᠷᠭᠤ᠎ᠶ᠋ᠢᠨ ᠭᠤᠶᠤᠴᠢᠯᠠᠯ᠎ᠢᠶᠠᠨ ᠬᠤᠪᠢᠷᠠᠭᠤᠯᠪᠠ᠄ ᠬᠤᠬᠢᠷᠠᠯ᠎ᠤᠨ ᠳᠥᠯᠥᠪᠦᠷᠢ ᠲᠥᠯᠥᠬᠦ᠌ ᠬᠠᠷᠢᠭᠤᠴᠠᠯᠭ᠎ᠠ ᠡᠭᠦᠷᠭᠡᠯᠡᠬᠦᠯᠬᠦ᠌᠎ᠶ᠋ᠢᠨ ᠬᠠᠮᠲᠤ᠌᠂ ᠵᠠᠭᠠᠯᠳᠤᠬ᠍ᠳᠠᠬ᠍ᠴᠢ᠎ᠪᠠᠷ ᠶᠠᠯᠠᠯᠠᠨ ᠱᠢᠢᠳᠭᠡᠬᠦ᠌ ᠴᠢᠨᠠᠷᠲᠠᠶ ᠲᠥᠯᠥᠪᠦᠷᠢ ᠲᠥᠯᠥᠬᠦ᠌ ᠬᠠᠷᠢᠭᠤᠴᠠᠯᠭ᠎ᠠ ᠡᠭᠦᠷᠭᠡᠯᠡᠬᠦᠯᠬᠦ᠌᠎ᠪᠠᠷ ᠭᠤᠶᠤᠴᠢᠯᠠᠭᠠᠳ ᠳᠡᠮᠵᠢᠯᠭᠡ ᠤᠯᠪᠠ᠃ ᠭᠤᠸᠠᠩᠳᠦ᠋ᠩ᠂ ᠱᠠᠨᠰᠢ᠂ ᠨᠢᠩᠱᠢᠶᠠ ᠵᠡᠷᠭᠡ ᠭᠠᠵᠠᠷ᠎ᠤᠨ ᠪᠠᠢᠴᠠᠭᠠᠬᠤ ᠪᠠᠢᠭᠤᠯᠭ᠎ᠠ᠎ᠶ᠋ᠢ ᠵᠢᠯᠣᠭᠤᠳᠴᠤ᠌ ᠢᠳᠡᠭᠡᠨ᠎ᠤ ᠵᠦᠢᠯ᠎ᠤᠨ ᠠᠮᠤᠷ ᠲᠦᠪᠱᠢᠨ᠎ᠳᠤ ᠬᠤᠣᠷ ᠬᠥᠨᠥᠭᠡᠯ ᠤᠴᠠᠷᠠᠭᠤᠯᠤᠭ᠍ᠰᠠᠨ ᠢᠷᠭᠡᠨ᠎ᠤ ᠬᠡᠷᠡᠭ᠎ᠤᠨ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠳᠤ ᠶᠠᠯᠠᠯᠠᠨ ᠱᠢᠢᠳᠭᠡᠬᠦ᠌ ᠴᠢᠨᠠᠷᠲᠠᠢ ᠲᠥᠯᠥᠪᠦᠷᠢ ᠲᠥᠯᠥᠬᠦᠯᠬᠦ᠌᠎ᠶ᠋ᠢ ᠰᠦᠪᠡᠭ᠌ᠴᠢᠯᠡᠵᠦ᠍᠂ ᠠᠵᠢᠯ ᠡᠷᠬᠢᠯᠡᠬᠦ᠌ ᠴᠠᠭᠠᠵᠠ ᠬᠤᠷᠢᠭ᠎ᠠ᠎ᠶ᠋ᠢ ᠱᠢᠪᠠᠳᠠᠨ ᠨᠠᠢᠳᠠᠪᠤᠷᠢᠵᠢᠭᠤᠯᠪᠠ᠃ ᠬᠤᠷᠤᠨ ᠰᠠᠨᠠᠭ᠎ᠠ᠎ᠪᠠᠷ ᠵᠤᠭᠤᠰ ᠬᠤᠨᠵᠢᠪᠠᠯ ᠡᠷᠬᠡᠪᠰᠢ ᠬᠦᠨᠳᠦ᠎ᠪᠠᠷ ᠶᠠᠯᠠᠯᠠᠨ ᠱᠢᠢᠳᠭᠡᠵᠦ᠍᠂ ᠶᠠᠯ᠎ᠠ ᠬᠢᠬᠦ᠌ ᠵᠤᠷᠢᠭ ᠦᠭᠡᠢ ᠪᠤᠯᠭᠠᠬᠤ ᠠᠵᠢᠯ᠎ᠢ ᠪᠤᠳᠠᠳᠠᠢ ᠬᠢᠵᠤ᠂ ᠶᠠᠯ᠎ᠠ ᠬᠢᠵᠦ᠍ ᠳᠡᠢᠯᠬᠦ᠌ ᠦᠭᠡᠢ ᠪᠤᠯᠭᠠᠬᠤ᠎ᠶ᠋ᠢ ᠠᠬᠢᠭᠤᠯᠬᠤ ᠬᠡᠷᠡᠭ᠌ᠲᠡᠶ᠃ ᠤᠯᠠᠨ ᠲᠦᠮᠡᠨ᠎ᠤ ᠠᠱᠢᠭ ᠬᠦᠷᠳᠡᠭ᠌ᠰᠡᠨ ᠲᠦᠷᠦᠭ᠌ᠳᠡᠯ᠎ᠢ ᠬᠦᠨᠳᠦ ᠨᠣᠴᠢᠲᠠᠶ ᠬᠤᠬᠢᠷᠠᠭᠤᠯᠤᠬ᠍ᠰᠠᠨ ᠶᠠᠯᠠᠲᠤ ᠠᠵᠢᠯᠯᠠᠭ᠎ᠠ᠎ᠶ᠋ᠢ ᠪᠤᠯ ᠬᠡᠷᠡᠭ᠎ᠤᠨ ᠦᠷᠳᠡᠭ᠎ᠨᠢ ᠶᠡᠭᠡ ᠪᠢᠰᠢ ᠴᠤ᠌ ᠭᠡᠰᠡᠨ ᠡᠷᠬᠡᠪᠰᠢ ᠡᠷᠡᠰ ᠵᠠᠯᠬᠠᠭᠠᠨ ᠱᠢᠢᠳᠭᠡᠬᠦ᠌ ᠬᠡᠷᠡᠭ᠌ᠲᠡᠶ᠃ ᠬᠢᠮᠳᠠ ᠦᠨ᠎ᠡ᠎ᠪᠠᠷ ᠠᠵᠢᠯ ᠳᠠᠭᠠᠭᠠᠨ ᠠᠪᠤᠬ᠍ᠰᠠᠨ᠎ᠤ᠎ᠪᠠᠨ ᠳᠠᠷᠠᠭ᠎ᠠ᠂ ᠪᠣᠯᠵᠣᠨ ᠲᠣᠭ᠍ᠲᠠᠭ᠍ᠰᠠᠨ ᠬᠡᠳᠦᠨ ᠵᠠᠭᠤᠨ ᠲᠥᠭᠦᠷᠢᠭ᠎ᠤᠨ ᠦᠨ᠎ᠡ᠎ᠪᠠᠨ ᠭᠡᠨᠡᠳᠲᠡ 10 ᠭᠠᠷᠤᠶ ᠳᠠᠬᠢᠨ ᠦᠰᠭᠡᠬᠦ᠌ ᠮᠠᠶᠢᠭ᠎ᠢᠶᠠᠷ ᠬᠢᠬᠠᠬ᠍ᠰᠡᠨ ᠭᠡᠷ ᠨᠡᠬᠦᠯᠭᠡᠬᠦ᠌ ᠨᠢᠭᠡᠨ ᠺᠤᠮᠫᠠᠨᠢ᠎ᠶ᠋ᠢᠨ 31 ᠭᠡᠷᠡᠭ᠎ᠤᠨ 19 ᠬᠥᠮᠦᠨ᠎ᠢ ᠪᠠᠢᠴᠠᠭᠠᠬᠤ ᠪᠠᠢᠭᠤᠯᠭ᠎ᠠ ᠬᠠᠤᠯᠢ ᠶᠣᠰᠣᠭᠠᠷ ᠨᠡᠬᠡᠮᠵᠢᠯᠡᠨ ᠵᠠᠭᠠᠯᠳᠤᠵᠤ᠂ ᠱᠢᠨ᠎ᠡ ᠣᠷᠣᠨ ᠰᠠᠭᠤᠴᠠ᠎ᠳᠠᠭᠠᠨ ᠪᠠᠶᠠᠷ ᠬᠦᠷ᠎ᠲᠠᠢ ᠨᠡᠭᠦᠬᠦ᠌ 《ᠵᠠᠮ᠎ᠤᠨ ᠰᠠᠭᠠᠳ》 ᠎ᠢ ᠠᠷᠢᠯᠭᠠᠪᠠ᠃ ᠤᠯᠠᠨ ᠲᠦᠮᠡᠨ᠎ᠤ ᠳᠡᠷᠭᠡᠳᠡᠬᠢ 《ᠪᠠᠭ᠎ᠠ ᠬᠡᠷᠡᠭ》 ᠎ᠢ ᠴᠢᠷᠮᠠᠢᠨ ᠰᠠᠢᠲᠤᠷ ᠱᠢᠢᠳᠪᠦᠷᠢᠯᠡᠵᠦ᠍᠂ ᠬᠠᠤᠯᠢ᠎ᠪᠠᠷ ᠵᠠᠰᠠᠬᠤ ᠠᠵᠢᠯ᠎ᠢᠶᠠᠷ ᠠᠷᠠᠳ᠎ᠤᠨ ᠰᠡᠳᠭᠢᠯ᠎ᠢ ᠨᠡᠩ ᠢᠯᠡᠭᠦᠦ ᠳᠤᠯᠠᠭᠠᠴᠠᠭᠤᠯᠬᠤ᠎ᠶ᠋ᠢ ᠠᠬᠢᠭᠤᠯᠪᠠ᠃

ᠲᠠᠪᠤ᠂ ᠲᠡᠮᠦᠷ ᠳᠠᠪᠲᠠᠬᠤ᠎ᠳᠤ ᠥᠪᠡᠷ᠎ᠢᠶᠠᠨ ᠵᠠᠪᠠᠯ ᠬᠠᠲᠠᠭᠤ ᠪᠠᠢᠬᠤ ᠬᠡᠷᠡᠭ᠌ᠲᠡᠢ ᠭᠡᠳᠡᠭ ᠶᠤᠰᠤ᠎ᠶ᠋ᠢ ᠪᠠᠲᠦ ᠴᠡᠭᠡᠵᠢᠯᠡᠵᠦ᠍᠂ ᠪᠠᠢᠴᠠᠭᠠᠬᠤ ᠠᠵᠢᠯ᠎ᠤᠨ ᠪᠠᠢᠭᠤᠯᠤᠯᠳᠠ᠎ᠪᠠᠷ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠦᠨᠡᠨ ᠬᠦ᠌ ᠪᠠᠲᠤᠯᠠᠪᠠ

ᠶᠡᠷᠦᠩᠬᠡᠶ ᠱᠦᠵᠢ ᠰᠢ᠎ᠶ᠋ᠢᠨ ᠫᠢᠩ᠎ᠤᠨ ᠤᠯᠤᠰ ᠲᠥᠷᠥ᠍ ᠬᠠᠤᠯᠢ ᠴᠠᠭᠠᠵᠠ᠎ᠶ᠋ᠢᠨ ᠡᠩᠨᠡᠭᠡᠨ᠎ᠤ ᠪᠠᠢᠭᠤᠯᠤᠯᠲᠠ᠎ᠶ᠋ᠢᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠬᠢᠨᠠᠮᠠᠭᠠᠶ ᠲᠤᠭᠤᠱᠢᠯᠠᠭᠤᠯᠵᠤ᠂ 《ᠲᠠᠪᠤᠨ ᠲᠠᠯ᠎ᠠ᠎ᠪᠠᠷ ᠴᠠᠭᠠᠷᠠᠬᠤ》 ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠤᠬᠠᠮᠰᠠᠷ᠎ᠠᠴᠠ᠎ᠪᠠᠨ ᠨᠠᠩ ᠴᠠᠭᠠᠷᠠᠬ᠍ᠰᠠᠨ ᠡᠷᠳᠡᠮ ᠴᠢᠳᠠᠪᠤᠷᠢ᠎ᠪᠠᠷ ᠬᠠᠷᠢᠭᠤᠴᠠᠯᠭ᠎ᠠ ᠡᠭᠦᠷᠭᠡᠯᠡᠨ ᠴᠢᠷᠮᠠᠢᠯᠭ᠎ᠠ ᠭᠠᠷᠭᠠᠪᠠ᠃

ᠤᠯᠤᠰ ᠲᠦᠷᠦ᠎ᠶ᠋ᠢᠨ ᠪᠠᠢᠭᠤᠯᠤᠯᠲᠠ᠎ᠪᠠᠷ ᠲᠤᠬᠠᠢᠯᠠᠭ᠍ᠰᠠᠨ ᠠᠵᠢᠯ᠎ᠤᠨ ᠬᠥᠭ᠌ᠵᠢᠯᠲᠡ᠎ᠶ᠋ᠢ ᠬᠥᠲᠥᠯᠥᠨ ᠳᠠᠭᠠᠭᠤᠯᠪᠠ᠃ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠰᠤᠷᠤᠯᠴᠠᠨ ᠰᠡᠳᠭᠢᠵᠦ᠍ ᠦᠢᠯᠡᠳᠦᠯᠭᠡᠵᠢᠭᠦᠯᠦᠨ ᠣᠢᠯᠠᠭᠠᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠯᠤᠰ ᠲᠦᠷᠦ᠍ ᠬᠠᠤᠯᠢ ᠴᠠᠭᠠᠵᠠ᠎ᠶ᠋ᠢᠨ ᠠᠵᠢᠯ᠎ᠤᠨ ᠲᠦᠷᠢᠮ》 ᠎ᠢ ᠡᠷᠡᠰ ᠲᠤᠭᠤᠱᠢᠯᠠᠭᠤᠯᠵᠤ᠂ ᠪᠠᠢᠴᠠᠭᠠᠬᠤ ᠠᠵᠢᠯ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠤ ᠤᠬᠠᠮᠰᠠᠷ᠎ᠠᠴᠠ᠎ᠪᠠᠨ ᠠᠭᠤᠰᠭᠠᠪᠠ᠃ ᠨᠠᠮ᠎ᠤᠨ ᠠᠷᠪᠠ ᠶᠢᠰᠤᠳᠤᠭᠡᠷ ᠬᠤᠭᠤᠴᠠᠭᠠᠨ᠎ᠤ ᠲᠦᠪ ᠬᠤᠷᠢᠶᠠᠨ᠎ᠤ ᠲᠠᠪᠤᠳᠤᠭᠠᠷ ᠪᠦᠬᠦᠳᠠ ᠬᠤᠷᠠᠯ᠎ᠤᠨ ᠵᠤᠷᠢᠭ ᠰᠠᠨᠠᠭ᠎ᠠ᠎ᠶ᠋ᠢ ᠬᠦᠨᠵᠡᠭᠡᠢ ᠰᠤᠷᠤᠯᠴᠠᠨ ᠲᠤᠭᠤᠱᠢᠯᠠᠭᠤᠯᠵᠤ᠂ 《ᠠᠷᠪᠠᠨ ᠲᠦᠷᠪᠡᠳᠤᠭᠡᠷ ᠲᠠᠪᠤᠨ ᠵᠢᠯ᠎ᠤᠨ ᠲᠦᠯᠤᠪᠵᠢᠬᠦᠯᠭᠡ᠎ᠶ᠋ᠢᠨ ᠬᠤᠭᠤᠴᠠᠭᠠᠨ᠎ᠳᠠᠬᠢ ᠪᠠᠢᠴᠠᠭᠠᠬᠤ ᠠᠵᠢᠯ᠎ᠤᠨ ᠬᠦᠭ᠌ᠵᠢᠯᠳᠠ᠎ᠶ᠋ᠢᠨ ᠲᠦᠯᠤᠪᠵᠢᠬᠦᠯᠭᠡ》 ᠎ᠶ᠋ᠢ ᠲᠤᠬ᠍ᠳᠠᠭᠠᠨ ᠨᠡᠢᠳᠡᠯᠡᠪᠡ᠃ ᠲᠥᠪ᠎ᠤᠨ ᠲᠣᠭᠤᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠪᠡᠶᠡᠴᠢ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠠᠰᠠᠭᠤᠳᠠᠯ᠎ᠤᠨ ᠮᠥᠨ ᠴᠢᠨᠠᠷ᠂ ᠵᠠᠩᠭᠢᠯᠠᠭ᠎ᠠ᠎ᠶ᠋ᠢ᠎ᠨᠢ ᠣᠨᠣᠪᠴᠢᠲᠠᠶ ᠡᠷᠢᠬᠦ᠌᠎ᠪᠠᠷ ᠭᠤᠤᠯᠳᠠᠯᠭ᠎ᠠ ᠪᠤᠯᠭᠠᠨ᠂ ᠡᠬᠢ ᠡᠭᠦᠰᠦᠯ᠎ᠠᠴᠠ᠎ᠨᠢ ᠴᠡᠭ᠌ᠴᠡᠯᠡᠨ ᠰᠠᠢᠵᠢᠷᠠᠭᠤᠯᠪᠠ᠃ ᠢᠷᠭᠡᠨ᠎ᠤ ᠪᠠ ᠵᠠᠰᠠᠭ ᠵᠠᠬᠢᠷᠭᠠᠨ᠎ᠤ ᠵᠠᠷᠭᠤ᠎ᠳᠤ ᠬᠢᠨᠠᠯᠲᠠ ᠲᠠᠯᠪᠢᠬᠤ ᠲᠦᠷᠢᠮ᠎ᠢ ᠵᠠᠰᠠᠨ ᠲᠤᠭ᠍ᠲᠠᠭᠠᠵᠦ᠍᠂ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢᠨ ᠬᠡᠷᠡᠭ ᠱᠢᠢᠳᠪᠦᠷᠢᠯᠡᠬᠦ᠌ ᠵᠢᠷᠤᠮᠵᠢᠯ᠎ᠢ ᠲᠣᠭ᠍ᠲᠠᠭᠠᠵᠤ᠂ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠴᠢᠩᠭ᠎ᠠ ᠭᠦᠢᠴᠡᠳᠭᠡᠪᠡ᠃ 9 ᠪᠦᠯᠦᠭ 34 ᠵᠢᠯᠣᠭᠤᠳᠭᠤ ᠴᠢᠨᠠᠷᠲᠠᠶ ᠬᠡᠷᠡᠭ᠎ᠤᠨ ᠵᠢᠱ᠌ᠢᠶ᠎ᠡ᠂ 81 ᠪᠦᠯᠦᠭ 525 ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠨᠡᠢᠲᠡᠯᠡᠵᠦ᠍᠂ ᠪᠠᠢᠴᠠᠭᠠᠨ ᠡᠷᠢᠬᠦ᠂ ᠯᠠᠪᠯᠠᠯᠲᠠ ᠪᠣᠯᠭᠠᠨ ᠬᠡᠷᠡᠭ ᠱᠢᠢᠳᠪᠦᠷᠢᠯᠡᠬᠦ᠌᠎ᠶ᠋ᠢ ᠠᠯᠪᠠᠳᠠᠨ ᠱᠠᠭᠠᠷᠳᠠᠪᠠ᠃ 《ᠲᠣᠯᠢ》 ᠰᠡᠳᠭᠦᠯ᠎ᠢ ᠡᠬᠢᠯᠡᠨ ᠨᠠᠢᠷᠠᠭᠤᠯᠵᠦ᠍᠂ ᠰᠠᠬᠢᠯᠭ᠎ᠠ ᠪᠠᠳᠤ᠎ᠠᠴᠠ ᠵᠦᠷᠢᠴᠡᠭ᠌ᠰᠡᠨ ᠬᠠᠤᠯᠢ᠎ᠠᠴᠠ ᠵᠦᠷᠢᠴᠡᠭ᠌ᠰᠡᠨ ᠪᠤᠷᠤᠭᠤ ᠬᠡᠷᠡᠭ᠎ᠤᠨ ᠰᠤᠷᠭᠠᠮᠵᠢ᠎ᠶ᠋ᠢ ᠲᠤᠩᠭᠠᠨ ᠪᠣᠳᠣᠯᠬᠢᠯᠠᠵᠤ᠂ ᠴᠡᠭᠡᠷᠯᠡᠯ ᠪᠣᠯᠭᠠᠪᠠ᠃ ᠲᠥᠪ᠎ᠤᠨ ᠵᠠᠭᠤᠴᠢᠯᠠᠭᠤᠷ᠎ᠤᠨ᠎ᠬᠢᠨ᠎ᠲᠠᠢ ᠬᠠᠮᠲᠤᠷᠠᠨ 《ᠱᠢᠨ᠎ᠡ ᠴᠠᠭ ᠦᠶ᠎ᠡ᠎ᠶ᠋ᠢᠨ ᠬᠠᠮᠤᠭ᠎ᠤᠨ ᠰᠤᠳᠤᠨ ᠪᠠᠢᠴᠠᠭᠠᠬᠤ ᠲᠤᠱᠢᠶᠠᠯᠲᠠᠨ》 ᠎ᠢ ᠱᠢᠯᠭᠠᠷᠠᠭᠤᠯᠵᠤ᠂ ᠱᠢᠯᠢᠳᠡᠭ ᠠᠯᠪᠠᠨ ᠵᠠᠭᠠᠯᠳᠤᠭ᠍ᠴᠢ᠎ᠶ᠋ᠢᠨ ᠱᠢᠯᠭᠠᠷᠠᠭᠤᠯᠤᠯᠳᠠ ᠵᠡᠷᠭᠡ ᠲᠤᠬᠠᠢᠯᠠᠭ᠍ᠰᠠᠨ ᠠᠵᠢᠯ᠎ᠤᠨ ᠴᠡᠷᠢᠭ᠎ᠤᠨ ᠪᠤᠯᠪᠠᠰᠤᠷᠠᠯ᠎ᠢ ᠵᠣᠬᠢᠶᠠᠨ ᠪᠠᠢᠭᠤᠯᠵᠤ᠂ 49 ᠱᠢᠯᠢᠳᠡᠭ ᠪᠠᠢᠴᠠᠭᠠᠬᠤ ᠲᠤᠱᠢᠶᠠᠯᠲᠠᠨ᠂ 30 ᠱᠢᠯᠢᠳᠡᠭ ᠬᠡᠷᠡᠭ ᠱᠢᠢᠳᠪᠦᠷᠢᠯᠡᠭ᠌ᠴᠢ ᠪᠦᠯᠬᠦᠮ᠎ᠢ ᠵᠠᠷᠯᠠᠨ ᠰᠠᠢᠱᠢᠶᠠᠵᠤ᠂ ᠤᠯᠤᠰ ᠲᠥᠷᠥ᠎ᠶ᠋ᠢᠨ ᠲᠠᠯ᠎ᠠ᠎ᠪᠠᠷ ᠴᠢᠩᠭᠠᠷᠠᠵᠦ᠍᠂ ᠲᠤᠬᠠᠢᠯᠠᠭ᠍ᠰᠠᠨ ᠠᠵᠢᠯ᠎ᠳᠠᠭᠠᠨ ᠴᠠᠭᠠᠷᠠᠬᠤ᠎ᠶ᠋ᠢ ᠦᠯᠢᠭᠡᠷ ᠳᠠᠭᠤᠷᠢᠶᠠᠯ᠎ᠢᠶᠠᠷ ᠬᠥᠲᠥᠯᠥᠨ ᠳᠠᠭᠠᠭᠤᠯᠪᠠ᠃

