《ᠠᠭᠤᠯᠠ ᠤᠰᠤ ᠤᠢ ᠮᠤᠳᠤ ᠭᠠᠵᠠᠷ ᠲᠠᠷᠢᠶ᠎ᠡ ᠨᠠᠭᠤᠷ ᠪᠦᠷᠢ᠎ᠳᠤ ᠨᠤᠳᠤᠭ ᠪᠠᠯᠴᠢᠭᠡᠷ ᠡᠯᠡᠰᠤ ᠮᠠᠩᠬ᠎ᠠ᠎ᠶ᠋ᠢ ᠱᠢᠰᠲ᠋ᠧᠮ᠎ᠲᠠᠢ᠎ᠪᠠᠷ ᠵᠠᠰᠠᠬᠤ᠎ᠶ᠋ᠢ ᠨᠢᠭᠡᠳᠤᠯᠳᠠᠢ ᠲᠦᠯᠦᠪᠵᠢᠬᠦᠯᠬᠦ᠌ ᠭᠡᠷᠡᠭ᠌ᠲᠡᠢ᠂ ᠠᠳᠡ 〈ᠡᠯᠡᠰᠦ ᠮᠠᠩᠬ᠎ᠠ〉 ᠭᠡᠬᠦ᠌ ᠦᠭᠡ᠎ᠶ᠋ᠢ ᠨᠡᠮᠡᠬᠦ᠌ ᠴᠢᠬᠤᠯᠠᠳᠠᠢ》᠃
ᠢᠴᠡᠭ᠌ᠰᠡᠳ ᠬᠦᠳᠡᠯᠬᠦ᠌ ᠪᠤᠯᠬᠤ᠎ᠪᠠᠷ ᠲᠦᠮᠡᠨ ᠪᠤᠳᠠᠰ ᠲᠦᠯᠵᠢᠨ ᠠᠮᠢᠯᠠᠨ᠎ᠠ᠃ 5 ᠤ ᠦᠳᠡ᠎ᠶ᠋ᠢᠨ ᠬᠤᠢᠨ᠎ᠠ᠂ ᠠᠷᠠᠳ᠎ᠤᠨ ᠶᠡᠭᠡ ᠬᠤᠷᠠᠯ᠎ᠤᠨ ᠲᠠᠩᠬᠢᠮ᠎ᠤᠨ ᠵᠡᠬᠦᠨ ᠶᠡᠭᠡ ᠲᠢᠩᠬᠢᠮ᠎ᠳᠤ᠂ ᠶᠡᠷᠦᠩᠭᠡᠢ ᠱᠦᠵᠢ ᠰᠢ᠎ᠶ᠋ᠢᠨ ᠫᠢᠩ ᠲᠡᠬᠦᠨ᠎ᠤ ᠪᠠᠢᠭ᠎ᠠ ᠥᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠳᠤ ᠢᠷᠡᠵᠦ᠍ ᠬᠢᠨᠡᠨ ᠵᠦᠪᠯᠡᠬᠦ᠌᠎ᠳᠤ ᠤᠷᠤᠯᠴᠠᠪᠠ᠃
ᠥᠪᠦᠷ ᠮᠤᠩᠭᠤᠯ᠎ᠤᠨ ᠠᠮᠢ ᠠᠬᠤᠢ ᠤᠷᠴᠢᠨ ᠲᠤᠭᠤᠷᠢᠨ᠎ᠢ ᠰᠠᠢᠳᠤᠷ ᠬᠠᠮᠠᠭᠠᠯᠠᠵᠦ᠍᠂ ᠡᠭᠡ ᠤᠯᠤᠰ᠎ᠤᠨ ᠤᠮᠠᠷᠠᠳᠦ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠳᠤ ᠴᠤᠬ᠍ᠴᠠᠯᠠᠬᠤ ᠲᠤᠬᠠᠢ ᠶᠠᠷᠢᠬᠤ᠎ᠳᠠᠭᠠᠨ ᠶᠡᠷᠦᠩᠭᠡᠢ ᠱᠦᠵᠢ ᠰᠢ᠎ᠶ᠋ᠢᠨ ᠫᠢᠩ 《ᠨᠢᠭᠡᠳᠦᠯᠳᠠᠢ ᠲᠦᠯᠦᠪᠵᠢᠬᠦᠯᠬᠦ᠌》 ᠭᠡᠬᠦ᠌ ᠦᠭᠡ᠎ᠶ᠋ᠢ ᠴᠢᠬᠤᠯᠠᠴᠢᠯᠠᠵᠠᠢ᠃ ᠤᠷᠳᠤ ᠬᠤᠭᠤᠴᠠᠭᠠᠨ᠎ᠤ ᠲᠤᠷᠰᠢ᠂ ᠲᠡᠷᠡ 《ᠠᠭᠤᠯᠠ ᠤᠰᠤ ᠤᠢ ᠮᠤᠳᠤ ᠭᠠᠵᠠᠷ ᠲᠠᠷᠢᠶ᠎ᠡ ᠨᠠᠭᠤᠷ ᠪᠦᠷᠢ᠎ᠳᠤ ᠨᠤᠳᠤᠭ ᠪᠠᠯᠴᠢᠭᠡᠷ᠎ᠢ ᠱᠢᠰᠲ᠋ᠧᠮ᠎ᠲᠠᠢ᠎ᠪᠠᠷ ᠵᠠᠰᠠᠬᠤ᠎ᠶ᠋ᠢ ᠨᠢᠭᠡᠳᠤᠯᠳᠠᠢ ᠲᠦᠯᠦᠪᠵᠢᠬᠦᠯᠬᠦ᠌ ᠭᠡᠷᠡᠭ᠌ᠲᠡᠢ》 ᠭᠡᠵᠦ᠍ ᠴᠢᠬᠤᠯᠠᠴᠢᠯᠠᠬ᠍ᠰᠠᠭᠠᠷ ᠢᠷᠡᠪᠡ᠂ ᠡᠨᠡ ᠤᠳᠠᠭ᠎ᠠ ᠲᠤᠰᠭᠠᠢᠯᠠᠨ ᠡᠯᠡᠰᠦ ᠮᠠᠩᠬ᠎ᠠ᠎ᠶ᠋ᠢ ᠵᠠᠰᠠᠬᠤ ᠠᠰᠠᠭᠤᠳᠠᠯ᠎ᠢ ᠤᠷᠤᠭᠤᠯᠤᠭ᠍ᠰᠠᠨ ᠪᠠᠢᠨ᠎ᠠ᠃
