ᠤᠳᠤ ᠬᠠᠪᠤᠷ᠎ᠤᠨ ᠤᠯᠠᠷᠢᠯ᠎ᠤᠨ ᠲᠠᠷᠢᠶᠠᠯᠠᠩ ᠮᠠᠯ ᠠᠵᠤ ᠠᠬᠤᠶ᠎ᠶ᠋ᠢᠨ ᠦᠢᠯᠡᠳᠪᠦᠷᠢᠯᠡᠯ ᠶᠠᠭᠠᠷᠠᠯᠲᠠᠶ ᠦᠶ᠎ᠡ᠎ᠳᠤ ᠤᠷᠤᠵᠤ᠂ ᠮᠠᠯᠴᠢᠨ ᠲᠠᠷᠢᠶᠠᠴᠢᠳ ᠮᠠᠨᠢ ᠲᠠᠷᠢᠶᠠᠨ ᠦᠷ᠎ᠡ᠂ ᠪᠣᠷᠲᠣᠭᠤᠷ᠂ ᠲᠠᠷᠢᠶᠠᠨ ᠡᠮ᠂ ᠮᠠᠯ᠎ᠤᠨ ᠡᠮ᠂ ᠲᠡᠵᠢᠭᠡᠯ ᠪᠣᠷᠳᠤᠭ᠎ᠠ ᠵᠡᠷᠭᠡ ᠲᠠᠷᠢᠶᠠᠯᠠᠩ ᠮᠠᠯ ᠠᠵᠤ ᠠᠬᠤᠶ᠎ᠶ᠋ᠢᠨ ᠴᠢᠬᠤᠯᠠ ᠦᠢᠯᠡᠳᠪᠦᠷᠢᠯᠡᠯ᠎ᠤᠨ ᠬᠡᠷᠡᠭ᠌ᠰᠡᠯ᠎ᠢ ᠵᠠᠯᠭᠠᠭ᠎ᠠ᠎ᠪᠠᠷ ᠰᠣᠩᠭᠤᠵᠤ ᠬᠤᠳᠠᠯᠳᠤᠨ ᠠᠪᠴᠤ᠌ ᠪᠠᠢᠨ᠎ᠠ᠃ ᠡᠨᠡ ᠭᠦ᠌ ᠵᠠᠩᠭᠢᠯᠠᠭ᠎ᠠ᠎ᠶ᠋ᠢᠨ ᠮᠦᠴᠡ᠎ᠳᠤ ᠦᠪᠡᠷᠳᠡᠭᠡᠨ ᠵᠠᠰᠠᠬᠤ ᠤᠷᠤᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠭᠤᠨ ᠮᠠᠯᠵᠢᠬᠤ ᠤᠷᠤᠨ᠎ᠤ ᠲᠢᠩᠭᠢᠮ ᠪᠦᠬᠦ᠌ ᠤᠷᠤᠨ᠎ᠤ ᠮᠠᠯᠴᠢᠨ ᠲᠠᠷᠢᠶᠠᠴᠢᠨ᠎ᠳᠤ ᠨᠢᠭᠡ ᠬᠤᠪᠢ ᠵᠠᠬᠢᠳᠠᠯ ᠢᠯᠡᠭᠡᠵᠦ᠍᠂ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭ᠌ᠰᠡᠯ ᠬᠤᠳᠠᠯᠳᠤᠨ ᠠᠪᠬᠤ᠎ᠳᠠᠭᠠᠨ ᠪᠤᠯᠭᠤᠮᠵᠢᠳᠠᠢ ᠪᠠᠢᠭᠠᠷᠠᠢ ᠭᠡᠵᠦ᠍ ᠰᠠᠨᠠᠭᠤᠯᠪᠠ᠃
