ᠠᠷᠠᠳ᠎ᠤᠨ ᠳᠡᠭᠡᠳᠤ ᠱᠢᠭᠦᠬᠦ᠌ ᠬᠤᠷᠢᠶᠠᠨ᠎ᠤ ᠠᠵᠢᠯ᠎ᠤᠨ ᠮᠡᠳᠡᠭᠦᠯᠦᠯᠳᠡ
2021-03-22 11:18:05
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— 2021 ᠤᠨ᠎ᠤ 3 ᠰᠠᠷ᠎ᠠ᠎ᠶ᠋ᠢᠨ 8 ᠎ᠤ ᠡᠳᠤᠷ ᠠᠷᠪᠠᠨ ᠭᠤᠷᠪᠠᠳᠤᠭᠠᠷ ᠬᠤᠭᠤᠴᠠᠭᠠᠠ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠬᠡᠷ ᠬᠤᠷᠠᠯ ᠳᠡᠭᠡᠷ᠎ᠠ

ᠠᠷᠠᠳ᠎ᠤᠨ ᠳᠡᠭᠡᠳᠤ ᠱᠢᠭᠦᠬᠦ᠌ ᠬᠤᠷᠢᠶᠠᠨ᠎ᠤ ᠳᠠᠷᠤᠭ᠎ᠠ ᠵᠸᠤ ᠴᠢᠶᠠᠩ

ᠲᠥᠯᠥᠭᠡᠯᠡᠭ᠌ᠴᠢᠳ ᠡ᠄

ᠪᠢ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠎ᠶ᠋ᠢ ᠲᠥᠯᠥᠭᠡᠯᠡᠨ ᠶᠡᠭᠡ ᠬᠤᠷᠠᠯ᠎ᠳᠤ ᠠᠵᠢᠯ᠎ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠭᠡᠱᠢᠭᠦᠳ ᠴᠤ᠌ ᠰᠠᠨᠠᠯ᠎ᠢᠶᠠᠨ ᠳᠤᠷᠠᠳᠭᠤ ᠪᠣᠯᠪᠠᠤ᠃

2020 ᠣᠨ᠎ᠤ ᠭᠤᠤᠯ ᠠᠵᠢᠯ

2020 ᠣᠨ ᠪᠣᠯ ᠱᠢᠨ᠎ᠡ ᠳᠤᠮᠳᠠᠳᠤ ᠤᠯᠤᠰ᠎ᠤᠨ ᠲᠡᠦᠬᠡᠨ ᠳᠡᠭᠡᠷᠡᠬᠢ ᠲᠦᠢᠯ᠎ᠤᠨ ᠶᠡᠷᠦ᠍ ᠪᠤᠰᠤ᠎ᠶ᠋ᠢᠨ ᠨᠢᠭᠡ ᠵᠢᠯ ᠮᠥᠨ᠃ ᠡᠷᠢᠨ ᠵᠠᠭᠤᠨ᠎ᠳᠤ ᠲᠤᠬᠢᠶᠠᠯᠳᠤᠭ᠍ᠰᠠᠨ ᠬᠢᠵᠢᠭ᠎ᠤᠨ ᠪᠠᠢᠳᠠᠯ ᠪᠣᠯᠤᠨ ᠵᠠᠭᠤᠨ ᠵᠢᠯ᠎ᠤᠨ ᠬᠤᠪᠢᠰᠤᠯᠲᠠ ᠰᠣᠯᠪᠢᠴᠠᠭ᠍ᠰᠠᠨ ᠲᠦᠪᠡᠭ ᠪᠤᠳᠤᠯᠢᠶᠠᠨᠲᠠᠶ ᠪᠠᠢᠳᠠᠯ᠎ᠤᠨ ᠡᠮᠦᠨ᠎ᠡ᠂ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ ᠪᠡᠷᠬᠡᠱᠢᠶᠡᠯ᠎ᠢ ᠢᠯᠠᠨ ᠳᠠᠪᠠᠵᠤ᠂ ᠠᠶᠤᠯ ᠲᠦᠭ᠌ᠰᠢᠭᠦᠷᠢ᠎ᠶ᠋ᠢ ᠠᠵᠠ ᠲᠣᠬᠢᠶᠠᠯ ᠪᠣᠯᠭᠠᠨ᠂ ᠬᠠᠲᠠᠭᠤᠵᠢᠨ ᠲᠡᠮᠡᠴᠡᠵᠤ᠂ ᠵᠠᠮ ᠨᠡᠭᠡᠭᠡᠨ ᠱᠢᠨ᠎ᠡ᠎ᠶ᠋ᠢ ᠡᠭᠦᠳᠴᠤ᠌᠂ ᠪᠦᠬᠦ᠌ ᠤᠯᠤᠰ᠎ᠤᠨ ᠬᠢᠵᠢᠭ᠎ᠢ ᠡᠰᠡᠷᠭᠦᠴᠡᠬᠦ᠌ ᠲᠡᠮᠡᠴᠡᠯ᠎ᠤᠨ ᠴᠢᠬᠤᠯᠠ ᠶᠡᠭᠡ ᠪᠠᠢᠯᠳᠤᠬᠤ ᠪᠣᠳᠣᠯᠭ᠎ᠠ᠎ᠶ᠋ᠢᠨ ᠦᠷ᠎ᠡ ᠪᠦᠲᠦᠭᠡᠯ᠎ᠢ ᠲᠡᠮᠡᠴᠡᠨ ᠣᠯᠵᠤ᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠬᠦ᠌ ᠠᠵᠢᠯ ᠪᠦᠬᠦ᠌ ᠲᠠᠯ᠎ᠠ᠎ᠶ᠋ᠢᠨ ᠢᠯᠠᠯᠲᠠ ᠣᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠬᠦ᠌ ᠠᠵᠢᠯ ᠠᠭᠤᠤ ᠶᠡᠭᠡ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ ᠣᠯᠵᠤ᠂ 《ᠬᠤᠶᠠᠷ ᠶᠡᠭᠡ ᠭᠠᠢᠬᠠᠮᠱᠢᠭ》 ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠂ ᠨᠠᠮ᠎ᠤᠨ ᠤᠳᠤᠷᠢᠳᠤᠯᠭ᠎ᠠ ᠪᠠ ᠮᠠᠨ᠎ᠤ ᠤᠯᠤᠰ᠎ᠤᠨ ᠨᠡᠢᠭᠡᠮ ᠵᠢᠷᠤᠮᠲᠤ ᠪᠠᠢᠭᠤᠯᠤᠯ᠎ᠤᠨ ᠢᠯᠡᠳᠲᠡ ᠳᠠᠪᠠᠭᠤᠯᠢᠭ᠎ᠢ ᠭᠦᠢᠴᠡᠳ ᠢᠯᠡᠷᠡᠭᠦᠯᠪᠡ᠃ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶᠠᠨ᠎ᠤ ᠬᠦᠴᠦᠲᠡᠶ ᠬᠢᠨᠠᠯᠲᠠ ᠳᠣᠣᠷ᠎ᠠ᠂ ᠲᠥᠪ ᠬᠤᠷᠢᠶᠠᠨ᠎ᠤ ᠤᠯᠤᠰ ᠲᠥᠷᠥ᠍ ᠬᠠᠤᠯᠢ ᠴᠠᠭᠠᠵᠠ᠎ᠶ᠋ᠢᠨ ᠬᠤᠷᠢᠶᠠᠨ᠎ᠤ ᠤᠳᠤᠷᠢᠳᠤᠯᠭ᠎ᠠ ᠳᠣᠣᠷ᠎ᠠ᠂ ᠠᠷᠠᠳ᠎ᠤᠨ ᠳᠡᠭᠡᠲᠦ ᠱᠢᠭᠦᠬᠦ᠌ ᠬᠤᠷᠢᠶ᠎ᠠ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠲᠥᠪ ᠬᠤᠷᠢᠶᠠᠨ᠎ᠤ ᠤᠯᠤᠰ ᠲᠦᠷᠦ᠎ᠶ᠋ᠢᠨ ᠲᠣᠪᠴᠢᠶᠠᠨ᠎ᠤ ᠪᠠᠢᠩᠭᠤ᠎ᠶ᠋ᠢᠨ ᠬᠤᠷᠢᠶᠠᠨ᠎ᠤ ᠬᠤᠷᠠᠯ᠎ᠢ ᠡᠷᠬᠢᠯᠡᠨ ᠬᠤᠷᠠᠯᠳᠤᠭᠤᠯᠵᠤ ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠭᠤ ᠦᠶ᠎ᠡ᠎ᠳᠤ ᠶᠠᠷᠢᠭ᠍ᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯᠳᠤᠭᠠᠨ᠎ᠤ ᠱᠢᠢᠳᠪᠦᠷᠢ᠎ᠶ᠋ᠢ ᠬᠢᠨᠠᠮᠠᠭᠠᠶ ᠨᠠᠢᠳᠠᠪᠤᠷᠢᠵᠢᠭᠤᠯᠤᠨ᠂ 《ᠳᠥᠷᠪᠡᠨ ᠤᠬᠠᠮᠰᠠᠷ》 ᠎ᠢᠶᠠᠨ ᠴᠢᠩᠭᠠᠳᠭᠠᠵᠤ᠂ 《ᠳᠥᠷᠪᠡᠨ ᠢᠲᠡᠭᠡᠯ》 ᠎ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ 《ᠬᠠᠤᠯᠢ ᠪᠠᠷᠢᠭ᠍ᠰᠠᠨ ᠬᠡᠷᠡᠭ ᠨᠢᠭᠡᠪᠦᠷᠢ᠎ᠠᠴᠠ ᠲᠦᠪ ᠭᠤᠤᠯᠴᠢ ᠱᠢᠳᠤᠷᠭᠤ ᠶᠤᠰᠤ᠎ᠶ᠋ᠢ ᠪᠠᠷᠢᠮᠲᠠᠯᠠᠭ᠍ᠰᠠᠨ ᠭᠡᠳᠡᠭ᠎ᠢ ᠠᠷᠠᠳ ᠤᠯᠠᠨ᠎ᠳᠤ ᠮᠡᠳᠡᠷᠡᠭᠦᠯᠬᠦ᠌᠎ᠪᠠᠷ ᠴᠢᠷᠮᠠᠢᠬᠤ》 ᠬᠠᠷᠠᠯᠲᠠ᠎ᠲᠠᠢ ᠨᠢᠭ᠍ᠲᠠ ᠤᠶᠠᠯᠳᠤᠭᠤᠯᠵᠤ᠂ ᠶᠡᠭᠡ ᠲᠠᠯ᠎ᠠ᠎ᠳᠤ ᠦᠢᠯᠡᠴᠢᠯᠡᠬᠦ᠂ ᠠᠷᠠᠳ᠎ᠤᠨ ᠲᠥᠯᠥᠭᠡ ᠬᠠᠤᠯᠢ ᠪᠠᠷᠢᠬᠤ᠂ ᠲᠥᠪ ᠭᠤᠤᠯᠴᠢ᠎ᠪᠠᠷ ᠬᠠᠤᠯᠢ ᠪᠠᠷᠢᠬᠤ᠎ᠶ᠋ᠢ ᠪᠠᠷᠢᠮᠲᠠᠯᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠠᠴᠠ ᠣᠯᠭᠤᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠠᠷ ᠭᠦᠢᠴᠡᠳᠭᠡᠵᠦ᠍᠂ ᠬᠢᠵᠢᠭ᠎ᠢ ᠰᠡᠷᠭᠡᠢᠯᠡᠨ ᠬᠢᠵᠠᠭᠠᠷᠯᠠᠬᠤ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠬᠤ᠎ᠳᠤ ᠬᠠᠤᠯᠢ ᠶᠣᠰᠣᠭᠠᠷ ᠦᠢᠯᠡᠴᠢᠯᠡᠵᠦ᠍᠂ ᠡᠯ᠎ᠡ ᠵᠦᠢᠯ᠎ᠤᠨ ᠠᠵᠢᠯ ᠱᠢᠨ᠎ᠡ ᠦᠷ᠎ᠡ ᠪᠦᠲᠦᠮᠵᠢ ᠤᠯᠪᠠ᠃ ᠠᠷᠠᠳ᠎ᠤᠨ ᠳᠡᠭᠡᠳᠦ ᠱᠢᠭᠦᠬᠦ᠌ ᠬᠤᠷᠢᠶ᠎ᠠ 39347 ᠬᠡᠷᠡᠭ᠎ᠢ ᠬᠦᠯᠢᠶᠡᠨ ᠠᠪᠴᠤ᠌ ᠱᠢᠢᠳᠪᠦᠷᠢᠯᠡᠨ᠂ 35773 ᠬᠡᠷᠡᠭ᠎ᠢ ᠱᠢᠭᠦᠨ ᠳᠠᠭᠤᠰᠭᠠᠨ᠂ 28 ᠬᠤᠪᠢ ᠬᠠᠤᠯᠢ ᠪᠠᠷᠢᠬᠤ ᠲᠠᠢᠯᠪᠤᠷᠢᠯᠠᠯᠲᠠ᠎ᠶ᠋ᠢ ᠲᠣᠭ᠍ᠲᠠᠭᠠᠵᠤ᠂ 17 ᠵᠢᠯᠣᠭᠤᠳᠭᠤ ᠴᠢᠨᠠᠷᠲᠠᠶ ᠬᠡᠷᠡᠭ᠎ᠤᠨ ᠵᠢᠱ᠌ᠢᠶ᠎ᠡ᠎ᠶ᠋ᠢ ᠨᠡᠢᠲᠡᠯᠡᠵᠦ᠍᠂ ᠪᠦᠬᠦ᠌ ᠤᠯᠤᠰ᠎ᠤᠨ ᠱᠢᠭᠦᠬᠦ᠌ ᠬᠤᠷᠢᠶᠠᠨ᠎ᠤ ᠱᠢᠭᠦᠨ ᠲᠠᠰᠤᠯᠬᠤ ᠠᠵᠢᠯ᠎ᠳᠤ ᠲᠠᠯᠪᠢᠬᠤ ᠬᠢᠨᠠᠯᠲᠠ ᠵᠢᠯᠤᠭᠤᠳᠤᠯᠭ᠎ᠠ᠎ᠪᠠᠨ ᠴᠢᠩᠭᠠᠳᠭᠠᠪᠠ; ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠱᠢᠭᠦᠬᠦ᠌ ᠬᠤᠷᠢᠶ᠎ᠠ ᠪᠣᠯᠤᠨ ᠠᠷᠠᠳ᠎ᠤᠨ ᠲᠤᠰᠭᠠᠶ ᠱᠢᠭᠦᠬᠦ᠌ ᠬᠤᠷᠢᠶ᠎ᠠ 3080.5 ᠲᠦᠮᠡᠨ ᠬᠡᠷᠡᠭ᠎ᠢ ᠬᠦᠯᠢᠶᠡᠨ ᠠᠪᠴᠤ᠌ ᠱᠢᠢᠳᠪᠦᠷᠢᠯᠡᠨ᠂ 2870.5  ᠲᠦᠮᠡᠨ  ᠬᠤᠪᠢ ᠬᠡᠷᠡᠭ᠎ᠢ ᠱᠢᠭᠦᠵᠦ᠍ ᠳᠠᠭᠤᠰᠭᠠᠭ᠍ᠰᠠᠨ ᠪᠠ ᠭᠦᠢᠴᠡᠳᠭᠡᠵᠦ᠍ ᠳᠠᠭᠤᠰᠭᠠᠨ᠂  ᠬᠡᠷᠡᠭ ᠳᠠᠭᠤᠰᠭᠠᠭ᠍ᠰᠠᠨ ᠬᠠᠷᠠᠯᠲᠠ ᠲᠤᠭ᠎ᠠ 7.1 ᠲᠦᠮᠡᠨ  ᠳ᠋ᠦᠩᠱᠢᠭᠤᠷ  ᠲᠥᠭᠦᠷᠢᠭ ᠎ᠲᠤ  ᠬᠦᠷᠪᠡ᠃

ᠨᠢᠭᠡ᠂ ᠤᠯᠤᠰ᠎ᠤᠨ ᠠᠮᠤᠷ ᠲᠦᠪᠱᠢᠨ ᠪᠠ ᠨᠡᠢᠭᠡᠮ᠎ᠤᠨ ᠲᠣᠭ᠍ᠲᠠᠭᠤᠨ ᠪᠠᠢᠳᠠᠯ᠎ᠢ ᠡᠷᠡᠰ ᠬᠠᠮᠠᠭᠠᠯᠠᠪᠠ

ᠤᠯᠤᠰ᠎ᠤᠨ ᠶᠡᠷᠦᠩᠬᠡᠶ ᠠᠮᠤᠷ ᠲᠦᠪᠱᠢᠨ᠎ᠤ ᠦᠵᠡᠯᠲᠡ᠎ᠶ᠋ᠢ ᠲᠤᠭᠤᠱᠢᠯᠠᠭᠤᠯᠵᠤ᠂ ᠠᠭᠤᠴᠢᠯᠠᠨ ᠱᠢᠢᠳᠭᠡᠬᠦ᠌ ᠪᠠ ᠴᠢᠩᠭ᠎ᠠ ᠱᠢᠢᠳᠭᠡᠬᠦ᠌᠎ᠶ᠋ᠢ ᠬᠤᠤᠰᠯᠠᠭᠤᠯᠬᠤ ᠡᠷᠡᠭᠦᠦ᠎ᠶ᠋ᠢᠨ ᠬᠡᠷᠡᠭ᠎ᠤᠨ ᠲᠥᠷᠥ᠎ᠶ᠋ᠢᠨ ᠪᠣᠳᠣᠯᠭ᠎ᠠ᠎ᠶ᠋ᠢ ᠪᠠᠷᠢᠮᠲᠠᠯᠠᠨ᠂ ᠠᠮᠤᠷ ᠠᠮᠤᠭᠤᠯᠠᠩ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠤᠯᠤᠰ ᠲᠦᠷᠦ᠎ᠶ᠋ᠢᠨ ᠠᠮᠤᠷ ᠲᠦᠪᠱᠢᠨ᠂ ᠨᠡᠢᠭᠡᠮ᠎ᠤᠨ ᠠᠮᠤᠷ ᠲᠣᠭ᠍ᠲᠠᠭᠤᠨ᠂ ᠠᠷᠠᠳ ᠲᠦᠮᠡᠨ᠎ᠤ ᠠᠮᠤᠷ ᠠᠮᠤᠭᠤᠯᠠᠩ ᠪᠠᠢᠬᠤ᠎ᠶ᠋ᠢ ᠦᠨᠡᠨ ᠬᠦ᠌ ᠬᠠᠮᠠᠭᠠᠯᠠᠪᠠ᠃ ᠨᠢᠭᠡᠳᠦᠭᠡᠷ ᠱᠢᠭᠦᠯᠲᠡ᠎ᠶ᠋ᠢᠨ ᠡᠷᠡᠭᠦᠦ᠎ᠶ᠋ᠢᠨ ᠬᠡᠷᠡᠭ᠎ᠢ 111.6 ᠲᠦᠮᠡᠨ ᠬᠤᠪᠢ ᠱᠢᠭᠦᠨ ᠳᠠᠭᠤᠰᠭᠠᠵᠤ᠂ 152.7 ᠲᠦᠮᠡᠨ ᠶᠠᠯᠠᠲᠠᠨ᠎ᠢ ᠱᠢᠢᠳᠭᠡᠵᠦ᠍᠂ ᠶᠡᠷᠦᠩᠬᠡᠶ᠎ᠳᠡᠭᠡᠨ ᠲᠤᠷᠤᠭ᠍ᠰᠢᠯᠠᠬᠤ ᠬᠠᠨᠳᠤᠰᠢ᠎ᠲᠠᠢ ᠪᠤᠯᠪᠠ᠃

ᠤᠯᠤᠰ᠎ᠤᠨ ᠤᠯᠤᠰ ᠲᠦᠷᠦ᠎ᠶ᠋ᠢᠨ ᠠᠮᠤᠷ ᠲᠦᠪᠱᠢᠨ᠎ᠢ ᠡᠷᠡᠰ ᠬᠠᠮᠠᠭᠠᠯᠠᠪᠠ᠃ ᠬᠢᠯᠢ᠎ᠶ᠋ᠢᠨ ᠳᠣᠲᠣᠨ᠎ᠠ ᠭᠠᠳᠠᠨᠠᠬᠢ ᠳᠠᠢᠰᠤᠩᠨᠠᠭ᠍ᠴᠢ ᠬᠦᠴᠦᠨ᠎ᠤ ᠨᠡᠪᠴᠢᠯᠲᠡ ᠬᠢᠬᠦ᠂ ᠡᠪᠳᠡᠬᠦ᠂ ᠨᠤᠷᠠᠭᠠᠬᠤ᠂ ᠬᠠᠭᠠᠴᠠᠭᠤᠯᠬᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠲᠦᠷᠦ᠎ᠶ᠋ᠢᠨ ᠡᠷᠬᠡ᠎ᠶ᠋ᠢ ᠨᠤᠷᠠᠭᠠᠬᠤ᠂ ᠤᠯᠤᠰ ᠣᠷᠣᠨ᠎ᠢ ᠬᠠᠭᠠᠴᠠᠭᠤᠯᠬᠤ᠎ᠪᠠᠷ ᠥᠳᠥᠭᠡᠭ᠌ᠰᠡᠨ ᠵᠡᠷᠭᠡ ᠶᠠᠯᠠᠲᠤ ᠠᠵᠢᠯᠯᠠᠭ᠎ᠠ᠎ᠶ᠋ᠢ ᠬᠠᠤᠯᠢ ᠶᠣᠰᠣᠭᠠᠷ ᠴᠢᠩᠭ᠎ᠠ ᠱᠢᠢᠳᠭᠡᠵᠦ᠍᠂ ᠤᠯᠤᠰ᠎ᠤᠨ ᠤᠯᠤᠰ ᠲᠦᠷᠦ᠎ᠶ᠋ᠢᠨ ᠠᠮᠤᠷ ᠲᠦᠪᠱᠢᠨ ᠢᠯᠠᠩᠭᠤᠶ᠎ᠠ ᠲᠦᠷᠦ᠎ᠶ᠋ᠢᠨ ᠡᠷᠬᠡ᠎ᠶ᠋ᠢᠨ ᠠᠮᠤᠷ ᠲᠦᠪᠱᠢᠨ᠂ ᠪᠠᠢᠭᠤᠯᠤᠯ᠎ᠤᠨ ᠠᠮᠤᠷ ᠲᠦᠪᠱᠢᠨ᠎ᠢ ᠡᠷᠡᠰ ᠬᠠᠮᠠᠭᠠᠯᠠᠪᠠ᠃ ᠵᠠᠯᠢᠬᠠᠢᠴᠤᠳ᠎ᠢ ᠡᠰᠡᠷᠭᠦᠴᠡᠨ ᠲᠠᠩᠨᠠᠭᠤᠯ᠎ᠢ ᠰᠡᠷᠭᠡᠢᠯᠡᠬᠦ᠌ ᠲᠡᠮᠡᠴᠡᠯ᠎ᠢ ᠭᠦᠨᠵᠡᠭᠡᠢᠷᠡᠭᠦᠯᠵᠦ᠍᠂ ᠲᠠᠩᠨᠠᠭᠤᠯ᠎ᠤᠨ ᠨᠢᠭᠤᠴᠠ᠎ᠶ᠋ᠢ ᠬᠤᠯᠠᠭᠠᠢᠯᠠᠭ᠍ᠰᠠᠨ ᠶᠠᠯᠠᠲᠤ ᠬᠡᠷᠡᠭ᠎ᠢ ᠬᠠᠤᠯᠢ ᠶᠣᠰᠣᠭᠠᠷ ᠴᠢᠩᠭ᠎ᠠ ᠱᠢᠢᠳᠭᠡᠪᠡ᠃ ᠭᠠᠵᠢᠭᠤ ᠨᠣᠮᠯᠠᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠢᠷᠡᠭᠦᠯᠵᠦ᠍᠂ ᠭᠠᠵᠢᠭᠤ ᠨᠣᠮᠯᠠᠯ᠎ᠤᠨ ᠵᠣᠬᠢᠶᠠᠨ ᠪᠠᠢᠭᠤᠯᠤᠯᠲᠠ᠎ᠶ᠋ᠢ ᠠᠱᠢᠭ᠍ᠯᠠᠨ ᠬᠠᠤᠯᠢ ᠴᠠᠭᠠᠵᠠ᠎ᠶ᠋ᠢᠨ ᠬᠡᠷᠡᠭ᠌ᠵᠢᠭᠦᠯᠦᠯᠲᠡ᠎ᠶ᠋ᠢ ᠡᠪᠳᠡᠭ᠌ᠰᠡᠨ ᠵᠡᠷᠭᠡ ᠶᠠᠯᠠᠲᠤ ᠠᠵᠢᠯᠯᠠᠭ᠎ᠠ᠎ᠶ᠋ᠢ ᠬᠠᠤᠯᠢ ᠶᠣᠰᠣᠭᠠᠷ ᠴᠢᠩᠭ᠎ᠠ ᠱᠢᠢᠳᠭᠡᠪᠡ᠃

ᠬᠢᠵᠢᠭ᠎ᠢ ᠰᠡᠷᠭᠡᠢᠯᠡᠬᠦ᠌ ᠡᠮᠬᠢ ᠵᠢᠷᠤᠮ ᠪᠠ ᠨᠡᠢᠭᠡᠮ᠎ᠤᠨ ᠶᠡᠭᠡ ᠲᠠᠯ᠎ᠠ᠎ᠶ᠋ᠢᠨ ᠲᠣᠭ᠍ᠲᠠᠭᠤᠨ ᠪᠠᠢᠳᠠᠯ᠎ᠢ ᠬᠠᠮᠠᠭᠠᠯᠠᠪᠠ᠃ ᠬᠠᠤᠯᠢ ᠶᠣᠰᠣᠭᠠᠷ ᠰᠡᠷᠭᠡᠢᠯᠡᠨ ᠬᠢᠵᠠᠭᠠᠷᠯᠠᠬᠤ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠬᠠᠤᠯᠢ ᠪᠠᠷᠢᠬᠤ ᠲᠦᠷᠦ᠎ᠶ᠋ᠢᠨ ᠪᠤᠳᠤᠯᠭ᠎ᠠ᠎ᠶ᠋ᠢ ᠨᠡᠢᠲᠡᠯᠡᠨ᠂ ᠬᠢᠵᠢᠭ᠎ᠲᠤ ᠬᠤᠯᠪᠣᠭ᠍ᠳᠠᠭ᠍ᠰᠠᠨ ᠶᠠᠯᠠᠲᠤ ᠠᠵᠢᠯᠯᠠᠭ᠎ᠠ᠎ᠶ᠋ᠢ ᠵᠠᠯᠬᠠᠭᠠᠨ ᠱᠢᠢᠳᠭᠡᠵᠦ᠍᠂ ᠬᠢᠵᠢᠭ᠎ᠲᠤ ᠬᠤᠯᠪᠣᠭ᠍ᠳᠠᠭ᠍ᠰᠠᠨ ᠵᠥᠷᠢᠴᠡᠯ᠎ᠢ ᠱᠢᠢᠳᠪᠦᠷᠢᠯᠡᠪᠠ᠃ ᠬᠢᠵᠢᠭ᠎ᠲᠤ ᠬᠤᠯᠪᠣᠭ᠍ᠳᠠᠭ᠍ᠰᠠᠨ 5474 ᠶᠠᠯᠠᠲᠤ ᠬᠡᠷᠡᠭ 6443 ᠬᠥᠮᠦᠨ᠎ᠢ ᠬᠠᠤᠯᠢ ᠶᠣᠰᠣᠭᠠᠷ ᠲᠦᠷᠭᠡᠨ ᠱᠢᠭᠦᠵᠤ ᠳᠠᠭᠤᠰᠭᠠᠨ᠂ ᠬᠢᠵᠢᠭ᠎ᠢ ᠰᠡᠷᠭᠡᠢᠯᠡᠬᠦ᠌ ᠠᠵᠢᠯᠲᠠᠨ᠎ᠢ ᠠᠯᠠᠭ᠍ᠰᠠᠨ ᠮᠠ ᠵᠢᠶᠠᠨ ᠭᠦᠸᠧ ᠵᠡᠷᠭᠡ ᠬᠥᠮᠦᠰ᠎ᠢ ᠬᠠᠤᠯᠢ ᠶᠣᠰᠣᠭᠠᠷ ᠠᠯᠠᠬᠤ ᠡᠷᠡᠭᠦᠦ᠎ᠪᠠᠷ ᠱᠢᠢᠳᠭᠡᠪᠡ᠃ ᠬᠢᠵᠢᠭ᠎ᠲᠤ ᠬᠤᠯᠪᠣᠭ᠍ᠳᠠᠭ᠍ᠰᠠᠨ 34 ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠨᠡᠢᠲᠡᠯᠡᠵᠦ᠍᠂ ᠬᠢᠯᠢ᠎ᠠᠴᠠ ᠭᠠᠷᠤᠭ᠍ᠰᠠᠨ ᠲᠡᠦᠬᠡ᠎ᠪᠠᠨ ᠨᠢᠭᠤᠨ ᠳᠠᠯᠳᠠᠯᠠᠵᠤ ᠣᠯᠠᠨ ᠬᠥᠮᠦᠨ᠎ᠢ ᠲᠤᠰᠠᠭᠠᠷᠯᠠᠭᠤᠯᠤᠭ᠍ᠰᠠᠨ᠂ ᠬᠤᠪᠸᠢ᠎ᠶ᠋ᠢ ᠲᠤᠰᠠᠯᠠᠭ᠍ᠰᠠᠨ ᠡᠮᠴᠢ ᠰᠤᠪᠢᠯᠠᠭ᠍ᠴᠢ᠎ᠶ᠋ᠢ ᠮᠡᠬᠡᠯᠡᠭ᠌ᠰᠡᠨ᠂ ᠨᠢᠭᠦᠯᠡᠰᠦᠩᠭᠦᠢ᠎ᠶ᠋ᠢᠨ ᠪᠠᠢᠭᠤᠯᠤᠮᠵᠢ᠎ᠪᠠᠷ ᠬᠠᠭᠤᠷᠮᠠᠭ᠍ᠯᠠᠵᠤ ᠵᠤᠭᠤᠰ ᠮᠦᠡᠭ᠌ᠭᠦ ᠪᠠ ᠡᠳ᠋ ᠪᠤᠳᠠᠰ ᠬᠠᠨᠳᠢᠪᠯᠠᠬᠤ᠎ᠶ᠋ᠢ ᠮᠡᠬᠡᠯᠡᠭ᠌ᠰᠡᠨ᠂ ᠪᠠᠷᠠᠭᠠᠨ᠎ᠤ ᠦᠨ᠎ᠡ᠎ᠶ᠋ᠢ ᠲᠦᠷᠬᠢᠭᠦᠯᠦᠨ ᠥᠰᠭᠡᠭ᠌ᠰᠡᠨ᠂ ᠴᠤᠤᠷᠬᠠᠯ ᠲᠠᠯᠪᠢᠵᠤ ᠴᠤᠤᠷᠬᠠᠯ ᠲᠠᠷᠬᠠᠭᠠᠬ᠍ᠰᠠᠨ ᠵᠡᠷᠭᠡ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠵᠦ᠍᠂ ᠬᠦᠴᠦᠲᠡᠶ ᠰᠦᠷᠳᠡᠭᠦᠯᠦᠯ᠎ᠢ ᠪᠤᠢ ᠪᠣᠯᠭᠠᠵᠤ᠂ ᠬᠢᠵᠢᠭ᠎ᠢ ᠪᠠᠢᠩᠭᠤ᠎ᠶ᠋ᠢᠨ ᠴᠢᠨᠠᠷᠲᠠᠢ ᠰᠡᠷᠭᠡᠢᠯᠡᠨ ᠬᠢᠵᠠᠭᠠᠷᠯᠠᠬᠤ ᠪᠠᠢᠳᠠᠯ ᠳᠣᠤᠷᠠᠬᠢ ᠠᠵᠤ ᠠᠬᠤᠶ ᠨᠡᠢᠭᠡᠮ᠎ᠤᠨ ᠡᠮᠬᠢ ᠵᠢᠷᠤᠮ᠎ᠢ ᠬᠠᠮᠠᠭᠠᠯᠠᠪᠠ᠃ ᠬᠢᠵᠢᠭ᠎ᠲᠤ ᠬᠤᠯᠪᠣᠭ᠍ᠳᠠᠭ᠍ᠰᠠᠨ ᠵᠥᠷᠢᠴᠡᠯ ᠵᠢᠭᠤᠷᠠᠯᠳᠤᠭᠠᠨ᠎ᠢ ᠲᠥᠪᠯᠡᠷᠡᠭᠦᠯᠦᠨ ᠳᠠᠷᠠᠭᠠᠯᠠᠨ ᠪᠠᠢᠴᠠᠭᠠᠵᠤ ᠱᠢᠢᠳᠪᠦᠷᠢᠯᠡᠬᠦ᠌ ᠲᠤᠰᠭᠠᠶ ᠠᠵᠢᠯᠯᠠᠭ᠎ᠠ᠎ᠶ᠋ᠢ ᠥᠷᠨᠢᠭᠦᠯᠪᠡ᠃ ᠬᠤᠪᠧᠶ᠎ᠶ᠋ᠢᠨ ᠱᠢᠭᠦᠬᠦ᠌ ᠬᠤᠷᠢᠶᠠᠨ᠎ᠤ ᠪᠦᠬᠦ᠌ ᠠᠵᠢᠯᠲᠠᠨ ᠬᠢᠵᠢᠭ᠎ᠢ ᠡᠰᠡᠷᠭᠦᠴᠡᠬᠦ᠌᠎ᠪᠠᠷ ᠦᠨᠳᠦᠰᠦᠨ ᠱᠠᠲᠤᠨ᠎ᠳᠤ ᠪᠠᠭᠤᠵᠤ᠂ ᠦᠬᠠᠨ᠎ᠤ ᠬᠠᠮᠠᠭᠠᠯᠠᠯᠲᠠ᠎ᠶ᠋ᠢᠨ ᠳᠠᠢᠨ᠂ ᠬᠤᠪᠧᠶ᠎ᠶ᠋ᠢᠨ ᠬᠠᠮᠠᠭᠠᠯᠠᠯᠲᠠ᠎ᠶ᠋ᠢᠨ ᠳᠠᠢᠨ᠎ᠤ ᠱᠢᠢᠳᠪᠦᠷᠢᠲᠦ ᠴᠢᠨᠠᠷᠲᠠᠶ ᠦᠷ᠎ᠡ ᠪᠦᠲᠦᠭᠡᠯ ᠤᠯᠬᠤ ᠪᠠ ᠬᠢᠵᠢᠭ᠎ᠤᠨ ᠳᠠᠷᠠᠭ᠎ᠠ ᠳᠠᠬᠢᠨ ᠰᠡᠷᠭᠦᠬᠡᠯᠲᠡ ᠬᠢᠬᠦ᠌᠎ᠳᠤ ᠢᠳᠡᠪᠬᠢᠲᠡᠶ ᠬᠤᠪᠢ ᠨᠡᠮᠡᠷᠢ᠎ᠪᠠᠨ ᠦᠵᠡᠭᠦᠯᠪᠡ᠃ ᠬᠢᠵᠢᠭ᠎ᠲᠤ ᠬᠤᠯᠪᠣᠭ᠍ᠳᠠᠭ᠍ᠰᠠᠨ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠷ᠎ᠠ᠎ᠪᠠᠷ᠎ᠢᠶᠠᠨ ᠵᠠᠭᠠᠯᠳᠤᠬ᠍ᠰᠠᠨ ᠡᠯ᠎ᠡ ᠵᠦᠢᠯ᠎ᠤᠨ ᠬᠡᠷᠡᠭ᠎ᠢ ᠬᠠᠤᠯᠢ ᠶᠣᠰᠣᠭᠠᠷ ᠲᠣᠬᠢᠲᠠᠶ ᠱᠢᠢᠳᠪᠦᠷᠢᠯᠡᠵᠦ᠍᠂ ᠬᠢᠵᠢᠭ᠎ᠢ ᠬᠠᠤᠯᠢ ᠶᠣᠰᠣᠭᠠᠷ ᠰᠡᠷᠭᠡᠢᠯᠡᠨ ᠬᠢᠵᠠᠭᠠᠷᠯᠠᠬᠤ ᠡᠮᠬᠢ ᠵᠢᠷᠤᠮ᠎ᠢ ᠡᠷᠡᠰ ᠬᠠᠮᠠᠭᠠᠯᠠᠨ᠂ ᠮᠠᠨ᠎ᠤ ᠤᠯᠤᠰ᠎ᠤᠨ ᠬᠠᠤᠯᠢ ᠪᠠᠷᠢᠬᠤ ᠡᠷᠬᠡ ᠮᠡᠳᠡᠯ ᠪᠠ ᠤᠯᠤᠰ᠎ᠤᠨ ᠨᠡᠷ᠎ᠡ ᠬᠦᠨᠳᠦ᠎ᠶ᠋ᠢ ᠡᠷᠡᠰ ᠬᠠᠮᠠᠭᠠᠯᠠᠪᠠ᠃ ᠬᠥᠮᠦᠨ ᠠᠯᠠᠭ᠍ᠰᠠᠨ᠂ ᠳᠡᠭᠡᠷᠡᠮᠳᠡᠭ᠌ᠰᠡᠨ᠂ ᠳᠡᠯᠪᠡᠴᠢᠭ᠌ᠰᠡᠨ᠂ ᠬᠤᠤᠷ ᠲᠠᠯᠪᠢᠭ᠍ᠰᠠᠨ ᠵᠡᠷᠭᠡ ᠬᠦᠨᠳᠦ ᠨᠣᠴᠢᠲᠠᠶ ᠬᠦᠴᠦᠷᠬᠡᠭ᠌ᠯᠡᠯ᠎ᠤᠨ ᠶᠠᠯᠠᠲᠤ ᠬᠡᠷᠡᠭ᠎ᠢ 4.7 ᠲᠦᠮᠡᠨ ᠬᠤᠪᠢ ᠱᠢᠭᠦᠵᠦ᠍ ᠳᠠᠭᠤᠰᠭᠠᠪᠠ᠃ ᠬᠤᠤᠷᠲᠤ ᠡᠳ᠋᠎ᠢ ᠴᠠᠭᠠᠵᠠᠯᠠᠬᠤ ᠲᠡᠮᠡᠴᠡᠯ᠎ᠢ ᠭᠦᠨᠵᠡᠭᠡᠶ ᠠᠬᠢᠭᠤᠯᠵᠤ᠂ ᠬᠤᠤᠷᠲᠤ ᠡᠳ᠋᠎ᠤᠨ ᠶᠠᠯᠠᠲᠤ ᠬᠡᠷᠡᠭ᠎ᠢ 6.8 ᠲᠦᠮᠡᠨ ᠬᠤᠪᠢ ᠱᠢᠭᠦᠵᠤ ᠳᠠᠭᠤᠰᠭᠠᠪᠠ᠃ ᠴᠠᠭ᠍ᠳᠠᠭ᠎ᠠ᠎ᠶ᠋ᠢ ᠳᠠᠭᠠᠷᠢᠭ᠍ᠰᠠᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠵᠦ᠍᠂ ᠬᠠᠤᠯᠢ᠎ᠪᠠᠷ ᠵᠠᠰᠠᠬᠤ ᠡᠷᠬᠡ ᠰᠦᠷ᠎ᠢ ᠬᠠᠮᠠᠭᠠᠯᠠᠪᠠ᠃

ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠶ ᠲᠡᠮᠡᠴᠡᠯ᠎ᠤᠨ ᠱᠢᠭᠦᠨ ᠲᠠᠰᠤᠯᠬᠤ ᠭᠦᠢᠴᠡᠳᠭᠡᠬᠦ᠌ ᠡᠭᠦᠷᠭᠡ᠎ᠶ᠋ᠢ ᠪᠡᠶᠡᠯᠡᠭᠦᠯᠪᠡ᠃ ᠲᠤᠰᠭᠠᠶ ᠲᠡᠮᠡᠴᠡᠯ᠎ᠠᠴᠠ ᠨᠠᠭᠠᠰᠢ᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠳᠤ ᠬᠤᠯᠪᠣᠭ᠍ᠳᠠᠭ᠍ᠰᠠᠨ 33053 ᠬᠡᠷᠡᠭ᠎ᠤᠨ 226495 ᠬᠥᠮᠦᠨ᠎ᠢ ᠱᠢᠭᠦᠨ ᠳᠠᠭᠤᠰᠭᠠᠵᠤ᠂ ᠬᠡᠷᠡᠭ ᠳᠠᠭᠤᠰᠭᠠᠭ᠍ᠰᠠᠨ ᠨᠣᠷᠮ᠎ᠠ᠎ᠨᠢ 99.4% ᠪᠤᠯᠵᠤ᠂ ᠬᠦᠨᠳᠦ ᠡᠷᠡᠭᠦᠦ᠎ᠶ᠋ᠢᠨ ᠨᠤᠷᠮ᠎ᠠ 34.5% ᠎ᠳᠤ ᠬᠦᠷᠴᠡᠶ᠃ ᠰᠦᠨ ᠱᠢᠶᠤᠤ ᠭᠦᠸᠧ᠂ ᠴᠧᠨ ᠬᠤᠢ ᠮᠢᠨ᠂ ᠱᠠᠩ ᠲᠦᠩ ᠵᠢᠶᠦ᠋ᠨ᠂ ᠬᠤᠸᠠᠩ ᠬᠤᠩ ᠹᠠ ᠵᠡᠷᠭᠡ ᠬᠠᠷ᠎ᠠ ᠪᠦᠯᠦᠭ᠌ᠲᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠲᠦᠷᠦᠭᠦᠴᠦᠳ᠎ᠢ ᠬᠠᠤᠯᠢ ᠶᠣᠰᠣᠭᠠᠷ ᠠᠯᠠᠬᠤ ᠡᠷᠡᠭᠦᠦ᠎ᠪᠠᠷ ᠱᠢᠢᠳᠭᠡᠵᠤ᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠳᠤ ᠬᠤᠯᠪᠣᠭ᠍ᠳᠠᠭ᠍ᠰᠠᠨ ᠨᠢᠭᠡ ᠪᠦᠯᠦᠭ ᠶᠠᠯᠠᠲᠤ ᠡᠲᠡᠭᠡᠳ᠎ᠢ ᠬᠠᠤᠯᠢ ᠴᠠᠭᠠᠵᠠ᠎ᠪᠠᠷ ᠴᠢᠩᠭ᠎ᠠ ᠱᠢᠢᠳᠭᠡᠪᠡ᠃ 《ᠡᠳ᠋᠎ᠢ᠎ᠨᠢ ᠬᠤᠷᠢᠶᠠᠵᠤ ᠵᠠᠮ᠎ᠢ᠎ᠨᠢ ᠳᠠᠰᠤᠯᠬᠤ᠂ ᠰᠤᠳᠠᠯ᠎ᠢ᠎ᠨᠢ ᠳᠠᠰᠤᠯᠵᠤ ᠴᠢᠰᠤ᠎ᠶ᠋ᠢ᠎ᠨᠢ ᠳᠠᠯᠪᠢᠬᠤ》 ᠎ᠶ᠋ᠢ ᠪᠠᠷᠢᠮᠲᠠᠯᠠᠵᠤ᠂ ᠬᠠᠤᠯᠢ ᠶᠣᠰᠣᠭᠠᠷ ᠡᠳ᠋ ᠬᠦᠷᠦᠩᠭᠡ᠎ᠶ᠋ᠢᠨ ᠡᠷᠡᠭᠦᠦ᠎ᠪᠠᠷ ᠱᠢᠢᠳᠭᠡᠬᠦ᠌᠎ᠶ᠋ᠢᠨ ᠬᠠᠮᠲᠤ ᠬᠠᠤᠯᠢ᠎ᠠᠴᠠ ᠵᠥᠷᠢᠴᠡᠵᠦ᠍ ᠣᠯᠤᠭ᠍ᠰᠠᠨ ᠣᠯᠵᠠ ᠠᠱᠢᠭ᠎ᠢ᠎ᠨᠢ ᠨᠡᠬᠡᠮᠵᠢᠯᠡᠨ ᠲᠤᠱᠢᠶᠠᠯᠭᠠᠵᠤ ᠬᠤᠷᠢᠶᠠᠨ ᠠᠪᠴᠤ᠌᠂ ᠪᠣᠳᠠᠲᠠᠶ ᠭᠦᠢᠴᠡᠳᠭᠡᠭ᠌ᠰᠡᠨ ᠵᠣᠭᠤᠰ᠎ᠤᠨ ᠲᠤᠭ᠎ᠠ 1373.7 ᠳ᠋ᠦᠩᠱᠢᠭᠤᠷ ᠲᠥᠭᠦᠷᠢᠭ᠎ᠲᠤ ᠬᠦᠷᠪᠡ᠃ ᠬᠠᠯᠬᠠᠪᠴᠢ᠎ᠶ᠋ᠢ᠎ᠨᠢ ᠠᠷᠢᠯᠭᠠᠵᠤ ᠬᠠᠷᠢᠴᠠᠭᠠᠨ᠎ᠤ ᠲᠤᠤᠷ᠎ᠢ᠎ᠨᠢ ᠡᠪᠳᠡᠬᠦ᠌᠎ᠶ᠋ᠢ ᠪᠠᠷᠢᠮᠲᠠᠯᠠᠵᠤ᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠤ ᠬᠠᠮᠠᠭᠠᠯᠠᠭ᠍ᠴᠢ ᠪᠤᠯᠬᠤ᠎ᠳᠤ ᠬᠤᠯᠪᠣᠭ᠍ᠳᠠᠭ᠍ᠰᠠᠨ ᠠᠯᠪᠠᠨ ᠲᠤᠱᠢᠶᠠᠯᠲᠠᠨ᠎ᠤ ᠶᠠᠯᠠᠲᠤ ᠬᠡᠷᠡᠭ᠎ᠢ 2668 ᠬᠤᠪᠢ᠎ᠶ᠋ᠢ ᠱᠢᠭᠦᠵᠤ ᠳᠠᠭᠤᠰᠭᠠᠪᠠ᠃ ᠦᠨᠡᠨ᠎ᠠᠴᠠ ᠵᠥᠪ᠎ᠢ ᠡᠷᠢᠬᠦ᠌᠎ᠶ᠋ᠢ ᠪᠠᠷᠢᠮᠲᠠᠯᠠᠵᠤ᠂ ᠬᠠᠤᠯᠢ᠎ᠶ᠋ᠢ ᠴᠢᠩᠭ᠎ᠠ ᠵᠢᠷᠤᠮᠯᠠᠨ ᠬᠡᠷᠡᠭ ᠱᠢᠢᠳᠪᠦᠷᠢᠯᠡᠵᠤ᠂ ᠬᠠᠤᠯᠢ ᠪᠠᠷᠢᠵᠤ ᠱᠢᠢᠳᠪᠦᠷᠢᠯᠡᠭ᠌ᠰᠡᠨ ᠬᠡᠷᠡᠭ ᠨᠢᠭᠡᠪᠦᠷᠢ᠎ᠶ᠋ᠢ ᠴᠥᠮ ᠬᠠᠤᠯᠢ ᠴᠠᠭᠠᠵᠠ ᠪᠠ ᠲᠡᠦᠬᠡ᠎ᠶ᠋ᠢᠨ ᠱᠢᠯᠭᠠᠯᠲᠠ᠎ᠶ᠋ᠢ ᠳᠠᠭᠠᠭᠠᠵᠤ ᠳᠡᠢᠯᠦᠭᠦᠯᠬᠦ᠌᠎ᠪᠠᠷ ᠴᠢᠷᠮᠠᠢᠪᠠ᠃ ᠭᠤᠷᠪᠠᠨ ᠵᠢᠯ᠎ᠤᠨ ᠲᠤᠰᠭᠠᠶ ᠲᠡᠮᠡᠴᠡᠯ᠎ᠢᠶᠠᠷ ᠳᠠᠮᠵᠢᠭᠠᠳ᠂ ᠨᠡᠢᠭᠡᠮ᠎ᠤᠨ ᠠᠮᠤᠷ ᠲᠦᠪᠱᠢᠨ ᠮᠡᠳᠡᠭ᠌ᠳᠡᠬᠦ᠋ᠢᠴᠡ ᠰᠠᠢᠵᠢᠷᠠᠵᠤ᠂ ᠠᠷᠠᠳ ᠤᠯᠠᠨ᠎ᠤ ᠠᠮᠤᠷ ᠲᠦᠪᠱᠢᠨ᠎ᠤ ᠲᠦᠷᠦᠭ᠌ᠳᠡᠯ ᠢᠯᠡᠳᠲᠡ ᠴᠢᠩᠭᠠᠷᠠᠪᠠ᠃

ᠠᠷᠠᠳ ᠤᠯᠠᠨ᠎ᠤ ᠦᠢᠯᠡᠳᠪᠦᠷᠢᠯᠡᠯ ᠠᠮᠢᠳᠤᠷᠠᠯ᠎ᠤᠨ ᠠᠮᠤᠷ ᠲᠦᠪᠱᠢᠨ᠎ᠢ ᠬᠠᠮᠠᠭᠠᠯᠠᠪᠠ᠃ ᠬᠦᠨᠳᠦ ᠶᠡᠭᠡ ᠬᠠᠷᠢᠭᠤᠴᠠᠯᠭ᠎ᠠ᠎ᠶ᠋ᠢᠨ ᠠᠳᠡᠯ᠂ ᠬᠦᠨᠳᠦ ᠶᠡᠭᠡ ᠬᠥᠳᠡᠯᠮᠦᠷᠢ᠎ᠶ᠋ᠢᠨ ᠠᠮᠤᠷ ᠲᠦᠪᠱᠢᠨ᠎ᠤ ᠠᠳᠡᠯ ᠵᠡᠷᠭᠡ ᠶᠠᠯᠠᠲᠤ ᠬᠡᠷᠡᠭ᠎ᠢ 2165 ᠬᠤᠪᠢ 3384 ᠬᠦᠮᠦᠨ᠎ᠢ ᠱᠢᠭᠦᠨ ᠳᠠᠭᠤᠰᠭᠠᠵᠤ᠂ ᠠᠶᠤᠯᠬᠦᠢ᠎ᠶ᠋ᠢᠨ ᠵᠥᠪᠱᠢᠶᠡᠷᠡᠯ᠎ᠤᠨ ᠦᠨᠡᠮᠯᠡᠯ ᠣᠯᠤᠭ᠍ᠰᠠᠨ ᠦᠭᠡᠢ᠎ᠪᠠᠷ ᠦᠢᠯᠡᠳᠪᠦᠷᠢᠯᠡᠯ ᠡᠵᠡᠩᠨᠡᠯᠲᠡ ᠬᠢᠭ᠌ᠰᠡᠨ᠂ ᠠᠳᠡᠯ᠎ᠤᠨ ᠳᠠᠯᠳᠠ ᠭᠡᠮ᠎ᠢ ᠣᠯᠵᠤ ᠮᠡᠳᠡᠭᠡᠳ ᠠᠷᠭ᠎ᠠ ᠬᠡᠮᠵᠢᠶ᠎ᠡ ᠠᠪᠤᠭ᠍ᠰᠠᠨ ᠦᠭᠡᠢ ᠵᠡᠷᠭᠡ ᠶᠠᠯᠠᠲᠤ ᠠᠵᠢᠯᠯᠠᠭ᠎ᠠ᠎ᠶ᠋ᠢ ᠬᠠᠤᠯᠢ ᠶᠣᠰᠣᠭᠠᠷ ᠴᠢᠩᠭ᠎ᠠ ᠱᠢᠢᠳᠭᠡᠵᠦ᠍᠂ ᠤᠯᠠᠨ ᠲᠦᠮᠡᠨ᠎ᠤ ᠦᠢᠯᠡᠳᠪᠦᠷᠢᠯᠡᠯ᠎ᠤᠨ ᠠᠮᠤᠷ ᠲᠦᠪᠱᠢᠨ᠎ᠢ ᠦᠨᠡᠨ ᠬᠦ᠌ ᠬᠠᠮᠠᠭᠠᠯᠠᠪᠠ᠃ ᠢᠳᠡᠭᠡᠨ᠎ᠤ ᠠᠮᠤᠷ ᠲᠦᠪᠱᠢᠨ᠎ᠤ ᠬᠠᠤᠯᠢ ᠪᠠᠷᠢᠬᠤ ᠲᠠᠢᠯᠪᠤᠷᠢᠯᠠᠯᠲᠠ᠎ᠶ᠋ᠢ ᠨᠡᠢᠲᠡᠯᠡᠵᠦ᠍᠂ ᠢᠳᠡᠭᠡᠨ᠎ᠤ 《ᠬᠠᠷ᠎ᠠ ᠦᠢᠯᠡᠳᠭᠡᠯ》 ᠎ᠤᠨ ᠦᠢᠯᠡᠳᠪᠦᠷᠢᠯᠡᠯ ᠡᠵᠡᠩᠨᠡᠯᠲᠡ᠎ᠶ᠋ᠢᠨ ᠬᠡᠯᠬᠢᠶ᠎ᠡ᠎ᠶ᠋ᠢ ᠲᠠᠰᠤᠯᠵᠤ᠂ ᠢᠳᠡᠭᠡᠨ᠎ᠤ ᠵᠦᠢᠯ ᠪᠠ ᠡᠮ᠎ᠤᠨ ᠵᠦᠢᠯ᠎ᠤᠨ ᠠᠮᠤᠷ ᠲᠦᠪᠱᠢᠨ᠎ᠳᠤ ᠬᠤᠣᠷ ᠬᠥᠨᠥᠭᠡᠯ ᠤᠴᠠᠷᠠᠭᠤᠯᠤᠭ᠍ᠰᠠᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠵᠦ᠍᠂ ᠣᠯᠠᠨ ᠲᠦᠮᠡᠨ᠎ᠤ ᠬᠡᠯᠡᠨ᠎ᠤ ᠦᠵᠦᠭᠦᠷ᠂ ᠵᠡᠭᠦᠦ᠎ᠶ᠋ᠢᠨ ᠦᠵᠦᠭᠦᠷ᠎ᠤᠨ ᠠᠮᠤᠷ ᠲᠦᠪᠱᠢᠨ᠎ᠢ ᠦᠨᠡᠨ ᠬᠦ᠌ ᠬᠠᠮᠠᠭᠠᠯᠠᠪᠠ᠃ ᠥᠨᠳᠥᠷ ᠳᠡᠬᠡᠷ᠎ᠡ᠎ᠠᠴᠠ ᠶᠠᠭᠤᠮ᠎ᠠ ᠬᠠᠶᠠᠬᠤ᠂ ᠰᠣᠬᠤᠷ ᠬᠤᠳᠳᠤᠭ᠎ᠤᠨ ᠠᠮᠠᠰᠠᠷ᠎ᠢ ᠬᠤᠯᠠᠭᠠᠢᠯᠠᠬᠤ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠵᠠᠯᠬᠠᠭᠠᠨ ᠱᠢᠢᠳᠭᠡᠬᠦ᠌ ᠡᠷᠴᠢᠮ᠎ᠢᠶᠠᠨ ᠴᠢᠩᠭᠠᠷᠠᠭᠤᠯᠵᠤ᠂ ᠶᠡᠷᠦᠩᠬᠡᠢᠯᠡᠨ ᠵᠠᠰᠠᠬᠤ᠎ᠶ᠋ᠢ ᠠᠬᠢᠭᠤᠯᠵᠤ᠂ ᠤᠯᠠᠨ ᠲᠦᠮᠡᠨ᠎ᠤ ᠲᠣᠯᠣᠭᠠᠶ  ᠳᠡᠭᠡᠷᠡᠬᠢ ᠪᠠ  ᠬᠦᠯ  ᠳᠣᠤᠷᠠᠬᠢ  ᠠᠮᠤᠷ ᠲᠦᠪᠱᠢᠨ᠎ᠢ ᠦᠨᠡᠨ ᠬᠦ᠌  ᠬᠠᠮᠠᠭᠠᠯᠠᠪᠠ᠃  ᠴᠢᠤᠸᠠᠨ  ᠵᠢᠶᠠᠨ᠎ᠤ ᠳᠠᠮᠵᠢᠭᠤᠯᠤᠨ ᠪᠣᠷᠣᠯᠠᠭᠤᠯᠤᠭ᠍ᠰᠠᠨ ᠬᠡᠷᠡᠭ ᠵᠡᠷᠭᠡ ᠣᠯᠠᠨ ᠬᠥᠮᠦᠨ᠎ᠳᠤ ᠬᠤᠯᠪᠣᠭ᠍ᠳᠠᠭ᠍ᠰᠠᠨ ᠠᠵᠤ ᠠᠬᠤᠢ᠎ᠶ᠋ᠢᠨ ᠶᠠᠯᠠᠲᠤ ᠬᠡᠷᠡᠭ᠎ᠢ 1.5 ᠲᠦᠮᠡᠨ ᠬᠤᠪᠢ ᠱᠢᠭᠦᠨ ᠳᠠᠭᠤᠰᠭᠠᠵᠤ᠂ 2.9 ᠲᠦᠮᠡᠨ ᠳ᠋ᠦᠩᠱᠢᠭᠤᠷ ᠲᠥᠭᠦᠷᠢᠭ᠎ᠤᠨ ᠪᠡᠯᠡ ᠮᠥᠩᠭᠦᠨ᠎ᠳᠤ ᠬᠤᠯᠪᠣᠭ᠍ᠳᠠᠵᠤ᠂ ᠴᠦᠷᠭᠡᠯᠡᠭᠡ ᠪᠠᠱᠢᠷ ᠵᠢᠭᠡᠯᠡᠯᠭᠡ᠂ ᠤᠷᠢᠳᠴᠢᠯᠠᠨ ᠲᠤᠱᠢᠶᠠᠬᠤ ᠬᠡᠷᠡᠭ᠌ᠯᠡᠭᠡᠨ᠎ᠤ ᠮᠡᠬᠡᠯᠡᠯ ᠵᠡᠷᠭᠡ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠵᠤ᠂ ᠣᠯᠠᠨ ᠲᠦᠮᠡᠨ᠎ᠤ ᠵᠣᠭᠤᠰᠣᠨ ᠤᠭᠤᠲᠠ᠎ᠶ᠋ᠢᠨ ᠠᠮᠤᠷ ᠲᠦᠪᠱᠢᠨ᠎ᠢ ᠦᠨᠡᠨ ᠬᠦ᠌ ᠬᠠᠮᠠᠭᠠᠯᠠᠪᠠ᠃ ᠰᠣᠭ᠍ᠲᠣᠭᠤ᠎ᠪᠠᠷ ᠮᠠᠱᠢᠨ ᠲᠡᠷᠭᠡ ᠵᠢᠯᠣᠭᠤᠳᠤᠭ᠍ᠰᠠᠨ ᠵᠡᠷᠭᠡ ᠠᠶᠤᠯᠲᠠᠶ᠎ᠪᠠᠷ ᠲᠡᠷᠭᠡ ᠵᠢᠯᠣᠭᠤᠳᠤᠭ᠍ᠰᠠᠨ ᠶᠠᠯᠠᠲᠤ ᠬᠡᠷᠡᠭ᠎ᠢ 28.9 ᠲᠦᠮᠡᠨ ᠬᠤᠪᠢ ᠱᠢᠭᠦᠨ ᠳᠠᠭᠤᠰᠭᠠᠵᠤ᠂ ᠠᠯᠪᠠ᠎ᠪᠠᠷ ᠬᠤᠷᠳᠤᠴᠠ ᠬᠡᠲᠦᠷᠡᠭᠦᠯᠦᠨ ᠲᠡᠷᠭᠡᠨ ᠳᠡᠪᠬᠢᠯᠳᠠ᠎ᠶ᠋ᠢ ᠬᠠᠷᠱᠢᠯᠠᠬ᠍ᠰᠠᠨ᠂ ᠬᠤᠷᠳᠤᠴᠠ ᠤᠷᠤᠯᠳᠤᠨ ᠲᠡᠷᠭᠡ᠎ᠪᠠᠨ ᠲᠦᠷᠭᠡᠨ ᠳᠠᠪᠬᠢᠭᠤᠯᠤᠭ᠍ᠰᠠᠨ ᠵᠡᠷᠭᠡ ᠶᠠᠯᠠᠲᠤ ᠠᠵᠢᠯᠯᠠᠭ᠎ᠠ᠎ᠶ᠋ᠢ ᠬᠠᠤᠯᠢ ᠶᠣᠰᠣᠭᠠᠷ ᠵᠠᠯᠬᠠᠭᠠᠨ ᠱᠢᠢᠳᠭᠡᠵᠦ᠍᠂ ᠤᠯᠠᠨ ᠲᠦᠮᠡᠨ᠎ᠤ ᠶᠠᠪᠤᠵᠤ ᠰᠠᠭᠤᠬᠤ ᠠᠮᠤᠷ ᠲᠦᠪᠱᠢᠨ᠎ᠢ ᠦᠨᠡᠨ ᠬᠦ᠌ ᠬᠠᠮᠠᠭᠠᠯᠠᠪᠠ᠃

ᠢᠯᠵᠠᠷᠠᠯ᠎ᠤᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠪᠡ᠃ ᠤᠯᠤᠰ᠎ᠤᠨ ᠬᠢᠨᠠᠨ ᠪᠠᠢᠴᠠᠭᠠᠬᠤ ᠵᠦᠪᠯᠡᠯ᠎ᠲᠠᠢ ᠬᠠᠮᠵᠢᠯᠴᠠᠨ ᠬᠢᠨᠠᠨ ᠪᠠᠢᠴᠠᠭᠠᠬᠤ ᠪᠠ ᠡᠷᠡᠭᠦᠦ᠎ᠶ᠋ᠢᠨ ᠬᠡᠷᠡᠭ᠎ᠤᠨ ᠬᠠᠦᠯᠢ ᠪᠠᠷᠢᠬᠤ᠎ᠶ᠋ᠢ ᠵᠣᠯᠭᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠪᠡ᠃ ᠱᠠᠮᠱᠢᠵᠤ ᠬᠡᠭᠡᠯᠢ ᠢᠳᠡᠵᠦ᠍ ᠬᠠᠭ᠍ᠤᠦᠯᠢ ᠲᠦᠯᠬᠢᠭ᠌ᠰᠡᠨ᠂ ᠲᠤᠱᠢᠶᠠᠯ᠎ᠢᠶᠠᠨ ᠭᠤᠲᠤᠭᠠᠭ᠍ᠰᠠᠨ ᠵᠡᠷᠭᠡ ᠬᠡᠷᠡᠭ᠎ᠢ 2.2 ᠲᠦᠮᠡᠨ ᠬᠤᠪᠢ 2.6 ᠲᠦᠮᠡᠨ ᠬᠥᠮᠦᠨ᠎ᠢ ᠱᠢᠭᠦᠨ ᠳᠠᠭᠤᠰᠭᠠᠪᠠ᠂ ᠡᠭᠦᠨ᠎ᠳᠤ ᠵᠠᠭᠠᠯᠳᠤᠭ᠍ᠳᠠᠭ᠍ᠴᠢ᠎ᠨᠢ ᠤᠤᠯ᠎ᠤᠨ ᠲᠥᠪ᠎ᠠᠴᠠ ᠬᠠᠮᠢᠶᠠᠷᠴᠤ᠌ ᠪᠠᠢᠭ᠍ᠰᠠᠨ ᠺᠠᠳ᠋ᠷ ᠪᠤᠯᠬᠤ 12 ᠬᠥᠮᠦᠨ ᠪᠠᠢᠵᠤ᠂ ᠵᠣᠣ ᠵᠧᠩ ᠶᠦᠩ᠎ᠢ ᠠᠯᠠᠬᠤ ᠡᠷᠡᠭᠦᠦ᠎ᠶ᠋ᠢ ᠬᠤᠢᠱᠢᠯᠠᠭᠤᠯᠵᠤ᠂ ᠨᠠᠰᠤᠨ ᠲᠤᠷᠰᠢ᠎ᠳᠤᠨᠢ ᠬᠤᠷᠢᠬᠤ᠎ᠪᠠᠷ ᠱᠢᠢᠳᠭᠡᠵᠤ᠂ ᠯᠠᠶ ᠱᠢᠶᠤᠤ ᠮᠢᠨ᠎ᠢ ᠠᠯᠠᠬᠤ ᠡᠷᠡᠭᠦᠦ᠎ᠪᠠᠷ ᠱᠢᠢᠳᠭᠡᠵᠦ᠍ ᠭᠦᠢᠴᠡᠳᠭᠡᠭ᠌ᠰᠡᠨ᠎ᠨᠢ ᠨᠠᠮ᠎ᠤᠨ ᠲᠥᠪ ᠬᠤᠷᠢᠶᠠᠨ᠎ᠤ ᠢᠯᠵᠠᠷᠠᠯ᠎ᠢ ᠵᠠᠯᠬᠠᠭᠠᠨ ᠱᠢᠢᠳᠭᠡᠬᠦ᠌ ᠡᠷᠡᠰ ᠵᠣᠷᠢᠭ᠎ᠢ ᠭᠦᠢᠴᠡᠳ ᠢᠯᠡᠷᠡᠭᠦᠯᠪᠡ᠃ ᠭᠠᠳᠠᠭᠠᠳᠤ᠎ᠳᠤ ᠳᠤᠳᠠᠭᠠᠭ᠍ᠰᠠᠨ ᠣᠷᠭᠤᠳᠠᠭᠤᠯ ᠬᠡᠷᠡᠭ᠌ᠲᠡᠨ᠎ᠢ ᠨᠡᠬᠡᠮᠵᠢᠯᠡᠬᠦ᠌ ᠪᠤᠵᠠᠷ ᠵᠣᠭᠤᠰ ᠪᠤᠵᠠᠷ ᠡᠳ᠋᠎ᠢ ᠨᠡᠬᠡᠮᠵᠢᠯᠡᠬᠦ᠌ ᠢᠯᠵᠠᠷᠠᠯ᠎ᠢ ᠡᠰᠡᠷᠭᠦᠴᠡᠬᠦ᠌ ᠤᠯᠠᠨ ᠤᠯᠤᠰ᠎ᠤᠨ ᠠᠵᠢᠯ᠎ᠳᠤ ᠢᠳᠡᠪᠬᠢᠲᠡᠢ ᠬᠠᠮᠵᠢᠯᠴᠠᠵᠤ᠂ ᠣᠷᠭᠤᠳᠠᠭᠤᠯ ᠬᠡᠷᠡᠭ᠌ᠲᠡᠨ᠎ᠢ ᠨᠡᠬᠡᠮᠵᠢᠯᠡᠬᠦ᠌ ᠪᠤᠵᠠᠷ ᠵᠤᠭᠤᠰ ᠪᠤᠵᠠᠷ ᠡᠳ᠋᠎ᠢ ᠨᠡᠬᠡᠮᠵᠢᠯᠡᠬᠦ᠂ ᠬᠠᠤᠯᠢ᠎ᠠᠴᠠ ᠵᠥᠷᠢᠴᠡᠵᠦ᠍ ᠣᠯᠤᠭ᠍ᠰᠠᠨ ᠣᠯᠵᠠ ᠠᠱᠢᠭ᠎ᠢ᠎ᠨᠢ ᠬᠤᠷᠢᠶᠠᠨ ᠠᠪᠬᠤ ᠵᠡᠷᠭᠡ 316 ᠬᠡᠷᠡᠭ᠎ᠢ ᠱᠢᠭᠦᠵᠦ᠍᠂ 《ᠨᠡᠬᠡᠮᠵᠢᠯᠡᠨ ᠪᠠᠷᠢᠪᠴᠢᠯᠠᠬᠤ ᠤᠯᠠᠭᠠᠨ ᠵᠠᠷᠯᠠᠯ᠎ᠳᠠᠬᠢ ᠬᠦᠮᠦᠨ》 ᠎ᠤ ᠨᠢᠭᠡ᠎ᠨᠢ ᠪᠤᠯᠬᠤ ᠶᠤᠤ᠎ᠶ᠋ᠢᠨ ᠴᠢ ᠵᠡᠷᠭᠡ 164 ᠬᠥᠮᠦᠨ᠎ᠤ ᠬᠠᠤᠯᠢ᠎ᠠᠴᠠ ᠵᠥᠷᠢᠴᠡᠵᠦ᠍ ᠣᠯᠤᠭ᠍ᠰᠠᠨ 11.5 ᠳ᠋ᠦᠡᠭ᠌ᠰᠢᠭᠤᠷ ᠲᠦᠬᠦᠷᠢᠭ ᠪᠠ ᠤᠯᠠᠨ ᠤᠯᠤᠰ᠎ᠲᠤ ᠪᠠᠢᠭ᠎ᠠ ᠦᠯᠦ᠍ ᠬᠦᠳᠡᠯᠬᠦ᠌ ᠬᠦᠷᠦᠩᠬᠡ᠎ᠶ᠋ᠢ᠎ᠨᠢ ᠬᠤᠷᠢᠶᠠᠨ ᠠᠪᠬᠤ  ᠲᠣᠭ᠍ᠲᠠᠭᠠᠯᠲᠠ  ᠭᠠᠷᠭᠠᠵᠤ᠂ ᠢᠯᠵᠠᠷᠠᠮᠠᠯ ᠡᠲᠡᠭᠡᠳ᠎ᠢ ᠨᠢᠭᠤᠬᠤ ᠭᠠᠵᠠᠷ ᠦᠭᠡᠢ᠂  ᠬᠠᠤᠯᠢ ᠎ᠠᠴᠠ ᠵᠥᠷᠢᠴᠡᠵᠦ᠍ ᠣᠯᠤᠭ᠍ᠰᠠᠨ ᠣᠯᠵᠠ ᠠᠱᠢᠭ᠎ᠢ᠎ᠨᠢ ᠨᠢᠭᠤᠬᠤ ᠭᠠᠵᠠᠷ ᠦᠭᠡᠢ ᠪᠣᠯᠭᠠᠪᠠ᠃

ᠰᠦᠯᠵᠢᠶᠡᠨ᠎ᠤ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠪᠡ᠃ ᠴᠠᠬᠢᠯᠭᠠᠨ ᠬᠤᠯᠪᠣᠭ᠎ᠠ ᠰᠦᠯᠵᠢᠶᠡᠨ᠎ᠤ ᠮᠡᠬᠡᠯᠡᠯ᠂ ᠰᠦᠯᠵᠢᠶ᠎ᠡ᠎ᠪᠠᠷ ᠳᠠᠮᠵᠢᠭᠤᠯᠤᠨ ᠪᠣᠷᠣᠯᠠᠭᠤᠯᠬᠤ᠂ ᠰᠦᠯᠵᠢᠶ᠎ᠡ᠎ᠪᠠᠷ ᠵᠣᠭᠤᠰ ᠨᠠᠭᠠᠳᠭᠤ᠂ ᠰᠦᠯᠵᠢᠶᠡᠨ᠎ᠤ ᠬᠠᠺᠧᠷ᠂ ᠰᠦᠯᠵᠢᠶᠡᠨ᠎ᠤ ᠴᠤᠤᠷᠬᠠᠯ ᠵᠡᠷᠭᠡ ᠶᠠᠯᠠᠲᠤ ᠬᠡᠷᠡᠭ᠎ᠢ 3.3 ᠲᠦᠮᠡᠨ ᠬᠤᠪᠢ ᠱᠢᠭᠦᠵᠦ᠍ ᠳᠠᠭᠤᠰᠭᠠᠪᠠ᠃ ᠴᠧᠨ ᠸᠧᠨ ᠱᠢᠶᠦ᠋ᠩ᠎ᠤᠨ ᠬᠢᠯᠢ ᠠᠯᠤᠰᠯᠠᠭ᠍ᠰᠠᠨ ᠴᠠᠬᠢᠯᠭᠠᠨ ᠬᠤᠯᠪᠣᠭᠠᠨ᠎ᠤ ᠣᠨᠴᠠ ᠶᠡᠭᠡ ᠮᠡᠬᠡᠯᠡᠯ᠂ ᠸᠠᠩ ᠠᠶ᠎ᠶ᠋ᠢᠨ ᠪᠤᠰᠤᠳ᠎ᠤᠨ ᠨᠡᠢᠭᠡᠮ᠎ᠤᠨ ᠬᠠᠷᠢᠯᠴᠠᠭᠠᠨ᠎ᠤ ᠲᠠᠪᠴᠠᠩ᠎ᠤᠨ ᠳᠠᠩᠰᠠᠨ ᠳ᠋ᠤᠭᠠᠷ᠎ᠢ ᠬᠤᠳᠠᠯᠳᠤᠭᠠᠯᠠᠬ᠍ᠰᠠᠨ ᠵᠡᠷᠭᠡ ᠬᠡᠷᠡᠭ᠎ᠢ ᠬᠠᠤᠯᠢ ᠶᠣᠰᠣᠭᠠᠷ ᠱᠢᠭᠦᠵᠦ᠍᠂ ᠠᠷᠠᠳ ᠢᠷᠭᠡᠨ᠎ᠤ ᠡᠳ᠋ ᠬᠦᠷᠦᠩᠭᠡ ᠪᠠ ᠬᠤᠪᠢ ᠬᠥᠮᠦᠨ᠎ᠤ ᠮᠡᠳᠡᠭᠡ ᠵᠠᠩᠭᠢ᠎ᠳᠤ ᠬᠠᠯᠳᠠᠭ᠍ᠰᠠᠨ ᠶᠠᠯᠠᠲᠤ ᠬᠡᠷᠡᠭ᠎ᠢ ᠴᠢᠩᠭ᠎ᠠ ᠱᠢᠢᠳᠭᠡᠪᠡ᠃ ᠰᠦᠯᠵᠢᠶᠡᠨ᠎ᠤ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠡᠭᠦᠷᠭᠡ᠎ᠪᠠᠨ ᠭᠦᠢᠴᠡᠳᠭᠡᠬᠦ᠌᠎ᠶ᠋ᠢ ᠲᠡᠪᠴᠢᠭ᠌ᠰᠡᠨ᠂ ᠮᠡᠳᠡᠭᠡ ᠵᠠᠩᠭᠢ᠎ᠶ᠋ᠢᠨ ᠰᠦᠯᠵᠢᠶᠡᠨ᠎ᠤ ᠶᠠᠯᠠᠲᠤ ᠠᠵᠢᠯᠯᠠᠭ᠎ᠠ᠎ᠳᠤ ᠬᠠᠪᠰᠤᠷᠤᠯᠭ᠎ᠠ ᠦᠵᠡᠭᠦᠯᠦᠭ᠌ᠰᠡᠨ᠎ᠢ ᠴᠥᠮ ᠬᠠᠤᠯᠢ ᠶᠣᠰᠣᠭᠠᠷ ᠵᠠᠯᠬᠠᠭᠠᠨ ᠱᠢᠢᠳᠭᠡᠪᠡ᠃ ᠺᠣᠮᠫᠢᠦ᠋ᠲ᠋ᠧᠷ᠎ᠤᠨ ᠨᠢᠭᠡ ᠪᠦᠯᠦᠭ ᠰᠦᠯᠵᠢᠶᠡᠨ᠎ᠤ ᠬᠠᠷ᠎ᠠ ᠰᠠᠭᠠᠷᠠᠯ ᠠᠵᠤ ᠦᠢᠯᠡᠰ᠎ᠤᠨ ᠬᠡᠯᠬᠢᠶ᠎ᠠ᠎ᠶ᠋ᠢᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠨ᠂ ᠰᠦᠯᠵᠢᠶᠡᠨ᠎ᠤ ᠣᠷᠣᠨ ᠵᠠᠶ᠎ᠶ᠋ᠢ ᠶᠠᠭᠠᠬᠢᠭ᠍ᠰᠠᠨ ᠴᠤ᠌ ᠬᠠᠤᠯᠢ᠎ᠶ᠋ᠢᠨ ᠭᠠᠳᠠᠨᠠᠬᠢ ᠶᠢᠷᠲᠢᠨᠴᠦ᠍ ᠪᠣᠯᠭᠠᠬᠤ ᠦᠭᠡᠢ᠃

ᠶᠠᠯᠠᠲᠤ ᠠᠵᠢᠯᠯᠠᠭ᠎ᠠ᠎ᠶ᠋ᠢ ᠵᠠᠯᠬᠠᠭᠠᠨ ᠱᠢᠢᠳᠭᠡᠬᠦ᠌᠎ᠶ᠋ᠢ ᠬᠥᠮᠦᠨ᠎ᠤ ᠡᠷᠬᠡ᠎ᠶ᠋ᠢ ᠪᠠᠲᠤᠯᠠᠬᠤ᠎ᠯᠤᠭ᠎ᠠ ᠨᠢᠬᠡᠳᠦᠬᠦᠯᠬᠦ᠌᠎ᠶ᠋ᠢ ᠪᠠᠷᠢᠮᠲᠠᠯᠠᠪᠠ᠃ ᠡᠷᠡᠭᠦᠦ᠎ᠶ᠋ᠢᠨ ᠵᠠᠷᠭᠤ᠎ᠶ᠋ᠢᠨ ᠬᠠᠤᠯᠢ᠎ᠶ᠋ᠢᠨ ᠬᠠᠤᠯᠢ ᠪᠠᠷᠢᠬᠤ ᠲᠠᠢᠯᠪᠤᠷᠢᠯᠠᠯᠲᠠ᠎ᠶ᠋ᠢ ᠲᠣᠭ᠍ᠲᠠᠭᠠᠵᠤ᠂ ᠱᠢᠭᠦᠬᠦ᠌ ᠵᠢᠷᠤᠮ᠎ᠢ ᠨᠠᠷᠢᠯᠢᠬ᠍ᠵᠢᠭᠤᠯᠤᠨ᠂ ᠵᠠᠷᠭᠤᠯᠳᠤᠬᠤ ᠡᠷᠬᠡ᠎ᠶ᠋ᠢ ᠪᠠᠲᠤᠯᠠᠵᠤ᠂ ᠶᠠᠯ᠎ᠠ ᠦᠭᠡᠢ ᠬᠥᠮᠦᠨ᠎ᠤ ᠡᠷᠡᠭᠦᠦ᠎ᠶ᠋ᠢᠨ ᠬᠡᠷᠡᠭ᠎ᠢᠶᠠᠷ ᠨᠡᠬᠡᠮᠵᠢᠯᠡᠭ᠌ᠳᠡᠬᠦ᠌ ᠦᠭᠡᠢ ᠪᠠᠢᠬᠤ᠂ ᠶᠠᠯ᠎ᠠ᠎ᠲᠠᠢ ᠬᠥᠮᠦᠨ᠎ᠤ ᠲᠥᠪ ᠭᠤᠤᠯᠴᠢ᠎ᠪᠠᠷ ᠶᠠᠯᠠᠯᠠᠨ ᠱᠢᠢᠳᠭᠡᠭ᠌ᠳᠡᠬᠦ᠌᠎ᠶ᠋ᠢ ᠦᠨᠡᠨ ᠬᠦ᠌ ᠪᠠᠲᠤᠯᠠᠪᠠ᠃ ᠶᠠᠯ᠎ᠠ ᠪᠠ ᠡᠷᠡᠬᠦᠦ᠎ᠶ᠋ᠢ ᠬᠠᠤᠯᠢ᠎ᠪᠠᠷ ᠲᠤᠭ᠍ᠳᠠᠭᠠᠬᠤ᠂ ᠬᠢᠭ᠌ᠰᠡᠨ᠎ᠢᠶᠠᠷ ᠰᠡᠵᠢᠭ᠌ᠯᠡᠭ᠌ᠳᠡᠭ᠌ᠰᠡᠨ᠎ᠢ ᠶᠠᠯ᠎ᠠ ᠦᠯᠦ᠍ ᠬᠢᠭ᠌ᠰᠡᠨ᠎ᠢᠶᠠᠷ ᠪᠤᠳᠤᠬᠤ᠂ ᠭᠡᠷᠡᠴᠢ ᠪᠠᠷᠢᠮᠲᠠ᠎ᠪᠠᠷ ᠲᠠᠰᠤᠯᠤᠨ ᠲᠣᠭ᠍ᠲᠠᠭᠠᠯᠭᠠᠬᠤ᠎ᠶ᠋ᠢ ᠪᠠᠷᠢᠮᠲᠠᠯᠠᠵᠤ᠂ ᠠᠯᠪᠠᠨ ᠵᠠᠭᠠᠯᠳᠤᠯᠭ᠎ᠠ᠎ᠶ᠋ᠢᠨ ᠬᠡᠷᠡᠭ᠎ᠤᠨ 656 ᠵᠠᠭᠠᠯᠳᠤᠭ᠍ᠳᠠᠭ᠍ᠴᠢ ᠪᠠ  ᠦᠪᠡᠷ᠎ᠲᠡᠭᠡᠨ ᠵᠠᠭᠠᠯᠳᠤᠭ᠍ᠰᠠᠨ ᠬᠡᠷᠡᠭ᠎ᠤᠨ 384 ᠵᠠᠭᠠᠯᠳᠤᠭ᠍ᠳᠠᠭ᠍ᠴᠢ᠎ᠶ᠋ᠢ ᠶᠠᠯ᠎ᠠ ᠦᠭᠡᠢ᠎ᠪᠠᠷ ᠬᠠᠤᠯᠢ ᠶᠣᠰᠣᠭᠠᠷ ᠵᠠᠷᠯᠠᠪᠠ᠃ ᠦᠨᠡᠨ᠎ᠠᠴᠠ ᠵᠥᠪ᠎ᠢ ᠡᠷᠢᠬᠦ᠂ ᠪᠤᠷᠤᠭᠤ ᠪᠠᠢᠪᠠᠯ ᠵᠠᠪᠠᠯ ᠵᠠᠯᠠᠷᠠᠭᠤᠯᠬᠤ᠎ᠶ᠋ᠢ ᠪᠠᠷᠢᠮᠲᠠᠯᠠᠵᠤ᠂ ᠱᠢᠭᠦᠨ ᠲᠠᠰᠤᠯᠤᠯᠲᠠ᠎ᠳᠤ ᠬᠢᠨᠠᠯᠲᠠ ᠲᠠᠯᠪᠢᠬᠤ ᠵᠢᠷᠤᠮ ᠶᠣᠰᠣᠭᠠᠷ 1818 ᠡᠷᠡᠭᠦᠦ᠎ᠶ᠋ᠢᠨ ᠬᠡᠷᠡᠭ᠎ᠢ ᠳᠠᠬᠢᠨ ᠱᠢᠭᠦᠵᠦ᠍ ᠥᠭᠡᠷᠡᠴᠢᠯᠡᠨ ᠲᠠᠰᠤᠯᠵᠤ᠂ ᠵᠢᠶᠠᠩᠰᠢ᠂ ᠶᠦᠨᠨᠠᠨ᠎ᠤ ᠱᠢᠭᠦᠬᠦ᠌ ᠬᠤᠷᠢᠶ᠎ᠠ ᠳᠤᠰ ᠳᠤᠰ ᠵᠠᠩ ᠢᠤᠢ ᠬᠤᠸᠠᠨ᠂ ᠾᠧ ᠱᠢᠤᠸᠠᠢ ᠭᠤᠸᠠᠩ᠎ᠢ ᠶᠠᠯ᠎ᠠ ᠦᠭᠡᠢ᠎ᠪᠠᠷ ᠳᠠᠬᠢᠨ ᠱᠢᠭᠦᠵᠦ᠍ ᠥᠭᠡᠷᠡᠴᠢᠯᠡᠨ ᠲᠠᠰᠤᠯᠪᠠ᠃ ᠤᠯᠤᠰ᠎ᠤᠨ ᠲᠥᠯᠥᠪᠦᠷᠢ᠎ᠶ᠋ᠢᠨ ᠬᠡᠷᠡᠭ᠎ᠢ 1.8 ᠲᠦᠮᠡᠨ ᠬᠤᠪᠢ ᠱᠢᠭᠦᠨ ᠳᠠᠭᠤᠰᠭᠠᠵᠤ᠂ ᠬᠠᠤᠯᠢ ᠴᠠᠭᠠᠵᠠ᠎ᠶ᠋ᠢᠨ ᠲᠦᠯᠦᠪᠦᠷᠢ᠎ᠶ᠋ᠢᠨ ᠭᠡᠷᠡᠭ 4172 ᠬᠤᠪᠢ᠂ ᠲᠦᠯᠦᠪᠦᠷᠢ᠎ᠶ᠋ᠢᠨ ᠮᠦᠡᠭ᠌ᠭᠦ᠎ᠶ᠋ᠢ 2.7 ᠳ᠋ᠦᠡᠭ᠌ᠰᠢᠭᠤᠷ ᠲᠦᠬᠦᠷᠢᠭ᠎ᠢᠶᠠᠷ ᠲᠤᠭ᠍ᠲᠠᠭᠠᠵᠤ᠂ ᠲᠥᠯᠥᠪᠦᠷᠢ᠎ᠶ᠋ᠢᠨ ᠭᠤᠶᠤᠴᠢᠯᠠᠭ᠍ᠴᠢ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠪᠠ᠃ ᠬᠥᠩᠭᠡᠪᠲᠦᠷ ᠶᠠᠯ᠎ᠠ ᠬᠢᠭ᠌ᠰᠡᠨ 41.4 ᠲᠦᠮᠡᠨ ᠵᠠᠭᠠᠯᠳᠤᠭ᠍ᠳᠠᠭ᠍ᠴᠢ᠎ᠳᠤ ᠦᠯᠦ᠍ ᠬᠤᠷᠢᠬᠤ ᠡᠷᠡᠭᠦᠦ᠎ᠶ᠋ᠢ ᠲᠤᠬᠢᠷᠠᠭᠤᠯᠤᠨ ᠬᠡᠷᠡᠭ᠌ᠯᠡᠵᠦ᠍᠂ 1.2 ᠲᠦᠮᠡᠨ ᠬᠥᠮᠦᠨ᠎ᠢ ᠡᠷᠡᠭᠦᠦ᠎ᠶ᠋ᠢᠨ ᠱᠢᠢᠳᠭᠡᠯ᠎ᠠᠴᠠ ᠬᠡᠯᠲᠦᠷᠢᠭᠦᠯᠪᠡ᠃ ᠬᠠᠤᠯᠢ ᠪᠠᠷᠢᠬᠤ ᠶᠠᠮᠤᠨ᠎ᠲᠠᠢ ᠬᠠᠮᠲᠤᠷᠠᠨ ᠡᠷᠡᠭᠦᠦ᠎ᠶ᠋ᠢᠨ ᠬᠡᠷᠡᠭ᠎ᠤᠨ ᠬᠠᠤᠯᠢᠴᠢ᠎ᠶ᠋ᠢᠨ ᠥᠮᠥᠭ᠌ᠯᠡᠬᠦ᠌᠎ᠶ᠋ᠢ ᠨᠡᠢᠳᠡᠮ ᠬᠠᠮᠤᠷᠤᠭᠤᠯᠬᠤ᠎ᠶ᠋ᠢ ᠠᠬᠢᠭᠤᠯᠵᠤ᠂ ᠥᠮᠥᠭ᠌ᠯᠡᠬᠦ᠌ ᠬᠠᠤᠯᠢᠴᠢ᠎ᠶ᠋ᠢ 12.2 ᠲᠦᠮᠡᠨ ᠬᠥᠮᠦᠨ ᠤᠳᠠᠭ᠎ᠠ ᠵᠢᠭᠠᠵᠤ ᠲᠣᠭ᠍ᠲᠠᠭᠠᠪᠠ᠃ ᠡᠷᠡᠭᠦᠦ᠎ᠶ᠋ᠢᠨ ᠵᠠᠷᠭᠤ᠎ᠶ᠋ᠢᠨ ᠬᠠᠤᠯᠢ᠎ᠶ᠋ᠢᠨ ᠬᠠᠤᠯᠢ ᠪᠠᠷᠢᠬᠤ ᠲᠠᠢᠯᠪᠤᠷᠢᠯᠠᠯᠲᠠ᠎ᠳᠤ ᠬᠠᠤᠯᠢᠴᠢ ᠱᠢᠭᠦᠨ ᠠᠰᠠᠭᠤᠬ᠍ᠰᠠᠨ ᠳᠠᠭᠤᠨ ᠱᠢᠩᠭᠡᠭᠡᠯᠲᠡ ᠳᠦᠷᠰᠦ ᠱᠢᠩᠭᠡᠭᠡᠯᠲᠡ᠎ᠶ᠋ᠢ ᠭᠡᠷᠡᠴᠢ ᠪᠠᠷᠢᠮᠲᠠ ᠪᠣᠯᠭᠠᠨ ᠪᠠᠢᠴᠠᠭᠠᠨ ᠦᠵᠡᠵᠦ᠍ ᠪᠣᠯᠬᠤ᠎ᠶ᠋ᠢ ᠲᠣᠳᠣᠷᠬᠠᠶ ᠪᠤᠯᠭᠠᠵᠤ᠂ ᠬᠠᠤᠯᠢᠴᠢ᠎ᠶ᠋ᠢᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠤ ᠭᠦᠢᠴᠡᠳ ᠪᠠᠲᠤᠯᠠᠭ᠎ᠠ ᠬᠠᠩᠭᠠᠪᠠ᠃

ᠬᠤᠶᠠᠷ᠂ ᠴᠢᠨᠠᠷ ᠰᠠᠢᠲᠠᠢ ᠬᠥᠭ᠌ᠵᠢᠯᠲᠡ᠎ᠳᠤ ᠢᠳᠡᠪᠬᠢᠳᠠᠢ ᠦᠢᠯᠡᠴᠢᠯᠡᠪᠡ

ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠡᠷᠡᠰ ᠭᠤᠢᠪᠢᠰᠢ ᠦᠭᠡᠢ ᠲᠤᠭᠤᠱᠢᠯᠠᠭᠤᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠬᠦ᠌ ᠬᠠᠷᠠᠯᠲᠠ ᠡᠭᠦᠷᠭᠡ᠎ᠲᠠᠢ ᠨᠢᠭ᠍ᠲᠠ ᠤᠶᠠᠯᠳᠤᠭᠤᠯᠤᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠨᠢᠭᠡᠳᠦᠭᠡᠷ ᠱᠢᠭᠦᠯᠲᠡ᠎ᠶ᠋ᠢᠨ ᠢᠷᠭᠡᠨ᠎ᠤ ᠪᠠ ᠬᠤᠳᠠᠯᠳᠤᠭᠠᠨ᠎ᠤ ᠶᠠᠪᠤᠳᠠᠯ᠎ᠤᠨ ᠬᠡᠷᠡᠭ᠎ᠢ 1330.6 ᠲᠦᠮᠡᠨ ᠬᠤᠪᠢ᠂ ᠵᠠᠰᠠᠭ ᠵᠠᠬᠢᠷᠭᠠᠨ᠎ᠤ ᠬᠡᠷᠡᠭ᠎ᠢ 26.6 ᠲᠦᠮᠡᠨ ᠬᠤᠪᠢ ᠱᠢᠭᠦᠨ ᠳᠠᠭᠤᠰᠭᠠᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠢᠳᠡᠪᠬᠢᠲᠡᠶ ᠦᠢᠯᠡᠴᠢᠯᠡᠪᠡ᠃

《ᠵᠢᠷᠭᠤᠭ᠎ᠠ᠎ᠶ᠋ᠢ ᠲᠣᠭ᠍ᠲᠠᠭᠤᠨ ᠪᠠᠢᠯᠭᠠᠬᠤ》 《ᠵᠢᠷᠭᠤᠭ᠎ᠠ᠎ᠶ᠋ᠢ ᠪᠠᠲᠤᠯᠠᠬᠤ》 ᠎ᠳᠤ ᠨᠠᠷᠢᠯᠢᠭ ᠣᠨᠣᠴᠠᠲᠠᠢ ᠦᠢᠯᠡᠴᠢᠯᠡᠪᠡ᠃ ᠬᠠᠤᠯᠢ ᠪᠠᠷᠢᠬᠤ᠎ᠪᠠᠷ ᠬᠥᠭ᠌ᠵᠢᠯᠲᠡ᠎ᠶ᠋ᠢ ᠠᠬᠢᠭᠤᠯᠬᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠢᠵᠢᠭ᠎ᠲᠤ ᠬᠤᠯᠪᠣᠭ᠍ᠳᠠᠭ᠍ᠰᠠᠨ ᠢᠷᠭᠡᠨ᠎ᠤ ᠪᠠ ᠬᠤᠳᠠᠯᠳᠤᠭᠠᠨ᠎ᠤ ᠶᠠᠪᠤᠳᠠᠯ᠎ᠤᠨ ᠬᠡᠷᠡᠭ᠂ ᠭᠠᠳᠠᠭᠠᠳᠤ᠎ᠲᠠᠢ ᠬᠤᠯᠪᠣᠭ᠍ᠳᠠᠭ᠍ᠰᠠᠨ ᠬᠤᠳᠠᠯᠳᠤᠭᠠᠨ᠎ᠤ ᠶᠠᠪᠤᠳᠠᠯ ᠪᠠ ᠳᠠᠯᠠᠢ᠎ᠶ᠋ᠢᠨ ᠶᠠᠪᠤᠳᠠᠯ᠂ ᠭᠦᠢᠴᠡᠳᠭᠡᠬᠦ᠌ ᠬᠡᠷᠡᠭ᠎ᠢ ᠱᠢᠭᠦᠬᠦ᠌ ᠵᠡᠷᠭᠡ 4 ᠰᠠᠨᠠᠯ᠎ᠢ ᠴᠠᠭ ᠲᠤᠬᠠᠶ᠎ᠳᠤᠨᠢ ᠨᠡᠢᠲᠡᠯᠡᠵᠦ᠍᠂ ᠡᠯ᠎ᠡ ᠱᠠᠲᠤᠨ᠎ᠤ ᠱᠢᠭᠦᠬᠦ᠌ ᠬᠤᠷᠢᠶ᠎ᠠ᠎ᠶ᠋ᠢ ᠵᠢᠯᠣᠭᠤᠳᠤᠨ ᠬᠢᠵᠢᠭ᠎ᠤᠨ ᠪᠠᠢᠳᠠᠯ᠎ᠠᠴᠠ ᠪᠣᠯᠤᠭ᠍ᠰᠠᠨ ᠵᠠᠷᠭᠤ᠎ᠶ᠋ᠢᠨ ᠠᠰᠠᠭᠤᠳᠠᠯ᠎ᠢ ᠲᠣᠬᠢᠲᠠᠶ ᠠᠷᠭᠠᠴᠠᠭᠠᠪᠠ᠃ ᠬᠢᠵᠢᠭ᠎ᠢ ᠰᠡᠷᠭᠡᠢᠯᠡᠬᠦ᠌ ᠡᠳ᠋ ᠪᠣᠳᠠᠰ ᠦᠢᠯᠡᠳᠪᠦᠷᠢᠯᠡᠬᠦ᠌ 1386 ᠠᠵᠤ ᠠᠬᠤᠢᠯᠠᠯ᠎ᠤᠨ ᠡᠳ᠋ ᠬᠥᠷᠥᠩᠭᠡ᠎ᠶ᠋ᠢ᠎ᠨᠢ ᠬᠠᠮᠠᠭᠠᠯᠠᠨ ᠬᠠᠳᠠᠭᠠᠯᠠᠬᠤ ᠠᠷᠭ᠎ᠠ ᠬᠡᠮᠵᠢᠶ᠎ᠡ᠎ᠶ᠋ᠢ ᠲᠦᠷ ᠬᠤᠪᠢᠷᠠᠭᠤᠯᠵᠤ᠂ ᠦᠢᠯᠡᠳᠪᠦᠷᠢᠯᠡᠯ᠎ᠢᠶᠠᠨ ᠥᠷᠭᠡᠳᠭᠡᠵᠦ᠍ ᠬᠢᠵᠢᠭ᠎ᠢ ᠡᠰᠡᠷᠭᠦᠴᠡᠬᠦ᠌᠎ᠶ᠋ᠢ ᠳᠡᠮᠵᠢᠪᠡ᠃ ᠴᠢᠩᠳᠣᠤ᠎ᠶ᠋ᠢᠨ ᠱᠢᠭᠦᠬᠦ᠌ ᠬᠤᠷᠢᠶ᠎ᠠ 4 ᠴᠠᠭ᠎ᠤᠨ ᠳᠣᠲᠣᠷ᠎ᠠ ᠭᠡᠷᠡᠴᠢᠯᠡᠭᠡ ᠰᠣᠨᠣᠰᠭᠤ᠎ᠶ᠋ᠢ ᠵᠣᠬᠢᠶᠠᠨ ᠪᠠᠢᠭᠤᠯᠵᠤ ᠪᠡᠶᠡᠯᠡᠭᠦᠯᠦᠭ᠌ᠰᠡᠨ ᠪᠥᠭᠡᠳ ᠴᠡᠪᠳᠡᠭ᠌ᠰᠢᠭᠦᠯᠦᠭ᠌ᠰᠡᠨ ᠪᠡᠯᠡ ᠮᠥᠩᠭᠦ᠎ᠶ᠋ᠢ ᠲᠠᠢᠯᠬᠤ ᠲᠣᠭ᠍ᠲᠠᠭᠠᠯᠲᠠ ᠭᠠᠷᠭᠠᠵᠤ᠂ ᠵᠠᠭᠠᠯᠳᠤᠭ᠍ᠳᠠᠭ᠍ᠰᠠᠨ ᠠᠮᠢᠰᠭᠤᠯ᠎ᠤᠨ ᠮᠠᠱᠢᠨ᠎ᠤ ᠠᠵᠤ ᠠᠬᠤᠢᠯᠠᠯ᠎ᠢ ᠦᠳᠲᠡᠷ ᠲᠦᠷᠭᠡᠨ ᠠᠱᠢᠭ᠍ᠯᠠᠯᠲᠠ᠎ᠳᠤ ᠣᠷᠣᠭᠤᠯᠵᠤ ᠠᠵᠢᠯᠯᠠᠭᠤᠯᠪᠠ᠃ ᠰᠦᠵᠧᠦ᠂ ᠸᠧᠢ ᠬᠠᠢ᠂ ᠱᠢᠨ ᠱᠢᠶᠠᠩ ᠵᠡᠷᠭᠡ ᠱᠢᠭᠦᠬᠦ᠌ ᠬᠤᠷᠢᠶ᠎ᠠ ᠳᠠᠮᠫᠤᠷᠠᠯ᠎ᠤᠨ ᠱᠠᠲᠤᠨ᠎ᠳᠤ ᠪᠠᠢᠭ᠎ᠠ ᠠᠵᠤ ᠠᠬᠤᠢᠯᠠᠯ᠎ᠤᠨ ᠦᠢᠯᠡᠳᠪᠦᠷᠢᠯᠡᠯ᠎ᠢᠶᠠᠨ ᠰᠡᠷᠭᠦᠭᠡᠬᠦ᠌᠎ᠶ᠋ᠢ ᠪᠠᠴᠢᠮ ᠵᠥᠪᠱᠢᠶᠡᠷᠡᠵᠦ᠍᠂ ᠬᠤᠪᠣᠷ ᠴᠤᠬᠠᠭ ᠡᠮᠨᠡᠯᠭᠡ᠎ᠶ᠋ᠢᠨ ᠡᠳ᠋ ᠪᠣᠳᠠᠰ᠎ᠤᠨ ᠬᠠᠩᠭᠠᠯᠭ᠎ᠠ᠎ᠶ᠋ᠢ ᠦᠨᠡᠨ ᠬᠦ᠌ ᠪᠠᠲᠤᠯᠠᠪᠠ᠃ ᠬᠢᠵᠢᠭ᠎ᠤᠨ ᠪᠠᠢᠳᠠᠯ᠎ᠤᠨ ᠨᠥᠯᠥᠭᠡᠨ᠎ᠠᠴᠠ ᠪᠤᠯᠤᠭ᠍ᠰᠠᠨ ᠭᠡᠷ᠎ᠡ ᠭᠦᠢᠴᠡᠳᠭᠡᠬᠦ᠌᠎ᠳᠤ ᠬᠦᠴᠢᠷᠲᠡᠢ ᠪᠠᠢᠬᠤ ᠠᠰᠠᠭᠤᠳᠠᠯ᠎ᠳᠤ ᠴᠢᠭ᠌ᠯᠡᠭᠦᠯᠵᠤ᠂ ᠡᠰᠡᠷᠭᠦᠴᠡᠭ᠌ᠳᠡᠰᠢ ᠦᠭᠡᠶ ᠬᠦᠴᠦᠨ ᠵᠡᠷᠭᠡ ᠳᠦᠷᠢᠮ᠎ᠢ ᠬᠠᠤᠯᠢ ᠶᠣᠰᠣᠭᠠᠷ ᠣᠨᠣᠪᠴᠢᠲᠠᠶ ᠲᠤᠬᠢᠷᠠᠭᠤᠯᠤᠨ ᠬᠡᠷᠡᠭ᠌ᠯᠡᠵᠦ᠍᠂ ᠭᠡᠷ᠎ᠡ ᠵᠥᠷᠢᠴᠡᠭ᠌ᠰᠡᠨ᠂ ᠠᠵᠤ ᠠᠬᠤᠢᠯᠠᠯ᠎ᠤᠨ ᠦᠭ᠌ᠴᠡᠭᠡ᠂ ᠭᠡᠷ ᠪᠠᠢᠱᠢᠩ᠎ᠤᠨ ᠲᠦᠷᠢᠶᠡᠰᠦᠯᠡᠯ ᠵᠡᠷᠭᠡ ᠬᠤᠯᠪᠣᠭ᠍ᠳᠠᠯ ᠪᠦᠬᠦᠢ ᠬᠡᠷᠡᠭ᠎ᠢ 4.3 ᠲᠦᠮᠡᠨ ᠬᠤᠪᠢ ᠲᠣᠬᠢᠲᠠᠶ ᠱᠢᠭᠦᠵᠤ᠂ ᠪᠡᠬᠡᠵᠢᠩ᠂ ᠱᠠᠩᠬᠠᠢ᠂ ᠬᠦᠢᠵᠸᠦ᠂ ᠶᠦᠨᠨᠠᠨ᠂ ᠱᠢᠨᠵᠢᠶᠠᠩ ᠵᠡᠷᠬᠡ ᠱᠢᠬᠦᠬᠦ᠌ ᠬᠤᠷᠢᠶ᠎ᠠ ᠠᠵᠤ ᠠᠬᠤᠢ᠍ᠢᠯᠠᠯ ᠠᠷᠠᠳ᠎ᠲᠤ ᠠᠱᠢᠬ ᠬᠦᠷᠳᠡᠬᠡᠬᠦ᠌ ᠲᠦᠷᠦ᠎ᠶ᠋ᠢᠨ ᠪᠤᠳᠤᠯᠭ᠎ᠠ᠎ᠶ᠋ᠢ ᠨᠡᠢᠳᠠᠪᠤᠷᠢᠵᠢᠭᠤᠯᠵᠤ᠂ ᠠᠷᠭ᠎ᠠ ᠪᠦᠬᠦᠨ᠎ᠢ ᠰᠦᠪᠡᠭ᠌ᠴᠢᠯᠡᠵᠤ ᠪᠠᠢᠭᠠᠳ ᠠᠵᠤ ᠠᠬᠤᠢᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠢᠯᠠᠯ᠎ᠢ ᠬᠠᠪᠰᠤᠷᠤᠨ ᠬᠦᠴᠢᠷᠳᠡᠯ᠎ᠢ᠎ᠨᠢ ᠢᠯᠠᠨ ᠳᠠᠪᠠᠭᠤᠯᠵᠤ᠂ ᠵᠠᠬ᠎ᠠ ᠳᠡᠯᠬᠡᠬᠦᠷ᠎ᠤᠨ ᠪᠡᠶᠡᠴᠢ ᠴᠤᠬ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠬᠠᠮᠠᠭᠠᠯᠠᠨ ᠬᠦᠭ᠌ᠵᠢᠬᠡᠪᠡ᠃ ᠡᠯ᠎ᠠ ᠱᠠᠳᠤᠨ᠎ᠤ ᠱᠢᠬᠦᠬᠦ᠌ ᠬᠤᠷᠢᠶ᠎ᠠ 2.5 ᠲᠦᠮᠡᠨ ᠠᠵᠤ ᠠᠬᠤᠢᠯᠠᠯ᠎ᠳᠤ ᠠᠯᠪᠠᠳᠠᠨ ᠭᠦᠢᠴᠡᠳᠭᠡᠭᠦᠯᠬᠦ᠌ ᠠᠷᠭ᠎ᠠ ᠬᠡᠮᠵᠢᠶ᠎ᠡ᠎ᠶ᠋ᠢ ᠲᠦᠷ ᠴᠠᠭ ᠬᠤᠢᠱᠢᠯᠠᠭᠤᠯᠵᠤ᠂ 18.1 ᠲᠦᠮᠡᠨ ᠢᠷᠭᠡᠨ᠎ᠤ ᠪᠠ ᠬᠤᠳᠠᠯᠳᠤᠭᠠᠨ᠎ᠤ ᠶᠠᠪᠤᠳᠠᠯ᠎ᠤᠨ ᠬᠡᠷᠡᠭ᠎ᠤᠨ ᠳᠤᠮᠳᠠ 《ᠠᠮᠢᠳᠤᠯᠢᠭ᠎ᠢᠶᠠᠷ ᠪᠢᠲᠡᠭᠦᠮᠵᠢᠯᠡᠬᠦ᠌》 ᠵᠡᠷᠭᠡ ᠠᠷᠭ᠎ᠠ ᠬᠡᠮᠵᠢᠶ᠎ᠡ ᠠᠪᠴᠤ᠌᠂ ᠠᠵᠤ ᠠᠬᠤᠢᠯᠠᠯ᠎ᠳᠤ 1631 ᠳ᠋ᠦᠩᠱᠢᠭᠤᠷ ᠲᠥᠭᠦᠷᠢᠭ᠎ᠤᠨ ᠪᠡᠯᠡ ᠮᠥᠩᠭᠦ᠌᠂ 869 ᠲᠦᠮᠡᠨ ᠮᠦ᠍ ᠭᠠᠵᠠᠷ᠂ 3271 ᠲᠦᠮᠡᠨ ᠲᠡᠭ᠌ᠰᠢ ᠳᠥᠷᠪᠡᠯᠵᠢᠨ ᠮᠧᠲᠷ ᠦᠢᠯᠡᠳᠪᠦᠷᠢ᠎ᠶ᠋ᠢᠨ ᠭᠡᠷ ᠪᠠᠢᠱᠢᠩ᠎ᠢ ᠰᠤᠯᠠᠯᠠᠨ ᠭᠠᠷᠭᠠᠵᠤ᠂ 3.6 ᠲᠦᠮᠡᠨ ᠠᠵᠤ ᠠᠬᠤᠢᠯᠠᠯ᠎ᠢ ᠬᠠᠪᠰᠤᠷᠤᠨ ᠲᠡᠳᠬᠦᠵᠦ᠍ ᠠᠵᠢᠯ ᠦᠢᠯᠡᠳᠪᠦᠷᠢᠯᠡᠯ᠎ᠢ᠎ᠨᠢ ᠰᠡᠷᠭᠦᠭᠡᠯᠭᠡᠪᠡ᠃ ᠬᠢᠵᠢᠭ᠎ᠲᠤ ᠬᠤᠯᠪᠣᠭ᠍ᠳᠠᠭ᠍ᠰᠠᠨ ᠠᠵᠢᠯ ᠣᠯᠭᠤᠯᠲᠠ᠎ᠶ᠋ᠢᠨ ᠭᠠᠳᠠᠭᠤᠷᠴᠢᠯᠠᠯ᠎ᠤᠨ ᠠᠵᠢᠯᠯᠠᠭ᠎ᠠ᠎ᠶ᠋ᠢ ᠡᠷᠡᠰ ᠵᠠᠯᠠᠷᠠᠭᠤᠯᠵᠤ᠂ ᠬᠥᠳᠡᠯᠮᠦᠷᠢᠴᠢᠨ᠎ᠢ ᠱᠢᠨ᠎ᠡ ᠲᠢᠲᠢᠮᠯᠢᠭ ᠡᠪᠡᠳᠴᠢᠨ᠎ᠤ ᠸᠢᠷᠦ᠋ᠰ᠎ᠲᠤ ᠬᠠᠯᠳᠠᠪᠤᠷᠢᠯᠠᠭ᠍ᠳᠠᠵᠤ ᠦᠡᠭ᠌ᠬᠡᠷᠡᠭ᠌ᠰᠡᠨ᠂ ᠬᠢᠵᠢᠭ᠎ᠤᠨ ᠬᠦᠨᠳᠦ ᠨᠣᠴᠢᠲᠠᠶ  ᠣᠷᠣᠨ᠎ᠠᠴᠠ ᠢᠷᠡᠭ᠌ᠰᠡᠨ ᠭᠡᠳᠡᠭ᠎ᠢᠶᠠᠷ ᠯᠡ ᠱᠢᠯᠲᠠᠭ ᠪᠤᠯᠭᠠᠵᠤ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ᠎ᠨᠢ ᠬᠠᠤᠯᠢ ᠪᠤᠰᠤ᠎ᠪᠠᠷ ᠬᠦᠴᠦᠨ ᠦᠭᠡᠢ ᠪᠣᠯᠭᠠᠬᠤ᠎ᠶ᠋ᠢ  ᠴᠢᠩᠭ᠎ᠠ ᠴᠠᠭᠠᠵᠠᠯᠠᠵᠤ᠂ ᠬᠠᠮᠳᠤ᠎ᠪᠠᠷ ᠡᠳ᠋ᠯᠡᠬᠦ᠌ ᠠᠵᠢᠯᠲᠠᠨ ᠠᠵᠢᠯᠴᠢᠨ᠂ ᠰᠦᠯᠵᠢᠶᠡᠨ᠎ᠤ ᠰᠤᠯᠠ ᠠᠵᠢᠯ ᠬᠢᠭ᠌ᠰᠡᠳ ᠮᠡᠳᠦ᠎ᠶ᠋ᠢᠨ ᠠᠮᠢᠳᠤᠯᠢᠭ ᠠᠵᠢᠯ ᠣᠯᠭᠤᠬᠤ᠎ᠶ᠋ᠢ ᠬᠠᠤᠯᠢ ᠶᠣᠰᠣᠭᠠᠷ ᠳᠡᠮᠵᠢᠬᠦ᠌  ᠪᠦᠬᠡᠳ  ᠵᠢᠷᠤᠮᠵᠢᠭᠤᠯᠵᠤ᠂ ᠬᠢᠵᠢᠭ᠎ᠤᠨ ᠳᠠᠭᠠᠷᠢᠯᠲᠠ  ᠳᠣᠤᠷ᠎ᠠ  ᠣᠯᠠᠨ  ᠲᠦᠮᠡᠨ᠎ᠤ ᠠᠵᠢᠯ  ᠤᠯᠬᠤ ᠎ᠳᠤ  ᠬᠠᠤᠯᠢ ᠴᠠᠭᠠᠵᠠ᠎ᠶ᠋ᠢᠨ ᠪᠠᠲᠤᠯᠠᠭ᠎ᠠ ᠣᠯᠭᠤᠪᠠ᠃

ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠪᠡ᠃ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ  ᠵᠦᠪᠯᠡᠯ᠎ᠲᠠᠢ ᠬᠠᠮᠲᠤᠷᠠᠨ ᠰᠠᠨᠠᠯ ᠨᠡᠢᠲᠡᠯᠡᠵᠦ᠍᠂ ᠱᠢᠨ᠎ᠡ ᠴᠠᠭ ᠦᠶ᠎ᠡ᠎ᠳᠤ ᠦᠢᠯᠡᠴᠢᠯᠡᠨ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ᠎ᠶ᠋ᠢᠨ ᠪᠠᠢᠭᠤᠯᠤᠯ᠎ᠢ ᠲᠦᠷᠭᠡᠯᠡᠨ ᠲᠡᠭᠦᠯᠳᠡᠷᠵᠢᠭᠦᠯᠪᠡ᠃ ᠥᠮᠴᠢᠯᠡᠬᠦ᠌ ᠡᠷᠬᠡ᠎ᠶ᠋ᠢᠨ ᠬᠠᠤᠯᠢ ᠪᠠᠷᠢᠯᠳᠠ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠵᠤ᠂ ᠥᠮᠴᠢᠯᠡᠬᠦ᠌ ᠡᠷᠬᠡ᠎ᠶ᠋ᠢᠨ 56 ᠬᠦᠮᠦᠨ᠎ᠳᠤ ᠬᠤᠯᠪᠣᠭ᠍ᠳᠠᠭ᠍ᠰᠠᠨ 34 ᠬᠤᠪᠢ ᠬᠢᠯᠢᠰ ᠪᠤᠷᠤᠭᠤ ᠡᠷᠡᠭᠦᠦ᠎ᠶ᠋ᠢᠨ ᠬᠡᠷᠡᠭ᠎ᠢ ᠬᠠᠤᠯᠢ ᠶᠣᠰᠣᠭᠠᠷ ᠵᠠᠯᠠᠷᠠᠭᠤᠯᠪᠠ᠃ ᠲᠣᠭ᠍ᠲᠠᠪᠤᠷᠢᠲᠠᠢ ᠪᠦᠭᠡᠳ ᠭᠤᠤᠯᠴᠢ ᠢᠯᠡ ᠲᠣᠳᠣ᠂ ᠵᠢᠱ᠌ᠢᠵᠦ᠍ ᠪᠣᠯᠬᠤᠢᠴᠠ ᠬᠠᠤᠯᠢ᠎ᠪᠠᠷ ᠵᠠᠰᠠᠬᠤ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠬᠦᠴᠦᠯᠡᠨ ᠪᠤᠢ ᠪᠣᠯᠭᠠᠵᠤ᠂ ᠭᠦᠢᠴᠡᠳᠭᠡᠬᠦ᠌ ᠭᠡᠷ᠎ᠡ᠂ ᠬᠠᠤᠯᠢ ᠪᠠᠷᠢᠬᠤ ᠵᠢᠷᠤᠮ᠎ᠤᠨ ᠴᠢᠨᠠᠷ ᠴᠢᠨᠰᠠᠭ᠎ᠠ ᠵᠡᠷᠭᠡ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠤᠨ ᠦᠨᠡᠯᠡᠨ ᠵᠢᠱ᠌ᠢᠯᠳᠠ᠎ᠶ᠋ᠢᠨ ᠭᠦᠢᠴᠡᠳᠭᠡᠯ ᠲᠤᠭ᠎ᠠ᠎ᠶ᠋ᠢᠨ ᠦᠷᠭᠦᠯᠵᠢᠯᠡᠨ ᠲᠡᠷᠢᠭᠦᠨ᠎ᠳᠤ ᠪᠠᠢᠬᠤ᠎ᠶ᠋ᠢ᠎ᠨᠢ ᠪᠠᠲᠤᠯᠠᠪᠠ᠃ ᠵᠠᠰᠠᠭ ᠵᠠᠬᠢᠷᠭᠠᠨ᠎ᠤ ᠵᠥᠪᠱᠢᠶᠡᠷᠡᠯ᠂ ᠵᠠᠰᠠᠭ ᠵᠠᠬᠢᠷᠭᠠᠨ᠎ᠤ ᠬᠡᠯᠡᠯᠴᠡᠭᠡᠷ ᠵᠡᠷᠭᠡ᠎ᠳᠤ ᠬᠤᠯᠪᠣᠭ᠍ᠳᠠᠭ᠍ᠰᠠᠨ ᠬᠡᠷᠡᠭ᠎ᠢ ᠲᠣᠬᠢᠲᠠᠶ ᠱᠢᠭᠦᠵᠦ᠍᠂ ᠪᠡᠯᠡ ᠣᠷᠣᠭᠤᠯᠵᠤ ᠦᠢᠯᠡᠰ ᠴᠤᠭ᠍ᠴᠠᠯᠠᠬᠤ ᠵᠥᠭᠡᠯᠡᠨ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌᠎ᠶ᠋ᠢ ᠠᠬᠢᠭᠤᠯᠪᠠ᠃ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠥᠭᠡᠷᠡᠴᠢᠯᠡᠯᠲᠡ᠎ᠳᠤ ᠬᠤᠯᠪᠣᠭ᠍ᠳᠠᠭ᠍ᠰᠠᠨ ᠬᠡᠷᠡᠭ᠎ᠢ ᠬᠠᠤᠯᠢ ᠶᠣᠰᠣᠭᠠᠷ ᠲᠣᠬᠢᠲᠠᠶ ᠱᠢᠭᠦᠵᠤ᠂ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠥᠭᠡᠷᠡᠴᠢᠯᠡᠯᠲᠡ ᠪᠣᠯᠤᠨ ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠎ᠶ᠋ᠢᠨ ᠠᠯᠳᠠᠭ᠍ᠳᠠᠯ᠎ᠢ ᠣᠨᠣᠪᠴᠢᠲᠠᠶ ᠢᠯᠭᠠᠵᠤ᠂ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠬᠠᠤᠯᠢ᠎ᠶ᠋ᠢᠨ ᠬᠦᠮᠦᠨ᠎ᠤ ᠵᠠᠰᠠᠬᠤ ᠪᠦᠲᠦᠴᠡ᠎ᠶ᠋ᠢ ᠲᠡᠭᠦᠯᠳᠡᠷᠵᠢᠭᠦᠯᠬᠦ᠌᠎ᠶ᠋ᠢ ᠠᠬᠢᠭᠤᠯᠵᠤ᠂ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠳᠤ ᠪᠠᠲᠤᠯᠠᠭ᠎ᠠ ᠬᠠᠩᠭᠠᠪᠠ᠃ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ ᠴᠥᠮ ᠡᠷᠬᠡ ᠲᠡᠭ᠌ᠰᠢ ᠪᠠᠢᠬᠤ᠎ᠶ᠋ᠢ ᠪᠠᠷᠢᠮᠲᠠᠯᠠᠵᠤ᠂ ᠵᠦᠶ ᠶᠣᠰᠣᠨ᠎ᠤ ᠪᠠᠯᠠ ᠲᠣᠬᠢᠷᠠᠭᠤᠯᠭ᠎ᠠ ᠬᠢᠭᠡᠳ ᠬᠠᠤᠯᠢ ᠪᠤᠰᠤ ᠪᠠᠯᠠ ᠴᠤᠭ᠍ᠯᠠᠭᠤᠯᠭ᠎ᠠ᠂ ᠭᠡᠷ᠎ᠡ᠎ᠶ᠋ᠢᠨ ᠵᠢᠭᠤᠷᠠᠯᠳᠤᠭᠠᠨ ᠬᠢᠭᠡᠳ ᠭᠡᠷ᠎ᠡ᠎ᠶ᠋ᠢᠨ ᠮᠡᠬᠡᠯᠡᠯ᠂ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠨᠡᠢᠯᠡᠭᠦᠯᠦᠨ ᠳᠠᠬᠢᠨ ᠵᠣᠬᠢᠶᠠᠨ ᠪᠠᠢᠭᠤᠯᠬᠤ᠎ᠳᠤ ᠣᠷᠣᠯᠴᠠᠬᠤ ᠪᠠ ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠎ᠶ᠋ᠢ ᠮᠠᠭᠤ ᠰᠠᠨᠠᠭ᠎ᠠ᠎ᠪᠠᠷ ᠡᠵᠡᠯᠡᠨ ᠠᠪᠬᠤ ᠵᠡᠷᠭᠡ ᠵᠠᠭᠠᠭ ᠬᠢᠵᠠᠭᠠᠷ᠎ᠢ ᠴᠢᠩᠭ᠎ᠠ ᠢᠯᠭᠠᠵᠤ᠂ ᠠᠵᠤ ᠠᠬᠤᠶ᠎ᠶ᠋ᠢᠨ ᠵᠢᠭᠤᠷᠠᠯᠳᠤᠭᠠᠨ᠎ᠢ ᠡᠷᠡᠭᠦᠦ᠎ᠶ᠋ᠢᠨ ᠶᠠᠯᠠᠲᠤ ᠠᠵᠢᠯᠯᠠᠭ᠎ᠠ ᠪᠣᠯᠭᠠᠨ ᠮᠠᠭᠠᠳᠯᠠᠨ ᠲᠣᠭ᠍ᠲᠠᠭᠠᠬᠤ᠎ᠶ᠋ᠢ ᠡᠷᠡᠰ ᠰᠡᠷᠭᠡᠢᠯᠡᠪᠡ᠃ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠴᠢᠳ᠎ᠤᠨ ᠬᠤᠯᠪᠣᠭ᠎ᠠ᠎ᠲᠠᠢ ᠬᠠᠷᠢᠯᠴᠠᠬᠤ ᠲᠣᠭ᠍ᠲᠠᠴᠠ᠎ᠶ᠋ᠢ ᠪᠠᠢᠭᠤᠯᠵᠤ᠂ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠡᠷᠬᠡ᠎ᠪᠠᠨ ᠬᠠᠮᠠᠭᠠᠯᠠᠬᠤ ᠠᠷᠭ᠎ᠠ ᠵᠠᠮ᠎ᠢ ᠰᠠᠭᠠᠳ ᠦᠭᠡᠢ ᠨᠡᠪᠲᠡᠷᠡᠭᠦᠯᠵᠦ᠍᠂ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ ᠪᠠ ᠠᠵᠤ ᠠᠬᠤᠢᠯᠠᠯᠲᠠᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠬᠠᠮᠠᠭᠠᠯᠠᠪᠠ᠃

ᠦᠨᠡᠨᠴᠢ ᠢᠲᠡᠭᠡᠮᠵᠢᠲᠡᠶ ᠪᠠᠢᠬᠤ᠎ᠶ᠋ᠢ ᠬᠠᠮᠠᠭᠠᠯᠠᠪᠠ᠃ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ ᠪᠣᠯ ᠢᠲᠡᠭᠡᠮᠵᠢ᠎ᠶ᠋ᠢᠨ ᠠᠵᠤ ᠠᠬᠤᠶ᠂ ᠬᠠᠤᠯᠢ᠎ᠪᠠᠷ ᠵᠠᠰᠠᠬᠤ ᠠᠵᠤ ᠠᠬᠤᠶ ᠮᠥᠨ᠂ ᠦᠨᠡᠨᠴᠢ ᠢᠲᠡᠭᠡᠮᠵᠢᠲᠡᠢ ᠪᠠᠢᠬᠤ ᠪᠣᠯ ᠨᠡᠢᠭᠡᠮ ᠵᠢᠷᠤᠮ᠎ᠤᠨ ᠭᠤᠤᠯᠯᠠᠭ᠍ᠴᠢ ᠦᠷᠳᠡᠭ᠎ᠤᠨ ᠦᠵᠡᠯᠲᠡ᠎ᠶ᠋ᠢᠨ ᠴᠢᠬᠤᠯᠠ ᠠᠭᠤᠯᠭ᠎ᠠ ᠮᠥᠨ᠂ ᠢᠷᠭᠡᠨ᠎ᠤ ᠬᠠᠤᠯᠢ᠎ᠶ᠋ᠢᠨ ᠪᠢᠴᠢᠭ᠎ᠤᠨ ᠦᠨᠳᠦᠰᠦᠨ ᠵᠠᠷᠴᠢᠮ ᠮᠦᠨ᠃ ᠡᠯ᠎ᠡ ᠱᠠᠲᠤᠨ᠎ᠤ ᠱᠢᠭᠦᠬᠦ᠌ ᠬᠤᠷᠢᠶ᠎ᠠ ᠡᠯ᠎ᠡ ᠲᠥᠷᠥᠯ᠎ᠤᠨ ᠭᠡᠷ᠎ᠡ᠎ᠶ᠋ᠢᠨ ᠵᠢᠭᠤᠷᠠᠯᠳᠤᠭᠠᠨ᠎ᠤ ᠬᠡᠷᠡᠭ᠎ᠢ 886 ᠲᠦᠮᠡᠨ ᠬᠤᠪᠢ ᠱᠢᠭᠦᠵᠦ᠍᠂ ᠦᠨᠡᠨᠴᠢ ᠢᠲᠡᠭᠡᠮᠵᠢᠲᠡᠶ ᠪᠠᠢᠬᠤ ᠨᠢᠭᠡ ᠲᠠᠯ᠎ᠠ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠬᠠᠮᠠᠭᠠᠯᠠᠵᠤ᠂ 《ᠬᠡᠯᠡᠭ᠌ᠰᠡᠨ᠎ᠳᠡᠭᠡᠨ ᠰᠠᠭᠤᠬᠤ》᠂ 《ᠪᠣᠯᠵᠤᠭ᠎ᠠ᠎ᠲᠠᠢ ᠪᠣᠯ ᠵᠠᠪᠠᠯ ᠭᠦᠢᠴᠡᠳᠭᠡᠬᠦ᠌》 ᠭᠡᠷ᠎ᠡ᠎ᠶ᠋ᠢᠨ ᠵᠣᠷᠢᠭ ᠰᠠᠨᠠᠭ᠎ᠠ᠎ᠶ᠋ᠢ ᠪᠠᠳᠠᠷᠠᠭᠤᠯᠪᠠ᠃ 《ᠡᠳ᠋ ᠪᠠᠷᠠᠭ᠎ᠠ᠎ᠨᠢ ᠦᠨᠡᠨ ᠦᠨ᠎ᠡ᠎ᠨᠢ ᠦᠨᠡᠨ ᠪᠣᠳᠠᠲᠠᠶ ᠪᠠᠢᠬᠤ》 ᠎ᠶ᠋ᠢ ᠬᠠᠮᠠᠭᠠᠯᠠᠵᠤ᠂ ᠬᠤᠳᠠᠯ ᠬᠠᠭᠤᠷᠮᠠᠭ ᠴᠢᠨᠠᠷ ᠮᠠᠭᠤᠲᠠᠢ ᠲᠠᠸᠠᠷ ᠦᠢᠯᠡᠳᠴᠦ᠍ ᠪᠣᠷᠣᠯᠠᠭᠤᠯᠬᠤ ᠦᠢᠯᠡ ᠠᠵᠢᠯᠯᠠᠭ᠎ᠠ᠎ᠶ᠋ᠢ ᠶᠠᠯᠠᠯᠠᠨ ᠱᠢᠢᠳᠭᠡᠵᠦ᠍᠂ ᠰᠦᠯᠵᠢᠶ᠎ᠡ᠎ᠪᠠᠷ ᠮᠡᠬᠡᠯᠡᠨ ᠬᠢᠬᠠᠬᠤ᠂ 《ᠭᠡᠷ ᠪᠠᠢᠱᠢᠩ᠎ᠢᠶᠠᠷ ᠨᠠᠰᠤᠵᠢᠯ᠎ᠤᠨ ᠠᠰᠠᠷᠠᠮᠵᠢ ᠪᠤᠯᠭᠠᠬᠤ》 ᠨᠡᠷ᠎ᠡ᠎ᠶ᠋ᠢ ᠠᠱᠢᠭ᠍ᠯᠠᠨ ᠨᠠᠰᠤᠲᠠᠢᠴᠤᠳ᠎ᠢ ᠬᠤᠤᠷᠯᠠᠬ᠍ᠰᠠᠨ ᠵᠡᠷᠭᠡ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠪᠡ᠃ ᠦᠨᠡᠲᠦ ᠲᠡᠮᠳᠡᠭ᠌ᠲᠦ᠎ᠶ᠋ᠢᠨ ᠵᠠᠬ᠎ᠠ ᠳᠡᠯᠭᠡᠭᠦᠷ᠎ᠤᠨ ᠬᠤᠳᠠᠯ ᠬᠠᠭᠤᠷᠮᠠᠭ ᠲᠣᠭᠠᠴᠢᠯᠲᠠ᠎ᠶ᠋ᠢᠨ ᠠᠵᠢᠯᠯᠠᠭ᠎ᠠ᠎ᠶ᠋ᠢ ᠴᠢᠩᠭ᠎ᠠ ᠱᠢᠢᠳᠭᠡᠵᠦ᠍᠂ ᠡᠷᠡᠭᠦᠦ ᠱᠢᠢᠳᠭᠡᠯ᠎ᠳᠤ ᠣᠷᠣᠭᠤᠯᠬᠤ ᠶᠣᠰᠣᠲᠠᠶ᠎ᠶ᠋ᠢ᠎ᠨᠢ ᠡᠷᠡᠭᠦᠦ ᠱᠢᠢᠳᠭᠡᠯ᠎ᠳᠤ ᠣᠷᠣᠭᠤᠯᠵᠤ᠂ ᠲᠥᠯᠥᠬᠦᠯᠬᠦ᠌ ᠶᠤᠰᠤᠲᠠᠢ᠎ᠶ᠋ᠢ᠎ᠨᠢ ᠲᠥᠯᠥᠭᠦᠯᠪᠡ᠃ ᠳᠣᠲᠣᠭᠠᠳᠤ᠎ᠶ᠋ᠢ ᠬᠠᠮᠠᠭᠠᠯᠠᠬᠤ ᠶᠠᠮᠤᠨ ᠵᠡᠷᠭᠡ᠎ᠲᠠᠢ ᠬᠠᠮᠲᠤᠷᠠᠨ ᠰᠠᠨᠠᠯ ᠨᠡᠢᠲᠡᠯᠡᠵᠦ᠍᠂ ᠬᠠᠤᠯᠢ᠎ᠠᠴᠠ ᠵᠥᠷᠢᠴᠡᠭ᠌ᠰᠡᠨ ᠯᠠᠢᠮᠤᠤᠷᠳᠠᠬᠤ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠵᠦ᠍᠂ ᠰᠧᠴᠤᠸᠠᠨ᠎ᠤ ᠱᠢᠭᠦᠬᠦ᠌ ᠬᠤᠷᠢᠶ᠎ᠠ ᠵᠣᠷᠢᠭᠤᠳᠠ ᠵᠠᠮ ᠬᠠᠷᠢᠯᠴᠠᠭᠠᠨ᠎ᠤ ᠡ᠊ᠨᠳᠡᠯ ᠭᠠᠷᠭᠠᠭ᠍ᠰᠠᠨ 9 ᠬᠥᠮᠦᠨ᠎ᠤ ᠯᠠᠢᠮᠤᠤᠷᠳᠠᠬᠤ ᠬᠠᠮᠰᠠᠭᠠᠳᠠᠨ᠎ᠤ ᠪᠦᠯᠦᠭ᠎ᠢ ᠬᠠᠤᠯᠢ᠎ᠪᠠᠷ ᠱᠢᠢᠳᠭᠡᠪᠡ᠃ ᠰᠦᠯᠵᠢᠶᠡᠨ᠎ᠤ ᠤᠷᠤᠰᠴᠠ᠎ᠶ᠋ᠢ ᠬᠠᠭᠤᠷᠮᠠᠭ᠍ᠯᠠᠨ ᠵᠣᠬᠢᠶᠠᠬᠤ ᠦᠢᠯᠡ ᠠᠵᠢᠯᠯᠠᠭ᠎ᠠ᠎ᠶ᠋ᠢ ᠵᠠᠯᠬᠠᠭᠠᠨ ᠱᠢᠢᠳᠭᠡᠵᠦ᠍᠂ ᠬᠠᠩᠵᠧᠦ᠎ᠶ᠋ᠢᠨ ᠢᠨᠲ᠋ᠧᠷ ᠰᠦᠯᠵᠢᠶᠡᠨ᠎ᠤ ᠱᠢᠭᠦᠬᠦ᠌ ᠬᠤᠷᠢᠶ᠎ᠠ ᠭᠠᠷ ᠤᠲᠠᠰᠤᠨ᠎ᠤ ᠬᠡᠷᠡᠭ᠌ᠯᠡᠭᠡᠨ᠎ᠤ ᠤᠷᠤᠰᠴᠠ᠎ᠶ᠋ᠢ ᠤᠤᠯᠭᠠᠯᠠᠭ᠍ᠰᠠᠨ ᠬᠡᠷᠡᠭ᠎ᠢ ᠱᠢᠭᠦᠵᠦ᠍᠂ ᠭᠤᠤᠯᠴᠢ᠎ᠪᠠᠷ ᠥᠷᠢᠰᠥᠯᠳᠦᠬᠦ᠌ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠬᠠᠮᠠᠭᠠᠯᠠᠪᠠ᠃ ᠬᠠᠤᠯᠢ ᠪᠠᠷᠢᠬᠤ ᠬᠡᠰᠡᠭ᠎ᠤᠨ ᠬᠡᠯᠬᠢᠶ᠎ᠡ᠎ᠶ᠋ᠢᠨ ᠲᠠᠪᠴᠠᠩ᠎ᠢ ᠨᠡᠭᠡᠭᠡᠳᠡᠯᠲᠡᠶ ᠪᠣᠯᠭᠠᠵᠤ᠂ ᠰᠦᠯᠵᠢᠶᠡᠨ᠎ᠤ ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠤ ᠵᠣᠬᠢᠶᠠᠯ ᠪᠦᠲᠦᠭᠡᠯ᠎ᠢ ᠳᠠᠮᠵᠢᠭᠤᠯᠬᠤ᠂ ᠭᠡᠷᠡᠴᠢ ᠪᠠᠷᠢᠮᠲᠠ᠎ᠶ᠋ᠢ ᠬᠠᠳᠠᠭᠠᠯᠠᠬᠤ᠎ᠶ᠋ᠢ ᠳᠡᠮᠵᠢᠵᠦ᠍᠂ ᠰᠦᠯᠵᠢᠶᠡᠨ᠎ᠤ ᠬᠠᠭᠤᠯᠤᠯᠳᠠ᠎ᠶ᠋ᠢ ᠰᠡᠷᠭᠡᠢᠯᠡᠬᠦ᠌ ᠪᠠ ᠵᠠᠯᠬᠠᠭᠠᠨ ᠱᠢᠢᠳᠭᠡᠪᠡ᠃ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠲᠠᠢ ᠬᠠᠮᠲᠤᠷᠠᠨ ᠬᠤᠳᠠᠯ ᠬᠠᠭᠤᠷᠮᠠᠭ ᠵᠠᠷᠭᠤ᠎ᠶ᠋ᠢ ᠵᠠᠯᠬᠠᠭᠠᠨ ᠱᠢᠢᠳᠭᠡᠬᠦ᠌ ᠰᠠᠨᠠᠯ᠎ᠢ ᠨᠡᠢᠲᠡᠯᠡᠵᠦ᠍᠂ ᠬᠤᠳᠠᠯ ᠬᠠᠭᠤᠷᠮᠠᠭ ᠵᠠᠷᠭᠤ᠎ᠶ᠋ᠢ ᠠᠱᠢᠭ᠍ᠯᠠᠨ ᠥᠭ᠌ᠴᠡᠭᠡ᠎ᠠᠴᠠ ᠵᠠᠢᠯᠠᠬ᠍ᠰᠠᠨ᠂ ᠬᠠᠤᠯᠢ ᠪᠤᠰᠤ᠎ᠪᠠᠷ ᠪᠡᠯᠡ ᠲᠤᠬᠢᠷᠠᠭᠤᠯᠤᠭ᠍ᠰᠠᠨ᠂ ᠨᠥᠬᠦᠪᠥᠷᠢ ᠪᠠ ᠳᠠᠭᠠᠳᠭᠠᠯ᠎ᠢ ᠮᠡᠬᠡᠯᠡᠨ ᠠᠪᠤᠭ᠍ᠰᠠᠨ ᠵᠡᠷᠭᠡ ᠦᠢᠯᠡ ᠠᠵᠢᠯᠯᠠᠭ᠎ᠠ᠎ᠶ᠋ᠢ ᠴᠢᠩᠭ᠎ᠠ ᠱᠢᠢᠳᠭᠡᠵᠦ᠍᠂ ᠪᠣᠳᠠᠲᠤ ᠬᠡᠷᠡᠭ᠎ᠢ ᠬᠤᠳᠠᠯ᠎ᠢᠶᠠᠷ ᠵᠣᠬᠢᠶᠠᠭ᠍ᠰᠠᠨ᠂ ᠭᠡᠷᠡᠴᠢ ᠪᠠᠷᠢᠮᠲᠠ ᠬᠠᠭᠤᠷᠮᠠᠭ᠍ᠯᠠᠨ ᠵᠣᠬᠢᠶᠠᠭ᠍ᠰᠠᠨ ᠱᠢᠷᠢᠰ ᠬᠤᠳᠠᠯ ᠬᠠᠭᠤᠷᠮᠠᠭ ᠵᠠᠷᠭᠤ 63 ᠤᠳᠠᠭ᠎ᠠ ᠬᠢᠭ᠌ᠰᠡᠨ ᠨᠢᠭᠡᠨ ᠭᠡᠷ ᠪᠠᠢᠱᠢᠩ ᠭᠠᠵᠠᠷ ᠱᠢᠷᠣᠶ᠎ᠶ᠋ᠢᠨ ᠬᠦᠷᠦᠩᠭᠡ᠎ᠶ᠋ᠢᠨ ᠺᠣᠮᠫᠠᠨᠢ᠎ᠶ᠋ᠢ ᠬᠠᠮᠤᠭ ᠦᠨᠳᠦᠷ ᠳᠤᠭ᠎ᠠ ᠬᠡᠮᠵᠢᠶ᠎ᠠ 6300 ᠲᠦᠮᠡᠨ ᠲᠥᠭᠦᠷᠢᠭ᠎ᠢᠶᠠᠷ ᠲᠤᠷᠭᠠᠨ ᠱᠢᠢᠳᠭᠡᠪᠡ᠃ ᠢᠲᠡᠭᠡᠯ ᠠᠯᠳᠠᠭ᠍ᠰᠠᠳ᠎ᠢ ᠵᠠᠯᠬᠠᠭᠠᠨ ᠴᠡᠭᠡᠷᠯᠡᠭᠦᠯᠬᠦ᠌ ᠪᠠ ᠦᠨᠡᠨᠴᠢ ᠢᠲᠡᠭᠡᠮᠵᠢ᠎ᠶ᠋ᠢ ᠰᠠᠢᠱᠢᠶᠠᠨ ᠬᠦᠬᠢᠭᠦᠯᠬᠦ᠌᠎ᠶ᠋ᠢ ᠵᠡᠷᠭᠡ᠎ᠪᠠᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠢᠲᠡᠭᠡᠯ᠎ᠢᠶᠠᠨ ᠠᠯᠳᠠᠭ᠍ᠰᠠᠨ ᠨᠡᠷᠡᠰ᠎ᠢ ᠳᠡᠰ ᠪᠠ ᠲᠥᠷᠥᠯ ᠬᠤᠪᠢᠶᠠᠨ ᠬᠠᠮᠢᠶᠠᠷᠬᠤ ᠪᠠ ᠢᠲᠡᠭᠡᠮᠵᠢ᠎ᠶ᠋ᠢᠨ ᠰᠡᠷᠭᠦᠭᠡᠯᠲᠡ᠂ ᠵᠥᠪ ᠴᠢᠭ᠌ᠯᠡᠯ᠎ᠢᠶᠠᠷ ᠤᠷᠮᠠᠱᠢᠭᠤᠯᠬᠤ ᠵᠡᠷᠭᠡ ᠲᠣᠭ᠍ᠲᠠᠴᠠ᠎ᠶ᠋ᠢ ᠪᠠᠢᠭᠤᠯᠵᠤ᠂ ᠬᠦᠴᠦᠨ᠎ᠲᠠᠢ ᠪᠣᠯᠤᠭ᠍ᠰᠠᠨ ᠲᠠᠰᠤᠯᠤᠨ ᠲᠣᠭ᠍ᠲᠠᠭᠠᠯᠲᠠ᠎ᠶ᠋ᠢ ᠰᠠᠨᠠᠭᠠᠴᠢᠯᠠᠭ᠎ᠠ᠎ᠠᠴᠠ᠎ᠪᠠᠨ ᠭᠦᠢᠴᠡᠳᠭᠡᠬᠦ᠌᠎ᠶ᠋ᠢ ᠵᠣᠷᠢᠠᠠᠵᠢᠭᠤᠯᠵᠤ᠂ ᠪᠦᠬᠦ᠌ ᠤᠯᠤᠰ᠎ᠲᠤ ᠢᠲᠡᠭᠡᠮᠵᠢ ᠠᠯᠳᠠᠭ᠍ᠰᠠᠨ ᠭᠦᠢᠴᠡᠳᠭᠡᠭ᠌ᠳᠡᠭ᠌ᠴᠢ ᠬᠦᠴᠦᠨ᠎ᠲᠠᠢ ᠪᠣᠯᠤᠭ᠍ᠰᠠᠨ ᠬᠠᠤᠯᠢ ᠴᠠᠭᠠᠵᠠ᠎ᠶ᠋ᠢᠨ ᠪᠢᠴᠢᠭ ᠬᠠᠷ᠎ᠠ᠎ᠳᠤ ᠲᠣᠭ᠍ᠲᠠᠭᠠᠭ᠍ᠰᠠᠨ ᠡᠭᠦᠷᠭᠡ᠎ᠶ᠋ᠢ ᠰᠠᠨᠠᠭᠠᠴᠢᠯᠠᠭ᠎ᠠ᠎ᠠᠴᠠ᠎ᠪᠠᠨ ᠭᠦᠢᠴᠡᠳᠭᠡᠭ᠌ᠰᠡᠨ᠎ᠨᠢ 197 ᠲᠦᠮᠡᠨ ᠬᠥᠮᠦᠨ ᠤᠳᠠᠭ᠎ᠠ ᠬᠦᠷᠪᠡ᠃ ᠢᠲᠡᠭᠡᠮᠵᠢ ᠠᠯᠳᠠᠭ᠍ᠰᠠᠨ ᠪᠠ ᠡᠵᠡᠩᠨᠡᠯᠲᠡ᠎ᠶ᠋ᠢᠨ ᠲᠦᠭ᠌ᠰᠢᠭᠦᠷᠢ᠎ᠶ᠋ᠢ ᠢᠯᠭᠠᠵᠤ᠂ ᠱᠧᠨᠵᠧᠨ᠎ᠤ ᠱᠢᠭᠦᠬᠦ᠌ ᠬᠤᠷᠢᠶ᠎ᠠ ᠬᠤᠪᠢ ᠬᠥᠮᠦᠨ᠎ᠤ ᠳᠠᠮᠫᠤᠷᠠᠯ᠎ᠤᠨ ᠤᠨᠴᠠᠭᠠᠢ ᠤᠷᠤᠨ᠎ᠤ ᠬᠠᠤᠯᠢ ᠳᠤᠭ᠍ᠳᠠᠭᠠᠯ᠎ᠢ ᠬᠡᠷᠡᠭ᠌ᠵᠢᠬᠦᠯᠵᠦ᠍᠂ ᠵᠢᠶᠠᠩᠰᠦ᠂ ᠵᠧᠵᠢᠶᠠᠩ᠎ᠤᠨ ᠱᠢᠭᠦᠬᠦ᠌ ᠬᠤᠷᠢᠶ᠎ᠠ ᠬᠤᠪᠢ ᠬᠥᠮᠦᠨ᠎ᠤ ᠥᠭ᠌ᠴᠡᠭᠡ᠎ᠶ᠋ᠢ ᠲᠥᠪᠯᠡᠷᠡᠭᠦᠯᠦᠨ ᠡᠮᠬᠢᠯᠡᠨ ᠲᠢᠭ᠌ᠯᠡᠬᠦ᠌᠎ᠶ᠋ᠢ ᠰᠦᠪᠡᠭ᠌ᠴᠢᠯᠡᠵᠦ᠍᠂ ᠠᠳᠠᠯ ᠦᠢᠯᠡᠰ ᠴᠣᠭ᠍ᠴᠠᠯᠠᠭᠠᠳ ᠬᠤᠬᠢᠷᠠᠯ ᠪᠤᠯᠤᠭ᠍ᠰᠠᠨ ᠦᠨᠡᠨᠴᠢ ᠢᠲᠡᠭᠡᠮᠵᠢᠲᠡᠶ ᠬᠥᠮᠦᠰ᠎ᠲᠤ ᠲᠠᠬᠢᠨ ᠠᠮᠢᠯᠠᠯ᠎ᠤᠨ ᠲᠣᠬᠢᠶᠠᠯ ᠬᠠᠩᠭᠠᠪᠠ᠃ ᠬᠠᠤᠯᠢ᠎ᠪᠠᠷ ᠵᠠᠰᠠᠬᠤ ᠠᠷᠭ᠎ᠠ ᠪᠠᠷᠢᠯ᠎ᠢ ᠬᠡᠷᠡᠭ᠌ᠯᠡᠵᠦ᠍ ᠪᠠᠢᠭᠠᠳ ᠦᠨᠡᠨᠴᠢ ᠢᠲᠡᠭᠡᠮᠵᠢ ᠳᠤᠲᠠᠭ᠍ᠳᠠᠵᠤ ᠪᠠᠢᠭ᠎ᠠ ᠲᠤᠪᠤᠢᠮ᠎ᠠ ᠠᠰᠠᠭᠤᠳᠠᠯ᠎ᠢ ᠵᠠᠰᠠᠵᠤ᠂ ᠬᠤᠳᠠᠯ ᠬᠠᠭᠤᠷᠮᠠᠭ ᠲᠣᠭᠠᠴᠢᠭ᠍ᠰᠠᠳ᠎ᠢ ᠦᠨ᠎ᠡ ᠥᠷᠲᠡᠭ ᠭᠠᠷᠭᠠᠯᠭᠠᠵᠤ᠂ ᠬᠤᠳᠠᠯ ᠬᠠᠭᠤᠷᠮᠠᠭ ᠲᠠᠸᠠᠷ ᠦᠢᠯᠡᠳᠴᠦ᠍ ᠪᠤᠷᠤᠯᠠᠭᠤᠯᠤᠭ᠍ᠰᠠᠳ᠎ᠢ ᠶᠠᠯᠠᠯᠠᠨ ᠱᠢᠢᠳᠭᠡᠵᠦ᠍᠂ ᠯᠠᠢᠮᠤᠤᠷᠳᠠᠭ᠍ᠰᠠᠳ᠎ᠢ ᠬᠠᠤᠯᠢ᠎ᠪᠠᠷ ᠱᠢᠢᠳᠭᠡᠵᠤ᠂ ᠦᠨᠠᠨᠴᠢ ᠢᠳᠡᠬᠡᠮᠵᠢᠳᠠᠢ ᠬᠦᠮᠦᠰ᠎ᠲᠤ ᠵᠤᠷᠢᠬ᠍ᠵᠢᠭᠤᠯᠤᠯ ᠤᠯᠭᠤᠵᠤ᠂ ᠦᠨᠡᠨᠴᠢ ᠢᠲᠡᠭᠡᠮᠵᠢ᠎ᠶ᠋ᠢᠨ ᠨᠡᠢᠭᠡᠮ᠎ᠤᠨ ᠪᠠᠢᠭᠤᠯᠤᠯᠲᠠ᠎ᠶ᠋ᠢ ᠠᠬᠢᠭᠤᠯᠪᠠ᠃

ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠳᠤ ᠦᠢᠯᠡᠴᠢᠯᠡᠪᠡ᠃ ᠨᠢᠭᠡᠳᠦᠭᠡᠷ ᠱᠢᠭᠦᠯᠲᠡ᠎ᠶ᠋ᠢᠨ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠬᠡᠷᠡᠭ᠎ᠢ 46.6 ᠲᠦᠮᠡᠨ ᠬᠤᠪᠢ ᠱᠢᠭᠦᠨ ᠳᠠᠭᠤᠰᠭᠠᠵᠤ᠂ ᠡᠨᠡ᠎ᠨᠢ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 11.7% ᠎ᠪᠠᠷ ᠨᠡᠮᠡᠭ᠌ᠳᠡᠪᠡ᠃ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠢᠷᠭᠡᠨ᠎ᠤ ᠵᠠᠷᠭᠤ᠎ᠶ᠋ᠢᠨ ᠭᠡᠷᠡᠴᠢ ᠪᠠᠷᠢᠮᠲᠠ ᠵᠡᠷᠭᠡ᠎ᠶ᠋ᠢᠨ 10 ᠬᠠᠤᠯᠢ ᠪᠠᠷᠢᠬᠤ ᠲᠠᠢᠯᠪᠤᠷᠢᠯᠠᠯᠲᠠ ᠪᠠ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠨᠡᠢᠲᠡᠯᠡᠵᠦ᠍᠂ ᠲᠤᠬᠠᠶ᠎ᠶ᠋ᠢᠨ ᠬᠥᠮᠦᠨ᠎ᠤ ᠭᠡᠷᠡᠴᠢ ᠳᠤᠷᠠᠳᠴᠤ᠌᠂ ᠵᠠᠷᠭᠤ᠎ᠶ᠋ᠢᠨ ᠦᠶᠡᠯᠡᠯ᠎ᠤᠨ ᠬᠤᠭᠤᠴᠠᠭ᠎ᠠ᠎ᠶ᠋ᠢ ᠪᠣᠭᠤᠨᠢᠰᠭᠠᠵᠤ᠂ ᠡᠷᠬᠡ ᠠᠱᠢᠭ᠎ᠢᠶᠠᠨ ᠬᠠᠮᠠᠭᠠᠯᠠᠬᠤ ᠥᠪᠡᠷ᠎ᠤᠨ ᠥᠷᠲᠡᠭ᠎ᠢ᠎ᠨᠢ ᠪᠠᠭᠤᠷᠠᠭᠤᠯᠵᠤ᠂ ᠳᠥᠯᠥᠪᠦᠷᠢ᠎ᠶ᠋ᠢᠨ ᠲᠤᠭ᠎ᠠ ᠬᠡᠮᠵᠢᠶ᠎ᠡ᠎ᠶ᠋ᠢ᠎ᠨᠢ ᠳᠡᠭᠡᠭ᠌ᠰᠢᠯᠡᠭᠦᠯᠬᠦ᠌᠎ᠳᠤ ᠤᠯᠠᠮ ᠨᠢᠬᠡ ᠠᠯᠬᠤᠮ ᠲᠦᠬᠦᠮ ᠦᠵᠡᠬᠦᠯᠵᠦ᠍᠂ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠬᠡᠷᠡᠭ᠎ᠤᠨ ᠲᠥᠯᠥᠪᠦᠷᠢ ᠥᠭ᠌ᠬᠦ ᠵᠣᠭᠤᠰ᠎ᠤᠨ ᠲᠤᠭ᠎ᠠ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 79.3% ᠎ᠪᠠᠷ ᠨᠡᠮᠡᠭ᠌ᠳᠡᠵᠤ᠂ ᠪᠡᠶ᠎ᠡ᠎ᠪᠠᠨ ᠳᠠᠭᠠᠭᠠᠵᠤ ᠱᠢᠨ᠎ᠡ᠎ᠶ᠋ᠢ ᠡᠭᠦᠳᠬᠦ᠌᠎ᠶ᠋ᠢ ᠵᠣᠷᠢᠠᠠᠵᠢᠭᠤᠯᠬᠤ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠲᠠᠪᠱᠢᠯᠳᠠ᠎ᠶ᠋ᠢ ᠠᠬᠢᠭᠤᠯᠬᠤ᠂ ᠬᠠᠤᠯᠢ᠎ᠪᠠᠷ ᠵᠠᠰᠠᠬᠤ ᠣᠷᠴᠢᠨ ᠨᠥᠬᠦᠴᠡᠯ᠎ᠢ ᠪᠤᠢ ᠪᠣᠯᠭᠠᠬᠤ᠎ᠶ᠋ᠢ ᠠᠬᠢᠭᠤᠯᠪᠠ᠃ ᠬᠠᠤᠯᠢ ᠪᠠᠷᠢᠬᠤ ᠲᠠᠢᠯᠪᠤᠷᠢᠯᠠᠯᠲᠠ᠎ᠶ᠋ᠢ ᠲᠣᠭ᠍ᠲᠠᠭᠠᠵᠤ᠂ ᠶᠠᠯᠠᠯᠠᠨ ᠱᠢᠢᠳᠭᠡᠬᠦ᠌ ᠴᠢᠨᠠᠷᠲᠠᠶ ᠲᠥᠯᠥᠪᠦᠷᠢ᠎ᠶ᠋ᠢᠨ ᠲᠦᠷᠢᠮ᠎ᠢ ᠨᠠᠢᠳᠠᠪᠤᠷᠢᠵᠢᠭᠤᠯᠪᠠ᠃ ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠤ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠱᠢᠭᠦᠬᠦ᠌ ᠲᠢᠩᠬᠢᠮ ᠲᠤᠰᠭᠠᠶ ᠠᠱᠢᠭ ᠵᠡᠷᠭᠡ ᠮᠡᠷᠭᠡᠵᠢᠯ᠎ᠤᠨ ᠲᠦᠷᠦᠯ᠎ᠤᠨ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠳᠡᠭᠡᠭ᠌ᠰᠢ ᠵᠠᠭᠠᠯᠳᠤᠭ᠍ᠰᠠᠨ ᠬᠡᠷᠡᠭ᠎ᠢ ᠲᠦᠪᠯᠡᠷᠡᠬᠦᠯᠦᠨ ᠬᠠᠮᠢᠶᠠᠷᠬᠤ ᠳᠠᠪᠠᠭᠤᠯᠢᠭ᠎ᠢ ᠪᠠᠳᠠᠷᠠᠭᠤᠯᠵᠤ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠢᠯᠠᠩᠭᠤᠶ᠎ᠠ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠢ ᠬᠠᠮᠠᠭᠠᠯᠠᠵᠤ᠂ ᠱᠢᠨ᠎ᠡ᠎ᠶ᠋ᠢ ᠡᠭᠦᠳᠬᠦ᠌ ᠠᠵᠤ ᠠᠬᠤᠢᠯᠠᠯ᠎ᠤᠨ ᠵᠦᠶ ᠶᠣᠰᠣᠨ᠎ᠤ ᠡᠷᠬᠡ ᠠᠱᠢᠭ᠎ᠢ ᠬᠠᠮᠠᠭᠠᠯᠠᠪᠠ᠃ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ ᠵᠢᠴᠢ ᠲᠡᠳᠡᠨ᠎ᠤ ᠡᠭᠦᠷᠭᠡ ᠲᠤᠱᠢᠶᠠᠯ᠎ᠤᠨ ᠡᠬᠦᠳᠦᠯᠳᠠ᠎ᠶ᠋ᠢᠨ ᠦᠷ᠎ᠡ ᠪᠦᠲᠦᠭᠡᠯ᠎ᠢ ᠬᠠᠤᠯᠢ ᠶᠣᠰᠣᠭᠠᠷ ᠬᠠᠮᠠᠭᠠᠯᠠᠵᠤ᠂ ᠱᠢᠨ᠎ᠡ᠎ᠶ᠋ᠢ ᠡᠭᠦᠳᠬᠦ᠌ ᠠᠮᠢᠳᠤᠯᠢᠭ ᠬᠦᠴᠦᠨ᠎ᠢ ᠬᠥᠭ᠌ᠵᠢᠭᠡᠪᠡ᠃ ᠬᠡᠪᠯᠡᠯ ᠬᠤᠯᠠᠭᠠᠢᠯᠠᠨ ᠬᠠᠭᠤᠯᠬᠤ᠂ ᠮᠠᠭᠤ ᠰᠠᠨᠠᠭ᠎ᠠ᠎ᠲᠠᠢ᠎ᠪᠠᠷ ᠵᠠᠪᠳᠤᠨ ᠳᠠᠩᠰᠠᠯᠠᠭᠤᠯᠬᠤ᠂ ᠨᠡᠷᠡᠳᠦ ᠲᠡᠮᠳᠡᠭ᠌ᠲᠦ᠎ᠶ᠋ᠢ ᠲᠦᠱᠢᠭ᠌ᠯᠡᠬᠦ᠌ ᠵᠡᠷᠭᠡ ᠵᠣᠬᠢᠶᠠᠯ ᠪᠦᠲᠦᠭᠡᠯ᠎ᠤᠨ ᠡᠷᠬᠡ ᠲᠠᠸᠠᠷ᠎ᠤᠨ ᠲᠡᠮᠳᠡᠭ᠌ᠲᠦ᠎ᠶ᠋ᠢᠨ ᠡᠷᠬᠡ᠎ᠳᠤ ᠬᠠᠯᠳᠠᠭ᠍ᠰᠠᠨ ᠦᠢᠯᠡ ᠠᠵᠢᠯᠯᠠᠭ᠎ᠠ᠎ᠶ᠋ᠢ ᠴᠢᠩᠭ᠎ᠠ ᠱᠢᠢᠳᠭᠡᠪᠡ᠃ ᠪᠣᠳᠠᠰ᠎ᠤᠨ ᠪᠤᠰᠤ ᠰᠣᠶᠣᠯ᠎ᠤᠨ ᠥᠪ᠂ ᠳᠤᠮᠳᠠᠳᠤ᠎ᠶ᠋ᠢᠨ ᠬᠠᠭᠤᠴᠢᠨ ᠨᠡᠷᠡᠲᠦ ᠲᠡᠮᠳᠡᠭ᠌ᠲᠦ ᠪᠣᠯᠤᠨ ᠰᠣᠶᠣᠯ᠎ᠤᠨ ᠡᠭᠦᠳᠦᠯᠲᠡ᠎ᠶ᠋ᠢᠨ ᠠᠵᠤ ᠦᠢᠯᠡᠰ᠎ᠤᠨ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠬᠠᠮᠠᠭᠠᠯᠠᠯᠲᠠ᠎ᠳᠤ ᠬᠤᠯᠪᠣᠭ᠍ᠳᠠᠭ᠍ᠰᠠᠨ ᠨᠢᠭᠡ ᠪᠦᠯᠦᠭ ᠬᠡᠷᠡᠭ᠎ᠢ ᠱᠢᠭᠦᠵᠦ᠍᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠵᠤ᠂ ᠰᠣᠶᠣᠯ᠎ᠤᠨ ᠠᠵᠤ ᠦᠢᠯᠡᠰ᠎ᠤᠨ ᠴᠡᠴᠡᠭ᠌ᠯᠡᠨ ᠬᠥᠭ᠌ᠵᠢᠬᠦ᠌᠎ᠶ᠋ᠢ ᠠᠬᠢᠭᠤᠯᠪᠠ᠃

