ᠨᠤᠳᠤᠭ᠎ᠤᠨ ᠭᠠᠨᠭ᠌ᠭᠠᠩ᠎ᠳᠤ ᠱᠢᠪᠠᠭᠤᠳ ᠬᠤᠷᠭᠤᠳᠠᠨ᠎ᠠ
2021-03-31 09:26:30
ᠵᠣᠬᠢᠶᠠᠭ᠍ᠴᠢ᠄
​ ᠸᠠᠩ ᠱᠢᠶᠤᠤ ᠪᠥᠸᠧ ᠮᠦᠩᠬᠡᠴᠢᠯᠠᠭᠤ
ᠣᠩᠱᠢᠭ᠍ᠰᠠᠨ ᠣᠳᠠᠭ᠎ᠠ᠄
★★★☆☆

ᠬᠦᠭᠡ ᠤᠬ᠍ᠳᠠᠷᠭᠤᠢ᠎ᠳᠤ ᠬᠦᠪᠦᠩ ᠡᠭᠦᠯᠡ ᠴᠠᠢᠷᠠᠭᠠᠳ

ᠬᠦᠳᠡᠭᠡ ᠲᠠᠯ᠎ᠠ᠎ᠳᠤ ᠬᠦᠯᠦᠭ ᠮᠤᠷᠢ ᠲᠤᠪᠳᠤᠯᠤᠨ᠎ᠠ

ᠤᠷᠭ᠎ᠠ᠎ᠶ᠋ᠢᠨ ᠦᠵᠦᠭᠦᠷ ᠤᠷᠤᠬ᠍ᠰᠢ᠎ᠪᠠᠨ ᠨᠠᠬᠢᠯᠵᠠᠬᠤ᠎ᠳᠤ

ᠤᠯᠡᠨ ᠱᠢᠪᠠᠭᠤᠳ ᠦᠷᠭᠦᠨ ᠨᠢᠰᠤᠨ᠎ᠠ

᠁ ᠁

ᠭᠡᠵᠤ ᠳᠠᠭᠤᠯᠠᠳᠠᠭ ᠱᠢᠬ᠎ᠢᠶᠠᠷ᠂ ᠦᠵᠡᠰᠭᠦᠯᠡᠩᠳᠤ ᠰᠠᠢᠬᠠᠨ ᠦᠵᠡᠮᠵᠢ ᠵᠢᠷᠤᠭ ᠦᠪᠦᠷ ᠮᠤᠩᠭᠤᠯ᠎ᠳᠤ ᠲᠡᠯᠭᠡᠭ᠌ᠳᠡᠨ᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬᠤ᠂ ᠪᠤᠬᠢᠷᠳᠦᠯ ᠦᠭᠡᠢ ᠬᠦᠭ᠌ᠵᠢᠯᠳᠠ᠎ᠶ᠋ᠢᠨ ᠵᠠᠮ᠎ᠨᠢ ᠦᠪᠦᠷ ᠮᠤᠩᠭᠤᠯ᠎ᠢ ᠨᠡᠩ ᠦᠵᠡᠰᠭᠦᠯᠡᠩᠳᠤ ᠰᠠᠢᠬᠠᠨ ᠦᠵᠡᠮᠵᠢ᠎ᠶ᠋ᠢᠨ ᠤᠷᠤᠨ ᠪᠤᠯᠭᠠᠨ ᠬᠤᠪᠢᠷᠠᠭᠤᠯᠵᠤ ᠪᠠᠢᠭ᠎ᠠ ᠶᠤᠮᠰᠠᠨ᠃