ᠨᠢᠭᠡ᠎ᠳᠤ᠂ ᠭᠡᠷᠡᠴᠢ ᠦᠨᠡᠮᠯᠡᠯ᠎ᠢ ᠦᠵᠡᠨ᠎ᠡ᠃ ᠡᠵᠡᠩᠨᠡᠬᠦ᠌ ᠬᠢᠷᠢ ᠬᠡᠮ᠎ᠲᠠᠢ᠂ ᠭᠡᠷᠡᠴᠢ ᠦᠨᠡᠮᠯᠡᠯ᠎ᠨᠢ ᠪᠦᠷᠢᠨ ᠭᠦᠶᠴᠡᠳ᠂ ᠡᠵᠡᠩᠨᠡᠯᠲᠡ᠎ᠨᠢ ᠵᠢᠷᠤᠮᠵᠢᠯ᠎ᠲᠠᠢ᠂ ᠢᠲᠡᠭᠡᠮᠵᠢ ᠰᠠᠢᠲᠠᠶ ᠬᠠᠤᠯᠢ ᠶᠣᠰᠣᠨ᠎ᠤ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭ᠌ᠰᠡᠯ᠎ᠤᠨ ᠡᠵᠡᠩᠨᠡᠯᠲᠡ᠎ᠶ᠋ᠢᠨ ᠡᠭᠦᠳᠡᠨ ᠳᠡᠯᠭᠡᠭᠦᠷ᠎ᠠᠴᠠ ᠬᠤᠳᠠᠯᠳᠤᠨ ᠠᠪᠬᠤ ᠬᠡᠷᠡᠭ᠌ᠲᠡᠶ᠃ ᠶᠠᠪᠤᠭᠤᠯ ᠬᠤᠳᠠᠯᠳᠤᠭᠠᠴᠢᠨ ᠪᠠ ᠦᠨᠡᠮᠯᠡᠯ ᠦᠭᠡᠢ᠎ᠪᠠᠷ ᠡᠵᠡᠩᠨᠡᠵᠦ᠍ ᠪᠦᠬᠦᠢ ᠲᠠᠷᠢᠶᠠᠯᠠᠩ᠎ᠤᠨ ᠬᠡᠷᠡᠭ᠌ᠰᠡᠯ᠎ᠢ ᠬᠤᠳᠠᠯᠳᠤᠨ ᠠᠪᠴᠤ᠌ ᠪᠣᠯᠬᠤ ᠦᠭᠡᠢ᠃
ᠬᠤᠶᠠᠷ᠎ᠲᠤ᠌᠂ ᠱᠣᠱᠢᠭ᠎ᠠ ᠲᠡᠮᠳᠡᠭ᠎ᠢ᠎ᠨᠢ ᠦᠵᠡᠨ᠎ᠡ᠃ ᠦᠢᠯᠡᠳᠬᠦᠨ᠎ᠤ ᠪᠣᠭᠤᠳᠠᠯ ᠪᠠᠭ᠍ᠯᠠᠭ᠎ᠠ ᠪᠣᠯᠤᠨ ᠱᠣᠱᠢᠭ᠎ᠠ ᠲᠡᠮᠳᠡᠭ ᠳᠡᠭᠡᠷᠡᠬᠢ ᠳᠠᠩᠰᠠᠯᠠᠨ ᠲᠡᠮᠳᠡᠭ᠌ᠯᠡᠭ᠌ᠰᠡᠨ ᠦᠨᠡᠮᠯᠡᠯ᠎ᠤᠨ ᠨᠣᠮᠧᠷ᠂ ᠵᠥᠪᠱᠢᠶᠡᠷᠡᠭ᠌ᠰᠡᠨ ᠦᠨᠡᠮᠯᠡᠯ᠎ᠤᠨ ᠨᠣᠮᠧᠷ᠂ ᠦᠢᠯᠡᠳᠬᠦᠨ᠎ᠤ ᠨᠡᠷᠡᠢᠳᠦᠯ᠂ ᠦᠢᠯᠡᠳᠪᠦᠷᠢᠯᠡᠭ᠌ᠰᠡᠨ ᠦᠢᠯᠡᠳᠪᠦᠷᠢ᠂ ᠦᠢᠯᠡᠳᠪᠦᠷᠢ᠎ᠶ᠋ᠢᠨ ᠬᠠᠶᠢᠭ᠂ ᠦᠢᠯᠡᠳᠪᠦᠷᠢᠯᠡᠭ᠌ᠰᠡᠨ ᠡᠳᠦᠷ ᠬᠤᠭᠤᠴᠠᠭ᠎ᠠ᠂ ᠬᠦᠴᠦᠨ᠎ᠲᠠᠢ ᠬᠤᠭᠤᠴᠠᠭ᠎ᠠ᠂ ᠦᠢᠯᠡᠳᠬᠦᠨ᠎ᠤ ᠲᠣᠳᠣᠷᠬᠠᠢᠯᠠᠯᠲᠠ ᠵᠡᠷᠭᠡ ᠵᠦᠢᠯᠡᠰ᠎ᠢ ᠬᠢᠨᠠᠮᠠᠭᠠᠶ ᠪᠠᠢᠴᠠᠭᠠᠨ ᠦᠵᠡᠵᠦ᠍᠂ ᠦᠢᠯᠡᠳᠬᠦᠨ᠎ᠤ ᠶᠠᠰᠤ ᠴᠢᠨᠠᠷ᠎ᠤᠨ ᠬᠢᠷᠢ ᠲᠡᠩᠴᠡᠭ᠌ᠰᠡᠨ ᠦᠨᠡᠮᠯᠡᠯ᠎ᠢ ᠪᠠᠢᠴᠠᠭᠠᠨ ᠱᠢᠯᠭᠠᠬᠤ ᠬᠡᠷᠡᠭ᠌ᠲᠡᠶ᠃ ᠵᠠᠷ ᠮᠡᠳᠡᠭᠡᠨ᠎ᠤ ᠤᠬᠠᠭᠤᠯᠭ᠎ᠠ᠎ᠶ᠋ᠢ ᠰᠣᠬᠤᠷ ᠪᠠᠯᠠᠶ᠎ᠪᠠᠷ ᠢᠲᠡᠭᠡᠵᠦ᠍ ᠪᠣᠯᠬᠤ ᠦᠭᠡᠢ᠃
ᠭᠤᠷᠪᠠ᠎ᠳᠤ᠂ ᠭᠡᠷᠡᠴᠢ ᠪᠠᠷᠢᠮᠲᠠ ᠦᠯᠡᠳᠡᠭᠡᠨ᠎ᠡ᠃ ᠡᠵᠡᠩᠨᠡᠭ᠌ᠴᠢ᠎ᠠᠴᠠ ᠪᠣᠷᠣᠯᠠᠭᠤᠯᠬᠤ ᠭᠡᠷᠡᠴᠢ ᠪᠠᠷᠢᠮᠲᠠ ᠠᠪᠬᠤ᠎ᠶ᠋ᠢᠨ ᠬᠠᠮᠲᠤ ᠦᠢᠯᠡᠳᠬᠦᠨ᠎ᠤ ᠪᠣᠭᠤᠳᠠᠯ ᠪᠠᠭ᠍ᠯᠠᠭ᠎ᠠ᠂ ᠱᠣᠱᠢᠭ᠎ᠠ ᠲᠡᠮᠳᠡᠭ ᠵᠡᠷᠭᠡ᠎ᠲᠠᠢ ᠬᠠᠮᠲᠤᠳᠤᠨᠢ ᠰᠠᠢᠲᠤᠷ ᠬᠠᠳᠠᠭᠠᠯᠠᠵᠤ᠂ ᠶᠠᠰᠤ ᠴᠢᠨᠠᠷ᠎ᠤᠨ ᠠᠰᠠᠭᠤᠳᠠᠯ ᠭᠠᠷᠬᠤ᠎ᠳᠤ ᠲᠥᠯᠥᠪᠦᠷᠢ ᠨᠡᠬᠡᠬᠦ᠌ ᠦᠨᠳᠦᠰᠦᠯᠡᠯ ᠪᠣᠯᠭᠠᠬᠤ ᠬᠡᠷᠡᠭ᠌ᠲᠡᠶ᠃ ᠲᠥᠷᠥᠯ ᠵᠦᠢᠯ᠂ ᠨᠡᠷᠡᠢᠳᠦᠯ᠂ ᠲᠤᠭ᠎ᠠ ᠬᠡᠮᠵᠢᠶ᠎ᠡ᠂ ᠦᠨ᠎ᠡ ᠬᠠᠩᠰᠢ ᠵᠢᠴᠢ ᠪᠣᠷᠣᠯᠠᠭᠤᠯᠤᠭ᠍ᠴᠢ᠎ᠶ᠋ᠢᠨ ᠨᠡᠷ᠎ᠠ᠎ᠶ᠋ᠢ ᠲᠤᠳᠤᠷᠬᠠᠢᠯᠠᠭ᠍ᠰᠠᠨ ᠦᠭᠡᠢ ᠭᠡᠷᠡᠴᠢ ᠪᠠᠷᠢᠮᠲᠠ᠎ᠶ᠋ᠢ ᠬᠦᠯᠢᠶᠡᠨ ᠠᠪᠴᠤ᠌ ᠪᠣᠯᠬᠤ ᠦᠭᠡᠶ᠃
