ᠤᠯᠤᠰ᠎ᠤᠨ ᠨᠡᠢᠳᠡᠮ ᠭᠡᠷᠡᠭ᠌ᠯᠡᠬᠦ᠌ ᠦᠭᠡ ᠭᠡᠯᠡ ᠦᠰᠦᠭ ᠪᠢᠴᠢᠭ᠎ᠢ ᠰᠠᠢᠳᠤᠷ ᠰᠤᠷᠤᠯᠴᠠᠬᠤ᠎ᠨᠢ ᠠᠮᠢᠳᠤᠷᠠᠯ᠎ᠢ ᠨᠡᠩ ᠭᠡᠭᠡᠨ ᠰᠠᠷᠠᠭᠤᠯ ᠪᠤᠯᠭᠠᠨ᠎ᠠ
2021-03-04 11:51:18
ᠵᠣᠬᠢᠶᠠᠭ᠍ᠴᠢ᠄
ᠵᠤᠤ ᠨᠠ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠡᠳᠦᠷ ᠪᠦᠬᠦ᠌ ᠤᠷᠤᠨ᠎ᠤ ᠳᠤᠮᠳᠠᠳᠤ ᠪᠠᠭ᠎ᠠ ᠰᠤᠷᠭᠠᠭᠤᠯᠢ ᠬᠢᠴᠢᠶᠡᠯ ᠡᠬᠢᠯᠡᠵᠦ᠍ ᠰᠤᠷᠤᠬ᠍ᠴᠢᠳ᠎ᠢᠶᠠᠨ ᠤᠬ᠍ᠳᠤᠨ ᠠᠪᠤᠯ᠎ᠠ᠃ ᠱᠢᠨ᠎ᠠ ᠰᠤᠷᠤᠯᠭ᠎ᠠ᠎ᠶ᠋ᠢᠨ ᠬᠤᠭᠤᠴᠠᠭᠠᠨ᠎ᠳᠤ ᠪᠠᠭ᠍ᠰᠢ᠂ ᠭᠡᠷ᠎ᠤᠨ ᠠᠬᠠᠮᠠᠳ᠂ ᠰᠤᠷᠤᠬ᠍ᠴᠢᠳ ᠴᠦᠮ ᠮᠠᠰᠢ ᠤᠯᠠᠨ ᠱᠢᠨ᠎ᠠ ᠪᠤᠳᠤᠯ᠂ ᠱᠢᠨ᠎ᠠ ᠬᠦᠰᠡᠯ ᠡᠷᠡᠮᠡᠯᠵᠡᠯ᠎ᠲᠠᠢ ᠪᠠᠢᠨ᠎ᠠ᠃

2 ᠰᠠᠷ᠎ᠠ᠎ᠶ᠋ᠢᠨ 27 ᠎ᠤ ᠡᠳᠦᠷ᠂ ᠨᠢᠭᠡ ᠡᠳᠦᠷ᠎ᠤᠨ ᠬᠤᠭᠤᠴᠠᠭ᠎ᠠ᠎ᠲᠠᠢ ᠶᠠᠪᠤᠬ᠍ᠳᠠᠭ᠍ᠰᠠᠨ ᠨᠢᠭᠡᠳᠦᠯᠳᠠᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠪᠤᠯᠪᠠᠰᠤᠷᠠᠯ᠎ᠢᠶᠠᠨ ᠰᠠᠢᠬᠠᠨ ᠲᠠᠭᠤᠰᠭᠠᠭ᠍ᠰᠠᠨ ᠬᠦᠬᠡᠬᠤᠳᠠ᠎ᠶ᠋ᠢᠨ ᠦᠨᠳᠦᠰᠦᠳᠡᠨ᠎ᠤ ᠲᠤᠷᠱᠢᠯᠳᠠ᠎ᠶ᠋ᠢᠨ ᠰᠤᠷᠭᠠᠭᠤᠯᠢ᠎ᠶ᠋ᠢᠨ ᠪᠠᠭ᠍ᠰᠢ ᠰᠤᠳᠤᠨ᠂ ᠨᠢᠳᠤᠨᠤᠨ ᠵᠢᠯ᠎ᠤᠨ 8 ᠰᠠᠷ᠎ᠠ᠎ᠠᠴᠠ ᠡᠬᠢᠯᠡᠵᠦ᠍ ᠤᠷᠢᠳ ᠬᠤᠵᠢᠳ ᠤᠯᠠᠨ ᠤᠳᠠᠭᠠᠨ᠎ᠤ ᠲᠤᠰᠭᠠᠢ ᠮᠡᠷᠭᠡᠵᠢᠯ᠎ᠤᠨ ᠮᠡᠳᠡᠯᠭᠡ᠎ᠶ᠋ᠢᠨ ᠪᠤᠯᠪᠠᠰᠤᠷᠠᠯ᠎ᠳᠤ ᠤᠷᠤᠯᠴᠠᠵᠠᠢ᠃ 《ᠬᠠᠭᠠᠰ ᠵᠢᠯ ᠭᠠᠷᠤᠢ᠎ᠶ᠋ᠢᠨ ᠪᠤᠯᠪᠠᠰᠤᠷᠠᠯ᠎ᠢᠶᠠᠷ ᠳᠠᠮᠵᠢᠭᠤᠯᠤᠨ᠂ ᠪᠢ ᠨᠢᠭᠡᠳᠦᠯᠳᠠᠢ ᠨᠠᠢᠷᠠᠭᠤᠯᠤᠭ᠍ᠰᠠᠨ 〈ᠭᠡᠯᠡ ᠪᠢᠴᠢᠭ〉 ᠎ᠤᠨ ᠵᠢᠭᠠᠬᠤ ᠮᠠᠲ᠋ᠧᠷᠢᠶᠠᠯ᠎ᠤᠨ ᠲᠤᠬᠠᠢ ᠨᠡᠩ ᠤᠨᠤᠪᠴᠢᠳᠠᠢ ᠡᠵᠡᠮᠱᠢᠵᠠᠢ᠂ ᠬᠤᠢᠱᠢᠳᠠ᠎ᠶ᠋ᠢᠨ ᠵᠢᠭᠠᠨ ᠰᠤᠷᠭᠠᠯᠳᠠ᠎ᠶ᠋ᠢᠨ ᠠᠵᠢᠯ᠎ᠳᠠᠭᠠᠨ ᠴᠦ᠍ ᠢᠳᠡᠭᠡᠯ ᠳᠡᠬᠦᠯᠳᠡᠷ ᠪᠠᠢᠨ᠎ᠠ》 ᠭᠡᠵᠦ᠍ ᠲᠡᠷᠡ ᠰᠤᠷᠪᠤᠯᠵᠢᠯᠠᠬ᠍ᠴᠢ᠎ᠳᠤ ᠭᠡᠯᠡᠨ᠎ᠠ᠃ ᠤᠳᠤᠬᠠᠨ᠎ᠳᠤ ᠰᠤᠷᠤᠬ᠍ᠴᠢᠳ᠎ᠤᠨ ᠰᠤᠷᠤᠯᠴᠠᠯᠭ᠎ᠠ᠎ᠶ᠋ᠢᠨ ᠪᠠᠢᠳᠠᠯ ᠮᠠᠰᠢ ᠰᠠᠢᠨ ᠪᠠᠢᠨ᠎ᠠ᠂ ᠤᠯᠤᠰ᠎ᠤᠨ ᠨᠡᠢᠲᠡᠮ ᠭᠡᠷᠡᠭ᠌ᠯᠡᠬᠦ᠌ ᠦᠭᠡ ᠭᠡᠯᠡ ᠦᠰᠦᠭ ᠪᠢᠴᠢᠭ᠎ᠤᠨ ᠰᠤᠷᠭᠠᠨ ᠬᠦᠮᠦᠵᠢᠯ᠎ᠢ ᠳᠡᠯᠭᠡᠷᠡᠬᠦᠯᠦᠨ ᠲᠦᠭᠡᠮᠡᠯᠵᠢᠬᠦᠯᠬᠦ᠌᠎ᠨᠢ ᠰᠤᠷᠤᠬ᠍ᠴᠢᠳ᠎ᠤᠨ ᠨᠡᠢᠳᠡᠮ ᠭᠡᠷᠡᠭ᠌ᠯᠡᠬᠦ᠌ ᠦᠭᠡ ᠭᠡᠯᠡ ᠦᠰᠦᠭ ᠪᠢᠴᠢᠭ᠎ᠢ ᠭᠡᠷᠡᠭ᠌ᠯᠡᠬᠦ᠌ ᠴᠢᠳᠠᠪᠤᠷᠢ᠎ᠶ᠋ᠢ ᠴᠢᠩᠭᠠᠳᠭᠠᠬᠤ᠎ᠪᠠᠷ ᠪᠠᠷᠠᠬᠤ ᠦᠭᠡᠢ ᠪᠠᠰᠠ ᠬᠤᠢᠱᠢᠳᠠ ᠨᠡᠢᠭᠡᠮ᠎ᠳᠤ ᠭᠠᠷᠬᠤ᠂ ᠠᠵᠢᠯ ᠤᠯᠵᠦ᠍ ᠦᠢᠯᠡᠰ ᠪᠤᠰᠭᠠᠬᠤ᠂ ᠬᠤᠪᠢ ᠬᠦᠮᠦᠨ᠎ᠤ ᠬᠦᠭ᠌ᠵᠢᠯᠳᠠ᠎ᠶ᠋ᠢᠨ ᠲᠠᠯ᠎ᠠ᠎ᠪᠠᠷ ᠴᠦᠮ ᠠᠴᠢ ᠲᠤᠰᠠᠳᠠᠢ ᠶᠤᠮ ᠭᠡᠵᠦ᠍ ᠰᠤᠳᠤᠨ ᠬᠡᠯᠡᠵᠦ᠍ ᠪᠠᠢᠪᠡ᠃

ᠪᠤᠭᠤᠳᠤ ᠬᠤᠳᠠ᠎ᠶ᠋ᠢᠨ ᠮᠤᠩᠭᠤᠯ ᠦᠨᠳᠦᠰᠦᠳᠡᠨ᠎ᠤ ᠰᠤᠷᠭᠠᠭᠤᠯᠢ᠎ᠶ᠋ᠢᠨ ᠰᠤᠷᠤᠬ᠍ᠴᠢ᠎ᠶ᠋ᠢᠨ ᠭᠡᠷ᠎ᠤᠨ ᠠᠬᠠᠮᠠᠳ ᠲᠤᠶᠠᠭ᠎ᠠ ᠭᠤᠷᠪᠠᠳᠤᠭᠠᠷ ᠤᠨ᠎ᠳᠤ ᠲᠠᠪᠱᠢᠬᠦ᠌ ᠦᠶ᠎ᠠ᠎ᠳᠤ᠎ᠨᠢ ᠬᠡᠦᠬᠡᠳ᠎ᠢᠶᠠᠨ ᠬᠢᠳᠡᠳ ᠭᠡᠯᠡᠨ᠎ᠤ ᠵᠤᠬᠢᠶᠠᠨ ᠪᠢᠴᠢᠯᠭᠡ᠎ᠶ᠋ᠢᠨ ᠲᠤᠷ᠎ᠠ ᠪᠠᠬ᠎ᠠ᠎ᠶ᠋ᠢᠨ ᠠᠩᠬᠢ᠎ᠳᠤ ᠨᠡᠷ᠎ᠠ ᠮᠡᠳᠡᠬᠦᠯᠦᠭ᠌ᠰᠡᠨ ᠪᠠᠢᠨ᠎ᠠ᠃ ᠤᠯᠤᠰ᠎ᠤᠨ ᠨᠢᠭᠡᠳᠦᠯᠳᠠᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠬᠦᠯᠦᠨ ᠭᠡᠷᠡᠭ᠌ᠯᠡᠭ᠌ᠰᠡᠨ᠎ᠤ ᠳᠠᠷᠠᠭ᠎ᠠ᠂ ᠭᠡᠦᠭᠡᠳ ᠮᠢᠨᠢ ᠲᠤᠷ᠎ᠠ ᠪᠠᠬ᠎ᠠ᠎ᠶ᠋ᠢᠨ ᠠᠩᠬᠢ᠎ᠳᠤ ᠤᠴᠢᠬᠤ ᠴᠢᠬᠤᠯᠠ ᠦᠭᠡᠢ ᠪᠤᠯᠵᠠᠢ᠂ ᠤᠴᠢᠷ᠎ᠨᠢ ᠬᠢᠴᠢᠶᠡᠯ ᠳᠡᠭᠡᠷ᠎ᠠ᠎ᠪᠠᠨ ᠤᠯᠤᠰ᠎ᠤᠨ ᠨᠡᠢᠳᠡᠮ ᠭᠡᠷᠡᠭ᠌ᠯᠡᠬᠦ᠌ ᠦᠭᠡ ᠭᠡᠯᠡ ᠦᠰᠦᠭ ᠪᠢᠴᠢᠭ᠎ᠢ ᠰᠠᠢᠳᠤᠷ ᠰᠤᠷᠤᠯᠴᠠᠵᠦ᠍᠂ ᠴᠢᠳᠠᠪᠤᠷᠢ ᠭᠡᠪ ᠪᠤᠯᠪᠠᠰᠤᠷᠠᠯ᠎ᠢᠶᠠᠨ ᠳᠡᠭᠡᠭ᠌ᠰᠢᠯᠡᠬᠦᠯᠵᠦ᠍ ᠴᠢᠳᠠᠬᠤ ᠪᠤᠯᠵᠠᠢ ᠭᠡᠵᠦ᠍ ᠲᠤᠶᠠᠭ᠎ᠠ ᠬᠡᠯᠡᠨ᠎ᠠ᠃

《ᠭᠡᠦᠭᠡᠳ ᠮᠢᠨᠢ ᠭᠤᠷᠪᠡᠨ ᠬᠢᠴᠢᠶᠡᠯ ᠲᠦᠷᠦᠯ᠎ᠤᠨ ᠨᠢᠭᠡᠳᠦᠯᠳᠠᠢ ᠨᠠᠢᠷᠠᠭᠤᠯᠤᠭ᠍ᠰᠠᠨ ᠵᠢᠭᠠᠬᠤ ᠮᠠᠲᠧᠷᠢᠶᠠᠯ᠎ᠢ ᠯᠠᠪᠳᠠᠢ ᠰᠠᠢᠳᠤᠷ ᠰᠤᠷᠤᠯᠴᠠᠵᠦ᠍᠂ ᠲᠡᠷᠢᠬᠦᠨ᠎ᠤ ᠱᠢᠨᠵᠢᠯᠡᠬᠦ᠌ ᠤᠬᠠᠭᠠᠨ ᠰᠤᠶᠤᠯ᠎ᠤᠨ ᠮᠡᠳᠡᠯᠭᠡ᠎ᠶ᠋ᠢ ᠨᠡᠩ ᠰᠠᠢᠳᠤᠷ ᠬᠦᠯᠢᠶᠡᠨ ᠠᠪᠴᠦ᠍ ᠴᠢᠳᠠᠨ᠎ᠠ᠃ ᠬᠤᠢᠱᠢᠳᠠ ᠰᠤᠷᠭᠠᠭᠤᠯᠢ᠎ᠳᠤ ᠲᠡᠪᠱᠢᠬᠦ᠂ ᠠᠵᠢᠯ ᠤᠯᠬᠤ ᠵᠠᠮ᠎ᠨᠢ ᠨᠡᠩ ᠦᠷᠭᠡᠨ ᠪᠤᠯᠵᠦ᠍᠂ ᠭᠡᠦᠭᠡᠳ᠎ᠤᠨ ᠠᠮᠢᠳᠤᠷᠠᠯ ᠨᠡᠩ ᠰᠠᠢᠬᠠᠨ ᠪᠤᠯᠤᠨ᠎ᠠ!》 ᠭᠡᠵᠦ᠍ ᠲᠤᠶᠠᠭ᠎ᠠ ᠢᠳᠡᠭᠡᠯ ᠲᠦᠬᠦᠷᠡᠩ ᠭᠡᠯᠡᠵᠦ᠍ ᠪᠠᠢᠯ᠎ᠠ᠃

《2020 ᠤᠨ᠎ᠤ 9 ᠰᠠᠷ᠎ᠠ᠎ᠠᠴᠠ ᠡᠬᠢᠯᠡᠵᠦ᠍᠂ ᠪᠢᠳᠠ ᠨᠢᠭᠡᠨᠳᠠ ᠨᠢᠭᠡᠳᠦᠯᠳᠠᠢ ᠨᠠᠢᠷᠠᠭᠤᠯᠤᠭ᠍ᠰᠠᠨ 〈ᠭᠡᠯᠡ ᠪᠢᠴᠢᠭ〉 ᠎ᠤᠨ ᠵᠢᠭᠠᠬᠤ ᠮᠠᠲ᠋ᠧᠷᠢᠶᠠᠯ᠎ᠢᠶᠠᠷ ᠬᠢᠴᠢᠶᠡᠯ᠎ᠢᠶᠠᠨ ᠤᠷᠤᠵᠦ᠍ ᠡᠬᠢᠯᠡᠭ᠌ᠰᠡᠨ ᠶᠤᠮ᠂ ᠤᠳᠤ ᠪᠤᠯᠳᠠᠯᠠᠬᠢ ᠰᠤᠷᠤᠯᠴᠠᠯᠭ᠎ᠠ᠎ᠶ᠋ᠢᠨ ᠠᠬᠢᠴᠠ᠎ᠶ᠋ᠢ ᠪᠢ ᠳᠠᠭᠠᠵᠦ᠍ ᠠᠮᠵᠢᠵᠤ     ᠪᠠᠢᠨ᠎ᠠ᠃ ᠬᠢᠴᠢᠶᠡᠯ ᠳᠡᠭᠡᠷ᠎ᠠ ᠪᠠᠭ᠍ᠰᠢ ᠮᠠᠰᠢ ᠰᠤᠨᠢᠷᠬᠠᠯᠳᠠᠢ ᠰᠠᠢᠬᠠᠨ ᠶᠠᠷᠢᠵᠦ᠍ ᠪᠠᠢᠬᠤ ᠪᠤᠯᠬᠤᠷ᠂ ᠪᠢ ᠰᠤᠷᠤᠯᠴᠠᠯᠭ᠎ᠠ᠎ᠶ᠋ᠢᠨ ᠶᠠᠪᠤᠴᠠ ᠳᠤᠮᠳᠠ᠎ᠪᠠᠨ ᠪᠢᠴᠢᠭ᠎ᠤᠨ ᠭᠡᠯᠡ᠂ ᠡᠷᠳᠡᠨ᠎ᠤ ᠱᠢᠯᠦᠭ ᠳᠠᠭᠤᠯᠠᠯ᠎ᠳᠤ ᠨᠡᠩ ᠢᠯᠡᠬᠦᠦ ᠲᠤᠷ᠎ᠠ ᠪᠠᠭ᠍ᠠᠳᠠᠢ ᠪᠤᠯᠵᠠᠢ᠃ ᠡᠪᠤᠯ᠎ᠤᠨ ᠠᠮᠠᠷᠠᠯᠳᠠ᠎ᠶ᠋ᠢᠨ ᠬᠤᠭᠤᠴᠠᠭᠠᠨ᠎ᠳᠤ ᠴᠦ᠍ ᠳᠠᠷᠠᠭ᠎ᠠ ᠬᠤᠭᠤᠴᠠᠭᠠᠨ᠎ᠤ ᠱᠢᠨ᠎ᠠ ᠬᠢᠴᠢᠶᠡᠯ᠎ᠢᠶᠠᠨ ᠤᠷᠢᠳᠴᠢᠯᠡᠨ ᠲᠠᠪᠳᠠᠯ᠎ᠠ᠂ ᠤᠳᠤ ᠪᠢ ᠮᠠᠰᠢ ᠤᠯᠠᠨ ᠱᠢᠯᠦᠭ ᠴᠡᠭᠡᠵᠢᠯᠡᠵᠡᠢ᠂ ᠵᠢᠱ᠌ᠢᠶᠡᠯᠡᠪᠡᠯ 〈ᠠᠭᠤᠯᠠ᠎ᠶ᠋ᠢ ᠪᠠᠷᠠᠯᠠᠬ᠍ᠰᠠᠨ᠎ᠨᠢ〉᠂ 〈ᠲᠠᠩ᠎ᠤᠨ ᠱᠢᠯᠦᠭ ᠭᠤᠷᠪᠡᠨ ᠵᠠᠭᠤᠨ ᠪᠠᠳᠠᠭ〉 ᠵᠡᠷᠭᠡ ᠪᠤᠢ》 ᠭᠡᠵᠦ᠍ ᠱᠢᠯᠢᠩᠬᠤᠳᠠ᠎ᠶ᠋ᠢᠨ ᠮᠤᠩᠭᠤᠯ ᠦᠨᠳᠦᠰᠦᠳᠡᠨ᠎ᠤ ᠳᠤᠮᠳᠠᠳᠤ ᠰᠤᠷᠭᠠᠭᠤᠯᠢ᠎ᠶ᠋ᠢᠨ ᠠᠩᠬ᠎ᠠ ᠵᠡᠷᠭᠡ᠎ᠶ᠋ᠢᠨ ᠨᠢᠭᠡᠳᠦᠭᠡᠷ ᠤᠨ᠎ᠤ ᠰᠤᠷᠤᠬ᠍ᠴᠢ ᠠᠨᠳᠠ ᠭᠡᠯᠡᠨ᠎ᠠ᠃ ᠢᠷᠡᠭᠡᠳᠦᠢ᠎ᠶ᠋ᠢᠨ ᠬᠦᠭ᠌ᠵᠢᠯᠳᠠ᠎ᠶ᠋ᠢᠨ ᠲᠤᠬᠠᠢ ᠠᠨᠳᠠ ᠨᠢᠭᠡᠨᠳᠠ ᠡᠷᠳᠡ᠎ᠠᠴᠠ ᠲᠦᠯᠦᠪᠵᠢᠬᠦᠯᠵᠦ᠍ ᠡᠬᠢᠯᠡᠵᠡᠢ᠄ 《ᠪᠢ ᠰᠠᠢᠳᠤᠷ ᠴᠢᠷᠮᠠᠢᠨ ᠰᠤᠷᠤᠯᠴᠠᠵᠦ᠍᠂ ᠶᠡᠭᠡ ᠰᠤᠷᠭᠠᠭᠤᠯᠢ᠎ᠶ᠋ᠢᠨ ᠨᠢᠭᠡᠳᠦᠯᠳᠠᠢ ᠱᠢᠯᠭᠠᠯᠳᠠ᠎ᠳᠤ ᠤᠷᠤᠨ᠎ᠤ ᠭᠠᠳᠠᠨᠠᠬᠢ ᠠᠨᠠᠭᠠᠬᠤ ᠤᠬᠠᠭᠠᠨ᠎ᠤ ᠳᠡᠭᠡᠳᠦ ᠵᠡᠷᠭᠡ᠎ᠶ᠋ᠢᠨ ᠰᠤᠷᠭᠠᠭᠤᠯᠢ᠎ᠳᠤ ᠱᠢᠯᠭᠠᠭᠤᠯᠤᠨ᠎ᠠ᠃ ᠦᠭᠡᠯᠡᠢ ᠪᠤᠯᠤᠭ᠍ᠰᠠᠨ᠎ᠤ ᠬᠤᠢᠨ᠎ᠠ ᠦᠬᠦᠯ᠎ᠠᠴᠠ ᠠᠪᠤᠷᠠᠵᠦ᠍ ᠱᠢᠷᠬᠠᠳᠤᠬ᠍ᠰᠠᠳ᠎ᠢ ᠠᠨᠠᠭᠠᠬᠤ ᠡᠮᠴᠢ ᠪᠤᠯᠤᠨ᠎ᠠ》 ᠭᠡᠯ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号