ᠬᠠᠪᠤᠷ᠎ᠤᠨ ᠰᠠᠢᠬᠠᠨ ᠡᠳᠦᠷ᠎ᠲᠤ ᠲᠤᠬᠢᠶᠠᠯᠳᠤᠭᠤᠯᠤᠨ᠂ ᠣᠷᠳᠣᠰ ᠬᠤᠲᠠ᠎ᠶ᠋ᠢᠨ ᠳᠠᠯᠠᠳ ᠬᠤᠱᠢᠭᠤᠨ᠎ᠤ ᠯᠢ ᠸᠧᠶ ᠬᠡᠤᠬᠡᠳ᠎ᠢᠶᠠᠨ ᠳᠠᠭᠠᠭᠤᠯᠤᠨ ᠬᠠᠲᠤᠨ ᠭᠤᠤᠯ᠎ᠤᠨ ᠨᠤᠭᠤ ᠭᠠᠵᠠᠷ᠎ᠲᠤ ᠬᠦᠷᠴᠦ᠍ ᠬᠤᠨ ᠭᠠᠯᠠᠭᠤ ᠰᠣᠨᠢᠷᠬᠠᠬ᠍ᠰᠡᠨ ᠪᠠᠢᠨ᠎ᠠ᠃ ᠯᠢ ᠸᠧᠶ᠄ 《ᠬᠠᠪᠤᠷ ᠪᠤᠯᠤᠬ᠍ᠰᠠᠭᠠᠷ ᠪᠢ ᠬᠡᠦᠬᠡᠳ᠎ᠢᠶᠠᠨ ᠳᠠᠭᠠᠭᠤᠯᠤᠨ ᠠᠳᠡ ᠢᠷᠡᠵᠦ᠍ ᠬᠤᠨ ᠭᠠᠯᠠᠭᠤ ᠰᠤᠨᠢᠷᠬᠠᠲᠠᠬ᠃ ᠤᠢ᠍ᠢᠷ᠎ᠠ᠎ᠶ᠋ᠢᠨ ᠬᠡᠳᠦᠨ ᠵᠢᠯ᠎ᠳᠤ᠂ ᠠᠮᠢ ᠠᠬᠤᠶ ᠣᠷᠴᠢᠨ ᠲᠤᠭᠤᠷᠢᠨ ᠰᠠᠢᠵᠢᠷᠠᠬᠤ᠎ᠶ᠋ᠢ ᠳᠠᠭᠠᠯᠳᠤᠨ᠂ ᠠᠳᠡ ᠢᠷᠡᠵᠦ᠍ ᠨᠤᠲᠤᠭ᠍ᠰᠢᠨ ᠠᠮᠢᠳᠤᠷᠠᠬᠤ ᠡᠯ᠎ᠡ ᠵᠦᠢᠯ᠎ᠤᠨ ᠱᠢᠪᠠᠭᠤᠳ ᠴᠤ᠌ ᠤᠯᠠᠮ᠎ᠠᠴᠠ ᠤᠯᠠᠮ ᠣᠯᠠᠱᠢᠷᠠᠵᠠᠢ》 ᠭᠡᠵᠦ᠍ ᠶᠠᠷᠢᠨ᠎ᠠ᠃

3 ᠰᠠᠷ᠎ᠠ᠎ᠶ᠋ᠢᠨ ᠶᠡᠭᠡ ᠬᠢᠩᠭᠠᠨ ᠳᠠᠪᠠᠭ᠎ᠠ ᠮᠥᠨ ᠯᠡ ᠴᠠᠰᠤᠨ᠎ᠳᠤ ᠬᠤᠴᠢᠬ᠍ᠳᠠᠬ᠍ᠰᠠᠨ ᠬᠡᠪ᠎ᠢᠶᠠᠷ᠎ᠢᠶᠠᠨ ᠪᠠᠢᠪᠠ᠃ ᠤᠳᠠᠯ ᠦᠭᠡᠢ᠂ ᠠᠳᠡ ᠨᠤᠮᠢᠨ ᠨᠣᠭᠤᠭᠠᠨ ᠶᠢᠷᠳᠢᠨᠴᠦ᠍ ᠪᠤᠯᠵᠤ ᠬᠤᠪᠢᠷᠠᠨ᠎ᠠ ᠁ 5 ᠵᠢᠯ᠎ᠤᠨ ᠡᠮᠦᠨ᠎ᠡ᠂ ᠦᠪᠦᠷ ᠮᠤᠩᠭᠤᠯ᠎ᠤᠨ ᠶᠡᠭᠡ ᠬᠢᠩᠭᠠᠨ ᠳᠠᠪᠠᠭ᠎ᠠ᠎ᠶ᠋ᠢᠨ ᠤᠯᠤᠰ᠎ᠤᠨ ᠥᠮᠴᠢᠯᠡᠯᠲᠦ ᠱᠢᠭᠤᠢ᠍ᠢᠲᠦ ᠣᠷᠣᠨ᠎ᠳᠤ ᠬᠠᠮᠤᠬ᠎ᠤᠨ ᠲᠡᠷᠢᠬᠦᠨ᠎ᠳᠤ ᠪᠦᠬᠦ᠌ ᠲᠠᠯ᠎ᠠ᠎ᠪᠠᠷ ᠮᠣᠳᠣ ᠣᠭ᠍ᠲᠣᠯᠬᠤ᠎ᠶ᠋ᠢ ᠬᠤᠷᠢᠬ᠍ᠯᠡᠨ ᠵᠣᠭ᠍ᠰᠣᠭᠠᠵᠠᠢ᠃ 5 ᠵᠢᠯ᠎ᠤᠨ ᠬᠤᠭᠤᠴᠠᠭᠠᠨ᠎ᠳᠤ᠂ ᠱᠢᠭᠤᠢ᠍ᠢᠲᠦ ᠣᠷᠣᠨ᠎ᠨᠢ ᠬᠡᠯᠪᠡᠷᠢ᠎ᠪᠠᠨ ᠬᠤᠪᠢᠷᠠᠭᠤᠯᠤᠨ ᠬᠥᠭ᠌ᠵᠢᠭᠦᠯᠬᠦ᠌ ᠡᠷᠴᠢᠮ᠎ᠢᠶᠠᠨ ᠲᠠᠰᠤᠷᠠᠯᠳᠠ ᠦᠭᠡᠢ ᠴᠢᠩᠭᠠᠷᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ᠎ᠪᠠᠨ ᠦᠨᠡᠨ ᠬᠦ᠌ ᠠᠯᠳᠠ ᠮᠥᠩᠭᠦᠨ ᠠᠭᠤᠯᠠ ᠪᠤᠯᠭᠠᠨ ᠬᠤᠪᠢᠷᠠᠭᠤᠯᠵᠤ᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠡᠬ᠍ᠰᠡᠨ 《ᠦᠵᠡᠰᠭᠦᠯᠡᠩᠳᠤ ᠰᠠᠢᠬᠠᠨ ᠠᠵᠤ ᠠᠬᠤᠢ》 ᠎ᠶ᠋ᠢ ᠬᠦᠭ᠌ᠵᠢᠭᠦᠯᠵᠤ ᠡᠬᠢᠯᠡᠭ᠌ᠰᠡᠨ ᠪᠠᠢᠨ᠎ᠠ᠃

ᠮᠠᠨ᠎ᠤ ᠤᠷᠤᠨ 《ᠬᠥᠯᠥᠨ ᠨᠠᠭᠤᠷ ᠤᠯᠠᠭᠠᠨᠰᠤᠬᠠᠢ ᠲᠠᠭ᠎ᠠ᠎ᠶ᠋ᠢᠨ ᠨᠠᠭᠤᠷ》 ᠎ᠤᠨ ᠶᠡᠷᠦᠩᠭᠡᠢᠯᠡᠨ ᠵᠠᠰᠠᠯᠳᠠ᠎ᠶ᠋ᠢ ᠪᠦᠭᠦ᠌ ᠲᠠᠯ᠎ᠠ᠎ᠪᠠᠷ ᠠᠬᠢᠭᠤᠯᠤᠨ᠂ 《ᠨᠠᠭᠤᠷ ᠴᠦᠬᠦᠷᠦᠮ᠎ᠢ ᠵᠠᠰᠠᠬᠤ》 ᠎ᠠᠴᠠ 《ᠰᠠᠪᠠ ᠭᠠᠵᠠᠷ᠎ᠢ ᠵᠠᠰᠠᠬᠤ》 ᠲᠡᠢᠰᠢ ᠬᠤᠪᠢᠷᠠᠭᠤᠯᠵᠤ᠂ 《ᠬᠥᠯᠥᠨ ᠨᠠᠭᠤᠷ ᠤᠯᠠᠭᠠᠨᠰᠤᠬᠠᠢ ᠲᠠᠭ᠎ᠠ᠎ᠶ᠋ᠢᠨ ᠨᠠᠭᠤᠷ》 ᠎ᠤᠨ ᠠᠮᠢᠵᠢᠷᠠᠯ᠎ᠤᠨ ᠬᠦᠴᠦᠨ᠎ᠢ ᠲᠠᠬᠢᠨ ᠰᠡᠷᠭᠦᠬᠡᠪᠡ᠃ ᠠᠭᠠᠷ᠎ᠤᠨ ᠳᠤᠯᠠᠭᠠᠨ᠎ᠤ ᠳᠡᠭᠡᠭ᠌ᠰᠢᠯᠡᠬᠦ᠌᠎ᠶ᠋ᠢ ᠳᠠᠭᠠᠯᠳᠤᠨ᠂ ᠡᠲᠡᠭᠡᠷ ᠨᠠᠭᠤᠷ ᠴᠥᠭᠦᠷᠥᠮ ᠨᠤᠭᠤ ᠭᠠᠵᠠᠷ ᠨᠡᠭᠦᠳᠡᠯ᠎ᠤᠨ ᠱᠢᠪᠠᠭᠤᠳ᠎ᠤᠨ ᠴᠡᠩᠬᠡᠯ᠎ᠤᠨ ᠤᠷᠤᠨ ᠪᠣᠯᠵᠣ᠂ ᠭᠠᠯᠠᠭᠤ ᠱᠢᠪᠠᠭᠤ ᠲᠣᠩᠭᠤᠳᠣᠯᠴᠠᠨ᠂ ᠱᠢᠪᠠᠭᠤ ᠨᠣᠭᠤᠰᠣ ᠪᠠᠶᠠᠰᠣᠨ ᠲᠡᠪᠳᠡᠷᠢᠯᠴᠡᠭᠡᠳ᠂ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ ᠪᠤᠯᠪᠠ᠃