ᠳ᠋ᠢᠵᠢᠲ᠋ᠠᠯ ᠠᠵᠤ ᠠᠬᠤᠶ᠎ᠶ᠋ᠢᠨ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠪᠠ᠃ ᠲᠥᠪ ᠭᠤᠤᠯᠴᠢ ᠲᠠᠰᠤᠯᠤᠨ ᠲᠣᠭ᠍ᠲᠠᠭᠠᠬᠤ᠎ᠪᠠᠷ ᠳᠠᠮᠵᠢᠭᠤᠯᠤᠨ ᠳ᠋ᠢᠵᠢᠲ᠋ᠠᠯ ᠠᠵᠤ ᠠᠬᠤᠶ᠎ᠶ᠋ᠢᠨ ᠬᠥᠭ᠌ᠵᠢᠯᠲᠡ ᠪᠠ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠦᠷᠢᠮ᠎ᠢ ᠲᠣᠳᠣᠷᠬᠠᠶ ᠪᠣᠯᠭᠠᠵᠤ᠂ ᠱᠢᠨ᠎ᠡ ᠮᠡᠷᠭᠡᠵᠢᠯ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ ᠱᠢᠨ᠎ᠡ ᠵᠠᠭ᠍ᠪᠤᠷ᠎ᠢ ᠬᠥᠲᠥᠯᠥᠨ ᠵᠢᠯᠣᠭᠤᠳᠴᠤ᠌ ᠪᠠᠢᠭᠠᠳ ᠬᠠᠤᠯᠢ᠎ᠪᠠᠷ ᠵᠠᠰᠠᠬᠤ ᠵᠠᠮ᠎ᠢᠶᠠᠷ ᠬᠥᠭ᠌ᠵᠢᠭᠦᠯᠪᠡ᠃ ᠲᠠᠪᠴᠠᠩ᠎ᠤᠨ ᠬᠠᠷᠢᠭᠤᠴᠠᠯᠭ᠎ᠠ ᠪᠠ ᠠᠵᠢᠯᠯᠠᠭ᠎ᠠ᠎ᠶ᠋ᠢᠨ ᠵᠠᠭᠠᠭ ᠬᠢᠵᠠᠭᠠᠷ᠎ᠢ ᠵᠦᠶ ᠵᠣᠬᠢᠰᠲᠠᠶ ᠲᠣᠭ᠍ᠲᠠᠭᠠᠵᠤ᠂ ᠲᠠᠪᠴᠠᠩ᠎ᠤᠨ ᠠᠵᠤ ᠠᠬᠤᠶ᠂ ᠬᠠᠮᠲᠤ᠎ᠪᠠᠷ ᠡᠳ᠋ᠯᠡᠬᠦ᠌ ᠠᠵᠤ ᠠᠬᠤᠶ᠎ᠶ᠋ᠢᠨ ᠬᠠᠤᠯᠢ ᠶᠣᠰᠣᠭᠠᠷ ᠵᠢᠷᠤᠮᠵᠢᠨ ᠬᠥᠭ᠌ᠵᠢᠬᠦ᠌᠎ᠶ᠋ᠢ ᠠᠬᠢᠭᠤᠯᠪᠠ᠃ ᠰᠦᠯᠵᠢᠶᠡᠨ᠎ᠤ ᠱᠢᠭᠤᠳ ᠨᠡᠪᠲᠡᠷᠡᠭᠦᠯᠭᠡ᠎ᠶ᠋ᠢᠨ ᠠᠵᠢᠯ ᠲᠥᠷᠥᠯ᠎ᠤᠨ ᠲᠤᠰᠭᠠᠶ ᠴᠡᠭ᠌ᠴᠡᠯᠡᠨ ᠵᠠᠰᠠᠯᠲᠠ᠎ᠶ᠋ᠢ ᠬᠠᠮᠲᠤᠷᠠᠨ ᠥᠷᠨᠢᠭᠦᠯᠵᠦ᠍᠂ ᠰᠦᠯᠵᠢᠶᠡᠨ᠎ᠤ ᠠᠮᠢ ᠠᠬᠤᠶ᠎ᠶ᠋ᠢ ᠴᠡᠪᠡᠷᠱᠢᠭᠦᠯᠪᠡ᠃ ᠬᠠᠷᠠᠭᠠᠨ ᠳᠠᠪᠲᠠᠮᠵᠢ᠎ᠶ᠋ᠢᠨ ᠰᠦᠯᠵᠢᠶᠡᠨ ᠥᠷᠲᠡᠭᠡ᠎ᠠᠴᠠ ᠰᠦᠢᠳᠭᠡᠯ ᠲᠤᠱᠢᠶᠠᠨ ᠤᠷᠢᠳᠴᠢᠯᠠᠨ ᠵᠠᠬᠢᠶᠠᠯᠠᠵᠤ ᠨᠡᠪᠲᠡᠷᠡᠭᠦᠯᠬᠦ᠌ ᠬᠡᠷᠡᠭ᠎ᠢ ᠱᠢᠭᠦᠵᠦ᠍᠂ ᠬᠤᠳᠠᠯᠳᠤᠭᠠᠨ᠎ᠤ ᠵᠠᠭ᠍ᠪᠤᠷ᠎ᠤᠨ ᠱᠢᠨ᠎ᠡ᠎ᠶ᠋ᠢ ᠡᠭᠦᠳᠬᠦ᠌᠎ᠶ᠋ᠢ ᠵᠢᠷᠤᠮᠵᠢᠭᠤᠯᠤᠨ᠂ ᠬᠡᠷᠡᠭ᠌ᠯᠡᠭ᠌ᠴᠢᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠪᠠ᠃ ᠳᠠᠭᠤᠳᠠᠭᠤᠷ ᠬᠤᠭᠤᠯᠠ ᠬᠦᠷᠬᠡᠭ᠌ᠴᠢ᠂ ᠲᠦᠷᠭᠡᠨ ᠬᠦᠷᠭᠡᠭ᠌ᠴᠢ᠂ ᠰᠦᠯᠵᠢᠶᠡᠨ ᠪᠣᠯᠵᠣᠯᠳᠤ ᠲᠡᠷᠭᠡ᠎ᠶ᠋ᠢᠨ ᠵᠢᠯᠣᠭᠤᠴᠢ ᠵᠡᠷᠭᠡ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠤᠨ ᠠᠵᠢᠯ ᠡᠷᠬᠢᠯᠡᠭ᠌ᠰᠡᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠬᠤ᠎ᠶ᠋ᠢ ᠴᠢᠩᠭᠠᠳᠭᠠᠪᠠ᠃ ᠭᠠᠷ ᠤᠲᠠᠰᠤᠨ᠎ᠤ ᠵᠥᠭᠡᠯᠡᠨ ᠲᠣᠨᠤᠭ᠎ᠤᠨ ᠬᠡᠷᠡᠭ᠌ᠯᠡᠭ᠌ᠴᠢ᠎ᠶ᠋ᠢᠨ ᠬᠤᠪᠢ ᠬᠥᠮᠦᠨ᠎ᠤ ᠮᠡᠳᠡᠭᠡ ᠵᠠᠩᠭᠢ᠎ᠳᠤ ᠬᠠᠯᠳᠠᠭ᠍ᠰᠠᠨ᠂ ᠬᠥᠮᠦᠨ᠎ᠤ ᠵᠢᠰᠦ᠎ᠶ᠋ᠢ ᠢᠯᠭᠠᠨ ᠲᠠᠨᠢᠬᠤ ᠵᠠᠭᠤᠷᠠᠯᠳᠤᠭᠠᠨ ᠵᠡᠷᠭᠡ ᠬᠡᠷᠡᠭ᠎ᠢ ᠱᠢᠭᠦᠵᠦ᠍᠂ ᠬᠤᠪᠢ ᠬᠥᠮᠦᠨ᠎ᠤ ᠮᠡᠳᠡᠭᠡ ᠵᠠᠩᠭᠢ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠵᠤ᠂ ᠳ᠋ᠠᠢᠲ᠋ᠠ᠎ᠶ᠋ᠢᠨ ᠠᠮᠤᠷ ᠲᠦᠪᠱᠢᠨ᠎ᠢ ᠬᠠᠮᠠᠭᠠᠯᠠᠪᠠ᠃

ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠳᠤ ᠦᠢᠯᠡᠴᠢᠯᠡᠪᠡ᠃ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠬᠤᠷᠢᠶ᠎ᠠ᠎ᠲᠠᠢ ᠬᠠᠮᠲᠤᠷᠠᠨ ᠳᠠᠮᠫᠤᠷᠠᠯ᠎ᠤᠨ ᠲᠦᠷᠢᠮ᠎ᠤᠨ ᠢᠵᠢ ᠪᠦᠷᠢᠳᠦᠭᠦᠯᠬᠦ᠌ ᠲᠦᠷᠦ᠎ᠶ᠋ᠢᠨ ᠪᠤᠳᠤᠯᠭ᠎ᠠ᠎ᠶ᠋ᠢ ᠪᠦᠷᠢᠨᠱᠢᠭᠦᠯᠪᠡ᠃ ᠳᠠᠮᠫᠤᠷᠠᠯ᠎ᠤᠨ 10132 ᠬᠡᠷᠡᠭ᠎ᠢ ᠱᠢᠭᠦᠨ ᠳᠠᠭᠤᠰᠭᠠᠵᠤ᠂ 1.2 ᠲᠦᠮᠡᠨ ᠳ᠋ᠦᠩᠱᠢᠭᠤᠷ ᠲᠥᠭᠦᠷᠢᠭ᠎ᠤᠨ ᠠᠪᠴᠠᠭ᠎ᠠ᠎ᠳᠤ ᠬᠤᠯᠪᠣᠭ᠍ᠳᠠᠵᠤ᠂ ᠡᠭᠦᠨ᠎ᠳᠤ ᠳᠠᠮᠫᠤᠷᠠᠯ᠎ᠢ ᠳᠠᠬᠢᠨ ᠴᠡᠭ᠌ᠴᠡᠯᠡᠭ᠌ᠰᠡᠨ 728 ᠬᠡᠷᠡᠭ᠎ᠢ ᠱᠢᠭᠦᠨ ᠳᠠᠭᠤᠰᠭᠠᠵᠤ᠂ 4708 ᠳ᠋ᠦᠩᠱᠢᠭᠤᠷ ᠲᠥᠭᠦᠷᠢᠭ᠎ᠤᠨ ᠡᠳ᠋ ᠬᠥᠷᠥᠩᠭᠡ᠎ᠶ᠋ᠢ ᠠᠮᠢᠳᠤᠯᠢᠭ ᠪᠤᠯᠭᠠᠵᠤ᠂ ᠬᠥᠭ᠌ᠵᠢᠯᠲᠡ᠎ᠶ᠋ᠢᠨ ᠢᠷᠡᠭᠡᠳᠦᠶ᠎ᠲᠠᠢ 532 ᠠᠵᠤ ᠠᠬᠤᠢᠯᠠᠯ᠎ᠳᠤ ᠳᠠᠬᠢᠨ ᠱᠢᠨ᠎ᠡ ᠠᠮᠢᠯᠠᠯ ᠤᠯᠭᠤᠵᠤ᠂ 48.6 ᠲᠦᠮᠡᠨ ᠠᠵᠢᠯᠲᠠᠨ᠎ᠢ ᠬᠠᠪᠰᠤᠷᠤᠨ ᠠᠵᠢᠯ ᠣᠯᠭᠤᠯᠲᠠ᠎ᠶ᠋ᠢᠨ ᠪᠠᠢᠷᠢ᠎ᠶ᠋ᠢ᠎ᠨᠢ ᠲᠤᠭ᠍ᠲᠠᠪᠤᠷᠢᠵᠢᠭᠤᠯᠪᠠ᠃ ᠲᠢᠶᠠᠨᠵᠢᠨ᠂ ᠯᠢᠶᠣᠤᠨᠢᠩ᠂ ᠴᠦᠩᠴᠢᠩ᠂ ᠬᠥᠬᠡᠨᠠᠭᠤᠷ᠎ᠤᠨ ᠱᠢᠭᠦᠬᠦ᠌ ᠬᠤᠷᠢᠶ᠎ᠠ ᠡᠳ᠋ ᠪᠣᠳᠠᠰ᠎ᠤᠨ ᠭᠠᠷᠤᠯᠲᠠ᠎ᠶ᠋ᠢᠨ ᠪᠦᠯᠦᠭ᠌ᠯᠡᠯ᠂ ᠮᠦᠭ᠌ᠳᠡᠨ᠎ᠤ ᠰᠠᠤᠷᠢ ᠮᠠᠱᠢᠨ᠂ ᠯᠢ ᠹᠠᠨ ᠱᠢᠰᠲ᠋ᠧᠮᠳᠦ ᠠᠵᠤ ᠠᠬᠤᠢ᠍ᠢᠯᠡᠯ᠂ ᠳᠠᠪᠤᠰᠤᠨ ᠨᠠᠭᠤᠷ᠎ᠤᠨ ᠬᠤᠪᠢᠴᠠᠭ᠎ᠠ ᠵᠡᠷᠭᠡ ᠳᠠᠮᠫᠤᠷᠠᠵᠤ ᠳᠠᠬᠢᠨ ᠴᠡᠭ᠌ᠴᠡᠯᠡᠬᠦ᠌ ᠬᠡᠷᠡᠭ᠎ᠢ ᠱᠢᠭᠦᠵᠦ᠍᠂ ᠠᠵᠤ ᠠᠬᠤᠢᠯᠠᠯ᠎ᠤᠨ ᠬᠦᠴᠢᠷᠳᠡᠯ᠎ᠢ ᠳᠠᠪᠠᠭ᠍ᠤ᠎ᠳᠤ ᠬᠦᠴᠦᠨ᠎ᠢᠶᠠᠨ ᠨᠡᠮᠡᠷᠢᠯᠡᠵᠦ᠍᠂ ᠳᠡᠭᠡᠳᠦ ᠳᠤᠤᠷᠠᠳᠤ ᠤᠷᠤᠰᠭᠠᠯ᠎ᠤᠨ ᠠᠵᠤ ᠦᠢᠯᠡᠰ᠎ᠤᠨ ᠬᠡᠯᠬᠢᠶ᠎ᠡ ᠪᠠ ᠳᠤᠮᠳᠠ ᠵᠢᠵᠢᠭ ᠪᠡᠯᠡ ᠣᠷᠣᠭᠤᠯᠤᠭ᠍ᠴᠢ᠎ᠶ᠋ᠢᠨ ᠡᠷᠬᠡ ᠠᠱᠢᠭ᠎ᠢ ᠬᠠᠮᠠᠭᠠᠯᠠᠪᠠ᠃

ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌᠎ᠳᠤ ᠦᠢᠯᠡᠴᠢᠯᠡᠪᠡ᠃ ᠵᠠᠰᠠᠭ᠎ᠤᠨ ᠣᠷᠳᠣᠨ᠎ᠤ ᠬᠠᠤᠯᠢ ᠶᠣᠰᠣᠭᠠᠷ ᠵᠠᠰᠠᠭ ᠶᠠᠪᠤᠭᠤᠯᠬᠤ᠎ᠶ᠋ᠢ ᠳᠠᠮᠵᠢᠵᠤ᠂ ᠵᠠᠰᠠᠭ ᠵᠠᠬᠢᠷᠭᠠᠨ᠎ᠤ ᠬᠠᠷᠢᠴᠠᠩᠭᠤᠢ ᠬᠥᠮᠦᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠵᠤ᠂ ᠱᠢᠨ᠎ᠡ ᠬᠡᠯᠪᠡᠷᠢ᠎ᠶ᠋ᠢᠨ ᠦᠨᠳᠦᠰᠦᠨ ᠪᠦᠲᠦᠭᠡᠨ ᠪᠠᠢᠭᠤᠯᠤᠯᠲᠠ᠂ ᠬᠤᠳᠠᠴᠢᠯᠠᠯᠳᠠ ᠬᠤᠲᠠ᠎ᠶ᠋ᠢᠨ ᠪᠦᠲᠦᠭᠡᠨ ᠪᠠᠢᠭᠤᠯᠤᠯᠲᠠ᠂ ᠠᠷᠠᠳ᠎ᠤᠨ ᠠᠮᠢᠳᠤᠷᠠᠯ᠎ᠤᠨ ᠢᠨᠵᠧᠨᠧᠷᠢᠩ ᠵᠡᠷᠭᠡ ᠬᠦᠷᠢᠶᠡᠨ᠎ᠤ ᠵᠥᠷᠢᠴᠡᠯ᠎ᠢ ᠲᠣᠬᠢᠲᠠᠢ ᠱᠢᠢᠳᠪᠦᠷᠢᠯᠡᠪᠡ᠃ ᠭᠠᠨᠰᠦ᠎ᠶ᠋ᠢᠨ ᠱᠢᠭᠦᠬᠦ᠌ ᠬᠤᠷᠢᠶ᠎ᠠ ᠲᠡᠮᠦᠷ ᠵᠠᠮ᠎ᠤᠨ ᠪᠦᠲᠦᠭᠡᠨ ᠪᠠᠢᠭᠤᠯᠤᠯᠲᠠ᠎ᠳᠤ ᠬᠤᠯᠪᠣᠭ᠍ᠳᠠᠭ᠍ᠰᠠᠨ ᠭᠠᠵᠠᠷ ᠱᠢᠷᠣᠶ᠎ᠶ᠋ᠢᠨ ᠵᠠᠰᠠᠭ ᠵᠠᠬᠢᠷᠭᠠᠨ᠎ᠤ ᠮᠠᠷᠭᠤᠯᠳᠤᠭᠠᠨ᠎ᠢ ᠴᠠᠭ ᠲᠤᠬᠠᠶ᠎ᠳᠤᠨᠢ ᠱᠢᠢᠳᠪᠦᠷᠢᠯᠡᠵᠤ᠂ ᠶᠢᠨ ᠰᠢ᠎ᠶ᠋ᠢᠨ ᠲᠡᠮᠦᠷ ᠵᠠᠮ᠎ᠤᠨ ᠪᠠᠷᠢᠯᠭ᠎ᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠪᠠᠲᠤᠯᠠᠪᠠ᠃ ᠬᠡᠷᠡᠭ᠌ᠯᠡᠭᠡᠨ᠎ᠤ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢᠨ ᠬᠡᠷᠡᠭ᠎ᠢ ᠱᠢᠭᠦᠨ ᠲᠠᠰᠤᠯᠬᠤ᠎ᠶ᠋ᠢ ᠴᠢᠩᠭᠠᠳᠭᠠᠵᠤ᠂ ᠬᠡᠷᠡᠭ᠌ᠯᠡᠭᠡᠨ᠎ᠤ ᠤᠨᠠᠭᠤᠯᠢ᠂ ᠡᠵᠡᠷᠬᠡᠭ ᠵᠦᠢᠯ ᠪᠠᠳᠠᠭ ᠵᠡᠷᠭᠡ ᠦᠢᠯᠡ ᠠᠵᠢᠯᠯᠠᠭ᠎ᠠ᠎ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ᠍᠂ ᠣᠷᠣᠨ ᠰᠠᠭᠤᠴᠠ᠂ ᠮᠠᠱᠢᠨ ᠲᠡᠷᠭᠡ ᠬᠤᠳᠠᠯᠳᠤᠭᠠᠯᠠᠬᠤ᠂ ᠵᠢᠭᠤᠯᠴᠢᠯᠠᠯ᠎ᠤᠨ ᠦᠢᠯᠡᠴᠢᠯᠡᠭᠡ᠂ ᠰᠦᠯᠵᠢᠶᠡᠨ ᠳᠡᠭᠡᠷᠡᠬᠢ ᠰᠤᠷᠭᠠᠨ ᠬᠥᠮᠦᠵᠢᠯ ᠵᠡᠷᠭᠡ ᠬᠡᠷᠡᠭ᠌ᠯᠡᠭᠡᠨ᠎ᠤ  ᠵᠢᠭᠤᠷᠠᠯᠳᠤᠭᠠᠨ᠎ᠤ ᠬᠡᠷᠡᠭ᠎ᠢ ᠲᠣᠬᠢᠲᠠᠢ ᠱᠢᠭᠦᠵᠦ᠍᠂ ᠬᠡᠷᠡᠭ᠌ᠯᠡᠭᠡ᠎ᠶ᠋ᠢ ᠲᠡᠰ ᠳᠡᠪᠱᠢᠭᠦᠯᠬᠦ᠌᠎ᠳᠤ ᠠᠱᠢᠭ᠍ᠲᠠᠶ ᠬᠠᠤᠯᠢ᠎ᠪᠠᠷ ᠵᠠᠰᠠᠬᠤ ᠣᠷᠴᠢᠨ ᠨᠥᠬᠦᠴᠡᠯ᠎ᠢ ᠢᠳᠡᠪᠬᠢᠲᠡᠶ ᠪᠤᠢ ᠪᠣᠯᠭᠠᠪᠠ᠃

ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠬᠦ᠌ ᠱᠢᠢᠳᠪᠦᠷᠢᠲᠦ ᠢᠯᠠᠯᠲᠠ ᠤᠯᠬᠤ᠎ᠳᠤ ᠦᠢᠯᠡᠴᠢᠯᠡᠪᠡ᠃ ᠲᠠᠷᠢᠶᠠᠯᠠᠩ ᠬᠥᠳᠡᠭᠡ ᠲᠣᠰᠭᠤᠨ ᠲᠠᠷᠢᠶᠠᠴᠢᠨ᠎ᠳᠤ ᠦᠢᠯᠡᠴᠢᠯᠡᠬᠦ᠌ ᠠᠵᠢᠯ᠎ᠤᠨ ᠰᠠᠨᠠᠯ᠎ᠢ ᠲᠣᠭ᠍ᠲᠠᠭᠠᠵᠤ᠂ ᠶᠠᠳᠠᠭᠤ᠎ᠶ᠋ᠢ ᠲᠡᠳᠬᠦᠬᠦ᠌ ᠬᠦᠷᠢᠶᠡᠨ᠎ᠳᠠᠬᠢ ᠬᠡᠷᠡᠭ᠎ᠲᠤ ᠬᠤᠯᠪᠣᠭ᠍ᠳᠠᠭ᠍ᠰᠠᠨ ᠵᠣᠭᠤᠰ ᠮᠥᠩᠭᠦ᠌ ᠡᠳ᠋ ᠪᠣᠳᠠᠰ᠎ᠢ ᠲᠦᠷᠭᠡᠨ ᠪᠤᠴᠠᠭᠠᠨ ᠥᠭ᠌ᠬᠦ᠎ᠶ᠋ᠢ ᠵᠢᠷᠤᠮᠵᠢᠭᠤᠯᠵᠤ᠂ ᠣᠨᠳᠣᠤ ᠭᠠᠵᠠᠷ᠎ᠲᠤ ᠨᠡᠭᠦᠯᠭᠡᠨ ᠶᠠᠳᠠᠭᠤ᠎ᠶ᠋ᠢ ᠲᠡᠳᠬᠦᠬᠦ᠂ ᠶᠠᠳᠠᠭᠤ ᠬᠦᠴᠢᠷᠳᠡᠯᠲᠡᠶ ᠤᠯᠠᠨ ᠲᠦᠮᠡᠨ᠎ᠳᠤ ᠠᠵᠢᠯ ᠣᠯᠭᠤᠬᠤ ᠵᠡᠷᠭᠡ ᠵᠥᠷᠢᠴᠡᠯ ᠵᠠᠭᠤᠷᠠᠯᠳᠤᠭᠠᠨ᠎ᠢ ᠲᠣᠬᠢᠲᠠᠶ ᠱᠢᠢᠳᠪᠦᠷᠢᠯᠡᠪᠡ᠃ ᠬᠦᠴᠢᠷᠳᠡᠯ᠎ᠲᠠᠢ ᠤᠯᠠᠨ ᠲᠦᠮᠡᠨ᠎ᠳᠤ 9.1 ᠳ᠋ᠦᠩᠱᠢᠭᠤᠷ ᠲᠥᠭᠦᠷᠢᠭ᠎ᠤᠨ ᠬᠠᠤᠯᠢ ᠪᠠᠷᠢᠯᠲᠠ᠎ᠶ᠋ᠢᠨ ᠠᠪᠤᠷᠠᠨ ᠲᠤᠰᠠᠯᠠᠬᠤ ᠮᠥᠩᠭᠦ᠌ ᠲᠠᠷᠬᠠᠭᠠᠵᠤ᠂ ᠬᠡᠷᠡᠭ᠎ᠤᠨ ᠱᠢᠯᠲᠠᠭᠠᠨ᠎ᠢᠶᠠᠷ ᠶᠠᠳᠠᠭᠤᠷᠠᠬᠤ᠂ ᠲᠠᠬᠢᠨ ᠶᠠᠳᠠᠭᠤᠷᠠᠬᠤ᠎ᠶ᠋ᠢ ᠰᠡᠷᠭᠡᠢᠯᠡᠪᠡ᠃ ᠲᠠᠷᠢᠶᠠᠨ ᠭᠠᠵᠠᠷ᠎ᠢ ᠳᠤᠷ᠎ᠠ᠎ᠪᠠᠷ᠎ᠢᠶᠠᠨ ᠡᠵᠡᠯᠡᠭ᠌ᠰᠡᠨ ᠬᠡᠷᠡᠭ᠎ᠢ ᠬᠠᠤᠯᠢ ᠶᠣᠰᠣᠭᠠᠷ ᠱᠢᠭᠦᠵᠦ᠍᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭᠠᠬᠤ》᠂ 《ᠠᠮᠤ ᠪᠤᠳᠠᠭᠠᠨ᠎ᠤ ᠪᠤᠰᠤ ᠪᠣᠯᠭᠠᠬᠤ》 ᠠᠰᠠᠭᠤᠳᠠᠯ᠎ᠢ ᠵᠠᠰᠠᠬᠤ᠎ᠶ᠋ᠢ ᠠᠬᠢᠭᠤᠯᠪᠠ᠃ ᠯᠢᠶᠤᠤᠨᠢᠩ᠂ ᠬᠢᠷᠢᠨ᠂ ᠬᠠᠷᠠᠮᠦᠷᠡᠨ᠎ᠤ ᠱᠢᠬᠦᠬᠦ᠌ ᠬᠤᠷᠢᠶ᠎ᠠ ᠭᠠᠵᠠᠷ ᠱᠢᠷᠤᠢ᠂ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭ᠌ᠰᠡᠯ᠎ᠤᠨ ᠬᠠᠤᠯᠢ᠎ᠠᠴᠠ ᠵᠦᠷᠢᠴᠡᠭ᠌ᠰᠡᠨ ᠶᠠᠯᠠᠳᠤ ᠠᠵᠢᠯᠯᠠᠭ᠎ᠠ᠎ᠶ᠋ᠢ ᠴᠢᠩᠭ᠎ᠠ ᠱᠢᠢᠳᠭᠡᠵᠦ᠍᠂ ᠲᠠᠷᠢᠶᠠᠯᠠᠩ᠎ᠤᠨ ᠮᠡᠳᠡᠯᠬᠡ᠎ᠶ᠋ᠢᠨ  ᠪᠦᠳᠦᠬᠡᠭ᠌ᠳᠡᠬᠦᠨ᠎ᠤ ᠦᠮᠴᠢᠯᠡᠬᠦ᠌ ᠡᠷᠬᠡ᠎ᠶ᠋ᠢᠨ ᠬᠠᠮᠠᠭᠠᠯᠠᠯᠳᠠ᠎ᠶ᠋ᠢ ᠴᠢᠩᠭᠠᠳᠭᠠᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠬᠠᠤᠯᠢ ᠶᠤᠰᠤᠭᠠᠷ ᠬᠠᠮᠠᠭᠠᠯᠠᠪᠠ᠃ 

ᠱᠢᠨᠵᠢᠶᠠᠩ᠎ᠤᠨ ᠱᠢᠭᠦᠬᠦ᠌ ᠬᠤᠷᠢᠶ᠎ᠠ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠶᠠᠳᠠᠭᠤ᠎ᠠᠴᠠ ᠠᠩᠬᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠬᠦ᠌ ᠡᠮᠦᠨᠡᠲᠦ ᠱᠢᠨᠵᠢᠶᠠᠩ᠎ᠤᠨ ᠠᠶᠠᠯᠠᠯ᠎ᠳᠤ ᠬᠦᠴᠦᠨ᠎ᠢᠶᠠᠨ ᠨᠡᠮᠡᠷᠢᠯᠡᠬᠦ᠌ ᠠᠵᠢᠯᠯᠠᠭ᠎ᠠ᠎ᠶ᠋ᠢ ᠥᠷᠨᠢᠭᠦᠯᠵᠦ᠍᠂ 《ᠢᠤᠢ ᠲᠢᠶᠠᠨ᠎ᠤ ᠡᠯᠡᠰᠦᠨ ᠴᠦᠯ᠎ᠤᠨ ᠰᠠᠷᠭᠠᠶ ᠴᠡᠴᠡᠭ》 ᠵᠡᠷᠭᠡ ᠭᠠᠵᠠᠷ ᠵᠦᠶ᠎ᠶ᠋ᠢᠨ ᠢᠯᠡᠳᠭᠡᠮᠵᠢ ᠳᠡᠮᠳᠡᠭ᠎ᠤᠨ ᠬᠡᠷᠡᠭ᠌ᠯᠡᠭᠡᠨ᠎ᠤ ᠬᠠᠮᠠᠭᠠᠯᠠᠯᠲᠠ᠎ᠶ᠋ᠢ ᠠᠬᠢᠭᠤᠯᠪᠠ᠃ ᠹᠦᠵᠢᠶᠠᠨ᠂ ᠵᠢᠶᠠᠩᠰᠢ᠂ ᠭᠦᠢᠵᠧᠦ᠂ ᠱᠠᠨᠰᠢ ᠵᠡᠷᠭᠡ ᠱᠢᠭᠦᠬᠦ᠌ ᠬᠤᠷᠢᠶ᠎ᠠ ᠬᠠᠤᠯᠢ ᠪᠠᠷᠢᠯᠲᠠ᠎ᠪᠠᠷ ᠶᠠᠳᠠᠭᠤ᠎ᠶ᠋ᠢ ᠲᠡᠳᠬᠦᠬᠦ᠌ ᠠᠷᠭ᠎ᠠ ᠬᠡᠮᠵᠢᠶ᠎ᠡ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠡᠷᠲᠡ ᠴᠢᠯᠥᠭᠡᠯᠡᠭ᠌ᠳᠡᠭ᠌ᠰᠡᠨ ᠰᠣᠪᠢᠶᠠᠳ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠬᠦ᠌ ᠠᠵᠢᠯ᠎ᠳᠤ ᠦᠢᠯᠡᠴᠢᠯᠡᠪᠡ᠃

ᠮᠥᠩᠭᠦᠨ ᠭᠦᠢᠯᠭᠡᠭᠡᠨ᠎ᠤ ᠡᠷᠡᠭᠦᠯ᠎ᠢᠶᠠᠷ ᠬᠥᠭ᠌ᠵᠢᠬᠦ᠌᠎ᠳᠤ ᠦᠢᠯᠡᠴᠢᠯᠡᠪᠡ᠃ ᠦᠨᠡᠲᠦ ᠲᠡᠮᠳᠡᠭ᠌ᠲᠦ ᠬᠤᠭᠤᠴᠠᠭᠠᠲᠤ ᠪᠠᠷᠠᠭᠠᠨ᠎ᠤ ᠵᠠᠬ᠎ᠠ ᠳᠡᠯᠭᠡᠭᠦᠷ᠎ᠢ ᠡᠷᠬᠡᠱᠢᠶᠡᠬᠦ᠂ ᠳᠠᠯᠳᠠᠭᠤᠷ ᠠᠷᠠᠯᠵᠢᠶᠠᠯᠠᠬᠤ᠂ ᠨᠢᠭᠤᠴᠠ ᠵᠣᠭᠤᠰ᠎ᠤᠨ ᠫᠦᠰᠡ᠎ᠲᠠᠢ ᠬᠤᠯᠪᠣᠭ᠍ᠳᠠᠬᠤ᠂ ᠵᠣᠭᠤᠰ ᠤᠬᠢᠶᠠᠬᠤ ᠵᠡᠷᠭᠡ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠵᠦ᠍᠂ ᠥᠷᠢ ᠱᠢᠷᠢ᠎ᠠᠴᠠ ᠵᠠᠢᠯᠠᠵᠤ ᠬᠦᠴᠦᠨ ᠦᠭᠡᠢ ᠪᠣᠯᠭᠠᠬᠤ ᠦᠢᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠮᠥᠩᠭᠦᠨ ᠭᠦᠢᠯᠭᠡᠭᠡᠨ᠎ᠤ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ᠎ᠳᠤ ᠦᠢᠯᠡᠴᠢᠯᠡᠵᠦ᠍᠂ ᠮᠥᠩᠭᠦᠨ ᠭᠦᠢᠯᠭᠡᠭᠡᠨ᠎ᠤ ᠵᠠᠬ᠎ᠠ ᠳᠡᠯᠭᠡᠭᠦᠷ᠎ᠤᠨ ᠡᠮᠬᠢ ᠵᠢᠷᠤᠮ ᠪᠠ ᠤᠯᠤᠰ᠎ᠤᠨ ᠮᠥᠩᠭᠦᠨ ᠭᠦᠢᠯᠭᠡᠭᠡᠨ᠎ᠤ ᠠᠮᠤᠷ ᠲᠦᠪᠱᠢᠨ᠎ᠢ ᠬᠠᠮᠠᠭᠠᠯᠠᠪᠠ᠃ ᠲᠣᠭ᠍ᠲᠠᠭᠠᠯ᠎ᠠᠴᠠ ᠵᠥᠷᠢᠴᠡᠨ ᠮᠡᠳᠡᠭᠡ ᠵᠠᠩᠭᠢ ᠨᠡᠢᠲᠡᠯᠡᠬᠦ᠂ ᠰᠲ᠋ᠣᠺ᠎ᠢ ᠮᠡᠬᠡᠯᠡᠨ ᠲᠠᠷᠬᠠᠭᠠᠬᠤ ᠵᠡᠷᠭᠡ ᠶᠠᠯᠠᠲᠤ ᠠᠵᠢᠯᠯᠠᠭ᠎ᠠ᠎ᠶ᠋ᠢ ᠬᠠᠤᠯᠢ ᠶᠣᠰᠣᠭᠠᠷ ᠴᠢᠩᠭ᠎ᠠ ᠱᠢᠢᠳᠭᠡᠵᠦ᠍᠂ ᠬᠦᠷᠦᠩᠭᠡ᠎ᠶ᠋ᠢᠨ ᠵᠠᠬ᠎ᠠ ᠳᠡᠯᠭᠡᠭᠦᠷ᠎ᠤᠨ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠶ᠋ᠢ ᠤᠬ᠍ᠳᠤ ᠦᠯᠦ᠍ ᠬᠦᠯᠢᠴᠡᠪᠠ᠃ ᠢᠨᠲ᠋ᠧᠷ ᠰᠦᠯᠵᠢᠶᠡᠨ᠎ᠤ ᠮᠥᠩᠭᠦᠨ ᠭᠦᠢᠯᠭᠡᠭᠡᠨ᠎ᠤ ᠠᠶᠤᠯ ᠲᠦᠭ᠌ᠰᠢᠭᠦᠷᠢ᠎ᠶ᠋ᠢ ᠴᠡᠭ᠌ᠴᠡᠯᠡᠨ ᠵᠠᠰᠠᠬᠤ ᠠᠵᠢᠯ᠎ᠳᠤ ᠢᠳᠡᠪᠬᠢᠲᠡᠶ ᠣᠷᠣᠯᠴᠠᠵᠤ᠂ ᠰᠦᠯᠵᠢᠶᠡᠨ᠎ᠤ ᠵᠢᠭᠡᠯᠡᠯᠭᠡ᠎ᠶ᠋ᠢᠨ ᠲᠠᠪᠴᠠᠩ᠎ᠤᠨ ᠵᠣᠭᠤᠰ ᠵᠢᠭᠡᠯᠡᠭᠦᠯᠦᠭ᠌ᠴᠢ᠎ᠶ᠋ᠢᠨ ᠪᠡᠯᠡ ᠮᠥᠩᠭᠦ᠎ᠶ᠋ᠢ ᠪᠦᠷᠢᠯᠭᠡᠨ ᠰᠦᠢᠳᠭᠡᠭ᠌ᠰᠡᠨ ᠵᠡᠷᠭᠡ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠪᠡ᠃ ᠦᠨᠡᠲᠦ ᠲᠡᠮᠳᠡᠭ᠌ᠲᠦ᠎ᠶ᠋ᠢᠨ ᠵᠠᠭᠤᠷᠠᠯᠳᠤᠭᠠᠨ᠎ᠤ ᠲᠥᠯᠥᠭᠡᠯᠡᠬᠦ᠌ ᠬᠦᠮᠦᠨ᠎ᠤ ᠵᠠᠷᠭᠤ᠎ᠶ᠋ᠢᠨ ᠬᠠᠤᠯᠢ ᠪᠠᠷᠢᠬᠤ ᠲᠠᠢᠯᠪᠤᠷᠢᠯᠠᠯᠲᠠ᠎ᠶ᠋ᠢ ᠨᠡᠢᠲᠡᠯᠡᠵᠦ᠍᠂ ᠦᠨᠡᠲᠦ ᠲᠡᠮᠳᠡᠭ᠌ᠲᠦ᠎ᠶ᠋ᠢᠨ ᠬᠠᠮᠲᠤ᠎ᠶ᠋ᠢᠨ ᠵᠠᠷᠭᠤ᠎ᠶ᠋ᠢᠨ ᠲᠦᠷᠢᠮ᠎ᠢ ᠲᠡᠭᠦᠯᠳᠡᠷᠵᠢᠭᠦᠯᠪᠡ᠃ ᠠᠳᠠᠯ ᠦᠢᠯᠡᠰ ᠴᠣᠭ᠍ᠴᠠᠯᠠᠬᠤ ᠰᠠᠮᠪᠠᠷ᠎ᠠ᠎ᠶ᠋ᠢᠨ ᠥᠭᠡᠷᠡᠴᠢᠯᠡᠯᠲᠡ ᠪᠠ ᠳᠠᠩᠰᠠᠯᠠᠯᠲᠠ᠎ᠶ᠋ᠢᠨ ᠲᠦᠷᠢᠮ᠎ᠢ ᠲᠤᠷᠱᠢᠬᠤ᠎ᠳᠤ ᠦᠢᠯᠡᠴᠢᠯᠡᠬᠦ᠌ ᠲᠤᠬᠠᠶ ᠰᠠᠨᠠᠯ᠎ᠢ ᠨᠡᠢᠲᠡᠯᠡᠵᠦ᠍᠂ ᠬᠦᠷᠦᠩᠭᠡ᠎ᠶ᠋ᠢᠨ ᠵᠠᠬ᠎ᠠ ᠳᠡᠯᠭᠡᠭᠦᠷ᠎ᠤᠨ ᠰᠠᠭᠤᠷᠢᠯᠠᠬᠤ ᠴᠢᠨᠠᠷᠲᠠᠶ ᠲᠦᠷᠢᠮ᠎ᠤᠨ ᠥᠭᠡᠷᠡᠴᠢᠯᠡᠯᠲᠡ᠎ᠶ᠋ᠢ ᠪᠠᠲᠤᠯᠠᠪᠠ᠃ ᠱᠠᠩᠬᠠᠶ᠎ᠶ᠋ᠢᠨ ᠮᠥᠩᠭᠦᠨ ᠭᠦᠢᠯᠭᠡᠭᠡᠨ᠎ᠤ ᠱᠢᠭᠦᠬᠦ᠌ ᠬᠤᠷᠢᠶᠠᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠪᠡᠭᠡᠵᠢᠩ᠎ᠤᠨ ᠮᠥᠩᠭᠦᠨ ᠭᠦᠢᠯᠭᠡᠭᠡᠨ᠎ᠤ ᠱᠢᠭᠦᠬᠦ᠌ ᠬᠤᠷᠢᠶ᠎ᠠ᠎ᠶ᠋ᠢ ᠪᠠᠢᠭᠤᠯᠵᠤ᠂ ᠤᠯᠤᠰ᠎ᠤᠨ ᠮᠥᠩᠭᠦᠨ ᠭᠦᠢᠯᠭᠡᠭᠡᠨ᠎ᠤ ᠪᠠᠢᠯᠳᠤᠬᠤ ᠪᠤᠳᠤᠯᠭ᠎ᠠ᠎ᠶ᠋ᠢᠨ ᠬᠡᠷᠡᠭ᠌ᠵᠢᠭᠦᠯᠦᠯᠲᠡ᠎ᠳᠤ ᠦᠢᠯᠡᠴᠢᠯᠡᠪᠡ᠃ ᠠᠷᠠᠳ᠎ᠤᠨ ᠬᠤᠭᠤᠷᠣᠨᠳᠣᠬᠢ ᠵᠢᠭᠡᠯᠡᠯᠭᠡ᠎ᠶ᠋ᠢᠨ ᠬᠠᠤᠯᠢ ᠪᠠᠷᠢᠬᠤ ᠲᠠᠢᠯᠪᠤᠷᠢᠯᠠᠯᠲᠠ᠎ᠳᠤ ᠵᠠᠰᠠᠪᠤᠷᠢ ᠣᠷᠣᠭᠤᠯᠵᠤ᠂ ᠠᠷᠠᠳ᠎ᠤᠨ ᠵᠢᠭᠡᠯᠡᠯᠭᠡ᠎ᠶ᠋ᠢᠨ ᠬᠦᠦ ᠨᠣᠷᠮ᠎ᠠ᠎ᠶ᠋ᠢᠨ ᠬᠠᠤᠯᠢ ᠪᠠᠷᠢᠬᠤ ᠬᠠᠮᠠᠭᠠᠯᠠᠯᠲᠠ᠎ᠶ᠋ᠢᠨ ᠳᠡᠭᠡᠳᠦ ᠬᠢᠵᠠᠭᠠᠷ᠎ᠢ ᠶᠡᠭᠡ ᠬᠡᠮᠵᠢᠶ᠎ᠡ᠎ᠪᠠᠷ ᠳᠣᠷᠣᠭ᠍ᠰᠢᠯᠠᠭᠤᠯᠵᠤ᠂ ᠠᠵᠤ ᠠᠬᠤᠢᠯᠠᠯ᠎ᠤᠨ ᠪᠡᠯᠡ ᠲᠣᠬᠢᠷᠠᠭᠤᠯᠭ᠎ᠠ᠎ᠶ᠋ᠢᠨ ᠥᠪᠡᠷ᠎ᠤᠨ ᠥᠷᠲᠡᠭ᠎ᠢ ᠪᠠᠭᠤᠷᠠᠭᠤᠯᠵᠤ᠂ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠳᠤ ᠦᠢᠯᠡᠴᠢᠯᠡᠪᠡ᠃

ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠳᠤ ᠦᠢᠯᠡᠴᠢᠯᠡᠪᠡ᠃ ᠬᠦᠭᠡ ᠠᠭᠤᠯᠠ ᠬᠦᠭᠡᠮᠳᠦᠭ ᠤᠰᠤ ᠪᠤᠯ ᠠᠯᠳᠠᠨ ᠠᠭᠤᠯᠠ ᠮᠦᠩᠭᠦᠨ ᠬᠠᠢᠷᠬᠠᠨ ᠮᠦᠨ ᠭᠡᠬᠦ᠌ ᠣᠢᠯᠠᠭᠠᠭ᠍ᠳᠠᠬᠤᠨ᠎ᠢ ᠦᠢᠯᠡᠳᠦᠯᠭᠡᠵᠢᠭᠦᠯᠵᠦ᠍᠂ ᠨᠢᠭᠡᠳᠦᠭᠡᠷ ᠱᠢᠭᠦᠯᠲᠡ᠎ᠶ᠋ᠢᠨ ᠣᠷᠴᠢᠨ ᠠᠬᠤᠶ᠎ᠶ᠋ᠢᠨ ᠡᠬᠢ ᠪᠠᠶᠠᠯᠢᠭ᠎ᠤᠨ 25.3 ᠲᠦᠮᠡᠨ ᠬᠤᠪᠢ ᠬᠡᠷᠡᠭ᠎ᠢ ᠱᠢᠭᠦᠨ ᠳᠠᠭᠤᠰᠭᠠᠵᠤ᠂ ᠬᠥᠬᠡ ᠤᠬ᠍ᠳᠠᠷᠭᠤᠢ ᠬᠦᠬᠡᠮᠳᠦᠭ ᠤᠰᠤ ᠴᠡᠪᠡᠷ ᠬᠥᠷᠥᠰᠥ᠎ᠶ᠋ᠢ ᠬᠠᠮᠠᠭᠠᠯᠠᠬᠤ ᠲᠠᠢᠨ᠎ᠢ ᠰᠠᠢᠲᠤᠷ ᠬᠢᠬᠦ᠌᠎ᠳᠤ ᠬᠦᠴᠦᠨ᠎ᠢᠶᠠᠨ ᠨᠡᠮᠡᠷᠢᠯᠡᠪᠡ᠃ ᠣᠷᠴᠢᠨ ᠠᠬᠤᠶ᠎ᠶ᠋ᠢᠨ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢᠨ ᠬᠡᠷᠡᠭ᠎ᠢ 3557 ᠬᠤᠪᠢ ᠱᠢᠭᠦᠨ ᠳᠠᠭᠤᠰᠭᠠᠵᠤ᠂ ᠡᠨᠡ᠎ᠨᠢ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 82.1% ᠎ᠪᠠᠷ ᠨᠡᠮᠡᠭ᠌ᠳᠡᠪᠡ᠃ ᠵᠢᠶᠠᠩᠰᠦ᠎ᠶ᠋ᠢᠨ ᠱᠢᠭᠦᠬᠦ᠌ ᠬᠤᠷᠢᠶ᠎ᠠ ᠬᠥᠬᠡᠮᠥ᠋ᠷᠡᠨ᠎ᠳᠤ ᠬᠠᠤᠯᠢ ᠪᠤᠰᠤ᠎ᠪᠠᠷ ᠪᠣᠬᠢᠷᠲᠤᠯ ᠪᠤᠳᠠᠰ ᠭᠠᠳᠠᠭ᠍ᠰᠢᠯᠠᠭᠤᠯᠤᠭ᠍ᠰᠠᠨ ᠬᠡᠷᠡᠭ᠎ᠢ ᠱᠢᠭᠦᠵᠦ᠍᠂ ᠪᠤᠬᠢᠷᠳᠤᠯ ᠪᠤᠳᠠᠰ ᠭᠠᠳᠠᠭ᠍ᠰᠢᠯᠠᠭᠤᠯᠤᠭ᠍ᠴᠢ᠎ᠪᠠᠷ 5.2 ᠳ᠋ᠦᠩᠱᠢᠭᠤᠷ ᠲᠥᠭᠦᠷᠢᠭ᠎ᠤᠨ ᠣᠷᠴᠢᠨ ᠠᠬᠤᠶ᠎ᠶ᠋ᠢ ᠵᠠᠰᠠᠨ ᠰᠡᠷᠭᠦᠭᠡᠬᠦ᠌ ᠵᠠᠷᠤᠳᠠᠯ ᠪᠠ ᠶᠠᠯᠠᠳᠠᠯᠭ᠎ᠠ᠎ᠶ᠋ᠢᠨ ᠮᠦᠡᠭ᠌ᠭᠦ᠎ᠶ᠋ᠢ ᠲᠦᠯᠦᠬᠦᠯᠪᠡ᠃ ᠾᠧᠨᠠᠨ᠎ᠤ ᠱᠢᠭᠦᠬᠦ᠌ ᠬᠤᠷᠢᠶ᠎ᠠ ᠬᠠᠶᠠᠭ᠍ᠳᠠᠮᠠᠯ ᠬᠦᠴᠢᠯ᠎ᠤᠨ ᠬᠠᠳᠤᠨ ᠭᠤᠤᠯ᠎ᠤᠨ ᠰᠠᠯᠪᠤᠷᠢ ᠤᠷᠤᠰᠭᠠᠯ᠎ᠢ ᠪᠣᠬᠢᠷᠲᠤᠭᠤᠯᠤᠭ᠍ᠰᠠᠨ ᠬᠡᠷᠡᠭ᠎ᠢ ᠱᠢᠭᠦᠵᠦ᠍᠂ 《ᠠᠵᠤ ᠠᠬᠤᠢᠯᠠᠯ ᠪᠣᠬᠢᠷᠲᠤᠯ ᠪᠤᠳᠠᠰ ᠭᠠᠳᠠᠭ᠍ᠰᠢᠯᠠᠭᠤᠯᠵᠤ᠂ ᠤᠯᠠᠨ ᠲᠦᠮᠡᠨ ᠬᠤᠬᠢᠷᠠᠯ ᠠᠮᠰᠠᠵᠤ᠂ ᠵᠠᠰᠠᠭ᠎ᠤᠨ ᠣᠷᠳᠣᠨ ᠵᠤᠭᠤᠰ ᠭᠠᠷᠭᠠᠬᠤ》 ᠦᠵᠡᠭ᠌ᠳᠡᠯ᠎ᠢ ᠬᠤᠪᠢᠷᠠᠭᠤᠯᠪᠠ᠃ ᠹᠦᠵᠢᠶᠠᠨ᠎ᠤ ᠱᠢᠭᠦᠬᠦ᠌ ᠬᠤᠷᠢᠶ᠎ᠠ ᠡᠷᠲᠡᠨ᠎ᠤ ᠭᠡᠷ ᠪᠠᠢᠱᠢᠩ᠂ ᠭᠤᠳᠤᠮ ᠬᠦᠬᠦᠷᠭᠡ ᠵᠡᠷᠭᠡ ᠰᠣᠶᠣᠯ ᠬᠢᠭᠡᠳ ᠪᠠᠢᠭᠠᠯᠢ᠎ᠶ᠋ᠢᠨ ᠥᠪ᠎ᠤᠨ ᠬᠠᠤᠯᠢ ᠪᠠᠷᠢᠬᠤ ᠬᠠᠮᠠᠭᠠᠯᠠᠯᠲᠠ᠎ᠶ᠋ᠢ ᠴᠢᠩᠭᠠᠳᠭᠠᠪᠠ᠃ ᠭᠤᠸᠠᠩᠰᠢ᠎ᠶ᠋ᠢᠨ ᠱᠢᠭᠦᠬᠦ᠌ ᠬᠤᠷᠢᠶ᠎ᠠ ᠬᠡᠭᠡᠷ᠎ᠡ᠎ᠶ᠋ᠢᠨ ᠠᠮᠢᠲᠠᠨ᠎ᠢ ᠬᠠᠮᠠᠭᠠᠯᠠᠬᠤ᠎ᠶ᠋ᠢ ᠲᠣᠭᠤᠷᠢᠨ ᠱᠢᠭᠦᠨ ᠲᠠᠰᠤᠯᠬᠤ᠎ᠶ᠋ᠢ ᠴᠢᠩᠭᠠᠳᠭᠠᠪᠠ᠃ ᠭᠦᠢᠵᠧᠦ᠎ᠶ᠋ᠢᠨ ᠱᠢᠭᠦᠬᠦ᠌ ᠬᠤᠷᠢᠶ᠎ᠠ ᠤᠯᠠᠮᠵᠢᠯᠠᠯᠲᠤ ᠠᠢᠯ ᠲᠣᠰᠭᠤᠨ᠎ᠢ ᠢᠳᠡᠪᠬᠢᠲᠡᠶ᠎ᠪᠠᠷ ᠬᠠᠮᠠᠭᠠᠯᠠᠵᠤ ᠣᠷᠣᠨ ᠨᠤᠲᠤᠭ᠎ᠤᠨ ᠪᠣᠯᠪᠠᠰᠤᠨ᠎ᠢ ᠦᠯᠡᠳᠡᠭᠡᠪᠡ᠃ ᠲᠥᠪᠡᠳ᠎ᠤᠨ ᠱᠢᠭᠦᠬᠦ᠌ ᠬᠤᠷᠢᠶ᠎ᠠ ᠴᠠᠰᠤᠲᠤ᠎ᠶ᠋ᠢᠨ ᠥᠨᠳᠦᠷᠯᠢᠭ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠬᠠᠤᠯᠢ ᠶᠣᠰᠣᠭᠠᠷ ᠰᠠᠬᠢᠨ ᠬᠠᠮᠠᠭᠠᠯᠠᠪᠠ᠃ ᠱᠠᠨᠰᠢ᠎ᠶ᠋ᠢᠨ ᠱᠢᠭᠦᠬᠦ᠌ ᠬᠤᠷᠢᠶ᠎ᠠ ᠰᠡᠷᠭᠦᠭᠡᠯᠲᠡ᠎ᠶ᠋ᠢᠨ ᠴᠢᠨᠠᠷᠲᠠᠶ ᠬᠠᠤᠯᠢ ᠪᠠᠷᠢᠯᠲᠠ᠎ᠪᠠᠷ ᠴᠢᠨᠯᠢᠩ ᠳᠠᠪᠠᠭᠠᠨ᠎ᠤ ᠠᠮᠢ ᠠᠬᠤᠶ᠎ᠶ᠋ᠢ ᠵᠠᠰᠠᠨ ᠰᠡᠷᠭᠦᠭᠡᠬᠦ᠌᠎ᠳᠤ ᠬᠦᠴᠦᠨ᠎ᠢᠶᠠᠨ ᠨᠡᠮᠡᠷᠢᠯᠡᠪᠡ᠃ ᠬᠥᠬᠡᠨᠠᠭᠤᠷ᠎ᠤᠨ ᠱᠢᠭᠦᠬᠦ᠌ ᠬᠤᠷᠢᠶ᠎ᠠ ᠳᠤᠮᠳᠠᠳᠤ᠎ᠶ᠋ᠢᠨ ᠤᠰᠤᠨ ᠰᠤᠪᠤᠷᠭ᠎ᠠ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠢ ᠪᠦᠬᠦ᠌ ᠬᠦᠴᠦᠨ᠎ᠢᠶᠠᠷ ᠰᠠᠬᠢᠨ ᠬᠠᠮᠠᠭᠠᠯᠠᠪᠠ᠃ ᠱᠠᠩᠬᠠᠢ᠂ ᠬᠤᠪᠸᠢ᠂ ᠬᠤᠨᠠᠨ᠂ ᠰᠧᠴᠤᠸᠠᠨ ᠵᠡᠷᠭᠡ᠎ᠶ᠋ᠢᠨ ᠱᠢᠭᠦᠬᠦ᠌ ᠬᠤᠷᠢᠶ᠎ᠠ ᠬᠥᠬᠡᠮᠦᠷᠡᠨ᠎ᠳᠤ ᠬᠤᠯᠪᠣᠭ᠍ᠳᠠᠭ᠍ᠰᠠᠨ ᠵᠢᠭᠠᠰᠤ ᠠᠩᠨᠠᠬᠤ᠎ᠶ᠋ᠢ ᠴᠠᠭᠠᠵᠠᠯᠠᠬᠤ ᠬᠡᠷᠡᠭ᠎ᠢ ᠬᠠᠤᠯᠢ ᠶᠣᠰᠣᠭᠠᠷ ᠱᠢᠭᠦᠵᠦ᠍᠂ ᠱᠠᠨ ᠰᠢ᠂ ᠥᠪᠥᠷ ᠮᠣᠩᠭᠤᠯ᠂ ᠱᠠᠨᠳᠦ᠋ᠩ᠂ ᠭᠠᠨᠰᠦ᠂ ᠨᠢᠩᠱᠢᠶᠠ ᠵᠡᠷᠭᠡ ᠬᠠᠳᠤᠨ ᠭᠤᠤᠯ᠎ᠤᠨ ᠰᠠᠪᠠ ᠭᠠᠵᠠᠷ᠎ᠤᠨ 9 ᠮᠤᠵᠢ ᠣᠷᠣᠨ᠎ᠤ ᠱᠢᠭᠦᠬᠦ᠌ ᠬᠤᠷᠢᠶ᠎ᠠ ᠣᠷᠴᠢᠨ ᠠᠬᠤᠶ᠎ᠶ᠋ᠢᠨ ᠡᠬᠢ ᠪᠠᠶᠠᠯᠢᠭ᠎ᠤᠨ ᠱᠢᠭᠦᠨ ᠲᠠᠰᠤᠯᠬᠤ ᠬᠠᠮᠵᠢᠯᠴᠠᠭ᠎ᠠ᠎ᠪᠠᠨ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠡᠵᠢ ᠭᠤᠤᠯ᠎ᠢ ᠬᠠᠮᠠᠭᠠᠯᠠᠪᠠ᠃

ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠳᠤ ᠦᠢᠯᠡᠴᠢᠯᠡᠪᠡ᠃ ᠬᠥᠬᠡᠮᠥ᠋ᠷᠡᠨ᠎ᠤ ᠭᠤᠷᠪᠠᠯᠵᠢᠨ ᠬᠤᠢᠭ᠎ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠶ ᠬᠥᠭ᠌ᠵᠢᠯᠲᠡ᠂ ᠪᠠᠷᠠᠭᠤᠨ ᠬᠡᠰᠡᠭ᠎ᠤᠨ ᠭᠠᠵᠠᠷ ᠣᠷᠣᠨ᠎ᠢ ᠶᠡᠬᠡᠪᠡᠷ ᠨᠡᠭᠡᠭᠡᠨ ᠬᠥᠭ᠌ᠵᠢᠭᠦᠯᠬᠦ᠂ ᠱᠧᠨᠵᠧᠨ᠎ᠤ ᠤᠷᠢᠳᠠᠴᠢ ᠵᠢᠱ᠌ᠢᠶ᠎ᠡ ᠦᠵᠡᠭᠦᠯᠬᠦ᠌ ᠣᠷᠣᠨ᠎ᠤ ᠪᠦᠲᠦᠭᠡᠨ ᠪᠠᠢᠭᠤᠯᠤᠯᠲᠠ᠂ ᠫᠦᠳᠦ᠋ᠩ ᠥᠨᠳᠥᠷ ᠲᠦᠪᠱᠢᠨ ᠪᠦᠬᠦᠢ ᠥᠭᠡᠷᠡᠴᠢᠯᠡᠯᠲᠡ ᠨᠡᠭᠡᠭᠡᠯᠲᠡ ᠵᠡᠷᠬᠡ᠎ᠲᠠᠢ ᠤᠶᠠᠯᠳᠤᠭᠤᠯᠤᠨ᠂ ᠬᠠᠤᠯᠢ ᠪᠠᠷᠢᠬᠤ ᠦᠢᠯᠡᠴᠢᠯᠡᠭᠡᠨ᠎ᠤ ᠠᠷᠭ᠎ᠠ ᠬᠡᠮᠵᠢᠶ᠎ᠡ᠎ᠶ᠋ᠢ ᠰᠤᠳᠤᠯᠤᠨ ᠲᠣᠭ᠍ᠲᠠᠭᠠᠪᠠ᠃ ᠪᠡᠭᠡᠵᠢᠩ᠂ ᠲᠢᠶᠠᠨᠵᠢᠨ᠂ ᠾᠧᠪᠸᠢ᠎ᠶ᠋ᠢᠨ ᠱᠢᠭᠦᠬᠦ᠌ ᠬᠤᠷᠢᠶ᠎ᠠ ᠬᠠᠤᠯᠢ ᠪᠠᠷᠢᠬᠤ ᠬᠠᠮᠵᠢᠯᠴᠠᠭ᠎ᠠ᠎ᠪᠠᠨ ᠴᠢᠩᠭᠠᠳᠭᠠᠵᠤ᠂ ᠪᠡᠬᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠂ ᠡᠪᠦᠯ᠎ᠤᠨ ᠤᠯᠠᠷᠢᠯ᠎ᠤᠨ ᠵᠡᠮᠳᠡᠭ᠌ᠴᠦᠳ᠎ᠤᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠳᠤ ᠬᠤᠯᠪᠣᠭ᠍ᠳᠠᠭ᠍ᠰᠠᠨ ᠰᠠᠭᠤᠷᠢ ᠲᠥᠬᠦᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠂ ᠠᠮᠢ ᠠᠬᠤᠶ᠎ᠶ᠋ᠢᠨ ᠣᠷᠴᠢᠨ ᠨᠦᠬᠦᠴᠡᠯ᠎ᠤᠨ ᠬᠠᠮᠠᠭᠠᠯᠠᠯᠲᠠ᠎ᠶ᠋ᠢᠨ ᠬᠡᠷᠡᠭ᠎ᠢ ᠲᠣᠬᠢᠲᠠᠶ ᠱᠢᠭᠦᠪᠡ᠃ ᠱᠢᠶᠦ᠋ᠩ ᠠᠨ ᠱᠢᠨ᠎ᠡ ᠲᠣᠭᠤᠷᠢᠭ᠎ᠤᠨ ᠱᠢᠭᠦᠬᠦ᠌ ᠬᠤᠷᠢᠶ᠎ᠠ ᠱᠢᠨ᠎ᠡ ᠲᠣᠭᠤᠷᠢᠭ᠎ᠤᠨ ᠴᠢᠬᠤᠯᠠ ᠶᠡᠭᠡ ᠲᠦᠰᠦᠯ᠎ᠤᠨ ᠪᠦᠲᠦᠭᠡᠨ ᠪᠠᠢᠭᠤᠯᠤᠯᠲᠠ᠎ᠶ᠋ᠢ ᠢᠳᠡᠪᠬᠢᠲᠡᠶ ᠪᠠᠲᠤᠯᠠᠪᠠ᠃ ᠤᠯᠤᠰ᠎ᠤᠨ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠲᠣᠪᠴᠢᠶ᠎ᠠ᠎ᠲᠠᠢ ᠬᠠᠮᠲᠤᠷᠠᠨ ᠱᠠᠩᠬᠠᠶ᠂ ᠵᠢᠶᠠᠩᠰᠦ᠂ ᠵᠧᠵᠢᠶᠠᠩ᠂ ᠠᠨᠾᠦ᠋ᠢ᠎ᠶ᠋ᠢᠨ ᠱᠢᠭᠦᠬᠦ᠌ ᠬᠤᠷᠢᠶ᠎ᠠ ᠪᠣᠯᠤᠨ ᠲᠤᠬᠠᠶ᠎ᠶ᠋ᠢᠨ ᠭᠠᠵᠠᠷ᠎ᠤᠨ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠲᠣᠪᠴᠢᠶ᠎ᠠ᠎ᠶ᠋ᠢ ᠵᠢᠯᠣᠭᠤᠳᠤᠨ ᠬᠥᠬᠡᠮᠥ᠋ᠷᠡᠨ᠎ᠤ ᠭᠤᠷᠪᠠᠯᠵᠢᠨ ᠬᠤᠢᠭ᠎ᠢ ᠨᠢᠭᠡ ᠴᠤᠭ᠍ᠴᠠᠵᠢᠭᠤᠯᠤᠭ᠍ᠰᠠᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠬᠠᠮᠠᠭᠠᠯᠠᠯᠲᠠ᠎ᠶ᠋ᠢ ᠬᠠᠮᠲᠤ᠎ᠪᠠᠷ ᠠᠬᠢᠭᠤᠯᠪᠠ᠃ ᠭᠤᠸᠠᠩᠳᠦ᠋ᠩ᠎ᠤᠨ ᠱᠢᠭᠦᠬᠦ᠌ ᠬᠤᠷᠢᠶ᠎ᠠ ᠭᠤᠷᠪᠠᠨ ᠵᠢᠯ᠎ᠤᠨ ᠠᠵᠢᠯᠯᠠᠭᠠᠨ᠎ᠤ ᠲᠥᠰᠦᠯ᠎ᠢ ᠨᠡᠢᠲᠡᠯᠡᠵᠦ᠍᠂ ᠭᠤᠸᠠᠩᠳᠦ᠋ᠩ ᠱᠢᠶᠠᠩᠭᠠᠩ ᠣᠣᠮᠧᠨ᠎ᠤ ᠲᠤᠮᠤ ᠪᠤᠯᠤᠩ᠎ᠤᠨ ᠣᠷᠣᠨ᠎ᠤ ᠪᠦᠳᠦᠭᠡᠨ ᠪᠠᠢᠭᠤᠯᠤᠯᠲᠠ᠎ᠳᠤ ᠦᠢᠯᠡᠴᠢᠯᠡᠪᠡ᠃ ᠭᠢᠷᠢᠨ᠎ᠤ ᠱᠢᠭᠦᠬᠦ᠌ ᠬᠤᠷᠢᠶ᠎ᠠ ᠯᠢᠶᠣᠤᠨᠢᠩ᠂ ᠬᠠᠷᠠᠮᠥ᠋ᠷᠡᠨ᠎ᠤ ᠱᠢᠭᠦᠬᠦ᠌ ᠬᠤᠷᠢᠶ᠎ᠠ᠎ᠲᠠᠢ ᠬᠠᠮᠲᠤ ᠵᠠᠰᠠᠭ᠎ᠤᠨ ᠣᠷᠳᠣᠨ᠎ᠯᠤᠭ᠎ᠠ ᠬᠤᠯᠪᠣᠭᠠᠯᠠᠨ ᠬᠥᠳᠡᠯᠦᠯᠴᠡᠵᠦ᠍ ᠵᠠᠰᠠᠭ ᠵᠠᠬᠢᠷᠭᠠᠨ᠎ᠤ ᠮᠠᠷᠭᠤᠯᠳᠤᠭᠠᠨ᠎ᠢ ᠱᠢᠢᠳᠪᠦᠷᠢᠯᠡᠬᠦ᠌᠎ᠶ᠋ᠢ ᠴᠢᠩᠭᠠᠳᠭᠠᠵᠤ᠂ ᠱᠢᠨ᠎ᠡ ᠴᠠᠭ ᠦᠶ᠎ᠡ᠎ᠶ᠋ᠢᠨ ᠵᠡᠭᠦᠨ ᠬᠤᠢᠲᠤ ᠣᠷᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠂ ᠪᠦᠬᠦ᠌ ᠤᠷᠤᠨ ᠪᠠᠢᠷᠢ᠎ᠪᠠᠷ᠎ᠨᠢ ᠬᠥᠭ᠌ᠵᠢᠭᠦᠯᠦᠨ ᠮᠠᠨᠳᠤᠭᠤᠯᠬᠤ᠎ᠳᠤ ᠦᠢᠯᠡᠴᠢᠯᠡᠪᠡ᠃ ᠴᠦᠩᠴᠢᠩ᠂ ᠰᠧᠴᠤᠸᠠᠨ᠎ᠤ ᠱᠢᠭᠦᠬᠦ᠌ ᠬᠤᠷᠢᠶ᠎ᠠ ᠬᠠᠤᠯᠢ ᠪᠠᠷᠢᠬᠤ ᠬᠠᠮᠵᠢᠯᠴᠠᠭ᠎ᠠ᠎ᠶ᠋ᠢᠨ ᠤᠢᠷ᠎ᠠ ᠵᠡᠷᠭᠡᠯᠡᠳᠡᠭᠡ ᠬᠤᠳᠠ᠎ᠶ᠋ᠢᠨ ᠦᠢᠯᠡᠳᠦᠯ᠎ᠢ ᠴᠢᠩᠭᠠᠳᠭᠠᠵᠤ᠂ ᠴᠧᠩᠳᠦ᠋ ᠴᠦᠩᠴᠢᠩ ᠣᠷᠣᠨ᠎ᠤ ᠬᠤᠶᠠᠷ ᠬᠤᠳᠠ᠎ᠶ᠋ᠢᠨ ᠠᠵᠤ ᠠᠬᠤᠶ᠎ᠶ᠋ᠢᠨ ᠲᠤᠭᠤᠷᠢᠭ᠎ᠤᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠪᠠ᠃

ᠭᠠᠳᠠᠭ᠍ᠰᠢ ᠨᠡᠭᠡᠭᠡᠯᠲᠡ ᠬᠢᠬᠦ᠌᠎ᠶ᠋ᠢ ᠥᠷᠭᠡᠳᠭᠡᠬᠦ᠌᠎ᠳᠤ ᠦᠢᠯᠡᠴᠢᠯᠡᠪᠡ᠃ ᠭᠠᠳᠠᠭ᠍ᠰᠢ ᠨᠡᠭᠡᠭᠡᠯᠲᠡ ᠬᠢᠬᠦ᠌᠎ᠶ᠋ᠢ ᠥᠷᠭᠡᠳᠭᠡᠬᠦ᠌᠎ᠳᠤ ᠦᠢᠯᠡᠴᠢᠯᠡᠬᠦ᠌ ᠰᠠᠨᠠᠯ᠎ᠢ ᠨᠡᠢᠲᠡᠯᠡᠵᠦ᠍᠂ ᠳᠤᠮᠳᠠᠳᠤ ᠭᠠᠳᠠᠭᠠᠳᠤ᠎ᠶ᠋ᠢᠨ ᠲᠤᠬᠠᠶ᠎ᠶ᠋ᠢᠨ ᠬᠥᠮᠦᠨ᠎ᠤ ᠬᠠᠤᠯᠢ ᠶᠣᠰᠣᠨ᠎ᠤ ᠡᠷᠬᠡ ᠠᠱᠢᠭ᠎ᠢ ᠡᠷᠬᠡ ᠲᠡᠭ᠌ᠰᠢ᠎ᠪᠠᠷ ᠬᠠᠮᠠᠭᠠᠯᠠᠪᠠ᠃ ᠠᠷᠠᠳ᠎ᠤᠨ ᠳᠡᠭᠡᠲᠦ ᠱᠢᠭᠦᠬᠦ᠌ ᠬᠤᠷᠢᠶᠠᠨ᠎ᠤ ᠣᠯᠠᠨ ᠤᠯᠤᠰ᠎ᠤᠨ ᠬᠤᠳᠠᠯᠳᠤᠭᠠᠨ᠎ᠤ ᠶᠠᠪᠤᠳᠠᠯ᠎ᠤᠨ ᠱᠢᠭᠦᠬᠦ᠌ ᠲᠢᠩᠬᠢᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠨᠡᠢᠳᠡ 25 ᠤᠯᠤᠰ᠎ᠠᠴᠠ ᠢᠷᠡᠭ᠌ᠰᠡᠨ 55 ᠲᠤᠰᠭᠠᠢ ᠮᠡᠷᠭᠡᠵᠢᠯᠲᠡᠨ᠂ ᠬᠠᠤᠯᠢ ᠴᠠᠭᠠᠵᠠ᠎ᠶ᠋ᠢᠨ ᠠᠵᠢᠯᠲᠠᠨ᠎ᠢ ᠤᠷᠢᠵᠤ ᠣᠯᠠᠨ ᠤᠯᠤᠰ᠎ᠤᠨ ᠬᠤᠳᠠᠯᠳᠤᠭᠠᠨ᠎ᠤ ᠶᠠᠪᠤᠳᠠᠯ᠎ᠤᠨ ᠲᠤᠰᠭᠠᠢ ᠮᠡᠷᠭᠡᠵᠢᠯᠲᠡᠨ᠎ᠤ ᠵᠥᠪᠯᠡᠯ᠎ᠤᠨ ᠣᠨᠴᠠ ᠤᠷᠢᠭ᠍ᠰᠠᠨ ᠲᠤᠰᠭᠠᠢ ᠮᠡᠷᠭᠡᠵᠢᠯᠲᠡᠨ᠎ᠤ ᠲᠤᠱᠢᠶᠠᠯ᠎ᠢ ᠡᠭᠦᠷᠭᠡᠯᠡᠭᠦᠯᠵᠤ᠂ 《ᠨᠢᠭᠡ ᠪᠦᠰᠡ ᠨᠢᠭᠡ ᠵᠠᠮ》 ᠎ᠢ ᠬᠠᠮᠲᠤ᠎ᠪᠠᠷ ᠪᠦᠲᠦᠭᠡᠨ ᠪᠠᠢᠭᠤᠯᠬᠤ ᠴᠢᠨᠠᠷ ᠰᠠᠢᠲᠠᠢ ᠬᠥᠭ᠌ᠵᠢᠯᠲᠡ᠎ᠳᠤ ᠦᠢᠯᠡᠴᠢᠯᠡᠪᠡ᠃ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ᠎ᠳᠤ ᠦᠢᠯᠡᠴᠢᠯᠡᠬᠦ᠌ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠵᠦ᠍᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠪᠦᠲᠦᠭᠡᠨ ᠪᠠᠢᠭᠤᠯᠤᠯᠲᠠ᠎ᠳᠤ ᠦᠢᠯᠡᠴᠢᠯᠡᠬᠦ᠌ ᠰᠠᠨᠠᠯ᠎ᠢ ᠲᠣᠭ᠍ᠲᠠᠭᠠᠵᠤ᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠱᠢᠭᠦᠬᠦ᠌ ᠬᠤᠷᠢᠶ᠎ᠠ᠎ᠶ᠋ᠢ ᠪᠠᠢᠭᠤᠯᠪᠠ᠃ ᠴᠦᠡᠭ᠌ᠴᠢᠩ᠂ ᠵᠧᠩᠵᠸᠦ᠂ ᠴᠧᠩᠳᠦ᠋᠂ ᠰᠢ ᠠᠨ᠂ ᠯᠠᠨᠵᠧᠦ᠎ᠶ᠋ᠢᠨ ᠱᠢᠭᠦᠬᠦ᠌ ᠬᠤᠷᠢᠶ᠎ᠠ ᠣᠯᠠᠨ ᠤᠯᠤᠰ᠎ᠤᠨ ᠲᠡᠮᠦᠷ ᠵᠠᠮ᠎ᠤᠨ ᠬᠠᠮᠲᠤᠷᠠᠭ᠍ᠰᠠᠨ ᠲᠡᠭᠡᠭᠡᠪᠦᠷᠢ᠎ᠶ᠋ᠢᠨ ᠭᠡᠷ᠎ᠡ᠎ᠶ᠋ᠢᠨ ᠵᠠᠭᠤᠷᠠᠯᠳᠤᠭᠠᠨ᠎ᠢ ᠲᠣᠬᠢᠲᠠᠶ ᠱᠢᠢᠳᠪᠦᠷᠢᠯᠡᠪᠠ᠃ ᠭᠤᠸᠠᠩᠰᠢ᠂ ᠶᠦᠨᠨᠠᠨ᠎ᠤ ᠱᠢᠭᠦᠬᠦ᠌ ᠬᠤᠷᠢᠶ᠎ᠠ ᠲᠣᠭᠤᠷᠢᠨ ᠱᠢᠭᠦᠨ ᠲᠠᠰᠤᠯᠬᠤ ᠲᠣᠭ᠍ᠲᠠᠴᠠ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠬᠢᠯᠢ᠎ᠶ᠋ᠢᠨ ᠠᠷᠠᠯᠵᠢᠶᠠᠨ᠎ᠤ ᠵᠠᠭᠤᠷᠠᠯᠳᠤᠭᠠᠨ᠎ᠢ ᠴᠠᠭ ᠲᠤᠬᠠᠶ᠎ᠳᠤᠨᠢ ᠱᠢᠢᠳᠪᠦᠷᠢᠯᠡᠪᠡ᠃ ᠭᠠᠳᠠᠭᠠᠳᠤ᠎ᠶ᠋ᠢᠨ ᠲᠤᠬᠠᠶ᠎ᠶ᠋ᠢᠨ ᠬᠥᠮᠦᠨ ᠮᠠᠨ᠎ᠤ ᠤᠯᠤᠰ᠎ᠤᠨ ᠳᠠᠯᠠᠢ᠎ᠶ᠋ᠢᠨ ᠶᠠᠪᠤᠳᠠᠯ᠎ᠤᠨ ᠱᠢᠭᠦᠬᠦ᠌ ᠬᠤᠷᠢᠶᠠᠨ᠎ᠳᠤ ᠬᠠᠮᠢᠶᠠᠷᠤᠨ ᠬᠠᠷᠢᠶᠠᠯᠠᠭᠤᠯᠬᠤ᠎ᠪᠠᠷ ᠰᠠᠨᠠᠭᠠᠴᠢᠯᠠᠭ᠎ᠠ᠎ᠠᠴᠠ᠎ᠪᠠᠨ ᠰᠤᠩᠭᠤᠭ᠍ᠰᠠᠨ ᠪᠤᠶᠤ ᠤᠯᠤᠰ᠎ᠤᠨ ᠭᠠᠳᠠᠨᠠᠬᠢ ᠬᠥᠨᠳᠡᠯᠡᠨ᠎ᠤ ᠲᠠᠰᠤᠯᠤᠯᠳᠠ᠎ᠪᠠᠨ ᠮᠠᠨ᠎ᠤ ᠤᠯᠤᠰ᠎ᠤᠨ ᠳᠠᠯᠠᠶ᠎ᠶ᠋ᠢᠨ ᠶᠠᠪᠤᠳᠠᠯ᠎ᠤᠨ ᠱᠢᠬᠦᠬᠦ᠌ ᠬᠤᠷᠢᠶᠠᠨ᠎ᠳᠤ ᠬᠠᠮᠢᠶᠠᠷᠤᠨ ᠬᠠᠷᠢᠶᠠᠯᠠᠭᠤᠯᠬᠤ᠎ᠪᠠᠷ ᠬᠤᠪᠢᠷᠠᠭᠤᠯᠤᠭ᠍ᠰᠠᠨ᠎ᠨᠢ ᠮᠠᠨ᠎ᠤ ᠤᠯᠤᠰ᠎ᠤᠨ ᠳᠠᠯᠠᠢ᠎ᠶ᠋ᠢᠨ ᠶᠠᠪᠤᠳᠠᠯ᠎ᠤᠨ ᠬᠠᠤᠯᠢ ᠪᠠᠷᠢᠯᠳᠠ᠎ᠶ᠋ᠢᠨ ᠳᠠᠯᠠᠬᠡᠢ ᠳᠡᠬᠡᠷᠡᠬᠢ ᠤᠯᠠᠨ ᠨᠡᠢᠲᠡ᠎ᠶ᠋ᠢᠨ ᠢᠲᠡᠭᠡᠭᠦᠯᠬᠦ᠌ ᠬᠦᠴᠦᠨ᠎ᠢ ᠡᠳᠦᠷ ᠢᠷᠡᠬᠦᠶ᠎ᠡ ᠳᠡᠭᠡᠭ᠌ᠰᠢᠯᠡᠬᠦᠯᠪᠠ᠃