《ᠬᠡᠷᠡᠭ ᠪᠠ ᠬᠤᠪᠢ᠎ᠶ᠋ᠢᠨ ᠬᠠᠷᠢᠴᠠᠯ》 ᠎ᠤᠨ ᠶᠠᠰᠤ ᠴᠢᠨᠠᠷ ᠦᠷ᠎ᠡ ᠪᠦᠲᠦᠮᠵᠢ᠎ᠶ᠋ᠢ ᠦᠨᠡᠯᠡᠬᠦ᠌ ᠪᠠᠷᠢᠮᠵᠢᠶ᠎ᠠ᠎ᠶ᠋ᠢ ᠭᠦᠨᠵᠡᠭᠡᠢᠷᠡᠭᠦᠯᠦᠨ ᠬᠡᠷᠡᠭ᠌ᠯᠠᠪᠡ᠃ 《ᠬᠡᠷᠡᠭ ᠪᠠ ᠬᠤᠪᠢ᠎ᠶ᠋ᠢᠨ ᠬᠠᠷᠢᠴᠠᠯ》 ᠎ᠢᠶᠠᠷ ᠭᠤᠣᠯ ᠪᠣᠯᠭᠠᠭ᠍ᠰᠠᠨ ᠬᠡᠷᠡᠭ᠎ᠤᠨ ᠶᠠᠰᠤ ᠴᠢᠨᠠᠷ᠎ᠢ ᠦᠨᠡᠯᠡᠬᠦ᠌ ᠭᠦᠢᠴᠡᠳᠭᠡᠯ ᠲᠤᠭ᠎ᠠ᠎ᠶ᠋ᠢ ᠨᠡᠢᠲᠡᠯᠡᠵᠦ᠍᠂ ᠮᠡᠳᠡᠯᠭᠡ᠎ᠪᠠᠷ ᠠᠵᠢᠯᠯᠠᠭ᠎ᠠ᠎ᠶ᠋ᠢ ᠠᠬᠢᠭᠤᠯᠤᠨ᠂ ᠪᠠᠢᠴᠠᠭᠠᠬᠤ ᠠᠵᠢᠯ᠎ᠤᠨ ᠬᠡᠷᠡᠭ ᠱᠢᠢᠳᠪᠦᠷᠢᠯᠡᠯᠲᠠ᠎ᠶ᠋ᠢ ᠬᠥᠲᠥᠯᠥᠨ ᠵᠢᠯᠣᠭᠤᠳᠴᠤ᠌ ᠪᠠᠢᠭᠠᠳ ᠬᠠᠮᠤᠭ᠎ᠤᠨ ᠰᠠᠢᠨ ᠬᠡᠮᠵᠢᠶᠡᠨ᠎ᠳᠤ ᠬᠦᠷᠭᠡᠬᠦ᠌᠎ᠪᠠᠷ ᠴᠢᠷᠮᠠᠢᠨ᠂ ᠤᠯᠠᠨ ᠲᠦᠮᠡᠨ᠎ᠳᠤ ᠠᠱᠢᠭ ᠬᠦᠷᠳᠡᠭᠡᠵᠤ᠂ ᠵᠠᠷᠭᠤ᠎ᠶ᠋ᠢᠨ ᠵᠦᠳᠡᠷᠡᠯ᠎ᠢ ᠪᠠᠭᠠᠰᠭᠠᠪᠠ᠃ 2020 ᠤᠨ᠎ᠳᠤ ᠡᠷᠡᠭᠦᠦ᠎ᠶ᠋ᠢᠨ ᠬᠡᠷᠡᠭ᠎ᠤᠨ ᠪᠠᠢᠴᠠᠭᠠᠬᠤ ᠠᠵᠢᠯ᠎ᠤᠨ 《ᠬᠡᠷᠡᠭ ᠪᠠ ᠬᠤᠪᠢ᠎ᠶ᠋ᠢᠨ ᠬᠠᠷᠢᠴᠠᠯ》 ᠎ᠨᠢ 1᠄ 1.43 ᠪᠠᠢᠵᠤ᠂ 《ᠬᠤᠪᠢ》 ᠎ᠨᠢ ᠠᠳᠠᠯᠢ ᠬᠤᠭᠤᠴᠠᠭᠠᠨ᠎ᠤ᠎ᠬᠢ᠎ᠠᠴᠠ 0.44 ᠎ᠪᠠᠷ ᠪᠠᠭᠤᠷᠠᠨ᠂ 41.2 ᠲᠦᠮᠡᠨ ᠬᠡᠷᠡᠭ ᠱᠢᠢᠳᠪᠦᠷᠢᠯᠡᠬᠦ᠌ ᠴᠢᠬᠤᠯᠠ ᠪᠤᠰᠤ ᠭᠤᠭ᠍ᠴᠤᠭ᠎ᠠ᠂ ᠪᠦᠷᠢᠳᠭᠡᠵᠤ ᠪᠠᠢᠭ᠎ᠠ 《ᠬᠡᠷᠡᠭ》 ᠎ᠢ ᠬᠠᠰᠤᠨ ᠴᠦᠬᠡᠳᠭᠡᠪᠡ᠃ ᠨᠡᠩ ᠴᠢᠬᠤᠯᠠ᠎ᠨᠢ ᠪᠠᠢᠴᠠᠭᠠᠬᠤ ᠠᠵᠢᠯ᠎ᠤᠨ ᠣᠢᠯᠠᠭᠠᠭ᠍ᠳᠠᠬᠤᠨ᠂ ᠣᠪᠣᠷ ᠰᠤᠷᠲᠠᠯ ᠬᠤᠪᠢᠷᠠᠵᠤ ᠪᠠᠢᠨ᠎ᠠ᠄ ᠬᠢᠨᠠᠨ ᠪᠠᠢᠴᠠᠭᠠᠵᠤ ᠵᠠᠭᠠᠯᠳᠤᠬᠤ ᠬᠤᠭᠤᠴᠠᠭ᠎ᠠ᠎ᠶ᠋ᠢ ᠤᠷᠲᠤᠳᠭᠠᠬ᠍ᠰᠠᠨ᠂ ᠪᠤᠴᠠᠭᠠᠵᠤ ᠨᠥᠬᠦᠨ ᠲᠤᠷᠱᠢᠨ ᠪᠠᠢᠴᠠᠭᠠᠯᠭᠠᠬ᠍ᠰᠠᠨ᠎ᠨᠢ ᠠᠳᠠᠯᠢ ᠬᠤᠭᠤᠴᠠᠭᠠᠨ᠎ᠤ᠎ᠬᠢ᠎ᠠᠴᠠ ᠲᠤᠰ ᠲᠤᠰ 57% ᠪᠠ 42.6% ᠎ᠪᠠᠷ ᠪᠠᠭᠤᠷᠠᠪᠠ; ᠥᠪᠡᠰᠦᠪᠡᠨ 4.8 ᠲᠦᠮᠡᠨ ᠬᠤᠪᠢ ᠨᠥᠬᠦᠵᠦ᠍ ᠲᠤᠷᠱᠢᠨ ᠪᠠᠢᠴᠠᠭᠠᠪᠠ᠂ ᠡᠨᠡ᠎ᠨᠢ 2019 ᠣᠨ᠎ᠤ 23.5 ᠳᠠᠬᠢᠨ ᠪᠣᠯᠪᠠ; ᠦᠯᠦ᠍ ᠪᠠᠷᠢᠪᠴᠢᠯᠠᠬᠤ ᠦᠯᠦ᠍ ᠵᠠᠭᠠᠯᠳᠤᠬᠤ ᠨᠣᠷᠮ᠎ᠠ ᠤᠯᠠᠮ ᠨᠢᠭᠡ ᠠᠯᠬᠤᠮ ᠳᠡᠭᠡᠭ᠌ᠰᠢᠯᠡᠵᠦ᠍᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠲᠠᠬᠢᠨ ᠵᠥᠪᠯᠡᠭᠦᠯᠵᠦ᠍ ᠲᠠᠬᠢᠨ ᠬᠠᠷᠭᠤᠭᠤᠯᠬᠤ᠎ᠪᠠᠷ ᠳᠡᠪᠱᠢᠭᠦᠯᠦᠭ᠌ᠰᠡᠨ᠎ᠨᠢ 40.2% ᠎ᠢᠶᠠᠷ ᠪᠠᠭᠤᠷᠠᠵᠤ᠂ ᠬᠡᠷᠡᠭ ᠱᠢᠢᠳᠪᠦᠷᠢᠯᠡᠬᠦ᠌ ᠴᠢᠨᠠᠷ ᠴᠢᠨᠰᠠᠭ᠎ᠠ ᠦᠷ᠎ᠡ ᠪᠦᠲᠦᠮᠵᠢ ᠢᠯᠡᠳᠲᠡ ᠳᠡᠭᠡᠭ᠌ᠰᠢᠯᠡᠪᠡ᠃

 ᠪᠠᠢᠴᠠᠭᠠᠬᠤ ᠠᠵᠢᠯ᠎ᠢ ᠴᠢᠩᠭ᠎ᠠ ᠵᠠᠰᠠᠬᠤ᠎ᠶ᠋ᠢ ᠦᠷᠬᠦᠯᠵᠢᠯᠠᠨ ᠪᠤᠳᠠᠳᠠᠢ ᠠᠳᠭᠤᠪᠠ᠃ 《ᠭᠤᠷᠪᠠᠨ ᠲᠣᠭ᠍ᠲᠠᠭᠠᠯ》 ᠎ᠤᠨ ᠨᠠᠢᠳᠠᠪᠦᠷᠢᠵᠢᠭᠤᠯᠤᠯᠳᠠ᠎ᠶ᠋ᠢ ᠰᠤᠯᠠᠷᠠᠭᠤᠯᠤᠯ ᠦᠭᠡᠢ ᠠᠳᠭᠤᠵᠤ᠂ ᠨᠡᠢᠷ ᠲᠠᠯ᠎ᠠ᠎ᠶ᠋ᠢᠨ ᠭᠡᠷᠡᠭ᠂ ᠬᠠᠷᠢᠴᠠᠭᠠᠨ᠎ᠤ ᠭᠡᠷᠡᠭ᠂ ᠵᠤᠭᠤᠰ ᠮᠦᠡᠭ᠌ᠬᠦ᠎ᠶ᠋ᠢᠨ ᠭᠡᠷᠡᠭ᠎ᠢ ᠰᠡᠷᠭᠡᠢᠯᠡᠬᠦ᠌ ᠲᠦᠷᠢᠮ᠎ᠤᠨ 《ᠲᠠᠯᠡᠩ》 ᠎ᠢ ᠪᠠᠳᠤ ᠴᠤᠬ᠍ᠴᠠᠯᠠᠪᠠ᠃ 2019 ᠣᠨ᠎ᠳᠤ ᠳᠥᠷᠪᠡᠨ ᠱᠠᠲᠤᠨ᠎ᠤ ᠪᠠᠢᠴᠠᠭᠠᠬᠤ ᠬᠤᠷᠢᠶ᠎ᠠ᠎ᠨᠢ ᠬᠡᠷᠡᠭ᠎ᠤᠨ ᠪᠠᠢᠳᠠᠯ᠎ᠢ ᠠᠰᠠᠭᠤᠬᠤ᠎ᠳᠤ ᠭᠠᠷ ᠲᠥᠷᠥᠭ᠌ᠰᠡᠨ ᠶᠠᠪᠤᠳᠠᠯ᠎ᠢ ᠪᠥᠬᠦ᠌ ᠲᠠᠯ᠎ᠠ᠎ᠪᠠᠷ ᠮᠡᠳᠡᠭᠦᠯᠦᠭ᠌ᠰᠡᠨ ᠰᠠᠭᠤᠷᠢᠨ ᠳᠡᠭᠡᠷ᠎ᠡ᠂ ᠰᠦᠯᠵᠢᠶᠡᠨ ᠳᠡᠭᠡᠷ᠎ᠡ ᠲᠠᠭ᠍ᠯᠠᠨ ᠮᠡᠳᠡᠭᠦᠯᠬᠦ᠌ ᠱᠢᠰᠲ᠋ᠧᠮ᠎ᠢ ᠪᠠᠢᠭᠤᠯᠤᠨ᠂ ᠲᠣᠭ᠍ᠲᠠᠮᠠᠯ ᠬᠤᠭᠤᠴᠠᠭ᠎ᠠ᠎ᠲᠠᠢ᠎ᠪᠠᠷ ᠵᠠᠷᠯᠠᠨ ᠮᠡᠳᠡᠭ᠌ᠳᠡᠵᠦ᠍᠂ ᠲᠤᠬᠢᠶᠠᠯᠳᠤᠯ᠎ᠢᠶᠠᠷ ᠰᠤᠩᠭᠤᠨ ᠪᠠᠢᠴᠠᠭᠠᠪᠠ᠃ ᠪᠦᠬᠦ᠌ ᠵᠢᠯ᠎ᠳᠤ ᠲᠡᠮᠳᠡᠭ᠌ᠯᠡᠨ ᠮᠡᠳᠡᠭᠦᠯᠦᠭ᠌ᠰᠡᠨ ᠭᠡᠷᠡᠭ᠎ᠢ ᠠᠰᠠᠭᠤᠵᠤ ᠭᠠᠷ ᠲᠦᠷᠦᠭ᠌ᠰᠡᠨ ᠵᠡᠷᠭᠡ ᠤᠴᠢᠷ ᠶᠠᠪᠤᠳᠠᠯ 67763 ᠬᠤᠪᠢ ᠪᠠᠢᠪᠠ᠂ ᠡᠨᠡ᠎ᠨᠢ ᠡᠮᠤᠨ᠎ᠠ ᠬᠤᠶᠠᠷ ᠵᠢᠯ᠎ᠤᠨ ᠪᠦᠬᠦ᠌ ᠲᠣᠭᠠᠨ᠎ᠤ 5.8 ᠳᠠᠬᠢᠨ ᠪᠣᠯᠪᠠ᠃ ᠦᠨᠡᠨ ᠮᠥᠨ᠎ᠢᠶᠠᠷ ᠲᠠᠭ᠍ᠯᠠᠨ ᠮᠡᠳᠡᠭᠦᠯᠬᠦ᠌᠎ᠶ᠋ᠢᠨ ᠭᠤᠣᠯᠳᠠᠯᠭ᠎ᠠ᠎ᠨᠢ ᠪᠣᠳᠠᠲᠠᠢ ᠠᠳᠭᠤᠬᠤ᠎ᠳᠤ ᠪᠤᠢ᠃ ᠬᠠᠦᠯᠢ ᠪᠠᠷᠢᠯᠲᠠ᠎ᠶ᠋ᠢᠨ ᠢᠯᠵᠠᠷᠠᠯ᠎ᠤᠨ ᠬᠡᠷᠡᠭ ᠭᠠᠷᠪᠠᠯ ᠲᠡᠮᠲᠡᠭ᠌ᠯᠡᠨ ᠮᠠᠳᠡᠭᠦᠯᠦᠭ᠌ᠰᠡᠨ ᠪᠠᠢᠳᠠᠯ᠎ᠢ ᠴᠦᠮ ᠭᠡᠳᠡᠷᠭᠦ᠌ ᠪᠠᠢᠴᠠᠭᠠᠪᠠ᠃ ᠨᠠᠮ᠎ᠤᠨ ᠲᠦᠪ ᠬᠤᠷᠢᠶᠠᠨ᠎ᠤ ᠪᠠᠢᠷᠢᠯᠠᠭᠤᠯᠤᠯᠳᠠ ᠶᠤᠰᠤᠭᠠᠷ ᠡᠩᠨᠡᠭᠡ᠎ᠶ᠋ᠢᠨ ᠰᠤᠷᠭᠠᠨ ᠬᠦᠮᠦᠵᠢᠬᠦᠯᠵᠦ᠍ ᠴᠡᠭ᠌ᠴᠡᠯᠡᠨ ᠵᠠᠰᠠᠬᠤ ᠲᠤᠷᠱᠢᠯᠳᠠ᠎ᠶ᠋ᠢᠨ ᠴᠡᠭ᠎ᠤᠨ ᠠᠵᠢᠯᠯᠠᠭ᠎ᠠ᠎ᠶ᠋ᠢ ᠦᠷᠨᠢᠬᠦᠯᠪᠡ᠃ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ ᠪᠣᠯᠤᠨ ᠲᠣᠮᠢᠯᠠᠨ ᠰᠠᠭᠤᠯᠭᠠᠭ᠍ᠰᠠᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠬᠢᠨᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠪᠡ᠂ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠪᠠᠢᠭᠤᠯᠭ᠎ᠠ᠎ᠶ᠋ᠢᠨ 4 ᠬᠥᠮᠦᠨ᠎ᠢ ᠪᠠᠭ᠍ᠲᠠᠭᠠᠭ᠍ᠰᠠᠨ 1318 ᠪᠠᠢᠴᠠᠭᠠᠬᠤ ᠠᠵᠢᠯᠲᠠᠨ ᠰᠠᠬᠢᠯᠭ᠎ᠠ ᠪᠠᠲᠤ ᠬᠠᠦᠯᠢ ᠴᠠᠭᠠᠵᠠ᠎ᠠᠴᠠ ᠵᠥᠷᠢᠴᠡᠭ᠌ᠰᠡᠨ ᠪᠤᠯᠬᠤᠷ ᠲᠡᠲᠡᠨ᠎ᠢ ᠬᠡᠷᠡᠭ ᠪᠣᠯᠭᠠᠨ ᠲᠠᠩᠰᠠᠯᠠᠵᠤ ᠪᠠᠢᠴᠠᠭᠠᠨ ᠱᠢᠢᠳᠪᠦᠷᠢᠯᠡᠪᠡ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠠᠴᠠ 2.2% ᠎ᠢᠶᠠᠷ ᠨᠡᠮᠡᠭ᠌ᠳᠡᠪᠠ᠃ ᠡᠭᠦᠨ᠎ᠤ ᠳᠤᠲᠤᠷ᠎ᠠ ᠡᠷᠡᠭᠦᠦ᠎ᠶ᠋ᠢᠨ ᠬᠠᠷᠢᠭᠤᠴᠠᠯᠭ᠎ᠠ ᠨᠡᠬᠡᠮᠵᠢᠯᠡᠬᠦᠯᠬᠦ᠌᠎ᠪᠠᠷ ᠱᠢᠯᠵᠢᠬᠦᠯᠦᠨ ᠬᠦᠷᠭᠡᠭ᠌ᠰᠡᠨ᠎ᠨᠢ 142 ᠬᠦᠮᠦᠨ ᠪᠤᠢ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠠᠴᠠ 20.3% ᠎ᠪᠠᠷ ᠨᠡᠮᠡᠭ᠌ᠳᠡᠪᠠ; ᠪᠠᠢᠴᠠᠭᠠᠬᠤ ᠲᠤᠱᠢᠶᠠᠯᠲᠠᠨ 589 ᠬᠥᠮᠦᠨ ᠪᠤᠢ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠠᠴᠠ 14.3% ᠎ᠪᠠᠷ ᠪᠠᠭᠤᠷᠠᠪᠠ; ᠪᠠᠢᠴᠠᠭᠠᠬᠤ ᠠᠵᠢᠯ᠎ᠤᠨ ᠬᠡᠷᠡᠭ ᠱᠢᠢᠳᠪᠦᠷᠢᠯᠡᠬᠦ᠌ ᠠᠵᠢᠯᠯᠠᠭ᠎ᠠ ᠳᠤᠮᠳᠠ ᠤᠯᠵᠤ ᠮᠡᠳᠡᠭ᠌ᠰᠡᠨ᠎ᠨᠢ 629 ᠬᠥᠮᠦᠨ ᠪᠤᠢ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠠᠴᠠ 13.5% ᠎ᠪᠠᠷ ᠪᠠᠭᠤᠷᠠᠪᠠ᠃ ᠪᠡᠶᠡᠴᠢ ᠴᠤᠬ᠍ᠴᠠ᠎ᠶ᠋ᠢᠨ ᠬᠠᠷᠢᠭᠤᠴᠠᠯᠭ᠎ᠠ᠎ᠪᠠᠨ ᠦᠪᠡᠷᠳᠡᠭᠡᠨ ᠬᠦᠢᠴᠡᠳᠭᠡᠨ ᠪᠠᠢᠴᠠᠭᠠᠨ ᠵᠠᠯᠠᠷᠠᠭᠤᠯᠤᠬ᠍ᠰᠠᠨ᠎ᠢ᠎ᠨᠢ ᠨᠤᠲᠠᠯᠠᠵᠤ᠂ ᠰᠠᠨᠠᠭᠠᠴᠢᠯᠠᠭᠠᠳᠤ ᠪᠤᠰᠤ᠎ᠪᠠᠷ ᠪᠠᠢᠴᠠᠭᠠᠨ ᠱᠢᠢᠳᠪᠦᠷᠢᠯᠡᠭ᠌ᠳᠡᠭ᠌ᠰᠡᠨ᠎ᠠᠴᠠ᠎ᠨᠢ ᠰᠠᠬᠢᠯᠭ᠎ᠠ ᠪᠠᠲᠤ᠎ᠶ᠋ᠢᠨ ᠲᠤᠭ᠍ᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ᠌᠎ᠶ᠋ᠢ ᠪᠠᠷᠢᠮᠲᠠᠯᠠᠪᠠ᠃

