ᠮᠠᠨ᠎ᠤ ᠣᠷᠣᠨ᠎ᠤ ᠳᠤᠭ᠍ᠳᠠᠭᠠᠭ᠍ᠰᠠᠨ 《ᠪᠥᠬᠦ᠌ ᠣᠷᠣᠨ᠎ᠤ ᠶᠡᠭᠡ ᠳᠡᠬᠡᠳᠤ ᠰᠤᠷᠭᠠᠭᠤᠯᠢ᠎ᠶ᠋ᠢᠨ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠳᠤᠮᠳᠠᠳᠤ ᠪᠠᠭ᠎ᠠ ᠰᠤᠷᠭᠠᠭᠤᠯᠢ ᠬᠡᠤᠬᠡᠳ᠎ᠤᠨ ᠴᠡᠴᠡᠷᠯᠢᠭ᠎ᠢ ᠴᠡᠭ ᠲᠣᠭ᠍ᠲᠠᠭᠠᠨ ᠬᠠᠪᠰᠤᠷᠤᠨ ᠲᠡᠳᠬᠦᠬᠦ᠌ ᠠᠵᠢᠯ᠎ᠤᠨ ᠲᠥᠰᠦᠯ》 ᠶᠤᠰᠤᠭᠠᠷ᠂ 12 ᠠᠢᠮᠠᠭ ᠬᠤᠲᠠ᠎ᠶ᠋ᠢᠨ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠳᠤᠮᠳᠠᠳᠤ ᠪᠠᠭ᠎ᠠ ᠰᠤᠷᠭᠠᠭᠤᠯᠢ ᠪᠤᠯᠤᠨ ᠬᠡᠤᠬᠡᠳ᠎ᠤᠨ ᠴᠡᠴᠡᠷᠯᠢᠭ᠎ᠢ ᠭᠤᠤᠯᠳᠠᠯᠭ᠎ᠠ᠎ᠲᠠᠢ ᠬᠠᠪᠰᠤᠷᠤᠨ ᠳᠡᠳᠬᠦᠬᠦ᠌᠎ᠪᠠᠷ 19 ᠶᠡᠭᠡ ᠳᠡᠬᠡᠳᠤ ᠰᠤᠷᠭᠠᠭᠤᠯᠢ᠎ᠶ᠋ᠢᠨ ᠴᠡᠭ ᠲᠣᠭ᠍ᠲᠠᠭᠠᠨ ᠬᠠᠪᠰᠤᠷᠤᠨ ᠲᠡᠳᠬᠦᠬᠦ᠌ ᠪᠦᠯᠬᠦᠮ᠎ᠤᠨ ᠪᠠᠭ᠍ᠰᠢ ᠨᠠᠷ ᠠᠵᠢᠯ᠎ᠳᠠᠭᠠᠨ ᠭᠠᠷᠴᠠᠭᠠᠯ᠎ᠠ᠃
ᠣᠳᠣᠬᠠᠨ᠎ᠳᠤ 19 ᠶᠡᠭᠡ ᠳᠡᠭᠡᠳᠦ ᠰᠤᠷᠭᠠᠭᠤᠯᠢ᠎ᠶ᠋ᠢᠨ ᠴᠡᠭ ᠳᠤᠭ᠍ᠳᠠᠭᠠᠨ ᠬᠠᠪᠰᠤᠷᠤᠨ ᠳᠡᠳᠬᠦᠬᠦ᠌ ᠪᠦᠯᠬᠦᠮ᠎ᠤᠨ ᠪᠠᠭ᠍ᠰᠢ ᠨᠠᠷ ᠣᠯᠠᠩᠬᠢ᠎ᠨᠢ ᠨᠢᠭᠡᠨᠲᠡ ᠠᠵᠢᠯ᠎ᠳᠠᠭᠠᠨ ᠭᠠᠷᠤᠭ᠍ᠰᠠᠨ ᠪᠠᠢᠨ᠎ᠠ᠃ ᠡᠯ᠎ᠠ ᠶᠡᠭᠡ ᠳᠡᠬᠡᠳᠤ ᠰᠤᠷᠭᠠᠭᠤᠯᠢ ᠠᠢᠮᠠᠭ ᠬᠤᠳᠠ᠎ᠲᠠᠢ ᠵᠤᠯᠭᠠᠯᠴᠠᠭᠤᠯᠤᠨ ᠵᠤᠬᠢᠴᠠᠭᠤᠯᠬᠤ ᠬᠤᠷᠠᠯ ᠬᠢᠵᠦ᠍᠂ ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ ᠱᠢᠯᠢ᠎ᠶ᠋ᠢᠨ ᠭᠤᠣᠯ ᠠᠢᠮᠠᠭ᠎ᠲᠤ 230 ᠭᠠᠷᠤᠢ ᠬᠥᠮᠦᠨ ᠲᠣᠮᠢᠯᠠᠵᠤ᠂ ᠥᠪᠥᠷ ᠮᠣᠩᠭᠤᠯ᠎ᠤᠨ ᠦᠨᠳᠦᠰᠦᠲᠡᠨ᠎ᠤ ᠶᠡᠭᠡ ᠰᠤᠷᠭᠠᠭᠤᠯᠢ ᠲᠦᠩᠯᠢᠶᠣᠤ ᠬᠤᠳᠠ᠎ᠳᠤ 370 ᠭᠠᠷᠤᠢ ᠬᠥᠮᠦᠨ ᠲᠣᠮᠢᠯᠠᠵᠤ᠂ ᠤᠯᠠᠭᠠᠨᠬᠠᠳᠠ ᠳᠡᠭᠡᠳᠦ ᠰᠤᠷᠭᠠᠭᠤᠯᠢ ᠤᠯᠠᠭᠠᠨᠬᠠᠳᠠ ᠬᠤᠳᠠ᠎ᠳᠤ 196 ᠬᠥᠮᠦᠨ ᠲᠣᠮᠢᠯᠠᠵᠤ᠂ ᠬᠥᠯᠥᠨ ᠪᠤᠢᠷ ᠳᠡᠭᠡᠳᠦ ᠰᠤᠷᠭᠠᠭᠤᠯᠢ᠂ ᠬᠢᠩᠭᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ ᠬᠢᠩᠭᠠᠨ ᠠᠢᠮᠠᠭ᠎ᠲᠤ 74 ᠬᠥᠮᠦᠨ ᠳᠤᠮᠢᠯᠠᠵᠤ᠂ ᠳᠤᠰ ᠰᠠᠷ᠎ᠠ᠎ᠶ᠋ᠢᠨ 25 ᠪᠤᠯᠳᠠᠯ᠎ᠠ ᠡᠯ᠎ᠠ ᠪᠦᠯᠬᠦᠮ ᠪᠦᠬᠦᠨ᠎ᠢᠶᠠᠷ᠎ᠢᠶᠠᠨ ᠠᠵᠢᠯ᠎ᠤᠨ ᠪᠠᠢᠷᠢ᠎ᠳᠠᠭᠠᠨ ᠬᠦᠷᠬᠦ᠌ ᠪᠤᠯᠤᠨ᠎ᠠ᠃ ᠬᠠᠪᠰᠤᠷᠤᠨ ᠳᠡᠳᠬᠦᠬᠦ᠌ ᠪᠦᠯᠬᠦᠮ᠎ᠤᠨ ᠪᠠᠭ᠍ᠰᠢ ᠨᠠᠷ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠂ ᠬᠢᠴᠢᠶᠡᠯ᠎ᠤᠨ ᠳᠠᠷᠠᠭᠠᠬᠢ ᠬᠠᠪᠰᠤᠷᠤᠨ ᠵᠢᠯᠤᠭᠤᠳᠤᠯᠭ᠎ᠠ᠂ ᠪᠠᠭ᠍ᠰᠢ᠎ᠶ᠋ᠢᠨ ᠪᠣᠯᠪᠠᠰᠤᠷᠠᠯ᠂ ᠰᠡᠳᠦᠪ᠎ᠤᠨ ᠪᠣᠭᠤᠮᠲᠠ ᠱᠢᠪᠲᠤᠯᠤᠯᠲᠠ ᠵᠡᠷᠭᠡ ᠠᠷᠭ᠎ᠠ ᠬᠡᠯᠪᠡᠷᠢ᠎ᠪᠠᠷ ᠳᠠᠮᠵᠢᠨ᠂ ᠴᠡᠭ ᠲᠣᠭ᠍ᠲᠠᠭᠠᠨ ᠬᠠᠪᠰᠤᠷᠤᠨ ᠲᠡᠳᠬᠦᠵᠦ᠍ ᠪᠠᠢᠭ᠎ᠠ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠤᠨ ᠴᠡᠴᠡᠷᠯᠢᠭ᠎ᠲᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠲᠠᠢᠯᠪᠤᠷᠢᠯᠠᠯᠲᠠ ᠥᠷᠨᠢᠭᠦᠯᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠳᠤ ᠬᠦᠴᠦᠨ ᠨᠡᠮᠡᠷᠢᠯᠡᠵᠦ᠍᠂ ᠭᠤᠷᠪᠠᠨ ᠬᠢᠴᠢᠶᠡᠯ ᠲᠦᠷᠦᠯ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌ ᠠᠵᠢᠯ᠎ᠤᠨ ᠡᠭᠦᠷᠭᠡ ᠪᠣᠯᠤᠨ ᠬᠡᠦᠬᠡᠳ᠎ᠤᠨ ᠰᠤᠷᠭᠠᠭᠤᠯᠢ᠎ᠶ᠋ᠢᠨ ᠨᠠᠰᠤᠨ᠎ᠠᠴᠠ ᠡᠮᠦᠨᠡᠬᠢ ᠨᠡᠢᠲᠡᠯᠢᠭ ᠬᠡᠯᠡ᠎ᠶ᠋ᠢ ᠰᠤᠷᠬᠤ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠬᠤ ᠪᠤᠯᠤᠨ᠎ᠠ᠃
ᠪᠥᠬᠦ᠌ ᠣᠷᠣᠨ᠎ᠤ ᠶᠡᠭᠡ ᠳᠡᠬᠡᠳᠤ ᠰᠤᠷᠭᠠᠭᠤᠯᠢ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠳᠤᠮᠳᠠᠳᠤ ᠪᠠᠭ᠎ᠠ ᠰᠤᠷᠭᠠᠭᠤᠯᠢ ᠬᠡᠤᠬᠡᠳ᠎ᠤᠨ ᠴᠡᠴᠡᠷᠯᠢᠭ᠎ᠢ ᠴᠡᠭ ᠲᠣᠭ᠍ᠲᠠᠭᠠᠨ ᠬᠠᠪᠰᠤᠷᠤᠨ ᠲᠡᠳᠬᠦᠵᠦ᠍ ᠰᠤᠷᠭᠠᠨ ᠬᠥᠮᠦᠵᠢᠯ᠎ᠢ ᠳᠡᠮᠵᠢᠬᠦ᠌ ᠠᠵᠢᠯ ᠥᠷᠨᠢᠭᠦᠯᠬᠦ᠌ ᠪᠣᠯ ᠮᠠᠨ᠎ᠤ ᠣᠷᠣᠨ᠎ᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠬᠡᠷᠡᠭ᠌ᠯᠡᠬᠦ᠂ ᠭᠤᠷᠪᠠᠨ ᠬᠢᠴᠢᠶᠡᠯ ᠲᠥᠷᠥᠯ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌ ᠠᠵᠢᠯ᠎ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ ᠬᠡᠷᠡᠭ᠌ᠵᠢᠭᠦᠯᠬᠦ᠌᠎ᠶ᠋ᠢᠨ ᠪᠠᠰᠠ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠮᠠᠨ᠎ᠤ ᠣᠷᠣᠨ ᠴᠡᠭ ᠲᠣᠭ᠍ᠲᠠᠭᠠᠨ ᠬᠠᠪᠰᠤᠷᠤᠨ ᠲᠡᠳᠬᠦᠬᠦ᠌ ᠠᠵᠢᠯ᠎ᠢ ᠤᠯᠠᠮ ᠰᠠᠢᠳᠤᠷ ᠠᠬᠢᠭᠤᠯᠵᠤ᠂ ᠦᠨᠳᠦᠰᠦᠲᠡᠨ᠎ᠤ ᠬᠡᠯᠡ᠎ᠪᠠᠷ ᠬᠢᠴᠢᠶᠡᠯᠯᠡᠬᠦ᠌ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ᠎ᠤᠨ ᠴᠡᠴᠡᠷᠯᠢᠭ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠤᠨ ᠰᠤᠷᠭᠠᠨ ᠬᠦᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠦᠨᠡᠨ ᠬᠦ᠌ ᠳᠡᠭᠡᠭ᠌ᠰᠢᠯᠡᠭᠦᠯᠬᠦ᠌ ᠪᠤᠯᠤᠨ᠎ᠡ᠃