ᠰᠠᠨᠠᠭᠠᠴᠢᠯᠠᠭ᠎ᠠ᠎ᠲᠠᠢ᠎ᠪᠠᠷ ᠨᠡᠭᠡᠭᠡᠯᠳᠡ ᠬᠢᠪᠠᠯ ᠰᠠᠶᠢ ᠰᠠᠨᠠᠭᠠᠴᠢᠯᠠᠭ᠎ᠠ᠎ᠲᠠᠢ ᠬᠦᠭ᠌ᠵᠢᠵᠤ ᠴᠢᠳᠠᠨ᠎ᠠ
2021-03-05 10:22:05
ᠵᠣᠬᠢᠶᠠᠭ᠍ᠴᠢ᠄
ᠯᠢ ᠵᠧᠨ ᠨᠠᠨ
ᠣᠩᠱᠢᠭ᠍ᠰᠠᠨ ᠣᠳᠠᠭ᠎ᠠ᠄
★★★☆☆

2020 ᠣᠨ᠎ᠳᠤ ᠮᠠᠨᠵᠤᠤᠷ ᠲᠡᠮᠦᠷ ᠵᠠᠮ᠎ᠤᠨ ᠪᠣᠭᠤᠮᠲᠠ᠎ᠶ᠋ᠢᠨ ᠬᠢᠯᠢ᠎ᠪᠠᠷ ᠣᠷᠣᠵᠤ ᠭᠠᠷᠤᠭ᠍ᠰᠠᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ 3548 ᠴᠤᠪᠤᠭ᠎ᠠ᠎ᠳᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 35.1% ᠎ᠪᠠᠷ ᠨᠡᠮᠡᠭ᠌ᠳᠡᠪᠡ; ᠡᠷᠢᠶᠡᠨ ᠬᠤᠲᠠ᠎ᠶ᠋ᠢᠨ ᠲᠡᠮᠦᠷ ᠵᠠᠮ᠎ᠤᠨ ᠪᠣᠭᠤᠮᠲᠠ᠎ᠶ᠋ᠢᠨ ᠬᠢᠯᠢ᠎ᠪᠠᠷ ᠣᠷᠣᠵᠤ ᠭᠠᠷᠤᠭ᠍ᠰᠠᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ 2384 ᠴᠤᠪᠤᠭ᠎ᠠ᠎ᠳᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 60% ᠎ᠪᠠᠷ ᠨᠡᠮᠡᠭ᠌ᠳᠡᠪᠡ᠃ ᠬᠢᠵᠢᠭ᠎ᠤᠨ ᠪᠠᠢᠳᠠᠯ᠎ᠠᠴᠠ ᠪᠣᠯᠵᠣ ᠪᠥᠬᠦ᠌ ᠪᠥᠮᠪᠥᠷᠴᠡᠭ᠎ᠤᠨ ᠪᠠᠷᠠᠭᠠᠨ᠎ᠤ ᠭᠦᠶᠯᠭᠡᠭᠡ ᠰᠠᠭᠠᠳ᠎ᠲᠤ ᠤᠴᠠᠷᠠᠵᠤ᠂ ᠣᠯᠠᠨ ᠤᠯᠤᠰ᠎ᠤᠨ ᠠᠷᠠᠯᠵᠢᠶ᠎ᠠ ᠶᠡᠭᠡ᠎ᠪᠠᠷ ᠪᠠᠭᠠᠰᠤᠭ᠍ᠰᠠᠨ ᠠᠬᠤᠶ ᠪᠠᠢᠳᠠᠯ ᠳᠣᠤᠷ᠎ᠠ᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠨᠡᠪᠲᠡᠷᠡᠭ᠌ᠰᠡᠨ ᠬᠡᠮᠵᠢᠶ᠎ᠡ᠎ᠨᠢ ᠤᠷᠤᠰᠭᠠᠯ᠎ᠢ ᠰᠥᠷᠴᠦ᠍ ᠳᠡᠭᠡᠭ᠌ᠰᠢᠯᠡᠭ᠌ᠰᠡᠨ ᠭᠤᠢᠳᠠ ᠵᠢᠷᠤᠭ᠎ᠢ ᠪᠤᠢ ᠪᠤᠯᠭᠠᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠷᠠᠭᠠᠨ᠎ᠤ ᠭᠦᠶᠯᠭᠡᠭᠡ᠎ᠶ᠋ᠢ ᠱᠢᠯᠤᠭᠤᠳᠭᠠᠬᠤ 《ᠢᠳᠡᠷᠬᠡᠭ ᠳᠠᠭᠤᠷᠢᠶᠠᠯ》 ᠪᠣᠯᠤᠭ᠍ᠰᠠᠨ ᠪᠦᠬᠡᠳ ᠪᠠᠰᠠ ᠳᠤᠮᠳᠠᠳᠤ ᠤᠯᠤᠰ᠎ᠤᠨ ᠨᠡᠭᠡᠭᠡᠯᠲᠡ ᠬᠢᠬᠦ᠌ ᠬᠠᠭᠠᠯᠭ᠎ᠠ᠎ᠶ᠋ᠢᠨ 《ᠶᠠᠪᠤᠬᠤ ᠲᠤᠲᠤᠮ ᠶᠡᠭᠡ ᠨᠡᠭᠡᠭᠡᠭ᠌ᠳᠡᠵᠤ》 ᠪᠠᠢᠭ᠎ᠠ᠎ᠶ᠋ᠢ ᠭᠡᠷᠡᠴᠢᠯᠡᠵᠦ᠍ ᠪᠠᠢᠨ᠎ᠠ᠃

ᠮᠠᠨ᠎ᠤ ᠤᠯᠤᠰ᠎ᠤᠨ 40 ᠭᠠᠷᠤᠢ ᠵᠢᠯ᠎ᠤᠨ ᠥᠭᠡᠷᠡᠴᠢᠯᠡᠯᠲᠡ ᠨᠡᠭᠡᠭᠡᠯᠲᠡ᠎ᠶ᠋ᠢᠨ ᠠᠮᠵᠢᠯᠲᠠ᠎ᠲᠠᠢ ᠦᠢᠯᠡᠳᠦᠯᠭᠡ᠎ᠨᠢ ᠡᠢᠮᠦ᠍ ᠨᠢᠭᠡᠨ ᠪᠣᠷᠣᠭ᠍ᠵᠢᠭᠤᠨ ᠶᠣᠰᠣ᠎ᠶ᠋ᠢ ᠬᠠᠷᠠᠭᠤᠯᠪᠡ᠄ ᠳᠠᠷᠤᠢ ᠨᠡᠭᠡᠭᠡᠯᠲᠡ ᠬᠢᠬᠦ᠌ ᠦᠭᠡᠢ ᠪᠣᠯ ᠬᠥᠭ᠌ᠵᠢᠬᠦ᠌ ᠦᠭᠡᠢ᠂ ᠪᠠᠭ᠎ᠠ ᠨᠡᠭᠡᠭᠡᠯᠲᠡ ᠬᠢᠪᠡᠯ ᠪᠠᠭ᠎ᠠ ᠬᠥᠭ᠌ᠵᠢᠵᠦ᠍᠂ ᠶᠡᠭᠡ ᠨᠡᠭᠡᠭᠡᠯᠲᠡ ᠬᠢᠪᠡᠯ ᠶᠡᠭᠡ ᠬᠥᠭ᠌ᠵᠢᠨ᠎ᠡ᠂ ᠪᠦᠬᠦ᠌ ᠲᠠᠯ᠎ᠠ᠎ᠪᠠᠷ ᠨᠡᠭᠡᠭᠡᠯᠲᠡ ᠬᠢᠪᠠᠯ ᠪᠦᠬᠦ᠌ ᠲᠠᠯ᠎ᠠ᠎ᠪᠠᠷ ᠬᠥᠭ᠌ᠵᠢᠨ᠎ᠠ᠃ ᠥᠪᠥᠷ ᠮᠣᠩᠭᠤᠯ ᠳᠣᠲᠣᠭᠠᠳᠤ᠎ᠳᠠᠭᠠᠨ ᠨᠠᠶᠮᠠᠨ ᠮᠤᠵᠢ᠎ᠲᠠᠢ ᠬᠥᠷᠱᠢᠯᠡᠵᠦ᠍᠂ ᠭᠠᠳᠠᠭ᠍ᠰᠢ᠎ᠪᠠᠨ ᠣᠷᠣᠰ ᠮᠣᠩᠭᠤᠯ ᠤᠯᠤᠰ᠎ᠲᠠᠢ ᠵᠠᠯᠭᠠᠯᠳᠤᠵᠤ᠂ ᠣᠷᠣᠨ ᠪᠠᠢᠷᠢ᠎ᠶ᠋ᠢᠨ ᠳᠠᠪᠠᠭᠤᠯᠢᠭ᠎ᠢᠶᠠᠷ ᠮᠠᠰᠢ ᠲᠣᠪᠤᠢᠮ᠎ᠠ ᠪᠠᠢᠵᠤ᠂ ᠪᠥᠬᠦ᠌ ᠲᠠᠯ᠎ᠠ᠎ᠶ᠋ᠢᠨ ᠪᠣᠰᠤᠭ᠎ᠠ ᠴᠣᠭ᠍ᠴᠠᠲᠤ ᠤᠮᠠᠷᠠᠰᠢ ᠨᠡᠭᠡᠭᠡᠯᠲᠡ ᠬᠢᠬᠦ᠌ ᠪᠣᠭᠤᠮᠲᠠ᠎ᠶ᠋ᠢᠨ ᠱᠢᠰᠲ᠋ᠧᠮ᠎ᠲᠠᠢ᠎ᠪᠠᠷ ᠪᠠᠷᠠᠬᠤ ᠥᠬᠡᠶ᠂ ᠣᠷᠣᠰ ᠮᠣᠩᠭᠤᠯ ᠤᠯᠤᠰ᠎ᠯᠤᠭ᠎ᠠ ᠠᠵᠤ ᠠᠬᠤᠶ᠎ᠶ᠋ᠢᠨ ᠲᠠᠯ᠎ᠠ᠎ᠪᠠᠷ ᠪᠠᠰᠠ ᠨᠡᠯᠢᠶᠡᠳ ᠴᠢᠩᠭ᠎ᠠ ᠬᠠᠷᠢᠯᠴᠠᠨ ᠨᠥᠬᠦᠪᠥᠷᠢᠯᠡᠬᠦ᠌ ᠴᠢᠨᠠᠷᠲᠠᠶ ᠪᠠᠢᠬᠤ ᠪᠦ᠍ᠭᠡᠳ ᠪᠠᠢᠡᠭ᠌ᠭᠤ ᠰᠤᠶᠤᠯ ᠢᠷᠭᠡᠨᠱᠢᠯ᠎ᠤᠨ ᠰᠣᠯᠢᠯᠴᠠᠭ᠎ᠠ ᠬᠢᠵᠦ᠍ ᠪᠠᠢᠨ᠎ᠠ᠃ ᠥᠪᠥᠷ ᠮᠣᠩᠭᠤᠯ ᠤᠮᠠᠷᠠᠰᠢ ᠨᠡᠭᠡᠭᠡᠯᠲᠡ ᠬᠢᠬᠦ᠌᠎ᠶ᠋ᠢ ᠪᠠᠷᠢᠮᠲᠠᠯᠠᠬᠤ᠎ᠨᠢ ᠤᠯᠤᠰ᠎ᠤᠨ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠦᠢᠯᠡᠴᠢᠯᠡᠵᠦ᠍᠂ ᠪᠦᠬᠦ᠌ ᠲᠠᠯ᠎ᠠ᠎ᠪᠠᠷ ᠭᠠᠳᠠᠭ᠍ᠰᠢ ᠨᠡᠭᠡᠭᠡᠯᠲᠡ ᠬᠢᠬᠦ᠌ ᠱᠢᠨ᠎ᠡ ᠪᠠᠢᠷᠢᠱᠢᠯ᠎ᠢ ᠲᠡᠭᠦᠯᠳᠡᠷᠵᠢᠭᠦᠯᠬᠦ᠌᠎ᠪᠠᠷ ᠪᠠᠷᠠᠬᠤ ᠦᠭᠡᠢ ᠪᠠᠰᠠ ᠥᠪᠥᠷ ᠮᠣᠩᠭᠤᠯ᠎ᠳᠤ ᠲᠤᠯᠭᠠᠷᠠᠵᠤ ᠪᠠᠢᠭ᠎ᠠ ᠤᠳᠤᠬᠠᠨ᠎ᠤ ᠬᠥᠭ᠌ᠵᠢᠯᠲᠡ᠎ᠶ᠋ᠢᠨ ᠠᠰᠠᠭᠤᠳᠠᠯ᠎ᠢ ᠪᠦᠲᠦᠮᠵᠢᠲᠡᠢ ᠱᠢᠢᠳᠪᠦᠷᠢᠯᠡᠵᠦ᠍ ᠴᠢᠳᠠᠨ᠎ᠠ᠃

ᠥᠪᠥᠷ ᠮᠣᠩᠭᠤᠯ᠎ᠢ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ ᠪᠣᠯᠭᠠᠨ ᠪᠠᠢᠭᠤᠯᠬᠤ᠎ᠳᠤ 《ᠨᠡᠮᠡᠬᠦ᠌ ᠬᠠᠰᠤᠬᠤ ᠠᠷᠭ᠎ᠠ》 ᠎ᠶ᠋ᠢ ᠰᠠᠢᠲᠤᠷ ᠬᠢᠬᠦ᠌ ᠬᠡᠷᠡᠭ᠌ᠲᠡᠶ ᠶᠤᠮ᠃ ᠨᠢᠭᠡ ᠲᠠᠯ᠎ᠠ᠎ᠪᠠᠷ᠂ ᠨᠡᠭᠡᠭᠡᠯᠲᠡ ᠬᠢᠬᠦ᠌ ᠬᠦᠷᠢᠶ᠎ᠡ ᠬᠡᠪᠴᠢᠶ᠎ᠡ᠂ ᠨᠡᠭᠡᠭᠡᠯᠲᠡ ᠬᠢᠬᠦ᠌ ᠬᠦᠷᠢᠶ᠎ᠡ ᠴᠠᠷᠠᠭ᠎ᠠ᠂ ᠨᠡᠭᠡᠭᠡᠯᠲᠡ ᠬᠢᠬᠦ᠌ ᠲᠠᠰ ᠳᠠᠪᠬᠤᠷᠭ᠎ᠠ ᠳᠡᠭᠡᠷ᠎ᠡ ᠨᠡᠮᠡᠬᠦ᠌ ᠠᠷᠭ᠎ᠠ ᠠᠪᠴᠤ᠌᠂ ᠮᠠᠨ᠎ᠤ ᠣᠷᠣᠨ᠎ᠤ ᠶᠡᠷᠦᠩᠬᠡᠢᠯᠡᠭ᠌ᠰᠡᠨ ᠭᠠᠢᠯᠢ ᠦᠬᠡᠢ ᠬᠡᠳᠦᠨ ᠣᠷᠣᠨ᠎ᠢ ᠲᠦᠷᠭᠡᠨ ᠬᠥᠭ᠌ᠵᠢᠯᠲᠡ᠎ᠶ᠋ᠢᠨ ᠵᠠᠮ᠎ᠳᠤ ᠣᠷᠣᠭᠤᠯᠬᠤ᠎ᠶ᠋ᠢ ᠠᠬᠢᠭᠤᠯᠵᠤ᠂ ᠬᠢᠯᠢ ᠠᠯᠤᠰᠯᠠᠭ᠍ᠰᠠᠨ ᠡᠯᠧᠺᠲᠷᠣᠨ ᠬᠤᠳᠠᠯᠳᠤᠭ᠎ᠠ ᠵᠡᠷᠭᠡ ᠱᠢᠨ᠎ᠡ ᠠᠷᠠᠯᠵᠢᠶᠠᠨ᠎ᠤ ᠡᠵᠡᠩᠨᠡᠯᠲᠡ᠎ᠶ᠋ᠢᠨ ᠪᠠᠢᠳᠠᠯ᠎ᠢ ᠳᠡᠮᠵᠢᠵᠦ᠍᠂ ᠨᠡᠭᠡᠭᠡᠯᠲᠡ᠎ᠶ᠋ᠢᠨ ᠲᠥᠯᠥᠪᠵᠢᠭᠦᠯᠭᠡ᠎ᠶ᠋ᠢᠨ ᠠᠷᠭ᠎ᠠ ᠬᠡᠮᠵᠢᠶ᠎ᠡ᠎ᠶ᠋ᠢ ᠱᠠᠯᠠᠪᠳᠠᠨ ᠨᠠᠢᠳᠠᠪᠤᠷᠢᠵᠢᠭᠤᠯᠵᠤ᠂ ᠪᠣᠭᠤᠮᠲᠠ᠎ᠪᠠᠷ ᠳᠠᠢᠴᠢᠯᠠᠬᠤ᠂ ᠳᠣᠲᠣᠷ ᠭᠠᠵᠠᠷ᠎ᠢᠶᠠᠷ ᠲᠤᠯᠭᠠᠭᠤᠷᠢᠯᠠᠬᠤ᠂ ᠬᠢᠯᠢ ᠬᠢᠵᠠᠭᠠᠷ ᠪᠠ ᠳᠣᠲᠣᠷ ᠭᠠᠵᠠᠷ ᠬᠤᠷᠱᠢᠯᠴᠠᠬᠤ ᠨᠡᠭᠡᠭᠡᠯᠲᠡ᠎ᠶ᠋ᠢᠨ ᠱᠢᠨ᠎ᠡ ᠪᠠᠢᠷᠢᠱᠢᠯ᠎ᠢ ᠪᠦᠷᠢᠯᠳᠦᠭᠦᠯᠬᠦ᠌᠎ᠶ᠋ᠢ ᠠᠬᠢᠭᠤᠯᠬᠤ ᠬᠡᠷᠡᠭ᠌ᠳᠡᠢ᠃ ᠨᠥᠭᠦᠭᠡ ᠲᠠᠯ᠎ᠠ᠎ᠪᠠᠷ᠂ ᠪᠣᠭᠤᠮᠲᠠ᠎ᠪᠠᠷ ᠥᠩᠭᠡᠷᠡᠬᠦ᠌ ᠴᠠᠭ᠂ ᠪᠣᠭᠤᠮᠲᠠ᠎ᠪᠠᠷ ᠥᠩᠭᠡᠷᠡᠬᠦ᠌ ᠥᠪᠡᠷ᠎ᠤᠨ ᠥᠷᠲᠡᠭ᠎ᠤᠨ ᠲᠠᠯ᠎ᠠ᠎ᠪᠠᠷ ᠬᠠᠰᠤᠬᠤ ᠠᠷᠭ᠎ᠠ᠎ᠶ᠋ᠢ ᠠᠪᠬᠤ ᠬᠡᠷᠡᠭ᠌ᠲᠡᠶ᠃ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠠᠵᠤ ᠠᠬᠤᠢᠯᠠᠯ᠎ᠳᠤ ᠠᠪᠴᠤ᠌ ᠬᠡᠯᠡᠪᠡᠯ᠂ ᠴᠠᠭ ᠪᠣᠯ ᠳᠠᠷᠤᠢ ᠥᠪᠡᠷ᠎ᠤᠨ ᠦᠷᠳᠡᠭ᠂ ᠠᠱᠢᠭ ᠬᠤᠨᠵᠢᠪᠣᠷᠢ ᠪᠠᠢᠵᠤ᠂ ᠪᠣᠭᠤᠮᠲᠠ᠎ᠪᠠᠷ ᠥᠩᠭᠡᠷᠡᠬᠦ᠌ ᠴᠠᠭ᠎ᠨᠢ ᠢᠯᠡᠭᠦᠦ ᠪᠣᠯᠪᠠᠯ ᠥᠪᠡᠷ᠎ᠤᠨ ᠦᠷᠳᠡᠭ᠎ᠨᠢ ᠨᠢᠭᠡ ᠬᠤᠪᠢ ᠨᠡᠮᠡᠭ᠌ᠳᠡᠵᠦ᠍᠂ ᠠᠱᠢᠭ ᠬᠤᠨᠵᠢᠪᠣᠷᠢ᠎ᠨᠢ ᠨᠢᠭᠡ ᠬᠤᠪᠢ ᠳᠤᠲᠠᠭᠤ ᠪᠣᠯᠤᠨ᠎ᠠ᠃ ᠪᠢᠳᠡ ᠵᠠᠬ᠎ᠠ ᠳᠡᠯᠭᠡᠭᠦᠷᠴᠢᠯᠡᠭ᠌ᠰᠡᠨ ᠬᠠᠤᠯᠢᠵᠢᠭ᠍ᠰᠠᠨ ᠳᠡᠯᠡᠬᠡᠢᠵᠢᠭ᠌ᠰᠡᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠪᠤᠢ ᠪᠣᠯᠭᠠᠬᠤ᠎ᠪᠠᠷ ᠠᠵᠠ ᠲᠣᠬᠢᠶᠠᠯ ᠪᠣᠯᠭᠠᠵᠤ᠂ ᠲᠦᠷᠢᠮ᠎ᠤᠨ ᠲᠦᠰᠦᠪ ᠲᠦᠯᠦᠪᠯᠡᠭᠡ ᠪᠠ ᠲᠦᠷᠦ᠎ᠶ᠋ᠢᠨ ᠪᠤᠳᠤᠯᠭ᠎ᠠ᠎ᠶ᠋ᠢᠨ ᠬᠠᠩᠭᠠᠯᠭ᠎ᠠ᠎ᠶ᠋ᠢ ᠲᠡᠭᠦᠯᠳᠡᠷᠵᠢᠭᠦᠯᠵᠦ᠍᠂ ᠤᠷᠢᠳᠴᠢᠯᠠᠨ ᠬᠢᠨᠠᠨ ᠪᠤᠳᠤᠵᠤ ᠳ᠋ᠦᠩᠨᠡᠬᠦ᠂ ᠪᠣᠭᠤᠮᠲᠠ᠎ᠪᠠᠷ ᠬᠢᠨᠠᠨ ᠱᠢᠯᠭᠠᠵᠤ ᠭᠠᠷᠭᠠᠬᠤ᠂ 《ᠦᠯᠦ᠍ ᠬᠦᠷᠦᠯᠴᠡᠬᠦ᠌》 ᠵᠡᠷᠭᠡ ᠵᠠᠭ᠍ᠪᠤᠷ᠎ᠢ ᠲᠡᠭᠦᠯᠳᠡᠷᠵᠢᠭᠦᠯᠵᠦ᠍᠂ ᠭᠠᠳᠠᠭᠠᠳᠤ᠎ᠠᠴᠠ ᠣᠷᠣᠭᠤᠯᠬᠤ ᠭᠠᠳᠠᠭᠠᠳᠤ᠎ᠳᠤ ᠭᠠᠷᠭᠠᠬᠤ ᠠᠵᠤ ᠠᠬᠤᠢᠯᠠᠯ ᠢᠯᠠᠩᠭᠤᠶ᠎ᠠ ᠳᠤᠮᠳᠠ ᠪᠠᠭ᠎ᠠ ᠬᠡᠯᠪᠡᠷᠢ᠎ᠶ᠋ᠢᠨ ᠠᠵᠤ ᠠᠬᠤᠢᠯᠠᠯ᠎ᠤᠨ ᠪᠣᠭᠤᠮᠲᠠ᠎ᠪᠠᠷ ᠥᠩᠭᠡᠷᠡᠬᠦ᠌ ᠥᠪᠡᠷ᠎ᠤᠨ ᠦᠷᠳᠡᠭ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭᠤᠷᠠᠭᠤᠯᠬᠤ ᠬᠡᠷᠡᠭ᠌ᠲᠡᠢ᠃

ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠥᠪᠥᠷ ᠮᠣᠩᠭᠤᠯ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠢ ᠡᠬᠢᠯᠡᠭᠦᠯᠬᠦ᠌᠎ᠳᠤ ᠨᠡᠭᠡᠭᠡᠯᠲᠡᠲᠦ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠭᠦᠨᠵᠡᠭᠡᠢ ᠦᠢᠯᠡᠳᠦᠯᠭᠡᠵᠢᠭᠦᠯᠵᠦ᠍᠂ ᠤᠯᠤᠰ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯ᠎ᠢ ᠴᠢᠩᠭ᠎ᠠ ᠡᠵᠡᠮᠳᠡᠵᠦ᠍᠂ ᠳᠣᠲᠣᠭᠠᠳᠤ ᠭᠠᠳᠠᠭᠠᠳᠤ᠎ᠶ᠋ᠢ ᠬᠤᠯᠪᠣᠬᠤ᠂ ᠡᠷᠬᠢᠨ ᠲᠣᠭᠤᠷᠢᠨ᠎ᠢ ᠨᠥᠯᠥᠭᠡᠯᠡᠬᠦ᠂ ᠳᠣᠲᠣᠷ ᠭᠠᠵᠠᠷ᠎ᠲᠤ ᠦᠢᠯᠡᠴᠢᠯᠡᠬᠦ᠌᠎ᠶ᠋ᠢ ᠴᠢᠬᠤᠯᠠ ᠬᠠᠷᠢᠭᠤᠴᠠᠯᠭ᠎ᠠ ᠪᠣᠯᠭᠠᠵᠤ᠂ ᠡᠬᠢ ᠪᠠᠶᠠᠯᠢᠭ᠎ᠢ ᠲᠥᠪᠯᠡᠷᠡᠭᠦᠯᠦᠨ ᠲᠠᠷᠬᠠᠭᠠᠬᠤ᠂ ᠴᠢᠬᠤᠯᠠ ᠡᠯᠧᠮᠧᠨ᠋ᠲ᠎ᠢ ᠠᠭᠤᠰᠤᠯᠴᠠᠭᠤᠯᠤᠨ ᠨᠡᠪᠳᠡᠷᠡᠬᠦᠯᠬᠦ᠌ ᠪᠦᠬᠦ᠌ ᠤᠷᠤᠨ ᠪᠦᠰᠡ᠎ᠶ᠋ᠢᠨ ᠨᠡᠭᠡᠭᠡᠯᠳᠡ᠎ᠶ᠋ᠢᠨ ᠳᠠᠪᠴᠠᠩ᠎ᠢ ᠪᠠᠢᠭᠤᠯᠬᠤ᠎ᠪᠠᠷ ᠪᠦᠲᠦᠮᠵᠢᠳᠡᠢ ᠠᠷᠭ᠎ᠠ ᠵᠠᠮ ᠪᠤᠯᠭᠠᠵᠤ᠂ ᠰᠠᠨᠠᠭᠠᠴᠢᠯᠠᠭᠠᠳᠤ ᠨᠡᠭᠡᠭᠡᠯᠳᠡ᠎ᠪᠠᠷ ᠰᠠᠨᠠᠭᠠᠴᠢᠯᠠᠭᠠᠲᠤ ᠬᠦᠭ᠌ᠵᠢᠯᠳᠡ᠎ᠶ᠋ᠢ ᠤᠯᠬᠤ ᠬᠡᠷᠡᠭ᠌ᠳᠡᠢ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号