ᠠᠯᠤᠰ ᠭᠡᠳᠤ᠎ᠶ᠋ᠢᠨ ᠠᠤᠭ᠎ᠠ ᠲᠦᠰᠦᠪ᠎ᠢ ᠵᠢᠷᠤᠬ᠍ᠯᠠᠵᠦ᠍ ᠡᠷᠡᠮᠡᠭᠡᠢᠯᠡᠨ ᠤᠷᠤᠬ᠍ᠰᠢᠯᠠᠬᠤ ᠬᠦᠴᠤᠨ ᠴᠢᠳᠠᠯ᠎ᠢ ᠡᠷᠴᠢᠯᠠᠨ᠎ᠠ
2021-03-06 13:12:08
ᠵᠣᠬᠢᠶᠠᠭ᠍ᠴᠢ᠄
ᠳ᠋ᠠᠢ ᠬᠤᠨᠭ᠌ ᠵᠠᠩ ᠺᠦᠢ
ᠣᠩᠱᠢᠭ᠍ᠰᠠᠨ ᠣᠳᠠᠭ᠎ᠠ᠄
★★★☆☆

ᠠᠷᠠᠳ ᠲᠦᠮᠡᠨ᠎ᠤ ᠬᠦᠨᠳᠤ ᠨᠠᠢᠳᠠᠯᠭ᠎ᠠ᠎ᠶ᠋ᠢ ᠡᠭᠦᠷᠭᠡᠯᠡᠵᠦ᠍᠂ ᠬᠦᠭ᠌ᠵᠢᠯᠳᠠ᠎ᠶ᠋ᠢᠨ ᠠᠷᠭ᠎ᠠ ᠪᠤᠳᠤᠯᠭ᠎ᠠ᠎ᠶ᠋ᠢ ᠬᠠᠮᠳᠤ᠎ᠪᠠᠷ᠎ᠢᠶᠠᠨ ᠵᠦᠪᠯᠡᠨ᠎ᠠ᠃ 3 ᠰᠠᠷ᠎ᠠ᠎ᠶ᠋ᠢᠨ 5 ᠎ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ ᠲᠦᠮᠡᠨ ᠤᠯᠠᠨ᠎ᠤ ᠠᠩᠬᠠᠷᠤᠯ ᠲᠤᠮᠳᠡ ᠡᠬᠢᠯᠡᠪᠡ᠃

5 ᠎ᠤ ᠦᠳᠡ᠎ᠶ᠋ᠢᠨ ᠬᠤᠢᠨ᠎ᠠ᠂ ᠠᠷᠠᠳ᠎ᠤᠨ ᠶᠡᠭᠡ ᠬᠤᠷᠠᠯ᠎ᠤᠨ ᠲᠠᠩᠭᠢᠮ᠎ᠤᠨ ᠵᠡᠭᠦᠨ ᠶᠡᠭᠡ ᠲᠢᠩᠭᠢᠮ᠎ᠳᠤ᠃ ᠶᠡᠷᠦᠩᠭᠡᠢ ᠱᠦᠵᠢ ᠰᠢ᠎ᠶ᠋ᠢᠨ ᠫᠢᠡᠭ ᠲᠦᠷᠪᠡᠳᠡᠭᠢ ᠤᠳᠠᠭ᠎ᠠ ᠦᠪᠡᠷ᠎ᠤᠨ᠎ᠢᠶᠠᠨ ᠪᠠᠢᠭ᠎ᠠ ᠦᠪᠤᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠭᠦᠮ᠎ᠤᠨ ᠬᠢᠨᠠᠨ ᠵᠦᠪᠯᠡᠭᠦ᠎ᠳᠤ ᠤᠷᠤᠯᠴᠠᠵᠦ᠍᠂ ᠦᠪᠡᠷᠳᠡᠭᠡᠨ ᠵᠠᠰᠠᠬᠤ ᠤᠷᠤᠨ᠎ᠤ ᠠᠵᠦ᠍ ᠠᠬᠤᠢ ᠨᠡᠢᠭᠡᠮ᠎ᠤᠨ ᠬᠦᠭ᠌ᠵᠢᠯᠳᠠ᠎ᠳᠤ ᠡᠷᠴᠢ ᠬᠦᠴᠤᠨ ᠨᠡᠮᠡᠵᠦ᠍᠂ ᠠᠷᠭ᠎ᠠ ᠪᠤᠳᠤᠯᠭ᠎ᠠ ᠭᠠᠷᠭᠠᠵᠤ ᠦᠭ᠌ᠪᠡ᠃ ᠡᠨᠡ ᠬᠦ᠌ ᠴᠠᠬ ᠮᠦᠴᠠ᠎ᠶ᠋ᠢ ᠲᠦᠯᠦᠭᠡᠯᠡᠭ᠌ᠴᠢᠳ ᠬᠦᠰᠡᠵᠦ᠍ ᠤᠳᠠᠪᠠ᠃ ᠲᠠᠨᠢᠯ ᠲᠠᠰᠤᠯ ᠲᠦᠷᠢ ᠪᠠᠢᠳᠡᠯ᠂ ᠬᠠᠯᠠᠭᠤᠨ ᠲᠤᠳᠤᠨᠤ ᠦᠭᠡ ᠶᠠᠷᠢᠶ᠎ᠠ᠂ ᠲᠦᠯᠦᠭᠡᠯᠡᠭ᠌ᠴᠢᠳ᠎ᠢ ᠬᠠᠪᠤᠷ᠎ᠤᠨ ᠡᠶᠡᠪᠡᠷᠭᠦᠦ ᠰᠠᠯᠭᠢᠨ ᠮᠡᠳᠤ ᠲᠠᠭᠠᠯᠠᠵᠦ᠍᠂ ᠮᠠᠰᠢ ᠶᠡᠭᠡ ᠤᠷᠮᠠᠱᠢᠭᠤᠯᠤᠨ ᠵᠤᠷᠢᠬ᠍ᠵᠢᠭᠤᠯᠪᠠ᠃

ᠬᠠᠳᠤᠨ ᠭᠤᠤᠯ ᠪᠠᠶᠠᠨᠨᠠᠭᠤᠷ᠎ᠢᠶᠠᠷ 345 ᠺᠢᠯᠤᠮᠧᠳ᠋ᠷ ᠤᠷᠤᠰᠤᠨ ᠦᠡᠭ᠌ᠭᠡᠷᠡᠵᠦ᠍ ᠪᠤᠢ᠃ ᠪᠤᠷᠤᠳᠤᠬᠤᠢ᠎ᠶ᠋ᠢᠨ ᠤᠰᠤᠯᠠᠯᠳᠠ᠎ᠶ᠋ᠢᠨ ᠤᠷᠤᠨ ᠪᠤᠯ ᠨᠢᠭᠡ ᠯᠡ ᠭᠠᠵᠡᠷ᠎ᠠᠴᠠ ᠤᠰᠤ ᠲᠠᠳᠠᠬ᠍ᠰᠠᠨ ᠠᠽᠢᠶ᠎ᠠ ᠲᠢᠪ᠎ᠤᠨ ᠬᠠᠮᠤᠭ᠎ᠤᠨ ᠶᠡᠭᠡ ᠤᠰᠤᠯᠠᠯᠳᠠ᠎ᠶ᠋ᠢᠨ ᠤᠷᠤᠨ ᠮᠦᠨ᠂ 1100 ᠭᠠᠷᠤᠢ ᠲᠦᠮᠡᠨ ᠮᠦ᠍ ᠲᠠᠷᠢᠶᠠᠨ ᠭᠠᠵᠠᠷ᠎ᠲᠠᠢ᠂ ᠤᠯᠤᠰ ᠪᠠ ᠦᠪᠡᠷᠳᠡᠭᠡᠨ ᠵᠠᠰᠠᠬᠤ ᠤᠷᠤᠨ᠎ᠤ ᠴᠢᠬᠤᠯᠠ ᠲᠠᠸᠠᠷ᠎ᠤᠨ ᠠᠮᠤ ᠲᠤᠰᠤᠨ᠎ᠤ ᠭᠠᠷᠤᠯᠳᠠ᠎ᠶ᠋ᠢᠨ ᠰᠠᠭᠤᠷᠢᠨ ᠪᠤᠯᠤᠨ᠎ᠠ᠃ ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢ᠂ ᠪᠠᠶᠠᠠᠨᠠᠭᠤᠷ ᠬᠤᠳᠠ᠎ᠶ᠋ᠢᠨ ᠲᠠᠷᠤᠭ᠎ᠠ ᠵᠠᠩ ᠱᠢᠶᠤᠤ ᠪᠢᠡᠭ ᠶᠡᠷᠦᠩᠭᠡᠢ ᠱᠦᠵᠢ᠎ᠳᠤ ᠪᠤᠷᠤᠳᠤᠬᠤᠢ᠎ᠶ᠋ᠢᠨ ᠤᠰᠤᠯᠠᠯᠳᠠ᠎ᠶ᠋ᠢᠨ ᠤᠷᠤᠨ᠎ᠤ ᠤᠳᠤ ᠦᠶ᠎ᠠ᠎ᠶ᠋ᠢᠨ ᠲᠠᠷᠢᠶᠠᠯᠠᠩ᠎ᠤᠨ ᠬᠦᠭ᠌ᠵᠢᠯᠳᠠ᠎ᠶ᠋ᠢᠨ ᠪᠠᠢᠳᠠᠯ᠎ᠤᠨ ᠲᠤᠬᠠᠢ ᠮᠡᠳᠡᠭᠦᠯᠦᠯᠳᠡ ᠬᠢᠪᠠ᠃ 《ᠤᠯᠠᠭᠠᠨᠰᠤᠬᠠᠢ᠎ᠶ᠋ᠢᠨ ᠵᠠᠰᠠᠯᠳᠠ ᠨᠢᠭᠡ ᠬᠡᠮᠵᠢᠶᠠᠨ᠎ᠤ ᠠᠮᠵᠢᠯᠳᠠ ᠤᠯᠤᠬ᠍ᠰᠠᠨ᠎ᠢ ᠰᠤᠨᠤᠰᠤᠭᠠᠳ ᠶᠡᠷᠦᠩᠭᠡᠢ ᠱᠦᠵᠢ ᠮᠠᠰᠢ ᠪᠠᠶᠠᠷᠯᠠᠵᠦ᠍᠂ ᠪᠤᠷᠤᠳᠤᠬᠤᠢ᠎ᠶ᠋ᠢᠨ ᠤᠰᠤᠯᠠᠯᠳᠠ᠎ᠶ᠋ᠢᠨ ᠤᠷᠤᠨ᠎ᠳᠤ ᠤᠴᠢᠵᠦ᠍᠂ ᠬᠠᠳᠤᠨ ᠭᠤᠤᠯ᠎ᠤᠨ ᠬᠦᠪᠡᠭᠡᠨ᠎ᠳᠤ ᠬᠦᠷᠴᠤ᠌ ᠦᠵᠡᠨ᠎ᠠ ᠭᠡᠵᠦ᠍ ᠬᠡᠯᠡᠵᠦ᠍ ᠪᠠᠢᠬ᠍ᠰᠠᠨ》 ᠭᠡᠵᠦ᠍ ᠶᠡᠷᠦᠩᠭᠡᠢ ᠱᠦᠵᠢ᠎ᠲᠠᠢ ᠶᠠᠷᠢᠯᠴᠠᠬ᠍ᠰᠠᠨ᠎ᠢᠶᠠᠨ ᠬᠡᠯᠡᠭᠦ᠎ᠲᠠᠢ ᠵᠡᠷᠭᠡ ᠵᠠᠩ ᠱᠢᠶᠤᠤ ᠪᠢᠡᠭ ᠡᠷᠭᠡ ᠦᠭᠡᠢ ᠬᠦᠭ᠌ᠰᠡᠨ ᠪᠠᠶᠠᠷᠯᠠᠨ᠎ᠠ᠂ 《ᠶᠡᠷᠦᠩᠭᠡᠢ ᠱᠦᠵᠢ ᠪᠤᠷᠤᠳᠤᠬᠤᠢ᠎ᠶ᠋ᠢᠨ ᠤᠰᠤᠯᠠᠯᠳᠠ᠎ᠶ᠋ᠢᠨ ᠤᠷᠤᠨ᠎ᠤ ᠤᠳᠤ ᠦᠶ᠎ᠠ᠎ᠶ᠋ᠢᠨ ᠲᠠᠷᠢᠶᠠᠯᠠᠩ᠎ᠤᠨ ᠬᠦᠭ᠌ᠵᠢᠯᠳᠠ ᠪᠠ ᠠᠮᠢ ᠠᠬᠤᠢ ᠤᠷᠴᠢᠨ ᠲᠤᠭᠤᠷᠢᠨ᠎ᠤ ᠵᠠᠰᠠᠯᠳᠠ᠎ᠶ᠋ᠢ ᠮᠠᠰᠢ ᠬᠠᠯᠠᠮᠵᠢᠯᠠᠵᠦ᠍᠂ ᠤᠯᠠᠭᠠᠨᠰᠤᠬᠠᠢ᠎ᠶ᠋ᠢᠨ ᠵᠠᠰᠠᠯᠳᠠ᠎ᠶ᠋ᠢᠨ ᠦᠵᠦ᠍ ᠲᠦᠰᠦᠪ᠎ᠢ ᠵᠠᠪᠠᠯ ᠴᠢᠩᠭᠠᠳᠭᠠᠵᠦ᠍᠂ ᠨᠢᠭᠡᠳᠦᠯᠳᠡᠢ ᠲᠦᠰᠦᠪᠯᠡᠵᠦ᠍᠂ ᠵᠢᠮ᠎ᠠ ᠶᠤᠰᠤ᠎ᠠᠴᠠ ᠲᠡᠷᠰᠯᠡᠵᠦ᠍ ᠪᠤᠯᠬᠤ ᠦᠭᠡᠢ᠂ ᠵᠦᠷᠢᠴᠡᠨ ᠲᠡᠷᠰᠯᠡᠭᠦ᠌ ᠶᠠᠪᠤᠳᠠᠯ᠎ᠢ ᠬᠢᠵᠦ᠍ ᠪᠤᠯᠬᠤ ᠦᠭᠡᠢ ᠭᠡᠵᠦ᠍ ᠴᠢᠬᠤᠯᠠᠴᠢᠯᠠᠪᠠ᠃ ᠪᠤᠴᠠᠵᠦ᠍ ᠬᠠᠷᠢᠬ᠍ᠰᠠᠨ᠎ᠤ ᠲᠠᠷᠠᠭ᠎ᠠ᠂ ᠪᠢᠳᠡ ᠶᠡᠷᠦᠩᠭᠡᠢ ᠱᠦᠵᠢ ᠰᠢ᠎ᠶ᠋ᠢᠨ ᠫᠢᠡᠭ᠎ᠤᠨ ᠴᠢᠬᠤᠯᠠ ᠵᠢᠭᠠᠪᠤᠷᠢ ᠱᠠᠭᠠᠷᠳᠠᠯᠭ᠎ᠠ᠎ᠶ᠋ᠢ ᠯᠠᠪᠳᠠᠢ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠦ᠍᠂ ᠠᠮᠢ ᠠᠬᠤᠢ ᠤᠷᠴᠢᠨ ᠲᠤᠭᠤᠷᠢᠨ᠎ᠤ ᠵᠠᠰᠠᠯᠳᠠ ᠪᠠ ᠤᠳᠤ ᠦᠶ᠎ᠠ᠎ᠶ᠋ᠢᠨ ᠲᠠᠷᠢᠶᠠᠯᠠᠩ᠎ᠤᠨ ᠬᠦᠭ᠌ᠵᠢᠯᠳᠠ᠎ᠶ᠋ᠢ ᠨᠢᠭᠡᠳᠦᠯᠳᠡᠢ ᠲᠦᠯᠦᠪᠵᠢᠭᠦᠯᠦᠨ᠎ᠠ᠃ ᠬᠠᠮᠳᠤ᠎ᠳᠤᠨᠢ᠂ ᠤᠯᠠᠭᠠᠨᠰᠤᠬᠠᠢ᠎ᠶ᠋ᠢᠨ ᠰᠠᠪᠠ ᠭᠠᠵᠠᠷ᠎ᠲᠤ ᠨᠡᠩ ᠱᠢᠨᠵᠢᠯᠡᠭᠦ᠌ ᠤᠬᠠᠭᠠᠨᠴᠢ᠂ ᠤᠨᠤᠴᠠᠳᠠᠢ᠂ ᠱᠢᠰᠲ᠋ᠧᠮ᠎ᠲᠠᠢ᠂ ᠪᠦᠭᠦ᠌ ᠲᠠᠯ᠎ᠠ᠎ᠪᠠᠷ ᠵᠠᠰᠠᠯᠳᠠ ᠬᠢᠵᠦ᠍᠂ ᠤᠳᠤ ᠦᠶ᠎ᠠ᠎ᠶ᠋ᠢᠨ ᠲᠠᠷᠢᠶᠠᠯᠠᠩ᠎ᠤᠨ ᠬᠦᠭ᠌ᠵᠢᠯᠳᠠ᠎ᠳᠤ ᠭᠠᠷᠤᠯᠳᠠ᠎ᠶ᠋ᠢᠨ ᠤᠷᠤᠨ᠎ᠤ ᠰᠠᠢᠨ ᠰᠠᠢᠬᠠᠨ ᠤᠷᠴᠢᠨ ᠲᠤᠭᠤᠷᠢᠨ᠎ᠢ ᠴᠤᠬ᠍ᠴᠠᠯᠠᠵᠤ ᠦᠭ᠌ᠭᠦᠨ᠎ᠠ》 ᠭᠡᠵᠦ᠍ ᠵᠠᠩ ᠱᠢᠶᠤᠤ ᠪᠢᠡᠭ ᠬᠡᠯᠡᠨ᠎ᠠ᠃