ᠥᠪᠦᠷ ᠮᠤᠩᠭᠤᠯ ᠪᠤᠯ ᠮᠠᠨ᠎ᠤ ᠤᠯᠤᠰ᠎ᠤᠨ ᠤᠮᠠᠷᠠᠳᠦ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ ᠮᠦᠨ᠂ ᠶᠡᠷᠦᠩᠭᠡᠢ ᠱᠦᠵᠢ᠎ᠶ᠋ᠢᠨ ᠪᠤᠳᠤᠯ ᠰᠡᠳᠭᠢᠯ᠎ᠳᠠᠬᠢ 《ᠲᠦᠮᠡᠨ ᠭᠠᠵᠠᠷ᠎ᠤᠨ ᠨᠤᠮᠢᠨ ᠨᠤᠭᠤᠭᠠᠨ ᠤᠷᠳᠤ ᠴᠠᠭᠠᠨ ᠭᠡᠷᠡᠮ》 ᠪᠤᠯᠬᠤ ᠶᠤᠮ᠃
2019 ᠤᠨ᠎ᠤ ᠪᠦᠬᠦ᠌ ᠤᠯᠤᠰ᠎ᠤᠨ ᠬᠤᠶᠠᠷ ᠬᠤᠷᠠᠯ᠎ᠤᠨ ᠬᠤᠭᠤᠴᠠᠭᠠᠨ᠎ᠳᠤ᠂ ᠮᠦᠨ ᠬᠦ᠌ ᠥᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠡᠨ ᠵᠦᠪᠯᠡᠬᠦ᠌᠎ᠳᠤ ᠤᠷᠤᠯᠴᠠᠬᠤ᠎ᠳᠠᠭᠠᠨ ᠶᠡᠷᠦᠩᠭᠡᠢ ᠱᠦᠵᠢ᠂ ᠥᠪᠦᠷ ᠮᠤᠩᠭᠤᠯ᠎ᠳᠤ ᠤᠢ ᠱᠢᠭᠤᠢ᠂ ᠨᠤᠳᠤᠭ ᠪᠡᠯᠴᠢᠭᠡᠷ᠂ ᠨᠤᠭᠤ ᠭᠠᠵᠠᠷ᠂ ᠭᠤᠤᠯ ᠮᠦᠷᠡᠨ᠂ ᠨᠠᠭᠤᠷ ᠪᠦᠷᠢᠳᠦ᠂ ᠡᠯᠡᠰᠦ ᠮᠠᠩᠬ᠎ᠠ ᠵᠡᠷᠭᠡ ᠤᠯᠠᠨ ᠵᠦᠢᠯ᠎ᠤᠨ ᠪᠠᠢᠭᠠᠯᠢ᠎ᠶ᠋ᠢᠨ ᠭᠡᠯᠪᠡᠷᠢ ᠪᠠᠢᠳᠠᠯ ᠪᠠᠢᠳᠠᠭ᠂ ᠡᠨᠡ ᠪᠤᠯ ᠤᠷᠳᠤ ᠬᠤᠭᠤᠴᠠᠭᠠᠨ᠎ᠠ ᠪᠦᠷᠢᠯᠳᠦᠭ᠌ᠰᠡᠨ ᠶᠡᠷᠦᠩᠭᠡᠢᠯᠡᠭ᠌ᠰᠡᠨ ᠴᠢᠨᠠᠷᠳᠠᠢ ᠠᠮᠢ ᠠᠬᠤᠢ᠎ᠶ᠋ᠢᠨ ᠱᠢᠰᠲ᠋ᠧᠮ ᠮᠦᠨ᠂ ᠠᠮᠢ ᠠᠬᠤᠢ᠎ᠶ᠋ᠢ ᠬᠠᠮᠠᠭᠠᠯᠠᠨ ᠰᠡᠷᠬᠦᠭᠡᠬᠦ᠌᠎ᠳᠤ ᠡᠷᠭᠡᠪᠰᠢ ᠶᠡᠷᠦᠩᠭᠡᠢᠯᠡᠭ᠌ᠰᠡᠨ ᠵᠠᠰᠠᠯᠳᠠ ᠬᠢᠬᠦ᠌ ᠭᠡᠷᠡᠭ᠌ᠲᠡᠢ ᠭᠡᠵᠦ᠍ ᠵᠢᠭᠠᠵᠦ᠍ ᠭᠠᠷᠭᠠᠵᠠᠢ᠃
ᠡᠨᠡ ᠤᠳᠠᠭ᠎ᠠ ᠬᠢᠨᠡᠨ ᠵᠦᠪᠯᠡᠬᠦ᠌ ᠦᠶ᠎ᠡ᠎ᠳᠤ ᠠᠮᠢ ᠠᠬᠤᠢ᠎ᠶ᠋ᠢᠨ ᠵᠠᠰᠠᠯᠳᠠ᠎ᠶ᠋ᠢᠨ ᠠᠰᠠᠭᠤᠳᠠᠯ ᠠᠬᠢᠭᠠᠳ ᠶᠠᠷᠢᠶᠠᠨ᠎ᠤ ᠭᠤᠤᠯ ᠰᠡᠳᠦᠪ ᠪᠤᠯᠪᠠ᠃
ᠪᠠᠶᠠᠨᠨᠠᠭᠤᠷ᠎ᠠᠴᠠ ᠢᠷᠡᠭ᠌ᠰᠡᠨ ᠵᠠᠩ ᠱᠢᠶᠤᠤ ᠪᠢᠩ ᠲᠦᠯᠦᠭᠡᠯᠡᠭ᠌ᠴᠢ ᠬᠠᠮᠤᠭ᠎ᠤᠨ ᠲᠦᠷᠦᠬᠦᠨ᠎ᠳᠤ ᠦᠭᠡ ᠭᠡᠯᠡᠪᠡ᠃ ᠲᠡᠷᠡ ᠶᠡᠷᠦᠩᠭᠡᠢ ᠱᠦᠵᠢ᠎ᠳᠤ ᠪᠤᠷᠤᠲᠤᠬᠤᠢ ᠤᠷᠤᠨ᠎ᠤ ᠠᠮᠢ ᠠᠬᠤᠢ᠎ᠶ᠋ᠢᠨ ᠵᠠᠰᠠᠯᠳᠠ᠎ᠶ᠋ᠢ ᠠᠬᠢᠭᠤᠯᠤᠭ᠍ᠰᠠᠨ᠂ ᠡᠯᠡᠰᠦ ᠮᠠᠩᠬ᠎ᠠ᠎ᠶ᠋ᠢᠨ ᠵᠡᠬᠦᠨᠰᠢ ᠲᠦᠷᠢᠵᠦ᠍ ᠬᠠᠳᠤᠨ ᠭᠤᠤᠯ᠎ᠳᠤ ᠤᠷᠤᠬᠤ᠎ᠶ᠋ᠢ ᠬᠤᠷᠢᠬ᠍ᠯᠠᠬ᠍ᠰᠠᠨ ᠪᠠᠢᠳᠠᠯ᠎ᠢ ᠬᠠᠷᠢᠭᠤ ᠮᠡᠳᠡᠬᠦᠯᠦᠭ᠌ᠰᠡᠨ ᠪᠠᠢᠨ᠎ᠠ᠃
《ᠪᠠᠶᠠᠨᠨᠠᠭᠤᠷ ᠬᠠᠲᠤᠨ ᠭᠤᠣᠯ᠎ᠤᠨ 〈ᠳᠤᠬᠤᠢ〉 ᠬᠡᠰᠡᠭ᠎ᠤᠨ ᠲᠡᠭᠡᠷ᠎ᠡ ᠲᠠᠯ᠎ᠠ᠎ᠳᠤ ᠪᠠᠢᠷᠢᠯᠠᠵᠤ᠂ ᠤᠰᠤᠯᠠᠯᠲᠠ᠎ᠶ᠋ᠢᠨ ᠲᠠᠷᠢᠶᠠᠯᠠᠩ ᠮᠠᠰᠢ ᠰᠠᠢᠨ ᠬᠥᠭ᠌ᠵᠢᠪᠡ》 ᠬᠡᠵᠤ ᠶᠡᠷᠦᠩᠬᠡᠶ ᠱᠦᠵᠢ ᠡᠨᠡ ᠬᠦ᠌ 《ᠠᠷᠤ ᠭᠠᠵᠠᠷ᠎ᠤᠨ ᠵᠢᠶᠠᠩᠨᠠᠨ》 ᠢ ᠮᠠᠰᠢ ᠰᠠᠢᠨ ᠣᠢᠯᠠᠭᠠᠵᠤ ᠪᠠᠢᠯ᠎ᠠ᠂ 《ᠡᠨᠡ ᠬᠦ᠌ ᠭᠠᠵᠠᠷ᠎ᠢ ᠰᠠᠢᠲᠤᠷ ᠬᠠᠮᠠᠭᠠᠯᠠᠬᠤ ᠬᠡᠷᠡᠭ᠌ᠳᠡᠢ᠂ ᠬᠤᠵᠢᠷᠱᠢᠭ᠍ᠰᠠᠨ ᠲᠠᠷᠢᠶᠠᠨ ᠭᠠᠵᠠᠷ᠎ᠢ ᠵᠠᠰᠠᠬᠤ ᠠᠰᠠᠭᠤᠳᠠᠯ ᠪᠠᠢᠬᠤ ᠪᠥᠭᠡᠳ ᠪᠠᠰᠠ ᠡᠯᠡᠰᠦ ᠮᠠᠩᠬ᠎ᠠ᠎ᠶ᠋ᠢ ᠵᠠᠰᠠᠬᠤ ᠠᠰᠠᠭᠤᠳᠠᠯ ᠴᠤ᠌ ᠪᠠᠢᠨ᠎ᠠ》 ᠬᠡᠵᠤ ᠶᠠᠷᠤᠩᠬᠡᠢ ᠱᠦᠵᠢ ᠶᠠᠷᠢᠨ᠎ᠠ᠃
《ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢᠨ ᠵᠠᠰᠠᠯᠲᠠ᠎ᠶ᠋ᠢ ᠬᠡᠷᠬᠢᠨ ᠪᠠᠢᠷᠢᠱᠢᠭᠤᠯᠬᠤ ᠪᠤᠢ᠂ ᠦᠵᠦ᠍ ᠲᠥᠯᠥᠪᠯᠡᠭᠡ᠎ᠶ᠋ᠢ ᠰᠠᠢᠲᠤᠷ ᠬᠢᠵᠦ᠍᠂ ᠶᠡᠷᠦᠩᠬᠡᠢᠯᠡᠨ ᠵᠠᠰᠠᠬᠤ ᠬᠡᠷᠡᠭ᠌ᠲᠡᠢ᠂ ᠡᠨᠡ ᠪᠣᠯ ᠨᠢᠬᠡᠨ ᠱᠢᠰᠲ᠋ᠧᠮᠲᠦ ᠢᠨᠵᠧᠨᠧᠷᠢᠩ ᠮᠦᠨ᠂ ᠤᠳᠠᠭᠠᠨ ᠳᠠᠭᠠᠭᠠᠮᠠᠭᠠᠢ᠎ᠪᠠᠷ ᠪᠠᠷᠢᠮᠲᠠᠯᠠᠬᠤ ᠬᠡᠷᠡᠭ᠌ᠲᠡᠢ》 ᠬᠡᠵᠤ ᠶᠡᠷᠦᠩᠬᠡᠶ ᠱᠦᠵᠢ ᠶᠠᠷᠢᠭ᠍ᠰᠠᠨ᠎ᠢᠶᠠᠨ ᠵᠠᠯᠭᠠᠭᠠᠳ᠄ 《ᠵᠢᠱ᠌ᠢᠶᠡᠯᠡᠪᠡᠯ᠂ ᠵᠠᠷᠢᠮ ᠭᠠᠵᠠᠷ᠎ᠤᠨ᠎ᠬᠢᠨ ᠮᠣᠳᠣ ᠳᠠᠷᠢᠵᠤ ᠤᠢ᠍ᠢᠵᠢᠭᠤᠯᠤᠭᠠᠳ ᠲᠠᠷᠢᠶᠠᠨ ᠭᠠᠵᠠᠷ᠎ᠢ ᠥᠭᠡᠷᠡᠴᠢᠯᠡᠪᠡ᠂ ᠵᠠᠷᠢᠮ ᠭᠠᠵᠠᠷ᠎ᠤᠨ᠎ᠬᠢᠨ ᠡᠯᠡᠰᠦ ᠮᠠᠩᠬ᠎ᠠ᠎ᠶ᠋ᠢ ᠥᠭᠡᠷᠡᠴᠢᠯᠡᠬᠦ᠌᠎ᠳᠤ ᠳᠣᠭᠢᠷᠠᠬᠤ ᠥᠬᠡᠶ ᠪᠠᠢᠳᠠᠯ᠎ᠠ ᠦᠯᠡᠮᠵᠢ ᠶᠡᠭᠡ ᠦᠪᠡᠷ᠎ᠤᠨ ᠦᠷᠲᠡᠭ ᠤᠷᠤᠭᠤᠯᠵᠤ ᠪᠠᠢᠭᠠᠳ ᠥᠭᠡᠷᠡᠴᠢᠯᠡᠵᠤ ᠪᠤᠢ᠂ ᠡᠳᠡᠬᠡᠷ᠎ᠨᠢ ᠴᠥᠮ ᠪᠣᠯᠬᠤ ᠥᠬᠡᠶ ᠶᠤᠮ᠃ ᠤᠷᠢᠳ᠎ᠢᠶᠠᠷ ᠰᠤᠳᠤᠯᠭᠠᠨ᠎ᠢᠶᠠᠨ ᠰᠠᠢᠲᠤᠷ ᠬᠢᠵᠦ᠍ ᠲᠥᠯᠥᠪᠵᠢᠭᠦᠯᠭᠡ᠎ᠪᠠᠨ ᠰᠠᠢᠲᠤᠷ ᠬᠢᠵᠦ᠍᠂ ᠱᠢᠨᠵᠢᠯᠡᠬᠦ᠌ ᠤᠬᠠᠭᠠᠨᠴᠢ ᠴᠢᠭ᠌ᠯᠡᠯ᠎ᠢᠶᠠᠷ ᠥᠭᠡᠷᠡᠴᠢᠯᠡᠬᠦ᠌ ᠬᠡᠷᠡᠭ᠌ᠲᠡᠢ᠂ ᠪᠣᠳᠠᠲᠤ ᠪᠠᠢᠳᠠᠯ᠎ᠢ ᠬᠠᠢᠬᠤᠷᠬᠤ ᠦᠭᠡᠢ ᠪᠣᠯ ᠠᠵᠢᠯᠯᠠᠭ᠎ᠠ ᠪᠠ ᠬᠠᠷᠠᠯᠲᠠ ᠦᠰᠤᠳ ᠤᠨᠳᠤᠤ ᠪᠤᠯᠵᠤ᠂ ᠪᠤᠷᠭᠠᠰᠤᠨ ᠰᠠᠭ᠍ᠰᠤ᠎ᠪᠠᠷ ᠤᠰᠤ ᠳᠠᠳᠠᠭᠠᠳ ᠡᠴᠦᠰ᠎ᠲᠡᠭᠡᠨ ᠶᠠᠭᠤ ᠴᠤ᠌ ᠦᠭᠡᠢ ᠬᠤᠭᠤᠰᠤᠨ ᠪᠣᠯᠤᠨ᠎ᠠ ᠱᠢᠤ》 ᠭᠡᠵᠤ ᠲᠠᠢᠯᠪᠤᠷᠢᠯᠠᠨ ᠶᠠᠷᠢᠯ᠎ᠠ᠃
ᠠᠯᠠᠱᠠ ᠠᠢᠮᠠᠭ᠎ᠠᠴᠠ ᠢᠷᠡᠭ᠌ᠰᠡᠨ ᠭᠧ ᠮᠢᠩ ᠲᠥᠯᠥᠭᠡᠯᠡᠭ᠌ᠴᠢ᠂ ᠠᠯᠠᠱᠠ᠎ᠶ᠋ᠢᠨ 93% ᠶ᠋ᠢᠨ ᠭᠠᠵᠠᠷ᠎ᠤᠨ ᠭᠠᠳᠠᠷᠭᠤ᠎ᠨᠢ ᠴᠦᠮ ᠡᠯᠡᠰᠦ ᠭᠤᠪᠢ ᠪᠠ ᠴᠦᠯᠯᠡᠷᠬᠡᠭ᠌ᠵᠢᠭ᠌ᠰᠡᠨ ᠳᠠᠯ᠎ᠠ ᠪᠠᠢᠵᠥ᠍᠂ ᠠᠮᠢ ᠠᠬᠤᠢ ᠣᠷᠴᠢᠨ ᠲᠣᠭᠤᠷᠢᠨ ᠮᠠᠰᠢ ᠬᠡᠪᠡᠷᠡᠭ᠂ ᠥᠩᠭᠡᠷᠡᠭ᠌ᠰᠡᠨ᠎ᠳᠤ ᠲᠩᠷᠢ ᠡᠯᠡᠰᠤ᠂ ᠪᠠᠳᠠᠢ᠎ᠶ᠋ᠢᠨ ᠵᠢᠷᠠᠨ᠎ᠤ ᠡᠯᠡᠰᠤ᠂ ᠤᠯᠠᠭᠠᠨᠪᠤᠬ᠎ᠠ᠎ᠶ᠋ᠢᠨ ᠡᠯᠡᠰᠦ᠎ᠨᠢ ᠤᠯᠠᠨ ᠲᠦᠮᠡᠨ᠎ᠳᠤ ᠮᠠᠰᠢ ᠶᠡᠭᠡ ᠬᠤᠣᠷ ᠬᠥᠨᠥᠭᠡᠯ ᠤᠴᠠᠷᠠᠭᠤᠯᠤᠭ᠍ᠰᠠᠨ ᠪᠠᠢᠨ᠎ᠠ ᠬᠡᠵᠤ ᠶᠠᠷᠢᠪᠠ᠃
