ᠮᠠᠨ᠎ᠤ ᠤᠷᠤᠨ᠎ᠤ 3 ᠦᠵᠡᠰᠭᠦᠯᠡᠩ ᠰᠤᠳᠤᠨ ᠪᠦᠳᠦᠬᠡᠯ᠎ᠤᠨ 《ᠡᠭᠦᠯᠡᠨ ᠦᠵᠡᠰᠭᠦᠯᠡᠩ》 ᠎ᠢᠶᠠᠷ ᠰᠣᠩᠭᠤᠭ᠍ᠳᠠᠪᠠ
2021-03-31 10:10:23
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


8 ᠵᠢᠯ᠎ᠤᠨ ᠴᠢᠷᠮᠠᠢᠯᠭ᠎ᠠ ᠪᠠ ᠲᠡᠮᠡᠴᠡᠯ᠎ᠢᠶᠠᠷ ᠲᠠᠮᠵᠢᠨ᠂ ᠮᠠᠨ᠎ᠤ ᠤᠯᠤᠰ᠎ᠤᠨ 1 ᠳ᠋ᠦᠩᠱᠢᠭᠤᠷ ᠱᠢᠬᠠᠮ ᠶᠠᠳᠠᠭᠤ ᠬᠦᠴᠢᠷᠳᠡᠯᠲᠡᠢ ᠬᠥᠮᠦᠨ ᠠᠮᠠ ᠶᠠᠳᠠᠭᠤ᠎ᠠᠴᠠ ᠠᠩᠭᠢᠵᠢᠷᠠᠵᠤ᠂ ᠱᠢᠨ᠎ᠡ ᠴᠠᠭ ᠦᠶ᠎ᠡ᠎ᠶ᠋ᠢᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠬᠠᠷᠠᠯᠲᠠ ᠡᠭᠦᠷᠭᠡ᠎ᠶ᠋ᠢ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠵᠦ᠍᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠎ᠳᠤ ᠪᠠᠲᠤ ᠰᠠᠭᠤᠷᠢ᠎ᠶ᠋ᠢ ᠲᠠᠯᠪᠢᠵᠤ᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ ᠪᠠ ᠠᠮᠤᠷ ᠲᠦᠪᠱᠢᠨ᠎ᠤ ᠲᠦᠷᠦᠭ᠌ᠳᠡᠯ᠎ᠢ ᠶᠡᠭᠡ᠎ᠪᠠᠷ ᠨᠡᠮᠡᠭ᠌ᠳᠡᠭᠦᠯᠪᠡ᠃

ᠡᠢᠨ ᠬᠦ᠂ ᠳᠤᠮᠳᠠᠳᠤ ᠤᠯᠤᠰ᠎ᠤᠨ ᠤᠳᠭ᠎ᠠ ᠤᠷᠠᠯᠢᠭ᠎ᠤᠨ᠎ᠬᠢᠨ᠎ᠤ ᠬᠤᠯᠪᠣᠭ᠎ᠠ᠎ᠶ᠋ᠢᠨ ᠰᠦᠯᠵᠢᠶᠡᠨ᠎ᠤ ᠤᠳᠭ᠎ᠠ ᠤᠷᠠᠯᠢᠭ᠎ᠤᠨ ᠳᠠᠮᠵᠢᠭᠤᠯᠭ᠎ᠠ᠎ᠶ᠋ᠢᠨ ᠲᠥᠪ᠎ᠨᠢ ᠪᠦᠬᠦ᠌ ᠤᠯᠤᠰ᠎ᠤᠨ ᠬᠠᠮᠢᠶ᠎ᠠ ᠪᠦᠬᠦᠢ ᠤᠳᠭ᠎ᠠ ᠤᠷᠠᠯᠢᠭ᠍ᠴᠢᠳ᠎ᠤᠨ ᠨᠡᠢᠭᠡᠮᠯᠢᠭ ᠪᠣᠯᠤᠨ ᠣᠷᠣᠨ ᠨᠤᠲᠤᠭ᠎ᠤᠨ ᠤᠳᠭ᠎ᠠ ᠤᠷᠠᠯᠢᠭ᠎ᠤᠨ᠎ᠬᠢᠨ᠎ᠤ ᠬᠤᠯᠪᠣᠭ᠎ᠠ᠎ᠯᠤᠭ᠎ᠠ ᠢᠳᠡᠪᠬᠢᠲᠡᠢ ᠬᠠᠮᠲᠤᠷᠠᠯᠴᠠᠵᠤ᠂ ᠤᠷᠢᠳ ᠬᠤᠵᠢᠳ 15 ᠤᠳᠠᠭᠠᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠭᠤᠣᠯ ᠰᠡᠳᠦᠪᠲᠦ ᠤᠳᠭ᠎ᠠ ᠤᠷᠠᠯᠢᠭ᠎ᠤᠨ ᠰᠣᠳᠣᠨ ᠪᠦᠲᠦᠭᠡᠯ᠎ᠤᠨ ᠦᠵᠡᠰᠭᠦᠯᠡᠩ᠎ᠢ ᠰᠦᠯᠵᠢᠶᠠᠨ ᠲᠡᠭᠡᠷ᠎ᠡ ᠳᠡᠯᠭᠡᠨ ᠦᠵᠡᠭᠦᠯᠦᠭ᠌ᠰᠡᠨ 《ᠡᠬᠦᠯᠡᠨ ᠦᠵᠡᠰᠭᠦᠯᠡᠩ》 ᠎ᠢ ᠡᠷᠬᠢᠯᠡᠭ᠌ᠰᠡᠨ ᠪᠦᠬᠡᠳ ᠦᠵᠡᠰᠭᠦᠯᠡᠩ᠎ᠢ ᠬᠡᠵᠢᠶᠡᠳᠡ ᠬᠠᠭᠠᠬᠤ ᠦᠭᠡᠢ ᠪᠠᠢᠬᠤ᠎ᠶ᠋ᠢ ᠪᠡᠶᠡᠯᠡᠭᠦᠯᠵᠦ᠍᠂ ᠦᠵᠡᠰᠭᠦᠯᠡᠩ᠎ᠤᠨ ᠳᠠᠮᠵᠢᠭᠤᠯᠭ᠎ᠠ᠎ᠶ᠋ᠢᠨ ᠬᠦᠴᠦᠨ ᠪᠣᠯᠤᠨ ᠨᠥᠯᠥᠭᠡᠯᠡᠬᠦ᠌ ᠬᠦᠴᠦᠨ᠎ᠢ ᠴᠢᠨᠠᠭ᠍ᠰᠢᠳᠠ ᠳᠡᠭᠡᠭ᠌ᠰᠢᠯᠡᠭᠦᠯᠪᠡ᠃

