《ᠭᠡᠦᠭᠡᠳ᠎ᠤᠳ᠎ᠤᠨ ᠬᠢᠷᠢ ᠪᠦᠳᠦᠮᠵᠢ ᠤᠯᠠᠮ᠎ᠠᠴᠠ ᠤᠯᠠᠮ ᠰᠠᠢᠨ ᠪᠤᠯᠤᠯ᠎ᠠ》
2021-03-05 10:25:41
ᠵᠣᠬᠢᠶᠠᠭ᠍ᠴᠢ᠄
ᠵᠣᠤ ᠨᠠ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 2 ᠎ᠤᠨ ᠡᠳᠦᠷ᠂ ᠬᠥᠬᠡᠬᠤᠲᠠ᠎ᠶ᠋ᠢᠨ ᠦᠨᠳᠦᠰᠦᠲᠡᠨ᠎ᠤ ᠲᠤᠷᠱᠢᠯᠲᠠ᠎ᠶ᠋ᠢᠨ ᠰᠤᠷᠭᠠᠭᠤᠯᠢ᠎ᠳᠤ ᠬᠦᠷᠬᠦ᠌᠎ᠳᠤ 《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠰᠠᠢᠲᠤᠷ ᠰᠤᠷᠴᠤ᠌ ᠰᠠᠢᠲᠤᠷ ᠬᠡᠷᠡᠭ᠌ᠯᠡᠶ᠎ᠠ》᠂ 《ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠶ᠎ᠠ》᠂ 《ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠴᠢᠩᠭᠠᠳᠭᠠᠵᠤ᠂ ᠦᠨᠳᠦᠰᠦᠲᠡᠨ᠎ᠨᠦᠭᠦᠳ᠎ᠤᠨ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌᠎ᠶ᠋ᠢ ᠠᠬᠢᠭᠤᠯᠤᠶ᠎ᠠ》 ᠵᠡᠷᠭᠡ ᠤᠬᠠᠭᠤᠯᠭ᠎ᠠ᠎ᠶ᠋ᠢᠨ ᠤᠷᠢᠶ᠎ᠠ ᠯᠣᠽᠦᠩ ᠬᠠᠷᠠᠭᠠᠨ᠎ᠳᠤ ᠲᠣᠳᠣᠷᠠᠨ᠎ᠠ᠃

ᠢᠷᠠᠭᠤ ᠰᠠᠢᠬᠠᠨ ᠨᠣᠮ ᠤᠩᠱᠢᠬᠤ ᠲᠠᠭᠤᠨ᠎ᠤ ᠳᠤᠮᠳᠠ᠂ ᠦᠵᠡᠰᠭᠦᠯᠡᠩᠲᠦ ᠰᠠᠢᠬᠠᠨ ᠰᠤᠷᠭᠠᠭᠤᠯᠢ᠎ᠶ᠋ᠢᠨ ᠬᠦᠷᠢᠶᠡᠨ᠎ᠳᠤ ᠰᠤᠷᠤᠭ᠍ᠴᠢᠳ ᠬᠦᠰᠡᠯ ᠵᠡᠭᠦᠳᠦ᠎ᠪᠠᠨ ᠬᠥᠭᠡᠭᠡᠴᠡᠯᠳᠦᠬᠦ᠌ ᠱᠢᠨ᠎ᠡ ᠠᠶᠠᠨ᠎ᠢᠶᠠᠨ ᠡᠬᠢᠯᠡᠭᠦᠯᠦᠯ᠎ᠠ᠃