《ᠥᠩᠭᠡᠷᠡᠭ᠌ᠰᠡᠨ᠎ᠳᠤ ᠲᠩᠷᠢ ᠡᠯᠡᠰᠤ ᠬᠡᠴᠡᠭᠦᠦ ᠪᠣᠬᠢᠷᠲᠤᠵᠤ᠂ ᠤᠢ᠍ᠢᠷ᠎ᠠ ᠬᠠᠪᠢ᠎ᠶ᠋ᠢᠨ ᠮᠤᠵᠢ ᠣᠷᠣᠨ᠎ᠤ᠎ᠬᠢᠨ ᠡᠯᠡᠰᠦᠨ᠎ᠳᠤ ᠪᠣᠬᠢᠷ ᠤᠰᠤ ᠤᠷᠤᠭᠤᠯᠵᠤ ᠪᠠᠢᠪᠠ᠂ ᠪᠢ ᠡᠨᠡ ᠠᠰᠠᠭᠤᠳᠠᠯ᠎ᠳᠤ ᠲᠤᠰᠭᠠᠢᠯᠠᠨ ᠴᠣᠬᠤᠯᠠᠪᠤᠷᠢ ᠥᠭ᠌ᠴᠦ᠂ ᠪᠣᠬᠢᠷᠲᠤᠭᠤᠯᠬᠤ᠎ᠶ᠋ᠢ ᠵᠣᠭ᠍ᠰᠣᠭᠠᠵᠤ᠂ ᠵᠠᠰᠠᠯᠲᠠ᠎ᠶ᠋ᠢ ᠴᠢᠩᠭᠠᠳᠭᠠᠬᠤ᠎ᠶ᠋ᠢ ᠱᠠᠭᠠᠷᠳᠠᠵᠥ᠍ ᠦᠩᠬᠡᠷᠡᠪᠡ》 ᠭᠡᠵᠦ᠍ ᠶᠡᠷᠦᠩᠬᠡᠢ ᠱᠦᠵᠢ ᠥᠩᠭᠡᠷᠡᠭ᠌ᠰᠡᠨ ᠶᠠᠪᠤᠳᠠᠯ᠎ᠢ ᠡᠷᠬᠢᠴᠡᠬᠦᠯᠤᠨ ᠶᠠᠷᠢᠨ᠎ᠠ᠃
ᠠᠮᠢ ᠠᠬᠤᠢ᠎ᠶ᠋ᠢᠨ ᠵᠠᠰᠠᠯᠲᠠ᠎ᠶ᠋ᠢᠨ ᠲᠣᠭᠤᠷᠢᠨ᠎ᠳᠤ ᠲᠥᠯᠥᠭᠡᠯᠡᠭ᠌ᠴᠢᠳ 《ᠡᠯᠡᠰᠦ ᠮᠠᠩᠬ᠎ᠠ》 ᠠᠴᠠ 《ᠤᠢ ᠱᠢᠭᠤᠢ》 ᠬᠦᠷᠳᠡᠯ᠎ᠡ ᠶᠠᠷᠢᠵᠠᠭᠠᠪᠠ᠃
ᠵᠧᠤ ᠢ ᠵᠧ ᠲᠥᠯᠥᠭᠡᠯᠡᠭ᠌ᠴᠢ ᠪᠤᠯ ᠥᠪᠥᠷ ᠮᠣᠩᠭᠤᠯ᠎ᠤᠨ ᠶᠡᠭᠡ ᠬᠢᠩᠭᠠᠨ ᠳᠠᠪᠠᠭ᠎ᠠ᠎ᠶ᠋ᠢᠨ ᠱᠢᠭᠤᠢᠲᠤ ᠣᠷᠣᠨ᠎ᠠᠴᠠ ᠢᠷᠡᠭ᠌ᠰᠡᠨ ᠣᠶ ᠱᠢᠭᠤᠶ᠎ᠶ᠋ᠢᠨ ᠲᠠᠯᠠᠪᠠᠶ᠎ᠶ᠋ᠢᠨ ᠠᠵᠢᠯᠴᠢᠨ ᠶᠤᠮᠰᠠᠨ᠃ ᠲᠡᠷᠡ ᠥᠪᠡᠷ᠎ᠤᠨ 《ᠮᠣᠳᠣ ᠣᠭ᠍ᠲᠣᠯᠤᠭ᠍ᠴᠢ》 ᠪᠠᠢᠭ᠍ᠰᠠᠨ᠎ᠠᠴᠠ᠎ᠪᠠᠨ 《ᠤᠢ ᠬᠠᠮᠠᠭᠠᠯᠠᠭ᠍ᠴᠢ》 ᠪᠣᠯᠤᠭ᠍ᠰᠠᠨ ᠥᠩᠭᠡᠷᠡᠯᠲᠡ᠎ᠪᠠᠨ ᠲᠠᠨᠢᠯᠴᠠᠭᠤᠯᠵᠤ᠂ 《ᠤᠳᠤ ᠭᠡᠭᠡᠷ᠎ᠡ᠎ᠶ᠋ᠢᠨ ᠠᠮᠢᠳᠠᠨ ᠤᠯᠠᠱᠢᠷᠠᠵᠤ᠂ ᠪᠤᠷᠤ ᠬᠦᠷᠤᠭᠡᠰᠤ᠂ ᠬᠦᠷᠡᠩ ᠪᠠᠭᠠᠪᠠᠭᠠᠢ ᠦᠷᠬᠦᠯᠵᠢ ᠤᠢ ᠱᠢᠭᠤᠢ᠎ᠶ᠋ᠢᠨ ᠲᠠᠯᠠᠪᠠᠢ ᠪᠠ ᠬᠠᠮᠢᠶᠡᠷᠴᠤ᠌ ᠬᠠᠮᠠᠭᠠᠯᠠᠬᠤ ᠦᠷᠳᠡᠭᠡ᠎ᠳᠤ 〈ᠮᠤᠷᠢᠯᠠᠨ ᠰᠠᠭᠠᠳᠠᠳᠠᠭ〉 ᠪᠤᠯᠪᠠ᠃ ᠪᠠᠷᠤᠬ᠍ᠴᠠᠭᠠᠯᠠᠬ᠍ᠰᠡᠨᠢᠶᠠᠷ᠂ 2018 ᠤᠨ᠎ᠳᠤ ᠮᠠᠨ᠎ᠤ ᠲᠡᠨᠳᠡᠬᠢ ᠤᠢ ᠱᠢᠭᠤᠢ ᠪᠠ ᠨᠤᠭᠤ ᠭᠠᠵᠠᠷ᠎ᠤᠨ ᠠᠮᠢ ᠠᠬᠤᠢ᠎ᠶ᠋ᠢᠨ ᠱᠢᠰᠲ᠋ᠧᠮ᠎ᠤᠨ ᠦᠢᠯᠡᠴᠢᠯᠡᠭᠡᠨ᠎ᠤ ᠡᠬᠦᠷᠭᠡ ᠴᠢᠳᠠᠪᠬᠢ᠎ᠶ᠋ᠢᠨ ᠶᠡᠷᠤᠩᠭᠡᠢ ᠦᠷᠳᠡᠭ 6159.74 ᠳ᠋ᠦᠡᠭ᠌ᠰᠢᠭᠤᠷ ᠲᠦᠬᠦᠷᠢᠭ᠎ᠲᠤ ᠬᠦᠷᠴᠠᠢ》 ᠭᠡᠵᠤ ᠲᠡᠷᠡ ᠬᠡᠯᠡᠨ᠎ᠠ᠃