ᠦᠨᠳᠦᠰᠦᠳᠡᠨ᠎ᠤ ᠪᠦᠯᠭᠦᠮᠳᠠᠯ ᠪᠤᠯ ᠦᠨᠳᠤᠰᠦᠳᠡᠨ᠎ᠨᠦᠭᠦᠳ᠎ᠤᠨ ᠠᠷᠠᠳ ᠲᠦᠮᠡᠨ᠎ᠤ ᠠᠮᠢᠨ ᠰᠤᠳᠠᠰᠦ ᠮᠦᠨ᠂ ᠦᠪᠤᠷ ᠮᠤᠩᠭᠤᠯ ᠮᠠᠨ᠎ᠤ ᠤᠯᠤᠰ᠎ᠤᠨ ᠬᠠᠮᠤᠭ᠎ᠠᠴᠠ ᠡᠷᠳᠡ ᠪᠠᠢᠭᠤᠯᠤᠬ᠍ᠳᠠᠬ᠍ᠰᠠᠨ ᠦᠨᠳᠦᠰᠦᠳᠡᠨ᠎ᠤ ᠦᠪᠡᠷᠳᠡᠭᠡᠨ ᠵᠠᠰᠠᠬᠤ ᠤᠷᠤᠨ ᠪᠤᠯᠤᠬ᠍ᠰᠠᠨ᠎ᠤ ᠬᠤᠪᠢ᠎ᠳᠤ᠂ ᠦᠨᠳᠦᠰᠦᠳᠡᠨ᠎ᠤ ᠪᠦᠯᠭᠦᠮᠳᠠᠯ᠎ᠢ ᠠᠬᠢᠭᠤᠯᠬᠤ ᠲᠠᠯ᠎ᠠ᠎ᠪᠠᠷ ᠦᠡᠭ᠌ᠭᠡ ᠬᠡᠷᠡᠯᠳᠤ ᠤᠯᠠᠮᠵᠢᠯᠠᠯ᠎ᠲᠠᠢ᠂ ᠤᠷᠳᠤ ᠬᠤᠭᠤᠴᠠᠭᠠᠨ᠎ᠤ ᠲᠤᠷᠰᠢ 《ᠵᠢᠱ᠌ᠢᠶᠡᠴᠢ ᠦᠪᠡᠷᠳᠡᠭᠡᠨ ᠵᠠᠰᠠᠬᠤ ᠤᠷᠤᠨ》 ᠎ᠤ ᠡᠷᠭᠢᠮ ᠲᠡᠭᠡᠳᠤ ᠢᠷᠠᠭᠤ ᠠᠯᠳᠠᠷ᠎ᠲᠠᠢ᠂ 《ᠬᠠᠮᠤᠭ᠎ᠤᠨ ᠰᠠᠢᠨ ᠪᠡᠯᠴᠢᠭᠡᠷ᠎ᠢᠶᠠᠨ ᠰᠠᠨᠰᠠᠷ᠎ᠤᠨ ᠠᠶᠠᠯᠠᠯ᠎ᠤᠨ ᠦᠢᠯᠠᠰ᠎ᠲᠤ ᠵᠤᠷᠢᠭᠤᠯᠤᠬ᠍ᠰᠠᠨ》 《ᠭᠤᠷᠪᠠᠨ ᠮᠢᠩᠭᠠᠨ ᠦᠨᠤᠴᠢᠨ ᠭᠡᠤᠭᠡᠳ᠎ᠢ ᠦᠪᠤᠷ ᠮᠤᠩᠭᠤᠯ᠎ᠳᠤ ᠲᠤᠰᠤᠨ ᠠᠪᠴᠢᠷᠠᠬ᠍ᠰᠠᠨ》 ᠵᠡᠷᠭᠡ ᠲᠠᠭᠤᠷᠢᠰᠭᠠᠯ ᠶᠠᠷᠢᠶ᠎ᠠ᠎ᠲᠠᠢ᠃ 《ᠶᠡᠷᠦᠩᠭᠡᠢ ᠱᠦᠵᠢ ᠦᠨᠳᠤᠰᠦᠳᠡᠨ᠎ᠤ ᠪᠦᠯᠭᠦᠮᠳᠠᠯ᠎ᠢ ᠴᠢᠩᠭᠠᠳᠭᠠᠵᠦ᠍᠂ ᠲᠤᠮᠳᠠᠳᠤ᠎ᠶ᠋ᠢᠨ ᠦᠨᠳᠤᠰᠦᠳᠡᠨ᠎ᠤ ᠬᠠᠮᠳᠤ ᠴᠤᠬ᠍ᠴᠠ᠎ᠶ᠋ᠢᠨ ᠤᠬᠠᠮᠰᠠᠷ᠎ᠢ ᠪᠠᠳᠤ ᠴᠤᠬ᠍ᠴᠠᠯᠠᠬᠤ ᠬᠡᠷᠡᠭ᠌ᠳᠡᠢ ᠭᠡᠵᠦ᠍ ᠬᠡᠯᠡᠪᠡ᠂ ᠪᠢ ᠡᠨᠡ ᠲᠠᠯ᠎ᠠ᠎ᠪᠠᠷ ᠰᠠᠭᠤᠬ᠍ᠳᠠᠯ ᠮᠠᠰᠢ ᠬᠦᠨ》 ᠭᠡᠵᠦ᠍ ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢ᠂ ᠪᠠᠶᠠᠠᠨᠠᠭᠤᠷ ᠬᠤᠳᠠ᠎ᠶ᠋ᠢᠨ ᠤᠷᠠᠳ᠎ᠤᠨ ᠡᠮᠦᠨᠡᠳᠤ ᠬᠤᠱᠢᠭᠤᠨ᠎ᠤ ᠮᠤᠩᠭᠤᠯ ᠪᠠᠭ᠎ᠠ ᠰᠤᠷᠭᠠᠭᠤᠯᠢ᠎ᠶ᠋ᠢᠨ ᠪᠠᠭ᠍ᠰᠢ ᠨᠠᠷᠠᠨᠲᠤᠶᠠᠭ᠎ᠠ ᠬᠡᠯᠡᠨ᠎ᠠ᠃ 《ᠦᠨᠳᠦᠰᠦᠳᠡᠨ᠎ᠤ ᠪᠦᠯᠭᠦᠮᠳᠠᠯ ᠪᠤᠯ ᠬᠡᠯᠡᠭᠡᠳ ᠯᠡ ᠪᠠᠢᠵᠦ᠍ ᠪᠤᠯᠬᠤ ᠪᠢᠰᠢ᠂ ᠬᠠᠷᠢᠨ ᠵᠠᠪᠠᠯ ᠬᠡᠤᠭᠡᠳ᠎ᠠᠴᠠ ᠭᠠᠷᠳᠠᠬᠤ ᠬᠡᠷᠡᠭ᠌ᠳᠡᠢ᠃ ᠪᠠᠭ᠍ᠰᠢ ᠪᠤᠯᠤᠬ᠍ᠰᠠᠨ᠎ᠤ ᠬᠤᠪᠢ᠎ᠳᠤ᠂ ᠪᠢ ᠬᠤᠵᠢᠮ᠎ᠤᠨ ᠠᠵᠢᠯ᠎ᠳᠠᠭᠠᠨ ᠵᠠᠪᠠᠯ ᠦᠨᠳᠤᠰᠦᠳᠡᠨ᠎ᠤ ᠪᠦᠯᠭᠦᠮᠳᠠᠯ᠎ᠤᠨ ᠦᠷ᠎ᠠ᠎ᠶ᠋ᠢ ᠰᠤᠷᠤᠬ᠍ᠴᠢᠳ᠎ᠤᠨ ᠰᠡᠳᠭᠢᠯ᠎ᠳᠤ ᠲᠠᠷᠢᠵᠦ᠍᠂ ᠬᠡᠤᠭᠡᠳ᠎ᠤᠳ᠎ᠤᠨ ᠤᠯᠤᠰ᠎ᠤᠨ ᠨᠡᠢᠳᠡᠮ ᠬᠡᠷᠡᠭ᠌ᠯᠡᠭᠦ᠌ ᠦᠭᠡ ᠬᠡᠯᠡ ᠦᠰᠦᠭ ᠪᠢᠴᠢᠭ᠎ᠢ ᠰᠤᠷᠴᠤ᠌ ᠬᠡᠷᠡᠭ᠌ᠯᠡᠭᠦ᠌ ᠲᠠᠯ᠎ᠠ᠎ᠪᠠᠷ ᠢᠯᠡᠭᠦᠭᠡᠨ ᠬᠦᠴᠤ᠌ ᠤᠷᠤᠭᠤᠯᠤᠨ᠎ᠠ》 ᠭᠡᠵᠦ᠍ ᠬᠡᠯᠡᠨ᠎ᠠ᠃

ᠠᠯᠠᠱᠠ ᠦᠪᠦᠷ ᠮᠤᠩᠭᠤᠯ᠎ᠤᠨ ᠪᠠᠷᠠᠭᠤᠨ ᠬᠡᠰᠡᠭ᠎ᠲᠤ ᠤᠷᠤᠱᠢᠵᠤ᠂ ᠠᠮᠢ ᠠᠬᠤᠢ ᠤᠷᠴᠢᠨ ᠲᠤᠭᠤᠷᠢᠨ᠎ᠨᠢ ᠮᠠᠰᠢ ᠬᠡᠪᠡᠷᠡᠭ ᠪᠠᠢᠳᠠᠬ᠂ ᠡᠳᠡᠬᠡᠷ ᠵᠢᠯ᠎ᠤᠳ᠎ᠲᠤ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬᠤ᠂ ᠪᠤᠬᠢᠷᠳᠤᠯ ᠦᠬᠡᠢ ᠬᠦᠭ᠌ᠵᠢᠯᠳᠡ᠎ᠪᠠᠷ ᠤᠳᠤᠷᠢᠳᠤᠮᠵᠢ ᠪᠤᠯᠭᠠᠬ᠍ᠰᠠᠨ ᠴᠢᠨᠠᠷ ᠰᠠᠢᠳᠠᠢ ᠬᠦᠭ᠌ᠵᠢᠯᠳᠡ᠎ᠶ᠋ᠢᠨ ᠱᠢᠨ᠎ᠠ ᠵᠠᠮ᠎ᠢᠶᠠᠷ ᠵᠠᠮᠨᠠᠬᠤ᠎ᠶ᠋ᠢ ᠪᠠᠷᠢᠮᠳᠠᠯᠠᠵᠤ᠂ ᠠᠮᠢ ᠠᠬᠤᠢ ᠶᠠᠪᠤᠬᠤ ᠲᠤᠳᠤᠮ ᠰᠠᠢᠵᠢᠷᠠᠨ᠂ ᠤᠷᠴᠢᠨ ᠲᠤᠭᠤᠷᠢᠨ ᠶᠠᠪᠤᠬᠤ ᠲᠤᠳᠤᠮ ᠭᠤᠶᠤᠵᠢᠨ᠂ ᠠᠮᠢᠳᠤᠷᠠᠯ ᠶᠠᠪᠤᠬᠤ ᠲᠤᠳᠤᠮ ᠴᠢᠨᠡᠭᠡᠯᠢᠭ᠌ᠵᠢᠵᠦ᠍᠂ ᠠᠷᠪᠠᠭᠠᠳ ᠵᠢᠯ ᠱᠢᠷᠭᠢᠭ᠌ᠰᠡᠨ ᠰᠤᠪᠨᠠᠭᠤᠷ᠎ᠲᠤ ᠨᠤᠮᠢᠨ ᠲᠠᠪᠠᠯᠭ᠎ᠠ ᠬᠠᠶᠠᠯᠠᠪᠠ᠃ ᠪᠦᠬᠦ᠌ ᠤᠯᠤᠰ᠎ᠤᠨ ᠠᠷᠠᠳ᠎ᠤᠨ ᠲᠦᠯᠦᠬᠡᠯᠡᠭ᠌ᠴᠢ᠂ ᠠᠯᠠᠱᠠ ᠠᠢᠮᠠᠬ᠎ᠤᠨ ᠤᠯᠤᠰ ᠲᠦᠷᠦ᠎ᠶ᠋ᠢᠨ ᠵᠦᠪᠯᠡᠯᠬᠡᠨ᠎ᠤ ᠲᠡᠳ᠋ ᠲᠡᠷᠢᠬᠦᠯᠡᠭ᠌ᠴᠢ ᠭᠧ ᠮᠢᠩ ᠶᠡᠷᠦᠩᠬᠡᠢ ᠱᠦᠵᠢ᠎ᠳᠤ ᠲᠤᠬᠠᠢ᠎ᠶ᠋ᠢᠨ ᠭᠠᠵᠠᠷ᠎ᠤᠨ ᠲᠦᠪᠯᠡᠷᠡᠬᠦᠯᠦᠨ ᠴᠤᠬ᠍ᠯᠠᠷᠠᠭᠤᠯᠵᠤ ᠡᠷᠴᠢᠮᠵᠢᠭᠦᠯᠦᠨ ᠬᠦᠭ᠌ᠵᠢᠭᠦᠯᠦᠭ᠌ᠰᠡᠨ ᠪᠠᠢᠳᠠᠯ᠎ᠢᠶᠠᠨ ᠬᠠᠷᠢᠭᠤ ᠮᠡᠳᠡᠬᠦᠯᠪᠡ᠃ 《ᠶᠡᠷᠦᠩᠬᠡᠢ ᠱᠦᠵᠢ ᠮᠠᠨ᠎ᠤ ᠠᠮᠢ ᠠᠬᠤᠢ᠎ᠶ᠋ᠢᠨ ᠵᠠᠰᠠᠯᠳᠠ᠎ᠳᠠᠬᠢ ᠵᠠᠬ ᠲᠠᠷᠢᠬ᠍ᠰᠠᠨ ᠶᠠᠪᠤᠳᠠᠯ᠎ᠳᠤ ᠮᠠᠰᠢ ᠰᠤᠨᠢᠷᠬᠠᠯ᠎ᠲᠠᠢ ᠪᠠᠢᠯ᠎ᠠ᠃ ᠨᠠᠳᠠ᠎ᠠᠴᠠ ᠵᠠᠬ᠎ᠨᠢ ᠶᠠᠮᠠᠷ ᠮᠤᠳᠤᠨ᠎ᠤ ᠲᠦᠷᠦᠯ ᠪᠤᠢ᠂ ᠲᠠᠷᠢᠵᠤ ᠪᠠᠢᠭ᠎ᠠ ᠪᠠᠢᠳᠠᠯ ᠶᠠᠮᠠᠷ ᠵᠡᠷᠬᠡ ᠪᠤᠢ? ᠬᠡᠵᠦ᠍ ᠠᠰᠠᠭᠤᠵᠤ ᠪᠠᠢᠯ᠎ᠠ》 ᠬᠡᠵᠦ᠍ ᠭᠧ ᠮᠢᠩ ᠬᠡᠯᠡᠨ᠎ᠡ᠂ 《ᠪᠢᠳᠡ ᠶᠡᠷᠦᠩᠬᠡᠢ ᠱᠦᠵᠢ᠎ᠶ᠋ᠢᠨ ᠱᠠᠭᠠᠷᠳᠠᠯᠭ᠎ᠠ ᠶᠤᠰᠤᠭᠠᠷ᠂ ᠠᠯᠠᠱᠠ᠎ᠶ᠋ᠢᠨ ᠪᠤᠳᠠᠳᠠᠢ ᠪᠠᠢᠳᠠᠯ᠎ᠲᠠᠢ᠎ᠪᠠᠨ ᠤᠶᠠᠯᠳᠤᠭᠤᠯᠤᠨ᠂ ᠱᠢᠨ᠎ᠠ ᠱᠠᠳᠤ ᠦᠶ᠎ᠠ᠂ ᠱᠢᠨ᠎ᠠ ᠤᠢ᠍ᠢᠯᠠᠭᠠᠬ᠍ᠳᠠᠬᠤᠨ᠂ ᠱᠢᠨ᠎ᠠ ᠪᠠᠢᠷᠢᠱᠢᠯ᠎ᠢ ᠢᠷᠡᠬᠡᠳᠦᠢ᠎ᠶ᠋ᠢᠨ ᠲᠦᠯᠦᠪᠵᠢᠬᠦᠯᠬᠡ ᠪᠤᠯᠤᠨ ᠲᠠᠷᠠᠭᠠᠴᠢ᠎ᠶ᠋ᠢᠨ ᠪᠦᠳᠦᠬᠡᠨ ᠪᠠᠢᠭᠤᠯᠤᠯᠳᠠ ᠲᠤᠮᠳᠠ ᠢᠯᠡᠷᠡᠬᠦᠯᠵᠦ᠍᠂ ᠠᠮᠢ ᠠᠬᠤᠢ᠎ᠶ᠋ᠢᠨ ᠦᠷ᠎ᠡ ᠠᠱᠢᠬ ᠪᠤᠯᠤᠨ ᠠᠵᠤ ᠠᠬᠤᠢ᠎ᠶ᠋ᠢᠨ ᠦᠷ᠎ᠡ ᠠᠱᠢᠬ᠎ᠢ ᠬᠠᠮᠳᠤ᠎ᠳᠤᠨᠢ ᠬᠠᠷᠠᠭᠠᠯᠵᠠᠵᠦ᠍᠂ ᠦᠵᠡᠰᠭᠦᠯᠡᠩᠳᠤ ᠰᠠᠢᠬᠠᠨ ᠪᠤᠯᠤᠨ ᠦᠷᠨᠢᠩᠭᠦᠢ ᠬᠦᠭ᠌ᠵᠢᠯᠳᠡ᠎ᠶ᠋ᠢᠨ ᠬᠤᠤᠰ ᠠᠮᠵᠢᠯᠳᠠ᠎ᠶ᠋ᠢ ᠴᠢᠷᠮᠠᠢᠨ ᠪᠡᠶᠡᠯᠡᠬᠦᠯᠦᠨ᠎ᠡ》 ᠬᠡᠵᠦ᠍ ᠬᠡᠯᠡᠨ᠎ᠡ᠃

ᠦᠪᠦᠷ ᠮᠤᠩᠭᠤᠯ᠎ᠤᠨ ᠶᠡᠭᠡ ᠬᠢᠩᠭᠠᠨ ᠲᠠᠪᠠᠭ᠎ᠠ ᠪᠤᠯ ᠮᠠᠨ᠎ᠤ ᠤᠯᠤᠰ᠎ᠤᠨ ᠲᠠᠯᠠᠪᠠᠢ᠎ᠪᠠᠷ ᠬᠠᠮᠤᠬ᠎ᠤᠨ ᠶᠡᠭᠡ ᠪᠠᠯᠠᠷ ᠤᠢ ᠪᠤᠯᠤᠨ᠎ᠠ᠃ ᠪᠦᠬᠦ᠌ ᠤᠯᠤᠰ᠎ᠤᠨ ᠠᠷᠠᠳ᠎ᠤᠨ ᠲᠦᠯᠦᠬᠡᠯᠡᠭ᠌ᠴᠢ᠂ ᠦᠪᠦᠷ ᠮᠤᠩᠭᠤᠯ᠎ᠤᠨ ᠶᠡᠭᠡ ᠬᠢᠩᠭᠠᠨ ᠲᠠᠪᠠᠭ᠎ᠠ᠎ᠶ᠋ᠢᠨ ᠤᠢ ᠱᠢᠭᠤᠢ᠎ᠶ᠋ᠢᠨ ᠠᠵᠦ᠍ ᠦᠶᠯᠡᠳᠪᠤᠷᠢ᠎ᠶ᠋ᠢᠨ ᠪᠦᠯᠦᠭ᠌ᠯᠡᠯ᠎ᠤᠨ ᠮᠠᠨᠬᠦ᠋ᠢ ᠤᠢ ᠱᠢᠭᠤᠢ᠎ᠶ᠋ᠢᠨ ᠠᠵᠦ᠍ ᠦᠢᠯᠡᠳᠪᠤᠷᠢ᠎ᠶ᠋ᠢᠨ ᠺᠤᠮᠫᠠᠨᠢ᠎ᠶ᠋ᠢᠨ ᠠᠵᠢᠯᠳᠠᠨ ᠵᠸᠦ ᠢ ᠵᠧ ᠱᠢᠭᠤᠢ᠍ᠢᠳᠤ ᠤᠷᠤᠨ᠎ᠤ ᠦᠢᠯᠡᠳᠪᠤᠷᠢᠯᠡᠯ᠎ᠤᠨ ᠨᠢᠭᠡᠳᠦᠭᠡᠷ ᠹᠷᠤᠨᠲ᠎ᠲᠤ 40 ᠭᠠᠷᠤᠢ ᠵᠢᠯ ᠠᠵᠢᠯᠯᠠᠵᠠᠢ᠃ 《ᠶᠡᠷᠦᠩᠬᠡᠢ ᠱᠦᠵᠢ ᠮᠠᠨ᠎ᠤ ᠱᠢᠭᠤᠢ᠍ᠢᠳᠤ ᠤᠷᠤᠨ᠎ᠤ ᠠᠵᠢᠯᠴᠢᠳ᠎ᠤᠨ ᠲᠤᠭᠠᠨ᠎ᠤ ᠬᠤᠪᠢᠷᠠᠯᠳᠠ᠎ᠶ᠋ᠢ ᠬᠠᠯᠠᠮᠵᠢᠯᠠᠨ ᠠᠰᠠᠭᠤᠵᠤ᠂ ᠮᠤᠳᠤ ᠤᠬ᠍ᠳᠤᠯᠬᠤ᠎ᠪᠠᠨ ᠪᠠᠢᠬ᠍ᠰᠠᠨ᠎ᠤ ᠲᠠᠷᠠᠭ᠎ᠠ ᠶᠠᠭᠤ ᠬᠢᠵᠦ᠍ ᠪᠠᠢᠬᠤ ᠪᠤᠢ᠂ ᠤᠷᠤᠯᠭ᠎ᠠ ᠬᠢᠷᠢ ᠵᠡᠷᠬᠡ ᠪᠤᠢ ᠬᠡᠵᠦ᠍ ᠠᠰᠠᠭᠤᠯ᠎ᠠ》 ᠭᠡᠵᠦ᠍ ᠵᠸᠦ ᠢ ᠵᠧ ᠬᠡᠯᠡᠨ᠎ᠠ᠃ ᠲᠡᠷᠠ ᠶᠡᠷᠦᠩᠬᠡᠢ ᠱᠦᠵᠢ᠎ᠳᠤ ᠪᠠᠢᠭᠠᠯᠢ᠎ᠶ᠋ᠢᠨ ᠤᠢ᠎ᠶ᠋ᠢᠨ ᠬᠠᠮᠠᠭᠠᠯᠠᠯᠳᠠ᠎ᠶ᠋ᠢᠨ ᠢᠨᠵᠧᠨᠧᠷᠢᠩ᠎ᠢ ᠬᠡᠷᠡᠭ᠌ᠵᠢᠬᠦᠯᠬᠦ᠌᠎ᠶ᠋ᠢ ᠲᠠᠭᠠᠯᠳᠤᠵᠦ᠍᠂ ᠦᠪᠡᠷ᠎ᠤᠨ ᠪᠡᠶ᠎ᠠ ᠪᠤᠯᠤᠨ ᠬᠠᠮᠳᠤ ᠠᠵᠢᠯᠯᠠᠬ᠍ᠰᠠᠳ᠎ᠨᠢ ᠮᠤᠳᠤ ᠤᠬ᠍ᠳᠤᠯᠤᠬ᠍ᠴᠢ᠎ᠠᠴᠠ᠎ᠪᠠᠨ ᠤᠢ ᠬᠠᠮᠠᠭᠠᠯᠠᠬ᠍ᠴᠢ ᠪᠤᠯᠵᠤ ᠬᠤᠪᠢᠷᠠᠵᠠᠢ ᠭᠡᠵᠤ ᠬᠠᠷᠢᠭᠤ ᠮᠡᠳᠡᠭᠦᠯᠵᠡᠢ᠃ 《ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠩᠬᠦᠨ ᠠᠭᠤᠯᠠ ᠮᠦᠨ᠂ ᠪᠢᠳᠡ ᠶᠡᠭᠡ ᠬᠢᠩᠭᠠᠨ ᠲᠠᠪᠠᠭᠠᠨ᠎ᠤ ᠮᠤᠳᠤ᠎ᠶ᠋ᠢ ᠯᠠᠪᠳᠡᠢ ᠰᠡᠢᠳᠤᠷ ᠬᠠᠮᠠᠭᠠᠯᠠᠵᠦ᠍᠂ ᠬᠦᠭᠡ ᠤᠬ᠍ᠳᠠᠷᠭᠤᠢ ᠬᠦᠭᠡᠮᠳᠦᠭ ᠨᠤᠭᠤᠭᠠᠨ ᠠᠭᠤᠯᠠ ᠤᠰᠤ᠎ᠪᠠᠨ ᠨᠡᠩ ᠦᠵᠡᠰᠭᠦᠯᠠᠩᠳᠤ ᠰᠠᠢᠬᠠᠨ ᠪᠤᠯᠭᠠᠵᠦ᠍᠂ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠬᠦᠰᠡᠷᠳᠡᠬᠦᠯᠬᠦ᠌ ᠦᠬᠡᠢ》 ᠬᠡᠵᠦ᠍ ᠲᠠᠷᠠ ᠬᠡᠯᠡᠨ᠎ᠡ᠃