ᠳᠥᠷᠪᠡ᠎ᠳᠤ᠂ ᠦᠨᠡᠨᠴᠢ ᠢᠲᠡᠭᠡᠮᠵᠢᠲᠡᠶ᠎ᠪᠠᠷ ᠦᠢᠯᠡᠳᠪᠦᠷᠢᠯᠡᠵᠦ᠍ ᠡᠵᠡᠩᠨᠡᠬᠦ᠌ ᠬᠡᠷᠡᠭ᠌ᠲᠡᠶ᠃ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭ᠌ᠰᠡᠯ ᠦᠢᠯᠡᠳᠪᠦᠷᠢᠯᠡᠵᠦ᠍ ᠡᠵᠡᠩᠨᠡᠬᠦ᠌ ᠠᠵᠤ ᠠᠬᠤᠢᠯᠠᠯ᠎ᠤᠳ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠠᠷᠢᠶᠠᠯᠠᠩ᠎ᠤᠨ ᠬᠠᠤᠯᠢ》᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠷ᠎ᠠ᠎ᠶ᠋ᠢᠨ ᠬᠠᠤᠯᠢ》᠂ 《ᠲᠠᠷᠢᠶᠠᠨ ᠡᠮ᠎ᠤᠨ ᠬᠠᠮᠢᠶᠠᠷᠤᠯᠲᠠ᠎ᠶ᠋ᠢᠨ ᠳᠦᠷᠢᠮ》 ᠵᠡᠷᠭᠡ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠴᠢᠩᠭ᠎ᠠ ᠵᠢᠷᠤᠮᠯᠠᠨ᠂ ᠦᠢᠯᠡᠳᠪᠦᠷᠢᠯᠡᠵᠦ᠍ ᠡᠵᠡᠩᠨᠡᠬᠦ᠌ ᠦᠢᠯᠡ ᠠᠵᠢᠯᠯᠠᠭ᠎ᠠ᠎ᠪᠠᠨ ᠤᠬᠠᠮᠰᠠᠷ᠎ᠠᠴᠠ᠎ᠪᠠᠨ ᠵᠢᠷᠤᠮᠵᠢᠭᠤᠯᠵᠤ᠂ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭ᠌ᠰᠡᠯ ᠦᠢᠯᠡᠳᠪᠦᠷᠢᠯᠡᠵᠦ᠍ ᠡᠵᠡᠩᠨᠡᠬᠦ᠌ ᠡᠬᠡ ᠳᠠᠩᠰᠠ᠎ᠪᠠᠨ ᠪᠠᠢᠭᠤᠯᠤᠨ ᠪᠦᠷᠢᠨᠱᠢᠭᠦᠯᠵᠦ᠍᠂ ᠬᠠᠤᠯᠢ᠎ᠶ᠋ᠢ ᠵᠢᠷᠤᠮᠯᠠᠨ ᠡᠵᠡᠩᠨᠡᠬᠦ᠂ ᠪᠣᠯᠪᠠᠰᠤᠨ ᠡᠵᠡᠩᠨᠡᠬᠦ᠂ ᠦᠨᠡᠨᠴᠢ ᠢᠲᠡᠭᠡᠮᠵᠢᠲᠡᠶ ᠡᠵᠡᠩᠨᠡᠵᠦ᠍᠂ ᠬᠠᠭᠤᠷᠮᠠᠭ ᠮᠠᠭᠤ᠎ᠶ᠋ᠢ ᠬᠤᠳᠠᠯᠳᠤᠨ ᠠᠪᠬᠤ ᠦᠭᠡᠶ᠂ ᠬᠠᠭᠤᠷᠮᠠᠭ ᠮᠠᠭᠤ᠎ᠶ᠋ᠢ ᠦᠯᠦ᠍ ᠵᠤᠬᠢᠶᠠᠬᠤ᠂ ᠬᠠᠭᠤᠷᠮᠠᠭ ᠮᠠᠭᠤ᠎ᠶ᠋ᠢ ᠦᠯᠦ᠍ ᠬᠤᠳᠠᠯᠳᠤᠬᠤ᠂ ᠲᠠᠷᠢᠶᠠᠯᠠᠩ᠎ᠢ ᠦᠯᠦ᠍ ᠬᠤᠬᠢᠷᠠᠭᠤᠯᠵᠤ᠂ ᠲᠠᠷᠢᠶᠠᠴᠢᠳ᠎ᠲᠤ ᠬᠥᠨᠥᠭᠡᠯ ᠪᠣᠯᠬᠤ ᠦᠭᠡᠶ ᠪᠠᠢᠵᠤ᠂ ᠥᠷᠭᠡᠨ ᠣᠯᠠᠨ ᠮᠠᠯᠴᠢᠨ ᠲᠠᠷᠢᠶᠠᠴᠢᠨ᠎ᠤ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭ᠌ᠰᠡᠯ ᠬᠤᠳᠠᠯᠳᠤᠨ ᠠᠪᠬᠤ᠎ᠳᠤ ᠠᠮᠤᠷ ᠲᠦᠪᠱᠢᠨ᠂ ᠰᠠᠨᠠᠭ᠎ᠠ ᠠᠮᠤᠷ ᠰᠠᠢᠨ ᠰᠠᠢᠬᠠᠨ ᠣᠷᠴᠢᠨ ᠲᠣᠭᠤᠷᠢᠨ᠎ᠢ ᠡᠭᠦᠳᠴᠦ᠍ ᠥᠭ᠌ᠬᠦ ᠬᠡᠷᠡᠭ᠌ᠲᠡᠶ᠃
ᠲᠠᠪᠤ᠎ᠳᠤ᠂ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠬᠤ ᠬᠡᠷᠡᠭ᠌ᠲᠡᠢ᠃ ᠥᠷᠭᠡᠨ ᠣᠯᠠᠨ ᠮᠠᠯᠴᠢᠨ ᠲᠠᠷᠢᠶᠠᠴᠢᠨ ᠨᠠᠢᠵᠠ ᠨᠠᠷ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭ᠌ᠰᠡᠯ᠎ᠢ ᠱᠢᠨᠵᠢᠯᠡᠬᠦ᠌ ᠤᠬᠠᠭᠠᠨᠴᠢ᠎ᠪᠠᠷ ᠬᠡᠷᠡᠭ᠌ᠯᠡᠵᠦ᠍᠂ ᠪᠦᠲᠦᠭᠡᠭ᠌ᠳᠡᠬᠦᠨ᠎ᠤ ᠬᠡᠷᠡᠭ᠌ᠯᠡᠬᠦ᠌ ᠲᠣᠳᠣᠷᠬᠠᠢᠯᠠᠯᠲᠠ᠎ᠶ᠋ᠢᠨ ᠪᠢᠴᠢᠭ᠎ᠢ ᠬᠢᠨᠠᠮᠠᠭᠠᠶ ᠤᠩᠱᠢᠵᠤ᠂ ᠬᠡᠷᠡᠭ᠌ᠯᠡᠬᠦ᠌ ᠬᠡᠪᠴᠢᠶ᠎ᠡ ᠪᠠ ᠬᠡᠷᠡᠭ᠌ᠯᠡᠬᠦ᠌᠎ᠶ᠋ᠢ ᠴᠠᠭᠠᠵᠠᠯᠠᠭ᠍ᠰᠠᠨ ᠵᠦᠢᠯᠡᠰ ᠵᠢᠴᠢ ᠵᠥᠪ ᠣᠨᠣᠪᠴᠢᠲᠠᠶ ᠬᠡᠷᠡᠭ᠌ᠯᠡᠬᠦ᠌ ᠠᠷᠭ᠎ᠠ᠂ ᠬᠡᠷᠡᠭ᠌ᠯᠡᠬᠦ᠌ ᠡᠮ᠎ᠤᠨ ᠬᠡᠮᠵᠢᠶ᠎ᠡ᠎ᠶ᠋ᠢ ᠲᠣᠳᠣᠷᠬᠠᠶ ᠣᠢᠯᠠᠭᠠᠬᠤ ᠬᠡᠷᠡᠭ᠌ᠲᠡᠶ᠃ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭ᠌ᠰᠡᠯ᠎ᠤᠨ ᠶᠠᠰᠤ ᠴᠢᠨᠠᠷ᠎ᠲᠤ ᠠᠰᠠᠭᠤᠳᠠᠯ ᠭᠠᠷᠤᠭ᠍ᠰᠠᠨ ᠪᠤᠶᠤ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭ᠌ᠰᠡᠯ᠎ᠢ ᠬᠡᠷᠡᠭ᠌ᠯᠡᠭ᠌ᠰᠡᠨ᠎ᠠᠴᠠ ᠪᠣᠯᠵᠤ ᠬᠤᠬᠢᠷᠠᠯ ᠭᠠᠷᠤᠭ᠍ᠰᠠᠨ ᠦᠶ᠎ᠡ᠎ᠳᠤ᠂ ᠬᠠᠮᠢᠶ᠎ᠠ ᠪᠦᠬᠦᠢ ᠭᠡᠷᠡᠴᠢ ᠪᠠᠷᠢᠮᠲᠠ᠎ᠶ᠋ᠢ ᠴᠠᠭ ᠲᠤᠬᠠᠶ᠎ᠳᠤᠨᠢ ᠴᠤᠭ᠍ᠯᠠᠭᠤᠯᠵᠤ᠂ ᠬᠠᠷᠢᠶ᠎ᠠ ᠣᠷᠣᠨ᠎ᠤ᠎ᠪᠠᠨ ᠲᠠᠷᠢᠶᠠᠯᠠᠩ ᠮᠠᠯ ᠠᠵᠤ ᠠᠬᠤᠶ᠎ᠶ᠋ᠢᠨ ᠰᠠᠯᠠᠭ᠎ᠠ ᠮᠥᠴᠢᠷ᠎ᠤᠨ ᠨᠡᠢᠲᠡᠯᠡᠭ᠌ᠰᠡᠨ ᠬᠠᠭᠤᠷᠮᠠᠭ ᠮᠠᠭᠤ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭ᠌ᠰᠡᠯ᠎ᠳᠤ ᠴᠣᠬᠢᠯᠲᠠ ᠥᠭ᠌ᠴᠦ ᠢᠯᠡᠴᠢᠯᠡᠨ ᠵᠠᠭᠠᠯᠳᠤᠬᠤ ᠤᠳᠠᠰᠤ ᠪᠤᠶᠤ 《12316》 ᠬᠠᠯᠠᠮᠱᠢᠯ ᠤᠳᠠᠰᠤᠳᠤ ᠢᠯᠡᠴᠢᠯᠡᠨ ᠵᠠᠭᠠᠯᠳᠤᠬᠤ ᠬᠡᠷᠡᠭ᠌ᠲᠡᠶ᠃