ᠦᠪᠦᠷ ᠮᠤᠩᠭᠤᠯ᠎ᠤᠨ ᠲᠦᠯᠦᠬᠡᠯᠡᠭ᠌ᠴᠢᠳ᠎ᠤᠨ ᠪᠦᠯᠬᠦᠮ ᠵᠠᠰᠠᠬ᠎ᠤᠨ ᠤᠷᠳᠤᠨ᠎ᠤ ᠠᠵᠢᠯ᠎ᠤᠨ ᠢᠯᠡᠳᠭᠡᠯ᠎ᠢ ᠬᠢᠨᠠᠨ ᠵᠦᠪᠯᠡᠪᠡ
2021-03-06 13:11:49
ᠵᠣᠬᠢᠶᠠᠭ᠍ᠴᠢ᠄
ᠳ᠋ᠠᠢ ᠬᠤᠩ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 5 ᠎ᠤ ᠦᠳᠡ᠎ᠶ᠋ᠢᠨ ᠬᠤᠢᠨ᠎ᠠ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠬᠡᠷ ᠬᠤᠷᠠᠯ᠎ᠤᠨ ᠦᠪᠦᠷ ᠮᠤᠩᠭᠤᠯ᠎ᠤᠨ ᠲᠦᠯᠦᠬᠡᠯᠡᠭ᠌ᠴᠢᠳ᠎ᠤᠨ ᠪᠦᠯᠬᠦᠮ ᠠᠷᠠᠳ᠎ᠤᠨ ᠶᠡᠭᠡ ᠬᠤᠷᠠᠯ᠎ᠤᠨ ᠲᠠᠩᠬᠢᠮ᠎ᠤᠨ ᠵᠡᠬᠦᠨ ᠶᠡᠭᠡ ᠲᠢᠩᠬᠢᠮ᠎ᠳᠤ ᠪᠦᠬᠦᠳᠡ ᠬᠤᠷᠠᠯ ᠬᠢᠵᠦ᠍᠂ ᠵᠠᠰᠠᠬ᠎ᠤᠨ ᠤᠷᠳᠤᠨ᠎ᠤ ᠠᠵᠢᠯ᠎ᠤᠨ ᠢᠯᠡᠳᠭᠡᠯ᠎ᠢ ᠬᠢᠨᠠᠨ ᠵᠦᠪᠯᠡᠪᠡ᠃

ᠦᠪᠦᠷ ᠮᠤᠩᠭᠤᠯ᠎ᠤᠨ ᠲᠦᠯᠦᠬᠡᠯᠡᠭ᠌ᠴᠢᠳ᠎ᠤᠨ ᠪᠦᠯᠬᠦᠮ᠎ᠤᠨ ᠲᠠᠷᠤᠭ᠎ᠠ ᠱ᠌ᠢ᠎ᠲᠠᠢ ᠹᠧᠩ ᠬᠤᠷᠠᠯ᠎ᠢ ᠡᠷᠬᠢᠯᠡᠪᠡ᠃ ᠬᠤᠷᠠᠯ᠎ᠤᠨ ᠲᠠᠯᠠᠪᠠᠢ ᠬᠦᠷ ᠭᠦᠭ᠌ᠵᠢᠶᠡᠨ᠎ᠲᠠᠢ ᠪᠠᠢᠵᠤ᠂ ᠲᠦᠯᠦᠬᠡᠯᠡᠭ᠌ᠴᠢᠳ ᠢᠳᠡᠪᠬᠢᠳᠡᠢ᠎ᠪᠠᠷ ᠦᠬᠡ ᠬᠡᠯᠡᠵᠦ᠍᠂ ᠵᠠᠰᠠᠬ᠎ᠤᠨ ᠤᠷᠳᠤᠨ᠎ᠤ ᠠᠵᠢᠯ᠎ᠤᠨ ᠢᠯᠡᠳᠭᠡᠯ᠎ᠤᠨ ᠲᠤᠭᠤᠷᠢᠨ᠎ᠳᠤ ᠲᠦᠷᠦᠭ᠌ᠳᠡᠯ᠎ᠢᠶᠠᠨ ᠠᠭᠤᠵᠢᠷᠠᠳᠠᠯ᠎ᠠ ᠶᠠᠷᠢᠯᠴᠠᠨ᠂ ᠬᠦᠭ᠌ᠵᠢᠯᠳᠡ᠎ᠶ᠋ᠢ ᠬᠠᠮᠳᠤ᠎ᠪᠠᠷ ᠵᠦᠪᠯᠡᠵᠤ᠂ ᠰᠠᠨᠠᠯ ᠰᠠᠨᠠᠭᠤᠯᠭ᠎ᠠ ᠲᠡᠪᠱᠢᠬᠦᠯᠵᠡᠭᠡᠨ᠎ᠠ᠃ ᠤᠯᠠᠨ᠎ᠢᠶᠠᠷ᠎ᠢᠶᠠᠨ᠂ ᠢᠯᠡᠳᠭᠡᠯ᠎ᠨᠢ ᠰᠢ᠎ᠶ᠋ᠢᠨ ᠫᠢᠩ᠎ᠤᠨ ᠱᠢᠨ᠎ᠠ ᠴᠠᠬ ᠦᠶ᠎ᠠ᠎ᠶ᠋ᠢᠨ ᠲᠤᠮᠳᠠᠳᠤ ᠤᠯᠤᠰ᠎ᠤᠨ ᠤᠨᠴᠠᠯᠢᠬ᠎ᠲᠠᠢ ᠨᠡᠢᠬᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠨᠠᠮ᠎ᠤᠨ ᠠᠷᠪᠠ ᠶᠢᠰᠦᠳᠦᠬᠡᠷ ᠶᠡᠭᠡ ᠬᠤᠷᠠᠯ ᠪᠤᠯᠤᠨ ᠠᠷᠪᠠ ᠶᠢᠰᠦᠳᠦᠬᠡᠷ ᠬᠤᠭᠤᠴᠠᠭᠠᠨ᠎ᠤ ᠲᠦᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠬᠡᠷ᠂ ᠲᠠᠪᠤᠳᠤᠭᠠᠷ ᠪᠦᠬᠦᠳᠡ ᠬᠤᠷᠠᠯ᠎ᠤᠨ ᠵᠤᠷᠢᠬ ᠰᠠᠨᠠᠭ᠎ᠠ᠎ᠶ᠋ᠢ ᠲᠤᠭᠤᠱᠢᠯᠠᠭᠤᠯᠵᠤ᠂ ᠦᠩᠬᠡᠷᠡᠭ᠌ᠰᠡᠨ ᠨᠢᠬᠡ ᠵᠢᠯ᠎ᠤᠨ ᠠᠵᠢᠯ ᠪᠤᠯᠤᠨ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠤ ᠬᠦᠭ᠌ᠵᠢᠯᠳᠡ᠎ᠶ᠋ᠢᠨ ᠠᠮᠵᠢᠯᠳᠠ ᠪᠦᠳᠦᠮᠵᠢ᠎ᠶ᠋ᠢ ᠪᠤᠰᠤᠳᠴᠢ᠎ᠪᠠᠷ ᠬᠤᠷᠢᠶᠠᠩᠭᠤᠢ᠍ᠢᠯᠠᠨ ᠳ᠋ᠦᠩᠨᠡᠪᠠ᠂ 2021 ᠤᠨ᠎ᠤ ᠭᠤᠤᠯᠳᠠᠯᠭ᠎ᠠ᠎ᠲᠠᠢ ᠠᠵᠢᠯ᠎ᠢ ᠱᠢᠨᠵᠢᠯᠡᠬᠦ᠌ ᠤᠬᠠᠭᠠᠨᠴᠢ᠎ᠪᠠᠷ ᠲᠤᠬᠢᠷᠠᠭᠤᠯᠤᠨ᠂ ᠨᠠᠮ᠎ᠤᠨ ᠲᠦᠪ ᠬᠤᠷᠢᠶᠠᠨ᠎ᠤ ᠡᠨᠡ ᠵᠢᠯ᠎ᠤᠨ ᠠᠵᠢᠯ ᠪᠤᠯᠤᠨ 《ᠠᠷᠪᠠᠨ ᠲᠦᠷᠪᠡᠳᠦᠬᠡᠷ ᠲᠠᠪᠤᠨ ᠵᠢᠯ》 ᠎ᠤᠨ ᠬᠦᠭ᠌ᠵᠢᠯᠳᠡ᠎ᠶ᠋ᠢᠨ ᠱᠢᠢᠳᠪᠦᠷᠢᠳᠦ ᠪᠤᠳᠤᠯᠭ᠎ᠠ ᠪᠠᠢᠷᠢᠯᠠᠭᠤᠯᠤᠯᠳᠠ᠎ᠶ᠋ᠢ ᠬᠠᠷᠠᠭᠤᠯᠵᠤ᠂ ᠲᠤᠬ᠎ᠢ ᠦᠨᠳᠦᠷ ᠮᠠᠨᠳᠤᠭᠤᠯᠤᠭ᠍ᠰᠠᠨ᠂ ᠦᠨᠡᠨ᠎ᠢ ᠪᠠᠷᠢᠮᠳᠠᠯᠠᠨ ᠪᠤᠳᠠᠳᠠᠢ᠎ᠶ᠋ᠢ ᠡᠷᠬᠢᠮᠯᠡᠭ᠌ᠰᠡᠨ᠂ ᠵᠠᠮ ᠨᠡᠬᠡᠬᠡᠨ ᠤᠷᠤᠬ᠍ᠰᠢᠯᠠᠭ᠍ᠰᠠᠨ ᠰᠠᠢᠨ ᠢᠯᠡᠳᠭᠡᠯ ᠪᠤᠯᠵᠠᠢ ᠬᠡᠵᠦ᠍ ᠦᠵᠡᠵᠡᠬᠡᠪᠡ᠃ 

ᠲᠦᠯᠦᠬᠡᠯᠡᠭ᠌ᠴᠢᠳ᠂ ᠡᠨᠡ ᠵᠢᠯ ᠪᠤᠯ 《ᠠᠷᠪᠠᠨ ᠲᠦᠷᠪᠡᠳᠦᠬᠡᠷ ᠲᠠᠪᠤᠨ ᠵᠢᠯ》 ᠎ᠤᠨ ᠡᠬᠢᠯᠡᠯᠳᠡ᠎ᠶ᠋ᠢᠨ ᠵᠢᠯ ᠮᠦᠨ᠂ ᠪᠠᠰᠠ ᠴᠤ᠌ ᠨᠡᠢᠬᠡᠮ ᠵᠢᠷᠤᠮᠳᠤ ᠤᠳᠤᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠬᠡᠨ ᠪᠠᠢᠭᠤᠯᠬᠤ ᠱᠢᠨ᠎ᠠ ᠠᠶᠠᠨ᠎ᠤ ᠠᠩᠬᠠᠨ᠎ᠤ ᠵᠢᠯ ᠪᠤᠯᠤᠨ᠎ᠠ᠃ 《ᠠᠷᠪᠠᠨ ᠲᠦᠷᠪᠡᠳᠦᠬᠡᠷ ᠲᠠᠪᠤᠨ ᠵᠢᠯ》 ᠎ᠳᠤ ᠡᠷᠡᠯᠬᠡᠭ᠌ᠯᠡᠨ ᠲᠠᠮᠡᠴᠡᠵᠤ ᠱᠢᠨ᠎ᠠ ᠠᠶᠠᠨ᠎ᠳᠤ ᠡᠷᠡᠮᠡᠬᠡᠢᠯᠡᠨ ᠤᠷᠤᠭ᠍ᠰᠢᠯᠠᠨ᠎ᠠ᠂ ᠠᠷᠠᠳ᠎ᠤᠨ ᠲᠦᠯᠦᠬᠡᠯᠡᠭ᠌ᠴᠢᠳ ᠤᠬ ᠰᠠᠨᠠᠭ᠎ᠠ ᠡᠬᠦᠷᠬᠡ ᠬᠠᠷᠢᠭᠤᠴᠠᠯᠭ᠎ᠠ᠎ᠪᠠᠨ ᠪᠠᠳᠤ ᠴᠡᠬᠡᠵᠢᠯᠡᠨ᠂ 《ᠲᠦᠷᠦ᠍ ᠬᠦᠷᠦᠨ᠎ᠤ ᠶᠡᠭᠡ ᠶᠠᠪᠤᠳᠠᠯ》 ᠎ᠢ ᠰᠡᠳᠭᠢᠯ᠎ᠳᠡᠭᠡᠨ ᠬᠠᠳᠠᠩᠱᠢᠭᠤᠯᠵᠤ᠂ ᠨᠠᠮ᠎ᠤᠨ ᠲᠦᠪ ᠬᠤᠷᠢᠶᠠᠨ᠎ᠤ ᠵᠢᠷᠤᠬ᠍ᠯᠠᠭ᠍ᠰᠠᠨ ᠠᠤᠭ᠎ᠠ ᠵᠢᠷᠤᠬ ᠲᠦᠯᠦᠪᠯᠡᠭᠡ᠎ᠶ᠋ᠢ ᠪᠠᠳᠤ᠂ ᠱᠢᠨ᠎ᠠ ᠬᠦᠭ᠌ᠵᠢᠯᠳᠡ᠎ᠶ᠋ᠢᠨ ᠱᠠᠳᠤ᠎ᠶ᠋ᠢ ᠡᠵᠡᠮᠳᠡᠨ᠂ ᠱᠢᠨ᠎ᠠ ᠬᠦᠭ᠌ᠵᠢᠯᠳᠡ᠎ᠶ᠋ᠢᠨ ᠤᠢ᠍ᠢᠯᠠᠭᠠᠬ᠍ᠳᠠᠬᠤᠨ᠎ᠢ ᠲᠤᠭᠤᠱᠢᠯᠠᠭᠤᠯᠵᠤ᠂ ᠱᠢᠨ᠎ᠠ ᠬᠦᠭ᠌ᠵᠢᠯᠳᠡ᠎ᠶ᠋ᠢᠨ ᠪᠠᠢᠷᠢᠱᠢᠯ᠎ᠳᠤ ᠠᠭᠤᠰᠤᠯᠴᠠᠨ᠂ ᠡᠷᠴᠢ ᠵᠤᠷᠢᠬ ᠪᠠᠳᠠᠷᠠᠩᠭᠤᠢ᠎ᠪᠠᠷ ᠲᠤᠱᠢᠶᠠᠯ ᠬᠠᠷᠢᠭᠤᠴᠠᠯᠭ᠎ᠠ᠎ᠪᠠᠨ ᠬᠦᠢᠴᠡᠳᠭᠡᠵᠦ᠍᠂ 《ᠠᠷᠪᠠᠨ ᠲᠦᠷᠪᠡᠳᠦᠬᠡᠷ ᠲᠠᠪᠤᠨ ᠵᠢᠯ》 ᠎ᠢ ᠰᠠᠢᠨ ᠰᠠᠢᠬᠠᠨ᠎ᠢᠶᠠᠷ ᠡᠬᠢᠯᠡᠬᠦᠯᠬᠦ᠌᠎ᠳᠤ ᠰᠠᠨᠠᠯ ᠰᠠᠨᠠᠭᠤᠯᠭ᠎ᠠ ᠲᠡᠪᠱᠢᠬᠦᠯᠤᠨ ᠠᠷᠭ᠎ᠠ ᠤᠬᠠᠭᠠᠨ ᠭᠠᠷᠭᠠᠵᠤ᠂ 《ᠵᠢᠷᠭᠤᠭ᠎ᠠ᠎ᠶ᠋ᠢ ᠲᠤᠬ᠍ᠳᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠳᠤᠳᠠᠢ ᠰᠠᠢᠳᠤᠷ ᠬᠢᠵᠦ᠍᠂ 《ᠵᠢᠷᠭᠤᠭ᠎ᠠ᠎ᠶ᠋ᠢ ᠪᠠᠳᠤᠯᠠᠬᠤ》 