ᠱᠢᠨᠳᠠᠷᠠᠰᠢ ᠦᠭᠡᠢ᠎ᠪᠠᠷ ᠦᠨᠳᠦᠰᠦᠨ ᠱᠠᠲᠤᠨ᠎ᠳᠤ ᠦᠢᠯᠡᠴᠢᠯᠡᠨ᠂ ᠦᠨᠳᠦᠰᠦ ᠰᠠᠭᠤᠷᠢ᠎ᠶ᠋ᠢ ᠪᠠᠲᠤᠳᠭᠠᠪᠠ᠃ ᠱᠢᠨ᠎ᠡ ᠴᠠᠭ ᠦᠶ᠎ᠡ᠎ᠶ᠋ᠢᠨ ᠦᠨᠳᠦᠰᠦᠨ ᠱᠠᠲᠤᠨ᠎ᠤ ᠪᠠᠢᠴᠠᠭᠠᠬᠤ ᠬᠤᠷᠢᠶᠠᠨ᠎ᠤ ᠪᠠᠢᠭᠤᠯᠤᠯᠲᠠ᠎ᠶ᠋ᠢᠨ 25 ᠵᠤᠷᠪᠤᠰ ᠰᠠᠨᠠᠯ᠎ᠢ ᠰᠤᠳᠤᠯᠤᠨ ᠲᠣᠭ᠍ᠲᠠᠭᠠᠪᠠ᠃ ᠮᠤᠵᠢ᠎ᠶ᠋ᠢᠨ ᠱᠠᠲᠤᠨ᠎ᠤ ᠪᠠᠢᠴᠠᠭᠠᠬᠤ ᠬᠤᠷᠢᠶ᠎ᠠ ᠠᠵᠢᠯ᠎ᠤᠨ ᠲᠠᠯ᠎ᠠ᠎ᠪᠠᠷ ᠬᠤᠴᠤᠷᠴᠦ᠍ ᠪᠠᠢᠭ᠎ᠠ 129 ᠦᠨᠳᠦᠰᠦᠨ ᠱᠠᠲᠤᠨ᠎ᠤ ᠪᠠᠢᠴᠠᠭᠠᠬᠤ ᠬᠤᠷᠢᠶ᠎ᠠ᠎ᠶ᠋ᠢ ᠡᠮᠬᠢᠯᠡᠨ ᠭᠠᠷᠭᠠᠵᠤ᠂ ᠬᠤᠳᠠ᠎ᠶ᠋ᠢᠨ ᠱᠠᠲᠤᠨ᠎ᠠᠴᠠ ᠳᠡᠭᠡᠭ᠌ᠰᠢᠬᠢ ᠪᠠᠢᠴᠠᠭᠠᠬᠤ ᠬᠤᠷᠢᠶᠠᠨ᠎ᠤ ᠤᠳᠤᠷᠢᠳᠭᠤ ᠪᠠᠭ᠎ᠤᠨ ᠪᠦᠷᠢᠯᠳᠦᠬᠦᠨ ᠴᠡᠭ ᠲᠣᠭ᠍ᠲᠠᠭᠠᠨ ᠬᠠᠷᠢᠯᠴᠠᠵᠤ᠂ ᠨᠠᠷᠢᠯᠢᠬ ᠣᠨᠣᠴᠠᠲᠠᠶ᠎ᠪᠠᠷ ᠬᠠᠪᠰᠤᠷᠤᠨ ᠲᠡᠳᠬᠦᠪᠡ᠃ ᠵᠡᠭᠦᠨ ᠳᠤᠮᠳᠠ ᠪᠠᠷᠠᠭᠤᠨ ᠬᠡᠰᠡᠭ᠎ᠤᠨ ᠭᠠᠵᠠᠷ ᠤᠷᠤᠨ᠎ᠤ ᠪᠠᠢᠴᠠᠭᠠᠬᠤ ᠬᠤᠷᠢᠶ᠎ᠠ᠎ᠶ᠋ᠢᠨ ᠬᠤᠦᠰᠯᠠᠨ ᠬᠤᠯᠪᠤᠯᠳᠤᠵᠤ ᠬᠠᠮᠲᠤ᠎ᠪᠠᠷ ᠪᠠᠢᠭᠤᠯᠬᠤ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠬᠤᠲᠠ᠂ ᠱᠢᠶᠠᠨ ᠠᠯᠤᠰᠯᠠᠨ ᠬᠠᠷᠢᠯᠴᠠᠨ ᠪᠠᠢᠴᠠᠭᠠᠬᠤ ᠠᠵᠢᠯᠲᠠᠨ ᠲᠣᠮᠢᠯᠠᠬᠤ ᠰᠣᠯᠢᠯᠴᠠᠭᠠᠨ᠎ᠤ ᠲᠣᠭ᠍ᠲᠠᠴᠠ᠎ᠶ᠋ᠢ ᠪᠦᠷᠢᠨᠱᠢᠭᠦᠯᠪᠡ᠃ ᠱᠢᠨ᠎ᠡ ᠴᠠᠭ ᠦᠶ᠎ᠡ᠎ᠶ᠋ᠢᠨ ᠨᠠᠮ᠎ᠤᠨ ᠱᠢᠨᠵᠢᠶᠠᠩ᠎ᠢ ᠵᠠᠰᠠᠬᠤ᠂ ᠲᠥᠪᠡᠳ᠎ᠢ ᠵᠠᠰᠠᠬᠤ ᠠᠷᠭ᠎ᠠ ᠪᠣᠳᠣᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠪᠠᠢᠴᠠᠭᠠᠬᠤ ᠠᠵᠢᠯ ᠲᠦᠷᠦᠯ᠎ᠤᠨ ᠱᠢᠰᠲ᠋ᠧᠮ᠎ᠢᠶᠠᠷ᠎ᠢᠶᠠᠨ ᠲᠤᠰᠠᠯᠠᠯᠴᠠᠬᠤ᠎ᠶ᠋ᠢ ᠨᠢᠭᠡᠳᠦᠯᠲᠡᠶ ᠲᠥᠯᠥᠪᠵᠢᠭᠦᠯᠦᠨ᠂ ᠪᠣᠳᠠᠲᠠᠶ᠎ᠶ᠋ᠢ ᠡᠷᠬᠢᠮᠯᠡᠨ ᠠᠬᠢᠭᠤᠯᠵᠤ᠂ ᠱᠢᠨᠵᠢᠶᠠᠩ᠂ ᠲᠥᠪᠡᠳ᠂ ᠬᠥᠬᠡᠨᠠᠭᠤᠷ ᠵᠡᠷᠭᠡ ᠭᠠᠵᠠᠷ᠎ᠤᠨ ᠪᠠᠢᠴᠠᠭᠠᠬᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠪᠠ᠃ ᠪᠠᠢᠴᠠᠭᠠᠬᠤ ᠲᠤᠬᠠᠢᠯᠠᠭ᠍ᠰᠠᠨ ᠠᠵᠢᠯ᠎ᠤᠨ ᠬᠡᠷᠡᠭ᠌ᠯᠡᠭᠡᠨ᠎ᠤ ᠱᠢᠰᠲ᠋ᠧᠮ᠎ᠤᠨ 2.0 ᠎ᠪᠠᠷ᠎ᠢ ᠰᠤᠳᠤᠯᠤᠨ ᠬᠡᠷᠡᠭ᠌ᠯᠡᠵᠦ᠍᠂ ᠬᠡᠷᠡᠭ ᠱᠢᠢᠳᠪᠦᠷᠢᠯᠡᠬᠦ᠌ ᠴᠢᠨᠠᠷ ᠴᠢᠨᠰᠠᠭ᠎ᠠ᠂ ᠦᠷ᠎ᠡ ᠠᠱᠢᠭ᠂ ᠦᠷ᠎ᠡ ᠪᠦᠲᠦᠮᠵᠢ᠎ᠶ᠋ᠢᠨ ᠤᠯᠠᠮ ᠰᠠᠢᠨ ᠪᠣᠯᠬᠤ᠎ᠶ᠋ᠢ ᠠᠬᠢᠭᠤᠯᠪᠠ᠃ ᠬᠡᠷᠡᠭ᠎ᠤᠨ ᠳ᠋ᠤᠭᠠᠷᠯᠠᠯ᠎ᠤᠨ ᠨᠤᠮᠧᠷ᠎ᠢ ᠦᠯᠦ᠍ ᠬᠤᠪᠢᠷᠠᠭᠤᠯᠬᠤ ᠳᠦᠷᠢᠮ᠎ᠢ ᠬᠡᠷᠡᠭ᠌ᠵᠢᠭᠦᠯᠤᠨ᠂ ᠬᠡᠳᠦᠶ ᠱᠠᠳᠤ ᠲᠡᠰ᠂ ᠭᠤᠭ᠍ᠴᠤᠭ᠎ᠠ᠎ᠶ᠋ᠢ ᠥᠩᠭᠡᠷᠡᠭᠦᠯᠦᠭ᠌ᠰᠡᠨ ᠴᠦ᠍ ᠨᠢᠭᠡ ᠯᠡ ᠨᠣᠮᠧᠷ᠎ᠢ ᠡᠴᠦᠰ᠎ᠲᠤᠨᠢ ᠲᠤᠯᠲᠠᠯ᠎ᠠ ᠬᠡᠷᠡᠭ᠌ᠯᠡᠵᠤ᠂ ᠪᠠᠢᠴᠠᠭᠠᠬᠤ ᠠᠵᠢᠯ᠎ᠤᠨ ᠬᠡᠷᠡᠭ ᠱᠢᠢᠳᠪᠦᠷᠢᠯᠡᠯᠲᠡ᠎ᠶ᠋ᠢ ᠭᠡᠳᠡᠷᠭᠦ᠌ ᠮᠦᠷᠳᠡᠨ ᠨᠡᠬᠡᠮᠵᠢᠯᠡᠵᠤ ᠪᠤᠯᠬᠤ ᠪᠤᠯᠭᠠᠵᠤ᠂ ᠬᠠᠤᠯᠢ ᠪᠠᠷᠢᠬᠤ ᠬᠠᠷᠢᠭᠤᠴᠠᠯᠭ᠎ᠠ᠎ᠶ᠋ᠢ ᠨᠠᠢᠳᠠᠪᠦᠷᠢᠵᠢᠭᠤᠯᠬᠤ ᠪᠤᠯᠬᠤ ᠪᠣᠯᠭᠠᠪᠠ᠃

ᠲᠥᠯᠥᠭᠡᠯᠡᠭ᠌ᠴᠢᠳ ᠡ᠂ ᠪᠠᠢᠴᠠᠭᠠᠬᠤ ᠡᠷᠬᠡ᠎ᠶ᠋ᠢ ᠠᠷᠠᠳ ᠲᠦᠮᠡᠨ ᠣᠯᠭᠤᠭ᠍ᠰᠠᠨ ᠶᠤᠮ᠃ ᠪᠢᠳᠡ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠯᠲᠠ᠂ ᠠᠷᠠᠳᠴᠢᠯᠠᠭ᠍ᠰᠠᠨ ᠬᠢᠨᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠪᠡ᠃ 1080 ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠂ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠭᠡᠱᠢᠭᠦᠨ᠎ᠢ ᠤᠷᠢᠵᠤ ᠪᠠᠢᠴᠠᠭᠠᠬᠤ ᠠᠵᠢᠯ᠎ᠢ ᠪᠠᠢᠴᠠᠭᠠᠨ ᠦᠵᠡᠭᠦᠯᠵᠦ᠍᠂ ᠪᠠᠢᠴᠠᠭᠠᠬᠤ ᠠᠵᠢᠯᠯᠠᠭ᠎ᠠ᠎ᠳᠤ ᠣᠷᠣᠯᠴᠠᠭᠤᠯᠪᠠ᠃ ᠲᠥᠯᠥᠭᠡᠯᠡᠭ᠌ᠴᠢᠳ ᠪᠠ ᠭᠡᠱᠢᠭᠦᠳ᠎ᠤᠨ ᠬᠢᠨᠠᠨ ᠶᠠᠷᠢᠯᠴᠠᠭ᠍ᠰᠠᠨ ᠮᠡᠳᠡᠭᠦᠯᠦᠯᠲᠡ᠂ ᠪᠠᠢᠴᠠᠭᠠᠨ ᠦᠵᠡᠬᠦ᠌ ᠪᠠ ᠶᠠᠷᠢᠯᠴᠠᠬᠤ ᠦᠶ᠎ᠡ᠎ᠳᠤ ᠳᠤᠷᠠᠳᠤᠭ᠍ᠰᠠᠨ 4236 ᠵᠤᠷᠪᠤᠰ ᠰᠠᠨᠠᠯ ᠰᠠᠨᠠᠭᠤᠯᠭ᠎ᠠ᠎ᠶ᠋ᠢ᠎ᠨᠢ ᠱᠢᠰᠲ᠋ᠧᠮ᠎ᠲᠠᠢ᠎ᠪᠠᠷ ᠡᠮᠬᠢᠯᠡᠵᠦ᠍᠂ ᠡᠳᠦᠷ ᠲᠤᠲᠤᠮ᠎ᠤᠨ ᠠᠵᠢᠯ᠎ᠤᠨ ᠲᠤᠮᠲᠠ᠎ᠪᠠᠨ ᠨᠠᠢᠳᠠᠪᠤᠷᠢᠵᠢᠭᠤᠯᠪᠠ᠃ ᠲᠥᠯᠥᠭᠡᠯᠡᠭ᠌ᠴᠢᠳ ᠪᠠ ᠭᠡᠱᠢᠭᠦᠳ᠎ᠤᠨ ᠳᠤᠷᠠᠳᠤᠭ᠍ᠰᠠᠨ 204 ᠬᠤᠪᠢ ᠪᠢᠴᠢᠭ᠎ᠤᠨ ᠰᠠᠨᠠᠭᠤᠯᠭ᠎ᠠ᠂ 57 ᠬᠤᠪᠢ ᠰᠠᠨᠠᠯ ᠳᠤᠷᠠᠳᠤᠯᠭ᠎ᠠ᠎ᠶ᠋ᠢ ᠪᠦᠬᠦᠨ᠎ᠢ ᠱᠢᠢᠳᠪᠦᠷᠢᠯᠡᠵᠦ᠍ ᠳᠠᠭᠤᠰᠭᠠᠭᠠᠳ ᠬᠠᠷᠢᠭᠤᠯᠲᠠ ᠦᠭ᠌ᠭᠦᠭ᠌ᠰᠡᠨ ᠪᠦᠭᠡᠳ ᠭᠤᠷᠪᠠᠨ ᠵᠢᠯ ᠳᠠᠷᠠᠭᠠᠯᠠᠨ ᠲᠥᠯᠥᠭᠡᠯᠡᠭ᠌ᠴᠢᠳ ᠪᠠ ᠭᠡᠱᠢᠭᠦᠳ᠎ᠢ ᠤᠷᠢᠵᠤ ᠰᠠᠨᠠᠭᠤᠯᠭ᠎ᠠ ᠳᠤᠷᠠᠳᠤᠯᠭ᠎ᠠ᠎ᠳᠤ ᠬᠠᠷᠢᠭᠤᠯᠲᠠ ᠥᠭ᠌ᠭᠦᠭ᠌ᠰᠡᠨ ᠱᠢᠯᠢᠳᠡᠭ ᠡᠬᠡ ᠪᠢᠴᠢᠭ᠎ᠢ ᠱᠢᠯᠭᠠᠷᠠᠭᠤᠯᠪᠠ᠃ ᠡᠯ᠎ᠡ ᠠᠷᠠᠳᠴᠢᠯᠠᠭ᠍ᠰᠠᠨ ᠨᠠᠮ ᠪᠦᠯᠦᠭ᠎ᠤᠨ ᠲᠥᠪ ᠬᠤᠷᠢᠶ᠎ᠠ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠴᠢᠳ᠎ᠤᠨ ᠬᠤᠯᠪᠣᠭ᠎ᠠ᠎ᠶ᠋ᠢ ᠦᠷᠭᠦᠯᠵᠢᠯᠡᠨ ᠰᠤᠷᠪᠤᠯᠵᠢᠯᠠᠵᠤ᠂ ᠨᠢᠳᠤᠨᠤᠨ᠎ᠤ ᠲᠤᠰᠭᠠᠢᠯᠠᠨ ᠡᠯᠰᠡᠭ᠌ᠰᠡᠨ 71 ᠵᠤᠷᠪᠤᠰ ᠰᠠᠨᠠᠭᠤᠯᠭ᠎ᠠ᠎ᠶ᠋ᠢ ᠪᠦᠬᠦᠨ᠎ᠢ ᠨᠠᠢᠳᠠᠪᠤᠷᠢᠵᠢᠭᠤᠯᠪᠠ᠃ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠢᠵᠠᠭᠠᠷᠯᠠᠯ᠎ᠢ ᠤᠬᠠᠮᠰᠠᠷ᠎ᠠᠴᠠ᠎ᠪᠠᠨ ᠬᠦᠯᠢᠶᠡᠪᠡ᠃ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠲᠠᠬᠢᠨ ᠵᠦᠪᠯᠡᠭᠦᠯᠵᠦ᠍ ᠲᠠᠬᠢᠨ ᠬᠠᠷᠭᠤᠭᠤᠯᠬᠤ᠎ᠪᠠᠷ ᠳᠡᠪᠱᠢᠭᠦᠯᠦᠭ᠌ᠰᠡᠨ ᠬᠡᠷᠡᠭ᠎ᠤᠨ ᠳᠠᠭᠠᠭᠠᠨ ᠱᠢᠢᠳᠪᠦᠷᠢᠯᠡᠭ᠌ᠴᠢ᠎ᠶ᠋ᠢ᠎ᠨᠢ ᠰᠣᠯᠢᠵᠤ ᠲᠠᠬᠢᠨ ᠬᠢᠨᠠᠨ ᠪᠠᠢᠴᠠᠭᠠᠯᠭᠠᠵᠤ᠂ 439 ᠬᠥᠮᠦᠨ᠎ᠤ ᠤᠤᠯ᠎ᠤᠨ ᠲᠣᠭ᠍ᠲᠠᠭᠠᠯ᠎ᠢ ᠬᠤᠪᠢᠷᠠᠭᠤᠯᠪᠠ᠃ ᠶᠠᠯ᠎ᠠ ᠦᠭᠡᠢ᠎ᠪᠠᠷ ᠲᠠᠰᠤᠯᠤᠭ᠍ᠰᠠᠨ ᠠᠯᠪᠠᠨ ᠵᠠᠭᠠᠯᠳᠤᠯᠭ᠎ᠠ᠎ᠶ᠋ᠢᠨ ᠬᠡᠷᠡᠭ᠎ᠢ ᠬᠡᠷᠡᠭ ᠳᠠᠷᠠᠭᠠᠯᠠᠨ ᠡᠪᠬᠡᠮᠡᠯ ᠦᠵᠡᠵᠦ᠍ ᠦᠨᠡᠯᠡᠨ ᠪᠠᠢᠴᠠᠭᠠᠪᠠ᠃ ᠨᠡᠢᠭᠡᠮ᠎ᠤᠨ ᠬᠢᠨᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠪᠡ᠃ ᠳᠥᠷᠪᠡᠨ ᠱᠠᠲᠤᠨ᠎ᠤ ᠪᠠᠢᠴᠠᠭᠠᠬᠤ ᠬᠤᠷᠢᠶ᠎ᠠ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠠᠢᠴᠠᠭᠠᠬᠤ ᠠᠵᠢᠯ᠎ᠤᠨ ᠨᠡᠭᠡᠭᠡᠯᠲᠡᠲᠦ ᠡᠳᠦᠷ᠎ᠢ ᠵᠡᠷᠭᠡ᠎ᠪᠠᠷ ᠡᠷᠬᠢᠯᠡᠵᠦ᠍᠂ ᠬᠢᠨᠠᠯᠲᠠ ᠬᠦᠯᠢᠶᠡᠬᠦ᠌ ᠶᠠᠪᠤᠳᠠᠯ᠎ᠢ ᠬᠢᠵᠢᠭ᠎ᠤᠨ ᠪᠠᠢᠳᠠᠯ᠎ᠠᠴᠠ ᠪᠤᠯᠵᠤ ᠰᠤᠯᠠᠷᠠᠭᠤᠯᠤᠭ᠍ᠰᠠᠨ ᠦᠭᠡᠢ᠃ ᠤᠯᠠᠨ ᠲᠦᠮᠡᠨ᠎ᠤ ᠬᠢᠨᠠᠯᠲᠠ᠂ ᠶᠠᠷᠢᠶ᠎ᠠ ᠬᠡᠯᠡᠯᠴᠡᠭᠡᠨ᠎ᠤ ᠬᠢᠨᠠᠯᠲᠠ᠎ᠳᠤ ᠲᠦᠱᠢᠭ᠌ᠯᠡᠮᠠᠨᠵᠢᠨ ᠰᠠᠶᠢ ᠪᠠᠢᠴᠠᠭᠠᠬᠤ ᠬᠢᠨᠠᠯᠲᠠ᠎ᠶ᠋ᠢ ᠨᠡᠩ ᠰᠠᠢᠨ ᠲᠠᠯᠪᠢᠵᠦ᠍ ᠴᠢᠳᠠᠨ᠎ᠠ᠃

ᠲᠥᠯᠥᠭᠡᠯᠡᠭ᠌ᠴᠢᠳ ᠡ᠂ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ ᠨᠠᠮ ᠪᠠ ᠤᠯᠤᠰ᠎ᠤᠨ ᠦᠢᠯᠡᠰ ᠲᠡᠦᠭᠡᠳᠦ ᠴᠢᠨᠡᠷᠳᠡᠢ ᠠᠮᠵᠢᠯᠳᠠ ᠤᠯᠬᠤ᠎ᠶ᠋ᠢ ᠲᠠᠭᠠᠯᠳᠤᠨ ᠪᠠᠢᠴᠠᠭᠠᠬᠤ ᠤᠢ᠍ᠢᠯᠠᠭᠠᠬ᠍ᠳᠠᠬᠤᠨ᠎ᠳᠤ ᠬᠤᠪᠢᠷᠠᠯᠳᠠ ᠭᠠᠷᠴᠤ᠌᠂ ᠡᠭᠦᠷᠭᠡ ᠴᠢᠳᠡᠪᠬᠢ᠎ᠶ᠋ᠢᠨ ᠱᠢᠰᠲ᠋ᠧᠮ ᠲᠠᠬᠢᠨ ᠴᠤᠬ᠍ᠴᠠᠯᠠᠬ᠍ᠳᠠᠨ᠂ ᠲᠤᠳᠤᠭᠠᠳᠤ ᠪᠠᠢᠭᠤᠯᠤᠮᠵᠢ᠎ᠶ᠋ᠢ ᠲᠠᠬᠢᠨ ᠪᠠᠢᠭᠤᠯᠵᠤ᠂ ᠪᠠᠢᠴᠠᠭᠠᠬᠤ ᠡᠭᠦᠷᠭᠡ᠎ᠪᠠᠨ ᠬᠦᠢᠴᠡᠳᠭᠡᠵᠦ᠍ ᠶᠡᠭᠡ ᠲᠠᠯ᠎ᠠ᠎ᠳᠤ ᠦᠢᠯᠡᠴᠢᠯᠡᠬᠦ᠌᠎ᠨᠢ ᠨᠡᠩ ᠢᠳᠡᠪᠬᠢᠳᠡᠢ ᠪᠤᠯᠵᠤ᠂ ᠡᠩᠨᠡᠭᠡ᠎ᠶ᠋ᠢᠨ ᠭᠡᠪ ᠪᠤᠯᠪᠠᠰᠤᠷᠠᠯ ᠴᠢᠳᠠᠪᠤᠷᠢ ᠦᠷᠭᠦᠯᠵᠢᠯᠡᠨ ᠲᠡᠰ ᠲᠡᠪᠱᠢᠨ᠂ ᠡᠯ᠎ᠡ ᠲᠦᠷᠦᠯ᠎ᠤᠨ ᠪᠠᠢᠴᠠᠭᠠᠬᠤ ᠠᠵᠢᠯ ᠯᠠᠪᠳᠠᠭᠤᠨ᠎ᠢᠶᠠᠷ ᠤᠷᠤᠬ᠍ᠰᠢ ᠠᠬᠢᠪᠠ᠃ ᠠᠷᠠᠳ᠎ᠤᠨ ᠪᠠᠢᠴᠠᠭᠠᠬᠤ ᠦᠢᠯᠡᠰ᠎ᠤᠨ ᠬᠥᠭ᠌ᠵᠢᠯᠲᠡ ᠲᠠᠪᠱᠢᠯᠳᠠ᠎ᠶ᠋ᠢᠨ ᠦᠨᠳᠦᠰᠦ ᠰᠠᠭᠤᠷᠢ᠎ᠨᠢ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠬ᠍ᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠳᠤ ᠪᠠᠢᠵᠤ᠂ ᠦᠨᠳᠦᠰᠦ ᠰᠠᠭᠤᠷᠢ᠎ᠨᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠬᠤ ᠪᠦᠭᠡᠳ ᠡᠨᠡ ᠬᠦ᠌ ᠬᠦᠭ᠌ᠵᠢᠯᠳᠠ ᠲᠠᠪᠱᠢᠯᠳᠠ᠎ᠨᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶ᠎ᠠ᠎ᠶ᠋ᠢᠨ ᠬᠦᠴᠦᠲᠡᠶ ᠬᠢᠨᠠᠯᠲᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶ᠋ᠢᠨ ᠬᠦᠴᠦᠲᠡᠶ ᠳᠡᠮᠵᠢᠯᠭᠡ᠂ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠠᠷᠠᠳᠴᠢᠯᠠᠬ᠍ᠰᠠᠨ ᠬᠢᠨᠠᠯᠲᠠ᠂ ᠤᠯᠤᠰ᠎ᠤᠨ ᠬᠢᠨᠠᠨ ᠪᠠᠢᠴᠠᠭᠠᠬᠤ ᠵᠥᠪᠯᠡᠯ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠎ᠶ᠋ᠢᠨ ᠬᠠᠮᠵᠢᠯᠴᠠᠭ᠎ᠠ ᠪᠤᠯᠤᠨ ᠬᠢᠵᠠᠭᠠᠷᠯᠠᠯ᠂ ᠡᠯ᠎ᠡ ᠠᠷᠠᠳᠴᠢᠯᠠᠭ᠍ᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠴᠢᠳ᠎ᠤᠨ ᠬᠤᠯᠪᠣᠭ᠎ᠠ ᠪᠠ ᠨᠠᠮ ᠪᠦᠯᠦᠭ᠎ᠤᠨ ᠪᠤᠰᠤ ᠬᠥᠮᠦᠰ᠂ ᠠᠷᠠᠳ᠎ᠤᠨ ᠪᠦᠯᠬᠦᠮ᠎ᠨᠦᠭᠦᠳ ᠵᠢᠴᠢ ᠣᠷᠣᠨ ᠨᠤᠲᠤᠭ᠎ᠤᠨ ᠡᠯ᠎ᠡ ᠱᠠᠲᠤᠨ᠎ᠤ ᠨᠠᠮ ᠵᠠᠰᠠᠭ᠎ᠤᠨ ᠪᠠᠢᠭᠤᠯᠭ᠎ᠠ᠂ ᠲᠥᠯᠥᠭᠡᠯᠡᠭ᠌ᠴᠢᠳ᠂ ᠭᠡᠱᠢᠭᠦᠳ ᠪᠠ ᠨᠡᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠬᠠᠯᠠᠭᠤᠨ ᠰᠡᠳᠭᠢᠯ᠎ᠤᠨ ᠬᠠᠯᠠᠮᠵᠢᠯᠠᠯ᠂ ᠲᠡᠮᠵᠢᠯᠭᠡ ᠪᠠ ᠬᠠᠪᠰᠤᠷᠤᠯᠭ᠎ᠠ᠎ᠠᠴᠠ ᠰᠠᠯᠵᠤ ᠴᠢᠳᠠᠬᠤ ᠦᠭᠡᠢ ᠶᠤᠮ᠃ ᠪᠢ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠶ᠋ᠢ ᠲᠥᠯᠥᠭᠡᠯᠡᠨ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠦᠶ᠎ᠡ!

ᠪᠠᠢᠴᠠᠭᠠᠬᠤ ᠠᠵᠢᠯ᠎ᠨᠢ ᠨᠠᠮ ᠪᠠ ᠠᠷᠠᠳ ᠲᠦᠮᠡᠨ᠎ᠤ ᠨᠡᠩ ᠥᠨᠳᠥᠷ ᠱᠠᠭᠠᠷᠳᠠᠯᠭ᠎ᠠ᠂ ᠴᠠᠭ ᠦᠶ᠎ᠡ᠎ᠶ᠋ᠢᠨ ᠬᠥᠭ᠌ᠵᠢᠯᠲᠡ᠎ᠠᠴᠠ ᠤᠯᠭᠤᠭ᠍ᠰᠠᠨ ᠨᠡᠩ ᠬᠦᠨᠳᠦ ᠬᠠᠷᠢᠭᠤᠴᠠᠯᠭ᠎ᠠ᠎ᠯᠤᠭ᠎ᠠ ᠲᠡᠢᠮᠦ᠍ ᠰᠠᠢᠨ ᠵᠤᠬᠢᠴᠠᠵᠦ᠍ ᠲᠡᠢᠯᠬᠦ᠌ ᠦᠭᠡᠢ ᠪᠠᠢᠬᠤ᠎ᠶ᠋ᠢ ᠪᠢᠳᠡ ᠰᠡᠷᠭᠡᠭ᠎ᠢᠶᠠᠷ ᠲᠠᠨᠢᠵᠤ ᠣᠯᠪᠠ᠃ ᠨᠢᠭᠡ᠎ᠳᠤ ᠰᠢ᠎ᠶ᠋ᠢᠨ ᠫᠢᠩ᠎ᠤᠨ ᠬᠠᠦᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠣᠢᠯᠠᠭᠠᠬᠤ᠂ ᠦᠢᠯᠡᠳᠦᠯᠭᠡᠵᠢᠭᠦᠯᠬᠦ᠌ ᠲᠠᠯ᠎ᠠ᠎ᠪᠠᠷ ᠦᠷᠭᠦᠯᠵᠢᠯᠡᠨ ᠪᠤᠳᠠᠳᠠᠢᠵᠢᠭᠤᠯᠬᠤ ᠴᠢᠬᠤᠯᠠᠲᠠᠢ ᠪᠠᠢᠵᠦ᠍᠂ ᠪᠠᠢᠴᠠᠭᠠᠬᠤ ᠠᠵᠢᠯ᠎ᠤᠨ ᠣᠢᠯᠠᠭᠠᠭ᠍ᠳᠠᠬᠤᠨ᠎ᠢ ᠪᠠᠰᠠ ᠱᠢᠨᠡᠳᠭᠡᠵᠦ᠍ ᠬᠤᠪᠢᠷᠠᠭᠤᠯᠬᠤ ᠴᠢᠬᠤᠯᠠᠲᠠᠶ ᠪᠠᠢᠨ᠎ᠠ᠂ ᠵᠠᠷᠢᠮ ᠪᠠᠢᠴᠠᠭᠠᠬᠤ ᠠᠵᠢᠯᠲᠠᠨ ᠬᠡᠷᠡᠭ᠎ᠢ ᠱᠢᠢᠳᠪᠤᠷᠢᠯᠡᠬᠦ᠌᠎ᠶ᠋ᠢᠨ ᠲᠥᠯᠦᠭᠡ ᠯᠡ ᠱᠢᠢᠳᠪᠦᠷᠢᠯᠡᠬᠦ᠂ ᠦᠬᠦᠮᠡᠯ᠎ᠢᠶᠠᠷ ᠬᠠᠦᠯᠢ ᠪᠠᠷᠢᠬᠤ ᠠᠰᠠᠭᠤᠳᠠᠯ ᠣᠷᠣᠱᠢᠵᠤ᠂ ᠴᠢᠭ᠌ᠯᠡᠯᠳᠦ ᠴᠢᠨᠡᠷ ᠦᠷ᠎ᠡ ᠪᠦᠳᠦᠮᠵᠢᠳᠦ ᠴᠢᠨᠡᠷᠳᠡᠢ᠎ᠪᠠᠷ ᠠᠵᠤ ᠠᠬᠤᠢ ᠨᠡᠢᠭᠡᠮ᠎ᠤᠨ ᠬᠦᠭ᠌ᠵᠢᠯᠳᠡ᠎ᠶ᠋ᠢᠨ ᠶᠡᠭᠡ ᠲᠠᠯ᠎ᠠ᠎ᠳᠤ ᠠᠭᠤᠰᠤᠯᠴᠠᠬᠤ᠎ᠪᠠᠷ ᠬᠦᠷᠦᠯᠴᠡᠬᠦ᠌ ᠦᠭᠡᠢ ᠪᠠᠢᠨ᠎ᠡ᠃ ᠬᠤᠶᠠᠷ᠎ᠲᠤ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ᠎ᠢᠶᠠᠷ ᠲᠤᠲᠠᠮᠠᠭ ᠪᠠᠢᠵᠤ᠂ ᠬᠢᠨᠠᠯᠲᠠ ᠲᠠᠯᠪᠢᠬᠤ᠎ᠳᠠᠭᠠᠨ ᠵᠤᠷᠢᠭ᠍ᠲᠠᠢ ᠪᠢᠰᠢ᠂ ᠴᠢᠳᠠᠮᠠᠭᠠᠢ ᠪᠢᠰᠢ᠂ ᠵᠢᠷᠤᠮᠵᠢᠭᠤᠨ ᠪᠢᠰᠢ ᠪᠠᠢᠳᠠᠯ ᠪᠠᠢᠨ ᠳᠠᠬᠢᠨ ᠭᠠᠷᠴᠤ᠌᠂ ᠬᠤᠯᠪᠤᠬ᠍ᠳᠠᠯ ᠪᠦᠬᠦᠢ ᠲᠦᠷᠢᠮ ᠪᠠᠢᠭᠤᠯᠤᠮᠵᠢ ᠲᠡᠭᠦᠯᠳᠡᠷ ᠪᠤᠰᠤ ᠪᠠᠢᠬᠤ ᠪᠦᠭᠡᠳ ᠦᠨᠳᠦᠰᠦᠨ ᠱᠠᠲᠤᠨ᠎ᠤ ᠢᠷᠭᠡᠨ᠎ᠤ ᠬᠡᠷᠡᠭ᠎ᠤᠨ ᠵᠠᠰᠠᠭ ᠵᠠᠬᠢᠷᠭᠠᠨ᠎ᠤ ᠪᠠᠢᠴᠠᠭᠠᠬᠤ ᠠᠵᠢᠯ ᠮᠥᠨ ᠯᠡ ᠨᠡᠯᠢᠶᠡᠳ ᠪᠠᠭᠤᠷᠠᠶ ᠪᠠᠢᠨ᠎ᠠ᠃ ᠭᠤᠷᠪᠠ᠎ᠳᠤ ᠦᠨᠳᠦᠰᠦᠨ ᠱᠠᠳᠤᠨ᠎ᠤ ᠦᠨᠳᠦᠰᠦᠨ ᠠᠵᠢᠯ᠎ᠤᠨ ᠲᠤᠳᠠᠭᠤᠳᠠᠯ ᠮᠦᠨ ᠲᠤᠪᠤᠢᠮ᠎ᠠ ᠪᠠᠢᠵᠤ᠂ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠂ ᠰᠠᠭᠤᠷᠢ ᠠᠵᠢᠯ᠂ ᠦᠨᠳᠦᠰᠦᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠠᠳᠭᠤᠬ᠍ᠰᠠᠨ᠎ᠨᠢ ᠬᠠᠷᠠᠬᠠᠨ ᠪᠠᠳᠤᠲᠠᠶ ᠪᠢᠰᠢ ᠪᠠᠢᠨ᠎ᠠ᠃ ᠲᠦᠷᠪᠡ᠎ᠳᠤ ᠬᠠᠦᠯᠢ ᠪᠠᠷᠢᠬᠤ ᠪᠠᠢᠭᠤᠯᠤᠯ᠎ᠤᠨ ᠥᠭᠡᠷᠡᠴᠢᠯᠡᠯᠲᠡ᠎ᠶ᠋ᠢ ᠨᠢᠭᠡᠳᠦᠯᠲᠡᠶ ᠲᠥᠯᠥᠪᠯᠡᠨ ᠨᠠᠢᠳᠠᠪᠤᠷᠢᠵᠢᠭᠤᠯᠬᠤ᠎ᠪᠠᠷ ᠬᠦᠷᠦᠯᠴᠡᠬᠦ᠌ ᠦᠭᠡᠢ ᠪᠠᠢᠵᠤ᠂ ᠢᠵᠢ ᠪᠦᠷᠢᠳᠦᠭᠦᠯᠬᠦ᠌ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠬᠠᠷᠠᠬᠠᠨ ᠲᠡᠭᠦᠯᠳᠡᠷᠵᠢᠭᠦᠯᠬᠦ᠌ ᠴᠢᠬᠤᠯᠠᠲᠠᠶ ᠪᠠᠢᠨ᠎ᠠ᠃ ᠲᠠᠪᠤ᠎ᠳᠤ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠪᠠ ᠪᠠᠢᠴᠠᠭᠠᠬᠤ ᠠᠵᠢᠯ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠲᠠᠯ᠎ᠠ᠎ᠪᠠᠷ ᠪᠠᠭᠤᠷᠠᠶ ᠭᠤᠭ᠍ᠴᠤᠭ᠎ᠠ ᠤᠷᠤᠱᠢᠵᠤ᠂ ᠵᠠᠷᠢᠮ ᠪᠠᠢᠴᠠᠭᠠᠬᠤ ᠠᠵᠢᠯᠲᠠᠨ ᠬᠠᠷᠢᠭᠤᠴᠠᠯᠭ᠎ᠠ ᠠᠯᠳᠠᠨ ᠲᠤᠱᠢᠶᠠᠯ᠎ᠢᠶᠠᠨ ᠭᠤᠲᠤᠭᠠᠵᠤ᠂ ᠬᠠᠭ᠍ᠤᠤᠯᠢ ᠢᠳᠡᠵᠦ᠍ ᠬᠠᠦᠯᠢ᠎ᠶ᠋ᠢ ᠭᠠᠵᠢᠭᠤᠳᠠᠭᠤᠯᠤᠨ᠂ ᠴᠢᠨᠠᠭ᠍ᠰᠢᠯᠠᠪᠠᠯ 《ᠬᠠᠯᠬᠠᠪᠴᠢ ᠨᠦᠮᠦᠷᠢ》 ᠪᠣᠯᠵᠤ ᠪᠠᠢᠨ᠎ᠠ᠂ ᠡᠨᠡ ᠪᠤᠯ ᠭᠦᠨ ᠭᠦᠨᠵᠡᠭᠡᠶ ᠰᠤᠷᠭᠠᠮᠵᠢ ᠮᠦᠨ᠃ ᠠᠰᠠᠭᠤᠳᠠᠯ᠎ᠤᠨ ᠭᠡᠳᠡᠷᠭᠦ᠌ ᠱᠢᠬᠠᠯᠲᠠ᠎ᠠᠴᠠ ᠬᠠᠷᠢᠭᠤᠴᠠᠯᠭ᠎ᠠ ᠴᠢᠩᠭᠠᠷᠠᠳᠠᠭ ᠶᠤᠮ᠂ ᠪᠢᠳᠡ ᠬᠦᠴᠦᠯᠡᠨ ᠴᠢᠷᠮᠠᠢᠵᠤ ᠬᠦᠴᠢᠷ ᠠᠰᠠᠭᠤᠳᠠᠯ᠎ᠢ ᠱᠢᠢᠳᠪᠦᠷᠢᠯᠡᠨ᠂ ᠳᠤᠲᠠᠭᠤᠳᠠᠯ᠎ᠢᠶᠠᠨ ᠨᠥᠬᠦᠪᠥᠷᠢᠯᠡᠨ᠎ᠠ᠃