ᠭᠤᠷᠪᠠ᠂ ᠠᠷᠠᠳ ᠤᠯᠠᠨ᠎ᠤ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠬᠠᠮᠠᠭᠠᠯᠠᠪᠠ

ᠠᠷᠠᠳ ᠲᠦᠮᠡᠨ᠎ᠢᠶᠠᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠠᠷᠠᠳ᠎ᠤᠨ ᠲᠥᠯᠥᠭᠡ ᠬᠠᠤᠯᠢ ᠪᠠᠷᠢᠬᠤ ᠵᠣᠷᠢᠯᠲᠠ᠎ᠶ᠋ᠢ ᠦᠢᠯᠡᠳᠦᠯᠭᠡᠵᠢᠭᠦᠯᠵᠦ᠍᠂ ᠠᠷᠠᠳ ᠤᠯᠠᠨ᠎ᠤ ᠱᠢᠨ᠎ᠡ ᠱᠠᠭᠠᠷᠳᠠᠯᠭ᠎ᠠ ᠱᠢᠨ᠎ᠡ ᠬᠦᠰᠡᠯ ᠡᠷᠡᠮᠡᠯᠵᠡᠯ᠎ᠳᠤ ᠢᠳᠡᠪᠬᠢᠲᠡᠶ᠎ᠪᠠᠷ ᠬᠠᠷᠢᠭᠤᠯᠲᠠ ᠥᠭ᠌ᠴᠦ᠂ ᠬᠠᠤᠯᠢ᠎ᠪᠠᠷ ᠵᠠᠰᠠᠬᠤ᠎ᠪᠠᠷ ᠠᠷᠠᠳ ᠲᠦᠮᠡᠨ᠎ᠤ ᠠᠮᠤᠷ ᠲᠠᠢᠪᠤᠩ ᠠᠵᠤ ᠲᠦᠷᠦᠭᠦ᠎ᠶ᠋ᠢ ᠪᠠᠲᠤᠯᠠᠪᠠ᠃

ᠢᠷᠭᠡᠨ᠎ᠤ ᠬᠠᠤᠯᠢ᠎ᠶ᠋ᠢᠨ ᠪᠢᠴᠢᠭ᠎ᠢ ᠲᠤᠭᠤᠱᠢᠯᠠᠭᠤᠯᠤᠨ ᠬᠡᠷᠡᠭ᠌ᠵᠢᠭᠦᠯᠪᠡ᠃ 591 ᠬᠤᠪᠢ ᠬᠠᠤᠯᠢ ᠪᠠᠷᠢᠬᠤ ᠲᠠᠢᠯᠪᠤᠷᠢᠯᠠᠯᠲᠠ ᠵᠢᠴᠢ ᠬᠤᠯᠪᠤᠭ᠍ᠳᠠᠯ ᠪᠦᠬᠦᠢ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠂ 139 ᠵᠢᠯᠣᠭᠤᠳᠭᠤ ᠴᠢᠨᠠᠷᠲᠠᠶ ᠬᠡᠷᠡᠭ᠎ᠤᠨ ᠵᠢᠱ᠌ᠢᠶ᠎ᠡ᠎ᠶ᠋ᠢ ᠡᠮᠬᠢᠯᠡᠨ ᠲᠢᠭ᠌ᠯᠡᠬᠦ᠌ ᠠᠵᠢᠯ᠎ᠢ ᠪᠡᠶᠡᠯᠡᠭᠦᠯᠵᠦ᠍᠂ 116 ᠬᠤᠪᠢ᠎ᠶ᠋ᠢ᠎ᠨᠢ ᠬᠦᠴᠦᠨ ᠦᠭᠡᠶ ᠪᠣᠯᠭᠠᠵᠤ᠂ 111 ᠬᠤᠪᠢ᠎ᠳᠤ ᠵᠠᠰᠠᠪᠤᠷᠢ ᠤᠷᠤᠭᠤᠯᠪᠠ᠂ 2 ᠵᠢᠯᠣᠭᠤᠳᠭᠤ ᠴᠢᠨᠠᠷᠲᠠᠶ ᠬᠡᠷᠡᠭ᠎ᠤᠨ ᠵᠢᠱ᠌ᠢᠶ᠎ᠡ᠎ᠶ᠋ᠢ ᠳᠠᠬᠢᠨ ᠯᠠᠪᠯᠠᠯᠲᠠ ᠪᠣᠯᠭᠠᠨ ᠲᠤᠬᠢᠷᠠᠭᠤᠯᠤᠨ ᠬᠡᠷᠡᠭ᠌ᠯᠡᠬᠦ᠌ ᠦᠭᠡᠶ ᠭᠡᠵᠦ᠍ ᠲᠣᠭ᠍ᠲᠠᠭᠠᠪᠠ᠃ ᠡᠨᠡ ᠪᠣᠯ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠠᠴᠠ ᠨᠠᠭᠠᠱᠢᠬᠢ ᠬᠠᠮᠤᠭ᠎ᠤᠨ ᠪᠦᠬᠦ᠌ ᠲᠠᠯ᠎ᠠ᠎ᠶ᠋ᠢᠨ᠂ ᠱᠢᠰᠲ᠋ᠧᠮ᠎ᠲᠠᠢ᠂ ᠵᠢᠷᠤᠮᠵᠢᠭ᠍ᠰᠠᠨ ᠨᠢᠭᠡ ᠤᠳᠠᠭᠠᠨ᠎ᠤ ᠡᠮᠬᠢᠯᠡᠯᠲᠡ ᠪᠣᠯᠤᠨ᠎ᠠ᠂ ᠢᠷᠭᠡᠨ᠎ᠤ ᠬᠠᠤᠯᠢ᠎ᠶ᠋ᠢᠨ ᠪᠢᠴᠢᠭ᠎ᠯᠦᠭᠡ ᠨᠢᠭᠡᠳᠦᠯ ᠦᠭᠡᠢ ᠲᠣᠭ᠍ᠲᠠᠭᠠᠯ᠎ᠢ ᠬᠦᠴᠦᠨ ᠦᠭᠡᠢ ᠪᠣᠯᠭᠠᠵᠤ᠂ ᠢᠷᠭᠡᠨ᠎ᠤ ᠬᠠᠤᠯᠢ᠎ᠶ᠋ᠢᠨ ᠪᠢᠴᠢᠭ᠎ᠢ ᠬᠡᠷᠡᠭ᠌ᠵᠢᠭᠦᠯᠦᠭ᠌ᠰᠡᠨ᠎ᠤ ᠳᠠᠷᠠᠭᠠᠬᠢ ᠬᠠᠤᠯᠢ ᠴᠠᠭᠠᠵᠠ᠎ᠶ᠋ᠢ ᠲᠤᠬᠢᠷᠠᠭᠤᠯᠤᠨ ᠬᠡᠷᠡᠭ᠌ᠯᠡᠬᠦ᠌ ᠪᠠᠷᠢᠮᠵᠢᠶ᠎ᠠ᠎ᠶ᠋ᠢᠨ ᠨᠢᠭᠡᠳᠦᠯᠲᠡᠶ ᠪᠠᠢᠬᠤ᠎ᠶ᠋ᠢ ᠪᠠᠲᠤᠯᠠᠪᠠ᠃ ᠪᠣᠳᠠᠰ᠎ᠤᠨ ᠡᠷᠬᠡ᠂ ᠳᠠᠭᠠᠭᠠᠯᠲᠠ᠂ ᠣᠷᠤᠭ ᠭᠡᠷ ᠪᠦᠯᠢ᠂ ᠴᠠᠭ᠎ᠤᠨ ᠬᠦᠴᠦᠨ ᠵᠡᠷᠭᠡ ᠨᠢᠭᠡ ᠪᠦᠯᠦᠭ ᠢᠵᠢ ᠪᠦᠷᠢᠳᠦᠭ᠌ᠰᠡᠨ ᠬᠠᠤᠯᠢ ᠪᠠᠷᠢᠬᠤ ᠲᠠᠢᠯᠪᠤᠷᠢᠯᠠᠯᠲᠠ᠎ᠶ᠋ᠢ ᠲᠣᠭ᠍ᠲᠠᠭᠠᠬᠤ ᠠᠵᠢᠯ᠎ᠢ ᠭᠤᠤᠯᠳᠠᠯᠭ᠎ᠠ᠎ᠲᠠᠢ᠎ᠪᠠᠷ ᠥᠷᠨᠢᠭᠦᠯᠵᠦ᠍᠂ ᠢᠷᠭᠡᠨ᠎ᠤ ᠬᠠᠤᠯᠢ᠎ᠶ᠋ᠢᠨ ᠪᠢᠴᠢᠭ᠎ᠢ ᠬᠡᠷᠡᠭ᠌ᠵᠢᠭᠦᠯᠦᠭ᠌ᠰᠡᠨ᠎ᠤ ᠳᠠᠷᠠᠭᠠᠬᠢ ᠱᠢᠨ᠎ᠡ ᠬᠠᠭᠤᠴᠢᠨ ᠬᠠᠤᠯᠢ ᠴᠠᠭᠠᠵᠠ ᠪᠠ ᠬᠠᠤᠯᠢ ᠪᠠᠷᠢᠬᠤ ᠲᠠᠢᠯᠪᠤᠷᠢᠯᠠᠯᠲᠠ᠎ᠶ᠋ᠢ ᠵᠣᠯᠭᠠᠭᠤᠯᠤᠨ ᠲᠤᠬᠢᠷᠠᠭᠤᠯᠤᠨ ᠬᠡᠷᠡᠭ᠌ᠯᠡᠬᠦ᠌ ᠠᠰᠠᠭᠤᠳᠠᠯ᠎ᠢ ᠱᠢᠢᠳᠪᠦᠷᠢᠯᠡᠪᠡ᠃ ᠢᠷᠭᠡᠨ᠎ᠤ ᠬᠠᠤᠯᠢ᠎ᠶ᠋ᠢᠨ ᠪᠢᠴᠢᠭ᠎ᠤᠨ ᠪᠥᠬᠦ᠌ ᠠᠵᠢᠯᠲᠠᠨ᠎ᠤ ᠰᠤᠷᠤᠯᠴᠠᠯᠭ᠎ᠠ ᠪᠣᠯᠪᠠᠰᠤᠷᠠᠭᠤᠯᠤᠯ᠎ᠢ ᠥᠷᠨᠢᠭᠦᠯᠵᠦ᠍᠂ 《ᠠᠷᠠᠳ᠎ᠤᠨ ᠱᠢᠭᠦᠬᠦ᠌ ᠬᠤᠷᠢᠶᠠᠨ᠎ᠤ ᠶᠡᠭᠡ ᠬᠢᠴᠢᠶᠡᠯ᠎ᠤᠨ ᠲᠠᠩᠬᠢᠮ》 ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ᠎ᠤ ᠭᠠᠳᠠᠨᠠᠬᠢ ᠬᠡᠯᠪᠡᠷᠢ᠎ᠪᠠᠷ ᠳᠠᠮᠵᠢᠭᠤᠯᠤᠨ ᠺᠠᠳ᠋ᠷ ᠴᠠᠭ᠍ᠳᠠᠭ᠎ᠠ᠎ᠶ᠋ᠢ 256 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠪᠠ᠃ ᠬᠡᠷᠡᠭ᠎ᠢᠶᠠᠷ ᠬᠠᠤᠯᠢ᠎ᠶ᠋ᠢ ᠲᠠᠢᠯᠪᠤᠷᠢᠯᠠᠬᠤ᠂ ᠺᠠᠷᠲ᠋ᠣᠨ ᠵᠢᠷᠤᠭ᠎ᠢᠶᠠᠷ ᠬᠠᠤᠯᠢ ᠶᠠᠷᠢᠬᠤ ᠵᠡᠷᠭᠡ ᠠᠷᠭ᠎ᠠ ᠮᠠᠶᠢᠭ᠎ᠢ ᠠᠪᠴᠤ᠌ ᠬᠠᠤᠯᠢ ᠴᠠᠭᠠᠵᠠ᠎ᠶ᠋ᠢᠨ ᠶᠡᠷᠦ᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠱᠢᠨ᠎ᠡ᠎ᠶ᠋ᠢ ᠡᠭᠦᠳᠴᠦ᠍᠂ ᠪᠠᠭ᠎ᠠ ᠬᠡᠷᠡᠭ᠎ᠤᠨ ᠵᠢᠱ᠌ᠢᠶ᠎ᠡ᠎ᠪᠠᠷ ᠶᠡᠭᠡ ᠶᠣᠰᠣ ᠤᠴᠢᠷ᠎ᠢ ᠲᠣᠳᠣᠷᠬᠠᠢᠯᠠᠨ ᠥᠭᠦᠯᠡᠵᠦ᠍᠂ ᠤᠯᠠᠨ ᠲᠦᠮᠡᠨ᠎ᠢ ᠬᠥᠲᠥᠯᠥᠨ ᠵᠢᠯᠣᠭᠤᠳᠴᠤ᠌ ᠪᠠᠢᠭᠠᠳ ᠢᠷᠭᠡᠨ᠎ᠤ ᠬᠠᠤᠯᠢ᠎ᠶ᠋ᠢᠨ ᠰᠡᠳᠭᠢᠬᠦᠶ᠎ᠶ᠋ᠢ᠎ᠨᠢ ᠨᠡᠮᠡᠭ᠌ᠳᠡᠭᠦᠯᠵᠦ᠍᠂ ᠢᠷᠭᠡᠨ᠎ᠤ ᠬᠠᠤᠯᠢ᠎ᠶ᠋ᠢᠨ ᠪᠢᠴᠢᠭ᠎ᠢ ᠤᠯᠠᠨ ᠲᠦᠮᠡᠨ᠎ᠤ ᠠᠮᠢᠳᠤᠷᠠᠯ᠎ᠳᠤ ᠣᠷᠣᠭᠤᠯᠪᠠ᠃

ᠠᠷᠠᠳ᠎ᠤᠨ ᠠᠮᠢᠳᠤᠷᠠᠯ᠎ᠤᠨ ᠬᠠᠤᠯᠢ ᠪᠠᠷᠢᠯᠳᠠ᠎ᠶ᠋ᠢᠨ ᠪᠠᠲᠤᠯᠠᠭ᠎ᠠ᠎ᠶ᠋ᠢ ᠴᠢᠩᠭᠠᠳᠭᠠᠪᠠ᠃ ᠰᠤᠷᠭᠠᠨ ᠬᠥᠮᠦᠵᠢᠯ᠂ ᠠᠵᠢᠯ ᠣᠯᠭᠤᠯᠲᠠ᠂ ᠡᠮᠨᠡᠯᠭᠡ᠂ ᠣᠷᠣᠨ ᠰᠠᠭᠤᠴᠠ᠂ ᠨᠡᠢᠭᠡᠮ᠎ᠤᠨ ᠪᠠᠲᠤᠯᠠᠭ᠎ᠠ ᠵᠡᠷᠭᠡ ᠠᠷᠠᠳ᠎ᠤᠨ ᠠᠮᠢᠳᠤᠷᠠᠯ᠎ᠤᠨ ᠬᠡᠷᠡᠭ᠎ᠢ 134.7 ᠲᠦᠮᠡᠨ ᠬᠤᠪᠢ ᠱᠢᠭᠦᠵᠦ᠍ ᠳᠠᠭᠤᠰᠭᠠᠪᠠ᠃ ᠾᠧᠪᠧᠶ᠂ ᠱᠠᠨ ᠰᠢ᠂ ᠹᠦᠵᠢᠶᠠᠨ᠂ ᠾᠧᠨᠠᠨ᠂ ᠬᠤᠪᠧᠶ ᠵᠡᠷᠭᠡ᠎ᠶ᠋ᠢᠨ ᠱᠢᠭᠦᠬᠦ᠌ ᠬᠤᠷᠢᠶ᠎ᠠ ᠴᠠᠯᠢᠩ ᠥᠷᠢᠲᠦᠭᠦ᠎ᠶ᠋ᠢ ᠦᠨᠳᠦᠰᠦᠨ᠎ᠠᠴᠠ᠎ᠨᠢ ᠵᠠᠰᠠᠬᠤ ᠲᠤᠰᠭᠠᠶ ᠠᠵᠢᠯᠯᠠᠭ᠎ᠠ᠎ᠶ᠋ᠢ ᠢᠳᠡᠪᠬᠢᠲᠡᠶ ᠥᠷᠨᠢᠭᠦᠯᠵᠦ᠍᠂ ᠬᠥᠯᠥᠰᠥᠨ ᠠᠵᠢᠯᠴᠢᠨ᠎ᠢ ᠬᠠᠪᠰᠤᠷᠤᠨ 206.1 ᠳ᠋ᠦᠩᠱᠢᠭᠤᠷ ᠲᠥᠭᠦᠷᠢᠭ ᠬᠦᠯᠦᠰᠦᠨ ᠮᠦᠡᠭ᠌ᠭᠦ᠎ᠶ᠋ᠢ᠎ᠨᠢ ᠨᠡᠬᠡᠮᠵᠢᠯᠡᠨ ᠠᠪᠴᠢᠷᠠᠵᠦ᠍ ᠦᠭ᠌ᠪᠡ᠃ ᠠᠵᠢᠯ᠎ᠠᠴᠠ ᠪᠣᠯᠤᠭ᠍ᠰᠠᠨ ᠭᠡᠮᠲᠦᠯ᠂ ᠡᠮᠨᠡᠯᠭᠡ᠎ᠶ᠋ᠢᠨ ᠳᠠᠭᠠᠳᠭᠠᠯ᠂ ᠨᠡᠢᠭᠡᠮ᠎ᠤᠨ ᠠᠪᠤᠷᠠᠨ ᠲᠤᠰᠠᠯᠠᠯᠲᠠ ᠵᠡᠷᠭᠡ᠎ᠶ᠋ᠢᠨ ᠬᠡᠷᠡᠭ᠎ᠢ ᠬᠠᠤᠯᠢ ᠶᠣᠰᠣᠭᠠᠷ ᠱᠢᠭᠦᠵᠦ᠍᠂ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠳᠤ ᠣᠷᠣᠯᠴᠠᠬᠤ ᠨᠣᠷᠮ᠎ᠠ ᠳᠣᠣᠷ᠎ᠠ᠂ ᠳᠠᠭᠠᠳᠭᠠᠯ᠎ᠢ ᠲᠠᠰᠤᠯᠳᠠᠭᠤᠯᠤᠭ᠍ᠰᠠᠨ᠂ ᠳᠠᠭᠠᠳᠭᠠᠯ᠎ᠤᠨ ᠬᠠᠷᠢᠴᠠᠭ᠎ᠠ᠎ᠶ᠋ᠢ ᠱᠢᠯᠵᠢᠭᠦᠯᠦᠨ ᠵᠠᠯᠭᠠᠭᠤᠯᠤᠭ᠍ᠰᠠᠨ᠎ᠨᠢ ᠢᠯᠭᠤᠮ ᠪᠢᠰᠢ ᠵᠡᠷᠭᠡ ᠣᠯᠠᠨ ᠲᠦᠮᠡᠨ᠎ᠤ ᠲᠤᠰ ᠪᠡᠶ᠎ᠡ᠎ᠶ᠋ᠢᠨ ᠠᠱᠢᠭ ᠲᠤᠰᠠ᠎ᠶ᠋ᠢ ᠨᠥᠯᠥᠭᠡᠯᠡᠵᠦ᠍ ᠪᠠᠢᠭ᠎ᠠ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠪᠠ᠃ ᠵᠡᠮᠳᠡᠭ᠌ᠴᠦᠳ᠎ᠤᠨ ᠵᠠᠷᠭᠤ ᠬᠢᠬᠦ᠌᠎ᠳᠤ ᠰᠠᠭᠠᠳ ᠦᠭᠡᠢ ᠨᠡᠪᠲᠡᠷᠡᠬᠦ᠌ ᠵᠠᠮ᠎ᠢ ᠨᠡᠭᠡᠭᠡᠵᠦ᠍᠂ ᠵᠡᠮᠳᠡᠭ᠌ᠴᠦᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠬᠦᠢᠴᠡᠳ ᠪᠠᠲᠤᠯᠠᠪᠠ᠃ 《ᠰᠤᠷᠭᠠᠭᠤᠯᠢ᠎ᠶ᠋ᠢ ᠦᠢᠮᠡᠭᠦᠯᠦᠭ᠌ᠰᠡᠨ》 ᠠᠵᠢᠯᠯᠠᠭ᠎ᠠ᠎ᠶ᠋ᠢ ᠬᠠᠤᠯᠢ ᠶᠣᠰᠣᠭᠠᠷ ᠵᠠᠯᠬᠠᠭᠠᠨ ᠱᠢᠢᠳᠭᠡᠵᠦ᠍᠂ ᠵᠢᠭᠠᠨ ᠰᠤᠷᠭᠠᠯᠳᠠ᠎ᠶ᠋ᠢᠨ ᠬᠡᠪ᠎ᠤᠨ ᠡᠮᠬᠢ ᠵᠢᠷᠤᠮ᠎ᠢ ᠬᠠᠮᠠᠭᠠᠯᠠᠪᠠ᠃ ᠡᠮᠨᠡᠯᠭᠡ᠎ᠶ᠋ᠢᠨ ᠬᠤᠷᠢᠶ᠎ᠠ᠎ᠶ᠋ᠢ ᠲᠦᠢᠪᠡᠭᠡᠵᠦ᠍ ᠡᠮᠨᠡᠯᠭᠡ᠎ᠶ᠋ᠢᠨ ᠠᠵᠢᠯᠳᠠᠨ᠎ᠢ ᠱᠢᠷᠬᠠᠲᠤᠭᠤᠯᠵᠦ᠍ ᠭᠡᠮᠳᠦᠭᠡᠭ᠌ᠰᠡᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠵᠦ᠍᠂ ᠠᠮᠤᠷ ᠠᠮᠤᠭᠤᠯᠠᠩ ᠡᠮᠨᠡᠯᠭᠡ᠎ᠶ᠋ᠢᠨ ᠬᠤᠷᠢᠶᠠᠨ᠎ᠤ ᠪᠠᠢᠭᠤᠯᠤᠯᠲᠠ᠎ᠶ᠋ᠢ ᠳᠡᠮᠵᠢᠪᠡ᠃

ᠬᠦᠮᠦᠨ᠎ᠤ ᠭᠡᠮ᠎ᠤᠨ ᠡᠷᠬᠡ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠪᠠ᠃ ᠬᠦᠮᠦᠨ᠎ᠤ ᠭᠡᠮ᠎ᠤᠨ ᠡᠷᠬᠡ᠎ᠨᠢ ᠬᠥᠮᠦᠨ ᠨᠢᠭᠡᠪᠦᠷᠢ᠎ᠲᠠᠢ ᠨᠢᠭ᠍ᠲᠠ ᠬᠤᠯᠪᠣᠭ᠎ᠠ᠎ᠲᠠᠢ ᠪᠠᠢᠳᠠᠭ᠂ ᠲᠡᠷᠡ᠎ᠨᠢ ᠢᠷᠭᠡᠨ᠎ᠤ ᠬᠡᠷᠡᠭ᠎ᠤᠨ ᠪᠡᠶᠡᠴᠢ ᠴᠣᠭ᠍ᠴᠠ᠎ᠶ᠋ᠢᠨ ᠬᠠᠮᠤᠭ᠎ᠤᠨ ᠦᠨᠳᠦᠰᠦᠨ ᠡᠷᠬᠡ ᠮᠥᠨ᠃ ᠢᠷᠭᠡᠨ᠎ᠤ ᠬᠠᠤᠯᠢ᠎ᠶ᠋ᠢᠨ ᠪᠢᠴᠢᠭ᠎ᠢ ᠲᠤᠭᠤᠱᠢᠯᠠᠭᠤᠯᠵᠦ᠍᠂ ᠬᠠᠤᠯᠢ ᠪᠠᠷᠢᠬᠤ ᠲᠦᠷᠦ᠎ᠶ᠋ᠢᠨ ᠪᠤᠳᠤᠯᠭ᠎ᠠ᠎ᠳᠤ ᠬᠦᠮᠦᠨ᠎ᠤ ᠭᠡᠮ᠎ᠤᠨ ᠡᠷᠬᠡ᠎ᠳᠤ ᠬᠠᠯᠳᠠᠬᠤ᠎ᠶ᠋ᠢ ᠴᠠᠭᠠᠵᠠᠯᠠᠬᠤ ᠵᠠᠷᠯᠢᠭ᠎ᠢ ᠭᠤᠶᠤᠴᠢᠯᠠᠬᠤ ᠵᠡᠷᠭᠡ ᠲᠣᠭ᠍ᠲᠠᠭᠠᠯ᠎ᠢ ᠨᠡᠮᠡᠵᠦ᠍᠂ ᠬᠦᠮᠦᠨ᠎ᠤ ᠭᠡᠮ᠎ᠤᠨ ᠡᠷᠬᠡ᠎ᠶ᠋ᠢᠨ ᠠᠪᠤᠷᠠᠨ ᠲᠡᠳᠭᠦᠭᠦ᠌ ᠠᠷᠭ᠎ᠠ ᠵᠠᠮ᠎ᠢ ᠱᠢᠯᠤᠭᠤᠳᠭᠠᠪᠠ᠃ 《ᠬᠤᠶᠠᠷ ᠪᠥᠮᠪᠦᠭᠡ ᠨᠢᠭᠡ ᠣᠳᠣᠨ》 ᠎ᠤ ᠭᠠᠪᠢᠶᠠᠲᠤ ᠵᠢᠳᠬᠦᠯᠳᠡᠨ ᠪᠤᠯᠬᠤ ᠢᠤᠢ ᠮᠢᠨ᠎ᠤ ᠨᠡᠷ᠎ᠡ ᠲᠦᠷᠦ᠎ᠶ᠋ᠢᠨ ᠡᠷᠬᠡ᠎ᠳᠤ ᠬᠠᠯᠳᠠᠭ᠍ᠰᠠᠨ ᠵᠡᠷᠭᠡ ᠬᠡᠷᠡᠭ᠎ᠢ ᠱᠢᠭᠦᠵᠦ᠍᠂ ᠠᠷᠠᠳ᠎ᠤᠨ ᠪᠠᠭᠠᠳᠤᠷᠴᠤᠳ᠎ᠤᠨ ᠨᠡᠷ᠎ᠡ ᠬᠦᠨᠳᠦ᠎ᠶ᠋ᠢ ᠶᠠᠭᠠᠬᠢᠭ᠍ᠰᠠᠨ ᠴᠤ᠌ ᠭᠤᠳᠤᠭᠠᠬᠤ ᠦᠬᠡᠢ᠂ ᠪᠠᠭᠠᠲᠤᠷᠴᠤᠳ᠎ᠢ ᠬᠦᠨᠳᠦᠳᠭᠡᠭᠦ᠌ ᠰᠠᠢᠨ ᠰᠠᠢᠬᠠᠨ ᠬᠡᠪ ᠰᠤᠷᠲᠠᠯ᠎ᠢ ᠪᠤᠢ ᠪᠣᠯᠭᠠᠪᠠ᠃ ᠸᠢᠴᠠᠲ᠎ᠤᠨ ᠬᠤᠯᠪᠤᠭ᠎ᠠ ᠳᠤᠲᠤᠷ᠎ᠠ ᠬᠦᠮᠦᠨ᠎ᠤ ᠭᠡᠮ᠎ᠢ ᠭᠤᠲᠤᠭᠠᠨ ᠳᠤᠷᠤᠮᠵᠢᠯᠠᠭ᠍ᠰᠠᠨ ᠬᠡᠷᠡᠭ᠎ᠢ ᠱᠢᠭᠦᠵᠦ᠍᠂ ᠰᠦᠯᠵᠢᠶᠡᠨ᠎ᠤ ᠬᠦᠴᠦᠷᠬᠡᠭ᠌ᠯᠡᠯ᠎ᠢ ᠡᠷᠡᠰ ᠬᠤᠷᠢᠭ᠍ᠯᠠᠨ ᠵᠤᠭ᠍ᠰᠤᠭᠠᠪᠠ᠃ ᠠᠵᠢᠯ᠎ᠤᠨ ᠭᠠᠵᠠᠷ᠎ᠲᠤ ᠪᠡᠯᠭᠡ᠎ᠶ᠋ᠢᠨ ᠬᠠᠯᠳᠠᠯᠭ᠎ᠠ ᠬᠢᠭ᠌ᠰᠡᠨ ᠬᠦᠨᠦᠬᠡᠯ᠎ᠤᠨ ᠬᠠᠷᠢᠭᠤᠴᠠᠯᠭ᠎ᠠ᠎ᠶ᠋ᠢᠨ ᠬᠡᠷᠡᠭ᠎ᠢ ᠱᠢᠭᠦᠵᠦ᠍᠂ ᠪᠡᠯᠭᠡ᠎ᠶ᠋ᠢᠨ ᠬᠠᠯᠳᠠᠯᠭ᠎ᠠ ᠬᠢᠭ᠌ᠰᠡᠳ᠎ᠢ ᠬᠠᠤᠯᠢ ᠴᠠᠭᠠᠵᠠ᠎ᠶ᠋ᠢᠨ ᠵᠠᠯᠬᠠᠭᠠᠯ᠎ᠢ ᠬᠦᠯᠢᠶᠡᠯᠭᠡᠪᠡ᠃ ᠭᠠᠳᠠᠭᠠᠳᠤ᠎ᠠᠴᠠ ᠣᠷᠣᠭᠤᠯᠤᠭ᠍ᠰᠠᠨ ᠬᠥᠯᠳᠡᠭᠦᠤ ᠰᠠᠮ ᠬᠤᠷᠣᠬᠠᠶ᠎ᠶ᠋ᠢᠨ ᠲᠦᠮᠡᠨ ᠬᠡᠷᠡᠭ᠌ᠯᠡᠭ᠌ᠴᠢᠳ᠎ᠤᠨ ᠮᠡᠳᠡᠭᠡ ᠵᠠᠩᠭᠢ᠎ᠶ᠋ᠢᠨ ᠬᠡᠷᠡᠭ᠎ᠢ ᠱᠢᠭᠦᠵᠦ᠍᠂ ᠳᠤᠷ᠎ᠠ᠎ᠪᠠᠷ᠎ᠢᠶᠠᠨ ᠡᠷᠬᠡ᠎ᠪᠠᠨ ᠬᠡᠷᠡᠭ᠌ᠯᠡᠵᠦ᠍ ᠠᠷᠠᠳ ᠢᠷᠬᠡᠨ᠎ᠤ ᠬᠤᠪᠢ᠎ᠶ᠋ᠢᠨ ᠮᠡᠳᠡᠭᠡ ᠵᠠᠩᠬᠢ᠎ᠶ᠋ᠢ ᠵᠠᠳᠠᠷᠠᠭᠤᠯᠬᠤ᠎ᠶ᠋ᠢ ᠴᠠᠭᠠᠵᠠᠯᠠᠪᠠ᠃ ᠦᠵᠡᠭ᠌ᠳᠡᠮᠡᠯ ᠡᠭᠦᠳᠡᠨ ᠬᠤᠩᠬᠤ᠎ᠪᠠᠷ ᠬᠥᠷᠰᠢ ᠵᠡᠷᠭᠡᠯᠡᠳᠡᠭᠡ᠎ᠶ᠋ᠢᠨ᠎ᠢᠶᠠᠨ ᠬᠤᠪᠢ᠎ᠶ᠋ᠢᠨ ᠨᠢᠭᠤᠴᠠ᠎ᠶ᠋ᠢᠨ ᠡᠷᠬᠡ᠎ᠳᠤ ᠬᠠᠯᠳᠠᠭ᠍ᠰᠠᠨ ᠬᠡᠷᠡᠭ᠎ᠢ ᠱᠢᠭᠦᠵᠦ᠍᠂ ᠬᠢᠨᠠᠨ ᠡᠵᠡᠮᠱᠢᠬᠦᠷ ᠤᠭ᠍ᠰᠠᠷᠠᠬᠤ᠎ᠳᠠᠭᠠᠨ ᠪᠤᠰᠤᠳ᠎ᠤᠨ ᠠᠮᠤᠷ ᠲᠠᠢᠪᠤᠩ ᠠᠮᠢᠳᠤᠷᠠᠯ᠎ᠢ ᠲᠦᠢᠪᠡᠭᠡᠵᠦ᠍ ᠦᠯᠦ᠍ ᠪᠣᠯᠬᠤ᠎ᠶ᠋ᠢ ᠲᠣᠳᠣᠷᠬᠠᠢᠯᠠᠪᠠ᠃ ᠬᠦᠮᠦᠨ᠎ᠤ ᠭᠡᠮ᠎ᠤᠨ ᠡᠷᠬᠡ᠎ᠶ᠋ᠢ ᠬᠠᠮᠠᠭᠠᠯᠠᠬᠤ ᠠᠯᠢ ᠣᠯᠠᠨ ᠬᠡᠷᠡᠭ᠎ᠢ ᠬᠠᠤᠯᠢ ᠶᠣᠰᠣᠭᠠᠷ ᠲᠥᠪ ᠭᠤᠣᠯᠴᠢ᠎ᠪᠠᠷ ᠱᠢᠭᠦᠭᠦ᠎ᠪᠠᠷ ᠳᠠᠮᠵᠢᠭᠤᠯᠤᠨ᠂ ᠪᠡᠶ᠎ᠡ᠎ᠶ᠋ᠢᠨ ᠡᠷᠬᠡ ᠴᠢᠯᠥᠭᠡ᠎ᠶ᠋ᠢ ᠬᠦᠢᠴᠡᠳ ᠪᠠᠲᠤᠯᠠᠵᠦ᠍᠂ ᠬᠦᠮᠦᠨ᠎ᠤ ᠭᠡᠮ᠎ᠢ ᠦᠨᠡᠨ ᠬᠦ᠌ ᠬᠦᠨᠳᠦᠳᠭᠡᠨ᠂ ᠮᠠᠨ᠎ᠤ ᠤᠯᠤᠰ᠎ᠤᠨ ᠢᠷᠭᠡᠨ᠎ᠤ ᠬᠠᠤᠯᠢ᠎ᠶ᠋ᠢᠨ ᠪᠢᠴᠢᠭ᠎ᠤᠨ ᠠᠷᠠᠳ ᠲᠦᠮᠡᠨ᠎ᠤ ᠵᠣᠭ᠍ᠰᠣᠯᠲᠠ ᠪᠠ ᠪᠥᠬᠦᠳᠡ ᠨᠠᠢᠷᠠᠮᠳᠠᠬᠤ ᠤᠯᠤᠰ᠎ᠤᠨ ᠠᠷᠠᠳ ᠲᠦᠮᠡᠨ᠎ᠤ ᠪᠡᠶᠡᠴᠢ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠬᠦᠢᠴᠡᠳ ᠢᠯᠡᠷᠡᠭᠦᠯᠪᠠ᠃

ᠡᠶ᠎ᠡ ᠵᠣᠬᠢᠴᠠᠯ᠎ᠲᠠᠢ ᠭᠡᠷ ᠪᠦᠯᠢ᠎ᠶ᠋ᠢᠨ ᠪᠠᠢᠭᠤᠯᠤᠯᠲᠠ᠎ᠶ᠋ᠢ ᠠᠬᠢᠭᠤᠯᠪᠠ᠃ ᠤᠷᠤᠭ ᠭᠡᠷ ᠪᠦᠯᠢ᠎ᠶ᠋ᠢᠨ ᠬᠡᠷᠡᠭ᠎ᠢ 164.9 ᠲᠦᠮᠡᠨ ᠬᠤᠪᠢ ᠱᠢᠭᠦᠵᠦ᠍ ᠳᠠᠭᠤᠰᠭᠠᠪᠠ᠃ ᠪᠦᠬᠦ᠌ ᠤᠯᠤᠰ᠎ᠤᠨ ᠡᠮᠡᠭ᠌ᠲᠡᠢᠴᠦᠳ᠎ᠤᠨ ᠬᠤᠯᠪᠣᠭᠠᠲᠤ ᠬᠤᠷᠠᠯ ᠵᠡᠷᠭᠡ ᠨᠢᠭᠡᠴᠢ᠎ᠲᠠᠢ ᠬᠠᠮᠲᠤᠷᠠᠨ ᠭᠡᠷ᠎ᠤᠨ ᠶᠠᠪᠤᠳᠠᠯ᠎ᠤᠨ ᠱᠢᠭᠦᠨ ᠲᠠᠰᠤᠯᠤᠯᠳᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠭᠡᠷ᠎ᠤᠨ ᠶᠠᠪᠤᠳᠠᠯ᠎ᠢ ᠡᠶᠡᠳᠡᠭᠦᠯᠬᠦ᠂ ᠭᠡᠷ᠎ᠤᠨ ᠶᠠᠪᠤᠳᠠᠯ᠎ᠢ ᠪᠠᠢᠴᠠᠭᠠᠬᠤ᠂ ᠰᠡᠳᠭᠢᠴᠡ᠎ᠶ᠋ᠢᠨ ᠬᠠᠪᠰᠤᠷᠤᠨ ᠵᠢᠯᠤᠭᠤᠳᠤᠯᠭ᠎ᠠ ᠬᠢᠬᠦ᠌ ᠵᠡᠷᠭᠡ ᠳᠦᠷᠢᠮ᠎ᠢ ᠲᠡᠭᠦᠯᠳᠡᠷᠵᠢᠭᠦᠯᠵᠦ᠍᠂ ᠤᠷᠤᠭ᠎ᠤᠨ ᠡᠷᠬᠡ ᠴᠢᠯᠥᠭᠡ᠎ᠶ᠋ᠢ ᠪᠠᠲᠤᠯᠠᠵᠤ᠂ ᠭᠡᠷ ᠪᠦᠯᠢ᠎ᠶ᠋ᠢᠨ ᠡᠶ᠎ᠡ ᠵᠣᠬᠢᠴᠠᠯ᠎ᠢ ᠠᠬᠢᠭᠤᠯᠪᠠ᠃ ᠪᠡᠶ᠎ᠡ᠎ᠶ᠋ᠢᠨ ᠠᠮᠤᠷ ᠲᠦᠪᠱᠢᠨ᠎ᠢ ᠬᠠᠮᠠᠭᠠᠯᠠᠬᠤ 2169 ᠬᠤᠪᠢ ᠵᠠᠷᠯᠢᠭ᠎ᠲᠤ ᠭᠠᠷ᠎ᠤᠨ ᠦᠰᠦᠭ ᠵᠢᠷᠤᠵᠤ ᠶᠠᠪᠤᠭᠤᠯᠤᠨ᠂ ᠬᠠᠤᠯᠢ ᠴᠠᠭᠠᠵᠠ᠎ᠶ᠋ᠢᠨ ᠱᠢᠭᠦᠨ ᠲᠠᠰᠤᠯᠤᠯᠲᠠ᠎ᠶ᠋ᠢᠨ ᠰᠤᠷᠭᠠᠨ ᠬᠦᠮᠦᠵᠢᠭᠦᠯᠵᠦ᠍ ᠵᠢᠱ᠌ᠢᠶ᠎ᠡ ᠦᠵᠡᠭᠦᠯᠬᠦ᠌ ᠴᠢᠳᠠᠪᠬᠢ᠎ᠶ᠋ᠢ ᠪᠠᠳᠠᠷᠠᠭᠤᠯᠬᠤ᠎ᠪᠠᠷ ᠳᠠᠮᠵᠢᠨ᠂ ᠭᠡᠷ ᠪᠦᠯᠢ᠎ᠶ᠋ᠢᠨ ᠬᠦᠴᠦᠷᠬᠡᠭ᠌ᠯᠡᠯ᠎ᠢ ᠰᠡᠷᠭᠡᠢᠯᠡᠨ ᠵᠠᠰᠠᠬᠤ᠎ᠶ᠋ᠢ ᠤᠷᠤᠭ᠍ᠯᠠᠬᠤ᠎ᠠᠴᠠ ᠡᠮᠦᠨ᠎ᠡ ᠪᠠ ᠣᠷᠤᠭ ᠰᠠᠯᠤᠭ᠍ᠰᠠᠨ᠎ᠤ ᠳᠠᠷᠠᠭ᠎ᠠ ᠵᠢᠴᠢ ᠣᠶᠤᠨ ᠰᠠᠨᠠᠭᠠᠨ᠎ᠤ ᠬᠦᠴᠦᠷᠬᠡᠭ᠌ᠯᠡᠯ᠎ᠳᠤ ᠬᠦᠷᠳᠡᠯ᠎ᠠ ᠦᠷᠭᠡᠳᠭᠡᠭᠦ᠌ ᠵᠡᠷᠭᠡ ᠪᠠᠢᠳᠠᠯ᠎ᠢ ᠰᠦᠪᠡᠭ᠌ᠴᠢᠯᠡᠪᠡ᠃ ᠱᠠᠨ ᠰᠢ᠂ ᠯᠢᠶᠣᠤᠨᠢᠩ᠂ ᠭᠤᠸᠠᠩᠰᠢ᠂ ᠴᠦᠩᠴᠢᠩ᠂ ᠨᠢᠩᠱᠢᠶᠠ ᠵᠡᠷᠭᠡ ᠭᠠᠵᠠᠷ᠎ᠤᠨ ᠱᠢᠬᠦᠬᠦ᠌ ᠬᠤᠷᠢᠶ᠎ᠠ ᠬᠡᠷ ᠪᠦᠯᠢ᠎ᠶ᠋ᠢᠨ ᠬᠦᠴᠦᠷᠬᠡᠭ᠌ᠯᠡᠯ᠎ᠢ ᠡᠰᠡᠷᠭᠦᠴᠡᠬᠦ᠌ ᠬᠠᠮᠳᠤᠷᠠᠨ ᠬᠥᠳᠡᠯᠦᠯᠴᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠡᠮᠡᠭ᠌ᠲᠡᠢᠴᠦᠳ᠂ ᠬᠡᠤᠬᠡᠳ᠂ ᠨᠠᠰᠤᠲᠠᠢᠴᠤᠳ᠂ ᠵᠡᠮᠳᠡᠭ᠌ᠴᠦᠳ᠎ᠢ ᠬᠡᠷ ᠪᠦᠯᠢ᠎ᠶ᠋ᠢᠨ ᠬᠦᠴᠦᠷᠬᠡᠭ᠌ᠯᠡᠯ᠎ᠤᠨ ᠬᠠᠯᠳᠠᠯᠭ᠎ᠠ᠎ᠠᠴᠠ ᠵᠠᠢᠯᠠᠭᠤᠯᠬᠤ 《ᠲᠤᠰᠠᠭᠠᠷᠯᠠᠬᠤ ᠬᠡᠷᠡᠮ》 ᠎ᠢ ᠪᠠᠲᠤ ᠴᠣᠭ᠍ᠴᠠᠯᠠᠪᠠ᠃ 《ᠡᠴᠢᠬᠡ ᠡᠬᠡ᠎ᠶ᠋ᠢᠨ᠎ᠢᠶᠠᠨ ᠪᠤᠶᠠᠨ᠎ᠢ ᠠᠯᠪᠠ᠎ᠪᠠᠷ ᠢᠳᠡᠬᠦ᠌》᠂ ᠡᠳ᠋᠎ᠤᠨ ᠶᠠᠪᠤᠳᠠᠯ᠎ᠤᠨ ᠬᠠᠮᠢᠶᠠᠷᠤᠯᠳᠠ᠎ᠶ᠋ᠢᠨ ᠮᠡᠬᠡᠯᠡᠯ ᠵᠡᠷᠬᠡ ᠨᠠᠰᠤᠳᠠᠢᠴᠤᠳ᠎ᠤᠨ ᠬᠠᠤᠯᠢ ᠶᠤᠰᠤᠨ᠎ᠤ ᠡᠷᠬᠡ ᠠᠱᠢᠭ᠎ᠢ ᠬᠠᠯᠳᠠᠭ᠍ᠰᠠᠨ ᠦᠢᠯᠡ ᠠᠵᠢᠯᠯᠠᠭ᠎ᠠ᠎ᠶ᠋ᠢ ᠬᠠᠤᠯᠢ ᠶᠤᠰᠤᠭᠠᠷ ᠵᠠᠯᠬᠠᠭᠠᠵᠤ᠂ ᠨᠠᠰᠤᠲᠠᠢᠴᠤᠳ᠎ᠲᠤ ᠬᠠᠯᠠ ᠦᠵᠡᠭᠦᠯᠦᠭ᠌ᠰᠡᠨ᠂ ᠭᠤᠯᠣᠵᠤ ᠤᠷᠬᠢᠭ᠍ᠰᠠᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠵᠦ᠍᠂ ᠨᠠᠰᠤᠳᠠᠨ᠎ᠢᠶᠠᠨ ᠬᠦᠨᠳᠦᠯᠡᠬᠦ᠂ ᠨᠠᠰᠤᠳᠠᠨ᠎ᠢᠶᠠᠨ ᠠᠴᠢᠯᠠᠬᠤ ᠰᠠᠢᠨ ᠰᠠᠢᠬᠠᠨ ᠵᠠᠩ ᠰᠤᠷᠲᠠᠯ᠎ᠢ ᠪᠠᠳᠠᠷᠠᠭᠤᠯᠵᠦ᠍᠂ ᠨᠠᠰᠤᠲᠠᠨ᠎ᠢ ᠠᠰᠠᠷᠠᠬᠤ ᠨᠠᠰᠤᠲᠠᠨ᠎ᠢ ᠬᠠᠪᠰᠤᠷᠬᠤ ᠬᠠᠷᠢᠭᠤᠴᠠᠯᠭ᠎ᠠ᠎ᠶ᠋ᠢ ᠴᠢᠩᠭᠠᠳᠭᠠᠪᠠ᠃

ᠨᠠᠰᠤᠨ᠎ᠳᠤ ᠦᠯᠦ᠍ ᠬᠦᠷᠦᠭ᠌ᠰᠡᠳ᠎ᠤᠨ ᠬᠠᠤᠯᠢ ᠪᠠᠷᠢᠯᠳᠠ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠪᠠ᠃ ᠨᠠᠰᠤᠨ᠎ᠳᠤ ᠦᠯᠦ᠍ ᠬᠦᠷᠦᠭ᠌ᠰᠡᠳ᠎ᠢ ᠬᠠᠮᠠᠭᠠᠯᠠᠬᠤ ᠪᠣᠯ ᠤᠯᠤᠰ ᠣᠷᠣᠨ᠎ᠤ ᠢᠷᠡᠭᠡᠳᠦᠶ᠂ ᠦᠨᠳᠦᠰᠦᠲᠡᠨ᠎ᠤ ᠬᠦᠰᠡᠯ ᠡᠷᠡᠮᠡᠯᠵᠡᠯ᠎ᠢ ᠬᠠᠮᠠᠭᠠᠯᠠᠵᠦ᠍ ᠪᠠᠢᠭ᠎ᠠ ᠶᠠᠪᠤᠳᠠᠯ ᠮᠥᠨ᠃ ᠱᠢᠨ᠎ᠡ᠎ᠪᠠᠷ ᠵᠠᠰᠠᠨ ᠲᠤᠭ᠍ᠳᠠᠭᠠᠭ᠍ᠰᠠᠨ ᠨᠠᠰᠤᠨ᠎ᠳᠤ ᠦᠯᠦ᠍ ᠬᠦᠷᠦᠭ᠌ᠰᠡᠳ᠎ᠢ ᠬᠠᠮᠠᠭᠠᠯᠠᠬᠤ ᠬᠠᠤᠯᠢ ᠪᠣᠯᠤᠨ ᠨᠠᠰᠤᠨ᠎ᠳᠤ ᠦᠯᠦ᠍ ᠬᠦᠷᠦᠭ᠌ᠰᠡᠳ᠎ᠤᠨ ᠶᠠᠯ᠎ᠠ ᠬᠢᠬᠦ᠌᠎ᠶ᠋ᠢ ᠰᠡᠷᠭᠡᠢᠯᠡᠬᠦ᠌ ᠬᠠᠤᠯᠢ᠎ᠶ᠋ᠢ ᠬᠢᠨᠠᠮᠠᠭᠠᠶ ᠲᠤᠭᠤᠱᠢᠯᠠᠭᠤᠯᠵᠦ᠍᠂ ᠨᠠᠰᠤᠨ᠎ᠳᠤ ᠦᠯᠤ ᠬᠥᠷᠦᠭ᠌ᠰᠡᠳ᠎ᠢ ᠱᠢᠭᠦᠨ ᠲᠠᠰᠤᠯᠬᠤ ᠠᠵᠢᠯ᠎ᠢ ᠴᠢᠩᠭᠠᠳᠭᠠᠬᠤ ᠲᠤᠬᠠᠢ ᠰᠠᠨᠠᠯ᠎ᠢ ᠨᠡᠢᠲᠡᠯᠡᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠪᠠᠭᠠᠴᠤᠳ᠎ᠤᠨ ᠬᠠᠤᠯᠢ ᠪᠠᠷᠢᠬᠤ ᠪᠠᠢᠭᠤᠯᠤᠯ᠎ᠢ ᠲᠡᠭᠦᠯᠳᠡᠷᠵᠢᠭᠦᠯᠪᠡ᠃ ᠨᠠᠰᠤᠨ᠎ᠳᠤ ᠦᠯᠤ ᠬᠥᠷᠦᠭ᠌ᠰᠡᠳ᠎ᠲᠤ ᠬᠠᠯᠳᠠᠭ᠍ᠰᠠᠨ ᠶᠠᠯᠠᠲᠤ ᠠᠵᠢᠯᠯᠠᠭ᠎ᠠ᠎ᠶ᠋ᠢ ᠬᠠᠤᠯᠢ ᠶᠣᠰᠣᠭᠠᠷ ᠴᠢᠩᠭ᠎ᠠ ᠱᠢᠢᠳᠭᠡᠵᠦ᠍᠂ ᠬᠠᠤᠯᠢ ᠴᠠᠭᠠᠵᠠ ᠪᠠ ᠨᠡᠢᠭᠡᠮ᠎ᠤᠨ ᠶᠣᠰᠣ ᠵᠦᠢ᠎ᠶ᠋ᠢᠨ ᠬᠢᠵᠠᠭᠠᠷ ᠱᠤᠭᠤᠮ᠎ᠢ ᠬᠦᠨᠳᠡᠭ᠌ᠰᠡᠨ᠂ ᠬᠡᠤᠬᠡᠳ᠎ᠲᠤ ᠴᠢᠭ᠌ᠯᠡᠭᠦᠯᠦᠨ ᠬᠢᠭ᠌ᠰᠡᠨ ᠡᠯ᠎ᠡ ᠵᠦᠢᠯ᠎ᠤᠨ ᠬᠦᠨᠳᠦ ᠨᠣᠴᠢᠲᠠᠶ ᠶᠠᠯᠠᠲᠤ ᠠᠵᠢᠯᠯᠠᠭ᠎ᠠ᠎ᠳᠤ ᠶᠠᠭᠠᠭᠢᠭ᠍ᠰᠠᠨ ᠴᠤ᠌ ᠢᠯᠳᠠᠷ ᠬᠠᠶᠠᠬᠤ ᠦᠭᠡᠢ᠃ 《ᠪᠠᠢ ᠱᠢᠶᠠᠩ ᠭᠦᠸᠧ ᠵᠢᠮᠢᠰ ᠬᠤᠳᠠᠯᠳᠤᠭ᠍ᠴᠢ ᠵᠢᠭᠠᠯ ᠭᠡᠤᠭᠡᠨ᠎ᠤ ᠬᠤᠤᠷᠯᠠᠭ᠍ᠳᠠᠭ᠍ᠰᠠᠨ ᠬᠡᠷᠡᠭ》 ᠎ᠢ ᠲᠠᠬᠢᠨ ᠱᠢᠭᠦᠯᠭᠡᠵᠦ᠍᠂ ᠵᠢᠭᠠᠯ ᠬᠡᠤᠬᠡᠨ᠎ᠢ ᠨᠦᠵᠢᠳᠯᠠᠵᠤ ᠠᠯᠠᠭ᠍ᠰᠠᠨ ᠶᠠᠩ ᠭᠤᠸᠠᠩ ᠶᠢ᠎ᠶ᠋ᠢ ᠬᠠᠤᠯᠢ ᠶᠣᠰᠣᠭᠠᠷ ᠥᠭᠡᠷᠡᠴᠢᠯᠡᠨ ᠲᠠᠰᠤᠯᠬᠤ᠎ᠶ᠋ᠢᠨ ᠬᠠᠮᠲᠤ ᠠᠯᠠᠬᠤ ᠡᠷᠡᠭᠦᠤ ᠬᠦᠢᠴᠡᠳᠭᠡᠭᠦᠯᠪᠡ᠃ ᠨᠠᠰᠤᠨ᠎ᠳᠤ ᠦᠯᠦ᠍ ᠬᠦᠷᠦᠭ᠌ᠰᠡᠳ᠎ᠤᠨ ᠠᠱᠢᠭ ᠲᠤᠰᠠ᠎ᠶ᠋ᠢ ᠬᠠᠮᠤᠭ᠎ᠤᠨ ᠠᠱᠢᠭ᠍ᠳᠠᠢ ᠪᠠᠢᠯᠭᠠᠬᠤ ᠵᠠᠷᠴᠢᠮ᠎ᠢ ᠪᠠᠷᠢᠮᠲᠠᠯᠠᠵᠤ᠂ ᠠᠨᠾᠦ᠋ᠢ᠂ ᠱᠠᠨᠳᠦ᠋ᠩ᠂ ᠬᠤᠨᠠᠨ᠂ ᠱᠠᠨᠰᠢ᠂ ᠪᠢᠩᠲ᠋ᠤᠸᠠᠨ ᠵᠡᠷᠭᠡ᠎ᠶ᠋ᠢᠨ ᠱᠢᠭᠦᠬᠦ᠌ ᠬᠤᠷᠢᠶ᠎ᠠ ᠪᠠᠭᠠᠴᠤᠳ᠎ᠤᠨ ᠭᠡᠷ᠎ᠤᠨ ᠶᠠᠪᠤᠳᠠᠯ᠎ᠤᠨ ᠱᠢᠭᠦᠬᠦ᠌ ᠲᠢᠩᠬᠢᠮ᠎ᠤᠨ ᠪᠠᠢᠭᠤᠯᠤᠯᠲᠠ᠎ᠶ᠋ᠢ ᠠᠬᠢᠭᠤᠯᠵᠤ᠂ ᠨᠠᠰᠤᠨ᠎ᠳᠤ ᠦᠯᠦ᠍ ᠬᠦᠷᠦᠭ᠌ᠰᠡᠳ᠎ᠤᠨ ᠣᠨᠴᠠᠭᠠᠶ ᠪᠦᠭᠡᠳ ᠤᠷᠢᠳᠴᠢᠯᠠᠭ᠍ᠰᠠᠨ ᠬᠠᠮᠠᠭᠠᠯᠠᠯᠳᠠ ᠤᠯᠬᠤ᠎ᠶ᠋ᠢ ᠦᠨᠡᠨ ᠬᠦ᠌ ᠪᠠᠲᠤᠯᠠᠪᠠ᠃ ᠨᠠᠰᠤᠨ᠎ᠳᠤ ᠦᠯᠦ᠍ ᠬᠦᠷᠦᠭ᠌ᠰᠡᠳ᠎ᠤᠨ ᠱᠢᠭᠤᠳ ᠨᠡᠪᠲᠡᠷᠡᠭᠦᠯᠭᠡ᠎ᠪᠠᠷ ᠱᠠᠩᠨᠠᠯ᠎ᠤᠨ ᠮᠦᠡᠭ᠌ᠭᠦ ᠦᠭ᠌ᠭᠦᠭ᠌ᠰᠨᠨ᠎ᠢ ᠬᠦᠴᠦᠨ ᠦᠭᠡᠢ ᠪᠤᠯᠭᠠᠬᠤ ᠬᠡᠷᠡᠭ᠎ᠢ ᠱᠢᠭᠦᠵᠦ᠍᠂ ᠱᠢᠭᠤᠳ ᠨᠡᠪᠲᠡᠷᠡᠭᠦᠯᠭᠡ᠎ᠶ᠋ᠢᠨ ᠲᠠᠪᠴᠠᠩ᠎ᠢᠶᠠᠷ 158 ᠲᠦᠮᠡᠨ ᠲᠥᠭᠦᠷᠢᠭ᠎ᠤᠨ ᠱᠠᠩᠨᠠᠯ᠎ᠤᠨ ᠮᠦᠩᠬᠦ᠌᠎ᠶ᠋ᠢ ᠪᠦᠬᠦᠳᠡ᠎ᠶ᠋ᠢ᠎ᠨᠢ ᠪᠤᠴᠠᠭᠠᠯᠭᠠᠪᠡ᠃ ᠨᠠᠰᠤᠨ᠎ᠳᠤ ᠦᠯᠤ ᠬᠥᠷᠦᠭ᠌ᠰᠡᠳ᠎ᠤᠨ ᠶᠠᠯᠠᠳᠤ ᠠᠵᠢᠯᠯᠠᠭ᠎ᠠ᠎ᠳᠤ ᠰᠤᠷᠭᠠᠨ ᠬᠥᠮᠦᠵᠢᠭᠦᠯᠬᠦ᠂ ᠤᠶᠠᠷᠠᠭᠤᠯᠤᠨ ᠤᠬᠠᠭᠠᠷᠠᠭᠤᠯᠬᠤ᠂ ᠠᠪᠤᠷᠠᠬᠤ ᠴᠢᠭ᠌ᠯᠡᠯᠲᠡ᠎ᠶ᠋ᠢ ᠪᠠᠷᠢᠮᠲᠠᠯᠠᠪᠠ᠂ ᠭᠡᠪᠡᠴᠦ᠍ ᠪᠡᠶᠡᠴᠢ ᠲᠠᠯ᠎ᠠ᠎ᠶ᠋ᠢᠨ ᠬᠤᠤᠷᠲᠤ ᠴᠢᠨᠠᠷ᠎ᠨᠢ ᠶᠡᠭᠡ᠂ ᠠᠷᠭ᠎ᠠ ᠪᠠᠷᠢᠯ᠎ᠨᠢ ᠬᠠᠷᠭᠢᠰ ᠬᠡᠷᠴᠡᠭᠡᠶ᠂ ᠣᠯᠠᠨᠲᠠ ᠰᠤᠷᠭᠠᠪᠠᠴᠤ᠌ ᠵᠠᠰᠠᠷᠠᠬᠤ ᠦᠭᠡᠢ ᠪᠠᠢᠬᠤ᠎ᠶ᠋ᠢ ᠬᠠᠤᠯᠢ ᠶᠣᠰᠣᠭᠠᠷ ᠶᠠᠯᠠᠯᠠᠨ ᠱᠢᠢᠳᠭᠡᠪᠡ᠃ ᠪᠦᠬᠦ᠌ ᠤᠯᠤᠰ᠎ᠤᠨ ᠡᠮᠡᠭ᠌ᠲᠡᠢᠴᠦᠳ᠎ᠤᠨ ᠬᠤᠯᠪᠣᠭᠠᠲᠤ ᠬᠤᠷᠠᠯ᠂ ᠡᠪ ᠬᠠᠮᠳᠤ ᠵᠠᠯᠠᠭᠤᠴᠤᠳ᠎ᠤᠨ ᠡᠪᠯᠡᠯ᠎ᠤᠨ ᠲᠦᠪ ᠬᠤᠷᠢᠶ᠎ᠠ ᠵᠡᠷᠭᠡ᠎ᠲᠠᠢ ᠬᠠᠮᠲᠤᠷᠠᠨ ᠡᠪᠦᠯ᠎ᠤᠨ ᠠᠮᠠᠷᠠᠯᠲᠠ᠎ᠳᠤ ᠬᠡᠤᠬᠡᠳ᠎ᠢ ᠬᠠᠢᠷᠠᠯᠠᠨ ᠬᠠᠯᠠᠮᠵᠢᠯᠠᠬᠤ ᠠᠵᠢᠯᠯᠠᠭ᠎ᠠ᠎ᠶ᠋ᠢ ᠥᠷᠨᠢᠭᠦᠯᠵᠦ᠍᠂ ᠬᠠᠤᠯᠢ᠎ᠪᠠᠷ ᠵᠠᠰᠠᠬᠤ ᠠᠮᠤᠷ ᠲᠦᠪᠱᠢᠨ᠎ᠤ ᠬᠥᠮᠦᠵᠢᠯ᠎ᠢ ᠬᠡᠤᠬᠡᠳ᠎ᠤᠨ ᠳᠡᠷᠭᠡᠳᠡ ᠬᠦᠷᠭᠡᠪᠡ᠃ ᠱᠢᠭᠦᠬᠦ᠌ ᠲᠤᠱᠢᠶᠠᠯᠲᠠᠨ᠎ᠤ ᠰᠤᠷᠭᠠᠭᠤᠯᠢ᠎ᠶ᠋ᠢᠨ ᠬᠦᠷᠢᠶᠡᠨ᠎ᠳᠤ ᠣᠷᠣᠬᠤ᠂ ᠶᠠᠷᠢᠶᠠᠨ᠎ᠤ ᠲᠠᠪᠴᠠᠩ᠎ᠳᠤ ᠭᠠᠷᠬᠤ ᠠᠵᠢᠯᠯᠠᠭ᠎ᠠ᠎ᠶ᠋ᠢ ᠥᠷᠨᠢᠭᠦᠯᠵᠦ᠍᠂ ᠱᠢᠭᠦᠬᠦ᠌ ᠬᠤᠷᠢᠶᠠᠨ᠎ᠤ ᠤᠳᠤᠷᠢᠳᠭᠤ ᠺᠠᠳ᠋ᠷ ᠪᠠ ᠱᠢᠭᠦᠭᠦ᠌ ᠲᠤᠱᠢᠶᠠᠯᠳᠠᠨ᠎ᠢ ᠳᠤᠮᠳᠠᠳᠤ ᠪᠠᠭ᠎ᠠ ᠰᠤᠷᠭᠠᠭᠤᠯᠢ᠎ᠶ᠋ᠢᠨ ᠬᠠᠤᠯᠢ᠎ᠪᠠᠷ ᠵᠠᠰᠠᠬᠤ ᠳᠡᠳ᠋ ᠵᠠᠬᠢᠷᠤᠯ᠂ ᠰᠤᠷᠭᠠᠭᠤᠯᠢ᠎ᠶ᠋ᠢᠨ ᠭᠠᠳᠠᠨᠠᠬᠢ ᠬᠠᠤᠯᠢ᠎ᠪᠠᠷ ᠵᠠᠰᠠᠬᠤ ᠬᠠᠪᠰᠤᠷᠤᠨ ᠵᠢᠯᠤᠭᠤᠳᠤᠭ᠍ᠴᠢ᠎ᠶ᠋ᠢᠨ ᠲᠤᠱᠢᠶᠠᠯ᠎ᠢ ᠡᠭᠦᠷᠭᠡᠯᠡᠭᠦᠯᠵᠦ᠍᠂ ᠠᠮᠢᠳᠤᠯᠢᠭ ᠭᠡᠷᠡᠭ᠎ᠤᠨ ᠵᠢᠱ᠌ᠢᠶ᠎ᠡ᠎ᠪᠠᠷ ᠵᠠᠯᠠᠭᠤᠴᠤᠳ ᠪᠠᠭᠠᠴᠤᠳ᠎ᠢ ᠬᠠᠪᠰᠤᠷᠤᠨ ᠦᠨᠳᠦᠰᠦᠨ ᠬᠠᠤᠯᠢ᠎ᠶ᠋ᠢᠨ ᠤᠬᠠᠮᠰᠠᠷ ᠪᠠ ᠬᠠᠤᠯᠢ᠎ᠪᠠᠷ ᠵᠠᠰᠠᠬᠤ ᠦᠵᠡᠯᠲᠡ᠎ᠶ᠋ᠢ᠎ᠨᠢ ᠴᠢᠩᠭᠠᠳᠭᠠᠵᠦ᠍᠂ ᠨᠡᠢᠭᠡᠮ ᠳᠠᠶᠠᠭᠠᠷ᠎ᠲᠠᠢ ᠬᠠᠮᠲᠤ᠎ᠪᠠᠷ ᠨᠠᠰᠤᠨ᠎ᠳᠤ ᠦᠯᠦ᠍ ᠬᠦᠷᠦᠭ᠌ᠰᠡᠳ᠎ᠤᠨ ᠡᠷᠡᠭᠦᠯ᠎ᠢᠶᠠᠷ ᠦᠰᠦᠨ ᠪᠤᠢᠵᠢᠬᠤ᠎ᠶ᠋ᠢ ᠬᠠᠮᠠᠭᠠᠯᠠᠪᠠ᠃

ᠴᠡᠷᠢᠭ᠎ᠲᠠᠢ ᠬᠤᠯᠪᠣᠭ᠍ᠳᠠᠭ᠍ᠰᠠᠨ ᠡᠷᠬᠡ᠎ᠶ᠋ᠢᠨ ᠬᠠᠮᠠᠭᠠᠯᠠᠯᠳᠠ᠎ᠶ᠋ᠢᠨ ᠠᠵᠢᠯ᠎ᠢ ᠴᠢᠩᠭᠠᠳᠭᠠᠪᠠ᠃ ᠬᠤᠪᠢᠰᠭᠠᠯᠳᠤ ᠤᠳᠤᠮᠱᠢᠯ ᠎ᠢ  ᠤᠯᠠᠮᠵᠢᠯᠠᠨ ᠵᠠᠯᠭᠠᠮᠵᠢᠯᠠᠵᠤ᠂ ᠴᠡᠷᠢᠭ ᠎ᠲᠠᠢ ᠬᠤᠯᠪᠣᠭ᠍ᠳᠠᠭ᠍ᠰᠠᠨ ᠡᠷᠬᠡ ᠎ᠶ᠋ᠢ  ᠬᠠᠮᠠᠭᠠᠯᠠᠬᠤ  《ᠱᠢᠨᠶᠠᠩ᠎ᠤᠨ ᠵᠠᠭ᠍ᠪᠤᠷ》 《ᠬᠤᠪᠸᠢ ᠾᠧᠨᠠᠨ ᠠᠨᡁᠦᠢ ᠎ᠶ᠋ᠢᠨ ᠵᠠᠭ᠍ᠪᠤᠷ》 ᠎ᠤᠨ ᠦᠢᠯᠡᠳᠦᠯᠭᠡ᠎ᠶ᠋ᠢᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠵᠦ᠍᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠥᠭᠡᠷᠡᠴᠢᠯᠡᠯᠲᠡ ᠪᠦᠲᠦᠭᠡᠨ ᠪᠠᠢᠭᠤᠯᠤᠯᠲᠠ᠎ᠳᠤ ᠦᠢᠯᠡᠴᠢᠯᠡᠵᠦ᠍᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠢ ᠠᠬᠢᠭᠤᠯᠪᠠ᠃ ᠴᠡᠷᠢᠭ᠎ᠤᠨ ᠶᠠᠪᠤᠳᠠᠯ᠎ᠤᠨ ᠲᠦᠭᠦᠭᠡᠷᠦᠮᠵᠢ᠎ᠶ᠋ᠢ ᠡᠪᠳᠡᠭ᠌ᠰᠡᠨ᠂ ᠴᠡᠷᠢᠭ᠎ᠤᠨ ᠤᠷᠤᠭ᠎ᠢ ᠡᠪᠳᠡᠭ᠌ᠰᠡᠨ ᠵᠡᠷᠭᠡ ᠴᠡᠷᠢᠭ᠎ᠲᠠᠢ ᠬᠤᠯᠪᠣᠭ᠍ᠳᠠᠭ᠍ᠰᠠᠨ 633 ᠶᠠᠯᠠᠲᠤ ᠬᠡᠷᠡᠭ᠎ᠢ ᠱᠢᠭᠦᠨ ᠳᠠᠭᠤᠰᠭᠠᠵᠤ᠂ ᠴᠡᠷᠢᠭ᠎ᠲᠠᠢ ᠬᠤᠯᠪᠣᠭ᠍ᠳᠠᠭ᠍ᠰᠠᠨ ᠢᠷᠭᠡᠨ᠎ᠤ ᠪᠠ ᠬᠤᠳᠠᠯᠳᠤᠭᠠᠨ᠎ᠤ ᠶᠠᠪᠤᠳᠠᠯ᠎ᠤᠨ 10418 ᠬᠡᠷᠡᠭ᠎ᠢ ᠱᠢᠭᠦᠨ ᠳᠠᠭᠤᠰᠭᠠᠵᠤ᠂ ᠴᠡᠷᠢᠭ ᠠᠩᠭᠢ ᠴᠡᠷᠢᠭ ᠬᠥᠮᠦᠨ᠎ᠤ ᠨᠡᠷ᠎ᠡ ᠬᠦᠨᠳᠦ ᠢᠷᠠᠭᠤ ᠠᠯᠳᠠᠷ᠎ᠢ ᠡᠷᠡᠰ ᠬᠠᠮᠠᠭᠠᠯᠠᠵᠤ᠂ ᠴᠡᠷᠢᠭ ᠬᠥᠮᠦᠨ ᠴᠡᠷᠢᠭ᠎ᠤᠨ ᠭᠡᠷ ᠪᠦᠯᠢ᠎ᠶ᠋ᠢᠨ᠎ᠬᠢᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠪᠠ᠃ ᠴᠡᠷᠢᠭ᠎ᠲᠠᠢ ᠬᠤᠯᠪᠤᠬ᠍ᠳᠠᠬ᠍ᠰᠠᠨ ᠬᠡᠷᠡᠭ᠎ᠤᠨ ᠲᠦᠯᠦᠪᠦᠷᠢᠳᠦ ᠦᠢᠯᠡᠴᠢᠯᠡᠭᠡ᠎ᠶ᠋ᠢ ᠵᠤᠬ᠍ᠰᠤᠭᠠᠬᠤ ᠲᠠᠷᠠᠭᠠᠴᠢ᠎ᠶ᠋ᠢᠨ ᠠᠯᠬᠤᠮ᠎ᠤᠨ ᠬᠠᠤᠯᠢ ᠪᠠᠷᠢᠬᠤ ᠦᠢᠯᠡᠴᠢᠯᠡᠭᠡᠨ᠎ᠤ ᠠᠵᠢᠯ᠎ᠢ ᠦᠷᠭᠦᠯᠵᠢᠯᠡᠨ ᠰᠠᠢᠲᠤᠷ ᠬᠢᠵᠦ᠍᠂ ᠴᠡᠷᠢᠭ ᠠᠩᠭᠢ᠎ᠶ᠋ᠢᠨ ᠬᠠᠤᠯᠢ ᠶᠤᠰᠤᠨ᠎ᠤ ᠡᠷᠭᠡ ᠠᠱᠢᠭ ᠤᠯᠠᠨ ᠲᠦᠮᠡᠨ᠎ᠤ ᠬᠠᠤᠯᠢ ᠶᠤᠰᠤᠨ᠎ᠤ ᠡᠷᠬᠡ ᠠᠱᠢᠭ᠎ᠢ ᠬᠠᠤᠯᠢ ᠶᠤᠰᠤᠭᠠᠷ ᠬᠠᠮᠠᠭᠠᠯᠠᠪᠡ᠃ ᠴᠡᠷᠢᠭ᠎ᠤᠨ ᠠᠯᠪᠠᠨ᠎ᠠᠴᠠ ᠪᠠᠭᠤᠭ᠍ᠰᠠᠳ᠎ᠤᠨ ᠭᠡᠷᠡᠭ ᠶᠠᠪᠤᠳᠠᠯ᠎ᠤᠨ ᠶᠠᠮᠤᠨ ᠵᠡᠷᠭᠡ᠎ᠲᠠᠢ ᠬᠠᠮᠲᠤᠷᠠᠨ ᠰᠠᠨᠠᠯ ᠨᠡᠢᠲᠡᠯᠡᠵᠦ᠍᠂ ᠴᠡᠷᠢᠭ᠎ᠤᠨ ᠠᠯᠪᠠᠨ᠎ᠠᠴᠠ ᠪᠠᠭᠤᠭ᠍ᠰᠠᠳ᠎ᠲᠤ ᠦᠵᠡᠭᠦᠯᠭᠦ᠌ ᠬᠠᠤᠯᠢ ᠪᠠᠷᠢᠬᠤ ᠠᠪᠤᠷᠠᠨ ᠲᠤᠰᠠᠯᠠᠯᠳᠠ᠎ᠶ᠋ᠢᠨ ᠡᠷᠴᠢᠮ᠎ᠢᠶᠠᠨ ᠴᠢᠩᠭᠠᠷᠠᠭᠤᠯᠪᠠ᠃ ᠴᠡᠷᠢᠭ᠎ᠤᠨ ᠱᠢᠭᠦᠬᠦ᠌ ᠬᠤᠷᠢᠶ᠎ᠠ ᠴᠡᠷᠢᠭ᠎ᠲᠠᠢ ᠬᠤᠯᠪᠣᠭ᠍ᠳᠠᠭ᠍ᠰᠠᠨ ᠡᠷᠬᠡ᠎ᠶ᠋ᠢ ᠬᠠᠮᠠᠭᠠᠯᠠᠬᠤ ᠲᠠᠪᠴᠠᠩ᠎ᠢ ᠨᠡᠭᠡᠭᠡᠵᠦ᠍᠂ ᠴᠢᠬᠤᠯᠠ ᠶᠡᠭᠡ ᠡᠭᠦᠷᠭᠡ᠎ᠲᠠᠢ ᠤᠶᠠᠯᠳᠤᠭᠤᠯᠤᠨ 909  ᠵᠢᠭᠤᠷᠠᠯᠳᠤᠭᠠᠨ᠎ᠢ ᠳᠠᠷᠠᠭᠠᠯᠠᠨ ᠪᠠᠢᠴᠠᠭᠠᠵᠤ ᠱᠢᠢᠳᠪᠦᠷᠢᠯᠡᠨ᠂ ᠴᠡᠷᠢᠭ ᠠᠩᠭᠢ ᠪᠠ ᠳᠠᠷᠤᠭ᠎ᠠ ᠪᠠᠢᠯᠳᠤᠭ᠍ᠴᠢᠳ᠎ᠲᠤ 14.3 ᠳ᠋ᠦᠩᠱᠢᠭᠤᠷ ᠲᠥᠭᠦᠷᠢᠭ᠎ᠤᠨ ᠬᠤᠬᠢᠷᠠᠯ᠎ᠢ ᠡᠭᠡᠭᠦᠯᠦᠨ ᠠᠪᠴᠢᠷᠠᠵᠦ᠍ ᠦᠭ᠌ᠪᠡ᠃ ᠦᠪᠦᠷ ᠮᠤᠩᠭᠤᠯ᠂ ᠬᠠᠢᠨᠠᠨ᠂ ᠲᠥᠪᠡᠳ ᠵᠡᠷᠭᠡ᠎ᠶ᠋ᠢᠨ ᠱᠢᠭᠦᠬᠦ᠌ ᠬᠤᠷᠢᠶ᠎ᠠ ᠬᠠᠤᠯᠢ ᠴᠠᠭᠠᠵᠠ᠎ᠶ᠋ᠢᠨ ᠮᠡᠳᠡᠯᠭᠡ᠎ᠶ᠋ᠢ ᠰᠠᠨᠠᠭᠠᠴᠢᠯᠠᠭ᠎ᠠ᠎ᠠᠴᠠ᠎ᠪᠠᠨ ᠴᠡᠷᠢᠭ᠎ᠤᠨ ᠬᠤᠸᠠᠷᠠᠨ᠎ᠳᠤ ᠬᠦᠷᠭᠡᠵᠦ᠍᠂ ᠴᠡᠷᠢᠭ᠎ᠲᠠᠢ ᠬᠤᠯᠪᠣᠭ᠍ᠳᠠᠭ᠍ᠰᠠᠨ ᠡᠷᠬᠡ᠎ᠪᠠᠨ ᠬᠠᠮᠠᠭᠠᠯᠠᠬᠤ ᠠᠵᠢᠯ᠎ᠤᠨ ᠰᠠᠭᠠᠳ ᠦᠭᠡᠢ ᠨᠡᠪᠲᠡᠷᠡᠬᠦ᠌ ᠵᠠᠮ᠎ᠢ ᠨᠡᠭᠡᠭᠡᠪᠡ᠃ ᠬᠤᠨᠠᠨ᠎ᠤ ᠱᠢᠭᠦᠬᠦ᠌ ᠬᠤᠷᠢᠶ᠎ᠠ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠴᠢᠩᠭᠠᠳᠭᠠᠵᠤ᠂ ᠲᠥᠪᠡᠳ᠎ᠤᠨ ᠬᠢᠯᠢ᠎ᠶ᠋ᠢᠨ ᠬᠠᠮᠠᠭᠠᠯᠠᠯᠳᠠ᠎ᠶ᠋ᠢᠨ ᠪᠠᠢᠯᠳᠤᠭ᠍ᠴᠢ ᠪᠣᠯᠤᠨ ᠳᠡᠳᠡᠨ᠎ᠤ ᠭᠡᠷ᠎ᠤᠨ ᠬᠦᠮᠦᠰ᠎ᠲᠤ ᠲᠥᠯᠥᠪᠦᠷᠢ᠎ᠶ᠋ᠢᠨ ᠵᠤᠭᠤᠰ᠎ᠢ ᠤᠷᠢᠳ᠎ᠢᠶᠠᠷ ᠣᠯᠭᠤᠭᠤᠯᠵᠤ᠂ ᠬᠢᠯᠢ᠎ᠶ᠋ᠢᠨ ᠬᠠᠮᠠᠭᠠᠯᠠᠯᠳᠠ᠎ᠶ᠋ᠢᠨ ᠪᠠᠢᠯᠳᠤᠭ᠍ᠴᠢᠳ᠎ᠲᠤ ᠠᠷᠤ ᠲᠠᠯ᠎ᠠ᠎ᠶ᠋ᠢᠨ ᠪᠠᠲᠤ ᠴᠢᠩᠭ᠎ᠠ ᠬᠠᠤᠯᠢ ᠪᠠᠷᠢᠯᠳᠠ᠎ᠶ᠋ᠢᠨ ᠪᠠᠲᠤᠯᠠᠭ᠎ᠠ ᠬᠠᠩᠭᠠᠪᠠ᠃