《〈ᠮᠤᠳᠤ ᠤᠬ᠍ᠳᠤᠯᠤᠬ᠍ᠴᠢ〉 ᠪᠠᠢᠭ᠍ᠰᠠᠨ᠎ᠠᠴᠠ᠎ᠪᠠᠨ 〈ᠤᠢ ᠬᠠᠮᠠᠭᠠᠯᠠᠬ᠍ᠴᠢ〉 ᠪᠤᠯᠪᠠ᠂ ᠲᠠᠨ᠎ᠤ ᠪᠠᠶ᠎ᠡ᠎ᠶ᠋ᠢᠨ ᠭᠠᠷᠤᠯ᠎ᠤᠨ ᠬᠤᠪᠢᠷᠠᠯᠳᠠ᠎ᠨᠢ ᠶᠠᠭ ᠮᠠᠨ᠎ᠤ ᠤᠯᠤᠰ᠎ᠤᠨ ᠠᠵᠤ ᠦᠢᠯᠡᠰ᠎ᠤᠨ ᠪᠦᠳᠦᠴᠠ᠎ᠶ᠋ᠢᠨ ᠬᠤᠪᠢᠷᠠᠯᠳᠠ᠎ᠶ᠋ᠢᠨ ᠬᠤᠷᠢᠶᠠᠩᠭᠤᠢ ᠲᠦᠷᠰᠤ ᠪᠤᠯᠬᠤ ᠶᠤᠮ》 ᠭᠡᠵᠤ ᠶᠡᠷᠤᠩᠭᠡᠢ ᠱᠦᠵᠢ ᠦᠭᠡ᠎ᠶ᠋ᠢ᠎ᠨᠢ ᠵᠠᠯᠭᠠᠨ ᠠᠪᠴᠦ᠍᠂ ᠤᠯᠠᠨ᠎ᠳᠤ ᠠᠮᠢ ᠠᠬᠤᠢ᠎ᠶ᠋ᠢᠨ ᠲᠠᠩᠰᠠ ᠪᠤᠳᠤᠵᠤ ᠦᠭ᠌ᠪᠠ᠂ 《ᠲᠠᠨ᠎ᠤ ᠲᠤᠷᠠᠳᠤᠬ᠍ᠰᠡᠨ ᠡᠨᠡ ᠬᠦ᠌ ᠠᠮᠢ ᠠᠬᠤᠢ᠎ᠶ᠋ᠢᠨ ᠶᠡᠷᠤᠩᠭᠡᠢ ᠦᠷᠳᠡᠭ᠎ᠨᠢ ᠲᠠᠷᠤᠢ ᠪᠤᠬᠢᠷᠳᠤᠯ ᠦᠭᠡᠢ GDP ᠶ᠋ᠢᠨ ᠤᠢ᠍ᠢᠯᠠᠭᠠᠬ᠍ᠳᠠᠬᠤᠨ ᠪᠤᠯᠤᠨ᠎ᠡ᠂ ᠠᠮᠢ ᠠᠬᠤᠢ᠎ᠶ᠋ᠢᠨ ᠲᠤᠰ ᠪᠠᠶ᠎ᠡ᠎ᠨᠢ ᠲᠠᠷᠤᠢ ᠦᠷᠳᠡᠭ ᠪᠤᠯᠤᠨ᠎ᠡ ᠭᠡᠳᠡᠭ᠎ᠢ ᠬᠡᠯᠡᠵᠤ ᠪᠠᠢᠨ᠎ᠡ᠃ ᠡᠬᠦᠨ᠎ᠤ ᠲᠤᠳᠤᠷ᠎ᠡ ᠤᠢ ᠮᠤᠳᠤ᠎ᠶ᠋ᠢᠨ ᠲᠤᠰ ᠪᠠᠶ᠎ᠡ᠎ᠶ᠋ᠢᠨ ᠦᠷᠳᠡᠭ ᠪᠠᠢᠬᠤ ᠪᠦᠭᠡᠳ ᠪᠠᠰᠠ ᠴᠡᠪᠡᠷᠱᠢᠬᠦᠯᠬᠦ᠌ ᠦᠢᠯᠡᠳᠤᠯ ᠪᠠᠢᠵᠥ᠍᠂ ᠨᠡᠩ ᠴᠤ᠌ ᠵᠢᠭᠤᠯᠴᠢᠯᠠᠯ᠂ ᠤᠢ ᠲᠤᠳᠤᠷᠠᠬᠢ ᠠᠵᠤ ᠠᠬᠤᠢ ᠵᠡᠷᠭᠡ᠎ᠶ᠋ᠢᠨ ᠬᠦᠭ᠌ᠵᠢᠯᠳᠡ᠎ᠶ᠋ᠢ ᠠᠪᠴᠢᠷᠠᠬᠤ ᠪᠤᠯᠤᠨ᠎ᠠ》 ᠬᠡᠵᠤ ᠶᠠᠷᠦᠩᠬᠡᠢ ᠱᠦᠵᠢ ᠶᠠᠷᠢᠨ᠎ᠠ᠃
ᠶᠡᠷᠤᠩᠭᠡᠢ ᠱᠦᠵᠢ ᠰᠢ᠎ᠶ᠋ᠢᠨ ᠫᠢᠩ᠂ ᠪᠤᠬᠢᠷᠳᠤᠯ᠎ᠢ ᠰᠡᠷᠭᠡᠢᠯᠡᠨ ᠵᠠᠰᠭᠠᠤ ᠪᠤᠭᠤᠮᠳᠠ ᠱᠢᠪᠳᠤᠯᠬᠤ ᠲᠠᠢᠯᠠᠯᠳᠤᠭᠠᠨ᠎ᠢ ᠦᠷᠬᠦᠯᠵᠢᠯᠡᠨ ᠰᠠᠢᠳᠤᠷ ᠬᠢᠵᠤ᠂ ᠠᠭᠠᠷ ᠮᠠᠨᠳᠠᠯ᠂ ᠤᠰᠤ᠂ ᠬᠦᠷᠤᠰᠤᠨ᠎ᠤ ᠪᠤᠬᠢᠷᠳᠤᠯ᠎ᠤᠨ ᠶᠡᠷᠤᠩᠭᠡᠢᠯᠡᠭ᠌ᠰᠡᠨ ᠵᠠᠰᠠᠯᠳᠠ᠎ᠶ᠋ᠢ ᠴᠢᠩᠭᠠᠳᠭᠠᠨ᠂ ᠬᠤᠳᠠ ᠬᠦᠳᠡᠭᠡ᠎ᠶ᠋ᠢᠨ ᠤᠷᠴᠢᠨ ᠲᠤᠭᠤᠷᠢᠨ᠎ᠢ ᠦᠷᠬᠦᠯᠵᠢᠯᠡᠨ ᠰᠠᠢᠵᠢᠷᠠᠭᠤᠯᠬᠤ ᠬᠡᠷᠡᠭ᠌ᠳᠡᠢ ᠬᠡᠵᠥ᠍ ᠦᠪᠤᠷ ᠮᠤᠩᠭᠤᠯᠤᠨᠬᠢᠨᠢ ᠱᠠᠭᠠᠷᠳᠠᠪᠠ᠃