2021 ᠣᠨ᠎ᠤ ᠠᠵᠢᠯ᠎ᠤᠨ ᠲᠣᠬᠢᠷᠠᠭᠤᠯᠤᠯᠲᠠ

ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ᠎ᠠᠴᠠ ᠱᠢᠨ᠎ᠡ ᠬᠥᠭ᠌ᠵᠢᠯᠲᠡ᠎ᠶ᠋ᠢᠨ ᠱᠠᠲᠤ ᠦᠶ᠎ᠡ᠎ᠳᠠᠬᠢ ᠨᠠᠮ ᠪᠠ ᠤᠯᠤᠰ᠎ᠤᠨ ᠠᠵᠢᠯ ᠦᠢᠯᠡᠰ᠎ᠤᠨ ᠬᠥᠭ᠌ᠵᠢᠯᠲᠡ᠎ᠶ᠋ᠢᠨ ᠠᠤᠭ᠎ᠠ ᠲᠥᠰᠦᠪ᠎ᠢ ᠵᠢᠷᠤᠭ᠍ᠯᠠᠵᠤ᠂ ᠪᠠᠢᠴᠠᠭᠠᠬᠤ ᠦᠢᠯᠡᠰ ᠱᠢᠨ᠎ᠡ ᠠᠶᠠᠨ᠎ᠢᠶᠠᠨ ᠡᠬᠢᠯᠡᠭᠦᠯᠦᠭ᠌ᠰᠡᠨ ᠶᠤᠮ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠪᠠᠢᠴᠠᠭᠠᠬᠤ ᠠᠵᠢᠯ᠎ᠢ ᠰᠠᠢᠲᠤᠷ ᠬᠢᠬᠦ᠌᠎ᠶ᠋ᠢᠨ ᠦᠨᠳᠦᠰᠦᠨ ᠵᠢᠯᠤᠭᠤᠳᠤᠯᠭ᠎ᠠ ᠪᠣᠯ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ᠎ᠠ; ᠶᠡᠷᠦᠩᠬᠡᠶ ᠱᠠᠭᠠᠷᠳᠠᠯᠭ᠎ᠠ ᠪᠣᠯ ᠱᠢᠰᠲ᠋ᠧᠮ᠎ᠤᠨ ᠦᠵᠡᠯᠲᠡ᠂ ᠬᠠᠦᠯᠢ᠎ᠪᠠᠷ ᠵᠠᠰᠠᠬᠤ ᠰᠡᠳᠭᠢᠬᠦᠶ᠂ ᠦᠨᠳᠦᠰᠦᠨ ᠰᠠᠭᠤᠷᠢ᠎ᠪᠠᠨ ᠴᠢᠩᠭᠠᠳᠭᠠᠬᠤ ᠤᠳᠤᠷᠢᠳᠤᠮᠵᠢ᠎ᠶ᠋ᠢ ᠨᠡᠩ ᠢᠯᠡᠭᠦᠦ ᠴᠢᠬᠤᠯᠠᠴᠢᠯᠠᠵᠤ᠂ ᠠᠷᠠᠳ ᠤᠯᠠᠨ᠎ᠳᠤ ᠬᠠᠦᠯᠢ ᠪᠠᠷᠢᠬᠤ ᠬᠡᠷᠡᠭ ᠨᠢᠭᠡᠪᠦᠷᠢ᠎ᠠᠴᠠ ᠲᠥᠪ ᠭᠤᠤᠯᠴᠢ ᠱᠢᠳᠤᠷᠭᠤ ᠶᠣᠰᠣ᠎ᠶ᠋ᠢ ᠮᠡᠳᠡᠷᠡᠭᠦᠯᠬᠦ᠌᠎ᠪᠠᠷ ᠴᠢᠷᠮᠠᠢᠬᠤ ᠶᠠᠪᠤᠳᠠᠯ ᠪᠣᠯᠤᠨ᠎ᠠ; ᠦᠨᠳᠦᠰᠦᠨ ᠪᠠᠢᠷᠢᠯᠠᠭᠤᠯᠤᠯᠲᠠ ᠪᠣᠯ 《ᠲᠦᠷᠪᠡᠨ ᠶᠡᠭᠡ ᠪᠠᠢᠴᠠᠭᠠᠬᠤ ᠠᠵᠢᠯ》 《ᠠᠷᠪᠠᠨ ᠶᠡᠭᠡ ᠲᠤᠬᠠᠢᠯᠠᠭ᠍ᠰᠠᠨ ᠠᠵᠢᠯ》 ᠎ᠢ ᠪᠦᠬᠦ᠌ ᠲᠠᠯ᠎ᠠ᠎ᠪᠠᠷ᠂ ᠵᠣᠬᠢᠴᠠᠩᠭᠤᠢ ᠪᠦᠭᠡᠳ ᠭᠦᠢᠴᠡᠳ ᠬᠥᠭ᠌ᠵᠢᠭᠦᠯᠬᠦ᠌ ᠶᠠᠪᠤᠳᠠᠯ ᠪᠤᠯᠤᠨ᠎ᠠ; ᠪᠠᠢᠯᠳᠤᠬᠤ ᠪᠤᠳᠤᠯᠭ᠎ᠠ᠎ᠶ᠋ᠢᠨ ᠲᠤᠯᠭᠠᠭᠤᠷᠢ ᠴᠡᠭ ᠪᠣᠯ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠂ ᠰᠠᠭᠤᠷᠢ ᠠᠵᠢᠯ ᠪᠠ ᠦᠨᠳᠦᠰᠦᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠶᠠᠪᠤᠳᠠᠯ ᠪᠣᠯᠤᠨ᠎ᠠ; ᠶᠡᠷᠦᠩᠬᠡᠶ ᠬᠠᠷᠠᠯᠲᠠ ᠪᠣᠯ ᠪᠠᠢᠴᠠᠭᠠᠬᠤ ᠠᠵᠢᠯ᠎ᠤᠨ ᠲᠤᠰ ᠪᠡᠶ᠎ᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠪᠠᠷ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠪᠠᠲᠤᠯᠠᠬᠤ᠎ᠳᠤ ᠦᠢᠯᠡᠴᠢᠯᠡᠬᠦ᠌ ᠶᠠᠪᠤᠳᠠᠯ ᠪᠤᠯᠤᠨ᠎ᠠ᠃ 2021 ᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠮᠡᠨᠳᠦᠯᠡᠭ᠌ᠰᠡᠨ ᠵᠠᠭᠤᠨ ᠵᠢᠯ᠎ᠤᠨ ᠤᠢ ᠪᠣᠯᠤᠨ᠎ᠠ᠃ 《ᠬᠤᠣᠰ ᠵᠠᠭᠤᠨ ᠵᠢᠯ》 ᠎ᠤᠨ ᠲᠡᠦᠬᠡᠨ ᠠᠭᠤᠯᠵᠠᠷ ᠳᠡᠭᠡᠷ᠎ᠡ ᠵᠣᠭ᠍ᠰᠣᠵᠤ᠂ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠲᠤᠭᠤᠱᠢᠯᠠᠭᠤᠯᠤᠨ᠂ ᠤᠯᠤᠰ᠎ᠤᠨ ᠳᠣᠲᠣᠭᠠᠳᠤ ᠭᠠᠳᠠᠭᠠᠳᠤ ᠬᠤᠶᠠᠷ ᠶᠡᠭᠡ ᠲᠠᠯ᠎ᠠ᠎ᠶ᠋ᠢ ᠨᠢᠭᠡᠳᠦᠯᠲᠡᠶ ᠲᠥᠯᠥᠪᠯᠡᠵᠦ᠍᠂ ᠬᠥᠭ᠌ᠵᠢᠯᠲᠡ ᠪᠤᠯᠤᠨ ᠠᠮᠤᠷ ᠲᠦᠪᠱᠢᠨ ᠬᠤᠶᠠᠷ ᠶᠡᠭᠡ ᠶᠠᠪᠤᠳᠠᠯ᠎ᠳᠤ ᠦᠢᠯᠡᠴᠢᠯᠡᠬᠦ᠌᠎ᠳᠤ ᠪᠠᠢᠴᠠᠭᠠᠬᠤ ᠠᠵᠢᠯᠲᠠᠨ ᠨᠡᠩ ᠢᠯᠡᠬᠦᠦ ᠤᠬᠠᠮᠰᠠᠷ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠴᠢᠷᠮᠠᠢᠯᠭ᠎ᠠ ᠭᠠᠷᠭᠠᠵᠤ᠂ ᠱᠢᠨ᠎ᠡ ᠲᠡᠤᠬᠡᠲᠦ ᠡᠭᠦᠷᠭᠡ᠎ᠶ᠋ᠢ ᠡᠭᠦᠷᠭᠡᠯᠡᠨ᠂ ᠨᠡᠢᠭᠡᠮ ᠵᠢᠷᠤᠮᠲᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠶ᠋ᠢ ᠰᠠᠢᠨ ᠡᠬᠢᠯᠡᠯᠲᠡ᠎ᠲᠠᠢ ᠪᠤᠯᠭᠠᠬᠤ᠎ᠳᠤ ᠬᠠᠤᠯᠢ᠎ᠪᠠᠷ ᠵᠠᠰᠠᠬᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭ᠌ᠲᠡᠢ᠃