ᠱᠢᠶᠠᠩᠭᠠᠩ ᠣᠣᠮᠧᠨ ᠲᠠᠢᠸᠠᠨ᠎ᠤ ᠠᠬ᠎ᠠ ᠳᠡᠭᠦᠤ ᠨᠡᠷ ᠪᠠ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠤ ᠨᠡᠷ᠂ ᠤᠯᠤᠰ᠎ᠲᠠᠭᠠᠨ ᠪᠤᠴᠠᠵᠤ ᠢᠷᠡᠭ᠌ᠰᠡᠨ ᠬᠠᠷᠢᠶᠠᠲᠤ ᠨᠠᠷ ᠪᠠ ᠬᠠᠷᠢᠶᠠᠲᠤ ᠨᠠᠷ᠎ᠤᠨ ᠭᠡᠷ ᠪᠦᠯᠢ᠎ᠶ᠋ᠢᠨ᠎ᠬᠢᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠪᠠ᠃ ᠱᠢᠶᠠᠩᠭᠠᠩ ᠣᠣᠮᠧᠨ ᠲᠠᠢᠸᠠᠨ᠎ᠲᠠᠢ ᠬᠤᠯᠪᠣᠭ᠍ᠳᠠᠭ᠍ᠰᠠᠨ 2.4 ᠲᠦᠮᠡᠨ ᠬᠡᠷᠡᠭ᠎ᠢ ᠱᠢᠭᠦᠨ ᠳᠠᠭᠤᠰᠭᠠᠵᠤ᠂ ᠱᠢᠶᠠᠩᠭᠠᠩ ᠤᠤᠮᠧᠨ ᠲᠠᠢᠸᠠᠨ᠎ᠲᠠᠢ ᠬᠤᠯᠪᠤᠭ᠍ᠳᠠᠭ᠍ᠰᠠᠨ ᠬᠠᠤᠯᠢ ᠪᠠᠷᠢᠬᠤ ᠬᠠᠮᠵᠢᠯᠴᠠᠭᠠᠨ᠎ᠤ ᠬᠠᠷᠢᠯᠴᠠᠨ ᠳᠤᠰᠠᠯᠠᠬᠤ ᠬᠡᠷᠡᠭ᠎ᠢ 1.1 ᠲᠦᠮᠡᠨ ᠬᠤᠪᠢ ᠱᠢᠢᠳᠪᠦᠷᠢᠯᠡᠪᠡ᠃ ᠳᠣᠲᠣᠷ᠎ᠠ ᠭᠠᠵᠠᠷ ᠬᠢᠭᠡᠳ ᠱᠢᠶᠠᠩᠭᠠᠩ ᠬᠥᠨᠳᠡᠯᠡᠨ᠎ᠠᠴᠠ ᠲᠠᠰᠤᠯᠤᠭ᠍ᠰᠠᠨ ᠲᠠᠰᠤᠯᠤᠯᠳᠠ᠎ᠶ᠋ᠢ ᠬᠠᠷᠢᠯᠴᠠᠨ ᠬᠦᠢᠴᠡᠳᠭᠡᠬᠦ᠌ ᠲᠤᠬᠠᠢ ᠨᠥᠬᠦᠪᠥᠷᠢ ᠲᠤᠬᠢᠷᠠᠭᠤᠯᠤᠯᠳᠠ᠎ᠳᠤ ᠭᠠᠷ᠎ᠤᠨ ᠦᠰᠦᠭ ᠵᠢᠷᠤᠪᠠ᠃ ᠳᠣᠲᠣᠷ᠎ᠠ ᠭᠠᠵᠠᠷ ᠬᠢᠭᠡᠳ ᠣᠣᠮᠧᠨ᠎ᠤ ᠱᠢᠭᠦᠬᠦ᠌ ᠬᠤᠷᠢᠶᠠᠨ᠎ᠤ ᠢᠷᠭᠡᠨ᠎ᠤ ᠪᠠ ᠬᠤᠳᠠᠯᠳᠤᠭᠠᠨ᠎ᠤ ᠶᠠᠪᠤᠳᠠᠯ᠎ᠤᠨ ᠬᠡᠷᠡᠭ᠎ᠤᠨ ᠬᠠᠤᠯᠢ ᠪᠠᠷᠢᠬᠤ ᠪᠢᠴᠢᠭ ᠬᠠᠷ᠎ᠠ᠎ᠶ᠋ᠢ ᠬᠠᠷᠢᠯᠴᠠᠨ ᠨᠠᠢᠳᠠᠨ ᠬᠦᠷᠭᠡᠬᠦ᠌ ᠪᠠ ᠬᠡᠷᠡᠴᠢ ᠪᠠᠷᠢᠮᠲᠠ ᠱᠢᠯᠵᠢᠭᠦᠯᠦᠨ ᠠᠪᠬᠤ ᠲᠤᠬᠢᠷᠠᠭᠤᠯᠤᠯᠲᠠ᠎ᠶ᠋ᠢ ᠲᠡᠭᠦᠯᠳᠡᠷᠵᠢᠭᠦᠯᠪᠠ᠃ ᠭᠤᠸᠠᠩᠳᠦ᠋ᠩ ᠱᠢᠶᠠᠩᠭᠠᠩ ᠣᠣᠮᠧᠨ᠎ᠤ ᠲᠤᠮᠤ ᠪᠤᠯᠤᠩ᠎ᠤᠨ ᠣᠷᠣᠨ᠎ᠤ ᠬᠢᠯᠢ ᠠᠯᠤᠰᠯᠠᠭ᠍ᠰᠠᠨ ᠢᠷᠭᠡᠨ᠎ᠤ ᠪᠠ ᠬᠤᠳᠠᠯᠳᠤᠭᠠᠨ᠎ᠤ ᠶᠠᠪᠤᠳᠠᠯ᠎ᠤᠨ ᠬᠡᠷᠡᠭ᠎ᠤᠨ ᠵᠠᠭᠤᠷᠠᠯᠳᠤᠭᠠᠨ᠎ᠢ ᠲᠣᠬᠢᠲᠠᠶ ᠱᠢᠢᠳᠪᠦᠷᠢᠯᠡᠵᠦ᠍᠂ ᠱᠢᠶᠠᠩᠭᠠᠩ ᠣᠣᠮᠧᠨ᠎ᠤ ᠠᠬ᠎ᠠ ᠳᠡᠭᠦᠤ ᠨᠡᠷ᠎ᠤᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠪᠠ᠃ ᠲᠠᠢᠸᠠᠨ᠎ᠤ ᠠᠬ᠎ᠠ ᠳᠡᠭᠦᠤ ᠨᠡᠷ᠎ᠤᠨ ᠠᠵᠤ ᠠᠬᠤᠢᠯᠠᠯ᠎ᠤᠨ ᠡᠬᠡ ᠤᠯᠤᠰ᠎ᠤᠨ ᠡᠬᠡ ᠬᠠᠭᠤᠷᠠᠶ᠎ᠳᠠᠬᠢ ᠬᠠᠤᠯᠢ ᠶᠣᠰᠣᠨ᠎ᠤ ᠡᠷᠬᠡ ᠠᠱᠢᠭ᠎ᠢ ᠡᠷᠬᠡ ᠲᠡᠭ᠌ᠰᠢ᠎ᠪᠠᠷ ᠬᠠᠮᠠᠭᠠᠯᠠᠪᠠ᠃ ᠱᠢᠶᠠᠮᠧᠨ᠎ᠤ ᠳᠠᠯᠠᠢ᠎ᠶ᠋ᠢᠨ ᠶᠠᠪᠤᠳᠠᠯ᠎ᠤᠨ ᠱᠢᠬᠦᠬᠦ᠌ ᠬᠤᠷᠢᠶ᠎ᠠ ᠳᠠᠢᠸᠠᠨ ᠬᠤᠭᠤᠯᠠᠢ᠎ᠶ᠋ᠢᠨ ᠬᠡᠷᠡᠭ᠎ᠲᠤ ᠬᠤᠯᠪᠤᠭ᠍ᠳᠠᠭ᠍ᠰᠠᠨ ᠱᠢᠬᠦᠨ ᠳᠠᠰᠤᠯᠤᠯᠳᠠ᠎ᠶ᠋ᠢᠨ ᠠᠩᠬᠠᠨ᠎ᠤ ᠴᠠᠭᠠᠨ ᠭᠠᠳᠠᠷᠳᠤ ᠪᠢᠴᠢᠭ᠎ᠢ ᠨᠠᠢᠳᠠᠯᠠᠪᠠ᠃ ᠹᠦᠵᠧᠦ᠎ᠶ᠋ᠢᠨ ᠫᠢᠩᠲ᠋ᠠᠨ᠂ ᠱᠧᠨᠵᠧᠨ᠎ᠤ ᠴᠢᠶᠠᠨᠬᠠᠶ᠂ ᠵᠦᠬᠠᠶ᠎ᠶ᠋ᠢᠨ ᠾᠧᠩᠴᠢᠨ ᠵᠡᠷᠭᠡ᠎ᠶ᠋ᠢᠨ ᠱᠢᠭᠦᠬᠦ᠌ ᠬᠤᠷᠢᠶ᠎ᠠ ᠱᠢᠶᠠᠩᠭᠠᠩ ᠣᠣᠮᠧᠨ ᠲᠠᠢᠸᠠᠨ᠎ᠤ ᠠᠬ᠎ᠠ ᠳᠡᠭᠦᠤ ᠨᠡᠷ᠎ᠢ ᠤᠷᠢᠵᠤ ᠠᠷᠠᠳ᠎ᠤᠨ ᠬᠠᠪᠰᠤᠷᠤᠨ ᠱᠢᠭᠦᠭ᠌ᠴᠢ ᠪᠤᠶᠤ ᠣᠨᠴᠠ ᠤᠷᠢᠭ᠍ᠰᠠᠨ ᠡᠶᠡᠳᠡᠭᠦᠯᠦᠭ᠌ᠴᠢ ᠪᠣᠯᠭᠠᠪᠠ᠃ ᠬᠠᠷᠢᠶᠠᠲᠤ ᠨᠠᠷ᠎ᠲᠠᠢ ᠬᠤᠯᠪᠣᠭ᠍ᠳᠠᠭ᠍ᠰᠠᠨ ᠬᠡᠷᠡᠭ᠎ᠢ 4675 ᠬᠤᠪᠢ ᠱᠢᠭᠦᠨ ᠳᠠᠭᠤᠰᠭᠠᠪᠠ᠃ ᠳᠤᠮᠳᠠᠳᠤ ᠤᠯᠤᠰ᠎ᠤᠨ ᠬᠠᠷᠢᠶᠠᠲᠤ ᠨᠠᠷ᠎ᠤᠨ ᠬᠤᠯᠪᠣᠭ᠎ᠠ᠎ᠲᠠᠢ ᠬᠠᠮᠲᠤᠷᠠᠨ ᠬᠠᠷᠢᠶᠠᠲᠤ ᠨᠠᠷ᠎ᠲᠠᠢ ᠬᠤᠯᠪᠤᠭ᠍ᠳᠠᠭ᠍ᠰᠠᠨ  ᠵᠢᠭᠤᠷᠠᠯᠳᠤᠭᠠᠨ᠎ᠢ ᠱᠢᠢᠳᠪᠤᠷᠢᠯᠡᠭ᠌ᠰᠡᠨ ᠲᠤᠷᠱᠢᠯᠭ᠎ᠠ᠎ᠶ᠋ᠢ ᠳᠡᠯᠭᠡᠷᠡᠭᠦᠯᠵᠦ᠍᠂ ᠬᠠᠷᠢᠶᠠᠲᠤ ᠠᠬ᠎ᠠ ᠳᠡᠭᠦᠤ ᠨᠡᠷ᠎ᠢ ᠬᠠᠪᠰᠤᠷᠴᠤ᠌ ᠰᠦᠯᠵᠢᠶᠡᠨ ᠳᠡᠭᠡᠷ᠎ᠡ ᠬᠢᠯᠢ ᠠᠯᠤᠰᠯᠠᠭ᠍ᠰᠠᠨ ᠵᠢᠭᠤᠷᠠᠯᠳᠤᠭᠠᠨ᠎ᠢ ᠱᠢᠢᠳᠪᠤᠷᠢᠯᠡᠪᠡ᠃

ᠳᠦᠷᠪᠡ᠂ ᠨᠢᠭᠡ ᠯᠡ ᠥᠷᠲᠡᠭᠡᠨ᠎ᠤ ᠮᠠᠶᠢᠭ᠎ᠤᠨ ᠤᠯᠠᠨ ᠡᠱᠢᠴᠢᠯᠡᠭ᠌ᠰᠡᠨ ᠵᠢᠭᠤᠷᠠᠯᠳᠤᠭᠠᠨ ᠱᠢᠢᠳᠪᠦᠷᠢᠯᠡᠬᠦ᠌ ᠪᠠ ᠵᠠᠷᠭᠤ᠎ᠶ᠋ᠢᠨ ᠦᠢᠯᠡᠴᠢᠯᠡᠭᠡᠨ᠎ᠤ ᠲᠣᠭ᠍ᠲᠠᠴᠠ᠎ᠶ᠋ᠢ ᠪᠦᠬᠦ᠌ ᠲᠠᠯ᠎ᠠ᠎ᠪᠠᠷ ᠪᠠᠢᠭᠤᠯᠪᠠ

ᠬᠡᠷᠡᠭ ᠪᠣᠯᠭᠠᠨ ᠳᠠᠩᠰᠠᠯᠠᠬᠤ ᠳᠦᠷᠢᠮ᠎ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠬᠦᠢᠴᠡᠳᠭᠡᠬᠦ᠌᠎ᠳᠤ ᠬᠦᠴᠢᠷᠳᠠᠢ ᠪᠠᠢᠬᠤ ᠠᠰᠠᠭᠤᠳᠠᠯ᠎ᠢ ᠦᠨᠳᠦᠰᠦᠨ᠎ᠳᠡᠭᠡᠨ ᠱᠢᠢᠳᠪᠦᠷᠢᠯᠡᠭ᠌ᠰᠡᠨ᠎ᠤ ᠳᠠᠷᠠᠭ᠎ᠠ᠂ ᠵᠠᠷᠭᠤᠯᠳᠤᠬᠤ᠎ᠳᠤ ᠬᠦᠴᠢᠷᠳᠠᠢ ᠪᠠᠢᠬᠤ ᠠᠰᠠᠭᠤᠳᠠᠯ᠎ᠢ ᠱᠢᠢᠳᠪᠦᠷᠢᠯᠡᠵᠦ᠍᠂ ᠣᠯᠠᠨ ᠲᠦᠮᠡᠨ᠎ᠤ ᠵᠠᠷᠭᠤᠯᠳᠤᠬᠤ᠎ᠳᠤ ᠳᠥᠭᠦᠮ ᠦᠵᠡᠭᠦᠯᠬᠦ᠌᠎ᠶ᠋ᠢ ᠪᠤᠳᠤᠯᠬᠢᠯᠠᠪᠠ᠂ ᠬᠤᠶᠠᠷ ᠵᠢᠯ ᠡᠷᠡᠯᠬᠡᠭ᠌ᠯᠡᠨ ᠪᠠᠢᠯᠳᠤᠭ᠍ᠰᠠᠨ᠎ᠢᠶᠠᠷ ᠪᠦᠬᠦ᠌ ᠤᠯᠤᠰ᠎ᠤᠨ ᠱᠢᠭᠦᠬᠦ᠌ ᠬᠤᠷᠢᠶ᠎ᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠢᠭᠡ ᠯᠠ ᠥᠷᠲᠡᠭᠡᠨ᠎ᠤ ᠮᠠᠶᠢᠭ᠎ᠤᠨ ᠤᠯᠠᠨ ᠡᠱᠢᠴᠢᠯᠡᠭ᠌ᠰᠡᠨ ᠵᠢᠭᠤᠷᠠᠯᠳᠤᠭᠠᠨ᠎ᠢ ᠱᠢᠢᠳᠪᠦᠷᠢᠯᠡᠬᠦ᠌ ᠪᠠ ᠵᠠᠷᠭᠤ᠎ᠶ᠋ᠢᠨ ᠦᠢᠯᠡᠴᠢᠯᠡᠭᠡᠨ᠎ᠤ ᠲᠣᠭ᠍ᠲᠠᠴᠠ᠎ᠶ᠋ᠢ ᠪᠠᠢᠭᠤᠯᠵᠦ᠍᠂ ᠣᠯᠠᠨ ᠲᠦᠮᠡᠨ᠎ᠤ ᠢᠷᠭᠡᠨ᠎ᠤ ᠪᠠ ᠬᠤᠳᠠᠯᠳᠤᠭᠠᠨ᠎ᠤ ᠶᠠᠪᠤᠳᠠᠯ᠎ᠤᠨ ᠵᠢᠭᠤᠷᠠᠯᠳᠤᠭᠠᠨ᠎ᠢ ᠱᠢᠢᠳᠪᠦᠷᠢᠯᠡᠬᠦ᠌᠎ᠳᠤ ᠲᠣᠪᠶᠤᠭ᠎ᠤᠨ ᠬᠡᠯᠪᠡᠷᠢ᠂ ᠡᠷᠴᠢᠮᠯᠢᠭ ᠬᠡᠯᠪᠡᠷᠢ᠂ ᠨᠢᠭᠡ ᠯᠠ ᠥᠷᠲᠡᠭᠡᠨ᠎ᠤ ᠮᠠᠶᠢᠭ᠎ᠤᠨ ᠦᠢᠯᠡᠴᠢᠯᠡᠭᠡ ᠬᠠᠨᠭ᠌ᠭᠠᠵᠤ᠂ ᠤᠯᠠᠨ ᠶᠠᠩᠵᠤᠴᠢᠯᠠᠬ᠍ᠰᠠᠨ ᠵᠠᠭᠤᠷᠠᠯᠳᠤᠭᠠᠨ ᠱᠢᠢᠳᠪᠦᠷᠢᠯᠡᠬᠦ᠌ ᠲᠥᠰᠦᠯ ᠪᠠ ᠡᠷᠬᠡ᠎ᠶ᠋ᠢ ᠠᠪᠤᠷᠠᠨ ᠲᠡᠳᠬᠦᠭᠦ᠌ ᠠᠷᠭ᠎ᠠ ᠵᠠᠮ᠎ᠢ ᠬᠠᠩᠭᠠᠵᠤ᠂ ᠵᠥᠷᠢᠴᠡᠯ ᠵᠢᠭᠤᠷᠠᠯᠳᠤᠭᠠᠨ᠎ᠢ ᠲᠥᠪ ᠭᠤᠤᠯᠴᠢ᠂ ᠥᠨᠳᠥᠷ ᠪᠦᠲᠦᠮᠵᠢᠲᠡᠶ᠂ ᠦᠨᠡᠨ ᠪᠣᠳᠠᠲᠠᠶ᠎ᠪᠠᠷ ᠱᠢᠢᠳᠪᠦᠷᠢᠯᠡᠬᠦ᠌᠎ᠶ᠋ᠢ ᠠᠬᠢᠭᠤᠯᠪᠠ᠃

ᠨᠢᠭᠡ ᠯᠡ ᠥᠷᠲᠡᠭᠡᠨ᠎ᠤ ᠮᠠᠶᠢᠭ᠎ᠤᠨ ᠤᠯᠠᠨ ᠡᠱᠢᠴᠢᠯᠡᠭ᠌ᠰᠡᠨ ᠵᠢᠭᠤᠷᠠᠯᠳᠤᠭᠠᠨ ᠱᠢᠢᠳᠪᠦᠷᠢᠯᠡᠬᠦ᠌ ᠲᠣᠭ᠍ᠲᠠᠴᠠ᠎ᠶ᠋ᠢ ᠨᠡᠢᠳᠡᠮ ᠪᠠᠢᠭᠤᠯᠪᠠ᠃ ᠵᠠᠷᠭᠤ᠎ᠶ᠋ᠢᠨ ᠪᠤᠰᠤ ᠵᠢᠭᠤᠷᠠᠯᠳᠤᠭᠠᠨ᠎ᠢ ᠱᠢᠢᠳᠪᠦᠷᠢᠯᠡᠬᠦ᠌ ᠲᠣᠭ᠍ᠲᠠᠴᠠ᠎ᠶ᠋ᠢ ᠲᠡᠷᠢᠭᠦᠨ᠎ᠳᠤ ᠲᠠᠯᠪᠢᠬᠤ᠎ᠶ᠋ᠢ ᠪᠠᠷᠢᠮᠲᠠᠯᠠᠵᠤ᠂ ᠠᠷᠠᠳ᠎ᠤᠨ ᠡᠶᠡᠳᠡᠭᠦᠯᠦᠨ ᠵᠤᠬᠢᠴᠠᠭᠤᠯᠭ᠎ᠠ᠂ ᠵᠠᠰᠠᠭ ᠵᠠᠬᠢᠷᠭᠠᠨ᠎ᠤ ᠡᠶᠡᠳᠡᠭᠦᠯᠦᠨ ᠵᠤᠬᠢᠴᠠᠭᠤᠯᠭ᠎ᠠ᠂ ᠬᠠᠤᠯᠢ ᠴᠠᠭᠠᠵᠠ᠎ᠶ᠋ᠢᠨ ᠡᠶᠡᠳᠡᠭᠦᠯᠦᠨ ᠵᠤᠬᠢᠴᠠᠭᠤᠯᠭ᠎ᠠ ᠬᠤᠯᠪᠤᠭᠠᠯᠠᠨ ᠬᠦᠳᠡᠯᠦᠯᠴᠡᠬᠦ᠌᠎ᠶ᠋ᠢ ᠴᠢᠩᠭᠠᠳᠭᠠᠵᠦ᠍᠂ ᠵᠠᠷᠭᠤ᠎ᠶ᠋ᠢᠨ ᠪᠤᠰᠤ ᠪᠠ ᠵᠠᠷᠭᠤ᠎ᠶ᠋ᠢᠨ ᠵᠤᠯᠭᠠᠯᠴᠠᠭ᠎ᠠ᠎ᠶ᠋ᠢ ᠴᠢᠩᠭᠠᠷᠠᠭᠤᠯᠵᠦ᠍᠂ ᠵᠥᠷᠢᠴᠡᠯ ᠵᠢᠭᠤᠷᠠᠯᠳᠤᠭᠠᠨ᠎ᠢ ᠡᠬᠢ ᠡᠭᠦᠰᠦᠯ᠎ᠠᠴᠠ᠎ᠨᠢ ᠰᠡᠷᠭᠡᠢᠯᠡᠨ ᠱᠢᠢᠳᠪᠤᠷᠢᠯᠡᠭᠦ᠎ᠶ᠋ᠢ ᠢᠳᠡᠪᠬᠢᠲᠡᠶ ᠠᠬᠢᠭᠤᠯᠪᠠ᠃ ᠠᠷᠠᠳ᠎ᠤᠨ ᠱᠢᠭᠦᠬᠦ᠌ ᠬᠤᠷᠢᠶᠠᠨ᠎ᠤ ᠡᠶᠡᠳᠡᠭᠦᠯᠭᠡ᠎ᠶ᠋ᠢᠨ ᠲᠠᠪᠴᠠᠩ᠎ᠢ ᠪᠦᠬᠦ᠌ ᠲᠠᠯ᠎ᠠ᠎ᠪᠠᠷ ᠬᠡᠷᠡᠭ᠌ᠯᠡᠵᠦ᠍᠂ ᠪᠦᠬᠦ᠌ ᠤᠯᠤᠰ᠎ᠤᠨ ᠠᠵᠢᠯᠴᠢᠨ᠎ᠤ ᠶᠡᠷᠦᠩᠬᠡᠶ ᠡᠪᠯᠡᠯ᠂ ᠳᠣᠲᠣᠭᠠᠳᠤ᠎ᠶ᠋ᠢ ᠬᠠᠮᠠᠭᠠᠯᠠᠬᠤ ᠶᠠᠮᠤᠨ᠂ ᠬᠠᠤᠯᠢ ᠪᠠᠷᠢᠬᠤ ᠶᠠᠮᠤᠨ᠂ ᠠᠷᠠᠳ᠎ᠤᠨ ᠪᠠᠩᠬᠢ᠂ ᠪᠠᠩᠬᠢ ᠪᠠ ᠳᠠᠭᠠᠳᠭᠠᠯ᠎ᠤᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠂ ᠦᠨᠡᠲᠦ ᠲᠡᠮᠳᠡᠭ᠌ᠲᠦ᠎ᠶ᠋ᠢ ᠬᠢᠨᠠᠨ ᠬᠠᠮᠢᠶᠠᠷᠬᠤ ᠵᠥᠪᠯᠡᠯ ᠵᠡᠷᠭᠡ᠎ᠯᠦᠭᠡ 《ᠶᠡᠷᠦᠩᠭᠡᠢ᠎ᠨᠢ ᠶᠡᠷᠦᠩᠭᠡᠢ᠎ᠲᠠᠢ ᠬᠢᠬᠦ᠌》 ᠳᠡᠪᠴᠠᠩ᠎ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠵᠠᠷᠭᠤ ᠡᠶᠡᠳᠡᠭᠦᠯᠬᠡ᠎ᠶ᠋ᠢ ᠵᠣᠯᠭᠠᠭᠤᠯᠬᠤ᠎ᠶ᠋ᠢ ᠪᠡᠶᠡᠯᠡᠭᠦᠯᠵᠦ᠍᠂ ᠬᠥᠳᠡᠯᠮᠦᠷᠢ᠎ᠶ᠋ᠢᠨ ᠮᠠᠷᠭᠤᠭᠠᠨ᠂ ᠵᠠᠮ ᠬᠠᠷᠢᠯᠴᠠᠭᠠᠨ᠎ᠤ ᠠᠳᠡᠯ᠂ ᠮᠥᠩᠭᠦᠨ ᠬᠦᠢᠯᠭᠡᠭᠡ ᠳᠠᠭᠠᠳᠭᠠᠯ᠂ ᠦᠨᠡᠲᠦ ᠲᠡᠮᠳᠡᠭ᠌ᠲᠦ ᠬᠤᠭᠤᠴᠠᠭᠠᠲᠤ ᠪᠠᠷᠠᠭ᠎ᠠ᠂ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ ᠵᠡᠷᠭᠡ ᠵᠢᠭᠤᠷᠠᠯᠳᠤᠭᠠᠨ᠎ᠤ ᠬᠦᠷᠢᠶ᠎ᠡ᠎ᠶ᠋ᠢ ᠬᠠᠮᠤᠷᠴᠦ᠍᠂ 3.3 ᠲᠦᠮᠡᠨ ᠡᠶᠡᠳᠡᠭᠦᠯᠭᠡ᠎ᠶ᠋ᠢᠨ ᠵᠣᠬᠢᠶᠠᠨ ᠪᠠᠢᠭᠤᠯᠤᠯᠲᠠ᠂ 16.5 ᠲᠦᠮᠡᠨ ᠡᠶᠡᠳᠡᠭᠦᠯᠦᠭ᠌ᠴᠢ ᠲᠠᠪᠴᠠᠩ᠎ᠳᠤ ᠤᠷᠤᠵᠦ᠍ ᠠᠵᠢᠯᠯᠠᠨ᠂ ᠲᠤᠬᠠᠢ᠎ᠶ᠋ᠢᠨ ᠬᠦᠮᠦᠨ ᠲᠤᠷᠠᠲᠠᠢ ᠪᠠᠢᠬᠤ ᠰᠠᠭᠤᠷᠢᠨ ᠳᠡᠭᠡᠷ᠎ᠡ ᠡᠶᠡᠳᠡᠭᠦᠯᠦᠨ ᠵᠤᠬᠢᠴᠠᠭᠤᠯᠬᠤ ᠠᠵᠢᠯ᠎ᠢ ᠦᠷᠨᠢᠭᠦᠯᠵᠦ᠍᠂ ᠣᠯᠠᠨ ᠲᠦᠮᠡᠨ᠎ᠳᠤ ᠲᠣᠪᠶᠤᠭ᠎ᠤᠨ ᠬᠡᠯᠪᠡᠷᠢ᠎ᠶ᠋ᠢᠨ ᠰᠦᠯᠵᠢᠶᠡᠨ ᠳᠡᠭᠡᠷᠡᠬᠢ ᠡᠶᠡᠳᠡᠭᠦᠯᠭᠡ᠎ᠶ᠋ᠢᠨ ᠦᠢᠯᠡᠴᠢᠯᠡᠭᠡ᠎ᠶ᠋ᠢ ᠬᠠᠩᠭᠠᠪᠠ᠃ 2018 ᠤᠨ᠎ᠤ 2 ᠰᠠᠷ᠎ᠡ᠎ᠳᠤ᠂ ᠰᠦᠯᠵᠢᠶᠡᠨ᠎ᠳᠤ ᠭᠠᠷᠭᠠᠭ᠍ᠰᠠᠨ᠎ᠠᠴᠠ ᠨᠠᠭᠠᠰᠢ᠂ ᠵᠠᠷᠭᠤ᠎ᠶ᠋ᠢᠨ ᠡᠮᠦᠨ᠎ᠡ ᠢᠷᠭᠡᠨ᠎ᠤ ᠬᠡᠷᠡᠭ᠎ᠢ ᠡᠶᠡᠳᠡᠭᠦᠯᠦᠨ ᠵᠤᠬᠢᠴᠠᠭᠤᠯᠤᠬ᠍ᠰᠡᠨ ᠬᠡᠮᠵᠢᠶ᠎ᠡ ᠵᠢᠯ ᠲᠤᠳᠤᠮ ᠨᠡᠮᠡᠭ᠌ᠳᠡᠵᠦ᠍᠂ ᠲᠤᠰ ᠪᠦᠷᠢ 56.8 ᠲᠦᠮᠡ᠂ 145.5 ᠲᠦᠮᠡ᠂ 424 ᠲᠦᠮᠡ ᠪᠤᠯᠵᠦ᠍᠂ 2020 ᠤᠨ᠎ᠳᠤ ᠳᠡᠭᠡᠷ᠎ᠡ ᠵᠢᠯ᠎ᠤᠨ ᠠᠳᠠᠯᠢ ᠬᠤᠭᠤᠴᠠᠭᠠᠨ᠎ᠤ᠎ᠬᠢ᠎ᠠᠴᠠ 191% ᠎ᠪᠠᠷ ᠨᠡᠮᠡᠭ᠌ᠳᠡᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢᠳ᠂ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠳ ᠵᠥᠷᠢᠴᠡᠯ ᠵᠢᠭᠤᠷᠠᠯᠳᠤᠭᠠᠨ᠎ᠤ ᠣᠯᠠᠨ ᠡᠱᠢᠴᠢᠯᠡᠭ᠌ᠰᠡᠨ ᠱᠢᠢᠳᠪᠦᠷᠢᠯᠡᠯᠳᠠ᠎ᠳᠤ ᠢᠳᠡᠪᠬᠢᠲᠡᠶ ᠣᠷᠣᠯᠴᠠᠵᠦ᠍᠂  ᠠᠷᠠᠳ ᠎ᠤᠨ ᠱᠢᠭᠦᠬᠦ᠌ ᠬᠤᠷᠢᠶ᠎ᠠ 《ᠮᠠ ᠭᠤᠸᠠᠢ᠎ᠶ᠋ᠢᠨ ᠠᠵᠢᠯ᠎ᠤᠨ ᠲᠠᠰᠤᠭ》 ᠵᠡᠷᠭᠡ ᠲᠦᠯᠦᠬᠡᠯᠡᠭ᠌ᠴᠢᠳ ᠬᠡᠱᠢᠬᠦᠳ᠎ᠤᠨ ᠡᠶᠡᠳᠡᠬᠦᠯᠬᠡ᠎ᠶ᠋ᠢᠨ ᠠᠵᠢᠯ᠎ᠤᠨ ᠦᠷᠳᠡᠭᠡ᠎ᠲᠠᠢ ᠵᠣᠯᠭᠠᠭᠤᠯᠵᠤ᠂ ᠬᠦᠴᠦ᠎ᠪᠠᠨ ᠬᠠᠮᠲᠤᠳᠭᠠᠨ ᠵᠥᠷᠢᠴᠡᠯ᠎ᠢ ᠱᠢᠢᠳᠪᠦᠷᠢᠯᠡᠪᠡ᠃ ᠤᠯᠠᠨ ᠡᠱᠢᠴᠢᠯᠡᠭ᠌ᠰᠡᠨ ᠵᠠᠭᠤᠷᠠᠯᠳᠤᠭᠠᠨ ᠱᠢᠢᠳᠪᠦᠷᠢᠯᠡᠬᠦ᠌ ᠲᠣᠭ᠍ᠲᠠᠴᠠ ᠦᠢᠯᠡᠳᠦᠯ᠎ᠢᠶᠠᠨ ᠬᠦᠢᠴᠡᠳ ᠪᠠᠳᠠᠷᠠᠭᠤᠯᠵᠤ᠂ ᠤᠯᠠᠮ᠎ᠠᠴᠠ ᠤᠯᠠᠮ ᠤᠯᠠᠨ ᠵᠥᠷᠢᠴᠡᠯ ᠵᠢᠭᠤᠷᠠᠯᠳᠤᠭᠠᠨ ᠵᠠᠷᠭᠤ᠎ᠶ᠋ᠢᠨ ᠵᠢᠷᠤᠮ᠎ᠳᠤ ᠬᠠᠷᠠᠬᠠᠨ ᠣᠷᠣᠭᠠᠳᠤᠶ᠎ᠪᠠᠷ ᠱᠢᠢᠳᠪᠤᠷᠢᠯᠡᠭ᠌ᠳᠡᠪᠡ᠃ ᠪᠦᠬᠦ᠌ ᠤᠯᠤᠰ᠎ᠤᠨ ᠱᠢᠭᠦᠬᠦ᠌ ᠬᠤᠷᠢᠶᠠᠨ᠎ᠤ ᠬᠦᠯᠢᠶᠡᠨ ᠠᠪᠴᠤ᠌ ᠱᠢᠢᠳᠪᠦᠷᠢᠯᠡᠭ᠌ᠰᠡᠨ ᠵᠠᠷᠭᠤ᠎ᠶ᠋ᠢᠨ ᠬᠡᠷᠡᠭ᠎ᠤᠨ ᠲᠤᠭ᠎ᠠ ᠬᠡᠮᠵᠢᠶ᠎ᠡ 2016 ᠣᠨ᠂ 2019 ᠣᠨ᠎ᠳᠤ ᠤᠷᠢᠳ ᠬᠤᠵᠢᠳ 2000 ᠲᠦᠮᠡᠨ ᠬᠤᠪᠢ ᠪᠠ 3000 ᠲᠦᠮᠡᠨ ᠬᠤᠪᠢ᠎ᠶ᠋ᠢᠨ ᠪᠣᠭᠤᠮᠲᠠ᠎ᠶ᠋ᠢ ᠳᠠᠪᠠᠭ᠍ᠰᠠᠨ ᠪᠠᠢᠳᠠᠯ ᠳᠣᠣᠷ᠎ᠠ᠂ 2004 ᠣᠨ᠎ᠠᠴᠠ ᠨᠠᠭᠠᠰᠢ ᠠᠩᠬ᠎ᠠ ᠤᠳᠠᠭ᠎ᠠ ᠳᠣᠷᠣᠭ᠍ᠰᠢᠯᠠᠭ᠍ᠰᠠᠨ ᠪᠠᠢᠨ᠎ᠠ᠂ ᠢᠯᠠᠩᠭᠤᠶ᠎ᠠ ᠢᠷᠭᠡᠨ᠎ᠤ ᠵᠠᠷᠭᠤ᠎ᠶ᠋ᠢᠨ ᠬᠡᠷᠡᠭ ᠵᠢᠯ ᠪᠦᠷᠢ ᠳᠤᠮᠳᠠᠴᠢ᠎ᠪᠠᠷ 10% ᠎ᠶ᠋ᠢᠨ ᠬᠤᠷᠳᠤᠴᠠ᠎ᠪᠠᠷ 15 ᠵᠢᠯ ᠦᠷᠭᠦᠯᠵᠢᠯᠡᠨ ᠨᠡᠮᠡᠭ᠌ᠳᠡᠵᠦ᠍ ᠪᠠᠢᠭ᠍ᠰᠠᠨ᠎ᠠᠴᠠ ᠠᠩᠬ᠎ᠠ ᠤᠳᠠᠭ᠎ᠠ ᠪᠠᠭᠤᠷᠠᠭ᠍ᠰᠠᠨ ᠶᠠᠪᠤᠳᠠᠯ᠎ᠨᠢ ᠡᠯ᠎ᠡ ᠱᠠᠲᠤᠨ᠎ᠤ ᠨᠠᠮ᠎ᠤᠨ ᠬᠤᠷᠢᠶᠠᠨ᠎ᠤ ᠤᠳᠤᠷᠢᠳᠤᠯᠭ᠎ᠠ ᠳᠣᠤᠷ᠎ᠠ ᠨᠢᠭᠡ ᠯᠡ ᠥᠷᠲᠡᠭᠡᠨ᠎ᠤ ᠮᠠᠶᠢᠭ᠎ᠤᠨ ᠤᠯᠠᠨ ᠡᠱᠢᠴᠢᠯᠡᠭ᠌ᠰᠡᠨ ᠵᠦᠷᠢᠴᠡᠯ᠎ᠢ ᠱᠢᠢᠳᠪᠦᠷᠢᠯᠡᠬᠦ᠌ ᠳᠤᠭ᠍ᠳᠠᠴᠠ᠎ᠶ᠋ᠢᠨ ᠪᠠᠢᠭᠤᠯᠤᠯᠲᠠ᠎ᠶ᠋ᠢ ᠠᠬᠢᠭᠤᠯᠵᠦ᠍᠂ ᠵᠥᠷᠢᠴᠡᠯ ᠵᠢᠭᠤᠷᠠᠯᠳᠤᠭᠠᠨ᠎ᠢ ᠡᠬᠢ ᠡᠭᠦᠰᠦᠯ᠎ᠠᠴᠠ᠎ᠨᠢ ᠵᠠᠰᠠᠬᠤ᠂ ᠤᠯᠠᠨ ᠡᠱᠢᠴᠢᠯᠡᠯᠳᠠ᠎ᠪᠠᠷ ᠱᠢᠢᠳᠪᠦᠷᠢᠯᠡᠭᠦ᠎ᠶ᠋ᠢ ᠠᠬᠢᠭᠤᠯᠬᠤ᠎ᠳᠤ ᠢᠯᠡᠳᠲᠡ ᠦᠷ᠎ᠡ ᠪᠦᠲᠦᠮᠵᠢ ᠤᠯᠤᠭ᠍ᠰᠠᠨ᠎ᠢ ᠭᠦᠢᠴᠡᠳ ᠬᠠᠷᠠᠭᠤᠯᠪᠠ᠃ ᠲᠥᠪ᠎ᠤᠨ ᠷᠠᠳᠢᠣ᠋ ᠨᠡᠪᠲᠡᠷᠡᠭᠦᠯᠭᠡ ᠲᠧᠯᠸᠢᠰ᠎ᠤᠨ ᠶᠡᠷᠦᠩᠬᠡᠶ ᠬᠤᠷᠢᠶ᠎ᠠ᠎ᠲᠠᠢ ᠬᠠᠮᠲᠤᠷᠠᠨ 7 ᠤᠳᠠᠭᠠᠨ᠎ᠤ 《ᠨᠢᠭᠡ ᠯᠠ ᠥᠷᠲᠡᠭᠡᠨ᠎ᠤ ᠮᠠᠶᠢᠭ᠎ᠢᠶᠠᠷ ᠵᠢᠭᠤᠷᠠᠯᠳᠤᠭᠠᠨ ᠱᠢᠢᠳᠪᠦᠷᠢᠯᠡᠬᠦ᠌》 ᠪᠦᠬᠦ᠌ ᠵᠠᠭᠤᠴᠢᠯᠠᠭᠤᠷ᠎ᠤᠨ ᠱᠢᠭᠤᠳ ᠨᠡᠪᠲᠡᠷᠡᠭᠦᠯᠭᠡ᠎ᠶ᠋ᠢᠨ ᠠᠵᠢᠯᠯᠠᠭ᠎ᠠ᠎ᠶ᠋ᠢ ᠡᠷᠬᠢᠯᠡᠵᠦ᠍᠂ ᠠᠷᠠᠳ᠎ᠤᠨ ᠡᠳᠦᠷ᠎ᠤᠨ ᠰᠣᠨᠢᠨ᠂ ᠱᠢᠨᠬᠤᠸᠠ ᠬᠤᠷᠢᠶ᠎ᠠ ᠵᠡᠷᠭᠡ 10 ᠭᠠᠷᠤᠶ ᠵᠠᠭᠤᠴᠢᠯᠠᠭᠤᠷ᠎ᠤᠨ᠎ᠬᠢᠨ 《ᠠᠷᠠᠳ᠎ᠤᠨ ᠱᠢᠭᠦᠬᠦ᠌ ᠬᠤᠷᠢᠶᠠᠨ᠎ᠤ ᠨᠢᠭᠡ ᠯᠡ ᠥᠷᠲᠡᠭᠡᠨ᠎ᠤ ᠮᠠᠶᠢᠭ᠎ᠤᠨ ᠪᠡᠶᠡᠴᠢᠯᠡᠨ ᠣᠢᠯᠠᠭᠠᠬᠤ ᠲᠤᠱᠢᠶᠠᠯᠲᠠᠨ》 ᠦᠨᠳᠦᠰᠦᠨ ᠱᠠᠳᠦ᠎ᠪᠠᠷ ᠶᠠᠪᠤᠬᠤ ᠠᠵᠢᠯᠯᠠᠭ᠎ᠠ᠎ᠳᠤ ᠣᠷᠣᠯᠴᠠᠵᠤ᠂ ᠨᠡᠢᠭᠡᠮ᠎ᠤᠨ ᠬᠠᠯᠠᠭᠤᠨ ᠲᠤᠰᠭᠠᠯ ᠭᠠᠷᠭᠠᠪᠠ᠃

ᠨᠢᠭᠡ ᠯᠡ ᠥᠷᠲᠡᠭᠡᠨ᠎ᠤ ᠮᠠᠶᠢᠭ᠎ᠤᠨ ᠵᠠᠷᠭᠤ᠎ᠶ᠋ᠢᠨ ᠦᠢᠯᠡᠴᠢᠯᠡᠭᠡᠨ᠎ᠤ ᠲᠥᠪ᠎ᠢ ᠦᠨᠳᠦᠰᠦᠨ᠎ᠳᠡᠭᠡᠨ ᠪᠠᠢᠭᠤᠯᠵᠦ᠍ ᠳᠠᠭᠤᠰᠭᠠᠪᠠ᠃ ᠤᠯᠠᠨ ᠲᠦᠮᠡᠨ᠎ᠤ ᠬᠡᠷᠡᠭ᠌ᠴᠡᠭᠡ᠎ᠪᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠲᠤᠬᠠᠶ᠎ᠶ᠋ᠢᠨ ᠬᠥᠮᠦᠨ ᠨᠢᠭᠡ ᠯᠡ ᠭᠠᠵᠠᠷ᠎ᠲᠤ ᠣᠴᠢᠵᠤ᠂ ᠨᠢᠭᠡ ᠯᠡ ᠲᠠᠪᠴᠠᠩ ᠳᠡᠭᠡᠷ᠎ᠡ ᠨᠢᠭᠡ ᠯᠡ ᠥᠷᠲᠡᠭᠡᠨ᠎ᠤ ᠮᠠᠶᠢᠭ᠎ᠢᠶᠠᠷ ᠪᠦᠬᠦ᠌ ᠵᠠᠷᠭᠤ᠎ᠶ᠋ᠢᠨ ᠵᠦᠢᠯᠡᠰ᠎ᠢ ᠱᠢᠢᠳᠪᠦᠷᠢᠯᠡᠵᠦ᠍ ᠴᠢᠳᠠᠬᠤ ᠪᠣᠯᠭᠠᠪᠠ᠃ ᠵᠠᠷᠭᠤ᠎ᠶ᠋ᠢᠨ ᠦᠢᠯᠡᠴᠢᠯᠡᠭᠡᠨ᠎ᠤ ᠲᠥᠪ᠎ᠤᠨ ᠵᠢᠭᠤᠷᠠᠯᠳᠤᠭᠠᠨ ᠱᠢᠢᠳᠪᠦᠷᠢᠯᠡᠬᠦ᠌ ᠪᠤᠳᠠᠳᠠᠢ ᠴᠢᠳᠠᠮᠵᠢ᠎ᠶ᠋ᠢ ᠴᠢᠩᠭᠠᠷᠠᠭᠤᠯᠵᠤ᠂ ᠶᠡᠭᠡ ᠬᠡᠮᠵᠢᠶᠡᠨ᠎ᠤ ᠬᠡᠷᠡᠭ᠎ᠤᠨ ᠵᠢᠭᠤᠷᠠᠯᠳᠤᠭᠠᠨ᠎ᠢ ᠵᠠᠷᠭᠤ᠎ᠶ᠋ᠢᠨ ᠦᠢᠯᠡᠴᠢᠯᠡᠭᠡᠨ᠎ᠤ ᠲᠢᠩᠬᠢᠮ᠎ᠳᠤ ᠡᠶᠡᠳᠡᠭᠦᠯᠬᠦ᠂ ᠬᠥᠨᠳᠡᠯᠡᠨ᠎ᠠᠴᠠ ᠲᠠᠰᠤᠯᠬᠤ᠂ ᠵᠠᠷᠭᠤᠯᠳᠤᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠨᠢᠭᠡ ᠯᠡ ᠥᠷᠲᠡᠭᠡᠨ᠎ᠤ ᠮᠠᠶᠢᠭ᠎ᠢᠶᠠᠷ ᠱᠢᠢᠳᠪᠤᠷᠢᠯᠡᠪᠡ᠃ 2020 ᠣᠨ᠎ᠳᠤ᠂ ᠵᠠᠷᠭᠤ᠎ᠶ᠋ᠢᠨ ᠦᠢᠯᠡᠴᠢᠯᠡᠭᠡᠨ᠎ᠤ ᠲᠥᠪ᠎ᠤᠨ ᠲᠦᠷᠭᠡᠨ ᠲᠠᠰᠤᠯᠵᠦ᠍ ᠲᠦᠷᠭᠡᠨ ᠱᠢᠭᠦᠭ᠌ᠰᠡᠨ ᠬᠡᠷᠡᠭ 693.3 ᠲᠦᠮᠡᠨ ᠬᠤᠪᠢ ᠬᠦᠷᠴᠦ᠍᠂ ᠨᠢᠭᠡᠳᠦᠭᠡᠷ ᠱᠢᠭᠦᠯᠲᠡ᠎ᠶ᠋ᠢᠨ ᠢᠷᠭᠡᠨ᠎ᠤ ᠪᠠ ᠬᠤᠳᠠᠯᠳᠤᠭᠠᠨ᠎ᠤ ᠶᠠᠪᠤᠳᠠᠯ᠎ᠤᠨ ᠬᠡᠷᠡᠭ᠎ᠤᠨ ᠳᠤᠮᠳᠠᠴᠢ ᠱᠢᠭᠦᠬᠦ᠌ ᠦᠶᠡᠯᠡᠯ᠎ᠤᠨ ᠬᠤᠭᠤᠴᠠᠭ᠎ᠠ᠎ᠠᠴᠠ 53% ᠎ᠪᠠᠷ ᠪᠤᠭᠤᠨᠢᠰᠪᠠ᠃ ᠪᠤᠳᠤᠯᠢᠶᠠᠨᠳᠠᠢ ᠵᠦᠢᠯ᠎ᠢ ᠳᠥᠭᠦᠮᠴᠢᠯᠡᠵᠦ᠍᠂ ᠳᠤᠮᠳᠠᠳᠤ ᠤᠯᠤᠰ᠎ᠤᠨ ᠱᠢᠯᠵᠢᠮᠡᠯ ᠪᠢᠴᠢᠯ ᠱᠢᠭᠦᠬᠦ᠌ ᠬᠤᠷᠢᠶ᠎ᠠ᠎ᠪᠠᠷ ᠨᠢᠭᠡᠳᠦᠯᠲᠡᠶ ᠭᠠᠷᠳᠠᠬᠤ ᠴᠡᠭ ᠪᠣᠯᠭᠠᠵᠦ᠍᠂ ᠬᠡᠷᠡᠭ ᠪᠣᠯᠭᠠᠨ ᠳᠠᠩᠰᠠᠯᠠᠬᠤ᠂ ᠬᠦᠷᠭᠡᠬᠦ᠂ ᠬᠠᠮᠠᠭᠠᠯᠠᠨ ᠬᠠᠳᠠᠭᠠᠯᠠᠬᠤ᠂ ᠨᠠᠢᠳᠠᠵᠤ ᠱᠢᠯᠭᠠᠨ ᠲᠣᠭ᠍ᠲᠠᠭᠠᠯᠭᠠᠬᠤ ᠵᠡᠷᠭᠡ ᠵᠠᠷᠭᠤ᠎ᠶ᠋ᠢᠨ ᠵᠦᠢᠯᠡᠰ᠎ᠢ ᠨᠢᠭᠡ ᠰᠦᠯᠵᠢᠶ᠎ᠡ᠎ᠪᠠᠷ ᠪᠦᠬᠦᠨ᠎ᠢ ᠱᠢᠢᠳᠪᠤᠷᠢᠯᠡᠭᠦ᠎ᠶ᠋ᠢ ᠪᠡᠶᠡᠯᠡᠭᠦᠯᠪᠡ᠃ ᠪᠦᠬᠦ᠌ ᠤᠯᠤᠰ᠎ᠤᠨ ᠬᠠᠤᠯᠢᠴᠢ᠎ᠶ᠋ᠢᠨ ᠦᠢᠯᠡᠴᠢᠯᠡᠭᠡᠨ᠎ᠤ ᠨᠢᠭᠡᠳᠦᠯᠲᠡᠶ ᠲᠠᠪᠴᠠᠩ᠎ᠢ ᠨᠡᠭᠡᠭᠡᠵᠦ᠍᠂ ᠪᠦᠬᠦ᠌ ᠶᠠᠪᠤᠴᠠ᠎ᠳᠤ ᠰᠦᠯᠵᠢᠶᠡᠨ ᠳᠡᠭᠡᠷ᠎ᠡ ᠡᠪᠬᠡᠮᠡᠯ ᠦᠵᠡᠬᠦ᠂ ᠬᠡᠷᠡᠭ᠎ᠤᠨ ᠬᠤᠭᠤᠴᠠᠭ᠎ᠠ ᠵᠢᠭ᠍ᠰᠠᠭᠠᠯᠳᠠ᠎ᠶ᠋ᠢᠨ ᠵᠠᠢᠯᠠᠭᠤᠯᠬᠤ᠎ᠶ᠋ᠢ ᠰᠠᠨᠠᠭᠤᠯᠬᠤ ᠵᠡᠷᠭᠡ 35 ᠵᠦᠢᠯ᠎ᠤᠨ ᠴᠢᠳᠠᠮᠵᠢ᠎ᠶ᠋ᠢ ᠬᠠᠩᠭᠠᠵᠤ᠂ ᠬᠠᠤᠯᠢᠴᠢ᠎ᠶ᠋ᠢᠨ ᠵᠠᠷᠭᠤ᠎ᠳᠤ ᠣᠷᠣᠯᠴᠠᠬᠤ᠎ᠳᠤ ᠲᠦᠬᠦᠮ ᠦᠵᠡᠭᠦᠯᠪᠡ᠃ ᠬᠠᠷᠠᠭᠠᠨ ᠳᠠᠪᠳᠠᠮᠵᠢ᠎ᠪᠠᠷ ᠰᠦᠯᠵᠢᠶᠡᠨ ᠳᠡᠭᠡᠷ᠎ᠡ ᠭᠤᠮᠣᠳᠠᠯ ᠲᠣᠭᠠᠴᠢᠬᠤ᠎ᠶ᠋ᠢ ᠳᠡᠯᠭᠡᠷᠡᠭᠦᠯᠵᠦ᠍᠂ ᠤᠯᠠᠨ ᠲᠦᠮᠡᠨ᠎ᠤ ᠵᠦᠢ ᠵᠣᠬᠢᠰᠲᠠᠶ ᠬᠠᠤᠯᠢ ᠶᠣᠰᠣᠨ᠎ᠤ ᠬᠦᠰᠡᠯ ᠱᠠᠭᠠᠷᠳᠠᠯᠭ᠎ᠠ᠎ᠶ᠋ᠢ ᠴᠠᠭ ᠲᠤᠬᠠᠶ᠎ᠳᠤᠨᠢ ᠱᠢᠢᠳᠪᠦᠷᠢᠯᠡᠪᠡ᠃ ᠦᠢᠯᠡᠴᠢᠯᠡᠭᠡᠨ᠎ᠤ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠵᠠᠷᠭᠤ᠎ᠶ᠋ᠢᠨ ᠦᠢᠯᠡᠴᠢᠯᠡᠭᠡᠨ᠎ᠤ ᠵᠢᠯᠣᠭᠤᠳᠭᠤ ᠲᠥᠪ᠎ᠤᠨ ᠮᠡᠳᠡᠭᠡ ᠵᠠᠩᠭᠢ᠎ᠶ᠋ᠢᠨ ᠲᠠᠪᠴᠠᠩ᠎ᠢᠶᠠᠷ ᠳᠠᠮᠵᠢᠭᠤᠯᠤᠨ ᠲᠦᠷᠪᠡᠨ ᠱᠠᠲᠤᠨ᠎ᠤ ᠱᠢᠭᠦᠬᠦ᠌ ᠬᠤᠷᠢᠶᠠᠨ᠎ᠤ ᠵᠠᠷᠭᠤ᠎ᠶ᠋ᠢᠨ ᠦᠢᠯᠡᠴᠢᠯᠡᠭᠡ᠎ᠶ᠋ᠢ ᠨᠢᠭᠡ ᠯᠠ ᠰᠦᠯᠵᠢᠶ᠎ᠡ᠎ᠪᠠᠷ ᠨᠢᠭᠡᠳᠦᠯᠲᠡᠶ ᠬᠠᠮᠢᠶᠠᠷᠪᠠ᠃ ᠠᠷᠠᠳ᠎ᠤᠨ ᠰᠠᠨᠠᠭ᠎ᠠ᠎ᠶ᠋ᠢ ᠤᠢ᠍ᠢᠯᠠᠭᠠᠬᠤ ᠠᠷᠭ᠎ᠠ ᠵᠠᠮ᠎ᠢ ᠢᠯᠭᠤᠮ ᠪᠤᠯᠭᠠᠵᠦ᠍᠂ 12368 ᠨᠤᠮᠧᠷᠳᠤ ᠵᠠᠷᠭᠤ᠎ᠶ᠋ᠢᠨ ᠦᠢᠯᠡᠴᠢᠯᠡᠭᠡᠨ᠎ᠤ ᠬᠠᠯᠠᠭᠤᠨ ᠤᠲᠠᠰᠤ᠎ᠶ᠋ᠢᠨ ᠨᠢᠭᠡ ᠯᠠ ᠨᠣᠮᠧᠷ᠎ᠢᠶᠠᠷ ᠪᠦᠬᠦᠨ᠎ᠢ ᠱᠢᠢᠳᠪᠤᠷᠢᠯᠡᠭᠦ᠌ ᠴᠢᠳᠠᠮᠵᠢ᠎ᠳᠤ ᠲᠦᠱᠢᠭ᠌ᠯᠡᠨ᠂ ᠤᠯᠠᠨ ᠲᠦᠮᠡᠨ᠎ᠢ ᠬᠠᠪᠰᠤᠷᠤᠨ ᠵᠠᠷᠭᠤ᠎ᠶ᠋ᠢᠨ ᠬᠡᠷᠡᠭ ᠶᠠᠪᠤᠳᠠᠯ᠎ᠢ ᠱᠢᠢᠳᠪᠦᠷᠢᠯᠡᠪᠡ᠃

ᠣᠷᠣᠨ ᠪᠦᠰᠡ ᠠᠯᠤᠰᠯᠠᠨ ᠬᠡᠷᠡᠭ ᠪᠣᠯᠭᠠᠨ ᠳᠠᠩᠰᠠᠯᠠᠬᠤ ᠦᠢᠯᠡᠴᠢᠯᠡᠭᠡ᠎ᠶ᠋ᠢ ᠨᠡᠢᠳᠡᠮ ᠬᠠᠮᠤᠷᠤᠭᠤᠯᠬᠤ᠎ᠶ᠋ᠢ ᠪᠡᠶᠡᠯᠡᠭᠦᠯᠪᠡ᠃ ᠣᠷᠣᠨ ᠪᠦᠰᠡ ᠠᠯᠤᠰᠯᠠᠨ ᠬᠡᠷᠡᠭ ᠪᠣᠯᠭᠠᠨ ᠳᠠᠩᠰᠠᠯᠠᠬᠤ ᠦᠢᠯᠡᠴᠢᠯᠡᠭᠡ᠎ᠶ᠋ᠢ ᠳᠥᠷᠪᠡᠨ ᠱᠠᠲᠤᠨ᠎ᠤ ᠱᠢᠭᠦᠬᠦ᠌ ᠬᠤᠷᠢᠶ᠎ᠠ ᠵᠢᠴᠢ ᠲᠦᠮᠡ ᠭᠠᠷᠤᠶ ᠠᠷᠠᠳ᠎ᠤᠨ ᠱᠢᠭᠦᠬᠦ᠌  ᠲᠢᠩᠬᠢᠮ ᠎ᠳᠤ  ᠨᠡᠢᠳᠡᠮ ᠬᠠᠮᠤᠷᠤᠭᠤᠯᠵᠦ᠍᠂ ᠣᠷᠣᠨ ᠪᠦᠰᠡ ᠠᠯᠤᠰᠯᠠᠨ ᠬᠡᠷᠡᠭ ᠪᠣᠯᠭᠠᠨ  ᠳᠠᠩᠰᠠᠯᠠᠬᠤ ᠦᠢᠯᠡᠴᠢᠯᠡᠭᠡ᠎ᠶ᠋ᠢ ᠨᠡᠢᠳᠡ 8.2 ᠲᠦᠮᠡᠨ  ᠬᠤᠪᠢ  ᠬᠠᠩᠭᠠᠪᠠ᠃ 《ᠡᠭᠦᠳᠡ ᠬᠠᠭᠠᠯᠭ᠎ᠠ᠎ᠪᠠᠨ ᠪᠦᠬᠦᠳᠡ᠎ᠶ᠋ᠢ ᠨᠡᠭᠡᠭᠡᠵᠦ᠍》 ᠪᠠᠢᠭ᠍ᠰᠠᠨ᠎ᠠᠴᠠ 《ᠦᠢᠷ᠎ᠠ ᠬᠠᠪᠢ ᠎ᠳᠤᠨᠢ  ᠦᠢᠯᠡᠴᠢᠯᠡᠭᠡ ᠬᠠᠩᠭᠠᠬᠤ》 ᠬᠦᠷᠲᠡᠯ᠎ᠡ᠂ ᠲᠤᠬᠠᠶ᠎ᠶ᠋ᠢᠨ ᠬᠥᠮᠦᠨ ᠬᠠᠵᠠᠭᠤ ᠬᠠᠪᠢ᠎ᠶ᠋ᠢᠨ ᠳᠤᠮᠳᠠ ᠵᠡᠷᠭᠡ᠎ᠶ᠋ᠢᠨ ᠱᠢᠭᠦᠭᠦ᠌ ᠬᠤᠷᠢᠶ᠎ᠠ᠂ ᠦᠨᠳᠦᠰᠦᠨ ᠱᠠᠲᠤᠨ᠎ᠤ ᠱᠢᠭᠦᠬᠦ᠌ ᠬᠤᠷᠢᠶ᠎ᠠ ᠪᠤᠶᠤ ᠠᠷᠠᠳ᠎ᠤᠨ ᠱᠢᠭᠦᠬᠦ᠌ ᠲᠢᠩᠬᠢᠮ᠎ᠢ ᠰᠣᠩᠭᠤᠵᠤ᠂ ᠳᠥᠷᠪᠡᠨ ᠱᠠᠲᠤᠨ᠎ᠤ ᠱᠢᠭᠦᠬᠦ᠌ ᠬᠤᠷᠢᠶ᠎ᠠ᠎ᠶ᠋ᠢᠨ ᠬᠠᠮᠢᠶᠠᠷᠤᠨ ᠬᠠᠷᠢᠶᠠᠯᠠᠬᠤ᠎ᠶ᠋ᠢ ᠪᠠᠭ᠍ᠲᠠᠭᠠᠭ᠍ᠰᠠᠨ ᠬᠡᠷᠡᠭ᠎ᠲᠤ ᠣᠷᠣᠨ ᠪᠦᠰᠡ ᠠᠯᠤᠰᠯᠠᠨ ᠬᠡᠷᠡᠭ ᠪᠣᠯᠭᠠᠨ ᠳᠠᠩᠰᠠᠯᠠᠬᠤ ᠦᠢᠯᠡᠴᠢᠯᠡᠭᠡ ᠬᠠᠩᠭᠠᠬᠤ᠎ᠪᠠᠷ ᠭᠤᠶᠤᠴᠢᠯᠠᠵᠤ ᠪᠣᠯᠤᠨ᠎ᠠ᠃ ᠪᠦᠬᠦ᠌ ᠤᠯᠤᠰ᠎ᠤᠨ ᠱᠢᠭᠦᠬᠦ᠌ ᠬᠤᠷᠢᠶ᠎ᠠ ᠪᠦᠬᠦᠳᠡ᠎ᠪᠠᠷ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠴᠢᠳᠠᠮᠵᠢ᠎ᠶ᠋ᠢ ᠨᠡᠭᠡᠭᠡᠵᠦ᠍᠂ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠭᠤᠶᠤᠴᠢᠯᠠᠯ᠎ᠨᠢ ᠨᠢᠭᠡᠳᠦᠭᠡᠷ ᠱᠢᠭᠦᠯᠲᠡ᠎ᠶ᠋ᠢᠨ ᠬᠡᠷᠡᠭ ᠪᠣᠯᠭᠠᠨ ᠳᠠᠩᠰᠠᠯᠠᠬᠤ ᠭᠤᠶᠤᠴᠢᠯᠠᠯ᠎ᠤᠨ ᠶᠡᠷᠦᠩᠬᠡᠶ ᠬᠡᠮᠵᠢᠶᠡᠨ᠎ᠤ 54% ᠎ᠠᠴᠠ ᠭᠡᠳᠦᠷᠡᠪᠡ᠃ ᠵᠠᠷᠢᠮ ᠱᠢᠭᠦᠬᠦ᠌ ᠬᠤᠷᠢᠶᠠᠨ᠎ᠤ ᠵᠢᠯ᠎ᠤᠨ ᠡᠴᠦᠰ᠎ᠲᠤ ᠬᠡᠷᠡᠭ᠎ᠢ ᠬᠡᠷᠡᠭ ᠪᠣᠯᠭᠠᠨ ᠳᠠᠩᠰᠠᠯᠠᠬᠤ ᠦᠬᠡᠢ ᠪᠠᠢᠬᠤ ᠦᠵᠡᠭ᠌ᠳᠠᠯ᠎ᠢ ᠲᠤᠰᠭᠠᠭ᠍ᠰᠠᠨ ᠪᠠᠢᠳᠠᠯ᠎ᠳᠤ ᠴᠢᠭ᠌ᠯᠡᠭᠦᠯᠦᠨ᠂ ᠪᠦᠬᠦ᠌ ᠤᠯᠤᠰ᠎ᠤᠨ ᠱᠢᠭᠦᠬᠦ᠌ ᠬᠤᠷᠢᠶ᠎ᠠ᠎ᠳᠤ ᠲᠡᠷᠡ ᠳᠠᠷᠤᠶ᠎ᠳᠤᠨᠢ ᠵᠠᠯᠠᠷᠠᠭᠤᠯᠬᠤ ᠮᠡᠳᠡᠭ᠌ᠳᠡᠯ ᠶᠠᠪᠤᠭᠤᠯᠵᠦ᠍᠂ ᠬᠡᠷᠡᠭ ᠪᠠᠢᠪᠠᠯ ᠵᠠᠪᠠᠯ ᠳᠠᠩᠰᠠᠯᠠᠬᠤ᠂ ᠵᠠᠷᠭᠤ ᠪᠠᠢᠪᠠᠯ ᠵᠠᠪᠠᠯ ᠱᠢᠢᠳᠪᠦᠷᠢᠯᠡᠬᠦ᠌᠎ᠶ᠋ᠢ ᠦᠨᠡᠨ ᠬᠦ᠌ ᠪᠠᠲᠤᠯᠠᠪᠠ᠃

ᠦᠨᠳᠦᠰᠦᠨ ᠱᠠᠲᠤᠨ᠎ᠤ ᠵᠠᠰᠠᠯᠲᠠ᠎ᠳᠤ ᠢᠳᠡᠪᠬᠢᠲᠡᠶ ᠣᠷᠣᠯᠴᠠᠪᠠ᠃ ᠱᠢᠨ᠎ᠡ ᠴᠠᠭ ᠦᠶ᠎ᠡ᠎ᠶ᠋ᠢᠨ 《ᠹᠧᠩ ᠴᠢᠶᠣᠤ᠎ᠶ᠋ᠢᠨ ᠲᠤᠷᠱᠢᠯᠭ᠎ᠠ》 ᠎ᠶ᠋ᠢ ᠪᠠᠷᠢᠮᠲᠠᠯᠠᠨ ᠬᠥᠭ᠌ᠵᠢᠭᠦᠯᠵᠦ᠍᠂ ᠨᠢᠭᠡ ᠯᠠ ᠥᠷᠲᠡᠭᠡᠨ᠎ᠤ ᠮᠠᠶᠢᠭ᠎ᠤᠨ ᠪᠠᠢᠭᠤᠯᠤᠯᠲᠠ᠎ᠶ᠋ᠢ ᠨᠠᠮ᠎ᠤᠨ ᠬᠤᠷᠢᠶᠠᠨ᠎ᠤ ᠤᠳᠤᠷᠢᠳᠤᠭ᠍ᠰᠠᠨ ᠬᠤᠲᠠ ᠬᠥᠳᠡᠭᠡ᠎ᠶ᠋ᠢᠨ ᠨᠡᠢᠭᠡᠮ᠎ᠤᠨ ᠵᠠᠰᠠᠯᠲᠠ᠎ᠶ᠋ᠢᠨ ᠱᠢᠰᠲ᠋ᠧᠮ᠎ᠳᠤ ᠠᠭᠤᠰᠭᠠᠨ ᠤᠷᠤᠭᠤᠯᠵᠦ᠍᠂ ᠦᠨᠳᠦᠰᠦᠨ ᠱᠠᠲᠤᠨ᠎ᠤ ᠱᠢᠭᠦᠬᠦ᠌ ᠬᠤᠷᠢᠶ᠎ᠠ ᠪᠣᠯᠤᠨ ᠠᠷᠠᠳ᠎ᠤᠨ ᠱᠢᠭᠦᠬᠦ᠌ ᠲᠢᠩᠬᠢᠮ᠎ᠤᠨ ᠴᠢᠳᠠᠮᠵᠢ᠎ᠶ᠋ᠢ ᠪᠠᠳᠠᠷᠠᠭᠤᠯᠵᠦ᠍᠂ ᠨᠡᠢᠭᠡᠮ᠎ᠤᠨ ᠵᠥᠷᠢᠴᠡᠯ᠎ᠢ ᠶᠡᠷᠦᠩᠬᠡᠢᠯᠡᠨ ᠵᠠᠰᠠᠬᠤ᠂ ᠡᠬᠢ ᠡᠭᠦᠰᠦᠯ᠎ᠠᠴᠠ᠎ᠨᠢ ᠵᠠᠰᠠᠬᠤ᠎ᠶ᠋ᠢ ᠠᠬᠢᠭᠤᠯᠪᠠ᠃ ᠵᠧᠵᠢᠶᠠᠩ᠎ᠤᠨ ᠱᠢᠭᠦᠬᠦ᠌ ᠬᠤᠷᠢᠶ᠎ᠠ ᠱᠢᠶᠠᠨ᠎ᠤ ᠱᠠᠲᠤᠨ᠎ᠤ ᠵᠥᠷᠢᠴᠡᠯ ᠵᠢᠭᠤᠷᠠᠯᠳᠤᠭᠠᠨ᠎ᠢ ᠡᠶᠡᠳᠡᠭᠦᠯᠦᠨ ᠱᠢᠢᠳᠪᠦᠷᠢᠯᠡᠵᠦ᠍ ᠠᠷᠢᠯᠭᠠᠬᠤ ᠲᠥᠪ᠎ᠤᠨ ᠪᠠᠢᠭᠤᠯᠤᠯᠲᠠ᠎ᠶ᠋ᠢ ᠠᠬᠢᠭᠤᠯᠵᠦ᠍᠂ ᠬᠤᠨᠠᠨ᠎ᠤ ᠱᠢᠭᠦᠬᠦ᠌ ᠬᠤᠷᠢᠶ᠎ᠠ 《ᠲᠠᠪᠤᠨ ᠠᠬᠠᠮᠠᠳ》 ᠎ᠤᠨ ᠡᠶᠡᠳᠡᠭᠦᠯᠭᠡ᠎ᠶ᠋ᠢ ᠤᠷᠠᠨ᠎ᠢᠶᠠᠷ ᠠᠱᠢᠭ᠍ᠯᠠᠵᠦ᠍ ᠲᠤᠬᠠᠢ᠎ᠶ᠋ᠢᠨ ᠭᠠᠵᠠᠷ᠎ᠲᠤᠨᠢ ᠵᠥᠷᠢᠴᠡᠯ᠎ᠢ ᠱᠢᠢᠳᠪᠦᠷᠢᠯᠡᠨ᠂ ᠱᠠᠨᠰᠢ᠎ᠶ᠋ᠢᠨ ᠱᠢᠭᠦᠬᠦ᠌ ᠬᠤᠷᠢᠶ᠎ᠠ 《ᠲᠠᠪᠤᠨ ᠬᠡᠯᠬᠢᠶ᠎ᠡ ᠬᠠᠮᠲᠤ᠎ᠪᠠᠷ ᠵᠠᠰᠠᠬᠤ᠂ ᠬᠠᠤᠯᠢ ᠴᠠᠭᠠᠵᠠ᠎ᠶ᠋ᠢ ᠦᠨᠳᠦᠰᠦᠨ ᠱᠠᠲᠤᠨ᠎ᠳᠤ ᠪᠠᠢᠯᠭᠠᠬᠤ》 ᠠᠵᠢᠯ᠎ᠤᠨ ᠲᠣᠭ᠍ᠲᠠᠴᠠ᠎ᠶ᠋ᠢᠨ ᠲᠠᠯ᠎ᠠ᠎ᠪᠠᠷ ᠱᠢᠨ᠎ᠠ᠎ᠶ᠋ᠢ ᠡᠭᠦᠳᠴᠦ᠍᠂ ᠶᠦᠨᠨᠠᠨ᠎ᠤ ᠱᠢᠭᠦᠬᠦ᠌ ᠬᠤᠷᠢᠶᠠᠨ᠎ᠤ 《ᠠᠱ᠌ᠢᠮᠤ᠌》 ᠣᠨᠴᠠᠯᠢᠭ᠍ᠲᠤ ᠡᠶᠡᠳᠡᠭᠦᠯᠭᠡ᠎ᠶ᠋ᠢᠨ ᠲᠠᠰᠤᠭ ᠣᠯᠠᠨ ᠲᠦᠮᠡᠨ᠎ᠳᠤ ᠬᠤᠣᠰ ᠬᠡᠯᠡᠨ᠎ᠤ ᠦᠢᠯᠡᠴᠢᠯᠡᠭᠡ ᠬᠠᠩᠭᠠᠨ᠂ ᠥᠪᠥᠷ ᠮᠣᠩᠭᠤᠯ᠎ᠤᠨ ᠱᠢᠭᠦᠬᠦ᠌ ᠬᠤᠷᠢᠶ᠎ᠠ 《ᠮᠣᠩᠭᠤᠯ ᠮᠣᠷᠢᠨ᠎ᠤ ᠱᠢᠨᠳᠠᠰᠤ》 ᠎ᠶ᠋ᠢ ᠪᠠᠳᠠᠷᠠᠭᠤᠯᠤᠨ ᠲᠠᠯ᠎ᠠ ᠨᠤᠲᠤᠭ᠎ᠤᠨ ᠣᠨᠴᠠᠯᠢᠭ ᠪᠦᠬᠦᠢ ᠵᠥᠷᠢᠴᠡᠯ᠎ᠢ ᠱᠢᠢᠳᠪᠤᠷᠢᠯᠡᠭᠦ᠌ ᠵᠠᠭ᠍ᠪᠤᠷ᠎ᠢ ᠰᠦᠪᠡᠭ᠌ᠴᠢᠯᠡᠵᠦ᠍᠂ ᠱᠢᠨᠵᠢᠶᠠᠩ᠎ᠤᠨ ᠱᠢᠭᠦᠬᠦ᠌ ᠬᠤᠷᠢᠶ᠎ᠠ 101 《ᠹᠧᠩ ᠴᠢᠶᠣᠤ ᠮᠠᠶᠢᠭ᠎ᠤᠨ ᠱᠢᠭᠦᠬᠦ᠌ ᠲᠢᠩᠬᠢᠮ》 ᠎ᠢ ᠡᠭᠦᠳᠦᠨ ᠪᠠᠢᠭᠤᠯᠵᠤ᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠬᠠᠤᠯᠢ᠎ᠪᠠᠷ ᠵᠠᠰᠠᠬᠤ ᠬᠢᠷᠢ ᠬᠡᠮᠵᠢᠶ᠎ᠠ᠎ᠶ᠋ᠢ ᠳᠡᠭᠡᠭ᠌ᠰᠢᠯᠡᠭᠦᠯᠬᠦ᠌᠎ᠶ᠋ᠢ ᠠᠬᠢᠭᠤᠯᠪᠠ᠃ ᠲᠣᠭᠤᠷᠢᠨ ᠱᠢᠭᠦᠨ ᠲᠠᠰᠤᠯᠬᠤ ᠠᠵᠢᠯ᠎ᠢ ᠭᠦᠨᠵᠡᠭᠡᠶ ᠥᠷᠨᠢᠭᠦᠯᠵᠦ᠍᠂ ᠪᠤᠢᠳᠠ ᠪᠥᠭ᠌ᠯᠡᠭᠦᠤ ᠭᠠᠵᠠᠷ ᠣᠷᠣᠨ᠎ᠤ ᠣᠯᠠᠨ ᠲᠦᠮᠡᠨ᠎ᠳᠤ ᠱᠢᠯᠢᠳᠡᠭ ᠬᠠᠤᠯᠢ ᠪᠠᠷᠢᠬᠤ ᠦᠢᠯᠡᠴᠢᠯᠡᠭᠡ ᠬᠠᠩᠭᠠᠵᠤ᠂ ᠵᠥᠷᠢᠴᠡᠯ ᠵᠢᠭᠤᠷᠠᠯᠳᠤᠭᠠᠨ᠎ᠢ ᠱᠢᠭᠤᠢᠲᠤ ᠣᠷᠣᠨ ᠪᠡᠯᠴᠢᠭᠡᠷ ᠲᠠᠷᠢᠶᠠᠨ ᠭᠠᠵᠠᠷ᠎ᠲᠤ ᠱᠢᠢᠳᠪᠤᠷᠢᠯᠡᠵᠦ᠍᠂ ᠬᠠᠤᠯᠢ ᠪᠠᠷᠢᠬᠤ ᠠᠵᠢᠯ᠎ᠢ ᠠᠷᠠᠳ ᠲᠦᠮᠡᠨ᠎ᠳᠤ ᠨᠡᠩ ᠢᠯᠡᠭᠦᠦ ᠳᠦᠭᠦᠮ ᠦᠵᠡᠭᠦᠯᠬᠦ᠌ ᠪᠤᠯᠭᠠᠵᠤ᠂ ᠠᠷᠠᠳ ᠲᠦᠮᠡᠨ᠎ᠲᠠᠢ ᠨᠡᠩ ᠦᠢᠷᠠᠳᠤᠭᠤᠯᠪᠠ᠃