ᠪᠠᠢᠭᠠᠯᠢ᠎ᠶ᠋ᠢᠨ ᠠᠮᠢ ᠠᠬᠤᠢ᠎ᠠᠴᠠ᠂ ᠶᠡᠷᠤᠩᠭᠡᠢ ᠱᠦᠵᠢ ᠪᠠᠰᠠ ᠤᠯᠤᠰ ᠲᠦᠷᠦ᠎ᠶ᠋ᠢᠨ ᠠᠮᠢ ᠠᠬᠤᠢ᠎ᠶ᠋ᠢ ᠶᠠᠷᠢᠯ᠎ᠠ᠃
ᠦᠩᠬᠡᠷᠡᠭ᠌ᠰᠡᠨ ᠨᠢᠬᠡᠨ ᠬᠤᠭᠤᠴᠠᠭᠠᠨ᠎ᠳᠤ᠂ ᠦᠪᠤᠷ ᠮᠤᠩᠭᠤᠯ᠎ᠤᠨ ᠬᠦᠭ᠌ᠵᠢᠯᠳᠠ᠎ᠨᠢ ᠨᠡᠬᠦᠷᠡᠰᠤ ᠵᠡᠷᠬᠡ ᠡᠬᠢ ᠪᠠᠶᠠᠯᠢᠬ᠎ᠢ ᠨᠡᠬᠡᠬᠡᠨ ᠮᠠᠯᠳᠠᠬᠤ᠎ᠳᠤ ᠲᠦᠱᠢᠭ᠌ᠯᠡᠵᠤ᠂ ᠪᠠᠢᠭᠠᠯᠢ᠎ᠶ᠋ᠢᠨ ᠠᠮᠢ ᠠᠬᠤᠢ᠎ᠶ᠋ᠢ ᠡᠪᠳᠡᠭ᠌ᠰᠡᠨ᠎ᠢᠶᠠᠷ ᠪᠠᠷᠠᠬᠤ ᠦᠬᠡᠢ᠂ ᠤᠯᠤᠰ ᠲᠦᠷᠤ᠎ᠶ᠋ᠢᠨ ᠠᠮᠢ ᠠᠬᠤᠢ᠎ᠶ᠋ᠢ ᠴᠤ᠌ ᠪᠤᠬᠢᠷᠳᠤᠭᠤᠯᠤᠬ᠍ᠰᠠᠨ ᠪᠠᠢᠨ᠎ᠠ᠃ ᠨᠢᠳᠤᠨᠤᠨ ᠦᠪᠤᠷ ᠮᠤᠩᠭᠤᠯ᠎ᠤᠨ ᠲᠦᠯᠤᠬᠡᠯᠡᠭ᠌ᠴᠢᠳ᠎ᠤᠨ ᠪᠦᠯᠬᠦᠮ᠎ᠤᠨ ᠬᠢᠨᠨᠠ ᠵᠦᠪᠯᠡᠬᠦ᠌᠎ᠳᠤ ᠤᠷᠤᠯᠴᠠᠬᠤ᠎ᠳᠠᠭᠠᠨ᠂ ᠶᠠᠷᠤᠩᠬᠡᠢ ᠱᠦᠵᠢ᠄ 《ᠨᠡᠬᠦᠷᠡᠰᠤᠨ᠎ᠤ ᠡᠬᠢ ᠪᠠᠶᠠᠯᠢᠬ᠎ᠲᠤ ᠬᠤᠯᠪᠤᠬ᠍ᠳᠠᠬᠤ ᠢᠯᠵᠠᠷᠠᠯ᠎ᠨᠢ ᠪᠤᠬᠢᠷᠳᠤᠯ᠎ᠤᠨ ᠬᠤᠤᠷᠳᠤ ᠬᠠᠪᠤᠳᠠᠷ ᠪᠠ ᠡᠬᠢ ᠡᠬᠦᠰᠤᠯ ᠪᠤᠯᠵᠠᠢ᠂ ᠬᠦᠨ ᠰᠤᠷᠭᠠᠮᠵᠢ ᠠᠪᠴᠤ᠌᠂ ᠲᠦᠷᠢᠮ᠎ᠤᠨ ᠲᠤᠳᠠᠬ᠍ᠳᠠᠯᠢ ᠴᠢᠩᠭ᠎ᠠ ᠨᠦᠬᠦᠪᠤᠷᠢᠯᠡᠬᠦ᠌ ᠭᠡᠷᠡᠭ᠌ᠳᠠᠢ》 ᠬᠡᠵᠤ ᠵᠢᠭᠠᠵᠤ ᠭᠠᠷᠭᠠᠭ᠍ᠰᠠᠨ ᠪᠠᠢᠨ᠎ᠠ᠃
ᠶᠠᠷᠤᠩᠬᠡᠢ ᠱᠦᠵᠢ᠎ᠶ᠋ᠢᠨ ᠱᠠᠭᠠᠷᠳᠠᠯᠭ᠎ᠠ᠎ᠶ᠋ᠢ ᠡᠷᠡᠰ ᠨᠠᠢᠳᠠᠪᠤᠷᠢᠵᠢᠭᠤᠯᠵᠤ᠂ ᠦᠪᠤᠷ ᠮᠤᠩᠭᠤᠯ᠎ᠤᠨ᠎ᠬᠢᠨ ᠨᠢᠳᠤᠨᠤᠨ᠎ᠠᠴᠠ ᠨᠠᠭᠠᠰᠢ ᠨᠡᠬᠦᠷᠡᠰᠤᠨ᠎ᠤ ᠡᠬᠢ ᠪᠠᠶᠠᠯᠢᠬ᠎ᠤᠨ ᠬᠦᠷᠢᠶᠠᠨ᠎ᠳᠤ ᠬᠤᠯᠪᠤᠬ᠍ᠳᠠᠬᠤ ᠢᠯᠵᠠᠷᠠᠯ᠎ᠢ 《20 ᠵᠢᠯ ᠬᠡᠳᠡᠷᠡᠬᠦ᠌ ᠪᠠᠢᠴᠠᠭᠠᠵᠤ》᠂ ᠨᠢᠬᠡ ᠪᠦᠯᠦᠭ ᠰᠠᠬᠢᠯᠭ᠎ᠠ ᠪᠠᠳᠤ ᠬᠠᠤᠯᠢ ᠲᠦᠷᠢᠮ᠎ᠠᠴᠠ ᠵᠦᠷᠢᠴᠡᠭ᠌ᠰᠡᠨ ᠠᠰᠠᠭᠤᠳᠠᠯ᠎ᠢ ᠱᠢᠢᠳᠪᠤᠷᠢᠯᠡᠵᠠᠢ᠃