ᠤᠢ᠍ᠢᠷ᠎ᠠ᠎ᠶ᠋ᠢᠨ ᠵᠢᠯ᠎ᠳᠤ᠂ ᠱᠢᠯᠢ᠎ᠶ᠋ᠢᠨ ᠭᠤᠤᠯ᠎ᠤᠨ ᠲᠠᠯ᠎ᠠ ᠨᠤᠲᠤᠬ᠎ᠲᠤ ᠠᠭᠤᠷᠬᠠᠶ ᠨᠡᠭᠡᠭᠡᠨ ᠮᠠᠯᠲᠠᠬᠤ᠎ᠶ᠋ᠢ ᠵᠤᠬ᠍ᠰᠤᠭᠠᠵᠦ᠍᠂ ᠨᠤᠲᠤᠭ ᠪᠡᠯᠴᠢᠭᠡᠷ᠎ᠲᠤ ᠰᠠᠯᠬᠢᠨ ᠬᠦᠴᠦ᠎ᠪᠠᠷ ᠴᠠᠬᠢᠯᠭᠠᠨ ᠭᠠᠷᠭᠠᠬᠤ᠂ ᠬᠡᠷᠡᠯᠴᠢ ᠴᠡᠨᠡᠭ᠎ᠢᠶᠠᠷ ᠴᠠᠬᠢᠯᠭᠠᠨ ᠭᠠᠷᠭᠠᠬᠤ ᠲᠥᠷᠥᠯ ᠵᠦᠶᠯ᠎ᠢ ᠲᠥᠯᠥᠪᠵᠢᠭᠦᠯᠦᠨ ᠪᠥᠲᠥᠭᠡᠨ ᠪᠠᠢᠭᠤᠯᠬᠤ᠎ᠪᠠᠨ ᠪᠠᠢᠵᠤ᠂ ᠨᠤᠲᠤᠭ ᠪᠡᠯᠴᠢᠭᠡᠷ᠎ᠢ ᠳᠤᠷ᠎ᠠ᠎ᠪᠠᠷ᠎ᠢᠶᠠᠨ ᠨᠡᠬᠡᠬᠡᠨ ᠮᠠᠯᠲᠠᠬᠤ᠎ᠶ᠋ᠢ ᠡᠷᠡᠰ ᠬᠤᠷᠢᠬ᠍ᠯᠠᠬ᠍ᠰᠠᠨ᠎ᠠᠴᠠ ᠨᠤᠲᠤᠭ ᠪᠡᠯᠴᠢᠭᠡᠷ᠎ᠤᠨ ᠠᠮᠢ ᠠᠬᠤᠶ ᠡᠳᠦᠷ ᠢᠷᠡᠬᠦᠶ᠎ᠡ ᠰᠡᠷᠬᠦᠨ ᠰᠠᠢᠵᠢᠷᠠᠪᠠ᠃