ᠨᠢᠭᠡᠳᠦᠭᠡᠷ᠎ᠲᠤ᠌᠂ ᠦᠷᠭᠦᠯᠵᠢᠯᠡᠨ ᠲᠣᠭ᠍ᠲᠠᠭᠤᠨ᠎ᠢᠶᠠᠷ ᠠᠬᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠳᠤ ᠦᠢᠯᠡᠴᠢᠯᠡᠬᠦ᠌ ᠤᠯᠤᠰ ᠲᠦᠷᠦ᠎ᠶ᠋ᠢᠨ ᠤᠬᠠᠮᠰᠠᠷ᠎ᠢᠶᠠᠨ ᠦᠨᠡᠨ ᠬᠦ᠌ ᠴᠢᠩᠭᠠᠳᠭᠠᠨ᠎ᠠ᠃ ᠰᠠᠨᠠᠭᠠᠴᠢᠯᠠᠭ᠎ᠠ᠎ᠠᠴᠠ᠎ᠪᠠᠨ ᠱᠢᠨ᠎ᠡ ᠬᠥᠭ᠌ᠵᠢᠯᠲᠡ᠎ᠶ᠋ᠢᠨ ᠱᠠᠲᠤ ᠦᠶ᠎ᠡ᠎ᠶ᠋ᠢ ᠡᠵᠡᠮᠳᠡᠬᠦ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠬᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠤᠢ ᠪᠤᠯᠭᠠᠬᠤ᠎ᠳᠤ ᠰᠠᠭᠤᠷᠢᠯᠠᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠠᠢᠴᠠᠭᠠᠬᠤ ᠦᠢᠯᠡᠴᠢᠯᠡᠭᠡᠨ᠎ᠤ ᠬᠦᠴᠦᠯᠡᠬᠦ᠌ ᠴᠡᠭ᠎ᠢ ᠣᠨᠣᠪᠴᠢᠲᠠᠶ ᠡᠷᠢᠨ᠎ᠠ᠃ ᠤᠯᠤᠰ᠎ᠤᠨ ᠠᠮᠤᠷ ᠲᠦᠪᠱᠢᠨ᠂ ᠨᠡᠢᠭᠡᠮ᠎ᠤᠨ ᠠᠮᠤᠷ ᠲᠤᠭ᠍ᠲᠠᠭᠤᠨ᠂ ᠠᠷᠠᠳ ᠲᠦᠮᠡᠨ᠎ᠤ ᠠᠮᠤᠷ ᠠᠮᠤᠭᠤᠯᠠᠩ᠎ᠢ ᠨᠥᠯᠥᠭᠡᠯᠡᠵᠦ᠍ ᠪᠠᠢᠭ᠎ᠠ ᠲᠣᠪᠤᠢᠮ᠎ᠠ ᠠᠰᠠᠭᠤᠳᠠᠯ᠎ᠢ ᠨᠠᠷᠢᠯᠢᠭ ᠣᠨᠣᠴᠠᠲᠠᠶ ᠵᠠᠰᠠᠵᠤ᠂ ᠤᠯᠤᠰ᠎ᠤᠨ ᠠᠮᠤᠷ ᠲᠦᠪᠱᠢᠨ᠎ᠢ ᠬᠤᠬᠢᠷᠠᠭᠤᠯᠤᠬ᠍ᠰᠠᠨ ᠶᠠᠯᠠᠳᠤ ᠠᠵᠢᠯᠯᠠᠭ᠎ᠠ᠂ ᠬᠦᠨᠳᠦ ᠨᠣᠴᠢᠲᠠᠶ ᠬᠦᠴᠦᠷᠬᠡᠭ᠌ᠯᠡᠯ᠎ᠤᠨ ᠶᠠᠯᠠᠲᠤ ᠠᠵᠢᠯᠯᠠᠭ᠎ᠠ᠂ ᠠᠵᠤ ᠠᠬᠤᠶ ᠮᠥᠩᠭᠦᠨ ᠭᠦᠢᠯᠭᠡᠭᠡᠨ᠎ᠤ ᠶᠠᠯᠠᠲᠤ ᠠᠵᠢᠯᠯᠠᠭ᠎ᠠ᠂ ᠰᠦᠯᠵᠢᠶᠡᠨ᠎ᠤ ᠶᠠᠯᠠᠲᠤ ᠠᠵᠢᠯᠯᠠᠭ᠎ᠠ᠎ᠶ᠋ᠢ ᠵᠠᠯᠬᠠᠭᠠᠨ ᠱᠢᠢᠳᠭᠡᠬᠦ᠌᠎ᠶ᠋ᠢ ᠲᠤᠪᠤᠢᠯᠭᠠᠵᠦ᠍᠂ ᠮᠠᠨ᠎ᠤ ᠤᠯᠤᠰ᠎ᠤᠨ ᠣᠳᠣᠬᠢᠴᠢᠯᠠᠯᠲᠠ᠎ᠶ᠋ᠢᠨ ᠠᠬᠢᠴᠠ᠎ᠶ᠋ᠢ ᠨᠥᠯᠥᠭᠡᠯᠡᠵᠦ᠍ ᠪᠠᠢᠭ᠎ᠠ ᠡᠯ᠎ᠡ ᠵᠦᠢᠯ᠎ᠤᠨ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ᠎ᠶ᠋ᠢ ᠠᠬᠢᠭᠤᠯᠤᠨ᠎ᠠ᠃ ᠬᠡᠷᠡᠭ ᠱᠢᠢᠳᠪᠤᠷᠢᠯᠡᠬᠦ᠌᠎ᠳᠤ ᠬᠢᠨᠠᠯᠳᠠ ᠲᠠᠯᠪᠢᠬᠤ᠎ᠶ᠋ᠢ ᠴᠢᠩᠭᠠᠳᠭᠠᠵᠤ᠂ ᠬᠠᠷ᠎ᠠ ᠪᠦᠯᠦᠭ᠌ᠳᠡᠨ ᠬᠠᠷᠬᠢᠰ ᠬᠦᠴᠦᠨ ᠵᠢᠴᠢ 《ᠬᠠᠯᠬᠠᠪᠴᠢ ᠨᠦᠮᠦᠷᠢ》 ᠎ᠳᠤᠨᠢ ᠡᠷᠡᠰ ᠴᠢᠩᠭ᠎ᠠ ᠴᠤᠬᠢᠯᠳᠠ ᠦᠭ᠌ᠴᠦ᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠠᠵᠢᠯ᠎ᠢ ᠪᠠᠢᠩᠭᠤᠵᠢᠭᠤᠯᠬᠤ᠎ᠶ᠋ᠢ ᠠᠬᠢᠭᠤᠯᠪᠠ᠃ ᠡᠮᠴᠢᠯᠡᠭᠡᠨ᠎ᠳᠤ ᠬᠤᠯᠪᠤᠬ᠍ᠳᠠᠬ᠍ᠰᠠᠨ ᠶᠠᠯᠠᠳᠤ ᠠᠵᠢᠯᠯᠠᠭ᠎ᠠ᠎ᠶ᠋ᠢ ᠵᠠᠯᠬᠠᠭᠠᠨ ᠱᠢᠢᠳᠭᠡᠭᠦ᠌ ᠬᠦᠴᠦᠨ᠎ᠢᠶᠠᠨ ᠦᠷᠭᠦᠯᠵᠢᠯᠡᠨ ᠴᠢᠩᠭᠠᠳᠭᠠᠵᠤ᠂ ᠡᠮᠴᠢᠯᠡᠭᠡᠨ᠎ᠤ ᠠᠵᠢᠯᠳᠠᠨ᠎ᠤ ᠬᠤᠪᠢ ᠪᠠᠶ᠎ᠠ᠎ᠶ᠋ᠢᠨ ᠠᠮᠤᠷ ᠲᠦᠪᠱᠢᠨ᠎ᠢ ᠡᠷᠡᠰ ᠬᠠᠮᠠᠭᠠᠯᠠᠪᠠ᠃ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠳᠤ ᠬᠠᠯᠳᠠᠭ᠍ᠰᠠᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭ᠌ᠬᠦ ᠡᠷᠴᠢᠮ᠎ᠢᠶᠠᠨ ᠴᠢᠩᠭᠠᠷᠠᠭᠤᠯᠵᠤ᠂ ᠣᠯᠠᠨ ᠲᠦᠮᠡᠨ᠎ᠤ ᠲᠤᠰᠭᠠᠯ ᠶᠡᠬᠡᠲᠡᠢ᠂ ᠡᠷᠬᠡ᠎ᠳᠤ ᠬᠠᠯᠳᠠᠬ᠍ᠰᠠᠨ ᠬᠤᠳᠠᠯ ᠬᠠᠭᠤᠷᠮᠠᠭ ᠵᠦᠢᠯ ᠣᠯᠠᠨ ᠡᠭᠦᠰᠭᠦ ᠭᠤᠦᠯᠳᠠᠯᠭ᠎ᠠ᠎ᠲᠠᠢ ᠬᠦᠷᠢᠶ᠎ᠠ᠎ᠶ᠋ᠢ ᠴᠡᠭ᠌ᠴᠡᠯᠡᠨ ᠵᠠᠰᠠᠬᠤ᠎ᠳᠤ ᠢᠳᠡᠪᠬᠢᠲᠡᠢ ᠣᠷᠣᠯᠴᠠᠵᠤ᠂ ᠮᠡᠳᠡᠯᠭᠡ᠎ᠶ᠋ᠢᠨ ᠪᠦᠳᠦᠭᠡᠭ᠌ᠳᠡᠬᠦᠨ᠎ᠤ ᠦᠮᠴᠢᠯᠡᠬᠦ᠌ ᠡᠷᠭᠡ᠎ᠶ᠋ᠢᠨ ᠬᠠᠤᠯᠢ᠎ᠪᠠᠷ ᠵᠠᠰᠠᠬᠤ᠎ᠶ᠋ᠢ ᠬᠠᠮᠠᠭᠠᠯᠠᠬᠤ ᠶᠡᠷᠦᠩᠭᠡᠢᠯᠡᠭ᠌ᠰᠡᠨ ᠲᠤᠷᠱᠢᠯᠳᠡ᠎ᠶ᠋ᠢᠨ ᠴᠡᠭ᠎ᠤᠨ ᠠᠵᠢᠯ᠎ᠢ ᠯᠠᠪᠳᠠᠭᠤᠨ᠎ᠢᠶᠠᠷ ᠠᠬᠢᠭᠤᠯᠵᠤ᠂ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢ ᠬᠠᠮᠠᠭᠠᠯᠠᠬᠤ ᠠᠵᠢᠯ᠎ᠤᠨ ᠬᠠᠦᠯᠢ᠎ᠪᠠᠷ ᠵᠠᠰᠠᠬᠤ ᠲᠥᠪᠱᠢᠨ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ᠃ ᠡᠷᠬᠡ ᠲᠤᠱᠢᠶᠠᠯ᠎ᠢᠶᠠᠨ ᠠᠱᠢᠭ᠍ᠯᠠᠨ ᠬᠢᠭ᠌ᠰᠡᠨ ᠶᠠᠯᠠᠲᠤ ᠠᠵᠢᠯᠯᠠᠭ᠎ᠠ᠎ᠶ᠋ᠢ ᠬᠠᠤᠯᠢ ᠶᠣᠰᠣᠭᠠᠷ ᠵᠠᠯᠬᠠᠭᠠᠨ ᠱᠢᠢᠳᠭᠡᠨ᠎ᠠ᠃ ᠪᠠᠢᠴᠠᠭᠠᠬᠤ ᠡᠭᠦᠷᠭᠡ ᠴᠢᠳᠠᠪᠤᠷᠢ᠎ᠶ᠋ᠢ ᠶᠡᠷᠦᠩᠬᠡᠢᠯᠡᠨ ᠬᠡᠷᠡᠭ᠌ᠯᠡᠵᠦ᠍᠂ ᠬᠢᠵᠢᠭ᠎ᠢ ᠪᠠᠢᠩᠭᠤ᠎ᠶ᠋ᠢᠨ ᠴᠢᠨᠠᠷᠲᠠᠢ ᠰᠡᠷᠭᠡᠢᠯᠡᠨ ᠬᠢᠵᠠᠭᠠᠷᠯᠠᠬᠤ᠎ᠳᠤ ᠦᠢᠯᠡᠴᠢᠯᠡᠨ᠎ᠠ᠃ ᠠᠮᠤ ᠪᠤᠳᠠᠭᠠᠨ᠎ᠤ ᠠᠮᠤᠷ ᠲᠦᠪᠱᠢᠨ᠂ ᠢᠳᠡᠭᠡᠨ᠎ᠤ ᠵᠦᠢᠯ ᠡᠮ᠎ᠤᠨ ᠵᠦᠢᠯ᠎ᠤᠨ ᠠᠮᠤᠷ ᠲᠦᠪᠱᠢᠨ᠎ᠳᠤ ᠬᠤᠤᠷ ᠬᠦᠨᠦᠭᠡᠯ ᠤᠴᠠᠷᠠᠭᠤᠯᠤᠭ᠍ᠰᠠᠨ ᠪᠠ ᠣᠷᠴᠢᠨ ᠠᠬᠤᠶ᠎ᠶ᠋ᠢ ᠪᠣᠬᠢᠷᠲᠤᠭᠤᠯᠤᠭ᠍ᠰᠠᠨ ᠵᠡᠷᠭᠡ ᠶᠠᠯᠠᠲᠤ ᠠᠵᠢᠯᠯᠠᠭ᠎ᠠ᠎ᠶ᠋ᠢ ᠴᠢᠩᠭ᠎ᠠ ᠵᠠᠯᠬᠠᠭᠠᠨ ᠱᠢᠢᠳᠭᠡᠵᠦ᠍᠂ ᠠᠶᠤᠯᠬᠦᠢ ᠦᠢᠯᠡᠳᠪᠦᠷᠢᠯᠡᠯ᠎ᠳᠤ ᠬᠤᠤᠷ ᠬᠥᠨᠥᠭᠡᠯ ᠤᠴᠠᠷᠠᠭᠤᠯᠤᠭ᠍ᠰᠠᠨ ᠶᠠᠯᠠᠲᠤ ᠠᠵᠢᠯᠯᠠᠭ᠎ᠠ᠎ᠶ᠋ᠢ ᠰᠡᠷᠭᠡᠢᠯᠡᠨ ᠵᠠᠰᠠᠬᠤ ᠡᠷᠴᠢᠮ᠎ᠢᠶᠠᠨ ᠴᠢᠩᠭᠠᠷᠠᠭᠤᠯᠤᠨ᠎ᠠ᠃ ᠳᠠᠯᠠᠢ ᠲᠠᠩᠭᠢᠰ᠎ᠲᠤ ᠬᠤᠯᠪᠣᠭ᠍ᠳᠠᠭ᠍ᠰᠠᠨ ᠬᠡᠷᠡᠭ᠎ᠤᠨ ᠵᠠᠷᠭᠤ᠎ᠶ᠋ᠢᠨ ᠵᠣᠯᠭᠠᠯᠳᠤᠯ᠎ᠢ ᠴᠢᠩᠭᠠᠳᠭᠠᠵᠤ᠂ ᠤᠯᠤᠰ᠎ᠤᠨ ᠳᠠᠯᠠᠢ ᠲᠠᠩᠭᠢᠰ᠎ᠤᠨ ᠡᠷᠬᠡ ᠠᠱᠢᠭ ᠪᠠ ᠠᠮᠤᠷ ᠲᠦᠪᠱᠢᠨ᠎ᠢ ᠡᠷᠡᠰ ᠬᠠᠮᠠᠭᠠᠯᠠᠨ᠎ᠠ᠃ ᠤᠯᠤᠰ᠎ᠤᠨ ᠥᠮᠴᠢᠯᠡᠯ᠎ᠤᠨ ᠠᠵᠤ ᠠᠬᠤᠢᠯᠠᠯ ᠪᠤᠯᠤᠨ ᠠᠷᠠᠳ᠎ᠤᠨ ᠡᠵᠡᠩᠨᠡᠭ᠌ᠰᠡᠨ ᠠᠵᠤ ᠠᠬᠤᠢᠯᠠᠯ᠂ ᠳᠣᠲᠣᠭᠠᠳᠤ ᠪᠡᠯᠡ᠎ᠶ᠋ᠢᠨ ᠠᠵᠤ ᠠᠬᠤᠢᠯᠠᠯ ᠪᠤᠯᠤᠨ ᠭᠠᠳᠠᠭᠠᠳᠤ ᠪᠡᠯᠡ᠎ᠶ᠋ᠢᠨ ᠠᠵᠤ ᠠᠬᠤᠢᠯᠠᠯ᠂ ᠲᠤᠮᠤ ᠳᠤᠮᠳᠠ ᠵᠢᠵᠢᠭ ᠪᠢᠴᠢᠯ ᠠᠵᠤ ᠠᠬᠤᠢᠯᠠᠯ᠎ᠢ ᠡᠷᠬᠡ ᠲᠡᠭ᠌ᠰᠢ᠎ᠪᠠᠷ ᠬᠠᠮᠠᠭᠠᠯᠠᠨ᠎ᠠ; ᠢᠳᠡᠪᠬᠢᠳᠠᠢ ᠯᠠᠪᠳᠠᠭᠤᠨ ᠪᠣᠯᠭᠤᠮᠵᠢᠲᠠᠶ᠎ᠪᠠᠷ ᠲᠤᠷᠱᠢᠵᠤ᠂ ᠬᠡᠷᠡᠭ᠎ᠲᠤ ᠬᠤᠯᠪᠣᠭ᠍ᠳᠠᠭ᠍ᠰᠠᠨ ᠠᠵᠤ ᠠᠬᠤᠢᠯᠠᠯ᠎ᠤᠨ ᠲᠣᠭ᠍ᠲᠠᠭᠠᠯ᠎ᠳᠤ ᠨᠡᠢᠴᠡᠬᠦᠯᠤᠨ ᠬᠠᠮᠢᠶᠡᠷᠬᠤ᠎ᠶ᠋ᠢ ᠱᠢᠪᠠᠳᠠᠵᠤ᠂ ᠬᠠᠮᠢᠶᠠᠷᠤᠯᠲᠠ᠎ᠶ᠋ᠢᠨ ᠲᠤᠷᠱᠢᠯᠲᠠ᠎ᠶ᠋ᠢ ᠬᠠᠤᠯᠢ ᠶᠣᠰᠣᠭᠠᠷ ᠦᠯᠦ᠍ ᠪᠠᠷᠢᠪᠴᠢᠯᠠᠬᠤ᠂ ᠦᠯᠦ᠍ ᠵᠠᠭᠠᠯᠳᠤᠬᠤ᠂ ᠪᠣᠳᠠᠲᠤ ᠡᠷᠡᠭᠦᠦ᠎ᠪᠠᠷ ᠦᠯᠦ᠍ ᠱᠢᠢᠳᠭᠡᠬᠦ᠌ ᠰᠡᠭᠦᠯᠴᠢ᠎ᠶ᠋ᠢᠨ ᠠᠵᠢᠯ᠎ᠢ ᠰᠠᠢᠲᠦᠷ ᠬᠢᠨ᠎ᠠ᠃ ᠠᠮᠤᠷ ᠠᠮᠤᠭᠤᠯᠠᠩ ᠬᠥᠳᠡᠭᠡ ᠲᠣᠰᠭᠤᠨ᠂ ᠬᠠᠤᠯᠢ᠎ᠪᠠᠷ ᠵᠠᠰᠠᠬᠤ ᠬᠥᠳᠡᠭᠡ ᠲᠣᠰᠭᠤᠨ᠎ᠤ ᠪᠥᠲᠥᠭᠡᠨ ᠪᠠᠢᠭᠤᠯᠤᠯᠲᠠ᠎ᠳᠤ ᠠᠭᠤᠰᠤᠯᠴᠠᠨ ᠤᠷᠤᠵᠤ᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠭ᠌ᠰᠡᠨ ᠪᠦᠲᠦᠭᠡᠯ᠎ᠢ ᠪᠠᠬᠢᠵᠢᠭᠦᠯᠦᠨ ᠦᠷᠭᠡᠳᠭᠡᠬᠦ᠌ ᠶᠠᠪᠤᠳᠠᠯ᠎ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠶ ᠵᠣᠯᠭᠠᠭᠤᠯᠬᠤ᠎ᠳᠤ ᠬᠦᠴᠦᠨ ᠨᠡᠮᠡᠷᠢᠯᠡᠨ᠎ᠡ᠃ ᠤᠬᠠᠮᠰᠠᠷ᠎ᠠᠴᠠ᠎ᠪᠠᠨ ᠨᠡᠢᠭᠡᠮ ᠵᠢᠷᠤᠮ᠎ᠤᠨ ᠭᠤᠤᠯᠯᠠᠬᠤ ᠦᠷᠳᠡᠭ᠎ᠤᠨ ᠦᠵᠡᠯᠲᠡ᠎ᠶ᠋ᠢ ᠬᠠᠤᠯᠢ ᠪᠠᠷᠢᠵᠤ ᠬᠡᠷᠡᠭ ᠱᠢᠢᠳᠪᠦᠷᠢᠯᠡᠬᠦ᠌᠎ᠳᠤ ᠠᠭᠤᠰᠭᠠᠨ᠎ᠠ᠃ ᠬᠡᠷᠡᠭ᠎ᠤᠨ ᠵᠢᠱ᠌ᠢᠶ᠎ᠡ᠎ᠪᠠᠷ ᠵᠢᠯᠣᠭᠤᠳᠭᠤ ᠪᠠ ᠬᠠᠤᠯᠢ ᠪᠠᠷᠢᠬᠤ ᠲᠠᠢᠯᠪᠤᠷᠢᠯᠠᠯᠲᠠ᠎ᠶ᠋ᠢᠨ ᠠᠵᠢᠯ᠎ᠢ ᠴᠢᠩᠭᠠᠳᠭᠠᠵᠤ᠂ ᠬᠠᠤᠯᠢ ᠬᠡᠷᠡᠭ᠌ᠵᠢᠭᠦᠯᠬᠦ᠌ ᠬᠠᠤᠯᠢ ᠪᠠᠷᠢᠬᠤ ᠪᠠᠷᠢᠮᠵᠢᠶ᠎ᠠ᠎ᠶ᠋ᠢ ᠨᠢᠭᠡᠳᠭᠡᠵᠦ᠍᠂ ᠥᠨᠳᠥᠷ ᠪᠦᠲᠦᠮᠵᠢᠲᠡᠶ ᠪᠦᠭᠡᠳ ᠵᠢᠷᠤᠮᠵᠢᠭᠤᠨ᠂ ᠭᠤᠤᠯᠴᠢ᠎ᠪᠠᠷ ᠥᠷᠢᠰᠥᠯᠳᠦᠬᠦ᠌ ᠤᠯᠤᠰ᠎ᠤᠨ ᠳᠣᠲᠣᠭᠠᠳᠤ᠎ᠶ᠋ᠢᠨ ᠨᠢᠭᠡᠳᠦᠯᠲᠡᠶ ᠵᠠᠬ᠎ᠠ ᠳᠡᠯᠭᠡᠭᠦᠷ᠎ᠢ ᠪᠤᠢ ᠪᠣᠯᠭᠠᠬᠤ᠎ᠶ᠋ᠢ ᠠᠬᠢᠭᠤᠯᠵᠤ᠂ ᠤᠯᠤᠰ᠎ᠤᠨ ᠲᠤᠳᠤᠭᠠᠳᠤ ᠭᠠᠳᠠᠭᠠᠳᠤ ᠬᠤᠤᠰ ᠤᠷᠴᠢᠯ᠎ᠳᠤ ᠨᠡᠩ ᠰᠠᠢᠨ ᠤᠢ᠍ᠢᠯᠡᠴᠢᠯᠡᠨ᠎ᠠ᠃ ᠴᠡᠷᠢᠭ ᠠᠩᠬᠢ᠎ᠳᠤ ᠬᠤᠯᠪᠣᠭ᠍ᠳᠠᠭ᠍ᠰᠠᠨ ᠶᠠᠯᠠᠲᠤ ᠠᠵᠢᠯᠯᠠᠭ᠎ᠠ᠎ᠶ᠋ᠢ ᠡᠷᠡᠰ ᠵᠠᠯᠬᠠᠭᠠᠨ ᠱᠢᠢᠳᠭᠡᠵᠦ᠍᠂ ᠴᠡᠷᠢᠭ ᠠᠩᠬᠢ᠎ᠳᠤ ᠬᠤᠯᠪᠣᠭ᠍ᠳᠠᠭ᠍ᠰᠠᠨ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢ ᠴᠢᠩᠭᠠᠳᠭᠠᠵᠤ᠂ ᠴᠡᠷᠢᠭ᠎ᠢ ᠬᠦᠴᠦᠷᠬᠡᠭ᠌ᠵᠢᠭᠦᠯᠦᠨ ᠴᠡᠷᠢᠭ᠎ᠢ ᠮᠠᠨᠳᠤᠭᠤᠯᠬᠤ᠎ᠳᠤ ᠬᠦᠴᠦᠨ ᠨᠡᠮᠡᠷᠢᠯᠡᠨ᠎ᠡ᠃ ᠬᠠᠤᠯᠢ ᠪᠠᠷᠢᠯᠳᠠ᠎ᠶ᠋ᠢᠨ ᠡᠷᠭᠡ ᠮᠡᠳᠡᠯ᠎ᠢ ᠭᠡᠷᠡᠭ᠌ᠵᠢᠬᠦᠯᠵᠤ᠂ ᠬᠠᠤᠯᠢ᠎ᠪᠠᠷ ᠲᠤᠮᠳᠠᠳᠤ ᠤᠯᠤᠰ᠎ᠤᠨ ᠠᠵᠤ ᠠᠬᠤᠢ᠍ᠢᠯᠠᠯ᠎ᠤᠨ ᠭᠠᠳᠠᠬ᠍ᠰᠢ ᠭᠠᠷᠬᠤ᠎ᠳᠤ ᠬᠥᠴᠥᠨ ᠨᠡᠮᠡᠷᠢᠯᠡᠵᠥ᠍᠂ ᠲᠤᠮᠳᠠᠳᠤ ᠤᠯᠤᠰ᠎ᠤᠨ ᠠᠵᠤ ᠠᠬᠤᠢ᠍ᠢᠯᠠᠯ᠎ᠤᠨ ᠭᠠᠳᠠᠭᠠᠳᠤ᠎ᠳᠠᠬᠢ ᠠᠱᠢᠭ ᠲᠤᠰᠠ ᠪᠠ ᠲᠤᠮᠳᠠᠳᠤ ᠤᠯᠤᠰ᠎ᠤᠨ ᠢᠷᠭᠡᠨ᠎ᠤ ᠠᠮᠤᠷ ᠲᠦᠪᠱᠢᠨ᠎ᠤ ᠠᠱᠢᠭ ᠲᠤᠰᠠ᠎ᠶ᠋ᠢ ᠬᠠᠮᠠᠭᠠᠯᠠᠨ᠎ᠠ᠃