ᠲᠠᠪᠤ᠂ ᠬᠠᠤᠯᠢ ᠪᠠᠷᠢᠬᠤ ᠪᠠᠢᠭᠤᠯᠤᠯ᠎ᠤᠨ ᠥᠭᠡᠷᠡᠴᠢᠯᠡᠯᠲᠡ᠎ᠶ᠋ᠢ ᠬᠦᠴᠦᠯᠡᠨ ᠭᠦᠨᠵᠡᠭᠡᠢᠷᠡᠭᠦᠯᠪᠠ

ᠬᠠᠷᠠᠯᠲᠠ᠎ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠪᠠ ᠮᠡᠳᠡᠭᠡ ᠵᠠᠩᠭᠢᠵᠢᠯᠲᠠ᠎ᠶ᠋ᠢᠨ ᠪᠠᠢᠭᠤᠯᠤᠯᠲᠠ᠎ᠲᠠᠢ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠵᠤ᠂ ᠱᠢᠭᠦᠨ ᠲᠠᠰᠤᠯᠬᠤ ᠪᠠ ᠬᠦᠢᠴᠡᠳᠭᠡᠬᠦ᠌᠎ᠶ᠋ᠢᠨ ᠴᠢᠨᠠᠷ ᠴᠢᠨᠰᠠᠭ᠎ᠠ ᠦᠷ᠎ᠡ ᠪᠦᠲᠦᠮᠵᠢ ᠪᠤᠯᠤᠨ ᠬᠠᠤᠯᠢ ᠪᠠᠷᠢᠬᠤ ᠠᠵᠢᠯ᠎ᠤᠨ ᠤᠯᠠᠨ ᠨᠡᠢᠲᠡ᠎ᠶ᠋ᠢᠨ ᠢᠲᠡᠭᠡᠭᠦᠯᠬᠦ᠌ ᠬᠦᠴᠦᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠪᠡ᠃

ᠬᠠᠤᠯᠢ ᠪᠠᠷᠢᠬᠤ ᠬᠠᠷᠢᠭᠤᠴᠠᠯᠭ᠎ᠠ᠎ᠶ᠋ᠢᠨ ᠲᠦᠷᠢᠮ᠎ᠤᠨ ᠶᠡᠷᠦᠩᠬᠡᠢᠯᠡᠭ᠌ᠰᠡᠨ ᠢᠵᠢ ᠪᠦᠷᠢᠳᠦᠭᠦᠯᠭᠦ᠌ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠪᠠ᠃ ᠡᠷᠬᠡ ᠬᠠᠷᠢᠭᠤᠴᠠᠯᠭ᠎ᠠ᠎ᠶ᠋ᠢ ᠨᠢᠭᠡᠳᠦᠭᠦᠯᠦᠭ᠌ᠰᠡᠨ ᠱᠢᠭᠦᠨ ᠲᠠᠰᠤᠯᠬᠤ ᠡᠷᠬᠡ᠎ᠶ᠋ᠢᠨ ᠠᠵᠢᠯᠯᠠᠭᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠳᠤᠲᠠᠭᠤᠳᠠᠯ᠎ᠢ ᠨᠥᠬᠦᠪᠥᠷᠢᠯᠡᠨ᠂ ᠪᠠᠭᠤᠷᠠᠶ ᠲᠠᠯ᠎ᠠ᠎ᠪᠠᠨ ᠬᠦᠴᠦᠷᠬᠡᠭ᠌ᠵᠢᠭᠦᠯᠵᠦ᠍᠂ ᠡᠷᠬᠡ᠎ᠶ᠋ᠢ ᠳᠣᠷᠣᠭ᠍ᠰᠢ ᠪᠠᠭᠤᠯᠭᠠᠬᠤ ᠪᠠ ᠬᠢᠨᠠᠯᠲᠠ ᠲᠠᠯᠪᠢᠬᠤ᠎ᠶ᠋ᠢ ᠨᠢᠭᠡᠳᠭᠡᠬᠦ᠌᠎ᠶ᠋ᠢ ᠦᠨᠡᠨ ᠬᠦ᠌ ᠪᠠᠲᠤᠯᠠᠪᠠ᠃ ᠱᠢᠭᠦᠬᠦ᠌ ᠲᠤᠱᠢᠶᠠᠯᠲᠠᠨ᠎ᠤ ᠠᠵᠢᠯᠳᠠᠨ᠎ᠤ ᠣᠷᠣᠨ ᠲᠤᠭ᠎ᠠ᠎ᠶ᠋ᠢᠨ ᠬᠠᠮᠢᠶᠠᠷᠤᠯᠲᠠ᠎ᠶ᠋ᠢᠨ ᠳᠦᠷᠢᠮ ᠪᠠ ᠢᠵᠢ ᠪᠦᠷᠢᠳᠦᠭ᠌ᠰᠡᠨ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠠᠵᠢᠯᠳᠠᠨ᠎ᠤ ᠣᠷᠣᠵᠤ ᠭᠠᠷᠴᠦ᠍ ᠪᠤᠯᠬᠤ ᠰᠠᠢᠨ ᠤᠷᠴᠢᠯ᠎ᠢ ᠪᠡᠶᠡᠯᠡᠭᠦᠯᠪᠠ᠃ ᠱᠢᠭᠦᠨ ᠲᠠᠰᠤᠯᠤᠯᠳᠠ᠎ᠶ᠋ᠢᠨ ᠡᠷᠬᠡ ᠬᠠᠷᠢᠭᠤᠴᠠᠯᠭ᠎ᠠ᠎ᠶ᠋ᠢᠨ ᠳᠤᠲᠤᠷᠬᠠᠢ ᠬᠠᠭᠤᠳᠠᠰᠤ᠎ᠶ᠋ᠢᠨ ᠳᠦᠷᠢᠮ᠎ᠢ ᠪᠦᠷᠢᠨᠱᠢᠭᠦᠯᠵᠦ᠍᠂ ᠬᠤᠷᠢᠶᠠᠨ ᠳᠠᠷᠤᠭ᠎ᠠ ᠪᠠ ᠲᠢᠩᠭᠢᠮ᠎ᠤᠨ ᠳᠠᠷᠤᠭ᠎ᠠ᠎ᠶ᠋ᠢᠨ ᠱᠢᠭᠦᠨ ᠲᠠᠰᠤᠯᠤᠯᠲᠠ᠎ᠳᠤ ᠬᠢᠨᠠᠯᠲᠠ ᠲᠠᠯᠪᠢᠬᠤ ᠬᠠᠮᠢᠶᠠᠷᠤᠯᠲᠠ᠎ᠶ᠋ᠢᠨ ᠲᠤᠱᠢᠶᠠᠯ ᠬᠠᠷᠢᠭᠤᠴᠠᠯᠭ᠎ᠠ᠎ᠶ᠋ᠢ ᠪᠤᠳᠠᠳᠠᠢᠵᠢᠭᠤᠯᠵᠦ᠍᠂ 《ᠳᠥᠷᠪᠡᠨ ᠲᠥᠷᠥᠯ᠎ᠤᠨ ᠬᠡᠷᠡᠭ》 ᠎ᠢ ᠢᠯᠭᠠᠨ ᠲᠠᠨᠢᠬᠤ ᠬᠢᠨᠠᠯᠲᠠ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠢᠵᠠᠭᠠᠷᠯᠠᠬᠤ ᠪᠠ ᠬᠢᠨᠠᠯᠲᠠ ᠲᠠᠯᠪᠢᠬᠤ᠎ᠶ᠋ᠢ ᠱᠢᠭᠦᠨ ᠲᠠᠰᠤᠯᠬᠤ ᠬᠦᠢᠴᠡᠳᠭᠡᠬᠦ᠌ ᠪᠦᠬᠦ᠌ ᠶᠠᠪᠤᠴᠠ ᠪᠦᠬᠦ᠌ ᠬᠦᠷᠢᠶᠡᠨ᠎ᠳᠤ ᠨᠡᠢᠳᠠᠮ ᠬᠡᠷᠡᠭ᠌ᠵᠢᠬᠦᠯᠬᠦ᠌᠎ᠶ᠋ᠢ ᠦᠨᠡᠨ ᠬᠦ᠌ ᠪᠠᠲᠤᠯᠠᠪᠠ᠃ ᠬᠠᠤᠯᠢ ᠴᠠᠭᠠᠵᠠ᠎ᠶ᠋ᠢ ᠲᠤᠬᠢᠷᠠᠭᠤᠯᠤᠨ ᠬᠡᠷᠡᠭ᠌ᠯᠡᠬᠦ᠌ ᠪᠠᠷᠢᠮᠵᠢᠶ᠎ᠠ᠎ᠶ᠋ᠢ ᠨᠢᠭᠡᠳᠭᠡᠬᠦ᠌ ᠲᠣᠭ᠍ᠲᠠᠴᠠ᠎ᠶ᠋ᠢ ᠪᠦᠷᠢᠨᠱᠢᠭᠦᠯᠵᠦ᠍᠂ ᠲᠦᠷᠦᠯ ᠬᠡᠷᠡᠭ᠎ᠢ ᠪᠠᠢᠴᠠᠭᠠᠨ ᠡᠷᠢᠬᠦ᠌ ᠠᠩᠬ᠎ᠠ ᠠᠯᠬᠤᠮ᠎ᠤᠨ ᠱᠦᠭᠦᠯᠲᠡ ᠬᠢᠬᠦ᠂ ᠲᠤᠰᠭᠠᠶ ᠮᠡᠷᠭᠡᠵᠢᠯ᠎ᠤᠨ ᠱᠢᠭᠦᠭᠦ᠌ ᠲᠤᠱᠢᠶᠠᠯᠲᠠᠨ᠎ᠤ ᠬᠤᠷᠠᠯᠳᠤᠭᠠᠨ᠎ᠢᠶᠠᠷ ᠰᠤᠳᠤᠯᠤᠨ ᠵᠥᠪᠯᠡᠬᠦ᠂ ᠱᠢᠭᠦᠨ ᠲᠠᠰᠤᠯᠬᠤ ᠵᠦᠪᠯᠡᠯ ᠶᠠᠷᠢᠯᠴᠠᠨ ᠲᠣᠭ᠍ᠲᠠᠭᠠᠬ᠍ᠰᠠᠨ ᠬᠠᠤᠯᠢ ᠴᠠᠭᠠᠵᠠ᠎ᠶ᠋ᠢ ᠲᠤᠬᠢᠷᠠᠭᠤᠯᠤᠨ ᠬᠡᠷᠡᠭ᠌ᠯᠡᠭᠦ᠌ ᠵᠥᠷᠢᠯᠳᠦᠭᠡᠨ᠎ᠢ ᠱᠢᠢᠳᠪᠦᠷᠢᠯᠡᠬᠦ᠌ ᠲᠣᠭ᠍ᠲᠠᠴᠠ᠎ᠶ᠋ᠢ ᠪᠠᠢᠭᠤᠯᠪᠠ᠃ 

ᠥᠨᠳᠦᠷ ᠵᠡᠷᠭᠡ᠎ᠶ᠋ᠢᠨ ᠱᠢᠭᠦᠬᠦ᠌ ᠬᠤᠷᠢᠶ᠎ᠠ᠎ᠶ᠋ᠢ ᠱᠢᠭᠦᠨ ᠲᠠᠰᠤᠯᠬᠤ ᠲᠤᠬᠠᠢᠯᠠᠭ᠍ᠰᠠᠨ ᠠᠵᠢᠯ᠎ᠤᠨ ᠪᠢᠴᠢᠭ ᠮᠠᠲ᠋ᠧᠷᠢᠶᠠᠯ ᠲᠣᠭ᠍ᠲᠠᠭᠠᠬᠤ ᠪᠠ ᠯᠠᠪᠯᠠᠯᠲᠠ᠎ᠶ᠋ᠢᠨ ᠴᠢᠨᠠᠷᠲᠠᠶ ᠬᠡᠷᠡᠭ᠎ᠤᠨ ᠵᠢᠱ᠌ᠢᠶ᠎ᠡ᠎ᠶ᠋ᠢ ᠨᠡᠢᠲᠡᠯᠡᠬᠦ᠌᠎ᠳᠡᠭᠡᠨ ᠡᠷᠬᠡᠪᠰᠢ ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠳᠤ ᠳᠠᠩᠰᠠᠯᠠᠭᠤᠯᠬᠤ ᠬᠡᠷᠡᠭ᠌ᠲᠡᠶ ᠭᠡᠵᠦ᠍ ᠱᠠᠭᠠᠷᠳᠠᠵᠤ᠂ ᠠᠳᠠᠯᠢ ᠪᠤᠰᠤ ᠭᠠᠵᠠᠷ ᠣᠷᠣᠨ᠎ᠤ ᠱᠢᠭᠦᠨ ᠲᠠᠰᠤᠯᠬᠤ ᠪᠠᠷᠢᠮᠵᠢᠶ᠎ᠠ᠎ᠳᠤ ᠵᠦᠶ ᠵᠤᠬᠢᠰ ᠦᠭᠡᠢ ᠢᠯᠭᠠᠭ᠎ᠠ ᠭᠠᠷᠬᠤ᠎ᠠᠴᠠ ᠰᠡᠷᠭᠡᠢᠯᠡᠪᠡ᠃

ᠵᠠᠷᠭᠤ᠎ᠶ᠋ᠢᠨ ᠲᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠡᠷᠬᠡ ᠣᠯᠭᠤᠯᠲᠠ᠎ᠶ᠋ᠢ ᠦᠨᠳᠦᠰᠦᠯᠡᠨ᠂ 15 ᠮᠤᠵᠢ ᠣᠷᠣᠨ ᠬᠤᠲᠠ᠎ᠶ᠋ᠢᠨ 305 ᠲᠤᠷᠱᠢᠯᠲᠠ᠎ᠶ᠋ᠢᠨ ᠱᠢᠭᠦᠬᠦ᠌ ᠬᠤᠷᠢᠶ᠎ᠠ᠎ᠳᠤ ᠢᠷᠭᠡᠨ᠎ᠤ ᠵᠠᠷᠭᠤ᠎ᠶ᠋ᠢᠨ ᠵᠢᠷᠤᠮ᠎ᠤᠨ ᠲᠦᠪᠡᠭ᠌ᠲᠡᠶ ᠬᠡᠷᠡᠭ ᠪᠠ ᠳᠥᠭᠦᠮ ᠬᠡᠷᠡᠭ᠎ᠢ ᠰᠠᠯᠭᠠᠬᠤ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢ ᠠᠬᠢᠭᠤᠯᠵᠤ᠂ ᠱᠠᠳᠤ ᠦᠶᠡᠴᠢ ᠴᠢᠨᠠᠷᠲᠠᠶ ᠦᠷ᠎ᠡ ᠪᠦᠲᠦᠮᠵᠢ ᠤᠯᠵᠤ᠂ ᠬᠠᠤᠯᠢ ᠪᠠᠷᠢᠬᠤ ᠦᠢᠯᠡᠳᠦᠯ ᠴᠢᠳᠠᠪᠤᠷᠢ ᠢᠯᠡᠳᠲᠡ ᠳᠡᠭᠡᠭ᠌ᠰᠢᠯᠡᠪᠡ᠃ ᠱᠢᠭᠦᠨ ᠲᠠᠰᠤᠯᠤᠯᠳᠠ᠎ᠪᠠᠷ ᠭᠤᠤᠯ ᠪᠣᠯᠭᠠᠭ᠍ᠰᠠᠨ ᠡᠷᠡᠭᠦᠦ᠎ᠶ᠋ᠢᠨ ᠵᠠᠷᠭᠤ᠎ᠶ᠋ᠢᠨ ᠲᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠶ ᠠᠬᠢᠭᠤᠯᠵᠤ᠂ ᠭᠡᠷᠡᠴᠢᠯᠡᠭ᠌ᠴᠢ᠂ ᠱᠢᠯᠭᠠᠨ ᠲᠣᠭ᠍ᠲᠠᠭᠠᠭ᠍ᠴᠢ᠂ ᠲᠤᠷᠱᠢᠨ ᠪᠠᠢᠴᠠᠭᠠᠬᠤ ᠠᠵᠢᠯᠳᠠᠨ᠎ᠤ ᠱᠢᠭᠦᠯᠲᠡ᠎ᠳᠤ ᠣᠷᠣᠯᠴᠠᠵᠤ ᠭᠡᠷᠡᠴᠢᠯᠡᠬᠦ᠌ ᠨᠤᠷᠮ᠎ᠠ ᠪᠠ ᠲᠠᠰᠤᠯᠤᠯᠳᠠ᠎ᠶ᠋ᠢ ᠱᠢᠭᠦᠬᠦ᠌ ᠲᠢᠩᠬᠢᠮ ᠪᠠᠷᠢᠨ ᠳᠣᠣᠷ᠎ᠠ᠎ᠨᠢ ᠵᠠᠷᠯᠠᠬᠤ ᠨᠤᠷᠮ᠎ᠠ᠎ᠶ᠋ᠢ ᠳᠡᠭᠡᠭ᠌ᠰᠢᠯᠡᠭᠦᠯᠵᠦ᠍᠂ ᠲᠢᠩᠭᠢᠮ᠎ᠤᠨ ᠱᠢᠭᠦᠯᠳᠡ᠎ᠶ᠋ᠢᠨ ᠮᠦᠨ ᠴᠢᠨᠠᠷᠵᠢᠯᠳᠠ᠎ᠶ᠋ᠢ ᠠᠬᠢᠭᠤᠯᠪᠠ᠃ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠵᠡᠷᠭᠡ᠎ᠲᠠᠢ ᠬᠠᠮᠲᠤᠷᠠᠵᠤ ᠡᠷᠡᠭᠦᠦ ᠱᠢᠢᠳᠭᠡᠯ ᠣᠨᠣᠭ᠍ᠳᠠᠭᠤᠯᠬᠤ ᠵᠢᠷᠤᠮ᠎ᠢ ᠵᠢᠷᠤᠮᠵᠢᠭᠤᠯᠬᠤ ᠲᠤᠬᠠᠶ ᠰᠠᠨᠠᠯ᠎ᠢ ᠵᠠᠰᠠᠨ ᠲᠣᠬ᠍ᠲᠠᠭᠠᠵᠤ᠂ ᠡᠷᠡᠭᠦᠦ ᠱᠢᠢᠳᠭᠡᠯ ᠣᠨᠣᠭ᠍ᠳᠠᠭᠤᠯᠬᠤ᠎ᠶ᠋ᠢ ᠢᠯᠡ ᠪᠥᠭᠡᠳ ᠲᠥᠪ ᠭᠤᠣᠯᠴᠢ ᠪᠠᠢᠯᠭᠠᠬᠤ᠎ᠶ᠋ᠢ ᠠᠬᠢᠭᠤᠯᠪᠠ᠃ ᠠᠷᠠᠳ᠎ᠤᠨ ᠬᠠᠪᠰᠤᠷᠤᠨ ᠱᠢᠭᠦᠭ᠌ᠴᠢ᠎ᠶ᠋ᠢᠨ ᠱᠢᠭᠦᠨ ᠲᠠᠰᠤᠯᠬᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠬᠠᠤᠯᠢ ᠶᠣᠰᠣᠭᠠᠷ ᠪᠠᠲᠤᠯᠠᠵᠤ᠂ ᠪᠦᠬᠦ᠌ ᠤᠯᠤᠰ᠎ᠲᠤ ᠬᠠᠪᠰᠤᠷᠤᠨ ᠱᠢᠭᠦᠭ᠌ᠴᠢ ᠱᠢᠭᠦᠯᠲᠡ᠎ᠳᠤ ᠣᠷᠣᠯᠴᠠᠭ᠍ᠰᠠᠨ ᠬᠡᠷᠡᠭ 247.8 ᠲᠦᠮᠡᠨ ᠬᠤᠪᠢ ᠬᠦᠷᠪᠡ᠃ ᠬᠠᠤᠯᠢ ᠪᠠᠷᠢᠯᠲᠠ᠎ᠶ᠋ᠢ ᠢᠯᠡ ᠪᠣᠯᠭᠠᠬᠤ᠎ᠶ᠋ᠢ ᠭᠦᠨᠵᠡᠭᠡᠢᠷᠡᠭᠦᠯᠵᠦ᠍᠂ ᠲᠠᠰᠤᠯᠤᠨ ᠲᠣᠭ᠍ᠲᠠᠭᠠᠯᠲᠠ᠎ᠶ᠋ᠢᠨ ᠪᠢᠴᠢᠭ ᠬᠠᠷ᠎ᠠ᠎ᠶ᠋ᠢ ᠰᠦᠯᠵᠢᠶᠡᠨ ᠳᠡᠭᠡᠷ᠎ᠡ ᠢᠯᠡ ᠪᠣᠯᠭᠠᠭ᠍ᠰᠠᠨ᠎ᠨᠢ 1.2 ᠳ᠋ᠦᠩᠱᠢᠭᠤᠷ ᠬᠤᠪᠢ᠂ ᠲᠢᠩᠬᠢᠮ᠎ᠤᠨ ᠱᠢᠭᠦᠯᠲᠡ᠎ᠶ᠋ᠢᠨ ᠱᠢᠭᠤᠳ ᠨᠡᠪᠲᠡᠷᠡᠭᠦᠯᠭᠡ 1159 ᠲᠦᠮᠡᠨ ᠤᠳᠠᠭ᠎ᠠ ᠪᠠᠢᠵᠤ᠂ ᠬᠠᠤᠯᠢ ᠪᠠᠷᠢᠬᠤ ᠢᠯᠠ ᠲᠣᠭ᠍ᠲᠠᠴᠠ᠎ᠳᠤ ᠠᠯᠤᠰ ᠬᠡᠳᠦ᠎ᠶ᠋ᠢᠨ ᠨᠥᠯᠥᠭᠡ ᠭᠠᠷᠴᠤ᠌᠂ ᠤᠯᠤᠰ᠎ᠤᠨ ᠳᠣᠲᠣᠭᠠᠳᠤ  ᠭᠠᠳᠠᠭᠠᠳᠤ ᠎ᠶ᠋ᠢᠨ᠎ᠬᠢᠨ ᠎ᠤ  ᠠᠩᠬᠠᠷᠤᠯ ᠎ᠢ  ᠥᠷᠭᠡᠨ ᠎ᠢᠶᠠᠷ  ᠲᠠᠲᠠᠪᠠ᠃

ᠬᠠᠤᠯᠢ ᠪᠠᠷᠢᠬᠤ ᠥᠭᠡᠷᠡᠴᠢᠯᠡᠯᠲᠡ ᠬᠢᠭᠡᠳ ᠮᠡᠳᠡᠭᠡ ᠵᠠᠩᠭᠢᠵᠢᠯᠲᠠ᠎ᠶ᠋ᠢᠨ ᠪᠠᠢᠭᠤᠯᠤᠯᠲᠠ ᠎ᠶ᠋ᠢ ᠠᠭᠤᠰᠤᠯᠳᠤᠭᠤᠯᠬᠤ   ᠎ᠶ᠋ᠢ  ᠪᠠᠷᠢᠮᠲᠠᠯᠠᠪᠠ᠃  《ᠲᠡᠩᠨᠡᠭᠦᠷ᠎ᠤᠨ ᠢᠨᠵᠧᠨᠧᠷᠢᠩ》 ᠎ᠢ ᠳᠠᠭᠤᠰᠭᠠᠵᠤ ᠱᠢᠯᠭᠠᠨ ᠠᠪᠬᠤ᠎ᠪᠠᠷ ᠳᠠᠮᠵᠢᠭᠠᠳ᠂ ᠤᠶᠤᠨᠲᠤ ᠱᠢᠭᠦᠬᠦ᠌ ᠬᠤᠷᠢᠶᠠᠨ᠎ᠤ ᠪᠠᠢᠭᠤᠯᠤᠯᠲᠠ ᠱᠢᠨ᠎ᠡ ᠳᠡᠭ᠌ᠲᠡᠷ᠎ᠲᠤ ᠭᠠᠷᠪᠠ᠃ ᠬᠢᠵᠢᠭ ᠳᠡᠯᠭᠡᠷᠡᠭ᠌ᠰᠡᠨ ᠬᠤᠭᠤᠴᠠᠭᠠᠨ᠎ᠳᠤ᠂ ᠤᠶᠤᠨᠲᠤ ᠱᠢᠭᠦᠬᠦ᠌ ᠬᠤᠷᠢᠶᠠᠨ᠎ᠤ ᠪᠠᠢᠭᠤᠯᠤᠯᠲᠠ᠎ᠶ᠋ᠢᠨ ᠦᠷ᠎ᠡ ᠪᠦᠲᠦᠭᠡᠯ ᠭᠦᠢᠴᠡᠳ ᠢᠯᠡᠷᠡᠵᠦ᠍᠂ ᠥᠯᠦ᠍ ᠬᠦᠷᠦᠯᠴᠡᠬᠦ᠌ ᠬᠡᠯᠪᠡᠷᠢ᠎ᠶ᠋ᠢᠨ ᠵᠠᠷᠭᠤ᠎ᠶ᠋ᠢᠨ ᠦᠢᠯᠡᠴᠢᠯᠡᠭᠡ᠎ᠶ᠋ᠢ ᠥᠷᠭᠡᠨ᠎ᠢᠶᠠᠷ ᠬᠡᠷᠡᠭ᠌ᠯᠡᠨ᠂ ᠲᠤᠬᠠᠶ᠎ᠶ᠋ᠢᠨ ᠬᠥᠮᠦᠨ᠎ᠢ ᠭᠡᠷ᠎ᠠᠴᠠ ᠭᠠᠷᠬᠤ ᠦᠭᠡᠢ᠎ᠪᠠᠷ ᠵᠠᠷᠭᠤ᠎ᠳᠤ ᠣᠷᠣᠯᠴᠠᠵᠤ ᠴᠢᠳᠠᠬᠤ ᠪᠣᠯᠭᠠᠵᠤ᠂ 《ᠱᠢᠭᠦᠨ ᠲᠠᠰᠤᠯᠬᠤ ᠭᠦᠢᠴᠡᠳᠭᠡᠬᠦ᠌ ᠠᠵᠢᠯ᠎ᠢ ᠵᠣᠭ᠍ᠰᠣᠭᠠᠬᠤ ᠦᠭᠡᠢ᠂ ᠲᠥᠪ ᠭᠤᠣᠯᠴᠢ ᠱᠢᠳᠤᠷᠭᠤ ᠶᠣᠰᠣ᠎ᠶ᠋ᠢ ᠰᠠᠭᠠᠲᠠᠭᠠᠬᠤ ᠦᠭᠡᠢ》 ᠪᠠᠢᠬᠤ᠎ᠶ᠋ᠢ ᠪᠡᠶᠡᠯᠡᠭᠦᠯᠪᠡ᠃ ᠪᠡᠭᠡᠵᠢᠩ᠂ ᠬᠠᠩᠵᠧᠦ᠂ ᠭᠤᠸᠠᠩᠵᠧᠦ᠎ᠶ᠋ᠢᠨ ᠢᠨᠲ᠋ᠧᠷ ᠰᠦᠯᠵᠢᠶᠡᠨ᠎ᠤ ᠱᠢᠭᠦᠬᠦ᠌ ᠬᠤᠷᠢᠶ᠎ᠠ᠎ᠨᠢ ᠵᠠᠷᠭᠤ᠎ᠶ᠋ᠢᠨ ᠲᠦᠷᠢᠮ᠎ᠢ ᠲᠡᠭᠦᠯᠳᠡᠷᠵᠢᠭᠦᠯᠬᠦ᠂ ᠮᠡᠷᠭᠡᠵᠢᠯ᠎ᠤᠨ ᠬᠡᠷᠡᠭ᠌ᠯᠡᠭᠡᠨ᠎ᠤ ᠱᠢᠨ᠎ᠡ᠎ᠶ᠋ᠢ ᠡᠭᠦᠳᠬᠦ᠂ ᠬᠠᠤᠯᠢ ᠶᠣᠰᠣᠭᠠᠷ ᠰᠦᠯᠵᠢᠶ᠎ᠡ᠎ᠶ᠋ᠢ ᠵᠠᠰᠠᠬᠤ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠦᠷᠭᠦᠯᠵᠢᠯᠡᠨ ᠥᠭᠡᠷᠡᠴᠢᠯᠡᠯᠲᠡ ᠰᠦᠪᠡᠭ᠌ᠴᠢᠯᠡᠯᠲᠡ ᠬᠢᠪᠡ᠃ ᠰᠦᠯᠵᠢᠶᠡᠨ ᠳᠡᠭᠡᠷᠡᠬᠢ ᠲᠢᠩᠬᠢᠮ᠎ᠤᠨ ᠱᠢᠭᠦᠯᠲᠡ᠂ ᠡᠯᠧᠺᠲᠷᠣᠨ ᠭᠡᠷᠡᠴᠢ ᠪᠠᠷᠢᠮᠲᠠ᠂ ᠠᠳᠠᠯᠢ ᠪᠤᠰᠤ ᠠᠯᠬᠤᠮ᠎ᠢᠶᠠᠷ ᠱᠢᠭᠦᠬᠦ᠌ ᠵᠡᠷᠭᠡ ᠲᠦᠷᠢᠮ᠎ᠢ ᠪᠥᠷᠢᠨᠱᠢᠭᠦᠯᠵᠦ᠍᠂ ᠰᠦᠯᠵᠢᠶᠡᠨ ᠳᠡᠭᠡᠷᠡᠬᠢ ᠵᠠᠷᠭᠤ᠎ᠶ᠋ᠢᠨ ᠬᠠᠤᠯᠢ ᠶᠣᠰᠣᠭᠠᠷ ᠵᠢᠷᠤᠮᠵᠢᠭᠤᠨ ᠶᠠᠪᠤᠭ᠍ᠳᠠᠬᠤ᠎ᠶ᠋ᠢ ᠪᠠᠲᠤᠯᠠᠪᠠ᠃ ᠰᠦᠯᠵᠢᠶᠡᠨ ᠳᠡᠭᠡᠷᠡᠬᠢ ᠲᠢᠩᠬᠢᠮ᠎ᠤᠨ ᠱᠢᠭᠦᠯᠲᠡ᠎ᠳᠤ ᠳᠤᠮᠳᠠᠴᠢ᠎ᠪᠠᠷ 36 ᠮᠢᠨᠦ᠋ᠲ ᠬᠡᠷᠡᠭ᠌ᠯᠡᠵᠦ᠍᠂ ᠰᠦᠯᠵᠢᠶᠡᠨ ᠭᠠᠳᠠᠨᠠᠬᠢ᠎ᠠᠴᠠ 2/3 ᠎ᠢᠶᠠᠷ ᠠᠷᠪᠢᠯᠠᠵᠤ᠂ ᠬᠡᠷᠡᠭ ᠱᠢᠭᠦᠬᠦ᠌ ᠳᠤᠮᠳᠠᠴᠢ ᠦᠶᠡᠯᠡᠯ᠎ᠤᠨ ᠬᠤᠭᠤᠴᠠᠭ᠎ᠠ 60 ᠡᠳᠦᠷ ᠪᠠᠢᠵᠤ᠂ ᠰᠦᠯᠵᠢᠶᠡᠨ ᠭᠠᠳᠠᠨᠠᠬᠢ᠎ᠠᠴᠠ 1/4 ᠎ᠪᠠᠷ ᠪᠣᠭᠤᠨᠢᠰᠪᠠ᠃ ᠳᠤᠮᠳᠠᠳᠤ ᠤᠯᠤᠰ᠎ᠤᠨ ᠣᠨᠴᠠᠯᠢᠭ ᠪᠦᠬᠦᠢ᠂ ᠳᠡᠯᠡᠬᠡᠢ ᠳ᠋ᠠᠬᠢᠨ᠎ᠳᠤ ᠣᠷᠦ᠋ᠢᠯᠠᠭ᠍ᠰᠠᠨ ᠢᠨᠲ᠋ᠧᠷ ᠰᠦᠯᠵᠢᠶᠡᠨ᠎ᠤ ᠬᠠᠤᠯᠢ ᠪᠠᠷᠢᠯᠲᠠ᠎ᠶ᠋ᠢᠨ ᠱᠢᠨ᠎ᠡ ᠵᠠᠭ᠍ᠪᠤᠷ᠎ᠢ ᠪᠠᠢᠭᠤᠯᠬᠤ᠎ᠪᠠᠷ ᠳᠠᠮᠵᠢᠭᠤᠯᠵᠤ᠂ ᠪᠦᠬᠦ᠌ ᠪᠥᠮᠪᠥᠷᠴᠡᠭ᠎ᠤᠨ ᠢᠨᠲ᠋ᠧᠷ ᠰᠦᠯᠵᠢᠶᠡᠨ᠎ᠤ ᠬᠠᠤᠯᠢ᠎ᠪᠠᠷ ᠵᠠᠰᠠᠬᠤ ᠬᠥᠭ᠌ᠵᠢᠯᠲᠡ᠎ᠳᠤ ᠳᠤᠮᠳᠠᠳᠤ ᠤᠯᠤᠰ᠎ᠤᠨ ᠲᠥᠰᠦᠯ᠎ᠢ ᠢᠳᠡᠪᠬᠢᠲᠡᠢ ᠨᠡᠮᠡᠷᠢᠯᠡᠪᠡ᠃

ᠭᠦᠢᠴᠡᠳᠭᠡᠬᠦ᠌᠎ᠳᠤ ᠬᠦᠴᠢᠷᠲᠡᠶ ᠪᠠᠢᠬᠤ ᠠᠰᠠᠭᠤᠳᠠᠯ᠎ᠢ ᠱᠢᠢᠳᠪᠦᠷᠢᠯᠡᠬᠦ᠌ ᠤᠷᠳᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠭᠦᠯᠪᠡ᠃ ᠭᠦᠢᠴᠡᠳᠭᠡᠬᠦ᠌ ᠠᠵᠢᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠣᠶᠤᠨᠴᠢ ᠭᠦᠢᠴᠡᠳᠭᠡᠯᠲᠡ᠎ᠶ᠋ᠢ ᠴᠢᠩᠭᠠᠳᠭᠠᠵᠤ᠂ ᠲᠤᠬᠠᠶ᠎ᠶ᠋ᠢᠨ ᠬᠥᠮᠦᠨ᠎ᠤ ᠵᠠᠷᠭᠤ᠎ᠳᠤ ᠢᠯᠠᠬᠤ ᠡᠷᠬᠡ ᠠᠱᠢᠭ᠎ᠢ ᠴᠢᠷᠮᠠᠢᠨ ᠪᠡᠶᠡᠯᠡᠭᠦᠯᠪᠡ᠃ ᠲᠥᠪ᠎ᠤᠨ ᠪᠦᠬᠦ᠌ ᠲᠠᠯ᠎ᠠ᠎ᠪᠠᠷ ᠬᠠᠤᠯᠢ ᠶᠣᠰᠤᠭᠠᠷ ᠤᠯᠤᠰ᠎ᠢᠶᠠᠨ ᠵᠠᠰᠠᠬᠤ ᠵᠥᠪᠯᠡᠯ᠎ᠤᠨ 2019 ᠣᠨ᠎ᠤ 《1 ᠳ᠋ᠦ᠍ᠭᠡᠷ ᠲᠣᠭᠠᠲᠤ ᠪᠢᠴᠢᠭ ᠮᠠᠲ᠋ᠧᠷᠢᠶᠠᠯ》 ᠎ᠢ ᠲᠤᠭᠤᠱᠢᠯᠠᠭᠤᠯᠤᠨ᠂ ᠨᠠᠮ᠎ᠤᠨ ᠬᠤᠷᠢᠶᠠᠨ᠎ᠤ ᠤᠳᠤᠷᠢᠳᠤᠭ᠍ᠰᠠᠨ ᠭᠦᠢᠴᠡᠳᠭᠡᠬᠦ᠌᠎ᠳᠤ ᠬᠦᠴᠢᠷᠲᠡᠶ ᠪᠠᠢᠬᠤ ᠠᠰᠠᠭᠤᠳᠠᠯ᠎ᠢ ᠶᠡᠷᠦᠩᠬᠡᠢᠯᠡᠨ ᠵᠠᠰᠠᠬᠤ ᠠᠵᠢᠯ᠎ᠤᠨ ᠪᠠᠢᠷᠢᠱᠢᠯ᠎ᠢ ᠲᠠᠰᠤᠷᠠᠯᠲᠠ ᠦᠭᠡᠶ ᠲᠡᠭᠦᠯᠳᠡᠷᠵᠢᠭᠦᠯᠵᠦ᠍᠂ ᠭᠢᠷᠢᠨ᠂ ᠡᠾᠧᠨᠠᠨ᠂ ᠰᠧᠴᠤᠸᠠᠨ᠂ ᠲᠥᠪᠡᠳ᠂ ᠬᠥᠬᠡᠨᠠᠭᠤᠷ᠂ ᠨᠢᠩᠱᠢᠶᠠ ᠵᠡᠷᠭᠡ ᠮᠤᠵᠢ ᠣᠷᠣᠨ ᠬᠤᠲᠠ ᠬᠡᠷᠡᠭ᠌ᠵᠢᠭᠦᠯᠬᠦ᠌ ᠰᠠᠨᠠᠯ᠎ᠢᠶᠠᠨ ᠨᠡᠢᠲᠡᠯᠡᠨ᠂ ᠭᠦᠢᠴᠡᠳᠭᠡᠬᠦ᠌᠎ᠳᠤ ᠬᠦᠴᠢᠷᠲᠡᠶ ᠪᠠᠢᠬᠤ ᠠᠰᠠᠭᠤᠳᠠᠯ᠎ᠢ ᠡᠬᠢ ᠡᠭᠦᠰᠦᠯ᠎ᠠᠴᠠ᠎ᠨᠢ ᠱᠢᠢᠳᠪᠦᠷᠢᠯᠡᠬᠦ᠌᠎ᠶ᠋ᠢ ᠠᠬᠢᠭᠤᠯᠪᠠ᠃ ᠭᠦᠢᠴᠡᠳᠭᠡᠯᠲᠡ᠎ᠶ᠋ᠢᠨ ᠮᠡᠳᠡᠭᠡ ᠵᠠᠩᠭᠢᠵᠢᠯᠲᠠ ᠣᠶᠤᠨᠴᠢᠯᠠᠯᠲᠠ᠎ᠶ᠋ᠢᠨ ᠬᠢᠷᠢ ᠬᠡᠮᠵᠢᠶ᠎ᠡ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠰᠦᠯᠵᠢᠶᠡᠨ ᠳᠡᠭᠡᠷ᠎ᠡ ᠪᠠᠢᠴᠠᠭᠠᠨ ᠡᠵᠡᠮᠳᠡᠭ᠌ᠰᠡᠨ ᠬᠡᠷᠡᠭ 1464.5 ᠲᠦᠮᠡᠨ ᠬᠤᠪᠢ ᠪᠠᠢᠵᠤ᠂ ᠰᠦᠯᠵᠢᠶᠡᠨ ᠳᠡᠭᠡᠷ᠎ᠡ ᠦᠨ᠎ᠡ ᠬᠠᠶᠠᠵᠤ ᠬᠤᠳᠠᠯᠳᠤᠭᠠᠳ ᠠᠷᠠᠯᠵᠢᠶ᠎ᠠ ᠲᠣᠬᠢᠷᠠᠬ᠍ᠰᠠᠨ ᠵᠣᠭᠤᠰ᠎ᠤᠨ ᠲᠤᠭ᠎ᠠ 4027 ᠳ᠋ᠦᠩᠱᠢᠭᠤᠷ ᠲᠥᠭᠦᠷᠢᠭ᠎ᠲᠤ ᠬᠦᠷᠴᠦ᠍᠂ ᠡᠨᠡ᠎ᠨᠢ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ ᠴᠥᠮ ᠶᠡᠭᠡ ᠬᠡᠮᠵᠢᠶ᠎ᠡ᠎ᠪᠠᠷ ᠨᠡᠮᠡᠭ᠌ᠳᠡᠪᠡ᠃ ᠪᠦᠬᠦ᠌ ᠤᠯᠤᠰ᠎ᠤᠨ ᠱᠢᠭᠦᠬᠦ᠌ ᠬᠤᠷᠢᠶ᠎ᠠ᠎ᠳᠤ ᠲᠤᠰᠭᠠᠶ ᠭᠦᠢᠴᠡᠳᠭᠡᠬᠦ᠌ ᠦᠢᠯᠡ ᠠᠵᠢᠯᠯᠠᠭ᠎ᠠ᠎ᠶ᠋ᠢ ᠪᠠᠢᠷᠢᠯᠠᠭᠤᠯᠤᠨ ᠥᠷᠨᠢᠭᠦᠯᠵᠦ᠍᠂ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠳᠤᠮᠳᠠ ᠵᠢᠵᠢᠭ ᠠᠵᠤ ᠠᠬᠤᠢᠯᠠᠯ᠎ᠳᠤ ᠥᠷᠢᠲᠦᠵᠦ᠍ ᠪᠠᠢᠭ᠎ᠠ ᠠᠪᠴᠠᠭᠠᠨ᠎ᠤ ᠵᠣᠭᠤᠰ 181 ᠳ᠋ᠦᠩᠱᠢᠭᠤᠷ ᠲᠥᠭᠦᠷᠢᠭ᠂ ᠠᠷᠠᠳ᠎ᠤᠨ ᠠᠮᠢᠳᠤᠷᠠᠯ᠎ᠳᠤ ᠬᠤᠯᠪᠣᠭ᠍ᠳᠠᠭ᠍ᠰᠠᠨ ᠬᠡᠷᠡᠭ᠎ᠤᠨ ᠵᠣᠭᠤᠰ 254 ᠳ᠋ᠦᠩᠱᠢᠭᠤᠷ ᠲᠥᠭᠦᠷᠢᠭ᠂ ᠮᠥᠩᠭᠦᠨ ᠭᠦᠢᠯᠭᠡᠭᠡᠨ᠎ᠤ ᠠᠪᠴᠠᠭ᠎ᠠ᠎ᠳᠤ ᠬᠤᠯᠪᠣᠭ᠍ᠳᠠᠭ᠍ᠰᠠᠨ ᠬᠡᠷᠡᠭ᠎ᠤᠨ ᠵᠣᠭᠤᠰ 3300 ᠳ᠋ᠦᠩᠱᠢᠭᠤᠷ ᠲᠥᠭᠦᠷᠢᠭ᠎ᠢ ᠭᠦᠢᠴᠡᠳᠭᠡᠨ ᠨᠠᠢᠳᠠᠪᠤᠷᠢᠵᠢᠭᠤᠯᠪᠠ᠃ ᠱᠠᠨᠳᠦ᠋ᠩ᠎ᠤᠨ ᠱᠢᠭᠦᠬᠦ᠌ ᠬᠤᠷᠢᠶ᠎ᠠ ᠭᠠᠵᠠᠷ ᠱᠢᠷᠣᠶ ᠪᠠ ᠳᠠᠯᠠᠢ᠎ᠶ᠋ᠢᠨ ᠣᠷᠣᠨ᠎ᠤ ᠬᠡᠷᠡᠭ᠌ᠯᠡᠬᠦ᠌ ᠡᠷᠬᠡ᠎ᠶ᠋ᠢ ᠢᠯᠭᠠᠷᠠᠭᠤᠯᠤᠨ ᠪᠠᠢᠴᠠᠭᠠᠨ ᠪᠢᠲᠡᠭᠦᠮᠵᠢᠯᠡᠵᠦ᠍᠂ 4.9 ᠲᠦᠮᠡᠨ ᠮᠦ᠍ ᠭᠠᠵᠠᠷ ᠱᠢᠷᠣᠶ᠎ᠶ᠋ᠢᠨ ᠡᠬᠢ ᠪᠠᠶᠠᠯᠢᠭ᠂ 3888 ᠾᠧᠺᠲ᠋ᠠᠷ ᠳᠠᠯᠠᠢ᠎ᠶ᠋ᠢᠨ ᠣᠷᠣᠨ᠎ᠤ ᠬᠡᠷᠡᠭ᠌ᠯᠡᠬᠦ᠌ ᠡᠷᠬᠡ᠎ᠶ᠋ᠢ ᠰᠤᠯᠠᠯᠠᠨ ᠭᠠᠷᠭᠠᠪᠠ᠃ ᠪᠦᠬᠦ᠌ ᠤᠯᠤᠰ᠎ᠤᠨ ᠱᠢᠭᠦᠬᠦ᠌ ᠬᠤᠷᠢᠶᠠᠨ᠎ᠤ 《ᠨᠢᠭᠡ ᠬᠡᠷᠡᠭ᠎ᠲᠤ ᠨᠢᠭᠡ ᠳᠠᠩᠰᠠᠨ ᠳ᠋ᠤᠭᠠᠷ》 ᠎ᠲᠠᠢ ᠪᠠᠢᠬᠤ ᠬᠡᠷᠡᠭ᠎ᠤᠨ ᠵᠤᠭᠤᠰ᠎ᠤᠨ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠭᠦᠢᠴᠡᠳᠭᠡᠬᠦ᠌ ᠬᠡᠷᠡᠭ᠎ᠤᠨ ᠵᠣᠭᠤᠰ᠎ᠤᠨ ᠬᠠᠮᠢᠶᠠᠷᠤᠯᠲᠠ᠎ᠶ᠋ᠢ ᠵᠢᠷᠤᠮᠵᠢᠭᠤᠯᠵᠤ᠂ ᠲᠠᠷᠬᠠᠭᠠᠬᠤ ᠦᠷ᠎ᠡ ᠪᠦᠲᠦᠮᠵᠢ᠎ᠶ᠋ᠢ᠎ᠨᠢ ᠳᠡᠭᠡᠭ᠌ᠰᠢᠯᠡᠭᠦᠯᠪᠡ᠃ ᠨᠢᠭᠡᠳᠦᠯᠲᠡᠶ ᠬᠠᠮᠢᠶᠠᠷᠬᠤ᠂ ᠨᠢᠭᠡᠳᠦᠯᠲᠡᠶ ᠵᠢᠯᠣᠭᠤᠳᠭᠤ᠂ ᠨᠢᠭᠡᠳᠦᠯᠲᠡᠶ ᠵᠣᠬᠢᠴᠠᠭᠤᠯᠬᠤ᠎ᠶ᠋ᠢ ᠴᠢᠩᠭᠠᠳᠭᠠᠵᠤ᠂ ᠭᠦᠢᠴᠡᠳᠭᠡᠬᠦ᠌ ᠠᠵᠢᠯ᠎ᠤᠨ ᠵᠢᠯᠣᠭᠤᠳᠭᠤ ᠲᠥᠪ᠎ᠢ ᠪᠣᠳᠠᠲᠤ ᠴᠣᠭ᠍ᠴᠠᠵᠢᠭᠤᠯᠤᠨ ᠠᠵᠢᠯᠯᠠᠭᠤᠯᠬᠤ᠎ᠶ᠋ᠢ ᠴᠢᠩᠭᠠᠳᠭᠠᠵᠤ᠂ ᠭᠦᠢᠴᠡᠳᠭᠡᠬᠦ᠌ ᠵᠠᠩᠭᠢᠯᠠᠭ᠎ᠠ᠎ᠶ᠋ᠢᠨ ᠭᠤᠭ᠍ᠴᠤᠭ᠎ᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠂ ᠭᠦᠢᠴᠡᠳᠭᠡᠬᠦ᠌ ᠠᠵᠢᠯ᠎ᠤᠨ ᠵᠢᠷᠤᠮᠵᠢᠭ᠍ᠰᠠᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠪᠡ᠃

ᠳᠦᠷᠢᠮ᠎ᠤᠨ ᠥᠭᠡᠷᠡᠴᠢᠯᠡᠯᠲᠡ ᠪᠣᠯᠤᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠬᠤᠪᠢᠰᠤᠯᠲᠠ᠎ᠶ᠋ᠢᠨ ᠬᠤᠣᠰ ᠬᠦᠷᠳᠦ᠎ᠪᠠᠷ ᠬᠥᠳᠡᠯᠭᠡᠭᠦᠷ ᠪᠣᠯᠭᠠᠬᠤ᠎ᠪᠠᠷ ᠳᠠᠮᠵᠢᠭᠤᠯᠤᠨ᠂ ᠱᠢᠭᠦᠨ ᠲᠠᠰᠤᠯᠬᠤ ᠱᠢᠰᠲ᠋ᠧᠮ ᠪᠠ ᠱᠢᠭᠦᠨ ᠲᠠᠰᠤᠯᠬᠤ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠲᠦᠷᠬᠡᠳᠭᠡᠭ᠌ᠰᠡᠨ᠎ᠠᠴᠠ ᠬᠠᠤᠯᠢ ᠪᠠᠷᠢᠬᠤ ᠴᠢᠨᠠᠷ ᠴᠢᠨᠰᠠᠭ᠎ᠠ᠂ ᠦᠷ᠎ᠡ ᠪᠦᠲᠦᠮᠵᠢ ᠪᠠ ᠤᠯᠠᠨ ᠨᠡᠢᠲᠡ᠎ᠶ᠋ᠢᠨ ᠢᠲᠡᠭᠡᠭᠦᠯᠬᠦ᠌ ᠬᠦᠴᠦᠨ ᠢᠯᠡᠳᠲᠡ ᠳᠡᠭᠡᠭ᠌ᠰᠢᠯᠡᠪᠡ᠃ 2020 ᠣᠨ᠎ᠳᠤ᠂ ᠪᠦᠬᠦ᠌ ᠤᠯᠤᠰ᠎ᠤᠨ ᠱᠢᠭᠦᠬᠦ᠌ ᠬᠤᠷᠢᠶᠠᠨ᠎ᠤ ᠱᠢᠭᠦᠬᠦ᠌ ᠲᠤᠱᠢᠶᠠᠯᠲᠠᠨ ᠬᠥᠮᠦᠨ ᠳᠤᠮᠳᠠᠴᠢ᠎ᠪᠠᠷ 225 ᠬᠡᠷᠡᠭ ᠱᠢᠢᠳᠪᠦᠷᠢᠯᠡᠪᠡ; ᠡᠯ᠎ᠡ ᠲᠦᠷᠦᠯ᠎ᠤᠨ ᠬᠡᠷᠡᠭ᠎ᠤᠨ ᠨᠢᠭᠡᠳᠦᠭᠡᠷ ᠱᠢᠭᠦᠯᠲᠡ᠎ᠶ᠋ᠢᠨ ᠲᠠᠷᠠᠭ᠎ᠠ ᠲᠤᠬᠠᠶ᠎ᠶ᠋ᠢᠨ ᠬᠥᠮᠦᠨ ᠱᠢᠭᠦᠨ ᠲᠠᠰᠤᠯᠤᠯᠲᠠ᠎ᠶ᠋ᠢ ᠳᠠᠭᠠᠵᠤ ᠵᠠᠷᠭᠤᠯᠳᠤᠬᠤ᠎ᠪᠠᠨ ᠵᠣᠭ᠍ᠰᠣᠭ᠍ᠰᠠᠨ ᠨᠤᠷᠮ᠎ᠠ 89% ᠎ᠳᠤ ᠬᠦᠷᠴᠦ᠍᠂ ᠬᠤᠶᠠᠳᠤᠭᠠᠷ ᠱᠢᠭᠦᠯᠲᠡ᠎ᠶ᠋ᠢᠨ ᠲᠠᠷᠠᠭ᠎ᠠ 98.1% ᠎ᠳᠤ ᠬᠦᠷᠴᠡᠶ; ᠱᠢᠭᠦᠵᠦ᠍ ᠳᠠᠭᠤᠰᠭᠠᠭ᠍ᠰᠠᠨ ᠦᠭᠡᠢ ᠬᠡᠷᠡᠭ᠎ᠤᠨ ᠲᠤᠭ᠎ᠠ᠂ ᠤᠷᠳᠤ ᠬᠤᠭᠤᠴᠠᠭ᠎ᠠ᠎ᠪᠠᠷ ᠱᠢᠭᠦᠵᠦ᠍ ᠳᠠᠭᠤᠰᠭᠠᠭ᠍ᠰᠠᠨ ᠦᠭᠡᠢ ᠵᠠᠷᠭᠤ᠎ᠶ᠋ᠢᠨ ᠬᠡᠷᠡᠭ᠎ᠤᠨ ᠲᠤᠭ᠎ᠠ ᠲᠤᠰ ᠲᠤᠰ 17.5% ᠪᠠ 24.9% ᠎ᠪᠠᠷ ᠪᠠᠭᠤᠷᠠᠪᠠ; ᠵᠠᠷᠭᠤ᠎ᠳᠤ ᠬᠤᠯᠪᠣᠭ᠍ᠳᠠᠭ᠍ᠰᠠᠨ ᠵᠠᠬᠢᠳᠠᠯ ᠰᠤᠷᠪᠤᠯᠵᠢᠯᠠᠭ᠎ᠠ᠂ ᠵᠠᠷᠭᠤ᠎ᠳᠤ ᠬᠤᠯᠪᠣᠭ᠍ᠳᠠᠭ᠍ᠰᠠᠨ ᠪᠡᠭᠡᠵᠢᠩ᠎ᠳᠤ ᠤᠴᠢᠭ᠍ᠰᠠᠨ ᠵᠠᠬᠢᠳᠠᠯ ᠰᠤᠷᠪᠤᠯᠵᠢᠯᠠᠭ᠎ᠠ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ ᠲᠤᠰ ᠲᠤᠰ 12.9% ᠪᠠ 71.8% ᠎ᠪᠠᠷ ᠪᠠᠭᠤᠷᠠᠪᠠ; 1059.2 ᠲᠦᠮᠡᠨ ᠬᠤᠪᠢ ᠭᠦᠢᠴᠡᠳᠭᠡᠬᠦ᠌ ᠬᠡᠷᠡᠭ᠎ᠢ ᠬᠦᠯᠢᠶᠡᠨ ᠠᠪᠴᠤ᠌ ᠱᠢᠢᠳᠪᠦᠷᠢᠯᠡᠨ᠂ 995.8 ᠲᠦᠮᠡᠨ ᠬᠤᠪᠢ᠎ᠶ᠋ᠢ ᠭᠦᠢᠴᠡᠳᠭᠡᠵᠦ᠍ ᠳᠠᠭᠤᠰᠭᠠᠭᠠᠳ᠂ ᠭᠦᠢᠴᠡᠳᠭᠡᠭ᠌ᠰᠡᠨ ᠵᠣᠭᠤᠰ᠎ᠤᠨ ᠲᠤᠭ᠎ᠠ 1.9 ᠲᠦᠮᠡᠨ ᠳ᠋ᠦᠩᠱᠢᠭᠤᠷ ᠲᠥᠭᠦᠷᠢᠭ᠎ᠲᠤ ᠬᠦᠷᠴᠦ᠍᠂ ᠡᠨᠡ᠎ᠨᠢ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ ᠲᠤᠰ ᠲᠤᠰ 1.7%᠂ 4.3% ᠪᠠ 8.1% ᠎ᠪᠠᠷ ᠨᠡᠮᠡᠭ᠌ᠳᠡᠪᠡ᠃

ᠵᠢᠷᠭᠤᠭ᠎ᠠ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠴᠠᠭᠠᠷᠠᠬ᠍ᠰᠠᠨ ᠱᠢᠭᠦᠬᠦ᠌ ᠬᠤᠷᠢᠶᠠᠨ᠎ᠤ ᠡᠩᠨᠡᠭᠡ᠎ᠶ᠋ᠢ ᠳᠠᠪᠲᠠᠨ ᠪᠣᠯᠪᠠᠰᠤᠷᠠᠭᠤᠯᠪᠠ

ᠶᠡᠷᠦᠩᠬᠡᠶ ᠱᠦᠵᠢ ᠰᠢ᠎ᠶ᠋ᠢᠨ ᠫᠢᠩ᠎ᠤᠨ ᠳᠤᠷᠠᠳᠤᠭ᠍ᠰᠠᠨ 《ᠲᠠᠪᠤᠨ ᠲᠠᠯ᠎ᠠ᠎ᠪᠠᠷ ᠴᠠᠭᠠᠷᠠᠬᠤ》 ᠱᠠᠭᠠᠷᠳᠠᠯᠭ᠎ᠠ᠎ᠶ᠋ᠢ ᠬᠢᠨᠠᠮᠠᠭᠠᠢ ᠳᠤᠭᠤᠱᠢᠯᠠᠭᠤᠯᠤᠨ᠂ ᠱᠢᠭᠦᠬᠦ᠌ ᠬᠤᠷᠢᠶᠠᠨ᠎ᠤ ᠡᠩᠨᠡᠭᠡᠨ᠎ᠤ ᠬᠤᠪᠢᠰᠭᠠᠯᠵᠢᠬᠤ᠂ ᠵᠢᠩᠬᠢᠨᠢᠴᠢᠯᠡᠬᠦ᠂ ᠲᠤᠰᠭᠠᠢᠵᠢᠬᠤ᠂ ᠠᠵᠢᠯ ᠮᠡᠷᠭᠡᠵᠢᠭᠦᠯᠬᠦ᠌ ᠪᠠᠢᠭᠤᠯᠤᠯᠲᠠ᠎ᠶ᠋ᠢ ᠲᠦᠷᠭᠡᠯᠡᠨ ᠠᠬᠢᠭᠤᠯᠪᠠ᠃

ᠤᠯᠤᠰ ᠲᠦᠷᠦ᠎ᠶ᠋ᠢᠨ ᠪᠠᠢᠭᠤᠯᠤᠯᠲᠠ᠎ᠶ᠋ᠢ ᠢᠮᠠᠭ᠍ᠲᠠ ᠲᠡᠷᠢᠭᠦᠨ ᠪᠠᠢᠷᠢᠨ᠎ᠳᠤ ᠲᠠᠯᠪᠢᠪᠠ᠃ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭᠠᠶ᠎ᠪᠠᠨ ᠵᠡᠪᠰᠡᠭ᠌ᠯᠡᠵᠦ᠍᠂ ᠦᠢᠯᠡᠳᠦᠯᠭᠡ᠎ᠪᠠᠨ ᠵᠢᠯᠣᠭᠤᠳᠤᠭᠤᠯᠵᠤ᠂ ᠠᠵᠢᠯ᠎ᠢᠶᠠᠨ ᠠᠬᠢᠭᠤᠯᠬᠤ᠎ᠶ᠋ᠢ ᠪᠠᠷᠢᠮᠲᠠᠯᠠᠵᠤ᠂ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭᠠᠨ᠎ᠤ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠪᠡ᠃ ᠵᠠᠯᠠᠭᠤᠴᠤᠳ᠎ᠤᠨ ᠣᠨᠣᠯ᠎ᠤᠨ ᠰᠤᠷᠤᠯᠴᠠᠯᠭ᠎ᠠ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠵᠦ᠍᠂ ᠱᠢᠭᠦᠬᠦ᠌ ᠬᠤᠷᠢᠶᠠᠨ᠎ᠳᠤ ᠱᠢᠨ᠎ᠡ ᠢᠷᠡᠭ᠌ᠰᠡᠨ ᠬᠥᠮᠦᠰ᠎ᠤᠨ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠨᠢᠭᠡ ᠵᠢᠯ᠎ᠤᠨ ᠬᠤᠭᠤᠴᠠᠭᠠᠲᠤ ᠪᠣᠯᠪᠠᠰᠤᠷᠠᠭᠤᠯᠤᠯ᠎ᠤᠨ  ᠠᠩᠬᠢ ᠎ᠶ᠋ᠢ ᠡᠷᠬᠢᠯᠡᠨ᠂ ᠵᠠᠯᠠᠭᠤ ᠺᠠᠳ᠋ᠷ ᠴᠠᠭ᠍ᠳᠠᠭ᠎ᠠ᠎ᠶ᠋ᠢ ᠬᠠᠪᠰᠤᠷᠤᠨ ᠬᠠᠤᠯᠢ ᠪᠠᠷᠢᠬᠤ ᠠᠵᠢᠯ ᠡᠷᠬᠢᠯᠡᠬᠦ᠌ 《ᠠᠩᠬᠠᠨ᠎ᠤ ᠲᠣᠪᠴᠢ》 ᠎ᠶ᠋ᠢ᠎ᠨᠢ ᠰᠠᠢᠲᠤᠷ ᠲᠣᠪᠴᠢᠯᠠᠭᠤᠯᠪᠠ᠃  ᠲᠣᠭᠤᠷᠢᠨ  ᠪᠠᠢᠴᠠᠭᠠᠵᠤ ᠴᠡᠭ᠌ᠴᠡᠯᠡᠨ ᠥᠭᠡᠷᠡᠴᠢᠯᠡᠵᠦ᠍ ᠨᠠᠢᠳᠠᠪᠤᠷᠢᠵᠢᠭᠤᠯᠬᠤ ᠎ᠶ᠋ᠢ  ᠴᠢᠩᠭ᠎ᠠ  ᠠᠳᠭᠤᠵᠤ᠂  《ᠲᠤᠯᠭᠤᠷ ᠵᠣᠷᠢᠯᠲᠠ᠎ᠪᠠᠨ ᠥᠯᠦ᠍ ᠮᠠᠷᠲᠠᠨ᠂ ᠡᠭᠦᠷᠭᠡ  ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌》 ᠭᠤᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠭᠦᠨᠵᠡᠭᠡᠢᠷᠡᠭᠦᠯᠪᠡ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠵᠣᠬᠢᠶᠠᠨ ᠪᠠᠢᠭᠤᠯᠬᠤ ᠬᠦᠴᠦᠨ᠎ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠭᠦᠨᠵᠡᠭᠡᠶ ᠠᠬᠢᠭᠤᠯᠵᠤ᠂ ᠪᠦᠬᠦ᠌ ᠤᠯᠤᠰ᠎ᠤᠨ ᠱᠢᠭᠦᠬᠦ᠌ ᠬᠤᠷᠢᠶ᠎ᠠ᠎ᠳᠤ ᠨᠠᠮ᠎ᠤᠨ ᠪᠠᠢᠭᠤᠯᠤᠯᠲᠠ᠎ᠶ᠋ᠢᠨ ᠱᠢᠨ᠎ᠡ᠎ᠶ᠋ᠢ ᠡᠭᠦᠳᠦᠭ᠌ᠰᠡᠨ ᠱᠢᠯᠢᠳᠡᠭ ᠬᠡᠷᠡᠭ᠎ᠤᠨ ᠵᠢᠱ᠌ᠢᠶ᠎ᠡ᠎ᠶ᠋ᠢ ᠳᠡᠯᠭᠡᠷᠡᠭᠦᠯᠪᠡ᠃ ᠬᠤ᠌ ᠭᠦᠸᠧ ᠶᠦᠨ ᠵᠡᠷᠭᠡ ᠲᠡᠷᠢᠭᠦᠨ᠎ᠤ ᠨᠡᠢᠲᠡᠯᠢᠭ ᠵᠢᠱ᠌ᠢᠶ᠎ᠡ᠎ᠠᠴᠠ ᠰᠤᠷᠤᠯᠴᠠᠬᠤ ᠠᠵᠢᠯᠯᠠᠭ᠎ᠠ᠎ᠶ᠋ᠢ ᠥᠷᠨᠢᠭᠦᠯᠵᠦ᠍᠂ ᠪᠦᠬᠦ᠌ ᠤᠯᠤᠰ᠎ᠤᠨ ᠱᠢᠭᠦᠬᠦ᠌ ᠬᠤᠷᠢᠶ᠎ᠠ᠎ᠳᠤ ᠱᠢᠨ᠎ᠡ ᠴᠠᠭ ᠦᠶ᠎ᠡ᠎ᠶ᠋ᠢᠨ ᠦᠯᠡᠮᠵᠢ ᠤᠯᠠᠨ ᠰᠠᠢᠨ ᠱᠢᠭᠦᠬᠦ᠌ ᠲᠤᠱᠢᠶᠠᠯᠲᠠᠨ ᠰᠠᠢᠨ ᠺᠠᠳ᠋ᠷ ᠴᠣᠯᠭᠤᠷᠠᠨ ᠭᠠᠷᠴᠤ᠌᠂ 458 ᠬᠠᠮᠲᠤ ᠨᠡᠢᠲᠡ᠂ 703 ᠬᠤᠪᠢ ᠬᠥᠮᠦᠨ ᠲᠥᠪ᠎ᠤᠨ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠲᠤ ᠬᠥᠬᠢᠭᠦᠯᠦᠨ ᠰᠠᠢᠱᠢᠶᠠᠬ᠍ᠳᠠᠪᠠ᠃ ᠸᠧᠶ ᠵᠢᠩ ᠵᠢᠩ ᠵᠡᠷᠭᠡ 29 ᠱᠢᠭᠦᠬᠦ᠌ ᠲᠤᠱᠢᠶᠠᠯᠲᠠᠨ ᠳᠠᠭᠠᠭᠠᠴᠠ᠎ᠠᠴᠠ᠎ᠪᠠᠨ ᠬᠡᠲᠦᠷᠡᠲᠡᠯ᠎ᠡ ᠠᠵᠢᠯᠯᠠᠭ᠍ᠰᠠᠨ ᠪᠤᠶᠤ ᠬᠦᠴᠦᠷᠬᠡᠭ᠌ᠯᠡᠯ᠎ᠳᠤ ᠤᠴᠠᠷᠠᠨ ᠱᠢᠷᠬᠠᠳᠤᠵᠤ ᠬᠡᠮᠳᠦᠭ᠌ᠰᠡᠨ᠎ᠠᠴᠠ ᠪᠤᠯᠵᠤ ᠠᠵᠢᠯ᠎ᠤᠨ ᠪᠠᠢᠷᠢ ᠳᠡᠭᠡᠷ᠎ᠡ᠎ᠪᠠᠨ ᠪᠡᠶ᠎ᠡ ᠦᠷᠡᠭ᠌ᠳᠡᠵᠠᠢ᠂ ᠲᠡᠳᠠᠡ᠎ᠤ ᠡᠷᠡᠰ ᠪᠠᠷᠢᠮᠲᠠᠯᠠᠨ ᠰᠠᠬᠢᠵᠤ᠂ ᠬᠠᠷᠠᠮ ᠦᠬᠡᠢ ᠵᠢᠳᠬᠦᠵᠦ᠍ ᠠᠮᠢ᠎ᠪᠠᠨ ᠥᠷᠡᠭ᠌ᠲᠡᠭᠦᠯᠬᠦ᠌ ᠵᠤᠷᠢᠭ ᠰᠠᠨᠠᠭ᠎ᠠ᠎ᠨᠢ ᠨᠠᠮ ᠪᠠ ᠠᠷᠠᠳ ᠲᠦᠮᠡᠨ᠎ᠳᠡᠭᠡᠨ ᠦᠨᠡᠨᠴᠢ ᠱᠢᠳᠤᠷᠭᠤ᠂ ᠬᠠᠤᠯᠢ᠎ᠪᠠᠷ ᠵᠠᠰᠠᠬᠤ ᠦᠢᠯᠡᠰ᠎ᠲᠡᠭᠡᠨ ᠬᠠᠢᠷᠠᠲᠠᠢ ᠬᠡᠳᠡᠭ᠎ᠢ ᠲᠠᠢᠯᠪᠤᠷᠢᠯᠠᠪᠠ᠃ ᠬᠤᠨᠠᠨ᠎ᠤ ᠱᠢᠭᠦᠬᠦ᠌ ᠬᠤᠷᠢᠶ᠎ᠠ᠎ᠶ᠋ᠢᠨ ᠱᠢᠭᠦᠬᠦ᠌ ᠲᠤᠱᠢᠶᠠᠯᠲᠠᠨ ᠵᠸᠦ ᠴᠦᠨ ᠮᠧᠶ 《ᠭᠤᠷᠪᠠᠨ ᠲᠣᠭ᠍ᠲᠠᠭᠠᠯ》 ᠎ᠢ ᠴᠢᠩᠭ᠎ᠠ ᠬᠡᠷᠡᠭ᠌ᠵᠢᠭᠦᠯᠵᠦ᠍᠂ ᠨᠠᠢᠷ ᠲᠠᠯ᠎ᠠ ᠬᠠᠷᠠᠵᠤ ᠤᠷᠢᠳᠴᠢᠯᠠᠨ ᠰᠠᠨᠠᠭᠤᠯᠬᠤ᠎ᠶ᠋ᠢ ᠲᠡᠪᠴᠢᠭ᠌ᠰᠡᠨ᠎ᠠᠴᠠ ᠮᠠᠭᠤ ᠡᠲᠡᠭᠡᠳ᠎ᠤᠨ ᠬᠤᠣᠷ ᠬᠦᠨᠦᠬᠡᠯ᠎ᠢ ᠠᠮᠰᠠᠵᠤ᠂  ᠬᠠᠤᠯᠢ ᠎ᠶ᠋ᠢᠨ ᠰᠦᠯᠳᠡ᠎ᠶ᠋ᠢ ᠠᠷᠢᠭᠤᠨ ᠴᠢᠰᠤ᠎ᠪᠠᠷ᠎ᠢᠶᠠᠨ ᠪᠢᠯᠳᠠᠵᠤ᠂ ᠬᠠᠤᠯᠢ ᠪᠠᠷᠢᠯᠲᠠ᠎ᠶ᠋ᠢᠨ ᠲᠥᠪ  ᠭᠤᠣᠯᠴᠢ ᠎ᠶ᠋ᠢ ᠠᠯᠳᠠᠨ ᠠᠮᠢ᠎ᠪᠠᠷ᠎ᠢᠶᠠᠨ ᠬᠠᠮᠠᠭᠠᠯᠠᠪᠠ!