ᠬᠥᠪᠴᠢ᠎ᠶ᠋ᠢᠨ ᠡᠯᠡᠰᠦ ᠥᠩᠭᠡᠷᠡᠭ᠌ᠰᠡᠨ᠎ᠳᠤ 《ᠦᠬᠦᠯ᠎ᠤᠨ ᠳᠠᠯᠠᠢ》 ᠬᠡᠮᠡᠭ᠌ᠳᠡᠵᠦ᠍ ᠪᠠᠢᠪᠡ᠃ ᠣᠳᠣᠬᠠᠨ᠎ᠳᠤ᠂ 《ᠡᠯᠡᠰᠦ ᠤᠷᠤᠭ᠍ᠰᠢᠯᠠᠵᠤ ᠬᠥᠮᠦᠨ ᠤᠬᠤᠷᠢᠬᠤ》 ᠎ᠨᠢ 《ᠬᠦᠮᠦᠨ ᠤᠷᠤᠭ᠍ᠰᠢᠯᠠᠵᠤ ᠡᠯᠡᠰᠦ ᠤᠬᠤᠷᠢᠬᠤ》 ᠪᠣᠯᠵᠣ ᠬᠤᠪᠢᠷᠠᠭᠠᠳ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ ᠠᠯᠬᠤᠮ ᠠᠯᠬᠤᠮ᠎ᠢᠶᠠᠷ ᠰᠡᠷᠭᠦᠨ᠂ ᠠᠮᠢ ᠠᠬᠤᠶ ᠣᠷᠴᠢᠨ ᠲᠤᠭᠤᠷᠢᠨ ᠢᠯᠡᠳᠲᠡ ᠰᠠᠢᠵᠢᠷᠠᠪᠠ᠃

ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠦᠨ᠃ ᠨᠠᠮ᠎ᠤᠨ ᠲᠥᠪ ᠬᠤᠷᠢᠶ᠎ᠠ᠎ᠶ᠋ᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠪᠦᠷ ᠮᠤᠩᠭᠤᠯ᠎ᠤᠨ ᠦᠨᠳᠦᠰᠦᠳᠡᠨ᠎ᠨᠦᠭᠦᠳ᠎ᠤᠨ ᠠᠷᠠᠳ ᠲᠦᠮᠡᠨ ᠠᠮᠢ ᠠᠬᠤᠢ᠎ᠶ᠋ᠢ ᠤᠷᠢᠳ᠎ᠢᠶᠠᠷ ᠪᠤᠲᠤᠯᠬᠢᠯᠠᠬ᠍ᠰᠠᠨ᠂ ᠪᠣᠬᠢᠷᠲᠤᠯ ᠦᠭᠡᠢ ᠬᠥᠭ᠌ᠵᠢᠯᠲᠡ᠎ᠶ᠋ᠢᠨ ᠵᠠᠮ᠎ᠢᠶᠠᠷ ᠦᠷᠭᠦᠯᠵᠢᠯᠡᠨ ᠭᠤᠢᠪᠢᠰᠢ ᠦᠭᠡᠢ ᠵᠠᠮᠨᠠᠨ᠎ᠠ᠃ ᠠᠭᠤᠯᠠ ᠤᠰᠤ ᠤᠢ ᠮᠤᠲᠦ ᠭᠠᠵᠠᠷ ᠲᠠᠷᠢᠶ᠎ᠠ ᠨᠠᠭᠤᠷ ᠪᠦᠷᠢᠲᠦ ᠨᠤᠲᠤᠬ ᠪᠡᠯᠴᠢᠭᠡᠷ ᠡᠯᠡᠰᠤ ᠮᠠᠩᠬ᠎ᠠ᠎ᠶ᠋ᠢ ᠱᠢᠰᠲ᠋ᠧᠮ᠎ᠲᠠᠢ ᠵᠠᠰᠠᠬᠤ᠎ᠶ᠋ᠢ ᠨᠢᠬᠡᠲᠦᠯᠲᠡᠢ ᠲᠦᠯᠦᠪᠵᠢᠭᠦᠯᠵᠦ᠍᠂ ᠠᠮᠢ ᠠᠬᠤᠢ᠎ᠶ᠋ᠢ ᠬᠠᠮᠠᠭᠠᠯᠠᠵᠤ ᠰᠡᠷᠭᠦᠭᠡᠬᠦ᠌ ᠢᠨᠵᠧᠨᠧᠷᠢᠩ᠎ᠢ ᠪᠦᠳᠦᠮᠵᠢᠳᠡᠢ ᠬᠡᠷᠡᠭ᠌ᠵᠢᠭᠦᠯᠵᠦ᠍᠂ ᠠᠮᠢ ᠠᠬᠤᠢ᠎ᠶ᠋ᠢᠨ ᠱᠢᠰᠲ᠋ᠧᠮ᠎ᠤᠨ ᠬᠠᠮᠠᠭᠠᠯᠠᠯᠲᠠ᠎ᠶ᠋ᠢᠨ ᠡᠷᠴᠢᠮ᠎ᠢ ᠴᠢᠩᠭᠠᠷᠠᠭᠤᠯᠵᠤ᠂ ᠠᠮᠢ ᠠᠬᠤᠢ᠎ᠶ᠋ᠢᠨ ᠱᠢᠰᠲ᠋ᠧᠮ᠎ᠤᠨ ᠲᠣᠭ᠍ᠲᠠᠪᠤᠷᠢᠲᠤ ᠴᠢᠨᠠᠷ ᠪᠣᠯᠤᠨ ᠦᠷᠭᠦᠯᠵᠢᠯᠡᠭᠦ᠌ ᠴᠢᠨᠠᠷ᠎ᠢ ᠳᠡᠭᠡᠭ᠌ᠰᠢᠯᠡᠭᠦᠯᠦᠨ᠎ᠡ ᠁ ᠦᠪᠦᠷ ᠮᠤᠩᠭᠤᠯ᠎ᠤᠨ ᠠᠮᠢ ᠠᠬᠤᠢ ᠣᠷᠴᠢᠨ ᠲᠣᠭᠤᠷᠢᠨ᠎ᠢ ᠰᠠᠢᠲᠤᠷ ᠬᠠᠮᠠᠭᠠᠯᠠᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠲᠤ ᠴᠤᠬ᠍ᠴᠠᠯᠠᠨ᠎ᠠ᠃