《ᠡᠨᠡ ᠬᠦ᠌ ᠶᠠᠪᠤᠳᠠᠯ᠎ᠢ ᠡᠷᠬᠡᠪᠰᠢ ᠠᠳᠭᠤᠬᠤ ᠭᠡᠷᠡᠭ᠌ᠳᠠᠢ᠂ ᠠᠳᠭᠤᠬᠤ ᠦᠬᠡᠢ ᠪᠤᠯ ᠪᠤᠯᠬᠤ ᠦᠬᠡᠢ》 ᠬᠡᠵᠤ ᠶᠠᠷᠤᠩᠬᠡᠢ ᠱᠦᠵᠢ ᠶᠠᠷᠢᠭ᠍ᠰᠠᠨ᠎ᠢᠶᠠᠨ ᠵᠠᠯᠠᠭᠠᠭᠠᠳ᠂ ᠡᠯ᠎ᠠ ᠱᠠᠳᠤᠨ᠎ᠤ ᠨᠠᠮ᠎ᠤᠨ ᠬᠡᠱᠢᠬᠦᠨ ᠺᠠᠳ᠋ᠷᠴᠤᠳ 《ᠦᠪᠡᠷ᠎ᠢ᠎ᠪᠠᠨ ᠠᠷᠠᠳ ᠲᠦᠮᠡᠨ᠎ᠤ ᠠᠯᠪᠠᠨ ᠵᠠᠷᠤᠴᠠ ᠭᠡᠳᠡᠭ᠎ᠢ ᠦᠨᠢᠳᠠ ᠪᠠᠳᠤ ᠴᠡᠬᠡᠵᠢᠯᠠᠬᠦ᠌ ᠭᠡᠷᠡᠭ᠌ᠳᠠᠢ᠃ ᠭᠠᠷ᠎ᠲᠠᠬᠢ ᠡᠷᠬᠡ᠎ᠪᠠᠨ ᠠᠱᠢᠬ᠍ᠯᠠᠵᠤ ᠬᠤᠪᠢ ᠪᠠᠶ᠎ᠠ᠎ᠶ᠋ᠢᠨ ᠲᠦᠯᠤᠬᠡ᠂ ᠵᠠᠷᠢᠮ ᠠᠱᠢᠬ ᠲᠤᠰᠠ᠎ᠶ᠋ᠢᠨ ᠪᠦᠯᠦᠭ᠌ᠯᠡᠯ᠎ᠤᠨ ᠲᠦᠯᠤᠬᠡ ᠠᠱᠢᠭ ᠤᠯᠭᠤᠵᠤ ᠪᠤᠯᠬᠤ ᠦᠬᠡᠢ》᠂ 《ᠨᠡᠬᠦᠷᠡᠰᠤᠨ᠎ᠤ ᠡᠬᠢ ᠪᠠᠶᠠᠯᠢᠬ᠎ᠢ ᠠᠱᠢᠬ᠍ᠯᠠᠵᠤ ᠢᠯᠵᠠᠷᠠᠨ ᠲᠤᠷᠦ᠋ᠢᠳᠠᠪᠡᠯ ᠦᠨᠡᠭᠡᠨ ᠴᠠᠭᠠᠨ ᠰᠡᠬᠦᠯ᠎ᠨᠢ ᠡᠷᠳᠡ ᠤᠷᠤᠢ ᠦᠬᠡᠢ ᠢᠯᠡᠷᠡᠬᠦ᠌ ᠶᠤᠮ᠂ ᠢᠯᠡᠷᠡᠭ᠌ᠰᠡᠭᠡᠷ ᠲᠠᠷᠤᠢ ᠡᠷᠡᠰ ᠴᠤᠬᠢᠯᠳᠠ ᠦᠭ᠌ᠬᠦ ᠭᠡᠷᠡᠭ᠌ᠳᠠᠢ》 ᠬᠡᠵᠤ ᠡᠷᠡᠰ ᠪᠠᠳᠤ ᠬᠡᠯᠡᠯ᠎ᠠ᠃
《ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠨᠠᠮ᠎ᠤᠨ ᠲᠦᠪ ᠬᠤᠷᠢᠶᠠᠨ᠎ᠠᠴᠠ ᠢᠯᠵᠠᠷᠠᠯ᠎ᠢ ᠡᠰᠡᠷᠬᠦᠴᠡᠬᠦ᠌ ᠲᠡᠮᠡᠴᠡᠯ᠎ᠢ ᠦᠷᠨᠢᠬᠦᠯᠦᠭᠡᠳ ᠨᠢᠭᠡᠨᠲᠡ 8 ᠵᠢᠯ ᠪᠤᠯᠴᠢᠬᠠᠵᠠᠢ᠂ ᠨᠢᠬᠡ ᠲᠠᠯ᠎ᠠ᠎ᠪᠠᠷ ᠨᠡᠮᠡᠭ᠌ᠳᠡᠵᠤ ᠪᠦᠬᠦᠢ ᠢᠯᠵᠠᠷᠠᠯ᠎ᠢ ᠤᠭ᠍ᠳᠤ ᠠᠭᠤᠴᠢᠯᠠᠬᠤ ᠦᠬᠡᠢ ᠪᠠᠢᠵᠤ᠂ ᠨᠦᠬᠦᠬᠡ ᠲᠠᠯ᠎ᠠ᠎ᠪᠠᠷ ᠨᠢᠭᠤᠭ᠍ᠳᠠᠭ᠍ᠰᠠᠨ ᠢᠯᠵᠠᠷᠠᠯ᠎ᠢ ᠢᠯᠡᠷᠡᠬᠦᠯᠪᠡᠯ ᠮᠦᠨ ᠬᠦ᠌ ᠤᠭ᠍ᠳᠤ ᠠᠭᠤᠴᠢᠯᠠᠬᠤ ᠦᠬᠡᠢ ᠪᠠᠢᠬᠤ ᠭᠡᠷᠡᠭ᠌ᠳᠠᠢ᠃ ᠢᠯᠵᠠᠷᠠᠯ᠎ᠢ ᠡᠰᠡᠷᠬᠦᠴᠡᠬᠦ᠌᠎ᠨᠢ ᠡᠬᠦᠷᠢᠳᠡ ᠵᠤᠭ᠍ᠰᠤᠰᠢ ᠦᠬᠡᠢ ᠶᠤᠮ》 ᠬᠡᠵᠤ ᠶᠠᠷᠤᠩᠬᠡᠢ ᠱᠦᠵᠢ ᠰᠢ᠎ᠶ᠋ᠢᠨ ᠫᠢᠩ ᠶᠠᠷᠢᠨ᠎ᠠ᠃
(ᠱᠢᠨᠬᠤᠸᠠ ᠬᠤᠷᠢᠶᠠᠨ᠎ᠤ ᠪᠡᠬᠡᠵᠢᠩ᠎ᠤᠨ 3 ᠰᠠᠷ᠎ᠠ᠎ᠶ᠋ᠢᠨ 5 ᠤ ᠴᠠᠬᠢᠯᠭᠠᠨ ᠮᠡᠳᠡᠭᠡ᠎ᠠᠴᠠ)