ᠬᠤᠶᠠᠳᠤᠭᠠᠷ᠎ᠲᠤ᠌᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠪᠦᠬᠦ᠌ ᠲᠠᠯ᠎ᠠ᠎ᠪᠠᠷ ᠬᠠᠤᠯᠢ ᠶᠤᠰᠤᠭᠠᠷ ᠤᠯᠤᠰ᠎ᠢᠶᠠᠨ ᠵᠠᠰᠠᠬᠤ᠎ᠳᠤ ᠠᠭᠤᠰᠤᠨ ᠤᠷᠤᠬᠤ ᠬᠠᠤᠯᠢ᠎ᠪᠠᠷ ᠵᠠᠰᠠᠬᠤ ᠤᠬᠠᠮᠰᠠᠷ᠎ᠢᠶᠠᠨ ᠦᠨᠡᠨ ᠬᠦ᠌ ᠴᠢᠩᠭᠠᠳᠭᠠᠨ᠎ᠠ᠃ ᠲᠥᠪ᠎ᠤᠨ ᠪᠦᠬᠦ᠌ ᠲᠠᠯ᠎ᠠ᠎ᠪᠠᠷ ᠬᠠᠤᠯᠢ ᠶᠣᠰᠣᠭᠠᠷ ᠤᠯᠤᠰ᠎ᠢᠶᠠᠨ ᠵᠠᠰᠠᠬᠤ ᠠᠵᠢᠯ᠎ᠤᠨ ᠬᠤᠷᠠᠯᠳᠤᠭᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠬᠠᠦᠯᠢ᠎ᠪᠠᠷ ᠵᠠᠰᠠᠬᠤ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢᠨ ᠲᠥᠯᠥᠪᠵᠢᠭᠦᠯᠭᠡ᠂ ᠬᠠᠦᠯᠢ᠎ᠪᠠᠷ ᠵᠠᠰᠠᠬᠤ ᠨᠡᠢᠭᠡᠮ᠎ᠤᠨ ᠪᠦᠲᠦᠭᠡᠨ ᠪᠠᠢᠭᠤᠯᠤᠯᠲᠠ᠎ᠶ᠋ᠢᠨ ᠬᠡᠷᠡᠭ᠌ᠵᠢᠭᠦᠯᠬᠦ᠌ ᠲᠣᠪᠴᠢ᠎ᠶ᠋ᠢ ᠨᠠᠢᠳᠠᠪᠤᠷᠢᠵᠢᠭᠤᠯᠵᠤ᠂ ᠬᠠᠦᠯᠢ ᠴᠠᠭᠠᠵᠠ᠎ᠶ᠋ᠢᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ᠎ᠶ᠋ᠢ ᠭᠦᠢᠴᠡᠳ ᠪᠠᠳᠠᠷᠠᠭᠤᠯᠤᠨ᠂ ᠬᠠᠦᠯᠢ ᠬᠡᠷᠡᠭ᠌ᠵᠢᠭᠦᠯᠦᠯᠲᠠ ᠬᠠᠦᠯᠢ ᠪᠠᠷᠢᠯᠲᠠ᠎ᠶ᠋ᠢ ᠬᠢᠵᠠᠭᠠᠷᠯᠠᠨ ᠬᠢᠨᠠᠬᠤ ᠡᠷᠴᠢᠮ᠎ᠢ ᠴᠢᠩᠭᠠᠷᠠᠭᠤᠯᠦᠨ᠎ᠠ᠃ ᠡᠷᠡᠬᠦᠥ᠎ᠶ᠋ᠢᠨ ᠬᠠᠤᠯᠢ᠎ᠳᠤ ᠵᠠᠰᠠᠪᠤᠷᠢ ᠤᠷᠤᠭᠤᠯᠤᠬ᠍ᠰᠠᠨ ᠲᠥᠰᠥᠯ (ᠠᠷᠪᠠᠨ ᠨᠢᠬᠡ) ᠎ᠢ ᠰᠠᠢᠳᠤᠷ ᠲᠤᠭᠤᠱᠢᠯᠠᠭᠤᠯᠤᠨ ᠭᠡᠷᠡᠭ᠌ᠵᠢᠬᠦᠯᠥᠨ᠎ᠠ᠃ ᠢᠷᠭᠡᠨ᠎ᠤ ᠬᠠᠦᠯᠢ᠎ᠶ᠋ᠢᠨ ᠪᠢᠴᠢᠭ᠎ᠢ ᠪᠠᠢᠴᠠᠭᠠᠬᠤ ᠠᠵᠢᠯ᠎ᠤᠨ ᠬᠡᠷᠡᠭ ᠱᠢᠢᠳᠪᠦᠷᠢᠯᠡᠬᠦ᠌ ᠪᠦᠬᠦ᠌ ᠶᠠᠪᠤᠴᠠ᠎ᠳᠤ ᠲᠤᠭᠤᠱᠢᠯᠠᠭᠤᠯᠬᠤ ᠭᠡᠷᠡᠭ᠌ᠳᠠᠢ᠃ ᠴᠥᠭᠡᠨ ᠪᠠᠷᠢᠪᠴᠢᠯᠠᠬᠤ ᠪᠣᠯᠭᠤᠮᠵᠢᠲᠠᠶ ᠵᠠᠭᠠᠯᠳᠤᠬᠤ ᠪᠣᠯᠭᠤᠮᠵᠢᠲᠠᠢ ᠬᠤᠷᠢᠬᠤ ᠬᠠᠤᠯᠢ ᠴᠠᠭᠠᠵᠠ᠎ᠶ᠋ᠢᠨ ᠣᠢᠯᠠᠭᠠᠭ᠍ᠳᠠᠬᠤᠨ᠎ᠢ ᠭᠦᠨᠵᠡᠭᠡᠢᠷᠡᠭᠦᠯᠦᠨ ᠨᠠᠢᠳᠠᠪᠤᠷᠢᠵᠢᠭᠤᠯᠵᠦ᠍᠂ ᠶᠠᠯ᠎ᠠ᠎ᠪᠠᠨ ᠮᠡᠳᠡᠷᠡᠵᠤ ᠱᠢᠢᠳᠭᠡᠯ᠎ᠢ ᠬᠦᠯᠢᠶᠡᠭ᠌ᠰᠡᠨ᠎ᠢ ᠠᠭᠤᠴᠢᠯᠠᠨ ᠱᠢᠢᠳᠭᠡᠬᠦ᠌ ᠬᠡᠷᠡᠭ᠎ᠤᠨ ᠱᠢᠢᠳᠪᠦᠷᠢᠯᠡᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠦᠯᠦ᠍ ᠬᠤᠷᠢᠬᠤ ᠠᠯᠪᠠᠳᠠᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠢᠯᠡᠬᠦᠭᠡᠨ ᠰᠠᠢᠳᠤᠷ ᠬᠡᠷᠡᠭ᠌ᠯᠡᠬᠦ᠌᠎ᠶ᠋ᠢ ᠠᠬᠢᠭᠤᠯᠤᠨ᠎ᠠ᠃ ᠡᠷᠡᠭᠦᠦ᠎ᠶ᠋ᠢᠨ ᠬᠡᠷᠡᠭ᠎ᠢ ᠬᠢᠨᠠᠨ ᠪᠠᠢᠴᠠᠭᠠᠵᠤ ᠵᠠᠭᠠᠯᠳᠤᠬᠤ ᠭᠤᠭ᠍ᠴᠤᠭ᠎ᠠ ᠪᠦᠬᠦᠨ᠎ᠳᠤ ᠬᠠᠦᠯᠢᠴᠢ᠎ᠶ᠋ᠢᠨ ᠥᠮᠥᠭ᠌ᠯᠡᠯᠲᠡ᠎ᠶ᠋ᠢ ᠨᠡᠢᠳᠡᠮ ᠬᠡᠷᠡᠭ᠌ᠵᠢᠭᠦᠯᠬᠦ᠌᠎ᠶ᠋ᠢ ᠠᠬᠢᠭᠤᠯᠤᠨ᠎ᠠ᠃ ᠡᠷᠡᠭᠦᠦ ᠱᠢᠢᠳᠭᠡᠯ᠎ᠢ ᠬᠥᠩᠭᠡᠷᠡᠭᠦᠯᠬᠦ᠂ ᠳᠠᠩᠰᠠᠨ ᠰᠤᠯᠠᠯᠠᠬᠤ᠂ ᠭᠢᠨᠳᠠᠨ᠎ᠤ ᠭᠠᠳᠠᠨ᠎ᠠ ᠲᠦᠷ ᠭᠦᠢᠴᠡᠳᠭᠡᠬᠦ᠌ ᠲᠤᠰᠭᠠᠶ ᠬᠢᠨᠠᠯᠲᠠ᠎ᠶ᠋ᠢ ᠥᠷᠨᠢᠭᠦᠯᠤᠨ᠎ᠡ᠂ 《ᠵᠣᠭᠤᠰ ᠲᠥᠯᠥᠵᠦ᠍ ᠭᠢᠨᠳᠠᠨ᠎ᠠᠴᠠ ᠭᠠᠷᠬᠤ》᠂ 《ᠪᠤᠲᠠᠲᠠᠢ ᠡᠷᠡᠭᠦᠦ ᠱᠢᠢᠳᠭᠡᠯ ᠦᠯᠦ᠍ ᠭᠦᠢᠴᠡᠳᠭᠡᠬᠦ᠌》 ᠎ᠶ᠋ᠢ ᠰᠡᠷᠭᠡᠢᠯᠡᠨ ᠵᠠᠰᠠᠬᠤ᠎ᠪᠠᠷ ᠪᠠᠷᠠᠬᠤ ᠦᠭᠡᠢ᠂ ᠬᠦᠩᠭᠡᠷᠡᠭᠦᠯᠬᠦ᠌ ᠶᠣᠰᠣᠲᠠᠢ᠎ᠶ᠋ᠢ᠎ᠨᠢ ᠬᠦᠩᠭᠡᠷᠡᠭᠦᠯᠬᠦ᠌ ᠦᠭᠡᠢ᠂ ᠰᠤᠯᠠᠯᠠᠬᠤ ᠶᠣᠰᠣᠲᠠᠢ᠎ᠶ᠋ᠢ᠎ᠨᠢ ᠰᠤᠯᠠᠯᠠᠬᠤ ᠦᠭᠡᠢ ᠪᠠᠢᠬᠤ᠎ᠶ᠋ᠢ ᠴᠦ᠍ ᠰᠡᠷᠭᠡᠢᠯᠡᠨ᠎ᠡ᠃ ᠬᠤᠳᠠᠯ ᠬᠠᠭᠤᠷᠮᠠᠭ ᠵᠠᠷᠭᠤ᠎ᠶ᠋ᠢ ᠰᠡᠷᠭᠡᠢᠯᠡᠬᠦ᠂ ᠢᠯᠡᠷᠡᠭᠦᠯᠬᠦ᠌ ᠪᠠ ᠵᠠᠯᠬᠠᠭᠠᠨ ᠱᠢᠢᠳᠭᠡᠬᠦ᠌ ᠲᠣᠭ᠍ᠲᠠᠴᠠ᠎ᠶ᠋ᠢ ᠪᠦᠷᠢᠨᠱᠢᠭᠦᠯᠬᠦ᠌᠎ᠶ᠋ᠢ ᠠᠬᠢᠭᠤᠯᠤᠨ᠎ᠠ᠃ ᠵᠠᠰᠠᠭ ᠵᠠᠬᠢᠷᠭᠠᠨ᠎ᠤ ᠬᠠᠦᠯᠢ ᠬᠡᠷᠡᠭ᠌ᠵᠢᠭᠦᠯᠦᠯᠲᠡ ᠪᠣᠯᠤᠨ ᠡᠷᠡᠭᠦᠦ ᠬᠡᠷᠡᠭ᠎ᠤᠨ ᠬᠠᠦᠯᠢ ᠪᠠᠷᠢᠯᠲᠠ᠎ᠶ᠋ᠢ ᠬᠠᠷᠢᠯᠴᠠᠨ ᠵᠣᠯᠭᠠᠭᠤᠯᠬᠤ᠎ᠶ᠋ᠢ ᠠᠬᠢᠭᠤᠯᠵᠤ᠂ ᠶᠠᠯᠠᠲᠤ ᠠᠵᠢᠯᠯᠠᠭ᠎ᠠ᠎ᠶ᠋ᠢ ᠬᠠᠦᠯᠢ ᠶᠣᠰᠣᠭᠠᠷ ᠴᠢᠩᠭ᠎ᠠ ᠨᠡᠬᠡᠮᠵᠢᠯᠡᠨ ᠵᠠᠭᠠᠯᠳᠤᠬᠤ᠎ᠶ᠋ᠢᠨ ᠬᠠᠮᠲᠤ᠌᠂ ᠡᠷᠡᠭᠦᠦ᠎ᠶ᠋ᠢᠨ ᠬᠠᠷᠢᠭᠤᠴᠠᠯᠭ᠎ᠠ ᠨᠡᠬᠡᠮᠵᠢᠯᠡᠬᠦ᠌ ᠦᠬᠡᠢ ᠪᠠᠢᠵᠤ ᠪᠣᠯᠬᠤ᠎ᠳᠤ ᠬᠦᠷᠪᠠᠯ᠂ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠲᠤ ᠱᠢᠯᠵᠢᠭᠦᠯᠦᠨ ᠬᠦᠷᠭᠡᠵᠦ᠍ ᠵᠠᠰᠠᠭ ᠵᠠᠬᠢᠷᠭᠠᠨ᠎ᠤ ᠱᠢᠢᠳᠭᠡᠯ ᠥᠭ᠌ᠭᠦᠨ᠎ᠡ᠃ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠂ ᠬᠦᠷᠢᠶ᠎ᠡ᠎ᠶ᠋ᠢ ᠥᠷᠭᠡᠳᠭᠡᠬᠦ᠌᠎ᠶ᠋ᠢ ᠪᠠᠷᠢᠮᠲᠠᠯᠠᠵᠤ᠂ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢᠨ ᠪᠠᠢᠴᠠᠭᠠᠬᠤ ᠠᠵᠢᠯ᠎ᠤᠨ ᠬᠡᠷᠡᠭ ᠱᠢᠢᠳᠪᠦᠷᠢᠯᠡᠬᠦ᠌ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠦᠨ᠎ᠡ᠃ ᠨᠠᠰᠤᠨ᠎ᠳᠤ ᠦᠯᠤ ᠬᠥᠷᠦᠭ᠌ᠰᠡᠳ᠎ᠢ ᠬᠠᠮᠠᠭᠠᠯᠠᠬᠤ ᠬᠠᠦᠯᠢ ᠴᠠᠭᠠᠵᠠ᠎ᠶ᠋ᠢᠨ ᠲᠣᠭ᠍ᠲᠠᠭᠠᠯ᠎ᠢ ᠨᠠᠢᠳᠠᠪᠤᠷᠢᠵᠢᠭᠤᠯᠵᠤ᠂ ᠨᠠᠰᠤᠨ᠎ᠳᠤ ᠦᠯᠤ ᠬᠥᠷᠦᠭ᠌ᠰᠡᠳ᠎ᠲᠤ ᠬᠤᠯᠪᠣᠭ᠍ᠳᠠᠭ᠍ᠰᠠᠨ ᠵᠠᠷᠭᠤ᠎ᠶ᠋ᠢᠨ ᠠᠵᠢᠯᠯᠠᠭ᠎ᠠ᠂ ᠨᠠᠰᠤᠨ᠎ᠳᠤ ᠦᠯᠤ ᠬᠥᠷᠦᠭ᠌ᠰᠡᠳ᠎ᠤᠨ ᠲᠠᠬᠢᠨ ᠶᠠᠯ᠎ᠠ ᠬᠢᠬᠦ᠌᠎ᠶ᠋ᠢ ᠰᠡᠷᠭᠡᠢᠯᠡᠬᠦ᠌ ᠠᠵᠢᠯ᠎ᠳᠤ ᠬᠠᠦᠯᠢ ᠴᠠᠭᠠᠵᠠ᠎ᠶ᠋ᠢᠨ ᠬᠢᠨᠠᠯᠲᠠ ᠲᠠᠯᠪᠢᠨ᠎ᠠ᠃ ᠪᠠᠢᠴᠠᠭᠠᠬᠤ ᠲᠤᠱᠢᠶᠠᠯᠳᠠᠨ᠎ᠤ ᠬᠠᠤᠯᠢ᠎ᠪᠠᠷ ᠵᠠᠰᠠᠬᠤ ᠲᠡᠳ᠋ ᠵᠠᠬᠢᠷᠤᠯ᠎ᠤᠨ ᠠᠵᠢᠯ᠎ᠢ ᠪᠤᠳᠠᠳᠠᠢ ᠬᠢᠨ᠎ᠠ᠃ ᠵᠠᠰᠠᠭ ᠵᠠᠬᠢᠷᠭᠠᠨ᠎ᠤ ᠮᠠᠷᠭᠤᠯᠳᠤᠭᠠᠨ᠎ᠢ ᠦᠨᠡᠨ ᠪᠣᠳᠠᠲᠠᠶ᠎ᠪᠠᠷ ᠱᠢᠢᠳᠪᠦᠷᠢᠯᠡᠬᠦ᠌ ᠠᠵᠢᠯ᠎ᠢ ᠪᠠᠢᠩᠭᠤᠵᠢᠭᠤᠯᠤᠨ ᠥᠷᠨᠢᠭᠦᠯᠵᠦ᠍᠂ ᠬᠡᠷᠡᠭ᠎ᠢ ᠳᠠᠭᠤᠰᠭᠠᠬᠤ᠂ ᠤᠴᠢᠷ ᠶᠠᠪᠤᠳᠠᠯ᠎ᠢ ᠱᠢᠢᠳᠪᠤᠷᠢᠯᠡᠬᠦ᠌ ᠪᠠ ᠵᠠᠰᠠᠭ᠎ᠤᠨ ᠶᠠᠪᠤᠳᠠᠯ᠎ᠤᠨ ᠡᠶ᠎ᠡ ᠵᠤᠬᠢᠴᠠᠯ᠎ᠲᠠᠢ ᠪᠠᠢᠬᠤ᠎ᠶ᠋ᠢ ᠠᠬᠢᠭᠤᠯᠤᠨ᠎ᠠ᠃ ᠵᠠᠭᠠᠯᠳᠤᠯᠭ᠎ᠠ ᠭᠤᠮᠣᠳᠠᠯ ᠲᠣᠭᠠᠴᠢᠯᠲᠠ᠎ᠶ᠋ᠢᠨ ᠪᠠᠢᠴᠠᠭᠠᠬᠤ ᠠᠵᠢᠯ᠎ᠢ ᠦᠷᠬᠦᠯᠵᠢᠯᠡᠨ ᠬᠦᠨᠵᠡᠭᠡᠢᠷᠡᠬᠦᠯᠵᠤ᠂ ᠪᠠᠢᠴᠠᠭᠠᠬᠤ ᠠᠵᠢᠯ᠎ᠤᠨ ᠭᠡᠷᠡᠴᠢᠯᠡᠭᠡ ᠰᠣᠨᠣᠰᠭᠤ᠎ᠶ᠋ᠢ ᠰᠠᠢᠲᠤᠷ ᠬᠡᠷᠡᠭ᠌ᠯᠡᠵᠦ᠍᠂ ᠬᠡᠷᠡᠭ᠎ᠢ ᠳᠠᠭᠤᠰᠭᠠᠨ ᠤᠴᠢᠷ ᠶᠠᠪᠤᠳᠠᠯ᠎ᠢ ᠱᠢᠢᠳᠪᠤᠷᠢᠯᠡᠵᠤ ᠲᠤᠬᠠᠢ᠎ᠶ᠋ᠢᠨ ᠬᠥᠮᠦᠨ᠎ᠢ ᠬᠤᠭᠤᠷᠤᠨᠳᠦ᠎ᠨᠢ ᠡᠪᠰᠡᠭᠦᠯᠬᠦ᠌᠎ᠶ᠋ᠢ ᠪᠡᠶᠡᠯᠡᠭᠦᠯᠦᠨ᠎ᠠ᠃

