2 ᠰᠠᠷ᠎ᠠ᠎ᠶ᠋ᠢᠨ 27 ᠤ ᠡᠳᠦᠷ᠂ ᠰᠠᠶᠢᠬᠠᠨ ᠬᠥᠬᠡᠬᠤᠲᠠ᠎ᠳᠤ ᠵᠢᠭᠠᠨ ᠰᠤᠷᠭᠠᠯᠲᠠ᠎ᠶ᠋ᠢᠨ ᠪᠣᠯᠪᠠᠰᠤᠷᠠᠯ᠎ᠢᠶᠠᠨ ᠳᠠᠭᠤᠰᠭᠠᠬ᠍ᠰᠠᠨ ᠶᠠᠩ ᠰᠡᠴᠡᠨ ᠪᠠᠭ᠍ᠰᠢ ᠣᠷᠳᠣᠰ᠎ᠲᠠᠭᠠᠨ ᠪᠤᠴᠠᠬᠤ ᠪᠣᠯᠤᠯ᠎ᠠ᠃ 《ᠮᠢᠨᠤ ᠬᠤᠪᠢ᠎ᠳᠤ ᠡᠨᠡ ᠤᠳᠠᠭ᠎ᠠ᠎ᠶ᠋ᠢᠨ ᠪᠣᠯᠪᠠᠰᠤᠷᠠᠯ᠎ᠨᠢ ᠮᠠᠰᠢ ᠤᠳᠭ᠎ᠠ ᠠᠭᠤᠯᠭ᠎ᠠ᠎ᠲᠠᠢ ᠶᠤᠮ! ᠭᠤᠷᠪᠠᠨ ᠬᠢᠴᠢᠶᠠᠯ ᠲᠦᠷᠦᠯ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠨᠠᠢᠷᠠᠭᠤᠯᠬᠤ ᠺᠣᠮᠢᠰ᠎ᠤᠨ ᠪᠠᠭ᠍ᠰᠢ ᠨᠠᠷ ᠬᠢᠴᠢᠶᠡᠯ ᠶᠠᠷᠢᠵᠤ᠂ ᠬᠢᠴᠢᠶᠡᠯ ᠪᠦᠷᠢ᠎ᠶ᠋ᠢᠨ ᠭᠤᠣᠯᠳᠠᠯᠭ᠎ᠠ᠂ ᠬᠦᠴᠢᠷᠳᠡᠯ᠂ ᠨᠢᠭᠡᠴᠢ ᠪᠦᠷᠢ ᠶ᠋ᠢᠨ ᠭᠤᠣᠯ ᠰᠡᠳᠦᠪ᠂ ᠬᠡᠯᠡ ᠪᠢᠴᠢᠭ᠎ᠤᠨ ᠴᠢᠬᠤᠯᠠ ᠡᠯᠧᠮᠧᠨ᠋ᠲ᠎ᠢ ᠪᠦᠷ ᠮᠠᠰᠢ ᠲᠣᠳᠣᠷᠬᠠᠢ ᠶᠠᠷᠢᠵᠠᠢ᠂ ᠡᠨᠡ ᠬᠤᠭᠤᠴᠠᠭ᠎ᠠ ᠪᠢ ᠬᠡᠯᠡ ᠪᠢᠴᠢᠭ᠎ᠤᠨ ᠬᠢᠴᠢᠶᠡᠯ᠎ᠢ ᠰᠠᠢᠨ ᠵᠢᠭᠠᠬᠤ ᠳᠤ ᠨᠡᠩ ᠢᠲᠡᠭᠡᠯ ᠲᠠᠢ ᠪᠣᠯᠤᠭ᠍ᠰᠠᠨ!》 ᠭᠡᠵᠦ᠍ ᠲᠡᠷᠡ ᠬᠡᠯᠡᠨ᠎ᠠ᠃
ᠣᠷᠳᠣᠰ ᠬᠤᠲᠠ᠎ᠶ᠋ᠢᠨ ᠮᠣᠩᠭᠤᠯ ᠦᠨᠳᠦᠰᠦᠲᠡᠨ᠎ᠤ ᠰᠤᠷᠭᠠᠭᠤᠯᠢ᠎ᠶ᠋ᠢᠨ ᠨᠢᠭᠡᠳᠦᠭᠡᠷ ᠣᠨ᠎ᠤ ᠬᠡᠯᠡ ᠪᠢᠴᠢᠭ᠎ᠤᠨ ᠪᠠᠭ᠍ᠰᠢ ᠶᠠᠩ ᠰᠡᠴᠡᠨ ᠢᠯᠡ ᠳᠤᠳᠤ ᠴᠢᠭ᠌ᠯᠡᠯ ᠪᠤᠯᠤᠨ ᠬᠡᠬᠦᠳᠡᠭ ᠳᠦᠬᠦᠷᠡᠩ ᠢᠳᠡᠬᠡᠯ᠎ᠢᠶᠠᠷ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ᠎ᠠᠴᠠ ᠵᠣᠬᠢᠶᠠᠨ ᠪᠠᠢᠭᠤᠯᠤᠭ᠍ᠰᠠᠨ ᠭᠤᠷᠪᠠᠨ ᠬᠢᠴᠢᠶᠠᠯ ᠲᠥᠷᠥᠯ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠪᠠᠭ᠍ᠰᠢ᠎ᠶ᠋ᠢᠨ ᠪᠣᠯᠪᠠᠰᠤᠷᠠᠯ᠎ᠳᠤ ᠤᠷᠤᠯᠴᠠᠵᠤ᠂ ᠱᠢᠨ᠎ᠡ ᠰᠤᠷᠤᠯᠭ᠎ᠠ᠎ᠶ᠋ᠢᠨ ᠬᠤᠭᠤᠴᠠᠭᠠᠨ᠎ᠳᠤ ᠬᠡᠤᠬᠡᠳ᠎ᠤᠳ᠎ᠲᠤ ᠬᠡᠯᠡ ᠪᠢᠴᠢᠭ᠎ᠤᠨ ᠬᠢᠴᠢᠶᠡᠯ᠎ᠢ ᠨᠠᠩ ᠰᠤᠨᠢᠷᠬᠠᠯᠳᠠᠢ ᠰᠠᠢᠬᠠᠨ ᠣᠷᠣᠬᠤ᠎ᠶ᠋ᠢ ᠬᠦᠰᠡᠨ ᠬᠦᠯᠢᠶᠡᠨ᠎ᠠ᠃
ᠮᠣᠩᠭᠤᠯ ᠦᠨᠳᠦᠰᠦᠲᠡᠨ᠎ᠤ ᠰᠤᠷᠭᠠᠭᠤᠯᠢ᠎ᠶ᠋ᠢᠨ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠤᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠦᠨᠳᠦᠰᠦᠲᠡᠨ᠎ᠤ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠲᠤ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌ ᠲᠤᠬᠠᠢ ᠶᠠᠩ ᠰᠡᠴᠡᠨ ᠥᠪᠡᠷ᠎ᠤᠨ ᠬᠡᠰᠡᠨ ᠦᠵᠡᠯᠲᠡ᠎ᠲᠠᠢ ᠪᠠᠢᠯ᠎ᠠ᠃ 《ᠪᠢ ᠪᠠᠭ᠎ᠠ ᠰᠤᠷᠭᠠᠭᠤᠯᠢ᠎ᠠᠴᠠ ᠥᠨᠳᠥᠷ ᠳᠤᠮᠳᠠᠳᠤ᠎ᠳᠤ ᠬᠦᠷᠲᠡᠯ᠎ᠡ᠎ᠪᠠᠨ ᠪᠦᠷ ᠮᠣᠩᠭᠤᠯ᠎ᠢᠶᠠᠷ ᠬᠢᠴᠢᠶᠡᠯᠯᠡᠬᠦ᠌ ᠰᠤᠷᠭᠠᠭᠤᠯᠢ᠎ᠳᠤ ᠰᠤᠷᠤᠯᠴᠠᠵᠠᠢ᠂ ᠶᠡᠭᠡ ᠰᠤᠷᠭᠠᠭᠤᠯᠢ᠎ᠳᠤ ᠣᠷᠣᠭᠠᠳ ᠰᠠᠶᠢ ᠬᠢᠲᠠᠳ ᠬᠡᠯᠡ ᠤᠳᠭ᠎ᠠ ᠵᠣᠬᠢᠶᠠᠯ᠎ᠤᠨ ᠲᠤᠰᠭᠠᠢ ᠮᠡᠷᠭᠡᠵᠢᠯ᠎ᠤᠨ ᠰᠤᠷᠤᠯᠴᠠᠯᠭ᠎ᠠ᠎ᠪᠠᠨ ᠡᠬᠢᠯᠡᠭᠦᠯᠦᠭ᠌ᠰᠡᠨ ᠶᠤᠮ᠂ ᠬᠠᠷᠠᠬᠠᠨ ᠪᠠᠭ᠎ᠠ᠎ᠠᠴᠠ᠎ᠪᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠬᠡᠷᠡᠭ᠌ᠯᠡᠵᠦ᠍ ᠪᠠᠢᠭ᠍ᠰᠠᠨ ᠨᠠᠰᠤ ᠬᠤᠷᠠᠭ ᠬᠦᠮᠦᠰ᠎ᠲᠠᠢ ᠬᠠᠷᠢᠴᠠᠭᠤᠯᠪᠠᠯ᠂ ᠮᠢᠨᠤ ᠬᠡᠯᠡ ᠪᠢᠴᠢᠭ᠎ᠤᠨ ᠰᠠᠭᠤᠷᠢ ᠵᠢᠭᠠᠬᠠᠨ ᠵᠦᠷᠢᠶ᠎ᠡ᠎ᠲᠠᠢ᠎ᠨᠢ ᠳᠠᠮᠵᠢᠭ ᠦᠭᠡᠢ᠃ ᠬᠠᠷᠢᠨ ᠮᠢᠨᠦ᠍ ᠰᠤᠷᠤᠭ᠍ᠴᠢᠳ ᠪᠠᠭ᠎ᠠ ᠰᠤᠷᠭᠠᠭᠤᠯᠢ᠎ᠶ᠋ᠢᠨ ᠨᠢᠭᠡᠳᠦᠭᠡᠷ ᠣᠨ᠎ᠠᠴᠠ ᠡᠬᠢᠯᠡᠨ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌ ᠪᠣᠯᠵᠠᠢ᠂ ᠡᠨᠡ᠎ᠨᠢ ᠲᠡᠳᠡᠨ᠎ᠤ ᠬᠤᠢᠱᠢᠳᠠ᠎ᠶ᠋ᠢᠨ ᠠᠵᠢᠯ ᠰᠤᠷᠤᠯᠴᠠᠯᠭ᠎ᠠ ᠪᠣᠯᠤᠨ ᠬᠥᠮᠦᠨ᠎ᠤ ᠠᠮᠢᠳᠤᠷᠠᠯ᠎ᠤᠨ ᠬᠢᠨᠢ ᠬᠥᠭ᠌ᠵᠢᠯᠲᠡ᠎ᠳᠤ ᠴᠥᠮ ᠦᠨᠡᠨ ᠪᠣᠳᠠᠲᠠᠢ ᠬᠠᠪᠰᠤᠷᠤᠯᠭ᠎ᠠ ᠪᠤᠯᠬᠤ ᠶᠤᠮ》 ᠬᠡᠵᠤ ᠶᠠᠩ ᠰᠡᠴᠡᠨ ᠶᠠᠷᠢᠨ᠎ᠠ᠃
ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠨᠢᠭᠡ ᠬᠤᠭᠤᠴᠠᠭ᠎ᠠ ᠬᠡᠷᠡᠭ᠌ᠯᠡᠭ᠌ᠰᠡᠨ᠎ᠤ ᠲᠠᠷᠠᠭ᠎ᠠ᠂ ᠲᠡᠭᠦᠨ᠎ᠤ ᠰᠤᠷᠤᠭ᠍ᠴᠢᠳ᠎ᠲᠤ ᠪᠠᠭ᠎ᠠ ᠪᠤᠰᠤ ᠬᠤᠪᠢᠷᠠᠯᠲᠠ ᠭᠠᠷᠤᠭ᠍ᠰᠠᠨ ᠠᠵᠢ᠃ ᠬᠠᠷᠠᠬᠠᠨ ᠪᠠᠭ᠎ᠠ᠎ᠠᠴᠠ᠎ᠪᠠᠨ ᠮᠠᠯᠵᠢᠬᠤ ᠣᠷᠣᠨ᠎ᠳᠤ ᠥᠰᠦᠭ᠌ᠰᠡᠨ ᠨᠢᠭᠡ ᠬᠡᠦᠬᠡᠳ ᠰᠠᠶᠢ ᠰᠤᠷᠭᠠᠭᠤᠯᠢ ᠡᠬᠢᠯᠡᠭᠡᠳ ᠬᠡᠯᠡ ᠪᠢᠴᠢᠭ᠎ᠤᠨ ᠬᠢᠴᠢᠶᠡᠯ ᠣᠷᠣᠬᠤ᠎ᠳᠤ ᠶᠡᠷᠦᠩᠬᠡᠢ᠎ᠳᠡᠭᠡᠨ ᠶᠠᠭᠤ ᠴᠤ᠌ ᠤᠢ᠍ᠢᠯᠠᠭᠠᠬᠤ ᠦᠭᠡᠢ ᠪᠠᠢᠵᠤ᠂ ᠠᠯᠮᠠᠢᠷᠠᠭ᠍ᠰᠠᠨ ᠬᠠᠷᠠᠴᠠ᠎ᠪᠠᠷ ᠪᠠᠭ᠍ᠰᠢ᠎ᠪᠠᠨ ᠬᠠᠷᠠᠳᠠᠭ ᠪᠠᠢᠯ᠎ᠠ᠃ ᠨᠢᠭᠡ ᠰᠤᠷᠤᠯᠭ᠎ᠠ᠎ᠶ᠋ᠢᠨ ᠬᠤᠭᠤᠴᠠᠭ᠎ᠠ ᠦᠩᠬᠡᠷᠡᠴᠢᠬᠡᠯᠠ᠂ ᠡᠨᠡ ᠬᠡᠦᠬᠡᠳ᠎ᠤᠨ ᠦᠰᠦᠭ ᠲᠠᠨᠢᠬᠤ ᠬᠡᠮᠵᠢᠶ᠎ᠡ᠂ ᠤᠩᠱᠢᠯᠭ᠎ᠠ᠎ᠶ᠋ᠢᠨ ᠲᠦᠪᠱᠢᠨ ᠪᠦᠷ ᠶᠡᠭᠡ ᠳᠠᠪᠱᠢᠯᠲᠠ᠎ᠲᠠᠢ ᠪᠣᠯᠵᠤ᠂ ᠶᠠᠩ ᠰᠡᠴᠡᠨ ᠪᠠᠭ᠍ᠰᠢ᠎ᠶ᠋ᠢ ᠶᠡᠭᠡ᠎ᠪᠠᠷ ᠪᠠᠶᠠᠷᠯᠠᠭᠤᠯᠤᠭ᠍ᠰᠠᠨ ᠪᠠᠢᠨ᠎ᠠ᠃
《ᠬᠢᠲᠠᠳ ᠬᠡᠯᠡᠨ᠎ᠤ ᠰᠠᠭᠤᠷᠢᠨ᠎ᠢ ᠪᠠᠷᠤᠭ᠍ᠳᠠᠢ᠂ ᠣᠢᠯᠠᠭᠠᠬᠤ ᠴᠢᠳᠠᠪᠤᠷᠢ᠎ᠨᠢ ᠬᠠᠷᠢᠴᠠᠩᠭᠤᠶ ᠰᠠᠢᠨ ᠪᠢᠰᠢ ᠵᠠᠷᠢᠮ ᠬᠡᠤᠬᠡᠳ᠎ᠲᠤ ᠠᠪᠴᠤ᠌ ᠬᠡᠯᠡᠪᠡᠯ᠂ ᠵᠠᠷᠢᠮ ᠠᠭᠤᠯᠭ᠎ᠠ᠎ᠨᠢ ᠵᠢᠭᠠᠬᠠᠨ ᠬᠦᠴᠢᠷᠲᠡᠶ ᠰᠠᠨᠠᠭ᠍ᠳᠠᠳᠠᠭ᠂ ᠡᠢᠮᠦ᠎ᠠᠴᠠ ᠰᠠᠶᠢ ᠡᠬᠢᠯᠡᠬᠦ᠌᠎ᠳᠡᠭᠡᠨ ᠳᠡᠩᠳᠡᠭᠦᠤ ᠬᠤᠷᠳᠤᠨ ᠶᠠᠪᠤᠭᠤᠯᠵᠤ ᠪᠣᠯᠬᠤ ᠥᠬᠡᠶ᠂ ᠬᠡᠤᠬᠡᠳ᠎ᠲᠤ ᠠᠭᠠᠵᠢᠮ᠎ᠢᠶᠠᠷ ᠣᠢᠯᠠᠭᠠᠭᠤᠯᠬᠤ᠎ᠶ᠋ᠢᠨ ᠬᠠᠮᠲᠤ ᠣᠯᠠᠨ ᠵᠦᠢᠯ᠎ᠤᠨ ᠵᠢᠭᠠᠨ ᠰᠤᠷᠭᠠᠬᠤ ᠠᠷᠭ᠎ᠠ ᠪᠠᠷᠢᠯ᠎ᠢ ᠬᠡᠷᠡᠭ᠌ᠯᠡᠵᠦ᠍ ᠪᠠᠢᠭᠠᠳ ᠬᠡᠤᠬᠡᠳ᠎ᠤᠨ ᠰᠤᠷᠤᠯᠴᠠᠬᠤ ᠤᠷᠮ᠎ᠠ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ》 ᠭᠡᠵᠦ᠍ ᠶᠠᠩ ᠰᠡᠴᠡᠨ ᠬᠡᠯᠡᠨ᠎ᠠ᠃ ᠰᠤᠷᠤᠭ᠍ᠴᠢᠳ᠎ᠲᠠᠭᠠᠨ ᠬᠢᠲᠠᠳ ᠬᠡᠯᠡᠨ᠎ᠤ ᠠᠪᠢᠶ᠎ᠠ᠎ᠶ᠋ᠢ ᠨᠡᠩ ᠲᠦᠷᠭᠡᠨ ᠡᠵᠡᠮᠱᠢᠭᠦᠯᠵᠦ᠍᠂ ᠦᠰᠦᠭ ᠲᠠᠨᠢᠬᠤ ᠬᠡᠮᠵᠢᠶ᠎ᠡ᠎ᠶ᠋ᠢ᠎ᠨᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠲᠡᠷᠡ ᠰᠦᠯᠵᠢᠶᠡᠨ ᠳᠡᠭᠡᠷ᠎ᠡ᠎ᠠᠴᠠ ᠮᠠᠲ᠋ᠧᠷᠢᠶᠠᠯ ᠡᠷᠢᠵᠦ᠍᠂ ᠪᠤᠰᠤᠳ᠎ᠤᠨ ᠵᠢᠭᠠᠨ ᠰᠤᠷᠭᠠᠯᠳᠠ᠎ᠶ᠋ᠢᠨ PPT ᠠᠴᠠ ᠰᠤᠷᠤᠯᠴᠠᠵᠤ᠂ ᠬᠡᠦᠬᠡᠳ᠎ᠤᠳ᠎ᠤᠨ ᠰᠣᠨᠢᠷᠬᠠᠯ᠎ᠢ ᠲᠠᠲᠠᠵᠤ ᠴᠢᠳᠠᠬᠤ ᠰᠤᠷᠤᠯᠴᠠᠬᠤ ᠠᠷᠭ᠎ᠠ᠎ᠶ᠋ᠢ ᠪᠤᠳᠤᠵᠤ ᠣᠯᠵᠠᠢ᠃ ᠬᠡᠦᠬᠡᠳ᠎ᠤᠳ᠎ᠤᠨ ᠨᠠᠰᠤ ᠪᠠᠭ᠎ᠠ᠂ ᠪᠦᠷᠢᠮᠦᠰᠤᠨ ᠠᠩᠬᠠᠷᠤᠯ᠎ᠢᠶᠠᠨ ᠲᠥᠪᠯᠡᠷᠡᠬᠦᠯᠬᠦ᠌ᠳᠤ ᠬᠦᠴᠢᠷᠳᠠᠢ ᠶᠤᠮ᠃ ᠰᠤᠷᠤᠭ᠍ᠴᠢᠳ᠎ᠤᠨ᠎ᠢᠶᠠᠨ ᠠᠩᠬᠠᠷᠤᠯ᠎ᠢ ᠲᠠᠲᠠᠬᠤ᠎ᠶ᠋ᠢᠨ ᠲᠥᠯᠥᠭᠡ᠂ ᠶᠠᠩ ᠰᠡᠴᠡᠨ ᠪᠠᠭ᠍ᠰᠢ ᠳᠠᠭᠤ ᠳᠦᠷᠰᠦ ᠱᠢᠩᠭᠡᠭᠡᠯᠲᠡ ᠲᠠᠯᠪᠢᠬᠤ᠂ ᠺᠠᠷᠲ᠋ᠣᠨ ᠺᠢᠨᠣ᠋ ᠦᠵᠡᠭᠦᠯᠬᠦ᠂ ᠳᠠᠭᠤᠤ ᠰᠤᠨᠤᠰᠭᠠᠬᠤ ᠪᠠ ᠲᠣᠭ᠍ᠯᠠᠭᠠᠮ ᠬᠢᠯᠬᠡᠬᠦ᠌ ᠵᠡᠷᠭᠡ ᠠᠷᠭ᠎ᠠ ᠬᠡᠯᠪᠡᠷᠢ᠎ᠪᠠᠷ ᠲᠠᠮᠵᠢᠨ ᠬᠡᠦᠬᠡᠳ᠎ᠤᠳ᠎ᠢ ᠪᠠᠶᠠᠷ ᠪᠠᠶᠠᠰᠤᠯ᠎ᠲᠠᠢ ᠰᠤᠷᠤᠯᠴᠠᠯᠭ᠎ᠠ᠎ᠶ᠋ᠢᠨ ᠤᠷᠴᠢᠨ᠎ᠳᠤ ᠤᠷᠤᠭᠤᠯᠤᠭ᠍ᠰᠠᠨ ᠪᠠᠢᠨ᠎ᠠ᠃
《ᠬᠡᠦᠬᠡᠳ᠎ᠤᠳ ᠬᠡᠯᠡ ᠪᠢᠴᠢᠭ ᠰᠤᠷᠬᠤ ᠳᠤᠷ᠎ᠠ ᠪᠠᠬᠠᠲᠠᠢ ᠪᠣᠯᠴᠢᠬᠠᠪᠠᠯ᠂ ᠦᠰᠦᠭ ᠲᠠᠨᠢᠬᠤ ᠬᠡᠮᠵᠢᠶ᠎ᠡ ᠪᠠ ᠤᠩᠱᠢᠬᠤ ᠬᠡᠮᠵᠢᠶ᠎ᠡ᠎ᠨᠢ ᠠᠶᠠᠨ᠎ᠳᠠᠭᠠᠨ ᠳᠡᠭᠡᠭ᠌ᠰᠢᠯᠡᠴᠢᠬᠡᠨᠠ᠂ ᠤᠩᠱᠢᠵᠤ ᠪᠤᠯᠬᠤ ᠨᠣᠮ᠎ᠨᠢ ᠠᠷᠪᠢᠳᠤᠨ ᠬᠦᠯᠢᠶᠡᠨ ᠠᠪᠴᠤ᠌ ᠳᠡᠢᠯᠬᠦ᠌ ᠮᠡᠳᠡᠯᠭᠡ᠎ᠨᠢ ᠴᠦ᠍ ᠶᠠᠪᠤᠬᠤ ᠲᠤᠳᠤᠮ ᠦᠷᠬᠡᠵᠢᠬᠦ᠌ ᠪᠤᠯᠤᠨ᠎ᠠ》 ᠭᠡᠵᠦ᠍ ᠥᠪᠡᠷ᠎ᠤᠨ ᠬᠠᠢᠨ ᠰᠥᠪᠡᠭ᠌ᠴᠢᠯᠡᠯᠳᠡᠶ᠋ᠢᠨ ᠢᠶᠠᠨ ᠰᠠᠭᠤᠷᠢᠨ ᠳᠡᠭᠡᠷ᠎ᠠ ᠠᠯᠪᠠᠨ᠎ᠠᠴᠠ ᠡᠷᠬᠢᠯᠡᠭ᠌ᠰᠡᠨ ᠪᠣᠯᠪᠠᠰᠤᠷᠠᠯ᠎ᠳᠤ ᠤᠷᠤᠯᠴᠠᠬ᠍ᠰᠠᠨᠤ ᠳᠠᠷᠠᠭ᠎ᠠ᠂ ᠶᠠᠩ ᠰᠡᠴᠡᠨ ᠪᠠᠭ᠍ᠰᠢ᠎ᠶ᠋ᠢᠨ ᠬᠤᠢᠱᠢᠳᠠ᠎ᠶ᠋ᠢᠨ ᠵᠢᠭᠠᠨ ᠰᠤᠷᠭᠠᠯᠲᠠ᠎ᠶ᠋ᠢᠨ ᠴᠢᠭ᠌ᠯᠡᠯ ᠨᠠᠩ ᠲᠣᠳᠣᠷᠬᠠᠶ ᠪᠣᠯᠪᠠ᠃ ᠣᠷᠳᠣᠰ ᠬᠤᠲᠠ᠎ᠶ᠋ᠢᠨ ᠮᠣᠩᠭᠤᠯ ᠦᠨᠳᠦᠰᠦᠲᠡᠨ᠎ᠤ ᠰᠤᠷᠭᠠᠭᠤᠯᠢ᠎ᠶ᠋ᠢᠨ ᠨᠠᠮ᠎ᠤᠨ ᠬᠤᠷᠢᠶᠠᠨ᠎ᠤ ᠲᠤᠰᠭᠠᠶ ᠲᠤᠱᠢᠶᠠᠯᠲᠤ ᠳᠡᠳ᠋ ᠱᠦᠵᠢ ᠶᠦᠨ ᠳᠦᠭᠦᠷᠡᠩ᠄ 《ᠨᠢᠳᠤᠨᠤᠨ ᠨᠠᠮᠤᠷ ᠨᠢᠭᠡᠳᠦᠭᠡᠷ ᠣᠨ᠎ᠤ ᠱᠢᠨ᠎ᠡ ᠰᠣᠷᠣᠭ᠍ᠴᠢ ᠰᠤᠷᠭᠠᠭᠤᠯᠢ᠎ᠳᠤ ᠣᠷᠣᠬᠤ ᠦᠶᠡᠰ ᠪᠢᠳᠡ ᠳᠠᠷᠦ᠋ᠢᠬᠠᠨ ᠬᠡᠷ᠎ᠤᠨ ᠠᠬᠠᠮᠠᠳ᠎ᠲᠤ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠬᠢᠵᠡᠶ᠂ ᠨᠢᠭᠡ ᠰᠤᠷᠤᠯᠭ᠎ᠠ᠎ᠶ᠋ᠢᠨ ᠬᠤᠭᠤᠴᠠᠭᠠᠨ᠎ᠤ ᠵᠢᠭᠠᠨ ᠰᠤᠷᠭᠠᠯᠲᠠ᠎ᠪᠠᠷ ᠳᠡᠮᠵᠢᠨ ᠬᠡᠷ᠎ᠤᠨ ᠠᠬᠠᠮᠠᠳ ᠨᠠᠷ ᠬᠡᠦᠬᠡᠳ᠎ᠤᠨ᠎ᠢᠶᠠᠨ ᠳᠠᠪᠱᠢᠯᠲᠠ᠎ᠶ᠋ᠢ ᠣᠯᠵᠤ ᠦᠵᠡᠭᠡᠳ ᠰᠤᠷᠭᠠᠭᠤᠯᠢ᠎ᠶ᠋ᠢᠨ ᠬᠢᠴᠢᠶᠡᠯ ᠬᠥᠮᠦᠵᠢᠯ ᠵᠢᠭᠠᠨ ᠰᠤᠷᠭᠠᠯᠲᠠ᠎ᠶ᠋ᠢᠨ ᠠᠵᠢᠯ᠎ᠢ ᠪᠦᠷ ᠶᠡᠭᠡ ᠮᠠᠭ᠍ᠳᠠᠵᠤ ᠪᠠᠢᠨ᠎ᠠ᠃ ᠨᠡᠢᠲᠡᠯᠢᠭ ᠬᠡᠯᠡ ᠶᠠᠷᠢᠵᠤ ᠳᠦᠷᠢᠮᠵᠢᠭᠦᠨ ᠦᠰᠦᠭ ᠪᠢᠴᠢᠬᠦ᠌᠎ᠨᠢ ᠨᠢᠭᠡᠨᠲᠡ ᠭᠡᠷ᠎ᠤᠨ ᠠᠬᠠᠮᠠᠳ ᠪᠤᠯᠤᠨ ᠪᠠᠭ᠍ᠰᠢ ᠰᠤᠷᠤᠭ᠍ᠴᠢᠳ᠎ᠤᠨ ᠬᠠᠮᠲᠤ᠎ᠶ᠋ᠢᠨ ᠲᠠᠨᠢᠯᠲᠠ ᠪᠣᠯᠤᠭ᠍ᠰᠠᠨ ᠡ》 ᠬᠡᠵᠤ ᠶᠠᠷᠢᠨ᠎ᠠ᠃