ᠡᠬᠦᠨ᠎ᠳᠤ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠳᠡᠰ᠂ ᠦᠪᠡᠷᠳᠡᠭᠡᠨ ᠵᠠᠰᠭᠠᠤ ᠤᠷᠤᠨ᠎ᠤ ᠤᠳᠭ᠎ᠠ ᠤᠷᠠᠯᠢᠭ᠎ᠤᠨ᠎ᠬᠢᠨ᠎ᠤ ᠬᠤᠯᠪᠤᠭ᠎ᠠ᠎ᠠᠴᠠ ᠭᠤᠤᠯᠯᠠᠨ ᠡᠷᠬᠢᠯᠡᠭ᠌ᠰᠡᠨ ᠦᠪᠦᠷ ᠮᠤᠩᠭᠤᠯ᠎ᠤᠨ 2020 ᠤᠨ᠎ᠤ 《ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠤ ᠢᠯᠠᠯᠳᠠ᠎ᠶ᠋ᠢ ᠤᠯᠬᠤ》 ᠭᠤᠤᠯ ᠰᠡᠳᠦᠪᠳᠤ ᠬᠡᠷᠡᠯ ᠵᠢᠷᠤᠭ᠎ᠤᠨ ᠦᠵᠡᠰᠭᠦᠯᠡᠩ᠂ ᠦᠪᠦᠷ ᠮᠤᠩᠭᠤᠯ᠎ᠤᠨ 《ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠤ ᠢᠯᠠᠯᠳᠠ᠎ᠶ᠋ᠢ ᠤᠯᠬᠤ》 ᠭᠤᠤᠯ ᠰᠡᠳᠦᠪᠳᠤ ᠤᠷᠠᠨ ᠪᠢᠴᠢᠯᠬᠡ᠎ᠶ᠋ᠢᠨ ᠪᠦᠳᠦᠬᠡᠯ᠎ᠤᠨ ᠦᠵᠡᠰᠭᠦᠯᠡᠩ》᠂ ᠦᠪᠦᠷ ᠮᠤᠩᠭᠤᠯ᠎ᠤᠨ 2020 ᠤᠨ᠎ᠤ 《ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠤ ᠢᠯᠠᠯᠳᠠ᠎ᠶ᠋ᠢ ᠤᠯᠬᠤ》 ᠭᠤᠤᠯ ᠰᠡᠳᠦᠪᠳᠤ ᠤᠷᠠᠨ ᠵᠢᠷᠤᠭ᠎ᠤᠨ ᠦᠵᠡᠰᠭᠦᠯᠡᠩ ᠵᠡᠷᠬᠡ 3 ᠦᠵᠡᠰᠭᠦᠯᠡᠩ ᠰᠤᠩᠭᠤᠬ᠍ᠳᠠᠵᠠᠢ᠃

(《ᠦᠪᠦᠷ ᠮᠤᠩᠭᠤᠯ᠎ᠤᠨ ᠤᠳᠭ᠎ᠠ ᠤᠷᠠᠯᠢᠭ》 ᠵᠢᠷᠬᠢᠶ᠎ᠠ ᠲᠠᠪᠴᠠᠩ᠎ᠠᠴᠠ ᠱᠢᠯᠵᠢᠬᠦᠯᠪᠡ)

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号