ᠢᠴᠡᠭ᠌ᠰᠡᠳ ᠬᠦᠳᠡᠯᠵᠦ᠍ ᠬᠠᠪᠤᠷ ᠪᠤᠯᠬᠤᠶ᠎ᠠ᠂ ᠡᠷᠴᠢ ᠬᠦᠪᠴᠢᠯᠠᠨ ᠡᠷᠡᠯᠭᠡᠭ᠌ᠯᠡᠨ ᠤᠷᠤᠬ᠍ᠰᠢᠯᠠᠨ᠎ᠠ᠃ ᠶᠡᠷᠦᠩᠬᠡᠢ ᠱᠦᠵᠢ᠎ᠶ᠋ᠢᠨ ᠬᠠᠯᠠᠭᠤᠨ ᠲᠤᠳᠤᠨᠤ ᠬᠠᠢᠷ᠎ᠠ ᠬᠠᠯᠠᠮᠵᠢᠯᠠᠯ ᠪᠤᠯᠤᠨ ᠡᠷᠭᠢᠮ ᠨᠠᠨᠳᠢᠨ ᠬᠦᠰᠡᠯ ᠨᠠᠢᠳᠠᠯᠭ᠎ᠠ᠎ᠨᠢ ᠲᠦᠯᠦᠬᠡᠯᠡᠭ᠌ᠴᠢᠳ᠎ᠤᠨ ᠢᠳᠡᠬᠡᠯ ᠵᠤᠷᠢᠬ᠎ᠢ ᠭᠦᠪᠴᠢᠯᠡᠪᠡ᠃ ᠲᠡᠳᠡ᠂ ᠱᠢᠨ᠎ᠠ ᠬᠦᠭ᠌ᠵᠢᠯᠳᠡ᠎ᠶ᠋ᠢᠨ ᠤᠢ᠍ᠢᠯᠠᠭᠠᠬ᠍ᠳᠠᠬᠤᠨ᠎ᠢ ᠪᠦᠷᠢᠨ ᠪᠦᠲᠦᠨ ᠵᠦᠪ ᠤᠨᠤᠪᠴᠢᠳᠠᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠡᠬᠡ ᠤᠯᠤᠰ᠎ᠤᠨ ᠤᠮᠠᠷᠠᠳᠤ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠴᠤᠬ᠍ᠴᠠᠯᠠᠵᠤ᠂ ᠦᠨᠳᠦᠰᠦᠳᠡᠨ᠎ᠤ ᠪᠦᠯᠬᠦᠮᠳᠡᠯ᠎ᠤᠨ ᠦᠡᠭ᠌ᠭᠡ ᠬᠡᠷᠡᠯᠳᠤ ᠤᠯᠠᠮᠵᠢᠯᠠᠯ᠎ᠢ ᠨᠡᠩ ᠰᠠᠢᠳᠤᠷ ᠤᠯᠠᠮᠵᠢᠯᠠᠵᠤ᠂ 《ᠵᠢᠱ᠌ᠢᠶᠡᠴᠢ ᠦᠪᠡᠷᠳᠡᠭᠡᠨ ᠵᠠᠰᠠᠬᠤ ᠤᠷᠤᠨ》 ᠎ᠤ ᠡᠷᠬᠢᠮ ᠲᠡᠭᠡᠳᠦ ᠢᠷᠠᠭᠤ ᠠᠯᠳᠠᠷ᠎ᠢᠶᠠᠨ ᠨᠡᠩ ᠢᠯᠡᠬᠦᠦ ᠨᠠᠨᠳᠢᠩᠨᠠᠨ ᠬᠠᠢᠷᠠᠯᠠᠵᠤ᠂ ᠲᠤᠮᠳᠠᠳᠤ᠎ᠶ᠋ᠢᠨ ᠦᠨᠳᠦᠰᠦᠳᠡᠨ᠎ᠤ ᠬᠠᠮᠳᠤ ᠴᠤᠬ᠍ᠴᠨ᠎ᠶ᠋ᠢᠨ ᠤᠬᠠᠮᠰᠠᠷ᠎ᠢ ᠪᠠᠳᠤ ᠴᠤᠬ᠍ᠴᠠᠯᠠᠵᠤ᠂ ᠨᠡᠢᠬᠡᠮ ᠵᠢᠷᠤᠮᠳᠤ ᠤᠳᠤᠬᠢᠴᠢᠯᠠᠬ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠬᠡᠨ ᠪᠠᠢᠭᠤᠯᠬᠤ ᠱᠢᠨ᠎ᠠ ᠠᠶᠠᠨ᠎ᠳᠤ ᠦᠪᠦᠷ ᠮᠤᠩᠭᠤᠯ᠎ᠤᠨ ᠬᠦᠭ᠌ᠵᠢᠯᠳᠡ᠎ᠶ᠋ᠢᠨ ᠱᠢᠨ᠎ᠠ ᠬᠠᠭᠤᠳᠠᠰᠤ᠎ᠶ᠋ᠢ ᠪᠢᠴᠢᠭ᠌ᠯᠡᠨ᠎ᠡ ᠬᠡᠵᠦ᠍ ᠢᠯᠡᠷᠬᠡᠢᠯᠡᠵᠡᠭᠡᠨ᠎ᠡ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠱᠢᠨᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号