ᠭᠤᠷᠪᠠᠳᠤᠭᠠᠷ᠎ᠲᠤ᠌᠂ ᠴᠢᠷᠮᠠᠢᠨ ᠳᠡᠭᠡᠭ᠌ᠰᠢᠯᠡᠵᠦ᠍ ᠲᠤᠰ ᠪᠡᠶ᠎ᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌ ᠪᠠᠢᠴᠠᠭᠠᠬᠤ ᠠᠵᠢᠯ᠎ᠤᠨ ᠤᠬᠠᠮᠰᠠᠷ᠎ᠢᠶᠠᠨ ᠦᠨᠡᠨ ᠬᠦ᠌ ᠴᠢᠩᠭᠠᠳᠭᠠᠨ᠎ᠠ᠃ ᠰᠢ᠎ᠶ᠋ᠢᠨ ᠫᠢᠩ᠎ᠤᠨ ᠬᠠᠦᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠰᠤᠷᠤᠯᠴᠠᠬᠤ ᠰᠤᠳᠤᠯᠤᠨ ᠶᠠᠷᠢᠯᠴᠠᠬᠤ ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠦᠨ᠎ᠠ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠬᠥᠰᠡᠯ ᠢᠳᠡᠭᠡᠯ ᠵᠤᠷᠢᠬ᠎ᠢᠶᠠᠨ ᠤᠯᠠᠮ ᠨᠢᠬᠡ ᠠᠯᠬᠤᠮ ᠪᠠᠳᠤᠳᠭᠠᠨ᠎ᠠ᠃ ᠦᠨᠳᠦᠰᠦᠨ ᠵᠦᠢᠯ᠂ ᠰᠠᠭᠤᠷᠢ ᠵᠦᠢᠯ ᠪᠠ ᠡᠩ᠎ᠤᠨ ᠵᠤᠷᠱᠢᠯ᠎ᠠᠴᠠ ᠡᠬᠢᠯᠡᠨ ᠬᠢᠵᠦ᠍᠂ ᠦᠨᠳᠦᠰᠦᠨ ᠱᠠᠲᠤᠨ᠎ᠠᠴᠠ ᠡᠬᠢᠯᠡᠨ ᠠᠳᠭᠤᠵᠤ᠂ ᠪᠠᠢᠴᠠᠭᠠᠬᠤ ᠠᠵᠢᠯ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠤᠯᠤᠰ ᠲᠦᠷᠦ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠎ᠶ᠋ᠢᠨ ᠣᠢᠯᠠᠭᠠᠬᠤ ᠴᠢᠳᠠᠪᠤᠷᠢ᠂ ᠤᠯᠤᠰ ᠲᠦᠷᠦ᠎ᠶ᠋ᠢᠨ ᠬᠡᠷᠡᠭ᠌ᠵᠢᠭᠦᠯᠬᠦ᠌ ᠬᠦᠴᠦᠨ᠎ᠢ ᠬᠦᠴᠦᠯᠡᠨ ᠳᠡᠭᠡᠭ᠌ᠰᠢᠯᠡᠭᠦᠯᠦᠨ᠎ᠠ᠃ ᠬᠠᠤᠯᠢ ᠪᠠᠷᠢᠬᠤ᠎ᠶ᠋ᠢᠨ ᠬᠠᠷᠢᠭᠤᠴᠠᠯᠭ᠎ᠠ᠎ᠶ᠋ᠢᠨ ᠳᠦᠷᠢᠮ᠎ᠤᠨ ᠶᠡᠷᠦᠩᠬᠡᠢᠯᠡᠭ᠌ᠰᠡᠨ ᠢᠵᠢ ᠪᠦᠷᠢᠳᠦᠭᠦᠯᠬᠦ᠌ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠪᠠᠢᠴᠠᠭᠠᠬᠤ ᠲᠤᠱᠢᠶᠠᠯᠲᠠᠨ᠎ᠤ ᠣᠷᠣᠨ ᠲᠤᠭ᠎ᠠ᠎ᠶ᠋ᠢ ᠮᠤᠵᠢ᠎ᠶ᠋ᠢᠨ ᠱᠠᠲᠤᠨ᠎ᠳᠤ ᠨᠢᠭᠡᠳᠦᠯᠲᠡᠶ ᠲᠥᠯᠥᠪᠯᠡᠬᠦ᠌ ᠪᠠ ᠬᠥᠳᠡᠯᠦᠩᠭᠦᠶ᠎ᠪᠠᠷ ᠬᠠᠮᠢᠶᠠᠷᠬᠤ᠎ᠶ᠋ᠢ ᠨᠠᠢᠳᠠᠪᠤᠷᠢᠵᠢᠭᠤᠯᠤᠨ᠎ᠠ᠃ ᠪᠠᠢᠴᠠᠭᠠᠬᠤ ᠲᠤᠱᠢᠶᠠᠯᠲᠠᠨ᠎ᠤ ᠲᠤᠰᠠᠭᠠᠷ ᠲᠤᠱᠢᠶᠠᠯ᠎ᠤᠨ ᠳᠠᠷᠠᠭᠠᠯᠠᠯ᠎ᠤᠨ ᠬᠠᠮᠢᠶᠠᠷᠤᠯᠲᠠ᠎ᠶ᠋ᠢ ᠲᠡᠭᠦᠯᠳᠡᠷᠵᠢᠭᠦᠯᠵᠦ᠍᠂ ᠠᠩᠬ᠎ᠠ ᠲᠣᠮᠢᠯᠠᠨ ᠪᠠᠢᠴᠠᠭᠠᠬᠤ ᠲᠤᠱᠢᠶᠠᠯᠲᠠᠨ᠎ᠢ ᠱᠢᠯᠢᠨ ᠰᠣᠩᠭᠤᠬᠤ ᠲᠦᠷᠢᠮ᠎ᠢ ᠲᠡᠭᠦᠯᠳᠡᠷᠵᠢᠭᠦᠯᠵᠦ᠍᠂ ᠪᠠᠢᠴᠠᠭᠠᠬᠤ ᠠᠵᠢᠯ᠎ᠤᠨ ᠲᠤᠰᠠᠯᠠᠬᠤ ᠠᠵᠢᠯᠳᠠᠨ᠎ᠤ ᠬᠠᠮᠢᠶᠠᠷᠤᠯᠲᠠ᠎ᠶ᠋ᠢ ᠱᠢᠯᠢᠳᠡᠭ᠌ᠵᠢᠭᠦᠯᠦᠨ᠎ᠡ᠃ ᠦᠨᠳᠦᠰᠦᠨ ᠱᠠᠲᠤᠨ᠎ᠤ ᠪᠠᠢᠴᠠᠭᠠᠬᠤ ᠠᠵᠢᠯ᠎ᠲᠠᠢ ᠨᠡᠩ ᠣᠢᠷᠠᠳᠴᠤ᠌᠂ ᠲᠤᠮᠤ ᠳ᠋ᠠᠢᠲ᠋ᠠ᠂ ᠵᠣᠬᠢᠶᠠᠮᠠᠯ ᠤᠶᠤᠨ ᠴᠢᠳᠠᠪᠤᠷᠢ᠂ ᠴᠥᠷᠬᠡᠯᠡᠭᠡ ᠳ᠋ᠠᠢᠲ᠋ᠠ᠂ ᠡᠭᠦᠯᠡᠨ ᠪᠤᠳᠤᠯᠳᠠ ᠵᠡᠷᠭᠡ ᠤᠳᠤ ᠦᠶ᠎ᠡ᠎ᠶ᠋ᠢᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠠᠷᠭ᠎ᠠ ᠪᠠᠷᠢᠯ᠎ᠢ ᠬᠡᠷᠡᠭ᠌ᠯᠡᠨ᠂ ᠤᠶᠤᠨᠲᠤ ᠪᠠᠢᠴᠠᠭᠠᠬᠤ ᠠᠵᠢᠯ᠎ᠤᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ᠎ᠡ᠃ ᠬᠡᠪ ᠴᠢᠨᠠᠷ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠪᠠᠢᠴᠠᠭᠠᠬᠤ ᠲᠤᠱᠢᠶᠠᠯᠲᠠᠨ᠎ᠢ ᠱᠢᠭᠦᠬᠦ᠌ ᠲᠤᠱᠢᠶᠠᠯᠲᠠᠨ᠂ ᠴᠠᠭ᠍ᠳᠠᠭ᠎ᠠ᠂ ᠬᠠᠦᠯᠢᠴᠢ ᠨᠠᠷ᠎ᠲᠠᠢ ᠴᠤᠭ ᠪᠣᠯᠪᠠᠰᠤᠷᠠᠭᠤᠯᠬᠤ᠎ᠶ᠋ᠢ ᠠᠬᠢᠭᠤᠯᠵᠤ᠂ ᠬᠠᠦᠯᠢ ᠴᠠᠭᠠᠵᠠ᠎ᠶ᠋ᠢᠨ ᠠᠵᠢᠯ ᠮᠡᠷᠭᠡᠵᠢᠯ᠎ᠤᠨ ᠬᠠᠮᠲᠤ᠎ᠶ᠋ᠢᠨ ᠴᠣᠭ᠍ᠴᠠ᠎ᠨᠢ ᠬᠠᠦᠯᠢ᠎ᠪᠠᠷ ᠵᠠᠰᠠᠬᠤ ᠬᠠᠮᠲᠤ᠎ᠶ᠋ᠢᠨ ᠣᠢᠯᠠᠭᠠᠭ᠍ᠳᠠᠬᠤᠨ᠎ᠢ ᠪᠤᠢ ᠪᠣᠯᠭᠠᠬᠤ᠎ᠶ᠋ᠢ ᠠᠬᠢᠭᠤᠯᠬᠤ ᠬᠡᠷᠡᠭ᠌ᠲᠡᠶ᠃ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢ ᠪᠤᠲᠠᠲᠠᠢ ᠠᠳᠭᠤᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠪᠠᠢᠴᠠᠭᠠᠬᠤ ᠠᠵᠢᠯ᠎ᠢ ᠴᠢᠩᠭ᠎ᠠ ᠵᠠᠰᠠᠬᠤ ᠪᠡᠶᠡᠴᠢ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠡᠷᠡᠰ ᠭᠤᠢᠪᠢᠰᠢ ᠦᠭᠡᠢ᠎ᠪᠠᠷ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠠᠷᠠᠯ᠎ᠢ ᠡᠰᠡᠷᠭᠦᠴᠡᠨ᠂ ᠠᠷᠬᠠᠭ ᠭᠡᠮ᠎ᠢ ᠡᠷᠡᠰ ᠴᠡᠭ᠌ᠴᠡᠯᠡᠨ ᠵᠠᠰᠠᠵᠤ᠂ ᠣᠯᠠᠨ ᠲᠦᠮᠡᠨ᠎ᠢ ᠲᠦᠢᠪᠡᠭᠡᠭ᠌ᠰᠡᠳ᠎ᠢ ᠠᠷᠢᠯᠭᠠᠵᠤ᠂ ᠨᠠᠮ᠎ᠳᠠᠭᠠᠨ ᠦᠨᠡᠨᠴᠢ ᠱᠢᠳᠤᠷᠭᠤ᠂ ᠠᠷᠠᠳ ᠲᠦᠮᠡᠨ᠎ᠳᠤ ᠦᠢᠯᠡᠴᠢᠯᠡᠳᠡᠭ᠂ ᠲᠥᠪ ᠭᠤᠦᠯᠴᠢ᠎ᠪᠠᠷ ᠬᠠᠦᠯᠢ ᠪᠠᠷᠢᠳᠠᠭ᠂ ᠰᠠᠬᠢᠯᠭ᠎ᠠ ᠪᠠᠲᠤ᠎ᠶ᠋ᠢ ᠴᠢᠩᠭ᠎ᠠ ᠰᠠᠬᠢᠳᠠᠭ ᠪᠠᠢᠴᠠᠭᠠᠬᠤ ᠠᠵᠢᠯ᠎ᠤᠨ ᠬᠦᠴᠦᠷᠬᠡᠭ ᠴᠡᠷᠢᠭ᠎ᠢ ᠪᠠᠢᠭᠤᠯᠵᠤ᠂ ᠨᠠᠮ᠎ᠢ ᠰᠠᠨᠠᠭ᠎ᠠ ᠠᠮᠤᠷ ᠪᠠᠢᠯᠭᠠᠨ᠂ ᠠᠷᠠᠳ ᠲᠦᠮᠡᠨ᠎ᠤ ᠢᠲᠡᠭᠡᠯ᠎ᠢ ᠤᠯᠦᠨ᠎ᠡ᠃

ᠲᠥᠯᠥᠭᠡᠯᠡᠭ᠌ᠴᠢᠳ ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠬ᠍ᠰᠠᠨ᠎ᠠᠴᠠ᠎ᠪᠠᠨ ᠠᠪᠤᠭᠠᠳ᠂ ᠤᠯᠤᠰ᠎ᠤᠨ ᠪᠠᠢᠭᠤᠯᠤᠯ ᠪᠠ ᠬᠠᠦᠯᠢ ᠴᠠᠭᠠᠵᠠ᠎ᠶ᠋ᠢᠨ ᠲᠦᠷᠢᠮ᠎ᠤᠨ ᠪᠠᠢᠭᠤᠯᠤᠯᠲᠠ᠎ᠶ᠋ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠍᠂ 1931 ᠣᠨ᠎ᠳᠤ ᠬᠤᠪᠢᠰᠭᠠᠯ᠎ᠤᠨ ᠨᠡᠢᠰᠯᠡᠯ ᠷᠦᠢᠵᠢᠨ᠎ᠳᠤ ᠠᠷᠠᠳ᠎ᠤᠨ ᠪᠠᠢᠴᠠᠭᠠᠬᠤ ᠪᠠᠢᠭᠤᠯᠤᠯ᠎ᠢ ᠪᠠᠢᠭᠤᠯᠤᠬ᠍ᠰᠠᠨ ᠶᠤᠮ᠃ 90 ᠵᠢᠯ᠎ᠤᠨ ᠲᠤᠷᠰᠢ᠂ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ᠎ᠤᠨ ᠪᠠᠢᠴᠠᠭᠠᠬᠤ ᠠᠵᠢᠯ ᠢᠮᠠᠭ᠍ᠲᠠ ᠬᠤᠪᠢᠰᠭᠠᠯ᠂ ᠪᠦᠲᠦᠭᠡᠨ ᠪᠠᠢᠭᠤᠯᠤᠯᠲᠠ᠂ ᠥᠭᠡᠷᠡᠴᠢᠯᠡᠯᠲᠡ᠎ᠲᠠᠢ ᠠᠯᠬᠤᠮ ᠨᠢᠭᠡᠳᠠᠢ ᠤᠷᠤᠭ᠍ᠰᠢᠯᠠᠭ᠍ᠰᠠᠭᠠᠷ ᠢᠷᠡᠵᠠᠢ᠃ ᠱᠢᠨ᠎ᠡ ᠬᠥᠭ᠌ᠵᠢᠯᠲᠡ᠎ᠶ᠋ᠢᠨ ᠱᠠᠲᠤ ᠦᠶ᠎ᠠ᠂ ᠱᠢᠨ᠎ᠡ ᠠᠶᠠᠨ ᠵᠠᠮ᠎ᠳᠤ ᠪᠢᠳᠡ ᠰᠢ᠎ᠶ᠋ᠢᠨ ᠫᠢᠩ ᠨᠥᠬᠦᠷ᠎ᠢᠶᠠᠷ ᠭᠤᠦᠯᠯᠠᠭᠤᠯᠤᠬ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠠᠩ ᠢᠯᠡᠭᠦᠦ ᠨᠢᠭ᠍ᠲᠠᠷᠠᠨ ᠪᠦᠯᠬᠦᠮᠳᠡᠵᠦ᠍᠂ ᠢᠷᠡᠭ᠌ᠰᠡᠨ ᠵᠠᠮ᠎ᠢᠶᠠᠨ ᠦᠯᠦ᠍ ᠮᠠᠷᠲᠠᠨ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠰᠢ᠎ᠶ᠋ᠢᠨ ᠫᠢᠩ᠎ᠤᠨ ᠬᠠᠦᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠬᠢᠨᠠᠮᠠᠭᠠᠢ ᠲᠤᠭᠤᠱᠢᠯᠠᠭᠤᠯᠤᠨ᠂ ᠲᠤᠰ ᠤᠳᠠᠭᠠᠨ᠎ᠤ ᠬᠤᠷᠠᠯ᠎ᠤᠨ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠬᠠᠤᠯᠢ ᠴᠠᠭᠠᠵᠠ᠎ᠶ᠋ᠢᠨ ᠬᠢᠨᠠᠯᠳᠠ ᠲᠠᠯᠪᠢᠬᠤ ᠡᠬᠦᠷᠭᠡ ᠴᠢᠳᠠᠪᠬᠢ᠎ᠪᠠᠨ ᠥᠨᠡᠨᠴᠢ᠎ᠪᠠᠷ ᠬᠥᠢᠴᠡᠳᠭᠡᠵᠥ᠍᠂ ᠠᠷᠠᠳ ᠲᠦᠮᠡᠨ᠎ᠤ ᠵᠣᠯ ᠵᠢᠷᠭᠠᠯ᠂ ᠤᠯᠤᠰ᠎ᠤᠨ ᠠᠮᠤᠷ ᠲᠦᠪᠱᠢᠨ᠂ ᠨᠡᠢᠭᠡᠮ᠎ᠤᠨ ᠲᠣᠭ᠍ᠲᠠᠭᠤᠨ ᠪᠠᠢᠳᠠᠯ᠎ᠢ ᠪᠠᠲᠤᠯᠠᠬᠤ᠎ᠳᠤ ᠨᠡᠩ ᠶᠡᠭᠡ ᠬᠤᠪᠢ ᠨᠡᠮᠡᠷᠢ ᠦᠵᠡᠭᠦᠯᠵᠦ᠍᠂ ᠱᠢᠯᠢᠳᠡᠭ ᠠᠮᠵᠢᠯᠲᠠ ᠪᠦᠲᠦᠮᠵᠢ᠎ᠪᠠᠷ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠶ᠎ᠠ!

(ᠱᠢᠨᠬᠤᠸᠠ ᠬᠤᠷᠢᠶᠠᠨ᠎ᠤ ᠪᠡᠭᠡᠵᠢᠩ᠎ᠤᠨ 3 ᠰᠠᠷ᠎ᠠ᠎ᠶ᠋ᠢᠨ 15 ᠎ᠤ ᠴᠠᠬᠢᠯᠭᠠᠨ ᠮᠡᠳᠡᠭᠡ᠂ ᠳᠣᠮᠳᠠᠳᠣ ᠣᠯᠣᠰ᠎ᠤᠨ ᠦᠨᠳᠦᠰᠦᠳᠡᠨ᠎ᠤ ᠬᠡᠯᠡᠨ᠎ᠤ ᠣᠷᠴᠢᠭᠤᠯᠭ᠎ᠠ᠎ᠶ᠋ᠢᠨ ᠳᠣᠪᠴᠢᠶ᠎ᠠ ᠣᠷᠴᠢᠭᠤᠯᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号