ᠤᠷᠢᠬᠠᠨ ᠰᠠᠯᠬᠢᠨ ᠡᠭᠡ ᠭᠠᠵᠠᠷ᠎ᠢ ᠢᠯᠪᠢᠬᠦᠶ᠎ᠠ᠂ ᠲᠦᠮᠡᠨ ᠪᠤᠳᠠᠰ ᠲᠦᠯᠵᠢᠨ ᠠᠮᠢᠯᠠᠮᠤᠢ᠃ ᠵᠢᠷᠬᠢᠭᠦ᠌ ᠱᠢᠪᠠᠭᠤᠳ᠎ᠤᠨ ᠴᠡᠩᠭᠡᠯ᠎ᠤᠨ ᠤᠷᠤᠨ ᠪᠤᠯᠤᠬ᠍ᠰᠡᠨ ᠦᠵᠡᠰᠭᠦᠯᠡᠩᠳᠤ ᠰᠠᠢᠬᠠᠨ ᠦᠪᠦᠷ ᠮᠤᠩᠭᠤᠯ ᠮᠠᠨᠢ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬ᠍ᠰᠡᠨ ᠪᠤᠬᠢᠷᠳᠦᠯ ᠦᠭᠡᠢ ᠬᠦᠭ᠌ᠵᠢᠯᠳᠠ᠎ᠶ᠋ᠢᠨ ᠱᠢᠨ᠎ᠠ ᠬᠠᠭᠤᠳᠠᠰᠤ᠎ᠶ᠋ᠢ ᠪᠢᠴᠢᠭ᠌ᠯᠡᠭᠦ᠎ᠨᠢ ᠯᠠᠪᠳᠠᠢ᠃


3925334_lity_1617086967636_m.jpg


                   ᠪᠤᠭᠤᠲᠤ ᠬᠤᠲᠠ᠎ᠶ᠋ᠢᠨ ᠨᠠᠨ ᠬᠠᠢ ᠨᠤᠭᠤ ᠭᠠᠵᠠᠷ᠎ᠤᠨ ᠴᠡᠴᠡᠷᠯᠢᠭ᠎ᠲᠤ ᠰᠠᠭᠠᠲᠠᠬ᠍ᠰᠠᠨ ᠬᠤᠨ ᠭᠠᠯᠠᠭᠤᠳ


3925721_lity_1617094788733_m.jpg


                    ᠨᠡᠭᠦᠳᠡᠯ᠎ᠤᠨ ᠱᠢᠪᠠᠭᠤᠳ ᠪᠤᠴᠠᠨ ᠢᠷᠡᠯ᠎ᠠ


3925340_lity_1617087041669_m.jpg


                      ᠵᠢᠭᠤᠯᠴᠢᠯᠠᠬ᠍ᠴᠢ ᠡᠵᠡᠨ᠎ᠡ ᠬᠤᠱᠢᠭᠤᠨ᠎ᠤ ᠰᠤᠪᠨᠠᠭᠤᠷ᠎ᠲᠤ ᠤᠰᠤᠨ᠎ᠤ ᠱᠢᠪᠠᠭᠤ ᠲᠠᠵᠢᠭᠡᠨ᠎ᠡ

 

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号