ᠡᠬᠦᠷᠬᠡ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬᠤ ᠪᠤᠬᠢᠷᠳᠤᠯ ᠦᠬᠡᠢ ᠬᠦᠭ᠌ᠵᠢᠬᠦᠯᠬᠦ᠌᠎ᠪᠠᠷ ᠤᠳᠤᠷᠢᠳᠤᠮᠵᠢ ᠪᠤᠯᠭᠠᠭ᠍ᠰᠠᠨ ᠴᠢᠨᠠᠷ ᠰᠠᠢᠳᠠᠢ ᠬᠦᠭ᠌ᠵᠢᠯᠳᠡ᠎ᠶ᠋ᠢᠨ ᠱᠢᠨ᠎ᠠ ᠵᠠᠮ᠎ᠢᠶᠠᠷ ᠭᠤᠢᠪᠢᠰᠢ ᠦᠬᠡᠢ ᠵᠠᠮᠨᠠᠵᠤ᠂ ᠲᠤᠮᠳᠠᠳᠤ᠎ᠶ᠋ᠢᠨ ᠦᠨᠳᠦᠰᠦᠳᠡᠨ᠎ᠤ ᠬᠠᠮᠳᠤ ᠴᠤᠬ᠍ᠴᠠ᠎ᠶ᠋ᠢᠨ ᠤᠬᠠᠮᠰᠠᠷ᠎ᠢ ᠴᠤᠬ᠍ᠴᠠᠯᠠᠨ᠂ ᠦᠨᠳᠦᠰᠦᠳᠡᠨ᠎ᠤ ᠪᠦᠯᠬᠦᠮᠳᠡᠯ᠎ᠤᠨ ᠰᠠᠢᠨ ᠰᠠᠢᠬᠠᠨ ᠪᠠᠢᠳᠠᠯ᠎ᠢ ᠪᠠᠬᠢᠵᠢᠬᠦᠯᠦᠨ ᠬᠦᠭ᠌ᠵᠢᠬᠦᠯᠵᠦ᠍᠂ ᠱᠢᠯᠢᠳᠡᠭ ᠬᠢᠷᠢ ᠪᠦᠳᠦᠮᠵᠢ᠎ᠪᠠᠷ᠎ᠢᠶᠠᠨ ᠲᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠬ᠍ᠳᠠᠬ᠍ᠰᠠᠨ ᠵᠠᠭᠤᠨ ᠵᠢᠯ᠎ᠤᠨ ᠤᠢ᠎ᠶ᠋ᠢ ᠤᠬ᠍ᠳᠤᠨ᠎ᠡ ᠬᠡᠵᠦ᠍ ᠢᠯᠡᠷᠬᠡᠢᠯᠡᠵᠡᠬᠡᠵᠠᠢ᠃

ᠵᠠᠩ ᠱᠢᠶᠤᠤ ᠪᠢᠩ᠂ ᠨᠠᠷᠠᠨᠳᠤᠶᠠᠭ᠎ᠠ᠂ ᠭᠧ ᠮᠢᠩ᠂ ᠵᠸᠦ ᠢ ᠵᠧ᠂ ᠯᠢ ᠬᠦᠸᠧ ᠴᠢᠨ ᠵᠡᠷᠭᠡ ᠲᠦᠯᠦᠭᠡᠯᠡᠭ᠌ᠴᠢ ᠤᠷᠢᠳ ᠬᠤᠵᠢᠳ ᠦᠬᠡ ᠬᠡᠯᠡᠵᠤ᠂ ᠪᠤᠷᠤᠲᠤᠬᠤᠢ᠎ᠶ᠋ᠢᠨ ᠤᠰᠤᠯᠠᠯᠳᠠ᠎ᠶ᠋ᠢᠨ ᠤᠷᠤᠨ᠎ᠤ ᠤᠳᠤ ᠦᠶ᠎ᠠ᠎ᠶ᠋ᠢᠨ ᠲᠠᠷᠢᠶᠠᠯᠠᠩ᠎ᠢ ᠬᠦᠭ᠌ᠵᠢᠬᠦᠯᠬᠦ᠂ ᠤᠯᠤᠰ᠎ᠤᠨ ᠨᠢᠭᠡᠳᠦᠯᠳᠠᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠬᠦᠯᠦᠨ ᠭᠡᠷᠡᠭ᠌ᠯᠡᠬᠦ᠌᠎ᠶ᠋ᠢ ᠡᠷᠡᠰ ᠭᠤᠢᠪᠢᠰᠢ ᠦᠭᠡᠢ ᠠᠬᠢᠭᠤᠯᠬᠤ᠂ ᠬᠢᠯᠢ ᠬᠢᠵᠠᠭᠠᠷ ᠤᠷᠤᠨ᠎ᠤ ᠲᠦᠪᠯᠡᠷᠡᠭ᠌ᠰᠡᠨ ᠬᠤᠷᠠᠭ᠍ᠰᠠᠨ ᠡᠷᠴᠢᠮᠵᠢᠭ᠌ᠰᠡᠨ ᠴᠢᠨᠠᠷ ᠰᠠᠢᠳᠠᠢ ᠬᠦᠭ᠌ᠵᠢᠯᠳᠠ᠎ᠶ᠋ᠢ ᠠᠬᠢᠭᠤᠯᠬᠤ᠂ ᠶᠡᠭᠡ ᠬᠢᠩᠭᠠᠨ ᠲᠠᠪᠠᠭ᠎ᠠ᠎ᠶ᠋ᠢᠨ ᠨᠤᠮᠢᠨ ᠨᠤᠭᠤᠭᠠᠨ ᠤᠢ ᠱᠢᠭᠤᠢ᠎ᠶ᠋ᠢ ᠰᠠᠢᠳᠤᠷ ᠬᠠᠮᠠᠭᠠᠯᠠᠬᠤ᠂ ᠬᠦᠳᠡᠭᠡ ᠲᠤᠰᠭᠤᠨ᠎ᠢ ᠬᠦᠭ᠌ᠵᠢᠬᠦᠯᠦᠨ ᠮᠠᠨᠳᠤᠭᠤᠯᠬᠤ᠎ᠶ᠋ᠢ ᠠᠬᠢᠭᠤᠯᠬᠤ ᠵᠡᠷᠭᠡ ᠠᠳᠠᠯᠢ ᠪᠤᠰᠤ ᠬᠠᠷᠠᠭᠠᠰᠤ᠎ᠠᠴᠠ ᠵᠠᠰᠠᠬ᠎ᠤᠨ ᠤᠷᠳᠤᠨ᠎ᠤ ᠠᠵᠢᠯ᠎ᠤᠨ ᠢᠯᠡᠳᠭᠡᠯ᠎ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠠᠯ᠎ᠠ᠎ᠪᠠᠷ ᠬᠢᠨᠠᠨ ᠵᠦᠪᠯᠡᠵᠦ᠍ ᠰᠠᠨᠠᠯ ᠰᠠᠨᠠᠭᠤᠯᠭ᠎ᠠ᠎ᠪᠠᠨ ᠶᠠᠷᠢᠭ᠍ᠰᠠᠨ ᠪᠠᠢᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠱᠢᠨᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号