ᠬᠠᠤᠯᠢ ᠪᠠᠷᠢᠬᠤ ᠴᠢᠳᠠᠪᠤᠷᠢ᠎ᠪᠠᠨ ᠳᠡᠭᠡᠭ᠌ᠰᠢᠯᠡᠭᠦᠯᠪᠡ᠃ ᠪᠣᠳᠠᠲᠤ ᠦᠢᠯᠡᠳᠦᠯᠬᠡ ᠪᠣᠳᠠᠲᠤ ᠬᠡᠷᠡᠭ᠌ᠯᠡᠭᠡ ᠪᠣᠳᠠᠲᠤ ᠦᠷ᠎ᠡ ᠪᠦᠲᠦᠮᠵᠢ᠎ᠪᠠᠷ ᠤᠳᠤᠷᠢᠳᠤᠮᠵᠢ ᠪᠣᠯᠭᠠᠬᠤ᠎ᠶ᠋ᠢ ᠳᠣᠪᠤᠢᠯᠭᠠᠵᠤ᠂ ᠺᠠᠳ᠋ᠷ ᠴᠠᠭ᠍ᠳᠠᠭ᠎ᠠ᠎ᠶ᠋ᠢ ᠬᠢᠵᠢᠭ᠎ᠢ ᠡᠰᠡᠷᠭᠦᠴᠡᠬᠦ᠌ ᠲᠡᠮᠡᠴᠡᠯ᠎ᠳᠤ ᠦᠢᠯᠡᠴᠢᠯᠡᠬᠦ᠂ ᠵᠥᠷᠢᠴᠡᠯ ᠵᠠᠭᠤᠷᠠᠯᠳᠤᠭᠠᠨ᠎ᠢ ᠱᠢᠢᠳᠪᠦᠷᠢᠯᠡᠬᠦ᠂ ᠥᠭᠡᠷᠡᠴᠢᠯᠡᠯᠲᠡ᠎ᠶ᠋ᠢᠨ ᠪᠡᠷᠬᠡ ᠰᠡᠳᠦᠪ᠎ᠢ ᠱᠢᠢᠳᠪᠦᠷᠢᠯᠡᠬᠦ᠌ ᠱᠢᠯᠭᠠᠯᠲᠠ᠎ᠶ᠋ᠢᠨ ᠳᠤᠮᠳᠠ ᠳᠠᠪᠳᠠᠭ᠍ᠳᠠᠭᠤᠯᠵᠤ᠂ ᠡᠷᠳᠡᠮ ᠴᠢᠳᠠᠪᠤᠷᠢ᠎ᠶ᠋ᠢ᠎ᠨᠢ ᠨᠡᠮᠡᠭ᠌ᠳᠡᠭᠦᠯᠪᠡ᠃ ᠱᠢᠭᠦᠬᠦ᠌ ᠲᠤᠱᠢᠶᠠᠯᠲᠠᠨ᠎ᠤ ᠬᠠᠤᠯᠢ᠎ᠶ᠋ᠢ ᠬᠢᠨᠠᠮᠠᠭᠠᠶ ᠨᠠᠢᠳᠠᠪᠤᠷᠢᠵᠢᠭᠤᠯᠤᠨ᠂ ᠱᠢᠭᠦᠬᠦ᠌ ᠲᠤᠱᠢᠶᠠᠯᠲᠠᠨ᠎ᠤ ᠬᠥᠮᠦᠵᠢᠯ ᠪᠣᠯᠪᠠᠰᠤᠷᠠᠭᠤᠯᠤᠯ᠎ᠤᠨ ᠠᠵᠢᠯ᠎ᠤᠨ ᠳᠦᠷᠢᠮ᠎ᠢ ᠵᠠᠰᠠᠨ ᠲᠣᠬ᠍ᠲᠠᠭᠠᠵᠤ᠂ ᠺᠠᠳ᠋ᠷ ᠴᠠᠭ᠍ᠳᠠᠭ᠎ᠠ᠎ᠶ᠋ᠢ 320.8 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠵᠤ᠂ ᠦᠢᠯᠡᠳᠦᠯᠭᠡ᠎ᠶ᠋ᠢᠨ ᠳᠠᠪᠲᠠᠨ ᠪᠣᠯᠪᠠᠰᠤᠷᠠᠭᠤᠯᠤᠯᠲᠠ ᠪᠠ ᠲᠤᠰᠭᠠᠶ ᠮᠡᠷᠭᠡᠵᠢᠯ᠎ᠤᠨ ᠰᠤᠷᠭᠠᠭᠤᠯᠢᠯᠠᠯ ᠪᠣᠯᠪᠠᠰᠤᠷᠠᠭᠤᠯᠤᠯ᠎ᠢ᠎ᠨᠢ ᠴᠢᠩᠭᠠᠳᠭᠠᠪᠠ᠃ ᠱᠢᠭᠦᠨ ᠲᠠᠰᠤᠯᠤᠯᠲᠠ᠎ᠶ᠋ᠢ ᠲᠤᠰᠭᠠᠢᠵᠢᠭᠤᠯᠬᠤ ᠪᠠᠢᠭᠤᠯᠤᠯᠲᠠ᠎ᠶ᠋ᠢ ᠠᠬᠢᠭᠤᠯᠵᠤ᠂ ᠭᠠᠳᠠᠭᠠᠳᠤ᠎ᠲᠠᠢ ᠬᠤᠯᠪᠣᠭ᠍ᠳᠠᠬᠤ᠂ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠂ ᠢᠨᠲ᠋ᠧᠷ ᠰᠦᠯᠵᠢᠶ᠎ᠡ ᠵᠡᠷᠭᠡ ᠲᠠᠯ᠎ᠠ᠎ᠶ᠋ᠢᠨ ᠱᠢᠭᠦᠨ ᠲᠠᠰᠤᠯᠬᠤ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠴᠢᠩᠭᠠᠳᠭᠠᠵᠤ᠂ ᠱᠢᠯᠢᠳᠡᠭ ᠵᠠᠯᠠᠭᠤ ᠺᠠᠳ᠋ᠷᠴᠤᠳ᠎ᠢ ᠶᠡᠭᠡ᠎ᠪᠠᠷ ᠢᠯᠡᠷᠡᠭᠦᠯᠦᠨ ᠬᠥᠮᠦᠵᠢᠭᠦᠯᠵᠦ᠍ ᠰᠤᠩᠭᠤᠨ ᠳᠡᠪᠱᠢᠭᠦᠯᠪᠡ᠃ ᠱᠢᠭᠦᠬᠦ᠌ ᠲᠤᠱᠢᠶᠠᠯᠲᠠᠨ᠎ᠢ ᠲᠤᠱᠢᠶᠠᠯ᠎ᠳᠤ ᠳᠤᠮᠢᠯᠠᠬᠤ ᠲᠦᠷᠦ᠎ᠶ᠋ᠢᠨ ᠪᠤᠳᠤᠯᠭ᠎ᠠ᠎ᠶ᠋ᠢ ᠵᠣᠯᠭᠠᠭᠤᠯᠬᠤ᠎ᠶ᠋ᠢ ᠲᠡᠭᠦᠯᠳᠡᠷᠵᠢᠭᠦᠯᠦᠨ᠂ ᠱᠢᠬᠦᠬᠦ᠌ ᠲᠤᠱᠢᠶᠠᠯᠳᠠᠨ᠎ᠤ ᠤᠷᠤᠨ ᠲᠤᠭ᠎ᠠ᠎ᠶ᠋ᠢ ᠮᠥᠵᠢ᠎ᠶ᠋ᠢᠨ ᠱᠠᠳᠤᠨ᠎ᠤ ᠨᠢᠭᠡᠳᠤᠯᠳᠠᠢ ᠲᠥᠯᠥᠪᠯᠡᠬᠦ᠂ ᠬᠥᠳᠡᠯᠥᠩᠭᠦᠢ ᠲᠤᠬᠢᠷᠠᠭᠤᠯᠬᠤ᠎ᠶ᠋ᠢ ᠴᠢᠩᠭᠠᠳᠭᠠᠵᠥ᠍᠂ ᠤᠷᠤᠨ ᠨᠤᠳᠤᠬ᠎ᠤᠨ ᠠᠵᠤ ᠠᠬᠤᠢ ᠨᠡᠢᠭᠡᠮ᠎ᠤᠨ ᠬᠥᠭ᠌ᠵᠢᠯᠳᠠ᠎ᠶ᠋ᠢᠨ ᠪᠤᠳᠠᠳᠤ ᠪᠠᠢᠳᠠᠯ ᠪᠠ ᠭᠡᠷᠡᠭ᠎ᠤᠨ ᠶᠡᠷᠥᠩᠭᠡᠢ ᠬᠡᠮᠵᠢᠶ᠎ᠠ᠎ᠶ᠋ᠢ ᠥᠨᠳᠤᠰᠤᠯᠠᠨ ᠤᠷᠤᠨ ᠲᠤᠭ᠎ᠠ᠎ᠶ᠋ᠢᠨ ᠱᠢᠬᠦᠬᠦ᠌ ᠲᠤᠱᠢᠶᠠᠯᠳᠠᠨ᠎ᠢ ᠱᠢᠨᠵᠢᠯᠡᠬᠦ᠌ ᠤᠬᠠᠭᠠᠨᠴᠢ᠎ᠪᠠᠷ ᠲᠤᠬᠢᠷᠠᠭᠤᠯᠤᠨ᠎ᠠ᠃ ᠳᠤᠮᠳᠠ ᠬᠡᠰᠡᠭ ᠪᠠᠷᠠᠭᠤᠨ ᠬᠡᠰᠡᠭ᠎ᠤᠨ ᠬᠠᠳᠠᠭᠤ ᠪᠡᠷᠬᠡᠱᠢᠶᠡᠯᠲᠡᠶ ᠵᠠᠬ᠎ᠠ ᠬᠢᠵᠠᠭᠠᠷ ᠣᠷᠣᠨ᠎ᠤ ᠱᠢᠭᠦᠬᠦ᠌ ᠬᠤᠷᠢᠶᠠᠨ᠎ᠤ ᠴᠢᠳᠠᠪᠤᠷᠢᠲᠠᠨ ᠳᠤᠲᠠᠭ᠍ᠳᠠᠵᠤ ᠪᠠᠢᠭ᠎ᠠ ᠠᠰᠠᠭᠤᠳᠠᠯ᠎ᠢ ᠱᠢᠢᠳᠪᠦᠷᠢᠯᠡᠪᠡ᠃ ᠺᠠᠳ᠋ᠷ᠎ᠢ ᠰᠣᠩᠭᠤᠨ ᠲᠣᠮᠢᠯᠠᠬᠤ᠂ ᠬᠤᠣᠰ ᠬᠡᠯᠡᠨ᠎ᠤ ᠱᠢᠭᠦᠬᠦ᠌ ᠲᠤᠱᠢᠶᠠᠯᠲᠠᠨ᠎ᠢ ᠬᠥᠮᠦᠵᠢᠭᠦᠯᠬᠦ᠂ ᠯᠧᠺᠲ᠋ᠣᠷ᠎ᠤᠨ ᠪᠦᠯᠬᠦᠮ ᠲᠣᠭᠤᠷᠢᠨ ᠬᠢᠴᠢᠶᠡᠯᠯᠡᠭᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠪᠠᠷᠠᠭᠤᠨ ᠬᠡᠰᠡᠭ᠎ᠤᠨ ᠭᠠᠵᠠᠷ ᠣᠷᠣᠨ ᠵᠢᠴᠢ ᠦᠨᠳᠦᠰᠦᠲᠡᠨ᠎ᠤ ᠭᠠᠵᠠᠷ ᠣᠷᠣᠨ᠎ᠤ ᠦᠨᠳᠦᠰᠦᠨ ᠱᠠᠲᠤᠨ᠎ᠤ ᠱᠢᠭᠦᠬᠦ᠌ ᠬᠤᠷᠢᠶ᠎ᠠ᠎ᠶ᠋ᠢᠨ ᠡᠩᠨᠡᠭᠡᠨ᠎ᠤ ᠪᠠᠢᠭᠤᠯᠤᠯᠲᠠ᠎ᠶ᠋ᠢ ᠳᠡᠮᠵᠢᠪᠡ᠃

ᠨᠠᠮ᠎ᠤᠨ ᠰᠤᠷᠲᠠᠯ ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢᠭᠤᠯᠤᠯᠲᠠ  ᠪᠣᠯᠤᠨ ᠢᠯᠵᠠᠷᠠᠯ ᠎ᠢ  ᠡᠰᠡᠷᠭᠦᠴᠡᠬᠦ᠌   ᠲᠡᠮᠡᠴᠡᠯ ᠎ᠢ ᠠᠬᠢᠭᠤᠯᠪᠠ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠱᠢᠭᠦᠬᠦ᠌ ᠬᠤᠷᠢᠶ᠎ᠠ᠎ᠶ᠋ᠢ ᠴᠢᠩᠭ᠎ᠠ ᠵᠠᠰᠠᠬᠤ᠂ ᠴᠢᠩᠭ᠎ᠠ ᠬᠠᠮᠢᠶᠠᠷᠬᠤ᠎ᠶ᠋ᠢ ᠪᠠᠷᠢᠮᠲᠠᠯᠠᠨ᠂ ᠲᠥᠪ ᠬᠤᠷᠢᠶᠠᠨ᠎ᠤ ᠨᠠᠢ᠍ᠮᠠᠨ ᠵᠤᠷᠪᠤᠰ ᠲᠣᠭ᠍ᠲᠠᠭᠠᠯ ᠵᠢᠴᠢ ᠲᠡᠭᠦᠨ᠎ᠤ ᠬᠡᠷᠡᠭ᠌ᠵᠢᠭᠦᠯᠬᠦ᠌ ᠨᠠᠷᠢᠨ ᠳᠦᠷᠢᠮ᠎ᠤᠨ ᠵᠣᠷᠢᠭ ᠰᠠᠨᠠᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠱᠢᠭᠦᠬᠦ᠌ ᠶᠠᠪᠤᠳᠠᠯ᠎ᠤᠨ ᠱᠢᠪᠠᠳᠠᠨ ᠪᠠᠢᠴᠠᠭᠠᠯᠲᠠ᠎ᠪᠠᠷ ᠢᠯᠡᠷᠡᠭᠦᠯᠦᠭ᠌ᠰᠡᠨ ᠠᠰᠠᠭᠤᠳᠠᠯ᠎ᠳᠤ ᠴᠢᠭ᠌ᠯᠡᠭᠦᠯᠵᠦ᠍᠂ ᠬᠠᠤᠯᠢ ᠪᠠᠷᠢᠬᠤ ᠰᠤᠷᠲᠠᠯ᠎ᠤᠨ ᠲᠤᠰᠭᠠᠶ ᠴᠡᠭ᠌ᠴᠡᠯᠡᠨ ᠵᠠᠰᠠᠯᠲᠠ᠎ᠶ᠋ᠢ ᠥᠷᠨᠢᠭᠦᠯᠪᠡ᠃ ᠬᠠᠤᠯᠢ ᠪᠠᠷᠢᠯᠲᠠ᠎ᠶ᠋ᠢᠨ 《ᠭᠤᠷᠪᠠᠨ ᠲᠣᠭ᠍ᠲᠠᠭᠠᠯ》 ᠎ᠢ ᠬᠡᠷᠡᠭ᠌ᠵᠢᠬᠦᠯᠬᠦ᠌᠎ᠳᠤ ᠭᠠᠷ ᠲᠦᠷᠦᠭᠦ᠎ᠶ᠋ᠢ ᠰᠡᠷᠭᠡᠢᠯᠡᠭ᠌ᠰᠡᠨ ᠪᠠᠢᠳᠠᠯ᠎ᠢ ᠪᠠᠢᠨ ᠳᠠᠬᠢᠨ ᠡᠷᠬᠢᠨ ᠬᠠᠷᠠᠵᠤ᠂ ᠳᠥᠷᠪᠡᠨ ᠱᠠᠲᠤᠨ᠎ᠤ ᠱᠢᠭᠦᠬᠦ᠌ ᠬᠤᠷᠢᠶᠠᠨ᠎ᠤ ᠨᠢᠭᠡᠳᠦᠯᠲᠡᠶ ᠲᠡᠮᠳᠡᠭ᠌ᠯᠡᠵᠦ᠍ ᠮᠡᠳᠡᠭᠦᠯᠬᠦ᠌ ᠲᠠᠪᠴᠠᠩ᠎ᠢ ᠲᠡᠭᠦᠯᠳᠡᠷᠵᠢᠭᠦᠯᠦᠨ᠂ ᠰᠠᠷ᠎ᠠ᠎ᠳᠤ ᠮᠡᠳᠡᠭᠦᠯᠬᠦ᠌ ᠳᠦᠷᠢᠮ᠎ᠢ ᠬᠡᠷᠡᠭ᠌ᠵᠢᠭᠦᠯᠵᠦ᠍᠂ ᠬᠠᠲᠠᠭᠤ ᠲᠣᠭ᠍ᠲᠠᠭᠠᠯ ᠬᠤᠷᠢᠭ᠎ᠠ ᠴᠠᠭᠠᠵᠠ᠎ᠶ᠋ᠢ ᠨᠠᠢᠳᠠᠪᠤᠷᠢᠵᠢᠭᠤᠯᠵᠤ ᠪᠤᠳᠠᠳᠤ ᠦᠷ᠎ᠡ ᠪᠦᠲᠦᠮᠵᠢ ᠣᠯᠬᠤ᠎ᠶ᠋ᠢ ᠠᠬᠢᠭᠤᠯᠪᠠ᠃ ᠨᠠᠮ᠎ᠤᠨ ᠲᠥᠪ ᠬᠤᠷᠢᠶᠠᠨ᠎ᠤ ᠪᠠᠢᠷᠢᠯᠠᠭᠤᠯᠤᠯᠲᠠ ᠶᠣᠰᠣᠭᠠᠷ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢᠨ ᠲᠤᠷᠱᠢᠯᠲᠠ᠎ᠶ᠋ᠢ ᠯᠠᠪᠳᠠᠭᠤᠨ ᠪᠠᠲᠤᠲᠠᠶ ᠥᠷᠨᠢᠭᠦᠯᠦᠨ᠂ ᠤᠬ᠍ᠲᠤ ᠥᠯᠦ᠍ ᠬᠦᠯᠢᠴᠡᠬᠦ᠌ ᠣᠪᠣᠷ᠎ᠢᠶᠠᠷ ᠪᠥᠭᠦᠳᠡ᠎ᠶ᠋ᠢ ᠲᠦᠢᠳᠦᠭ᠌ᠴᠢ ᠪᠥᠲᠦᠯ ᠦᠭᠡᠢ ᠠᠮᠢᠲᠠᠨ᠎ᠢ ᠠᠷᠢᠯᠭᠠᠪᠠ᠃ ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠲᠤᠰ ᠬᠤᠷᠢᠶᠠᠨ᠎ᠤ ᠰᠠᠬᠢᠯᠭ᠎ᠠ ᠪᠠᠲᠤ ᠬᠠᠤᠯᠢ ᠴᠠᠭᠠᠵᠠ᠎ᠠᠴᠠ ᠵᠥᠷᠢᠴᠡᠭ᠌ᠰᠡᠨ 11 ᠺᠠᠳ᠋ᠷ ᠴᠠᠭ᠍ᠳᠠᠭ᠎ᠠ᠎ᠶ᠋ᠢ ᠪᠠᠢᠴᠠᠭᠠᠨ ᠱᠢᠢᠳᠪᠦᠷᠢᠯᠡᠪᠡ᠃ ᠡᠯ᠎ᠡ ᠱᠠᠲᠤᠨ᠎ᠤ ᠱᠢᠭᠦᠬᠦ᠌ ᠬᠤᠷᠢᠶ᠎ᠠ᠎ᠠᠴᠠ ᠱᠢᠭᠦᠨ ᠲᠠᠰᠤᠯᠬᠤ ᠭᠦᠢᠴᠡᠳᠭᠡᠬᠦ᠌ ᠡᠷᠬᠡ᠎ᠪᠠᠨ ᠠᠱᠢᠭ᠍ᠯᠠᠨ ᠰᠠᠬᠢᠯᠭ᠎ᠠ ᠪᠠᠲᠤ ᠬᠠᠤᠯᠢ ᠴᠠᠭᠠᠵᠠ᠎ᠠᠴᠠ ᠵᠥᠷᠢᠴᠡᠭ᠌ᠰᠡᠨ 1550 ᠺᠠᠳ᠋ᠷ ᠴᠠᠭ᠍ᠳᠠᠭ᠎ᠠ᠎ᠶ᠋ᠢ ᠪᠠᠢᠴᠠᠭᠠᠨ ᠱᠢᠢᠳᠪᠦᠷᠢᠯᠡᠵᠤ᠂ ᠡᠭᠦᠨ᠎ᠤ ᠳᠣᠲᠣᠷ᠎ᠠ 346 ᠬᠥᠮᠦᠨ᠎ᠠᠴᠠ ᠡᠷᠡᠭᠦᠦ᠎ᠶ᠋ᠢᠨ ᠬᠠᠷᠢᠭᠤᠴᠠᠯᠭ᠎ᠠ ᠨᠡᠬᠡᠮᠵᠢᠯᠡᠪᠡ᠃ ᠱᠢᠭᠦᠬᠦ᠌ ᠬᠤᠷᠢᠶᠠᠨ᠎ᠤ ᠱᠢᠰᠲ᠋ᠧᠮ᠎ᠳᠤ ᠡᠭᠦᠰᠦᠭ᠌ᠰᠡᠨ ᠰᠠᠬᠢᠯᠭ᠎ᠠ ᠪᠠᠲᠤ ᠬᠠᠤᠯᠢ ᠴᠠᠭᠠᠵᠠ᠎ᠠᠴᠠ ᠵᠥᠷᠢᠴᠡᠭ᠌ᠰᠡᠨ ᠬᠡᠷᠡᠭ᠎ᠤᠨ ᠵᠢᠱ᠌ᠢᠶ᠎ᠡ᠎ᠪᠠᠷ ᠲᠤᠯᠢᠯᠠᠭᠤᠯᠵᠤ᠂ 《ᠬᠡᠷᠡᠭ᠎ᠢᠶᠠᠷ ᠶᠣᠰᠣ ᠰᠤᠷᠲᠠᠬᠤᠨ᠎ᠢ ᠲᠠᠢᠯᠪᠤᠷᠢᠯᠠᠬᠤ᠂ ᠬᠡᠷᠡᠭ᠎ᠢᠶᠠᠷ ᠰᠠᠬᠢᠯᠭ᠎ᠠ ᠪᠠᠲᠤ᠎ᠶ᠋ᠢ ᠲᠠᠢᠯᠪᠤᠷᠢᠯᠠᠬᠤ᠂ ᠬᠡᠷᠡᠭ᠎ᠢᠶᠠᠷ ᠬᠠᠤᠯᠢ ᠴᠠᠭᠠᠵᠠ᠎ᠶ᠋ᠢ ᠲᠠᠢᠯᠪᠤᠷᠢᠯᠠᠬᠤ》 ᠰᠡᠷᠡᠮᠵᠢᠯᠡᠬᠦᠯᠬᠦ᠌ ᠬᠥᠮᠦᠵᠢᠯ᠎ᠢ ᠭᠦᠨᠵᠡᠭᠡᠶ ᠥᠷᠨᠢᠭᠦᠯᠪᠡ᠃ ᠲᠣᠱᠢᠶᠠᠯ ᠡᠬᠦᠷᠭᠡᠯᠡᠬᠦ᠌᠎ᠳᠤ ᠵᠠᠢᠯᠠᠬᠤ ᠲᠣᠭ᠍ᠲᠠᠭᠠᠯ᠎ᠢ ᠵᠠᠰᠠᠨ ᠲᠣᠬ᠍ᠲᠠᠭᠠᠵᠤ᠂ ᠱᠢᠭᠦᠬᠦ᠌ ᠬᠤᠷᠢᠶᠠᠨ᠎ᠤ ᠱᠢᠪᠠᠲᠠᠨ ᠪᠠᠢᠴᠠᠭᠠᠬᠤ ᠠᠵᠢᠯ᠎ᠢ ᠴᠢᠩᠭᠠᠳᠭᠠᠵᠤ᠂ ᠱᠢᠭᠦᠬᠦ᠌ ᠲᠤᠱᠢᠶᠠᠯᠲᠠᠨ᠎ᠢ ᠵᠠᠯᠬᠠᠭᠠᠨ ᠴᠡᠭᠡᠷᠯᠡᠭᠦᠯᠬᠦ᠌ ᠳᠦᠷᠢᠮ᠎ᠢ ᠪᠦᠷᠢᠨᠱᠢᠭᠦᠯᠦᠨ᠂ ᠬᠠᠤᠯᠢ ᠪᠠᠷᠢᠬᠤ ᠢᠯᠵᠠᠷᠠᠯ᠎ᠢ ᠰᠡᠷᠭᠡᠢᠯᠡᠬᠦ᠌ ᠪᠠ ᠴᠢᠩᠭ᠎ᠠ ᠱᠢᠢᠳᠭᠡᠵᠦ᠍᠂ ᠠᠷᠢᠭᠤᠨ ᠴᠢᠬᠡᠴᠢ ᠲᠥᠪ ᠰᠤᠷᠲᠠᠯ᠎ᠢᠶᠠᠨ ᠬᠠᠳᠠᠭᠠᠯᠠᠪᠠ᠃

ᠲᠤᠯᠤᠭ᠎ᠠ᠂ ᠤᠬᠠᠮᠰᠠᠷ᠎ᠠᠴᠠ᠎ᠪᠠᠨ ᠬᠢᠨᠠᠯᠲᠠ᠎ᠶ᠋ᠢ ᠬᠦᠯᠢᠶᠡᠪᠡ

ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠯᠲᠠ᠎ᠶ᠋ᠢ ᠬᠠᠤᠯᠢ ᠶᠣᠰᠣᠭᠠᠷ ᠬᠦᠯᠢᠶᠡᠵᠦ᠍᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠨᠠᠮᠠᠭᠠᠢ ᠨᠠᠢᠳᠠᠪᠤᠷᠢᠵᠢᠭᠤᠯᠪᠠ᠃ ᠲᠥᠯᠥᠭᠡᠯᠡᠭ᠌ᠴᠢᠳ᠎ᠤᠨ ᠡᠷᠬᠡ᠎ᠶ᠋ᠢ ᠬᠦᠨᠳᠦᠳᠭᠡᠬᠦ᠌᠎ᠨᠢ ᠠᠷᠠᠳ ᠲᠦᠮᠡᠨ᠎ᠤ ᠡᠷᠬᠡ᠎ᠶ᠋ᠢ ᠬᠦᠨᠳᠦᠳᠭᠡᠬᠦ᠌ ᠶᠠᠪᠤᠳᠠᠯ ᠪᠣᠯᠤᠨ᠎ᠠ᠂ ᠲᠥᠯᠥᠭᠡᠯᠡᠭ᠌ᠴᠢᠳ᠎ᠤᠨ ᠬᠢᠨᠠᠨ ᠶᠠᠷᠢᠯᠴᠠᠬᠤ ᠦᠶ᠎ᠡ᠎ᠳᠤ ᠳᠤᠷᠠᠳᠤᠭ᠍ᠰᠠᠨ 1349 ᠵᠦᠢᠯ᠎ᠤᠨ ᠰᠠᠨᠠᠯ ᠰᠠᠨᠠᠭᠤᠯᠭ᠎ᠠ᠎ᠲᠠᠢ ᠤᠶᠠᠯᠳᠤᠭᠤᠯᠤᠨ᠂ ᠪᠠᠢᠴᠠᠭᠠᠨ ᠰᠤᠳᠤᠯᠤᠯᠲᠠ᠎ᠪᠠᠨ ᠴᠢᠩᠭᠠᠳᠭᠠᠵᠤ᠂ ᠵᠤᠷᠪᠤᠰ ᠳᠠᠷᠠᠭᠠᠯᠠᠨ ᠨᠠᠢᠳᠠᠪᠤᠷᠢᠵᠢᠭᠤᠯᠵᠤ᠂ ᠱᠢᠬᠦᠬᠦ᠌ ᠬᠤᠷᠢᠶᠠᠨ᠎ᠤ ᠠᠵᠢᠯ᠎ᠤᠨ ᠬᠦᠭ᠌ᠵᠢᠯᠳᠠ᠎ᠶ᠋ᠢ ᠠᠬᠢᠭᠤᠯᠬᠤ ᠬᠦᠳᠡᠯᠬᠡᠭ᠌ᠴᠢ ᠬᠦᠴᠦ᠍ ᠪᠠ ᠪᠤᠳᠠᠳᠤ ᠦᠷ᠎ᠡ ᠪᠦᠳᠦᠮᠵᠢ ᠪᠣᠯᠭᠠᠨ ᠬᠤᠪᠢᠷᠠᠭᠤᠯᠪᠠ᠃ ᠵᠢᠱ᠌ᠢᠶᠡᠯᠡᠪᠡᠯ᠂ ᠬᠢᠵᠢᠭ᠎ᠤᠨ ᠳᠠᠷᠠᠭᠠᠬᠢ ᠠᠵᠤ ᠠᠬᠤᠢᠯᠠᠯ᠎ᠳᠤ ᠬᠤᠯᠪᠣᠭ᠍ᠳᠠᠭ᠍ᠰᠠᠨ ᠵᠢᠭᠤᠷᠠᠯᠳᠤᠭᠠᠨ᠎ᠤ ᠬᠤᠯᠪᠤᠯᠳᠤᠨ ᠡᠶᠡᠳᠡᠭᠦᠯᠵᠦ᠍ ᠬᠤᠯᠪᠤᠯᠳᠤᠨ ᠬᠥᠳᠡᠯᠦᠯᠴᠡᠬᠦ᠌ ᠲᠣᠭ᠍ᠲᠠᠴᠠ᠎ᠶ᠋ᠢ ᠪᠠᠢᠭᠤᠯᠬᠤ ᠰᠠᠨᠠᠭᠤᠯᠭ᠎ᠠ᠎ᠳᠤ ᠴᠢᠭ᠌ᠯᠡᠭᠦᠯᠦᠨ᠂ ᠬᠢᠵᠢᠭ᠎ᠲᠤ ᠬᠤᠯᠪᠣᠭ᠍ᠳᠠᠭ᠍ᠰᠠᠨ ᠬᠠᠤᠯᠢ ᠴᠠᠭᠠᠵᠠ᠎ᠶ᠋ᠢᠨ ᠲᠦᠭ᠌ᠰᠢᠭᠦᠷᠢ᠎ᠶ᠋ᠢᠨ ᠰᠠᠨᠠᠭᠤᠯᠤᠮᠵᠢ᠎ᠶ᠋ᠢ ᠴᠢᠩᠭᠠᠳᠭᠠᠵᠤ᠂ ᠨᠢᠭᠡ ᠯᠡ ᠥᠷᠲᠡᠭᠡᠨ᠎ᠤ ᠮᠠᠶᠢᠭ᠎ᠤᠨ ᠲᠠᠪᠴᠠᠩ᠎ᠳᠤ ᠲᠦᠱᠢᠭ᠌ᠯᠡᠨ ᠬᠤᠯᠪᠤᠯᠳᠤᠨ ᠬᠥᠳᠡᠯᠦᠯᠴᠡᠵᠦ᠍ ᠵᠥᠷᠢᠴᠡᠯ᠎ᠢ ᠱᠢᠢᠳᠪᠦᠷᠢᠯᠡᠨ᠂ ᠠᠵᠤ ᠠᠬᠤᠢᠯᠠᠯ᠎ᠢ ᠲᠣᠭ᠍ᠲᠠᠭᠤᠨ ᠪᠠᠢᠯᠭᠠᠵᠤ ᠠᠵᠢᠯ ᠣᠯᠭᠤᠯᠲᠠ᠎ᠶ᠋ᠢ ᠪᠠᠲᠤᠯᠠᠬᠤ᠎ᠳᠤ ᠬᠦᠴᠦᠨ᠎ᠢᠶᠠᠨ ᠨᠡᠮᠡᠷᠢᠯᠡᠪᠡ; ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠬᠠᠤᠯᠢ᠎ᠪᠠᠷ ᠵᠠᠰᠠᠬᠤ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌ ᠰᠠᠨᠠᠭᠤᠯᠭ᠎ᠠ᠎ᠳᠤ ᠴᠢᠭ᠌ᠯᠡᠭᠦᠯᠦᠨ᠂ ᠥᠮᠴᠢᠯᠡᠬᠦ᠌ ᠡᠷᠬᠡ᠎ᠶ᠋ᠢ ᠬᠠᠤᠯᠢ ᠪᠠᠷᠢᠯᠲᠠ᠎ᠪᠠᠷ ᠬᠠᠮᠠᠭᠠᠯᠠᠬᠤ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠵᠦ᠍᠂ ᠬᠤᠳᠠᠯᠳᠤᠭᠠᠴᠢᠳ᠎ᠤᠨ ᠡᠪᠯᠡᠯ᠎ᠤᠨ ᠡᠶᠡᠳᠡᠭᠦᠯᠬᠦ᠌ ᠲᠠᠪᠴᠠᠩ᠎ᠲᠠᠢ ᠵᠣᠯᠭᠠᠭᠤᠯᠵᠤ᠂ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠬᠠᠤᠯᠢ ᠶᠣᠰᠣᠭᠠᠷ ᠡᠷᠬᠡ᠎ᠪᠠᠨ ᠬᠠᠮᠠᠭᠠᠯᠠᠬᠤ᠎ᠳᠤ ᠲᠦᠬᠦᠮ ᠦᠵᠡᠭᠦᠯᠪᠡ; ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠡᠷᠡᠭᠦᠦ᠎ᠶ᠋ᠢᠨ ᠬᠡᠷᠡᠭ᠎ᠤᠨ ᠬᠠᠤᠯᠢ ᠪᠠᠷᠢᠯᠲᠠ᠎ᠪᠠᠷ ᠬᠠᠮᠠᠭᠠᠯᠠᠬᠤ ᠡᠷᠴᠢᠮ᠎ᠢ ᠴᠢᠩᠭᠠᠷᠠᠭᠤᠯᠬᠤ ᠰᠠᠨᠠᠭᠤᠯᠭ᠎ᠠ᠎ᠳᠤ ᠴᠢᠭ᠌ᠯᠡᠭᠦᠯᠦᠨ᠂ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠡᠷᠡᠭᠦᠦ᠎ᠶ᠋ᠢᠨ ᠬᠡᠷᠡᠭ᠎ᠢ ᠱᠢᠢᠳᠪᠦᠷᠢᠯᠡᠬᠦ᠌ ᠬᠠᠤᠯᠢ ᠪᠠᠷᠢᠬᠤ ᠲᠠᠢᠯᠪᠤᠷᠢᠯᠠᠯᠲᠠ᠎ᠶ᠋ᠢ ᠨᠡᠢᠲᠡᠯᠡᠵᠦ᠍᠂ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢ ᠬᠠᠤᠯᠢ ᠪᠠᠷᠢᠯᠲᠠ᠎ᠪᠠᠷ ᠬᠠᠮᠠᠭᠠᠯᠠᠬᠤ ᠲᠦᠷᠢᠮ᠎ᠢ ᠲᠡᠭᠦᠯᠳᠡᠷᠵᠢᠭᠦᠯᠪᠡ; ᠡᠮᠡᠭ᠌ᠲᠡᠢᠴᠦᠳ ᠬᠡᠦᠬᠡᠳ᠎ᠢ ᠬᠠᠤᠯᠢ ᠪᠠᠷᠢᠯᠲᠠ᠎ᠪᠠᠷ ᠬᠠᠮᠠᠭᠠᠯᠠᠬᠤ᠎ᠶ᠋ᠢ ᠴᠢᠩᠭᠠᠳᠭᠠᠬᠤ ᠰᠠᠨᠠᠭᠤᠯᠭ᠎ᠠ᠎ᠳᠤ ᠴᠢᠭ᠌ᠯᠡᠭᠦᠯᠦᠨ᠂ ᠭᠡᠷ ᠪᠦᠯᠢ᠎ᠶ᠋ᠢᠨ ᠬᠦᠴᠦᠷᠬᠡᠭ᠌ᠯᠡᠯ᠎ᠢ ᠡᠰᠡᠷᠭᠦᠴᠡᠬᠦ᠌ ᠡᠷᠴᠢᠮ᠎ᠢᠶᠠᠨ ᠴᠢᠩᠭᠠᠷᠠᠭᠤᠯᠵᠤ᠂ ᠪᠠᠭᠠᠴᠤᠳ᠎ᠤᠨ ᠲᠤᠬᠠᠢ ᠬᠠᠤᠯᠢ ᠪᠠᠷᠢᠬᠤ ᠲᠦᠷᠢᠮ᠎ᠢ ᠲᠡᠭᠦᠯᠳᠡᠷᠵᠢᠭᠦᠯᠵᠦ᠍᠂ ᠨᠠᠰᠤᠨ᠎ᠳᠤ ᠦᠯᠤ ᠬᠥᠷᠦᠭ᠌ᠰᠡᠳ᠎ᠢ ᠬᠠᠮᠠᠭᠠᠯᠠᠬᠤ ᠪᠠ ᠶᠠᠯ᠎ᠠ ᠬᠢᠬᠦ᠌᠎ᠶ᠋ᠢ ᠤᠷᠢᠳᠴᠢᠯᠠᠨ ᠰᠡᠷᠭᠡᠢᠯᠡᠬᠦ᠌᠎ᠶ᠋ᠢ ᠴᠢᠩᠭᠠᠳᠭᠠᠪᠠ᠃ ᠴᠢᠬᠤᠯᠠ ᠶᠡᠭᠡ ᠬᠠᠤᠯᠢ ᠪᠠᠷᠢᠬᠤ ᠲᠠᠢᠯᠪᠤᠷᠢᠯᠠᠯᠲᠠ᠎ᠶ᠋ᠢ ᠲᠣᠭ᠍ᠲᠠᠭᠠᠬᠤ ᠶᠠᠪᠤᠴᠠ᠎ᠳᠤ᠂ ᠬᠤᠯᠪᠣᠭ᠍ᠳᠠᠯ ᠪᠦᠬᠦᠢ ᠲᠤᠰᠭᠠᠶ ᠮᠡᠷᠭᠡᠵᠢᠯ᠎ᠤᠨ ᠬᠦᠷᠢᠶᠡᠨ᠎ᠤ ᠠᠷᠠᠳ᠎ᠤᠨ ᠲᠥᠯᠥᠭᠡᠯᠡᠭ᠌ᠴᠢᠳ ᠪᠠ ᠤᠯᠤᠰ ᠲᠦᠷᠦ᠎ᠶ᠋ᠢᠨ ᠭᠡᠱᠢᠭᠦᠳ᠎ᠤᠨ ᠰᠠᠨᠠᠯ ᠰᠠᠨᠠᠭᠤᠯᠭ᠎ᠠ᠎ᠶ᠋ᠢ ᠰᠣᠨᠤᠰᠭᠤ ᠶᠠᠪᠤᠳᠠᠯ᠎ᠢ ᠴᠢᠬᠤᠯᠠᠴᠢᠯᠠᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠳᠤ ᠢᠷᠭᠡᠨ᠎ᠤ ᠬᠡᠷᠡᠭ᠎ᠤᠨ ᠱᠢᠭᠦᠨ ᠲᠠᠰᠤᠯᠬᠤ ᠠᠵᠢᠯ᠎ᠢ ᠴᠢᠩᠭᠠᠳᠭᠠᠭ᠍ᠰᠠᠨ ᠪᠠᠢᠳᠠᠯ᠎ᠢᠶᠠᠨ ᠲᠤᠰᠭᠠᠶ ᠰᠡᠳᠦᠪ᠎ᠢᠶᠠᠷ ᠮᠡᠳᠡᠭᠦᠯᠵᠦ᠍᠂ ᠬᠢᠨᠠᠨ ᠶᠠᠷᠢᠯᠴᠠᠭ᠍ᠰᠠᠨ ᠰᠠᠨᠠᠯ᠎ᠢ ᠦᠨᠳᠦᠰᠦᠯᠡᠨ ᠬᠠᠤᠯᠢ ᠪᠠᠷᠢᠯᠲᠠ᠎ᠶ᠋ᠢᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠳᠤ ᠦᠢᠯᠡᠴᠢᠯᠡᠬᠦ᠌ ᠴᠢᠳᠠᠪᠤᠷᠢ᠎ᠶ᠋ᠢᠨ ᠲᠦᠪᠱᠢᠨ᠎ᠢ ᠳᠡᠭᠡᠭ᠌ᠰᠢᠯᠡᠭᠦᠯᠪᠡ᠃ ᠲᠥᠯᠥᠭᠡᠯᠡᠭ᠌ᠴᠢᠳ᠎ᠢ ᠤᠷᠢᠵᠤ ᠬᠠᠤᠯᠢ ᠪᠠᠷᠢᠯᠲᠠ᠎ᠪᠠᠷ ᠬᠥᠬᠡᠮᠥ᠋ᠷᠡᠨ᠎ᠢ ᠬᠠᠮᠠᠭᠠᠯᠠᠬᠤ ᠵᠡᠷᠭᠡ ᠪᠠᠢᠴᠠᠭᠠᠨ ᠦᠵᠡᠬᠦ᠌ ᠪᠠ ᠪᠠᠢᠴᠠᠭᠠᠨ ᠰᠤᠳᠤᠯᠬᠤ ᠠᠵᠢᠯᠯᠠᠭ᠎ᠠ᠎ᠳᠤ ᠣᠷᠣᠯᠴᠠᠭᠤᠯᠪᠠ᠃ 371 ᠬᠤᠪᠢ ᠲᠥᠯᠥᠭᠡᠯᠡᠭ᠌ᠴᠢ᠎ᠶ᠋ᠢᠨ ᠰᠠᠨᠠᠭᠤᠯᠭ᠎ᠠ ᠪᠠ 409 ᠬᠤᠪᠢ ᠡᠳᠦᠷ ᠲᠤᠲᠤᠮ᠎ᠤᠨ ᠰᠠᠨᠠᠭᠤᠯᠭ᠎ᠠ᠎ᠳᠤ ᠴᠢᠭ᠌ᠯᠡᠭᠦᠯᠦᠨ᠂ ᠨᠢᠭᠡᠳ ᠨᠢᠭᠡ᠎ᠪᠠᠷ ᠮᠥᠷᠳᠡᠨ ᠭᠦᠢᠴᠡᠳᠭᠡᠵᠦ᠍᠂ ᠬᠢᠨᠠᠮᠠᠭᠠᠶ ᠨᠡᠪᠲᠡᠷᠡᠯᠴᠡᠨ ᠬᠠᠷᠢᠭᠤ ᠲᠤᠰᠭᠠᠵᠤ᠂ ᠬᠦᠴᠦᠷᠬᠡᠭ᠌ᠯᠡᠯ᠎ᠢᠶᠠᠷ ᠡᠮᠨᠡᠯᠭᠡ᠎ᠶ᠋ᠢᠨ ᠠᠵᠢᠯᠳᠠᠨ᠎ᠢ ᠭᠡᠮᠲᠦᠭᠡᠬᠦ᠂ ᠬᠤᠳᠠᠯᠳᠤᠭᠠᠨ᠎ᠤ ᠨᠢᠭᠤᠴᠠ᠎ᠶ᠋ᠢ ᠬᠠᠮᠠᠭᠠᠯᠠᠬᠤ ᠵᠡᠷᠭᠡ ᠠᠵᠢᠯ ᠢᠳᠡᠪᠬᠢᠲᠡᠢ ᠠᠬᠢᠯᠲᠠ ᠣᠯᠬᠤ᠎ᠶ᠋ᠢ᠎ᠨᠢ ᠠᠬᠢᠭᠤᠯᠪᠠ᠃ ᠠᠷᠠᠳᠴᠢᠯᠠᠭ᠍ᠰᠠᠨ ᠬᠢᠨᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠵᠦ᠍᠂ ᠤᠯᠤᠰ ᠲᠦᠷᠦ᠎ᠶ᠋ᠢᠨ ᠵᠥᠪᠯᠡᠯᠭᠡᠨ᠎ᠤ 147 ᠬᠤᠪᠢ ᠰᠠᠨᠠᠯ ᠳᠤᠷᠠᠳᠤᠯᠭ᠎ᠠ᠎ᠶ᠋ᠢ ᠱᠢᠢᠳᠪᠦᠷᠢᠯᠡᠵᠦ᠍᠂ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠭᠡᠱᠢᠭᠦᠳ᠎ᠢ 110 ᠭᠠᠷᠤᠶ ᠬᠥᠮᠦᠨ ᠤᠳᠠᠭ᠎ᠠ ᠰᠤᠷᠪᠤᠯᠵᠢᠯᠠᠨ ᠬᠦᠯᠢᠶᠡᠨ ᠠᠪᠤᠪᠠ᠃ ᠠᠷᠠᠳᠴᠢᠯᠠᠭ᠍ᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠴᠢᠳ᠎ᠤᠨ ᠬᠤᠯᠪᠣᠭ᠎ᠠ ᠪᠣᠯᠤᠨ ᠨᠠᠮ ᠪᠦᠯᠦᠭ᠎ᠤᠨ ᠪᠤᠰᠤ ᠬᠥᠮᠦᠰ᠎ᠯᠦᠭᠡ᠎ᠶ᠋ᠢᠨ ᠨᠡᠪᠲᠡᠷᠡᠯᠴᠡᠭᠡ ᠬᠠᠷᠢᠯᠴᠠᠭ᠎ᠠ᠎ᠪᠠᠨ ᠱᠢᠯᠤᠭᠤᠳᠭᠠᠵᠤ᠂ ᠦᠨᠡᠨ ᠰᠡᠳᠭᠢᠯ᠎ᠠᠴᠠ᠎ᠪᠠᠨ ᠰᠠᠨᠠᠯ ᠰᠣᠨᠣᠰᠪᠠ᠃ ᠬᠢᠨᠠᠨ ᠪᠠᠢᠴᠠᠭᠠᠬᠤ ᠬᠠᠤᠯᠢ᠎ᠶ᠋ᠢ ᠲᠤᠭᠤᠱᠢᠯᠠᠭᠤᠯᠵᠤ᠂ ᠬᠢᠨᠠᠨ ᠪᠠᠢᠴᠠᠭᠠᠬᠤ ᠪᠠᠢᠭᠤᠯᠭ᠎ᠠ᠎ᠶ᠋ᠢᠨ ᠱᠢᠭᠦᠬᠦ᠌ ᠬᠤᠷᠢᠶᠠᠨ᠎ᠤ ᠠᠵᠢᠯᠲᠠᠨ᠎ᠳᠤ ᠲᠠᠯᠪᠢᠬᠤ ᠬᠢᠨᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠪᠡ᠃ ᠪᠠᠢᠴᠠᠭᠠᠬᠤ ᠪᠠᠢᠭᠤᠯᠭ᠎ᠠ᠎ᠶ᠋ᠢᠨ ᠵᠠᠷᠭᠤ᠎ᠶ᠋ᠢᠨ ᠬᠢᠨᠠᠯᠲᠠ᠎ᠶ᠋ᠢ ᠬᠠᠤᠯᠢ ᠶᠣᠰᠣᠭᠠᠷ ᠬᠦᠯᠢᠶᠡᠵᠦ᠍᠂ ᠡᠰᠡᠷᠭᠦᠴᠡᠨ ᠵᠠᠭᠠᠯᠳᠤᠭ᠍ᠰᠠᠨ ᠬᠡᠷᠡᠭ᠎ᠢ ᠭᠤᠣᠯᠴᠢ᠎ᠪᠠᠷ ᠱᠢᠭᠦᠵᠦ᠍᠂ ᠪᠠᠢᠴᠠᠭᠠᠬᠤ ᠰᠠᠨᠠᠭᠤᠯᠭ᠎ᠠ᠎ᠶ᠋ᠢ ᠬᠢᠨᠠᠮᠠᠭᠠᠶ ᠱᠢᠢᠳᠪᠦᠷᠢᠯᠡᠪᠡ᠃ ᠨᠡᠢᠭᠡᠮ᠎ᠤᠨ ᠬᠢᠨᠠᠯᠲᠠ᠎ᠶ᠋ᠢ ᠥᠷᠭᠡᠨ᠎ᠢᠶᠠᠷ ᠬᠦᠯᠢᠶᠡᠵᠦ᠍᠂ ᠣᠨᠴᠠ ᠤᠷᠢᠭ᠍ᠰᠠᠨ ᠬᠢᠨᠠᠯᠲᠠ ᠲᠠᠯᠪᠢᠬ᠍ᠴᠢ ᠪᠠ ᠣᠨᠴᠠ ᠤᠷᠢᠭ᠍ᠰᠠᠨ ᠵᠥᠪᠯᠡᠯᠭᠡ ᠥᠭ᠌ᠭᠦᠭ᠌ᠴᠢ᠎ᠶ᠋ᠢᠨ ᠰᠠᠨᠠᠯ ᠰᠠᠨᠠᠭᠤᠯᠭ᠎ᠠ᠎ᠶ᠋ᠢ ᠬᠢᠨᠠᠮᠠᠭᠠᠶ ᠰᠣᠨᠣᠰᠪᠠ᠃ ᠶᠠᠷᠢᠶ᠎ᠠ ᠬᠡᠯᠡᠯᠴᠡᠭᠡᠨ᠎ᠤ ᠬᠢᠨᠠᠯᠲᠠ᠎ᠶ᠋ᠢ ᠰᠠᠨᠠᠭᠠᠴᠢᠯᠠᠭ᠎ᠠ᠎ᠠᠴᠠ᠎ᠪᠠᠨ ᠬᠦᠯᠢᠶᠡᠵᠦ᠍᠂ ᠰᠣᠨᠢᠨ ᠮᠡᠳᠡᠭᠡᠨ᠎ᠤ ᠵᠠᠭᠤᠴᠢᠯᠠᠭᠤᠷ᠎ᠲᠠᠢ ᠬᠠᠷᠢᠯᠴᠠᠭ᠎ᠠ᠎ᠪᠠᠨ ᠴᠢᠩᠭᠠᠳᠭᠠᠵᠤ᠂ ᠨᠡᠢᠭᠡᠮ᠎ᠤᠨ ᠲᠥᠪ ᠭᠤᠣᠯᠴᠢ ᠱᠢᠳᠤᠷᠭᠤ ᠶᠣᠰᠣ᠎ᠶ᠋ᠢ ᠬᠠᠮᠲᠤ᠎ᠪᠠᠷ ᠬᠠᠮᠠᠭᠠᠯᠠᠪᠠ᠃

ᠲᠥᠯᠥᠭᠡᠯᠡᠭ᠌ᠴᠢᠳ ᠡ᠂ ᠠᠷᠪᠠᠨ ᠭᠤᠷᠪᠠᠳᠤᠭᠠᠷ ᠲᠠᠪᠤᠨ ᠵᠢᠯ᠎ᠤᠨ ᠲᠥᠯᠦᠪᠵᠢᠭᠦᠯᠭᠡ᠎ᠶ᠋ᠢᠨ ᠬᠤᠭᠤᠴᠠᠭᠠᠨ᠎ᠳᠤ᠂ ᠨᠠᠮ ᠪᠠ ᠤᠯᠤᠰ᠎ᠤᠨ ᠠᠵᠢᠯ ᠦᠢᠯᠡᠰ᠎ᠤᠨ ᠬᠥᠭ᠌ᠵᠢᠯᠲᠡ᠎ᠲᠠᠢ ᠵᠡᠷᠭᠡ᠎ᠪᠠᠷ ᠤᠷᠤᠭ᠍ᠰᠢᠯᠠᠨ᠂ ᠠᠷᠠᠳ᠎ᠤᠨ ᠱᠢᠬᠦᠬᠦ᠌ ᠬᠤᠷᠢᠶᠠᠨ᠎ᠤ ᠠᠵᠢᠯ᠎ᠳᠤ ᠬᠦᠨᠵᠡᠬᠡᠢ ᠬᠤᠪᠢᠰᠤᠯᠲᠠ ᠭᠠᠷᠴᠤ᠌᠂ ᠲᠦᠷᠭᠡᠨ ᠲᠠᠪᠱᠢᠯᠳᠠ᠎ᠶ᠋ᠢ ᠪᠡᠶᠡᠯᠡᠭᠦᠯᠪᠡ᠃ ᠱᠢᠨ᠎ᠡ ᠴᠠᠭ ᠦᠶ᠎ᠡ᠎ᠶ᠋ᠢᠨ ᠵᠥᠪ ᠬᠠᠤᠯᠢ ᠪᠠᠷᠢᠬᠤ ᠦᠵᠡᠯᠲᠡ᠎ᠶ᠋ᠢ ᠪᠠᠲᠤ ᠪᠠᠬᠢ ᠪᠤᠢ ᠪᠣᠯᠭᠠᠵᠤ᠂ ᠱᠢᠭᠦᠨ ᠲᠠᠰᠤᠯᠬᠤ ᠱᠢᠰᠲ᠋ᠧᠮ ᠪᠣᠯᠤᠨ ᠱᠢᠭᠦᠨ ᠲᠠᠰᠤᠯᠬᠤ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠲᠦᠷᠭᠡᠯᠡᠨ ᠠᠬᠢᠭᠤᠯᠵᠤ᠂ ᠬᠠᠤᠯᠢ ᠪᠠᠷᠢᠬᠤ ᠪᠠᠢᠭᠤᠯᠤᠯ᠎ᠤᠨ ᠥᠭᠡᠷᠡᠴᠢᠯᠡᠯᠲᠡ ᠪᠣᠯᠤᠨ ᠣᠶᠤᠨᠳᠤ ᠱᠢᠭᠦᠬᠦ᠌ ᠬᠤᠷᠢᠶᠠᠨ᠎ᠤ ᠪᠠᠢᠭᠤᠯᠤᠯᠲᠠ ᠴᠢᠬᠤᠯᠠ ᠶᠡᠭᠡ ᠠᠬᠢᠯᠲᠠ᠎ᠲᠠᠢ ᠪᠣᠯᠪᠠ᠂ ᠨᠡᠭᠡᠭᠡᠯᠲᠡᠲᠡᠢ᠂ ᠬᠦᠳᠡᠯᠦᠩᠭᠦᠢ᠂ ᠢᠯᠡ ᠲᠤᠲᠤ᠌᠂ ᠠᠷᠠᠳ᠎ᠲᠤ ᠳᠦᠭᠦᠮ ᠦᠵᠡᠭᠦᠯᠬᠦ᠌ ᠬᠠᠤᠯᠢ ᠪᠠᠷᠢᠬᠤ ᠢᠯᠡ ᠲᠤᠭ᠍ᠲᠠᠴᠠ ᠪᠣᠯᠪᠠᠰᠤᠷᠠᠨ ᠲᠣᠬ᠍ᠲᠠᠪᠤᠷᠢᠵᠢᠵᠤ᠂ ᠬᠡᠷᠡᠭ ᠪᠣᠯᠭᠠᠨ ᠳᠠᠩᠰᠠᠯᠠᠬᠤ᠎ᠳᠤ ᠬᠦᠴᠢᠷᠲᠡᠢ ᠪᠠᠢᠬᠤ ᠠᠰᠠᠭᠤᠳᠠᠯ᠎ᠢ ᠱᠢᠢᠳᠪᠦᠷᠢᠯᠡᠵᠦ᠍᠂ 《ᠭᠦᠢᠴᠡᠳᠭᠡᠬᠦ᠌᠎ᠳᠤ ᠬᠦᠴᠢᠷᠲᠡᠶ ᠪᠠᠢᠬᠤ᠎ᠶ᠋ᠢ ᠦᠨᠳᠦᠰᠦᠨ᠎ᠳᠡᠭᠡᠨ ᠱᠢᠢᠳᠪᠦᠷᠢᠯᠡᠬᠦ᠌》 ᠬᠠᠷᠠᠯᠲᠠ᠎ᠶ᠋ᠢ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠵᠦ᠍᠂ ᠨᠢᠭᠡ ᠯᠡ ᠥᠷᠲᠡᠭᠡᠨ᠎ᠤ ᠮᠠᠶᠢᠬ᠎ᠤᠨ ᠣᠯᠠᠨ ᠡᠱᠢᠲᠦ ᠵᠢᠭᠤᠷᠠᠯᠳᠤᠭᠠᠨ ᠱᠢᠢᠳᠪᠦᠷᠢᠯᠡᠬᠦ᠌ ᠪᠠ ᠵᠠᠷᠭᠤ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠦᠨᠳᠦᠰᠦᠨ᠎ᠳᠡᠭᠡᠨ ᠪᠠᠢᠭᠤᠯᠵᠤ᠂ ᠲᠡᠤᠬᠡᠨ᠎ᠠᠴᠠ ᠪᠣᠶ ᠪᠣᠯᠤᠭ᠍ᠰᠠᠨ ᠨᠢᠭᠡ ᠪᠦᠯᠦᠭ ᠬᠦᠨᠳᠦ ᠶᠡᠭᠡ ᠬᠢᠯᠢᠰ ᠪᠤᠷᠤᠭᠤ ᠬᠡᠷᠡᠭ᠎ᠢ ᠬᠠᠤᠯᠢ ᠶᠣᠰᠣᠭᠠᠷ ᠵᠠᠯᠠᠷᠠᠭᠤᠯᠵᠤ᠂ ᠠᠷᠪᠠᠨ ᠭᠤᠷᠪᠠᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠲᠣᠭ᠍ᠲᠠᠭᠠᠭ᠍ᠰᠠᠨ 《ᠬᠠᠤᠯᠢ ᠪᠠᠷᠢᠯᠲᠠ᠎ᠶ᠋ᠢᠨ ᠣᠯᠠᠨ ᠨᠡᠢᠲᠡ᠎ᠶ᠋ᠢᠨ ᠢᠲᠡᠭᠡᠭᠦᠯᠬᠦ᠌ ᠬᠦᠴᠦᠨ᠎ᠢ ᠢᠯᠡᠳᠲᠡ ᠳᠡᠭᠡᠭ᠌ᠰᠢᠯᠡᠭᠦᠯᠬᠦ᠌》 《ᠬᠥᠮᠦᠨ᠎ᠤ ᠡᠷᠬᠡ᠎ᠶ᠋ᠢ ᠦᠨᠡᠨ ᠬᠦ᠌ ᠪᠠᠲᠤᠯᠠᠵᠤ᠂ ᠥᠮᠴᠢᠯᠡᠬᠦ᠌ ᠡᠷᠬᠡ᠎ᠶ᠋ᠢ ᠪᠦᠲᠦᠮᠵᠢᠲᠡᠶ ᠬᠠᠮᠠᠭᠠᠯᠠᠬᠤ》 ᠵᠡᠷᠭᠡ ᠬᠠᠷᠠᠯᠲᠠ ᠡᠭᠦᠷᠭᠡ᠎ᠶ᠋ᠢ ᠨᠡᠯᠢᠶᠡᠳ ᠰᠠᠢᠨ ᠪᠡᠶᠡᠯᠡᠭᠦᠯᠵᠦ᠍᠂ ᠠᠮᠤᠷ ᠠᠮᠤᠭᠤᠯᠠᠩ ᠳᠤᠮᠳᠠᠳᠤ ᠤᠯᠤᠰ᠂ ᠬᠠᠤᠯᠢ᠎ᠪᠠᠷ ᠵᠠᠰᠠᠬᠤ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠳᠤ ᠢᠳᠡᠪᠬᠢᠲᠡᠶ ᠬᠤᠪᠢ ᠨᠡᠮᠡᠷᠢ᠎ᠪᠠᠨ ᠦᠵᠡᠭᠦᠯᠪᠡ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠲᠦᠯᠦᠪᠵᠢᠭᠦᠯᠭᠡ᠎ᠶ᠋ᠢᠨ ᠬᠤᠭᠤᠴᠠᠭᠠᠨ᠎ᠳᠤ ᠬᠠᠨᠳᠤᠭᠤᠯᠵᠤ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠶᠠᠭ ᠠᠷᠪᠠᠨ ᠳᠥᠷᠪᠡᠳᠦᠭᠡᠷ ᠲᠠᠪᠤᠨ ᠵᠢᠯ᠎ᠤᠨ ᠲᠦᠯᠦᠪᠵᠢᠭᠦᠯᠭᠡ᠎ᠶ᠋ᠢᠨ ᠬᠤᠭᠤᠴᠠᠭᠠᠨ᠎ᠤ ᠲᠤᠰᠭᠠᠶ ᠲᠥᠯᠥᠪᠵᠢᠭᠦᠯᠭᠡ᠎ᠶ᠋ᠢ ᠲᠣᠭ᠍ᠲᠠᠭᠠᠵᠤ᠂ ᠱᠢᠨ᠎ᠡ ᠴᠠᠭ ᠦᠶ᠎ᠡ ᠱᠢᠨ᠎ᠡ ᠱᠠᠳᠤ ᠦᠶ᠎ᠡ᠎ᠠᠴᠠ ᠠᠷᠠᠳ᠎ᠤᠨ ᠱᠢᠭᠦᠬᠦ᠌ ᠬᠤᠷᠢᠶ᠎ᠠ᠎ᠳᠤ ᠣᠯᠭᠤᠭ᠍ᠰᠠᠨ ᠲᠤᠱᠢᠶᠠᠯ ᠬᠠᠷᠢᠭᠤᠴᠠᠯᠭ᠎ᠠ ᠡᠭᠦᠷᠭᠡ᠎ᠪᠠᠨ ᠨᠡᠩ ᠰᠠᠢᠨ ᠬᠦᠢᠴᠡᠳᠭᠡᠬᠦ᠌᠎ᠪᠠᠷ ᠪᠠᠢᠨ᠎ᠠ᠃

ᠠᠷᠠᠳ᠎ᠤᠨ ᠱᠢᠭᠦᠬᠦ᠌ ᠬᠤᠷᠢᠶᠠᠨ᠎ᠤ ᠠᠵᠢᠯ᠎ᠤᠨ ᠬᠥᠭ᠌ᠵᠢᠯᠲᠡ ᠳᠠᠪᠱᠢᠯᠲᠠ᠎ᠶ᠋ᠢᠨ ᠬᠠᠮᠤᠭ᠎ᠤᠨ ᠦᠨᠳᠦᠰᠦᠨ ᠵᠦᠢᠯ᠎ᠨᠢ ᠰᠢ᠎ᠶ᠋ᠢᠨ ᠫᠢᠩ ᠨᠥᠬᠦᠷ᠎ᠤᠨ ᠨᠠᠮ᠎ᠤᠨ ᠲᠥᠪ ᠬᠤᠷᠢᠶᠠᠨ᠎ᠤ ᠭᠤᠣᠯᠯᠠᠭ᠍ᠴᠢ᠂ ᠪᠦᠬᠦ᠌ ᠨᠠᠮ᠎ᠤᠨ ᠭᠤᠣᠯᠯᠠᠭ᠍ᠴᠢ᠎ᠶ᠋ᠢᠨ ᠬᠤᠪᠢ᠎ᠪᠠᠷ ᠵᠢᠯᠤᠭᠤᠳᠤᠨ ᠵᠠᠮᠴᠢᠯᠠᠭ᠍ᠰᠠᠨ᠎ᠳᠤ ᠪᠠᠢᠨ᠎ᠠ᠂ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠳᠤ ᠪᠠᠢᠨ᠎ᠠ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠨ᠎ᠠ᠃ ᠠᠷᠠᠳ᠎ᠤᠨ ᠬᠠᠤᠯᠢ ᠪᠠᠷᠢᠬᠤ ᠦᠢᠯᠡᠰ᠎ᠤᠨ ᠱᠢᠨ᠎ᠡ ᠬᠤᠪᠢᠰᠤᠯᠲᠠ ᠱᠢᠨ᠎ᠡ ᠳᠠᠪᠱᠢᠯᠲᠠ ᠪᠣᠯ ᠴᠥᠮ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭᠠᠨ᠎ᠤ ᠠᠷᠠᠳ᠎ᠤᠨ ᠱᠢᠭᠦᠬᠦ᠌ ᠬᠤᠷᠢᠶᠠᠨ᠎ᠳᠠᠬᠢ ᠠᠮᠢᠳᠤᠯᠢᠭ ᠦᠢᠯᠡᠳᠦᠯᠭᠡ ᠮᠥᠨ᠃ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢ ᠵᠢᠯᠣᠭᠤᠳᠭᠤ ᠱᠢᠨᠵᠢᠯᠡᠬᠦ᠌ ᠤᠬᠠᠭᠠᠨᠴᠢ ᠵᠦᠭ᠌ᠯᠡᠭᠦᠷ ᠮᠥᠨ᠂ ᠨᠠᠮ᠎ᠤᠨ ᠤᠳᠤᠷᠢᠳᠤᠯᠭ᠎ᠠ ᠪᠣᠯ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ᠎ᠶ᠋ᠢᠨ ᠰᠦᠭ ᠰᠦᠨᠡᠰᠦ ᠮᠥᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠵᠠᠮ ᠶᠠᠪᠤᠬᠤ ᠲᠤᠳᠤᠮ ᠰᠠᠷᠠᠭᠤᠯ ᠳᠠᠷᠳᠠᠩ ᠪᠤᠯᠵᠤ᠂ ᠠᠯᠤᠰ ᠢᠷᠡᠭᠡᠳᠦᠶ ᠬᠢᠵᠠᠭᠠᠯᠠᠰᠢ ᠦᠭᠡᠢ ᠭᠡᠭᠡᠨ ᠰᠠᠷᠠᠭᠤᠯ ᠪᠤᠯᠤᠨ᠎ᠠ ᠭᠡᠳᠡᠭ᠎ᠢ ᠦᠢᠯᠡᠳᠦᠯᠭᠡ ᠭᠡᠷᠡᠴᠢᠯᠡᠪᠡ᠃ ᠠᠷᠠᠳ᠎ᠤᠨ ᠱᠢᠭᠦᠬᠦ᠌ ᠬᠤᠷᠢᠶᠠᠨ᠎ᠤ ᠠᠵᠢᠯ᠎ᠤᠨ ᠠᠮᠵᠢᠯᠲᠠ ᠣᠯᠤᠭ᠍ᠰᠠᠨ ᠶᠠᠪᠤᠳᠠᠯ ᠪᠣᠯ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶᠠᠨ᠎ᠤ ᠬᠦᠴᠦᠲᠡᠶ ᠬᠢᠨᠠᠯᠲᠠ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠶᠡᠭᠡ ᠳᠡᠮᠵᠢᠯᠭᠡ᠂ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠠᠷᠠᠳᠴᠢᠯᠠᠭ᠍ᠰᠠᠨ ᠬᠢᠨᠠᠯᠲᠠ᠂ ᠤᠯᠤᠰ᠎ᠤᠨ ᠬᠢᠨᠠᠨ ᠪᠠᠢᠴᠠᠭᠠᠬᠤ ᠵᠥᠪᠯᠡᠯ᠂ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠬᠢᠨᠠᠯᠲᠠ᠂ ᠡᠯ᠎ᠡ ᠠᠷᠠᠳᠴᠢᠯᠠᠭ᠍ᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠴᠢᠳ᠎ᠤᠨ ᠬᠤᠯᠪᠣᠭ᠎ᠠ᠂ ᠠᠷᠠᠳ᠎ᠤᠨ ᠪᠦᠯᠬᠦᠮ᠂ ᠨᠠᠮ ᠪᠦᠯᠦᠭ᠎ᠤᠨ ᠪᠤᠰᠤ ᠬᠥᠮᠦᠰ᠎ᠤᠨ ᠠᠷᠠᠳᠴᠢᠯᠠᠭ᠍ᠰᠠᠨ ᠬᠢᠨᠠᠯᠲᠠ᠂ ᠣᠷᠣᠨ ᠨᠤᠲᠤᠭ᠎ᠤᠨ ᠡᠯ᠎ᠡ ᠱᠠᠲᠤᠨ᠎ᠤ ᠨᠠᠮ ᠵᠠᠰᠠᠭ᠎ᠤᠨ ᠪᠠᠢᠭᠤᠯᠭ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠂ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠭᠡᠱᠢᠭᠦᠨ᠂ ᠨᠡᠢᠭᠡᠮ᠎ᠤᠨ ᠡᠯ᠎ᠡ ᠡᠲᠡᠭᠡᠳ᠎ᠤᠨ᠎ᠬᠢᠨ ᠪᠠ ᠥᠷᠭᠡᠨ ᠤᠯᠠᠨ ᠠᠷᠠᠳ ᠲᠦᠮᠡᠨ᠎ᠤ ᠬᠠᠯᠠᠮᠵᠢᠯᠠᠯ ᠳᠡᠮᠵᠢᠯᠭᠡ ᠪᠠ ᠬᠠᠪᠰᠤᠷᠤᠯᠭ᠎ᠠ᠎ᠶ᠋ᠢᠨ ᠦᠷ᠎ᠡ ᠳ᠋ᠦᠩ ᠮᠥᠨ᠃ ᠡ᠊ᠨᠳᠡ ᠪᠢ ᠠᠷᠠᠳ᠎ᠤᠨ ᠲᠡᠭᠡᠳᠤ ᠱᠢᠬᠦᠬᠦ᠌ ᠬᠤᠷᠢᠶᠠᠨ᠎ᠤ ᠡᠮᠦᠨ᠎ᠡ᠎ᠠᠴᠠ ᠴᠢᠩ ᠰᠡᠳᠭᠢᠯ᠎ᠤᠨ ᠲᠠᠯᠠᠷᠬᠠᠯ᠎ᠢᠶᠠᠨ ᠢᠯᠡᠳᠭᠡᠶ᠎ᠡ!

ᠠᠷᠠᠳ᠎ᠤᠨ ᠱᠢᠭᠦᠬᠦ᠌ ᠬᠤᠷᠢᠶᠠᠨ᠎ᠤ ᠠᠵᠢᠯ᠎ᠳᠤ ᠪᠠᠰᠠ ᠴᠥᠭᠡᠨ ᠪᠤᠰᠤ ᠠᠰᠠᠭᠤᠳᠠᠯ ᠣᠷᠣᠱᠢᠵᠤ ᠪᠠᠢᠬᠤ᠎ᠶ᠋ᠢ ᠪᠢᠳᠡ ᠰᠡᠷᠭᠡᠭ᠎ᠢᠶᠠᠷ ᠤᠯᠵᠤ ᠬᠠᠷᠠᠪᠠ᠄ ᠨᠢᠭᠡ᠎ᠳᠤ ᠬᠠᠤᠯᠢ ᠪᠠᠷᠢᠬᠤ ᠣᠢᠯᠠᠭᠠᠭ᠍ᠳᠠᠬᠤᠨ᠎ᠢ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠤ ᠱᠠᠭᠠᠷᠳᠠᠯᠭ᠎ᠠ᠎ᠲᠠᠢ ᠬᠠᠷᠢᠴᠠᠭᠤᠯᠪᠠᠯ ᠵᠥᠷᠢᠶ᠎ᠡ ᠤᠷᠤᠱᠢᠵᠤ᠂ ᠴᠢᠨᠠᠷ ᠰᠠᠢᠲᠠᠶ ᠬᠥᠭ᠌ᠵᠢᠯᠲᠡ᠎ᠳᠤ ᠦᠢᠯᠡᠴᠢᠯᠡᠬᠦ᠌ ᠬᠢᠷᠢ ᠬᠡᠮᠵᠢᠶ᠎ᠡ᠎ᠶ᠋ᠢ ᠪᠠᠰᠠ ᠳᠡᠭᠡᠭ᠌ᠰᠢᠯᠡᠭᠦᠯᠬᠦ᠌ ᠴᠢᠬᠤᠯᠠᠲᠠᠶ ᠪᠠᠢᠨ᠎ᠠ᠃ ᠬᠤᠶᠠᠷ᠎ᠲᠤ ᠬᠠᠤᠯᠢ ᠪᠠᠷᠢᠬᠤ ᠴᠢᠳᠠᠪᠤᠷᠢ᠎ᠪᠠᠷ ᠪᠠᠰᠠ ᠬᠦᠷᠦᠯᠴᠡᠬᠦ᠌ ᠦᠭᠡᠢ ᠪᠠᠢᠵᠦ᠍᠂ ᠶᠡᠭᠡ ᠲᠠᠯ᠎ᠠ᠎ᠳᠤ ᠨᠠᠷᠢᠯᠢᠭ ᠣᠨᠣᠴᠠᠲᠠᠶ᠎ᠪᠠᠷ ᠦᠢᠯᠡᠴᠢᠯᠡᠬᠦ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ᠂ ᠤᠯᠠᠨ ᠲᠦᠮᠡᠨ᠎ᠤ ᠤᠯᠠᠨ ᠶᠠᠩᠵᠤᠲᠦ ᠬᠠᠤᠯᠢ ᠪᠠᠷᠢᠬᠤ ᠬᠡᠷᠡᠭ᠌ᠴᠡᠭᠡ᠎ᠶ᠋ᠢ ᠬᠠᠩᠭᠠᠬᠤ ᠲᠤᠬᠠᠶ ᠰᠤᠳᠤᠯᠤᠯᠲᠠ᠎ᠪᠠᠷ ᠳᠤᠲᠠᠮᠠᠭ ᠪᠠᠢᠵᠤ᠂ ᠵᠠᠷᠢᠮ ᠬᠡᠷᠡᠭ᠎ᠢ ᠱᠢᠭᠦᠨ ᠲᠠᠰᠤᠯᠬᠤ ᠴᠢᠨᠠᠷ ᠴᠢᠨᠰᠠᠭ᠎ᠠ ᠦᠷ᠎ᠡ ᠠᠱᠢᠭ ᠳᠤᠤᠷ᠎ᠠ᠂ ᠦᠷ᠎ᠡ ᠪᠦᠲᠦᠮᠵᠢ ᠪᠠᠷᠤᠭ᠍ᠲᠠᠢ ᠪᠠᠢᠵᠦ᠍᠂ ᠮᠧᠬᠠᠨᠢᠭ᠎ᠢᠶᠠᠷ ᠬᠠᠤᠯᠢ ᠪᠠᠷᠢᠬᠤ᠂ ᠬᠡᠷᠡᠭ᠎ᠢ ᠱᠢᠢᠳᠪᠦᠷᠢᠯᠡᠬᠦ᠌᠎ᠶ᠋ᠢᠨ ᠲᠦᠯᠦᠭᠡ ᠯᠠ ᠬᠡᠷᠡᠭ᠎ᠢ ᠱᠢᠢᠳᠪᠦᠷᠢᠯᠡᠬᠦ᠌ ᠠᠰᠠᠭᠤᠳᠠᠯ ᠣᠷᠣᠱᠢᠵᠤ ᠪᠠᠢᠨ᠎ᠠ᠃ ᠭᠤᠷᠪᠠ᠎ᠳᠤ ᠬᠠᠤᠯᠢ ᠪᠠᠷᠢᠬᠤ ᠥᠭᠡᠷᠡᠴᠢᠯᠡᠯᠲᠡ᠎ᠶ᠋ᠢᠨ ᠱᠢᠰᠲ᠋ᠧᠮᠵᠢᠭᠦᠯᠦᠨ ᠬᠤᠷᠠᠭᠤᠯᠵᠤ᠂ ᠬᠠᠮᠵᠢᠯᠴᠠᠭᠤᠯᠵᠤ ᠥᠨᠳᠥᠷ ᠪᠦᠲᠦᠮᠵᠢᠲᠡᠶ ᠪᠠᠢᠯᠭᠠᠬᠤ᠎ᠶ᠋ᠢ ᠴᠢᠩᠭᠠᠳᠭᠠᠬᠤ ᠴᠢᠬᠤᠯᠠᠲᠠᠶ ᠪᠠᠢᠵᠤ᠂ ᠬᠠᠤᠯᠢ ᠪᠠᠷᠢᠬᠤ ᠬᠠᠷᠢᠭᠤᠴᠠᠯᠭ᠎ᠠ᠎ᠶ᠋ᠢᠨ ᠲᠦᠷᠢᠮ᠎ᠤᠨ ᠶᠡᠷᠦᠩᠬᠡᠢᠯᠡᠭ᠌ᠰᠡᠨ ᠢᠵᠢ ᠪᠦᠷᠢᠳᠦᠭᠦᠯᠬᠦ᠌ ᠠᠷᠭ᠎ᠠ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠬᠤ᠎ᠳᠤ ᠵᠥᠷᠢᠶ᠎ᠡ ᠣᠷᠣᠱᠢᠵᠤ ᠪᠠᠢᠨ᠎ᠠ᠃ ᠳᠦᠷᠪᠡ᠎ᠳᠤ ᠬᠠᠤᠯᠢ ᠪᠠᠷᠢᠬᠤ ᠬᠦᠷᠢᠶᠠᠨ᠎ᠳᠤ ᠢᠯᠵᠠᠷᠠᠯ᠎ᠤᠨ ᠠᠰᠠᠭᠤᠳᠠᠯ ᠮᠦᠨ ᠯᠡ ᠡᠬᠦᠰᠴᠤ᠌᠂ ᠵᠠᠷᠢᠮ ᠱᠢᠬᠦᠬᠦ᠌ ᠲᠤᠱᠢᠶᠠᠯᠲᠠᠨ ᠬᠠᠭ᠍ᠤᠤᠯᠢ ᠢᠳᠡᠵᠦ᠍ ᠬᠠᠤᠯᠢ᠎ᠶ᠋ᠢ ᠭᠠᠵᠢᠭᠤᠳᠠᠭᠤᠯᠤᠨ᠂ ᠬᠤᠪᠢ᠎ᠶ᠋ᠢᠨ ᠨᠠᠢᠷ ᠬᠠᠷᠠᠵᠤ ᠬᠠᠤᠯᠢ᠎ᠶ᠋ᠢ ᠭᠠᠵᠢᠭᠤᠳᠠᠭᠤᠯᠵᠦ᠍᠂ ᠬᠠᠤᠯᠢ᠎ᠪᠠᠷ ᠵᠠᠰᠠᠬᠤ ᠡᠷᠬᠡ ᠰᠦᠷ᠎ᠢ ᠬᠦᠨᠳᠦ ᠨᠣᠴᠢᠲᠠᠶ ᠬᠤᠬᠢᠷᠠᠭᠤᠯᠵᠤ ᠪᠠᠢᠨ᠎ᠠ᠃ ᠲᠠᠪᠤ᠎ᠳᠤ ᠡᠩᠨᠡᠭᠡᠨ᠎ᠤ ᠪᠠᠢᠭᠤᠯᠤᠯᠲᠠ᠎ᠳᠤ ᠪᠠᠰᠠ ᠳᠤᠲᠠᠭᠤᠳᠠᠯ ᠣᠷᠣᠱᠢᠵᠤ᠂ ᠵᠠᠷᠢᠮ ᠬᠦᠷᠢᠶᠡᠨ᠎ᠳᠤ ᠲᠤᠰᠭᠠᠢᠵᠢᠭ᠍ᠰᠠᠨ ᠱᠢᠭᠦᠨ ᠲᠠᠰᠤᠯᠬᠤ ᠴᠢᠳᠠᠪᠤᠷᠢᠲᠠᠨ ᠳᠤᠲᠠᠭ᠍ᠳᠠᠵᠤ᠂ ᠱᠢᠨᠵᠢᠯᠡᠬᠦ᠌ ᠤᠬᠠᠭᠠᠨᠴᠢ ᠪᠥᠭᠡᠳ ᠪᠦᠷᠢᠨ ᠲᠡᠭᠦᠯᠳᠡᠷ ᠬᠠᠤᠯᠢ ᠪᠠᠷᠢᠬᠤ ᠴᠢᠳᠠᠪᠤᠷᠢᠲᠠᠨ᠎ᠢ ᠬᠥᠮᠦᠵᠢᠭᠦᠯᠬᠦ᠌ ᠱᠢᠰᠲ᠋ᠧᠮ ᠬᠠᠷᠠᠬᠠᠨ ᠪᠦᠷᠢᠯᠳᠦᠭᠡᠳᠦᠶ ᠪᠠᠢᠵᠤ᠂ ᠵᠠᠷᠢᠮ ᠱᠢᠭᠦᠬᠦ᠌ ᠬᠤᠷᠢᠶ᠎ᠠ ᠠᠵᠢᠯᠳᠠᠨ ᠡᠯᠰᠡᠬᠦ᠌᠎ᠳᠤ ᠬᠦᠴᠢᠷᠲᠡᠶ᠂ ᠠᠵᠢᠯᠳᠠᠨ᠎ᠢᠶᠠᠨ ᠦᠯᠡᠳᠡᠭᠡᠬᠦ᠌᠎ᠳᠤ ᠬᠦᠴᠢᠷᠲᠡᠶ ᠪᠠᠢᠬᠤ ᠠᠰᠠᠭᠤᠳᠠᠯ᠎ᠢ ᠬᠠᠷᠠᠬᠠᠨ ᠰᠠᠢᠲᠤᠷ ᠱᠢᠢᠳᠪᠦᠷᠢᠯᠡᠭᠡᠳᠦᠶ ᠪᠠᠢᠭ᠍ᠰᠠᠭᠠᠷ᠂ ᠬᠠᠤᠯᠢ ᠪᠠᠷᠢᠬᠤ ᠠᠵᠢᠯ ᠮᠡᠷᠭᠡᠵᠢᠯ᠎ᠤᠨ ᠪᠠᠲᠤᠯᠠᠭ᠎ᠠ᠎ᠶ᠋ᠢ ᠴᠢᠩᠭᠠᠳᠭᠠᠬᠤ ᠴᠢᠬᠤᠯᠠᠲᠠᠶ ᠪᠠᠢᠨ᠎ᠠ᠃ ᠵᠢᠷᠭᠤᠭ᠎ᠠ᠎ᠳᠤ ᠦᠨᠳᠦᠰᠦᠨ ᠱᠠᠲᠤᠨ᠎ᠤ ᠰᠠᠭᠤᠷᠢ ᠠᠵᠢᠯ᠎ᠳᠤ ᠪᠠᠰᠠ ᠪᠠᠭᠤᠷᠠᠶ ᠭᠤᠭ᠍ᠴᠤᠭ᠎ᠠ ᠤᠷᠤᠱᠢᠵᠤ᠂ ᠵᠠᠷᠢᠮ ᠭᠠᠵᠠᠷ ᠣᠷᠣᠨ᠎ᠤ ᠠᠷᠠᠳ᠎ᠤᠨ ᠱᠢᠭᠦᠬᠦ᠌ ᠲᠢᠩᠬᠢᠮ᠎ᠤᠨ ᠪᠠᠢᠭᠤᠯᠤᠯᠲᠠ᠎ᠳᠤ ᠵᠥᠷᠢᠶ᠎ᠡ ᠣᠷᠣᠱᠢᠨ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠦᠢᠯᠡᠴᠢᠯᠡᠬᠦ᠂ ᠨᠡᠢᠭᠡᠮ᠎ᠤᠨ ᠵᠠᠰᠠᠯᠲᠠ᠎ᠶ᠋ᠢ ᠠᠬᠢᠭᠤᠯᠬᠤ ᠴᠢᠳᠠᠪᠤᠷᠢ᠎ᠶ᠋ᠢᠨ ᠬᠢᠷᠢ ᠬᠡᠮᠵᠢᠶ᠎ᠡ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠴᠢᠬᠤᠯᠠᠲᠠᠶ ᠪᠠᠢᠨ᠎ᠠ᠃ ᠡᠳᠡᠬᠡᠷ ᠠᠰᠠᠭᠤᠳᠠᠯ᠎ᠤᠨ ᠳᠤᠬᠠᠢ ᠪᠢᠳᠡ ᠨᠠᠮ᠎ᠤᠨ ᠤᠳᠤᠷᠢᠳᠤᠯᠭ᠎ᠠ ᠳᠣᠤᠷ᠎ᠠ ᠬᠦᠴᠦᠲᠡᠶ ᠠᠷᠭ᠎ᠠ ᠬᠡᠮᠵᠢᠶ᠎ᠡ ᠠᠪᠴᠤ᠌ ᠪᠠᠢᠭᠠᠳ ᠴᠢᠷᠮᠠᠢᠨ ᠱᠢᠢᠳᠪᠦᠷᠢᠯᠡᠬᠦ᠌ ᠪᠣᠯᠤᠨ᠎ᠠ᠃

2021 ᠤᠨ᠎ᠤ ᠠᠵᠢᠯ᠎ᠤᠨ ᠲᠤᠭᠢᠷᠠᠭᠤᠯᠤᠯᠳᠠ

2021 ᠣᠨ ᠪᠠ ᠬᠤᠢᠱᠢᠳᠠ᠎ᠶ᠋ᠢᠨ ᠨᠢᠬᠡ ᠬᠤᠭᠤᠴᠠᠭᠠᠨ᠎ᠳᠤ ᠠᠷᠠᠳ᠎ᠤᠨ ᠱᠢᠭᠦᠬᠦ᠌ ᠬᠤᠷᠢᠶ᠎ᠠ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠵᠢᠴᠢ ᠲᠥᠪ᠎ᠤᠨ ᠪᠦᠬᠦ᠌ ᠲᠠᠯ᠎ᠠ᠎ᠪᠠᠷ ᠬᠠᠤᠯᠢ ᠶᠤᠰᠤᠭᠠᠷ ᠤᠯᠤᠰ᠎ᠢᠶᠠᠨ ᠵᠠᠰᠠᠬᠤ ᠠᠵᠢᠯ᠎ᠤᠨ ᠬᠤᠷᠠᠯᠳᠤᠭᠠᠨ᠂ ᠲᠥᠪ ᠬᠤᠷᠢᠶᠠᠨ᠎ᠤ ᠤᠯᠤᠰ ᠲᠦᠷᠦ᠍ ᠬᠠᠤᠯᠢ ᠴᠠᠭᠠᠵᠠ᠎ᠶ᠋ᠢᠨ ᠠᠵᠢᠯ᠎ᠤᠨ ᠬᠤᠷᠠᠯᠳᠤᠭᠠᠨ᠎ᠤ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠲᠤᠰ ᠤᠳᠠᠭᠠᠨ᠎ᠤ ᠶᠡᠭᠡ ᠬᠤᠷᠠᠯ᠎ᠤᠨ ᠱᠢᠢᠳᠪᠦᠷᠢ᠎ᠶ᠋ᠢ ᠬᠢᠨᠠᠮᠠᠭᠠᠶ ᠨᠠᠢᠳᠠᠪᠤᠷᠢᠵᠢᠭᠤᠯᠵᠤ᠂ ᠥᠨᠳᠤᠰᠤᠨ ᠬᠠᠤᠯᠢ ᠬᠠᠤᠯᠢ ᠴᠠᠭᠠᠵᠠ᠎ᠠᠴᠠ ᠤᠯᠭᠤᠬ᠍ᠰᠠᠨ ᠲᠤᠱᠢᠶᠠᠯ ᠬᠠᠷᠢᠭᠤᠴᠠᠯᠭ᠎ᠠ᠎ᠪᠠᠨ ᠥᠨᠡᠨ ᠬᠦ᠌ ᠬᠥᠢᠴᠡᠳᠭᠡᠵᠥ᠍᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠭᠤᠤᠯ ᠰᠡᠳᠦᠪ᠎ᠲᠠᠢ ᠨᠢᠭ᠍ᠲᠠ ᠤᠶᠠᠯᠳᠤᠭᠤᠯᠤᠨ᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ ᠱᠠᠭᠠᠷᠳᠠᠯᠭ᠎ᠠ᠎ᠶ᠋ᠢ ᠣᠨᠣᠪᠴᠢᠲᠠᠢ ᠡᠵᠡᠮᠳᠡᠵᠦ᠍᠂ ᠱᠢᠰᠲ᠋ᠧᠮ᠎ᠤᠨ ᠦᠵᠡᠯᠲᠡ᠂ ᠬᠠᠤᠯᠢ᠎ᠪᠠᠷ ᠵᠠᠰᠠᠬᠤ ᠰᠡᠳᠭᠢᠬᠦᠢ᠂ ᠦᠨᠳᠦᠰᠦᠨ ᠵᠦᠢᠯ᠎ᠢ ᠪᠠᠬᠢᠵᠢᠭᠦᠯᠬᠦ᠌ ᠤᠳᠤᠷᠢᠳᠤᠮᠵᠢ᠎ᠶ᠋ᠢ ᠨᠡᠩ ᠴᠢᠬᠤᠯᠠᠴᠢᠯᠠᠵᠤ᠂ ᠲᠣᠭ᠍ᠲᠠᠭᠤᠨ ᠪᠠᠢᠯᠭᠠᠬᠤ᠎ᠶ᠋ᠢᠨ ᠵᠡᠷᠭᠡ᠎ᠳᠤ ᠤᠷᠤᠭ᠍ᠰᠢᠯᠠᠭᠤᠯᠬᠤ᠎ᠪᠠᠷ ᠴᠢᠷᠮᠡᠢᠵᠤ᠂ ᠲᠥᠪ ᠶᠤᠰᠤ᠎ᠶ᠋ᠢ ᠪᠠᠷᠢᠮᠳᠠᠯᠠᠵᠤ ᠱᠢᠨ᠎ᠡ᠎ᠶ᠋ᠢ ᠡᠭᠦᠳᠦᠨ᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠱᠢᠭᠦᠬᠦ᠌ ᠬᠤᠷᠢᠶᠠᠨ᠎ᠤ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠨᠡᠢᠭᠡᠮ ᠵᠢᠷᠤᠮᠲᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠠᠵᠢᠯ᠎ᠤᠨ ᠡᠬᠢᠯᠡᠯᠳᠠ ᠰᠠᠢᠳᠠᠢ ᠭᠠᠷᠤᠭ᠎ᠠ ᠰᠠᠢᠳᠠᠢ ᠪᠠᠢᠬᠤ᠎ᠳᠤ ᠬᠠᠤᠯᠢ ᠪᠠᠷᠢᠬᠤ ᠬᠦᠴᠦᠲᠡᠢ ᠦᠢᠯᠡᠴᠢᠯᠡᠭᠡ ᠬᠠᠩᠭᠠᠨ᠎ᠠ᠃

ᠨᠢᠭᠡ᠎ᠳᠤ᠂ ᠤᠯᠤᠰ ᠲᠦᠷᠦ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ  ᠭᠦᠨᠵᠡᠭᠡᠶ ᠰᠤᠷᠤᠯᠴᠠᠨ ᠲᠤᠭᠤᠱᠢᠯᠠᠭᠤᠯᠵᠦ᠍᠂ ᠰᠢ᠎ᠶ᠋ᠢᠨ ᠫᠢᠩ᠎ᠤᠨ ᠬᠠᠤᠯᠢ ᠎ᠪᠠᠷ  ᠵᠠᠰᠠᠬᠤ  ᠦᠵᠡᠯ ᠰᠠᠨᠠᠭ᠎ᠠ᠎ᠶ᠋ᠢ ᠦᠨᠡᠨ ᠬᠦ᠌ ᠰᠤᠷᠤᠯᠴᠠᠵᠤ  ᠦᠨᠡᠨ ᠬᠦ᠌  ᠢᠲᠡᠭᠡᠵᠦ᠍ ᠦᠨᠡᠨ ᠬᠦ᠌ ᠦᠢᠯᠡᠳᠦᠯᠭᠡᠵᠢᠭᠦᠯᠵᠦ᠍᠂ 《ᠳᠥᠷᠪᠡᠨ ᠤᠬᠠᠮᠰᠠᠷ》 ᠎ᠢᠶᠠᠨ ᠴᠢᠩᠭᠠᠳᠭᠠᠵᠤ᠂  《ᠳᠥᠷᠪᠡᠨ ᠢᠲᠡᠭᠡᠯ》 ᠎ᠢᠶᠠᠨ ᠪᠠᠲᠤᠳᠭᠠᠵᠤ᠂  《ᠬᠤᠶᠠᠷ ᠎ᠢ ᠬᠠᠮᠠᠭᠠᠯᠠᠬᠤ》 ᠎ᠶ᠋ᠢ ᠪᠡᠶᠡᠯᠡᠭᠦᠯᠦᠨ᠎ᠡ᠃ 《ᠬᠤᠶᠠᠷ ᠶᠡᠭᠡ ᠲᠠᠯ᠎ᠠ》 ᠎ᠳᠤ ᠰᠠᠭᠤᠷᠢᠯᠠᠵᠤ᠂ 《ᠤᠯᠤᠰ ᠭᠦᠷᠦᠨ᠎ᠤ ᠶᠡᠭᠡ ᠶᠠᠪᠤᠳᠠᠯ》 ᠎ᠢ ᠭᠡᠭᠦᠳᠡᠭ ᠴᠡᠭᠡᠵᠢᠨ᠎ᠳᠡᠭᠡᠨ ᠪᠤᠳᠤᠵᠤ᠂ ᠨᠠᠮ᠎ᠤᠨ ᠲᠥᠪ ᠬᠤᠷᠢᠶᠠᠨ᠎ᠤ ᠱᠢᠢᠳᠪᠤᠷᠢᠳᠤ ᠪᠤᠳᠤᠯᠭ᠎ᠠ ᠪᠠᠢᠷᠢᠯᠠᠭᠤᠯᠤᠯᠳᠠ᠎ᠲᠠᠢ ᠪᠠᠷᠢᠮᠵᠢᠶᠠᠯᠠᠨ ᠬᠠᠷᠭᠤᠭᠤᠯᠵᠥ᠍᠂ ᠤᠯᠤᠰ ᠲᠦᠷᠦ᠎ᠶ᠋ᠢᠨ ᠮᠠᠭᠠᠳᠯᠠᠬᠤ ᠴᠢᠳᠠᠪᠤᠷᠢ᠂ ᠤᠯᠤᠰ  ᠲᠦᠷᠦ᠍ ᠎ᠶ᠋ᠢᠨ ᠣᠢᠯᠠᠭᠠᠬᠤ ᠴᠢᠳᠠᠪᠤᠷᠢ᠂ ᠤᠯᠤᠰ ᠲᠦᠷᠦ᠎ᠶ᠋ᠢᠨ ᠬᠦᠢᠴᠡᠳᠭᠡᠬᠦ᠌  ᠬᠦᠴᠦᠨ ᠎ᠢᠶᠠᠨ ᠲᠠᠰᠤᠷᠠᠯᠲᠠ ᠦᠭᠡᠢ ᠨᠡᠮᠡᠭ᠌ᠳᠡᠭᠦᠯᠦᠨ᠎ᠡ᠃ 《ᠳᠤᠮᠳᠠᠳᠤ ᠤᠯᠤᠰ ᠎ᠤᠨ  ᠡᠪ ᠬᠠᠮᠲᠤ ᠨᠠᠮ᠎ᠤᠨ ᠤᠯᠤᠰ ᠲᠥᠷᠥ᠍ ᠬᠠᠤᠯᠢ ᠴᠠᠭᠠᠵᠠ᠎ᠶ᠋ᠢᠨ ᠠᠵᠢᠯ᠎ᠤᠨ ᠳᠦᠷᠢᠮ》 ᠎ᠢ ᠭᠦᠨᠵᠡᠭᠡᠶ ᠲᠤᠭᠤᠱᠢᠯᠠᠭᠤᠯᠤᠨ᠂ ᠬᠠᠤᠯᠢ ᠪᠠᠷᠢᠬᠤ ᠠᠵᠢᠯ᠎ᠳᠠᠬᠢ ᠨᠠᠮ᠎ᠤᠨ ᠬᠠᠷᠢᠴᠠᠯᠠᠰᠢ ᠦᠭᠡᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠨ᠎ᠠ᠃

ᠬᠤᠶᠠᠷ᠎ᠲᠤ᠌᠂ ᠶᠡᠭᠡ ᠲᠠᠯ᠎ᠠ᠎ᠳᠤ ᠢᠳᠡᠪᠬᠢᠲᠡᠶ᠎ᠪᠠᠷ ᠦᠢᠯᠡᠴᠢᠯᠡᠨ᠎ᠡ᠃ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠵᠦ᠍᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠣᠯᠤᠨ 2035 ᠣᠨ᠎ᠤ ᠠᠯᠤᠰ᠎ᠤᠨ ᠬᠠᠷᠠᠯᠲᠠ᠎ᠶ᠋ᠢᠨ ᠲᠣᠪᠴᠢ᠎ᠳᠤ ᠲᠣᠭ᠍ᠲᠠᠭᠠᠭ᠍ᠰᠠᠨ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢᠨ ᠪᠠᠷᠢᠮᠵᠢᠶ᠎ᠡ ᠴᠠᠭ᠎ᠤᠨ ᠬᠦᠰᠦᠨᠦᠭ᠌ᠲᠦ᠎ᠲᠠᠢ ᠬᠠᠷᠢᠴᠠᠭᠤᠯᠵᠤ᠂ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠨᠠᠷᠢᠯᠢᠭ ᠤᠨᠤᠴᠠᠲᠠᠢ᠎ᠪᠠᠷ ᠬᠦᠴᠦᠯᠡᠨ᠂ ᠬᠢᠵᠢᠭ᠎ᠢ ᠪᠠᠢᠩᠭᠤ᠎ᠶ᠋ᠢᠨ ᠴᠢᠨᠠᠷᠲᠠᠢ ᠰᠡᠷᠭᠡᠢᠯᠡᠨ ᠬᠢᠵᠠᠭᠠᠷᠯᠠᠬᠤ ᠪᠠ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠳᠤ ᠢᠳᠡᠪᠬᠢᠲᠡᠶ ᠦᠢᠯᠡᠴᠢᠯᠡᠨ᠎ᠡ᠃ ᠬᠥᠭ᠌ᠵᠢᠯᠲᠡ ᠪᠠ ᠠᠮᠤᠷ ᠲᠦᠪᠱᠢᠨ ᠭᠡᠬᠦ᠌ ᠬᠤᠶᠠᠷ ᠶᠡᠭᠡ ᠶᠠᠪᠤᠳᠠᠯ᠎ᠢ ᠰᠠᠢᠲᠤᠷ ᠬᠢᠵᠦ᠍ ᠬᠦᠭ᠌ᠵᠢᠬᠦᠯᠬᠦ᠌᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠡᠩ ᠥᠨᠳᠥᠷ ᠲᠦᠪᠱᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠨᠡᠪᠴᠢᠯᠲᠡ᠎ᠶ᠋ᠢ ᠡᠰᠡᠷᠭᠦᠴᠡᠬᠦ᠂ ᠨᠤᠷᠠᠭᠠᠯᠲᠠ᠎ᠶ᠋ᠢ ᠡᠰᠡᠷᠭᠦᠴᠡᠬᠦ᠂ ᠲᠠᠩᠨᠠᠭᠤᠯ᠎ᠢ ᠡᠰᠡᠷᠭᠦᠴᠡᠬᠦ᠂ ᠬᠠᠭᠠᠴᠠᠭᠤᠯᠤᠯ᠎ᠢ ᠡᠰᠡᠷᠭᠦᠴᠡᠬᠦ᠂ ᠰᠦᠷᠳᠡᠭᠦᠯᠦᠯ᠎ᠢ ᠡᠰᠡᠷᠭᠦᠴᠡᠬᠦ᠂ ᠭᠠᠵᠢᠭᠤ ᠨᠣᠮᠯᠠᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠶ ᠠᠬᠢᠭᠤᠯᠵᠤ᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ᠎ᠶ᠋ᠢ ᠪᠠᠢᠩᠭᠤᠵᠢᠭᠤᠯᠬᠤ᠎ᠶ᠋ᠢ ᠠᠬᠢᠭᠤᠯᠵᠤ᠂ ᠢᠯᠵᠠᠷᠠᠯ᠎ᠤᠨ ᠶᠠᠯᠠᠲᠤ ᠠᠵᠢᠯᠯᠠᠭ᠎ᠠ᠎ᠶ᠋ᠢ ᠬᠠᠤᠯᠢ ᠶᠣᠰᠣᠭᠠᠷ ᠴᠢᠩᠭ᠎ᠠ ᠱᠢᠢᠳᠭᠡᠵᠦ᠍᠂ ᠤᠯᠤᠰ᠎ᠤᠨ ᠤᠯᠤᠰ ᠲᠥᠷᠥ᠎ᠶ᠋ᠢᠨ ᠠᠮᠤᠷ ᠲᠦᠪᠱᠢᠨ ᠪᠠ ᠨᠡᠢᠭᠡᠮ᠎ᠤᠨ ᠶᠡᠭᠡ ᠲᠠᠯ᠎ᠠ᠎ᠶ᠋ᠢᠨ ᠲᠣᠭ᠍ᠲᠠᠭᠤᠨ ᠪᠠᠢᠳᠠᠯ᠎ᠢ ᠡᠷᠡᠰ ᠬᠠᠮᠠᠭᠠᠯᠠᠨ᠎ᠠ᠃ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢ ᠬᠠᠤᠯᠢ ᠪᠠᠷᠢᠯᠲᠠ᠎ᠪᠠᠷ ᠬᠠᠮᠠᠭᠠᠯᠠᠬᠤ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ 《ᠪᠣᠭᠤᠮᠢ》 ᠎ᠶ᠋ᠢᠨ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ ᠵᠢᠴᠢ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠂ ᠭᠤᠤᠯᠳᠠᠯᠭ᠎ᠠ᠎ᠲᠠᠢ ᠬᠦᠷᠢᠶ᠎ᠡ᠂ ᠳᠦᠷᠰᠦ᠎ᠶ᠋ᠢᠨ ᠦᠯᠢᠭᠡᠷ ᠡᠳ᠋ ᠵᠡᠷᠭᠡ᠎ᠶ᠋ᠢ ᠬᠠᠮᠠᠭᠠᠯᠠᠬᠤ ᠡᠷᠴᠢᠮ᠎ᠢᠶᠠᠨ ᠴᠢᠩᠭᠠᠷᠠᠭᠤᠯᠵᠤ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠪᠡᠶ᠎ᠡ᠎ᠪᠠᠨ ᠳᠠᠭᠠᠭᠠᠵᠤ ᠬᠦᠴᠦᠷᠬᠡᠭ᠌ᠵᠢᠬᠦ᠌᠎ᠳᠤ ᠦᠢᠯᠡᠴᠢᠯᠡᠨ᠎ᠡ᠃ ᠬᠤᠪᠢᠰᠭᠠᠯ᠎ᠤᠨ ᠰᠤᠩᠭᠤᠳᠠᠬ ᠪᠥᠳᠥᠭᠡᠯ᠎ᠤᠨ ᠮᠡᠳᠡᠯᠭᠡ᠎ᠶ᠋ᠢᠨ ᠪᠥᠳᠥᠭᠡᠭ᠌ᠳᠡᠬᠦᠨ᠎ᠤ ᠥᠮᠴᠢᠯᠡᠬᠦ᠌ ᠡᠷᠭᠡ᠎ᠶ᠋ᠢᠨ ᠬᠠᠤᠯᠢ ᠴᠠᠭᠠᠵᠠ᠎ᠶ᠋ᠢᠨ ᠬᠠᠮᠠᠭᠠᠯᠠᠯᠳᠠ᠎ᠶ᠋ᠢᠨ ᠡᠷᠴᠢᠮ᠎ᠢ ᠴᠢᠩᠭᠠᠷᠠᠭᠤᠯᠵᠥ᠍᠂ ᠮᠣᠨᠣᠫᠣᠯᠢᠴᠢᠯᠠᠯ᠎ᠢ ᠡᠰᠡᠷᠭᠦᠴᠡᠬᠦ᠌ ᠪᠠ ᠵᠦᠶ ᠪᠤᠰᠤ ᠥᠷᠢᠰᠥᠯᠳᠦᠭᠡᠨ᠎ᠢ ᠡᠰᠡᠷᠭᠦᠴᠡᠬᠦ᠌ ᠠᠵᠢᠯ᠎ᠤᠨ ᠬᠠᠤᠯᠢ ᠪᠠᠷᠢᠯᠳᠠ᠎ᠶ᠋ᠢ ᠴᠢᠩᠭᠠᠳᠭᠠᠵᠤ᠂ ᠵᠠᠬ᠎ᠠ ᠳᠡᠯᠭᠡᠭᠦᠷ᠎ᠤᠨ ᠭᠤᠤᠯᠴᠢ ᠥᠷᠢᠰᠥᠯᠳᠦᠭᠡᠨ ᠪᠠ ᠨᠡᠢᠭᠡᠮ ᠨᠡᠢᠲᠡ᠎ᠶ᠋ᠢᠨ ᠠᠱᠢᠭ ᠲᠤᠰᠠ᠎ᠶ᠋ᠢ ᠬᠠᠮᠠᠭᠠᠯᠠᠨ᠎ᠠ᠃ ᠲᠠᠮᠫᠤᠷᠠᠯ᠎ᠤᠨ ᠱᠢᠬᠦᠨ ᠲᠠᠰᠤᠯᠬᠤ ᠠᠵᠢᠯ᠎ᠢ ᠴᠢᠩᠭᠠᠳᠭᠠᠵᠥ᠍᠂ ᠵᠠᠬ᠎ᠠ ᠲᠡᠯᠬᠡᠬᠦᠷ᠎ᠤᠨ ᠪᠡᠶᠡᠳᠤ ᠴᠤᠬ᠍ᠴᠠ ᠲᠥᠬᠦᠮ᠂ ᠥᠨᠳᠤᠷ ᠪᠥᠳᠥᠮᠵᠢᠳᠠᠢ᠂ ᠡᠮᠬᠢ ᠵᠢᠷᠤᠮ᠎ᠲᠠᠢ ᠤᠬᠤᠷᠢᠨ ᠭᠠᠷᠬᠤ ᠲᠥᠷᠢᠮ᠎ᠢ ᠲᠡᠬᠦᠯᠳᠡᠷᠵᠢᠬᠦᠯᠬᠦ᠌᠎ᠶ᠋ᠢ ᠠᠬᠢᠭᠤᠯᠤᠨ᠎ᠠ᠃ ᠬᠠᠤᠯᠢ ᠴᠠᠭᠠᠵᠠ᠎ᠶ᠋ᠢᠨ ᠲᠥᠷᠤ᠎ᠶ᠋ᠢᠨ ᠪᠤᠳᠤᠯᠭ᠎ᠠ᠎ᠶ᠋ᠢ ᠲᠡᠬᠦᠯᠳᠡᠷᠵᠢᠬᠦᠯᠥᠨ᠂ ᠬᠠᠤᠯᠢ ᠴᠠᠭᠠᠵᠠ᠎ᠶ᠋ᠢᠨ ᠬᠠᠮᠵᠢᠯᠴᠠᠭ᠎ᠠ᠎ᠶ᠋ᠢ ᠴᠢᠩᠭᠠᠳᠭᠠᠵᠥ᠍᠂ ᠤᠷᠤᠨ ᠪᠥᠰᠠ᠎ᠶ᠋ᠢᠨ ᠵᠤᠬᠢᠴᠠᠩᠭᠤᠢ ᠬᠥᠭ᠌ᠵᠢᠯᠳᠠ᠎ᠳᠤ ᠥᠢᠯᠡᠴᠢᠯᠡᠨ᠎ᠠ᠃ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠱᠢᠭᠦᠬᠦ᠌ ᠬᠤᠷᠢᠶ᠎ᠠ᠂ ᠪᠡᠭᠡᠵᠢᠩ᠎ᠤᠨ ᠮᠥᠩᠭᠦᠨ ᠭᠦᠢᠯᠭᠡᠭᠡᠨ᠎ᠤ ᠱᠢᠭᠦᠬᠦ᠌ ᠬᠤᠷᠢᠶ᠎ᠠ᠎ᠶ᠋ᠢ ᠥᠨᠳᠥᠷ ᠪᠠᠷᠢᠮᠵᠢᠶ᠎ᠠ᠎ᠪᠠᠷ ᠪᠦᠲᠦᠭᠡᠨ ᠪᠠᠢᠭᠤᠯᠤᠨ᠎ᠠ᠃ ᠥᠮᠴᠢᠯᠡᠬᠦ᠌ ᠡᠷᠬᠡ᠎ᠶ᠋ᠢᠨ ᠬᠠᠤᠯᠢ ᠪᠠᠷᠢᠬᠤ ᠬᠠᠮᠠᠭᠠᠯᠠᠯᠲᠠ᠎ᠶ᠋ᠢᠨ ᠡᠷᠴᠢᠮ᠎ᠢ ᠴᠢᠩᠭᠠᠷᠠᠭᠤᠯᠵᠤ᠂ ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭᠡ᠂ ᠬᠡᠷᠡᠭ᠌ᠯᠡᠭᠡᠨ᠎ᠤ ᠬᠦᠷᠢᠶᠡᠨ᠎ᠳᠠᠬᠢ ᠵᠠᠭᠤᠷᠠᠯᠳᠤᠭᠠᠨ᠎ᠢ ᠲᠣᠬᠢᠲᠠᠶ ᠱᠢᠢᠳᠪᠦᠷᠢᠯᠡᠵᠦ᠍᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠦᠢᠯᠡᠴᠢᠯᠡᠨ᠎ᠡ᠃ ᠳ᠋ᠢᠵᠢᠲ᠋ᠠᠯ ᠠᠵᠤ ᠠᠬᠤᠶ᠂ ᠢᠨᠲᠧᠷ ᠰᠦᠯᠵᠢᠶ᠎ᠡ᠂ ᠵᠣᠬᠢᠶᠠᠮᠠᠯ ᠣᠶᠤᠨ᠂ ᠵᠢᠯᠣᠭᠤᠴᠢ ᠥᠬᠡᠶ ᠮᠠᠱᠢᠨ ᠲᠡᠷᠭᠡ ᠵᠡᠷᠭᠡ ᠱᠢᠨ᠎ᠡ ᠮᠡᠷᠭᠡᠵᠢᠯ ᠱᠢᠨ᠎ᠡ ᠬᠡᠷᠡᠭ᠌ᠯᠡᠭᠡ᠎ᠳᠤ ᠬᠤᠯᠪᠣᠭ᠍ᠳᠠᠭ᠍ᠰᠠᠨ ᠬᠡᠷᠡᠭ᠎ᠢ ᠲᠣᠬᠢᠲᠠᠶ ᠱᠢᠭᠦᠵᠦ᠍᠂ ᠱᠢᠨ᠎ᠡ ᠵᠠᠭ᠍ᠪᠤᠷ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠬᠠᠤᠯᠢ ᠶᠣᠰᠣᠭᠠᠷ ᠵᠢᠷᠤᠮᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠤᠨ᠎ᠠ᠃ ᠬᠥᠬᠡᠮᠥ᠋ᠷᠡᠨ᠎ᠢ ᠬᠠᠮᠠᠭᠠᠯᠠᠬᠤ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠨᠠᠢᠳᠠᠪᠤᠷᠢᠵᠢᠭᠤᠯᠵᠤ᠂ ᠬᠡᠬᠡᠷ᠎ᠡ᠎ᠶ᠋ᠢᠨ ᠠᠮᠢᠲᠠᠨ᠎ᠢ ᠬᠠᠮᠠᠭᠠᠯᠠᠵᠦ᠍᠂ ᠠᠮᠢ ᠠᠬᠤᠶ᠎ᠶ᠋ᠢᠨ ᠣᠷᠴᠢᠨ ᠨᠥᠬᠦᠴᠡᠯ᠎ᠤᠨ ᠬᠠᠤᠯᠢ ᠪᠠᠷᠢᠬᠤ ᠬᠠᠮᠠᠭᠠᠯᠠᠯᠲᠠ᠎ᠶ᠋ᠢᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠤᠯᠤᠰ᠎ᠤᠨ ᠲᠠᠯᠠᠢ ᠲᠠᠩᠭᠢᠰ᠎ᠤᠨ ᠡᠷᠬᠡ ᠠᠱᠢᠭ ᠪᠠ ᠠᠮᠤᠷ ᠲᠦᠪᠱᠢᠨ᠎ᠢ ᠬᠠᠤᠯᠢ ᠶᠣᠰᠣᠭᠠᠷ ᠬᠠᠮᠠᠭᠠᠯᠠᠵᠤ᠂ ᠲᠠᠯᠠᠢ ᠲᠠᠩᠭᠢᠰ᠎ᠤᠨ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠎ᠳᠤ ᠦᠢᠯᠡᠴᠢᠯᠡᠨ᠎ᠡ᠃ ᠣᠯᠠᠨ ᠤᠯᠤᠰ᠎ᠤᠨ ᠬᠠᠤᠯᠢ᠎ᠶ᠋ᠢ ᠰᠤᠳᠤᠯᠬᠤ ᠪᠠ ᠬᠡᠷᠡᠭ᠌ᠯᠡᠬᠦ᠌᠎ᠶ᠋ᠢ ᠴᠢᠩᠭᠠᠳᠭᠠᠵᠤ᠂ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠡᠷᠡᠰ ᠬᠠᠮᠠᠭᠠᠯᠠᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠬᠤ᠎ᠳᠤ ᠦᠢᠯᠡᠴᠢᠯᠡᠨ᠎ᠡ᠃

ᠭᠤᠷᠪᠠ᠎ᠳᠤ᠂ ᠠᠷᠠᠳ᠎ᠤᠨ ᠲᠥᠯᠥᠭᠡ ᠬᠠᠤᠯᠢ ᠪᠠᠷᠢᠬᠤ᠎ᠶ᠋ᠢ ᠪᠠᠷᠢᠮᠲᠠᠯᠠᠨ᠎ᠠ᠃ ᠢᠷᠭᠡᠨ᠎ᠤ ᠬᠠᠤᠯᠢ᠎ᠶ᠋ᠢᠨ ᠪᠢᠴᠢᠭ᠎ᠢ ᠦᠨᠡᠨ ᠬᠦ᠌ ᠬᠡᠷᠡᠭ᠌ᠵᠢᠭᠦᠯᠵᠦ᠍᠂ ᠮᠠᠨ᠎ᠤ ᠤᠯᠤᠰ᠎ᠤᠨ ᠢᠷᠭᠡᠨ᠎ᠤ ᠬᠡᠷᠡᠭ᠎ᠤᠨ ᠡᠷᠬᠡ᠎ᠶ᠋ᠢᠨ ᠬᠠᠤᠯᠢ ᠪᠠᠷᠢᠬᠤ ᠬᠠᠮᠠᠭᠠᠯᠠᠯᠲᠠ᠎ᠶ᠋ᠢᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠵᠠᠰᠠᠭ ᠵᠠᠬᠢᠷᠭᠠᠨ᠎ᠤ ᠪᠠᠢᠭᠤᠯᠭ᠎ᠠ᠎ᠶ᠋ᠢᠨ ᠬᠠᠤᠯᠢ ᠶᠣᠰᠣᠭᠠᠷ ᠵᠠᠰᠠᠭ ᠶᠠᠪᠤᠭᠤᠯᠬᠤ᠎ᠶ᠋ᠢ ᠳᠡᠮᠵᠢᠬᠦ᠌ ᠪᠠ ᠲᠡᠭᠦᠨ᠎ᠳᠤ ᠬᠢᠨᠠᠯᠲᠠ ᠲᠠᠯᠪᠢᠨ᠎ᠠ᠃ ᠲᠠᠷᠢᠶᠠᠯᠠᠩ ᠬᠥᠳᠡᠭᠡ ᠲᠣᠰᠭᠤᠨ ᠲᠠᠷᠢᠶᠠᠴᠢᠨ᠎ᠳᠤ ᠬᠤᠯᠪᠣᠭ᠍ᠳᠠᠭ᠍ᠰᠠᠨ ᠬᠡᠷᠡᠭ᠎ᠢ ᠬᠠᠤᠯᠢ ᠶᠣᠰᠣᠭᠠᠷ ᠳᠤᠬᠢᠲᠠᠢ ᠱᠢᠭᠦᠵᠦ᠍᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠭ᠌ᠰᠡᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠌᠎ᠳᠤ ᠢᠳᠡᠪᠬᠢᠲᠡᠶ ᠦᠢᠯᠡᠴᠢᠯᠡᠬᠦ᠌ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠶ ᠵᠣᠯᠭᠠᠭᠤᠯᠤᠨ᠎ᠠ᠃ ᠡᠮᠡᠭ᠌ᠲᠡᠢᠴᠦᠳ᠂ ᠬᠡᠤᠬᠡᠳ᠂ ᠨᠠᠰᠤᠲᠠᠢᠴᠤᠳ᠂ ᠵᠡᠮᠳᠡᠭ᠌ᠴᠦᠳ᠎ᠤᠨ ᠡᠷᠬᠡ ᠠᠱᠢᠭ᠎ᠤᠨ ᠪᠠᠲᠤᠯᠠᠭ᠎ᠠ᠎ᠶ᠋ᠢ ᠴᠢᠩᠭᠠᠳᠭᠠᠨ᠎ᠠ᠃ ᠨᠠᠰᠤᠨ᠎ᠳᠤ ᠦᠯᠦ᠍ ᠬᠦᠷᠦᠭ᠌ᠰᠡᠳ᠎ᠢ ᠬᠠᠮᠠᠭᠠᠯᠠᠬᠤ ᠬᠠᠤᠯᠢ ᠪᠠ ᠨᠠᠰᠤᠨ᠎ᠳᠤ ᠦᠯᠦ᠍ ᠬᠦᠷᠦᠭ᠌ᠰᠡᠳ᠎ᠤᠨ ᠶᠠᠯ᠎ᠠ ᠬᠢᠬᠦ᠌᠎ᠶ᠋ᠢ ᠰᠡᠷᠭᠡᠢᠯᠡᠬᠦ᠌ ᠬᠠᠤᠯᠢ᠎ᠶ᠋ᠢ ᠬᠢᠨᠠᠮᠠᠭᠠᠢ ᠨᠠᠢᠳᠠᠪᠤᠷᠢᠵᠢᠭᠤᠯᠵᠤ᠂ ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠤ ᠪᠠᠭᠠᠴᠤᠳ᠎ᠤᠨ ᠱᠢᠭᠦᠬᠦ᠌ ᠲᠢᠩᠬᠢᠮ᠎ᠤᠨ ᠠᠵᠢᠯ᠎ᠤᠨ ᠠᠯᠪᠠᠨ ᠭᠡᠷ ᠪᠠ ᠵᠢᠷᠭᠤᠭᠠᠨ ᠲᠣᠭᠤᠷᠢᠨ ᠱᠢᠭᠦᠨ ᠲᠠᠰᠤᠯᠬᠤ ᠴᠡᠭ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠪᠠᠭᠠᠴᠤᠳ᠎ᠤᠨ ᠱᠢᠭᠦᠬᠦ᠌ ᠲᠢᠩᠬᠢᠮ᠎ᠤᠨ ᠡᠭᠦᠷᠭᠡ ᠴᠢᠳᠠᠪᠤᠷᠢ᠎ᠶ᠋ᠢᠨ  ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠠᠤᠯᠢ᠎ᠪᠠᠷ  ᠵᠠᠰᠠᠬᠤ ᠤᠬᠠᠭᠤᠯᠭ᠎ᠠ ᠬᠥᠮᠦᠵᠢᠯ᠎ᠤᠨ ᠡᠷᠴᠢᠮ᠎ᠢ ᠴᠢᠩᠭᠠᠷᠠᠭᠤᠯᠵᠤ᠂ ᠨᠠᠰᠤᠨ ᠎ᠳᠤ ᠦᠯᠦ᠍ ᠬᠦᠷᠦᠭ᠌ᠰᠡᠳ᠎ᠤᠨ ᠡᠷᠡᠭᠦᠯ᠎ᠢᠶᠠᠷ ᠦᠰᠦᠨ ᠪᠤᠢᠵᠢᠬᠤ᠎ᠶ᠋ᠢ ᠬᠠᠮᠠᠭᠠᠯᠠᠨ᠎ᠠ᠃  《ᠢᠨᠲ᠋ᠧᠷ ᠰᠦᠯᠵᠢᠶ᠎ᠡ +》 ᠎ᠶ᠋ᠢᠨ ᠵᠠᠭ᠍ᠪᠤᠷ ᠳᠤᠤᠷᠠᠬᠢ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢᠨ ᠠᠵᠢᠯ ᠡᠷᠭᠢᠯᠡᠭ᠌ᠰᠡᠳ᠎ᠤᠨ ᠬᠠᠤᠯᠢ ᠶᠣᠰᠣᠨ᠎ᠤ ᠡᠷᠬᠡ ᠠᠱᠢᠭ᠎ᠤᠨ ᠪᠠᠲᠤᠯᠠᠭ᠎ᠠ᠎ᠶ᠋ᠢ ᠴᠢᠩᠭᠠᠳᠭᠠᠨ᠎ᠠ᠃ ᠡᠮᠨᠡᠯᠭᠡ᠎ᠶ᠋ᠢᠨ ᠠᠵᠢᠯᠲᠠᠳ᠎ᠤᠨ ᠬᠠᠤᠯᠢ ᠴᠠᠭᠠᠵᠠ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠵᠤ᠂ ᠡᠮᠴᠢᠯᠡᠵᠦ᠍ ᠦᠢᠮᠡᠭᠦᠯᠬᠦ᠌ ᠪᠠ ᠬᠦᠴᠦᠷᠬᠡᠭ᠌ᠯᠡᠯ᠎ᠢᠶᠠᠷ ᠡᠮᠴᠢ᠎ᠶ᠋ᠢ ᠭᠡᠮᠲᠦᠭᠡᠬᠦ᠌ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭ᠌ᠭᠦᠨ᠎ᠡ᠃ ᠴᠡᠷᠢᠭ᠎ᠲᠠᠢ ᠬᠤᠯᠪᠣᠭ᠍ᠳᠠᠭ᠍ᠰᠠᠨ ᠡᠷᠬᠡ᠎ᠪᠠᠨ ᠬᠠᠮᠠᠭᠠᠯᠠᠬᠤ ᠠᠵᠢᠯ᠎ᠤᠨ ᠡᠷᠴᠢᠮ᠎ᠢ ᠴᠢᠩᠭᠠᠷᠠᠭᠤᠯᠵᠤ᠂ ᠴᠡᠷᠢᠭ᠎ᠲᠠᠢ ᠬᠤᠯᠪᠣᠭ᠍ᠳᠠᠭ᠍ᠰᠠᠨ ᠡᠷᠬᠡ᠎ᠪᠠᠨ ᠬᠠᠮᠠᠭᠠᠯᠠᠬᠤ ᠰᠠᠭᠠᠤᠨ ᠥᠭᠡᠢ ᠵᠠᠮ᠎ᠢ ᠨᠡᠭᠡᠭᠡᠵᠦ᠍᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠠᠤᠯᠢ᠎ᠶ᠋ᠢ ᠨᠠᠢᠳᠠᠪᠤᠷᠢᠵᠢᠭᠤᠯᠤᠨ᠎ᠠ᠃ ᠴᠡᠷᠢᠭ᠎ᠤᠨ ᠠᠯᠪᠠᠨ᠎ᠠᠴᠠ ᠪᠠᠭᠤᠭ᠍ᠰᠠᠳ᠎ᠢ ᠬᠠᠮᠠᠭᠠᠯᠠᠬᠤ ᠬᠠᠤᠯᠢ᠎ᠶ᠋ᠢ ᠨᠠᠢᠳᠠᠪᠤᠷᠢᠵᠢᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠠᠱᠢᠭ ᠲᠤᠰᠠ ᠪᠠ ᠴᠡᠷᠢᠭ᠎ᠤᠨ ᠬᠥᠮᠦᠨ ᠴᠡᠷᠢᠭ᠎ᠤᠨ ᠭᠡᠷ ᠪᠦᠯᠢ᠎ᠶ᠋ᠢᠨ᠎ᠬᠢᠨ᠎ᠤ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠬᠠᠮᠠᠭᠠᠯᠠᠨ᠎ᠠ᠃ ᠭᠦᠢᠴᠡᠳᠭᠡᠬᠦ᠌᠎ᠳᠤ ᠬᠦᠴᠢᠷᠲᠡᠶ ᠪᠠᠢᠬᠤ᠎ᠶ᠋ᠢ ᠶᠡᠷᠦᠩᠬᠡᠢᠯᠡᠨ ᠵᠠᠰᠠᠬᠤ᠂ ᠡᠬᠢ ᠡᠭᠦᠰᠦᠯ᠎ᠠᠴᠠ᠎ᠨᠢ ᠵᠠᠰᠠᠬᠤ᠎ᠶ᠋ᠢ ᠠᠬᠢᠭᠤᠯᠵᠤ᠂ ᠬᠦᠢᠴᠡᠳᠭᠡᠬᠦ᠌ ᠠᠵᠢᠯ᠎ᠤᠨ ᠡᠷᠴᠢᠮ᠎ᠢᠶᠠᠨ ᠴᠢᠩᠭᠠᠷᠠᠭᠤᠯᠵᠤ᠂ ᠰᠠᠢᠨ ᠰᠠᠨᠠᠭᠠᠨ᠎ᠠᠴᠠ ᠪᠣᠯᠪᠠᠰᠤᠨ᠎ᠢᠶᠠᠷ ᠬᠦᠢᠴᠡᠳᠭᠡᠬᠦ᠌ ᠲᠦᠷᠢᠮ᠎ᠢ ᠪᠦᠷᠢᠨᠱᠢᠭᠦᠯᠵᠦ᠍᠂ ᠬᠥᠢᠴᠡᠳᠭᠡᠬᠦ᠌ ᠠᠵᠢᠯ᠎ᠤᠨ ᠥᠨᠳᠤᠷ ᠲᠥᠪᠱᠢᠨ ᠪᠠᠢᠬᠤ᠎ᠶ᠋ᠢ ᠪᠠᠳᠤᠯᠠᠨ᠎ᠠ᠃ ᠵᠠᠷᠭᠤ᠎ᠳᠤ ᠬᠤᠯᠪᠤᠬ᠍ᠳᠠᠬ᠍ᠰᠠᠨ ᠵᠠᠬᠢᠳᠠᠯ ᠰᠤᠷᠪᠤᠯᠵᠢᠯᠠᠭ᠎ᠠ᠎ᠶ᠋ᠢᠨ ᠠᠵᠢᠯ᠎ᠢ ᠴᠢᠩᠭᠠᠳᠭᠠᠵᠥ᠍᠂ ᠵᠠᠷᠭᠤ ᠪᠤᠯᠭᠠᠨ᠎ᠳᠤ ᠬᠠᠷᠢᠭᠤᠯᠳᠠ ᠥᠭ᠌ᠬᠦ᠎ᠶ᠋ᠢ ᠪᠡᠶᠡᠯᠡᠬᠦᠯᠥᠨ᠎ᠠ᠃ ᠠᠷᠠᠳ᠎ᠤᠨ ᠱᠢᠭᠦᠬᠦ᠌ ᠲᠢᠩᠬᠢᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠬᠤᠪᠢᠰᠭᠠᠯ᠎ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ᠎ᠤ ᠭᠠᠵᠠᠷ ᠣᠷᠣᠨ᠂ ᠬᠢᠯᠢ ᠬᠢᠵᠠᠭᠠᠷ ᠣᠷᠣᠨ᠂ ᠶᠠᠳᠠᠭᠤ ᠬᠦᠴᠢᠷᠲᠡᠯᠲᠡᠢ ᠭᠠᠵᠠᠷ ᠤᠷᠤᠨ᠎ᠤ ᠱᠢᠭᠦᠬᠦ᠌ ᠬᠤᠷᠢᠶᠠᠨ᠎ᠤ ᠦᠨᠳᠦᠰᠦᠨ ᠱᠠᠲᠤᠨ᠎ᠤ ᠰᠠᠭᠤᠷᠢ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠦᠨᠳᠦᠰᠦᠨ ᠱᠠᠲᠤᠨ᠎ᠤ ᠬᠠᠤᠯᠢ ᠪᠠᠷᠢᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠠᠷᠠᠳ ᠤᠯᠠᠨ᠎ᠤ ᠬᠡᠷᠡᠭ᠌ᠴᠡᠭᠡ ᠬᠠᠮᠢᠭ᠎ᠠ ᠪᠠᠢᠪᠠᠯ ᠬᠠᠤᠯᠢ ᠪᠠᠷᠢᠬᠤ ᠦᠢᠯᠡᠴᠢᠯᠡᠭᠡ ᠬᠠᠮᠢᠭ᠎ᠠ ᠬᠦᠷᠬᠦ᠌᠎ᠶ᠋ᠢ ᠴᠢᠷᠮᠠᠢᠨ ᠪᠡᠶᠡᠯᠡᠭᠦᠯᠦᠨ᠎ᠡ᠃

ᠲᠦᠷᠪᠡ᠎ᠳᠤ᠂ ᠴᠢᠩᠭ᠎ᠠ ᠪᠦᠭᠡᠳ ᠲᠦᠪ ᠭᠤᠤᠯᠴᠢ᠎ᠪᠠᠷ ᠬᠠᠤᠯᠢ ᠪᠠᠷᠢᠨ᠎ᠠ᠃ ᠱᠢᠨ᠎ᠡ ᠴᠠᠭ ᠦᠶ᠎ᠡ᠎ᠶ᠋ᠢᠨ ᠵᠥᠪ ᠬᠠᠤᠯᠢ ᠪᠠᠷᠢᠬᠤ ᠣᠢᠯᠠᠭᠠᠭ᠍ᠳᠠᠬᠤᠨ᠎ᠢ ᠪᠠᠷᠢᠮᠲᠠᠯᠠᠵᠤ᠂ ᠡᠷᠡᠭᠦᠤ᠎ᠶ᠋ᠢᠨ ᠬᠡᠷᠡᠭ᠂ ᠢᠷᠭᠡᠨ᠎ᠤ ᠬᠡᠷᠡᠭ᠂ ᠵᠠᠰᠠᠭ ᠵᠠᠬᠢᠷᠭᠠᠨ᠎ᠤ ᠵᠠᠷᠭᠤ᠎ᠶ᠋ᠢᠨ ᠬᠠᠤᠯᠢ᠎ᠶ᠋ᠢ ᠴᠢᠩᠭ᠎ᠠ ᠲᠤᠭᠤᠱᠢᠯᠠᠭᠤᠯᠵᠤ᠂ ᠲᠤᠬᠠᠶ᠎ᠶ᠋ᠢᠨ ᠬᠥᠮᠦᠨ᠎ᠤ ᠵᠠᠷᠭᠤ᠎ᠶ᠋ᠢᠨ ᠡᠷᠬᠡ᠎ᠶ᠋ᠢ ᠬᠦᠢᠴᠡᠳ ᠪᠠᠲᠤᠯᠠᠨ᠎ᠡ᠃ ᠡᠷᠡᠭᠦᠤ᠎ᠶ᠋ᠢᠨ ᠬᠠᠤᠯᠢ᠎ᠳᠤ ᠵᠠᠰᠠᠪᠤᠷᠢ ᠣᠷᠣᠭᠤᠯᠤᠭ᠍ᠰᠠᠨ ᠲᠥᠰᠦᠯ (ᠠᠷᠪᠠᠨ ᠨᠢᠭᠡ) ᠎ᠢ ᠲᠤᠭᠤᠱᠢᠯᠠᠭᠤᠯᠤᠨ ᠬᠡᠷᠡᠭ᠌ᠵᠢᠭᠦᠯᠦᠨ᠎ᠡ᠃ ᠡᠷᠡᠭᠦᠤ ᠱᠢᠢᠳᠭᠡᠯ᠎ᠢ᠎ᠨᠢ ᠬᠥᠩᠭᠡᠯᠡᠬᠦ᠂ ᠲᠠᠩᠰᠠᠨ ᠰᠤᠯᠠᠯᠠᠬᠤ᠂ ᠲᠦᠷ ᠬᠢᠨᠳᠠᠨ᠎ᠤ ᠭᠠᠳᠠᠨ᠎ᠠ ᠬᠦᠢᠴᠡᠳᠭᠡᠭᠦᠯᠬᠦ᠌ ᠠᠵᠢᠯ᠎ᠢ ᠴᠢᠩᠭ᠎ᠠ ᠵᠢᠷᠤᠮᠵᠢᠭᠤᠯᠵᠤ᠂ 《ᠨᠡᠷ᠎ᠡ᠎ᠶ᠋ᠢᠨ ᠲᠡᠳᠦᠢ ᠡᠷᠡᠭᠦᠤ ᠱᠢᠢᠳᠭᠡᠯ ᠭᠦᠢᠴᠡᠳᠭᠡᠬᠦ᠌》᠂ 《ᠵᠣᠭᠤᠰ ᠦᠭ᠌ᠴᠦ ᠭᠢᠨᠳᠠᠨ᠎ᠠᠴᠠ ᠭᠠᠷᠬᠤ》 ᠎ᠶ᠋ᠢ ᠡᠷᠡᠰ ᠪᠠᠢᠴᠠᠭᠠᠨ ᠱᠢᠢᠳᠪᠦᠷᠢᠯᠡᠨ᠎ᠡ᠃ ᠬᠠᠤᠯᠢ ᠶᠤᠰᠤᠨ᠎ᠤ ᠪᠦᠭᠡᠳ ᠰᠠᠢᠨ ᠳᠤᠷ᠎ᠠ᠎ᠶ᠋ᠢᠨ ᠵᠠᠷᠴᠢᠮ᠎ᠢ ᠪᠠᠷᠢᠮᠳᠠᠯᠠᠵᠤ᠂ ᠡᠶᠡᠳᠡᠭᠦᠯᠵᠦ᠍ ᠪᠣᠯᠬᠤ᠎ᠶ᠋ᠢ᠎ᠨᠢ ᠡᠶᠡᠳᠡᠭᠦᠯᠵᠦ᠍᠂ ᠱᠢᠭᠦᠨ ᠲᠠᠰᠤᠯᠬᠤ ᠶᠣᠰᠣᠲᠠᠶ᠎ᠶ᠋ᠢ᠎ᠨᠢ ᠱᠢᠭᠦᠨ ᠲᠠᠰᠤᠯᠤᠨ᠎ᠠ᠃ ᠬᠠᠤᠯᠢᠴᠢ᠎ᠶ᠋ᠢᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠦᠨᠡᠨ ᠬᠦ᠌ ᠪᠠᠲᠤᠯᠠᠨ᠎ᠡ᠃ ᠬᠠᠤᠯᠢᠴᠢ᠎ᠯᠤᠭ᠎ᠠ᠎ᠶ᠋ᠢᠨ ᠵᠥᠢ ᠶᠤᠰᠤᠨ᠎ᠤ ᠶᠠᠪᠤᠯᠴᠠᠭ᠎ᠠ᠂ ᠰᠠᠢᠨ ᠨᠥᠬᠦᠴᠡᠯᠳᠤᠯ᠎ᠤᠨ ᠬᠠᠷᠢᠴᠠᠭ᠎ᠠ᠎ᠶ᠋ᠢ ᠪᠠᠢᠭᠤᠯᠵᠥ᠍᠂ ᠬᠠᠤᠯᠢ᠎ᠪᠠᠷ ᠵᠠᠰᠠᠬᠤ᠎ᠶ᠋ᠢᠨ ᠲᠠᠪᠱᠢᠯᠳᠠ᠎ᠶ᠋ᠢ ᠬᠠᠮᠳᠤ᠎ᠪᠠᠷ ᠠᠬᠢᠭᠤᠯᠤᠨ᠎ᠠ᠃ ᠲᠠᠰᠤᠯᠤᠨ ᠲᠣᠭ᠍ᠲᠠᠭᠠᠬᠤ ᠪᠠᠷᠢᠮᠵᠢᠶ᠎ᠠ᠎ᠶ᠋ᠢ ᠨᠢᠭᠡᠳᠭᠡᠵᠦ᠍᠂ ᠱᠢᠭᠦᠨ ᠲᠠᠰᠤᠯᠬᠤ ᠭᠦᠢᠴᠡᠳᠭᠡᠬᠦ᠌ ᠴᠢᠨᠠᠷ ᠴᠢᠨᠰᠠᠭ᠎ᠠ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠱᠢᠬᠦᠨ ᠲᠠᠰᠤᠯᠬᠤ ᠬᠥᠢᠴᠡᠳᠭᠡᠬᠦ᠌ ᠠᠵᠢᠯ᠎ᠤᠨ ᠬᠢᠨᠠᠯᠳᠠ ᠬᠠᠮᠢᠶᠠᠷᠤᠯᠳᠠ᠎ᠶ᠋ᠢ ᠴᠢᠩᠭᠠᠳᠭᠠᠵᠥ᠍᠂ ᠲᠥᠪ ᠴᠢᠭᠡᠴᠢ᠎ᠪᠠᠷ ᠬᠠᠤᠯᠢ ᠪᠠᠷᠢᠬᠤ᠎ᠶ᠋ᠢ ᠥᠨᠡᠨ ᠬᠦ᠌ ᠪᠡᠳᠤᠯᠠᠨ᠎ᠠ᠃ ᠬᠠᠤᠯᠢ ᠪᠠᠷᠢᠬᠤ ᠲᠠᠰᠤᠯᠤᠨ ᠲᠣᠭ᠍ᠲᠠᠭᠠᠯᠲᠠ᠎ᠶ᠋ᠢᠨ ᠮᠠᠭᠤ᠎ᠶ᠋ᠢ ᠱᠢᠢᠳᠭᠡᠵᠦ᠍ ᠰᠠᠢᠨ᠎ᠢ ᠮᠠᠨᠳᠤᠭᠤᠯᠬᠤ ᠴᠢᠳᠠᠮᠵᠢ᠎ᠶ᠋ᠢ ᠭᠦᠢᠴᠡᠳ ᠪᠠᠳᠠᠷᠠᠭᠤᠯᠵᠤ᠂ ᠨᠡᠢᠭᠡᠮ ᠵᠢᠷᠤᠮ᠎ᠤᠨ ᠭᠤᠤᠯᠯᠠᠬᠤ ᠦᠷᠳᠡᠭ᠎ᠤᠨ ᠦᠵᠡᠯᠲᠡ᠎ᠶ᠋ᠢ ᠬᠥᠮᠦᠰ᠎ᠤᠨ ᠰᠡᠳᠭᠢᠯ᠎ᠳᠤ ᠬᠠᠳᠠᠩᠱᠢᠭᠤᠯᠬᠤ᠎ᠶ᠋ᠢ ᠠᠭᠢᠭᠤᠯᠤᠨ᠎ᠠ᠃

ᠲᠠᠪᠤ᠎ᠳᠤ᠂ ᠬᠠᠤᠯᠢ ᠪᠠᠷᠢᠬᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ᠃ ᠬᠠᠤᠯᠢ ᠪᠠᠷᠢᠬᠤ ᠬᠠᠷᠢᠭᠤᠴᠠᠯᠭ᠎ᠠ᠎ᠶ᠋ᠢᠨ ᠳᠦᠷᠢᠮ᠎ᠤᠨ ᠶᠡᠷᠦᠩᠬᠡᠢᠯᠡᠭ᠌ᠰᠡᠨ ᠢᠵᠢ ᠪᠦᠷᠢᠳᠦᠭᠦᠯᠬᠦ᠌ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠥᠭᠡᠷᠡᠴᠢᠯᠡᠯᠲᠡ᠎ᠶ᠋ᠢᠨ ᠪᠡᠶᠡᠴᠢ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠴᠢᠩᠭᠠᠳᠭᠠᠵᠤ᠂ ᠵᠣᠷᠢᠭ᠍ᠲᠠᠶ᠎ᠪᠠᠷ ᠪᠡᠷᠭᠡ ᠠᠰᠠᠭᠤᠳᠠᠯ᠎ᠢ ᠬᠦᠨᠳᠡᠵᠦ᠍᠂ ᠨᠢᠬᠡᠨᠳᠠ ᠭᠡᠷᠡᠭ᠌ᠵᠢᠬᠦᠯᠥᠭ᠌ᠰᠡᠨ ᠥᠬᠡᠷᠡᠴᠢᠯᠠᠯᠳᠠ᠎ᠶ᠋ᠢᠨ ᠥᠷ᠎ᠠ ᠪᠥᠳᠥᠮᠵᠢ᠎ᠶ᠋ᠢ ᠥᠨᠡᠯᠡᠨ ᠵᠢᠱ᠌ᠢᠬᠦ᠌᠎ᠶ᠋ᠢ ᠴᠢᠩᠭᠠᠳᠭᠠᠵᠥ᠍᠂ ᠡᠯ᠎ᠡ ᠵᠦᠢᠯ᠎ᠤᠨ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠱᠢᠰᠲ᠋ᠧᠮᠵᠢᠭᠦᠯᠦᠨ ᠬᠤᠷᠠᠭᠤᠯᠵᠤ᠂ ᠬᠠᠮᠵᠢᠯᠴᠠᠭᠤᠯᠤᠨ ᠦᠨᠳᠦᠷ ᠪᠦᠲᠦᠮᠵᠢᠲᠡᠢ ᠪᠠᠢᠯᠭᠠᠨ᠎ᠠ᠃ ᠬᠠᠤᠯᠢ ᠪᠠᠷᠢᠬᠤ ᠬᠢᠵᠠᠭᠠᠷᠯᠠᠯ ᠪᠤᠯᠤᠨ ᠬᠢᠨᠠᠯᠲᠠ᠎ᠶ᠋ᠢ ᠴᠢᠩᠭᠠᠳᠭᠠᠵᠤ᠂ ᠬᠠᠤᠯᠢ ᠪᠠᠷᠢᠬᠤ ᠡᠷᠬᠡ᠎ᠶ᠋ᠢᠨ ᠠᠵᠢᠯᠯᠠᠭ᠎ᠠ᠎ᠶ᠋ᠢ ᠵᠢᠷᠤᠮᠵᠢᠭᠤᠯᠤᠨ᠂ ᠠᠵᠢᠯᠳᠠᠨ᠎ᠢ ᠲᠦᠷᠦᠯ ᠬᠤᠪᠢᠶᠠᠨ ᠬᠠᠮᠢᠶᠠᠷᠬᠤ᠎ᠶ᠋ᠢ ᠲᠡᠭᠦᠯᠳᠡᠷᠵᠢᠭᠦᠯᠦᠨ᠎ᠡ᠃ ᠠᠷᠠᠳ᠎ᠤᠨ ᠬᠠᠪᠰᠤᠷᠤᠨ ᠱᠢᠬᠦᠭ᠌ᠴᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠬᠥᠢᠴᠡᠳᠭᠡᠬᠦ᠌ ᠬᠠᠮᠢᠶᠠᠷᠤᠯᠳᠠ᠎ᠶ᠋ᠢᠨ ᠪᠠᠳᠤᠯᠠᠭ᠎ᠠ᠎ᠶ᠋ᠢᠨ ᠲᠤᠬ᠍ᠳᠠᠴᠠ᠎ᠶ᠋ᠢ ᠪᠥᠷᠢᠨᠱᠢᠬᠦᠯᠥᠨ᠎ᠠ᠃ ᠱᠢᠭᠦᠨ ᠲᠠᠰᠤᠯᠤᠯᠲᠠ᠎ᠪᠠᠷ ᠭᠤᠤᠯ ᠪᠤᠯᠭᠠᠭ᠍ᠰᠠᠨ ᠡᠷᠡᠭᠦᠦ᠎ᠶ᠋ᠢᠨ ᠵᠠᠷᠭᠤ᠎ᠶ᠋ᠢᠨ ᠳᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠶᠠᠯ᠎ᠠ᠎ᠪᠠᠨ ᠮᠡᠳᠡᠷᠡᠵᠤ ᠱᠢᠢᠳᠭᠡᠯ᠎ᠢ ᠬᠦᠯᠢᠶᠡᠭ᠌ᠰᠡᠨ᠎ᠢ ᠠᠭᠤᠴᠢᠯᠠᠨ ᠱᠢᠢᠳᠭᠡᠬᠦ᠌ ᠳᠦᠷᠢᠮ᠎ᠢ ᠪᠦᠷᠢᠨᠱᠢᠭᠦᠯᠵᠦ᠍᠂ ᠬᠠᠤᠯᠢ ᠶᠣᠰᠣᠭᠠᠷ ᠴᠢᠩᠭ᠎ᠠ ᠬᠡᠷᠡᠭ ᠱᠢᠢᠳᠪᠦᠷᠢᠯᠡᠬᠦ᠌᠎ᠶ᠋ᠢ ᠦᠨᠡᠨ ᠬᠦ᠌ ᠪᠠᠲᠤᠯᠠᠨ᠎ᠠ᠃ ᠢᠷᠭᠡᠨ᠎ᠤ ᠵᠠᠷᠭᠤ᠎ᠶ᠋ᠢᠨ ᠵᠢᠷᠤᠮ᠎ᠤᠨ ᠳᠥᠪᠡᠭ᠌ᠲᠡᠢ ᠬᠡᠷᠡᠭ ᠪᠠ ᠳᠦᠭᠦᠮ ᠬᠡᠷᠡᠭ᠎ᠢ ᠰᠠᠯᠭᠠᠬᠤ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠲᠤᠷᠱᠢᠯᠭ᠎ᠠ᠎ᠶ᠋ᠢ ᠳ᠋ᠦᠩᠨᠡᠬᠦ᠌ ᠪᠠ ᠦᠷ᠎ᠡ ᠪᠦᠲᠦᠭᠡᠯ᠎ᠢ ᠬᠤᠪᠢᠷᠠᠭᠤᠯᠬᠤ᠎ᠶ᠋ᠢ ᠯᠠᠪᠳᠠᠭᠤᠨ ᠪᠠᠲᠤᠲᠠᠶ ᠰᠠᠢᠲᠤᠷ ᠬᠢᠨ᠎ᠠ᠃ ᠳᠤᠮᠳᠠᠳᠤ ᠤᠯᠤᠰ᠎ᠤᠨ ᠣᠨᠴᠠᠯᠢᠭ ᠪᠦᠬᠦᠢ ᠨᠢᠭᠡ ᠯᠡ ᠥᠷᠲᠡᠭᠡᠨ᠎ᠤ ᠮᠠᠶᠢᠭ᠎ᠤᠨ ᠤᠯᠠᠨ ᠡᠱᠢᠴᠢᠯᠡᠭ᠌ᠰᠡᠨ ᠵᠢᠭᠤᠷᠠᠯᠳᠤᠭᠠᠨ ᠱᠢᠢᠳᠪᠦᠷᠢᠯᠡᠬᠦ᠌ ᠪᠠ ᠵᠠᠷᠭᠤ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠪᠦᠷᠢᠨᠱᠢᠭᠦᠯᠦᠨ᠎ᠡ᠃ ᠢᠨᠲ᠋ᠧᠷ ᠰᠦᠯᠵᠢᠶᠡᠨ᠎ᠤ ᠱᠢᠭᠦᠬᠦ᠌ ᠬᠤᠷᠢᠶᠠᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠰᠦᠯᠵᠢᠶᠡᠨ ᠳᠡᠭᠡᠷ᠎ᠡ ᠵᠠᠷᠭᠤ ᠬᠢᠬᠦ᠌ ᠵᠢᠷᠤᠮ᠎ᠤᠨ ᠲᠦᠷᠢᠮ᠎ᠢ ᠲᠡᠭᠦᠯᠳᠡᠷᠵᠢᠭᠦᠯᠵᠦ᠍᠂ ᠠᠷᠠᠳ ᠲᠦᠮᠡᠨ᠎ᠢᠶᠠᠷ ᠭᠤᠤᠯ ᠪᠣᠯᠭᠠᠭ᠍ᠰᠠᠨ ᠨᠡᠩ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠬᠠᠤᠯᠢ ᠪᠠᠷᠢᠬᠤ ᠪᠣᠯᠪᠠᠰᠤᠨ᠎ᠢ ᠡᠭᠦᠳᠦᠨ ᠪᠦᠲᠦᠭᠡᠨ᠎ᠡ᠃

ᠵᠢᠷᠭᠤᠭ᠎ᠠ᠎ᠳᠤ᠂ ᠴᠠᠭᠠᠷᠠᠭ᠍ᠰᠠᠨ ᠡᠩᠨᠡᠭᠡ᠎ᠶ᠋ᠢ ᠪᠠᠢᠭᠤᠯᠤᠨ᠎ᠠ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠬᠢᠨᠠᠮᠠᠭᠠᠢ ᠥᠷᠨᠢᠭᠦᠯᠵᠦ᠍᠂ ᠤᠯᠤᠰ ᠲᠦᠷᠦ᠎ᠶ᠋ᠢᠨ ᠲᠠᠯ᠎ᠠ᠎ᠪᠠᠷ ᠦᠨᠡᠨᠴᠢ ᠱᠢᠳᠤᠷᠭᠤ ᠪᠠᠢᠬᠤ ᠰᠦᠭ ᠰᠦᠨᠡᠰᠦ᠎ᠶ᠋ᠢ ᠪᠠᠲᠤ ᠪᠤᠢ ᠪᠤᠯᠭᠠᠨ᠎ᠠ᠃ ᠲᠤᠰᠭᠠᠢᠵᠢᠭ᠍ᠰᠠᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠨᠢᠭᠡ ᠪᠦᠯᠦᠭ ᠳᠡᠭᠡᠳᠦ ᠬᠡᠪ ᠴᠢᠨᠠᠷ ᠪᠦᠬᠦᠢ ᠲᠤᠰᠭᠠᠢᠵᠢᠭ᠍ᠰᠠᠨ ᠱᠢᠭᠦᠨ ᠲᠠᠰᠤᠯᠬᠤ ᠴᠢᠳᠠᠪᠤᠷᠢᠲᠠᠨ ᠪᠠ ᠪᠡᠯᠡᠳᠭᠡᠯ ᠬᠦᠴᠦᠨ᠎ᠢ ᠲᠦᠷᠭᠡᠯᠡᠨ ᠬᠥᠮᠦᠵᠢᠭᠦᠯᠵᠦ᠍ ᠨᠥᠭᠡᠴᠡᠯᠡᠨ᠎ᠡ᠃ 《ᠲᠦᠷᠪᠡᠨ ᠰᠤᠷᠳᠠᠯ》 ᠢᠯᠡᠩᠭᠤᠶ᠎ᠠ ᠬᠡᠯᠪᠡᠷᠢ᠎ᠶ᠋ᠢᠨ ᠦᠵᠡᠯ᠂ ᠨᠣᠶᠠᠨᠴᠢ ᠰᠤᠷᠲᠠᠯ᠎ᠢ ᠴᠥᠬᠦᠷᠡᠰᠢ ᠦᠭᠡᠢ ᠵᠠᠯᠠᠷᠠᠭᠤᠯᠤᠨ ᠵᠠᠰᠠᠨ᠎ᠠ᠃ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢ ᠪᠦᠬᠦ᠌ ᠲᠠᠯ᠎ᠠ᠎ᠪᠠᠷ ᠥᠷᠨᠢᠭᠦᠯᠬᠦ᠌᠎ᠪᠠᠷ ᠠᠵᠠ ᠲᠣᠬᠢᠶᠠᠯ ᠪᠣᠯᠭᠠᠵᠤ᠂ ᠭᠢᠳᠤᠭᠠᠨ ᠢᠷ᠎ᠢ ᠲᠤᠲᠤᠭ᠍ᠰᠢ ᠬᠠᠨᠳᠤᠭᠤᠯᠵᠤ᠂ ᠶᠠᠰᠤ᠎ᠶ᠋ᠢ᠎ᠨᠢ ᠬᠤᠰᠤᠨ ᠬᠤᠣᠷ᠎ᠢ᠎ᠨᠢ ᠠᠷᠢᠯᠭᠠᠵᠤ᠂ ᠪᠦᠬᠦᠳᠡ᠎ᠶ᠋ᠢ ᠲᠦᠢᠳᠦᠭ᠌ᠴᠢ ᠪᠦᠳᠦᠯ ᠦᠭᠡᠢ ᠠᠮᠢᠳᠠᠨ᠎ᠢ ᠡᠷᠡᠰ ᠠᠷᠢᠯᠭᠠᠵᠤ᠂ ᠥᠪᠡᠷ᠎ᠤᠨ ᠪᠡᠶ᠎ᠡ ᠳᠡᠬᠡᠷ᠎ᠡ ᠣᠷᠣᠱᠢᠵᠤ ᠪᠠᠢᠭ᠎ᠠ ᠠᠰᠠᠭᠤᠳᠠᠯ᠎ᠳᠤ ᠮᠠᠭᠤ᠎ᠪᠠᠨ ᠨᠢᠭᠤᠬᠤ ᠦᠭᠡᠢ᠂ ᠳᠤᠲᠠᠭ᠍ᠳᠠᠯ᠎ᠢᠶᠠᠨ ᠬᠠᠮᠠᠭᠠᠯᠠᠬᠤ ᠦᠭᠡᠢ᠂ ᠠᠯᠳᠠᠭ᠎ᠠ ᠪᠤᠷᠤᠭᠤ᠎ᠪᠠᠨ ᠤᠷᠠᠯᠠᠨ ᠴᠢᠮᠡᠭ᠌ᠯᠡᠬᠦ᠌ ᠦᠭᠡᠢ᠂ ᠠᠷᠬᠠᠭ ᠭᠡᠮ᠎ᠢ ᠡᠷᠡᠰ ᠴᠡᠭ᠌ᠴᠡᠯᠡᠨ ᠵᠠᠰᠠᠵᠤ᠂ ᠱᠢᠭᠦᠬᠦ᠌ ᠬᠤᠷᠢᠶᠠᠨ᠎ᠤ ᠡᠩᠨᠡᠭᠡ᠎ᠶ᠋ᠢ ᠴᠡᠪᠡᠷᠱᠢᠭᠦᠯᠦᠨ᠎ᠡ᠃ ᠬᠠᠤᠯᠢ ᠪᠠᠷᠢᠯᠲᠠ᠎ᠶ᠋ᠢᠨ 《ᠭᠤᠷᠪᠠᠨ ᠲᠣᠭ᠍ᠲᠠᠭᠠᠯ》 ᠎ᠳᠤ ᠭᠠᠷ ᠲᠦᠷᠦᠭᠦ᠎ᠶ᠋ᠢ ᠰᠡᠷᠭᠡᠢᠯᠡᠬᠦ᠌ ᠵᠡᠷᠭᠡ ᠬᠠᠲᠠᠭᠤ ᠲᠣᠭ᠍ᠲᠠᠭᠠᠯ ᠬᠤᠷᠢᠭ᠎ᠠ ᠴᠠᠭᠠᠵᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠤᠭ᠍ᠲᠤ ᠦᠯᠦ᠍ ᠬᠦᠯᠢᠴᠡᠬᠦ᠌ ᠣᠪᠣᠷ᠎ᠢᠶᠠᠷ ᠬᠠᠤᠯᠢ ᠪᠠᠷᠢᠯᠲᠠ᠎ᠶ᠋ᠢᠨ ᠢᠯᠵᠠᠷᠠᠯ᠎ᠢ ᠴᠢᠩᠭ᠎ᠠ ᠱᠢᠢᠳᠭᠡᠨ᠎ᠡ᠃ ᠴᠢᠩᠭ᠎ᠠ ᠬᠠᠮᠢᠶᠠᠷᠬᠤ ᠪᠠ ᠭᠦᠨ ᠬᠠᠯᠠᠮᠵᠢᠯᠠᠬᠤ᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠬᠠᠤᠯᠢ ᠪᠠᠷᠢᠬᠤ ᠠᠵᠢᠯ ᠮᠡᠷᠭᠡᠵᠢᠯ᠎ᠤᠨ ᠪᠠᠲᠤᠯᠠᠭ᠎ᠠ᠎ᠶ᠋ᠢ ᠴᠢᠩᠭᠠᠳᠭᠠᠨ᠎ᠠ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠯᠲᠠ᠂ ᠠᠷᠠᠳᠴᠢᠯᠠᠭ᠍ᠰᠠᠨ ᠬᠢᠨᠠᠯᠲᠠ ᠪᠠ ᠡᠯ᠎ᠡ ᠲᠠᠯ᠎ᠠ᠎ᠶ᠋ᠢᠨ᠎ᠬᠢᠨ᠎ᠤ ᠬᠢᠨᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠨ᠎ᠡ᠃ ᠣᠯᠠᠨ ᠲᠦᠮᠡᠨ᠎ᠤ ᠠᠵᠢᠯ᠎ᠢ ᠬᠢᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠥᠷᠭᠡᠨ ᠣᠯᠠᠨ ᠱᠢᠭᠦᠭᠦ᠌ ᠲᠤᠱᠢᠶᠠᠯᠲᠠᠨ᠎ᠢ ᠡᠯ᠎ᠡ ᠵᠦᠢᠯ᠎ᠤᠨ ᠲᠦᠪᠡᠭ ᠪᠤᠳᠤᠯᠢᠶᠠᠨᠲᠠᠶ ᠴᠢᠨᠠᠭ᠍ᠰᠢᠯᠠᠪᠠᠯ ᠬᠤᠷᠴᠠ ᠱᠢᠷᠦᠭᠦᠨ ᠵᠥᠷᠢᠴᠡᠯ᠎ᠤᠨ ᠡᠮᠦᠨ᠎ᠡ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠨ᠂ ᠬᠠᠲᠠᠭᠤ ᠪᠡᠷᠬᠡ ᠵᠦᠢᠯ᠎ᠢ ᠵᠤᠷᠢᠭ᠍ᠲᠠᠢ᠎ᠪᠠᠷ ᠬᠦᠨᠳᠡᠵᠦ᠍᠂ ᠵᠠᠢᠯᠠᠬᠤ ᠦᠭᠡᠢ᠂ ᠲᠦᠯᠬᠢᠬᠦ᠌ ᠦᠭᠡᠢ᠂ ᠬᠤᠪᠢ᠎ᠶ᠋ᠢᠨ ᠨᠠᠢᠷ ᠬᠠᠷᠠᠬᠤ ᠦᠭᠡᠢ᠂ ᠭᠤᠤᠯᠴᠢ᠎ᠪᠠᠷ ᠱᠢᠢᠳᠪᠦᠷᠢᠯᠡᠵᠦ᠍᠂ ᠵᠢᠭᠤᠷᠠᠯᠳᠤᠭᠠᠨ᠎ᠢ ᠱᠢᠢᠳᠪᠣᠷᠢᠯᠡᠡ ᠮᠠᠷᠭᠤᠭᠠᠨ᠎ᠢ ᠵᠣᠭ᠍ᠰᠣᠭᠠᠬᠤ ᠮᠡᠷᠭᠡᠵᠢᠯᠲᠡᠨ ᠪᠣᠯᠭᠠᠵᠤ᠂ ᠵᠠᠷᠭᠤ᠎ᠶ᠋ᠢᠨ ᠬᠡᠷᠡᠭ᠎ᠤᠨ ᠬᠠᠤᠯᠢ᠎ᠶ᠋ᠢᠨ ᠲᠦᠭ᠌ᠵᠢᠷᠡᠮᠡᠯ ᠠᠰᠠᠭᠤᠳᠠᠯ᠎ᠢ ᠱᠢᠢᠳᠪᠦᠷᠢᠯᠡᠬᠦ᠌ ᠮᠥᠷᠲᠡᠭᠡᠨ ᠣᠯᠠᠨ ᠲᠦᠮᠡᠨ᠎ᠤ ᠰᠡᠳᠭᠢᠯ᠎ᠤᠨ ᠵᠠᠩᠬᠢᠶᠠᠰᠤ᠎ᠶ᠋ᠢ ᠠᠯᠳᠠᠷᠠᠭᠠᠵᠤ᠂ ᠬᠠᠤᠯᠢ ᠴᠠᠭᠠᠵᠠ᠎ᠪᠠᠷ ᠳᠡᠯᠡᠬᠡᠢ ᠳ᠋ᠠᠬᠢᠨ᠎ᠢ ᠠᠮᠤᠷᠵᠢᠭᠤᠯᠵᠦ᠍᠂ ᠶᠣᠰᠣ ᠰᠤᠷᠲᠠᠬᠤᠨ᠎ᠢᠶᠠᠷ ᠬᠥᠮᠦᠨ᠎ᠤ ᠰᠡᠳᠭᠢᠯ᠎ᠢ ᠤᠮᠳᠠᠯᠠᠨ᠎ᠠ᠃

ᠲᠥᠯᠥᠭᠡᠯᠡᠭ᠌ᠴᠢᠳ ᠡ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠷᠠᠳ᠎ᠤᠨ ᠱᠢᠭᠦᠬᠦ᠌ ᠬᠤᠷᠢᠶᠠᠨ᠎ᠤ ᠠᠵᠢᠯ᠎ᠢ ᠰᠠᠢᠲᠤᠷ ᠬᠢᠬᠦ᠌᠎ᠳᠤ ᠬᠠᠷᠢᠭᠤᠴᠠᠯᠭ᠎ᠠ ᠬᠦᠨᠳᠦ᠂ ᠡᠭᠦᠷᠭᠡ ᠦᠡᠭ᠌ᠭᠡ ᠬᠡᠷᠡᠯᠳᠡᠢ ᠪᠠᠢᠨ᠎ᠠ᠃ ᠪᠢᠳᠡ ᠰᠢ᠎ᠶ᠋ᠢᠨ ᠫᠢᠩ ᠨᠥᠬᠦᠷ᠎ᠢᠶᠠᠷ ᠭᠤᠤᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠤᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭᠠᠵᠤ᠂ ᠲᠤᠰ ᠤᠳᠠᠭ᠎ᠠ᠎ᠶ᠋ᠢᠨ ᠬᠤᠷᠠᠯ᠎ᠤᠨ ᠵᠤᠷᠢᠬ ᠰᠠᠨᠠᠭ᠎ᠠ᠎ᠶ᠋ᠢ ᠨᠡᠷᠢᠨ ᠬᠢᠨᠠᠮᠠᠭᠠᠢ ᠲᠤᠭᠤᠱᠢᠯᠠᠭᠤᠯᠵᠥ᠍᠂  ᠲᠤᠯᠭᠤᠷ ᠵᠤᠷᠢᠯᠲᠠ ᠎ᠪᠠᠨ ᠦᠯᠦ᠍ ᠮᠠᠷᠲᠠᠨ᠂ ᠡᠭᠦᠷᠭᠡ  ᠬᠠᠷᠢᠭᠤᠴᠠᠯᠭ᠎ᠠ ᠎ᠪᠠᠨ ᠪᠠᠲᠤ ᠴᠡᠭᠡᠵᠢᠯᠡᠵᠦ᠍᠂ ᠦᠨᠠᠨ᠎ᠢ  ᠪᠠᠷᠢᠮᠳᠠᠯᠠᠨ ᠪᠤᠳᠠᠳᠠᠢ᠎ᠶ᠋ᠢ ᠡᠷᠬᠢᠮᠯᠡᠵᠦ᠍᠂ ᠵᠠᠮ ᠨᠡᠬᠡᠬᠡᠨ ᠱᠢᠨ᠎ᠠ᠎ᠶ᠋ᠢ ᠡᠬᠦᠳᠴᠦ᠍᠂ ᠱᠢᠭᠦᠨ ᠲᠠᠰᠤᠯᠤᠯᠲᠠ᠎ᠶ᠋ᠢᠨ ᠡᠭᠦᠷᠭᠡ ᠴᠢᠳᠠᠪᠤᠷᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ᠎ᠶ᠋ᠢᠨ  ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ ᠤᠯᠤᠰ᠎ᠤᠨ ᠬᠦᠰᠡᠯ᠎ᠢ ᠪᠡᠶᠡᠯᠡᠭᠦᠯᠬᠦ᠌᠎ᠳᠤ ᠨᠡᠩ ᠶᠡᠭᠡ ᠱᠢᠨ᠎ᠡ ᠬᠤᠪᠢ ᠨᠡᠮᠡᠷᠢ ᠦᠵᠡᠭᠦᠯᠵᠦ᠍᠂ ᠱᠢᠯᠢᠳᠡᠭ ᠰᠠᠢᠨ ᠬᠢᠷᠢ ᠪᠦᠲᠦᠮᠵᠢ᠎ᠪᠠᠷ ᠳᠤᠮᠳᠠᠳᠤ ᠤᠯᠤᠰ᠎ᠤᠨ ᠡᠪ  ᠬᠠᠮᠲᠤ ᠨᠠᠮ  ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠶ᠎ᠡ!

 (ᠱᠢᠨᠬᠤᠸᠠ ᠬᠤᠷᠢᠶᠠᠨ᠎ᠤ ᠪᠡᠭᠡᠵᠢᠩ᠎ᠤᠨ 3 ᠰᠠᠷ᠎ᠠ᠎ᠶ᠋ᠢᠨ 15 ᠎ᠤ ᠴᠠᠬᠢᠯᠭᠠᠨ ᠮᠡᠳᠡᠭᠡ᠂ ᠳᠣᠮᠳᠠᠳᠣ ᠣᠯᠣᠰ᠎ᠤᠨ ᠦᠨᠳᠦᠰᠦᠳᠡᠨ᠎ᠤ ᠬᠡᠯᠡᠨ᠎ᠤ ᠣᠷᠴᠢᠭᠤᠯᠭ᠎ᠠ᠎ᠶ᠋ᠢᠨ ᠳᠣᠪᠴᠢᠶ᠎ᠠ ᠣᠷᠴᠢᠭᠤᠯᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号