《ᠮᠠᠨ᠎ᠤ ᠰᠤᠷᠭᠠᠭᠤᠯᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠴᠢᠬᠤᠯᠠᠴᠢᠯᠠᠭ᠍ᠰᠠᠭᠠᠷ ᠢᠷᠡᠵᠤ᠂ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠠᠵᠢᠯ᠎ᠢ ᠵᠢᠭᠠᠨ ᠰᠤᠷᠭᠠᠯᠲᠠ᠎ᠶ᠋ᠢᠨ ᠶᠠᠪᠤᠴᠠ᠎ᠳᠤ ᠲᠤᠭᠤᠱᠢᠯᠠᠭᠤᠯᠤᠨ᠂ ᠳᠤᠮᠳᠠᠳᠤ᠎ᠶ᠋ᠢᠨ ᠤᠯᠠᠮᠵᠢᠯᠠᠯᠲᠤ ᠰᠣᠶᠣᠯ᠎ᠤᠨ ᠬᠥᠮᠦᠵᠢᠯ᠎ᠤᠨ ᠠᠵᠢᠯᠯᠠᠭ᠎ᠠ᠎ᠶ᠋ᠢ ᠤᠯᠠᠨ ᠶᠠᠩᠵᠤ᠎ᠪᠠᠷ ᠥᠷᠨᠢᠭᠦᠯᠵᠤ᠂ ᠰᠤᠷᠤᠭ᠍ᠴᠢᠳ᠎ᠤᠨ ᠨᠡᠢᠭᠡᠮ ᠵᠢᠷᠤᠮ᠎ᠤᠨ ᠭᠤᠣᠯᠯᠠᠭ᠍ᠴᠢ ᠦᠷᠳᠡᠭ᠎ᠤᠨ ᠦᠵᠡᠯᠲᠡ ᠪᠣᠯᠤᠨ ᠤᠯᠤᠰ᠎ᠢᠶᠠᠨ ᠬᠠᠢᠷᠠᠯᠠᠬᠤ ᠵᠣᠷᠢᠭ ᠰᠠᠨᠠᠭ᠎ᠠ᠎ᠶ᠋ᠢ ᠬᠦᠮᠦᠵᠢᠭᠦᠯᠬᠦ᠌᠎ᠪᠠᠷ ᠴᠢᠷᠮᠠᠢᠵᠤ ᠪᠠᠢᠨ᠎ᠠ》 ᠭᠡᠵᠦ᠍ ᠬᠥᠬᠡᠬᠤᠲᠠ᠎ᠶ᠋ᠢᠨ ᠦᠨᠳᠦᠰᠦᠲᠡᠨ᠎ᠤ ᠲᠤᠷᠱᠢᠯᠲᠠ᠎ᠶ᠋ᠢᠨ ᠰᠤᠷᠭᠠᠭᠤᠯᠢ᠎ᠶ᠋ᠢᠨ ᠳᠡᠳ᠋ ᠵᠠᠬᠢᠷᠤᠯ ᠨᠠᠷᠠᠨᠭᠡᠷᠡᠯ ᠬᠡᠯᠡᠨ᠎ᠠ᠃

《ᠱᠢᠨ᠎ᠡ ᠰᠤᠷᠤᠯᠭ᠎ᠠ᠎ᠶ᠋ᠢᠨ ᠬᠤᠭᠤᠴᠠᠭ᠎ᠠ᠎ᠶ᠋ᠢ ᠤᠭ᠍ᠲᠤᠬᠤ᠎ᠶ᠋ᠢᠨ ᠲᠥᠯᠥᠭᠡ ᠰᠤᠷᠭᠠᠭᠤᠯᠢ᠎ᠠᠴᠠ ᠭᠦᠢᠴᠡᠳ ᠪᠡᠯᠡᠳᠭᠡᠯ ᠬᠢᠵᠡᠢ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠬᠦᠯᠦᠨ ᠬᠡᠷᠡᠭ᠌ᠯᠡᠬᠦ᠌ ᠠᠵᠢᠯ᠎ᠳᠤ ᠴᠢᠭ᠌ᠯᠡᠭᠦᠯᠵᠤ ᠰᠤᠷᠭᠠᠭᠤᠯᠢ᠎ᠶ᠋ᠢᠨ ᠲᠠᠯ᠎ᠠ᠎ᠠᠴᠠ ᠪᠠᠭ᠍ᠰᠢ ᠨᠠᠷ᠎ᠢ ᠣᠯᠠᠨ ᠤᠳᠠᠭ᠎ᠠ ᠵᠣᠬᠢᠶᠠᠨ ᠪᠠᠢᠭᠤᠯᠤᠨ ᠥᠪᠡᠷᠲᠡᠭᠡᠨ ᠵᠠᠰᠠᠬᠤ ᠣᠷᠣᠨ᠂ ᠬᠤᠲᠠ᠂ ᠲᠣᠭᠤᠷᠢᠭ ᠭᠤᠷᠪᠠᠨ ᠱᠠᠲᠤᠨ᠎ᠤ ᠪᠣᠯᠪᠠᠰᠤᠷᠠᠯ᠎ᠳᠤ ᠣᠷᠣᠯᠴᠠᠭᠤᠯᠵᠤ᠂ ᠪᠠᠭ᠍ᠰᠢ᠎ᠶ᠋ᠢᠨ ᠬᠦᠮᠦᠵᠢᠭᠦᠯᠵᠤ ᠵᠢᠭᠠᠨ ᠰᠤᠷᠭᠠᠬᠤ ᠴᠢᠳᠠᠪᠤᠷᠢ ᠪᠤᠯᠤᠨ ᠶᠡᠷᠦᠩᠬᠡᠢᠯᠡᠭ᠌ᠰᠡᠨ ᠬᠡᠪ ᠪᠤᠯᠪᠠᠰᠤᠷᠠᠯ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ》 ᠭᠡᠵᠤ ᠨᠡᠷᠡᠨᠭᠡᠷᠡᠯ ᠲᠠᠨᠢᠯᠴᠠᠭᠤᠯᠤᠨ᠎ᠠ᠃

ᠲᠠᠨᠢᠯᠴᠠᠭᠤᠯᠤᠭ᠍ᠰᠠᠨ᠎ᠢᠶᠠᠷ᠂ 2020 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭ᠎ᠠ᠎ᠠᠴᠠ ᠡᠬᠢᠯᠡᠨ᠂ ᠬᠥᠬᠡᠬᠤᠲᠠ᠎ᠶ᠋ᠢᠨ ᠰᠤᠷᠭᠠᠨ ᠬᠥᠮᠦᠵᠢᠯ᠎ᠤᠨ ᠲᠣᠪᠴᠢᠶ᠎ᠠ᠎ᠶ᠋ᠢᠨ ᠨᠢᠭᠡᠳᠦᠯᠲᠡᠶ ᠲᠣᠬᠢᠷᠠᠭᠤᠯᠤᠯᠲᠠ᠎ᠪᠠᠷ ᠬᠥᠬᠡᠬᠤᠲᠠ᠎ᠶ᠋ᠢᠨ ᠦᠨᠳᠦᠰᠦᠲᠡᠨ᠎ᠤ ᠲᠤᠷᠱᠢᠯᠲᠠ᠎ᠶ᠋ᠢᠨ ᠰᠤᠷᠭᠠᠭᠤᠯᠢ᠎ᠨᠢ ᠰᠤᠷᠭᠠᠭᠤᠯᠢ᠎ᠶ᠋ᠢᠨ ᠬᠤᠭᠤᠷᠣᠨᠳᠣ᠎ᠪᠠᠨ ᠬᠠᠪᠰᠤᠷᠤᠯᠴᠠᠭ᠎ᠠ ᠪᠠᠢᠭᠤᠯᠬᠤ᠂ ᠣᠯᠠᠨ ᠬᠡᠯᠪᠡᠷᠢ᠎ᠪᠠᠷ ᠵᠢᠭᠠᠨ ᠰᠤᠳᠤᠯᠬᠤ ᠵᠡᠷᠭᠡ ᠠᠷᠭ᠎ᠠ ᠬᠡᠯᠪᠡᠷᠢ᠎ᠶ᠋ᠢ ᠬᠡᠷᠡᠭ᠌ᠵᠢᠭᠦᠯᠪᠠ᠃ ᠡᠮᠦᠨ᠎ᠠ ᠡᠬᠦᠳᠡᠨ᠎ᠤ ᠭᠠᠳᠠᠨᠠᠬᠢ ᠪᠠᠭ᠎ᠠ ᠰᠤᠷᠭᠠᠭᠤᠯᠢ᠎ᠶ᠋ᠢᠨ ᠬᠠᠪᠰᠤᠷᠤᠯᠭ᠎ᠠ ᠳᠣᠣᠷ᠎ᠠ᠂ ᠬᠥᠬᠡᠬᠤᠲᠠ᠎ᠶ᠋ᠢᠨ ᠦᠨᠳᠦᠰᠦᠲᠡᠨ᠎ᠤ ᠲᠤᠷᠱᠢᠯᠲᠠ᠎ᠶ᠋ᠢᠨ ᠰᠤᠷᠭᠠᠭᠤᠯᠢ᠎ᠶ᠋ᠢᠨ ᠪᠠᠭ᠍ᠰᠢ ᠨᠠᠷ ᠡᠷᠳᠡᠮ ᠴᠢᠳᠠᠪᠤᠷᠢ᠎ᠪᠠᠨ ᠬᠠᠲᠠᠭᠤᠵᠢᠯᠲᠠᠢ ᠪᠣᠯᠪᠠᠰᠤᠷᠠᠵᠤ᠂ ᠣᠳᠣᠬᠠᠨ᠎ᠳᠤ ᠲᠤᠰ ᠰᠤᠷᠭᠠᠭᠤᠯᠢ᠎ᠶ᠋ᠢᠨ ᠪᠠᠭ᠍ᠰᠢ ᠨᠠᠷ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠨᠡᠩ ᠣᠨᠣᠪᠴᠢᠲᠠᠢ ᠡᠵᠡᠮᠱᠢᠭ᠌ᠰᠡᠨ ᠪᠠᠢᠨ᠎ᠠ᠃

《ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠡᠷᠳᠡᠮ ᠰᠤᠷᠬᠤ ᠬᠦᠰᠡᠯ ᠪᠠᠳᠠᠷᠠᠩᠭᠤᠶ ᠪᠣᠯᠪᠠᠴᠤ᠌ ᠠᠩᠬᠠᠷᠤᠯ᠎ᠢᠶᠠᠨ ᠲᠥᠪᠯᠡᠷᠡᠭᠦᠯᠬᠦ᠌ ᠴᠠᠭ᠎ᠨᠢ ᠬᠠᠷᠢᠴᠠᠩᠭᠤᠶ ᠣᠬᠤᠷ ᠪᠠᠢᠳᠠᠭ᠃ ᠡᠢᠮᠦ᠎ᠠᠴᠠ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠵᠢᠭᠠᠨ ᠰᠤᠷᠭᠠᠯᠲᠠ᠎ᠳᠤ᠂ ᠰᠤᠷᠭᠠᠭᠤᠯᠢ᠎ᠠᠴᠠ ᠪᠠᠭ᠍ᠰᠢ ᠨᠠᠷ᠎ᠤᠨ ᠤᠯᠠᠨ ᠵᠦᠢᠯ᠎ᠤᠨ ᠠᠷᠭ᠎ᠠ ᠬᠡᠯᠪᠡᠷᠢ᠎ᠪᠠᠷ ᠪᠦᠲᠦᠮᠵᠢᠲᠡᠢ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ ᠬᠢᠬᠦ᠌᠎ᠶ᠋ᠢ ᠵᠣᠷᠢᠭ᠍ᠵᠢᠭᠤᠯᠵᠤ᠂ ᠵᠢᠭᠠᠨ ᠰᠤᠷᠭᠠᠯᠲᠠ᠎ᠶ᠋ᠢᠨ ᠰᠤᠨᠢᠷᠬᠠᠯᠳᠤ ᠴᠢᠨᠠᠷ᠎ᠢ ᠳᠡᠭᠡᠭ᠌ᠰᠢᠯᠡᠭᠦᠯᠤᠨ᠂ ᠰᠤᠷᠤᠭ᠍ᠴᠢᠳ᠎ᠢ ᠨᠡᠩ ᠶᠡᠭᠡ ᠰᠤᠷᠤᠯᠴᠠᠬᠤ ᠤᠷᠮ᠎ᠠ ᠪᠠᠬ᠎ᠠ᠎ᠲᠠᠢ ᠪᠣᠯᠭᠠᠪᠠ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠤᠨ ᠰᠤᠷᠤᠯᠴᠠᠯᠭ᠎ᠠ᠎ᠶ᠋ᠢᠨ ᠰᠠᠭᠤᠷᠢ᠎ᠪᠠᠷ ᠪᠠᠷᠤᠭ᠍ᠳᠠᠢ ᠪᠠᠢᠳᠠᠭ ᠬᠡᠰᠡᠭ ᠰᠤᠷᠤᠭ᠍ᠴᠢ᠎ᠶ᠋ᠢ ᠠᠯᠢ ᠲᠦᠷᠭᠡᠨ᠎ᠢᠶᠠᠷ ᠵᠠᠮ᠎ᠳᠤᠨᠢ ᠣᠷᠣᠭᠤᠯᠬᠤ᠎ᠶ᠋ᠢᠨ ᠲᠥᠯᠥᠭᠡ᠂ ᠰᠤᠷᠭᠠᠭᠤᠯᠢ᠎ᠠᠴᠠ ᠬᠦᠰᠡᠯ᠎ᠲᠠᠢ ᠪᠥᠭᠡᠳ ᠴᠢᠳᠠᠪᠤᠷᠢᠲᠠᠶ 33 ᠪᠠᠭ᠍ᠰᠢ᠎ᠶ᠋ᠢ ᠡᠯᠰᠡᠨ ᠲᠤᠱᠢᠶᠠᠯ ᠬᠠᠪᠰᠤᠷᠭᠠᠭ᠍ᠰᠠᠨ ᠬᠠᠪᠰᠤᠷᠤᠨ ᠵᠢᠯᠣᠭᠤᠳᠭᠤ ᠠᠵᠢᠯ ᠬᠢᠯᠭᠡᠵᠦ᠍᠂ ᠵᠢᠷᠬᠢᠶ᠎ᠠ᠎ᠶ᠋ᠢᠨ ᠬᠠᠪᠰᠤᠷᠤᠨ ᠲᠡᠳᠬᠦᠬᠦ᠌ ᠬᠤᠯᠪᠤᠭ᠎ᠠ ᠪᠠᠢᠭᠤᠯᠬᠤ᠂ ᠬᠢᠴᠢᠶᠡᠯ᠎ᠤᠨ ᠵᠠᠪᠰᠠᠷ᠎ᠤᠨ ᠵᠢᠯᠣᠭᠤᠳᠣᠯᠭ᠎ᠠ ᠬᠢᠬᠦ᠌ ᠵᠡᠷᠭᠡ ᠬᠡᠯᠪᠡᠷᠢ᠎ᠪᠠᠷ ᠲᠠᠮᠵᠢᠨ ᠬᠡᠤᠬᠡᠳ᠎ᠤᠳ᠎ᠤᠨ ᠰᠤᠷᠭᠠᠭᠤᠯᠢ᠎ᠳᠠᠬᠢ ᠰᠤᠷᠤᠯᠴᠠᠯᠭ᠎ᠠ᠎ᠶ᠋ᠢᠨ ᠪᠠᠢᠳᠠᠯ᠎ᠢ ᠭᠦᠶᠴᠡᠳ ᠣᠢᠯᠠᠭᠠᠬᠤ᠎ᠶ᠋ᠢᠨ ᠬᠠᠮᠲᠤ ᠬᠡᠷ᠎ᠤᠨ ᠠᠬᠠᠮᠠᠳ᠎ᠲᠠᠢ ᠪᠠᠢᠩᠭᠤ ᠬᠠᠷᠢᠯᠴᠠᠵᠤ᠂ ᠡᠷᠡᠭᠡᠯᠵᠡᠭᠡ ᠮᠠᠳᠠᠭ᠎ᠲᠠᠢ ᠵᠦᠢᠯ᠎ᠢ ᠴᠠᠭ ᠲᠤᠬᠠᠶ᠎ᠳᠤᠨᠢ ᠬᠦᠯᠢᠴᠡᠩᠭᠦᠶ ᠪᠥᠭᠡᠳ ᠨᠠᠷᠢᠨ ᠨᠢᠮᠪᠠᠶ᠎ᠪᠠᠷ ᠵᠠᠳᠠᠯᠤᠨ ᠬᠠᠷᠢᠭᠤᠯᠵᠤ ᠪᠠᠢᠨ᠎ᠠ》 ᠭᠡᠵᠦ᠍ ᠨᠠᠷᠠᠨᠭᠡᠷᠡᠯ ᠬᠡᠯᠡᠨ᠎ᠠ᠃

ᠰᠤᠷᠭᠠᠭᠤᠯᠢ ᠪᠤᠯᠤᠨ ᠪᠠᠭ᠍ᠰᠢ᠎ᠶ᠋ᠢᠨ ᠬᠠᠮᠲᠤ᠎ᠶ᠋ᠢᠨ ᠴᠢᠷᠮᠠᠢᠯᠭ᠎ᠠ᠎ᠪᠠᠷ ᠰᠤᠷᠤᠭ᠍ᠴᠢᠳ᠎ᠤᠨ ᠰᠤᠷᠤᠯᠴᠠᠬᠤ ᠢᠳᠡᠪᠬᠢᠵᠢᠯ ᠲᠠᠰᠤᠷᠠᠯᠲᠠ ᠦᠭᠡᠢ ᠳᠡᠭᠡᠭ᠌ᠰᠢᠯᠡᠪᠠ᠃ ᠨᠢᠳᠤᠨᠤᠨ᠎ᠤ ᠬᠤᠭᠤᠴᠠᠭᠠᠨ ᠡᠴᠦᠰ᠎ᠤᠨ ᠠᠪᠢᠶ᠎ᠠ ᠪᠠ ᠶᠠᠷᠢᠶᠠᠨ᠎ᠤ ᠬᠡᠯᠡᠨ᠎ᠤ ᠱᠢᠯᠭᠠᠯᠳᠠ᠎ᠳᠤ ᠣᠯᠠᠨ᠎ᠤ ᠬᠢᠷᠢ ᠪᠦᠲᠦᠮᠵᠢ ᠨᠡᠯᠢᠶᠡᠳ ᠵᠦᠭᠡᠷ ᠪᠠᠢᠯ᠎ᠠ᠂ ᠨᠢᠭᠡᠳᠦᠭᠡᠷ ᠣᠨ᠎ᠤ 10% ᠎ᠶ᠋ᠢᠨ ᠰᠣᠷᠣᠭ᠍ᠴᠢ ᠪᠦᠷᠢᠨ ᠬᠤᠪᠢ ᠣᠯᠵᠤ᠂ ᠬᠤᠶᠠᠳᠤᠭᠠᠷ ᠣᠨ᠎ᠤ 26% ᠎ᠶ᠋ᠢᠨ ᠰᠣᠷᠣᠭ᠍ᠴᠢ ᠪᠦᠷᠢᠨ ᠬᠤᠪᠢ ᠣᠯᠵᠠᠶ ᠭᠡᠵᠦ᠍ ᠨᠠᠷᠠᠨᠭᠡᠷᠡᠯ ᠲᠠᠨᠢᠯᠴᠠᠭᠤᠯᠤᠨ᠎ᠠ᠃

ᠨᠠᠷᠠᠨᠭᠡᠷᠡᠯ᠎ᠤᠨ ᠦᠵᠡᠬᠦ᠌᠎ᠪᠠᠷ᠂ ᠪᠠᠭ᠎ᠠ ᠰᠤᠷᠭᠠᠭᠤᠯᠢ᠎ᠶ᠋ᠢᠨ ᠱᠠᠳᠤ ᠪᠣᠯ ᠬᠡᠦᠬᠡᠳ᠎ᠤᠨ ᠦᠭᠡ ᠬᠡᠯᠡ ᠰᠤᠷᠬᠤ ᠳᠠᠪᠠᠭᠤᠯᠢᠭ᠍ᠳᠤ ᠬᠤᠭᠤᠴᠠᠭ᠎ᠠ ᠪᠤᠯᠬᠤ ᠪᠦᠭᠡᠳ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ ᠡᠢᠮᠦ᠎ᠠᠴᠠ ᠬᠠᠷᠠᠬᠠᠨ ᠪᠠᠭ᠎ᠠ᠎ᠠᠴᠠ᠎ᠨᠢ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠭᠤᠯᠬᠤ᠎ᠨᠢ ᠬᠡᠦᠬᠡᠳ᠎ᠲᠤ ᠳᠡᠭᠦᠯᠢᠨ ᠨᠢᠰᠭᠦ ᠵᠢᠭᠦᠷ ᠤᠷᠭᠤᠭᠤᠯᠵᠦ᠍᠂ ᠬᠡᠦᠬᠡᠳ᠎ᠤᠳ᠎ᠤᠨ ᠬᠤᠵᠢᠮ ᠢᠷᠡᠭᠡᠳᠦᠢ᠎ᠳᠤ ᠤᠳᠤ ᠦᠶ᠎ᠡ᠎ᠶ᠋ᠢᠨ ᠱᠢᠨᠵᠢᠯᠡᠬᠦ᠌ ᠤᠬᠠᠭᠠᠨ ᠰᠣᠶᠣᠯ᠎ᠤᠨ ᠮᠡᠳᠡᠯᠭᠡ᠎ᠶ᠋ᠢ ᠬᠦᠯᠢᠶᠡᠨ ᠠᠪᠬᠤ᠂ ᠤᠳᠤ ᠦᠶ᠎ᠡ᠎ᠶ᠋ᠢᠨ ᠨᠡᠢᠭᠡᠮ᠎ᠳᠤ ᠠᠭᠤᠰᠤᠯᠴᠠᠬᠤ᠂ ᠠᠵᠢᠯ ᠣᠯᠵᠤ ᠦᠢᠯᠡᠰ ᠪᠤᠰᠭᠠᠬᠤ᠎ᠳᠤ ᠪᠦᠷ ᠮᠠᠰᠢ ᠠᠱᠢᠭ᠍ᠲᠠᠢ ᠶᠤᠮ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号